ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠵᠢ ᠵᠢᠷᠤᠮᠵᠢᠭᠤᠯᠬᠤ ᠮᠠᠨ᠎ᠤ ᠣᠷᠣᠨ᠎ᠤ ᠠᠩᠬᠠᠳᠠᠭᠴᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠢ ᠨᠡᠢ᠌ᠲᠡᠯᠡᠪᠡ
ᠨᠡᠶᠢᠲᠡᠯᠡᠭᠰᠡᠨ ᠴᠠᠭ᠄ 2022-12-13

      ᠮᠠᠷᠺᠰ᠎ᠤᠨ ᠦᠵᠡᠯ᠎ᠤᠨ ᠵᠢᠯᠤᠭᠣᠳᠬᠤ ᠦᠵᠡᠯ ᠰᠠᠨᠠᠭ᠎ᠠ ᠵᠢ ᠪᠠᠷᠢᠮᠲᠠᠯᠠᠬᠤ᠂ ᠡᠪ ᠬᠠᠮᠲᠤ ᠶᠣᠰᠣᠨ᠎ᠤ ᠬᠠᠮᠲᠤ ᠵᠢᠨ ᠬᠦᠰᠡᠯᠡᠩ᠎ᠢ ᠪᠤᠶ ᠪᠣᠯᠭ᠋ᠠᠬᠤ᠂ ᠡᠬᠡ ᠣᠷᠣᠨᠴᠢ ᠦᠵᠡᠯ᠎ᠤᠨ ᠬᠥᠮᠦᠵᠢᠯ᠎ᠢ ᠥᠷᠨᠢᠭᠦᠯᠬᠦ᠂ ᠨᠡᠢ᠌ᠭᠡᠮ ᠵᠢᠷᠤᠮ᠎ᠤᠨ ᠭᠣᠣᠯᠯᠠᠬᠤ ᠥᠷᠲᠡᠭ᠎ᠤᠨ ᠦᠵᠡᠯᠲᠡ ᠵᠢ ᠪᠣᠢ᠌ᠵᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠬᠤ ᠵᠢᠨ ᠳᠤᠮᠳᠠᠬᠢ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠦᠯᠦᠭᠡ ᠣᠷᠣᠨ ᠨᠤᠲᠤᠭ᠎ᠤᠨ ᠬᠠᠤᠯᠢ ᠲᠣᠭᠲᠠᠭ᠋ᠠᠬᠤ᠎ᠪᠠᠷ ᠳᠠᠮᠵᠢᠭᠤᠯᠤᠨ ᠮᠠᠨ᠎ᠤ ᠣᠷᠣᠨ᠎ᠤ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠠᠰᠢᠭᠯᠠᠯᠲᠠ ᠲᠡᠩᠴᠡᠭᠦᠷᠢ ᠦᠭᠡᠢ ᠭᠦᠢ᠍ᠴᠡᠳ ᠦᠭᠡᠢ ᠵᠡᠷᠭᠡ ᠲᠣᠪᠣᠢ᠌ᠮ᠎ᠠ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠵᠦ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠬᠠᠤᠯᠢ ᠶᠣᠰᠣᠭ᠋ᠠᠷ ᠠᠬᠢᠭᠤᠯᠬᠤ᠎ᠳᠤ ᠳᠦᠷᠢᠮ ᠲᠣᠭᠲᠠᠭ᠋ᠠᠬᠤ᠎ᠨᠢ ᠲᠤᠢ᠌ᠯ᠎ᠤᠨ ᠴᠢᠬᠤᠯᠠ ᠶᠤᠮ᠃
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠨ ᠠᠰᠢᠭᠯᠠᠬᠤ ᠳᠦᠷᠢᠮ》᠎ᠢ ᠲᠣᠭᠲᠠᠭ᠋ᠠᠭᠰᠠᠨ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ 2022 ᠣᠨ᠎ᠤ ᠭᠣᠣᠯᠳᠠᠯᠭ᠎ᠠ᠎ᠲᠠᠢ ᠬᠠᠤᠯᠢ ᠲᠣᠭᠲᠠᠭ᠋ᠠᠬᠤ ᠠᠵᠢᠯ᠎ᠤᠨ ᠲᠥᠷᠥᠯ ᠵᠦᠢ᠍ᠯ ᠪᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠡᠷᠬᠢᠯᠡᠭᠴᠢ ᠪᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ᠎ᠪᠠᠷ 《ᠬᠣᠣᠰ ᠳᠤᠭᠤᠢ᠌ᠯᠠᠩ᠎ᠤᠨ ᠳᠠᠷᠤᠭ᠎ᠠ》 ᠪᠣᠯᠭ᠋ᠠᠭᠰᠠᠨ ᠬᠠᠤᠯᠢ ᠲᠣᠭᠲᠠᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠳᠦᠷᠢᠮ᠎ᠳᠤ ᠵᠠᠰᠠᠪᠤᠷᠢ ᠣᠷᠣᠭᠤᠯᠬᠤ ᠠᠵᠢᠯ᠎ᠢ ᠪᠥᠬᠥ ᠲᠠᠯ᠎ᠠ᠎ᠪᠠᠷ ᠵᠢᠯᠣᠭᠣᠳᠪᠠ᠃ 《ᠳᠦᠷᠢᠮ》᠎ᠢ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠭᠤᠴᠢᠨ ᠵᠢᠷᠭᠤᠳᠤᠭ᠋ᠠᠷ ᠬᠤᠷᠠᠯ᠎ᠤᠨ ᠠᠩᠬᠠᠨ᠎ᠤ ᠬᠢᠨᠠᠯᠲᠠ᠂ ᠲᠤᠰᠬᠠᠢ ᠮᠡᠷᠭᠡᠵᠢᠯᠲᠡᠨ᠎ᠤ ᠨᠤᠲᠠᠯᠠᠯᠲᠠ᠂ ᠬᠠᠤᠯᠢ ᠲᠣᠭᠲᠠᠭ᠋ᠠᠯᠲᠠ ᠵᠢᠨ ᠪᠠᠢ᠌ᠴᠠᠭ᠋ᠠᠨ ᠰᠤᠳᠤᠯᠤᠯᠲᠠ ᠎ᠪᠠᠷ ᠳᠠᠮᠵᠢᠭ᠋ᠠᠳ᠂ ᠲᠥᠪ᠎ᠤᠨ ᠤᠬᠠᠭᠤᠯᠬᠤ ᠬᠡᠯᠲᠡᠰ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ ᠡᠷᠡᠭᠦᠯ ᠬᠠᠮᠠᠭ᠋ᠠᠯᠠᠯ᠎ᠤᠨ ᠵᠥᠪᠯᠡᠯ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠠᠤᠯᠢ ᠴᠠᠭ᠋ᠠᠵᠠ ᠵᠢᠨ ᠠᠵᠢᠯ᠎ᠤᠨ ᠵᠥᠪᠯᠡᠯ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ ᠪᠠ ᠣᠷᠣᠨ᠎ᠤ ᠳᠣᠲᠣᠷ᠎ᠠ ᠭᠠᠳᠠᠨᠠᠬᠢ ᠬᠡᠰᠡᠭ ᠨᠠᠮ᠎ᠤᠨ ᠲᠡᠦᠬᠡ ᠵᠢᠨ ᠰᠤᠳᠤᠯᠭ᠋ᠠᠨ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠰᠤᠳᠤᠯᠭ᠋ᠠᠨ᠎ᠤ ᠲᠤᠰᠬᠠᠢ ᠮᠡᠷᠭᠡᠵᠢᠯᠲᠡᠨ᠎ᠤ ᠰᠠᠨᠠᠯ᠎ᠢ ᠬᠤᠷᠢᠶᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠦᠨᠳᠦᠰᠦᠨ ᠱᠠᠲᠤᠨ᠎ᠤ
ᠬᠠᠤᠯᠢ ᠲᠣᠭᠲᠠᠭ᠋ᠠᠬᠤ ᠬᠠᠷᠢᠯᠴᠠᠬᠤ ᠴᠡᠭ᠂ ᠬᠠᠮᠢᠶ᠎ᠠ ᠪᠦᠬᠦᠢ ᠰᠠᠯᠠᠭ᠎ᠠ ᠮᠥᠴᠢᠷ ᠵᠡᠷᠭᠡ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠥᠷᠭᠡᠨ ᠵᠶ᠋ᠡᠷ ᠰᠢᠩᠭᠡᠬᠡᠨ ᠠᠪᠴᠤ᠂ ᠣᠯᠠᠨ ᠤᠳᠠᠭ᠎ᠠ ᠵᠠᠰᠠᠯᠲᠠ ᠣᠷᠤᠭᠤᠯᠪᠠ᠃ ᠨᠠᠮ᠎ᠤᠨ ᠬᠣᠷᠢᠳᠤᠭ᠋ᠠᠷ ᠶᠡᠬᠡ ᠬᠤᠷᠠᠯ ᠬᠤᠷᠠᠯᠳᠤᠭᠰᠠᠨ᠎ᠤ ᠲᠠᠷᠠᠭ᠎ᠠ᠂ ᠵᠠᠰᠠᠪᠤᠷᠢ ᠣᠷᠣᠭᠤᠯᠬᠤ ᠳᠤᠭᠤᠢ᠌ᠯᠠᠩ᠎ᠤᠨ᠎ᠬᠢᠨ ᠪᠠᠷᠢᠮᠵᠢᠶ᠎ᠠ ᠵᠢ ᠨᠠᠷᠢᠨ ᠬᠢᠨᠠᠮᠠᠭ᠋ᠠᠢ ᠬᠠᠷᠭᠤᠭᠤᠯᠵᠤ᠂ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠤᠨ ᠬᠠᠮᠤᠭ᠎ᠤᠨ ᠰᠢᠨ᠎ᠡ ᠵᠣᠷᠢᠭ ᠰᠠᠨᠠᠭ᠎ᠠ ᠵᠢ ᠭᠦᠢ᠍ᠴᠡᠳ ᠰᠢᠩᠭᠡᠬᠡᠨ ᠠᠪᠤᠪᠠ᠃ 《ᠳᠦᠷᠢᠮ》᠎ᠢ 11 ᠳ᠋ᠣᠭᠡᠷ   ᠰᠠᠷ᠎ᠠ ᠵᠢᠨ 23᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠭᠤᠴᠢᠨ ᠨᠠᠢ᠍ᠮᠠᠳᠤᠭ᠋ᠠᠷ ᠬᠤᠷᠠᠯ᠎ᠠᠴᠠ ᠪᠠᠲᠤᠯᠠᠪᠠ᠃
     《ᠳᠦᠷᠢᠮ》᠎ᠳᠤ ᠵᠠᠰᠠᠪᠤᠷᠢ ᠣᠷᠣᠭᠤᠯᠬᠤ ᠶᠠᠪᠤᠴᠠ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠳᠦᠷᠢᠮ᠎ᠳᠤ ᠵᠠᠰᠠᠪᠤᠷᠢ ᠣᠷᠣᠭᠤᠯᠬᠤ ᠪᠦᠬᠦ ᠶᠠᠪᠤᠴᠠ᠎ᠳᠤ   ᠲᠤᠭᠤᠰᠢᠯᠠᠭᠤᠯᠪᠠ; ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ ᠵᠢ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠨ ᠠᠰᠢᠭᠯᠠᠬᠤ ᠵᠢᠨ ᠬᠠᠮᠤᠭ᠎ᠤᠨ ᠴᠢᠬᠤᠯᠠ ᠵᠠᠷᠴᠢᠮ ᠪᠣᠯᠭ᠋ᠠᠪᠠ; ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠨ ᠠᠰᠢᠭᠯᠠᠬᠤ ᠲᠤᠬᠠᠢ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠠᠤᠯᠢ ᠲᠣᠭᠲᠠᠭ᠋ᠠᠬᠤ᠎ᠪᠠᠷ ᠳᠠᠮᠵᠢᠭᠤᠯᠤᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠵᠤᠷᠢᠭ ᠰᠠᠨᠠᠭ᠎ᠠ ᠪᠤᠯᠭ᠋ᠠᠨ᠎ᠠ᠃
     《ᠳᠦᠷᠢᠮ》᠎ᠨᠢ ᠨᠡᠶ᠋ᠢᠲᠡ ᠵᠢᠷᠭᠤᠭ᠋ᠠᠨ ᠪᠦᠯᠦᠭ ᠲᠠᠪᠢᠨ ᠵᠤᠷᠪᠤᠰ᠎ᠲᠠᠢ᠂ ᠭᠣᠣᠯᠳᠠᠭᠤ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠣᠮᠢᠶᠠᠯᠠᠯ᠂ ᠪᠠᠷᠢᠮᠲᠠᠯᠠᠬᠤ ᠶᠣᠰᠣᠲᠠᠢ ᠵᠠᠷᠴᠢᠮ᠂ ᠪᠠᠢ᠌ᠴᠠᠭ᠋ᠠᠵᠤ ᠮᠠᠭ᠋ᠠᠳᠯᠠᠨ ᠲᠣᠭᠲᠠᠭ᠋ᠠᠬᠤ᠂ ᠬᠠᠮᠠᠭ᠋ᠠᠯᠠᠨ ᠬᠠᠮᠢᠶᠠᠷᠬᠤ᠂ ᠤᠯᠠᠮᠵᠢᠯᠠᠨ ᠠᠰᠢᠭᠯᠠᠬᠤ ᠵᠢᠴᠢ ᠬᠠᠤᠯᠢ ᠵᠢᠨ ᠬᠠᠷᠢᠭᠤᠴᠠᠯᠭ᠎ᠠ ᠵᠡᠷᠭᠡ ᠲᠠᠯ᠎ᠠ ᠵᠢᠨ ᠠᠭᠤᠯᠭ᠎ᠠ ᠵᠢ ᠲᠣᠭᠲᠠᠭ᠋ᠠᠵᠠᠢ᠄
      ᠨᠢᠭᠡ᠎ᠳᠤ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠣᠮᠢᠶᠠᠯᠠᠯ᠎ᠢ   ᠲᠤᠳᠤᠷᠬᠠᠢ᠌ᠯᠠᠪᠠ᠂ ᠳᠠᠷᠤᠢ᠄ 《ᠲᠤᠰ ᠳᠦᠷᠢᠮ᠎ᠳᠤ ᠬᠡᠯᠡᠵᠦ ᠪᠠᠢ᠌ᠭ᠎ᠠ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯ ᠪᠤᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠰᠢᠨ᠎ᠡ ᠠᠷᠠᠳᠴᠢᠯᠠᠭᠰᠠᠨ ᠬᠤᠪᠢᠰᠬᠠᠯ᠂ ᠨᠡᠢ᠌ᠭᠡᠮ ᠵᠢᠷᠤᠮ᠎ᠤᠨ ᠬᠤᠪᠢᠰᠬᠠᠯ ᠪᠣᠯᠣᠨ ᠪᠦᠲᠦᠭᠡᠨ ᠪᠠᠢ᠌ᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠪᠣᠯᠣᠨ ᠨᠡᠢ᠌ᠭᠡᠮ ᠵᠢᠷᠤᠮ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠠᠭᠤᠤ ᠶᠡᠬᠡ ᠠᠮᠵᠢᠯᠲᠠ ᠪᠦᠲᠦᠮᠵᠢ ᠵᠢ ᠭᠡᠷᠡᠴᠢᠯᠡᠵᠦ᠂ ᠣᠷᠴᠢᠨ ᠤᠳᠤ ᠦᠶ᠎ᠡ᠎ᠠᠴᠠ ᠨᠠᠭ᠋ᠠᠰᠢᠬᠢ ᠳᠤᠮᠳᠠᠳᠤ ᠤᠯᠤᠰ᠎ᠤᠨ ᠠᠷᠠᠳ ᠲᠦᠮᠡᠨ᠎ᠤ ᠳᠤᠮᠳᠠᠳᠤ ᠵᠢᠨ ᠦᠨᠳᠦᠰᠦᠲᠡᠨ᠎ᠤ ᠲᠤᠰᠠᠭ᠋ᠠᠷ ᠲᠣᠭᠲᠠᠨᠢᠯ᠂ ᠠᠷᠠᠳ ᠲᠦᠮᠡᠨ᠎ᠤ ᠴᠢᠯᠦᠭᠡᠯᠡᠯᠲᠡ᠂ ᠤᠯᠤᠰ ᠣᠷᠣᠨ᠎ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ᠎ᠤ ᠵᠣᠯ ᠵᠢᠷᠭ᠋ᠠᠯ᠎ᠢ ᠲᠡᠮᠡᠴᠡᠨ ᠣᠯᠣᠭᠰᠠᠨ ᠢᠷᠠᠭᠤ ᠠᠯᠳᠠᠷᠲᠤ ᠲᠡᠦᠬᠡ ᠵᠢ ᠢᠯᠡᠷᠡᠭᠦᠯᠦᠭᠰᠡᠨ ᠳᠤᠷᠠᠰᠬᠠᠬᠤ ᠠᠴᠢ ᠬᠣᠯᠪᠣᠭᠳᠠᠯ᠎ᠲᠠᠢ᠂ ᠰᠤᠷᠭ᠋ᠠᠨ ᠬᠥᠮᠥᠵᠢᠭᠦᠯᠬᠦ ᠠᠴᠢ ᠬᠣᠯᠪᠣᠭᠳᠠᠯ᠎ᠲᠠᠢ᠂ ᠲᠡᠦᠬᠡᠨ ᠮᠠᠲ᠋ᠧᠷᠢᠶᠠᠯ᠎ᠤᠨ ᠦᠨ᠎ᠡ ᠦᠷᠳᠡᠭ᠎ᠲᠠᠢ ᠪᠣᠳᠠᠲᠤ ᠪᠣᠳᠠᠰ᠎ᠤᠨ ᠦᠯᠡᠳᠡᠭᠳᠡᠯ᠎ᠢ ᠵᠢᠭ᠋ᠠᠵᠤ ᠪᠠᠢ᠌ᠨ᠎ᠠ》 ᠭᠡᠵᠦ ᠵᠢᠭ᠋ᠠᠵᠤ ᠭᠠᠷᠭ᠋ᠠᠪᠠ᠃
      ᠬᠣᠶᠠᠷ᠎ᠲᠤ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠠᠵᠢᠯ᠎ᠤᠨ ᠵᠢᠯᠤᠭᠣᠳᠬᠤ ᠦᠵᠡᠯ ᠰᠠᠨᠠᠭ᠎ᠠ ᠵᠢ ᠲᠤᠳᠤᠷᠬᠠᠢ᠌ᠢ᠌ᠯᠠᠪᠠ᠂ ᠶᠡᠷᠦᠩᠬᠡᠢ ᠳᠦᠷᠢᠮ᠎ᠤᠨ ᠬᠡᠰᠡᠭ᠎ᠲᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠮᠠᠷᠺᠰ᠎ᠤᠨ ᠦᠵᠡᠯ᠎ᠤᠨ ᠵᠢᠯᠤᠭᠣᠳᠬᠤ ᠪᠠᠢ᠌ᠷᠢ ᠰᠠᠭᠤᠷᠢ ᠵᠢ ᠪᠠᠷᠢᠮᠲᠠᠯᠠᠬᠤ ᠬᠡᠷᠡᠭᠲᠡᠢ》᠂ 《ᠤᠯᠤᠰ ᠲᠦᠷᠦ ᠵᠢᠨ ᠰᠢᠨᠵᠢ ᠴᠢᠨᠠᠷ ᠪᠣᠯᠣᠨ ᠲᠡᠦᠬᠡ ᠵᠢᠨ ᠰᠢᠨᠵᠢ ᠴᠢᠨᠠᠷ᠎ᠢ ᠬᠠᠷᠢᠯᠴᠠᠨ ᠨᠢᠭᠡᠳᠦᠯᠲᠡᠢ ᠪᠠᠢ᠌ᠯᠭ᠋ᠠᠬᠤ ᠵᠢ ᠪᠠᠷᠢᠮᠲᠠᠯᠠᠵᠤ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ᠂ ᠬᠠᠮᠢᠶᠠᠷᠤᠯᠲᠠ ᠵᠢ ᠴᠢᠩᠭ᠋ᠠᠳᠬᠠᠬᠤ᠂ ᠦᠨ᠎ᠡ ᠦᠷᠳᠡᠭ᠎ᠢ ᠠᠭᠤᠳᠠᠯᠬᠤ᠂ ᠪᠦᠲᠦᠮᠵᠢᠲᠡᠢ ᠠᠰᠢᠭᠯᠠᠬᠤ᠂ ᠲᠡᠦᠬᠡ ᠵᠢᠨ ᠳᠤᠷᠠᠰᠬᠠᠯᠲᠤ ᠵᠦᠢ᠍ᠯ᠎ᠢ ᠠᠮᠢᠯᠠᠭᠤᠯᠬᠤ ᠰᠢᠨ᠎ᠡ ᠴᠠᠭ ᠦᠶ᠎ᠡ ᠵᠢᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠠᠵᠢᠯ᠎ᠤᠨ ᠴᠢᠭᠯᠡᠯᠲᠡ ᠵᠢ ᠲᠤᠭᠤᠰᠢᠯᠠᠭᠤᠯᠬᠤ》᠂ 《ᠠᠭᠤᠤ ᠶᠡᠬᠡ ᠨᠠᠮ ᠪᠠᠶ᠋ᠢᠭᠤᠯᠬᠤ ᠵᠣᠷᠢᠭ ᠰᠠᠨᠠᠭ᠎ᠠ ᠵᠢ ᠪᠠᠳᠠᠷᠠᠭᠤᠯᠬᠤ》᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ᠎ᠪᠠᠷ ᠭᠣᠣᠯ ᠰᠢᠵᠢᠮ ᠪᠣᠯᠭ᠋ᠠᠬᠤ》 ᠵᠡᠷᠭᠡ ᠳᠦᠷᠪᠡᠨ ᠵᠤᠷᠪᠤᠰ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠠᠵᠢᠯ᠎ᠤᠨ ᠵᠠᠷᠴᠢᠮ᠎ᠢ ᠲᠤᠭᠲᠠᠭ᠋ᠠᠪᠠ᠃
      ᠭᠤᠷᠪᠠ᠎ᠳᠤ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠢ ᠪᠠᠢ᠌ᠴᠠᠭ᠋ᠠᠵᠤ ᠮᠠᠭ᠋ᠠᠳᠯᠠᠨ ᠲᠣᠭᠲᠠᠭ᠋ᠠᠬᠤ ᠠᠵᠢᠯ᠎ᠢ ᠵᠢᠷᠤᠮᠵᠢᠭᠤᠯᠪᠠ᠂ ᠠᠰ᠎ᠲᠤ᠎ᠨᠢ 《ᠪᠠᠢ᠌ᠴᠠᠭ᠋ᠠᠵᠤ ᠮᠠᠭ᠋ᠠᠳᠯᠠᠨ ᠲᠣᠭᠲᠠᠭ᠋ᠠᠬᠤ》 ᠨᠢᠭᠡ ᠪᠦᠯᠦᠭ ᠭᠠᠷᠭ᠋ᠠᠵᠤ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠴᠤᠭᠯᠠᠭᠤᠯᠬᠤ᠂ ᠵᠢᠭᠰᠠᠭ᠋ᠠᠨ ᠪᠠᠢ᠌ᠴᠠᠭ᠋ᠠᠬᠤ᠂ ᠮᠠᠭ᠋ᠠᠳᠯᠠᠨ ᠲᠣᠭᠲᠠᠭ᠋ᠠᠬᠤ᠂ ᠳᠠᠩᠰᠠᠯᠠᠬᠤ᠂ ᠨᠡᠢ᠌ᠲᠡᠯᠡᠬᠦ ᠵᠡᠷᠭᠡ ᠲᠠᠯ᠎ᠠ᠎ᠪᠠᠷ ᠪᠣᠳᠠᠲᠠᠢ ᠲᠣᠭᠲᠠᠭ᠋ᠠᠯ ᠭᠠᠷᠭ᠋ᠠᠪᠠ᠃
      ᠳᠥᠷᠪᠡ᠎ᠳᠤ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠬᠠᠮᠢᠶᠠᠷᠬᠤ ᠱᠠᠭ᠋ᠠᠷᠳᠠᠯᠭ᠎ᠠ ᠵᠢ ᠲᠤᠲᠤᠷᠬᠠᠢ᠌ᠯᠠᠪᠠ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠲᠤᠰᠢᠶᠠᠯ ᠬᠠᠷᠢᠭᠤᠴᠠᠯᠭ᠎ᠠ᠂ ᠰᠡᠯᠪᠢᠨ ᠵᠠᠰᠠᠬᠤ ᠬᠠᠷᠢᠭᠤᠴᠠᠯᠭ᠎ᠠ᠂ ᠬᠠᠮᠠᠭ᠋ᠠᠯᠠᠬᠤ ᠬᠦᠷᠢᠶ᠎ᠡ ᠬᠡᠪᠴᠢᠶᠡᠨ᠎ᠤ ᠴᠠᠭ᠋ᠠᠵᠠᠯᠠᠬᠤ ᠠᠵᠢᠯᠯᠠᠭ᠎ᠠ᠂ ᠬᠢᠵᠠᠭ᠋ᠠᠷᠯᠠᠬᠤ ᠣᠷᠣᠨ ᠪᠦᠰᠡ ᠵᠢᠨ ᠬᠠᠮᠢᠶᠠᠷᠤᠯᠲᠠ ᠵᠢ ᠪᠦᠲᠦᠭᠡᠨ ᠪᠠᠢ᠌ᠭᠤᠯᠬᠤ ᠵᠢ ᠲᠣᠭᠲᠠᠭ᠋ᠠᠵᠤ᠂ ᠬᠤᠪᠢᠰᠬᠠᠯ᠎ᠤᠨ ᠳᠤᠷᠠᠰᠬᠠᠯ᠎ᠤᠨ ᠲᠦᠷᠦᠯ᠎ᠤᠨ ᠲᠥᠬᠦᠭᠡᠷᠦᠮᠵᠢ ᠵᠢ ᠮᠡᠳᠡᠭᠦᠯᠦᠨ ᠵᠥᠪᠰᠢᠶᠡᠷᠡᠭᠦᠯᠬᠦ ᠵᠢᠷᠤᠮ ᠪᠠ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠴᠢᠬᠤᠯᠠᠴᠢᠯᠠᠪᠠ᠃
      ᠲᠠᠪᠤ᠎ᠳᠤ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠢ ᠤᠯᠠᠮᠵᠢᠯᠠᠨ ᠠᠰᠢᠭᠯᠠᠬᠤ ᠲᠤᠬᠠᠢ ᠵᠢᠷᠤᠮᠵᠢᠯ ᠭᠠᠷᠭ᠋ᠠᠪᠠ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠡᠦᠬᠡ ᠵᠢᠨ ᠦᠨ᠎ᠡ ᠦᠷᠳᠡᠭ ᠪᠠ ᠤᠶᠤᠨ ᠰᠠᠨᠠᠭ᠋ᠠᠨ᠎ᠤ ᠠᠭᠤᠯᠤᠭᠳᠠᠬᠤᠨ᠎ᠢ ᠭᠦᠨᠵᠡᠭᠡᠢ ᠠᠭᠤᠳᠠᠯᠵᠤ᠂ ᠳᠤᠮᠳᠠᠳᠤ ᠤᠯᠤᠰ᠎ᠤᠨ ᠦᠯᠢᠭᠡᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠯᠢᠭᠡᠷ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠯᠢᠭᠡᠷ᠎ᠢ ᠰᠠᠢ᠌ᠲᠤᠷ ᠶᠠᠷᠢᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠦᠯᠢᠭᠡᠷ᠎ᠢ ᠰᠠᠢ᠌ᠲᠤᠷ ᠶᠠᠷᠢᠵᠤ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠵᠠᠰᠠᠭ᠎ᠲᠤ ᠲᠤᠰᠠᠯᠠᠨ ᠬᠥᠮᠥᠨ᠎ᠢ ᠬᠥᠮᠥᠵᠢᠭᠦᠯᠬᠦ᠂ ᠬᠦᠴᠦᠨ ᠴᠢᠳᠠᠯ᠎ᠢ ᠨᠢᠭᠲᠠᠷᠠᠭᠤᠯᠬᠤ᠂ ᠬᠥᠭᠵᠢᠯᠲᠡ ᠵᠢ ᠠᠬᠢᠭᠤᠯᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ; ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠤᠯᠠᠮᠵᠢᠯᠠᠨ ᠠᠰᠢᠭᠯᠠᠬᠤ ᠬᠠᠷᠢᠭᠤᠴᠠᠯᠭ᠎ᠠ ᠵᠢ ᠲᠣᠭᠲᠠᠭ᠋ᠠᠵᠤ᠂ ᠤᠬᠠᠭᠤᠯᠭ᠎ᠠ᠂ ᠲᠡᠦᠬᠡ ᠵᠢᠨ ᠳᠤᠷᠠᠰᠬᠠᠯᠲᠤ ᠵᠦᠢ᠍ᠯᠡᠰ᠂ ᠨᠠᠮ᠎ᠤᠨ ᠲᠡᠦᠬᠡ ᠪᠣᠯᠣᠨ ᠣᠷᠣᠨ ᠨᠤᠲᠤᠭ᠎ᠤᠨ ᠣᠢ᠌ᠯᠠᠯᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠳᠡᠯᠭᠡᠨ ᠦᠵᠡᠭᠦᠯᠭᠡ ᠵᠢᠨ ᠠᠭᠤᠯᠭ᠎ᠠ ᠪᠣᠯᠣᠨ ᠲᠠᠢ᠌ᠯᠪᠤᠷᠢᠯᠠᠬᠤ ᠦᠭᠡᠰ᠎ᠢ ᠬᠢᠨᠠᠨ ᠪᠠᠢ᠌ᠴᠠᠭ᠋ᠠᠵᠤ᠂ ᠤᠯᠤᠰ ᠲᠦᠷᠦ ᠵᠢᠨ ᠪᠣᠭᠣᠮᠲᠠ ᠪᠣᠯᠣᠨ ᠲᠡᠦᠬᠡ ᠵᠢᠨ ᠪᠣᠳᠠᠲᠤ ᠪᠣᠭᠣᠮᠲᠠ ᠵᠢ ᠰᠠᠢ᠌ᠲᠤᠷ ᠡᠵᠡᠮᠳᠡᠬᠦ ᠬᠡᠷᠡᠭᠲᠡᠢ ᠭᠡᠵᠦ ᠲᠣᠭᠲᠠᠭ᠋ᠠᠪᠠ᠃

ᠢᠷᠡᠯᠲᠡ᠄ ᠥᠪᠥᠷ ᠮᠣᠩᠭᠣᠯ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠭᠢᠮ᠎ᠤᠨ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠬᠡᠷᠡᠭᠵᠢᠭᠦᠯᠬᠦ ᠰᠠᠨᠠᠯ
《ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠬᠤ ᠲᠤᠬᠠᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠮᠡᠳᠡᠭᠳᠡᠯ
 
            