ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
2024 — 2025 ᠪᠥᠬᠥ ᠣᠷᠣᠨ᠎ᠤ ᠮᠥᠰᠥ ᠴᠠᠰᠤᠨ᠎ᠤ ᠤᠷᠤᠯᠳᠤᠭ᠋ᠠᠨ᠎ᠤ ᠠᠵᠢᠯᠯᠠᠭ᠋ᠠᠨ᠎ᠤ ᠭᠠᠷᠴᠠᠭ᠎ᠢ ᠨᠡᠢ᠌ᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠯᠪᠠᠨ ᠵᠠᠷ
ᠨᠡᠶᠢᠲᠡᠯᠡᠭᠰᠡᠨ ᠴᠠᠭ᠄ 2024-11-28


     2024 — 2025 ᠪᠥᠬᠥ ᠣᠷᠣᠨ᠎ᠤ ᠮᠥᠰᠥ ᠴᠠᠰᠤᠨ᠎ᠤ ᠤᠷᠤᠯᠳᠤᠭ᠋ᠠᠨ᠎ᠤ ᠠᠵᠢᠯᠯᠠᠭ᠋ᠠᠨ᠎ᠤ ᠭᠠᠷᠴᠠᠭ᠎ᠢ ᠨᠡᠢ᠌ᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ   ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠯᠪᠠᠨ ᠵᠠᠷ
      ᠪᠡᠶ᠎ᠡ ᠵᠢᠨ ᠲᠠᠮᠢᠷ᠎ᠤᠨ ᠤᠷᠤᠯᠳᠤᠭ᠋ᠠᠨ ᠵᠡᠷᠭᠡ ᠬᠡᠷᠡᠭᠯᠡᠭᠡᠨ᠎ᠤ ᠰᠢᠨ᠎ᠡ ᠨᠡᠮᠡᠭᠳᠡᠯ᠎ᠤᠨ ᠴᠡᠭ᠎ᠢ ᠢᠳᠡᠪᠬᠢᠲᠡᠢ ᠪᠣᠢ᠌ᠵᠢᠭᠤᠯᠬᠤ ᠲᠤᠬᠠᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠥᠬᠥ ᠲᠠᠯ᠎ᠠ᠎ᠪᠠᠷ ᠭᠦᠨᠵᠡᠭᠡᠢ   ᠲᠤᠭᠤᠰᠢᠯᠠᠭᠤᠯᠤᠨ   ᠨᠠᠢ᠌ᠳᠠᠪᠤᠷᠢᠵᠢᠭᠤᠯᠵᠤ᠂ 《ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠴᠢᠨᠠᠷ ᠰᠠᠢ᠌ᠲᠠᠢ ᠬᠥᠭᠵᠢᠯᠲᠡ᠎ᠪᠠᠷ ᠮᠥᠰᠥ ᠴᠠᠰᠤᠨ᠎ᠤ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ ᠎ᠤ ᠠᠯᠪᠠᠨ ᠲᠢᠩᠬᠢᠮ᠎ᠤᠨ ᠰᠠᠨᠠᠯ᠎ᠤᠳ》᠎ᠢ ᠦᠨᠡᠨ ᠬᠦ᠌ ᠨᠠᠢ᠌ᠳᠠᠪᠤᠷᠢᠵᠢᠭᠤᠯᠵᠤ᠂ ᠥᠪᠥᠷ ᠮᠣᠩᠭᠣᠯ᠎ᠤᠨ ᠮᠥᠰᠥ ᠴᠠᠰᠤᠨ᠎ᠤ ᠤᠷᠤᠯᠳᠤᠭ᠋ᠠᠨ᠎ᠤ ᠨᠡᠷᠡᠲᠦ ᠲᠡᠮᠳᠡᠭ᠎ᠢ ᠪᠣᠶ ᠪᠣᠯᠭ᠋ᠠᠵᠤ᠂ ᠮᠥᠰᠥ ᠴᠠᠰᠤᠨ᠎ᠤ ᠤᠷᠤᠯᠳᠤᠭ᠋ᠠᠨ᠎ᠤ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠲᠦᠷᠭᠡᠳᠬᠡᠨ   ᠠᠬᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠬᠠᠮᠲᠤᠷᠠᠨ 2024 — 2025 ᠣᠨ᠎ᠤ ᠪᠥᠬᠥ ᠣᠷᠣᠨ᠎ᠤ ᠮᠥᠰᠥ ᠴᠠᠰᠤᠨ᠎ᠤ ᠤᠷᠤᠯᠳᠤᠭ᠋ᠠᠨ᠎ᠤ ᠠᠵᠢᠯᠯᠠᠭ᠋ᠠᠨ᠎ᠤ ᠭᠠᠷᠴᠠᠭ 《ᠤᠷᠤᠯᠳᠤᠭ᠋ᠠᠨ᠎ᠢ ᠳᠠᠭ᠋ᠠᠵᠤ ᠵᠢᠭᠤᠯᠴᠢᠯᠠᠶ᠎ᠠ》   ᠵᠢ ᠨᠡᠢ᠌ᠲᠡᠯᠡᠪᠡ᠃ ᠨᠡᠶ᠋ᠢᠲᠡ 318 ᠵᠦᠢ᠍ᠯ᠎ᠤᠨ ᠮᠥᠰᠥ ᠴᠠᠰᠤᠨ᠎ᠤ ᠤᠷᠤᠯᠳᠤᠭ᠋ᠠᠨ ᠵᠢᠴᠢ ᠬᠣᠯᠪᠣᠭᠳᠠᠯ ᠪᠦᠬᠦᠢ ᠠᠵᠢᠯᠯᠠᠭ᠎ᠠ ᠪᠠᠢ᠌ᠨ᠎ᠠ᠃ ᠡᠭᠦᠨ᠎ᠳᠤ ᠭᠣᠣᠯ ᠪᠣᠯᠬᠤ ᠤᠷᠤᠯᠳᠤᠭ᠋ᠠᠨ᠎ᠤ ᠨᠡᠷᠡᠰ᠎ᠨᠢ ᠳᠣᠣᠷᠠᠬᠢ ᠮᠡᠲᠦ᠄
     1. ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠣᠯᠠᠨ ᠨᠡᠶ᠋ᠢᠲᠡ ᠵᠢᠨ ᠮᠥᠰᠥ ᠴᠠᠰᠤᠨ᠎ᠤ ᠤᠯᠠᠷᠢᠯ᠎ᠤᠨ ᠡᠬᠢᠯᠡᠯᠲᠡ   ᠵᠢᠨ ᠶᠣᠰᠣᠯᠠᠯ
     (2024 ᠣᠨ᠎ᠤ 12 ᠳ᠋ᠤᠭ᠋ᠠᠷ ᠰᠠᠷ᠎ᠠ᠎ᠳᠤ᠂ ᠬᠥᠯᠥᠨ ᠪᠣᠶ᠋ᠢᠷ ᠬᠣᠲᠠ)
     2. 2024— ᡺ 2025 ᠤᠷᠤᠯᠳᠤᠭ᠋ᠠᠨ᠎ᠤ ᠤᠯᠠᠷᠢᠯ᠎ᠤᠨ ᠳᠠᠩ ᠴᠡᠨᠡᠯᠡᠯᠲᠡ ᠵᠢᠨ ᠵᠡᠷᠭᠡᠴᠡᠭᠡ   ᠲᠥᠷᠥᠯ   ᠵᠦᠢ᠍ᠯ ᠎ᠤᠨ ᠳᠡᠯᠡᠬᠡᠢ   ᠵᠢᠨ ᠬᠤᠨᠳᠠᠭ᠋ᠠᠲᠤ ᠤᠷᠤᠯᠳᠤᠭ᠋ᠠᠨ
     (2024 ᠣᠨ᠎ᠤ 11 ᠳ᠋ᠤᠭᠡᠷ ᠰᠠᠷ᠎ᠠ ᠵᠢᠨ 30᠎ᠤ ᠡᠳᠦᠷ᠎ᠠᠴᠠ 12 ᠳ᠋ᠤᠭ᠋ᠠᠷ ᠰᠠᠷ᠎ᠠ ᠵᠢᠨ 1᠎ᠤ ᠡᠳᠦᠷ ᠪᠣᠯᠲᠠᠯ᠎ᠠ᠂ ᠤᠯᠠᠭ᠋ᠠᠨᠬᠠᠳᠠ ᠬᠣᠲᠠ ᠵᠢᠨ   ᠮᠠᠢ᠌ᠷᠠᠨ ᠭᠤᠤ ᠴᠠᠨᠠᠯᠠᠬᠤ ᠲᠠᠯᠠᠪᠠᠶ)
     3. ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠣᠷᠣᠰ ᠮᠣᠩᠭᠣᠯ᠎ᠤᠨ 《ᠠᠷᠰᠯᠠᠨ ᠵᠠᠭ᠋ᠠᠨ᠎ᠤ ᠤᠭ ᠨᠤᠲᠤᠭ》 ᠴᠠᠰᠤᠲᠤ ᠭᠠᠵᠠᠷ᠎ᠤᠨ ᠴᠢᠭᠯᠡᠯᠲᠦ ᠣᠯᠠᠨ ᠤᠯᠤᠰ᠎ᠤᠨ ᠤᠷᠢᠯᠭ᠎ᠠ   ᠵᠢᠨ ᠤᠷᠤᠯᠳᠤᠭ᠋ᠠᠨ
     (2024 ᠣᠨ᠎ᠤ 11 ᠳ᠋ᠤᠭᠡᠷ ᠰᠠᠷ᠎ᠠ ᠵᠢᠨ 22᠎ᠤᠨ ᠡᠳᠦᠷ᠎ᠠᠴᠠ 25᠎ᠤ ᠡᠳᠦᠷ ᠪᠣᠯᠲᠠᠯ᠎ᠠ᠂ ᠬᠥᠯᠥᠨ ᠪᠣᠶ᠋ᠢᠷ ᠬᠣᠲᠠ)
     4. ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠡᠪᠦᠯ᠎ᠤᠨ ᠤᠮᠪᠠᠯᠲᠠ ᠵᠢᠨ ᠤᠷᠢᠯᠭ᠎ᠠ ᠵᠢᠨ ᠤᠷᠤᠯᠳᠤᠭ᠋ᠠᠨ ᠵᠢᠴᠢ ᠪᠦᠬᠦ ᠤᠯᠤᠰ᠎ᠤᠨ ᠡᠪᠦᠯ᠎ᠤᠨ ᠤᠮᠪᠠᠯᠲᠠ ᠵᠢᠨ ᠰᠤᠳᠤᠴᠤᠳ᠎ᠤᠨ ᠤᠷᠢᠯᠭ᠎ᠠ ᠵᠢᠨ ᠤᠷᠤᠯᠳᠤᠭ᠋ᠠᠨ
     (2024 ᠣᠨ᠎ᠤ 12 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 17᠎ᠤ ᠡᠳᠦᠷ ᠪᠣᠯᠲᠠᠯ᠎ᠠ᠂ ᠬᠥᠯᠥᠨ ᠪᠣᠶ᠋ᠢᠷ ᠬᠣᠲᠠ)
     5. 2024 —2025 ᠤᠷᠤᠯᠳᠤᠭ᠋ᠠᠨ᠎ᠤ ᠤᠯᠠᠷᠢᠯ᠎ᠤᠨ ᠣᠯᠠᠨ ᠤᠯᠤᠰ᠎ᠤᠨ ᠴᠠᠰᠤᠨ᠎ᠤ ᠬᠣᠯᠪᠣᠭ᠋ᠠᠨ᠎ᠤ ᠴᠢᠯᠦᠭᠡᠲᠦ ᠮᠠᠶᠢᠭ᠎ᠤᠨ ᠴᠠᠨᠠᠯᠠᠬᠤ ᠤᠷᠠᠨ ᠮᠡᠷᠭᠡᠵᠢᠯ ᠎ᠤᠨ ᠠᠽᠢᠶ᠎ᠠ ᠬᠤᠨᠳᠠᠭ᠋ᠠᠲᠤ ᠤᠷᠤᠯᠳᠤᠭ᠋ᠠᠨ ᠎ᠤ ᠳᠤᠮᠳᠠᠳᠤ ᠤᠯᠤᠰ᠎ᠤᠨ ᠷᠠᠰᠢᠶᠠᠨ ᠥᠷᠲᠡᠭᠡ
     (2024 ᠣᠨ᠎ᠤ 12 ᠳ᠋ᠤᠭ᠋ᠠᠷ ᠰᠠᠷ᠎ᠠ ᠵᠢᠨ ᠳᠤᠮᠳᠠᠴᠢ᠎ᠪᠠᠷ᠂ ᠬᠢᠩᠭ᠋ᠠᠨ ᠠᠢ᠌ᠮᠠᠭ᠎ᠤᠨ ᠷᠠᠰᠢᠶᠠᠨ ᠬᠤᠳᠠ)
     6. 《ᠰᠡᠳᠬᠢᠯ ᠨᠢᠭᠡ ᠵᠦᠭ ᠨᠢᠭᠡ ᡻ ᠪᠡᠶ᠎ᠡ ᠵᠢᠨ ᠲᠠᠮᠢᠷ᠎ᠤᠨ ᠤᠮᠠᠷᠠᠲᠤ ᠬᠢᠯᠢ》   ᠳᠤᠮᠳᠠᠳᠤ ᠮᠣᠩᠭᠣᠯ ᠣᠷᠣᠰ᠎ᠤᠨ ᠣᠯᠠᠨ ᠤᠯᠤᠰ᠎ᠤᠨ ᠴᠡᠨᠡᠯᠡᠯᠲᠡ ᠵᠢᠨ ᠤᠷᠢᠯᠭ᠎ᠠ   ᠵᠢᠨ ᠤᠷᠤᠯᠳᠤᠭ᠋ᠠᠨ
     (2024 ᠣᠨ᠎ᠤ 12 ᠳ᠋ᠤᠭ᠋ᠠᠷ ᠰᠠᠷ᠎ᠠ᠎ᠳᠤ᠂ ᠤᠯᠠᠭ᠋ᠠᠨᠴᠠᠪ ᠬᠣᠲᠠ ᠵᠢᠨ ᠳ᠋ᠠᠢ ᠬᠠᠢ ᠨᠠᠭᠤᠷ᠎ᠤᠨ ᠴᠠᠨᠠᠯᠠᠬᠤ ᠲᠠᠯᠠᠪᠠᠶ)
     7. 2025 ᠬᠥᠬᠡᠬᠣᠲᠠ ᠵᠢᠨ ᠣᠯᠠᠨ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠮᠥᠰᠥᠨ ᠪᠥᠮᠪᠥᠭᠡ ᠵᠢᠨ ᠤᠷᠢᠯᠭ᠎ᠠ ᠵᠢᠨ ᠤᠷᠤᠯᠳᠤᠭ᠋ᠠᠨ
     (2025 ᠣᠨ᠎ᠤ 1 ᠳ᠋ᠤᠭᠡᠷ ᠰᠠᠷ᠎ᠠ ᠵᠢᠨ 15᠎ᠤ ᠡᠳᠦᠷ᠎ᠠᠴᠠ 19᠎ᠤ ᠡᠳᠦᠷ ᠪᠣᠯᠲᠠᠯ᠎ᠠ᠂ ᠬᠥᠬᠡᠬᠣᠲᠠ)
     8. 2025 ᠬᠥᠬᠡᠬᠣᠲᠠ ᠵᠢᠨ ᠣᠯᠠᠨ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠴᠠᠰᠤᠨ ᠳᠡᠭᠡᠷᠡᠬᠢ ᠵᠥᠭᠡᠯᠡᠨ ᠮᠠᠶᠢᠭ᠎ᠤᠨ ᠪᠤᠶ᠋ᠢᠺᠤ ᠪᠥᠮᠪᠥᠭᠡ ᠵᠢᠨ ᠤᠷᠢᠯᠭ᠎ᠠ ᠵᠢᠨ ᠤᠷᠤᠯᠳᠤᠭ᠋ᠠᠨ
     (2025 ᠣᠨ᠎ᠤ 1 ᠳ᠋ᠤᠭᠡᠷ ᠰᠠᠷ᠎ᠠ ᠵᠢᠨ 15᠎ᠤ ᠡᠳᠦᠷ᠎ᠠᠴᠠ 19᠎ᠤ ᠡᠳᠦᠷ ᠪᠣᠯᠲᠠᠯ᠎ᠠ᠂ ᠬᠥᠬᠡᠬᠣᠲᠠ)
     9. ᠰᠢᠯᠢ ᠵᠢᠨ ᠭᠣᠣᠯ᠎ᠤᠨ ᠣᠯᠠᠨ ᠤᠯᠤᠰ᠎ᠤᠨ ᠮᠥᠰᠥᠨ ᠳᠡᠭᠡᠷᠡᠬᠢ ᠯᠤᠤᠲᠤ ᠣᠩᠭᠣᠴᠠᠨ᠎ᠤ ᠤᠷᠢᠯᠭ᠎ᠠ ᠵᠢᠨ ᠤᠷᠤᠯᠳᠤᠭ᠋ᠠᠨ
     (2025 ᠣᠨ᠎ᠤ 1 ᠳ᠋ᠤᠭᠡᠷ ᠰᠠᠷ᠎ᠠ ᠵᠢᠨ 20᠎ᠤ ᠡᠳᠦᠷ᠎ᠠᠴᠠ 22᠎ᠤᠨ ᠡᠳᠦᠷ ᠪᠣᠯᠲᠠᠯ᠎ᠠ᠂ ᠰᠢᠯᠢ ᠵᠢᠨ ᠭᠣᠣᠯ ᠠᠢ᠌ᠮᠠᠭ)
     10. ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠣᠯᠠᠨ ᠨᠡᠶ᠋ᠢᠲᠡ ᠵᠢᠨ ᠮᠥᠰᠥ ᠴᠠᠰᠤᠨ᠎ᠤ ᠤᠯᠠᠷᠢᠯ᠎ᠤᠨ ᠲᠦᠷᠭᠡᠨ ᠲᠡᠰᠢᠯᠲᠡ ᠵᠢᠨ ᠮᠠᠷᠠᠰᠤᠨ᠎ᠤ ᠰᠢᠷᠢᠰ ᠤᠷᠤᠯᠳᠤᠭ᠋ᠠᠨ (ᠪᠤᠭᠤᠲᠤ ᠥᠷᠲᠡᠭᠡ)
     (2024 ᠣᠨ᠎ᠤ 12 ᠳ᠋ᠤᠭ᠋ᠠᠷ ᠰᠠᠷ᠎ᠠ᠎ᠳᠤ᠂ ᠪᠤᠭᠤᠲᠤ ᠬᠤᠳᠠ)
     11. 2025 ᠣᠨ᠎ᠤ ᠪᠦᠬᠦ ᠤᠯᠤᠰ᠎ᠤᠨ ᠣᠢ᠌ᠷ᠎ᠠ ᠵᠠᠮ᠎ᠤᠨ ᠲᠦᠷᠭᠡᠨ ᠲᠡᠰᠢᠯᠲᠡ ᠵᠢᠨ ᠵᠠᠯᠠᠭᠤᠴᠤᠳ ᠪᠠᠭ᠋ᠠᠴᠤᠳ᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ
     (2025 ᠣᠨ᠎ᠤ 1 ᠳ᠋ᠤᠭᠡᠷ ᠰᠠᠷ᠎ᠠ᠎ᠳᠤ᠂ ᠬᠥᠬᠡᠬᠣᠲᠠ)
    12. ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠣᠯᠠᠨ ᠲᠦᠮᠡᠨ᠎ᠤ ᠮᠥᠰᠥ ᠴᠠᠰᠤᠨ᠎ᠤ ᠤᠯᠠᠷᠢᠯ ᠵᠢᠴᠢ ᠰᠢᠨ᠎ᠡ ᠬᠣᠲᠠ ᠲᠣᠭᠣᠷᠢᠭ᠎ᠤᠨ ᠮᠥᠰᠥ ᠴᠠᠰᠤᠨ᠎ᠤ ᠨᠠᠢ᠌ᠷ
     (2025 ᠣᠨ᠎ᠤ 1 ᠳ᠋ᠤᠭᠡᠷ ᠰᠠᠷ᠎ᠠ᠎ᠳᠤ᠂ ᠬᠥᠬᠡᠬᠣᠲᠠ)
     13. ᠢᠮᠢᠨ ᠭᠣᠣᠯ᠎ᠢ ᠲᠣᠭᠣᠷᠢᠭᠰᠠᠨ ᠪᠦᠬᠦ ᠤᠯᠤᠰ᠎ᠤᠨ ᠲᠦᠷᠭᠡᠨ ᠲᠡᠰᠢᠯᠲᠡ ᠵᠢᠨ ᠮᠠᠷᠠᠰᠤᠨ᠎ᠤ ᠥᠷᠢᠰᠦᠯᠳᠦᠭᠡᠨ᠎ᠤ ᠤᠷᠤᠯᠳᠤᠭ᠋ᠠᠨ
     (2025 ᠣᠨ᠎ᠤ 1 ᠳ᠋ᠤᠭᠡᠷ ᠰᠠᠷ᠎ᠠ᠎ᠳᠤ᠂ ᠬᠥᠯᠥᠨ ᠪᠣᠶ᠋ᠢᠷ ᠬᠣᠲᠠ)
     14. 2024 — ᡺2025 ᠤᠷᠤᠯᠳᠤᠭ᠋ᠠᠨ᠎ᠤ ᠤᠯᠠᠷᠢᠯ᠎ᠤᠨ ᠪᠦᠬᠦ ᠤᠯᠤᠰ᠎ᠤᠨ ᠮᠥᠰᠥᠨ ᠳᠡᠪᠦᠷ᠎ᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ
     (2025 ᠣᠨ᠎ᠤ 5 ᠳ᠋ᠤᠭ᠋ᠠᠷ ᠰᠠᠷ᠎ᠠ᠎ᠳᠤ᠂ ᠬᠥᠯᠥᠨ ᠪᠤᠢ᠍ᠢ᠍ᠷ ᠬᠤᠳᠠ)
     15. ᠪᠦᠬᠦ ᠤᠯᠤᠰ᠎ᠤᠨ ᠮᠥᠰᠥᠨ ᠳᠡᠭᠡᠷᠡᠬᠢ ᠯᠤᠤᠲᠤ ᠣᠩᠭᠣᠴᠠᠨ᠎ᠤ ᠥᠨᠳᠥᠷ ᠳᠡᠰ᠎ᠤᠨ ᠬᠣᠯᠪᠣᠭ᠋ᠠᠲᠤ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ
     (2025 ᠣᠨ᠎ᠤ 1 ᠳ᠋ᠤᠭᠡᠷ ᠰᠠᠷ᠎ᠠ ᠵᠢᠨ 20᠎ᠤ ᠡᠳᠦᠷ᠎ᠠᠴᠠ 22᠎ᠤᠨ ᠡᠳᠦᠷ ᠪᠣᠯᠲᠠᠯ᠎ᠠ᠂ ᠰᠢᠯᠢ ᠵᠢᠨ ᠭᠣᠣᠯ ᠠᠢ᠌ᠮᠠᠭ᠎ᠤᠨ ᠳᠣᠯᠣᠨ ᠨᠠᠭᠤᠷ ᠰᠢᠶᠠᠨ)
     16. ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠬᠣᠶᠠᠷ ᠵᠦᠢ᠍ᠯ᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ
     (2025 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠂ ᠤᠯᠠᠭ᠋ᠠᠨᠴᠠᠪ ᠬᠣᠲᠠ ᠵᠢᠨ ᠯᠢᠶᠡᠩᠴᠧᠩ)
     17. ᠪᠦᠬᠦ ᠤᠯᠤᠰ᠎ᠤᠨ ᠮᠥᠰᠥᠨ ᠳᠡᠭᠡᠷᠡᠬᠢ ᠯᠤᠤᠲᠤ ᠣᠩᠭᠣᠴᠠᠨ᠎ᠤ ᠤᠷᠤᠯᠳᠤᠭ᠋ᠠᠨ᠎ᠤ ᠤᠷᠢᠯᠭ᠎ᠠ ᠵᠢᠨ ᠤᠷᠤᠯᠳᠤᠭ᠋ᠠᠨ
     (2024 ᠣᠨ᠎ᠤ 12   ᠳ᠋ᠤᠭ᠋ᠠᠷ ᠰᠠᠷ᠎ᠠ᠎ᠳᠤ᠂   ᠬᠥᠬᠡᠬᠣᠲᠠ)
     18. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠰᠦᠷᠯᠢᠭ ᠰᠠᠢ᠌ᠬᠠᠨ ᠤᠮᠠᠷᠠᠲᠤ ᠬᠢᠯᠢ ᠬᠤᠨᠳᠠᠭ᠋ᠠᠲᠤ》 ᠮᠥᠰᠥᠨ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ
     (2025 ᠣᠨ᠎ᠤ 1 ᠳ᠋ᠤᠭᠡᠷ   ᠰᠠᠷ᠎ᠠ ᠵᠢᠨ 3᠎ᠤ ᠡᠳᠦᠷ᠎ᠠᠴᠠ 8᠎ᠤ ᠡᠳᠦᠷ ᠪᠣᠯᠲᠠᠯ᠎ᠠ᠂ ᠬᠥᠯᠥᠨ ᠪᠣᠶ᠋ᠢᠷ ᠬᠣᠲᠠ)
     19. 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠮᠥᠰᠥ ᠴᠠᠰᠤᠨ᠎ᠤ ᠨᠠᠭ᠋ᠠᠳᠤᠮ》   ᠭᠣᠣᠯ ᠰᠡᠳᠦᠪᠲᠦ ᠰᠢᠷᠢᠰ ᠠᠵᠢᠯᠯᠠᠭ᠎ᠠ
     (2024 ᠣᠨ᠎ᠤ 12 ᠳ᠋ᠤᠭ᠋ᠠᠷ ᠰᠠᠷ᠎ᠠ — 2025 ᠣᠨ᠎ᠤ 3 ᠳ᠋ᠤᠭ᠋ᠠᠷ ᠰᠠᠷ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠣᠷᠢᠨ ᠤᠷᠤᠯᠳᠤᠭ᠋ᠠᠨ᠎ᠤ ᠲᠠᠯᠠᠪᠠᠢ)
     20. 2025 ᠣᠨ᠎ᠤ ᠴᠠᠰᠤᠲᠤ ᠭᠠᠵᠠᠷ᠎ᠤᠨ ᠬᠥᠯ ᠪᠥᠮᠪᠥᠭᠡ ᠵᠢᠨ ᠥᠨᠳᠥᠷ ᠳᠡᠰ᠎ᠤᠨ ᠬᠣᠯᠪᠣᠭ᠋ᠠᠲᠤ ᠤᠷᠤᠯᠳᠤᠭ᠋ᠠᠨ
(2024 ᠣᠨ᠎ᠤ 12   ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂   ᠷᠠᠰᠢᠶᠠᠨ ᠬᠤᠳᠠ)

      ᠡᠯ᠎ᠡ ᠠᠢ᠌ᠮᠠᠭ ᠬᠣᠲᠠ ᠵᠢᠨ ᠪᠡᠶ᠎ᠡ ᠵᠢᠨ ᠲᠠᠮᠢᠷ᠂ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ 《ᠤᠷᠤᠯᠳᠤᠭ᠋ᠠᠨ᠎ᠢ ᠳᠠᠭ᠋ᠠᠵᠤ ᠵᠢᠭᠤᠯᠴᠢᠯᠠᠬᠤ᠎ᠪᠠᠷ ᠶᠠᠪᠤᠶ᠎ᠠ》 ᠵᠢᠨ ᠬᠡᠷᠡᠭᠯᠡᠭᠡ ᠵᠢ ᠠᠬᠢᠭᠤᠯᠬᠤ ᠰᠢᠷᠢᠰ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠤᠷᠤᠯᠳᠤᠭ᠋ᠠᠨ᠎ᠤ ᠣᠨᠴᠠᠯᠢᠭ᠎ᠲᠠᠢ ᠤᠶᠠᠯᠳᠤᠭᠤᠯᠤᠨ᠂ ᠰᠣᠶᠣᠯ ᠪᠡᠶ᠎ᠡ ᠵᠢᠨ ᠲᠠᠮᠢᠷ ᠪᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠭᠦᠨᠵᠡᠭᠡᠢ ᠠᠬᠢᠭᠤᠯᠬᠤ ᠬᠡᠷᠡᠭᠲᠡᠢ᠃ ᠪᠡᠶ᠎ᠡ ᠵᠢᠨ ᠲᠠᠮᠢᠷ᠎ᠤᠨ ᠠᠵᠤ ᠠᠬᠤᠢ᠌ᠯᠠᠯ ᠵᠢᠴᠢ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠵᠢᠭᠤᠯᠴᠢᠯᠠᠯ ᠠᠮᠠᠷᠠᠯᠲᠠ ᠵᠢᠨ ᠣᠷᠣᠨ᠂ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠥᠪᠯᠡᠷᠡᠭᠰᠡᠨ ᠣᠷᠣᠨ ᠵᠡᠷᠭᠡ ᠰᠣᠶᠣᠯ ᠪᠠ ᠵᠢᠭᠤᠯᠴᠢᠯᠠᠯ᠎ᠤᠨ ᠠᠬᠤᠢ ᠲᠠᠯᠠᠪᠠᠶ ᠎ᠨᠤᠭᠤᠳ   ᠵᠢᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠂ ᠰᠣᠶᠣᠯ ᠵᠢᠭᠤᠯᠴᠢᠯᠠᠯ᠎ᠤᠨ   ᠠᠵᠢᠯᠯᠠᠭ᠋ᠠᠨ ᠎ᠤ ᠬᠠᠩᠭ᠋ᠠᠯᠭ᠎ᠠ᠎ᠪᠠᠨ ᠲᠠᠰᠤᠷᠠᠯᠲᠠ ᠦᠭᠡᠢ ᠪᠠᠶᠠᠯᠢᠭᠵᠢᠭᠤᠯᠬᠤ ᠵᠢ ᠵᠣᠷᠢᠭᠵᠢᠭᠤᠯᠤᠨ᠎ᠠ᠃ ᠪᠡᠶ᠎ᠡ ᠵᠢᠨ ᠲᠠᠮᠢᠷ᠎ᠤᠨ ᠵᠢᠭᠤᠯᠴᠢᠯᠠᠯ᠎ᠳᠤ ᠪᠠᠬᠠᠲᠠᠢ ᠬᠥᠮᠥᠰ ᠎ᠤᠨ ᠵᠢᠭᠤᠯᠴᠢᠯᠠᠯ ᠵᠶ᠋ᠠᠨ ᠵᠣᠬᠢᠰᠲᠠᠢ ᠲᠣᠬᠢᠷᠠᠭᠤᠯᠵᠤ᠂ ᠤᠷᠤᠯᠳᠤᠭ᠋ᠠᠨ᠎ᠢ ᠲᠠᠭ᠋ᠠᠵᠦ ᠵᠢᠭᠤᠯᠴᠢᠯᠠᠬᠤ ᠶᠠᠪᠤᠴᠠ᠎ᠳᠤ ᠠᠮᠤᠷ ᠲᠦᠪᠰᠢᠨ᠎ᠤ ᠤᠬᠠᠮᠰᠠᠷ ᠵᠶ᠋ᠠᠨ ᠳᠡᠭᠡᠭᠰᠢᠯᠡᠭᠦᠯᠵᠦ᠂ ᠰᠠᠢ᠌ᠨ ᠰᠠᠢ᠌ᠬᠠᠨ ᠪᠠᠶᠠᠷ ᠵᠢᠷᠭ᠋ᠠᠯ᠎ᠲᠠᠢ ᠪᠠᠢ᠌ᠬᠤ ᠵᠢ ᠬᠦᠰᠡᠨ ᠢᠷᠦᠭᠡᠶ᠎ᠡ᠃
ᠡᠭᠦᠨ᠎ᠤ ᠲᠤᠯᠠ ᠣᠨᠴᠠᠭ᠋ᠠᠢ᠌ᠯᠠᠨ ᠵᠠᠷᠯᠠᠪᠠ᠃

      ᠳᠠᠭ᠋ᠠᠯᠳᠤᠭᠤᠯᠤᠯ᠄ 《ᠤᠷᠤᠯᠳᠤᠭ᠋ᠠᠨ᠎ᠢ ᠳᠠᠭ᠋ᠠᠵᠤ ᠵᠢᠭᠤᠯᠴᠢᠯᠠᠶ᠎ᠠ》 2024 — 2025 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠥᠰᠥ ᠴᠠᠰᠤᠨ᠎ᠤ ᠤᠷᠤᠯᠳᠤᠭ᠋ᠠᠨ᠎ᠤ ᠠᠵᠢᠯᠯᠠᠭ᠎ᠠ ᠵᠢᠨ ᠭᠠᠷᠴᠠᠭ
     (ᠨᠠᠷᠢᠨ ᠪᠠᠢ᠌ᠳᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠬᠢᠲᠠᠳ ᠬᠡᠯᠡᠨ᠎ᠤ   ᠰᠥᠯᠵᠢᠶᠡᠨ ᠎ᠠᠴᠠ ᠦᠵᠡᠭᠡᠷᠡᠢ)

                  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ
                  ᠥᠪᠥᠷ ᠮᠤᠩᠭᠤᠯ ᠎ᠤᠨ ᠥᠪᠡᠷᠲᠡᠭᠡᠨ ᠵᠠᠰᠠᠬᠤ ᠤᠷᠤᠨ ᠎ᠤ ᠰᠤᠶᠤᠯ ᠪᠠ ᠵᠢᠭᠤᠯᠴᠢᠯᠠᠯ ᠎ᠤᠨ ᠲᠢᠩᠬᠢᠮ
                 2024 ᠣᠨ᠎ᠤ 11 ᠳ᠋ᠤᠭᠡᠷ ᠰᠠᠷ᠎ᠠ ᠵᠢᠨ 15᠎ᠤ ᠡᠳᠦᠷ


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠭᠡᠷ᠎ᠤᠨ ᠬᠠᠭᠤᠴᠢᠨ ᠴᠠᠬᠢᠯᠭ᠋ᠠᠨ ᠬᠡᠷᠡᠭᠰᠡᠯ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢ ᠢᠳᠡᠪᠬᠢᠲᠡᠢ ᠨᠡᠶ᠋ᠢᠲᠡᠯᠡᠪᠡ
ᠡᠳ᠋᠎ᠤᠨ ᠵᠠᠰᠠᠭ᠎ᠤᠨ ᠲᠢᠩᠬᠢᠮ 《ᠭᠤᠷᠪᠠᠨ ᠪᠠᠷᠢᠮᠲᠠᠯᠠᠯ》 ᠵᠶ᠋ᠠᠷ ᠲᠡᠭ ᠰᠠᠭᠤᠷᠢᠨ ᠲᠥᠰᠦᠪ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠬᠤ ᠪᠣᠯᠣᠨ᠎ᠠ
ᠥᠪᠥᠷ ᠵᠠᠰᠠᠭ ᠠᠯᠪᠠᠨ ᠥᠰᠥᠭ [2021] 45 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠢ ᠬᠦᠴᠦᠨ ᠦᠭᠡᠢ ᠪᠣᠯᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
《ᠬᠦᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ)》᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
ᠥᠪᠥᠷ ᠵᠠᠰᠠᠭ ᠲᠠᠷᠬᠠᠭ᠋ᠠᠭᠰᠠᠨ [2014] 65 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
 
            