8 ᠳ᠋ᠤᠭ᠋ᠠᠷ ᠰᠠᠷ᠎ᠠ ᠵᠢᠨ 12 ᠤᠨ ᠡᠳᠦᠷ᠎ᠤᠨ 9 ᠴᠠᠭ 30 ᠮᠢᠨᠦ᠋ᠲ᠎ᠲᠤ 2025 ᠣᠨ᠎ᠤ ᠣᠷᠳᠣᠰ᠎ᠤᠨ ᠳᠤᠯᠠᠭ᠋ᠠᠨ ᠬᠤᠳᠠ ᠵᠢᠨ ᠨᠠᠭ᠋ᠠᠳᠤᠮ᠎ᠤᠨ ᠠᠵᠢᠯᠯᠠᠭ᠎ᠠ ᠤᠳᠤᠭ ᠬᠣᠰᠢᠭᠤᠨ᠎ᠤ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠢ᠎ᠳᠤ ᠡᠬᠢᠯᠡᠯ᠎ᠡ᠃
《ᠤᠮᠠᠷᠠᠲᠤ ᠬᠢᠯᠢ ᠵᠢᠨ ᠪᠠᠶᠠᠷ᠎ᠤᠨ ᠲᠠᠭᠤᠯᠠᠯ ·ᠲᠠᠯ᠎ᠠ ᠨᠤᠲᠤᠭ᠎ᠲᠤ ᠪᠠᠲᠠᠷᠠᠨ ᠲᠡᠯᠭᠡᠷᠡᠨ᠎ᠡ》᠎ᠪᠠᠷ ᠭᠣᠣᠯ ᠰᠡᠳᠦᠪ ᠪᠣᠯᠭ᠋ᠠᠭᠰᠠᠨ ᠡᠨᠡ ᠤᠳᠠᠭ᠋ᠠᠨ᠎ᠤ ᠨᠠᠭ᠋ᠠᠳᠤᠮ᠎ᠤᠨ ᠬᠤᠷᠠᠯ᠎ᠨᠢ 10 ᠡᠳᠦᠷ᠎ᠤᠨ ᠬᠤᠭᠤᠴᠠᠭ᠎ᠠ᠎ᠲᠠᠢ ᠶᠠᠪᠤᠭᠳᠠᠵᠤ᠂ ᠤᠯᠠᠮᠵᠢᠯᠠᠯᠲᠤ ᠨᠠᠭ᠋ᠠᠳᠤᠮ᠎ᠤᠨ ᠬᠤᠷᠠᠯ᠎ᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠣᠶᠣᠯ᠎ᠤᠨ ᠪᠡᠶᠡᠴᠢᠯᠡᠨ ᠣᠢ᠌ᠯᠠᠭ᠋ᠠᠯᠲᠠ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠂ ᠤᠯᠠᠨ ᠲᠦᠮᠡᠨ᠎ᠤ ᠰᠣᠶᠣᠯ ᠵᠢᠭᠤᠯᠴᠢᠯᠠᠯ᠂ ᠬᠥᠳᠡᠭᠡ ᠠᠵᠤ ᠠᠬᠤᠢ ᠵᠢ ᠬᠠᠪᠰᠤᠷᠤᠨ ᠲᠡᠳᠬᠦᠬᠦ ᠵᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠬᠤᠳᠠᠯᠳᠤᠭ᠎ᠠ ᠵᠢ ᠠᠭᠤᠰᠤᠯᠴᠠᠭᠤᠯᠤᠭᠰᠠᠨ ᠦᠪᠡᠳᠡᠭᠰᠢ ᠴᠤᠭᠯᠠᠭ᠋ᠠᠨ ᠪᠣᠯᠭ᠋ᠠᠨ ᠲᠡᠰ ᠲᠡᠪᠰᠢᠭᠦᠯᠪᠡ᠃