ᠨᠢᠭᠡ᠂ ᠨᠡᠶ᠋ᠢᠲᠡᠯᠡᠭᠰᠡᠨ ᠠᠬᠤᠶ ᠪᠠᠢ᠌ᠳᠠᠯ
ᠦᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠤᠰᠬᠠᠶ ᠪᠠᠯᠠ ᠮᠥᠩᠭᠦ ᠵᠢᠨ ᠬᠤᠪᠢᠶᠠᠷᠢᠯᠠᠯᠲᠠ᠂ ᠬᠡᠷᠡᠭᠯᠡᠯᠲᠡ ᠪᠠ ᠬᠠᠮᠢᠶᠠᠷᠤᠯᠲᠠ ᠵᠢ ᠵᠢᠷᠤᠮᠵᠢᠭᠤᠯᠤᠨ ᠴᠢᠩᠭ᠋ᠠᠳᠬᠠᠵᠤ᠂ ᠪᠠᠯᠠ ᠮᠥᠩᠭᠦ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠵᠢᠨ ᠲᠥᠯᠥᠭᠡ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠦᠪ᠎ᠤᠨ ᠬᠠᠤᠯᠢ》 ᠵᠢᠴᠢ ᠲᠡᠭᠦᠨ᠎ᠤ ᠬᠡᠷᠡᠭᠵᠢᠭᠦᠯᠬᠦ ᠲᠦᠷᠢᠮ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠬᠠᠤᠯᠢ》 ᠪᠣᠯᠤᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠦᠷᠢᠮ》᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ ᠤᠤᠯ᠎ᠤᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠤᠰᠬᠠᠶ ᠪᠠᠯᠠ ᠮᠥᠩᠭᠦ ᠵᠢᠨ ᠬᠠᠮᠢᠶᠠᠷᠤᠯᠲᠠ ᠵᠢᠨ ᠠᠷᠭ᠎ᠠ》᠎ᠤᠨ ᠰᠠᠭᠤᠷᠢᠨ ᠳᠡᠭᠡᠷ᠎ᠡ᠂ 2023 ᠣᠨ᠎ᠤ 12 ᠳ᠋ᠤᠭ᠋ᠠᠷ ᠰᠠᠷ᠎ᠠ ᠵᠢᠨ 30᠎ᠤ ᠡᠳᠦᠷ᠎ᠤᠨ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠪᠠᠯᠠ ᠮᠥᠩᠭᠦ ᠵᠢᠨ ᠬᠠᠮᠢᠶᠠᠷᠤᠯᠲᠠ ᠵᠢᠨ ᠠᠷᠭ᠎ᠠ》 (ᠡᠳ᠋ ᠰᠤᠷᠭ᠋ᠠᠨ ᠬᠥᠮᠦᠵᠢᠯ[2020] 279 ᠳ᠋ᠦ᠍ᠭᠡᠷ ᠲᠤᠭ᠋ᠠᠲᠤ)᠎ᠪᠠᠷ ᠯᠠᠪᠯᠠᠯᠲᠠ ᠪᠤᠯᠭ᠋ᠠᠵᠤ᠂ ᠲᠤᠰᠬᠠᠶ ᠪᠠᠯᠠ ᠮᠥᠩᠭᠦ ᠵᠢᠨ ᠳᠡᠮᠵᠢᠯᠭᠡ ᠵᠢᠨ ᠴᠢᠭᠯᠡᠯ ᠪᠠ ᠭᠤᠤᠯᠳᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠪᠠᠯᠠ ᠮᠥᠩᠭᠦ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠦᠨ᠂ ᠮᠠᠨ᠎ᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠦᠢ᠍ᠯᠡᠰ᠎ᠤᠨ ᠬᠥᠭᠵᠢᠯᠲᠡ ᠵᠢ ᠳᠡᠮᠵᠢᠪᠡ᠃
ᠬᠤᠶᠠᠷ᠂ ᠭᠤᠣᠯ ᠠᠭᠤᠯᠭ᠎ᠠ
《ᠬᠠᠮᠢᠶᠠᠷᠤᠯᠲᠠ ᠵᠢᠨ ᠠᠷᠭ᠎ᠠ》᠎ᠳᠤ ᠨᠡᠶ᠋ᠢᠲᠡ ᠲᠤᠯᠤᠭ᠋ᠠᠨ ᠪᠦᠯᠦᠭ 28 ᠵᠦᠢ᠍ᠯ ᠪᠠᠭᠲᠠᠨ᠎ᠠ᠃
ᠨᠢᠭᠡᠳᠦᠭᠡᠷ ᠪᠦᠯᠦᠭ᠂ ᠶᠡᠷᠦᠩᠬᠡᠶ ᠳᠦᠷᠢᠮ᠃ ᠬᠠᠮᠢᠶᠠᠷᠤᠯᠲᠠ ᠵᠢᠨ ᠠᠷᠭ᠎ᠠ ᠵᠢ ᠲᠤᠭᠳᠠᠭ᠋ᠠᠭᠰᠠᠨ ᠦᠨᠳᠦᠰᠦᠯᠡᠯ᠂ ᠲᠤᠰᠬᠠᠶ ᠵᠦᠢ᠍ᠯ᠎ᠤᠨ ᠪᠡᠯᠡ ᠮᠥᠩᠭᠥ ᠵᠢᠨ ᠲᠣᠮᠢᠶᠠᠯᠠᠯ ᠪᠣᠯᠤᠨ ᠬᠠᠮᠢᠶᠠᠷᠴᠤ ᠬᠡᠷᠡᠭᠯᠡᠬᠦ ᠵᠠᠷᠴᠢᠮ᠎ᠢ ᠪᠠᠭᠲᠠᠭ᠋ᠠᠨ᠎ᠠ᠃
ᠬᠤᠶᠠᠳᠤᠭ᠋ᠠᠷ ᠪᠦᠯᠦᠭ᠂ ᠲᠤᠰᠬᠠᠶ ᠵᠦᠢ᠍ᠯ᠎ᠤᠨ ᠪᠡᠯᠡ ᠮᠥᠩᠭᠥ ᠵᠢ ᠬᠡᠷᠡᠭᠯᠡᠬᠦ ᠪᠠ ᠵᠠᠷᠤᠴᠠᠭᠤᠯᠬᠤ ᠬᠡᠪᠴᠢᠶ᠎ᠡ᠃ ᠲᠤᠰᠬᠠᠢ ᠪᠡᠯᠡ ᠮᠥᠩᠭᠦ ᠵᠢᠨ 6 ᠲᠠᠯ᠎ᠠ ᠵᠢᠨ ᠬᠡᠷᠡᠭᠯᠡᠬᠦ ᠬᠡᠪᠴᠢᠶ᠎ᠡ ᠵᠢᠴᠢ ᠬᠡᠷᠡᠭᠯᠡᠬᠦ ᠴᠢᠭᠯᠡᠯ᠎ᠢ ᠲᠣᠳᠣᠷᠬᠠᠶ᠋ᠢᠯᠠᠪᠠ᠃
ᠭᠤᠷᠪᠠᠲᠤᠭ᠋ᠠᠷ ᠪᠦᠯᠦᠭ᠂ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠰᠠᠯᠠᠭ᠎ᠠ ᠮᠥᠴᠢᠷ ᠵᠢᠴᠢ ᠲᠥᠷᠥᠯ ᠵᠦᠢ᠍ᠯ᠎ᠤᠨ ᠨᠢᠭᠡᠴᠢ ᠵᠢᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠵᠢ ᠲᠣᠳᠣᠷᠬᠠᠶ᠋ᠢᠯᠠᠪᠠ᠃
ᠳᠥᠷᠪᠡᠳᠦᠭᠡᠷ ᠪᠦᠯᠦᠭ᠂ ᠲᠤᠰᠬᠠᠶ ᠵᠦᠢ᠍ᠯ᠎ᠤᠨ ᠪᠡᠯᠡ ᠮᠥᠩᠭᠥ ᠵᠢ ᠮᠡᠳᠡᠭᠦᠯᠬᠦ᠂ ᠬᠢᠨᠠᠬᠤ ᠪᠠ ᠬᠤᠪᠢᠶᠠᠷᠢᠯᠠᠬᠤ᠃ ᠲᠤᠰᠬᠠᠢ ᠪᠡᠯᠡ ᠮᠥᠩᠭᠦ ᠵᠢᠨ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠵᠢᠴᠢ ᠬᠤᠪᠢᠶᠠᠷᠢᠯᠠᠬᠤ ᠶᠠᠪᠤᠴᠠ ᠪᠠ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃
ᠲᠠᠪᠤᠳᠤᠭ᠋ᠠᠷ ᠪᠦᠯᠦᠭ᠂ ᠲᠤᠰᠬᠠᠶ ᠵᠦᠢ᠍ᠯ᠎ᠤᠨ ᠪᠡᠯᠡ ᠮᠥᠩᠭᠥ ᠵᠢ ᠬᠠᠮᠢᠶᠠᠷᠴᠤ ᠬᠡᠷᠡᠭᠯᠡᠨ᠎ᠡ᠃ ᠪᠡᠯᠡ ᠮᠦᠩᠭᠦ ᠪᠠᠭᠤᠯᠭ᠍ᠠᠵᠤ ᠬᠡᠷᠡᠭᠯᠡᠬᠦ ᠱᠠᠭ᠋ᠠᠷᠳᠠᠯᠭ᠎ᠠ ᠵᠢ ᠲᠤᠳᠣᠷᠬᠠᠶ᠋ᠢᠯᠠᠪᠠ᠃
ᠵᠢᠷᠭᠤᠳᠤᠭ᠋ᠠᠷ ᠪᠦᠯᠦᠭ᠃ ᠦᠷ᠎ᠡ ᠪᠦᠲᠦᠮᠵᠢ ᠵᠢ ᠦᠨᠡᠯᠡᠬᠦ ᠪᠠ ᠬᠢᠨᠠᠨ ᠪᠠᠢ᠌ᠴᠠᠭ᠋ᠠᠬᠤ᠃ ᠪᠡᠯᠡ ᠮᠥᠩᠭᠦ ᠵᠢᠨ ᠦᠷ᠎ᠡ ᠪᠦᠲᠦᠮᠵᠢ ᠵᠢ ᠦᠨᠡᠯᠡᠬᠦ ᠪᠠ ᠬᠢᠨᠠᠨ ᠬᠠᠮᠢᠶᠠᠷᠬᠤ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃
ᠲᠤᠯᠤᠳᠤᠭ᠋ᠠᠷ ᠪᠦᠯᠦᠭ᠂ ᠲᠠᠭ᠋ᠠᠯᠲᠤᠭᠤᠯᠤᠯ ᠳᠦᠷᠢᠮ᠃