ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠲᠦᠷᠢᠮ
ᠨᠡᠶᠢᠲᠡᠯᠡᠭᠰᠡᠨ ᠴᠠᠭ᠄ 2019-10-28

     (2016 ᠣᠨ᠎ᠤ 5 ᠰᠠᠷ᠎ᠠ ᠵᠢᠨ 30᠎ᠤ ᠡᠳᠦᠷ᠂ ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠪᠠᠨ ᠬᠤᠶᠠᠳᠣᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠨᠭ᠌ᠭᠤ ᠵᠢᠨ ᠬᠤᠷᠢᠶ᠎ᠠ ᠵᠢᠨ ᠬᠤᠷᠢᠨ ᠬᠤᠶᠠᠳᠤᠭ᠋ᠠᠷ ᠬᠣᠷᠠᠯ᠎ᠠᠴᠠ ᠪᠠᠲᠤᠯᠠᠪᠠ)


                  ᠨᠢᠭᠡᠳᠦᠭᠡᠷ ᠪᠦᠯᠦᠭ   ᠶᠡᠷᠦᠨᠭᠬᠡᠢ ᠲᠦᠷᠢᠮ


      ᠨᠢᠭᠡᠳᠦᠭᠡᠷ ᠵᠦᠢ᠍ᠯ   ᠳᠡᠯᠡᠬᠡᠢ ᠵᠢᠨ ᠰᠣᠶᠣᠯ᠎ᠤᠨ ᠦᠪ ᠪᠤᠯᠬᠤ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠠᠵᠢᠯ᠎ᠢ ᠴᠢᠨᠭ᠌ᠭ᠋ᠠᠳᠬᠠᠵᠤ᠂ ᠬᠦᠮᠦᠨ ᠲᠦᠷᠦᠯᠬᠢᠲᠡᠨ᠎ᠤ ᠪᠤᠯᠪᠠᠰᠤᠨ᠎ᠢ ᠤᠯᠠᠮᠵᠢᠯᠠᠨ ᠵᠠᠯᠭ᠋ᠠᠮᠵᠢᠯᠠᠬᠤ ᠵᠢᠨ ᠲᠦᠯᠦᠭᠡ《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠲᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠬᠠᠤᠯᠢ》ᠵᠡᠷᠭᠡ ᠤᠯᠤᠰ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠤᠭᠲᠠᠭ᠋ᠠᠯ᠎ᠳᠤ ᠦᠨᠳᠦᠰᠦᠯᠡᠵᠦ᠂ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠠᠵᠢᠯ᠎ᠤᠨ ᠪᠤᠲᠠᠲᠤ ᠪᠠᠢ᠌ᠳᠠᠯ᠎ᠲᠠᠢ ᠤᠶᠠᠯᠳᠣᠭᠣᠯᠣᠨ ᠲᠤᠰ ᠲᠦᠷᠢᠮ᠎ᠢ ᠲᠤᠭᠲᠠᠭ᠋ᠠᠪᠠ᠃
      ᠬᠤᠶᠠᠳᠤᠭ᠋ᠠᠷ ᠵᠦᠢ᠍ᠯ   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠭᠡᠳᠡᠭ᠎ᠨᠢ ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠢᠯᠢ ᠵᠢᠨ ᠭᠤᠤᠯ ᠠᠢ᠌ᠮᠠᠭ᠎ᠤᠨ ᠰᠢᠯᠤᠭᠤᠨ ᠬᠦᠬᠡ ᠬᠤᠰᠢᠭᠤ ᠪᠠ ᠲᠤᠯᠤᠨᠨᠠᠭᠤᠤᠷ ᠰᠢᠶᠠᠨ᠎ᠤ ᠬᠢᠯᠢ ᠵᠢᠨ ᠲᠤᠲᠤᠷ᠎ᠠ ᠪᠠᠢ᠌ᠭ᠎ᠠ ᠶᠤᠸᠠᠨ᠎ᠤ ᠲᠡᠭᠡᠳᠦ ᠨᠡᠢ᠌ᠰᠯᠡᠯ᠎ᠤᠨ ᠬᠤᠲᠠ ᠵᠢᠨ ᠪᠠᠭᠣᠷᠢ᠎ᠪᠠᠷ   ᠭᠤᠤᠯ ᠪᠤᠯᠭ᠋ᠠᠭᠰᠠᠨ ᠲᠡᠦᠬᠡ ᠵᠢᠨ ᠲᠤᠷᠠᠰᠬᠠᠯᠲᠤ ᠵᠦᠢ᠍ᠯ᠎ᠤᠨ ᠦᠯᠡᠳᠡᠭᠳᠡᠯ᠎ᠢ ᠵᠢᠭ᠋ᠠᠵᠤ ᠪᠤᠢ᠃ ᠡᠭᠦᠨ᠎ᠳᠤ ᠬᠤᠲᠠ ᠵᠢᠨ ᠪᠠᠭᠤᠷᠢ᠂ ᠲᠠᠬᠢᠯᠭ᠎ᠠ ᠵᠢᠨ ᠪᠠᠭᠤᠷᠢ᠂ ᠤᠨᠭ᠌ᠭᠤᠨ ᠪᠤᠯᠠᠰᠢ ᠵᠢᠨ ᠭᠠᠵᠠᠷ ᠵᠢᠴᠢ ᠪᠠᠭᠤᠬᠤ ᠤᠷᠳᠤᠨ᠎ᠤ ᠪᠠᠭᠤᠷᠢ ᠵᠢ ᠪᠠᠭᠲᠠᠭ᠋ᠠᠨ᠎ᠠ᠃
      ᠭᠤᠷᠪᠠᠳᠤᠭ᠋ᠠᠷ ᠵᠦᠢ᠍ᠯ   ᠲᠤᠰ ᠲᠦᠷᠢᠮ᠎ᠢ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠴᠢ ᠡᠨᠡ ᠬᠦ᠌ ᠪᠠᠭᠣᠷᠢ ᠵᠢᠨ ᠡᠷᠭᠢᠨ ᠲᠤᠭᠤᠷᠢᠨ᠎ᠤ ᠠᠮᠢ ᠠᠬᠤᠢ᠂ ᠬᠦᠮᠦᠨ ᠨᠡᠢ᠌ᠭᠡᠮ᠎ᠤᠨ ᠤᠷᠴᠢᠨ ᠲᠤᠭᠤᠷᠢᠨ᠎ᠤ ᠬᠠᠮᠠᠭ᠋ᠠᠯᠠᠯᠲᠠ᠂ ᠬᠠᠮᠢᠶᠠᠷᠤᠯᠲᠠ ᠪᠠ ᠠᠰᠢᠭᠯᠠᠯᠲᠠ᠎ᠳᠤ ᠬᠡᠷᠡᠭᠯᠡᠨ᠎ᠡ᠃
      ᠲᠦᠷᠪᠡᠳᠦᠭᠡᠷ ᠵᠦᠢ᠍ᠯ   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠠᠵᠢᠯ᠎ᠳᠤ ᠬᠠᠮᠠᠭ᠋ᠠᠯᠠᠯᠲᠠ᠎ᠪᠠᠷ ᠭᠤᠤᠯ ᠪᠤᠯᠭ᠋ᠠᠬᠤ᠂ ᠠᠪᠤᠷᠠᠬᠤ ᠵᠢ ᠲᠡᠷᠢᠭᠦᠨ᠎ᠳᠤ ᠲᠠᠯᠪᠢᠬᠤ᠂ ᠵᠦᠢ ᠵᠤᠬᠢᠰᠲᠠᠢ ᠠᠰᠢᠭᠯᠠᠬᠤ᠂ ᠬᠠᠮᠢᠶᠠᠷᠤᠯᠲᠠ ᠵᠢ ᠴᠢᠨᠭ᠌ᠭ᠋ᠠᠳᠬᠠᠬᠤ ᠭᠡᠬᠦ ᠴᠢᠭᠯᠡᠯᠲᠡ ᠵᠢ ᠲᠤᠭᠤᠰᠢᠯᠠᠭᠤᠯᠵᠤ᠂ ᠪᠠᠭᠤᠷᠢ ᠵᠢᠨ ᠦᠨᠡᠨ ᠪᠤᠲᠠᠲᠤ ᠴᠢᠨᠠᠷ ᠪᠠ ᠪᠦᠷᠢᠨ ᠪᠦᠲᠦᠨ ᠴᠢᠨᠠᠷ᠎ᠢ ᠦᠨᠡᠨ ᠬᠦ᠌ ᠪᠠᠲᠤᠯᠠᠨ᠎ᠠ᠃
      ᠲᠠᠪᠤᠳᠣᠭ᠋ᠠᠷ ᠵᠦᠢ᠍ᠯ   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ᠂ ᠬᠠᠮᠢᠶᠠᠷᠤᠯᠲᠠ ᠪᠠ ᠠᠰᠢᠭᠯᠠᠯᠲᠠ ᠵᠢᠨ ᠠᠵᠢᠯ᠎ᠢ ᠦᠪᠡᠷᠲᠡᠭᠡᠨ ᠵᠠᠰᠠᠬᠤ ᠤᠷᠤᠨ᠂ ᠰᠢᠯᠢ ᠵᠢᠨ ᠭᠤᠤᠯ ᠠᠢ᠌ᠮᠠᠭ ᠵᠢᠴᠢ ᠪᠠᠭᠤᠷᠢ ᠵᠢᠨ   ᠣᠷᠤᠰᠢᠵᠤ ᠪᠠᠢ᠌ᠭ᠎ᠠ ᠭᠠᠵᠠᠷ᠎ᠤᠨ ᠬᠤᠰᠢᠭᠤ ᠰᠢᠶᠠᠨ᠎ᠤ ᠤᠯᠤᠰ ᠠᠷᠠᠳ᠎ᠤᠨ ᠠᠵᠤ ᠠᠬᠤᠢ ᠪᠣᠯᠤᠨ ᠨᠡᠢ᠌ᠭᠡᠮ᠎ᠤᠨ ᠬᠦᠭᠵᠢᠯᠲᠡ ᠵᠢᠨ ᠲᠦᠯᠦᠪᠵᠢᠭᠦᠯᠭᠡ᠂ ᠭᠠᠵᠠᠷ ᠰᠢᠷᠤᠢ ᠵᠢ ᠠᠰᠢᠭᠯᠠᠬᠤ ᠶᠡᠷᠦᠨᠭᠬᠡᠢ ᠲᠦᠯᠦᠪᠵᠢᠭᠦᠯᠭᠡ ᠪᠠ ᠬᠤᠲᠠ ᠬᠦᠳᠡᠭᠡ ᠵᠢᠨ ᠲᠦᠯᠦᠪᠵᠢᠭᠦᠯᠭᠡ᠎ᠳᠤ ᠤᠷᠤᠭᠤᠯᠬᠤ ᠬᠡᠷᠡᠭᠲᠡᠢ᠃
      ᠵᠢᠷᠭᠤᠳᠤᠭ᠋ᠠᠷ ᠵᠦᠢ᠍ᠯ   ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠂ ᠰᠢᠯᠢ ᠵᠢᠨ ᠭᠤᠤᠯ ᠠᠢ᠌ᠮᠠᠭ᠎ᠤᠨ ᠵᠠᠬᠢᠷᠭ᠎ᠠ ᠵᠢᠴᠢ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠣᠷᠤᠰᠢᠵᠤ ᠪᠠᠢ᠌ᠭ᠎ᠠ ᠭᠠᠵᠠᠷ᠎ᠤᠨ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠤᠷᠳᠤᠨ᠎ᠨᠢ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠠᠵᠢᠯ᠎ᠤᠨ ᠵᠠᠷᠤᠳᠠᠯ᠎ᠢ ᠡᠳ᠋᠎ᠤᠨ ᠵᠠᠰᠠᠭ᠎ᠤᠨ ᠲᠦᠰᠦᠪ᠎ᠲᠤ᠎ᠪᠠᠨ ᠤᠷᠤᠭᠤᠯᠬᠤ ᠬᠡᠷᠡᠭᠲᠡᠢ᠃
      ᠨᠡᠢ᠌ᠭᠡᠮ᠎ᠤᠨ ᠬᠠᠨᠳᠢᠪ ᠲᠤᠰᠠᠯᠠᠮᠵᠢ ᠪᠠ ᠤᠯᠠᠨ ᠤᠯᠤᠰ᠎ᠤᠨ ᠲᠡᠮᠵᠢᠯᠭᠡ ᠲᠤᠰᠠᠯᠠᠮᠵᠢ ᠵᠢ ᠤᠯᠬᠤ ᠮᠡᠲᠦ ᠵᠢᠨ ᠤᠯᠠᠨ ᠠᠷᠭ᠎ᠠ ᠬᠡᠯᠪᠠᠷᠢ᠎ᠪᠠᠷ ᠲᠠᠮᠵᠢᠵᠤ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢ   ᠬᠠᠮᠠᠭ᠋ᠠᠯᠠᠵᠤ ᠬᠠᠮᠢᠶᠠᠷᠬᠤ ᠠᠵᠢᠯ᠎ᠤᠨ ᠵᠠᠷᠤᠳᠠᠯ᠎ᠢ ᠴᠤᠭᠯᠠᠭᠤᠯᠵᠤ ᠣᠯᠬᠤ ᠶᠠᠪᠣᠳᠠᠯ᠎ᠢ ᠵᠤᠷᠢᠭᠵᠢᠭᠤᠯᠤᠨ᠎ᠠ᠃
      ᠳᠣᠯᠣᠳᠣᠭ᠋ᠠᠷ ᠵᠦᠢ᠍ᠯ   ᠰᠢᠯᠢ ᠵᠢᠨ ᠭᠤᠤᠯ ᠠᠢ᠌ᠮᠠᠭ᠎ᠤᠨ ᠵᠠᠬᠢᠷᠭ᠎ᠠ᠎ᠨᠢ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ᠂ ᠬᠠᠮᠢᠶᠠᠷᠤᠯᠲᠠ ᠪᠠ ᠠᠰᠢᠭᠯᠠᠯᠲᠠ ᠵᠢᠨ ᠠᠵᠢᠯ᠎ᠢ ᠬᠠᠷᠢᠭᠤᠴᠠᠨ᠎ᠠ; ᠶᠤᠸᠠᠨ᠎ᠤ ᠲᠡᠭᠡᠳᠦ ᠨᠡᠢ᠌ᠰᠯᠡᠯ᠎ᠤᠨ ᠰᠣᠶᠣᠯ᠎ᠤᠨ ᠦᠪ᠎ᠤᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ᠂ ᠬᠠᠮᠢᠶᠠᠷᠤᠯᠲᠠ ᠪᠠ ᠠᠰᠢᠭᠯᠠᠯᠲᠠ ᠵᠢᠨ ᠪᠤᠲᠠᠲᠠᠢ ᠠᠵᠢᠯ᠎ᠢ ᠡᠭᠦᠷᠭᠡᠯᠡᠨ᠎ᠡ; ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠣᠷᠤᠰᠢᠵᠤ ᠪᠠᠢ᠌ᠭ᠎ᠠ ᠭᠠᠵᠠᠷ᠎ᠤᠨ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠤᠷᠳᠤᠨ ᠬᠠᠮᠢᠶ᠎ᠠ ᠪᠦᠬᠦᠢ ᠠᠵᠢᠯ᠎ᠢ ᠰᠠᠢ᠌ᠲᠣᠷ ᠬᠠᠮᠵᠢᠯᠴᠠᠨ ᠬᠠᠪᠰᠣᠷᠴᠣ ᠭᠦᠢ᠍ᠴᠡᠳᠭᠡᠨ᠎ᠡ᠃
      ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠎ᠤ ᠲᠡᠦᠬᠡ ᠵᠢᠨ ᠲᠤᠷᠠᠰᠬᠠᠯᠲᠤ ᠵᠦᠢ᠍ᠯᠡᠰ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠨᠢ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ᠂ ᠬᠠᠮᠢᠶᠠᠷᠤᠯᠲᠠ ᠪᠠ ᠠᠰᠢᠭᠯᠠᠯᠲᠠ ᠵᠢᠨ ᠠᠵᠢᠯ᠎ᠢ ᠵᠢᠭ᠋ᠠᠨ   ᠵᠢᠯᠤᠭᠤᠳᠴᠤ ᠬᠢᠨᠠᠨ᠎ᠠ᠃
      ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠣᠷᠤᠰᠢᠵᠤ ᠪᠠᠢ᠌ᠭ᠎ᠠ ᠭᠠᠵᠠᠷ᠎ᠤᠨ ᠬᠤᠰᠢᠭᠤ ᠰᠢᠶᠠᠨ᠎ᠤ ᠱᠠᠲᠤ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠬᠦᠭᠵᠢᠭᠦᠯᠦᠯᠲᠡ ᠪᠠ ᠦᠭᠡᠷᠡᠴᠢᠯᠡᠯᠲᠡ᠂ ᠦᠨᠳᠦᠰᠦᠲᠡᠨ ᠱᠠᠰᠢᠨ ᠰᠤᠷᠲᠠᠬᠤᠨ᠂ ᠲᠤᠲᠤᠭ᠋ᠠᠳᠤ ᠵᠢ ᠬᠠᠮᠠᠭ᠋ᠠᠯᠠᠬᠤ᠂ ᠣᠯᠣᠰ᠎ᠤᠨ ᠨᠤᠲᠤᠭ ᠲᠡᠪᠢᠰᠭᠡᠷ ᠡᠬᠢ ᠪᠠᠶᠠᠯᠢᠭ᠂ ᠭᠡᠷ ᠪᠠᠢ᠌ᠰᠢᠨᠭ᠌ ᠪᠠ ᠬᠤᠲᠠ ᠬᠦᠳᠡᠭᠡ ᠵᠢᠨ ᠪᠦᠲᠦᠭᠡᠨ ᠪᠠᠢ᠌ᠭᠤᠯᠤᠯᠲᠠ᠂ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠵᠠᠮ ᠲᠡᠭᠡᠭᠡᠪᠦᠷᠢ᠂ ᠤᠰᠤᠨ ᠠᠰᠢᠭᠯᠠᠯᠲᠠ᠂ ᠲᠠᠷᠢᠶᠠᠯᠠᠨᠭ᠌ ᠮᠠᠯ ᠠᠵᠤ ᠠᠬᠤᠢ᠂ ᠤᠢ ᠰᠢᠭᠤᠢ ᠪᠠ ᠵᠢᠭᠤᠯᠴᠢᠯᠠᠯ ᠵᠡᠷᠭᠡ ᠰᠠᠯᠠᠭ᠎ᠠ ᠮᠦᠴᠢᠷ ᠲᠤᠰᠢᠶᠠᠯ ᠬᠠᠷᠢᠭᠤᠴᠠᠯᠭ᠎ᠠ ᠵᠢᠨ ᠵᠶ᠋ᠡᠨ ᠬᠦᠷᠢᠶ᠎ᠡ ᠬᠡᠪᠴᠢᠶᠡᠨ ᠳᠣᠲᠣᠷ᠎ᠠ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ᠂ ᠬᠠᠮᠢᠶᠠᠷᠤᠯᠲᠠ ᠪᠠ ᠠᠰᠢᠭᠯᠠᠯᠲᠠ ᠵᠢᠨ ᠬᠠᠮᠢᠶ᠎ᠠ ᠪᠦᠬᠦᠢ ᠠᠵᠢᠯ᠎ᠢ ᠰᠠᠢ᠌ᠲᠤᠷ ᠬᠢᠬᠦ ᠬᠡᠷᠡᠭᠲᠡᠢ᠃
      ᠨᠠᠢ᠍ᠮᠠᠳᠣᠭ᠋ᠠᠷ ᠵᠦᠢ᠍ᠯ 《ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠶᠡᠷᠦᠨᠭᠬᠡᠢ ᠲᠦᠯᠦᠪᠵᠢᠭᠦᠯᠭᠡ》ᠪᠣᠯ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢ ᠬᠠᠮᠠᠭ᠋ᠠᠯᠠᠵᠤ ᠬᠠᠮᠢᠶᠠᠷᠬᠤ ᠠᠵᠢᠯ᠎ᠤᠨ ᠴᠢᠬᠤᠯᠠ ᠦᠨᠳᠦᠰᠦ ᠪᠠᠷᠢᠮᠲᠠ ᠮᠦᠨ᠂ ᠡᠭᠦᠨ᠎ᠢ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠨᠡᠢ᠌ᠲᠡᠯᠡᠵᠦ᠂ ᠵᠤᠬᠢᠶᠠᠨ ᠪᠠᠢ᠌ᠭᠤᠯᠤᠨ ᠬᠡᠷᠡᠭᠵᠢᠭᠦᠯᠦᠨ᠎ᠡ᠂ ᠡᠭᠦᠨ᠎ᠢ ᠲᠤᠷ᠎ᠠ ᠵᠣᠷᠢᠭ ᠵᠶ᠋ᠡᠷ ᠵᠶ᠋ᠡᠨ ᠬᠤᠪᠢᠷᠠᠭ᠋ᠠᠨ ᠦᠭᠡᠷᠡᠴᠢᠯᠡᠵᠦ ᠦᠯᠦ ᠪᠣᠯᠤᠨ᠎ᠠ; ᠵᠠᠪᠠᠯ ᠬᠤᠪᠢᠷᠠᠭ᠋ᠠᠨ ᠦᠭᠡᠷᠡᠴᠢᠯᠡᠬᠦ ᠴᠢᠬᠤᠯᠠᠲᠠᠢ ᠪᠠᠢ᠌ᠪᠠᠯ ᠤᠤᠯ ᠵᠦᠪᠰᠢᠶᠡᠷᠡᠭᠰᠡᠨ ᠪᠠᠢ᠌ᠭᠤᠯᠭ᠎ᠠ᠎ᠪᠠᠷ᠎ᠨᠢ ᠵᠦᠪᠰᠢᠶᠡᠷᠡᠭᠦᠯᠬᠦ ᠬᠡᠷᠡᠭᠲᠡᠢ᠃
      ᠶᠢᠰᠦᠳᠦᠭᠡᠷ ᠵᠦᠢ᠍ᠯ   ᠶᠤᠸᠠᠨ᠎ᠤ ᠲᠡᠭᠡᠳᠦ ᠨᠡᠢ᠌ᠰᠯᠡᠯ᠎ᠤᠨ ᠰᠣᠶᠣᠯ᠎ᠤᠨ ᠦᠪ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠭᠤᠤᠯ ᠲᠤᠰᠢᠶᠠᠯ ᠬᠠᠷᠢᠭᠣᠴᠠᠯᠭ᠎ᠠ᠄
     (ᠨᠢᠭᠡ)《ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠶᠡᠷᠦᠨᠭᠬᠡᠢ ᠲᠦᠯᠦᠪᠵᠢᠭᠦᠯᠭᠡ》ᠪᠠ《ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠬᠠᠮᠢᠶᠠᠷᠤᠯᠲᠠ ᠵᠢᠨ ᠲᠦᠯᠦᠪᠵᠢᠭᠦᠯᠭᠡ》;
     (ᠬᠤᠶᠠᠷ)   ᠡᠯ᠎ᠡ ᠲᠦᠷᠦᠯ᠎ᠤᠨ ᠲᠤᠰᠬᠠᠢ ᠰᠡᠲᠦᠪᠲᠤ ᠲᠦᠯᠦᠪᠵᠢᠭᠦᠯᠭᠡ ᠵᠢ ᠵᠤᠬᠢᠶᠠᠨ ᠪᠠᠢ᠌ᠭᠤᠯᠵᠤ ᠨᠠᠢ᠌ᠷᠠᠭᠤᠯᠤᠨ ᠲᠤᠭᠲᠠᠭ᠋ᠠᠨ᠎ᠠ;
     (ᠭᠣᠷᠪᠠ)   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ᠎ᠯᠤᠭ᠎ᠠ ᠬᠠᠮᠢᠶ᠎ᠠ ᠪᠦᠬᠦᠢ ᠲᠦᠯᠦᠪᠵᠢᠭᠦᠯᠭᠡ ᠪᠠ ᠪᠦᠲᠦᠭᠡᠨ ᠪᠠᠢ᠌ᠭᠤᠯᠤᠯᠲᠠ ᠵᠢᠨ ᠵᠦᠢ᠍ᠯ᠎ᠳᠤ ᠰᠠᠨᠠᠯ ᠵᠶ᠋ᠡᠨ ᠲᠡᠪᠰᠢᠭᠦᠯᠦᠨ᠎ᠡ;
     (ᠲᠦᠷᠪᠡ)   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠳᠠᠨᠭ᠌ᠰᠠ ᠡᠪᠬᠡᠮᠡᠯ ᠪᠠ ᠡᠯ᠎ᠡ ᠵᠦᠢ᠍ᠯ᠎ᠤᠨ ᠲᠦᠷᠢᠮ ᠲᠤᠭᠲᠠᠭ᠋ᠠᠯ᠎ᠢ ᠲᠤᠭᠲᠠᠭ᠋ᠠᠨ ᠲᠡᠭᠦᠯᠳᠡᠷᠵᠢᠭᠦᠯᠦᠨ᠎ᠡ;
     (ᠲᠠᠪᠤ) ᠲᠡᠦᠬᠡ ᠵᠢᠨ ᠲᠤᠷᠠᠰᠬᠠᠯᠲᠤ ᠵᠦᠢ᠍ᠯ᠎ᠤᠨ ᠰᠤᠳᠤᠯᠭ᠋ᠠᠨ᠎ᠤ ᠨᠢᠭᠡᠴᠢ᠎ᠲᠠᠢ ᠬᠠᠮᠵᠢᠯᠴᠠᠨ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ᠎ᠳᠤ ᠲᠡᠦᠬᠡ ᠵᠢᠨ ᠲᠤᠷᠠᠰᠬᠠᠯᠲᠤ ᠵᠦᠢ᠍ᠯ᠎ᠤᠨ ᠲᠤᠬᠠᠢ ᠪᠠᠢ᠌ᠴᠠᠭ᠋ᠠᠬᠤ᠂ ᠬᠠᠢ᠌ᠨ ᠰᠢᠨᠵᠢᠬᠦ᠂ ᠠᠭᠣᠳᠠᠯᠬᠤ ᠵᠡᠷᠭᠡ ᠠᠵᠢᠯ᠎ᠢ ᠭᠦᠢ᠍ᠴᠡᠳᠭᠡᠵᠦ ᠬᠢᠨ᠎ᠡ;
     (ᠵᠢᠷᠭᠤᠭ᠎ᠠ)   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ᠎ᠠᠴᠠ ᠮᠠᠯᠲᠠᠵᠤ ᠭᠠᠷᠭ᠋ᠠᠭᠰᠠᠨ ᠲᠡᠦᠬᠡ ᠵᠢᠨ ᠳᠣᠷᠠᠰᠬᠠᠯᠲᠣ ᠵᠦᠢ᠍ᠯᠡᠰ᠎ᠢ ᠬᠤᠷᠢᠶᠠᠨ ᠬᠠᠳᠠᠭ᠋ᠠᠯᠠᠬᠤ᠂ ᠲᠢᠭᠯᠡᠨ ᠡᠮᠬᠢᠯᠡᠭᠦ᠂ ᠬᠠᠮᠠᠭ᠋ᠠᠯᠠᠬᠤ ᠪᠠ   ᠤᠬᠠᠭᠤᠯᠵᠤ ᠲᠡᠯᠭᠡᠨ ᠦᠵᠡᠭᠦᠯᠬᠦ ᠠᠵᠢᠯ᠎ᠢ ᠬᠠᠷᠢᠭᠤᠴᠠᠨ ᠬᠢᠵᠦ᠂   ᠬᠠᠮᠢᠶ᠎ᠠ ᠪᠦᠬᠦᠢ ᠡᠷᠳᠡᠮ ᠰᠢᠨᠵᠢᠯᠡᠭᠡᠨ᠎ᠤ ᠰᠣᠳᠣᠯᠭ᠋ᠠᠨ ᠬᠢᠭᠡᠳ ᠰᠣᠯᠢᠯᠴᠠᠭ᠋ᠠᠨ᠎ᠤ ᠠᠵᠢᠯ᠎ᠢ ᠦᠷᠨᠢᠭᠦᠯᠦᠨ᠎ᠡ;
     (ᠳᠣᠯᠣᠭ᠎ᠠ)   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠡᠯ᠎ᠡ ᠲᠦᠷᠦᠯ᠎ᠤᠨ ᠦᠪ᠎ᠤᠨ ᠡᠯᠸᠮᠸᠨ᠋ᠲ᠎ᠤᠨ ᠲᠤᠬᠠᠢ ᠡᠳᠦᠷ ᠲᠤᠲᠤᠮ᠎ᠤᠨ ᠬᠢᠨᠠᠨ ᠬᠡᠮᠵᠢᠬᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠠᠮᠠᠭ᠋ᠠᠯᠠᠨ ᠰᠡᠯᠪᠢᠬᠦ ᠠᠵᠢᠯ᠎ᠢ ᠭᠦᠢ᠍ᠴᠡᠳᠭᠡᠬᠦ ᠮᠦᠷᠲᠡᠭᠡᠨ ᠡᠳᠦᠷ᠎ᠤᠨ ᠲᠡᠮᠳᠡᠭᠯᠡᠯ ᠬᠢᠨ᠎ᠡ;
     (ᠨᠠᠢ᠍ᠮᠠ)   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠠᠶᠤᠯᠭᠦᠢ ᠵᠢᠨ ᠬᠠᠮᠠᠭ᠋ᠠᠯᠠᠯᠲᠠ ᠵᠢᠨ ᠪᠠᠴᠢᠮ ᠪᠠᠢ᠌ᠳᠠᠯ᠎ᠢ ᠠᠷᠭ᠋ᠠᠴᠠᠬᠤ ᠲᠦᠰᠦᠪᠯᠡᠯ᠎ᠢ ᠲᠤᠭᠲᠠᠭ᠋ᠠᠨ᠎ᠠ;
     (ᠶᠢᠰᠦ)   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠴᠢ ᠬᠠᠮᠠᠭ᠋ᠠᠯᠠᠯᠲᠠ ᠵᠢᠨ ᠲᠦᠬᠦᠭᠡᠷᠦᠮᠵᠢ ᠵᠢ ᠡᠪᠳᠡᠬᠦ ᠬᠠᠤᠯᠢ ᠪᠤᠰᠤ ᠠᠵᠢᠯᠯᠠᠭ᠎ᠠ ᠵᠢ ᠬᠠᠣᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠨ᠎ᠡ;
     (ᠠᠷᠪᠠ) ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ᠂ ᠬᠠᠮᠢᠶᠠᠷᠤᠯᠲᠠ ᠪᠠ ᠠᠰᠢᠭᠯᠠᠯᠲᠠ᠎ᠯᠤᠭ᠎ᠠ ᠬᠠᠮᠢᠶ᠎ᠠ ᠪᠦᠬᠦᠢ ᠪᠣᠰᠣᠳ ᠵᠦᠢ᠍ᠯ᠎ᠤᠨ ᠠᠵᠢᠯ᠃
      ᠠᠷᠪᠠᠳᠣᠭ᠋ᠠᠷ ᠵᠦᠢ᠍ᠯ   ᠶᠠᠮᠠᠷᠪᠠ ᠨᠢᠭᠡᠴᠢ ᠬᠢᠭᠡᠳ ᠬᠤᠪᠢ ᠬᠦᠮᠦᠨ ᠴᠤ᠌ ᠭᠡᠰᠡᠨ ᠪᠦᠷ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢ ᠬᠠᠮᠠᠭ᠋ᠠᠯᠠᠬᠤ ᠡᠭᠦᠷᠭᠡ ᠬᠠᠷᠢᠭᠣᠴᠠᠯᠭ᠎ᠠ᠎ᠲᠠᠢ ᠪᠦᠭᠡᠳ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠴᠢ ᠬᠠᠮᠠᠭ᠋ᠠᠯᠠᠯᠲᠠ ᠵᠢᠨ ᠲᠦᠬᠦᠭᠡᠷᠦᠮᠵᠢ ᠵᠢ ᠡᠪᠳᠡᠬᠦ ᠬᠠᠤᠯᠢ ᠪᠤᠰᠤ ᠠᠵᠢᠯᠯᠠᠭ᠎ᠠ ᠵᠢᠨ ᠲᠤᠬᠠᠢ ᠢᠯᠡᠴᠢᠯᠡᠨ ᠮᠡᠳᠡᠭᠦᠯᠬᠦ ᠪᠠ ᠵᠠᠭ᠋ᠠᠯᠳᠣᠬᠣ ᠡᠷᠬᠡ᠎ᠲᠠᠢ᠃
      ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠣᠷᠤᠰᠢᠵᠤ ᠪᠠᠢ᠌ᠭ᠎ᠠ ᠭᠠᠵᠠᠷ᠎ᠤᠨ ᠬᠤᠰᠢᠭᠤ ᠰᠢᠶᠠᠨ᠎ᠤ ᠱᠠᠲᠤ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ᠂ ᠬᠠᠮᠢᠶᠠᠷᠤᠯᠲᠠ ᠬᠢᠭᠡᠳ ᠰᠢᠨᠵᠢᠯᠡᠬᠦ ᠤᠬᠠᠭ᠋ᠠᠨ᠎ᠤ ᠰᠣᠳᠣᠯᠭ᠋ᠠᠨ᠎ᠤ ᠲᠠᠯ᠎ᠠ᠎ᠪᠠᠷ ᠬᠦᠴᠦᠨ ᠵᠢᠳᠭᠦᠯ ᠦᠵᠡᠭᠦᠯᠦᠭᠰᠡᠨ ᠨᠢᠭᠡᠴᠢ ᠪᠠ ᠬᠤᠪᠢ ᠬᠦᠮᠦᠨ᠎ᠳᠤ ᠣᠶᠤᠨ ᠰᠠᠨᠠᠭ᠋ᠠᠨ᠎ᠤ ᠵᠤᠷᠢᠭᠵᠢᠭᠤᠯᠤᠯ ᠪᠣᠶᠣ ᠪᠣᠳᠠᠰ᠎ᠤᠨ ᠱᠠᠨᠭ᠌ᠨᠠᠯ᠎ᠢ ᠬᠦᠷᠲᠡᠭᠡᠪᠡᠯ ᠵᠣᠬᠢᠨ᠎ᠠ᠃


                  ᠬᠤᠶᠠᠳᠣᠭ᠋ᠠᠷ ᠪᠦᠯᠦᠭ   ᠬᠠᠮᠠᠭ᠋ᠠᠯᠠᠬᠤ


      ᠠᠷᠪᠠᠨ ᠨᠢᠭᠡᠳᠦᠭᠡᠷ ᠵᠦᠢ᠍ᠯ   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠭᠳᠠᠬᠣ ᠡᠲᠡᠭᠡᠳ᠎ᠨᠢ ᠪᠣᠳᠠᠰ᠎ᠤᠨ ᠰᠣᠶᠣᠯ᠎ᠤᠨ ᠦᠪ᠂ ᠪᠣᠳᠠᠰ᠎ᠤᠨ ᠪᠣᠰᠣ ᠰᠣᠶᠣᠯ᠎ᠤᠨ ᠦᠪ᠂ ᠪᠠᠢ᠌ᠭ᠋ᠠᠯᠢ ᠵᠢᠨ ᠣᠷᠴᠢᠨ ᠲᠤᠭᠤᠷᠢᠨ᠎ᠢ ᠪᠠᠭᠲᠠᠭ᠋ᠠᠨ᠎ᠠ᠄
     (ᠨᠢᠭᠡ)   ᠪᠣᠳᠠᠰ᠎ᠤᠨ ᠰᠣᠶᠣᠯ᠎ᠤᠨ ᠦᠪ᠎ᠨᠢ ᠤᠷᠳᠤᠨ ᠬᠤᠲᠠ᠂ ᠲᠤᠲᠤᠭ᠋ᠠᠳᠤ ᠬᠤᠲᠠ᠂ ᠭᠠᠳᠠᠷ ᠬᠤᠲᠠ᠂ ᠬᠣᠲᠠ ᠵᠢᠨ ᠲᠡᠷᠭᠡᠲᠡᠬᠢ ᠵᠡᠭᠡᠯᠢ᠂ ᠲᠡᠮᠦᠷ ᠡᠰᠢᠲᠦ ᠬᠠᠰᠢᠯᠭ᠎ᠠ᠂ ᠵᠡᠭᠦᠨ ᠰᠡᠷᠢᠭᠦᠨ ᠲᠠᠭᠲᠤ ᠵᠢᠴᠢ ᠬᠠᠳᠠᠨᠬᠤᠰᠢᠭᠤ ᠰᠦᠮ᠎ᠡ ᠵᠢᠨ ᠲᠠᠬᠢᠯᠭ᠎ᠠ ᠵᠢᠨ ᠪᠠᠭᠤᠷᠢ᠂ ᠦᠬᠡᠷ ᠬᠠᠳᠠᠨ᠎ᠤ ᠣᠨᠭ᠌ᠭᠤᠨ᠎ᠤ ᠭᠠᠵᠠᠷ᠂ ᠲᠦᠰᠢ ᠬᠠᠢ᠌ᠷᠬᠠᠨ᠎ᠤ ᠣᠨᠭ᠌ᠭᠤᠨ᠎ᠤ ᠭᠠᠵᠠᠷ᠂ ᠭᠠᠭᠴᠠ ᠮᠣᠳᠤ ᠣᠨᠭ᠌ᠭᠤᠨ᠎ᠤ ᠭᠠᠵᠠᠷ ᠵᠡᠷᠭᠡ;
     (ᠬᠤᠶᠠᠷ)   ᠪᠣᠳᠠᠰ᠎ᠤᠨ ᠪᠣᠰᠣ ᠰᠣᠶᠣᠯ᠎ᠤᠨ ᠦᠪ᠎ᠨᠢ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ᠎ᠯᠤᠭ᠎ᠠ ᠬᠠᠮᠢᠶ᠎ᠠ ᠪᠦᠬᠦᠢ ᠣᠪᠣᠭ᠋ᠠᠨ ᠲᠠᠬᠢᠯᠭ᠎ᠠ᠂ ᠠᠷᠠᠳ᠎ᠤᠨ ᠲᠠᠭᠣᠣ᠂ ᠦᠯᠢᠭᠡᠷ ᠳᠣᠮᠤᠭ᠂ ᠮᠤᠨᠭ᠌ᠭᠤᠯ ᠬᠡᠯᠡᠨ᠎ᠤ ᠪᠠᠷᠢᠮᠵᠢᠶ᠎ᠠ ᠠᠪᠢᠶ᠎ᠠ ᠭᠡᠬᠦ ᠵᠡᠷᠭᠡ ᠵᠢ ᠪᠠᠭᠲᠠᠭ᠋ᠠᠨ᠎ᠠ;
     (ᠭᠣᠷᠪᠠ)   ᠪᠠᠢ᠌ᠭ᠋ᠠᠯᠢ ᠵᠢᠨ ᠣᠷᠴᠢᠨ ᠲᠤᠭᠤᠷᠢᠨ᠎ᠨᠢ ᠱᠠᠨᠭ᠌ᠳᠤ ᠭᠣᠣᠯ᠎ᠤᠨ ᠣᠰᠣᠨ ᠰᠢᠰᠲᠸᠮ᠂ ᠯᠤᠤ ᠵᠢᠨ ᠲᠣᠪᠤᠴᠠᠭ ᠪᠣᠯᠤᠨ ᠰᠢᠷ᠎ᠠ ᠲᠠᠯ᠎ᠠ ᠵᠢᠴᠢ ᠨᠤᠭᠤ ᠭᠠᠵᠠᠷ᠂ ᠡᠯᠡᠰᠦᠷᠬᠡᠭ ᠭᠠᠵᠠᠷ᠂ ᠣᠢ ᠲᠠᠢ᠌ᠭ᠎ᠠ᠂ ᠲᠠᠯ᠎ᠠ ᠨᠤᠲᠤᠭ᠂ ᠨᠠᠭᠤᠷ ᠵᠡᠷᠭᠡ ᠵᠢ ᠪᠠᠭᠲᠠᠭ᠋ᠠᠨ᠎ᠠ᠃
      ᠠᠷᠪᠠᠨ ᠬᠣᠶᠠᠳᠣᠭ᠋ᠠᠷ ᠵᠦᠢ᠍ᠯ   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠬᠦᠷᠢᠶ᠎ᠡ ᠬᠡᠪᠴᠢᠶ᠎ᠡ ᠪᠠ ᠪᠦᠲᠦᠭᠡᠨ ᠪᠠᠢ᠌ᠭᠣᠯᠣᠯᠲᠠ ᠵᠢᠨ ᠡᠵᠡᠮᠰᠢᠯ᠎ᠤᠨ ᠣᠷᠤᠨ ᠪᠦᠰᠡ ᠵᠢ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠵᠠᠭ᠋ᠠᠭᠯᠠᠨ ᠲᠤᠭᠲᠠᠭ᠋ᠠᠵᠤ ᠨᠡᠢ᠌ᠲᠡᠯᠡᠨ᠎ᠡ᠃
      ᠠᠷᠪᠠᠨ ᠭᠤᠷᠪᠠᠳᠤᠭ᠋ᠠᠷ ᠵᠦᠢ᠍ᠯ   ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ᠎ᠳᠤ ᠰᠢᠨᠵᠢ ᠲᠡᠮᠲᠡᠭ᠎ᠤᠨ ᠲᠣᠲᠣᠷᠬᠠᠢ᠌ᠯᠠᠯ ᠬᠢᠬᠦ ᠬᠡᠷᠡᠭᠲᠡᠢ᠂ ᠰᠢᠨᠵᠢ ᠲᠡᠮᠲᠡᠭ᠎ᠤᠨ ᠲᠣᠲᠣᠷᠬᠠᠢ᠌ᠯᠠᠯ᠎ᠳᠤ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠨᠡᠷᠡᠢ᠌ᠳᠦᠯ᠂ ᠬᠠᠮᠠᠭ᠋ᠠᠯᠠᠯᠲᠠ ᠵᠢᠨ ᠬᠦᠷᠢᠶ᠎ᠡ ᠬᠡᠪᠴᠢᠶ᠎ᠡ᠂ ᠪᠦᠲᠦᠭᠡᠨ ᠪᠠᠢ᠌ᠭᠣᠯᠣᠯᠲᠠ ᠵᠢᠨ ᠡᠵᠡᠮᠰᠢᠯ᠎ᠤᠨ ᠣᠷᠤᠨ ᠪᠦᠰᠡ ᠪᠠ ᠬᠠᠮᠢᠶᠠᠷᠣᠯᠲᠠ ᠵᠢᠨ ᠪᠠᠢ᠌ᠭᠤᠯᠤᠮᠵᠢ ᠭᠡᠬᠦ ᠵᠡᠷᠭᠡ ᠠᠭᠤᠯᠭ᠎ᠠ ᠵᠢ ᠪᠠᠭᠲᠠᠭ᠋ᠠᠬᠣ ᠪᠦᠭᠡᠳ ᠣᠯᠠᠨ ᠣᠯᠣᠰ᠎ᠤᠨ ᠬᠤᠯᠪᠤᠭ᠋ᠠᠲᠤ ᠪᠠᠢ᠌ᠭᠤᠯᠭ᠎ᠠ ᠵᠢᠨ ᠰᠣᠷᠭ᠋ᠠᠨ ᠬᠦᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠤᠬᠢᠶᠠᠨ ᠪᠠᠢ᠌ᠭᠤᠯᠤᠯᠲᠠ ᠵᠢᠨ ᠨᠡᠢ᠌ᠲᠡᠯᠡᠭᠰᠡᠨ ᠲᠡᠯᠡᠬᠡᠢ ᠵᠢᠨ ᠦᠪ᠎ᠤᠨ ᠰᠢᠨᠵᠢ ᠲᠡᠮᠲᠡᠭ᠎ᠤᠨ ᠵᠢᠷᠣᠭ᠎ᠢ ᠪᠠᠭᠲᠠᠭ᠋ᠠᠨ᠎ᠠ᠃
      ᠠᠷᠪᠠᠨ ᠳᠦᠷᠪᠡᠳᠦᠭᠡᠷ ᠵᠦᠢ᠍ᠯ   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ᠂ ᠬᠠᠮᠢᠶᠠᠷᠤᠯᠲᠠ ᠪᠠ ᠠᠰᠢᠭᠯᠠᠯᠲᠠ ᠭᠡᠬᠦ ᠵᠡᠷᠭᠡ ᠡᠯ᠎ᠡ ᠲᠦᠷᠦᠯ᠎ᠤᠨ ᠲᠣᠰᠬᠠᠢ ᠲᠦᠯᠦᠪᠵᠢᠭᠦᠯᠭᠡ᠎ᠨᠢ《ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠶᠡᠷᠦᠨᠭᠬᠡᠢ ᠲᠦᠯᠦᠪᠵᠢᠭᠦᠯᠭᠡ》᠂《ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠬᠠᠮᠢᠶᠠᠷᠤᠯᠲᠠ ᠵᠢᠨ ᠲᠦᠯᠦᠪᠵᠢᠭᠦᠯᠭᠡ》᠎ᠳᠤ ᠲᠣᠬᠢᠷᠠᠬᠤ ᠬᠡᠷᠡᠭᠲᠡᠢ᠃
      ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠲᠣᠰᠬᠠᠢ ᠲᠦᠯᠦᠪᠵᠢᠭᠦᠯᠭᠡ ᠵᠢᠴᠢ ᠵᠠᠭ᠋ᠠᠭ ᠱᠤᠭᠤᠮ ᠪᠠ ᠦᠢ᠍ᠯᠡᠳᠦᠯ᠎ᠤᠨ ᠣᠷᠣᠨ᠎ᠢ ᠲᠤᠷ᠎ᠠ ᠵᠤᠷᠢᠭ ᠵᠶ᠋ᠡᠷ ᠵᠶ᠋ᠡᠨ ᠦᠭᠡᠷᠡᠴᠢᠯᠡᠨ ᠬᠣᠪᠢᠷᠠᠭ᠋ᠠᠵᠤ ᠦᠯᠦ ᠪᠤᠯᠤᠨ᠎ᠠ; ᠵᠠᠪᠠᠯ ᠦᠭᠡᠷᠡᠴᠢᠯᠡᠨ ᠬᠤᠪᠢᠷᠠᠭ᠋ᠠᠬᠤ ᠴᠢᠬᠤᠯᠠᠲᠠᠢ ᠪᠠᠢ᠌ᠪᠠᠯ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠰᠣᠶᠣᠯ᠎ᠤᠨ ᠦᠪ᠎ᠤᠨ ᠬᠠᠮᠢᠶᠠᠷᠣᠯᠲᠠ ᠵᠢᠨ ᠪᠠᠢ᠌ᠭᠤᠯᠤᠮᠵᠢ ᠵᠢᠨ ᠵᠦᠪᠰᠢᠶᠠᠷᠡᠯ᠎ᠢ ᠣᠯᠬᠤ ᠬᠡᠷᠡᠭᠲᠡᠢ ᠪᠦᠭᠡᠳ ᠤᠤᠯ ᠬᠢᠨᠠᠨ ᠵᠦᠪᠰᠢᠶᠡᠷᠡᠭᠰᠡᠨ ᠪᠠᠢ᠌ᠭᠤᠯᠭ᠎ᠠ᠎ᠳᠤ ᠮᠡᠳᠡᠭᠦᠯᠦᠨ ᠵᠦᠪᠰᠢᠶᠡᠷᠡᠭᠳᠡᠭᠰᠡᠨ ᠪᠠᠢ᠌ᠬᠤ ᠬᠡᠷᠡᠭᠲᠡᠢ᠃
      ᠠᠷᠪᠠᠨ ᠲᠠᠪᠤᠳᠤᠭ᠋ᠠᠷ ᠵᠦᠢ᠍ᠯ   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠣᠷᠣᠰᠢᠵᠤ ᠪᠠᠢ᠌ᠭ᠎ᠠ ᠭᠠᠵᠠᠷ᠎ᠤᠨ ᠬᠤᠲᠠ ᠵᠢᠨ ᠡᠵᠡᠮᠰᠢᠯ᠎ᠤᠨ ᠴᠢᠨᠠᠷᠲᠠᠢ ᠨᠠᠷᠢᠯᠢᠭ ᠲᠦᠯᠦᠪᠵᠢᠭᠦᠯᠭᠡ᠂ ᠬᠦᠳᠡᠭᠡ ᠲᠤᠰᠬᠤᠨ᠎ᠤ ᠲᠦᠯᠦᠪᠵᠢᠭᠦᠯᠭᠡ ᠭᠡᠬᠦ ᠮᠡᠲᠦ ᠵᠢᠨ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠬᠦᠷᠢᠶ᠎ᠡ ᠬᠡᠪᠴᠢᠶ᠎ᠡ ᠪᠠ ᠪᠦᠲᠦᠭᠡᠨ ᠪᠠᠢ᠌ᠭᠣᠯᠣᠯᠲᠠ ᠵᠢᠨ ᠡᠵᠡᠮᠰᠢᠯ᠎ᠤᠨ ᠣᠷᠤᠨ ᠪᠦᠰᠡ᠎ᠳᠤ ᠬᠤᠯᠪᠤᠭᠳᠠᠵᠤ ᠪᠠᠢ᠌ᠭ᠎ᠠ ᠪᠣᠢ ᠪᠦᠬᠦᠢ ᠵᠦᠢ᠍ᠯ《ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠶᠡᠷᠦᠨᠭᠬᠡᠢ ᠲᠦᠯᠦᠪᠵᠢᠭᠦᠯᠭᠡ》᠂《ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠬᠠᠮᠢᠶᠠᠷᠤᠯᠲᠠ ᠵᠢᠨ ᠲᠦᠯᠦᠪᠵᠢᠭᠦᠯᠭᠡ》᠎ᠳᠤ ᠲᠣᠬᠢᠷᠠᠬᠤ ᠶᠣᠰᠣᠲᠠᠢ᠃
      ᠠᠷᠪᠠᠨ ᠵᠢᠷᠭᠤᠳᠤᠭ᠋ᠠᠷ ᠵᠦᠢ᠍ᠯ   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠠᠵᠢᠯ᠎ᠤᠨ ᠴᠢᠬᠣᠯᠠ ᠶᠡᠬᠡ ᠵᠦᠢ᠍ᠯᠡᠰ᠎ᠲᠤ ᠲᠤᠰᠬᠠᠢ ᠮᠡᠷᠭᠡᠵᠢᠯᠲᠡᠨ᠎ᠠᠴᠠ ᠠᠰᠠᠭᠤᠨ ᠯᠠᠪᠯᠠᠵᠤ ᠨᠣᠲᠠᠯᠠᠬᠤ ᠲᠦᠷᠢᠮ᠎ᠢ ᠬᠡᠷᠡᠭᠵᠢᠭᠦᠯᠦᠨ᠎ᠡ᠃
      ᠠᠷᠪᠠᠨ ᠳᠤᠯᠤᠳᠤᠭ᠋ᠠᠷ ᠵᠦᠢ᠍ᠯ   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠲᠡᠦᠬᠡ ᠵᠢᠨ ᠳᠤᠷᠠᠰᠬᠠᠯᠲᠣ ᠵᠦᠢ᠍ᠯ᠎ᠤᠨ ᠬᠠᠮᠠᠭ᠋ᠠᠯᠠᠯᠲᠠ ᠵᠢᠨ ᠢᠨᠵᠸᠨ᠋ᠸᠷᠢᠨᠭ ᠲᠡᠦᠬᠡ ᠵᠢᠨ ᠳᠤᠷᠠᠰᠬᠠᠯᠲᠣ ᠵᠦᠢ᠍ᠯ᠎ᠤᠨ ᠤᠤᠯ ᠲᠦᠷᠬᠦ ᠵᠢ   ᠦᠯᠦ ᠬᠤᠪᠢᠷᠠᠭᠤᠯᠤᠨ᠎ᠠ ᠭᠡᠬᠦ ᠵᠠᠷᠴᠢᠮ᠎ᠢ ᠪᠠᠷᠢᠮᠲᠠᠯᠠᠬᠤ ᠶᠣᠰᠣᠲᠠᠢ᠃
      ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠵᠠᠪᠳᠣᠨ ᠠᠪᠤᠷᠠᠵᠤ ᠪᠡᠬᠢᠵᠢᠭᠦᠯᠬᠦ ᠢᠨᠵᠸᠨ᠋ᠸᠷᠢᠨᠭ᠂ ᠵᠠᠰᠠᠨ ᠰᠡᠯᠪᠢᠬᠦ ᠢᠨᠵᠸᠨ᠋ᠸᠷᠢᠨᠭ᠂ ᠬᠠᠮᠠᠭ᠋ᠠᠯᠠᠯᠲᠠ ᠵᠢᠨ ᠴᠢᠨᠠᠷᠲᠠᠢ ᠲᠦᠬᠦᠭᠡᠷᠦᠮᠵᠢ ᠵᠢᠨ ᠠᠵᠢᠯ᠂ ᠠᠶᠤᠯᠭᠦᠢ ᠵᠢᠨ ᠮᠡᠷᠭᠡᠵᠢᠯ᠎ᠤᠨ ᠰᠡᠷᠭᠡᠢ᠌ᠯᠡᠯᠲᠡ ᠵᠢᠨ ᠠᠵᠢᠯ ᠪᠠ ᠬᠢᠨᠠᠨ ᠬᠡᠮᠵᠢᠬᠦ ᠢᠨᠵᠸᠨ᠋ᠸᠷᠢᠨᠭ ᠭᠡᠬᠦ ᠵᠡᠷᠭᠡ ᠴᠢᠬᠣᠯᠠ ᠶᠡᠬᠡ ᠬᠠᠮᠠᠭ᠋ᠠᠯᠠᠯᠲᠠ ᠵᠢᠨ ᠠᠵᠢᠯ᠎ᠤᠨ ᠲᠠᠯ᠎ᠠ᠎ᠪᠠᠷ ᠲᠣᠰᠬᠠᠢ ᠮᠡᠷᠭᠡᠵᠢᠯ᠎ᠤᠨ ᠲᠦᠰᠦᠪ᠎ᠢ ᠵᠤᠬᠢᠶᠠᠨ ᠨᠠᠢ᠌ᠷᠠᠭᠤᠯᠬᠤ ᠬᠡᠷᠡᠭᠲᠡᠢ ᠮᠦᠷᠲᠡᠭᠡᠨ ᠪᠠᠰᠠ ᠲᠤᠰᠬᠠᠢ ᠮᠡᠷᠭᠡᠵᠢᠯᠲᠡᠨ ᠵᠶ᠋ᠡᠷ ᠨᠣᠲᠠᠯᠠᠭᠤᠯᠤᠯᠭᠰᠠᠨ᠎ᠤ ᠲᠠᠷᠠᠭ᠎ᠠ ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠰᠣᠶᠣᠯ᠎ᠤᠨ ᠦᠪ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠲᠡᠭᠡᠷ᠎ᠡ ᠱᠠᠲᠤᠨ᠎ᠤ ᠲᠡᠦᠬᠡ ᠵᠢᠨ ᠳᠤᠷᠠᠰᠬᠠᠯᠲᠣ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠲᠤ ᠡᠷᠭᠦᠳᠡᠯ ᠳᠡᠪᠰᠢᠭᠦᠯᠦᠨ ᠣᠯᠣᠰ᠎ᠤᠨ ᠬᠠᠮᠢᠶ᠎ᠠ ᠪᠦᠬᠦᠢ ᠲᠤᠭᠲᠠᠭ᠋ᠠᠯ ᠶᠣᠰᠣᠭ᠋ᠠᠷ ᠬᠢᠨᠠᠨ ᠵᠦᠪᠰᠢᠶᠡᠷᠡᠭᠦᠯᠬᠦ ᠬᠡᠷᠡᠭᠲᠡᠢ᠃
      ᠠᠷᠪᠠᠨ ᠨᠠᠢ᠍ᠮᠠᠳᠤᠭ᠋ᠠᠷ ᠵᠦᠢ᠍ᠯ   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠲᠡᠦᠬᠡ ᠵᠢᠨ ᠳᠤᠷᠠᠰᠬᠠᠯᠲᠣ ᠵᠦᠢ᠍ᠯ᠎ᠤᠨ ᠬᠠᠮᠠᠭ᠋ᠠᠯᠠᠯᠲᠠ ᠵᠢᠨ ᠠᠵᠢᠯ᠎ᠳᠤ ᠬᠠᠤᠯᠢ ᠶᠤᠰᠣᠭ᠋ᠠᠷ ᠲᠠᠭ᠋ᠠᠭ᠋ᠠᠴᠢᠯᠠᠯᠲᠠ ᠵᠠᠷᠯᠠᠵᠤ᠂ ᠬᠠᠮᠢᠶ᠎ᠠ ᠪᠦᠬᠦᠢ ᠬᠢᠷᠢ ᠭᠡᠮ᠎ᠲᠠᠢ ᠬᠠᠢ᠌ᠨ ᠪᠠᠢ᠌ᠴᠠᠭ᠋ᠠᠬᠤ᠂ ᠵᠢᠷᠤᠵᠤ ᠲᠦᠯᠦᠪᠯᠡᠬᠦ᠂ ᠪᠠᠷᠢᠯᠭ᠎ᠠ ᠵᠢᠨ ᠠᠵᠢᠯ ᠬᠢᠬᠦ᠂ ᠬᠢᠨᠠᠨ ᠬᠠᠮᠢᠶᠠᠷᠬᠤ ᠪᠠᠢ᠌ᠭᠤᠯᠭ᠎ᠠ ᠲᠠᠭ᠋ᠠᠭ᠋ᠠᠴᠢᠯᠠᠵᠤ ᠡᠭᠦᠷᠭᠡᠯᠡᠨ᠎ᠡ᠃ ᠡᠯ᠎ᠡ ᠵᠦᠢ᠍ᠯ᠎ᠤᠨ ᠪᠠᠷᠢᠯᠭ᠎ᠠ ᠵᠢᠨ ᠠᠵᠢᠯ᠎ᠤᠨ ᠲᠠᠯ᠎ᠠ᠎ᠪᠠᠷ ᠪᠠᠷᠢᠯᠭ᠎ᠠ ᠪᠠᠷᠢᠬᠤ ᠵᠢ ᠵᠦᠪᠰᠢᠶᠡᠷᠡᠬᠦ᠂ ᠠᠵᠢᠯ ᠲᠠᠭᠤᠰᠤᠭᠰᠠᠨ ᠪᠠᠷᠢᠯᠭ᠎ᠠ ᠵᠢ ᠰᠢᠯᠭ᠋ᠠᠨ ᠠᠪᠬᠣ ᠪᠠ ᠲᠠᠨᠭ᠌ᠰᠠᠯᠠᠵᠤ ᠲᠡᠮᠳᠡᠭᠯᠡᠬᠦ ᠲᠦᠷᠢᠮ᠎ᠢ ᠬᠠᠤᠯᠢ ᠶᠤᠰᠣᠭ᠋ᠠᠷ ᠭᠦᠢ᠍ᠴᠡᠳᠭᠡᠬᠦ ᠬᠡᠷᠡᠭᠲᠡᠢ᠃
      ᠠᠷᠪᠠᠨ ᠶᠢᠰᠦᠳᠦᠭᠡᠷ ᠵᠦᠢ᠍ᠯ   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠬᠦᠷᠢᠶ᠎ᠡ ᠬᠡᠪᠴᠢᠶ᠎ᠡ ᠪᠠ ᠪᠦᠲᠦᠭᠡᠨ ᠪᠠᠢ᠌ᠭᠣᠯᠣᠯᠲᠠ ᠵᠢᠨ ᠡᠵᠡᠮᠰᠢᠯ᠎ᠤᠨ ᠣᠷᠤᠨ ᠪᠦᠰᠡ᠎ᠳᠤ᠎ᠬᠢ ᠪᠦᠲᠦᠭᠡᠨ ᠪᠠᠢ᠌ᠭᠤᠯᠤᠯᠲᠠ ᠵᠢᠨ ᠵᠦᠢ᠍ᠯ᠎ᠨᠢ《ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠶᠡᠷᠦᠨᠭᠬᠡᠢ ᠲᠦᠯᠦᠪᠵᠢᠭᠦᠯᠭᠡ》ᠪᠠ《ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠬᠠᠮᠢᠶᠠᠷᠤᠯᠲᠠ ᠵᠢᠨ ᠲᠦᠯᠦᠪᠵᠢᠭᠦᠯᠭᠡ》᠎ᠳᠤ ᠲᠤᠭᠲᠠᠭ᠋ᠠᠭᠰᠠᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ ᠮᠦᠷᠲᠡᠭᠡᠨ ᠪᠠᠰᠠ ᠪᠠᠭᠲᠠᠭ᠋ᠠᠮᠵᠢ᠂ ᠬᠡᠪᠴᠢᠶ᠎ᠡ᠂ ᠦᠨᠭᠭᠡ ᠵᠢᠪᠡᠷ᠂ ᠬᠡᠯᠪᠡᠷᠢ ᠲᠦᠷᠰᠦ᠂ ᠬᠡᠪ ᠨᠠᠮᠪᠠᠭ᠎ᠠ ᠵᠡᠷᠭᠡ ᠲᠠᠯ᠎ᠠ᠎ᠪᠠᠷ ᠵᠶ᠋ᠡᠨ ᠪᠠᠭᠣᠷᠢ ᠵᠢᠨ ᠦᠵᠡᠮᠵᠢ᠎ᠲᠠᠢ ᠵᠤᠬᠢᠴᠠᠨᠭ᠌ᠭᠤᠢ ᠪᠠᠢ᠌ᠬᠤ ᠬᠡᠷᠡᠭᠲᠡᠢ᠃
      ᠪᠦᠲᠦᠭᠡᠨ ᠪᠠᠢ᠌ᠭᠣᠯᠣᠯᠲᠠ ᠵᠢᠨ ᠡᠵᠡᠮᠰᠢᠯ᠎ᠤᠨ ᠣᠷᠤᠨ ᠪᠦᠰᠡ᠎ᠳᠤ᠎ᠬᠢ ᠪᠦᠲᠦᠭᠡᠨ ᠪᠠᠢ᠌ᠭᠤᠯᠤᠯᠲᠠ ᠵᠢᠨ ᠢᠨᠵᠸᠨ᠋ᠸᠷᠢᠨᠭ᠎ᠤᠨ ᠵᠦᠢ᠍ᠯᠡᠰ᠎ᠤᠨ ᠵᠢᠷᠤᠵᠤ ᠲᠦᠯᠦᠪᠯᠡᠬᠦ ᠲᠦᠰᠦᠪ᠎ᠢ ᠲᠡᠭᠡᠷ᠎ᠡ ᠱᠠᠲᠤᠨ᠎ᠤ ᠲᠡᠦᠬᠡ ᠵᠢᠨ ᠳᠤᠷᠠᠰᠬᠠᠯᠲᠣ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠤᠨ ᠵᠦᠪᠰᠢᠶᠡᠷᠡᠯ᠎ᠢ ᠣᠯᠣᠭᠰᠠᠨ᠎ᠤ ᠲᠠᠷᠠᠭ᠎ᠠ ᠬᠤᠲᠠ ᠬᠦᠳᠡᠭᠡ ᠵᠢᠨ ᠪᠦᠲᠦᠭᠡᠨ ᠪᠠᠢ᠌ᠭᠣᠯᠣᠯᠲᠠ ᠵᠢᠨ ᠲᠦᠯᠦᠪᠵᠢᠭᠦᠯᠭᠡ ᠵᠢᠨ ᠰᠠᠯᠠᠭ᠎ᠠ ᠮᠦᠴᠢᠷ᠎ᠲᠤ ᠲᠠᠪᠰᠢᠭᠦᠯᠦᠨ ᠵᠦᠪᠰᠢᠶᠡᠷᠡᠭᠦᠯᠬᠦ   ᠬᠡᠷᠡᠭᠲᠡᠢ᠃
      ᠬᠤᠷᠢᠳᠤᠭ᠋ᠠᠷ ᠵᠦᠢ᠍ᠯ   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠬᠦᠷᠢᠶ᠎ᠡ ᠬᠡᠪᠴᠢᠶ᠎ᠡ ᠳᠣᠲᠣᠷ᠎ᠠ ᠲᠡᠦᠬᠡ ᠵᠢᠨ ᠳᠤᠷᠠᠰᠬᠠᠯᠲᠣ ᠵᠦᠢ᠍ᠯ᠎ᠢ ᠰᠤᠳᠤᠯᠤᠨ ᠪᠠᠢ᠌ᠴᠠᠭ᠋ᠠᠬᠤ᠂ ᠬᠠᠢ᠌ᠨ ᠰᠢᠨᠵᠢᠬᠦ᠂ ᠠᠭᠣᠳᠠᠯᠬᠤ ᠵᠢᠴᠢ ᠬᠠᠮᠢᠶ᠎ᠠ ᠪᠦᠬᠦᠢ ᠰᠢᠨᠵᠢᠯᠡᠬᠦ ᠤᠬᠠᠭ᠋ᠠᠨ᠎ᠤ ᠰᠣᠳᠣᠯᠭ᠋ᠠᠨ᠎ᠤ ᠠᠵᠢᠯ᠎ᠢ ᠦᠷᠨᠢᠭᠦᠯᠬᠦ᠎ᠳᠤ᠎ᠪᠠᠨ《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠲᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠬᠠᠤᠯᠢ》ᠵᠢᠨ ᠬᠠᠮᠢᠶ᠎ᠠ ᠪᠦᠬᠦᠢ ᠲᠤᠭᠲᠠᠭ᠋ᠠᠯ ᠶᠣᠰᠣᠭ᠋ᠠᠷ ᠮᠡᠳᠡᠭᠦᠯᠦᠨ ᠵᠦᠪᠰᠢᠶᠡᠷᠡᠭᠦᠯᠬᠦ ᠭᠠᠷᠳᠠᠮ᠎ᠢ ᠭᠦᠢ᠍ᠴᠡᠳᠭᠡᠵᠦ ᠪᠠᠰᠠ ᠶᠤᠸᠠᠨ᠎ᠤ ᠲᠡᠭᠡᠳᠦ ᠨᠡᠢ᠌ᠰᠯᠡᠯ᠎ᠤᠨ ᠰᠣᠶᠣᠯ᠎ᠤᠨ ᠦᠪ᠎ᠤᠨ ᠬᠠᠮᠢᠶᠠᠷᠤᠯᠲᠠ ᠵᠢᠨ ᠪᠠᠢ᠌ᠭᠤᠯᠤᠮᠵᠢ᠎ᠳᠤ ᠪᠠᠢ᠌ᠳᠠᠯ ᠵᠶ᠋ᠡᠨ ᠮᠡᠳᠡᠭᠦᠯᠬᠦ   ᠬᠡᠷᠡᠭᠲᠡᠢ᠃
      ᠬᠤᠷᠢᠨ ᠨᠢᠭᠡᠳᠦᠭᠡᠷ ᠵᠦᠢ᠍ᠯ   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠬᠦᠷᠢᠶ᠎ᠡ ᠬᠡᠪᠴᠢᠶ᠎ᠡ ᠳᠣᠲᠤᠷ᠎ᠠ ᠨᠢᠭᠡᠨᠲᠡ ᠭᠠᠵᠠᠷ ᠬᠠᠭ᠋ᠠᠯᠪᠤᠷᠢᠯᠠᠭᠰᠠᠨ ᠪᠠᠢ᠌ᠪᠠᠯ᠂ ᠲᠠᠷᠢᠶᠠᠯᠠᠬᠣ ᠵᠢ ᠵᠣᠭᠰᠣᠭ᠋ᠠᠵᠤ ᠪᠡᠯᠴᠢᠭᠡᠷ᠎ᠢ ᠰᠡᠷᠭᠦᠭᠡᠬᠦ ᠬᠡᠷᠡᠭᠲᠡᠢ᠃
      ᠶᠡᠷᠦ᠎ᠠᠴᠠ ᠪᠦᠲᠦᠭᠡᠨ ᠪᠠᠢ᠌ᠭᠣᠯᠣᠯᠲᠠ ᠵᠢᠨ ᠡᠵᠡᠮᠰᠢᠯ᠎ᠤᠨ ᠣᠷᠤᠨ ᠪᠦᠰᠡ ᠳᠣᠲᠤᠷ᠎ᠠ ᠣᠷᠣᠰᠢᠨ ᠰᠠᠭᠤᠵᠤ ᠪᠠᠢ᠌ᠭᠰᠠᠨ ᠨᠢᠭᠡᠴᠢ ᠪᠠ ᠬᠤᠪᠢ ᠬᠦᠮᠦᠨ ᠪᠠᠢ᠌ᠭ᠋ᠠᠯᠢ ᠵᠢᠨ ᠡᠬᠢ ᠪᠠᠶᠠᠯᠢᠭ᠎ᠢ ᠰᠠᠢ᠌ᠲᠤᠷ ᠬᠠᠮᠠᠭ᠋ᠠᠯᠠᠵᠤ᠂ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠤᠨ᠂ ᠵᠦᠢ ᠵᠤᠬᠢᠰᠲᠠᠢ᠎ᠪᠠᠷ ᠠᠰᠢᠭᠯᠠᠬᠤ ᠬᠡᠷᠡᠭᠲᠡᠢ᠂ ᠮᠠᠯ ᠪᠡᠯᠴᠢᠭᠡᠷ᠎ᠤᠨ ᠲᠡᠨᠭᠴᠡᠭᠦᠷᠢ ᠵᠢ ᠪᠠᠲᠤᠯᠠᠵᠤ᠂ ᠪᠡᠯᠴᠢᠭᠡᠷ᠎ᠤᠨ ᠲᠠᠭ᠋ᠠᠭ᠋ᠠᠴᠠ᠎ᠠᠴᠠ ᠬᠡᠲᠦᠷᠡᠲᠡᠯ᠎ᠡ ᠮᠠᠯ ᠮᠠᠯᠵᠢᠵᠤ ᠶᠠᠭ᠋ᠠᠬᠢᠭᠰᠠᠨ ᠴᠤ᠌ ᠪᠤᠯᠬᠤ ᠦᠭᠡᠢ᠃
      ᠬᠤᠷᠢᠨ ᠬᠤᠶᠠᠳᠤᠭ᠋ᠠᠷ ᠵᠦᠢ᠍ᠯ   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠬᠦᠷᠢᠶ᠎ᠡ ᠬᠡᠪᠴᠢᠶ᠎ᠡ ᠲᠣᠲᠣᠷ᠎ᠠ ᠲᠡᠦᠬᠡ ᠵᠢᠨ ᠲᠤᠷᠠᠰᠬᠠᠯᠲᠤ ᠵᠦᠢ᠍ᠯ᠎ᠢ ᠰᠤᠳᠤᠯᠤᠨ ᠪᠠᠢ᠌ᠴᠠᠭ᠋ᠠᠬᠤ᠂ ᠬᠠᠢ᠌ᠨ ᠰᠢᠨᠵᠢᠬᠦ᠂   ᠠᠭᠤᠳᠠᠯᠤᠨ ᠮᠠᠯᠲᠠᠬᠤ ᠵᠢᠴᠢ ᠲᠡᠦᠬᠡ ᠵᠢᠨ ᠲᠤᠷᠠᠰᠬᠠᠯᠲᠤ ᠵᠦᠢ᠍ᠯ᠎ᠢ ᠬᠠᠮᠠᠭ᠋ᠠᠯᠠᠬᠤ ᠠᠵᠢᠯ ᠬᠢᠬᠦ ᠪᠠ ᠴᠢᠬᠤᠯᠠ ᠪᠦᠬᠦᠢ ᠬᠠᠮᠠᠭ᠋ᠠᠯᠠᠬᠤ ᠲᠦᠬᠦᠭᠡᠷᠦᠮᠵᠢ ᠲᠦᠬᠦᠭᠡᠷᠬᠦ᠂ ᠵᠢᠭᠤᠯᠴᠢᠯᠠᠭᠴᠢᠳ᠎ᠲᠤ ᠦᠢ᠍ᠯᠡᠴᠢᠯᠡᠬᠦ ᠲᠦᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠬᠢᠬᠦ ᠵᠡᠷᠭᠡ᠎ᠠᠴᠠ ᠪᠣᠰᠣᠳ ᠪᠠᠢ᠌ᠭᠤᠯᠤᠯᠲᠠ ᠵᠢᠨ ᠠᠵᠢᠯ ᠪᠤᠶᠤ ᠲᠡᠯᠪᠡᠴᠡᠬᠦ᠂ ᠦᠷᠦᠮᠳᠡᠨ ᠬᠠᠢ᠌ᠬᠤ᠂ ᠤᠬᠤᠵᠤ ᠮᠠᠯᠲᠠᠬᠤ ᠮᠡᠲᠦ ᠵᠢᠨ ᠠᠵᠢᠯ᠎ᠢ ᠬᠢᠵᠦ ᠪᠤᠯᠬᠤ ᠦᠭᠡᠢ᠃ ᠣᠨᠴᠠᠭ᠋ᠠᠢ ᠰᠢᠯᠲᠠᠭ᠋ᠠᠨ᠎ᠠᠴᠠ ᠪᠤᠯᠵᠤ ᠪᠣᠰᠣᠳ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ ᠪᠤᠶᠤ ᠲᠡᠯᠪᠡᠴᠡᠬᠦ᠂ ᠦᠷᠦᠮᠳᠡᠨ ᠬᠠᠢ᠌ᠬᠤ᠂ ᠤᠬᠤᠵᠤ ᠮᠠᠯᠲᠠᠬᠤ ᠮᠡᠲᠦ ᠵᠢᠨ ᠠᠵᠢᠯ᠎ᠢ ᠬᠢᠬᠦ ᠴᠢᠬᠤᠯᠠᠲᠠᠢ ᠪᠠᠢ᠌ᠪᠠᠯ ᠬᠠᠤᠯᠢ ᠶᠣᠰᠣᠭ᠋ᠠᠷ ᠮᠡᠳᠡᠭᠦᠯᠦᠨ ᠵᠦᠪᠰᠢᠶᠡᠷᠡᠭᠦᠯᠬᠦ ᠭᠠᠷᠳᠠᠮ᠎ᠢ ᠭᠦᠢ᠍ᠴᠡᠳᠭᠡᠬᠦ ᠬᠡᠷᠡᠭᠲᠡᠢ᠃
    ᠬᠤᠷᠢᠨ ᠭᠤᠷᠪᠠᠳᠤᠭ᠋ᠠᠷ ᠵᠦᠢ᠍ᠯ   ᠶᠤᠸᠠᠨ᠎ᠤ ᠲᠡᠭᠡᠳᠦ ᠨᠡᠢ᠌ᠰᠯᠡᠯ᠎ᠤᠨ ᠪᠠᠭᠣᠷᠢ ᠵᠢᠨ ᠬᠠᠮᠠᠭ᠋ᠠᠯᠠᠯᠲᠠ ᠵᠢᠨ ᠬᠦᠷᠢᠶ᠎ᠡ ᠬᠡᠪᠴᠢᠶ᠎ᠡ ᠪᠠ ᠪᠦᠲᠦᠭᠡᠨ ᠪᠠᠢ᠌ᠭᠣᠯᠣᠯᠲᠠ ᠵᠢᠨ ᠡᠵᠡᠮᠰᠢᠯ᠎ᠤᠨ ᠣᠷᠤᠨ ᠪᠦᠰᠡ ᠲᠣᠲᠣᠷ᠎ᠠ᠂ ᠲᠤᠤᠷᠠᠬᠢ ᠮᠡᠲᠦ ᠦᠢ᠍ᠯᠡ ᠠᠵᠢᠯᠯᠠᠭ᠎ᠠ ᠵᠢ ᠡᠷᠡᠰ ᠬᠤᠷᠢᠭᠯᠠᠨ᠎ᠠ᠄
     (ᠨᠢᠭᠡ) ᠲᠡᠮᠳᠡᠭ ᠲᠣᠳᠣᠷᠬᠠᠶ᠋ᠢᠯᠠᠯᠲᠠ᠂ ᠵᠠᠭ᠋ᠠᠭ ᠬᠢᠯᠢ ᠵᠢᠨ ᠱᠤᠨᠭ᠌ ᠵᠡᠷᠭᠡ ᠬᠠᠮᠠᠭ᠋ᠠᠯᠠᠯᠲᠠ ᠵᠢᠨ ᠲᠥᠬᠥᠭᠡᠷᠦᠮᠵᠢ ᠵᠢ ᠳᠤᠷ᠎ᠠ ᠵᠤᠷᠢᠭ ᠵᠶ᠋ᠡᠷ ᠵᠶ᠋ᠠᠨ ᠰᠢᠯᠵᠢᠭᠦᠯᠬᠦ᠂ ᠨᠤᠷᠠᠭ᠋ᠠᠬᠤ ᠪᠤᠶᠤ ᠪᠤᠵᠠᠷᠲᠤᠭᠤᠯᠤᠨ ᠡᠪᠳᠡᠬᠦ;
     (ᠬᠣᠶᠠᠷ) ᠠᠭᠤᠷᠬᠠᠶ ᠮᠠᠯᠲᠠᠬᠤ᠂ ᠰᠢᠷᠣᠶ ᠠᠪᠬᠤ᠂ ᠡᠯᠡᠰᠦ ᠠᠪᠬᠤ᠂ ᠴᠢᠯᠠᠭᠤ ᠭᠠᠷᠭ᠋ᠠᠬᠤ ᠵᠡᠷᠭᠡ ᠬᠡᠷᠡᠭ᠎ᠢ ᠳᠤᠷ᠎ᠠ ᠵᠤᠷᠢᠭ ᠵᠶ᠋ᠡᠷ ᠵᠶ᠋ᠠᠨ ᠦᠢ᠍ᠯᠡᠳᠬᠦ;
     (ᠭᠤᠷᠪᠠ) ᠠᠵᠤ ᠦᠢ᠍ᠯᠡᠳᠪᠦᠷᠢ ᠵᠢᠨ ᠲᠣᠭᠣᠰᠣ᠂ ᠬᠠᠶᠠᠭᠳᠠᠮᠠᠯ ᠬᠡᠢ᠂ ᠬᠠᠶᠠᠭᠳᠠᠮᠠᠯ ᠰᠢᠭ᠋ᠠᠷᠤ᠂ ᠪᠣᠬᠢᠷ ᠤᠰᠤ᠂ ᠱᠤᠤᠭᠢᠶᠠᠨ ᠵᠡᠷᠭᠡ ᠣᠷᠴᠢᠨ ᠲᠣᠭᠣᠷᠢᠨ᠎ᠢ   ᠪᠤᠬᠢᠷᠲᠤᠭᠤᠯᠬᠤ ᠦᠢ᠍ᠯᠡᠳᠪᠦᠷᠢᠯᠡᠯ᠎ᠢ ᠬᠢᠬᠦ; ᡾
     (ᠲᠦᠷᠪᠡ) ᠮᠣᠳᠣ ᠣᠭᠲᠣᠯᠬᠤ ᠪᠤᠶᠤ ᠮᠣᠳᠣ ᠵᠢ ᠰᠦᠢ᠍ᠳᠭᠡᠬᠦ᠂ ᠡᠮ᠎ᠤᠨ ᠮᠠᠲ᠋ᠧᠷᠢᠶᠠᠯ ᠮᠠᠯᠲᠠᠬᠤ ᠵᠢᠴᠢ ᠠᠮᠢᠲᠠᠨ ᠤᠷᠭᠤᠮᠠᠯ᠎ᠤᠨ ᠵᠠᠭᠪᠣᠷ ᠬᠡᠪ ᠲᠡᠭᠦᠵᠦ ᠴᠤᠭᠯᠠᠭᠤᠯᠬᠤ ᠵᠡᠷᠭᠡ ᠠᠵᠢᠯᠯᠠᠭ᠎ᠠ;
     (ᠲᠠᠪᠤ) ᠭᠣᠣᠯ᠎ᠤᠨ ᠵᠠᠮ᠎ᠢ ᠬᠤᠷᠢᠵᠤ ᠲᠠᠭᠯᠠᠬᠤ᠂ ᠨᠤᠭᠤ ᠭᠠᠵᠠᠷ᠎ᠢ ᠪᠤᠯᠠᠵᠤ ᠲᠠᠷᠤᠨ ᠤᠰᠤ ᠵᠢ᠎ᠨᠢ ᠲᠠᠲᠠᠵᠤ ᠬᠠᠲᠠᠭ᠋ᠠᠬᠤ ᠪᠠ ᠭᠠᠵᠠᠷ᠎ᠤᠨ ᠪᠠᠢ᠌ᠴᠠ ᠪᠠᠢ᠌ᠳᠠᠯ᠎ᠢ ᠬᠣᠬᠢᠷᠠᠭᠤᠯᠵᠤ ᠮᠡᠳᠡᠬᠦ ᠪᠤᠰᠤᠳ ᠵᠦᠢ᠍ᠯ᠎ᠤᠨ ᠦᠢ᠍ᠯᠡ ᠠᠵᠢᠯᠯᠠᠭ᠎ᠠ; ᡾
     (ᠵᠢᠷᠭᠤᠭ᠎ᠠ) ᠲᠡᠤᠬᠡ ᠵᠢᠨ ᠳᠤᠷᠠᠰᠬᠠᠯᠲᠤ ᠵᠦᠢ᠍ᠯ᠎ᠢ ᠡᠪᠳᠡᠨ ᠰᠦᠢ᠍ᠳᠭᠡᠬᠦ ᠪᠠ ᠪᠠᠭᠤᠷᠢ᠎ᠳᠤ ᠬᠣᠤᠷ ᠬᠥᠨᠥᠭᠡᠯ ᠤᠴᠠᠷᠠᠭᠤᠯᠬᠤ ᠪᠤᠰᠤᠳ ᠵᠦᠢ᠍ᠯ᠎ᠤᠨ ᠦᠢ᠍ᠯᠡ ᠠᠵᠢᠯᠯᠠᠭ᠎ᠠ᠃


                  ᠭᠤᠷᠪᠠᠳᠤᠭ᠋ᠠᠷ ᠪᠦᠯᠦᠭ   ᠬᠠᠮᠢᠶᠠᠷᠤᠯᠲᠠ

 
      ᠬᠣᠷᠢᠨ ᠳᠥᠷᠪᠡᠳᠦᠭᠡᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠤᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠶᠤᠸᠠᠨ᠎ᠤ ᠲᠡᠭᠡᠳᠦ ᠨᠡᠢ᠌ᠰᠯᠠᠯ᠎ᠤᠨ ᠪᠠᠭᠤᠷᠢ᠎ᠳᠤ ᠲᠣᠭᠲᠠᠮᠠᠯ ᠬᠤᠭᠤᠴᠠᠭ᠎ᠠ᠎ᠲᠠᠢ ᠪᠠ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠲᠣᠭᠤᠷᠢᠨ ᠪᠠᠢ᠌ᠴᠠᠭ᠋ᠠᠬᠤ᠂ ᠬᠢᠨᠠᠨ ᠪᠠᠢ᠌ᠴᠠᠭ᠋ᠠᠬᠤ ᠠᠵᠢᠯ᠎ᠢ ᠬᠢᠬᠦ ᠬᠡᠷᠡᠭᠲᠡᠶ᠃ ᠶᠤᠸᠠᠨ᠎ᠤ ᠲᠡᠭᠡᠳᠦ ᠨᠡᠶ᠋ᠢᠰᠯᠡᠯ᠎ᠤᠨ ᠰᠣᠶᠣᠯ᠎ᠤᠨ ᠥᠪ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠬᠡᠮᠵᠢᠬᠦ ᠪᠠ ᠲᠤᠰᠬᠠᠯ᠎ᠤᠨ ᠴᠢᠨᠠᠷᠲᠠᠶ ᠬᠢᠨᠠᠨ ᠬᠡᠮᠵᠢᠬᠦ ᠠᠵᠢᠯ᠎ᠢ ᠬᠢᠬᠦ ᠬᠡᠷᠡᠭᠲᠡᠶ; ᠲᠡᠷᠢᠭᠦᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭᠯᠡᠨ᠂ ᠣᠯᠠᠨ ᠰᠢᠨᠵᠢᠯᠡᠭᠡᠨ᠎ᠤ ᠰᠠᠯᠠᠭ᠎ᠠ᠂ ᠣᠯᠠᠨ ᠰᠠᠯᠠᠭ᠎ᠠ ᠮᠥᠴᠢᠷ᠎ᠤᠨ ᠬᠢᠨᠠᠨ ᠬᠡᠮᠵᠢᠬᠦ ᠠᠵᠢᠯ᠎ᠢ ᠬᠠᠮᠲᠤᠷᠠᠨ ᠦᠷᠨᠢᠭᠦᠯᠬᠦ ᠠᠵᠢᠯ᠎ᠢ ᠵᠤᠷᠢᠭᠵᠢᠭᠤᠯᠬᠤ ᠬᠡᠷᠡᠭᠲᠡᠢ᠃
      ᠬᠣᠷᠢᠨ ᠲᠠᠪᠤᠳᠤᠭ᠋ᠠᠷ ᠵᠦᠢ᠍ᠯ   ᠶᠤᠸᠠᠨ᠎ᠤ ᠲᠡᠭᠡᠳᠦ ᠨᠡᠢ᠌ᠰᠯᠠᠯ᠎ᠤᠨ ᠰᠣᠶᠣᠯ᠎ᠤᠨ ᠥᠪ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠲᠡᠤᠬᠡ ᠵᠢᠨ ᠳᠤᠷᠠᠰᠬᠠᠯᠲᠤ ᠵᠦᠢ᠍ᠯ᠎ᠤᠨ ᠲᠤᠰ ᠪᠡᠶ᠎ᠡ ᠵᠢᠨ ᠬᠠᠮᠠᠭ᠋ᠠᠯᠠᠯᠲᠠ ᠵᠢᠨ ᠪᠠᠢ᠌ᠳᠠᠯ᠂ ᠬᠠᠮᠠᠭ᠋ᠠᠯᠠᠯᠲᠠ ᠵᠢᠨ ᠬᠦᠷᠢᠶ᠎ᠡ ᠬᠡᠪᠴᠢᠶ᠎ᠡ ᠪᠠ ᠪᠦᠲᠦᠭᠡᠨ ᠪᠠᠶ᠋ᠢᠭᠤᠯᠤᠯᠲᠠ ᠵᠢᠨ ᠡᠵᠡᠮᠰᠢᠯ᠎ᠤᠨ ᠣᠷᠣᠨ ᠪᠦᠰᠡ ᠵᠢᠨ ᠳᠣᠲᠣᠷᠠᠬᠢ ᠪᠠᠶ᠋ᠢᠭ᠋ᠠᠯᠢ᠂ ᠬᠦᠮᠦᠨ᠎ᠤ ᠨᠦᠯᠦᠭᠡᠯᠡᠯ᠎ᠠᠴᠠ ᠪᠤᠯᠤᠭᠰᠠᠨ ᠬᠤᠪᠢᠷᠠᠯᠲᠠ᠂ ᠡᠷᠭᠢᠨ ᠲᠣᠭᠣᠷᠢᠨ᠎ᠤ ᠭᠠᠵᠠᠷ ᠣᠷᠣᠨ᠎ᠤ ᠨᠡᠭᠡᠭᠡᠯᠲᠡ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠤᠰ ᠪᠡᠶ᠎ᠡ᠎ᠳᠤ ᠦᠵᠡᠭᠦᠯᠦᠭᠰᠡᠨ ᠨᠥᠯᠥᠭᠡ᠂ ᠵᠢᠭᠤᠯᠴᠢᠯᠠᠭᠴᠢᠳ᠎ᠢ ᠲᠠᠭ᠋ᠠᠭ᠋ᠠᠬᠤ ᠬᠡᠮᠵᠢᠶ᠎ᠡ ᠭᠡᠬᠦ ᠵᠡᠷᠭᠡ᠎ᠳᠤ ᠡᠳᠦᠷ ᠲᠤᠲᠤᠮ᠎ᠤᠨ ᠬᠢᠨᠠᠨ ᠬᠡᠮᠵᠢᠯᠲᠡ ᠵᠢ ᠬᠢᠵᠦ᠂ ᠬᠢᠨᠠᠨ ᠬᠡᠮᠵᠢᠵᠦ ᠪᠠᠶ᠋ᠢᠴᠠᠭ᠋ᠠᠭᠰᠠᠨ ᠲᠡᠮᠳᠡᠭᠯᠡᠯ᠎ᠤᠨ ᠳᠠᠩᠰᠠ ᠡᠪᠬᠡᠮᠡᠯ ᠵᠢ ᠵᠤᠬᠢᠶᠠᠬᠤ ᠵᠢᠨ ᠬᠠᠮᠲᠤ ᠵᠢᠯ ᠪᠦᠷᠢ ᠵᠢᠨ ᠨᠢᠭᠡᠳᠦᠭᠡᠷ ᠤᠯᠠᠷᠢᠯ᠎ᠳᠤ ᠳᠡᠭᠡᠷ᠎ᠡ ᠵᠢᠯ᠎ᠤᠨ ᠡᠳᠦᠷ ᠲᠤᠲᠤᠮ᠎ᠤᠨ ᠬᠢᠨᠠᠨ ᠬᠡᠮᠵᠢᠭᠰᠡᠨ ᠮᠡᠳᠡᠭᠦᠯᠦᠯᠲᠡ᠎ᠪᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠤᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
      ᠬᠣᠷᠢᠨ ᠵᠢᠷᠭᠤᠳᠤᠭ᠋ᠠᠷ ᠵᠦᠢ᠍ᠯ   ᠶᠤᠸᠠᠨ᠎ᠤ ᠲᠡᠭᠡᠳᠦ ᠨᠡᠢ᠌ᠰᠯᠠᠯ᠎ᠤᠨ ᠰᠣᠶᠣᠯ᠎ᠤᠨ ᠥᠪ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠣᠭᠲᠠᠴᠠ ᠵᠢ ᠪᠠᠢ᠌ᠭᠤᠯᠤᠨ᠂ ᠠᠷᠠᠳ ᠢᠷᠭᠡᠳ᠎ᠤᠨ ᠶᠤᠸᠠᠨ᠎ᠤ ᠲᠡᠭᠡᠳᠦ   ᠨᠡᠢ᠌ᠰᠯᠠᠯ᠎ᠤᠨ ᠪᠠᠭᠤᠷᠢ ᠪᠠ ᠡᠷᠭᠢᠨ ᠲᠣᠭᠣᠷᠢᠨ᠎ᠤ ᠣᠷᠴᠢᠨ ᠲᠣᠭᠣᠷᠢᠨ᠎ᠢ ᠡᠪᠳᠡᠭᠰᠡᠨ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ ᠬᠡᠷᠡᠭ᠎ᠢ ᠴᠠᠭ ᠲᠤᠬᠠᠶ᠎ᠳᠤᠨᠢ ᠬᠦᠯᠢᠶᠡᠨ ᠠᠪᠴᠤ ᠰᠢᠢ᠍ᠳᠪᠦᠷᠢᠯᠡᠬᠦ ᠬᠡᠷᠡᠭᠲᠡᠶ᠃
      ᠬᠣᠷᠢᠨ ᠳᠣᠯᠣᠳᠤᠭ᠋ᠠᠷ ᠵᠦᠢ᠍ᠯ     ᠶᠤᠸᠠᠨ᠎ᠤ ᠲᠡᠭᠡᠳᠦ ᠨᠡᠢ᠌ᠰᠯᠠᠯ᠎ᠤᠨ ᠪᠠᠭᠤᠷᠢ ᠵᠢᠨ ᠬᠠᠮᠠᠭ᠋ᠠᠯᠠᠯᠲᠠ ᠵᠢᠨ ᠬᠦᠷᠢᠶ᠎ᠡ ᠬᠡᠪᠴᠢᠶᠡᠨ ᠳᠣᠲᠣᠷ᠎ᠠ ᠠᠮᠤᠷ᠎ᠢ ᠬᠠᠮᠠᠭ᠋ᠠᠯᠠᠬᠤ᠂ ᠭᠠᠯ᠎ᠢ ᠰᠡᠷᠭᠡᠶ᠋ᠢᠯᠡᠬᠦ᠂ ᠭᠠᠯ ᠤᠨᠲᠠᠷᠠᠭ᠋ᠠᠬᠤ᠂ ᠪᠠᠴᠢᠮ ᠠᠪᠤᠷᠠᠯᠲᠠ ᠬᠢᠬᠦ ᠵᠡᠷᠭᠡ ᠲᠤᠨᠤᠭ ᠲᠦᠬᠦᠭᠡᠷᠦᠮᠵᠢ ᠵᠢ ᠲᠦᠬᠦᠭᠡᠷᠬᠦ ᠬᠡᠷᠡᠭᠲᠡᠶ᠃
      ᠶᠤᠸᠠᠨ᠎ᠤ ᠲᠡᠭᠡᠳᠦ ᠨᠡᠶ᠋ᠢᠰᠯᠡᠯ᠎ᠤᠨ ᠰᠣᠶᠣᠯ᠎ᠤᠨ ᠥᠪ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠠᠶᠤᠯᠭᠦᠶ ᠵᠢᠨ ᠬᠠᠮᠠᠭ᠋ᠠᠯᠠᠯᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠲᠦᠰᠦᠪᠯᠡᠯ ᠶᠣᠰᠣᠭ᠋ᠠᠷ ᠲᠣᠭᠲᠠᠮᠠᠯ ᠬᠤᠭᠤᠴᠠᠭ᠎ᠠ᠎ᠲᠠᠢ᠎ᠪᠠᠷ ᠰᠣᠷᠢᠯᠲᠠ ᠬᠢᠵᠦ᠂ ᠵᠢᠭᠤᠯᠴᠢᠯᠠᠭᠴᠢᠳ᠂ ᠲᠡᠤᠬᠡ ᠵᠢᠨ ᠳᠤᠷᠠᠰᠬᠠᠯᠲᠤ ᠵᠦᠢ᠍ᠯ ᠪᠠ ᠣᠷᠴᠢᠨ ᠲᠤᠭᠤᠷᠢᠨ᠎ᠤ ᠠᠶᠤᠯᠭᠦᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
      ᠬᠣᠷᠢᠨ ᠨᠠᠢ᠍ᠮᠠᠳᠣᠭ᠋ᠠᠷ ᠵᠦᠢ᠍ᠯ     ᠶᠤᠸᠠᠨ᠎ᠤ ᠲᠡᠭᠡᠳᠦ ᠨᠡᠢ᠌ᠰᠯᠠᠯ᠎ᠤᠨ ᠪᠠᠭᠤᠷᠢ ᠵᠢᠨ ᠠᠮᠤᠷ ᠲᠦᠪᠰᠢᠨ᠎ᠳᠤ ᠠᠶᠤᠯ ᠬᠦᠨᠦᠭᠡᠯ ᠤᠴᠠᠷᠠᠭᠤᠯᠬᠤ ᠭᠡᠨᠡᠳᠲᠡ ᠵᠢᠨ ᠬᠡᠷᠡᠭ ᠭᠠᠷᠤᠭᠰᠠᠨ ᠪᠤᠶᠤ ᠡᠰᠡᠭᠦᠯ᠎ᠡ ᠶᠤᠸᠠᠨ᠎ᠤ ᠲᠡᠭᠡᠳᠦ ᠨᠡᠢ᠌ᠰᠯᠠᠯ᠎ᠤᠨ ᠪᠠᠭᠤᠷᠢ᠎ᠳᠤ ᠬᠦᠨᠳᠦ ᠨᠣᠴᠢᠲᠠᠶ ᠠᠶᠤᠯᠲᠤ ᠭᠡᠮ ᠠᠷᠬᠠᠭ ᠣᠷᠣᠰᠢᠵᠤ ᠪᠠᠶ᠋ᠢᠬᠤ ᠶᠠᠪᠤᠳᠠᠯ᠎ᠢ ᠣᠯᠵᠤ ᠮᠡᠳᠡᠪᠡᠯ᠂ ᠶᠤᠸᠠᠨ᠎ᠤ ᠲᠡᠭᠡᠳᠦ ᠨᠡᠢ᠌ᠰᠯᠠᠯ᠎ᠤᠨ ᠰᠣᠶᠣᠯ᠎ᠤᠨ ᠥᠪ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠲᠡᠷᠡ ᠳᠠᠷᠤᠶ᠎ᠳᠤᠨᠢ ᠪᠠᠴᠢᠮ ᠪᠠᠶ᠋ᠢᠳᠠᠯ᠎ᠢ ᠠᠷᠭ᠋ᠠᠴᠠᠬᠤ ᠲᠦᠰᠦᠪᠯᠡᠯ ᠵᠶ᠋ᠠᠨ ᠬᠡᠷᠡᠭᠵᠢᠭᠦᠯᠵᠦ᠂ ᠱᠠᠯᠠᠪᠳᠠᠨ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠠᠪᠬᠤ ᠵᠢᠨ ᠬᠠᠮᠲᠤ ᠶᠤᠸᠠᠨ᠎ᠤ ᠲᠡᠭᠡᠳᠦ ᠨᠡᠢ᠌ᠰᠯᠠᠯ᠎ᠤᠨ ᠪᠠᠭᠤᠷᠢ ᠵᠢᠨ ᠣᠷᠤᠰᠢᠵᠤ ᠪᠠᠢ᠌ᠭ᠎ᠠ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠂ ᠰᠢᠯᠢ ᠵᠢᠨ ᠭᠣᠤᠯ ᠠᠶ᠋ᠢᠮᠠᠭ᠎ᠤᠨ ᠵᠠᠰᠠᠭ ᠵᠠᠬᠢᠷᠭ᠎ᠠ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠤᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠬᠡᠷᠡᠭ ᠤᠴᠢᠷ᠎ᠢ ᠮᠡᠳᠡᠭᠦᠯᠬᠦ ᠬᠡᠷᠡᠭᠲᠡᠶ᠃


                  ᠳᠥᠷᠪᠡᠳᠦᠭᠡᠷ ᠪᠦᠯᠦᠭ   ᠠᠰᠢᠭᠯᠠᠯᠲᠠ

      ᠬᠣᠷᠢᠨ ᠶᠢᠰᠦᠳᠦᠭᠡᠷ ᠵᠦᠢ᠍ᠯ     ᠶᠤᠸᠠᠨ᠎ᠤ ᠲᠡᠭᠡᠳᠦ ᠨᠡᠢ᠌ᠰᠯᠠᠯ᠎ᠤᠨ ᠪᠠᠭᠤᠷᠢ᠎ᠠᠴᠠ ᠮᠠᠯᠲᠠᠵᠤ ᠭᠠᠷᠭ᠋ᠠᠭᠰᠠᠨ ᠲᠡᠤᠬᠡ ᠵᠢᠨ ᠳᠤᠷᠠᠰᠬᠠᠯᠲᠤ ᠵᠦᠢ᠍ᠯ᠎ᠢ ᠳᠠᠩᠰᠠᠯᠠᠨ ᠲᠡᠮᠳᠡᠭᠯᠡᠵᠦ᠂ ᠲᠣᠬᠢᠲᠠᠶ ᠬᠠᠮᠠᠭ᠋ᠠᠯᠠᠨ ᠬᠠᠮᠢᠶᠠᠷᠴᠤ᠂ ᠲᠡᠤᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠶᠤᠸᠠᠨ᠎ᠤ ᠲᠡᠭᠡᠳᠦ ᠨᠡᠢ᠌ᠰᠯᠠᠯ᠎ᠤᠨ ᠪᠠᠭᠤᠷᠢ ᠵᠢᠨ ᠮᠦᠽᠧᠶ᠎ᠳᠤ ᠬᠠᠳᠠᠭ᠋ᠠᠯᠠᠭᠤᠯᠵᠤ᠂ ᠣᠨᠴᠠᠭ᠋ᠠᠢ ᠬᠠᠮᠠᠭ᠋ᠠᠯᠠᠬᠤ ᠴᠢᠬᠤᠯᠠᠲᠠᠶ ᠲᠡᠤᠬᠡ ᠵᠢᠨ ᠳᠤᠷᠠᠰᠬᠠᠯᠲᠤ ᠵᠦᠢ᠍ᠯ᠎ᠢ ᠭᠠᠷᠭ᠋ᠠᠪᠠᠯ᠂ ᠪᠣᠰᠤᠳ ᠲᠡᠤᠬᠡ ᠵᠢᠨ ᠳᠤᠷᠠᠰᠬᠠᠯᠲᠤ ᠵᠦᠢ᠍ᠯ᠎ᠢ ᠦᠨ᠎ᠡ ᠲᠥᠯᠥᠪᠦᠷᠢ ᠦᠭᠡᠢ᠎ᠪᠠᠷ ᠠᠷᠠᠳ ᠢᠷᠭᠡᠳ᠎ᠲᠤ ᠳᠡᠯᠭᠡᠨ ᠦᠵᠡᠭᠦᠯᠬᠦ ᠬᠡᠷᠡᠭᠲᠡᠶ᠃
      ᠭᠤᠴᠢᠳᠤᠭ᠋ᠠᠷ ᠵᠦᠢ᠍ᠯ     ᠶᠤᠸᠠᠨ᠎ᠤ ᠲᠡᠭᠡᠳᠦ ᠨᠡᠢ᠌ᠰᠯᠠᠯ᠎ᠤᠨ ᠰᠣᠶᠣᠯ᠎ᠤᠨ ᠥᠪ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠣᠯᠠᠨ ᠵᠦᠢ᠍ᠯ᠎ᠤᠨ ᠠᠷᠭ᠎ᠠ ᠮᠠᠶᠢᠭ ᠵᠶ᠋ᠡᠷ ᠤᠬᠠᠭᠤᠯᠤᠨ ᠳᠡᠯᠭᠡᠨ ᠦᠵᠡᠭᠦᠯᠬᠦ ᠠᠵᠢᠯ᠎ᠢ ᠥᠷᠭᠡᠨ   ᠲᠡᠯᠭᠡᠷᠡᠨᠭᠭᠦᠢ᠎ᠪᠠᠷ ᠥᠷᠨᠢᠭᠦᠯᠵᠦ᠂ ᠳᠡᠯᠡᠬᠡᠶ ᠵᠢᠨ ᠰᠣᠶᠣᠯ᠎ᠤᠨ ᠥᠪ᠎ᠲᠤ᠎ᠬᠢ ᠶᠤᠸᠠᠨ᠎ᠤ ᠲᠡᠭᠡᠳᠦ ᠨᠡᠢ᠌ᠰᠯᠠᠯ᠎ᠤᠨ ᠪᠠᠭᠤᠷᠢ ᠵᠢᠨ ᠲᠥᠷᠥᠯ ᠲᠡᠮᠳᠡᠭ᠎ᠤᠨ ᠦᠨ᠎ᠡ ᠴᠡᠨ᠎ᠡ ᠵᠢ ᠳᠡᠭᠡᠭᠰᠢᠯᠡᠭᠦᠯᠬᠦ ᠬᠡᠷᠡᠭᠲᠡᠶ᠃  
      ᠭᠤᠴᠢᠨ ᠨᠢᠭᠡᠳᠦᠭᠡᠷ ᠵᠦᠢ᠍ᠯ   ᠶᠤᠸᠠᠨ᠎ᠤ ᠲᠡᠭᠡᠳᠦ ᠨᠡᠢ᠌ᠰᠯᠠᠯ᠎ᠤᠨ ᠪᠠᠭᠤᠷᠢ ᠵᠢᠨ ᠬᠠᠮᠠᠭ᠋ᠠᠯᠠᠯᠲᠠ ᠵᠢᠨ ᠬᠦᠷᠢᠶ᠎ᠡ ᠬᠡᠪᠴᠢᠶ᠎ᠡ ᠪᠠ ᠪᠦᠲᠦᠭᠡᠨ ᠪᠠᠶ᠋ᠢᠭᠤᠯᠤᠯᠲᠠ ᠵᠢᠨ ᠡᠵᠡᠮᠰᠢᠯ᠎ᠤᠨ ᠣᠷᠣᠨ ᠪᠦᠰᠡ ᠲᠣᠲᠤᠷ᠎ᠠ ᠦᠢ᠍ᠯᠡᠴᠢᠯᠡᠭᠡᠨ᠎ᠤ   ᠠᠵᠢᠯ ᠬᠢᠬᠦ᠎ᠳᠤ ᠬᠦᠷᠪᠡᠯ ᠢᠯᠡ ᠲᠣᠳᠣ᠂ ᠡᠷᠬᠡ ᠲᠡᠭᠰᠢ᠂ ᠲᠥᠪ ᠭᠣᠤᠯᠴᠢ ᠪᠠ ᠣᠯᠠᠨ ᠨᠡᠢ᠍ᠢ᠍ᠲᠡ ᠵᠢᠨ ᠠᠰᠢᠭ ᠲᠤᠰᠠ ᠵᠢ ᠤᠷᠢᠳ ᠵᠶ᠋ᠠᠷ ᠪᠣᠳᠣᠯᠬᠢᠯᠠᠬᠤ ᠵᠠᠷᠴᠢᠮ᠎ᠢ ᠪᠠᠷᠢᠮᠲᠠᠯᠠᠬᠤ ᠬᠡᠷᠡᠭᠲᠡᠶ᠃
      ᠲᠤᠬᠠᠶ ᠵᠢᠨ ᠣᠷᠤᠨ᠎ᠤ ᠰᠠᠭᠤᠭ᠋ᠠᠯᠢ ᠠᠷᠠᠳ᠎ᠤᠨ ᠶᠤᠸᠠᠨ᠎ᠤ ᠲᠡᠭᠡᠳᠦ ᠨᠡᠢ᠌ᠰᠯᠠᠯ᠎ᠤᠨ ᠪᠠᠭᠤᠷᠢ᠎ᠯᠤᠭ᠎ᠠ ᠬᠠᠮᠢᠶ᠎ᠠ ᠪᠦᠬᠦᠢ ᠵᠢᠭᠤᠯᠴᠢᠯᠠᠯ᠎ᠤᠨ ᠦᠢ᠍ᠯᠡᠴᠢᠯᠡᠭᠡᠨ᠎ᠤ ᠦᠢ᠍ᠯᠡᠰ ᠡᠷᠬᠢᠯᠡᠬᠦ ᠵᠢ ᠵᠣᠷᠢᠭᠵᠢᠭᠤᠯᠤᠨ᠎ᠠ᠃
      ᠭᠤᠴᠢᠨ ᠬᠣᠶᠠᠳᠤᠭ᠋ᠠᠷ ᠵᠦᠢ᠍ᠯ   ᠶᠤᠸᠠᠨ᠎ᠤ ᠲᠡᠭᠡᠳᠦ ᠨᠡᠢ᠌ᠰᠯᠠᠯ᠎ᠤᠨ ᠪᠠᠭᠤᠷᠢ ᠵᠢᠨ ᠣᠷᠴᠢᠨ ᠲᠣᠭᠣᠷᠢᠨ᠎ᠤ ᠪᠠᠭᠲᠠᠭ᠋ᠠᠮᠵᠢ ᠪᠣᠯᠤᠨ ᠵᠢᠭᠤᠯᠴᠢᠯᠠᠭᠴᠢᠳ᠎ᠢ ᠬᠦᠯᠢᠶᠡᠨ ᠠᠪᠬᠤ ᠬᠡᠪᠴᠢᠶ᠎ᠡ ᠵᠢ ᠴᠢᠩᠭ᠎ᠠ ᠬᠢᠵᠠᠭ᠋ᠠᠷᠯᠠᠵᠤ᠂ ᠶᠤᠸᠠᠨ᠎ᠤ ᠲᠡᠭᠡᠳᠦ ᠨᠡᠢ᠌ᠰᠯᠠᠯ᠎ᠤᠨ ᠪᠠᠭᠤᠷᠢ ᠵᠢᠨ ᠵᠢᠭᠤᠯᠴᠢᠯᠠᠯ᠎ᠤᠨ ᠦᠢ᠍ᠯᠡᠰ᠎ᠢ ᠵᠣᠬᠢᠬᠤ ᠬᠡᠮᠵᠢᠶ᠎ᠡ᠎ᠲᠠᠢ᠎ᠪᠠᠷ ᠬᠥᠭᠵᠢᠭᠦᠯᠬᠦ ᠵᠢᠨ ᠬᠠᠮᠲᠤ ᠵᠢᠭᠤᠯᠴᠢᠯᠠᠭᠴᠢᠳ᠎ᠲᠤ ᠬᠠᠷᠰᠢ ᠰᠠᠭ᠋ᠠᠳ ᠦᠭᠡᠢ ᠵᠢᠨ ᠲᠦᠬᠦᠭᠡᠷᠦᠮᠵᠢ ᠪᠣᠯᠤᠨ ᠴᠢᠬᠤᠯᠠ ᠪᠦᠬᠦᠢ ᠡᠮᠴᠢᠯᠡᠭᠡᠨ᠎ᠤ ᠦᠢ᠍ᠯᠡᠴᠢᠯᠡᠭᠡ ᠵᠡᠷᠭᠡ ᠲᠦᠬᠦᠭᠡᠷᠦᠮᠵᠢ ᠵᠢ ᠲᠦᠬᠦᠭᠡᠷᠴᠦ ᠥᠭᠬᠦ ᠬᠡᠷᠡᠭᠲᠡᠶ᠃
      ᠭᠤᠴᠢᠨ ᠭᠤᠷᠪᠠᠳᠤᠭ᠋ᠠᠷ ᠵᠦᠢ᠍ᠯ     ᠶᠤᠸᠠᠨ᠎ᠤ ᠲᠡᠭᠡᠳᠦ ᠨᠡᠢ᠌ᠰᠯᠠᠯ᠎ᠤᠨ ᠪᠠᠭᠤᠷᠢ ᠵᠢᠨ ᠬᠠᠮᠠᠭ᠋ᠠᠯᠠᠯᠲᠠ ᠵᠢᠨ ᠬᠦᠷᠢᠶ᠎ᠡ ᠬᠡᠪᠴᠢᠶᠡᠨ ᠳᠣᠲᠣᠷ᠎ᠠ ᠺᠢᠨᠣ᠋᠂ ᠲᠧᠯᠸᠢᠰ ᠵᠦᠴᠦᠭᠡ᠂ ᠲᠤᠰᠬᠠᠶ ᠮᠡᠷᠭᠡᠵᠢᠯ᠎ᠤᠨ ᠳᠦᠷᠰᠦ ᠰᠢᠩᠭᠡᠭᠡᠯᠲᠡ ᠪᠤᠶᠤ ᠲᠤᠰᠬᠠᠶ ᠮᠡᠷᠭᠡᠵᠢᠯ᠎ᠤᠨ ᠭᠡᠷᠡᠯ ᠵᠢᠷᠤᠭ ᠰᠡᠭᠦᠳᠡᠷᠯᠡᠬᠦ᠎ᠳᠤ ᠬᠦᠷᠪᠡᠯ ᠲᠡᠤᠬᠡ ᠵᠢᠨ ᠳᠤᠷᠠᠰᠬᠠᠯᠲᠤ ᠵᠦᠢ᠍ᠯ ᠪᠠ ᠣᠷᠴᠢᠨ ᠲᠤᠭᠤᠷᠢᠨ᠎ᠤ ᠠᠶᠤᠯᠭᠦᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ; ᠬᠣᠯᠪᠣᠭᠳᠠᠯ ᠪᠦᠬᠦᠢ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠴᠢᠬᠤᠯᠠ᠎ᠲᠠᠢ ᠪᠠᠢ᠌ᠪᠠᠯ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠵᠦᠪᠰᠢᠶᠡᠷᠡᠭᠦᠯᠬᠦ ᠭᠠᠷᠳᠠᠮ᠎ᠢ ᠭᠦᠢ᠍ᠴᠡᠳᠭᠡᠬᠦ ᠬᠡᠷᠡᠭᠲᠡᠶ᠃


                  ᠲᠠᠪᠤᠳᠤᠭ᠋ᠠᠷ ᠪᠦᠯᠦᠭ   ᠬᠠᠤᠯᠢ ᠵᠢᠨ ᠬᠠᠷᠢᠭᠤᠴᠠᠯᠭ᠎ᠠ


      ᠭᠤᠴᠢᠨ ᠳᠥᠷᠪᠡᠳᠦᠭᠡᠷ ᠵᠦᠢ᠍ᠯ     ᠲᠣᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠲᠤᠬᠠᠢ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠬᠠᠤᠯᠢ》 ᠵᠡᠷᠭᠡ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠢᠭᠡᠨᠲᠡ ᠪᠣᠳᠠᠲᠠᠶ ᠰᠢᠢ᠍ᠳᠭᠡᠨ ᠲᠣᠷᠭ᠋ᠠᠬᠤ ᠲᠣᠭᠲᠠᠭ᠋ᠠᠯ᠎ᠢ ᠭᠠᠷᠭ᠋ᠠᠭᠰᠠᠨ ᠪᠠᠢ᠌ᠪᠠᠯ᠂ ᠮᠦᠨ ᠲᠣᠭᠲᠠᠭ᠋ᠠᠯ ᠵᠶ᠋ᠡᠷ ᠬᠡᠷᠡᠭ᠎ᠢ ᠰᠢᠢ᠍ᠳᠪᠦᠷᠢᠯᠡᠨ᠎ᠡ᠃
      ᠭᠤᠴᠢᠨ ᠲᠠᠪᠤᠳᠤᠭ᠋ᠠᠷ ᠵᠦᠢ᠍ᠯ     ᠲᠣᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠨ᠂ ᠲᠡᠮᠳᠡᠭ ᠲᠣᠳᠣᠷᠬᠠᠶ᠋ᠢᠯᠠᠯᠲᠠ᠂ ᠵᠠᠭ᠋ᠠᠭ ᠬᠢᠯᠢ ᠵᠢᠨ ᠱᠣᠩ ᠵᠡᠷᠭᠡ ᠬᠠᠮᠠᠭ᠋ᠠᠯᠠᠯᠲᠠ ᠵᠢᠨ ᠲᠦᠬᠦᠭᠡᠷᠦᠮᠵᠢ ᠵᠢ ᠳᠤᠷ᠎ᠠ ᠵᠤᠷᠢᠭ ᠵᠶ᠋ᠡᠷ ᠵᠶ᠋ᠠᠨ ᠰᠢᠯᠵᠢᠭᠦᠯᠦᠭᠰᠡᠨ᠂ ᠨᠤᠷᠠᠭ᠋ᠠᠭᠰᠠᠨ ᠪᠤᠶᠤ ᠪᠤᠵᠠᠷᠲᠤᠭᠤᠯᠤᠨ ᠡᠪᠳᠡᠭᠰᠡᠨ ᠪᠠᠢ᠌ᠪᠠᠯ ᠶᠤᠸᠠᠨ᠎ᠤ ᠲᠡᠭᠡᠳᠦ ᠨᠡᠢ᠌ᠰᠯᠠᠯ᠎ᠤᠨ ᠰᠣᠶᠣᠯ᠎ᠤᠨ ᠥᠪ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ 1000 ᠲᠥᠭᠥᠷᠢᠭ᠎ᠠᠴᠠ ᠳᠡᠭᠡᠭᠰᠢ 1 ᠲᠦᠮᠡᠨ ᠲᠥᠭᠥᠷᠢᠭ᠎ᠠᠴᠠ ᠲᠣᠷᠤᠭᠰᠢᠬᠢ ᠵᠣᠭᠣᠰ ᠵᠶ᠋ᠠᠷ ᠲᠣᠷᠭ᠋ᠠᠨ᠎ᠠ᠃
      ᠭᠤᠴᠢᠨ ᠵᠢᠷᠭᠤᠳᠤᠭ᠋ᠠᠷ ᠵᠦᠢ᠍ᠯ     ᠶᠤᠸᠠᠨ᠎ᠤ ᠲᠡᠭᠡᠳᠦ ᠨᠡᠢ᠌ᠰᠯᠠᠯ᠎ᠤᠨ ᠰᠣᠶᠣᠯ᠎ᠤᠨ ᠥᠪ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠤᠶᠤ ᠪᠤᠰᠤᠳ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠢᠴᠢ ᠠᠵᠢᠯᠲᠠᠨ᠎ᠨᠢ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠵᠦ᠂ ᠳᠣᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠢ᠌ᠪᠠᠯ᠂ ᠰᠢᠭᠤᠳ ᠬᠠᠷᠢᠭᠤᠴᠠᠵᠤ ᠪᠠᠢ᠌ᠭ᠎ᠠ ᠭᠣᠣᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠥᠭᠭᠦᠨ᠎ᠡ; ᠶᠠᠯ᠎ᠠ᠎ᠳᠤ ᠬᠦᠷᠦᠭᠰᠡᠨ ᠪᠠᠢ᠌ᠪᠠᠯ᠂ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠵᠢ ᠨᠡᠬᠡᠮᠵᠢᠯᠡᠨ᠎ᠡ᠄      (ᠨᠢᠭᠡ) ᠬᠠᠮᠠᠭ᠋ᠠᠯᠠᠯᠲᠠ ᠵᠢᠨ ᠵᠠᠷᠤᠳᠠᠯ᠎ᠢ ᠱᠠᠮᠰᠢᠭᠰᠠᠨ᠂ ᠰᠢᠯᠵᠢᠬᠦᠯᠦᠨ ᠬᠡᠷᠡᠭᠯᠡᠭᠰᠡᠨ;
     (ᠬᠣᠶᠠᠷ) ᠬᠠᠷᠢᠭᠤᠴᠠᠯᠭ᠎ᠠ ᠦᠭᠡᠢ᠎ᠠᠴᠠ ᠪᠣᠯᠵᠤ ᠶᠤᠸᠠᠨ᠎ᠤ ᠲᠡᠭᠡᠳᠦ ᠨᠡᠢ᠌ᠰᠯᠠᠯ᠎ᠤᠨ ᠪᠠᠭᠤᠷᠢ ᠵᠢᠨ ᠲᠡᠤᠬᠡ ᠵᠢᠨ ᠳᠤᠷᠠᠰᠬᠠᠯᠲᠤ ᠵᠦᠢ᠍ᠯ᠎ᠢ ᠡᠪᠳᠡᠯᠭᠡ ᠰᠦᠢ᠍ᠳᠭᠡᠯ᠎ᠳᠤ ᠤᠴᠠᠷᠠᠭᠤᠯᠤᠭᠰᠠᠨ ᠪᠤᠶᠤ ᠭᠡᠭᠡᠭᠳᠡᠭᠦᠯᠵᠦ ᠠᠯᠳᠠᠭᠰᠠᠨ;
     (ᠭᠤᠷᠪᠠ) ᠶᠤᠸᠠᠨ᠎ᠤ ᠲᠡᠭᠡᠳᠦ ᠨᠡᠢ᠌ᠰᠯᠠᠯ᠎ᠤᠨ ᠪᠠᠭᠤᠷᠢ ᠵᠢᠨ ᠡᠯ᠎ᠡ ᠵᠦᠢ᠍ᠯ᠎ᠤᠨ ᠲᠦᠯᠦᠪᠵᠢᠭᠦᠯᠭᠡ ᠵᠢᠴᠢ ᠲᠡᠭᠦᠨ᠎ᠤ ᠵᠠᠭ᠋ᠠᠭ ᠭᠢᠯᠢ ᠪᠠ ᠦᠢ᠍ᠯᠡᠳᠦᠯᠲᠦ ᠣᠷᠣᠨ᠎ᠢ ᠳᠤᠷ᠎ᠠ ᠵᠣᠷᠢᠭ ᠵᠶ᠋ᠡᠷ ᠵᠶ᠋ᠠᠨ ᠦᠭᠡᠷᠡᠴᠢᠯᠡᠨ ᠬᠤᠪᠢᠷᠠᠭᠤᠯᠤᠭᠰᠠᠨ;  
     (ᠲᠦᠷᠪᠡ) ᠶᠤᠸᠠᠨ᠎ᠤ ᠲᠡᠭᠡᠳᠦ ᠨᠡᠢ᠌ᠰᠯᠠᠯ᠎ᠤᠨ ᠪᠠᠭᠤᠷᠢ ᠵᠢᠴᠢ ᠬᠠᠮᠠᠭ᠋ᠠᠯᠠᠯᠲᠠ ᠵᠢᠨ ᠲᠥᠬᠥᠭᠡᠷᠦᠮᠵᠢ ᠵᠢ ᠡᠪᠳᠡᠭᠰᠡᠨ ᠬᠠᠤᠯᠢ ᠪᠣᠰᠤ ᠠᠵᠢᠯᠯᠠᠭ᠎ᠠ ᠵᠢ ᠢᠯᠡᠴᠢᠯᠡᠭᠰᠡᠨ᠂ ᠵᠠᠭ᠋ᠠᠯᠳᠤᠭᠰᠠᠨ ᠬᠡᠷᠡᠭ᠎ᠢ ᠴᠠᠭ ᠲᠤᠬᠠᠶ᠎ᠳᠤᠨᠢ ᠬᠦᠯᠢᠶᠡᠨ ᠠᠪᠴᠤ ᠰᠢᠢ᠍ᠳᠪᠦᠷᠢᠯᠡᠭᠰᠡᠨ ᠦᠭᠡᠢ ᠪᠤᠶᠤ ᠪᠠᠶ᠋ᠢᠴᠠᠭ᠋ᠠᠨ ᠰᠢᠢ᠍ᠳᠪᠦᠷᠢᠯᠡᠭᠰᠡᠨ ᠦᠭᠡᠢ᠎ᠠᠴᠠ ᠪᠣᠯᠵᠤ ᠬᠦᠨᠳᠦ ᠨᠣᠴᠢᠲᠠᠶ ᠬᠡᠷᠡᠭ ᠤᠷᠰᠢᠭ ᠲᠠᠲᠠᠭᠰᠠᠨ;
     (ᠲᠠᠪᠤ) ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠠᠯᠪᠠᠨ ᠲᠤᠰᠢᠶᠠᠯ᠎ᠳᠤ᠎ᠪᠠᠨ ᠠᠯᠮᠠᠢ᠌ᠷᠠᠨ ᠣᠰᠣᠯᠳᠠᠭᠰᠠᠨ᠂ ᠬᠤᠪᠢ᠎ᠪᠠᠨ ᠪᠤᠷᠳᠣᠨ ᠬᠠᠤᠯᠢ ᠶᠣᠰᠣ᠎ᠠᠴᠠ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠃


                  ᠵᠢᠷᠭᠤᠳᠤᠭ᠋ᠠᠷ ᠪᠦᠯᠦᠭ   ᠲᠠᠭ᠋ᠠᠯᠲᠠ ᠲᠦᠷᠢᠮ


      ᠭᠣᠴᠢᠨ ᠳᠤᠯᠤᠳᠤᠭ᠋ᠠᠷ ᠵᠦᠢ᠍ᠯ     ᠲᠣᠰ ᠳᠦᠷᠢᠮ᠎ᠢ 2016 ᠣᠨ᠎ᠤ 7 ᠳ᠋ᠣᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠳᠦᠷᠢᠮ
ᠮᠤᠷᠢ ᠲᠡᠮᠡᠭᠡᠨ᠎ᠤ ᠡᠳ᠋ᠯᠡᠯᠭᠡᠨ᠎ᠤ ᠵᠢᠭᠤᠯᠴᠢᠯᠡᠯ᠎ᠤᠨ ᠪᠦᠳᠦᠭᠡᠭᠳᠡᠭᠦᠨ᠎ᠤ ᠤᠢ᠌ᠯᠡᠴᠢᠯᠡᠭᠡᠨ᠎ᠤ ᠳᠦᠷᠢᠮᠵᠢᠭᠦᠯᠤᠯᠳᠡ
ᠤᠨᠴᠠᠯᠢᠭᠳᠤ ᠰᠤᠶᠤᠯ᠎ᠤᠨ ᠭᠤᠤᠯ ᠰᠡᠳᠤᠪᠲᠤ ᠵᠤᠴᠢᠳ᠎ᠤᠨ ᠪᠠᠭᠤᠳᠠᠯ᠎ᠤᠨ ᠳᠦᠭᠦᠭᠡᠷᠤᠮᠵᠢ ᠵᠢᠴᠢ ᠤᠢ᠌ᠯᠡᠴᠢᠯᠡᠭᠡᠨ᠎ᠤ ᠳᠦᠷᠢᠮᠵᠢᠭᠦᠯᠤᠯᠳᠡ
ᠮᠠᠯᠴᠢᠨ ᠠᠢ᠌ᠯ᠎ᠤᠨ ᠵᠢᠭᠤᠯᠴᠢᠯᠡᠯ᠎ᠤᠨ ᠡᠵᠡᠩᠨᠡᠯᠲᠡ ᠵᠢᠨ ᠳᠦᠷᠢᠮᠵᠢᠭᠦᠯᠤᠯᠳᠡ
ᠮᠤᠩᠭᠤᠯ ᠬᠤᠭᠤᠯᠠᠨ ᠭᠡᠷ᠎ᠤᠨ ᠡᠵᠡᠩᠨᠡᠯᠲᠡ ᠵᠢᠨ ᠤᠢ᠌ᠯᠡᠴᠢᠯᠡᠭᠡᠨ᠎ᠢ ᠲᠦᠷᠢᠮᠵᠢᠬᠦᠯᠬᠦ ᠶᠡᠷᠤᠩᠬᠡᠢ ᠳᠦᠷᠢᠮ
 
            