ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
︽ ᠶᠠᠰᠤ ᠴᠢᠨᠠᠷ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠬᠥᠲᠥᠯᠪᠦᠷᠢ ︾ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠰᠤ ᠴᠢᠨᠠᠷ ᠤᠨ ᠬᠦᠴᠦᠷᠬᠡᠭ ᠣᠷᠣᠨ ᠤ ᠪᠦᠳᠦᠬᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠪᠥᠬᠦ ᠣᠷᠣᠨ ᠤ ᠡᠯ᠎ᠡ ᠠᠵᠢᠯ ᠲᠥᠷᠥᠯ ᠤᠨ ᠬᠢᠨ ᠢ ᠶᠠᠰᠤ ᠴᠢᠨᠠᠷ ᠤᠨ ᠲᠠᠯ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠦ᠂ ᠭᠠᠷᠮᠠᠭᠠᠶ ᠠᠮᠵᠢᠯᠲᠠ ᠪᠦᠲᠦᠮᠵᠢ ᠶᠢ ᠭᠦᠬᠡᠬᠡᠴᠡᠯᠳᠦᠨ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠪᠠᠷ ᠬᠥᠲᠥᠯᠦᠨ ᠵᠢᠯᠣᠭᠤᠳᠬᠤ ᠪᠠ ᠣᠷᠮᠠᠰᠢᠭᠤᠯᠤᠨ ᠵᠣᠷᠢᠨᠨᠵᠢᠭᠤᠯᠬᠤ ᠶᠢᠨ ᠲᠤᠰᠠᠳᠠ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ ︾ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠬᠤ ᠪᠠ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢᠶᠠᠷ ᠬᠢᠨᠠᠨ ᠵᠦᠪᠯᠡᠭᠦᠯᠦᠬᠡᠳ ᠪᠤᠭᠤᠲᠤ ᠬᠤᠲᠠ ᠶᠢᠨ ᠶᠢᠨᠰᠲ᠋ᠧ ᠬᠤᠪᠣᠷ ᠰᠢᠷᠦᠢ ᠶᠢᠨ ᠪᠠᠢᠢᠩᠭᠤ ᠰᠤᠷᠢᠨᠵᠢᠨᠲᠤ ᠰᠢᠨ᠎ᠡ ᠮᠠᠲ᠋ᠧᠷᠢᠶᠠᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠵᠡᠷᠭᠡ 4 ᠠᠵᠤ ᠠᠬᠤᠶᠢᠯᠠᠯ ᠳᠤ 2023 ᠣᠨ ᠤ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ︾ ᠣᠯᠭᠤᠬᠤ ᠪᠠᠷ ᠲᠤᠨᠨᠳᠠᠪᠠ᠃
ᠱᠠᠩᠨᠠᠯ ᠭᠦᠷᠲᠡᠭᠰᠡᠨ ᠠᠵᠤ ᠠᠬᠤᠶᠢᠯᠠᠯ ᠨᠢ ᠢᠷᠠᠭᠤ ᠠᠯᠳᠠᠷ ᠢᠶᠠᠨ ᠨᠠᠨᠳᠢᠩᠨᠠᠵᠤ᠂ ᠴᠤᠴᠠᠯᠲᠠ ᠦᠭᠡᠢ ᠴᠢᠷᠮᠠᠢᠢᠵᠦ ᠶᠠᠰᠤ ᠴᠢᠨᠠᠷ ᠤᠨ ᠲᠠᠯ᠎ᠠ ᠪᠠᠷ ᠬᠡᠪ ᠳᠠᠭᠤᠷᠢᠶᠠᠯ ᠪᠤᠯᠵᠦ ᠵᠢᠱᠢᠶ᠎ᠡ ᠦᠵᠡᠬᠦᠯᠦᠨ ᠬᠦᠳᠦᠯᠦᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠬᠦᠰᠡᠵᠦ ᠪᠠᠶᠢᠨ᠎ᠠ᠃ ᠪᠦᠬᠦ ᠣᠷᠣᠨ ᠤ ᠥᠷᠭᠡᠨ ᠣᠯᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠱᠠᠩᠨᠠᠯ ᠭᠦᠷᠲᠡᠭᠰᠡᠨ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠠᠯ᠎ᠠ ᠪᠠᠷ ᠬᠢ ᠲᠡᠷᠢᠭᠦᠨ ᠤ ᠲᠤᠷᠰᠢᠯᠭ᠎ᠠ ᠶᠢ ᠨᠢ ᠬᠢᠨᠠᠮᠠᠭᠠᠶ ᠰᠤᠷᠤᠯᠴᠠᠨ ᠲᠣᠯᠢᠳᠠᠵᠤ᠂ ᠶᠠᠰᠤ ᠴᠢᠨᠠᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠳᠠᠭᠠᠭᠠᠨ ᠡᠭᠦᠷᠬᠡᠯᠡᠵᠦ᠂ ᠶᠠᠰᠤ ᠴᠢᠨᠠᠷ ᠤᠨ ᠲᠠᠯ᠎ᠠ ᠶᠢᠨ ᠦᠨᠡᠨᠴᠢ ᠢᠲᠡᠭᠡᠮᠵᠢ ᠪᠠᠨ ᠬᠢᠴᠢᠶᠡᠩᠭᠦᠢᠯᠡᠨ ᠰᠠᠬᠢᠵᠤ᠂ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠲᠥᠷᠥ ᠶᠢᠨ ᠪᠣᠳᠣᠯᠭ᠎ᠠ ᠪᠠᠷ ᠭᠦᠳᠦᠯᠦᠨ ᠵᠢᠯᠤᠭᠤᠳᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠠᠪᠰᠢᠭᠠᠢᠢᠯᠠᠵᠦ ᠭᠠᠷᠮᠠᠭᠠᠢᠢᠯᠠᠬᠤ ᠶᠢ ᠭᠦᠬᠡᠬᠡᠴᠡᠯᠳᠦᠬᠦ᠂ ᠶᠠᠰᠤ ᠴᠢᠨᠠᠷ ᠢ ᠡᠷᠬᠢᠮᠯᠡᠬᠦ ᠶᠢ ᠪᠥᠬᠦ ᠨᠡᠶᠢᠭᠡᠮ ᠤᠨ ᠬᠢᠨ ᠤ ᠥᠷᠲᠡᠭ ᠤᠨ ᠭᠦᠳᠦᠯᠦᠮᠵᠢ ᠪᠠ ᠴᠠᠭ ᠦᠶ᠎ᠡ ᠶᠢᠨ ᠵᠣᠷᠢᠭ ᠰᠠᠨᠠᠭ᠎ᠠ ᠪᠣᠯᠭᠠᠵᠦ᠂ ᠶᠠᠰᠤ ᠴᠢᠨᠠᠷ ᠢ ᠰᠠᠢᠢᠵᠢᠷᠠᠭᠤᠯᠬᠤ ᠠᠵᠢᠯᠯᠠᠭᠠᠨ ᠢ ᠭᠦᠨᠵᠡᠭᠡᠶ ᠦᠷᠨᠢᠬᠦᠯᠦᠨ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ᠃
ᠳᠠᠭᠠᠯᠳᠤᠭᠤᠯᠤᠯ᠄ 2023 ᠣᠨ ᠤ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠤᠯᠭᠤᠬᠤ ᠶᠠᠰᠤ ᠴᠢᠨᠠᠷ ᠤᠨ ᠱᠠᠩᠨᠠᠯ ︾ ᠭᠥᠷᠳᠡᠭᠰᠡᠨ ᠠᠵᠤ ᠠᠬᠤᠶᠢᠯᠠᠯ ᠤᠨ ᠨᠡᠷᠡᠰ
ᠳᠠᠭᠠᠯᠳᠤᠭᠤᠯᠤᠯ
2023 ᠣᠨ ᠤ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ
ᠣᠷᠣᠨ ᠤ ᠲᠡᠷᠢᠭᠦᠯᠡᠭᠴᠢ ᠶᠢᠨ ᠤᠯᠭᠤᠬᠤ ᠶᠠᠰᠤ ᠴᠢᠨᠠᠷ ᠤᠨ
ᠱᠠᠩᠨᠠᠯ ︾ ᠭᠥᠷᠳᠡᠭᠰᠡᠨ ᠠᠵᠤ ᠠᠬᠤᠶᠢᠯᠠᠯ ᠤᠨ ᠨᠡᠷᠡᠰ ᠤᠳ
ᠪᠤᠭᠤᠲᠤ ᠬᠤᠲᠠ ᠶᠢᠨ ᠶᠢᠨᠰᠲ᠋ᠧ ᠬᠤᠪᠣᠷ ᠰᠢᠷᠦᠢ ᠶᠢᠨ ᠪᠠᠢᠢᠩᠭᠤ ᠰᠤᠷᠢᠨᠵᠢᠨᠲᠤ ᠰᠢᠨ᠎ᠡ ᠮᠠᠲ᠋ᠧᠷᠢᠶᠠᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ
ᠥᠪᠥᠷ ᠮᠤᠩᠭᠤᠯ ᠤᠨ ᠱᠤᠸᠠᠩ ᠰᠢᠨ ᠪᠣᠬᠢᠷᠳᠤᠯ ᠦᠬᠡᠢ ᠮᠠᠲ᠋ᠧᠷᠢᠶᠠᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ
ᠥᠪᠥᠷ ᠮᠤᠩᠭᠤᠯ ᠤᠨ ᠶᠧᠦ ᠷᠠᠨ ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ
ᠥᠪᠥᠷ ᠮᠤᠩᠭᠤᠯ ᠤᠨ ᠵᠦᠩ ᠬᠤᠸᠠᠨ ᠲᠠᠯᠠᠰᠲᠤ ᠮᠠᠲ᠋ᠧᠷᠢᠶᠠᠯ ᠤᠨ ᠬᠢᠵᠠᠭᠠᠷᠲᠤ ᠺᠣᠮᠫᠠᠨᠢ