ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠬᠯᠠᠯᠲᠠ ᠶᠢᠨ ᠬᠦᠢᠰᠦ ᠪᠠᠷᠢᠯᠭ᠎᠎ᠠ ᠶᠢᠨ ᠤᠰᠤᠨ ᠴᠥᠭᠦᠷᠥᠮ ᠤᠨ ᠳᠦᠯᠭᠢᠯᠲᠡ ᠶᠢᠨ ᠣᠷᠣᠨ ᠵᠢᠴᠢ ᠬᠦᠢᠰᠦ ᠪᠠᠷᠢᠯᠭ᠎᠎ᠠ ᠶᠢᠨ ᠪᠦᠲᠦᠭᠡᠨ ᠪᠠᠢᠢᠭᠤᠯᠤᠯᠲᠠ ᠶᠢᠨ ᠣᠷᠣᠨ ᠬᠡᠪᠴᠢᠶᠡᠨ ᠳᠤ ᠪᠦᠲᠦᠭᠡᠨ ᠪᠠᠢᠢᠭᠤᠯᠤᠯᠲᠠ ᠶᠢᠨ ᠲᠥᠷᠥᠯ ᠵᠦᠢᠯ ᠪᠠ ᠨᠡᠭᠦᠯᠭᠡᠨ ᠣᠷᠣᠭᠤᠯᠬᠤ ᠬᠥᠮᠦᠨ ᠠᠮᠠ ᠶᠢ ᠰᠢᠨ᠎ᠡ ᠪᠠᠷ ᠨᠡᠮᠡᠭᠳᠡᠭᠦᠯᠬᠦ ᠶᠢ ᠴᠠᠭᠠᠵᠠᠯᠠᠬᠤ ᠲᠤᠬᠠᠢ ᠵᠠᠷᠯᠠᠯ

ᠬᠥᠯᠥᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄

  ᠪᠠᠶᠢᠭᠤᠯᠬᠤ ᠪᠠᠷ ᠪᠠᠶᠢᠭ᠎ᠠ ᠠᠷᠤᠨ ᠬᠤᠰᠢᠭᠤᠨ ᠤ ᠰᠢᠶᠤᠤ ᠴᠢ ᠽᠢ ᠤᠰᠤᠨ ᠠᠰᠢᠬᠯᠠᠯᠲᠠ ᠶᠢᠨ ᠬᠦᠢᠰᠦ ᠪᠠᠷᠢᠯᠭ᠎ᠠ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠬᠯᠠᠯᠲᠠ ᠶᠢᠨ ᠲᠣᠣᠷᠵᠢᠭᠤᠯᠤᠯᠲᠠ ᠶᠢᠨ ᠲᠥᠯᠥᠪᠵᠢᠭᠦᠯᠵᠦ ᠪᠥᠲᠥᠭᠡᠨ ᠪᠠᠶᠢᠭᠤᠯᠬᠤ ᠭᠤᠤᠯᠳᠠᠯᠭ᠎ᠠ ᠲᠠᠢ ᠤᠰᠤᠨ ᠰᠤᠷᠪᠤᠯᠵᠢ ᠶᠢᠨ ᠢᠨᠵᠧᠨᠧᠷᠢᠩ ᠪᠣᠯᠤᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠶ ᠲᠠᠲᠠᠪᠤᠷᠢᠯᠠᠬᠤ ᠪᠠ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂︽ ᠲᠣᠮᠣ ᠳᠤᠮᠳᠠ ᠬᠡᠯᠪᠡᠷᠢ ᠶᠢᠨ ᠤᠰᠤᠨ ᠠᠰᠢᠬᠯᠠᠯᠲᠠ ᠤᠰᠤ ᠴᠠᠬᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠶ ᠲᠠᠲᠠᠪᠤᠷᠢᠯᠠᠭᠰᠠᠨ ᠲᠥᠯᠥᠪᠦᠷᠢ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ ︾ ( ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 679 ᠳ᠋ᠤᠭᠡᠷ ᠲᠣᠭᠠᠲᠤ ) ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠤᠷᠠᠬᠢ ᠮᠡᠲᠦ ᠵᠠᠷᠯᠠᠨ ᠮᠡᠳᠡᠭᠳᠡᠶ᠎ᠡ᠄

  ᠨᠢᠭᠡ᠂ ᠠᠷᠤᠨ ᠬᠤᠰᠢᠭᠤᠨ ᠤ ᠰᠢᠶᠤᠤ ᠴᠢ ᠽᠢ ᠤᠰᠤᠨ ᠠᠰᠢᠬᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ ᠴᠥᠭᠦᠷᠥᠮ ᠤᠨ ᠳᠦᠯᠭᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶ᠎ᠡ ᠨᠢ ᠠᠷᠤᠨ ᠬᠤᠰᠢᠭᠤᠨ ᠤ ᠭᠧᠨᠢ ᠭᠤᠣᠯ ᠤᠨ ᠲᠠᠷᠢᠶᠠᠯᠠᠩ ᠤᠨ ᠲᠠᠯᠠᠪᠠᠢ ᠶᠢᠨ ᠬᠢᠵᠠᠭᠠᠷᠲᠤ ᠺᠣᠮᠫᠠᠨᠢ ᠶᠢᠨ ᠠᠷᠪᠠᠨ ᠨᠠᠢᠮᠠᠳᠤᠭᠠᠷ ᠦᠢᠯᠡᠳᠪᠦᠷᠢᠯᠡᠯ ᠤᠨ ᠳᠤᠭᠤᠶᠢᠯᠠᠩ ᠪᠠ ᠠᠷᠤᠨ ᠬᠤᠰᠢᠭᠤᠨ ᠤ ᠳ᠋ᠧᠯᠴᠢᠷ ᠣᠢ ᠰᠢᠭᠤᠶ ᠶᠢᠨ ᠲᠠᠯᠠᠪᠠᠢ᠂ ᠰᠠᠨ ᠬᠤᠤ ᠳ᠋ᠢᠶᠠᠨ ᠣᠢ ᠰᠢᠭᠤᠶ ᠶᠢᠨ ᠲᠠᠯᠠᠪᠠᠢ ᠲᠠᠢ ᠬᠤᠯᠪᠣᠭᠳᠠᠵᠤ᠂ ᠪᠣᠳᠠᠲᠠᠶ ᠬᠦᠷᠢᠶ᠎ᠡ ᠬᠡᠪᠴᠢᠶ᠎ᠡ ᠶᠢ ᠨᠢ ᠲᠤᠬᠠᠶ ᠶᠢᠨ ᠲᠠᠯᠠᠪᠠᠢ ᠳᠤ ᠬᠠᠳᠠᠭᠰᠠᠨ ᠱᠣᠩ ᠢᠶᠠᠷ ᠪᠠᠷᠢᠮᠵᠢᠶ᠎ᠠ ᠪᠣᠯᠭᠠᠨ᠎ᠠ᠃

  ᠬᠤᠶᠠᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠬᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ ᠴᠥᠭᠦᠷᠥᠮ ᠤᠨ ᠳᠦᠯᠭᠢᠯᠲᠡ ᠵᠢᠨ ᠣᠷᠣᠨ ᠪᠠ ᠬᠦᠢᠰᠦ ᠪᠠᠷᠢᠯᠭ᠎ᠠ ᠵᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠡᠯ᠎ᠡ ᠵᠦᠢᠯ ᠤᠨ ᠰᠠᠭᠤᠷᠢ ᠪᠡᠯᠡᠳᠬᠡᠮᠵᠢ ( ᠰᠢᠶᠠᠩ ᠪᠠᠯᠭᠠᠰᠤᠨ ᠤ ᠠᠵᠤ ᠠᠬᠤᠶᠢᠯᠠᠯ ᠪᠠ ᠠᠷᠠᠳ ᠤᠨ ᠬᠡᠷᠡᠭᠯᠡᠭᠡᠨ ᠤ ᠣᠷᠣᠨ ᠰᠠᠭᠤᠴᠠ ᠶᠢ ᠪᠠᠭᠲᠠᠭᠠᠨ᠎ᠠ ) ᠪᠠᠶᠢᠭᠤᠯᠬᠤ ᠶᠢ ᠵᠥᠪᠰᠢᠶᠡᠷᠡᠵᠦ ᠪᠣᠯᠬᠤ ᠦᠭᠡᠢ᠃

  ᠭᠤᠷᠪᠠ᠂ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠠᠷᠤᠨ ᠬᠤᠰᠢᠭᠤᠨ ᠤ ᠰᠢᠶᠣᠤ ᠴᠢ ᠽᠢ ᠤᠰᠤᠨ ᠠᠰᠢᠬᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ ᠴᠥᠭᠦᠷᠥᠮ ᠤᠨ ᠳᠦᠯᠭᠢᠯᠲᠡ ᠶᠢᠨ ᠣᠷᠣᠨ ᠪᠠ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠲᠥᠷᠥᠯ ᠵᠦᠢᠯ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ ᠪᠣᠯᠬᠤ ᠦᠭᠡᠢ᠂ ᠭᠡᠷ ᠪᠠᠶᠢᠰᠢᠩ ᠵᠢᠴᠢ ᠪᠤᠰᠤᠳ ᠪᠡᠯᠡᠳᠭᠡᠮᠵᠢ ᠶᠢ ᠪᠠᠶᠢᠭᠤᠯᠵᠤ ᠪᠣᠯᠬᠤ ᠦᠭᠡᠢ᠂ ᠤᠤᠯ ᠭᠠᠵᠠᠷ ᠤᠨ ᠲᠥᠷᠥᠯ᠂ ᠭᠠᠵᠠᠷ ᠤᠨ ᠳᠥᠷᠬᠦ ᠶᠢ ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠬᠤ ᠭᠠᠵᠠᠷ᠂ ᠴᠡᠴᠡᠷᠯᠢᠭ ᠤᠨ ᠭᠠᠵᠠᠷ ᠢ ᠵᠠᠪᠳᠤᠨ ᠵᠠᠪᠰᠢᠵᠤ ᠬᠠᠭᠠᠯᠪᠤᠷᠢᠯᠠᠬᠤ᠂ ᠡᠯ᠎ᠡ ᠵᠦᠢᠯ ᠤᠨ ᠣᠯᠠᠨ ᠨᠠᠰᠤᠲᠤ ᠠᠵᠤ ᠠᠬᠤᠶ ᠶᠢᠨ ᠲᠠᠷᠢᠮᠠᠯ ᠪᠠ ᠣᠢ ᠮᠣᠳᠣ ᠶᠢ ᠵᠠᠪᠳᠤᠨ ᠵᠠᠪᠰᠢᠵᠤ ᠵᠠᠶᠢᠯᠠᠬᠤ ᠵᠡᠷᠭᠡ ᠭᠠᠵᠠᠷ ᠰᠢᠷᠣᠶ ᠶᠢᠨ ᠬᠡᠷᠡᠭᠴᠡᠭᠡ ᠶᠢ ᠬᠤᠪᠢᠷᠠᠭᠤᠯᠬᠤ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠨᠥᠯᠥᠭᠡᠯᠡᠬᠦ ᠠᠵᠢᠯᠯᠠᠭ᠎ᠠ ᠶᠢ ᠬᠢᠵᠦ ᠪᠣᠯᠬᠤ ᠦᠭᠡᠢ᠃

  ᠳᠥᠷᠪᠡ᠂ ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠬᠯᠠᠯᠲᠠ ᠶᠢᠨ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠡᠯᠢᠶᠡᠳ ᠤᠷᠲᠤ ᠪᠠᠶᠢᠬᠤ ᠶᠢ ᠪᠣᠳᠣᠯᠬᠢᠯᠠᠨ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠳᠤ ᠨᠢ ᠪᠠᠷᠢᠯᠭ᠎ᠠ ᠶᠢᠨ ᠪᠦᠲᠦᠭᠡᠨ ᠪᠠᠢᠢᠭᠤᠯᠤᠯᠲᠠ ᠡᠴᠠ ᠪᠣᠯᠵᠤ ᠳᠡᠩᠳᠡᠭᠦᠦ ᠶᠡᠭᠡ ᠨᠥᠯᠥᠭᠡ ᠪᠣᠯᠬᠤ ᠥᠬᠡᠢ ᠪᠠᠶᠢᠬᠤ ᠶᠢ ᠦᠨᠡᠨ ᠬᠦ ᠪᠠᠲᠤᠯᠠᠬᠤ ᠵᠢᠨ ᠲᠤᠰᠠᠳᠠ᠂ ᠲᠤᠬᠠᠢ ᠵᠢᠨ ᠭᠠᠵᠠᠷ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠰᠢᠭᠤᠳ ᠬᠤᠯᠪᠣᠭᠳᠠᠬᠤ᠂ ᠦᠨᠡᠨ ᠬᠦ ᠪᠦᠲᠦᠭᠡᠨ ᠪᠠᠢᠢᠭᠤᠯᠬᠤ ᠴᠢᠬᠤᠯᠠ ᠲᠠᠢ ᠲᠥᠷᠥᠯ ᠵᠦᠢᠯ ᠳᠤ ︽ ᠲᠣᠮᠣ ᠳᠤᠮᠳᠠ ᠬᠡᠯᠪᠡᠷᠢ ᠶᠢᠨ ᠤᠰᠤᠨ ᠠᠰᠢᠬᠯᠠᠯᠲᠠ ᠤᠰᠤ ᠴᠠᠬᠢᠯᠭᠠᠨ ᠤ ᠪᠠᠷᠢᠯᠭ᠎ᠠ ᠶᠢᠨ ᠪᠦᠲᠦᠭᠡᠨ ᠪᠠᠢᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠭᠰᠠᠨ ᠲᠥᠯᠥᠪᠦᠷᠢ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ ︾ ᠤᠨ ᠬᠤᠯᠪᠣᠭᠳᠠᠯ ᠪᠦᠬᠦᠢ ᠲᠣᠭᠲᠠᠭᠠᠯ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳ᠋ᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠪᠠᠢᠢᠭᠤᠯᠵᠤ ᠪᠣᠯᠤᠨ᠎ᠠ᠃

  ᠲᠠᠪᠤ᠂ ᠠᠷᠤᠨ ᠬᠤᠰᠢᠭᠤᠨ ᠤ ᠰᠢᠶᠤᠤ ᠴᠢ ᠽᠢ ᠤᠰᠤᠨ ᠠᠰᠢᠬᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ ᠴᠥᠭᠦᠷᠥᠮ ᠤᠨ ᠳᠦᠯᠭᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠠᠬᠢ ᠡᠷᠦᠬᠡ ᠠᠮᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠬᠥᠮᠦᠨ ᠠᠮᠠ ᠨᠡᠭᠦᠯᠭᠡᠨ ᠣᠷᠣᠭᠤᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠲᠥᠷᠥᠭᠰᠡᠨ᠂ ᠤᠷᠤᠭᠯᠠᠭᠰᠠᠨ᠂ ᠴᠡᠷᠢᠭ ᠡᠴᠠ ᠬᠠᠯᠠᠭᠳᠠᠭᠰᠠᠳ ᠪᠠ ᠪᠠᠭᠤᠭᠰᠠᠳ᠂ ᠳᠡᠭᠡᠳᠦ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠵᠡᠷᠭᠡ ᠨᠤᠲᠤᠭ ᠲᠤ ᠪᠠᠨ ᠪᠤᠴᠠᠭᠰᠠᠨ ᠬᠥᠮᠦᠰ ᠡᠴᠠ ᠪᠤᠰᠤᠳ ᠲᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠯ᠎ᠡ ᠲᠥᠷᠥᠯ ᠤᠨ ᠬᠥᠮᠦᠨ ᠠᠮᠠ ᠳᠤ ᠨᠡᠭᠦᠯᠭᠡᠵᠦ ᠣᠷᠣᠭᠤᠯᠬᠤ ᠭᠠᠷᠳᠠᠮ ᠭᠦᠢᠴᠡᠳᠬᠡᠵᠦ ᠪᠣᠯᠬᠤ ᠦᠭᠡᠶ᠃

  ᠵᠢᠷᠭᠤᠭ᠎ᠠ᠂ ᠪᠠᠷᠢᠯᠭ᠎ᠠ ᠶᠢᠨ ᠭᠠᠵᠠᠷ ᠰᠢᠷᠣᠢ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠲᠠᠰᠢᠷᠠᠮ ᠢ ᠠᠰᠢᠬᠯᠠᠨ ᠣᠯᠠᠨ ᠲᠦᠮᠡᠨ ᠢ ᠥᠳᠥᠭᠡᠨ ᠬᠡᠷᠡᠭ ᠭᠠᠷᠭᠠᠵᠤ᠂ ᠭᠠᠵᠠᠷ ᠰᠢᠷᠣᠶ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠠᠵᠢᠯ ᠳᠤ ᠬᠠᠷᠰᠢ ᠰᠠᠭᠠᠳ ᠤᠴᠠᠷᠠᠭᠤᠯᠤᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠠᠷᠰᠢᠯᠠᠨ ᠨᠥᠯᠥᠭᠡᠯᠡᠬᠦ ᠵᠡᠷᠭᠡ ᠬᠠᠤᠯᠢ ᠡᠴᠠ ᠵᠥᠷᠢᠴᠡᠭᠰᠡᠨ ᠦᠢᠯᠡ ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠨ ᠲᠣᠷᠭᠠᠬᠤ ᠬᠠᠤᠯᠢ ︾ ᠶᠢᠨ ᠲᠣᠭᠲᠠᠭᠠᠯ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠲᠣᠷᠭᠠᠭᠤᠯᠢ ᠥᠭᠬᠦ ᠬᠡᠷᠡᠭᠲᠡᠶ᠃ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃

  ᠲᠤᠰ ᠵᠠᠷᠯᠠᠯ ᠢ ᠨᠡᠶᠢᠲᠡᠯᠡᠭᠰᠡᠨ ᠡᠳᠦᠷ ᠡᠴᠠ ᠡᠬᠢᠯᠡᠵᠦ ᠬᠡᠷᠡᠭᠵᠢᠭᠦᠯᠦᠨ᠎ᠡ᠃



ᠭᠠᠷ ᠤᠲᠠᠰᠤ ᠪᠠᠷ ᠦᠵᠡᠬᠦ