ᠡᠯ᠎ᠡ ᠠᠢ᠌ᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠥᠪᠥᠷ ᠮᠣᠩᠭᠣᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠠᠭ᠋ᠠᠨᠮᠥ᠋ᠴᠢᠷ᠎ᠲᠤ᠄
《ᠸᠸᠨ ᠬᠤᠸᠠ ᠱᠠᠩᠨᠠᠯ᠎ᠤᠨ ᠳᠦᠷᠢᠮ》᠂ 《ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠸᠸᠨ ᠬᠤᠸᠠ ᠱᠠᠩᠨᠠᠯ᠎ᠤᠨ ᠱᠠᠩᠨᠠᠯ ᠰᠢᠯᠭ᠋ᠠᠷᠠᠭᠤᠯᠬᠤ ᠠᠷᠭ᠎ᠠ》᠂ 《ᠣᠯᠠᠨ ᠲᠦᠮᠡᠨ᠎ᠤ ᠤᠷᠠᠯᠢᠭ᠎ᠤᠨ ᠱᠠᠩᠨᠠᠯ᠎ᠤᠨ ᠱᠠᠩᠨᠠᠯ ᠰᠢᠯᠭ᠋ᠠᠷᠠᠭᠤᠯᠬᠤ ᠠᠷᠭ᠎ᠠ》᠂ 《ᠬᠣᠷᠢᠳᠤᠭ᠋ᠠᠷ ᠬᠤᠭᠤᠴᠠᠭ᠋ᠠᠨ᠎ᠤ ᠣᠯᠠᠨ ᠲᠦᠮᠡᠨ᠎ᠤ ᠤᠷᠠᠯᠢᠭ᠎ᠤᠨ ᠱᠠᠩᠨᠠᠯ᠎ᠤᠨ ᠱᠠᠩᠨᠠᠯ ᠰᠢᠯᠭ᠋ᠠᠷᠠᠭᠤᠯᠬᠤ ᠠᠵᠢᠯ᠎ᠢ ᠥᠷᠨᠢᠭᠦᠯᠬᠦ ᠲᠤᠬᠠᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 ᠵᠡᠷᠭᠡ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠸᠸᠨ ᠬᠤᠸᠠ ᠱᠠᠩᠨᠠᠯ ᠵᠢᠴᠢ ᠬᠣᠷᠢᠳᠤᠭ᠋ᠠᠷ ᠬᠤᠭᠤᠴᠠᠭ᠋ᠠᠨ᠎ᠤ ᠣᠯᠠᠨ ᠲᠦᠮᠡᠨ᠎ᠤ ᠤᠷᠠᠯᠢᠭ᠎ᠤᠨ ᠱᠠᠩᠨᠠᠯ᠎ᠤᠨ ᠱᠠᠩᠨᠠᠯ ᠰᠢᠯᠭ᠋ᠠᠷᠠᠭᠤᠯᠬᠤ ᠠᠵᠢᠯ᠎ᠢ ᠨᠢᠭᠡᠨᠲᠡ ᠤᠷᠤᠭᠰᠢᠲᠠᠢ ᠪᠡᠶᠡᠯᠡᠭᠦᠯᠪᠡ᠃ ᠥᠪᠥᠷ ᠮᠣᠩᠭᠣᠯ᠎ᠤᠨ ᠰᠣᠩᠭᠣᠨ ᠲᠠᠨᠢᠯᠴᠠᠭᠤᠯᠤᠭᠰᠠᠨ ᠥᠪᠥᠷ ᠮᠣᠩᠭᠣᠯ᠎ᠤᠨ ᠤᠷᠠᠯᠢᠭ᠎ᠤᠨ ᠵᠦᠴᠦᠭᠡ ᠵᠢᠨ ᠬᠦᠷᠢᠶᠡᠯᠡᠩ᠎ᠤᠨ ᠳᠠᠭᠤᠷᠢ 《ᠵᠠᠩᠭ᠋ᠠᠷ》᠂ ᠣᠷᠳᠣᠰ ᠬᠣᠲᠠ ᠵᠢᠨ ᠡᠵᠡᠨ ᠬᠣᠷᠣᠭ᠎ᠠ ᠬᠣᠰᠢᠭᠤᠨ᠎ᠤ ᠤᠯᠠᠭ᠋ᠠᠨᠮᠥ᠋ᠴᠢᠷ᠎ᠤᠨ ᠬᠠᠮᠲᠤ ᠵᠢᠨ ᠪᠥᠵᠢᠭ 《ᠭᠡᠷᠡᠯᠳᠤ ᠨᠡᠪᠲᠡᠷᠡᠬᠦᠢ》᠂ ᠰᠢᠯᠢ ᠵᠢᠨ ᠭᠣᠣᠯ ᠠᠢ᠌ᠮᠠᠭ᠎ᠤᠨ ᠰᠢᠯᠢᠩᠬᠣᠲᠠ ᠵᠢᠨ ᠤᠯᠠᠭ᠋ᠠᠨᠮᠥ᠋ᠴᠢᠷ᠎ᠤᠨ ᠳᠠᠭᠤᠤ 《ᠤᠮᠠᠷᠠᠲᠤ ᠬᠢᠵᠠᠭ᠋ᠠᠷ᠎ᠤᠨ ᠦᠷ᠎ᠤᠨ ᠲᠤᠶᠠᠭ᠎ᠠ》᠂ ᠪᠠᠷᠠᠭᠤᠨ ᠦᠵᠦᠮᠦᠴᠢᠨ ᠬᠣᠰᠢᠭᠤᠨ᠎ᠤ ᠤᠯᠠᠭ᠋ᠠᠨᠮᠥ᠋ᠴᠢᠷ᠎ᠤᠨ ᠤᠷᠲᠤ ᠵᠢᠨ ᠳᠠᠭᠤᠤ 《ᠬᠦᠳᠡᠭᠡ ᠰᠢᠯᠢ》᠎ᠨᠢ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠸᠸᠨ ᠬᠤᠸᠠ ᠱᠠᠩᠨᠠᠯ᠎ᠤᠨ ᠡᠴᠦᠰ᠎ᠤᠨ ᠰᠢᠯᠭ᠋ᠠᠷᠠᠭᠤᠯᠤᠯᠲᠠ᠎ᠳᠤ ᠣᠷᠣᠪᠠ᠃ ᠣᠷᠳᠣᠰ ᠬᠣᠲᠠ ᠵᠢᠨ ᠰᠣᠶᠣᠯ᠎ᠤᠨ ᠣᠷᠳᠣᠨ᠎ᠤ ᠳᠠᠭᠤᠤ ᠬᠥᠭᠵᠢᠮ᠎ᠤᠨ ᠲᠥᠷᠥᠯ᠎ᠤᠨ ᠪᠦᠲᠦᠭᠡᠯ 《ᠪᠠᠶᠠᠰᠬᠤᠯᠠᠩᠲᠤ ᠨᠠᠭ᠋ᠠᠳᠤᠮ》᠂ ᠲᠠᠯᠠᠪᠠᠶ ᠵᠢᠨ ᠪᠥᠵᠢᠭ᠎ᠤᠨ ᠲᠥᠷᠥᠯ᠎ᠤᠨ ᠪᠦᠲᠦᠭᠡᠯ 《ᠬᠦᠭᠵᠢᠶᠡᠨᠲᠦ ᠣᠷᠳᠣᠰ》᠂ ᠬᠥᠬᠡᠬᠣᠲᠠ ᠵᠢᠨ ᠰᠣᠶᠣᠯ᠎ᠤᠨ ᠣᠷᠳᠣᠨ᠎ᠤ ᠬᠠᠮᠲᠤ ᠵᠢᠨ ᠪᠥᠵᠢᠭ 《ᠳᠤᠯᠠᠭ᠋ᠠᠨ · ᠬᠡᠷᠡᠯ》᠂ ᠦᠬᠠᠢ ᠬᠣᠲᠠ ᠵᠢᠨ ᠰᠣᠶᠣᠯ ᠷᠠᠳᠢᠣ᠋ ᠲᠧᠯᠸᠢᠰ᠎ᠤᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠰᠣᠶᠣᠯ᠎ᠤᠨ ᠣᠷᠳᠣᠨ᠎ᠤ ᠮᠠᠨᠳᠤᠬᠤ ᠨᠠᠢ᠌ᠷᠠᠯ ᠳᠠᠭᠤᠤ ᠵᠢᠨ ᠪᠦᠯᠬᠦᠮ ᠬᠣᠷᠢᠳᠤᠭ᠋ᠠᠷ ᠬᠤᠭᠤᠴᠠᠭ᠋ᠠᠨ᠎ᠤ ᠣᠯᠠᠨ ᠲᠦᠮᠡᠨ᠎ᠤ ᠤᠷᠠᠯᠢᠭ᠎ᠤᠨ ᠱᠠᠩᠨᠠᠯ᠎ᠤᠨ ᠡᠴᠦᠰ᠎ᠤᠨ ᠦᠨᠡᠯᠡᠯᠲᠡ᠎ᠳᠤ ᠣᠷᠣᠪᠠ᠃ ᠡᠭᠦᠨ᠎ᠳᠤ 《ᠬᠡᠷᠡᠯᠳᠤ ᠨᠡᠪᠲᠡᠷᠡᠬᠦᠢ》᠎ᠨᠢ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠸᠸᠨ ᠬᠤᠸᠠ ᠱᠠᠩᠨᠠᠯ᠎ᠤᠨ ᠫᠷᠣᠭ᠌ᠷᠠᠮ᠎ᠤᠨ ᠱᠠᠩᠨᠠᠯ ᠢ ᠭᠥᠷᠳᠡᠵᠦ᠂ 《ᠪᠠᠶᠠᠰᠬᠤᠯᠠᠩᠲᠤ ᠨᠠᠭ᠋ᠠᠳᠤᠮ》᠂ 《ᠬᠦᠭᠵᠢᠶᠡᠨᠲᠦ ᠣᠷᠳᠣᠰ》᠎ᠨᠢ ᠬᠣᠷᠢᠳᠤᠭ᠋ᠠᠷ ᠬᠤᠭᠤᠴᠠᠭ᠋ᠠᠨ᠎ᠤ ᠣᠯᠠᠨ ᠲᠦᠮᠡᠨ᠎ᠤ ᠤᠷᠠᠯᠢᠭ᠎ᠤᠨ ᠱᠠᠩᠨᠠᠯ ᠢ ᠭᠥᠷᠳᠡᠪᠡ᠃
ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠵᠢ ᠤᠯᠠᠮ ᠴᠢᠨᠠᠭᠰᠢᠳᠠ ᠵᠣᠷᠢᠭᠵᠢᠭᠤᠯᠵᠤ᠂ ᠥᠪᠥᠷ ᠮᠣᠩᠭᠣᠯ᠎ᠤᠨ ᠤᠳᠬ᠎ᠠ ᠤᠷᠠᠯᠢᠭ᠎ᠤᠨ ᠦᠢ᠍ᠯᠡᠰ᠎ᠤᠨ ᠴᠡᠴᠡᠭᠯᠡᠨ ᠬᠥᠭᠵᠢᠬᠦ ᠵᠢ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠱᠠᠩᠨᠠᠯ ᠣᠯᠣᠭᠰᠠᠨ ᠵᠢᠴᠢ ᠰᠢᠯᠢᠭᠳᠡᠭᠰᠡᠨ ᠪᠦᠲᠦᠭᠡᠯ᠎ᠢ ᠵᠠᠷᠯᠠᠨ ᠬᠥᠬᠢᠭᠦᠯᠬᠦ᠎ᠪᠠᠷ ᠲᠣᠭᠲᠠᠪᠠ᠃ ᠱᠠᠩᠨᠠᠯ ᠣᠯᠣᠭᠰᠠᠨ ᠪᠠ ᠰᠢᠯᠢᠭᠳᠡᠭᠰᠡᠨ ᠨᠢᠭᠡᠴᠢ᠎ᠨᠦᠭᠦᠳ ᠴᠢᠷᠮᠠᠢ᠌ᠭᠰᠠᠨ ᠳᠡᠭᠡᠷ᠎ᠡ᠎ᠪᠠᠨ ᠴᠢᠷᠮᠠᠢ᠌ᠵᠤ᠂ ᠪᠠᠷᠳᠠᠮᠨᠠᠬᠤ ᠤᠢ᠌ᠭᠡᠢ ᠪᠠᠴᠢᠮᠳᠠᠬᠤ ᠤᠢ᠌ᠭᠡᠢ ᠪᠠᠢ᠌ᠵᠤ᠂ ᠲᠡᠬᠢᠠ ᠰᠢᠯᠢᠳᠡᠭ ᠪᠦᠲᠦᠮᠵᠢ ᠭᠠᠷᠭ᠋ᠠᠬᠤ ᠵᠢ ᠬᠦᠰᠡᠵᠦ ᠪᠠᠢ᠌ᠨ᠎ᠠ᠃ ᠪᠦᠬᠦ ᠣᠷᠣᠨ᠎ᠤ ᠥᠷᠭᠡᠨ ᠤᠯᠠᠨ ᠤᠳᠬ᠎ᠠ ᠤᠷᠠᠯᠢᠭ᠎ᠤᠨ ᠠᠵᠢᠯᠲᠠᠳ ᠲᠡᠷᠢᠭᠦᠨ᠎ᠤ᠎ᠬᠢ᠎ᠪᠠᠷ ᠳᠠᠭᠤᠷᠢᠶᠠᠯ ᠪᠣᠯᠭ᠋ᠠᠵᠤ᠂ ᠥᠪᠥᠷ ᠮᠣᠩᠭᠣᠯ᠎ᠤᠨ ᠤᠯᠠᠨ ᠶᠠᠩᠵᠤ ᠵᠢᠨ ᠰᠣᠶᠣᠯ᠎ᠤᠨ ᠡᠬᠢ ᠪᠠᠶᠠᠯᠢᠭ᠎ᠲᠤ ᠰᠠᠭᠤᠷᠢᠯᠠᠵᠤ᠂ ᠠᠷᠠᠳ ᠲᠦᠮᠡᠨ᠎ᠤ ᠳᠤᠮᠳᠠ ᠦᠨᠳᠦᠰᠦᠯᠡᠵᠦ᠂ ᠴᠠᠭ ᠦᠶ᠎ᠡ ᠵᠢ ᠭᠦᠨᠵᠡᠭᠡᠢ ᠤᠢ᠌ᠯᠠᠭ᠋ᠠᠵᠤ᠂ ᠤᠯᠠᠨ ᠲᠦᠮᠡᠨ᠎ᠲᠠᠢ ᠣᠢ᠌ᠷᠠᠲᠤᠭᠰᠠᠨ᠂ ᠤᠯᠠᠨ ᠲᠦᠮᠡᠨ᠎ᠤ ᠳᠤᠮᠳᠠ ᠤᠯᠠᠮᠵᠢᠯᠠᠭᠳᠠᠵᠤ᠂ ᠤᠯᠠᠨ ᠲᠦᠮᠡᠨ᠎ᠤ ᠳᠤᠮᠳᠠ ᠦᠯᠡᠳᠡᠵᠦ ᠳᠡᠶ᠋ᠢᠯᠬᠦ ᠰᠢᠯᠢᠳᠡᠭ ᠪᠦᠲᠦᠭᠡᠯ᠎ᠢ ᠨᠡᠩ ᠤᠯᠠᠨ ᠡᠭᠦᠳᠦᠨ ᠪᠦᠲᠦᠭᠡᠬᠦ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠸᠸᠨ ᠬᠤᠸᠠ ᠱᠠᠩᠨᠠᠯ᠂ ᠤᠯᠠᠨ ᠲᠦᠮᠡᠨ᠎ᠤ ᠤᠷᠠᠯᠢᠭ᠎ᠤᠨ ᠱᠠᠩᠨᠠᠯ᠎ᠤᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠡᠩ ᠤᠯᠠᠨ ᠰᠢᠯᠢᠳᠡᠭ ᠪᠦᠲᠦᠭᠡᠯ᠎ᠢ ᠵᠣᠬᠢᠶᠠᠨ ᠪᠠᠢ᠌ᠭᠤᠯᠵᠤ ᠦᠨᠳᠦᠰᠦᠨ ᠱᠠᠲᠤᠨ᠎ᠳᠤ ᠭᠦᠨᠵᠡᠭᠡᠢ᠌ᠷᠡᠭᠦᠯᠦᠨ 《ᠵᠠᠭᠤᠨ ᠪᠦᠯᠬᠦᠮ ᠮᠢᠩᠭ᠋ᠠᠨ ᠲᠠᠯᠠᠪᠤᠷ ᠦᠨᠳᠦᠰᠦᠨ ᠱᠠᠲᠤᠨ᠎ᠳᠤ ᠣᠴᠢᠬᠤ》᠂ 《ᠪᠠᠶᠠᠷ ᠪᠠᠶᠠᠰᠤᠯ ᠪᠣᠯᠪᠠᠰᠤᠨ᠎ᠢ ᠬᠦᠷᠭᠡᠬᠦ》᠂ 《ᠥᠪᠥᠷ ᠮᠣᠩᠭᠣᠯ᠎ᠤᠨ ᠤᠯᠠᠨ ᠲᠦᠮᠡᠨ᠎ᠤ ᠤᠷᠠᠯᠢᠭ᠎ᠤᠨ ᠱᠠᠩᠨᠠᠯ᠎ᠤᠨ ᠰᠢᠯᠢᠳᠡᠭ ᠪᠦᠲᠦᠭᠡᠯ᠎ᠤᠨ ᠲᠣᠭᠣᠷᠢᠨ ᠲᠣᠭᠯᠠᠯᠲᠠ》᠂ 《ᠤᠷᠠᠨ ᠪᠦᠵᠢᠭᠲᠦ ᠤᠮᠠᠷᠠᠲᠤ ᠬᠢᠵᠠᠭ᠋ᠠᠷ》᠂ 《ᠤᠮᠠᠷᠠᠲᠤ ᠬᠢᠵᠠᠭ᠋ᠠᠷ᠎ᠤᠨ ᠮᠠᠭᠲᠠᠭ᠋ᠠᠯ》 ᠵᠡᠷᠭᠡ ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠦᠷᠨᠢᠭᠦᠯᠬᠦ ᠬᠡᠷᠡᠭᠲᠡᠢ᠃ ᠠᠷᠠᠳ ᠣᠯᠠᠨ᠎ᠤ ᠣᠶᠤᠨ᠎ᠤ ᠰᠣᠶᠣᠯ᠎ᠤᠨ ᠠᠮᠢᠳᠤᠷᠠᠯ᠎ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠠᠭᠤᠰᠤᠯᠴᠠᠨ ᠴᠢᠨᠠᠷ ᠰᠠᠢ᠌ᠲᠠᠢ ᠬᠥᠭᠵᠢᠬᠦ ᠵᠢ ᠲᠦᠯᠬᠢᠨ ᠠᠬᠢᠭᠤᠯᠬᠤ᠂ ᠰᠣᠶᠣᠯ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠵᠦ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
2025 ᠣᠨ᠎ᠤ 12 ᠳ᠋ᠤᠭ᠋ᠠᠷ ᠰᠠᠷ᠎ᠠ ᠵᠢᠨ 2᠎ᠤᠨ ᠡᠳᠦᠷ