ᠣᠶ᠋ᠢᠷ᠎ᠠ᠎ᠳᠤ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠢᠷᠢ ᠲᠡᠩᠴᠡᠬᠦ ᠦᠭᠡᠢ ᠨᠠᠮ᠎ᠤᠨ ᠭᠡᠰᠢᠭᠦᠨ᠎ᠢ ᠵᠣᠬᠢᠶᠠᠨ ᠪᠠᠶ᠋ᠢᠭᠤᠯᠤᠯᠲᠠ᠎ᠠᠴᠠ ᠰᠢᠢ᠍ᠳᠪᠦᠷᠢᠯᠡᠬᠦ ᠠᠷᠭ᠎ᠠ》 (ᠳᠣᠷᠣᠭᠰᠢ 《ᠠᠷᠭ᠎ᠠ》 ᠭᠡᠵᠦ ᠳᠥᠭᠦᠮᠴᠢᠯᠡᠨ᠎ᠡ) ᠵᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠨᠠᠷᠢᠨ ᠬᠢᠨᠠᠮᠠᠭ᠋ᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃
《ᠠᠷᠭ᠎ᠠ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠵᠤ᠂ ᠨᠠᠮ᠎ᠤᠨ ᠳᠦᠷᠢᠮ ᠪᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠭᠡᠰᠢᠭᠦᠨ᠎ᠤ ᠬᠥᠮᠦᠵᠢᠯ ᠬᠠᠮᠢᠶᠠᠷᠤᠯᠲᠠ ᠵᠢᠨ ᠠᠵᠢᠯ᠎ᠤᠨ ᠳᠦᠷᠢᠮ》 ᠵᠶ᠋ᠠᠷ ᠦᠨᠳᠦᠰᠦᠯᠡᠯ ᠪᠤᠯᠭ᠋ᠠᠵᠤ᠂ ᠨᠠᠮ᠎ᠤᠨ ᠭᠡᠰᠢᠭᠦᠨ᠎ᠤ ᠪᠠᠷᠢᠮᠵᠢᠶ᠎ᠠ ᠵᠢ ᠪᠠᠷᠢᠮᠲᠠᠯᠠᠵᠤ᠂ ᠬᠥᠮᠦᠵᠢᠯ ᠬᠠᠮᠢᠶᠠᠷᠤᠯᠲᠠ ᠬᠢᠨᠠᠯᠲᠠ ᠵᠢ ᠴᠢᠩᠭ᠋ᠠᠳᠬᠠᠵᠤ᠂ ᠪᠤᠰᠤᠳᠴᠢ ᠲᠥᠪ ᠭᠤᠤᠯᠴᠢ᠂ ᠪᠣᠯᠭᠤᠮᠵᠢᠲᠠᠢ ᠯᠠᠪᠳᠠᠭᠤᠨ᠂ ᠳᠦᠷᠢᠮ ᠲᠣᠭᠲᠠᠭ᠋ᠠᠯ ᠰᠠᠬᠢᠯᠭ᠎ᠠ ᠪᠠᠲᠤ ᠵᠢ ᠵᠢᠷᠤᠮᠯᠠᠬᠤ ᠵᠢ ᠪᠠᠷᠢᠮᠲᠠᠯᠠᠵᠤ᠂ ᠬᠢᠷᠢ ᠲᠡᠩᠴᠡᠬᠦ ᠦᠭᠡᠢ ᠨᠠᠮ᠎ᠤᠨ ᠭᠡᠰᠢᠭᠦᠨ᠎ᠢ ᠵᠣᠬᠢᠶᠠᠨ ᠪᠠᠶ᠋ᠢᠭᠤᠯᠤᠯᠲᠠ᠎ᠠᠴᠠ ᠰᠢᠢ᠍ᠳᠪᠦᠷᠢᠯᠡᠬᠦ ᠲᠤᠬᠠᠢ ᠲᠤᠰᠬᠠᠶ᠋ᠢᠯᠠᠨ ᠲᠣᠭᠲᠠᠭ᠋ᠠᠭᠰᠠᠨ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠪᠣᠯᠣᠨ᠎ᠠ᠃ 《ᠠᠷᠭ᠎ᠠ》 ᠵᠢ ᠲᠣᠭᠲᠠᠭ᠋ᠠᠵᠤ ᠬᠡᠷᠡᠭᠵᠢᠭᠦᠯᠦᠭᠰᠡᠨ᠎ᠨᠢ ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ ᠪᠠᠶ᠋ᠢᠯᠳᠤᠬᠤ ᠪᠣᠳᠣᠯᠭ᠎ᠠ ᠵᠢᠨ ᠴᠢᠭᠯᠡᠯᠲᠡ ᠵᠢ ᠲᠤᠭᠤᠰᠢᠯᠠᠭᠤᠯᠵᠤ᠂ ᠢᠲᠡᠭᠡᠯ ᠪᠢᠰᠢᠷᠡᠯ᠎ᠨᠢ ᠪᠠᠲᠤ ᠴᠢᠩᠭ᠎ᠠ᠂ ᠤᠯᠤᠰ ᠲᠥᠷᠥ ᠵᠢᠨ ᠲᠠᠯ᠎ᠠ᠎ᠪᠠᠷ ᠨᠠᠶ᠋ᠢᠳᠠᠪᠤᠷᠢᠲᠠᠢ᠂ ᠪᠦᠲᠦᠴᠡ᠎ᠨᠢ ᠵᠦᠢ ᠵᠣᠬᠢᠰᠲᠠᠢ᠂ ᠬᠡᠪ ᠪᠣᠯᠪᠠᠰᠤᠷᠠᠯ᠎ᠨᠢ ᠰᠢᠯᠢᠳᠡᠭ ᠰᠠᠶ᠋ᠢᠨ᠂ ᠰᠠᠬᠢᠯᠭ᠎ᠠ ᠪᠠᠲᠤ᠎ᠪᠠᠷ ᠴᠢᠩᠭ᠎ᠠ᠂ ᠦᠢ᠍ᠯᠡᠳᠦᠯ᠎ᠨᠢ ᠲᠣᠪᠣᠶ᠋ᠢᠮ᠎ᠠ ᠨᠠᠮ᠎ᠤᠨ ᠭᠡᠰᠢᠭᠦᠨ᠎ᠤ ᠡᠩᠨᠡᠭᠡ ᠵᠢ ᠪᠠᠶ᠋ᠢᠭᠤᠯᠵᠤ᠂ ᠨᠠᠮ᠎ᠤᠨ ᠠᠮᠢᠵᠢᠷᠠᠯ᠎ᠤᠨ ᠬᠦᠴᠦᠨ ᠪᠠ ᠴᠤᠭ ᠵᠢᠪᠬᠤᠭ᠎ᠠ ᠵᠢ ᠲᠠᠰᠤᠷᠠᠯᠲᠠ ᠦᠭᠡᠢ ᠨᠡᠮᠡᠭᠳᠡᠭᠦᠯᠬᠦ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃
《ᠠᠷᠭ᠎ᠠ》᠎ᠨᠢ ᠨᠡᠶ᠋ᠢᠲᠡ 27 ᠵᠦᠢ᠍ᠯ ᠪᠠᠶ᠋ᠢᠵᠤ᠂ ᠭᠤᠣᠯᠳᠠᠭᠤ 4 ᠲᠠᠯ᠎ᠠ ᠵᠢᠨ ᠠᠭᠤᠯᠭ᠎ᠠ ᠵᠢ ᠪᠠᠭᠲᠠᠭ᠋ᠠᠨ᠎ᠠ᠄ ᠨᠢᠭᠡ᠎ᠳᠤ᠂ ᠵᠣᠬᠢᠶᠠᠨ ᠪᠠᠶ᠋ᠢᠭᠤᠯᠤᠯᠲᠠ᠎ᠠᠴᠠ ᠰᠢᠢ᠍ᠳᠪᠦᠷᠢᠯᠡᠬᠦ ᠶᠡᠷᠦᠩᠬᠡᠢ ᠱᠠᠭ᠋ᠠᠷᠳᠠᠯᠭ᠎ᠠ᠂ ᠤᠬᠠᠭᠳᠠᠬᠤᠨ ᠪᠠ ᠠᠷᠭ᠎ᠠ ᠮᠠᠶᠢᠭ᠂ ᠵᠠᠷᠴᠢᠮ ᠵᠡᠷᠭᠡ᠎ᠳᠤ ᠲᠣᠭᠲᠠᠭ᠋ᠠᠯ ᠭᠠᠷᠭ᠋ᠠᠪᠠ; ᠬᠤᠶᠠᠷ᠎ᠲᠤ᠂ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠬᠤ᠂ ᠢᠳᠬᠠᠵᠤ ᠨᠠᠮ᠎ᠠᠴᠠ ᠭᠠᠷᠭ᠋ᠠᠬᠤ ᠪᠠ ᠨᠡᠷ᠎ᠡ ᠵᠢ᠎ᠨᠢ ᠬᠠᠰᠤᠬᠤ᠎ᠳᠤ ᠲᠣᠬᠢᠷᠠᠬᠤ ᠪᠠᠶ᠋ᠢᠳᠠᠯ᠎ᠢ ᠲᠣᠭᠲᠠᠭ᠋ᠠᠵᠤ᠂ ᠰᠢᠢ᠍ᠳᠪᠦᠷᠢᠯᠡᠬᠦ ᠳᠡᠰ ᠳᠠᠷᠠᠭ᠋ᠠᠯᠠᠯ ᠵᠢᠴᠢ ᠰᠡᠭᠦᠯᠴᠢ ᠵᠢᠨ ᠵᠦᠢ᠍ᠯᠡᠰ᠎ᠢ ᠨᠠᠷᠢᠯᠢᠬ᠍ᠵᠢᠭᠤᠯᠪᠠ; ᠭᠤᠷᠪᠠ᠎ᠳᠤ᠂ ᠰᠢᠢ᠍ᠳᠪᠦᠷᠢᠯᠡᠬᠦ ᠦᠭᠡᠢ ᠪᠠᠶ᠋ᠢᠵᠤ ᠪᠤᠯᠬᠤ ᠪᠠᠶ᠋ᠢᠳᠠᠯ᠂ ᠨᠡᠶ᠋ᠢᠯᠡᠭᠦᠯᠦᠨ ᠰᠢᠢ᠍ᠳᠪᠦᠷᠢᠯᠡᠬᠦ ᠵᠡᠷᠭᠡ ᠡᠵᠡᠮᠳᠡᠬᠦ ᠶᠣᠰᠣᠲᠠᠢ ᠲᠦᠷᠦ ᠵᠢᠨ ᠪᠣᠳᠣᠯᠭ᠎ᠠ ᠵᠢᠨ ᠱᠠᠭ᠋ᠠᠷᠳᠠᠯᠭ᠎ᠠ᠎ᠳᠤ ᠲᠣᠭᠲᠠᠭ᠋ᠠᠯ ᠭᠠᠷᠭ᠋ᠠᠪᠠ; ᠳᠥᠷᠪᠡ᠎ᠳᠤ᠂ ᠵᠣᠬᠢᠶᠠᠨ ᠪᠠᠶ᠋ᠢᠭᠤᠯᠤᠯᠲᠠ᠎ᠠᠴᠠ ᠰᠢᠢ᠍ᠳᠪᠦᠷᠢᠯᠡᠬᠦ ᠠᠵᠢᠯ᠎ᠤᠨ ᠬᠠᠷᠢᠭᠤᠴᠠᠯᠭ᠎ᠠ᠂ ᠠᠵᠢᠯ᠎ᠤᠨ ᠰᠠᠬᠢᠯᠭ᠎ᠠ ᠪᠠᠲᠤ ᠵᠡᠷᠭᠡ ᠵᠢ ᠲᠣᠭᠲᠠᠭ᠋ᠠᠪᠠ᠃
ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠬᠢᠷᠢ ᠲᠡᠩᠴᠡᠬᠦ ᠦᠭᠡᠢ ᠨᠠᠮ᠎ᠤᠨ ᠭᠡᠰᠢᠭᠦᠨ᠎ᠢ ᠵᠣᠬᠢᠶᠠᠨ ᠪᠠᠶ᠋ᠢᠭᠤᠯᠤᠯᠲᠠ᠎ᠠᠴᠠ ᠰᠢᠢ᠍ᠳᠪᠦᠷᠢᠯᠡᠬᠦ ᠵᠢ ᠨᠠᠮ᠎ᠤᠨ ᠭᠡᠰᠢᠭᠦᠨ᠎ᠤ ᠡᠩᠨᠡᠭᠡ ᠵᠢᠨ ᠪᠠᠶ᠋ᠢᠭᠤᠯᠤᠯᠲᠠ ᠵᠢᠨ ᠨᠢᠭᠡ ᠵᠦᠢ᠍ᠯ᠎ᠤᠨ ᠰᠠᠭᠤᠷᠢ ᠴᠢᠨᠠᠷᠲᠠᠢ ᠠᠵᠢᠯ ᠪᠣᠯᠭ᠋ᠠᠨ ᠠᠳᠬᠤᠵᠤ᠂ 《ᠠᠷᠭ᠎ᠠ》 ᠵᠢ ᠲᠡᠷᠡ ᠶᠣᠰᠣᠭ᠋ᠠᠷ᠎ᠨᠢ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠢ᠃ ᠰᠤᠷᠤᠯᠴᠠᠯᠭ᠎ᠠ ᠪᠣᠯᠪᠠᠰᠤᠷᠠᠯ᠎ᠢ ᠴᠢᠩᠭ᠋ᠠᠳᠬᠠᠵᠤ᠂ ᠲᠤᠰᠬᠠᠢ ᠰᠡᠳᠦᠪ ᠵᠶ᠋ᠠᠷ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠂ ᠥᠷᠭᠡᠨ ᠣᠯᠠᠨ ᠨᠠᠮ᠎ᠤᠨ ᠭᠡᠰᠢᠭᠦᠳ᠎ᠲᠤ 《ᠠᠷᠭ᠎ᠠ》 ᠵᠢᠨ ᠵᠣᠷᠢᠭ ᠰᠠᠨᠠᠭ᠎ᠠ ᠵᠢ ᠣᠨᠣᠪᠴᠢᠲᠠᠶ ᠣᠶ᠋ᠢᠯᠠᠭ᠋ᠠᠭᠤᠯᠵᠤ᠂ 《ᠠᠷᠭ᠎ᠠ》 ᠵᠢᠨ ᠠᠭᠤᠯᠭ᠎ᠠ ᠵᠢ ᠪᠦᠭᠦ ᠲᠠᠯ᠎ᠠ᠎ᠪᠠᠷ ᠡᠵᠡᠮᠰᠢᠭᠦᠯᠵᠦ᠂ 《ᠠᠷᠭ᠎ᠠ》 ᠵᠢᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠴᠢᠩᠭ᠎ᠠ ᠪᠠᠷᠢᠮᠵᠢᠶ᠎ᠠ ᠪᠠ ᠪᠣᠳᠠᠲᠠᠢ ᠠᠷᠭ᠎ᠠ ᠬᠡᠮᠵᠢᠶ᠎ᠡ ᠵᠢ ᠪᠠᠷᠢᠮᠲᠠᠯᠠᠵᠤ᠂ ᠰᠤᠷᠭ᠋ᠠᠨ ᠬᠥᠮᠥᠵᠢᠭᠦᠯᠬᠦ᠂ ᠣᠨᠳᠣᠣᠰᠢᠭᠤᠯᠤᠨ ᠳᠡᠭᠡᠭᠰᠢᠯᠡᠭᠦᠯᠭᠦ᠎ᠳᠤ ᠰᠠᠭᠤᠷᠢᠯᠠᠨ᠂ ᠬᠢᠷᠢ ᠲᠡᠩᠴᠡᠬᠦ ᠦᠭᠡᠢ ᠨᠠᠮ᠎ᠤᠨ ᠭᠡᠰᠢᠭᠦᠨ᠎ᠢ ᠵᠣᠬᠢᠶᠠᠨ ᠪᠠᠶ᠋ᠢᠭᠤᠯᠤᠯᠲᠠ᠎ᠠᠴᠠ ᠰᠢᠢ᠍ᠳᠪᠦᠷᠢᠯᠡᠬᠦ ᠠᠵᠢᠯ᠎ᠢ ᠴᠠᠭ ᠲᠤᠬᠠᠢᠳᠤᠨᠢ ᠲᠥᠪ ᠴᠢᠩᠭ᠎ᠠ ᠥᠷᠨᠢᠭᠦᠯᠬᠦ ᠬᠡᠷᠡᠭᠲᠡᠢ᠃ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠡᠵᠡᠮᠳᠡᠨ᠂ ᠲᠠᠰ ᠳᠠᠷᠠᠭ᠋ᠠᠯᠠᠯ᠎ᠢ ᠴᠢᠩᠭ᠎ᠠ ᠭᠦᠢ᠍ᠴᠡᠳᠬᠡᠵᠦ᠂ ᠠᠰᠠᠭᠤᠳᠠᠯ᠎ᠢ ᠪᠦᠭᠦ ᠲᠠᠯ᠎ᠠ᠎ᠪᠠᠷ ᠣᠨᠣᠪᠴᠢᠲᠠᠶ ᠪᠠᠶ᠋ᠢᠴᠠᠭ᠋ᠠᠨ ᠬᠠᠷᠭᠤᠭᠤᠯᠵᠤ᠂ ᠪᠤᠰᠤᠳᠴᠢ ᠲᠥᠪ ᠭᠤᠤᠯᠴᠢ᠎ᠪᠠᠷ ᠰᠢᠢ᠍ᠳᠪᠦᠷᠢᠯᠡᠬᠦ ᠲᠣᠭᠲᠠᠭ᠋ᠠᠯ ᠭᠠᠷᠭ᠋ᠠᠬᠤ ᠬᠡᠷᠡᠭᠲᠡᠢ᠃ ᠳᠦᠷᠢᠮ᠎ᠢ ᠰᠠᠶ᠋ᠢᠲᠤᠷ ᠵᠣᠯᠭ᠋ᠠᠭᠤᠯᠵᠤ᠂ ᠵᠣᠬᠢᠶᠠᠨ ᠪᠠᠶ᠋ᠢᠭᠤᠯᠤᠯᠲᠠ᠎ᠠᠴᠠ ᠰᠢᠢ᠍ᠳᠪᠦᠷᠢᠯᠡᠬᠦ ᠪᠣᠯᠣᠨ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠢ᠃ ᠱᠠᠯᠠᠪᠳᠠᠭᠤᠯᠤᠨ ᠵᠢᠯᠤᠭᠤᠳᠬᠤ᠎ᠪᠠᠨ ᠴᠢᠩᠭ᠋ᠠᠳᠬᠠᠵᠤ᠂ 《ᠠᠷᠭ᠎ᠠ》 ᠵᠢᠨ ᠡᠯ᠎ᠡ ᠵᠦᠢ᠍ᠯ᠎ᠤᠨ ᠲᠣᠭᠲᠠᠭ᠋ᠠᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃
(ᠰᠢᠨᠬᠤᠸᠠ ᠬᠤᠷᠢᠶ᠎ᠠ ᠵᠢᠨ ᠪᠡᠭᠡᠵᠢᠩ᠎ᠤᠨ 8 ᠰᠠᠷ᠎ᠠ ᠵᠢᠨ 29᠎ᠤ ᠴᠠᠭᠢᠯᠭ᠋ᠠᠨ ᠮᠡᠳᠡᠭᠡ)