︽ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠭᠠᠵᠠᠷ ᠰᠢᠷᠣᠶ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠦᠯ ︵ 2024 ︱ 2025 ᠣᠨ ︶ ︾ ᠤᠨ ᠲᠣᠬᠠᠢ ᠴᠤᠬᠤᠯᠠᠪᠤᠷᠢ

ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄

  ᠲᠠᠨ ᠤ ᠬᠤᠲᠠ ᠶᠢᠨ ︽〈 ᠵᠢᠨᠢᠩ ᠲᠣᠭᠤᠷᠢᠭ ᠤᠨ ᠰᠢᠨ᠎ᠡ ᠲᠣᠭᠤᠷᠢᠭ ᠪᠠ ᠨᠠᠷᠠᠰᠤᠨ ᠭᠤᠣᠯ ᠤᠨ ᠵᠡᠭᠦᠨ ᠬᠡᠰᠡᠭ ᠣᠷᠣᠨ ᠤ ᠭᠠᠵᠠᠷ ᠰᠢᠷᠣᠶ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠦᠯ ︵ 2024 ᠣᠨ ᠤ 6 ᠳ᠋ᠤᠭᠠᠷ ᠰᠠᠷ᠎ᠠ ︱ 2026 ᠣᠨ ᠤ 5 ᠳ᠋ᠤᠭᠠᠷ ᠰᠠᠷ᠎ᠠ ︶〉 ᠢ ᠬᠢᠨᠠᠨ ᠬᠠᠷᠭᠤᠭᠤᠯᠵᠤ ᠵᠥᠪᠰᠢᠶᠡᠷᠡᠭᠦᠯᠬᠦ ᠲᠤᠬᠠᠶ ᠡᠰᠢᠯᠡᠯᠲᠡ ︾︵ ᠤᠯᠠᠭᠠᠨᠴᠠᠪ ᠵᠠᠰᠠᠭ ᠮᠡᠳᠡᠭᠦᠯᠦᠯᠲᠡ 〔 2024 〕 73 ᠳ᠋ᠤᠭᠠᠷ ᠲᠣᠭᠠᠲᠤ ︶ ᠶᠢ ᠬᠦᠯᠢᠶᠡᠨ ᠠᠪᠴᠤ ᠣᠢᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄

  ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠶ ᠮᠡᠷᠭᠡᠵᠢᠯᠲᠡᠨ ᠢ ᠵᠣᠬᠢᠶᠠᠨ ᠪᠠᠢᠢᠭᠤᠯᠵᠤ ᠨᠤᠲᠠᠯᠠᠭᠤᠯᠬᠤ ᠪᠠ ᠬᠢᠨᠠᠨ ᠪᠠᠢᠢᠴᠠᠭᠠᠯᠭᠠᠭᠠᠳ᠂︽ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠭᠠᠵᠠᠷ ᠰᠢᠷᠣᠶ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠦᠯ ︵ 2024 ︱ 2025 ᠣᠨ ︶︾ ᠨᠢ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ︾ ᠪᠠ ︽〈 ᠭᠠᠵᠠᠷ ᠰᠢᠷᠣᠶ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠵᠢ ᠬᠡᠷᠡᠭᠵᠢᠬᠦᠯᠬᠦ ᠪᠠᠷᠢᠮᠵᠢᠶ᠎ᠠ 〉 ᠶᠢ ᠳᠠᠷᠤᠮᠠᠯᠯᠠᠨ ᠶᠠᠪᠤᠭᠤᠯᠬᠤ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ ︾︵ ᠪᠠᠶᠢᠭᠠᠯᠢ ᠡᠬᠢ ᠪᠠᠶᠠᠯᠢᠭ ᠲᠣᠭᠲᠠᠭᠠᠯ 〔 2023 〕 7 ᠳ᠋ᠤᠭᠠᠷ ᠲᠣᠭᠠᠲᠤ ︶ ᠵᠢᠴᠢ ︽ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠭᠠᠵᠠᠷ ᠰᠢᠷᠤᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠨᠠᠷᠢᠨ ᠲᠦᠷᠢᠮ ︵ ᠲᠤᠷᠰᠢᠨ ᠬᠡᠷᠡᠭᠵᠢᠭᠦᠯᠬᠦ ︶︾ ᠤᠨ ᠬᠤᠯᠪᠣᠭᠳᠠᠯ ᠪᠥᠬᠦᠶ ᠲᠣᠭᠲᠠᠭᠠᠯ ᠪᠠ ᠱᠠᠭᠠᠷᠳᠠᠯᠭ᠎ᠠ ᠳᠤ ᠨᠡᠢᠢᠴᠡᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢᠨ ᠬᠠᠮᠢᠶᠠᠷᠤᠨ ᠡᠵᠡᠮᠳᠡᠬᠦ ᠲᠦᠷᠢᠮ ᠲᠠᠢ ᠨᠡᠢᠢᠴᠡᠵᠦ ᠪᠠᠢᠢᠭ᠎ᠠ ᠪᠣᠯᠬᠤᠷ᠂︽ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠭᠠᠵᠠᠷ ᠰᠢᠷᠣᠶ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠦᠯ ︵ 2024 ︱ 2025 ᠣᠨ ︶ ︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠦᠭᠡᠢ᠃


ᠭᠠᠷ ᠤᠲᠠᠰᠤ ᠪᠠᠷ ᠦᠵᠡᠬᠦ