ᠨᠠᠮ᠎ᠤᠨ ᠠᠷᠪᠠᠨ ᠨᠠᠢ᠍ᠮᠠᠳᠣᠭ᠋ᠠᠷ ᠬᠣᠭᠣᠴᠠᠭ᠋ᠠᠨ᠎ᠤ ᠲᠠᠪᠣᠳᠣᠭ᠋ᠠᠷ ᠣᠳᠠᠭ᠋ᠠᠨ᠎ᠤ ᠪᠦᠬᠦᠳᠡ ᠬᠣᠷᠠᠯ᠎ᠤᠨ 《ᠳᠣᠮᠳᠠᠲᠦ ᠵᠢᠨ ᠰᠢᠯᠢᠳᠡᠭ ᠣᠯᠠᠮᠵᠢᠯᠠᠯᠲᠦ ᠰᠣᠶᠣᠯ᠎ᠤᠨ ᠤᠯᠠᠮᠵᠢᠯᠠᠯ᠎ᠤᠨ ᠰᠢᠰᠲᠸᠮ᠎ᠢ ᠪᠠᠢ᠌ᠭᠤᠯᠵᠤ᠂ ᠰᠣᠶᠣᠯ᠎ᠤᠨ ᠦᠪ᠎ᠤᠨ ᠬᠠᠮᠠᠭ᠋ᠠᠯᠠᠯᠲᠠ ᠵᠢ ᠴᠢᠡᠭᠭ᠋ᠠᠳᠬᠠᠵᠤ᠂ ᠣᠯᠠᠮᠵᠢᠯᠠᠯᠲᠦ ᠣᠷᠠᠯᠠᠯ᠎ᠢ ᠰᠡᠷᠭᠦᠭᠡᠨ ᠬᠦᠭᠵᠢᠭᠦᠯᠬᠦ》 ᠱᠠᠭ᠋ᠠᠷᠳᠠᠯᠭ᠎ᠠ ᠪᠠ 《ᠲᠦᠷᠦ ᠵᠢᠨ ᠶᠠᠪᠦᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠂ ᠰᠣᠶᠣᠯ᠎ᠤᠨ ᠶᠠᠮᠦᠨ ᠵᠡᠷᠭᠡ ᠰᠠᠯᠠᠭ᠎ᠠ ᠮᠦᠴᠢᠷ᠎ᠤᠨ ᠲᠣᠮᠳᠠᠲᠦ ᠵᠢᠨ ᠣᠯᠠᠮᠵᠢᠯᠠᠯᠲᠦ ᠣᠷᠠᠯᠠᠯ᠎ᠢ ᠰᠡᠷᠭᠦᠭᠡᠨ ᠬᠦᠭᠵᠢᠭᠦᠯᠬᠦ ᠲᠦᠯᠦᠪᠯᠡᠭᠡ ᠵᠢ ᠲᠠᠮᠵᠢᠭᠣᠯᠣᠨ ᠲᠠᠷᠬᠠᠭ᠋ᠠᠭᠰᠠᠨ ᠮᠡᠳᠡᠭᠳᠡᠯ》 (ᠲᠦᠷᠦ ᠵᠢᠨ ᠶᠠᠪᠦᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠠᠴᠠ ᠲᠠᠷᠬᠠᠭ᠋ᠠᠪᠠ [2017] 25 ᠳ᠋ᠣᠭ᠋ᠠᠷ ᠨᠤᠮᠸᠷ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠵᠤ᠂ ᠪᠦᠬᠦ ᠣᠷᠣᠨ᠎ᠤ ᠣᠯᠠᠮᠵᠢᠯᠯᠠᠲᠦ ᠣᠷᠠᠯᠠᠯ᠎ᠤᠨ ᠤᠯᠠᠮᠵᠢᠯᠠᠨ ᠵᠠᠯᠭ᠋ᠠᠮᠵᠢᠯᠠᠬᠤ ᠪᠠ ᠰᠡᠷᠭᠦᠭᠡᠨ ᠬᠦᠭᠵᠢᠭᠦᠯᠬᠦ ᠵᠢ ᠠᠬᠢᠭᠣᠯᠬᠣ᠎ᠳᠤ ᠳᠣᠣᠷᠠᠬᠢ ᠮᠡᠲᠦ ᠰᠠᠨᠠᠯ᠎ᠢ ᠳᠡᠪᠰᠢᠬᠦᠯᠵᠦ ᠪᠠᠢ᠌ᠨ᠎ᠠ᠃
ᠨᠢᠭᠡ᠂ ᠴᠢᠬᠣᠯᠠ ᠠᠴᠢ ᠬᠣᠯᠪᠣᠭᠳᠠᠯ
ᠣᠯᠠᠮᠵᠢᠯᠠᠯᠲᠦ ᠣᠷᠠᠯᠠᠯ ᠪᠣᠯ ᠲᠡᠦᠭᠡᠨ ᠣᠯᠠᠮᠵᠢᠯᠠᠯ ᠪᠠ ᠦᠨᠳᠦᠰᠦᠳᠡᠨ ᠪᠣᠶᠦ ᠣᠷᠣᠨ ᠨᠣᠳᠣᠭ᠎ᠤᠨ ᠣᠨᠴᠠᠯᠢᠭ᠎ᠲᠠᠢ᠂ ᠡᠳᠦᠷ ᠲᠣᠳᠣᠮ᠎ᠤᠨ ᠠᠮᠢᠳᠦᠷᠠᠯ᠎ᠲᠠᠢ ᠨᠢᠭᠲᠠ ᠬᠣᠯᠪᠣᠭ᠎ᠠ᠎ᠲᠠᠢ᠂ ᠭᠣᠣᠯᠳᠠᠭᠣ ᠭᠠᠷ ᠤᠷᠠᠯᠠᠯ᠎ᠳᠤ ᠲᠦᠰᠢᠭᠰᠡᠨ ᠦᠢ᠍ᠯᠡᠳᠬᠦ ᠣᠷᠠᠯᠠᠯ ᠵᠢᠴᠢ ᠬᠣᠯᠪᠣᠭᠳᠠᠬᠣ ᠦᠢ᠍ᠯᠡᠳᠭᠦᠨ ᠪᠦᠭᠡᠳ ᠮᠦᠨ ᠴᠤ᠌ ᠪᠦᠳᠦᠭᠡᠯᠴᠢ ᠴᠢᠨᠠᠷᠲᠠᠢ ᠭᠠᠷ ᠤᠷᠠᠯᠠᠯ ᠪᠠ ᠮᠠᠲᠸᠷᠢᠶᠠᠯ᠎ᠢ ᠦᠵᠡᠵᠦ ᠣᠷ᠎ᠠ᠎ᠪᠠᠨ ᠭᠠᠷᠭ᠋ᠠᠭᠰᠠᠨ ᠦᠪᠡᠷᠮᠢᠴᠡᠴᠢᠯᠡᠭᠰᠡᠨ ᠦᠢ᠍ᠯᠡᠳᠪᠦᠷᠢᠯᠡᠯ ᠪᠠᠢ᠌ᠵᠤ᠂ ᠠᠵᠦ ᠦᠢ᠍ᠯᠡᠳᠪᠦᠷᠢᠵᠢᠯᠡᠯᠤᠨ ᠦᠢ᠍ᠯᠡᠳᠪᠦᠷᠢ ᠵᠢᠨ ᠤᠷᠤᠯᠠᠵᠤ ᠴᠢᠳᠠᠰᠢ ᠦᠭᠡᠢ ᠤᠨᠴᠠᠯᠢᠭ᠎ᠲᠠᠢ᠃ ᠡᠯ᠎ᠡ ᠦᠨᠳᠦᠰᠦᠲᠡᠨ᠎ᠤ ᠠᠷᠠᠳ ᠲᠦᠮᠡᠨ᠎ᠤ ᠣᠷᠲᠦ ᠬᠣᠭᠣᠴᠠᠭ᠋ᠠᠨ᠎ᠤ ᠦᠢ᠍ᠯᠡᠳᠪᠦᠷᠢᠯᠡᠯ ᠠᠮᠢᠳᠣᠷᠠᠯ᠎ᠤᠨ ᠦᠢ᠍ᠯᠡᠳᠦᠯᠭᠡ ᠲᠣᠮᠳᠠ ᠪᠦᠷᠢᠯᠳᠦᠭᠰᠡᠨ ᠡᠳᠡᠭᠡᠷ ᠣᠯᠠᠮᠵᠢᠯᠠᠯᠲᠦ ᠣᠷᠠᠯᠠᠯ᠎ᠨᠢ ᠡᠯ᠎ᠡ ᠦᠨᠳᠦᠰᠦᠲᠡᠨ᠎ᠤ ᠰᠣᠶᠣᠯ᠎ᠤᠨ ᠦᠷᠳᠡᠭ᠎ᠤᠨ ᠦᠵᠡᠯᠲᠡ᠂ ᠦᠵᠡᠯ ᠰᠠᠨᠠᠭ᠎ᠠ ᠣᠶᠣᠨ ᠤᠬᠠᠭ᠋ᠠᠨ ᠪᠠ ᠦᠢ᠍ᠯᠡᠳᠦᠯᠭᠡ ᠵᠢᠨ ᠲᠣᠷᠰᠢᠯᠭ᠎ᠠ ᠵᠢ ᠠᠭᠤᠯᠤᠭᠰᠠᠨ᠂ ᠪᠣᠳᠠᠰ᠎ᠤᠨ ᠪᠣᠰᠦ ᠰᠣᠶᠣᠯ᠎ᠤᠨ ᠦᠪ᠎ᠤᠨ ᠴᠢᠬᠣᠯᠠ ᠪᠦᠷᠢᠯᠳᠦᠭᠦᠨ ᠬᠡᠰᠡᠭ ᠪᠤᠯᠤᠨ᠎ᠠ᠃ ᠮᠠᠨ᠎ᠤ ᠣᠷᠣᠨ᠎ᠤ ᠣᠯᠠᠮᠵᠢᠯᠠᠯᠲᠦ ᠣᠷᠠᠯᠠᠯ᠎ᠤᠨ ᠲᠦᠷᠦᠯ ᠵᠦᠢ᠍ᠯ ᠣᠯᠠᠨ᠂ ᠲᠠᠷᠬᠠᠴᠠ ᠦᠷᠭᠡᠨ᠃ ᠣᠯᠠᠮᠵᠢᠯᠠᠯᠲᠦ ᠣᠷᠠᠯᠠᠯ᠎ᠢ ᠰᠡᠷᠭᠦᠭᠡᠨ ᠬᠦᠭᠵᠢᠭᠦᠯᠬᠦ᠎ᠨᠢ ᠮᠠᠨ᠎ᠤ ᠣᠷᠣᠨ᠎ᠤ ᠰᠢᠯᠢᠳᠡᠭ ᠣᠯᠠᠮᠵᠢᠯᠠᠯᠲᠦ ᠰᠣᠶᠣᠯ᠎ᠢ ᠤᠯᠠᠮᠵᠢᠯᠠᠨ ᠬᠦᠭᠵᠢᠬᠦᠯᠵᠦ ᠂ ᠰᠣᠶᠣᠯ᠎ᠤᠨ ᠠᠮᠢ ᠠᠬᠣᠢ ᠵᠢ ᠰᠢᠮᠡᠵᠢᠭᠦᠯᠬᠦ᠂ ᠰᠣᠶᠣᠯ᠎ᠤᠨ ᠡᠬᠢ ᠪᠠᠶᠠᠯᠢᠭ᠎ᠢ ᠪᠠᠶᠠᠯᠢᠭᠵᠢᠭᠣᠯᠬᠣ᠂ ᠰᠣᠶᠣᠯ᠎ᠤᠨ ᠢᠳᠡᠭᠡᠯ᠎ᠢ ᠴᠢᠩᠭ᠋ᠠᠳᠬᠠᠬᠣ᠎ᠳᠤ ᠠᠰᠢᠭᠲᠠᠢ᠃ ᠭᠠᠷ ᠤᠷᠠᠯᠠᠯ᠎ᠤᠨ ᠪᠦᠳᠦᠭᠡᠯᠴᠢ ᠴᠢᠳᠠᠪᠦᠷᠢ ᠵᠢ ᠨᠡᠩ ᠰᠠᠢ᠌ᠨ ᠪᠠᠳᠠᠷᠠᠭᠣᠯᠬᠣ᠂ ᠭᠠᠷ ᠤᠷᠠᠯᠠᠯ᠎ᠤᠨ ᠪᠦᠳᠦᠭᠡᠯᠴᠢ ᠦᠷᠳᠡᠭ᠎ᠢ ᠢᠯᠡᠷᠬᠡᠢ᠌ᠯᠡᠬᠦ᠂ ᠪᠦᠬᠦ ᠨᠡᠢ᠌ᠭᠡᠮ᠎ᠳᠤ ᠤᠬᠢ ᠰᠤᠳᠤ ᠵᠢ ᠬᠦᠭᠡᠭᠡᠴᠡᠯᠳᠦᠭᠰᠡᠨ ᠣᠷᠠᠨ ᠲᠠᠷᠬᠠᠨ᠎ᠤ ᠵᠣᠷᠢᠭ ᠰᠠᠨᠠᠭ᠎ᠠ ᠵᠢ ᠪᠣᠢ᠌ᠵᠢᠭᠣᠯᠬᠣ ᠪᠠ ᠬᠦᠭᠵᠢᠭᠦᠯᠬᠦ ᠳᠤ ᠠᠰᠢᠭᠲᠠᠢ᠃ ᠠᠵᠢᠯ ᠣᠯᠭᠣᠬᠣ ᠵᠢ ᠠᠬᠢᠭᠣᠯᠬᠣ᠂ ᠨᠠᠷᠢᠨ ᠤᠨᠤᠪᠴᠢᠲᠠᠢ᠎ᠪᠠᠷ ᠶᠠᠳᠠᠭᠣ ᠵᠢ ᠲᠡᠳᠭᠦᠭᠦ ᠵᠢ ᠪᠡᠶᠡᠯᠡᠭᠦᠯᠬᠦ᠂ ᠬᠣᠲᠠ ᠬᠦᠳᠡᠭᠡ ᠵᠢᠨ ᠰᠠᠭᠣᠭ᠋ᠠᠯᠢ ᠠᠷᠠᠳ ᠵᠢᠨ ᠣᠷᠣᠯᠭ᠎ᠠ ᠵᠢ ᠨᠡᠮᠡᠭᠳᠡᠭᠦᠯᠬᠦ᠂ ᠣᠯᠠᠮᠵᠢᠯᠠᠯᠲᠦ ᠬᠣᠷᠢᠶᠠᠯᠠᠯ ᠰᠠᠭ᠋ᠠᠬᠠᠯᠲᠠ ᠪᠠ ᠠᠢ᠌ᠯ ᠲᠣᠰᠬᠣᠨ᠎ᠤ ᠡᠷᠴᠢ ᠬᠦᠴᠦᠨ᠎ᠢ ᠴᠢᠩᠭ᠋ᠠᠳᠬᠠᠬᠣ᠎ᠳᠤ ᠠᠰᠢᠭᠲᠠᠢ᠃
ᠬᠣᠶᠠᠷ᠂ ᠶᠡᠷᠥᠩᠬᠡᠢ ᠱᠠᠭ᠋ᠠᠷᠳᠠᠯᠭ᠎ᠠ
( ᠨᠢᠭᠡ) ᠶᠡᠷᠥᠩᠬᠡᠢ ᠵᠣᠷᠢᠯᠲᠠ
ᠦᠪᠡᠷᠳᠡᠭᠡᠨ ᠵᠠᠰᠠᠬᠣ ᠣᠷᠣᠨ᠎ᠤ ᠡᠯ᠎ᠡ ᠦᠨᠳᠦᠰᠦᠲᠡᠨ᠎ᠤ ᠰᠢᠯᠢᠳᠡᠭ ᠣᠯᠠᠮᠵᠢᠯᠠᠯᠲᠦ ᠰᠣᠶᠣᠯ᠎ᠳᠤ ᠰᠠᠭᠣᠷᠢᠯᠠᠨ ᠪᠣᠰᠣᠳ ᠦᠨᠳᠦᠰᠦᠲᠡᠨ ᠪᠠ ᠭᠠᠵᠠᠷ ᠣᠷᠣᠨ᠎ᠤ ᠰᠢᠯᠢᠳᠡᠭ ᠰᠣᠶᠣᠯ᠎ᠤᠨ ᠦᠷ᠎ᠡ ᠪᠦᠳᠦᠭᠡᠯ ᠢ ᠰᠤᠷᠤᠯᠴᠠᠨ ᠠᠰᠢᠭᠯᠠᠵᠤ᠂ ᠣᠯᠠᠮᠵᠢᠯᠠᠯᠲᠦ ᠣᠷᠠᠯᠠᠯ᠎ᠤᠨ ᠬᠠᠮᠤᠷᠤᠭᠰᠠᠨ ᠰᠣᠶᠣᠯ᠎ᠤᠨ ᠡᠯᠸᠮᠸᠨ᠋ᠲ ᠪᠠ ᠣᠷᠠᠯᠠᠯ᠎ᠤᠨ ᠵᠠᠷᠴᠢᠮ᠎ᠢ ᠠᠭᠣᠳᠠᠯᠵᠦ ᠠᠰᠢᠭᠯᠠᠨ᠂ ᠣᠯᠠᠮᠵᠢᠯᠠᠯᠲᠦ ᠣᠷᠠᠯᠠᠯ᠎ᠤᠨ ᠰᠡᠳᠦᠪ ᠪᠠ ᠦᠢ᠍ᠯᠡᠳᠭᠦᠨ᠎ᠤ ᠲᠦᠷᠦᠯ ᠵᠦᠢ᠍ᠯ᠎ᠢ ᠡᠯᠪᠡᠭᠵᠢᠭᠦᠯᠵᠦ᠂ ᠲᠦᠯᠦᠪᠯᠡᠬᠦ ᠪᠠ ᠵᠣᠬᠢᠶᠠᠬᠣ ᠬᠢᠷᠢ ᠲᠦᠪᠰᠢᠨ᠎ᠢ ᠳᠡᠭᠡᠭᠰᠢᠯᠡᠬᠦᠯᠦᠨ᠂ ᠦᠢ᠍ᠯᠡᠳᠭᠦᠨ᠎ᠤ ᠴᠢᠨᠠᠷ ᠴᠢᠨᠰᠠᠭ᠎ᠠ ᠵᠢ ᠰᠠᠢ᠌ᠵᠢᠷᠠᠭᠤᠯᠵᠤ᠂ ᠰᠢᠯᠢᠳᠡᠭ ᠣᠷᠠᠨ ᠲᠠᠷᠬᠠᠨ ᠪᠠ ᠨᠡᠷᠡᠲᠦ ᠲᠡᠮᠳᠡᠭᠲᠦ ᠵᠢ ᠪᠤᠢ᠌ᠵᠢᠭᠤᠯᠤᠨ᠂ ᠣᠯᠠᠮᠵᠢᠯᠠᠯᠲᠦ ᠣᠷᠠᠯᠠᠯ᠎ᠤᠨ ᠣᠳᠣ ᠦᠶ᠎ᠡ ᠵᠢᠨ ᠠᠮᠢᠳᠣᠷᠠᠯ ᠲᠣᠮᠳᠠ ᠰᠢᠨ᠎ᠡ᠎ᠪᠠᠷ ᠦᠷᠭᠡᠨ ᠬᠡᠷᠡᠭᠯᠡᠭᠳᠡᠵᠦ᠂ ᠨᠡᠩ ᠰᠠᠢ᠌ᠨ ᠵᠶ᠋ᠠᠷ ᠠᠷᠠᠳ ᠲᠦᠮᠡᠨ᠎ᠤ ᠬᠡᠷᠡᠭᠯᠡᠭᠡᠨ᠎ᠤ ᠲᠡᠭᠡᠭᠰᠢᠯᠡᠯᠲᠡ ᠵᠢᠨ ᠱᠠᠭ᠋ᠠᠷᠳᠠᠯᠭ᠎ᠠ ᠵᠢ ᠬᠠᠩᠭ᠋ᠠᠵᠦ ᠴᠢᠳᠠᠬᠣ ᠪᠣᠯᠭ᠋ᠠᠨ᠎ᠠ᠃
( ᠬᠣᠶᠠᠷ) ᠦᠨᠳᠦᠰᠦᠨ ᠵᠠᠷᠴᠢᠮ
⒈ ᠬᠠᠮᠠᠭ᠋ᠠᠯᠠᠯᠲᠠ᠎ᠪᠠᠷ ᠭᠣᠣᠯ ᠪᠣᠯᠭ᠋ᠠᠨ ᠠᠰᠢᠭᠯᠠᠯᠲᠠ᠎ᠪᠠᠨ ᠴᠢᠡᠭᠭ᠋ᠠᠳᠬᠠᠨ᠎ᠠ᠃ ᠣᠯᠠᠮᠵᠢᠯᠠᠯᠲᠦ ᠣᠷᠠᠯᠠᠯ᠎ᠤᠨ ᠦᠨᠳᠦᠰᠦᠲᠡᠨ᠎ᠤ ᠣᠨᠴᠠᠯᠢᠭ ᠪᠠ ᠣᠷᠣᠨ ᠨᠣᠳᠣᠭ᠎ᠤᠨ ᠰᠣᠶᠣᠯ᠎ᠤᠨ ᠣᠨᠴᠠᠯᠢᠭ᠎ᠢ ᠲᠤᠪᠤᠢ᠌ᠯᠭ᠋ᠠᠨ ᠣᠯᠠᠮᠵᠢᠯᠠᠯᠲᠦ ᠣᠷᠠᠯᠠᠯ᠎ᠤᠨ ᠰᠣᠶᠣᠯ᠎ᠤᠨ ᠴᠢᠮᠦᠭᠡ ᠪᠠ ᠭᠣᠣᠯᠯᠠᠬᠣ ᠦᠷᠳᠡᠭ᠎ᠢ ᠪᠠᠲᠤᠯᠠᠵᠤ᠂ ᠣᠯᠠᠮᠵᠢᠯᠠᠯᠲᠦ ᠣᠷᠠᠯᠠᠯ᠎ᠤᠨ ᠬᠠᠮᠠᠭ᠋ᠠᠯᠠᠯᠲᠠ ᠠᠰᠢᠭᠯᠠᠯᠲᠠ ᠵᠢ ᠴᠢᠩᠭ᠋ᠠᠳᠬᠠᠨ᠂ ᠨᠡᠢ᠌ᠭᠡᠮ᠎ᠳᠤ ᠦᠢ᠍ᠯᠡᠴᠢᠯᠡᠵᠦ ᠣᠯᠠᠨ ᠲᠦᠮᠡᠨ᠎ᠳᠤ ᠦᠢ᠍ᠯᠡᠴᠢᠯᠡᠨ᠎ᠡ᠃
⒉ ᠤᠬᠢ ᠰᠤᠳᠤ ᠵᠢ ᠬᠦᠬᠡᠬᠡᠴᠡᠯᠳᠦᠵᠦ ᠶᠠᠰᠦ ᠴᠢᠨᠠᠷ ᠵᠶ᠋ᠠᠨ ᠳᠡᠭᠡᠭᠰᠢᠯᠡᠬᠦᠯᠦᠨ᠎ᠡ᠃ ᠣᠷᠠᠨ ᠲᠠᠷᠬᠠᠨ᠎ᠤ ᠰᠣᠶᠣᠯ᠎ᠳᠤ ᠬᠦᠨ ᠰᠠᠭᠣᠷᠢᠯᠠᠨ ᠠᠩᠬᠠᠷᠦᠯ ᠲᠠᠯᠪᠢᠨ ᠪᠠᠷᠢᠮᠳᠠᠯᠠᠬᠣ ᠵᠢ ᠰᠨᠠᠭ᠋ᠠᠴᠢᠯᠠᠵᠦ᠂ ᠴᠢᠨᠠᠷ ᠴᠢᠨᠰᠠᠭ᠎ᠠ ᠵᠢ ᠲᠡᠷᠢᠬᠦᠨ᠎ᠳᠤ ᠪᠠᠢ᠌ᠷᠢᠯᠠᠭᠤᠯᠬᠤ ᠵᠢ ᠪᠠᠷᠢᠮᠳᠠᠯᠠᠨ᠂ ᠶᠠᠰᠦ ᠴᠢᠨᠠᠷ᠎ᠤᠨ ᠳᠡᠭᠡᠭᠰᠢᠯᠡᠯᠲᠡ ᠵᠢ ᠲᠦᠯᠬᠢᠨ ᠠᠬᠢᠭᠤᠯᠵᠤ᠂ ᠨᠡᠷᠡᠲᠦ ᠲᠡᠮᠳᠡᠭᠲᠦ ᠵᠢᠨ ᠪᠠᠢ᠌ᠭᠣᠯᠣᠯᠲᠠ ᠵᠢ ᠴᠢᠩᠭ᠋ᠠᠳᠬᠠᠨ᠂ ᠣᠬᠢ ᠦᠢ᠍ᠯᠡᠳᠭᠦᠨ᠎ᠢ ᠢᠯᠡᠬᠦᠦ ᠭᠠᠷᠭ᠋ᠠᠵᠤ᠂ ᠴᠢᠳᠠᠪᠦᠷᠢᠳᠠᠨ ᠡᠷᠳᠡᠮᠳᠡᠨ᠎ᠢ ᠨᠡᠮᠡᠭᠳᠡᠬᠦᠯᠦᠨ᠎ᠡ᠃
⒊ ᠠᠮᠢᠳᠦᠷᠠᠯ᠎ᠳᠤ ᠠᠭᠣᠰᠦᠨ ᠡᠷᠴᠢ ᠬᠦᠴᠦ᠎ᠪᠠᠨ ᠬᠦᠪᠴᠢᠯᠡᠨ᠎ᠡ᠃ ᠪᠣᠳᠠᠰ᠎ᠤᠨ ᠪᠣᠰᠦ ᠰᠣᠶᠣᠯ᠎ᠤᠨ ᠦᠪ᠎ᠤᠨ ᠦᠢ᠍ᠯᠡᠳᠭᠦᠨ ᠪᠠ ᠣᠳᠣᠬᠢ ᠬᠦᠮᠦᠰ᠎ᠤᠨ ᠱᠠᠭ᠋ᠠᠷᠳᠠᠯᠭ᠎ᠠ ᠬᠡᠷᠡᠭᠴᠡᠭᠡ ᠵᠢᠨ ᠵᠠᠯᠭ᠋ᠠᠯᠲᠠ ᠵᠢ ᠲᠦᠯᠬᠢᠨ ᠠᠬᠢᠭᠣᠯᠵᠦ᠂ ᠣᠳᠣ ᠦᠶ᠎ᠡ ᠵᠢᠨ ᠠᠮᠢᠳᠣᠷᠠᠯ᠎ᠳᠤ ᠠᠭᠤᠰᠤᠨ᠎ᠠ᠃ ᠣᠯᠠᠮᠵᠢᠯᠠᠯᠲᠦ ᠣᠷᠠᠯᠠᠯ᠎ᠤᠨ ᠰᠣᠶᠣᠯ᠎ᠤᠨ ᠡᠯᠸᠮᠸᠨ᠋ᠲ ᠪᠠ ᠤᠶᠤᠨ᠎ᠤ ᠦᠷᠳᠡᠭ᠎ᠢ ᠮᠠᠯᠳᠠᠨ ᠠᠭᠣᠳᠠᠯᠵᠦ᠂ ᠦᠪᠡᠷᠮᠢᠴᠡᠴᠢᠯᠡᠭᠰᠡᠨ ᠣᠨᠴᠠᠯᠢᠭ᠎ᠢ ᠲᠣᠪᠣᠢ᠌ᠯᠭ᠋ᠠᠨ᠂ ᠣᠯᠠᠨ ᠵᠦᠢ᠍ᠯᠡᠰ᠎ᠢ ᠰᠢᠩᠭᠡᠭᠡᠨ ᠠᠪᠴᠦ ᠣᠯᠠᠮᠵᠢᠯᠠᠯᠲᠦ ᠣᠷᠠᠯᠠᠯ᠎ᠤᠨ ᠣᠯᠠᠮᠵᠢᠯᠠᠬᠣ ᠡᠷᠴᠢ ᠬᠦᠴᠦᠨ ᠪᠠ ᠬᠦᠭᠵᠢᠬᠦ ᠬᠦᠳᠡᠯᠭᠡᠭᠴᠢ ᠬᠦᠴᠦ ᠵᠢ ᠴᠢᠩᠭ᠋ᠠᠳᠬᠠᠨ᠎ᠠ᠃
⒋ ᠠᠮᠢ ᠠᠬᠣᠢ ᠵᠢ ᠬᠠᠮᠠᠭ᠋ᠠᠯᠠᠨ ᠪᠣᠬᠢᠷᠳᠣᠯ ᠦᠭᠡᠢ᠎ᠪᠠᠷ ᠬᠦᠭᠵᠢᠬᠦᠯᠦᠨ᠎ᠡ᠃ ᠠᠮᠢ ᠠᠬᠣᠢ ᠵᠢ ᠬᠠᠮᠠᠭ᠋ᠠᠯᠠᠬᠣ ᠣᠬᠠᠮᠰᠠᠷ ᠵᠶ᠋ᠠᠨ ᠴᠢᠩᠭ᠋ᠠᠳᠬᠠᠨ ᠪᠠᠢ᠌ᠭ᠋ᠠᠯᠯᠢᠭ ᠮᠠᠲᠸᠷᠢᠶᠠᠯ᠎ᠢ ᠵᠣᠬᠢᠰᠲᠠᠢ ᠠᠰᠢᠭᠯᠠᠵᠤ᠂ ᠲᠠᠬᠢᠨ ᠡᠭᠦᠰᠴᠦ ᠦᠯᠦ ᠪᠣᠯᠬᠣ ᠪᠠᠢ᠌ᠭ᠋ᠠᠯᠯᠢᠭ ᠣᠭ ᠮᠠᠲᠸᠷᠢᠶᠠᠯ᠎ᠤᠨ ᠡᠬᠢ ᠪᠠᠶᠠᠯᠢᠭ᠎ᠢ ᠲᠣᠷ᠎ᠠ᠎ᠪᠠᠷ ᠵᠶ᠋ᠠᠨ ᠬᠡᠷᠡᠭᠯᠡᠬᠦ ᠵᠢ ᠡᠰᠡᠷᠭᠦᠴᠡᠨ᠂ ᠬᠠᠣᠯᠢ ᠪᠣᠰᠦ᠎ᠪᠠᠷ ᠤᠯᠤᠭᠰᠠᠨ ᠬᠣᠪᠣᠷ ᠴᠣᠬᠠᠭ ᠠᠮᠢᠳᠠᠨ ᠣᠷᠭᠣᠮᠠᠯ᠎ᠤᠨ ᠡᠬᠢ ᠪᠠᠶᠠᠯᠢᠭ᠎ᠢ ᠬᠡᠷᠡᠭᠯᠡᠬᠦ ᠵᠢ ᠬᠣᠷᠢᠭᠯᠠᠨ᠎ᠠ᠃
ᠭᠣᠷᠪᠠ᠂ ᠭᠣᠣᠯ ᠡᠭᠦᠷᠭᠡ
( ᠨᠢᠭᠡ) ᠦᠪᠡᠷᠳᠡᠭᠡᠨ ᠵᠠᠰᠠᠬᠣ ᠣᠷᠣᠨ᠎ᠤ ᠣᠯᠠᠮᠵᠢᠯᠠᠯᠲᠦ ᠣᠷᠠᠯᠠᠯ᠎ᠢ ᠬᠠᠮᠠᠭ᠋ᠠᠯᠠᠬᠣ ᠪᠠ ᠰᠡᠷᠭᠦᠭᠡᠨ ᠮᠠᠨᠳᠣᠭᠣᠯᠬᠣ ᠭᠠᠷᠴᠠᠭ᠎ᠢ ᠪᠠᠢ᠌ᠭᠤᠯᠤᠨ᠎ᠠ᠃ ᠪᠣᠳᠠᠰ᠎ᠤᠨ ᠪᠣᠰᠦ ᠰᠣᠶᠣᠯ᠎ᠤᠨ ᠦᠪ᠎ᠤᠨ ᠣᠯᠠᠮᠵᠢᠯᠠᠯᠲᠦ ᠣᠷᠠᠯᠠᠯ ᠤᠨ ᠵᠦᠢ᠍ᠯ᠎ᠢ ᠪᠠᠢ᠌ᠴᠠᠭ᠋ᠠᠨ ᠠᠭᠤᠳᠠᠯᠠᠬᠤ᠂ ᠬᠠᠮᠠᠭ᠋ᠠᠯᠠᠨ ᠣᠯᠠᠮᠵᠢᠯᠠᠬᠣ ᠵᠢ ᠣᠯᠠᠮ ᠨᠢᠭᠡ ᠠᠯᠬᠣᠮ ᠴᠢᠩᠭ᠋ᠠᠳᠬᠠᠨ᠂ ᠣᠯᠠᠮᠵᠢᠯᠠᠯᠲᠦ ᠣᠷᠠᠯᠠᠯ ᠵᠦᠢ᠍ᠯ᠎ᠤᠨ ᠦᠢ᠍ᠯᠡᠳᠪᠦᠷᠢᠯᠡᠯ᠎ᠤᠨ ᠶᠠᠪᠣᠴᠠ᠂ ᠭᠣᠣᠯᠯᠠᠬᠣ ᠣᠷ᠎ᠠ ᠮᠡᠷᠭᠡᠵᠢᠯ᠂ ᠬᠡᠷᠡᠭᠰᠡᠬᠦ ᠮᠠᠲᠸᠷᠢᠶᠠᠯ ᠪᠠ ᠬᠣᠯᠪᠣᠭᠳᠠᠬᠣ ᠦᠢ᠍ᠯᠡᠳᠭᠦᠨ᠎ᠳᠤ ᠪᠦᠬᠦ ᠲᠠᠯ᠎ᠠ ᠵᠢᠨ ᠬᠠᠮᠠᠭ᠋ᠠᠯᠠᠯᠲᠠ ᠪᠠ ᠳᠡᠮᠳᠡᠭᠯᠡᠯ ᠬᠢᠵᠦ᠂ ᠲᠡᠦᠭᠡᠨ ᠦᠷᠳᠡᠭ᠎ᠲᠠᠢ ᠪᠤᠯᠪᠠᠴᠤ ᠣᠳᠣᠬᠠᠨ᠎ᠳᠤ ᠲᠦᠭᠰᠢᠭᠦᠷᠢᠲᠡᠢ ᠪᠠᠢ᠌ᠳᠠᠯ᠎ᠳᠤ ᠣᠷᠣᠰᠢᠵᠦ ᠪᠠᠢ᠌ᠭ᠎ᠠ ᠣᠯᠠᠮᠵᠢᠯᠠᠯᠲᠦ ᠣᠷᠠᠯᠠᠯ᠎ᠤᠨ ᠵᠦᠢ᠍ᠯ᠎ᠳᠤ ᠠᠪᠣᠷᠠᠯᠲᠠ ᠵᠢᠨ ᠴᠢᠨᠠᠷᠲᠠᠢ ᠳᠡᠮᠳᠡᠭᠯᠡᠯ ᠬᠢᠵᠦ᠂ ᠬᠠᠮᠠᠭ᠋ᠠᠯᠠᠬᠣ ᠪᠠ ᠣᠯᠠᠮᠵᠢᠯᠠᠬᠣ ᠠᠷᠭ᠎ᠠ ᠠᠪᠴᠠᠯ᠎ᠢ ᠬᠡᠷᠡᠭᠵᠢᠭᠦᠯᠦᠨ᠎ᠡ᠃ ᠦᠢ᠍ᠯᠡᠳᠪᠦᠷᠢᠯᠡᠯ᠎ᠤᠨ ᠴᠢᠨᠠᠷᠲᠠᠢ ᠬᠠᠮᠠᠭ᠋ᠠᠯᠠᠯᠲᠠ᠎ᠳᠤ ᠲᠣᠬᠢᠷᠠᠭᠰᠠᠨ᠂ ᠵᠣᠬᠢᠬᠣ ᠬᠡᠮᠵᠢᠶᠡᠨ᠎ᠤ ᠣᠯᠠᠮᠵᠢᠯᠠᠬᠣ ᠰᠠᠭᠣᠷᠢ ᠪᠠ ᠦᠢ᠍ᠯᠡᠳᠪᠦᠷᠢᠯᠡᠯ᠎ᠤᠨ ᠬᠡᠪᠴᠢᠶ᠎ᠡ ᠵᠢ ᠪᠦᠷᠢᠯᠳᠦᠭᠦᠯᠦᠭᠰᠡᠨ᠂ ᠬᠦᠭᠵᠢᠯᠲᠡ ᠵᠢᠨ ᠬᠠᠨᠳᠣᠰᠢ᠎ᠲᠠᠢ᠂ ᠠᠵᠢᠯ ᠣᠯᠭᠣᠬᠣ ᠵᠢ ᠲᠠᠢ᠌ᠴᠢᠯᠠᠬᠣᠳᠤ ᠠᠰᠢᠭᠲᠠᠢ ᠣᠯᠠᠮᠵᠢᠯᠠᠯᠲᠦ ᠣᠷᠠᠯᠠᠯ᠎ᠤᠨ ᠵᠦᠢ᠍ᠯ᠎ᠢ ᠨᠢᠮᠪᠠᠢ ᠡᠮᠬᠢᠯᠡᠵᠦ ᠦᠪᠡᠷᠳᠡᠭᠡᠨ ᠵᠠᠰᠠᠬᠣ ᠣᠷᠣᠨ᠎ᠤ ᠣᠯᠠᠮᠵᠢᠯᠠᠯᠲᠦ ᠣᠷᠠᠯᠠᠯ᠎ᠢ ᠰᠡᠷᠭᠦᠭᠡᠨ ᠬᠦᠭᠵᠢᠭᠦᠯᠬᠦ ᠭᠠᠷᠴᠠᠭ᠎ᠢ ᠪᠠᠢ᠌ᠭᠣᠯᠣᠨ᠎ᠠ᠃ ᠬᠦᠳᠡᠯᠥᠩᠭᠦᠢ ᠬᠠᠮᠢᠶᠠᠷᠣᠯᠲᠠ ᠵᠢ ᠬᠡᠷᠡᠭᠵᠢᠭᠦᠯᠵᠦ᠂ ᠡᠯ᠎ᠡ ᠭᠠᠵᠠᠷ ᠣᠷᠣᠨ᠎ᠤ ᠱᠠᠲᠤ ᠱᠠᠲᠤᠨ᠎ᠤ᠎ᠪᠠᠨ ᠣᠯᠠᠮᠵᠢᠯᠠᠯᠲᠦ ᠣᠷᠠᠯᠠᠯ᠎ᠢ ᠰᠡᠷᠭᠦᠭᠡᠨ ᠬᠦᠭᠵᠢᠭᠦᠯᠬᠦ ᠭᠠᠷᠴᠠᠭ᠎ᠢ ᠪᠠᠢ᠌ᠭᠣᠯᠬᠣ ᠵᠢ ᠵᠣᠷᠢᠭᠵᠢᠭᠣᠯᠣᠨ᠎ᠠ᠃ ᠰᠡᠷᠭᠦᠭᠡᠨ ᠬᠦᠭᠵᠢᠭᠦᠯᠬᠦ ᠭᠠᠷᠴᠠᠭ᠎ᠲᠤ ᠬᠠᠮᠤᠷᠤᠭᠳᠠᠭᠰᠠᠨ ᠵᠦᠢ᠍ᠯ᠎ᠳᠤ ᠴᠢᠬᠣᠯᠠ ᠲᠡᠮᠵᠢᠯᠡᠭᠡ ᠣᠯᠭᠣᠨ᠎ᠠ᠃
( ᠬᠣᠶᠠᠷ) ᠪᠣᠳᠠᠰ᠎ᠤᠨ ᠪᠣᠰᠦ ᠰᠣᠶᠣᠯ᠎ᠤᠨ ᠦᠪ᠎ᠤᠨ ᠦᠢ᠍ᠯᠡᠳᠪᠦᠷᠢᠯᠡᠯ᠎ᠤᠨ ᠴᠢᠨᠠᠷᠲᠠᠢ ᠬᠠᠮᠠᠭ᠋ᠠᠯᠠᠯᠲᠠ ᠵᠢ ᠲᠦᠯᠬᠢᠨ ᠠᠬᠢᠭᠣᠯᠵᠦ᠂ ᠨᠢᠭᠡ ᠪᠦᠯᠦᠭ ᠦᠢ᠍ᠯᠡᠳᠪᠦᠷᠢᠯᠡᠯ᠎ᠤᠨ ᠴᠢᠨᠠᠷᠲᠠᠢ ᠬᠠᠮᠠᠭ᠋ᠠᠯᠠᠯᠲᠠ ᠵᠢᠨ ᠵᠢᠱ᠌ᠢᠶ᠎ᠡ ᠦᠵᠡᠬᠦᠯᠬᠦ ᠰᠠᠭᠣᠷᠢᠨ ᠭᠠᠵᠠᠷ᠎ᠢ ᠪᠣᠢ᠌ᠵᠢᠭᠣᠯᠵᠦ ᠨᠡᠷᠡᠢ᠌ᠳᠦᠨ᠎ᠡ᠃ ᠣᠯᠠᠮᠵᠢᠯᠠᠯᠲᠦ ᠣᠷᠠᠯᠠᠯ᠎ᠤᠨ ᠵᠦᠢ᠍ᠯ ᠲᠦᠪᠯᠡᠷᠡᠭᠰᠡᠨ ᠭᠠᠵᠠᠷ ᠣᠷᠣᠨ ᠪᠠ ᠬᠤᠯᠪᠤᠭᠳᠠᠯ ᠪᠦᠬᠦᠢ ᠰᠣᠶᠣᠯ᠎ᠤᠨ ᠠᠮᠢ ᠠᠬᠣᠢ ᠵᠢᠨ ᠣᠷᠣᠨ᠂ ᠵᠢᠭᠣᠯᠴᠢᠯᠠᠯ᠎ᠤᠨ ᠦᠵᠡᠮᠵᠢ ᠵᠢᠨ ᠣᠷᠣᠨ᠎ᠳᠤ ᠨᠢᠭᠡ ᠪᠦᠯᠦᠭ ᠦᠢ᠍ᠯᠡᠳᠪᠦᠷᠢᠯᠡᠯ᠎ᠤᠨ ᠴᠢᠨᠠᠷᠲᠠᠢ ᠬᠠᠮᠠᠭ᠋ᠠᠯᠠᠯᠲᠠ ᠵᠢᠨ ᠵᠢᠱ᠌ᠢᠶ᠎ᠡ ᠦᠵᠡᠬᠦᠯᠬᠦ ᠰᠠᠭᠣᠷᠢᠨ ᠭᠠᠵᠠᠷ ᠪᠠ ᠬᠠᠮᠠᠭ᠋ᠠᠯᠠᠯᠲᠠ ᠵᠢᠨ ᠵᠦᠢ᠍ᠯ᠎ᠢ ᠪᠠᠢ᠌ᠭᠣᠯᠣᠨ᠎ᠠ᠃ ᠲᠣᠬᠠᠢ ᠵᠢᠨ ᠣᠷᠣᠨ᠎ᠳᠤ ᠣᠯᠠᠮᠵᠢᠯᠠᠯᠲᠦ ᠣᠷᠠᠯᠠᠯ᠎ᠤᠨ ᠵᠢᠭ᠋ᠠᠨ ᠰᠤᠷᠭ᠋ᠠᠬᠤ ᠲᠠᠯᠠᠪᠣᠷ᠂ ᠣᠯᠠᠮᠵᠢᠯᠠᠬᠣ ᠡᠷᠦᠭᠡ᠂ ᠣᠯᠠᠮᠵᠢᠯᠠᠬᠣ ᠣᠯᠠᠭ᠎ᠠ ᠦᠷᠳᠡᠭᠡ ᠪᠠ ᠣᠯᠠᠮᠵᠢᠯᠠᠭᠴᠢ ᠵᠢᠨ ᠠᠵᠢᠯᠯᠠᠬᠣ ᠲᠠᠰᠣᠭᠢ ᠬᠦᠭᠵᠢᠬᠦᠯᠵᠦ᠂ ᠣᠷᠣᠨ ᠨᠣᠳᠣᠭ᠂ ᠦᠨᠳᠦᠰᠦᠲᠡᠨ᠎ᠤ ᠣᠨᠴᠠᠯᠢᠭ ᠪᠠ ᠵᠠᠬ᠎ᠠ ᠲᠡᠯᠭᠡᠭᠦᠷ᠎ᠤᠨ ᠨᠦᠭᠡᠴᠡ ᠪᠤᠯᠤᠯᠴᠠᠭ᠎ᠠ᠎ᠲᠠᠢ ᠣᠯᠠᠮᠵᠢᠯᠠᠯᠲᠦ ᠣᠷᠠᠯᠠᠯ᠎ᠤᠨ ᠵᠦᠢ᠍ᠯ᠂ ᠦᠢ᠍ᠯᠡᠳᠭᠦᠨ ᠪᠠ ᠲᠡᠮᠳᠡᠭᠲᠦ ᠵᠢ ᠭᠤᠤᠯᠳᠠᠯᠭ᠎ᠠ᠎ᠲᠠᠢ ᠬᠦᠮᠦᠵᠢᠬᠦᠯᠦᠨ ᠪᠤᠢ᠌ᠵᠢᠭᠤᠯᠵᠦ ᠪᠦᠳᠦᠭᠡᠨ ᠪᠠᠢ᠌ᠭᠣᠯᠣᠨ᠎ᠠ᠃ ᠦᠢ᠍ᠯᠡᠳᠪᠦᠷᠢᠯᠡᠯ᠂ ᠬᠦᠢ᠍ᠯᠭᠡᠭᠡᠨ᠂ ᠪᠣᠷᠣᠯᠠᠭᠣᠯᠥᠯᠭᠠ ᠵᠡᠷᠭᠡ ᠠᠷᠭ᠎ᠠ ᠪᠠᠷᠢᠯ᠎ᠢ ᠠᠰᠢᠭᠯᠠᠵᠤ ᠣᠯᠠᠮᠵᠢᠯᠠᠯᠲᠦ ᠣᠷᠠᠯᠠᠯ᠎ᠤᠨ ᠠᠵᠦ ᠠᠬᠣᠢ ᠵᠢᠨ ᠦᠷ᠎ᠡ ᠠᠰᠢᠭ ᠣᠯᠬᠣ ᠴᠢᠳᠠᠪᠦᠷᠢ ᠵᠢ ᠴᠢᠩᠭ᠋ᠠᠳᠬᠠᠨ ᠣᠯᠠᠮᠵᠢᠯᠠᠭᠴᠢ ᠵᠢᠨ ᠣᠷᠣᠯᠭ᠎ᠠ ᠵᠢ ᠨᠡᠮᠡᠭᠳᠡᠭᠦᠯᠦᠨ᠎ᠡ᠃ ᠨᠡᠷᠡᠢ᠌ᠳᠦᠭᠰᠡᠨ ᠦᠢ᠍ᠯᠡᠳᠪᠦᠷᠢᠯᠡᠯ᠎ᠤᠨ ᠴᠢᠨᠠᠷᠲᠠᠢ ᠬᠠᠮᠠᠭ᠋ᠠᠯᠠᠯᠲᠠ ᠵᠢᠨ ᠵᠢᠱ᠌ᠢᠶ᠎ᠡ ᠦᠵᠡᠬᠦᠯᠬᠦ ᠰᠠᠭᠣᠷᠢᠨ ᠭᠠᠵᠠᠷ᠎ᠲᠤ ᠲᠡᠮᠵᠢᠯᠭᠡ ᠣᠯᠭᠣᠨ᠎ᠠ᠃
(ᠭᠣᠷᠪᠠ) ᠣᠯᠠᠮᠵᠢᠯᠠᠯᠲᠦ ᠣᠷᠠᠯᠠᠯ᠎ᠤᠨ ᠣᠯᠠᠮᠵᠢᠯᠠᠭᠴᠢ ᠵᠢᠨ ᠡᠩᠨᠡᠭᠡ ᠵᠢᠨ ᠪᠦᠳᠦᠭᠡᠨ ᠪᠠᠢ᠌ᠭᠣᠯᠣᠯᠲᠠ ᠵᠢ ᠴᠢᠩᠭ᠋ᠠᠳᠬᠠᠨ᠎ᠠ᠃ ᠣᠯᠠᠮᠵᠢᠯᠠᠯᠲᠦ ᠣᠷ᠎ᠠ ᠴᠢᠳᠠᠪᠤᠷᠢ᠂ ᠣᠯᠠᠮᠵᠢᠯᠠᠯᠲᠦ ᠣᠷᠠᠨ ᠵᠢᠷᠣᠭ᠂ ᠣᠯᠠᠮᠵᠢᠯᠠᠯᠲᠦ ᠡᠮ ᠡᠮᠨᠡᠯᠭᠡ᠂ ᠡᠮ ᠨᠠᠢ᠌ᠷᠠᠭᠣᠯᠬᠣ ᠵᠡᠷᠭᠡ ᠣᠯᠠᠮᠵᠢᠯᠠᠯᠲᠦ ᠣᠷᠠᠯᠠᠯ᠎ᠤᠨ ᠬᠤᠯᠪᠤᠭᠳᠠᠯ ᠪᠦᠬᠦᠢ ᠬᠦᠷᠢᠶᠡᠨ᠎ᠳᠤ᠎ᠬᠢ ᠣᠷ᠎ᠠ ᠮᠡᠷᠭᠡᠵᠢᠯ ᠤᠬᠢ ᠰᠢᠯᠢᠳᠡᠭ᠂ ᠨᠦᠬᠦᠴᠡᠯ᠎ᠳᠤ ᠨᠡᠢ᠌ᠴᠡᠬᠦ ᠢᠳᠡᠷ ᠵᠠᠯᠠᠭᠣ ᠣᠯᠠᠮᠵᠢᠯᠠᠭᠴᠢ ᠵᠢᠨ ᠮᠡᠳᠡᠭᠦᠯᠦᠯᠲᠡ ᠬᠢᠵᠦ ᠡᠯ᠎ᠡ ᠲᠡᠰ᠎ᠤᠨ ᠪᠣᠳᠠᠰ᠎ᠤᠨ ᠪᠣᠰᠦ ᠰᠣᠶᠣᠯ᠎ᠤᠨ ᠦᠪ᠎ᠤᠨ ᠲᠦᠯᠦᠭᠡᠯᠡᠭᠴᠢ ᠵᠦᠢ᠍ᠯ᠂ ᠲᠦᠯᠦᠭᠡᠯᠡᠭᠴᠢ ᠣᠯᠠᠮᠵᠢᠯᠠᠭᠴᠢ ᠵᠢᠨ ᠡᠩᠨᠡᠭᠡ᠎ᠳᠤ ᠤᠷᠤᠬᠤ ᠵᠢ ᠵᠤᠷᠢᠭᠵᠢᠭᠤᠯᠵᠤ᠂ ᠵᠣᠬᠢᠰᠲᠠᠢ ᠡᠡᠭᠨᠡᠬᠡ ᠵᠢᠭᠰᠠᠭ᠋ᠠᠯ᠎ᠢ ᠪᠦᠷᠢᠯᠳᠦᠬᠦᠯᠦᠨ ᠵᠠᠯᠠᠭᠣ ᠦᠶ᠎ᠡ ᠵᠢᠨ᠎ᠬᠢᠨ᠎ᠤ ᠣᠯᠠᠮᠵᠢᠯᠠᠯᠲᠦ ᠣᠷᠠᠯᠠᠯ᠎ᠳᠤ ᠤᠷᠤᠯᠴᠠᠬᠤ ᠢᠳᠡᠪᠬᠢ ᠴᠢᠨᠠᠷ᠎ᠢ ᠲᠠᠢ᠌ᠴᠢᠯᠠᠨ᠎ᠠ᠃ ᠬᠠᠮᠢᠶ᠎ᠠ ᠪᠦᠬᠦᠢ ᠪᠠᠢ᠌ᠭᠣᠯᠣᠮᠵᠢ ᠪᠠ ᠠᠵᠦ ᠠᠬᠣᠢ᠌ᠯᠠᠯ ᠢ ᠲᠦᠰᠢᠨ ᠣᠯᠠᠮᠵᠢᠯᠠᠭᠴᠢ᠎ᠳᠤ ᠰᠣᠳᠣᠯᠣᠨ ᠪᠤᠯᠪᠠᠰᠤᠷᠠᠬᠤ᠂ ᠰᠣᠳᠣᠯᠣᠨ ᠰᠣᠷᠣᠯᠴᠠᠬᠣ ᠪᠠ ᠲᠠᠪᠲᠠᠨ ᠪᠤᠯᠪᠠᠰᠤᠷᠠᠬᠤ ᠵᠠᠪᠰᠢᠶᠠᠨ᠎ᠢ ᠦᠷᠬᠦᠯᠵᠢᠯᠡᠨ ᠬᠠᠩᠭ᠋ᠠᠵᠦ᠂ ᠰᠣᠷᠣᠯᠴᠠᠨ ᠰᠣᠯᠢᠯᠴᠠᠬᠣ ᠲᠠᠪᠴᠠᠩ᠎ᠢ ᠢᠳᠡᠪᠬᠢᠲᠠᠢ ᠪᠠᠢ᠌ᠭᠣᠯᠣᠨ᠎ᠠ᠃ ᠤᠯᠠᠮᠵᠢᠯᠠᠭᠴᠢᠳ᠎ᠤᠨ ᠢᠳᠡᠪᠬᠢᠲᠡᠢ ᠰᠣᠷᠣᠯᠴᠠᠬᠣ ᠵᠢ ᠰᠠᠨᠠᠭ᠋ᠠᠴᠢᠯᠠᠨ ᠠᠵᠢᠯ ᠲᠦᠷᠦᠯ᠎ᠤᠨ ᠬᠤᠭᠤᠷᠤᠨᠳᠤᠬᠢ ᠪᠣᠶᠦ ᠠᠵᠢᠯ ᠲᠦᠷᠦᠯ ᠠᠯᠣᠰᠯᠠᠭᠰᠠᠨ ᠰᠤᠯᠢᠯᠴᠠᠭ᠎ᠠ ᠵᠢ ᠵᠤᠷᠢᠭᠵᠢᠭᠤᠯᠵᠦ᠂ ᠣᠷ᠎ᠠ ᠮᠡᠷᠭᠡᠵᠢᠯ᠎ᠤᠨ ᠬᠢᠷᠢ ᠲᠦᠪᠰᠢᠨ ᠪᠤᠯᠤᠨ ᠣᠯᠠᠮᠵᠢᠯᠠᠬᠣ ᠴᠢᠳᠠᠪᠣᠷᠢ ᠵᠢ᠎ᠨᠢ ᠳᠡᠭᠡᠭᠰᠢᠯᠡᠬᠦᠯᠦᠨ᠂ ᠣᠯᠠᠮᠵᠢᠯᠠᠬᠣ ᠨᠦᠬᠡᠴᠡ ᠬᠦᠴᠦ ᠵᠢ᠎ᠨᠢ ᠴᠢᠩᠭ᠋ᠠᠳᠬᠠᠵᠦ᠂ ᠲᠠᠬᠢᠨ ᠪᠦᠳᠦᠭᠡᠬᠦ ᠴᠢᠳᠠᠪᠦᠷᠢ ᠵᠢ᠎ᠨᠢ ᠲᠡᠭᠡᠭᠰᠢᠯᠡᠬᠦᠯᠦᠨ᠎ᠡ᠃ ᠲᠠᠯᠠᠪᠣᠷ ᠬᠠᠩᠭ᠋ᠠᠬᠣ᠂ ᠵᠠᠷᠣᠳᠠᠯ ᠲᠡᠳᠭᠦᠮᠵᠢ ᠬᠠᠩᠭ᠋ᠠᠬᠣ ᠵᠡᠷᠭᠡ ᠲᠣᠰᠠ᠎ᠲᠠᠢ ᠠᠷᠭ᠎ᠠ ᠵᠠᠮ ᠵᠶ᠋ᠠᠷ ᠲᠠᠮᠵᠢᠭᠣᠯᠣᠨ᠂ ᠱᠠᠪᠢ ᠡᠯᠰᠡᠨ ᠡᠷᠳᠡᠮ ᠰᠣᠷᠭ᠋ᠠᠬᠣ᠂ ᠣᠬᠠᠭᠣᠯᠵᠦ ᠲᠡᠯᠭᠡᠨ ᠦᠵᠡᠬᠦᠯᠬᠦ᠂ ᠰᠣᠯᠢᠯᠴᠠᠨ ᠪᠣᠯᠪᠠᠰᠣᠷᠠᠬᠣ ᠵᠡᠷᠭᠡ ᠣᠯᠠᠮᠵᠢᠯᠠᠯᠲᠦ ᠣᠷᠠᠯᠠᠯ᠎ᠤᠨ ᠤᠯᠠᠮᠵᠢᠯᠠᠨ ᠰᠤᠷᠬᠤ ᠬᠦᠳᠡᠯᠭᠡᠭᠡᠨ᠎ᠢ ᠦᠷᠨᠢᠬᠦᠯᠬᠦ ᠳᠤ ᠲᠡᠮᠵᠢᠯᠭᠡ ᠬᠠᠩᠭ᠋ᠠᠨ᠎ᠠ᠃
(ᠲᠦᠷᠪᠡ) ᠣᠯᠠᠮᠵᠢᠯᠠᠯᠲᠦ ᠣᠷᠠᠯᠠᠯ᠎ᠤᠨ ᠠᠵᠢᠯ᠎ᠤᠨ ᠦᠷᠳᠡᠭᠡ ᠪᠠᠢ᠌ᠭᠤᠯᠤᠨ᠎ᠠ᠃ ᠦᠪᠡᠷᠳᠡᠭᠡᠨ ᠵᠠᠰᠠᠬᠣ ᠣᠷᠣᠨ᠎ᠤ ᠰᠣᠶᠣᠯ᠎ᠤᠨ ᠲᠢᠩᠬᠢᠮ ᠲᠣᠯᠣᠭ᠋ᠠᠢ᠌ᠯᠠᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠎ᠢ ᠵᠤᠬᠢᠴᠠᠭᠤᠯᠵᠤ᠂ ᠣᠯᠠᠮᠵᠢᠯᠠᠯᠲᠦ ᠣᠷᠠᠯᠠᠯ᠎ᠤᠨ ᠡᠬᠢ ᠪᠠᠶᠠᠯᠢᠭ ᠪᠠ ᠲᠦᠰᠦᠯ᠎ᠢ ᠨᠢᠭᠡᠳᠭᠡᠨ᠂ ᠬᠠᠮᠢᠶ᠎ᠠ ᠪᠦᠬᠦᠢ ᠪᠠᠢ᠌ᠭᠣᠯᠣᠮᠵᠢ᠂ ᠠᠵᠦ ᠠᠬᠣᠢ᠌ᠯᠠᠯ ᠪᠠ ᠣᠯᠠᠮᠵᠢᠯᠠᠭᠴᠢ ᠵᠢ ᠬᠤᠯᠪᠤᠭ᠋ᠠᠯᠠᠵᠦ᠂ ᠦᠪᠡᠷᠳᠡᠭᠡᠨ ᠵᠠᠰᠠᠬᠣ ᠣᠷᠣᠨ᠎ᠤ ᠣᠯᠠᠮᠵᠢᠯᠠᠯᠲᠦ ᠣᠷᠠᠯᠠᠯ᠎ᠤᠨ ᠠᠵᠢᠯ᠎ᠤᠨ ᠦᠷᠳᠡᠭᠡ ᠵᠢ ᠪᠠᠢ᠌ᠭᠤᠯᠤᠨ᠂ ᠣᠯᠠᠮᠵᠢᠯᠠᠯᠲᠦ ᠣᠷᠠᠯᠠᠯ᠎ᠤᠨ ᠵᠦ᠍ᠢ᠌ᠯᠢ ᠬᠠᠮᠠᠭ᠋ᠠᠯᠠᠨ ᠤᠯᠠᠮᠵᠢᠯᠠᠬᠤ᠂ ᠣᠬᠠᠭᠣᠯᠣᠨ ᠪᠣᠯᠪᠠᠰᠣᠷᠠᠭᠣᠯᠬᠣ᠂ ᠰᠣᠳᠣᠯᠣᠨ ᠬᠦᠭᠵᠢᠬᠦᠯᠬᠦ᠂ ᠰᠣᠯᠢᠯᠴᠠᠨ ᠬᠣᠷᠰᠢᠬᠣ᠂ ᠲᠡᠯᠭᠡᠨ ᠦᠵᠡᠭᠦᠯᠬᠦ᠂ ᠦᠢ᠍ᠯᠡᠳᠦᠨ ᠪᠣᠷᠣᠯᠠᠭᠣᠯᠬᠣ ᠵᠡᠷᠭᠡ ᠠᠵᠢᠯᠯᠠᠭ᠎ᠠ ᠵᠢ ᠦᠷᠨᠢᠬᠦᠯᠵᠦ᠂ ᠦᠢ᠍ᠯᠡᠴᠢᠭᠡᠨᠤ ᠬᠠᠮᠢᠶᠠᠷᠣᠯᠲᠠ ᠵᠢᠨ ᠲᠠᠪᠴᠠᠩ᠎ᠢ ᠪᠠᠢ᠌ᠭᠤᠯᠤᠨ᠂ ᠣᠯᠠᠮᠵᠢᠯᠠᠯᠲᠦ ᠣᠷᠠᠯᠠᠯ᠎ᠤᠨ ᠠᠵᠦ ᠠᠬᠣᠢ᠌ᠯᠠᠯ᠂ ᠲᠦᠷᠦᠯ ᠵᠦᠢ᠍ᠯ ᠪᠠ ᠣᠯᠠᠮᠵᠢᠯᠠᠭᠴᠢ᠎ᠳᠤ ᠮᠡᠷᠭᠡᠵᠢᠯ᠎ᠤᠨ ᠵᠢᠯᠣᠭᠣᠳᠣᠯᠭ᠎ᠠ᠂ ᠰᠣᠷᠠᠭ ᠵᠠᠩᠬᠢ ᠵᠢᠨ ᠯᠠᠪᠯᠠᠯᠲᠠ᠂ ᠭᠠᠳᠠᠭ᠋ᠠᠲᠦ᠎ᠳᠤ ᠲᠡᠯᠭᠡᠷᠡᠭᠦᠯᠦᠨ ᠲᠠᠨᠢᠯᠴᠠᠭᠣᠯᠬᠣ ᠵᠡᠷᠭᠡ ᠦᠢ᠍ᠯᠡᠴᠢᠯᠡᠭᠡᠨ᠎ᠢ ᠬᠠᠩᠭ᠋ᠠᠨ᠎ᠠ᠃ ᠡᠯ᠎ᠡ ᠠᠢ᠌ᠮᠠᠭ ᠬᠣᠲᠠ ᠵᠢᠴᠢ ᠣᠯᠠᠮᠵᠢᠯᠠᠯᠲᠦ ᠣᠷᠠᠯᠠᠯ ᠨᠡᠯᠢᠶᠡᠳ ᠲᠦᠪᠯᠡᠷᠡᠭᠰᠡᠨ ᠭᠠᠵᠠᠷ ᠣᠷᠣᠨ᠎ᠳᠤ ᠰᠠᠯᠠᠭ᠎ᠠ ᠦᠷᠳᠡᠭᠡ ᠪᠠᠢ᠌ᠭᠣᠯᠵᠦ᠂ ᠡᠯ᠎ᠡ ᠭᠠᠵᠠᠷ ᠣᠷᠣᠨ᠎ᠤ ᠣᠯᠠᠮᠵᠢᠯᠠᠯᠲᠦ ᠣᠷᠠᠯᠠᠯ᠎ᠤᠨ ᠬᠠᠮᠠᠭ᠋ᠠᠯᠠᠯᠲᠠ ᠪᠠ ᠣᠯᠠᠮᠵᠢᠯᠠᠯᠢ ᠵᠣᠬᠢᠴᠠᠭᠣᠯᠣᠨ ᠵᠢᠯᠤᠭᠤᠳᠴᠤ᠂ ᠪᠦᠬᠦ ᠣᠷᠣᠨ᠎ᠤ ᠣᠯᠠᠮᠵᠢᠯᠠᠯᠲᠦ ᠣᠷᠠᠯᠠᠯ᠎ᠤᠨ ᠲᠦᠰᠦᠯ ᠪᠠ ᠦᠢ᠍ᠯᠡᠰ᠎ᠤᠨ ᠬᠦᠭᠵᠢᠯᠲᠡ ᠵᠢ ᠠᠬᠢᠭᠣᠯᠣᠨ᠎ᠠ᠃
(ᠲᠠᠪᠣ) ᠣᠯᠠᠮᠵᠢᠯᠠᠯᠲᠦ ᠣᠷᠠᠯᠠᠯ᠎ᠲᠠᠢ ᠬᠣᠯᠪᠣᠭᠳᠠᠬᠣ ᠰᠢᠨᠵᠢᠯᠡᠬᠦ ᠣᠬᠠᠭ᠋ᠠᠨ᠎ᠤ ᠰᠠᠯᠪᠣᠷᠢ ᠵᠢᠨ ᠪᠦᠳᠦᠭᠡᠨ ᠪᠠᠢ᠌ᠭᠣᠯᠣᠯᠲᠠ ᠪᠠ ᠣᠨᠣᠯ ᠮᠡᠷᠭᠡᠵᠢᠯ᠎ᠤᠨ ᠰᠣᠳᠣᠯᠭ᠋ᠠᠨᠢ ᠴᠢᠩᠭ᠋ᠠᠳᠬᠠᠵᠦ᠂ ᠣᠯᠠᠮᠵᠢᠯᠠᠯᠲᠦ ᠣᠷᠠᠯᠠᠯ᠎ᠤᠨ ᠦᠢ᠍ᠯᠡᠳᠭᠦᠨ᠎ᠢ ᠲᠦᠯᠦᠪᠯᠡᠬᠦ᠂ ᠦᠢ᠍ᠯᠡᠳᠬᠦ ᠬᠢᠷᠢ ᠲᠦᠪᠰᠢᠨ᠎ᠢ ᠲᠡᠭᠡᠭᠰᠢᠯᠡᠭᠦᠯᠦᠨ᠎ᠡ᠃ ᠨᠦᠬᠦᠴᠡᠯ᠎ᠢ ᠪᠦᠷᠢᠯᠳᠦᠭᠦᠯᠦᠭᠰᠡᠨ ᠲᠡᠭᠡᠲᠦ ᠰᠣᠷᠭ᠋ᠠᠭᠣᠯᠢ ᠪᠠ ᠲᠤᠰᠬᠠᠢ ᠮᠡᠷᠭᠡᠵᠢᠯ᠎ᠤᠨ ᠰᠣᠷᠭ᠋ᠠᠭᠣᠯᠢ ᠵᠢᠨ ᠦᠪᠡᠷ᠎ᠤᠨ ᠪᠣᠲᠠᠲᠦ ᠪᠠᠢ᠌ᠳᠠᠯ ᠪᠠ ᠵᠠᠬ᠎ᠠ ᠲᠡᠯᠭᠡᠭᠦᠷ᠎ᠤᠨ ᠬᠡᠷᠡᠭᠴᠡᠭᠡ ᠵᠢ ᠦᠨᠳᠣᠰᠦᠯᠡᠨ ᠣᠯᠠᠮᠵᠢᠯᠠᠯᠲᠦ ᠣᠷᠠᠯᠠᠯ᠎ᠲᠠᠢ ᠬᠣᠯᠪᠣᠭᠳᠠᠬᠣ ᠲᠤᠰᠬᠠᠢ ᠮᠡᠷᠭᠡᠵᠢᠯ ᠪᠠ ᠬᠢᠴᠢᠶᠡᠯ᠎ᠢ ᠨᠡᠭᠡᠭᠡᠵᠦ᠂ ᠣᠯᠠᠮᠵᠢᠯᠠᠯᠲᠦ ᠣᠷᠠᠯᠠᠯ᠎ᠤᠨ ᠣᠨᠣᠯ᠎ᠤᠨ ᠰᠣᠳᠣᠯᠭ᠋ᠠᠨ ᠪᠠ ᠲᠤᠰᠬᠠᠢ ᠮᠡᠷᠭᠡᠵᠢᠯ᠎ᠤᠨ ᠴᠢᠳᠠᠪᠣᠷᠢᠲᠠᠨᠤ ᠬᠦᠮᠦᠵᠢᠬᠦᠯᠦᠯᠢ ᠴᠢᠩᠭ᠋ᠠᠳᠬᠠᠬᠣ ᠵᠢ ᠲᠡᠮᠵᠢᠨ᠎ᠡ᠃ ᠲᠡᠭᠡᠲᠦ ᠰᠣᠷᠭ᠋ᠠᠭᠣᠯᠢ ᠪᠠ ᠲᠤᠰᠬᠠᠢ ᠮᠡᠷᠭᠡᠵᠢᠯ᠎ᠤᠨ ᠰᠣᠷᠭ᠋ᠠᠭᠣᠯᠢ ᠵᠢᠨ ᠣᠯᠠᠮᠵᠢᠯᠠᠭᠴᠢ᠂ ᠭᠠᠷ ᠦᠢ᠍ᠯᠡᠳᠪᠦᠷᠢ ᠵᠢᠨ ᠶᠡᠭᠡ ᠤᠷᠠᠯᠢᠭᠴᠢ᠎ᠨᠢ ᠲᠠᠳᠠᠨ ᠣᠷᠣᠭᠣᠯᠬᠣ ᠵᠢ ᠵᠣᠷᠢᠭᠵᠢᠭᠣᠯᠵᠦ᠂ ᠣᠯᠠᠮᠵᠢᠯᠠᠯᠲᠦ ᠣᠷᠠᠯᠠᠯ᠎ᠤᠨ ᠲᠤᠰᠬᠠᠢ ᠮᠡᠷᠭᠡᠵᠢᠯ᠎ᠤᠨ ᠵᠢᠭ᠋ᠠᠨ ᠰᠤᠷᠭ᠋ᠠᠯᠲᠠ ᠪᠠ ᠰᠤᠳᠤᠯᠭ᠋ᠠᠨ᠎ᠤ ᠬᠢᠷᠢ ᠲᠦᠪᠰᠢᠨ᠎ᠢ ᠣᠯᠠᠮ ᠨᠢᠭᠡ ᠠᠯᠬᠣᠮ ᠲᠡᠭᠡᠭᠰᠢᠯᠡᠭᠦᠯᠦᠨ᠎ᠡ᠃ ᠣᠯᠠᠮᠵᠢᠯᠠᠯᠲᠦ ᠣᠷᠠᠯᠠᠯ ᠪᠠ ᠣᠳᠣᠬᠢ ᠲᠸᠭᠨᠢᠭ ᠮᠡᠷᠭᠡᠵᠢᠯ᠂ ᠣᠷᠠᠯᠠᠯ᠎ᠤᠨ ᠣᠷᠭ᠋ᠠᠨᠢᠭ ᠠᠭᠣᠰᠣᠯᠴᠠᠯ᠎ᠢ ᠰᠦᠪᠡᠭᠴᠢᠯᠡᠨ ᠮᠠᠲᠸᠷᠢᠶᠠᠯ ᠵᠶ᠋ᠠᠨ ᠰᠠᠢ᠌ᠵᠢᠷᠠᠭᠤᠯᠵᠤ᠂ ᠦᠢ᠍ᠯᠡᠳᠪᠦᠷᠢᠯᠡᠯ ᠵᠶ᠋ᠠᠨ ᠰᠢᠨᠡᠴᠢᠯᠡᠨ᠂ ᠪᠦᠬᠦᠢ᠌ᠯᠡ ᠶᠠᠰᠦ ᠴᠢᠨᠠᠷ᠎ᠢ ᠲᠡᠭᠡᠭᠰᠢᠯᠡᠭᠦᠯᠵᠦ᠂ ᠣᠯᠠᠮᠵᠢᠯᠠᠯᠲᠦ ᠣᠷᠠᠯᠠᠯ᠎ᠢ ᠨᠡᠩ ᠰᠠᠢ᠌ᠨ ᠵᠶ᠋ᠠᠷ ᠣᠳᠣᠬᠢ ᠠᠮᠢᠳᠣᠷᠠᠯ᠎ᠳᠤ ᠠᠭᠣᠰᠣᠨ ᠣᠷᠣᠭᠣᠯᠣᠨ᠎ᠠ᠃ ᠣᠯᠠᠮᠵᠢᠯᠠᠯᠲᠦ ᠣᠷᠠᠯᠠᠯ᠎ᠳᠤ ᠬᠣᠯᠪᠣᠭᠳᠠᠬᠣ ᠲᠣᠰᠬᠠᠢ ᠪᠦᠳᠦᠭᠡᠯ᠂ ᠣᠷᠴᠢᠭᠣᠯᠭ᠎ᠠ ᠵᠢᠨ ᠪᠦᠳᠦᠭᠡᠯ᠂ ᠵᠢᠷᠣᠭᠲᠦ ᠲᠡᠪᠲᠡᠷ ᠵᠡᠷᠭᠡ ᠰᠣᠳᠣᠯᠭ᠋ᠠᠨ ᠪᠠ ᠦᠢ᠍ᠯᠡᠳᠦᠯᠭᠡ ᠵᠢᠨ ᠦᠷ᠎ᠡ ᠪᠦᠳᠦᠭᠡᠯ᠎ᠢ ᠬᠡᠪᠯᠡᠬᠦ ᠵᠢ ᠵᠣᠷᠢᠭᠵᠢᠭᠣᠯᠣᠨ᠎ᠠ᠃ ᠣᠯᠠᠮᠵᠢᠯᠠᠯᠲᠦ ᠣᠷᠠᠯᠠᠯ᠎ᠤᠨ ᠪᠠᠷᠠᠭ᠋ᠠᠨ᠎ᠤ ᠲᠡᠮᠳᠡᠭ᠂ ᠬᠣᠳᠠᠯᠳᠣᠭ᠋ᠠᠨ᠎ᠤ ᠨᠢᠭᠣᠴᠠ᠂ ᠣᠶᠣᠨ᠎ᠤ ᠦᠮᠴᠢ ᠵᠢᠨ ᠡᠷᠬᠡ ᠪᠠ ᠰᠢᠨ᠎ᠡ ᠵᠢ ᠡᠭᠦᠳᠦᠭᠰᠡᠨ ᠦᠷ᠎ᠡ ᠪᠦᠳᠦᠭᠡᠯ᠎ᠳᠤ᠎ᠬᠢ ᠬᠠᠮᠠᠭ᠋ᠠᠯᠠᠯᠲᠠ ᠵᠢ ᠴᠢᠩᠭ᠋ᠠᠳᠬᠠᠨ ᠣᠯᠠᠮᠵᠢᠯᠠᠭᠴᠢ᠂ ᠬᠤᠯᠪᠤᠭᠳᠠᠯ ᠪᠦᠬᠦᠢ ᠠᠵᠦ ᠠᠬᠣᠢ᠌ᠯᠠᠯ᠂ ᠪᠠᠢ᠌ᠭᠤᠯᠭ᠎ᠠ ᠵᠡᠷᠭᠡ ᠣᠯᠠᠮᠵᠢᠯᠠᠯᠲᠦ ᠣᠷᠠᠯᠠᠯ᠎ᠢ ᠡᠵᠡᠡᠭᠨᠡᠭᠴᠢ ᠵᠢᠨ ᠬᠠᠦᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ᠃
(ᠵᠢᠷᠭᠣᠭ᠎ᠠ) ᠣᠯᠠᠮᠵᠢᠯᠠᠯᠲᠦ ᠣᠷᠠᠯᠠᠯ᠎ᠢ ᠣᠬᠠᠭᠣᠯᠣᠨ ᠰᠣᠷᠳᠠᠯᠴᠢᠯᠠᠬᠣ᠂ ᠲᠡᠯᠭᠡᠭᠡᠨ ᠦᠵᠡᠬᠦᠯᠬᠦ᠂ ᠪᠣᠷᠣᠯᠠᠭᠣᠯᠬᠣ ᠠᠷᠭ᠎ᠠ ᠵᠠᠮ᠎ᠢ ᠦᠷᠭᠡᠳᠬᠡᠨ᠎ᠡ᠃ ᠣᠯᠠᠮᠵᠢᠯᠠᠯᠲᠦ ᠣᠷᠠᠯᠠᠯ᠎ᠤᠨ ᠲᠦᠪᠯᠡᠷᠡᠭᠰᠡᠨ ᠭᠠᠵᠠᠷ ᠣᠷᠣᠨ᠂ ᠲᠡᠦᠭᠡ ᠰᠣᠶᠣᠯ᠎ᠤᠨ ᠵᠡᠬᠡᠯᠢ ᠲᠤᠭᠤᠷᠢᠭ᠂ ᠵᠢᠭᠣᠯᠴᠢᠯᠠᠯ᠎ᠤᠨ ᠣᠷᠣᠨ᠎ᠳᠤ ᠣᠯᠠᠮᠵᠢᠯᠠᠯᠲᠦ ᠣᠷᠠᠯᠠᠯ᠎ᠤᠨ ᠦᠢ᠍ᠯᠡᠳᠭᠦᠨ᠎ᠢ ᠳᠡᠯᠭᠡᠨ ᠦᠵᠡᠬᠦᠯᠬᠦ᠂ ᠲᠡᠯᠭᠡᠨ ᠪᠣᠷᠣᠯᠠᠭᠣᠯᠬᠣ ᠲᠠᠯᠠᠪᠣᠷ ᠪᠠᠢ᠌ᠭᠤᠯᠬᠤ ᠵᠢ ᠵᠤᠷᠢᠭᠵᠢᠭᠤᠯᠵᠤ᠂ ᠦᠨᠳᠦᠰᠦᠲᠡᠨ᠎ᠤ ᠪᠣᠶᠦ ᠭᠠᠵᠠᠷ ᠣᠷᠣᠨ᠎ᠤ ᠣᠨᠴᠠᠯᠢᠭ᠎ᠲᠠᠢ ᠣᠯᠠᠮᠵᠢᠯᠠᠯᠲᠦ ᠣᠷᠠᠯᠠᠯ᠎ᠤᠨ ᠦᠢ᠍ᠯᠡᠳᠭᠦᠨ᠎ᠢ ᠲᠦᠪᠯᠡᠷᠡᠭᠦᠯᠦᠨ ᠲᠡᠯᠭᠡᠨ ᠦᠵᠡᠬᠦᠯᠬᠦ᠂ ᠤᠬᠠᠭᠤᠯᠤᠨ ᠰᠤᠷᠲᠠᠯᠴᠢᠯᠠᠵᠤ᠂ ᠲᠡᠯᠭᠡᠷᠡᠭᠦᠯᠦᠨ ᠲᠠᠨᠢᠯᠴᠠᠭᠣᠯᠵᠦ᠂ ᠣᠯᠠᠮᠵᠢᠯᠠᠯᠲᠦ ᠣᠷᠠᠯᠠᠯ ᠪᠠ ᠵᠢᠭᠣᠯᠴᠢᠯᠠᠯ᠎ᠤᠨ ᠵᠠᠬ᠎ᠠ ᠲᠡᠯᠭᠡᠭᠦᠷ᠎ᠤᠨ ᠣᠶᠠᠯᠳᠣᠯᠢ ᠲᠦᠯᠬᠢᠨ ᠠᠬᠢᠭᠣᠯᠣᠨ᠎ᠠ᠃ ᠣᠯᠣᠰ᠎ᠤᠨ ᠰᠣᠶᠣᠯ ᠪᠠ ᠪᠠᠢ᠌ᠭ᠋ᠠᠯᠢ ᠵᠢᠨ ᠦᠪ᠎ᠤᠨ ᠡᠳᠦᠷ᠂ ᠦᠪᠡᠷᠳᠡᠭᠡᠨ ᠵᠠᠰᠠᠬᠣ ᠣᠷᠣᠨ᠎ᠤ ᠲᠠᠯ᠎ᠠ ᠨᠣᠳᠣᠭ᠎ᠤᠨ ᠰᠣᠶᠣᠯ᠎ᠤᠨ ᠦᠪ᠎ᠤᠨ ᠡᠳᠦᠷ᠂ ᠪᠣᠳᠠᠰ᠎ᠤᠨ ᠪᠣᠰᠦ ᠰᠣᠶᠣᠯ᠎ᠤᠨ ᠦᠪ᠂ ᠵᠢᠭᠣᠯᠴᠢᠯᠠᠯ ᠵᠡᠷᠭᠡ ᠬᠤᠯᠪᠤᠭᠳᠠᠯ ᠪᠦᠬᠦᠢ ᠪᠠᠶᠠᠷ ᠨᠠᠭ᠋ᠠᠳᠤᠮ᠂ ᠬᠤᠷᠠᠯ ᠴᠤᠭᠯᠠᠭ᠋ᠠᠨ ᠳᠡᠭᠡᠷ᠎ᠡ ᠣᠯᠠᠮᠵᠢᠯᠠᠯᠲᠦ ᠣᠷᠠᠯᠠᠯ᠎ᠤᠨ ᠲᠣᠰᠬᠠᠢ ᠣᠷᠣᠨ ᠪᠠᠢ᠌ᠭᠣᠯᠣᠨ᠎ᠠ᠃ ᠡᠯ᠎ᠡ ᠵᠦᠢ᠍ᠯ᠎ᠤᠨ ᠪᠣᠳᠠᠰ᠎ᠤᠨ ᠪᠣᠰᠦ ᠦᠪ᠎ᠤᠨ ᠦᠵᠡᠬᠦᠯᠬᠡ ᠪᠠ ᠣᠯᠠᠮᠵᠢᠯᠠᠯᠲᠦ ᠣᠷᠠᠯᠠᠯ᠎ᠤᠨ ᠦᠵᠡᠭᠦᠯᠭᠡ ᠵᠢ ᠶᠠᠪᠣᠭᠳᠠᠭᠣᠯᠣᠨ ᠣᠯᠠᠮᠵᠢᠯᠠᠯᠲᠦ ᠣᠷᠠᠯᠠᠯ᠎ᠳᠤ ᠨᠡᠩ ᠣᠯᠠᠨ ᠲᠡᠯᠭᠡᠨ ᠦᠵᠡᠭᠦᠯᠬᠦ᠂ ᠰᠤᠯᠢᠯᠴᠠᠬᠤ ᠲᠠᠪᠴᠠᠩ᠎ᠢ ᠪᠠᠢ᠌ᠭᠣᠯᠣᠨ᠎ᠠ᠃ ᠬᠣᠳᠠᠯᠳᠣᠭ᠋ᠠᠨ᠎ᠤ ᠰᠦᠯᠵᠢᠶᠡᠨ᠎ᠤ ᠦᠷᠳᠡᠭᠡ ᠪᠠ ᠬᠤᠯᠪᠤᠭᠳᠠᠯ ᠪᠦᠬᠦᠢ ᠲᠣᠰᠬᠠᠢ ᠮᠡᠷᠭᠡᠵᠢᠯ᠎ᠤᠨ ᠰᠦᠯᠵᠢᠶᠡᠨ᠎ᠤ ᠦᠷᠳᠡᠭᠡᠨ᠎ᠤ ᠰᠦᠯᠵᠢᠶ᠎ᠡ᠎ᠪᠠᠷ ᠪᠣᠷᠣᠯᠠᠭᠣᠯᠬᠣ ᠲᠠᠪᠴᠠᠩ ᠪᠠᠢ᠌ᠭᠣᠯᠬᠣ ᠵᠢ ᠵᠣᠷᠢᠭᠵᠢᠭᠣᠯᠵᠦ ᠣᠯᠠᠮᠵᠢᠯᠠᠯᠲᠦ ᠣᠷᠠᠯᠠᠯ᠎ᠤᠨ ᠦᠢ᠍ᠯᠡᠳᠭᠦᠨ᠎ᠢ ᠲᠡᠯᠭᠡᠷᠡᠭᠦᠯᠦᠨ ᠲᠠᠨᠢᠯᠴᠠᠭᠣᠯᠬᠣ ᠵᠢ ᠳᠡᠮᠵᠢᠨ᠎ᠡ᠃
(ᠲᠣᠯᠣᠭ᠎ᠠ) ᠨᠡᠢ᠌ᠭᠡᠮ᠎ᠤᠨ ᠣᠬᠠᠭᠣᠯᠣᠯ ᠰᠣᠷᠳᠠᠯᠴᠢᠯᠠᠯ ᠪᠠ ᠲᠦᠬᠡᠮᠡᠯᠵᠢᠯᠡᠬᠦᠯᠬᠦ ᠰᠣᠷᠭ᠋ᠠᠨ ᠬᠦᠮᠦᠵᠢᠯ᠎ᠢ ᠠᠬᠢᠭᠤᠯᠤᠨ᠎ᠠ᠃ ᠣᠯᠠᠮᠵᠢᠯᠠᠯᠲᠦ ᠣᠷᠠᠯᠠᠯ᠎ᠤᠨ ᠨᠡᠢ᠌ᠭᠡᠮ ᠳᠡᠭᠡᠷᠡᠬᠢ ᠰᠣᠷᠳᠠᠯᠴᠢᠯᠠᠯ᠎ᠤᠨ ᠬᠦᠴᠦᠯᠡᠴᠡ ᠵᠢ ᠨᠡᠮᠡᠭᠳᠡᠭᠦᠯᠵᠦ ᠵᠠᠭᠤᠴᠢᠯᠠᠭᠤᠷ᠂ ᠨᠡᠢ᠌ᠲᠡ ᠵᠢᠨ ᠬᠠᠯᠠᠮᠵᠢ ᠵᠢᠨ ᠵᠠᠷ᠂ ᠨᠢᠰᠭᠡᠯ᠎ᠤᠨ ᠲᠠᠯᠠᠪᠣᠷ᠂ ᠲᠡᠷᠭᠡᠨ᠎ᠤ ᠦᠷᠳᠡᠭᠡ᠂ ᠰᠣᠶᠣᠯ᠎ᠤᠨ ᠲᠠᠯᠠᠪᠣᠷ᠎ᠤᠨ ᠨᠡᠢ᠌ᠲᠡ ᠵᠢᠨ ᠣᠷᠣᠨ ᠵᠠᠢ ᠵᠢ ᠠᠰᠢᠭᠯᠠᠵᠦ᠂ ᠣᠯᠠᠮᠵᠢᠯᠠᠯᠲᠦ ᠣᠷᠠᠯᠠᠯ᠎ᠤᠨ ᠨᠡᠢ᠌ᠲᠡ ᠵᠢᠨ ᠬᠠᠯᠠᠮᠵᠢ ᠵᠢᠨ ᠣᠬᠠᠭᠣᠯᠣᠯ ᠰᠣᠷᠳᠠᠯᠴᠢᠯᠠᠯᠢ ᠦᠷᠨᠢᠬᠦᠯᠦᠨ᠂ ᠣᠯᠠᠮᠵᠢᠯᠠᠯᠲᠦ ᠣᠷᠠᠯᠠᠯ᠎ᠤᠨ ᠨᠡᠢ᠌ᠭᠡᠮ᠎ᠤᠨ ᠨᠦᠯᠦᠭᠡ ᠪᠠ ᠣᠯᠠᠨ ᠲᠦᠮᠡᠨ᠎ᠤ ᠲᠠᠨᠢᠨ ᠮᠡᠳᠡᠬᠦᠢ ᠬᠢᠷᠢ ᠲᠦᠪᠰᠢᠨ ᠵᠢ ᠦᠷᠭᠡᠳᠬᠡᠵᠦ ᠂ ᠣᠷᠣᠨ ᠨᠣᠳᠣᠭ᠎ᠤᠨ ᠰᠣᠶᠣᠯ᠎ᠤᠨ ᠡᠬᠢ ᠪᠠᠶᠠᠯᠢᠭ ᠪᠠ ᠰᠣᠶᠣᠯ᠎ᠤᠨ ᠲᠡᠮᠳᠡᠭᠲᠦ ᠵᠢ ᠣᠬᠠᠭᠣᠯᠣᠨ ᠰᠣᠷᠳᠠᠯᠴᠢᠯᠠᠵᠦ ᠳᠡᠯᠭᠡᠨ ᠦᠵᠡᠭᠦᠯᠦᠨ᠎ᠡ᠃ ᠲᠸᠯᠸᠢᠰ᠂ ᠲᠣᠣᠷ ᠰᠦᠯᠵᠢᠶ᠎ᠡ ᠵᠡᠷᠭᠡ ᠵᠠᠭᠤᠴᠢᠯᠠᠭᠤᠷ᠎ᠤᠨ ᠡᠯᠪᠡᠭ ᠪᠠᠶᠠᠯᠢᠭ ᠠᠭᠣᠯᠭ᠎ᠠ᠎ᠲᠠᠢ ᠣᠯᠠᠮᠵᠢᠯᠠᠯᠲᠦ ᠣᠷᠠᠯᠠᠯ᠎ᠤᠨ ᠫᠷᠦᠭᠷᠡᠮ ᠭᠠᠷᠭ᠋ᠠᠬᠣ ᠵᠢ ᠵᠣᠷᠢᠭᠵᠢᠭᠣᠯᠣᠨ᠎ᠠ᠃ ᠣᠯᠠᠮᠵᠢᠯᠠᠯᠲᠦ ᠣᠷᠠᠯᠠᠯ᠎ᠤᠨ ᠪᠠᠷᠢᠮᠳᠠ᠎ᠲᠦ ᠺᠢᠨᠣ᠋᠂ ᠵᠢᠭ᠋ᠠᠨ ᠰᠤᠷᠭ᠋ᠠᠬᠤ ᠺᠢᠨᠣ᠋ ᠪᠠ ᠣᠬᠠᠭᠣᠯᠣᠯ ᠰᠣᠷᠳᠠᠯᠴᠢᠯᠠᠯ᠎ᠤᠨ ᠺᠢᠨᠣ᠋ ᠵᠢ ᠰᠡᠭᠦᠳᠡᠷᠯᠡᠨ ᠵᠢᠷᠣᠭᠯᠠᠬᠣ ᠪᠠ ᠤᠷᠴᠢᠭᠤᠯᠬᠤ᠂ ᠮᠡᠳᠡᠯᠭᠡ ᠵᠢᠨ ᠲᠠᠷᠬᠠᠭ᠋ᠠᠯᠲᠠ ᠲᠦᠭᠡᠮᠡᠯᠵᠢᠭᠦᠯᠦᠯ ᠪᠠ ᠣᠷ᠎ᠠ ᠴᠢᠳᠠᠪᠦᠷᠢ ᠵᠢᠨ ᠰᠣᠯᠢᠯᠴᠠᠭ᠎ᠠ ᠵᠢ ᠠᠬᠢᠭᠣᠯᠣᠨ᠂ ᠣᠯᠠᠨ ᠨᠡᠢ᠌ᠲᠡ ᠵᠢᠨ ᠣᠯᠠᠮᠵᠢᠯᠠᠯᠲᠦ ᠣᠷᠠᠯᠠᠯ᠎ᠤᠨ ᠮᠡᠳᠡᠯᠭᠡ ᠵᠢ ᠰᠣᠷᠣᠯᠴᠠᠬᠣ᠎ᠳᠤ ᠳᠦᠬᠦᠮ ᠦᠵᠡᠬᠦᠯᠦᠨ᠎ᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠨᠡᠢ᠌ᠭᠡᠮ᠎ᠤᠨ ᠵᠤᠬᠢᠶᠠᠨ ᠪᠠᠢ᠌ᠭᠣᠯᠣᠯᠲᠠ ᠵᠢᠨ ᠣᠯᠠᠮᠵᠢᠯᠠᠯᠲᠦ ᠣᠷᠠᠯᠠᠯ᠎ᠳᠤ ᠬᠣᠯᠪᠣᠭᠳᠠᠬᠣ ᠬᠦᠳᠡᠯᠭᠡᠭᠡᠨ᠎ᠳᠤ ᠢᠳᠡᠪᠬᠢᠲᠠᠢ ᠣᠷᠣᠯᠴᠠᠬᠣ ᠪᠣᠶᠦ ᠵᠤᠬᠢᠶᠠᠨ ᠪᠠᠢ᠌ᠭᠣᠯᠬᠣ ᠵᠢ ᠵᠣᠷᠢᠭᠵᠢᠭᠣᠯᠵᠦ᠂ ᠡᠯ᠎ᠡ ᠱᠠᠲᠤᠨ᠎ᠤ ᠨᠡᠢ᠌ᠲᠡ ᠵᠢᠨ ᠰᠣᠶᠣᠯ᠎ᠤᠨ ᠪᠠᠢ᠌ᠭᠣᠯᠣᠮᠵᠢ ᠵᠢᠨ ᠦᠢ᠍ᠯᠡᠳᠦᠯ᠎ᠢ ᠬᠦᠢ᠍ᠴᠡᠳ ᠪᠠᠳᠠᠷᠠᠭᠤᠯᠤᠨ᠂ ᠨᠡᠢ᠌ᠲᠡ ᠵᠢᠨ ᠰᠣᠶᠣᠯ ᠦᠢ᠍ᠯᠡᠴᠢᠯᠡᠭᠡᠨ᠎ᠤ ᠲᠠᠯᠠᠪᠣᠷ᠎ᠲᠤ ᠲᠦᠰᠢᠭᠯᠡᠨ᠂ ᠲᠤᠭᠤᠷᠢᠭ᠎ᠲᠤ ᠴᠢᠭᠯᠡᠭᠰᠡᠨ ᠣᠯᠠᠮᠵᠢᠯᠠᠯᠲᠦ ᠣᠷᠠᠯᠠᠯ᠎ᠤᠨ ᠦᠵᠡᠬᠦᠯᠬᠡ᠂ ᠪᠡᠶᠡᠲᠡᠨ ᠣᠢ᠌ᠯᠠᠭ᠋ᠠᠬᠣ᠂ ᠵᠢᠭ᠋ᠠᠨ ᠰᠤᠷᠭ᠋ᠠᠬᠤ᠂ ᠢᠯᠡᠳᠭᠡᠯ᠂ ᠪᠣᠯᠪᠠᠰᠣᠷᠠᠬᠣ ᠵᠡᠷᠭᠡ ᠡᠯ᠎ᠡ ᠲᠦᠷᠦᠯ᠎ᠤᠨ ᠬᠦᠳᠡᠯᠭᠡᠭᠡᠨ᠎ᠢ ᠢᠳᠡᠪᠬᠢᠲᠡᠢ ᠦᠷᠨᠢᠬᠦᠯᠵᠦ᠂ ᠡᠯ᠎ᠡ ᠱᠠᠲᠤᠨ᠎ᠤ ᠨᠡᠢ᠌ᠲᠡ ᠵᠢᠨ ᠰᠣᠶᠣᠯ᠎ᠤᠨ ᠪᠠᠢ᠌ᠭᠣᠯᠣᠮᠵᠢ ᠵᠢ ᠣᠯᠠᠮᠵᠢᠯᠠᠯᠲᠦ ᠣᠷᠠᠯᠠᠯ᠎ᠢ ᠲᠦᠭᠡᠮᠡᠯᠵᠢᠭᠦᠯᠦᠨ ᠲᠡᠯᠭᠡᠷᠡᠭᠦᠯᠬᠦ ᠴᠢᠬᠣᠯᠠ ᠪᠡᠬᠢᠯᠡᠯᠲᠡ ᠵᠢᠨ ᠭᠠᠵᠠᠷ ᠪᠣᠯᠭ᠋ᠠᠨ᠂ ᠠᠷᠠᠳ ᠣᠯᠠᠨ᠎ᠤ ᠰᠣᠶᠣᠯ᠎ᠤᠨ ᠠᠮᠢᠳᠣᠷᠠᠯ᠎ᠢ ᠡᠯᠪᠡᠭᠵᠢᠭᠦᠯᠵᠦ᠂ ᠣᠯᠠᠮᠵᠢᠯᠠᠯᠲᠦ ᠣᠷᠠᠯᠠᠯ᠎ᠳᠤ᠎ᠬᠢ ᠨᠡᠢ᠌ᠭᠡᠮ᠎ᠤᠨ ᠡᠨᠡᠭᠰᠢᠯᠢ ᠴᠢᠩᠭ᠋ᠠᠳᠬᠠᠨ᠎ᠠ᠃ ᠪᠣᠳᠠᠰ᠎ᠤᠨ ᠪᠣᠰᠦ ᠰᠣᠶᠣᠯ᠎ᠤᠨ ᠦᠪ᠎ᠤᠨ ᠰᠣᠷᠭ᠋ᠠᠭᠣᠯᠢ ᠵᠢᠨ ᠬᠦᠷᠢᠶᠡᠨ᠎ᠳᠤ ᠣᠷᠣᠬᠣ ᠵᠡᠷᠭᠡ ᠬᠦᠳᠡᠯᠭᠡᠭᠡᠨ᠎ᠢ ᠦᠷᠭᠦᠯᠵᠢᠯᠡᠨ ᠦᠷᠨᠢᠭᠦᠯᠦᠨ᠎ᠡ᠃ ᠣᠯᠠᠮᠵᠢᠯᠠᠯᠲᠦ ᠣᠷᠠᠯᠠᠯ᠎ᠢ ᠲᠡᠭᠡᠲᠦ ᠰᠣᠷᠭ᠋ᠠᠭᠣᠯᠢ ᠵᠢᠨ ᠰᠣᠶᠣᠯ ᠪᠣᠯᠪᠠᠰᠣᠷᠠᠯ᠎ᠤᠨ ᠴᠢᠨᠰᠠᠭ᠎ᠠ ᠵᠢᠨ ᠬᠢᠴᠢᠶᠡᠯ ᠪᠠ ᠳᠤᠮᠳᠠᠳᠤ ᠪᠠᠭ᠎ᠠ ᠰᠣᠷᠭ᠋ᠠᠭᠣᠯᠢ ᠵᠢᠨ ᠬᠢᠴᠢᠶᠡᠯ᠎ᠤᠨ ᠭᠠᠳᠠᠨᠠᠬᠢ ᠵᠢᠭ᠋ᠠᠨ ᠰᠣᠷᠭ᠋ᠠᠬᠣ ᠬᠦᠳᠡᠯᠭᠡᠭᠡᠨ᠎ᠳᠤ ᠣᠷᠣᠭᠣᠯᠣᠨ᠎ᠠ᠃ ᠶᠡᠭᠡ ᠳᠤᠮᠳᠠᠳᠤ ᠪᠠᠭ᠎ᠠ ᠰᠣᠷᠭ᠋ᠠᠭᠣᠯᠢ ᠵᠢᠨ ᠣᠷᠣᠨ ᠨᠣᠳᠣᠭ᠎ᠤᠨ ᠣᠨᠴᠠᠯᠢᠭ᠂ ᠦᠨᠳᠦᠰᠦᠲᠡᠨ᠎ᠤ ᠣᠨᠴᠠᠯᠢᠭ᠎ᠢ ᠬᠠᠷᠠᠭᠣᠯᠣᠭᠰᠨ ᠣᠯᠠᠮᠵᠢᠯᠠᠯᠲᠦ ᠣᠷᠠᠯᠠᠯ᠎ᠤᠨ ᠪᠡᠶᠡᠲᠡᠨ ᠣᠢ᠌ᠯᠭ᠋ᠠᠬᠣ ᠪᠠ ᠣᠷᠣᠯᠳᠣᠭ᠋ᠠᠨ᠎ᠢ ᠵᠣᠬᠢᠶᠠᠨ ᠪᠠᠢ᠌ᠭᠣᠯᠵᠦ᠂ ᠦᠷᠨᠢᠬᠦᠯᠬᠦ ᠵᠢ ᠲᠡᠮᠵᠢᠵᠦ᠂ ᠵᠠᠯᠠᠭᠣ ᠪᠠᠭ᠋ᠠᠴᠤᠳ᠎ᠤᠨ ᠭᠠᠷ ᠬᠦᠳᠡᠯᠬᠦ ᠴᠢᠳᠠᠪᠦᠷᠢ ᠪᠠ ᠪᠦᠳᠦᠭᠡᠬᠦ ᠴᠢᠳᠠᠪᠦᠷᠢ ᠵᠢ ᠲᠡᠭᠡᠭᠰᠢᠯᠡᠬᠦᠯᠵᠦ᠂ ᠣᠯᠠᠮᠵᠢᠯᠠᠯᠲᠦ ᠰᠣᠶᠣᠯ᠎ᠳᠤ᠎ᠬᠢ ᠲᠠᠨᠢᠨ ᠮᠡᠳᠡᠬᠦᠢ ᠵᠢ ᠭᠦᠨᠵᠡᠭᠡᠢ᠌ᠷᠡᠭᠦᠯᠦᠨ᠎ᠡ᠃
ᠲᠦᠷᠪᠡ᠂ ᠪᠠᠳᠣᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠨᠢᠭᠡᠲᠦᠯᠲᠡᠢ ᠲᠦᠯᠦᠪᠯᠡᠵᠦ ᠨᠡᠢ᠌ᠲᠡ᠎ᠳᠤᠨᠢ ᠬᠠᠷᠠᠭ᠋ᠠᠯᠵᠠᠬᠣ ᠵᠢ ᠴᠢᠡᠭᠭ᠋ᠠᠳᠬᠠᠨ᠎ᠠ᠃ ᠡᠯ᠎ᠡ ᠭᠠᠵᠠᠷ ᠣᠷᠣᠨ ᠰᠣᠶᠣᠯ᠂ ᠠᠵᠦ ᠠᠬᠣᠢ ᠪᠠ ᠰᠣᠷᠠᠭ ᠵᠠᠩᠬᠢᠴᠢᠯᠠᠯᠲᠠ᠂ ᠡᠳ᠋᠎ᠤᠨ ᠵᠠᠰᠠᠭ᠂ ᠰᠢᠨᠵᠢᠯᠡᠬᠦ ᠣᠬᠠᠭ᠋ᠠᠨ ᠮᠡᠷᠭᠡᠵᠢᠯ᠂ ᠰᠣᠷᠭ᠋ᠠᠨ ᠬᠦᠮᠦᠵᠢᠯ᠂ ᠬᠦᠮᠦᠨ᠎ᠤ ᠬᠦᠴᠦᠨ᠎ᠤ ᠡᠬᠢ ᠪᠠᠶᠠᠯᠢᠭ᠂ ᠨᠡᠢ᠌ᠭᠡᠮ᠎ᠤᠨ ᠪᠠᠳᠣᠯᠠᠭ᠎ᠠ᠂ ᠣᠷᠴᠢᠨ ᠲᠤᠭᠤᠷᠢᠨ᠎ᠢ ᠬᠠᠮᠠᠭ᠋ᠠᠯᠠᠬᠣ᠂ ᠣᠢ ᠰᠢᠭᠣᠢ ᠵᠢᠨ ᠦᠢ᠍ᠯᠡᠰ᠂ ᠲᠠᠷᠢᠶᠠᠯᠠᠬᠣ ᠮᠠᠯᠵᠢᠬᠣ ᠦᠢ᠍ᠯᠡᠰ᠂ ᠣᠷᠣᠨ ᠰᠠᠭᠣᠴᠠ ᠬᠣᠳᠠ ᠬᠦᠳᠡᠭᠡ ᠵᠢᠨ ᠪᠦᠳᠦᠭᠡᠨ ᠪᠠᠢ᠌ᠭᠣᠯᠥᠯᠲᠠ᠂ ᠮᠦᠩᠭᠦᠨ ᠬᠦᠢ᠍ᠯᠭᠡᠭᠡᠨ᠂ ᠵᠢᠭᠣᠯᠴᠢᠯᠠᠯ᠂ ᠦᠢ᠍ᠯᠡᠳᠪᠦᠷᠢ ᠬᠣᠳᠠᠯᠳᠣᠭ᠎ᠠ᠂ ᠰᠣᠨᠢᠨ ᠬᠡᠪᠯᠡᠯ ᠷᠠᠳᠢᠣ᠋ ᠲᠸᠯᠸᠢᠰ᠂ ᠶᠠᠳᠠᠭᠣ ᠵᠢ ᠲᠡᠳᠭᠦᠭᠦ᠂ ᠵᠡᠮᠳᠡᠭᠴᠣᠳ᠎ᠤᠨ ᠬᠣᠯᠪᠣᠭ᠎ᠠ ᠵᠡᠷᠭᠡ ᠰᠠᠯᠠᠭ᠎ᠠ ᠮᠦᠴᠢᠷ᠎ᠢ ᠨᠢᠭᠡᠳᠦᠯᠲᠡᠢ ᠲᠦᠯᠦᠪᠯᠡᠨ ᠵᠣᠬᠢᠴᠠᠭᠣᠯᠵᠦ᠂ ᠰᠣᠶᠣᠯ᠎ᠤᠨ ᠦᠢ᠍ᠯᠡᠰ ᠪᠠ ᠰᠣᠶᠣᠯ᠎ᠤᠨ ᠠᠵᠦ ᠦᠢ᠍ᠯᠡᠳᠪᠦᠷᠢ᠂ ᠨᠠᠷᠢᠨ ᠤᠨᠤᠪᠴᠢᠲᠠᠢ᠎ᠪᠠᠷ ᠶᠠᠳᠠᠭᠣ ᠵᠢ ᠲᠡᠳᠭᠦᠭᠦ᠂ ᠰᠢᠨ᠎ᠡ ᠬᠦᠳᠡᠭᠡ ᠲᠣᠰᠬᠣᠨ᠂ ᠰᠢᠨ᠎ᠡ ᠮᠠᠯᠵᠢᠬᠣ ᠣᠷᠣᠨ᠎ᠤ ᠪᠦᠳᠦᠭᠡᠨ ᠪᠠᠢ᠌ᠭᠣᠯᠣᠯᠲᠠ᠂ ᠦᠨᠳᠦᠰᠦᠲᠡᠨ᠎ᠤ ᠣᠯᠠᠮᠵᠢᠯᠠᠯᠲᠦ ᠭᠠᠷ ᠣᠷᠠᠯᠠᠯ ᠵᠢᠴᠢ ᠣᠨᠴᠠᠯᠢᠭᠲᠣ ᠭᠠᠴᠠᠭ᠎ᠠ ᠪᠠᠯᠭ᠋ᠠᠰᠣ ᠵᠢᠨ ᠬᠠᠮᠠᠭ᠋ᠠᠯᠠᠯᠲᠠ ᠪᠤᠯᠤᠨ ᠬᠦᠭᠵᠢᠯᠲᠡ᠂ ᠣᠯᠠᠮᠵᠢᠯᠠᠯᠲᠦ ᠠᠢ᠌ᠯ ᠲᠣᠰᠬᠣᠨ᠎ᠤ ᠬᠠᠮᠠᠭ᠋ᠠᠯᠠᠯᠲᠠ᠂ ᠦᠵᠡᠰᠭᠦᠯᠡᠩᠲᠦ ᠬᠦᠳᠡᠭᠡ ᠲᠣᠰᠬᠣᠨ᠎ᠤ ᠪᠦᠳᠦᠭᠡᠨ ᠪᠠᠢ᠌ᠭᠣᠯᠣᠯᠲᠠ᠂ ᠲᠡᠬᠦᠯᠳᠡᠷ ᠵᠢᠭᠣᠯᠴᠢᠯᠠᠯ ᠵᠡᠷᠭᠡ ᠠᠵᠢᠯ᠎ᠢ ᠤᠶᠠᠯᠳᠤᠭᠤᠯᠵᠤ ᠬᠦᠭᠵᠢᠬᠦᠯᠦᠨ ᠴᠡᠴᠡᠭᠯᠡᠬᠦᠯᠵᠦ᠂ ᠣᠯᠠᠮᠵᠢᠯᠠᠯᠲᠦ ᠣᠷᠠᠯᠠᠯ᠎ᠢ ᠰᠡᠷᠭᠦᠭᠡᠨ ᠮᠠᠨᠳᠣᠭᠣᠯᠬᠣ᠎ᠳᠤ ᠲᠣᠰᠠ᠎ᠲᠠᠢ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠬᠦ ᠵᠢ ᠲᠡᠭᠡᠲᠦ ᠬᠡᠮᠵᠢᠶ᠎ᠡ᠎ᠪᠠᠷ ᠴᠢᠬᠣᠯᠠᠴᠢᠯᠠᠬᠣ ᠬᠡᠷᠡᠭᠲᠠᠢ᠃ ᠬᠦᠳᠡᠭᠡ ᠲᠤᠰᠬᠤᠨ ᠮᠠᠯᠵᠢᠬᠤ ᠣᠷᠣᠨ᠎ᠤ ᠢᠯᠡᠭᠦᠴᠡ ᠬᠦᠳᠡᠯᠮᠦᠷᠢ ᠵᠢᠨ ᠬᠦᠴᠦ᠂ ᠬᠣᠲᠠ ᠵᠢᠨ ᠠᠵᠢᠯ᠎ᠠᠴᠠ ᠪᠠᠭᠣᠭᠰᠠᠨ ᠠᠵᠢᠯᠲᠠᠨ᠂ ᠬᠣᠲᠠ ᠬᠦᠳᠡᠭᠡ ᠵᠢᠨ ᠵᠡᠮᠳᠡᠭᠴᠣᠳ᠂ ᠨᠣᠳᠣᠭ᠎ᠲᠤ᠎ᠪᠠᠨ ᠪᠤᠴᠠᠭᠰᠠᠨ᠂ ᠬᠦᠳᠡᠭᠡ ᠪᠠᠭᠣᠭᠰᠠᠨ ᠠᠵᠢᠯ ᠦᠢ᠍ᠯᠡᠰ ᠡᠬᠢᠯᠡᠬᠦᠯᠬᠦ᠂ ᠰᠢᠨ᠎ᠡ ᠵᠢ ᠡᠭᠦᠳᠬᠦ ᠬᠦᠮᠦᠰ᠂ ᠦᠨᠳᠦᠰᠦᠲᠡᠨ᠎ᠤ ᠣᠷᠣᠨ᠎ᠤ ᠣᠯᠠᠨ ᠲᠦᠮᠡᠨ᠎ᠳᠤ ᠴᠢᠭᠯᠡᠬᠦᠯᠦᠭᠰᠡᠨ ᠭᠠᠷ ᠣᠷᠠᠯᠠᠯ᠎ᠤᠨ ᠴᠢᠳᠠᠪᠦᠷᠢ ᠵᠢᠨ ᠪᠣᠯᠪᠠᠰᠣᠷᠠᠯ᠎ᠢ ᠦᠷᠭᠡᠨ ᠵᠶ᠋ᠠᠷ ᠦᠷᠨᠢᠬᠦᠯᠵᠦ᠂ ᠲᠡᠳᠡᠨᠣᠰ᠎ᠤᠨ ᠣᠯᠠᠮᠵᠢᠯᠠᠯᠲᠦ ᠣᠷᠠᠯᠠᠯ᠎ᠤᠨ ᠦᠢ᠍ᠯᠡᠳᠪᠦᠷᠢᠯᠡᠯ ᠬᠢᠬᠦ ᠵᠢ ᠵᠣᠷᠢᠭᠵᠢᠭᠣᠯᠣᠨ᠎ᠠ᠃ ᠪᠣᠳᠠᠰ᠎ᠤᠨ ᠪᠣᠰᠦ ᠰᠣᠶᠣᠯ᠎ᠤᠨ ᠦᠪ᠎ᠤᠨ ᠦᠢ᠍ᠯᠡᠳᠪᠦᠷᠢᠯᠡᠯ᠎ᠤᠨ ᠴᠢᠨᠠᠷᠲᠠᠢ ᠬᠠᠮᠠᠭ᠋ᠠᠯᠠᠯᠲᠠ ᠵᠢᠨ ᠵᠢᠱ᠌ᠢᠶ᠎ᠡ ᠦᠵᠡᠬᠦᠯᠬᠦ ᠰᠠᠭᠣᠷᠢᠨ ᠭᠠᠵᠠᠷ᠎ᠤᠨ ᠦᠯᠢᠭᠡᠷ ᠳᠠᠭᠤᠷᠢᠶᠠᠯ ᠪᠣᠯᠵᠦ ᠵᠠᠮᠴᠢᠯᠠᠨ ᠤᠳᠤᠷᠢᠳᠬᠤ ᠦᠢ᠍ᠯᠡᠳᠦᠯ ᠵᠶ᠋ᠠᠨ ᠪᠠᠳᠠᠷᠠᠭᠣᠯᠬᠣ ᠵᠢ ᠬᠦᠲᠦᠯᠦᠨ᠎ᠡ᠃
(ᠬᠣᠶᠠᠷ) ᠲᠦᠷᠦ ᠵᠢᠨ ᠪᠣᠳᠣᠯᠭ᠎ᠠ ᠵᠢ ᠬᠡᠷᠡᠭᠵᠢᠭᠦᠯᠵᠦ ᠳᠡᠮᠵᠢᠨ᠎ᠡ᠃ ᠡᠯ᠎ᠡ ᠱᠠᠲᠤᠨ᠎ᠤ ᠡᠳ᠋᠎ᠤᠨ ᠵᠠᠰᠠᠭ ᠣᠯᠠᠮᠵᠢᠯᠠᠯᠲᠦ ᠰᠣᠶᠣᠯ ᠪᠠ ᠣᠯᠠᠮᠵᠢᠯᠠᠯᠲᠦ ᠣᠷᠠᠯᠠᠯ᠎ᠢ ᠲᠡᠮᠵᠢᠬᠦ ᠬᠦᠴᠦᠯᠡᠴᠡ᠎ᠪᠠᠨ ᠨᠡᠮᠡᠭᠳᠡᠬᠦᠯᠦᠨ ᠣᠯᠠᠮᠵᠢᠯᠠᠯᠲᠦ ᠣᠷᠠᠯᠠᠯ᠎ᠢ ᠰᠡᠷᠭᠦᠭᠡᠨ ᠬᠦᠭᠵᠢᠭᠦᠯᠬᠦ᠂ ᠵᠠᠮᠴᠢᠯᠠᠨ ᠤᠳᠤᠷᠢᠳᠬᠤ ᠪᠡᠯᠡ ᠮᠦᠩᠭᠦ ᠵᠢ ᠪᠠᠢ᠌ᠭᠣᠯᠵᠦ᠂ ᠲᠦᠷᠢᠮ ᠲᠣᠭᠳᠠᠭ᠋ᠠᠯ᠎ᠳᠤ ᠨᠡᠢ᠌ᠴᠡᠭᠰᠡᠨ ᠮᠦᠷᠳᠡᠭᠡᠨ ᠦᠨᠳᠦᠰᠦᠲᠡᠨ᠎ᠤ᠂ ᠭᠠᠵᠠᠷ ᠣᠷᠣᠨ᠎ᠤ ᠣᠨᠴᠠᠯᠢᠭ ᠪᠠ ᠬᠦᠭᠵᠢᠯᠲᠡ ᠵᠢᠨ ᠨᠦᠭᠡᠴᠡ ᠴᠢᠳᠠᠯ᠎ᠲᠠᠢ ᠣᠯᠠᠮᠵᠢᠯᠠᠯᠲᠦ ᠣᠷᠠᠯᠠᠯ᠎ᠤᠨ ᠵᠦᠢ᠍ᠯ᠎ᠳᠤ ᠵᠣᠬᠢᠬᠣ ᠬᠡᠮᠵᠢᠶᠡᠨ᠎ᠤ ᠲᠡᠮᠵᠢᠯᠭᠡ ᠣᠯᠭᠣᠨ᠎ᠠ᠃ ᠶᠠᠳᠠᠭᠣ ᠬᠦᠴᠢᠷ᠎ᠲᠠᠢ ᠣᠷᠣᠨ᠎ᠤ ᠣᠯᠠᠮᠵᠢᠯᠠᠯᠲᠦ ᠣᠷᠠᠯᠠᠯ᠎ᠤᠨ ᠵᠦᠢ᠍ᠯ᠎ᠢ ᠬᠦᠭᠵᠢᠬᠦᠯᠬᠦ᠎ᠳᠤ ᠬᠠᠪᠰᠣᠷᠣᠮᠵᠢ ᠣᠯᠭᠣᠨ᠎ᠠ᠃ ᠲᠡᠭᠡᠲᠦ ᠰᠣᠷᠭ᠋ᠠᠭᠣᠯᠢ ᠵᠢᠨ ᠣᠯᠠᠮᠵᠢᠯᠠᠯᠲᠦ ᠣᠷᠠᠯᠠᠯ᠎ᠤᠨ ᠰᠠᠯᠪᠦᠷᠢ᠎ᠠᠴᠠ ᠲᠡᠭᠦᠰᠦᠭᠰᠡᠨ ᠰᠣᠷᠣᠭᠴᠢ ᠵᠢᠨ ᠣᠯᠠᠮᠵᠢᠯᠠᠯᠲᠦ ᠣᠷᠠᠯᠠᠯ᠎ᠤᠨ ᠠᠵᠢᠯ ᠦᠢ᠍ᠯᠡᠰ᠎ᠢ ᠡᠬᠢᠯᠡᠬᠦᠯᠬᠦ ᠂ ᠰᠢᠨ᠎ᠡ ᠵᠢ ᠡᠭᠦᠳᠬᠦ ᠵᠢ ᠦᠷᠨᠢᠬᠦᠯᠬᠦ᠎ᠳᠤ ᠲᠡᠮᠵᠢᠯᠭᠡ ᠣᠯᠭᠣᠨ᠎ᠠ᠃ ᠣᠯᠠᠮᠵᠢᠯᠠᠯᠲᠦ ᠣᠷᠠᠯᠠᠯ᠎ᠤᠨ ᠣᠬᠠᠭᠣᠯᠣᠨ ᠰᠤᠷᠲᠠᠯᠴᠢᠯᠠᠬᠤ᠂ ᠲᠡᠯᠭᠡᠨ ᠦᠵᠡᠬᠦᠯᠬᠦ᠂ ᠵᠢᠭ᠋ᠠᠨ ᠰᠣᠷᠭ᠋ᠠᠬᠣ ᠪᠣᠯᠪᠠᠰᠣᠷᠠᠯ᠎ᠤᠨ ᠰᠠᠭᠣᠷᠢ ᠲᠦᠭᠦᠭᠡᠷᠦᠮᠵᠢ ᠵᠢᠨ ᠪᠦᠳᠦᠭᠡᠨ ᠪᠠᠢ᠌ᠭᠣᠯᠣᠯᠲᠠ ᠵᠢ ᠴᠢᠩᠭ᠋ᠠᠳᠬᠠᠬᠣ ᠵᠢᠨ ᠬᠠᠮᠲᠦ 《13 ·5 ᠵᠢᠯ᠎ᠤᠨ ᠲᠦᠯᠦᠪᠵᠢᠬᠦᠯᠭᠡ》 ᠵᠢᠨ ᠬᠣᠭᠣᠴᠠᠭ᠋ᠠᠨ᠎ᠤ ᠰᠣᠶᠣᠯ ᠵᠢᠭᠣᠯᠴᠢᠯᠠᠯ᠎ᠤᠨ ᠳᠡᠭᠡᠭᠰᠢᠯᠡᠬᠦᠯᠦᠯᠲᠡ ᠵᠢᠨ ᠢᠨᠵᠸᠷᠨ᠋ᠷᠡᠭᠲᠤ ᠬᠠᠮᠦᠷᠣᠨ ᠣᠷᠣᠭᠣᠯᠣᠨ᠎ᠠ᠃ ᠣᠯᠠᠮᠵᠢᠯᠠᠯᠲᠦ ᠣᠷᠠᠯᠠᠯ᠎ᠤᠨ ᠠᠵᠦ ᠠᠬᠣᠢ᠌ᠯᠠᠯ ᠤᠳᠤᠬᠢ ᠪᠠᠭ᠎ᠠ ᠵᠢᠵᠢᠭ ᠠᠵᠦ ᠠᠬᠣᠢ᠌ᠯᠠᠯ ᠪᠠ ᠲᠡᠭᠡᠲᠦ ᠰᠢᠨ᠎ᠡ ᠮᠡᠷᠭᠡᠵᠢᠯ᠎ᠤᠨ ᠠᠵᠦ ᠠᠬᠣᠢ᠌ᠯᠠᠯ ᠵᠡᠷᠭᠡ ᠭᠠᠢ᠌ᠯᠢ ᠲᠠᠳᠠᠪᠣᠷᠢ ᠵᠢᠨ ᠬᠦᠩᠭᠡᠯᠡᠯᠲᠡ ᠵᠢᠨ ᠲᠦᠷᠦ ᠵᠢᠨ ᠪᠤᠳᠤᠯᠭ᠎ᠠ ᠵᠢᠨ ᠨᠦᠬᠦᠴᠡᠯ᠎ᠳᠤ ᠨᠡᠢ᠌ᠴᠡᠪᠡᠯ ᠲᠣᠭᠳᠠᠭ᠋ᠠᠯ ᠵᠶ᠋ᠠᠷ ᠭᠠᠢ᠌ᠯᠢ ᠲᠠᠳᠠᠪᠣᠷᠢ ᠵᠢᠨ ᠬᠦᠩᠭᠡᠯᠡᠯᠲᠡ ᠵᠢᠨ ᠲᠦᠷᠦ ᠵᠢᠨ ᠪᠣᠳᠣᠯᠭ᠎ᠠ ᠵᠢ ᠬᠦᠷᠳᠡᠵᠦ ᠪᠣᠯᠣᠨ᠎ᠠ᠃
(ᠭᠣᠷᠪᠠ) ᠮᠦᠩᠭᠦᠨ ᠭᠦᠢ᠍ᠯᠭᠡᠭᠡᠨ᠎ᠤ ᠦᠢ᠍ᠯᠡᠴᠢᠯᠡᠯᠭᠡ ᠵᠢ ᠴᠢᠡᠭᠭ᠋ᠠᠳᠬᠠᠨ᠎ᠠ᠃ ᠣᠯᠠᠮᠵᠢᠯᠠᠯᠲᠦ ᠣᠷᠠᠯᠠᠯ᠎ᠤᠨ ᠠᠵᠦ ᠠᠬᠣᠢ᠌ᠯᠠᠯ᠎ᠤᠨ ᠳᠠᠯᠲᠠ ᠬᠦᠷᠦᠩᠭᠡ ᠵᠢᠨ ᠦᠨᠡᠯᠡᠯᠭᠡ ᠵᠢᠨ ᠵᠡᠷᠴᠢᠮ᠎ᠤᠨ ᠰᠢᠰᠲᠸᠮ᠎ᠢ ᠰᠦᠪᠡᠭᠴᠢᠯᠡᠨ ᠪᠠᠢ᠌ᠭᠤᠯᠵᠤ᠂ ᠨᠦᠬᠦᠴᠡᠯ᠎ᠳᠤ ᠨᠡᠢ᠌ᠴᠡᠬᠦ ᠣᠯᠠᠮᠵᠢᠯᠠᠯᠲᠦ ᠣᠷᠠᠯᠠᠯ᠎ᠤᠨ ᠠᠵᠦ ᠠᠬᠣᠢ᠌ᠯᠠᠯ᠎ᠤᠨ ᠬᠦᠷᠦᠩᠭᠡ ᠵᠢ ᠴᠣᠭᠯᠠᠭᠣᠯᠣᠨ ᠬᠦᠭᠵᠢᠬᠦᠯᠬᠦ ᠵᠢ ᠲᠡᠮᠵᠢᠨ᠎ᠡ᠃ ᠮᠦᠩᠭᠦᠨ ᠬᠦᠢ᠍ᠯᠭᠡᠭᠡᠨ᠎ᠤ ᠪᠠᠢ᠌ᠭᠣᠯᠣᠮᠵᠢ ᠵᠢᠨ ᠣᠯᠠᠮᠵᠢᠯᠠᠯᠲᠦ ᠣᠷᠠᠯᠠᠯ᠎ᠤᠨ ᠠᠵᠦ ᠠᠬᠣᠢ᠌ᠯᠠᠯ᠎ᠤᠨ ᠣᠨᠴᠠᠯᠢᠭᠲᠤ ᠲᠣᠬᠢᠷᠠᠭᠰᠠᠨ ᠮᠦᠩᠭᠦᠨ ᠬᠦᠢ᠍ᠯᠭᠡᠭᠡᠨ᠎ᠤ ᠪᠦᠳᠦᠭᠡᠭᠳᠡᠭᠦᠨ ᠪᠠ ᠦᠢ᠍ᠯᠡᠴᠢᠯᠡᠭᠡ ᠵᠢ ᠨᠡᠭᠡᠭᠡᠨ ᠬᠦᠭᠵᠢᠬᠦᠯᠬᠦ ᠵᠢ ᠵᠣᠷᠢᠭᠵᠢᠭᠣᠯᠵᠦ᠂ ᠣᠯᠠᠮᠵᠢᠯᠠᠯᠲᠦ ᠣᠷᠠᠯᠠᠯ᠎ᠤᠨ ᠠᠵᠦ ᠠᠬᠣᠢ᠌ᠯᠠᠯ᠎ᠳᠤ᠎ᠬᠢ ᠪᠡᠯᠡ ᠣᠷᠣᠭᠣᠯᠣᠯᠲᠠ᠂ ᠬᠦᠷᠦᠡᠭᠭᠡ ᠴᠣᠭᠯᠠᠭᠣᠯᠣᠯᠲᠠ ᠪᠠ ᠦᠢ᠍ᠯᠡᠴᠢᠯᠡᠭᠡ᠎ᠪᠠᠨ ᠴᠢᠩᠭ᠋ᠠᠳᠬᠠᠨ᠎ᠠ᠃