ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠮᠠᠨ᠎ᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠠᠮᠢ ᠠᠬᠤᠶ ᠵᠢᠨ ᠴᠠᠭᠳᠠᠭ᠋ᠠᠨ᠎ᠤ ᠶᠠᠪᠤᠳᠠᠯ᠎ᠤᠨ ᠴᠣᠬᠢᠯᠲᠠ ᠥᠭᠬᠦ ᠪᠠ ᠰᠡᠷᠭᠡᠶ᠋ᠢᠯᠡᠬᠦ ᠵᠢ ᠬᠠᠮᠵᠢᠯᠴᠠᠬᠤ ᠲᠤᠭᠲᠠᠯᠴᠠᠭ᠎ᠠ ᠵᠢ ᠪᠠᠶ᠋ᠢᠭᠤᠯᠵᠤ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠬᠠᠮᠠᠭ᠋ᠠᠯᠠᠪᠠ
ᠨᠡᠶᠢᠲᠡᠯᠡᠭᠰᠡᠨ ᠴᠠᠭ᠄ 2024-10-11


    ᠮᠠᠨ᠎ᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠪᠦᠬᠦ ᠤᠯᠤᠰ᠎ᠲᠤ ᠤᠤᠯ᠎ᠤᠨ ᠭᠤᠷᠪᠠᠳᠤᠭ᠋ᠠᠷ ᠳᠡᠰ᠎ᠤᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠵᠢᠴᠢ ᠢᠳᠡᠭᠡᠨ ᠪᠠ ᠡᠮ᠎ᠤᠨ ᠵᠦᠢ᠍ᠯ᠂ ᠣᠷᠴᠢᠨ ᠲᠣᠭᠤᠷᠢᠨ᠎ᠤ ᠶᠠᠯᠠᠲᠤ ᠠᠵᠢᠯᠯᠠᠭ᠎ᠠ ᠵᠢ ᠲᠠᠩᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠢ ᠨᠡᠶ᠋ᠢᠳᠭᠡᠵᠦ᠂ ᠡᠭᠦᠷᠭᠡ ᠴᠢᠳᠠᠪᠤᠷᠢ ᠵᠢ᠎ᠨᠢ ᠠᠭᠤᠰᠤᠯᠴᠠᠭᠤᠯᠤᠨ᠂ ᠠᠮᠢ ᠠᠬᠤᠶ ᠵᠢᠨ ᠡᠬᠢ ᠪᠠᠶᠠᠯᠢᠭ ᠵᠶ᠋ᠠᠷ ᠲᠦᠪᠯᠡᠷᠡᠩᠭᠦᠢ᠂ ᠬᠠᠮᠠᠭ᠋ᠠᠯᠠᠬᠤ ᠡᠭᠦᠷᠭᠡ᠎ᠪᠠᠷ ᠬᠦᠨᠳᠦ ᠪᠠᠶ᠋ᠢᠭ᠎ᠠ ᠭᠤᠤᠯᠳᠠᠯᠭ᠎ᠠ᠎ᠲᠠᠢ ᠣᠷᠣᠨ ᠪᠦᠰᠡ᠎ᠳᠤ ᠠᠮᠢ ᠠᠬᠤᠶ ᠵᠢᠨ ᠴᠠᠭᠳᠠᠭ᠋ᠠᠨ᠎ᠤ ᠶᠠᠪᠤᠳᠠᠯ᠎ᠤᠨ 77 ᠲᠠᠰᠤᠭ᠎ᠢ ᠪᠦᠲᠦᠭᠡᠨ ᠪᠠᠶ᠋ᠢᠭᠤᠯᠪᠠ᠃ ᠬᠠᠲᠤᠨ ᠭᠤᠤᠯ ᠳᠠᠭ᠋ᠠᠤ ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠣᠷᠣᠨ ᠪᠦᠰᠡ᠎ᠳᠤ ᠣᠶᠤᠨᠴᠢ ᠮᠡᠳᠡᠷᠡᠮᠵᠢ ᠵᠢᠨ ᠦᠵᠦᠭᠦᠷ᠎ᠢ 2040 ᠪᠠᠶ᠋ᠢᠭᠤᠯᠵᠤ᠂ 《ᠪᠦᠷᠢᠨ ᠪᠦᠷᠬᠦᠭᠦᠯᠬᠦ᠂ ᠦᠵᠡᠭᠳᠡᠬᠦᠶ᠋ᠢᠴᠡ᠂ ᠰᠡᠷᠡᠮᠵᠢᠯᠡᠭᠦᠯᠵᠦ ᠳᠡᠶ᠋ᠢᠯᠬᠦ》 ᠠᠮᠢ ᠠᠬᠤᠶ ᠵᠢᠨ ᠬᠠᠮᠠᠭ᠋ᠠᠯᠠᠯᠲᠠ ᠵᠢᠨ ᠴᠠᠭᠳᠠᠭ᠋ᠠᠨ᠎ᠤ ᠶᠠᠪᠤᠳᠠᠯ᠎ᠤᠨ ᠰᠢᠨ᠎ᠡ ᠬᠡᠪ ᠵᠠᠭᠪᠤᠷ᠎ᠢ ᠪᠣᠶ ᠪᠣᠯᠭ᠋ᠠᠪᠠ᠃ ᠡᠨᠡ ᠵᠢᠯ ᠡᠬᠢᠯᠡᠭᠰᠡᠨ᠎ᠠᠴᠠ ᠨᠠᠭ᠋ᠠᠰᠢ᠂ ᠪᠥᠬᠦ ᠣᠷᠣᠨ᠎ᠤ ᠬᠠᠲᠤᠨ ᠭᠤᠤᠯ ᠳᠠᠭ᠋ᠠᠤ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠨᠤᠭᠤᠳ ᠬᠠᠲᠤᠨ ᠭᠤᠤᠯ᠎ᠤᠨ ᠰᠠᠪᠠ ᠭᠠᠵᠠᠷ᠎ᠤᠨ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠡᠪᠳᠡᠬᠦ᠂ ᠣᠷᠴᠢᠨ ᠲᠣᠭᠤᠷᠢᠨ᠎ᠢ ᠪᠣᠬᠢᠷᠲᠤᠭᠤᠯᠬᠤ᠂ ᠬᠠᠤᠯᠢ ᠪᠤᠰᠤ᠎ᠪᠠᠷ ᠠᠭᠤᠷᠬᠠᠶ ᠮᠠᠯᠲᠠᠬᠤ ᠵᠡᠷᠭᠡ ᠭᠤᠷᠪᠠᠨ ᠶᠡᠭᠡ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠷᠴᠢᠨ ᠲᠣᠭᠤᠷᠢᠨ᠎ᠤ ᠪᠠᠯᠠ ᠣᠷᠣᠭᠤᠯᠤᠯᠲᠠ ᠵᠢᠨ ᠬᠦᠷᠢᠶᠡᠨ᠎ᠳᠠᠬᠢ ᠡᠷᠡᠭᠦᠦ ᠵᠢᠨ ᠬᠡᠷᠡᠭ᠎ᠢ ᠨᠡᠶ᠋ᠢᠲᠡ 494 ᠢᠯᠡᠷᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 66%᠎ᠪᠠᠷ ᠨᠡᠮᠡᠭᠳᠡᠪᠡ᠃ ᠬᠠᠤᠯᠢ ᠪᠤᠰᠤ᠎ᠪᠠᠷ ᠤᠰᠤᠨ᠎ᠤ ᠭᠠᠷᠤᠯᠲᠠ ᠵᠢ ᠠᠩᠨᠠᠵᠤ ᠱᠦᠭᠦᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠤᠰᠤᠨ᠎ᠤ ᠭᠠᠷᠤᠯᠲᠠ ᠵᠢ ᠬᠠᠤᠯᠢ ᠪᠤᠰᠤ᠎ᠪᠠᠷ ᠱᠦᠭᠦᠭᠰᠡᠨ ᠬᠡᠷᠡᠭ᠎ᠢ ᠨᠡᠶ᠋ᠢᠲᠡ 20 ᠤᠳᠠᠭ᠎ᠠ ᠢᠯᠡᠷᠡᠭᠦᠯᠵᠦ᠂ ᠡᠨᠡ ᠵᠢᠯ᠎ᠤᠨ ᠬᠠᠲᠤᠨ ᠭᠤᠤᠯ᠎ᠤᠨ ᠳᠡᠭᠡᠳᠦ ᠤᠷᠤᠰᠬᠠᠯ᠎ᠤᠨ ᠭᠤᠤᠯ ᠵᠠᠮ᠎ᠤᠨ ᠪᠥᠬᠦ ᠤᠯᠤᠰ᠎ᠲᠠᠬᠢ ᠠᠩᠬᠠᠳᠠᠭᠴᠢ ᠬᠡᠷᠡᠭ᠎ᠤᠨ 《4 · 08》᠎ᠤ ᠬᠠᠤᠯᠢ ᠪᠤᠰᠤ᠎ᠪᠠᠷ ᠠᠩᠨᠠᠵᠤ ᠱᠦᠭᠦᠭᠰᠡᠨ ᠬᠡᠷᠡᠭ᠎ᠢ ᠠᠮᠵᠢᠯᠲᠠ᠎ᠲᠠᠢ᠎ᠪᠠᠷ ᠳᠡᠩᠨᠡᠨ ᠢᠯᠡᠷᠡᠭᠦᠯᠵᠦ᠂ ᠬᠡᠷᠡᠭ᠎ᠲᠤ ᠬᠤᠯᠪᠣᠭᠳᠠᠭᠰᠠᠨ ᠠᠩᠨᠠᠵᠤ ᠱᠦᠭᠦᠭᠰᠡᠨ ᠵᠢᠭ᠋ᠠᠰᠤ 6000 ᠭᠠᠷᠤᠶ ᠵᠢᠩ᠎ᠳᠤ ᠬᠦᠷᠴᠦ᠂ ᠨᠡᠶ᠋ᠢᠲᠡ 10 ᠲᠦᠮᠡ ᠭᠠᠷᠤᠶ ᠲᠥᠭᠦᠷᠢᠭ ᠠᠷᠠᠯᠵᠢᠶᠠᠯᠠᠭᠰᠠᠨ ᠪᠠᠶ᠋ᠢᠨ᠎ᠠ᠃ (ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ)
 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠣᠯᠠᠮᠵᠢᠯᠠᠯᠲᠦ ᠣᠷᠠᠯᠠᠯ᠎ᠢ ᠰᠡᠷᠭᠦᠭᠡᠨ ᠬᠦᠭᠵᠢᠭᠦᠯᠬᠦ ᠲᠣᠬᠠᠢ ᠬᠡᠷᠡᠭᠵᠢᠭᠦᠯᠬᠦ ᠰᠠᠨᠠᠯ
ᠦᠪᠦᠷ ᠮᠤᠡᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ᠎ᠤᠨ ᠲᠢᠡᠭᠬᠢᠮ 《ᠦᠪᠦᠷ ᠮᠤᠡᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ᠎ᠤᠨ ᠰᠢᠰᠲᠸᠮ᠎ᠤᠨ ᠵᠠᠰᠠᠭ ᠵᠠᠬᠢᠷᠭ᠋ᠠᠨ᠎ᠤ ᠰᠢᠢ᠍ᠳᠬᠡᠨ ᠳᠠᠰᠤᠯᠬᠤ ᠡᠷᠭᠡ ᠵᠢᠨ ᠪᠠᠷᠢᠮᠵᠢᠶ᠎ᠠ》 ᠵᠢᠨ ᠲᠤᠬᠠᠢ ᠬᠡᠪᠯᠡᠨ ᠲᠠᠷᠬᠠᠭ᠋ᠠᠬᠤ ᠮᠡᠳᠡᠭᠳᠡᠯ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ᠎ᠤᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠳᠦᠷᠢᠮ
ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠰᠣᠶᠣᠯ᠎ᠤᠨ ᠲᠢᠩᠬᠢᠮ᠎ᠤᠨ 《ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠦᠨᠳᠦᠰᠦᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠲᠡᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠬᠠᠮᠢᠶᠠᠷᠣᠯᠲᠠ ᠵᠢᠨ ᠠᠷᠭ᠎ᠠ (ᠲᠣᠷᠰᠢᠨ ᠬᠡᠷᠡᠭᠯᠡᠬᠦ)》 ᠵᠢ ᠳᠠᠷᠤᠮᠠᠯᠯᠠᠨ ᠲᠠᠷᠬᠠᠭ᠋ᠠᠬᠣ ᠲᠣᠬᠠᠢ ᠮᠡᠳᠡᠭᠳᠡᠯ
ᠦᠪᠦᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠰᠣᠶᠣᠯ ᠪᠠ ᠵᠢᠭᠣᠯᠴᠢᠯᠠᠯ᠎ᠤᠨ ᠲᠢᠩᠬᠢᠮ᠎ᠤᠨ 《ᠵᠣᠴᠢᠳ᠎ᠢ ᠤᠷᠢᠵᠦ ᠦᠪᠦᠷ ᠮᠣᠩᠭᠣᠯ᠎ᠳᠤ ᠢᠷᠡᠬᠦᠯᠬᠦ》 ᠬᠢᠯᠢ᠎ᠳᠤ ᠣᠷᠣᠵᠦ ᠵᠢᠭᠣᠯᠴᠢᠯᠠᠬᠣ ᠵᠢ ᠵᠣᠷᠢᠭᠵᠢᠭᠣᠯᠬᠣ ᠲᠣᠬᠠᠢ ᠬᠦᠬᠢᠬᠦᠯᠦᠯ ᠵᠶ᠋ᠠᠷ ᠨᠦᠬᠦᠪᠦᠷᠢᠯᠡᠬᠦ ᠬᠠᠮᠢᠶᠠᠷᠣᠯᠲᠠ ᠵᠢᠨ ᠠᠷᠭ᠎ᠠ (ᠰᠠᠨᠠᠯ ᠬᠣᠷᠢᠶᠠᠬᠣ ᠪᠢᠴᠢᠭ)
 
            