ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠪᠠ ᠱᠠᠩᠨᠠᠬᠤ ᠠᠷᠭ᠎᠎ᠠ

  ︵ 2018 ᠣᠨ ᠤ 9 ᠳ᠋ᠤᠭᠡᠷ ᠰᠠᠷ᠎ᠠ ᠶᠢᠨ 3 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 236 ᠳ᠋ᠤᠭᠠᠷ ᠲᠣᠭᠠᠲᠤ ᠪᠠᠷ ᠨᠡᠶᠢᠲᠡᠯᠡᠪᠡ

2024 ᠣᠨ ᠤ 5 ᠳ᠋ᠤᠭᠠᠷ ᠰᠠᠷ᠎ᠠ ᠶᠢᠨ 28 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 267 ᠳ᠋ᠤᠭᠠᠷ ᠲᠣᠭᠠᠲᠤ ᠪᠠᠷ ᠵᠠᠰᠠᠪᠤᠷᠢ ᠣᠷᠣᠭᠤᠯᠪᠠ ︶

  ᠨᠢᠭᠡᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠦᠢᠯᠡᠰ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠤᠨ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯᠲᠠᠳ ᠤᠨ ᠢᠳᠡᠪᠬᠢᠲᠡᠢ ᠰᠤᠳᠤᠯᠬᠤ᠂ ᠰᠢᠨ᠎ᠡ ᠶᠢ ᠡᠭᠦᠳᠬᠦ ᠶᠢ ᠨᠢ ᠵᠣᠷᠢᠬᠵᠢᠭᠤᠯᠬᠤ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃

  ᠬᠤᠶᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠪᠠ ᠱᠠᠩᠨᠠᠬᠤ ᠠᠵᠢᠯ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃

  ᠭᠤᠷᠪᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠪᠠ ᠱᠠᠩᠨᠠᠬᠤ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠢᠶᠠᠨ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠳᠡᠭ ᠤᠨ ᠦᠵᠡᠯᠲᠡ ᠶᠢ ᠪᠠᠳᠠᠷᠠᠭᠤᠯᠤᠨ᠂ ᠵᠥᠪ ᠣᠨᠣᠪᠴᠢᠲᠠᠢ ᠤᠯᠤᠰ ᠲᠥᠷᠥ ᠶᠢᠨ ᠴᠢᠭᠯᠡᠯ᠂ ᠡᠷᠳᠡᠮ ᠰᠢᠨᠵᠢᠯᠡᠭᠡᠨ ᠤ ᠤᠳᠤᠷᠢᠳᠤᠮᠵᠢ᠂ ᠥᠷᠳᠡᠭ ᠤᠨ ᠬᠠᠨᠳᠤᠯᠭ᠎ᠠ ᠶᠢ ᠪᠠᠷᠢᠮᠲᠠᠯᠠᠵᠤ᠂ ᠢᠯᠡ ᠲᠣᠳᠣ᠂ ᠲᠥᠪ ᠭᠤᠣᠯᠴᠢ᠂ ᠲᠥᠪ ᠴᠢᠭᠡᠴᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ᠃

  ᠳᠥᠷᠪᠡᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠳᠤ ᠳᠣᠣᠷ᠎ᠠ ᠵᠢᠭᠰᠠᠭᠠᠭᠰᠠᠨ ᠱᠠᠩᠨᠠᠯ ᠤᠨ ᠵᠦᠢᠯ ᠢ ᠲᠣᠬᠢᠷᠠᠭᠤᠯᠤᠨ᠎ᠠ᠄

  ︵ ᠨᠢᠭᠡ ︶ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ︔

  ︵ ᠬᠤᠶᠠᠷ ︶ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠯᠳᠠᠷᠲᠠᠨ ᠤ ᠱᠠᠩᠨᠠᠯ︔

  ︵ ᠭᠤᠷᠪᠠ ︶ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠠᠯᠠᠭᠤ ᠴᠢᠳᠠᠪᠤᠷᠢᠲᠠᠨ ᠤ ᠱᠠᠩᠨᠠᠯ︔

  ︵ ᠳᠥᠷᠪᠡ ︶ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠣᠨᠴᠠᠭᠠᠢ ᠬᠤᠪᠢ ᠨᠡᠮᠡᠷᠢ ᠶᠢᠨ ᠱᠠᠩᠨᠠᠯ᠃

  ᠲᠠᠪᠤᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠬᠤᠶᠠᠷ ᠵᠢᠯ ᠳᠤ ᠨᠢᠭᠡ ᠤᠳᠠᠭ᠎ᠠ ᠰᠢᠯᠭᠠᠷᠠᠭᠤᠯᠤᠨ᠎ᠠ᠃

  ᠵᠢᠷᠭᠤᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ ᠳᠤ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠲᠣᠬᠢᠷᠠᠭᠤᠯᠵᠤ᠂ ᠨᠢᠭᠡᠳᠦᠭᠡᠷ ᠳᠡᠰ ᠤᠨ ᠱᠠᠩᠨᠠᠯ ᠤᠨ ᠣᠷᠣᠨ ᠲᠤᠭ᠎ᠠ ᠶᠢ ᠤᠳᠠᠭ᠎ᠠ ᠪᠦᠷᠢ ᠠᠷᠪᠠᠨ ᠬᠤᠶᠠᠷ ᠵᠦᠢᠯ ᠡᠴᠠ ᠳᠠᠪᠠᠭᠤᠯᠬᠤ ᠦᠭᠡᠢ᠂ ᠬᠤᠶᠠᠳᠤᠭᠠᠷ ᠳᠡᠰ ᠤᠨ ᠱᠠᠩᠨᠠᠯ ᠤᠨ ᠣᠷᠣᠨ ᠲᠤᠭ᠎ᠠ ᠶᠢ ᠤᠳᠠᠭ᠎ᠠ ᠪᠦᠷᠢ ᠵᠠᠭᠤ ᠬᠤᠷᠢᠨ ᠵᠦᠢᠯ ᠡᠴᠠ ᠳᠠᠪᠠᠭᠤᠯᠬᠤ ᠦᠭᠡᠢ᠂ ᠭᠤᠷᠪᠠᠳᠤᠭᠠᠷ ᠳᠡᠰ ᠤᠨ ᠱᠠᠩᠨᠠᠯ ᠤᠨ ᠣᠷᠣᠨ ᠲᠤᠭ᠎ᠠ ᠶᠢ ᠤᠳᠠᠭ᠎ᠠ ᠪᠦᠷᠢ ᠬᠤᠶᠠᠷ ᠵᠠᠭᠤ ᠳᠥᠴᠢᠨ ᠵᠦᠢᠯ ᠡᠴᠠ ᠳᠠᠪᠠᠭᠤᠯᠬᠤ ᠦᠭᠡᠢ︔ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠯᠳᠠᠷᠲᠠᠨ ᠤ ᠱᠠᠩᠨᠠᠯ ᠤᠨ ᠣᠷᠣᠨ ᠲᠤᠭ᠎ᠠ ᠶᠢ ᠤᠳᠠᠭ᠎ᠠ ᠪᠦᠷᠢ ᠬᠤᠶᠠᠷ ᠡᠴᠠ ᠳᠠᠪᠠᠭᠤᠯᠬᠤ ᠦᠭᠡᠢ︔ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠠᠯᠠᠭᠤ ᠴᠢᠳᠠᠪᠤᠷᠢᠲᠠᠨ ᠤ ᠱᠠᠩᠨᠠᠯ ᠤᠨ ᠣᠷᠣᠨ ᠲᠤᠭ᠎ᠠ ᠶᠢ ᠤᠳᠠᠭ᠎ᠠ ᠪᠦᠷᠢ ᠲᠠᠪᠤ ᠡᠴᠠ ᠳᠠᠪᠠᠭᠤᠯᠬᠤ ᠦᠭᠡᠢ︔ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠣᠨᠴᠠᠭᠠᠢ ᠬᠤᠪᠢ ᠨᠡᠮᠡᠷᠢ ᠶᠢᠨ ᠱᠠᠩᠨᠠᠯ ᠤᠨ ᠣᠷᠣᠨ ᠲᠤᠭ᠎ᠠ ᠶᠢ ᠤᠳᠠᠭ᠎ᠠ ᠪᠦᠷᠢ ᠲᠠᠪᠤ ᠡᠴᠠ ᠳᠠᠪᠠᠭᠤᠯᠬᠤ ᠦᠭᠡᠢ᠃

  ᠳᠣᠯᠣᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠠᠵᠢᠯ ᠤᠨ ᠵᠠᠷᠤᠳᠠᠯ ᠪᠠ ᠱᠠᠩᠨᠠᠯ ᠤᠨ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠵᠢᠭᠰᠠᠭᠠᠨ ᠣᠷᠣᠭᠤᠯᠤᠨ᠎ᠠ᠃

  ᠨᠠᠢᠮᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠪᠠ ᠱᠠᠩᠨᠠᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠡᠴᠠ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃

  ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠨᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠦᠨ᠂ ᠤᠳᠠᠭ᠎ᠠ ᠪᠦᠷᠢ ᠶᠢᠨ ᠰᠢᠯᠭᠠᠷᠠᠭᠤᠯᠬᠤ ᠪᠠ ᠱᠠᠩᠨᠠᠬᠤ ᠠᠵᠢᠯ ᠢ ᠥᠷᠨᠢᠭᠦᠯᠬᠦ ᠡᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠺᠣᠮᠢᠰ ᠢ ᠵᠣᠬᠢᠶᠠᠨ ᠪᠠᠶᠢᠭᠤᠯᠬᠤ ᠬᠡᠷᠡᠭᠲᠡᠢ᠃ ᠰᠢᠯᠭᠠᠷᠠᠭᠤᠯᠬᠤ ᠺᠣᠮᠢᠰ ᠤᠨ ᠪᠦᠷᠢᠯᠳᠦᠭᠦᠨ ᠨᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠡᠩᠨᠡᠭᠡᠨ ᠤ ᠲᠤᠰᠬᠠᠢ ᠮᠡᠷᠭᠡᠵᠢᠯᠲᠡᠨ ᠡᠷᠳᠡᠮᠲᠡᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠵᠦ᠂ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠠᠵᠢᠯ ᠤᠨ ᠴᠢᠬᠤᠯᠠ ᠶᠡᠭᠡ ᠵᠦᠢᠯᠡᠰ ᠢ ᠬᠢᠨᠠᠨ ᠵᠥᠪᠯᠡᠬᠦ ᠶᠢ ᠬᠠᠷᠢᠭᠤᠴᠠᠨ᠎ᠠ᠃

  ᠶᠢᠰᠦᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠪᠠ ᠱᠠᠩᠨᠠᠬᠤ ᠠᠵᠢᠯ ᠳᠤ ᠣᠷᠣᠯᠴᠠᠬᠤ ᠰᠢᠯᠭᠠᠷᠠᠭᠤᠯᠤᠭᠴᠢ ᠪᠠ ᠠᠵᠢᠯᠲᠠᠨ ᠨᠢ ᠦᠨᠡᠨᠴᠢ ᠢᠲᠡᠭᠡᠮᠵᠢ ᠲᠠᠢ ᠪᠠᠶᠢᠬᠤ᠂ ᠠᠵᠢᠯ ᠮᠡᠷᠭᠡᠵᠢᠯ ᠤᠨ ᠶᠣᠰᠣ ᠮᠣᠷᠠᠯ ᠢ ᠬᠢᠴᠢᠶᠡᠩᠭᠦᠶᠢᠯᠡᠨ ᠵᠢᠷᠤᠮᠯᠠᠬᠤ᠂ ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠬᠤ᠂ ᠠᠵᠢᠯ ᠤᠨ ᠨᠢᠭᠤᠴᠠ ᠶᠢ ᠬᠠᠮᠠᠭᠠᠯᠠᠭᠰᠠᠨ ᠪᠠᠶᠢᠬᠤ ᠬᠡᠷᠡᠭᠲᠡᠢ︔ ᠭᠤᠶᠤᠴᠢᠯᠠᠨ ᠮᠡᠳᠡᠭᠦᠯᠦᠭᠴᠢ ᠵᠢᠴᠢ ᠦᠷ᠎ᠡ ᠪᠦᠲᠦᠭᠡᠯ ᠤᠨ ᠨᠡᠷ᠎ᠡ ᠪᠢᠴᠢᠭ᠍ᠴᠢ ᠲᠠᠢ ᠠᠰᠢᠭ ᠬᠤᠣᠷ ᠤᠨ ᠬᠠᠷᠢᠴᠠᠭ᠎ᠠ ᠲᠠᠢ ᠪᠠᠶᠢᠪᠠᠯ᠂ ᠵᠠᠶᠢᠯᠠᠬᠤ ᠬᠡᠷᠡᠭᠲᠡᠢ᠃

  ᠠᠷᠪᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ ᠨᠢ ᠤᠤᠭᠠᠯ ᠪᠦᠲᠦᠭᠡᠯᠴᠢ ᠴᠢᠨᠠᠷ ᠲᠠᠢ᠂ ᠴᠠᠭ ᠦᠶᠡᠴᠢ ᠴᠢᠨᠠᠷ ᠲᠠᠢ ᠦᠷ᠎ᠡ ᠪᠦᠲᠦᠭᠡᠯ ᠢ ᠱᠠᠩᠨᠠᠬᠤ ᠶᠢ ᠴᠢᠬᠤᠯᠠᠴᠢᠯᠠᠨ᠂ ᠰᠠᠭᠤᠷᠢ ᠰᠢᠨᠵᠢᠯᠡᠭᠡᠨ ᠤ ᠰᠠᠯᠠᠭᠠᠨ ᠤ ᠦᠷ᠎ᠡ ᠪᠦᠲᠦᠭᠡᠯ ᠪᠠ ᠬᠡᠷᠡᠭᠯᠡᠭᠡᠨ ᠤ ᠦᠢᠯᠡᠳᠦᠯᠭᠡ ᠶᠢᠨ ᠦᠷ᠎ᠡ ᠪᠦᠲᠦᠭᠡᠯ ᠢ ᠨᠢᠭᠡᠳᠦᠯᠲᠡᠢ ᠲᠥᠯᠥᠪᠯᠡᠨ ᠨᠡᠶᠢᠲᠡ ᠳᠤ ᠨᠢ ᠬᠠᠷᠠᠭᠠᠯᠵᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠬᠡᠷᠡᠭᠯᠡᠭᠡᠨ ᠤ ᠠᠷᠭ᠎ᠠ ᠪᠣᠳᠣᠯᠭ᠎ᠠ ᠶᠢᠨ ᠰᠤᠳᠤᠯᠭᠠᠨ ᠤ ᠦᠷ᠎ᠡ ᠪᠦᠲᠦᠭᠡᠯ ᠲᠡᠶᠢᠰᠢ ᠵᠣᠬᠢᠬᠤ ᠬᠡᠮᠵᠢᠶ᠎ᠡ ᠪᠠᠷ ᠬᠡᠯᠪᠡᠶᠢᠯᠭᠡᠨ᠎ᠡ᠃

  ᠠᠷᠪᠠᠨ ᠨᠢᠭᠡᠳᠦᠭᠡᠷ ᠵᠦᠢᠯ   ᠤᠯᠤᠰ ᠤᠨ ᠳᠣᠲᠣᠭᠠᠳᠤ ᠳᠤ ᠢᠯᠡ ᠪᠠᠷ ᠬᠡᠪᠯᠡᠭᠰᠡᠨ ᠪᠠ ᠨᠡᠶᠢᠲᠡᠯᠡᠭᠰᠡᠨ ᠵᠣᠬᠢᠬᠤ ᠬᠡᠮᠵᠢᠶᠡᠨ ᠤ ᠡᠷᠳᠡᠮ ᠰᠢᠨᠵᠢᠯᠡᠭᠡᠨ ᠤ ᠥᠷᠳᠡᠭ ᠲᠠᠢ ᠲᠤᠰᠬᠠᠢ ᠵᠣᠬᠢᠶᠠᠯ ᠪᠦᠲᠦᠭᠡᠯ᠂ ᠣᠷᠴᠢᠭᠤᠯᠤᠭᠰᠠᠨ ᠵᠣᠬᠢᠶᠠᠯ ᠪᠦᠲᠦᠭᠡᠯ᠂ ᠨᠠᠶᠢᠷᠠᠭᠤᠯᠤᠭᠰᠠᠨ ᠵᠣᠬᠢᠶᠠᠯ ᠪᠦᠲᠦᠭᠡᠯ᠂ ᠡᠷᠲᠡᠨ ᠤ ᠨᠣᠮ ᠪᠢᠴᠢᠭ ᠢ ᠡᠮᠬᠢᠯᠡᠬᠦ ᠠᠵᠢᠯ᠂ ᠣᠷᠣᠨ ᠨᠤᠲᠤᠭ ᠤᠨ ᠣᠶᠢᠯᠠᠯᠭ᠎ᠠ᠂ ᠪᠠᠭᠠᠵᠢ ᠪᠢᠴᠢᠭ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠩᠰᠢᠬᠤ ᠪᠢᠴᠢᠭ᠂ ᠥᠭᠦᠯᠡᠯ ᠵᠢᠴᠢ ᠲᠢᠩᠬᠢᠮ ᠲᠣᠪᠴᠢᠶᠠᠨ ᠤ ᠳᠡᠰ ᠡᠴᠠ ᠳᠡᠭᠡᠭᠰᠢᠬᠢ ᠨᠢᠭᠡᠴᠢ ᠳᠤ ᠬᠡᠷᠡᠭᠯᠡᠭᠳᠡᠭᠰᠡᠨ ᠪᠤᠶᠤ ᠮᠤᠵᠢ ᠶᠠᠮᠤᠨ ᠤ ᠳᠡᠰ ᠡᠴᠠ ᠳᠡᠭᠡᠭᠰᠢᠬᠢ ᠤᠳᠤᠷᠢᠳᠤᠯᠭ᠎ᠠ ᠳᠤ ᠨᠤᠲᠠᠯᠠᠯᠲᠠ ᠶᠢᠨ ᠴᠢᠨᠠᠷᠲᠠᠢ ᠴᠣᠬᠤᠯᠠᠪᠤᠷᠢᠯᠠᠭᠳᠠᠭᠰᠠᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠵᠥᠪᠯᠡᠯᠭᠡ ᠶᠢᠨ ᠮᠡᠳᠡᠭᠦᠯᠦᠯᠲᠡ᠂ ᠨᠤᠲᠠᠯᠠᠯᠲᠠ ᠶᠢᠨ ᠮᠡᠳᠡᠭᠦᠯᠦᠯᠲᠡ ᠵᠡᠷᠭᠡ ᠪᠠᠷ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ ᠢ ᠭᠤᠶᠤᠴᠢᠯᠠᠨ ᠮᠡᠳᠡᠭᠦᠯᠵᠦ ᠪᠣᠯᠣᠨ᠎ᠠ᠃

  ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ ᠢ ᠭᠤᠶᠤᠴᠢᠯᠠᠨ ᠮᠡᠳᠡᠭᠦᠯᠦᠭᠰᠡᠨ ᠤ ᠬᠢᠨ ᠨᠢᠭᠡᠳᠦᠭᠡᠷ ᠵᠣᠬᠢᠶᠠᠭᠴᠢ ᠶᠢᠨ ᠨᠡᠷ᠎ᠡ ᠬᠠᠳᠠᠭᠰᠠᠨ ᠨᠢᠭᠡᠴᠢ ᠶᠢᠨ ᠰᠠᠭᠤᠭ᠎ᠠ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠠᠶᠢᠬᠤ ᠬᠡᠷᠡᠭᠲᠡᠢ᠃

  ᠬᠡᠯᠡᠨ ᠤ ᠰᠢᠨᠵᠢᠯᠡᠯ ᠤᠨ ᠪᠤᠰᠤ ᠦᠷ᠎ᠡ ᠪᠦᠲᠦᠭᠡᠯ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠭᠰᠡᠨ ᠦᠭᠡᠢ ᠪᠠᠶᠢᠪᠠᠯ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠪᠥᠬᠦ ᠠᠭᠤᠯᠭ᠎ᠠ ᠶᠢᠨ ᠣᠷᠴᠢᠭᠤᠯᠭ᠎ᠠ ᠶᠢ ᠬᠠᠩᠭᠠᠬᠤ ᠬᠡᠷᠡᠭᠲᠡᠢ᠃

  ᠠᠷᠪᠠᠨ ᠬᠤᠶᠠᠳᠤᠭᠠᠷ ᠵᠦᠢᠯ    ᠳᠣᠣᠷ᠎ᠠ ᠵᠢᠭᠰᠠᠭᠠᠭᠰᠠᠨ ᠪᠠᠶᠢᠳᠠᠯ ᠡᠴᠠ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ ᠢ ᠭᠤᠶᠤᠴᠢᠯᠠᠨ ᠮᠡᠳᠡᠭᠦᠯᠵᠦ ᠪᠣᠯᠬᠤ ᠦᠭᠡᠢ᠄

  ︵ ᠨᠢᠭᠡ ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠢ ᠪᠠᠶᠢᠬᠤ︔

  ︵ ᠬᠤᠶᠠᠷ ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠡᠴᠠ ᠵᠥᠷᠢᠴᠡᠭᠰᠡᠨ ᠪᠠᠶᠢᠬᠤ︔

  ︵ ᠭᠤᠷᠪᠠ ︶ ᠤᠯᠤᠰ ᠤᠨ ᠨᠢᠭᠤᠴᠠ ᠳᠤ ᠬᠤᠯᠪᠣᠭᠳᠠᠭᠰᠠᠨ︔

  ︵ ᠳᠥᠷᠪᠡ ︶ ᠵᠣᠬᠢᠶᠠᠯ ᠪᠦᠲᠦᠭᠡᠯ ᠤᠨ ᠡᠷᠬᠡ ᠳᠤ ᠮᠠᠷᠭᠤᠭᠠᠨ ᠲᠠᠢ ᠪᠠᠶᠢᠬᠤ︔

  ︵ ᠲᠠᠪᠤ ︶ ᠬᠠᠭᠤᠯᠤᠨ ᠬᠤᠯᠠᠭᠠᠶᠢᠯᠠᠬᠤ᠂ ᠵᠣᠬᠢᠶᠠᠯ ᠬᠤᠯᠠᠭᠠᠶᠢᠯᠠᠬᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠵᠡᠷᠭᠡ ᠡᠷᠳᠡᠮ ᠰᠢᠨᠵᠢᠯᠡᠭᠡᠨ ᠤ ᠲᠥᠪ ᠪᠤᠰᠤ ᠦᠢᠯᠡ ᠠᠵᠢᠯᠯᠠᠭ᠎ᠠ ᠣᠷᠣᠰᠢᠵᠤ ᠪᠠᠶᠢᠬᠤ︔

  ︵ ᠵᠢᠷᠭᠤᠭ᠎ᠠ ︶ ᠥᠭᠦᠯᠡᠯ ᠤᠨ ᠲᠡᠭᠦᠪᠦᠷᠢ᠂ ᠵᠢᠭᠠᠬᠤ ᠮᠠᠲ᠋ᠧᠷᠢᠶᠠᠯ᠂ ᠤᠳᠬ᠎ᠠ ᠤᠷᠠᠯᠢᠭ ᠤᠨ ᠪᠦᠲᠦᠭᠡᠯ᠂ ᠰᠣᠨᠢᠨ ᠮᠡᠳᠡᠭᠡᠯᠡᠯ᠂ ᠣᠨ ᠤ ᠲᠣᠯᠢ᠂ ᠲᠣᠮᠣ ᠠᠵᠢᠯ ᠶᠠᠪᠤᠳᠠᠯ ᠤᠨ ᠲᠡᠮᠳᠡᠭᠯᠡᠯ᠂ ᠲᠣᠮᠣ ᠰᠢᠷᠢᠰ ᠨᠣᠮ ᠪᠢᠴᠢᠭ᠂ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠤ ᠬᠡᠯᠪᠡᠷᠢ ᠶᠢᠨ ᠦᠷ᠎ᠡ ᠪᠦᠲᠦᠭᠡᠯ︔

  ︵ ᠳᠣᠯᠤᠭ᠎ᠠ ︶ ᠨᠢᠭᠡᠨᠲᠡ ᠮᠤᠵᠢ ᠶᠠᠮᠤᠨ ᠤ ᠳᠡᠰ ᠡᠴᠠ ᠳᠡᠭᠡᠭᠰᠢᠬᠢ ᠱᠠᠩᠨᠠᠯ ᠢ ᠬᠦᠷᠲᠡᠭᠰᠡᠨ︔

  ︵ ᠨᠠᠢᠮᠠ ︶ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠤᠶᠤᠴᠢᠯᠠᠨ ᠮᠡᠳᠡᠭᠦᠯᠵᠦ ᠪᠣᠯᠬᠤ ᠦᠭᠡᠢ ᠪᠤᠰᠤᠳ ᠪᠠᠶᠢᠳᠠᠯ᠃

  ᠠᠷᠪᠠᠨ ᠭᠤᠷᠪᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠯᠳᠠᠷᠲᠠᠨ ᠤ ᠱᠠᠩᠨᠠᠯ᠂ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠨᠵᠢᠯᠡᠬᠦ ᠤᠬᠠᠭᠠᠨ ᠤ ᠵᠠᠯᠠᠭᠤ ᠴᠢᠳᠠᠪᠤᠷᠢᠲᠠᠨ ᠤ ᠱᠠᠩᠨᠠᠯ ᠪᠠ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠣᠨᠴᠠᠭᠠᠢ ᠬᠤᠪᠢ ᠨᠡᠮᠡᠷᠢ ᠶᠢᠨ ᠱᠠᠩᠨᠠᠯ ᠢ ᠭᠤᠶᠤᠴᠢᠯᠠᠨ ᠮᠡᠳᠡᠭᠦᠯᠦᠭᠰᠡᠨ ᠬᠥᠮᠥᠰ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠨ᠂ ᠡᠬᠡ ᠤᠯᠤᠰ ᠢᠶᠠᠨ ᠬᠠᠶᠢᠷᠠᠯᠠᠵᠤ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠦᠢᠯᠡᠰ ᠢ ᠬᠠᠮᠠᠭᠠᠯᠠᠨ᠂ ᠨᠡᠶᠢᠭᠡᠮ ᠵᠢᠷᠤᠮ ᠤᠨ ᠭᠤᠣᠯᠯᠠᠭᠴᠢ ᠥᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠠᠵᠢᠯ ᠮᠡᠷᠭᠡᠵᠢᠯ ᠤᠨ ᠶᠣᠰᠣ ᠮᠣᠷᠠᠯ ᠢ ᠵᠢᠷᠤᠮᠯᠠᠨ᠂ ᠲᠡᠷᠢᠭᠦᠨ ᠤ ᠦᠵᠡᠯ ᠰᠠᠨᠠᠭ᠎ᠠ ᠶᠢ ᠰᠠᠨᠠᠭᠠᠴᠢᠯᠠᠵᠤ᠂ ᠨᠡᠶᠢᠭᠡᠮ ᠤᠨ ᠬᠡᠪ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ᠃

  ᠠᠷᠪᠠᠨ ᠳᠥᠷᠪᠡᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠯᠳᠠᠷᠲᠠᠨ ᠤ ᠱᠠᠩᠨᠠᠯ ᠢ ᠭᠤᠶᠤᠴᠢᠯᠠᠨ ᠮᠡᠳᠡᠭᠦᠯᠬᠦ ᠬᠥᠮᠥᠰ ᠨᠢ ᠳᠣᠣᠷ᠎ᠠ ᠵᠢᠭᠰᠠᠭᠠᠭᠰᠠᠨ ᠨᠦᠭᠦᠴᠡᠯ ᠢ ᠪᠦᠷᠢᠳᠦᠭᠦᠯᠬᠦ ᠬᠡᠷᠡᠭᠲᠡᠢ᠄

  ︵ ᠨᠢᠭᠡ ︶ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠢ ᠬᠤᠷᠢᠨ ᠵᠢᠯ ᠡᠴᠠ ᠳᠡᠭᠡᠭᠰᠢ ᠬᠢᠭᠰᠡᠨ᠂ ᠥᠪᠡᠷᠲᠡᠭᠡᠨ ᠵᠠᠰᠠᠬᠤ ᠣᠷᠣᠨ ᠤ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︔

  ︵ ᠬᠤᠶᠠᠷ ︶ ᠪᠠᠲᠤ ᠪᠠᠬᠢ ᠡᠷᠳᠡᠮ ᠰᠢᠨᠵᠢᠯᠡᠭᠡᠨ ᠤ ᠪᠦᠲᠦᠮᠵᠢ ᠲᠠᠢ ᠪᠠᠶᠢᠵᠤ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶ᠎ᠡ ᠴᠠᠷᠠᠭᠠᠨ ᠳᠤ ᠴᠢᠬᠤᠯᠠ ᠶᠡᠭᠡ ᠰᠤᠳᠤᠯᠭᠠᠨ ᠤ ᠦᠷ᠎ᠡ ᠪᠦᠲᠦᠭᠡᠯ ᠪᠠ ᠨᠡᠯᠢᠶᠡᠳ ᠥᠨᠳᠥᠷ ᠡᠷᠳᠡᠮ ᠰᠢᠨᠵᠢᠯᠡᠭᠡᠨ ᠤ ᠠᠯᠳᠠᠷ ᠬᠦᠨᠳᠦ ᠲᠠᠢ︔

  ︵ ᠭᠤᠷᠪᠠ ︶ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠨᠵᠢᠯᠡᠭᠡᠨ ᠤ ᠪᠠᠶᠢᠭᠤᠯᠤᠯᠲᠠ ᠵᠢᠨ ᠲᠠᠯ᠎ᠠ ᠳ᠋ᠤ᠂ ᠤᠤᠭᠠᠯ ᠪᠦᠲᠦᠭᠡᠯᠴᠢ ᠴᠢᠨᠠᠷᠲᠠᠢ ᠰᠤᠳᠤᠯᠭᠠᠨ ᠤ ᠦᠷ᠎ᠡ ᠪᠦᠲᠦᠭᠡᠯ ᠦᠯᠡᠮᠵᠢ᠂ ᠶᠠᠮᠠᠷ ᠨᠢᠭᠡᠨ ᠰᠢᠨ᠎ᠡ ᠪᠠᠷ ᠬᠥᠭᠵᠢᠭᠰᠡᠨ ᠰᠢᠨᠵᠢᠯᠡᠭᠡᠨ ᠤ ᠰᠠᠯᠠᠭ᠎ᠠ ᠪᠤᠶᠤ ᠰᠢᠨ᠎ᠡ ᠰᠤᠳᠤᠯᠭᠠᠨ ᠤ ᠴᠢᠭᠯᠡᠯ ᠢ ᠨᠡᠭᠡᠭᠡᠵᠦ᠂ ᠲᠣᠰ ᠰᠢᠨᠵᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ᠂ ᠲᠣᠰ ᠰᠢᠨᠵᠢᠯᠡᠭᠡᠨ ᠤ ᠰᠣᠶᠣᠯ ᠢ ᠤᠯᠠᠮᠵᠢᠯᠠᠨ ᠳᠡᠯᠭᠡᠷᠡᠭᠦᠯᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠣᠷᠣᠨ ᠤ ᠳᠣᠲᠣᠨ᠎ᠠ ᠭᠠᠳᠠᠨ᠎ᠠ ᠴᠢᠬᠤᠯᠠ ᠡᠷᠳᠡᠮ ᠰᠢᠨᠵᠢᠯᠡᠭᠡᠨ ᠤ ᠨᠥᠯᠥᠭᠡ ᠦᠵᠡᠭᠦᠯᠦᠭᠰᠡᠨ︔ ᠬᠡᠷᠡᠭᠯᠡᠭᠡᠨ ᠤ ᠦᠢᠯᠡᠳᠦᠯᠭᠡ ᠶᠢᠨ ᠲᠠᠯ᠎ᠠ ᠳ᠋ᠤ᠂ ᠤᠯᠤᠰ ᠤᠨ ᠵᠢᠴᠢ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳ᠋ᠤ ᠵᠥᠪᠯᠡᠯᠭᠡ ᠥᠭᠭᠦᠭᠰᠡᠨ ᠪᠤᠶᠤ ᠨᠡᠶᠢᠭᠡᠮ ᠤᠨ ᠦᠢᠯᠡᠴᠢᠯᠡᠭᠡ ᠳ᠋ᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠦ᠂ ᠠᠵᠤ ᠠᠬᠤᠢ᠂ ᠤᠯᠤᠰ ᠲᠥᠷᠥ᠂ ᠰᠣᠶᠣᠯ᠂ ᠨᠡᠶᠢᠭᠡᠮ᠂ ᠠᠮᠢ ᠠᠬᠤᠢ ᠵᠡᠷᠭᠡ ᠬᠦᠷᠢᠶ᠎ᠡ ᠴᠠᠷᠠᠭᠠᠨ ᠳᠤ ᠰᠠᠶᠢᠨ ᠰᠠᠶᠢᠬᠠᠨ ᠨᠡᠶᠢᠭᠡᠮ ᠤᠨ ᠨᠥᠯᠥᠭᠡᠯᠡᠯ ᠪᠤᠶᠤ ᠠᠵᠤ ᠠᠬᠤᠢ ᠵᠢᠨ ᠦᠷ᠎ᠡ ᠠᠰᠢᠭ ᠭᠠᠷᠭᠠᠭᠰᠠᠨ᠃

  ᠠᠷᠪᠠᠨ ᠲᠠᠪᠤᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠠᠯᠠᠭᠤ ᠴᠢᠳᠠᠪᠤᠷᠢᠲᠠᠨ ᠤ ᠱᠠᠩᠨᠠᠯ ᠢ ᠭᠤᠶᠤᠴᠢᠯᠠᠨ ᠮᠡᠳᠡᠭᠦᠯᠬᠦ ᠬᠥᠮᠥᠰ ᠨᠢ ᠳᠣᠣᠷ᠎ᠠ ᠵᠢᠭᠰᠠᠭᠠᠭᠰᠠᠨ ᠨᠦᠭᠦᠴᠡᠯ ᠢ ᠪᠦᠷᠢᠳᠦᠭᠦᠯᠬᠦ ᠬᠡᠷᠡᠭᠲᠡᠢ᠄

  ︵ ᠨᠢᠭᠡ ︶ ᠪᠦᠬᠦᠯᠢ ᠳᠥᠴᠢᠨ ᠲᠠᠪᠤᠨ ᠨᠠᠰᠤᠨ ᠡᠴᠠ ᠬᠡᠲᠦᠷᠡᠭᠰᠡᠨ ᠦᠭᠡᠢ︔

  ︵ ᠬᠤᠶᠠᠷ ︶ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠢ ᠵᠢᠷᠭᠤᠭᠠᠨ ᠵᠢᠯ ᠡᠴᠠ ᠳᠡᠭᠡᠭᠰᠢ ᠬᠢᠵᠦ᠂ ᠥᠪᠡᠷᠲᠡᠭᠡᠨ ᠵᠠᠰᠠᠬᠤ ᠣᠷᠣᠨ ᠤ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︔

  ︵ ᠭᠤᠷᠪᠠ ︶ ᠡᠷᠳᠡᠮ ᠰᠢᠨᠵᠢᠯᠡᠭᠡᠨ ᠤ ᠪᠣᠯᠪᠠᠰᠤᠷᠠᠯ ᠤᠨ ᠰᠠᠭᠤᠷᠢ ᠪᠠᠲᠤ ᠪᠠᠬᠢ ᠮᠥᠷᠲᠡᠭᠡᠨ ᠪᠠᠷᠠᠯᠠᠬᠢᠯᠠᠯᠲᠤ ᠴᠢᠨᠠᠷᠲᠠᠢ ᠡᠷᠳᠡᠮ ᠰᠢᠨᠵᠢᠯᠡᠭᠡᠨ ᠤ ᠬᠠᠷᠠᠭᠠᠰᠤ᠂ ᠬᠥᠭᠵᠢᠯᠲᠡ ᠶᠢᠨ ᠳᠠᠯᠳᠠ ᠴᠢᠨᠠᠷ ᠲᠠᠢ ᠪᠠᠶᠢᠬᠤ︔

  ︵ ᠳᠥᠷᠪᠡ ︶ ᠣᠨᠣᠯ ᠤᠨ ᠰᠢᠨ᠎ᠡ ᠡᠭᠦᠳᠦᠯᠲᠡ ᠪᠤᠶᠤ ᠬᠡᠷᠡᠭᠯᠡᠭᠡᠨ ᠤ ᠦᠢᠯᠡᠳᠦᠯᠭᠡ ᠳᠤᠮᠳᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ᠃

  ᠠᠷᠪᠠᠨ ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠣᠨᠴᠠᠭᠠᠢ ᠬᠤᠪᠢ ᠨᠡᠮᠡᠷᠢ ᠶᠢᠨ ᠱᠠᠩᠨᠠᠯ ᠢ ᠭᠤᠶᠤᠴᠢᠯᠠᠨ ᠮᠡᠳᠡᠭᠦᠯᠬᠦ ᠬᠥᠮᠥᠰ ᠨᠢ ᠳᠣᠣᠷ᠎ᠠ ᠵᠢᠭᠰᠠᠭᠠᠭᠰᠠᠨ ᠨᠦᠭᠦᠴᠡᠯ ᠢ ᠪᠦᠷᠢᠳᠦᠭᠦᠯᠬᠦ ᠬᠡᠷᠡᠭᠲᠡᠢ᠄

  ︵ ᠨᠢᠭᠡ ︶ ᠠᠵᠢᠯᠯᠠᠵᠤ ᠪᠠᠶᠢᠭ᠎ᠠ ᠨᠢᠭᠡᠴᠢ ᠶᠢᠨ ᠰᠠᠭᠤᠭ᠎ᠠ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠭᠠᠳᠠᠨ᠎ᠠ ᠪᠠᠶᠢᠬᠤ︔

  ︵ ᠬᠤᠶᠠᠷ ︶ ᠥᠪᠡᠷᠲᠡᠭᠡᠨ ᠵᠠᠰᠠᠬᠤ ᠣᠷᠣᠨ ᠤ ᠦᠢᠯᠡᠳᠦᠯᠭᠡ ᠶᠢᠨ ᠠᠰᠠᠭᠤᠳᠠᠯ ᠢ ᠰᠤᠳᠤᠯᠵᠤ᠂ ᠰᠤᠳᠤᠯᠭᠠᠨ ᠤ ᠦᠷ᠎ᠡ ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠯᠠᠪᠯᠠᠯᠲᠠ ᠶᠢᠨ ᠦᠨ᠎ᠡ ᠥᠷᠳᠡᠭ ᠣᠯᠭᠤᠭᠰᠠᠨ᠃

  ᠠᠷᠪᠠᠨ ᠳᠣᠯᠣᠳᠤᠭᠠᠷ ᠵᠦᠢᠯ    ᠳᠣᠣᠷ᠎ᠠ ᠵᠢᠭᠰᠠᠭᠠᠭᠰᠠᠨ ᠪᠠᠶᠢᠳᠠᠯ ᠡᠴᠠ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠯᠳᠠᠷᠲᠠᠨ ᠤ ᠱᠠᠩᠨᠠᠯ᠂ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠠᠯᠠᠭᠤ ᠴᠢᠳᠠᠪᠤᠷᠢᠲᠠᠨ ᠤ ᠱᠠᠩᠨᠠᠯ ᠪᠠ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠣᠨᠴᠠᠭᠠᠢ ᠬᠤᠪᠢ ᠨᠡᠮᠡᠷᠢ ᠶᠢᠨ ᠱᠠᠩᠨᠠᠯ ᠢ ᠭᠤᠶᠤᠴᠢᠯᠠᠨ ᠮᠡᠳᠡᠭᠦᠯᠵᠦ ᠪᠣᠯᠬᠤ ᠦᠭᠡᠢ᠄

  ︵ ᠨᠢᠭᠡ ︶ ᠭᠤᠣᠯ ᠰᠤᠳᠤᠯᠭᠠᠨ ᠤ ᠦᠷ᠎ᠡ ᠪᠦᠲᠦᠭᠡᠯ ᠨᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠢ ᠳᠤ ᠪᠠᠭᠲᠠᠬᠤ ᠦᠭᠡᠢ︔

  ︵ ᠬᠤᠶᠠᠷ ︶ ᠬᠠᠭᠤᠯᠤᠨ ᠬᠤᠯᠠᠭᠠᠶᠢᠯᠠᠬᠤ᠂ ᠵᠣᠬᠢᠶᠠᠯ ᠬᠤᠯᠠᠭᠠᠶᠢᠯᠠᠬᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠵᠡᠷᠭᠡ ᠡᠷᠳᠡᠮ ᠰᠢᠨᠵᠢᠯᠡᠭᠡᠨ ᠤ ᠲᠥᠪ ᠪᠤᠰᠤ ᠦᠢᠯᠡ ᠠᠵᠢᠯᠯᠠᠭ᠎ᠠ ᠣᠷᠣᠰᠢᠵᠤ ᠪᠠᠶᠢᠬᠤ︔

  ︵ ᠭᠤᠷᠪᠠ ︶ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠤᠶᠤᠴᠢᠯᠠᠨ ᠮᠡᠳᠡᠭᠦᠯᠵᠦ ᠪᠣᠯᠬᠤ ᠦᠭᠡᠢ ᠪᠤᠰᠤᠳ ᠪᠠᠶᠢᠳᠠᠯ᠃

  ᠠᠷᠪᠠᠨ ᠨᠠᠢᠮᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠭᠤᠶᠤᠴᠢᠯᠠᠨ ᠮᠡᠳᠡᠭᠦᠯᠦᠨ᠎ᠡ᠄

  ︵ ᠨᠢᠭᠡ ︶ ᠵᠢᠩᠬᠢᠨᠢ ᠠᠩᠬᠢ ᠶᠢᠨ ᠶᠡᠭᠡ ᠳᠡᠭᠡᠳᠦ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠳᠡᠰ ᠤᠨ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ ᠪᠠ ᠪᠤᠰᠤᠳ ᠥᠪᠡᠷᠲᠡᠭᠡᠨ ᠵᠠᠰᠠᠬᠤ ᠣᠷᠣᠨ ᠤ ᠳᠡᠰ ᠤᠨ ᠨᠢᠭᠡᠴᠢ ᠶᠢᠨ ᠭᠤᠶᠤᠴᠢᠯᠠᠨ ᠮᠡᠳᠡᠭᠦᠯᠦᠭᠴᠢ ᠨᠢ ᠪᠠᠶᠢᠭ᠎ᠠ ᠨᠢᠭᠡᠴᠢ ᠪᠤᠶᠤ ᠥᠪᠡᠷᠲᠡᠭᠡᠨ ᠵᠠᠰᠠᠬᠤ ᠣᠷᠣᠨ ᠤ ᠳᠡᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠭᠤᠶᠤᠴᠢᠯᠠᠨ ᠮᠡᠳᠡᠭᠦᠯᠦᠨ᠎ᠡ︔

  ︵ ᠬᠤᠶᠠᠷ ︶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠡᠯ᠎ᠡ ᠠᠶᠢᠮᠠᠭ ᠪᠠ ᠲᠣᠭᠤᠷᠢᠭ ᠪᠠᠶᠢᠭᠤᠯᠤᠭᠰᠠᠨ ᠬᠤᠲᠠ ᠵᠢᠴᠢ ᠲᠡᠭᠦᠨ ᠡᠴᠠ ᠳᠣᠣᠷ᠎ᠠ ᠱᠠᠲᠤᠨ ᠤ ᠨᠢᠭᠡᠴᠢ ᠶᠢᠨ ᠭᠤᠶᠤᠴᠢᠯᠠᠨ ᠮᠡᠳᠡᠭᠦᠯᠦᠭᠴᠢ ᠨᠢ ᠪᠠᠶᠢᠭ᠎ᠠ ᠭᠠᠵᠠᠷ ᠤᠨ ᠠᠶᠢᠮᠠᠭ ᠪᠠ ᠲᠣᠭᠤᠷᠢᠭ ᠪᠠᠶᠢᠭᠤᠯᠤᠭᠰᠠᠨ ᠬᠤᠲᠠ ᠶᠢᠨ ᠢᠶᠠᠨ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠳᠤ ᠭᠤᠶᠤᠴᠢᠯᠠᠨ ᠮᠡᠳᠡᠭᠦᠯᠦᠨ᠎ᠡ︔

  ︵ ᠭᠤᠷᠪᠠ ︶ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠣᠨᠴᠠᠭᠠᠢ ᠬᠤᠪᠢ ᠨᠡᠮᠡᠷᠢ ᠶᠢᠨ ᠱᠠᠩᠨᠠᠯ ᠤᠨ ᠭᠤᠶᠤᠴᠢᠯᠠᠨ ᠮᠡᠳᠡᠭᠦᠯᠦᠭᠴᠢ ᠨᠢ ᠰᠢᠭᠤᠳ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠳᠤ ᠭᠤᠶᠤᠴᠢᠯᠠᠨ ᠮᠡᠳᠡᠭᠦᠯᠦᠨ᠎ᠡ᠃

  ᠠᠷᠪᠠ ᠶᠢᠰᠦᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠤᠨ ᠰᠢᠯᠭᠠᠷᠠᠭᠤᠯᠬᠤ ᠠᠵᠢᠯ ᠢ ᠠᠩᠬᠠᠨ ᠤ ᠰᠢᠯᠭᠠᠷᠠᠭᠤᠯᠤᠯᠲᠠ᠂ ᠳᠠᠬᠢᠨ ᠰᠢᠯᠭᠠᠷᠠᠭᠤᠯᠤᠯᠲᠠ᠂ ᠡᠴᠦᠰ ᠤᠨ ᠰᠢᠯᠭᠠᠷᠠᠭᠤᠯᠤᠯᠲᠠ ᠭᠡᠬᠦ ᠭᠤᠷᠪᠠᠨ ᠱᠠᠲᠤ ᠬᠤᠪᠢᠶᠠᠨ᠎ᠠ᠃

  ᠭᠤᠶᠤᠴᠢᠯᠠᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠨᠢᠭᠡᠴᠢ ᠨᠢ ᠠᠩᠬᠠᠨ ᠤ ᠰᠢᠯᠭᠠᠷᠠᠭᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠩᠬᠠᠨ ᠤ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠳᠤ ᠮᠡᠳᠡᠭᠦᠯᠦᠨ᠎ᠡ᠃

  ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠡᠴᠠ ᠳᠠᠬᠢᠨ ᠰᠢᠯᠭᠠᠷᠠᠭᠤᠯᠤᠯᠲᠠ ᠶᠢ ᠲᠥᠷᠥᠯ ᠬᠤᠪᠢᠶᠠᠵᠤ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠺᠣᠮᠢᠰ ᠲᠤ ᠳᠠᠬᠢᠨ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠬᠢᠨᠠᠨ ᠵᠥᠪᠯᠡᠭᠦᠯᠬᠦ ᠪᠠᠷ ᠳᠡᠪᠰᠢᠭᠦᠯᠦᠨ᠎ᠡ᠃

  ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠺᠣᠮᠢᠰ ᠡᠴᠠ ᠡᠴᠦᠰ ᠤᠨ ᠰᠢᠯᠭᠠᠷᠠᠭᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠠᠬᠢᠨ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠳᠠᠬᠢᠨ ᠵᠥᠪᠯᠡᠨ᠎ᠡ᠃

  ᠬᠤᠷᠢᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠬᠡᠷᠡᠭᠲᠡᠢ᠃ ᠠᠩᠬᠠᠨ ᠤ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠭᠤᠶᠤᠴᠢᠯᠠᠭᠰᠠᠨ ᠮᠡᠳᠡᠭᠦᠯᠦᠯᠲᠡ ᠶᠢ ᠬᠦᠯᠢᠶᠠᠨ ᠠᠪᠤᠭᠰᠠᠨ ᠨᠢᠭᠡᠴᠢ ᠡᠴᠠ ᠵᠠᠷᠯᠠᠨ ᠨᠡᠶᠢᠲᠡᠯᠡᠵᠦ᠂ ᠳᠠᠬᠢᠨ ᠰᠢᠯᠭᠠᠷᠠᠭᠤᠯᠤᠯᠲᠠ ᠶᠢᠨ ᠦᠷ᠎ᠡ ᠳ᠋ᠦᠩ ᠪᠠ ᠡᠴᠦᠰ ᠤᠨ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠡᠴᠠ ᠵᠠᠷᠯᠠᠨ ᠨᠡᠶᠢᠲᠡᠯᠡᠵᠦ᠂ ᠱᠠᠲᠤ ᠪᠦᠷᠢ ᠳᠠᠬᠢ ᠵᠠᠷᠯᠠᠨ ᠨᠡᠶᠢᠲᠡᠯᠡᠬᠦ ᠬᠤᠭᠤᠴᠠᠭ᠎ᠠ ᠨᠢ ᠴᠥᠮ ᠲᠠᠪᠤᠨ ᠠᠵᠢᠯᠯᠠᠬᠤ ᠡᠳᠦᠷ ᠪᠣᠯᠣᠨ᠎ᠠ᠃

  ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠰᠢᠯᠭᠠᠷᠠᠭᠤᠯᠤᠭᠰᠠᠨ ᠦᠷ᠎ᠡ ᠳ᠋ᠦᠩ ᠳᠤ ᠣᠨᠳᠣᠣ ᠰᠠᠨᠠᠯ ᠲᠠᠢ ᠪᠠᠶᠢᠪᠠᠯ᠂ ᠵᠠᠷᠯᠠᠨ ᠨᠡᠶᠢᠲᠡᠯᠡᠵᠦ ᠪᠠᠶᠢᠭ᠎ᠠ ᠬᠤᠭᠤᠴᠠᠭᠠᠨ ᠳᠤ ᠳᠤᠷᠠᠳᠴᠤ ᠪᠣᠯᠣᠨ᠎ᠠ᠂ ᠬᠤᠯᠪᠣᠭᠳᠠᠯ ᠪᠦᠬᠦᠢ ᠨᠢᠭᠡᠴᠢ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃

  ᠬᠤᠷᠢᠨ ᠨᠢᠭᠡᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠵᠦ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠨᠢ ᠰᠢᠯᠭᠠᠷᠠᠭᠤᠯᠤᠭᠰᠠᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠴᠠ ᠰᠠᠶᠢᠰᠢᠶᠠᠬᠤ ᠪᠠ ᠬᠥᠬᠢᠭᠦᠯᠦᠨ ᠱᠠᠩᠨᠠᠵᠤ᠂ ᠦᠨᠡᠮᠯᠡᠯ ᠪᠠ ᠱᠠᠩᠨᠠᠯ ᠤᠨ ᠮᠥᠩᠭᠦ ᠣᠯᠭᠤᠨ᠎ᠠ᠃

  ᠬᠤᠷᠢᠨ ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠱᠠᠩᠨᠠᠯ ᠣᠯᠣᠭᠰᠨᠳ ᠤᠨ ᠠᠵᠢᠯ ᠤᠨ ᠠᠮᠵᠢᠯᠲᠠ ᠶᠢ ᠰᠢᠯᠭᠠᠨ ᠬᠢᠨᠠᠬᠤ᠂ ᠲᠤᠰᠬᠠᠢ ᠮᠡᠷᠭᠡᠵᠢᠯ ᠤᠨ ᠲᠤᠰᠢᠶᠠᠯ ᠳᠡᠪᠰᠢᠬᠦ ᠪᠠ ᠡᠯ᠎ᠡ ᠳᠡᠰ ᠤᠨ ᠡᠯ᠎ᠡ ᠲᠥᠷᠥᠯ ᠤᠨ ᠴᠢᠳᠠᠪᠤᠷᠢᠲᠠᠨ ᠤ ᠲᠥᠷᠥᠯ ᠵᠦᠢᠯ ᠢ ᠰᠢᠯᠭᠠᠷᠠᠭᠤᠯᠬᠤ ᠴᠢᠬᠤᠯᠠ ᠦᠨᠳᠦᠰᠦᠯᠡᠯ ᠤᠨ ᠨᠢᠭᠡ ᠪᠣᠯᠭᠠᠬᠤ ᠬᠡᠷᠡᠭᠲᠡᠢ᠃

  ᠬᠤᠷᠢᠨ ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠭᠤᠶᠤᠴᠢᠯᠠᠨ ᠮᠡᠳᠡᠭᠦᠯᠦᠭᠴᠢ ᠳᠤ ᠬᠠᠭᠤᠯᠤᠨ ᠬᠤᠯᠠᠭᠠᠶᠢᠯᠠᠬᠤ᠂ ᠵᠣᠬᠢᠶᠠᠯ ᠬᠤᠯᠠᠭᠠᠶᠢᠯᠠᠬᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠵᠡᠷᠭᠡ ᠡᠷᠳᠡᠮ ᠰᠢᠨᠵᠢᠯᠡᠭᠡᠨ ᠤ ᠲᠥᠪ ᠪᠤᠰᠤ ᠦᠢᠯᠡ ᠠᠵᠢᠯᠯᠠᠭ᠎ᠠ ᠣᠷᠣᠰᠢᠵᠤ ᠪᠠᠶᠢᠬᠤ᠂ ᠡᠰᠡᠭᠦᠯ᠎ᠡ ᠪᠤᠰᠤᠳ ᠵᠦᠢ ᠪᠤᠰᠤ ᠠᠷᠭ᠎ᠠ ᠬᠢᠳᠡᠯ ᠢᠶᠠᠷ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠮᠡᠬᠡᠯᠡᠨ ᠣᠯᠣᠭᠰᠠᠨ ᠪᠣᠯ᠂ ᠲᠡᠭᠦᠨ ᠤ ᠰᠢᠯᠭᠠᠷᠠᠭᠤᠯᠤᠭᠳᠠᠬᠤ ᠬᠢᠷᠢ ᠭᠡᠮ ᠢ ᠨᠢ ᠬᠠᠰᠤᠨ᠎ᠠ︔ ᠨᠢᠭᠡᠨᠲᠡ ᠱᠠᠩᠨᠠᠯ ᠣᠯᠣᠭᠰᠠᠨ ᠪᠣᠯ ᠱᠠᠩᠨᠠᠯ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠦᠨᠡᠮᠯᠡᠯ ᠪᠠ ᠱᠠᠩᠨᠠᠯ ᠤᠨ ᠮᠥᠩᠭᠦ ᠶᠢ ᠨᠡᠬᠡᠵᠦ ᠬᠤᠷᠢᠶᠠᠨ᠎ᠠ᠃

  ᠰᠢᠯᠭᠠᠷᠠᠭᠤᠯᠤᠬᠳᠠᠬᠤ ᠬᠢᠷᠢ ᠭᠡᠮ ᠵᠢᠨᠨ ᠬᠠᠰᠤᠭᠳᠠᠬᠰᠠᠨ ᠪᠤᠶᠤ ᠱᠠᠩᠨᠠᠯ ᠨᠢ ᠬᠦᠴᠦᠨ ᠦᠭᠡᠢ ᠪᠣᠯᠭᠠᠭᠳᠠᠬᠰᠠᠨ ᠪᠣᠯ ᠵᠢᠷᠭᠤᠭᠠᠨ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠭᠤᠶᠤᠴᠢᠯᠠᠨ ᠮᠡᠳᠡᠭᠦᠯᠵᠦ ᠪᠣᠯᠬᠤ ᠦᠭᠡᠢ᠃

  ᠬᠤᠷᠢᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠪᠠ ᠱᠠᠩᠨᠠᠬᠤ ᠠᠵᠢᠯ ᠤᠨ ᠳᠤᠮᠳᠠ ᠠᠯᠪᠠᠨ ᠲᠤᠰᠢᠶᠠᠯ ᠳᠤ ᠠᠯᠮᠠᠶᠢᠷᠠᠨ ᠣᠰᠣᠯᠳᠠᠬᠤ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠬᠦ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠳᠠᠯ ᠭᠠᠷᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳ᠋ᠤ ᠬᠠᠤᠯᠢ ᠶᠣᠰᠣᠭᠠᠷ ᠰᠢᠢᠳᠭᠡᠯ ᠥᠭᠭᠦᠨ᠎ᠡ︔ ᠶᠠᠯ᠎ᠠ ᠳ᠋ᠤ ᠬᠥᠷᠥᠭᠰᠡᠨ ᠪᠠᠶᠢᠪᠠᠯ᠂ ᠬᠠᠥᠯᠢ ᠶᠣᠰᠣᠭᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

  ᠬᠤᠷᠢᠨ ᠲᠠᠪᠤᠳᠤᠭᠠᠷ ᠵᠦᠢᠯ    ᠲᠣᠰ ᠠᠷᠭ᠎ᠠ ᠶᠢ 2024 ᠣᠨ ᠤ 7 ᠳ᠋ᠤᠭᠠᠷ ᠰᠠᠷ᠎ᠠ ᠶᠢᠨ 1 ᠤ ᠡᠳᠦᠷ ᠡᠴᠠ ᠡᠬᠢᠯᠡᠵᠦ ᠬᠡᠷᠡᠭᠵᠢᠭᠦᠯᠦᠨ᠎ᠡ᠃


ᠭᠠᠷ ᠤᠲᠠᠰᠤ ᠪᠠᠷ ᠦᠵᠡᠬᠦ