ᠡᠯ᠎ᠡ ᠠᠢ᠌ᠮᠠᠭ ᠬᠣᠲᠠ ᠵᠢᠨ ᠰᠣᠶᠣᠯ ᠰᠣᠨᠢᠨ ᠮᠡᠳᠡᠭᠡ ᠷᠠᠳᠢᠤ᠋ ᠲᠸᠯᠸᠢᠰ (ᠲᠠᠮᠢᠷ)᠎ᠤᠨ ᠲᠣᠪᠴᠢᠶ᠎ᠠ᠂ ᠮᠠᠨᠵᠣᠤᠷ ᠬᠣᠳᠠ᠂ ᠡᠷᠢᠶᠡᠨ ᠬᠣᠳᠠ ᠵᠢᠨ ᠰᠣᠶᠣᠯ ᠰᠣᠨᠢᠨ ᠮᠡᠳᠡᠭᠡ ᠷᠠᠳᠢᠤ᠋ ᠲᠸᠯᠸᠢᠰ ᠲᠠᠮᠢᠷ᠎ᠤᠨ ᠲᠣᠪᠴᠢᠶ᠎ᠠ᠄
ᠦᠨᠳᠦᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠢ ᠰᠠᠢ᠌ᠳᠣᠷ ᠪᠠᠢ᠌ᠭᠣᠯᠬᠣ᠂ ᠰᠠᠢ᠌ᠳᠣᠷ ᠬᠠᠮᠢᠶᠠᠷᠬᠣ᠂ ᠰᠠᠢ᠌ᠳᠣᠷ ᠬᠡᠷᠡᠭᠯᠡᠬᠦ ᠵᠢᠨ ᠲᠦᠯᠦᠭᠡ᠂ ᠮᠠᠨ᠎ᠤ ᠲᠢᠩᠬᠢᠮ᠎ᠠᠴᠠ 《ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠦᠨᠳᠣᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠠᠢ ᠦᠢ᠍ᠯᠡᠴᠢᠯᠡᠭᠡᠨ᠎ᠤ ᠲᠦᠪ᠎ᠢ ᠬᠠᠮᠢᠶᠠᠷᠬᠣ ᠠᠷᠭ᠎ᠠ ( ᠲᠣᠷᠰᠢᠨ ᠬᠡᠷᠡᠭᠯᠡᠬᠦ) ᠵᠢ ᠲᠣᠭᠲᠠᠭ᠋ᠠᠪᠠ᠂ ᠣᠳᠣ ᠲᠠ ᠨᠠᠷ᠎ᠲᠤ ᠲᠠᠷᠬᠠᠭ᠋ᠠᠯ᠎ᠠ᠂ ᠨᠠᠷᠢᠨ ᠬᠢᠨᠠᠮᠠᠭ᠋ᠠᠢ ᠭᠡᠷᠡᠭᠵᠢᠭᠦᠯᠳᠦᠭᠡᠢ᠃
ᠣᠨᠴᠠᠭ᠋ᠠᠢ᠌ᠯᠠᠨ ᠮᠡᠳᠡᠭᠳᠡᠪᠡ᠃
ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠰᠣᠶᠣᠯ᠎ᠤᠨ ᠲᠢᠩᠬᠢᠮ
2017 ᠣᠨ᠎ᠤ7 ᠰᠠᠷ᠎ᠠ ᠵᠢᠨ25᠎ᠤ ᠡᠳᠦᠷ
ᠦᠪᠤᠷ ᠮᠤᠩᠭᠤᠯ᠎ᠤᠨ ᠦᠪᠡᠷᠳᠡᠭᠡᠨ ᠵᠠᠰᠠᠬᠣ ᠣᠷᠣᠨ᠎ᠤ ᠦᠨᠳᠦᠰᠦᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠠᠢ ᠰᠣᠶᠣᠯ᠎ᠤᠨ ᠦᠢ᠍ᠯᠡᠴᠢᠯᠡᠭᠡᠨ᠎ᠤ ᠲᠦᠪ ᠤᠨ ᠬᠠᠮᠢᠶᠠᠷᠣᠯᠲᠠ ᠵᠢᠨ ᠠᠷᠭ᠎ᠠ ( ᠳᠣᠷᠰᠢᠨ ᠬᠡᠷᠡᠭᠯᠡᠬᠦ)
ᠨᠢᠭᠡᠳᠦᠭᠡᠷ ᠪᠦᠯᠦᠭ ᠶᠡᠷᠦᠩᠬᠡᠢ ᠲᠦᠷᠢᠮ
ᠨᠢᠭᠡᠳᠦᠭᠡᠷ ᠵᠣᠷᠪᠣᠰ ᠦᠨᠳᠦᠰᠤᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠠᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠬᠠᠮᠢᠶᠡᠷᠤᠯᠳᠡ ᠵᠢ ᠴᠢᠩᠭ᠋ᠠᠳᠬᠠᠬᠣ᠂ ᠦᠨᠳᠦᠰᠦᠨ ᠱᠠᠳᠣᠨ᠎ᠤ ᠣᠯᠠᠨ ᠨᠡᠢ᠌ᠳᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲᠸᠮ᠎ᠤᠨ ᠪᠦᠳᠦᠭᠡᠨ ᠪᠠᠢ᠌ᠭᠣᠯᠣᠯᠲᠡ ᠵᠢ ᠠᠬᠢᠭᠣᠯᠬᠣ ᠵᠢᠨ ᠲᠦᠯᠦᠭᠡ ᠂ 《ᠪᠦᠭᠦᠳᠡ ᠨᠠᠢ᠌ᠷᠠᠮᠳᠠᠬᠣ ᠳᠣᠮᠳᠠᠳᠣ ᠠᠷᠠᠳ ᠤᠯᠣᠰ᠎ᠤᠨ ᠣᠯᠠᠨ ᠨᠡᠢ᠌ᠳᠡ ᠵᠢᠨ ᠰᠣᠶᠣᠯ᠎ᠤᠨ ᠦᠢ᠍ᠯᠡᠴᠢᠯᠡᠭᠡᠨ᠎ᠢ ᠪᠠᠳᠣᠯᠠᠬᠣ ᠬᠠᠤᠯᠢ》 ᠪᠣᠯᠣᠨ ᠣᠯᠣᠰ᠂ ᠦᠪᠡᠷᠳᠡᠭᠡᠨ ᠵᠠᠰᠠᠬᠣ ᠣᠷᠣᠨ᠎ᠤ ᠬᠠᠮᠢᠶ᠎ᠠ ᠪᠦᠬᠦᠢ ᠳᠣᠭᠳᠠᠭ᠋ᠠᠯ ᠢ ᠦᠨᠳᠦᠰᠦᠯᠡᠨ ᠲᠣᠰ ᠠᠷᠭ᠎ᠠ ᠵᠢ ᠲᠣᠭᠳᠠᠭ᠋ᠠᠪᠠ᠃
ᠬᠣᠶᠠᠳᠣᠭ᠋ᠠᠷ ᠵᠤᠷᠪᠣᠰ ᠦᠪᠡᠷᠳᠡᠭᠡᠨ ᠵᠠᠰᠠᠬᠣ ᠣᠷᠣᠨ᠎ᠤ ᠵᠠᠰᠠᠭ ᠵᠠᠬᠢᠷᠭ᠋ᠠᠨ᠎ᠤ ᠬᠦᠷᠢᠶ᠎ᠡ ᠬᠡᠪᠴᠢᠶᠡᠨ᠎ᠳᠤ ᠪᠠᠭᠳᠠᠬᠣ ᠦᠨᠳᠦᠰᠦᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠠᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ (ᠰᠣᠮᠤ ᠰᠢᠶᠠᠩ ᠪᠠᠯᠭ᠋ᠠᠰᠣ (ᠵᠡᠭᠡᠯᠢ ᠭᠣᠳᠣᠮᠵᠢ) ᠶᠡᠷᠦᠩᠬᠡᠢ᠌ᠯᠡᠭᠰᠡᠨ ᠰᠣᠶᠣᠯ᠎ᠤᠨ ᠦᠷᠲᠡᠭᠡ᠂ ᠭᠠᠴᠠᠭ᠎ᠠ ᠳᠣᠰᠬᠣᠨ (ᠨᠡᠢ᠌ᠬᠡᠮ ᠳᠣᠭᠣᠷᠢᠭ)᠎ᠤ ᠶᠡᠷᠦᠩᠬᠡᠢ᠌ᠯᠡᠭᠰᠡᠨ ᠴᠢᠨᠠᠷᠲᠠᠢ ᠰᠣᠶᠣᠯ᠎ᠤᠨ ᠦᠢ᠍ᠯᠡᠴᠢᠯᠡᠭᠡᠨ᠎ᠤ ᠲᠦᠪ) ᠲᠣᠰ ᠠᠷᠭ᠎ᠠ ᠵᠢ ᠬᠡᠷᠡᠭᠯᠡᠨ᠎ᠡ᠃
ᠭᠣᠷᠪᠠᠳᠣᠭ᠋ᠠᠷ ᠵᠣᠷᠪᠣᠰ ᠦᠨᠳᠦᠰᠦᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠠᠢ ᠰᠣᠶᠣᠯ᠎ᠤᠨ ᠦᠢ᠍ᠯᠡᠴᠢᠯᠡᠭᠡᠨ᠎ᠤ ᠣᠯᠠᠨ ᠨᠡᠢ᠌ᠲᠡ ᠵᠢᠨ ᠰᠣᠶᠣᠯ᠎ᠤᠨ ᠦᠢ᠍ᠯᠡᠴᠢᠯᠡᠭᠡ ᠵᠢ ᠦᠷᠨᠢᠭᠦᠯᠬᠦ᠎ᠳᠤ᠎ᠪᠠᠨ ᠨᠡᠢ᠌ᠬᠡᠮ ᠵᠢᠷᠤᠮᠳᠤ ᠦᠵᠡᠯ᠎ᠤᠨ ᠳᠠᠪᠰᠢᠩᠭᠣᠢ ᠰᠣᠶᠣᠯ᠎ᠤᠨ ᠣᠷᠣᠭᠰᠢᠯᠡᠯᠳᠡ ᠵᠢᠨ ᠴᠢᠭᠯᠡᠯ᠎ᠢ ᠪᠠᠷᠢᠮᠲᠡᠯᠠᠬᠣ ᠬᠡᠷᠡᠭᠲᠡᠢ᠂ ᠠᠷᠠᠳ ᠲᠦᠮᠡᠨ ᠵᠶ᠋ᠠᠷ ᠲᠦᠪ ᠪᠣᠯᠭ᠋ᠠᠬᠣ ᠵᠢ ᠪᠠᠷᠢᠮᠳᠡᠯᠡᠬᠤ ᠬᠡᠷᠡᠭᠳᠡᠢ᠂ ᠨᠡᠢ᠌ᠬᠡᠮ ᠵᠢᠷᠤᠮ᠎ᠤᠨ ᠦᠵᠡᠯ ᠰᠠᠨᠠᠭ᠎ᠠ᠎ᠪᠠᠷ ᠭᠣᠤᠯ ᠪᠣᠯᠭ᠋ᠠᠭᠰᠠᠨ ᠦᠷᠳᠡᠭ᠎ᠤᠨ ᠦᠵᠡᠯᠳᠡ ᠪᠠᠷ ᠣᠳᠣᠷᠢᠳᠣᠮᠵᠢ ᠪᠣᠯᠭ᠋ᠠᠬᠣ ᠵᠢ ᠪᠠᠷᠢᠮᠳᠡᠯᠡᠵᠤ᠂ ᠦᠨᠳᠦᠰᠦᠨ ᠱᠠᠳᠣᠨ᠎ᠤ ᠰᠣᠶᠣᠯ᠎ᠤᠨ ᠪᠦᠳᠦᠭᠡᠨ ᠪᠠᠢ᠌ᠭᠣᠯᠣᠯᠳᠡ ᠵᠢᠨ ᠭᠣᠤᠯ ᠲᠠᠯᠠᠪᠣᠷ ᠪᠠ ᠣᠯᠠᠨ ᠨᠡᠢ᠌ᠳᠡ᠎ᠳᠤ ᠬᠠᠩᠭ᠋ᠠᠬᠣ ᠦᠢ᠍ᠯᠡᠴᠢᠯᠡᠭᠡᠨ᠎ᠤ ᠲᠠᠪᠴᠠᠩ ᠪᠣᠯᠭ᠋ᠠᠬᠣ ᠬᠡᠷᠡᠭᠲᠡᠢ᠂ ᠨᠠᠮ ᠪᠠ ᠲᠦᠷᠦ ᠵᠢᠨ ᠣᠯᠠᠨ ᠲᠦᠮᠡᠨ᠎ᠲᠠᠢ ᠬᠠᠷᠢᠴᠠᠬᠣ᠂ ᠣᠯᠠᠨ ᠲᠦᠮᠡᠨ᠎ᠳᠤ ᠦᠢ᠍ᠯᠡᠴᠢᠯᠡᠬᠦ᠂ ᠣᠯᠠᠨ ᠲᠦᠮᠡᠨ ᠳᠤ ᠣᠬᠠᠭᠣᠯᠬᠣ ᠬᠣᠯᠪᠣᠭ᠋ᠠᠰᠣ ᠪᠣᠯᠣᠨ ᠬᠦᠭᠦᠷᠭᠡ ᠪᠣᠯᠭ᠋ᠠᠬᠣ ᠬᠡᠷᠡᠭᠳᠡᠢ᠃
ᠲᠦᠷᠪᠡᠳᠦᠭᠡᠷ ᠵᠣᠷᠪᠣᠰ ᠦᠨᠳᠦᠰᠦᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠪᠦᠳᠦᠭᠡᠨ ᠪᠠᠢ᠌ᠭᠣᠯᠣᠯᠳᠠ ᠪᠠ ᠬᠠᠮᠢᠶᠠᠷᠣᠯᠲᠠ᠎ᠨᠢ ᠵᠠᠰᠠᠭ᠎ᠤᠨ ᠣᠷᠳᠣᠨ ᠵᠶ᠋ᠠᠷ ᠭᠣᠤᠯ ᠵᠢᠯᠣᠭᠣᠳᠣᠯᠭ᠎ᠠ ᠪᠣᠯᠭ᠋ᠠᠨ᠂ ᠨᠢᠭᠡᠳᠦᠯᠳᠡᠢ ᠲᠦᠯᠦᠪᠯᠡᠨ᠂ ᠠᠬᠣᠢ ᠭᠠᠵᠠᠷ᠎ᠲᠤᠨᠢ ᠵᠣᠬᠢᠴᠠᠭᠣᠯᠣᠨ᠂ ᠦᠷ᠎ᠡ ᠠᠰᠢᠭ᠎ᠢ᠎ᠨᠢ ᠳᠣᠪᠣᠢ᠌ᠯᠭ᠋ᠠᠨ᠂ ᠦᠭᠡᠷᠡᠴᠢᠯᠠᠯᠳᠠ ᠬᠢᠵᠤ᠂ ᠰᠢᠨ᠎ᠡ ᠵᠢ ᠡᠭᠦᠳᠦᠨ᠂ ᠠᠮᠢᠳᠣᠯᠢᠭ ᠬᠦᠴᠤᠨ᠎ᠢ ᠨᠡᠮᠡᠭᠳᠡᠭᠦᠯᠬᠦ ᠵᠠᠷᠴᠢᠮ᠎ᠢ ᠪᠠᠷᠢᠮᠳᠡᠯᠡᠬᠣ ᠬᠡᠷᠡᠭᠳᠡᠢ᠃
ᠲᠠᠪᠣᠳᠣᠭ᠋ᠠᠷ ᠵᠣᠷᠪᠣᠰ ᠬᠣᠰᠢᠭᠣ ᠰᠢᠶᠠᠨ (ᠬᠣᠳᠠ ᠲᠣᠭᠣᠷᠢᠭ) ᠰᠣᠶᠣᠯ ᠰᠣᠨᠢᠨ ᠮᠡᠳᠡᠭᠡ ᠬᠡᠪᠯᠡᠯ ᠷᠠᠲᠢᠤ᠋ ᠲᠸᠯᠸᠢᠰ᠎ᠤᠨ ᠰᠠᠯᠠᠭ᠎ᠠ ᠮᠦᠴᠢᠷ᠎ᠤᠨ᠎ᠬᠢᠨ ᠲᠣᠰ ᠵᠠᠰᠠᠭ ᠵᠠᠬᠢᠷᠭ᠋ᠠᠨ᠎ᠤ ᠬᠦᠷᠢᠶ᠎ᠡ ᠬᠡᠪᠴᠢᠶᠡᠨ᠎ᠳᠤ᠎ᠬᠢ (ᠰᠣᠮᠣ ᠰᠢᠶᠠᠩ ᠪᠠᠯᠭ᠋ᠠᠰᠣ) ᠭᠠᠴᠠᠭ᠎ᠠ ᠲᠣᠰᠬᠣᠨ (ᠨᠡᠢ᠌ᠬᠡᠮ ᠲᠣᠭᠣᠷᠢᠭ)᠎ᠤ ᠶᠡᠷᠦᠩᠬᠡᠢ᠌ᠯᠡᠭᠰᠡᠨ ᠴᠢᠨᠠᠷᠳᠠᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠪᠦᠳᠦᠭᠡᠨ ᠪᠠᠢ᠌ᠭᠣᠯᠣᠯᠲᠠ᠂ ᠬᠡᠷᠡᠭᠯᠡᠯᠲᠡ ᠪᠠ ᠬᠠᠮᠢᠶᠠᠷᠣᠯᠲᠡ ᠵᠢ ᠬᠠᠷᠢᠭᠣᠴᠠᠨ ᠵᠢᠭ᠋ᠠᠨ ᠵᠢᠯᠣᠭᠣᠳᠴᠤ᠂ ᠬᠢᠨᠠᠨ ᠰᠢᠯᠭ᠋ᠠᠵᠣ ᠵᠢᠩᠬᠢᠨᠢ ᠪᠠᠷ ᠦᠢ᠍ᠯᠡᠳᠦᠯ ᠵᠶ᠋ᠠᠨ ᠪᠠᠳᠠᠷᠠᠭᠣᠯᠵᠤ ᠴᠢᠳᠠᠬᠣ ᠵᠢ ᠪᠠᠳᠤᠯᠠᠬᠣ ᠬᠡᠷᠡᠭᠳᠡᠢ᠃
ᠰᠣᠮᠣ ᠰᠢᠶᠠᠩ ᠪᠠᠯᠭ᠋ᠠᠰᠣᠨ᠎ᠤ ᠠᠷᠠᠳ᠎ᠤᠨ ᠵᠠᠰᠠᠭ᠎ᠤᠨ ᠤᠷᠳᠣᠨ᠂ ᠵᠠᠮ ᠵᠡᠭᠡᠯᠢ ᠵᠢᠨ ᠬᠡᠷᠡᠭ ᠡᠷᠬᠢᠯᠡᠬᠦ ᠭᠠᠵᠠᠷ (ᠬᠠᠮᠢᠶᠠᠷᠣᠯᠳᠠ ᠵᠢᠨ ᠵᠦᠪᠯᠡᠯ) ᠬᠠᠷᠢᠭᠣᠴᠠᠨ᠂ ᠲᠣᠰ ᠬᠠᠷᠢᠶ᠎ᠠ ᠣᠷᠣᠨ᠎ᠤ᠎ᠪᠠᠨ ᠰᠣᠮᠣ ᠰᠢᠶᠠᠩ ᠪᠠᠯᠭ᠋ᠠᠰᠣ (ᠵᠠᠮ ᠵᠡᠭᠡᠯᠢ)᠂ ᠭᠠᠴᠠᠭ᠎ᠠ ᠲᠣᠰᠬᠣᠨ (ᠨᠡᠢ᠌ᠬᠡᠮ ᠲᠣᠭᠣᠷᠢᠭ)᠎ᠤᠨ ᠶᠡᠷᠦᠩᠬᠡᠢ᠌ᠯᠡᠭᠰᠡᠨ ᠴᠢᠨᠠᠷᠳᠠᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠡᠳᠦᠷ ᠲᠣᠳᠣᠮ᠎ᠤᠨ ᠠᠵᠢᠯ ᠤᠨ ᠡᠷᠭᠢᠯᠲᠡ ᠵᠢ ᠬᠠᠮᠢᠶᠠᠷᠬᠣ ᠪᠠ ᠰᠢᠯᠭ᠋ᠠᠨ ᠦᠨᠡᠯᠡᠬᠦ ᠬᠡᠷᠡᠭᠳᠡᠢ᠃
ᠵᠢᠷᠭᠣᠳᠣᠭ᠋ᠠᠷ ᠵᠣᠷᠪᠣᠰ ᠬᠣᠰᠢᠭᠣ ᠰᠢᠶᠠᠨ (ᠬᠣᠳᠠ ᠲᠣᠭᠣᠷᠢᠭ) ᠤ ᠰᠣᠶᠣᠯ᠎ᠤᠨ ᠣᠷᠳᠣᠨ᠂ ᠨᠣᠮ᠎ᠤᠨ ᠰᠠᠩ ᠵᠡᠷᠭᠡ ᠬᠠᠮᠢᠶ᠎ᠠ ᠪᠦᠬᠦᠢ ᠰᠣᠶᠣᠯ᠎ᠤᠨ ᠪᠠᠢ᠌ᠭᠣᠯᠭ᠎ᠠ ᠬᠠᠷᠢᠭᠣᠴᠠᠨ᠂ ᠦᠨᠳᠦᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠲᠤ ᠬᠠᠷᠠᠭ᠋ᠠᠯᠵᠠᠭᠰᠠᠨ ᠵᠢᠭ᠋ᠠᠨ ᠰᠣᠷᠭ᠋ᠠᠯᠲᠠ ᠪᠠ ᠵᠢᠯᠣᠭᠣᠳᠣᠯᠭ᠎ᠠ ᠪᠣᠯᠪᠠᠰᠣᠷᠠᠯ᠎ᠢ ᠦᠷᠨᠢᠭᠦᠯᠬᠦ ᠬᠡᠷᠡᠭᠳᠡᠢ᠃
ᠬᠣᠶᠠᠳᠣᠭ᠋ᠠᠷ ᠪᠦᠯᠦᠭ ᠲᠦᠯᠦᠪᠯᠡᠭᠡ ᠪᠣᠯᠣᠨ ᠪᠦᠳᠦᠭᠡᠨ ᠪᠠᠢ᠌ᠭᠣᠯᠣᠯᠲᠠ
ᠳᠣᠯᠣᠳᠣᠭ᠋ᠠᠷ ᠵᠣᠷᠪᠣᠰ ᠠᠢ᠌ᠮᠠᠭ ᠬᠣᠳᠠ᠂ ᠬᠣᠰᠢᠭᠣ ᠰᠢᠶᠠᠨ᠎ᠤ ᠵᠠᠰᠠᠭ᠎ᠤᠨ ᠣᠷᠳᠣᠨ ᠦᠨᠳᠦᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠪᠦᠳᠦᠭᠡᠨ ᠪᠠᠢ᠌ᠭᠣᠯᠣᠯᠳᠠ ᠪᠣᠯᠣᠨ ᠬᠠᠮᠢᠶᠠᠷᠣᠯᠳᠠ ᠵᠢ ᠳᠣᠬᠠᠢ ᠵᠢᠨ ᠭᠠᠵᠠᠷ᠎ᠤᠨ ᠵᠶ᠋ᠠᠨ ᠣᠯᠣᠰ ᠠᠷᠠᠳ᠎ᠤᠨ ᠠᠵᠣ ᠠᠬᠣᠢ ᠪᠠ ᠨᠡᠢ᠌ᠬᠡᠮ᠎ᠤᠨ ᠭᠦᠭᠵᠢᠭᠦᠯᠦᠯᠲᠡ ᠵᠢᠨ ᠲᠦᠯᠦᠪᠯᠡᠭᠡᠨ᠎ᠳᠤ ᠣᠷᠣᠭᠣᠯᠵᠣ᠂ ᠪᠦᠳᠦᠭᠡᠨ ᠪᠠᠢ᠌ᠭᠣᠯᠣᠯᠳᠠ ᠪᠠ ᠬᠠᠮᠢᠶᠠᠷᠣᠯᠲᠠ᠎ᠳᠤ ᠬᠡᠷᠡᠭᠯᠡᠬᠦ ᠵᠣᠬᠢᠰᠳᠡᠢ ᠵᠠᠷᠣᠳᠠᠯ᠎ᠢ ᠲᠣᠰ ᠣᠳᠠᠭ᠋ᠠᠨ᠎ᠤ ᠡᠳ᠋ ᠵᠢᠨ ᠵᠠᠰᠠᠭ᠎ᠤᠨ ᠲᠦᠰᠦᠪ᠎ᠲᠤ᠎ᠪᠠᠨ ᠣᠷᠣᠭᠣᠯᠪᠠᠯ ᠵᠣᠬᠢᠨ᠎ᠠ᠄ ᠪᠦᠳᠦᠭᠡᠨ ᠪᠠᠢ᠌ᠭᠣᠯᠣᠲᠠ ᠵᠢᠨ ᠬᠦᠷᠢᠶ᠎ᠡ ᠬᠡᠪᠴᠢᠶ᠎ᠡ᠎ᠨᠢ ᠣᠯᠣᠰ᠎ᠤᠨ ᠬᠠᠮᠢᠶ᠎ᠠ ᠪᠦᠬᠦᠢ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠣ ᠬᠡᠷᠡᠭᠳᠡᠢ᠃
ᠡᠯ᠎ᠡ ᠱᠠᠳᠣᠨ᠎ᠤ ᠠᠷᠠᠳ᠎ᠤᠨ ᠵᠠᠰᠠᠭ᠎ᠤᠨ ᠣᠷᠳᠣᠨ ᠬᠢᠯᠢ ᠭᠢᠵᠠᠭ᠋ᠠᠷ᠂ ᠪᠣᠢ᠌ᠳᠡ ᠪᠦᠭᠯᠡᠭᠦᠤ ᠭᠠᠵᠠᠷ ᠣᠷᠣᠨ᠎ᠤ ᠦᠨᠳᠦᠰᠦᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠠᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠪᠦᠳᠦᠭᠡᠨ ᠪᠠᠢ᠌ᠭᠣᠯᠣᠯᠳᠠ᠎ᠳᠤ ᠭᠣᠤᠯᠳᠠᠯᠭ᠎ᠠ᠎ᠲᠠᠢ ᠳᠡᠮᠵᠢᠯᠭᠡ ᠦᠵᠡᠭᠦᠯᠪᠡᠯ ᠳᠠᠭ᠋ᠠᠷᠠᠨ᠎ᠠ᠃
ᠨᠠᠢ᠍ᠮᠠᠳᠣᠭ᠋ᠠᠷ ᠵᠣᠷᠪᠣᠰ ᠦᠨᠳᠦᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠦᠢ᠍ᠴᠢᠯᠡᠭᠡᠨᠤ ᠲᠦᠪ᠎ᠢ ᠵᠠᠮ ᠬᠠᠷᠢᠯᠴᠠᠭ᠎ᠠ ᠲᠦᠭᠦᠮ᠂ ᠬᠦᠮᠦᠨ ᠠᠮᠠ ᠲᠦᠪᠯᠡᠷᠡᠩᠭᠦᠢ᠂ ᠤᠯᠠᠨ ᠲᠦᠮᠡᠨ᠎ᠤ ᠣᠷᠣᠯᠴᠠᠬᠣ ᠭᠢᠭᠡᠳ ᠠᠵᠢᠯᠯᠠᠭ᠎ᠠ ᠦᠷᠨᠢᠭᠦᠯᠬᠦ᠎ᠳᠤ ᠳᠦᠭᠦᠮ ᠭᠠᠵᠠᠷ ᠣᠷᠣᠨ᠎ᠳᠤ ᠪᠠᠢ᠌ᠷᠢᠯᠠᠭᠣᠯᠪᠠᠯ ᠳᠠᠭ᠋ᠠᠷᠠᠨ᠎ᠠ᠂ ᠶᠡᠷᠤ ᠵᠢᠨ ᠪᠠᠢ᠌ᠳᠠᠯ ᠳᠣᠣᠷ᠎ᠠ ᠰᠣᠮᠣ ᠰᠢᠶᠠᠩ ᠪᠠᠯᠭ᠋ᠠᠰᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠯᠠᠬᠣ ᠭᠠᠵᠠᠷ᠎ᠤᠨ ᠳᠣᠳᠣᠷ᠎ᠠ ᠪᠠᠢ᠌ᠭᠣᠯᠵᠣ ᠪᠣᠯᠬᠣ ᠦᠭᠡᠢ᠃
ᠦᠨᠳᠦᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠦᠢ᠍ᠯᠡᠴᠢᠯᠡᠭᠡᠨ᠎ᠤ ᠲᠦᠪ ᠢ ᠪᠠᠢ᠌ᠷᠢᠯᠠᠭᠣᠯᠬᠣ ᠭᠠᠵᠠᠷ᠂ ᠴᠤᠭᠴᠠᠯᠠᠪᠣᠷᠢ ᠵᠢᠨ ᠵᠢᠷᠤᠭ ᠲᠦᠯᠦᠪᠯᠡᠭᠡ᠂ ᠦᠢ᠍ᠯᠡᠳᠦᠯ ᠴᠢᠳᠠᠪᠬᠢ ᠵᠡᠷᠭᠡ ᠵᠢᠨ ᠲᠣᠬᠢᠷᠠᠭᠣᠯᠣᠯᠲᠠ ᠨᠢ ᠬᠣᠰᠢᠭᠣ ᠰᠢᠶᠠᠨ᠎ᠤ ᠲᠡᠰ᠎ᠤᠨ ᠰᠣᠶᠣᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠤᠨ᠎ᠬᠢᠨ ᠤ ᠵᠦᠪᠰᠢᠶᠡᠷᠡᠯ᠎ᠢ ᠣᠯᠣᠭᠰᠠᠨ ᠪᠠᠢ᠌ᠬᠣ ᠬᠡᠷᠡᠭᠳᠡᠢ᠃
ᠶᠢᠰᠣᠳᠦᠭᠡᠷ ᠵᠣᠷᠪᠣᠰ ᠰᠣᠮᠣ ᠰᠢᠶᠠᠩ ᠪᠠᠯᠭ᠋ᠠᠰᠣ (ᠵᠡᠭᠡᠯᠢ ᠭᠣᠳᠣᠮᠵᠢ) ᠵᠢᠨ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠦᠢ᠍ᠯᠡᠴᠢᠯᠡᠭᠡᠨ᠎ᠤ ᠲᠦᠪ ᠲᠤ ᠰᠣᠶᠣᠯ᠎ᠤᠨ ᠣᠬᠠᠭᠣᠯᠭ᠎ᠠ᠂ ᠷᠠᠲᠢᠤ᠋ ᠲᠸᠯᠸᠢᠰ ᠺᠢᠨᠤ᠋᠂ ᠨᠠᠮ᠎ᠤᠨ ᠭᠡᠰᠢᠭᠦᠳ᠎ᠤᠨ ᠰᠣᠷᠭ᠋ᠠᠨ ᠬᠦᠮᠦᠵᠢᠯ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ᠂ ᠬᠠᠤᠯᠢ ᠵᠢᠨ ᠰᠣᠷᠭ᠋ᠠᠨ ᠬᠦᠮᠦᠵᠢᠯ ᠪᠣᠯᠣᠨ ᠲᠠᠮᠢᠷ ᠡᠷᠡᠭᠦᠯᠵᠢᠯ ᠤᠨ ᠴᠢᠳᠠᠪᠬᠢ ᠵᠢ ᠪᠦᠷᠢᠨᠰᠢᠭᠦᠯᠦᠭᠰᠡᠨ ᠪᠠᠢ᠌ᠬᠣ ᠬᠡᠷᠡᠭᠳᠡᠢ᠃
ᠠᠷᠪᠠᠳᠣᠭ᠋ᠠᠷ ᠵᠣᠷᠪᠣᠰ ᠰᠣᠮᠣ ᠰᠢᠶᠠᠩ ᠪᠠᠯᠭ᠋ᠠᠰᠣᠨ (ᠵᠡᠭᠡᠯᠢ ᠭᠣᠳᠣᠮᠵᠢ)᠎ᠤ ᠶᠡᠷᠦᠩᠬᠡᠢ᠌ᠯᠡᠭᠰᠡᠨ ᠴᠢᠨᠠᠷᠲᠡᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠪᠠᠷᠢᠯᠭ᠎ᠠ ᠵᠢᠨ ᠬᠡᠮᠵᠢᠶ᠎ᠡ 300 ᠳᠡᠭᠰᠢ ᠲᠦᠷᠪᠡᠯᠵᠢᠨ ᠮᠸᠲᠷ᠎ᠠᠴᠠ ᠪᠠᠭ᠎ᠠ ᠪᠠᠢ᠌ᠵᠣ ᠪᠣᠯᠬᠣ ᠦᠭᠡᠢ᠂ ᠭᠠᠴᠠᠭ᠎ᠠ ᠳᠣᠰᠬᠣᠨ (ᠨᠡᠢ᠌ᠬᠡᠮ ᠳᠣᠭᠣᠷᠢᠭ)᠎ᠤ ᠶᠡᠷᠦᠩᠬᠡᠢ᠌ᠯᠡᠭᠰᠡᠨ ᠴᠢᠨᠠᠷᠳᠠᠢ ᠰᠣᠶᠣᠯ ᠤᠨ ᠦᠢ᠍ᠯᠡᠴᠢᠯᠡᠭᠡᠨ᠎ᠤ ᠲᠦᠪ᠎ᠤᠨ ᠪᠠᠷᠢᠯᠭ᠎ᠠ ᠵᠢᠨ ᠬᠡᠮᠵᠢᠶ᠎ᠡ 120 ᠳᠡᠭᠰᠢ ᠳᠦᠷᠪᠡᠯᠵᠢᠨ ᠮᠸᠲᠷ᠎ᠠᠴᠠ ᠪᠠᠭ᠎ᠠ ᠪᠠᠢ᠌ᠵᠣ ᠪᠣᠯᠬᠣ ᠦᠭᠡᠢ ᠃
ᠠᠷᠪᠠᠨ ᠨᠢᠭᠡᠳᠦᠭᠡᠷ ᠵᠣᠷᠪᠣᠰ ᠦᠨᠳᠦᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠠᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠲᠤ ᠪᠠᠭ᠎ᠠ ᠬᠡᠮᠵᠢᠶᠡᠨ᠎ᠤ ᠪᠦᠵᠢᠭ᠎ᠤᠨ ᠲᠠᠪᠴᠠᠩ ᠂ ᠪᠠᠭ᠎ᠠ ᠬᠡᠮᠵᠢᠶᠡᠨ᠎ᠤ ᠠᠭᠣᠳᠠᠮ ᠳᠠᠯᠠᠪᠠᠢ ᠲᠣᠬᠢᠷᠠᠭᠣᠯᠣᠭᠰᠠᠨ ᠪᠠᠢ᠌ᠬᠣ ᠬᠡᠷᠡᠭᠳᠡᠢ᠂ ᠪᠠᠭ᠎ᠠ ᠬᠡᠮᠵᠢᠶᠡᠨ᠎ᠤ ᠪᠦᠵᠢᠭ᠎ᠤᠨ ᠳᠠᠪᠴᠠᠩ᠎ᠨᠢ140 ᠲᠡᠭᠰᠢ ᠲᠦᠷᠪᠡᠯᠵᠢᠨ ᠮᠸᠲᠷ᠂ ᠰᠣᠮᠣ ᠰᠢᠶᠠᠩ ᠪᠠᠯᠭ᠋ᠠᠰᠣ᠂ ᠭᠠᠴᠠᠭ᠎ᠠ ᠳᠣᠰᠬᠣᠨᠤ ᠪᠠᠭ᠎ᠠ ᠬᠡᠮᠵᠢᠶᠡᠨ᠎ᠤ ᠠᠭᠣᠳᠠᠮ ᠳᠠᠯᠠᠪᠠᠢ ᠵᠢᠨ ᠬᠠᠲᠠᠭᠣᠷᠠᠭᠣᠯᠣᠯᠳᠠ ᠵᠢᠨ ᠬᠡᠮᠵᠢᠶ᠎ᠡ᠎ᠨᠢ 600 ᠲᠡᠭᠰᠢ ᠳᠦᠷᠪᠡᠯᠵᠢᠨ ᠮᠸᠲᠷ᠂ ᠵᠠᠮ ᠵᠡᠭᠡᠯᠢ ᠨᠡᠢ᠌ᠬᠡᠮ ᠳᠣᠭᠣᠷᠢᠭ᠎ᠤᠨ ᠪᠠᠭ᠎ᠠ ᠬᠡᠮᠵᠢᠶᠡᠨ᠎ᠤ ᠠᠭᠣᠳᠠᠮ ᠳᠠᠯᠠᠪᠠᠢ ᠵᠢᠨ ᠬᠠᠲᠠᠭᠣᠷᠠᠭᠣᠯᠣᠯᠳᠠ ᠵᠢᠨ ᠬᠡᠮᠵᠢᠶ᠎ᠡ᠎ᠨᠢ 400 ᠲᠡᠭᠰᠢ ᠲᠦᠷᠪᠡᠯᠵᠢᠨ ᠮᠸᠲᠷ᠎ᠠᠴᠠ ᠪᠠᠭ᠎ᠠ ᠪᠠᠢ᠌ᠵᠣ ᠪᠣᠯᠬᠣ ᠦᠭᠡᠢ᠃
ᠠᠷᠪᠠᠨ ᠬᠣᠶᠠᠳᠣᠭ᠋ᠠᠷ ᠵᠣᠷᠪᠣᠰ ᠪᠠᠭ᠎ᠠ ᠬᠡᠮᠵᠢᠶᠡᠨ᠎ᠤ ᠠᠭᠣᠳᠠᠮ ᠳᠠᠯᠠᠪᠠᠢ᠎ᠳᠤ ᠰᠢᠨᠵᠢᠯᠡᠬᠦ ᠣᠬᠠᠭ᠋ᠠᠨ᠎ᠤ ᠲᠦᠭᠡᠮᠡᠯᠵᠢᠯ᠂ ᠰᠣᠶᠣᠯ ᠣᠬᠠᠭᠣᠯᠭ᠎ᠠ ᠵᠢᠨ ᠰᠠᠮᠪᠠᠷ᠎ᠠ᠂ ᠰᠣᠨᠢᠨ ᠣᠩᠰᠢᠯᠭ᠎ᠠ ᠵᠢᠨ ᠰᠠᠮᠪᠠᠷ᠎ᠠ (ᠡᠯᠸᠺᠡᠲᠷᠣᠨ ᠰᠣᠨᠢᠨ ᠣᠩᠰᠢᠯᠭ᠎ᠠ ᠵᠢᠨ ᠳᠡᠯᠭᠡᠴᠡ)᠂ ᠨᠡᠢ᠌ᠲᠡ ᠵᠢᠨ ᠦᠢ᠍ᠯᠡᠴᠢᠯᠡᠭᠡᠨ᠎ᠤ ᠵᠠᠷ ᠮᠡᠳᠡᠭᠡ ᠵᠢᠨ ᠰᠠᠮᠪᠠᠷ᠎ᠠ᠂ ᠲᠠᠮᠢᠷ ᠡᠷᠡᠭᠦᠯᠵᠢᠯ᠎ᠤᠨ ᠲᠦᠬᠦᠭᠡᠷᠣᠮᠵᠢ ᠪᠣᠯᠣᠨ ᠭᠡᠷᠡᠯᠲᠦᠭᠦᠯᠭᠡ ᠵᠢᠨ ᠲᠦᠬᠦᠭᠡᠷᠤᠮᠵᠢ ᠵᠡᠷᠭᠡ ᠵᠢ ᠲᠣᠬᠢᠷᠠᠭᠣᠯᠬᠣ ᠬᠡᠷᠡᠭᠳᠡᠢ᠃
ᠠᠷᠪᠠᠨ ᠭᠣᠷᠪᠠᠳᠣᠭ᠋ᠠᠷ ᠵᠣᠷᠪᠣᠰ ᠦᠨᠳᠣᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠲᠡᠢ ᠰᠣᠶᠣᠯ᠎ᠤᠨ ᠦᠢ᠍ᠯᠡᠴᠢᠯᠡᠭᠡᠨ᠎ᠤ ᠲᠦᠪ ᠲᠤ ᠨᠣᠮ ᠣᠩᠰᠢᠯᠭ᠎ᠠ ᠵᠢᠨ ᠲᠠᠰᠣᠭ (ᠳᠠᠯ᠎ᠠ ᠨᠣᠳᠣᠭ᠎ᠤᠨ ᠨᠣᠮ᠎ᠤᠨ ᠦᠷᠦᠭᠡ)᠂ ᠴᠠᠬᠢᠯᠭ᠋ᠠᠨᠴᠢᠯᠠᠭᠰᠠᠨ ᠣᠩᠰᠢᠯᠭ᠎ᠠ ᠵᠢᠨ ᠲᠠᠰᠣᠭ᠂ ᠰᠣᠶᠣᠯ ᠲᠠᠮᠢᠷ᠎ᠤᠨ ᠬᠦᠳᠡᠯᠭᠡᠭᠡᠨ᠎ᠤ ᠲᠠᠰᠣᠭ᠂ ᠺᠢᠨᠤ᠋ ᠭᠠᠷᠭ᠋ᠠᠬᠣ ᠲᠣᠭᠲᠠᠭᠰᠠᠨ ᠲᠠᠯᠠᠪᠠᠢ ( ᠴᠡᠭ)᠂ ᠷᠠᠳᠢᠤ᠋ ᠨᠡᠪᠲᠡᠷᠡᠭᠦᠯᠭᠡ ᠵᠢᠨ ᠲᠠᠰᠣᠭ᠂ ᠷᠠᠳᠢᠣ᠋ ᠲᠸᠯᠸᠢᠰ ᠢ ᠡᠷᠦᠬᠡ ᠪᠣᠯᠭ᠋ᠠᠨ᠎ᠳᠤ ᠨᠡᠪᠳᠡᠷᠡᠭᠦᠯᠬᠦ ᠦᠢ᠍ᠯᠡᠴᠢᠯᠡᠭᠡᠨ᠎ᠤ ᠲᠦᠪ (ᠬᠠᠷᠢᠯᠴᠠᠬᠣ ᠴᠡᠭ)᠂ ᠣᠯᠠᠨ ᠴᠢᠳᠠᠪᠬᠢᠳᠦ ᠲᠢᠩᠬᠢᠮ ᠵᠡᠷᠭᠡ ᠳᠣᠨᠣᠭ ᠲᠦᠬᠦᠭᠡᠷᠤᠮᠵᠢ ᠵᠢ ᠳᠣᠬᠢᠷᠠᠭᠣᠯᠵᠤ᠂ ᠨᠣᠮ ᠪᠢᠴᠢᠭ᠂ ᠺᠣᠮᠫᠢᠦ᠋ᠲᠷ᠂ ᠷᠠᠳᠢᠤ᠋ ᠨᠡᠪᠳᠡᠷᠡᠭᠦᠯᠭᠡ ᠵᠢᠨ ᠮᠠᠰᠢᠨ ᠲᠣᠨᠣᠭᠯᠠᠯ᠂ ᠷᠠᠳᠢᠣ᠋ ᠲᠸᠯᠸᠢᠰ᠎ᠤᠨ ᠲᠦᠬᠦᠭᠡᠷᠤᠮᠵᠢ ᠵᠢ ᠰᠡᠯᠪᠢᠨ ᠵᠠᠰᠠᠬᠣ ᠪᠠᠭ᠋ᠠᠵᠢ ᠬᠡᠷᠡᠭᠰᠡᠯ᠂ ᠳᠠᠭᠣ ᠲᠣᠮᠣᠷᠠᠭᠣᠯᠣᠭᠴᠢ᠂ ᠬᠦᠭᠵᠢᠮ ᠵᠡᠷᠭᠡ ᠬᠡᠷᠡᠭᠴᠡᠭᠡ᠎ᠲᠠᠢ ᠵᠦᠢ᠍ᠯᠡᠰ᠎ᠢ ᠳᠣᠬᠢᠷᠠᠭᠣᠯᠬᠣ ᠬᠡᠷᠡᠭᠳᠡᠢ ᠮᠦᠷᠳᠡᠭᠡᠨ ᠳᠠᠭ᠋ᠠᠤ᠎ᠳᠤ᠎ᠨᠢ ᠰᠢᠨᠡᠴᠢᠯᠡᠬᠦ᠂ ᠲᠡᠭᠦᠯᠳᠡᠷᠵᠢᠬᠦᠯᠬᠦ ᠠᠵᠢᠯ᠎ᠢ ᠬᠢᠬᠦ ᠬᠡᠷᠡᠭᠳᠡᠢ᠃
ᠠᠷᠪᠠᠨ ᠲᠦᠷᠪᠡᠳᠦᠭᠡᠷ ᠵᠣᠷᠪᠣᠰ ᠰᠣᠶᠣᠯ᠎ᠤᠨ ᠣᠷᠳᠣᠨ᠎ᠤ ᠪᠡᠯᠡᠳᠭᠡᠮᠵᠢ ᠲᠦᠬᠦᠭᠡᠷᠤᠮᠵᠢ ᠪᠠ ᠲᠣᠨᠣᠭ ᠲᠦᠬᠦᠭᠡᠷᠤᠮᠵᠢ ᠵᠢ ᠣᠯᠣᠰ᠎ᠤᠨ ᠬᠠᠮᠢᠶᠠᠳᠠᠢ ᠲᠣᠭᠳᠠᠭ᠋ᠠᠯ ᠵᠶ᠋ᠠᠷ ᠬᠡᠷᠡᠭᠵᠢᠭᠦᠯᠵᠤ᠂ ᠡᠳ᠋ ᠬᠦᠷᠦᠩᠭᠡ ᠵᠢᠨ ᠳᠠᠩᠰᠠᠯᠠᠯ ᠵᠢᠴᠢ ᠬᠠᠮᠢᠶ᠎ᠡ ᠪᠦᠬᠦᠢ ᠭᠠᠷ ᠭᠦᠢ᠍ᠴᠡᠳᠭᠡᠯ ᠬᠢᠵᠤ᠂ ᠬᠠᠤᠯᠢ᠎ᠪᠠᠷ ᠬᠠᠮᠢᠶᠠᠷᠴᠤ᠂ ᠣᠯᠣᠰ᠎ᠤᠨ ᠡᠳ᠋ ᠬᠦᠷᠦᠩᠭᠡ ᠵᠢᠨ ᠠᠮᠣᠷ ᠲᠦᠪᠰᠢᠨ᠎ᠢ ᠪᠠᠳᠣᠯᠠᠨ᠂ ᠪᠦᠷᠢᠨ ᠳᠡᠭᠦᠯᠳᠡᠷ ᠪᠠ ᠦᠷ᠎ᠡ ᠠᠰᠢᠭᠲᠠᠢᠪᠠᠷ ᠬᠡᠷᠡᠭᠯᠡᠬᠦ ᠬᠡᠷᠡᠭᠳᠡᠢ᠃
ᠠᠷᠪᠠᠨ ᠳᠠᠪᠣᠳᠣᠭ᠋ᠠᠷ ᠵᠣᠷᠪᠣᠰ ᠬᠡᠷᠪᠡ ᠪᠦᠳᠦᠭᠡᠨ ᠪᠠᠢ᠌ᠭᠣᠯᠣᠯᠲᠠ ᠵᠢᠨ ᠲᠦᠯᠦᠪᠯᠡᠭᠡ᠎ᠪᠠᠷ ᠦᠨᠳᠦᠰᠤᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠢ ᠨᠣᠷᠠᠭ᠋ᠠᠬᠣ ᠪᠣᠶᠣ ᠴᠢᠳᠠᠪᠬᠢ᠂ ᠬᠡᠷᠡᠭᠴᠡᠭᠡ ᠵᠢ᠎ᠨᠢ ᠦᠭᠡᠷᠡᠴᠢᠯᠡᠬᠦ ᠭᠡᠪᠡᠯ ᠣᠯᠣᠰ᠎ᠤᠨ ᠬᠠᠮᠢᠶ᠎ᠡ ᠪᠦᠬᠦᠢ ᠬᠠᠤᠯᠢ ᠲᠦᠷᠢᠮ᠎ᠤᠨ ᠲᠣᠭᠳᠠᠭ᠋ᠠᠯ ᠵᠶ᠋ᠠᠷ ᠭᠠᠵᠠᠷ ᠰᠣᠩᠭᠣᠨ ᠳᠠᠬᠢᠨ ᠪᠠᠢ᠌ᠭᠣᠯᠬᠣ ᠬᠡᠷᠡᠭᠳᠡᠢ᠃ ᠳᠣᠬᠠᠢ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠰᠢᠢ᠍ᠳᠪᠣᠷᠢ ᠭᠠᠷᠭ᠋ᠠᠬᠣᠠᠴᠠᠪᠠᠨ ᠡᠮᠦᠨ᠎ᠡ ᠵᠠᠪᠠᠯ ᠣᠯᠠᠨ ᠲᠦᠮᠡᠨ᠎ᠤ ᠰᠠᠨᠠᠯ᠎ᠢ ᠦᠷᠭᠡᠨ ᠵᠶ᠋ᠠᠷ ᠰᠣᠨᠣᠰᠴᠤ᠂ ᠳᠡᠷᠡᠴᠢᠯᠡᠨ ᠬᠣᠰᠢᠭᠣ ᠰᠢᠶᠠᠨ᠎ᠤ ᠲᠡᠰ᠎ᠤᠨ ᠰᠣᠶᠣᠯ᠎ᠤᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠢ ᠣᠯᠣᠭ᠋ᠠᠳ᠂ ᠬᠣᠰᠢᠭᠣ ᠰᠢᠶᠠᠨ᠎ᠤ ᠲᠡᠰ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠦᠪᠰᠢᠶᠡᠷᠡᠭᠦᠯᠬᠦ ᠬᠡᠷᠡᠭᠳᠡᠢ᠃
ᠭᠣᠷᠪᠠᠳᠣᠭ᠋ᠠᠷ ᠪᠦᠯᠦᠭ ᠡᠭᠦᠷᠭᠡ ᠴᠢᠳᠠᠪᠬᠢ ᠪᠠ ᠦᠢ᠍ᠯᠡᠴᠢᠯᠡᠭᠡ
ᠠᠷᠪᠠᠨ ᠵᠢᠷᠭᠣᠳᠣᠭ᠋ᠠᠷ ᠵᠣᠷᠪᠣᠰ ᠦᠨᠳᠦᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠠᠢ ᠰᠣᠶᠣᠯ᠎ᠤᠨ ᠦᠢ᠍ᠯᠡᠴᠢᠯᠡᠭᠡᠨ᠎ᠤ ᠲᠦᠪ ᠡᠬᠢ ᠪᠠᠶᠠᠯᠢᠭ ᠵᠢᠨ ᠳᠣᠬᠢᠷᠠᠭᠣᠯᠣᠯᠲᠡᠪᠠᠨ ᠴᠢᠩᠭ᠋ᠠᠳᠬᠠᠵᠣ᠂ ᠪᠦᠷᠢᠨ ᠳᠡᠭᠦᠯᠳᠡᠷ ᠤᠯᠠᠨ ᠨᠡᠢ᠌ᠳᠡ ᠵᠢᠨ ᠰᠣᠶᠣᠯ᠎ᠤᠨ ᠦᠢ᠍ᠯᠡᠴᠢᠯᠡᠭᠡᠨ᠎ᠤ ᠲᠣᠤᠷ ᠰᠦᠯᠵᠢᠶ᠎ᠡ ᠵᠢ ᠴᠤᠭᠴᠠᠯᠠᠨ᠂ ᠨᠢᠭᠡᠳᠦᠯᠳᠡᠢ ᠲᠦᠯᠦᠪᠵᠢᠭᠦᠯᠦᠨ ᠦᠢ᠍ᠯᠡᠴᠢᠯᠡᠬᠦ ᠴᠢᠳᠠᠪᠣᠷᠢ᠎ᠪᠠᠨ ᠭᠦᠢ᠍ᠴᠡᠳ ᠪᠠᠳᠠᠷᠠᠭᠣᠯᠣᠨ᠂ ᠨᠡᠢ᠌ᠳᠡ ᠣᠯᠡᠨ᠎ᠳᠤ ᠲᠦᠷᠦ ᠵᠢᠨ ᠪᠣᠳᠣᠯᠭ᠎ᠠ ᠵᠢᠨ ᠤᠬᠠᠭᠣᠯᠭᠠ᠂ ᠨᠣᠮ ᠰᠣᠨᠢᠨ᠎ᠤ ᠣᠩᠰᠢᠯᠭ᠎ᠠ᠂ ᠺᠢᠨᠤ᠋ ᠲᠸᠯᠸᠢᠰ᠎ᠤᠨ ᠰᠣᠨᠢᠷᠬᠠᠯ᠂ ᠰᠢ ᠵᠦᠴᠣᠭᠡ ᠵᠢᠨ ᠲᠣᠭᠯᠠᠯᠲᠠ᠂ ᠬᠠᠤᠯᠢ ᠵᠢᠨ ᠲᠦᠭᠡᠮᠡᠯᠵᠢᠭᠦᠯᠦᠯᠲᠡ ᠵᠢᠨ ᠰᠣᠷᠭ᠋ᠠᠨ ᠬᠦᠮᠦᠵᠢᠯ᠂ ᠣᠷᠠᠯᠢᠭ᠎ᠤᠨ ᠲᠦᠭᠡᠮᠡᠯᠵᠢᠭᠦᠯᠣᠯ᠂ ᠷᠠᠳᠢᠤ᠋ ᠨᠡᠪᠳᠡᠷᠡᠭᠦᠯᠭᠡ᠂ ᠳᠣᠤᠷ ᠰᠦᠯᠵᠢᠶ᠎ᠡ᠎ᠳᠤ ᠭᠠᠷᠬᠣ ᠪᠠ ᠤᠠᠯᠠᠨ ᠲᠦᠮᠡᠨᠴᠢ ᠴᠢᠨᠠᠷᠳᠡᠢ ᠰᠣᠶᠣᠯ ᠲᠠᠮᠢᠷ᠎ᠤᠨ ᠬᠦᠳᠡᠯᠭᠡᠭᠡᠨ ᠵᠡᠷᠭᠡ ᠤᠯᠠᠨ ᠨᠡᠢ᠌ᠳᠡ ᠵᠢᠨ ᠰᠣᠶᠣᠯ᠎ᠤᠨ ᠦᠢ᠍ᠯᠡᠴᠢᠯᠡᠭᠡ ᠵᠢ ᠬᠠᠩᠭ᠋ᠠᠨ᠂ ᠲᠡᠷᠡᠴᠢᠯᠡᠨ ᠴᠢᠳᠠᠪᠬᠢ ᠵᠢᠨ ᠣᠨᠴᠠᠯᠢᠭ ᠵᠶ᠋ᠠᠨ ᠦᠨᠳᠦᠰᠦᠯᠡᠵᠤ᠂ ᠲᠣᠬᠠᠢ ᠵᠢᠨ ᠭᠠᠵᠠᠷ᠎ᠲᠤ ᠪᠠᠨ ᠵᠣᠬᠢᠴᠠᠭᠣᠯᠣᠨ᠂ ᠪᠣᠰᠣᠳ ᠲᠦᠷᠦᠯ᠎ᠤᠨ ᠤᠯᠠᠨ ᠨᠡᠢ᠌ᠳᠡ ᠵᠢᠨ ᠰᠣᠶᠣᠯ᠎ᠤᠨ ᠦᠢ᠍ᠯᠡᠴᠢᠯᠡᠭᠡ ᠵᠢ ᠬᠠᠩᠭ᠋ᠠᠵᠣ ᠪᠠᠢ᠌ᠬᠤ ᠬᠡᠷᠡᠭᠳᠡᠢ᠃
ᠠᠷᠪᠠᠨ ᠳᠣᠯᠣᠳᠣᠭ᠋ᠠᠷ ᠵᠣᠷᠪᠣᠰ ᠦᠨᠳᠣᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠦᠢ᠍ᠯᠡᠴᠢᠯᠡᠭᠡᠨ᠎ᠤ ᠠᠷᠭ᠎ᠠ ᠪᠠ ᠠᠭᠣᠯᠭ᠎ᠠ ᠨᠢ ᠭᠣᠤᠯᠳᠠᠭᠣ ᠳᠣᠤᠷᠠᠬᠢ ᠬᠡᠳᠣᠨ ᠲᠠᠯ᠎ᠠ ᠵᠢ ᠪᠠᠭᠲᠠᠭ᠋ᠠᠨ᠎ᠠ᠄
(ᠨᠢᠭᠡ) ᠡᠯ᠎ᠡ ᠲᠦᠷᠦᠯ᠎ᠤᠨ ᠦᠵᠡᠰᠭᠦᠯᠡᠩ᠎ᠢ ᠭᠠᠷᠭ᠋ᠠᠬᠣ᠂ ᠪᠣᠯᠪᠠᠰᠣᠷᠠᠯ ᠬᠢᠴᠢᠶᠡᠯᠡᠯᠭᠡ ᠬᠢᠬᠦ᠂ ᠰᠣᠶᠣᠯ ᠰᠢᠨᠵᠢᠯᠡᠬᠦ ᠣᠬᠠᠭ᠋ᠠᠨ᠎ᠢ ᠲᠦᠭᠡᠮᠡᠯᠵᠢᠬᠦᠯᠬᠦ᠂ ᠰᠣᠷᠠᠭ ᠵᠠᠩᠬᠢ ᠵᠢᠨ ᠦᠢ᠍ᠯᠡᠴᠢᠯᠡᠭᠡ ᠬᠠᠩᠭ᠋ᠠᠬᠣ᠂ ᠣᠯᠠᠨ ᠲᠦᠮᠡᠨ᠎ᠤ ᠭᠣᠸ᠎ᠠ ᠰᠠᠢ᠌ᠬᠠᠨ᠂ ᠪᠠᠶᠠᠷ ᠴᠡᠩᠭᠡᠯ᠂ ᠡᠷᠳᠡᠮ ᠮᠡᠳᠡᠯᠭᠡ᠂ ᠪᠠᠶᠠᠵᠢᠯ ᠴᠢᠨᠡᠭᠡᠯᠢᠭᠵᠢᠯ ᠤᠨ ᠬᠦᠭᠡᠭᠡᠴᠡᠯᠳᠦᠯ᠎ᠤᠨ ᠱᠠᠭ᠋ᠠᠷᠳᠠᠯᠭ᠎ᠠ ᠵᠢ ᠬᠠᠩᠭ᠋ᠠᠵᠣ᠂ ᠠᠵᠣ ᠠᠬᠣᠢ ᠵᠢᠨ ᠨᠡᠢ᠌ᠬᠡᠮ ᠪᠠ ᠡᠪ ᠨᠠᠢ᠌ᠷᠡᠮᠳᠡᠭᠣᠪᠠᠷ ᠬᠦᠭᠵᠢᠭᠦᠯᠬᠦ ᠵᠢ ᠠᠬᠢᠭᠣᠯᠬᠣ ᠬᠡᠷᠡᠭᠳᠡᠢ᠃
( ᠬᠣᠶᠠᠷ) ᠲᠣᠬᠠᠢ ᠵᠢᠨ ᠭᠠᠵᠠᠷ ᠣᠷᠣᠨ᠎ᠤ ᠱᠠᠭ᠋ᠠᠷᠳᠠᠯᠭ᠎ᠠ ᠪᠣᠯᠣᠨ ᠪᠠᠷᠢᠯᠭ᠎ᠠ ᠲᠦᠬᠦᠭᠡᠷᠤᠮᠵᠢ᠂ ᠳᠠᠯᠠᠪᠣᠷ᠎ᠤᠨ ᠵᠶ᠋ᠠᠨ ᠨᠦᠬᠦᠴᠡᠯ ᠪᠣᠯᠣᠮᠵᠢ ᠵᠢ ᠦᠨᠳᠣᠰᠣᠯᠡᠨ᠂ ᠦᠨᠢᠷ ᠪᠠᠶᠠᠯᠢᠭ ᠠᠭᠣᠯᠭ᠎ᠠ ᠬᠡᠯᠪᠡᠷᠢ ᠪᠦᠬᠦᠢ᠂ ᠣᠯᠠᠨ ᠳᠦᠮᠡᠨ᠎ᠤ ᠳᠣᠷ᠎ᠠ ᠰᠣᠨᠢᠷᠬᠠᠯ᠎ᠢ ᠲᠠᠳᠠᠭᠰᠠᠨ ᠰᠣᠶᠣᠯ ᠲᠠᠮᠢᠷ᠎ᠤᠨ ᠬᠦᠳᠡᠯᠭᠡᠭᠡᠨ᠎ᠢ ᠵᠣᠬᠢᠶᠡᠨ ᠪᠠᠢ᠌ᠭᠣᠯᠣᠨ ᠦᠷᠨᠢᠭᠦᠯᠬᠦ ᠬᠡᠷᠡᠭᠳᠡᠢ᠃
(ᠭᠣᠷᠪᠠ) ᠮᠠᠯᠴᠢᠨ ᠲᠠᠷᠢᠶᠠᠴᠢᠳ᠎ᠤᠨ ᠦᠪᠡᠷᠳᠡᠭᠡᠨ ᠴᠣᠭᠴᠠᠯᠠᠨ ᠪᠠᠢ᠌ᠭᠣᠯᠣᠭᠰᠠᠨ ᠰᠣᠶᠣᠯ᠎ᠤᠨ ᠬᠦᠷᠢᠶᠡᠯᠡᠩ᠂ ᠰᠣᠶᠣᠯ᠎ᠤᠨ ᠡᠷᠦᠭᠡ ᠵᠡᠷᠭᠡ ᠵᠢ ᠵᠢᠭ᠋ᠠᠨ ᠵᠢᠯᠣᠭᠣᠳᠴᠤ᠂ ᠤᠯᠠᠨ ᠲᠦᠮᠡᠨ᠎ᠤ ᠰᠣᠶᠣᠯ᠎ᠤᠨ ᠨᠢᠷᠤᠭᠤᠪᠴᠢ ᠬᠦᠴᠦᠨ᠎ᠢ ᠵᠢᠭ᠋ᠠᠨ ᠰᠣᠷᠭ᠋ᠠᠵᠤ ᠪᠣᠯᠪᠠᠰᠣᠷᠠᠭᠣᠯᠬᠣ ᠬᠡᠷᠡᠭᠳᠡᠢ᠃
(ᠳᠦᠷᠪᠡ) ᠬᠣᠰᠢᠭᠣ ᠰᠢᠶᠡᠨ᠎ᠤ ᠲᠡᠰ᠎ᠤᠨ ᠨᠣᠮ᠎ᠤᠨ ᠰᠠᠩ᠂ ᠰᠣᠶᠣᠯ᠎ᠤᠨ ᠣᠷᠳᠣᠨ᠎ᠤ ᠰᠠᠯᠪᠣᠷᠢ ᠣᠷᠳᠣᠨ ᠪᠣᠶᠣ ᠦᠨᠳᠣᠰᠣᠨ ᠱᠠᠳᠣᠨ᠎ᠤ ᠦᠢ᠍ᠯᠡᠴᠢᠯᠡᠭᠡᠨ᠎ᠤ ᠴᠡᠭ ᠪᠣᠯᠵᠤ᠂ ᠬᠣᠰᠢᠭᠣ ᠰᠢᠶᠡᠨ᠎ᠤ ᠲᠡᠰ᠎ᠤᠨ ᠰᠣᠶᠣᠯ᠎ᠤᠨ ᠪᠠᠢ᠌ᠭᠣᠯᠭ᠎ᠠ ᠵᠢ ᠬᠠᠪᠰᠣᠷᠴᠤ ᠰᠣᠶᠣᠯ᠎ᠤᠨ ᠡᠬᠢ ᠪᠠᠶᠠᠯᠢᠭ᠎ᠢ ᠳᠣᠬᠢᠷᠡᠭᠣᠯᠣᠨ ᠬᠦᠷᠭᠡᠵᠣ᠂ ᠨᠡᠭᠦᠳᠡᠯ ᠰᠣᠶᠣᠯ᠎ᠤᠨ ᠦᠢ᠍ᠯᠡᠴᠢᠯᠡᠭᠡ ᠵᠢ ᠦᠷᠨᠢᠭᠦᠯᠵᠤ᠂ ᠣᠯᠠᠨ ᠨᠡᠢ᠌ᠳᠡ ᠵᠢᠨ ᠰᠣᠶᠣᠯ᠎ᠢ ᠭᠠᠴᠠᠭ᠎ᠠ ᠲᠣᠰᠬᠣᠨ᠎ᠳᠤ ᠨᠡᠪᠳᠡᠷᠡᠭᠦᠯᠦᠨ᠂ ᠠᠢ᠌ᠯ ᠡᠷᠦᠬᠡ᠎ᠳᠤ ᠣᠷᠣᠭᠣᠯᠬᠣ ᠵᠢ ᠪᠠᠳᠣᠯᠠᠬᠣ ᠬᠡᠷᠡᠭᠳᠡᠢ᠃
(ᠳᠠᠪᠣ) ᠬᠣᠰᠢᠭᠣ ᠰᠢᠶᠡᠨ᠎ᠤ ᠨᠣᠮ᠎ᠤᠨ ᠰᠠᠩ᠎ᠤᠨ ᠵᠢᠭ᠋ᠠᠨ ᠵᠢᠯᠤᠭᠤᠳᠣᠯᠭ᠎ᠠ᠎ᠪᠠᠷ ᠨᠣᠮ᠎ᠤᠨ ᠰᠠᠩ᠎ᠤᠨ ᠣᠩᠰᠢᠯᠭ᠎ᠠ ᠵᠢᠨ ᠲᠠᠰᠣᠭ ᠢ ᠡᠷᠬᠢᠯᠡᠵᠤ᠂ ᠣᠯᠠᠨ ᠲᠦᠮᠡᠨ᠎ᠤ ᠨᠣᠮ ᠰᠣᠨᠢᠨ ᠤᠩᠰᠢᠬᠤ ᠠᠵᠢᠯᠯᠠᠭ᠎ᠠ ᠵᠢ ᠦᠷᠨᠢᠭᠦᠯᠵᠣ᠂ ᠲᠣᠬᠠᠢ ᠵᠢᠨ ᠭᠠᠵᠠᠷ ᠣᠷᠣᠨ᠎ᠤ ᠣᠯᠠᠨ ᠲᠦᠮᠡᠨ ᠳᠤ ᠨᠣᠮ ᠪᠢᠴᠢᠭ ᠰᠣᠨᠢᠨ ᠰᠡᠳᠭᠦᠯ ᠵᠢᠭᠡᠯᠡᠭᠦᠯᠦᠨ ᠣᠩᠰᠢᠭᠣᠯᠬᠣ ᠦᠢ᠍ᠯᠡᠴᠢᠯᠡᠭᠡ ᠵᠢ ᠬᠠᠩᠭ᠋ᠠᠬᠣ ᠬᠡᠷᠡᠭᠲᠡᠢ᠃
(ᠵᠢᠷᠭᠣᠭ᠎ᠠ) ᠪᠦᠬᠦ ᠣᠯᠣᠰ᠎ᠤᠨ ᠰᠣᠶᠣᠯ᠎ᠤᠨ ᠰᠣᠷᠠᠭ ᠵᠠᠩᠭᠢ ᠵᠢᠨ ᠡᠬᠢ ᠪᠠᠶᠠᠯᠢᠭ᠎ᠢ ᠬᠠᠮᠳᠣ᠎ᠪᠠᠷ ᠬᠦᠷᠳᠡᠬᠦ ᠢᠨᠵᠸᠨ᠋ᠸᠷᠢᠩ᠎ᠤᠨ ᠦᠨᠳᠣᠰᠣᠨ ᠱᠠᠳᠣᠨ᠎ᠤ ᠦᠢ᠍ᠯᠡᠴᠢᠯᠡᠭᠡᠨ᠎ᠤ ᠴᠡᠭ ᠪᠠᠢ᠌ᠭᠣᠯᠵᠣ᠂ ᠰᠣᠶᠣᠯ᠎ᠤᠨ ᠲᠣᠭ᠋ᠠᠴᠠᠭ᠋ᠠᠯᠠᠭᠰᠠᠨ ᠰᠣᠷᠠᠭ ᠵᠠᠩᠭᠢ ᠵᠢᠨ ᠦᠢ᠍ᠯᠡᠴᠢᠯᠡᠭᠡᠨ᠎ᠢ ᠦᠷᠨᠢᠭᠦᠯᠬᠦ ᠬᠡᠷᠡᠭᠳᠡᠢ᠃
(ᠳᠣᠯᠣᠭ᠎ᠠ) ᠲᠠᠷᠢᠶᠠᠯᠠᠬᠣ ᠮᠠᠯᠵᠢᠬᠤ ᠣᠷᠣᠨ᠎ᠤ ᠺᠢᠨᠤ᠋ ᠭᠠᠷᠭ᠋ᠠᠬᠣ ᠠᠵᠢᠯᠳᠠᠨ᠎ᠢ ᠬᠠᠪᠰᠣᠷᠴᠤ ᠂ ᠳᠠᠷᠢᠶᠡᠴᠢᠳ ᠮᠠᠯᠴᠢᠳ᠎ᠢ ᠲᠦᠪᠯᠡᠷᠡᠭᠦᠯᠦᠨ ᠺᠢᠨᠤ᠋ ᠰᠣᠨᠢᠷᠬᠠᠬᠣ ᠠᠵᠢᠯᠯᠠᠭ᠎ᠠ ᠵᠢ ᠵᠣᠬᠢᠶᠠᠨ ᠪᠠᠢ᠌ᠭᠣᠯᠬᠣ ᠬᠡᠷᠡᠭᠳᠡᠢ᠃ ᠬᠣᠰᠢᠭᠣ ᠰᠢᠶᠡᠨ᠎ᠤ ᠷᠠᠳᠢᠤ᠋ ᠲᠸᠯᠸᠢᠰ᠎ᠤᠨ ᠰᠠᠯᠠᠭ᠎ᠠ ᠮᠦᠴᠢᠷ᠎ᠢ ᠬᠠᠪᠰᠣᠷᠴᠤ ᠂ ᠷᠠᠳᠢᠤ᠋ ᠲᠸᠯᠸᠢᠰ᠎ᠤᠨ ᠪᠠᠭ᠋ᠠᠵᠢ ᠲᠦᠬᠦᠭᠡᠷᠤᠮᠵᠢ ᠵᠢ ᠰᠠᠯᠪᠢᠨ ᠵᠠᠰᠠᠬᠣ᠂ ᠠᠷᠠᠴᠢᠯᠠᠨ ᠬᠠᠮᠠᠭ᠋ᠠᠯᠠᠬᠣ ᠠᠵᠢᠯ᠎ᠢ ᠬᠢᠬᠦ ᠬᠡᠷᠡᠭᠳᠡᠢ᠃
(ᠨᠠᠢ᠍ᠮᠠ) ᠬᠣᠰᠢᠭᠣ ᠰᠢᠶᠡᠨ᠎ᠤ ᠰᠣᠶᠣᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷᠤᠨᠬᠢᠨᠤ ᠵᠢᠯᠣᠭᠣᠳᠣᠯᠭ᠎ᠠ ᠳᠣᠤᠷ᠎ᠠ᠂ ᠪᠣᠳᠡᠰ᠎ᠤᠨ ᠪᠣᠰᠣ ᠰᠣᠶᠣᠯ᠎ᠤᠨ ᠦᠪ᠎ᠢ ᠬᠣᠷᠢᠶᠡᠨ ᠴᠤᠭᠯᠠᠭᠣᠯᠬᠣ᠂ ᠡᠮᠬᠢᠳᠭᠡᠨ ᠲᠢᠭᠯᠡᠬᠦ ᠠᠵᠢᠯ᠎ᠢ ᠬᠢᠵᠣ᠂ ᠪᠣᠳᠡᠰ᠎ᠤᠨ ᠪᠣᠰᠣ ᠰᠣᠶᠣᠯ᠎ᠤᠨ ᠦᠪ ᠢ ᠨᠡᠢ᠌ᠳᠡᠮ ᠪᠠᠢ᠌ᠴᠠᠭ᠋ᠠᠬᠣ᠂ ᠳᠡᠯᠭᠡᠨ ᠦᠵᠡᠭᠦᠯᠬᠦ᠂ ᠤᠬᠠᠭᠣᠯᠬᠣ ᠠᠵᠢᠯᠯᠠᠭ᠎ᠠ ᠵᠢ ᠦᠷᠨᠢᠬᠦᠯᠦᠨ᠂ ᠦᠪᠯᠡᠨ ᠣᠯᠠᠮᠵᠢᠯᠠᠭᠴᠢᠳ᠎ᠤᠨ ᠣᠯᠠᠮᠵᠢᠯᠠᠯᠳᠠ ᠵᠢᠨ ᠰᠣᠷᠭ᠋ᠠᠯᠳᠠ ᠬᠢᠴᠢᠶᠡᠯᠯᠡᠭᠡ ᠵᠢ ᠵᠢᠭ᠋ᠠᠨ ᠵᠢᠯᠣᠭᠣᠳᠬᠣ ᠬᠡᠷᠡᠭᠳᠡᠢ᠃
(ᠶᠢᠰᠦ) ᠬᠣᠰᠢᠭᠣ ᠰᠢᠶᠡᠨ᠎ᠤ ᠰᠣᠶᠣᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷᠤᠨᠬᠢᠨᠢ ᠬᠠᠪᠰᠣᠷᠴᠤ᠂ ᠲᠡᠤᠬᠡ ᠵᠢᠨ ᠳᠣᠷᠠᠰᠬᠠᠯᠳᠣ ᠵᠦᠢ᠍ᠯᠡᠰ᠎ᠤᠨ ᠬᠠᠮᠠᠭ᠋ᠠᠯᠠᠯᠳᠠ ᠵᠢᠨ ᠠᠵᠢᠯ᠎ᠢ ᠡᠷᠬᠢᠯᠡᠬᠦ ᠬᠡᠷᠡᠭᠳᠡᠢ᠃
(ᠠᠷᠪᠠ) ᠰᠣᠶᠣᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷᠤᠨᠬᠢᠨᠢ ᠬᠠᠪᠰᠣᠷᠣᠨ ᠲᠠᠷᠢᠶᠠᠯᠠᠬᠤ ᠣᠷᠣᠨ᠎ᠤ ᠰᠣᠶᠣᠯ᠎ᠤᠨ ᠵᠠᠬ᠎ᠠ ᠵᠡᠭᠡᠯᠢ ᠵᠢᠨ ᠬᠠᠮᠢᠶᠠᠷᠣᠯᠳᠠ ᠵᠢᠴᠢ ᠬᠢᠨᠠᠯᠳᠠ ᠵᠢ ᠰᠠᠢ᠌ᠳᠣᠷ ᠬᠢᠨ᠎ᠡ ᠃ ᠬᠦᠨᠳᠦ ᠶᠡᠬᠡ ᠠᠰᠠᠭᠣᠳᠠᠯ ᠭᠠᠷᠪᠠᠯ ᠬᠠᠤᠯᠢ᠎ᠪᠠᠷ ᠲᠦᠷᠭᠡᠨ ᠠᠷᠭ᠎ᠠ ᠬᠡᠮᠵᠢᠶ᠎ᠡ ᠠᠪᠴᠣ᠂ ᠲᠡᠷᠡᠴᠢᠯᠡᠨ ᠴᠠᠭ ᠳᠡᠷᠤᠢ᠎ᠳᠤᠨᠢ ᠳᠡᠭᠡᠭᠰᠢ ᠮᠡᠳᠡᠭᠦᠯᠬᠦ ᠬᠡᠷᠡᠭᠳᠡᠢ᠃
ᠠᠷᠪᠠᠨ ᠨᠠᠢ᠍ᠮᠠᠳᠣᠭ᠋ᠠᠷ ᠵᠣᠷᠪᠣᠰ ᠦᠨᠳᠣᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠲᠦᠪ᠎ᠨᠢ ᠳᠣᠳᠣᠭ᠋ᠠᠳᠣ ᠵᠢᠨ ᠬᠠᠮᠢᠶᠠᠷᠤᠯᠳᠠ ᠵᠢᠨ ᠳᠦᠷᠢᠮ ᠳᠣᠭᠳᠠᠭ᠋ᠠᠯ ᠵᠶ᠋ᠠᠨ ᠳᠡᠭᠦᠯᠳᠡᠷᠵᠢᠬᠦᠯᠣᠨ᠂ ᠦᠢ᠍ᠯᠡᠴᠢᠯᠡᠭᠡᠨ᠎ᠤ ᠪᠠᠷᠢᠮᠵᠢᠶ᠎ᠠ᠎ᠪᠠᠨ ᠪᠦᠷᠢᠨᠰᠢᠭᠦᠯᠦᠨ᠂ ᠡᠷᠡᠭᠦᠯ ᠪᠣᠯᠪᠠᠰᠣᠨ ᠰᠣᠶᠣᠯ ᠲᠠᠮᠢᠷ ᠰᠣᠷᠭ᠋ᠠᠨ ᠬᠦᠮᠦᠵᠢᠯ᠎ᠤᠨ ᠬᠦᠳᠡᠯᠭᠡᠭᠡᠨ᠎ᠢ ᠦᠷᠨᠢᠬᠦᠯᠬᠦ ᠬᠡᠷᠡᠭᠳᠡᠢ᠃
ᠦᠢ᠍ᠯᠡᠴᠢᠯᠡᠭᠡᠨ᠎ᠤ ᠠᠭᠣᠯᠭ᠎ᠠ ᠂ ᠠᠵᠢᠯᠯᠠᠬᠣ ᠴᠠᠭ ᠪᠠ ᠠᠩᠬᠠᠷᠠᠭᠣᠯᠬᠣ ᠵᠦᠢ᠍ᠯ ᠵᠶ᠋ᠠᠨ ᠢᠯᠡ ᠳᠣᠳᠣᠷᠬᠠᠢ ᠭᠠᠵᠠᠷ᠎ᠲᠤ ᠨᠡᠢ᠌ᠳᠡᠯᠡᠬᠦ ᠬᠡᠷᠡᠭᠳᠡᠢ᠃
ᠠᠷᠪᠠᠨ ᠶᠢᠰᠦᠳᠦᠭᠡᠷ ᠵᠣᠷᠪᠣᠰ ᠦᠨᠳᠣᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠠᠵᠢᠯᠯᠠᠬᠣ ᠴᠠᠭ᠎ᠢ ᠵᠢᠯ᠎ᠳᠤ 10 ᠰᠠᠷ᠎ᠠ᠎ᠠᠴᠠ ᠳᠣᠤᠷ᠎ᠠ ᠪᠠᠢ᠌ᠯᠭ᠋ᠠᠵᠣ ᠪᠣᠯᠬᠣ ᠦᠭᠡᠢ᠂ ᠭᠠᠷᠠᠭ᠎ᠤᠨ ᠠᠵᠢᠯᠯᠠᠬᠣ ᠴᠠᠭ᠎ᠢ 42 ᠴᠠᠭ᠎ᠠᠴᠠ ᠳᠣᠣᠷ᠎ᠠ ᠪᠠᠢ᠌ᠯᠭ᠋ᠠᠵᠣ ᠪᠣᠯᠬᠣ ᠦᠭᠡᠢ᠂ ᠡᠭᠦᠨ᠎ᠳᠤ ᠰᠤᠯᠪᠢᠴᠠᠭᠤᠯᠤᠨ ᠠᠵᠢᠯᠯᠠᠬᠣ ᠴᠠᠭ᠎ᠢ ᠭᠣᠷᠪᠠᠨᠤ ᠨᠢᠭᠡ ᠬᠣᠪᠢ᠎ᠠᠴᠠ ᠳᠣᠤᠷ᠎ᠠ ᠪᠠᠢ᠌ᠯᠭ᠋ᠠᠵᠣ ᠪᠣᠯᠬᠣ ᠦᠭᠡᠢ᠃
ᠬᠣᠷᠢᠳᠣᠭ᠋ᠠᠷ ᠵᠣᠷᠪᠣᠰ ᠰᠣᠮᠣ ᠰᠢᠶᠡᠩ ᠪᠠᠯᠭ᠋ᠠᠰᠣ (ᠵᠡᠭᠡᠯᠢ ᠭᠣᠳᠣᠮᠵᠢ) ᠶᠡᠷᠦᠩᠬᠡᠢ᠌ᠯᠡᠭᠰᠡᠨ ᠰᠣᠶᠣᠯ᠎ᠤᠨ ᠦᠷᠲᠡᠭᠡ ᠦᠵᠡᠭᠦᠯᠦᠯᠭᠡ ᠡᠷᠬᠢᠯᠡᠬᠦ ᠠᠵᠢᠯ ᠵᠶ᠋ᠠᠨ ᠵᠢᠯ ᠪᠦᠷᠢ 2 ᠣᠳᠠᠭ᠎ᠠ᠎ᠠᠴᠠ ᠳᠣᠣᠷ᠎ᠠ ᠪᠠᠢ᠌ᠯᠭ᠋ᠠᠵᠣ ᠪᠣᠯᠬᠣ ᠦᠭᠡᠢ᠂ ᠣᠯᠠᠨ ᠨᠡᠢ᠌ᠳᠡ ᠵᠢᠨ ᠴᠢᠨᠠᠷᠲᠡᠢ᠎ᠲᠠᠢ ᠬᠢᠴᠢᠶᠡᠯ ᠲᠡᠢ᠌ᠯᠦᠨ ᠪᠠ ᠪᠣᠯᠪᠠᠰᠣᠷᠠᠯ ᠰᠣᠷᠭ᠋ᠠᠯᠳᠠ ᠡᠷᠬᠢᠯᠡᠬᠦ ᠠᠵᠢᠯ ᠵᠶ᠋ᠠᠨ ᠵᠢᠯ ᠪᠦᠷᠢ 4 ᠣᠳᠠᠭ᠎ᠠ᠎ᠠᠴᠠ ᠳᠣᠤᠷ᠎ᠠ ᠪᠠᠢ᠌ᠯᠭ᠋ᠠᠵᠣ ᠪᠣᠯᠬᠣ ᠦᠭᠡᠢ᠂ ᠣᠯᠠᠨ ᠲᠦᠮᠡᠨ᠎ᠤ ᠰᠣᠶᠣᠯ ᠲᠠᠮᠢᠷ᠎ᠤᠨ ᠬᠦᠳᠡᠯᠭᠡᠭᠡᠨ᠎ᠢ ᠡᠷᠬᠢᠯᠡᠬᠦ ᠠᠵᠢᠯ ᠵᠶ᠋ᠠᠨ ᠵᠢᠯ ᠪᠦᠷᠢ 20 ᠣᠳᠠᠭ᠎ᠠ᠎ᠠᠴᠠ ᠳᠣᠤᠷ᠎ᠠ ᠪᠠᠢ᠌ᠯᠭ᠋ᠠᠵᠣ ᠪᠣᠯᠬᠣ ᠦᠭᠡᠢ᠃ ᠭᠠᠴᠠᠭ᠎ᠠ ᠲᠣᠰᠬᠣᠨ (ᠨᠡᠢ᠌ᠬᠡᠮ ᠳᠣᠭᠣᠷᠢᠭ)᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠦᠢ᠍ᠯᠡᠴᠢᠯᠡᠭᠡᠨ᠎ᠤ ᠲᠦᠪ ᠤᠯᠠᠨ ᠲᠦᠮᠡᠨ᠎ᠤ ᠰᠣᠶᠣᠯ ᠲᠠᠮᠢᠷ᠎ᠤᠨ ᠬᠦᠳᠡᠯᠭᠡᠭᠡᠨ᠎ᠢ ᠵᠣᠬᠢᠶᠡᠨ ᠪᠠᠢ᠌ᠭᠣᠯᠵᠣ ᠡᠷᠬᠢᠯᠡᠬᠦ ᠠᠵᠢᠯ ᠵᠶ᠋ᠠᠨ ᠵᠢᠯ ᠪᠦᠷᠢ 4 ᠣᠳᠠᠭ᠎ᠠ᠎ᠠᠴᠠ ᠳᠣᠤᠷ᠎ᠠ ᠪᠠᠢ᠌ᠯᠭ᠋ᠠᠵᠣ ᠪᠣᠯᠬᠣ ᠦᠭᠡᠢ᠃
ᠬᠣᠷᠢᠨ ᠨᠢᠭᠡᠳᠦᠭᠡᠷ ᠵᠣᠷᠪᠣᠰ ᠦᠨᠳᠣᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠦᠢ᠍ᠯᠡᠴᠢᠯᠡᠭᠡᠨ᠎ᠤ ᠲᠦᠪ ᠬᠣᠳᠠ ᠬᠦᠳᠡᠭᠡ ᠵᠢᠨ ᠰᠠᠭᠣᠭ᠋ᠠᠯᠢ ᠠᠷᠠᠳ᠎ᠲᠤ ᠤᠢ᠌ᠷ᠎ᠡ ᠬᠠᠪᠢ᠎ᠳᠤ᠎ᠪᠠᠨ ᠡᠯ᠎ᠡ ᠲᠦᠷᠦᠯ᠎ᠤᠨ ᠰᠣᠶᠣᠯ ᠳᠠᠮᠢᠷ᠎ᠤᠨ ᠬᠦᠳᠡᠯᠭᠡᠭᠡᠨ᠎ᠳᠤ ᠤᠷᠤᠯᠴᠠᠬᠣ ᠲᠦᠭᠦᠮ ᠨᠦᠬᠦᠴᠡᠯ᠎ᠢ ᠬᠠᠩᠭ᠋ᠠᠬᠣ ᠬᠡᠷᠡᠭᠳᠡᠢ᠃ ᠵᠡᠮᠳᠡᠭᠴᠤᠣᠯ᠂ ᠨᠠᠰᠣᠨ᠎ᠳᠤ ᠦᠯᠦ ᠬᠦᠷᠦᠭᠴᠢᠳ᠂ ᠨᠠᠰᠣᠲᠠᠢ᠌ᠴᠣᠤᠯ ᠪᠣᠯᠣᠨ ᠬᠦᠯᠦᠰᠣᠨ ᠠᠵᠢᠯᠳᠠᠳ ᠵᠡᠷᠭᠡ ᠣᠨᠴᠠᠭ᠋ᠠᠢ ᠬᠦᠮᠦᠰ᠎ᠲᠤ ᠵᠣᠷᠢᠭᠣᠯᠣᠭᠰᠠᠨ ᠰᠣᠶᠣᠯ ᠲᠡᠮᠢᠷ᠎ᠤᠨ ᠬᠦᠳᠡᠯᠭᠡᠭᠡᠨ᠎ᠢ ᠵᠢᠯ ᠪᠦᠷᠢ ᠵᠣᠬᠢᠶᠡᠨ ᠪᠠᠢ᠌ᠭᠣᠯᠣᠨ ᠡᠷᠬᠢᠯᠡᠬᠦ ᠬᠡᠷᠡᠭᠳᠡᠢ᠃
ᠳᠦᠷᠪᠡᠳᠦᠭᠡᠷ ᠪᠦᠯᠦᠭ ᠠᠵᠢᠯᠳᠠᠳ ᠪᠠ ᠵᠠᠷᠣᠳᠠᠯ ᠮᠦᠩᠭᠦ
ᠬᠣᠷᠢᠨ ᠬᠣᠶᠡᠳᠣᠭ᠋ᠠᠷ ᠵᠤᠷᠪᠣᠰ ᠰᠣᠮᠣ ᠰᠢᠶᠡᠩ ᠪᠠᠯᠭ᠋ᠠᠰᠣ (ᠵᠡᠭᠡᠯᠢ ᠭᠣᠳᠣᠮᠵᠢ) ᠵᠢᠨ ᠶᠡᠷᠦᠩᠬᠡᠢ᠌ᠯᠡᠭᠰᠡᠨ ᠰᠣᠶᠣᠯ᠎ᠤᠨ ᠦᠷᠳᠡᠭᠡ᠎ᠳᠤ 1 —2᠎ᠠᠴᠠ ᠳᠡᠭᠡᠭᠰᠢ ᠨᠡᠷ᠎ᠡ ᠠᠯᠪᠠᠨ᠎ᠤ ᠣᠷᠣᠨ ᠲᠣᠭ᠎ᠠ᠎ᠲᠠᠢ ᠲᠣᠰᠬᠠᠢ ᠠᠵᠢᠯᠳᠠᠨ᠎ᠢ ᠳᠣᠬᠢᠷᠡᠭᠣᠯᠣᠭᠰᠡᠨ ᠪᠠᠢ᠌ᠬᠤ ᠬᠡᠷᠡᠭᠳᠡᠢ᠃ ᠭᠠᠴᠠᠭ᠎ᠠ ᠲᠣᠰᠬᠣᠨ (ᠨᠡᠢ᠌ᠬᠡᠮ ᠳᠣᠭᠣᠷᠢᠭ)᠎ᠤ ᠶᠡᠷᠦᠩᠬᠡᠢ᠌ᠯᠡᠭᠰᠡᠨ ᠰᠣᠶᠣᠯ᠎ᠤᠨ ᠦᠢ᠍ᠯᠡᠴᠢᠯᠡᠭᠡᠨ᠎ᠤ ᠲᠦᠪ ᠲᠤ ᠵᠠᠰᠠᠭ᠎ᠤᠨ ᠣᠷᠳᠣᠨ᠎ᠤ ᠬᠣᠳᠠᠯᠳᠣᠨ ᠠᠪᠣᠭᠰᠠᠨ ᠣᠯᠠᠨ ᠨᠡᠢ᠌ᠳᠡ ᠵᠢᠨ ᠦᠢ᠍ᠯᠡᠴᠢᠯᠡᠭᠡᠨ᠎ᠤ ᠠᠵᠢᠯ᠎ᠤᠨ ᠪᠠᠢ᠌ᠷᠢ ᠵᠢ 1᠎ᠠᠴᠠ ᠳᠡᠭᠡᠭᠰᠢ ᠪᠠᠢ᠌ᠯᠭ᠋ᠠᠬᠣ ᠬᠡᠷᠡᠭᠳᠡᠢ᠃
ᠬᠣᠷᠢᠨ ᠭᠣᠷᠪᠠᠳᠣᠭ᠋ᠠᠷ ᠵᠣᠷᠪᠣᠰ ᠰᠣᠮᠣ ᠰᠢᠶᠡᠩ ᠪᠠᠯᠭ᠋ᠠᠰᠣ (ᠵᠡᠭᠡᠯᠢ ᠭᠣᠳᠣᠮᠵᠢ) ᠵᠢᠨ ᠶᠡᠷᠦᠩᠬᠡᠢ᠌ᠯᠡᠭᠰᠡᠨ ᠰᠣᠶᠣᠯ᠎ᠤᠨ ᠦᠷᠳᠡᠭᠡ ᠵᠢᠨ ᠳᠠᠷᠣᠭ᠎ᠠ᠎ᠨᠢ ᠳᠡᠭᠡᠳᠦ ᠵᠡᠷᠭᠡ ᠵᠢᠨ ᠳᠣᠰᠬᠠᠢ ᠮᠡᠷᠭᠡᠵᠢᠯ᠎ᠤᠨ ᠰᠣᠷᠣᠯᠭ᠎ᠠ ᠵᠢᠨ ᠨᠠᠮᠳᠠᠷ (ᠪᠣᠶᠣ ᠡᠭᠦᠨ᠎ᠲᠠᠢ ᠲᠡᠩᠴᠡᠭᠰᠡᠨ)᠎ᠠᠴᠠ ᠳᠡᠭᠡᠭᠰᠢ ᠰᠣᠶᠣᠯ᠎ᠤᠨ ᠬᠡᠮᠵᠢᠶ᠎ᠡ᠎ᠲᠠᠢ᠂ ᠰᠣᠶᠣᠯ᠎ᠤᠨ ᠠᠵᠢᠯ ᠦᠢ᠍ᠯᠡᠰ᠎ᠲᠤ᠎ᠪᠠᠨ ᠬᠠᠢ᠌ᠷᠠᠳᠠᠢ᠂ ᠣᠯᠠᠨ ᠲᠦᠮᠡᠨ᠎ᠢ ᠵᠤᠬᠢᠶᠡᠨ ᠪᠠᠢ᠌ᠭᠣᠯᠣᠨ ᠰᠣᠶᠣᠯ᠎ᠤᠨ ᠬᠦᠳᠡᠯᠭᠡᠭᠡᠨ᠎ᠢ ᠦᠷᠨᠢᠭᠦᠯᠬᠦ᠎ᠳᠤ᠎ᠪᠠᠨ ᠴᠢᠳᠠᠮᠠᠭ᠋ᠠᠢ᠂ ᠰᠣᠶᠣᠯ᠎ᠤᠨ ᠦᠷᠳᠡᠭᠡᠨ᠎ᠤ ᠠᠵᠢᠯ᠎ᠤᠨ ᠲᠣᠰᠬᠠᠢ ᠮᠡᠷᠭᠡᠵᠢᠯ᠎ᠤᠨ ᠴᠢᠳᠠᠪᠣᠷᠢ ᠪᠣᠯᠣᠨ ᠬᠠᠮᠢᠶᠠᠷᠣᠯᠳᠠ ᠵᠢᠨ ᠬᠢᠷᠢ ᠬᠡᠮ᠎ᠢ ᠪᠦᠷᠢᠳᠦᠭᠦᠯᠦᠭᠰᠡᠨ ᠪᠠᠢ᠌ᠬᠣ ᠬᠡᠷᠡᠭᠳᠡᠢ᠃ ᠰᠣᠶᠣᠯ᠎ᠤᠨ ᠦᠷᠳᠡᠭᠡᠨ᠎ᠤ ᠳᠠᠷᠣᠭ᠎ᠠ ᠵᠢ ᠶᠠᠭᠣᠨᠤ ᠡᠮᠦᠨ᠎ᠡ ᠬᠣᠰᠢᠭᠣ ᠰᠢᠶᠡᠨ᠎ᠤ ᠲᠡᠰ᠎ᠤᠨ ᠰᠣᠶᠣᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷᠤᠨᠬᠢᠨᠤ ᠰᠠᠨᠠᠯ᠎ᠢ ᠠᠪᠣᠭᠰᠠᠨᠤ ᠳᠠᠷᠠᠭ᠎ᠠ ᠰᠣᠮᠣ ᠰᠢᠶᠡᠩ ᠪᠠᠯᠭ᠋ᠠᠰᠣᠨ᠎ᠤ ᠵᠠᠰᠭ᠎ᠤᠨ ᠣᠷᠳᠣᠨ ((ᠵᠠᠮ ᠵᠡᠭᠡᠯᠢ ᠵᠢᠨ ᠬᠡᠷᠡᠭ ᠡᠷᠬᠢᠯᠡᠬᠦ ᠭᠠᠵᠠᠷ)᠎ᠠᠴᠠ ᠳᠣᠮᠢᠯᠠᠬᠣ ᠪᠣᠶᠣ ᠣᠷᠢᠨ ᠬᠡᠷᠡᠭᠯᠡᠬᠦ ᠬᠡᠷᠡᠭᠳᠡᠢ᠃
ᠬᠣᠷᠢᠨ ᠲᠦᠷᠪᠡᠳᠦᠭᠡᠷ ᠵᠣᠷᠪᠣᠰ ᠰᠣᠮᠣ ᠰᠢᠶᠡᠩ ᠪᠠᠯᠭ᠋ᠠᠰᠣᠨ (ᠵᠡᠭᠡᠯᠢ ᠭᠤᠳᠣᠮᠵᠢ)᠎ᠤ ᠶᠡᠷᠦᠩᠬᠡᠢ᠌ᠯᠡᠭᠰᠡᠨ ᠰᠣᠶᠣᠯ᠎ᠤᠨ ᠦᠷᠳᠡᠭᠡ ᠲᠣᠰᠬᠠᠢ ᠮᠡᠷᠭᠡᠵᠢᠯ᠎ᠤᠨ ᠬᠢᠷᠢ ᠬᠡᠮ᠎ᠤᠨ ᠲᠦᠷᠢᠮ᠎ᠢ ᠬᠡᠷᠡᠭᠵᠢᠬᠦᠯᠦᠨ᠎ᠡ᠂ ᠲᠣᠰ ᠠᠵᠢᠯ᠎ᠢ ᠡᠷᠬᠢᠯᠡᠭᠴᠢᠳ ᠡᠷᠬᠡᠪᠰᠢ ᠰᠣᠶᠣᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠤᠨ᠎ᠬᠢᠨ ᠪᠣᠶᠣ ᠲᠣᠰᠢᠶᠡᠨ ᠨᠠᠢ᠌ᠳᠠᠭᠰᠠᠨ ᠰᠠᠯᠠᠭ᠎ᠠ ᠮᠦᠴᠢᠷ᠎ᠤᠨ ᠰᠢᠯᠭ᠋ᠠᠯᠲᠠ᠂ ᠰᠢᠯᠭ᠋ᠠᠨ ᠬᠢᠨᠠᠯᠳᠠ᠎ᠪᠠᠷ ᠳᠠᠮᠵᠢᠵᠣ ᠲᠣᠰᠬᠠᠢ ᠮᠡᠷᠭᠡᠵᠢᠯ᠎ᠤᠨ ᠬᠢᠷᠢ ᠬᠡᠮ ᠪᠣᠶᠣ ᠠᠵᠢᠯ᠎ᠤᠨ ᠪᠠᠢ᠌ᠷᠢ ᠵᠢᠨ ᠪᠣᠯᠪᠠᠰᠣᠷᠠᠯ᠎ᠤᠨ ᠦᠨᠠᠮᠯᠠᠯ ᠠᠪᠣᠭᠰᠠᠨ ᠪᠠᠢ᠌ᠬᠣ ᠬᠡᠷᠡᠭᠳᠡᠢ᠃
ᠰᠣᠮᠣ ᠰᠢᠶᠡᠩ ᠪᠠᠯᠭ᠋ᠠᠰᠣᠨ᠎ᠤ (ᠵᠡᠭᠡᠯᠢ ᠭᠣᠳᠣᠮᠵᠢ) ᠶᠡᠷᠦᠩᠬᠡᠢ᠌ᠯᠡᠭᠰᠡᠨ ᠦᠷᠳᠡᠭᠡᠨ᠎ᠤ ᠠᠵᠢᠯᠳᠠᠨ ᠦᠪᠡᠷ᠎ᠤᠨ ᠰᠣᠷᠣᠯᠭ᠎ᠠ ᠵᠢᠨ ᠨᠠᠮᠳᠠᠷ᠎ᠤᠨ ᠨᠦᠬᠦᠴᠡᠯ᠂ ᠠᠵᠢᠯ ᠡᠭᠦᠷᠭᠡᠯᠡᠭᠰᠡᠨ ᠵᠢᠯ ᠬᠣᠭᠣᠴᠠᠭ᠎ᠠ᠂ ᠠᠵᠢᠯ᠎ᠤᠨ ᠦᠷ᠎ᠡ ᠪᠦᠳᠦᠭᠡᠯ ᠪᠠ ᠲᠣᠰᠬᠠᠢ ᠮᠡᠷᠭᠡᠵᠢᠯ᠎ᠤᠨ ᠠᠵᠢᠯ ᠤᠨ ᠬᠢᠷᠢ ᠲᠦᠪᠰᠢᠨ ᠵᠶ᠋ᠠᠨ ᠦᠨᠳᠦᠰᠦᠯᠡᠨ ᠡᠭᠦᠨ᠎ᠲᠠᠢ ᠠᠳᠠᠯᠢ ᠲᠡᠩᠴᠡᠭᠦᠤ ᠲᠣᠰᠬᠠᠢ ᠮᠡᠷᠭᠡᠵᠢᠯ᠎ᠤᠨ ᠬᠢᠷᠢ ᠬᠡᠮ᠎ᠢ ᠡᠷᠡᠮᠡᠯᠵᠡᠯᠡᠵᠤ ᠪᠣᠯᠣᠨ᠎ᠠ᠃
ᠬᠣᠷᠢᠨ ᠲᠠᠪᠣᠳᠣᠭ᠋ᠠᠷ ᠵᠣᠷᠪᠣᠰ ᠰᠣᠮᠣ ᠰᠢᠶᠡᠩ ᠪᠠᠯᠭ᠋ᠠᠰᠣᠨ (ᠵᠡᠭᠡᠯᠢ ᠭᠣᠳᠣᠮᠵᠢ)᠎ᠤ ᠶᠡᠷᠦᠩᠬᠡᠢ᠌ᠯᠡᠭᠰᠡᠨ ᠰᠣᠶᠣᠯ᠎ᠤᠨ ᠦᠷᠳᠡᠭᠡ ᠣᠷᠢᠵᠣ ᠬᠡᠷᠡᠭᠯᠡᠬᠦ ᠳᠦᠷᠢᠮ ᠪᠣᠯᠣᠨ ᠠᠵᠢᠯ᠎ᠤᠨ ᠪᠠᠢ᠌ᠷᠢ ᠵᠢᠨ ᠬᠠᠷᠠᠯᠲᠠ ᠵᠢᠨ ᠬᠠᠮᠢᠶᠠᠷᠤᠯᠳᠠ ᠵᠢᠨ ᠬᠠᠷᠢᠭᠣᠴᠠᠯᠭ᠎ᠠ ᠵᠢᠨ ᠳᠦᠷᠢᠮ᠎ᠢ ᠬᠡᠷᠡᠭᠵᠢᠭᠦᠯᠦᠨ᠎ᠡ᠃ ᠠᠵᠢᠯ᠎ᠤᠨ ᠪᠠᠢ᠌ᠷᠢ ᠵᠢᠨ ᠠᠵᠢᠯᠳᠠ ᠠᠵᠢᠯ᠎ᠤᠨ ᠠᠮᠠᠷᠠᠯᠳᠠ᠎ᠪᠠᠨ ᠠᠪᠬᠤ ᠪᠣᠶᠣ ᠠᠵᠢᠯ ᠰᠢᠯᠵᠢᠬᠦ᠂ ᠠᠵᠢᠯ ᠵᠶ᠋ᠠᠨ ᠣᠷᠬᠢᠪᠠᠯ ᠴᠠᠭ ᠲᠠᠷᠣᠢ᠎ᠳᠤ᠎ᠨᠢ ᠲᠡᠭᠦᠨ᠎ᠲᠠᠢ ᠠᠳᠠᠯᠢ ᠬᠢᠷᠢ ᠬᠡᠮ ᠲᠠᠢ ᠠᠵᠢᠯᠳᠠᠨ᠎ᠢ ᠳᠣᠬᠢᠷᠠᠭᠣᠯᠬᠣ ᠬᠡᠷᠡᠭᠳᠡᠢ᠃
ᠬᠣᠷᠢᠨ ᠵᠢᠷᠭᠣᠳᠣᠭ᠋ᠠᠷ ᠵᠣᠷᠪᠣᠰ ᠭᠠᠴᠠᠭ᠎ᠠ ᠲᠣᠰᠬᠣᠨ (ᠨᠡᠢ᠌ᠬᠡᠮ ᠲᠣᠭᠣᠷᠢᠭ)᠎ᠤ ᠶᠡᠷᠦᠩᠬᠡᠢ᠌ᠯᠡᠭᠰᠡᠨ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠰᠣᠶᠣᠯ᠎ᠤᠨ ᠬᠠᠮᠢᠶᠡᠷᠤᠯᠲᠡ ᠵᠢᠨ ᠲᠣᠰᠬᠠᠢ ᠲᠣᠰᠢᠶᠡᠯᠳᠡᠨᠢ ᠵᠠᠰᠠᠭ᠎ᠤᠨ ᠣᠷᠳᠣᠨ᠎ᠤ ᠬᠣᠳᠠᠯᠳᠣᠨ ᠠᠪᠣᠭᠰᠠᠨ ᠣᠯᠠᠨ ᠨᠡᠢ᠌ᠳᠡ ᠵᠢᠨ ᠦᠢ᠍ᠯᠡᠴᠢᠯᠡᠭᠡᠨ᠎ᠤ ᠠᠵᠢᠯ᠎ᠤᠨ ᠪᠠᠢ᠌ᠷᠢ ᠵᠢᠨ ᠠᠷᠭ᠎ᠠ᠎ᠪᠠᠷ ᠭᠠᠷᠭ᠋ᠠᠨ᠎ᠠ᠃ 《ᠬᠣᠰᠢᠭᠣ ᠰᠢᠶᠡᠨ᠎ᠤ ᠣᠷᠢᠬᠣ》᠂ 《ᠰᠢᠶᠡᠩ ᠪᠠᠯᠭ᠋ᠠᠰᠣᠨᠠᠴᠠ ᠬᠠᠮᠢᠶᠡᠷᠬᠣ》 ᠂ 《ᠭᠠᠴᠠᠭ᠎ᠠ ᠲᠣᠰᠬᠣᠨ᠎ᠳᠤ ᠬᠡᠷᠡᠭᠯᠡᠬᠦ》 ᠠᠷᠭ᠎ᠠ᠎ᠪᠠᠷ ᠭᠠᠴᠠᠭ᠎ᠠ ᠲᠣᠰᠬᠣᠨ᠎ᠤ ᠶᠡᠷᠦᠩᠬᠡᠢ᠌ᠯᠡᠭᠰᠡᠨ ᠰᠣᠶᠣᠯ᠎ᠤᠨ ᠦᠢ᠍ᠯᠡᠴᠢᠯᠡᠭᠡᠨ᠎ᠤ ᠲᠦᠪ᠎ᠲᠤ ᠰᠣᠶᠣᠯ᠎ᠤᠨ ᠲᠣᠰᠬᠠᠢ ᠠᠵᠢᠯ᠎ᠤᠨ ᠬᠠᠮᠢᠶᠠᠷᠤᠯᠳᠡ ᠵᠢᠨ ᠠᠵᠢᠯᠳᠠᠨ᠎ᠢ ᠳᠣᠬᠢᠷᠡᠭᠣᠯᠣᠨᠠ᠃
ᠬᠣᠷᠢᠨ ᠳᠣᠯᠣᠳᠣᠭ᠋ᠠᠷ ᠵᠤᠷᠪᠣᠰ ᠬᠣᠰᠢᠭᠣ ᠰᠢᠶᠡᠨ᠎ᠤ ᠲᠡᠰ᠎ᠤᠨ ᠰᠣᠶᠣᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠤᠨ᠎ᠬᠢᠨ ᠦᠪᠡᠷᠳᠡᠭᠡᠨ ᠵᠠᠰᠠᠬᠣ ᠣᠷᠣᠨ᠎ᠤ ᠬᠠᠮᠢᠶ᠎ᠡ ᠪᠦᠬᠦᠢ ᠱᠠᠭ᠋ᠠᠷᠳᠠᠯᠭ᠎ᠠ ᠵᠢ ᠦᠨᠳᠣᠰᠣᠯᠡᠨ ᠰᠣᠶᠣᠯ᠎ᠤᠨ ᠬᠠᠮᠢᠶᠠᠷᠣᠯᠳᠡ ᠵᠢᠨ ᠠᠵᠢᠯᠳᠠᠨ᠎ᠢ ᠡᠯᠰᠡᠬᠦ ᠪᠠ ᠬᠠᠮᠢᠶᠠᠷᠬᠣ ᠠᠷᠭ᠎ᠠ ᠵᠢ ᠳᠣᠭᠳᠠᠭ᠋ᠠᠨ᠂ ᠡᠯᠰᠡᠬᠦ ᠪᠡ ᠬᠠᠮᠢᠶᠠᠷᠬᠣ ᠶᠠᠪᠣᠴᠡᠳᠤᠪᠠᠨ ᠢᠯᠡ ᠳᠣᠳᠣ᠂ ᠡᠷᠬᠡ ᠳᠡᠭᠰᠢ᠂ ᠭᠣᠤᠯᠴᠢ ᠰᠢᠳᠣᠷᠭᠣ ᠪᠠᠢ᠌ᠬᠣ ᠬᠡᠷᠡᠭᠳᠡᠢ᠃ ᠰᠣᠶᠣᠯ᠎ᠤᠨ ᠬᠠᠮᠢᠶᠠᠷᠣᠯᠳᠠ ᠵᠢᠨ ᠠᠵᠢᠯᠳᠠᠨ᠎ᠨᠢ ᠨᠠᠮ᠎ᠤᠨ ᠱᠣᠭᠣᠮ ᠴᠢᠭᠯᠡᠯᠳᠡ ᠪᠠ ᠲᠦᠷᠦ ᠵᠢᠨ ᠪᠣᠳᠣᠯᠭ᠎ᠠ ᠵᠢ ᠬᠦᠷᠢᠶᠡᠯᠡᠳᠡᠭ᠂ ᠬᠠᠤᠯᠢ ᠲᠦᠷᠢᠮ᠎ᠢ ᠰᠠᠬᠢᠳᠠᠭ᠂ ᠣᠪᠣᠷ ᠰᠣᠷᠳᠠᠯ ᠰᠠᠢ᠌ᠨ᠂ ᠣᠯᠠᠨ ᠨᠡᠢ᠌ᠳᠡ ᠵᠢᠨ ᠦᠢ᠍ᠯᠡᠴᠢᠯᠡᠭᠡᠨ᠎ᠤ ᠠᠵᠢᠯ᠎ᠳᠤ ᠬᠠᠯᠠᠭᠣᠨ ᠰᠡᠳᠭᠢᠯᠭᠡ᠎ᠲᠠᠢ᠂ ᠵᠣᠬᠢᠬᠣ ᠬᠡᠮᠵᠢᠶᠡᠨ᠎ᠤ ᠰᠣᠶᠣᠯ ᠤᠷᠠᠯᠢᠭ᠎ᠤᠨ ᠮᠡᠳᠡᠯᠭᠡ ᠴᠢᠳᠠᠪᠣᠷᠢ᠎ᠲᠠᠢ ᠪᠠᠢ᠌ᠬᠣ ᠬᠡᠷᠡᠭᠳᠡᠢ᠃
ᠬᠣᠷᠢᠨ ᠨᠠᠢ᠍ᠮᠠᠳᠣᠭ᠋ᠠᠷ ᠵᠣᠷᠪᠣᠰ ᠭᠠᠴᠠᠭ᠎ᠠ ᠳᠣᠰᠬᠣᠨ (ᠨᠡᠢ᠌ᠬᠡᠮ ᠳᠣᠭᠣᠷᠢᠭ)᠎ᠤ ᠰᠣᠶᠣᠯ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠦᠪ᠎ᠤᠨ ᠲᠣᠰᠬᠠᠢ ᠠᠵᠢᠯ᠎ᠤᠨ ᠬᠠᠮᠢᠶᠠᠷᠣᠯᠲᠡ ᠵᠢᠨ ᠠᠵᠢᠯᠳᠡᠨ ᠳᠣᠬᠠᠢ ᠵᠢᠨ ᠭᠠᠵᠠᠷ᠎ᠤᠨ ᠣᠯᠠᠨ ᠲᠦᠮᠡᠨ᠎ᠤ᠎ᠪᠠᠨ ᠪᠣᠳᠠᠳᠠᠢ ᠱᠠᠭ᠋ᠠᠷᠳᠠᠯᠭ᠎ᠠ ᠵᠢ ᠦᠨᠳᠣᠰᠣᠯᠡᠨ᠂ ᠦᠨᠢᠷ ᠪᠠᠶᠠᠯᠢᠭ ᠠᠭᠣᠯᠭ᠎ᠠ᠎ᠲᠠᠢ᠂ ᠲᠣᠷ᠎ᠠ ᠰᠣᠨᠢᠷᠬᠠᠯ᠎ᠢ᠎ᠨᠢ ᠲᠠᠲᠠᠭᠰᠠᠨ ᠰᠣᠶᠣᠯ ᠲᠠᠮᠢᠷ᠎ᠤᠨ ᠬᠦᠳᠡᠯᠭᠡᠭᠡᠨ᠎ᠢ ᠵᠣᠬᠢᠶᠠᠨ ᠪᠠᠢ᠌ᠭᠣᠯᠵᠣ᠂ ᠰᠠᠭᠣᠭ᠋ᠠᠯᠢ (ᠲᠣᠰᠬᠣᠨ) ᠠᠷᠠᠳ᠎ᠤᠨ ᠦᠪᠡᠷᠳᠡᠭᠡᠨ ᠡᠷᠬᠢᠯᠡᠭᠰᠡᠨ ᠤᠯᠠᠨ ᠲᠦᠮᠡᠨ᠎ᠤ ᠰᠣᠶᠣᠯ ᠲᠡᠮᠢᠷ᠎ᠤᠨ ᠬᠦᠳᠡᠯᠭᠡᠭᠡᠨ᠎ᠳᠤ ᠬᠦᠴᠤ ᠨᠡᠮᠡᠭᠦᠷᠢ ᠦᠵᠡᠭᠦᠯᠦᠨ ᠵᠢᠭ᠋ᠠᠨ ᠵᠢᠯᠤᠭᠤᠳᠬᠣ ᠬᠡᠷᠡᠭᠳᠡᠢ᠃
ᠬᠤᠷᠢᠨ ᠶᠢᠰᠦᠳᠦᠭᠡᠷ ᠵᠣᠷᠪᠣᠰ ᠡᠯ᠎ᠡ ᠱᠠᠳᠣᠨ᠎ᠤ ᠰᠣᠶᠣᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠤᠨ᠎ᠬᠢᠨ᠎ᠠᠴᠠ ᠦᠨᠳᠣᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠠᠵᠢᠯᠳᠠᠳ᠎ᠢ ᠲᠣᠭᠳᠠᠭᠰᠠᠨ ᠬᠣᠭᠣᠴᠠᠭ᠎ᠠ᠎ᠲᠠᠢ ᠪᠣᠯᠪᠠᠰᠣᠷᠠᠯ ᠬᠢᠯᠭᠡᠬᠦ ᠬᠡᠷᠡᠭᠳᠡᠢ᠃ ᠡᠯ᠎ᠡ ᠱᠠᠳᠣᠨ᠎ᠤ ᠰᠣᠶᠣᠯ᠎ᠤᠨ ᠪᠣᠯᠪᠠᠰᠣᠷᠠᠭᠣᠯᠣᠯᠲᠠ ᠵᠢᠨ ᠪᠠᠢ᠌ᠭᠣᠯᠦᠮᠵᠢ᠂ ᠰᠣᠶᠣᠯ᠎ᠤᠨ ᠣᠷᠳᠣᠨ᠂ ᠨᠣᠮ᠎ᠤᠨ ᠰᠠᠩ᠂ ᠣᠷᠠᠯᠢᠭ᠎ᠤᠨ ᠰᠣᠷᠭ᠋ᠠᠭᠣᠯᠢ᠂ ᠣᠷᠠᠯᠢᠭ᠎ᠤᠨ ᠪᠦᠯᠭᠦᠮ ᠵᠡᠷᠭᠡ᠎ᠠᠴᠠ ᠪᠣᠯᠪᠠᠰᠣᠷᠠᠭᠣᠯᠣᠯ᠎ᠤᠨ ᠪᠣᠳᠠᠳᠡᠢ ᠡᠭᠦᠷᠭᠡ ᠵᠢ ᠳᠠᠭ᠋ᠠᠭ᠋ᠠᠴᠢᠯᠠᠨ ᠠᠪᠴᠣ ᠪᠣᠯᠣᠨ᠎ᠠ᠃ ᠦᠨᠳᠣᠰᠣᠨ ᠱᠠᠳᠣᠨ᠎ᠤ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠲᠣᠰᠬᠠᠢ ᠠᠵᠢᠯ᠎ᠢ ᠲᠣᠰᠬᠠᠢ ᠪᠣᠶᠣ ᠳᠠᠭ᠋ᠠᠯᠳᠣᠭᠣᠯᠣᠨ ᠡᠭᠦᠷᠭᠡᠯᠡᠭᠴᠢᠳ ᠪᠣᠯᠪᠠᠰᠣᠷᠠᠯ᠎ᠳᠤ ᠣᠷᠣᠯᠴᠠᠭᠰᠠᠨ ᠴᠠᠭ ᠵᠢᠯ ᠪᠦᠷᠢ 5 ᠣᠳᠠᠭ᠎ᠠ᠎ᠠᠴᠠ ᠳᠣᠭᠣᠭᠰᠢ ᠪᠠᠢ᠌ᠵᠣ ᠪᠣᠯᠬᠣ ᠦᠭᠡᠢ᠃
ᠭᠣᠴᠢᠳᠣᠭ᠋ᠠᠷ ᠵᠣᠷᠪᠣᠰ ᠭᠠᠴᠠᠭ᠎ᠠ ᠲᠣᠰᠬᠣᠨ (ᠨᠡᠢ᠌ᠬᠡᠮ ᠲᠣᠭᠣᠷᠢᠭ) ᠶᠡᠷᠦᠩᠬᠡᠢ᠌ᠯᠡᠭᠰᠡᠨ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠰᠣᠶᠣᠯ᠎ᠤᠨ ᠬᠠᠮᠢᠶᠡᠷᠤᠯᠳᠡ ᠵᠢᠨ ᠠᠵᠢᠯᠳᠡᠨ ᠳᠣᠣᠷᠠᠬᠢ ᠬᠡᠳᠣᠨ ᠳᠠᠯ᠎ᠠ ᠵᠢᠨ ᠠᠰᠠᠭᠣᠳᠠᠯ᠎ᠤᠨ ᠠᠯᠢ ᠨᠢᠭᠡᠨ᠎ᠳᠤ ᠬᠣᠯᠪᠣᠭᠳᠠᠭᠰᠠᠨ ᠪᠠᠢ᠌ᠪᠠᠯ᠂ ᠬᠣᠰᠢᠭᠣ ᠰᠢᠶᠡᠨ᠎ᠤ ᠲᠡᠰ᠎ᠤᠨ ᠰᠣᠶᠣᠯ᠎ᠢ ᠭᠣᠤᠯᠯᠠᠨ ᠬᠠᠮᠢᠶᠡᠷᠬᠣ ᠰᠠᠯᠠᠭ᠎ᠠ ᠮᠦᠴᠢᠷ᠎ᠤᠨ᠎ᠬᠢᠨ᠎ᠠᠴᠠ ᠰᠣᠶᠣᠯ᠎ᠤᠨ ᠬᠠᠮᠢᠶᠠᠷᠣᠯᠳᠡ ᠵᠢᠨ ᠠᠵᠢᠯᠳᠡᠨ᠎ᠤ ᠬᠢᠷᠢ ᠬᠡᠮ᠎ᠤᠨ ᠡᠷᠬᠡ ᠵᠢ᠎ᠨᠢ ᠬᠣᠰᠣᠵᠣ᠂ ᠪᠣᠰᠣᠳ ᠠᠵᠢᠯᠳᠠᠨ᠎ᠢ ᠣᠷᠣᠨ᠎ᠳᠤᠨᠢ ᠣᠷᠢᠵᠣ ᠬᠡᠷᠡᠭᠯᠡᠬᠦ ᠬᠡᠷᠡᠭᠳᠡᠢ᠃
(ᠨᠢᠭᠡ) ᠲᠣᠰ ᠠᠷᠭ᠎ᠠ ᠵᠢᠨ ᠭᠣᠷᠪᠠᠳᠣᠭ᠋ᠠᠷ ᠵᠣᠷᠪᠣᠰ᠎ᠤᠨ ᠬᠠᠮᠢᠶ᠎ᠠ ᠪᠦᠬᠦᠢ ᠲᠣᠭᠳᠠᠭ᠋ᠠᠯ;
(ᠬᠣᠶᠡᠷ) ᠲᠣᠰᠬᠣᠨ (ᠰᠠᠭᠣᠭ᠋ᠠᠯᠢ) ᠠᠷᠠᠳ᠎ᠤᠨ ᠣᠯᠠᠨ ᠲᠦᠮᠡᠨ᠎ᠤ ᠲᠠᠭ᠋ᠠᠰᠢᠶᠠᠯ᠎ᠢ 60% ᠠᠴᠠ ᠳᠣᠭᠣᠭᠰᠢ ᠣᠯᠣᠭᠰᠠᠨ;
(ᠭᠣᠷᠪᠠ) ᠵᠢᠯ᠎ᠤᠨ ᠠᠵᠢᠯ᠎ᠤᠨ ᠡᠭᠦᠷᠭᠡ᠎ᠪᠠᠨ ᠪᠡᠶᠡᠯᠡᠭᠦᠯᠦᠭᠰᠡᠨ ᠨᠣᠷᠮ᠎ᠠ᠎ᠨᠢ ᠵᠠᠭᠣᠨ᠎ᠤ 90%᠎ᠠᠴᠠ ᠳᠣᠭᠣᠭᠰᠢ ᠪᠣᠯᠣᠭᠰᠠᠨ;
(ᠲᠦᠷᠪᠡ) ᠪᠣᠯᠬᠢ ᠪᠦᠳᠦᠭᠦᠯᠢᠭ᠂ ᠡᠷᠡᠭᠦᠯ ᠪᠣᠰᠣ ᠠᠵᠢᠯᠠᠯᠠᠭ᠋ᠠᠨᠳᠤ ᠤᠷᠤᠯᠴᠠᠭᠰᠠᠳ ᠪᠣᠶᠣ ᠵᠣᠬᠢᠶᠡᠨ ᠪᠠᠢ᠌ᠭᠣᠯᠣᠭᠰᠠᠨ᠂ ᠮᠠᠭᠣ ᠮᠠᠭᠣᠬᠠᠢ ᠨᠦᠯᠦᠭᠡ ᠲᠣᠰᠬᠠᠯ ᠭᠠᠷᠭ᠋ᠠᠭᠰᠠᠨ;
(ᠳᠠᠪᠣ) ᠦᠢ᠍ᠯᠡᠴᠢᠯᠡᠭᠡᠨ᠎ᠤ ᠴᠢᠨᠠᠷᠳᠡᠢ ᠬᠦᠳᠡᠯᠭᠡᠭᠡᠨ ᠡᠷᠬᠢᠯᠡᠵᠣ ᠪᠠᠢ᠌ᠬᠣ ᠳᠣᠮᠳᠠ᠎ᠪᠠᠨ ᠬᠠᠣᠯᠢ ᠴᠠᠭ᠋ᠠᠵᠠ ᠲᠦᠷᠢᠮ ᠲᠣᠭᠳᠠᠭ᠋ᠠᠯ᠎ᠢ ᠵᠦᠷᠢᠴᠡᠭᠰᠡᠨ᠃
ᠭᠣᠴᠢᠨ ᠨᠢᠭᠡᠳᠦᠭᠡᠷ ᠵᠣᠷᠪᠣᠰ ᠦᠨᠳᠣᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠪᠦᠳᠦᠭᠡᠨ ᠪᠠᠢ᠌ᠭᠣᠯᠣᠯᠳᠠ᠂ ᠰᠡᠯᠪᠢᠨ ᠵᠠᠰᠠᠯᠲᠠ᠂ ᠡᠳᠣᠷ ᠲᠣᠳᠣᠮ᠎ᠤᠨ ᠠᠵᠢᠯ᠎ᠤᠨ ᠡᠷᠭᠢᠯᠲᠡ ᠪᠣᠯᠣᠨ ᠦᠢ᠍ᠯᠡ ᠠᠵᠢᠯᠯᠠᠭ᠋ᠠᠨ᠎ᠳᠤ ᠬᠡᠷᠡᠭᠴᠡᠭᠡ᠎ᠲᠠᠢ ᠵᠠᠷᠣᠳᠠᠯ ᠮᠦᠩᠬᠦᠢ ᠳᠣᠬᠠᠢ ᠵᠢᠨ ᠭᠠᠵᠠᠷ᠎ᠤᠨ ᠵᠶ᠋ᠠᠨ ᠦᠨᠳᠦᠰᠣᠨ ᠪᠦᠳᠦᠭᠡᠨ ᠪᠠᠢ᠌ᠭᠣᠯᠣᠯᠲᠡ ᠵᠢᠨ ᠪᠠᠯᠡ ᠣᠷᠣᠭᠣᠯᠣᠯᠳᠡ ᠵᠢᠨ ᠲᠦᠯᠦᠪᠯᠡᠭᠡ ᠪᠠ ᠡᠳ᠋᠎ᠤᠨ ᠵᠠᠰᠠᠭ᠎ᠤᠨ ᠲᠦᠯᠦᠪᠯᠡᠭᠡ᠎ᠳᠤ᠎ᠪᠠᠨ ᠣᠷᠣᠭᠣᠯᠬᠣ ᠬᠡᠷᠡᠭᠳᠡᠢ᠂ ᠲᠣᠷ᠎ᠠ᠎ᠪᠠᠷ᠎ᠪᠠᠨ ᠬᠠᠰᠣᠬᠣ ᠪᠠ ᠨᠡᠭᠦᠯᠭᠡᠨ ᠰᠢᠯᠵᠢᠭᠦᠯᠵᠤ ᠪᠣᠯᠬᠣ ᠦᠭᠡᠢ᠃ ᠦᠪᠡᠷᠳᠡᠭᠡᠨ ᠵᠠᠰᠠᠬᠣ ᠣᠷᠣᠨ᠂ ᠠᠢ᠌ᠮᠠᠭ ᠬᠣᠳᠠ ᠵᠢᠨ ᠲᠡᠰ᠎ᠤᠨ ᠡᠳ᠋᠎ᠤᠨ ᠵᠠᠰᠠᠭ᠎ᠠᠴᠠ ᠦᠨᠳᠣᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ ᠤᠨ ᠦᠢ᠍ᠯᠡᠴᠢᠯᠡᠭᠡᠨ᠎ᠤ ᠲᠦᠪ᠎ᠤᠨ ᠪᠡᠯᠡᠳᠭᠡᠯ ᠲᠦᠬᠦᠭᠡᠷᠦᠮᠵᠢ ᠪᠠ ᠠᠭᠣᠯᠭ᠎ᠠ ᠵᠢᠨ ᠪᠦᠳᠦᠭᠡᠨ ᠪᠠᠢ᠌ᠭᠣᠯᠣᠯᠳᠠ᠂ ᠲᠣᠨᠣᠭ ᠲᠦᠬᠦᠭᠡᠷᠦᠮᠵᠢ ᠵᠢᠨ ᠰᠢᠨᠡᠴᠢᠯᠡᠯ᠎ᠳᠤ ᠵᠠᠷᠣᠳᠠᠯ ᠮᠦᠩᠭᠦᠨ᠎ᠤ ᠨᠦᠬᠦᠪᠦᠷᠢ ᠣᠯᠭᠣᠪᠠᠯ ᠳᠠᠭ᠋ᠠᠷᠠᠨ᠎ᠠ᠃
ᠭᠣᠴᠢᠨ ᠬᠣᠶᠡᠳᠣᠭ᠋ᠠᠷ ᠵᠣᠷᠪᠣᠰ ᠠᠷᠠᠳ ᠢᠷᠭᠡᠳ᠂ ᠬᠠᠤᠯᠢ ᠵᠢᠨ ᠬᠠᠷᠢᠭᠣᠴᠠᠯᠭ᠋ᠠᠳᠣ ᠬᠦᠮᠦᠰ ᠪᠣᠯᠣᠨ ᠪᠣᠰᠣᠳ ᠵᠣᠬᠢᠶᠡᠨ ᠪᠠᠢ᠌ᠭᠣᠯᠣᠯᠳᠡ ᠠᠯᠪᠠᠨ ᠵᠢᠷᠦᠮ᠎ᠤᠨ ᠴᠢᠨᠠᠷᠳᠡᠢ ᠨᠡᠢ᠌ᠬᠡᠮ᠎ᠤᠨ ᠪᠦᠯᠭᠦᠮ ᠪᠣᠶᠣ ᠬᠣᠰᠢᠭᠣ ᠰᠢᠶᠡᠨ᠎ᠤ ᠲᠡᠰ᠎ᠠᠴᠠ ᠳᠡᠭᠡᠭᠰᠢᠬᠢ ᠠᠷᠳ᠎ᠤᠨ ᠵᠠᠰᠠᠭ᠎ᠤᠨ ᠣᠷᠳᠣᠨ ᠵᠢᠴᠢ ᠰᠠᠯᠠᠭ᠎ᠠ ᠮᠦᠴᠢᠷ᠎ᠬᠢᠨ ᠵᠶ᠋ᠠᠷ ᠳᠠᠮᠵᠢᠭᠣᠯᠣᠨ᠂ ᠦᠨᠳᠦᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠲᠤ ᠬᠠᠨᠳᠢᠪ ᠡᠷᠭᠦᠬᠦ ᠪᠣᠶᠣ ᠡᠳ᠋ ᠮᠦᠩᠭᠦ᠎ᠪᠠᠷ ᠢᠪᠡᠭᠡᠨ ᠳᠡᠳᠭᠦᠬᠦ ᠵᠢ ᠵᠣᠷᠢᠭᠵᠢᠭᠣᠯᠣᠨ᠎ᠠ᠃ ᠦᠨᠳᠣᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠠᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠲᠤ ᠬᠠᠤᠯᠢ ᠶᠣᠰᠣ᠎ᠪᠠᠷ ᠬᠦᠷᠦᠩᠭᠡ ᠮᠦᠩᠭᠦ ᠬᠦᠷᠭᠡᠭᠰᠡᠨ ᠠᠷᠠᠳ ᠢᠷᠭᠡᠳ᠂ ᠬᠠᠤᠯᠢ ᠵᠢᠨ ᠬᠠᠷᠢᠭᠣᠴᠠᠯᠭ᠋ᠠᠳᠣ ᠬᠦᠮᠦᠰ ᠪᠣᠯᠣᠨ ᠪᠣᠰᠣᠳ ᠵᠣᠬᠢᠶᠡᠨ ᠪᠠᠢ᠌ᠭᠣᠯᠣᠯᠳᠡᠳᠤ ᠬᠠᠮᠢᠶ᠎ᠠ ᠪᠦᠬᠦᠢ ᠬᠠᠣᠯᠢ ᠵᠢᠨ ᠳᠦᠷᠢᠮ ᠳᠣᠭᠳᠠᠭ᠋ᠠᠯ᠎ᠢ ᠦᠨᠳᠣᠰᠣᠯᠠᠨ ᠬᠠᠮᠢᠶᠠᠲᠠᠢ ᠬᠠᠷᠠᠭ᠋ᠠᠯᠵᠠᠯ᠎ᠢ ᠬᠦᠷᠲᠡᠭᠡᠵᠦ ᠪᠣᠯᠣᠨ᠎ᠠ᠃
ᠳᠠᠪᠣᠳᠣᠭ᠋ᠠᠷ ᠪᠦᠯᠦᠭ ᠬᠢᠨᠠᠨ ᠪᠠᠢ᠌ᠴᠠᠭ᠋ᠠᠯᠲᠠ ᠪᠠ ᠬᠢᠨᠠᠨ ᠰᠢᠯᠭ᠋ᠠᠯᠲᠠ
ᠭᠣᠴᠢᠨ ᠭᠣᠷᠪᠠᠳᠣᠭ᠋ᠠᠷ ᠵᠣᠷᠪᠣᠰ ᠬᠣᠰᠢᠭᠣ ᠰᠢᠶᠡᠨ᠎ᠤ ᠲᠡᠰ᠎ᠤᠨ ᠠᠷᠠᠳ᠎ᠤᠨ ᠵᠠᠰᠠᠭ᠎ᠤᠨ ᠣᠷᠳᠣᠨ᠂ ᠰᠣᠶᠣᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠤᠨ᠎ᠬᠢᠨ᠎ᠠᠴᠠ ᠬᠠᠷᠢᠭᠣᠴᠠᠨ᠂ ᠦᠨᠳᠦᠨᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠪᠠᠷᠢᠯᠭ᠎ᠠ ᠲᠦᠬᠦᠭᠡᠷᠦᠮᠵᠢ᠂ ᠵᠠᠷᠤᠳᠠᠯ ᠮᠦᠩᠭᠦᠨ᠎ᠤ ᠪᠡᠯᠡ ᠣᠷᠣᠭᠣᠯᠣᠯᠳᠡ᠂ ᠠᠵᠢᠯ᠎ᠤᠨ ᠴᠢᠳᠡᠪᠬᠢ ᠵᠢᠨ ᠪᠠᠢ᠌ᠳᠠᠯ᠎ᠳᠤ ᠳᠣᠭᠳᠠᠭᠰᠠᠨ ᠬᠣᠭᠣᠴᠠᠭ᠎ᠠ᠎ᠲᠠᠢ ᠬᠢᠨᠠᠨ ᠪᠠᠢ᠌ᠴᠠᠭ᠋ᠠᠯᠳᠠ᠂ ᠬᠢᠨᠠᠨ ᠳᠣᠭᠳᠠᠭ᠋ᠠᠯ ᠬᠢᠬᠦ ᠬᠡᠷᠡᠭᠳᠡᠢ᠃ ᠦᠨᠳᠦᠰᠦᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠪᠦᠳᠦᠭᠡᠨ ᠪᠠᠢ᠌ᠭᠣᠯᠣᠯᠳᠡ ᠵᠢᠨ ᠪᠠᠢ᠌ᠳᠠᠯ᠎ᠢ ᠦᠪᠡᠷᠳᠡᠭᠡᠨ ᠵᠠᠰᠠᠬᠣ ᠣᠷᠣᠨ ᠪᠠ ᠭᠠᠵᠠᠷ ᠣᠷᠣᠨ᠎ᠤ ᠴᠢᠨᠠᠷᠳᠡᠢ ᠰᠣᠶᠣᠯ᠎ᠤᠨ ᠲᠡᠷᠢᠭᠦᠨ᠎ᠢ ᠡᠭᠦᠳᠴᠤ ᠰᠢᠯᠢᠳᠡᠭ᠎ᠢ ᠦᠨᠡᠯᠡᠬᠦ ᠬᠢᠨᠠᠨ ᠰᠢᠯᠭ᠋ᠠᠬᠣ ᠭᠦᠢ᠍ᠴᠡᠳᠭᠡᠯ ᠲᠣᠭ᠎ᠠ ᠵᠢᠨ ᠰᠢᠰᠲᠸᠮᠲᠤ ᠣᠷᠣᠭᠣᠯᠬᠣ ᠬᠡᠷᠡᠭᠳᠡᠢ᠃
ᠭᠣᠴᠢᠨ ᠳᠦᠷᠪᠡᠳᠦᠭᠡᠷ ᠵᠣᠷᠪᠣᠰ ᠲᠠᠷᠢᠶᠡᠯᠡᠬᠣ ᠮᠠᠯᠵᠢᠬᠣ ᠣᠷᠣᠨ᠎ᠤ ᠰᠣᠶᠣᠯ᠎ᠤᠨ ᠪᠦᠳᠦᠭᠡᠨ ᠪᠠᠢ᠌ᠭᠣᠯᠣᠯᠳᠡ ᠵᠢᠨ ᠳᠣᠮᠳᠠ ᠳᠣᠪᠣᠢ᠌ᠮᠡ ᠬᠣᠪᠢ ᠨᠡᠮᠡᠭᠦᠷᠢ᠎ᠪᠠᠨ ᠦᠵᠡᠭᠦᠯᠦᠭᠰᠡᠨ ᠦᠨᠳᠦᠰᠣᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠳᠡᠢ ᠰᠣᠶᠣᠯ ᠵᠢᠨ ᠦᠢ᠍ᠯᠡᠴᠢᠯᠡᠭᠡᠨ᠎ᠤ ᠲᠦᠪ ᠪᠠ ᠳᠣᠰᠬᠠᠢ ᠠᠵᠢᠯᠳᠠᠨ᠎ᠳᠤ ᠬᠣᠰᠢᠭᠣ ᠰᠢᠶᠡᠨ᠎ᠤ ᠲᠡᠰ᠎ᠠᠴᠠ ᠳᠠᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠣᠶᠣ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ᠎ᠬᠢᠨ᠎ᠠᠴᠠ ᠱᠠᠩᠨᠠᠯ ᠬᠦᠬᠢᠭᠦᠯᠦᠯ ᠬᠦᠷᠳᠡᠭᠡᠪᠠᠯ ᠳᠠᠭ᠋ᠠᠷᠠᠨ᠎ᠠ᠃
ᠵᠢᠷᠭᠣᠳᠣᠭ᠋ᠠᠷ ᠪᠦᠯᠦᠭ ᠳᠠᠭ᠋ᠠᠯᠳᠣᠭᠣᠯᠣᠯ ᠲᠦᠷᠢᠮ
ᠭᠣᠴᠢᠨ ᠳᠠᠪᠣᠳᠣᠭ᠋ᠠᠷ ᠵᠣᠷᠪᠣᠰ ᠡᠯ᠎ᠡ ᠠᠢ᠌ᠮᠠᠭ ᠬᠣᠳᠠ᠂ ᠬᠣᠰᠢᠭᠣ ᠰᠢᠶᠡᠨ (ᠬᠣᠳᠠ ᠳᠣᠭᠣᠷᠢᠭ) ᠲᠣᠰ ᠠᠷᠭ᠎ᠠ ᠵᠢ ᠦᠨᠳᠣᠰᠣᠯᠡᠨ ᠪᠣᠳᠠᠳᠠᠢ ᠬᠡᠷᠡᠭᠵᠢᠬᠦᠯᠬᠦ ᠨᠠᠷᠢᠨ ᠳᠦᠷᠢᠮ᠎ᠢ ᠳᠣᠭᠳᠠᠭ᠋ᠠᠬᠣ ᠬᠡᠷᠡᠭᠳᠡᠢ᠃
ᠭᠣᠴᠢᠨ ᠵᠢᠷᠭᠣᠳᠣᠭ᠋ᠠᠷ ᠵᠣᠷᠪᠣᠰ ᠲᠣᠰ ᠠᠷᠭ᠎ᠠ ᠵᠢ ᠲᠠᠷᠬᠠᠭ᠋ᠠᠭᠰᠠᠨ ᠡᠳᠦᠷ᠎ᠠᠴᠠ ᠡᠬᠢᠯᠡᠨ ᠳᠣᠷᠰᠢᠨ ᠬᠡᠷᠡᠭᠵᠢᠭᠦᠯᠦᠨ᠎ᠠ᠃