ᠣᠷᠳᠣᠰ ᠬᠤᠲᠠ ᠪᠦᠬᠦ ᠬᠦᠴᠦᠨ ᠵᠶ᠋ᠠᠨ ᠲᠥᠪᠯᠡᠷᠡᠭᠦᠯᠦᠨ 《ᠤᠮᠠᠷᠠᠲᠤ ᠬᠢᠵᠠᠭ᠋ᠠᠷ ᠤᠨ ᠰᠣᠶᠣᠯ》᠎ᠤᠨ ᠨᠠᠷᠠᠲᠤ ᠲᠡᠮᠳᠡᠭᠲᠦ ᠵᠢ ᠪᠣᠶ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠦᠵᠡᠮᠵᠢ ᠵᠢᠨ ᠣᠷᠣᠨ᠎ᠳᠤ ᠣᠷᠣᠭᠤᠯᠬᠤ ᠠᠵᠢᠯ᠎ᠤᠨ ᠪᠠᠶ᠋ᠢᠷᠢᠯᠠᠭᠤᠯᠤᠯᠲᠠ ᠵᠢ ᠢᠳᠡᠪᠬᠢᠲᠡᠶ ᠨᠠᠶ᠋ᠢᠳᠠᠪᠤᠷᠢᠵᠢᠭᠤᠯᠤᠨ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠵᠤ ᠠᠰᠢᠭᠯᠠᠬᠤ ᠵᠢ ᠲᠠᠰᠤᠷᠠᠯᠲᠠ ᠥᠬᠡᠶ ᠴᠢᠩᠭ᠋ᠠᠳᠬᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠵᠤ ᠠᠰᠢᠭᠯᠠᠬᠤ ᠵᠢ ᠵᠢᠷᠭᠤᠭ᠋ᠠᠨ ᠲᠠᠯ᠎ᠠ᠎ᠪᠠᠷ ᠬᠦᠴᠦᠯᠡᠨ ᠴᠢᠩᠭ᠋ᠠᠳᠬᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠲᠤ ᠠᠮᠢᠳᠤᠯᠢᠭ ᠤᠯᠠᠮᠵᠢᠯᠠᠨ ᠵᠠᠯᠭ᠋ᠠᠮᠵᠢᠯᠠᠬᠤ ᠤᠷᠤᠨ ᠵᠠᠢ ᠬᠠᠩᠭ᠋ᠠᠵᠤ᠂ ᠦᠵᠡᠮᠵᠢ ᠵᠢᠨ ᠣᠷᠣᠨ ᠳᠤ ᠰᠣᠶᠣᠯ᠎ᠤᠨ ᠠᠭᠤᠯᠤᠭᠳᠠᠬᠤᠨ᠎ᠢ ᠠᠭᠤᠰᠤᠭᠤᠯᠵᠤ ᠂ ᠵᠢᠭᠤᠯᠴᠢᠯᠠᠭᠴᠢᠳ᠎ᠤᠨ ᠪᠡᠶᠡᠴᠢᠯᠡᠨ ᠣᠶ᠋ᠢᠯᠠᠭ᠋ᠠᠬᠤ ᠥᠷᠲᠡᠭ᠎ᠢ ᠭᠦᠨᠵᠡᠭᠡᠶ᠋ᠢᠷᠡᠭᠦᠯᠦᠨ᠂ ᠰᠣᠶᠣᠯ᠎ᠤᠨ ᠤᠯᠠᠮᠵᠢᠯᠠᠯ ᠪᠠ ᠵᠢᠭᠤᠯᠴᠢᠯᠠᠯ᠎ᠢ ᠤᠢ᠌ᠯᠠᠭ᠋ᠠᠭᠤᠯᠬᠤ ᠬᠤᠤᠰ ᠴᠢᠳᠠᠪᠤᠷᠢ ᠵᠢ ᠤᠯᠭᠤᠪᠠ ᠃
ᠨᠢᠭᠡ᠎ᠳᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠳᠤ ᠲᠦᠰᠢᠭᠯᠡᠨ ᠵᠢᠭᠤᠯᠴᠢᠯᠠᠯ᠎ᠤᠨ ᠤᠷᠠᠨ ᠰᠠᠶ᠋ᠢᠬᠠᠨ᠎ᠤ ᠲᠣᠭᠯᠠᠯᠲᠠ ᠭᠠᠷᠭ᠋ᠠᠪᠠ᠃ ᠬᠤᠶᠠᠷ᠎ᠲᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠳᠤ ᠲᠦᠰᠢᠭᠯᠡᠨ ᠥᠨᠳᠥᠷ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠪᠠᠢ᠌ᠭᠤᠯᠪᠠ᠃ ᠭᠤᠷᠪᠠ᠎ᠳᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠢ ᠵᠢᠭᠤᠯᠴᠢᠯᠠᠯ᠎ᠤᠨ ᠦᠵᠡᠮᠵᠢ ᠵᠢᠨ ᠣᠷᠣᠨ᠎ᠳᠤ ᠠᠭᠤᠰᠤᠭᠤᠯᠪᠠ᠃ ᠳᠥᠷᠪᠡ᠎ᠳᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠦᠵᠡᠮᠵᠢ ᠵᠢᠨ ᠣᠷᠣᠨ᠎ᠳᠤ ᠤᠷᠤᠭᠤᠯᠬᠤ ᠨᠠᠷᠠᠲᠤ ᠲᠡᠮᠳᠡᠭᠲᠦ ᠵᠢᠨ ᠠᠵᠢᠯᠯᠠᠭ᠎ᠠ ᠵᠢ ᠢᠳᠡᠪᠬᠢᠲᠡᠶ ᠪᠣᠶ ᠪᠤᠯᠭ᠋ᠠᠪᠠ᠃ ᠲᠠᠪᠤ᠎ᠳᠤ᠂ ᠪᠣᠳᠠᠰ᠎ᠤᠨ ᠪᠤᠰᠤ ᠰᠣᠶᠣᠯ᠎ᠤᠨ ᠥᠪ ᠢ ᠦᠵᠡᠮᠵᠢ ᠵᠢᠨ ᠣᠷᠣᠨ᠎ᠳᠤ ᠤᠷᠤᠭᠤᠯᠬᠤ ᠤᠬᠠᠭᠤᠯᠭ᠎ᠠ ᠵᠢᠨ ᠠᠵᠢᠯᠯᠠᠭ᠎ᠠ ᠵᠢ ᠬᠢᠨᠠᠮᠠᠭ᠋ᠠᠶ ᠵᠣᠬᠢᠶᠠᠨ ᠪᠠᠢ᠌ᠭᠤᠯᠪᠠ᠃ ᠵᠢᠷᠭᠤᠭ᠎ᠠ᠎ᠳᠤ᠂ ᠦᠵᠡᠮᠵᠢ ᠵᠢᠨ ᠣᠷᠣᠨ᠎ᠤ ᠤᠢ᠌ᠷ᠎ᠠ ᠬᠠᠪᠢ ᠵᠢᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠠᠮᠢ ᠠᠬᠤᠶ ᠵᠢ ᠲᠡᠭᠦᠯᠳᠡᠷᠵᠢᠬᠦᠯᠪᠡ᠃