ᠪᠡᠯᠡᠳᠭᠡᠮᠵᠢᠲᠦ ᠲᠠᠷᠢᠶᠠᠯᠠᠩ᠂ ᠪᠡᠯᠡᠳᠭᠡᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠷᠭ᠎᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠣᠬᠠᠢ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

  ︽ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ ︾᠂︽ ᠪᠡᠯᠡᠳᠭᠡᠮᠵᠢᠳᠤ ᠮᠠᠯ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃


ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ     ᠶᠢ

ᠳᠡᠮᠵᠢᠬᠦ             ᠲᠤᠬᠠᠶ    ᠠᠷᠭ᠎᠎ᠠ     ᠬᠡᠮᠵᠢᠶ᠎ᠡ   ᠨᠤᠭᠦᠳ


  ᠪᠥᠬᠦ ᠣᠷᠣᠨ ᠤ ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠶ ᠬᠡᠪᠴᠢᠶ᠎ᠡ ᠪᠠᠭ᠎ᠠ᠂ ᠬᠠᠲᠠᠭᠤ ᠲᠤᠨᠤᠭ ᠪᠡᠯᠡᠳᠬᠡᠮᠵᠢ ᠠᠨᠠᠶ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠠᠭᠤᠷᠠᠶ᠂ ᠡᠵᠡᠩᠨᠡᠯᠲᠡ ᠵᠢᠨ ᠦᠷ᠎ᠡ ᠠᠰᠢᠭ ᠳᠣᠤᠷ᠎ᠠ ᠪᠠᠶᠢᠬᠤ ᠠᠰᠠᠭᠤᠳᠠᠯ ᠢ ᠰᠢᠢᠳᠪᠦᠷᠢᠯᠡᠵᠦ᠂ 2026 ᠣᠨ ᠪᠣᠯᠬᠤ ᠳᠤ ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠶ ᠶᠢ ᠨᠡᠮᠡᠭᠳᠡᠭᠦᠯᠦᠭᠡᠳ 280 ᠲᠦᠢᠮᠡᠡ ᠮᠥ ᠡᠴᠠ ᠳᠡᠭᠡᠭᠰᠢ ᠪᠣᠯᠭᠠᠬᠤ᠂ 2030 ᠣᠨ ᠪᠣᠯᠬᠤ ᠳᠤ ᠣᠷᠣᠨ ᠪᠦᠰᠡ ᠶᠢᠨ ᠪᠠᠶᠢᠷᠢᠰᠢᠭᠤᠯᠤᠯᠲᠠ ᠨᠠᠩ ᠵᠣᠬᠢᠰᠲᠠᠶ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠨᠥᠬᠦᠴᠡᠯ ᠢᠯᠡᠳᠲᠡ ᠰᠠᠢᠢᠵᠢᠷᠠᠭᠰᠠᠨ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠨᠢ ᠲᠠᠰᠤᠷᠠᠯᠲᠠ ᠥᠬᠡᠶ ᠴᠢᠩᠭᠠᠷᠠᠭᠰᠠᠨ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠰᠢᠨ᠎ᠡ ᠪᠠᠶᠢᠷᠢᠰᠢᠯ ᠢ ᠴᠤᠭᠴᠠᠯᠠᠬᠤ ᠶᠢ ᠴᠢᠷᠮᠠᠢᠢᠨ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠳᠣᠤᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃

  ᠨᠢᠭᠡ᠂ ᠪᠡᠯᠡᠳᠭᠡᠮᠵᠢᠳᠤ ᠲᠠᠷᠢᠶᠠᠯᠠᠩ ᠢ ᠬᠡᠪᠴᠢᠶᠡᠵᠢᠬᠦᠯᠦᠨ ᠬᠥᠭᠵᠢᠭᠦᠯᠬᠦ ᠶᠢ ᠳᠡᠮᠵᠢᠨ᠎ᠡ

  ᠬᠤᠲᠠ ᠶᠢᠨ ᠡᠷᠬᠢᠨ ᠲᠣᠭᠤᠷᠢᠨ ᠤ ︽ ᠢᠳᠡᠰᠢᠨ ᠨᠣᠭᠤᠭ᠎ᠠ ︾ ᠶᠢᠨ ᠰᠠᠭᠤᠷᠢᠨ ᠭᠠᠵᠠᠷ ᠪᠠ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢᠨ ᠳᠠᠪᠠᠭᠤᠯᠢᠭ ᠣᠷᠣᠨ ᠳᠤ᠂ ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠥᠬᠦᠪᠥᠷᠢᠯᠡᠬᠦ ᠠᠷᠭ᠎ᠠ ᠮᠠᠶ᠋ᠢᠭ ᠢᠶᠠᠷ ᠬᠡᠪᠴᠢᠶᠡᠵᠢᠭᠦᠯᠦᠨ ᠬᠥᠭᠵᠢᠭᠦᠯᠬᠦ ᠶᠢ ᠳᠡᠮᠵᠢᠵᠦ᠂ ᠡᠩ ᠤᠨ ᠨᠠᠷᠠᠨ ᠬᠦᠯᠡᠮᠵᠢ ᠶᠢ 500 ᠮᠥ ᠡᠴᠠ ᠳᠡᠭᠡᠭᠰᠢ᠂ ᠰᠦᠯᠢᠶᠣᠣ ᠬᠦᠢᠲᠡᠨ ᠪᠥᠷᠬᠡ ᠶᠢ 1000 ᠮᠥ ᠡᠴᠠ ᠳᠡᠭᠡᠭᠰᠢ᠂ ᠲᠠᠩ ᠴᠣᠭᠴᠠᠲᠤ ᠤᠶᠤᠨᠴᠢ ᠬᠦᠯᠡᠮᠵᠢ ᠶᠢ 50 ᠮᠥ ᠡᠴᠠ ᠳᠡᠭᠡᠭᠰᠢ ᠰᠢᠨ᠎ᠡ ᠪᠠᠷ ᠪᠠᠢᠢᠭᠤᠯᠬᠤ ᠵᠢᠴᠢ 1000 ᠮᠥ ᠡᠴᠠ ᠳᠡᠭᠡᠭᠰᠢ ᠡᠩ ᠤᠨ ᠨᠠᠷᠠᠨ ᠬᠦᠯᠡᠮᠵᠢ ᠵᠢ ᠲᠥᠪᠯᠡᠷᠡᠭᠦᠯᠦᠨ ᠵᠠᠯᠭᠠᠯᠳᠤᠭᠤᠯᠵᠤ ᠦᠭᠡᠷᠡᠴᠢᠯᠡᠨ ᠰᠢᠨᠡᠳᠭᠡᠵᠦ᠂ ᠰᠢᠨ᠎ᠡ ᠪᠠᠷ ᠪᠠᠢᠢᠭᠤᠯᠬᠤ ᠳᠤ ᠡᠩ ᠤᠨ ᠨᠠᠷᠠᠨ ᠬᠦᠯᠡᠮᠵᠢ ᠮᠥ ᠪᠦᠷᠢ 20000 ᠲᠥᠭᠦᠷᠢᠭ᠂ ᠰᠦᠯᠢᠶᠣᠣ ᠬᠦᠢᠲᠡᠨ ᠪᠥᠷᠬᠡ ᠮᠥ ᠪᠦᠷᠢ 2000 ᠲᠥᠭᠦᠷᠢᠭ᠂ ᠤᠶᠤᠨᠴᠢ ᠬᠦᠯᠡᠮᠵᠢ ᠲᠡᠭᠰᠢ ᠳᠥᠷᠪᠡᠯᠵᠢᠨ ᠮᠧᠲ᠋ᠷ ᠪᠦᠷᠢ 100 ᠲᠥᠭᠦᠷᠢᠭ᠂ ᠦᠭᠡᠷᠡᠴᠢᠯᠡᠵᠦ ᠰᠢᠨᠡᠳᠭᠡᠨ ᠰᠠᠢᠢᠵᠢᠷᠠᠭᠤᠯᠬᠤ ᠡᠩ ᠤᠨ ᠨᠡᠷᠡᠨ ᠬᠦᠯᠡᠮᠵᠢ ᠮᠥ ᠪᠦᠷᠢ 10000 ᠲᠥᠭᠦᠷᠢᠭ ᠤᠨ ᠪᠠᠷᠢᠮᠵᠢᠶ᠎ᠠ ᠶᠣᠰᠣᠭᠠᠷ ᠪᠥᠲᠥᠭᠡᠨ ᠪᠠᠶᠢᠭᠤᠯᠤᠯᠲᠠ ᠶᠢᠨ ᠭᠤᠤᠯ ᠴᠣᠭᠴᠠ ᠳᠤ ᠨᠡᠮᠡᠭᠦᠷᠢ ᠣᠯᠭᠤᠨ᠎ᠠ᠃ ᠮᠢᠩᠭᠠᠨ ᠮᠦ ᠡᠴᠠ ᠳᠡᠭᠡᠭᠰᠢ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠤᠭᠰᠠᠨ ᠪᠥᠭᠡᠳ ᠲᠦᠪᠯᠡᠷᠡᠭᠦᠯᠦᠨ ᠵᠠᠯᠭᠠᠯᠳᠤᠭᠤᠯᠤᠭᠰᠠᠨ ᠨᠢ ᠲᠦᠮᠡᠨ ᠮᠦ ᠡᠴᠠ ᠳᠡᠭᠡᠭᠰᠢ ᠳᠤ ᠬᠦᠷᠦᠭᠰᠡᠨ ᠪᠡᠯᠡᠳᠬᠡᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠪᠠᠶᠢᠭ᠎ᠠ ᠬᠤᠰᠢᠭᠤ ᠰᠢᠶᠠᠨ ︵ ᠬᠤᠲᠠ᠂ ᠲᠣᠭᠤᠷᠢᠭ ︶ ᠪᠦᠷᠢ ᠳᠤ 500 ᠲᠦᠮᠡᠨ ᠲᠥᠭᠦᠷᠢᠭ ᠱᠠᠩᠨᠠᠵᠤ᠂ 2000 ᠮᠦ ᠨᠡᠮᠡᠭᠳᠡᠭᠦᠯᠬᠦ ᠪᠦᠷᠢ ᠳᠠᠬᠢᠵᠤ 100 ᠲᠦᠮᠡᠨ ᠲᠥᠭᠦᠷᠢᠭ ᠱᠠᠩᠨᠠᠵᠤ᠂ ᠬᠠᠮᠤᠭ ᠤᠨ ᠥᠨᠳᠥᠷ ᠲᠤ ᠪᠠᠨ 1000 ᠲᠦᠮᠡᠨ ᠲᠥᠭᠦᠷᠢᠭ ᠡᠴᠠ ᠳᠠᠪᠠᠭᠤᠯᠬᠤ ᠥᠬᠡᠶ ᠪᠠᠢᠢᠯᠭᠠᠵᠤ᠂ ᠪᠥᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠵᠢ ᠵᠣᠷᠢᠬᠵᠢᠭᠤᠯᠤᠨ᠂ ᠱᠠᠩᠨᠠᠯ ᠤᠨ ᠪᠠᠯᠠ ᠮᠥᠩᠭᠦ ᠶᠢ ᠬᠡᠪᠴᠢᠶ᠎ᠡ ᠪᠠᠨ ᠥᠷᠭᠡᠳᠬᠡᠬᠦ ᠪᠠ ᠰᠠᠢᠢᠵᠢᠷᠠᠭᠤᠯᠤᠨ ᠦᠭᠡᠷᠡᠴᠢᠯᠡᠵᠦ ᠰᠢᠨᠡᠳᠭᠡᠬᠦ ᠵᠢᠴᠢ ᠦᠷ᠎ᠡ ᠴᠢᠬᠢ ᠨᠦᠬᠦᠵᠦ ᠪᠤᠶᠢᠵᠢᠭᠤᠯᠬᠤ᠂ ᠤᠶᠤᠨᠴᠢᠯᠠᠨ ᠡᠵᠡᠮᠳᠡᠬᠦ᠂ ᠡᠳ᠋ᠰᠢᠭᠦᠯᠦᠨ ᠪᠣᠯᠪᠠᠰᠤᠷᠠᠭᠤᠯᠵᠤ ᠬᠥᠮᠥᠷᠭᠡᠯᠡᠨ ᠬᠠᠳᠠᠭᠠᠯᠠᠬᠤ᠂ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠲᠤᠰᠬᠠᠶ ᠵᠠᠬ᠎ᠠ ᠳᠡᠯᠭᠡᠭᠦᠷ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠢ ᠨᠥᠬᠦᠪᠥᠷᠢᠯᠡᠬᠦ ᠳᠤ ᠭᠤᠤᠯᠳᠠᠯᠭ᠎ᠠ ᠲᠠᠢ ᠬᠡᠷᠡᠭᠯᠡᠵᠦ᠂ ᠢᠳᠡᠰᠢᠨ ᠨᠣᠭᠤᠭ᠎ᠠ ᠵᠢᠨ ᠬᠠᠩᠭᠠᠯᠭ᠎ᠠ ᠵᠢᠨ ᠨᠣᠷᠮ᠎ᠠ ᠵᠢ ᠳᠡᠭᠡᠭᠰᠢᠯᠡᠭᠦᠯᠦᠨ᠎ᠡ᠃〔 ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ  〕

  ᠬᠤᠶᠠᠷ᠂ ᠲᠠᠷᠢᠶᠠᠯᠠᠩ ᠤᠨ ᠪᠡᠯᠡᠳᠭᠡᠮᠵᠢ ᠵᠢᠨ ᠥᠮᠴᠢᠯᠡᠯ ᠤᠨ ᠡᠷᠬᠡ ᠵᠢᠨ ᠪᠡᠯᠡ ᠲᠣᠬᠢᠷᠠᠭᠤᠯᠭ᠎᠎ᠠ ᠵᠢᠨ ᠡᠷᠬᠡ ᠴᠢᠳᠠᠪᠬᠢ ᠶᠢ ᠳᠡᠭᠡᠭᠰᠢᠯᠡᠭᠦᠯᠦᠨ᠎ᠡ

  ᠪᠥᠬᠦ ᠣᠷᠣᠨ ᠤ ᠬᠡᠪᠴᠢᠶᠡᠨ ᠳᠤ ᠲᠠᠷᠢᠶᠠᠯᠠᠩ ᠤᠨ ᠪᠡᠯᠡᠳᠭᠡᠮᠵᠢ ᠶᠢᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠶᠢ ᠬᠡᠷᠡᠭᠵᠢᠭᠦᠯᠵᠦ᠂ ᠦᠨᠡᠮᠯᠡᠯ ᠣᠯᠭᠤᠬᠤ ᠶᠢᠨ ᠣᠨᠣᠪᠴᠢ ᠶᠢᠨ ᠬᠡᠮᠵᠢᠶ᠎ᠡ ᠪᠠ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠲᠠᠷᠢᠶᠠᠯᠠᠩ ᠤᠨ ᠪᠡᠯᠡᠳᠭᠡᠮᠵᠢ ᠶᠢᠨ ᠪᠣᠳᠠᠰ ᠤᠨ ᠡᠷᠬᠡ ᠶᠢᠨ ᠦᠨᠡᠮᠯᠡᠯ᠂ ᠡᠵᠡᠩᠨᠡᠯᠲᠡ ᠶᠢᠨ ᠡᠷᠬᠡ ᠶᠢᠨ ᠦᠨᠡᠮᠯᠡᠯ ᠵᠡᠷᠭᠡ ᠶᠢᠨ ᠪᠠᠷᠢᠴᠠᠭᠠᠲᠤ ᠵᠢᠭᠡᠯᠡᠯᠭᠡ ᠶᠢ ᠰᠢᠨ᠎ᠡ ᠡᠭᠦᠳᠦᠯᠲᠡ ᠲᠠᠢ ᠪᠠᠷ ᠥᠷᠨᠢᠭᠦᠯᠬᠦ ᠶᠢ ᠠᠬᠢᠭᠤᠯᠤᠨ᠎ᠠ᠃〔 ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ  〕

  ᠭᠤᠷᠪᠠ᠂ ᠮᠥᠩᠭᠦᠨ ᠭᠦᠢᠯᠭᠡᠭᠡᠨ ᠤ ᠳᠡᠮᠵᠢᠯᠭᠡ ᠳᠤ ᠰᠢᠨ᠎ᠡ ᠶᠢ ᠡᠭᠦᠳᠦᠨ᠎ᠡ

  ᠨᠥᠬᠦᠴᠡᠯ ᠳᠤ ᠨᠡᠶᠢᠴᠡᠬᠦ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠤᠨ ᠵᠢᠭᠡᠯᠡᠯᠭᠡ ᠳᠤ ᠳᠡᠮ ᠬᠦᠤ ᠮᠦᠩᠭᠦ ᠶᠢᠨ ᠳᠡᠮᠵᠢᠯᠭᠡ ᠶᠢ ᠬᠡᠷᠡᠭᠵᠢᠭᠦᠯᠵᠦ᠂ ᠨᠢᠭᠡᠨᠲᠡ ᠪᠠᠶᠢᠭ᠎ᠠ ᠳᠠᠮ ᠬᠦᠤ ᠮᠦᠩᠭᠦ ᠶᠢᠨ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠡᠴᠠ ᠳᠠᠬᠢᠵᠤ 10% ︱ 20% ᠶᠢᠨ ᠳᠠᠮ ᠬᠦᠤ ᠥᠭᠴᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠡᠴᠠ ᠥᠭᠬᠦ ᠳᠠᠮ ᠬᠦᠤ ᠮᠥᠩᠭᠦ ᠶᠢ ᠨᠡᠢᠢᠯᠡᠭᠦᠯᠦᠭᠡᠳ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠡᠶᠢᠲᠡᠯᠡᠭᠰᠡᠨ ᠠᠳᠠᠯᠢ ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠤ ᠮᠦᠩᠭᠦᠨ ᠤ ᠨᠣᠷᠮ᠎ᠠ ︵ LPR ︶ ᠶᠢᠨ 90% ᠡᠴᠠ ᠥᠨᠳᠥᠷ ᠪᠠᠢᠢᠯᠭᠠᠬᠤ ᠥᠬᠡᠶ ᠮᠥᠷᠲᠡᠭᠡᠨ ᠵᠢᠭᠡᠯᠡᠯᠭᠡ ᠶᠢᠨ ᠬᠦᠤ ᠶᠢᠨ ᠨᠤᠷᠮ᠎ᠠ ᠶᠢᠨ 3% ᠡᠴᠠ ᠳᠠᠪᠠᠭᠤᠯᠬᠤ ᠦᠭᠡᠢ ︵ ᠪᠣᠳᠠᠲᠠᠶ ᠬᠦᠤ ᠮᠦᠩᠭᠦᠨ ᠤ ᠨᠣᠷᠮ᠎ᠠ ᠨᠢ LPR ᠡᠴᠠ ᠳᠤᠤᠷ᠎ᠠ ᠪᠠᠢᠢᠬᠤ ᠶᠢ ᠨᠢ ᠪᠤᠲᠠᠲᠠᠢ ᠬᠦᠦ ᠮᠦᠩᠭᠦᠨ ᠤ ᠨᠤᠷᠮ᠎ᠠ ᠪᠠᠷ ᠨᠢ ᠪᠤᠳᠤᠨ᠎ᠠ ︶ ᠪᠠᠢᠢᠯᠭᠠᠨ᠎ᠠ᠃ ᠪᠡᠯᠡᠳᠭᠡᠮᠵᠢᠲᠦ ᠲᠠᠷᠢᠶᠠᠯᠠᠩ ᠤᠨ ᠵᠢᠭᠡᠯᠡᠯᠭᠡ ᠶᠢᠨ ᠳᠠᠭᠠᠭᠠᠯᠲᠠ ᠶᠢᠨ ᠵᠠᠷᠤᠳᠠᠯ ᠤᠨ ᠨᠣᠷᠮ᠎ᠠ ᠵᠢ 1% ᠡᠴᠠ ᠥᠨᠳᠥᠷ ᠪᠠᠢᠢᠯᠭᠠᠬᠤ ᠦᠭᠡᠢ᠃ ᠪᠡᠯᠡᠳᠭᠡᠮᠵᠢᠳᠤ ᠲᠠᠷᠢᠶᠠᠯᠠᠩ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠵᠦ᠂ ᠨᠥᠬᠦᠴᠡᠯ ᠪᠦᠷᠢᠳᠦᠭᠦᠯᠦᠭᠰᠡᠨ ᠭᠠᠵᠠᠷ ᠣᠷᠣᠨ ᠳᠤ ᠳᠠᠭᠠᠳᠬᠠᠯ ᠤᠨ ᠨᠡᠢᠢᠳᠡᠮ ᠬᠠᠮᠤᠷᠤᠯᠲᠠ ᠶᠢ ᠬᠡᠷᠡᠭᠵᠢᠭᠦᠯᠬᠦ ᠶᠢ ᠵᠣᠷᠢᠬᠵᠢᠭᠤᠯᠵᠤ᠂ ᠢᠯᠭᠠᠪᠤᠷᠢᠯᠠᠨ ᠨᠡᠮᠡᠭᠦᠷᠢ ᠣᠯᠭᠤᠬᠤ ᠲᠥᠷᠥ ᠶᠢᠨ ᠪᠣᠳᠣᠯᠭ᠎ᠠ ᠶᠢ ᠨᠡᠶᠢᠲᠡᠯᠡᠨ᠎ᠡ᠃〔 ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠵᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ 〕

  ᠳᠥᠷᠪᠡ᠂ ᠪᠡᠯᠡᠳᠭᠡᠮᠵᠢᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠᠨ ᠴᠢᠩᠭᠠᠳᠬᠠᠨ᠎ᠠ

  ᠪᠡᠯᠡᠳᠭᠡᠮᠵᠢᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠵᠠᠭᠪᠤᠷ᠂ ᠤᠰᠤ ᠪᠣᠷᠳᠣᠭᠤᠷ ᠢ ᠨᠢᠭᠡ ᠴᠤᠭᠴᠠᠵᠢᠭᠤᠯᠬᠤ᠂ ᠣᠷᠴᠢᠨ ᠲᠣᠭᠤᠷᠢᠨ ᠤ ᠣᠶᠤᠨᠴᠢ ᠬᠠᠮᠢᠶᠠᠷᠤᠯᠲᠠ᠂ ᠭᠤᠪᠢ ᠶᠢᠨ ᠪᠡᠯᠡᠳᠭᠡᠮᠵᠢᠲᠦ ᠲᠠᠷᠢᠶᠠᠯᠠᠩ᠂ ᠬᠠᠭᠤᠴᠢᠨ ᠬᠦᠯᠡᠮᠵᠢ ᠶᠢ ᠥᠭᠡᠷᠡᠴᠢᠯᠡᠨ ᠰᠢᠨᠡᠳᠭᠡᠵᠦ ᠰᠠᠢᠢᠵᠢᠷᠠᠭᠤᠯᠬᠤ ᠵᠡᠷᠭᠡ ᠰᠢᠨ᠎ᠡ ᠵᠠᠭᠪᠤᠷ᠂ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ ᠢ ᠰᠤᠳᠤᠯᠤᠨ ᠰᠢᠨ᠎ᠡ ᠶᠢ ᠡᠭᠦᠳᠬᠦ ᠪᠠ ᠣᠷᠣᠭᠤᠯᠤᠨ ᠠᠪᠴᠢᠷᠠᠵᠤ ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ ᠪᠤᠶᠤ ᠠᠵᠤ ᠠᠬᠤᠶᠢᠯᠠᠯ ᠳᠤ ᠲᠦᠰᠢᠭᠯᠡᠨ ᠪᠡᠯᠡᠳᠭᠡᠮᠵᠢᠳᠤ ᠲᠠᠷᠢᠶᠠᠯᠠᠩ ᠤᠨ ᠰᠤᠳᠤᠯᠤᠯ ᠤᠨ ᠬᠦᠷᠢᠶᠡᠯᠡᠩ ᠢ ᠪᠠᠶᠢᠭᠤᠯᠵᠤ᠂ ᠣᠷᠣᠨ ᠤ ᠳᠣᠲᠣᠷ᠎ᠠ ᠭᠠᠳᠠᠨᠠᠬᠢ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠨ ᠳᠠᠬᠢ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠪᠡᠯᠡᠳᠭᠡᠮᠵᠢᠳᠤ ᠲᠠᠷᠢᠶᠠᠯᠠᠩ ᠤᠨ ᠲᠠᠯ᠎ᠠ ᠪᠠᠷ ᠬᠢ ᠨᠤᠲᠤᠭ ᠣᠷᠣᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠤᠨ ᠮᠧᠬᠠᠨᠢᠬᠵᠢᠭᠤᠯᠬᠤ ᠳᠤ ᠲᠣᠬᠢᠷᠠᠮᠵᠢᠲᠠᠢ ᠪᠣᠯᠭᠠᠬᠤ ᠲᠠᠯ᠎ᠠ ᠳᠠᠬᠢ ᠳᠤᠲᠠᠭᠤᠳᠠᠯ ᠪᠠ ᠪᠠᠭᠤᠷᠠᠶ ᠲᠠᠯ᠎ᠠ ᠳᠤ ᠴᠢᠭᠯᠡᠭᠦᠯᠦᠨ᠂ ᠨᠠᠩ ᠣᠯᠠᠨ ᠪᠡᠯᠡᠳᠭᠡᠮᠵᠢᠳᠤ ᠲᠠᠷᠢᠶᠠᠯᠠᠩ ᠤᠨ ᠮᠧᠬᠠᠨᠢᠬᠵᠢᠭᠤᠯᠤᠭᠰᠠᠨ ᠲᠣᠨᠤᠭ ᠲᠥᠬᠦᠭᠡᠷᠦᠮᠵᠢ ᠶᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠡᠮᠡᠭᠦᠷᠢ ᠶᠢᠨ ᠬᠡᠪᠴᠢᠶᠡᠨ ᠳᠤ ᠣᠷᠣᠭᠤᠯᠤᠨ᠎ᠠ᠃ ᠢᠳᠡᠰᠢᠨ ᠨᠣᠭᠤᠭ᠎ᠠ᠂ ᠭᠤᠸᠠ ᠵᠢᠮᠢᠰ ᠵᠡᠷᠭᠡ ᠶᠢᠨ ᠰᠢᠨ᠎ᠡ ᠡᠭᠦᠯᠳᠡᠷ ᠢ ᠡᠮᠦᠨ᠎ᠡ ᠣᠷᠣᠨ ᠳᠤ ᠦᠷᠡᠵᠢᠭᠦᠯᠵᠦ ᠰᠤᠩᠭᠤᠨ ᠪᠤᠶᠢᠵᠢᠭᠤᠯᠬᠤ ᠲᠠᠢ ᠬᠠᠮᠢᠶᠠᠳᠠᠭᠰᠠᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃〔 ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠬᠠᠮᠵᠢᠯᠴᠠᠨ᠎ᠠ 〕

  ᠲᠠᠪᠤ᠂ ᠬᠦᠷᠢᠶᠡᠨ ᠠᠵᠤ ᠠᠬᠤᠶ ᠶᠢ ᠶᠡᠭᠡ ᠪᠠᠷ ᠬᠥᠭᠵᠢᠭᠦᠯᠦᠨ᠎ᠡ

  ᠲᠠᠷᠢᠶᠠᠴᠢᠳ ᠤᠨ ᠭᠡᠷ ᠪᠠᠶᠢᠰᠢᠩ ᠤᠨ ᠢᠶᠠᠨ ᠡᠮᠦᠨ᠎ᠡ ᠠᠷᠤ ᠵᠡᠷᠭᠡ ᠳᠤ ᠰᠤᠯᠠ ᠲᠠᠯᠪᠢᠭᠳᠠᠵᠤ ᠪᠠᠶᠢᠭ᠎ᠠ ᠬᠦᠷᠢᠶ᠎ᠡ ᠬᠠᠰᠢᠶᠠᠨ ᠤ ᠣᠷᠣᠨ ᠵᠠᠶ ᠪᠠᠨ ᠠᠰᠢᠬᠯᠠᠨ᠂ ᠪᠡᠯᠡᠳᠬᠡᠮᠵᠢᠲᠦ ᠲᠠᠷᠢᠮᠠᠯ ᠵᠢᠴᠢ ᠪᠡᠯᠡᠳᠭᠡᠮᠵᠢᠭᠦᠯᠵᠦ ᠲᠦᠪᠯᠡᠷᠡᠭᠦᠯᠦᠭᠰᠡᠨ ᠭᠡᠷ ᠪᠦᠯᠢ ᠵᠢᠨ ᠦᠢᠯᠡᠳᠪᠦᠷᠢ᠂ ᠭᠠᠷ ᠦᠢᠯᠡᠳᠬᠡᠯ ᠤᠨ ᠭᠠᠵᠠᠷ᠂ ᠣᠨᠴᠠᠯᠢᠭᠲᠤ ᠰᠣᠶᠣᠯ ᠡᠭᠦᠳᠦᠯᠲᠡ ᠶᠢᠨ ᠪᠦᠲᠦᠭᠡᠭᠳᠡᠬᠦᠨ ᠤ ᠬᠦᠷᠢᠶᠡᠯᠡᠩ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠬᠥᠭᠵᠢᠭᠦᠯᠬᠦ ᠶᠢ ᠨᠢ ᠵᠣᠷᠢᠬᠵᠢᠭᠤᠯᠤᠨ᠎ᠠ᠃ ᠪᠥᠬᠦ ᠣᠷᠣᠨ ᠳᠤ ᠵᠡᠭᠦᠨ᠂ ᠳᠤᠮᠳᠠ᠂ ᠪᠠᠷᠠᠭᠤᠨ ᠬᠡᠰᠡᠭ ᠤᠨ ᠣᠷᠣᠨ ᠲᠠᠷᠬᠠᠯᠲᠠ ᠪᠠᠷ᠂ ᠪᠦᠬᠦ ᠲᠣᠰᠬᠤᠨ ᠢᠶᠠᠷ ᠢᠶᠠᠨ ᠬᠦᠷᠢᠶᠡᠨ ᠠᠵᠤ ᠠᠬᠤᠢ ᠶᠢ ᠬᠥᠭᠵᠢᠭᠦᠯᠦᠭᠰᠡᠨ ᠵᠢᠱᠢᠶ᠎ᠡ ᠦᠵᠡᠭᠦᠯᠬᠦ ᠲᠤᠰᠬᠤᠨ ᠢ ᠵᠢᠯ ᠪᠦᠷᠢ 150 ᠰᠢᠯᠢᠳᠡᠭᠴᠢᠯᠡᠨ ᠰᠤᠩᠭᠤᠵᠤ᠂ ᠪᠦᠬᠦ ᠲᠣᠰᠬᠤᠨ ᠪᠤᠶᠤ ᠪᠦᠬᠦ ᠰᠢᠶᠠᠩ ᠢᠶᠠᠷ ᠨᠢᠭᠡᠴᠢ ᠪᠣᠯᠭᠠᠵᠤ ᠲᠥᠷᠥᠯ ᠵᠦᠢᠯ ᠤᠨ ᠬᠠᠮᠢᠶᠠᠷᠤᠯᠲᠠ ᠶᠣᠰᠣᠭᠠᠷ ᠲᠡᠳᠬᠦᠨ ᠳᠡᠮᠵᠢᠬᠦ ᠪᠠᠯᠠ ᠮᠥᠩᠭᠦ ᠭᠤᠶᠤᠴᠢᠯᠠᠨ ᠮᠡᠳᠡᠭᠦᠯᠵᠦ᠂ ᠣᠨᠴᠠᠯᠢᠭᠲᠤ ᠲᠠᠷᠢᠮᠠᠯ᠂ ᠰᠡᠯᠡᠭᠦᠴᠡᠯ ᠵᠤᠭᠠᠴᠠᠯ᠂ ᠡᠯᠧᠺᠲ᠋ᠷᠣᠨ ᠬᠤᠳᠠᠯᠳᠤᠭᠠᠨ ᠤ ᠦᠢᠯᠡᠴᠢᠯᠡᠭᠡ᠂ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡ ᠵᠡᠷᠭᠡ ᠣᠯᠠᠨ ᠲᠥᠷᠥᠯ ᠬᠡᠯᠪᠡᠷᠢ ᠶᠢᠨ ᠬᠦᠷᠢᠶᠡᠨ ᠠᠵᠤ ᠠᠬᠤᠶ ᠶᠢ ᠳᠡᠮᠵᠢᠨ ᠬᠥᠭᠵᠢᠭᠦᠯᠦᠨ᠎ᠡ᠃〔 ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠡᠴᠠ ᠬᠠᠷᠢᠭᠤᠴᠠᠨ᠎ᠠ 〕

  ᠵᠢᠷᠭᠤᠭ᠎᠎ᠠ᠂ ᠪᠡᠯᠡᠳᠭᠡᠮᠵᠢᠳᠤ ᠲᠠᠷᠢᠶᠠᠯᠠᠩ ᠤᠨ ᠣᠯᠠᠨ ᠡᠰᠢᠵᠢᠭᠰᠡᠨ ᠬᠥᠭᠵᠢᠯᠲᠡ ᠵᠢ ᠠᠬᠢᠭᠤᠯᠤᠨ᠎ᠠ

  ᠪᠣᠬᠢᠷᠲᠤᠯ ᠦᠭᠡᠶ ᠬᠡᠷᠡᠭᠯᠡᠭᠡ᠂ ᠡᠷᠡᠭᠦᠯ ᠮᠡᠨᠳᠦ ᠶᠢᠨ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠣᠷᠣᠨ ᠪᠦᠰᠡ ᠶᠢᠨ ᠪᠡᠯᠡᠳᠬᠡᠮᠵᠢ ᠶᠢᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠪᠡᠯᠡᠳᠬᠡᠮᠵᠢᠲᠦ ᠴᠡᠴᠡᠭ ᠡᠪᠡᠰᠦ᠂ ᠭᠤᠸᠠ ᠵᠢᠮᠢᠰ᠂ ᠡᠮ ᠤᠨ ᠮᠠᠲ᠋ᠧᠷᠢᠶᠠᠯ᠂ ᠵᠤᠯᠵᠠᠭ᠎ᠠ ᠮᠣᠳᠣ᠂ ᠢᠳᠡᠰᠢᠨ ᠮᠥᠭᠦ ᠵᠡᠷᠭᠡ ᠥᠨᠳᠥᠷ ᠨᠡᠮᠡᠯᠲᠡ ᠥᠷᠲᠡᠭ ᠪᠦᠬᠦᠢ ᠣᠨᠴᠠᠯᠢᠭᠲᠤ ᠠᠵᠤ ᠦᠢᠯᠡᠰ ᠢ ᠵᠣᠷᠢᠬᠵᠢᠭᠤᠯᠤᠨ ᠬᠥᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠢᠨ ᠤ ᠥᠨᠳᠥᠷ ᠪᠦᠲᠦᠮᠵᠢᠲᠡᠶ ᠲᠠᠷᠢᠵᠤ ᠤᠷᠭᠤᠭᠤᠯᠬᠤ᠂ ᠤᠰᠤ ᠪᠣᠷᠳᠣᠭᠤᠷ ᠢ ᠨᠢᠭᠡ ᠴᠤᠭᠴᠠᠵᠢᠭᠤᠯᠬᠤ᠂ ᠨᠢᠭᠡᠳᠦᠯᠲᠡᠶ ᠰᠡᠷᠭᠡᠶᠢᠯᠡᠨ ᠨᠢᠭᠡᠲᠦᠯᠲᠡᠢ ᠵᠠᠰᠠᠬᠤ ᠵᠡᠷᠭᠡ ᠪᠠᠷᠢᠮᠵᠢᠶᠠᠵᠢᠭᠤᠯᠤᠭᠰᠠᠨ ᠪᠦᠭᠡᠳ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ ᠶᠢ ᠨᠢ ᠵᠣᠷᠢᠬᠵᠢᠭᠤᠯᠤᠨ᠎ᠠ᠃〔 ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠮᠵᠢᠯᠴᠠᠨ᠎ᠠ  〕

  ᠳᠣᠯᠤᠭ᠎᠎ᠠ᠂ ᠬᠦᠴᠦᠨ ᠵᠦᠢᠯ ᠤᠨ ᠪᠠᠲᠤᠯᠠᠭ᠎᠎ᠠ ᠶᠢ ᠴᠢᠩᠭᠠᠷᠠᠭᠤᠯᠤᠨ᠎ᠠ

  ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠦᠭᠰᠡᠨ ᠣᠷᠣᠯᠭ᠎ᠠ ᠶᠢᠨ ᠪᠠᠯᠠ ᠮᠥᠩᠭᠦ᠂ ᠭᠠᠵᠠᠷ ᠰᠢᠷᠣᠶ ᠶᠢᠨ ᠭᠦᠢᠴᠡᠳᠬᠡᠯ ᠲᠤᠭ᠎ᠠ ᠶᠢᠨ ᠠᠷᠠᠯᠵᠢᠶᠠᠨ ᠤ ᠣᠷᠣᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ ᠪᠠᠯᠠ ᠮᠥᠩᠭᠦ ᠵᠡᠷᠭᠡ ᠪᠠᠷ ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠢ ᠤᠷᠢᠳ ᠢᠶᠠᠷ ᠳᠡᠮᠵᠢᠨ᠎ᠡ᠃ ᠨᠥᠬᠦᠴᠡᠯ ᠲᠠᠢ ᠪᠠᠢᠢᠭ᠎ᠠ ᠭᠤᠪᠢ᠂ ᠴᠦᠯ᠂ ᠬᠤᠵᠢᠷᠯᠢᠬ ᠠᠲᠠᠷ ᠭᠠᠵᠠᠷ ᠵᠡᠷᠭᠡ ᠣᠷᠣᠨ ᠪᠦᠰᠡ ᠳᠤ ᠪᠡᠯᠡᠳᠭᠡᠮᠵᠢᠳᠤ ᠲᠠᠷᠢᠶᠠᠯᠠᠩ ᠢ ᠬᠥᠭᠵᠢᠭᠦᠯᠬᠦ ᠶᠢ ᠳᠡᠮᠵᠢᠨ᠎ᠡ᠃︽ ᠤᠰᠤ ᠪᠠᠷ ᠭᠠᠵᠠᠷ ᠢ ᠲᠣᠭᠲᠠᠭᠠᠬᠤ ︾ ᠤᠷᠢᠲᠠᠯ ᠳᠣᠤᠷ᠎ᠠ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠤᠰᠤ ᠶᠢ ᠪᠠᠲᠤᠯᠠᠨ᠎ᠠ᠃ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠯᠡᠬᠦ ᠴᠠᠬᠢᠯᠭᠠᠨ ᠳᠤ ᠲᠠᠷᠢᠶᠠᠯᠠᠩ ᠳᠤ ᠬᠡᠷᠡᠭᠯᠡᠬᠦ ᠴᠠᠬᠢᠯᠭᠠᠨ ᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠪᠣᠬᠢᠷᠲᠤᠯ ᠥᠬᠡᠶ ᠡᠷᠭᠢᠯᠳᠦᠨ ᠬᠥᠭᠵᠢᠬᠦ ᠶᠢ ᠳᠡᠮᠵᠢᠵᠦ᠂ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠶᠢ ᠠᠰᠢᠬᠯᠠᠨ ᠳᠤᠯᠠᠭᠠᠯᠠᠨ ᠬᠡᠷᠡᠯᠲᠦᠭᠦᠯᠬᠦ᠂ ᠭᠠᠵᠠᠷ ᠤᠨ ᠢᠯᠴᠢ ᠪᠠ ᠠᠵᠤ ᠦᠢᠯᠡᠳᠪᠦᠷᠢ ᠶᠢᠨ ᠬᠠᠶᠠᠭᠳᠠᠮᠠᠯ ᠢᠯᠴᠢ᠂ ᠬᠠᠶᠠᠭᠳᠠᠮᠠᠯ ᠬᠡᠶ ︵ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ︶ ᠵᠡᠷᠭᠡ ᠶᠢ ᠭᠦᠢᠴᠡᠳ ᠠᠰᠢᠬᠯᠠᠨ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠳᠤ ᠳᠠᠬᠢᠨᠳᠠ ᠠᠰᠢᠬᠯᠠᠬᠤ ᠶᠢ ᠵᠣᠷᠢᠬᠵᠢᠭᠤᠯᠤᠨ᠎ᠠ᠃〔 ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠬᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ ᠪᠦᠯᠦᠭᠯᠡᠯ ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ  〕

  ᠡᠯ᠎ᠠ ᠭᠠᠵᠡᠷ ᠣᠷᠣᠨ ᠨᠢ ︽ ᠢᠳᠡᠰᠢᠨ ᠨᠣᠭᠤᠭ᠎ᠠ ︾ ᠶᠢᠨ ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠳᠥᠷᠢᠮ ᠢ ᠴᠢᠩᠭ᠎ᠠ ᠭᠡᠷᠡᠭᠵᠢᠬᠦᠯᠵᠦ᠂ ᠪᠡᠯᠡᠳᠭᠡᠮᠵᠢᠳᠤ ᠳᠡᠷᠢᠶᠡᠯᠡᠩ ᠢ ᠢᠳᠡᠪᠬᠢᠳᠡᠢ ᠪᠠᠷ ᠬᠦᠭᠵᠢᠬᠦᠯᠦᠨ᠂ ᠲᠣᠰ ᠠᠷᠭ᠎ᠠ ᠭᠡᠮᠵᠢᠶ᠎ᠠ ᠳᠤ ᠬᠤᠯᠪᠤᠠᠠᠳ᠋ᠬᠠᠰᠠᠨ ᠲᠣᠰᠬᠠᠢ ᠳᠡᠮᠵᠢᠯᠬᠡ ᠶᠢᠨ ᠪᠡᠯᠡ ᠮᠦᠡᠭᠬᠦ ᠶᠢ ᠴᠦᠮ ︽ ᠤᠷᠢᠳ ᠢᠶᠠᠷ ᠪᠠᠢᠢᠭᠤᠯᠵᠤ ᠳᠠᠷᠠᠭ᠎ᠠ ᠳᠤ ᠨᠢ ᠨᠦᠬᠦᠪᠦᠷᠢᠯᠡᠬᠦ᠂ ᠱᠠᠳᠣ ᠬᠤᠪᠢᠶᠡᠨ ᠡᠬᠦᠷᠭᠡᠯᠡᠬᠦ᠂ ᠪᠣᠳᠠᠲᠠᠶ ᠪᠠᠶᠢᠳᠠᠯ ᠢ ᠨᠢ ᠦᠨᠳᠦᠰᠦᠯᠡᠨ ᠨᠡᠮᠡᠭᠦᠷᠢ ᠣᠯᠭᠤᠬᠤ᠂ ᠳᠠᠷᠠᠭᠠᠯᠠᠨ ᠭᠡᠷᠡᠭᠵᠢᠬᠦᠯᠬᠦ ︾ ᠠᠷᠭ᠎ᠠ ᠮᠠᠶ᠋ᠢᠭ ᠢᠶᠠᠷ ᠰᠠᠯᠭᠠᠨ ᠦᠭᠴᠥ᠂ ᠡᠯ᠎ᠠ ᠲᠦᠷᠦᠭᠦᠯᠡᠨ ᠬᠠᠷᠢᠭᠤᠴᠠᠬᠤ ᠰᠠᠯᠠᠭ᠎ᠠ ᠮᠦᠴᠢᠷ ᠨᠢ ᠪᠤᠳᠡᠳᠡᠢ ᠭᠡᠷᠡᠭᠵᠢᠬᠦᠯᠬᠦ ᠨᠠᠷᠢᠨ ᠳᠥᠷᠢᠮ ᠲᠣᠠᠠᠳᠠᠭᠠᠵᠦ᠂ ᠬᠠᠮᠢᠶ᠎ᠠ ᠪᠦᠬᠦᠢ ᠪᠡᠷᠢᠮᠵᠢᠶ᠎ᠠ᠂ ᠭᠤᠶᠤᠴᠢᠯᠠᠨ ᠮᠡᠳᠡᠬᠦᠯᠬᠦ ᠳᠡᠰ ᠳᠡᠷᠡᠭᠠᠯᠠᠯ᠂ ᠪᠦᠳᠦᠭᠡᠨ ᠪᠠᠶᠢᠭᠤᠯᠬᠤ ᠠᠭᠤᠯᠭ᠎ᠠ᠂ ᠰᠢᠯᠭᠠᠨ ᠬᠢᠨᠡᠵᠦ ᠰᠢᠯᠭᠠᠨ ᠬᠤᠷᠢᠶᠠᠬᠤ ᠵᠡᠷᠭᠡ ᠶᠢ ᠲᠤᠳᠤᠷᠬᠠᠢᠢᠯᠠᠬᠤ ᠬᠡᠷᠡᠭᠲᠡᠢ᠃


ᠪᠡᠯᠡᠳᠬᠡᠮᠵᠢᠲᠦ ᠮᠠᠯ ᠠᠵᠤ ᠠᠬᠤᠶ ᠶᠢᠨ ᠬᠥᠭᠵᠢᠯᠲᠡ ᠶᠢ

ᠳᠡᠮᠵᠢᠬᠦ         ᠲᠤᠬᠠᠶ     ᠠᠷᠭ᠎᠎ᠠ    ᠬᠡᠮᠵᠢᠶ᠎ᠡ   ᠨᠤᠭᠦᠳ


  ᠪᠦᠬᠦ ᠣᠷᠣᠨ ᠤ ᠪᠡᠯᠡᠳᠬᠡᠮᠵᠢᠲᠦ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠦᠳᠦᠭᠦᠯᠢᠭ᠂ ᠪᠤᠷᠳᠤᠭᠰᠠᠨ ᠬᠤᠪᠢ ᠶᠢᠨ ᠵᠢᠩ ᠬᠠᠷᠢᠴᠠᠩᠭᠤᠢ ᠳᠣᠤᠷ᠎ᠠ᠂ ᠡᠵᠡᠩᠨᠡᠯᠲᠡ ᠶᠢᠨ ᠦᠷ᠎ᠡ ᠠᠰᠢᠭ ᠥᠨᠳᠥᠷ ᠪᠤᠰᠤ ᠪᠠᠢᠢᠬᠤ ᠠᠰᠠᠭᠤᠳᠠᠯ ᠢ ᠰᠢᠢᠳᠪᠦᠷᠢᠯᠡᠵᠦ᠂ 2026 ᠣᠨ ᠪᠣᠯᠬᠤ ᠳᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠦᠭᠰᠡᠨ ᠬᠡᠪᠴᠢᠶᠡᠵᠢᠯ ᠤᠨ ᠨᠣᠷᠮ᠎ᠠ ᠶᠢ 78% ᠡᠴᠠ ᠳᠡᠭᠡᠭᠰᠢ ᠳᠤ ᠬᠦᠷᠦᠭᠦᠯᠦᠨ᠂ ᠣᠳᠣ ᠦᠶ᠎ᠡ ᠶᠢᠨ ᠪᠡᠯᠡᠳᠬᠡᠮᠵᠢᠲᠦ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ᠂ ᠭᠠᠷᠤᠯᠲᠠ ᠶᠢᠨ ᠶᠠᠰᠤ ᠴᠢᠨᠠᠷ ᠪᠠ ᠳᠠᠶᠢᠴᠢᠯᠠᠬᠤ ᠦᠢᠯᠡᠳᠦᠯ ᠤᠨ ᠢᠯᠡᠷᠬᠡᠶ ᠳᠡᠭᠡᠭᠰᠢᠯᠡᠬᠦ ᠶᠢ ᠴᠢᠷᠮᠠᠢᠢᠨ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠳᠣᠤᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃

  ᠨᠢᠭᠡ᠂ ᠪᠡᠯᠡᠳᠭᠡᠮᠵᠢᠳᠤ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠤᠨ ᠳᠡᠭᠡᠭᠰᠢᠯᠡᠯᠲᠡ ᠶᠢ ᠠᠬᠢᠭᠤᠯᠤᠨ᠎ᠠ

  ᠬᠠᠰᠢᠶᠠᠯᠠᠨ ᠲᠡᠵᠢᠭᠡᠬᠦ ᠶᠢ ᠶᠡᠭᠡ ᠪᠠᠷ ᠠᠬᠢᠭᠤᠯᠵᠤ᠂ ᠵᠢᠯ ᠳᠤ ᠪᠤᠲᠠᠲᠠᠢ ᠲᠡᠵᠢᠭᠡᠯ ᠡᠴᠠ ᠭᠠᠷᠭᠠᠭᠰᠠᠨ ᠪᠤᠷᠳᠤᠭᠰᠠᠨ ᠠᠯᠠᠰᠢᠨ ᠦᠬᠡᠷ 500 ᠲᠤᠯᠤᠭᠠᠢ ᠪᠤᠶᠤ ᠠᠯᠠᠰᠢᠨ ᠬᠤᠨᠢ 3000 ᠲᠤᠯᠤᠭᠠᠢ ᠡᠴᠠ ᠳᠡᠭᠡᠭᠰᠢᠬᠢ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠪᠣᠯᠬᠤ ᠮᠦᠷᠲᠡᠭᠡᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠨᠢᠳᠤᠯᠤᠭᠰᠠᠨ ᠪᠦᠭᠡᠳ ᠭᠠᠷᠤᠯᠲᠠ ᠶᠢᠨ ᠣᠷᠣᠨ ᠤ ᠬᠢᠵᠢᠭ ᠪᠠᠢᠢᠴᠠᠭᠠᠭᠰᠠᠨ ᠭᠡᠷᠡᠴᠢ ᠲᠠᠢ ᠪᠠᠶᠢᠪᠠᠯ᠂ ᠲᠡᠵᠢᠭᠡᠯ ᠡᠴᠠ ᠭᠠᠷᠭᠠᠭᠰᠠᠨ ᠠᠯᠠᠰᠢᠨ ᠦᠬᠡᠷ ᠤᠨ ᠲᠤᠯᠤᠭᠠᠢ ᠪᠦᠷᠢ ᠳᠤ 300 ᠲᠥᠭᠦᠷᠢᠭ᠂ ᠠᠯᠠᠰᠢᠨ ᠬᠤᠨᠢ ᠶᠢᠨ ᠲᠤᠯᠤᠭᠠᠢ ᠪᠦᠷᠢ ᠳᠤ 60 ᠲᠥᠭᠦᠷᠢᠭ ᠢᠶᠠᠷ ᠱᠠᠩᠨᠠᠨ᠎ᠠ᠃ ᠱᠠᠩᠨᠠᠯ ᠤᠨ ᠪᠡᠯᠡ ᠮᠥᠩᠭᠦ ᠶᠢ ᠭᠤᠣᠯᠳᠠᠭᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠢᠢᠭᠤᠯᠤᠯᠲᠠ᠂ ᠰᠢᠭᠡᠭ ᠰᠠᠩᠭᠠᠰᠤ ᠰᠢᠢᠳᠪᠦᠷᠢᠯᠡᠬᠦ ᠪᠡᠯᠡᠳᠭᠡᠮᠵᠢ ᠶᠢ ᠢᠵᠢ ᠪᠦᠷᠢᠳᠦᠭᠦᠯᠬᠦ ᠵᠢᠴᠢ ᠤᠳᠤ ᠦᠶ᠎ᠡ ᠶᠢᠨ ᠲᠡᠵᠢᠭᠡᠨ ᠦᠷᠡᠵᠢᠭᠦᠯᠬᠦ ᠪᠡᠯᠡᠳᠭᠡᠮᠵᠢ ᠲᠥᠬᠦᠭᠡᠷᠦᠮᠵᠢ ᠶᠢ ᠲᠡᠰ ᠳᠡᠪᠰᠢᠭᠦᠯᠦᠨ ᠦᠭᠡᠷᠡᠴᠢᠯᠡᠨ ᠰᠢᠨᠡᠳᠭᠡᠬᠦ ᠳᠤ ᠵᠠᠷᠤᠴᠠᠭᠤᠯᠵᠤ᠂ ᠦᠬᠡᠷ ᠬᠤᠨᠢ ᠪᠣᠷᠳᠤᠬᠤ ᠶᠢᠨ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ᠂ ᠣᠶᠣᠨᠴᠢᠯᠠᠭᠰᠠᠨ ᠲᠦᠪᠰᠢᠨ ᠢ ᠳᠡᠭᠡᠭᠰᠢᠯᠡᠭᠦᠯᠦᠨ᠎ᠡ᠃ ᠲᠠᠷᠢᠶᠠᠴᠢᠨ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠣᠬᠢᠬᠤ ᠬᠡᠪᠴᠢᠶ᠎ᠡ ᠪᠠᠷ ᠦᠬᠡᠷ ᠬᠤᠨᠢ ᠪᠠᠨ ᠪᠣᠷᠳᠤᠬᠤ ᠶᠢ ᠨᠢ ᠬᠥᠭᠵᠢᠭᠦᠯᠦᠨ᠎ᠡ᠃ ᠲᠠᠬᠢᠶ᠎ᠠ᠂ ᠨᠤᠭᠤᠰᠤ᠂ ᠭᠠᠯᠠᠭᠤ ᠶᠢᠨ ᠬᠡᠪᠴᠢᠶᠡᠵᠢᠭᠦᠯᠦᠭᠰᠡᠨ ᠥᠨᠳᠥᠷ ᠦᠷ᠎ᠡ ᠠᠰᠢᠭᠲᠤ ᠪᠡᠯᠡᠳᠭᠡᠮᠵᠢᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠠᠳᠤᠭᠤ᠂ ᠡᠯᠵᠢᠭᠡ᠂ ᠲᠡᠮᠡᠭᠡ᠂ ᠪᠤᠭᠤ᠂ ᠲᠡᠮᠡᠭᠡᠨ ᠬᠢᠷᠭᠤᠤᠯ ᠵᠡᠷᠭᠡ ᠣᠨᠴᠠᠯᠢᠭᠲᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢ ᠵᠣᠷᠢᠬᠵᠢᠭᠤᠯᠬᠤ ᠪᠠ ᠬᠥᠲᠥᠯᠥᠨ ᠵᠢᠯᠣᠭᠤᠳᠴᠤ᠂ ᠣᠨᠴᠠᠯᠢᠭᠲᠤ ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠬᠡᠯᠬᠢᠶ᠎ᠡ ᠶᠢ ᠤᠷᠲᠤᠳᠬᠠᠨ᠎ᠠ᠃〔 ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ  〕

  ᠬᠤᠶᠠᠷ᠂ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠤᠵᠠᠭᠠᠶᠢᠷᠠᠭᠤᠯᠤᠨ ᠬᠦᠴᠦᠷᠭᠡᠭᠵᠢᠭᠦᠯᠦᠨ᠎ᠡ

  ᠠᠵᠤ ᠠᠬᠤᠶᠢᠯᠠᠯ ᠤᠨ ᠣᠳᠣ ᠦᠶ᠎ᠡ ᠶᠢᠨ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠳᠡᠮᠵᠢᠵᠦ᠂ ᠴᠠᠷᠭᠠᠰᠤ᠂ ᠬᠢᠶᠠᠭ᠂ ᠨᠣᠬᠠᠶ ᠶᠢᠨ ᠬᠤᠰᠢᠭᠤ ᠵᠡᠷᠭᠡ ᠲᠡᠵᠢᠭᠡᠯ ᠡᠪᠡᠰᠦᠨ ᠤ ᠲᠠᠷᠢᠮᠠᠯ ᠤᠨ ᠰᠢᠯᠭᠠᠨ ᠬᠤᠷᠢᠶᠠᠬᠤ ᠪᠠᠷᠢᠮᠵᠢᠶ᠎ᠠ ᠳᠤ ᠬᠦᠷᠦᠭᠰᠡᠨ ᠪᠠᠢᠢᠪᠠᠯ᠂ ᠣᠲᠣ ᠶᠢᠨ ᠪᠠᠶᠢᠭ᠎ᠠ ᠲᠥᠷᠥ ᠶᠢᠨ ᠪᠣᠳᠣᠯᠭ᠎ᠠ ᠵᠢᠨ ᠶᠣᠰᠣᠭᠠᠷ ᠱᠠᠩᠨᠠᠨ ᠬᠥᠬᠢᠭᠦᠯᠵᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠲᠡᠵᠢᠭᠡᠯ ᠡᠪᠡᠰᠦ ᠳᠠᠷᠢᠬᠤ ᠲᠠᠯᠠᠪᠠᠶ ᠶᠢ ᠦᠷᠭᠡᠳᠭᠡᠨ᠂ ᠣᠯᠠᠨ ᠶᠠᠩᠵᠤ ᠶᠢᠨ ᠲᠡᠵᠢᠭᠡᠯ ᠡᠪᠡᠰᠦ ᠪᠣᠷᠳᠣᠭᠠᠨ ᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠲᠡᠵᠢᠭᠡᠯ ᠡᠪᠡᠰᠦ ᠬᠤᠷᠢᠶᠠᠨ ᠬᠠᠳᠠᠭᠠᠯᠠᠵᠤ ᠡᠳ᠋ᠰᠢᠭᠦᠯᠬᠦ ᠪᠡᠯᠡᠳᠬᠡᠮᠵᠢ ᠲᠣᠨᠤᠭ ᠲᠥᠬᠦᠭᠡᠷᠦᠮᠵᠢ ᠶᠢ ᠰᠠᠶᠢᠵᠢᠷᠠᠭᠤᠯᠤᠨ᠂ ᠡᠪᠡᠰᠦᠨ ᠦᠷ᠎ᠡ ᠪᠦᠢᠵᠢᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃〔 ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠡᠴᠠ ᠬᠠᠷᠢᠭᠤᠴᠠᠨ᠎ᠠ  〕

  ᠭᠤᠷᠪᠡ᠂ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠲᠤᠨᠤᠭ ᠳᠥᠬᠦᠭᠡᠷᠦᠮᠵᠢ ᠶᠢᠨ ᠢᠵᠢ ᠪᠦᠷᠢᠳᠦᠬᠦᠯᠬᠦ ᠴᠢᠳᠡᠪᠦᠷᠢ ᠶᠢ ᠴᠢᠩᠭᠠᠷᠡᠭᠤᠯᠥᠨ᠎ᠠ

  ᠪᠡᠯᠡᠳᠭᠡᠮᠵᠢᠳᠤ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠡᠵᠢᠭᠡᠯ ᠡᠪᠡᠰᠦ ᠪᠣᠷᠳᠤᠭ᠎ᠠ᠂ ᠰᠠᠶᠢᠨ ᠡᠭᠦᠯᠳᠡᠷ ᠦᠷᠡᠵᠢᠭᠦᠯᠦᠨ ᠪᠤᠶᠢᠵᠢᠭᠤᠯᠬᠤ᠂ ᠨᠠᠷᠢᠯᠢᠬ ᠭᠦᠨ ᠡᠳ᠋ᠰᠢᠭᠦᠯᠦᠨ ᠪᠣᠯᠪᠠᠰᠤᠷᠠᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠬᠦᠷᠢᠶ᠎ᠡ ᠴᠠᠷᠠᠭᠠᠨ ᠳᠠᠬᠢ ᠰᠤᠳᠤᠯᠤᠯ ᠰᠢᠨ᠎ᠡ ᠡᠭᠦᠳᠦᠯᠲᠡ ᠪᠠ ᠣᠷᠣᠭᠤᠯᠤᠨ ᠠᠪᠴᠢᠷᠠᠵᠤ ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃ ᠨᠥᠬᠦᠴᠡᠯ ᠳᠤ ᠨᠡᠶᠢᠴᠡᠬᠦ ᠬᠤᠰᠢᠭᠤ ᠰᠢᠶᠠᠨ ︵ ᠬᠤᠲᠠ᠂ ᠲᠣᠭᠤᠷᠢᠭ ︶ ᠤ ᠲᠠᠷᠢᠶᠠᠴᠢᠨ ᠮᠠᠯᠴᠢᠳ ᠪᠣᠯᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠬᠤᠳᠠᠯᠳᠤᠨ ᠠᠪᠤᠭᠰᠠᠨ ᠲᠠᠷᠮᠠᠭᠤᠷ᠂ ᠪᠦᠷᠢᠨ ᠬᠤᠯᠢᠮᠠᠭ ᠡᠳᠦᠷ ᠲᠤ ᠠᠮᠤ ᠬᠦᠨᠡᠰᠦ ᠦᠢᠯᠡᠳᠬᠦ ᠮᠠᠰᠢᠨ᠂ ᠢᠯᠭᠠᠳᠠᠰᠤ ᠴᠡᠪᠡᠷᠯᠡᠬᠦ ᠮᠠᠰᠢᠨ ᠵᠡᠷᠭᠡ 16 ᠲᠠᠸᠠᠷ ᠤᠨ ᠲᠦᠷᠦᠯ ᠳᠤ᠂ ᠲᠥᠪ ᠤᠨ ᠡᠳ᠋ ᠤᠨ ᠵᠠᠰᠠᠭ ᠤᠨ ᠲᠣᠭᠲᠠᠭᠰᠠᠨ ᠨᠤᠷᠮᠠᠲᠤ ᠨᠡᠮᠡᠭᠦᠷᠢ ᠶᠢᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠨᠡᠮᠡᠵᠦ ᠨᠥᠬᠦᠪᠥᠷᠢᠯᠡᠨ᠎ᠡ᠂ ᠨᠡᠮᠡᠭᠦᠷᠢ ᠥᠭᠬᠦ ᠲᠤᠭ᠎ᠠ ᠶᠢ ᠲᠥᠪ ᠤᠨ ᠡᠳ᠋ ᠤᠨ ᠵᠠᠰᠠᠭ ᠤᠨ ᠲᠣᠭᠲᠠᠭᠰᠠᠨ ᠨᠤᠷᠮᠠᠲᠤ ᠨᠡᠮᠡᠭᠦᠷᠢ ᠶᠢᠨ 1/3 ᠡᠴᠠ ᠳᠠᠪᠠᠭᠤᠯᠬᠤ ᠦᠭᠡᠶ᠃ ᠲᠥᠪ ᠤᠨ ᠡᠳ᠋ ᠤᠨ ᠵᠠᠰᠠᠭ ᠤᠨ ᠨᠡᠮᠡᠭᠦᠷᠢ ᠥᠭᠬᠦ ᠬᠡᠪᠴᠢᠶᠡᠨ ᠳᠤ ᠵᠢᠭᠰᠠᠭᠠᠨ ᠣᠷᠤᠭᠤᠯᠤᠭᠠᠳᠤᠢ᠂ ᠲᠠᠷᠢᠶᠠᠴᠢᠨ ᠮᠠᠯᠴᠢᠳ ᠤᠨ ᠦᠢᠯᠡᠳᠪᠦᠷᠢᠯᠡᠯ ᠳᠤ ᠪᠠᠴᠢᠮ ᠬᠡᠷᠡᠭᠰᠡᠬᠦ ᠮᠠᠯ ᠠᠵᠤ ᠠᠬᠤᠶ ᠶᠢᠨ ᠮᠧᠬᠠᠨᠢᠭ ᠢ ᠪᠣᠯ ᠥᠪᠡᠷᠲᠡᠭᠡᠨ ᠵᠠᠰᠠᠬᠤ ᠣᠷᠣᠨ ᠤ ᠲᠣᠳᠣᠷᠬᠠᠶᠢᠯᠠᠭᠰᠠᠨ ᠮᠠᠰᠢᠨ ᠪᠠᠭᠠᠵᠢ ᠶᠢᠨ ᠬᠡᠪᠴᠢᠶᠡᠨ ᠳᠣᠲᠣᠷ᠎ᠠ᠂ ᠳᠡᠭᠡᠷ᠎ᠡ ᠵᠢᠯ ᠤᠨ ᠪᠣᠷᠣᠯᠠᠭᠤᠯᠤᠨ ᠬᠤᠳᠠᠯᠳᠤᠭᠰᠠᠨ ᠳᠤᠮᠳᠠᠴᠢ ᠦᠨ᠎ᠡ ᠬᠠᠩᠰᠢ ᠶᠢᠨ 30% ᠡᠴᠠ ᠥᠨᠳᠥᠷ ᠪᠠᠢᠢᠯᠭᠠᠬᠤ ᠦᠭᠡᠶ ᠬᠠᠷᠢᠴᠠᠯ ᠢᠶᠠᠷ ᠲᠥᠰᠦᠭᠡᠯᠡᠨ ᠪᠣᠳᠣᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠲᠣᠭᠲᠠᠭᠰᠠᠨ ᠨᠤᠷᠮ᠎ᠠ ᠪᠠᠷ ᠨᠦᠬᠦᠪᠦᠷᠢᠯᠡᠨ᠎ᠡ᠃〔 ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠠᠮᠵᠢᠯᠴᠠᠨ᠎ᠠ  〕

  ᠳᠥᠷᠪᠡ᠂ ᠮᠦᠡᠭᠬᠦᠨ ᠬᠦᠢᠯᠬᠡᠬᠡᠡ ᠤ ᠲᠠᠭᠠᠳᠬᠠᠯ ᠤᠨ ᠦᠢᠯᠡᠴᠢᠯᠡᠭᠡᠨ ᠳ᠋ᠤ ᠰᠢᠨ᠎ᠡ ᠶᠢ ᠡᠬᠦᠳᠣᠨ᠎ᠠ

  ᠨᠥᠬᠦᠴᠡᠯ ᠳᠤ ᠨᠡᠶᠢᠴᠡᠬᠦ ᠣᠲᠣ ᠦᠶ᠎ᠡ ᠶᠢᠨ ᠪᠡᠯᠡᠳᠭᠡᠮᠵᠢᠳᠤ ᠮᠠᠯ ᠠᠵᠤ ᠠᠬᠤᠶ ᠶᠢᠨ ᠲᠥᠷᠥᠯ ᠵᠦᠢᠯ ᠤᠨ ᠵᠢᠭᠡᠯᠡᠯᠭᠡ ᠳᠤ ᠳᠠᠮ ᠬᠦᠦ ᠮᠦᠩᠭᠦ ᠶᠢᠨ ᠳᠡᠮᠵᠢᠯᠭᠡ ᠶᠢ ᠬᠡᠷᠡᠭᠵᠢᠭᠦᠯᠵᠦ᠂ ᠨᠢᠭᠡᠨᠲᠡ ᠪᠠᠢᠢᠭ᠎ᠠ ᠳᠠᠮ ᠬᠦᠦ ᠮᠦᠩᠭᠦ ᠶᠢᠨ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠳᠠᠬᠢᠵᠤ 10% - 20% ᠶᠢᠨ ᠳᠠᠮ ᠬᠦᠦ ᠥᠭᠴᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠡᠴᠠ ᠥᠭᠬᠦ ᠳᠠᠮ ᠬᠦᠤ ᠮᠥᠩᠭᠦ ᠶᠢ ᠨᠡᠢᠢᠯᠡᠭᠦᠯᠦᠭᠡᠳ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠡᠶᠢᠲᠡᠯᠡᠭᠰᠡᠨ ᠠᠳᠠᠯᠢ ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠤ ᠮᠦᠩᠭᠦᠨ ᠤ ᠨᠣᠷᠮ᠎ᠠ ︵ LPR ︶ ᠶᠢᠨ 90% ᠡᠴᠠ ᠥᠨᠳᠥᠷ ᠪᠠᠢᠢᠯᠭᠠᠬᠤ ᠥᠬᠡᠶ ᠮᠥᠷᠲᠡᠭᠡᠨ ᠵᠢᠭᠡᠯᠡᠯᠭᠡ ᠶᠢᠨ ᠬᠦᠤ ᠮᠥᠩᠭᠦ ᠶᠢᠨ ᠨᠤᠷᠮ᠎ᠠ ᠶᠢᠨ 3% ᠡᠴᠠ ᠳᠠᠪᠠᠭᠤᠯᠬᠤ ᠦᠭᠡᠢ ︵ ᠪᠣᠳᠠᠲᠠᠶ ᠬᠦᠤ ᠮᠦᠩᠭᠦᠨ ᠤ ᠨᠣᠷᠮ᠎ᠠ ᠨᠢ LPR ᠡᠴᠠ ᠳᠤᠤᠷ᠎ᠠ ᠪᠠᠢᠢᠪᠠᠯ ᠪᠤᠲᠠᠲᠠᠢ ᠬᠦᠦ ᠮᠦᠩᠭᠦᠨ ᠤ ᠨᠤᠷᠮ᠎ᠠ ᠪᠠᠷ ᠪᠤᠳᠤᠨ᠎ᠠ ︶ ᠪᠠᠢᠢᠯᠭᠠᠨ᠎ᠠ᠃ ᠮᠥᠩᠭᠦᠨ ᠭᠦᠢᠯᠭᠡᠭᠡᠨ ᠢᠶᠠᠷ ᠠᠯᠠᠰᠢᠨ ᠦᠬᠡᠷ ᠤᠨ ᠠᠵᠤ ᠦᠢᠯᠡᠰ ᠢ ᠳᠡᠮᠵᠢᠬᠦ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠪᠠᠲᠤᠯᠠᠭ᠎ᠠ ᠶᠢᠨ ᠳᠠᠭᠠᠭᠠᠯᠲᠠ᠂ ᠳᠠᠭᠠᠳᠬᠠᠯ ᠤᠨ ᠪᠠᠲᠤᠯᠠᠭ᠎ᠠ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠬᠤᠯᠪᠣᠭᠠᠯᠠᠨ ᠬᠥᠳᠡᠯᠦᠯᠴᠡᠬᠦ ᠵᠠᠭᠪᠤᠷ ᠢ ᠪᠠᠶᠢᠭᠤᠯᠵᠤ᠂ ᠠᠮᠢᠲᠠᠨ ᠢᠶᠠᠷ ᠪᠠᠷᠢᠴᠠᠭ᠎ᠠ ᠪᠣᠯᠭᠠᠭᠰᠠᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠪᠡᠯᠡᠳᠬᠡᠮᠵᠢᠲᠦ ᠮᠠᠯ ᠠᠵᠤ ᠠᠬᠤᠶ ᠶᠢᠨ ᠵᠢᠭᠡᠯᠡᠯᠭᠡ ᠶᠢᠨ ᠳᠠᠭᠠᠭᠠᠯᠲᠠ ᠶᠢᠨ ᠵᠠᠷᠤᠳᠠᠯ ᠤᠨ ᠨᠣᠷᠮ᠎ᠠ ᠶᠢ 1% ᠡᠴᠠ ᠥᠨᠳᠥᠷ ᠪᠠᠢᠢᠯᠭᠠᠵᠤ ᠪᠣᠯᠬᠤ ᠦᠭᠡᠶ᠃ ᠠᠯᠠᠰᠢᠨ ᠦᠬᠡᠷ ᠠᠯᠠᠰᠢᠨ ᠬᠤᠨᠢᠨ ᠤ ᠣᠷᠣᠨ ᠨᠤᠲᠤᠭ ᠤᠨ ᠳᠠᠪᠠᠭᠤᠯᠢᠭ ᠤᠨᠴᠠᠯᠢᠭᠳᠤ ᠳᠠᠭᠠᠳᠬᠠᠯ ᠢ ᠠᠯᠠᠰᠢᠨ ᠦᠬᠡᠷ᠂ ᠠᠯᠠᠰᠢᠨ ᠬᠤᠨᠢ ᠵᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠡᠢᠢᠰᠢ ᠬᠡᠯᠪᠠᠶᠢᠯᠭᠡᠬᠦ ᠶᠢ ᠠᠬᠢᠭᠤᠯᠤᠨ᠎ᠠ᠃〔 ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ  〕

  ᠲᠠᠪᠤ᠂ ᠦᠢᠯᠡᠳᠪᠦᠷᠢᠯᠡᠯ ᠤᠨ ᠬᠦᠴᠦᠨ ᠵᠦᠢᠯ ᠤᠨ ᠪᠠᠲᠤᠯᠠᠭ᠎᠎ᠠ ᠶᠢ ᠴᠢᠩᠭᠠᠷᠠᠭᠤᠯᠤᠨ᠎ᠠ

  ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠦᠭᠰᠡᠨ ᠣᠷᠣᠯᠭ᠎ᠠ ᠶᠢᠨ ᠪᠡᠯᠡ ᠮᠥᠩᠭᠦ᠂ ᠭᠠᠵᠠᠷ ᠰᠢᠷᠣᠶ ᠶᠢᠨ ᠭᠦᠢᠴᠡᠳᠭᠡᠯ ᠲᠤᠭ᠎ᠠ ᠶᠢᠨ ᠠᠷᠠᠯᠵᠢᠶᠠᠨ ᠤ ᠣᠷᠣᠯᠭ᠎ᠠ ᠵᠡᠷᠭᠡ ᠪᠠᠷ ᠪᠡᠯᠡᠳᠬᠡᠮᠵᠢᠲᠦ ᠮᠠᠯ ᠠᠵᠤ ᠠᠬᠤᠶ ᠶᠢᠨ ᠲᠥᠷᠥᠯ ᠵᠦᠢᠯ ᠢ ᠤᠷᠢᠳ ᠢᠶᠠᠷ ᠳᠡᠮᠵᠢᠬᠦ ᠬᠡᠷᠡᠭᠲᠡᠶ᠃ ᠨᠥᠬᠦᠴᠡᠯ ᠲᠠᠢ ᠪᠠᠢᠢᠭ᠎ᠠ ᠭᠤᠪᠢ᠂ ᠴᠦᠯ᠂ ᠬᠤᠵᠢᠷᠯᠢᠬ ᠭᠠᠵᠠᠷ ᠵᠡᠷᠭᠡ ᠣᠷᠣᠨ ᠪᠦᠰᠡ ᠳᠤ ᠪᠡᠯᠡᠳᠬᠡᠮᠵᠢᠲᠦ ᠮᠠᠯ ᠠᠵᠤ ᠠᠬᠤᠶ ᠶᠢ ᠬᠥᠭᠵᠢᠭᠦᠯᠬᠦ ᠶᠢ ᠳᠡᠮᠵᠢᠨ᠎ᠡ᠃ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠠᠷᠢᠶᠠᠯᠠᠩ ᠳᠤ ᠬᠡᠷᠡᠭᠯᠡᠬᠦ ᠭᠠᠵᠠᠷ ᠤᠨ ᠶᠣᠰᠣᠭᠠᠷ ᠬᠠᠮᠢᠶᠠᠷᠤᠨ᠎ᠠ᠃ ︽ ᠤᠰᠤ ᠪᠠᠷ ᠲᠦᠷᠪᠡ ᠶᠢ ᠲᠣᠭᠲᠠᠭᠠᠬᠤ ︾ ᠤᠷᠢᠲᠠᠯ ᠳᠣᠣᠷ᠎ᠠ᠂ ᠮᠠᠯ ᠠᠵᠤ ᠠᠬᠤᠶ ᠳᠤ ᠬᠡᠷᠡᠭᠯᠡᠬᠦ ᠤᠰᠤ ᠶᠢ ᠪᠠᠲᠤᠯᠠᠬᠤ ᠬᠡᠷᠡᠭᠲᠡᠢ᠃ ᠪᠡᠯᠡᠳᠬᠡᠮᠵᠢᠲᠦ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠯᠡᠬᠦ ᠴᠠᠬᠢᠯᠭᠠᠨ ᠳᠤ ᠲᠠᠷᠢᠶᠠᠯᠠᠩ ᠳᠤ ᠬᠡᠷᠡᠭᠯᠡᠬᠦ ᠴᠠᠬᠢᠯᠭᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃〔 ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠬᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ ᠪᠦᠯᠦᠭᠯᠡᠯ ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶ 〕

  ᠵᠢᠷᠭᠤᠭ᠎᠎ᠠ᠂ ᠨᠡᠶᠢᠲᠡᠯᠢᠭ ᠢᠶᠠᠷ ᠵᠢᠱᠢᠶ᠎ᠡ ᠦᠵᠡᠭᠦᠯᠬᠦ ᠶᠢ ᠳᠡᠯᠭᠡᠷᠡᠭᠦᠯᠬᠦ ᠪᠠᠨ ᠴᠢᠩᠭᠠᠷᠠᠭᠤᠯᠤᠨ᠎ᠠ

  ᠵᠢᠯ ᠪᠦᠷᠢ 1 - 3 ᠬᠤᠰᠢᠭᠤ ᠰᠢᠶᠠᠨ ︵ ᠬᠤᠲᠠ᠂ ᠲᠣᠭᠤᠷᠢᠭ ︶ ᠢ ᠰᠢᠯᠢᠳᠡᠭᠴᠢᠯᠡᠨ ᠰᠤᠩᠭᠤᠵᠤ ᠪᠡᠯᠡᠳᠭᠡᠮᠵᠢᠳᠤ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠪᠦᠲᠦᠭᠡᠨ ᠪᠠᠶᠢᠭᠤᠯᠤᠯᠲᠠ ᠶᠢ ᠦᠷᠨᠢᠭᠦᠯᠦᠨ᠂ ᠵᠢᠱᠢᠶ᠎ᠡ ᠦᠵᠡᠭᠦᠯᠬᠦ ᠬᠤᠰᠢᠭᠤ ᠰᠢᠶᠠᠨ ᠪᠦᠷᠢ ᠳᠤ 1000 ᠲᠦᠮᠡᠨ ᠲᠥᠭᠦᠷᠢᠭ ᠱᠠᠩᠨᠠᠨ᠎ᠠ᠃ ᠵᠢᠯ ᠪᠦᠷᠢ 2 - 5 ᠬᠤᠰᠢᠭᠤ ᠰᠢᠶᠠᠨ ︵ ᠬᠤᠲᠠ᠂ ᠲᠣᠭᠤᠷᠢᠭ ︶ ᠳᠤ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠷᠰᠢᠯᠲᠠ ᠶᠢ ᠥᠷᠨᠢᠭᠦᠯᠵᠦ᠂ ᠲᠡᠳᠡᠨ ᠤ ᠪᠡᠯᠡᠳᠬᠡᠮᠵᠢᠲᠦ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠡᠭᠦᠳᠦᠨ ᠪᠠᠶᠢᠭᠤᠯᠬᠤ ᠶᠢ ᠨᠢ ᠡᠩ ᠲᠡᠷᠢᠭᠦᠨ ᠳᠤ ᠳᠡᠮᠵᠢᠵᠦ᠂ ᠱᠠᠩᠨᠠᠬᠤ ᠪᠠᠷ ᠨᠦᠬᠦᠪᠦᠷᠢ ᠶᠢ ᠣᠷᠤᠯᠠᠬᠤ᠂ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠬᠡᠯᠪᠡᠷᠢ ᠪᠠᠷ ᠳᠠᠮᠵᠢᠭᠤᠯᠤᠨ ᠲᠡᠵᠢᠭᠡᠯ ᠡᠪᠡᠰᠦ ᠪᠣᠷᠳᠤᠭ᠎ᠠ ᠡᠳ᠋ᠰᠢᠭᠦᠯᠦᠨ ᠪᠣᠯᠪᠠᠰᠤᠷᠠᠭᠤᠯᠬᠤ᠂ ᠨᠠᠷᠢᠯᠢᠬ ᠣᠨᠣᠴᠠᠲᠠᠶ ᠲᠡᠵᠢᠭᠡᠨ ᠠᠷᠠᠴᠢᠯᠠᠬᠤ᠂ ᠬᠢᠵᠢᠭ ᠡᠪᠡᠳᠴᠢᠨ ᠢ ᠰᠡᠷᠭᠡᠶᠢᠯᠡᠨ ᠬᠤᠷᠢᠬᠯᠠᠬᠤ᠂ ᠦᠷ᠎ᠡ ᠡᠭᠦᠯᠳᠡᠷ ᠢ ᠰᠠᠶᠢᠵᠢᠷᠠᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ᠲᠤᠷᠰᠢᠯᠲᠠ ᠪᠦᠷᠢ ᠳᠤ ᠠᠳᠠᠭ ᠲᠤ ᠪᠠᠨ 10 ᠲᠦᠮᠡᠨ ᠬᠤᠨᠢᠨ ᠨᠢᠭᠡᠴᠢ ᠡᠴᠠ ᠳᠡᠭᠡᠭᠰᠢᠬᠢ ᠮᠠᠯ ᠢ ᠬᠠᠮᠤᠷᠤᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ᠂ ᠶᠡᠭᠡ ᠳᠡᠭᠡᠳᠦ ᠰᠤᠷᠭᠠᠭᠤᠯᠢ ᠳᠤ ᠲᠦᠰᠢᠭᠯᠡᠨ ᠲᠤᠰᠬᠠᠶ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠤᠨ ᠬᠡᠷᠡᠭᠯᠡᠯᠲᠡ ᠶᠢ ᠳᠡᠯᠭᠡᠷᠡᠭᠦᠯᠬᠦ ᠪᠣᠯᠪᠠᠰᠤᠷᠠᠭᠤᠯᠤᠯ ᠢ ᠥᠷᠨᠢᠭᠦᠯᠦᠨ᠂ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠷᠠᠭᠤᠯᠵᠤ᠂ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠤᠨ᠎ᠠ᠃〔 ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠨᠢ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠬᠠᠮᠵᠢᠯᠴᠠᠨ᠎ᠠ  〕

  ᠲᠣᠰ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠲᠤᠰᠬᠠᠶ ᠳᠡᠮᠵᠢᠯᠭᠡ ᠶᠢᠨ ᠪᠠᠯᠠ ᠮᠥᠩᠭᠦ ᠶᠢ ᠴᠥᠮ ︽ ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠥᠬᠦᠪᠥᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠶ ᠪᠠᠶᠢᠳᠠᠯ ᠢ ᠨᠢ ᠦᠨᠳᠦᠰᠦᠯᠡᠨ ᠨᠡᠮᠡᠭᠦᠷᠢ ᠣᠯᠭᠤᠬᠤ᠂ ᠳᠠᠷᠠᠭᠠᠯᠠᠨ ᠬᠡᠷᠡᠭᠵᠢᠭᠦᠯᠬᠦ ︾ ᠠᠷᠭ᠎ᠠ ᠮᠠᠶ᠋ᠢᠭ ᠢᠶᠠᠷ ᠰᠠᠯᠭᠠᠨ ᠥᠭᠭᠦᠨ᠎ᠡ᠃ ᠡᠯ᠎ᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠨᠢ ᠪᠣᠳᠠᠲᠠᠶ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ᠂ ᠬᠠᠮᠢᠶ᠎ᠠ ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠳᠡᠰ ᠳᠠᠷᠠᠭᠠᠯᠠᠯ᠂ ᠪᠦᠲᠦᠭᠡᠨ ᠪᠠᠶᠢᠭᠤᠯᠬᠤ ᠠᠭᠤᠯᠭ᠎ᠠ᠂ ᠰᠢᠯᠭᠠᠨ ᠬᠢᠨᠠᠵᠤ ᠰᠢᠯᠭᠠᠨ ᠬᠤᠷᠢᠶᠠᠬᠤ ᠵᠡᠷᠭᠡ ᠶᠢ ᠲᠣᠳᠣᠷᠬᠠᠶᠢᠯᠠᠬᠤ ᠬᠡᠷᠡᠭᠲᠡᠶ᠃



ᠭᠠᠷ ᠤᠲᠠᠰᠤ ᠪᠠᠷ ᠦᠵᠡᠬᠦ