ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠣᠨ᠎ᠤ ᠦᠢ᠍ᠯᠡᠪᠦᠷᠢ (2025 ᠪᠣᠳᠢ)》 ᠨᠠᠢ᠌ᠷᠠᠭᠤᠯᠤᠨ ᠪᠢᠴᠢᠬᠦ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠶᠠᠪᠤᠭᠳᠠᠪᠠ
ᠨᠡᠶᠢᠲᠡᠯᠡᠭᠰᠡᠨ ᠴᠠᠭ᠄ 2025-12-08

12 ᠳ᠋ᠤᠭ᠋ᠠᠷ ᠰᠠᠷ᠎ᠠ ᠵᠢᠨ 4᠎ᠤ ᠡᠳᠦᠷ᠎ᠠᠴᠠ 5᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠭᠣᠣᠯᠯᠠᠨ ᠡᠷᠭᠢᠯᠡᠭᠰᠡᠨ 2025 ᠣᠨ᠎ᠤ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠣᠨ᠎ᠤ ᠦᠢ᠍ᠯᠡᠪᠦᠷᠢ ᠨᠠᠢ᠌ᠷᠠᠭᠤᠯᠤᠨ ᠪᠢᠴᠢᠬᠦ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠶᠠᠪᠤᠭᠳᠠᠪᠠ᠃

ᠲᠣᠰ ᠤᠳᠠᠭ᠋ᠠᠨ᠎ᠤ ᠪᠤᠯᠪᠠᠰᠤᠷᠠᠯ᠎ᠤᠨ ᠵᠣᠷᠢᠯᠭ᠎ᠠ᠎ᠨᠢ ᠣᠨ᠎ᠤ ᠦᠢ᠍ᠯᠡᠪᠦᠷᠢ ᠵᠢᠨ ᠠᠵᠢᠯ᠎ᠤᠨ ᠲᠤᠬᠠᠢ ᠲᠥᠪ ᠬᠣᠷᠢᠶ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠣᠨ᠎ᠤ ᠦᠢ᠍ᠯᠡᠪᠦᠷᠢ ᠨᠠᠢ᠌ᠷᠠᠭᠤᠯᠤᠨ ᠪᠢᠴᠢᠬᠦ ᠠᠵᠢᠯᠲᠠᠨ᠎ᠤ ᠲᠤᠬᠠᠢ᠌ᠯᠠᠭᠰᠠᠨ ᠠᠵᠢᠯ᠎ᠤᠨ ᠴᠢᠳᠠᠪᠤᠷᠢ ᠪᠠ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ᠎ᠢ ᠰᠢᠰᠲ᠋ᠧᠮ᠎ᠲᠠᠢ ᠳᠡᠭᠡᠭᠰᠢᠯᠡᠭᠦᠯᠦᠨ᠂ 《ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠣᠨ᠎ᠤ ᠦᠢ᠍ᠯᠡᠪᠦᠷᠢ (2025 ᠪᠣᠳᠢ)》 ᠵᠢ ᠨᠠᠢ᠌ᠷᠠᠭᠤᠯᠤᠨ ᠪᠢᠴᠢᠬᠦ ᠠᠵᠢᠯ᠎ᠢ ᠴᠢᠨᠠᠷ ᠰᠠᠢ᠌ᠲᠠᠢ ᠲᠦᠯᠬᠢᠨ ᠠᠬᠢᠭᠤᠯᠬᠤ ᠵᠢᠨ ᠲᠥᠯᠥᠭᠡ ᠶᠤᠮ᠃ ᠡᠯ᠎ᠡ ᠠᠢ᠌ᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠵᠢᠨ ᠠᠯᠪᠠᠨ ᠭᠡᠷ᠎ᠤᠨ ᠬᠤᠪᠢᠳᠠᠨ ᠬᠠᠮᠢᠶᠠᠷᠴᠤ ᠪᠦᠬᠦᠢ ᠳᠡᠳ᠋ ᠡᠷᠬᠢᠯᠡᠭᠴᠢ ᠵᠢᠴᠢ ᠨᠠᠢ᠌ᠷᠠᠭᠤᠯᠤᠨ ᠪᠢᠴᠢᠬᠦ ᠠᠵᠢᠯᠲᠠᠨ᠂ ᠣᠷᠣᠨ᠎ᠤ ᠰᠢᠭᠤᠳ ᠬᠠᠷᠢᠶ᠎ᠠ ᠰᠣᠶᠣᠯ᠎ᠤᠨ ᠰᠢᠰᠲ᠋ᠧᠮ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠎ᠤᠨ ᠨᠠᠢ᠌ᠷᠠᠭᠤᠯᠤᠨ ᠪᠢᠴᠢᠬᠦ ᠡᠭᠦᠷᠭᠡ ᠵᠢ ᠡᠭᠦᠷᠭᠡᠯᠡᠵᠦ ᠪᠠᠢ᠌ᠭ᠎ᠠ ᠨᠥᠬᠥᠳ ᠪᠤᠯᠪᠠᠰᠤᠷᠠᠯ᠎ᠳᠤ ᠣᠷᠣᠯᠴᠠᠪᠠ᠃

ᠲᠣᠰ ᠤᠳᠠᠭ᠋ᠠᠨ᠎ᠤ ᠪᠤᠯᠪᠠᠰᠤᠷᠠᠯ᠎ᠤᠨ ᠬᠢᠴᠢᠶᠡᠯ᠎ᠤᠨ ᠲᠣᠬᠢᠷᠠᠭᠤᠯᠤᠯᠲᠠ ᠡᠯᠪᠡᠭ ᠪᠠᠶᠠᠯᠢᠭ ᠪᠠᠢ᠌ᠵᠤ᠂ ᠣᠨᠣᠯ ᠪᠠ ᠦᠢ᠍ᠯᠡᠳᠦᠯᠭᠡ ᠵᠢᠨ ᠤᠶᠠᠯᠳᠤᠯ ᠨᠢᠭᠲᠠ ᠪᠤᠯᠵᠠᠢ᠃ ᠪᠣᠯᠪᠠᠰᠤᠷᠠᠯ᠎ᠤᠨ ᠠᠩᠭᠢ ᠵᠢᠨ᠎ᠬᠢᠨ ᠭᠦᠨ ᠵᠤᠵᠠᠭ᠋ᠠᠨ ᠤᠨᠤᠯ᠎ᠤᠨ ᠦᠨᠳᠦᠰᠦᠨ ᠪᠣᠯᠪᠠᠰᠤᠷᠠᠯ ᠪᠠ ᠪᠠᠶᠠᠯᠢᠭ ᠪᠣᠳᠠᠲᠤ ᠪᠣᠯᠪᠠᠰᠤᠷᠠᠯ᠎ᠤᠨ ᠲᠤᠷᠰᠢᠯᠭ᠎ᠠ᠎ᠲᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ ᠪᠣᠯᠣᠨ ᠬᠠᠮᠢᠶ᠎ᠠ ᠪᠦᠬᠦᠢ ᠬᠡᠪᠯᠡᠯ᠎ᠤᠨ ᠬᠣᠷᠢᠶ᠎ᠠ ᠵᠢᠨ ᠣᠨ᠎ᠤ ᠤᠢ᠌ᠯᠠᠪᠤᠷᠢ ᠨᠠᠢ᠌ᠷᠠᠭᠤᠯᠤᠨ ᠪᠢᠴᠢᠬᠦ ᠲᠤᠰᠬᠠᠢ ᠮᠡᠷᠭᠡᠵᠢᠯᠲᠡᠨ᠎ᠢ ᠲᠤᠰᠬᠠᠢ᠌ᠯᠠᠨ ᠤᠷᠢᠵᠤ ᠲᠤᠰᠬᠠᠢ ᠰᠡᠳᠦᠪ ᠵᠶ᠋ᠡᠷ ᠬᠢᠴᠢᠶᠡᠯᠯᠡᠵᠦ᠂ ᠣᠨ᠎ᠤ ᠤᠢ᠌ᠯᠠᠪᠤᠷᠢ ᠨᠠᠢ᠌ᠷᠠᠭᠤᠯᠤᠨ ᠪᠢᠴᠢᠬᠦ ᠳᠦᠷᠢᠮᠵᠢᠯ᠂ ᠪᠣᠳᠠᠲᠤ ᠠᠵᠢᠯ᠎ᠤᠨ ᠤᠷ᠎ᠠ ᠮᠡᠷᠭᠡᠵᠢᠯ ᠪᠣᠯᠣᠨ ᠪᠠᠢ᠌ᠩᠭᠤ ᠲᠣᠬᠢᠶᠠᠯᠳᠤᠬᠤ ᠠᠰᠠᠭᠤᠳᠠᠯ ᠵᠡᠷᠭᠡ ᠠᠭᠤᠯᠭ᠎ᠠ ᠵᠢᠨ ᠲᠣᠭᠣᠷᠢᠨ᠎ᠳᠤ ᠰᠢᠰᠲᠸᠮ᠎ᠲᠠᠢ ᠲᠠᠢ᠌ᠯᠤᠮᠵᠢ ᠬᠢᠬᠦ ᠵᠢᠨ ᠬᠠᠮᠲᠤ ᠲᠤᠬᠠᠢ ᠵᠢᠨ ᠲᠠᠯᠠᠪᠠᠢ᠎ᠳᠤ ᠡᠬᠡ ᠪᠢᠴᠢᠭ᠎ᠢ ᠨᠢᠭᠡᠳᠬᠡᠵᠦ᠂ ᠡᠬᠡ ᠪᠢᠴᠢᠭ᠎ᠢ ᠲᠣᠭᠲᠠᠭ᠋ᠠᠵᠤ᠂ ᠰᠤᠷᠤᠯᠭ᠋ᠠᠲᠠᠳ᠎ᠲᠤ ᠯᠠᠪᠳᠠᠭᠤᠨ ᠪᠠᠲᠤᠲᠠᠢ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠬᠠᠩᠭ᠋ᠠᠵᠠᠢ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            