ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠬᠯᠠᠬᠤ ᠲᠥᠷᠥᠯ ᠵᠦᠢᠯ ᠤᠨ ᠲᠠᠯ᠎ᠠ ᠪᠠᠷ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠶᠢᠨ ᠭᠠᠷᠳᠠᠮ ᠢ ᠭᠦᠢᠴᠡᠳᠬᠡᠬᠦ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

  ︽ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠢᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ︾ ︵ ᠲᠥᠷᠥ ᠲᠠᠷᠬᠠᠭᠠᠭᠰᠠᠨ 〔 2023 〕 16 ᠳ᠋ᠤᠭᠠᠷ ᠲᠣᠭᠠᠲᠤ ︶ ᠪᠠ ︽ ᠥᠪᠥᠷ ᠮᠣᠩᠭᠤᠯ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ ᠴᠢᠨᠠᠷ ᠰᠠᠶᠢᠲᠠᠶ ᠬᠥᠭᠵᠢᠯᠲᠡ ᠪᠠᠨ ᠠᠬᠢᠭᠤᠯᠬᠤ ᠶᠢ ᠳᠡᠮᠵᠢᠬᠦ ᠲᠤᠬᠠᠶ ᠪᠠᠢᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ ︾ ︵ ᠪᠠᠢᠢᠭᠠᠯᠢ ᠡᠬᠢ ᠵᠠᠬᠢᠳᠠᠯ 〔 2024 〕 224 ᠳ᠋ᠤᠭᠡᠷ ᠲᠣᠭᠠᠲᠤ ︶ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠢᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠤᠯ ᠰᠢᠵᠢᠮ ᠢ ᠴᠢᠩᠭ᠎ᠠ ᠠᠳᠬᠤᠨ᠂ ᠠᠭᠤᠷᠬᠠᠶ ᠶᠢᠨ ᠡᠬᠢ ᠪᠠᠶᠠᠯᠢᠭ ᠢ ᠬᠡᠷᠡᠭᠯᠡᠬᠦ ᠡᠷᠬᠡ ᠪᠠᠨ ᠤᠯᠠᠮ ᠨᠢᠭᠡ ᠠᠯᠬᠤᠮ ᠬᠥᠭᠵᠢᠭᠡᠵᠦ᠂ ᠪᠥᠬᠦ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠬᠯᠠᠬᠤ ᠲᠥᠷᠥᠯ ᠵᠦᠢᠯ ᠳᠤ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠶᠢᠨ ᠭᠠᠷᠳᠠᠮ ᠢ ᠭᠦᠢᠴᠡᠳᠭᠡᠬᠦ ᠪᠠᠨ ᠬᠠᠤᠯᠢ ᠲᠣᠭᠲᠠᠭᠠᠯ ᠶᠣᠰᠣᠭᠠᠷ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠥᠬᠦᠶ ᠠᠰᠠᠭᠤᠳᠠᠯ ᠤᠳ ᠢ ᠳᠣᠤᠷᠠᠬᠢ ᠮᠡᠲᠦ ᠮᠡᠳᠡᠭᠳᠡᠪᠡ᠃

  ᠨᠢᠭᠡ᠂︽ ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠠᠰᠢᠬᠯᠠᠬᠤ ᠶᠠᠪᠤᠴᠠ ᠳᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ ︾ ︵ ᠥᠪᠥᠷ ᠵᠠᠰᠠᠭ ᠠᠯᠪᠠᠨ ᠲᠠᠷᠬᠠᠭᠠᠭᠰᠠᠨ 〔 2021 〕 7 ᠳ᠋ᠤᠭᠠᠷ ᠲᠣᠭᠠᠲᠤ ︶ ᠪᠠ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠢᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶᠠᠨ ᠤ ︽ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠨᠤᠲᠤᠭ ᠪᠡᠯᠴᠢᠭᠡᠷ ᠣᠢᠢᠲᠤ ᠭᠠᠵᠠᠷ ᠤᠨ ᠬᠤᠪᠢᠶᠠᠷᠢᠯᠠᠯ ᠤᠨ ᠬᠡᠷᠡᠭᠴᠡᠭᠡᠨ ᠤ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠬᠦ ᠲᠤᠬᠠᠶ ᠮᠡᠳᠡᠭᠳᠡᠯ ︾︵ ᠥᠪᠥᠷ ᠣᠢ ᠪᠡᠯᠴᠢᠭᠡᠷ ᠪᠡᠯᠴᠢᠭᠡᠷ ᠬᠢᠨᠠᠯᠲᠠ ᠲᠠᠷᠬᠠᠭᠠᠭᠰᠠᠨ 〔 2021 〕 257 ᠳ᠋ᠤᠭᠠᠷ ᠲᠣᠭᠠᠲᠤ ︶ ᠵᠡᠷᠭᠡ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠪᠡᠯ᠂︽ ᠰᠢᠨ᠎ᠡ ᠨᠡᠭᠡᠭᠡᠭᠰᠡᠨ ᠵᠠᠳᠠᠭᠠᠢ ᠠᠭᠤᠷᠬᠠᠢ ︾ ᠭᠡᠳᠡᠭ ᠨᠢ 2021 ᠣᠨ ᠤ 2 ᠳ᠋ᠤᠭᠠᠷ ᠰᠠᠷ᠎ᠠ ᠶᠢᠨ 6 ᠤ ᠡᠳᠦᠷ ᠥᠪᠥᠷ ᠵᠠᠰᠠᠭ ᠠᠯᠪᠠᠨ ᠲᠠᠷᠬᠠᠭᠠᠭᠰᠠᠨ 〔 2021 〕 7 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠳᠠᠷᠤᠮᠠᠯᠯᠠᠨ ᠶᠠᠪᠤᠭᠤᠯᠤᠭᠰᠠᠨ ᠤ ᠳᠠᠷᠠᠭ᠎ᠠ ᠰᠢᠨ᠎ᠡ ᠬᠤᠳᠠᠯᠳᠤᠨ ᠰᠢᠯᠵᠢᠭᠦᠯᠦᠭᠰᠡᠨ ᠵᠠᠳᠠᠭᠠᠶ ᠠᠷᠭ᠎ᠠ ᠮᠠᠶ᠋ᠢᠭ ᠢᠶᠠᠷ ᠨᠡᠭᠡᠭᠡᠵᠦ ᠮᠠᠯᠲᠠᠭᠰᠠᠨ ᠠᠭᠤᠷᠬᠠᠢ ᠶᠢᠨ ᠡᠬᠢ ᠪᠠᠶᠠᠯᠢᠭ ᠢ ᠬᠡᠷᠡᠭᠯᠡᠬᠦ ᠡᠷᠬᠡ ᠲᠠᠢ ᠲᠥᠷᠥᠯ ᠵᠦᠢᠯ ᠢ ᠵᠢᠭᠠᠵᠤ ᠪᠣᠶ︔ ᠥᠪᠥᠷ ᠵᠠᠰᠠᠭ ᠠᠯᠪᠠᠨ ᠲᠠᠷᠬᠠᠭᠠᠭᠰᠠᠨ 〔 2021 〕 7 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠨᠡᠢᠢᠲᠡᠯᠡᠬᠦ ᠡᠴᠠ ᠡᠮᠦᠨ᠎ᠡ ᠨᠢᠭᠡᠨᠲᠡ ᠠᠭᠤᠷᠬᠠᠶ ᠬᠠᠶᠢᠬᠤ ᠡᠷᠬᠡ᠂ ᠠᠭᠤᠷᠬᠠᠶ ᠬᠠᠶᠢᠬᠤ ᠡᠷᠬᠡ ᠪᠠᠨ ᠠᠭᠤᠷᠬᠠᠶ ᠮᠠᠯᠲᠠᠬᠤ ᠡᠷᠬᠡ ᠪᠣᠯᠭᠠᠨ ᠰᠢᠯᠵᠢᠭᠦᠯᠦᠭᠰᠡᠨ᠂ ᠠᠭᠤᠷᠬᠠᠢ ᠮᠠᠯᠲᠠᠬᠤ ᠡᠷᠬᠡ᠂ ᠡᠰᠡᠬᠦᠯ᠎ᠡ ᠵᠠᠬ᠎ᠠ ᠳᠡᠯᠭᠡᠭᠦᠷ ᠢᠶᠠᠷ ᠬᠤᠳᠠᠯᠳᠤᠨ ᠰᠢᠯᠵᠢᠭᠦᠯᠦᠭᠰᠡᠨ᠂ ᠠᠭᠤᠷᠬᠠᠶ ᠶᠢᠨ ᠡᠬᠢ ᠪᠠᠶᠠᠯᠢᠭ ᠤᠨ ᠬᠡᠷᠡᠭᠯᠡᠬᠦ ᠡᠷᠬᠡ ᠪᠠᠨ ᠬᠤᠳᠠᠯᠳᠤᠨ ᠰᠢᠯᠵᠢᠭᠦᠯᠦᠭᠰᠡᠨ ᠠᠰᠢᠭ ᠣᠯᠵᠠᠪᠤᠷᠢ ᠶᠢ ᠨᠢ ᠲᠤᠰᠢᠶᠠᠭᠰᠠᠨ ᠠᠭᠤᠷᠬᠠᠶ ᠶᠢᠨ ᠡᠬᠢ ᠪᠠᠶᠠᠯᠢᠭ ᠤᠨ ᠬᠠᠢᠢᠨ ᠪᠠᠶᠢᠴᠠᠭᠠᠵᠤ ᠨᠡᠭᠡᠭᠡᠨ ᠠᠰᠢᠬᠯᠠᠬᠤ ᠲᠥᠷᠥᠯ ᠵᠦᠢᠯ ᠢ ᠬᠠᠤᠯᠢ ᠶᠣᠰᠣᠭᠠᠷ ᠣᠯᠤᠭᠰᠠᠨ ᠪᠠᠶᠢᠪᠠᠯ᠂ ᠰᠢᠨ᠎ᠡ ᠨᠡᠭᠡᠭᠡᠭᠰᠡᠨ ᠠᠭᠤᠷᠬᠠᠢ ᠪᠠᠷ ᠲᠣᠭᠲᠠᠭᠠᠬᠤ ᠦᠭᠡᠢ︔ ︽ ᠨᠤᠲᠤᠭ ᠪᠡᠯᠴᠢᠭᠡᠷ ᠤᠨ ᠠᠮᠢ ᠠᠬᠤᠶ ᠶᠢᠨ ᠤᠯᠠᠭᠠᠨ ᠱᠤᠭᠤᠮ ᠤᠨ ᠳᠣᠲᠣᠷ᠎ᠠ ︾ ᠭᠡᠳᠡᠭ ᠨᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠣᠲᠣᠷᠠᠬᠢ ᠨᠤᠲᠤᠭ ᠪᠡᠯᠴᠢᠭᠡᠷ ᠪᠠ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠡᠴᠠ ᠭᠠᠳᠠᠨᠠᠬᠢ ᠦᠨᠳᠦᠰᠦᠨ ᠨᠤᠲᠤᠭ ᠪᠡᠯᠴᠢᠭᠡᠷ ᠢ ᠵᠢᠭᠠᠵᠤ ᠪᠣᠢ᠂ ᠡᠭᠦᠨ ᠡᠴᠠ ᠪᠤᠰᠤᠳ ᠨᠤᠲᠤᠭ ᠪᠡᠯᠴᠢᠭᠡᠷ ᠨᠢ ᠡᠩ ᠤᠨ ᠨᠤᠲᠤᠭ ᠪᠡᠯᠴᠢᠭᠡᠷ ᠲᠤ ᠬᠠᠷᠢᠶᠠᠯᠠᠭᠳᠠᠬᠤ ᠪᠣᠯᠬᠤᠷ᠂ ᠨᠤᠲᠤᠭ ᠪᠡᠯᠴᠢᠭᠡᠷ ᠤᠨ ᠬᠤᠪᠢᠶᠠᠷᠢᠯᠠᠯ ᠤᠨ ᠬᠡᠷᠡᠭᠴᠡᠭᠡᠨ ᠤ ᠬᠠᠮᠢᠶᠠᠷᠤᠨ ᠡᠵᠡᠮᠳᠡᠬᠦ ᠲᠦᠷᠢᠮ ᠢ ᠬᠡᠷᠡᠭᠵᠢᠭᠦᠯᠬᠦ ᠬᠡᠷᠡᠭᠲᠡᠢ᠃

  ᠬᠤᠶᠠᠷ᠂ ᠥᠪᠥᠷ ᠵᠠᠰᠠᠭ ᠠᠯᠪᠠᠨ ᠲᠠᠷᠬᠠᠭᠠᠭᠰᠠᠨ 〔 2021 〕 7 ᠳ᠋ᠤᠭᠠᠷ ᠲᠣᠭᠠᠲᠤ ᠶᠢ ᠳᠠᠷᠤᠮᠠᠯᠯᠠᠨ ᠶᠠᠪᠤᠭᠤᠯᠬᠤ ᠡᠴᠠ ᠡᠮᠦᠨ᠎ᠡ ᠨᠢᠭᠡᠨᠲᠡ ᠠᠭᠤᠷᠬᠠᠶ ᠶᠢᠨ ᠡᠬᠢ ᠪᠠᠶᠠᠯᠢᠭ ᠬᠡᠷᠡᠭᠯᠡᠬᠦ ᠡᠷᠬᠡ ᠲᠣᠬᠢᠷᠠᠭᠤᠯᠤᠭᠠᠳ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠠᠭᠤᠷᠬᠠᠶ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠪᠥᠭᠡᠮᠨᠡᠷᠡᠯ ᠳᠤ ᠴᠢᠬᠤᠯᠠ ᠶᠡᠭᠡ ᠲᠤᠯᠭᠠᠭᠤᠷᠢᠯᠠᠬᠤ ᠦᠢᠯᠡᠳᠦᠯ ᠲᠠᠢ ᠠᠭᠤᠷᠬᠠᠶ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢᠨ ᠲᠥᠷᠥᠯ ᠵᠦᠢᠯ ︵ ᠠᠮᠢ ᠠᠬᠤᠶ ᠣᠷᠴᠢᠨ ᠲᠣᠭᠤᠷᠢᠨ ᠢ ᠶᠡᠭᠡ ᠪᠠᠷ ᠡᠪᠳᠡᠭᠰᠡᠨ᠂ ᠣᠷᠣᠨ ᠨᠤᠲᠤᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠳᠣᠤᠷ᠎ᠠ ᠪᠠᠢᠢᠭ᠎ᠠ ᠵᠠᠳᠠᠭᠠᠶ ᠨᠡᠭᠡᠭᠡᠨ ᠮᠠᠯᠲᠠᠬᠤ ᠲᠥᠷᠥᠯ ᠵᠦᠢᠯ ᠡᠴᠠ ᠭᠠᠳᠠᠨ᠎ᠠ ︶ ᠪᠣᠯᠬᠤ᠂ ᠲᠡᠭᠡᠬᠦ ᠮᠥᠷᠲᠡᠭᠡᠨ ᠦᠨᠳᠦᠰᠦᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠦᠭᠡᠢ ᠪᠠᠶᠢᠪᠠᠯ᠂ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠭᠠᠷᠳᠠᠮ ᠭᠦᠢᠴᠡᠳᠬᠡᠬᠦ ᠶᠢ ᠳᠡᠰ ᠳᠠᠷᠠᠭᠠᠯᠠᠯ ᠲᠠᠢ ᠪᠠᠷ ᠠᠬᠢᠭᠤᠯᠵᠤ ᠪᠣᠯᠤᠨ᠎ᠠ᠃

  ᠭᠤᠷᠪᠠ᠂ ᠡᠬᠢ ᠪᠠᠶᠠᠯᠢᠭ ᠢᠶᠠᠨ ᠡᠷᠴᠢᠮᠵᠢᠭᠦᠯᠦᠨ ᠠᠷᠪᠢᠲᠠᠢ ᠠᠰᠢᠬᠯᠠᠬᠤ ᠶᠢ ᠠᠬᠢᠭᠤᠯᠬᠤ ᠶᠢᠨ ᠲᠤᠰᠠᠳᠠ᠂ ᠨᠡᠭᠦᠷᠡᠰᠦᠨ ᠤ ᠦᠢᠷᠡᠮᠡᠭ ᠤᠨ ᠡᠬᠢ ᠪᠠᠶᠠᠯᠢᠭ ︵ ᠨᠡᠭᠦᠷᠡᠰᠦᠨ ᠤ ᠠᠭᠤᠷᠬᠠᠶ ᠶᠢᠨ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠳᠤ ᠲᠣᠬᠢᠷᠠᠭᠤᠯᠤᠭᠰᠠᠨ ᠨᠡᠭᠦᠷᠡᠰᠦᠨ ᠤ ᠠᠭᠤᠷᠬᠠᠶ ᠶᠢᠨ ᠠᠢ ᠰᠠᠪᠠ ᠶᠢᠨ ᠬᠡᠪᠴᠢᠶ᠎ᠡ ᠬᠢᠭᠡᠳ ᠲᠣᠬᠢᠷᠠᠭᠤᠯᠤᠭᠠᠳ ᠪᠠᠶᠢᠭ᠎ᠠ ᠨᠡᠭᠦᠷᠡᠰᠦᠨ ᠤ ᠠᠭᠤᠷᠬᠠᠶ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢᠨ ᠬᠡᠪᠴᠢᠶᠡᠨ ᠳᠠᠬᠢ ᠬᠡᠯᠪᠡᠷᠢ ᠳᠦᠷᠰᠦ ᠨᠢ ᠡᠮᠬᠢ ᠥᠬᠡᠶ᠂ ᠲᠠᠯᠠᠪᠠᠶ ᠨᠢ ᠨᠡᠯᠢᠶᠡᠳ ᠪᠠᠭ᠎ᠠ᠂ ᠠᠭᠤᠷᠬᠠᠶ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢ ᠨᠢ ᠲᠤᠰᠠᠭᠠᠷ ᠬᠤᠪᠢᠶᠠᠷᠢᠯᠠᠬᠤ ᠳᠤ ᠲᠣᠬᠢᠷᠠᠬᠤ ᠥᠬᠡᠶ᠂ ᠭᠡᠪᠡᠴᠦ ᠮᠥᠨ ᠬᠦ ᠡᠬᠢ ᠪᠠᠶᠠᠯᠢᠭ ᠤᠨ ᠨᠥᠭᠡᠴᠡ ᠲᠠᠢ ᠪᠠᠢᠢᠭ᠎ᠠ ᠬᠤᠭᠤᠰᠣᠨ ᠣᠷᠣᠨ ︶ ᠨᠢ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠳᠤ ᠬᠤᠯᠪᠣᠭᠳᠠᠭᠰᠠᠨ ᠪᠠᠶᠢᠪᠠᠯ᠂ ᠨᠡᠭᠦᠷᠡᠰᠦᠨ ᠤ ᠦᠢᠷᠡᠮᠡᠭ ᠤᠨ ᠡᠬᠢ ᠪᠠᠶᠠᠯᠢᠭ ᠢ ᠬᠤᠳᠠᠯᠳᠤᠨ ᠰᠢᠯᠵᠢᠭᠦᠯᠬᠦ ᠵᠢᠴᠢ ᠬᠤᠢᠢᠰᠢᠳᠠ ᠡᠷᠬᠢᠨ ᠲᠣᠭᠤᠷᠢᠨ ᠳᠤ ᠨᠢ ᠲᠣᠬᠢᠷᠠᠭᠤᠯᠤᠭᠠᠳ ᠪᠠᠶᠢᠭ᠎ᠠ ᠠᠭᠤᠷᠬᠠᠶ ᠮᠠᠯᠲᠠᠬᠤ ᠡᠷᠬᠡ ᠯᠦᠭᠡ ᠡᠮᠬᠢᠯᠡᠨ ᠨᠡᠶᠢᠯᠡᠭᠦᠯᠬᠦ ᠭᠠᠷᠳᠠᠮ ᠭᠦᠢᠴᠡᠳᠬᠡᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃

  ᠳᠥᠷᠪᠡ᠂ ᠦᠨᠳᠦᠰᠦᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠯᠦᠭᠡ ᠬᠤᠯᠪᠣᠭᠳᠠᠭᠰᠠᠨ ᠤᠯᠤᠰ ᠤᠨ ᠪᠠᠢᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠲᠥᠷᠥᠯ ᠵᠦᠢᠯ ᠳᠤ᠂ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠢᠶᠠᠷ ᠳᠠᠬᠢᠵᠤ ᠢᠯᠭᠠᠬᠤ ᠦᠭᠡᠢ᠂ ᠲᠥᠷᠥ ᠲᠠᠷᠬᠠᠭᠠᠭᠰᠠᠨ 〔 2023 〕 16 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠠᠬᠢ ︽ ᠦᠨᠳᠦᠰᠦᠨ ᠨᠤᠲᠤᠭ ᠪᠡᠯᠴᠢᠭᠡᠷ ᠲᠤ ᠬᠠᠤᠯᠢ ᠲᠣᠭᠲᠠᠭᠠᠯ ᠶᠣᠰᠣᠭᠠᠷ ᠵᠥᠪᠰᠢᠶᠡᠷᠡᠭᠦᠯᠦᠭᠰᠡᠨ ᠤᠯᠤᠰ ᠤᠨ ᠴᠢᠬᠤᠯᠠ ᠶᠡᠭᠡ ᠠᠭᠤᠷᠬᠠᠢ ᠶᠢᠨ ᠡᠬᠢ ᠪᠠᠶᠠᠯᠢᠭ ᠬᠠᠢᠢᠨ ᠰᠢᠨᠵᠢᠯᠡᠵᠦ ᠨᠡᠭᠡᠭᠡᠨ ᠠᠰᠢᠬᠯᠠᠬᠤ ᠲᠥᠷᠥᠯ ᠵᠦᠢᠯ ᠢ ᠰᠢᠨ᠎ᠡ ᠪᠠᠷ ᠲᠣᠬᠢᠷᠠᠭᠤᠯᠬᠤ ᠶᠢ ᠨᠢ ᠵᠥᠪᠰᠢᠶᠡᠷᠡᠨ᠎ᠡ ︾᠂ ᠪᠠᠢᠢᠭᠠᠯᠢ ᠡᠬᠢ ᠵᠠᠬᠢᠳᠠᠯ 〔 2024 〕 224 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠳᠠᠬᠢ ︽ ᠦᠨᠳᠦᠰᠦᠨ ᠨᠤᠲᠤᠭ ᠪᠡᠯᠴᠢᠭᠡᠷ ᠲᠤ ᠬᠠᠤᠯᠢ ᠲᠣᠭᠲᠠᠭᠠᠯ ᠶᠣᠰᠣᠭᠠᠷ ᠵᠥᠪᠰᠢᠶᠡᠷᠡᠭᠦᠯᠦᠭᠰᠡᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠬᠠᠢᠢᠨ ᠰᠢᠨᠵᠢᠯᠡᠵᠦ ᠨᠡᠭᠡᠭᠡᠨ ᠠᠰᠢᠬᠯᠠᠬᠤ ᠲᠥᠷᠥᠯ ᠵᠦᠢᠯ ᠢ ᠰᠢᠨ᠎ᠡ ᠪᠠᠷ ᠲᠣᠬᠢᠷᠠᠭᠤᠯᠬᠤ ᠶᠢ ᠨᠢ ᠵᠥᠪᠰᠢᠶᠡᠷᠡᠨ᠎ᠡ ︾ ᠭᠡᠰᠡᠨ ᠲᠣᠭᠲᠠᠭᠠᠯ ᠶᠣᠰᠤᠭᠠᠷ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠭᠠᠷᠳᠠᠮ ᠭᠦᠢᠴᠡᠳᠬᠡᠬᠦ ᠶᠢ ᠬᠠᠤᠯᠢ ᠲᠣᠭᠲᠠᠭᠠᠯ ᠶᠣᠰᠤᠭᠠᠷ ᠠᠬᠢᠭᠤᠯᠬᠤ ᠬᠡᠷᠡᠭᠲᠡᠢ᠃

  ᠲᠠᠪᠤ᠂︽ ᠬᠠᠢᠢᠷ ᠴᠢᠯᠠᠭᠤ ᠨᠡᠭᠡᠭᠡᠨ ᠮᠠᠯᠲᠠᠬᠤ ᠬᠠᠮᠢᠶᠠᠷᠤᠯᠲᠠ ᠶᠢ ᠵᠢᠷᠤᠮᠵᠢᠭᠤᠯᠤᠨ ᠲᠡᠭᠦᠯᠳᠡᠷᠵᠢᠭᠦᠯᠬᠦ ᠲᠤᠬᠠᠶ ᠪᠠᠢᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ ︾ ︵ ᠪᠠᠢᠢᠭᠠᠯᠢ ᠡᠬᠢ ᠲᠠᠷᠬᠠᠭᠠᠭᠰᠠᠨ 〔 2023 〕 57 ᠳ᠋ᠤᠭᠠᠷ ᠲᠣᠭᠠᠲᠤ ︶᠂ ︽ ᠠᠭᠤᠷᠬᠠᠶ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠦᠢᠯᠡᠰ ᠤᠳ ᠤᠨ ᠲᠤᠬᠠᠶ ᠪᠠᠢᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ ︾ ︵ ᠪᠠᠢᠢᠭᠠᠯᠢ ᠡᠬᠢ ᠲᠥᠯᠥᠪᠵᠢᠭᠦᠯᠭᠡ 〔 2023 〕 6 ᠳ᠋ᠤᠭᠠᠷ ᠲᠣᠭᠠᠲᠤ ︶ ᠳᠠᠬᠢ ᠬᠠᠢᠢᠷ ᠰᠢᠷᠣᠶ ᠶᠢᠨ ᠠᠭᠤᠷᠬᠠᠶ ᠮᠠᠯᠲᠠᠬᠤ ᠡᠷᠬᠡ ᠲᠠᠢ ︽ ᠴᠡᠪᠡᠷ ᠠᠭᠤᠷᠬᠠᠶ ︾ ᠶᠢ ᠰᠢᠯᠵᠢᠭᠦᠯᠦᠨ ᠬᠤᠳᠠᠯᠳᠤᠬᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠴᠢᠬᠤᠯᠠ ᠶᠡᠭᠡ ᠲᠥᠷᠥᠯ ᠵᠦᠢᠯ ᠵᠢᠴᠢ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠬᠠᠢᠢᠷ ᠰᠢᠷᠣᠶ ᠶᠢᠨ ᠠᠭᠤᠷᠬᠠᠶ ᠨᠢ ᠦᠨᠳᠦᠰᠦᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠥᠬᠡᠶ ᠪᠠᠶᠢᠪᠠᠯ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠭᠠᠷᠳᠠᠮ ᠭᠦᠢᠴᠡᠳᠭᠡᠬᠦ ᠶᠢ ᠨᠢ ᠤᠷᠢᠳ ᠢᠶᠠᠷ ᠠᠬᠢᠭᠤᠯᠵᠤ ᠪᠣᠯᠤᠨ᠎ᠠ᠃

  ᠵᠢᠷᠭᠤᠭ᠎ᠠ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠯᠦᠭᠡ ᠬᠤᠯᠪᠣᠭᠳᠠᠭᠰᠠᠨ ᠡᠴᠠ ᠪᠡᠯᠡ ᠣᠷᠣᠭᠤᠯᠤᠯᠲᠠ ᠶᠢᠨ ᠮᠠᠷᠭᠤᠯᠳᠤᠭᠠᠨ ᠡᠭᠦᠰᠦᠭᠰᠡᠨ ᠪᠠᠶᠢᠪᠠᠯ᠂ ᠨᠢᠭᠡ ᠨᠢᠭᠡ ᠤᠴᠢᠷ ᠢᠶᠠᠷ ᠵᠥᠪᠯᠡᠬᠦ ᠠᠷᠭ᠎ᠠ ᠮᠠᠶ᠋ᠢᠭ ᠢ ᠬᠡᠷᠡᠭᠯᠡᠨ᠂ ᠳᠡᠰ ᠳᠠᠷᠠᠭᠠᠯᠠᠯ ᠤᠨ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠠᠷᠳᠠᠮ ᠭᠦᠢᠴᠡᠳᠬᠡᠬᠦ ᠶᠢ ᠠᠬᠢᠭᠤᠯᠬᠤ ᠬᠡᠷᠡᠭᠲᠡᠢ᠃


ᠭᠠᠷ ᠤᠲᠠᠰᠤ ᠪᠠᠷ ᠦᠵᠡᠬᠦ