ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠥᠪᠡᠷᠲᠡᠭᠡᠨ ᠵᠠᠰᠠᠬᠤ ᠣᠷᠣᠨ᠎ᠤ ᠭᠠᠯ᠎ᠤᠨ ᠠᠶᠤᠯ᠎ᠢ ᠰᠡᠷᠭᠡᠶ᠋ᠢᠯᠡᠨ ᠡᠵᠡᠮᠳᠡᠬᠦ᠎ᠢ ᠰᠢᠯᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠸᠢᠳᠢᠣ᠋ ᠬᠤᠷᠠᠯ᠎ᠤᠨ ᠵᠣᠷᠢᠭ ᠰᠠᠨᠠᠭ᠎ᠠ ᠵᠢ ᠲᠤᠬᠢᠷᠠᠭᠤᠯᠤᠨ ᠪᠠᠶ᠋ᠢᠷᠢᠯᠠᠭᠤᠯᠪᠠ
ᠨᠡᠶᠢᠲᠡᠯᠡᠭᠰᠡᠨ ᠴᠠᠭ᠄ 2026-01-23

 12 ᠳ᠋ᠤᠭ᠋ᠠᠷ ᠰᠠᠷ᠎ᠠ ᠵᠢᠨ 25᠎ᠤ ᠡᠳᠦᠷ᠎ᠤᠨ ᠦᠳᠡ ᠵᠢᠨ ᠬᠤᠶ᠋ᠢᠨ᠎ᠠ᠂ ᠪᠥᠬᠦ ᠣᠷᠣᠨ᠎ᠤ ᠡᠪᠦᠯ ᠬᠠᠪᠤᠷ᠎ᠤᠨ ᠭᠠᠯ᠎ᠤᠨ ᠠᠶᠤᠯ᠎ᠢ ᠰᠡᠷᠭᠡᠶ᠋ᠢᠯᠡᠨ ᠡᠵᠡᠮᠳᠡᠬᠦ ᠵᠢᠴᠢ ᠥᠨᠳᠥᠷ ᠳᠠᠪᠬᠤᠷᠭ᠋ᠠᠲᠤ ᠪᠠᠷᠢᠯᠭ᠎ᠠ ᠵᠢᠨ ᠬᠦᠨᠳᠦ ᠶᠡᠭᠡ ᠭᠠᠯ᠎ᠤᠨ ᠭᠠᠮᠰᠢᠭ᠎ᠤᠨ ᠠᠶᠤᠯ ᠲᠦᠭᠰᠢᠭᠦᠷᠢ ᠵᠢ ᠰᠢᠯᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠤᠨ ᠸᠢᠳᠢᠣ᠋ ᠬᠤᠷᠠᠯ᠎ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠢᠶ ᠰᠢᠶᠤᠤ ᠴᠢᠩ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠤᠨ᠂ ᠪᠤᠤ ᠭᠠᠩ ᠲᠡᠷᠢᠭᠦᠯᠡᠭᠴᠢ ᠵᠢᠨ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ ᠵᠢ ᠴᠠᠭ ᠲᠤᠬᠠᠶ᠎ᠳᠤ᠎ᠨᠢ ᠳᠠᠮᠵᠢᠭᠤᠯᠤᠨ ᠰᠤᠷᠤᠯᠴᠠᠪᠠ᠃

ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《ᠪᠥᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠠᠶᠤᠯ ᠥᠬᠡᠶ ᠦᠢ᠍ᠯᠡᠳᠪᠦᠷᠢᠯᠡᠯ᠎ᠤᠨ ᠪᠠᠶ᠋ᠢᠴᠠᠭ᠋ᠠᠯᠲᠠ ᠵᠢᠨ ᠠᠵᠢᠯ᠎ᠢ ᠥᠷᠨᠢᠭᠦᠯᠬᠦ ᠮᠡᠳᠡᠭᠳᠡᠯ》᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠳᠤ ᠮᠡᠳᠡᠭᠦᠯᠦᠨ ᠵᠥᠪᠰᠢᠶᠡᠷᠡᠭᠦᠯᠦᠭᠡᠳ ᠳᠠᠷᠤᠮᠠᠯᠯᠠᠨ ᠲᠠᠷᠬᠠᠭ᠋ᠠᠵᠤ᠂ ᠡᠯ᠎ᠡ ᠠᠶ᠋ᠢᠮᠠᠭ ᠬᠤᠲᠠ ᠵᠢᠨ ᠰᠣᠶᠣᠯ ᠵᠢᠭᠤᠯᠴᠢᠯᠠᠯ᠎ᠤᠨ ᠰᠢᠰᠲ᠋ᠧᠮ ᠥᠪᠡᠷ ᠵᠶ᠋ᠠᠨ ᠪᠠᠶ᠋ᠢᠴᠠᠭ᠋ᠠᠬᠤ ᠵᠢ ᠦᠳᠲᠡᠷ ᠲᠦᠷᠭᠡᠨ ᠥᠷᠨᠢᠭᠦᠯᠬᠦ ᠵᠢᠨ ᠬᠠᠮᠲᠤ᠂ ᠲᠢᠩᠬᠢᠮ᠎ᠤᠨ ᠤᠳᠤᠷᠢᠳᠤᠯᠭ᠎ᠠ 7 ᠠᠵᠢᠯᠯᠠᠬᠤ ᠳᠤᠭᠤᠶ᠋ᠢᠯᠠᠩ ᠬᠤᠪᠢᠶᠠᠵᠤ᠂ ᠲᠣᠰ ᠡᠳᠦᠷ᠎ᠠᠴᠠ ᠡᠬᠢᠯᠡᠨ 1 ᠳ᠋ᠤᠭᠡᠷ ᠰᠠᠷ᠎ᠠ ᠵᠢᠨ ᠰᠡᠭᠦᠯᠴᠢ ᠪᠣᠯᠲᠠᠯ᠎ᠠ ᠲᠣᠰ ᠲᠣᠰ 12 ᠠᠶ᠋ᠢᠮᠠᠭ ᠬᠤᠲᠠ᠂ ᠰᠢᠭᠤᠳ ᠬᠠᠷᠢᠶ᠎ᠠ ᠨᠢᠭᠡᠴᠢ᠎ᠳᠤ ᠬᠦᠷᠴᠦ ᠪᠥᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠠᠶᠤᠯ ᠥᠬᠡᠶ ᠦᠢ᠍ᠯᠡᠳᠪᠦᠷᠢᠯᠡᠯ᠎ᠤᠨ ᠪᠠᠶ᠋ᠢᠴᠠᠭ᠋ᠠᠯᠲᠠ ᠵᠢᠨ ᠠᠵᠢᠯ᠎ᠢ ᠭᠦᠨᠵᠡᠭᠡᠶ ᠥᠷᠨᠢᠭᠦᠯᠬᠦ ᠬᠡᠷᠡᠭᠲᠡᠶ ᠭᠡᠵᠦ ᠱᠠᠭ᠋ᠠᠷᠳᠠᠪᠠ᠃

ᠡᠭᠦᠨ᠎ᠤ ᠬᠠᠮᠲᠤ ᠲᠣᠰ ᠤᠳᠠᠭ᠋ᠠᠨ᠎ᠤ ᠬᠤᠷᠠᠯ᠎ᠤᠨ ᠬᠠᠮᠢᠶ᠎ᠠ ᠪᠥᠬᠦᠶ ᠱᠠᠭ᠋ᠠᠷᠳᠠᠯᠭ᠎ᠠ ᠵᠢ ᠬᠠᠮᠲᠤ᠎ᠪᠠᠷ ᠪᠠᠶ᠋ᠢᠴᠠᠭ᠋ᠠᠬᠤ ᠠᠵᠢᠯ᠎ᠤᠨ ᠳᠤᠮᠳᠠ ᠣᠷᠣᠭᠤᠯᠵᠤ᠂ 《ᠶᠢᠰᠦᠨ ᠵᠢᠵᠢᠭ ᠲᠠᠯᠠᠪᠤᠷ ᠭᠠᠵᠠᠷ》᠎ᠢ ᠭᠤᠤᠯᠳᠠᠯᠭ᠎ᠠ᠎ᠲᠠᠢ ᠪᠠᠶ᠋ᠢᠴᠠᠭ᠋ᠠᠵᠤ᠂ ᠣᠯᠠᠨ ᠠᠵᠢᠯ᠎ᠤᠨ ᠬᠡᠯᠪᠡᠷᠢ ᠬᠤᠯᠢᠯᠳᠤᠭᠰᠠᠨ ᠡᠵᠡᠩᠨᠡᠯᠲᠡ ᠵᠢᠨ ᠲᠠᠯᠠᠪᠤᠷ ᠪᠠ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ᠎ᠢ ᠭᠤᠤᠯᠳᠠᠯᠭ᠎ᠠ᠎ᠲᠠᠢ ᠪᠠᠶ᠋ᠢᠴᠠᠭ᠋ᠠᠵᠤ᠂ ᠭᠠᠯ᠎ᠤᠨ ᠠᠶᠤᠯ᠎ᠤᠨ ᠠᠮᠤᠷ ᠲᠦᠪᠰᠢᠨ᠎ᠤ ᠬᠠᠷᠢᠭᠤᠴᠠᠯᠭ᠋ᠠᠲᠠᠨ ᠪᠠ ᠭᠠᠯ᠎ᠤᠨ ᠠᠶᠤᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ᠎ᠤ ᠡᠭᠦᠷᠭᠡ ᠬᠠᠷᠢᠭᠤᠴᠠᠯᠭ᠎ᠠ᠎ᠪᠠᠨ ᠬᠦᠢ᠍ᠴᠡᠳᠬᠡᠬᠦ᠂ ᠭᠠᠯ ᠤᠨᠲᠠᠷᠠᠭ᠋ᠠᠬᠤ ᠪᠡᠯᠡᠳᠬᠡᠮᠵᠢ ᠵᠢ ᠬᠠᠮᠠᠭ᠋ᠠᠯᠠᠨ ᠠᠷᠠᠴᠢᠯᠠᠬᠤ᠂ ᠲᠠᠷᠬᠠᠭ᠋ᠠᠬᠤ ᠵᠠᠮ ᠪᠠ ᠠᠮᠤᠷ ᠲᠦᠪᠰᠢᠨ᠎ᠤ ᠭᠠᠷᠴᠠ ᠵᠢ ᠰᠠᠭ᠋ᠠᠳ ᠥᠬᠡᠶ ᠨᠡᠪᠲᠡᠷᠡᠭᠦᠯᠬᠦ ᠵᠡᠷᠭᠡ ᠲᠠᠯ᠎ᠠ ᠵᠢᠨ ᠲᠣᠭᠤᠷᠢᠨ᠎ᠳᠤ᠂ ᠭᠠᠯ᠎ᠤᠨ ᠠᠶᠤᠯ᠎ᠤᠨ ᠬᠦᠨᠳᠦ ᠶᠡᠭᠡ ᠳᠠᠯᠳᠠ ᠬᠡᠮ᠎ᠢ ᠰᠢᠯᠭ᠋ᠠᠨ ᠪᠠᠶ᠋ᠢᠴᠠᠭ᠋ᠠᠬᠤ ᠵᠢ ᠯᠠᠪᠳᠠᠭᠤᠨ ᠪᠠᠲᠤᠲᠠᠶ ᠥᠷᠨᠢᠭᠦᠯᠵᠦ᠂ ᠰᠢᠨ᠎ᠡ ᠵᠢᠯ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠎ᠬᠢ ᠠᠶᠤᠯ ᠦᠭᠡᠢ ᠦᠢ᠍ᠯᠡᠳᠪᠦᠷᠢᠯᠡᠯ᠎ᠤᠨ ᠬᠡᠮ ᠰᠣᠭᠤᠭ᠎ᠢ ᠨᠡᠶ᠋ᠢᠳᠡᠮ ᠰᠢᠯᠭ᠋ᠠᠨ ᠪᠠᠶ᠋ᠢᠴᠠᠭ᠋ᠠᠵᠤ᠂ ᠬᠦᠨᠳᠦ ᠶᠡᠭᠡ ᠠᠮᠤᠷ ᠲᠦᠪᠰᠢᠨ᠎ᠤ ᠠᠶᠤᠯ ᠲᠦᠭᠰᠢᠭᠦᠷᠢ ᠵᠢᠨ ᠬᠡᠮ ᠰᠣᠭᠤᠭ᠎ᠢ ᠰᠡᠷᠭᠡᠶ᠋ᠢᠯᠡᠨ ᠠᠷᠢᠯᠭ᠋ᠠᠬᠤ ᠰᠠᠨᠠᠭ᠋ᠠᠴᠢᠯᠠᠭ᠋ᠠᠲᠤ ᠳᠠᠶ᠋ᠢᠯᠠᠯᠳᠤᠭ᠋ᠠᠨ᠎ᠢ ᠡᠷᠡᠰ ᠰᠠᠶ᠋ᠢᠲᠤᠷ ᠬᠢᠬᠦ᠎ᠪᠠᠷ ᠵᠤᠷᠢᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            