ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠳᠦᠷᠢᠮ
ᠨᠡᠶᠢᠲᠡᠯᠡᠭᠰᠡᠨ ᠴᠠᠭ᠄ 2019-12-05

     (2019 ᠤᠨ᠎ᠤ  9 ᠰᠠᠷ᠎ᠠ ᠵᠢᠨ 26᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠤᠷᠠᠯ ᠳᠡᠭᠡᠷ᠎ᠡ ᠪᠠᠲᠤᠯᠠᠪᠠ)
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠯᠪᠠᠨ ᠨᠡᠢ᠌ᠲᠡᠯᠡᠯ
                      ᠬᠣᠷᠢᠨ ᠳᠥᠷᠪᠡᠳᠦᠭᠡᠷ ᠨᠤᠮᠸᠷᠲᠤ

     2019 ᠤᠨ᠎ᠤ 9 ᠰᠠᠷ᠎ᠠ ᠵᠢᠨ 26᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠨ ᠬᠤᠷᠠᠯ ᠳᠡᠭᠡᠷ᠎ᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠳᠦᠷᠢᠮ》᠎ᠢ ᠪᠠᠲᠤᠯᠠᠭ᠋ᠠᠳ᠂ ᠡᠳᠦᠭᠡ ᠨᠡᠢ᠌ᠲᠡᠯᠡᠪᠡ᠂ 2019 ᠤᠨ᠎ᠤ 11 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
                                               2019᠎ᠤᠨ 9 ᠰᠠᠷ᠎ᠠ ᠵᠢᠨ 26᠎ᠤ ᠡᠳᠦᠷ
   
      ᠨᠢᠭᠡᠳᠦᠭᠡᠷ ᠵᠤᠷᠪᠤᠰ   ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠬᠤ ᠪᠠ ᠪᠠᠳᠠᠷᠠᠭᠤᠯᠤᠨ᠂ ᠤᠯᠠᠭ᠋ᠠᠨᠮᠥ᠋ᠴᠢᠷ᠎ᠤᠨ ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ᠎ᠤᠨ ᠦᠢ᠍ᠯᠡᠲᠦᠯ᠎ᠢ ᠪᠠᠳᠠᠷᠠᠭᠤᠯᠵᠤ᠂ ᠤᠯᠠᠭ᠋ᠠᠨᠮᠥ᠋ᠴᠢᠷ᠎ᠤᠨ ᠠᠵᠢᠯ ᠦᠢ᠍ᠯᠡᠰ᠎ᠤᠨ ᠪᠥᠬᠥ ᠲᠠᠯ᠎ᠠ᠎ᠪᠠᠷ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠵᠢᠨ ᠲᠥᠯᠥᠭᠡ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠵᠤ᠂ ᠲᠤᠰ ᠳᠦᠷᠢᠮ᠎ᠢ ᠲᠣᠭᠲᠠᠭ᠋ᠠᠪᠠ᠃
      ᠬᠣᠶᠠᠳᠤᠭ᠋ᠠᠷ ᠵᠤᠷᠪᠤᠰ ᠲᠣᠰ ᠳᠦᠷᠢᠮ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠤᠯᠠᠭ᠋ᠠᠨᠮᠥ᠋ᠴᠢᠷ᠎ᠢ ᠪᠠᠶ᠋ᠢᠭᠤᠯᠬᠤ᠂ ᠪᠦᠲᠦᠭᠡᠨ ᠪᠠᠶ᠋ᠢᠭᠤᠯᠬᠤ᠂ ᠬᠥᠭᠵᠢᠭᠦᠯᠬᠦ᠂ ᠬᠠᠮᠠᠭ᠋ᠠᠯᠠᠬᠤ ᠪᠠ ᠬᠠᠮᠢᠶᠠᠷᠬᠤ᠎ᠳᠤ ᠲᠣᠬᠢᠷᠠᠨ᠎ᠠ᠃
      ᠭᠤᠷᠪᠠᠳᠤᠭ᠋ᠠᠷ ᠵᠤᠷᠪᠤᠰ   ᠤᠯᠠᠭ᠋ᠠᠨᠮᠥ᠋ᠴᠢᠷ ᠪᠣᠯ ᠦᠨᠳᠦᠰᠦᠨ ᠱᠠᠲᠤᠨ᠎ᠳᠤ ᠬᠠᠨᠳᠤᠭᠤᠯᠤᠭᠰᠠᠨ᠂ ᠣᠯᠠᠨ ᠲᠦᠮᠡᠨ᠎ᠳᠤ ᠬᠠᠨᠳᠤᠭᠤᠯᠤᠭᠰᠠᠨ᠂ ᠲᠡᠷᠢᠭᠦᠨ᠎ᠤ ᠴᠢᠨᠠᠷ᠂ ᠣᠯᠠᠨ ᠲᠦᠮᠡᠨᠴᠢ ᠴᠢᠨᠠᠷ᠂ ᠦᠨᠳᠦᠰᠦᠲᠡᠨ᠎ᠤ ᠴᠢᠨᠠᠷ᠂ ᠴᠠᠭ ᠦᠶᠡᠴᠢ ᠴᠢᠨᠠᠷ᠂   ᠡᠩᠨᠡᠭᠡ᠎ᠨᠢ ᠪᠠᠭ᠎ᠠ ᠠᠵᠢᠯ᠎ᠨᠢ ᠰᠢᠭᠤᠷᠬᠠᠢ᠂ ᠪᠠᠭ᠎ᠤᠨ ᠭᠡᠰᠢᠭᠦᠨ᠎ᠨᠢ ᠨᠢᠭᠡ ᠲᠦᠷᠦᠯ᠎ᠳᠤ ᠮᠡᠷᠭᠡᠰᠢᠨ ᠣᠯᠠᠨ ᠲᠦᠷᠦᠯ᠎ᠳᠤ᠎ᠪᠠᠨ ᠴᠢᠳᠠᠪᠤᠷᠢ᠎ᠲᠠᠢ᠂ ᠲᠣᠭᠯᠠᠯᠲᠠ᠎ᠨᠢ ᠪᠠᠭ᠎ᠠ ᠬᠡᠪᠴᠢᠶᠡᠨ ᠎ᠤ ᠣᠯᠠᠨ ᠶᠠᠩᠵᠤ ᠵᠢᠨ ᠤᠳᠬ᠎ᠠ ᠤᠷᠠᠯᠢᠭ ᠪᠣᠯᠤᠨ᠎ᠠ᠃
      ᠳᠥᠷᠪᠡᠳᠦᠭᠡᠷ ᠵᠤᠷᠪᠤᠰ   ᠲᠣᠰ ᠳᠦᠷᠢᠮ᠎ᠳᠤ ᠬᠡᠯᠡᠵᠦ ᠪᠠᠢ᠌ᠭ᠎ᠠ ᠤᠯᠠᠭ᠋ᠠᠨᠮᠥ᠋ᠴᠢᠷ ᠭᠡᠳᠡᠭ᠎ᠨᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠶᠣᠰᠣᠭ᠋ᠠᠷ ᠪᠠᠶ᠋ᠢᠭᠤᠯᠤᠭᠰᠠᠨ ᠨᠡᠢ᠍ᠢ᠍ᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠳᠤ ᠬᠠᠷᠢᠶᠠᠯᠠᠭᠳᠠᠵᠤ᠂ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠴᠢᠬᠤᠯᠠ ᠪᠦᠷᠢᠯᠳᠦᠬᠦᠨ ᠬᠡᠰᠡᠭ ᠪᠣᠯᠬᠤ ᠵᠢ ᠵᠢᠭ᠋ᠠᠵᠤ ᠪᠤᠢ᠃
      ᠲᠠᠪᠤᠳᠤᠭ᠋ᠠᠷ ᠵᠤᠷᠪᠤᠰ   ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠠᠭ᠋ᠠᠨᠮᠥ᠋ᠴᠢᠷ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠠᠶ᠋ᠢᠭᠤᠯᠤᠨ᠎ᠠ᠃ ᠠᠶ᠋ᠢᠮᠠᠭ ᠬᠣᠲᠠ᠂ ᠬᠣᠰᠢᠭᠤ ᠰᠢᠶᠠᠨ᠎ᠤ ᠱᠠᠲᠤᠨ᠎ᠤ ᠤᠯᠠᠭ᠋ᠠᠨᠮᠥ᠋ᠴᠢᠷ᠎ᠢ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠤᠨ ᠵᠠᠰᠠᠭ ᠵᠠᠬᠢᠷᠭ᠋ᠠᠨ᠎ᠤ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠤᠶᠤᠴᠢᠯᠠᠯ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠤᠨ ᠵᠠᠰᠠᠭ ᠵᠠᠬᠢᠷᠭ᠋ᠠᠨ᠎ᠤ ᠭᠣᠤᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠵᠥᠪᠰᠢᠶᠡᠷᠡᠭᠦᠯᠦᠭᠰᠡᠨ᠎ᠤ ᠳᠠᠷᠠᠭ᠎ᠠ   ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠠᠶ᠋ᠢᠭᠤᠯᠤᠨ᠎ᠠ᠃
      ᠤᠯᠠᠭ᠋ᠠᠨᠮᠥ᠋ᠴᠢᠷ ᠪᠠᠶ᠋ᠢᠭᠤᠯᠬᠤ᠎ᠳᠤ ᠲᠡᠭᠦᠨ᠎ᠤ ᠡᠭᠦᠷᠭᠡ ᠬᠠᠷᠢᠭᠤᠴᠠᠯᠭ᠎ᠠ ᠪᠠ ᠠᠵᠢᠯ ᠦᠢ᠍ᠯᠡᠰ᠎ᠤᠨ ᠬᠥᠭᠵᠢᠯᠲᠡ᠎ᠯᠦᠭᠡ ᠬᠡᠷᠡᠭᠰᠡᠬᠦ ᠲᠤᠰᠬᠠᠶ ᠮᠡᠷᠭᠡᠵᠢᠯ᠎ᠤᠨ ᠠᠵᠢᠯᠲᠠᠨ᠂ ᠪᠣᠯᠪᠠᠰᠤᠷᠠᠵᠤ ᠲᠣᠭᠯᠠᠬᠤ ᠲᠠᠯᠠᠪᠤᠷ ᠭᠠᠵᠠᠷ᠂ ᠣᠷᠣᠨ ᠲᠣᠭ᠎ᠠ᠂ ᠵᠠᠷᠤᠳᠠᠯ ᠵᠡᠷᠭᠡ ᠦᠨᠳᠦᠰᠦᠨ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ᠃
      ᠵᠢᠷᠭᠤᠳᠤᠭ᠋ᠠᠷ ᠵᠤᠷᠪᠤᠰ   ᠤᠯᠠᠭ᠋ᠠᠨᠮᠥ᠋ᠴᠢᠷ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠠᠷᠠᠳ ᠲᠦᠮᠡᠨ᠎ᠳᠤ ᠦᠢ᠍ᠯᠡᠴᠢᠯᠡᠬᠦ᠂ ᠨᠡᠶ᠋ᠢᠭᠡᠮ ᠵᠢᠷᠤᠮ᠎ᠳᠤ ᠦᠢ᠍ᠯᠡᠴᠢᠯᠡᠬᠦ ᠴᠢᠭᠯᠡᠯᠲᠡ ᠵᠢ ᠪᠠᠷᠢᠮᠲᠠᠯᠠᠵᠤ᠂ ᠰᠣᠶᠣᠯ᠎ᠤᠨ ᠢᠲᠡᠭᠡᠯ ᠵᠶ᠋ᠠᠨ ᠪᠠᠲᠤᠳᠬᠠᠵᠤ᠂ ᠨᠡᠶ᠋ᠢᠭᠡᠮ ᠵᠢᠷᠤᠮ᠎ᠤᠨ ᠭᠣᠤᠯᠯᠠᠭᠴᠢ ᠥᠷᠲᠡᠭ᠎ᠤᠨ ᠦᠵᠡᠯᠲᠡ᠎ᠪᠠᠷ ᠵᠢᠯᠣᠭᠣᠳᠤᠮᠵᠢ ᠪᠣᠯᠭ᠋ᠠᠵᠤ᠂ ᠰᠢᠷᠭ᠋ᠠᠭᠤ ᠬᠠᠲᠠᠭᠤᠵᠢᠯᠲᠠᠶ ᠲᠡᠮᠡᠴᠡᠬᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠰᠢᠯᠢᠳᠡᠭ ᠤᠯᠠᠮᠵᠢᠯᠠᠯ ᠎ᠢ ᠪᠠᠳᠠᠷᠠᠭᠤᠯᠵᠤ᠂ ᠦᠨᠳᠦᠰᠦᠲᠡᠨ᠎ᠤ ᠰᠢᠯᠢᠳᠡᠭ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠪᠠ ᠰᠢᠨ᠎ᠡ ᠵᠢ ᠡᠭᠦᠳᠬᠦ ᠵᠢ ᠠᠬᠢᠭᠤᠯᠬᠤ ᠬᠡᠷᠡᠭᠲᠡᠶ᠃
      ᠳᠣᠯᠣᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠲ᠋ᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠠᠭ᠋ᠠᠨᠮᠥ᠋ᠴᠢᠷ᠎ᠤᠨ ᠦᠢ᠍ᠯᠡᠰ᠎ᠤᠨ ᠬᠥᠭᠵᠢᠯᠲᠡ ᠵᠢ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠲᠦᠯᠦᠪᠵᠢᠭᠦᠯᠭᠡ ᠵᠢᠴᠢ ᠵᠢᠯ᠎ᠤᠨ ᠲᠥᠯᠥᠪᠯᠡᠭᠡ᠎ᠳᠤ᠎ᠪᠠᠨ ᠣᠷᠣᠭᠤᠯᠵᠤ᠂ ᠬᠡᠷᠡᠭᠰᠡᠬᠦ ᠵᠠᠷᠤᠳᠠᠯ ᠎ᠢ ᠲᠣᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠲᠤ᠎ᠪᠠᠨ ᠣᠷᠣᠭᠤᠯᠬᠤ ᠬᠡᠷᠡᠭᠲᠡᠶ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠤᠯᠠᠭ᠋ᠠᠨᠮᠥ᠋ᠴᠢᠷ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠲᠤᠰᠬᠠᠶ ᠵᠦᠢ᠍ᠯ᠎ᠤᠨ ᠵᠠᠷᠤᠳᠠᠯ ᠭᠠᠷᠭ᠋ᠠᠵᠤ᠂ ᠤᠯᠠᠭ᠋ᠠᠨᠮᠥ᠋ᠴᠢᠷ᠎ᠤᠨ ᠵᠣᠬᠢᠶᠠᠨ ᠪᠦᠲᠦᠭᠡᠬᠦ᠂ ᠲᠣᠭᠯᠠᠯᠲᠠ ᠭᠠᠷᠭ᠋ᠠᠬᠤ ᠪᠠ ᠪᠣᠯᠪᠠᠰᠤᠷᠠᠭᠤᠯᠬᠤ ᠵᠡᠷᠭᠡ ᠲᠥᠷᠥᠯ ᠵᠦᠢ᠍ᠯ᠎ᠳᠤ ᠬᠡᠷᠡᠭᠯᠡᠬᠦ ᠬᠡᠷᠡᠭᠲᠡᠶ᠃
      ᠬᠤᠪᠢ ᠬᠥᠮᠦᠨ᠂ ᠬᠠᠤᠯᠢ ᠵᠢᠨ ᠬᠠᠷᠢᠭᠤᠴᠠᠯᠭ᠋ᠠᠲᠠᠨ ᠪᠠ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠤᠯᠠᠭ᠋ᠠᠨᠮᠥ᠋ᠴᠢᠷ᠎ᠲᠤ ᠡᠳ᠋ ᠬᠥᠷᠥᠩᠭᠡ ᠬᠠᠨᠳᠢᠪᠯᠠᠵᠤ ᠪᠣᠯᠤᠨ᠎ᠠ᠂ ᠬᠦᠯᠢᠶᠡᠨ ᠠᠪᠤᠭᠰᠠᠨ ᠡᠳ᠋ ᠬᠥᠷᠥᠩᠭᠡ ᠵᠢ ᠤᠯᠠᠭ᠋ᠠᠨᠮᠥ᠋ᠴᠢᠷ᠎ᠤᠨ ᠨᠡᠢ᠍ᠢ᠍ᠲᠡ ᠵᠢᠨ ᠠᠰᠠᠷᠠᠮᠵᠢ ᠵᠢᠨ ᠦᠢ᠍ᠯᠡᠰ᠎ᠢ ᠬᠥᠭᠵᠢᠭᠦᠯᠬᠦ᠎ᠳᠤ ᠬᠡᠷᠡᠭᠯᠡᠬᠦ ᠬᠡᠷᠡᠭᠲᠡᠶ᠃
      ᠨᠠᠢ᠍ᠮᠠᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠤᠨ ᠵᠠᠰᠠᠭ ᠵᠠᠬᠢᠷᠭ᠋ᠠᠨ᠎ᠤ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠣᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠤᠯᠠᠭ᠋ᠠᠨᠮᠥ᠋ᠴᠢᠷ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
      ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠡᠳ᠋᠎ᠤᠨ ᠵᠠᠰᠠᠭ᠂ ᠰᠤᠷᠭ᠋ᠠᠨ ᠬᠥᠮᠦᠵᠢᠯ᠂ ᠦᠨᠳᠦᠰᠦᠲᠡᠨ᠎ᠤ ᠬᠡᠷᠡᠭ ᠶᠠᠪᠤᠳᠠᠯ ᠵᠡᠷᠭᠡ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ   ᠤᠯᠠᠭ᠋ᠠᠨᠮᠥ᠋ᠴᠢᠷ᠎ᠤᠨ ᠬᠠᠮᠢᠶ᠎ᠠ ᠪᠦᠬᠦᠢ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠶ᠃

      ᠶᠢᠰᠦᠳᠦᠭᠡᠷ ᠵᠤᠷᠪᠤᠰ   ᠤᠯᠠᠭ᠋ᠠᠨᠮᠥ᠋ᠴᠢᠷ ᠳᠣᠤᠷᠠᠬᠢ ᠮᠡᠲᠦ ᠡᠭᠦᠷᠭᠡ ᠴᠢᠳᠠᠪᠤᠷᠢ ᠵᠢ ᠭᠦᠢ᠍ᠴᠡᠳᠭᠡᠨ᠎ᠡ᠄
     (ᠨᠢᠭᠡ) ᠨᠡᠢ᠍ᠢ᠍ᠲᠡ ᠵᠢᠨ ᠠᠰᠠᠷᠠᠮᠵᠢ ᠵᠢᠨ ᠴᠢᠨᠠᠷᠲᠠᠶ ᠲᠣᠭᠯᠠᠯᠲᠠ ᠭᠠᠷᠭ᠋ᠠᠬᠤ;
     (ᠬᠣᠶᠠᠷ) ᠣᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠶ ᠤᠳᠬ᠎ᠠ ᠤᠷᠠᠯᠢᠭ᠎ᠤᠨ ᠰᠢᠯᠢᠳᠡᠭ ᠪᠦᠲᠦᠭᠡᠯ᠎ᠢ ᠵᠣᠬᠢᠶᠠᠨ ᠪᠦᠲᠦᠭᠡᠬᠦ;
     (ᠭᠤᠷᠪᠠ) ᠤᠷᠠᠯᠢᠭ᠎ᠤᠨ ᠬᠡᠯᠪᠡᠷᠢ᠎ᠪᠠᠷ ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠪᠠ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠬᠤ;
     (ᠲᠦᠷᠪᠡ) ᠣᠯᠠᠨ ᠲᠦᠮᠡᠨ᠎ᠤ ᠠᠵᠢᠯ᠎ᠤᠨ ᠴᠢᠯᠥᠭᠡᠨ᠎ᠤ ᠤᠷᠠᠨ ᠰᠠᠶ᠋ᠢᠬᠠᠨ᠎ᠤ ᠲᠣᠭᠯᠠᠯᠲᠠ ᠭᠠᠷᠭ᠋ᠠᠬᠤ ᠪᠠ ᠵᠣᠬᠢᠶᠠᠨ ᠪᠦᠲᠦᠭᠡᠬᠦ ᠠᠵᠢᠯᠯᠠᠭ᠎ᠠ ᠵᠢ ᠬᠠᠪᠰᠤᠷᠤᠨ ᠵᠢᠯᠣᠭᠣᠳᠴᠤ᠂ ᠦᠨᠳᠦᠰᠦᠨ ᠱᠠᠲᠤᠨ᠎ᠤ ᠤᠳᠬ᠎ᠠ ᠤᠷᠠᠯᠢᠭ᠎ᠤᠨ ᠭᠣᠤᠯᠯᠠᠭᠴᠢ ᠬᠦᠴᠦᠨ᠎ᠢ ᠬᠥᠮᠦᠵᠢᠭᠦᠯᠦᠨ᠎ᠡ;
     (ᠲᠠᠪᠤ) ᠦᠨᠳᠦᠰᠦᠨ ᠱᠠᠲᠤᠨ᠎ᠳᠤ ᠬᠦᠨᠵᠡᠭᠡᠢ᠌ᠷᠡᠵᠦ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠬᠦ;
     (ᠵᠢᠷᠭᠤᠭ᠎ᠠ) ᠦᠨᠳᠦᠰᠦᠲᠡᠨ᠎ᠤ ᠠᠷᠠᠳ᠎ᠤᠨ ᠰᠢᠯᠢᠳᠡᠭ ᠤᠯᠠᠮᠵᠢᠯᠠᠯᠲᠤ ᠰᠣᠶᠣᠯ᠎ᠢ ᠬᠠᠮᠠᠭ᠋ᠠᠯᠠᠵᠤ᠂ ᠤᠯᠠᠮᠵᠢᠯᠠᠨ ᠵᠠᠯᠭ᠋ᠠᠮᠵᠢᠯᠠᠨ᠎ᠠ;
     (ᠳᠣᠯᠣᠭ᠎ᠠ) ᠤᠯᠠᠭ᠋ᠠᠨᠮᠥ᠋ᠴᠢᠷ᠎ᠤᠨ ᠵᠣᠬᠢᠶᠠᠨ ᠪᠦᠲᠦᠭᠡᠬᠦ ᠠᠷᠭ᠎ᠠ ᠮᠠᠶᠢᠭ᠂ ᠲᠣᠭᠯᠠᠯᠲᠠ ᠵᠢᠨ ᠬᠡᠯᠪᠡᠷᠢ᠂ ᠤᠯᠠᠮᠵᠢᠯᠠᠬᠤ ᠠᠷᠭ᠎ᠠ ᠵᠠᠮ᠎ᠤᠨ ᠰᠢᠨ᠎ᠡ ᠵᠢ ᠡᠭᠦᠳᠦᠨ᠎ᠡ;
     (ᠨᠠᠢ᠍ᠮᠠ) ᠭᠠᠳᠠᠭ᠋ᠠᠳᠤ᠎ᠯᠤᠭ᠎ᠠ ᠵᠢᠨ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ ᠵᠢ ᠥᠷᠨᠢᠭᠦᠯᠦᠨ᠎ᠡ᠃
      ᠠᠷᠪᠠᠳᠤᠭ᠋ᠠᠷ ᠵᠤᠷᠪᠤᠰ   ᠤᠯᠠᠭ᠋ᠠᠨᠮᠥ᠋ᠴᠢᠷ᠎ᠤᠨ ᠣᠷᠤᠨ ᠲᠤᠭ᠎ᠠ ᠵᠢᠨ ᠬᠢᠨᠠᠨ ᠲᠣᠭᠲᠠᠭ᠋ᠠᠯᠲᠠ᠎ᠨᠢ ᠲᠡᠭᠦᠨ᠎ᠤ ᠦᠢ᠍ᠯᠡᠴᠢᠯᠡᠭᠡᠨ᠎ᠤ ᠬᠡᠪᠴᠢᠶ᠎ᠡ᠂ ᠬᠥᠮᠦᠨ ᠠᠮᠠ ᠵᠢᠨ ᠬᠡᠪᠴᠢᠶ᠎ᠡ ᠪᠣᠯᠤᠨ ᠪᠠᠢ᠌ᠭ᠎ᠠ ᠭᠠᠵᠠᠷ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ ᠵᠡᠷᠭᠡ ᠬᠦᠴᠦᠨ᠎ᠢ ᠶᠡᠷᠦᠩᠬᠡᠶ᠋ᠢᠯᠡᠨ ᠪᠣᠳᠣᠯᠬᠢᠯᠠᠵᠤ᠂ ᠤᠯᠠᠭ᠋ᠠᠨᠮᠥ᠋ᠴᠢᠷ᠎ᠤᠨ ᠡᠭᠦᠷᠭᠡ ᠴᠢᠳᠠᠪᠤᠷᠢ᠎ᠪᠠᠨ ᠭᠦᠢ᠍ᠴᠡᠳ ᠭᠦᠢ᠍ᠴᠡᠳᠭᠡᠬᠦ ᠵᠢ ᠪᠠᠲᠤᠯᠠᠬᠤ ᠬᠡᠷᠡᠭᠲᠡᠶ᠃
      ᠤᠯᠠᠭ᠋ᠠᠨᠮᠥ᠋ᠴᠢᠷ ᠲᠤᠬᠠᠶ ᠵᠢᠨ ᠭᠠᠵᠠᠷ᠎ᠤᠨ ᠰᠣᠶᠣᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠨ ᠵᠢᠯᠣᠭᠣᠳᠣᠯᠭ᠎ᠠ ᠪᠠ ᠬᠢᠨᠠᠯᠲᠠ ᠳᠣᠤᠷ᠎ᠠ᠂ ᠣᠷᠣᠨ ᠲᠣᠭ᠎ᠠ ᠵᠢᠨ ᠳᠣᠲᠣᠷᠠᠬᠢ ᠲᠤᠭᠯᠠᠭᠴᠢ ᠵᠢ ᠡᠵᠡᠨ ᠮᠡᠳᠡᠵᠦ ᠢᠯᠡ᠎ᠪᠠᠷ ᠡᠯᠰᠡᠵᠦ ᠪᠣᠯᠤᠨ᠎ᠠ; ᠣᠨᠴᠠᠭ᠋ᠠᠢ ᠴᠢᠳᠠᠪᠤᠷᠢᠲᠠᠨ᠎ᠢ ᠲᠤᠰᠬᠠᠶ ᠮᠡᠷᠭᠡᠵᠢᠯᠲᠡᠨ᠎ᠤ ᠦᠨᠡᠯᠡᠨ ᠵᠢᠱ᠌ᠢᠯᠲᠡ ᠪᠠ ᠲᠤᠰᠬᠠᠶ ᠮᠡᠷᠭᠡᠵᠢᠯ᠎ᠤᠨ ᠤᠷ᠎ᠠ ᠴᠢᠳᠠᠪᠤᠷᠢ ᠵᠢᠨ ᠬᠢᠨᠠᠨ ᠰᠢᠯᠭ᠋ᠠᠯᠲᠠ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠡᠯᠰᠡᠨ ᠬᠡᠷᠡᠭᠯᠡᠵᠦ ᠪᠣᠯᠤᠨ᠎ᠠ᠃
      ᠤᠯᠠᠭ᠋ᠠᠨᠮᠥ᠋ᠴᠢᠷ ᠣᠷᠣᠨ ᠲᠣᠭ᠎ᠠ ᠵᠢᠨ ᠭᠠᠳᠠᠨᠠᠬᠢ ᠭᠡᠰᠢᠭᠦᠨ ᠡᠯᠰᠡᠪᠡᠯ᠂ ᠬᠠᠤᠯᠢ ᠶᠣᠰᠣᠭ᠋ᠠᠷ ᠬᠥᠳᠡᠯᠮᠦᠷᠢ ᠵᠢᠨ ᠭᠡᠷ᠎ᠡ ᠲᠣᠭᠲᠠᠵᠤ᠂ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠭᠡᠯ ᠲᠤᠰᠢᠶᠠᠬᠤ ᠬᠡᠷᠡᠭᠲᠡᠶ᠃
      ᠠᠷᠪᠠᠨ ᠨᠢᠭᠡᠳᠦᠭᠡᠷ ᠵᠤᠷᠪᠤᠰ   ᠤᠯᠠᠭ᠋ᠠᠨᠮᠥ᠋ᠴᠢᠷ᠎ᠤᠨ ᠳᠣᠲᠣᠷᠠᠬᠢ ᠲᠤᠰ ᠭᠠᠵᠠᠷ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠵᠢ ᠪᠣᠯᠪᠠᠰᠤᠷᠠᠩᠭᠤᠶ ᠬᠡᠷᠡᠭᠯᠡᠵᠦ ᠪᠠᠢ᠌ᠭ᠎ᠠ ᠭᠡᠰᠢᠭᠦᠳ ᠵᠣᠬᠢᠬᠤ ᠬᠠᠷᠢᠴᠠᠯ᠎ᠳᠤ ᠬᠦᠷᠦᠭᠰᠡᠨ ᠪᠠᠢ᠌ᠬᠤ ᠬᠡᠷᠡᠭᠲᠡᠶ᠃
      ᠤᠯᠠᠭ᠋ᠠᠨᠮᠥ᠋ᠴᠢᠷ᠎ᠤᠨ ᠭᠡᠰᠢᠭᠦᠳ ᠡᠷᠬᠡᠪᠰᠢ ᠠᠵᠢᠯ᠎ᠤᠨ ᠪᠠᠶ᠋ᠢᠷᠢ᠎ᠪᠠᠨ ᠬᠠᠶ᠋ᠢᠷᠠᠯᠠᠨ ᠠᠵᠢᠯ ᠦᠢ᠍ᠯᠡᠰ ᠵᠶ᠋ᠠᠨ ᠳᠡᠭᠡᠳᠦᠯᠡᠵᠦ᠂ ᠦᠨᠳᠦᠰᠦᠨ ᠱᠠᠲᠤᠨ᠎ᠤ ᠣᠯᠠᠨ ᠲᠦᠮᠡᠨ᠎ᠳᠤ ᠬᠠᠯᠠᠭᠤᠨ ᠰᠡᠳᠬᠢᠯ ᠵᠶ᠋ᠠᠷ ᠦᠢ᠍ᠯᠡᠴᠢᠯᠡᠵᠦ᠂ ᠡᠭᠦᠷᠭᠡ ᠴᠢᠳᠠᠪᠤᠷᠢ᠎ᠪᠠᠨ ᠭᠦᠢ᠍ᠴᠡᠳᠭᠡᠬᠦ᠎ᠳᠤ ᠱᠠᠭ᠋ᠠᠷᠳᠠᠭᠳᠠᠬᠤ ᠤᠯᠤᠰ ᠲᠦᠷᠦ ᠵᠢᠨ ᠬᠡᠪ ᠪᠤᠯᠪᠠᠰᠤᠷᠠᠯ᠂ ᠲᠤᠰᠬᠠᠶ ᠮᠡᠷᠭᠡᠵᠢᠯ᠎ᠤᠨ ᠮᠡᠳᠡᠯᠭᠡ ᠪᠠ ᠳᠠᠭᠤᠤ᠂ ᠪᠥᠵᠢᠭ᠂ ᠬᠦᠭᠵᠢᠮ᠂ ᠳᠠᠭᠤᠷᠢᠯᠢᠭ ᠵᠡᠷᠭᠡ ᠲᠤᠰᠬᠠᠶ ᠮᠡᠷᠭᠡᠵᠢᠯ᠎ᠤᠨ ᠤᠷ᠎ᠠ ᠴᠢᠳᠠᠪᠤᠷᠢ᠎ᠲᠠᠢ ᠪᠠᠢ᠌ᠬᠤ ᠬᠡᠷᠡᠭᠲᠡᠶ᠃
      ᠠᠷᠪᠠᠨ ᠬᠣᠶᠠᠳᠤᠭ᠋ᠠᠷ ᠵᠤᠷᠪᠤᠰ     ᠤᠯᠠᠭ᠋ᠠᠨᠮᠥ᠋ᠴᠢᠷ᠎ᠨᠢ ᠲᠠᠷᠢᠶᠠᠯᠠᠬᠤ ᠮᠠᠯᠵᠢᠬᠤ ᠣᠷᠣᠨ᠂ ᠬᠢᠵᠠᠭ᠋ᠠᠷ ᠣᠷᠣᠨ᠂ ᠦᠨᠳᠦᠰᠦᠨ ᠱᠠᠲᠤᠨ᠎ᠤ ᠨᠢᠭᠡᠴᠢ᠎ᠳᠤ ᠭᠦᠨᠵᠡᠭᠡᠶ᠋ᠢᠷᠡᠨ ᠲᠣᠭᠯᠠᠯᠲᠠ ᠭᠠᠷᠭ᠋ᠠᠬᠤ᠎ᠪᠠᠷ ᠭᠣᠤᠯ ᠪᠣᠯᠭ᠋ᠠᠵᠤ᠂ ᠵᠢᠯ ᠪᠦᠷᠢ ᠵᠢᠨ ᠬᠠᠮᠤᠭ᠎ᠤᠨ ᠳᠣᠤᠷ᠎ᠠ ᠲᠣᠭᠯᠠᠯᠲᠠ ᠭᠠᠷᠭ᠋ᠠᠬᠤ ᠲᠤᠭ᠎ᠠ ᠵᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠤᠨ ᠵᠠᠰᠠᠭ ᠵᠠᠬᠢᠷᠭ᠋ᠠᠨ᠎ᠤ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠤᠯᠠᠭ᠋ᠠᠨᠮᠥ᠋ᠴᠢᠷ᠎ᠤᠨ ᠦᠢ᠍ᠯᠡᠴᠢᠯᠡᠬᠦ ᠴᠢᠳᠠᠪᠤᠷᠢ ᠪᠣᠯᠤᠨ ᠬᠡᠪᠴᠢᠶ᠎ᠡ᠎ᠲᠠᠢ ᠤᠶᠠᠯᠳᠤᠭᠤᠯᠤᠨ ᠲᠣᠭᠲᠠᠭ᠋ᠠᠬᠤ ᠬᠡᠷᠡᠭᠲᠡᠶ᠃
      ᠠᠷᠪᠠᠨ ᠭᠤᠷᠪᠠᠳᠤᠭ᠋ᠠᠷ ᠵᠤᠷᠪᠤᠰ     ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠠᠭ᠋ᠠᠨᠮᠥ᠋ᠴᠢᠷ᠎ᠤᠨ ᠪᠣᠯᠪᠠᠰᠤᠷᠠᠵᠤ ᠲᠣᠭᠯᠠᠯᠲᠠ ᠭᠠᠷᠭ᠋ᠠᠬᠤ᠎ᠳᠤ ᠬᠡᠷᠡᠭᠰᠡᠬᠦ ᠲᠠᠯᠠᠪᠤᠷ ᠭᠠᠵᠠᠷ᠂ ᠪᠡᠯᠡᠳᠬᠡᠮᠵᠢ ᠲᠥᠬᠥᠭᠡᠷᠦᠮᠵᠢ ᠪᠣᠯᠤᠨ ᠵᠠᠮ ᠬᠠᠷᠢᠯᠴᠠᠭ᠋ᠠᠨ᠎ᠤ ᠪᠠᠭ᠋ᠠᠵᠢ ᠵᠢ ᠪᠠᠲᠤᠯᠠᠬᠤ ᠬᠡᠷᠡᠭᠲᠡᠶ᠃
      ᠠᠷᠪᠠᠨ ᠳᠥᠷᠪᠡᠳᠦᠭᠡᠷ ᠵᠤᠷᠪᠤᠰ     ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠠᠭ᠋ᠠᠨᠮᠥ᠋ᠴᠢᠷ᠎ᠤᠨ ᠭᠡᠰᠢᠭᠦᠳ᠎ᠤᠨ ᠠᠵᠢᠯ᠎ᠠᠴᠠ ᠬᠠᠯᠠᠭᠳᠠᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠶ᠃
      ᠠᠷᠪᠠᠨ ᠲᠠᠪᠤᠨ ᠵᠢᠯ ᠦᠷᠭᠦᠯᠵᠢᠯᠡᠨ ᠠᠵᠢᠯᠯᠠᠭ᠋ᠠᠳ ᠦᠷᠭᠦᠯᠵᠢᠯᠡᠨ ᠲᠣᠭᠯᠠᠬᠤ᠎ᠳᠤ ᠲᠣᠬᠢᠷᠠᠬᠤ ᠦᠭᠡᠢ ᠪᠥᠵᠢᠭᠴᠢᠨ᠎ᠤ ᠲᠣᠰ ᠬᠥᠮᠦᠨ᠎ᠤ ᠭᠤᠶᠤᠴᠢᠯᠠᠯ ᠵᠶ᠋ᠠᠷ ᠳᠠᠮᠵᠢᠨ᠂ ᠰᠣᠶᠣᠯ᠂ ᠰᠤᠷᠭ᠋ᠠᠨ ᠬᠥᠮᠦᠵᠢᠯ᠂ ᠨᠡᠶ᠋ᠢᠭᠡᠮ ᠲᠣᠭᠣᠷᠢᠭ ᠵᠡᠷᠭᠡ ᠬᠠᠮᠢᠶ᠎ᠠ ᠪᠦᠬᠦᠢ ᠨᠢᠭᠡᠴᠢ᠎ᠳᠤ ᠲᠥᠪᠬᠢᠨᠡᠭᠦᠯᠵᠦ᠂ ᠤᠤᠯ᠎ᠤᠨ ᠮᠡᠷᠭᠡᠵᠢᠯ᠎ᠤᠨ ᠴᠣᠯᠠ ᠵᠢᠨ ᠣᠯᠭᠣᠮᠵᠢ ᠵᠢ᠎ᠨᠢ ᠦᠯᠡᠳᠡᠭᠡᠵᠦ ᠪᠣᠯᠤᠨ᠎ᠠ᠃
      ᠭᠤᠴᠢᠨ ᠵᠢᠯ᠎ᠠᠴᠠ ᠳᠡᠭᠡᠭᠰᠢ ᠦᠷᠭᠦᠯᠵᠢᠯᠡᠨ ᠠᠵᠢᠯᠯᠠᠭᠰᠠᠨ ᠪᠣᠯᠪᠠᠴᠤ ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ ᠠᠮᠠᠷᠠᠬᠤ ᠨᠠᠰᠤᠨ᠎ᠤ ᠨᠥᠬᠥᠴᠡᠯ᠎ᠳᠤ ᠬᠦᠷᠦᠭᠡᠳᠦᠢ ᠲᠤᠭᠯᠠᠭᠴᠢ ᠪᠣᠯ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ ᠠᠵᠢᠯ᠎ᠠᠴᠠ᠎ᠪᠠᠨ ᠪᠠᠭᠤᠵᠤ ᠰᠣᠪᠢᠯᠠᠵᠤ ᠪᠣᠯᠤᠨ᠎ᠠ᠃
      ᠠᠷᠪᠠᠨ ᠲᠠᠪᠤᠳᠤᠭ᠋ᠠᠷ ᠵᠤᠷᠪᠤᠰ     ᠤᠯᠠᠭ᠋ᠠᠨᠮᠥ᠋ᠴᠢᠷ᠎ᠤᠨ ᠭᠡᠰᠢᠭᠦᠳ᠎ᠤᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ᠎ᠳᠤ ᠲᠡᠭᠦᠨ᠎ᠤ ᠠᠵᠢᠯ ᠮᠡᠷᠭᠡᠵᠢᠯ᠎ᠤᠨ ᠰᠢᠨᠵᠢ ᠴᠢᠨᠠᠷ ᠪᠠ ᠠᠵᠢᠯ᠎ᠤᠨ ᠪᠠᠶ᠋ᠢᠷᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠪᠣᠳᠣᠯᠬᠢᠯᠠᠵᠤ᠂ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠪᠠ ᠪᠣᠳᠠᠲᠤ ᠠᠮᠵᠢᠯᠲᠠ ᠪᠦᠲᠦᠮᠵᠢ ᠵᠢᠨ ᠬᠤᠪᠢ ᠨᠡᠮᠡᠷᠢ ᠵᠢ ᠰᠢᠯᠭ᠋ᠠᠨ ᠦᠨᠡᠯᠡᠬᠦ ᠵᠢ ᠳᠣᠪᠣᠶ᠋ᠢᠯᠭ᠋ᠠᠵᠤ᠂ ᠪᠣᠳᠠᠲᠠᠶ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠨ᠎ᠠ᠃
      ᠠᠷᠪᠠᠨ ᠵᠢᠷᠭᠤᠳᠤᠭ᠋ᠠᠷ ᠵᠤᠷᠪᠤᠰ     ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠤᠨ ᠵᠠᠰᠠᠭ ᠵᠠᠬᠢᠷᠭ᠋ᠠᠨ᠎ᠤ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠪᠣᠯᠪᠠᠰᠤᠷᠠᠭᠤᠯᠤᠯ᠎ᠤᠨ ᠲᠥᠯᠥᠪᠯᠡᠭᠡ ᠲᠣᠭᠲᠠᠭ᠋ᠠᠵᠤ᠂ ᠤᠯᠠᠭ᠋ᠠᠨᠮᠥ᠋ᠴᠢᠷ᠎ᠤᠨ ᠵᠣᠬᠢᠶᠠᠨ ᠪᠦᠲᠦᠭᠡᠬᠦ᠂ ᠨᠠᠶ᠋ᠢᠷᠠᠭᠤᠯᠤᠨ ᠵᠢᠯᠣᠭᠣᠳᠬᠤ᠂ ᠲᠣᠭᠯᠠᠯᠲᠠ ᠭᠠᠷᠭ᠋ᠠᠬᠤ ᠵᠡᠷᠭᠡ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠲᠥᠷᠥᠯ ᠬᠤᠪᠢᠶᠠᠨ ᠱᠠᠲᠤ ᠬᠤᠪᠢᠶᠠᠨ ᠪᠣᠯᠪᠠᠰᠤᠷᠠᠭᠤᠯᠬᠤ ᠵᠢ ᠵᠢᠯ ᠪᠦᠷᠢ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠶ᠃

      ᠠᠷᠪᠠᠨ ᠳᠣᠯᠣᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠠᠭ᠋ᠠᠨᠮᠥ᠋ᠴᠢᠷ᠎ᠤᠨ ᠡᠭᠦᠷᠭᠡ ᠴᠢᠳᠠᠪᠤᠷᠢ᠎ᠪᠠᠨ ᠭᠦᠢ᠍ᠴᠡᠳᠭᠡᠬᠦ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠰᠢᠯᠭ᠋ᠠᠨ ᠬᠢᠨᠠᠵᠤ ᠦᠨᠡᠯᠡᠬᠦ ᠳᠦᠷᠢᠮ᠎ᠢ ᠪᠠᠢ᠌ᠭᠣᠯᠣᠨ   ᠪᠦᠷᠢᠨᠰᠢᠭᠦᠯᠬᠦ ᠵᠢᠨ ᠬᠠᠮᠲᠤ ᠰᠢᠯᠭ᠋ᠠᠨ ᠬᠢᠨᠠᠵᠤ ᠦᠨᠡᠯᠡᠭᠰᠡᠨ ᠦᠷ᠎ᠡ ᠳ᠋ᠦᠩ ᠵᠶ᠋ᠠᠷ ᠨᠥᠬᠥᠪᠥᠷᠢ ᠥᠭᠬᠦ ᠪᠤᠶᠤ ᠱᠠᠩᠨᠠᠵᠤ ᠲᠣᠷᠭ᠋ᠠᠬᠤ ᠵᠢᠨ ᠦᠨᠳᠦᠰᠦᠯᠡᠯ ᠪᠣᠯᠭ᠋ᠠᠬᠤ ᠬᠡᠷᠡᠭᠲᠡᠶ᠃
      ᠠᠷᠪᠠᠨ ᠨᠠᠢ᠍ᠮᠠᠳᠣᠭ᠋ᠠᠷ ᠵᠤᠷᠪᠤᠰ   ᠶᠡᠬᠡ ᠳᠡᠭᠡᠳᠦ ᠰᠤᠷᠭ᠋ᠠᠭᠤᠯᠢ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯᠤᠨ ᠰᠢᠨᠵᠢᠯᠡᠬᠦ ᠣᠬᠠᠭ᠋ᠠᠨ ᠰᠣᠳᠣᠯᠭ᠋ᠠᠨ᠎ᠤ ᠪᠠᠢ᠌ᠭᠣᠯᠭ᠎ᠠ᠎ᠨᠢ ᠤᠯᠠᠭ᠋ᠠᠨᠮᠥ᠋ᠴᠢᠷ᠎ᠤᠨ ᠴᠢᠳᠠᠪᠤᠷᠢᠲᠠᠨ᠎ᠢ ᠬᠠᠨᠳᠤᠯᠭ᠎ᠠ᠎ᠲᠠᠢ᠎ᠪᠠᠷ ᠬᠥᠮᠦᠵᠢᠭᠦᠯᠬᠦ ᠠᠵᠢᠯ᠎ᠢ ᠥᠷᠨᠢᠭᠦᠯᠵᠦ᠂ ᠤᠯᠠᠭ᠋ᠠᠨᠮᠥ᠋ᠴᠢᠷ᠎ᠤᠨ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠢ ᠪᠠᠶ᠋ᠢᠭᠤᠯᠵᠤ᠂ ᠤᠯᠠᠭ᠋ᠠᠨᠮᠥ᠋ᠴᠢᠷ᠎ᠤᠨ ᠰᠤᠳᠤᠯᠭ᠋ᠠᠨ ᠪᠠ ᠡᠷᠳᠡᠮ ᠰᠢᠨᠵᠢᠯᠡᠭᠡᠨ᠎ᠤ ᠰᠣᠯᠢᠯᠴᠠᠭ᠎ᠠ ᠵᠢ ᠥᠷᠨᠢᠭᠦᠯᠬᠦ ᠬᠡᠷᠡᠭᠲᠡᠶ᠃
      ᠠᠷᠪᠠ ᠶᠢᠰᠦᠳᠦᠭᠡᠷ ᠵᠤᠷᠪᠤᠰ     ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠤᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠯᠠᠭ᠋ᠠᠨᠮᠥ᠋ᠴᠢᠷ᠎ᠤᠨ ᠨᠡᠷᠡᠲᠦ ᠲᠥᠷᠥᠯ ᠲᠡᠮᠳᠡᠭᠲᠦ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠰᠢᠯᠢᠳᠡᠭ ᠪᠦᠯᠬᠦᠮ ᠨᠡᠶ᠋ᠢᠲᠡ᠂ ᠬᠠᠮ ᠴᠢᠳᠠᠪᠤᠷᠢᠲᠠᠨ᠎ᠤ ᠨᠡᠷᠡᠰ᠎ᠤᠨ ᠵᠢᠭᠰᠠᠭ᠋ᠠᠯᠲᠠ ᠪᠠ ᠤᠯᠠᠮᠵᠢᠯᠠᠯᠲᠤ ᠰᠣᠩᠭᠣᠳᠠᠭ ᠪᠦᠲᠦᠭᠡᠯ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ ᠵᠢ ᠪᠠᠶ᠋ᠢᠭᠤᠯᠬᠤ ᠬᠡᠷᠡᠭᠲᠡᠶ᠃
      ᠬᠣᠷᠢᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠤᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠣᠰ ᠭᠠᠵᠠᠷ ᠣᠷᠣᠨ᠎ᠤ᠎ᠪᠠᠨ ᠤᠯᠠᠭ᠋ᠠᠨᠮᠥ᠋ᠴᠢᠷ᠎ᠤᠨ ᠬᠠᠮᠢᠶ᠎ᠠ ᠪᠦᠬᠦᠢ ᠪᠢᠴᠢᠭ ᠮᠠᠲᠸᠷᠢᠶᠠᠯ᠎ᠢ ᠴᠤᠭᠯᠠᠭᠤᠯᠬᠤ᠂ ᠡᠮᠬᠢᠯᠡᠬᠦ᠂ ᠬᠠᠮᠠᠭ᠋ᠠᠯᠠᠬᠤ ᠪᠠ ᠰᠤᠳᠤᠯᠬᠤ ᠠᠵᠢᠯ᠎ᠢ ᠬᠠᠷᠢᠭᠤᠴᠠᠨ᠎ᠠ᠃
      ᠤᠯᠠᠭ᠋ᠠᠨᠮᠥ᠋ᠴᠢᠷ ᠤᠷᠠᠯᠢᠭ᠎ᠤᠨ ᠳᠠᠩᠰᠠ ᠡᠪᠬᠡᠮᠡᠯ ᠵᠢᠴᠢ ᠪᠣᠳᠠᠲᠤ ᠪᠣᠳᠠᠰ᠎ᠢ ᠬᠠᠳᠠᠭ᠋ᠠᠯᠠᠬᠤ᠂ ᠬᠠᠮᠠᠭ᠋ᠠᠯᠠᠬᠤ ᠪᠠ ᠬᠠᠮᠢᠶᠠᠷᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃
      ᠬᠣᠷᠢᠨ ᠨᠢᠭᠡᠳᠦᠭᠡᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ᠂ ᠲᠣᠤᠷ ᠰᠦᠯᠵᠢᠶ᠎ᠡ᠂ ᠺᠢᠨᠣ᠋ ᠲᠧᠯᠸᠢᠰ᠂ ᠬᠡᠪᠯᠡᠯ ᠵᠡᠷᠭᠡ ᠵᠠᠭᠤᠴᠢᠯᠠᠭᠤᠷ ᠪᠣᠯᠤᠨ ᠠᠷᠭ᠎ᠠ ᠪᠠᠷᠢᠯ᠎ᠢ ᠠᠰᠢᠭᠯᠠ᠂ ᠤᠯᠠᠭ᠋ᠠᠨᠮᠥ᠋ᠴᠢᠷ᠎ᠢ ᠤᠬᠠᠭᠤᠯᠵᠤ᠂ ᠤᠯᠠᠭ᠋ᠠᠨᠮᠥ᠋ᠴᠢᠷ᠎ᠤᠨ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠤᠯᠠᠮᠵᠢᠯᠠᠨ ᠳᠡᠯᠭᠡᠷᠡᠭᠦᠯᠬᠦ ᠬᠡᠷᠡᠭᠲᠡᠶ᠃
      ᠬᠣᠷᠢᠨ ᠬᠣᠶᠠᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠠᠭ᠋ᠠᠨᠮᠥ᠋ᠴᠢᠷ᠎ᠤᠨ ᠭᠠᠳᠠᠭ᠋ᠠᠳᠤ᠎ᠯᠤᠭ᠎ᠠ ᠵᠢᠨ ᠰᠣᠶᠣᠯ᠎ᠤᠨ ᠰᠣᠯᠢᠯᠴᠠᠭ᠎ᠠ ᠥᠷᠨᠢᠭᠦᠯᠬᠦ ᠵᠢ ᠳᠡᠮᠵᠢᠬᠦ ᠬᠡᠷᠡᠭᠲᠡᠶ᠃
      ᠬᠣᠷᠢᠨ ᠭᠤᠷᠪᠠᠳᠤᠭ᠋ᠠᠷ ᠵᠤᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠤᠯᠠᠭ᠋ᠠᠨᠮᠥ᠋ᠴᠢᠷ᠎ᠤᠨ ᠦᠢ᠍ᠯᠡᠰ᠎ᠤᠨ ᠬᠥᠭᠵᠢᠯᠲᠡ᠎ᠳᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ᠎ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠥᠬᠢᠭᠦᠯᠦᠨ ᠱᠠᠩᠨᠠᠨ᠎ᠠ᠃
      ᠬᠣᠷᠢᠨ ᠳᠥᠷᠪᠡᠳᠦᠭᠡᠷ ᠵᠤᠷᠪᠤᠰ   ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ ᠪᠣᠯᠤᠨ ᠪᠤᠰᠤᠳ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠭᠰᠠᠨ ᠠᠵᠢᠯ᠎ᠤᠨ ᠴᠢᠯᠥᠭᠡᠨ᠎ᠤ ᠤᠯᠠᠭ᠋ᠠᠨᠮᠥ᠋ᠴᠢᠷ᠎ᠨᠢ ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠤᠯᠠᠭ᠋ᠠᠨᠮᠥ᠋ᠴᠢᠷ᠎ᠤᠨ ᠡᠭᠦᠷᠭᠡ ᠴᠢᠳᠠᠪᠤᠷᠢ᠎ᠪᠠᠨ ᠭᠦᠢ᠍ᠴᠡᠳᠭᠡᠬᠦ ᠬᠡᠷᠡᠭᠲᠡᠶ᠂ ᠪᠣᠳᠠᠲᠠᠶ ᠬᠠᠮᠢᠶᠠᠷᠤᠯᠲᠠ ᠵᠢᠨ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠨ᠎ᠠ᠃
      ᠬᠣᠷᠢᠨ ᠲᠠᠪᠤᠳᠤᠭ᠋ᠠᠷ ᠵᠤᠷᠪᠤᠰ   ᠶᠠᠮᠠᠷᠪᠠ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ ᠤᠯᠠᠭ᠋ᠠᠨᠮᠥ᠋ᠴᠢᠷ᠎ᠤᠨ ᠨᠡᠷ᠎ᠡ ᠪᠠ ᠨᠥᠯᠥᠭᠡᠯᠡᠬᠦ ᠬᠦᠴᠦᠨ᠎ᠢ ᠠᠰᠢᠭᠯᠠ᠂ ᠤᠯᠤᠰ᠎ᠤᠨ ᠰᠣᠶᠣᠯ᠎ᠤᠨ ᠠᠮᠤᠷ ᠲᠦᠪᠰᠢᠨ᠎ᠳᠤ ᠬᠣᠤᠷ ᠬᠥᠨᠥᠭᠡᠯ ᠤᠴᠠᠷᠠᠭᠤᠯᠤᠭᠰᠠᠨ᠂ ᠨᠡᠶ᠋ᠢᠭᠡᠮ ᠨᠡᠢ᠍ᠢ᠍ᠲᠡ ᠵᠢᠨ ᠠᠰᠢᠭ ᠲᠤᠰᠠ ᠵᠢ ᠬᠣᠬᠢᠷᠠᠭᠤᠯᠤᠭᠰᠠᠨ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠠᠵᠢᠯᠯᠠᠭ᠎ᠠ ᠬᠢᠵᠦ ᠪᠣᠯᠬᠤ ᠦᠭᠡᠢ᠃
      ᠬᠣᠷᠢᠨ ᠵᠢᠷᠭᠤᠳᠤᠭ᠋ᠠᠷ ᠵᠤᠷᠪᠤᠰ   ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠵᠦ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠠᠵᠢᠯᠲᠠᠨ᠎ᠳᠤ ᠳᠣᠤᠷᠠᠬᠢ ᠮᠡᠲᠦ ᠦᠢ᠍ᠯᠡ ᠠᠵᠢᠯᠯᠠᠭ᠎ᠠ ᠵᠢᠨ ᠨᠢᠭᠡ᠎ᠨᠢ   ᠪᠠᠢ᠌ᠪᠠᠯ᠂ ᠲᠡᠭᠦᠨ᠎ᠤ   ᠳᠡᠭᠡᠳᠦ ᠱᠠᠲᠤᠨ᠎ᠤ ᠪᠠᠶ᠋ᠢᠭᠤᠯᠭ᠎ᠠ ᠪᠤᠶᠤ ᠬᠢᠨᠠᠨ   ᠪᠠᠢ᠌ᠴᠠᠭ᠋ᠠᠬᠣ ᠪᠠᠶ᠋ᠢᠭᠤᠯᠭ᠎ᠠ᠎ᠠᠴᠠ ᠵᠠᠷᠯᠢᠭᠳᠠᠵᠤ   ᠪᠠᠢ᠌ᠭ᠋ᠠᠳ ᠬᠤᠭᠤᠴᠠᠭ᠎ᠠ   ᠲᠣᠭᠳᠠᠭ᠋ᠠᠨ ᠵᠠᠯᠠᠷᠠᠭᠤᠯᠤᠨ᠎ᠠ; ᠦᠢ᠍ᠯᠡ   ᠪᠠᠢ᠌ᠳᠠᠯ᠎ᠨᠢ ᠬᠦᠨᠳᠦ ᠨᠣᠴᠢᠲᠠᠶ   ᠪᠠᠢ᠌ᠪᠠᠯ᠂ ᠰᠢᠭᠤᠳ ᠬᠠᠷᠢᠭᠤᠴᠠᠵᠤ   ᠪᠠᠢ᠌ᠭ᠎ᠠ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ; ᠶᠠᠯ᠎ᠠ ᠪᠣᠯᠵᠤ ᠪᠦᠷᠢᠯᠳᠦᠭᠰᠡᠨ   ᠪᠠᠢ᠌ᠪᠠᠯ   ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
     (ᠨᠢᠭᠡ) ᠤᠯᠠᠭ᠋ᠠᠨᠮᠥ᠋ᠴᠢᠷ᠎ᠤᠨ ᠦᠢ᠍ᠯᠡᠰ᠎ᠤᠨ ᠬᠥᠭᠵᠢᠯᠲᠡ ᠵᠢᠨ ᠲᠤᠰᠬᠠᠶ   ᠲᠦᠷᠦᠯ ᠵᠦᠢ᠍ᠯ᠎ᠤᠨ ᠵᠠᠷᠤᠳᠠᠯ  ᠎ᠢ ᠡᠵᠡᠯᠡᠭᠰᠡᠨ᠂ ᠳᠤᠮᠳᠠ᠎ᠠᠴᠠ᠎ᠨᠢ ᠲᠠᠰᠤᠳᠠᠨ ᠦᠯᠡᠳᠡᠭᠡᠭᠰᠡᠨ᠂ ᠨᠡᠭᠦᠯᠭᠡᠨ ᠬᠡᠷᠡᠭᠯᠡᠭᠰᠡᠨ;
     (ᠬᠣᠶᠠᠷ) ᠤᠯᠠᠭ᠋ᠠᠨᠮᠥ᠋ᠴᠢᠷ᠎ᠤᠨ ᠪᠡᠯᠡᠳᠬᠡᠮᠵᠢ ᠲᠦᠬᠦᠭᠡᠷᠤᠮᠵᠢ ᠵᠢ ᠳᠤᠷ᠎ᠠ᠎ᠪᠠᠷ ᠵᠶ᠋ᠠᠨ ᠨᠤᠷᠠᠭ᠋ᠠᠵᠤ᠂ ᠡᠵᠡᠯᠡᠵᠦ᠂ ᠨᠡᠭᠦᠯᠭᠡᠨ ᠬᠡᠷᠡᠭᠯᠡᠭᠰᠡᠨ᠂ ᠤᠯᠠᠭ᠋ᠠᠨᠮᠥ᠋ᠴᠢᠷ᠎ᠤᠨ ᠲᠠᠯᠠᠪᠠᠢ ᠵᠢ ᠡᠵᠡᠯᠡᠭᠰᠡᠨ᠂ ᠡᠰᠡᠬᠦᠯ᠎ᠡ ᠤᠯᠠᠭ᠋ᠠᠨᠮᠥ᠋ᠴᠢᠷ᠎ᠤᠨ ᠪᠡᠯᠡᠳᠬᠡᠮᠵᠢ ᠲᠦᠬᠦᠭᠡᠷᠤᠮᠵᠢ ᠵᠢᠨ   ᠲᠠᠯᠠᠪᠣᠷ᠎ᠤᠨ ᠴᠢᠳᠠᠮᠵᠢ ᠵᠢᠨ ᠬᠡᠷᠡᠭᠴᠡᠭᠡ ᠵᠢ ᠬᠤᠪᠢᠷᠠᠭᠤᠯᠤᠭᠰᠠᠨ᠂ ᠲᠡᠭᠦᠨ᠎ᠤ ᠬᠡᠪ᠎ᠤᠨ ᠠᠵᠢᠯᠯᠠᠭ᠋ᠠᠨ᠎ᠢ ᠬᠠᠷᠰᠢᠯᠠᠭᠰᠠᠨ;
     (ᠭᠤᠷᠪᠠ) ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠭᠡᠭᠰᠡᠨ ᠥᠬᠡᠶ ᡾
     (ᠲᠦᠷᠪᠡ) ᠠᠯᠪᠠᠨ ᠲᠤᠰᠢᠶᠠᠯ ᠎ᠳᠤ᠎ᠪᠠᠨ   ᠠᠯᠮᠠᠢ᠌ᠷᠠᠨ ᠣᠰᠣᠯᠳᠠᠭᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂   ᠬᠠᠤᠯᠢ ᠶᠣᠰᠣ ᠵᠢ ᠵᠥᠷᠢᠴᠡᠭᠰᠡᠨ ᠪᠣᠰᠣᠳ ᠦᠢ᠍ᠯᠡ ᠠᠵᠢᠯᠯᠠᠭ᠎ᠠ ᠃
      ᠬᠣᠷᠢᠨ ᠳᠣᠯᠣᠳᠤᠭ᠋ᠠᠷ ᠵᠤᠷᠪᠤᠰ   ᠲᠤᠰ ᠳᠦᠷᠢᠮ᠎ᠢ 2019 ᠣᠨ᠎ᠤ 11 ᠳ᠋ᠣᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠮᠤᠷᠢ ᠲᠡᠮᠡᠭᠡᠨ᠎ᠤ ᠡᠳ᠋ᠯᠡᠯᠭᠡᠨ᠎ᠤ ᠵᠢᠭᠤᠯᠴᠢᠯᠡᠯ᠎ᠤᠨ ᠪᠦᠳᠦᠭᠡᠭᠳᠡᠭᠦᠨ᠎ᠤ ᠤᠢ᠌ᠯᠡᠴᠢᠯᠡᠭᠡᠨ᠎ᠤ ᠳᠦᠷᠢᠮᠵᠢᠭᠦᠯᠤᠯᠳᠡ
ᠤᠨᠴᠠᠯᠢᠭᠳᠤ ᠰᠤᠶᠤᠯ᠎ᠤᠨ ᠭᠤᠤᠯ ᠰᠡᠳᠤᠪᠲᠤ ᠵᠤᠴᠢᠳ᠎ᠤᠨ ᠪᠠᠭᠤᠳᠠᠯ᠎ᠤᠨ ᠳᠦᠭᠦᠭᠡᠷᠤᠮᠵᠢ ᠵᠢᠴᠢ ᠤᠢ᠌ᠯᠡᠴᠢᠯᠡᠭᠡᠨ᠎ᠤ ᠳᠦᠷᠢᠮᠵᠢᠭᠦᠯᠤᠯᠳᠡ
ᠮᠠᠯᠴᠢᠨ ᠠᠢ᠌ᠯ᠎ᠤᠨ ᠵᠢᠭᠤᠯᠴᠢᠯᠡᠯ᠎ᠤᠨ ᠡᠵᠡᠩᠨᠡᠯᠲᠡ ᠵᠢᠨ ᠳᠦᠷᠢᠮᠵᠢᠭᠦᠯᠤᠯᠳᠡ
ᠮᠤᠩᠭᠤᠯ ᠬᠤᠭᠤᠯᠠᠨ ᠭᠡᠷ᠎ᠤᠨ ᠡᠵᠡᠩᠨᠡᠯᠲᠡ ᠵᠢᠨ ᠤᠢ᠌ᠯᠡᠴᠢᠯᠡᠭᠡᠨ᠎ᠢ ᠲᠦᠷᠢᠮᠵᠢᠬᠦᠯᠬᠦ ᠶᠡᠷᠤᠩᠬᠡᠢ ᠳᠦᠷᠢᠮ
ᠰᠦᠯᠵᠢᠶᠡᠨ ᠳᠡᠭᠡᠷᠡᠬᠢ ᠵᠢᠭᠤᠯᠴᠢᠯᠠᠯ᠎ᠤᠨ ᠡᠵᠡᠩᠨᠡᠯᠲᠡ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ
 
            