ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠢᠢᠯᠢ ᠰᠦᠢᠳᠬᠡᠯ ᠤᠨ ᠪᠠᠲᠤᠯᠠᠭ᠎᠎ᠠ ᠶᠢᠨ ᠠᠷᠭ᠎᠎ᠠ

  ᠨᠢᠭᠡᠳᠦᠭᠡᠷ ᠵᠦᠢᠯ   ᠭᠠᠢᠢᠯᠢ ᠰᠦᠢᠳᠬᠡᠯ ᠤᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠶᠢ ᠴᠢᠩᠭᠠᠳᠬᠠᠵᠤ᠂ ᠭᠠᠢᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠠᠵᠤ ᠠᠬᠤᠶ ᠨᠡᠢᠢᠬᠡᠮ ᠤᠨ ᠴᠢᠨᠠᠷ ᠰᠠᠢᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂︽ ᠪᠥᠬᠦᠳᠡ ᠨᠠᠢᠢᠷᠠᠮᠳᠠᠬᠤ ᠳᠤᠮᠳᠠᠳᠤ ᠠᠷᠠᠳ ᠤᠯᠤᠰ ᠤᠨ ᠭᠠᠢᠢᠯᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ ᠬᠠᠤᠯᠢ ︾᠂︽ ᠪᠥᠬᠦᠳᠡ ᠨᠠᠢᠢᠷᠠᠮᠳᠠᠬᠤ ᠳᠤᠮᠳᠠᠳᠤ ᠠᠷᠠᠳ ᠤᠯᠤᠰ ᠤᠨ ᠨᠡᠢᠢᠬᠡᠮ ᠤᠨ ᠳᠠᠭᠠᠳᠬᠠᠯ ᠤᠨ ᠬᠠᠤᠯᠢ ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠤᠳ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃

  ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠭᠠᠢᠢᠯᠢ ᠰᠦᠢᠳᠬᠡᠯ ᠤᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠠᠵᠢᠯ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃

  ᠲᠤᠰ ᠠᠷᠭ᠎ᠠ ᠳᠤ ᠬᠡᠯᠡᠵᠦ ᠪᠠᠢᠢᠭ᠎ᠠ ᠭᠠᠢᠢᠯᠢ ᠰᠦᠢᠳᠬᠡᠯ ᠭᠡᠳᠡᠭ ᠲᠤ ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠶᠢᠨ ᠲᠠᠲᠠᠪᠤᠷᠢᠯᠠᠭᠰᠠᠨ ᠭᠠᠢᠢᠯᠢ ᠲᠠᠲᠠᠪᠤᠷᠢ᠂ ᠨᠡᠢᠢᠬᠡᠮ ᠤᠨ ᠳᠠᠭᠠᠳᠬᠠᠯ ᠤᠨ ᠰᠦᠢᠳᠬᠡᠯ ᠪᠠ ᠭᠠᠢᠢᠯᠢ ᠶᠢᠨ ᠪᠤᠰᠤ ᠣᠷᠣᠯᠭ᠎ᠠ ᠪᠠᠭᠲᠠᠨ᠎ᠠ᠃

  ᠭᠤᠷᠪᠠᠳᠤᠭᠠᠷ ᠵᠦᠢᠯ    ᠭᠠᠢᠢᠯᠢ ᠰᠦᠢᠳᠬᠡᠯ ᠤᠨ ᠪᠠᠲᠤᠯᠠᠭ᠎ᠠ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠵᠠᠰᠠᠭ ᠤᠨ ᠣᠷᠳᠣᠨ ᠨᠢᠭᠡᠳᠦᠯᠲᠡᠢ ᠲᠥᠯᠥᠪᠯᠡᠬᠦ᠂ ᠭᠠᠢᠢᠯᠢ ᠶᠢᠨ ᠶᠠᠪᠤᠳᠠᠯ ᠭᠤᠣᠯᠯᠠᠨ ᠬᠠᠷᠢᠭᠤᠴᠠᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠨᠡᠢᠢᠬᠡᠮ ᠨᠡᠢᠢᠲᠡ ᠪᠠᠷ ᠢᠶᠠᠨ ᠣᠷᠣᠯᠴᠠᠬᠤ ᠵᠠᠷᠴᠢᠮ ᠢ ᠵᠢᠷᠤᠮᠯᠠᠬᠤ ᠬᠡᠷᠡᠭᠲᠡᠢ᠃

  ᠳᠥᠷᠪᠡᠳᠦᠭᠡᠷ ᠵᠦᠢᠯ    ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠭᠠᠢᠢᠯᠢ ᠰᠦᠢᠳᠬᠡᠯ ᠤᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠭᠠᠢᠢᠯᠢ ᠰᠦᠢᠳᠬᠡᠯ ᠲᠠᠲᠠᠪᠤᠷᠢᠯᠠᠵᠤ ᠬᠠᠮᠢᠶᠠᠷᠬᠤ ᠠᠵᠢᠯ ᠤᠨ ᠬᠠᠮᠵᠢᠯᠴᠠᠬᠤ ᠲᠣᠭᠲᠠᠴᠠ ᠶᠢ ᠪᠠᠢᠢᠭᠤᠯᠤᠨ ᠪᠦᠷᠢᠨᠰᠢᠭᠦᠯᠵᠦ᠂ ᠭᠠᠢᠢᠯᠢ ᠰᠦᠢᠳᠬᠡᠯ ᠲᠠᠲᠠᠪᠤᠷᠢᠯᠠᠵᠤ ᠬᠠᠮᠢᠶᠠᠷᠬᠤ ᠠᠵᠢᠯ ᠤᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠤᠳ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠬᠠᠮᠢᠶᠠᠷᠤᠯᠲᠠ ᠶᠢᠨ ᠲᠦᠷᠢᠮ ᠶᠣᠰᠣᠭᠠᠷ ᠪᠠᠲᠤᠯᠠᠨ᠎ᠠ᠃

  ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠶᠢ ᠬᠠᠪᠰᠤᠷᠴᠤ ᠪᠠᠢᠢᠭᠠᠳ ᠭᠠᠢᠢᠯᠢ ᠰᠦᠢᠳᠬᠡᠯ ᠤᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠶᠢᠨ ᠬᠠᠮᠢᠶ᠎ᠠ ᠪᠦᠬᠦᠢ ᠠᠵᠢᠯ ᠢ ᠰᠠᠢᠢᠲᠤᠷ ᠬᠢᠬᠦ ᠬᠡᠷᠡᠭᠲᠡᠶ᠃

  ᠲᠠᠪᠤᠳᠤᠭᠠᠷ ᠵᠦᠢᠯ   ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠭᠠᠢᠢᠯᠢ ᠰᠦᠢᠳᠬᠡᠯ ᠤᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠠᠵᠢᠯ ᠢ ᠬᠠᠷᠢᠭᠤᠴᠠᠨ ᠰᠠᠢᠢᠲᠤᠷ ᠬᠢᠨ᠎ᠡ᠃

  ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠢᠢᠭᠤᠯᠭ᠎ᠠ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠢᠬᠡᠮ ᠤᠨ ᠪᠠᠲᠤᠯᠠᠭ᠎ᠠ᠂ ᠪᠠᠢᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠥᠪᠡᠷ ᠥᠪᠡᠷ ᠤᠨ ᠢᠶᠠᠨ ᠡᠭᠦᠷᠭᠡ ᠬᠠᠷᠢᠭᠤᠴᠠᠯᠭ᠎ᠠ ᠶᠣᠰᠣᠭᠠᠷ ᠭᠠᠢᠢᠯᠢ ᠰᠦᠢᠳᠬᠡᠯ ᠤᠨ ᠪᠠᠲᠤᠯᠠᠭ᠎ᠠ ᠶᠢᠨ ᠬᠠᠮᠢᠶ᠎ᠠ ᠪᠦᠬᠦᠢ ᠠᠵᠢᠯ ᠢ ᠰᠠᠢᠢᠲᠤᠷ ᠬᠢᠨ᠎ᠡ᠃

  ᠵᠢᠷᠭᠤᠳᠤᠭᠠᠷ ᠵᠦᠢᠯ  ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠲᠠᠢ ᠬᠠᠮᠲᠤᠷᠠᠨ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠭᠠᠢᠢᠯᠢ ᠰᠦᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠭᠠᠢᠢᠯᠢ ᠰᠦᠢᠳᠬᠡᠯ ᠲᠤᠰᠢᠶᠠᠬᠤ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠶ᠃

  ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠤᠳ ᠭᠠᠢᠢᠯᠢ ᠰᠦᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠨᠡᠢᠢᠲᠡ ᠶᠢᠨ ᠠᠰᠠᠷᠠᠮᠵᠢᠲᠤ ᠤᠬᠠᠭᠤᠯᠭ᠎ᠠ ᠶᠢ ᠥᠷᠨᠢᠭᠦᠯᠵᠦ᠂ ᠪᠦᠬᠦ ᠨᠡᠢᠢᠬᠡᠮ ᠤᠨ ᠬᠢᠨ ᠤ ᠬᠠᠤᠯᠢ ᠶᠣᠰᠣᠭᠠᠷ ᠭᠠᠢᠢᠯᠢ ᠰᠦᠢᠳᠬᠡᠯ ᠲᠤᠰᠢᠶᠠᠬᠤ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠶ᠃

  ᠳᠣᠯᠣᠳᠤᠭᠠᠷ ᠵᠦᠢᠯ    ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠲᠠᠢ ᠬᠠᠮᠲᠤᠷᠠᠨ ᠭᠠᠢᠢᠯᠢ ᠰᠦᠢᠳᠬᠡᠯ ᠳᠤ ᠬᠤᠯᠪᠤᠨᠨᠳᠠᠬᠤ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠣᠭᠲᠠᠴᠠ ᠶᠢ ᠪᠠᠢᠢᠭᠤᠯᠤᠨ ᠪᠦᠷᠢᠨᠰᠢᠭᠦᠯᠵᠦ᠂ ᠪᠦᠬᠦ ᠣᠷᠣᠨ ᠤ ᠵᠠᠰᠠᠭ ᠤᠨ ᠶᠠᠪᠤᠳᠠᠯ ᠤᠨ ᠳ᠋ᠡᠢᠢᠲ᠋ᠠ ᠶᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠢᠶᠠᠷ ᠳᠠᠮᠵᠢᠭᠤᠯᠤᠨ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠵᠦ ᠬᠠᠮᠲᠤ ᠪᠠᠷ ᠬᠡᠷᠡᠭᠯᠡᠬᠦ ᠶᠢ ᠠᠬᠢᠭᠤᠯᠬᠤ ᠬᠡᠷᠡᠭᠲᠡᠶ᠃

  ᠮᠡᠳᠡᠭᠡ ᠵᠠᠩᠭᠢ ᠶᠢ ᠲᠠᠪᠴᠠᠩ ᠢᠶᠠᠷ ᠬᠠᠮᠲᠤ ᠳᠤ ᠪᠠᠨ ᠬᠦᠷᠲᠡᠬᠦ ᠶᠢᠨ ᠠᠷᠭ᠎ᠠ ᠥᠬᠡᠶ ᠪᠣᠯ᠂ ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠢ ᠨᠦᠭᠦᠳ ᠲᠠᠢ ᠬᠠᠮᠳᠤᠷᠠᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠠᠷᠭ᠎ᠠ ᠮᠠᠶ᠋ᠢᠭ ᠢ ᠵᠥᠪᠳᠡᠯᠴᠡᠨ ᠲᠣᠭᠲᠠᠭᠠᠨ᠎ᠠ᠃

  ᠨᠠᠢᠮᠠᠳᠤᠭᠠᠷ ᠵᠦᠢᠯ   ᠭᠠᠢᠢᠯᠢ ᠰᠦᠢᠳᠬᠡᠯ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠳᠤ ᠭᠠᠷᠴᠠᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠲᠠᠢ ᠬᠠᠮᠳᠤᠷᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠭᠠᠢᠢᠯᠢ ᠰᠦᠢᠳᠬᠡᠯ ᠳᠤ ᠬᠤᠯᠪᠤᠨᠨᠳᠠᠬᠤ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠭᠠᠷᠴᠠᠭ ᠢ ᠪᠠᠢᠢᠭᠤᠯᠵᠤ᠂ ᠬᠠᠮᠲᠤ ᠳᠤ ᠪᠠᠨ ᠬᠦᠷᠲᠡᠬᠦ ᠬᠡᠪᠴᠢᠶ᠎ᠡ᠂ ᠬᠠᠮᠲᠤ ᠳᠤ ᠪᠠᠨ ᠬᠦᠷᠲᠡᠬᠦ ᠠᠭᠤᠯᠭ᠎ᠠ᠂ ᠳ᠋ᠡᠢᠢᠲ᠋ᠠ ᠶᠢᠨ ᠬᠡᠯᠪᠡᠷᠢ᠂ ᠰᠢᠨᠡᠳᠬᠡᠬᠦ ᠳᠠᠪᠲᠠᠮᠵᠢ ᠵᠡᠷᠭᠡ ᠶᠢ ᠲᠣᠳᠣᠷᠬᠠᠢᠢᠯᠠᠨ᠎ᠠ᠃

  ᠶᠢᠰᠦᠳᠦᠭᠡᠷ ᠵᠦᠢᠯ   ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠭᠠᠢᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠬᠢᠨ ᠤ ᠭᠠᠢᠢᠯᠢ ᠰᠦᠢᠳᠬᠡᠯ ᠳᠤ ᠬᠤᠯᠪᠤᠨᠨᠳᠠᠬᠤ ᠮᠡᠳᠡᠭᠡ ᠵᠠᠩᠭᠢ ᠶᠢ ᠴᠤᠭᠯᠠᠭᠤᠯᠬᠤ᠂ ᠰᠣᠯᠢᠯᠴᠠᠬᠤ᠂ ᠬᠡᠷᠡᠭᠯᠡᠬᠦ ᠪᠠ ᠬᠠᠳᠠᠭᠠᠯᠠᠨ ᠬᠠᠮᠢᠶᠠᠷᠬᠤ ᠳᠤ ᠪᠠᠨ ᠭᠠᠢᠢᠯᠢ ᠰᠦᠢᠳᠬᠡᠯ ᠳᠤ ᠬᠤᠯᠪᠤᠨᠨᠳᠠᠬᠤ ᠮᠡᠳᠡᠭᠡ ᠵᠠᠩᠭᠢ ᠶᠢᠨ ᠬᠤᠯᠪᠣᠭᠳᠠᠭᠰᠠᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠶᠢ ᠬᠠᠮᠠᠭᠠᠯᠠᠬᠤ ᠬᠡᠷᠡᠭᠲᠡᠶ᠂ ᠭᠠᠢᠢᠯᠢ ᠰᠦᠢᠳᠬᠡᠯ ᠳᠤ ᠬᠤᠯᠪᠤᠨᠨᠳᠠᠬᠤ ᠮᠡᠳᠡᠭᠡ ᠵᠠᠩᠭᠢ ᠶᠢ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠡᠴᠠ ᠭᠠᠳᠠᠨᠠᠬᠢ ᠬᠡᠷᠡᠭᠯᠡᠯᠲᠡ ᠳᠤ ᠬᠡᠷᠡᠭᠯᠡᠵᠦ ᠪᠣᠯᠬᠤ ᠦᠭᠡᠶ᠃

  ᠠᠷᠪᠠᠳᠤᠭᠠᠷ ᠵᠦᠢᠯ    ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠭᠠᠢᠢᠯᠢ ᠰᠦᠢᠳᠬᠡᠯ ᠲᠠᠲᠠᠪᠤᠷᠢᠯᠠᠵᠤ ᠬᠠᠮᠢᠶᠠᠷᠬᠤ ᠵᠡᠷᠭᠡ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠶᠢ ᠬᠠᠤᠯᠢ ᠶᠣᠰᠣᠭᠠᠷ ᠬᠠᠮᠵᠢᠯᠴᠠᠵᠦ ᠪᠠᠢᠢᠭᠠᠳ ᠭᠠᠢᠢᠯᠢ ᠰᠦᠢᠳᠬᠡᠯ ᠤᠨ ᠢᠷᠡᠯᠲᠡ ᠶᠢ ᠬᠢᠨᠠᠨ ᠪᠠᠢᠢᠴᠠᠭᠠᠬᠤ ᠶᠢᠨ ᠬᠠᠮᠲᠤ ᠬᠢᠨᠠᠨ ᠪᠠᠢᠢᠴᠠᠭᠠᠬᠰᠠᠨ ᠪᠠᠢᠢᠳᠠᠯ ᠢᠶᠠᠨ ᠬᠠᠷᠢᠭᠤ ᠲᠤᠰᠬᠠᠬᠤ ᠬᠡᠷᠡᠭᠲᠡᠶ᠃

  ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠭᠠᠢᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠢᠢᠳᠠᠪᠤᠷᠢᠵᠢᠭᠤᠯᠬᠤ ᠶᠠᠪᠤᠴᠠ ᠳᠤ ᠭᠠᠢᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠮᠡᠳᠡᠭᠡ ᠵᠠᠩᠭᠢ ᠳᠤ ᠨᠢ ᠬᠤᠪᠢᠷᠠᠯᠲᠠ ᠭᠠᠷᠤᠨᠨᠰᠠᠨ᠂ ᠬᠢᠷᠢ ᠴᠢᠳᠠᠮᠵᠢ ᠬᠢᠷᠢ ᠭᠡᠮ ᠨᠢ ᠲᠤᠳᠤᠷᠬᠠᠢ ᠪᠣᠰᠣ ᠪᠤᠶᠤ ᠭᠠᠢᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠦᠷᠳᠡᠬᠦ ᠨᠥᠬᠦᠴᠡᠯ ᠨᠢ ᠪᠠᠯᠠᠷᠬᠠᠢ ᠪᠠᠢᠢᠭ᠎ᠠ ᠵᠡᠷᠭᠡ ᠦᠢᠯᠡ ᠪᠠᠢᠢᠳᠠᠯ ᠪᠠᠢᠢᠬᠤ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠳᠤ ᠳᠡᠪᠰᠢᠭᠦᠯᠦᠭᠡᠳ ᠬᠢᠨᠠᠨ ᠪᠠᠢᠢᠴᠠᠭᠠᠯᠭᠠᠵᠤ ᠪᠣᠯᠤᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠮᠡᠳᠡᠭᠡ ᠵᠠᠩᠭᠢ ᠶᠢ ᠴᠠᠭ ᠲᠤᠬᠠᠶ ᠳᠤ ᠨᠢ ᠬᠢᠨᠠᠨ ᠬᠠᠷᠭᠤᠭᠤᠯᠤᠭᠠᠳ ᠬᠢᠨᠠᠨ ᠪᠠᠢᠢᠴᠠᠭᠠᠬᠰᠠᠨ ᠰᠠᠨᠠᠯ ᠭᠠᠷᠭᠠᠬᠤ ᠬᠡᠷᠡᠭᠲᠡᠶ᠃

  ᠠᠷᠪᠠᠨ ᠨᠢᠭᠡᠳᠦᠭᠡᠷ ᠵᠦᠢᠯ   ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠪᠠᠢᠢᠭᠤᠯᠤᠮᠵᠢ ᠨᠢ ᠭᠠᠵᠠᠷ ᠰᠢᠷᠣᠶ᠂ ᠭᠡᠷ ᠪᠠᠢᠢᠰᠢᠩ ᠤᠨ ᠡᠷᠬᠡ ᠶᠢᠨ ᠬᠠᠷᠢᠶ᠎ᠠ ᠶᠢ ᠳᠠᠩᠰᠠᠯᠠᠬᠤ ᠳᠤ ᠪᠠᠨ ᠲᠤᠰ ᠭᠠᠵᠠᠷ ᠰᠢᠷᠣᠶ᠂ ᠭᠡᠷ ᠪᠠᠢᠢᠰᠢᠩ ᠤᠨ ᠡᠷᠬᠡ ᠶᠢᠨ ᠬᠠᠷᠢᠶ᠎ᠠ ᠶᠢᠨ ᠳᠠᠩᠰᠠᠯᠠᠯᠲᠠ ᠯᠤᠭ᠎ᠠ ᠬᠠᠮᠢᠶᠠᠳᠠᠬᠤ ᠭᠠᠢᠢᠯᠢ ᠲᠤᠰᠢᠶᠠᠭᠰᠠᠨ᠂ ᠭᠠᠢᠢᠯᠢ ᠢᠢ ᠬᠠᠰᠤᠵᠤ ᠭᠠᠢᠢᠯᠢ ᠡᠴᠠ ᠬᠡᠯᠲᠦᠷᠢᠭᠦᠯᠦᠭᠰᠡᠨ ᠵᠡᠷᠭᠡ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠤᠯᠢ ᠶᠣᠰᠣᠭᠠᠷ ᠪᠠᠢᠢᠴᠠᠭᠠᠨ ᠰᠢᠯᠭᠠᠬᠤ ᠬᠡᠷᠡᠭᠲᠡᠶ᠃ ᠭᠡᠷ᠎ᠡ ᠶᠢᠨ ᠭᠠᠢᠢᠯᠢ ᠶᠢ ᠲᠣᠭᠲᠠᠭᠠᠯ ᠶᠣᠰᠣᠭᠠᠷ ᠲᠤᠰᠢᠶᠠᠭᠰᠠᠨ ᠦᠭᠡᠶ ᠪᠣᠯ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠪᠠᠢᠢᠭᠤᠯᠤᠮᠵᠢ ᠨᠢ ᠬᠠᠤᠯᠢ ᠶᠣᠰᠣᠭᠠᠷ ᠭᠠᠵᠠᠷ ᠰᠢᠷᠣᠶ᠂ ᠭᠡᠷ ᠪᠠᠢᠢᠰᠢᠩ ᠤᠨ ᠡᠷᠬᠡ ᠶᠢᠨ ᠬᠠᠷᠢᠶ᠎ᠠ ᠶᠢᠨ ᠳᠠᠩᠰᠠᠯᠠᠯᠲᠠ ᠶᠢ ᠦᠯᠦ ᠬᠢᠵᠦ ᠥᠭᠬᠦ ᠬᠡᠷᠡᠭᠲᠡᠢ᠃

  ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠭᠠᠢᠢᠯᠢ ᠲᠤᠰᠢᠶᠠᠭᠴᠢ᠂ ᠰᠠᠭᠤᠯᠭᠠᠨ ᠲᠤᠰᠢᠶᠠᠬᠤ ᠡᠭᠦᠷᠭᠡᠳᠡᠨ ᠤ ᠦᠯᠦ ᠬᠥᠳᠡᠯᠬᠦ ᠬᠥᠷᠥᠩᠭᠡ ᠶᠢ ᠬᠠᠤᠯᠢ ᠶᠣᠰᠣᠭᠠᠷ ᠪᠠᠢᠢᠴᠠᠭᠠᠨ ᠪᠢᠲᠡᠭᠦᠮᠵᠢᠯᠡᠬᠦ᠂ ᠦᠨ᠎ᠡ ᠬᠠᠶᠠᠨ ᠬᠤᠳᠠᠯᠳᠤᠬᠤ ᠪᠤᠶᠤ ᠬᠤᠪᠢᠷᠠᠭᠠᠨ ᠬᠤᠳᠠᠯᠳᠤᠬᠤ ᠳᠤ ᠬᠦᠷᠪᠡᠯ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠪᠠᠢᠢᠭᠤᠯᠤᠮᠵᠢ ᠨᠢ ᠬᠠᠤᠯᠢ ᠶᠣᠰᠣᠭᠠᠷ ᠬᠠᠮᠵᠢᠯᠴᠠᠬᠤ ᠬᠡᠷᠡᠭᠳᠡᠢ᠃

  ᠠᠷᠪᠠᠨ ᠬᠤᠶᠠᠳᠤᠭᠠᠷ ᠵᠦᠢᠯ   ᠬᠤᠪᠢ ᠬᠥᠮᠦᠨ ᠰᠲ᠋ᠣᠺ ᠤᠨ ᠡᠷᠬᠡ ᠪᠠᠨ ᠰᠢᠯᠵᠢᠭᠦᠯᠦᠨ ᠥᠭᠬᠦ ᠪᠠᠷ ᠬᠤᠪᠢᠷᠠᠭᠤᠯᠬᠤ ᠳᠠᠩᠰᠠᠯᠠᠯᠲᠠ ᠪᠠᠨ ᠭᠦᠢᠴᠡᠳᠬᠡᠬᠦ ᠳᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠠᠩᠰᠠᠯᠠᠯᠲᠠ ᠶᠢᠨ ᠪᠠᠢᠢᠭᠤᠯᠭ᠎ᠠ ᠨᠢ ᠲᠤᠰ ᠰᠲ᠋ᠣᠺ ᠤᠨ ᠡᠷᠬᠡ ᠶᠢᠨ ᠠᠷᠠᠯᠵᠢᠶ᠎ᠠ ᠯᠤᠭ᠎ᠠ ᠬᠠᠮᠢᠶᠠᠳᠠᠬᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠢᠢᠯᠢ ᠲᠤᠰᠢᠶᠠᠭᠰᠠᠨ ᠪᠠᠷᠢᠮᠲᠠ ᠶᠢ ᠪᠠᠢᠢᠴᠠᠭᠠᠨ ᠰᠢᠯᠭᠠᠬᠤ ᠬᠡᠷᠡᠭᠲᠡᠶ᠃

  ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠠᠩᠰᠠᠯᠠᠯᠲᠠ ᠶᠢᠨ ᠪᠠᠢᠢᠭᠤᠯᠭ᠎ᠠ ᠳᠤ ᠬᠤᠪᠢ ᠬᠥᠮᠦᠨ ᠤ ᠰᠲ᠋ᠣᠺ ᠤᠨ ᠡᠷᠬᠡ ᠪᠠᠨ ᠰᠢᠯᠵᠢᠭᠦᠯᠦᠨ ᠥᠭᠬᠦ ᠶᠢᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠢᠢᠯᠢ ᠲᠤᠰᠢᠶᠠᠭᠰᠠᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠩᠭᠠᠬᠤ ᠬᠡᠷᠡᠭᠲᠡᠶ᠃

  ᠠᠷᠪᠠᠨ ᠭᠤᠷᠪᠠᠳᠤᠭᠠᠷ ᠵᠦᠢᠯ    ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢ ᠳᠠᠩᠰᠠᠯᠠᠯᠲᠠ ᠶᠢ ᠬᠦᠴᠦᠨ ᠦᠭᠡᠶ ᠪᠣᠯᠭᠠᠬᠤ ᠬᠠᠮᠢᠶ᠎ᠠ ᠪᠦᠬᠦᠢ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠳᠤ ᠪᠠᠨ᠂ ᠭᠠᠢᠢᠯᠢ ᠪᠠᠨ ᠪᠦᠬᠦᠨ ᠢ ᠲᠤᠰᠢᠶᠠᠭᠰᠠᠨ ᠭᠡᠷᠡᠴᠢ ᠪᠤᠶᠤ ᠭᠠᠢᠢᠯᠢ ᠶᠢᠨ ᠶᠠᠪᠤᠳᠠᠯ ᠤᠨ ᠳᠠᠩᠰᠠᠯᠠᠯᠲᠠ ᠶᠢ ᠬᠦᠴᠦᠨ ᠦᠭᠡᠶ ᠪᠣᠯᠭᠠᠭᠰᠠᠨ ᠪᠠᠢᠢᠳᠠᠯ ᠢ ᠨᠢ ᠬᠠᠤᠯᠢ ᠶᠣᠰᠣᠭᠠᠷ ᠪᠠᠢᠢᠴᠠᠭᠠᠨ ᠰᠢᠯᠭᠠᠬᠤ ᠬᠡᠷᠡᠭᠲᠡᠶ︔ ᠬᠠᠩᠭᠠᠵᠤ ᠳᠡᠢᠢᠯᠬᠦ ᠦᠭᠡᠶ ᠳᠤ ᠨᠢ᠂ ᠤᠷᠢᠳ ᠢᠶᠠᠷ ᠭᠠᠢᠢᠯᠢ ᠪᠠᠨ ᠪᠦᠬᠦᠨ ᠢ ᠲᠤᠰᠢᠶᠠᠭᠰᠠᠨ ᠭᠡᠷᠡᠴᠢ ᠶᠢ ᠣᠯᠬᠤ ᠪᠤᠶᠤ ᠭᠠᠢᠢᠯᠢ ᠶᠢᠨ ᠶᠠᠪᠤᠳᠠᠯ ᠤᠨ ᠳᠠᠩᠰᠠᠯᠠᠯᠲᠠ ᠶᠢ ᠬᠦᠴᠦᠨ ᠦᠭᠡᠶ ᠪᠣᠯᠭᠠᠬᠤ ᠪᠠᠷ ᠮᠡᠳᠡᠭᠳᠡᠬᠦ ᠬᠡᠷᠡᠭᠲᠡᠶ᠃

  ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠤ ᠭᠠᠢᠢᠯᠢ ᠶᠢᠨ ᠶᠠᠪᠤᠳᠠᠯ ᠤᠨ ᠳᠠᠩᠰᠠᠯᠠᠯᠲᠠ ᠶᠢ ᠬᠦᠴᠦᠨ ᠦᠭᠡᠶ ᠪᠣᠯᠭᠠᠭᠰᠠᠨ ᠮᠡᠳᠡᠭᠡ ᠵᠠᠩᠭᠢ ᠪᠠ ᠭᠠᠢᠢᠯᠢ ᠪᠠᠨ ᠪᠦᠬᠦᠨ ᠢ ᠲᠤᠰᠢᠶᠠᠭᠰᠠᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠬᠠᠩᠭᠠᠬᠤ ᠬᠡᠷᠡᠭᠲᠡᠶ᠃

  ᠠᠷᠪᠠᠨ ᠳᠥᠷᠪᠡᠳᠦᠭᠡᠷ ᠵᠦᠢᠯ   ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠢᠬᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠵᠡᠷᠭᠡ ᠰᠠᠯᠠᠭ᠎ᠠ ᠮᠥᠴᠢᠷ ᠨᠢ ᠨᠡᠢᠢᠬᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠵᠤ ᠬᠠᠮᠢᠶᠠᠷᠬᠤ ᠠᠵᠢᠯ ᠤᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ ᠲᠤᠬᠠᠢᠢᠯᠠᠭᠰᠠᠨ ᠠᠵᠢᠯ ᠢ ᠬᠤᠯᠪᠣᠭᠠᠯᠠᠨ ᠭᠦᠢᠴᠡᠳᠭᠡᠬᠦ᠂ ᠮᠡᠳᠡᠭᠦᠯᠵᠦ ᠲᠤᠰᠢᠶᠠᠯᠭᠠᠬᠤ ᠪᠠᠷ ᠰᠢᠮᠳᠠᠭᠤᠯᠬᠤ᠂ ᠮᠡᠳᠡᠭᠡ ᠵᠠᠩᠭᠢᠴᠢᠯᠠᠯᠲᠠ ᠶᠢᠨ ᠪᠠᠢᠢᠭᠤᠯᠤᠯᠲᠠ ᠵᠡᠷᠭᠡ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠳᠡᠢ᠃

  ᠠᠷᠪᠠᠨ ᠲᠠᠪᠤᠳᠤᠭᠠᠷ ᠵᠦᠢᠯ   ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠶᠢᠨ ᠲᠠᠲᠠᠪᠤᠷᠢᠯᠠᠭᠰᠠᠨ ᠭᠠᠢᠢᠯᠢ ᠶᠢᠨ ᠪᠤᠰᠤ ᠣᠷᠣᠯᠭ᠎ᠠ ᠶᠢᠨ ᠵᠦᠢᠯᠡᠰ ᠲᠤ᠂ ᠭᠠᠢᠢᠯᠢ ᠶᠢᠨ ᠪᠤᠰᠤ ᠣᠷᠣᠯᠭ᠎ᠠ ᠶᠢᠨ ᠲᠤᠬᠠᠢᠢᠯᠠᠭᠰᠠᠨ ᠠᠵᠢᠯ ᠢ ᠭᠤᠤᠯᠴᠢᠯᠠᠨ ᠬᠠᠮᠢᠶᠠᠷᠴᠤ ᠪᠠᠢᠢᠭ᠎ᠠ ᠰᠠᠯᠠᠭ᠎ᠠ ᠮᠥᠴᠢᠷ ᠪᠠ ᠨᠢᠭᠡᠴᠢ ᠨᠢ ᠲᠣᠭᠲᠠᠭᠠᠯ ᠶᠣᠰᠣᠭᠠᠷ ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠳᠤ ᠦᠨᠡᠨ ᠪᠣᠳᠠᠲᠠᠢ᠂ ᠣᠨᠣᠪᠴᠢᠲᠠᠢ ᠭᠠᠢᠢᠯᠢ ᠰᠦᠢᠳᠬᠡᠯ ᠤᠨ ᠢᠷᠡᠯᠲᠡ ᠶᠢᠨ ᠮᠡᠳᠡᠭᠡ ᠵᠠᠩᠭᠢ ᠵᠢᠴᠢ ᠲᠠᠲᠠᠪᠤᠷᠢᠯᠠᠬᠤ ᠮᠠᠲ᠋ᠧᠷᠢᠶᠠᠯ ᠬᠠᠩᠭᠠᠵᠤ᠂ ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠶᠢ ᠬᠠᠮᠵᠢᠯᠴᠠᠵᠤ ᠪᠠᠢᠢᠭᠠᠳ ᠭᠠᠢᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠠᠵᠢᠯ ᠢ ᠰᠠᠢᠢᠲᠤᠷ ᠬᠢᠬᠦ ᠬᠡᠷᠡᠭᠳᠡᠢ᠃

  ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠭᠠᠢᠢᠯᠢ ᠶᠢᠨ ᠪᠤᠰᠤ ᠣᠷᠣᠯᠭ᠎ᠠ ᠶᠢᠨ ᠲᠤᠬᠠᠢᠢᠯᠠᠬᠰᠠᠨ ᠠᠵᠢᠯ ᠤᠨ ᠭᠤᠤᠯᠴᠢᠯᠠᠨ ᠬᠠᠮᠢᠶᠠᠷᠴᠤ ᠪᠠᠢᠢᠭ᠎ᠠ ᠰᠠᠯᠠᠭ᠎ᠠ ᠮᠥᠴᠢᠷ ᠪᠠ ᠨᠢᠭᠡᠴᠢ ᠵᠢᠴᠢ ᠡᠳ᠋ ᠤᠨ ᠵᠠᠰᠠᠭ ᠤᠨ ᠰᠠᠯᠠᠭ᠎ᠠ ᠮᠥᠴᠢᠷ᠂ ᠠᠷᠠᠳ ᠤᠨ ᠪᠠᠩᠬᠢ ᠳᠤ ᠬᠠᠮᠢᠶ᠎ᠠ ᠪᠦᠬᠦᠢ ᠭᠠᠢᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠭᠰᠠᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠷᠢᠭᠤ ᠲᠤᠰᠬᠠᠬᠤ ᠬᠡᠷᠡᠭᠲᠡᠶ᠃

  ᠠᠷᠪᠠᠨ ᠵᠢᠷᠭᠤᠳᠤᠭᠠᠷ ᠵᠦᠢᠯ    ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠠᠷᠠᠳ ᠤᠨ ᠰᠢᠭᠦᠬᠦ ᠬᠤᠷᠢᠶ᠎ᠠ ᠯᠤᠭ᠎ᠠ ᠬᠠᠮᠵᠢᠯᠴᠠᠬᠤ ᠲᠣᠭᠲᠠᠴᠠ ᠪᠠᠢᠢᠭᠤᠯᠵᠤ᠂ ᠠᠷᠠᠳ ᠤᠨ ᠰᠢᠭᠦᠬᠦ ᠬᠤᠷᠢᠶ᠎ᠠ ᠠᠯᠪᠠᠳᠠᠨ ᠭᠦᠢᠴᠡᠳᠭᠡᠭᠦᠯᠬᠦ᠂ ᠠᠵᠤ ᠠᠬᠤᠢᠢᠯᠠᠯ ᠳᠠᠮᠫᠤᠷᠠᠵᠤ ᠨᠠᠷᠢᠪᠴᠢᠯᠠᠨ ᠲᠣᠭᠠᠴᠠᠭᠠᠯᠠᠬᠤ ᠳᠤ ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠲᠡᠭᠦᠨ ᠤ ᠬᠠᠤᠯᠢ ᠶᠤᠰᠤᠭᠠᠷ ᠭᠠᠢᠢᠯᠢ ᠶᠢᠨ ᠮᠥᠩᠭᠦ ᠶᠢ ᠬᠠᠮᠵᠢᠨ ᠲᠠᠲᠠᠪᠤᠷᠢᠯᠠᠬᠤ ᠶᠢ ᠭᠤᠶᠤᠴᠢᠯᠠᠵᠤ ᠪᠣᠯᠤᠨ᠎ᠠ᠃

  ᠠᠷᠪᠠᠨ ᠳᠣᠯᠣᠳᠤᠭᠠᠷ ᠵᠦᠢᠯ   ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠬᠢᠭᠡᠳ ᠳᠣᠲᠣᠭᠠᠳᠤ ᠶᠢ ᠬᠠᠮᠠᠭᠠᠯᠠᠬᠤ ᠪᠠᠢᠢᠭᠤᠯᠭ᠎ᠠ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠭᠡᠳ ᠡᠷᠡᠭᠦᠦ ᠶᠢᠨ ᠬᠠᠤᠯᠢ ᠬᠡᠷᠡᠭᠵᠢᠬᠦᠯᠬᠦ ᠵᠢᠨ ᠵᠣᠯᠭᠠᠯᠳᠤᠭᠰᠠᠨ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠴᠠᠭᠳᠠᠭ᠎ᠠ ᠭᠠᠢᠢᠯᠢ ᠶᠢᠨ ᠠᠵᠢᠯᠲᠠᠨ ᠬᠤᠯᠪᠣᠭᠠᠯᠠᠨ ᠬᠡᠷᠡᠭ ᠰᠢᠢᠳᠪᠦᠷᠢᠯᠡᠬᠦ ᠶᠢ ᠬᠡᠷᠡᠭᠵᠢᠭᠦᠯᠬᠦ ᠬᠡᠷᠡᠭᠲᠡᠶ᠃

  ᠠᠷᠪᠠᠨ ᠨᠠᠢᠮᠠᠳᠤᠭᠠᠷ ᠵᠦᠢᠯ    ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠦᠢᠯᠡᠳᠪᠦᠷᠢᠯᠡᠯ ᠡᠵᠡᠩᠨᠡᠯᠲᠡ ᠬᠢᠵᠦ ᠪᠠᠢᠢᠭ᠎ᠠ ᠭᠠᠢᠢᠯᠢ ᠲᠤᠰᠢᠶᠠᠭᠴᠢ᠂ ᠰᠠᠭᠤᠯᠭᠠᠨ ᠲᠤᠰᠢᠶᠠᠬᠤ ᠡᠭᠦᠷᠭᠡᠳᠡᠨ ᠤ ᠪᠠᠩᠬᠢ ᠪᠤᠶᠤ ᠪᠤᠰᠤᠳ ᠮᠥᠩᠭᠦᠨ ᠭᠦᠢᠯᠭᠡᠭᠡᠨ ᠤ ᠪᠠᠢᠢᠭᠤᠯᠤᠮᠵᠢ ᠳᠠᠬᠢ ᠬᠠᠳᠠᠭᠠᠯᠠᠮᠵᠢ ᠶᠢᠨ ᠳᠠᠩᠰᠠᠨ ᠡᠷᠦᠬᠡ ᠶᠢ ᠨᠢ ᠬᠠᠤᠯᠢ ᠶᠣᠰᠣᠭᠠᠷ ᠪᠠᠢᠢᠴᠠᠭᠠᠨ ᠯᠠᠪᠯᠠᠵᠤ ᠪᠣᠯᠤᠨ᠎ᠠ᠃

  ᠬᠥᠮᠦᠨ ᠬᠡᠷᠡᠭᠯᠡᠬᠦ ᠨᠢᠭᠡᠴᠢ ᠨᠢ ᠨᠡᠢᠢᠬᠡᠮ ᠤᠨ ᠳᠠᠭᠠᠳᠬᠠᠯ ᠤᠨ ᠰᠦᠢᠳᠬᠡᠯ ᠢ ᠬᠤᠭᠤᠴᠠᠭ᠎ᠠ ᠬᠡᠲᠦᠷᠡᠭᠰᠡᠨ ᠪᠠᠢᠢᠲᠠᠯ᠎ᠠ ᠲᠤᠰᠢᠶᠠᠭᠰᠠᠨ ᠦᠭᠡᠶ ᠪᠤᠶᠤ ᠭᠦᠢᠴᠡᠳ ᠨᠥᠬᠦᠪᠥᠷᠢᠯᠡᠭᠰᠡᠨ ᠦᠭᠡᠶ ᠪᠠᠢᠢᠪᠠᠯ ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠪᠠᠩᠬᠢ ᠪᠠ ᠪᠤᠰᠤᠳ ᠮᠥᠩᠭᠦᠨ ᠭᠦᠢᠯᠭᠡᠭᠡᠨ ᠤ ᠪᠠᠢᠢᠭᠤᠯᠤᠮᠵᠢ ᠡᠴᠠ ᠲᠡᠭᠦᠨ ᠤ ᠬᠠᠳᠠᠭᠠᠯᠠᠮᠵᠢ ᠶᠢᠨ ᠳᠠᠩᠰᠠᠨ ᠡᠷᠦᠬᠡ ᠶᠢ ᠨᠢ ᠬᠠᠤᠯᠢ ᠶᠣᠰᠣᠭᠠᠷ ᠪᠠᠢᠢᠴᠠᠭᠠᠨ ᠯᠠᠪᠯᠠᠵᠤ ᠪᠣᠯᠤᠨ᠎ᠠ᠃

  ᠠᠷᠪᠠ ᠶᠢᠰᠦᠳᠦᠭᠡᠷ ᠵᠦᠢᠯ    ᠭᠠᠢᠢᠯᠢ ᠲᠤᠰᠢᠶᠠᠭᠴᠢ ᠰᠦᠢᠳᠬᠡᠯ ᠲᠤᠰᠢᠶᠠᠭᠴᠢ ᠨᠢ ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠡᠴᠠ ᠭᠠᠢᠢᠯᠢ ᠰᠦᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠵᠢᠴᠢ ᠭᠠᠢᠢᠯᠢ ᠰᠦᠢᠳᠬᠡᠯ ᠲᠤᠰᠢᠶᠠᠬᠤ ᠳᠡᠰ ᠳᠠᠷᠠᠭᠠᠯᠠᠯ ᠪᠠ ᠱᠠᠭᠠᠷᠳᠠᠯᠭ᠎ᠠ ᠶᠢ ᠣᠢᠢᠯᠠᠭᠠᠬᠤ ᠡᠷᠬᠡ ᠲᠠᠢ᠃ ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠭᠠᠢᠢᠯᠢ ᠲᠤᠰᠢᠶᠠᠭᠴᠢ ᠰᠦᠢᠳᠬᠡᠯ ᠲᠤᠰᠢᠶᠠᠭᠴᠢ ᠳᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠭᠠᠢᠢᠯᠢ ᠰᠦᠢᠳᠭᠡᠯ ᠲᠤᠰᠢᠶᠠᠬᠤ ᠶᠢ ᠬᠠᠪᠰᠤᠷᠤᠨ ᠵᠢᠯᠣᠭᠤᠳᠬᠤ ᠵᠡᠷᠭᠡ ᠦᠢᠯᠡᠴᠢᠯᠡᠭᠡ ᠶᠢ ᠬᠠᠤᠯᠢ ᠶᠣᠰᠣᠭᠠᠷ ᠦᠨ᠎ᠡ ᠲᠥᠯᠥᠪᠦᠷᠢ ᠦᠭᠡᠢ ᠪᠠᠷ ᠬᠠᠩᠭᠠᠬᠤ ᠬᠡᠷᠡᠭᠲᠡᠢ᠃

  ᠬᠤᠷᠢᠳᠤᠭᠠᠷ ᠵᠦᠢᠯ   ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠭᠠᠢᠢᠯᠢ ᠰᠦᠢᠳᠬᠡᠯ ᠤᠨ ᠦᠢᠯᠡᠴᠢᠯᠡᠭᠡᠨ ᠤ ᠠᠷᠭ᠎ᠠ ᠪᠠᠨ ᠲᠡᠭᠦᠯᠳᠡᠷᠵᠢᠭᠦᠯᠵᠦ᠂ ᠭᠠᠢᠢᠯᠢ ᠰᠦᠢᠳᠭᠡᠯ ᠲᠤᠰᠢᠶᠠᠬᠤ᠂ ᠭᠠᠢᠢᠯᠢ ᠰᠦᠢᠳᠬᠡᠯ ᠪᠤᠴᠠᠭᠠᠬᠤ ᠵᠡᠷᠭᠡ ᠦᠢᠯᠡᠴᠢᠯᠡᠭᠡᠨ ᠤ ᠴᠤᠪᠤᠷᠠᠯ ᠢᠶᠠᠨ ᠰᠢᠯᠢᠳᠡᠭᠵᠢᠭᠦᠯᠵᠦ᠂ ᠭᠠᠢᠢᠯᠢ ᠰᠦᠢᠳᠭᠡᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠭᠦᠢᠴᠡᠳᠭᠡᠬᠦ᠂ ᠠᠯᠠᠭᠠᠨ ᠳᠤ ᠪᠠᠨ ᠭᠦᠢᠴᠡᠳᠭᠡᠬᠦ᠂ ᠦᠪᠡᠰᠦᠪᠡᠨ ᠭᠦᠢᠴᠡᠳᠭᠡᠬᠦ᠂ ᠰᠠᠯᠠᠭ᠎ᠠ ᠮᠦᠴᠢᠷ ᠠᠯᠤᠰᠯᠠᠨ ᠬᠤᠯᠪᠣᠭᠠᠯᠠᠨ ᠭᠦᠢᠴᠡᠳᠭᠡᠬᠦ᠂ ᠣᠷᠣᠨ ᠪᠦᠰᠡ ᠠᠯᠤᠰᠯᠠᠨ ᠨᠡᠢᠢᠳᠡᠮ ᠭᠦᠢᠴᠡᠳᠭᠡᠬᠦ ᠵᠡᠷᠭᠡ ᠶᠢ ᠠᠬᠢᠭᠤᠯᠤᠨ᠂ ᠭᠠᠢᠢᠯᠢ ᠰᠦᠢᠳᠭᠡᠯ ᠲᠤᠰᠢᠶᠠᠬᠤ ᠦᠢᠯᠡᠴᠢᠯᠡᠭᠡᠨ ᠤ ᠨᠠᠷᠢᠯᠢᠬᠵᠢᠭᠤᠯᠤᠭᠰᠠᠨ᠂ ᠳᠥᠭᠦᠮᠴᠢᠯᠡᠭᠰᠡᠨ᠂ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃

  ᠬᠤᠷᠢᠨ ᠨᠢᠭᠡᠳᠦᠭᠡᠷ ᠵᠦᠢᠯ    ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠡᠯᠧᠺᠲ᠋ᠷᠣᠨ ᠪᠠᠷᠢᠮᠲᠠ ᠶᠢᠨ ᠬᠡᠷᠡᠭᠯᠡᠯᠲᠡ ᠶᠢ ᠳᠡᠯᠭᠡᠷᠡᠭᠦᠯᠵᠦ᠂ ᠡᠯᠧᠺᠲ᠋ᠷᠣᠨ ᠪᠠᠷᠢᠮᠲᠠ ᠯᠤᠭ᠎ᠠ ᠬᠠᠷᠢᠯᠴᠠᠨ ᠵᠣᠬᠢᠴᠠᠯᠳᠤᠭᠰᠠᠨ ᠦᠢᠯᠡᠴᠢᠯᠡᠭᠡᠨ ᠤ ᠵᠠᠭᠪᠤᠷ ᠢ ᠪᠠᠢᠢᠭᠤᠯᠵᠤ᠂ ᠭᠠᠢᠢᠯᠢ ᠲᠤᠰᠢᠶᠠᠭᠴᠢ ᠳᠤ ᠡᠯᠧᠺᠲ᠋ᠷᠣᠨ ᠪᠠᠷᠢᠮᠲᠠ ᠭᠠᠷᠭᠠᠬᠤ᠂ ᠬᠡᠷᠡᠭᠯᠡᠬᠦ ᠳᠤ ᠨᠢ ᠳᠥᠭᠦᠮ ᠳᠥᠲᠡ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ ᠬᠡᠷᠡᠭᠲᠡᠶ᠃

  ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠤᠯᠤᠰ ᠤᠨ ᠲᠣᠭᠲᠠᠭᠠᠯ ᠶᠣᠰᠣᠭᠠᠷ ᠨᠢᠭᠲᠠᠯᠠᠨ ᠪᠣᠳᠣᠭᠴᠢ ᠶᠢᠨ ᠪᠠᠷᠢᠮᠲᠠ ᠶᠢ ᠡᠯᠧᠺᠲ᠋ᠷᠣᠨᠴᠢᠯᠡᠨ ᠳᠠᠩᠰᠠ ᠲᠠᠢᠢᠯᠬᠤ᠂ ᠳᠠᠩᠰᠠᠯᠠᠬᠤ᠂ ᠳᠠᠩᠰᠠ ᠡᠪᠬᠡᠮᠡᠯ ᠳᠤ ᠣᠷᠣᠭᠤᠯᠬᠤ ᠵᠡᠷᠭᠡ ᠠᠵᠢᠯ ᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠥᠲᠥᠯᠥᠨ ᠵᠢᠯᠤᠭᠤᠳᠴᠤ ᠪᠠᠢᠢᠭᠠᠳ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠨᠢᠭᠲᠠᠯᠠᠨ ᠪᠣᠳᠣᠭᠴᠢ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠡᠯᠧᠺᠲ᠋ᠷᠣᠨᠴᠢᠯᠡᠭᠰᠠᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃

  ᠬᠤᠷᠢᠨ ᠬᠤᠶᠠᠳᠤᠭᠠᠷ ᠵᠦᠢᠯ   ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠲᠠᠢ ᠬᠠᠮᠳᠤᠷᠠᠨ ᠭᠠᠢᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠭᠠᠢᠢᠯᠢ ᠰᠦᠢᠳᠬᠡᠯ ᠲᠠᠲᠠᠪᠤᠷᠢᠯᠠᠨ ᠲᠤᠰᠢᠶᠠᠬᠤ ᠲᠤᠬᠠᠢ ᠬᠠᠮᠢᠶ᠎ᠠ ᠪᠦᠬᠦᠢ ᠮᠠᠷᠭᠤᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠲᠣᠭᠲᠠᠴᠠ ᠵᠢ ᠪᠠᠢᠢᠭᠤᠯᠤᠨ ᠪᠦᠷᠢᠨᠰᠢᠭᠦᠯᠵᠦ᠂ ᠮᠠᠷᠭᠤᠯᠳᠤᠭᠠᠨ ᠵᠢᠭᠤᠷᠠᠯᠳᠤᠭᠠᠨ ᠢ ᠴᠠᠭ ᠲᠤᠬᠠᠢ ᠳ᠋ᠤ ᠨᠢ ᠰᠢᠢᠳᠪᠦᠷᠢᠯᠡᠬᠦ ᠬᠡᠷᠡᠭᠲᠡᠶ᠃

  ᠬᠤᠷᠢᠨ ᠭᠤᠷᠪᠠᠳᠤᠭᠠᠷ ᠵᠦᠢᠯ   ᠭᠠᠢᠢᠯᠢ ᠰᠦᠢᠳᠬᠡᠯ ᠳᠤ ᠬᠤᠯᠪᠣᠭᠳᠠᠭᠰᠠᠨ ᠲᠤᠰᠬᠠᠶ ᠦᠢᠯᠡᠴᠢᠯᠡᠭᠡᠨ ᠤ ᠪᠠᠢᠢᠭᠤᠯᠤᠮᠵᠢ ᠶᠢᠨ ᠲᠤᠰᠬᠠᠶ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠵᠤᠷᠢᠬᠵᠢᠭᠤᠯᠤᠨ ᠳᠡᠮᠵᠢᠵᠦ᠂ ᠭᠠᠢᠢᠯᠢ ᠲᠤᠰᠢᠶᠠᠭᠴᠢ ᠰᠦᠢᠳᠬᠡᠯ ᠲᠤᠰᠢᠶᠠᠭᠴᠢ ᠳᠤ ᠲᠤᠰᠬᠠᠢᠢᠵᠢᠭᠰᠠᠨ᠂ ᠵᠢᠷᠤᠮᠵᠢᠭᠰᠠᠨ᠂ ᠥᠪᠡᠷᠮᠢᠴᠡ ᠭᠠᠢᠢᠯᠢ ᠰᠦᠢᠳᠬᠡᠯ ᠤᠨ ᠦᠢᠯᠡᠴᠢᠯᠡᠭᠡ ᠬᠠᠩᠭᠠᠬᠤ ᠬᠡᠷᠡᠭᠳᠡᠢ᠃

  ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠬᠢᠬᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠤᠭᠦᠳ ᠭᠠᠢᠢᠯᠢ ᠰᠦᠢᠳᠬᠡᠯ ᠳᠤ ᠬᠤᠯᠪᠣᠭᠳᠠᠭᠰᠠᠨ ᠲᠤᠰᠬᠠᠶ ᠦᠢᠯᠡᠴᠢᠯᠡᠭᠡᠨ ᠤ ᠪᠠᠢᠢᠭᠤᠯᠤᠮᠵᠢ ᠳᠠᠬᠢ ᠠᠵᠢᠯ ᠡᠷᠬᠢᠯᠡᠯᠲᠡ ᠶᠢᠨ ᠬᠢᠨᠠᠯᠲᠠ ᠬᠠᠮᠢᠶᠠᠷᠤᠯᠲᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃

  ᠬᠤᠷᠢᠨ ᠳᠥᠷᠪᠡᠳᠦᠭᠡᠷ ᠵᠦᠢᠯ    ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠲᠠᠢ ᠬᠠᠮᠳᠤᠷᠠᠨ ᠭᠠᠢᠢᠯᠢ ᠰᠦᠢᠳᠬᠡᠯ ᠲᠤᠰᠢᠶᠠᠬᠤ ᠶᠢᠨ ᠢᠲᠡᠭᠡᠮᠵᠢ ᠶᠢ ᠦᠨᠡᠯᠡᠬᠦ ᠪᠠ ᠤᠷᠮᠠᠰᠢᠭᠤᠯᠬᠤ ᠵᠠᠯᠬᠠᠭᠠᠬᠤ ᠲᠣᠭᠲᠠᠴᠠ ᠶᠢ ᠪᠠᠢᠢᠭᠤᠯᠤᠨ ᠪᠦᠷᠢᠨᠰᠢᠭᠦᠯᠵᠦ᠂ ᠭᠠᠢᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠢᠲᠡᠭᠡᠮᠵᠢ ᠶᠢᠨ ᠬᠥᠳᠡᠯᠦᠩᠭᠦᠢ ᠵᠡᠷᠭᠡ ᠳᠡᠰ ᠤᠨ ᠲᠥᠷᠥᠯ ᠠᠩᠭᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃

  ᠬᠤᠷᠢᠨ ᠲᠠᠪᠤᠳᠤᠭᠠᠷ ᠵᠦᠢᠯ    ᠶᠠᠮᠠᠷᠪᠠ ᠵᠣᠬᠢᠶᠠᠨ ᠪᠠᠢᠢᠭᠤᠯᠤᠯᠲᠠ ᠪᠠ ᠬᠤᠪᠢ ᠬᠥᠮᠦᠨ ᠭᠡᠳ ᠴᠥᠮ ᠭᠠᠢᠢᠯᠢ ᠰᠦᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠤᠰ ᠠᠷᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠢ ᠢᠯᠡᠴᠢᠯᠡᠨ ᠮᠡᠳᠡᠭᠦᠯᠬᠦ ᠡᠷᠬᠡ ᠲᠠᠢ᠃

  ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠬᠢᠬᠡᠳ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠢ ᠨᠦᠭᠦᠳ ᠢᠯᠡᠴᠢᠯᠡᠨ ᠮᠡᠳᠡᠬᠦᠯᠦᠯᠲᠡ ᠶᠢ ᠭᠥᠯᠢᠶᠡᠨ ᠠᠪᠤᠭᠰᠠᠨ ᠤ ᠳᠠᠷᠠᠭ᠎ᠠ ᠬᠠᠤᠯᠢ ᠶᠣᠰᠣᠭᠠᠷ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ ᠪᠥᠭᠡᠳ ᠢᠯᠡᠴᠢᠯᠡᠨ ᠮᠡᠳᠡᠭᠦᠯᠦᠭᠴᠢ ᠶᠢᠨ ᠬᠠᠮᠢᠶ᠎ᠠ ᠪᠥᠬᠦᠶ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ᠃

  ᠬᠤᠷᠢᠨ ᠵᠢᠷᠭᠤᠳᠤᠭᠠᠷ ᠵᠦᠢᠯ   ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠬᠢᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠭᠤᠣᠯᠳᠠᠯᠭ᠎ᠠ ᠲᠠᠢ ᠲᠦᠭᠰᠢᠭᠦᠷᠢ ᠶᠢᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠦᠭᠰᠢᠭᠦᠷᠢ ᠶᠢ ᠬᠥᠳᠡᠯᠦᠩᠭᠦᠢ ᠰᠡᠷᠭᠡᠢᠢᠯᠡᠨ ᠡᠵᠡᠮᠳᠡᠬᠦ ᠲᠣᠭᠲᠠᠴᠠ ᠶᠢ ᠪᠠᠢᠢᠭᠤᠯᠵᠤ᠂ ᠴᠢᠬᠤᠯᠠ ᠶᠡᠭᠡ ᠭᠠᠢᠢᠯᠢ ᠲᠠᠲᠠᠪᠤᠷᠢ ᠶᠢᠨ ᠲᠦᠭᠰᠢᠭᠦᠷᠢ ᠶᠢ ᠴᠠᠭ ᠲᠤᠬᠠᠢ ᠳᠤ ᠨᠢ ᠢᠯᠡᠷᠡᠭᠦᠯᠵᠦ᠂ ᠪᠦᠲᠦᠮᠵᠢᠲᠡᠢ ᠰᠡᠷᠭᠡᠢᠢᠯᠡᠬᠦ ᠬᠡᠷᠡᠭᠲᠡᠢ᠃

  ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠲᠠᠢ ᠬᠠᠮᠳᠤᠷᠠᠯᠴᠠᠨ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠭᠠᠢᠢᠯᠢ ᠰᠦᠢᠳᠬᠡᠯ ᠳᠤ ᠬᠤᠯᠪᠣᠭᠳᠠᠬᠤ ᠬᠤᠯᠪᠣᠭᠠᠯᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠢᠢᠭᠤᠯᠵᠤ᠂ ᠭᠠᠢᠢᠯᠢ ᠰᠦᠢᠳᠬᠡᠯ ᠳᠤ ᠬᠤᠯᠪᠤᠨᠨᠳ᠋ᠬᠠᠰᠠᠨ ᠬᠠᠤᠯᠢ ᠡᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠢ ᠬᠠᠤᠯᠢ ᠶᠣᠰᠣᠭᠠᠷ ᠴᠠᠭ ᠲᠤᠬᠠᠢ ᠳᠤ ᠨᠢ ᠪᠠᠢᠢᠴᠠᠭᠠᠨ ᠰᠢᠢᠳᠪᠦᠷᠢᠯᠡᠬᠦ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠭᠠᠢᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠭᠠᠢᠢᠯᠢ ᠰᠦᠢᠳᠬᠡᠯ ᠳᠤ ᠬᠤᠯᠪᠣᠭᠳᠠᠭᠰᠠᠨ ᠬᠠᠤᠯᠢ ᠡᠴᠠ ᠵᠥᠷᠢᠴᠡᠭᠰᠡᠨ ᠰᠦᠪᠡᠭᠴᠢ ᠶᠢ ᠣᠯᠵᠤ ᠮᠡᠳᠡᠪᠡᠯ᠂ ᠭᠠᠢᠢᠯᠢ ᠶᠢᠨ ᠶᠠᠪᠤᠳᠠᠯ ᠤᠨ ᠪᠠᠢᠢᠭᠤᠯᠭ᠎ᠠ ᠳᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠶ᠃

  ᠬᠤᠷᠢᠨ ᠳᠣᠯᠣᠳᠤᠭᠠᠷ ᠵᠦᠢᠯ   ᠲᠤᠰ ᠠᠷᠭ᠎ᠠ ᠶᠢᠨ ᠲᠣᠭᠲᠠᠭᠠᠯ ᠡᠴᠠ ᠵᠥᠷᠢᠴᠡᠭᠰᠡᠨ ᠦᠢᠯᠡ ᠠᠵᠢᠯᠯᠠᠭ᠎ᠠ ᠳᠤ᠂︽ ᠪᠦᠭᠦᠳᠡ ᠨᠠᠢᠢᠷᠠᠮᠳᠠᠬᠤ ᠳᠤᠮᠳᠠᠳᠤ ᠠᠷᠠᠳ ᠤᠯᠤᠰ ᠤᠨ ᠭᠠᠢᠢᠯᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ ᠬᠠᠤᠯᠢ ︾᠂︽ ᠪᠦᠭᠦᠳᠡ ᠨᠠᠢᠢᠷᠠᠮᠳᠠᠬᠤ ᠳᠤᠮᠳᠠᠳᠤ ᠠᠷᠠᠳ ᠤᠯᠤᠰ ᠤᠨ ᠨᠡᠢᠢᠬᠡᠮ ᠤᠨ ᠳᠠᠭᠠᠳᠬᠠᠯ ᠤᠨ ᠬᠠᠤᠯᠢ ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠶ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠢᠢᠪᠠᠯ᠂ ᠲᠡᠷᠡ ᠭᠦ ᠲᠣᠭᠲᠠᠭᠠᠯ ᠢᠶᠠᠷ ᠬᠡᠷᠡᠭᠵᠢᠭᠦᠯᠦᠨ᠎ᠡ᠃

  ᠬᠤᠷᠢᠨ ᠨᠠᠢᠮᠠᠳᠤᠭᠠᠷ ᠵᠦᠢᠯ   ᠭᠠᠢᠢᠯᠢ ᠰᠦᠢᠳᠬᠡᠯ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠠᠵᠢᠯ ᠤᠨ ᠶᠠᠪᠤᠴᠠ ᠳ᠋ᠤ ᠠᠯᠪᠠᠨ ᠲᠤᠰᠢᠶᠠᠯ ᠳ᠋ᠤ ᠪᠠᠨ ᠠᠯᠮᠠᠢᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠢᠢᠷ ᠲᠠᠯ᠎ᠠ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠣᠯ ᠰᠢᠭᠤᠳ ᠬᠠᠷᠢᠭᠤᠴᠠᠵᠤ ᠪᠠᠢᠢᠭ᠎ᠠ ᠭᠤᠤᠯᠴᠢᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠰᠢᠢᠳᠬᠡᠯ ᠣᠯᠭᠤᠨ᠎ᠠ︔ ᠶᠠᠯ᠎ᠠ ᠳᠤ ᠬᠦᠷᠦᠭᠰᠡᠨ ᠪᠠᠢᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃

  ᠬᠤᠷᠢ ᠶᠢᠰᠦᠳᠦᠭᠡᠷ ᠵᠦᠢᠯ   ᠲᠣᠰ ᠠᠷᠭ᠎ᠠ ᠶᠢ 2024 ᠣᠨ ᠤ 8 ᠳ᠋ᠤᠭᠠᠷ ᠰᠠᠷ᠎ᠠ ᠶᠢᠨ 1 ᠤ ᠡᠳᠦᠷ ᠡᠴᠠ ᠡᠬᠢᠯᠡᠵᠦ ᠬᠡᠷᠡᠭᠵᠢᠭᠦᠯᠦᠨ᠎ᠡ᠃ 2018 ᠣᠨ ᠤ 8 ᠳ᠋ᠤᠭᠠᠷ ᠰᠠᠷ᠎ᠠ ᠶᠢᠨ 31 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 235ᠳ᠋ᠤᠭᠠᠷ ᠲᠣᠭᠠᠲᠤ ᠪᠠᠷ ᠨᠡᠢᠢᠲᠡᠯᠡᠭᠰᠡᠨ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠢᠢᠯᠢ ᠲᠠᠲᠠᠪᠤᠷᠢ ᠶᠢᠨ ᠪᠠᠲᠤᠯᠠᠭ᠎ᠠ ᠶᠢᠨ ᠠᠷᠭ᠎ᠠ ︾ ᠶᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃



ᠭᠠᠷ ᠤᠲᠠᠰᠤ ᠪᠠᠷ ᠦᠵᠡᠬᠦ