ᠡᠷᠭᠦᠨ᠎ᠡ ᠬᠣᠲᠠ ᠤᠯᠤᠰ᠎ᠤᠨ ᠥᠮᠴᠢᠯᠡᠯᠲᠦ ᠣᠢ ᠰᠢᠭᠤᠢ ᠵᠢᠨ ᠲᠠᠯᠠᠪᠠᠢ ᠵᠢ ᠬᠥᠭᠵᠢᠭᠦᠯᠦᠨ ᠮᠠᠨᠳᠤᠭᠤᠯᠬᠤ ᠪᠣᠳᠠᠲᠤ ᠪᠠᠢ᠌ᠳᠠᠯ ᠳᠤ᠎ᠪᠠᠨ ᠰᠠᠭᠤᠷᠢᠯᠠᠵᠤ᠂ ᠡᠬᠢ ᠪᠠᠶᠠᠯᠢᠭ᠎ᠢ ᠡᠮᠬᠢᠯᠡᠨ ᠨᠡᠢ᠍ᠯᠡᠭᠦᠯᠬᠦ᠂ ᠠᠵᠤ ᠦᠢ᠍ᠯᠡᠰ᠎ᠢ ᠪᠣᠢ᠍ᠵᠢᠭᠤᠯᠬᠤ ᠪᠠ ᠴᠢᠳᠠᠮᠵᠢ ᠵᠢ ᠳᠠᠬᠢᠨ ᠪᠣᠢ ᠪᠣᠯᠭ᠋ᠠᠬᠤ ᠵᠢ ᠨᠢᠭᠡᠳᠦᠯᠲᠡᠢ ᠲᠥᠯᠥᠪᠯᠡᠨ ᠠᠬᠢᠭᠤᠯᠪᠠ᠃ ᠣᠢ ᠰᠢᠭᠤᠢ ᠵᠢᠨ ᠲᠠᠯᠠᠪᠠᠢ ᠵᠢᠨ ᠰᠤᠯᠠ ᠪᠠᠶ᠋ᠢᠬᠤ ᠡᠳ᠋ ᠬᠦᠷᠦᠩᠭᠡ ᠵᠢ ᠠᠮᠢᠳᠤᠯᠢᠭ ᠪᠣᠯᠭ᠋ᠠᠬᠤ ᠲᠥᠰᠥᠯ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ᠎ᠪᠠᠷ ᠳᠠᠮᠵᠢᠭᠤᠯᠤᠨ᠂ ᠠᠮᠢ ᠠᠬᠤᠢ ᠵᠢᠨ ᠬᠠᠮᠠᠭ᠋ᠠᠯᠠᠯᠲᠠ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠣᠨᠴᠠᠯᠢᠭᠲᠤ ᠠᠵᠤ ᠦᠢ᠍ᠯᠡᠰ᠎ᠤᠨ ᠲᠥᠷᠥᠯ ᠵᠦᠢ᠍ᠯ᠎ᠢ ᠵᠡᠷᠭᠡ᠎ᠪᠠᠷ ᠣᠷᠣᠭᠤᠯᠤᠨ ᠠᠪᠴᠢᠷᠠᠵᠤ᠂ ᠰᠠᠭᠤᠷᠢ ᠲᠥᠬᠦᠭᠡᠷᠦᠮᠵᠢ ᠵᠢ ᠢᠵᠢ ᠪᠦᠷᠢᠳᠦᠭᠦᠯᠬᠦ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠲᠡᠭᠦᠯᠳᠡᠷᠵᠢᠭᠦᠯᠦᠨ᠂ ᠣᠢ ᠰᠢᠭᠤᠢ ᠵᠢᠨ ᠲᠠᠯᠠᠪᠠᠢ ᠵᠢᠨ ᠳᠣᠲᠣᠭ᠋ᠠᠳᠤ ᠵᠢᠨ ᠬᠥᠭᠵᠢᠯᠲᠡ ᠵᠢᠨ ᠬᠥᠳᠡᠯᠭᠡᠭᠦ ᠬᠦᠴᠦᠨ᠎ᠢ ᠪᠦᠲᠦᠮᠵᠢᠲᠡᠢ ᠬᠥᠭᠵᠢᠭᠡᠪᠡ᠃