ᠥᠪᠡᠷᠲᠡᠭᠡᠨ ᠵᠠᠰᠠᠬᠤ ᠣᠷᠣᠨ ᠤ 2024 ᠣᠨ ᠤ ᠲᠣᠭᠲᠠᠭᠤᠨ ᠪᠠᠢᠢᠯᠭᠠᠬᠤ ᠶᠢᠨ ᠳᠠᠭᠠᠤ ᠤᠷᠤᠭᠰᠢᠯᠠᠬᠤ ᠣᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠨ ᠠᠵᠤ ᠦᠢᠯᠡᠰ ᠤᠨ ᠴᠢᠨᠠᠷ ᠰᠠᠢᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎᠎ᠠ ᠶᠢᠨ ᠲᠤᠳᠤᠷᠬᠠᠢ ᠬᠠᠭᠤᠳᠠᠰᠤ ᠶᠢ ᠳᠠᠷᠤᠮᠠᠯᠯᠠᠨ ᠶᠠᠪᠤᠭᠤᠯᠬᠤ ᠲᠣᠬᠠᠢ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

  ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠲᠣᠭᠲᠠᠭᠤᠨ ᠪᠠᠢᠢᠯᠭᠠᠬᠤ ᠶᠢᠨ ᠳᠠᠭᠠᠤ ᠤᠷᠤᠭᠰᠢᠯᠠᠬᠤ ᠣᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠤᠳᠤᠷᠬᠠᠢ ᠬᠠᠭᠤᠳᠠᠰᠤ ︾ ᠵᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠰᠤᠭᠠᠢ᠃ ︽ ᠥᠪᠡᠷᠲᠡᠭᠡᠨ ᠵᠠᠰᠠᠬᠤ ᠣᠷᠣᠨ ᠤ 2023 ᠣᠨ ᠤ ᠲᠣᠭᠲᠠᠭᠤᠨ ᠪᠠᠢᠢᠯᠭᠠᠬᠤ ᠶᠢᠨ ᠳᠠᠭᠠᠤ ᠲᠦᠷᠭᠡᠨ ᠣᠷᠤᠭᠰᠢᠯᠠᠬᠤ ᠲᠣᠭᠲᠠᠭᠤᠨ ᠪᠠᠢᠢᠯᠭᠠᠬᠤ ᠶᠢᠨ ᠳᠠᠭᠠᠤ ᠰᠢᠯᠢᠳᠡᠭᠵᠢᠨ ᠣᠷᠤᠭᠰᠢᠯᠠᠬᠤ ᠶᠢ ᠪᠠᠷᠢᠮᠲᠠᠯᠠᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠤᠳᠤᠷᠬᠠᠢ ᠬᠠᠭᠤᠳᠠᠰᠤ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︾︵ ᠥᠪᠥᠷ ᠵᠠᠰᠠᠭ ᠲᠠᠷᠬᠠᠭᠠᠭᠰᠠᠨ 〔 2023 〕 3 ᠳ᠋ᠤᠭᠠᠷ ᠲᠣᠭᠠᠲᠤ ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃

  ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ ᠨᠠᠢᠢᠳᠠᠪᠤᠷᠢᠵᠢᠭᠤᠯᠵᠤ᠂ ᠲᠣᠭᠲᠠᠭᠤᠨ ᠪᠠᠢᠢᠯᠭᠠᠬᠤ ᠶᠢᠨ ᠳᠠᠭᠠᠤ ᠤᠷᠤᠭᠰᠢᠯᠠᠬᠤ᠂ ᠣᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠵᠢ ᠪᠠᠷᠢᠮᠲᠠᠯᠠᠨ᠂ ᠳᠤᠮᠳᠠᠳᠤ ᠵᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂︽ ᠬᠤᠶᠠᠷ ᠶᠡᠭᠡ ᠶᠠᠪᠤᠳᠠᠯ ︾ ᠳᠤ ᠠᠩᠬᠠᠷᠤᠯ ᠢᠶᠠᠨ ᠬᠠᠨᠳᠤᠭᠤᠯᠤᠨ ᠬᠦᠴᠦ ᠪᠠᠨ ᠲᠦᠪᠯᠡᠷᠡᠭᠦᠯᠵᠦ ᠪᠠᠢᠢᠭᠠᠳ ᠰᠠᠶᠢᠲᠤᠷ ᠬᠢᠵᠦ᠂︽ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ︾︵ ᠲᠦᠷᠦ ᠲᠠᠷᠬᠠᠭᠠᠭᠰᠠᠨ 〔 2023 〕 16 ᠳ᠋ᠤᠭᠠᠷ ᠲᠣᠭᠠᠲᠤ ︶ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠢᠢᠳᠠᠪᠤᠷᠢᠵᠢᠭᠤᠯᠤᠨ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠳᠣᠣᠷᠠᠬᠢ ᠮᠡᠲᠦ ᠲᠦᠷᠦ ᠶᠢᠨ ᠪᠤᠳᠤᠯᠭ᠎ᠠ ᠶᠢᠨ ᠲᠤᠳᠤᠷᠬᠠᠢ ᠬᠠᠭᠤᠳᠠᠰᠤ ᠶᠢ ᠳᠤᠷᠠᠳᠪᠠ᠃


  ᠨᠢᠭᠡ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠠᠬᠢᠭᠤᠯᠤᠨ᠎ᠠ


  ︵ ᠨᠢᠭᠡ ︶  ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠴᠢᠩᠭᠠᠳᠬᠠᠨ᠎ᠠ᠃

  1. ᠠᠮᠤ ᠪᠤᠳᠠᠭ᠎ᠠ ᠢᠳᠡᠰᠢᠨ ᠲᠣᠰᠣ ᠵᠡᠷᠭᠡ ᠭᠤᠤᠯ ᠪᠣᠯᠬᠤ ᠲᠠᠷᠢᠮᠠᠯ ᠤᠨ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠵᠦ᠂ ᠠᠮᠤ ᠪᠤᠳᠠᠭ᠎ᠠ ᠢᠳᠡᠰᠢᠨ ᠲᠣᠰᠣ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠤᠨ᠂ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠤᠨᠴᠠᠯᠢᠭᠳᠤ ᠲᠠᠷᠢᠮᠠᠯ ᠤᠨ ᠤᠨᠠᠯᠲᠠ ᠵᠢᠴᠢ ᠦᠷ᠎ᠡ ᠠᠰᠢᠭ ᠢ ᠳᠡᠭᠡᠭᠰᠢᠯᠡᠭᠦᠯᠦᠨ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠲᠣᠭᠲᠠᠭᠤᠨ ᠪᠥᠭᠡᠳ ᠠᠮᠤᠷ ᠲᠦᠪᠰᠢᠨ ᠢᠶᠠᠷ ᠬᠠᠩᠭᠠᠬᠤ ᠴᠢᠳᠠᠪᠤᠷᠢ ᠪᠠᠨ ᠤᠯᠠᠮ ᠨᠢᠭᠡ ᠠᠯᠬᠤᠮ ᠨᠡᠮᠡᠭᠳᠡᠭᠦᠯᠦᠨ᠎ᠡ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠡᠳ᠋ ᠤᠨ ᠵᠠᠰᠠᠭ ᠤᠨ ᠲᠢᠩᠬᠢᠮ 〕

  2. ᠲᠠᠷᠢᠶᠠᠯᠠᠬᠤ ᠭᠠᠵᠠᠷ ᠤᠨ ᠬᠠᠮᠠᠭᠠᠯᠠᠯᠲᠠ ᠪᠠ ᠪᠥᠲᠥᠭᠡᠨ ᠪᠠᠢᠢᠭᠤᠯᠤᠯᠲᠠ ᠶᠢᠨ ᠠᠵᠢᠯᠯᠠᠭᠠᠨ ᠢ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ 710 ᠲᠦᠮᠡᠨ ᠮᠥ ᠡᠴᠠ ᠳᠡᠭᠡᠭᠰᠢ ᠣᠯᠬᠤ ᠪᠠᠷ ᠢᠳᠡᠪᠬᠢᠯᠡᠨ ᠴᠢᠷᠮᠠᠶᠢᠨ᠎ᠠ᠃ ᠬᠠᠷ᠎ᠠ ᠬᠦᠷᠦᠰᠦᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠠᠬᠢᠭᠤᠯᠬᠤ ᠠᠵᠢᠯᠯᠠᠭᠠᠨ ᠢ ᠬᠡᠷᠡᠭᠵᠢᠭᠦᠯᠵᠦ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠬᠢᠨ 2130 ᠲᠦᠮᠡᠨ ᠮᠥ ᠬᠠᠷ᠎ᠠ ᠬᠦᠷᠦᠰᠦᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠬᠡᠷᠡᠭᠵᠢᠭᠦᠯᠬᠦ ᠵᠢ ᠨᠢ ᠳᠡᠮᠵᠢᠨ᠎ᠡ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ 〕

  3. ᠤᠯᠤᠰ ᠤᠨ ᠬᠤᠵᠢᠷᠯᠢᠬ ᠭᠠᠵᠠᠷ ᠵᠡᠷᠭᠡ ᠲᠠᠷᠢᠶᠠᠯᠠᠬᠤ ᠭᠠᠵᠠᠷ ᠤᠨ ᠨᠥᠭᠡᠴᠡ ᠡᠬᠢ ᠪᠠᠶᠠᠯᠢᠭ ᠢ ᠶᠡᠷᠦᠩᠬᠡᠶᠢᠯᠡᠨ ᠠᠰᠢᠬᠯᠠᠬᠤ ᠲᠤᠷᠰᠢᠯᠲᠠ ᠶᠢ ᠥᠷᠨᠢᠭᠦᠯᠵᠦ᠂ ᠬᠤᠵᠢᠷᠯᠢᠬ ᠭᠠᠵᠠᠷ ᠢ ᠠᠯᠬᠤᠮ ᠠᠯᠬᠤᠮ ᠢᠶᠠᠷ  ᠨᠡᠭᠡᠭᠡᠨ ᠠᠰᠢᠬᠯᠠᠵᠤ᠂ ᠬᠤᠵᠢᠷᠰᠢᠭᠰᠠᠨ ᠲᠠᠷᠢᠶᠠᠯᠠᠬᠤ ᠭᠠᠵᠠᠷ ᠢ ᠶᠡᠷᠦᠩᠬᠡᠶᠢᠯᠡᠨ ᠠᠰᠢᠬᠯᠠᠬᠤ ᠶᠢ ᠴᠢᠩᠭᠠᠳᠬᠠᠨ᠂ ᠬᠤᠵᠢᠷᠰᠢᠭᠰᠠᠨ ᠲᠠᠷᠢᠶᠠᠯᠠᠬᠤ ᠭᠠᠵᠠᠷ ᠲᠤ ᠤᠰᠤᠨ ᠲᠤᠲᠤᠷᠭ᠎ᠠ᠂ ᠰᠢᠰᠢ ᠵᠡᠷᠭᠡ ᠳᠠᠪᠤᠰᠤᠨ ᠳᠤ ᠳᠠᠭᠠᠭᠠᠮᠠᠭᠠᠢ ᠲᠠᠷᠢᠮᠠᠯ ᠲᠠᠷᠢᠬᠤ ᠶᠢ ᠳᠡᠯᠭᠡᠷᠡᠭᠦᠯᠦᠨ᠎ᠡ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶〕

  ︵ ᠬᠤᠶᠠᠷ ︶  ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠬᠡᠷᠡᠭᠵᠢᠭᠦᠯᠦᠨ᠎ᠡ᠃

  4. 1.4 ᠳ᠋ᠦᠩᠰᠢᠭᠤᠷ ᠲᠥᠭᠦᠷᠢᠭ ᠳᠣᠭᠢᠷᠠᠭᠤᠯᠵᠤ ᠪᠠᠢᠢᠭᠠᠳ ᠥᠪᠡᠷᠲᠡᠭᠡᠨ ᠵᠠᠰᠠᠬᠤ ᠣᠷᠣᠨ ᠤ ᠦᠷ᠎ᠡ ᠡᠭᠦᠯᠳᠡᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠨ᠎ᠡ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ 〕

  5. ᠦᠷ᠎ᠡ ᠡᠭᠦᠯᠳᠡᠷ ᠤᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠥᠷᠨᠢᠭᠦᠯᠦᠨ᠎ᠡ᠃ ︽ 5 + N ︾ ᠤᠨ ᠶᠡᠷᠦᠩᠬᠡᠶ ᠪᠠᠢᠢᠷᠢᠰᠢᠭᠤᠯᠤᠯᠲᠠ ᠶᠣᠰᠣᠭᠠᠷ᠂ ᠡᠪᠡᠰᠦᠨ ᠤ ᠦᠢᠯᠡᠰ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ ᠵᠡᠷᠭᠡ 5 ᠳᠠᠪᠠᠭᠤᠯᠢᠭᠲᠤ ᠬᠦᠷᠢᠶ᠎ᠡ ᠴᠠᠷᠠᠭ᠎ᠠ ᠪᠠ ᠡᠯᠳᠡᠪ ᠠᠮᠤ᠂ ᠢᠳᠡᠰᠢᠨ ᠨᠣᠭᠤᠭ᠎ᠠ᠂ ᠨᠡᠷᠡᠨ ᠬᠤᠸᠠᠷ᠂ ᠰᠢᠬᠢᠷ ᠯᠤᠤᠪᠠᠩ ᠵᠡᠷᠭᠡ ᠣᠯᠠᠨ ᠭᠤᠣᠯᠳᠠᠯᠭᠠᠲᠤ ᠬᠦᠷᠢᠶ᠎ᠡ ᠴᠠᠷᠠᠭᠠᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ᠂ ᠴᠢᠬᠤᠯᠠ ᠶᠡᠭᠡ ᠲᠤᠰᠬᠠᠶ ᠵᠦᠢᠯ ᠢᠶᠠᠷ ᠳᠡᠮᠵᠢᠬᠦ ᠶᠢ ᠦᠷᠭᠦᠯᠵᠢᠯᠡᠨ ᠴᠢᠩᠭᠠᠳᠬᠠᠵᠤ᠂ ᠮᠢᠺᠷᠣᠪ᠂ ᠤᠨᠴᠠᠯᠢᠭᠳᠤ ᠮᠠᠯ ᠵᠢᠭᠦᠷᠲᠡᠨ᠂ ᠲᠠᠷᠢᠮᠠᠯ ᠵᠡᠷᠭᠡ ᠶᠢᠨ ᠦᠷ᠎ᠡ ᠡᠭᠦᠯᠳᠡᠷ ᠤᠨ ᠦᠢᠯᠡᠰ ᠤᠨ  ᠬᠦᠷᠢᠶ᠎ᠡ ᠴᠠᠷᠠᠭᠠᠨ ᠳᠠᠬᠢ ᠰᠤᠳᠤᠯᠭᠠᠨ ᠤ ᠴᠢᠭᠯᠡᠯ ᠢ ᠨᠡᠮᠡᠭᠳᠡᠭᠦᠯᠦᠨ᠎ᠡ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ 〕

  6. ᠴᠢᠨᠠᠷᠯᠢᠭ ᠰᠠᠢᠢᠨ ᠦᠷ᠎ᠡ ᠡᠭᠦᠯᠳᠡᠷ ᠤᠨ ᠱᠠᠩᠨᠠᠬᠤ ᠲᠣᠭᠲᠠᠴᠠ ᠶᠢ ᠪᠠᠶᠢᠭᠤᠯᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠪᠠᠢᠢᠭ᠎ᠠ ᠲᠥᠮᠥᠰᠥ ᠶᠢᠨ ᠴᠢᠨᠠᠷ ᠰᠠᠶᠢᠲᠠᠶ ᠰᠢᠨ᠎ᠡ ᠦᠷ᠎ᠡ ᠡᠭᠦᠯᠳᠡᠷ ᠲᠤ᠂ ᠵᠢᠯ ᠳᠤ ᠳᠡᠯᠭᠡᠷᠡᠭᠦᠯᠦᠭᠰᠡᠨ ᠲᠠᠯᠠᠪᠠᠶ ᠨᠢ 10 ᠲᠦᠮᠡᠨ ᠮᠥ ᠡᠴᠠ ᠳᠡᠭᠡᠭᠰᠢ ᠪᠠᠶᠢᠪᠠᠯ ᠨᠢᠭᠡ ᠯᠡ ᠤᠳᠠᠭ᠎ᠠ ᠳᠤ 500 ᠲᠦᠮᠡᠨ ᠲᠥᠭᠦᠷᠢᠭ ᠱᠠᠩᠨᠠᠵᠤ ᠨᠥᠬᠦᠪᠥᠷᠢᠯᠡᠨ᠎ᠡ︔ ᠵᠢᠯ ᠳᠤ ᠳᠡᠯᠭᠡᠷᠡᠭᠦᠯᠦᠭᠰᠡᠨ ᠲᠠᠯᠠᠪᠠᠶ ᠨᠢ 30 ᠲᠦᠮᠡᠨ ᠮᠥ ᠡᠴᠠ ᠳᠡᠭᠡᠭᠰᠢ ᠪᠠᠶᠢᠪᠠᠯ ᠨᠢᠭᠡ ᠯᠡ ᠤᠳᠠᠭ᠎ᠠ ᠳᠤ 1000 ᠲᠦᠮᠡᠨ ᠲᠥᠭᠦᠷᠢᠭ ᠱᠠᠩᠨᠠᠵᠤ ᠨᠥᠬᠦᠪᠥᠷᠢᠯᠡᠨ᠎ᠡ᠃ ᠤᠯᠤᠰ ᠤᠨ ᠬᠢᠨᠠᠨ ᠲᠣᠭᠲᠠᠭᠠᠯᠲᠠ ᠪᠠᠷ ᠪᠠᠲᠤᠯᠠᠭᠳᠠᠭᠰᠠᠨ ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠡᠭᠦᠯᠳᠡᠷ ᠲᠦᠷᠦᠯ ᠪᠣᠯ ᠵᠦᠢᠯ ᠪᠦᠷᠢ ᠳᠤ ᠨᠢᠭᠡ ᠯᠡ ᠤᠳᠠᠭ᠎ᠠ ᠳᠤ 10 ᠲᠦᠮᠡᠨ ᠲᠥᠭᠦᠷᠢᠭ ᠱᠠᠩᠨᠠᠨ᠎ᠠ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠡᠳ᠋ ᠤᠨ ᠵᠠᠰᠠᠭ ᠤᠨ ᠲᠢᠩᠬᠢᠮ 〕

  ︵ ᠭᠤᠷᠪᠠ ︶  ᠰ᠋ᠦ᠋ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠬᠡᠷᠡᠭᠵᠢᠭᠦᠯᠦᠨ᠎ᠡ᠃

  7. ᠴᠢᠨᠠᠷ ᠰᠠᠶᠢᠲᠠᠶ ᠰ᠋ᠦ᠋ ᠶᠢᠨ ᠢᠷᠡᠯᠳᠡ ᠶᠢᠨ ᠬᠠᠩᠭᠠᠯᠭ᠎ᠠ ᠶᠢ ᠲᠣᠭᠲᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠰᠢᠨ᠎ᠡ ᠪᠠᠷ ᠪᠠᠢᠢᠭᠤᠯᠤᠭᠰᠠᠨ᠂ ᠥᠭᠡᠷᠡᠴᠢᠯᠡᠵᠦ ᠥᠷᠭᠡᠳᠬᠡᠨ ᠪᠠᠢᠢᠭᠤᠯᠤᠭᠰᠠᠨ ᠰᠠᠭᠠᠯᠢ ᠶᠢᠨ ᠮᠠᠯ ᠤᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠳᠤ ᠵᠣᠬᠢᠬᠤ ᠨᠡᠮᠡᠭᠦᠷᠢ ᠣᠯᠭᠤᠨ᠎ᠠ᠃ ᠰ᠋ᠦ᠋ ᠰᠠᠭᠠᠯᠢ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠰᠢᠶᠠᠨ ᠳᠠᠶᠠᠭᠠᠷ ᠠᠬᠢᠭᠤᠯᠬᠤ ᠲᠥᠷᠥᠯ ᠵᠦᠢᠯ ᠳᠤ ᠰᠣᠩᠭᠤᠭᠳᠠᠭᠰᠠᠨ 100 ︱ 3000 ᠰᠠᠭᠠᠯᠢ ᠶᠢᠨ ᠮᠠᠯ ᠤᠨ ᠬᠡᠪᠴᠢᠶ᠎ᠡ ᠲᠠᠢ ᠲᠡᠵᠢᠭᠡᠨ ᠦᠷᠡᠵᠢᠭᠦᠯᠬᠦ ᠲᠠᠯᠠᠪᠠᠶ ᠳᠤ ᠮᠠᠯ ᠪᠡᠯᠴᠢᠭᠡᠷ ᠢ ᠢᠵᠢ ᠪᠥᠷᠢᠳᠦᠭᠦᠯᠬᠦ᠂ ᠤᠶᠤᠨᠯᠢᠭ ᠮᠠᠯᠵᠢᠯ ᠤᠨ ᠲᠠᠯᠠᠪᠠᠶ᠂ ᠲᠡᠵᠢᠭᠡᠨ ᠦᠷᠡᠵᠢᠭᠦᠯᠬᠦ ᠪᠠ ᠡᠳ᠋ᠰᠢᠭᠦᠯᠬᠦ ᠶᠢ ᠨᠢᠭᠡ ᠴᠤᠭᠴᠠᠵᠢᠭᠤᠯᠬᠤ ᠲᠤᠷᠰᠢᠯᠲᠠ ᠶᠢᠨ ᠴᠡᠭ ᠵᠡᠷᠭᠡ ᠲᠠᠯ᠎ᠠ ᠪᠠᠷ ᠨᠡᠮᠡᠭᠦᠷᠢ ᠣᠯᠭᠤᠨ᠎ᠠ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠡᠳ᠋ ᠤᠨ ᠵᠠᠰᠠᠭ ᠤᠨ ᠲᠢᠩᠬᠢᠮ 〕

  8. ᠴᠢᠨᠠᠷ ᠰᠠᠶᠢᠲᠠᠶ ᠡᠭᠦᠯᠳᠡᠷ ᠤᠨ ᠢᠷᠡᠯᠲᠡ ᠪᠤᠶᠢᠵᠢᠭᠤᠯᠬᠤ ᠶᠢ ᠳᠡᠮᠵᠢᠵᠦ᠂ ᠡᠭᠦᠯᠳᠡᠷ ᠪᠤᠶᠢᠵᠢᠭᠤᠯᠬᠤ ᠴᠢᠳᠠᠪᠤᠷᠢ ᠶᠢᠨ ᠦᠨᠡᠯᠡᠯᠲᠡ ᠶᠢᠨ ᠳᠡᠰ ᠨᠢ ᠰᠠᠶᠢᠨ ᠡᠴᠠ ᠳᠡᠭᠡᠭᠰᠢ ᠳᠤ ᠬᠦᠷᠦᠭᠰᠡᠨ ᠰᠠᠭᠠᠯᠢ ᠶᠢᠨ ᠦᠨᠢᠶ᠎ᠡ ᠶᠢᠨ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠰᠠᠭᠤᠷᠢᠯᠠᠬᠤ ᠴᠢᠨᠠᠷᠲᠠᠶ ᠱᠠᠩᠨᠠᠯ ᠣᠯᠭᠤᠬᠤ ᠶᠢᠨ ᠬᠠᠮᠲᠤ ᠡᠭᠦᠯᠳᠡᠷ ᠤᠨ ᠪᠤᠬ᠎ᠠ ᠶᠢᠨ ᠵᠢᠯ ᠪᠦᠷᠢ ᠶᠢᠨ ᠨᠡᠷᠡᠰ ᠤᠨ ᠵᠢᠭᠰᠠᠭᠠᠯᠲᠠ ᠶᠢᠨ ᠦᠷ᠎ᠡ ᠳ᠋ᠦᠩ ᠢ ᠨᠢ ᠦᠨᠳᠦᠰᠦᠯᠡᠨ᠂ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠳᠤ ᠱᠠᠩᠨᠠᠯ ᠣᠯᠭᠤᠨ᠎ᠠ︔ ᠰᠢᠨ᠎ᠡ ᠪᠠᠷ ᠡᠭᠦᠳᠦᠨ ᠪᠠᠶᠢᠭᠤᠯᠤᠭᠰᠠᠨ ᠤᠯᠤᠰ ᠤᠨ ᠲᠠᠰ ᠤᠨ ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭᠠᠨ ᠤ ᠭᠤᠣᠯᠯᠠᠭᠴᠢ ᠡᠭᠦᠯᠳᠡᠷ ᠪᠤᠶᠢᠵᠢᠭᠤᠯᠬᠤ ᠲᠠᠯᠠᠪᠠᠶ ᠶᠢ ᠨᠢᠭᠡ ᠯᠡ ᠤᠳᠠᠭ᠎ᠠ ᠳᠤ 300 ᠲᠦᠮᠡᠨ ᠲᠥᠭᠦᠷᠢᠭ ᠢᠶᠠᠷ ᠱᠠᠩᠨᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠯᠠᠭᠴᠢ ᠡᠭᠦᠯᠳᠡᠷ ᠪᠤᠶᠢᠵᠢᠭᠤᠯᠬᠤ ᠲᠠᠯᠠᠪᠠᠶ ᠶᠢ ᠨᠢᠭᠡ ᠯᠡ ᠤᠳᠠᠭ᠎ᠠ ᠳᠤ 200 ᠲᠦᠮᠡᠨ ᠲᠥᠭᠦᠷᠢᠭ ᠵᠢᠨᠷ ᠱᠠᠩᠨᠠᠨ᠎ᠠ᠃ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠮᠡᠷᠭᠡᠵᠢᠯ ᠢ ᠳᠡᠯᠭᠡᠷᠡᠭᠦᠯᠵᠦ᠂ ᠰᠠᠭᠠᠯᠢ ᠶᠢᠨ ᠦᠨᠢᠶᠡᠨ ᠤ ᠬᠦᠢᠰᠦ ᠶᠢᠨ ᠢᠯᠭᠠᠯ ᠪᠦᠬᠦᠢ ᠬᠦᠪᠦᠷᠡᠯ ᠢ ᠬᠡᠷᠡᠭᠯᠡᠨ᠂ ᠴᠢᠨᠰᠠᠭ᠎ᠠ ᠶᠢᠨ ᠢᠯᠡᠳᠬᠡᠭᠴᠢ ᠶᠢ ᠨᠢ ᠦᠨᠳᠦᠰᠦᠯᠡᠨ ᠲᠠᠰ ᠬᠤᠪᠢᠶᠠᠨ ᠨᠡᠮᠡᠭᠦᠷᠢ ᠣᠯᠭᠤᠨ᠎ᠠ᠂ ᠰᠠᠭᠠᠯᠢ ᠶᠢᠨ ᠦᠨᠢᠶᠡᠨ ᠤ ᠭᠦᠢᠰᠦ ᠶᠢᠨ ᠢᠯᠭᠠᠯ ᠪᠦᠬᠦᠢ ᠢᠴᠡᠭᠡᠯ ᠦᠷ᠎ᠡ ᠶᠢ ᠬᠡᠷᠡᠭᠯᠡᠭᠰᠡᠨ ᠪᠠᠢᠢᠪᠠᠯ ᠲᠣᠯᠣᠭᠠᠶ ᠪᠦᠷᠢ ᠳᠤ 120 ᠲᠥᠭᠦᠷᠢᠭ ᠤᠨ ᠨᠡᠮᠡᠭᠦᠷᠢ ᠣᠯᠭᠤᠵᠣ᠂ ᠰᠠᠭᠠᠯᠢ ᠶᠢᠨ ᠢᠮᠠᠭᠠᠨ ᠤ ᠢᠴᠡᠭᠡᠯ ᠦᠷ᠎ᠡ ᠶᠢ ᠬᠡᠷᠡᠭᠯᠡᠭᠰᠡᠨ ᠪᠠᠢᠢᠪᠠᠯ ᠲᠣᠯᠣᠭᠠᠶ ᠪᠦᠷᠢ ᠳᠤ  60 ᠲᠥᠭᠦᠷᠢᠭ ᠤᠨ ᠨᠡᠮᠡᠭᠦᠷᠢ ᠣᠯᠭᠤᠨ᠎ᠠ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠡᠳ᠋ ᠤᠨ ᠵᠠᠰᠠᠭ ᠤᠨ ᠲᠢᠩᠬᠢᠮ 〕

  9. ᠲᠡᠵᠢᠭᠡᠯ ᠡᠪᠡᠰᠦ ᠬᠤᠷᠢᠶᠠᠨ ᠨᠥᠭᠡᠴᠡᠯᠡᠬᠦ ᠳᠤ ᠨᠡᠮᠡᠭᠦᠷᠢ ᠣᠯᠭᠤᠬᠤ ᠡᠷᠴᠢᠮ ᠢᠶᠠᠨ ᠴᠢᠩᠭᠠᠷᠠᠭᠤᠯᠵᠤ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠪᠠ ᠰᠠᠭᠠᠯᠢ ᠶᠢᠨ ᠲᠠᠷᠢᠶᠠᠴᠢᠳ ᠤᠨ ᠬᠤᠷᠰᠢᠶ᠎ᠠ ᠳᠠᠷᠤᠰᠢᠭᠤᠯᠤᠭᠰᠠᠨ ᠡᠷᠳᠡᠨᠢ ᠰᠢᠰᠢ ᠵᠡᠷᠭᠡ ᠲᠡᠵᠢᠭᠡᠯ ᠡᠪᠡᠰᠦ ᠪᠣᠷᠳᠤᠭ᠎ᠠ ᠶᠢ ᠲᠤᠬᠠᠶ ᠶᠢᠨ ᠭᠠᠵᠠᠷ ᠲᠤ ᠨᠢ ᠣᠶᠢᠷ᠎ᠠ ᠬᠠᠪᠢ ᠪᠠᠷ ᠬᠤᠷᠢᠶᠠᠨ ᠨᠥᠭᠡᠴᠡᠯᠡᠬᠦ ᠳᠤ ᠵᠣᠬᠢᠬᠤ ᠨᠡᠮᠡᠭᠦᠷᠢ ᠣᠯᠭᠤᠨ᠎ᠠ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ 〕

  10. ᠤᠯᠤᠰ ᠲᠤ ᠪᠠᠨ ᠦᠢᠯᠡᠳᠪᠦᠷᠢᠯᠡᠭᠰᠡᠨ ᠴᠢᠨᠠᠷ ᠰᠠᠶᠢᠲᠠᠶ ᠴᠠᠷᠭᠠᠰᠤ ᠶᠢᠨ ᠴᠢᠨᠠᠷ ᠢ ᠨᠢ ᠰᠠᠢᠢᠵᠢᠷᠠᠭᠤᠯᠤᠨ ᠤᠨᠠᠯᠲᠠ ᠶᠢ ᠨᠢ ᠨᠡᠮᠡᠭᠳᠡᠭᠦᠯᠬᠦ ᠶᠢ ᠠᠬᠢᠭᠤᠯᠵᠤ᠂ ᠲᠦᠪᠯᠡᠷᠡᠭᠦᠯᠦᠨ ᠵᠠᠯᠭᠠᠯᠳᠤᠭᠤᠯᠵᠤ ᠪᠠᠷᠢᠮᠵᠢᠶᠠᠵᠢᠭᠤᠯᠤᠨ ᠲᠠᠷᠢᠭᠰᠠᠨ ᠲᠠᠯᠠᠪᠠᠢ ᠨᠢ 500 ᠮᠥ ᠡᠴᠠ ᠳᠡᠭᠡᠭᠰᠢ ᠳᠤ ᠬᠦᠷᠦᠭᠰᠡᠨ ᠪᠦᠭᠡᠳ ᠲᠡᠵᠢᠭᠡᠨ ᠦᠷᠡᠵᠢᠭᠦᠯᠬᠦ ᠲᠠᠯᠠᠪᠠᠶ ︵ ᠡᠷᠦᠬᠡ ︶  ᠯᠤᠭ᠎ᠠ ᠲᠡᠵᠢᠭᠡᠯ ᠡᠪᠡᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠭᠰᠠᠨ ᠲᠠᠷᠢᠮᠠᠯ ᠤᠨ ᠠᠵᠤ ᠠᠬᠤᠶᠢᠯᠠᠯ ︵ ᠬᠤᠷᠰᠢᠶ᠎ᠠ᠂ ᠲᠠᠷᠢᠮᠠᠯ ᠤᠨ ᠡᠷᠦᠬᠡ ︶ ᠳᠤ 3 ᠵᠢᠯ ᠬᠤᠪᠢᠶᠠᠨ ᠮᠥ ᠪᠦᠷᠢ ᠨᠡᠶᠢᠲᠡ 1000 ᠲᠥᠭᠦᠷᠢᠭ ᠤᠨ ᠨᠡᠮᠡᠬᠦᠷᠢ ᠣᠯᠭᠤᠨ᠎ᠠ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠡᠳ᠋ ᠤᠨ ᠵᠠᠰᠠᠭ ᠤᠨ ᠲᠢᠩᠬᠢᠮ 〕

  11. ᠰ᠋ᠦ᠋ ᠴᠠᠭᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶᠢᠯᠠᠯ ᠤᠨ ᠪᠣᠯᠪᠠᠰᠤᠷᠠᠭᠤᠯᠤᠨ ᠡᠳ᠋ᠰᠢᠭᠦᠯᠬᠦ ᠬᠡᠮᠵᠢᠶ᠎ᠡ ᠪᠠᠨ ᠥᠷᠭᠡᠳᠬᠡᠬᠦ ᠶᠢ ᠨᠢ ᠳᠡᠮᠵᠢᠵᠦ᠂ ᠳᠡᠭᠡᠷ᠎ᠡ ᠨᠢᠭᠡ ᠵᠢᠯ ᠤᠨ ᠲᠦᠭᠦᠬᠡᠶ ᠰ᠋ᠦ᠋ ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠭᠦᠯᠬᠦ ᠪᠦᠷᠢ200 ᠲᠥᠭᠦᠷᠢᠭ ᠤᠨ ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠡᠴᠠ ᠲᠣᠰ ᠲᠣᠰ 50% ᠶᠢ ᠡᠭᠦᠷᠭᠡᠯᠡᠨ᠎ᠡ᠃ ᠰ᠋ᠦ᠋ ᠴᠠᠭᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶᠢᠯᠠᠯ ᠤᠨ ᠪᠣᠷᠣᠯᠠᠭᠤᠯᠭ᠎ᠠ ᠬᠦᠭᠵᠢᠶᠡᠨ ᠦᠭᠡᠢ ᠤᠯᠠᠷᠢᠯ ᠪᠣᠯᠬᠤ 3 ︱ 5 ᠳ᠋ᠤᠭᠠᠷ ᠰᠠᠷ᠎ᠠ ᠳᠤ ᠲᠤᠭ᠎ᠠ ᠶᠤᠰᠤᠭᠠᠷ ᠭᠦᠢᠴᠡᠳ ᠰ᠋ᠦ᠋ ᠬᠤᠷᠢᠶᠠᠬᠤ ᠶᠢ ᠨᠢ ᠳᠡᠮᠵᠢᠵᠦ᠂ ᠲᠦᠭᠦᠬᠡᠶ ᠰ᠋ᠦ᠋ ᠶᠢ ᠰᠡᠪᠰᠡᠵᠦ ᠨᠤᠨᠳᠠᠭᠯᠠᠪᠠᠯ᠂ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠶᠢᠨ 10% ᠪᠠᠷ ᠲᠣᠨ ᠪᠦᠷᠢ ᠳᠤ 1000 ᠲᠥᠭᠦᠷᠢᠭ ᠤᠨ ᠨᠡᠮᠡᠭᠦᠷᠢ ᠣᠯᠭᠤᠵᠣ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠡᠴᠠ ᠲᠣᠰ ᠲᠣᠰ 50% ᠶᠢ ᠡᠭᠦᠷᠭᠡᠯᠡᠨ᠎ᠡ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ 〕

  12. ᠰ᠋ᠦ᠋ ᠴᠠᠭᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶᠢᠯᠠᠯ ᠤᠨ ᠨᠠᠷᠢᠯᠢᠬ ᠭᠦᠨ ᠡᠳ᠋ᠰᠢᠭᠦᠯᠭᠡ ᠬᠥᠭᠵᠢᠭᠦᠯᠬᠦ ᠶᠢ ᠨᠢ ᠳᠡᠮᠵᠢᠵᠦ᠂ ᠬᠤᠯᠢᠴᠠ ᠦᠭᠡᠢ ᠪᠢᠰᠢᠯᠠᠭ᠂ ᠰᠢᠷᠠᠰᠤ᠂ ᠰᠦᠨ ᠲᠡᠮᠦᠷᠲᠤ ᠤᠭᠤᠷᠠᠭ ᠵᠡᠷᠭᠡ ᠰ᠋ᠦ᠋ ᠴᠠᠭᠠᠨ ᠢᠳᠡᠭᠡ ᠪᠠᠨ ᠨᠠᠷᠢᠯᠢᠬ ᠭᠦᠨ ᠪᠣᠯᠪᠠᠰᠤᠷᠠᠭᠤᠯᠤᠨ ᠡᠳ᠋ᠰᠢᠭᠦᠯᠬᠦ ᠲᠥᠷᠥᠯ ᠵᠦᠢᠯ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠥᠷᠭᠡᠳᠬᠡᠨ ᠪᠠᠶᠢᠭᠤᠯᠤᠭᠰᠠᠨ ᠠᠵᠤ ᠠᠬᠤᠶᠢᠯᠠᠯ ᠳᠤ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ ᠶᠡᠷᠦᠩᠬᠡᠶ ᠲᠣᠭᠠᠨ ᠤ 10% ᠪᠠᠷ ᠬᠠᠮᠤᠭ ᠤᠨ ᠥᠨᠳᠥᠷ ᠲᠤ ᠪᠠᠨ 5000 ᠲᠦᠮᠡᠨ ᠲᠥᠭᠦᠷᠢᠭ ᠤᠨ ᠨᠡᠮᠡᠭᠦᠷᠢ ᠣᠯᠭᠤᠨ᠎ᠠ᠃ ᠰ᠋ᠦ᠋ ᠴᠠᠭᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶᠢᠯᠠᠯ ᠲᠦᠭᠦᠬᠡᠶ ᠰ᠋ᠦ᠋ ᠪᠠᠷ ᠬᠤᠯᠢᠴᠠ ᠦᠭᠡᠢ ᠪᠢᠰᠢᠯᠠᠭ ᠪᠣᠯᠪᠠᠰᠤᠷᠠᠭᠤᠯᠤᠨ ᠡᠳ᠋ᠰᠢᠭᠦᠯᠦᠭᠰᠡᠨ ᠪᠠᠢᠢᠪᠠᠯ ᠳᠡᠭᠡᠷ᠎ᠡ ᠨᠢᠭᠡ ᠵᠢᠯ ᠤᠨ ᠲᠦᠭᠦᠬᠡᠶ ᠰ᠋ᠦ᠋ ᠬᠡᠷᠡᠭᠯᠡᠨ ᠪᠣᠯᠪᠠᠰᠤᠷᠠᠭᠤᠯᠤᠨ ᠡᠳ᠋ᠰᠢᠭᠦᠯᠦᠭᠰᠡᠨ ᠬᠤᠯᠢᠴᠠ ᠦᠭᠡᠢ ᠪᠢᠰᠢᠯᠠᠭ ᠤᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠭᠦᠯᠬᠦ ᠪᠦᠷᠢ 2000 ᠲᠥᠭᠦᠷᠢᠭ ᠤᠨ ᠨᠡᠮᠡᠭᠦᠷᠢ ᠣᠯᠭᠤᠨ᠎ᠠ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠡᠳ᠋ ᠤᠨ ᠵᠠᠰᠠᠭ ᠤᠨ ᠲᠢᠩᠬᠢᠮ 〕

  ︵ ᠳᠥᠷᠪᠡ ︶  ᠲᠠᠷᠢᠶᠠᠯᠠᠩ ᠮᠠᠯ ᠠᠵᠤ ᠠᠬᠤᠶ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠤᠨ᠎ᠠ᠃

  13. ᠲᠤᠰᠬᠠᠶ ᠵᠦᠢᠯ ᠤᠨ ᠪᠠᠯᠠ ᠮᠥᠩᠭᠦ ᠳᠣᠭᠢᠷᠠᠭᠤᠯᠤᠨ ᠲᠠᠷᠢᠶᠠᠯᠠᠩ ᠮᠠᠯ ᠠᠵᠤ ᠠᠬᠤᠶ ᠶᠢᠨ ᠳᠠᠪᠠᠭᠤᠯᠢᠭ ᠣᠨᠴᠠᠯᠢᠭ ᠲᠠᠢ ᠠᠵᠤ ᠦᠢᠯᠡᠰ ᠤᠨ ᠪᠦᠯᠦᠭᠵᠢᠯ ᠢ ᠪᠦᠲᠦᠭᠡᠨ ᠪᠠᠢᠢᠭᠤᠯᠬᠤ ᠶᠢ ᠨᠢ ᠳᠡᠮᠵᠢᠵᠦ᠂ ᠮᠢᠩᠭᠠᠨ ᠳ᠋ᠦᠩᠰᠢᠭᠤᠷ ᠤᠨ ᠲᠠᠰ ᠤᠨ ᠰ᠋ᠦ᠋ ᠶᠢᠨ ᠦᠢᠯᠡᠰ᠂ ᠡᠷᠳᠡᠨᠢ ᠰᠢᠰᠢ ᠶᠢᠨ ᠲᠠᠯ᠎ᠠ ᠪᠠᠷ ᠬᠢ 2 ᠠᠵᠤ ᠦᠢᠯᠡᠰ ᠤᠨ ᠪᠦᠯᠦᠭᠵᠢᠯ ᠵᠢᠴᠢ ᠵᠠᠭᠤᠨ ᠳ᠋ᠦᠩᠰᠢᠭᠤᠷ ᠤᠨ ᠲᠠᠰ ᠤᠨ ᠠᠯᠠᠰᠢᠨ ᠦᠬᠡᠷ᠂ ᠠᠯᠠᠰᠢᠨ ᠬᠤᠨᠢ᠂ ᠨᠡᠷᠡᠨ ᠬᠤᠸᠠᠷ᠂ ᠢᠮᠠᠭᠠᠨ ᠨᠤᠤᠯᠤᠭᠤᠷ᠂ ᠲᠥᠮᠥᠰᠥ᠂ ᠡᠯᠳᠡᠪ ᠠᠮᠤ ᠡᠯᠳᠡᠪ ᠪᠤᠷᠴᠠᠭ᠂ ᠪᠤᠭᠤᠳᠠᠶ᠂ ᠢᠳᠡᠰᠢᠨ ᠨᠣᠭᠤᠭ᠎ᠠ᠂ ᠲᠡᠵᠢᠭᠡᠯ ᠡᠪᠡᠰᠦ ᠪᠣᠷᠳᠤᠭ᠎ᠠ ᠪᠠ ᠰᠢᠷ᠎ᠠ ᠪᠤᠷᠴᠠᠭ ᠤᠨ ᠲᠠᠯ᠎ᠠ ᠪᠠᠷ ᠬᠢ 10 ᠠᠵᠤ ᠦᠢᠯᠡᠰ ᠤᠨ ᠪᠦᠯᠦᠭᠵᠢᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠡᠳ᠋ ᠤᠨ ᠵᠠᠰᠠᠭ ᠤᠨ ᠲᠢᠩᠬᠢᠮ 〕

  14. ᠠᠮᠤ ᠪᠤᠳᠠᠭ᠎ᠠ ᠢᠳᠡᠰᠢᠨ ᠲᠤᠰᠤ᠂ ᠮᠢᠬᠠᠨ ᠤ ᠵᠦᠢᠯ ᠤᠨ ᠦᠢᠯᠡᠳᠪᠦᠷᠢᠯᠡᠯ ᠢ ᠯᠠᠪᠳᠠᠭᠤᠨ ᠪᠠᠲᠤᠲᠠᠶ ᠠᠬᠢᠭᠤᠯᠵᠤ᠂ ᠠᠮᠤ ᠪᠤᠳᠠᠭ᠎ᠠ ᠢᠳᠡᠰᠢᠨ ᠲᠤᠰᠤ᠂ ᠠᠯᠠᠰᠢᠨ ᠦᠬᠡᠷ᠂ ᠠᠯᠠᠰᠢᠨ ᠬᠤᠨᠢ᠂ ᠠᠮᠢᠳᠤ ᠭᠠᠭ᠋ᠠᠶ ᠶᠢᠨ ᠭᠠᠷᠭᠠᠯᠲᠠ ᠶᠡᠬᠡᠲᠡᠢ ᠰᠢᠶᠠᠨ ᠢ ᠱᠠᠩᠨᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠭᠠᠷᠭᠠᠯᠲᠠ ᠶᠡᠬᠡᠲᠡᠢ ᠰᠢᠶᠠᠨ ᠤ ᠲᠡᠵᠢᠭᠡᠨ ᠦᠷᠡᠵᠢᠭᠦᠯᠬᠦ ᠦᠷ᠎ᠡ ᠪᠦᠲᠦᠮᠵᠢ ᠪᠠ ᠦᠢᠯᠡᠳᠪᠦᠷᠢᠯᠡᠯ ᠤᠨ ᠦᠷ᠎ᠡ ᠠᠰᠢᠭ ᠢᠶᠠᠨ ᠳᠡᠭᠡᠭᠰᠢᠯᠡᠭᠦᠯᠬᠦ ᠶᠢ ᠲᠡᠮᠵᠢᠵᠤ᠂ ᠲᠤᠮᠤ ᠬᠡᠯᠪᠡᠷᠢ ᠶᠢᠨ ᠨᠢᠳᠤᠯᠭᠠᠨ ᠤ ᠲᠦᠷᠦᠯ ᠵᠦᠢᠯ ᠢ ᠲᠤᠬᠠᠶ ᠶᠢᠨ ᠭᠠᠵᠠᠷ ᠲᠤ ᠨᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠶᠢ ᠵᠣᠷᠢᠬᠵᠢᠭᠤᠯᠵᠤ᠂ ᠮᠠᠯ ᠤᠨ ᠠᠰᠢᠭ ᠰᠢᠮ᠎ᠡ ᠵᠢᠭᠦᠷᠲᠡᠨ ᠤ ᠭᠠᠷᠤᠯᠲᠠ ᠪᠦᠲᠦᠭᠡᠭᠳᠡᠭᠦᠨ ᠢ ᠨᠠᠷᠢᠯᠢᠬ ᠬᠤᠪᠢᠶᠠᠷᠢᠯᠠᠨ ᠰᠠᠯᠭᠠᠬᠤ᠂ ᠬᠦᠢᠳᠡᠨ ᠬᠡᠯᠬᠢᠶ᠎ᠡ ᠪᠠᠷ ᠪᠣᠯᠪᠠᠰᠤᠷᠠᠭᠤᠯᠤᠨ ᠡᠳ᠋ᠰᠢᠭᠦᠯᠬᠦ ᠵᠢᠴᠢ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠳᠦᠬᠦᠷᠵᠢᠭᠦᠯᠦᠨ ᠪᠠᠶᠢᠭᠤᠯᠤᠨ᠎ᠠ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ 〕

  15. ᠠᠷᠠᠰᠤ ᠰᠢᠷᠢ᠂ ᠬᠤᠨᠢᠨ ᠨᠣᠤᠰᠣᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠨᠥᠬᠦᠴᠡᠯ ᠳᠤ ᠨᠡᠶᠢᠴᠡᠬᠦ ᠠᠵᠤ ᠦᠢᠯᠡᠰ ᠤᠨ ᠪᠦᠯᠦᠭᠵᠢᠯ᠂ ᠠᠵᠤ ᠦᠢᠯᠡᠰ ᠤᠨ ᠬᠦᠴᠦᠷᠬᠡᠭ ᠪᠠᠯᠭᠠᠰᠤ᠂ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠲᠥᠷᠥᠯ ᠵᠦᠢᠯ ᠳᠤ ᠪᠣᠯ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠶ ᠵᠦᠢᠯ ᠤᠨ ᠪᠠᠯᠠ ᠮᠥᠩᠭᠦ ᠪᠠᠷ ᠵᠣᠬᠢᠬᠤ ᠨᠡᠮᠡᠭᠦᠷᠢ ᠣᠯᠭᠤᠨ᠎ᠠ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠡᠳ᠋ ᠤᠨ ᠵᠠᠰᠠᠭ ᠤᠨ ᠲᠢᠩᠬᠢᠮ 〕

  16. ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠡᠮᠲᠡᠭ ᠤᠨ ᠭᠠᠷᠴᠠᠭ ᠪᠠᠶᠢᠭᠤᠯᠬᠤ ᠶᠢ ᠳᠡᠮᠵᠢᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠲᠣᠭᠲᠠᠭᠠᠵᠤ᠂ ᠬᠠᠮᠢᠶ᠎ᠠ ᠪᠥᠬᠦᠶ ᠠᠵᠤ ᠠᠬᠤᠶᠢᠯᠠᠯ ᠤᠨ ᠪᠣᠬᠢᠷᠲᠤᠯ ᠥᠬᠡᠶ ᠢᠳᠡᠭᠡᠨ᠂ ᠣᠷᠭᠠᠨᠢᠭ ᠪᠦᠲᠦᠭᠡᠭᠳᠡᠬᠦᠨ ᠤ ᠭᠡᠷᠡᠴᠢᠯᠡᠯᠲᠡ ᠬᠢᠯᠭᠡᠬᠦ ᠪᠠᠷ ᠭᠤᠶᠤᠴᠢᠯᠠᠬᠤ ᠶᠢ ᠨᠢ ᠵᠣᠷᠢᠬᠵᠢᠭᠤᠯᠤᠨ᠎ᠠ᠃ ᠭᠠᠵᠠᠷ ᠵᠦᠢ ᠶᠢᠨ ᠪᠡᠯᠭᠡ ᠳᠡᠮᠳᠡᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ ᠦᠪᠦᠷ ᠮᠣᠩᠭᠤᠯ ︾ ᠲᠡᠮᠲᠡᠭᠲᠦ ᠶᠢᠨ ᠭᠡᠷᠡᠴᠢᠯᠡᠯᠲᠡ ᠶᠢ ᠠᠬᠢᠭᠤᠯᠵᠤ᠂ ᠥᠪᠥᠷ ᠮᠣᠩᠭᠤᠯ ᠤᠨ ᠪᠣᠬᠢᠷᠲᠤᠯ ᠥᠬᠡᠶ ᠪᠦᠭᠡᠳ ᠣᠷᠭᠠᠨᠢᠭ ᠨᠠᠷᠠᠲᠤ ᠲᠡᠮᠲᠡᠭ ᠢ ᠴᠤᠭᠴᠠᠯᠠᠨ᠎ᠠ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 〕

  17. ᠡᠮ ᠤᠨ ᠮᠠᠲ᠋ᠧᠷᠢᠶᠠᠯ ᠢ ᠬᠡᠪᠴᠢᠶᠡᠵᠢᠭᠦᠯᠦᠨ ᠳᠠᠷᠢᠬᠤ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠵᠢᠩᠬᠢᠨᠢ ᠪᠠᠢᠢᠭᠠᠯᠢᠯᠢᠬ ᠭᠠᠷᠤᠯᠲᠠ ᠲᠠᠢ ᠡᠮ ᠤᠨ ᠮᠠᠲ᠋ᠧᠷᠢᠶᠠᠯ᠂ ᠳᠠᠭᠤᠷᠢᠶᠠᠮᠠᠯ ᠬᠡᠭᠡᠷ᠎ᠡ ᠶᠢᠨ ᠡᠮ ᠤᠨ  ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠢ ᠪᠦᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠩᠬᠢᠨᠢ ᠪᠠᠢᠢᠭᠠᠯᠢᠯᠢᠬ ᠭᠠᠷᠤᠯᠲᠠ ᠲᠠᠢ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ᠂ ᠳᠠᠭᠤᠷᠢᠶᠠᠮᠠᠯ ᠬᠡᠭᠡᠷ᠎ᠡ ᠶᠢᠨ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠢᠶᠠᠷ ᠦᠨᠡᠮᠰᠢᠭᠳᠡᠨ ᠲᠣᠭᠲᠠᠭᠠᠭᠳᠠᠭᠰᠠᠨ ᠪᠠᠢᠢᠪᠠᠯ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠱᠠᠩᠨᠠᠵᠤ ᠨᠥᠬᠦᠪᠥᠷᠢᠯᠡᠨ᠎ᠡ᠃ ᠬᠠᠮᠢᠶ᠎ᠠ ᠪᠥᠬᠦᠶ ᠲᠥᠷᠥᠯ ᠵᠦᠢᠯ ᠤᠨ ᠪᠠᠯᠠ ᠮᠥᠩᠭᠦ ᠶᠢ 300 ᠲᠦᠮᠡᠨ ᠲᠥᠭᠦᠷᠢᠭ ᠡᠴᠠ ᠳᠡᠭᠡᠭᠰᠢ ᠨᠢᠭᠡᠳᠦᠯᠲᠡᠶ ᠲᠥᠯᠥᠪᠯᠡᠵᠦ᠂ ᠳᠠᠪᠠᠭᠤᠯᠢᠭ ᠬᠤᠰᠢᠭᠤ ᠰᠢᠶᠠᠨ ︵ ᠬᠤᠲᠠ᠂ ᠲᠣᠭᠤᠷᠢᠭ ︶ ᠢ ᠰᠤᠩᠭᠤᠵᠤ ᠬᠢᠲᠠᠳ ᠡᠮ ᠤᠨ ᠮᠠᠲ᠋ᠧᠷᠢᠶᠠᠯ ᠤᠨ ᠥᠨᠳᠥᠷ ᠭᠠᠷᠤᠯᠲᠠ ᠲᠠᠢ ᠥᠨᠳᠥᠷ ᠦᠷ᠎ᠡ ᠠᠰᠢᠭ ᠲᠠᠢ ᠲᠠᠷᠢᠮᠠᠯ ᠤᠨ ᠵᠢᠱᠢᠶ᠎ᠡ ᠦᠵᠡᠭᠦᠯᠬᠦ ᠣᠷᠣᠨ ᠪᠠ ᠬᠢᠲᠠᠳ ᠡᠮ ᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠢ ᠪᠥᠲᠥᠭᠡᠨ ᠪᠠᠶᠢᠭᠤᠯᠤᠨ᠎ᠠ᠃ 〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ 〕


  ᠬᠤᠶᠠᠷ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠠᠬᠢᠭᠤᠯᠤᠨ᠎ᠠ


  ︵ ᠨᠢᠭᠡ ︶  ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃

  18. 5 ᠳ᠋ᠦᠩᠰᠢᠭᠤᠷ ᠲᠥᠭᠦᠷᠢᠭ ᠵᠢᠴᠢ ᠡᠭᠦᠨ ᠡᠴᠠ ᠢᠯᠡᠭᠦᠦ ᠪᠠᠯᠠ ᠣᠷᠣᠭᠤᠯᠤᠭᠰᠠᠨ ᠪᠦᠭᠡᠳ ᠪᠠᠷᠢᠯᠭ᠎ᠠ ᠳᠠᠭᠤᠰᠴᠤ ᠠᠰᠢᠬᠯᠠᠯᠲᠠ ᠳᠤ ᠣᠷᠣᠭᠤᠯᠤᠭᠰᠠᠨ ᠦᠢᠯᠡᠳᠬᠦ ᠦᠢᠯᠡᠰ ᠤᠨ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ︽ ᠬᠡᠯᠬᠢᠶ᠎ᠡ ᠶᠢ ᠤᠷᠲᠤᠳᠬᠠᠬᠤ ᠨᠥᠬᠦᠪᠥᠷᠢᠯᠡᠬᠦ ᠴᠢᠩᠳᠠᠯᠠᠬᠤ ︾ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠣᠳᠠᠲᠠᠶ ᠵᠢᠭᠡᠯᠡᠯᠭᠡ ᠶᠢᠨ ᠬᠦᠤ ᠮᠥᠩᠭᠦ ᠶᠢᠨ 30% ᠪᠠᠷ ᠨᠢᠭᠡ ᠯᠡ ᠤᠳᠠᠭ᠎ᠠ ᠶᠢᠨ ᠴᠢᠨᠠᠷᠲᠠᠶ ᠳᠠᠮ ᠬᠦᠤ ᠥᠭᠴᠤ ᠱᠠᠩᠨᠠᠨ ᠨᠦᠬᠦᠪᠦᠷᠢᠯᠡᠵᠦ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠥᠨᠳᠥᠷ ᠲᠤ ᠪᠠᠨ 500 ᠲᠦᠮᠡᠨ ᠲᠥᠭᠦᠷᠢᠭ ᠤᠨ ᠱᠠᠩᠨᠠᠯ ᠨᠦᠬᠦᠪᠦᠷᠢ ᠣᠯᠭᠤᠨ᠎ᠠ᠃ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠪᠤᠶᠢᠵᠢᠭᠤᠯᠵᠤ᠂ ᠰᠢᠨ᠎ᠡ ᠪᠠᠷ ᠦᠨᠡᠮᠰᠢᠨ ᠲᠣᠭᠲᠠᠭᠠᠭᠰᠠᠨ ᠤᠯᠤᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ ᠲᠣᠰ ᠲᠣᠰ ᠨᠢᠭᠡ ᠯᠡ ᠤᠳᠠᠭ᠎ᠠ ᠳᠤ 1000 ᠲᠦᠮᠡᠨ ᠲᠥᠭᠦᠷᠢᠭ᠂ 500 ᠲᠦᠢᠮᠡᠨ ᠲᠥᠭᠦᠷᠢᠭ ᠤᠨ ᠱᠠᠩᠨᠠᠯ ᠨᠦᠬᠦᠪᠦᠷᠢ ᠣᠯᠭᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  19. 2000 ᠲᠦᠮᠡᠨ ᠲᠥᠭᠦᠷᠢᠭ ᠵᠢᠴᠢ ᠡᠭᠦᠨ ᠡᠴᠠ ᠢᠯᠡᠭᠦᠦ ᠪᠠᠯᠠ ᠣᠷᠣᠭᠤᠯᠤᠭᠰᠠᠨ ᠪᠦᠭᠡᠳ ᠨᠢᠭᠡᠨᠲᠡ ᠠᠵᠢᠯ ᠳᠠᠭᠤᠰᠤᠭᠰᠠᠨ ᠦᠢᠯᠡᠳᠬᠦ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠳᠤ᠂ ᠲᠤᠬᠠᠶ ᠶᠢᠨ ᠵᠢᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ 20% ᠪᠠᠷ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠡᠴᠠ ᠳᠠᠪᠠᠭᠤᠯᠬᠤ ᠥᠬᠡᠶ ᠪᠠᠷ ᠨᠦᠬᠦᠪᠦᠷᠢ ᠣᠯᠭᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  20. ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠳᠡᠮᠵᠢᠵᠦ᠂ ᠵᠢᠯ ᠤᠨ ᠡᠨᠧᠷᠭᠢ ᠠᠷᠪᠢᠯᠠᠬᠤ ᠬᠡᠮᠵᠢᠶ᠎ᠡ ᠨᠢ 2000 ᠲᠣᠨ ᠪᠠᠷᠢᠮᠵᠢᠶᠠᠲᠤ ᠨᠡᠭᠦᠷᠡᠰᠦ ᠡᠴᠠ ᠳᠡᠭᠡᠭᠰᠢᠬᠢ ︵ 2000 ᠲᠣᠨ ᠪᠠᠷᠢᠮᠵᠢᠶᠠᠲᠤ ᠨᠡᠭᠦᠷᠡᠰᠦ ᠪᠠᠭᠲᠠᠨ᠎ᠠ ︶  ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ︵ ᠪᠤᠭᠤᠵᠢᠯᠠᠭᠰᠠᠨ ᠲᠥᠷᠥᠯ ᠵᠦᠢᠯ ᠪᠠᠭᠲᠠᠨ᠎ᠠ ︶ ᠳᠤ 1 ᠲᠣᠨ ᠪᠠᠷᠢᠮᠵᠢᠶᠠᠲᠤ ᠨᠡᠭᠦᠷᠡᠰᠦ ᠠᠷᠪᠢᠯᠠᠬᠤ ᠪᠦᠷᠢ 200 ᠲᠥᠭᠦᠷᠢᠭ ᠤᠨ ᠱᠠᠩᠨᠠᠯ ᠨᠦᠬᠦᠪᠦᠷᠢ ᠣᠯᠭᠤᠵᠣ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠤᠨ ᠱᠠᠩᠨᠠᠯ ᠨᠦᠬᠦᠪᠦᠷᠢ ᠣᠯᠭᠤᠨ᠎ᠠ︔ ᠲᠣᠮᠣ ᠳ᠋ᠠᠶᠢᠲ᠋ᠠ ᠶᠢᠨ ᠲᠥᠪ ᠤᠨ ᠴᠠᠬᠢᠯᠭᠠᠨ ᠡᠭᠦᠰᠭᠡᠭᠴᠢ ᠶᠢᠨ ᠬᠡᠷᠡᠭᠯᠡᠯᠲᠡ ᠶᠢᠨ ᠦᠷ᠎ᠡ ᠪᠦᠲᠦᠮᠵᠢ ︵ PUE ᠬᠡᠮᠵᠢᠭᠳᠡᠯ ︶ ᠶᠢ ᠠᠩᠬ᠎ᠠ ᠤᠳᠠᠭ᠎ᠠ 1.3 ᠪᠣᠯᠲᠠᠯ᠎ᠠ ᠪᠠᠭᠤᠷᠠᠭᠤᠯᠤᠭᠰᠠᠨ ᠪᠠᠶᠢᠪᠠᠯ᠂ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ ᠶᠢᠨ ᠲᠣᠭᠠᠨ ᠤ 10% ᠪᠠᠷ ᠱᠠᠩᠨᠠᠨ ᠨᠥᠬᠦᠪᠥᠷᠢᠯᠡᠵᠦ᠂ ᠲᠠᠩ ᠭᠠᠭᠴᠠ ᠲᠥᠷᠥᠯ ᠵᠦᠢᠯ ᠢ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠢᠶᠠᠷ ᠱᠠᠩᠨᠠᠨ ᠨᠥᠬᠦᠪᠥᠷᠢᠯᠡᠨ᠎ᠡ︔ ᠵᠢᠯ ᠤᠨ ᠤᠰᠤ ᠠᠷᠪᠢᠯᠠᠬᠤ ᠬᠡᠮᠵᠢᠶ᠎ᠡ ᠨᠢ 5 ᠲᠦᠮᠡᠨ ᠲᠣᠨ ᠡᠴᠠ ᠳᠡᠭᠡᠭᠰᠢᠬᠢ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ︵ ᠪᠤᠭᠤᠵᠢᠯᠠᠭᠰᠠᠨ ᠲᠥᠷᠥᠯ ᠵᠦᠢᠯ ᠪᠠᠭᠲᠠᠨ᠎ᠠ ︶ ᠳᠤ 1 ᠲᠣᠨ ᠤᠰᠤ ᠠᠷᠪᠢᠯᠠᠬᠤ ᠪᠦᠷᠢ 10 ᠲᠥᠭᠦᠷᠢᠭ ᠤᠨ ᠨᠦᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ ᠣᠯᠭᠤᠬᠤ ᠨᠥᠬᠦᠪᠥᠷᠢ ᠶᠢ 500 ᠲᠦᠮᠡᠨ ᠲᠥᠭᠦᠷᠢᠭ ᠡᠴᠠ ᠳᠠᠪᠠᠭᠤᠯᠬᠤ ᠥᠭᠡᠢ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  21. ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠬᠯᠠᠬᠤ ᠶᠢ ᠳᠡᠮᠵᠢᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠬᠯᠠᠭᠰᠠᠨ ᠬᠡᠮᠵᠢᠶ᠎ᠡ ᠨᠢ ᠵᠢᠯ ᠳᠤ 1 ᠲᠦᠮᠡᠨ ᠲᠣᠨ ᠡᠴᠠ ᠳᠡᠭᠡᠭᠰᠢ ᠪᠠᠶᠢᠬᠤ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠬᠡᠷᠡᠭᠯᠡᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠳᠠᠬᠢᠯᠲᠠ ᠡᠬᠢ ᠪᠠᠶᠠᠯᠢᠭ ᠢ ᠳᠡᠭᠡᠳᠦ ᠦᠵᠦᠭᠦᠷᠵᠢᠭᠦᠯᠬᠦ᠂ ᠪᠣᠬᠢᠷᠲᠤᠯ ᠥᠬᠡᠶ ᠪᠣᠯᠭᠠᠬᠤ᠂ ᠤᠷᠴᠢᠯᠵᠢᠭᠤᠯᠤᠨ ᠠᠰᠢᠬᠯᠠᠬᠤ ᠰᠢᠨ᠎ᠡ ᠪᠠᠷ ᠪᠠᠢᠢᠭᠤᠯᠤᠭᠰᠠᠨ ᠲᠥᠷᠥᠯ ᠵᠦᠢᠯ ᠳᠤ᠂ 1 ᠲᠣᠨ ᠶᠡᠷᠦᠩᠬᠡᠶᠢᠯᠡᠨ ᠠᠰᠢᠬᠯᠠᠬᠤ ᠪᠦᠷᠢ 10 ᠲᠥᠭᠦᠷᠢᠭ ᠤᠨ ᠨᠥᠬᠦᠪᠥᠷᠢ ᠣᠯᠭᠤᠨ᠎ᠠ︔ ᠳᠠᠬᠢᠯᠲᠠ ᠡᠬᠢ ᠪᠠᠶᠠᠯᠢᠭ ᠤᠨ ᠳᠣᠲᠣᠷᠠᠬᠢ ᠬᠠᠶᠠᠭᠳᠠᠮᠠᠯ ᠰᠦᠯᠢᠶᠣᠣ᠂ ᠬᠠᠶᠠᠭᠳᠠᠮᠠᠯ ᠴᠠᠭᠠᠰᠤ ᠶᠢ ᠡᠭᠡᠭᠦᠯᠦᠨ ᠬᠤᠷᠢᠶᠠᠵᠤ ᠡᠳ᠋ᠰᠢᠭᠦᠯᠦᠨ ᠠᠰᠢᠬᠯᠠᠭᠰᠠᠨ ᠬᠡᠮᠵᠢᠶ᠎ᠡ ᠨᠢ ᠵᠢᠯ ᠳᠤ 1 ᠮᠢᠩᠭᠠᠨ ᠲᠣᠨ ᠡᠴᠠ ᠳᠡᠭᠡᠭᠰᠢᠬᠢ ᠲᠥᠷᠥᠯ ᠵᠦᠢᠯ ᠳᠤ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ ᠲᠣᠭᠠᠨ ᠤ 10% ᠪᠠᠷ ᠨᠥᠬᠦᠪᠥᠷᠢ ᠥᠭᠴᠦ᠂ ᠲᠠᠩ ᠭᠠᠭᠴᠠ ᠲᠥᠷᠥᠯ ᠵᠦᠢᠯ ᠤᠨ ᠨᠥᠬᠦᠪᠥᠷᠢ ᠶᠢ 500 ᠲᠦᠮᠡᠨ ᠲᠥᠭᠦᠷᠢᠭ ᠡᠴᠠ ᠳᠠᠪᠠᠭᠤᠯᠬᠤ ᠥᠬᠡᠶ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  22. ᠤᠯᠤᠰ ᠤᠨ ᠲᠠᠰ ᠤᠨ ᠪᠣᠬᠢᠷᠲᠤᠯ ᠥᠬᠡᠶ ᠬᠦᠷᠢᠶᠡᠯᠡᠩ ᠲᠣᠭᠤᠷᠢᠭ᠂ ᠪᠣᠬᠢᠷᠲᠤᠯ ᠥᠬᠡᠶ ᠦᠢᠯᠡᠳᠪᠦᠷᠢ᠂ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ᠂ ᠪᠣᠬᠢᠷᠲᠤᠯ ᠥᠬᠡᠶ ᠵᠢᠷᠤᠭ ᠲᠥᠯᠥᠪᠯᠡᠭᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠡᠨᠧᠷᠭᠢ ᠶᠢᠨ ᠠᠰᠢᠬᠯᠠᠮᠵᠢ ᠶᠢᠨ ᠳᠠᠭᠠᠭᠤᠯᠤᠭᠴᠢ᠂ ᠤᠰᠤᠨ ᠤ ᠠᠰᠢᠬᠯᠠᠮᠵᠢ ᠶᠢᠨ ᠳᠠᠭᠠᠭᠤᠯᠤᠭᠴᠢ ᠬᠡᠮᠡᠨ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠳ ᠲᠤ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠬᠦᠷᠢᠶᠡᠯᠡᠩ ᠲᠣᠭᠤᠷᠢᠭ᠂ ᠪᠣᠬᠢᠷᠲᠤᠯ ᠥᠬᠡᠶ ᠦᠢᠯᠡᠳᠪᠦᠷᠢ᠂ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ᠂ ᠤᠰᠤ ᠠᠷᠪᠢᠯᠠᠭᠰᠠᠨ ᠬᠡᠪ ᠳᠠᠭᠤᠷᠢᠶᠠᠯ ᠬᠡᠮᠡᠨ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠳ ᠢ ᠨᠢᠭᠡ ᠯᠡ ᠤᠳᠠᠭ᠎ᠠ ᠶᠢᠨ ᠴᠢᠨᠠᠷᠲᠠᠶ 50 ᠲᠦᠮᠡᠨ ᠲᠥᠭᠦᠷᠢᠭ ᠢᠶᠠᠷ ᠱᠠᠩᠨᠠᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  23. ᠦᠢᠯᠡᠳᠬᠦ ᠦᠢᠯᠡᠰ ᠤᠨ ᠲᠣᠭᠠᠵᠢᠭᠤᠯᠬᠤ ᠲᠡᠢᠢᠰᠢ ᠬᠡᠯᠪᠡᠷᠢ ᠪᠠᠨ ᠬᠤᠪᠢᠷᠠᠭᠤᠯᠬᠤ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠲᠣᠭᠠᠵᠢᠭᠤᠯᠬᠤ ᠲᠡᠢᠢᠰᠢ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠡᠭ ᠲᠤ ᠵᠢᠭᠰᠠᠭᠠᠭᠳᠠᠭᠰᠠᠨ ᠠᠶᠢᠮᠠᠭ ᠬᠤᠲᠠ ᠳᠤ 5000 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠲᠣᠭᠠᠵᠢᠭᠤᠯᠬᠤ ᠲᠡᠢᠢᠰᠢ ᠬᠡᠯᠪᠡᠷᠢ ᠪᠠᠨ ᠬᠤᠪᠢᠷᠠᠭᠤᠯᠬᠤ ᠬᠤᠲᠠ ᠶᠢᠨ ᠲᠤᠷᠰᠢᠯᠲᠠ ᠶᠢᠨ ᠴᠡᠭ ᠲᠤ ᠵᠢᠭᠰᠠᠭᠠᠭᠳᠠᠭᠰᠠᠨ ᠠᠶᠢᠮᠠᠭ ᠬᠤᠲᠠ ᠳᠤ 5000 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  24. ᠣᠯᠠᠨ ᠤᠯᠤᠰ᠂ ᠤᠯᠤᠰ ︵ ᠠᠵᠢᠯ ᠲᠥᠷᠥᠯ ︶ ᠤᠨ ᠪᠠᠷᠢᠮᠵᠢᠶ᠎ᠠ ᠶᠢ ᠭᠤᠣᠯᠯᠠᠨ ᠲᠣᠭᠲᠠᠭᠠᠭᠰᠠᠨ ᠠᠵᠤ ᠠᠬᠤᠶᠢᠯᠠᠯ ᠳᠤ ᠪᠣᠯ ᠪᠠᠷᠢᠮᠵᠢᠶ᠎ᠠ ᠨᠢᠭᠡᠪᠦᠷᠢ ᠲᠣᠰ ᠲᠣᠰ ᠨᠢᠭᠡ ᠯᠡ ᠤᠳᠠᠭ᠎ᠠ ᠳᠤ 30 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠣᠯᠠᠨ ᠤᠯᠤᠰ᠂ ᠤᠯᠤᠰ ︵ ᠠᠵᠢᠯ ᠲᠥᠷᠥᠯ ︶ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠭᠰᠠᠨ ᠠᠵᠤ ᠠᠬᠤᠶᠢᠯᠠᠯ ᠳᠤ ᠪᠣᠯ ᠪᠠᠷᠢᠮᠵᠢᠶ᠎ᠠ ᠨᠢᠭᠡᠪᠦᠷᠢ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ᠃ ᠪᠠᠷᠢᠮᠵᠢᠶ᠎ᠠ ᠲᠣᠭᠲᠠᠭᠠᠬᠤ ᠳᠤ ᠳᠠᠩ ᠭᠠᠭᠴᠠ ᠠᠵᠤ ᠠᠬᠤᠶᠢᠯᠠᠯ ᠭᠤᠣᠯᠯᠠᠭᠰᠠᠨ ᠪᠤᠶᠤ ᠣᠷᠤᠯᠴᠠᠭᠰᠠᠨ ᠪᠠᠢᠢᠪᠠᠯ ᠵᠢᠯ ᠪᠦᠷᠢ ᠶᠢᠨ ᠱᠠᠩᠨᠠᠯ ᠤᠨ ᠪᠠᠯᠠ ᠮᠥᠩᠭᠦ ᠶᠢ 50 ᠲᠦᠮᠡᠨ ᠲᠥᠭᠦᠷᠢᠭ ᠡᠴᠠ ᠳᠠᠪᠠᠭᠤᠯᠬᠤ ᠥᠬᠡᠶ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  25. 2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠡᠴᠠ ᠰᠡᠭᠦᠯᠡᠷ ᠰᠤᠳᠤᠯᠤᠨ ᠨᠡᠭᠡᠭᠡᠬᠦ ᠪᠤᠶᠤ ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠤᠰ ᠤᠨ ᠵᠥᠪᠰᠢᠶᠡᠷᠡᠭᠰᠡᠨ ᠪᠢᠴᠢᠭ ᠤᠨ  ᠳ᠋ᠤᠭᠠᠷ ᠢ ᠣᠯᠤᠭᠰᠠᠨ 1 ᠳ᠋ᠤᠭᠡᠷ ᠲᠥᠷᠥᠯ ᠤᠨ ᠪᠤᠶᠤ 2 ᠳ᠋ᠤᠭᠠᠷ ᠲᠥᠷᠥᠯ ᠤᠨ ᠬᠢᠮᠢ ᠶᠢᠨ ᠡᠮ᠂ ᠠᠮᠢᠳᠤ ᠪᠣᠳᠠᠰ ᠤᠨ ᠪᠦᠲᠦᠭᠡᠭᠳᠡᠬᠦᠨ᠂ ᠬᠢᠲᠠᠳ ︵ ᠮᠣᠩᠭᠤᠯ ︶  ᠡᠮ ᠤᠨ ᠰᠢᠨ᠎ᠡ ᠶᠢ ᠡᠭᠦᠳᠦᠭᠰᠡᠨ ᠡᠮ᠂ ᠰᠠᠶᠢᠵᠢᠷᠠᠭᠤᠯᠤᠭᠰᠠᠨ ᠮᠠᠶ᠋ᠢᠭ ᠤᠨ ᠰᠢᠨ᠎ᠡ ᠡᠮ᠂ ᠡᠷᠲᠡᠨ ᠤ ᠰᠣᠩᠭᠤᠳᠠᠭ ᠨᠠᠷᠠᠲᠤ ᠵᠣᠷ ᠤᠨ ᠬᠢᠲᠠᠳ ᠡᠮ ᠤᠨ ᠬᠤᠯᠢᠮᠠᠭ ᠵᠣᠷ ᠤᠨ ᠨᠠᠶᠢᠷᠠᠯᠭ᠎ᠠ᠂ ᠥᠪᠡᠷᠲᠡᠭᠡᠨ ᠵᠠᠰᠠᠬᠤ ᠣᠷᠣᠨ ᠤ ᠬᠤᠭᠤᠰᠣᠨ ᠢ ᠨᠦᠬᠦᠪᠦᠷᠢᠯᠡᠭᠰᠡᠨ ᠭᠤᠷᠪᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠪᠠ ᠰᠢᠨ᠎ᠡ ᠶᠢ ᠡᠭᠦᠳᠬᠦ ᠡᠮᠴᠢᠯᠡᠭᠡᠨ ᠤ ᠪᠠᠭᠠᠵᠢ ᠬᠡᠷᠡᠭᠰᠡᠯ ᠤᠨ ᠣᠨᠴᠠᠭᠠᠶ ᠬᠢᠨᠠᠨ ᠪᠠᠶᠢᠴᠠᠭᠠᠬᠤ ᠲᠠᠰ ᠳᠠᠷᠠᠭᠠᠯᠠᠯ ᠳᠤ ᠤᠷᠤᠭᠰᠠᠨ ᠪᠥᠭᠡᠳ ᠬᠤᠶᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠠᠩᠬ᠎ᠠ ᠤᠳᠠᠭ᠎ᠠ ᠳᠠᠩᠰᠠᠯᠠᠭᠤᠯᠤᠭᠰᠠᠨ ᠦᠨᠡᠮᠯᠡᠯ ᠣᠯᠤᠭᠰᠠᠨ ᠦᠢᠯᠡᠳᠬᠦᠨ ︵ ᠬᠤᠶᠠᠳᠤᠭᠠᠷ ᠲᠥᠷᠥᠯ ᠤᠨ ᠪᠡᠶ᠎ᠡ ᠶᠢᠨ ᠭᠠᠳᠠᠨᠠᠬᠢ ᠣᠨᠣᠰᠢᠯᠠᠯ ᠤᠨ ᠤᠷᠪᠠᠯᠵᠢ ᠵᠢᠴᠢ ᠲᠣᠨᠤᠭ ᠲᠥᠬᠦᠭᠡᠷᠦᠮᠵᠢ ᠶᠢᠨ ᠰᠡᠯᠪᠢᠭ ᠲᠣᠨᠤᠭ ᠪᠠᠭᠲᠠᠬᠤ ᠥᠬᠡᠶ ︶᠂ ᠨᠢᠭᠡᠳᠦᠭᠡᠷ᠂ ᠬᠤᠶᠠᠳᠤᠭᠠᠷ ᠲᠦᠷᠦᠯ ᠤᠨ ︽ ᠮᠠᠯ ᠤᠨ ᠰᠢᠨ᠎ᠡ ᠡᠮ ᠤᠨ ᠳᠠᠩᠰᠠᠯᠠᠭᠤᠯᠤᠭᠰᠠᠨ ᠦᠨᠡᠮᠯᠡᠯ ︾ ᠣᠯᠤᠭᠰᠠᠨ ᠰᠢᠨ᠎ᠡ ᠶᠢ ᠡᠭᠦᠳᠦᠭᠰᠡᠨ ᠮᠠᠯ ᠤᠨ ᠡᠮ᠂ ᠭᠡᠬᠦ ᠮᠦᠷᠲᠡᠭᠡᠨ ᠠᠵᠤ ᠦᠢᠯᠡᠰᠵᠢᠯᠲᠡ ᠶᠢ ᠪᠡᠶᠡᠯᠡᠭᠦᠯᠦᠭᠰᠡᠨ ᠲᠦᠷᠦᠯ ᠵᠦᠢᠯ ᠳᠤ ᠲᠥᠬᠦᠭᠡᠷᠦᠮᠵᠢ ᠶᠢᠨ ᠶᠡᠷᠦᠩᠬᠡᠶ ᠪᠡᠯᠡ ᠣᠷᠣᠭᠤᠯᠤᠯᠲᠠ ᠶᠢᠨ 20% ᠶᠢᠨ ᠪᠡᠯᠡ ᠮᠦᠩᠭᠦᠨ ᠤ ᠨᠥᠬᠦᠪᠥᠷᠢ ᠶᠢ ᠨᠢᠭᠡ ᠯᠡ ᠤᠳᠠᠭ᠎ᠠ ᠳᠤ ᠣᠯᠭᠤᠵᠤ᠂ ᠬᠠᠮᠤᠭ ᠤᠨ ᠢᠯᠡᠭᠦᠦ ᠳᠤ ᠪᠠᠨ 1000 ᠲᠦᠮᠡᠨ ᠲᠥᠭᠦᠷᠢᠭ ᠡᠴᠠ ᠳᠠᠪᠠᠭᠤᠯᠬᠤ ᠦᠭᠡᠢ᠃ ᠰᠢᠨ᠎ᠡ ᠬᠢᠮᠢ ᠶᠢᠨ ᠡᠮ ᠤᠨ ᠵᠦᠢᠯ ᠤᠨ ᠳᠡᠩᠰᠡᠯᠡᠯᠲᠡ ᠶᠢᠨ ᠲᠥᠷᠥᠯ ᠠᠩᠬᠢᠯᠠᠯ ᠢᠶᠠᠷ ᠳᠠᠩᠰᠠᠯᠠᠭᠤᠯᠬᠤ ᠪᠠᠷ ᠭᠤᠶᠤᠴᠢᠯᠠᠭᠠᠳ ᠵᠥᠪᠰᠢᠶᠡᠷᠡᠯ ᠣᠯᠤᠭᠰᠠᠨ ᠪᠤᠶᠤ ᠳᠠᠭᠤᠷᠢᠶᠠᠮᠠᠯ ᠡᠮ ᠤᠨ ᠨᠢᠭᠡᠳᠦᠯᠲᠦ ᠴᠢᠨᠠᠷ ᠤᠨ ᠦᠨᠡᠯᠡᠯᠲᠡ ᠪᠠᠷ ᠪᠠᠲᠤᠯᠠᠭᠳᠠᠭᠰᠠᠨ ᠡᠮ ᠤᠨ ᠵᠦᠢᠯ ᠳᠤ ᠱᠠᠩᠨᠠᠯ ᠨᠥᠬᠦᠪᠥᠷᠢ ᠣᠯᠭᠤᠨ᠎ᠠ᠂ ᠵᠠᠷᠴᠢᠮ ᠳᠡᠭᠡᠷ᠎ᠡ ᠪᠠᠨ ᠲᠠᠩ ᠭᠠᠭᠴᠠ ᠵᠦᠢᠯ ᠤᠨ ᠱᠠᠩᠨᠠᠯ ᠨᠥᠬᠦᠪᠥᠷᠢ ᠶᠢᠨ ᠶᠡᠷᠦᠩᠬᠡᠶ ᠲᠤᠭ᠎ᠠ ᠶᠢ 300 ᠲᠦᠮᠡᠨ ᠲᠥᠭᠦᠷᠢᠭ ᠡᠴᠠ ᠳᠠᠪᠠᠭᠤᠯᠬᠤ ᠥᠬᠡᠶ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ 〕

  26. ᠡᠮᠲᠦ ᠪᠤᠳᠠᠰ ᠤᠨ ᠡᠮᠴᠢᠯᠡᠭᠡᠨ ᠤ ᠰᠤᠳᠤᠯᠭᠠᠨ ᠢ ᠵᠣᠷᠢᠬᠵᠢᠭᠤᠯᠵᠤ᠂ ᠡᠮᠴᠢᠯᠡᠭᠡᠨ ᠤ ᠲᠤᠷᠰᠢᠯᠲᠠ ᠬᠢᠬᠦ ᠪᠠᠷ ᠭᠤᠶᠤᠴᠢᠯᠠᠨ ᠡᠷᠬᠢᠯᠡᠭᠰᠡᠳ I᠂ II᠂ III ᠬᠤᠭᠤᠴᠠᠭᠠᠨ ᠤ ᠡᠮᠴᠢᠯᠡᠭᠡᠨ ᠤ ᠲᠤᠷᠰᠢᠯᠲᠠ ᠶᠢᠨ ᠰᠤᠳᠤᠯᠭᠠᠨ ᠢ ᠥᠷᠨᠢᠭᠦᠯᠬᠦ ᠶᠢᠨ ᠬᠠᠮᠲᠤ ᠦᠷ᠎ᠡ ᠪᠦᠲᠦᠭᠡᠯ ᠢ ᠤᠯᠠᠷᠢᠭᠤᠯᠬᠤ ᠪᠠᠷ ᠠᠮᠠᠯᠠᠭᠰᠠᠨ ᠪᠠᠶᠢᠪᠠᠯ᠂ ᠲᠣᠰ ᠲᠣᠰ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ᠂ 200 ᠲᠦᠮᠡᠨ ᠲᠥᠭᠦᠷᠢᠭ᠂ 300 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ᠡᠮᠴᠢᠯᠡᠭᠡᠨ ᠤ ᠪᠠᠶᠢᠭᠤᠯᠤᠮᠵᠢ ᠡᠴᠠ ᠥᠪᠡᠷᠲᠡᠭᠡᠨ ᠵᠠᠰᠠᠬᠤ ᠣᠷᠣᠨ ᠤ ᠡᠮᠲᠦ ᠪᠤᠳᠠᠰ ᠤᠨ ᠡᠮᠴᠢᠯᠡᠭᠡᠨ ᠤ ᠲᠤᠷᠰᠢᠯᠲᠠ ᠬᠢᠬᠦ ᠪᠠᠷ ᠭᠤᠶᠤᠴᠢᠯᠠᠨ ᠡᠷᠬᠢᠯᠡᠭᠰᠡᠳ ᠤᠨ ᠡᠮᠴᠢᠯᠡᠭᠡᠨ ᠤ ᠲᠤᠷᠰᠢᠯᠲᠠ ᠵᠢᠨ ᠲᠥᠷᠥᠯ ᠵᠦᠢᠯ ᠢ ᠨᠢ ᠳᠠᠭᠠᠭᠠᠨ ᠠᠪᠴᠤ ᠵᠠᠯᠭᠠᠭᠤᠯᠤᠭᠰᠠᠨ ᠪᠠᠢᠢᠪᠠᠯ᠂ ᠲᠤᠰ ᠲᠥᠷᠥᠯ ᠵᠦᠢᠯ ᠤᠨ ᠲᠤᠰ ᠪᠠᠶᠢᠭᠤᠯᠤᠮᠵᠢ ᠯᠤᠭ᠎ᠠ ᠡᠭᠦᠰᠦᠭᠰᠡᠨ ᠡᠮᠲᠦ ᠪᠤᠳᠠᠰ ᠤᠨ ᠡᠮᠴᠢᠯᠡᠭᠡᠨ ᠤ ᠲᠤᠷᠰᠢᠯᠲᠠ ᠶᠢᠨ ᠲᠥᠷᠥᠯ ᠵᠦᠢᠯ ᠤᠨ ᠵᠠᠷᠤᠳᠠᠯ ᠤᠨ 5% ᠪᠠᠷ ᠡᠮᠴᠢᠯᠡᠭᠡᠨ ᠤ ᠪᠠᠶᠢᠭᠤᠯᠤᠮᠵᠢ ᠳᠤ ᠱᠠᠩᠨᠠᠯ ᠨᠥᠬᠦᠪᠥᠷᠢ ᠣᠯᠭᠤᠵᠤ᠂ ᠳᠠᠩ ᠭᠠᠭᠴᠠ ᠪᠠᠶᠢᠭᠤᠯᠤᠮᠵᠢ ᠳᠤ ᠵᠢᠯ ᠪᠦᠷᠢ ᠬᠠᠮᠤᠭ ᠤᠨ ᠢᠯᠡᠭᠦᠦ ᠳᠤ ᠪᠠᠨ 200 ᠲᠦᠮᠡᠨ ᠲᠥᠭᠦᠷᠢᠭ ᠡᠴᠠ ᠳᠠᠪᠠᠭᠤᠯᠬᠤ ᠥᠭᠡᠢ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ︶

  27. ᠠᠮᠢᠳᠤ ᠪᠣᠳᠠᠰ ᠤᠨ ᠡᠮ ᠡᠮᠨᠡᠯᠭᠡ ᠶᠢᠨ ᠰᠤᠳᠤᠯᠤᠨ ᠨᠡᠭᠡᠭᠡᠬᠦ ᠰᠢᠨ᠎ᠡ ᠶᠢ ᠡᠭᠦᠳᠬᠦ ᠪᠠ ᠨᠡᠪᠴᠢᠭᠦᠯᠬᠦ ᠲᠠᠪᠴᠠᠩ ᠤᠨ ᠪᠠᠶᠢᠭᠤᠯᠤᠯᠲᠠ ᠶᠢ ᠳᠡᠮᠵᠢᠨ᠎ᠡ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠠᠬᠤᠶᠢᠯᠠᠯ ᠢ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠪᠠᠷ ᠬᠦᠲᠦᠯᠦᠨ ᠵᠢᠯᠤᠭᠤᠳᠴᠤ᠂ ᠠᠵᠤ ᠠᠬᠤᠶᠢᠯᠠᠯ ᠤᠨ ᠳᠡᠭᠡᠷ᠎ᠡ ᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠬᠦᠴᠦᠯᠡᠴᠡ ᠵᠢᠴᠢ ᠨᠡᠮᠡᠭᠳᠡᠯ ᠨᠡᠮᠡᠭᠳᠡᠴᠡ ᠪᠠᠷ ᠱᠠᠩᠨᠠᠯ ᠨᠦᠬᠦᠪᠦᠷᠢ ᠣᠯᠭᠤᠵᠣ᠂ ᠳᠠᠩ ᠭᠠᠭᠴᠠ ᠠᠵᠤ ᠠᠬᠤᠶᠢᠯᠠᠯ ᠢ ᠵᠢᠯ ᠪᠦᠷᠢ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠢᠶᠠᠷ ᠱᠠᠩᠨᠠᠨ ᠨᠥᠬᠦᠪᠥᠷᠢᠯᠡᠨ᠎ᠡ᠃ ᠠᠮᠢᠳᠤ ᠪᠣᠳᠠᠰ ᠤᠨ ᠡᠮ ᠡᠮᠨᠡᠯᠭᠡ ᠶᠢᠨ ᠨᠡᠪᠴᠢᠭᠦᠯᠬᠦ ᠲᠠᠯ᠎ᠠ ᠪᠠᠷ ᠪᠣᠯᠪᠠᠰᠤᠷᠠᠩᠭᠤᠶ ᠪᠣᠯᠤᠭᠰᠠᠨ ᠲᠠᠪᠴᠠᠩ ᠢ ᠥᠪᠡᠷᠲᠡᠭᠡᠨ ᠵᠠᠰᠠᠬᠤ ᠣᠷᠣᠨ ᠳᠤ ᠣᠷᠤᠭᠤᠯᠤᠨ ᠰᠠᠭᠤᠷᠢᠰᠢᠭᠤᠯᠬᠤ ᠶᠢ ᠵᠣᠷᠢᠬᠵᠢᠭᠤᠯᠵᠤ᠂ ᠠᠩᠬ᠎ᠠ ᠡᠭᠦᠳᠬᠦ ᠬᠡᠯᠪᠡᠷᠢ ᠶᠢᠨ ᠠᠵᠤ ᠠᠬᠤᠶᠢᠯᠠᠯ ᠪᠠ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠪᠦᠷᠢᠨ ᠲᠡᠭᠦᠯᠳᠡᠷ ᠪᠦᠬᠦᠢ ᠠᠵᠢᠯᠯᠠᠬᠤ᠂ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠳᠡᠩᠰᠡᠯᠡᠵᠦ ᠮᠡᠳᠡᠭᠦᠯᠦᠨ ᠵᠥᠪᠰᠢᠶᠡᠷᠡᠭᠦᠯᠬᠦ ᠦᠢᠯᠡᠴᠢᠯᠡᠭᠡ ᠬᠠᠩᠭᠠᠵᠤ᠂ ᠨᠠᠩ ᠣᠯᠠᠨ ᠤᠤᠭᠠᠯ ᠪᠦᠲᠦᠭᠡᠯᠴᠢ ᠦᠷ᠎ᠡ ᠪᠦᠲᠦᠭᠡᠯ ᠪᠠ ᠮᠡᠷᠭᠡᠵᠢᠯ ᠢ ᠥᠪᠡᠷᠲᠡᠭᠡᠨ ᠵᠠᠰᠠᠬᠤ ᠣᠷᠣᠨ ᠳᠤ ᠤᠯᠠᠷᠢᠭᠤᠯᠤᠨ ᠪᠣᠲᠠᠲᠠᠢᠢᠵᠢᠭᠤᠯᠬᠤ ᠶᠢ ᠠᠬᠢᠭᠤᠯᠤᠨ᠎ᠠ᠃ ᠮᠠᠭᠠᠳᠯᠠᠭᠳᠠᠨ ᠲᠣᠭᠲᠠᠭᠠᠭᠳᠠᠭᠰᠠᠨ ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠨᠡᠪᠴᠢᠭᠦᠯᠬᠦ ᠲᠠᠪᠴᠠᠩ ᠳᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠠᠬᠤᠶᠢᠯᠠᠯ ᠪᠤᠶᠤ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠰᠠᠭᠤᠷᠢᠰᠢᠭᠤᠯᠬᠤ ᠪᠦᠷᠢ ᠨᠢᠭᠡ ᠯᠡ ᠤᠳᠠᠭ᠎ᠠ ᠳᠤ 20 ᠲᠦᠮᠡᠨ ᠲᠥᠭᠦᠷᠢᠭ ᠱᠠᠩᠨᠠᠨ ᠨᠥᠬᠦᠪᠥᠷᠢᠯᠡᠵᠦ᠂ ᠲᠠᠩ ᠭᠠᠭᠴᠠ ᠲᠠᠪᠴᠠᠩ ᠢ ᠵᠢᠯ ᠪᠦᠷᠢ ᠬᠠᠮᠤᠭ ᠤᠨ ᠢᠯᠡᠭᠦᠦ ᠳᠤ ᠪᠠᠨ 200 ᠲᠦᠮᠡᠨ ᠲᠥᠭᠦᠷᠢᠭ ᠢᠶᠠᠷ ᠱᠠᠩᠨᠠᠨ ᠨᠥᠬᠦᠪᠥᠷᠢᠯᠡᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ︶

  28. 2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠡᠴᠠ ᠰᠡᠭᠦᠯᠡᠷ ᠤᠯᠤᠰ ᠤᠨ ᠠᠨᠠᠭᠠᠬᠤ ᠤᠬᠠᠭᠠᠨ ᠤ ᠣᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠪᠠ ᠡᠷᠡᠭᠦᠯᠵᠢᠯ ᠢᠳᠡᠭᠡᠨ ᠢᠶᠠᠷ ᠳᠠᠩᠰᠠᠯᠠᠭᠤᠯᠤᠭᠰᠠᠨ ᠪᠥᠭᠡᠳ ᠦᠢᠯᠡᠳᠪᠦᠷᠢᠯᠡᠬᠦ ᠵᠥᠪᠰᠢᠶᠡᠷᠡᠯ ᠣᠯᠤᠭᠰᠠᠨ ᠠᠵᠤ ᠠᠬᠤᠶᠢᠯᠠᠯ ᠳᠤ᠂ ᠪᠦᠲᠦᠭᠡᠭᠳᠡᠭᠦᠨ ᠨᠢᠭᠡᠪᠦᠷᠢ ᠳᠤ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ 2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠡᠴᠠ ᠰᠡᠭᠦᠯᠡᠷ ᠣᠨᠴᠠᠭᠠᠢ ᠵᠠᠰᠠᠯ ᠴᠢᠮᠡᠭᠯᠡᠯ ᠤᠨ ᠡᠳ᠋ ᠤᠨ ᠳᠠᠩᠰᠠᠯᠠᠭᠤᠯᠤᠭᠰᠠᠨ ᠦᠨᠡᠮᠯᠡᠯ ᠣᠯᠤᠭᠰᠠᠨ ᠪᠥᠭᠡᠳ ᠦᠢᠯᠡᠳᠪᠦᠷᠢᠯᠡᠬᠦ ᠵᠥᠪᠰᠢᠶᠡᠷᠡᠯ ᠣᠯᠤᠭᠰᠠᠨ ᠠᠵᠤ ᠠᠬᠤᠶᠢᠯᠠᠯ ᠳᠤ ᠲᠥᠷᠥᠯ ᠵᠦᠢᠯ ᠨᠢᠭᠡᠪᠦᠷᠢ ᠳᠤ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠵᠤ᠂ ᠳᠠᠩ ᠭᠠᠭᠴᠠ ᠠᠵᠤ ᠠᠬᠤᠶᠢᠯᠠᠯ ᠳᠤ ᠵᠢᠯ ᠪᠦᠷᠢ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠡᠴᠠ ᠳᠠᠪᠠᠭᠤᠯᠬᠤ ᠥᠬᠡᠶ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ︶

  ︵ ᠬᠤᠶᠠᠷ ︶  ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃

  29. ᠨᠡᠭᠦᠷᠡᠰᠦᠨ ᠤ ᠴᠢᠨᠠᠷ ᠰᠠᠶᠢᠲᠠᠶ ᠦᠢᠯᠡᠳᠪᠦᠷᠢᠯᠡᠬᠦ ᠴᠢᠳᠠᠪᠤᠷᠢ ᠵᠢ ᠴᠢᠯᠦᠭᠡᠯᠡᠨ ᠳᠡᠭᠡᠭᠰᠢᠯᠡᠭᠦᠯᠬᠦ ᠵᠢ ᠳᠡᠮᠵᠢᠵᠦ᠂ ᠴᠠᠬᠢᠯᠭᠠᠨ ᠭᠠᠷᠭᠠᠵᠤ ᠢᠯᠴᠢ ᠬᠠᠩᠭᠠᠬᠤ ᠳᠤ ᠨᠡᠭᠦᠷᠡᠰᠦ ᠬᠡᠷᠡᠭᠯᠡᠬᠦ ᠤᠷᠲᠤᠪᠲᠤᠷ ᠪᠠ ᠣᠷᠳᠣ ᠬᠤᠭᠤᠴᠠᠭᠠᠨ ᠤ ᠭᠡᠷ᠎ᠡ ᠪᠠᠨ ᠭᠦᠢᠴᠡᠳᠭᠡᠨ ᠪᠡᠶᠡᠯᠡᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠠᠬᠢᠯᠭᠠᠨ ᠤ ᠦᠨ᠎ᠡ ᠶᠢᠨ ᠲᠦᠷᠦ ᠶᠢᠨ ᠪᠤᠳᠤᠯᠭ᠎ᠠ ᠶᠢ ᠰᠢᠯᠢᠳᠡᠭᠵᠢᠭᠦᠯᠵᠦ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠤᠨ ᠴᠠᠬᠢᠯᠭᠠᠨ ᠭᠠᠷᠭᠠᠬᠤ ᠬᠦᠴᠦᠨ ᠢᠶᠠᠨ ᠳᠡᠭᠡᠭᠰᠢᠯᠡᠭᠦᠯᠬᠦ ᠶᠢ ᠳᠡᠮᠵᠢᠨ᠎ᠡ᠃ ᠠᠵᠤ ᠦᠢᠯᠡᠰ ᠤᠨ ᠬᠡᠯᠬᠢᠶ᠎ᠡ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠬᠢᠭᠡᠳ ᠨᠡᠭᠦᠷᠡᠰᠦᠨ ᠤ ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠪᠠᠨ ᠵᠣᠯᠭᠠᠭᠤᠯᠬᠤ ᠠᠵᠢᠯ ᠢ ᠢᠳᠡᠪᠬᠢᠲᠡᠶ ᠪᠠᠷ ᠥᠷᠨᠢᠭᠦᠯᠵᠦ᠂ ᠤᠷᠲᠤ ᠬᠤᠭᠤᠴᠠᠭ᠎ᠠ ᠪᠠᠷ ᠨᠡᠭᠦᠷᠡᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠬᠤ ᠵᠢ ᠨᠢ ᠵᠣᠷᠢᠬᠵᠢᠭᠤᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠠᠭᠤᠷᠬᠠᠶ ᠵᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ︶

  30. ᠨᠥᠬᠦᠴᠡᠯ ᠳᠤ ᠨᠡᠶᠢᠴᠡᠬᠦ ᠰᠢᠨ᠎ᠡ ᠡᠨᠧᠷᠭᠢ ᠶᠢᠨ ᠴᠠᠬᠢᠯᠭᠠᠨ ᠡᠭᠦᠰᠭᠡᠭᠴᠢ ᠵᠢᠴᠢ ᠳᠦᠬᠦᠷᠵᠢᠭᠦᠯᠦᠨ ᠬᠦᠷᠭᠡᠬᠦ ᠢᠨᠵᠧᠨᠧᠷᠢᠩ ᠢ ᠪᠠᠶᠢᠭᠤᠯᠵᠤ ᠳᠠᠭᠤᠰᠬᠠᠮᠠᠭᠴᠠ ᠲᠣᠤᠷ ᠲᠤ ᠨᠡᠶᠢᠯᠡᠭᠦᠯᠬᠦ ᠶᠢ ᠳᠡᠮᠵᠢᠵᠦ᠂ ᠬᠠᠮᠢᠶ᠎ᠠ ᠪᠥᠬᠦᠶ ᠲᠥᠯᠥᠪᠵᠢᠭᠦᠯᠭᠡ ᠳᠤ ᠣᠷᠣᠭᠤᠯᠤᠭᠰᠠᠨ ᠰᠢᠨ᠎ᠡ ᠡᠨᠧᠷᠭᠢ ᠶᠢᠨ ᠳᠦᠬᠦᠷᠵᠢᠭᠦᠯᠦᠨ ᠬᠦᠷᠭᠡᠬᠦ ᠢᠨᠵᠧᠨᠧᠷᠢᠩ ᠤᠨ ᠲᠥᠷᠥᠯ ᠵᠦᠢᠯ ᠳᠤ ᠰᠠᠭᠠᠳ ᠦᠭᠡᠢ ᠬᠢᠨᠠᠨ ᠵᠥᠪᠰᠢᠶᠡᠷᠡᠬᠦ ᠵᠠᠮ ᠨᠡᠭᠡᠭᠡᠵᠦ ᠥᠭᠬᠦ ᠬᠡᠷᠡᠭᠲᠡᠶ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ ᠪᠦᠯᠦᠭᠯᠡᠯ ︶ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ 〕

  31. ᠰᠢᠨ᠎ᠡ ᠪᠠᠷ ᠨᠡᠮᠡᠭᠳᠡᠭᠰᠡᠨ ᠴᠠᠬᠢᠯᠭᠠᠨ ᠰᠤᠷᠪᠤᠯᠵᠢ ᠲᠣᠤᠷ ᠳᠠᠭᠠᠭᠠᠴᠠ ᠨᠦᠬᠡᠴᠡ ᠶᠢ ᠨᠢᠭᠡ ᠴᠣᠠᠠᠴᠠᠵᠢᠭᠤᠯᠥᠠᠠᠰᠠᠨ ᠲᠥᠷᠥᠯ ᠵᠦᠢᠯ ᠤᠨ ᠰᠢᠨ᠎ᠡ ᠡᠨᠧᠷᠭᠢ ᠶᠢᠨ ᠬᠡᠪᠴᠢᠶᠡᠵᠢᠯ ᠢ ᠨᠡᠮᠡᠭᠳᠡᠭᠦᠯᠦᠨ ᠳᠣᠭᠢᠷᠠᠭᠤᠯᠬᠤ ᠵᠢ ᠨᠢ ᠳᠡᠮᠵᠢᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠦᠯᠡᠰᠢᠨ ᠨᠡᠭᠦᠷᠡᠰᠦᠨ ᠤ ᠥᠪᠡᠰᠦᠪᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢ ᠳᠠᠬᠢᠯᠳᠠ ᠡᠨᠧᠷᠭᠢ ᠪᠠᠷ ᠣᠷᠣᠯᠠᠭᠤᠯᠬᠤ ᠶᠢ ᠨᠢ ᠳᠡᠮᠵᠢᠵᠦ᠂ ᠲᠦᠯᠡᠰᠢᠨ ᠨᠡᠭᠦᠷᠡᠰᠦᠨ ᠤ ᠮᠠᠰᠢᠨ ᠪᠦᠯᠦᠭ ᠤᠨ ᠤᠶᠠᠨ ᠬᠠᠳᠠᠨ ᠴᠢᠨᠠᠷ ᠢ ᠦᠭᠡᠷᠡᠴᠢᠯᠡᠨ ᠰᠢᠨᠡᠳᠭᠡᠬᠦ ᠶᠢ ᠵᠣᠷᠢᠬᠵᠢᠭᠤᠯᠵᠤ᠂ ᠨᠦᠬᠡᠴᠡ ᠡᠨᠧᠷᠬᠢ ᠪᠤᠶᠤ ᠴᠠᠭ ᠬᠤᠪᠢᠶᠠᠷᠢ ᠶᠢ ᠳᠣᠭᠢᠷᠠᠭᠤᠯᠬᠤ ᠴᠢᠳᠠᠪᠤᠷᠢ ᠶᠢ ᠦᠪᠡᠷ ᠢᠶᠠᠨ ᠪᠠᠢᠢᠭᠤᠯᠬᠤ᠂ ᠬᠤᠳᠠᠯᠳᠤᠨ ᠠᠪᠴᠤ ᠪᠠᠢᠢᠭᠠᠳ ᠰᠢᠨ᠎ᠡ ᠡᠨᠧᠷᠭᠢ ᠶᠢᠨ ᠲᠥᠷᠥᠯ ᠵᠦᠢᠯ ᠢ ᠳᠦᠬᠦᠷᠵᠢᠭᠦᠯᠦᠨ ᠲᠣᠬᠢᠷᠠᠭᠤᠯᠬᠤ ᠶᠢ ᠨᠢ ᠵᠣᠷᠢᠬᠵᠢᠭᠤᠯᠤᠨ᠎ᠠ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ ᠪᠦᠯᠦᠭᠯᠡᠯ ︶ ᠺᠣᠮᠫᠠᠨᠢ᠂ ᠤᠯᠤᠰ ᠤᠨ ᠴᠠᠬᠢᠯᠭᠠᠨ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ 〕

  32. ᠰᠢᠨ᠎ᠡ ᠪᠠᠷ ᠨᠡᠮᠡᠭᠳᠡᠭᠰᠡᠨ ᠲᠣᠮᠣ ᠬᠡᠯᠪᠡᠷᠢ ᠶᠢᠨ ᠴᠠᠬᠢᠯᠭᠠᠨ ᠬᠡᠷᠡᠭᠯᠡᠬᠦ ᠳᠠᠭᠠᠭᠠᠴᠠ ᠶᠢᠨ ᠪᠣᠬᠢᠷᠳᠤᠯ ᠦᠭᠡᠢ ᠴᠠᠬᠢᠯᠭᠠᠨ ᠤ ᠬᠡᠷᠡᠭᠯᠡᠯᠲᠡ ᠶᠢᠨ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ᠦᠢᠯᠡᠳᠦᠯ ᠢᠶᠠᠷ ᠢᠯᠡᠷᠬᠡᠶ ᠪᠠᠢᠢᠭ᠎ᠠ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ᠂ ᠡᠨᠧᠷᠭᠢ ᠶᠢᠨ ᠬᠤᠷᠣᠭᠳᠠᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠮᠥᠷᠲᠡᠭᠡᠨ ᠵᠢᠯ ᠤᠨ ᠴᠠᠬᠢᠯᠭᠠᠨ ᠬᠡᠷᠡᠭᠯᠡᠬᠦ ᠬᠡᠮᠵᠢᠶ᠎ᠡ ᠨᠢ 50 ᠳ᠋ᠦᠩᠰᠢᠭᠤᠷ ᠺᠢᠯᠣᠸᠠᠲ ᠴᠠᠭ ᠡᠴᠠ ᠳᠤᠲᠠᠭᠤ ᠥᠬᠡᠶ ᠲᠥᠷᠥᠯ ᠵᠦᠢᠯ ᠳᠤ ︽ ᠨᠢᠭᠡ ᠨᠢᠭᠡ ᠤᠴᠢᠷ ᠢᠶᠠᠷ ᠵᠥᠪᠯᠡᠬᠦ ︾ ᠵᠠᠷᠴᠢᠮ ᠶᠣᠰᠣᠭᠠᠷ᠂ ᠥᠨᠳᠥᠷ ᠬᠠᠷᠢᠴᠠᠯᠲᠤ ᠪᠣᠬᠢᠷᠳᠤᠯ ᠦᠭᠡᠢ ᠴᠠᠬᠢᠯᠭᠠᠨ ᠤ ᠬᠠᠩᠭᠠᠯᠭ᠎ᠠ ᠵᠢ ᠰᠢᠢᠳᠪᠦᠷᠢᠯᠡᠬᠦ ᠲᠥᠰᠦᠯ ᠢ ᠲᠣᠭᠲᠠᠭᠠᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︶

  33. ᠵᠢᠱᠢᠶ᠎ᠡ ᠦᠵᠡᠭᠦᠯᠬᠦ ᠬᠡᠪᠴᠢᠶᠡᠨ ᠳᠤ ᠣᠷᠣᠭᠤᠯᠤᠭᠰᠠᠨ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠤᠭᠴᠠᠵᠢᠭᠤᠯᠤᠭᠰᠠᠨ ᠲᠥᠷᠥᠯ ᠵᠦᠢᠯ ᠳᠤ᠂ ᠤᠰᠤᠲᠥ᠋ᠷᠥᠭᠴᠢ ᠦᠢᠯᠡᠳᠬᠦ ᠳᠤ ᠬᠡᠷᠡᠭᠰᠡᠬᠦ ᠴᠠᠬᠢᠯᠭᠠᠨ ᠤ ᠬᠡᠮᠵᠢᠶ᠎ᠡ ᠪᠠᠷ ᠰᠢᠨ᠎ᠡ ᠡᠨᠧᠷᠭᠢ ᠶᠢᠨ ᠬᠡᠪᠴᠢᠶᠡᠵᠢᠯ ᠢ ᠵᠦᠶ ᠵᠣᠬᠢᠰᠲᠠᠶ ᠳᠣᠭᠢᠷᠠᠭᠤᠯᠤᠨ᠎ᠠ᠃ ᠤᠰᠤᠲᠥ᠋ᠷᠥᠭᠴᠢ ᠰᠢᠲᠠᠭᠠᠯᠭ᠎ᠠ ᠶᠢᠨ ᠳ᠋ᠢᠶᠠᠨ ᡂᠢ ᠶᠢᠨ ᠮᠠᠰᠢᠨ ᠲᠡᠷᠭᠡᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠣᠮᠧᠷᠲᠤ ᠫᠠᠶᠢᠰᠠ ᠲᠠᠷᠬᠠᠭᠠᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ ︶

  34. ᠪᠠᠯᠠ ᠣᠷᠣᠭᠤᠯᠤᠯᠲᠠ ᠵᠢᠨ ᠡᠷᠴᠢᠮ ᠵᠢᠨᠨ ᠴᠢᠩᠭᠠᠷᠠᠭᠤᠯᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠠᠭᠠᠷ ᠮᠠᠨᠳᠠᠯ ᠤᠨ ᠪᠣᠬᠢᠷᠲᠤᠯ ᠤᠨ ᠭᠦᠨᠵᠡᠭᠡᠶ ᠵᠠᠰᠠᠯᠲᠠ ᠵᠢ ᠠᠬᠢᠭᠤᠯᠤᠨ᠎ᠠ᠃ ︽ ᠬᠠᠩᠭᠠᠯᠭ᠎ᠠ ᠪᠠᠷ ᠥᠭᠡᠷᠡᠴᠢᠯᠡᠯᠲᠡ ᠶᠢ ᠲᠣᠭᠲᠠᠭᠠᠬᠤ᠂ ᠭᠠᠴᠠᠭ᠎ᠠ ᠲᠣᠰᠬᠤᠨ ᠠᠢᠢᠯ ᠡᠷᠥᠭᠡ ᠳᠤ ᠬᠦᠷᠲᠡᠯ᠎ᠡ ᠨᠤᠲᠠᠯᠠᠨ ᠲᠣᠭᠲᠠᠭᠠᠬᠤ᠂ ᠤᠷᠢᠳ ᠢᠶᠠᠷ ᠪᠠᠶᠢᠭᠤᠯᠵᠤ ᠲᠠᠷᠠᠭ᠎ᠠ ᠨᠢ ᠦᠭᠡᠷᠡᠴᠢᠯᠡᠬᠦ ︾ ᠵᠠᠷᠴᠢᠮ ᠶᠣᠰᠣᠭᠠᠷ᠂ ᠪᠥᠬᠦ ᠣᠷᠣᠨ ᠤ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠬᠠᠷᠢᠴᠠᠭᠠᠨ ᠡᠷᠥᠭᠡ ᠶᠢ ᠨᠢᠭᠡᠳᠦᠯᠲᠡᠶ ᠲᠥᠯᠥᠪᠵᠢᠭᠦᠯᠵᠦ᠂ ᠪᠦᠯᠦᠭ ᠬᠤᠪᠢᠶᠠᠨ ᠵᠠᠯᠭᠠᠵᠤ ᠣᠷᠣᠭᠤᠯᠬᠤ ᠬᠡᠷᠡᠭᠲᠡᠶ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ ᠪᠦᠯᠦᠭᠯᠡᠯ ︶ ᠺᠣᠮᠫᠠᠨᠢ 〕

  35. ᠤᠯᠤᠰ ᠤᠨ III ᠡᠴᠠ ᠳᠣᠷᠣᠭᠰᠢᠬᠢ ᠲᠦᠯᠡᠰᠢᠨ ᠲᠣᠰᠣᠨ ᠤ ᠬᠠᠭᠤᠴᠢᠨ ᠮᠠᠰᠢᠨ ᠲᠡᠷᠭᠡ ᠶᠢ ᠡᠮᠬᠢ ᠵᠢᠷᠤᠮ ᠲᠠᠢ ᠪᠠᠷ  ᠰᠢᠭᠰᠢᠳᠡᠭᠦᠯᠵᠦ᠂ ᠮᠠᠰᠢᠨ ᠲᠡᠷᠭᠡ ᠰᠢᠨ᠎ᠡ ᠪᠠᠷ ᠨᠡᠮᠡᠵᠦ ᠠᠪᠬᠤ ᠪᠠ ᠰᠢᠨᠡᠳᠬᠡᠬᠦ ᠳᠤ ᠰᠢᠨ᠎ᠡ ᠡᠨᠧᠷᠭᠢ ᠶᠢᠨ ᠬᠦᠨᠳᠦ ᠮᠠᠶ᠋ᠢᠭ ᠤᠨ ᠠᠴᠢᠶᠠᠨ ᠮᠠᠰᠢᠨ ᠢ ᠬᠡᠷᠡᠭᠯᠡᠬᠦ ᠶᠢ ᠬᠥᠲᠥᠯᠦᠨ ᠵᠢᠯᠣᠭᠤᠳᠴᠤ ᠳᠡᠯᠭᠡᠷᠡᠭᠦᠯᠦᠨ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠲᠡᠷᠭᠡ ᠶᠢ ᠰᠢᠨ᠎ᠡ ᠪᠠᠷ ᠨᠡᠮᠡᠭᠳᠡᠭᠦᠯᠬᠦ ᠪᠠ ᠰᠢᠨᠡᠳᠬᠡᠬᠦ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠡᠵᠡᠯᠡᠬᠦ ᠬᠠᠷᠢᠴᠠᠯ ᠢ 85% ᠡᠴᠠ ᠳᠤᠲᠠᠭᠤ ᠪᠠᠶᠢᠯᠭᠠᠬᠤ ᠥᠬᠡᠶ᠂ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ ᠳᠦᠷᠢᠶᠡᠰᠦᠨ ᠮᠠᠰᠢᠨ ᠲᠡᠷᠭᠡ ᠶᠢ 1600 ᠡᠴᠠ ᠳᠣᠤᠷ᠎ᠠ ᠪᠠᠶᠢᠯᠭᠠᠬᠤ ᠥᠬᠡᠶ᠃ ᠬᠠᠮᠢᠶ᠎ᠠ ᠪᠥᠬᠦᠶ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠬᠦ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ ᠬᠤᠳᠠᠯᠳᠤᠨ ᠠᠪᠤᠪᠠᠯ ᠨᠡᠮᠡᠭᠦᠷᠢ ᠣᠯᠭᠤᠨ᠎ᠠ᠃ ᠡᠭᠦᠨ ᠳᠤ᠂ ᠴᠠᠬᠢᠯᠭᠠᠨ ᠴᠡᠨᠡᠭᠯᠡᠬᠦ ᠲᠡᠷᠭᠡ ᠪᠦᠷᠢ ᠳᠤ 4 ᠲᠦᠮᠡᠨ ᠲᠥᠭᠦᠷᠢᠭ ᠤᠨ ᠨᠡᠮᠡᠭᠦᠷᠢ ᠥᠭᠴᠦ᠂ ᠴᠠᠬᠢᠯᠭᠠᠨ ᠲᠡᠷᠭᠡ ᠰᠣᠯᠢᠬᠤ ᠳᠤ ᠲᠡᠷᠭᠡ ᠪᠦᠷᠢ ᠳᠤ 4.5 ᠲᠦᠢᠮᠡᠨ ᠲᠥᠭᠦᠷᠢᠭ ᠤᠨ ᠨᠡᠮᠡᠭᠦᠷᠢ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠰᠢᠨ᠎ᠡ ᠪᠠᠷ ᠨᠡᠮᠡᠭᠳᠡᠭᠦᠯᠬᠦ ᠪᠠ ᠰᠢᠨᠡᠳᠬᠡᠬᠦ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ︵ ᠬᠠᠤᠯᠢ ᠬᠡᠷᠡᠭᠵᠢᠭᠦᠯᠵᠦ ᠵᠢᠵᠢᠭᠦᠷᠯᠡᠨ ᠠᠵᠢᠯᠯᠠᠬᠤ ᠳᠤ ᠬᠡᠷᠡᠭᠯᠡᠬᠦ ᠲᠡᠷᠭᠡ ᠪᠠ ᠣᠨᠴᠠ ᠲᠥᠷᠥᠯ ᠤᠨ ᠲᠤᠰᠬᠠᠶ ᠮᠡᠷᠭᠡᠵᠢᠯ ᠳᠤ ᠬᠡᠷᠡᠭᠯᠡᠬᠦ ᠲᠡᠷᠭᠡ ᠪᠠᠭᠲᠠᠬᠤ ᠥᠬᠡᠶ ︶ ᠶᠢᠨ ᠳᠣᠲᠣᠷ᠎ᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠷᠢᠴᠠᠯ ᠢ 50% ᠳᠤ ᠬᠦᠷᠦᠭᠦᠯᠵᠦ᠂ ᠠᠶᠢᠮᠠᠭ ᠬᠤᠲᠠ ᠶᠢᠨ ᠨᠠᠮ ᠵᠠᠰᠠᠭ ᠤᠨ ᠪᠠᠶᠢᠭᠤᠯᠭ᠎ᠠ ᠶᠢᠨ ᠰᠢᠨ᠎ᠡ ᠪᠠᠷ ᠨᠡᠮᠡᠭᠳᠡᠭᠦᠯᠬᠦ ᠪᠠ ᠰᠢᠨᠡᠳᠬᠡᠬᠦ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ︵ ᠬᠠᠤᠯᠢ ᠬᠡᠷᠡᠭᠵᠢᠭᠦᠯᠵᠦ ᠵᠢᠵᠢᠭᠦᠷᠯᠡᠨ ᠠᠵᠢᠯᠯᠠᠬᠤ ᠳᠤ ᠬᠡᠷᠡᠭᠯᠡᠬᠦ ᠲᠡᠷᠭᠡ ᠪᠠ ᠣᠨᠴᠠ ᠲᠥᠷᠥᠯ ᠤᠨ ᠲᠤᠰᠬᠠᠶ ᠮᠡᠷᠭᠡᠵᠢᠯ ᠳᠤ ᠬᠡᠷᠡᠭᠯᠡᠬᠦ ᠲᠡᠷᠭᠡ ᠪᠠᠭᠲᠠᠬᠤ ᠥᠬᠡᠶ ︶ ᠶᠢᠨ ᠳᠣᠲᠣᠷ᠎ᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠷᠢᠴᠠᠯ ᠢ ᠳᠤᠮᠳᠠᠴᠢ ᠪᠠᠷ 30% ᠳᠤ ᠬᠦᠷᠦᠭᠦᠯᠦᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠨᠧᠷᠭᠢ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︶

  36. ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠢᠨ᠎ᠡ ᠪᠠᠷ ᠪᠠᠢᠢᠭᠤᠯᠬᠤ ᠣᠯᠠᠨ ᠨᠡᠶᠢᠲᠡ ᠶᠢᠨ ᠲᠡᠷᠭᠡᠨ ᠵᠣᠭᠰᠣᠭᠠᠯ ᠳᠤ ᠳᠦᠬᠦᠷᠵᠢᠭᠦᠯᠦᠨ ᠪᠥᠲᠥᠭᠡᠨ ᠪᠠᠢᠢᠭᠤᠯᠬᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠲᠡᠷᠭᠡᠨ ᠵᠣᠭᠰᠣᠭᠠᠯ ᠤᠨ ᠡᠵᠡᠯᠡᠬᠦ ᠬᠠᠷᠢᠴᠠᠯ ᠢ ᠶᠡᠷᠦᠩᠬᠡᠶ ᠲᠡᠷᠭᠡᠨ ᠵᠣᠭᠰᠣᠭᠠᠯ ᠤᠨ 10% ᠡᠴᠠ ᠳᠡᠭᠡᠭᠰᠢ ᠳᠤ ᠬᠦᠷᠦᠭᠦᠯᠦᠨ᠎ᠡ᠃ ᠰᠢᠨ᠎ᠡ ᠪᠠᠷ ᠪᠠᠢᠢᠭᠤᠯᠬᠤ ᠰᠠᠭᠤᠭᠠᠯᠢ ᠲᠣᠭᠤᠷᠢᠭ ᠲᠤ ᠳᠦᠬᠦᠷᠵᠢᠭᠦᠯᠦᠭᠰᠡᠨ ᠮᠠᠰᠢᠨᠲᠤ ᠲᠡᠷᠭᠡᠨ ᠵᠣᠭᠰᠤᠭᠠᠯ ᠳᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ 100% ᠪᠠᠷ ᠪᠥᠲᠥᠭᠡᠨ ᠪᠠᠶᠢᠭᠤᠯᠬᠤ ᠪᠤᠶᠤ ᠪᠥᠲᠥᠭᠡᠨ ᠪᠠᠶᠢᠭᠤᠯᠵᠤ ᠤᠭᠰᠠᠷᠠᠬᠤ ᠨᠥᠬᠦᠴᠡᠯ ᠢ ᠤᠷᠢᠳᠴᠢᠯᠠᠨ ᠪᠦᠷᠢᠳᠦᠭᠦᠯᠵᠦ᠂ ᠭᠤᠤᠯ ᠴᠣᠭᠴᠠᠲᠤ ᠪᠠᠷᠢᠯᠭ᠎ᠠ ᠯᠤᠭ᠎ᠠ ᠵᠡᠷᠭᠡ ᠳᠤ ᠨᠢ ᠵᠢᠷᠤᠭᠯᠠᠨ ᠲᠥᠯᠥᠪᠯᠡᠵᠦ᠂ ᠪᠠᠷᠢᠯᠭ᠎ᠠ ᠪᠠᠷᠢᠵᠤ᠂ ᠰᠢᠯᠭᠠᠨ ᠬᠤᠷᠢᠶᠠᠵᠤ ᠠᠪᠤᠨ᠎ᠠ᠃ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ ᠰᠢᠨᠡᠳᠭᠡᠬᠦ ᠳᠤ᠂ ᠨᠥᠬᠦᠴᠡᠯ ᠪᠦᠷᠢᠳᠦᠭᠦᠯᠦᠭᠰᠡᠨ ᠰᠠᠭᠤᠭᠠᠯᠢ ᠲᠣᠭᠤᠷᠢᠭ ᠲᠤ ᠴᠠᠬᠢᠯᠭᠠᠨ ᠴᠡᠨᠡᠭᠯᠡᠬᠦ ᠱᠣᠩ ᠪᠠᠶᠢᠭᠤᠯᠤᠨ᠎ᠠ᠃ ᠲᠤᠰᠠᠭᠠᠷ ᠭᠠᠵᠠᠷ ᠡᠵᠡᠯᠡᠭᠰᠡᠨ ᠤᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠪᠠ ᠳ᠋ᠢᠶᠠᠨ ᡂᠢ ᠰᠤᠯᠢᠬᠤ ᠦᠷᠳᠡᠭᠡ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠨᠠᠷᠢᠨ ᠲᠥᠯᠥᠪᠵᠢᠭᠦᠯᠭᠡ ᠳᠤ ᠣᠷᠣᠭᠤᠯᠤᠨ᠎ᠠ᠃ ᠡᠯ᠎ᠡ ᠲᠦᠷᠦᠯ ᠤᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠤᠯᠤᠰ ᠤᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠬᠢᠨᠠᠨ ᠰᠢᠨᠵᠢᠬᠦ ᠲᠠᠪᠴᠠᠩ ᠳᠤ ᠨᠢᠭᠡᠳᠦᠯᠲᠡᠶ ᠵᠠᠯᠭᠠᠵᠤ ᠣᠷᠣᠭᠤᠯᠤᠨ᠎ᠠ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ ᠪᠦᠯᠦᠭᠯᠡᠯ ︶ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ ᠦᠪᠦᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ 〕

  37. ᠨᠥᠬᠦᠴᠡᠯ ᠪᠦᠷᠢᠳᠦᠭᠦᠯᠦᠭᠰᠡᠨ ᠳᠡᠰᠲᠦ ᠵᠠᠰᠠᠮᠠᠯ ᠵᠠᠮ ᠳᠠᠭᠠᠤ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠠᠬᠢ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠦᠨᠳᠦᠷᠯᠢᠭ ᠬᠦᠢᠲᠡᠨ ᠡᠷᠭᠦᠭᠳᠡᠴᠡ ᠦᠨᠳᠦᠷ ᠭᠠᠵᠠᠷ ᠡᠴᠠ ᠭᠠᠳᠠᠨ᠎ᠠ᠂ ᠪᠤᠰᠤᠳ ᠣᠷᠣᠨ ᠪᠦᠰᠡ ᠶᠢᠨ ᠲᠥᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠪᠠ ᠨᠥᠬᠦᠴᠡᠯ ᠪᠦᠷᠢᠳᠦᠭᠦᠯᠦᠭᠰᠡᠨ ᠤᠯᠤᠰ ᠮᠤᠵᠢ ᠶᠢᠨ ᠡᠩ ᠤᠨ ᠭᠤᠤᠯ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠤ ᠴᠠᠬᠢᠯᠭᠠᠨ ᠴᠡᠨᠡᠭᠯᠡᠬᠦ ᠦᠨᠳᠦᠰᠦᠨ ᠦᠢᠯᠡᠴᠢᠯᠡᠭᠡ ᠬᠠᠩᠭᠠᠵᠤ ᠳᠡᠢᠢᠯᠬᠦ ᠶᠢ ᠴᠢᠷᠮᠠᠶᠢᠨ ᠪᠡᠶᠡᠯᠡᠭᠦᠯᠦᠨ᠎ᠡ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ ᠪᠦᠯᠦᠭᠯᠡᠯ ︶ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ ᠦᠪᠦᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ 〕

  ︵ ᠭᠤᠷᠪᠠ ︶  ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠳᠡᠮᠵᠢᠨ᠎ᠡ᠃

  38. ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠵᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠱᠠᠩᠨᠠᠯ ᠨᠥᠬᠦᠪᠥᠷᠢ ᠣᠯᠭᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠤᠰᠬᠠᠶ ᠵᠦᠢᠯ ᠤᠨ ᠪᠡᠯᠡ ᠮᠥᠩᠭᠦ ᠶᠢ ᠲᠣᠬᠢᠷᠠᠭᠤᠯᠵᠤ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠶᠢ ᠳᠡᠮᠵᠢᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  39. ᠴᠢᠨᠠᠷ ᠰᠠᠶᠢᠲᠠᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠣᠨ ᠢᠶᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠰᠢᠯᠭᠠᠨ ᠬᠢᠨᠠᠵᠤ ᠦᠨᠡᠯᠡᠨ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠨᠢ ᠰᠢᠯᠭᠠᠨ ᠬᠢᠨᠠᠵᠤ ᠦᠨᠡᠯᠡᠭᠡᠳ ᠡᠮᠦᠨ᠎ᠡ 3 ᠨᠡᠷᠡᠰ ᠲᠤ ᠣᠷᠣᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ︔ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠮᠥ ᠪᠦᠷᠢ ᠶᠢᠨ ᠳᠤᠮᠳᠠᠴᠢ ᠦᠷ᠎ᠡ ᠠᠰᠢᠭ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ᠂ ᠲᠡᠷᠢᠭᠦᠯᠡᠨ ᠪᠠᠢᠢᠷᠢ ᠳᠠᠪᠰᠢᠬᠤ ᠪᠠᠷ ᠴᠢᠷᠮᠠᠶᠢᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠰᠢᠨ᠎ᠡ ᠶᠢ ᠡᠭᠦᠳᠬᠦ ᠵᠡᠷᠭᠡ ᠲᠠᠩ ᠭᠠᠭᠴᠠ ᠵᠦᠢᠯ ᠤᠨ ᠭᠦᠢᠴᠡᠳᠬᠡᠯ ᠲᠤᠭ᠎ᠠ ᠶᠢ ᠨᠢ ᠰᠢᠯᠭᠠᠨ ᠬᠢᠨᠠᠵᠤ ᠦᠨᠡᠯᠡᠭᠡᠳ ᠡᠮᠦᠨ᠎ᠡ 3 ᠨᠡᠷᠡᠰ ᠲᠤ ᠣᠷᠣᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠬᠠᠮᠤᠭ ᠤᠨ ᠢᠯᠡᠭᠦᠦ ᠳᠤ ᠪᠠᠨ 2000 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠦᠵᠡᠭᠦᠯᠦᠨ᠎ᠡ︔ ᠪᠥᠬᠦ ᠤᠯᠤᠰ ᠲᠤ ᠡᠮᠦᠨ᠎ᠡ 60 ᠨᠡᠷᠡᠰ ᠲᠤ ᠵᠢᠭᠰᠠᠭᠠᠭᠳᠠᠭᠰᠠᠨ᠂ ᠣᠨ ᠤ ᠨᠡᠷᠡᠰ ᠤᠨ ᠵᠢᠭᠰᠠᠭᠠᠯᠲᠠ ᠳᠤ 5 ᠨᠡᠷᠡᠰ ᠡᠴᠠ ᠢᠯᠡᠭᠦᠦ ᠳᠡᠭᠡᠭᠰᠢᠯᠡᠭᠰᠡᠨ ᠵᠢᠴᠢ ᠰᠢᠨ᠎ᠡ ᠪᠠᠷ ᠵᠥᠪᠰᠢᠶᠡᠷᠡᠭᠳᠡᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠨᠢᠭᠡ ᠯᠡ ᠤᠳᠠᠭ᠎ᠠ ᠳᠤ 1000 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠦᠵᠡᠭᠦᠯᠦᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  40. ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠤᠶᠢᠵᠢᠭᠤᠯᠵᠤ᠂ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠨ ᠤᠯᠤᠰ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠲᠣᠰ ᠲᠣᠰ 500 ᠲᠦᠮᠡᠨ ᠲᠥᠭᠦᠷᠢᠭ᠂ 300 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠶ ᠱᠠᠩᠨᠠᠯ ᠨᠦᠬᠦᠪᠦᠷᠢ ᠣᠯᠭᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  ︵ ᠳᠥᠷᠪᠡ ︶  ᠠᠵᠤ ᠦᠢᠯᠡᠰ ᠪᠠ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠮᠵᠢᠨ᠎ᠡ᠃

  41. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠲᠡ ᠰᠢᠪᠲᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ 7 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ᠂ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠣᠣᠷ᠎ᠠ ᠨᠡᠭᠦᠷᠡᠰᠦᠳᠦ᠋ᠷᠦᠭᠴᠢᠲᠦ ᠡᠨᠧᠷᠭᠢ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠬᠤᠪᠣᠷ ᠰᠢᠷᠣᠶ᠂ ᠰ᠋ᠦ᠋ ᠰᠠᠭᠠᠯᠢ ᠶᠢᠨ ᠦᠢᠯᠡᠰ᠂ ᠦᠷ᠎ᠡ ᠡᠭᠦᠯᠳᠡᠷ ᠤᠨ ᠦᠢᠯᠡᠰ ᠵᠢᠴᠢ ᠬᠤᠰᠢᠭᠤᠷᠠᠯ ᠮᠡᠷᠭᠡᠵᠢᠯ ᠤᠨ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢ 1.2 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ ᠰᠤᠳᠤᠯᠭᠠᠨ ᠢ ᠲᠡᠮᠵᠢᠨ᠎ᠡ᠃ ᠨᠢᠭᠡᠨᠲᠡ ᠴᠢᠷᠮᠠᠢᠢᠨ ᠣᠯᠤᠭᠰᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡᠨ ᠤ ᠲᠦᠷᠦᠯ ᠵᠦᠢᠯ ᠳᠤ ᠱᠠᠭᠠᠷᠳᠠᠯᠭ᠎ᠠ ᠶᠣᠰᠣᠭᠠᠷ ᠪᠡᠯᠡ ᠮᠥᠩᠭᠦ ᠲᠦᠬᠦᠷᠵᠢᠬᠦᠯᠬᠦ ᠳᠡᠮᠵᠢᠯᠭᠡ ᠦᠵᠡᠭᠦᠯᠦᠨ᠎ᠡ᠃ ᠣᠷᠳᠣᠰ ᠤᠨ ᠲᠤᠷᠰᠢᠯᠲᠠ ᠶᠢᠨ ᠲᠠᠰᠤᠭ ᠪᠠ ᠳᠠᠯᠠᠨ ᠬᠠᠷ᠎ᠠ ᠠᠭᠤᠯᠠ ᠶᠢᠨ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ ᠰ᠋ᠦ᠋ ᠰᠠᠭᠠᠯᠢ ᠶᠢᠨ ᠦᠢᠯᠡᠰ ᠤᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠲᠣᠰ ᠲᠣᠰ ᠳ᠋ᠦᠩᠰᠢᠭᠤᠷ ᠲᠥᠭᠦᠷᠢᠭ ᠤᠨ ᠵᠠᠷᠤᠳᠠᠯ ᠤᠨ ᠳᠡᠮᠵᠢᠯᠭᠡ ᠦᠵᠡᠭᠦᠯᠵᠦ᠂ ᠰᠠᠭᠤᠷᠢ ᠰᠤᠳᠤᠯᠭᠠᠨ ᠦᠷᠨᠢᠭᠦᠯᠬᠦ᠂ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠬᠢᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠴᠢᠳᠠᠪᠤᠷᠢᠲᠠᠨ ᠢ ᠲᠠᠲᠠᠨ ᠣᠷᠤᠭᠤᠯᠵᠤ ᠬᠦᠮᠦᠵᠢᠭᠦᠯᠬᠦ᠂ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠳᠤ ᠬᠡᠷᠡᠭᠯᠡᠭᠦᠯᠦᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  42. ᠵᠥᠪᠰᠢᠶᠡᠷᠡᠯ ᠣᠯᠤᠭᠰᠠᠨ ᠤᠯᠤᠰ ᠤᠨ ᠲᠠᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠲᠤ 5 ᠵᠢᠯ ᠳᠠᠷᠠᠭᠠᠯᠠᠨ ᠵᠢᠯ ᠪᠦᠷᠢ 1000 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠥᠷᠢ ᠣᠯᠭᠤᠨ᠎ᠠ᠃ ᠰᠢᠨ᠎ᠡ ᠪᠠᠷ ᠡᠭᠦᠳᠦᠨ ᠪᠠᠢᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠲᠤ ᠨᠢᠭᠡ ᠯᠡ ᠤᠳᠠᠭ᠎ᠠ ᠳᠤ 500 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠥᠷᠢ ᠣᠯᠭᠤᠨ᠎ᠠ᠃ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠨ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ ᠲᠤ ᠨᠢᠭᠡ ᠯᠡ ᠤᠳᠠᠭ᠎ᠠ ᠳᠤ ᠲᠣᠰ ᠲᠣᠰ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠥᠷᠢ ᠣᠯᠭᠤᠨ᠎ᠠ᠃ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠲᠤ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠥᠷᠢ ᠣᠯᠭᠤᠨ᠎ᠠ᠃ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠨ ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠪᠥᠬᠦ ᠤᠯᠤᠰ ᠤᠨ ︽ ᠶᠠᠰᠤ ᠴᠢᠨᠠᠷ ᠤᠨ ᠬᠡᠪ ᠳᠠᠭᠤᠷᠢᠶᠠᠯ ︾ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠥᠷᠢ ᠣᠯᠭᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  43. ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠬᠠᠷᠢᠶ᠎ᠠ ᠪᠥᠬᠦᠶ ᠨᠠᠷᠢᠨ ᠬᠤᠪᠢᠶᠠᠭᠰᠠᠨ ᠠᠵᠢᠯ ᠲᠥᠷᠥᠯ ᠳᠤ ᠪᠠᠨ ᠭᠦᠨᠵᠡᠭᠡᠢᠢᠷᠡᠨ ᠪᠦᠲᠦᠭᠡᠭᠳᠡᠬᠦᠨ ᠢ ︽ ᠭᠦᠨᠵᠡᠭᠡᠢ ᠠᠭᠤᠳᠠᠯᠵᠤ ᠨᠠᠷᠢᠯᠢᠬ ᠰᠤᠳᠤᠯᠬᠤ ︾ ᠶᠢ ᠨᠢ ᠬᠥᠲᠥᠯᠦᠨ ᠵᠢᠯᠣᠭᠤᠳᠬᠤ ᠪᠠ ᠠᠬᠢᠭᠤᠯᠵᠤ᠂ ᠨᠠᠷᠢᠨ ᠬᠤᠪᠢᠶᠠᠭᠰᠠᠨ ᠠᠵᠢᠯ ᠲᠥᠷᠥᠯ ᠤᠨ ᠪᠦᠲᠦᠭᠡᠭᠳᠡᠬᠦᠨ ᠳᠤ ᠰᠢᠨ᠎ᠡ ᠶᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠬᠦ ᠪᠠ ᠨᠠᠷᠠᠲᠤ ᠲᠡᠮᠳᠡᠭᠲᠦ ᠶᠢ ᠪᠤᠶᠢᠵᠢᠭᠤᠯᠬᠤ ᠳᠤ ᠠᠩᠬᠠᠷᠤᠯ ᠢᠶᠠᠨ ᠬᠠᠨᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠳᠬᠦ ᠦᠢᠯᠡᠰ ᠤᠨ ᠲᠠᠩ ᠭᠠᠭᠴᠠ ᠵᠦᠢᠯ ᠳᠤ ᠮᠠᠩᠯᠠᠢᠢᠯᠠᠭᠰᠠᠨ ᠢᠶᠠᠷ ᠮᠠᠭᠠᠳᠯᠠᠭᠳᠠᠨ ᠲᠣᠭᠲᠠᠭᠠᠭᠳᠠᠭᠰᠠᠨ ᠠᠵᠤ ᠠᠬᠤᠶᠢᠯᠠᠯ ᠢ 100 ᠲᠦᠮᠡᠨ ᠲᠥᠭᠦᠷᠢᠭ ᠢᠶᠠᠷ ᠱᠠᠩᠨᠠᠵᠤ᠂ ᠤᠯᠤᠰ ᠤᠨ ᠲᠠᠰ ᠤᠨ ᠦᠢᠯᠡᠳᠬᠦ ᠦᠢᠯᠡᠰ ᠤᠨ ᠲᠠᠩ ᠭᠠᠭᠴᠠ ᠵᠦᠢᠯ ᠳᠤ ᠮᠠᠩᠯᠠᠢᠢᠯᠠᠭᠰᠠᠨ ᠢᠶᠠᠷ ᠮᠠᠭᠠᠳᠯᠠᠭᠳᠠᠨ ᠲᠣᠭᠲᠠᠭᠠᠭᠳᠠᠭᠰᠠᠨ ᠠᠵᠤ ᠠᠬᠤᠶᠢᠯᠠᠯ ᠢ 200 ᠲᠦᠮᠡᠨ ᠲᠥᠭᠦᠷᠢᠭ ᠢᠶᠠᠷ ᠱᠠᠩᠨᠠᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  44. ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠲᠡᠮᠦᠷᠯᠢᠭ ᠬᠠᠢᠢᠯᠤᠭᠤᠯᠬᠤ ᠴᠠᠬᠢᠯᠭᠠᠨ ᠵᠣᠤᠬ᠎ᠠ ᠶᠢᠨ ᠨᠡᠭᠦᠷᠡᠰᠦᠨ ᠬᠡᠶ ᠪᠠᠷ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠬᠦ ᠶᠢ ᠳᠡᠮᠵᠢᠵᠦ᠂ ᠨᠡᠭᠦᠷᠡᠰᠦᠲᠥ᠋ᠷᠥᠭᠴᠢ ᠶᠢ ᠬᠤᠷᠢᠶᠠᠨ ᠴᠤᠭᠯᠠᠭᠤᠯᠬᠤ᠂ ᠠᠰᠢᠬᠯᠠᠬᠤ᠂ ᠪᠢᠲᠡᠭᠦᠮᠵᠢᠯᠡᠨ ᠬᠠᠳᠠᠭᠠᠯᠠᠬᠤ ᠲᠠᠯ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠳᠡᠮᠵᠢᠨ᠎ᠡ᠃ ᠲᠡᠮᠦᠷᠯᠢᠭ ᠬᠠᠢᠢᠯᠤᠭᠤᠯᠬᠤ ᠴᠠᠬᠢᠯᠭᠠᠨ ᠵᠣᠤᠬ᠎ᠠ ᠶᠢᠨ ᠨᠡᠭᠦᠷᠡᠰᠦᠨ ᠬᠡᠶ ᠳᠠᠬᠢ ᠠᠰᠢᠭᠲᠤ ᠬᠡᠶ ᠪᠡᠶᠡᠲᠦ ᠶᠢᠨ ᠪᠦᠷᠢᠯᠳᠦᠬᠦᠨ ᠢ ᠵᠦᠶ ᠵᠣᠬᠢᠰᠲᠠᠶ ᠠᠰᠢᠬᠯᠠᠨ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠯᠦ ᠭᠠᠳᠠᠭᠰᠢᠯᠠᠭᠤᠯᠬᠤ ᠳᠤ ᠬᠦᠷᠦᠭᠰᠡᠨ ᠵᠡᠷᠭᠡ ᠡᠬᠢ ᠪᠠᠶᠠᠯᠢᠭ ᠢ ᠶᠡᠷᠦᠩᠬᠡᠶᠢᠯᠡᠨ ᠠᠰᠢᠬᠯᠠᠬᠤ ᠶᠢ ᠠᠵᠤ ᠦᠢᠯᠡᠰᠵᠢᠭᠦᠯᠬᠦ ᠲᠥᠷᠥᠯ ᠵᠦᠢᠯ ᠳᠤ᠂ ᠪᠣᠷᠣᠯᠠᠭᠤᠯᠭ᠎ᠠ ᠶᠢᠨ ᠣᠷᠣᠯᠭ᠎ᠠ ᠲᠠᠢ ᠪᠣᠯᠣᠭᠰᠠᠨ ᠵᠢᠯ ᠡᠴᠠ ᠡᠬᠢᠯᠡᠨ᠂ 5 ᠵᠢᠯ ᠤᠨ ᠳᠣᠲᠣᠷ᠎ᠠ ᠪᠣᠷᠣᠯᠠᠭᠤᠯᠭ᠎ᠠ ᠶᠢᠨ ᠣᠷᠣᠯᠭ᠎ᠠ ᠶᠢᠨ 5% ᠪᠠᠷ ᠱᠠᠩᠨᠠᠯ ᠨᠦᠬᠦᠪᠦᠷᠢ ᠣᠯᠭᠤᠵᠣ᠂ ᠵᠢᠯ ᠪᠦᠷᠢ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠢᠶᠠᠷ ᠱᠠᠩᠨᠠᠨ ᠨᠥᠬᠦᠪᠥᠷᠢᠯᠡᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  45. ᠵᠠᠷᠯᠠᠯ ᠨᠡᠢᠢᠲᠡᠯᠡᠵᠦ ᠬᠤᠰᠢᠭᠤᠷᠠᠨ ᠠᠵᠢᠯᠯᠠᠭᠤᠯᠬᠤ᠂ ᠥᠷᠢᠰᠦᠯᠳᠦᠭᠦᠯᠦᠨ ᠰᠢᠯᠭᠠᠷᠠᠭᠤᠯᠬᠤ ᠲᠦᠷᠢᠮ ᠵᠡᠷᠭᠡ ᠠᠷᠭ᠎ᠠ ᠮᠠᠶ᠋ᠢᠭ ᠢ ᠠᠪᠴᠤ᠂ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠲᠠᠢ ᠬᠤᠯᠪᠣᠭᠠᠯᠠᠨ ᠮᠡᠷᠭᠡᠵᠢᠯ ᠤᠨ ᠲᠠᠯ᠎ᠠ ᠪᠠᠷ ᠰᠢᠪᠲᠤᠯᠤᠯᠲᠠ ᠭᠠᠷᠭᠠᠬᠤ ᠶᠢ ᠳᠡᠮᠵᠢᠨ᠎ᠡ᠃ ᠤᠰᠤᠲᠥ᠋ᠷᠥᠭᠴᠢ ᠪᠠᠷ ᠲᠡᠮᠦᠷᠯᠢᠭ ᠪᠣᠯᠪᠠᠰᠤᠷᠠᠭᠤᠯᠬᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠠᠷᠭᠤᠨ ᠬᠡᠢ ᠶᠢ ᠣᠷᠤᠯᠠᠭᠤᠯᠤᠨ ᠲᠡᠮᠦᠷᠯᠢᠭ ᠪᠣᠯᠪᠠᠰᠤᠷᠠᠭᠤᠯᠬᠤ᠂ ᠲᠣᠭᠲᠠᠮᠠᠯ ᠭᠥᠶᠥᠳᠡᠯᠳᠦ ᠵᠤᠤᠬ᠎ᠠ ᠵᠡᠷᠭᠡ ᠰᠢᠨ᠎ᠡ ᠮᠡᠷᠭᠡᠵᠢᠯ᠂ ᠰᠢᠨ᠎ᠡ ᠲᠤᠨᠤᠭ ᠲᠥᠬᠦᠭᠡᠷᠦᠮᠵᠢ ᠶᠢ ᠬᠡᠷᠡᠭᠯᠡᠭᠰᠡᠨ ᠲᠡᠮᠦᠷ ᠤᠨ ᠬᠠᠶᠢᠯᠤᠰᠢ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠳᠤ ᠦᠢᠯᠡᠳᠪᠦᠷᠢᠯᠡᠬᠦ ᠴᠢᠳᠠᠪᠤᠷᠢ ᠶᠢ ᠰᠣᠯᠢᠬᠤ ᠦᠭᠡᠢ ᠪᠠᠶᠢᠵᠤ ᠪᠣᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  46. ︽ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠭᠠᠷᠴᠠᠭ ︾ ᠢ ᠳᠡᠮᠵᠢᠬᠦ ᠲᠥᠯᠥᠪᠯᠡᠭᠡ ᠳᠤ ᠣᠷᠣᠭᠤᠯᠤᠨ᠎ᠠ᠃ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠢᠯᠡᠰᠵᠢᠭᠦᠯᠦᠨ ᠬᠡᠷᠡᠭᠯᠡᠬᠦ ᠶᠢ ᠳᠡᠮᠵᠢᠵᠦ᠂︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠮᠡᠷᠭᠡᠵᠢᠯ ᠢ ᠠᠵᠤ ᠦᠢᠯᠡᠰᠵᠢᠭᠦᠯᠦᠨ ᠬᠡᠷᠡᠭᠯᠡᠬᠦ ᠶᠢᠨ ᠵᠢᠯᠣᠭᠤᠳᠬᠤ ᠭᠠᠷᠴᠠᠭ ︾ ᠲᠤ ᠵᠢᠭᠰᠠᠭᠠᠨ ᠣᠷᠣᠭᠤᠯᠤᠭᠰᠠᠨ ᠴᠢᠬᠤᠯᠠ ᠶᠡᠭᠡ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠥᠪᠡᠷᠲᠡᠭᠡᠨ ᠵᠠᠰᠠᠬᠤ ᠣᠷᠣᠨ ᠳᠤ ᠤᠯᠠᠷᠢᠭᠤᠯᠤᠨ ᠬᠡᠷᠡᠭᠯᠡᠬᠦ ᠶᠢ ᠪᠡᠶᠡᠯᠡᠭᠦᠯᠦᠭᠰᠡᠨ ᠲᠥᠷᠥᠯ ᠵᠦᠢᠯ ᠳᠤ᠂ ᠪᠣᠳᠠᠲᠠᠶ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ ᠲᠣᠭᠠᠨ ᠤ 20% ᠪᠠᠷ ᠨᠢᠭᠡ ᠯᠡ ᠤᠳᠠᠭ᠎ᠠ ᠶᠢᠨ ᠴᠢᠨᠠᠷᠲᠠᠶ ᠱᠠᠩᠨᠠᠯ ᠨᠥᠬᠦᠪᠥᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠡᠴᠠ ᠳᠠᠪᠠᠭᠤᠯᠬᠤ ᠥᠬᠡᠶ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  47. ᠥᠪᠡᠷᠲᠡᠭᠡᠨ ᠵᠠᠰᠠᠬᠤ ᠣᠷᠣᠨ ᠡᠴᠠ ᠮᠠᠭᠠᠳᠯᠠᠨ ᠲᠣᠭᠲᠠᠭᠠᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂︽ ᠲᠤᠰᠬᠠᠢ ᠨᠠᠷᠢᠯᠢᠬ ᠥᠪᠡᠷᠮᠢᠴᠡ ᠰᠢᠨ᠎ᠡ ︾ ᠳᠤᠮᠳᠠ ᠵᠢᠵᠢᠭ ᠠᠵᠤ ᠠᠬᠤᠶᠢᠯᠠᠯ ᠪᠠ ︽ ᠵᠢᠵᠢᠭ ᠪᠤᠯᠪᠠᠴᠤ ᠠᠪᠤᠷᠭᠤ ︾ ᠠᠵᠤ ᠠᠬᠤᠶᠢᠯᠠᠯ ᠳᠤ ᠲᠣᠰ ᠲᠣᠰ 20 ᠲᠦᠮᠡᠨ ᠲᠥᠭᠦᠷᠢᠭ᠂ 50 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  48. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠱᠠᠲᠤᠯᠠᠨ ᠪᠤᠶᠢᠵᠢᠭᠤᠯᠬᠤ ᠲᠣᠭᠲᠠᠴᠠ ᠶᠢ ᠪᠠᠶᠢᠭᠤᠯᠵᠤ᠂ ᠠᠩᠬ᠎ᠠ ᠤᠳᠠᠭ᠎ᠠ ᠮᠠᠭᠠᠳᠯᠠᠭᠳᠠᠨ ᠲᠣᠭᠲᠠᠭᠠᠭᠳᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 30 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠣᠯᠭᠤᠵᠤ᠂ ᠠᠩᠬ᠎ᠠ ᠤᠳᠠᠭ᠎ᠠ ᠮᠠᠭᠠᠳᠯᠠᠭᠳᠠᠨ ᠲᠣᠭᠲᠠᠭᠠᠭᠳᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠳᠤ 300 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ ᠤᠨ ᠳᠡᠮᠵᠢᠯᠭᠡ ᠣᠯᠭᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠭᠠᠨ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ᠂ ᠮᠡᠷᠭᠡᠵᠢᠯ ᠤᠨ ᠵᠠᠭᠤᠴᠢᠯᠠᠭᠴᠢ ᠵᠡᠷᠭᠡ ᠶᠢ ᠬᠥᠲᠥᠯᠦᠨ ᠵᠢᠯᠣᠭᠤᠳᠴᠤ ᠪᠠᠶᠢᠭᠠᠳ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠣᠨᠣᠴᠠᠲᠠᠢ ᠦᠢᠯᠡᠴᠢᠯᠡᠭᠡ ᠬᠠᠩᠭᠠᠯᠭᠠᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  49. ︽ ᠲᠤᠰᠬᠠᠢ ᠨᠠᠷᠢᠯᠢᠭ ᠥᠪᠡᠷᠮᠢᠴᠡ ᠰᠢᠨ᠎ᠡ ︾ ᠳᠤᠮᠳᠠ ᠵᠢᠵᠢᠭ ᠠᠵᠤ ᠠᠬᠤᠶᠢᠯᠠᠯ ᠪᠠ ᠦᠢᠯᠡᠳᠬᠦ ᠦᠢᠯᠡᠰ ᠤᠨ ᠳᠠᠩ ᠭᠠᠭᠴᠠ ᠵᠦᠢᠯ ᠳᠤ ᠰᠢᠯᠭᠠᠷᠠᠭᠰᠠᠨ ᠮᠠᠩᠯᠠᠶ ᠠᠵᠤ ᠠᠬᠤᠶᠢᠯᠠᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠶᠢ ᠨᠢ ᠳᠡᠮᠵᠢᠵᠦ᠂ ᠮᠡᠷᠭᠡᠵᠢᠯ ᠳᠤ ᠰᠢᠨ᠎ᠡ ᠶᠢ ᠡᠭᠦᠳᠬᠦ᠂ ᠲᠤᠰᠬᠠᠶ ᠠᠰᠢᠭ ᠤᠨ ᠡᠭᠦᠳᠦᠯᠲᠡ᠂ ᠦᠷ᠎ᠡ ᠪᠦᠲᠦᠭᠡᠯ ᠢ ᠤᠯᠠᠷᠢᠭᠤᠯᠬᠤ᠂ ᠮᠡᠷᠭᠡᠵᠢᠯ ᠳᠡᠯᠭᠡᠷᠡᠭᠦᠯᠬᠦ᠂ ᠪᠠᠷᠢᠮᠵᠢᠶ᠎ᠠ ᠲᠣᠭᠲᠠᠭᠠᠬᠤ ᠵᠡᠷᠭᠡ ᠲᠠᠯ᠎ᠠ ᠪᠠᠷ ᠣᠯᠤᠭᠰᠠᠨ ᠠᠵᠢᠯ ᠤᠨ ᠠᠮᠵᠢᠯᠲᠠ ᠪᠦᠲᠦᠮᠵᠢ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠡᠳᠡᠨ ᠤ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠶᠢᠨ ᠴᠢᠬᠤᠯᠠ ᠯᠠᠪᠯᠠᠯᠲᠠ ᠪᠣᠯᠭᠠᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ ︶

  50. ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠠᠠᠳᠦ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠵᠤ᠂ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠠᠠᠳᠦ ᠠᠵᠤ ᠦᠢᠯᠡᠰ ᠤᠨ ᠪᠦᠯᠦᠭᠵᠢᠯ ᠪᠠ ᠤᠯᠤᠰ ᠤᠨ ᠲᠠᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠠᠠᠳᠦ ᠠᠵᠤ ᠦᠢᠯᠡᠰ ᠤᠨ ᠪᠦᠯᠦᠭᠵᠢᠯ ᠳᠤ ᠲᠣᠰ ᠲᠣᠰ 300 ᠲᠦᠮᠡᠨ ᠲᠥᠭᠦᠷᠢᠭ᠂ 500 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠶ ᠪᠠᠯᠠ ᠮᠦᠩᠭᠦ ᠶᠢᠨ ᠱᠠᠩᠨᠠᠯ ᠨᠦᠬᠦᠪᠦᠷᠢ ᠣᠯᠭᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶


  ᠭᠤᠷᠪᠠ᠂ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠪᠠ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠨᠢ ᠠᠬᠢᠭᠤᠯᠤᠨ᠎ᠠ


  ︵ ᠨᠢᠭᠡ ︶  ᠰᠢᠨ᠎ᠡ ᠪᠠᠷ ᠪᠣᠶ ᠪᠣᠯᠤᠭᠰᠠᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠪᠤᠶᠢᠵᠢᠭᠤᠯᠤᠨ᠎ᠠ᠃

  51. ᠮᠡᠷᠭᠡᠵᠢᠯ ᠤᠨ ᠵᠠᠭᠤᠴᠢᠯᠠᠬᠤ ᠦᠢᠯᠡᠴᠢᠯᠡᠭᠡᠨ ᠤ ᠠᠵᠢᠯ ᠲᠥᠷᠥᠯ ᠤᠨ ᠬᠥᠭᠵᠢᠯᠲᠡ ᠪᠠᠨ ᠲᠦᠷᠭᠡᠳᠬᠡᠬᠦ ᠵᠢ ᠳᠡᠮᠵᠢᠵᠦ᠂ ᠰᠢᠨ᠎ᠡ ᠪᠠᠷ ᠵᠥᠪᠰᠢᠶᠡᠷᠡᠭᠳᠡᠭᠰᠡᠨ ᠤ ᠳᠠᠷᠠᠭᠠᠬᠢ ᠤᠯᠤᠰ ᠤᠨ ᠲᠠᠰ ᠤᠨ ᠮᠡᠷᠭᠡᠵᠢᠯ ᠤᠨ ᠰᠢᠯᠵᠢᠯᠲᠠ ᠶᠢᠨ ᠴᠢᠳᠠᠪᠤᠷᠢᠲᠠᠨ ᠬᠥᠮᠦᠵᠢᠭᠦᠯᠬᠦ ᠰᠠᠭᠤᠷᠢᠨ ᠭᠠᠵᠠᠷ ᠲᠤ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠤᠨ ᠬᠤᠵᠢᠭᠤ ᠨᠥᠬᠦᠪᠥᠷᠢ ᠶᠢᠨ ᠳᠡᠮᠵᠢᠯᠭᠡ ᠣᠯᠭᠤᠵᠤ᠂ ᠮᠡᠷᠭᠡᠵᠢᠯ ᠤᠨ ᠵᠠᠭᠤᠴᠢᠯᠠᠭᠴᠢ ︵ ᠳᠠᠭᠠᠭᠠᠮᠠᠯ ︶ ᠶᠢᠨ ᠣᠨ ᠤ ᠳᠣᠲᠣᠷᠠᠬᠢ ᠮᠡᠷᠭᠡᠵᠢᠯ ᠤᠨ ᠰᠢᠯᠵᠢᠯᠲᠡ ᠤᠯᠠᠷᠢᠭᠤᠯᠤᠯᠲᠠ ᠶᠢ ᠠᠬᠢᠭᠤᠯᠤᠨ ᠠᠷᠠᠯᠵᠢᠶᠠᠯᠠᠭᠰᠠᠨ ᠵᠤᠭᠤᠰᠤᠨ ᠲᠤᠭ᠎ᠠ ᠨᠢ ᠨᠡᠶᠢᠲᠡ 100 ᠲᠦᠮᠡᠨ ᠲᠥᠭᠦᠷᠢᠭ ᠢ ᠳᠠᠪᠠᠭᠰᠠᠨ ᠪᠠᠶᠢᠪᠠᠯ᠂ ᠮᠡᠷᠭᠡᠵᠢᠯ ᠤᠨ ᠠᠷᠠᠯᠵᠢᠶᠠᠨ ᠤ ᠭᠡᠷ᠎ᠡ ᠶᠢᠨ ᠪᠣᠳᠠᠲᠠᠶ ᠠᠷᠠᠯᠵᠢᠶᠠᠯᠠᠭᠰᠠᠨ ᠲᠣᠭᠠᠨ ᠤ 2% ᠢᠶᠠᠷ ᠬᠠᠮᠤᠭ ᠤᠨ ᠢᠯᠡᠭᠦᠦ ᠳᠤ ᠪᠠᠨ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  52. ᠠᠩᠬᠠᠨ ᠤ ᠬᠡᠪᠯᠡᠯ ᠤᠨ ᠳ᠋ᠤᠭᠠᠷ ᠤᠨ ᠰᠣᠹᠲ ᠤᠨ ᠮᠡᠳᠡᠯᠭᠡ ᠶᠢᠨ ᠦᠮᠴᠢᠯᠡᠯ ᠤᠨ ᠡᠷᠬᠡ ᠶᠢ ᠣᠯᠬᠤ ᠪᠤᠶᠤ ᠦᠨᠡᠮᠯᠡᠯ ᠭᠠᠷᠳᠠᠬᠤ ᠪᠠᠷ ᠲᠣᠭᠲᠠᠭᠰᠠᠨ ᠬᠤᠭᠤᠴᠠᠭᠠᠨ ᠳᠤ ᠭᠤᠶᠤᠴᠢᠯᠠᠬᠤ ᠬᠦᠷᠲᠡᠯᠡᠬᠢ ᠪᠣᠳᠠᠲᠠᠶ ᠪᠣᠷᠣᠯᠠᠭᠤᠯᠤᠭᠰᠠᠨ ᠶᠡᠷᠦᠩᠬᠡᠶ ᠲᠣᠭᠠᠨ ᠤ 20% ᠪᠠᠷ ᠨᠥᠬᠦᠪᠥᠷᠢ ᠣᠯᠭᠤᠵᠤ᠂ ᠭᠠᠭᠴᠠ ᠠᠵᠤ ᠠᠬᠤᠶᠢᠯᠠᠯ ᠤᠨ ᠨᠥᠬᠦᠪᠥᠷᠢ ᠮᠥᠩᠭᠦ ᠶᠢᠨ ᠲᠤᠭ᠎ᠠ ᠶᠢ ᠬᠠᠮᠤᠭ ᠤᠨ ᠢᠯᠡᠭᠦᠦ ᠳᠤ ᠪᠠᠨ 300 ᠲᠦᠮᠡᠨ ᠲᠥᠭᠦᠷᠢᠭ ᠡᠴᠠ ᠳᠠᠪᠠᠭᠤᠯᠬᠤ ᠥᠬᠡᠶ᠃ ᠠᠵᠤ ᠠᠬᠤᠶᠢᠯᠠᠯ ᠤᠨ ᠰᠢᠨ᠎ᠡ ᠪᠠᠷ ᠨᠡᠭᠡᠭᠡᠨ ᠬᠥᠭᠵᠢᠭᠦᠯᠦᠭᠰᠡᠨ ᠠᠵᠤ ᠦᠢᠯᠡᠳᠪᠦᠷᠢ ᠶᠢᠨ ᠰᠣᠹᠲ ︵ ᠠᠵᠤ ᠦᠢᠯᠡᠳᠪᠦᠷᠢ ᠶᠢᠨ APP ︶ ᠳᠤ ᠲᠣᠰ ᠦᠢᠯᠡᠳᠬᠦᠨ ᠢ ᠰᠤᠳᠤᠯᠤᠨ ᠨᠡᠭᠡᠭᠡᠬᠦ ᠳᠤ ᠪᠣᠳᠠᠲᠠᠶ ᠣᠷᠣᠭᠤᠯᠤᠭᠰᠠᠨ ᠵᠤᠭᠤᠰᠤᠨ ᠲᠤᠭ᠎ᠠ ᠶᠢᠨ 20% ᠪᠠᠷ ᠨᠥᠬᠦᠪᠥᠷᠢ ᠣᠯᠭᠤᠵᠤ᠂ ᠭᠠᠭᠴᠠ ᠠᠵᠤ ᠠᠬᠤᠶᠢᠯᠠᠯ ᠳᠤ ᠬᠠᠮᠤᠭ ᠤᠨ ᠢᠯᠡᠭᠦᠦ ᠳᠤ ᠪᠠᠨ 300 ᠲᠦᠮᠡᠨ ᠲᠥᠭᠦᠷᠢᠭ ᠡᠴᠠ ᠳᠠᠪᠠᠭᠤᠯᠬᠤ ᠥᠬᠡᠶ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ︶

  53. ᠲᠤᠰᠬᠠᠶ ᠵᠦᠢᠯ ᠤᠨ ᠪᠠᠯᠠ ᠮᠥᠩᠭᠦ ᠲᠣᠬᠢᠷᠠᠭᠤᠯᠵᠤ ᠪᠠᠢᠢᠭᠠᠳ ᠡᠯ᠎ᠡ ᠠᠶᠢᠮᠠᠭ ᠬᠤᠲᠠ ᠶᠢᠨ ᠬᠢᠨ ᠤ ︽ ᠵᠢᠵᠢᠭ ᠪᠦᠭᠡᠳ ᠭᠤᠢᠢᠲᠠ ᠰᠠᠢᠢᠬᠠᠨ ︾ ᠰᠦᠯᠵᠢᠶᠡᠨ ᠤ ᠨᠠᠷᠠᠲᠤ ᠲᠡᠮᠲᠡᠭ ᠪᠦᠢᠵᠢᠭᠤᠯᠬᠤ ᠶᠢ ᠨᠢ ᠳᠡᠮᠵᠢᠵᠦ᠂ ᠡᠯᠧᠺᠲ᠋ᠷᠣᠨ ᠬᠤᠳᠠᠯᠳᠤᠭᠠᠨ ᠤ ᠶᠠᠪᠤᠳᠠᠯ ᠤᠨ ᠬᠠᠮᠲᠤ ᠪᠠᠷ ᠭᠥᠷᠳᠡᠬᠦ ᠡᠭᠦᠯᠡᠨ ᠬᠥᠮᠥᠷᠭᠡ ᠶᠢ ᠬᠥᠭᠵᠢᠭᠦᠯᠦᠨ᠂ ᠳᠠᠪᠠᠭᠤᠯᠢᠭ ᠠᠵᠤ ᠦᠢᠯᠡᠰ᠂ ᠣᠨᠴᠠᠯᠢᠠᠠᠳᠣ ᠪᠦᠲᠦᠭᠡᠭᠳᠡᠭᠦᠨ ᠢ ᠡᠯᠧᠺᠲ᠋ᠷᠣᠨᠴᠢᠯᠠᠨ ᠦᠭᠡᠷᠡᠴᠢᠯᠡᠨ ᠰᠢᠨᠡᠳᠭᠡᠬᠦ ᠠᠵᠢᠯ ᠢ ᠦᠷᠨᠢᠭᠦᠯᠵᠦ᠂ ᠰᠦᠯᠵᠢᠶᠡᠨ ᠳᠡᠭᠡᠷᠡᠬᠢ ᠭᠤᠤᠯ ᠰᠡᠳᠦᠪᠲᠦ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠂ ᠡᠯᠧᠺᠲ᠋ᠷᠣᠨ ᠬᠤᠳᠠᠯᠳᠤᠭᠠᠨ ᠤ ᠶᠠᠪᠤᠳᠠᠯ ᠤᠨ ᠲᠥᠪᠯᠡᠷᠡᠭᠰᠡᠨ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠯᠧᠺᠲ᠋ᠷᠣᠨ ᠬᠤᠳᠠᠯᠳᠤᠭᠠᠨ ᠤ ᠶᠠᠪᠤᠳᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ︶

  ︵ ᠬᠤᠶᠠᠷ ︶  ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃

  54. ᠲᠣᠣᠷ ᠰᠦᠯᠵᠢᠶᠡᠨ ᠤ ᠪᠠᠷᠠᠭ᠎ᠠ ᠲᠡᠭᠡᠭᠡᠪᠦᠷᠢᠯᠡᠬᠦ ᠠᠵᠤ ᠦᠢᠯᠡᠰ ᠤᠨ ᠲᠤᠷᠰᠢᠯᠲᠠ ᠶᠢᠨ ᠴᠡᠭ ᠤᠨ ᠨᠥᠬᠦᠪᠥᠷᠢ ᠶᠢᠨ ᠪᠠᠯᠠ ᠮᠥᠩᠭᠦ ᠶᠢ ᠬᠡᠷᠡᠭᠯᠡᠨ᠂ ᠬᠥᠬᠡᠬᠤᠲᠠ᠂ ᠪᠤᠭᠤᠲᠤ ᠬᠤᠲᠠ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠦᠬᠠᠶ ᠬᠤᠲᠠ᠂ ᠡᠷᠢᠶᠡᠨ ᠬᠤᠲᠠ ᠶᠢᠨ ᠲᠣᠣᠷ ᠰᠦᠯᠵᠢᠶᠡᠨ ᠤ ᠪᠠᠷᠠᠭ᠎ᠠ ᠲᠡᠭᠡᠭᠡᠪᠦᠷᠢᠯᠡᠬᠦ ᠠᠵᠤ ᠦᠢᠯᠡᠰ ᠤᠨ ᠲᠤᠷᠰᠢᠯᠲᠠ ᠥᠷᠨᠢᠭᠦᠯᠬᠦ ᠶᠢ ᠨᠢ ᠦᠷᠭᠦᠯᠵᠢᠯᠡᠨ ᠳᠡᠮᠵᠢᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︶

  55. ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠪᠠᠷᠠᠭᠠᠨ ᠤ ᠲᠡᠭᠡᠭᠡᠪᠦᠷᠢ ᠰᠢᠦᠳᠠᠨ ᠤ ᠲᠦᠷᠭᠡᠨ ᠬᠦᠷᠭᠡᠯᠲᠡ ᠶᠢᠨ ᠠᠭᠤᠰᠤᠯᠴᠠᠨ ᠬᠥᠭᠵᠢᠬᠦ ᠶᠢ ᠵᠣᠷᠢᠬᠵᠢᠭᠤᠯᠵᠤ᠂ ᠤᠯᠤᠰ ᠤᠨ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠤᠭᠴᠠᠵᠢᠭᠤᠯᠤᠭᠰᠠᠨ ᠵᠢᠱᠢᠶ᠎ᠡ ᠦᠵᠡᠭᠦᠯᠬᠦ ᠰᠢᠶᠠᠨ ᠳᠤ 300 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢᠨ ᠨᠥᠬᠦᠪᠥᠷᠢ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠠᠠᠴᠠᠵᠢᠭᠤᠯᠥᠠᠠᠰᠠᠨ ᠵᠢᠱᠢᠶ᠎ᠡ ᠦᠵᠡᠭᠦᠯᠬᠦ ᠰᠢᠶᠠᠨ ᠳᠤ 200 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢᠨ ᠨᠥᠬᠦᠪᠥᠷᠢ ᠣᠯᠭᠤᠵᠤ᠂ ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠴᠢᠳᠠᠮᠵᠢ ᠶᠢ ᠡᠭᠦᠷᠭᠡᠯᠡᠭᠰᠡᠨ ᠬᠤᠰᠢᠭᠤ ᠰᠢᠶᠠᠨ ︵ ᠬᠤᠲᠠ᠂ ᠲᠣᠭᠤᠷᠢᠭ ︶ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ ᠣᠨ ᠤ ᠡᠵᠡᠩᠨᠡᠯᠲᠡ ᠶᠢᠨ ᠨᠡᠮᠡᠭᠦᠷᠢ 20 ᠲᠦᠮᠡᠨ ᠲᠥᠭᠦᠷᠢᠭ ᠣᠯᠭᠤᠵᠤ᠂ ᠡᠵᠡᠩᠨᠡᠯᠲᠡ ᠳᠤ ᠣᠷᠣᠭᠤᠯᠤᠭᠰᠠᠨ ᠰᠤᠮᠤ ᠰᠢᠶᠠᠩ ᠪᠠᠯᠭᠠᠰᠤ ᠶᠢᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ ᠣᠨ ᠤ ᠡᠵᠡᠩᠨᠡᠯᠲᠡ ᠶᠢᠨ ᠨᠡᠮᠡᠭᠦᠷᠢ 3 ᠲᠦᠮᠡᠨ ᠲᠥᠭᠦᠷᠢᠭ ᠣᠯᠭᠤᠵᠤ᠂ ᠲᠠᠷᠢᠶᠠᠴᠢᠨ ᠮᠠᠯᠴᠢᠳ ᠤᠨ ᠶᠠᠪᠤᠵᠤ ᠰᠠᠭᠤᠬᠤ ᠬᠡᠷᠡᠭᠯᠡᠭᠡᠨ ᠤ ︽ ᠡᠴᠦᠰ ᠤᠨ ᠨᠢᠭᠡ ᠺᠢᠯᠣᠮᠧᠲ᠋ᠷ ︾ ᠢ ᠨᠡᠪᠲᠡᠷᠡᠭᠦᠯᠦᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ︶

  56. ᠰᠢᠨ᠎ᠡ ᠪᠠᠷ ᠨᠡᠷᠡᠶᠢᠳᠦᠭᠰᠡᠨ ᠪᠥᠬᠦ ᠤᠯᠤᠰ ᠤᠨ ︽ ᠬᠥᠳᠡᠭᠡ ᠲᠣᠰᠬᠤᠨ ᠤ ᠳᠥᠷᠪᠡᠨ ᠰᠠᠢᠢᠲᠠᠢ ᠵᠠᠮ ︾ ᠤᠨ ᠵᠢᠱᠢᠶ᠎ᠡ ᠦᠵᠡᠭᠦᠯᠬᠦ ᠰᠢᠶᠠᠨ ᠳᠤ ᠨᠢᠭᠡ ᠯᠡ ᠤᠳᠠᠭ᠎ᠠ ᠳᠤ 1000 ᠲᠦᠮᠡᠨ ᠲᠥᠭᠦᠷᠢᠭ ᠤᠨ ᠤᠷᠮᠠᠰᠢᠭᠤᠯᠬᠤ ᠪᠠᠯᠠ ᠮᠥᠩᠭᠦ ᠣᠯᠭᠤᠨ᠎ᠠ︔ ᠰᠢᠨ᠎ᠡ ᠪᠠᠷ ᠨᠡᠷᠡᠶᠢᠳᠦᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ︽ ᠬᠥᠳᠡᠭᠡ ᠲᠣᠰᠬᠤᠨ ᠤ ᠳᠥᠷᠪᠡᠨ ᠰᠠᠢᠢᠲᠠᠢ ᠵᠠᠮ ︾ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠳᠤ ᠨᠢᠭᠡ ᠯᠡ ᠤᠳᠠᠭ᠎ᠠ ᠳᠤ 500 ᠲᠦᠮᠡᠨ ᠲᠥᠭᠦᠷᠢᠭ ᠤᠨ ᠤᠷᠮᠠᠰᠢᠭᠤᠯᠬᠤ ᠪᠠᠯᠠ ᠮᠥᠩᠭᠦ ᠣᠯᠭᠤᠨ᠎ᠠ᠃ ᠤᠷᠮᠠᠰᠢᠭᠤᠯᠬᠤ ᠪᠡᠯᠡ ᠮᠥᠩᠭᠦ ᠶᠢ ᠭᠤᠣᠯᠳᠠᠭᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠠ ᠠᠷᠠᠴᠢᠯᠠᠨ ᠬᠠᠮᠠᠭᠠᠯᠠᠯᠲᠠ ᠳᠤ ᠬᠡᠷᠡᠭᠯᠡᠨ᠎ᠡ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ 〕

  57. ᠨᠡᠮᠡᠭᠦᠷᠢ ᠥᠭᠭᠦᠭᠰᠡᠨ ᠤ ᠳᠠᠷᠠᠭ᠎ᠠ ᠣᠷᠣᠨ ᠪᠦᠰᠡ ᠶᠢᠨ ᠳᠣᠲᠣᠷᠠᠬᠢ ᠲᠤᠬᠠᠶᠢᠯᠠᠭᠰᠠᠨ ᠠᠵᠢᠯ ᠤᠨ ᠣᠯᠵᠤ ᠠᠯᠳᠠᠬᠤ ᠶᠢ ᠶᠡᠷᠦᠩᠬᠡᠶ ᠳᠤ ᠪᠠᠨ ᠲᠡᠩᠴᠡᠭᠦᠷᠢᠲᠡᠶ ᠪᠠᠶᠢᠯᠭᠠᠬᠤ ᠪᠠ ᠪᠡᠶ᠎ᠡ ᠪᠠᠨ ᠳᠠᠭᠠᠭᠠᠵᠤ ᠦᠷᠭᠦᠯᠵᠢᠯᠡᠨ ᠡᠵᠡᠩᠨᠡᠵᠦ ᠪᠣᠯᠬᠤᠢᠢᠴᠠ ᠵᠡᠷᠭᠡ ᠵᠠᠷᠴᠢᠮ ᠶᠣᠰᠣᠭᠠᠷ᠂ ᠲᠣᠰᠬᠤᠨ ᠳᠤ ᠲᠦᠷᠭᠡᠨ ᠬᠦᠷᠭᠡᠯᠲᠡ ᠶᠢᠨ ᠬᠦᠷᠭᠡᠭᠰᠡᠨ ᠰᠢᠦᠳᠠᠨ ᠵᠦᠢᠯ ᠤᠨ ᠬᠡᠮᠵᠢᠶ᠎ᠡ᠂ ᠭᠠᠭᠴᠠ ᠵᠦᠢᠯ ᠤᠨ ᠥᠪᠡᠷ ᠤᠨ ᠥᠷᠲᠡᠭ᠂ ᠬᠦᠷᠭᠡᠬᠦ ᠵᠠᠶ ᠪᠠ ᠦᠢᠯᠡᠴᠢᠯᠡᠬᠦ ᠣᠷᠣᠨ ᠪᠦᠰᠡ ᠵᠡᠷᠭᠡ ᠪᠠᠷ ᠦᠨᠳᠦᠰᠦᠯᠡᠯ ᠪᠣᠯᠭᠠᠵᠤ᠂ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠲᠤᠬᠠᠶᠢᠯᠠᠭᠰᠠᠨ ᠠᠵᠢᠯ ᠤᠨ ᠪᠣᠳᠠᠲᠠᠶ ᠬᠠᠩᠭᠠᠭᠰᠠᠨ ᠦᠢᠯᠡᠴᠢᠯᠡᠭᠡ ᠳᠤ᠂ ᠰᠢᠦᠳᠠᠨ ᠵᠦᠢᠯ ᠪᠦᠷᠢ ᠳᠤ 0.3 ᠲᠥᠭᠦᠷᠢᠭ ᠡᠴᠠ ᠥᠯᠥ ᠳᠠᠪᠠᠭᠤᠯᠬᠤ ᠪᠠᠷᠢᠮᠵᠢᠶ᠎ᠠ ᠶᠣᠰᠣᠭᠠᠷ᠂ ᠡᠯ᠎ᠡ ᠠᠶᠢᠮᠠᠭ ᠬᠤᠲᠠ ᠡᠴᠠ ᠵᠦᠷᠢᠶᠡᠵᠢᠬᠦᠯᠦᠭᠰᠡᠨ ᠬᠤᠵᠢᠭᠤ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠦᠨ᠎ᠡ᠃︵ ᠬᠠᠷᠢᠭᠤᠴᠠᠯᠭᠠᠲᠤ ᠨᠢᠭᠡᠴᠢ᠄ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︶

  58. ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠨᠡᠯᠢᠶᠡᠳ ᠪᠠᠭᠤᠷᠠᠶ᠂ ᠰᠤᠮᠤ ᠰᠢᠶᠠᠩ ᠪᠠᠯᠭᠠᠰᠤ ᠡᠴᠠ ᠨᠡᠯᠢᠶᠡᠳ ᠬᠤᠯᠠ ᠵᠠᠢᠢᠳᠠᠭᠤ ᠪᠦᠭᠡᠳ ᠪᠦᠢᠲᠠ ᠪᠦᠭᠯᠡᠭᠦᠦ᠂︽ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ︾ ᠳᠤ ᠨᠡᠯᠢᠶᠡᠳ ᠬᠦᠴᠢᠷᠲᠡᠶ ᠪᠠᠢᠢᠭ᠎ᠠ ᠶᠠᠳᠠᠭᠤ ᠡᠴᠠ ᠠᠩᠬᠢᠵᠢᠷᠠᠭᠰᠠᠨ ᠲᠣᠰᠬᠤᠨ ᠪᠠ ᠢᠯᠡᠭᠡᠨ ᠶᠠᠪᠤᠭᠤᠯᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠢ ᠪᠣᠯᠪᠠᠴᠤ ᠦᠢᠯᠡᠴᠢᠯᠡᠭᠡᠨ ᠤ ᠴᠡᠭ ᠲᠣᠬᠢᠷᠠᠭᠤᠯᠤᠭᠠᠳᠤᠢ ᠪᠠᠶᠢᠭᠤᠯᠤᠯᠳᠤ ᠲᠣᠰᠬᠤᠨ ᠳᠤ᠂︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠ ᠬᠠᠮᠢᠶᠠᠷᠬᠤ ᠠᠷᠭ᠎ᠠ ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠣᠰᠬᠤᠨ ᠤ ᠳᠡᠰ ᠤᠨ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠳᠣᠭᠢᠷᠠᠭᠤᠯᠵᠤ᠂ ᠨᠥᠬᠦᠪᠥᠷᠢ ᠥᠭᠬᠦ ᠪᠠᠷᠢᠮᠵᠢᠶ᠎ᠠ ᠨᠢ ᠰᠠᠷ᠎ᠠ ᠪᠦᠷᠢ 500 ᠲᠥᠭᠦᠷᠢᠭ ᠪᠠᠢᠢᠵᠤ᠂ 2025 ᠣᠨ ᠪᠣᠯᠲᠠᠯ᠎ᠠ ᠨᠦᠬᠦᠪᠦᠷᠢᠯᠡᠨ᠎ᠡ᠃〔 ᠬᠠᠷᠢᠭᠤᠴᠠᠯᠭᠠᠲᠤ ᠨᠢᠭᠡᠴᠢ᠄ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ 〕

  59. ᠤᠯᠤᠰ ᠤᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠢᠨᠵᠧᠨᠧᠷᠢᠩ ᠳᠤ ᠵᠢᠭᠰᠠᠭᠠᠭᠳᠠᠭᠰᠠᠨ ᠪᠦᠭᠡᠳ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠲᠥᠷᠥᠯ ᠵᠦᠢᠯ ᠪᠦᠷᠢ ᠳᠤ 1000 ᠲᠦᠮᠡᠨ ᠲᠥᠭᠦᠷᠢᠭ ᠤᠨ ᠪᠠᠯᠠ ᠮᠥᠩᠭᠦ ᠶᠢᠨ ᠱᠠᠩᠨᠠᠯ ᠨᠥᠬᠦᠪᠥᠷᠢ ᠣᠯᠭᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  60. ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠲᠥᠷᠭᠡᠨ ᠤ ᠵᠠᠰᠠᠮᠠᠯ ᠵᠠᠮ ᠤᠨ ETC ᠢᠶᠠᠷ ᠦᠩᠭᠡᠷᠡᠬᠦ ᠠᠶᠠᠨᠴᠢᠳ ᠤᠨ ᠪᠠ ᠠᠴᠢᠶᠠᠨ ᠤ ᠮᠠᠰᠢᠨ ᠲᠡᠷᠭᠡ ᠳ᠋ᠤ ᠦᠷᠭᠦᠯᠵᠢᠯᠡᠨ 5% ᠶᠢᠨ ᠵᠠᠮ ᠤᠨ ᠰᠦᠢᠳᠬᠡᠯ ᠤᠨ ᠬᠢᠮᠳᠠᠷᠠᠯ ᠤᠨ ᠬᠠᠷᠠᠭᠠᠯᠵᠠᠯ ᠦᠵᠡᠭᠦᠯᠬᠦ ᠪᠦᠭᠡᠳ ᠣᠷᠳᠣ ᠬᠤᠭᠤᠴᠠᠭ᠎ᠠ ᠪᠠᠷ ᠬᠡᠷᠡᠭᠵᠢᠭᠦᠯᠦᠨ᠎ᠡ᠃ ᠲᠥᠷᠭᠡᠨ ᠤ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠲᠤᠷᠰᠢᠯᠲᠠ ᠶᠢ ᠦᠷᠭᠦᠯᠵᠢᠯᠡᠨ ᠬᠡᠷᠡᠭᠵᠢᠭᠦᠯᠵᠦ᠂ ᠲᠥᠷᠭᠡᠨ ᠤ ᠵᠠᠰᠠᠮᠠᠯ ᠵᠠᠮ ᠤᠨ ᠥᠷᠢ ᠳᠥᠯᠥᠬᠦ ᠴᠢᠳᠠᠪᠤᠷᠢ ᠶᠢ ᠨᠢ ᠪᠠᠭᠤᠷᠠᠭᠤᠯᠬᠤ ᠥᠬᠡᠶ ᠰᠠᠭᠤᠷᠢᠨ ᠳᠡᠭᠡᠷ᠎ᠡ᠂ ᠲᠣᠰ ᠭᠠᠵᠠᠷ ᠣᠷᠣᠨ ᠤ ᠣᠨᠴᠠᠯᠢᠭ ᠲᠤ ᠨᠢ ᠳᠣᠭᠢᠷᠠᠭᠰᠠᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠵᠠᠭᠪᠤᠷ ᠪᠠ ᠲᠥᠬᠦᠷ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠦᠪᠡᠭᠴᠢᠯᠡᠨ ᠬᠡᠷᠡᠭᠵᠢᠭᠦᠯᠦᠨ᠎ᠡ᠃ ᠲᠦᠷᠭᠡᠨ ᠤ ᠵᠠᠰᠠᠮᠠᠯ ᠵᠠᠮ ᠢᠶᠠᠷ ᠶᠠᠪᠤᠵᠤ ᠰᠠᠭᠤᠬᠤ ᠥᠪᠡᠷ ᠤᠨ ᠥᠷᠲᠡᠭ ᠢ ᠪᠠᠭᠤᠷᠠᠭᠤᠯᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠥᠪᠡᠷ ᠤᠨ ᠥᠷᠲᠡᠭ ᠢ ᠨᠢ ᠪᠠᠭᠤᠷᠠᠭᠤᠯᠵᠤ ᠦᠷ᠎ᠡ ᠠᠰᠢᠭ ᠢ ᠨᠢ ᠨᠡᠮᠡᠭᠳᠡᠭᠦᠯᠬᠦ ᠶᠢ ᠠᠬᠢᠭᠤᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︶

  ︵ ᠭᠤᠷᠪᠠ ︶  ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠢ ᠪᠤᠵᠠᠭᠠᠶᠢᠷᠠᠭᠤᠯᠤᠨ᠎ᠠ᠃

  61. ᠠᠶᠢᠮᠠᠭ ᠬᠤᠲᠠ ᠶᠢᠨ ᠬᠢᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠦᠷᠨᠢᠭᠦᠯᠵᠦ᠂ ᠬᠡᠷᠡᠭᠯᠡᠭᠡ ᠶᠢᠨ ᠲᠤᠯᠭᠠᠨ ᠬᠡᠷᠡᠭᠯᠡᠬᠦ ᠲᠡᠮᠳᠡᠭᠲᠦ ᠣᠯᠭᠤᠬᠤ ᠶᠢ ᠨᠢ ᠵᠣᠷᠢᠬᠵᠢᠭᠤᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︶

  62. ᠵᠢᠭᠤᠯᠴᠢᠯᠠᠯ ᠤᠨ ᠲᠤᠰᠬᠠᠶ ᠵᠦᠢᠯ ᠤᠨ ᠪᠠᠯᠠ ᠮᠥᠩᠭᠦ ᠳᠣᠭᠢᠷᠠᠭᠤᠯᠵᠤ ᠪᠠᠢᠢᠭᠠᠳ ᠵᠢᠭᠤᠯᠴᠢᠯᠠᠯ ᠰᠡᠯᠡᠭᠦᠴᠡᠯ ᠤᠨ ᠬᠤᠲᠠ᠂ ᠭᠤᠤᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ︽ ᠳᠥᠷᠪᠡᠨ ᠭᠠᠵᠠᠷ ︾ ᠤᠨ ᠭᠤᠤᠯᠳᠠᠯᠭ᠎ᠠ ᠲᠠᠢ ᠲᠥᠷᠥᠯ ᠵᠦᠢᠯ᠂ ᠬᠥᠳᠡᠭᠡ ᠲᠣᠰᠬᠤᠨ ᠤ ᠵᠢᠭᠤᠯᠴᠢᠯᠠᠯ᠂ ᠭᠤᠤᠯᠳᠠᠯᠭ᠎ᠠ ᠲᠠᠢ ᠰᠣᠶᠣᠯ ᠤᠨ ᠵᠢᠭᠤᠯᠴᠢᠯᠠᠯ ᠤᠨ ᠠᠵᠢᠯᠯᠠᠭ᠎ᠠ ᠳᠤ ᠳᠡᠮᠵᠢᠯᠭᠡ ᠦᠵᠡᠭᠦᠯᠦᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  63. ᠰᠣᠶᠣᠯ ᠤᠨ ᠵᠢᠭᠤᠯᠴᠢᠯᠠᠯ ᠤᠨ ᠲᠠᠸᠠᠷ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠲᠤᠰᠬᠠᠶ ᠵᠦᠢᠯ ᠤᠨ ᠪᠠᠯᠠ ᠮᠥᠩᠭᠦ ᠶᠢ ᠳᠣᠭᠢᠷᠠᠭᠤᠯᠵᠤ᠂︽ ᠲᠠᠯ᠎ᠠ ᠨᠤᠲᠤᠭ ᠲᠠᠢ ᠪᠠᠨ ᠪᠢ ᠪᠣᠯᠵᠤᠭ᠎ᠠ ᠲᠠᠢ ︾ ᠰᠣᠶᠣᠯ ᠤᠨ ᠵᠢᠭᠤᠯᠴᠢᠯᠠᠯ ᠤᠨ ᠲᠠᠸᠠᠷ ᠤᠨ ᠪᠣᠳᠠᠲᠤ ᠴᠣᠭᠴᠠ ᠶᠢᠨ ᠳᠡᠯᠭᠡᠭᠦᠷ᠂ ᠰᠣᠶᠣᠯ ᠤᠨ ᠵᠢᠭᠤᠯᠴᠢᠯᠠᠯ ᠤᠨ ᠲᠠᠸᠠᠷ ᠢ ᠨᠡᠭᠡᠭᠡᠨ ᠬᠥᠭᠵᠢᠭᠦᠯᠬᠦ᠂ ᠵᠢᠭᠤᠯᠴᠢᠯᠠᠯ ᠤᠨ ᠲᠠᠯᠠᠪᠠᠶ ᠳᠠᠬᠢ ᠤᠷᠠᠨ ᠲᠣᠭᠯᠠᠯᠲᠠ᠂ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠢ ᠳᠡᠮᠵᠢᠵᠦ᠂ ᠰᠣᠶᠣᠯ ᠤᠨ ᠵᠢᠭᠤᠯᠴᠢᠯᠠᠯ ᠤᠨ ᠪᠦᠲᠦᠭᠡᠭᠳᠡᠬᠦᠨ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  64. ᠵᠢᠭᠤᠯᠴᠢᠨ ᠳᠤ ᠦᠢᠯᠡᠴᠢᠯᠡᠬᠦ ᠭᠠᠵᠠᠷ ᠨᠢ ᠣᠷᠣᠨ ᠤ ᠭᠠᠳᠠᠨᠠᠬᠢ ᠵᠤᠭᠠᠴᠠᠭᠰᠠᠳ ᠢ ᠲᠠᠲᠠᠵᠤ ᠠᠪᠴᠢᠷᠠᠪᠠᠯ ᠬᠥᠬᠢᠭᠦᠯᠦᠨ ᠱᠠᠩᠨᠠᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  65. ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠡᠭᠦᠳᠦᠨ ᠪᠠᠶᠢᠭᠤᠯᠬᠤ ᠶᠢ ᠢᠳᠡᠪᠬᠢᠲᠡᠶ ᠠᠬᠢᠭᠤᠯᠵᠤ᠂ ᠬᠠᠶᠠᠭᠳᠠᠮᠠᠯ ᠬᠠᠭᠤᠴᠢᠨ ᠡᠳ᠋ ᠪᠠᠷᠠᠭ᠎ᠠ ᠶᠢ ᠡᠷᠭᠢᠯᠳᠦᠭᠦᠯᠦᠨ ᠠᠰᠢᠬᠯᠠᠬᠤ ᠲᠣᠭᠲᠠᠯᠴᠠᠭ᠎ᠠ ᠶᠢ ᠪᠦᠷᠢᠨᠰᠢᠬᠦᠯᠦᠨ᠂ ᠮᠠᠭᠠᠳᠯᠠᠭᠳᠠᠨ ᠲᠣᠭᠲᠠᠭᠠᠭᠳᠠᠭᠰᠠᠨ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠲᠤ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ︶

  66. ᠰᠢᠶᠠᠨ ᠤ ᠬᠡᠪᠴᠢᠶᠡᠨ ᠳᠠᠬᠢ ᠬᠤᠳᠠᠯᠳᠤᠭᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯᠯᠠᠭᠠᠨ ᠢ ᠦᠷᠭᠦᠯᠵᠢᠯᠡᠨ ᠬᠡᠷᠡᠭᠵᠢᠭᠦᠯᠵᠦ᠂ ᠰᠢᠶᠠᠨ ᠤ ᠬᠡᠪᠴᠢᠶᠡᠨ ᠳᠠᠬᠢ ᠬᠤᠳᠠᠯᠳᠤᠭᠠᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠦᠬᠦᠪᠦᠷᠢᠯᠡᠨ᠂ ᠬᠤᠰᠢᠭᠤ ᠰᠢᠶᠠᠨ ︵ ᠬᠤᠲᠠ᠂ ᠲᠣᠭᠤᠷᠢᠭ ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠰᠢᠶᠠᠨ ᠤ ᠬᠡᠪᠴᠢᠶᠡᠨ ᠤ ᠬᠡᠷᠡᠭᠯᠡᠭᠡᠨ ᠤ ᠠᠷᠭ᠎ᠠ ᠵᠠᠮ ᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠪᠤᠷᠤᠯᠠᠭᠤᠯᠤᠭᠳᠠᠨ ᠮᠡᠳᠡᠷᠡᠭᠳᠡᠬᠦ ᠬᠦᠳᠡᠯᠭᠡᠭᠴᠢ ᠬᠦᠴᠦᠨ ᠢ ᠨᠡᠮᠡᠭᠳᠡᠭᠦᠯᠦᠨ᠂ ᠠᠮᠢᠳᠤᠷᠠᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  67. ᠭᠠᠳᠠᠭᠠᠳᠤ ᠠᠵᠤ ᠠᠬᠤᠶ ᠠᠷᠠᠯᠵᠢᠶ᠎ᠠ ᠶᠢᠨ ᠲᠤᠰᠬᠠᠶ ᠵᠦᠢᠯ ᠤᠨ ᠪᠠᠯᠠ ᠮᠥᠩᠭᠦ ᠶᠢ ᠦᠷᠭᠦᠯᠵᠢᠯᠡᠨ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠬᠢᠯᠢ ᠠᠯᠤᠰᠯᠠᠭᠰᠠᠨ ᠡᠯᠧᠺᠲ᠋ᠷᠣᠨ ᠬᠤᠳᠠᠯᠳᠤᠭᠠᠨ ᠤ ᠬᠥᠭᠵᠢᠯᠲᠡ ᠶᠢ ᠳᠡᠮᠵᠢᠨ᠎ᠡ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠬᠦᠴᠦᠨ ᠨᠡᠮᠡᠷᠢᠯᠡᠬᠦ ᠪᠠ ᠠᠵᠤ ᠦᠢᠯᠡᠰ ᠤᠨ ᠲᠣᠭᠠᠵᠢᠭᠤᠯᠤᠭᠰᠠᠨ ᠬᠥᠭᠵᠢᠯᠲᠡ ᠶᠢ ᠠᠬᠢᠭᠤᠯᠬᠤ ᠲᠠᠯ᠎ᠠ ᠳᠤ ᠦᠵᠡᠭᠦᠯᠬᠦ ᠬᠢᠯᠢ ᠠᠯᠤᠰᠯᠠᠭᠰᠠᠨ ᠡᠯᠧᠺᠲ᠋ᠷᠣᠨ ᠬᠤᠳᠠᠯᠳᠤᠭ᠎ᠠ ᠶᠢᠨ ᠢᠳᠡᠪᠬᠢ ᠦᠢᠯᠡᠳᠦᠯ ᠢ ᠪᠠᠳᠠᠷᠠᠭᠤᠯᠵᠤ᠂ ᠭᠠᠳᠠᠭᠠᠳᠤ ᠠᠷᠠᠯᠵᠢᠶ᠎ᠠ ᠶᠢᠨ ᠰᠢᠯᠢᠳᠡᠭᠵᠢᠨ ᠲᠠᠰ ᠳᠡᠪᠰᠢᠬᠦ ᠶᠢ ᠠᠬᠢᠭᠤᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ︶

  68. ᠭᠠᠳᠠᠭᠠᠳᠤ ᠠᠵᠤ ᠠᠬᠤᠶ ᠠᠷᠠᠯᠵᠢᠶ᠎ᠠ ᠶᠢᠨ ᠲᠤᠰᠬᠠᠶ ᠵᠦᠢᠯ ᠤᠨ ᠪᠠᠯᠠ ᠮᠥᠩᠭᠦ ᠶᠢ ᠦᠷᠭᠦᠯᠵᠢᠯᠡᠨ ᠬᠡᠷᠡᠭᠯᠡᠵᠦ᠂ ᠰᠢᠶᠠᠨ ᠤ ᠬᠡᠪᠴᠢᠶᠡᠨ ᠡᠴᠠ ᠭᠠᠳᠠᠨᠠᠬᠢ ᠠᠵᠤ ᠠᠬᠤᠶ ᠠᠷᠠᠯᠵᠢᠶ᠎ᠠ ᠶᠢᠨ ᠲᠡᠭ ᠨᠡᠮᠡᠭᠳᠡᠯ ᠲᠠᠢ ᠪᠠᠢᠢᠳᠠᠯ ᠢ ᠡᠴᠦᠰᠯᠡᠭᠦᠯᠦᠭᠰᠡᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠂ ᠮᠠᠭᠠᠳᠯᠠᠭᠳᠠᠨ ᠲᠣᠭᠲᠠᠭᠠᠭᠳᠠᠭᠰᠠᠨ ᠰᠢᠶᠠᠨ ᠤ ᠬᠡᠪᠴᠢᠶᠡᠨ ᠡᠴᠠ ᠭᠠᠳᠠᠨᠠᠬᠢ ᠠᠵᠤ ᠠᠬᠤᠶ ᠠᠷᠠᠯᠵᠢᠶ᠎ᠠ ᠶᠢᠨ ᠲᠡᠭ ᠨᠡᠮᠡᠭᠳᠡᠯ ᠲᠠᠢ ᠪᠠᠢᠢᠳᠠᠯ ᠢ ᠡᠴᠦᠰᠯᠡᠭᠦᠯᠦᠭᠰᠡᠨ ᠵᠢᠱᠢᠶ᠎ᠡ ᠦᠵᠡᠭᠦᠯᠬᠦ ᠭᠠᠵᠠᠷ ᠣᠷᠣᠨ ᠳᠤ ᠳᠡᠮᠵᠢᠯᠭᠡ ᠦᠵᠡᠭᠦᠯᠵᠦ᠂ ᠵᠠᠯᠭᠠᠭ᠎ᠠ ᠪᠠᠷ ᠰᠢᠯᠢᠳᠡᠭ ᠢ ᠨᠢ ᠰᠤᠩᠭᠤᠬᠤ ᠪᠠᠷ ᠳᠠᠮᠵᠢᠭᠤᠯᠤᠨ ᠨᠢᠭᠡ ᠪᠦᠯᠦᠭ ᠭᠠᠳᠠᠭᠠᠳᠤ ᠠᠵᠤ ᠠᠬᠤᠶ ᠠᠷᠠᠯᠵᠢᠶ᠎ᠠ ᠶᠢᠨ ᠲᠡᠭ ᠨᠡᠮᠡᠭᠳᠡᠯ ᠲᠠᠢ ᠪᠠᠢᠢᠳᠠᠯ ᠢ ᠡᠴᠦᠰᠯᠡᠭᠦᠯᠦᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ ᠬᠤᠲᠠ᠂ ᠲᠣᠭᠤᠷᠢᠭ ︶ ᠢ ᠳᠡᠮᠵᠢᠨ ᠲᠡᠳᠬᠦᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ︶

  69. ᠭᠠᠳᠠᠭᠠᠳᠤ ᠠᠵᠤ ᠠᠬᠤᠶ ᠠᠷᠠᠯᠵᠢᠶ᠎ᠠ ᠶᠢᠨ ᠲᠤᠰᠬᠠᠶ ᠵᠦᠢᠯ ᠤᠨ ᠪᠠᠯᠠ ᠮᠥᠩᠭᠦ ᠶᠢ ᠦᠷᠭᠦᠯᠵᠢᠯᠡᠨ ᠬᠡᠷᠡᠭᠯᠡᠵᠦ᠂ ᠭᠠᠳᠠᠭᠠᠳᠤ ᠬᠥᠮᠥᠷᠭᠡ ᠪᠤᠶᠢᠵᠢᠭᠤᠯᠬᠤ ᠠᠵᠢᠯ ᠢ ᠦᠷᠨᠢᠭᠦᠯᠬᠦ ᠪᠠ ᠪᠠᠬᠢᠵᠢᠭᠦᠯᠵᠦ᠂ ᠬᠤᠶᠠᠷ ᠵᠢᠯ ᠪᠤᠶᠢᠵᠢᠭᠤᠯᠤᠨ᠂ ᠨᠢᠭᠡ ᠵᠢᠯ ᠲᠡᠳᠬᠦᠬᠦ ᠪᠠᠷ ᠳᠡᠮᠵᠢᠨ᠂ ᠭᠤᠣᠯᠳᠠᠭᠤ RCEP ᠤᠨ ᠪᠦᠷᠢᠯᠳᠦᠬᠦᠨ ᠤᠯᠤᠰ᠂︽ ᠨᠢᠭᠡ ᠪᠦᠰᠡ ᠨᠢᠭᠡ ᠵᠠᠮ ︾ ᠳᠠᠭᠠᠤ ᠶᠢᠨ ᠭᠤᠤᠯᠳᠠᠯᠭ᠎ᠠ ᠲᠠᠢ ᠤᠯᠤᠰ ᠪᠠ ᠭᠠᠵᠠᠷ ᠣᠷᠣᠨ ᠳᠤ ᠨᠢᠭᠡ ᠪᠦᠯᠦᠭ ᠣᠯᠠᠨ ᠨᠡᠶᠢᠲᠡ ᠶᠢᠨ ᠭᠠᠳᠠᠭᠠᠳᠤ ᠬᠥᠮᠥᠷᠭᠡ ᠶᠢ ᠪᠥᠲᠥᠭᠡᠨ ᠪᠠᠶᠢᠭᠤᠯᠤᠨ᠎ᠠ᠃ ᠬᠢᠯᠢ ᠶᠢᠨ ᠪᠣᠭᠤᠮᠲᠠ ᠶᠢᠨ ᠠᠵᠢᠯᠯᠠᠭᠠᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠠᠵᠢᠯ ᠢ ᠥᠷᠨᠢᠭᠦᠯᠵᠦ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ᠂ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ᠂ ᠵᠠᠮ ᠬᠠᠷᠢᠯᠴᠠᠭᠠᠨ ᠤ ᠪᠠᠭᠠᠵᠢ 3 ᠵᠦᠢᠯ ᠤᠨ ᠠᠵᠢᠯᠯᠠᠭᠠᠨ ᠤ ᠭᠦᠢᠴᠡᠳᠬᠡᠯ ᠲᠤᠭ᠎ᠠ ᠳᠤ ᠵᠦᠶ ᠵᠣᠬᠢᠰᠲᠠᠶ ᠬᠤᠪᠢ ᠶᠢᠨ ᠵᠢᠩ ᠤᠨ ᠬᠠᠷᠢᠴᠠᠯ ᠢᠶᠠᠷ ᠨᠡᠮᠡᠭᠦᠷᠢ ᠣᠯᠭᠤᠨ ᠳᠡᠮᠵᠢᠯᠭᠡ ᠦᠵᠡᠭᠦᠯᠵᠦ᠂ ᠬᠢᠯᠢ ᠶᠢᠨ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ︶

  ︵ ᠳᠥᠷᠪᠡ ︶  ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃

  70. 50 ᠳ᠋ᠦᠩᠰᠢᠭᠤᠷ ᠲᠥᠭᠦᠷᠢᠭ ᠡᠴᠠ ᠳᠤᠲᠠᠭᠤ ᠥᠬᠡᠶ ᠪᠠᠯᠠ ᠮᠥᠩᠭᠦ ᠶᠢ ᠳᠣᠭᠢᠷᠠᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠡᠷᠴᠢᠮ ᠢᠶᠠᠨ ᠴᠢᠩᠭᠠᠷᠠᠭᠤᠯᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ᠂ ᠬᠥᠮᠦᠨ ᠠᠮᠠ ᠶᠢᠨ ᠨᠠᠰᠤᠵᠢᠯᠲᠠ ᠪᠠ ᠰᠠᠭᠠᠲᠠᠭᠤᠯᠤᠨ ᠬᠦᠮᠦᠵᠢᠭᠦᠯᠬᠦ ᠠᠰᠠᠭᠤᠳᠠᠯ ᠢ ᠠᠷᠭᠠᠴᠠᠭᠠᠬᠤ᠂ ᠰᠣᠶᠣᠯ ᠢ ᠬᠠᠮᠠᠭᠠᠯᠠᠵᠤ ᠤᠯᠠᠮᠵᠢᠯᠠᠨ ᠠᠰᠢᠬᠯᠠᠬᠤ ᠵᠢᠴᠢ ᠨᠡᠶᠢᠭᠡᠮ ᠤᠨ ᠦᠢᠯᠡᠴᠢᠯᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠴᠢᠬᠤᠯᠠ ᠶᠡᠭᠡ ᠣᠯᠠᠨ ᠨᠡᠶᠢᠲᠡ ᠶᠢᠨ ᠦᠢᠯᠡᠴᠢᠯᠡᠭᠡᠨ ᠤ ᠢᠨᠵᠧᠨᠧᠷᠢᠩ ᠤᠨ ᠪᠠᠶᠢᠭᠤᠯᠤᠯᠲᠠ ᠶᠢ ᠳᠡᠮᠵᠢᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠡᠶ᠎ᠡ ᠶᠢᠨ ᠲᠠᠮᠢᠷ ᠤᠨ ᠲᠣᠪᠴᠢᠶ᠎ᠠ ︶

  71. ᠲᠦᠭᠡᠮᠡᠯ ᠬᠠᠷᠠᠭᠠᠯᠵᠠᠯᠳᠤ ᠨᠠᠰᠤᠵᠢᠯ ᠤᠨ ᠠᠰᠠᠷᠠᠮᠵᠢ ᠶᠢᠨ ᠲᠠᠯ᠎ᠠ ᠶᠢᠨ ᠬᠤᠲᠠ ᠪᠠ ᠠᠵᠤ ᠠᠬᠤᠶᠢᠯᠠᠯ ᠤᠨ ᠬᠤᠯᠪᠣᠭᠠᠯᠠᠨ ᠬᠥᠳᠡᠯᠦᠯᠴᠡᠬᠦ ᠲᠤᠰᠬᠠᠶ ᠠᠵᠢᠯᠯᠠᠭᠠᠨ ᠢ ᠥᠷᠨᠢᠭᠦᠯᠵᠦ᠂ ᠨᠠᠮ ᠵᠠᠰᠠᠭ ᠤᠨ ᠪᠠᠢᠢᠭᠤᠯᠭ᠎ᠠ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠪᠤᠰᠤᠳ ᠨᠡᠶᠢᠭᠡᠮ ᠤᠨ ᠬᠦᠴᠦᠨ ᠤ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠬᠠᠩᠭᠠᠯᠭ᠎ᠠ ᠶᠢ ᠨᠡᠮᠡᠭᠳᠡᠭᠦᠯᠬᠦ ᠶᠢ ᠨᠢ ᠳᠡᠮᠵᠢᠵᠦ᠂ ᠤᠯᠤᠰ ᠤᠨ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠲᠠᠯ᠎ᠠ ᠶᠢᠨ ᠬᠤᠲᠠ ᠪᠠ ᠠᠵᠤ ᠠᠬᠤᠶᠢᠯᠠᠯ ᠤᠨ ᠬᠤᠯᠪᠤᠭᠠᠯᠠᠨ ᠬᠥᠳᠡᠯᠦᠯᠴᠡᠬᠦ ᠲᠤᠰᠬᠠᠶ ᠠᠵᠢᠯᠯᠠᠭᠠᠨ ᠳᠤ ᠵᠢᠭᠰᠠᠭᠠᠭᠳᠠᠭᠰᠠᠨ ᠲᠥᠷᠥᠯ ᠵᠦᠢᠯ ᠳᠠᠬᠢ᠂ ᠬᠡᠷ ᠲᠤ ᠪᠠᠨ ᠰᠠᠭᠤᠵᠤ ᠠᠰᠠᠷᠠᠭᠤᠯᠬᠤ ᠨᠡᠶᠢᠭᠡᠮ ᠲᠣᠭᠤᠷᠢᠭ ᠤᠨ ᠬᠡᠯᠪᠡᠷᠢ ᠪᠠ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠬᠡᠯᠪᠡᠷᠢ ᠶᠢᠨ ᠪᠣᠯ ᠣᠷᠣ ᠪᠦᠷᠢ ᠳᠤ 2 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠵᠦ᠂ ᠵᠢᠭᠤᠯᠴᠢᠯᠠᠨ ᠰᠠᠭᠤᠬᠤ ᠬᠡᠯᠪᠡᠷᠢ ᠶᠢᠨ ᠪᠣᠯ ᠣᠷᠣ ᠪᠦᠷᠢ ᠳᠤ 1 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︶

  72. ᠲᠦᠭᠡᠮᠡᠯ ᠬᠠᠷᠠᠭᠠᠯᠵᠠᠯᠲᠤ ᠰᠠᠭᠠᠲᠠᠭᠤᠯᠤᠨ ᠬᠦᠮᠦᠵᠢᠭᠦᠯᠬᠦ ᠦᠢᠯᠡᠴᠢᠯᠡᠭᠡᠨ ᠤ ᠲᠤᠰᠬᠠᠶ ᠵᠦᠢᠯ ᠤᠨ ᠢᠨᠵᠧᠨᠧᠷᠢᠩ ᠢ ᠥᠷᠨᠢᠭᠦᠯᠵᠦ᠂ ᠠᠯᠪᠠᠨ ᠡᠴᠠ ᠡᠷᠭᠢᠯᠡᠭᠰᠡᠨ ᠪᠠᠶᠢᠭᠤᠯᠤᠮᠵᠢ ᠪᠠ ᠨᠡᠶᠢᠭᠡᠮ ᠤᠨ ᠬᠦᠴᠦᠨ ᠤ ᠬᠢ ᠨᠡᠶᠢᠭᠡᠮ ᠲᠣᠭᠤᠷᠢᠭ᠂ ᠬᠡᠤᠬᠡᠳ ᠤᠨ ᠴᠡᠴᠡᠷᠯᠢᠭ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠵᠡᠷᠭᠡ ᠳᠤ ᠲᠦᠰᠢᠭᠯᠡᠨ ᠰᠢᠭᠢᠳᠬᠡᠯ ᠮᠠᠶ᠋ᠢᠭ ᠤᠨ᠂ ᠲᠠᠷᠬᠠᠯᠲᠠᠲᠤ ᠮᠠᠶ᠋ᠢᠭ ᠤᠨ᠂ ᠬᠡᠯᠬᠢᠶᠡᠵᠢᠭᠰᠡᠨ᠂ ᠲᠤᠰᠬᠠᠶᠢᠵᠢᠭᠰᠠᠨ ᠰᠠᠭᠠᠲᠠᠭᠤᠯᠤᠨ ᠬᠦᠮᠦᠵᠢᠭᠦᠯᠬᠦ ᠦᠢᠯᠡᠴᠢᠯᠡᠭᠡᠨ ᠤ ᠪᠡᠯᠡᠳᠬᠡᠮᠵᠢ ᠪᠦᠲᠦᠭᠡᠨ ᠪᠠᠶᠢᠭᠤᠯᠬᠤ ᠶᠢ ᠨᠢ ᠳᠡᠮᠵᠢᠵᠦ᠂ ᠡᠳᠦᠷ ᠢᠶᠠᠷ ᠨᠠᠢᠢᠳᠠᠨ ᠰᠠᠭᠠᠲᠠᠭᠤᠯᠬᠤ᠂ ᠴᠠᠭ ᠢᠶᠠᠷ ᠨᠠᠢᠢᠳᠠᠨ ᠰᠠᠭᠠᠲᠠᠭᠤᠯᠬᠤ ᠵᠡᠷᠭᠡ ᠲᠦᠭᠡᠮᠡᠯ ᠬᠠᠷᠠᠭᠠᠯᠵᠠᠯᠳᠤ ᠰᠠᠭᠠᠲᠠᠭᠤᠯᠤᠨ ᠬᠦᠮᠦᠵᠢᠭᠦᠯᠬᠦ ᠦᠢᠯᠡᠴᠢᠯᠡᠭᠡ ᠬᠠᠩᠭᠠᠨ᠎ᠠ᠃ ᠤᠯᠤᠰ ᠤᠨ ᠲᠦᠭᠡᠮᠡᠯ ᠬᠠᠷᠠᠭᠠᠯᠵᠠᠯᠲᠤ ᠰᠠᠭᠠᠲᠠᠭᠤᠯᠤᠨ ᠬᠦᠮᠦᠵᠢᠭᠦᠯᠬᠦ ᠲᠤᠰᠬᠠᠶ ᠵᠦᠢᠯ ᠳᠤ ᠵᠢᠭᠰᠠᠭᠠᠭᠳᠠᠭᠰᠠᠨ ᠲᠥᠷᠥᠯ ᠵᠦᠢᠯ ᠳᠤ᠂ ᠰᠠᠭᠠᠲᠠᠭᠤᠯᠤᠨ ᠬᠦᠮᠦᠵᠢᠭᠦᠯᠬᠦ ᠣᠷᠣᠨ ᠲᠤᠭ᠎ᠠ ᠨᠢᠭᠡᠪᠦᠷᠢ ᠳᠤ ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠪᠠᠯᠠ ᠮᠥᠩᠭᠦ ᠶᠢᠨ ᠨᠥᠬᠦᠪᠥᠷᠢ ᠣᠯᠭᠤᠨ᠎ᠠ︔ ᠤᠯᠤᠰ ᠤᠨ ᠨᠡᠶᠢᠳᠡᠮ ᠬᠠᠷᠠᠭᠠᠯᠵᠠᠯᠲᠤ ᠰᠠᠭᠠᠲᠠᠭᠤᠯᠤᠨ ᠬᠥᠮᠦᠵᠢᠭᠦᠯᠬᠦ ᠦᠢᠯᠡᠴᠢᠯᠡᠭᠡᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠳᠤ ᠣᠷᠣᠭᠤᠯᠤᠭᠰᠠᠨ ᠭᠠᠵᠠᠷ ᠣᠷᠣᠨ ᠳᠤ ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢᠨ ᠨᠥᠬᠦᠪᠥᠷᠢ ᠣᠯᠭᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︶

  73. ᠬᠡᠷ ᠠᠬᠤᠢ ᠪᠠᠷ ᠬᠦᠳᠡᠭᠡ ᠲᠤᠰᠬᠤᠨ ᠢ ᠬᠥᠭᠵᠢᠭᠦᠯᠬᠦ ᠠᠵᠢᠯᠯᠠᠭᠠᠨ ᠢ ᠭᠦᠨᠵᠡᠭᠡᠶ ᠬᠡᠷᠡᠭᠵᠢᠭᠦᠯᠵᠦ᠂ ᠬᠡᠷ ᠠᠬᠤᠢ ᠬᠥᠳᠡᠯᠮᠦᠷᠢ ᠦᠢᠯᠡᠴᠢᠯᠡᠭᠡ ᠶᠢ ᠵᠣᠯᠭᠠᠭᠤᠯᠬᠤ ᠶᠢ ᠦᠷᠭᠦᠯᠵᠢᠯᠡᠨ ᠥᠷᠨᠢᠭᠦᠯᠵᠦ᠂ ᠬᠡᠷ ᠠᠬᠤᠢ ᠶᠢᠨ ᠠᠵᠤ ᠠᠬᠤᠶᠢᠯᠠᠯ ᠤᠨ ᠲᠤᠰᠠᠭᠠᠷ ᠡᠵᠡᠩᠨᠡᠬᠦ᠂ ᠰᠢᠭᠢᠳᠬᠡᠬᠦ᠂ ᠬᠠᠮᠲᠤᠷᠠᠯᠴᠠᠬᠤ᠂ ᠰᠦᠯᠵᠢᠶᠡᠨ ᠳᠡᠭᠡᠷ᠎ᠡ ᠵᠡᠷᠭᠡ ᠠᠷᠭ᠎ᠠ ᠮᠠᠶ᠋ᠢᠭ ᠢᠶᠠᠷ ᠨᠡᠶᠢᠭᠡᠮ ᠲᠣᠭᠤᠷᠢᠭ ᠲᠤ ᠣᠷᠣᠵᠤ ᠰᠠᠭᠤᠬᠤ ᠶᠢ ᠵᠣᠷᠢᠬᠵᠢᠭᠤᠯᠤᠨ ᠳᠡᠮᠵᠢᠨ᠎ᠡ᠃ ᠬᠡᠷ ᠠᠬᠤᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠢᠲᠡᠭᠡᠮᠵᠢ ᠲᠠᠢ ᠪᠠᠶᠢᠬᠤ ᠶᠢ ᠨᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠬᠡᠷ ᠠᠬᠤᠶ ᠶᠢᠨ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠡᠷ ᠠᠬᠤᠶ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︶

  74. ᠲᠤᠬᠠᠶ ᠶᠢᠨ ᠵᠢᠯ ᠳᠤ ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ᠂ ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠰᠠᠨ ᠱᠠᠩᠨᠠᠯ ᠢ ᠰᠢᠨ᠎ᠡ ᠪᠠᠷ ᠣᠯᠤᠭᠰᠠᠨ ᠨᠢᠭᠡᠴᠢ ᠶᠢ ᠲᠣᠰ ᠲᠣᠰ 500 ᠲᠦᠮᠡᠨ ᠲᠥᠭᠦᠷᠢᠭ᠂ 200 ᠲᠦᠮᠡᠨ ᠲᠥᠭᠦᠷᠢᠭ ᠢᠶᠠᠷ ᠱᠠᠩᠨᠠᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠢ ᠰᠢᠨ᠎ᠡ ᠪᠠᠷ ᠣᠯᠤᠭᠰᠠᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠲᠤᠰᠠᠯᠠᠮᠵᠢ ᠶᠢᠨ ᠪᠠᠯᠠ ᠮᠥᠩᠭᠦ ᠣᠯᠭᠤᠵᠤ᠂ ᠳᠤᠮᠳᠠᠳᠤ ᠶᠢᠨ ᠬᠠᠭᠤᠴᠢᠨ ᠨᠠᠷᠠᠲᠤ ᠠᠵᠤ ᠠᠬᠤᠶᠢᠯᠠᠯ᠂ ᠥᠪᠥᠷ ᠮᠣᠩᠭᠤᠯ ᠤᠨ ᠬᠠᠭᠤᠴᠢᠨ ᠨᠠᠷᠠᠲᠤ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ︶


  ᠳᠥᠷᠪᠡ᠂ ᠬᠦᠴᠦᠨ ᠵᠦᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ


  ︵ ᠨᠢᠭᠡ ︶ ᠭᠠᠵᠠᠷ ᠰᠢᠷᠣᠶ ᠶᠢᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ᠃

  75. ᠤᠯᠤᠰ ᠢᠶᠠᠷ ᠵᠥᠪᠰᠢᠶᠡᠷᠡᠭᠦᠯᠦᠭᠡᠳ ᠡᠬᠢᠯᠡᠨ ᠬᠡᠷᠡᠭᠯᠡᠭᠰᠡᠨ ᠥᠪᠡᠷᠲᠡᠭᠡᠨ ᠵᠠᠰᠠᠬᠤ ᠣᠷᠣᠨ ᠤ ︽ ᠭᠤᠷᠪᠠᠨ ᠣᠷᠣᠨ ᠭᠤᠷᠪᠠᠨ ᠱᠤᠭᠤᠮ ︾ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠵᠢᠩᠬᠢᠨᠢ ᠪᠠᠷ ᠵᠥᠪᠰᠢᠶᠡᠷᠡᠬᠦ ᠡᠴᠠ ᠡᠮᠦᠨᠡᠬᠢ ᠰᠢᠯᠵᠢᠯᠲᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠴᠠ ᠨᠢᠭᠡᠨᠲᠡ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ ᠪᠠᠲᠤᠯᠠᠭᠰᠠᠨ ᠠᠶᠢᠮᠠᠭ ᠬᠤᠲᠠ᠂ ᠬᠤᠰᠢᠭᠤ ᠰᠢᠶᠠᠨ ︵ ᠬᠤᠲᠠ᠂ ᠲᠣᠭᠤᠷᠢᠭ ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠳᠠᠩᠰᠠ ᠡᠪᠬᠡᠮᠡᠯ ᠪᠠᠶᠢᠭᠤᠯᠵᠤ ᠮᠡᠳᠡᠭᠦᠯᠦᠨ ᠵᠥᠪᠰᠢᠶᠡᠷᠡᠭᠦᠯᠬᠦ ᠦᠨᠳᠦᠰᠦᠯᠡᠯ ᠪᠣᠯᠭᠠᠵᠤ ᠪᠣᠯᠤᠨ᠎ᠠ᠃ ᠠᠶᠢᠮᠠᠭ ᠬᠤᠲᠠ᠂ ᠬᠤᠰᠢᠭᠤ ᠰᠢᠶᠠᠨ ︵ ᠬᠤᠲᠠ᠂ ᠲᠣᠭᠤᠷᠢᠭ ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠨᠢ ᠵᠥᠪᠰᠢᠶᠡᠷᠡᠭᠳᠡᠭᠰᠡᠨ ᠤ ᠳᠠᠷᠠᠭ᠎ᠠ᠂ ᠲᠥᠯᠥᠪᠵᠢᠭᠦᠯᠭᠡ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠎ᠡ᠃ 〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠤᠰᠤᠨ ᠠᠰᠢᠬᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ 〕

  76. ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠳᠤ ᠨᠡᠢᠢᠴᠡᠭᠦᠯᠦᠭᠰᠡᠨ ᠤᠷᠢᠲᠠᠯ ᠳᠣᠤᠷ᠎ᠠ᠂ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠥᠷᠥᠯ ᠵᠦᠢᠯ ᠳᠤ ᠠᠰᠢᠬᠯᠠᠭᠠᠳᠤᠶ ᠭᠠᠵᠠᠷ ᠰᠢᠷᠣᠶ ᠶᠢ ᠬᠡᠷᠡᠭᠯᠡᠬᠦ ᠶᠢ ᠨᠢ ᠳᠡᠮᠵᠢᠵᠦ᠂ ᠭᠤᠪᠢ᠂ ᠡᠯᠡᠰᠦᠨ ᠴᠥᠯ ᠵᠡᠷᠭᠡ ᠠᠰᠢᠬᠯᠠᠭᠠᠳᠤᠶ ᠭᠠᠵᠠᠷ ᠰᠢᠷᠣᠶ ᠶᠢ ᠬᠡᠷᠡᠭᠯᠡᠬᠦ ᠳᠤ᠂ ᠭᠠᠵᠠᠷ ᠰᠢᠷᠣᠶ ᠶᠢ ᠡᠵᠡᠯᠡᠨ ᠳᠠᠷᠤᠬᠤ ᠥᠬᠡᠶ᠂ ᠭᠠᠵᠠᠷ ᠤᠨ ᠭᠠᠳᠠᠷᠭᠤ ᠶᠢᠨ ᠬᠡᠯᠪᠡᠷᠢ ᠪᠠᠶᠢᠳᠠᠯ ᠢ ᠨᠢ ᠬᠤᠪᠢᠷᠠᠭᠤᠯᠬᠤ ᠥᠬᠡᠶ ᠪᠠᠶᠢᠪᠠᠯ᠂ ᠤᠤᠯ ᠭᠠᠵᠠᠷ ᠤᠨ ᠲᠥᠷᠥᠯ ᠢᠶᠠᠷ ᠮᠠᠭᠠᠳᠯᠠᠨ ᠲᠣᠭᠲᠠᠭᠠᠨ᠎ᠠ᠃ ᠲᠥᠷᠥᠯ ᠵᠦᠢᠯ ᠤᠨ ᠥᠨᠢᠳᠡ ᠶᠢᠨ ᠴᠢᠨᠠᠷᠲᠠᠶ ᠪᠠᠷᠢᠯᠭ᠎ᠠ ᠳᠤ ᠬᠡᠷᠡᠭᠯᠡᠬᠦ ᠭᠠᠵᠠᠷ ᠤᠨ ᠬᠡᠰᠡᠭ ᠲᠤ ᠪᠣᠯ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠬᠦ ᠬᠡᠷᠡᠭᠲᠡᠶ᠃ 〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ ᠪᠦᠯᠦᠭᠯᠡᠯ ︶  ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ ᠦᠪᠦᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ 〕

  77. ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠥᠷᠥᠯ ᠵᠦᠢᠯ ᠳᠤ ᠵᠠᠳᠠᠭᠠᠶ ᠠᠭᠤᠷᠬᠠᠶ ᠶᠢᠨ ᠰᠢᠷᠣᠶ ᠴᠢᠯᠠᠭᠤ ᠣᠪᠤᠭᠠᠯᠠᠬᠤ ᠲᠠᠯᠠᠪᠠᠶ᠂ ᠨᠡᠭᠦᠷᠡᠰᠦ ᠮᠠᠯᠲᠠᠭᠰᠠᠨ ᠡᠴᠠ ᠪᠣᠯᠵᠣ ᠳᠣᠷᠣᠭᠰᠢ ᠰᠠᠭᠤᠭᠰᠠᠨ ᠣᠷᠣᠨ ᠤ ᠭᠠᠵᠠᠷ ᠰᠢᠷᠣᠶ ᠶᠢ ᠠᠰᠢᠬᠯᠠᠬᠤ ᠶᠢ ᠨᠢ ᠵᠣᠷᠢᠬᠵᠢᠭᠤᠯᠤᠨ᠎ᠠ᠃ ᠨᠡᠭᠦᠷᠡᠰᠦ ᠮᠠᠯᠲᠠᠭᠰᠠᠨ ᠡᠴᠠ ᠪᠤᠯᠵᠦ ᠳᠤᠷᠤᠭᠰᠢ ᠰᠠᠭᠤᠭᠠᠳ ᠰᠡᠷᠭᠦᠭᠡᠬᠦ ᠶᠢᠨ ᠠᠷᠭ᠎ᠠ ᠦᠭᠡᠢ ᠪᠣᠯᠤᠭᠰᠠᠨ ᠲᠠᠷᠢᠶᠠᠯᠠᠩ ᠳᠤ ᠬᠡᠷᠡᠭᠯᠡᠬᠦ ᠭᠠᠵᠠᠷ ᠢ ᠪᠣᠯ ᠬᠤᠪᠢᠷᠠᠭᠤᠯᠬᠤ ᠪᠠᠶᠢᠴᠠᠭᠠᠯᠲᠠ ᠶᠢᠨ ᠮᠡᠷᠭᠡᠵᠢᠯ ᠤᠨ ᠳᠦᠷᠢᠮ ᠤᠨ ᠪᠠᠷᠢᠮᠵᠢᠶ᠎ᠠ ᠶᠢ ᠦᠨᠳᠦᠰᠦᠯᠡᠨ᠂ ᠬᠤᠪᠢᠷᠠᠭᠤᠯᠬᠤ ᠨᠥᠬᠦᠴᠡᠯ ᠳᠤ ᠨᠡᠶᠢᠴᠡᠭᠰᠡᠨ ᠪᠠᠶᠢᠪᠠᠯ ᠣᠳᠣᠬᠢ ᠪᠠᠶᠢᠳᠠᠯ ᠤᠨ ᠪᠠᠢᠢᠴᠠᠭᠠᠯᠲᠠ ᠶᠢ ᠨᠢ ᠦᠨᠳᠦᠰᠦᠯᠡᠨ᠂ ᠤᠯᠤᠰ ᠲᠤ ᠮᠡᠳᠡᠭᠦᠯᠦᠨ ᠬᠤᠪᠢᠷᠠᠭᠤᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠨᠧᠷᠭᠢ ᠶᠢᠨ ᠲᠣᠪᠴᠢᠶ᠎ᠠ ︶

  ︵ ᠬᠤᠶᠠᠷ ︶  ᠤᠰᠤᠨ ᠤ ᠡᠬᠢ ᠪᠠᠶᠠᠯᠢᠭ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ᠃

  78. ᠠᠶᠢᠮᠠᠭ ᠬᠤᠲᠠ ᠶᠢᠨ ᠬᠤᠭᠤᠷᠣᠨᠳᠣᠬᠢ ᠤᠰᠤᠨ ᠤ ᠡᠷᠬᠡ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 2024 ᠣᠨ ᠳᠤ ᠬᠠᠲᠤᠨ ᠭᠤᠤᠯ ᠳᠠᠭᠠᠤ ᠶᠢᠨ ᠠᠶᠢᠮᠠᠭ ᠬᠤᠲᠠ ᠳᠤ ᠠᠵᠤ ᠦᠢᠯᠡᠳᠪᠦᠷᠢ ᠶᠢᠨ ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ 5000 ᠲᠦᠮᠡᠨ ᠪᠣᠰᠤᠭ᠎ᠠ ᠳᠥᠷᠪᠡᠯᠵᠢᠨ ᠮᠧᠲ᠋ᠷ ᠰᠢᠢᠳᠪᠦᠷᠢᠯᠡᠵᠦ ᠥᠭᠬᠦ ᠪᠠᠷ ᠴᠢᠷᠮᠠᠶᠢᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠬᠯᠠᠯᠲᠠ ᠶᠢᠨ ᠲᠢᠩᠬᠢᠮ ︶

  ︵ ᠭᠤᠷᠪᠠ ︶  ᠡᠨᠧᠷᠬᠢ ᠶᠢᠨ ᠬᠤᠷᠤᠭᠳᠠᠯ ᠤᠨ ᠭᠦᠢᠴᠡᠳᠭᠡᠯ ᠲᠤᠭ᠎ᠠ ᠶᠢ ᠵᠦᠢ ᠵᠣᠬᠢᠰᠲᠠᠶ ᠨᠢᠭᠡᠳᠦᠯᠲᠡᠶ ᠲᠥᠯᠥᠪᠯᠡᠨ᠎ᠡ᠃

  79. ᠰᠢᠨ᠎ᠡ ᠪᠠᠷ ᠨᠡᠮᠡᠭᠳᠡᠭᠰᠡᠨ ᠲᠦᠭᠦᠬᠡᠶ ᠡᠳ᠋ ᠲᠤ ᠬᠡᠷᠡᠭᠯᠡᠬᠦ ᠡᠨᠧᠷᠭᠢ ᠪᠠ ᠳᠠᠬᠢᠯᠲᠠ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠶᠢ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠡᠵᠡᠮᠳᠡᠯ ᠳᠤ ᠣᠷᠣᠭᠤᠯᠬᠤ ᠦᠭᠡᠶ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠢᠢᠳᠠᠪᠤᠷᠢᠵᠢᠭᠤᠯᠵᠤ᠂ ᠴᠢᠯᠠᠭᠤᠵᠢᠮᠠᠯ ᠤᠨ ᠡᠨᠧᠷᠭᠢ ᠪᠠ ᠳᠠᠬᠢᠯᠲᠠ ᠡᠨᠧᠷᠭᠢ᠂ ᠲᠦᠯᠡᠰᠢ ᠶᠢᠨ ᠬᠥᠳᠡᠯᠭᠡᠭᠴᠢ ᠬᠦᠴᠦᠨ ᠳᠤ ᠬᠡᠷᠡᠭᠯᠡᠬᠦ ᠡᠨᠧᠷᠭᠢ ᠪᠠ ᠲᠦᠭᠦᠬᠡᠶ ᠮᠠᠲ᠋ᠧᠷᠢᠶᠠᠯ ᠳᠤ ᠬᠡᠷᠡᠭᠯᠡᠬᠦ ᠡᠨᠧᠷᠭᠢ ᠳᠤ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢᠨ ᠵᠦᠷᠢᠶᠡᠴᠢᠯᠡᠭᠰᠡᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠲᠦᠷᠦᠯ ᠵᠦᠢᠯ ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠨᠥᠯᠥᠭᠡ ᠶᠢ ᠦᠨᠡᠯᠡᠨ ᠵᠢᠱᠢᠬᠦ ᠳᠤᠮᠳᠠ᠂ ᠲᠦᠷᠦᠯ ᠵᠦᠢᠯ ᠤᠨ ᠲᠦᠭᠦᠬᠡᠶ ᠡᠳ᠋ ᠲᠤ ᠬᠡᠷᠡᠭᠯᠡᠬᠦ ᠡᠨᠧᠷᠭᠢ ᠪᠠ ᠳᠠᠬᠢᠯᠲᠠ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠶᠢ ᠬᠠᠷᠭᠤᠭᠤᠯᠤᠨ ᠬᠠᠰᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ ︶

  80. ᠲᠥᠷᠥᠯ ᠵᠦᠢᠯ ᠤᠨ ᠡᠨᠧᠷᠭᠢ ᠠᠷᠪᠢᠯᠠᠬᠤ ᠬᠢᠨᠠᠨ ᠪᠠᠢᠢᠴᠠᠭᠠᠯᠲᠠ ᠳ᠋ᠡᠬᠢ ᠡᠨᠧᠷᠭᠢ ᠶᠢᠨ ᠬᠤᠷᠤᠭᠳᠠᠯ ᠤᠨ ᠬᠦᠴᠦᠯᠡᠴᠡ ᠵᠢᠨ ᠬᠡᠪ ᠳᠠᠭᠤᠷᠢᠶᠠᠯ ᠬᠡᠮᠵᠢᠭᠳᠡᠯ ᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢᠨ ᠤᠳᠤᠷᠢᠳᠤᠮᠵᠢ ᠶᠢ ᠳᠣᠪᠤᠶᠢᠯᠭᠠᠨ᠂ ᠡᠨᠧᠷᠭᠢ ᠶᠢᠨ ᠬᠤᠷᠤᠭᠳᠠᠯ ᠤᠨ ᠬᠦᠴᠦᠯᠡᠴᠡ ᠪᠠᠷ ᠪᠠᠭ᠎ᠠ ᠲᠥᠷᠥᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠠᠲᠤᠯᠠᠵᠤ᠂ ᠡᠨᠧᠷᠭᠢ ᠶᠢᠨ ᠬᠤᠷᠤᠭᠳᠠᠯ ᠤᠨ ᠬᠦᠴᠦᠯᠡᠴᠡ ᠪᠠᠷ ᠶᠡᠭᠡ ᠲᠥᠷᠥᠯ ᠵᠦᠢᠯ ᠤᠨ ᠨᠥᠯᠥᠭᠡ ᠶᠢ ᠪᠦᠲᠦᠮᠵᠢᠲᠡᠶ ᠠᠷᠢᠯᠭᠠᠵᠤ᠂ ᠡᠨᠧᠷᠭᠢ ᠶᠢᠨ ᠬᠤᠷᠤᠭᠳᠠᠯ ᠤᠨ ᠬᠦᠴᠦᠨ ᠵᠦᠢᠯ ᠢ ᠬᠥᠲᠥᠯᠦᠨ ᠵᠢᠯᠣᠭᠤᠳᠴᠤ ᠪᠠᠶᠢᠭᠠᠳ ᠡᠨᠧᠷᠭᠢ ᠶᠢᠨ ᠬᠤᠷᠤᠭᠳᠠᠯ ᠢᠶᠠᠷ ᠪᠠᠭ᠎ᠠ᠂ ᠨᠡᠮᠡᠯᠲᠡ ᠥᠷᠲᠡᠭ ᠢᠶᠠᠷ ᠦᠨᠳᠦᠷ ᠪᠠᠢᠢᠭ᠎ᠠ ᠲᠦᠷᠦᠯ ᠵᠦᠢᠯ ᠲᠡᠢᠢᠰᠢ ᠳᠦᠬᠦᠷᠵᠢᠭᠦᠯᠦᠨ ᠲᠣᠬᠢᠷᠠᠭᠤᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︶

  81. ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠶᠢᠨ ᠬᠤᠷᠤᠭᠳᠠᠯ ᠢ ᠠᠰ ᠲᠤ ᠨᠢ ᠵᠢᠭᠰᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠨᠧᠷᠭᠢ ᠶᠢᠨ ᠬᠤᠷᠤᠭᠳᠠᠯ ᠤᠨ ᠭᠦᠢᠴᠡᠳᠬᠡᠯ ᠲᠤᠭ᠎ᠠ ᠶᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠵᠦᠢ ᠵᠣᠬᠢᠰᠲᠠᠢ ᠪᠠᠲᠤᠯᠠᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ ︶

  82. ᠪᠥᠬᠦ ᠣᠷᠣᠨ ᠤ ᠬᠤᠲᠠ ᠪᠠᠯᠭᠠᠰᠤ ᠶᠢᠨ ᠶᠡᠷᠦᠩᠬᠡᠶ ᠲᠥᠯᠥᠪᠵᠢᠭᠦᠯᠭᠡ ᠶᠢᠨ ᠣᠷᠣᠨ ᠳᠠᠬᠢ ᠰᠢᠨ᠎ᠡ ᠪᠠᠷ ᠪᠠᠢᠢᠭᠤᠯᠬᠤ ᠪᠠᠷᠢᠯᠭ᠎ᠠ ᠳᠤ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ 2024 ᠣᠨ ᠤ ᠰᠡᠭᠦᠯᠴᠢ ᠪᠣᠯᠬᠤ ᠳᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠠᠯᠠᠪᠠᠶ ᠶᠢᠨ ᠡᠵᠡᠯᠡᠬᠦ ᠬᠠᠷᠢᠴᠠᠯ ᠢ 25% ᠳᠤ ᠬᠦᠷᠦᠭᠦᠯᠬᠦ ᠪᠠᠷ ᠴᠢᠷᠮᠠᠶᠢᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ︶

  ︵ ᠳᠥᠷᠪᠡ ︶  ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃

  83. ᠲᠤᠬᠠᠶ ᠶᠢᠨ ᠵᠢᠯ ᠳᠤ ᠵᠢᠵᠢᠭ ᠪᠢᠴᠢᠯ ᠠᠵᠤ ᠠᠬᠤᠶᠢᠯᠠᠯ ᠪᠠ ︽ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ ︾ ᠤ ᠭᠤᠤᠯ ᠴᠣᠭᠴᠠ ᠶᠢ ᠳᠡᠮᠵᠢᠵᠦ ᠪᠠᠶᠢᠭᠠᠳ ᠪᠠᠯᠠ ᠲᠣᠬᠢᠷᠠᠭᠤᠯᠭ᠎ᠠ ᠶᠢᠨ ᠪᠠᠲᠤᠯᠠᠨ ᠳᠠᠭᠠᠭᠠᠯᠲᠠ ︵ ᠳᠠᠬᠢᠨ ᠪᠠᠲᠤᠯᠠᠨ ᠳᠠᠭᠠᠭᠠᠯᠲᠠ ︶ ᠨᠢ ᠲᠣᠭᠲᠠᠭᠠᠭᠰᠠᠨ ᠨᠥᠬᠦᠴᠡᠯ ᠳᠤ ᠬᠦᠷᠦᠭᠰᠡᠨ ᠪᠠᠯᠠ ᠲᠣᠬᠢᠷᠠᠭᠤᠯᠭ᠎ᠠ ᠶᠢᠨ ᠪᠠᠲᠤᠯᠠᠨ ᠳᠠᠭᠠᠭᠠᠯᠲᠠ ᠶᠢᠨ ᠺᠣᠮᠫᠠᠨᠢ ᠳᠤ᠂ ᠲᠤᠬᠠᠶ ᠶᠢᠨ ᠵᠢᠯ ᠳᠠᠬᠢ ᠵᠢᠵᠢᠭ ᠪᠢᠴᠢᠯ ᠠᠵᠤ ᠠᠬᠤᠶᠢᠯᠠᠯ ᠪᠠ ︽ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ ︾ ᠤ ᠭᠤᠤᠯ ᠴᠣᠭᠴᠠ ᠶᠢᠨ ᠪᠠᠲᠤᠯᠠᠨ ᠳᠠᠭᠠᠭᠠᠯᠲᠠ ︵ ᠳᠠᠬᠢᠨ ᠪᠠᠲᠤᠯᠠᠨ ᠳᠠᠭᠠᠭᠠᠯᠲᠠ ︶ ᠶᠢᠨ ᠰᠢᠨ᠎ᠡ ᠪᠠᠷ ᠨᠡᠮᠡᠭᠳᠡᠭᠰᠡᠨ ᠬᠠᠷᠢᠭᠤᠴᠠᠯᠭᠠᠲᠤ ᠵᠤᠭᠤᠰᠤᠨ ᠲᠤᠭ᠎ᠠ ᠶᠢᠨ 1% ᠪᠠᠷ ᠲᠦᠭᠰᠢᠭᠦᠷᠢ ᠶᠢᠨ ᠲᠦᠯᠦᠪᠦᠷᠢ ᠥᠭᠴᠦ᠂ ᠭᠠᠭᠴᠠ ᠡᠷᠦᠬᠡ ᠳᠤ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠡᠴᠠ ᠳᠠᠪᠠᠭᠤᠯᠬᠤ ᠥᠬᠡᠶ᠃ ᠲᠤᠬᠠᠶ ᠶᠢᠨ ᠵᠢᠯ ᠳᠤ ᠬᠤᠷᠢᠶᠠᠭᠰᠠᠨ ᠵᠢᠵᠢᠭ ᠪᠢᠴᠢᠯ ᠠᠵᠤ ᠠᠬᠤᠶᠢᠯᠠᠯ ᠪᠠ ︽ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ︾ ᠤᠨ ᠭᠤᠤᠯ ᠴᠣᠭᠴᠠ ᠶᠢᠨ ᠪᠠᠲᠤᠯᠠᠨ ᠳᠠᠭᠠᠭᠠᠯᠲᠠ ︵ ᠳᠠᠬᠢᠨ ᠪᠠᠲᠤᠯᠠᠨ ᠳᠠᠭᠠᠭᠠᠯᠲᠠ ︶ ᠶᠢᠨ ᠰᠢᠨ᠎ᠡ ᠪᠠᠷ ᠨᠡᠮᠡᠭᠳᠡᠭᠰᠡᠨ ᠵᠠᠷᠤᠳᠠᠯ ᠤᠨ ᠨᠣᠷᠮ᠎ᠠ ᠨᠢ 1% ︵ ᠪᠠᠭᠲᠠᠨ᠎ᠠ ︶ ᠡᠴᠠ ᠳᠣᠷᠣᠭᠰᠢ ᠪᠠᠶᠢᠪᠠᠯ᠂ ᠲᠤᠬᠠᠶ ᠶᠢᠨ ᠵᠢᠯ ᠤᠨ ᠪᠠᠲᠤᠯᠠᠨ ᠳᠠᠭᠠᠭᠠᠯᠲᠠ ᠶᠢᠨ ᠵᠠᠷᠤᠳᠠᠯ ᠤᠨ ᠣᠷᠣᠯᠭ᠎ᠠ ︵ ᠭᠠᠶᠢᠯᠢ ᠶᠢᠨ ᠮᠥᠩᠭᠦ ᠪᠠᠭᠲᠠᠬᠤ ᠥᠬᠡᠶ ︶ ᠶᠢᠨ 10% ᠪᠠᠷ ᠪᠠᠲᠤᠯᠠᠨ ᠳᠠᠭᠠᠭᠠᠯᠲᠠ ᠶᠢᠨ ᠵᠠᠷᠤᠳᠠᠯ ᠤᠨ ᠨᠥᠬᠦᠪᠥᠷᠢ ᠣᠯᠭᠤᠨ᠎ᠠ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ 〕

  84. ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠪᠠᠯᠠ ᠲᠣᠬᠢᠷᠠᠭᠤᠯᠭ᠎ᠠ ᠶᠢ ᠳᠡᠮᠵᠢᠵᠦ᠂ ᠪᠠᠯᠠ ᠲᠣᠬᠢᠷᠠᠭᠤᠯᠬᠤ ᠥᠪᠡᠷ ᠤᠨ ᠥᠷᠲᠡᠭ ᠢ ᠬᠠᠮᠤᠭ ᠤᠨ ᠥᠨᠳᠥᠷ ᠲᠤ ᠪᠠᠨ 8% ᠡᠴᠠ ᠥᠯᠥ ᠳᠠᠪᠠᠭᠤᠯᠬᠤ ᠪᠠᠷᠢᠮᠵᠢᠶ᠎ᠠ ᠶᠣᠰᠣᠭᠠᠷ᠂ ᠭᠤᠣᠯᠳᠠᠭᠤ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠳᠠᠷᠢᠵᠤ ᠲᠡᠵᠢᠭᠡᠬᠦ ᠲᠣᠮᠣ ᠡᠷᠦᠬᠡ᠂ ᠲᠠᠷᠢᠶᠠᠴᠢᠨ ᠮᠠᠯᠴᠢᠨ ᠤ ᠬᠤᠷᠰᠢᠶ᠎ᠠ ᠵᠡᠷᠭᠡ ᠵᠣᠬᠢᠬᠤ ᠬᠡᠪᠴᠢᠶᠡᠲᠦ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠳᠤ 10 ᠲᠦᠮᠡᠨ ᠲᠥᠭᠦᠷᠢᠭ ᠡᠴᠠ 300 ᠲᠦᠮᠡᠨ ᠲᠥᠭᠦᠷᠢᠭ ᠤᠨ ᠪᠠᠲᠤᠯᠠᠨ ᠳᠠᠭᠠᠭᠠᠯᠲᠠᠲᠤ ᠵᠢᠭᠡᠯᠡᠯᠭᠡ ᠶᠢ ᠬᠠᠩᠭᠠᠨ᠎ᠠ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 〕

  85. ᠲᠠᠷᠢᠶᠠᠯᠠᠩ ᠤᠨ ᠳᠠᠭᠠᠳᠬᠠᠯ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠮᠤ ᠪᠤᠳᠠᠭᠠᠨ ᠤ ᠤᠨᠠᠯᠲᠠ ᠥᠨᠳᠥᠷ ᠰᠢᠶᠠᠨ ᠳᠤ ᠠᠮᠤ ᠪᠤᠳᠠᠭᠠᠨ ᠤ ᠭᠤᠷᠪᠠᠨ ᠶᠡᠭᠡ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠤᠶᠤ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠢ ᠬᠡᠷᠡᠭᠵᠢᠭᠦᠯᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠡᠴᠠ ᠲᠣᠰ ᠲᠣᠰ 45% ᠪᠠ 30% ᠶᠢᠨ ᠳᠠᠭᠠᠳᠬᠠᠯ ᠤᠨ ᠵᠠᠷᠤᠳᠠᠯ ᠤᠨ ᠨᠡᠮᠡᠭᠦᠷᠢ ᠶᠢ ᠡᠭᠦᠷᠭᠡᠯᠡᠨ᠎ᠡ᠃ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ ᠲᠥᠷᠥ ᠶᠢᠨ ᠪᠤᠳᠤᠯᠭ᠎ᠠ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠳᠠᠭᠠᠳᠬᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃〔 ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 〕

  86. ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠶᠢᠨ ᠢᠲᠡᠭᠡᠮᠵᠢ ᠶᠢᠨ ᠪᠠᠲᠤᠯᠠᠭ᠎ᠠ ᠶᠢᠨ ᠰᠠᠭᠤᠷᠢ ᠮᠦᠩᠭᠦᠨ ᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠠᠮᠤ ᠪᠤᠳᠠᠭᠠᠨ ᠤ ᠠᠵᠤ ᠠᠬᠤᠶᠢᠯᠠᠯ ᠤᠨ ᠠᠮᠤ ᠪᠤᠳᠠᠭ᠎ᠠ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ ᠳᠤ ᠨᠠᠩ ᠶᠡᠭᠡ ᠬᠡᠪᠴᠢᠶᠡᠨ ᠤ ᠪᠠᠯᠠ ᠲᠣᠬᠢᠷᠠᠭᠤᠯᠭ᠎ᠠ ᠶᠢᠨ ᠢᠲᠡᠭᠡᠮᠵᠢ ᠶᠢ ᠨᠡᠮᠡᠭᠳᠡᠭᠦᠯᠬᠦ ᠶᠢ ᠨᠢ ᠳᠡᠮᠵᠢᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ︶

  87. 2024 ᠣᠨ ᠳᠤ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠬᠥᠲᠥᠯᠦᠨ ᠵᠢᠯᠣᠭᠤᠳᠬᠤ ᠰᠠᠭᠤᠷᠢ ᠮᠥᠩᠭᠦ ᠶᠢ 2 ᠳ᠋ᠦᠩᠰᠢᠭᠤᠷ ᠲᠥᠭᠦᠷᠢᠭ ᠳᠣᠭᠢᠷᠠᠭᠤᠯᠵᠤ᠂ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠪᠠ ᠠᠵᠤ ᠦᠢᠯᠡᠰ ᠤᠨ ᠬᠡᠯᠬᠢᠶᠡᠨ ᠤ ᠴᠢᠬᠤᠯᠠ ᠶᠡᠭᠡ ᠲᠥᠷᠥᠯ ᠵᠦᠢᠯ ᠢ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠳᠡᠮᠵᠢᠨ᠎ᠡ᠃ ᠰᠢᠨ᠎ᠡ ᠡᠨᠧᠷᠭᠢ ᠶᠢᠨ ᠲᠤᠨᠤᠭ ᠲᠥᠭᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢ ᠮᠥᠩᠭᠦ ᠶᠢ ᠳᠠᠭᠠᠭᠠᠨ ᠲᠤᠰᠢᠶᠠᠵᠤ ᠪᠣᠳᠠᠲᠠᠶᠢᠵᠢᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠲᠤᠨᠤᠭ ᠲᠥᠭᠦᠭᠡᠷᠦᠮᠵᠢ ᠦᠢᠯᠡᠳᠬᠦ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠡᠮᠵᠢᠨ᠎ᠠ᠃ ᠨᠢᠭᠡᠨᠲᠡ ᠪᠠᠶᠢᠭ᠎ᠠ ᠠᠵᠤ ᠦᠢᠯᠡᠰ ᠢ ᠬᠦᠴᠦᠷᠬᠡᠭᠵᠢᠭᠦᠯᠬᠦ᠂ ᠰᠢᠨ᠎ᠡ ᠪᠠᠷ ᠪᠣᠶ ᠪᠣᠯᠬᠤ ᠠᠵᠤ ᠦᠢᠯᠡᠰ ᠢ ᠨᠡᠪᠴᠢᠭᠦᠯᠬᠦ᠂ ᠢᠷᠡᠭᠡᠳᠦᠶ ᠶᠢᠨ ᠠᠵᠤ ᠦᠢᠯᠡᠰ ᠢ ᠡᠵᠡᠮᠰᠢᠬᠦ ᠳᠤ ᠦᠵᠡᠭᠦᠯᠬᠦ ᠣᠲᠣ ᠶᠢᠨ ᠪᠠᠶᠢᠭ᠎ᠠ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠰᠠᠭᠤᠷᠢ ᠮᠦᠩᠭᠦᠨ ᠤ ᠦᠢᠯᠡᠳᠦᠯ ᠢ ᠪᠠᠳᠠᠷᠠᠭᠤᠯᠵᠤ᠂ ᠠᠮᠢᠳᠤ ᠪᠣᠳᠠᠰ ᠤᠨ ᠡᠮ ᠡᠮᠨᠡᠯᠭᠡ ᠶᠢᠨ ᠰᠢᠨ᠎ᠡ ᠶᠢ ᠡᠭᠦᠳᠦᠨ ᠰᠤᠳᠤᠯᠤᠨ ᠨᠡᠭᠡᠭᠡᠬᠦ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ ︶

  88. ᠤᠷᠤᠰᠤᠩᠭᠤᠢ ᠴᠢᠨᠠᠷᠲᠠᠶ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠪᠠ ᠬᠦᠴᠢᠷᠳᠡᠯ ᠢ ᠲᠠᠢᠢᠯᠬᠤ ᠬᠥᠭᠵᠢᠯᠲᠡ ᠶᠢᠨ ᠰᠠᠭᠤᠷᠢ ᠮᠦᠩᠭᠦᠨ ᠤ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ ᠲᠠᠶᠢᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠤᠷᠤᠰᠤᠩᠭᠤᠢ ᠴᠢᠨᠠᠷᠲᠠᠶ ᠲᠥᠭᠰᠢᠭᠦᠷᠢ ᠪᠠ ᠪᠠᠲᠤᠯᠠᠭ᠎ᠠ ᠲᠠᠢ ᠵᠤᠭᠤᠰ ᠰᠤᠯᠢᠵᠤ ᠥᠭᠬᠦ᠂ ᠢᠲᠡᠭᠡᠮᠵᠢ ᠶᠢᠨ ᠥᠷᠢ ᠥᠭᠴᠡᠭᠡ ᠶᠢᠨ ᠵᠤᠭᠤᠰ ᠰᠤᠯᠢᠵᠤ ᠥᠭᠬᠦ ᠭᠡᠷ᠎ᠡ ᠡᠴᠠ ᠵᠥᠷᠢᠴᠡᠬᠦ ᠲᠦᠭᠰᠢᠭᠦᠷᠢ ᠶᠢ ᠠᠯᠭᠤᠷᠯᠠᠨ ᠨᠠᠮᠳᠠᠭᠠᠬᠤ ᠬᠡᠷᠡᠭᠲᠡᠶ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ ︶

  89. ᠠᠷᠠᠳ ᠤᠨ ᠵᠣᠭᠤᠰᠣᠨ ᠤ ᠭᠤᠪᠢᠭᠤᠯᠭ᠎ᠠ ᠶᠢᠨ ᠨᠤᠷᠮ᠎ᠠ ᠶᠢᠨ ᠬᠤᠣᠰ ᠴᠢᠭᠯᠡᠯ ᠤᠨ ᠬᠡᠯᠪᠡᠯᠵᠡᠯ ᠢ ᠪᠦᠲᠦᠮᠵᠢᠲᠡᠶ ᠪᠠᠷ ᠠᠷᠭᠠᠴᠠᠭᠠᠵᠤ᠂ ᠭᠤᠪᠢᠭᠤᠯᠭ᠎ᠠ ᠶᠢᠨ ᠨᠤᠷᠮ᠎ᠠ ᠶᠢᠨ ᠲᠥᠭᠰᠢᠭᠦᠷᠢ ᠡᠴᠠ ᠵᠠᠶᠢᠯᠠᠬᠤ ᠲᠦᠷᠦ ᠶᠢᠨ ᠪᠤᠳᠤᠯᠭ᠎ᠠ ᠵᠢᠴᠢ ᠭᠤᠪᠢᠭᠤᠯᠭ᠎ᠠ ᠶᠢᠨ ᠨᠤᠷᠮ᠎ᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ ᠨᠡᠷᠡᠳᠭᠦᠨ ᠢ ᠳᠡᠯᠭᠡᠷᠡᠭᠦᠯᠬᠦ ᠶᠢ ᠨᠢ ᠲᠡᠮᠵᠢᠵᠤ᠂ ᠪᠠᠩᠬᠢ ᠶᠢᠨ ᠵᠠᠷᠤᠳᠠᠯ ᠰᠦᠢᠳᠬᠡᠯ ᠢ ᠪᠠᠭᠤᠷᠠᠭᠤᠯᠬᠤ ᠪᠠᠷ ᠠᠰᠢᠭ ᠣᠯᠭᠤᠬᠤ ᠶᠢ ᠵᠣᠷᠢᠬᠵᠢᠭᠤᠯᠵᠤ᠂ ᠭᠠᠳᠠᠭᠠᠳᠤ ᠲᠠᠢ ᠬᠤᠯᠪᠣᠭᠳᠠᠬᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠲᠦᠭᠰᠢᠭᠦᠷᠢ ᠶᠢᠨ ᠰᠠᠭᠠᠷᠮᠠᠭ ᠴᠢᠨᠠᠷ ᠤᠨ ᠤᠬᠠᠮᠰᠠᠷ ᠢ ᠪᠣᠢ ᠪᠣᠯᠭᠠᠵᠤ᠂ ᠠᠵᠤ ᠠᠬᠤᠢᠢᠯᠠᠯ ᠤᠨ ᠭᠤᠪᠢᠭᠤᠯᠭ᠎ᠠ ᠶᠢᠨ ᠲᠥᠭᠰᠢᠭᠦᠷᠢ ᠶᠢᠨ ᠬᠠᠮᠢᠶᠠᠷᠤᠯᠲᠠ ᠶᠢᠨ ᠴᠢᠳᠠᠪᠤᠷᠢ ᠬᠢᠭᠡᠳ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ ᠤᠨ ᠭᠤᠪᠢᠭᠤᠯᠭ᠎ᠠ ᠶᠢᠨ ᠨᠤᠷᠮ᠎ᠠ ᠵᠢᠨ ᠲᠥᠭᠰᠢᠭᠦᠷᠢ ᠡᠴᠠ ᠵᠠᠶᠢᠯᠠᠬᠤ ᠲᠦᠷᠦ ᠵᠢᠨ ᠪᠤᠳᠤᠯᠭ᠎ᠠ ᠵᠢᠨ ᠴᠢᠨᠠᠷᠲᠠᠶ ᠪᠠᠲᠤᠯᠠᠨ ᠳᠠᠭᠠᠭᠠᠯᠲᠠ ᠶᠢᠨ ᠲᠣᠭᠲᠠᠴᠠ ᠶᠢ ᠠᠬᠢᠭᠤᠯᠤᠨ ᠪᠤᠲᠠᠲᠠᠢᠢᠵᠢᠭᠤᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠦᠪᠦᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︶

  90. ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠬᠢᠬᠦ ᠥᠪᠡᠷ ᠤᠨ ᠥᠷᠲᠡᠭ ᠢᠶᠠᠨ ᠪᠠᠭᠤᠷᠠᠭᠤᠯᠬᠤ ᠶᠢ ᠵᠣᠷᠢᠬᠵᠢᠭᠤᠯᠵᠤ᠂ ᠬᠠᠷᠢᠶ᠎ᠠ ᠣᠷᠣᠨ ᠳᠠᠬᠢ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠡᠯᠡᠭᠰᠡᠨ ᠦᠨ᠎ᠡ ᠶᠢᠨ ᠬᠦᠤ ᠮᠦᠩᠭᠦᠨ ᠤ ᠨᠣᠷᠮ᠎ᠠ ︵ LPR ︶ ᠶᠢ ᠳᠣᠲᠣᠭᠠᠳᠤ ᠶᠢᠨ ᠪᠠᠯᠠ ᠮᠥᠩᠭᠦ ᠪᠠᠨ ᠰᠢᠯᠵᠢᠭᠦᠯᠦᠨ ᠦᠨ᠎ᠡ ᠲᠣᠭᠲᠠᠭᠠᠬᠤ ︵ FTP ︶ ᠳᠤ ᠰᠢᠭᠢᠳᠬᠡᠨ ᠣᠷᠣᠭᠤᠯᠬᠤ ᠶᠢ ᠨᠢ ᠳᠡᠮᠵᠢᠵᠦ᠂ ᠵᠢᠭᠡᠯᠡᠯᠭᠡ ᠲᠠᠯᠪᠢᠬᠤ ᠪᠠᠶᠢᠭᠤᠯᠤᠮᠵᠢ ᠶᠢᠨ ᠵᠢᠭᠡᠯᠡᠯᠭᠡ ᠶᠢᠨ ᠣᠨ ᠤ ᠬᠦᠤ ᠮᠦᠩᠭᠦᠨ ᠤ ᠨᠣᠷᠮ᠎ᠠ ᠶᠢ ᠱᠠᠭᠠᠷᠳᠠᠯᠭ᠎ᠠ ᠶᠣᠰᠣᠭᠠᠷ ᠲᠣᠳᠣᠷᠬᠠᠶ ᠢᠯᠡᠷᠬᠡᠢᠢᠯᠡᠬᠦ ᠳᠤ ᠦᠷᠭᠦᠯᠵᠢᠯᠡᠨ ᠬᠢᠨᠠᠯᠲᠠ ᠲᠠᠯᠪᠢᠨ᠎ᠠ᠃︵ ᠬᠠᠷᠢᠭᠤᠴᠠᠯᠭᠠᠲᠤ ᠨᠢᠭᠡᠴᠢ᠄ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︶

  91. ᠨᠠᠩ ᠣᠯᠠᠨ ᠴᠢᠨᠠᠷ ᠰᠠᠶᠢᠲᠠᠶ ᠠᠵᠤ ᠠᠬᠤᠶᠢᠯᠠᠯ ᠤᠨ ᠪᠠᠢᠢᠭᠤᠯᠤᠯ ᠢᠶᠠᠨ ᠥᠭᠡᠷᠡᠴᠢᠯᠡᠵᠦ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠬᠵᠢᠭᠤᠯᠤᠨ᠎ᠠ᠃ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠵᠠᠬ᠎ᠠ ᠳᠡᠯᠭᠡᠭᠦᠷ ᠲᠤ ᠭᠠᠷᠭᠠᠬᠤ ᠶᠢ ᠬᠠᠪᠰᠤᠷᠤᠨ ᠵᠢᠯᠣᠭᠤᠳᠬᠤ ᠳᠠᠩᠰᠠᠯᠠᠭᠤᠯᠤᠯᠲᠠ ᠶᠢ ᠭᠦᠢᠴᠡᠳᠬᠡᠭᠰᠡᠨ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ᠱᠠᠩᠬᠠᠶ᠂ ᠱᠧᠨᠵᠧᠨ᠂ ᠪᠡᠭᠡᠵᠢᠩ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠵᠠᠬ᠎ᠠ ᠳᠡᠯᠭᠡᠭᠦᠷ ᠲᠤ ᠭᠠᠷᠬᠤ ᠪᠠᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠭᠰᠠᠨ ᠪᠥᠭᠡᠳ ᠬᠦᠯᠢᠶᠡᠨ ᠠᠪᠴᠤ ᠰᠢᠢᠳᠪᠦᠷᠢᠯᠡᠭᠰᠡᠨ ᠠᠵᠤ ᠠᠬᠤᠶᠢᠯᠠᠯ ᠳᠤ 200 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ᠱᠠᠩᠬᠠᠶ᠂ ᠱᠧᠨᠵᠧᠨ᠂ ᠪᠡᠭᠡᠵᠢᠩ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠠᠩᠬ᠎ᠠ ᠲᠠᠷᠬᠠᠭᠠᠵᠤ ᠵᠠᠬ᠎ᠠ ᠳᠡᠯᠭᠡᠭᠦᠷ ᠲᠤ ᠭᠠᠷᠬᠤ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 1000 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ᠬᠢᠯᠢ ᠶᠢᠨ ᠭᠠᠳᠠᠨ᠎ᠠ ︵ ᠰᠢᠶᠠᠩᠭᠠᠩ᠂ ᠨᠢᠦ᠋ ᠶᠣᠷᠺ᠂ ᠨᠠᠰᠳᠠᠺ ᠤᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ︶  ᠵᠠᠬ᠎ᠠ ᠲᠡᠯᠬᠡᠬᠦᠷ ᠲᠤ ᠭᠠᠷᠤᠭᠰᠠᠨ ᠠᠵᠤ ᠠᠬᠤᠶᠢᠯᠠᠯ ᠢ ᠨᠢᠭᠡ ᠯᠡ ᠤᠳᠠᠭ᠎ᠠ ᠳᠤ 500 ᠲᠦᠮᠡᠨ ᠲᠥᠭᠦᠷᠢᠭ ᠵᠢᠨᠷ ᠱᠠᠩᠨᠠᠵᠤ ᠨᠥᠬᠦᠪᠥᠷᠢᠯᠡᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︶

  ︵ ᠲᠠᠪᠤ ︶  ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃

  92. ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠭᠥᠷᠳᠡᠭᠰᠡᠨ ᠬᠤᠪᠢ ᠬᠥᠮᠦᠨ᠂ ᠵᠣᠬᠢᠶᠠᠨ ᠪᠠᠶᠢᠭᠤᠯᠤᠯᠲᠠ ᠳᠤ ᠥᠪᠡᠷᠲᠡᠭᠡᠨ ᠵᠠᠰᠠᠬᠤ ᠣᠷᠣᠨ ᠡᠴᠠ ᠤᠯᠤᠰ ᠤᠨ ᠱᠠᠩᠨᠠᠯ ᠤᠨ ᠮᠥᠩᠭᠦ ᠶᠢᠨ ᠲᠣᠭᠠᠨ ᠤ 5 ᠳᠠᠬᠢᠨ ᠢᠶᠠᠷ ᠱᠠᠩᠨᠠᠯ ᠤᠨ ᠮᠥᠩᠭᠦ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠳᠡᠮᠵᠢᠯᠭᠡ ᠣᠯᠭᠤᠨ᠎ᠠ᠂ ᠡᠭᠦᠨ ᠳᠤ 60% ᠶᠢ ᠨᠢ ᠱᠠᠩᠨᠠᠯ ᠣᠯᠤᠭᠰᠠᠨ ᠲᠥᠷᠥᠯ ᠵᠦᠢᠯ ᠤᠨ ᠭᠤᠤᠯ ᠪᠡᠶᠡᠯᠡᠭᠦᠯᠦᠭᠴᠢ ᠶᠢ ᠱᠠᠩᠨᠠᠬᠤ ᠳᠤ ᠬᠡᠷᠡᠭᠯᠡᠵᠦ᠂ 40% ᠶᠢ ᠨᠢ ᠲᠥᠷᠥᠯ ᠵᠦᠢᠯ ᠢ ᠪᠡᠶᠡᠯᠡᠭᠦᠯᠦᠭᠰᠡᠨ ᠨᠢᠭᠡᠴᠢ ᠶᠢᠨ ᠡᠵᠡᠨ ᠮᠡᠳᠡᠵᠦ ᠰᠣᠩᠭᠤᠭᠰᠠᠨ ᠰᠡᠳᠦᠪ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠳᠤ ᠬᠡᠷᠡᠭᠯᠡᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠰᠲ᠋ᠣᠺ ᠤᠨ ᠡᠷᠬᠡ᠂ ᠬᠤᠭᠤᠴᠠᠭᠠᠲᠤ ᠡᠷᠬᠡ ᠪᠠ ᠠᠰᠢᠭ ᠬᠤᠪᠢᠶᠠᠷᠢᠯᠠᠯᠲᠠ ᠶᠢᠨ ᠤᠷᠮᠠᠰᠢᠭᠤᠯᠤᠯ ᠢ ᠬᠡᠷᠡᠭᠵᠢᠭᠦᠯᠬᠦ ᠶᠢ ᠵᠣᠷᠢᠬᠵᠢᠭᠤᠯᠵᠤ᠂ ᠤᠯᠤᠰ ᠤᠨ ᠲᠣᠭᠲᠠᠭᠠᠯ ᠶᠣᠰᠣᠭᠠᠷ ᠲᠥᠷᠥᠯ ᠵᠦᠢᠯ ᠤᠨ ᠠᠰᠢᠭ ᠣᠷᠣᠯᠭ᠎ᠠ ᠬᠤᠪᠢᠶᠠᠬᠤ᠂ ᠠᠵᠢᠯ ᠤᠨ ᠪᠠᠶᠢᠷᠢ ᠶᠢᠨ ᠠᠰᠢᠭ ᠣᠷᠣᠯᠭ᠎ᠠ ᠬᠤᠪᠢᠶᠠᠬᠤ ᠵᠡᠷᠭᠡ ᠤᠷᠲᠤᠪᠲᠤᠷ ᠪᠠ ᠣᠷᠳᠣ ᠬᠤᠭᠤᠴᠠᠭᠠᠨ ᠤ ᠤᠷᠮᠠᠰᠢᠭᠤᠯᠤᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠠᠰᠢᠭ ᠣᠷᠣᠯᠭ᠎ᠠ ᠶᠢ ᠬᠡᠷᠡᠭᠵᠢᠭᠦᠯᠦᠭᠰᠡᠨ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠪᠣᠯ ᠣᠯᠭᠤᠭᠰᠠᠨ ᠤᠷᠮᠠᠰᠢᠭᠤᠯᠤᠯ ᠤᠨ ᠣᠷᠣᠯᠭ᠎ᠠ ᠶᠢ ᠪᠣᠳᠠᠲᠠᠶ ᠪᠠᠷ ᠴᠠᠯᠢᠩ ᠤᠨ ᠶᠡᠷᠦᠩᠬᠡᠶ ᠲᠣᠭᠠᠨ ᠳᠤ ᠪᠤᠳᠤᠵᠤ ᠣᠷᠣᠭᠤᠯᠤᠨ᠎ᠠ᠂ ᠴᠠᠯᠢᠩ ᠤᠨ ᠶᠡᠷᠦᠩᠬᠡᠶ ᠲᠣᠭᠠᠨ ᠤ ᠲᠥᠰᠦᠪ ᠤᠨ ᠰᠠᠭᠤᠷᠢ ᠲᠤᠭ᠎ᠠ ᠪᠣᠯᠭᠠᠬᠤ ᠥᠬᠡᠶ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ ︶

  93. ᠴᠢᠳᠠᠪᠤᠷᠢᠲᠠᠨ ᠤ ᠡᠷᠦᠬᠡ ᠠᠮᠠ ᠣᠷᠣᠬᠤ ᠪᠠ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠴᠢᠳᠠᠪᠤᠷᠢᠲᠠᠨ ᠤ ᠡᠷᠦᠬᠡ ᠠᠮᠠ ᠣᠷᠣᠬᠤ ᠳᠤ ᠰᠠᠭᠠᠳ ᠥᠬᠡᠶ ᠨᠡᠪᠲᠡᠷᠡᠬᠦ ᠵᠠᠮ ᠵᠢᠴᠢ ᠦᠢᠯᠡᠴᠢᠯᠡᠭᠡᠨ ᠤ ᠲᠤᠰᠬᠠᠶ ᠲᠤᠰᠢᠶᠠᠯᠲᠠᠨ ᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠥᠬᠦᠴᠡᠯ ᠳᠤ ᠨᠡᠢᠢᠴᠡᠭᠡᠳ ᠥᠪᠥᠷ ᠮᠣᠩᠭᠤᠯ ᠳᠤ ᠢᠷᠡᠵᠦ ᠠᠵᠢᠯ ᠣᠯᠤᠭᠰᠠᠨ ᠳᠡᠭᠡᠳᠦ ᠲᠠᠰ ᠳᠠᠪᠬᠤᠷᠭ᠎ᠠ ᠶᠢᠨ ᠣᠷᠤᠭᠤᠯᠤᠨ ᠠᠪᠴᠢᠷᠠᠭᠰᠠᠨ ᠴᠢᠳᠠᠪᠤᠷᠢᠲᠠᠨ ᠤ ᠦᠷ᠎ᠡ ᠬᠡᠤᠬᠡᠳ ᠢ ᠨᠢ ᠬᠠᠷᠢᠶ᠎ᠠ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠡᠴᠠ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠣᠶᠢᠷ᠎ᠠ ᠬᠠᠪᠢ ᠳᠤ ᠨᠢ ᠳᠦᠭᠦᠮ ᠢ ᠨᠢ ᠪᠤᠳᠤᠯᠬᠢᠯᠠᠨ ᠲᠣᠬᠢᠷᠠᠭᠤᠯᠵᠤ ᠰᠤᠷᠭᠠᠭᠤᠯᠢ ᠳᠤ ᠣᠷᠣᠭᠤᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︶

  94. ᠠᠶᠢᠮᠠᠭ ᠬᠤᠲᠠ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ ᠬᠥᠭᠵᠢᠭᠦᠯᠬᠦ ᠶᠢ ᠨᠢ ᠳᠡᠮᠵᠢᠵᠦ᠂ ᠨᠥᠬᠦᠴᠡᠯ ᠳᠤ ᠨᠡᠶᠢᠴᠡᠬᠦ ᠬᠤᠲᠠ ᠶᠢᠨ ᠰᠢᠨ᠎ᠡ ᠠᠷᠠᠳ᠂ ᠵᠠᠯᠠᠭᠤᠴᠤᠳ ᠤᠨ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠢ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠨ᠎ᠡ᠃ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠭᠡᠷ ᠪᠦᠯᠢ᠂ ᠣᠷᠣᠯᠭ᠎ᠠ ᠪᠠᠭᠠᠲᠠᠶ ᠪᠥᠭᠡᠳ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠶ ᠬᠡᠷ ᠪᠦᠯᠢ ᠶᠢ ᠭᠤᠶᠤᠴᠢᠯᠠᠯ ᠢᠶᠠᠷ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠡᠯ᠎ᠡ ᠭᠠᠵᠠᠷ ᠣᠷᠣᠨ ᠨᠢ ᠲᠤᠬᠠᠶ ᠶᠢᠨ ᠭᠠᠵᠠᠷ ᠤᠨ ᠢᠶᠠᠨ ᠴᠢᠳᠠᠪᠤᠷᠢᠲᠠᠨ ᠣᠷᠣᠭᠤᠯᠵᠤ ᠠᠪᠴᠢᠷᠠᠬᠤ ᠲᠥᠷᠥ ᠶᠢᠨ ᠪᠤᠳᠤᠯᠭ᠎ᠠ ᠲᠠᠢ ᠤᠶᠠᠯᠳᠤᠭᠤᠯᠤᠨ᠂ ᠠᠳᠠᠯᠢ ᠪᠤᠰᠤ ᠲᠡᠰ ᠳᠠᠪᠬᠤᠷᠭ᠎ᠠ ᠶᠢᠨ ᠴᠢᠳᠠᠪᠤᠷᠢᠲᠠᠨ ᠳᠤ ᠴᠢᠭᠯᠡᠭᠦᠯᠵᠦ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠣᠳᠠᠲᠠᠶ ᠪᠠᠲᠤᠯᠠᠭ᠎ᠠ ᠶᠢᠨ ᠬᠡᠪᠴᠢᠶ᠎ᠡ᠂ ᠪᠠᠲᠤᠯᠠᠭ᠎ᠠ ᠶᠢᠨ ᠪᠠᠷᠢᠮᠵᠢᠶ᠎ᠠ ᠪᠣᠯᠤᠨ ᠪᠠᠲᠤᠯᠠᠭ᠎ᠠ ᠶᠢᠨ ᠠᠷᠭ᠎ᠠ ᠬᠡᠯᠪᠡᠷᠢ ᠶᠢ ᠲᠣᠭᠲᠠᠭᠠᠵᠤ ᠪᠣᠯᠤᠨ᠎ᠠ᠃ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠵᠤ᠂ 2024 ᠣᠨ ᠳᠤ ᠬᠤᠳᠠ ᠪᠠᠯᠭᠠᠰᠤᠨ ᠤ 1185 ᠬᠠᠭᠤᠴᠢᠨ ᠰᠠᠭᠤᠭᠠᠯᠢ ᠲᠣᠭᠤᠷᠢᠭ᠂ 19.55 ᠲᠦᠮᠡᠨ ᠡᠷᠤᠭᠡ ᠶᠢ ᠦᠭᠡᠷᠡᠴᠢᠯᠡᠨ ᠰᠢᠨᠡᠳᠭᠡᠬᠦ ᠪᠠᠷ ᠲᠦᠯᠦᠪᠯᠡᠨ᠎ᠡ᠃ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠦᠷᠭᠦᠯᠵᠢᠯᠡᠨ ᠬᠡᠷᠡᠭᠵᠢᠭᠦᠯᠵᠦ᠂ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠶ ᠣᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠪᠣᠯᠤᠨ ᠣᠷᠣᠰᠢᠨ ᠰᠠᠭᠤᠬᠤ ᠣᠷᠴᠢᠨ ᠨᠦᠬᠦᠴᠡᠯ ᠢ ᠨᠢ ᠪᠦᠲᠦᠮᠵᠢᠲᠡᠶ ᠰᠠᠶᠢᠵᠢᠷᠠᠭᠤᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︶

  95. ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠣᠷᠣᠨ ᠲᠤᠭ᠎ᠠ ᠶᠢᠨ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠪᠠᠶᠢᠭᠤᠯᠤᠭᠰᠠᠨ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠣᠯ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠲᠤᠰᠬᠠᠶ ᠣᠷᠣᠨ ᠲᠤᠭ᠎ᠠ ᠪᠠᠷ ᠪᠠᠲᠤᠯᠠᠭ᠎ᠠ ᠬᠠᠩᠭᠠᠵᠤ ᠪᠣᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠢᠢᠭᠤᠯᠤᠮᠵᠢ ᠣᠷᠣᠨ ᠲᠤᠭ᠎ᠠ ᠶᠢᠨ ᠠᠯᠪᠠᠨ ᠬᠡᠷ ︶

  96. ︽ ᠲᠣᠮᠣ ᠤᠯᠤᠰ ᠤᠨ ᠤᠷᠠᠨ ᠳᠠᠷᠬᠠᠨ ︾᠂︽ ᠤᠮᠠᠷᠠᠲᠤ ᠬᠢᠯᠢ ᠶᠢᠨ ᠤᠷᠠᠨ ᠳᠠᠷᠬᠠᠨ ︾ ᠢ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠳᠤ ᠬᠦᠬᠢᠭᠦᠯᠦᠨ ᠱᠠᠩᠨᠠᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠵᠢᠯᠴᠢᠨ ᠤ ᠶᠡᠷᠦᠩᠬᠡᠶ ᠡᠪᠯᠡᠯ ︶


  ᠲᠠᠪᠤ᠂ ᠬᠥᠭᠵᠢᠯᠲᠡ ᠶᠢᠨ ᠣᠷᠴᠢᠨ ᠨᠦᠭᠦᠴᠡᠯ ᠢ ᠰᠢᠯᠢᠳᠡᠭᠵᠢᠭᠦᠯᠦᠨ᠎ᠡ


  ︵ ᠨᠢᠭᠡ ︶  ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃

  97. ᠠᠷᠠᠳ ᠡᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠵᠥᠷᠢᠯᠳᠦᠭᠡᠨ ᠥᠬᠡᠶ ᠲᠠᠩᠰᠠᠨ ᠳᠠᠬᠢ ᠵᠣᠭᠤᠰ ᠢ ᠪᠦᠬᠦᠨ ᠢ ᠳᠥᠯᠥᠵᠦ ᠳᠠᠭᠤᠰᠬᠠᠨ᠂ ᠥᠷᠢᠲᠦᠭᠰᠡᠨ ᠵᠣᠭᠤᠰ ᠢ ᠬᠥᠳᠡᠯᠦᠩᠭᠦᠶ ᠪᠠᠷ ᠲᠡᠭ ᠪᠣᠯᠭᠠᠬᠤ ᠶᠢ ᠦᠨᠡᠨ ᠬᠦ ᠪᠠᠲᠤᠯᠠᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︶

  98. 2021 ᠣᠨ ᠤ 1 ᠳ᠋ᠤᠭᠡᠷ ᠰᠠᠷ᠎ᠠ ᠶᠢᠨ 1 ᠤ ᠡᠳᠦᠷ ᠡᠴᠠ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠣᠨ ᠤ ᠭᠠᠢᠢᠯᠢ ᠲᠤᠰᠢᠶᠠᠪᠠᠯ ᠵᠣᠬᠢᠬᠤ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ︵ 100 ᠲᠦᠮᠡᠨ ᠲᠥᠭᠦᠷᠢᠭ ᠪᠠᠭᠲᠠᠨ᠎ᠠ ︶ ᠡᠴᠠ ᠳᠣᠣᠷ᠎ᠠ ᠪᠠᠶᠢᠭ᠎ᠠ ᠵᠢᠵᠢᠭ ᠬᠡᠯᠪᠡᠷᠢ ᠶᠢᠨ ᠪᠠᠭ᠎ᠠ ᠤᠯᠵᠠᠲᠤ ᠠᠵᠤ ᠠᠬᠤᠶᠢᠯᠠᠯ ᠢ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢᠨ ᠣᠷᠣᠨ ᠨᠤᠲᠤᠭ ᠤᠨ ᠬᠤᠪᠢᠶᠠᠨ ᠡᠳ᠋ᠯᠡᠬᠦ ᠬᠡᠰᠡᠭ ᠢ ᠲᠠᠲᠠᠪᠤᠷᠢᠯᠠᠬᠤ ᠡᠴᠠ ᠬᠡᠯᠲᠦᠷᠢᠭᠦᠯᠦᠨ᠎ᠡ᠃ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ ᠨᠢ 3 ᠲᠦᠮᠡᠨ ᠲᠥᠭᠦᠷᠢᠭ ︵ ᠤᠯᠠᠷᠢᠯ ᠢᠶᠠᠷ ᠪᠣᠯ 9 ᠲᠦᠮᠡᠨ ᠲᠥᠭᠦᠷᠢᠭ ︶ ᠡᠴᠠ ᠳᠠᠪᠠᠭᠰᠠᠨ ᠥᠬᠡᠶ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢ ᠬᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤᠨ ᠤ ᠭᠠᠵᠠᠷ ᠰᠢᠷᠣᠶ ᠬᠡᠷᠡᠭᠯᠡᠬᠦ ᠭᠠᠶᠢᠯᠢ ᠲᠠᠲᠠᠪᠤᠷᠢᠯᠠᠬᠤ ᠡᠴᠠ ᠭᠡᠯᠳᠦᠷᠢᠭᠦᠯᠦᠨ᠎ᠡ᠃ ᠠᠴᠢᠶᠠᠨ ᠤ ᠮᠠᠰᠢᠨ ᠲᠡᠷᠭᠡ᠂ ᠴᠢᠷᠦᠭᠦᠯ ᠲᠡᠷᠭᠡ᠂ ᠲᠤᠰᠬᠠᠶ ᠬᠡᠷᠡᠭᠯᠡᠬᠦ ᠠᠵᠢᠯᠯᠠᠭᠠᠨ ᠤ ᠲᠡᠷᠭᠡ᠂ ᠬᠦᠷᠳᠦᠲᠦ ᠲᠤᠰᠬᠠᠶ ᠬᠡᠷᠡᠭᠯᠡᠬᠦ ᠮᠠᠰᠢᠨ ᠲᠡᠷᠭᠡᠨ ᠤ ᠲᠡᠷᠭᠡ ᠣᠩᠭᠤᠴᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠤᠭ᠎ᠠ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠲᠡᠷᠭᠡ ᠣᠩᠭᠤᠴᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠣᠭᠠᠨ ᠤ 50% ᠪᠠᠷ ᠲᠠᠲᠠᠪᠤᠷᠢᠯᠠᠨ᠎ᠠ᠃︵ ᠬᠠᠷᠢᠭᠤᠴᠠᠯᠭᠠᠲᠤ ᠨᠢᠭᠡᠴᠢ᠄ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ︶

  99. ᠬᠤᠲᠠ ᠶᠢᠨ ᠳᠣᠭᠢᠷᠠᠭᠤᠯᠤᠨ ᠬᠦᠷᠭᠡᠬᠦ ᠲᠡᠷᠭᠡ ᠬᠥᠰᠬᠡ ᠶᠢᠨ ᠨᠡᠪᠲᠡᠷᠡᠬᠦ ᠳᠤ ᠲᠥᠬᠦᠮ ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ᠂ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ᠂ ᠬᠦᠢᠲᠡᠨ ᠢᠶᠠᠷ ᠰᠢᠨ᠎ᠡ ᠰᠤᠷᠭᠤᠭ ᠪᠠᠢᠢᠯᠭᠠᠨ ᠬᠠᠳᠠᠭᠠᠯᠠᠬᠤ ᠪᠦᠲᠦᠭᠡᠭᠳᠡᠬᠦᠨ᠂ ᠰᠢᠤᠳᠠᠨ ᠢᠶᠠᠷ ᠭᠤᠪᠢᠭᠤᠯᠤᠨ ᠢᠯᠡᠭᠡᠬᠦ ᠵᠡᠷᠭᠡ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠡᠳ᠋ ᠪᠠᠷᠠᠭ᠎ᠠ ᠶᠢ ᠲᠡᠭᠡᠭᠡᠪᠦᠷᠢᠯᠡᠬᠦ ᠰᠢᠨ᠎ᠡ ᠡᠨᠧᠷᠭᠢ ᠪᠠ ᠴᠡᠪᠡᠷ ᠡᠨᠧᠷᠭᠢ ᠶᠢᠨ ᠳᠣᠭᠢᠷᠠᠭᠤᠯᠤᠨ ᠬᠦᠷᠭᠡᠬᠦ ᠲᠡᠷᠭᠡ ᠬᠥᠰᠬᠡ ᠳᠤ ᠤᠷᠢᠳ ᠢᠶᠠᠷ ᠦᠩᠭᠡᠷᠡᠵᠦ ᠨᠡᠪᠲᠡᠷᠡᠬᠦ ᠡᠷᠬᠡ ᠣᠯᠭᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ︶

  100. ᠠᠵᠤ ᠠᠬᠤᠶᠢᠯᠠᠯ ᠲᠠᠢ ᠬᠤᠯᠪᠣᠭᠳᠠᠭᠰᠠᠨ ᠰᠦᠢᠳᠬᠡᠯ ᠬᠤᠷᠢᠶᠠᠬᠤ ᠲᠤᠰᠬᠠᠶ ᠵᠦᠢᠯ ᠤᠨ ᠵᠠᠰᠠᠯᠲᠠ ᠶᠢ ᠥᠷᠨᠢᠭᠦᠯᠦᠨ᠎ᠡ᠃ ᠲᠥᠷᠥ ᠶᠢᠨ ᠪᠠᠢᠢᠭᠤᠯᠭ᠎ᠠ ᠵᠢᠴᠢ ᠬᠠᠷᠢᠶ᠎ᠠ ᠨᠢᠭᠡᠴᠢ ᠳᠤ ᠰᠦᠢᠳᠬᠡᠯ ᠬᠤᠷᠢᠶᠠᠬᠤ ᠲᠠᠯ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭᠠᠷᠠᠭᠤᠯᠵᠤ᠂ ᠡᠯᠧᠺᠲ᠋ᠷᠣᠨ ᠵᠠᠰᠠᠭ ᠤᠨ ᠶᠠᠪᠤᠳᠠᠯ ᠤᠨ ᠲᠠᠪᠴᠠᠩ ᠤᠨ ᠲᠣᠭᠲᠠᠭᠠᠯ ᠡᠴᠠ ᠵᠥᠷᠢᠴᠡᠨ ᠰᠦᠢᠳᠬᠡᠯ ᠬᠤᠷᠢᠶᠠᠭᠰᠠᠨ ᠪᠤᠶᠤ ᠵᠠᠷᠤᠳᠠᠯ ᠰᠦᠢᠳᠭᠡᠯ ᠢ ᠲᠤᠬᠤᠭᠰᠠᠨ ᠬᠠᠤᠯᠢ ᠲᠣᠭᠲᠠᠭᠠᠯ ᠡᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠵᠠᠰᠠᠨ᠎ᠠ᠃ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠵᠠᠷᠤᠳᠠᠯ ᠢ ᠳᠤᠷ᠎ᠠ ᠪᠠᠷ ᠢᠶᠠᠨ ᠬᠤᠷᠢᠶᠠᠬᠤ ᠶᠢ ᠪᠠᠶᠢᠴᠠᠭᠠᠬᠤ ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠤᠰᠤ ᠴᠠᠬᠢᠯᠭᠠᠨ ᠬᠡᠢ ᠳᠤᠯᠠᠭᠠᠯᠠᠭ᠎ᠠ ᠬᠠᠩᠭᠠᠬᠤ ᠢᠨᠵᠧᠨᠧᠷᠢᠩ ᠤᠨ ᠤᠭᠰᠠᠷᠠᠬᠤ᠂ ᠠᠷᠠᠴᠢᠯᠠᠨ ᠬᠠᠮᠠᠭᠠᠯᠠᠵᠤ ᠰᠡᠯᠪᠢᠨ ᠵᠠᠰᠠᠬᠤ ᠬᠦᠷᠢᠶᠡᠨ ᠤ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠪᠤᠶᠤ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ ᠶᠢ ᠬᠡᠷᠡᠭᠵᠢᠭᠦᠯᠬᠦ ᠦᠭᠡᠢ᠂ ᠵᠦᠢ ᠵᠤᠬᠢᠰ ᠦᠭᠡᠢ ᠰᠦᠢᠳᠬᠡᠯ ᠬᠤᠷᠢᠶᠠᠭᠰᠠᠨ ᠬᠠᠤᠯᠢ ᠲᠣᠭᠲᠠᠭᠠᠯ ᠡᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠯᠠ ᠲᠣᠬᠢᠷᠠᠭᠤᠯᠬᠤ ᠭᠤᠭᠴᠤᠭ᠎ᠠ ᠪᠠ ᠲᠣᠭᠠᠴᠠᠭ᠎ᠠ ᠬᠢᠬᠦ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠡᠯᠡᠯᠭᠡ ᠶᠢ ᠳᠠᠭᠠᠯᠳᠤᠭᠤᠯᠤᠨ ᠠᠯᠪᠠᠳᠠᠯᠭ᠎ᠠ ᠪᠠᠷ ᠰᠦᠢᠳᠬᠡᠯ ᠬᠤᠷᠢᠶᠠᠬᠤ᠂ ᠵᠠᠪᠰᠠᠷ ᠤᠨ ᠲᠤᠬᠠᠶᠢᠯᠠᠭᠰᠠᠨ ᠠᠵᠢᠯ ᠳᠤ ᠵᠥᠪᠬᠡᠨ ᠰᠦᠢᠳᠬᠡᠯ ᠬᠤᠷᠢᠶᠠᠬᠤ ᠡᠴᠠ ᠪᠢᠰᠢ ᠦᠢᠯᠡᠴᠢᠯᠡᠬᠦ ᠥᠬᠡᠶ᠂ ᠲᠣᠭᠠᠴᠠᠭ᠎ᠠ ᠬᠢᠬᠦ ᠭᠠᠷᠳᠠᠮ ᠤᠨ ᠰᠦᠢᠳᠬᠡᠯ ᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠦᠯᠦ ᠨᠠᠶᠢᠳᠠᠪᠤᠷᠢᠵᠢᠭᠤᠯᠬᠤ ᠵᠡᠷᠭᠡ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠢᠢᠴᠠᠭᠠᠨ ᠰᠢᠢᠳᠪᠦᠷᠢᠯᠡᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︶

  ︵ ᠬᠤᠶᠠᠷ ︶  ᠵᠠᠬ᠎ᠠ ᠳᠡᠯᠭᠡᠭᠦᠷ ᠤᠨ ᠣᠷᠴᠢᠨ ᠨᠦᠬᠦᠴᠡᠯ ᠢ ᠰᠢᠯᠢᠳᠡᠭᠵᠢᠭᠦᠯᠦᠨ᠎ᠡ᠃

  101. ᠨᠥᠬᠦᠴᠡᠯ ᠪᠦᠷᠢᠯᠳᠦᠭᠦᠯᠦᠭᠰᠡᠨ ᠬᠢᠯᠢ ᠶᠢᠨ ᠪᠣᠭᠤᠮᠲᠠ ᠨᠢ ᠪᠣᠭᠤᠮᠲᠠ ᠶᠢᠨ ᠬᠢᠨᠠᠨ ᠬᠠᠮᠢᠶᠠᠷᠴᠤ ᠪᠦᠬᠦᠢ ᠠᠵᠢᠯ ᠤᠨ ᠲᠠᠯᠠᠪᠤᠷ ᠲᠤ ᠬᠦᠷᠦᠭᠰᠡᠨ ᠮᠥᠷᠲᠡᠭᠡᠨ ᠬᠠᠮᠢᠶ᠎ᠠ ᠪᠥᠬᠦᠶ ᠮᠡᠳᠡᠭᠡ ᠵᠠᠩᠭᠢ ᠪᠠᠨ ᠪᠦᠷᠢᠨ ᠪᠦᠲᠦᠨ ᠲᠤᠰᠢᠶᠠᠭᠰᠠᠨ RCEP ᠤᠨ ᠤᠤᠯ ᠤᠨ ᠦᠢᠯᠡᠳᠪᠦᠷᠢᠯᠡᠭᠰᠡᠨ ᠠᠮᠠᠷᠬᠠᠨ ᠢᠯᠵᠢᠷᠡᠬᠦ ᠪᠠᠷᠠᠭ᠎ᠠ ᠪᠠ ᠲᠦᠷᠭᠡᠨ ᠬᠦᠷᠭᠡᠬᠦ ᠵᠦᠢᠯ ᠳᠤ᠂ ᠴᠢᠬᠤᠯᠠ ᠪᠥᠬᠦᠶ ᠨᠥᠬᠦᠴᠡᠯ ᠢ ᠬᠠᠩᠭᠠᠭᠰᠠᠨ ᠪᠠᠶᠢᠳᠠᠯ ᠳᠣᠤᠷ᠎ᠠ 6 ᠴᠠᠭ ᠤᠨ ᠳᠣᠲᠣᠷ᠎ᠠ ᠶᠠᠪᠤᠭᠤᠯᠬᠤ ᠲᠥᠬᠦᠮ ᠲᠦᠳᠡ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠪᠠᠷ ᠴᠢᠷᠮᠠᠶᠢᠨ᠎ᠠ᠃︵ ᠬᠠᠷᠢᠭᠤᠴᠠᠯᠭᠠᠲᠤ ᠨᠢᠭᠡᠴᠢ᠄ ᠬᠥᠬᠡᠬᠤᠲᠠ ᠪᠣᠭᠤᠮᠲᠠ ︶

  102. ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢ ᠨᠡᠮᠡᠭᠳᠡᠭᠦᠯᠬᠦ ᠲᠥᠯᠥᠪᠯᠡᠭᠡ ᠶᠢ ᠣᠯᠬᠤ ᠪᠠᠷ ᠢᠳᠡᠪᠬᠢᠲᠡᠶ ᠴᠢᠷᠮᠠᠶᠢᠵᠤ᠂ ᠠᠶᠠᠯᠠᠬᠤ ᠵᠠᠮ ᠱᠤᠭᠤᠮ ᠢ ᠨᠢ ᠨᠡᠮᠡᠭᠳᠡᠭᠦᠯᠦᠨ᠎ᠡ᠃ ᠬᠢᠯᠢ ᠶᠢᠨ ᠪᠣᠭᠤᠮᠲᠠ ᠪᠠᠷ ᠥᠩᠭᠡᠷᠡᠬᠦ᠂ ᠲᠡᠮᠦᠷ ᠵᠠᠮ ᠢᠶᠠᠷ ᠠᠵᠢᠯᠯᠠᠬᠤ ᠵᠡᠷᠭᠡ ᠲᠠᠯ᠎ᠠ ᠪᠠᠷ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠎ᠠ᠃ ︽ ᠳᠠᠷᠤᠶ ᠳᠤ ᠨᠢ ᠪᠠᠭᠤᠯᠭᠠᠬᠤ ᠳᠠᠷᠤᠶ ᠳᠤ ᠨᠢ ᠠᠴᠢᠶᠠᠯᠠᠬᠤ ︾ ᠲᠡᠭᠡᠭᠡᠪᠦᠷᠢ ᠶᠢᠨ ᠵᠠᠭᠪᠤᠷ ᠢ ᠳᠡᠮᠵᠢᠵᠦ᠂︽ ᠲᠡᠮᠦᠷ ᠵᠠᠮ ᠢ ᠲᠦᠷᠭᠡᠨ ᠨᠡᠪᠲᠡᠷᠡᠭᠦᠯᠬᠦ ︾ ᠬᠡᠷᠡᠭᠯᠡᠭᠡᠨ ᠢ ᠳᠡᠯᠭᠡᠷᠡᠭᠦᠯᠦᠨ ᠬᠡᠷᠡᠭᠵᠢᠭᠦᠯᠦᠨ᠎ᠡ᠃︵ ᠬᠠᠷᠢᠭᠤᠴᠠᠯᠭᠠᠲᠤ ᠨᠢᠭᠡᠴᠢ᠄ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ︶

  103. ︽ ᠬᠤᠪᠢ ᠵᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠢᠨ ᠬᠥᠭᠵᠢᠯᠲᠡ ᠵᠢ ᠠᠬᠢᠭᠤᠯᠬᠤ ᠲᠦᠷᠢᠮ ︾ ᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠬᠤᠪᠢ ᠵᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ︵ 2023 ︱ 2025 ︶︾ ᠶᠢ ᠭᠦᠨᠵᠡᠭᠡᠶ ᠬᠡᠷᠡᠭᠵᠢᠭᠦᠯᠦᠨ᠎ᠡ᠃ ︽ ᠪᠥᠬᠦ ᠣᠷᠣᠨ ᠳᠤ ᠨᠡᠶᠢᠳᠡᠮ ᠭᠦᠢᠴᠡᠳᠭᠡᠬᠦ ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂︽ ᠪᠥᠬᠦ ᠣᠷᠣᠨ ᠳᠤ ᠨᠡᠶᠢᠳᠡᠮ ᠭᠦᠢᠴᠡᠳᠭᠡᠬᠦ ︾ ᠵᠦᠢᠯᠡᠰ ᠤᠨ ᠲᠤᠳᠤᠷᠬᠠᠢ ᠬᠠᠭᠤᠳᠠᠰᠤ ᠶᠢ ᠬᠥᠳᠡᠯᠦᠩᠭᠦᠶ ᠪᠠᠷ ᠳᠣᠭᠢᠷᠠᠭᠤᠯᠤᠨ᠂ ᠠᠵᠢᠯ ᠵᠦᠢᠯᠡᠰ ᠢ ᠨᠡᠶᠢᠳᠡᠮ ᠭᠦᠢᠴᠡᠳᠭᠡᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠥᠨᠳᠥᠷ ᠲᠠᠪᠳᠠᠮᠵᠢᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ ᠨᠢᠭᠡ ᠯᠡ ᠤᠳᠠᠭ᠎ᠠ ᠳᠤ ᠭᠦᠢᠴᠡᠳᠬᠡᠬᠦ ︾᠂︽ ᠮᠤᠵᠢ ᠠᠯᠤᠰᠯᠠᠨ ᠨᠡᠶᠢᠳᠡᠮ ᠭᠦᠢᠴᠡᠳᠭᠡᠬᠦ ︾ ᠶᠢ ᠪᠡᠶᠡᠯᠡᠭᠦᠯᠦᠨ᠎ᠡ᠃ ᠡᠯᠧᠺᠲ᠋ᠷᠣᠨ ᠡᠵᠡᠩᠨᠡᠯᠲᠡ ᠶᠢᠨ ᠦᠨᠡᠮᠯᠡᠯ ᠪᠠ ᠡᠯᠧᠺᠲ᠋ᠷᠣᠨ ᠲᠠᠮᠠᠭ᠎ᠠ ᠶᠢᠨ ᠬᠡᠷᠡᠭᠯᠡᠯᠲᠡ ᠶᠢ ᠳᠡᠯᠭᠡᠷᠡᠭᠦᠯᠵᠦ᠂ ᠠᠵᠤ ᠠᠬᠤᠶᠢᠯᠠᠯ ᠤᠨ ᠨᠡᠷ᠎ᠡ ᠲᠦᠷᠦ ᠶᠢ ᠢᠯᠭᠠᠨ ᠲᠠᠨᠢᠵᠤ ᠭᠡᠷᠡᠴᠢᠯᠡᠬᠦ ᠶᠢ ᠪᠡᠶᠡᠯᠡᠭᠦᠯᠦᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠢᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︶

  104. ᠭᠤᠤᠯᠳᠠᠯᠭ᠎ᠠ ᠲᠠᠢ ᠲᠥᠷᠥᠯ ᠵᠦᠢᠯ ᠤᠨ ᠣᠷᠣᠯᠠᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠢ ᠳᠠᠭᠠᠭᠠᠨ ᠪᠠᠶᠢᠭᠤᠯᠬᠤ ᠠᠵᠤ ᠠᠬᠤᠶᠢᠯᠠᠯ ᠳᠤ ᠲᠦᠢᠯ ᠤᠨ ᠣᠨᠣᠴᠠᠲᠠᠶ ᠪᠠᠷ ᠣᠷᠣᠯᠠᠨ ᠭᠦᠢᠴᠡᠳᠬᠡᠬᠦ᠂ ᠬᠠᠯᠠᠭᠤᠮᠰᠤᠭ ᠲᠤᠳᠤᠨᠤ ᠪᠠᠷ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠢᠢᠰᠢ ᠤᠷᠲᠤᠳᠬᠠᠬᠤ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ ︾ ᠪᠠᠷ ᠠᠴᠢᠶᠠᠯᠠᠪᠤᠷᠢ ᠪᠣᠯᠭᠠᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠬᠠᠩᠭᠠᠵᠤ᠂︽ ᠬᠦᠷᠢᠶᠡᠯᠡᠩ ᠲᠣᠭᠤᠷᠢᠭ ᠤᠨ ᠠᠵᠢᠯ ᠶᠠᠪᠤᠳᠠᠯ ᠢ ᠬᠦᠷᠢᠶᠡᠯᠡᠩ ᠲᠣᠭᠤᠷᠢᠭ ᠲᠤ ᠭᠦᠢᠴᠡᠳᠬᠡᠬᠦ ︾ ᠶᠢ ᠪᠡᠶᠡᠯᠡᠭᠦᠯᠦᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠢᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ ︶

  105. ᠬᠡᠮᠵᠢᠯᠲᠡ᠂ ᠪᠠᠷᠢᠮᠵᠢᠶ᠎ᠠ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ ᠭᠡᠷᠡᠴᠢᠯᠡᠵᠦ ᠮᠡᠳᠡᠷᠡᠬᠦ ᠵᠡᠷᠭᠡ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠬᠤᠷᠠᠮᠠᠯ ᠦᠢᠯᠡᠴᠢᠯᠡᠭᠡᠨ ᠤ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠵᠤ᠂ ᠶᠠᠰᠤ ᠴᠢᠨᠠᠷ ᠤᠨ ᠮᠡᠷᠭᠡᠵᠢᠯ ᠤᠨ ᠦᠢᠯᠡᠴᠢᠯᠡᠭᠡᠨ ᠢ ︽ ᠬᠦᠷᠢᠶᠡᠯᠡᠩ ᠲᠣᠭᠤᠷᠢᠭ ᠲᠤ ᠣᠷᠣᠭᠤᠯᠬᠤ ︾᠂︽ ᠠᠵᠤ ᠠᠬᠤᠶᠢᠯᠠᠯ ᠳᠤ ᠣᠷᠣᠭᠤᠯᠬᠤ ︾ ᠶᠢ ᠠᠬᠢᠭᠤᠯᠵᠤ᠂ ᠣᠷᠣᠨ ᠪᠦᠰᠡ ᠶᠢᠨ ᠠᠵᠤ ᠠᠬᠤᠶ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︶

  106. ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠭᠠᠷᠠᠭᠤᠯᠤᠨ᠎ᠠ᠃ ᠣᠷᠣᠨ ᠨᠤᠲᠤᠭ ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ ᠤᠨ ᠬᠡᠰᠡᠭᠯᠡᠯ ᠤᠨ ᠲᠣᠪᠤᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠠᠵᠢᠯᠯᠠᠭ᠎ᠠ ᠳᠤ ᠣᠷᠣᠯᠴᠠᠬᠤ ᠶᠢ ᠭᠠᠳᠠᠭᠤᠷᠴᠢᠯᠠᠬᠤ᠂ ᠬᠠᠷᠰᠢᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠯᠭᠠᠷᠠᠭᠤᠯᠤᠨ ᠬᠦᠴᠦᠨ ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠬᠠᠮᠢᠶ᠎ᠠ ᠪᠥᠬᠦᠶ ᠲᠦᠷᠢᠮ ᠢ ᠲᠡᠭᠦᠯᠳᠡᠷᠵᠢᠭᠦᠯᠦᠨ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︶

  107. ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠲᠤᠰᠬᠠᠯ ᠴᠢᠩᠭ᠎ᠠ᠂ ᠠᠵᠤ ᠦᠢᠯᠡᠰ ᠤᠨ ᠬᠥᠭᠵᠢᠯᠲᠡ ᠳᠤ ᠬᠥᠨᠥᠭᠡᠯ ᠲᠠᠢ ᠦᠢᠯᠡ ᠠᠵᠢᠯᠯᠠᠭ᠎ᠠ ᠳᠤ ᠴᠢᠭᠯᠡᠭᠦᠯᠦᠨ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︶

  108. ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠤᠰᠬᠠᠶ ᠠᠰᠢᠭ ᠢ ᠤᠯᠠᠷᠢᠭᠤᠯᠤᠨ ᠬᠡᠷᠡᠭᠯᠡᠬᠦ ᠲᠤᠰᠬᠠᠶ ᠠᠵᠢᠯᠯᠠᠭᠠᠨ ᠢ ᠬᠡᠷᠡᠭᠵᠢᠭᠦᠯᠦᠨ᠂ ᠨᠡᠶᠢᠭᠡᠮ ᠳᠠᠶᠠᠭᠠᠷ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠰᠠᠯᠠᠭ᠎ᠠ ᠮᠥᠴᠢᠷ ᠤᠨ ᠬᠤᠯᠪᠣᠭᠠᠯᠠᠨ ︽ ᠬᠤᠶᠠᠷ ᠢ ᠳᠠᠰᠢᠷᠠᠮ ᠢᠶᠠᠷ᠂ ᠨᠢᠭᠡ ᠶᠢ ᠢᠯᠡ ᠪᠣᠯᠭᠠᠬᠤ ︾ ᠬᠢᠨᠠᠯᠲᠠ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠠᠰ ᠲᠥᠷᠥᠯ ᠬᠤᠪᠢᠶᠠᠨ ᠬᠠᠮᠢᠶᠠᠷᠬᠤ ᠶᠢ ᠠᠬᠢᠭᠤᠯᠤᠨ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︶

  ︵ ᠭᠤᠷᠪᠠ ︶  ᠣᠷᠣᠨ ᠨᠤᠲᠤᠭ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃

  109. ᠡᠯ᠎ᠡ ᠭᠠᠵᠠᠷ ᠣᠷᠣᠨ ᠤ ᠰᠲ᠋ᠣᠺ ᠤᠨ ᠡᠷᠬᠡ ᠶᠢᠨ ᠬᠤᠪᠢᠶᠠᠷᠢᠯᠠᠯᠲᠠ᠂ ᠭᠠᠶᠢᠯᠢ ᠲᠠᠲᠠᠪᠤᠷᠢ ᠶᠢᠨ ᠬᠤᠪᠢᠳᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠬᠤᠯᠠ ᠶᠡᠭᠡ ᠲᠥᠷᠥᠯ ᠵᠦᠢᠯ ᠢ ᠬᠠᠮᠲᠤᠷᠠᠨ ᠬᠠᠮᠲᠤ ᠪᠠᠷ ᠪᠥᠲᠥᠭᠡᠨ ᠪᠠᠶᠢᠭᠤᠯᠬᠤ ᠵᠢ ᠨᠢ ᠵᠣᠷᠢᠬᠵᠢᠭᠤᠯᠵᠤ᠂︽ ᠣᠭᠤᠷᠴᠤᠭ ᠭᠠᠵᠠᠷ ᠤᠨ ᠠᠵᠤ ᠠᠬᠤᠶ ︾ ᠶᠢ ᠬᠥᠭᠵᠢᠭᠦᠯᠦᠨ᠂ ᠬᠤᠳᠠᠯᠳᠤᠨ ᠠᠪᠬᠤ ᠬᠡᠪᠴᠢᠶ᠎ᠡ ᠶᠣᠰᠣᠭᠠᠷ᠂ ᠦᠢᠯᠡᠳᠬᠦᠨ ᠤ ᠥᠷᠲᠡᠭ᠂ ᠪᠠᠯᠠ ᠣᠷᠣᠭᠤᠯᠤᠯᠲᠠ᠂ ᠭᠠᠶᠢᠯᠢ ᠲᠠᠲᠠᠪᠤᠷᠢ ᠵᠡᠷᠭᠡ ᠠᠵᠤ ᠠᠬᠤᠶ ᠵᠢᠨ ᠭᠦᠢᠴᠡᠳᠬᠡᠯ ᠲᠤᠭ᠎ᠠ ᠶᠤᠰᠤᠭᠠᠷ ᠦᠢᠯᠡᠳᠪᠦᠷᠢᠯᠡᠵᠦ ᠪᠣᠷᠤᠯᠠᠭᠤᠯᠤᠭᠰᠠᠨ ᠬᠤᠶᠠᠷ ᠭᠠᠵᠠᠷ ᠲᠤ ᠬᠤᠪᠢᠳᠠᠨ ᠲᠣᠭᠠᠴᠠᠭ᠎ᠠ ᠬᠢᠬᠦ ᠵᠢ ᠳᠡᠮᠵᠢᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ ︶

  110. ᠡᠯ᠎ᠡ ᠠᠶᠢᠮᠠᠭ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠨᠢ ᠦᠨᠡᠯᠡᠨ ᠵᠢᠱᠢᠬᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠵᠢᠴᠢ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢ ᠬᠡᠷᠡᠭᠵᠢᠭᠦᠯᠦᠭᠰᠡᠨ ᠵᠡᠷᠭᠡ ᠪᠠᠶᠢᠳᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠥᠰᠦᠪ ᠤᠨ ᠪᠠᠯᠠ ᠮᠥᠩᠭᠦ ᠶᠢ ᠳᠣᠭᠢᠷᠠᠭᠤᠯᠬᠤ ᠳᠤ ᠪᠠᠨ ᠨᠡᠷᠡᠰ ᠤᠨ ᠵᠢᠭᠰᠠᠭᠠᠯᠲᠠ ᠳ᠋ᠤ ᠡᠮᠦᠨ᠎ᠡ ᠪᠠᠢᠢᠷᠢᠯᠠᠭᠰᠠᠨ ᠠᠶᠢᠮᠠᠭ ᠬᠤᠲᠠ ᠲᠡᠢᠢᠰᠢ ᠬᠡᠯᠪᠠᠢᠢᠨ᠎ᠡ᠃︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︶



ᠭᠠᠷ ᠤᠲᠠᠰᠤ ᠪᠠᠷ ᠦᠵᠡᠬᠦ