11 ᠳ᠋ᠤᠭᠡᠷ ᠰᠠᠷ᠎ᠠ ᠵᠢᠨ 27᠎ᠤ ᠡᠳᠦᠷ᠎ᠤᠨ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ ᠤᠬᠠᠭᠤᠯᠤᠨ ᠲᠠᠢ᠌ᠯᠪᠤᠷᠢᠯᠠᠬᠤ ᠵᠢᠴᠢ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠳᠠᠷᠤᠭ᠎ᠠ ᠼᠤᠤ ᠵᠢᠶᠠᠨ ᠧᠨ ᠬᠤᠷᠠᠯ᠎ᠢ ᠡᠷᠬᠢᠯᠡᠪᠡ᠃
ᠲᠣᠪᠴᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠭᠦᠨ᠂ ᠡᠯ᠎ᠡ ᠭᠠᠵᠠᠷ ᠭᠡᠷ᠎ᠤᠨ ᠬᠠᠷᠢᠭᠤᠴᠠᠯᠭ᠋ᠠᠲᠠᠨ ᠠᠵᠢᠯ᠎ᠤᠨ ᠪᠣᠳᠠᠲᠤ ᠪᠠᠢ᠌ᠳᠠᠯ᠎ᠳᠤ᠎ᠪᠠᠨ ᠰᠠᠭᠤᠷᠢᠯᠠᠨ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠬᠤ᠎ᠲᠠᠢ ᠨᠢᠭᠲᠠ ᠤᠶᠠᠯᠳᠤᠭᠤᠯᠤᠨ᠂ ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ᠎ᠬᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠬᠡᠷᠬᠢᠨ ᠰᠦᠪᠡᠭᠴᠢᠯᠡᠨ ᠠᠬᠢᠭᠤᠯᠵᠤ᠂ ᠰᠣᠶᠣᠯ᠎ᠤᠨ ᠥᠪ᠎ᠤᠨ ᠵᠦᠢ ᠵᠣᠬᠢᠰᠲᠠᠢ ᠬᠠᠮᠠᠭ᠋ᠠᠯᠠᠯᠲᠠ ᠵᠢᠨ ᠳᠤᠮᠳᠠ ᠰᠢᠨ᠎ᠡ ᠠᠮᠢᠯᠠᠯ ᠵᠶ᠋ᠠᠨ ᠪᠠᠳᠠᠷᠠᠭᠤᠯᠬᠤ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠠᠮᠤᠷ ᠲᠦᠪᠰᠢᠨ᠎ᠤ ᠲᠤᠰᠢᠶᠠᠯ ᠬᠠᠷᠢᠭᠤᠴᠠᠯᠭ᠎ᠠ ᠡᠭᠦᠷᠭᠡ ᠴᠢᠳᠠᠪᠤᠷᠢ ᠵᠢ ᠬᠤᠪᠢᠶᠠᠷᠢᠯᠠᠬᠤ᠂ ᠲᠡᠦᠬᠡ ᠵᠢᠨ ᠳᠤᠷᠠᠰᠬᠠᠯᠲᠤ ᠵᠦᠢ᠍ᠯ᠎ᠢ ᠠᠮᠢᠳᠤᠯᠢᠭ ᠵᠶ᠋ᠠᠷ ᠠᠰᠢᠭᠯᠠᠬᠤ᠂ ᠲᠡᠦᠬᠡ ᠵᠢᠨ ᠳᠤᠷᠠᠰᠬᠠᠯᠲᠤ ᠵᠦᠢ᠍ᠯ᠎ᠢ ᠤᠬᠠᠭᠤᠯᠤᠨ ᠲᠠᠢ᠌ᠯᠪᠤᠷᠢᠯᠠᠬᠤ᠂ ᠳᠤᠮᠳᠠ ᠵᠢᠵᠢᠭ ᠮᠦᠽᠧᠢ ᠵᠢᠨ ᠳᠡᠰ ᠳᠡᠭᠡᠭᠰᠢᠯᠡᠭᠦᠯᠬᠦ ᠵᠡᠷᠭᠡ ᠠᠰᠠᠭᠤᠳᠠᠯ᠎ᠳᠤ ᠴᠢᠭᠯᠡᠭᠦᠯᠦᠨ ᠰᠤᠳᠤᠯᠤᠨ ᠶᠠᠷᠢᠯᠴᠠᠵᠤ ᠰᠤᠯᠢᠯᠴᠠᠪᠠ᠃