ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠤᠯᠠᠮᠵᠢᠯᠠᠯ ᠵᠠᠯᠭᠠᠮᠵᠢᠯᠠᠯ᠎ᠢᠶᠠᠷ ᠰᠣᠶᠣᠯ᠎ᠤᠨ ᠳᠠᠪᠱᠢᠯᠳᠠ᠎ᠶ᠋ᠢ ᠠᠬᠢᠭᠤᠯᠤᠨ᠎ᠠ — ᠰᠢ᠎ᠵᠢᠨ᠎ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶᠢᠨ ᠠᠮᠢᠳᠤᠯᠢᠭ ᠦᠢᠯᠡᠳᠦᠯᠭᠡ᠎ᠶ᠋ᠢᠨ ᠱᠢᠷᠢᠰ ᠬᠦᠦᠷᠨᠢᠯ ᠱᠢᠭᠦᠮᠵᠢ (ᠨᠢᠭᠡ)
ᠨᠡᠶᠢᠲᠡᠯᠡᠭᠰᠡᠨ ᠴᠠᠭ᠄ 2025-10-12

ᠲᠠᠪᠤᠨ ᠮᠢᠩᠭᠠᠨ ᠵᠢᠯ ᠰᠤᠶᠤᠯ᠎ᠢᠶᠠᠨ ᠲᠠᠰᠤᠷᠠᠰᠢ ᠦᠬᠡᠢ ᠤᠯᠠᠮᠵᠢᠯᠠᠨ ᠵᠠᠯᠭᠠᠮᠵᠢᠯᠠᠵᠦ᠂ ᠪᠣᠯᠪᠠᠰᠤᠨ᠎ᠤ ᠴᠠᠴᠠᠭᠡᠰ ᠪᠠᠳᠠᠷᠠᠨ ᠲᠡᠯᠬᠡᠷᠡᠭᠰᠡᠭᠡᠷ; ᠵᠠᠭᠤ ᠭᠠᠷᠤᠢ ᠵᠢᠯ ᠰᠠᠯᠬᠢ ᠪᠣᠷᠣᠭᠠᠨ᠎ᠢ ᠲᠤᠭᠤᠯᠵᠦ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠰᠦᠷ ᠬᠦᠴᠦᠨ ᠬᠤᠷᠢᠬ᠍ᠯᠠᠭ᠍ᠳᠠᠰᠢ ᠦᠭᠡᠢ ᠪᠤᠯᠪᠠ᠃

ᠰᠢᠨ᠎ᠠ ᠴᠠᠬ ᠦᠶ᠎ᠠ ᠰᠢᠨ᠎ᠠ ᠠᠶᠠᠨ᠎ᠳᠤ᠂ ᠲᠠᠪᠤᠨ ᠮᠢᠩᠭ᠎ᠠ ᠭᠠᠷᠤᠢ ᠵᠢᠯ᠎ᠦᠨ ᠳᠤᠮᠳᠠᠳᠤ᠎ᠶ᠋ᠢᠨ ᠪᠣᠯᠪᠠᠰᠤᠨ᠎ᠤ ᠰᠠᠭᠤᠷᠢᠨ ᠳᠡᠭᠡᠷ᠎ᠡ ᠪᠣᠯᠪᠠᠰᠤᠨ᠎ᠤ ᠱᠢᠨᠡᠴᠢᠯᠡᠯᠲᠡ᠎ᠶ᠋ᠢ ᠠᠬᠢᠭᠤᠯᠵᠤ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠱᠢᠨ᠎ᠡ ᠬᠡᠯᠪᠡᠷᠢ ᠪᠠᠢᠳᠠᠯ᠎ᠢ ᠬᠡᠷᠬᠢᠨ ᠡᠭᠦᠳᠬᠦ᠌ ᠪᠤᠢ? ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡᠨ ᠶᠡᠬᠡ ᠤᠷᠤᠰᠭᠠᠯ ᠳᠤᠮᠳᠠ ᠪᠣᠯᠪᠠᠰᠤᠨ᠎ᠤ ᠰᠡᠷᠭᠦᠨ ᠮᠠᠨᠳᠤᠯᠲᠠ᠂ ᠰᠣᠶᠣᠯ᠎ᠤᠨ ᠲᠠᠪᠱᠢᠯᠳᠠ᠎ᠶ᠋ᠢ ᠬᠡᠷᠬᠢᠨ ᠪᠡᠶᠡᠯᠡᠭᠦᠯᠬᠦ᠌ ᠪᠤᠢ?

2023 ᠣᠨ᠎ᠤ 10 ᠰᠠᠷ᠎ᠠ᠎ᠳᠤ᠂ ᠰᠢ᠎ᠵᠢᠨ᠎ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶᠢ ᠪᠦᠬᠦ᠌ ᠤᠯᠤᠰ᠎ᠤᠨ ᠰᠤᠷᠲᠠᠯ ᠤᠬᠠᠭᠤᠯᠭ᠎ᠠ ᠰᠣᠶᠣᠯ᠎ᠤᠨ ᠠᠵᠢᠯ᠎ᠤᠨ ᠬᠤᠷᠠᠯ ᠳᠡᠭᠡᠷ᠎ᠡ ᠵᠢᠩᠬᠢᠨᠢ᠎ᠪᠡᠷ ᠳᠤᠷᠠᠳᠪᠠ᠃ ᠰᠢ᠎ᠵᠢᠨ᠎ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶᠢᠨ ᠵᠢᠯᠤᠭᠤᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠲᠡᠦᠬᠡ᠎ᠶ᠋ᠢᠨ ᠢᠲᠡᠭᠡᠯ᠂ ᠰᠣᠶᠣᠯ᠎ᠤᠨ ᠢᠲᠡᠭᠡᠯ᠎ᠢᠶᠡᠨ ᠪᠠᠲᠤᠳᠭᠠᠵᠤ᠂ 《ᠬᠣᠶᠠᠷ᠎ᠢ ᠤᠶᠠᠯᠳᠤᠭᠤᠯᠬᠤ》᠎ᠶᠢ ᠪᠠᠷᠢᠮᠲᠠᠯᠠᠵᠤ᠂ ᠲᠡᠦᠬᠡ ᠰᠣᠶᠣᠯ᠎ᠤᠨ ᠰᠤᠳᠠᠰᠤ᠎ᠶᠢ ᠦᠷᠬᠦᠯᠵᠢᠯᠡᠬᠦᠯᠬᠦ ᠳᠤᠮᠳᠠ ᠰᠣᠶᠣᠯ᠎ᠤᠨ ᠡᠭᠦᠳᠦᠯᠲᠡ᠎ᠶ᠋ᠢ ᠠᠬᠢᠭᠤᠯᠵᠤ᠂ ᠳᠤᠮᠳᠠᠳᠤ᠎ᠶ᠋ᠢᠨ ᠪᠣᠯᠪᠠᠰᠤᠨ᠎ᠢ ᠤᠯᠠᠮᠵᠢᠯᠠᠨ ᠵᠠᠯᠭᠠᠮᠵᠢᠯᠠᠬᠤ ᠳᠤᠮᠳᠠ ᠰᠣᠶᠣᠯ᠎ᠤᠨ ᠲᠠᠪᠱᠢᠯᠳᠠ᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠨᠡᠩ ᠭᠦᠨ ᠭᠦᠨᠵᠡᠭᠡᠢ ᠰᠣᠶᠣᠯ᠎ᠤᠨ ᠠᠭᠤᠯᠤᠭ᠍ᠳᠠᠬᠤᠨ ᠪᠠ ᠨᠡᠩ ᠥᠷᠭᠡᠨ ᠠᠭᠤᠳᠠᠮ ᠪᠣᠯᠪᠠᠰᠤᠨ᠎ᠤ ᠬᠠᠷᠠᠭᠠᠰᠤ ᠣᠯᠭᠣᠵᠤ᠂ ᠨᠡᠩ ᠬᠦᠴᠦᠷᠬᠡᠭ ᠶᠡᠬᠡ ᠳᠤᠮᠳᠠᠳᠤ ᠤᠯᠤᠰ᠎ᠤᠨ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠦᠷᠳᠡᠭ᠂ ᠳᠤᠮᠳᠠᠳᠤ ᠤᠯᠤᠰ᠎ᠤᠨ ᠬᠦᠴᠦᠨ᠎ᠢ ᠨᠢᠭ᠍ᠲᠠᠷᠠᠭᠤᠯᠪᠠ᠃

ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠰᠣᠶᠣᠯ᠎ᠤᠨ ᠰᠠᠭᠤᠷᠢ᠎ᠶ᠋ᠢ ᠵᠤᠵᠠᠭᠠᠳᠭᠠᠨ᠎ᠠ

2025 ᠣᠨ᠎ᠤ 5 ᠰᠠᠷ᠎ᠠ᠎ᠳᠤ᠂ ᠶᠡᠷᠦᠩᠬᠡᠢ ᠱᠦᠵᠢ ᠰᠢ᠎ᠵᠢᠨ᠎ᠫᠢᠩ ᠾᠧᠨᠠᠨ᠎ᠤ ᠯᠦᠸᠸᠶᠠᠩ᠎ᠤᠨ ᠯᠦᠩ ᠮᠸᠨ ᠴᠢᠯᠠᠭᠤᠨ ᠠᠭᠤᠢ᠎ᠳᠤ ᠱᠢᠨᠵᠢᠯᠡᠨ ᠪᠠᠢᠴᠠᠭᠠᠪᠠ᠃ ᠢ ᠡᠾᠸ ᠭᠣᠣᠯ᠎ᠤᠨ ᠬᠥᠪᠡᠭᠡᠨ᠎ᠳᠦ ᠶᠡᠷᠦᠩᠬᠡᠢ ᠱᠦᠵᠢ ᠲᠡᠦᠬᠡ᠎ᠶ᠋ᠢ ᠡᠷᠬᠢᠴᠡᠬᠦᠯᠵᠤ᠂ ᠢᠷᠡᠭᠡᠳᠦᠢ᠎ᠶ᠋ᠢ ᠪᠠᠷᠠᠯᠠᠨ᠄ 《ᠳᠤᠮᠳᠠᠳᠤ᠎ᠶ᠋ᠢᠨ ᠰᠣᠶᠣᠯ᠎ᠤᠨ ᠡᠳᠡᠭᠡᠷ ᠦᠨᠡᠲᠦ ᠡᠷᠳᠡᠨᠢ᠎ᠶ᠋ᠢ ᠰᠠᠢᠲᠤᠷ ᠬᠠᠮᠠᠭᠠᠯᠠᠵᠤ᠂ ᠰᠠᠢᠲᠤᠷ ᠤᠯᠠᠮᠵᠢᠯᠠᠵᠤ᠂ ᠰᠠᠢᠲᠤᠷ ᠲᠠᠮᠵᠢᠭᠤᠯᠬᠤ ᠬᠡᠷᠡᠭ᠌ᠲᠡᠢ》 ᠬᠡᠪᠡ᠃

ᠯᠢᠦ ᡂᠢ ᠱᠢᠶᠠᠩ᠎ᠭᠤᠳᠤᠮᠵᠢ᠎ᠠᠴᠠ ᠪᠠᠢ ᠮᠠ ᠰᠧ ᠰᠦᠮ᠎ᠡ ᠬᠦᠷᠲᠡᠯ᠎ᠡ᠂ ᠵᠤᠤ ᠱᠢᠩ᠎ᠤᠨ ᠳ᠋ᠦᠩ ᠦᠨᠳᠤᠰᠤᠳᠠᠨ᠎ᠤ ᠴᠠᠢᠵᠠ᠎ᠠᠴᠠ ᠯᠢᠵᠢᠶᠠᠩ᠎ᠤᠨ ᠡᠷᠲᠡᠨ᠎ᠦ ᠬᠤᠳᠠ ᠬᠦᠷᠲᠡᠯ᠎ᠡ᠂ ᠪᠦᠦ ᠵᠶ᠋ᠢ᠎ᠶᠢᠨ ᠬᠦᠷᠡᠯ ᠵᠡᠪᠰᠡᠭ᠎ᠦᠨ ᠮᠦᠽᠧᠢ᠎ᠶ᠋ᠢᠨ ᠬᠦᠷᠢᠶᠡᠯᠡᠩ᠎ᠦᠨ ᠬᠠᠮᠤᠭ᠎ᠤᠨ ᠴᠢᠬᠤᠯᠠ ᠡᠷᠳᠡᠨᠢ ᠪᠤᠯᠬᠤ ᠾᠧ᠎ᠶᠢᠨ ᠴᠢᠳᠬᠤᠮᠠᠯ ᠬᠤᠨᠳᠠᠭ᠎ᠠ᠎ᠶᠢᠨ ᠡᠮᠤᠨ᠎ᠠ  ᠵᠣᠭ᠍ᠰᠣᠵᠤ ᠪᠤᠳᠤᠯᠭᠠᠰᠢᠷᠠᠨ ᠰᠡᠳᠬᠢᠭᠰᠡᠨ᠂ ᠱᠢᠶᠤᠤ ᠭᠠᠨ᠎ᠤ ᠶᠦᠨ ᠮᠸᠩ ᠱᠢᠶᠠᠨ᠎ᠤ ᠮᠦᠽᠧᠢ᠎ᠳ᠋ᠤ ᠴᠢᠨ ᠬᠠᠨ᠎ᠤ ᠦᠶ᠎ᠠ᠎ᠶᠢᠨ ᠬᠤᠯᠤᠰᠤᠨ ᠪᠢᠴᠢᠭ᠎ᠤᠨ ᠦᠵᠡᠭᠦᠯᠭᠡ᠎ᠵᠢ ᠲᠤᠭᠤᠷᠢᠨ ᠦᠵᠡᠭᠰᠡᠨ ᠁  ᠶᠡᠷᠦᠩᠬᠡᠢ ᠱᠦᠵᠢ ᠰᠢ᠎ᠵᠢᠨ᠎ᠫᠢᠩ᠎ᠦᠨ ᠰᠣᠶᠣᠯ᠎ᠤᠨ ᠤᠯᠠ ᠮᠥᠷ ᠡᠬᠡ ᠤᠯᠤᠰ᠎ᠤᠨ ᠡᠯ᠎ᠡ ᠭᠠᠵᠠᠷ᠎ᠢᠶᠠᠷ ᠲᠦᠭᠡᠵᠦ᠍᠂ ᠬᠦᠯ᠎ᠤᠨ ᠤᠯᠠ᠎ᠪᠠᠷ᠎ᠢᠶᠡᠨ ᠪᠣᠯᠪᠠᠰᠤᠨ᠎ᠢ ᠮᠦᠷᠳᠡᠵᠤ᠂ ᠦᠵᠡᠯ ᠰᠠᠨᠠᠭ᠎ᠠ᠎ᠪᠠᠷ᠎ᠢᠶᠡᠨ ᠡᠷᠲᠡᠨ ᠡᠳᠦᠭᠡ᠎ᠶ᠋ᠢ ᠨᠡᠪᠲᠡᠷᠡᠭᠦᠯᠵᠦ᠍᠂ 《ᠶᠠᠭᠤ᠎ᠪᠠᠷ᠎ᠢᠶᠡᠨ ᠳᠤᠮᠳᠠᠳᠤ ᠤᠯᠤᠰ ᠬᠡᠮᠡᠭᠳᠡᠭᠰᠡᠨ ᠪᠤᠢ》᠎ᠠᠴᠠ 《ᠶᠠᠭᠤᠨ᠎ᠳᠤ ᠲᠦᠰᠢᠭᠯᠡᠨ ᠰᠡᠷᠭᠦᠨ ᠮᠠᠨᠳᠤᠬᠤ ᠪᠤᠢ》 ᠬᠦᠷᠲᠡᠯᠡᠬᠢ ᠰᠣᠶᠣᠯ᠎ᠤᠨ ᠰᠠᠭᠤᠷᠢ᠎ᠶ᠋ᠢ ᠪᠡᠬᠢᠵᠢᠭᠦᠯᠦᠨ ᠵᠤᠵᠠᠭᠠᠳᠬᠠᠪᠠ᠃

《ᠲᠠᠪᠤᠨ ᠮᠢᠩᠭ᠎ᠠ ᠭᠠᠷᠤᠢ ᠵᠢᠯ᠎ᠦᠨ ᠳᠤᠮᠳᠠᠳᠤ᠎ᠶ᠋ᠢᠨ ᠪᠣᠯᠪᠠᠰᠤᠨ᠎ᠢ ᠤᠯᠠᠮᠵᠢᠯᠠᠨ ᠵᠠᠯᠭᠠᠮᠵᠢᠯᠠᠬᠤ ᠶᠠᠪᠤᠴᠠ᠎ᠳᠤ᠂ 〈ᠳᠤᠮᠳᠠᠳᠤ ᠤᠯᠤᠰ〉 ᠭᠡᠬᠦ᠌ ᠬᠣᠶᠠᠷ ᠦᠰᠦᠭ 〈ᠾᠧ᠎ᠶᠢᠨ ᠴᠢᠳᠬᠤᠮᠠᠯ ᠬᠤᠨᠳᠠᠭ᠎ᠠ〉᠎ᠶᠢᠨ ᠢᠷᠣᠭᠠᠷ᠎ᠲᠤ ᠰᠡᠢᠯᠦᠭ᠌ᠳᠡᠵᠦ᠍᠂ ᠨᠡᠩ ᠴᠤ᠌ ᠳᠤᠮᠳᠠᠳᠤ᠎ᠶ᠋ᠢᠨ ᠬᠥᠪᠡᠭᠦᠳ ᠥᠬᠢᠳ ᠨᠢᠭᠡ ᠪᠦᠷᠢ᠎ᠶ᠋ᠢᠨ ᠰᠡᠳᠭᠢᠯ᠎ᠳᠦ ᠬᠦᠨ ᠬᠠᠳᠠᠩᠱᠢᠵᠠᠢ》 ᠬᠡᠵᠤ ᠶᠡᠷᠦᠩᠬᠡᠢ ᠱᠦᠵᠢ ᠰᠢ᠎ᠵᠢᠨ᠎ᠫᠢᠩ 2025 ᠣᠨ᠎ᠤ ᠱᠢᠨ᠎ᠡ ᠵᠢᠯ᠎ᠦᠨ ᠪᠠᠶᠠᠷ᠎ᠤᠨ ᠦᠭᠡ᠎ᠳᠡᠭᠡᠨ ᠭᠦᠨ ᠰᠡᠳᠭᠢᠯᠭᠡ᠎ᠲᠡᠶ᠎ᠪᠡᠷ ᠡᠷᠭᠢᠴᠡᠭᠦᠯᠪᠡ᠃

ᠰᠣᠶᠣᠯ᠎ᠤᠨ ᠢᠲᠡᠭᠡᠯ ᠥᠨᠢ ᠤᠳᠠᠭᠠᠨ ᠲᠡᠦᠬᠡ᠎ᠡᠴᠡ ᠢᠷᠡᠯᠳᠡ ᠲᠠᠢ᠃ ᠳᠤᠮᠳᠠᠳᠤ᠎ᠶ᠋ᠢᠨ ᠪᠣᠯᠪᠠᠰᠤᠨ ᠨᠢ ᠢᠯᠡ ᠲᠤᠪᠤᠢᠮ᠎ᠠ ᠦᠷᠭᠦᠯᠵᠢᠯᠡᠬᠦ᠌ ᠴᠢᠨᠠᠷ᠂ ᠱᠢᠨ᠎ᠡ᠎ᠶ᠋ᠢ ᠡᠭᠦᠳᠬᠦ᠌ ᠴᠢᠨᠠᠷ᠂ ᠨᠢᠭᠡᠳᠦᠯᠲᠦ ᠴᠢᠨᠠᠷ᠂ ᠪᠠᠭ᠍ᠲᠠᠭᠠᠮᠵᠢᠲᠤ ᠴᠢᠨᠠᠷ᠂ ᠡᠩᠬᠡ ᠲᠠᠢᠪᠤᠩ ᠴᠢᠨᠠᠷ᠎ᠢᠶᠠᠷ ᠳᠡᠯᠡᠬᠡᠢ ᠳ᠋ᠠᠬᠢᠨ᠎ᠳᠤ ᠰᠡᠬᠦᠢᠨ ᠰᠦᠨᠳᠡᠷᠯᠡᠵᠦ᠍᠂ ᠲᠡᠯᠡᠬᠡᠢ ᠶᠢᠷᠳᠢᠨᠴᠤ ᠶᠠᠭᠠᠬᠢᠵᠤ ᠤᠯᠠᠷᠢᠨ ᠬᠤᠪᠢᠷᠠᠬᠰᠠᠨ ᠴᠤ᠌᠂ ᠡᠨᠡ ᠬᠦ᠌ ᠪᠣᠯᠪᠠᠰᠤᠨ᠎ᠤ ᠰᠦᠷ ᠵᠢᠪᠬᠤᠯᠠᠩᠳᠤ ᠤᠷᠤᠰᠭᠠᠯ ᠢᠮᠠᠭ᠍ᠲᠠ ᠵᠤᠬ᠍ᠰᠤᠰᠢ ᠦᠭᠡᠢ ᠲᠤᠯᠬᠢᠶᠠᠯᠠᠨ ᠲᠠᠪᠠᠯᠭᠠᠯᠠᠬᠰᠠᠭᠠᠷ ᠪᠠᠢᠨ᠎ᠠ᠃

ᠶᠠᠭ ᠶᠡᠷᠦᠩᠬᠡᠢ ᠱᠦᠵᠢ ᠰᠢ᠎ᠵᠢᠨ᠎ᠫᠢᠩ᠎ᠦᠨ ᠵᠢᠭᠠᠵᠤ ᠭᠠᠷᠭᠠᠭ᠍ᠰᠠᠨᠴᠢᠯᠠᠨ᠂ ᠳᠤᠮᠳᠠᠳᠤ᠎ᠶ᠋ᠢᠨ ᠪᠣᠯᠪᠠᠰᠤᠨ ᠬᠡᠳᠦᠨ ᠮᠢᠩᠭᠠᠨ ᠵᠢᠯ᠎ᠢ ᠥᠩᠭᠡᠷᠡᠬᠦᠯᠦᠭᠰᠡᠨ ᠴᠤ᠌ ᠲᠠᠰᠤᠷᠠᠰᠢ ᠦᠭᠡᠢ ᠤᠯᠠᠮᠵᠢᠯᠠᠬᠳᠠᠵᠤ᠂ ᠤᠳᠠᠭ᠎ᠠ ᠳᠠᠷᠠᠭᠠᠯᠠᠨ ᠭᠠᠰᠠᠯᠠᠩ ᠵᠣᠪᠠᠯᠠᠩ᠎ᠳᠤ ᠤᠴᠠᠷᠠᠬᠰᠠᠨ ᠴᠤ᠌ ᠪᠦᠬᠦᠰᠢ ᠦᠭᠡᠢ ᠦᠷᠭᠦᠯᠵᠢᠯᠡᠵᠦ᠍ ᠢᠷᠡᠭ᠌ᠰᠡᠨ ᠶᠤᠮ᠂ ᠡᠨᠡ ᠪᠣᠯ ᠬᠥᠮᠦᠨ ᠲᠥᠷᠥᠯᠬᠢᠲᠡᠨ᠎ᠦ ᠪᠣᠯᠪᠠᠰᠤᠨ᠎ᠤ ᠭᠠᠢᠬᠠᠮᠱᠢᠭ᠂ ᠪᠠᠰᠠ ᠴᠤ᠌ ᠪᠢᠳᠡᠨ᠎ᠦ ᠢᠲᠡᠭᠡᠯ᠎ᠦᠨ ᠢᠳᠡ ᠬᠦᠴᠦ᠍ᠨ ᠮᠥᠨ᠃

《ᠪᠡᠭᠡᠵᠢᠩ᠎ᠦᠨ ᠭᠤᠤᠯ ᠲᠡᠩᠬᠡᠯᠢᠭ ᠱᠤᠭᠤᠮ》᠎ᠢ 《ᠳᠡᠯᠡᠬᠡᠶ᠎ᠶ᠋ᠢᠨ ᠥᠪ᠎ᠦᠨ ᠨᠡᠷᠡᠰ᠎ᠦᠨ ᠵᠢᠭ᠍ᠰᠠᠭᠠᠯᠲᠠ》᠎ᠳᠤ ᠣᠷᠣᠭᠤᠯᠵᠤ᠂ ᠲᠡᠦᠬᠡ᠎ᠶ᠋ᠢᠨ ᠳᠦᠷᠰᠦ ᠪᠠᠢᠳᠠᠯ᠎ᠢ ᠠᠮᠢᠳᠤᠯᠢᠭ᠎ᠢᠶᠠᠷ ᠳᠠᠬᠢᠨ ᠢᠯᠡᠷᠡᠭᠦᠯᠵᠦ᠍᠂ ᠬᠥᠮᠦᠰ᠎ᠦᠨ ᠣᠷᠣᠱᠢᠨ ᠰᠠᠭᠤᠬᠤ ᠣᠷᠴᠢᠨ ᠲᠣᠭᠣᠷᠢᠨ ᠪᠠ ᠬᠣᠲᠠ᠎ᠶ᠋ᠢᠨ ᠳᠦᠷᠰᠦ ᠪᠠᠢᠳᠠᠯ᠎ᠢ ᠲᠠᠰᠤᠷᠠᠯᠲᠠ ᠥᠬᠡᠶ ᠰᠠᠢᠵᠢᠷᠠᠭᠤᠯᠵᠤ᠂ ᠬᠣᠲᠠ᠎ᠶ᠋ᠢᠨ ᠠᠷᠠᠳ᠎ᠤᠨ ᠬᠦᠷᠲᠡᠮᠵᠢ᠎ᠶ᠋ᠢᠨ ᠲᠥᠷᠥᠭ᠌ᠳᠡᠯ ᠪᠠ ᠵᠢᠷᠭᠠᠯᠲᠤ ᠲᠥᠷᠥᠭ᠌ᠳᠡᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ; 《ᠴᠠᠭᠠᠨ ᠰᠠᠷ᠎ᠠ》᠎ᠶᠢ ᠪᠣᠳᠠᠰ᠎ᠤᠨ ᠪᠤᠰᠤ ᠰᠣᠶᠣᠯ᠎ᠤᠨ ᠥᠪ᠎ᠢᠶᠡᠷ ᠭᠤᠶᠤᠴᠢᠯᠠᠭᠠᠳ ᠠᠮᠵᠢᠯᠲᠠ ᠣᠯᠵᠤ᠂ ᠳᠤᠮᠳᠠᠳᠤ ᠤᠯᠤᠰ᠎ᠤᠨ ᠴᠠᠭᠠᠨ ᠰᠠᠷ᠎ᠠ ᠨᠢ 《ᠳᠡᠯᠡᠬᠡᠢ᠎ᠶ᠋ᠢᠨ ᠴᠠᠭᠠᠨ ᠰᠠᠷ᠎ᠠ》 ᠪᠤᠯᠵᠤ᠂ ᠬᠥᠮᠦᠰ ᠳᠤᠮᠳᠠᠳᠤ᠎ᠶ᠋ᠢᠨ ᠦᠨᠳᠦᠰᠦᠲᠡᠨ᠎ᠦ ᠰᠣᠶᠣᠯ᠎ᠤᠨ ᠬᠠᠮᠲᠤ᠎ᠶ᠋ᠢᠨ ᠲᠠᠨᠢᠯᠲᠠ᠂ ᠤᠯᠤᠰ᠎ᠢᠶᠠᠨ ᠬᠠᠢᠷᠠᠯᠠᠬᠤ ᠦᠵᠡᠯ᠎ᠦᠨ ᠤᠶᠤᠨ ᠰᠠᠨᠠᠭᠠᠨ᠎ᠤ ᠬᠣᠯᠪᠣᠭᠠᠰᠤ ᠨᠢ ᠳᠤᠮᠳᠠᠳᠤ᠎ᠶ᠋ᠢᠨ ᠬᠥᠪᠡᠭᠦᠳ ᠥᠬᠢᠳ᠎ᠦᠨ ᠨᠢᠭ᠍ᠲᠠᠷᠠᠨ ᠪᠦᠯᠬᠦᠮᠳᠡᠭ᠌ᠰᠡᠨ ᠬᠦᠴᠦᠷᠬᠡᠭ ᠶᠡᠬᠡ ᠬᠠᠮᠲᠤ᠎ᠶ᠋ᠢᠨ ᠴᠣᠭ᠍ᠴᠠ ᠪᠤᠯᠵᠤ ᠨᠢᠭ᠍ᠲᠠᠷᠠᠬᠤ᠎ᠶᠢ ᠠᠬᠢᠭᠤᠯᠤᠬᠰᠠᠨ᠎ᠢ ᠬᠦᠨ ᠤᠢᠯᠠᠭᠠᠪᠠ ᠁

ᠳᠤᠮᠳᠠᠳᠤ᠎ᠶ᠋ᠢᠨ ᠰᠣᠶᠣᠯ᠎ᠢ ᠦᠷᠭᠦᠯᠵᠢᠯᠡᠬᠦᠯᠦᠨ ᠤᠯᠠᠮᠵᠢᠯᠠᠭ᠍ᠤ ᠶᠠᠪᠤᠴᠠ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠰᠣᠶᠣᠯ᠎ᠤᠨ ᠭᠤᠤᠯ ᠴᠣᠭ᠍ᠴᠠᠲᠤ ᠴᠢᠨᠠᠷ ᠨᠠᠩ ᠢᠯᠡ ᠲᠣᠳᠣ ᠪᠣᠯᠵᠣ᠂ ᠰᠣᠶᠣᠯ᠎ᠤᠨ ᠤᠬᠠᠮᠰᠠᠷ᠎ᠢ ᠲᠠᠰᠤᠷᠠᠯᠲᠠ ᠥᠬᠡᠶ ᠰᠡᠷᠭᠦᠭᠡᠨ᠂ ᠰᠣᠶᠣᠯ᠎ᠤᠨ ᠢᠲᠡᠭᠡᠯ᠎ᠢ ᠲᠠᠰᠤᠷᠠᠯᠲᠠ ᠥᠬᠡᠶ ᠪᠣᠶ ᠪᠣᠯᠭᠠᠵᠤ᠂ ᠰᠣᠶᠣᠯ᠎ᠤᠨ ᠲᠠᠯ᠎ᠠ᠎ᠪᠠᠷ ᠪᠡᠶ᠎ᠡ᠎ᠪᠡᠨ ᠳᠠᠭᠠᠭᠠᠬᠤ᠎ᠶ᠋ᠢ ᠳᠠᠪᠲᠠᠨ ᠪᠣᠯᠪᠠᠰᠤᠷᠠᠭᠤᠯᠵᠤ᠂ ᠰᠣᠶᠣᠯ᠎ᠤᠨ ᠲᠠᠯ᠎ᠠ᠎ᠪᠠᠷ ᠥᠪᠡᠷ᠎ᠢ᠎ᠪᠡᠨ ᠬᠦᠴᠦᠷᠬᠡᠭ᠌ᠵᠢᠭᠦᠯᠬᠦ᠌᠎ᠶ᠋ᠢᠨ ᠤᠯᠠᠮ᠎ᠡᠴᠡ ᠪᠣᠯᠪᠠᠰᠤᠨ᠎ᠢ ᠰᠠᠬᠢᠨ ᠬᠠᠮᠠᠭᠠᠯᠠᠬᠤ ᠡᠷᠡᠰ ᠪᠠᠲᠤ ᠠᠵᠢᠯᠯᠠᠭ᠎ᠠ ᠪᠣᠯᠭᠠᠨ ᠬᠤᠪᠢᠷᠠᠭᠤᠯᠪᠠ᠃

《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠮᠠᠨ᠎ᠤ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠡᠬᠢ ᠪᠠᠶᠠᠯᠢᠭ᠎ᠤᠨ ᠦᠨᠳᠦᠰᠦᠨ ᠪᠠᠢᠳᠠᠯ᠎ᠢ ᠣᠢᠯᠠᠭᠠᠵᠤ᠂ ᠳᠥᠷᠪᠡᠳᠦᠭᠡᠷ ᠤᠳᠠᠭ᠎ᠠ᠎ᠶ᠋ᠢᠨ ᠪᠦᠬᠦ᠌ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠨᠡᠢᠳᠡᠮ ᠪᠠᠢᠴᠠᠭᠠᠯᠲᠠ ᠴᠢᠬᠤᠯᠠ ᠱᠠᠳᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠱᠢᠨ᠎ᠡ᠎ᠪᠡᠷ ᠢᠯᠡᠷᠡᠭᠦᠯᠦᠭ᠌ᠰᠡᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠲᠣᠭ᠎ᠠ 13 ᠲᠦᠮᠡ᠎ᠶ᠋ᠢ ᠳᠠᠪᠠᠪᠠ; ᠳᠤᠮᠳᠠᠳᠤ᠎ᠶ᠋ᠢᠨ ᠪᠣᠯᠪᠠᠰᠤᠨ᠎ᠤ ᠡᠬᠢ ᠡᠭᠦᠰᠦᠯ᠎ᠢ ᠬᠠᠢᠨ ᠱᠢᠨᠵᠢᠯᠡᠬᠦ᠌ ᠢᠨᠵᠧᠨᠧᠷᠢᠩ ᠨᠢ ᠪᠣᠯᠪᠠᠰᠤᠨ᠎ᠤ ᠲᠣᠮᠢᠶᠠᠯᠠᠯ ᠪᠠ ᠪᠣᠯᠪᠠᠰᠤᠨ ᠨᠡᠢᠭᠡᠮ᠎ᠳᠦ ᠤᠷᠤᠬ᠍ᠰᠠᠨ᠎ᠢ ᠬᠢᠨᠠᠨ ᠲᠣᠭ᠍ᠲᠠᠭᠠᠬᠤ ᠳᠤᠮᠳᠠᠳᠤ ᠤᠯᠤᠰ᠎ᠤᠨ ᠲᠥᠰᠦᠯ᠎ᠢ ᠳᠤᠷᠠᠳᠴᠤ᠌᠂ ᠳᠡᠯᠡᠬᠡᠢ᠎ᠶ᠋ᠢᠨ ᠪᠣᠯᠪᠠᠰᠤᠨ᠎ᠤ ᠡᠬᠢ ᠡᠭᠦᠰᠦᠯ᠎ᠦᠨ ᠰᠤᠳᠤᠯᠭᠠᠨ᠎ᠳᠤ ᠠᠩᠬᠠᠨ᠎ᠤ ᠡᠭᠦᠳᠦᠯᠲᠡ᠎ᠶ᠋ᠢᠨ ᠴᠢᠨᠠᠷᠲᠠᠢ ᠬᠤᠪᠢ ᠨᠡᠮᠡᠷᠢ ᠦᠵᠡᠭᠦᠯᠪᠡ᠃

ᠦᠨᠳᠦᠰᠦᠲᠡᠨ᠎ᠦ ᠰᠣᠶᠣᠯ᠎ᠤᠨ ᠰᠤᠳᠠᠰᠤ᠎ᠶ᠋ᠢ ᠦᠷᠭᠦᠯᠵᠢᠯᠡᠭᠦᠯᠬᠦ᠌ ᠳᠤᠮᠳᠠ ᠵᠠᠮ ᠨᠡᠭᠡᠭᠡᠨ ᠤᠷᠤᠭ᠍ᠰᠢᠯᠠᠵᠤ᠂ ᠤᠯᠤᠰ ᠣᠷᠣᠨ ᠪᠠ ᠦᠨᠳᠦᠰᠦᠲᠡᠨ᠎ᠦ ᠬᠥᠭ᠌ᠵᠢᠯᠲᠡ᠎ᠶ᠋ᠢᠨ ᠰᠣᠶᠣᠯ᠎ᠤᠨ ᠰᠠᠭᠤᠷᠢ᠎ᠶ᠋ᠢ ᠨᠡᠩ ᠭᠦᠨ ᠵᠤᠵᠠᠭᠠᠨ᠂ ᠨᠡᠩ ᠪᠠᠲᠤ ᠪᠡᠬᠢ ᠪᠣᠯᠭᠠᠪᠠ᠃

《ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠣᠯ ᠤᠷᠢᠳ ᠡᠮᠦᠨ᠎ᠡ ᠪᠠᠢᠭ᠎ᠠ ᠦᠭᠡᠢ ᠠᠭᠤᠤ ᠶᠡᠬᠡ ᠦᠢᠯᠡᠰ ᠮᠥᠨ᠃ ᠬᠦᠰᠡᠯ ᠡᠷᠡᠮᠡᠯᠵᠡᠯ ᠪᠠ ᠥᠷᠢᠰᠥᠯᠳᠦᠭᠡᠨ ᠨᠢ ᠴᠥᠮ ᠪᠢᠳᠡᠨ᠎ᠦ ᠥᠷᠯᠥᠭᠡ ᠦᠳᠡᠰᠢ᠎ᠶ᠋ᠢ ᠲᠡᠮᠡᠴᠡᠨ᠂ ᠡᠭᠦᠷᠢᠳᠡ ᠬᠣᠢᠷᠭᠣᠱᠢᠬᠤ ᠦᠭᠡᠢ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠬᠥᠭ᠌ᠵᠢᠭᠡᠵᠦ᠍ ᠪᠠᠢᠳᠠᠭ》᠃ ᠶᠡᠷᠦᠩᠬᠡᠢ ᠱᠦᠵᠢ ᠰᠢ᠎ᠵᠢᠨ᠎ᠫᠢᠩ᠎ᠦᠨ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 76 ᠵᠢᠯ᠎ᠦᠨ ᠤᠢ᠎ᠶ᠋ᠢ ᠪᠡᠯᠭᠡᠯᠡᠬᠦ᠌ ᠳᠠᠢᠯᠠᠯᠭ᠎ᠠ ᠳᠡᠭᠡᠷᠡᠬᠢ ᠴᠢᠬᠤᠯᠠ ᠶᠠᠷᠢᠶ᠎ᠠ ᠬᠥᠮᠦᠰ᠎ᠦᠨ ᠢᠳᠡᠬᠡᠯ ᠵᠤᠷᠢᠭ᠎ᠢ ᠬᠥᠭ᠌ᠵᠢᠭᠡᠪᠡ᠃

ᠥᠨᠥᠳᠦᠷ᠂ ᠳᠤᠮᠳᠠᠳᠤ ᠤᠯᠤᠰ᠎ᠤᠨ ᠠᠷᠠᠳ ᠲᠦᠮᠡᠨ᠎ᠦ ᠤᠷᠤᠭ᠍ᠰᠢᠯᠠᠯᠲᠠ᠎ᠶ᠋ᠢᠨ ᠬᠥᠳᠡᠯᠭᠡᠬᠦ᠌ ᠬᠦᠴᠦᠨ ᠨᠡᠩ ᠴᠢᠩᠭᠠᠷᠠᠵᠦ᠂ ᠲᠡᠮᠡᠴᠡᠯ᠎ᠦᠨ ᠵᠣᠷᠢᠭ ᠰᠠᠨᠠᠭ᠎ᠠ ᠨᠡᠩ ᠪᠠᠳᠠᠷᠠᠵᠤ᠂ ᠵᠠᠪᠠᠯ ᠢᠯᠠᠬᠤ ᠢᠲᠡᠭᠡᠯ ᠵᠣᠷᠢᠭ ᠨᠡᠩ ᠪᠠᠲᠤᠵᠢᠵᠤ᠂ ᠤᠷᠢᠳ ᠡᠮᠦᠨ᠎ᠡ ᠪᠠᠢᠭ᠎ᠠ ᠦᠭᠡᠢ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠂ ᠲᠡᠦᠬᠡ᠎ᠶ᠋ᠢᠨ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠪᠠᠳᠠᠷᠠᠭᠤᠯᠪᠠ᠃

ᠪᠣᠯᠪᠠᠰᠤᠨ᠎ᠤ ᠳᠠᠪᠱᠢᠯᠲᠠ᠎ᠶ᠋ᠢᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠦᠭᠵᠢᠬᠡᠨ᠎ᠠ

2025 ᠣᠨ᠎ᠤ ᠤᠯᠤᠰ᠎ᠤᠨ ᠪᠠᠶᠠᠷ ᠨᠠᠢ᠍ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠬᠥᠮᠦᠰ ᠠᠭᠤᠯᠠ ᠤᠰᠤ᠎ᠪᠠᠷ ᠠᠶᠠᠯᠠᠨ ᠲᠣᠭᠣᠷᠢᠵᠤ᠂ ᠬᠣᠣᠰ ᠪᠠᠶᠠᠷ᠎ᠤᠨ ᠡᠳᠦᠷ᠎ᠲᠦ ᠦᠪᠡᠷ᠎ᠤᠨ ᠰᠡᠳᠭᠢᠯ᠎ᠳᠡᠬᠢ ᠬᠦᠰᠡᠯᠡᠩ᠎ᠤᠨ ᠤᠷᠤᠨ ᠵᠦᠭ᠎ᠢᠶᠠᠨ ᠲᠡᠮᠡᠦᠯᠪᠡ ᠁ ᠰᠠᠢ᠌ᠨ ᠰᠠᠢᠬᠠᠨ ᠠᠮᠢᠳᠤᠷᠠᠯ᠎ᠤᠨ ᠵᠢᠷᠤᠭ ᠦᠵᠡᠮᠵᠢ᠎ᠳᠤ᠂ ᠥᠪᠡᠷᠮᠢᠴᠡ ᠣᠨᠴᠠᠭᠠᠢ 《ᠳᠤᠮᠳᠠᠳᠤ ᠤᠯᠤᠰ᠎ᠤᠨ ᠬᠡᠪ ᠨᠡᠮᠪᠠ》᠂ 《ᠰᠣᠶᠣᠯ᠎ᠤᠨ ᠦᠨᠦᠷ ᠠᠮᠲᠠ》᠎ᠪᠠᠷ ᠪᠢᠯᠬᠠᠵᠤ᠂ ᠤᠯᠠᠮᠵᠢᠯᠠᠨ ᠵᠠᠯᠭᠠᠮᠵᠢᠯᠠᠵᠤ ᠱᠢᠨ᠎ᠡ᠎ᠶ᠋ᠢ ᠡᠭᠦᠳᠬᠦ᠌ ᠳᠤᠮᠳᠠ ᠤᠷᠬᠢᠯᠤᠨ ᠪᠠᠳᠠᠷᠠᠭ᠍ᠰᠠᠨ ᠳᠤᠮᠳᠠᠳᠤ᠎ᠶ᠋ᠢᠨ ᠰᠣᠶᠣᠯ᠎ᠤᠨ ᠠᠮᠢᠵᠢᠷᠠᠯ᠎ᠤᠨ ᠬᠦᠴᠦᠨ᠎ᠢ ᠠᠮᠢᠳᠤᠯᠢᠭ᠎ᠢᠶᠠᠷ ᠢᠯᠡᠷᠡᠭᠦᠯᠪᠡ᠃

ᠵᠠᠭᠤ ᠮᠢᠩᠭᠠᠨ ᠵᠢᠯ᠎ᠦᠷᠭᠦᠯᠵᠢᠯᠡᠭᠰᠡᠨ ᠵᠠᠩ ᠦᠢᠯᠡ ᠨᠢ 《ᠡᠳᠦᠷ ᠳᠤᠳᠤᠮ ᠬᠡᠷᠡᠭ᠌ᠯᠡᠳᠡᠭ ᠴᠦ᠍ ᠦᠯᠦ᠍ ᠮᠡᠳᠡᠬᠦ᠌》᠎ᠶᠢᠨ ᠬᠣᠭᠣᠷᠣᠨᠳᠣ ᠴᠠᠭ ᠦᠶ᠎ᠡ᠎ᠶ᠋ᠢ ᠲᠠᠭᠠᠨ ᠤᠷᠤᠭ᠍ᠰᠢᠯᠠᠵᠤ᠂ ᠦᠨᠳᠦᠰᠦᠲᠡᠨ᠎ᠦ ᠵᠣᠷᠢᠭ ᠰᠠᠨᠠᠭ᠎ᠠ ᠪᠢᠯᠬᠠᠭ᠍ᠰᠠᠨ ᠰᠣᠶᠣᠯ ᠨᠢ 《ᠰᠢᠪᠡᠷᠡᠭᠡ ᠪᠤᠷᠤᠭᠠᠨ ᠲᠦᠮᠡᠨ ᠪᠤᠳᠠᠰ᠎ᠢ ᠤᠮᠳᠠᠯᠠᠬᠤ》 ᠲᠤᠮᠳᠠ ᠬᠥᠮᠦᠰ᠎ᠦᠨ ᠦᠢᠯᠡᠳᠪᠦᠷᠢᠯᠡᠯ ᠠᠮᠢᠳᠤᠷᠠᠯ᠎ᠲᠠᠶ ᠨᠢᠭ᠍ᠲᠠ ᠤᠶᠠᠯᠳᠤᠵᠤ᠂ 《ᠬᠣᠶᠠᠳᠤᠭᠠᠷ ᠤᠶᠠᠯᠳᠤᠭᠤᠯᠬᠤ》᠎ᠵᠢᠨ ᠦᠢᠯᠡᠳᠦᠯᠭᠡ᠎ᠶ᠋ᠢᠨ ᠠᠤᠭ᠎ᠠ ᠬᠦᠴᠦᠨ᠎ᠢ ᠠᠮᠢᠳᠤᠯᠢᠭ᠎ᠢᠶᠠᠷ ᠢᠯᠡᠷᠡᠭᠦᠯᠵᠡᠢ᠃

ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ ᠨᠢ ᠤᠯᠠᠮᠵᠢᠯᠠᠯᠲᠤ ᠠᠢᠯ ᠲᠣᠰᠭᠣᠨ᠎ᠤ 《ᠠᠭᠤᠯᠠ ᠲᠠᠢ᠂ ᠤᠰᠤ ᠲᠠᠢ᠂ ᠨᠤᠲᠤᠭ ᠤᠰᠤᠨ᠎ᠤ ᠲᠤᠬᠠᠢ ᠳᠤᠷᠠᠰᠤᠮᠵᠢ᠎ᠶᠢ ᠠᠴᠢᠶᠠᠯᠠᠬᠰᠠᠨ》 ᠱᠢᠨ᠎ᠡ ᠴᠠᠭ ᠦᠶ᠎ᠡ᠎ᠶ᠋ᠢᠨ ᠵᠢᠷᠤᠭ ᠳᠦᠷᠰᠦ᠎ᠶ᠋ᠢ ᠵᠢᠷᠤᠭ᠍ᠯᠠᠬᠰᠠᠨ᠎ᠡᠴᠡ ᠠᠪᠤᠭᠠᠳ ᠲᠥᠪ᠎ᠦᠨ ᠬᠤᠳᠠ᠎ᠶ᠋ᠢᠨ ᠠᠵᠢᠯ᠎ᠤᠨ ᠬᠤᠷᠠᠯ ᠨᠢ 《ᠶᠤᠰᠤ ᠮᠣᠷᠠᠯ᠎ᠢ ᠳᠡᠭᠡᠳᠦᠯᠡᠨ ᠰᠠᠢᠨ ᠰᠠᠢᠬᠠᠨ᠎ᠢ ᠡᠷᠬᠢᠮᠯᠡᠬᠦ ᠪᠣᠯᠪᠠᠰᠤᠨ ᠬᠤᠳᠠ᠎ᠶ᠋ᠢ ᠬᠦᠴᠦᠯᠡᠨ ᠪᠠᠢᠭᠤᠯᠬᠤ》᠎ᠶᠢ ᠬᠤᠳᠠ᠎ᠶ᠋ᠢᠨ ᠠᠵᠢᠯ᠎ᠤᠨ ᠲᠤᠯᠤᠭᠠᠨ ᠲᠠᠯ᠎ᠠ᠎ᠶ᠋ᠢᠨ ᠭᠣᠣᠯᠳᠠᠯᠭ᠎ᠠ᠎ᠲᠠᠶ ᠡᠭᠦᠷᠭᠡ᠎ᠶ᠋ᠢᠨ ᠨᠢᠭᠡ ᠪᠣᠯᠭᠠᠭ᠍ᠰᠠᠨ ᠬᠦᠷᠲᠡᠯ᠎ᠡ ᠁ ᠡᠷᠳᠡᠨ ᠡᠳᠦᠬᠡ᠎ᠵᠢ ᠨᠡᠪᠳᠡᠷᠡᠬᠦᠯᠵᠤ᠂ ᠤᠳᠤᠮᠰᠢᠯ᠎ᠢ ᠠᠮᠢᠯᠠᠭᠤᠯᠵᠤ᠂ ᠤᠷᠳᠤ ᠤᠳᠠᠭᠠᠨ ᠴᠠᠭ ᠬᠤᠭᠤᠴᠠᠭᠠᠨ᠎ᠳᠤ ᠬᠤᠷᠠᠮᠳᠤᠭ᠍ᠰᠠᠨ ᠪᠣᠯᠪᠠᠰᠤᠨ᠎ᠤ ᠤᠶᠤᠨ ᠤᠬᠠᠭᠠᠨ ᠨᠢ ᠴᠣ ᠱᠢᠨ᠎ᠡ ᠬᠦᠴᠦᠨ ᠴᠢᠳᠠᠯ ᠤᠷᠬᠢᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠰᠦᠷᠯᠢᠭ ᠦᠵᠡᠮᠵᠢ᠎ᠳᠦ ᠠᠭᠤᠰᠤᠯᠴᠠᠪᠠ᠃

ᠲᠤᠮᠳᠠᠳᠤ᠎ᠶᠢᠨ ᠡᠬᠡ ᠭᠠᠵᠠᠷ᠎ᠢ ᠪᠠᠷᠠᠯᠠᠬᠤᠶ᠎ᠠ᠂ 《ᠳᠤᠮᠳᠠᠳᠤ᠎ᠶ᠋ᠢᠨ ᠡᠬᠡ ᠭᠠᠵᠠᠷ᠎ᠡᠴᠡ ᠬᠦᠪᠦᠷᠡᠭᠰᠡᠨ》 ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠨᠢ ᠰᠦᠷ ᠳᠠᠯᠠᠢᠴᠠᠲᠠᠢ ᠴᠠᠭ ᠦᠶ᠎ᠡ᠎ᠶ᠋ᠢᠨ ᠦᠵᠡᠮᠵᠢᠳᠤ ᠬᠠᠭᠤᠳᠠᠰᠤᠨ᠎ᠠ ᠦᠷᠨᠢᠬᠦᠨ ᠪᠠᠳᠠᠷᠠᠨᠭᠭᠤᠢ ᠳᠦᠷᠰᠦ ᠪᠠᠢᠳᠠᠯ ᠢᠯᠡᠷᠡᠵᠦ᠍᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠱᠢᠨ᠎ᠡ ᠬᠡᠯᠪᠡᠷᠢ ᠪᠠᠢᠳᠠᠯ᠎ᠢ ᠲᠠᠰᠤᠷᠠᠯᠳᠠ ᠦᠭᠡᠢ ᠡᠭᠦᠳᠦᠨ ᠪᠠᠶᠠᠯᠢᠭ᠍ᠵᠢᠭᠤᠯᠵᠤ ᠪᠠᠢᠨ᠎ᠠ᠃

ᠪᠦᠬᠦ᠌ ᠦᠨᠳᠦᠰᠦᠲᠡᠨ᠎ᠦ ᠰᠣᠶᠣᠯ᠎ᠤᠨ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ ᠦᠷᠭᠦᠯᠵᠢᠯᠡᠨ ᠪᠠᠳᠠᠷᠠᠪᠠ —

ᠮᠦᠽᠧᠢ ᠨᠢ 《ᠱᠢᠨ᠎ᠡ ᠤᠷᠤᠰᠭᠠᠯ》 ᠪᠤᠯᠵᠤ᠂ 2024 ᠣᠨ᠎ᠳᠤ ᠪᠦᠬᠦ᠌ ᠤᠯᠤᠰ᠎ᠤᠨ ᠮᠦᠽᠧᠢ 14.9 ᠳ᠋ᠦᠩᠱᠢᠭᠤᠷ ᠬᠥᠮᠦᠨ ᠤᠳᠠᠭ᠎ᠠ᠎ᠶ᠋ᠢᠨ ᠵᠢᠭᠤᠯᠴᠢᠯᠠᠭ᠍ᠰᠠᠳ᠎ᠢ ᠬᠦᠯᠢᠶᠡᠨ ᠠᠪᠴᠠᠢ; 《ᠬᠠᠭᠤᠴᠢ ᠰᠤᠳᠤᠯᠤᠯ᠎ᠤᠨ ᠬᠠᠯᠠᠮᠱᠢᠯ》᠂ 《ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠯᠠᠮᠱᠢᠯ》᠂ 《ᠬᠤᠪᠢᠰᠭᠠᠯᠲᠤ ᠵᠢᠭᠤᠯᠴᠢᠯᠠᠯ᠎ᠤᠨ ᠬᠠᠯᠠᠮᠱᠢᠯ》 ᠴᠤᠬᠭᠠᠷ ᠳᠡᠯᠭᠡᠷᠡᠵᠦ᠍᠂ 《ᠤᠯᠤᠰ᠎ᠤᠨ ᠬᠡᠪ ᠨᠠᠮᠪᠠ》᠂ 《ᠤᠯᠤᠰ᠎ᠤᠨ ᠤᠷᠤᠰᠭᠠᠯ》 ᠵᠡᠷᠭᠡ᠎ᠨᠢ ᠬᠠᠯᠠᠮᠰᠢᠯ ᠪᠤᠯᠪᠠ; 《ᠰᠣᠶᠣᠯ ᠵᠢᠭᠤᠯᠴᠢᠯᠠᠯ + ᠤᠯᠠᠨ ᠠᠵᠦ ᠦᠶ᠋ᠯᠡᠰ》᠂ 《ᠤᠯᠠᠨ ᠠᠵᠦ ᠦᠶ᠋ᠯᠡᠰ + ᠰᠣᠶᠣᠯ ᠵᠢᠭᠤᠯᠴᠢᠯᠠᠯ》᠎ᠢ ᠠᠭᠤᠰᠤᠯᠴᠠᠭᠤᠯᠤᠨ ᠬᠥᠭ᠌ᠵᠢᠭᠦᠯᠵᠦ᠍᠂ ᠰᠣᠶᠣᠯ ᠨᠢ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠪᠠ ᠁

ᠳᠤᠮᠳᠠᠳᠤ᠎ᠶ᠋ᠢᠨ ᠡᠬᠡ ᠭᠠᠵᠠᠷ᠎ᠲᠤ ᠠᠮᠢᠵᠢᠷᠠᠯ᠎ᠤᠨ ᠬᠦᠴᠦᠨ ᠪᠢᠯᠬᠠᠭ᠍ᠰᠠᠨ ᠲᠡᠮᠡᠴᠡᠯ᠎ᠦᠨ ᠵᠢᠷᠤᠭ ᠳᠡᠯᠭᠡᠭᠳᠡᠪᠡ —

《ᠳᠣᠬᠢᠭᠤᠷ ᠲᠤᠯᠤᠭᠠᠨ ᠤᠳᠤ》 ᠵᠠᠮ᠎ᠵᠢᠭᠠᠵᠤ᠂ 《ᠮᠦᠸᠧᠽᠢ》᠎ᠪᠠᠷ ᠳᠤᠬᠢᠶ᠎ᠠ ᠳᠠᠮᠵᠢᠭᠤᠯᠵᠤ᠂ 《ᠴᠠᠩ ᠧ》 ᠰᠠᠷᠠᠨ ᠪᠥᠮᠪᠥᠷᠴᠡᠭ᠎ᠢ ᠪᠦᠷᠬᠦᠵᠦ᠂ ᠠᠯᠢ ᠤᠯᠠᠨ ᠤᠯᠤᠰ᠎ᠤᠨ ᠰᠣᠳᠣᠨ ᠲᠣᠨᠣᠭ᠍ᠯᠠᠯ ᠨᠢ ᠤᠳᠤ ᠦᠶ᠎ᠡ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯᠤᠨ ᠲᠤᠮᠤ ᠤᠯᠤᠰ᠎ᠤᠨ ᠪᠣᠯᠪᠠᠰᠤᠨ᠎ᠤ ᠰᠢᠯᠦᠭᠯᠢᠭ 《ᠤᠴᠠᠷᠠᠯ》᠎ᠢ ᠠᠴᠢᠶᠠᠯᠠᠵᠤ ᠪᠤᠢ; 《Z ᠡᠷᠢᠨ ᠴᠠᠭ》 ᠨᠢ ᠦᠶ᠋ᠯᠡᠰ ᠪᠤᠰᠬᠠᠬᠤ ᠵᠠᠮ ᠳᠡᠭᠡᠷ᠎ᠡ ᠬᠤᠷᠳᠤᠴᠠ᠎ᠪᠠᠨ ᠲᠦᠷᠭᠡᠳᠭᠡᠵᠦ᠍᠂ ᠲᠣᠮᠣ ᠤᠯᠤᠰ᠎ᠤᠨ ᠤᠷᠠᠨ ᠳᠠᠷᠬᠠᠨ ᠨᠢ ᠦᠶ᠋ᠯᠡᠳᠬᠦ᠌ ᠦᠶ᠋ᠯᠡᠰ᠎ᠦᠨ ᠬᠦᠴᠦᠷᠬᠡᠭ ᠤᠯᠤᠰ᠎ᠤᠨ ᠪᠠᠲᠤ ᠪᠠᠬᠢ ᠰᠠᠭᠤᠷᠢ᠎ᠶ᠋ᠢ ᠲᠤᠯᠭᠠᠭᠤᠷᠢᠯᠠᠵᠤ᠂ ᠤᠷᠠᠨ ᠳᠠᠷᠬᠠᠨᠴᠤᠳ᠎ᠤᠨ ᠵᠤᠷᠢᠭ ᠰᠠᠨᠠᠭ᠎ᠠ᠎ᠶᠢ ᠦᠨᠢᠳᠡ ᠤᠯᠠᠮᠵᠢᠯᠠᠨ ᠪᠠᠳᠠᠷᠠᠭᠤᠯᠤᠨ᠎ᠠ ᠁

ᠳᠤᠮᠳᠠᠳᠤ ᠤᠯᠤᠰ᠎ᠤᠨ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠦᠨ᠎ᠡ ᠥᠷᠲᠡᠭ᠂ ᠳᠤᠮᠳᠠᠳᠤ ᠤᠯᠤᠰ᠎ᠤᠨ ᠬᠦᠴᠦᠨ ᠲᠠᠰᠤᠷᠠᠯᠲᠠ ᠥᠬᠡᠶ ᠢᠯᠡᠷᠡᠪᠡ —

ᠠᠭᠤᠤ ᠶᠡᠬᠡ ᠨᠠᠮ ᠪᠠᠢᠭᠤᠯᠤᠬᠰᠠᠨ ᠵᠣᠷᠢᠭ ᠰᠠᠨᠠᠭ᠎ᠠ᠎ᠪᠠᠷ ᠡᠬᠢ ᠰᠤᠷᠪᠤᠯᠵᠢ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠭ ᠨᠢ ᠳᠤᠮᠳᠠᠳᠤ᠎ᠶ᠋ᠢᠨ ᠪᠣᠯᠪᠠᠰᠤᠨ᠎ᠤ ᠤᠶᠤᠨ ᠰᠠᠨᠠᠭᠠᠨ᠎ᠤ ᠠᠶᠠᠯᠠᠯ᠎ᠤᠨ ᠵᠠᠮ᠎ᠢ ᠥᠷᠭᠡᠳᠭᠡᠪᠡ; ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠠᠭᠤᠯᠤᠭ᠍ᠳᠠᠬᠤᠨ᠎ᠢ ᠨᠡᠢᠭᠡᠮ ᠵᠢᠷᠤᠮ᠎ᠤᠨ ᠭᠣᠣᠯᠯᠠᠬᠴᠢ ᠦᠷᠳᠡᠭ᠎ᠦᠨ ᠦᠵᠡᠯᠲᠡ᠎ᠶ᠋ᠢᠨ ᠳᠤᠮᠳᠠ ᠪᠦᠲᠦᠭᠡᠯᠴᠢ᠎ᠪᠡᠷ ᠨᠢᠭ᠍ᠲᠠᠷᠠᠭᠤᠯᠵᠤ᠂ ᠶᠣᠰᠣ ᠮᠣᠷᠠᠯ᠎ᠢ ᠳᠡᠭᠡᠳᠦᠯᠡᠨ ᠰᠠᠢ᠌ᠨ ᠰᠠᠢᠬᠠᠨ᠎ᠢ ᠡᠷᠬᠢᠮᠯᠡᠬᠦ᠌᠂ ᠥᠭᠡᠳᠡᠯᠡᠨ ᠲᠠᠪᠱᠢᠬᠤ᠎ᠪᠠᠷ ᠬᠦᠴᠦᠯᠡᠨ ᠴᠢᠷᠮᠠᠢᠬᠤ ᠨᠡᠢᠭᠡᠮ᠎ᠦᠨ ᠬᠡᠪ ᠰᠤᠷᠲᠠᠯ᠎ᠢ ᠪᠤᠢ ᠪᠣᠯᠭᠠᠬᠤ᠎ᠶ᠋ᠢ ᠠᠬᠢᠭᠤᠯᠪᠠ; ᠬᠦᠨ ᠵᠤᠵᠠᠭᠠᠨ ᠰᠣᠶᠣᠯ᠎ᠤᠨ ᠦᠨᠦᠷ ᠠᠮᠲᠠ᠂ ᠣᠷᠭᠢᠯᠤᠮ᠎ᠠ ᠬᠠᠯᠠᠭᠤᠨ ᠳᠤᠮᠳᠠᠳᠤ᠎ᠶ᠋ᠢᠨ ᠰᠡᠳᠭᠢᠯᠭᠡ᠂ ᠠᠤᠭ᠎ᠠ ᠶᠡᠬᠡ ᠦᠨᠳᠦᠰᠦᠲᠡᠨ᠎ᠦ ᠰᠦᠭ ᠰᠦᠨᠡᠰᠦ᠎ᠪᠡᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠪᠠ ᠁

ᠳᠤᠮᠳᠠᠳᠤ᠎ᠶ᠋ᠢᠨ ᠪᠣᠯᠪᠠᠰᠤᠨ᠎ᠤ ᠱᠢᠨ᠎ᠡ᠎ᠶ᠋ᠢ ᠡᠭᠦᠳᠤᠨ ᠪᠦᠲᠦᠭᠡᠬᠦ᠌ ᠤᠷᠤᠰᠭᠠᠯ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠰᠦᠷ ᠳᠠᠯᠠᠢᠴᠠᠲᠠᠢ ᠳᠠᠪᠠᠯᠭᠠᠨ᠎ᠳᠤ ᠠᠭᠤᠰᠤᠨ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠭᠡᠭᠡᠨ ᠰᠠᠷᠠᠭᠤᠯ ᠢᠷᠡᠭᠡᠳᠦᠢ ᠵᠦᠭ ᠤᠷᠤᠭ᠍ᠰᠢᠯᠠᠨ᠎ᠠ᠃

ᠰᠣᠶᠣᠯ᠎ᠤᠨ ᠱᠢᠨ᠎ᠡ ᠡᠭᠦᠷᠭᠡ᠎ᠬᠠᠷᠢᠭᠤᠴᠠᠯᠭ᠎ᠠ ᠶ᠋ᠢ ᠨᠠᠩ ᠰᠠᠢᠲᠤᠷ ᠡᠭᠦᠷᠭᠡᠯᠡᠪᠡ

《ᠰᠣᠶᠣᠯ᠎ᠤᠨ ᠱᠢᠨ᠎ᠡ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠶ᠎ᠡ》᠂ 《ᠮᠠᠨ᠎ᠤ ᠡᠨᠡ ᠬᠦ᠌ ᠴᠠᠭ ᠦᠶ᠎ᠡ᠎ᠳᠦ ᠬᠠᠷᠢᠶᠠᠯᠠᠭ᠍ᠳᠠᠬᠤ ᠱᠢᠨ᠎ᠡ ᠰᠣᠶᠣᠯ᠎ᠢ ᠡᠭᠦᠳᠦᠨ ᠪᠦᠲᠦᠭᠡᠶ᠎ᠡ》᠂ ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠤᠷᠢᠶᠠᠯᠠᠭ᠎ᠠ ᠨᠢ ᠴᠠᠭ ᠦᠶ᠎ᠡ᠎ᠶ᠋ᠢᠨ ᠲᠠᠭᠤᠨ᠎ᠢ ᠴᠤᠤᠷᠢᠶᠠᠲᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠰᠣᠶᠣᠯ᠎ᠤᠨ ᠪᠠᠢᠷᠢ ᠰᠠᠭᠤᠷᠢ᠎ᠵᠢ ᠲᠣᠳᠣᠷᠬᠠᠢᠯᠠᠵᠤ᠂ ᠪᠣᠯᠪᠠᠰᠤᠨ᠎ᠤ ᠠᠶᠠᠯᠠᠯ᠎ᠤᠨ ᠴᠢᠭ᠌ᠯᠡᠯ᠎ᠢ ᠲᠣᠭ᠍ᠲᠠᠭᠠᠪᠠ᠃

ᠰᠢ᠎ᠵᠢᠨ᠎ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠦᠢᠯᠡᠳᠦᠯᠭᠡᠵᠢᠭᠦᠯᠬᠦ᠌᠎ᠳᠦ᠂ ᠱᠢᠨ᠎ᠡ ᠡᠭᠦᠷᠭᠡ ᠬᠠᠷᠢᠭᠤᠴᠠᠯᠭ᠎ᠠ᠎ᠶ᠋ᠢ ᠵᠣᠷᠢᠭ᠍ᠲᠠᠢ ᠡᠭᠦᠷᠭᠡᠯᠡᠵᠦ᠍᠂ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠲᠠᠰᠤᠷᠠᠯᠲᠠ ᠦᠭᠡᠢ ᠠᠬᠢᠭᠤᠯᠬᠤ ᠬᠡᠷᠡᠭ᠌ᠲᠡᠢ᠃

2025 ᠣᠨ᠎ᠤ 5 ᠰᠠᠷ᠎ᠠ᠎ᠶ᠋ᠢᠨ 18 ᠎ᠤ᠋ ᠥᠷᠯᠥᠭᠡ᠂ ᠨᠢᠰᠭᠡᠯ ᠪᠡᠭᠡᠵᠢᠩ᠎ᠦᠨ ᠨᠡᠢᠰᠯᠡᠯ᠎ᠦᠨ ᠣᠯᠠᠨ ᠤᠯᠤᠰ᠎ᠤᠨ ᠨᠢᠰᠭᠡᠯ᠎ᠦᠨ ᠪᠠᠭᠤᠳᠠᠯ᠎ᠳᠤ ᠭᠠᠵᠠᠷᠳᠠᠬᠤ᠎ᠶ᠋ᠢ ᠳᠠᠭᠠᠯᠳᠤᠨ᠂ ᠭᠠᠳᠠᠭᠠᠳᠤ᠎ᠳᠤ 79 ᠵᠢᠯ ᠲᠡᠨᠦᠴᠢᠯᠠᠵᠦ᠍ ᠪᠠᠢᠭ᠍ᠰᠠᠨ ᠤᠯᠤᠰ᠎ᠤᠨ ᠡᠷᠳᠡᠨᠢ — ᠰᠤᠮᠤᠨ ᠬᠥᠮᠥᠷᠭᠡ᠎ᠶᠢᠨ ᠲᠣᠷᠭᠠᠨ ᠨᠡᠬᠡᠮᠡᠯ᠎ᠤᠨ ᠪᠢᠴᠢᠮᠡᠯ 《ᠲᠠᠪᠤᠨ ᠮᠠᠬᠠᠪᠤᠳ᠎ᠤᠨ ᠵᠠᠷᠯᠢᠭ》᠂ 《ᠳᠠᠭᠠᠷᠢᠬᠤᠢ ᠰᠠᠬᠢᠬᠤᠢ ᠡᠵᠡᠯᠡᠬᠦᠢ》 ᠬᠤᠶᠠᠷ ᠪᠢᠴᠢᠭ ᠬᠡᠷ᠎ᠲᠡᠬᠡᠨ ᠬᠠᠷᠢᠵᠤ ᠢᠷᠡᠪᠡ!

《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ 35 ᠪᠦᠯᠦᠭ ᠤᠳᠠᠭ᠎ᠠ 537 ᠬᠤᠪᠢ / ᠢᠵᠢ ᠭᠡᠭᠡᠭ᠌ᠳᠡᠭ᠌ᠰᠡᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠤᠷᠠᠯᠢᠭ᠎ᠤᠨ ᠪᠦᠲᠦᠭᠡᠯ ᠡᠬᠡ ᠤᠯᠤᠰ᠎ᠲᠠᠭᠠᠨ ᠪᠤᠴᠠᠪᠠ᠃ ᠡᠳᠡᠭᠡᠷ ᠤᠯᠤᠰ᠎ᠤᠨ ᠡᠷᠳᠡᠨᠢ ᠪᠠᠳᠠᠷᠠᠨ ᠬᠥᠭ᠌ᠵᠢᠭ᠌ᠰᠡᠨ ᠴᠠᠭ ᠦᠶ᠎ᠡ᠎ᠳᠦ ᠡᠬᠡ ᠤᠯᠤᠰ ᠲᠠᠭᠠᠨ ᠪᠤᠴᠠᠵᠤ ᠢᠷᠡᠭ᠌ᠰᠡᠨ ᠨᠢ ᠪᠢᠳᠡᠨ᠎ᠦ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠨᠡᠩ ᠤᠷᠮᠠᠱᠢᠭᠤᠯᠤᠨ ᠵᠣᠷᠢᠭ᠍ᠵᠢᠭᠤᠯᠪᠠ᠃

ᠥᠨᠥᠳᠦᠷ᠂ ᠰᠣᠶᠣᠯ᠎ᠤᠨ ᠢᠲᠡᠭᠡᠯ ᠶᠠᠭ ᠪᠦᠬᠦ᠌ ᠦᠨᠳᠦᠰᠦᠲᠡᠨ᠎ᠦ ᠤᠶᠤᠨ ᠰᠠᠨᠠᠭᠠᠨ᠎ᠤ ᠴᠤᠭ ᠰᠦᠯᠳᠡ ᠪᠠ ᠰᠣᠶᠣᠯ᠎ᠤᠨ ᠵᠠᠩ ᠰᠤᠷᠲᠠᠯ᠎ᠳᠤ ᠲᠠᠰᠤᠷᠠᠯᠳᠠ ᠦᠭᠡᠢ ᠠᠭᠤᠰᠤᠨ ᠣᠷᠣᠵᠤ᠂ ᠦᠯᠦ᠍ ᠮᠡᠳᠡᠭ᠌᠎ᠢᠶᠡᠷ ᠪᠢᠳᠡᠨ᠎ᠢ ᠵᠢᠯᠣᠭᠣᠳᠤᠨ ᠥᠪᠡᠷ᠎ᠦᠨ ᠬᠦᠴᠦ᠍᠎ᠪᠡᠷ᠎ᠢᠶᠡᠨ ᠳᠡᠭ᠌ᠵᠢᠷᠡᠬᠦ᠌ ᠰᠥᠰᠥ᠍ ᠵᠣᠷᠢᠭ᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ ᠢᠳᠡ ᠬᠦᠴᠦᠨ᠎ᠢ ᠪᠤᠢ ᠪᠣᠯᠭᠠᠵᠤ᠂ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌ ᠢᠲᠡᠭᠡᠯ ᠵᠣᠷᠢᠭ᠎ᠢ ᠨᠡᠮᠡᠭ᠌ᠳᠡᠭᠦᠯᠵᠦ᠍᠂ ᠥᠪᠡᠷ᠎ᠦᠨ ᠵᠠᠮ᠎ᠢᠶᠠᠷ᠎ᠢᠶᠠᠨ ᠡᠷᠡᠰ ᠭᠤᠢᠪᠢᠰᠢ ᠦᠭᠡᠢ ᠰᠠᠢᠲᠤᠷ ᠵᠠᠮᠨᠠᠵᠤ᠂ ᠤᠶᠤᠨ ᠴᠢᠳᠠᠯ᠎ᠢᠶᠠᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠵᠦ᠍ ᠪᠠᠢᠨ᠎ᠠ᠃

ᠵᠣᠬᠢᠶᠠᠮᠠᠯ ᠣᠶᠤᠨ ᠴᠢᠳᠠᠪᠤᠷᠢ᠎ᠪᠡᠷ ᠨᠢᠭᠤᠴᠠ᠎ᠶᠢ ᠲᠠᠢᠯᠵᠤ᠂ ᠰᠠᠨ ᠱᠢᠩ ᠳ᠋ᠦᠶ᠎ᠶ᠋ᠢᠨ ᠪᠠᠭᠤᠷᠢ᠎ᠡᠴᠡ ᠮᠠᠯᠲᠠᠵᠤ ᠭᠠᠷᠭᠠᠭ᠍ᠰᠠᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠦᠯᠡᠳᠡᠭ᠌ᠳᠡᠯ ᠬᠡᠰᠡᠭ᠎ᠢ ᠪᠦᠷᠢᠨ ᠪᠦᠲᠦᠨ ᠪᠤᠯᠭᠠᠨ ᠨᠡᠢᠯᠡᠭᠦᠯᠪᠡ; ᠭᠦᠨᠵᠡᠭᠡᠢ ᠰᠤᠷᠤᠯᠴᠠᠬᠤ᠎ᠳᠤ ᠰᠠᠭᠤᠷᠢᠯᠠᠭ᠍ᠰᠠᠨ ᠱᠢᠰᠲᠸᠮ᠎ᠢᠶᠠᠷ ᠶᠢᠨ ᠤᠯᠤᠰ᠎ᠤᠨ ᠨᠡᠢᠰᠯᠡᠯ᠎ᠤᠨ ᠪᠠᠭᠤᠷᠢ᠎ᠶ᠋ᠢᠨ ᠶᠠᠰᠤᠨ ᠬᠡᠮᠬᠡᠳᠡᠭ᠎ᠢ ᠬᠣᠯᠪᠣᠵᠤ᠂ ᠶᠠᠰᠤ ᠪᠢᠴᠢᠭ᠎ᠢ 《ᠦᠭᠡ ᠬᠡᠯᠡᠭᠦᠯᠪᠡ》 ᠁ 2025 ᠪᠡᠭᠡᠵᠢᠩ᠎ᠦᠨ ᠰᠣᠶᠣᠯ᠎ᠤᠨ ᠶᠠᠷᠢᠶᠠᠨ᠎ᠤ ᠲᠠᠪᠴᠠᠩ ᠳᠡᠭᠡᠷ᠎ᠡ᠂ ᠰᠣᠶᠣᠯ ᠪᠣᠯᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 《ᠦᠬᠡᠳᠡ ᠦᠬᠡᠳᠡ᠎ᠠᠴᠠ᠎ᠪᠡᠨ ᠲᠠᠮᠡᠦᠯᠦᠭᠰᠡᠨ》 ᠨᠢ ᠰᠣᠶᠣᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠰᠣᠶᠣᠯ᠎ᠤᠨ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠳᠤ ᠠᠮᠢᠳᠤᠯᠢᠭ ᠲᠠᠢᠯᠪᠤᠷᠢ ᠬᠠᠳᠠᠭᠰᠠᠨ ᠪᠠᠢᠨ᠎ᠠ᠃

ᠰᠣᠶᠣᠯ᠎ᠤᠨ ᠬᠥᠳᠡᠯᠭᠡᠬᠦ ᠬᠦᠴᠦᠨ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠱᠢᠬᠦᠷᠭᠡ᠎ᠶ᠋ᠢ ᠠᠱᠢᠭ᠍ᠯᠠᠨ ᠲᠠᠰᠤᠷᠠᠯᠳᠠ ᠦᠭᠡᠢ ᠪᠠᠳᠠᠷᠠᠵᠤ᠂ ᠡᠳᠦᠷ ᠢᠷᠡᠬᠦᠶ᠎ᠡ ᠤᠯᠤᠰ᠎ᠤᠨ ᠵᠥᠭᠡᠯᠡᠨ ᠪᠣᠳᠠᠲᠤ ᠬᠦᠴᠦᠨ᠎ᠦ ᠦᠰᠦᠷᠦᠯᠲᠡ᠎ᠶ᠋ᠢᠨ ᠬᠦᠴᠦᠲᠡᠢ ᠲᠦᠯᠬᠢᠴᠡ ᠬᠦᠴᠦᠨ ᠪᠤᠯᠪᠠ᠃ ᠠᠮᠧᠷᠢᠺᠠ᠎ᠶ᠋ᠢᠨ ᠭᠠᠳᠠᠭᠠᠳᠤ ᠬᠠᠷᠢᠯᠴᠠᠭᠠᠨ᠎ᠤ ᠡᠷᠳᠡᠮᠲᠡᠳ᠎ᠦᠨ ᠰᠦᠯᠵᠢᠶ᠎ᠡ ᠵᠣᠬᠢᠶᠠᠯ ᠨᠡᠢᠲᠡᠯᠡᠵᠦ᠍᠂ 《ᠲᠣᠮᠣᠭᠳᠤ ᠦ᠋ ᠺᠦᠩ》 ᠵᠡᠷᠭᠡ᠎ᠪᠡᠷ ᠵᠢᠱ᠌ᠢᠶᠡᠯᠡᠨ᠂ ᠳᠤᠮᠳᠠᠳᠤ ᠤᠯᠤᠰ ᠣᠲᠣ ᠶᠠᠭ ᠡᠯᠧᠺᠲ᠋ᠷᠣᠨ ᠲᠣᠭ᠍ᠯᠠᠭᠠᠮ ᠵᠢᠴᠢ ᠤᠷᠤᠰᠬᠠᠯ᠂ ᠰᠦᠯᠵᠢᠶᠡᠨ᠎ᠦ ᠬᠠᠯᠠᠮᠰᠢᠯ ᠪᠠ ᠠᠮᠢᠳᠤᠷᠠᠯ᠎ᠤᠨ ᠠᠷᠭ᠎ᠠ ᠮᠠᠶᠢᠭ᠎ᠢ ᠠᠭᠤᠰᠤᠯᠴᠠᠭᠤᠯᠬᠤ᠎ᠪᠠᠷ ᠳᠠᠮᠵᠢᠨ ᠵᠥᠭᠡᠯᠡᠨ ᠪᠣᠳᠠᠲᠤ ᠬᠦᠴᠦᠨ᠎ᠢᠶᠡᠨ ᠳᠡᠭᠡᠭ᠌ᠰᠢᠯᠡᠭᠦᠯᠵᠦ᠍ ᠪᠠᠢᠨ᠎ᠠ ᠭᠡᠵᠦ ᠵᠢᠭᠠᠵᠤ ᠭᠠᠷᠭᠠᠪᠠ᠃

ᠪᠣᠯᠪᠠᠰᠤᠨ ᠪᠣᠯ ᠲᠡᠦᠬᠡ᠎ᠶ᠋ᠢᠨ ᠡᠭᠦᠳᠦᠨ ᠪᠦᠲᠦᠭᠡᠯᠲᠡ᠎ᠶ᠋ᠢᠨ ᠬᠤᠷᠠᠮᠳᠤᠭᠤᠯᠤᠯ ᠪᠣᠯᠬᠤ ᠮᠥᠷᠲᠡᠭᠡᠨ ᠪᠠᠰᠠ ᠪᠣᠳᠠᠲᠤ ᠠᠬᠤᠢ᠎ᠶ᠋ᠢᠨ ᠱᠢᠨ᠎ᠡ᠎ᠶ᠋ᠢ ᠡᠭᠦᠳᠬᠦ᠌᠎ᠶ᠋ᠢᠨ ᠬᠥᠷᠥᠰᠥ᠍ ᠱᠢᠷᠣᠢ ᠮᠥᠨ᠃ ᠭᠠᠭ᠍ᠴᠠ ᠬᠦ᠌ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌ ᠲᠥᠪ ᠰᠤᠷᠲᠠᠯ ᠪᠠ ᠣᠮᠣᠭ ᠵᠣᠷᠢᠭ᠎ᠢᠶᠠᠷ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠴᠢᠨᠠᠷᠳᠠᠢ᠎ᠪᠠᠷ ᠤᠨᠳᠤᠤᠰᠢᠭᠤᠯᠵᠤ᠂ ᠱᠢᠨ᠎ᠡ᠎ᠶ᠋ᠢ ᠡᠭᠦᠳᠬᠦ᠌ ᠴᠢᠨᠠᠷᠲᠠᠢ ᠬᠥᠭ᠌ᠵᠢᠯᠲᠡ᠎ᠶ᠋ᠢᠨ ᠳᠤᠮᠳᠠ ᠢᠷᠡᠭᠡᠳᠦᠢ᠎ᠳᠦ ᠬᠠᠨᠳᠤᠭ᠍ᠰᠠᠨ ᠡᠭᠦᠳᠦᠨ ᠪᠦᠲᠦᠭᠡᠯᠲᠡ᠎ᠶ᠋ᠢ ᠪᠡᠶᠡᠯᠡᠭᠦᠯᠪᠡᠯ ᠰᠠᠶᠢ ᠳᠤᠮᠳᠠᠳᠤ᠎ᠶ᠋ᠢᠨ ᠰᠣᠶᠣᠯ᠎ᠤᠨ ᠭᠡᠷᠡᠯ ᠰᠠᠴᠤᠷᠠᠩᠭᠤᠢ ᠰᠢᠨ᠎ᠠ ᠠᠮᠵᠢᠯᠲᠠ᠎ᠶ᠋ᠢ ᠲᠠᠰᠤᠷᠠᠯᠳᠠ ᠦᠭᠡᠢ ᠡᠭᠦᠳᠴᠦ᠍ ᠴᠢᠳᠠᠨ᠎ᠠ᠃

2024 ᠣᠨ᠎ᠤ 11 ᠰᠠᠷ᠎ᠠ᠎ᠳᠤ᠂ ᠹᠷᠠᠨᠼᠢ ᠵᠢᠨ᠎ᠮᠦᠱᠸ ᠤᠯᠤᠰ᠎ᠤᠨ ᠪᠠᠢᠭᠤᠯᠤᠬᠰᠠᠨ ᠠᠽᠢᠶ᠎ᠠ ᠲᠢᠪ᠎ᠦᠨ ᠤᠷᠠᠯᠢᠭ᠎ᠤᠨ ᠮᠦᠽᠧᠶ᠎ᠳᠦ᠂ 《ᠳᠤᠮᠳᠠᠳᠤ ᠤᠯᠤᠰ·ᠲᠠᠩ ᠤᠯᠤᠰ — ᠨᠢᠭᠡᠨ ᠣᠯᠠᠨ ᠡᠱᠢᠲᠦ ᠨᠡᠭᠡᠭᠡᠯᠲᠡᠳᠤ ᠲᠥᠷᠥ᠍ (7–10᠎ᠳᠤᠭᠠᠷ ᠵᠠᠭᠤᠨ) 》᠎ᠶᠢᠨ ᠦᠵᠡᠰᠭᠦᠯᠡᠩ ᠳᠡᠭᠡᠷ᠎ᠡ ᠳᠣᠷᠣᠨᠠᠳᠠᠬᠢᠨ᠎ᠤ ᠡᠷᠲᠡᠨ᠎ᠦ ᠬᠥᠭ ᠠᠶᠠᠰ᠎ᠢᠶᠠᠷ ᠪᠢᠯᠬᠠᠭᠰᠠᠨ ᠠᠯᠢ ᠤᠯᠠᠨ ᠦᠵᠡᠰᠬᠦᠯᠡᠩ᠎ᠤᠨ ᠎ᠪᠦᠲᠦᠭᠡᠯ᠎ᠦᠳ ᠨᠢ ᠭᠠᠳᠠᠭᠠᠳᠤ᠎ᠶ᠋ᠢᠨ ᠦᠵᠡᠭ᠌ᠴᠢᠳ᠎ᠢ 《ᠭᠣᠢᠳᠠ ᠰᠠᠢᠬᠠᠨ ᠪᠥᠭᠡᠳ ᠰᠦᠷᠯᠢᠭ ᠰᠠᠢᠬᠠᠨ》᠎ᠳᠤ ᠰᠤᠭᠳᠤᠭᠤᠷᠠᠭᠤᠯᠪᠠ᠃

ᠦᠵᠡᠰᠭᠦᠯᠡᠩ ᠡᠬᠢᠯᠡᠬᠦ᠌ ᠲᠠᠱᠢᠷᠠᠮ᠎ᠢᠶᠠᠷ᠂ ᠳᠤᠮᠳᠠᠳᠤ ᠹᠷᠠᠨᠼᠢ ᠬᠣᠶᠠᠷ ᠤᠯᠤᠰ᠎ᠤᠨ ᠲᠡᠷᠢᠭᠦᠨ ᠲᠤᠰ ᠲᠤᠰ ᠣᠷᠣᠱᠢᠯ ᠪᠢᠴᠢᠪᠡ᠃ ᠶᠡᠷᠦᠩᠬᠡᠢ ᠱᠦᠵᠢ ᠰᠢ᠎ᠵᠢᠨ᠎ᠫᠢᠩ ᠣᠷᠣᠱᠢᠯ᠎ᠳᠠᠭᠠᠨ᠄ 《ᠪᠢᠳᠡ ᠲᠡᠦᠬᠡ ᠰᠣᠶᠣᠯ᠎ᠤᠨ ᠳᠤᠮᠳᠠ᠎ᠡᠴᠡ ᠰᠡᠩᠬᠡᠷᠡᠭᠦᠯᠦᠯ ᠣᠯᠵᠤ᠂ ᠰᠣᠶᠣᠯ ᠢᠷᠭᠡᠨᠱᠢᠯ᠎ᠦᠨ ᠬᠦᠷᠢᠶᠡᠨ᠎ᠳᠡᠬᠢ ᠰᠣᠯᠢᠯᠴᠠᠵᠤ ᠬᠠᠷᠢᠯᠴᠠᠨ ᠲᠤᠯᠢᠳᠠᠬᠤ ᠪᠣᠯᠤᠨ ᠰᠣᠶᠣᠯ᠎ᠤᠨ ᠥᠪ᠎ᠢ ᠬᠠᠮᠠᠭᠠᠯᠠᠬᠤ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠥᠪᠡᠷ ᠥᠪᠡᠷ᠎ᠦᠨ ᠭᠤᠤ᠎ᠠ ᠰᠠᠢᠬᠠᠨ᠎ᠢᠶᠡᠷ᠎ᠢᠶᠠᠨ ᠪᠠᠬᠠᠷᠬᠠᠵᠤ᠂ ᠪᠦᠬᠦᠳᠡ ᠤᠯᠠᠨ᠎ᠢᠶᠠᠷ᠎ᠢᠶᠠᠨ ᠡᠶ᠎ᠠ ᠨᠠᠢᠷᠲᠠᠢ ᠰᠠᠢᠨ ᠰᠠᠢᠬᠠᠨ ᠬᠠᠮᠲᠤ ᠤᠷᠤᠰᠢᠶ᠎ᠠ》 ᠭᠡᠵᠦ᠍ ᠭᠦᠨᠵᠡᠭᠡᠢ ᠵᠢᠭᠠᠵᠤ ᠭᠠᠷᠭᠠᠪᠠ᠃

《ᠥᠪᠡᠷ ᠥᠪᠡᠷ᠎ᠦᠨ ᠭᠤᠤ᠎ᠠ ᠰᠠᠢᠬᠠᠨ᠎ᠢᠶᠡᠷ᠎ᠢᠶᠠᠨ ᠪᠠᠬᠠᠷᠬᠠᠵᠤ᠂ ᠪᠦᠬᠦᠳᠡ ᠤᠯᠠᠨ᠎ᠢᠶᠠᠷ᠎ᠢᠶᠠᠨ ᠡᠶ᠎ᠠ ᠨᠠᠢᠷᠲᠠᠢ ᠰᠠᠢᠨ ᠰᠠᠢᠬᠠᠨ ᠬᠠᠮᠲᠤ ᠤᠷᠤᠰᠢᠬᠤ》 ᠨᠢ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠨᠡᠭᠡᠭᠡᠯᠲᠡᠲᠡᠢ ᠪᠠᠭ᠍ᠲᠠᠭᠠᠮᠵᠢᠲᠠᠢ ᠠᠭᠤᠳᠠᠮᠴᠢ ᠰᠡᠳᠬᠢᠯᠬᠡ᠎ᠶᠢ ᠢᠯᠡᠷᠡᠭᠦᠯᠵᠦ᠍᠂ ᠡᠷᠬᠡ ᠲᠡᠭ᠌ᠰᠢ᠂ ᠬᠠᠷᠢᠯᠴᠠᠨ ᠲᠤᠯᠢᠳᠠᠬᠤ᠂ ᠶᠠᠷᠢᠯᠴᠠᠭ᠎ᠠ ᠬᠢᠬᠦ᠌᠂ ᠪᠠᠭ᠍ᠲᠠᠭᠠᠮᠵᠢᠲᠠᠢ ᠪᠠᠢᠬᠤ ᠪᠣᠯᠪᠠᠰᠤᠨ᠎ᠤ ᠦᠵᠡᠯᠲᠡ᠎ᠶ᠋ᠢ ᠲᠠᠢᠯᠪᠤᠷᠢᠯᠠᠵᠠᠢ᠃

ᠨᠡᠭᠡᠭᠡᠯᠲᠡᠲᠡᠢ ᠪᠠᠭ᠍ᠲᠠᠭᠠᠮᠵᠢᠲᠠᠢ ᠪᠠᠢᠬᠤ ᠪᠣᠯ ᠪᠣᠯᠪᠠᠰᠤᠨ᠎ᠤ ᠬᠥᠭ᠌ᠵᠢᠯᠲᠡ᠎ᠶ᠋ᠢᠨ ᠠᠮᠢᠨ ᠰᠤᠳᠠᠰᠤ ᠪᠠ ᠬᠥᠳᠡᠯᠭᠡᠬᠦ᠌ ᠬᠦᠴᠦᠨ᠎ᠦ ᠡᠬᠢ ᠰᠤᠷᠪᠤᠯᠵᠢ ᠪᠣᠯᠬᠤ᠎ᠶ᠋ᠢ ᠦᠢᠯᠡᠳᠦᠯᠭᠡ ᠭᠡᠷᠡᠴᠢᠯᠡᠪᠡ᠃ ᠭᠠᠭ᠍ᠴᠠ ᠬᠦ᠌ ᠬᠠᠷᠰᠢ ᠰᠠᠭᠠᠳ᠎ᠢ ᠡᠷᠡᠰ ᠭᠤᠢᠪᠢᠰᠢ ᠦᠭᠡᠢ᠎ᠲᠠᠪᠠᠵᠤ᠂ ᠳᠡᠯᠡᠬᠡᠢ ᠳ᠋ᠠᠬᠢᠨ᠎ᠢ ᠪᠠᠭ᠍ᠲᠠᠭᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠤᠯᠢᠳᠠᠵᠤ᠂ ᠬᠥᠭ᠌ᠵᠢᠯᠲᠡ᠎ᠶ᠋ᠢᠨ ᠴᠢᠬᠤᠯᠠ ᠡᠯᠧᠮᠧᠨ᠋ᠲ᠎ᠢ ᠨᠡᠭᠡᠭᠡᠯᠲᠡᠲᠡᠢ ᠪᠠᠭ᠍ᠲᠠᠭᠠᠮᠵᠢᠲᠠᠢ ᠣᠷᠴᠢᠨ ᠲᠣᠭᠣᠷᠢᠨ᠎ᠳᠤ ᠴᠢᠯᠥᠭᠡᠲᠡᠢ ᠱᠢᠯᠵᠢᠭᠦᠯᠵᠦ᠍᠂ ᠰᠤᠯᠪᠢᠴᠠᠭᠤᠯᠤᠨ ᠠᠭᠤᠰᠤᠯᠴᠠᠭᠤᠯᠪᠠᠯ ᠰᠠᠶᠢ ᠪᠣᠯᠪᠠᠰᠤᠨ᠎ᠤ ᠡᠭᠦᠳᠦᠨ ᠪᠦᠲᠦᠭᠡᠬᠦ᠌ ᠬᠦᠴᠦᠨ ᠪᠠ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭ᠌ᠵᠢᠭᠡᠵᠦ᠍᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠲᠠᠰᠤᠷᠠᠯᠳᠠ ᠦᠭᠡᠢ ᠲᠠᠪᠱᠢᠵᠤ᠂ ᠨᠡᠩ ᠰᠠᠢ᠌ᠨ ᠰᠠᠢᠬᠠᠨ ᠢᠷᠡᠭᠡᠳᠦᠢ ᠲᠡᠢᠰᠢ ᠤᠷᠤᠭ᠍ᠰᠢᠯᠠᠬᠤ᠎ᠶ᠋ᠢ ᠬᠦᠳᠦᠯᠦᠨ ᠳᠠᠭᠠᠭᠤᠯᠵᠤ ᠴᠢᠳᠠᠨ᠎ᠠ᠃

ᠰᠢ᠎ᠵᠢᠨ᠎ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶᠢᠨ  ᠵᠢᠯᠤᠭᠤᠳᠤᠯᠭ᠎ᠠ ᠳᠣᠣᠷ᠎ᠠ᠂ ᠪᠢᠳᠠ ᠴᠤᠴᠠᠯᠲᠠ ᠦᠭᠡᠢ ᠤᠷᠤᠭ᠍ᠰᠢᠯᠠᠬᠤ ᠲᠡᠮᠡᠴᠡᠯ᠎ᠦᠨ ᠳᠦᠷᠰᠦ ᠪᠠᠢᠳᠠᠯ᠎ᠢᠶᠠᠷ ᠰᠣᠶᠣᠯ᠎ᠤᠨ ᠰᠢᠨ᠎ᠠ ᠡᠭᠦᠷᠭᠡ᠎ᠶ᠋ᠢ ᠨᠡᠩ ᠰᠠᠢᠲᠤᠷ ᠡᠭᠦᠷᠭᠡᠯᠡᠵᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ ᠴᠢᠨᠠᠷᠲᠠᠢ ᠤᠨᠳᠤᠤᠰᠢᠭᠤᠯᠬᠤ᠂ ᠱᠢᠨ᠎ᠡ᠎ᠶ᠋ᠢ ᠡᠭᠦᠳᠬᠦ᠌ ᠴᠢᠨᠠᠷᠲᠠᠢ ᠬᠥᠭ᠌ᠵᠢᠬᠦᠯᠬᠦ᠎ᠶ᠋ᠢ ᠠᠬᠢᠭᠤᠯᠵᠤ᠂ ᠦᠢᠯᠡᠳᠦᠯᠭᠡ᠎ᠶ᠋ᠢᠨ ᠡᠭᠦᠳᠦᠨ ᠪᠦᠲᠦᠭᠡᠬᠦ ᠳᠤᠮᠳᠠ ᠰᠣᠶᠣᠯ᠎ᠤᠨ ᠡᠭᠦᠳᠦᠨ ᠪᠦᠲᠦᠭᠡᠬᠦ᠎ᠶᠢ ᠠᠬᠢᠭᠤᠯᠵᠤ᠂ ᠲᠡᠦᠬᠡ᠎ᠶ᠋ᠢᠨ ᠲᠠᠪᠱᠢᠯᠳᠠ᠎ᠶ᠋ᠢᠨ ᠳᠤᠮᠳᠠ ᠰᠣᠶᠣᠯ᠎ᠤᠨ ᠲᠠᠪᠱᠢᠯᠳᠠ᠎ᠶ᠋ᠢ ᠪᠡᠶᠡᠯᠡᠭᠦᠯᠦᠶ᠎ᠡ!

ᠰᠢᠨᠬᠤᠸᠠ ᠬᠤᠷᠢᠶ᠎ᠠ᠎ᠶᠢᠨ ᠪᠡᠭᠡᠵᠢᠩ᠎ᠤᠨ 10 ᠰᠠᠷ᠎ᠠ᠎ᠶᠢᠨ 8᠎ᠤ ᠴᠠᠬᠢᠯᠭᠠᠨ ᠮᠡᠳᠡᠭᠡ

 

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            