《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 〈ᠤᠯᠤᠰ᠎ᠤᠨ ᠦᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠰᠠᠨᠠᠯ〉᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (ᠲᠢᠩᠬᠢᠮ᠎ᠤᠨ [2020] 24 ᠳ᠋ᠦ᠍ᠭᠡᠷ ᠲᠣᠭ᠋ᠠᠲᠤ ᠪᠢᠴᠢᠭ)᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠠᠮᠢᠵᠢᠷᠠᠯ᠎ᠤᠨ ᠬᠦᠴᠦᠨ᠎ᠢ ᠭᠦᠢ᠍ᠴᠡᠳ ᠬᠦᠭᠵᠢᠭᠡᠨ᠂ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠵᠣᠬᠢᠶᠠᠨ ᠪᠦᠲᠦᠭᠡᠵᠦ ᠲᠣᠭᠯᠠᠬᠤ ᠶᠠᠰᠤ ᠴᠢᠨᠠᠷ᠂ ᠬᠠᠮᠢᠶᠠᠷᠤᠯᠲᠠ ᠵᠢᠨ ᠬᠢᠷᠢ ᠲᠦᠪᠰᠢᠨ᠂ ᠦᠢ᠍ᠯᠡᠴᠢᠯᠡᠭᠡᠨ᠎ᠤ ᠬᠦᠴᠦᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠳᠣᠣᠷᠠᠬᠢ ᠮᠡᠲᠦ ᠬᠡᠷᠡᠭᠵᠢᠭᠦᠯᠬᠦ ᠰᠠᠨᠠᠯ᠎ᠢ ᠳᠤᠷᠠᠳᠪᠠ᠃
ᠨᠢᠭᠡ᠎ᠳᠤ᠂ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢ ᠲᠥᠷᠥᠯ ᠬᠤᠪᠢᠶᠠᠨ ᠠᠬᠢᠭᠤᠯᠤᠨ᠎ᠠ
(ᠨᠢᠭᠡ) ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠴᠢᠳᠠᠮᠵᠢ ᠵᠢᠨ ᠪᠠᠢ᠌ᠷᠢ ᠲᠣᠭᠲᠠᠭ᠋ᠠᠯᠲᠠ ᠵᠢ ᠲᠣᠳᠣᠷᠬᠠᠢ᠌ᠯᠠᠨ᠎ᠠ᠃ ᠤᠯᠤᠰ᠎ᠤᠨ ᠦᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ ᠪᠣᠯ ᠨᠡᠢ᠌ᠭᠡᠮ ᠵᠢᠷᠤᠮ᠎ᠤᠨ ᠤᠳᠬ᠎ᠠ ᠤᠷᠠᠯᠢᠭ᠎ᠢ ᠴᠡᠴᠡᠭᠯᠡᠭᠦᠯᠦᠨ ᠬᠥᠭᠵᠢᠭᠦᠯᠬᠦ ᠲᠤᠯᠭ᠋ᠠᠭᠤᠷᠢ ᠬᠦᠴᠦᠨ ᠮᠥᠨ᠂ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠬᠠᠩᠭ᠋ᠠᠬᠤ᠂ ᠰᠣᠶᠣᠯ᠎ᠤᠨ ᠠᠵᠤ ᠦᠢ᠍ᠯᠡᠰ᠎ᠢ ᠬᠥᠭᠵᠢᠭᠦᠯᠬᠦ ᠴᠢᠬᠤᠯᠠ ᠬᠦᠴᠦᠨ ᠮᠥᠨ᠃ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠬᠦᠷᠢᠶᠡᠯᠡᠩ ᠪᠦᠯᠬᠦᠮ᠎ᠨᠢ 《ᠳᠠᠭ᠋ᠠᠭᠤᠯᠤᠭᠴᠢ》 ᠵᠢᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠨᠴᠠᠯᠢᠭᠲᠤ ᠡᠬᠢ ᠪᠠᠶᠠᠯᠢᠭ᠎ᠢ ᠭᠦᠨᠵᠡᠭᠡᠢ ᠠᠭᠤᠳᠠᠯᠤᠨ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠭᠣᠣᠯ ᠰᠡᠳᠦᠪᠲᠦ ᠴᠢᠨᠠᠷᠲᠠᠢ ᠵᠣᠬᠢᠶᠠᠨ ᠪᠦᠲᠦᠭᠡᠵᠦ ᠲᠣᠭᠯᠠᠬᠤ ᠡᠭᠦᠷᠭᠡ ᠵᠢ ᠢᠳᠡᠪᠬᠢᠲᠡᠢ ᠡᠭᠦᠷᠭᠡᠯᠡᠨ ᠳᠠᠭ᠋ᠠᠭ᠋ᠠᠵᠤ᠂ ᠠᠢ᠌ᠮᠠᠭ ᠬᠣᠲᠠ᠂ ᠬᠣᠰᠢᠭᠤ ᠰᠢᠶᠠᠨ᠎ᠤ ᠱᠠᠲᠤᠨ᠎ᠤ ᠬᠦᠷᠢᠶᠡᠯᠡᠩ ᠪᠦᠯᠬᠦᠮ᠎ᠤᠨ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠵᠢ ᠦᠨᠡᠨ ᠬᠦ᠌ ᠴᠢᠩᠭ᠋ᠠᠳᠬᠠᠨ᠂ ᠪᠥᠬᠥ ᠣᠷᠣᠨ᠎ᠤ ᠲᠠᠢ᠌ᠰᠠᠨ᠎ᠤ ᠤᠷᠠᠯᠢᠭ᠎ᠤᠨ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠵᠢᠨ ᠳᠠᠭ᠋ᠠᠭᠤᠯᠤᠭᠴᠢ᠂ ᠠᠬᠢᠭᠤᠯᠤᠭᠴᠢ ᠪᠣᠯᠬᠤ᠎ᠪᠠᠷ ᠴᠢᠷᠮᠠᠢ᠌ᠬᠤ ᠬᠡᠷᠡᠭᠲᠡᠢ᠃ ᠠᠢ᠌ᠮᠠᠭ ᠬᠤᠳᠠ ᠵᠢᠨ ᠬᠠᠷᠢᠶ᠎ᠠ ᠬᠦᠷᠢᠶᠡᠯᠡᠩ ᠪᠦᠯᠬᠦᠮ᠎ᠤᠨ᠎ᠬᠢᠨ ᠲᠤᠰ ᠪᠡᠶ᠎ᠡ ᠵᠢᠨ ᠤᠷᠠᠯᠢᠭ᠎ᠤᠨ ᠲᠣᠭᠯᠠᠯᠲᠠ ᠵᠢᠨ ᠣᠨᠴᠠᠯᠢᠭ᠎ᠲᠤ᠎ᠪᠠᠨ ᠦᠨᠳᠦᠰᠦᠯᠡᠨ᠂ ᠵᠣᠬᠢᠶᠠᠨ ᠪᠦᠲᠦᠭᠡᠬᠦ ᠪᠠ ᠲᠣᠭᠯᠠᠯᠲᠠ ᠭᠠᠷᠭ᠋ᠠᠬᠤ ᠲᠣᠭᠲᠠᠴᠠ᠎ᠪᠠᠨ ᠲᠡᠭᠦᠯᠳᠡᠷᠵᠢᠭᠦᠯᠵᠦ᠂ ᠣᠷᠣᠨ ᠪᠦᠰᠡ ᠵᠢᠨ ᠳᠠᠪᠠᠭᠤᠯᠢᠭ ᠤᠷᠠᠯᠢᠭ᠎ᠤᠨ ᠲᠦᠷᠦᠯ ᠵᠦᠢ᠍ᠯ᠎ᠢ ᠬᠦᠴᠦᠷᠬᠡᠭᠵᠢᠭᠦᠯᠦᠨ᠂ ᠲᠤᠰ ᠭᠠᠵᠠᠷ ᠣᠷᠣᠨ᠎ᠤ᠎ᠪᠠᠨ ᠦᠨᠳᠦᠰᠦᠨ ᠱᠠᠲᠤᠨ᠎ᠤ ᠤᠷᠠᠯᠢᠭ᠎ᠤᠨ ᠬᠦᠷᠢᠶᠡᠯᠡᠩ ᠪᠦᠯᠬᠦᠮ᠎ᠤᠨ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠪᠠ ᠡᠩᠨᠡᠭᠡ ᠵᠢᠨ ᠪᠣᠯᠪᠠᠰᠤᠷᠠᠯ᠎ᠢ ᠴᠢᠩᠭ᠋ᠠᠳᠬᠠᠵᠤ᠂ ᠲᠤᠬᠠᠢ ᠵᠢᠨ ᠭᠠᠵᠠᠷ᠎ᠤᠨ ᠤᠯᠠᠨ ᠲᠦᠮᠡᠨ᠎ᠤ ᠤᠶᠤᠨ᠎ᠤ ᠰᠣᠶᠣᠯ᠎ᠤᠨ ᠬᠡᠷᠡᠭᠴᠡᠭᠡ ᠵᠢ ᠨᠡᠩ ᠰᠠᠢ᠌ᠲᠤᠷ ᠬᠠᠩᠭ᠋ᠠᠬᠤ ᠬᠡᠷᠡᠭᠲᠡᠢ᠃ ᠬᠣᠰᠢᠭᠤ ᠰᠢᠶᠠᠨ (ᠬᠣᠲᠠ᠂ ᠲᠣᠭᠣᠷᠢᠭ)᠎ᠤ ᠬᠠᠷᠢᠶ᠎ᠠ ᠬᠦᠷᠢᠶᠡᠯᠡᠩ ᠪᠦᠯᠬᠦᠮ᠎ᠤᠳ ᠦᠨᠳᠦᠰᠦᠨ ᠱᠠᠲᠤᠨ᠎ᠤ ᠤᠬᠠᠭᠤᠯᠭ᠎ᠠ ᠰᠣᠶᠣᠯ᠎ᠤᠨ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠥᠷᠥ ᠵᠢᠨ ᠪᠣᠳᠣᠯᠭ᠎ᠠ ᠵᠢ ᠤᠬᠠᠭᠤᠯᠬᠤ᠂ ᠦᠨᠳᠦᠰᠦᠨ ᠱᠠᠲᠤᠨ᠎ᠳᠤ ᠦᠢ᠍ᠯᠡᠴᠢᠯᠡᠬᠦ᠂ ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠭᠠᠷᠭ᠋ᠠᠬᠤ᠂ ᠤᠷᠠᠯᠢᠭ᠎ᠢ ᠲᠦᠭᠡᠮᠡᠯᠵᠢᠭᠦᠯᠬᠦ ᠵᠡᠷᠭᠡ ᠡᠭᠦᠷᠭᠡ ᠴᠢᠳᠠᠪᠤᠷᠢ᠎ᠪᠠᠨ ᠦᠨᠡᠨ ᠬᠦ᠌ ᠭᠦᠢ᠍ᠴᠡᠳᠬᠡᠬᠦ ᠬᠡᠷᠡᠭᠲᠡᠢ᠃
(ᠬᠣᠶᠠᠷ) ᠠᠵᠢᠯ ᠦᠢ᠍ᠯᠡᠰ᠎ᠤᠨ ᠨᠢᠭᠡᠴᠢ ᠵᠢᠨ ᠰᠢᠨᠵᠢ ᠴᠢᠨᠠᠷ᠎ᠢ ᠬᠠᠳᠠᠭ᠋ᠠᠯᠠᠭᠰᠠᠨ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠠᠵᠢᠯ ᠦᠢ᠍ᠯᠡᠰ᠎ᠤᠨ ᠨᠢᠭᠡᠴᠢ ᠵᠢᠨ ᠰᠢᠨᠵᠢ ᠴᠢᠨᠠᠷᠲᠠᠢ ᠤᠯᠤᠰ᠎ᠤᠨ ᠦᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠡᠳ᠋᠎ᠤᠨ ᠵᠠᠰᠠᠭ᠂ ᠠᠵᠢᠯᠲᠠᠨ᠎ᠤ ᠶᠠᠪᠤᠳᠠᠯ᠂ ᠣᠷᠣᠯᠭ᠎ᠠ ᠵᠢᠨ ᠬᠤᠪᠢᠶᠠᠷᠢᠯᠠᠯᠲᠠ ᠵᠡᠷᠭᠡ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ ᠪᠠᠢ᠌ᠭᠤᠯᠤᠯ ᠲᠣᠭᠲᠠᠴᠠ ᠵᠢᠨ ᠬᠠᠷᠰᠢ ᠰᠠᠭ᠋ᠠᠳ᠎ᠢ ᠬᠦᠴᠦᠯᠡᠨ ᠠᠷᠢᠯᠭ᠋ᠠᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠳᠦᠷᠢᠮ》᠎ᠢ ᠭᠦᠨᠵᠡᠭᠡᠢ ᠬᠡᠷᠡᠭᠵᠢᠭᠦᠯᠦᠨ᠂ ᠤᠯᠠᠭ᠋ᠠᠨᠮᠥ᠋ᠴᠢᠷ᠎ᠢ ᠬᠢᠨᠠᠨ ᠰᠢᠯᠭ᠋ᠠᠵᠤ ᠦᠨᠡᠯᠡᠨ ᠵᠢᠱ᠌ᠢᠬᠦ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠲᠥᠷᠥᠯ ᠬᠤᠪᠢᠶᠠᠨ ᠵᠢᠯᠤᠭᠣᠳᠬᠤ ᠵᠢ ᠴᠢᠩᠭ᠋ᠠᠳᠬᠠᠨ᠂ ᠬᠥᠳᠡᠯᠦᠩᠭᠦᠢ᠎ᠪᠠᠷ ᠬᠠᠮᠢᠶᠠᠷᠬᠤ᠂ ᠰᠢᠯᠢᠳᠡᠭ᠎ᠨᠢ ᠰᠢᠯᠢᠭᠳᠡᠵᠦ ᠰᠢᠭ᠋ᠠᠷᠤ᠎ᠨᠢ ᠰᠢᠭᠰᠢᠭᠳᠡᠬᠦ ᠵᠢ ᠬᠡᠷᠡᠭᠵᠢᠭᠦᠯᠦᠨ᠂ ᠤᠯᠠᠭ᠋ᠠᠨᠮᠥ᠋ᠴᠢᠷ᠎ᠤᠨ ᠠᠮᠢᠵᠢᠷᠠᠯ᠎ᠤᠨ ᠬᠦᠴᠦᠨ ᠪᠠ ᠡᠭᠦᠳᠦᠨ ᠪᠦᠲᠦᠭᠡᠵᠦ ᠰᠢᠨ᠎ᠡ ᠵᠢ ᠡᠭᠦᠳᠬᠦ ᠴᠢᠳᠠᠪᠤᠷᠢ ᠵᠢ ᠭᠦᠢ᠍ᠴᠡᠳ ᠬᠥᠭᠵᠢᠭᠡᠨ᠎ᠡ᠃ ᠦᠨᠳᠦᠰᠦᠨ ᠱᠠᠲᠤᠨ᠎ᠳᠤ ᠬᠠᠨᠳᠤᠭᠤᠯᠤᠨ ᠰᠣᠶᠣᠯ᠎ᠤᠨ ᠦᠢ᠍ᠯᠡᠴᠢᠯᠡᠭᠡ ᠬᠠᠩᠭ᠋ᠠᠬᠤ ᠡᠯ᠎ᠡ ᠲᠥᠷᠥᠯ᠎ᠤᠨ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ 《ᠤᠯᠠᠭ᠋ᠠᠨᠮᠥ᠋ᠴᠢᠷ +》᠎ᠪᠠᠷ ᠣᠷᠣᠨ᠎ᠤ ᠰᠢᠭᠤᠳ ᠬᠠᠷᠢᠶ᠎ᠠ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ) ᠭᠤᠷᠪᠠᠨ ᠱᠠᠲᠤᠨ᠎ᠤ ᠤᠯᠤᠰ᠎ᠤᠨ ᠥᠮᠴᠢᠯᠡᠯᠲᠦ ᠤᠷᠠᠨ ᠰᠠᠢ᠌ᠬᠠᠨ᠎ᠤ ᠬᠦᠷᠢᠶᠡᠯᠡᠩ ᠪᠦᠯᠬᠦᠮ᠎ᠢ ᠳᠠᠢ᠌ᠴᠢᠯᠠᠨ᠂ 《ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》᠎ᠤᠨ ᠰᠠᠯᠪᠤᠷᠢ ᠪᠠᠭ᠎ᠠ ᠠᠩᠭᠢ ᠵᠢ ᠵᠣᠬᠢᠶᠠᠨ ᠪᠠᠶ᠋ᠢᠭᠤᠯᠬᠤ ᠵᠡᠷᠭᠡ ᠬᠡᠯᠪᠡᠷᠢ᠎ᠪᠠᠷ ᠳᠠᠮᠵᠢᠭᠤᠯᠵᠤ᠂ ᠦᠨᠳᠦᠰᠦᠨ ᠱᠠᠲᠤᠨ᠎ᠤ ᠣᠯᠠᠨ ᠲᠦᠮᠡᠨ᠎ᠳᠤ ᠤᠷᠠᠨ ᠰᠠᠢ᠌ᠬᠠᠨ᠎ᠤ ᠲᠣᠭᠯᠠᠯᠲᠠ᠂ ᠣᠨᠣᠯ᠎ᠢ ᠤᠬᠠᠭᠤᠯᠤᠨ ᠲᠠᠢ᠌ᠯᠪᠤᠷᠢᠯᠠᠬᠤ᠂ ᠲᠥᠷᠥ ᠵᠢᠨ ᠪᠣᠳᠣᠯᠭ᠎ᠠ ᠵᠢᠨ ᠯᠠᠪᠯᠠᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠯᠪᠠᠰᠤᠷᠠᠭᠤᠯᠤᠯ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠲᠦᠭᠡᠮᠡᠯᠵᠢᠭᠦᠯᠬᠦ ᠵᠡᠷᠭᠡ ᠶᠡᠷᠦᠩᠬᠡᠢ᠌ᠯᠡᠭᠰᠡᠨ ᠦᠢ᠍ᠯᠡᠴᠢᠯᠡᠭᠡ ᠬᠠᠩᠭ᠋ᠠᠵᠤ᠂ ᠥᠪᠥᠷ ᠮᠣᠩᠭᠣᠯ᠎ᠤᠨ ᠣᠨᠴᠠᠯᠢᠭ᠎ᠲᠠᠢ ᠭᠤᠷᠪᠠᠨ ᠱᠠᠲᠤᠨ᠎ᠤ ᠤᠯᠤᠰ᠎ᠤᠨ ᠥᠮᠴᠢᠯᠡᠯᠲᠦ ᠤᠷᠠᠨ ᠰᠠᠢ᠌ᠬᠠᠨ᠎ᠤ ᠬᠦᠷᠢᠶᠡᠯᠡᠩ ᠪᠦᠯᠬᠦᠮ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠦᠷᠢᠯᠳᠦᠭᠦᠯᠬᠦ ᠵᠢ ᠠᠬᠢᠭᠤᠯᠤᠨ᠎ᠠ᠃
(ᠭᠤᠷᠪᠠ) ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠢ ᠠᠵᠤ ᠠᠬᠤᠢ᠌ᠯᠠᠯ ᠪᠣᠯᠭ᠋ᠠᠨ ᠬᠤᠪᠢᠷᠠᠭᠤᠯᠬᠤ ᠳᠦᠷᠢᠮ᠎ᠤᠨ ᠥᠭᠡᠷᠡᠴᠢᠯᠡᠯᠲᠡ ᠵᠢ ᠠᠬᠢᠭᠤᠯᠤᠨ᠎ᠠ᠃ ᠠᠵᠤ ᠠᠬᠤᠢ᠌ᠯᠠᠯ ᠪᠣᠯᠵᠤ ᠬᠣᠪᠢᠷᠠᠨ ᠳᠦᠷᠢᠮ ᠵᠶ᠋ᠡᠨ ᠦᠭᠡᠷᠡᠴᠢᠯᠡᠭᠰᠡᠨ ᠬᠦᠷᠢᠶᠡᠯᠡᠩ ᠪᠦᠯᠬᠦᠮ᠎ᠤᠨ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢ ᠴᠢᠩᠭ᠋ᠠᠳᠬᠠᠵᠤ᠂ ᠠᠵᠤ ᠠᠬᠤᠢ᠌ᠯᠠᠯ ᠪᠣᠯᠵᠤ ᠬᠣᠪᠢᠷᠠᠨ ᠳᠦᠷᠢᠮ ᠵᠶ᠋ᠡᠨ ᠦᠭᠡᠷᠡᠴᠢᠯᠡᠭᠰᠡᠨ ᠬᠦᠷᠢᠶᠡᠯᠡᠩ ᠪᠦᠯᠬᠦᠮ᠎ᠳᠤ ᠬᠣᠯᠪᠣᠭᠳᠠᠭᠰᠠᠨ ᠭᠠᠵᠠᠷ ᠰᠢᠷᠣᠢ᠂ ᠭᠡᠷ ᠪᠠᠢ᠌ᠰᠢᠩ ᠵᠡᠷᠭᠡ ᠡᠳ᠋ ᠬᠥᠷᠥᠩᠭᠡ ᠵᠢ ᠯᠠᠪᠳᠠᠭᠤᠨ ᠵᠶ᠋ᠠᠷ ᠰᠢᠢ᠍ᠳᠪᠦᠷᠢᠯᠡᠨ᠂ ᠤᠤᠯ᠎ᠤᠨ ᠠᠵᠢᠯ ᠦᠢ᠍ᠯᠡᠰ᠎ᠤᠨ ᠣᠷᠣᠨ ᠲᠣᠭ᠎ᠠ ᠵᠢᠨ ᠠᠵᠢᠯᠲᠠᠨ᠎ᠢ ᠲᠣᠬᠢᠲᠠᠢ ᠲᠦᠪᠬᠢᠨᠡᠭᠦᠯᠵᠦ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠶᠣᠰᠣᠭ᠋ᠠᠷ ᠲᠡᠳᠡᠨ᠎ᠤ ᠴᠠᠯᠢᠩ ᠠᠰᠠᠷᠠᠮᠵᠢ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ᠂ ᠣᠷᠣᠨ ᠰᠠᠭᠤᠴᠠ ᠵᠢᠨ ᠨᠥᠬᠥᠪᠦᠷᠢ ᠵᠡᠷᠭᠡ ᠦᠨᠳᠦᠰᠦᠨ ᠣᠯᠭᠣᠮᠵᠢ ᠵᠢ ᠪᠠᠲᠤᠯᠠᠨ᠂ ᠠᠵᠤ ᠠᠬᠤᠢ᠌ᠯᠠᠯ ᠪᠣᠯᠵᠤ ᠬᠣᠪᠢᠷᠠᠨ ᠳᠦᠷᠢᠮ ᠵᠶ᠋ᠡᠨ ᠦᠭᠡᠷᠡᠴᠢᠯᠡᠭᠰᠡᠨ ᠬᠦᠷᠢᠶᠡᠯᠡᠩ ᠪᠦᠯᠬᠦᠮ᠎ᠤᠨ ᠣᠷᠣᠯᠭ᠎ᠠ ᠵᠢᠨ ᠬᠤᠪᠢᠶᠠᠷᠢᠯᠠᠯᠲᠠ ᠵᠢᠨ ᠥᠭᠡᠷᠡᠴᠢᠯᠡᠯᠲᠡ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠳᠦᠷᠢᠮ ᠲᠣᠭᠲᠠᠭ᠋ᠠᠬᠤ᠂ ᠨᠥᠬᠥᠪᠦᠷᠢ ᠨᠡᠮᠡᠵᠦ ᠣᠯᠭᠣᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠠᠵᠢᠯ᠎ᠠᠴᠠ᠎ᠪᠠᠨ ᠠᠮᠠᠷᠠᠭᠰᠠᠳ᠎ᠤᠨ ᠠᠵᠢᠯ᠎ᠠᠴᠠ᠎ᠪᠠᠨ ᠠᠮᠠᠷᠠᠭᠰᠠᠨ ᠣᠯᠭᠣᠮᠵᠢ ᠵᠢᠨ ᠠᠰᠠᠭᠤᠳᠠᠯ᠎ᠢ ᠲᠣᠬᠢᠲᠠᠢ ᠰᠢᠢ᠍ᠳᠪᠦᠷᠢᠯᠡᠬᠦ ᠵᠢ ᠳᠡᠮᠵᠢᠨ᠎ᠡ᠃ ᠠᠵᠤ ᠠᠬᠤᠢ᠌ᠯᠠᠯ ᠪᠣᠯᠵᠤ ᠬᠣᠪᠢᠷᠠᠨ ᠳᠦᠷᠢᠮ ᠵᠶ᠋ᠡᠨ ᠦᠭᠡᠷᠡᠴᠢᠯᠡᠭᠰᠡᠨ ᠬᠦᠷᠢᠶᠡᠯᠡᠩ ᠪᠦᠯᠬᠦᠮ᠎ᠤᠨ 《ᠬᠠᠭᠤᠴᠢᠨ ᠬᠦᠮᠦᠨ᠎ᠳᠤ ᠬᠠᠭᠤᠴᠢᠨ ᠠᠷᠭ᠎ᠠ᠂ ᠰᠢᠨ᠎ᠡ ᠬᠦᠮᠦᠨ᠎ᠳᠤ ᠰᠢᠨ᠎ᠡ ᠠᠷᠭ᠎ᠠ》 ᠵᠢᠨ ᠵᠠᠷᠴᠢᠮ ᠶᠣᠰᠣᠭ᠋ᠠᠷ ᠪᠥᠬᠥ ᠠᠵᠢᠯᠲᠠᠨ᠎ᠢ ᠤᠷᠢᠨ ᠬᠡᠷᠡᠭᠯᠡᠬᠦ ᠳᠦᠷᠢᠮ᠎ᠢ ᠬᠡᠷᠡᠭᠵᠢᠭᠦᠯᠵᠦ᠂ ᠬᠠᠤᠯᠢ ᠶᠣᠰᠣᠭ᠋ᠠᠷ ᠲᠣᠭᠯᠠᠯᠲᠠ ᠵᠢᠨ ᠠᠵᠢᠯᠲᠠᠳ᠎ᠲᠠᠢ ᠬᠥᠳᠡᠯᠮᠦᠷᠢ ᠵᠢᠨ ᠭᠡᠷ᠎ᠡ ᠲᠣᠭᠲᠠᠬᠤ ᠵᠢ ᠳᠡᠮᠵᠢᠨ᠎ᠡ᠃ ᠠᠵᠤ ᠠᠬᠤᠢ᠌ᠯᠠᠯ ᠪᠣᠯᠵᠤ ᠬᠣᠪᠢᠷᠠᠨ ᠳᠦᠷᠢᠮ ᠵᠶ᠋ᠡᠨ ᠦᠭᠡᠷᠡᠴᠢᠯᠡᠭᠰᠡᠨ ᠬᠦᠷᠢᠶᠡᠯᠡᠩ ᠪᠦᠯᠬᠦᠮ᠎ᠤᠨ ᠨᠠᠷᠠᠲᠤ ᠬᠥᠮᠥᠰ ᠭᠠᠷᠮᠠᠭ᠋ᠠᠢ ᠬᠥᠮᠥᠰ ᠤᠷᠠᠯᠢᠭ᠎ᠤᠨ ᠳᠡᠭᠡᠳᠦ ᠰᠤᠷᠭ᠋ᠠᠭᠤᠯᠢ᠂ ᠤᠷᠠᠯᠢᠭ᠎ᠤᠨ ᠰᠤᠳᠤᠯᠭ᠋ᠠᠨ᠎ᠤ ᠬᠦᠷᠢᠶᠡᠯᠡᠩ (ᠭᠠᠵᠠᠷ)᠎ᠳᠤ ᠣᠴᠢᠵᠤ ᠲᠤᠰᠢᠶᠠᠯ ᠬᠠᠪᠰᠤᠷᠭ᠋ᠠᠬᠤ ᠪᠤᠶᠤ ᠲᠤᠰᠢᠶᠠᠯ ᠬᠠᠷᠢᠭᠤᠴᠠᠬᠤ ᠵᠢ ᠳᠡᠮᠵᠢᠨ᠎ᠡ᠃ ᠠᠵᠤ ᠠᠬᠤᠢ᠌ᠯᠠᠯ ᠪᠣᠯᠵᠤ ᠬᠣᠪᠢᠷᠠᠨ ᠳᠦᠷᠢᠮ ᠵᠶ᠋ᠡᠨ ᠦᠭᠡᠷᠡᠴᠢᠯᠡᠭᠰᠡᠨ ᠬᠦᠷᠢᠶᠡᠯᠡᠩ ᠪᠦᠯᠬᠦᠮ ᠲᠠᠷᠢᠶᠠᠯᠠᠬᠤ ᠮᠠᠯᠵᠢᠬᠤ ᠣᠷᠣᠨ᠎ᠳᠤ ᠲᠣᠭᠯᠠᠯᠲᠠ ᠵᠢᠨ ᠤᠷᠠᠯᠢᠭ᠎ᠤᠨ ᠵᠠᠬ᠎ᠠ ᠳᠡᠯᠭᠡᠭᠦᠷ᠎ᠢ ᠥᠷᠭᠡᠳᠬᠡᠬᠦ ᠵᠢ ᠳᠡᠮᠵᠢᠨ᠎ᠡ᠃ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ ᠵᠶ᠋ᠠᠷ ᠠᠵᠤ ᠠᠬᠤᠢ᠌ᠯᠠᠯ ᠪᠣᠯᠵᠤ ᠬᠣᠪᠢᠷᠠᠨ ᠳᠦᠷᠢᠮ ᠵᠶ᠋ᠡᠨ ᠦᠭᠡᠷᠡᠴᠢᠯᠡᠭᠰᠡᠨ ᠬᠦᠷᠢᠶᠡᠯᠡᠩ ᠪᠦᠯᠬᠦᠮ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠥᠷᠨᠢᠭᠦᠯᠬᠦ᠎ᠳᠤ᠎ᠨᠢ ᠳᠡᠮᠵᠢᠬᠦ ᠵᠢ ᠵᠣᠷᠢᠭᠵᠢᠭᠤᠯᠤᠨ᠎ᠠ᠃ ᠠᠵᠤ ᠠᠬᠤᠢ᠌ᠯᠠᠯ ᠪᠣᠯᠵᠤ ᠬᠣᠪᠢᠷᠠᠨ ᠳᠦᠷᠢᠮ ᠵᠶ᠋ᠡᠨ ᠦᠭᠡᠷᠡᠴᠢᠯᠡᠭᠰᠡᠨ ᠬᠦᠷᠢᠶᠡᠯᠡᠩ ᠪᠦᠯᠬᠦᠮ᠎ᠤᠨ ᠣᠯᠣᠭᠰᠠᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠲᠣᠭᠯᠠᠯᠲᠠ ᠵᠢᠨ ᠣᠷᠣᠯᠭ᠎ᠠ ᠵᠢ ᠬᠥᠳᠡᠯᠮᠦᠷᠢ ᠦᠢ᠍ᠯᠡᠴᠢᠯᠡᠭᠡᠨ᠎ᠤ ᠵᠠᠷᠤᠳᠠᠯ ᠵᠶ᠋ᠡᠷ ᠵᠠᠷᠤᠵᠤ ᠪᠣᠯᠣᠨ᠎ᠠ᠃ ᠪᠤᠰᠤᠳ ᠰᠣᠶᠣᠯ᠎ᠤᠨ ᠪᠠᠢ᠌ᠭᠤᠯᠤᠮᠵᠢ᠎ᠳᠤ ᠬᠤᠪᠢᠶᠠᠷᠢᠯᠠᠨ ᠣᠷᠣᠭᠤᠯᠤᠭᠰᠠᠨ ᠮᠥᠷᠲᠡᠭᠡᠨ ᠪᠠᠢ᠌ᠭᠤᠯᠤᠮᠵᠢ᠎ᠪᠠᠨ ᠨᠢᠭᠡᠨᠲᠡ ᠬᠦᠴᠦᠨ ᠦᠭᠡᠢ ᠪᠣᠯᠭ᠋ᠠᠭᠰᠠᠨ ᠬᠣᠰᠢᠭᠤ ᠰᠢᠶᠠᠨ (ᠬᠣᠲᠠ᠂ ᠲᠣᠭᠣᠷᠢᠭ)᠎ᠤ ᠬᠠᠷᠢᠶ᠎ᠠ ᠬᠦᠷᠢᠶᠡᠯᠡᠩ ᠪᠦᠯᠬᠦᠮ᠎ᠳᠤ᠂ ᠨᠥᠬᠥᠴᠡᠯ᠎ᠳᠤ ᠨᠡᠢ᠌ᠴᠡᠪᠡᠯ ᠡᠵᠡᠩᠨᠡᠯᠲᠡ ᠵᠢᠨ ᠴᠢᠨᠠᠷᠲᠠᠢ ᠲᠣᠭᠯᠠᠯᠲᠠ ᠭᠠᠷᠭ᠋ᠠᠬᠤ ᠵᠥᠪᠰᠢᠶᠡᠷᠡᠯ᠎ᠤᠨ ᠦᠨᠡᠮᠯᠡᠯ ᠬᠢᠨᠠᠨ ᠣᠯᠭᠣᠵᠤ ᠪᠣᠯᠣᠨ᠎ᠠ᠃ ᠠᠵᠤ ᠠᠬᠤᠢ᠌ᠯᠠᠯ ᠪᠣᠯᠵᠤ ᠬᠣᠪᠢᠷᠠᠨ ᠳᠦᠷᠢᠮ ᠵᠶ᠋ᠡᠨ ᠦᠭᠡᠷᠡᠴᠢᠯᠡᠭᠰᠡᠨ ᠬᠦᠷᠢᠶᠡᠯᠡᠩ ᠪᠦᠯᠬᠦᠮ᠎ᠢ ᠬᠠᠤᠯᠢ ᠵᠢᠨ ᠬᠥᠮᠥᠨ ᠵᠠᠰᠠᠬᠤ ᠪᠦᠲᠦᠴᠡ ᠵᠢ ᠲᠡᠭᠦᠯᠳᠡᠷᠵᠢᠭᠦᠯᠵᠦ᠂ ᠤᠳᠤ ᠦᠶ᠎ᠡ ᠵᠢᠨ ᠠᠵᠤ ᠠᠬᠤᠢ᠌ᠯᠠᠯ᠎ᠤᠨ ᠬᠠᠮᠢᠶᠠᠷᠤᠯᠲᠠ ᠵᠢᠨ ᠲᠣᠭᠲᠠᠴᠠ ᠵᠢ ᠲᠠᠲᠠᠵᠤ ᠣᠷᠣᠭᠤᠯᠤᠨ᠎ᠠ᠃
(ᠳᠥᠷᠪᠡ) ᠲᠣᠭᠯᠠᠯᠲᠠ ᠵᠢᠨ ᠤᠷᠠᠯᠢᠭ᠎ᠤᠨ ᠠᠵᠤ ᠠᠬᠤᠢ᠌ᠯᠠᠯ᠎ᠤᠨ ᠬᠦᠴᠦᠷᠬᠡᠭᠵᠢᠨ ᠰᠢᠯᠢᠳᠡᠭᠵᠢᠵᠦ ᠪᠤᠵᠠᠭ᠋ᠠᠢ᠌ᠷᠠᠬᠤ ᠵᠢ ᠲᠡᠳᠬᠦᠨ ᠳᠡᠮᠵᠢᠨ᠎ᠡ᠃ ᠲᠣᠭᠯᠠᠯᠲᠠ ᠵᠢᠨ ᠤᠷᠠᠯᠢᠭ᠎ᠤᠨ ᠠᠵᠤ ᠠᠬᠤᠢ᠌ᠯᠠᠯ᠎ᠤᠨ ᠳᠣᠲᠣᠭ᠋ᠠᠳᠤ ᠵᠢᠨ ᠠᠵᠢᠯᠯᠠᠭ᠋ᠠᠨ᠎ᠤ ᠲᠣᠭᠲᠠᠴᠠ ᠪᠠ ᠡᠵᠡᠩᠨᠡᠯᠲᠡ ᠬᠠᠮᠢᠶᠠᠷᠤᠯᠲᠠ ᠵᠢᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠰᠣᠶᠣᠯ᠎ᠤᠨ ᠠᠵᠤ ᠠᠬᠤᠢ᠌ᠯᠠᠯ᠎ᠤᠨ ᠣᠨᠴᠠᠯᠢᠭ᠎ᠢ ᠢᠯᠡᠷᠡᠭᠦᠯᠦᠭᠰᠡᠨ᠂ ᠤᠳᠤ ᠦᠶ᠎ᠡ ᠵᠢᠨ ᠠᠵᠤ ᠠᠬᠤᠢ᠌ᠯᠠᠯ᠎ᠤᠨ ᠳᠦᠷᠢᠮ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠡᠳ᠋ ᠬᠥᠷᠥᠩᠭᠡ ᠵᠢᠨ ᠵᠣᠬᠢᠶᠠᠨ ᠪᠠᠢ᠌ᠭᠤᠯᠤᠯᠲᠠ ᠵᠢᠨ ᠬᠡᠯᠪᠡᠷᠢ ᠪᠠ ᠡᠵᠡᠩᠨᠡᠯᠲᠡ ᠬᠠᠮᠢᠶᠠᠷᠤᠯᠲᠠ ᠵᠢᠨ ᠵᠠᠭᠪᠤᠷ᠎ᠢ ᠲᠦᠷᠭᠡᠪᠴᠢᠯᠡᠨ ᠪᠤᠢ ᠪᠣᠯᠭ᠋ᠠᠨ᠎ᠠ᠃ ᠡᠯ᠎ᠡ ᠲᠥᠷᠥᠯ᠎ᠤᠨ ᠬᠥᠷᠥᠩᠭᠡ ᠬᠠᠤᠯᠢ ᠶᠣᠰᠣᠭ᠋ᠠᠷ ᠪᠡᠯᠡ ᠣᠷᠣᠭᠤᠯᠬᠤ᠂ ᠬᠤᠪᠢ ᠡᠵᠡᠮᠳᠡᠬᠦ᠂ ᠬᠤᠪᠢ ᠣᠷᠣᠭᠤᠯᠬᠤ᠂ ᠨᠡᠢ᠌ᠯᠡᠭᠦᠯᠦᠨ ᠬᠤᠳᠠᠯᠳᠤᠨ ᠠᠪᠬᠤ᠂ ᠳᠠᠬᠢᠨ ᠵᠣᠬᠢᠶᠠᠨ ᠪᠠᠶ᠋ᠢᠭᠤᠯᠬᠤ᠂ ᠲᠥᠷᠥᠯ ᠵᠦᠢ᠍ᠯ ᠵᠶ᠋ᠡᠷ ᠬᠠᠮᠲᠤᠷᠠᠯᠴᠠᠬᠤ ᠵᠡᠷᠭᠡ ᠠᠷᠭ᠎ᠠ ᠮᠠᠶᠢᠭ ᠵᠶ᠋ᠠᠷ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠬᠤᠪᠢ ᠣᠷᠣᠭᠤᠯᠬᠤ ᠳᠦᠷᠢᠮ᠎ᠤᠨ ᠥᠭᠡᠷᠡᠴᠢᠯᠡᠯᠲᠡ ᠪᠠ ᠤᠷᠠᠨ ᠰᠠᠢ᠌ᠬᠠᠨ᠎ᠤ ᠡᠵᠡᠩᠨᠡᠯᠲᠡ᠎ᠳᠤ ᠣᠷᠤᠯᠴᠠᠬᠤ ᠵᠢ ᠵᠣᠷᠢᠭᠵᠢᠭᠤᠯᠤᠨ᠎ᠠ᠃ ᠲᠣᠭᠯᠠᠯᠲᠠ ᠵᠢᠨ ᠤᠷᠠᠯᠢᠭ᠎ᠤᠨ ᠠᠵᠤ ᠠᠬᠤᠢ᠌ᠯᠠᠯ᠎ᠤᠨ ᠨᠡᠢ᠌ᠭᠡᠮ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠳᠦᠷᠢᠮ᠎ᠢ ᠲᠡᠭᠦᠯᠳᠡᠷᠵᠢᠭᠦᠯᠵᠦ᠂ ᠲᠣᠭᠯᠠᠯᠲᠠ ᠵᠢᠨ ᠤᠷᠠᠯᠢᠭ᠎ᠤᠨ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠵᠣᠬᠢᠶᠠᠨ ᠪᠦᠲᠦᠭᠡᠬᠦ ᠵᠥᠪ ᠤᠳᠤᠷᠢᠳᠤᠮᠵᠢ ᠵᠢ ᠪᠠᠷᠢᠮᠲᠠᠯᠠᠨ᠂ ᠨᠡᠩ ᠤᠯᠠᠨ ᠰᠢᠯᠢᠳᠡᠭ ᠪᠦᠲᠦᠭᠡᠯ ᠵᠶ᠋ᠡᠷ 《ᠦᠨᠡᠨ ᠰᠠᠢ᠌ᠬᠠᠨ ᠴᠠᠢ᠌ᠯᠭ᠋ᠠᠨ》᠎ᠢ ᠳᠠᠮᠵᠢᠭᠤᠯᠤᠨ᠎ᠠ᠃ ᠨᠡᠯᠢᠶᠡᠳ ᠴᠢᠩᠭ᠎ᠠ ᠥᠷᠢᠰᠦᠯᠳᠦᠬᠦ ᠴᠢᠳᠠᠯ᠎ᠲᠠᠢ ᠨᠢᠭᠡ ᠪᠦᠯᠦᠭ ᠲᠣᠭᠯᠠᠯᠲᠠ ᠵᠢᠨ ᠤᠷᠠᠯᠢᠭ᠎ᠤᠨ ᠭᠣᠣᠯᠯᠠᠭᠴᠢ ᠠᠵᠤ ᠠᠬᠤᠢ᠌ᠯᠠᠯ᠎ᠢ ᠬᠥᠮᠥᠵᠢᠭᠦᠯᠦᠨ᠎ᠡ᠃ ᠨᠥᠬᠥᠴᠡᠯ᠎ᠳᠤ ᠨᠡᠶ᠋ᠢᠴᠡᠬᠦ ᠲᠣᠭᠯᠠᠯᠲᠠ ᠵᠢᠨ ᠤᠷᠠᠯᠢᠭ᠎ᠤᠨ ᠠᠵᠤ ᠠᠬᠤᠢ᠌ᠯᠠᠯ ᠵᠠᠬ᠎ᠠ ᠳᠡᠯᠭᠡᠭᠦᠷ᠎ᠲᠤ ᠭᠠᠷᠴᠤ ᠪᠡᠯᠡ ᠲᠣᠬᠢᠷᠠᠭᠤᠯᠬᠤ ᠵᠢ ᠵᠣᠷᠢᠭᠵᠢᠭᠤᠯᠤᠨ᠎ᠠ᠃
ᠬᠣᠶᠠᠷ᠎ᠲᠤ᠂ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠳᠣᠲᠣᠭ᠋ᠠᠳᠤ ᠵᠢᠨ ᠬᠦᠳᠡᠯᠭᠡᠬᠦ ᠬᠦᠴᠦᠨ᠎ᠢ ᠬᠥᠭᠵᠢᠭᠡᠨ᠎ᠡ
(ᠲᠠᠪᠤ) ᠲᠣᠭᠯᠠᠯᠲᠠ ᠵᠢᠨ ᠤᠷᠮᠠᠰᠢᠭᠤᠯᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠪᠥᠬᠥ ᠠᠵᠢᠯᠲᠠᠨ᠎ᠤ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠵᠢ ᠠᠬᠢᠭᠤᠯᠵᠤ᠂ ᠢᠯᠡᠭᠦᠦ ᠬᠥᠳᠡᠯᠮᠦᠷᠢᠯᠡᠪᠡᠯ ᠢᠯᠡᠭᠦᠦ ᠣᠯᠬᠤ᠂ ᠰᠢᠯᠢᠳᠡᠭ ᠪᠦᠲᠦᠮᠵᠢ ᠭᠠᠷᠭ᠋ᠠᠭᠰᠠᠳᠲᠤ ᠡᠯᠪᠡᠭ ᠬᠠᠷᠠᠮᠵᠢ ᠣᠯᠭᠣᠬᠤ ᠵᠢ ᠪᠠᠷᠢᠮᠲᠠᠯᠠᠨ᠂ ᠴᠠᠯᠢᠩ᠎ᠤᠨ ᠶᠡᠷᠦᠩᠬᠡᠢ ᠬᠡᠮᠵᠢᠶᠡᠨ᠎ᠤ ᠬᠡᠪᠴᠢᠶᠡᠨ᠎ᠳᠤ ᠲᠤᠬᠠᠢ᠌ᠯᠠᠭᠰᠠᠨ ᠠᠵᠢᠯ᠎ᠤᠨ ᠭᠣᠣᠯᠯᠠᠭᠴᠢ ᠬᠦᠴᠦᠨ ᠪᠠ ᠲᠣᠪᠣᠢ᠌ᠮ᠎ᠠ ᠠᠮᠵᠢᠯᠲᠠ ᠭᠠᠷᠭ᠋ᠠᠭᠰᠠᠨ ᠴᠢᠳᠠᠪᠤᠷᠢᠲᠠᠨ ᠲᠡᠢ᠌ᠰᠢ᠂ ᠨᠢᠭᠡᠳᠦᠭᠡᠷ ᠹᠷᠣᠨᠲ᠎ᠤᠨ ᠲᠣᠭᠯᠠᠭᠴᠢ ᠲᠡᠢ᠌ᠰᠢ᠂ ᠵᠠᠩᠭᠢᠯᠠᠭ᠎ᠠ ᠵᠢᠨ ᠠᠵᠢᠯ᠎ᠤᠨ ᠪᠠᠢ᠌ᠷᠢ ᠪᠠ ᠣᠨᠴᠠᠭ᠋ᠠᠢ ᠠᠵᠢᠯ᠎ᠤᠨ ᠪᠠᠢ᠌ᠷᠢ ᠲᠡᠢ᠌ᠰᠢ ᠬᠡᠯᠪᠡᠢ᠌ᠯᠭᠡᠨ᠎ᠡ᠃ ᠲᠣᠭᠯᠠᠯᠲᠠ ᠵᠢᠨ ᠲᠣᠭ᠎ᠠ ᠬᠡᠮᠵᠢᠶ᠎ᠡ᠂ ᠶᠠᠰᠤ ᠴᠢᠨᠠᠷ ᠵᠡᠷᠭᠡ ᠬᠦᠴᠦᠨ ᠵᠦᠢ᠍ᠯ᠎ᠳᠤ ᠦᠨᠳᠦᠰᠦᠯᠡᠨ᠂ ᠠᠵᠢᠯ ᠦᠢ᠍ᠯᠡᠰ᠎ᠤᠨ ᠨᠢᠭᠡᠴᠢ ᠵᠢᠨ ᠰᠢᠨᠵᠢ ᠴᠢᠨᠠᠷ᠎ᠢ ᠬᠠᠳᠠᠭ᠋ᠠᠯᠠᠭᠰᠠᠨ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠠᠵᠢᠯ᠎ᠤᠨ ᠦᠷ᠎ᠡ ᠪᠦᠲᠦᠮᠵᠢ ᠵᠢᠨ ᠴᠠᠯᠢᠩ᠎ᠤᠨ ᠶᠡᠷᠦᠩᠬᠡᠢ ᠬᠡᠮᠵᠢᠶ᠎ᠡ ᠵᠢ ᠵᠦᠢ ᠵᠣᠬᠢᠰᠲᠠᠢ ᠲᠣᠭᠲᠠᠭ᠋ᠠᠵᠤ᠂ ᠪᠠᠢ᠌ᠭᠤᠯᠭ᠎ᠠ ᠵᠢᠨ ᠳᠣᠲᠣᠭ᠋ᠠᠳᠤ᠎ᠳᠤ᠎ᠪᠠᠨ ᠬᠤᠪᠢᠶᠠᠷᠢᠯᠠᠬᠤ᠎ᠳᠤ ᠬᠡᠷᠡᠭᠴᠡᠭᠡ᠎ᠳᠤ᠎ᠪᠠᠨ ᠦᠨᠳᠦᠰᠦᠯᠡᠨ ᠵᠣᠬᠢᠶᠠᠨ ᠪᠦᠲᠦᠭᠡᠬᠦ᠂ ᠲᠣᠭᠯᠠᠯᠲᠠ ᠭᠠᠷᠭ᠋ᠠᠬᠤ᠂ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠳᠤ ᠨᠥᠬᠥᠪᠦᠷᠢ ᠥᠭᠬᠦ ᠵᠡᠷᠭᠡ ᠴᠠᠯᠢᠩ᠎ᠤᠨ ᠲᠥᠷᠥᠯ ᠵᠦᠢ᠍ᠯ᠎ᠢ ᠭᠠᠷᠭ᠋ᠠᠵᠤ ᠪᠣᠯᠣᠨ᠎ᠠ᠃ ᠤᠯᠤᠰ᠎ᠤᠨ ᠦᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠬᠡᠯᠡᠯᠴᠡᠭᠡᠷ᠎ᠤᠨ ᠴᠠᠯᠢᠩ᠂ ᠲᠦᠷᠦᠯ ᠵᠦᠢ᠍ᠯ᠎ᠤᠨ ᠴᠠᠯᠢᠩ᠂ ᠵᠢᠯ᠎ᠤᠨ ᠴᠠᠯᠢᠩ᠎ᠤᠨ ᠳᠦᠷᠢᠮ ᠵᠡᠷᠭᠡ ᠬᠤᠪᠢᠶᠠᠷᠢᠯᠠᠯᠲᠠ ᠵᠢᠨ ᠠᠷᠭ᠎ᠠ ᠮᠠᠶᠢᠭ᠎ᠢ ᠲᠤᠷᠰᠢᠨ ᠬᠡᠷᠡᠭᠵᠢᠭᠦᠯᠬᠦ ᠵᠢ ᠵᠥᠪᠰᠢᠶᠡᠷᠡᠨ᠎ᠡ᠃ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠮᠡᠷᠭᠡᠵᠢᠯ᠎ᠤᠨ ᠴᠣᠯᠠ ᠤᠷᠢᠨ ᠬᠡᠷᠡᠭᠯᠡᠬᠦ ᠳᠦᠷᠢᠮ᠎ᠳᠤ ᠥᠭᠡᠷᠡᠴᠢᠯᠡᠯᠲᠡ ᠬᠢᠵᠦ᠂ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢᠨ ᠠᠵᠢᠯ᠎ᠤᠨ ᠪᠠᠢ᠌ᠷᠢ ᠵᠢ ᠵᠣᠬᠢᠰᠲᠠᠢ ᠲᠣᠬᠢᠷᠠᠭᠤᠯᠤᠨ᠂ ᠨᠥᠬᠥᠴᠡᠯ᠎ᠲᠠᠢ ᠬᠦᠷᠢᠶᠡᠯᠡᠩ ᠪᠦᠯᠬᠦᠮ᠎ᠳᠤ ᠤᠷᠠᠯᠢᠭ᠎ᠤᠨ ᠴᠣᠯᠠ ᠵᠢᠨ ᠳᠦᠷᠢᠮ ᠪᠠ ᠳᠦᠷᠢ ᠵᠢᠨ ᠳᠦᠷᠢᠮ᠎ᠤᠨ ᠬᠠᠮᠢᠶᠠᠷᠤᠯᠲᠠ ᠵᠢ ᠬᠡᠷᠡᠭᠵᠢᠭᠦᠯᠵᠦ᠂ ᠤᠷᠠᠯᠢᠭ᠎ᠤᠨ ᠴᠣᠯᠠ ᠵᠢᠨ ᠵᠡᠷᠭᠡ ᠳᠡᠰ᠎ᠢ ᠲᠣᠭᠯᠠᠯᠲᠠ ᠵᠢᠨ ᠠᠵᠢᠯᠲᠠᠨ᠎ᠤ ᠠᠵᠢᠯ᠎ᠤᠨ ᠦᠷ᠎ᠡ ᠪᠦᠲᠦᠮᠵᠢ ᠵᠢᠨ ᠴᠠᠯᠢᠩ᠎ᠲᠠᠢ ᠬᠣᠯᠪᠣᠭᠳᠠᠭᠤᠯᠤᠨ᠎ᠠ᠃ ᠼᠢᠷᠺ᠂ ᠪᠥᠵᠢᠭ᠂ ᠦᠯᠢᠶᠡᠭᠦᠷ ᠬᠥᠭᠵᠢᠮ᠂ ᠳᠠᠭᠤᠷᠢ ᠵᠡᠷᠭᠡ ᠣᠨᠴᠠᠭ᠋ᠠᠶ ᠠᠵᠢᠯ᠎ᠤᠨ ᠪᠠᠢ᠌ᠷᠢ ᠵᠢᠨ ᠲᠣᠭᠯᠠᠭᠴᠢᠳᠢ ᠪᠠᠲᠤᠯᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠤᠯᠤᠰ᠎ᠤᠨ ᠦᠮᠴᠢᠯᠡᠯᠲᠦ ᠤᠷᠠᠨ ᠰᠠᠢ᠌ᠬᠠᠨ᠎ᠤ ᠬᠦᠷᠢᠶᠡᠯᠡᠩ ᠪᠦᠯᠬᠦᠮ᠎ᠢ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠬᠠᠤᠯᠢ ᠶᠣᠰᠣᠭ᠋ᠠᠷ ᠣᠷᠤᠭᠤᠯᠵᠤ᠂ ᠬᠥᠮᠥᠨ᠎ᠤ ᠪᠡᠶ᠎ᠡ ᠵᠢᠨ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ ᠬᠤᠳᠠᠯᠳᠤᠨ ᠠᠪᠬᠤ ᠵᠢ ᠵᠣᠷᠢᠭᠵᠢᠭᠤᠯᠤᠨ᠂ ᠠᠵᠢᠯ ᠮᠡᠷᠭᠡᠵᠢᠯ᠎ᠤᠨ ᠭᠡᠮᠲᠦᠯ᠎ᠤᠨ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠣᠨᠴᠠᠭ᠋ᠠᠶ ᠠᠵᠢᠯ᠎ᠤᠨ ᠪᠠᠢ᠌ᠷᠢ ᠵᠢᠨ ᠲᠣᠭᠯᠠᠭᠴᠢ ᠵᠢᠨ ᠪᠣᠯᠪᠠᠰᠤᠷᠠᠭᠤᠯᠤᠯ᠎ᠤᠨ ᠳᠦᠷᠢᠮ᠎ᠢ ᠪᠠᠢ᠌ᠭᠤᠯᠵᠤ᠂ ᠲᠡᠳᠡᠨ᠎ᠤ ᠠᠵᠢᠯ᠎ᠤᠨ ᠪᠠᠢ᠌ᠷᠢ ᠰᠣᠯᠢᠵᠤ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ᠂ ᠤᠷᠠᠯᠢᠭ᠎ᠤᠨ ᠬᠥᠮᠦᠵᠢᠯ᠂ ᠤᠷᠠᠯᠢᠭ᠎ᠤᠨ ᠤᠳᠤᠷᠢᠳᠤᠭ᠋ᠠᠴᠢ (ᠰᠤᠷᠭ᠋ᠠᠭᠴᠢ)᠂ ᠤᠷᠠᠯᠢᠭ᠎ᠤᠨ ᠲᠦᠭᠡᠮᠡᠯᠵᠢᠭᠦᠯᠦᠯᠲᠡ ᠵᠢᠨ ᠪᠣᠯᠪᠠᠰᠤᠷᠠᠯ ᠵᠡᠷᠭᠡ ᠠᠵᠢᠯ ᠡᠷᠭᠢᠯᠡᠬᠦ ᠵᠢ᠎ᠨᠢ ᠳᠡᠮᠵᠢᠨ᠎ᠡ᠃
(ᠵᠢᠷᠭᠤᠭ᠎ᠠ) ᠳᠣᠲᠣᠭ᠋ᠠᠳᠤ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠤᠳᠤᠷᠢᠳᠬᠤ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠴᠢᠬᠤᠯᠠ ᠶᠡᠬᠡ ᠬᠡᠷᠡᠭ ᠶᠠᠪᠤᠳᠠᠯ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠣᠷᠣᠯᠴᠠᠵᠤ᠂ ᠲᠠᠢ᠌ᠰᠠᠨ᠎ᠤ ᠤᠷᠠᠯᠢᠭ᠎ᠤᠨ ᠪᠦᠲᠦᠭᠡᠯ᠎ᠤᠨ ᠠᠭᠤᠯᠭ᠎ᠠ ᠵᠡᠷᠭᠡ ᠲᠠᠯ᠎ᠠ᠎ᠪᠠᠷ ᠬᠢᠨᠠᠯᠲᠠ᠎ᠪᠠᠨ ᠴᠢᠩᠭ᠋ᠠᠳᠬᠠᠬᠤ ᠬᠡᠷᠡᠭᠲᠠᠢ᠃ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠪᠡᠯᠡ ᠮᠥᠩᠭᠥ ᠵᠢᠨ ᠬᠡᠷᠡᠭᠯᠡᠯᠲᠡ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠵᠤ᠂ ᠴᠢᠬᠤᠯᠠ ᠶᠡᠬᠡ ᠭᠣᠣᠯ ᠰᠡᠳᠦᠪᠲᠦ ᠵᠣᠬᠢᠶᠠᠨ ᠪᠦᠲᠦᠭᠡᠬᠦ ᠵᠦᠢ᠍ᠯᠡᠰ᠎ᠢ ᠲᠣᠭᠲᠠᠭ᠋ᠠᠬᠤ᠂ ᠪᠦᠯᠬᠦᠮ ᠨᠡᠶ᠋ᠢᠲᠡ ᠵᠢ ᠲᠣᠭᠲᠠᠭ᠋ᠠᠬᠤ᠂ ᠵᠠᠷᠤᠳᠠᠯ᠎ᠢ ᠳᠡᠮᠵᠢᠬᠦ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠠᠢ᠃ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠢ ᠵᠢᠯᠣᠭᠣᠳᠤᠨ ᠤᠷᠠᠯᠢᠭ᠎ᠤᠨ ᠵᠥᠪᠯᠡᠯ᠎ᠤᠨ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠴᠢᠬᠤᠯᠠ ᠶᠡᠬᠡ ᠭᠣᠣᠯ ᠰᠡᠳᠦᠪᠲᠦ ᠵᠣᠬᠢᠶᠠᠨ ᠪᠦᠲᠦᠭᠡᠬᠦ ᠲᠥᠷᠥᠯ ᠵᠦᠢ᠍ᠯ᠎ᠤᠨ ᠳᠦᠷᠢᠮ᠎ᠢ ᠰᠦᠪᠡᠭᠴᠢᠯᠡᠨ ᠬᠡᠷᠡᠭᠵᠢᠭᠦᠯᠵᠦ᠂ ᠴᠢᠬᠤᠯᠠ ᠶᠡᠬᠡ ᠭᠣᠣᠯ ᠰᠡᠳᠦᠪᠲᠦ ᠵᠦᠴᠦᠭᠡ ᠵᠢᠨ ᠪᠦᠲᠦᠭᠡᠯ᠎ᠤᠨ ᠵᠣᠬᠢᠶᠠᠨ ᠪᠦᠲᠦᠭᠡᠯᠭᠡ ᠵᠢ ᠬᠢᠨᠠᠨ ᠪᠠᠢ᠌ᠴᠠᠭ᠋ᠠᠬᠤ ᠲᠣᠭᠲᠠᠴᠠ ᠵᠢ ᠪᠠᠢ᠌ᠭᠤᠯᠤᠨ᠂ ᠵᠣᠬᠢᠶᠠᠨ ᠪᠦᠲᠦᠭᠡᠬᠦ ᠶᠠᠰᠤ ᠴᠢᠨᠠᠷ᠎ᠢ ᠪᠠᠲᠤᠯᠠᠬᠤ ᠬᠡᠷᠡᠭᠲᠠᠢ᠃ ᠠᠵᠢᠯᠲᠠᠨ (ᠲᠥᠯᠥᠭᠡᠯᠡᠭᠴᠢᠳ)᠎ᠤ ᠶᠡᠬᠡ ᠬᠤᠷᠠᠯ᠎ᠤᠨ ᠡᠭᠦᠷᠭᠡ ᠴᠢᠳᠠᠪᠤᠷᠢ ᠵᠢ ᠪᠠᠳᠠᠷᠠᠭᠤᠯᠵᠤ᠂ ᠠᠷᠠᠳᠴᠢᠯᠠᠭᠰᠠᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠠᠢ᠃ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠴᠢᠬᠤᠯᠠ ᠲᠣᠭᠯᠠᠭᠴᠢᠳ᠎ᠤᠨ ᠲᠥᠯᠥᠭᠡᠯᠡᠭᠴᠢ ᠵᠢ ᠡᠯᠰᠡᠨ ᠠᠪᠴᠤ ᠡᠵᠡᠩᠨᠡᠯᠲᠡ ᠬᠠᠮᠢᠶᠠᠷᠤᠯᠲᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠣᠷᠣᠯᠴᠠᠭᠤᠯᠬᠤ ᠵᠢ ᠵᠣᠷᠢᠭᠵᠢᠭᠤᠯᠤᠨ᠎ᠠ ᠃
(ᠳᠣᠯᠣᠭ᠎ᠠ) ᠴᠢᠳᠠᠪᠤᠷᠢᠲᠠᠨ ᠬᠥᠮᠥᠵᠢᠭᠦᠯᠬᠦ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠰᠤᠷᠲᠠᠯ ᠤᠬᠠᠭᠤᠯᠭ᠎ᠠ ᠰᠣᠶᠣᠯ᠎ᠤᠨ ᠰᠢᠰᠲ᠋ᠧᠮ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠨᠢᠭᠡᠳᠦᠯᠲᠡᠢ ᠲᠥᠯᠦᠪᠵᠢᠭᠦᠯᠭᠡ᠎ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠯ᠎ᠠ ᠨᠤᠲᠤᠭ᠎ᠤᠨ ᠭᠠᠷᠮᠠᠭ᠋ᠠᠢ ᠴᠢᠳᠠᠪᠤᠷᠢᠲᠠᠨ᠎ᠤ ᠢᠨᠵᠧᠨᠧᠷᠢᠩ᠎ᠤᠨ ᠬᠠᠮᠤᠷᠬᠤ ᠬᠡᠪᠴᠢᠶᠡᠨ᠎ᠳᠤ ᠲᠣᠰ ᠭᠠᠵᠠᠷ ᠣᠷᠣᠨ᠎ᠤ ᠤᠳᠬ᠎ᠠ ᠤᠷᠠᠯᠢᠭ᠎ᠤᠨ ᠴᠢᠳᠠᠪᠤᠷᠢᠲᠠᠨ᠎ᠢ ᠬᠥᠮᠥᠵᠢᠭᠦᠯᠬᠦ ᠲᠥᠯᠥᠪᠯᠡᠭᠡ ᠵᠢ ᠬᠡᠷᠡᠭᠵᠢᠭᠦᠯᠵᠦ᠂ ᠲᠠᠢ᠌ᠰᠠᠨ᠎ᠤ ᠤᠷᠠᠯᠢᠭ᠎ᠤᠨ ᠬᠦᠷᠢᠶᠡᠨ᠎ᠳᠤ᠎ᠬᠢ ᠳᠠᠭ᠋ᠠᠭᠤᠯᠤᠭᠴᠢ ᠴᠢᠳᠠᠪᠤᠷᠢᠲᠠᠨ᠎ᠢ ᠶᠡᠬᠡᠪᠡᠷ ᠬᠥᠮᠥᠵᠢᠭᠦᠯᠵᠦ᠂ ᠵᠦᠴᠦᠭᠡ ᠨᠠᠢ᠌ᠷᠠᠭᠤᠯᠬᠤ᠂ ᠠᠶ᠎ᠠ ᠵᠣᠬᠢᠶᠠᠬᠤ᠂ ᠤᠳᠤᠷᠢᠳᠤᠭ᠋ᠠᠴᠢ᠂ ᠲᠣᠭᠯᠠᠭᠴᠢ᠂ ᠬᠡᠷᠡᠯᠳᠦᠭᠦᠯᠦᠭᠴᠢ᠂ ᠲᠠᠢ᠌ᠰᠠᠨ᠎ᠤ ᠤᠷᠠᠯᠢᠭ᠎ᠤᠨ ᠮᠡᠷᠭᠡᠵᠢᠯᠲᠡᠨ᠂ ᠵᠦᠴᠦᠭᠡ ᠵᠢᠨ ᠦᠢ᠍ᠯᠡᠴᠢᠯᠡᠬᠡ᠂ ᠲᠠᠢ᠌ᠰᠠᠨ᠎ᠤ ᠬᠢᠨᠠᠯᠲᠠ ᠵᠡᠷᠭᠡ ᠴᠢᠳᠠᠪᠤᠷᠢᠲᠠᠨ ᠢᠯᠠᠩᠭᠤᠶ᠎ᠠ ᠵᠠᠯᠠᠭᠤ ᠴᠢᠳᠠᠪᠤᠷᠢᠲᠠᠨ᠎ᠢ ᠶᠡᠬᠡᠪᠡᠷ ᠬᠥᠮᠥᠵᠢᠭᠦᠯᠵᠦ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠬᠠᠷᠢᠶ᠎ᠠ ᠬᠦᠷᠢᠶᠡᠯᠡᠩ ᠪᠦᠯᠬᠦᠮ᠎ᠤᠨ ᠵᠣᠬᠢᠶᠠᠨ ᠪᠦᠲᠦᠭᠡᠬᠦ ᠴᠢᠳᠠᠪᠤᠷᠢᠲᠠᠨ᠎ᠢ ᠶᠡᠬᠡᠪᠡᠷ ᠲᠡᠳᠬᠦᠨ ᠬᠥᠮᠥᠵᠢᠭᠦᠯᠦᠨ᠎ᠡ᠃ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠴᠢᠳᠠᠪᠤᠷᠢᠲᠠᠨ ᠬᠥᠮᠥᠵᠢᠭᠦᠯᠬᠦ ᠲᠥᠯᠥᠪᠯᠡᠭᠡ ᠪᠠ ᠪᠣᠯᠪᠠᠰᠤᠷᠠᠯ᠎ᠤᠨ ᠳᠦᠷᠢᠮ᠎ᠢ ᠲᠣᠭᠲᠠᠭ᠋ᠠᠬᠤ ᠵᠢ ᠵᠢᠯᠤᠭᠣᠳᠴᠤ᠂ ᠲᠣᠭᠯᠠᠭᠴᠢᠳ᠎ᠲᠤ ᠠᠵᠢᠯ᠎ᠤᠨ ᠪᠠᠢ᠌ᠷᠢ ᠵᠢᠨ ᠮᠡᠷᠭᠡᠵᠢᠯ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ ᠪᠠ ᠠᠵᠢᠯ ᠣᠯᠬᠤ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ ᠬᠠᠩᠭ᠋ᠠᠨ᠎ᠠ᠃ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠳᠡᠭᠡᠳᠦ ᠵᠡᠷᠭᠡ ᠵᠢᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠯᠤᠭ᠎ᠠ ᠴᠢᠳᠠᠪᠤᠷᠢᠲᠠᠨ᠎ᠢ ᠬᠠᠮᠲᠤᠷᠠᠨ ᠬᠥᠮᠥᠵᠢᠭᠦᠯᠬᠦ ᠠᠵᠢᠯ ᠥᠷᠨᠢᠭᠦᠯᠬᠦ ᠵᠢ ᠠᠬᠢᠭᠤᠯᠵᠤ᠂ ᠨᠥᠬᠥᠴᠡᠯ᠎ᠲᠠᠢ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠤᠷᠠᠯᠢᠭ᠎ᠤᠨ ᠪᠣᠯᠪᠠᠰᠤᠷᠠᠯ᠎ᠤᠨ ᠰᠤᠷᠭ᠋ᠠᠭᠤᠯᠢ ᠡᠷᠭᠢᠯᠡᠬᠦ ᠵᠢ ᠳᠡᠮᠵᠢᠨ᠎ᠡ᠃ ᠰᠢᠯᠢᠳᠡᠭ ᠴᠢᠳᠠᠪᠤᠷᠢᠲᠠᠨ᠎ᠤ ᠤᠯᠤᠰ᠎ᠤᠨ ᠭᠠᠳᠠᠭ᠋ᠠᠳᠤ ᠳᠣᠲᠣᠭ᠋ᠠᠳᠤ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠤᠨ᠎ᠠ᠃
ᠭᠤᠷᠪᠠ᠂ ᠰᠢᠯᠢᠳᠡᠭ ᠵᠦᠴᠦᠭᠡ ᠵᠢᠨ ᠵᠣᠬᠢᠶᠠᠯ ᠵᠣᠬᠢᠶᠠᠨ ᠪᠦᠲᠦᠭᠡᠬᠦ ᠵᠢ ᠲᠡᠳᠬᠦᠨ ᠳᠡᠮᠵᠢᠬᠦ ᠤᠷᠳᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠬᠡᠷᠡᠭᠲᠡᠢ
(ᠨᠠᠢ᠍ᠮᠠ) ᠵᠣᠬᠢᠶᠠᠨ ᠪᠦᠲᠦᠭᠡᠬᠦ ᠵᠥᠪ ᠤᠳᠤᠷᠢᠳᠤᠮᠵᠢ ᠵᠢ ᠪᠠᠷᠢᠮᠲᠠᠯᠠᠨ᠎ᠠ᠃ ᠨᠠᠮ᠎ᠤᠨ ᠤᠳᠬ᠎ᠠ ᠤᠷᠠᠯᠢᠭ᠎ᠤᠨ ᠴᠢᠭᠯᠡᠯᠲᠡ ᠵᠢ ᠲᠤᠭᠤᠰᠢᠯᠠᠭᠤᠯᠵᠤ᠂ ᠠᠷᠠᠳ ᠲᠦᠮᠡᠨ ᠵᠶ᠋ᠡᠷ ᠭᠣᠣᠯ ᠪᠣᠯᠭ᠋ᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠵᠢ ᠪᠠᠷᠢᠮᠲᠠᠯᠠᠵᠤ᠂ ᠤᠷᠠᠯᠢᠭ᠎ᠤᠨ ᠵᠢᠮ᠎ᠡ ᠶᠣᠰᠣ ᠵᠢ ᠵᠢᠷᠤᠮᠯᠠᠭᠰᠠᠨ᠂ ᠲᠠᠢ᠌ᠰᠠᠨ᠎ᠤ ᠤᠷᠠᠯᠢᠭ᠎ᠤᠨ ᠣᠨᠴᠠᠯᠢᠭᠲᠤ ᠨᠡᠢ᠌ᠴᠡᠭᠰᠡᠨ ᠰᠢᠯᠢᠳᠡᠭ ᠪᠦᠲᠦᠭᠡᠯ᠎ᠢ ᠶᠡᠬᠡ᠎ᠪᠠᠷ ᠵᠣᠬᠢᠶᠠᠨ᠂ ᠭᠣᠣᠯ ᠬᠦᠭ ᠠᠶᠠᠰ᠎ᠢ ᠨᠡᠩ ᠰᠠᠢ᠌ᠲᠤᠷ ᠴᠤᠤᠷᠢᠶᠠᠲᠤᠭᠤᠯᠵᠤ᠂ ᠢᠳᠡᠪᠬᠢ ᠬᠦᠴᠦᠨ᠎ᠢ ᠨᠡᠩ ᠰᠠᠢ᠌ᠲᠤᠷ ᠤᠯᠠᠮᠵᠢᠯᠠᠬᠤ ᠬᠡᠷᠡᠭᠲᠠᠢ᠃ ᠳᠤᠮᠳᠠᠳᠤ ᠵᠢᠨ ᠰᠣᠶᠣᠯ᠎ᠤᠨ ᠠᠭᠤᠯᠬᠤᠨ᠎ᠢ ᠭᠦᠨᠵᠡᠭᠡᠢ ᠠᠭᠤᠳᠠᠯᠵᠤ᠂ ᠪᠣᠳᠠᠲᠤ ᠠᠬᠤᠢ ᠵᠢᠨ ᠰᠡᠳᠦᠪ᠂ ᠡᠬᠡ ᠣᠷᠣᠨᠴᠢ ᠦᠵᠡᠯ᠎ᠤᠨ ᠰᠡᠳᠦᠪ᠂ ᠴᠢᠬᠤᠯᠠ ᠶᠡᠬᠡ ᠬᠤᠪᠢᠰᠬᠠᠯ ᠪᠠ ᠲᠡᠦᠬᠡ ᠵᠢᠨ ᠰᠡᠳᠦᠪ᠂ ᠵᠠᠯᠠᠭᠤᠴᠤᠳ ᠪᠠᠭ᠋ᠠᠴᠤᠳ᠎ᠤᠨ ᠰᠡᠳᠦᠪ᠂ ᠴᠡᠷᠢᠭ᠎ᠤᠨ ᠶᠠᠪᠤᠳᠠᠯ᠎ᠤᠨ ᠰᠡᠳᠦᠪ ᠵᠡᠷᠭᠡ ᠵᠦᠴᠦᠭᠡ ᠵᠢᠨ ᠵᠣᠬᠢᠶᠠᠯ᠎ᠤᠨ ᠵᠣᠬᠢᠶᠠᠨ ᠪᠦᠲᠦᠭᠡᠯᠭᠡ ᠵᠢ ᠴᠢᠩᠭ᠋ᠠᠳᠬᠠᠨ᠎ᠠ᠃ ᠰᠢᠯᠢᠳᠡᠭ ᠤᠯᠠᠮᠵᠢᠯᠠᠯᠲᠤ ᠰᠣᠩᠭᠣᠳᠠᠭ ᠵᠦᠴᠦᠭᠡ ᠵᠢᠨ ᠵᠣᠬᠢᠶᠠᠯ᠎ᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠨᠠᠮ ᠵᠶ᠋ᠠᠨ ᠬᠠᠢ᠌ᠷᠠᠯᠠᠬᠤ ᠤᠯᠤᠰ ᠵᠶ᠋ᠠᠨ ᠬᠠᠢ᠌ᠷᠠᠯᠠᠬᠤ ᠨᠡᠢ᠌ᠭᠡᠮ ᠵᠢᠷᠤᠮ ᠵᠶ᠋ᠠᠨ ᠬᠠᠢ᠌ᠷᠠᠯᠠᠬᠤ᠂ ᠨᠡᠢ᠌ᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ ᠵᠢ ᠪᠠᠳᠠᠷᠠᠭᠤᠯᠬᠤ ᠵᠡᠷᠭᠡ ᠴᠠᠭ ᠦᠶ᠎ᠡ ᠵᠢᠨ ᠭᠣᠣᠯ ᠰᠡᠳᠦᠪ᠎ᠤᠨ ᠲᠣᠭᠣᠷᠢᠨ᠎ᠳᠤ ᠶᠠᠰᠤ ᠰᠢᠷᠪᠦᠰᠦ᠎ᠲᠠᠢ᠂ ᠶᠣᠰᠣ ᠮᠣᠷᠠᠯ᠎ᠲᠠᠢ᠂ ᠬᠠᠯᠠᠭᠤᠨ ᠳᠤᠯᠠᠭ᠋ᠠᠨ ᠰᠡᠳᠬᠢᠯᠭᠡ᠎ᠲᠠᠢ ᠰᠣᠳᠣᠨ ᠪᠦᠲᠦᠭᠡᠯ᠎ᠢ ᠦᠷᠭᠦᠯᠵᠢᠯᠡᠨ ᠡᠭᠦᠳᠦᠨ ᠪᠦᠲᠦᠭᠡᠨ᠎ᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ ᠵᠢᠨ ᠲᠣᠭᠣᠷᠢᠨ᠎ᠳᠤ᠂ ᠦᠨᠳᠦᠰᠦᠲᠡᠨ᠎ᠤ ᠪᠦᠯᠬᠦᠮᠳᠡᠯ᠎ᠤᠨ ᠭᠣᠣᠯ ᠰᠡᠳᠦᠪᠲᠦ ᠤᠳᠬ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠬᠦ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠵᠦ᠂ ᠦᠨᠳᠦᠰᠦᠲᠡᠨ᠎ᠤ ᠪᠦᠯᠬᠦᠮᠳᠡᠯ᠎ᠢ ᠲᠤᠰᠬᠠᠭᠰᠠᠨ᠂ ᠤᠳᠤ ᠦᠶ᠎ᠡ ᠵᠢᠨ ᠪᠣᠯᠪᠠᠰᠤᠨ᠎ᠢ ᠠᠭᠤᠰᠤᠯᠴᠠᠭᠤᠯᠤᠭᠰᠠᠨ᠂ ᠤᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠢ ᠪᠦᠲᠦᠭᠡᠯ᠎ᠢ ᠨᠡᠩ ᠤᠯᠠᠨ ᠭᠠᠷᠭ᠋ᠠᠨ᠎ᠠ᠃ ᠨᠡᠢ᠌ᠭᠡᠮ᠎ᠤᠨ ᠦᠷ᠎ᠡ ᠠᠰᠢᠭ᠎ᠢ ᠲᠡᠷᠢᠭᠦᠨ ᠪᠠᠢ᠌ᠷᠢᠨ᠎ᠳᠤ ᠲᠠᠯᠪᠢᠵᠤ᠂ ᠨᠡᠢ᠌ᠭᠡᠮ᠎ᠤᠨ ᠦᠷ᠎ᠡ ᠠᠰᠢᠭ ᠪᠠ ᠠᠵᠤ ᠠᠬᠤᠢ ᠵᠢᠨ ᠦᠷ᠎ᠡ ᠠᠰᠢᠭ᠎ᠢ ᠬᠠᠷᠢᠯᠴᠠᠨ ᠨᠢᠭᠡᠳᠦᠭᠦᠯᠦᠭᠰᠡᠨ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠨᠡᠢ᠌ᠭᠡᠮ᠎ᠤᠨ ᠦᠷ᠎ᠡ ᠠᠰᠢᠭ᠎ᠢ ᠦᠨᠡᠯᠡᠵᠦ ᠬᠢᠨᠠᠨ ᠰᠢᠯᠭ᠋ᠠᠬᠤ ᠠᠵᠢᠯ᠎ᠢ ᠥᠷᠨᠢᠭᠦᠯᠵᠦ᠂ ᠬᠢᠨᠠᠨ ᠰᠢᠯᠭ᠋ᠠᠭᠰᠠᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠨ᠎ᠠ᠃
(ᠶᠢᠰᠦ) ᠰᠢᠯᠢᠳᠡᠭ ᠵᠦᠴᠦᠭᠡ ᠵᠢ ᠵᠤᠬᠢᠶᠠᠨ ᠪᠦᠲᠦᠭᠡᠬᠦ ᠢᠨᠵᠧᠨᠧᠷᠢᠩ᠎ᠢ ᠬᠡᠷᠡᠭᠵᠢᠭᠦᠯᠦᠨ᠎ᠡ᠃ ᠤᠯᠤᠰ᠎ᠤᠨ ᠦᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠤᠷᠠᠯᠢᠭ᠎ᠤᠨ ᠪᠦᠲᠦᠭᠡᠯ᠎ᠤᠨ ᠵᠦᠴᠦᠭᠡ ᠵᠢᠨ ᠵᠤᠬᠢᠶᠠᠯ᠂ ᠪᠠᠷᠢᠮᠵᠢᠶ᠎ᠠ ᠳᠡᠪᠲᠡᠷ᠂ ᠲᠤᠭᠯᠠᠯᠲᠠ ᠵᠢᠨ ᠳᠡᠪᠲᠡᠷ ᠵᠡᠷᠭᠡ ᠰᠠᠭᠤᠷᠢ ᠴᠢᠨᠠᠷᠲᠠᠢ ᠵᠣᠬᠢᠶᠠᠨ ᠪᠦᠲᠦᠭᠡᠯᠭᠡ᠂ ᠤᠤᠭ᠋ᠠᠯ ᠡᠭᠦᠳᠦᠯᠲᠡ ᠵᠢᠨ ᠴᠢᠳᠠᠪᠤᠷᠢ᠎ᠪᠠᠨ ᠴᠢᠩᠭ᠋ᠠᠳᠬᠠᠬᠤ ᠵᠢ ᠲᠡᠮᠵᠢᠵᠤ᠂ ᠤᠳᠬ᠎ᠠ ᠤᠷᠠᠯᠢᠭ᠎ᠤᠨ ᠲᠦᠷᠦᠯ ᠵᠦᠢ᠍ᠯᠡᠰ᠎ᠢ ᠨᠡᠪᠴᠢᠭᠦᠯᠬᠦ ᠲᠣᠭᠲᠠᠴᠠ ᠵᠢᠨ ᠲᠠᠯ᠎ᠠ᠎ᠪᠠᠷ ᠰᠢᠨ᠎ᠡ ᠵᠢ ᠡᠭᠦᠳᠴᠦ᠂ ᠰᠢᠯᠢᠳᠡᠭ ᠵᠦᠴᠦᠭᠡ ᠵᠢᠨ ᠵᠣᠬᠢᠶᠠᠯ ᠪᠠ ᠰᠢᠯᠢᠳᠡᠭ ᠵᠤᠬᠢᠶᠠᠨ ᠨᠠᠢ᠌ᠷᠠᠭᠤᠯᠬᠤ ᠴᠢᠳᠠᠪᠤᠷᠢᠲᠠᠨ᠎ᠢ ᠭᠣᠣᠯᠳᠠᠯᠭ᠎ᠠ᠎ᠲᠠᠢ᠎ᠪᠠᠷ ᠲᠡᠳᠬᠦᠨ ᠲᠡᠮᠵᠢᠵᠤ᠂ ᠤᠯᠤᠰ᠎ᠤᠨ ᠦᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠪᠦᠬᠦ ᠤᠯᠤᠰ᠎ᠠᠴᠠ ᠲᠣᠭᠯᠠᠵᠤ ᠪᠣᠯᠪᠠᠰᠤᠷᠠᠭ᠎ᠠ ᠦᠭᠡᠢ ᠰᠢᠯᠢᠳᠡᠭ ᠤᠷᠠᠯᠢᠭ᠎ᠤᠨ ᠪᠦᠲᠦᠭᠡᠯ ᠡᠯᠰᠡᠬᠦ ᠵᠢ ᠵᠣᠷᠢᠭᠵᠢᠭᠤᠯᠤᠨ᠎ᠠ᠃ ᠨᠡᠢ᠌ᠭᠡᠮ᠎ᠤᠨ ᠬᠦᠴᠦᠨ᠎ᠤ ᠵᠦᠴᠦᠭᠡ ᠵᠢᠨ ᠵᠣᠬᠢᠶᠠᠯ ᠵᠣᠬᠢᠶᠠᠨ ᠪᠦᠲᠦᠭᠡᠬᠦ᠎ᠳᠤ ᠣᠷᠤᠯᠴᠠᠬᠤ ᠵᠢ ᠵᠣᠷᠢᠭᠵᠢᠭᠤᠯᠵᠤ᠂ ᠤᠯᠤᠰ᠎ᠤᠨ ᠦᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠵᠦᠴᠦᠭᠡ ᠵᠢᠨ ᠵᠣᠬᠢᠶᠠᠯ ᠬᠡᠪᠯᠡᠯ᠎ᠤᠨ ᠡᠷᠬᠡ ᠵᠢ ᠬᠤᠳᠠᠯᠳᠤᠨ ᠠᠪᠴᠤ ᠲᠤᠭᠯᠠᠬᠤ ᠵᠢ ᠵᠤᠷᠢᠭᠵᠢᠭᠤᠯᠤᠨ᠎ᠠ ᠃
(ᠠᠷᠪᠠ) ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠭᠡᠷ᠎ᠡ ᠲᠣᠭᠲᠠᠨ ᠵᠣᠬᠢᠶᠠᠨ ᠪᠦᠲᠦᠭᠡᠬᠦ᠂ ᠳᠠᠭ᠋ᠠᠭ᠋ᠠᠴᠢᠯᠠᠯᠲᠠ ᠵᠠᠷᠯᠠᠨ ᠵᠣᠬᠢᠶᠠᠨ ᠪᠦᠲᠦᠭᠡᠬᠦ᠂ ᠭᠠᠵᠠᠷ ᠣᠷᠣᠨ ᠪᠠ ᠠᠵᠢᠯ ᠲᠥᠷᠥᠯ ᠠᠯᠤᠰᠯᠠᠨ ᠬᠠᠮᠲᠤᠷᠠᠨ ᠵᠣᠬᠢᠶᠠᠨ ᠪᠦᠲᠦᠭᠡᠬᠦ᠂ ᠬᠠᠮᠲᠤᠷᠠᠨ ᠪᠣᠭᠣᠮᠲᠠ ᠰᠢᠪᠲᠤᠯᠤᠨ ᠵᠣᠬᠢᠶᠠᠨ ᠪᠦᠲᠦᠭᠡᠬᠦ ᠵᠡᠷᠭᠡ ᠲᠣᠭᠲᠠᠴᠠ ᠵᠢ ᠬᠠᠢ᠌ᠨ ᠰᠦᠪᠡᠭᠴᠢᠯᠡᠬᠦ ᠵᠢ ᠵᠣᠷᠢᠭᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠ ᠠᠢ᠌ᠮᠠᠭ ᠬᠣᠲᠠ ᠵᠢᠨ ᠬᠠᠷᠢᠶ᠎ᠠ ᠬᠦᠷᠢᠶᠡᠯᠡᠩ ᠪᠦᠯᠬᠦᠮ᠎ᠤᠨ ᠤᠷᠠᠯᠢᠭ᠎ᠤᠨ ᠵᠣᠬᠢᠶᠠᠨ ᠪᠦᠲᠦᠭᠡᠬᠦ ᠲᠥᠪ ᠪᠤᠶᠤ ᠡᠭᠦᠳᠦᠨ ᠪᠦᠲᠦᠭᠡᠬᠦ ᠰᠤᠳᠤᠯᠭ᠋ᠠᠨ᠎ᠤ ᠲᠠᠰᠤᠭ ᠪᠠᠢ᠌ᠭᠤᠯᠵᠤ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠬᠠᠷᠢᠶ᠎ᠠ ᠬᠦᠷᠢᠶᠡᠯᠡᠩ ᠪᠦᠯᠬᠦᠮ᠎ᠤᠨ ᠵᠣᠬᠢᠶᠠᠨ ᠪᠦᠲᠦᠭᠡᠬᠦ ᠪᠠᠢ᠌ᠭᠤᠯᠤᠮᠵᠢ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠨᠥᠬᠥᠴᠡᠯ᠎ᠲᠠᠢ ᠬᠦᠷᠢᠶᠡᠯᠡᠩ ᠪᠦᠯᠬᠦᠮ᠎ᠤᠨ ᠨᠠᠷᠠᠲᠤ ᠬᠥᠮᠥᠨ ᠨᠠᠷᠠᠲᠤ ᠪᠠᠭᠰᠢ ᠵᠢᠨ ᠵᠣᠬᠢᠶᠠᠨ ᠪᠦᠲᠦᠭᠡᠬᠦ ᠠᠵᠢᠯ᠎ᠤᠨ ᠲᠠᠰᠤᠭ ᠪᠠᠶ᠋ᠢᠭᠤᠯᠬᠤ ᠵᠢ ᠳᠡᠮᠵᠢᠨ᠎ᠡ᠃ ᠵᠦᠴᠦᠭᠡ ᠵᠢᠨ ᠵᠣᠬᠢᠶᠠᠯ ᠵᠣᠬᠢᠶᠠᠬᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠰᠢᠯᠢᠳᠡᠭ ᠵᠦᠴᠦᠭᠡ ᠵᠢᠨ ᠵᠤᠬᠢᠶᠠᠯ᠎ᠤᠨ ᠲᠠᠨᠢᠯᠴᠠᠭᠤᠯᠭ᠎ᠠ ᠰᠣᠯᠢᠯᠴᠠᠭ᠋ᠠᠨ᠎ᠤ ᠲᠠᠪᠴᠠᠩ᠎ᠢ ᠪᠠᠢ᠌ᠭᠤᠯᠤᠨ᠎ᠠ᠃
(ᠠᠷᠪᠠᠨ ᠨᠢᠭᠡ) 《ᠠᠮᠢᠳᠤᠷᠠᠯ᠎ᠳᠤ ᠭᠦᠨᠵᠡᠭᠡᠢ᠌ᠷᠡᠵᠦ · ᠠᠷᠠᠳ ᠲᠦᠮᠡᠨ᠎ᠤ ᠳᠤᠮᠳᠠ ᠦᠨᠳᠦᠰᠦᠯᠡᠬᠦ》 ᠠᠵᠢᠯ᠎ᠤᠨ ᠲᠣᠭᠲᠠᠴᠠ ᠵᠢ ᠪᠦᠷᠢᠨᠰᠢᠭᠦᠯᠦᠨ᠎ᠡ᠃ 《ᠠᠮᠢᠳᠤᠷᠠᠯ᠎ᠳᠤ ᠭᠦᠨᠵᠡᠭᠡᠢ᠌ᠷᠡᠵᠦ · ᠠᠷᠠᠳ ᠲᠦᠮᠡᠨ᠎ᠤ ᠳᠤᠮᠳᠠ ᠦᠨᠳᠦᠰᠦᠯᠡᠬᠦ》 ᠭᠣᠣᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠭᠣᠣᠯ ᠡᠭᠦᠳᠦᠨ ᠪᠦᠲᠦᠭᠡᠭᠴᠢᠳ᠎ᠤᠨ ᠮᠠᠯᠵᠢᠬᠤ ᠲᠠᠷᠢᠶᠠᠯᠠᠬᠤ ᠣᠷᠣᠨ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠂ ᠰᠤᠷᠭ᠋ᠠᠭᠤᠯᠢ᠂ ᠴᠡᠷᠢᠭ᠎ᠤᠨ ᠬᠤᠸᠠᠷᠠᠨ ᠵᠡᠷᠭᠡ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠢ᠌ᠷᠡᠨ ᠠᠮᠢᠳᠤᠷᠠᠯ᠎ᠢ ᠣᠢ᠌ᠯᠠᠭ᠋ᠠᠬᠤ ᠵᠢ ᠵᠣᠷᠢᠭᠵᠢᠭᠤᠯᠤᠨ ᠬᠥᠲᠥᠯᠥᠨ ᠵᠢᠯᠤᠭᠣᠳᠴᠤ᠂ ᠰᠢᠯᠢᠳᠡᠭ ᠪᠦᠲᠦᠭᠡᠯ᠎ᠢ ᠵᠠᠯᠭ᠋ᠠᠭ᠎ᠠ᠎ᠪᠠᠷ ᠵᠣᠬᠢᠶᠠᠨ ᠪᠦᠲᠦᠭᠡᠵᠦ ᠭᠠᠷᠭ᠋ᠠᠭᠰᠠᠨ ᠭᠣᠣᠯ ᠡᠭᠦᠳᠦᠨ ᠪᠦᠲᠦᠭᠡᠭᠴᠢᠳ᠎ᠲᠤ ᠱᠠᠩᠨᠠᠯ ᠪᠠ ᠨᠥᠬᠥᠪᠦᠷᠢ ᠣᠯᠭᠣᠵᠤ᠂ ᠰᠢᠯᠢᠳᠡᠭ ᠤᠤᠭ᠋ᠠᠯ ᠡᠭᠦᠳᠦᠯᠲᠡ ᠵᠢᠨ ᠪᠦᠲᠦᠭᠡᠯ᠎ᠢ ᠲᠡᠳᠬᠦᠬᠦ ᠪᠠ ᠵᠣᠭᠣᠰ ᠮᠥᠩᠭᠥ᠎ᠪᠠᠷ ᠲᠤᠰᠠᠯᠠᠨ᠎ᠠ᠃ ᠤᠯᠠᠭ᠋ᠠᠨᠮᠥ᠋ᠴᠢᠷ᠎ᠤᠨ ᠭᠡᠰᠢᠭᠦᠳ᠎ᠤᠨ ᠦᠨᠳᠦᠰᠦᠨ ᠱᠠᠲᠤᠨ᠎ᠳᠤ ᠭᠦᠨᠵᠡᠭᠡᠢ᠌ᠷᠡᠨ ᠴᠡᠭ᠎ᠲᠤ ᠰᠠᠭᠤᠨ ᠰᠤᠷᠪᠤᠯᠵᠢᠯᠠᠨ ᠮᠠᠲᠸᠷᠢᠶᠠᠯ ᠴᠤᠭᠯᠠᠭᠤᠯᠬᠤ ᠵᠢ ᠵᠣᠷᠢᠭᠵᠢᠭᠤᠯᠵᠤ᠂ ᠠᠷᠠᠳ᠎ᠤᠨ ᠰᠣᠶᠣᠯ᠎ᠤᠨ ᠡᠯᠪᠡᠭ ᠪᠠᠶᠠᠯᠢᠭ ᠰᠢᠮ᠎ᠡ ᠲᠡᠵᠢᠭᠡᠯ᠎ᠢ ᠰᠢᠩᠭᠡᠬᠡᠨ ᠠᠪᠴᠤ ᠤᠯᠠᠭ᠋ᠠᠨᠮᠥ᠋ᠴᠢᠷ᠎ᠤᠨ ᠭᠠᠵᠠᠷ ᠣᠷᠣᠨ᠎ᠤ ᠪᠠᠢ᠌ᠳᠠᠯ ᠳᠤ᠎ᠪᠠᠨ ᠲᠣᠬᠢᠷᠠᠭᠤᠯᠤᠨ ᠤᠯᠠᠮᠵᠢᠯᠠᠨ ᠳᠡᠯᠭᠡᠷᠡᠭᠦᠯᠬᠦ᠎ᠳᠤ ᠬᠢᠯᠪᠠᠷ᠂ ᠠᠪᠰᠠᠷ ᠪᠥᠭᠡᠳ ᠠᠮᠢᠳᠤᠯᠢᠭ᠂ ᠦᠨᠳᠦᠰᠦᠨ ᠱᠠᠲᠤᠨ᠎ᠳᠤ ᠲᠣᠭᠯᠠᠬᠤ᠎ᠳᠤ ᠲᠣᠬᠢᠷᠠᠮᠵᠢᠲᠠᠢ ᠵᠦᠴᠦᠭᠡ ᠵᠢᠨ ᠪᠦᠲᠦᠭᠡᠯ᠎ᠢ ᠵᠣᠬᠢᠶᠠᠨ ᠪᠦᠲᠦᠭᠡᠬᠦ ᠵᠢ ᠳᠡᠮᠵᠢᠵᠦ᠂ ᠤᠯᠠᠭ᠋ᠠᠨᠮᠥ᠋ᠴᠢᠷ᠎ᠢ ᠦᠨᠡᠨ ᠬᠦ᠌ ᠨᠠᠮ᠎ᠤᠨ ᠰᠢᠨ᠎ᠡ ᠣᠨᠣᠯ᠎ᠤᠨ 《ᠤᠬᠠᠭᠤᠯᠤᠨ ᠲᠠᠢ᠌ᠯᠪᠤᠷᠢᠯᠠᠬᠤ ᠠᠩᠭᠢ》 ᠪᠣᠯᠭ᠋ᠠᠨ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠤᠬᠠᠭᠤᠯᠭ᠎ᠠ ᠬᠥᠮᠦᠵᠢᠯ᠎ᠤᠨ 《ᠵᠢᠱ᠌ᠢᠶ᠎ᠡ ᠦᠵᠡᠭᠦᠯᠬᠦ ᠠᠩᠭᠢ》᠂ ᠨᠠᠮ ᠪᠣᠯᠣᠨ ᠤᠯᠤᠰ᠎ᠤᠨ ᠠᠷᠠᠳ᠎ᠲᠤ ᠠᠰᠢᠭ ᠬᠦᠷᠲᠡᠭᠡᠬᠦ ᠲᠦᠷᠦ ᠵᠢᠨ ᠪᠣᠳᠣᠯᠭ᠎ᠠ ᠵᠢᠨ 《ᠤᠬᠠᠭᠤᠯᠬᠤ ᠠᠩᠭᠢ》᠂ ᠠᠷᠠᠳ ᠲᠦᠮᠡᠨ᠎ᠤ ᠰᠣᠶᠣᠯ᠎ᠤᠨ ᠬᠡᠷᠡᠭᠴᠡᠭᠡ ᠵᠢ ᠬᠠᠩᠭ᠋ᠠᠬᠤ ᠪᠠ ᠠᠷᠠᠳ ᠲᠦᠮᠡᠨ᠎ᠤ ᠤᠶᠤᠨ ᠰᠠᠨᠠᠭ᠋ᠠᠨ᠎ᠤ ᠬᠦᠴᠦᠨ᠎ᠢ ᠴᠢᠩᠭ᠋ᠠᠳᠬᠠᠬᠤ 《ᠤᠳᠬ᠎ᠠ ᠤᠷᠠᠯᠢᠭ᠎ᠤᠨ ᠠᠩᠭᠢ》᠂ 《ᠪᠢ ᠴᠢᠮᠠᠶ᠋ᠢ ᠬᠠᠪᠰᠤᠷᠤᠨ᠎ᠠ》 ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ 《ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ》᠂ ᠬᠠᠮᠤᠭ᠎ᠤᠨ ᠬᠦᠴᠦᠷᠬᠡᠭ ᠨᠠᠮ᠎ᠤᠨ ᠡᠭᠦᠷ᠎ᠤᠨ ᠪᠠᠢ᠌ᠭᠤᠯᠤᠯᠲᠠ ᠵᠢᠨ《ᠵᠢᠱ᠌ᠢᠶᠡᠴᠢ ᠠᠩᠭᠢ》 ᠵᠢ ᠪᠠᠲᠤ ᠴᠣᠭᠴᠠᠯᠠᠨ᠎ᠠ᠃
ᠳᠥᠷᠪᠡ᠂ ᠵᠦᠴᠦᠭᠡ ᠵᠢᠨ ᠪᠦᠲᠦᠭᠡᠯ᠎ᠤᠨ ᠵᠤᠬᠢᠶᠠᠨ ᠪᠦᠲᠦᠭᠡᠯᠭᠡ ᠲᠣᠭᠯᠠᠯᠲᠠ ᠵᠢ ᠠᠬᠢᠭᠤᠯᠬᠤ ᠪᠦᠲᠦᠮᠵᠢᠲᠡᠶ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠦᠨ᠎ᠡ
(ᠠᠷᠪᠠᠨ ᠬᠣᠶᠠᠷ) ᠰᠢᠯᠢᠳᠡᠭ ᠵᠦᠴᠦᠭᠡ ᠵᠢᠨ ᠪᠦᠲᠦᠭᠡᠯ᠎ᠤᠨ ᠬᠠᠩᠭ᠋ᠠᠯᠭ᠎ᠠ ᠵᠢ ᠨᠡᠮᠡᠭᠳᠡᠭᠦᠯᠦᠨ᠎ᠡ᠃ ᠤᠯᠤᠰ᠎ᠤᠨ ᠦᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠢ ᠵᠢᠯᠤᠭᠣᠳᠴᠤ ᠪᠠᠢ᠌ᠭ᠋ᠠᠳ ᠵᠦᠴᠦᠭᠡ ᠵᠢᠨ ᠵᠤᠬᠢᠶᠠᠯ ᠵᠦᠴᠦᠭᠡ ᠵᠢᠨ ᠭᠠᠷᠴᠠᠭ᠂ ᠵᠦᠴᠦᠭᠡ ᠵᠢᠨ ᠲᠢᠶᠠᠲᠷ᠂ ᠴᠢᠳᠠᠪᠤᠷᠢᠲᠠᠨ ᠵᠡᠷᠭᠡ ᠡᠯᠧᠮᠧᠨ᠋ᠲ᠎ᠢ ᠰᠢᠯᠢᠳᠡᠭᠵᠢᠭᠦᠯᠦᠨ ᠲᠣᠬᠢᠷᠠᠭᠤᠯᠵᠤ᠂ ᠲᠣᠭᠯᠠᠯᠲᠠ᠎ᠪᠠᠷ ᠭᠣᠣᠯ ᠭᠣᠭᠴᠣᠭ᠎ᠠ ᠪᠣᠯᠭ᠋ᠠᠭᠰᠠᠨ ᠡᠵᠡᠩᠨᠡᠯᠲᠡ ᠵᠢᠨ ᠲᠣᠭᠲᠠᠴᠠ ᠵᠢ ᠪᠠᠢ᠌ᠭᠤᠯᠤᠨ᠎ᠠ᠃ ᠲᠠᠢ᠌ᠰᠠᠨ᠎ᠤ ᠤᠷᠠᠯᠢᠭ᠎ᠤᠨ ᠪᠦᠲᠦᠭᠡᠯ᠎ᠤᠨ ᠰᠡᠳᠦᠪ ᠰᠣᠩᠭᠣᠨ ᠨᠤᠲᠠᠯᠠᠬᠤ᠂ ᠲᠥᠷᠥᠯ ᠵᠦᠢ᠍ᠯ᠎ᠤᠨ ᠵᠣᠬᠢᠶᠠᠨ ᠪᠦᠲᠦᠭᠡᠬᠦ᠂ ᠤᠷᠠᠯᠢᠭ᠎ᠤᠨ ᠶᠠᠰᠤ ᠴᠢᠨᠠᠷ ᠵᠡᠷᠭᠡ ᠵᠢ ᠦᠨᠡᠯᠡᠨ ᠵᠢᠱ᠌ᠢᠬᠦ ᠵᠠᠩᠭᠢᠯᠠᠭ᠎ᠠ ᠵᠢ ᠴᠢᠩᠭ᠋ᠠᠳᠬᠠᠨ᠎ᠠ᠃ ᠰᠢᠯᠢᠳᠡᠭ ᠵᠦᠴᠦᠭᠡ ᠵᠢᠨ ᠰᠣᠩᠭᠣᠳᠠᠭ ᠬᠡᠪ᠂ ᠲᠠᠯᠠᠪᠠᠢ᠎ᠳᠤ ᠰᠠᠭᠤᠭ᠎ᠠ ᠬᠡᠪ᠂ ᠲᠣᠭᠣᠷᠢᠨ ᠲᠣᠭᠯᠠᠬᠤ ᠬᠡᠪ᠂ ᠦᠨᠳᠦᠰᠦᠨ ᠱᠠᠲᠤᠨ᠎ᠤ ᠠᠷᠠᠳ᠎ᠲᠤ ᠠᠰᠢᠭ ᠬᠦᠷᠲᠡᠭᠡᠬᠦ ᠬᠡᠪ᠎ᠤᠨ ᠲᠣᠭᠯᠠᠯᠲᠠ ᠵᠢᠨ ᠨᠡᠷᠡᠰ᠎ᠤᠨ ᠵᠢᠭᠰᠠᠭ᠋ᠠᠯᠲᠠ ᠵᠢ ᠭᠠᠷᠭ᠋ᠠᠵᠤ᠂ ᠠᠳᠠᠯᠢ ᠪᠤᠰᠤ ᠲᠣᠭᠯᠠᠯᠲᠠ ᠰᠣᠨᠢᠷᠬᠠᠭᠴᠢᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ ᠤᠷᠠᠨ ᠰᠠᠢ᠌ᠬᠠᠨ᠎ᠤ ᠲᠣᠭᠯᠠᠯᠲᠠ ᠬᠦᠷᠭᠡᠬᠦ ᠠᠵᠢᠯᠯᠠᠭ᠎ᠠ ᠵᠢ ᠥᠷᠨᠢᠭᠦᠯᠦᠨ᠎ᠡ᠃ ᠣᠯᠠᠨ ᠲᠠᠰ ᠳᠠᠪᠬᠤᠷᠭ᠎ᠠ ᠵᠢᠨ ᠲᠣᠭᠯᠠᠯᠲᠠ ᠵᠢᠨ ᠬᠠᠩᠭ᠋ᠠᠯᠭ᠎ᠠ ᠵᠢᠨ ᠰᠢᠰᠲ᠋ᠧᠮᠵᠢ ᠵᠢ ᠪᠠᠢ᠌ᠭᠤᠯᠵᠤ᠂ ᠰᠢᠯᠢᠳᠡᠭ ᠵᠦᠴᠦᠭᠡ ᠵᠢ ᠵᠠᠰᠠᠭ᠎ᠤᠨ ᠣᠷᠳᠣᠨ᠎ᠠᠴᠠ ᠲᠣᠭᠯᠠᠯᠲᠠ ᠬᠤᠳᠠᠯᠳᠤᠨ ᠠᠪᠬᠤ ᠡᠷᠴᠢᠮ᠎ᠢ ᠴᠢᠩᠭ᠋ᠠᠷᠠᠭᠤᠯᠤᠨ᠂ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠴᠢᠨᠠᠷ ᠰᠠᠢ᠌ᠲᠠᠢ᠂ ᠥᠨᠳᠥᠷ ᠬᠢᠷᠢ ᠲᠦᠪᠰᠢᠨ᠎ᠲᠠᠢ᠂ ᠣᠯᠠᠨ ᠰᠡᠳᠦᠪ᠎ᠲᠠᠢ᠂ ᠪᠠᠢ᠌ᠩᠭᠤᠵᠢᠭᠰᠠᠨ ᠲᠤᠰᠬᠠᠢ ᠲᠣᠭᠯᠠᠯᠲᠠ ᠥᠷᠨᠢᠭᠦᠯᠬᠦ ᠵᠢ ᠳᠡᠮᠵᠢᠨ᠎ᠡ᠃ ᠨᠥᠬᠥᠴᠡᠯ᠎ᠲᠠᠢ ᠬᠦᠷᠢᠶᠡᠯᠡᠩ ᠪᠦᠯᠬᠦᠮ᠎ᠤᠨ ᠵᠦᠴᠦᠭᠡ ᠵᠢᠨ ᠭᠠᠷᠴᠠᠭ᠎ᠤᠨ ᠬᠤᠪᠢ ᠣᠷᠣᠭᠤᠯᠬᠤ ᠳᠦᠷᠢᠮ᠂ ᠲᠦᠷᠦᠯ ᠵᠦᠢ᠍ᠯ᠎ᠤᠨ ᠳᠦᠷᠢᠮ ᠵᠡᠷᠭᠡ ᠤᠯᠠᠨ ᠵᠦᠢ᠍ᠯ᠎ᠤᠨ ᠠᠮᠢᠳᠤᠯᠢᠭ ᠠᠷᠭ᠎ᠠ ᠬᠡᠯᠪᠡᠷᠢ ᠵᠢ ᠰᠦᠪᠡᠭᠴᠢᠯᠡᠬᠦ ᠵᠢ ᠵᠣᠷᠢᠭᠵᠢᠭᠤᠯᠤᠨ᠎ᠠ᠃
(ᠠᠷᠪᠠᠨ ᠭᠤᠷᠪᠠ) ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠢ ᠳᠠᠭᠤᠷᠢᠯᠢᠭ᠎ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ᠎ᠢ ᠬᠡᠷᠡᠭᠵᠢᠭᠦᠯᠦᠨ᠎ᠡ᠃ ᠦᠨᠳᠦᠰᠦᠲᠡᠨ᠎ᠤ ᠠᠷᠠᠳ᠎ᠤᠨ ᠣᠷᠣᠨ ᠨᠤᠲᠤᠭ᠎ᠤᠨ ᠰᠢ ᠳᠠᠭᠤᠷᠢᠯᠢᠭ᠎ᠤᠨ ᠦᠢ᠍ᠯᠡᠳᠪᠦᠷᠢᠯᠡᠯ ᠲᠣᠭᠯᠠᠯᠲᠠ ᠵᠢ ᠭᠣᠣᠯᠳᠠᠯᠭ᠎ᠠ᠎ᠲᠠᠢ ᠲᠡᠳᠬᠦᠵᠦ᠂ ᠪᠡᠭᠡᠵᠢᠩ ᠰᠢ᠂ ᠡᠯ ᠿᠸᠨ᠎ᠲᠠᠢ ᠵᠦᠴᠦᠭᠡ᠂ ᠮᠣᠩᠭᠣᠯ ᠵᠦᠴᠦᠭᠡ ᠵᠡᠷᠭᠡ ᠵᠢ ᠡᠭᠦᠳᠦᠨ ᠪᠦᠲᠦᠭᠡᠬᠦ ᠠᠵᠢᠯ᠎ᠢ ᠰᠠᠢ᠌ᠲᠤᠷ ᠬᠢᠵᠦ᠂ ᠪᠣᠳᠠᠲᠤ ᠠᠬᠤᠢ ᠵᠢᠨ ᠰᠡᠳᠦᠪᠲᠦ᠂ ᠦᠨᠳᠦᠰᠦᠲᠡᠨ᠎ᠤ ᠰᠡᠳᠦᠪᠲᠦ ᠰᠢ ᠳᠠᠭᠤᠷᠢᠯᠢᠭ᠎ᠤᠨ ᠵᠣᠬᠢᠶᠠᠨ ᠪᠦᠲᠦᠭᠡᠬᠦ ᠵᠢ ᠵᠣᠷᠢᠭᠵᠢᠭᠤᠯᠤᠨ᠎ᠠ᠃ ᠣᠷᠣᠨ ᠨᠤᠲᠤᠭ᠎ᠤᠨ ᠰᠢ ᠳᠠᠭᠤᠷᠢᠯᠢᠭ᠎ᠢ ᠮᠠᠯᠵᠢᠬᠤ ᠲᠠᠷᠢᠶᠠᠯᠠᠬᠤ ᠣᠷᠣᠨ᠎ᠳᠤ ᠣᠷᠣᠭᠤᠯᠬᠤ᠂ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠵᠡᠷᠭᠡ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠣᠷᠣᠨ ᠨᠤᠲᠤᠭ᠎ᠤᠨ ᠰᠢ ᠳᠠᠭᠤᠷᠢᠯᠢᠭ᠎ᠢ ᠠᠮᠢᠳᠤᠯᠢᠭ ᠵᠶ᠋ᠠᠷ ᠤᠯᠠᠮᠵᠢᠯᠠᠬᠤ ᠵᠢ ᠪᠡᠶᠡᠯᠡᠭᠦᠯᠦᠨ᠎ᠡ᠂ ᠤᠳᠤ ᠦᠶ᠎ᠡ ᠵᠢᠨ ᠰᠢ ᠵᠦᠴᠦᠭᠡ ᠵᠢᠨ ᠵᠣᠬᠢᠶᠠᠨ ᠪᠦᠲᠦᠭᠡᠯᠭᠡ ᠵᠢ ᠰᠠᠢ᠌ᠲᠤᠷ ᠠᠳᠬᠤᠭᠰᠠᠨ ᠰᠠᠭᠤᠷᠢᠨ ᠳᠡᠭᠡᠷ᠎ᠡ᠂ ᠲᠡᠦᠬᠡ ᠵᠢᠨ ᠵᠦᠴᠦᠭᠡ ᠵᠢ ᠰᠢᠨ᠎ᠡ᠎ᠪᠠᠷ ᠨᠠᠢ᠌ᠷᠠᠭᠤᠯᠬᠤ ᠪᠠ ᠤᠯᠠᠮᠵᠢᠯᠠᠯᠲᠤ ᠰᠢ ᠵᠦᠴᠦᠭᠡ ᠵᠢ ᠡᠮᠬᠢᠳᠬᠡᠨ ᠥᠭᠡᠷᠡᠴᠢᠯᠡᠨ ᠨᠠᠢ᠌ᠷᠠᠭᠤᠯᠬᠤ ᠵᠢ ᠬᠠᠢ᠌ᠨ ᠰᠦᠪᠡᠭᠴᠢᠯᠡᠵᠦ᠂ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠦᠭᠵᠢᠭᠦᠯᠦᠨ᠎ᠡ᠃
(ᠠᠷᠪᠠᠨ ᠳᠥᠷᠪᠡ) ᠭᠣᠣᠯᠳᠠᠯᠭ᠎ᠠ᠎ᠲᠠᠢ ᠪᠦᠲᠦᠭᠡᠯ᠎ᠤᠨ ᠬᠠᠮ ᠵᠠᠭᠤᠴᠢᠯᠠᠭᠤᠷ᠎ᠤᠨ ᠳᠡᠯᠭᠡᠷᠡᠭᠦᠯᠬᠦ ᠲᠠᠪᠴᠠᠩ᠎ᠢ ᠪᠠᠢ᠌ᠭᠤᠯᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠠᠭᠤᠰᠤᠯᠴᠠᠭᠤᠯᠤᠨ ᠬᠥᠭᠵᠢᠭᠦᠯᠬᠦ᠂ ᠲᠣᠭᠯᠠᠯᠲᠠ ᠨᠡᠪᠲᠡᠷᠡᠭᠦᠯᠭᠡ ᠬᠠᠮᠵᠢᠯᠴᠠᠨ ᠬᠠᠮᠲᠤ᠎ᠪᠠᠷ ᠤᠷᠤᠭᠰᠢᠯᠠᠬᠤ ᠠᠵᠢᠯᠯᠠᠭ᠋ᠠᠨ᠎ᠤ ᠵᠠᠭᠪᠤᠷ᠎ᠢ ᠪᠠᠢ᠌ᠭᠤᠯᠵᠤ᠂ ᠲᠠᠢ᠌ᠰᠠᠨ᠎ᠤ ᠵᠦᠴᠦᠭᠡ ᠵᠢᠨ ᠪᠦᠲᠦᠭᠡᠯ᠎ᠤᠨ ᠦᠢ᠍ᠯᠡᠳᠪᠦᠷᠢᠯᠡᠯ ᠪᠠ ᠺᠢᠨᠣ᠋ ᠲᠧᠯᠸᠢᠰ ᠵᠦᠴᠦᠭᠡ ᠵᠢᠨ ᠦᠢ᠍ᠯᠡᠳᠪᠦᠷᠢᠯᠡᠯ᠎ᠢ ᠵᠣᠯᠭ᠋ᠠᠭᠤᠯᠤᠨ ᠠᠭᠤᠰᠤᠯᠴᠠᠭᠤᠯᠬᠤ ᠵᠢ ᠲᠦᠯᠬᠢᠨ ᠠᠬᠢᠭᠤᠯᠵᠤ᠂ ᠵᠠᠭᠤᠴᠢᠯᠠᠭᠤᠷ ᠬᠢᠭᠡᠳ ᠤᠯᠤᠰ᠎ᠤᠨ ᠦᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠢᠳᠡᠪᠬᠢᠲᠡᠢ᠎ᠪᠠᠷ ᠬᠠᠮᠲᠤᠷᠠᠯᠴᠠᠬᠤ ᠵᠢ ᠬᠥᠲᠥᠯᠥᠨ ᠵᠢᠯᠤᠭᠣᠳᠴᠤ᠂ ᠲᠠᠢ᠌ᠰᠠᠨ᠎ᠤ ᠤᠷᠠᠯᠢᠭ᠎ᠤᠨ ᠪᠦᠲᠦᠭᠡᠯ᠎ᠤᠨ ᠤᠯᠠᠮᠵᠢᠯᠠᠬᠤ ᠬᠦᠴᠦᠨ᠂ ᠨᠥᠯᠥᠭᠡᠯᠡᠬᠦ ᠬᠦᠴᠦᠨ᠎ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠰᠦᠯᠵᠢᠶᠡᠨ᠎ᠤ ᠤᠳᠬ᠎ᠠ ᠤᠷᠠᠯᠢᠭ᠎ᠤᠨ ᠲᠠᠪᠴᠠᠩ᠎ᠤᠨ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠪᠥᠬᠥ ᠣᠷᠣᠨ᠎ᠤ ᠵᠦᠴᠦᠭᠡ ᠵᠢ ᠨᠡᠪᠴᠢᠭᠦᠯᠬᠦ ᠠᠵᠢᠯᠯᠠᠭ᠋ᠠᠨ᠎ᠤ ᠲᠠᠪᠴᠠᠩ᠂ ᠲᠢᠶᠠᠲᠷ᠎ᠤᠨ ᠶᠡᠷᠦᠩᠬᠡᠢ᠌ᠯᠡᠭᠰᠡᠨ ᠡᠵᠡᠩᠨᠡᠯᠲᠡ ᠵᠢᠨ ᠲᠠᠪᠴᠠᠩ ᠪᠠ ᠲᠣᠭᠯᠠᠯᠲᠠ ᠵᠢᠨ ᠤᠬᠠᠭᠤᠯᠤᠨ ᠳᠡᠯᠭᠡᠷᠡᠭᠦᠯᠬᠦ ᠲᠠᠪᠴᠠᠩ᠎ᠢ ᠪᠠᠢ᠌ᠭᠤᠯᠵᠤ᠂ ᠲᠣᠭᠯᠠᠯᠲᠠ ᠵᠢᠨ ᠡᠵᠡᠩᠨᠡᠯᠲᠡ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠤᠯᠤᠰ᠎ᠤᠨ ᠦᠮᠴᠢᠯᠡᠯᠲᠦ ᠣᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠰᠦᠯᠵᠢᠶᠡᠨ᠎ᠤ ᠵᠣᠬᠢᠶᠠᠨ ᠪᠦᠲᠦᠭᠡᠬᠦ ᠲᠣᠭᠯᠠᠯᠲᠠ ᠪᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠨᠡᠩ ᠤᠯᠠᠨ ᠡᠷᠡᠭᠦᠯ ᠪᠥᠭᠡᠳ ᠴᠢᠨᠠᠷ ᠰᠠᠢ᠌ᠲᠠᠢ ᠰᠦᠯᠵᠢᠶᠡᠨ᠎ᠤ ᠤᠷᠠᠨ ᠰᠠᠢ᠌ᠬᠠᠨ᠎ᠤ ᠪᠦᠲᠦᠭᠡᠯ᠎ᠢ ᠭᠠᠷᠭ᠋ᠠᠨ᠎ᠠ᠃ 《ᠰᠦᠯᠵᠢᠶᠡᠨ ᠳᠡᠭᠡᠷᠡᠬᠢ ᠤᠯᠠᠭ᠋ᠠᠨᠮᠥ᠋ᠴᠢᠷ》᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠤᠯᠠᠭ᠋ᠠᠨᠮᠥ᠋ᠴᠢᠷ᠎ᠤᠨ ᠬᠡᠷᠡᠭᠯᠡᠭᠡᠨ᠎ᠤ ᠫᠷᠣᠭ᠌ᠷᠠᠮ (APP)᠎ᠢ ᠨᠡᠭᠡᠭᠡᠨ ᠬᠥᠭᠵᠢᠭᠦᠯᠵᠦ᠂ ᠤᠯᠠᠭ᠋ᠠᠨᠮᠥ᠋ᠴᠢᠷ᠎ᠤᠨ ᠰᠣᠩᠭᠣᠳᠠᠭ ᠪᠦᠲᠦᠭᠡᠯ᠎ᠤᠨ ᠲᠣᠭ᠋ᠠᠵᠢᠭᠤᠯᠬᠤ ᠢᠨᠵᠧᠨᠧᠷᠢᠩ᠎ᠢ ᠬᠡᠷᠡᠭᠵᠢᠭᠦᠯᠦᠨ᠎ᠡ᠃
(ᠠᠷᠪᠠᠨ ᠲᠠᠪᠤ) ᠰᠣᠳᠣᠨ ᠵᠦᠴᠦᠭᠡ (ᠫᠷᠤᠭ᠌ᠷᠠᠮ) ᠵᠢᠨ 《ᠭᠠᠳᠠᠭᠰᠢ ᠭᠠᠷᠬᠤ》 ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠦᠨ᠎ᠡ᠃ ᠤᠯᠤᠰ᠎ᠤᠨ ᠳᠣᠲᠣᠭ᠋ᠠᠳᠤ ᠵᠢᠨ ᠭᠣᠣᠯᠳᠠᠯᠭ᠎ᠠ᠎ᠲᠠᠢ ᠲᠢᠶᠠᠲᠷᠯᠤᠭᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠰᠢᠯᠢᠳᠡᠭ ᠪᠦᠲᠦᠭᠡᠯ᠎ᠢ ᠳᠡᠯᠭᠡᠷᠡᠭᠦᠯᠦᠨ ᠤᠯᠠᠮᠵᠢᠯᠠᠬᠤ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠣᠳᠣᠨ ᠵᠦᠴᠦᠭᠡ ( ᠫᠷᠤᠭ᠌ᠷᠠᠮ) ᠵᠢᠨ ᠪᠥᠬᠥ ᠤᠯᠤᠰ᠎ᠤᠨ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠠᠬᠢᠭᠤᠯᠤᠨ᠎ᠠ᠃ ᠳᠤᠮᠳᠠᠳᠤ ᠮᠣᠩᠭᠣᠯ ᠣᠷᠣᠰ᠎ᠤᠨ ᠲᠠᠢ᠌ᠰᠠᠨ᠎ᠤ ᠤᠷᠠᠯᠢᠭ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢᠨ ᠲᠠᠪᠴᠠᠩ᠎ᠢ ᠪᠠᠢ᠌ᠭᠤᠯᠵᠤ᠂ ᠰᠢᠯᠢᠳᠡᠭ ᠰᠣᠳᠣᠨ ᠵᠦᠴᠦᠭᠡ (ᠫᠷᠤᠭ᠌ᠷᠠᠮ) ᠵᠢ ᠣᠯᠠᠨ ᠤᠯᠤᠰ᠎ᠲᠤ ᠤᠯᠠᠮᠵᠢᠯᠠᠨ ᠳᠡᠯᠭᠡᠷᠡᠭᠦᠯᠬᠦ ᠵᠢ ᠠᠬᠢᠭᠤᠯᠤᠨ᠎ᠠ᠃ ᠭᠠᠳᠠᠭ᠋ᠠᠳᠤ᠎ᠯᠤᠭ᠎ᠠ ᠵᠢᠨ ᠰᠣᠶᠣᠯ᠎ᠤᠨ ᠰᠣᠯᠢᠯᠴᠠᠭ᠎ᠠ ᠵᠢ ᠬᠢᠨᠠᠨ ᠪᠠᠢ᠌ᠴᠠᠭ᠋ᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠰᠣᠳᠣᠨ ᠵᠦᠴᠦᠭᠡ (ᠫᠷᠤᠭ᠌ᠷᠠᠮ) ᠵᠢᠨ 《ᠭᠠᠳᠠᠭᠰᠢ ᠭᠠᠷᠬᠤ》 ᠤᠳᠤᠷᠢᠳᠤᠮᠵᠢ ᠵᠢᠨ ᠪᠣᠭᠣᠮᠲᠠ᠂ ᠠᠭᠤᠯᠭ᠎ᠠ ᠵᠢᠨ ᠪᠣᠭᠣᠮᠲᠠ ᠵᠢ ᠰᠠᠢ᠌ᠲᠤᠷ ᠠᠳᠬᠤᠨ᠎ᠠ᠃
ᠲᠠᠪᠤ᠂ ᠪᠠᠢ᠌ᠷᠢᠰᠢᠭᠤᠯᠤᠯᠲᠠ᠎ᠨᠢ ᠵᠦᠢ ᠵᠣᠬᠢᠰᠲᠠᠢ ᠲᠢᠶᠠᠲᠷ᠎ᠤᠨ ᠬᠠᠩᠭ᠋ᠠᠯᠭ᠎ᠠ ᠵᠢᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ
(ᠠᠷᠪᠠᠨ ᠵᠢᠷᠭᠤᠭ᠎ᠠ) ᠲᠢᠶᠠᠲᠷ᠎ᠤᠨ ᠬᠠᠩᠭ᠋ᠠᠯᠭ᠎ᠠ ᠵᠢ ᠣᠯᠠᠨ ᠠᠷᠭ᠎ᠠ ᠵᠠᠮ ᠵᠶ᠋ᠠᠷ ᠪᠠᠲᠤᠯᠠᠨ᠎ᠠ᠃ ᠥᠭᠡᠷᠡᠴᠢᠯᠡᠨ ᠪᠠᠶ᠋ᠢᠭᠤᠯᠬᠤ (ᠥᠷᠭᠡᠳᠬᠡᠬᠦ)᠂ ᠰᠢᠨ᠎ᠡ᠎ᠪᠠᠷ ᠪᠠᠶ᠋ᠢᠭᠤᠯᠬᠤ᠂ ᠲᠦᠷᠢᠶᠡᠰᠦᠯᠡᠬᠦ ᠵᠡᠷᠭᠡ ᠠᠷᠭ᠎ᠠ ᠮᠠᠶᠢᠭ᠎ᠢ ᠠᠪᠴᠤ᠂ ᠲᠢᠶᠠᠲᠷ ᠪᠠ ᠦᠵᠡᠭᠴᠢᠳ᠎ᠤᠨ ᠰᠠᠭᠤᠳᠠᠯ᠎ᠤᠨ ᠲᠣᠭ᠎ᠠ ᠵᠢ ᠰᠢᠨᠵᠢᠯᠡᠬᠦ ᠤᠬᠠᠭ᠋ᠠᠨᠴᠢ ᠪᠥᠭᠡᠳ ᠵᠦᠢ ᠵᠣᠬᠢᠰᠲᠠᠢ᠎ᠪᠠᠷ ᠨᠡᠮᠡᠭᠳᠡᠭᠦᠯᠦᠨ᠎ᠡ᠃ ᠨᠡᠢ᠌ᠭᠡᠮ᠎ᠤᠨ ᠬᠥᠷᠥᠩᠭᠡ ᠵᠢᠨ ᠬᠤᠳᠠᠯᠳᠤᠭ᠋ᠠᠨ᠎ᠤ ᠲᠠᠯᠠᠪᠤᠷ᠂ ᠦᠢ᠍ᠯᠡᠳᠪᠦᠷᠢ ᠵᠢᠨ ᠭᠡᠷ ᠪᠠᠢ᠌ᠰᠢᠩ᠂ ᠬᠥᠮᠥᠷᠭᠡᠯᠡᠨ ᠬᠠᠳᠠᠭ᠋ᠠᠯᠠᠬᠤ᠎ᠳᠤ ᠬᠡᠷᠡᠭᠯᠡᠬᠦ ᠭᠡᠷ ᠪᠠᠢ᠌ᠰᠢᠩ ᠵᠡᠷᠭᠡ ᠦᠯᠡᠳᠡᠭᠡᠯ ᠪᠡᠯᠡᠳᠬᠡᠮᠵᠢ ᠵᠢ ᠠᠰᠢᠭᠯᠠᠨ ᠣᠨᠴᠠᠯᠢᠭᠲᠤ ᠲᠢᠶᠠᠲᠷ᠎ᠢ ᠪᠦᠲᠦᠭᠡᠨ ᠪᠠᠶ᠋ᠢᠭᠤᠯᠬᠤ ᠵᠢ ᠳᠡᠮᠵᠢᠵᠦ᠂ ᠤᠷᠠᠨ ᠰᠠᠢ᠌ᠬᠠᠨ᠎ᠤ ᠠᠵᠤ ᠦᠢ᠍ᠯᠡᠰ᠎ᠢ ᠬᠥᠭᠵᠢᠭᠦᠯᠦᠨ᠎ᠡ᠃ ᠤᠯᠤᠰ᠎ᠤᠨ ᠦᠮᠴᠢᠯᠡᠯᠲᠦ ᠲᠢᠶᠠᠲᠷ ᠵᠡᠷᠭᠡ ᠤᠷᠠᠯᠢᠭ᠎ᠤᠨ ᠲᠣᠭᠯᠠᠯᠲᠠ ᠵᠢᠨ ᠲᠠᠯᠠᠪᠤᠷ ᠭᠠᠵᠠᠷ᠎ᠢ ᠥᠭᠡᠷᠡᠴᠢᠯᠡᠬᠦ᠎ᠳᠤ ᠵᠣᠬᠢᠬᠤ ᠬᠡᠪᠴᠢᠶᠡᠨ᠎ᠤ ᠬᠤᠳᠠᠯᠳᠤᠭ᠎ᠠ᠂ ᠦᠢ᠍ᠯᠡᠴᠢᠯᠡᠭᠡ ᠵᠡᠷᠭᠡ ᠪᠤᠰᠤᠳ ᠬᠡᠷᠡᠭᠴᠡᠭᠡ ᠵᠢ ᠪᠠᠭᠲᠠᠭ᠋ᠠᠵᠤ ᠪᠣᠯᠬᠤ ᠪᠥᠭᠡᠳ ᠬᠡᠯᠡᠯᠴᠡᠭᠡᠷ᠎ᠤᠨ ᠠᠷᠭ᠎ᠠ ᠮᠠᠶᠢᠭ ᠵᠶ᠋ᠠᠷ ᠭᠠᠵᠠᠷ ᠬᠡᠷᠡᠭᠯᠡᠬᠦ ᠭᠠᠷ ᠭᠦᠢ᠍ᠴᠡᠳᠬᠡᠯ᠎ᠢ ᠨᠥᠬᠥᠪᠦᠷᠢᠯᠡᠨ ᠬᠢᠵᠦ ᠪᠣᠯᠣᠨ᠎ᠠ᠃ ᠨᠠᠮ ᠵᠠᠰᠠᠭ᠎ᠤᠨ ᠪᠠᠢ᠌ᠭᠤᠯᠭ᠎ᠠ᠂ ᠰᠤᠷᠭ᠋ᠠᠭᠤᠯᠢ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠡᠷᠭᠡ ᠵᠢᠨ ᠡᠯ᠎ᠡ ᠲᠥᠷᠥᠯ᠎ᠤᠨ ᠰᠣᠶᠣᠯ ᠪᠡᠶ᠎ᠡ ᠵᠢᠨ ᠲᠠᠮᠢᠷ᠎ᠤᠨ ᠪᠡᠯᠡᠳᠬᠡᠮᠵᠢ ᠵᠢ ᠰᠦᠢ᠍ᠳᠬᠡᠯ ᠬᠤᠷᠢᠶᠠᠬᠤ ᠦᠭᠡᠢ ᠪᠤᠶᠤ ᠬᠠᠷᠠᠭ᠋ᠠᠯᠵᠠᠯ᠎ᠲᠠᠢ᠎ᠪᠠᠷ ᠤᠯᠤᠰ᠎ᠤᠨ ᠥᠮᠴᠢᠯᠡᠯᠲᠦ ᠤᠷᠠᠨ ᠰᠠᠢ᠌ᠬᠠᠨ᠎ᠤ ᠬᠦᠷᠢᠶᠡᠯᠡᠩ ᠪᠦᠯᠬᠦᠮ᠎ᠳᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠲᠣᠭᠯᠠᠯᠲᠠ ᠥᠷᠨᠢᠭᠦᠯᠬᠦ ᠵᠢ ᠵᠣᠷᠢᠭᠵᠢᠭᠤᠯᠤᠨ᠎ᠠ᠃ ᠨᠥᠬᠥᠴᠡᠯ᠎ᠲᠠᠢ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠲᠤ ᠠᠰᠢᠭ ᠬᠦᠷᠲᠡᠭᠡᠬᠦ ᠣᠯᠠᠨ ᠴᠢᠳᠠᠮᠵᠢᠲᠤ ᠲᠢᠶᠠᠲᠷ᠂ ᠵᠢᠵᠢᠭ ᠲᠢᠶᠠᠲᠷ᠎ᠢ ᠵᠣᠬᠢᠬᠤ ᠬᠡᠮᠵᠢᠶ᠎ᠡ᠎ᠪᠠᠷ ᠪᠦᠲᠦᠭᠡᠨ ᠪᠠᠶ᠋ᠢᠭᠤᠯᠬᠤ ᠵᠢ ᠵᠣᠷᠢᠭᠵᠢᠭᠤᠯᠤᠨ᠎ᠠ᠃
(ᠠᠷᠪᠠᠨ ᠳᠣᠯᠣᠭ᠎ᠠ) 《ᠲᠠᠯ᠎ᠠ ᠨᠤᠲᠤᠭ᠎ᠤᠨ ᠨᠡᠭᠦᠳᠡᠯ ᠲᠢᠶᠠᠲᠷ》᠎ᠤᠨ ᠵᠠᠭᠪᠤᠷ᠎ᠢ ᠰᠠᠨᠠᠭ᠋ᠠᠴᠢᠯᠠᠨ᠎ᠠ᠃ ᠨᠡᠢ᠌ᠭᠡᠮ ᠲᠣᠭᠣᠷᠢᠭ᠎ᠤᠨ ᠰᠣᠶᠣᠯ᠎ᠤᠨ ᠲᠠᠯᠠᠪᠠᠶ᠂ ᠮᠠᠯᠵᠢᠬᠤ ᠲᠠᠷᠢᠶᠠᠯᠠᠬᠤ ᠣᠷᠣᠨ᠎ᠤ ᠵᠢᠵᠢᠭ ᠲᠠᠯᠠᠪᠠᠶ ᠵᠢᠵᠢᠭ ᠲᠠᠢ᠌ᠰᠠ ᠵᠡᠷᠭᠡ᠎ᠳᠤ ᠲᠦᠰᠢᠭᠯᠡᠨ᠂ 《ᠬᠦᠬᠡ ᠲᠡᠭᠷᠢ᠎ᠪᠠᠷ ᠬᠥᠰᠢᠭᠡ ᠪᠣᠯᠭ᠋ᠠᠵᠤ᠂ ᠬᠦᠷᠦᠰᠦᠲᠦ ᠭᠠᠵᠠᠷ ᠵᠶ᠋ᠠᠷ ᠲᠠᠢ᠌ᠰᠠ ᠪᠣᠯᠭ᠋ᠠᠬᠤ》 《ᠲᠠᠯ᠎ᠠ ᠨᠤᠲᠤᠭ᠎ᠤᠨ ᠨᠡᠭᠦᠳᠡᠯ ᠲᠢᠶᠠᠲᠷ》᠎ᠤᠨ ᠵᠠᠭᠪᠤᠷ᠎ᠢ ᠦᠷᠭᠦᠯᠵᠢᠯᠡᠨ ᠳᠡᠯᠭᠡᠷᠡᠭᠦᠯᠦᠨ᠎ᠡ᠃ 《ᠲᠠᠯ᠎ᠠ ᠨᠤᠲᠤᠭ᠎ᠤᠨ ᠨᠡᠭᠦᠳᠡᠯ ᠲᠢᠶᠠᠲᠷ》᠎ᠤᠨ ᠲᠣᠭᠯᠠᠯᠲᠠ ᠵᠢᠨ ᠪᠡᠯᠡᠳᠬᠡᠮᠵᠢ ᠲᠥᠬᠦᠭᠡᠷᠦᠮᠵᠢ ᠵᠢᠴᠢ ᠵᠠᠮ ᠬᠠᠷᠢᠯᠴᠠᠭ᠋ᠠᠨ᠎ᠤ ᠪᠠᠭ᠋ᠠᠵᠢ ᠵᠢ ᠲᠣᠬᠢᠷᠠᠭᠤᠯᠤᠨ ᠰᠢᠨᠡᠳᠬᠡᠬᠦ ᠵᠢ ᠣᠯᠠᠨ ᠨᠡᠶ᠋ᠢᠲᠡ ᠵᠢᠨ ᠰᠣᠶᠣᠯ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠰᠢᠨᠡᠳᠬᠡᠬᠦ ᠲᠥᠯᠦᠪᠵᠢᠭᠦᠯᠭᠡ᠎ᠳᠤ ᠣᠷᠣᠭᠤᠯᠵᠤ᠂ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠨ᠎ᠡ᠃
(ᠠᠷᠪᠠᠨ ᠨᠠᠢ᠍ᠮᠠ) ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ ᠪᠠ ᠲᠢᠶᠠᠲᠷ᠎ᠤᠨ ᠭᠦᠨᠵᠡᠭᠡᠢ ᠬᠠᠮᠲᠤᠷᠠᠯᠴᠠᠭ᠎ᠠ ᠵᠢ ᠠᠬᠢᠭᠤᠯᠤᠨ᠎ᠠ᠃ 《ᠪᠦᠯᠬᠦᠮ ᠪᠠ ᠲᠢᠶᠠᠲᠷ᠎ᠤᠨ ᠬᠠᠮᠲᠤᠷᠠᠯᠴᠠᠭ᠎ᠠ》᠂ 《ᠪᠦᠯᠬᠦᠮ ᠵᠶ᠋ᠡᠷ ᠲᠢᠶᠠᠲᠷ᠎ᠢ ᠳᠠᠢ᠌ᠴᠢᠯᠠᠬᠤ》 ᠪᠤᠶᠤ 《ᠲᠢᠶᠠᠲᠷ ᠵᠶ᠋ᠠᠷ ᠪᠦᠯᠬᠦᠮ᠎ᠢ ᠳᠠᠢ᠌ᠴᠢᠯᠠᠬᠤ》 ᠵᠢ ᠲᠡᠮᠵᠢᠨ᠎ᠠ᠃ ᠨᠥᠬᠥᠴᠡᠯ᠎ᠲᠠᠢ ᠭᠠᠵᠠᠷ ᠣᠷᠣᠨ᠎ᠳᠤ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠲᠠᠯᠠᠪᠠᠶ᠎ᠳᠤ ᠰᠠᠭᠤᠵᠤ ᠲᠣᠭᠯᠠᠯᠲᠠ ᠭᠠᠷᠭ᠋ᠠᠬᠤ ᠳᠦᠷᠢᠮ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠥᠪᠥᠷ ᠮᠣᠩᠭᠣᠯ᠎ᠤᠨ ᠲᠣᠭᠯᠠᠯᠲᠠ ᠵᠢᠨ ᠲᠢᠶᠠᠲᠷ᠎ᠤᠨ ᠱᠤᠭᠤᠮ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠪᠥᠬᠥ ᠣᠷᠣᠨ᠎ᠤ ᠲᠢᠶᠠᠲᠷ᠎ᠤᠨ ᠱᠤᠭᠤᠮ᠎ᠤᠨ ᠡᠵᠡᠩᠨᠡᠯᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠰᠦᠪᠡᠭᠴᠢᠯᠡᠨ ᠪᠠᠢ᠌ᠭᠤᠯᠵᠤ᠂ ᠲᠢᠶᠠᠲᠷ ᠵᠶ᠋ᠠᠷ ᠬᠣᠯᠪᠣᠭ᠋ᠠᠰᠤ ᠪᠣᠯᠭ᠋ᠠᠭᠰᠠᠨ ᠲᠣᠭᠯᠠᠯᠲᠠ ᠵᠢᠨ ᠤᠷᠠᠯᠢᠭ᠎ᠤᠨ ᠠᠵᠤ ᠦᠢ᠍ᠯᠡᠰ᠎ᠤᠨ ᠬᠡᠯᠬᠢᠶ᠎ᠡ ᠵᠢ ᠪᠠᠢ᠌ᠭᠤᠯᠤᠨ᠎ᠠ᠃
ᠵᠢᠷᠭᠤᠭ᠎ᠠ᠂ ᠳᠡᠮᠵᠢᠵᠦ ᠪᠠᠲᠤᠯᠠᠬᠤ ᠵᠢ ᠴᠢᠩᠭ᠋ᠠᠷᠠᠭᠤᠯᠤᠨ᠎ᠠ
(ᠠᠷᠪᠠ ᠶᠢᠰᠦ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠬᠤ ᠵᠢ ᠤᠯᠤᠰ᠎ᠤᠨ ᠥᠮᠴᠢᠯᠡᠯ᠎ᠤᠨ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠬᠥᠭᠵᠢᠯᠲᠡ ᠵᠢᠨ ᠵᠥᠪ ᠴᠢᠭᠯᠡᠯ᠎ᠢ ᠪᠠᠲᠤ ᠡᠵᠡᠮᠳᠡᠨ᠎ᠡ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠤᠯᠤᠰ ᠲᠦᠷᠦ ᠵᠢᠨ ᠬᠠᠷᠢᠭᠤᠴᠠᠯᠭ᠎ᠠ ᠪᠠ ᠤᠳᠤᠷᠢᠳᠬᠤ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠤᠯᠤᠰ᠎ᠤᠨ ᠦᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠬᠥᠭᠵᠢᠯᠲᠡ ᠵᠢᠨ ᠳᠤᠮᠳᠠᠬᠢ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢᠳᠤᠨᠢ ᠰᠤᠳᠤᠯᠤᠨ ᠰᠢᠢ᠍ᠳᠪᠦᠷᠢᠯᠡᠵᠦ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠤᠨ᠎ᠠ᠃ ᠨᠠᠮ᠎ᠤᠨ ᠬᠣᠷᠢᠶᠠᠨ᠎ᠤ ᠤᠬᠠᠭᠤᠯᠬᠤ ᠰᠠᠯᠠᠭ᠎ᠠ ᠮᠥᠴᠢᠷ᠎ᠤᠨ ᠵᠣᠬᠢᠴᠠᠭᠤᠯᠤᠨ ᠵᠢᠯᠤᠭᠣᠳᠬᠤ᠂ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠎ᠤᠨ ᠬᠠᠷᠢᠭᠤᠴᠠᠨ ᠨᠠᠢ᠌ᠳᠠᠪᠤᠷᠢᠵᠢᠭᠤᠯᠬᠤ᠂ ᠪᠠᠢ᠌ᠭᠤᠯᠤᠮᠵᠢ ᠵᠢᠨ ᠣᠷᠣᠨ ᠲᠣᠭ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋᠎ᠤᠨ ᠵᠠᠰᠠᠭ᠂ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠨ ᠢᠳᠡᠪᠬᠢᠲᠡᠢ ᠬᠠᠮᠵᠢᠯᠴᠠᠬᠤ ᠠᠵᠢᠯ᠎ᠤᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠦᠨ᠎ᠡ᠃ ᠤᠯᠤᠰ ᠲᠦᠷᠦ ᠵᠢᠨ ᠪᠠᠷᠢᠮᠵᠢᠶ᠎ᠠ ᠵᠢ ᠲᠣᠪᠤᠢ᠌ᠯᠭ᠋ᠠᠨ᠂ ᠤᠯᠤᠰ᠎ᠤᠨ ᠦᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠪᠤᠶᠤ ᠵᠢᠭ᠋ᠠᠨ ᠵᠢᠯᠣᠭᠣᠳᠤᠭᠴᠢ ᠵᠢ ᠰᠢᠯᠢᠳᠡᠭ᠎ᠠᠴᠠ ᠰᠢᠯᠢᠳᠡᠭ᠎ᠢ ᠰᠣᠩᠭᠣᠨ ᠲᠣᠬᠢᠷᠠᠭᠤᠯᠵᠤ᠂ ᠮᠣᠷᠠᠯ ᠤᠷᠠᠯᠢᠭ ᠬᠣᠣᠰᠯᠠᠭᠰᠠᠨ᠂ ᠤᠳᠬ᠎ᠠ ᠤᠷᠠᠯᠢᠭ᠎ᠤᠨ ᠠᠵᠢᠯᠲᠠᠳ᠎ᠲᠠᠢ ᠨᠢᠭᠲᠠᠷᠠᠨ ᠪᠦᠯᠬᠦᠮᠳᠡᠵᠦ ᠴᠢᠳᠠᠬᠤ ᠨᠠᠮ᠎ᠤᠨ ᠭᠡᠰᠢᠭᠦᠨ ᠺᠠᠳ᠋ᠷ᠎ᠢ ᠬᠦᠷᠢᠶᠡᠯᠡᠩ ᠪᠦᠯᠬᠦᠮ᠎ᠤᠨ ᠤᠳᠤᠷᠢᠳᠬᠤ ᠪᠠᠭ᠎ᠲᠤ ᠣᠷᠣᠭᠤᠯᠬᠤ ᠵᠢ ᠴᠢᠬᠤᠯᠠᠴᠢᠯᠠᠨ᠎ᠠ᠃ ᠤᠯᠤᠰ᠎ᠤᠨ ᠦᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠡᠷᠬᠡᠪᠰᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠪᠠ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠬᠦ ᠬᠡᠷᠡᠭᠲᠡᠢ᠃
(ᠬᠣᠷᠢ) ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠤᠭᠤᠳ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠬᠥᠭᠵᠢᠯᠲᠡ ᠵᠢ ᠲᠦᠷᠭᠡᠳᠬᠡᠬᠦ ᠠᠵᠢᠯ᠎ᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠶᠡᠷᠦᠩᠬᠡᠢ ᠲᠥᠯᠦᠪᠵᠢᠭᠦᠯᠭᠡ᠎ᠳᠤ᠎ᠪᠠᠨ ᠣᠷᠣᠭᠤᠯᠵᠤ᠂ ᠬᠠᠮᠢᠶᠠᠷᠤᠯᠲᠠ ᠪᠠ ᠦᠢ᠍ᠯᠡᠴᠢᠯᠡᠭᠡᠨ᠎ᠤ ᠠᠷᠭ᠎ᠠ ᠮᠠᠶᠢᠭ ᠵᠶ᠋ᠠᠨ ᠰᠠᠢ᠌ᠵᠢᠷᠠᠭᠤᠯᠤᠨ᠂ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠳᠤ ᠨᠠᠩ ᠰᠠᠢ᠌ᠨ ᠬᠥᠭᠵᠢᠯᠲᠡ ᠵᠢᠨ ᠣᠷᠴᠢᠨ ᠲᠣᠭᠣᠷᠢᠨ᠎ᠢ ᠪᠣᠶ ᠪᠣᠯᠭ᠋ᠠᠵᠤ ᠥᠭᠬᠦ ᠬᠡᠷᠡᠭᠲᠡᠢ᠃ ᠨᠥᠬᠥᠴᠡᠯ᠎ᠳᠤ ᠨᠡᠶ᠋ᠢᠴᠡᠬᠦ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠢ ᠳᠡᠮᠵᠢᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠨᠡᠯᠢᠶᠡᠳ ᠥᠨᠳᠥᠷ ᠬᠢᠷᠢ ᠲᠦᠪᠰᠢᠨ ᠪᠠ ᠲᠣᠪᠣᠢ᠌ᠮ᠎ᠠ ᠣᠨᠴᠠᠯᠢᠭ᠎ᠢ ᠢᠯᠡᠷᠡᠭᠦᠯᠦᠭᠰᠡᠨ ᠤᠯᠤᠰ᠎ᠤᠨ ᠥᠮᠴᠢᠯᠡᠯᠲᠦ ᠣᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠵᠢ ᠢᠳᠡᠪᠬᠢᠲᠡᠢ᠎ᠪᠠᠷ ᠲᠡᠳᠬᠦᠨ ᠳᠡᠮᠵᠢᠵᠦ᠂ ᠲᠡᠳᠡᠨ᠎ᠤ ᠵᠦᠴᠦᠭᠡ ᠵᠢᠨ ᠪᠦᠲᠦᠭᠡᠯ᠎ᠢ ᠵᠣᠬᠢᠶᠠᠨ ᠪᠦᠲᠦᠭᠡᠬᠦ᠂ ᠴᠢᠳᠠᠪᠤᠷᠢᠲᠠᠨ᠎ᠢ ᠬᠥᠮᠥᠵᠢᠭᠦᠯᠬᠦ᠂ ᠲᠤᠯᠭᠤᠷ ᠪᠢᠴᠢᠭ᠎ᠤᠨ ᠮᠠᠲ᠋ᠧᠷᠢᠶᠠᠯ᠎ᠢ ᠵᠠᠪᠳᠤᠨ ᠠᠪᠤᠷᠠᠵᠤ ᠬᠠᠳᠠᠭ᠋ᠠᠯᠠᠬᠤ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠲᠣᠭᠯᠠᠯᠲᠠ ᠭᠠᠷᠭ᠋ᠠᠬᠤ ᠪᠠ ᠭᠠᠳᠠᠭ᠋ᠠᠳᠤ᠎ᠲᠠᠢ ᠰᠣᠶᠣᠯ᠎ᠤᠨ ᠰᠣᠯᠢᠯᠴᠠᠭ᠎ᠠ ᠬᠢᠬᠦ ᠵᠡᠷᠭᠡ ᠠᠵᠢᠯᠯᠠᠭ᠎ᠠ ᠥᠷᠨᠢᠭᠦᠯᠬᠦ ᠵᠢ ᠳᠡᠮᠵᠢᠨ᠎ᠡ᠃ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃