ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠭ᠎ᠠ ᠮᠦᠽᠧᠢ ᠵᠢ ᠳᠡᠭᠡᠭᠰᠢᠯᠡᠭᠦᠯᠬᠦ ᠲᠥᠯᠥᠪᠯᠡᠭᠡ (2025 — 2030 ᠣᠨ)》 ᠵᠢ ᠡᠬᠢᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄ 2025-06-06

5 ᠳ᠋ᠤᠭ᠋ᠠᠷ ᠰᠠᠷ᠎ᠠ ᠵᠢᠨ 18᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠣᠯᠠᠨ ᠤᠯᠤᠰ᠎ᠤᠨ ᠮᠦᠽᠧᠢ ᠵᠢᠨ ᠡᠳᠦᠷ᠎ᠤᠨ ᠥᠪᠥᠷ ᠮᠣᠩᠭᠣᠯ᠎ᠤᠨ ᠭᠣᠣᠯ ᠬᠤᠷᠠᠯ᠎ᠤᠨ ᠲᠠᠯᠠᠪᠠᠶ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠭ᠎ᠠ ᠮᠦᠽᠧᠢ ᠵᠢ ᠳᠡᠭᠡᠭᠰᠢᠯᠡᠭᠦᠯᠬᠦ ᠲᠥᠯᠥᠪᠯᠡᠭᠡ (2025 — 2030 ᠣᠨ)》 ᠵᠢ ᠵᠢᠩᠬᠢᠨᠢ᠎ᠪᠠᠷ ᠡᠬᠢᠯᠡᠨ ᠬᠡᠷᠡᠭᠵᠢᠭᠦᠯᠬᠦ᠎ᠪᠠᠷ ᠵᠠᠷᠯᠠᠪᠠ᠂ ᠡᠨᠡ᠎ᠨᠢ 《ᠮᠦᠽᠧᠢ ᠵᠢᠨ ᠥᠭᠡᠷᠡᠴᠢᠯᠡᠯᠲᠡ ᠬᠥᠭᠵᠢᠯᠲᠡ ᠵᠢ ᠲᠦᠯᠬᠢᠨ ᠠᠬᠢᠭᠤᠯᠬᠤ ᠲᠤᠬᠠᠢ ᠵᠢᠯᠤᠭᠣᠳᠬᠤ ᠰᠠᠨᠠᠯ》᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠦᠽᠧᠢ ᠵᠢᠨ ᠵᠣᠬᠢᠴᠠᠩᠭᠤᠢ ᠬᠥᠭᠵᠢᠯᠲᠡ ᠵᠢ ᠲᠦᠯᠬᠢᠨ ᠠᠬᠢᠭᠤᠯᠬᠤ ᠵᠢᠨ ᠲᠥᠯᠥᠭᠡ ᠶᠤᠮ᠃

《ᠲᠥᠯᠥᠪᠯᠡᠭᠡ》᠎ᠨᠢ ᠶᠢᠰᠦᠨ ᠲᠠᠯ᠎ᠠ᠎ᠪᠠᠷ ᠳᠤᠮᠳᠠ ᠪᠠᠭ᠎ᠠ ᠮᠦᠽᠧᠢ ᠵᠢᠨ ᠬᠥᠭᠵᠢᠯᠲᠡ᠎ᠳᠤ ᠬᠦᠴᠦ ᠨᠡᠮᠡᠷᠢᠯᠡᠵᠦ᠂ 2030 ᠣᠨ ᠪᠣᠯᠬᠤ᠎ᠳᠤ᠂ ᠪᠦᠬᠦ ᠣᠷᠣᠨ᠎ᠤ ᠮᠦᠽᠧᠢ ᠵᠢᠨ ᠳᠡᠯᠭᠡᠨ ᠦᠵᠡᠭᠦᠯᠭᠡ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠤᠬᠠᠭᠤᠯᠤᠨ ᠲᠠᠢ᠌ᠯᠪᠦᠷᠢᠯᠠᠯᠲᠠ᠂ ᠨᠡᠢ᠌ᠭᠡᠮ᠎ᠤᠨ ᠰᠤᠷᠭ᠋ᠠᠨ ᠬᠥᠮᠦᠵᠢᠯ ᠵᠡᠷᠭᠡ ᠲᠠᠯ᠎ᠠ ᠵᠢᠨ ᠶᠡᠷᠦᠩᠬᠡᠢ᠌ᠯᠡᠭᠰᠡᠨ ᠪᠣᠳᠠᠲᠤ ᠬᠦᠴᠦᠨ ᠪᠣᠯᠣᠨ ᠦᠢ᠍ᠯᠡᠴᠢᠯᠡᠭᠡᠨ᠎ᠤ ᠴᠢᠳᠠᠪᠬᠢ ᠵᠢ ᠮᠡᠳᠡᠭᠳᠡᠮ᠎ᠡ ᠳᠡᠭᠡᠭᠰᠢᠯᠡᠭᠦᠯᠵᠦ᠂ ᠮᠦᠽᠧᠢ ᠵᠢᠨ᠎ᠬᠢᠨ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠨ ᠳᠡᠯᠭᠡᠷᠡᠭᠦᠯᠬᠦ᠂ ᠬᠤᠪᠢᠰᠬᠠᠯᠲᠤ ᠰᠣᠶᠣᠯ᠎ᠢ ᠵᠠᠯᠭ᠋ᠠᠮᠵᠢᠯᠠᠬᠤ ᠪᠠ ᠨᠡᠢ᠌ᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠬᠥᠭᠵᠢᠭᠦᠯᠬᠦ᠂ ᠤᠮᠠᠷᠠᠲᠤ ᠬᠢᠵᠠᠭ᠋ᠠᠷ᠎ᠤᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠂ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠬᠦ᠂ ᠠᠷᠠᠳ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠳᠤ ᠦᠢ᠍ᠯᠡᠴᠢᠯᠡᠬᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ ᠦᠢ᠍ᠯᠡᠳᠦᠯ᠎ᠢ ᠨᠡᠩ ᠢᠯᠡᠷᠡᠭᠦᠯᠬᠦ᠎ᠪᠠᠷ ᠴᠢᠷᠮᠠᠢ᠌ᠪᠠ᠃ ᠶᠡᠷᠦᠩᠬᠡᠢ᠌ᠯᠡᠭᠰᠡᠨ ᠮᠦᠽᠧᠢ ᠬᠢᠭᠡᠳ ᠲᠤᠰᠬᠠᠢ ᠰᠡᠳᠦᠪᠲᠦ ᠮᠦᠽᠧᠢ᠂ ᠠᠵᠢᠯ ᠲᠥᠷᠥᠯ᠎ᠤᠨ ᠮᠦᠽᠧᠢ᠂ ᠬᠥᠳᠡᠭᠡ ᠲᠣᠰᠬᠣᠨ᠎ᠤ ᠣᠨᠴᠠᠯᠢᠭᠲᠤ ᠮᠦᠽᠧᠢ ᠵᠡᠷᠭᠡ ᠵᠢ ᠵᠡᠷᠭᠡ᠎ᠪᠠᠷ ᠴᠢᠬᠤᠯᠠᠴᠢᠯᠠᠭᠰᠠᠨ᠂ ᠠᠭᠤᠯᠭ᠎ᠠ᠎ᠨᠢ ᠣᠨᠴᠠᠯᠢᠬ᠍ᠵᠢᠭᠰᠠᠨ᠂ ᠪᠠᠢ᠌ᠭᠤᠯᠤᠯ᠎ᠨᠢ ᠣᠯᠠᠨ ᠡᠰᠢᠵᠢᠭᠰᠡᠨ᠂ ᠬᠡᠪᠴᠢᠶ᠎ᠡ᠎ᠨᠢ ᠲᠣᠬᠢᠷᠠᠮᠵᠢᠲᠠᠢ᠂ ᠪᠠᠢ᠌ᠷᠢᠰᠢᠯ᠎ᠨᠢ ᠣᠯᠠᠨ ᠶᠠᠩᠵᠤᠯᠠᠭᠰᠠᠨ᠂ ᠴᠢᠳᠠᠮᠵᠢ᠎ᠨᠢ ᠪᠠᠷᠢᠮᠵᠢᠶᠠᠵᠢᠭᠰᠠᠨ ᠣᠲᠣ ᠦᠶ᠎ᠡ ᠵᠢᠨ ᠣᠨᠴᠠᠯᠢᠭᠲᠤ ᠮᠦᠽᠧᠢ ᠵᠢᠨ ᠰᠢᠰᠲ᠋ᠧᠮᠵᠢ ᠵᠢ ᠪᠠᠢ᠌ᠭᠤᠯᠤᠨ᠎ᠠ᠃

ᠬᠠᠮᠠᠭ᠋ᠠᠯᠠᠯᠲᠠ ᠲᠠᠢ᠌ᠯᠪᠤᠷᠢᠯᠠᠯᠲᠠ ᠵᠢ ᠴᠢᠩᠭ᠋ᠠᠳᠬᠠᠵᠤ ᠤᠯᠠᠨ ᠲᠠᠯ᠎ᠠ᠎ᠠᠴᠠ ᠤᠨᠢᠨ ᠳᠡᠭᠡᠷ᠎ᠡ᠎ᠨᠢ ᠬᠦᠴᠦᠯᠡᠨ᠎ᠡ

《ᠲᠥᠯᠥᠪᠯᠡᠭᠡ》᠎ᠳᠤ ᠬᠠᠳᠠᠭ᠋ᠠᠯᠠᠮᠵᠢ ᠵᠢᠨ ᠵᠦᠢ᠍ᠯᠡᠰ᠎ᠤᠨ ᠬᠠᠮᠢᠶᠠᠷᠤᠯᠲᠠ᠂ ᠳᠡᠯᠭᠡᠨ ᠦᠵᠡᠭᠦᠯᠦᠯᠲᠡ ᠵᠢ ᠳᠡᠭᠡᠭᠰᠢᠯᠡᠭᠦᠯᠬᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠵᠡᠷᠭᠡ ᠣᠯᠠᠨ ᠲᠠᠯ᠎ᠠ᠎ᠪᠠᠷ ᠳᠡᠭᠡᠭᠰᠢᠯᠡᠭᠦᠯᠬᠦ ᠲᠥᠯᠥᠪᠯᠡᠭᠡ ᠵᠢ ᠲᠣᠳᠣᠷᠬᠠᠢ ᠲᠣᠭᠲᠠᠭ᠋ᠠᠪᠠ᠃ ᠵᠢᠱ᠌ᠢᠶᠡᠯᠡᠪᠡᠯ ᠮᠦᠽᠧᠢ᠎ᠳᠤ ᠬᠠᠳᠠᠭ᠋ᠠᠯᠠᠵᠤ ᠪᠠᠢ᠌ᠭ᠎ᠠ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ ᠡᠳ᠋ ᠬᠥᠷᠥᠩᠭᠡ ᠵᠢ ᠵᠢᠷᠤᠮᠵᠢᠭᠤᠯᠤᠨ ᠬᠠᠮᠢᠶᠠᠷᠬᠤ ᠵᠢ ᠲᠦᠯᠬᠢᠨ ᠠᠬᠢᠭᠤᠯᠵᠤ᠂ ᠬᠠᠳᠠᠭ᠋ᠠᠯᠠᠵᠤ ᠪᠠᠢ᠌ᠭ᠎ᠠ ᠵᠦᠢ᠍ᠯᠡᠰ᠎ᠤᠨ ᠲᠠᠩᠰᠠ ᠬᠠᠷ᠎ᠠ ᠵᠢᠴᠢ ᠲᠠᠩᠰᠠ ᠡᠪᠬᠡᠮᠡᠯ᠎ᠢ ᠲᠡᠭᠦᠯᠳᠡᠷᠵᠢᠭᠦᠯᠦᠨ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠴᠤᠭᠯᠠᠭᠤᠯᠬᠤ ᠡᠷᠴᠢᠮ᠎ᠢ ᠴᠢᠩᠭ᠋ᠠᠷᠠᠭᠤᠯᠵᠤ᠂ ᠬᠠᠳᠠᠭ᠋ᠠᠯᠠᠵᠤ ᠪᠠᠢ᠌ᠭ᠎ᠠ ᠵᠦᠢ᠍ᠯᠡᠰ᠎ᠤᠨ ᠲᠠᠰ ᠲᠣᠭᠲᠠᠭ᠋ᠠᠬᠤ ᠠᠵᠢᠯ᠎ᠢ ᠥᠷᠨᠢᠭᠦᠯᠦᠨ᠂ ᠮᠦᠽᠧᠢ᠎ᠳᠤ ᠬᠠᠳᠠᠭ᠋ᠠᠯᠠᠵᠤ ᠪᠠᠢ᠌ᠭ᠎ᠠ ᠡᠬᠢ ᠪᠠᠶᠠᠯᠢᠭ᠎ᠢ ᠪᠠᠶᠠᠯᠢᠭᠵᠢᠭᠤᠯᠬᠤ ᠵᠢᠨ ᠬᠠᠮᠲᠤ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ; ᠤᠳᠤ ᠵᠢᠨ ᠪᠠᠢ᠌ᠭ᠎ᠠ ᠦᠵᠡᠰᠬᠦᠯᠡᠩ᠎ᠢ ᠵᠢᠷᠤᠮᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ ᠠᠵᠢᠯ᠎ᠤᠨ ᠭᠣᠣᠯ ᠱᠤᠭᠤᠮ᠎ᠤᠨ ᠲᠣᠭᠣᠷᠢᠨ᠎ᠳᠤ ᠳᠡᠯᠭᠡᠨ ᠦᠵᠡᠭᠦᠯᠬᠦ ᠠᠭᠤᠯᠭ᠎ᠠ ᠵᠢ ᠲᠡᠭᠦᠯᠳᠡᠷᠵᠢᠭᠦᠯᠵᠦ᠂ ᠳᠤᠮᠳᠠ ᠪᠠᠭ᠎ᠠ ᠮᠦᠽᠧᠢ ᠵᠢᠨ ᠥᠭᠡᠷᠡᠴᠢᠯᠡᠯᠲᠡ ᠵᠢᠨ ᠦᠨᠳᠦᠰᠦᠨ ᠦᠵᠡᠭᠦᠯᠭᠡ ᠵᠢ ᠳᠡᠮᠵᠢᠬᠦ ᠵᠢᠨ ᠬᠠᠮᠲᠤ ᠪᠠᠰᠠ ᠰᠢᠯᠢᠳᠡᠭ ᠦᠵᠡᠰᠬᠦᠯᠡᠩ᠎ᠤᠨ ᠲᠣᠭᠣᠷᠢᠨ ᠦᠵᠡᠭᠦᠯᠭᠡ ᠵᠢ ᠵᠤᠬᠢᠴᠠᠭᠤᠯᠤᠨ᠎ᠠ; ᠮᠦᠽᠧᠢ᠎ᠳᠤ ᠬᠠᠳᠠᠭ᠋ᠠᠯᠠᠵᠤ ᠪᠠᠢ᠌ᠭ᠎ᠠ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠬᠦᠷᠢᠶ᠎ᠡ ᠴᠠᠷᠠᠭ᠎ᠠ᠎ᠳᠤ᠂ ᠳᠤᠮᠳᠠ ᠪᠠᠭ᠎ᠠ ᠮᠦᠽᠧᠢ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠵᠠᠰᠠᠨ ᠰᠡᠷᠭᠦᠭᠡᠬᠦ᠂ ᠤᠷᠢᠳᠴᠢᠯᠠᠨ ᠰᠡᠷᠭᠡᠢ᠌ᠯᠡᠬᠦ ᠴᠢᠨᠠᠷᠲᠠᠢ ᠪᠠ ᠲᠤᠭ᠋ᠠᠵᠢᠭᠤᠯᠤᠨ ᠬᠠᠮᠠᠭ᠋ᠠᠯᠠᠬᠤ ᠲᠥᠷᠥᠯ ᠵᠦᠢ᠍ᠯ᠎ᠢ ᠬᠡᠷᠡᠭᠵᠢᠭᠦᠯᠬᠦ ᠵᠢ ᠳᠡᠮᠵᠢᠨ᠎ᠡ; ᠠᠮᠤᠷ ᠲᠦᠪᠰᠢᠨ᠎ᠤ ᠬᠠᠮᠢᠶᠠᠷᠤᠯᠲᠠ ᠵᠢᠨ ᠲᠠᠯ᠎ᠠ᠎ᠪᠠᠷ ᠪᠡᠯᠡᠳᠬᠡᠯ ᠲᠥᠰᠥᠯ᠎ᠢ ᠲᠡᠭᠦᠯᠳᠡᠷᠵᠢᠭᠦᠯᠬᠦ᠂ ᠰᠣᠷᠢᠯᠲᠠ ᠪᠣᠯᠪᠠᠰᠤᠷᠠᠯ᠎ᠢ ᠴᠢᠩᠭ᠋ᠠᠳᠬᠠᠬᠤ ᠵᠡᠷᠭᠡ ᠵᠢ ᠴᠢᠬᠤᠯᠠᠴᠢᠯᠠᠨ᠎ᠠ᠃

ᠨᠡᠢ᠌ᠭᠡᠮ᠎ᠤᠨ ᠦᠢ᠍ᠯᠡᠴᠢᠯᠡᠭᠡ ᠵᠢ ᠴᠢᠩᠭ᠋ᠠᠳᠬᠠᠵᠤ ᠶᠡᠷᠦᠩᠬᠡᠢ᠌ᠯᠡᠭᠰᠡᠨ ᠪᠣᠳᠠᠲᠤ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ

《ᠲᠥᠯᠥᠪᠯᠡᠭᠡ》᠎ᠨᠢ ᠮᠦᠽᠧᠢ ᠵᠢᠨ ᠶᠠᠰᠤ ᠴᠢᠨᠠᠷ᠎ᠤᠨ ᠵᠡᠷᠭᠡ ᠳᠡᠰ᠎ᠤᠨ ᠳᠡᠭᠡᠭᠰᠢᠯᠡᠯᠲᠡ ᠵᠢ ᠠᠬᠢᠭᠤᠯᠬᠤ᠎ᠪᠠᠷ ᠬᠦᠴᠦᠯᠡᠨ ᠴᠢᠷᠮᠠᠢ᠌ᠵᠤ᠂ ᠨᠥᠬᠥᠴᠡᠯ ᠰᠠᠢ᠌ᠲᠠᠢ ᠳᠤᠮᠳᠠ ᠪᠠᠭ᠎ᠠ ᠮᠦᠽᠧᠢ ᠵᠢᠨ ᠤᠯᠤᠰ᠎ᠤᠨ ᠲᠠᠰ ᠲᠣᠭᠲᠠᠭ᠋ᠠᠭᠰᠠᠨ ᠦᠨᠡᠯᠡᠨ ᠵᠢᠱ᠌ᠢᠯᠲᠡ᠎ᠳᠤ ᠲᠠᠰ ᠳᠡᠪᠰᠢᠬᠦ᠎ᠳᠤ ᠬᠦᠴᠦᠨ ᠨᠡᠮᠡᠷᠢᠯᠡᠨ᠎ᠡ; ᠨᠡᠢ᠌ᠭᠡᠮ᠎ᠤᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ᠂ ᠳᠤᠮᠳᠠ ᠪᠠᠭ᠎ᠠ ᠮᠦᠽᠧᠢ᠎ᠤᠳ ᠵᠢᠯ ᠪᠣᠯᠭ᠋ᠠᠨ ᠨᠠᠭ᠋ᠠᠲᠤ ᠵᠠᠬ᠎ᠠ᠎ᠳᠤ᠎ᠪᠠᠨ 1 ᠵᠦᠢ᠍ᠯ᠎ᠤᠨ ᠰᠤᠷᠭ᠋ᠠᠨ ᠬᠥᠮᠦᠵᠢᠯ᠎ᠤᠨ ᠵᠦᠢ᠍ᠯᠡᠰ᠎ᠢ ᠤᠬᠠᠭ᠋ᠠᠯᠠᠨ ᠰᠡᠳᠦᠵᠦ᠂ 5 ᠤᠳᠠᠭ᠋ᠠᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠵᠤ᠂ 《ᠲᠠᠪᠤ᠎ᠳᠤ ᠣᠷᠣᠭᠤᠯᠬᠤ》 ᠠᠵᠢᠯᠯᠠᠭ᠎ᠠ ᠵᠢ ᠵᠢᠯ ᠪᠦᠷᠢ 2 ᠤᠳᠠᠭ᠎ᠠ᠎ᠠᠴᠠ ᠳᠤᠲᠠᠭᠤ ᠦᠭᠡᠢ ᠪᠠᠢ᠌ᠯᠭ᠋ᠠᠬᠤ ᠬᠡᠷᠡᠭᠲᠡᠢ; ᠨᠡᠢ᠌ᠭᠡᠮ᠎ᠤᠨ ᠦᠷ᠎ᠡ ᠠᠰᠢᠭ᠎ᠤᠨ ᠳᠡᠭᠡᠭᠰᠢᠯᠡᠯᠲᠡ ᠵᠢᠨ ᠲᠠᠯ᠎ᠠ᠎ᠪᠠᠷ ᠬᠠᠮᠢᠶᠠᠷᠤᠯᠲᠠ ᠵᠢ ᠵᠢᠷᠤᠮᠵᠢᠭᠤᠯᠬᠤ᠂ ᠤᠮᠠᠷᠠᠲᠤ ᠬᠢᠵᠠᠭ᠋ᠠᠷ᠎ᠤᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠂ ᠨᠡᠭᠡᠭᠡᠯᠲᠡ ᠵᠢᠨ ᠴᠠᠭ᠎ᠢ ᠤᠷᠲᠤᠳᠬᠠᠬᠤ ᠵᠢᠴᠢ 《ᠮᠦᠽᠧᠢ᠎ᠳᠤ ᠰᠢᠨᠡᠯᠡᠬᠦ》᠂ 《ᠮᠦᠽᠧᠢ᠎ᠳᠤ ᠤᠯᠤᠰ᠎ᠤᠨ ᠪᠠᠶᠠᠷ᠎ᠢ ᠪᠡᠯᠭᠡᠯᠡᠬᠦ》 ᠵᠡᠷᠭᠡ ᠠᠷᠠᠳ᠎ᠲᠤ ᠠᠰᠢᠭ ᠬᠦᠷᠲᠡᠭᠡᠬᠦ ᠦᠢ᠍ᠯᠡᠴᠢᠯᠡᠭᠡᠨ᠎ᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠢ᠌ᠭᠡᠮ᠎ᠤᠨ ᠢᠷᠠᠭᠤ ᠠᠯᠳᠠᠷ᠎ᠤᠨ ᠬᠡᠮᠵᠢᠶ᠎ᠡ ᠵᠢ ᠤᠯᠠᠮ ᠴᠢᠨᠠᠭᠰᠢᠳᠠ ᠨᠡᠮᠡᠭᠳᠡᠭᠦᠯᠬᠦ ᠬᠡᠷᠡᠭᠲᠡᠢ᠃

ᠳᠡᠰ ᠳᠡᠪᠰᠢᠭᠦᠯᠬᠦ ᠠᠷᠭ᠎ᠠ ᠵᠠᠮ᠎ᠢ ᠰᠢᠯᠢᠳᠡᠭᠵᠢᠭᠦᠯᠦᠨ ᠤᠷᠲᠤ ᠬᠤᠭᠤᠴᠠᠭ᠋ᠠᠨ᠎ᠤ ᠪᠦᠲᠦᠮᠵᠢᠲᠡᠶ᠎ᠪᠠᠷ ᠬᠠᠪᠰᠤᠷᠬᠤ ᠵᠢ ᠰᠦᠪᠡᠭᠴᠢᠯᠡᠬᠦ ᠬᠡᠷᠡᠭᠲᠡᠢ

ᠠᠵᠢᠯᠯᠠᠬᠤ ᠠᠷᠭ᠎ᠠ ᠵᠠᠮ᠎ᠤᠨ ᠲᠠᠯ᠎ᠠ᠎ᠪᠠᠷ᠂ ᠥᠪᠥᠷ ᠮᠣᠩᠭᠣᠯ᠎ᠤᠨ ᠮᠦᠽᠧᠢ ᠵᠢᠴᠢ ᠠᠢ᠌ᠮᠠᠭ ᠬᠣᠲᠠ ᠵᠢᠨ ᠱᠠᠲᠤᠨ᠎ᠤ ᠮᠦᠽᠧᠢ ᠬᠢᠭᠡᠳ ᠳᠤᠮᠳᠠ ᠪᠠᠭ᠎ᠠ ᠮᠦᠽᠧᠢ ᠵᠢᠨ ᠨᠠᠢ᠌ᠳᠠᠨ ᠬᠠᠮᠢᠶᠠᠷᠤᠭᠤᠯᠬᠤ᠂ ᠬᠡᠯᠬᠢᠶᠡᠯᠡᠨ ᠬᠠᠮᠲᠤᠷᠠᠯᠴᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ ᠣᠷᠳᠣ ᠬᠤᠭᠤᠴᠠᠭ᠎ᠠ᠎ᠪᠠᠷ ᠬᠠᠮᠲᠤᠷᠠᠯᠴᠠᠵᠤ᠂ ᠴᠢᠨᠠᠷ ᠰᠠᠢ᠌ᠲᠠᠢ ᠮᠦᠽᠧᠢ ᠵᠢᠨ ᠡᠬᠢ ᠪᠠᠶᠠᠯᠢᠭ᠎ᠤᠨ ᠰᠠᠴᠤᠷᠠᠭ᠎ᠤᠨ ᠦᠢ᠍ᠯᠡᠳᠦᠯ᠎ᠢ ᠪᠣᠶ ᠪᠣᠯᠭ᠋ᠠᠬᠤ ᠵᠢ ᠵᠤᠷᠢᠭᠵᠢᠭᠤᠯᠤᠨ᠎ᠠ; ᠣᠷᠣᠨ ᠪᠦᠰᠡ ᠵᠢᠨ ᠮᠦᠽᠧᠢ ᠵᠢᠨ ᠬᠣᠭᠣᠷᠣᠨᠳᠣᠬᠢ ᠬᠣᠯᠪᠣᠭ᠎ᠠ ᠵᠢ ᠳᠡᠯᠭᠡᠷᠡᠭᠦᠯᠵᠦ᠂ ᠡᠬᠢ ᠪᠠᠶᠠᠯᠢᠭ ᠬᠢᠭᠡᠳ ᠠᠵᠢᠯᠲᠠᠨ᠎ᠤ ᠬᠦᠴᠦᠨ᠎ᠢ ᠡᠮᠬᠢᠯᠡᠨ ᠨᠡᠢ᠌ᠯᠡᠭᠦᠯᠵᠦ᠂ ᠡᠬᠢ ᠪᠠᠶᠠᠯᠢᠭ᠎ᠢ ᠬᠠᠮᠲᠤᠪᠠᠷ ᠭᠥᠷᠳᠡᠬᠦ ᠵᠢ ᠪᠡᠶᠡᠯᠡᠭᠦᠯᠦᠨ᠎ᠡ; ᠡᠭᠦᠨ᠎ᠤ ᠬᠠᠮᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠦᠽᠧᠢ ᠵᠢᠨ ᠨᠡᠢ᠌ᠭᠡᠮᠯᠢᠭ᠎ᠤᠨ ᠠᠵᠢᠯ ᠲᠥᠷᠥᠯ᠎ᠤᠨ ᠵᠢᠯᠤᠭᠣᠳᠬᠤ᠂ ᠥᠪᠡᠷ᠎ᠢ᠎ᠪᠠᠨ ᠱᠠᠭ᠋ᠠᠷᠳᠠᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠦᠢ᠍ᠯᠡᠳᠦᠯ᠎ᠢ ᠪᠠᠳᠠᠷᠠᠭᠤᠯᠵᠤ᠂ ᠳᠤᠮᠳᠠ ᠪᠠᠭ᠎ᠠ ᠮᠦᠽᠧᠢ ᠵᠢ ᠨᠡᠢ᠌ᠭᠡᠮᠯᠢᠭ᠎ᠲᠤ ᠣᠷᠣᠭᠤᠯᠤᠨ᠂ ᠣᠷᠣᠨ᠎ᠤ ᠳᠣᠲᠣᠷᠠᠬᠢ ᠮᠦᠽᠧᠢ ᠵᠢᠨ ᠬᠠᠮᠢᠶᠠᠷᠤᠯᠲᠠ ᠵᠢᠨ ᠬᠢᠷᠢ ᠬᠡᠮᠵᠢᠶ᠎ᠡ ᠪᠠ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠬᠢᠷᠢ ᠬᠡᠮᠵᠢᠶ᠎ᠡ ᠵᠢᠨ ᠪᠦᠬᠦᠯᠢ ᠴᠣᠭᠴᠠ᠎ᠪᠠᠷ ᠵᠶ᠋ᠠᠨ ᠳᠡᠭᠡᠭᠰᠢᠯᠡᠬᠦ ᠵᠢ ᠠᠬᠢᠭᠤᠯᠤᠨ᠎ᠠ᠃

ᠲᠣᠰ ᠤᠳᠠᠭ᠋ᠠᠨ᠎ᠤ ᠳᠤᠮᠳᠠ ᠪᠠᠭ᠎ᠠ ᠮᠦᠽᠧᠢ ᠵᠢ ᠳᠡᠭᠡᠭᠰᠢᠯᠡᠭᠦᠯᠬᠦ ᠲᠥᠯᠥᠪᠯᠡᠭᠡ ᠵᠢ ᠵᠢᠩᠬᠢᠨᠢ᠎ᠪᠠᠷ ᠡᠬᠢᠯᠡᠭᠦᠯᠦᠭᠰᠡᠨ᠎ᠨᠢ ᠥᠪᠥᠷ ᠮᠣᠩᠭᠣᠯ᠎ᠤᠨ ᠳᠤᠮᠳᠠ ᠪᠠᠭ᠎ᠠ ᠮᠦᠽᠧᠢ ᠵᠢᠨ ᠶᠡᠷᠦᠩᠬᠡᠢ᠌ᠯᠡᠭᠰᠡᠨ ᠪᠣᠳᠠᠲᠤ ᠬᠦᠴᠦᠨ ᠪᠠ ᠦᠢ᠍ᠯᠡᠴᠢᠯᠡᠭᠡᠨ᠎ᠤ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠤᠮᠠᠷᠠᠲᠤ ᠬᠢᠵᠠᠭ᠋ᠠᠷ᠎ᠤᠨ ᠰᠣᠶᠣᠯ᠎ᠢ ᠤᠯᠠᠮ ᠨᠢᠭᠡ ᠠᠯᠬᠤᠮ ᠪᠠᠳᠠᠷᠠᠭᠤᠯᠤᠨ᠂ ᠥᠷᠭᠡᠨ ᠣᠯᠠᠨ ᠠᠷᠠᠳ ᠲᠦᠮᠡᠨ᠎ᠳᠤ ᠨᠠᠩ ᠡᠯᠪᠡᠭ ᠪᠠᠶᠠᠯᠢᠭ ᠰᠣᠶᠣᠯ᠎ᠤᠨ ᠣᠢ᠌ᠯᠠᠭ᠋ᠠᠯᠲᠠ ᠣᠯᠭᠣᠬᠤ ᠪᠣᠯᠣᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠮᠦᠽᠸᠢ ᠵᠢᠨ ᠭᠠᠵᠠᠷ
          
ᠬᠠᠮᠢᠶ᠎ᠡ ᠪᠦᠬᠦᠢ ᠰᠣᠨᠢᠨ
 
            