︵ 1996 ᠣᠨ ᠤ 5 ᠳ᠋ᠤᠭᠠᠷ ᠰᠠᠷ᠎ᠠ ᠶᠢᠨ 18 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 70 ᠳ᠋ᠤᠭᠠᠷ ᠲᠣᠭᠠᠲᠤ ᠪᠠᠷ ᠨᠡᠢᠢᠲᠡᠯᠡᠪᠡ 1998 ᠤᠨ ᠤ 8 ᠳ᠋ᠤᠭᠠᠷ ᠰᠠᠷ᠎ᠠ ᠶᠢᠨ 13 ᠤ ᠡᠳᠦᠷ ᠤᠨ ︽ ︿ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠬᠤᠪᠢ ᠶᠢᠨ ᠥᠮᠴᠢᠯᠡᠯᠲᠦ ᠭᠡᠷ ᠪᠠᠶᠢᠰᠢᠩ ᠤᠨ ᠬᠠᠮᠢᠶᠠᠷᠤᠯᠲᠠ ᠶᠢᠨ ᠳᠦᠷᠢᠮ ᠤᠨ ᠨᠠᠷᠢᠨ ᠬᠡᠷᠡᠭᠵᠢᠭᠦᠯᠬᠦ ᠳᠦᠷᠢᠮ ﹀ ᠵᠡᠷᠭᠡ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ︾ ᠢ ᠦᠨᠳᠦᠰᠦᠯᠡᠨ ᠠᠩᠬ᠎ᠠ ᠤᠳᠠᠭ᠎ᠠ ᠵᠠᠰᠠᠪᠤᠷᠢ ᠤᠷᠤᠭᠤᠯᠪᠠ 2002 ᠣᠨ ᠤ 6 ᠳ᠋ᠤᠭᠠᠷ ᠰᠠᠷ᠎ᠠ ᠶᠢᠨ 21 ᠤ ᠡᠳᠦᠷ ᠤᠨ ︽ ︿ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠯᠠᠭᠰᠠᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ﹀ ᠵᠡᠷᠭᠡ ᠬᠡᠰᠡᠭ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ︾ ᠢ ᠦᠨᠳᠦᠰᠦᠯᠡᠨ ᠬᠤᠶᠠᠳᠤᠭᠠᠷ ᠤᠳᠠᠭ᠎ᠠ ᠵᠠᠰᠠᠪᠤᠷᠢ ᠤᠷᠤᠭᠤᠯᠪᠠ 2024 ᠣᠨ ᠤ 7 ᠳ᠋ᠤᠭᠠᠷ ᠰᠠᠷ᠎ᠠ ᠶᠢᠨ 1 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 270 ᠳ᠋ᠤᠭᠠᠷ ᠲᠣᠭᠠᠲᠤ ᠪᠠᠷ ᠵᠠᠰᠠᠪᠤᠷᠢ ᠤᠷᠤᠭᠤᠯᠵᠦ ᠲᠣᠭᠲᠠᠭᠠᠪᠠ ︶
ᠨᠢᠭᠡᠳᠦᠭᠡᠷ ᠵᠦᠢᠯ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠤᠨ ᠦᠨᠡᠯᠡᠯᠲᠡ ᠳᠤ ᠬᠠᠮᠢᠶᠠᠷᠤᠯᠲᠠ ᠪᠠᠨ ᠴᠢᠩᠭᠠᠳᠬᠠᠨ᠂ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠬᠦ ᠪᠠ ᠬᠥᠩᠭᠡᠷᠡᠭᠦᠯᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ᠂ ︽ ᠪᠦᠭᠦᠳᠡ ᠨᠠᠢᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠤᠯᠢ ︾᠂ ︽ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠤᠨ ᠦᠨᠡᠯᠡᠯᠲᠡ ᠶᠢᠨ ᠬᠠᠮᠢᠶᠠᠷᠤᠯᠲᠠ ᠶᠢᠨ ᠳᠦᠷᠢᠮ ︾᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢ ᠰᠡᠷᠭᠡᠢᠢᠯᠡᠵᠦ ᠭᠠᠮᠰᠢᠭ ᠢ ᠪᠠᠭᠠᠰᠬᠠᠬᠤ ᠳᠦᠷᠢᠮ ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠤᠳᠠᠳᠠᠢ ᠲᠠᠢ ᠪᠠᠨ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃
ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠣᠲᠣᠷ᠎ᠠ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠢ ᠦᠨᠡᠯᠡᠬᠦ ᠠᠵᠢᠯᠯᠠᠭᠠᠨ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃
ᠭᠤᠷᠪᠠᠳᠤᠭᠠᠷ ᠵᠦᠢᠯ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠤᠨ ᠦᠨᠡᠯᠡᠯᠲᠡ ᠶᠢᠨ ᠬᠠᠮᠢᠶᠠᠷᠤᠯᠲᠠ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ᠂ ᠠᠷᠠᠳ ᠲᠤ ᠳᠥᠭᠦᠮ ᠦᠵᠡᠭᠦᠯᠬᠦ ᠵᠠᠷᠴᠢᠮ ᠢ ᠵᠢᠷᠤᠮᠯᠠᠬᠤ ᠬᠡᠷᠡᠭᠲᠡᠶ᠃
ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠢ ᠬᠠᠷᠢᠭᠤᠴᠠᠨ ᠬᠠᠮᠢᠶᠠᠷᠴᠤ ᠪᠠᠢᠢᠭ᠎ᠠ ᠰᠠᠯᠠᠭ᠎ᠠ ᠮᠥᠴᠢᠷ ᠪᠤᠶᠤ ᠪᠠᠢᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠤᠨ ᠦᠨᠡᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃
ᠲᠠᠪᠤᠳᠤᠭᠠᠷ ᠵᠦᠢᠯ ᠳᠣᠤᠷᠠᠬᠢ ᠮᠡᠲᠦ ᠪᠦᠲᠦᠭᠡᠨ ᠪᠠᠢᠢᠭᠤᠯᠤᠯᠲᠠ ᠶᠢᠨ ᠢᠨᠵᠧᠨᠧᠷᠢᠩ ᠳᠤ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠤᠨ ᠦᠨᠡᠯᠡᠯᠲᠡ ᠬᠢᠬᠦ ᠬᠡᠷᠡᠭᠲᠡᠶ᠄
︵ ᠨᠢᠭᠡ ︶ ᠤᠯᠤᠰ ᠤᠨ ᠴᠢᠬᠤᠯᠠ ᠶᠡᠭᠡ ᠪᠦᠲᠦᠭᠡᠨ ᠪᠠᠢᠢᠭᠤᠯᠤᠯᠲᠠ ᠶᠢᠨ ᠢᠨᠵᠧᠨᠧᠷᠢᠩ︔
︵ ᠬᠤᠶᠠᠷ ︶ ᠭᠠᠵᠠᠷ ᠬᠥᠳᠡᠯᠦᠯᠲᠡ ᠳᠤ ᠡᠪᠳᠡᠭᠳᠡᠭᠰᠡᠨ ᠤ ᠳᠠᠷᠠᠭ᠎ᠠ ᠤᠰᠤᠨ ᠭᠠᠮᠰᠢᠭ᠂ ᠭᠠᠯ ᠤᠨ ᠠᠶᠤᠯ᠂ ᠳᠡᠯᠪᠡᠷᠡᠯᠲᠡ᠂ ᠳᠣᠭᠰᠢᠨ ᠬᠤᠤᠷ ᠪᠤᠶᠤ ᠴᠢᠩᠭ᠎ᠠ ᠢᠳᠡᠮᠡᠬᠡᠶ ᠴᠢᠨᠠᠷᠲᠤ ᠪᠣᠳᠠᠰ ᠤᠨ ᠶᠡᠭᠡ ᠬᠡᠮᠵᠢᠶᠡᠨ ᠤ ᠯᠡᠪᠡᠷᠡᠯᠲᠡ ᠪᠤᠶᠤ ᠪᠤᠰᠤᠳ ᠬᠦᠨᠳᠦ ᠨᠣᠴᠢᠲᠠᠶ ᠡᠭᠦᠰᠦᠮᠡᠯ ᠭᠠᠮᠰᠢᠭ ᠡᠭᠦᠰᠴᠦ ᠮᠡᠳᠡᠬᠦ ᠪᠦᠲᠦᠭᠡᠨ ᠪᠠᠢᠢᠭᠤᠯᠤᠯᠲᠠ ᠶᠢᠨ ᠢᠨᠵᠧᠨᠧᠷᠢᠩ᠂ ᠡᠭᠦᠨ ᠳᠤ ᠴᠥᠭᠦᠷᠥᠮ ᠬᠠᠰᠢᠯᠭ᠎ᠠ᠂ ᠳᠠᠯᠠᠩ ᠪᠠ ᠲᠣᠰᠣ ᠬᠠᠳᠠᠭᠠᠯᠠᠬᠤ᠂ ᠬᠡᠢ ᠬᠠᠳᠠᠭᠠᠯᠠᠬᠤ᠂ ᠨᠣᠴᠣᠮᠠᠲᠠᠭᠠᠶ ᠳᠡᠯᠪᠡᠷᠡᠮᠡᠲᠡᠭᠡᠶ᠂ ᠳᠣᠭᠰᠢᠨ ᠬᠤᠤᠷ ᠪᠤᠶᠤ ᠴᠢᠩᠭ᠎ᠠ ᠢᠳᠡᠮᠡᠬᠡᠢ ᠴᠢᠨᠠᠷᠲᠤ ᠪᠣᠳᠠᠰ ᠢ ᠬᠠᠳᠠᠭᠠᠯᠠᠬᠤ ᠪᠡᠯᠡᠳᠬᠡᠮᠵᠢ ᠵᠢᠴᠢ ᠪᠤᠰᠤᠳ ᠬᠦᠨᠳᠦ ᠨᠣᠴᠢᠲᠠᠶ ᠡᠭᠦᠰᠦᠮᠡᠯ ᠭᠠᠮᠰᠢᠭ ᠡᠭᠦᠰᠴᠦ ᠮᠡᠳᠡᠬᠦ ᠪᠦᠲᠦᠭᠡᠨ ᠪᠠᠢᠢᠭᠤᠯᠤᠯᠲᠠ ᠶᠢᠨ ᠢᠨᠵᠧᠨᠧᠷᠢᠩ ᠤᠳ ᠪᠠᠭᠲᠠᠨ᠎ᠠ︔
︵ ᠭᠤᠷᠪᠠ ︶ ᠭᠠᠵᠠᠷ ᠬᠥᠳᠡᠯᠦᠯᠲᠡ ᠳᠤ ᠡᠪᠳᠡᠭᠳᠡᠭᠰᠡᠨ ᠤ ᠳᠠᠷᠠᠭ᠎ᠠ ᠰᠠᠴᠤᠷᠠᠭ ᠤᠨ ᠪᠤᠭᠢᠷᠲᠣᠯ ᠡᠭᠦᠰᠬᠡᠵᠦ ᠮᠠᠲᠠᠭᠦ ᠴᠥᠮ᠎ᠡ ᠶᠢᠨ ᠴᠠᠭᠢᠯᠭᠠᠨ ᠤ ᠥᠷᠳᠡᠭᠡ ᠪᠠ ᠴᠥᠮ᠎ᠡ ᠶᠢᠨ ᠪᠡᠯᠡᠳᠬᠡᠮᠵᠢ ᠶᠢᠨ ᠪᠦᠲᠦᠭᠡᠨ ᠪᠠᠢᠢᠭᠤᠯᠤᠯᠲᠠ ᠶᠢᠨ ᠢᠨᠵᠧᠨᠧᠷᠢᠩ︔
︵ ᠲᠦᠷᠪᠡ ︶ ᠥᠪᠡᠷᠲᠡᠭᠡᠨ ᠵᠠᠰᠠᠬᠤ ᠣᠷᠣᠨ ᠳᠤ ᠴᠢᠬᠤᠯᠠ ᠶᠡᠭᠡ ᠥᠷᠲᠡᠭ ᠲᠠᠢ ᠪᠤᠶᠤ ᠴᠢᠬᠤᠯᠠ ᠶᠡᠭᠡ ᠨᠥᠯᠥᠭᠡ ᠲᠠᠢ ᠪᠤᠰᠤᠳ ᠪᠦᠲᠦᠭᠡᠨ ᠪᠠᠢᠢᠭᠤᠯᠤᠯᠲᠠ ᠶᠢᠨ ᠢᠨᠵᠧᠨᠧᠷᠢᠩ᠃ ᠪᠣᠳᠠᠲᠠᠶ ᠬᠡᠪᠴᠢᠶ᠎ᠡ ᠶᠢ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠴᠠ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠢᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠤ ᠵᠠᠰᠠᠭ ᠵᠠᠬᠢᠷᠭᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠡᠨᠧᠷᠭᠢ᠂ ᠴᠢᠮᠡᠭᠡ ᠬᠤᠯᠪᠣᠭᠠᠨ ᠤ ᠬᠠᠮᠢᠶᠠᠷᠤᠯᠲᠠ ᠵᠡᠷᠭᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠠᠮᠲᠤᠷᠠᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠨ᠎ᠡ᠃
ᠵᠢᠷᠭᠤᠳᠤᠭᠠᠷ ᠵᠦᠢᠯ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠤᠨ ᠦᠨᠡᠯᠡᠯᠲᠡ ᠶᠢ ᠬᠠᠤᠯᠢ ᠶᠣᠰᠣᠭᠠᠷ ᠬᠢᠬᠦ ᠶᠤᠰᠤᠳᠠᠢ ᠪᠦᠲᠦᠭᠡᠨ ᠪᠠᠢᠢᠭᠤᠯᠤᠯᠲᠠ ᠶᠢᠨ ᠢᠨᠵᠧᠨᠧᠷᠢᠩ ᠳᠤ᠂ ᠪᠦᠲᠦᠭᠡᠨ ᠪᠠᠢᠢᠭᠤᠯᠬᠤ ᠨᠢᠭᠡᠴᠢ ᠨᠢ ᠢᠨᠵᠧᠨᠧᠷᠢᠩ ᠢ ᠵᠢᠷᠤᠭᠯᠠᠨ ᠲᠥᠯᠥᠪᠯᠡᠬᠦ ᠡᠴᠠ ᠡᠮᠦᠨ᠎ᠡ ᠤᠯᠤᠰ ᠤᠨ ᠲᠣᠭᠲᠠᠭᠠᠯ ᠳᠤ ᠨᠡᠢᠢᠴᠡᠭᠰᠡᠨ ᠨᠢᠭᠡᠴᠢ ᠳᠤ ᠨᠠᠢᠢᠳᠠᠵᠤ ᠪᠠᠢᠢᠭᠠᠳ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠤᠨ ᠦᠨᠡᠯᠡᠯᠲᠡ ᠬᠢᠬᠦ ᠬᠡᠷᠡᠭᠲᠡᠢ᠃
ᠳᠣᠯᠣᠳᠤᠭᠠᠷ ᠵᠦᠢᠯ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠢ ᠦᠨᠡᠯᠡᠬᠦ ᠨᠢᠭᠡᠴᠢ ᠨᠢ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠤᠨ ᠦᠨᠡᠯᠡᠯᠲᠡ ᠬᠢᠬᠦ ᠳᠤ᠂ ᠤᠯᠤᠰ ᠤᠨ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠤᠨ ᠦᠨᠡᠯᠡᠯᠲᠡ ᠬᠢᠬᠦ ᠮᠡᠷᠭᠡᠵᠢᠯ ᠤᠨ ᠵᠢᠷᠤᠮᠵᠢᠯ ᠪᠠ ᠬᠤᠯᠪᠣᠭᠳᠠᠯ ᠪᠦᠬᠦᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃
ᠨᠠᠢᠮᠠᠳᠤᠭᠠᠷ ᠵᠦᠢᠯ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠢ ᠦᠨᠡᠯᠡᠬᠦ ᠨᠢᠭᠡᠴᠢ ᠨᠢ ᠪᠦᠲᠦᠭᠡᠨ ᠪᠠᠢᠢᠭᠤᠯᠤᠯᠲᠠ ᠶᠢᠨ ᠢᠨᠵᠧᠨᠧᠷᠢᠩ ᠳᠤ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠤᠨ ᠦᠨᠡᠯᠡᠯᠲᠡ ᠬᠢᠭᠰᠡᠨ ᠤ ᠳᠠᠷᠠᠭ᠎ᠠ᠂ ᠲᠤᠰ ᠪᠦᠲᠦᠭᠡᠨ ᠪᠠᠢᠢᠭᠤᠯᠤᠯᠲᠠ ᠶᠢᠨ ᠢᠨᠵᠧᠨᠧᠷᠢᠩ ᠤᠨ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠤᠨ ᠦᠨᠡᠯᠡᠯᠲᠡ ᠶᠢᠨ ᠮᠡᠳᠡᠭᠦᠯᠦᠯᠲᠡ ᠶᠢ ᠦᠨᠡᠨ ᠪᠣᠳᠠᠲᠠᠶ ᠪᠠᠷ ᠨᠠᠢᠢᠷᠠᠭᠤᠯᠤᠨ ᠵᠣᠬᠢᠶᠠᠬᠤ ᠶᠢᠨ ᠬᠠᠮᠲᠤ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠤᠨ ᠦᠨᠡᠯᠡᠯᠲᠡ ᠶᠢᠨ ᠮᠡᠳᠡᠭᠦᠯᠦᠯᠲᠡ ᠶᠢᠨ ᠶᠠᠰᠤ ᠴᠢᠨᠠᠷ ᠲᠤ ᠬᠠᠷᠢᠭᠤᠴᠠᠬᠤ ᠬᠡᠷᠡᠭᠲᠡᠶ᠃
ᠶᠢᠰᠦᠳᠦᠭᠡᠷ ᠵᠦᠢᠯ ᠪᠦᠲᠦᠭᠡᠨ ᠪᠠᠢᠢᠭᠤᠯᠤᠯᠲᠠ ᠶᠢᠨ ᠢᠨᠵᠧᠨᠧᠷᠢᠩ ᠤᠨ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠤᠨ ᠦᠨᠡᠯᠡᠯᠲᠡ ᠵᠢᠨ ᠮᠡᠳᠡᠭᠦᠯᠦᠯᠲᠡ ᠵᠢ ᠨᠠᠢᠢᠷᠠᠭᠤᠯᠤᠨ ᠵᠣᠬᠢᠶᠠᠵᠤ ᠳᠠᠭᠤᠰᠤᠭᠰᠠᠨ ᠤ ᠳᠠᠷᠠᠭ᠎ᠠ᠂ ᠪᠦᠲᠦᠭᠡᠨ ᠪᠠᠢᠢᠭᠤᠯᠬᠤ ᠨᠢᠭᠡᠴᠢ ᠨᠢ ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠢᠢᠯᠡᠯᠲᠡ ᠪᠠᠢᠢᠷᠢᠯᠠᠭᠤᠯᠬᠤ ᠱᠠᠭᠠᠷᠳᠠᠯᠭ᠎ᠠ ᠶᠢᠨ ᠬᠢᠨᠠᠨ ᠲᠣᠭᠲᠠᠭᠠᠯᠲᠠ ᠶᠢ ᠬᠠᠤᠯᠢ ᠶᠣᠰᠣᠭᠠᠷ ᠭᠤᠶᠤᠴᠢᠯᠠᠨ ᠭᠦᠢᠴᠡᠳᠬᠡᠬᠦ ᠬᠡᠷᠡᠭᠲᠡᠶ᠃
ᠠᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠢ ᠭᠤᠣᠯᠴᠢᠯᠠᠨ ᠬᠠᠮᠢᠶᠠᠷᠴᠤ ᠪᠠᠢᠢᠭ᠎ᠠ ᠰᠠᠯᠠᠭ᠎ᠠ ᠮᠥᠴᠢᠷ ᠨᠢ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠤᠨ ᠦᠨᠡᠯᠡᠯᠲᠡ ᠶᠢᠨ ᠮᠡᠳᠡᠭᠦᠯᠦᠯᠲᠡ ᠶᠢ ᠲᠣᠰᠣᠭᠰᠠᠨ ᠡᠳᠦᠷ ᠡᠴᠠ ᠡᠬᠢᠯᠡᠨ ᠠᠷᠪᠠᠨ ᠲᠠᠪᠤᠨ ᠡᠳᠦᠷ ᠳᠣᠲᠣᠷ᠎ᠠ ᠬᠢᠨᠠᠨ ᠲᠣᠭᠲᠠᠭᠠᠵᠤ᠂ ᠪᠦᠲᠦᠭᠡᠨ ᠪᠠᠢᠢᠭᠤᠯᠤᠯᠲᠠ ᠶᠢᠨ ᠢᠨᠵᠧᠨᠧᠷᠢᠩ ᠤᠨ ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠢᠢᠯᠡᠯᠲᠡ ᠪᠠᠢᠢᠷᠢᠯᠠᠭᠤᠯᠬᠤ ᠱᠠᠭᠠᠷᠳᠠᠯᠭ᠎ᠠ ᠶᠢ ᠲᠣᠭᠲᠠᠭᠠᠵᠤ᠂ ᠪᠦᠲᠦᠭᠡᠨ ᠪᠠᠢᠢᠭᠤᠯᠬᠤ ᠨᠢᠭᠡᠴᠢ ᠳᠤ ᠪᠢᠴᠢᠭ ᠦᠨ ᠬᠡᠯᠪᠡᠷᠢ ᠪᠠᠷ ᠮᠡᠳᠡᠭᠳᠡᠬᠦ ᠶᠢᠨ ᠬᠠᠮᠲᠤ ᠲᠥᠷᠥᠯ ᠵᠦᠢᠯ ᠤᠨ ᠪᠠᠶᠢᠭ᠎ᠠ ᠭᠠᠵᠠᠷ ᠲᠠᠬᠢ ᠭᠠᠵᠠᠷ ᠬᠥᠳᠡᠯᠦᠯᠲᠡ ᠶᠢᠨ ᠠᠵᠢᠯ ᠢ ᠬᠠᠷᠢᠭᠤᠴᠠᠨ ᠬᠠᠮᠢᠶᠠᠷᠴᠤ ᠪᠠᠢᠢᠭ᠎ᠠ ᠰᠠᠯᠠᠭ᠎ᠠ ᠮᠥᠴᠢᠷ ᠪᠤᠶᠤ ᠪᠠᠢᠢᠭᠤᠯᠤᠮᠵᠢ ᠳᠤ ᠮᠡᠳᠡᠭᠳᠡᠬᠦ ᠬᠡᠷᠡᠭᠲᠡᠶ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠢ ᠭᠤᠣᠯᠴᠢᠯᠠᠨ ᠬᠠᠮᠢᠶᠠᠷᠴᠤ ᠪᠠᠢᠢᠭ᠎ᠠ ᠰᠠᠯᠠᠭ᠎ᠠ ᠮᠥᠴᠢᠷ ᠨᠢ ᠲᠤᠨᠨᠳᠠᠭᠠᠭᠠᠳ ᠪᠠᠢᠢᠭ᠎ᠠ ᠪᠦᠲᠦᠭᠡᠨ ᠪᠠᠢᠢᠭᠤᠯᠤᠯᠲᠠ ᠶᠢᠨ ᠢᠨᠵᠧᠨᠧᠷᠢᠩ ᠤᠨ ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠢᠢᠯᠡᠯᠲᠡ ᠪᠠᠢᠢᠷᠢᠯᠠᠭᠤᠯᠬᠤ ᠱᠠᠭᠠᠷᠳᠠᠯᠭ᠎ᠠ ᠪᠠᠨ ᠲᠥᠷᠥ ᠶᠢᠨ ᠶᠠᠪᠤᠳᠠᠯ ᠤᠨ ᠬᠤᠷᠢᠶᠠᠨ ᠤ ᠭᠠᠵᠠᠷ ᠬᠥᠳᠡᠯᠦᠯᠲᠡ ᠶᠢᠨ ᠠᠵᠢᠯ ᠢ ᠭᠤᠣᠯᠴᠢᠯᠠᠨ ᠬᠠᠮᠢᠶᠠᠷᠴᠤ ᠪᠠᠢᠢᠭ᠎ᠠ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃
ᠠᠷᠪᠠᠨ ᠨᠢᠭᠡᠳᠦᠭᠡᠷ ᠵᠦᠢᠯ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠤᠨ ᠦᠨᠡᠯᠡᠯᠲᠡ ᠬᠢᠬᠦ ᠶᠤᠰᠤᠳᠠᠢ ᠪᠦᠲᠦᠭᠡᠨ ᠪᠠᠢᠢᠭᠤᠯᠤᠯᠲᠠ ᠶᠢᠨ ᠢᠨᠵᠧᠨᠧᠷᠢᠩ ᠤᠨ ᠪᠦᠲᠦᠭᠡᠨ ᠪᠠᠢᠢᠭᠤᠯᠬᠤ ᠨᠢᠭᠡᠴᠢ᠂ ᠵᠢᠷᠤᠨᠨᠯᠠᠨ ᠲᠦᠯᠦᠪᠯᠡᠬᠦ ᠨᠢᠭᠡᠴᠢ᠂ ᠪᠠᠷᠢᠯᠭ᠎ᠠ ᠪᠠᠷᠢᠬᠤ ᠨᠢᠭᠡᠴᠢ ᠵᠡᠷᠭᠡ ᠨᠢ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠵᠢᠷᠤᠨᠨᠯᠠᠨ ᠲᠦᠯᠦᠪᠯᠡᠬᠦ ᠨᠢᠭᠡᠴᠢ ᠪᠠ ᠪᠠᠷᠢᠯᠭ᠎ᠠ ᠪᠠᠷᠢᠬᠤ ᠨᠢᠭᠡᠴᠢ ᠨᠢ ᠬᠢᠨᠠᠨ ᠲᠣᠭᠲᠠᠭᠠᠭᠰᠠᠨ ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠢᠢᠯᠡᠯᠲᠡ ᠪᠠᠢᠢᠷᠢᠯᠠᠭᠤᠯᠬᠤ ᠱᠠᠭᠠᠷᠳᠠᠯᠭ᠎ᠠ ᠶᠣᠰᠣᠭᠠᠷ ᠵᠢᠷᠤᠭᠯᠠᠨ ᠲᠥᠯᠥᠪᠯᠡᠵᠦ᠂ ᠪᠠᠷᠢᠯᠭ᠎ᠠ ᠪᠠᠷᠢᠬᠤ ᠬᠡᠷᠡᠭᠲᠡᠶ᠃
ᠠᠷᠪᠠᠨ ᠬᠤᠶᠠᠳᠤᠭᠠᠷ ᠵᠦᠢᠯ ᠲᠤᠰ ᠠᠷᠭ᠎ᠠ ᠶᠢᠨ ᠲᠠᠪᠤᠳᠤᠭᠠᠷ ᠵᠦᠢᠯ ᠤᠨ ᠲᠣᠭᠲᠠᠭᠠᠯ ᠡᠴᠠ ᠪᠤᠰᠤᠳ ᠪᠦᠲᠦᠭᠡᠨ ᠪᠠᠢᠢᠭᠤᠯᠤᠯᠲᠠ ᠶᠢᠨ ᠢᠨᠵᠧᠨᠧᠷᠢᠩ ᠢ ᠪᠤᠯ ᠭᠠᠵᠠᠷ ᠬᠥᠳᠡᠯᠦᠯᠲᠡ ᠶᠢᠨ ᠳᠣᠷᠭᠢᠴᠠ ᠶᠢᠨ ᠣᠷᠣᠨ ᠬᠤᠪᠢᠶᠠᠭᠰᠠᠨ ᠵᠢᠷᠤᠭ ᠪᠤᠶᠤ ᠭᠠᠵᠠᠷ ᠤᠨ ᠳᠣᠷᠭᠢᠯᠲᠠ ᠶᠢᠨ ᠪᠣᠯᠵᠣᠯᠲᠤ ᠲᠣᠭᠠᠨ ᠤ ᠣᠷᠣᠨ ᠬᠤᠪᠢᠶᠠᠭᠰᠠᠨ ᠵᠢᠷᠤᠭ ᠲᠤ ᠲᠣᠭᠲᠠᠭᠠᠭᠰᠠᠨ ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠢᠢᠯᠡᠯᠲᠡ ᠪᠠᠢᠢᠷᠢᠯᠠᠭᠤᠯᠬᠤ ᠱᠠᠭᠠᠷᠳᠠᠯᠭ᠎ᠠ ᠪᠠ ᠭᠠᠵᠠᠷ ᠬᠥᠳᠡᠯᠦᠯᠲᠡ ᠶᠢ ᠳᠠᠭᠠᠭᠠᠬᠤ ᠵᠢᠷᠤᠮᠵᠢᠯ ᠶᠣᠰᠣᠭᠠᠷ ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠢᠢᠯᠡᠯᠲᠡ ᠪᠠᠢᠢᠷᠢᠯᠠᠭᠤᠯᠤᠨᠠ᠃ ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ ᠵᠡᠷᠭᠡ ᠭᠦᠮᠦᠨ ᠬᠤᠷᠠᠵᠤ ᠴᠤᠭᠯᠠᠷᠠᠬᠤ ᠲᠠᠯᠠᠪᠤᠷ ᠭᠠᠵᠠᠷ ᠤᠨ ᠪᠦᠲᠦᠭᠡᠨ ᠪᠠᠢᠢᠭᠤᠯᠤᠯᠲᠠ ᠶᠢᠨ ᠢᠨᠵᠧᠨᠧᠷᠢᠩ ᠢ ᠪᠤᠯ ᠲᠤᠬᠠᠶ ᠶᠢᠨ ᠭᠠᠵᠠᠷ ᠤᠨ ᠭᠡᠷ ᠪᠠᠢᠢᠰᠢᠩ ᠪᠠᠷᠢᠯᠭ᠎ᠠ ᠶᠢᠨ ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠢᠢᠯᠡᠯᠲᠡ ᠪᠠᠢᠢᠷᠢᠯᠠᠭᠤᠯᠬᠤ ᠱᠠᠭᠠᠷᠳᠠᠯᠭ᠎ᠠ ᠡᠴᠠ ᠥᠨᠳᠥᠷ ᠪᠠᠢᠢᠯᠭᠠᠬᠤ ᠪᠠᠷᠢᠮᠵᠢᠶ᠎ᠠ ᠪᠠᠷ ᠵᠢᠷᠤᠭᠯᠠᠨ ᠲᠥᠯᠥᠪᠯᠡᠬᠦ ᠪᠠ ᠪᠠᠷᠢᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠢᠢᠭᠠᠳ ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠢᠢᠯᠡᠯᠲᠡ ᠪᠠᠢᠢᠷᠢᠯᠠᠭᠤᠯᠬᠤ ᠴᠢᠳᠠᠪᠤᠷᠢ ᠪᠠᠨ ᠴᠢᠩᠭᠠᠳᠬᠠᠬᠤ ᠬᠡᠷᠡᠭᠲᠡᠶ᠃
ᠠᠷᠪᠠᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠢ ᠭᠤᠣᠯᠴᠢᠯᠠᠨ ᠬᠠᠮᠢᠶᠠᠷᠴᠤ ᠪᠠᠢᠢᠭ᠎ᠠ ᠰᠠᠯᠠᠭ᠎ᠠ ᠮᠥᠴᠢᠷ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠢ ᠦᠨᠡᠯᠡᠬᠦ ᠠᠵᠢᠯ ᠤᠨ ᠢᠲᠡᠭᠡᠮᠵᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠢ ᠦᠨᠡᠯᠡᠬᠦ ᠠᠵᠢᠯ ᠳᠤ ᠢᠲᠡᠭᠡᠮᠵᠢ ᠶᠢᠨ ᠦᠨᠡᠯᠡᠯᠲᠡ ᠬᠢᠬᠦ ᠶᠢᠨ ᠬᠠᠮᠲᠤ ᠢᠲᠡᠭᠡᠮᠵᠢ ᠶᠢᠨ ᠦᠨᠡᠯᠡᠯᠲᠡ ᠶᠢᠨ ᠳ᠋ᠦᠩ ᠢ ᠬᠢᠨᠠᠯᠲᠠ ᠬᠠᠮᠢᠶᠠᠷᠤᠯᠲᠠ ᠶᠢᠨ ᠦᠨᠳᠦᠰᠦᠯᠡᠯ ᠪᠣᠯᠭᠠᠨ᠎ᠠ᠃
ᠠᠷᠪᠠᠨ ᠳᠥᠷᠪᠡᠳᠦᠭᠡᠷ ᠵᠦᠢᠯ ᠭᠠᠵᠠᠷ ᠬᠥᠳᠡᠯᠦᠯᠲᠡ ᠳᠠᠬᠢ ᠠᠮᠤᠷ ᠲᠦᠪᠰᠢᠨ ᠤ ᠴᠢᠨᠠᠷ ᠤᠨ ᠦᠨᠡᠯᠡᠯᠲᠡ ᠬᠠᠮᠢᠶᠠᠷᠤᠯᠲᠠ ᠶᠢᠨ ᠠᠵᠢᠯ ᠳᠤ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠰᠢᠢᠳᠬᠡᠯ ᠣᠯᠭᠤᠨ᠎ᠠ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃
ᠠᠷᠪᠠᠨ ᠲᠠᠪᠤᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠡᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠣᠳᠠᠲᠠᠶ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠲᠣᠭᠲᠠᠭᠠᠯ ᠢ ᠨᠢ ᠵᠢᠷᠤᠮᠯᠠᠨ᠎ᠠ᠃
ᠠᠷᠪᠠᠨ ᠵᠢᠷᠭᠤᠳᠤᠭᠠᠷ ᠵᠦᠢᠯ ᠲᠣᠰ ᠠᠷᠭ᠎ᠠ ᠶᠢ 2024 ᠣᠨ ᠤ 8 ᠳ᠋ᠤᠭᠠᠷ ᠰᠠᠷ᠎ᠠ ᠶᠢᠨ 1 ᠤ ᠡᠳᠦᠷ ᠡᠴᠠ ᠡᠬᠢᠯᠡᠵᠦ ᠬᠡᠷᠡᠭᠵᠢᠭᠦᠯᠦᠨ᠎ᠡ᠃