ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠲᠤᠬᠠᠢ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

  ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠨ᠂ ︽ ᠮᠢᠩᠭ᠎ᠠ ᠲᠦᠮᠡ ᠶᠢᠨ ᠢᠨᠵᠧᠨᠧᠷᠢᠩ ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠤᠨ ᠬᠤᠤᠰ ᠳᠡᠭᠡᠭᠰᠢᠯᠡᠯᠲᠡ ᠶᠢ ᠠᠬᠢᠭᠤᠯᠵᠤ᠂ 2032 ᠣᠨ ᠪᠣᠯᠬᠤ ᠳᠤ ᠲᠦᠷᠦᠭᠦᠯᠡᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠶᠢ ᠦᠨᠡᠨ ᠬᠦ ᠪᠠᠲᠤᠯᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠬᠤ ᠬᠤᠯᠪᠣᠭᠳᠠᠯ ᠪᠥᠬᠦᠶ ᠤᠴᠢᠷ ᠤᠳ ᠢ ᠳᠣᠤᠷᠠᠬᠢ ᠮᠡᠲᠦ ᠮᠡᠳᠡᠭᠳᠡᠪᠡ᠃

  ᠨᠢᠭᠡ᠂ ᠨᠦᠬᠦᠪᠦᠷᠢᠯᠡᠬᠦ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ

  ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠠᠬᠢ ᠲᠥᠪ ᠤᠨ ᠲᠥᠰᠦᠪ ᠤᠨ ᠳᠣᠲᠣᠷᠠᠬᠢ ᠪᠠ ᠲᠥᠪ ᠤᠨ ᠡᠳ᠋ ᠤᠨ ᠵᠠᠰᠠᠭ ᠤᠨ ᠰᠢᠯᠵᠢᠭᠦᠯᠦᠨ ᠣᠯᠭᠤᠬᠤ ᠵᠡᠷᠭᠡ ᠠᠷᠭ᠎ᠠ ᠵᠠᠮ ᠢᠶᠠᠷ ᠬᠢ ᠪᠠᠯᠠ ᠣᠷᠣᠭᠤᠯᠤᠯᠲᠠ ᠶᠢ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠯᠡᠭᠦᠯᠬᠦ ᠬᠡᠷᠡᠭᠲᠡᠢ᠃ ᠤᠯᠤᠰ ᠡᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠳᠦᠬᠦᠷᠵᠢᠭᠦᠯᠦᠨ ᠪᠡᠯᠡ ᠣᠷᠣᠭᠤᠯᠬᠤ ᠪᠠᠷ ᠱᠠᠭᠠᠷᠳᠠᠭᠰᠠᠨ ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠡᠴᠠ ᠡᠭᠦᠷᠭᠡᠯᠡᠵᠦ᠂ ᠠᠶᠢᠮᠠᠭ ᠬᠤᠲᠠ᠂ ᠬᠤᠰᠢᠭᠤ ᠰᠢᠶᠠᠨ ︵ ᠬᠤᠲᠠ᠂ ᠲᠣᠭᠤᠷᠢᠭ ︶ ᠤ ᠬᠢᠨ ᠳᠠᠬᠢᠵᠤ ᠲᠥᠬᠦᠷᠵᠢᠭᠦᠯᠬᠦ ᠦᠭᠡᠢ᠃ ᠥᠪᠡᠷᠲᠡᠭᠡᠨ ᠵᠠᠰᠠᠬᠤ ᠣᠷᠣᠨ ᠡᠴᠠ ᠡᠯ᠎ᠡ ᠠᠶᠢᠮᠠᠭ ᠬᠤᠲᠠ ᠶᠢᠨ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠲᠥᠷᠥᠯ ᠬᠤᠪᠢᠶᠠᠨ ᠲᠣᠭᠲᠠᠭᠠᠵᠤ᠂ ᠡᠯ᠎ᠡ ᠠᠶᠢᠮᠠᠭ ᠬᠤᠲᠠ ᠨᠢ ᠲᠤᠰ ᠭᠠᠵᠠᠷ ᠣᠷᠣᠨ ᠤ ᠪᠠᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ᠂ ᠠᠳᠠᠯᠢ ᠪᠤᠰᠤ ᠭᠠᠵᠠᠷ ᠤᠨ ᠲᠥᠷᠥᠯ ᠪᠠ ᠪᠦᠲᠦᠭᠡᠨ ᠪᠠᠶᠢᠭᠤᠯᠬᠤ ᠠᠭᠤᠯᠭ᠎ᠠ ᠶᠢᠨ ᠶᠣᠰᠣᠭᠠᠷ ᠡᠯ᠎ᠡ ᠬᠤᠰᠢᠭᠤ ᠰᠢᠶᠠᠨ ︵ ᠬᠤᠲᠠ᠂ ᠲᠣᠭᠤᠷᠢᠭ ︶ ᠤ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠠᠵᠤ᠂ ᠬᠤᠰᠢᠭᠤ ᠰᠢᠶᠠᠨ ︵ ᠬᠤᠲᠠ᠂ ᠲᠣᠭᠤᠷᠢᠭ ︶ ᠢᠶᠠᠷ ᠨᠢᠭᠡᠴᠢ ᠪᠣᠯᠭᠠᠨ ᠨᠢᠭᠡᠳᠦᠯᠲᠡᠶ ᠲᠥᠯᠥᠪᠯᠡᠨ ᠪᠣᠳᠣᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠵᠢᠷᠤᠭᠯᠠᠨ ᠲᠥᠯᠥᠪᠯᠡᠬᠦ ᠪᠠ ᠪᠦᠳᠦᠭᠡᠨ ᠪᠠᠶᠢᠭᠤᠯᠬᠤ ᠶᠠᠪᠤᠴᠠ ᠳᠤ᠂ ᠮᠦ ᠪᠦᠷᠢ ᠳᠤ 100 ᠲᠥᠭᠦᠷᠢᠭ ᠡᠴᠠ ᠳᠣᠣᠷ᠎ᠠ ᠦᠭᠡᠢ ᠪᠠᠷᠢᠮᠵᠢᠶ᠎ᠠ ᠪᠠᠷ ᠪᠡᠯᠡ ᠮᠥᠩᠭᠦ ᠴᠤᠭᠯᠠᠭᠤᠯᠤᠨ ᠬᠥᠳᠡᠯᠮᠦᠷᠢ ᠬᠦᠴᠦ ᠣᠷᠣᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠨᠥᠬᠦᠴᠡᠯ ᠳᠤ ᠨᠡᠶᠢᠴᠡᠬᠦ ᠲᠠᠷᠢᠶᠠᠯᠠᠩ ᠮᠠᠯ ᠠᠵᠤ ᠠᠬᠤᠶ᠂ ᠤᠰᠤᠨ ᠠᠰᠢᠬᠯᠠᠯᠲᠠ᠂ ᠣᠶ ᠰᠢᠭᠤᠶ ᠨᠤᠲᠤᠭ ᠪᠡᠯᠴᠢᠭᠡᠷ᠂ ᠵᠠᠮ ᠬᠠᠷᠢᠯᠴᠠᠭ᠎ᠠ ᠵᠡᠷᠭᠡ ᠡᠯ᠎ᠡ ᠲᠥᠷᠥᠯ ᠤᠨ ᠲᠥᠷᠥᠯ ᠵᠦᠢᠯ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ ᠪᠠᠶᠢᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠶᠢ ᠰᠠᠨᠠᠭᠠᠴᠢᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠵᠤ ᠡᠵᠡᠩᠨᠡᠬᠦ ᠳᠤ ᠪᠥᠬᠦ ᠠᠵᠤ ᠦᠢᠯᠡᠰ ᠤᠨ ᠬᠡᠯᠬᠢᠶᠡᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠵᠡᠷᠭᠡ ᠨᠡᠶᠢᠭᠡᠮ ᠤᠨ ᠬᠥᠷᠥᠩᠭᠡ ᠶᠢᠨ ᠪᠠᠯᠠ ᠣᠷᠣᠭᠤᠯᠬᠤ ᠪᠠ ᠣᠷᠣᠯᠴᠠᠬᠤ ᠶᠢ ᠨᠢ ᠵᠣᠷᠢᠬᠵᠢᠭᠤᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ︶

  ᠬᠤᠶᠠᠷ᠂ ᠡᠮᠦᠨᠡᠬᠢ ᠬᠤᠭᠤᠴᠠᠭᠠᠨ ᠤ ᠠᠵᠢᠯ ᠢᠶᠠᠨ ᠰᠢᠯᠢᠳᠡᠭᠵᠢᠭᠦᠯᠬᠦ ᠬᠡᠷᠡᠭᠲᠡᠢ

  ᠦᠯᠡᠭᠦᠦ ᠥᠨᠢᠳᠡ ᠶᠢᠨ ᠦᠨᠳᠦᠰᠦᠨ ᠲᠠᠷᠢᠶᠠᠨ ᠭᠠᠵᠠᠷ ᠪᠦᠬᠦᠨ ᠢ ᠨᠦᠬᠡᠴᠡ ᠲᠥᠷᠥᠯ ᠵᠦᠢᠯ ᠤᠨ ᠬᠥᠮᠥᠷᠭᠡ ᠳᠤ ᠠᠯᠬᠤᠮ ᠠᠯᠬᠤᠮ ᠢᠶᠠᠷ ᠣᠷᠣᠭᠤᠯᠵᠤ᠂ ᠪᠣᠳᠠᠲᠤ ᠪᠠᠶᠢᠳᠠᠯ ᠳᠤ ᠪᠠᠨ ᠰᠠᠭᠤᠷᠢᠯᠠᠵᠤ ᠪᠥᠲᠥᠭᠡᠨ ᠪᠠᠶᠢᠭᠤᠯᠬᠤ ᠡᠭᠦᠷᠭᠡ ᠪᠠ ᠤᠷᠢᠲᠠᠵᠤ ᠬᠢᠬᠦ ᠳᠠᠷᠠᠭᠠᠯᠠᠯ ᠢ ᠲᠣᠭᠲᠠᠭᠠᠨ᠂ ᠤᠷᠢᠳ ᠢᠶᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠶ ᠶᠢ ᠨᠢ ᠬᠢᠬᠦ ᠶᠢ ᠪᠠᠷᠢᠮᠲᠠᠯᠠᠵᠤ᠂ ᠲᠤᠷᠰᠢᠯᠲᠠ ᠶᠢᠨ ᠭᠠᠵᠠᠷ ᠣᠷᠣᠨ᠂ ᠬᠠᠷ᠎ᠠ ᠬᠥᠷᠥᠰᠥᠲᠦ ᠭᠠᠵᠠᠷ ᠣᠷᠣᠨ᠂ ᠲᠠᠯ᠎ᠠ ᠭᠠᠵᠠᠷ᠂ ᠤᠰᠤᠨ ᠠᠰᠢᠬᠯᠠᠯᠲᠠ ᠶᠢᠨ ᠤᠰᠤᠯᠠᠯᠲᠠ ᠶᠢᠨ ᠨᠥᠬᠦᠴᠡᠯ ᠢ ᠪᠦᠷᠢᠳᠦᠭᠦᠯᠦᠭᠰᠡᠨ ᠭᠠᠵᠠᠷ ᠣᠷᠣᠨ ᠪᠠ ᠦᠯᠡᠳᠡᠭᠳᠡᠯ ᠡᠭᠦᠷᠭᠡ ᠪᠠᠷ ᠨᠡᠯᠢᠶᠡᠳ ᠴᠥᠭᠡᠨ ᠪᠠᠶᠢᠭ᠎ᠠ ᠪᠦᠬᠦᠯᠢ ᠪᠠᠶᠢᠭᠤᠯᠤᠮᠵᠢᠲᠤ ᠳᠦᠷᠢᠮ ᠤᠨ ᠭᠠᠵᠠᠷ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠤᠷᠢᠳ ᠢᠶᠠᠷ ᠠᠬᠢᠭᠤᠯᠵᠤ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠨ ᠠᠰᠢᠬᠯᠠᠬᠤ ᠪᠠ ᠬᠤᠵᠢᠷᠰᠢᠭᠰᠠᠨ ᠲᠠᠷᠢᠶᠠᠯᠠᠬᠤ ᠭᠠᠵᠠᠷ ᠢ ᠵᠠᠰᠠᠵᠤ ᠰᠠᠶᠢᠵᠢᠷᠠᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠬᠤᠰᠢᠭᠤ ᠰᠢᠶᠠᠨ ︵ ᠬᠤᠲᠠ᠂ ᠲᠣᠭᠤᠷᠢᠭ ︶ ᠨᠢ ᠲᠥᠷᠥᠯ ᠵᠦᠢᠯ ᠲᠣᠭᠲᠠᠭᠠᠬᠤ ᠡᠴᠠ ᠡᠮᠦᠨᠡᠬᠢ 3 ᠵᠢᠯ ᠤᠨ ᠮᠦ ᠪᠦᠷᠢ ᠶᠢᠨ ᠳᠤᠮᠳᠠᠴᠢ ᠪᠣᠳᠠᠲᠠᠶ ᠵᠠᠷᠤᠯᠭ᠎ᠠ ᠶᠢᠨ ᠵᠣᠭᠤᠰᠤᠨ ᠲᠤᠭ᠎ᠠ ᠶᠣᠰᠣᠭᠠᠷ᠂ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠬᠢᠬᠦ᠂ ᠤᠰᠤᠨ ᠤ ᠡᠬᠢ ᠰᠤᠷᠪᠤᠯᠵᠢ ᠶᠢᠨ ᠨᠤᠲᠠᠯᠠᠯᠲᠠ ᠶᠢ ᠬᠢᠨᠠᠨ ᠵᠥᠪᠰᠢᠶᠡᠷᠡᠭᠦᠯᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠥᠷᠨᠢᠭᠦᠯᠵᠦ᠂ ᠪᠦᠲᠦᠭᠡᠨ ᠪᠠᠶᠢᠭᠤᠯᠬᠤ ᠣᠨ ᠤ 3 ᠳ᠋ᠤᠭᠠᠷ ᠰᠠᠷ᠎ᠠ ᠶᠢᠨ ᠰᠡᠭᠦᠯᠴᠢ ᠡᠴᠠ ᠡᠮᠦᠨ᠎ᠡ ᠠᠵᠢᠯ ᠡᠬᠢᠯᠡᠭᠦᠯᠬᠦ ᠨᠥᠬᠦᠴᠡᠯ ᠪᠦᠷᠢᠳᠦᠭᠦᠯᠬᠦ ᠶᠢ ᠦᠨᠡᠨ ᠬᠦ ᠪᠠᠲᠤᠯᠠᠨ᠂ ︽ ᠵᠣᠭᠤᠰ ᠨᠢ ᠲᠥᠷᠥᠯ ᠵᠦᠢᠯ ᠢ ᠬᠦᠯᠢᠶᠡᠬᠦ ︾ ᠡᠴᠠ ᠵᠠᠶᠢᠯᠠᠰᠬᠢᠨ᠎ᠡ᠃︽ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ︾ ᠵᠢᠷᠤᠭ ᠲᠥᠯᠥᠪᠯᠡᠭᠡ ᠶᠢᠨ ᠣᠨᠣᠯᠵᠢᠬᠤᠨ ᠢ ᠪᠠᠷᠢᠮᠲᠠᠯᠠᠵᠤ᠂ ᠭᠠᠵᠠᠷ ᠳᠣᠣᠷᠠᠬᠢ ᠤᠰᠤ ᠶᠢ ᠬᠠᠮᠢᠶᠠᠷᠤᠨ ᠡᠵᠡᠮᠳᠡᠬᠦ ᠨᠢᠭᠡᠴᠢ ᠶᠢᠨ ᠶᠡᠷᠦᠩᠬᠡᠢ ᠬᠡᠮᠵᠢᠶ᠎ᠡ ᠶᠢ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ ᠭᠠᠵᠠᠷ ᠣᠷᠣᠨ ᠤ ᠪᠠᠨ ᠪᠠᠶᠢᠳᠠᠯ ᠳᠤ ᠲᠣᠬᠢᠷᠠᠭᠤᠯᠤᠨ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠥᠷᠨᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠠᠬᠢ ᠣᠶ ᠰᠢᠭᠤᠶ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠬᠢᠨᠠᠨ ᠵᠥᠪᠰᠢᠶᠡᠷᠡᠯ ᠪᠠ ᠬᠠᠶᠢᠷ ᠴᠢᠯᠠᠭᠤᠨ ᠮᠠᠲ᠋ᠧᠷᠢᠶᠠᠯ ᠠᠪᠴᠤ ᠬᠡᠷᠡᠭᠯᠡᠬᠦ ᠵᠥᠪᠰᠢᠶᠡᠷᠡᠯ᠂ ᠤᠰᠤ ᠠᠪᠴᠤ ᠬᠡᠷᠡᠭᠯᠡᠬᠦ ᠵᠥᠪᠰᠢᠶᠡᠷᠡᠯ ᠤᠨ ᠬᠢᠨᠠᠨ ᠵᠥᠪᠰᠢᠶᠡᠷᠡᠯ ᠵᠡᠷᠭᠡ ᠶᠢᠨ ᠵᠠᠮ ᠱᠤᠭᠤᠮ ᠢ ᠰᠠᠭᠠᠳ ᠥᠬᠡᠶ ᠨᠡᠪᠲᠡᠷᠡᠭᠦᠯᠬᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠰᠡᠳᠦᠪ ᠲᠣᠭᠲᠠᠭᠠᠬᠤ ᠲᠥᠰᠥᠯ ᠪᠠ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠲᠥᠰᠦᠯ ᠢ ᠲᠣᠰ ᠲᠣᠰ ᠭᠠᠴᠠᠭ᠎ᠠ ᠲᠣᠰᠬᠤᠨ ᠤ ᠠᠷᠠᠳ ᠤᠨ ᠬᠤᠷᠠᠯ ᠢᠶᠠᠷ ᠰᠤᠳᠤᠯᠤᠨ ᠪᠠᠲᠤᠯᠠᠭᠤᠯᠬᠤ ᠶᠢᠨ ᠬᠠᠮᠲᠤ ᠭᠠᠷ ᠤᠨ ᠥᠰᠥᠭ ᠵᠢᠷᠤᠭᠤᠯᠵᠤ ᠨᠤᠲᠠᠯᠠᠨ ᠲᠣᠭᠲᠠᠭᠠᠬᠤ ᠬᠡᠷᠡᠭᠲᠡᠢ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠬᠯᠠᠯᠲᠠ ᠶᠢᠨ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ︶

  ᠭᠤᠷᠪᠠ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠬᠤ ᠬᠡᠷᠡᠭᠲᠡᠶ

  ᠵᠠᠷᠴᠢᠮ ᠳᠡᠭᠡᠷ᠎ᠡ ᠪᠠᠨ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠶᠢᠨ ᠬᠡᠰᠡᠭ ᠤᠨ ᠲᠠᠯᠠᠪᠠᠶ ᠶᠢ 10000 ᠮᠦ ᠡᠴᠠ ᠳᠤᠲᠠᠭᠤ ᠪᠠᠶᠢᠯᠭᠠᠵᠤ ᠪᠣᠯᠬᠤ ᠦᠭᠡᠢ᠂ ᠬᠤᠰᠢᠭᠤ ᠰᠢᠶᠠᠨ ︵ ᠬᠤᠲᠠ᠂ ᠲᠣᠭᠤᠷᠢᠭ ︶ ᠤ ᠬᠢᠨ ᠤ ᠣᠨ ᠤ ᠪᠠᠷᠢᠯᠭ᠎ᠠ ᠶᠢᠨ ᠠᠵᠢᠯ ᠤᠨ ᠪᠠᠷᠢᠬᠤ ᠡᠭᠦᠷᠭᠡ ᠪᠠᠨ ᠪᠦᠬᠦᠯᠢ ᠴᠣᠭᠴᠠ ᠪᠠᠷ ᠨᠢ ᠳᠠᠭᠠᠭᠠᠴᠢᠯᠠᠭᠤᠯᠬᠤ ᠶᠢ ᠵᠥᠪᠰᠢᠶᠡᠷᠡᠨ᠎ᠡ᠃ ᠪᠦᠬᠦ ᠶᠠᠪᠤᠴᠠ ᠶᠢᠨ ᠡᠯᠧᠺᠲ᠋ᠷᠤᠨᠴᠢᠯᠡᠭᠰᠡᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠠᠯᠤᠰ ᠡᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠶᠢ ᠳᠡᠯᠭᠡᠷᠡᠭᠦᠯᠦᠨ ᠬᠡᠷᠡᠭᠵᠢᠭᠦᠯᠵᠦ᠂ ᠵᠢᠷᠤᠭ ᠲᠥᠯᠥᠪᠯᠡᠭᠡ ᠶᠢᠨ ᠦᠯᠢᠭᠡᠷ ᠶᠠᠩᠵᠤ᠂ ᠬᠢᠨᠠᠨ ᠵᠠᠬᠢᠷᠬᠤ ᠪᠠ ᠪᠠᠷᠢᠯᠭ᠎ᠠ ᠶᠢᠨ ᠠᠵᠢᠯ ᠤᠨ ᠮᠠᠲ᠋ᠧᠷᠢᠶᠠᠯ ᠤᠨ ᠦᠯᠢᠭᠡᠷ ᠶᠠᠩᠵᠤ᠂ ᠮᠠᠲ᠋ᠧᠷᠢᠶᠠᠯ ᠤᠨ ᠦᠯᠢᠭᠡᠷ ᠶᠠᠩᠵᠤ ᠵᠡᠷᠭᠡ ᠶᠢ ᠳᠠᠭᠠᠭᠠᠴᠢᠯᠠᠯᠲᠠ ᠦᠨᠡᠯᠡᠬᠦ ᠬᠦᠴᠦᠨ ᠵᠦᠢᠯ ᠪᠠ ᠭᠡᠷ᠎ᠡ ᠭᠦᠢᠴᠡᠳᠬᠡᠬᠦ ᠪᠠᠷᠢᠮᠵᠢᠶ᠎ᠠ ᠪᠣᠯᠭᠠᠬᠤ ᠶᠢ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠣᠨ ᠤ 2 ᠳ᠋ᠤᠭᠠᠷ ᠰᠠᠷ᠎ᠠ ᠶᠢᠨ ᠰᠡᠭᠦᠯᠴᠢ ᠡᠴᠠ ᠡᠮᠦᠨ᠎ᠡ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠪᠡᠶᠡᠯᠡᠭᠦᠯᠦᠨ᠎ᠡ᠃ ᠪᠠᠷᠢᠯᠭ᠎ᠠ ᠶᠢᠨ ᠭᠡᠷ᠎ᠡ ᠶᠢ ᠵᠠᠷᠯᠠᠨ ᠨᠡᠶᠢᠲᠡᠯᠡᠵᠦ᠂ ︽ ᠦᠨᠡᠨ ᠬᠤᠳᠠᠯ ᠭᠡᠷ᠎ᠡ ︾᠂︽ ᠳᠣᠣᠷ᠎ᠠ ᠦᠨ᠎ᠡ ᠪᠠᠷ ᠳᠠᠭᠠᠭᠠᠴᠢᠯᠠᠯᠲᠠ ᠣᠨᠣᠵᠤ ᠥᠨᠳᠥᠷ ᠦᠨ᠎ᠡ ᠪᠠᠷ ᠳ᠋ᠦᠩᠨᠡᠨ ᠪᠣᠳᠣᠬᠤ ︾ ᠵᠡᠷᠭᠡ ᠬᠠᠤᠯᠢ ᠲᠣᠭᠲᠠᠭᠠᠯ ᠡᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠥᠩᠭᠡᠨ ᠳᠡᠭᠡᠷ᠎ᠡ ᠪᠠᠨ ᠳᠠᠭᠠᠭᠠᠴᠢᠯᠠᠯᠲᠠ ᠵᠠᠷᠯᠠᠵᠤ ᠳᠠᠯᠳᠠᠭᠤᠷ ᠲᠣᠭᠳᠠᠭᠠᠬᠤ᠂ ᠲᠠᠭᠠᠭᠠᠴᠢᠯᠠᠯᠳᠠ ᠬᠦᠯᠢᠶᠡᠬᠦ ᠳᠤ ᠬᠤᠤᠪᠢᠯᠳᠤᠵᠤ ᠬᠤᠮᠣᠷᠭᠠᠯᠠᠬᠤ᠂ ᠰᠢᠯᠵᠢᠬᠦᠯᠦᠨ ᠳᠠᠭᠠᠭᠠᠴᠢᠯᠠᠭᠤᠯᠵᠤ ᠲᠦᠰᠢᠭᠯᠡᠬᠦ ᠵᠡᠷᠭᠡ ᠬᠡᠯᠪᠡᠷᠢ ᠪᠠᠷ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠪᠠᠶᠢᠪᠠᠯ᠂ ᠪᠣᠳᠠᠲᠤ ᠪᠠᠶᠢᠳᠠᠯ ᠢ ᠪᠠᠶᠢᠴᠠᠭᠠᠨ ᠲᠣᠳᠣᠯᠠᠮᠠᠭᠴᠠ ᠲᠠᠭᠠᠭᠠᠴᠢᠯᠠᠯᠳᠠ ᠬᠦᠯᠢᠶᠡᠭᠴᠢ ᠶᠢᠨ ᠲᠠᠭᠠᠭᠠᠴᠢᠯᠠᠯᠳᠠ ᠬᠦᠯᠢᠶᠡᠬᠦ ︵ ᠲᠠᠭᠠᠭᠠᠴᠢᠯᠠᠯᠳᠠ ᠣᠨᠣᠬᠤ ︶ ᠬᠢᠷᠢ ᠬᠡᠮ ᠢ ᠨᠢ ᠬᠦᠴᠦᠨ ᠦᠬᠡᠢ ᠪᠣᠯᠭᠠᠵᠤ᠂ 3 ᠵᠢᠯ ᠤᠨ ᠲᠣᠳᠣᠷ᠎ᠠ ᠦᠪᠡᠷᠳᠡᠭᠡᠨ ᠵᠠᠰᠠᠬᠤ ᠤᠷᠤᠨ ᠤ ᠬᠢᠯᠢ ᠲᠤᠳᠤᠷᠠᠬᠢ ᠦᠨᠳᠤᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠭᠠᠭᠠᠴᠢᠯᠠᠯᠳᠠ ᠵᠠᠷᠯᠠᠬᠤ ᠲᠠᠭᠠᠭᠠᠴᠢᠯᠠᠯᠳᠠ ᠬᠦᠯᠢᠶᠡᠬᠦ ᠠᠵᠢᠯᠯᠠᠭ᠎ᠠ ᠳᠤ ᠤᠷᠤᠯᠴᠠᠬᠤ ᠶᠢ ᠴᠠᠭᠠᠵᠠᠯᠠᠬᠤ ᠶᠢᠨ ᠬᠠᠮᠳᠤ᠂ ᠬᠠᠮᠢᠶ᠎ᠠ ᠪᠦᠬᠦᠢ ᠰᠦᠪᠡᠭᠴᠢ ᠶᠢ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠦᠴᠢᠷ ᠲᠤ ᠰᠢᠯᠵᠢᠬᠦᠯᠦᠨ ᠲᠤᠰᠢᠶᠠᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ︶

  ᠳᠥᠷᠪᠡ᠂ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ

  ᠲᠥᠷᠥᠯ ᠵᠦᠢᠯ ᠤᠨ ᠪᠡᠯᠡ ᠣᠷᠣᠭᠤᠯᠤᠯᠲᠠ ᠳᠤ ︽ ᠨᠢᠭᠡ ᠭᠠᠵᠠᠷ ᠢ ᠨᠢᠭᠡ ᠵᠥᠪᠯᠡᠬᠦ ᠶᠢ ᠬᠡᠷᠡᠭᠵᠢᠭᠦᠯᠵᠦ ︾᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠵᠢᠷᠤᠭᠯᠠᠨ ᠲᠥᠯᠥᠪᠯᠡᠬᠦ ᠳᠤ ᠪᠠᠨ ︽ ᠶᠠᠭᠤ ᠳᠤᠲᠠᠭᠳᠠᠵᠤ ᠪᠠᠶᠢᠪᠠᠯ ᠲᠡᠭᠦᠨ ᠢ ᠨᠢ ᠨᠥᠬᠦᠪᠥᠷᠢᠯᠡᠵᠦ ︾᠂ ᠤᠷᠢᠳ ᠢᠶᠠᠷ ᠲᠠᠷᠢᠶᠠᠨ ᠭᠠᠵᠠᠷ ᠤᠨ ᠰᠠᠭᠤᠷᠢ ᠪᠡᠯᠡᠳᠭᠡᠮᠵᠢ ᠶᠢᠨ ᠢᠨᠵᠧᠨᠧᠷᠢᠩ ᠳᠠᠷᠠᠭ᠎ᠠ ᠨᠢ ᠲᠠᠷᠢᠶᠠᠨ ᠭᠠᠵᠠᠷ ᠤᠨ ᠭᠠᠵᠠᠷ ᠤᠨ ᠬᠦᠴᠦ ᠶᠢ ᠨᠡᠮᠡᠭᠳᠡᠭᠦᠯᠬᠦ ᠢᠨᠵᠧᠨᠧᠷᠢᠩ ᠤᠨ ᠳᠡᠰ ᠳᠠᠷᠠᠭᠠᠯᠠᠯ ᠤᠨ ᠲᠣᠬᠢᠷᠠᠭᠤᠯᠤᠯᠲᠠ ᠶᠣᠰᠣᠭᠠᠷ᠂ ᠲᠠᠷᠢᠶᠠᠨ ᠭᠠᠵᠠᠷ᠂ ᠤᠰᠤ᠂ ᠴᠠᠬᠢᠯᠭᠠᠨ᠂ ᠵᠠᠮ᠂ ᠣᠢ ᠰᠢᠭᠤᠢ ᠶᠢ ᠶᠡᠷᠦᠩᠬᠡᠶᠢᠯᠡᠨ ᠳᠦᠬᠦᠷᠵᠢᠭᠦᠯᠬᠦ ᠶᠢ ᠪᠡᠶᠡᠯᠡᠭᠦᠯᠵᠦ᠂ ︽ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠡᠴᠠ ᠬᠡᠲᠦᠷᠡᠭᠦᠯᠦᠭᠰᠡᠨ ᠵᠢᠷᠤᠭ ᠲᠥᠯᠥᠪᠯᠡᠭᠡ ︾ ᠶᠢ ᠲᠠᠰᠤ ᠵᠣᠭᠰᠣᠭᠠᠵᠤ᠂ ᠳᠠᠩ ᠭᠠᠭᠴᠠ ᠲᠥᠷᠥᠯ ᠵᠦᠢᠯ ᠤᠨ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢ ᠪᠣᠳᠠᠲᠤ ᠪᠠᠶᠢᠳᠠᠯ ᠢᠶᠠᠨ ᠦᠨᠳᠦᠰᠦᠯᠡᠨ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠡᠴᠠ ᠥᠨᠳᠥᠷ ᠪᠤᠶᠤ ᠳᠣᠣᠷ᠎ᠠ ᠪᠠᠶᠢᠯᠭᠠᠵᠤ ᠪᠣᠯᠣᠨ᠎ᠠ᠃ ᠬᠤᠰᠢᠭᠤ ᠰᠢᠶᠠᠨ ︵ ᠬᠤᠲᠠ᠂ ᠲᠣᠭᠤᠷᠢᠭ ︶ ᠨᠢ ᠴᠢᠩᠭ᠎ᠠ ᠬᠢᠨᠠᠭᠤᠷ ᠪᠠᠶᠢᠬᠤ ᠵᠠᠷᠴᠢᠮ ᠤᠨ ᠶᠣᠰᠣᠭᠠᠷ ᠲᠤᠰᠠᠭᠠᠷ ᠵᠠᠷᠤᠳᠠᠯ ᠢ ᠦᠨᠡᠨ ᠪᠣᠳᠠᠲᠠᠶ ᠪᠠᠷ ᠵᠠᠷᠤᠯᠭ᠎ᠠ ᠪᠠᠷ ᠵᠢᠭᠰᠠᠭᠠᠨ ᠭᠠᠷᠭᠠᠵᠤ᠂ ᠨᠡᠶᠢᠲᠡ ᠲᠤᠭ᠎ᠠ ᠶᠢ ᠲᠤᠰ ᠲᠥᠷᠥᠯ ᠵᠦᠢᠯ ᠤᠨ ᠥᠪᠡᠷᠲᠡᠭᠡᠨ ᠵᠠᠰᠠᠬᠤ ᠣᠷᠣᠨ ᠤ ᠵᠢᠴᠢ ᠲᠡᠭᠦᠨ ᠡᠴᠠ ᠳᠡᠭᠡᠭᠰᠢᠬᠢ ᠡᠳ᠋ ᠤᠨ ᠵᠠᠰᠠᠭ ᠤᠨ ᠨᠥᠬᠦᠪᠥᠷᠢ ᠶᠢᠨ ᠪᠡᠯᠡ ᠮᠥᠩᠭᠦ ᠶᠢᠨ ᠶᠡᠷᠦᠩᠬᠡᠶ ᠲᠣᠭᠠᠨ ᠤ 5% ᠡᠴᠠ ᠬᠡᠲᠦᠷᠡᠭᠦᠯᠵᠦ ᠪᠣᠯᠬᠤ ᠦᠭᠡᠶ᠃ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠬᠠᠷᠭᠤᠭᠤᠯᠵᠤ ᠬᠠᠰᠤᠭᠰᠠᠨ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠭᠰᠡᠨ ᠦᠯᠡᠳᠡᠪᠦᠷᠢ ᠪᠡᠯᠡ ᠮᠥᠩᠭᠦ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠳᠤ ᠲᠤᠰᠬᠠᠶ ᠳᠠᠩᠰᠠᠨ ᠡᠷᠦᠬᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠥᠬᠦ ᠶᠠᠪᠤᠴᠠ ᠳᠤ ᠮᠥᠷᠳᠡᠵᠦ ᠬᠢᠨᠠᠨ ᠪᠤᠳᠤᠬᠤ ᠠᠵᠢᠯ ᠢ ᠥᠷᠨᠢᠭᠦᠯᠵᠦ᠂ ᠪᠠᠷᠢᠯᠭ᠎ᠠ ᠶᠢᠨ ᠠᠬᠢᠴᠠ ᠶᠢ ᠴᠢᠩᠭ᠎ᠠ ᠵᠢᠷᠤᠮᠯᠠᠨ ᠲᠣᠭᠠᠴᠠᠭ᠎ᠠ ᠬᠢᠵᠦ᠂ ᠪᠠᠷᠢᠯᠭ᠎ᠠ ᠶᠢᠨ ᠠᠬᠢᠴᠠ ᠶᠢᠨ ᠵᠣᠭᠤᠰ ᠥᠭᠬᠦ ᠬᠠᠷᠢᠴᠠᠯ ᠢ ᠨᠢᠭᠡᠨᠲᠡ ᠱᠠᠲᠤᠯᠠᠨ ᠰᠢᠯᠭᠠᠨ ᠬᠤᠷᠢᠶᠠᠵᠤ ᠠᠪᠬᠤ ᠶᠢ ᠪᠡᠶᠡᠯᠡᠭᠦᠯᠦᠭᠰᠡᠨ ᠪᠠ ᠦᠵᠦᠭᠯᠡᠭᠰᠡᠨ ᠭᠡᠷᠡᠴᠢᠯᠡᠯᠲᠡ ᠲᠣᠭᠲᠠᠭᠰᠠᠨ ᠪᠠᠷᠢᠯᠭ᠎ᠠ ᠶᠢᠨ ᠦᠨ᠎ᠡ ᠮᠥᠩᠭᠦᠨ ᠤ 80% ᠡᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠪᠤᠰᠤᠳ ᠥᠭᠬᠦ ᠶᠣᠰᠣᠲᠠᠶ ᠪᠠᠷᠢᠯᠭ᠎ᠠ ᠶᠢᠨ ᠵᠣᠭᠤᠰ ᠢ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ 30 ᠡᠳᠦᠷ ᠤᠨ ᠳᠣᠲᠣᠷ᠎ᠠ ᠥᠭᠬᠦ ᠬᠡᠷᠡᠭᠲᠡᠶ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ︶

  ᠲᠠᠪᠤ᠂ ᠨᠡᠮᠡᠭᠳᠡᠭᠦᠯᠦᠭᠰᠡᠨ ᠭᠠᠵᠠᠷ ᠤᠨ ᠳᠠᠯᠳᠠ ᠬᠦᠴᠦᠨ ᠢ ᠠᠭᠤᠳᠠᠯᠬᠤ ᠬᠡᠷᠡᠭᠲᠡᠢ

  ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠪᠥᠲᠥᠭᠡᠨ ᠪᠠᠶᠢᠭᠤᠯᠬᠤ ᠡᠴᠠ ᠡᠮᠦᠨ᠎ᠡ᠂ ᠬᠤᠰᠢᠭᠤ ᠰᠢᠶᠠᠨ ︵ ᠬᠤᠲᠠ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠭᠠᠵᠠᠷ ᠤᠨ ᠲᠥᠷᠥᠯ ᠤᠨ ᠰᠢᠨᠵᠢ ᠴᠢᠨᠠᠷ ᠢ ᠨᠤᠲᠠᠯᠠᠵᠤ᠂ ᠣᠳᠣᠬᠢ ᠪᠠᠶᠢᠳᠠᠯ ᠳᠠᠬᠢ ᠲᠠᠷᠢᠮᠠᠯ ᠤᠨ ᠪᠠᠶᠢᠳᠠᠯ ᠤᠨ ᠡᠬᠡ ᠲᠠᠩᠰᠠ ᠶᠢ ᠪᠠᠶᠢᠭᠤᠯᠤᠨ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠣᠷᠣᠨ ᠪᠠᠶᠢᠷᠢ᠂ ᠲᠤᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠶ᠃︽ ᠨᠢᠭᠡ ᠡᠷᠦᠬᠡ ᠳᠤ ᠨᠢᠭᠡ ᠬᠡᠰᠡᠭ ᠲᠠᠷᠢᠶᠠᠨ ᠭᠠᠵᠠᠷ ︾ ᠤᠨ ᠪᠠᠷᠢᠮᠵᠢᠶ᠎ᠠ ᠶᠣᠰᠣᠭᠠᠷ ︽ ᠭᠤᠷᠪᠠ ᠶᠢ ᠬᠤᠪᠢᠷᠠᠭᠠᠬᠤ᠂ ᠲᠠᠪᠤ ᠶᠢ ᠨᠢᠭᠡᠳᠦᠯᠲᠡᠶ ᠬᠢᠬᠦ᠂ ᠨᠢᠭᠡ ᠶᠢ ᠳᠠᠬᠢᠨᠲᠠ ᠬᠤᠪᠢᠶᠠᠷᠢᠯᠠᠬᠤ ︾︵ ᠲᠠᠷᠢᠶᠠᠴᠢᠨ ᠡᠷᠦᠬᠡ ᠶᠢᠨ ᠳᠠᠭᠠᠭᠠᠴᠢᠯᠠᠯᠲᠠ ᠶᠢᠨ ᠵᠠᠭᠠᠭ ᠬᠢᠵᠠᠭᠠᠷ ᠢ ᠬᠤᠪᠢᠷᠠᠭᠠᠬᠤ᠂ ᠡᠮᠬᠢ ᠳᠢᠭᠯᠢᠮ ᠥᠬᠡᠶ ᠭᠠᠵᠠᠷ ᠬᠡᠰᠡᠭ ᠤᠨ ᠵᠠᠭᠠᠭ ᠬᠢᠵᠠᠭᠠᠷ ᠢ ᠬᠤᠪᠢᠷᠠᠭᠠᠬᠤ᠂ ᠡᠮᠬᠢ ᠵᠠᠮᠪᠠᠷᠠᠭ᠎ᠠ ᠥᠬᠡᠶ ᠭᠤᠤ ᠰᠤᠪᠠᠭ ᠵᠠᠮ ᠤᠨ ᠪᠠᠶᠢᠷᠢᠰᠢᠭᠤᠯᠤᠯᠲᠠ ᠶᠢ ᠬᠤᠪᠢᠷᠠᠭᠠᠬᠤ︔ ᠰᠢᠨ᠎ᠡ ᠵᠢᠷᠤᠭ ᠲᠥᠯᠥᠪᠯᠡᠭᠡ ᠶᠢᠨ ᠶᠣᠰᠣᠭᠠᠷ᠂ ᠨᠢᠭᠡᠳᠦᠯᠲᠡᠢ ᠭᠤᠤ ᠰᠤᠪᠠᠭ ᠮᠠᠯᠲᠠᠬᠤ᠂ ᠨᠢᠭᠡᠳᠦᠯᠲᠡᠶ ᠵᠠᠮ ᠵᠠᠰᠠᠬᠤ᠂ ᠨᠢᠭᠡᠳᠦᠯᠲᠡᠶ ᠮᠣᠳᠣ ᠲᠠᠷᠢᠵᠤ ᠣᠶᠢᠵᠢᠭᠤᠯᠬᠤ᠂ ᠭᠠᠵᠠᠷ ᠰᠢᠷᠣᠶ ᠶᠢ ᠨᠢᠭᠡᠳᠦᠯᠲᠡᠶ ᠲᠡᠭᠰᠢᠯᠡᠬᠦ᠂ ᠭᠠᠵᠠᠷ ᠬᠡᠰᠡᠭ ᠢ ᠨᠢᠭᠡᠳᠦᠯᠲᠡᠶ ᠬᠤᠪᠢᠶᠠᠷᠢᠯᠠᠬᠤ︔ ᠴᠡᠭᠴᠡᠯᠡᠨ ᠵᠠᠰᠠᠬᠤ ᠶᠢ ᠪᠡᠶᠡᠯᠡᠭᠦᠯᠦᠭᠰᠡᠨ ᠤ ᠳᠠᠷᠠᠭ᠎ᠠ᠂ ᠲᠠᠷᠢᠶᠠᠴᠢᠨ ᠮᠠᠯᠴᠢᠳ ᠤᠨ ᠤᠤᠯ ᠤᠨ ᠪᠠᠶᠢᠭᠰᠠᠨ ᠲᠠᠯᠠᠪᠠᠶ ᠡᠴᠠ ᠬᠡᠲᠦᠷᠡᠭᠦᠯᠬᠦ ᠦᠭᠡᠢ ᠪᠠᠷ ᠡᠵᠡᠩᠨᠡᠯᠲᠡ ᠶᠢᠨ ᠡᠷᠬᠡ ᠶᠢ ᠡᠷᠦᠬᠡ ᠳᠤ ᠬᠦᠷᠲᠡᠯ᠎ᠡ ᠳᠠᠬᠢᠨᠲᠠ ᠬᠤᠪᠢᠶᠠᠷᠢᠯᠠᠬᠤ ︶ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠳᠡᠯᠭᠡᠷᠡᠭᠦᠯᠦᠨ ᠬᠡᠷᠡᠭᠵᠢᠭᠦᠯᠵᠦ᠂︽ ᠵᠢᠵᠢᠭ ᠲᠠᠷᠢᠶᠠᠨ ᠭᠠᠵᠠᠷ ᠢ ᠲᠣᠮᠣ ᠲᠠᠷᠢᠶᠠᠨ ᠭᠠᠵᠠᠷ ᠪᠣᠯᠭᠠᠨ ᠬᠤᠪᠢᠷᠠᠭᠤᠯᠬᠤ ︾ ᠶᠢ ᠪᠡᠶᠡᠯᠡᠭᠦᠯᠦᠨ᠎ᠡ᠃ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ ᠤᠯᠤᠰ ᠤᠨ ᠥᠮᠴᠢᠯᠡᠯᠲᠦ ᠡᠴᠠ ᠪᠤᠰᠤᠳ ᠢ ᠨᠢ ᠪᠦᠬᠦᠨ ᠢ ᠭᠠᠴᠠᠭ᠎ᠠ ᠲᠣᠰᠬᠤᠨ ᠤ ᠬᠠᠮᠲᠤ ᠶᠢᠨ ᠡᠵᠡᠩᠨᠡᠯᠲᠡ ᠬᠠᠮᠢᠶᠠᠷᠤᠯᠲᠠ ᠳᠤ ᠣᠷᠣᠭᠤᠯᠤᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠡᠷᠡᠭᠯᠡᠭᠰᠡᠨ ᠪᠤᠶᠤ ᠡᠵᠡᠯᠡᠨ ᠬᠡᠷᠡᠭᠯᠡᠭᠰᠡᠨ ᠪᠠᠶᠢᠪᠠᠯ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠲᠤ ᠲᠣᠬᠢᠷᠠᠭᠤᠯᠤᠯᠲᠠ ᠬᠢᠵᠦ ᠨᠥᠬᠦᠪᠦᠷᠢᠯᠡᠨ ᠬᠤᠪᠢᠶᠠᠷᠢᠯᠠᠬᠤ ᠶᠢ ᠪᠡᠶᠡᠯᠡᠭᠦᠯᠬᠦ ᠬᠡᠷᠡᠭᠲᠡᠶ᠃ ᠲᠠᠷᠢᠶᠠᠯᠠᠬᠤ ᠭᠠᠵᠠᠷ ᠤᠨ ᠡᠷᠬᠢᠨ ᠲᠣᠭᠤᠷᠢᠨ ᠤ ᠬᠡᠰᠡᠭ ᠪᠤᠰᠠᠭ ᠡᠪᠡᠰᠦ ᠪᠡᠯᠴᠢᠭᠡᠷ ᠢ ᠡᠵᠡᠯᠡᠨ ᠬᠡᠷᠡᠭᠯᠡᠬᠦ ᠳᠤ ᠬᠤᠯᠪᠣᠭᠳᠠᠭᠰᠠᠨ ᠪᠠᠶᠢᠪᠠᠯ᠂︽ ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ︾ ᠪᠤᠶᠤ ︽ ᠣᠷᠣᠭᠤᠯᠵᠤ ᠭᠠᠷᠭᠠᠬᠤ ᠶᠢ ᠲᠡᠩᠴᠡᠭᠦᠷᠢᠲᠡᠶ ᠪᠠᠶᠢᠯᠭᠠᠬᠤ ︾ ᠶᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ ᠰᠢᠯᠵᠢᠭᠦᠯᠦᠨ ᠭᠠᠷᠭᠠᠬᠤ ᠶᠢ ᠨᠢ ᠵᠥᠪᠰᠢᠶᠡᠷᠡᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ︶

  ᠵᠢᠷᠭᠤᠭ᠎᠎ᠠ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠶ

  ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠨᠠᠰᠤᠨ ᠲᠤᠷᠰᠢ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂︽ ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ ︾ ᠲᠥᠷᠥᠯ ᠵᠦᠢᠯ ᠤᠨ ᠰᠤᠭᠤᠴᠢᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠂ ᠣᠯᠵᠤ ᠮᠡᠳᠡᠭᠰᠡᠨ ᠠᠰᠠᠭᠤᠳᠠᠯ ᠢ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢᠨ ᠰᠢᠰᠲ᠋ᠧᠮ ᠳᠤ ᠲᠡᠮᠳᠡᠭᠯᠡᠨ ᠣᠷᠣᠭᠤᠯᠵᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠳᠤ ᠢᠲᠡᠭᠡᠮᠵᠢ ᠶᠢᠨ ᠦᠨᠡᠯᠡᠯᠲᠡ ᠬᠢᠬᠦ ᠠᠵᠢᠯ ᠢ ᠥᠷᠨᠢᠭᠦᠯᠵᠦ᠂ ᠬᠠᠷ᠎ᠠ ᠴᠠᠭᠠᠨ ᠳᠠᠩᠰᠠ ᠶᠢ ᠪᠠᠶᠢᠭᠤᠯᠵᠤ᠂ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠪᠠᠨ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠲᠠᠷᠢᠶᠠᠯᠠᠩ ᠤᠨ ᠪᠠᠯᠠ ᠣᠷᠤᠭᠤᠯᠤᠯᠲᠠ᠂ ᠨᠡᠭᠡᠭᠡᠯᠲᠡ ᠬᠥᠭᠵᠢᠭᠦᠯᠦᠯᠲᠡ᠂ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠦᠪᠡᠭᠴᠢᠯᠡᠨ ᠵᠣᠬᠢᠶᠠᠨ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳ᠋ᠤ ᠢᠳᠡᠪᠬᠢᠲᠡᠶ ᠣᠷᠣᠯᠴᠠᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠢᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠢ ᠪᠠᠶᠢᠭᠤᠯᠤᠨ ᠬᠦᠴᠦᠷᠬᠡᠭᠵᠢᠭᠦᠯᠵᠦ᠂ ᠮᠡᠷᠭᠡᠵᠢᠯ ᠤᠨ ᠲᠤᠯᠭᠠᠭᠤᠷᠢᠯᠠᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠬᠥᠮᠦᠰ ᠤᠨ ᠲᠥᠪᠯᠡᠷᠡᠭᠦᠯᠦᠨ ᠠᠵᠢᠯᠯᠠᠬᠤ ᠶᠢ ᠵᠣᠷᠢᠬᠵᠢᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠬᠢᠨᠠᠯᠲᠠ ᠲᠠᠯᠪᠢᠬᠤ ᠬᠠᠯᠠᠮᠰᠢᠯ ᠤᠲᠠᠰᠤ 12316 ᠶᠢ ᠨᠡᠪᠲᠡᠷᠡᠭᠦᠯᠬᠦ ᠶᠢᠨ ᠬᠠᠮᠲᠤ ︽ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠭᠠᠷ ᠤᠨ ᠠᠶ᠎ᠠ ᠪᠠᠷ ᠰᠡᠭᠦᠳᠡᠷᠯᠡᠬᠦ ︾ ᠵᠢᠵᠢᠭ ᠫᠷᠥᠭᠷᠠᠮ ᠢ ᠢᠳᠡᠪᠬᠢᠲᠡᠶ ᠳᠡᠯᠭᠡᠷᠡᠭᠦᠯᠵᠦ᠂ ᠬᠤᠰᠢᠭᠤ ᠰᠢᠶᠠᠨ ︵ ᠬᠤᠲᠠ᠂ ᠲᠣᠭᠤᠷᠢᠭ ︶ ᠳᠤ ᠲᠠᠷᠢᠶᠠᠴᠢᠨ ᠮᠠᠯᠴᠢᠨ ᠤ ᠬᠢᠨᠠᠯᠲᠠ ᠲᠠᠯᠪᠢᠬᠴᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠲᠣᠬᠢᠷᠠᠭᠤᠯᠤᠨ᠂ ᠢᠯᠡ ᠪᠠᠷ ᠨᠡᠶᠢᠲᠡᠯᠡᠬᠦ ᠠᠵᠢᠯ ᠢ ᠵᠢᠷᠤᠮᠵᠢᠭᠤᠯᠤᠨ ᠥᠷᠨᠢᠭᠦᠯᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ᠃ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠬᠦ᠂ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠠᠯᠪᠠᠨ ᠬᠡᠷ ︶

  ᠳᠣᠯᠤᠭ᠎᠎ᠠ᠂ ᠰᠢᠯᠭᠠᠵᠤ ᠬᠤᠷᠢᠶᠠᠨ ᠠᠪᠴᠤ ᠬᠥᠮᠥᠷᠭᠡ ᠳᠤ ᠣᠷᠣᠭᠤᠯᠬᠤ ᠶᠢ ᠵᠢᠷᠤᠮᠵᠢᠭᠤᠯᠬᠤ ᠬᠡᠷᠡᠭᠲᠡᠢ

  ᠠᠶᠢᠮᠠᠭ ᠬᠤᠳᠡ ᠶᠢᠨ ᠪᠠᠷᠢᠯᠭ᠎ᠠ ᠲᠠᠭᠤᠰᠴᠥ ᠰᠢᠯᠭᠠᠨ ᠬᠤᠷᠢᠶᠠᠵᠤ ᠠᠪᠬᠤ ᠬᠠᠷᠢᠴᠡᠯ ᠢ ᠳᠥᠷᠦᠯ ᠵᠦᠢᠯ ᠤᠨ ᠲᠤᠭᠤᠷᠢᠭ ᠢᠶᠠᠷ 100% ᠳᠤ ᠬᠦᠷᠦᠭᠦᠯᠵᠦ᠂ ᠦᠪᠡᠷᠳᠡᠭᠡᠨ ᠵᠠᠰᠠᠬᠤ ᠣᠷᠣᠨ ᠤ ᠰᠤᠭᠤᠴᠢᠨ ᠪᠠᠶᠢᠴᠠᠭᠠᠬᠤ ᠬᠠᠷᠢᠴᠡᠯ ᠢ ᠳᠡᠯᠡᠪᠡᠢ ᠶᠢᠨ ᠬᠢᠨᠢ 20% ᠡᠴᠠ ᠲᠣᠣᠷ᠎ᠠ ᠪᠠᠶᠢᠯᠭᠠᠵᠤ ᠪᠣᠯᠬᠤ ᠦᠭᠡᠢ᠃ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ ᠶᠢ ᠨᠢ ᠬᠤᠰᠢᠭᠤ ᠰᠢᠶᠠᠨ ︵ ᠬᠤᠲᠠ᠂ ᠲᠣᠭᠤᠷᠢᠭ ︶ ᠥᠪᠡᠷ ᠢᠶᠠᠨ ᠪᠡᠯᠡ ᠭᠠᠷᠭᠠᠵᠤ ᠲᠤᠰ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠪᠤᠶᠤ ᠨᠥᠬᠦᠵᠦ ᠪᠠᠶᠢᠭᠤᠯᠤᠨ᠂ ᠬᠤᠭᠤᠴᠠᠭ᠎ᠠ ᠶᠣᠰᠣᠭᠠᠷ ᠪᠡᠶᠡᠯᠡᠭᠦᠯᠵᠦ ᠳᠡᠶᠢᠯᠬᠦ ᠦᠭᠡᠶ ᠪᠣᠯ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠬᠤᠷᠢᠶᠠᠨ ᠠᠪᠬᠤ ᠬᠡᠷᠡᠭᠲᠡᠶ᠃ ᠬᠤᠰᠢᠭᠤ ᠰᠢᠶᠠᠨ ︵ ᠬᠤᠲᠠ᠂ ᠲᠣᠭᠤᠷᠢᠭ ︶ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠲᠥᠷᠥᠯ ᠵᠦᠢᠯ ᠲᠣᠭᠲᠠᠭᠠᠬᠤ᠂ ᠠᠵᠢᠯ ᠳᠠᠭᠤᠰᠬᠠᠬᠤ᠂ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠬᠤ 3 ᠱᠠᠲᠤᠨ ᠳᠤ ᠪᠦᠬᠦ ᠤᠯᠤᠰ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠬᠢᠨᠠᠨ ᠰᠢᠨᠵᠢᠵᠦ ᠬᠢᠨᠠᠨ ᠬᠠᠮᠢᠶᠠᠷᠬᠤ ᠲᠠᠪᠴᠠᠩ ᠢᠶᠠᠷ ᠳᠠᠮᠵᠢᠭᠤᠯᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤ ᠨᠢ ᠲᠡᠮᠳᠡᠭᠯᠡᠨ ᠣᠷᠣᠭᠤᠯᠬᠤ ᠶᠢᠨ ᠬᠠᠮᠲᠤ ᠵᠢᠷᠤᠭ ᠢᠶᠠᠷ ᠬᠥᠮᠥᠷᠭᠡ ᠳᠤ ᠣᠷᠣᠭᠤᠯᠬᠤ ᠬᠡᠷᠡᠭᠲᠡᠶ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ︶

  ᠨᠠᠢᠮᠠ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠷᠠᠭᠤᠯᠬᠤ ᠬᠡᠷᠡᠭᠲᠡᠢ

  ᠬᠤᠰᠢᠭᠤ ᠰᠢᠶᠠᠨ ︵ ᠬᠤᠲᠠ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠠᠵᠢᠯ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂︽ ᠬᠡᠨ ᠠᠰᠢᠭ ᠭᠥᠷᠳᠡᠪᠡᠯ ᠲᠡᠷᠡ ᠬᠠᠮᠢᠶᠠᠷᠤᠨ ᠬᠠᠮᠠᠭᠠᠯᠠᠵᠤ᠂ ᠬᠡᠨ ᠬᠡᠷᠡᠭᠯᠡᠪᠡᠯ ᠲᠡᠷᠡ ᠬᠠᠮᠢᠶᠠᠷᠴᠤ ᠬᠠᠮᠠᠭᠠᠯᠠᠬᠤ ︾ ᠵᠠᠷᠴᠢᠮ ᠶᠣᠰᠣᠭᠠᠷ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠶᠢ ᠲᠣᠳᠣᠷᠬᠠᠶᠢᠯᠠᠵᠤ᠂ ᠣᠯᠠᠨ ᠡᠰᠢᠵᠢᠭᠰᠡᠨ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠠᠬᠢ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠭᠤᠣᠯᠳᠠᠭᠤ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠳᠤ ᠬᠡᠷᠡᠭᠯᠡᠨ᠎ᠡ︔ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠳᠤ ᠬᠡᠷᠡᠭᠯᠡᠭᠡᠳ ᠣᠯᠤᠭᠰᠠᠨ ᠠᠰᠢᠭ ᠣᠷᠣᠯᠭ᠎ᠠ ᠶᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠳᠤ ᠳᠠᠬᠢᠨᠲᠠ ᠣᠷᠤᠭᠤᠯᠤᠯᠲᠠ ᠬᠢᠬᠦ᠂ ᠵᠢᠭᠡᠯᠡᠯᠭᠡ ᠶᠢᠨ ᠲᠡᠮᠳᠡᠭᠲᠦ ᠵᠢᠴᠢ ᠪᠡᠯᠡ ᠲᠣᠬᠢᠷᠠᠭᠤᠯᠭ᠎ᠠ ᠲᠦᠯᠦᠬᠦ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠬᠢᠬᠦ ᠳᠤ ᠤᠷᠢᠳ ᠢᠶᠠᠷ ᠬᠡᠷᠡᠭᠯᠡᠨ᠎ᠡ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠡᠵᠡᠩᠨᠡᠵᠦ ᠠᠵᠢᠯᠯᠠᠭᠤᠯᠬᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠭᠠᠷᠭᠠᠬᠤ ᠪᠤᠶᠤ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠪᠠᠨ ᠥᠪᠡᠰᠦᠪᠡᠨ ᠡᠭᠦᠷᠭᠡᠯᠡᠬᠦ ᠶᠢ ᠵᠣᠷᠢᠬᠵᠢᠭᠤᠯᠤᠨ᠎ᠠ᠃︽ ᠬᠤᠳᠳᠤᠭ ᠤᠨ ᠳᠠᠷᠤᠭ᠎ᠠ ︾᠂︽ ᠲᠠᠷᠢᠶᠠᠨ ᠭᠠᠵᠠᠷ ᠤᠨ ᠳᠠᠷᠤᠭ᠎ᠠ ︾ ᠶᠢᠨ ᠳᠦᠷᠢᠮ ᠵᠡᠷᠭᠡ ᠬᠠᠮᠢᠶᠠᠷᠴᠤ ᠬᠠᠮᠠᠭᠠᠯᠠᠬᠤ ᠵᠠᠭᠪᠤᠷ ᠢ ᠳᠡᠯᠭᠡᠷᠡᠭᠦᠯᠵᠦ᠂ ᠲᠠᠷᠢᠶᠠᠯᠠᠩ ᠤᠨ ᠤᠰᠤᠯᠠᠯᠲᠠ ᠶᠢᠨ ᠬᠤᠳᠳᠤᠭ ᠤᠨ ᠤᠰᠤᠨ ᠤ ᠦᠨ᠎ᠡ ᠳᠤ ᠵᠢᠯᠣᠭᠤᠳᠤᠯᠭ᠎ᠠ ᠬᠢᠬᠦ ᠪᠠᠨ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠬᠡᠷᠡᠭᠯᠡᠨ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠪᠠᠷ ᠲᠤᠰᠬᠠᠶᠢᠵᠢᠭᠰᠠᠨ ᠬᠠᠮᠢᠶᠠᠷᠤᠯᠲᠠ ᠬᠠᠮᠠᠭᠠᠯᠠᠯᠲᠠ ᠬᠢᠯᠭᠡᠬᠦ ᠶᠢ ᠰᠦᠪᠡᠭᠴᠢᠯᠡᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠨᠢᠭᠤᠭᠳᠠᠮᠠᠯ ᠭᠡᠮ ᠰᠣᠭᠤᠭ ᠤᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠥᠷᠨᠢᠭᠦᠯᠬᠦ ᠬᠡᠷᠡᠭᠲᠡᠶ᠃ ᠡᠯ᠎ᠡ ᠭᠠᠵᠠᠷ ᠣᠷᠣᠨ ᠤ ᠬᠢᠨ ᠨᠢᠭᠡᠨᠲᠡ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ 10 ᠺᠢᠯᠣᠸᠠᠲ ᠤᠨ ᠴᠠᠬᠢᠯᠭᠠᠨ ᠬᠦᠴᠦᠨ ᠤ ᠵᠠᠮ ᠱᠤᠭᠤᠮ ᠢᠶᠠᠨ ︽ ᠰᠠᠶᠢᠨ ᠳᠤᠷ᠎ᠠ ᠡᠴᠠ ᠪᠠᠨ ᠵᠥᠪᠳᠡᠯᠴᠡᠵᠦ᠂ ᠲᠥᠯᠥᠪᠦᠷᠢ ᠦᠭᠡᠢ ᠪᠠᠷ ᠰᠢᠯᠵᠢᠭᠦᠯᠦᠨ ᠲᠤᠰᠢᠶᠠᠬᠤ ︾ ᠵᠠᠷᠴᠢᠮ ᠶᠣᠰᠣᠭᠠᠷ᠂ ᠴᠠᠬᠢᠯᠭᠠᠨ ᠬᠠᠩᠭᠠᠬᠤ ᠠᠵᠤ ᠠᠬᠤᠶᠢᠯᠠᠯ ᠳᠤ ᠲᠥᠯᠥᠪᠦᠷᠢ ᠦᠭᠡᠢ ᠪᠠᠷ ᠰᠢᠯᠵᠢᠭᠦᠯᠦᠨ ᠲᠤᠰᠢᠶᠠᠵᠤ ᠲᠤᠰᠬᠠᠶᠢᠵᠢᠭᠰᠠᠨ ᠠᠵᠢᠯᠯᠠᠭᠠᠨ ᠤ ᠬᠠᠮᠠᠭᠠᠯᠠᠯᠲᠠ ᠥᠷᠨᠢᠭᠦᠯᠵᠦ᠂ ᠰᠢᠯᠵᠢᠭᠦᠯᠦᠨ ᠲᠤᠰᠢᠶᠠᠬᠤ ᠴᠤᠪᠤᠷᠠᠯ ᠪᠠ ᠲᠥᠬᠦᠭᠡᠷᠦᠮᠵᠢ ᠶᠢᠨ ᠶᠠᠰᠤ ᠴᠢᠨᠠᠷ ᠨᠢ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ᠲᠠᠷᠢᠶᠠᠨ ᠭᠠᠵᠠᠷ ᠤᠨ ᠴᠠᠬᠢᠯᠭᠠᠨ ᠬᠠᠩᠭᠠᠬᠤ ᠬᠦᠴᠦᠳᠡᠯ ᠥᠭᠡᠷᠡᠴᠢᠯᠡᠭᠴᠢ ᠵᠢᠴᠢ ᠳᠣᠤᠷ᠎ᠠ ᠬᠦᠴᠦᠳᠡᠯᠲᠦ ᠴᠠᠬᠢᠯᠭᠠᠨ ᠬᠠᠩᠭᠠᠬᠤ ᠱᠤᠭᠤᠮ ᠢ ᠮᠥᠨ ᠬᠦ ᠤᠤᠯ ᠤᠨ ᠵᠠᠭᠪᠤᠷ ᠢᠶᠠᠷ ᠥᠮᠴᠢᠯᠡᠬᠦ ᠡᠷᠬᠡ ᠶᠢᠨ ᠬᠠᠷᠢᠶᠠᠯᠠᠯ ᠵᠢᠴᠢ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠶᠢ ᠲᠣᠭᠲᠠᠭᠠᠨ᠎ᠠ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠨᠧᠷᠭᠢ ᠶᠢᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ ᠪᠦᠯᠦᠭᠯᠡᠯ ︶ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ 〕

  ᠶᠢᠰᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠨ ᠭᠦᠨᠵᠡᠭᠡᠶᠢᠷᠡᠭᠦᠯᠬᠦ ᠬᠡᠷᠡᠭᠲᠡᠢ

  ᠲᠠᠷᠢᠶᠠᠨ ᠭᠠᠵᠠᠷ ᠤᠨ ᠴᠠᠬᠢᠯᠭᠠᠨ ᠬᠠᠩᠭᠠᠬᠤ ᠢᠨᠵᠧᠨᠧᠷᠢᠩ ᠳᠤ ︽ ᠪᠠᠶᠢᠭᠤᠯᠬᠤ ᠬᠠᠮᠢᠶᠠᠷᠬᠤ ᠠᠵᠢᠯᠯᠠᠭᠤᠯᠬᠤ ︾ ᠶᠢ ᠨᠢᠭᠡ ᠴᠣᠭᠴᠠᠵᠢᠭᠤᠯᠬᠤ ᠶᠢ ᠠᠬᠢᠭᠤᠯᠤᠨ᠂ ᠴᠠᠬᠢᠯᠭᠠᠨ ᠬᠦᠴᠦᠨ ᠤ ᠲᠣᠣᠷ ᠤᠨ ᠴᠠᠬᠢᠯᠭᠠᠨ ᠬᠠᠩᠭᠠᠵᠤ ᠪᠠᠶᠢᠭ᠎ᠠ ᠤᠰᠤᠯᠠᠯᠲᠠ ᠶᠢᠨ ᠭᠠᠵᠠᠷ ᠬᠡᠰᠡᠭ ᠪᠣᠯ ᠪᠣᠳᠠᠲᠠᠢ ᠶᠢ ᠦᠨᠳᠦᠰᠦᠯᠡᠨ ᠪᠡᠯᠡ ᠣᠷᠣᠭᠤᠯᠤᠭᠰᠠᠨ ᠲᠤᠭ᠎ᠠ ᠬᠡᠮᠵᠢᠶ᠎ᠡ ᠶᠢ ᠭᠠᠷᠭᠠᠨ ᠠᠪᠴᠤ᠂ ᠬᠢᠷᠢ ᠭᠡᠮ ᠲᠠᠢ ᠨᠢᠭᠡᠴᠢ ᠳᠤ ᠨᠠᠶᠢᠳᠠᠨ ᠵᠢᠷᠤᠭ ᠲᠥᠯᠥᠪᠯᠡᠭᠡ᠂ ᠡᠳ᠋ ᠮᠠᠲ᠋ᠧᠷᠢᠶᠠᠯ ᠬᠤᠳᠠᠯᠳᠤᠨ ᠠᠪᠬᠤ᠂ ᠪᠠᠷᠢᠯᠭ᠎ᠠ ᠪᠠᠷᠢᠬᠤ᠂ ᠬᠠᠮᠢᠶᠠᠷᠤᠨ ᠬᠠᠮᠠᠭᠠᠯᠠᠵᠤ ᠠᠵᠢᠯᠯᠠᠭᠤᠯᠬᠤ ᠠᠵᠢᠯ ᠢ ᠵᠣᠬᠢᠶᠠᠨ ᠪᠠᠶᠢᠭᠤᠯᠵᠤ᠂ ᠤᠰᠤᠯᠠᠬᠤ ᠪᠠ ᠤᠰᠤ ᠵᠠᠯᠠᠬᠤ ᠳᠤ ᠬᠡᠷᠡᠭᠯᠡᠬᠦ ᠴᠠᠬᠢᠯᠭᠠᠨ ᠤ ᠬᠡᠷᠡᠭᠴᠡᠭᠡ ᠱᠠᠭᠠᠷᠳᠠᠯᠭ᠎ᠠ ᠶᠢ ᠨᠢ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠳᠠᠭᠠᠭᠠᠴᠢᠯᠠᠯᠲᠠ ᠣᠨᠣᠭᠰᠠᠨ ᠵᠣᠭᠤᠰᠤᠨ ᠲᠣᠭᠠᠨ ᠤ 10% ᠡᠴᠠ ᠳᠣᠤᠷ᠎ᠠ ᠦᠭᠡᠶ ᠬᠠᠷᠢᠴᠠᠯ ᠶᠣᠰᠣᠭᠠᠷ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠨᠠᠶᠢᠳᠠᠪᠤᠷᠢᠵᠢᠭᠤᠯᠤᠨ᠎ᠠ᠃︽ ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ ︾ ᠵᠠᠭᠪᠤᠷ ᠢ ᠢᠳᠡᠪᠬᠢᠲᠡᠶ ᠳᠡᠯᠭᠡᠷᠡᠭᠦᠯᠵᠦ᠂ ᠲᠣᠭᠲᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠮᠡᠳᠡᠭᠦᠯᠦᠨ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠢᠶᠠᠷ ᠵᠥᠪᠰᠢᠶᠡᠷᠡᠭᠦᠯᠦᠭᠰᠡᠨ ᠥᠬᠡᠶ ᠪᠠᠷ ᠳᠤᠷ᠎ᠠ ᠪᠠᠷ ᠢᠶᠠᠨ ᠬᠡᠷᠡᠭᠵᠢᠭᠦᠯᠵᠦ ᠪᠣᠯᠬᠤ ᠥᠬᠡᠶ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ᠂ ᠲᠠᠷᠢᠶᠠᠯᠠᠬᠤ ᠮᠠᠯᠵᠢᠬᠤ ᠡᠷᠦᠬᠡ ᠵᠡᠷᠭᠡ ᠶᠢ ᠬᠥᠲᠥᠯᠦᠨ ᠵᠢᠯᠣᠭᠤᠳᠴᠤ ᠪᠠᠶᠢᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠬᠠᠮᠠᠭᠠᠯᠠᠯᠲᠠ ᠳᠤ ᠰᠢᠭᠤᠳ ᠣᠷᠣᠯᠴᠠᠭᠤᠯᠬᠤ ᠬᠡᠷᠡᠭᠲᠡᠶ᠃ ᠰᠠᠶᠢᠨ ᠲᠠᠷᠢᠶᠠᠨ ᠭᠠᠵᠠᠷ ᠢ ᠠᠮᠤ ᠪᠤᠳᠠᠭᠠᠨ ᠤ ᠲᠠᠷᠢᠮᠠᠯ ᠳᠤ ᠬᠡᠷᠡᠭᠯᠡᠬᠦ ᠶᠢ ᠪᠠᠷᠢᠮᠲᠠᠯᠠᠵᠤ᠂ ᠤᠷᠢᠳ ᠢᠶᠠᠷ ᠰᠢᠯᠵᠢᠭᠦᠯᠦᠨ ᠡᠷᠭᠢᠯᠳᠦᠭᠦᠯᠵᠦ ᠳᠠᠷᠠᠭ᠎ᠠ ᠨᠢ ᠲᠦᠷᠦᠯ ᠵᠦᠢᠯ ᠲᠣᠭᠲᠠᠭᠠᠬᠤ᠂ ᠤᠷᠢᠳ ᠢᠶᠠᠷ ᠲᠡᠭᠰᠢᠯᠡᠵᠦ ᠳᠠᠷᠠᠭ᠎ᠠ ᠨᠢ ᠪᠦᠲᠦᠭᠡᠨ ᠪᠠᠶᠢᠭᠤᠯᠬᠤ ᠶᠢ ᠵᠣᠷᠢᠬᠵᠢᠭᠤᠯᠵᠤ᠂ ᠲᠠᠷᠢᠶᠠᠯᠠᠬᠤ ᠭᠠᠵᠠᠷ ᠢ ᠬᠠᠮᠲᠤ ᠳᠤ ᠨᠢ ᠰᠢᠯᠵᠢᠭᠦᠯᠦᠨ ᠡᠷᠭᠢᠯᠳᠦᠭᠦᠯᠬᠦ ᠵᠢᠴᠢ ᠲᠠᠷᠢᠶᠠᠴᠢᠨ ᠮᠠᠯᠴᠢᠳ ᠤᠨ ᠬᠤᠷᠰᠢᠵᠤ ᠬᠠᠮᠲᠤᠷᠠᠯᠴᠠᠬᠤ ᠡᠵᠡᠩᠨᠡᠯᠲᠡ ᠶᠢ ᠠᠬᠢᠭᠤᠯᠵᠤ᠂ ᠪᠦᠬᠦᠯᠢ ᠪᠠᠶᠢᠭᠤᠯᠤᠮᠵᠢᠲᠤ ᠳᠦᠷᠢᠮ ᠢᠶᠠᠷ ᠲᠠᠷᠢᠶᠠᠯᠠᠬᠤ ᠶᠢ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠭᠦᠯᠵᠦ᠂ ︽ ᠰᠢᠯᠵᠢᠭᠦᠯᠦᠨ ᠡᠷᠭᠢᠯᠳᠦᠭᠦᠯᠬᠦ —— ᠲᠠᠷᠢᠬᠤ —— ᠡᠳ᠋ᠰᠢᠭᠦᠯᠬᠦ —— ᠦᠢᠯᠡᠴᠢᠯᠡᠬᠦ —— ᠡᠵᠡᠩᠨᠡᠨ ᠪᠣᠷᠣᠯᠠᠭᠤᠯᠬᠤ ︾ ᠪᠦᠬᠦ ᠬᠡᠯᠬᠢᠶ᠎ᠡ ᠶᠢ ᠨᠡᠪᠲᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ᠂ ᠠᠵᠤ ᠦᠢᠯᠡᠰᠵᠢᠯᠲᠡ᠂ ᠨᠡᠷᠡᠲᠦ ᠳᠡᠮᠳᠡᠭᠵᠢᠯᠲᠡ ᠶᠢ ᠠᠬᠢᠭᠤᠯᠤᠨ᠎ᠠ᠃ ᠭᠤᠷᠪᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠳᠠᠷᠠᠭ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠡᠪᠴᠢᠶᠡᠵᠢᠭᠦᠯᠦᠨ ᠡᠵᠡᠩᠨᠡᠬᠦ ᠠᠷᠭ᠎ᠠ ᠮᠠᠶ᠋ᠢᠭ ᠠᠪᠬᠤ ᠪᠠ ᠭᠤᠤᠯ ᠴᠣᠭᠴᠠ ᠶᠢᠨ ᠬᠠᠷᠢᠴᠠᠩᠭᠤᠶ ᠲᠣᠭᠲᠠᠭᠤᠨ ᠪᠠᠶᠢᠬᠤ ᠶᠢ ᠪᠠᠲᠤᠯᠠᠬᠤ ᠪᠠᠨ ᠰᠠᠨᠠᠭᠠᠴᠢᠯᠠᠨ᠎ᠠ᠃ ᠭᠠᠴᠠᠭ᠎ᠠ ᠲᠣᠰᠬᠤᠨ ᠢᠶᠠᠷ ᠰᠠᠭᠤᠷᠢ ᠪᠣᠯᠭᠠᠭᠰᠠᠨ᠂ ᠰᠤᠮᠤ ᠰᠢᠶᠠᠩ ᠪᠠᠯᠭᠠᠰᠤ ᠪᠠᠷ ᠨᠢᠭᠡᠴᠢ ᠪᠣᠯᠭᠠᠭᠰᠠᠨ᠂ ᠪᠥᠬᠦ ᠬᠤᠰᠢᠭᠤ ᠰᠢᠶᠠᠨ ︵ ᠬᠤᠲᠠ᠂ ᠲᠣᠭᠤᠷᠢᠭ ︶ ᠵᠢᠨᠷ ᠠᠬᠢᠭᠤᠯᠬᠤ ᠵᠢ ᠤᠷᠢᠳ ᠵᠢᠨᠷ ᠳᠡᠮᠵᠢᠵᠦ᠂ ᠪᠥᠬᠦ ᠣᠷᠣᠨ ᠪᠦᠰᠡ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠤᠨ᠎ᠠ᠃ ᠲᠤᠬᠠᠢ ᠵᠢᠨ ᠭᠠᠵᠠᠷ ᠣᠷᠣᠨ ᠤ ᠪᠠᠶᠢᠳᠠᠯ ᠳ᠋ᠤ ᠪᠠᠨ ᠲᠣᠬᠢᠷᠠᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠵᠢᠱᠢᠶ᠎ᠡ ᠦᠵᠡᠭᠦᠯᠬᠦ ᠣᠷᠣᠨ ᠢ ᠥᠨᠳᠥᠷ ᠲᠦᠪᠰᠢᠨ ᠲᠠᠢ ᠪᠠᠷ ᠪᠦᠲᠦᠭᠡᠨ ᠪᠠᠶᠢᠭᠤᠯᠵᠤ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠢ ︽ ᠣᠨᠴᠠᠭᠠᠢ ᠡᠴᠠ ᠲᠦᠭᠡᠮᠡᠯ ᠪᠣᠯᠭᠠᠬᠤ ︾ ᠵᠢ ᠦᠷᠭᠦᠯᠵᠢᠯᠡᠨ ᠠᠬᠢᠭᠤᠯᠵᠤ᠂ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ᠎ᠡ᠃ 〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ ᠪᠦᠯᠦᠭᠯᠡᠯ ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ 〕

  ᠠᠷᠪᠠ᠂ ᠠᠵᠢᠯ ᠤᠨ ᠬᠠᠷᠢᠭᠤᠴᠠᠯᠭ᠎᠎ᠠ ᠶᠢ ᠪᠣᠳᠠᠲᠠᠶᠢᠵᠢᠭᠤᠯᠬᠤ ᠭᠡᠷᠡᠭᠳᠡᠢ

  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠱᠠᠭᠠᠷᠳᠠᠯᠭ᠎ᠠ ᠶᠣᠰᠣᠭᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠤᠣᠯ ᠤᠳᠤᠷᠢᠳᠤᠯᠭ᠎ᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠰᠢᠭᠤᠳ ᠬᠠᠷᠢᠭᠤᠴᠠᠬᠤ ᠬᠡᠷᠡᠭᠲᠡᠢ᠃ ᠬᠤᠰᠢᠭᠤ ᠰᠢᠶᠠᠨ ︵ ᠬᠤᠲᠠ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠨᠢ ᠲᠥᠷᠥᠯ ᠵᠦᠢᠯ ᠢ ᠬᠡᠷᠡᠭᠵᠢᠭᠦᠯᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠲᠥᠷᠥᠯ ᠵᠦᠢᠯ ᠢ ᠬᠢᠨᠠᠨ ᠬᠠᠮᠢᠶᠠᠷᠬᠤ ᠨᠢᠭᠡᠴᠢ ᠶᠢ ᠲᠣᠳᠣᠷᠬᠠᠶᠢᠯᠠᠨ᠎ᠠ︔ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠠᠵᠢᠯ ᠲᠥᠷᠥᠯ ᠤᠨ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢ ᠬᠥᠲᠥᠯᠥᠨ ᠵᠢᠯᠣᠭᠤᠳᠴᠤ ᠪᠠᠶᠢᠭᠠᠳ ᠣᠯᠠᠨ ᠲᠦᠮᠡᠨ ᠢ ᠢᠳᠡᠪᠬᠢᠲᠡᠶ ᠵᠣᠬᠢᠶᠠᠨ ᠪᠠᠶᠢᠭᠤᠯᠤᠨ ᠣᠷᠣᠯᠴᠠᠭᠤᠯᠵᠤ᠂ ᠵᠥᠷᠢᠴᠡᠯ ᠢ ᠵᠣᠬᠢᠴᠠᠭᠤᠯᠤᠨ ᠰᠢᠢᠳᠪᠦᠷᠢᠯᠡᠵᠦ᠂ ᠪᠠᠶᠢᠴᠠᠭᠠᠵᠤ ᠰᠢᠯᠭᠠᠨ ᠬᠤᠷᠢᠶᠠᠵᠤ ᠠᠪᠬᠤ ᠳᠤ ᠣᠷᠣᠯᠴᠠᠭᠤᠯᠬᠤ ᠬᠡᠷᠡᠭᠲᠡᠶ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ︶

  ᠠᠷᠪᠠᠨ ᠨᠢᠭᠡ᠂ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠬᠤ ᠬᠡᠷᠡᠭᠲᠡᠶ

  ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ ᠦᠨᠡᠯᠡᠵᠦ ᠱᠠᠩᠨᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠮᠦᠨᠡᠬᠢ ᠬᠤᠭᠤᠴᠠᠭᠠᠨ ᠤ ᠠᠵᠢᠯ᠂ ᠪᠥᠲᠥᠭᠡᠨ ᠪᠠᠶᠢᠭᠤᠯᠤᠯᠲᠠ ᠶᠢᠨ ᠲᠠᠯᠠᠪᠠᠶ ᠬᠢᠭᠡᠳ ᠶᠠᠰᠤ ᠴᠢᠨᠠᠷ᠂ ᠪᠠᠯᠠ ᠮᠥᠩᠭᠦ ᠶᠢᠨ ᠣᠷᠣᠭᠤᠯᠤᠯᠲᠠ ᠪᠠ ᠵᠠᠷᠤᠯᠭ᠎ᠠ᠂ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠬᠤ ᠪᠠ ᠵᠢᠷᠤᠭ ᠢᠶᠠᠷ ᠬᠥᠮᠥᠷᠭᠡ ᠳᠤ ᠣᠷᠣᠭᠤᠯᠬᠤ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠪᠠ ᠲᠦᠷᠢᠮ ᠤᠨ ᠪᠠᠶᠢᠭᠤᠯᠤᠯᠲᠠ ᠵᠡᠷᠭᠡ ᠳᠤ ᠶᠡᠷᠦᠩᠬᠡᠶᠢᠯᠡᠭᠰᠡᠨ ᠦᠨᠡᠯᠡᠯᠲᠡ ᠬᠢᠵᠦ᠂ ᠳᠠᠷᠠᠭ᠎ᠠ ᠵᠢᠯ ᠨᠢ ᠲᠥᠷᠥᠯ ᠵᠦᠢᠯ ᠤᠨ ᠪᠠᠯᠠ ᠮᠥᠩᠭᠦ ᠬᠤᠪᠢᠶᠠᠷᠢᠯᠠᠬᠤ ᠳᠤ ᠪᠠᠨ ᠱᠠᠩᠨᠠᠨ ᠬᠥᠬᠢᠭᠦᠯᠬᠦ ᠬᠡᠪᠴᠢᠶᠡᠨ ᠳᠤ ᠣᠷᠣᠭᠤᠯᠤᠭᠰᠠᠨ ᠭᠠᠵᠠᠷ ᠣᠷᠣᠨ ᠲᠡᠶᠢᠰᠢ ᠬᠡᠯᠪᠠᠶᠢᠯᠭᠡᠬᠦ ᠬᠡᠷᠡᠭᠲᠡᠶ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠡᠴᠠ ᠵᠢᠯ ᠪᠦᠷᠢ 1000 ᠲᠦᠮᠡᠨ ᠲᠥᠭᠦᠷᠢᠭ ᠳᠣᠭᠢᠷᠠᠭᠤᠯᠤᠨ ᠲᠤᠬᠠᠶ ᠶᠢᠨ ᠵᠢᠯ ᠳᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ︵ ᠬᠤᠲᠠ᠂ ᠲᠣᠭᠤᠷᠢᠭ ︶ ᠢ ᠱᠠᠩᠨᠠᠨ ᠬᠥᠬᠢᠭᠦᠯᠵᠦ᠂ ᠪᠠᠶᠢᠭᠤᠯᠤᠭᠰᠠᠨ ᠲᠥᠷᠥᠯ ᠵᠦᠢᠯ ᠢᠶᠠᠨ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ ᠲᠣᠰᠬᠤᠨ ᠤ ᠬᠠᠮᠲᠤ ᠨᠡᠶᠢᠲᠡ ᠳᠤ 1000 ᠲᠦᠮᠡᠨ ᠲᠥᠭᠦᠷᠢᠭ ᠳᠣᠭᠢᠷᠠᠭᠤᠯᠤᠨ ᠱᠠᠩᠨᠠᠯ ᠣᠯᠭᠤᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ︶

  ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠡᠴᠠ ᠡᠬᠢᠯᠡᠨ ᠬᠡᠷᠡᠭᠵᠢᠭᠦᠯᠵᠦ᠂ ᠬᠡᠷᠡᠭᠵᠢᠭᠦᠯᠬᠦ ᠶᠠᠪᠤᠴᠠ ᠳᠠᠬᠢ ᠪᠣᠳᠠᠲᠠᠶ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ ᠲᠠᠶᠢᠯᠪᠤᠷᠢᠯᠠᠨ᠎ᠠ᠃︽ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠷᠪᠠᠨ ᠨᠢᠭᠡᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾︵ ᠥᠪᠥᠷ ᠵᠠᠰᠠᠭ ᠠᠯᠪᠠᠨ ᠲᠠᠷᠬᠠᠭᠠᠭᠰᠠᠨ 〔 2022 〕 72 ᠳ᠋ᠤᠭᠠᠷ ᠲᠣᠭᠠᠲᠤ ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃



ᠭᠠᠷ ᠤᠲᠠᠰᠤ ᠪᠠᠷ ᠦᠵᠡᠬᠦ