ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢ ᠵᠢᠷᠤᠮᠵᠢᠭᠤᠯᠵᠤ᠂ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠣᠯᠠᠨ ᠨᠡᠶᠢᠲᠡ ᠵᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠵᠦ᠂ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠨ ᠲᠤᠰᠠᠳᠠ᠂︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ ︾᠂︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ︾᠂ ᠲᠥᠷᠥ ᠶᠢᠨ ᠶᠠᠪᠤᠳᠠᠯ ᠤᠨ ᠬᠤᠷᠢᠶᠠᠨ ᠤ ︽ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃
ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳ᠋ᠡᠬᠢ ᠡᠯ᠎ᠡ ᠲᠥᠷᠥᠯ ᠤᠨ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶ᠎ᠠ᠂ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ᠂ ᠠᠵᠢᠯᠯᠠᠭᠠᠨ᠂ ᠦᠢᠯᠡᠴᠢᠯᠡᠭᠡ ᠵᠢᠴᠢ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠵᠢᠨ ᠠᠵᠢᠯᠯᠠᠭ᠎ᠠ ᠳ᠋ᠤ ᠲᠤᠰ ᠠᠷᠭ᠎ᠠ ᠵᠢ ᠲᠣᠬᠢᠷᠠᠭᠤᠯᠤᠨ ᠬᠡᠷᠡᠭᠯᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠡᠴᠠ ᠠᠰᠲᠠᠭᠠᠨ ᠲᠣᠭᠲᠠᠭᠠᠯ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃
ᠲᠤᠰ ᠠᠷᠭ᠎ᠠ ᠳ᠋ᠤ ᠬᠡᠯᠡᠵᠦ ᠪᠠᠶᠢᠭ᠎ᠠ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶ᠎ᠠ ᠭᠡᠳᠡᠭ ᠨᠢ ᠣᠯᠠᠨ ᠨᠡᠶᠢᠲᠡ ᠶᠢᠨ ᠠᠰᠢᠭ ᠲᠤᠰᠠ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠭᠰᠠᠨ ᠨᠡᠶᠢᠲᠡ ᠵᠢᠨ ᠥᠮᠴᠢᠯᠡᠯᠲᠦ ᠴᠢᠨᠠᠷᠲᠠᠢ᠂ ᠨᠡᠶᠢᠲᠡ ᠵᠢᠨ ᠠᠰᠠᠷᠠᠮᠵᠢ ᠵᠢᠨ ᠴᠢᠨᠠᠷᠲᠠᠶ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢ ᠵᠢᠭᠠᠵᠤ ᠪᠤᠶ᠃
ᠲᠣᠰ ᠠᠷᠭ᠎ᠠ ᠳ᠋ᠤ ᠬᠡᠯᠡᠵᠦ ᠪᠠᠶᠢᠭ᠎ᠠ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠭᠡᠳᠡᠭ ᠨᠢ ᠨᠢᠭᠡᠳᠦᠯᠲᠡᠶ ᠲᠦᠷᠢᠮ ᠪᠠ ᠪᠠᠷᠢᠮᠵᠢᠶ᠎ᠠ ᠵᠢ ᠬᠡᠷᠡᠭᠵᠢᠭᠦᠯᠵᠦ᠂ ᠨᠡᠭᠡᠭᠡᠯᠲᠡ ᠲᠠᠢ ᠪᠦᠭᠡᠳ ᠬᠠᠮᠲᠤ ᠳ᠋ᠤ ᠪᠠᠨ ᠬᠦᠷᠲᠡᠬᠦ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠲ᠋ᠷᠣᠨ ᠦᠢᠯᠡᠴᠢᠯᠡᠭᠡᠨ ᠤ ᠰᠢᠰᠲ᠋ᠧᠮ ᠪᠠ ᠵᠢᠷᠤᠮᠵᠢᠭᠤᠨ ᠢᠯᠡ ᠲᠣᠳᠣ ᠠᠵᠢᠯᠯᠠᠭᠠᠨ ᠤ ᠲᠣᠭᠲᠠᠴᠠ ᠵᠢ ᠪᠦᠷᠢᠯᠳᠦᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ᠂ ᠨᠡᠶᠢᠭᠡᠮ ᠨᠡᠶᠢᠲᠡ᠂ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠵᠡᠷᠭᠡ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠬᠤ ᠲᠣᠭᠲᠠᠯᠴᠠᠭ᠎ᠠ ᠶᠢ ᠵᠢᠭᠠᠵᠤ ᠪᠣᠶ᠃
ᠭᠤᠷᠪᠠᠳᠤᠭᠠᠷ ᠵᠦᠢᠯ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠨᠢᠭᠡᠳᠦᠯᠲᠡᠢ ᠵᠢᠷᠤᠮᠵᠢᠭᠤᠨ᠂ ᠡᠷᠬᠡ ᠲᠡᠭᠰᠢ ᠲᠥᠪ ᠭᠤᠣᠯᠴᠢ᠂ ᠢᠯᠡ ᠲᠣᠳᠣ ᠪᠠᠢᠢᠯᠭᠠᠬᠤ᠂ ᠦᠢᠯᠡᠴᠢᠯᠡᠭᠡ ᠥᠨᠳᠥᠷ ᠪᠦᠲᠦᠮᠵᠢᠲᠡᠢ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ᠃
ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠲᠤᠷᠠᠭᠰᠠᠨ ᠬᠤᠷᠠᠯᠳᠤᠭᠠᠨ ᠤ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠳᠤᠮᠳᠠᠬᠢ ᠴᠢᠬᠤᠯᠠ ᠵᠦᠢᠯᠡᠰ ᠪᠠ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠵᠢᠯᠣᠭᠤᠳᠬᠤ ᠪᠠ ᠵᠣᠬᠢᠴᠠᠭᠤᠯᠬᠤ ᠬᠡᠷᠡᠭᠲᠡᠶ᠃
ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠵᠢ ᠲᠣᠳᠣᠷᠬᠠᠶᠢᠯᠠᠬᠤ ᠬᠡᠷᠡᠭᠲᠡᠶ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠦᠷᠢᠮ ᠪᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠵᠤ᠂ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠨᠡᠶᠢᠳᠬᠡᠵᠦ ᠬᠠᠮᠲᠤ ᠳᠦ ᠪᠡᠨ ᠬᠦᠷᠲᠡᠬᠦ ᠶᠢ ᠵᠣᠬᠢᠴᠠᠭᠤᠯᠤᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠵᠤ ᠪᠠᠢᠢᠭᠠᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠵᠢ ᠬᠠᠤᠯᠢ ᠶᠣᠰᠣᠭᠠᠷ ᠵᠢᠷᠤᠮᠵᠢᠭᠤᠯᠤᠨ ᠬᠠᠮᠢᠶᠠᠷᠴᠤ᠂ ᠲᠤᠰ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠬᠠᠮᠢᠶᠠᠷᠤᠨ᠎ᠠ᠃
ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠬᠠᠮᠢᠶᠠᠷᠤᠯᠲᠠ ᠵᠢᠨ ᠪᠠᠶᠢᠭᠤᠯᠤᠮᠵᠢ ᠨᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠵᠢᠨ ᠰᠠᠯᠠᠭ᠎ᠠ ᠮᠥᠴᠢᠷ ᠯᠤᠭᠡ ᠬᠠᠮᠲᠤᠷᠠᠨ ᠪᠦᠬᠦ ᠣᠷᠣᠨ ᠤ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠵᠢ ᠨᠢᠭᠡᠳᠦᠯᠲᠡᠶ ᠲᠥᠯᠥᠪᠯᠡᠵᠦ᠂ ᠲᠥᠯᠥᠪᠵᠢᠭᠦᠯᠦᠨ ᠵᠢᠯᠣᠭᠤᠳᠴᠤ᠂ ᠪᠦᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠠᠨ ᠢ ᠵᠢᠯᠣᠭᠤᠳᠤᠨ᠎ᠠ᠃
ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠤ ᠵᠠᠰᠠᠭ ᠵᠠᠬᠢᠷᠭᠠᠨ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠂ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠨᠧᠷᠭᠢ᠂ ᠣᠶ ᠰᠢᠭᠤᠶ ᠪᠠ ᠨᠤᠲᠤᠭ ᠪᠡᠯᠴᠢᠭᠡᠷ᠂ ᠡᠮᠴᠢᠯᠡᠭᠡᠨ ᠤ ᠪᠠᠲᠤᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠵᠢᠨ ᠬᠠᠮᠢᠶᠠᠷᠤᠯᠲᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ᠂ ᠪᠠᠶᠢᠭᠤᠯᠤᠮᠵᠢ ᠨᠤᠭᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠣᠰ ᠠᠵᠢᠯ ᠲᠥᠷᠥᠯ᠂ ᠲᠣᠰ ᠰᠢᠰᠲ᠋ᠧᠮ ᠤᠨ ᠵᠢᠡᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭᠠᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃
ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠤᠨ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠵᠢᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠲᠣᠳᠣᠷᠬᠠᠶ ᠦᠭᠡᠶ ᠪᠠᠶᠢᠪᠠᠯ᠂ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠡᠭᠦᠷᠭᠡ ᠬᠠᠷᠢᠭᠤᠴᠠᠯᠭ᠎ᠠ ᠡᠷᠬᠡ ᠮᠡᠳᠡᠯ ᠵᠢᠡᠨ ᠦᠨᠳᠦᠰᠦᠯᠡᠨ ᠭᠦᠢᠴᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠬᠠᠷᠢᠯᠴᠠᠨ ᠰᠠᠯᠭᠠᠬᠤ ᠵᠠᠷᠴᠢᠮ ᠶᠣᠰᠣᠭᠠᠷ ᠲᠣᠭᠲᠠᠭᠠᠨ᠎ᠠ᠃
ᠳᠣᠯᠣᠳᠤᠭᠠᠷ ᠵᠦᠢᠯ ᠡᠯ᠎ᠡ ᠱᠠᠲᠤᠨ ᠤ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠨᠢ ᠲᠤᠰ ᠱᠠᠲᠤᠨ ᠤ ᠪᠠᠨ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠠᠵᠢᠯᠯᠠᠭᠤᠯᠬᠤ ᠪᠠ ᠬᠠᠮᠠᠭᠠᠯᠠᠬᠤ ᠠᠵᠢᠯ ᠢ ᠬᠠᠷᠢᠭᠤᠴᠠᠵᠤ᠂ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠦᠢᠯᠡᠴᠢᠯᠡᠭᠡᠨ ᠤ ᠳᠦᠷᠢᠮ ᠪᠠ ᠴᠤᠪᠤᠷᠠᠯ ᠢ ᠪᠠᠶᠢᠭᠤᠯᠤᠨ ᠪᠦᠷᠢᠨᠰᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠦᠢᠯᠡᠴᠢᠯᠡᠭᠡᠨ ᠤ ᠪᠠᠷᠢᠮᠵᠢᠶ᠎ᠠ ᠳᠤ ᠨᠡᠶᠢᠴᠡᠭᠰᠡᠨ ᠠᠷᠠᠯᠵᠢᠶᠠᠨ ᠤ ᠲᠠᠯᠠᠪᠤᠷ ᠭᠠᠵᠠᠷ᠂ ᠠᠷᠠᠯᠵᠢᠶᠠᠨ ᠤ ᠪᠡᠯᠡᠳᠬᠡᠮᠵᠢ ᠵᠢᠴᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠯᠠᠪᠯᠠᠭ᠎ᠠ᠂ ᠲᠠᠯᠠᠪᠤᠷ ᠭᠠᠵᠠᠷ ᠤᠨ ᠬᠠᠮᠢᠶᠠᠷᠤᠯᠲᠠ᠂ ᠮᠡᠳᠡᠭᠡ ᠵᠠᠩᠭᠢ ᠨᠡᠶᠢᠲᠡᠯᠡᠬᠦ᠂ ᠲᠤᠰᠬᠠᠶ ᠮᠡᠷᠭᠡᠵᠢᠯᠲᠡᠨ ᠰᠤᠭᠤᠴᠢᠨ ᠠᠪᠬᠤ᠂ ᠠᠷᠠᠯᠵᠢᠶᠠᠨ ᠤ ᠭᠡᠷᠡᠴᠢᠯᠡᠭᠡ᠂ ᠳᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠦᠢᠯᠡᠴᠢᠯᠡᠭᠡ ᠬᠠᠩᠭᠠᠨ᠎ᠠ᠃
ᠨᠠᠢᠮᠠᠳᠤᠭᠠᠷ ᠵᠦᠢᠯ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯ ᠲᠥᠷᠥᠯ ᠤᠨ ᠨᠡᠶᠢᠭᠡᠮᠯᠢᠭ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠵᠢᠨ ᠦᠢᠯᠡᠳᠦᠯ ᠵᠢᠡᠨ ᠪᠠᠳᠠᠷᠠᠭᠤᠯᠵᠤ᠂ ᠥᠪᠡᠷ ᠢ ᠪᠠᠨ ᠱᠠᠭᠠᠷᠳᠠᠭᠰᠠᠨ ᠬᠠᠮᠢᠶᠠᠷᠤᠯᠲᠠ ᠪᠠ ᠦᠢᠯᠡᠴᠢᠯᠡᠭᠡ ᠪᠠᠨ ᠴᠢᠩᠭᠠᠳᠬᠠᠨ᠂ ᠪᠦᠷᠢᠯᠳᠦᠬᠦᠨ ᠨᠢᠭᠡᠴᠢ ᠵᠢ ᠬᠦᠲᠦᠯᠦᠨ ᠵᠢᠯᠣᠭᠤᠳᠴᠤ ᠪᠠᠶᠢᠭᠠᠳ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠠᠵᠢᠯ ᠲᠥᠷᠥᠯ ᠤᠨ ᠵᠢᠷᠤᠮᠵᠢᠯ᠂ ᠠᠵᠢᠯ ᠮᠡᠷᠭᠡᠵᠢᠯ ᠤᠨ ᠶᠣᠰᠣ ᠰᠤᠷᠲᠠᠬᠤᠨ ᠢ ᠵᠢᠷᠤᠮᠯᠠᠭᠤᠯᠵᠤ᠂ ᠭᠤᠣᠯᠴᠢ ᠥᠷᠢᠰᠦᠯᠳᠦᠭᠡᠨ ᠪᠠ ᠦᠨᠡᠨᠴᠢ ᠢᠲᠡᠭᠡᠮᠵᠢᠲᠡᠶ ᠡᠵᠡᠩᠨᠡᠯᠲᠡ ᠶᠢ ᠠᠬᠢᠭᠤᠯᠬᠤ ᠬᠡᠷᠡᠭᠲᠡᠶ᠃
ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠡᠯ᠎ᠡ ᠲᠥᠷᠥᠯ ᠤᠨ ᠥᠮᠴᠢᠯᠡᠯ ᠤᠨ ᠳᠦᠷᠢᠮ ᠪᠠ ᠠᠳᠠᠯᠢ ᠪᠤᠰᠤ ᠭᠠᠵᠠᠷ ᠣᠷᠣᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠬᠠᠤᠯᠢ ᠶᠣᠰᠣᠭᠠᠷ ᠡᠷᠬᠡ ᠲᠡᠭᠰᠢ ᠪᠠᠷ ᠬᠠᠨᠳᠣᠵᠣ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠭᠡᠳ ᠵᠦᠢ ᠵᠣᠬᠢᠰ ᠦᠭᠡᠶ ᠨᠥᠬᠦᠴᠡᠯ ᠪᠤᠶᠤ ᠪᠦᠲᠦᠭᠡᠭᠳᠡᠭᠦᠨ ᠤ ᠭᠠᠷᠤᠯᠲᠠ ᠶᠢᠨ ᠭᠠᠵᠠᠷ ᠢᠷᠡᠯᠲᠡ ᠵᠡᠷᠭᠡ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠵᠢᠨ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠳ᠋ᠤ ᠣᠷᠣᠯᠴᠠᠬᠤ ᠵᠢ ᠬᠢᠵᠠᠭᠠᠷᠯᠠᠬᠤ ᠪᠤᠶᠤ ᠭᠠᠳᠠᠭᠤᠷᠴᠢᠯᠠᠵᠤ ᠪᠣᠯᠬᠤ ᠦᠭᠡᠶ᠂ ᠶᠠᠮᠠᠷᠪᠠ ᠠᠷᠭ᠎ᠠ ᠮᠠᠶ᠋ᠢᠭ ᠢᠶᠠᠷ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳ᠋ᠤ ᠬᠠᠤᠯᠢ ᠪᠤᠰᠤ ᠪᠠᠷ ᠭᠠᠷ ᠲᠥᠷᠥᠵᠦ ᠪᠣᠯᠬᠤ ᠦᠭᠡᠶ᠃
ᠬᠤᠶᠠᠳᠤᠭᠠᠷ ᠪᠦᠯᠦᠭ ᠠᠷᠠᠯᠵᠢᠶᠠᠨ ᠤ ᠭᠠᠷᠴᠠᠭ
ᠠᠷᠪᠠᠳᠤᠭᠠᠷ ᠵᠦᠢᠯ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠳᠤ ᠪᠦᠬᠦ ᠣᠷᠣᠨ ᠤ ᠨᠢᠭᠡᠳᠦᠯᠲᠡᠶ ᠭᠠᠷᠴᠠᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠣᠷᠣᠭᠤᠯᠬᠤ ᠶᠣᠰᠣᠲᠠᠶ ᠶᠢ ᠨᠢ ᠵᠠᠪᠠᠯ ᠣᠷᠣᠭᠤᠯᠬᠤ ᠵᠠᠷᠴᠢᠮ ᠶᠣᠰᠣᠭᠠᠷ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠡᠷ ᠲᠣᠬᠢᠷᠠᠭᠤᠯᠬᠤ ᠳᠤ ᠲᠣᠬᠢᠷᠠᠬᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠲᠤ ᠣᠷᠣᠭᠤᠯᠬᠤ ᠬᠡᠷᠡᠭᠲᠡᠢ᠃ ᠬᠠᠤᠯᠢ ᠴᠠᠭᠠᠵᠠ᠂ ᠬᠠᠤᠯᠢ ᠲᠣᠭᠲᠠᠭᠠᠯ ᠳ᠋ᠤ ᠠᠰᠲᠠᠭᠠᠨ ᠲᠣᠭᠲᠠᠭᠠᠯ ᠲᠠᠢ ᠪᠠᠶᠢᠬᠤ ᠨᠢ ᠡᠭᠦᠨ ᠳ᠋ᠤ ᠪᠠᠭᠲᠠᠬᠤ ᠦᠭᠡᠢ᠃
ᠠᠷᠪᠠᠨ ᠨᠢᠭᠡᠳᠦᠭᠡᠷ ᠵᠦᠢᠯ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠭᠠᠷᠴᠠᠭ ᠢ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠯᠤᠭᠡ ᠬᠠᠮᠲᠤᠷᠠᠨ ᠪᠥᠬᠦ ᠤᠯᠤᠰ ᠤᠨ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠭᠠᠷᠴᠠᠭ ᠤᠨ ᠵᠢᠭᠠᠯᠲᠠ ᠵᠢ ᠦᠨᠳᠦᠰᠦᠯᠡᠨ ᠲᠣᠭᠣᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠬᠠᠮᠲᠤᠷᠠᠭᠰᠠᠨ ᠬᠤᠷᠠᠯᠳᠤᠭᠠᠨ ᠵᠢᠡᠷ ᠬᠢᠨᠠᠨ ᠲᠣᠭᠲᠠᠭᠠᠭᠰᠠᠨ ᠤ ᠳᠠᠷᠠᠭ᠎ᠠ ᠨᠡᠶᠢᠭᠡᠮ ᠳ᠋ᠤ ᠨᠡᠶᠢᠲᠡᠯᠡᠨ᠎ᠡ᠃ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃
ᠠᠷᠪᠠᠨ ᠬᠤᠶᠠᠳᠤᠭᠠᠷ ᠵᠦᠢᠯ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠲᠤ ᠣᠷᠣᠭᠤᠯᠤᠭᠰᠠᠨ ᠲᠥᠷᠥᠯ ᠵᠦᠢᠯ ᠢ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳ᠋ᠤ ᠣᠷᠤᠭᠤᠯᠵᠤ ᠠᠷᠠᠯᠵᠢᠶᠠᠯᠠᠬᠤ ᠬᠡᠷᠡᠭᠲᠡᠶ᠃ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠤᠨ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠵᠢᠨ ᠰᠠᠯᠠᠭ᠎ᠠ ᠮᠥᠴᠢᠷ ᠨᠢ ᠲᠤᠰ ᠠᠵᠢᠯ ᠲᠥᠷᠥᠯ᠂ ᠲᠤᠰ ᠰᠢᠰᠲ᠋ᠧᠮ ᠤᠨ ᠠᠷᠠᠯᠵᠢᠶᠠᠨ ᠤ ᠭᠠᠷᠴᠠᠭ ᠲᠤ ᠵᠢᠭᠰᠠᠭᠠᠨ ᠣᠷᠤᠭᠤᠯᠤᠭᠰᠠᠨ ᠲᠥᠷᠥᠯ ᠵᠦᠢᠯ ᠢ ᠠᠷᠠᠯᠵᠢᠶᠠᠨ ᠤ ᠲᠠᠪᠴᠠᠩ ᠳ᠋ᠤ ᠣᠷᠤᠭᠤᠯᠤᠨ ᠠᠷᠠᠯᠵᠢᠶᠠᠯᠠᠬᠤ ᠵᠢ ᠰᠢᠮᠳᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ᠃
ᠠᠷᠠᠯᠵᠢᠶᠠᠨ ᠤ ᠭᠠᠷᠴᠠᠭ ᠲᠤ ᠵᠢᠭᠰᠠᠭᠠᠨ ᠣᠷᠣᠭᠤᠯᠤᠭᠰᠠᠨ ᠦᠭᠡᠢ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠢ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠤᠭᠤᠯᠵᠤ ᠠᠷᠠᠯᠵᠢᠶᠠᠯᠠᠬᠤ ᠶᠢ ᠵᠣᠷᠢᠬᠵᠢᠭᠤᠯᠤᠨ᠎ᠠ᠃
ᠭᠤᠷᠪᠠᠳᠤᠭᠠᠷ ᠪᠦᠯᠦᠭ ᠠᠷᠠᠯᠵᠢᠶᠠᠨ ᠤ ᠲᠠᠪᠴᠠᠩ
ᠠᠷᠪᠠᠨ ᠭᠤᠷᠪᠠᠳᠤᠭᠠᠷ ᠵᠦᠢᠯ ᠪᠦᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠨᠢᠭᠡ ᠰᠦᠯᠵᠢᠶ᠎ᠡ ᠪᠠᠷ ᠠᠷᠠᠯᠵᠢᠶᠠᠯᠠᠬᠤ ᠶᠢ ᠬᠡᠷᠡᠭᠵᠢᠭᠦᠯᠦᠨ᠎ᠡ᠃
ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠪᠥᠬᠦ ᠣᠷᠣᠨ ᠤ ᠣᠯᠠᠨ ᠨᠡᠶᠢᠲᠡ ᠵᠢᠨ ᠡᠬᠢ ᠪᠠᠶᠠᠯᠢᠭ ᠤᠨ ᠨᠢᠭᠡ ᠰᠦᠯᠵᠢᠶ᠎ᠡ ᠪᠠᠷ ᠠᠷᠠᠯᠵᠢᠶᠠᠯᠠᠬᠤ ᠰᠦᠯᠵᠢᠶᠡᠨ ᠥᠷᠲᠡᠭᠡ ᠪᠠ ᠶᠡᠷᠦᠩᠬᠡᠶᠢᠯᠡᠭᠰᠡᠨ ᠦᠢᠯᠡᠴᠢᠯᠡᠭᠡ᠂ ᠶᠡᠷᠦᠩᠬᠡᠶᠢᠯᠡᠭᠰᠡᠨ ᠠᠷᠠᠯᠵᠢᠶ᠎ᠠ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠵᠡᠷᠭᠡ ᠴᠢᠳᠠᠮᠵᠢ ᠶᠢ ᠡᠭᠦᠷᠭᠡᠯᠡᠵᠦ᠂ ᠪᠥᠬᠦ ᠣᠷᠣᠨ ᠤ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠡᠬᠢ ᠪᠠᠶᠠᠯᠢᠭ ᠢ ᠨᠠᠢᠢᠣᠡᠭᠡᠨ ᠬᠠᠮᠲᠤ ᠳ᠋ᠦ ᠪᠡᠨ ᠬᠦᠷᠲᠡᠵᠦ᠂ ᠭᠤᠯᠳᠤ ᠪᠠᠷ ᠤᠯᠤᠰ᠂ ᠠᠶᠢᠮᠠᠭ ᠬᠤᠲᠠ ᠵᠢᠨ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠨᠡᠪᠲᠡᠷᠡᠭᠦᠯᠵᠦ᠂ ᠬᠦᠨᠳᠡᠯᠡᠨ ᠵᠢᠡᠷ ᠨᠡᠶᠢᠭᠡᠮ ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠰᠦᠯᠵᠢᠶᠡᠨ ᠳᠠᠬᠢ ᠬᠢᠨᠠᠨ ᠵᠥᠪᠰᠢᠶᠡᠷᠡᠯ ᠬᠢᠨᠠᠯᠲᠠ ᠬᠠᠮᠢᠶᠠᠷᠤᠯᠲᠠ ᠶᠢᠨ ᠲᠠᠪᠴᠠᠩ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠲᠠᠪᠴᠠᠩ ᠢ ᠵᠣᠯᠭᠠᠭᠤᠯᠵᠤ᠂ ᠠᠷᠠᠯᠵᠢᠶᠠᠨ ᠤ ᠮᠡᠳᠡᠭᠡ ᠵᠠᠩᠭᠢ᠂ ᠢᠲᠡᠭᠡᠮᠵᠢ ᠵᠢᠨ ᠮᠡᠳᠡᠭᠡ ᠵᠠᠩᠭᠢ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠳᠡᠭᠡ ᠵᠠᠩᠭᠢ᠂ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠮᠡᠳᠡᠭᠡ ᠵᠠᠩᠭᠢ ᠵᠡᠷᠭᠡ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠮᠡᠳᠡᠭᠡ ᠵᠠᠩᠭᠢ ᠵᠢ ᠭᠦᠢᠴᠡᠳ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃
ᠠᠷᠪᠠᠨ ᠳᠥᠷᠪᠡᠳᠦᠭᠡᠷ ᠵᠦᠢᠯ ᠡᠯ᠎ᠡ ᠱᠠᠲᠤᠨ ᠤ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠨᠢ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠦᠢᠯᠡᠴᠢᠯᠡᠭᠡᠨ ᠤ ᠬᠠᠮᠢᠶᠠᠷᠤᠯᠲᠠ᠂ ᠮᠡᠳᠡᠭᠡ ᠵᠠᠩᠭᠢ ᠵᠢᠨ ᠠᠮᠤᠷ ᠲᠦᠪᠰᠢᠨ᠂ ᠳ᠋ᠠᠶᠢᠲ᠋ᠠ ᠵᠢᠨ ᠬᠠᠮᠠᠭᠠᠯᠠᠯᠲᠠ᠂ ᠮᠡᠳᠡᠭᠡ ᠵᠠᠩᠭᠢ ᠨᠡᠶᠢᠲᠡᠯᠡᠬᠦ᠂ ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠮᠡᠷᠭᠡᠵᠢᠯ ᠤᠨ ᠠᠷᠭ᠎ᠠ ᠪᠠᠷᠢᠯ ᠪᠠ ᠪᠤᠰᠤᠳ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠲᠠᠪᠴᠠᠩ ᠢ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠤ ᠵᠡᠷᠭᠡ ᠳᠡᠰ ᠤᠨ ᠬᠠᠮᠠᠭᠠᠯᠠᠯᠳᠡ ᠪᠠ ᠬᠤᠯᠪᠣᠭᠳᠠᠯ ᠪᠦᠬᠦᠢ ᠪᠠᠶᠢᠴᠠᠭᠠᠨ ᠰᠢᠨᠵᠢᠵᠦ ᠦᠨᠡᠮᠰᠢᠬᠦ ᠱᠠᠭᠠᠷᠳᠠᠯᠭ᠎ᠠ ᠳ᠋ᠤ ᠨᠠᠢᠢᠴᠡᠭᠦᠯᠭᠦ ᠵᠢ ᠪᠠᠲᠤᠯᠠᠵᠤ᠂ ᠲᠠᠪᠴᠠᠩ ᠤᠨ ᠠᠮᠤᠷ ᠲᠣᠭᠲᠠᠭᠤᠨ ᠠᠵᠢᠯᠯᠠᠬᠤ ᠶᠢ ᠦᠨᠡᠨ ᠬᠦ ᠪᠠᠳᠣᠯᠠᠬᠣ ᠬᠡᠷᠩᠲᠠᠢ᠃
ᠠᠷᠪᠠᠨ ᠲᠠᠪᠤᠳᠤᠭᠠᠷ ᠵᠦᠢᠯ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠰᠢᠰᠲ᠋ᠧᠮ ᠢ ᠨᠡᠭᠡᠭᠡᠨ ᠭᠦᠭᠵᠢᠭᠦᠯᠭᠦ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳ᠋ᠠᠶᠢᠲ᠋ᠠ ᠵᠢᠨ ᠵᠠᠯᠭᠠᠭᠤᠷ ᠢ ᠴᠢᠯᠦᠭᠡᠲᠡᠢ ᠪᠣᠯᠭᠠᠬᠤ᠂ ᠵᠠᠯᠭᠠᠭᠤᠷ ᠢ ᠨᠡᠶᠢᠲᠡᠯᠡᠬᠦ ᠱᠠᠭᠠᠷᠳᠠᠯᠭ᠎ᠠ ᠪᠠᠷ᠂ ᠨᠥᠬᠦᠴᠡᠯ ᠳ᠋ᠤ ᠨᠡᠶᠢᠴᠡᠬᠦ ᠡᠯ᠎ᠡ ᠲᠥᠷᠥᠯ ᠤᠨ ᠲᠠᠪᠴᠠᠩ᠂ ᠰᠢᠰᠲ᠋ᠧᠮ ᠢ ᠵᠠᠯᠭᠠᠭᠤᠯᠬᠤ ᠵᠢ ᠬᠢᠵᠠᠭᠠᠷᠯᠠᠬᠤ ᠪᠤᠶᠤ ᠭᠠᠳᠠᠭᠤᠷᠴᠢᠯᠠᠵᠤ ᠪᠣᠯᠬᠤ ᠦᠭᠡᠶ᠃
ᠳᠥᠷᠪᠡᠳᠦᠭᠡᠷ ᠪᠦᠯᠦᠭ ᠪᠦᠬᠦ ᠴᠤᠪᠤᠷᠠᠯ ᠤᠨ ᠡᠯᠧᠺᠲ᠋ᠷᠣᠨᠴᠢᠯᠠᠭᠰᠠᠨ ᠠᠷᠠᠯᠵᠢᠶ᠎ᠠ
ᠠᠷᠪᠠᠨ ᠵᠢᠷᠭᠤᠳᠤᠭᠠᠷ ᠵᠦᠢᠯ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳ᠋ᠤ ᠣᠷᠣᠭᠤᠯᠤᠭᠰᠠᠨ ᠲᠥᠷᠥᠯ ᠵᠦᠢᠯ ᠳ᠋ᠤ ᠪᠦᠬᠦ ᠴᠤᠪᠤᠷᠠᠯ ᠤᠨ ᠡᠯᠧᠺᠲ᠋ᠷᠣᠨᠴᠢᠯᠠᠭᠰᠠᠨ ᠠᠷᠠᠯᠵᠢᠶ᠎ᠠ ᠶᠢ ᠬᠡᠷᠡᠭᠵᠢᠭᠦᠯᠦᠨ᠎ᠡ᠃
ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠪᠥᠬᠦ ᠴᠤᠪᠤᠷᠠᠯ ᠤᠨ ᠡᠯᠧᠺᠲ᠋ᠷᠣᠨᠴᠢᠯᠠᠭᠰᠠᠨ ᠠᠷᠠᠯᠵᠢᠶ᠎ᠠ ᠳᠤ ᠴᠢᠬᠤᠯᠠ ᠪᠥᠬᠦᠶ ᠲᠠᠯᠠᠪᠤᠷ ᠭᠠᠵᠠᠷ ᠪᠠ ᠪᠡᠯᠡᠳᠬᠡᠮᠵᠢ ᠲᠥᠬᠦᠭᠡᠷᠦᠮᠵᠢ ᠬᠠᠩᠭᠠᠵᠤ᠂ ᠲᠥᠷᠥᠯ ᠵᠦᠢᠯ ᠢ ᠭᠥᠯᠢᠶᠡᠨ ᠠᠪᠴᠤ ᠰᠢᠢᠳᠪᠦᠷᠢᠯᠡᠬᠦ᠂ ᠲᠠᠯᠠᠪᠤᠷ ᠭᠠᠵᠠᠷ ᠪᠣᠯᠵᠣᠬᠤ᠂ ᠮᠡᠳᠡᠭᠡ ᠵᠠᠩᠭᠢ ᠨᠡᠶᠢᠲᠡᠯᠡᠬᠦ᠂ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠢᠨᠠᠨ ᠦᠨᠡᠯᠡᠬᠦ᠂ ᠵᠠᠷᠯᠠᠨ ᠨᠡᠶᠢᠲᠡᠯᠡᠬᠦ᠂ ᠭᠡᠷ᠎ᠡ ᠲᠣᠭᠲᠠᠬᠤ᠂ ᠲᠠᠩᠰᠠ ᠡᠪᠬᠡᠮᠡᠯ ᠬᠠᠮᠢᠶᠠᠷᠬᠤ ᠵᠡᠷᠭᠡ ᠭᠤᠭᠴᠤᠭ᠎ᠠ ᠳ᠋ᠤ ᠪᠥᠬᠦ ᠴᠤᠪᠤᠷᠠᠯ ᠤᠨ ᠡᠯᠧᠺᠲ᠋ᠷᠣᠨᠴᠢᠯᠠᠭᠰᠠᠨ ᠦᠢᠯᠡᠴᠢᠯᠡᠭᠡ ᠬᠠᠩᠭᠠᠨ᠎ᠠ᠃
ᠠᠷᠪᠠᠨ ᠳᠣᠯᠣᠳᠤᠭᠠᠷ ᠵᠦᠢᠯ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠳ᠋ᠢᠭᠢᠲ ᠦᠨᠡᠮᠯᠡᠯ᠂ ᠡᠯᠧᠺᠲ᠋ᠷᠣᠨ ᠭᠡᠷᠡᠴᠢ ᠦᠨᠡᠮᠯᠡᠯ ᠵᠡᠷᠭᠡ ᠠᠷᠭ᠎ᠠ ᠮᠠᠶ᠋ᠢᠭ ᠢᠶᠠᠷ᠂ ᠲᠥᠷᠥᠯ ᠵᠦᠢᠯ ᠡᠭᠦᠰᠬᠡᠭᠴᠢ᠂ ᠲᠥᠷᠥᠯ ᠵᠦᠢᠯ ᠳᠠᠭᠠᠭᠴᠢ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠵᠢᠴᠢ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠳ᠋ᠤ ᠨᠢᠭᠡᠳᠦᠯᠲᠡᠶ ᠪᠡᠶ᠎ᠡ ᠬᠡᠮ ᠤᠨ ᠳ᠋ᠢᠭᠢᠲ ᠭᠡᠷᠡᠴᠢᠯᠡᠭᠡ ᠶᠢ ᠬᠡᠷᠡᠭᠵᠢᠭᠦᠯᠵᠦ᠂ ᠳ᠋ᠢᠭᠢᠲ ᠦᠨᠡᠮᠯᠡᠯ᠂ ᠡᠯᠧᠺᠲ᠋ᠷᠣᠨ ᠭᠡᠷᠡᠴᠢ ᠦᠨᠡᠮᠯᠡᠯ ᠵᠡᠷᠭᠡ ᠶᠢ ᠲᠠᠪᠴᠠᠩ ᠠᠯᠤᠰᠯᠠᠨ᠂ ᠰᠠᠯᠠᠭ᠎ᠠ ᠮᠥᠴᠢᠷ ᠠᠯᠤᠰᠯᠠᠨ᠂ ᠣᠷᠣᠨ ᠪᠦᠰᠡ ᠠᠯᠤᠰᠯᠠᠨ ᠵᠣᠬᠢᠴᠠᠭᠣᠯᠣᠨ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃
ᠠᠷᠪᠠᠨ ᠨᠠᠢᠮᠠᠳᠤᠭᠠᠷ ᠵᠦᠢᠯ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠲᠥᠷᠥᠯ ᠵᠦᠢᠯ ᠤᠨ ᠳᠠᠩᠰᠠᠯᠠᠨ ᠲᠡᠮᠳᠡᠭᠯᠡᠬᠦ ᠵᠢ ᠰᠦᠯᠵᠢᠶ᠎ᠡ ᠪᠡᠷ ᠬᠦᠯᠢᠶᠡᠨ ᠠᠪᠴᠤ ᠰᠢᠢᠳᠪᠦᠷᠢᠯᠡᠨ᠂ ᠲᠥᠷᠥᠯ ᠬᠣᠪᠢᠶᠠᠨ ᠬᠠᠮᠢᠶᠠᠷᠬᠣ ᠶᠢ ᠬᠡᠷᠡᠭᠵᠢᠭᠦᠯᠦᠨ᠎ᠡ᠃
ᠲᠥᠷᠥᠯ ᠵᠦᠢᠯ ᠡᠭᠦᠰᠭᠡᠭᠴᠢ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠲᠥᠷᠥᠯ ᠵᠦᠢᠯ ᠳᠠᠩᠰᠠᠯᠠᠨ ᠲᠡᠮᠳᠡᠭᠯᠡᠬᠦ᠂ ᠲᠠᠯᠠᠪᠤᠷ ᠭᠠᠵᠠᠷ ᠪᠣᠯᠵᠣᠬᠤ᠂ ᠠᠷᠠᠯᠵᠢᠶᠠᠨ ᠤ ᠮᠡᠳᠡᠭᠡ ᠵᠠᠩᠭᠢ ᠨᠡᠶᠢᠲᠡᠯᠡᠬᠦ ᠵᠡᠷᠭᠡ ᠶᠢ ᠪᠡᠶᠡᠯᠡᠭᠦᠯᠦᠨ᠎ᠡ᠃
ᠠᠷᠪᠠ ᠶᠢᠰᠦᠳᠦᠭᠡᠷ ᠵᠦᠢᠯ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠮᠡᠳᠡᠭᠡ ᠵᠠᠩᠭᠢ ᠵᠢ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠰᠦᠯᠵᠢᠶᠡᠨ ᠳ᠋ᠤ ᠨᠡᠶᠢᠲᠡᠯᠡᠬᠦ ᠬᠡᠷᠡᠭᠲᠡᠶ᠃ ᠲᠥᠷᠥᠯ ᠵᠦᠢᠯ ᠡᠭᠦᠰᠬᠡᠭᠴᠢ ᠨᠢ ᠠᠷᠠᠯᠵᠢᠶᠠᠨ ᠤ ᠠᠯᠪᠠᠨ ᠵᠠᠷ᠂ ᠠᠷᠠᠯᠵᠢᠶᠠᠨ ᠤ ᠪᠢᠴᠢᠭ ᠮᠠᠲ᠋ᠧᠷᠢᠶᠠᠯ᠂ ᠠᠷᠠᠯᠵᠢᠶᠠᠨ ᠤ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠨᠡᠶᠢᠲᠡᠯᠡᠬᠦ ᠳ᠋ᠤ ᠨᠢᠭᠤᠴᠠ ᠵᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ ᠪᠥᠭᠡᠳ ᠬᠠᠮᠢᠶ᠎ᠠ ᠪᠦᠬᠦᠢ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ ᠪᠠ ᠬᠠᠤᠯᠢ ᠶᠣᠰᠣᠴᠢ ᠴᠢᠨᠠᠷ ᠲᠤ ᠬᠠᠷᠢᠭᠤᠴᠠᠬᠤ ᠬᠡᠷᠡᠭᠲᠡᠶ᠃ ᠲᠥᠷᠥᠯ ᠵᠦᠢᠯ ᠡᠭᠦᠰᠬᠡᠭᠴᠢ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠤᠰᠤᠳ ᠵᠠᠭᠤᠴᠢᠯᠠᠭᠤᠷ ᠲᠤ ᠨᠡᠶᠢᠲᠡᠯᠡᠭᠰᠡᠨ ᠠᠷᠠᠯᠵᠢᠶᠠᠨ ᠤ ᠮᠡᠳᠡᠭᠡ ᠵᠠᠩᠭᠢ ᠪᠠᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠰᠦᠯᠵᠢᠶᠡᠨ ᠳᠤ ᠨᠡᠶᠢᠲᠡᠯᠡᠭᠰᠡᠨ ᠮᠡᠳᠡᠭᠡ ᠵᠠᠩᠭᠢ ᠯᠤᠭ᠎ᠠ ᠨᠢᠭᠡᠳᠦᠯᠲᠡᠶ ᠪᠠᠢᠢᠯᠭᠠᠬᠤ ᠬᠡᠷᠡᠭᠲᠡᠶ᠃
ᠬᠤᠷᠢᠳᠤᠭᠠᠷ ᠵᠦᠢᠯ ᠲᠥᠷᠥᠯ ᠵᠦᠢᠯ ᠳᠠᠭᠠᠭᠴᠢ ᠨᠢ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠵᠢᠡᠷ ᠳᠠᠭᠠᠯᠲᠠ ᠵᠢᠨ ᠲᠠᠰ ᠳᠠᠷᠠᠭᠠᠯᠠᠯ ᠢ ᠭᠦᠢᠴᠡᠳᠭᠡᠬᠦ ᠵᠢᠨ ᠬᠠᠮᠲᠤ ᠳᠠᠭᠠᠯᠲᠠ ᠶᠢᠨ ᠪᠢᠴᠢᠭ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ ᠪᠠ ᠬᠠᠤᠯᠢ ᠶᠣᠰᠣᠴᠢ ᠴᠢᠨᠠᠷ ᠲᠤ ᠬᠠᠷᠢᠭᠤᠴᠠᠬᠤ ᠬᠡᠷᠡᠭᠲᠡᠶ᠃ ᠳᠠᠭᠠᠯᠲᠠ ᠵᠢᠨ ᠪᠢᠴᠢᠭ ᠮᠠᠲ᠋ᠧᠷᠢᠶᠠᠯ ᠢ ᠨᠠᠢᠢᠷᠠᠭᠤᠯᠤᠨ ᠵᠣᠬᠢᠶᠠᠬᠤ᠂ ᠨᠢᠭᠤᠴᠠᠯᠠᠬᠤ᠂ ᠭᠠᠷᠳᠠᠭᠣᠯᠬᠣ᠂ ᠳᠠᠮᠵᠢᠭᠤᠯᠬᠤ᠂ ᠭᠥᠯᠢᠶᠡᠨ ᠠᠪᠬᠤ᠂ ᠨᠤᠲᠠᠯᠠᠬᠤ ᠵᠡᠷᠭᠡ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃
ᠬᠤᠷᠢᠨ ᠨᠢᠭᠡᠳᠦᠭᠡᠷ ᠵᠦᠢᠯ ᠲᠥᠷᠥᠯ ᠵᠦᠢᠯ ᠡᠭᠦᠰᠬᠡᠭᠴᠢ ᠨᠢ ᠲᠥᠷᠥᠯ ᠵᠦᠢᠯ ᠳᠠᠭᠠᠭᠴᠢ ᠶᠢ ᠪᠠᠲᠤᠯᠠᠭ᠎ᠠ ᠶᠢᠨ ᠮᠥᠩᠭᠦ ᠲᠤᠰᠢᠶᠠᠬᠤ ᠪᠠᠷ ᠱᠠᠭᠠᠷᠳᠠᠭᠰᠠᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠬᠤᠷᠢᠨ ᠬᠤᠶᠠᠳᠤᠭᠠᠷ ᠵᠦᠢᠯ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠲᠥᠷᠥᠯ ᠵᠦᠢᠯ ᠢ ᠠᠷᠠᠯᠵᠢᠶᠠᠨ ᠤ ᠪᠢᠴᠢᠭ ᠮᠠᠲ᠋ᠧᠷᠢᠶᠠᠯ ᠳ᠋ᠤ ᠲᠣᠭᠲᠠᠭᠰᠠᠨ ᠴᠠᠭ ᠶᠣᠰᠣᠭᠠᠷ ᠰᠦᠯᠵᠢᠶᠡᠨ ᠳ᠋ᠤ ᠳᠠᠭᠠᠭᠠᠴᠢᠯᠠᠯᠲᠠ ᠨᠡᠶᠢᠲᠡᠯᠡᠬᠦ ᠬᠡᠷᠡᠭᠲᠡᠶ᠂ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠵᠢᠨ ᠠᠮᠤᠷ ᠲᠦᠪᠰᠢᠨ ᠵᠡᠷᠭᠡ ᠣᠨᠴᠠᠭᠠᠶ ᠱᠠᠭᠠᠷᠳᠠᠯᠭ᠎ᠠ ᠳᠤ ᠬᠤᠯᠪᠣᠭᠳᠠᠪᠠᠯ ᠡᠭᠦᠨ ᠳᠤ ᠪᠠᠭᠲᠠᠬᠤ ᠥᠬᠡᠶ᠃
ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠦᠬᠦ ᠣᠷᠣᠨ ᠤ ᠨᠢᠭᠡᠳᠦᠯᠲᠡᠶ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠤ ᠬᠥᠮᠥᠷᠭᠡ ᠵᠢ ᠪᠠᠶᠢᠭᠤᠯᠬᠤ ᠬᠡᠷᠡᠭᠲᠡᠶ᠃ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠨᠢ ᠳᠠᠭᠠᠭᠠᠴᠢᠯᠠᠯᠲᠠ ᠬᠢᠨᠠᠨ ᠦᠨᠡᠯᠡᠬᠦ ᠴᠢᠬᠤᠯᠠᠲᠠᠢ ᠪᠣᠯ᠂ ᠲᠥᠷᠥᠯ ᠵᠦᠢᠯ ᠡᠭᠦᠰᠬᠡᠭᠴᠢ ᠡᠴᠡ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠵᠢᠡᠷ ᠳᠠᠮᠵᠢᠭᠤᠯᠤᠨ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ ᠤ ᠬᠥᠮᠥᠷᠭᠡ ᠡᠴᠠ ᠲᠤᠰᠬᠠᠢ ᠮᠡᠷᠭᠡᠵᠢᠯᠲᠡᠨ ᠢ ᠲᠠᠰᠢᠷᠠᠮ ᠵᠢᠡᠷ ᠰᠣᠩᠭᠤᠨ᠂ ᠳᠠᠭᠠᠭᠠᠴᠢᠯᠠᠯᠲᠠ ᠬᠢᠨᠠᠨ ᠦᠨᠡᠯᠡᠬᠦ ᠺᠣᠮᠢᠰ ᠪᠤᠶᠤ ᠬᠢᠨᠠᠨ ᠦᠨᠡᠯᠡᠬᠦ ᠳᠤᠭᠤᠶᠢᠯᠠᠩ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃ ᠳᠠᠭᠠᠭᠠᠴᠢᠯᠠᠯᠲᠠ ᠬᠢᠨᠠᠨ ᠦᠨᠡᠯᠡᠬᠦ ᠲᠥᠷᠥᠯ ᠵᠦᠢᠯ ᠨᠢ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠠᠶᠢᠭᠤᠯᠤᠭᠰᠠᠨ ᠲᠤᠰᠬᠠᠶ ᠮᠡᠷᠭᠡᠵᠢᠯᠲᠡᠨ ᠤ ᠬᠥᠮᠥᠷᠭᠡ ᠡᠴᠠ ᠲᠤᠰᠬᠠᠶ ᠮᠡᠷᠭᠡᠵᠢᠯᠲᠡᠨ ᠰᠣᠩᠭᠤᠬᠤ ᠪᠤᠶᠤ ᠮᠡᠷᠭᠡᠵᠢᠯ ᠨᠢ ᠪᠤᠳᠤᠯᠢᠶᠠᠨᠲᠠᠶ᠂ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ ᠵᠡᠷᠭᠡ ᠪᠠᠶᠢᠳᠠᠯ ᠡᠴᠠ ᠪᠣᠯᠵᠤ ᠲᠠᠰᠢᠷᠠᠮ ᠢᠶᠠᠷ ᠰᠣᠩᠭᠤᠬᠤ ᠬᠡᠯᠪᠡᠷᠢ ᠪᠠᠷ ᠲᠤᠰᠬᠠᠶ ᠮᠡᠷᠭᠡᠵᠢᠯᠲᠡᠨ ᠲᠣᠭᠲᠠᠭᠠᠬᠤ ᠳ᠋ᠤ ᠲᠣᠬᠢᠷᠠᠬᠣ ᠦᠭᠡᠢ ᠪᠠᠢᠢᠪᠡᠯ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠬᠤᠷᠢᠨ ᠳᠥᠷᠪᠡᠳᠦᠭᠡᠷ ᠵᠦᠢᠯ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠲᠣᠭᠲᠠᠭᠠᠭᠰᠠᠨ ᠬᠢᠨᠠᠨ ᠦᠨᠡᠯᠡᠬᠦ ᠪᠠᠷᠢᠮᠵᠢᠶ᠎ᠠ᠂ ᠠᠷᠭ᠎ᠠ ᠪᠠ ᠳᠡᠰ ᠳᠠᠷᠠᠭᠠᠯᠠᠯ ᠶᠣᠰᠣᠭᠠᠷ᠂ ᠳᠠᠭᠠᠭᠠᠴᠢᠯᠠᠯᠲᠠ ᠬᠢᠨᠠᠨ ᠦᠨᠡᠯᠡᠭᠦ ᠰᠠᠨᠠᠯ ᠵᠢᠡᠨ ᠪᠤᠰᠤᠳᠴᠢ ᠪᠠᠷ᠂ ᠭᠤᠤᠯᠴᠢ ᠪᠠᠷ᠂ ᠲᠤᠰᠠᠭᠠᠷ ᠳᠤᠷᠠᠳᠴᠤ᠂ ᠳᠤᠷᠠᠳᠤᠭᠰᠠᠨ ᠳᠠᠭᠠᠭᠠᠴᠢᠯᠠᠯᠲᠠ ᠬᠢᠨᠠᠨ ᠦᠨᠡᠯᠡᠭᠰᠡᠨ ᠰᠠᠨᠠᠯ ᠳᠤ ᠪᠡᠨ ᠬᠠᠤᠯᠢ ᠶᠣᠰᠣᠭᠠᠷ ᠬᠠᠷᠢᠭᠤᠴᠠᠯᠭ᠎ᠠ ᠡᠭᠦᠷᠬᠡᠯᠡᠭᠦ ᠬᠡᠷᠡᠭᠲᠡᠢ᠃
ᠳᠠᠭᠠᠭᠠᠴᠢᠯᠠᠯᠲᠠ ᠬᠢᠨᠠᠨ ᠦᠨᠡᠯᠡᠬᠦ ᠺᠣᠮᠢᠰ ᠪᠤᠶᠤ ᠬᠢᠨᠠᠨ ᠦᠨᠡᠯᠡᠬᠦ ᠳᠤᠭᠤᠶᠢᠯᠠᠩ ᠨᠢ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠵᠢᠡᠷ ᠳᠠᠮᠵᠢᠭᠤᠯᠤᠨ ᠲᠥᠷᠥᠯ ᠵᠦᠢᠯ ᠡᠭᠦᠰᠬᠡᠭᠴᠢ ᠳ᠋ᠤ ᠳᠠᠭᠠᠭᠠᠴᠢᠯᠠᠯᠲᠠ ᠬᠢᠨᠠᠨ ᠦᠨᠡᠯᠡᠭᠰᠡᠨ ᠮᠡᠳᠡᠭᠦᠯᠦᠯᠲᠡ ᠪᠠᠨ ᠳᠡᠪᠰᠢᠭᠦᠯᠵᠦ᠂ ᠳᠠᠭᠠᠭᠠᠴᠢᠯᠠᠯᠲᠠ ᠣᠯᠬᠤ ᠵᠢᠱᠢᠭᠳᠡᠭᠰᠡᠳ᠂ ᠠᠷᠠᠯᠵᠢᠶ᠎ᠠ ᠪᠦᠲᠦᠭᠰᠡᠨ ᠵᠢᠱᠢᠭᠳᠡᠭᠰᠡᠳ ᠤᠨ ᠨᠡᠷᠡᠰ ᠢ ᠲᠠᠨᠢᠯᠴᠠᠭᠤᠯᠬᠤ ᠪᠤᠶᠤ ᠲᠥᠷᠥᠯ ᠵᠦᠢᠯ ᠡᠭᠦᠰᠬᠡᠭᠴᠢ ᠵᠢᠨ ᠨᠠᠶᠢᠳᠠᠯᠭ᠎ᠠ ᠪᠠᠷ ᠳᠠᠭᠠᠭᠠᠴᠢᠯᠠᠯᠲᠠ ᠣᠯᠤᠭᠴᠢ᠂ ᠠᠷᠠᠯᠵᠢᠶ᠎ᠠ ᠪᠦᠲᠦᠭᠰᠡᠨ ᠬᠥᠮᠦᠨ ᠢ ᠲᠣᠭᠲᠠᠭᠠᠨ᠎ᠠ᠃
ᠠᠯᠤᠰ ᠡᠴᠠ ᠣᠨᠳᠣᠣ ᠭᠠᠵᠠᠷ ᠡᠴᠠ ᠳᠠᠭᠠᠭᠠᠴᠢᠯᠠᠯᠲᠠ ᠬᠢᠨᠠᠨ ᠦᠨᠡᠯᠡᠬᠦ ᠵᠢ ᠳᠡᠯᠭᠡᠷᠡᠭᠦᠯᠵᠦ᠂ ᠲᠤᠰᠬᠠᠢ ᠮᠡᠷᠭᠡᠵᠢᠯᠲᠡᠨ ᠤ ᠡᠬᠢ ᠪᠠᠶᠠᠯᠢᠭ ᠢ ᠬᠠᠮᠲᠤ ᠳᠦ ᠪᠡᠨ ᠬᠦᠷᠲᠡᠨ᠎ᠡ᠃
ᠬᠤᠷᠢᠨ ᠲᠠᠪᠤᠳᠤᠭᠠᠷ ᠵᠦᠢᠯ ᠲᠥᠷᠥᠯ ᠵᠦᠢᠯ ᠡᠭᠦᠰᠬᠡᠭᠴᠢ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠣᠲᠣᠷ᠎ᠠ ᠠᠷᠠᠯᠵᠢᠶᠠᠨ ᠤ ᠦᠷ᠎ᠡ ᠳ᠋ᠦᠩ ᠢ ᠨᠤᠲᠠᠯᠠᠬᠤ ᠶᠢᠨ ᠬᠠᠮᠲᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠠᠷᠠᠯᠵᠢᠶᠠᠨ ᠤ ᠦᠷ᠎ᠡ ᠳ᠋ᠦᠩ ᠢ ᠵᠠᠷᠯᠠᠨ ᠨᠡᠶᠢᠲᠡᠯᠡᠬᠦ ᠬᠡᠷᠡᠭᠲᠡᠢ᠃
ᠬᠤᠷᠢᠨ ᠵᠢᠷᠭᠤᠳᠤᠭᠠᠷ ᠵᠦᠢᠯ ᠲᠥᠷᠥᠯ ᠵᠦᠢᠯ ᠡᠭᠦᠰᠬᠡᠭᠴᠢ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠵᠢᠡᠷ ᠳᠠᠮᠵᠢᠭᠤᠯᠤᠨ ᠳᠠᠭᠠᠭᠠᠴᠢᠯᠠᠯᠲᠠ ᠣᠯᠤᠭᠴᠢ᠂ ᠠᠷᠠᠯᠵᠢᠶ᠎ᠠ ᠪᠦᠲᠦᠭᠰᠡᠨ ᠬᠦᠮᠦᠨ ᠯᠤᠭᠡ ᠭᠡᠷ᠎ᠡ ᠲᠣᠭᠲᠠᠨ᠎ᠠ᠃ ᠲᠥᠷᠥᠯ ᠵᠦᠢᠯ ᠡᠭᠦᠰᠭᠡᠭᠴᠢ ᠨᠢ ᠳᠠᠭᠠᠭᠠᠴᠢᠯᠠᠯᠲᠠ ᠣᠯᠤᠭᠴᠢ᠂ ᠠᠷᠠᠯᠵᠢᠶ᠎ᠠ ᠪᠦᠲᠦᠭᠰᠡᠨ ᠬᠦᠮᠦᠨ ᠵᠡᠷᠭᠡ ᠬᠠᠮᠢᠶ᠎ᠠ ᠪᠦᠬᠦᠢ ᠭᠤᠤᠯ ᠴᠣᠭᠴᠠ ᠯᠤᠭ᠎ᠠ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠵᠢᠡᠷ ᠳᠠᠮᠵᠢᠭᠤᠯᠤᠨ ᠳᠠᠭᠠᠭᠠᠴᠢᠯᠠᠯᠲᠠ ᠣᠯᠤᠭᠰᠠᠨ ᠭᠡᠷ᠎ᠡ᠂ ᠠᠷᠠᠯᠵᠢᠶ᠎ᠠ ᠪᠦᠲᠦᠭᠰᠡᠨ ᠭᠡᠷ᠎ᠡ ᠵᠢ ᠭᠦᠢᠴᠡᠳᠬᠡᠭᠰᠡᠨ ᠪᠠᠶᠢᠳᠠᠯ ᠤᠨ ᠮᠡᠳᠡᠭᠡ ᠵᠠᠩᠭᠢ ᠵᠢ ᠴᠠᠭ ᠲᠤᠬᠠᠢ ᠳᠤ ᠨᠢ ᠭᠠᠷᠳᠠᠭᠣᠯᠬᠣ ᠪᠠ ᠨᠡᠶᠢᠲᠡᠯᠡᠬᠦ ᠶᠢ ᠵᠣᠷᠢᠬᠵᠢᠭᠤᠯᠤᠨ᠎ᠠ᠃
ᠬᠤᠷᠢᠨ ᠳᠣᠯᠣᠳᠤᠭᠠᠷ ᠵᠦᠢᠯ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠪᠦᠬᠦ ᠶᠠᠪᠤᠴᠠ ᠵᠢ ᠲᠤᠬᠠᠶ ᠵᠢᠨ ᠴᠠᠭ ᠲᠤ ᠨᠢ ᠭᠡᠷᠡᠴᠢᠯᠡᠵᠦ᠂ ᠲᠥᠷᠥᠯ ᠵᠦᠢᠯ ᠡᠭᠦᠰᠬᠡᠭᠴᠢ᠂ ᠲᠥᠷᠥᠯ ᠵᠦᠢᠯ ᠳᠠᠭᠠᠭᠴᠢ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ᠂ ᠲᠤᠰᠬᠠᠶ ᠮᠡᠷᠭᠡᠵᠢᠯᠲᠡᠨ ᠵᠡᠷᠭᠡ ᠭᠤᠤᠯ ᠴᠣᠭᠴᠠ ᠶᠢᠨ ᠮᠡᠳᠡᠭᠡ ᠵᠠᠩᠭᠢ ᠪᠠ ᠠᠷᠠᠯᠵᠢᠶᠠᠨ ᠤ ᠮᠡᠳᠡᠭᠡ ᠵᠠᠩᠭᠢ ᠶᠢ ᠪᠦᠬᠦ ᠲᠠᠯ᠎ᠠ ᠪᠠᠷ ᠲᠡᠮᠳᠡᠭᠯᠡᠵᠦ᠂ ᠠᠷᠠᠯᠵᠢᠶᠠᠨ ᠤ ᠶᠠᠪᠤᠴᠠ ᠶᠢ ᠮᠦᠷᠳᠡᠨ ᠪᠠᠶᠢᠴᠠᠭᠠᠵᠤ ᠪᠣᠯᠬᠤ ᠶᠢ ᠦᠨᠡᠨ ᠬᠦ ᠪᠠᠲᠤᠯᠠᠨ᠎ᠠ᠃
ᠬᠤᠷᠢᠨ ᠨᠠᠢᠮᠠᠳᠤᠭᠠᠷ ᠵᠦᠢᠯ ᠡᠯ᠎ᠡ ᠱᠠᠲᠤᠨ ᠤ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠲᠥᠪ ᠪᠠ ᠲᠥᠷᠥᠯ ᠵᠦᠢᠯ ᠡᠭᠦᠰᠬᠡᠭᠴᠢ ᠪᠥᠬᠦ ᠣᠷᠣᠨ ᠤ ᠨᠢᠭᠡᠳᠦᠯᠲᠡᠶ ᠡᠯᠧᠺᠲ᠋ᠷᠣᠨ ᠲᠠᠩᠰᠠ ᠡᠪᠬᠡᠮᠡᠯ ᠤᠨ ᠬᠠᠮᠢᠶᠠᠷᠤᠯᠲᠠ ᠵᠢᠨ ᠰᠢᠰᠲ᠋ᠧᠮ ᠳ᠋ᠤ ᠲᠦᠰᠢᠭᠯᠡᠨ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠪᠥᠬᠦ ᠶᠠᠪᠤᠴᠠ ᠳ᠋ᠤ ᠪᠣᠶ ᠪᠣᠯᠤᠭᠰᠠᠨ ᠡᠯᠧᠺᠲ᠋ᠷᠣᠨ ᠪᠢᠴᠢᠭ ᠮᠠᠲ᠋ᠧᠷᠢᠶᠠᠯ᠂ ᠤᠭ ᠳ᠋ᠠᠶᠢᠲ᠋ᠠ᠂ ᠳᠠᠭᠤ ᠸᠢᠳᠢᠣ᠋ ᠵᠡᠷᠭᠡ ᠵᠢ ᠲᠥᠷᠥᠯ ᠬᠤᠪᠢᠶᠠᠨ ᠡᠮᠬᠢᠯᠡᠵᠦ᠂ ᠲᠠᠩᠰᠠ ᠡᠪᠬᠡᠮᠡᠯ ᠳ᠋ᠤ ᠣᠷᠣᠭᠤᠯᠤᠨ ᠬᠠᠳᠠᠭᠠᠯᠠᠨ᠎ᠠ᠃
ᠬᠤᠷᠢ ᠶᠢᠰᠦᠳᠦᠭᠡᠷ ᠵᠦᠢᠯ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠨᠢ ᠰᠦᠯᠵᠢᠶ᠎ᠡ ᠪᠡᠷ ᠣᠨᠳᠣᠤ ᠰᠠᠨᠠᠯ᠂ ᠰᠡᠵᠢᠭᠯᠡᠯ ᠳᠤᠷᠠᠳᠬᠤ ᠪᠠ ᠰᠦᠯᠵᠢᠶ᠎ᠡ ᠪᠡᠷ ᠵᠠᠭᠠᠯᠳᠤᠬᠤ ᠵᠢ ᠳᠡᠮᠵᠢᠨ᠎ᠡ᠃ ᠲᠥᠷᠥᠯ ᠵᠦᠢᠯ ᠳᠠᠭᠠᠭᠴᠢ ᠵᠢᠴᠢ ᠪᠤᠰᠤᠳ ᠠᠰᠢᠭ ᠬᠤᠣᠷ ᠤᠨ ᠬᠠᠷᠢᠴᠠᠭᠠᠲᠤ ᠬᠥᠮᠦᠨ ᠠᠷᠠᠯᠵᠢᠶᠠᠨ ᠤ ᠪᠢᠴᠢᠭ ᠮᠠᠲ᠋ᠧᠷᠢᠶᠠᠯ᠂ ᠠᠷᠠᠯᠵᠢᠶᠠᠨ ᠤ ᠶᠠᠪᠤᠴᠠ᠂ ᠠᠷᠠᠯᠵᠢᠶᠠᠨ ᠤ ᠦᠷ᠎ᠡ ᠳ᠋ᠦᠩ ᠳ᠋ᠤ ᠣᠨᠳᠣᠤ ᠰᠠᠨᠠᠯ᠂ ᠰᠡᠵᠢᠭᠯᠡᠯ ᠲᠠᠢ ᠪᠠᠶᠢᠪᠠᠯ᠂ ᠲᠠᠪᠴᠠᠩ ᠵᠢᠡᠷ ᠳᠠᠮᠵᠢᠭᠤᠯᠤᠨ ᠲᠥᠷᠥᠯ ᠵᠦᠢᠯ ᠡᠭᠦᠰᠬᠡᠭᠴᠢ ᠳ᠋ᠤ ᠳᠤᠷᠠᠳᠴᠤ ᠪᠣᠯᠤᠨ᠎ᠠ︔ ᠠᠷᠠᠯᠵᠢᠶᠠᠨ ᠤ ᠠᠵᠢᠯᠯᠠᠭ᠎ᠠ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠳ᠋ᠤ ᠨᠡᠶᠢᠴᠡᠬᠦ ᠦᠭᠡᠢ ᠭᠡᠵᠦ ᠦᠵᠡᠪᠡᠯ᠂ ᠲᠠᠪᠴᠠᠩ ᠵᠢᠡᠷ ᠳᠠᠮᠵᠢᠭᠤᠯᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠵᠢᠨ ᠰᠠᠯᠠᠭ᠎ᠠ ᠮᠥᠴᠢᠷ ᠲᠤ ᠵᠠᠭᠠᠯᠳᠤᠵᠤ ᠪᠣᠯᠤᠨ᠎ᠠ᠃
ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠵᠢᠨ ᠰᠠᠯᠠᠭ᠎ᠠ ᠮᠥᠴᠢᠷ ᠨᠢ ᠵᠠᠭᠠᠯᠳᠤᠯᠭ᠎ᠠ ᠵᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠣᠲᠣᠷ᠎ᠠ ᠬᠠᠷᠢᠭᠤᠯᠲᠠ ᠥᠭᠬᠦ ᠪᠠ ᠵᠠᠭᠠᠯᠳᠤᠯᠭ᠎ᠠ ᠵᠢ ᠰᠢᠢᠳᠪᠦᠷᠢᠯᠡᠵᠦ᠂ ᠰᠢᠢᠳᠪᠦᠷᠢᠯᠡᠭᠰᠡᠨ ᠦᠷ᠎ᠡ ᠳ᠋ᠦᠩ ᠢ ᠲᠤᠬᠠᠢ ᠵᠢᠨ ᠬᠥᠮᠥᠨ ᠳ᠋ᠤ ᠬᠠᠷᠢᠭᠤ ᠲᠤᠰᠬᠠᠬᠤ ᠵᠢᠨ ᠬᠠᠮᠲᠤ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳ᠋ᠤ ᠨᠢ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳ᠋ᠤ ᠴᠤᠭᠯᠠᠭᠤᠯᠵᠤ᠂ ᠬᠠᠤᠯᠢ ᠶᠣᠰᠣᠭᠠᠷ ᠨᠡᠶᠢᠭᠡᠮ ᠳ᠋ᠤ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠵᠢ ᠬᠦᠯᠢᠶᠡᠬᠦ ᠬᠡᠷᠡᠭᠲᠡᠢ᠃
ᠭᠤᠴᠢᠳᠤᠭᠠᠷ ᠵᠦᠢᠯ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠨᠢ ᠤᠯᠤᠰ ᠤᠨ ᠠᠮᠤᠷ ᠲᠦᠪᠰᠢᠨ᠂ ᠤᠯᠤᠰ ᠤᠨ ᠨᠢᠭᠤᠴᠠ ᠵᠢ ᠬᠠᠮᠠᠭᠠᠯᠠᠬᠤ ᠬᠤᠯᠪᠣᠭᠳᠠᠯ ᠪᠥᠬᠦᠶ ᠲᠣᠭᠲᠠᠭᠠᠯ ᠢ ᠵᠢᠷᠤᠮᠯᠠᠬᠤ ᠬᠡᠷᠡᠭᠲᠡᠶ᠃
ᠲᠠᠪᠤᠳᠤᠭᠠᠷ ᠪᠦᠯᠦᠭ ᠬᠢᠨᠠᠯᠲᠠ ᠬᠠᠮᠢᠶᠠᠷᠤᠯᠲᠠ
ᠭᠤᠴᠢᠨ ᠨᠢᠭᠡᠳᠦᠭᠡᠷ ᠵᠦᠢᠯ ᠪᠦᠬᠦ ᠣᠷᠣᠨ ᠤ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶ᠎ᠠ ᠳ᠋ᠤ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠪᠠ ᠲᠠᠪᠴᠠᠩ ᠤᠨ ᠬᠠᠮᠢᠶᠠᠷᠤᠯᠲᠠ ᠵᠢ ᠬᠠᠷᠢᠯᠴᠠᠨ ᠤᠶᠠᠯᠳᠤᠭᠤᠯᠤᠭᠰᠠᠨ ᠬᠠᠮᠵᠢᠯᠴᠠᠨ ᠬᠢᠨᠠᠨ ᠬᠠᠮᠢᠶᠠᠷᠬᠤ ᠬᠡᠪ ᠵᠠᠭᠪᠤᠷ ᠢ ᠬᠡᠷᠡᠭᠵᠢᠭᠦᠯᠦᠨ᠎ᠡ᠃ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠠᠳᠠᠯᠢ ᠱᠠᠲᠤᠨ ᠤ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠯᠤᠭᠡ ᠬᠠᠮᠲᠤᠷᠠᠨ ᠬᠢᠨᠠᠨ ᠬᠠᠮᠢᠶᠠᠷᠬᠤ ᠡᠷᠬᠡ ᠪᠠ ᠬᠠᠷᠢᠭᠤᠴᠠᠯᠭ᠎ᠠ ᠵᠢᠨ ᠲᠣᠳᠣᠷᠬᠠᠢ ᠬᠠᠭᠤᠳᠠᠰᠤ᠂ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠦᠢᠯᠡᠴᠢᠯᠡᠭᠡᠨ ᠤ ᠲᠣᠳᠣᠷᠬᠠᠢ ᠬᠠᠭᠤᠳᠠᠰᠤ ᠶᠢ ᠲᠣᠭᠲᠠᠭᠠᠬᠤ ᠵᠢᠨ ᠬᠠᠮᠲᠤ ᠨᠡᠶᠢᠭᠡᠮ ᠳ᠋ᠤ ᠢᠯᠡ ᠪᠣᠯᠭᠠᠬᠤ ᠬᠡᠷᠡᠭᠲᠡᠶ᠃
ᠭᠤᠴᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠵᠢᠨ ᠰᠠᠯᠠᠭ᠎ᠠ ᠮᠥᠴᠢᠷ ᠯᠤᠭᠡ ᠬᠠᠮᠲᠤᠷᠠᠨ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠬᠦᠷᠢᠶ᠎ᠡ ᠴᠠᠷᠠᠭᠠᠨ ᠳ᠋ᠡᠬᠢ ᠵᠠᠰᠠᠭ ᠤᠨ ᠣᠷᠳᠣᠨ ᠤ ᠮᠡᠳᠡᠭᠡ ᠵᠠᠩᠭᠢ ᠵᠢᠨ ᠢᠯᠡ ᠪᠣᠯᠭᠠᠬᠤ ᠭᠠᠷᠴᠠᠭ ᠢ ᠲᠣᠭᠲᠠᠭᠠᠨ ᠨᠡᠶᠢᠲᠡᠯᠡᠨ᠎ᠡ᠃
ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠵᠢᠡᠷ ᠳᠠᠮᠵᠢᠭᠤᠯᠤᠨ ᠭᠠᠷᠴᠠᠭ ᠳᠣᠲᠣᠷᠠᠬᠢ ᠪᠣᠳᠠᠲᠠᠶ ᠮᠡᠳᠡᠭᠡ ᠵᠠᠩᠭᠢ ᠶᠢ ᠢᠯᠡ ᠪᠣᠯᠭᠠᠬᠤ ᠬᠡᠷᠡᠭᠲᠡᠶ᠃
ᠡᠯ᠎ᠡ ᠱᠠᠲᠤᠨ ᠤ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠨᠢ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠵᠢᠡᠷ ᠳᠠᠮᠵᠢᠭᠤᠯᠤᠨ ᠥᠢᠯᠡᠴᠢᠯᠡᠭᠡ᠂ ᠠᠷᠠᠯᠵᠢᠶ᠎ᠠ ᠵᠡᠷᠭᠡ ᠬᠤᠯᠪᠣᠭᠳᠠᠯ ᠪᠥᠬᠦᠶ ᠮᠡᠳᠡᠭᠡ ᠵᠠᠩᠭᠢ ᠵᠢ ᠰᠠᠨᠠᠭᠠᠴᠢᠯᠠᠭ᠎ᠠ ᠡᠴᠠ ᠪᠠᠨ ᠢᠯᠡ ᠪᠣᠯᠭᠠᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢᠶᠠᠷ ᠢᠯᠡ ᠪᠣᠯᠭᠠᠬᠤ ᠶᠢ ᠴᠠᠭᠠᠵᠠᠯᠠᠭᠰᠠᠨ ᠪᠠᠶᠢᠪᠠᠯ ᠡᠭᠦᠨ ᠳᠤ ᠪᠠᠭᠲᠠᠬᠤ ᠦᠭᠡᠢ᠃
ᠭᠤᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠤᠳ ᠲᠤᠰ ᠠᠵᠢᠯ ᠲᠥᠷᠥᠯ᠂ ᠲᠤᠰ ᠰᠢᠰᠲ᠋ᠧᠮ ᠤᠨ ᠢᠶᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳ᠋ᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠦᠢᠯᠡ ᠠᠵᠢᠯᠯᠠᠭ᠎ᠠ ᠵᠢ ᠬᠠᠤᠯᠢ ᠶᠣᠰᠣᠭᠠᠷ ᠴᠢᠩᠭ᠎ᠠ ᠵᠢᠷᠤᠮᠵᠢᠭᠤᠯᠵᠤ᠂ ᠦᠨᠡᠨᠴᠢ ᠢᠲᠡᠭᠡᠮᠵᠢ ᠦᠭᠡᠶ ᠦᠢᠯᠡ ᠠᠵᠢᠯᠯᠠᠭ᠎ᠠ ᠵᠢ ᠬᠤᠷᠢᠭᠯᠠᠨ᠂ ᠬᠠᠤᠯᠢ ᠡᠴᠠ ᠵᠥᠷᠢᠴᠡᠭᠰᠡᠨ ᠦᠢᠯᠡ ᠠᠵᠢᠯᠯᠠᠭ᠎ᠠ ᠵᠢ ᠴᠠᠭ ᠲᠤᠬᠠᠶ ᠳ᠋ᠤ ᠨᠢ ᠢᠯᠡᠷᠡᠭᠦᠯᠵᠦ᠂ ᠰᠡᠷᠡᠮᠵᠢᠯᠡᠭᠦᠯᠵᠦ᠂ ᠪᠠᠶᠢᠴᠠᠭᠠᠨ ᠭᠡᠷᠡᠴᠢᠯᠡᠬᠦ ᠪᠠ ᠰᠢᠢᠳᠪᠦᠷᠢᠯᠡᠬᠦ ᠵᠢᠨ ᠬᠠᠮᠲᠤ᠂ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳ᠋ᠤ ᠰᠢᠢᠳᠪᠦᠷᠢᠯᠡᠭᠰᠡᠨ ᠦᠷ᠎ᠡ ᠳ᠋ᠦᠩ ᠤᠨ ᠮᠡᠳᠡᠭᠡ ᠵᠠᠩᠭᠢ ᠶᠢ ᠳᠠᠮᠵᠢᠭᠤᠯᠤᠨ ᠶᠠᠪᠤᠭᠤᠯᠬᠤ ᠬᠡᠷᠡᠭᠲᠡᠶ᠃
ᠡᠯ᠎ᠡ ᠱᠠᠲᠤᠨ ᠤ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠨᠢ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠤᠬᠠᠶ ᠵᠢᠨ ᠲᠠᠯᠠᠪᠤᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠠᠷᠠᠯᠵᠢᠶᠠᠨ ᠤ ᠡᠮᠬᠢ ᠵᠢᠷᠤᠮ ᠢ ᠬᠠᠮᠠᠭᠠᠯᠠᠨ᠂ ᠲᠤᠬᠠᠶ ᠵᠢᠨ ᠲᠠᠯᠠᠪᠤᠷ ᠤᠨ ᠬᠠᠮᠢᠶᠠᠷᠤᠯᠲᠠ ᠵᠢᠨ ᠲᠦᠷᠢᠮ ᠢ ᠵᠥᠷᠢᠴᠡᠭᠰᠡᠨ ᠦᠢᠯᠡ ᠠᠵᠢᠯᠯᠠᠭ᠎ᠠ ᠵᠢ ᠴᠠᠭ ᠲᠤᠬᠠᠶ ᠳ᠋ᠤ ᠨᠢ ᠬᠤᠷᠢᠭᠯᠠᠨ ᠵᠣᠭᠰᠣᠭᠠᠬᠤ ᠪᠠ ᠵᠠᠯᠠᠷᠠᠭᠤᠯᠬᠤ ᠬᠡᠷᠡᠭᠲᠡᠶ︔ ᠬᠠᠤᠯᠢ ᠡᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠶᠢ ᠣᠯᠵᠤ ᠮᠡᠳᠡᠪᠡᠯ᠂ ᠳᠠᠷᠦᠢᠬᠠᠨ ᠰᠠᠨᠠᠭᠤᠯᠬᠤ ᠶᠢᠨ ᠬᠠᠮᠲᠤ ᠭᠡᠷᠡᠴᠢ ᠪᠠᠷᠢᠮᠲᠠ ᠶᠢ ᠲᠡᠮᠳᠡᠭᠯᠡᠨ ᠬᠠᠳᠠᠭᠠᠯᠠᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠵᠢᠨ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠳᠡᠵᠦ ᠰᠢᠢᠳᠪᠦᠷᠢᠯᠡᠭᠦᠯᠬᠦ ᠬᠡᠷᠡᠭᠲᠡᠶ᠃
ᠭᠤᠴᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠵᠢᠨ ᠰᠠᠯᠠᠭ᠎ᠠ ᠮᠥᠴᠢᠷ ᠯᠤᠭᠡ ᠬᠠᠮᠲᠤᠷᠠᠨ ᠪᠥᠬᠦ ᠣᠷᠣᠨ ᠤ ᠨᠢᠭᠡᠳᠦᠯᠲᠡᠶ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠲ᠋ᠷᠣᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ ᠵᠡᠷᠭᠡ ᠣᠲᠣ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠳᠤ ᠬᠢᠨᠠᠨ ᠰᠢᠨᠵᠢᠵᠦ ᠵᠠᠳᠠᠯᠤᠯᠲᠠ ᠬᠢᠵᠦ᠂ ᠠᠷᠠᠯᠵᠢᠶᠠᠨ ᠤ ᠬᠡᠪ ᠤᠨ ᠪᠤᠰᠤ ᠦᠢᠯᠡ ᠠᠵᠢᠯᠯᠠᠭ᠎ᠠ ᠶᠢ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠨ᠂ ᠣᠶᠣᠨᠲᠤ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠭᠦ ᠬᠡᠷᠩᠲᠠᠢ᠃
ᠭᠤᠴᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠨᠡᠶᠢᠭᠡᠮ ᠤᠨ ᠢᠲᠡᠭᠡᠮᠵᠢ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠤᠭᠡ ᠬᠠᠮᠲᠤᠷᠠᠯᠴᠠᠨ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠡᠨ ᠤ ᠬᠦᠷᠢᠶ᠎ᠡ ᠴᠠᠷᠠᠭᠠᠨ ᠳᠠᠬᠢ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠩᠭᠠᠳᠬᠠᠵᠤ᠂ ᠲᠥᠷᠥᠯ ᠵᠦᠢᠯ ᠡᠭᠦᠰᠬᠡᠭᠴᠢ᠂ ᠲᠥᠷᠥᠯ ᠵᠦᠢᠯ ᠳᠠᠭᠠᠭᠴᠢ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠵᠢᠴᠢ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠳ᠋ᠤ ᠢᠲᠡᠭᠡᠮᠵᠢ ᠵᠢᠷᠤᠮᠯᠠᠭᠰᠠᠳ ᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠬᠤ ᠵᠢ ᠬᠠᠤᠯᠢ ᠶᠣᠰᠣᠭᠠᠷ ᠬᠡᠷᠡᠭᠵᠢᠭᠦᠯᠬᠦ ᠬᠡᠷᠡᠭᠲᠡᠶ᠃
ᠭᠤᠴᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ᠂ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠵᠢᠨ ᠠᠵᠢᠯᠲᠠᠳ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠴᠢᠩᠭ᠎ᠠ ᠭᠦᠢᠴᠡᠳᠬᠡᠬᠦ ᠬᠡᠷᠡᠭᠲᠡᠶ᠂ ᠲᠤᠰᠢᠶᠠᠯ ᠤᠨ ᠳᠦᠭᠦᠮ ᠵᠢᠡᠨ ᠠᠰᠢᠭᠯᠠᠨ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠡᠴᠠ ᠠᠰᠢᠭ ᠲᠤᠰᠠ ᠬᠦᠭᠡᠭᠡᠴᠡᠯᠳᠣᠭᠦ ᠪᠤᠶᠤ ᠪᠤᠰᠤᠳ ᠬᠦᠮᠣᠨ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠡᠴᠠ ᠠᠰᠢᠭ ᠲᠤᠰᠠ ᠭᠦᠭᠡᠭᠡᠴᠡᠯᠳᠣᠵᠦ ᠪᠣᠯᠬᠤ ᠦᠭᠡᠶ᠂ ᠬᠠᠤᠯᠢ ᠶᠣᠰᠣᠭᠠᠷ ᠨᠢᠭᠤᠴᠠ ᠵᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠵᠤ ᠪᠣᠯᠬᠤ ᠦᠭᠡᠶ᠃
ᠭᠤᠴᠢᠨ ᠳᠣᠯᠣᠳᠤᠭᠠᠷ ᠵᠦᠢᠯ ᠡᠯ᠎ᠡ ᠱᠠᠲᠤᠨ ᠤ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠵᠢᠴᠢ ᠠᠵᠢᠯᠲᠠᠨ ᠳᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠶ᠄
︵ ᠨᠢᠭᠡ ︶ ᠬᠢᠨᠠᠨ ᠵᠥᠪᠰᠢᠶᠡᠷᠡᠬᠦ᠂ ᠪᠦᠷᠢᠳᠭᠡᠨ ᠳᠠᠩᠰᠠᠯᠠᠬᠤ᠂ ᠰᠢᠢᠳᠭᠡᠨ ᠲᠣᠷᠭᠠᠬᠤ ᠵᠡᠷᠭᠡ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠡᠭᠦᠷᠭᠡ ᠴᠢᠳᠠᠪᠤᠷᠢ ᠶᠢ ᠬᠡᠷᠡᠭᠵᠢᠭᠦᠯᠬᠦ︔
︵ ᠬᠤᠶᠠᠷ ︶ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠯᠴᠠᠭᠣᠯᠣᠨ ᠬᠤᠳᠠᠯᠳᠤᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠢ ᠣᠷᠣᠯᠠᠨ ᠭᠦᠢᠴᠡᠳᠬᠡᠬᠦ᠂ ᠪᠠᠷᠢᠯᠭ᠎ᠠ ᠵᠢᠨ ᠦᠨ᠎ᠡ ᠵᠡᠷᠭᠡ ᠵᠠᠭᠤᠴᠢ ᠦᠢᠯᠡᠴᠢᠯᠡᠭᠡ ᠶᠢ ᠬᠠᠤᠯᠢ ᠡᠴᠠ ᠵᠥᠷᠢᠴᠡᠨ ᠬᠢᠬᠦ ᠪᠤᠶᠤ ᠠᠯᠪᠠᠳᠠᠯᠭ᠎ᠠ ᠪᠠᠷ ᠲᠣᠭᠲᠠᠭᠠᠬᠤ︔
︵ ᠭᠤᠷᠪᠠ ︶ ᠵᠠᠬ᠎ᠠ ᠳᠡᠯᠭᠡᠭᠦᠷ ᠤᠨ ᠭᠤᠤᠯ ᠴᠣᠭᠴᠠ ᠵᠢᠨ ᠬᠠᠤᠯᠢ ᠶᠣᠰᠣᠭᠠᠷ ᠪᠥᠲᠥᠭᠡᠨ ᠪᠠᠶᠢᠭᠤᠯᠵᠤ ᠡᠵᠡᠩᠨᠡᠵᠦ ᠪᠠᠶᠢᠭ᠎ᠠ ᠡᠯᠧᠺᠲ᠋ᠷᠣᠨ ᠠᠷᠠᠯᠵᠢᠶᠠᠨ ᠤ ᠰᠢᠰᠲ᠋ᠧᠮ ᠢ ᠭᠠᠳᠠᠭᠤᠷᠴᠢᠯᠠᠬᠤ᠂ ᠬᠢᠵᠠᠭᠠᠷᠯᠠᠬᠤ︔
︵ ᠲᠦᠷᠪᠡ ︶ ᠠᠵᠢᠯ ᠤᠨ ᠳᠥᠭᠦᠮ ᠢᠶᠠᠨ ᠠᠰᠢᠭᠯᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠡᠴᠠ ᠠᠰᠢᠭ ᠲᠤᠰᠠ ᠬᠦᠭᠡᠭᠡᠴᠡᠯᠳᠣᠭᠦ ᠪᠤᠶᠤ ᠪᠤᠰᠤᠳ ᠬᠦᠮᠣᠨ ᠳᠤ ᠠᠰᠢᠭ ᠲᠤᠰᠠ ᠬᠦᠭᠡᠭᠡᠴᠡᠯᠳᠣᠭᠦ︔
︵ ᠲᠠᠪᠤ ︶ ᠬᠠᠤᠯᠢ ᠶᠣᠰᠣᠭᠠᠷ ᠨᠢᠭᠤᠴᠠ ᠵᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠬᠤ︔
︵ ᠵᠢᠷᠭᠤᠭ᠎ᠠ ︶ ᠬᠠᠤᠯᠢ ᠴᠠᠭᠠᠵᠠ᠂ ᠬᠠᠤᠯᠢ ᠲᠣᠭᠲᠠᠭᠠᠯ ᠡᠴᠠ ᠵᠥᠷᠢᠴᠡᠭᠰᠡᠨ ᠪᠤᠰᠤᠳ ᠠᠵᠢᠯᠯᠠᠭ᠎ᠠ᠃
ᠭᠤᠴᠢᠨ ᠨᠠᠢᠮᠠᠳᠤᠭᠠᠷ ᠵᠦᠢᠯ ᠲᠥᠷᠥᠯ ᠵᠦᠢᠯ ᠡᠭᠦᠰᠬᠡᠭᠴᠢ ᠳ᠋ᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠶ᠄
︵ ᠨᠢᠭᠡ ︶ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠲᠤ ᠣᠷᠣᠭᠤᠯᠤᠭᠰᠠᠨ ᠲᠥᠷᠥᠯ ᠵᠦᠢᠯ ᠢ ᠪᠦᠬᠦᠯᠢ ᠴᠤᠭᠴᠠ ᠶᠢ ᠬᠡᠰᠡᠭᠯᠡᠨ ᠰᠠᠯᠭᠠᠬᠤ ᠪᠤᠶᠤ ᠪᠤᠰᠤᠳ ᠠᠷᠭ᠎ᠠ ᠮᠠᠶ᠋ᠢᠭ ᠠᠪᠴᠤ᠂ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠡᠴᠠ ᠵᠠᠢᠢᠯᠠᠰᠬᠢᠬᠦ ᠪᠤᠶᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠤᠯᠤᠨ ᠠᠷᠠᠯᠵᠢᠶᠠᠯᠠᠬᠤ ᠡᠴᠠ ᠵᠠᠶᠢᠯᠠᠰᠭᠢᠬᠦ︔
︵ ᠬᠤᠶᠠᠷ ︶ ᠨᠢᠭᠤᠭᠳᠠᠮᠠᠯ ᠪᠠᠢᠢᠭ᠎ᠠ ᠲᠥᠷᠥᠯ ᠵᠦᠢᠯ ᠳᠠᠭᠠᠭᠴᠢ ᠪᠤᠶᠤ ᠲᠥᠷᠥᠯ ᠵᠦᠢᠯ ᠳᠠᠭᠠᠭᠴᠢ ᠵᠢ ᠵᠦᠶ ᠪᠤᠰᠤ ᠨᠥᠬᠦᠴᠡᠯ ᠪᠤᠶᠤ ᠬᠠᠤᠯᠢ ᠪᠤᠰᠤ ᠠᠷᠭ᠎ᠠ ᠮᠠᠶ᠋ᠢᠭ ᠵᠢᠡᠷ ᠬᠢᠵᠠᠭᠠᠷᠯᠠᠬᠤ᠂ ᠭᠠᠳᠠᠭᠤᠷᠴᠢᠯᠠᠬᠤ᠂ ᠠᠯᠠᠭᠴᠢᠯᠠᠬᠤ︔
︵ ᠭᠤᠷᠪᠠ ︶ ᠰᠦᠯᠪᠡᠭᠡᠯᠳᠦᠨ ᠠᠷᠠᠯᠵᠢᠶᠠᠯᠠᠬᠤ ᠪᠤᠶᠤ ᠪᠤᠰᠤᠳ ᠬᠠᠤᠯᠢ ᠪᠤᠰᠤ ᠠᠷᠭ᠎ᠠ ᠮᠠᠶ᠋ᠢᠭ ᠢᠶᠠᠷ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠵᠢᠨ ᠠᠰᠢᠭ ᠲᠤᠰᠠ ᠪᠤᠶᠤ ᠪᠤᠰᠤᠳ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ︔
︵ ᠲᠦᠷᠪᠡ ︶ ᠳᠠᠭᠠᠭᠠᠴᠢᠯᠠᠯᠲᠠ ᠣᠯᠣᠭᠴᠢ᠂ ᠠᠷᠠᠯᠵᠢᠶ᠎ᠠ ᠪᠦᠲᠦᠭᠰᠡᠨ ᠬᠦᠮᠦᠨ ᠢ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠲᠣᠭᠲᠠᠭᠠᠭᠰᠠᠨ ᠦᠭᠡᠢ︔
︵ ᠲᠠᠪᠤ ︶ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠠᠷᠠᠯᠵᠢᠶᠠᠨ ᠤ ᠭᠡᠷ᠎ᠡ ᠲᠣᠭᠲᠠᠬᠤ ᠶᠢ ᠲᠡᠪᠴᠢᠬᠦ᠂ ᠨᠡᠮᠡᠯᠲᠡ ᠨᠥᠬᠦᠴᠡᠯ ᠳᠤᠷᠠᠳᠬᠤ ᠪᠤᠶᠤ ᠭᠡᠷ᠎ᠡ ᠵᠢᠨ ᠮᠥᠨ ᠴᠢᠨᠠᠷ ᠤᠨ ᠠᠭᠤᠯᠭ᠎ᠠ ᠡᠴᠠ ᠲᠡᠷᠰᠯᠡᠭᠰᠡᠨ ᠵᠦᠪᠯᠡᠯᠴᠡᠭᠡᠷ ᠢ ᠲᠠᠬᠢᠨ ᠲᠣᠭᠲᠠᠭᠠᠬᠤ︔
︵ ᠵᠢᠷᠭᠤᠭ᠎ᠠ ︶ ᠪᠠᠲᠤᠯᠠᠭ᠎ᠠ ᠵᠢᠨ ᠮᠥᠩᠭᠦ ᠶᠢ ᠨᠡᠭᠦᠯᠭᠡᠨ ᠬᠡᠷᠡᠭᠯᠡᠬᠦ︔
︵ ᠳᠤᠯᠤᠭ᠎ᠠ ︶ ᠬᠠᠤᠯᠢ ᠶᠣᠰᠣᠭᠠᠷ ᠨᠢᠭᠤᠴᠠ ᠵᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠵᠢ ᠵᠠᠳᠠᠷᠠᠭᠤᠯᠬᠤ︔
︵ ᠨᠠᠢᠮᠠ ︶ ᠬᠠᠤᠯᠢ ᠶᠣᠰᠤᠭᠠᠷ ᠬᠡᠷᠡᠭᠵᠢᠭᠦᠯᠦᠭᠰᠡᠨ ᠬᠢᠨᠠᠨ ᠪᠠᠶᠢᠴᠠᠭᠠᠯᠲᠠ ᠵᠢ ᠲᠡᠪᠴᠢᠬᠦ᠂ ᠬᠠᠷᠰᠢᠯᠠᠬᠤ ᠪᠤᠶᠤ ᠬᠤᠳᠠᠯ ᠬᠠᠭᠤᠷᠮᠠᠭ ᠪᠠᠶᠢᠳᠠᠯ ᠬᠠᠩᠭᠠᠬᠤ︔
︵ ᠶᠢᠰᠦ ︶ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠠᠷᠠᠯᠵᠢᠶᠠᠯᠠᠭᠰᠠᠨ ᠦᠭᠡᠢ ᠪᠤᠶᠤ ᠲᠥᠷᠥᠯ ᠵᠦᠢᠯ ᠤᠨ ᠠᠷᠠᠯᠵᠢᠶ᠎ᠠ ᠶᠢ ᠳᠤᠷ᠎ᠠ ᠪᠠᠷ ᠳᠤᠷᠭᠤᠨ ᠵᠣᠭᠰᠣᠭᠠᠬᠤ ᠪᠠ ᠳᠠᠭᠤᠰᠬᠠᠬᠤ︔
︵ ᠠᠷᠪᠠ ︶ ᠬᠠᠤᠯᠢ ᠴᠠᠭᠠᠵᠠ᠂ ᠬᠠᠤᠯᠢ ᠲᠣᠭᠲᠠᠭᠠᠯ ᠡᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃
ᠭᠤᠴᠢ ᠶᠢᠰᠦᠳᠦᠭᠡᠷ ᠵᠦᠢᠯ ᠲᠥᠷᠥᠯ ᠵᠦᠢᠯ ᠳᠠᠭᠠᠭᠴᠢ ᠳ᠋ᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠶ᠄
︵ ᠨᠢᠭᠡ ︶ ᠪᠤᠰᠤᠳ ᠬᠥᠮᠦᠨ ᠤ ᠨᠡᠷ᠎ᠡ ᠪᠠᠷ᠂ ᠵᠢᠭᠡᠯᠡᠭᠰᠡᠨ ᠬᠢᠷᠢ ᠬᠡᠮ ᠵᠢᠡᠷ᠂ ᠥᠪᠡᠷ ᠤᠨ ᠥᠷᠲᠡᠭ ᠡᠴᠠ ᠳᠣᠣᠷ᠎ᠠ ᠮᠡᠳᠡᠭᠦᠯᠦᠭᠰᠡᠨ ᠦᠨ᠎ᠡ ᠪᠠᠷ ᠳᠠᠭᠠᠭᠠᠴᠢᠯᠠᠯᠲᠠ ᠥᠷᠢᠰᠦᠯᠳᠦᠬᠦ ᠪᠤᠶᠤ ᠪᠤᠰᠤᠳ ᠠᠷᠭ᠎ᠠ ᠮᠠᠶ᠋ᠢᠭ ᠵᠢᠡᠷ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠠᠳ ᠳᠠᠭᠠᠭᠠᠴᠢᠯᠠᠯᠲᠠ ᠣᠯᠬᠤ᠂ ᠠᠷᠠᠯᠵᠢᠬᠤ︔
︵ ᠬᠤᠶᠠᠷ ︶ ᠰᠥᠯᠪᠡᠭᠡᠯᠳᠦᠬᠦ᠂ ᠬᠡᠭᠡᠯᠢ ᠲᠦᠯᠬᠢᠬᠦ ᠪᠤᠶᠤ ᠪᠤᠰᠤᠳ ᠬᠠᠤᠯᠢ ᠪᠤᠰᠤ ᠠᠷᠭ᠎ᠠ ᠮᠠᠶ᠋ᠢᠭ ᠢᠶᠠᠷ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠪᠤᠰᠤᠳ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ᠂ ᠲᠥᠪ ᠭᠤᠣᠯᠴᠢ ᠥᠷᠢᠰᠦᠯᠳᠦᠭᠡᠨ ᠢ ᠬᠠᠷᠰᠢᠯᠠᠬᠤ︔
︵ ᠭᠤᠷᠪᠠ ︶ ᠠᠷᠠᠯᠵᠢᠶᠠᠨ ᠤ ᠲᠥᠷᠥᠯ ᠵᠦᠢᠯ ᠤᠨ ᠳᠠᠭᠠᠭᠠᠴᠢᠯᠠᠯᠲᠠ ᠣᠯᠬᠤ᠂ ᠠᠷᠠᠯᠵᠢᠬᠤ ᠬᠢᠷᠢ ᠬᠡᠮ ᠵᠢᠡᠨ ᠳᠤᠷ᠎ᠠ ᠪᠠᠷ ᠲᠠᠶᠠᠭᠳᠠᠵᠤ᠂ ᠵᠦᠶ ᠶᠣᠰᠣᠨ ᠤ ᠰᠢᠯᠲᠠᠭᠠᠨ ᠥᠬᠡᠶ ᠪᠠᠷ ᠠᠷᠠᠯᠵᠢᠶᠠᠨ ᠤ ᠭᠡᠷ᠎ᠡ ᠲᠣᠭᠲᠠᠬᠣ ᠶᠢ ᠲᠡᠪᠴᠢᠬᠦ ᠪᠤᠶᠤ ᠭᠡᠷ᠎ᠡ ᠶᠢᠨ ᠮᠥᠨ ᠴᠢᠨᠠᠷ ᠤᠨ ᠠᠭᠤᠯᠭ᠎ᠠ ᠡᠴᠠ ᠲᠡᠷᠰᠯᠡᠭᠰᠡᠨ ᠵᠦᠪᠯᠡᠯᠴᠡᠭᠡᠷ ᠢ ᠳᠠᠬᠢᠨ ᠲᠣᠭᠲᠠᠭᠠᠬᠤ︔
︵ ᠲᠦᠷᠪᠡ ︶ ᠳᠠᠭᠠᠭᠠᠴᠢᠯᠠᠯᠲᠠ ᠣᠯᠤᠭᠰᠠᠨ ᠲᠥᠷᠥᠯ ᠵᠦᠢᠯ ᠵᠢᠡᠨ ᠪᠤᠰᠤᠳ ᠬᠥᠮᠦᠨ ᠳ᠋ᠤ ᠰᠢᠯᠵᠢᠭᠦᠯᠦᠨ ᠥᠭᠬᠦ ᠪᠤᠶᠤ ᠳᠠᠭᠠᠭᠠᠴᠢᠯᠠᠯᠲᠠ ᠣᠯᠤᠭᠰᠠᠨ ᠲᠥᠷᠥᠯ ᠵᠦᠢᠯ ᠢᠶᠠᠨ ᠰᠠᠯᠭᠠᠭᠰᠠᠨ ᠤ ᠳᠠᠷᠠᠭ᠎ᠠ ᠲᠤᠰ ᠲᠤᠰ ᠲᠤ ᠨᠢ ᠪᠤᠰᠤᠳ ᠬᠥᠮᠥᠨ ᠳᠤ ᠰᠢᠯᠵᠢᠭᠦᠯᠦᠨ ᠥᠭᠬᠦ︔
︵ ᠲᠠᠪᠤ ︶ ᠪᠣᠳᠠᠲᠤ ᠬᠡᠷᠡᠭ ᠢ ᠬᠤᠳᠠᠯ ᠢᠶᠠᠷ ᠵᠣᠬᠢᠶᠠᠵᠤ᠂ ᠮᠠᠲ᠋ᠧᠷᠢᠶᠠᠯ ᠢ ᠬᠠᠭᠤᠷᠮᠠᠭᠯᠠᠨ ᠬᠢᠬᠦ ᠪᠤᠶᠤ ᠪᠤᠰᠤᠳ ᠬᠠᠤᠯᠢ ᠪᠤᠰᠤ ᠠᠷᠭ᠎ᠠ ᠪᠠᠷᠢᠯ ᠢᠶᠠᠷ ᠭᠡᠷᠡᠴᠢᠯᠡᠬᠦ ᠮᠠᠲ᠋ᠧᠷᠢᠶᠠᠯ ᠣᠯᠵᠤ ᠠᠪᠤᠭᠠᠳ ᠰᠡᠵᠢᠭᠯᠡᠯ᠂ ᠣᠨᠳᠣᠣ ᠰᠠᠨᠠᠯ ᠳᠤᠷᠠᠳᠬᠤ᠂ ᠵᠠᠭᠠᠯᠳᠤᠯᠭ᠎ᠠ ᠬᠢᠬᠦ︔
︵ ᠵᠢᠷᠭᠤᠭ᠎ᠠ ︶ ᠬᠠᠤᠯᠢ ᠶᠣᠰᠤᠭᠠᠷ ᠬᠡᠷᠡᠭᠵᠢᠭᠦᠯᠦᠭᠰᠡᠨ ᠬᠢᠨᠠᠨ ᠪᠠᠶᠢᠴᠠᠭᠠᠯᠲᠠ ᠶᠢ ᠲᠡᠪᠴᠢᠬᠦ᠂ ᠬᠠᠷᠰᠢᠯᠠᠬᠤ ᠪᠣᠶᠤ ᠬᠤᠳᠠᠯ ᠬᠠᠭᠤᠷᠮᠠᠭ ᠪᠠᠶᠢᠳᠠᠯ ᠬᠠᠩᠭᠠᠬᠤ︔
︵ ᠳᠤᠯᠤᠭ᠎ᠠ ︶ ᠬᠠᠤᠯᠢ ᠴᠠᠭᠠᠵᠠ᠂ ᠬᠠᠤᠯᠢ ᠲᠣᠭᠲᠠᠭᠠᠯ ᠡᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃
ᠳᠥᠴᠢᠳᠦᠭᠡᠷ ᠵᠦᠢᠯ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠳᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠶ᠄
︵ ᠨᠢᠭᠡ ︶ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠬᠤ ᠪᠤᠶᠤ ᠪᠤᠰᠤᠳ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠠᠷᠭ᠎ᠠ ᠮᠠᠶ᠋ᠢᠭ ᠵᠢᠡᠷ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠤ ᠬᠥᠮᠥᠷᠭᠡ ᠳᠤ ᠣᠷᠣᠬᠤ︔
︵ ᠬᠤᠶᠠᠷ ︶ ᠳᠠᠭᠠᠭᠠᠴᠢᠯᠠᠯᠲᠠ ᠬᠢᠨᠠᠨ ᠦᠨᠡᠯᠡᠬᠦ ᠲᠥᠷᠥᠯ ᠵᠦᠢᠯ ᠡᠭᠦᠰᠬᠡᠭᠴᠢ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ᠂ ᠲᠥᠷᠥᠯ ᠵᠦᠢᠯ ᠳᠠᠭᠠᠭᠴᠢ᠂ ᠳᠠᠭᠠᠭᠠᠴᠢᠯᠠᠯᠲᠠ ᠬᠢᠨᠠᠨ ᠦᠨᠡᠯᠡᠬᠦ ᠪᠤᠰᠤᠳ ᠲᠤᠰᠬᠠᠶ ᠮᠡᠷᠭᠡᠵᠢᠯᠲᠡᠨ ᠪᠤᠶᠤ ᠠᠰᠢᠭ ᠬᠤᠤᠷ ᠤᠨ ᠬᠠᠷᠢᠴᠠᠭ᠎ᠠ ᠲᠠᠢ ᠪᠤᠰᠤᠳ ᠬᠥᠮᠦᠨ ᠲᠠᠢ ᠰᠥᠯᠪᠡᠭᠡᠯᠳᠦᠨ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠪᠤᠰᠤᠳ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ︔
︵ ᠭᠤᠷᠪᠠ ︶ ᠳᠠᠭᠠᠭᠠᠴᠢᠯᠠᠯᠲᠠ ᠬᠢᠨᠠᠨ ᠦᠨᠡᠯᠡᠬᠦ ᠲᠥᠷᠥᠯ ᠵᠦᠢᠯ ᠤᠨ ᠲᠥᠷᠥᠯ ᠵᠦᠢᠯ ᠡᠭᠦᠰᠬᠡᠭᠴᠢ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ᠂ ᠲᠥᠷᠥᠯ ᠵᠦᠢᠯ ᠳᠠᠭᠠᠭᠴᠢ ᠪᠤᠶᠤ ᠠᠰᠢᠭ ᠬᠤᠤᠷ ᠤᠨ ᠬᠠᠷᠢᠴᠠᠭ᠎ᠠ ᠲᠠᠢ ᠪᠤᠰᠤᠳ ᠬᠥᠮᠦᠨ ᠯᠣᠭᠡ ᠳᠠᠯᠳᠠᠭᠤᠷ ᠬᠠᠷᠢᠯᠴᠠᠵᠤ᠂ ᠬᠥᠳᠡᠯᠮᠦᠷᠢ ᠬᠦᠴᠦᠨ ᠤ ᠬᠥᠯᠥᠰᠥ ᠣᠯᠭᠤᠮᠵᠢ ᠡᠴᠠ ᠭᠠᠳᠠᠨᠠᠬᠢ ᠡᠳ᠋ ᠪᠣᠳᠠᠰ ᠪᠤᠶᠤ ᠪᠤᠰᠤᠳ ᠠᠰᠢᠭ ᠨᠡᠬᠡᠭᠦ᠂ ᠬᠦᠯᠢᠶᠡᠵᠣ ᠠᠪᠬᠣ︔
︵ ᠲᠦᠷᠪᠡ ︶ ᠳᠠᠭᠠᠭᠠᠴᠢᠯᠠᠯᠲᠠ ᠣᠯᠣᠭᠴᠢ᠂ ᠠᠷᠠᠯᠵᠢᠶ᠎ᠠ ᠪᠦᠳᠣᠭᠦ ᠬᠦᠮᠦᠨ ᠢ ᠲᠣᠭᠲᠠᠬᠤ ᠲᠣᠬᠠᠢ ᠲᠥᠷᠥᠯ ᠵᠦᠢᠯ ᠡᠭᠦᠰᠬᠡᠭᠴᠢ ᠵᠢᠨ ᠰᠠᠨᠠᠮᠵᠢ ᠵᠢ ᠬᠤᠷᠢᠶᠠᠬᠤ ᠪᠤᠶᠤ ᠶᠠᠮᠠᠷᠪᠠ ᠨᠢᠭᠡᠴᠢ᠂ ᠬᠤᠪᠢ ᠬᠥᠮᠥᠨ ᠤ ᠳᠤᠷᠠᠳᠤᠭᠰᠠᠨ ᠬᠡᠯᠪᠡᠶᠢᠬᠦ ᠴᠢᠨᠠᠷᠲᠠᠢ᠂ ᠭᠠᠳᠠᠭᠤᠷᠴᠢᠯᠠᠬᠤ ᠴᠢᠨᠠᠷᠲᠠᠢ ᠰᠠᠨᠠᠯ ᠢ ᠬᠦᠯᠢᠶᠡᠨ ᠠᠪᠬᠤ︔
︵ ᠲᠠᠪᠤ ︶ ᠲᠥᠷᠥᠯ ᠵᠦᠢᠯ ᠳᠠᠭᠠᠭᠴᠢ ᠵᠢ ᠬᠠᠣᠯᠢ ᠡᠴᠠ ᠵᠦᠷᠢᠴᠡᠨ ᠪᠢᠲᠡᠭᠦᠦ ᠳᠣᠬᠢᠬᠤ ᠪᠤᠶᠤ ᠥᠳᠥᠭᠡᠵᠦ ᠪᠠᠶᠢᠭᠠᠳ ᠲᠣᠳᠣᠷᠬᠠᠶᠢᠯᠠᠯᠲᠠ᠂ ᠲᠠᠶᠢᠯᠪᠤᠷᠢᠯᠠᠯᠲᠠ ᠬᠢᠯᠭᠡᠭᠦ ᠪᠤᠶᠤ ᠲᠥᠷᠥᠯ ᠵᠦᠢᠯ ᠳᠠᠭᠠᠭᠴᠢ ᠶᠢᠨ ᠰᠠᠨᠠᠭᠠᠴᠢᠯᠠᠭ᠎ᠠ ᠡᠴᠠ ᠪᠠᠨ ᠳᠤᠷᠠᠳᠤᠭᠰᠠᠨ ᠲᠣᠳᠣᠷᠬᠠᠶᠢᠯᠠᠯᠲᠠ᠂ ᠲᠠᠶᠢᠯᠪᠤᠷᠢᠯᠠᠯᠲᠠ ᠵᠢ ᠬᠠᠤᠯᠢ ᠡᠴᠡ ᠵᠦᠷᠢᠴᠡᠨ ᠬᠦᠯᠢᠶᠡᠨ ᠠᠪᠬᠤ ᠵᠢᠴᠢ ᠪᠤᠰᠤᠳ ᠪᠤᠰᠤᠳᠴᠢ ᠪᠤᠰᠤ᠂ ᠲᠥᠪ ᠪᠤᠰᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡ ᠠᠵᠢᠯᠯᠠᠭ᠎ᠠ︔
︵ ᠵᠢᠷᠭᠤᠭ᠎ᠠ ︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳ᠋ᠤ ᠲᠣᠭᠲᠠᠭᠠᠭᠰᠠᠨ ᠳᠠᠭᠠᠭᠠᠴᠢᠯᠠᠯᠲᠠ ᠦᠨᠡᠯᠡᠬᠦ ᠪᠠᠷᠢᠮᠵᠢᠶ᠎ᠠ ᠪᠠ ᠠᠷᠭ᠎ᠠ ᠵᠢᠨ ᠶᠣᠰᠣᠭᠠᠷ ᠳᠠᠭᠠᠭᠠᠴᠢᠯᠠᠯᠲᠠ ᠦᠨᠡᠯᠡᠬᠦ ᠦᠭᠡᠢ ᠪᠤᠶᠤ ᠬᠠᠤᠯᠢ ᠶᠣᠰᠣᠭᠠᠷ ᠦᠭᠡᠶᠢᠰᠬᠡᠬᠦ ᠶᠣᠰᠣᠲᠠᠢ ᠳᠠᠭᠠᠭᠠᠴᠢᠯᠠᠯᠲᠠ ᠬᠦᠯᠢᠶᠡᠯᠲᠡ ᠳ᠋ᠤ ᠦᠭᠡᠶᠢᠰᠬᠡᠬᠦ ᠰᠠᠨᠠᠯ ᠦᠯᠦ ᠳᠤᠷᠠᠳᠬᠤ︔
︵ ᠳᠤᠯᠤᠭ᠎ᠠ ︶ ᠬᠠᠤᠯᠢ ᠶᠣᠰᠣᠭᠠᠷ ᠵᠠᠶᠢᠯᠠᠬᠤ ᠴᠢᠬᠣᠯᠠᠲᠠᠢ ᠪᠣᠯᠪᠠᠴᠤ ᠦᠯᠦ ᠵᠠᠶᠢᠯᠠᠬᠤ︔
︵ ᠨᠠᠢᠮᠠ ︶ ᠳᠤᠷ᠎ᠠ ᠪᠠᠷ ᠵᠢᠡᠨ ᠠᠵᠢᠯ ᠤᠨ ᠪᠠᠶᠢᠷᠢ ᠡᠴᠠ ᠪᠠᠨ ᠰᠠᠯᠬᠤ ᠪᠤᠶᠤ ᠳᠠᠭᠠᠭᠠᠴᠢᠯᠠᠯᠲᠠ ᠬᠢᠨᠠᠨ ᠦᠨᠡᠯᠡᠬᠦ ᠲᠤᠬᠠᠶ ᠵᠢᠨ ᠲᠠᠯᠠᠪᠣᠷ ᠤᠨ ᠡᠮᠬᠢ ᠳᠢᠭᠯᠢᠮ ᠢ ᠰᠠᠮᠠᠭᠤᠷᠠᠭᠤᠯᠬᠤ︔
︵ ᠶᠢᠰᠦ ︶ ᠳᠠᠭᠠᠭᠠᠴᠢᠯᠠᠯᠲᠠ ᠬᠢᠨᠠᠨ ᠦᠨᠡᠯᠡᠭᠰᠡᠨ ᠪᠠᠶᠢᠳᠠᠯ ᠢ ᠬᠠᠤᠯᠢ ᠡᠴᠠ ᠵᠥᠷᠢᠴᠡᠨ ᠵᠠᠳᠠᠷᠠᠭᠤᠯᠬᠤ ᠪᠤᠶᠤ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠬᠤ︔
︵ ᠠᠷᠪᠠ ︶ ᠬᠠᠤᠯᠢ ᠶᠣᠰᠣᠭᠠᠷ ᠬᠡᠷᠩᠵᠢᠭᠦᠯᠣᠭ᠍ᠰᠡᠨ ᠬᠢᠨᠠᠯᠲᠠ᠂ ᠪᠠᠢᠢᠴᠠᠭᠠᠯᠳᠠ᠂ ᠪᠠᠢᠢᠴᠠᠭᠠᠬᠣ ᠠᠵᠢᠯ ᠢ ᠲᠡᠪᠴᠢᠬᠦ ᠪᠤᠶᠤ ᠦᠯᠦ ᠬᠠᠮᠵᠢᠬᠣ᠂ ᠦᠯᠣ ᠬᠠᠮᠵᠢᠯᠴᠠᠬᠤ︔
︵ ᠠᠷᠪᠠᠨ ᠨᠢᠭᠡ ︶ ᠬᠠᠤᠯᠢ ᠴᠠᠭᠠᠵᠠ᠂ ᠬᠠᠤᠯᠢ ᠲᠣᠭᠲᠠᠭᠠᠯ ᠡᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃
ᠳᠥᠴᠢᠨ ᠨᠢᠭᠡᠳᠦᠭᠡᠷ ᠵᠦᠢᠯ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠠᠵᠢᠯᠲᠠᠨ ᠳᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠶ᠄
︵ ᠨᠢᠭᠡ ︶ ᠰᠥᠯᠪᠡᠭᠡᠯᠳᠦᠬᠦ᠂ ᠬᠡᠭᠡᠯᠢ ᠲᠦᠯᠬᠢᠬᠦ ᠪᠤᠶᠤ ᠪᠤᠰᠤᠳ ᠬᠠᠤᠯᠢ ᠪᠤᠰᠤ ᠠᠷᠭ᠎ᠠ ᠮᠠᠶ᠋ᠢᠭ ᠢᠶᠠᠷ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠵᠢᠨ ᠠᠰᠢᠭ ᠲᠤᠰᠠ ᠪᠤᠶᠤ ᠪᠤᠰᠤᠳ ᠬᠦᠮᠣᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ︔
︵ ᠬᠤᠶᠠᠷ ︶ ᠬᠠᠳᠠᠭᠠᠯᠠᠬᠤ ᠶᠤᠰᠤᠲᠠᠢ ᠠᠷᠠᠯᠵᠢᠶᠠᠨ ᠤ ᠪᠢᠴᠢᠭ ᠮᠠᠲ᠋ᠧᠷᠢᠶᠠᠯ ᠢ ᠨᠢᠭᠤᠨ ᠲᠠᠯᠳᠠᠯᠠᠬᠤ᠂ ᠤᠰᠠᠳᠬᠠᠬᠤ ᠪᠤᠶᠤ ᠠᠷᠠᠯᠵᠢᠶᠠᠨ ᠤ ᠪᠢᠴᠢᠭ ᠮᠠᠲ᠋ᠧᠷᠢᠶᠠᠯ ᠢ ᠬᠠᠭᠤᠷᠮᠠᠭ ᠢᠶᠠᠷ ᠵᠤᠬᠢᠶᠠᠬᠤ᠂ ᠬᠤᠪᠢᠷᠠᠭᠤᠯᠤᠨ ᠵᠤᠬᠢᠶᠠᠬᠤ︔
︵ ᠭᠤᠷᠪᠠ ︶ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠬᠤ︔
︵ ᠲᠦᠷᠪᠡ ︶ ᠵᠢᠭᠠᠨ ᠲᠣᠭᠲᠠᠭᠠᠭᠰᠠᠨ ᠵᠠᠭᠤᠴᠢ ᠳᠤ ᠠᠷᠠᠯᠵᠢᠶᠠᠨ ᠤ ᠮᠡᠳᠡᠭᠡ ᠵᠠᠩᠭᠢ ᠶᠢ ᠦᠯᠦ ᠨᠡᠶᠢᠲᠡᠯᠡᠭᠰᠡᠨ ᠪᠤᠶᠤ ᠠᠳᠠᠯᠢ ᠪᠤᠰᠤ ᠵᠠᠭᠤᠴᠢ ᠳ᠋ᠤ ᠨᠡᠶᠢᠲᠡᠯᠡᠭᠰᠡᠨ ᠠᠷᠠᠯᠵᠢᠶᠠᠨ ᠤ ᠮᠡᠳᠡᠭᠡ ᠵᠠᠩᠭᠢ ᠨᠢ ᠨᠢᠭᠡᠳᠦᠯ ᠦᠭᠡᠢ ᠪᠠᠶᠢᠬᠤ︔
︵ ᠲᠠᠪᠤ ︶ ᠬᠠᠤᠯᠢ ᠶᠣᠰᠤᠭᠠᠷ ᠬᠡᠷᠡᠭᠵᠢᠭᠦᠯᠦᠭᠰᠡᠨ ᠬᠢᠨᠠᠨ ᠪᠠᠶᠢᠴᠠᠭᠠᠯᠲᠠ ᠶᠢ ᠲᠡᠪᠴᠢᠬᠦ᠂ ᠬᠠᠷᠰᠢᠯᠠᠬᠤ ᠪᠣᠶᠤ ᠬᠤᠳᠠᠯ ᠬᠠᠭᠤᠷᠮᠠᠭ ᠪᠠᠶᠢᠳᠠᠯ ᠬᠠᠩᠭᠠᠬᠤ︔
︵ ᠵᠢᠷᠭᠤᠭ᠎ᠠ ︶ ᠬᠠᠤᠯᠢ ᠴᠠᠭᠠᠵᠠ᠂ ᠬᠠᠤᠯᠢ ᠲᠣᠭᠲᠠᠭᠠᠯ ᠡᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃
ᠳᠥᠴᠢᠨ ᠬᠤᠶᠠᠳᠤᠭᠠᠷ ᠵᠦᠢᠯ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠰᠢᠰᠲ᠋ᠧᠮ ᠢ ᠠᠵᠢᠯᠯᠠᠭᠤᠯᠵᠤ ᠬᠠᠮᠠᠭᠠᠯᠠᠬᠤ ᠪᠠᠶᠢᠭᠤᠯᠤᠮᠵᠢ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠢ᠄
︵ ᠨᠢᠭᠡ ︶ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠰᠦᠯᠪᠡᠭᠡᠯᠳᠦᠨ ᠠᠷᠠᠯᠵᠢᠶᠠᠯᠠᠬᠤ ᠵᠡᠷᠭᠡ ᠬᠠᠤᠯᠢ ᠡᠴᠠ ᠵᠥᠷᠢᠴᠡᠭᠰᠡᠨ ᠦᠢᠯᠡ ᠠᠵᠢᠯᠯᠠᠭ᠎ᠠ ᠳ᠋ᠤ ᠳᠥᠭᠦᠮ ᠦᠵᠡᠭᠦᠯᠬᠦ︔
︵ ᠬᠤᠶᠠᠷ ︶ ᠠᠷᠠᠯᠵᠢᠶᠠᠨ ᠤ ᠮᠡᠳᠡᠭᠡ ᠵᠠᠩᠭᠢ ᠶᠢ ᠬᠠᠭᠤᠷᠮᠠᠭᠯᠠᠨ ᠵᠣᠬᠢᠶᠠᠬᠤ᠂ ᠦᠭᠡᠷᠡᠲᠦᠭᠦᠯᠬᠦ᠂ ᠡᠪᠳᠡᠨ ᠰᠦᠢᠳᠬᠡᠬᠦ᠂ ᠮᠡᠳᠡᠭᠡ ᠵᠠᠩᠭᠢ ᠳ᠋ᠠᠶᠢᠲ᠋ᠠ ᠵᠢ ᠳᠤᠷ᠎ᠠ ᠪᠠᠷ ᠰᠤᠷᠪᠤᠯᠵᠢᠯᠠᠬᠤ᠂ ᠣᠯᠵᠣ ᠬᠦᠷᠳᠡᠭᠦ᠂ ᠬᠠᠳᠠᠭᠠᠯᠠᠬᠤ᠂ ᠬᠡᠷᠡᠭᠯᠡᠬᠦ᠂ ᠵᠠᠳᠠᠷᠠᠭᠤᠯᠬᠤ᠂ ᠪᠤᠰᠤᠳ ᠬᠦᠮᠣᠨ ᠳ᠋ᠤ ᠬᠠᠩᠭᠠᠬᠤ ᠪᠤᠶᠤ ᠮᠡᠳᠡᠭᠡ ᠵᠠᠩᠭᠢ ᠳ᠋ᠠᠶᠢᠲ᠋ᠠ ᠳᠤ ᠬᠣᠯᠪᠣᠭᠳᠠᠭᠣᠯᠣᠨ ᠵᠠᠳᠠᠯᠣᠯᠳᠡ ᠬᠢᠭᠦ︔
︵ ᠭᠤᠷᠪᠠ ︶ ᠬᠠᠤᠯᠢ ᠶᠣᠰᠣᠭᠠᠷ ᠨᠢᠭᠤᠴᠠ ᠵᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠬᠤ︔
︵ ᠲᠦᠷᠪᠡ ︶ ᠪᠦᠲᠦᠮᠵᠢᠲᠡᠶ ᠮᠡᠷᠭᠡᠵᠢᠯ ᠤᠨ ᠠᠷᠭ᠎ᠠ ᠬᠡᠮᠵᠢᠶ᠎ᠡ ᠠᠪᠤᠭᠰᠠᠨ ᠦᠭᠡᠢ ᠡᠴᠠ ᠪᠣᠯᠵᠤ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠬᠤ᠂ ᠡᠪᠳᠡᠨ ᠰᠦᠢᠳᠭᠡᠬᠦ᠂ ᠭᠡᠭᠡᠭᠳᠡᠭᠦᠯᠬᠦ︔
︵ ᠲᠠᠪᠤ ︶ ᠭᠡᠷ᠎ᠡ ᠳᠤ ᠪᠣᠯᠵᠣᠨ ᠲᠣᠭᠲᠠᠭᠰᠠᠨ ᠵᠦᠢᠯ ᠡᠴᠠ ᠵᠥᠷᠢᠴᠡᠨ ᠲᠠᠪᠴᠠᠩ ᠤᠨ ᠡᠯᠧᠺᠲ᠋ᠷᠣᠨ ᠰᠢᠰᠲ᠋ᠧᠮ ᠢ ᠠᠰᠢᠭᠯᠠᠨ ᠴᠣᠭ ᠪᠣᠭᠣᠵᠢᠯᠠᠬᠣ᠂ ᠬᠡᠯᠪᠡᠷᠢ ᠵᠢ ᠨᠢ ᠥᠭᠡᠷᠡᠲᠦᠭᠦᠯᠬᠦ᠂ ᠳᠠᠪᠬᠤᠷᠳᠠᠭᠤᠯᠤᠨ ᠰᠦᠢᠳᠬᠡᠯ ᠬᠤᠷᠢᠶᠠᠬᠤ︔
︵ ᠵᠢᠷᠭᠤᠭ᠎ᠠ ︶ ᠬᠠᠤᠯᠢ ᠶᠣᠰᠤᠭᠠᠷ ᠬᠡᠷᠡᠭᠵᠢᠭᠦᠯᠦᠭᠰᠡᠨ ᠬᠢᠨᠠᠨ ᠪᠠᠶᠢᠴᠠᠭᠠᠯᠲᠠ ᠶᠢ ᠲᠡᠪᠴᠢᠬᠦ᠂ ᠬᠠᠷᠰᠢᠯᠠᠬᠤ ᠪᠣᠶᠤ ᠬᠤᠳᠠᠯ ᠬᠠᠭᠤᠷᠮᠠᠭ ᠪᠠᠶᠢᠳᠠᠯ ᠬᠠᠩᠭᠠᠬᠤ︔
︵ ᠳᠤᠯᠤᠭ᠎ᠠ ︶ ᠬᠠᠤᠯᠢ ᠴᠠᠭᠠᠵᠠ᠂ ᠬᠠᠤᠯᠢ ᠲᠣᠭᠲᠠᠭᠠᠯ ᠡᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃
ᠳᠥᠴᠢᠨ ᠭᠤᠷᠪᠠᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠭᠡᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤᠮᠳᠠᠬᠢ ᠬᠠᠤᠯᠢ ᠡᠴᠠ ᠵᠥᠷᠢᠴᠡᠭᠰᠡᠨ ᠦᠢᠯᠡ ᠠᠵᠢᠯᠯᠠᠭ᠎ᠠ ᠵᠢ ᠵᠠᠭᠠᠯᠳᠤᠬᠤ᠂ ᠢᠯᠡᠴᠢᠯᠡᠨ ᠮᠡᠳᠡᠭᠦᠯᠬᠦ ᠡᠷᠬᠡ ᠲᠠᠢ᠃ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠤᠭᠰᠠᠨ ᠰᠠᠯᠠᠭ᠎ᠠ ᠮᠥᠴᠢᠷ ᠴᠠᠭ ᠲᠤᠬᠠᠶ ᠳ᠋ᠤ ᠨᠢ ᠬᠠᠤᠯᠢ ᠶᠣᠰᠣᠭᠠᠷ ᠰᠢᠢᠳᠪᠦᠷᠢᠯᠡᠵᠦ᠂ ᠵᠠᠭᠠᠯᠳᠤᠭᠴᠢ᠂ ᠢᠯᠡᠴᠢᠯᠡᠨ ᠮᠡᠳᠡᠭᠦᠯᠦᠭᠴᠢ ᠵᠢᠨ ᠬᠠᠮᠢᠶ᠎ᠠ ᠪᠦᠬᠦᠢ ᠮᠡᠳᠡᠭᠡ ᠵᠠᠩᠭᠢ ᠵᠢᠨ ᠨᠢᠭᠤᠴᠠ ᠵᠢ ᠬᠠᠮᠠᠭᠠᠯᠠᠵᠤ᠂ ᠵᠠᠭᠠᠯᠳᠤᠭᠴᠢ᠂ ᠢᠯᠡᠴᠢᠯᠡᠨ ᠮᠡᠳᠡᠭᠦᠯᠦᠭᠴᠢ ᠵᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠃
ᠵᠢᠷᠭᠤᠳᠤᠭᠠᠷ ᠪᠦᠯᠦᠭ ᠬᠠᠤᠯᠢ ᠴᠠᠭᠠᠵᠡ ᠵᠢᠨ ᠬᠠᠷᠢᠭᠤᠴᠠᠯᠭ᠎ᠠ
ᠳᠥᠴᠢᠨ ᠳᠥᠷᠪᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠡᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠣᠳᠠᠲᠠᠶ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃
ᠳᠥᠴᠢᠨ ᠲᠠᠪᠤᠳᠤᠭᠠᠷ ᠵᠦᠢᠯ ᠲᠤᠰ ᠠᠷᠭ᠎ᠠ ᠵᠢᠨ ᠠᠷᠪᠠᠨ ᠬᠤᠶᠠᠳᠤᠭᠠᠷ ᠵᠦᠢᠯ ᠤᠨ ᠲᠣᠭᠲᠠᠭᠠᠯ ᠡᠴᠠ ᠵᠥᠷᠢᠴᠡᠵᠦ᠂ ᠨᠢᠭᠡᠨᠳᠡ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠲᠤ ᠣᠷᠣᠭᠤᠯᠤᠭᠰᠠᠨ ᠲᠥᠷᠥᠯ ᠵᠦᠢᠯ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠵᠢᠡᠷ ᠠᠷᠠᠯᠵᠢᠶᠠᠯᠠᠭᠰᠠᠨ ᠦᠭᠡᠶ ᠪᠠᠶᠢᠪᠠᠯ᠂ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠵᠢᠨ ᠰᠠᠯᠠᠭ᠎ᠠ ᠮᠥᠴᠢᠷ ᠡᠴᠡ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠵᠠᠯᠠᠷᠠᠭᠤᠯᠬᠤ ᠵᠢ ᠲᠡᠪᠴᠢᠭᠰᠡᠨ ᠪᠠᠶᠢᠪᠠᠯ ᠰᠡᠷᠡᠮᠵᠢᠯᠡᠭᠦᠯᠭᠦ ᠪᠤᠶᠤ ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠨ᠎ᠡ᠃
ᠳᠥᠴᠢᠨ ᠵᠢᠷᠭᠤᠳᠤᠭᠠᠷ ᠵᠦᠢᠯ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭᠠᠨ ᠳ᠋ᠤ ᠠᠯᠪᠠᠨ ᠲᠤᠰᠢᠶᠠᠯ ᠳ᠋ᠤ ᠪᠠᠨ ᠠᠯᠮᠠᠶᠢᠷᠠᠨ ᠣᠰᠣᠯᠳᠠᠬᠤ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠬᠦ᠂ ᠬᠤᠪᠢ ᠵᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠵᠢ ᠵᠥᠷᠢᠴᠡᠭᠰᠡᠨ ᠪᠣᠯ᠂ ᠡᠷᠬᠡᠲᠦ ᠪᠠᠶᠢᠭᠤᠯᠭ᠎ᠠ ᠡᠴᠡ ᠰᠢᠭᠤᠳ ᠬᠠᠷᠢᠭᠤᠴᠠᠵᠤ ᠪᠠᠢᠢᠭ᠎ᠠ ᠭᠤᠤᠯᠴᠢᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳ᠋ᠤ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳ᠋ᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ
ᠳᠥᠴᠢᠨ ᠳᠣᠯᠣᠳᠤᠭᠠᠷ ᠵᠦᠢᠯ ᠲᠤᠰ ᠠᠷᠭ᠎ᠠ ᠳ᠋ᠤ ᠬᠡᠯᠡᠵᠦ ᠪᠠᠶᠢᠭ᠎ᠠ ᠲᠥᠷᠥᠯ ᠵᠦᠢᠯ ᠡᠭᠦᠰᠬᠡᠭᠴᠢ ᠭᠡᠳᠡᠭ ᠲᠤ ᠣᠯᠠᠨ ᠨᠡᠶᠢᠲᠡ ᠵᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳ᠋ᠤ ᠣᠷᠣᠯᠴᠠᠭᠰᠠᠨ ᠳᠠᠭᠠᠭᠠᠴᠢᠯᠠᠯᠲᠠ ᠵᠠᠷᠯᠠᠭᠴᠢ᠂ ᠬᠤᠳᠠᠯᠳᠤᠨ ᠠᠪᠤᠭᠴᠢ᠂ ᠲᠦᠯᠦᠪᠦᠷᠢᠲᠡᠢ ᠰᠢᠯᠵᠢᠭᠦᠯᠦᠭᠴᠢ᠂ ᠰᠢᠯᠵᠢᠭᠦᠯᠦᠨ ᠥᠭᠭᠦᠭᠴᠢ ᠵᠡᠷᠭᠡ ᠪᠠᠭᠲᠠᠨ᠎ᠠ︔ ᠲᠤᠰ ᠠᠷᠭ᠎ᠠ ᠳᠤ ᠬᠡᠯᠡᠵᠦ ᠪᠠᠶᠢᠭ᠎ᠠ ᠲᠥᠷᠥᠯ ᠵᠦᠢᠯ ᠳᠠᠭᠠᠭᠴᠢ ᠭᠡᠳᠡᠭ ᠲᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠣᠷᠣᠯᠴᠠᠭᠰᠠᠨ ᠳᠠᠭᠠᠭᠠᠴᠢᠯᠠᠯᠲᠠ ᠬᠦᠯᠢᠶᠡᠭᠴᠢ᠂ ᠬᠠᠩᠭᠠᠯᠭ᠎ᠠ ᠵᠢᠨ ᠬᠤᠳᠠᠯᠳᠤᠭᠠᠴᠢᠨ᠂ ᠥᠷᠢᠰᠥᠯᠳᠦᠨ ᠬᠤᠳᠠᠯᠳᠤᠨ ᠠᠪᠤᠭᠴᠢ ᠵᠡᠷᠭᠡ ᠪᠠᠭᠲᠠᠨ᠎ᠠ᠃
ᠳᠥᠴᠢᠨ ᠨᠠᠢᠮᠠᠳᠤᠭᠠᠷ ᠵᠦᠢᠯ ᠲᠤᠰ ᠠᠷᠭ᠎ᠠ ᠶᠢ 2025 ᠣᠨ ᠤ 3 ᠳ᠋ᠤᠭᠠᠷ ᠰᠠᠷ᠎ᠠ ᠶᠢᠨ 1 ᠤ ᠡᠳᠦᠷ ᠡᠴᠠ ᠡᠬᠢᠯᠡᠵᠦ ᠬᠡᠷᠡᠭᠵᠢᠭᠦᠯᠦᠨ᠎ᠡ᠃