12 ᠳ᠋ᠤᠭ᠋ᠠᠷ ᠰᠠᠷ᠎ᠠ ᠵᠢᠨ7 ᠤ ᠡᠲᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠸᠠᠩ ᠸᠧᠢ ᠵᠥᠩ ᠬᠥᠬᠡᠬᠣᠲᠠ᠎ᠳᠤ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠵᠤ᠂ ᠰᠢ᠎ᠵᠢᠨ᠎ᠫᠢᠩ ᠤᠨ ᠰᠣᠶᠣᠯ ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠵᠢᠨ᠎ᠫᠢᠩ ᠤᠨ ᠥᠪᠥᠷ ᠮᠣᠩᠭᠣᠯ ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ ᠤ ᠬᠠᠮᠲᠤ ᠵᠢᠨ ᠴᠣᠭᠴᠠ ᠵᠢᠨ ᠤᠬᠠᠮᠰᠠᠷ ᠢ ᠪᠠᠲᠤ ᠴᠤᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠡᠬᠢ ᠪᠠᠶᠠᠯᠢᠭ ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠭᠦᠨᠵᠡᠭᠡᠢ᠌ᠷᠡᠭᠦᠯᠵᠦ᠂ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠲᠦᠷᠭᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠸᠠᠩ ᠸᠧᠢ ᠵᠦᠩ ᠤᠷᠢᠳ ᠬᠣᠵᠢᠳ ᠵᠠᠩᠵᠤᠨ᠎ᠤ ᠶᠠᠮᠤᠨ᠎ᠤ ᠮᠦᠽᠧᠢ᠂ ᠵᠤᠤ ᠵᠢᠶᠦ᠋ᠨ ᠮᠦᠽᠧᠢ᠂ ᠥᠪᠥᠷ ᠮᠣᠩᠭᠣᠯ᠎ᠤᠨ ᠮᠦᠽᠧᠢ᠎ᠳᠤ ᠬᠦᠷᠴᠦ᠂ ᠲᠠᠢ᠌ᠯᠤᠮᠵᠢ ᠵᠢ ᠨᠠᠷᠢᠨ ᠬᠢᠨᠠᠮᠠᠭ᠋ᠠᠢ ᠰᠣᠨᠣᠰᠴᠤ᠂ ᠳᠡᠯᠭᠡᠨ ᠦᠵᠡᠭᠦᠯᠭᠡ ᠵᠢ ᠨᠠᠷᠢᠨ ᠨᠢᠮᠪᠠᠢ ᠲᠣᠭᠣᠷᠢᠨ ᠦᠵᠡᠵᠦ᠂ ᠰᠣᠶᠣᠯ ᠪᠠ ᠵᠢᠭᠤᠯᠴᠢᠯᠠᠯ᠎ᠤᠨ ᠠᠭᠤᠰᠤᠯᠴᠠᠨ ᠬᠦᠭᠵᠢᠭᠰᠡᠨ ᠪᠠᠢ᠌ᠳᠠᠯ᠎ᠢ ᠭᠦᠨᠵᠡᠭᠡᠢ ᠣᠢ᠌ᠯᠠᠭ᠋ᠠᠪᠠ᠃ ᠲᠡᠷᠡ᠂ ᠥᠪᠥᠷ ᠮᠣᠩᠭᠣᠯ᠎ᠤᠨ ᠲᠡᠦᠬᠡ ᠰᠣᠶᠣᠯ᠎ᠤᠨ ᠤᠤᠷ ᠲᠤᠨᠤᠳᠠᠰᠤ ᠭᠦᠨ ᠵᠤᠵᠠᠭ᠋ᠠᠨ᠂ ᠳᠤᠮᠳᠠᠳᠤ ᠵᠢᠨ ᠰᠣᠶᠣᠯ ᠡᠯᠪᠡᠭ ᠪᠠᠶᠠᠯᠢᠭ ᠪᠠᠢ᠌ᠵᠤ᠂ ᠪᠠᠰᠠ ᠠᠭᠤᠳᠠᠮ ᠲᠠᠯ᠎ᠠ ᠨᠤᠲᠤᠭ᠂ ᠦᠷᠭᠡᠨ ᠤᠢ ᠰᠢᠭᠤᠢ᠂ ᠶᠡᠬᠡ ᠭᠣᠣᠯ ᠨᠠᠭᠤᠷ᠂ ᠲᠤᠮᠤ ᠡᠯᠡᠰᠦᠨ ᠴᠦᠯ᠂ ᠨᠡᠯᠦᠭᠡᠷ ᠮᠥᠰᠥ ᠴᠠᠰᠤ ᠵᠡᠷᠭᠡ ᠤᠯᠠᠨ ᠵᠦᠢ᠍ᠯ᠎ᠤᠨ ᠪᠠᠢ᠌ᠭ᠋ᠠᠯᠢ ᠵᠢᠨ ᠦᠵᠡᠮᠵᠢ᠎ᠲᠠᠢ ᠪᠠᠢ᠌ᠵᠤ᠂ ᠵᠡᠭᠦᠨ᠎ᠠᠴᠠ ᠪᠠᠷᠠᠭᠤᠨᠰᠢ᠂ ᠵᠢᠯ᠎ᠤᠨ ᠲᠦᠷᠪᠡᠨ ᠤᠯᠠᠷᠢᠯ᠎ᠳᠤ ᠴᠦᠮ ᠭᠤᠢ᠌ᠲᠠ ᠰᠠᠢ᠌ᠬᠠᠨ ᠵᠢᠭᠤᠯᠴᠢᠯᠠᠬᠤ᠎ᠳᠤ ᠵᠤᠬᠢᠷᠠᠮᠵᠢᠲᠠᠢ ᠶᠤᠮ᠃ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠬᠥᠭᠵᠢᠭᠦᠯᠬᠦ ᠲᠠᠯ᠎ᠠ᠎ᠪᠠᠷ ᠬᠢᠬᠦ ᠠᠵᠢᠯ ᠮᠠᠰᠢ ᠤᠯᠠᠨ ᠪᠠᠢ᠌ᠵᠤ᠂ ᠰᠠᠷᠠᠭᠤᠯ ᠠᠭᠣᠳᠠᠮ ᠢᠷᠡᠭᠡᠳᠦᠢ᠎ᠲᠠᠢ ᠶᠤᠮ᠃ ᠰᠣᠶᠣᠯ᠎ᠤᠨ ᠢᠲᠡᠭᠡᠯ ᠵᠶ᠋ᠡᠨ ᠴᠢᠩᠭ᠋ᠠᠳᠬᠠᠵᠤ᠂ ᠴᠢᠩᠭ᠎ᠠ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠪᠤᠲᠤᠯᠭ᠎ᠠ᠎ᠪᠠᠷ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠨ ᠠᠰᠢᠭᠯᠠᠬᠤ ᠪᠠ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠬᠤ ᠠᠵᠢᠯ᠎ᠢ ᠰᠠᠢ᠌ᠲᠤᠷ ᠬᠢᠵᠦ᠂ ᠰᠣᠶᠣᠯ᠎ᠤᠨ ᠦᠢ᠍ᠯᠡᠰ᠎ᠢ ᠶᠡᠬᠡ᠎ᠪᠠᠷ ᠴᠡᠴᠡᠭᠯᠡᠭᠦᠯᠦᠨ ᠬᠥᠭᠵᠢᠭᠦᠯᠵᠦ᠂ ᠰᠣᠶᠣᠯ ᠤᠨ ᠬᠦᠴᠦᠷᠭᠡᠭ ᠣᠷᠣᠨ ᠤ ᠪᠦᠲᠦᠭᠡᠨ ᠪᠠᠢ᠌ᠭᠤᠯᠤᠯᠲᠠ ᠵᠢ ᠪᠥᠬᠥ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠬᠤ ᠬᠡᠷᠡᠭᠲᠡᠢ᠃ ᠰᠣᠶᠣᠯ ᠪᠠ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠠᠬᠢᠭᠤᠯᠵᠤ᠂ ᠥᠪᠥᠷ ᠮᠣᠩᠭᠣᠯ᠎ᠤᠨ ᠡᠯᠪᠡᠭ ᠪᠠᠶᠠᠯᠢᠭ ᠲᠡᠦᠬᠡ ᠰᠣᠶᠣᠯ ᠪᠣᠯᠣᠨ ᠦᠵᠡᠰᠬᠦᠯᠡᠩᠲᠦ ᠰᠠᠢ᠌ᠬᠠᠨ ᠪᠠᠢ᠌ᠭ᠋ᠠᠯᠢ ᠵᠢᠨ ᠦᠵᠡᠮᠵᠢ ᠵᠢ ᠤᠶᠠᠯᠳᠤᠭᠤᠯᠵᠤ᠂ ᠨᠡᠩ ᠤᠯᠠᠨ ᠨᠡᠩ ᠲᠠᠲᠠᠬᠤ ᠬᠦᠴᠦᠨ᠎ᠲᠠᠢ ᠵᠢᠭᠤᠯᠴᠢᠯᠠᠯ᠎ᠤᠨ ᠦᠢ᠍ᠯᠡᠳᠭᠦᠨ ᠪᠣᠯᠣᠨ ᠣᠨᠴᠠᠯᠢᠭᠲᠤ ᠵᠠᠮ ᠱᠤᠭᠤᠮ᠎ᠢ ᠨᠡᠭᠡᠭᠡᠨ ᠬᠥᠭᠵᠢᠭᠦᠯᠵᠦ᠂ ᠰᠣᠶᠣᠯ ᠵᠶ᠋ᠠᠷ ᠵᠢᠭᠤᠯᠴᠢᠯᠠᠯ᠎ᠢ ᠨᠡᠩ ᠰᠠᠢ᠌ᠲᠤᠷ ᠱᠤᠭᠤᠵᠤ᠂ ᠵᠢᠭᠤᠯᠴᠢᠯᠠᠯ ᠵᠶ᠋ᠠᠷ ᠰᠣᠶᠣᠯ᠎ᠢ ᠨᠡᠩ ᠰᠠᠢ᠌ᠲᠤᠷ ᠲᠤᠪᠤᠢ᠍ᠢ᠍ᠯᠭ᠋ᠠᠬᠤ ᠬᠡᠷᠡᠭᠲᠡᠢ᠃ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠨᠡᠭᠡᠭᠡᠯᠲᠡᠲᠤ ᠬᠥᠭᠵᠢᠯᠲᠡ᠂ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠵᠤ᠂ ᠮᠡᠷᠭᠡᠵᠢᠯ᠎ᠤᠨ ᠰᠢᠨ᠎ᠡ ᠵᠢ ᠡᠭᠦᠳᠬᠦ᠂ ᠦᠢ᠍ᠯᠡᠳᠭᠦᠨ᠎ᠤ ᠰᠢᠨ᠎ᠡ ᠵᠢ ᠡᠭᠦᠳᠬᠦ ᠪᠠ ᠵᠠᠭᠪᠤᠷ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠴᠢᠨᠠᠷ ᠰᠠᠢ᠌ᠲᠠᠢ ᠦᠢ᠍ᠯᠡᠳᠭᠦᠨ᠎ᠤ ᠬᠠᠩᠭ᠋ᠠᠯᠭ᠎ᠠ ᠵᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠰᠣᠶᠣᠯ ᠵᠢᠭᠤᠯᠴᠢᠯᠠᠯ᠎ᠤᠨ ᠤᠬᠠᠭᠤᠯᠭ᠎ᠠ ᠲᠠᠨᠢᠯᠴᠠᠭᠤᠯᠭ᠎ᠠ ᠵᠢ ᠦᠷᠭᠦᠯᠵᠢᠯᠡᠨ ᠴᠢᠩᠭ᠋ᠠᠳᠬᠠᠵᠤ᠂ ᠥᠪᠥᠷ ᠮᠣᠩᠭᠣᠯ᠎ᠢ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠠᠯᠳᠠᠷᠰᠢᠭᠰᠠᠨ ᠵᠢᠭᠤᠯᠴᠢᠯᠠᠯ᠎ᠤᠨ ᠵᠤᠷᠢᠯᠳᠠ᠎ᠲᠤ ᠣᠷᠣᠨ ᠪᠣᠯᠭ᠋ᠠᠨ ᠪᠠᠶ᠋ᠢᠭᠤᠯᠬᠤ᠎ᠪᠠᠷ ᠴᠢᠷᠮᠠᠢ᠌ᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠪᠠᠢ᠌ᠴᠠᠭ᠋ᠠᠨ ᠰᠤᠳᠤᠯᠤᠯᠲᠠ ᠵᠢᠨ ᠳᠤᠮᠳᠠ᠂ ᠸᠠᠩ ᠸᠧᠢ ᠵᠦᠩ᠂ ᠮᠠᠨ᠎ᠤ ᠣᠷᠣᠨ᠎ᠤ ᠡᠯᠪᠡᠭ ᠪᠠᠶᠠᠯᠢᠭ ᠮᠦᠽᠧᠢ (ᠣᠷᠳᠣᠨ) ᠵᠢᠨ ᠲᠡᠦᠬᠡ ᠵᠢᠨ ᠲᠤᠷᠠᠰᠬᠠᠯᠲᠤ ᠵᠦᠢ᠍ᠯᠡᠰ ᠤᠨ ᠬᠠᠳᠠᠭ᠋ᠠᠯᠠᠮᠵᠢ᠎ᠨᠢ ᠳᠤᠮᠳᠠᠳᠤ ᠵᠢᠨ ᠦᠨᠳᠦᠰᠦᠲᠡᠨ᠎ᠤ ᠤᠯᠠᠨ ᠡᠰᠢᠲᠦ ᠨᠢᠭᠡ ᠴᠣᠭᠴᠠᠵᠢᠭᠰᠠᠨ ᠭᠡᠷᠡᠯ ᠰᠠᠴᠤᠷᠠᠩᠭᠤᠢ ᠰᠣᠶᠣᠯ᠎ᠢ ᠢᠯᠡᠷᠡᠭᠦᠯᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠥᠨᠢ ᠤᠳᠠᠭ᠋ᠠᠨ ᠲᠡᠦᠬᠡ ᠵᠢ ᠠᠴᠢᠶᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠬᠤ ᠠᠮᠢᠳᠤᠯᠢᠭ ᠵᠢᠭ᠋ᠠᠬᠤ ᠮᠠᠲ᠋ᠧᠷᠢᠶᠠᠯ ᠮᠦᠨ ᠭᠡᠵᠦ ᠵᠢᠭ᠋ᠠᠵᠤ ᠭᠠᠷᠭ᠋ᠠᠪᠠ᠃ ᠲᠡᠷᠡ᠂ ᠥᠪᠥᠷ ᠮᠣᠩᠭᠣᠯ ᠪᠣᠯ ᠶᠡᠷᠦᠩᠬᠡᠢ ᠱᠦᠵᠢ ᠰᠢ᠎ᠵᠢᠨ᠎ᠫᠢᠩ ᠤᠨ 《ᠳᠤᠮᠳᠠᠳᠤ ᠵᠢᠨ ᠦᠨᠳᠦᠰᠦᠲᠡᠨ ᠤ ᠬᠠᠮᠲᠤ ᠵᠢᠨ ᠴᠣᠭᠴᠠ ᠵᠢᠨ ᠤᠬᠠᠮᠰᠠᠷ ᠢ ᠪᠠᠲᠤ ᠴᠤᠭᠴᠠᠯᠠᠬᠤ ᠪᠣᠯ ᠪᠠᠰᠠ ᠴᠤ᠌ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢ᠍ᠯ ᠤᠨ ᠠᠵᠢᠯ ᠤᠨ ᠭᠣᠣᠯ ᠰᠢᠵᠢᠮ ᠮᠥᠨ》 ᠭᠡᠬᠦ ᠴᠢᠬᠤᠯᠠ ᠶᠡᠬᠡ ᠨᠤᠲᠠᠯᠠᠯᠲᠠ ᠵᠢ ᠠᠩᠬ᠎ᠠ ᠳᠤᠷᠠᠳᠤᠭᠰᠠᠨ ᠭᠠᠵᠠᠷ ᠪᠣᠯᠣᠨ᠎ᠠ᠂ ᠳᠤᠮᠳᠠᠳᠤ ᠵᠢᠨ ᠦᠨᠳᠦᠰᠦᠲᠡᠨ ᠤ ᠬᠠᠮᠲᠤ ᠵᠢᠨ ᠴᠣᠭᠴᠠ ᠵᠢᠨ ᠤᠬᠠᠮᠰᠠᠷ ᠢ ᠪᠠᠲᠤ ᠴᠤᠭᠴᠠᠯᠠᠬᠤ᠂ ᠳᠤᠮᠳᠠᠳᠤ ᠵᠢᠨ ᠦᠨᠳᠦᠰᠦᠲᠡᠨ ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠲᠠᠯ᠎ᠠ᠎ᠪᠠᠷ ᠦᠪᠦᠷ ᠮᠤᠩᠭᠤᠯ ᠡᠮᠦᠨ᠎ᠡ᠎ᠨᠢ ᠬᠤᠰᠢᠭᠤᠷᠠᠵᠤ᠂ ᠦᠯᠢᠭᠡᠷ ᠳᠠᠭᠤᠷᠢᠶᠠᠯ ᠪᠣᠯᠬᠤ ᠬᠠᠷᠢᠭᠤᠴᠠᠯᠭ᠎ᠠ᠎ᠲᠠᠢ ᠶᠤᠮ᠃ ᠮᠠᠨ᠎ᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ ᠪᠣᠯᠣᠨ ᠰᠣᠶᠣᠯ᠎ᠤᠨ ᠥᠪ ᠵᠡᠷᠭᠡ ᠡᠯᠪᠡᠭ ᠪᠠᠶᠠᠯᠢᠭ ᠡᠬᠢ ᠪᠠᠶᠠᠯᠢᠭ᠎ᠢ ᠰᠠᠢ᠌ᠲᠤᠷ ᠠᠰᠢᠭᠯᠠᠵᠤ᠂ ᠠᠮᠢᠲᠤᠯᠢᠭᠵᠢᠭᠤᠯᠤᠨ ᠠᠰᠢᠭᠯᠠᠬᠤ ᠠᠵᠢᠯ᠎ᠢ ᠰᠠᠢ᠌ᠲᠤᠷ ᠬᠢᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ ᠵᠶ᠋ᠡᠷ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠦᠯᠢᠭᠡᠷ᠎ᠢ ᠰᠠᠢ᠌ᠲᠤᠷ ᠶᠠᠷᠢᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠥᠲᠥᠯᠥᠨ ᠵᠢᠯᠤᠭᠤᠳᠴᠤ 《ᠳᠥᠷᠪᠡ ᠵᠢ ᠬᠠᠮᠲᠤᠳᠬᠠᠬᠤ》 ᠵᠢ ᠪᠠᠲᠤ ᠪᠤᠢ ᠪᠣᠯᠭ᠋ᠠᠵᠤ᠂ 《ᠲᠠᠪᠤᠨ ᠬᠠᠮᠲᠤ ᠵᠢᠨ ᠲᠠᠨᠢᠯᠲᠠ》 ᠵᠢ ᠲᠠᠰᠤᠷᠠᠯᠲᠠ ᠦᠭᠡᠢ ᠨᠡᠮᠡᠭᠳᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠬᠠᠮᠲᠤ᠎ᠪᠠᠷ ᠡᠳ᠋ᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠪᠦᠦ ᠰᠢᠶᠠᠨ ᠬᠤᠸᠠ᠂ ᠶᠠᠩ ᠵᠢᠨ ᠣᠷᠣᠯᠴᠠᠵᠠᠢ᠃