ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2019 ᠣᠨ᠎ᠤ ᠭᠣᠤᠯᠳᠠᠯᠭ᠎ᠠ᠎ᠲᠠᠢ ᠠᠵᠢᠯ᠎ᠤᠨ ᠲᠣᠬᠢᠷᠠᠭᠤᠯᠤᠯᠲᠠ
ᠨᠡᠶᠢᠲᠡᠯᠡᠭᠰᠡᠨ ᠴᠠᠭ᠄ 2019-12-02

     2019 ᠣᠨ ᠪᠣᠯ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠢ ᠨᠡᠢ᠌ᠯᠡᠭᠦᠯᠦᠨ ᠬᠥᠭᠵᠢᠭᠦᠯᠬᠦ ᠠᠩᠬᠠᠨ᠎ᠤ ᠵᠢᠯ᠂ ᠮᠦᠨ ᠴᠤ᠌ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠯ᠎ᠡ ᠵᠦᠢ᠍ᠯ᠎ᠤᠨ ᠡᠭᠦᠷᠭᠡ ᠵᠢ ᠨᠠᠢ᠌ᠳᠠᠪᠤᠷᠢᠵᠢᠭᠤᠯᠬᠤ ᠭᠡᠵᠦ ᠪᠠᠢ᠌ᠭ᠎ᠠ ᠪᠣᠭᠣᠮᠲᠠ ᠰᠢᠪᠲᠤᠯᠬᠤ ᠵᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ ᠡᠳᠦᠭᠡ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2019 ᠣᠨ᠎ᠤ ᠭᠣᠤᠯᠳᠠᠯᠭ᠎ᠠ᠎ᠲᠠᠢ ᠠᠵᠢᠯ᠎ᠢ ᠳᠣᠤᠷᠠᠬᠢ ᠮᠡᠲᠦ ᠲᠣᠬᠢᠷᠠᠭᠤᠯᠪᠠ᠃
      ᠨᠢᠭᠡ᠂ ᠵᠢᠯᠣᠭᠣᠳᠬᠤ ᠦᠵᠡᠯ ᠰᠠᠨᠠᠭ᠎ᠠ
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ᠎ᠪᠠᠨ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠷᠪᠠᠳᠤᠭ᠋ᠠᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠣᠯᠤᠨ ᠠᠷᠪᠠᠳᠤᠭ᠋ᠠᠷ ᠬᠤᠭᠤᠴᠠᠭ᠋ᠠᠨ᠎ᠤ ᠨᠠᠮ᠎ᠤᠨ ᠬᠣᠷᠢᠶ᠎ᠠ ᠵᠢᠨ ᠨᠠᠢ᠍ᠮᠠᠳᠣᠭ᠋ᠠᠷ ᠤᠳᠠᠭ᠋ᠠᠨ᠎ᠤ ᠶᠡᠬᠡ ᠬᠤᠷᠠᠯ᠎ᠤᠨ ᠵᠤᠷᠢᠭ ᠰᠠᠨᠠᠭ᠎ᠠ ᠵᠢ ᠲᠤᠭᠤᠰᠢᠯᠠᠭᠤᠯᠤᠨ   ᠨᠠᠢ᠌ᠳᠠᠪᠤᠷᠢᠵᠢᠭᠤᠯᠵᠤ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠶ ᠪᠠᠢ᠌ᠷᠢᠰᠢᠭᠤᠯᠤᠯ ᠪᠣᠯᠤᠨ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ ᠵᠢᠨ ᠲᠣᠭᠣᠷᠢᠨ᠎ᠳᠤ 《ᠳᠥᠷᠪᠡᠨ ᠤᠬᠠᠮᠰᠠᠷ》᠎ᠢ ᠪᠣᠶ ᠪᠣᠯᠭ᠋ᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠨ᠂ 《ᠬᠣᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠵᠦ᠂ ᠠᠷᠠᠳ ᠲᠦᠮᠡᠨ ᠵᠶ᠋ᠠᠷ ᠭᠣᠣᠯᠯᠠᠭᠤᠯᠬᠤ ᠬᠥᠭᠵᠢᠯᠲᠡ ᠵᠢᠨ ᠦᠵᠡᠯ ᠰᠠᠨᠠᠭ᠎ᠠ ᠵᠢ   ᠪᠠᠷᠢᠮᠲᠠᠯᠠᠨ᠂ ᠴᠢᠨᠠᠷ ᠰᠠᠶ᠋ᠢᠲᠠᠶ ᠬᠥᠭᠵᠢᠯᠲᠡ᠎ᠪᠠᠷ ᠬᠠᠷᠠᠯᠲᠠ᠎ᠪᠠᠨ ᠪᠣᠯᠭ᠋ᠠᠵᠤ᠂ ᠰᠣᠶᠣᠯ ᠪᠠ ᠵᠢᠭᠤᠯᠴᠢᠯᠠᠯ᠎ᠢ ᠨᠡᠢ᠌ᠯᠡᠭᠦᠯᠦᠨ ᠬᠦᠭᠵᠢᠭᠦᠯᠬᠦ ᠵᠢ ᠠᠬᠢᠭᠤᠯᠬᠤ᠎ᠪᠠᠷ ᠭᠣᠤᠯ ᠰᠢᠵᠢᠮ ᠵᠶ᠋ᠡᠨ ᠪᠣᠯᠭ᠋ᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠬᠥᠳᠡᠯᠭᠡᠬᠦ ᠬᠦᠴᠦᠨ ᠵᠶ᠋ᠡᠨ ᠪᠣᠯᠭ᠋ᠠᠵᠤ᠂ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠴᠠᠭ ᠲᠣᠬᠢᠶᠠᠯ᠎ᠢ ᠠᠳᠬᠤᠵᠤ᠂ ᠠᠷᠠᠳ ᠣᠯᠠᠨ᠎ᠳᠤ ᠰᠢᠯᠢᠳᠡᠭ ᠰᠣᠶᠣᠯ᠎ᠤᠨ ᠪᠦᠲᠦᠭᠡᠭᠳᠡᠬᠦᠨ ᠪᠠ ᠦᠢ᠍ᠯᠡᠴᠢᠯᠡᠭᠡ᠂ ᠴᠢᠨᠠᠷ ᠰᠠᠶ᠋ᠢᠲᠠᠶ ᠵᠢᠭᠤᠯᠴᠢᠯᠠᠯ᠎ᠤᠨ ᠪᠦᠲᠦᠭᠡᠭᠳᠡᠬᠦᠨ ᠪᠠ ᠦᠢ᠍ᠯᠡᠴᠢᠯᠡᠭᠡ ᠬᠠᠩᠭ᠋ᠠᠬᠤ᠎ᠳᠤ ᠠᠩᠬᠠᠷᠤᠯ ᠵᠶ᠋ᠠᠨ ᠴᠢᠭᠯᠡᠭᠦᠯᠵᠦ᠂ ᠠᠷᠠᠳ ᠣᠯᠠᠨ᠎ᠤ ᠰᠠᠶ᠋ᠢᠨ ᠰᠠᠶ᠋ᠢᠬᠠᠨ ᠣᠶᠤᠨ᠎ᠤ ᠰᠣᠶᠣᠯ᠎ᠤᠨ ᠠᠮᠢᠳᠤᠷᠠᠯ᠎ᠤᠨ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠨ᠎ᠠ᠃
      ᠬᠣᠶᠠᠷ᠂ ᠬᠥᠭᠵᠢᠯᠲᠡ ᠵᠢᠨ ᠬᠠᠷᠠᠯᠲᠠ
     《ᠦᠨᠳᠦᠰᠦᠲᠡᠨ᠎ᠤ ᠰᠣᠶᠣᠯ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ》 ᠪᠠ 《ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠨᠡᠷᠡᠲᠦ ᠵᠢᠭᠤᠯᠴᠢᠯᠠᠯ᠎ᠤᠨ ᠵᠣᠷᠢᠭᠰᠠᠨ ᠭᠠᠵᠠᠷ》᠎ᠢ ᠪᠦᠲᠦᠭᠡᠨ ᠪᠠᠶ᠋ᠢᠭᠤᠯᠬᠤ ᠬᠠᠷᠠᠯᠲᠠ ᠵᠢᠨ ᠲᠣᠭᠣᠷᠢᠨ᠎ᠳᠤ ᠨᠡᠢ᠌ᠯᠡᠭᠦᠯᠦᠨ ᠬᠦᠭᠵᠢᠭᠦᠯᠬᠦ ᠦᠵᠡᠯ ᠰᠠᠨᠠᠭ᠎ᠠ ᠵᠢ ᠪᠡᠬᠢᠯᠡᠨ ᠪᠣᠰᠬᠠᠵᠤ᠂ 《ᠨᠠᠢ᠌ᠯᠡᠬᠦ᠎ᠳᠤ ᠲᠣᠬᠢᠷᠠᠮᠵᠢᠲᠠᠢ ᠪᠣᠯ ᠨᠠᠢ᠌ᠯᠡᠭᠦᠯᠬᠦ᠂ ᠨᠠᠢ᠌ᠯᠡᠬᠦ ᠪᠣᠯᠤᠮᠵᠢ᠎ᠲᠠᠢ ᠵᠢ ᠴᠥᠮ ᠨᠠᠢ᠌ᠯᠡᠭᠦᠯᠬᠦ》 ᠵᠠᠷᠴᠢᠮ᠎ᠢ ᠪᠠᠷᠢᠮᠲᠠᠯᠠᠨ᠂ ᠪᠠᠶ᠋ᠢᠯᠳᠤᠬᠤ ᠪᠣᠳᠣᠯᠭ᠎ᠠ ᠵᠢᠨ ᠰᠤᠳᠤᠯᠭ᠋ᠠᠨ ᠪᠠ ᠳᠦᠷᠢᠮ ᠲᠣᠭᠲᠠᠭ᠋ᠠᠬᠤ ᠠᠵᠢᠯ᠎ᠢ ᠴᠢᠩᠭ᠋ᠠᠳᠬᠠᠵᠤ᠂ ᠰᠣᠶᠣᠯ ᠪᠠ ᠵᠢᠭᠤᠯᠴᠢᠯᠠᠯ᠎ᠢ ᠨᠠᠢ᠌ᠯᠡᠭᠦᠯᠦᠨ ᠬᠥᠭᠵᠢᠭᠦᠯᠬᠦ ᠭᠤᠷᠪᠠᠨ ᠵᠢᠯ᠎ᠤᠨ ᠲᠥᠯᠥᠪᠵᠢᠭᠦᠯᠭᠡ ᠵᠢ ᠲᠣᠭᠲᠠᠭ᠋ᠠᠨ ᠬᠡᠷᠡᠭᠵᠢᠭᠦᠯᠵᠦ᠂ ᠰᠣᠶᠣᠯ ᠪᠠ ᠵᠢᠭᠤᠯᠴᠢᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠰᠣᠶᠣᠯ ᠪᠠ ᠵᠢᠭᠤᠯᠴᠢᠯᠠᠯ᠎ᠤᠨ ᠣᠯᠠᠨ ᠨᠡᠢ᠍ᠢ᠍ᠲᠡ ᠵᠢᠨ ᠦᠢ᠍ᠯᠡᠴᠢᠯᠡᠭᠡ᠂ ᠠᠵᠤ ᠦᠢ᠍ᠯᠡᠰ᠎ᠤᠨ ᠬᠥᠭᠵᠢᠯᠲᠡ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠂ ᠭᠠᠳᠠᠭ᠋ᠠᠳᠤ ᠵᠢᠴᠢ ᠰᠢᠶᠠᠨᠭ᠌ᠭ᠋ᠠᠨᠭ᠌ ᠣᠣᠮᠸᠨ ᠲᠠᠢ᠌ᠸᠠᠨ᠎ᠯᠤᠭ᠎ᠠ ᠵᠢᠨ ᠰᠣᠯᠢᠯᠴᠠᠭ᠎ᠠ ᠪᠠ ᠬᠠᠮᠲᠤᠷᠠᠯᠴᠠᠭ᠎ᠠ ᠵᠡᠷᠭᠡ ᠲᠤᠬᠠᠶ᠋ᠢᠯᠠᠭᠰᠠᠨ ᠠᠵᠢᠯ᠎ᠤᠨ ᠬᠦᠷᠢᠶᠡᠨ᠎ᠳᠠᠬᠢ ᠭᠦᠨᠵᠡᠭᠡᠶ ᠨᠠᠢ᠌ᠯᠡᠯ᠎ᠢ ᠢᠳᠡᠪᠬᠢᠲᠡᠢ ᠠᠬᠢᠭᠤᠯᠵᠤ᠂ ᠰᠣᠶᠣᠯ ᠪᠠ ᠵᠢᠭᠤᠯᠴᠢᠯᠠᠯ᠎ᠤᠨ ᠲᠠᠲᠠᠬᠤ ᠬᠦᠴᠦᠨ᠂ ᠥᠷᠢᠰᠦᠯᠳᠦᠬᠦ ᠬᠦᠴᠦᠨ᠂ ᠨᠥᠯᠥᠭᠡᠯᠡᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠢᠭᠤᠯᠴᠢᠯᠠᠭᠴᠢᠳ᠎ᠢ 1.44 ᠳ᠋ᠦᠩᠰᠢᠭᠤᠷ ᠬᠥᠮᠦᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 10 %᠎ᠪᠠᠷ ᠨᠡᠮᠡᠭᠳᠡᠭᠦᠯᠬᠦ ᠵᠢ ᠬᠦᠴᠦᠯᠡᠵᠦ ᠪᠡᠶᠡᠯᠡᠭᠦᠯᠦᠨ᠎ᠡ; ᠵᠢᠭᠤᠯᠴᠢᠯᠠᠯ᠎ᠤᠨ ᠦᠢ᠍ᠯᠡᠰ᠎ᠤᠨ ᠶᠡᠷᠦᠩᠬᠡᠢ ᠣᠷᠣᠯᠭ᠎ᠠ ᠵᠢ 4500 ᠳ᠋ᠦᠩᠰᠢᠭᠤᠷ ᠲᠥᠭᠥᠷᠢᠭ᠎ᠲᠤ ᠬᠦᠷᠭᠡᠨ᠂ ᠠᠳᠠᠯᠢ ᠬᠤᠭᠤᠴᠠᠭ᠋ᠠᠨ᠎ᠤ᠎ᠬᠢ᠎ᠠᠴᠠ 12%᠎ᠠᠴᠠ ᠲᠡᠭᠡᠭᠰᠢ ᠨᠡᠮᠡᠭᠳᠡᠬᠦ ᠵᠢ ᠪᠡᠶᠡᠯᠡᠭᠦᠯᠦᠨ᠎ᠡ᠃
      ᠭᠤᠷᠪᠠ᠂ ᠭᠣᠤᠯ ᠡᠭᠦᠷᠭᠡ
     (ᠨᠢᠭᠡ) ᠤᠷᠠᠯᠢᠭ᠎ᠤᠨ ᠦᠢ᠍ᠯᠡᠰ᠎ᠤᠨ ᠴᠡᠴᠡᠭᠯᠡᠨ ᠬᠥᠭᠵᠢᠬᠦ ᠵᠢ ᠠᠬᠢᠭᠤᠯᠤᠨ᠎ᠠ
     1. ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠵᠤ᠂ ᠳᠠᠭᠤᠤ ᠬᠥᠭᠵᠢᠮ᠂ ᠪᠥᠵᠢᠭ᠂ ᠰᠢ ᠲᠠᠭᠤᠷᠢᠯᠢᠭ᠂ ᠰᠢ ᠵᠦᠴᠦᠭᠡ᠂ ᠤᠷᠠᠨ ᠵᠢᠷᠤᠭ ᠵᠡᠷᠭᠡ ᠤᠳᠬ᠎ᠠ ᠤᠷᠠᠯᠢᠭ᠎ᠤᠨ ᠦᠢ᠍ᠯᠡᠰ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃
     2. ᠶᠡᠷᠦᠩᠬᠡᠶ ᠱᠦᠵᠢ ᠰᠢ ᠵᠢᠨ ᠫᠢᠩ᠎ᠤᠨ ᠤᠯᠠᠭ᠋ᠠᠨᠮᠥ᠋ᠴᠢᠷ᠎ᠤᠨ ᠦᠢ᠍ᠯᠡᠰ᠎ᠤᠨ ᠲᠤᠬᠠᠶ ᠴᠢᠬᠤᠯᠠ ᠵᠢᠭ᠋ᠠᠪᠤᠷᠢ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠣᠷᠢᠵᠢᠭᠤᠯᠤᠨ᠎ᠠ᠂ ᠤᠯᠠᠭ᠋ᠠᠨᠮᠥ᠋ᠴᠢᠷ᠎ᠤᠨ ᠬᠠᠤᠯᠢ ᠲᠣᠭᠲᠠᠭ᠋ᠠᠬᠤ ᠠᠵᠢᠯ᠎ᠢ ᠢᠳᠡᠪᠬᠢᠲᠡᠢ ᠠᠬᠢᠭᠤᠯᠤᠨ᠂ 《ᠤᠯᠠᠭ᠋ᠠᠨᠮᠥ᠋ᠴᠢᠷ᠎ᠤᠨ ᠦᠢ᠍ᠯᠡᠰ᠎ᠤᠨ ᠬᠥᠭᠵᠢᠯᠲᠡ ᠵᠢᠨ ᠲᠤᠮᠳᠠ ᠪᠠ ᠤᠷᠲᠤ ᠬᠤᠭᠤᠴᠠᠭ᠋ᠠᠨ᠎ᠤ ᠲᠥᠯᠥᠪᠵᠢᠭᠦᠯᠭᠡ》 ᠪᠠ 《ᠤᠯᠠᠭ᠋ᠠᠨᠮᠥ᠋ᠴᠢᠷ᠎ᠤᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ》 ᠵᠢ ᠨᠠᠶ᠋ᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠨᠠᠢ᠍ᠮᠠᠳᠣᠭ᠋ᠠᠷ ᠬᠤᠭᠤᠴᠠᠭ᠋ᠠᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠢ᠌ᠷ᠎ᠢ ᠡᠷᠬᠢᠯᠡᠨ᠎ᠡ᠃
     3. ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢᠨ ᠲᠣᠭᠣᠷᠢᠨ᠎ᠳᠤ᠂ ᠪᠥᠵᠢᠭᠲᠦ ᠵᠦᠴᠦᠭᠡ 《ᠲᠠᠯ᠎ᠠ ᠨᠤᠲᠤᠭ᠎ᠤᠨ ᠪᠢᠴᠢᠬᠠᠨ ᠪᠠᠭ᠋ᠠᠲᠤᠷ ᠡᠭᠡᠴᠢ ᠥᠬᠢᠨ ᠳᠡᠭᠦᠤ》᠂ 《ᠮᠣᠷᠢᠲᠤ ᠴᠡᠷᠢᠭ》᠂ 《ᠲᠡᠮᠡᠭᠡᠨ ᠵᠢᠨᠭ》᠂ ᠳᠠᠭᠤᠤ ᠪᠥᠵᠢᠭᠲᠦ ᠵᠦᠴᠦᠭᠡ 《ᠮᠢᠨᠦ ᠤᠯᠠᠭ᠋ᠠᠨᠮᠥ᠋ᠴᠢᠷ》᠂ ᠶᠠᠷᠢᠶᠠᠲᠤ ᠵᠦᠴᠦᠭᠡ 《ᠲᠣᠮᠣ ᠤᠯᠤᠰ᠎ᠤᠨ ᠤᠷᠠᠨ ᠳᠠᠷᠬᠠᠨ》᠂ 《ᠬᠤᠷᠤᠭᠤᠨ ᠲᠠᠮᠠᠭ᠎ᠠ》᠂ 《ᠤᠯᠠᠭ᠋ᠠᠨᠮᠥ᠋ᠴᠢᠷ᠎ᠤᠨ ᠰᠡᠳᠭᠢᠯ᠎ᠤᠨ ᠲᠠᠭᠤᠯᠠᠯ》᠂ ᠮᠣᠩᠭᠣᠯ ᠵᠦᠴᠦᠭᠡ 《ᠡᠭᠦᠷ ᠰᠡᠭᠦᠯᠲᠦ》᠂ 《ᠠᠮᠢᠨ ᠵᠠᠶᠠᠭ᠎ᠠ》 ᠵᠡᠷᠭᠡ ᠶᠠᠰᠤ ᠰᠢᠷᠪᠥᠰᠥ᠎ᠲᠠᠢ᠂ ᠮᠣᠷᠠᠯ ᠰᠤᠷᠲᠠᠬᠤᠨ᠎ᠲᠠᠢ᠂ ᠳᠤᠯᠠᠭ᠋ᠠᠴᠠ᠎ᠲᠠᠢ᠂ ᠴᠠᠭ ᠦᠶ᠎ᠡ ᠵᠢᠨ ᠣᠨᠴᠠᠯᠢᠭ ᠪᠤᠯᠤᠨ ᠲᠠᠯ᠎ᠠ ᠨᠤᠲᠤᠭ᠎ᠤᠨ ᠣᠨᠴᠠᠯᠢᠭ᠎ᠢ ᠢᠯᠡᠷᠡᠭᠦᠯᠦᠭᠰᠡᠨ ᠨᠢᠭᠡ ᠪᠦᠯᠦᠭ ᠰᠣᠳᠣᠨ ᠵᠦᠴᠦᠭᠡ ᠵᠢ ᠲᠡᠮᠵᠢᠨ ᠦᠢ᠍ᠯᠡᠳᠦᠨ᠎ᠡ᠃ ᠰᠢᠯᠢᠳᠡᠭ ᠵᠦᠴᠦᠭᠡ ᠵᠢ ᠰᠣᠨᠭ᠌ᠭᠤᠨ ᠲᠠᠨᠢᠯᠴᠠᠭᠤᠯᠵᠤ ᠰᠣᠶᠣᠯ᠎ᠤᠨ ᠶᠡᠬᠡ ᠱᠠᠩᠨᠠᠯ᠂ 《ᠲᠠᠪᠤᠨ ᠨᠢᠭᠡ ᠢᠨᠵᠧᠨᠧᠷᠢᠩ》᠎ᠤᠨ ᠱᠠᠩᠨᠠᠯ ᠭᠡᠬᠦ ᠵᠡᠷᠭᠡ ᠤᠯᠤᠰ᠎ᠤᠨ ᠲᠡᠰ᠎ᠤᠨ ᠤᠷᠠᠯᠢᠭ᠎ᠤᠨ ᠱᠠᠩᠨᠠᠯ᠎ᠤᠨ ᠦᠷᠢᠰᠦᠯᠳᠦᠭᠡᠨ᠎ᠳᠤ ᠣᠷᠤᠯᠴᠠᠭᠤᠯᠤᠨ᠎ᠠ᠃
     4. 《ᠵᠠᠭᠤᠨ ᠪᠦᠯᠬᠦᠮ᠎ᠤᠨ ᠮᠢᠩᠭ᠋ᠠᠨ ᠲᠠᠯᠠᠪᠤᠷ ᠲᠣᠭᠯᠠᠯᠲᠠ ᠦᠨᠳᠦᠰᠦᠨ ᠱᠠᠲᠤᠨ᠎ᠳᠤ ᠪᠠᠭᠤᠬᠤ》᠂ 《ᠲᠠᠯ᠎ᠠ ᠨᠤᠲᠤᠭ᠎ᠤᠨ ᠰᠣᠨᠤᠰᠬᠤᠯᠠᠨᠭ᠌᠎ᠲᠠᠢ ᠭᠠᠷᠠᠭ᠎ᠤᠨ ᠠᠮᠠᠷᠠᠯᠲᠠ》᠂ 《ᠲᠠᠯ᠎ᠠ ᠨᠤᠲᠤᠭ᠎ᠤᠨ ᠰᠢ ᠵᠦᠴᠦᠭᠡ ᠵᠢᠨ ᠦᠵᠡᠭᠦᠯᠦᠯᠭᠡ ᠵᠢᠨ ᠰᠠᠷ᠎ᠠ》᠂ 《ᠳᠥᠷᠪᠡᠨ ᠤᠯᠠᠷᠢᠯ᠎ᠳᠠᠬᠢ ᠥᠪᠥᠷ ᠮᠣᠩᠭᠣᠯ᠎ᠤᠨ ᠲᠣᠭᠯᠠᠯᠲᠠ ᠵᠢᠨ ᠤᠯᠠᠷᠢᠯ》᠂ 《ᠦᠨᠳᠦᠰᠦᠲᠡᠨ᠎ᠤ ᠳᠠᠭᠤᠤ ᠪᠥᠵᠢᠭ᠂ ᠣᠷᠣᠨ ᠨᠤᠲᠤᠭ᠎ᠤᠨ ᠰᠢ ᠲᠠᠭᠤᠷᠢᠯᠢᠭ ᠰᠤᠷᠭ᠋ᠠᠭᠤᠯᠢ ᠵᠢᠨ ᠬᠦᠷᠢᠶᠡᠨ᠎ᠳᠤ ᠣᠷᠣᠬᠤ》 ᠵᠡᠷᠭᠡ ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠵᠢᠨ ᠠᠵᠢᠯᠯᠠᠭ᠎ᠠ ᠵᠢ ᠭᠦᠨᠵᠡᠭᠡᠢ᠌ᠷᠡᠭᠦᠯᠦᠨ ᠥᠷᠨᠢᠭᠦᠯᠦᠨ᠎ᠡ᠃
     5. ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠤᠷᠠᠯᠢᠭ᠎ᠤᠨ ᠲᠠᠯᠠᠪᠠᠢ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠂ ᠤᠯᠠᠭ᠋ᠠᠨᠮᠥ᠋ᠴᠢᠷ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢᠨ   ᠠᠵᠢᠯ᠎ᠢ ᠡᠬᠢᠯᠡᠭᠦᠯᠦᠨ᠎ᠡ᠂ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠲᠢᠩᠬᠢᠮ᠎ᠢ ᠲᠦᠯᠦᠪᠯᠡᠨ ᠪᠠᠢ᠌ᠭᠤᠯᠤᠨ᠎ᠠ᠃
     6. ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠦᠨ ᠠᠬᠢᠭᠤᠯᠤᠨ᠎ᠠ᠃
     7. ᠤᠯᠤᠰ ᠪᠠᠶ᠋ᠢᠭᠤᠯᠤᠭᠳᠠᠭᠰᠠᠨ 70 ᠵᠢᠯ᠎ᠤᠨ ᠤᠢ ᠵᠢᠨ ᠰᠣᠶᠣᠯ᠎ᠤᠨ ᠬᠦᠳᠡᠯᠭᠡᠭᠡᠨ᠎ᠢ ᠡᠷᠬᠢᠯᠡᠨ᠎ᠡ᠃
     8. ᠰᠢ ᠲᠠᠭᠤᠷᠢᠯᠢᠭ᠎ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ᠎ᠢ ᠯᠠᠪᠳᠠᠭᠤᠨ ᠪᠠᠲᠤᠲᠠᠶ ᠠᠬᠢᠭᠤᠯᠵᠤ᠂ ᠰᠢ ᠲᠠᠭᠤᠷᠢᠯᠢᠭ᠎ᠢ ᠠᠮᠢᠯᠠᠭᠤᠯᠬᠤ᠂ ᠤᠯᠠᠮᠵᠢᠯᠠᠬᠤ᠂ ᠰᠣᠳᠣᠨ ᠪᠦᠲᠦᠭᠡᠯ ᠭᠠᠷᠭ᠋ᠠᠬᠤ᠂ ᠨᠡᠷᠡᠲᠦ ᠬᠥᠮᠦᠨ ᠴᠣᠯᠭᠤᠷᠠᠭᠤᠯᠬᠤ ᠠᠵᠢᠯ᠎ᠢ ᠠᠬᠢᠭᠤᠯᠤᠨ᠎ᠠ᠃
     9. ᠪᠥᠬᠥ ᠣᠷᠣᠨ᠎ᠤ ᠤᠷᠠᠯᠢᠭ᠎ᠤᠨ ᠵᠣᠬᠢᠶᠠᠨ ᠪᠦᠲᠦᠭᠡᠯᠭᠡ᠂   ᠰᠣᠳᠣᠯᠭ᠋ᠠᠨ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠯᠤᠰ᠎ᠤᠨ ᠤᠷᠠᠯᠢᠭ᠎ᠤᠨ ᠬᠦᠷᠢᠶᠡᠯᠡᠩ ᠪᠦᠯᠬᠦᠮ᠂ ᠰᠣᠶᠣᠯ ᠤᠷᠠᠯᠢᠭ᠎ᠤᠨ ᠲᠡᠭᠡᠳᠦ ᠰᠤᠷᠭ᠋ᠠᠭᠤᠯᠢ ᠪᠠᠶ᠋ᠢᠭᠤᠯᠤᠮᠵᠢ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠨ᠂ ᠤᠷᠠᠯᠢᠭ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠦᠬᠦ ᠲᠠᠯ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
     10. ᠪᠥᠬᠥ ᠣᠷᠣᠨ᠎ᠤ ᠤᠷᠠᠯᠢᠭ᠎ᠤᠨ ᠳᠠᠩᠰᠠ ᠡᠪᠬᠡᠮᠡᠯ᠎ᠢ ᠲᠤᠭ᠋ᠠᠵᠢᠭᠤᠯᠬᠤ ᠪᠠᠶ᠋ᠢᠭᠤᠯᠤᠯᠲᠠ ᠵᠢ   ᠴᠢᠨᠭ᠌ᠭ᠋ᠠᠳᠬᠠᠨ᠎ᠠ᠂ ᠬᠣᠪᠣᠷ ᠨᠠᠨᠳᠢᠨ ᠤᠷᠠᠯᠢᠭ᠎ᠤᠨ ᠳᠠᠩᠰᠠ ᠡᠪᠬᠡᠮᠡᠯ᠎ᠤᠨ ᠡᠬᠢ ᠪᠠᠶᠠᠯᠢᠭ᠎ᠢ ᠵᠠᠪᠳᠤᠨ ᠠᠪᠤᠷᠠᠵᠤ᠂ ᠥᠪᠥᠷ ᠮᠣᠩᠭᠣᠯ᠎ᠤᠨ ᠤᠷᠠᠯᠢᠭ᠎ᠤᠨ ᠳᠠᠩᠰᠠ ᠡᠪᠬᠡᠮᠡᠯ᠎ᠤᠨ ᠤᠷᠳᠤᠨ᠎ᠤ ᠳᠡᠰ ᠳᠡᠪᠰᠢᠬᠦ ᠵᠢ ᠠᠬᠢᠭᠤᠯᠤᠨ᠎ᠠ᠃
     (ᠬᠣᠶᠠᠷ) ᠣᠯᠠᠨ ᠨᠡᠢ᠍ᠢ᠍ᠲᠡ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠲᠡᠭᠡᠭᠰᠢᠯᠡᠯᠲᠡ ᠵᠢ ᠠᠬᠢᠭᠤᠯᠤᠨ᠎ᠠ  
     1. ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡ᠂ ᠣᠯᠠᠨ ᠨᠡᠢ᠍ᠢ᠍ᠲᠡ ᠵᠢᠨ ᠨᠣᠮ᠎ᠤᠨ ᠰᠠᠩ᠎ᠤᠨ ᠲᠤᠬᠠᠢ ᠣᠷᠣᠨ ᠨᠤᠲᠤᠭ᠎ᠤᠨ ᠬᠠᠤᠯᠢ ᠲᠣᠭᠲᠠᠭ᠋ᠠᠬᠤ ᠠᠵᠢᠯ᠎ᠢ ᠢᠳᠡᠪᠬᠢᠲᠡᠶ᠎ᠪᠠᠷ ᠲᠦᠯᠬᠢᠨ ᠠᠬᠢᠭᠤᠯᠤᠨ᠎ᠠ᠃
     2. ᠡᠯ᠎ᠡ ᠱᠠᠲᠤᠨ᠎ᠤ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠪᠡᠯᠡᠳᠬᠡᠮᠵᠢ ᠵᠢ ᠨᠢᠭᠡᠳᠦᠯᠲᠡᠶ ᠲᠦᠯᠦᠪᠵᠢᠭᠦᠯᠦᠨ ᠪᠦᠲᠦᠭᠡᠨ ᠪᠠᠢ᠌ᠭᠤᠯᠤᠨ᠎ᠠ᠂ ᠬᠢᠯᠢ ᠬᠢᠵᠠᠭ᠋ᠠᠷ ᠪᠠ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠣᠯᠠᠨ ᠨᠡᠢ᠍ᠢ᠍ᠲᠡ ᠵᠢᠨ ᠦᠢ᠍ᠯᠡᠴᠢᠯᠡᠭᠡᠨ᠎ᠤ ᠰᠢᠰᠲᠸᠮ᠎ᠲᠠᠢ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠬᠥᠳᠡᠭᠡ ᠲᠣᠰᠬᠣᠨ᠎ᠤ ᠵᠢᠭᠤᠯᠴᠢᠯᠠᠭᠴᠢᠳ᠎ᠤᠨ ᠦᠢ᠍ᠯᠡᠴᠢᠯᠡᠭᠡᠨ᠎ᠤ ᠲᠥᠪ᠎ᠲᠠᠢ ᠣᠷᠭ᠋ᠠᠨᠢᠭ ᠵᠶ᠋ᠠᠷ ᠤᠶᠠᠯᠳᠤᠭᠤᠯᠤᠨ᠂ ᠦᠨᠳᠦᠰᠦᠨ ᠱᠠᠲᠤᠨ᠎ᠤ ᠶᠡᠷᠦᠩᠬᠡᠶ᠋ᠢᠯᠡᠭᠰᠡᠨ ᠴᠢᠨᠠᠷᠲᠠᠶ ᠰᠣᠶᠣᠯ᠎ᠤᠨ ᠦᠢ᠍ᠯᠡᠴᠢᠯᠡᠭᠡᠨ᠎ᠤ ᠲᠥᠪ᠎ᠢ ᠰᠠᠶ᠋ᠢᠲᠤᠷ ᠪᠠᠢ᠌ᠭᠤᠯᠤᠨ ᠰᠠᠶ᠋ᠢᠲᠤᠷ ᠬᠠᠮᠢᠶᠠᠷᠴᠤ ᠰᠠᠶ᠋ᠢᠲᠤᠷ ᠬᠡᠷᠡᠭᠯᠡᠨ᠎ᠡ᠃ ᠥᠪᠥᠷ ᠮᠣᠩᠭᠣᠯ᠎ᠤᠨ ᠰᠣᠶᠣᠯ᠎ᠤᠨ ᠣᠷᠳᠣᠨ᠎ᠤ ᠰᠢᠨ᠎ᠡ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃
     3. 《ᠵᠣᠷᠯᠣᠩ᠎ᠤᠨ ᠬᠤᠪᠢᠰᠬᠠᠯ》᠎ᠢ ᠲᠤᠭᠲᠠᠭᠤᠨ ᠵᠶ᠋ᠡᠷ ᠲᠦᠯᠬᠢᠨ ᠠᠬᠢᠭᠤᠯᠵᠤ᠂ 2019 ᠣᠨ᠎ᠤ ᠵᠢᠭᠤᠯᠴᠢᠯᠠᠯ᠎ᠤᠨ ᠭᠠᠵᠠᠷ᠎ᠤᠨ ᠵᠣᠷᠯᠣᠩ᠎ᠤᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠲᠤᠭ᠎ᠠ ᠴᠢᠨᠠᠷ᠎ᠲᠠᠢ᠎ᠨᠢ ᠪᠠᠲᠤᠯᠠᠨ ᠪᠡᠶᠡᠯᠡᠬᠦᠯᠦᠨ᠎ᠡ᠂ 2018 ᠣᠨ᠎ᠤ ᠪᠥᠬᠥ ᠣᠷᠣᠨ᠎ᠤ ᠵᠢᠭᠤᠯᠴᠢᠯᠠᠯ᠎ᠤᠨ ᠭᠠᠵᠠᠷ᠎ᠤᠨ ᠵᠣᠷᠯᠣᠩ᠎ᠤᠨ ᠪᠦᠲᠦᠭᠡᠨ ᠪᠠᠶ᠋ᠢᠭᠤᠯᠤᠯᠲᠠ ᠪᠠ ᠡᠵᠡᠩᠨᠡᠯᠲᠡ ᠵᠢᠨ ᠪᠠᠢ᠌ᠳᠠᠯ᠎ᠤᠨ ᠲᠤᠬᠠᠢ ᠪᠤᠲᠠᠲᠠᠢ ᠭᠠᠵᠠᠷ᠎ᠲᠤᠨᠢ ᠰᠢᠯᠭ᠋ᠠᠨ ᠠᠪᠬᠤ ᠪᠠ ᠵᠡᠷᠭᠡ ᠲᠡᠰ᠎ᠢ ᠦᠨᠡᠯᠡᠨ ᠲᠣᠭᠲᠠᠭ᠋ᠠᠬᠤ ᠠᠵᠢᠯ᠎ᠢ ᠬᠢᠨ᠎ᠡ᠃ ᠵᠢᠭᠤᠯᠴᠢᠯᠠᠯ᠎ᠤᠨ ᠭᠠᠵᠠᠷ᠎ᠤᠨ ᠵᠣᠷᠯᠣᠩ᠎ᠤᠨ ᠬᠠᠮᠢᠶᠠᠷᠤᠯᠲᠠ ᠵᠢᠨ ᠵᠠᠭᠪᠤᠷ᠎ᠢ ᠢᠳᠡᠪᠬᠢᠲᠡᠢ ᠰᠦᠪᠡᠭᠴᠢᠯᠡᠵᠦ᠂   ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠎ᠡ᠃
     4. ᠵᠢᠭᠤᠯᠴᠢᠯᠠᠯ᠎ᠤᠨ ᠣᠯᠠᠨ ᠨᠡᠢ᠍ᠢ᠍ᠲᠡ ᠵᠢᠨ ᠦᠢ᠍ᠯᠡᠴᠢᠯᠡᠭᠡᠨ᠎ᠤ ᠲᠦᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠵᠢᠭᠦᠯᠵᠦ᠂ ᠬᠤᠪᠢ ᠵᠢᠨ ᠲᠡᠷᠭᠡ ᠵᠢᠨ ᠪᠠᠭᠤᠳᠠᠯᠯᠠᠬᠤ ᠭᠠᠵᠠᠷ᠂ ᠵᠢᠭᠤᠯᠴᠢᠯᠠᠯ᠎ᠤᠨ ᠥᠷᠲᠡᠭᠡ᠂ ᠴᠢᠯᠥᠭᠡᠲᠡᠶ ᠶᠠᠪᠤᠬᠤ ᠦᠢ᠍ᠯᠡᠴᠢᠯᠡᠭᠡᠨ᠎ᠤ ᠲᠤᠭᠲᠠᠯᠴᠠᠭ᠎ᠠ᠂ ᠵᠢᠭᠤᠯᠴᠢᠯᠠᠯ᠎ᠤᠨ ᠲᠦᠪᠯᠡᠷᠡᠵᠦ ᠲᠠᠷᠠᠬᠤ ᠵᠢ ᠯᠠᠪᠯᠠᠬᠤ ᠲᠤᠭᠲᠠᠯᠴᠠᠭ᠎ᠠ᠂ ᠣᠶᠤᠨᠴᠢ ᠵᠢᠭᠤᠯᠴᠢᠯᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢ ᠭᠣᠤᠯᠳᠠᠯᠭ᠎ᠠ᠎ᠲᠠᠢ ᠲᠦᠷᠭᠡᠳᠬᠡᠨ᠎ᠡ᠃ ᠵᠢᠭᠤᠯᠴᠢᠯᠠᠯ᠎ᠤᠨ ᠵᠠᠮ ᠬᠠᠷᠢᠯᠴᠠᠭ᠋ᠠᠨ᠎ᠤ ᠳᠡᠰ ᠲᠡᠪᠰᠢᠯᠲᠡ ᠵᠢ ᠲᠦᠷᠭᠡᠳᠬᠡᠵᠦ᠂ ᠭᠣᠤᠯ ᠵᠠᠰᠠᠮᠠᠯ ᠵᠠᠮ ᠬᠢᠭᠡᠳ ᠦᠵᠡᠮᠵᠢ ᠵᠢᠨ ᠣᠷᠣᠨ᠎ᠢ ᠵᠠᠯᠭ᠋ᠠᠯᠳᠤᠭᠤᠯᠬᠤ ᠠᠵᠢᠯᠯᠠᠭ᠎ᠠ ᠵᠢ ᠲᠦᠯᠬᠢᠨ ᠠᠬᠢᠭᠤᠯᠵᠤ᠂ ᠵᠠᠮ ᠬᠠᠷᠢᠯᠴᠠᠭ᠋ᠠᠨ᠎ᠳᠠᠬᠢ ᠵᠢᠭᠤᠯᠴᠢᠯᠠᠯ᠎ᠤᠨ ᠲᠡᠮᠳᠡᠭ ᠢᠯᠡᠷᠬᠡᠢ᠌ᠯᠡᠯ᠎ᠤᠨ ᠰᠢᠰᠲ᠋ᠧᠮ᠎ᠢ ᠲᠡᠭᠦᠯᠳᠡᠷᠵᠢᠭᠦᠯᠦᠨ᠂ ᠡᠯ᠎ᠡ ᠠᠶ᠋ᠢᠮᠠᠭ ᠬᠣᠲᠠ ᠵᠢ ᠬᠣᠯᠪᠣᠭᠰᠠᠨ ᠨᠡᠶ᠋ᠢᠳᠡᠮ ᠬᠡᠷᠡᠭᠯᠡᠭᠡᠨ᠎ᠤ ᠠᠭ᠋ᠠᠷ᠎ᠤᠨ ᠠᠶᠠᠯᠠᠯ᠎ᠤᠨ ᠵᠢᠭᠤᠯᠴᠢᠯᠠᠯ᠎ᠤᠨ ᠱᠤᠭᠤᠮ ᠪᠠ ᠲᠡᠮᠦᠷ ᠵᠠᠮ᠎ᠤᠨ ᠵᠢᠭᠤᠯᠴᠢᠯᠠᠯ᠎ᠤᠨ ᠵᠠᠮ ᠱᠤᠭᠤᠮ᠎ᠤᠨ ᠨᠡᠪᠲᠡᠷᠡᠬᠦ ᠠᠵᠢᠯ᠎ᠢ ᠲᠦᠯᠬᠢᠨ ᠠᠬᠢᠭᠤᠯᠤᠨ᠎ᠠ᠃
     5. ᠲᠣᠭ᠋ᠠᠵᠢᠭᠤᠯᠤᠭᠰᠠᠨ ᠨᠣᠮ᠎ᠤᠨ ᠰᠠᠩ᠂ ᠲᠣᠭ᠋ᠠᠵᠢᠭᠤᠯᠤᠭᠰᠠᠨ ᠰᠣᠶᠣᠯ᠎ᠤᠨ ᠣᠷᠳᠣᠨ᠂ ᠤᠶᠤᠨᠲᠤ ᠮᠦᠽᠧᠶ᠂ ᠤᠶᠤᠨᠲᠤ ᠵᠢᠭᠤᠯᠴᠢᠯᠠᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠂ ᠣᠯᠠᠨ ᠨᠡᠢ᠍ᠢ᠍ᠲᠡ ᠵᠢᠨ ᠦᠢ᠍ᠯᠡᠴᠢᠯᠡᠭᠡᠨ᠎ᠤ ᠲᠣᠭ᠋ᠠᠵᠢᠭᠤᠯᠤᠭᠰᠠᠨ ᠲᠦᠪᠰᠢᠨ᠎ᠢ ᠳᠡᠭᠡᠭᠰᠢᠯᠡᠭᠦᠯᠵᠦ᠂ ᠬᠠᠮᠲᠤᠪᠠᠷ ᠪᠠᠢ᠌ᠭᠤᠯᠵᠤ ᠬᠠᠮᠲᠤᠪᠠᠷ ᠡᠳ᠋ᠯᠡᠬᠦ ᠪᠠ ᠨᠡᠶ᠋ᠢᠳᠬᠡᠨ ᠠᠰᠢᠭᠯᠠᠬᠤ ᠠᠵᠢᠯ᠎ᠢ ᠠᠬᠢᠭᠤᠯᠤᠨ᠎ᠠ᠃
     6. ᠳᠤᠮᠳᠠᠳᠤ ᠤᠯᠤᠰ᠎ᠤᠨ ᠮᠣᠩᠭᠣᠯ ᠰᠤᠷᠪᠤᠯᠵᠢ ᠪᠢᠴᠢᠭ᠎ᠤᠨ ᠨᠣᠮ᠎ᠤᠨ ᠰᠠᠩ᠎ᠢ ᠢᠳᠡᠪᠬᠢᠲᠡᠢ ᠪᠦᠲᠦᠭᠡᠨ ᠪᠠᠶ᠋ᠢᠭᠤᠯᠵᠤ᠂ ᠭᠠᠳᠠᠭ᠋ᠠᠳᠤ᠎ᠳᠠᠬᠢ ᠮᠣᠩᠭᠣᠯ ᠬᠡᠯᠡᠨ᠎ᠤ ᠡᠷᠲᠡᠨ᠎ᠤ ᠪᠢᠴᠢᠭ᠎ᠢ ᠡᠬᠡᠭᠦᠯᠵᠦ ᠠᠪᠬᠤ ᠠᠵᠢᠯ᠎ᠢ ᠴᠠᠭ᠎ᠲᠤᠨᠢ ᠲᠤᠬᠢᠷᠠᠭᠤᠯᠤᠨ ᠡᠬᠢᠯᠡᠭᠦᠯᠵᠦ᠂ ᠮᠣᠩᠭᠣᠯ ᠰᠤᠷᠪᠤᠯᠵᠢ ᠪᠢᠴᠢᠭ᠎ᠤᠨ ᠬᠡᠪᠯᠡᠯ᠎ᠤᠨ ᠭᠠᠷᠴᠠᠭᠯᠠᠯ᠎ᠤᠨ ᠲᠣᠭ᠎ᠠ ᠪᠠᠷᠢᠮᠲᠠ ᠵᠢᠨ ᠲᠥᠪ᠎ᠢ ᠪᠠᠶ᠋ᠢᠭᠤᠯᠬᠤ ᠠᠵᠢᠯ᠎ᠳᠤ ᠬᠦᠴᠦᠯᠡᠨ᠎ᠡ᠃
     7. ᠣᠯᠠᠨ ᠨᠡᠢ᠍ᠢ᠍ᠲᠡ ᠵᠢᠨ ᠰᠣᠶᠣᠯ᠎ᠤᠨ ᠪᠠᠶ᠋ᠢᠭᠤᠯᠤᠮᠵᠢ ᠵᠢᠨ ᠬᠠᠤᠯᠢ ᠵᠢᠨ ᠡᠷᠬᠡᠲᠡᠨ᠎ᠤ ᠵᠠᠰᠠᠵᠤ ᠬᠠᠮᠢᠶᠠᠷᠬᠤ ᠪᠦᠲᠦᠴᠡ ᠵᠢᠨ ᠥᠭᠡᠷᠡᠴᠢᠯᠡᠯᠲᠡ ᠪᠣᠯᠤᠨ ᠣᠯᠠᠨ ᠨᠡᠢ᠍ᠢ᠍ᠲᠡ ᠵᠢᠨ ᠨᠣᠮ᠎ᠤᠨ ᠰᠠᠩ ᠰᠣᠶᠣᠯ᠎ᠤᠨ ᠣᠷᠳᠣᠨ᠎ᠤ ᠶᠡᠷᠦᠩᠬᠡᠶ ᠬᠤᠪᠢᠶᠠᠷᠢ ᠣᠷᠳᠣᠨ᠎ᠤ ᠳᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠦᠨ᠎ᠡ᠃
     8. 《ᠭᠤᠷᠪᠠᠨ ᠣᠷᠳᠣᠨ ᠨᠢᠭᠡ ᠦᠷᠲᠡᠭᠡ》 ᠵᠢ ᠰᠦᠢ᠍ᠳᠭᠡᠯ ᠬᠤᠷᠢᠶᠠᠬᠤ ᠦᠭᠡᠢ᠎ᠪᠠᠷ ᠨᠡᠭᠡᠭᠡᠬᠦ ᠠᠵᠢᠯᠯᠠᠭ᠎ᠠ ᠵᠢ ᠦᠷᠭᠦᠯᠵᠢᠯᠡᠨ ᠲᠦᠯᠬᠢᠨ ᠠᠬᠢᠭᠤᠯᠵᠤ᠂ ᠣᠯᠠᠨ ᠲᠦᠮᠡᠨ᠎ᠤ ᠦᠨᠡᠯᠡᠯᠲᠡ ᠬᠢᠬᠦ ᠪᠠ ᠬᠡᠷᠡᠭᠴᠡᠭᠡ ᠱᠠᠭ᠋ᠠᠷᠳᠠᠯᠭ᠎ᠠ᠎ᠳᠤ ᠬᠠᠷᠢᠭᠤ ᠲᠤᠰᠬᠠᠬᠤ   ᠪᠦᠲᠦᠴᠡ ᠵᠢ ᠲᠡᠭᠦᠯᠳᠡᠷᠵᠢᠭᠦᠯᠵᠦ᠂ ᠣᠯᠠᠨ ᠨᠡᠢ᠍ᠢ᠍ᠲᠡ ᠵᠢᠨ ᠰᠣᠶᠣᠯ᠎ᠤᠨ ᠪᠠᠶ᠋ᠢᠭᠤᠯᠤᠮᠵᠢ ᠵᠢᠨ ᠦᠢ᠍ᠯᠡᠴᠢᠯᠡᠭᠡᠨ᠎ᠤ ᠬᠦᠴᠦ ᠴᠢᠳᠠᠪᠤᠷᠢ ᠵᠢ ᠴᠢᠷᠮᠠᠶ᠋ᠢᠨ ᠳᠡᠭᠡᠭᠰᠢᠯᠡᠭᠦᠯᠦᠨ᠎ᠡ᠃
     9. ᠵᠢᠱ᠌ᠢᠶ᠎ᠡ ᠦᠵᠡᠭᠦᠯᠬᠦ ᠴᠢᠨᠠᠷᠲᠠᠶ᠂ ᠬᠥᠲᠥᠯᠥᠨ ᠵᠢᠯᠣᠭᠣᠳᠬᠤ ᠴᠢᠨᠠᠷᠲᠠᠢ ᠣᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠦᠨ᠎ᠡ᠃ ᠰᠣᠶᠣᠯ ᠪᠠ ᠵᠢᠭᠤᠯᠴᠢᠯᠠᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠢᠳᠡᠪᠬᠢᠲᠡᠢ ᠥᠷᠨᠢᠭᠦᠯᠦᠨ᠎ᠡ᠃
     10. ᠰᠣᠶᠣᠯ ᠪᠠ ᠵᠢᠭᠤᠯᠴᠢᠯᠠᠯ᠎ᠤᠨ ᠣᠯᠠᠨ ᠨᠡᠢ᠍ᠢ᠍ᠲᠡ ᠵᠢᠨ ᠦᠢ᠍ᠯᠡᠴᠢᠯᠡᠭᠡ ᠵᠢ ᠪᠦᠬᠦ ᠲᠠᠯ᠎ᠠ᠎ᠪᠠᠷ ᠨᠡᠢ᠌ᠯᠡᠬᠦ ᠵᠢ ᠲᠦᠯᠬᠢᠨ ᠠᠬᠢᠭᠤᠯᠵᠤ᠂ ᠢᠵᠢ ᠪᠦᠷᠢᠨ ᠲᠡᠭᠦᠯᠳᠡᠷ᠂ ᠴᠢᠳᠠᠮᠵᠢ ᠵᠦᠶ ᠵᠣᠬᠢᠰᠲᠠᠶ ᠰᠣᠶᠣᠯ᠎ᠤᠨ ᠵᠢᠭᠤᠯᠴᠢᠯᠠᠯ᠎ᠤᠨ ᠣᠯᠠᠨ ᠨᠡᠢ᠍ᠢ᠍ᠲᠡ ᠵᠢᠨ   ᠦᠢ᠍ᠯᠡᠴᠢᠯᠡᠭᠡᠨ᠎ᠤ ᠰᠢᠰᠲ᠋ᠧᠮ᠎ᠢ ᠪᠠᠶ᠋ᠢᠭᠤᠯᠤᠨ᠎ᠠ᠃
     (ᠭᠤᠷᠪᠠ) ᠲᠡᠤᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠵᠤ ᠠᠰᠢᠭᠯᠠᠬᠤ ᠵᠢ ᠦᠨᠡᠨ ᠬᠦ᠌ ᠴᠢᠩᠭ᠋ᠠᠳᠬᠠᠨ᠎ᠠ
     1. ᠨᠠᠮ᠎ᠤᠨ ᠲᠦᠪ ᠬᠣᠷᠢᠶᠠᠨ᠎ᠤ ᠠᠯᠪᠠᠨ ᠲᠢᠩᠬᠢᠮ ᠪᠣᠯᠤᠨ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ 《ᠲᠡᠤᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠠᠰᠢᠭᠯᠠᠯᠲᠠ ᠥᠭᠡᠷᠡᠴᠢᠯᠡᠯᠲᠡ ᠵᠢ ᠴᠢᠩᠭ᠋ᠠᠳᠬᠠᠬᠤ ᠲᠤᠬᠠᠶ ᠰᠠᠨᠠᠯ᠎ᠤᠳ》᠎ᠤᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ᠂ 《ᠲᠡᠤᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠠᠰᠢᠭᠯᠠᠯᠲᠠ ᠥᠭᠡᠷᠡᠴᠢᠯᠡᠯᠲᠡ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ》᠎ᠢ ᠲᠣᠭᠲᠠᠭ᠋ᠠᠨ ᠬᠡᠷᠡᠭᠵᠢᠭᠦᠯᠦᠨ᠎ᠡ᠃
     2. ᠯᠢᠶᠣᠤ ᠤᠯᠤᠰ᠎ᠤᠨ ᠲᠡᠭᠡᠳᠦ ᠨᠡᠶ᠋ᠢᠰᠯᠡᠯ ᠪᠣᠯᠤᠨ ᠳᠡᠭᠡᠳᠦᠰ᠎ᠤᠨ ᠣᠩᠭᠣᠨ᠎ᠤ ᠪᠠᠭᠤᠷᠢ᠂ ᠤᠯᠠᠭ᠋ᠠᠨᠬᠠᠳᠠ ᠠᠭᠤᠯᠠ ᠵᠢᠨ ᠰᠣᠶᠣᠯ᠎ᠤᠨ ᠪᠠᠭᠤᠷᠢ᠂ ᠮᠤᠨᠢ ᠠᠭᠤᠯᠠ ᠵᠢᠨ ᠬᠠᠳᠠᠨ ᠰᠡᠶ᠋ᠢᠯᠦᠮᠡᠯ ᠪᠠ ᠲᠦᠮᠡᠨ ᠭᠠᠵᠠᠷ᠎ᠤᠨ ᠴᠠᠢ ᠵᠢᠨ ᠵᠠᠮ᠎ᠢ ᠰᠣᠶᠣᠯ᠎ᠤᠨ ᠥᠪ ᠪᠣᠯᠭ᠋ᠠᠵᠤ ᠮᠡᠳᠡᠭᠦᠯᠬᠦ ᠠᠵᠢᠯ᠎ᠢ ᠢᠳᠡᠪᠬᠢᠲᠡᠶ᠎ᠪᠠᠷ ᠲᠦᠯᠬᠢᠨ ᠠᠬᠢᠭᠤᠯᠤᠨ᠎ᠠ᠃
     3. ᠭᠣᠤᠯᠳᠠᠯᠭ᠎ᠠ᠎ᠲᠠᠢ ᠲᠡᠤᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠠᠵᠢᠯ᠎ᠢ ᠦᠨᠡᠨ ᠬᠦ᠌ ᠬᠢᠵᠦ᠂ ᠤᠯᠤᠰ᠎ᠤᠨ ᠭᠣᠤᠯᠳᠠᠯᠭ᠎ᠠ᠎ᠲᠠᠢ ᠲᠡᠤᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠨᠢᠭᠡᠴᠢ ᠵᠢ ᠮᠡᠳᠡᠭᠦᠯᠬᠦ ᠠᠵᠢᠯ᠎ᠢ ᠵᠣᠬᠢᠶᠠᠨ ᠪᠠᠢ᠌ᠭᠤᠯᠵᠤ᠂ ᠤᠷᠲᠤ ᠴᠠᠭ᠋ᠠᠨ ᠬᠡᠷᠡᠮ ᠵᠢᠴᠢ ᠡᠷᠲᠡᠨ᠎ᠤ ᠪᠠᠷᠢᠯᠭ᠎ᠠ᠂ ᠡᠷᠲᠡᠨ᠎ᠤ ᠪᠠᠭᠤᠷᠢ᠂ ᠡᠷᠲᠡᠨ᠎ᠤ ᠪᠤᠯᠠᠰᠢ᠂ ᠣᠷᠴᠢᠨ ᠣᠳᠣ ᠦᠶ᠎ᠡ ᠵᠢᠨ ᠳᠤᠷᠠᠰᠬᠠᠯ᠎ᠤᠨ ᠪᠠᠷᠢᠯᠭ᠎ᠠ ᠵᠡᠷᠭᠡ ᠵᠢ ᠠᠮᠵᠢᠨ ᠠᠪᠤᠷᠠᠬᠤ ᠪᠠ ᠬᠠᠮᠠᠭ᠋ᠠᠯᠠᠨ ᠰᠡᠯᠪᠢᠬᠦ ᠵᠢ ᠦᠷᠭᠦᠯᠵᠢᠯᠡᠨ ᠠᠬᠢᠭᠤᠯᠤᠨ᠎ᠠ᠃
     4. 《ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠠᠰᠢᠭᠯᠠᠯᠲᠠ ᠵᠢᠨ ᠠᠵᠢᠯ᠎ᠢ ᠬᠢᠬᠦ ᠲᠤᠬᠠᠶ ᠰᠠᠨᠠᠯ》᠎ᠤᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ᠂ ᠬᠤᠪᠢᠰᠬᠠᠯ᠎ᠤᠨ ᠳᠤᠷᠠᠰᠬᠠᠯᠲᠤ ᠵᠦᠢ᠍ᠯ᠎ᠢ ᠬᠠᠮᠠᠭ᠋ᠠᠯᠠᠵᠤ ᠠᠰᠢᠭᠯᠠᠬᠤ ᠠᠵᠢᠯ᠎ᠢ ᠴᠢᠩᠭ᠋ᠠᠳᠬᠠᠨ᠎ᠠ᠃ ᠥᠪᠥᠷ ᠮᠣᠩᠭᠣᠯ᠎ᠤᠨ ᠬᠤᠪᠢᠰᠬᠠᠯ᠎ᠤᠨ ᠲᠡᠦᠬᠡ ᠵᠢᠨ ᠮᠦᠽᠧᠶ ᠵᠢᠨ ᠳᠡᠯᠭᠡᠨ ᠦᠵᠡᠭᠦᠯᠬᠦ ᠵᠢ ᠵᠢᠷᠤᠵᠤ ᠲᠦᠯᠦᠪᠯᠡᠬᠦ ᠪᠠ ᠲᠡᠦᠬᠡ ᠵᠢᠨ ᠳᠤᠷᠠᠰᠬᠠᠯᠲᠤ ᠵᠦᠢ᠍ᠯ᠎ᠢ ᠴᠤᠭᠯᠠᠭᠤᠯᠬᠤ ᠠᠵᠢᠯ᠎ᠢ ᠠᠬᠢᠭᠤᠯᠤᠨ᠎ᠠ᠃  
     5. ᠬᠠᠤᠯᠢ ᠵᠢᠨ ᠡᠷᠬᠡᠲᠡᠨ᠎ᠤ ᠬᠠᠤᠯᠢ᠎ᠠᠴᠠ ᠵᠥᠷᠢᠴᠡᠬᠦ᠂ ᠬᠤᠯᠠᠭ᠋ᠠᠶ᠋ᠢᠯᠠᠨ ᠠᠭᠤᠳᠠᠯᠵᠤ ᠬᠤᠯᠠᠭ᠋ᠠᠢ ᠬᠢᠬᠦ᠂ ᠭᠠᠯ᠎ᠤᠨ ᠠᠶᠤᠯ᠎ᠤᠨ ᠡᠨᠳᠡᠯ ᠵᠡᠷᠭᠡ ᠭᠤᠷᠪᠠᠨ ᠶᠡᠬᠡ ᠲᠦᠭᠰᠢᠭᠦᠷᠢ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠠᠶᠤᠯᠭᠦᠢ ᠵᠢᠨ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠢ ᠪᠠᠢ᠌ᠭᠤᠯᠬᠤ ᠠᠵᠢᠯ᠎ᠢ ᠬᠢᠵᠦ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠠᠶᠤᠯᠭᠦᠢ ᠪᠠᠢ᠌ᠳᠠᠯ᠎ᠤᠨ ᠦᠷᠭᠦᠯᠵᠢᠯᠡᠨ ᠰᠠᠶ᠋ᠢᠵᠢᠷᠠᠬᠤ ᠵᠢ ᠠᠬᠢᠭᠤᠯᠤᠨ᠎ᠠ᠃
     6. ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠢᠨᠵᠧᠨᠧᠷᠢᠩ᠎ᠲᠠᠢ ᠬᠠᠮᠵᠢᠯᠴᠠᠵᠤ ᠠᠪᠤᠷᠠᠯᠲᠠ ᠵᠢᠨ ᠴᠢᠨᠠᠷᠲᠠᠶ᠎ᠪᠠᠷ ᠬᠠᠭᠤᠴᠢ ᠰᠤᠳᠤᠯᠭ᠋ᠠᠨ᠎ᠤ ᠨᠡᠭᠡᠭᠡᠨ ᠮᠠᠯᠲᠠᠬᠤ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠰᠠᠭᠤᠷᠢᠨ ᠭᠠᠵᠠᠷ᠎ᠢ ᠲᠥᠯᠥᠪᠵᠢᠭᠦᠯᠦᠨ ᠪᠦᠲᠦᠭᠡᠨ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠭᠤᠴᠢ ᠰᠤᠳᠤᠯᠭ᠋ᠠᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
     7. ᠤᠶᠤᠨᠲᠤ ᠮᠦᠽᠧᠶ ᠵᠢᠨ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠯᠢᠶᠣᠤ ᠤᠯᠤᠰ᠎ᠤᠨ ᠦᠶ᠎ᠡ ᠵᠢᠨ ᠬᠠᠨᠠᠨ ᠵᠢᠷᠣᠭ᠎ᠢ ᠲᠣᠭ᠋ᠠᠵᠢᠭᠤᠯᠤᠨ ᠳᠡᠯᠭᠡᠨ ᠦᠵᠡᠭᠦᠯᠵᠦ ᠠᠰᠢᠭᠯᠠᠬᠤ ᠠᠵᠢᠯ᠂ ᠬᠠᠳᠠᠭ᠋ᠠᠯᠠᠵᠤ ᠪᠦᠬᠦᠢ ᠬᠤᠪᠤᠷ ᠨᠠᠨᠳᠢᠨ ᠲᠡᠤᠬᠡ ᠵᠢᠨ ᠳᠤᠷᠠᠰᠬᠠᠯᠲᠤ ᠵᠦᠢ᠍ᠯ᠎ᠤᠨ ᠬᠠᠳᠠᠭ᠋ᠠᠯᠠᠬᠤ ᠣᠷᠴᠢᠨ ᠲᠣᠭᠣᠷᠢᠨ᠎ᠤ ᠨᠦᠬᠦᠴᠡᠯ᠎ᠢ ᠪᠠᠷᠢᠮᠵᠢᠶ᠎ᠠ᠎ᠳᠤ ᠬᠦᠷᠭᠡᠬᠦ ᠠᠵᠢᠯ᠎ᠢ ᠡᠬᠢᠯᠡᠭᠦᠯᠦᠨ᠎ᠡ᠃
     8. ᠨᠢᠭᠡ ᠪᠦᠯᠦᠭ ᠰᠣᠳᠣᠨ ᠵᠦᠢ᠍ᠯ᠎ᠤᠨ ᠳᠡᠯᠭᠡᠨ ᠦᠵᠡᠭᠦᠯᠦᠯᠭᠡ ᠵᠢ ᠲᠦᠰᠦᠪᠯᠡᠵᠦ ᠭᠠᠷᠭ᠋ᠠᠨ᠎ᠠ᠃
     9. ᠰᠣᠶᠣᠯ᠎ᠤᠨ ᠥᠪ᠎ᠤᠨ ᠡᠬᠢ ᠪᠠᠶᠠᠯᠢᠭ᠎ᠢ ᠠᠭᠤᠳᠠᠯᠬᠤ ᠠᠵᠢᠯ᠎ᠢ ᠴᠢᠩᠭ᠋ᠠᠳᠬᠠᠵᠤ᠂ ᠮᠦᠽᠧᠶ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠰᠤᠷᠬᠤ ᠭᠠᠵᠠᠷ᠂ ᠬᠠᠭᠤᠴᠢᠨ᠎ᠤ ᠪᠢᠴᠢᠭ᠎ᠤᠨ ᠦᠵᠡᠰᠭᠦᠯᠡᠨᠭ᠎ᠤᠨ ᠣᠷᠳᠣᠨ ᠵᠡᠷᠭᠡ ᠰᠣᠶᠣᠯ᠎ᠤᠨ ᠲᠠᠯᠠᠪᠤᠷ ᠣᠷᠳᠣᠨ᠎ᠢ ᠵᠢᠭᠤᠯᠴᠢᠯᠠᠯ᠎ᠤᠨ ᠵᠠᠮ ᠱᠤᠭᠤᠮ᠎ᠳᠤ ᠣᠷᠣᠭᠤᠯᠵᠤ᠂ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠂ ᠥᠪ ᠬᠥᠷᠥᠩᠭᠡ ᠵᠢᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠎ᠢ ᠬᠥᠭᠵᠢᠭᠦᠯᠦᠨ᠎ᠡ᠃
     10. ᠲᠡᠦᠬᠡ ᠵᠢᠨ ᠳᠤᠷᠠᠰᠬᠠᠯᠲᠤ ᠵᠦᠢ᠍ᠯ᠎ᠤᠨ ᠥᠪ᠂ ᠦᠪᠯᠡᠨ ᠬᠥᠭᠵᠢᠭᠦᠯᠬᠦ᠂ ᠬᠠᠮᠠᠭ᠋ᠠᠯᠠᠨ ᠠᠰᠢᠭᠯᠠᠬᠤ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠠᠶᠤᠯᠭᠦᠢ ᠵᠡᠷᠭᠡ ᠵᠢᠨ ᠲᠤᠬᠠᠢ ᠤᠬᠠᠭᠤᠯᠭ᠎ᠠ ᠵᠢᠨ ᠠᠵᠢᠯ᠎ᠢ ᠢᠳᠡᠪᠬᠢᠲᠡᠶ ᠥᠷᠨᠢᠭᠦᠯᠦᠨ᠎ᠡ᠃
(  ᠲᠦᠷᠪᠡ) ᠪᠣᠳᠠᠰ᠎ᠤᠨ ᠪᠤᠰᠤ ᠰᠣᠶᠣᠯ᠎ᠤᠨ ᠥᠪ᠎ᠢ ᠦᠪᠯᠡᠨ ᠤᠯᠠᠮᠵᠢᠯᠠᠬᠤ ᠪᠠ ᠬᠠᠮᠠᠭ᠋ᠠᠯᠠᠬᠤ ᠠᠵᠢᠯ᠎ᠢ ᠢᠳᠡᠪᠬᠢᠲᠡᠢ ᠲᠦᠯᠬᠢᠨ ᠠᠬᠢᠭᠤᠯᠤᠨ᠎ᠠ
     1. ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠲᠠᠢ ᠬᠠᠮᠲᠤᠷᠠᠨ 《ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ》 ᠵᠢ   ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ   ᠪᠠᠢ᠌ᠳᠠᠯ᠎ᠳᠤ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠥᠷᠨᠢᠭᠦᠯᠦᠨ᠎ᠡ᠃
     2. ᠲᠠᠪᠤᠳᠤᠭ᠋ᠠᠷ ᠪᠦᠯᠦᠭ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ ᠵᠢ ᠵᠣᠬᠢᠶᠠᠨ ᠪᠠᠢ᠌ᠭᠤᠯᠵᠤ᠂ 《ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ ᠪᠠ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠢ ᠮᠠᠭ᠋ᠠᠳᠯᠠᠨ ᠲᠣᠭᠲᠠᠭ᠋ᠠᠬᠤ ᠪᠠ ᠬᠠᠮᠢᠶᠠᠷᠬᠤ ᠠᠷᠭ᠎ᠠ》 ᠵᠢ ᠰᠤᠳᠤᠯᠤᠨ ᠲᠣᠭᠲᠠᠭ᠋ᠠᠨ᠎ᠠ᠃
     3. ᠪᠣᠳᠠᠰ᠎ᠤᠨ ᠪᠤᠰᠤ ᠰᠣᠶᠣᠯ᠎ᠤᠨ ᠥᠪ᠎ᠢ ᠲᠡᠮᠳᠡᠭᠯᠡᠬᠦ ᠠᠵᠢᠯ᠎ᠢ ᠭᠦᠨᠵᠡᠭᠡᠢ᠌ᠷᠡᠭᠦᠯᠦᠨ ᠬᠢᠵᠦ᠂ ᠮᠦᠬᠦᠬᠦ ᠰᠢᠬᠠᠭᠰᠠᠨ ᠪᠣᠳᠠᠰ᠎ᠤᠨ ᠪᠤᠰᠤ ᠰᠣᠶᠣᠯ᠎ᠤᠨ ᠥᠪ᠎ᠲᠤ ᠠᠪᠤᠷᠠᠯᠲᠠ ᠵᠢᠨ ᠴᠢᠨᠠᠷᠲᠠᠶ ᠬᠠᠮᠠᠭ᠋ᠠᠯᠠᠯᠲᠠ ᠵᠢ ᠬᠡᠷᠡᠭᠵᠢᠭᠦᠯᠦᠨ᠎ᠡ᠃
     4. ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠦᠯᠭᠡ ᠵᠢᠨ ᠣᠷᠳᠣᠨ ᠪᠠᠶ᠋ᠢᠭᠤᠯᠬᠤ ᠵᠢ ᠲᠦᠯᠬᠢᠨ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠵᠤ ᠰᠤᠷᠤᠯᠴᠠᠬᠤ ᠵᠢ ᠲᠡᠯᠭᠡᠨ ᠦᠵᠡᠭᠦᠯᠬᠦ ᠲᠠᠯᠠᠪᠣᠷ ᠣᠷᠳᠣᠨ᠎ᠤ ᠰᠢᠰᠲ᠋ᠧᠮᠵᠢ ᠵᠢ ᠲᠡᠭᠦᠯᠳᠡᠷᠵᠢᠭᠦᠯᠦᠨ᠎ᠡ᠃
     5. ᠶᠠᠳᠠᠭᠤ ᠬᠦᠴᠢᠷᠳᠡᠯ᠎ᠲᠠᠢ ᠭᠠᠵᠠᠷ ᠣᠷᠣᠨ ᠪᠠ ᠬᠥᠮᠦᠨ ᠠᠮᠠ᠎ᠪᠠᠷ ᠨᠡᠯᠢᠶᠡᠳ ᠴᠥᠭᠡᠨ ᠦᠨᠳᠦᠰᠦᠲᠡᠨ᠎ᠤ ᠭᠠᠵᠠᠷ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ᠎ᠠ᠃
     6. ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠭᠴᠢ ᠵᠢ ᠰᠤᠳᠤᠯᠤᠯᠲᠠ ᠪᠣᠯᠪᠠᠰᠤᠷᠠᠭᠤᠯᠤᠯ᠎ᠤᠨ ᠲᠥᠯᠥᠪᠯᠡᠭᠡ ᠵᠢ ᠦᠷᠭᠦᠯᠵᠢᠯᠡᠨ ᠲᠦᠯᠬᠢᠨ ᠠᠬᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠤᠯᠠᠮᠵᠢᠯᠠᠯᠲᠤ ᠭᠠᠷ ᠤᠷᠠᠯᠠᠯ᠎ᠤᠨ ᠲᠥᠷᠥᠯ ᠵᠦᠢ᠍ᠯ᠎ᠤᠨ ᠠᠵᠢᠯ᠎ᠳᠤ ᠪᠦᠷᠢᠨ ᠪᠦᠲᠦᠨ ᠪᠠᠢ᠌ᠭᠤᠯᠤᠮᠵᠢ ᠵᠢᠨ ᠳᠦᠷᠢᠮᠲᠦ ᠪᠣᠯᠪᠠᠰᠤᠷᠠᠭᠤᠯᠤᠯ ᠬᠢᠬᠦ ᠠᠵᠢᠯ᠎ᠢ ᠥᠷᠨᠢᠭᠦᠯᠦᠨ᠎ᠡ᠃
     7. ᠤᠯᠠᠮᠵᠢᠯᠠᠯᠲᠤ ᠭᠠᠷ ᠤᠷᠠᠯᠠᠯ᠎ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠵᠢ ᠭᠦᠨᠵᠡᠭᠡᠶ ᠬᠡᠷᠡᠭᠵᠢᠭᠦᠯᠵᠦ᠂ ᠤᠯᠠᠮᠵᠢᠯᠠᠯᠲᠤ ᠭᠠᠷ ᠤᠷᠠᠯᠠᠯ᠎ᠤᠨ ᠠᠵᠢᠯᠯᠠᠬᠤ ᠥᠷᠲᠡᠭᠡ ᠵᠢᠨ ᠵᠢᠭᠰᠠᠭ᠋ᠠᠯ᠎ᠤᠨ ᠭᠠᠵᠠᠷ᠎ᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠯᠠᠮᠵᠢᠯᠠᠯᠲᠤ ᠭᠠᠷ ᠤᠷᠠᠯᠠᠯ᠎ᠢ ᠬᠥᠭᠵᠢᠭᠦᠯᠦᠨ ᠮᠠᠨᠳᠤᠭᠤᠯᠬᠤ ᠭᠠᠷᠴᠠᠭ᠎ᠢ ᠨᠡᠶ᠋ᠢᠲᠡᠯᠡᠨ᠎ᠡ᠃
     8. ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠭᠣᠤᠯᠳᠠᠯᠭ᠎ᠠ᠎ᠲᠠᠢ ᠢᠨᠵᠧᠨᠧᠷᠢᠩ ᠪᠠ ᠠᠵᠢᠯ᠎ᠳᠤ ᠪᠦᠲᠦᠮᠵᠢ ᠦᠢ᠍ᠯᠡᠳᠦᠯ᠎ᠤᠨ ᠬᠢᠨᠠᠨ ᠰᠢᠯᠭ᠋ᠠᠯᠲᠠ ᠪᠠ ᠬᠥᠳᠡᠯᠦᠩᠭᠦᠶ ᠬᠠᠮᠢᠶᠠᠷᠤᠯᠲᠠ ᠵᠢ ᠶᠠᠪᠤᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠦᠪᠯᠡᠨ ᠤᠯᠠᠮᠵᠢᠯᠠᠬᠤ ᠲᠤᠰᠬᠠᠶ ᠵᠦᠢ᠍ᠯ᠎ᠤᠨ ᠲᠤᠰᠠᠯᠠᠮᠵᠢ ᠵᠢᠨ ᠪᠡᠯᠡ ᠮᠥᠩᠭᠥ ᠵᠢᠨ ᠦᠷ᠎ᠡ ᠪᠦᠲᠦᠮᠵᠢ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠨᠭ᠌ᠭ᠋ᠠᠳᠬᠠᠨ᠎ᠠ᠃
     9. ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠣᠷᠳᠣᠰ ᠬᠣᠲᠠ ᠵᠢ ᠤᠯᠤᠰ᠎ᠤᠨ ᠲᠡᠰ᠎ᠤᠨ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠲᠤᠷᠰᠢᠯᠲᠠ ᠵᠢᠨ ᠣᠷᠣᠨ ᠪᠤᠯᠬᠤ ᠵᠢ ᠭᠤᠶᠤᠴᠢᠯᠠᠨ ᠮᠡᠳᠡᠭᠦᠯᠬᠦ ᠵᠢ ᠠᠬᠢᠭᠤᠯᠵᠤ᠂ ᠪᠦᠬᠦ ᠣᠷᠣᠨ ᠪᠦᠰᠡ ᠵᠢᠨ ᠵᠢᠭᠤᠯᠴᠢᠯᠠᠯ᠎ᠢ ᠬᠥᠭᠵᠢᠭᠦᠯᠬᠦ᠎ᠯᠦᠭᠡ ᠣᠷᠭ᠋ᠠᠨᠢᠭ ᠵᠶ᠋ᠠᠷ ᠤᠶᠠᠯᠳᠤᠭᠤᠯᠵᠤ᠂ ᠬᠥᠳᠡᠭᠡ ᠲᠣᠰᠬᠣᠨ᠎ᠤ ᠬᠥᠭᠵᠢᠨ ᠪᠠᠳᠠᠷᠠᠬᠤ ᠪᠠ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠎ᠳᠤ ᠬᠦᠴᠦᠨ ᠨᠡᠮᠡᠷᠢᠯᠡᠨ᠎ᠡ᠃
     10. ᠪᠣᠳᠠᠰ᠎ᠤᠨ ᠪᠤᠰᠤ ᠰᠣᠶᠣᠯ᠎ᠤᠨ ᠥᠪ᠎ᠲᠤ ᠲᠠᠢ᠌ᠯᠤᠨ ᠬᠢᠵᠦ ᠤᠯᠠᠮᠵᠢᠯᠠᠨ ᠲᠡᠯᠭᠡᠷᠡᠭᠦᠯᠬᠦ ᠠᠵᠢᠯ᠎ᠤᠨ ᠡᠷᠴᠢᠮ᠎ᠢ ᠴᠢᠨᠭ᠌ᠭ᠋ᠠᠷᠠᠭᠤᠯᠤᠨ᠂ ᠤᠯᠠᠮᠵᠢᠯᠠᠯᠲᠤ ᠰᠣᠶᠣᠯ᠎ᠢ ᠲᠦᠭᠡᠮᠡᠯᠵᠢᠭᠦᠯᠦᠨ ᠤᠯᠠᠮᠵᠢᠯᠠᠨ ᠲᠡᠯᠭᠡᠷᠡᠭᠦᠯᠬᠦ ᠪᠠᠶ᠋ᠢᠩᠭᠤᠵᠢᠭᠰᠠᠨ ᠲᠣᠭᠲᠠᠴᠠ ᠵᠢ ᠪᠠᠢ᠌ᠭᠣᠯᠵᠣ᠂ ᠵᠢᠭᠤᠯᠴᠢᠯᠠᠯ᠎ᠤᠨ ᠬᠥᠭᠵᠢᠯᠲᠡ᠎ᠳᠤ ᠨᠠᠩ ᠴᠢᠨᠠᠷ ᠰᠠᠶ᠋ᠢᠲᠠᠶ᠂ ᠨᠠᠩ ᠲᠠᠲᠠᠬᠤ ᠬᠦᠴᠦᠨ᠎ᠲᠠᠢ ᠰᠣᠶᠣᠯ᠎ᠤᠨ ᠠᠭᠤᠯᠭ᠎ᠠ ᠵᠢ ᠣᠷᠣᠭᠤᠯᠬᠤ ᠵᠢᠨ ᠬᠠᠮᠲᠤ ᠵᠢᠭᠤᠯᠴᠢᠯᠠᠯ᠎ᠤᠨ ᠦᠢ᠍ᠯᠡᠰ᠎ᠤᠨ ᠥᠪᠡᠷᠮᠢᠴᠡ ᠳᠠᠪᠠᠭᠤᠯᠢᠭ ᠲᠠᠯ᠎ᠠ ᠵᠢ ᠪᠠᠳᠠᠷᠠᠭᠤᠯᠵᠤ᠂ ᠰᠣᠶᠣᠯ᠎ᠤᠨ ᠥᠪ᠎ᠢ ᠬᠠᠮᠠᠭ᠋ᠠᠯᠠᠨ ᠠᠰᠢᠭᠯᠠᠬᠤ ᠪᠠ ᠤᠯᠠᠮᠵᠢᠯᠠᠨ ᠬᠥᠭᠵᠢᠭᠦᠯᠬᠦ᠎ᠳᠤ ᠬᠦᠴᠦᠨ ᠨᠡᠮᠡᠷᠢᠯᠡᠨ᠎ᠡ᠃ ᠮᠣᠩᠭᠣᠯ ᠮᠣᠷᠢᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠰᠬᠦᠯᠡᠩ᠎ᠢ ᠡᠷᠬᠢᠯᠡᠨ᠎ᠠ᠃
     (ᠲᠠᠪᠤ) ᠠᠵᠤ ᠦᠢ᠍ᠯᠡᠰ᠎ᠤᠨ ᠨᠡᠢ᠌ᠯᠡᠨ ᠬᠥᠭᠵᠢᠬᠦ ᠵᠢ ᠢᠳᠡᠪᠬᠢᠲᠡᠢ ᠠᠬᠢᠭᠤᠯᠤᠨ᠎ᠠ
     1. ᠰᠣᠶᠣᠯ ᠪᠠ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢ᠍ᠯᠡᠰ᠎ᠤᠨ ᠨᠠᠢ᠌ᠯᠡᠨ ᠬᠥᠭᠵᠢᠬᠦ ᠵᠢ ᠠᠬᠢᠭᠤᠯᠵᠤ᠂ ᠥᠪᠥᠷ ᠮᠣᠩᠭᠣᠯ᠎ᠤᠨ ᠣᠨᠴᠠᠯᠢᠭ ᠪᠦᠬᠦᠢ ᠠᠳᠤᠭᠤᠨ ᠰᠣᠶᠣᠯ᠎ᠤᠨ ᠵᠢᠭᠤᠯᠴᠢᠯᠠᠯ᠂ ᠪᠡᠶ᠎ᠡ ᠵᠢᠨ ᠲᠠᠮᠢᠷ᠎ᠤᠨ ᠵᠢᠭᠤᠯᠴᠢᠯᠠᠯ᠂ ᠮᠥᠰᠥ ᠴᠠᠰᠤᠨ᠎ᠤ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠵᠢᠨ ᠵᠢᠭᠤᠯᠴᠢᠯᠠᠯ ᠪᠠ ᠬᠢᠯᠢ ᠵᠢᠨ ᠭᠠᠵᠠᠷ᠎ᠤᠨ ᠵᠢᠭᠤᠯᠴᠢᠯᠠᠯ᠎ᠢ ᠭᠣᠤᠯᠳᠠᠯᠭ᠎ᠠ᠎ᠲᠠᠢ ᠨᠡᠭᠡᠭᠡᠨ ᠬᠥᠭᠵᠢᠭᠦᠯᠵᠦ᠂ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠂ ᠵᠢᠭᠤᠯᠴᠢᠯᠠᠯ᠎ᠤᠨ ᠲᠣᠭᠯᠠᠯᠲᠠ ᠵᠢᠨ ᠤᠷᠠᠯᠢᠭ᠂ ᠰᠣᠶᠣᠯ᠎ᠤᠨ ᠥᠪ᠎ᠤᠨ ᠵᠢᠭᠤᠯᠴᠢᠯᠠᠯ᠂ ᠭᠣᠤᠯ ᠰᠡᠳᠦᠪᠲᠦ ᠴᠡᠴᠡᠷᠯᠢᠭ᠂ ᠰᠣᠶᠣᠯ᠎ᠤᠨ ᠭᠣᠤᠯ ᠰᠡᠳᠦᠪᠲᠦ ᠪᠠᠭᠤᠳᠠᠯ ᠵᠡᠷᠭᠡ ᠰᠣᠶᠣᠯ ᠵᠢᠭᠤᠯᠴᠢᠯᠠᠯ᠎ᠤᠨ ᠰᠢᠨ᠎ᠡ ᠡᠵᠡᠩᠨᠡᠯᠲᠡ ᠵᠢᠨ ᠬᠡᠯᠪᠡᠷᠢ ᠵᠢ ᠰᠢᠨ᠎ᠡ᠎ᠪᠠᠷ ᠡᠭᠦᠳᠦᠨ ᠬᠥᠭᠵᠢᠭᠦᠯᠵᠦ᠂ ᠵᠢᠭᠤᠯᠴᠢᠯᠠᠯ᠎ᠤᠨ ᠦᠢ᠍ᠯᠡᠳᠭᠦᠨ᠎ᠤ ᠰᠢᠰᠲ᠋ᠧᠮᠵᠢ ᠵᠢ ᠥᠷᠭᠡᠳᠬᠡᠨ᠎ᠡ᠃
     2. ᠰᠣᠶᠣᠯ ᠪᠠ ᠵᠢᠭᠤᠯᠴᠢᠯᠠᠯ ᠬᠢᠭᠡᠳ ᠮᠥᠩᠭᠥᠨ ᠭᠦᠢ᠍ᠯᠭᠡᠭᠡᠨ᠎ᠤ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠣᠯᠠᠨ ᠡᠰᠢᠵᠢᠭᠰᠡᠨ ᠲᠤᠭᠲᠠᠯᠴᠠᠭ᠎ᠠ ᠵᠢ ᠪᠠᠶ᠋ᠢᠭᠤᠯᠤᠨ᠂ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠲᠥᠷᠥᠯ ᠵᠦᠢ᠍ᠯ᠎ᠤᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠢ ᠠᠬᠢᠭᠤᠯᠬᠤ ᠲᠥᠯᠥᠪᠯᠡᠭᠡ ᠵᠢ ᠬᠡᠷᠡᠭᠵᠢᠭᠦᠯᠵᠦ᠂ ᠭᠣᠤᠯᠳᠠᠯᠭ᠎ᠠ᠎ᠲᠠᠢ ᠲᠥᠷᠥᠯ ᠵᠦᠢ᠍ᠯ᠎ᠢ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠂ ᠪᠡᠯᠡ ᠣᠷᠣᠭᠤᠯᠤᠯᠲᠠ ᠵᠢᠨ ᠪᠠᠶ᠋ᠢᠭᠤᠯᠤᠮᠵᠢ᠎ᠯᠤᠭ᠎ᠠ ᠵᠣᠯᠭ᠋ᠠᠭᠤᠯᠬᠤ ᠵᠢ ᠠᠬᠢᠭᠤᠯᠤᠨ᠎ᠠ᠃ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠠᠯᠠ ᠣᠷᠣᠭᠤᠯᠤᠯᠲᠠ ᠵᠢᠨ ᠪᠦᠯᠦᠭᠯᠡᠯᠲᠦ ᠺᠣᠮᠫᠠᠨᠢ ᠵᠢ ᠲᠦᠯᠦᠪᠯᠡᠨ ᠪᠠᠢ᠌ᠭᠤᠯᠤᠨ᠎ᠠ᠃
     3. ᠣᠨᠴᠠᠯᠢᠭᠲᠤ ᠵᠢᠵᠢᠭ ᠪᠠᠯᠭ᠋ᠠᠰᠤ᠂ ᠰᠣᠶᠣᠯ᠎ᠤᠨ ᠶᠡᠬᠡ ᠦᠯᠡᠳᠡᠭᠳᠡᠯ ᠪᠠᠭᠤᠷᠢ ᠵᠢ ᠨᠡᠭᠡᠭᠡᠨ ᠬᠥᠭᠵᠢᠭᠦᠯᠬᠦ᠂ ᠦᠵᠡᠮᠵᠢ ᠵᠢᠨ ᠣᠷᠣᠨ᠎ᠤ ᠰᠠᠭᠤᠷᠢ ᠲᠦᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠡᠷᠭᠡ ᠨᠢᠭᠡ ᠪᠦᠯᠦᠭ ᠦᠨᠳᠦᠰᠦᠲᠡᠨ᠎ᠤ ᠰᠣᠶᠣᠯ᠎ᠤᠨ ᠣᠨᠴᠠᠯᠢᠭ᠎ᠲᠠᠢ ᠲᠡᠮᠳᠡᠭ᠎ᠤᠨ ᠰᠢᠨᠵᠢᠲᠠᠢ᠂ ᠲᠠᠭ᠋ᠠᠭᠤᠯᠬᠤ ᠰᠢᠨᠵᠢᠲᠠᠢ ᠰᠣᠶᠣᠯ ᠵᠢᠭᠤᠯᠴᠢᠯᠠᠯ᠎ᠤᠨ ᠴᠢᠬᠤᠯᠠ ᠶᠡᠬᠡ ᠠᠵᠢᠯ᠎ᠢ ᠦᠨᠡᠨ ᠬᠦ᠌ ᠬᠢᠬᠦ ᠵᠢ ᠠᠬᠢᠭᠤᠯᠤᠨ᠎ᠠ᠃
     4. ᠮᠣᠩᠭᠣᠯ ᠦᠨᠳᠦᠰᠦᠲᠡᠨ᠎ᠤ ᠬᠤᠪᠴᠠᠰᠤ ᠵᠠᠰᠠᠯ ᠵᠡᠷᠭᠡ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠣᠷᠤᠨ ᠲᠣᠭᠣᠷᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃
     5. ᠲᠣᠭ᠋ᠠᠴᠢᠯᠠᠭᠰᠠᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢ ᠡᠬᠢᠯᠡᠭᠦᠯᠵᠦ᠂ ᠲᠣᠭ᠋ᠠᠴᠢᠯᠠᠭᠰᠠᠨ ᠰᠣᠶᠣᠯ᠎ᠤᠨ ᠠᠵᠤ ᠦᠢ᠍ᠯᠡᠰ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠤᠨ᠎ᠠ᠃
     6. ᠰᠣᠶᠣᠯ ᠵᠢᠭᠤᠯᠴᠢᠯᠠᠯ᠎ᠤᠨ ᠰᠢᠨ᠎ᠡ ᠦᠢ᠍ᠯᠡᠳᠭᠦᠨ᠎ᠢ ᠶᠡᠬᠡᠪᠡᠷ ᠠᠭᠤᠳᠠᠯᠬᠤ ᠪᠠ ᠡᠮᠬᠢᠳᠬᠡᠵᠦ᠂ ᠰᠣᠶᠣᠯ᠎ᠤᠨ ᠨᠢᠭᠡᠴᠢ ᠵᠢᠨ ᠪᠦᠲᠦᠭᠡᠯᠴᠢ ᠦᠢ᠍ᠯᠡᠳᠭᠦᠨ᠎ᠤ ᠨᠡᠭᠡᠭᠡᠯᠲᠡ ᠬᠦᠭᠵᠢᠯᠲᠡ ᠵᠢ ᠲᠦᠯᠬᠢᠨ ᠠᠬᠢᠭᠤᠯᠵᠤ᠂ ᠰᠣᠶᠣᠯ᠎ᠤᠨ ᠠᠭᠤᠯᠤᠭᠳᠠᠬᠤᠨ᠎ᠲᠠᠢ ᠵᠢᠭᠤᠯᠴᠢᠯᠠᠯ᠎ᠤᠨ ᠲᠠᠸᠠᠷ᠂ ᠣᠨᠴᠠᠯᠢᠭᠲᠤ ᠵᠢᠭᠤᠯᠴᠢᠯᠠᠯ᠎ᠤᠨ ᠵᠤᠷᠢᠯᠭ᠋ᠠᠲᠤ ᠭᠠᠵᠠᠷ᠂ ᠰᠣᠶᠣᠯ ᠵᠢᠭᠤᠯᠴᠢᠯᠠᠯ᠎ᠤᠨ ᠶᠡᠷᠦᠩᠬᠡᠶ᠋ᠢᠯᠡᠭᠰᠡᠨ ᠴᠣᠭᠴᠠ ᠵᠢ ᠨᠡᠭᠡᠭᠡᠨ ᠬᠥᠭᠵᠢᠭᠦᠯᠬᠦ ᠠᠵᠢᠯ᠎ᠢ ᠳᠠᠮᠵᠢᠨ᠎ᠠ᠃
     7. ᠪᠥᠬᠥ ᠣᠷᠣᠨ᠎ᠤ ᠰᠣᠶᠣᠯ ᠵᠢᠭᠤᠯᠴᠢᠯᠠᠯ᠎ᠤᠨ ᠴᠢᠨᠠᠷ ᠰᠠᠶ᠋ᠢᠲᠠᠶ ᠨᠠᠢ᠌ᠯᠡᠨ ᠬᠥᠭᠵᠢᠬᠦ ᠶᠡᠬᠡ ᠬᠤᠷᠠᠯ᠎ᠢ ᠬᠤᠷᠠᠯᠳᠤᠭᠤᠯᠵᠤ᠂ ᠰᠣᠶᠣᠯ ᠪᠠ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ ᠵᠢ ᠲᠣᠭᠲᠠᠭ᠋ᠠᠬᠤ ᠵᠢᠨ ᠬᠠᠮᠲᠤ ᠬᠡᠷᠡᠭᠵᠢᠭᠦᠯᠦᠨ᠎ᠡ᠃
     8. ᠠᠷᠠᠳ᠎ᠤᠨ ᠡᠵᠡᠩᠨᠡᠭᠰᠡᠨ ᠰᠣᠶᠣᠯ ᠪᠠ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠬᠥᠭᠵᠢᠯᠲᠡ ᠵᠢ ᠲᠡᠳᠬᠦᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠨ᠎ᠠ᠃
     9. ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠤᠷᠰᠢᠯᠲᠠ ᠵᠢ ᠰᠦᠪᠡᠭᠴᠢᠯᠡᠨ ᠥᠷᠨᠢᠭᠦᠯᠵᠦ᠂ ᠰᠢᠨ᠎ᠡ ᠮᠠᠶᠢᠭ᠎ᠤᠨ ᠬᠡᠷᠡᠭᠯᠡᠭᠡᠨ᠎ᠤ ᠵᠠᠭᠪᠤᠷ᠎ᠢ ᠪᠣᠶ᠋ᠢᠵᠢᠭᠤᠯᠤᠨ᠂ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠵᠢ ᠥᠷᠭᠡᠳᠬᠡᠬᠦ ᠪᠠ ᠬᠥᠲᠥᠯᠥᠨ ᠵᠢᠯᠣᠭᠣᠳᠴᠤ᠂ ᠠᠷᠠᠳ ᠣᠯᠠᠨ᠎ᠳᠤ ᠨᠠᠩ ᠠᠷᠪᠢᠨ ᠰᠣᠶᠣᠯ᠎ᠤᠨ ᠬᠦᠷᠲᠡᠭᠡᠮᠵᠢ ᠵᠢ ᠣᠯᠭᠣᠨ᠎ᠠ᠃
     10. ᠱᠧᠨᠵᠧᠨ᠎ᠤ ᠣᠯᠠᠨ ᠤᠯᠤᠰ᠎ᠤᠨ ᠰᠣᠶᠣᠯ᠎ᠤᠨ ᠠᠵᠤ ᠦᠢ᠍ᠯᠡᠰ᠎ᠤᠨ ᠦᠵᠡᠰᠬᠦᠯᠡᠩ ᠬᠢᠭᠡᠳ ᠠᠷᠠᠯᠵᠢᠶᠠᠨ᠎ᠤ ᠴᠤᠭᠯᠠᠭ᠋ᠠᠨ᠂ ᠪᠡᠭᠡᠵᠢᠩ᠎ᠤᠨ ᠰᠣᠶᠣᠯ᠎ᠤᠨ ᠪᠦᠲᠦᠭᠡᠯᠴᠢ ᠠᠵᠤ ᠦᠢ᠍ᠯᠡᠰ᠎ᠤᠨ ᠦᠵᠡᠰᠬᠦᠯᠡᠩ᠂ ᠳᠤᠮᠳᠠᠳᠤ ᠤᠯᠤᠰ᠎ᠤᠨ ᠣᠯᠠᠨ ᠤᠯᠤᠰ᠎ᠤᠨ ᠭᠠᠳᠠᠭ᠋ᠠᠳᠤ ᠣᠷᠣᠭᠤᠯᠤᠯᠲᠠ ᠵᠢᠨ ᠦᠵᠡᠰᠬᠦᠯᠡᠩ᠂ ᠳᠤᠮᠳᠠᠳᠤ ᠤᠯᠤᠰ᠎ᠤᠨ ᠵᠢᠭᠤᠯᠴᠢᠯᠠᠯ᠎ᠤᠨ ᠠᠵᠤ ᠦᠢ᠍ᠯᠡᠰ᠎ᠤᠨ ᠦᠵᠡᠰᠬᠦᠯᠡᠩ᠂ ᠳᠤᠮᠳᠠᠳᠤ ᠤᠯᠤᠰ᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠠᠷᠠᠯᠵᠢᠶᠠᠨ᠎ᠤ ᠴᠤᠭᠯᠠᠭ᠋ᠠᠨ ᠵᠡᠷᠭᠡ ᠴᠢᠬᠤᠯᠠ ᠦᠵᠡᠭᠦᠯᠦᠯᠭᠡ ᠵᠢᠨ ᠴᠤᠭᠯᠠᠭ᠋ᠠᠨ ᠪᠠ ᠰᠣᠯᠢᠯᠴᠠᠭ᠋ᠠᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠣᠷᠣᠯᠴᠠᠨ᠎ᠠ᠃
     (ᠵᠢᠷᠭᠤᠭ᠎ᠠ) ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠢᠳᠡᠪᠬᠢᠲᠡᠶ᠎ᠪᠠᠷ ᠲᠦᠯᠬᠢᠨ ᠠᠬᠢᠭᠤᠯᠤᠨ᠎ᠠ  
     1. ᠰᠣᠶᠣᠯ ᠪᠠ ᠵᠢᠭᠤᠯᠴᠢᠯᠠᠯ᠎ᠤᠨ ᠡᠬᠢ ᠪᠠᠶᠠᠯᠢᠭ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠬᠢᠵᠦ᠂ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠤᠨ ᠳ᠋ᠠᠶ᠋ᠢᠲ᠋ᠠ ᠬᠥᠮᠥᠷᠭᠡ ᠵᠢ ᠰᠦᠪᠡᠭᠴᠢᠯᠡᠨ ᠪᠠᠶ᠋ᠢᠭᠤᠯᠵᠤ᠂ ᠰᠣᠶᠣᠯ ᠪᠠ ᠵᠢᠭᠤᠯᠴᠢᠯᠠᠯ᠎ᠤᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠲᠥᠷᠥᠯ ᠵᠦᠢ᠍ᠯ᠎ᠤᠨ ᠬᠥᠮᠥᠷᠭᠡ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠎ᠡ᠃
     2. ᠬᠥᠬᠡᠬᠣᠲᠠ ᠪᠤᠭᠤᠲᠤ ᠣᠷᠳᠣᠰ᠂ ᠤᠯᠠᠭ᠋ᠠᠨᠬᠤᠲᠠ ᠷᠠᠰᠢᠶᠠᠨ ᠬᠠᠢ᠌ᠯᠠᠷ ᠮᠠᠨᠵᠤᠤᠷ᠂ ᠠᠯᠠᠱ᠌ᠠ — ᠦᠬᠠᠶ᠂ ᠳᠣᠯᠣᠨᠨᠠᠭᠤᠷ — ᠶᠤᠸᠠᠨ᠎ᠤ ᠲᠡᠭᠡᠳᠦ ᠨᠡᠶ᠋ᠢᠰᠯᠡᠯ ᠵᠡᠷᠭᠡ ᠭᠣᠤᠯᠳᠠᠯᠭ᠎ᠠ᠎ᠲᠠᠢ ᠵᠢᠭᠤᠯᠴᠢᠯᠠᠯ᠎ᠤᠨ ᠵᠤᠷᠢᠯᠭ᠋ᠠᠲᠤ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠣᠪᠤᠢ᠌ᠯᠭ᠋ᠠᠵᠤ ᠰᠠᠶ᠋ᠢᠲᠤᠷ ᠠᠳᠬᠤᠨ᠎ᠠ᠃
     3. 《ᠲᠦᠮᠡᠨ ᠭᠠᠵᠠᠷ᠎ᠤᠨ ᠴᠠᠶ ᠵᠢᠨ ᠵᠠᠮ》᠎ᠤᠨ ᠬᠢᠯᠢ ᠠᠯᠤᠰᠯᠠᠭᠰᠠᠨ ᠵᠢᠭᠤᠯᠴᠢᠯᠠᠯ᠎ᠤᠨ ᠱᠤᠭᠤᠮ᠂ ᠬᠠᠲᠤᠨ ᠭᠣᠤᠯ᠎ᠤᠨ《几》ᠦᠰᠦᠭᠲᠦ ᠪᠤᠯᠤᠩ᠎ᠤᠨ ᠰᠣᠶᠣᠯ ᠵᠢᠭᠤᠯᠴᠢᠯᠠᠯ᠎ᠤᠨ ᠬᠣᠩᠭᠢᠯ᠂ ᠰᠢᠯᠢ ᠵᠢᠨ ᠭᠣᠤᠯ᠎ᠤᠨ ᠮᠢᠩᠭ᠋ᠠᠨ ᠭᠠᠵᠠᠷ᠎ᠤᠨ ᠲᠠᠯ᠎ᠠ ᠨᠤᠲᠤᠭ᠎ᠤᠨ ᠦᠵᠡᠮᠵᠢ ᠵᠢᠨ ᠵᠠᠮ᠂ ᠬᠣᠷᠴᠢᠨ᠎ᠤ ᠦᠵᠡᠮᠵᠢ ᠵᠢᠨ ᠵᠠᠮ᠂   ᠶᠡᠬᠡ ᠬᠢᠨᠭ᠌ᠭ᠋ᠠᠨ ᠲᠠᠪᠠᠭ᠋ᠠᠨ᠎ᠤ ᠠᠮᠢ ᠠᠬᠤᠶ ᠵᠢᠨ ᠦᠵᠡᠮᠵᠢ ᠵᠢᠨ ᠵᠠᠮ᠂ ᠠᠯᠠᠱ᠌ᠠ ᠵᠢᠨ ᠶᠡᠬᠡ ᠡᠯᠡᠰᠦᠨ᠎ᠤ ᠵᠠᠩ ᠦᠢ᠍ᠯᠡ ᠵᠢᠨ ᠵᠠᠮ ᠵᠡᠷᠭᠡ ᠰᠣᠳᠣᠨ ᠵᠠᠮ ᠱᠤᠭᠤᠮ᠎ᠤᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠶ᠎ᠪᠠᠷ ᠲᠦᠯᠬᠢᠨ ᠠᠬᠢᠭᠤᠯᠤᠨ᠎ᠠ᠃
     4. ᠤᠯᠤᠰ᠎ᠤᠨ 5 A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠤᠯᠤᠰ᠎ᠤᠨ ᠵᠢᠭᠤᠯᠴᠢᠯᠠᠯ᠎ᠤᠨ ᠠᠮᠠᠷᠠᠯᠲᠠ ᠵᠢᠨ ᠣᠷᠣᠨ᠂ ᠤᠯᠤᠰ᠎ᠤᠨ ᠰᠣᠶᠣᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠣᠷᠢᠭ᠂ ᠤᠯᠤᠰ᠎ᠤᠨ ᠠᠮᠢ ᠠᠬᠤᠶ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠲᠣᠭᠣᠷᠢᠭ᠂ ᠣᠯᠠᠨ ᠤᠯᠤᠰ᠎ᠤᠨ ᠣᠨᠴᠠᠯᠢᠭᠲᠤ ᠵᠢᠭᠤᠯᠴᠢᠯᠠᠯ᠎ᠤᠨ ᠵᠤᠷᠢᠯᠭ᠋ᠠᠲᠤ ᠭᠠᠵᠠᠷ ᠵᠡᠷᠭᠡ ᠤᠯᠤᠰ᠎ᠤᠨ ᠲᠠᠰ᠎ᠤᠨ ᠨᠡᠷᠡᠲᠦ ᠲᠥᠷᠥᠯ ᠲᠡᠮᠳᠡᠭᠲᠦ ᠦᠵᠡᠮᠵᠢ ᠵᠢᠨ ᠣᠷᠣᠨ᠎ᠢ ᠡᠭᠦᠳᠦᠨ ᠪᠠᠶ᠋ᠢᠭᠤᠯᠬᠤ ᠠᠵᠢᠯ᠎ᠢ ᠰᠠᠶ᠋ᠢᠲᠤᠷ ᠠᠳᠬᠤᠵᠤ᠂ ᠥᠪᠥᠷ ᠮᠣᠩᠭᠣᠯ᠎ᠤᠨ ᠵᠢᠭᠤᠯᠴᠢᠯᠠᠯ᠎ᠤᠨ ᠭᠣᠣᠯᠯᠠᠭᠴᠢ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃
     5. ᠪᠦᠬᠦ ᠣᠷᠣᠨ᠎ᠤ ᠬᠥᠳᠡᠭᠡ ᠲᠣᠰᠬᠣᠨ᠎ᠤ ᠵᠢᠭᠤᠯᠴᠢᠯᠠᠯ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠬᠥᠳᠡᠭᠡ ᠲᠣᠰᠬᠣᠨ᠎ᠤ ᠵᠢᠭᠤᠯᠴᠢᠯᠠᠯ ᠵᠢᠴᠢ ᠠᠷᠠᠳ᠎ᠤᠨ ᠣᠷᠣᠨ ᠰᠠᠭᠤᠴᠠ ᠵᠢᠨ ᠰᠣᠳᠣᠨ ᠪᠠᠷᠢᠮᠵᠢᠶ᠎ᠠ ᠵᠢᠨ ᠰᠢᠰᠲ᠋ᠧᠮᠵᠢ ᠵᠢ ᠰᠤᠳᠤᠯᠤᠨ ᠲᠣᠭᠲᠠᠭ᠋ᠠᠵᠤ᠂ ᠨᠢᠭᠡ ᠪᠦᠯᠦᠭ ᠢᠯᠡ ᠲᠣᠳᠣ ᠣᠨᠴᠠᠯᠢᠭ᠎ᠲᠠᠢ᠂ ᠪᠦᠷᠢᠨ ᠲᠡᠭᠦᠯᠳᠡᠷ ᠴᠢᠳᠠᠮᠵᠢ ᠂ ᠪᠦᠷᠢᠨ ᠲᠡᠭᠦᠯᠳᠡᠷ ᠲᠦᠬᠦᠭᠡᠷᠦᠮᠵᠢ᠎ᠲᠠᠢ᠂ ᠵᠢᠱ᠌ᠢᠶ᠎ᠡ ᠦᠵᠡᠭᠦᠯᠦᠨ ᠳᠠᠶ᠋ᠢᠴᠢᠯᠠᠬᠤ   ᠦᠢ᠍ᠯᠡᠳᠦᠯ᠎ᠲᠠᠢ ᠬᠥᠳᠡᠭᠡ ᠲᠣᠰᠬᠣᠨ᠎ᠤ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠲᠣᠰᠬᠣᠨ᠎ᠢ ᠪᠠᠶ᠋ᠢᠭᠤᠯᠤᠨ᠎ᠠ᠃
     6. ᠲᠥᠪ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠵᠢᠨ ᠲᠤᠰᠬᠠᠶ ᠲᠣᠭᠣᠷᠢᠨ ᠪᠠᠶ᠋ᠢᠴᠠᠭ᠋ᠠᠯᠲᠠ ᠵᠢᠨ ᠬᠠᠷᠢᠭᠤ ᠲᠤᠰᠬᠠᠭᠰᠠᠨ ᠰᠠᠨᠠᠯ᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠬᠥᠳᠡᠭᠡ ᠲᠣᠰᠬᠣᠨ᠎ᠤ ᠵᠢᠭᠤᠯᠴᠢᠯᠠᠯ ᠵᠶ᠋ᠠᠷ ᠶᠠᠳᠠᠭᠤ ᠵᠢ ᠲᠡᠳᠬᠦᠬᠦ ᠢᠨᠵᠧᠨᠧᠷᠢᠩ᠎ᠢ ᠦᠨᠡᠨ ᠬᠦ᠌ ᠪᠡᠶᠡᠯᠡᠭᠦᠯᠦᠨ᠂ ᠰᠣᠶᠣᠯ᠎ᠤᠨ ᠵᠢᠭᠤᠯᠴᠢᠯᠠᠯ ᠵᠶ᠋ᠠᠷ ᠶᠠᠳᠠᠭᠤ ᠵᠢ ᠲᠡᠳᠬᠦᠬᠦ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠯᠠᠪᠳᠠᠭᠤᠨ ᠪᠠᠲᠤᠲᠠᠶ ᠥᠷᠨᠢᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢ ᠳᠡᠮᠵᠢᠨ᠎ᠡ᠃
     7. ᠬᠤᠪᠢᠰᠬᠠᠯ᠎ᠤᠨ ᠰᠣᠶᠣᠯ᠎ᠢ ᠪᠠᠳᠠᠷᠠᠭᠤᠯᠬᠤ᠎ᠪᠠᠷ ᠭᠣᠤᠯ ᠰᠡᠳᠦᠪ ᠪᠣᠯᠭ᠋ᠠᠵᠤ᠂ ᠬᠤᠪᠢᠰᠬᠠᠯ᠎ᠤᠨ ᠲᠤᠷᠠᠰᠬᠠᠯᠲᠤ ᠰᠣᠳᠣᠨ ᠵᠢᠭᠤᠯᠴᠢᠯᠠᠯ᠎ᠤᠨ ᠱᠤᠭᠤᠮ᠎ᠢ ᠨᠡᠭᠡᠭᠡᠨ ᠬᠥᠭᠵᠢᠭᠦᠯᠵᠦ᠂ ᠰᠣᠩᠭᠣᠳᠠᠭ ᠬᠤᠪᠢᠰᠬᠠᠯ᠎ᠤᠨ ᠲᠤᠷᠠᠰᠬᠠᠯᠲᠤ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠪᠦᠲᠦᠭᠡᠨ ᠪᠠᠶ᠋ᠢᠭᠤᠯᠵᠤ᠂ 《ᠲᠠᠪᠤᠨ ᠰᠠᠶ᠋ᠢᠨᠲᠠᠶ》 ᠲᠠᠶ᠋ᠢᠯᠪᠤᠷᠢᠯᠠᠭᠴᠢ ᠵᠢᠨ ᠡᠩᠨᠡᠭᠡ ᠵᠢ ᠪᠦᠲᠦᠭᠡᠨ ᠪᠠᠶ᠋ᠢᠭᠤᠯᠵᠤ᠂ ᠬᠤᠪᠢᠰᠬᠠᠯ᠎ᠤᠨ ᠰᠣᠶᠣᠯ᠎ᠤᠨ ᠦᠵᠡᠰᠬᠦᠯᠡᠩ᠎ᠤᠨ ᠳᠡᠯᠭᠡᠨ ᠦᠵᠡᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠤᠪᠢᠰᠬᠠᠯ᠎ᠤᠨ ᠦᠯᠢᠭᠡᠷ ᠶᠠᠷᠢᠵᠤ᠂ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠨ᠎ᠠ᠃
     8. 《ᠳᠥᠷᠪᠡᠨ ᠤᠯᠠᠷᠢᠯ᠎ᠤᠨ ᠵᠢᠭᠤᠯᠴᠢᠯᠠᠯ》᠎ᠤᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ᠋ᠢᠷᠡᠭᠦᠯᠦᠨ᠂ ᠵᠤᠨ᠎ᠤ ᠵᠢᠭᠤᠯᠴᠢᠯᠠᠯ᠎ᠤᠨ ᠳᠡᠰ ᠳᠡᠪᠰᠢᠬᠦ ᠵᠢ ᠶᠡᠬᠡ᠎ᠪᠠᠷ ᠲᠦᠯᠬᠢᠨ ᠠᠬᠢᠭᠤᠯᠵᠤ᠂ ᠬᠠᠪᠤᠷ ᠨᠠᠮᠤᠷ᠎ᠤᠨ ᠵᠢᠭᠤᠯᠴᠢᠯᠠᠯ᠎ᠢ ᠰᠢᠨ᠎ᠡ᠎ᠪᠠᠷ ᠡᠭᠦᠳᠦᠨ ᠬᠥᠭᠵᠢᠭᠦᠯᠵᠦ᠂ ᠡᠪᠦᠯ᠎ᠤᠨ ᠵᠢᠭᠤᠯᠴᠢᠯᠠᠯ᠎ᠤᠨ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠲᠣᠪᠤᠢ᠌ᠮ᠎ᠠ ᠰᠠᠶ᠋ᠢᠲᠤᠷ ᠠᠳᠬᠤᠵᠤ᠂ ᠵᠢᠭᠤᠯᠴᠢᠯᠠᠯ᠎ᠤᠨ ᠦᠢ᠍ᠯᠡᠰ᠎ᠤᠨ ᠠᠭᠤᠯᠭ᠎ᠠ ᠵᠢ ᠪᠠᠶᠠᠯᠢᠭᠵᠢᠭᠤᠯᠵᠤ᠂ ᠵᠢᠭᠤᠯᠴᠢᠯᠠᠯ᠎ᠤᠨ ᠤᠯᠠᠷᠢᠯ᠎ᠢ ᠪᠦᠲᠦᠮᠵᠢᠲᠡᠶ ᠤᠷᠲᠤᠳᠬᠠᠨ᠎ᠠ᠃
     9. ᠪᠦᠬᠦ ᠣᠷᠣᠨ ᠪᠦᠰᠡ ᠵᠢᠨ ᠵᠢᠭᠤᠯᠴᠢᠯᠠᠯ᠎ᠤᠨ ᠬᠥᠭᠵᠢᠯᠲᠡ ᠵᠢ ᠶᠡᠬᠡ᠎ᠪᠠᠷ ᠠᠬᠢᠭᠤᠯᠵᠤ᠂ ᠵᠢᠭᠤᠯᠴᠢᠯᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ᠂ ᠵᠢᠭᠤᠯᠴᠢᠯᠠᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ᠂ ᠵᠢᠭᠤᠯᠴᠢᠯᠠᠯ᠎ᠤᠨ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠪᠠ ᠬᠦᠳᠡᠭᠡ ᠨᠤᠲᠤᠭ᠎ᠤᠨ ᠵᠢᠭᠤᠯᠴᠢᠯᠠᠯ᠎ᠢ ᠡᠮᠬᠢ ᠵᠠᠮᠪᠠᠷᠠᠭ᠎ᠠ ᠦᠭᠡᠶ ᠨᠡᠭᠡᠭᠡᠨ ᠬᠦᠭᠵᠢᠭᠦᠯᠵᠦ ᠪᠠᠢ᠌ᠭ᠎ᠠ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠭᠣᠤᠯᠳᠠᠯᠭ᠎ᠠ᠎ᠲᠠᠢ ᠰᠠᠶ᠋ᠢᠲᠤᠷ ᠠᠳᠬᠤᠨ᠎ᠠ᠃
     10. ᠨᠠᠷᠢᠯᠢᠭ ᠣᠨᠣᠴᠠᠲᠠᠶ ᠡᠵᠡᠩᠨᠡᠨ ᠪᠣᠷᠣᠯᠠᠭᠤᠯᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ 《ᠪᠦᠬᠦ ᠣᠷᠣᠨ᠎ᠳᠤ ᠨᠢᠭᠡᠳᠦᠯᠲᠡᠶ ᠲᠥᠯᠥᠪᠯᠡᠬᠦ᠂ ᠠᠶ᠋ᠢᠮᠠᠭ ᠬᠣᠲᠠ ᠬᠠᠮᠲᠤᠷᠠᠨ ᠬᠥᠳᠡᠯᠦᠯᠴᠡᠬᠦ᠂ ᠠᠵᠤ ᠠᠬᠤᠶ᠋ᠢᠯᠠᠯ ᠳᠠᠭ᠋ᠠᠵᠤ ᠣᠷᠤᠯᠴᠠᠬᠤ》 ᠵᠢ ᠤᠬᠠᠭᠤᠯᠤᠨ ᠳᠡᠯᠭᠡᠷᠡᠭᠦᠯᠬᠦ ᠲᠣᠭᠲᠠᠴᠠ ᠵᠢ ᠪᠠᠶ᠋ᠢᠭᠤᠯᠵᠤ᠂ ᠤᠯᠠᠮᠵᠢᠯᠠᠯᠲᠤ ᠵᠠᠭᠤᠴᠢᠯᠠᠭᠤᠷ᠂ ᠢᠨᠲ᠋ᠧᠷ ᠰᠦᠯᠵᠢᠶᠡᠨ᠎ᠤ ᠰᠢᠨ᠎ᠡ ᠵᠠᠭᠤᠴᠢᠯᠠᠭᠤᠷ᠂ ᠵᠢᠭᠤᠯᠴᠢᠯᠠᠯ᠎ᠤᠨ ᠦᠵᠡᠰᠬᠦᠯᠡᠩ ᠪᠠ ᠭᠣᠤᠯ ᠰᠡᠳᠦᠪ᠎ᠢ ᠳᠡᠯᠭᠡᠷᠡᠭᠦᠯᠬᠦ ᠵᠡᠷᠭᠡ ᠡᠵᠡᠩᠨᠡᠨ ᠪᠣᠷᠣᠯᠠᠭᠤᠯᠬᠤ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ ᠠᠰᠢᠭᠯᠠᠨ᠂ 《ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ》᠎ᠤᠨ ᠵᠢᠭᠤᠯᠴᠢᠯᠠᠯ᠎ᠤᠨ ᠳᠦᠷᠢ ᠲᠥᠷᠬᠦ ᠵᠢ ᠪᠤᠶ ᠪᠣᠯᠭ᠋ᠠᠨ᠎ᠠ᠃
     11. ᠡᠯ᠎ᠡ ᠭᠠᠵᠠᠷ᠎ᠤᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠵᠦ᠂ ᠲᠠᠯ᠎ᠠ ᠨᠤᠲᠤᠭ᠎ᠤᠨ ᠰᠣᠶᠣᠯ᠎ᠤᠨ ᠨᠠᠶ᠋ᠢᠷ᠂ ᠵᠢᠭᠤᠯᠴᠢᠯᠠᠯ᠎ᠤᠨ ᠨᠠᠭ᠋ᠠᠳᠤᠮ᠂ ᠮᠥᠰᠥ ᠴᠠᠰᠤᠨ᠎ᠤ ᠨᠠᠭ᠋ᠠᠳᠤᠮ᠂ ᠮᠣᠩᠭᠣᠯ ᠦᠨᠳᠦᠰᠦᠲᠡᠨ᠎ᠤ ᠬᠤᠪᠴᠠᠰᠤ ᠵᠠᠰᠠᠯ᠎ᠤᠨ ᠤᠷᠠᠯᠢᠭ᠎ᠤᠨ ᠨᠠᠶ᠋ᠢᠷ᠂ ᠥᠪᠥᠷ ᠮᠣᠩᠭᠣᠯ᠎ᠤᠨ ᠦᠨᠦᠷ ᠠᠮᠲᠠᠲᠤ ᠰᠠᠶ᠋ᠢᠬᠠᠨ ᠴᠠᠭ ᠡᠷᠢᠨ᠂ ᠠᠯᠠᠱ᠌ᠠ᠎ᠳᠤ ᠬᠡᠬᠡᠷᠡᠯᠡᠬᠦ E ᠪᠦᠯᠦᠭ ᠪᠠᠭ᠋ᠠᠲᠤᠷᠴᠤᠳ᠎ᠤᠨ ᠴᠤᠭᠯᠠᠭ᠋ᠠᠨ᠂ ᠲᠤᠮᠲᠠᠳᠤ ᠣᠷᠣᠰ ᠮᠤᠨᠭ᠌ᠭᠤᠯ (ᠮᠠᠨᠵᠤᠤᠷ)᠎ᠤᠨ ᠵᠢᠭᠤᠯᠴᠢᠯᠠᠯ᠎ᠤᠨ ᠨᠠᠶ᠋ᠢᠷ᠂ ᠷᠠᠰᠢᠶᠠᠨ᠎ᠤ   ᠶᠠᠷᠢᠯᠴᠠᠭ᠋ᠠᠨ᠎ᠤ ᠲᠠᠪᠴᠠᠩ ᠵᠡᠷᠭᠡ ᠵᠢᠭᠤᠯᠴᠢᠯᠠᠯ᠎ᠤᠨ ᠪᠠᠶᠠᠷ ᠳᠤᠷᠠᠰᠬᠠᠯ᠎ᠤᠨ ᠨᠡᠷᠡᠲᠦ ᠲᠦᠷᠦᠯ ᠲᠡᠮᠳᠡᠭ᠎ᠢ ᠭᠣᠣᠯᠳᠠᠯᠭ᠎ᠠ᠎ᠲᠠᠢ ᠡᠭᠦᠳᠦᠨ᠎ᠡ᠃
     (ᠳᠣᠯᠣᠭ᠎ᠠ) ᠵᠠᠬ᠎ᠠ ᠳᠡᠯᠭᠡᠭᠦᠷ᠎ᠤᠨ ᠶᠠᠰᠤ ᠴᠢᠨᠠᠷ᠎ᠤᠨ ᠳᠡᠭᠡᠭᠰᠢᠯᠡᠯᠲᠡ ᠵᠢ ᠢᠳᠡᠪᠬᠢᠲᠡᠶ ᠠᠬᠢᠭᠤᠯᠤᠨ᠎ᠠ  
     1. ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠲᠥᠯᠥᠪᠯᠡᠭᠡ ᠵᠢ ᠭᠦᠨᠵᠡᠭᠡᠶ ᠬᠡᠷᠡᠭᠵᠢᠭᠦᠯᠵᠦ᠂ ᠵᠢᠭᠤᠯᠴᠢᠯᠠᠯ᠎ᠤᠨ ᠬᠣᠨᠤᠭ ᠪᠠᠭᠤᠳᠠᠯ᠎ᠤᠨ ᠦᠢ᠍ᠯᠡᠰ᠂ ᠵᠢᠭᠤᠯᠴᠢᠯᠠᠬᠤ᠎ᠳᠤ ᠦᠢ᠍ᠯᠡᠴᠢᠯᠡᠬᠦ ᠭᠠᠵᠠᠷ᠂ ᠵᠢᠭᠤᠯᠴᠢᠯᠠᠯ᠎ᠤᠨ ᠦᠵᠡᠮᠵᠢ ᠵᠢᠨ ᠣᠷᠣᠨ ᠪᠣᠯᠤᠨ ᠵᠢᠭᠤᠯᠴᠢᠯᠠᠯ᠎ᠤᠨ ᠬᠥᠲᠥᠴᠢ ᠵᠢᠨ ᠡᠩᠨᠡᠭᠡᠨ᠎ᠤ ᠪᠦᠲᠦᠴᠡ ᠵᠢᠨ ᠰᠠᠢ᠌ᠵᠢᠷᠠᠭᠤᠯᠤᠯᠲᠠ᠂ ᠳᠡᠰ ᠳᠡᠪᠰᠢᠬᠦ ᠵᠢ ᠵᠣᠷᠢᠭᠵᠢᠭᠤᠯᠤᠨ ᠳᠠᠮᠵᠢᠵᠤ᠂ ᠵᠢᠭᠤᠯᠴᠢᠯᠠᠯ᠎ᠤᠨ ᠮᠠᠰᠢᠨ ᠲᠡᠷᠭᠡ᠂ ᠵᠢᠭᠤᠯᠴᠢᠯᠠᠯ᠎ᠤᠨ ᠳᠡᠯᠭᠡᠭᠦᠷ᠂ ᠵᠢᠭᠤᠯᠴᠢᠯᠠᠯ᠎ᠤᠨ ᠢᠳᠡᠭᠡᠨ ᠤᠮᠳᠠᠭ᠋ᠠᠨ᠎ᠤ ᠳᠡᠯᠭᠡᠭᠦᠷ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ ᠰᠠᠶ᠋ᠢᠲᠤᠷ ᠠᠳᠬᠤᠨ᠎ᠠ᠃
     2. ᠪᠦᠬᠦ ᠤᠯᠤᠰ᠎ᠤᠨ ᠰᠣᠶᠣᠯ᠎ᠤᠨ ᠵᠠᠬ᠎ᠠ ᠳᠡᠯᠭᠡᠭᠦᠷ᠂ ᠵᠢᠭᠤᠯᠴᠢᠯᠠᠯ᠎ᠤᠨ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠤᠨ ᠬᠡᠷᠡᠭᠯᠡᠯᠲᠡ ᠵᠢ ᠦᠷᠭᠦᠯᠵᠢᠯᠡᠨ ᠲᠦᠯᠬᠢᠨ ᠠᠬᠢᠭᠤᠯᠵᠤ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ ᠰᠢᠨ᠎ᠡ ᠭᠣᠣᠯ ᠴᠣᠭᠴᠠ ᠰᠢᠨ᠎ᠡ ᠪᠦᠯᠬᠦᠮ ᠴᠣᠭᠴᠠ ᠵᠢ ᠬᠥᠲᠥᠯᠥᠨ ᠵᠢᠯᠣᠭᠣᠳᠬᠤ᠂ ᠡᠳᠡᠭᠡᠷ᠎ᠲᠤ ᠦᠢ᠍ᠯᠡᠴᠢᠯᠡᠬᠦ ᠪᠠ ᠡᠳᠡᠭᠡᠷ᠎ᠢ ᠬᠠᠮᠢᠶᠠᠷᠬᠤ᠎ᠪᠠᠨ ᠴᠢᠩᠭ᠋ᠠᠳᠬᠠᠵᠤ᠂ ᠢᠨᠲ᠋ᠧᠷ ᠰᠦᠯᠵᠢᠶᠡᠨ᠎ᠤ ᠰᠦᠯᠵᠢᠶᠡᠨ᠎ᠳᠤ ᠭᠠᠷᠬᠤ ᠦᠢ᠍ᠯᠡᠴᠢᠯᠡᠭᠡᠨ᠎ᠤ ᠠᠵᠢᠯ ᠲᠥᠷᠥᠯ᠂ ᠰᠣᠶᠣᠯ ᠵᠤᠭ᠎ᠠ ᠴᠡᠩᠭᠡᠯ᠎ᠤᠨ ᠠᠵᠢᠯ ᠲᠥᠷᠥᠯ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠲᠦᠯᠬᠢᠨ ᠠᠬᠢᠭᠤᠯᠤᠨ᠎ᠠ᠃
     3. ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ᠎ᠪᠠᠷ ᠭᠣᠤᠯ ᠪᠣᠯᠭ᠋ᠠᠭᠰᠠᠨ ᠰᠢᠨ᠎ᠡ ᠮᠠᠶᠢᠭ᠎ᠤᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠵᠤ᠂ ᠬᠠᠷ᠎ᠠ ᠲᠠᠨᠭ᠌ᠰᠠᠨ᠎ᠳᠤ ᠲᠡᠮᠳᠡᠭᠯᠡᠬᠦ ᠳᠦᠷᠢᠮ᠎ᠢ ᠰᠠᠶ᠋ᠢᠲᠤᠷ ᠬᠡᠷᠡᠭᠵᠢᠭᠦᠯᠦᠨ᠎ᠡ᠃
     4. ᠠᠮᠠᠷᠠᠯᠲᠠ ᠵᠢᠨ ᠡᠳᠦᠷ᠎ᠤᠨ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠠᠮᠠᠷᠠᠯᠲᠠ ᠵᠢᠨ ᠡᠳᠦᠷ ᠵᠢᠴᠢ ᠣᠷᠭᠢᠯ᠎ᠤᠨ ᠬᠤᠭᠤᠴᠠᠭ᠋ᠠᠨ᠎ᠤ ᠵᠢᠭᠤᠯᠴᠢᠯᠠᠯ᠎ᠤᠨ ᠡᠵᠡᠮᠰᠢᠯ ᠲᠣᠬᠢᠷᠠᠭᠤᠯᠭ᠎ᠠ ᠵᠢ ᠴᠢᠩᠭ᠋ᠠᠳᠬᠠᠵᠤ᠂ ᠡᠵᠡᠩᠨᠡᠯᠲᠡ ᠵᠢᠨ ᠴᠢᠨᠠᠷᠲᠠᠶ ᠲᠣᠭᠯᠠᠯᠲᠠ ᠵᠢᠨ ᠪᠢᠯᠧᠲ᠎ᠤᠨ ᠶᠠᠪᠤᠳᠠᠯ᠂ ᠵᠦᠶ ᠵᠣᠬᠢᠰ ᠦᠭᠡᠶ ᠬᠢᠮᠳᠠ ᠦᠨ᠎ᠡ ᠵᠢᠨ ᠵᠢᠭᠤᠯᠴᠢᠯᠠᠯ ᠵᠡᠷᠭᠡ ᠭᠣᠤᠯᠳᠠᠯᠭ᠎ᠠ᠎ᠲᠠᠢ ᠬᠦᠴᠢᠷ ᠠᠰᠠᠭᠤᠳᠠᠯ᠎ᠳᠤ ᠴᠢᠭᠯᠡᠭᠦᠯᠦᠨ ᠡᠬᠢ ᠡᠭᠦᠰᠦᠯ᠎ᠠᠴᠠ᠎ᠨᠢ ᠵᠠᠰᠠᠬᠤ ᠵᠢ ᠬᠡᠷᠡᠭᠵᠢᠭᠦᠯᠦᠨ᠎ᠡ᠃
     5. ᠵᠠᠬ᠎ᠠ ᠳᠡᠯᠭᠡᠭᠦᠷ᠎ᠤᠨ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠰᠦᠯᠵᠢᠶᠡᠨ᠎ᠤ ᠰᠣᠶᠣᠯ᠂ ᠰᠦᠯᠵᠢᠶᠡᠨ ᠳᠡᠭᠡᠷᠡᠬᠢ ᠵᠢᠭᠤᠯᠴᠢᠯᠠᠯ᠎ᠤᠨ ᠵᠠᠬ᠎ᠠ ᠳᠡᠯᠭᠡᠭᠦᠷ ᠵᠡᠷᠭᠡ ᠭᠣᠤᠯᠳᠠᠯᠭ᠎ᠠ᠎ᠲᠠᠢ ᠬᠦᠷᠢᠶ᠎ᠡ ᠬᠡᠪᠴᠢᠶᠡᠨ᠎ᠳᠠᠬᠢ ᠬᠥᠳᠡᠯᠦᠩᠭᠦᠶ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠬᠠᠯᠠᠭᠤᠨ ᠴᠡᠭ᠎ᠤᠨ ᠰᠡᠷᠭᠡᠭ ᠠᠰᠠᠭᠤᠳᠠᠯ᠎ᠳᠤ ᠴᠠᠭ ᠲᠤᠬᠠᠶ᠎ᠳᠤᠨᠢ ᠬᠢᠨᠠᠯᠲᠠ ᠲᠠᠯᠪᠢᠵᠤ᠂ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠭᠣᠣᠯ ᠴᠣᠭᠴᠠ ᠵᠢᠨ 《ᠬᠣᠶᠠᠷ᠎ᠢ ᠲᠤᠬᠢᠶᠠᠯᠳᠤᠭᠤᠯᠵᠤ》 ᠰᠤᠭᠤᠴᠢᠨ ᠪᠠᠶ᠋ᠢᠴᠠᠭ᠋ᠠᠬᠤ ᠵᠢ ᠴᠢᠩᠭ᠋ᠠᠳᠬᠠᠨ᠎ᠠ᠃
     6. ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢ ᠢᠳᠡᠪᠬᠢᠲᠡᠶ᠎ᠪᠠᠷ ᠲᠦᠯᠬᠢᠨ ᠠᠬᠢᠭᠤᠯᠵᠤ᠂ ᠦᠨᠳᠦᠰᠦᠨ ᠱᠠᠲᠤᠨ᠎ᠤ ᠬᠠᠤᠯᠢ ᠬᠡᠷᠡᠭᠵᠢᠭᠦᠯᠬᠦ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠰᠣᠶᠣᠯ᠂ ᠲᠡᠤᠬᠡ ᠵᠢᠨ ᠳᠤᠷᠠᠰᠬᠠᠯᠲᠤ ᠵᠦᠢ᠍ᠯ ᠪᠣᠯᠤᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠠᠤᠯᠢ ᠬᠡᠷᠡᠭᠵᠢᠭᠦᠯᠬᠦ ᠶᠡᠷᠦᠩᠬᠡᠶ᠋ᠢᠯᠡᠭᠰᠡᠨ ᠴᠢᠳᠠᠪᠤᠷᠢ ᠪᠣᠯᠤᠨ ᠬᠢᠷᠢ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠦᠨ᠎ᠡ᠃
     7. ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠲᠢᠭᠯᠢᠮ᠎ᠢ ᠴᠡᠭᠴᠡᠯᠡᠨ ᠵᠠᠰᠠᠬᠤ ᠪᠠ ᠠᠶᠤᠯᠭᠦᠢ ᠵᠢᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢ ᠭᠦᠨᠵᠡᠭᠡᠶ ᠥᠷᠨᠢᠭᠦᠯᠵᠦ᠂ ᠣᠨᠴᠠ ᠬᠦᠨᠳᠦ ᠶᠡᠬᠡ ᠠᠮᠤᠷ ᠲᠦᠪᠰᠢᠨ᠎ᠤ ᠡ᠊ᠨᠳᠡᠯ ᠭᠠᠷᠬᠤ ᠵᠢ ᠬᠣᠷᠢᠭᠯᠠᠨ᠎ᠠ᠃
     8. ᠪᠣᠯᠪᠠᠰᠤᠨ ᠵᠢᠭᠤᠯᠴᠢᠯᠠᠯ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠪᠣᠯᠪᠠᠰᠤᠨ ᠵᠢᠭᠤᠯᠴᠢᠯᠠᠯ᠎ᠢ ᠤᠬᠠᠭᠤᠯᠵᠤ ᠬᠥᠲᠥᠯᠥᠨ ᠵᠢᠯᠣᠭᠣᠳᠬᠤ ᠵᠢ ᠴᠢᠩᠭ᠋ᠠᠳᠬᠠᠨ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠲᠠᠰᠤᠷᠠᠯᠲᠠ ᠤᠢ᠍ᠭᠡᠢ ᠰᠢᠯᠢᠳᠡᠭᠵᠢᠭᠦᠯᠵᠦ᠂ ᠥᠪᠥᠷ ᠮᠣᠩᠭᠣᠯ᠎ᠤᠨ ᠪᠣᠯᠪᠠᠰᠤᠨ᠂ ᠡᠶ᠎ᠡ ᠵᠣᠬᠢᠴᠠᠯ᠎ᠲᠠᠢ᠂ ᠨᠥᠬᠥᠷᠰᠡᠭ ᠵᠢᠭᠤᠯᠴᠢᠯᠠᠯ᠎ᠤᠨ ᠵᠤᠷᠢᠯᠭ᠋ᠠᠲᠤ ᠭᠠᠵᠠᠷ᠎ᠤᠨ ᠳᠦᠷᠢ ᠲᠥᠷᠬᠦ ᠵᠢ ᠪᠣᠰᠬᠠᠨ᠎ᠠ᠃
     (  ᠨᠠᠢ᠍ᠮᠠ) ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠢᠳᠡᠪᠬᠢᠲᠡᠶ ᠠᠬᠢᠭᠤᠯᠤᠨ᠎ᠠ  
     1. ᠪᠦᠯᠬᠦᠮ ᠳᠤᠭᠤᠶ᠋ᠢᠯᠠᠩ ᠰᠣᠩᠭᠣᠨ ᠲᠣᠮᠢᠯᠠᠵᠤ 2019 ᠣᠨ᠎ᠤ 《ᠪᠠᠶᠠᠷᠲᠤ ᠴᠠᠭ᠋ᠠᠨ ᠰᠠᠷ᠎ᠠ》 ᠨᠡᠷᠡᠲᠦ ᠲᠥᠷᠥᠯ ᠲᠡᠮᠳᠡᠭᠲᠦ ᠵᠢᠨ ᠠᠵᠢᠯᠯᠠᠭ᠎ᠠ᠎ᠳᠤ ᠣᠷᠣᠯᠴᠠᠭᠤᠯᠵᠤ᠂ ᠠᠵᠢᠯᠯᠠᠭ᠎ᠠ ᠵᠢᠨ ᠶᠠᠰᠤ ᠴᠢᠨᠠᠷ ᠪᠠ ᠨᠥᠯᠥᠭᠡᠯᠡᠬᠦ ᠬᠦᠴᠦᠨ᠎ᠢ ᠲᠠᠰᠤᠷᠠᠯᠲᠠ ᠤᠢ᠍ᠭᠡᠢ ᠳᠡᠭᠡᠭᠰᠢᠯᠡᠭᠦᠯᠦᠨ᠎ᠡ᠃
     2. 《ᠨᠢᠭᠡ ᠪᠦᠰᠡ ᠨᠢᠭᠡ ᠵᠠᠮ》 ᠪᠠ ᠳᠤᠮᠳᠠᠳᠤ ᠣᠷᠣᠰ ᠮᠣᠩᠭᠣᠯ᠎ᠤᠨ ᠠᠵᠤ ᠠᠬᠤᠶ ᠵᠢᠨ ᠬᠣᠩᠭᠢᠯ᠎ᠤᠨ ᠪᠦᠲᠦᠭᠡᠨ ᠪᠠᠶ᠋ᠢᠭᠤᠯᠤᠯᠲᠠ ᠵᠢᠨ ᠠᠵᠠ ᠲᠣᠬᠢᠶᠠᠯ᠎ᠢ ᠡᠵᠡᠮᠳᠡᠵᠦ᠂ 《ᠲᠦᠮᠡᠨ ᠭᠠᠵᠠᠷ᠎ᠤᠨ ᠴᠠᠶ ᠵᠢᠨ ᠵᠠᠮ》᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠬᠣᠯᠪᠣᠭ᠋ᠠᠨ᠎ᠤ ᠲᠠᠪᠴᠠᠩ᠎ᠳᠤ ᠲᠦᠰᠢᠭᠯᠡᠨ᠂ ᠥᠪᠥᠷ ᠮᠣᠩᠭᠣᠯ᠎ᠤᠨ ᠵᠠᠯᠠᠭᠤᠴᠤᠳ ᠪᠠᠭ᠋ᠠᠴᠤᠳ᠎ᠤᠨ ᠵᠤᠰᠠᠯᠠᠩ ᠪᠠ ᠬᠢᠯᠢ ᠠᠯᠤᠰᠯᠠᠭᠰᠠᠨ ᠥᠪᠡᠷ ᠵᠶ᠋ᠡᠨ ᠲᠡᠷᠭᠡ ᠵᠢᠯᠣᠭᠣᠳᠴᠤ ᠵᠢᠭᠤᠯᠴᠢᠯᠠᠬᠤ ᠰᠣᠯᠢᠯᠴᠠᠭ᠋ᠠᠨ᠎ᠤ ᠠᠵᠢᠯᠯᠠᠭ᠎ᠠ ᠵᠢ ᠰᠠᠶ᠋ᠢᠲᠤᠷ ᠡᠷᠬᠢᠯᠡᠵᠦ᠂ ᠲᠤᠮᠲᠠᠳᠤ ᠣᠷᠤᠰ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠪᠣᠲᠠᠲᠠᠢ᠌ᠴᠢᠯᠠᠭᠰᠠᠨ ᠬᠠᠮᠲᠤᠷᠠᠯᠴᠠᠭ᠎ᠠ ᠵᠢ ᠠᠬᠢᠭᠤᠯᠤᠨ᠎ᠠ᠃
     3. ᠵᠢᠷᠭᠤᠳᠤᠭ᠋ᠠᠷ ᠤᠳᠠᠭ᠋ᠠᠨ᠎ᠤ ᠳᠤᠮᠳᠠᠳᠤ ᠣᠷᠣᠰ ᠮᠣᠩᠭᠣᠯ ᠭᠤᠷᠪᠠᠨ ᠤᠯᠤᠰ ᠲᠠᠪᠤᠨ ᠭᠠᠵᠠᠷ᠎ᠤᠨ ᠬᠤᠯᠪᠤᠭ᠋ᠠᠲᠤ ᠬᠤᠷᠠᠯᠳᠣᠭ᠋ᠠᠨ᠎ᠢ ᠰᠠᠶ᠋ᠢᠲᠤᠷ ᠡᠷᠬᠢᠯᠡᠵᠦ᠂ ᠳᠥᠷᠪᠡᠳᠦᠭᠡᠷ ᠤᠳᠠᠭ᠋ᠠᠨ᠎ᠤ ᠳᠤᠮᠳᠠᠳᠤ ᠣᠷᠣᠰ ᠮᠣᠩᠭᠣᠯ ᠭᠤᠷᠪᠠᠨ ᠤᠯᠤᠰ᠎ᠤᠨ ᠵᠢᠭᠤᠯᠴᠢᠯᠠᠯ᠎ᠤᠨ ᠶᠠᠮᠤᠨ᠎ᠤ ᠰᠠᠶ᠋ᠢᠳ ᠨᠠᠷ᠎ᠤᠨ ᠬᠤᠷᠠᠯ᠎ᠢ ᠬᠠᠮᠵᠢᠯᠴᠠᠨ ᠡᠷᠬᠢᠯᠡᠨ᠎ᠡ᠃
     4. ᠳᠤᠮᠳᠠᠳᠤ ᠣᠷᠣᠰ ᠮᠣᠩᠭᠣᠯ᠎ᠤᠨ 《ᠰᠣᠶᠣᠯ᠎ᠤᠨ ᠨᠠᠭ᠋ᠠᠳᠤᠮ》᠎ᠤᠨ ᠰᠢᠷᠢᠰ ᠠᠵᠢᠯᠯᠠᠭ᠎ᠠ ᠵᠢ ᠬᠠᠮᠲᠤᠷᠠᠨ ᠥᠷᠨᠢᠭᠦᠯᠦᠨ᠎ᠡ᠃
     5. ᠤᠬᠠᠭᠤᠯᠬᠤ ᠬᠡᠯᠲᠡᠰ᠎ᠤᠨ ᠵᠣᠬᠢᠶᠠᠨ ᠪᠠᠶ᠋ᠢᠭᠤᠯᠤᠭᠰᠠᠨ ᠳᠤᠮᠳᠠᠳᠤ ᠮᠣᠩᠭᠣᠯ᠎ᠤᠨ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 70 ᠵᠢᠯ᠎ᠤᠨ ᠣᠶ ᠵᠢ ᠳᠤᠷᠠᠰᠬᠠᠬᠤ 《ᠳᠤᠮᠳᠠᠳᠤ ᠤᠯᠤᠰ · ᠥᠪᠥᠷ ᠮᠣᠩᠭᠣᠯ᠎ᠤᠨ ᠰᠣᠶᠣᠯ   ᠵᠢᠭᠤᠯᠴᠢᠯᠠᠯ᠎ᠢ ᠣᠢ᠌ᠯᠠᠭ᠋ᠠᠵᠤ ᠮᠡᠳᠡᠬᠦ ᠭᠠᠷᠠᠭ》᠎ᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ᠎ᠳᠤ ᠢᠳᠡᠪᠬᠢᠲᠡᠶ ᠤᠷᠤᠯᠴᠠᠨ᠎ᠠ᠃
     6. ᠲᠠᠨᠽᠠᠨᠢᠶ᠎ᠠ ᠵᠢᠨ ᠳᠤᠮᠳᠠᠳᠤ ᠤᠯᠤᠰ᠎ᠤᠨ ᠰᠣᠶᠣᠯ᠎ᠤᠨ ᠲᠥᠪ᠎ᠲᠠᠢ ᠬᠠᠮᠲᠤᠷᠠᠯᠴᠠᠵᠤ᠂ 《ᠦᠵᠡᠰᠬᠦᠯᠡᠩᠲᠦ ᠰᠠᠢ᠌ᠬᠠᠨ ᠮᠢᠨᠦ ᠨᠤᠲᠤᠭ》 ᠭᠡᠬᠦ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠰᠣᠶᠣᠯ᠎ᠤᠨ   ᠵᠢᠯ᠎ᠤᠨ ᠠᠵᠢᠯᠯᠠᠭ᠎ᠠ ᠵᠢ ᠥᠷᠨᠢᠭᠦᠯᠦᠨ᠎ᠡ᠃
     7. ᠰᠢᠶᠠᠩᠭ᠋ᠠᠩ ᠣᠣᠮᠧᠨ ᠲᠠᠶ᠋ᠢᠸᠠᠨ ᠣᠷᠣᠨ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠶ ᠥᠷᠨᠢᠭᠦᠯᠵᠦ᠂ ᠰᠢᠶᠠᠩᠭ᠋ᠠᠩ᠎ᠳᠤ ᠬᠦᠷᠴᠦ ᠤᠯᠤᠰ ᠪᠠᠶ᠋ᠢᠭᠤᠯᠤᠭᠳᠠᠭᠰᠠᠨ 70 ᠵᠢᠯ᠎ᠤᠨ ᠣᠶ ᠵᠢ ᠪᠡᠯᠭᠡᠯᠡᠬᠦ ᠲᠣᠭᠯᠠᠯᠲᠠ ᠭᠠᠷᠭ᠋ᠠᠬᠤ ᠠᠵᠢᠯᠯᠠᠭ᠎ᠠ ᠵᠢ ᠡᠷᠬᠢᠯᠡᠨ᠎ᠡ᠃
     8. ᠭᠠᠳᠠᠭ᠋ᠠᠳᠤ᠎ᠳᠤ ᠵᠣᠷᠢᠭᠤᠯᠤᠭᠰᠠᠨ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠴᠢᠷᠮᠠᠶ᠋ᠢᠨ ᠥᠷᠭᠡᠳᠬᠡᠵᠦ᠂ ᠭᠠᠳᠠᠭ᠋ᠠᠳᠤ᠎ᠳᠤ ᠵᠣᠷᠢᠭᠤᠯᠤᠭᠰᠠᠨ ᠰᠣᠶᠣᠯ᠎ᠤᠨ ᠠᠷᠠᠯᠵᠢᠶ᠎ᠠ ᠵᠢ ᠢᠳᠡᠪᠬᠢᠲᠡᠶ ᠬᠥᠭᠵᠢᠭᠦᠯᠦᠨ᠎ᠡ᠃
     9. ᠮᠠᠨᠵᠤᠤᠷ᠎ᠤᠨ ᠬᠢᠯᠢ ᠵᠢᠨ ᠵᠢᠭᠤᠯᠴᠢᠯᠠᠯ᠎ᠤᠨ ᠲᠤᠷᠰᠢᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠪᠤᠲᠠᠲᠠᠢ᠌ᠴᠢᠯᠠᠨ ᠠᠬᠢᠭᠤᠯᠵᠤ᠂ ᠬᠢᠯᠢ ᠵᠢᠨ ᠵᠢᠭᠤᠯᠴᠢᠯᠠᠯ᠎ᠤᠨ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠦᠨ᠂ ᠬᠢᠯᠢ ᠵᠢᠨ ᠪᠣᠭᠣᠮᠲᠠ ᠬᠣᠲᠠ ᠵᠢᠨ ᠵᠢᠭᠤᠯᠴᠢᠯᠠᠯ᠎ᠤᠨ ᠴᠢᠳᠠᠮᠵᠢ ᠵᠢ ᠰᠢᠯᠢᠳᠡᠭᠵᠢᠭᠦᠯᠵᠦ᠂ ᠤᠯᠤᠰ᠎ᠤᠨ ᠬᠢᠯᠢ ᠠᠯᠤᠰᠯᠠᠭᠰᠠᠨ ᠵᠢᠭᠤᠯᠴᠢᠯᠠᠯ᠎ᠤᠨ ᠬᠠᠮᠲᠤᠷᠠᠯᠴᠠᠭ᠋ᠠᠨ᠎ᠤ ᠣᠷᠣᠨ᠎ᠢ ᠡᠭᠦᠳᠦᠨ ᠪᠠᠶ᠋ᠢᠭᠤᠯᠬᠤ᠎ᠪᠠᠷ ᠢᠳᠡᠪᠬᠢᠲᠡᠶ ᠴᠢᠷᠮᠠᠶ᠋ᠢᠨ᠎ᠠ᠃
     10. ᠬᠢᠯᠢ᠎ᠳᠤ ᠣᠷᠣᠬᠤ ᠵᠢᠭᠤᠯᠴᠢᠯᠠᠯ᠎ᠢ ᠲᠦᠷᠭᠡᠳᠬᠡᠨ ᠬᠥᠭᠵᠢᠭᠦᠯᠬᠦ ᠵᠢ ᠠᠬᠢᠭᠤᠯᠬᠤ ᠵᠢᠯᠣᠭᠣᠳᠬᠤ ᠰᠠᠨᠠᠯ᠎ᠢ ᠰᠤᠳᠤᠯᠤᠨ ᠲᠣᠭᠲᠠᠭ᠋ᠠᠵᠤ᠂ ᠠᠵᠢᠯ᠎ᠤᠨ ᠰᠡᠳᠬᠢᠴᠡ ᠪᠠ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠨ᠂ ᠬᠢᠯᠢ᠎ᠳᠤ ᠣᠷᠣᠬᠤ ᠵᠢᠭᠤᠯᠴᠢᠯᠠᠯ᠎ᠢ ᠶᠡᠬᠡ᠎ᠪᠠᠷ ᠬᠥᠭᠵᠢᠭᠦᠯᠦᠨ᠎ᠡ᠃
      ᠲᠦᠷᠪᠡ᠂ ᠪᠠᠲᠤᠯᠠᠭ᠎ᠠ ᠵᠢᠨ ᠠᠷᠭ᠎ᠠ ᠬᠡᠮᠵᠢᠶ᠎ᠡ
     (ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠨᠭ᠌ᠭ᠋ᠠᠳᠬᠠᠨ᠎ᠠ
      ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠠᠵᠠ ᠲᠣᠬᠢᠶᠠᠯ ᠵᠶ᠋ᠡᠨ ᠪᠣᠯᠭ᠋ᠠᠵᠤ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠵᠢ ᠶᠡᠷᠦᠨᠭᠬᠡᠢ ᠵᠢᠯᠤᠭᠤᠳᠤᠯᠭ᠎ᠠ᠎ᠪᠠᠨ ᠪᠤᠯᠭ᠋ᠠᠵᠤ᠂ ᠤᠯᠤᠰ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ᠎ᠪᠠᠷ ᠤᠳᠤᠷᠢᠳᠤᠮᠵᠢ᠎ᠪᠠᠨ ᠪᠣᠯᠭ᠋ᠠᠵᠤ᠂ ᠲᠢᠩᠬᠢᠮ᠎ᠤᠨ ᠪᠠᠶ᠋ᠢᠭᠤᠯᠭ᠎ᠠ ᠵᠢᠨ ᠳᠣᠲᠣᠭ᠋ᠠᠳᠤ ᠪᠠᠶ᠋ᠢᠭᠤᠯᠤᠮᠵᠢ ᠵᠢᠨ ᠡᠭᠦᠷᠭᠡ ᠴᠢᠳᠠᠪᠬᠢ ᠵᠢᠨ ᠲᠣᠬᠢᠷᠠᠭᠤᠯᠤᠯᠲᠠ ᠵᠢ ᠲᠤᠬᠢᠷᠠᠭᠤᠯᠤᠨ ᠰᠢᠯᠢᠳᠡᠭᠵᠢᠭᠦᠯᠵᠦ᠂ ᠰᠢᠭᠤᠳ ᠬᠠᠷᠢᠶ᠎ᠠ ᠨᠢᠭᠡᠴᠢ ᠵᠢᠨ ᠥᠭᠡᠷᠡᠴᠢᠯᠡᠯᠲᠡ ᠬᠥᠭᠵᠢᠯᠲᠡ ᠵᠢ ᠨᠢᠭᠡᠳᠦᠯᠲᠡᠶ ᠲᠥᠯᠥᠪᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤ ᠪᠠ ᠠᠶ᠋ᠢᠮᠠᠭ ᠬᠣᠲᠠ᠂ ᠬᠣᠰᠢᠭᠤ ᠰᠢᠶᠠᠨ᠎ᠤ ᠠᠵᠢᠯ ᠶᠠᠪᠤᠳᠠᠯ᠎ᠤᠨ ᠡᠷᠬᠡ ᠵᠢᠨ ᠬᠠᠷᠢᠭᠤᠴᠠᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠬᠤᠪᠢᠶᠠᠷᠢᠯᠠᠵᠤ᠂ ᠪᠦᠬᠦ ᠣᠷᠣᠨ᠎ᠤ ᠰᠣᠶᠣᠯ᠎ᠤᠨ ᠪᠠᠶ᠋ᠢᠭᠤᠯᠤᠯᠲᠠ ᠪᠠ ᠵᠢᠭᠤᠯᠴᠢᠯᠠᠯ᠎ᠤᠨ ᠬᠥᠭᠵᠢᠯᠲᠡ ᠵᠢ ᠠᠬᠢᠭᠤᠯᠤᠨ᠎ᠠ᠃ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠦᠭᠡᠳ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠵᠢᠯᠣᠭᠣᠳᠤᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠪᠠᠶ᠋ᠢᠴᠠᠭ᠋ᠠᠨ ᠰᠤᠳᠤᠯᠵᠤ ᠰᠢᠮᠳᠠᠭᠤᠯᠤᠨ ᠪᠠᠶ᠋ᠢᠴᠠᠭ᠋ᠠᠬᠤ ᠠᠵᠢᠯ᠎ᠢ ᠳᠦᠷᠢᠮᠵᠢᠭᠦᠯᠵᠦ᠂ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠴᠢᠬᠤᠯᠠ ᠶᠡᠬᠡ ᠲᠥᠷᠥᠯ ᠵᠦᠢ᠍ᠯ᠎ᠢ ᠮᠥᠷᠳᠡᠨ ᠰᠢᠮᠳᠠᠭᠤᠯᠤᠨ ᠪᠠᠶ᠋ᠢᠴᠠᠭ᠋ᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠨᠠᠮ᠎ᠢ ᠴᠢᠩᠭ᠎ᠠ ᠵᠠᠰᠠᠬᠤ ᠭᠣᠤᠯ ᠴᠣᠭᠴᠠ ᠵᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ   ᠨᠠᠢ᠌ᠳᠠᠪᠤᠷᠢᠵᠢᠭᠤᠯᠤᠨ᠂ ᠲᠥᠪ ᠴᠢᠬᠡᠴᠢ ᠰᠠᠶ᠋ᠢᠨ ᠰᠠᠢ᠌ᠬᠠᠨ ᠤᠯᠤᠰ ᠲᠥᠷᠦ ᠵᠢᠨ ᠠᠮᠢ ᠠᠬᠤᠢ ᠵᠢᠨ ᠪᠦᠷᠢᠯᠳᠦᠬᠦ ᠵᠢ ᠠᠬᠢᠭᠤᠯᠤᠨ᠎ᠠ᠃
     (ᠬᠣᠶᠠᠷ) ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠎ᠡ
      ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠠᠬᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠤᠭᠤᠰᠢᠯᠠᠭᠤᠯᠤᠨ ᠨᠠᠢ᠌ᠳᠠᠪᠣᠷᠢᠵᠢᠭᠣᠯᠵᠣ ᠪᠠᠢ᠌ᠭ᠎ᠠ ᠪᠠᠶ᠋ᠢᠳᠠᠯ᠎ᠢ ᠬᠠᠮᠲᠤᠷᠠᠨ ᠪᠠᠶ᠋ᠢᠴᠠᠭ᠋ᠠᠬᠤ᠂ ᠱᠠᠯᠠᠪᠳᠠᠨ ᠪᠠᠶ᠋ᠢᠴᠠᠭ᠋ᠠᠬᠤ ᠪᠠ ᠦᠨᠡᠯᠡᠨ ᠵᠢᠱ᠌ᠢᠬᠦ ᠵᠢ ᠵᠣᠬᠢᠶᠠᠨ ᠪᠠᠶ᠋ᠢᠭᠤᠯᠤᠨ᠎ᠠ᠃ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠲᠥᠷᠦ ᠵᠢᠨ ᠪᠣᠳᠣᠯᠭ᠎ᠠ ᠬᠠᠤᠯᠢ ᠲᠣᠭᠲᠠᠭ᠋ᠠᠯ ᠪᠠ ᠴᠢᠭᠯᠡᠯᠲᠡ ᠲᠥᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠡᠮᠬᠢᠯᠡᠬᠦ ᠪᠠ ᠲᠤᠬᠢᠷᠠᠭᠤᠯᠤᠨ ᠰᠢᠯᠢᠳᠡᠭᠵᠢᠭᠦᠯᠵᠦ᠂ ᠰᠣᠶᠣᠯ ᠪᠠ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠲᠥᠷᠦ ᠵᠢᠨ ᠪᠣᠳᠣᠯᠭ᠎ᠠ ᠵᠢᠨ ᠪᠠᠲᠤᠯᠠᠭ᠎ᠠ ᠬᠠᠩᠭ᠋ᠠᠨ᠎ᠠ᠃ ᠬᠥᠭᠵᠢᠯᠲᠡ ᠵᠢᠨ ᠲᠦᠯᠦᠪᠵᠢᠭᠦᠯᠭᠡ ᠪᠠ ᠠᠵᠢᠯᠯᠠᠭ᠋ᠠᠨ᠎ᠤ ᠲᠥᠯᠥᠪᠯᠡᠭᠡ ᠵᠢ ᠬᠡᠷᠡᠭᠵᠢᠭᠦᠯᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠣᠶᠣᠯ᠎ᠤᠨ ᠪᠠᠶ᠋ᠢᠭᠤᠯᠤᠯᠲᠠ ᠪᠠ ᠵᠢᠭᠤᠯᠴᠢᠯᠠᠯ᠎ᠤᠨ ᠬᠥᠭᠵᠢᠯᠲᠡ ᠵᠢᠨ ᠶᠡᠷᠦᠩᠬᠡᠶ ᠲᠦᠯᠦᠪᠵᠢᠭᠦᠯᠭᠡ ᠵᠢᠴᠢ ᠡᠯ᠎ᠡ ᠵᠦᠢ᠍ᠯ᠎ᠤᠨ ᠲᠤᠰᠬᠠᠶ ᠲᠥᠯᠥᠪᠵᠢᠭᠦᠯᠭᠡ ᠵᠢ ᠨᠠᠶ᠋ᠢᠳᠠᠪᠤᠷᠢᠵᠢᠭᠤᠯᠬᠤ ᠵᠢ ᠲᠦᠯᠬᠢᠨ ᠠᠬᠢᠭᠤᠯᠤᠨ᠎ᠠ᠃ ᠰᠣᠶᠣᠯ ᠪᠠ ᠵᠢᠭᠤᠯᠴᠢᠯᠠᠯ᠎ᠤᠨ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠠᠢ᠌ᠭᠤᠯᠤᠮᠵᠢ ᠲᠣᠭᠲᠠᠴᠠ ᠵᠢᠨ ᠰᠢᠨ᠎ᠡ ᠵᠢ ᠡᠭᠦᠳᠬᠦ ᠪᠠ ᠰᠣᠶᠣᠯ ᠵᠢᠭᠤᠯᠴᠢᠯᠠᠯ᠎ᠤᠨ ᠨᠡᠢ᠌ᠯᠡᠨ ᠬᠥᠭᠵᠢᠬᠦ ᠵᠢ ᠲᠦᠯᠬᠢᠨ ᠠᠬᠢᠭᠤᠯᠤᠨ᠎ᠠ᠃ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ ᠪᠠᠢ᠌ᠭ᠎ᠠ ᠪᠠᠢ᠌ᠳᠠᠯ᠎ᠳᠤ ᠪᠠᠶ᠋ᠢᠴᠠᠭ᠋ᠠᠨ ᠰᠤᠳᠤᠯᠤᠯᠲᠠ ᠬᠢᠬᠦ ᠵᠢ ᠴᠢᠩᠭ᠋ᠠᠳᠬᠠᠨ᠎ᠠ᠃
     (ᠭᠤᠷᠪᠠ) ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ
      ᠰᠣᠶᠣᠯ ᠪᠠ ᠵᠢᠭᠤᠯᠴᠢᠯᠠᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠲᠣᠭᠲᠠᠭ᠋ᠠᠨ ᠬᠡᠷᠡᠭᠵᠢᠭᠦᠯᠦᠨ᠎ᠡ᠃ ᠰᠣᠶᠣᠯ ᠪᠠ ᠵᠢᠭᠤᠯᠴᠢᠯᠠᠯ᠎ᠤᠨ ᠠᠵᠢᠯ ᠡᠷᠬᠢᠯᠡᠭᠰᠡᠳ᠎ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠪᠠ ᠵᠢᠱ᠌ᠢᠶ᠎ᠡ ᠦᠵᠡᠭᠦᠯᠬᠦ ᠴᠢᠨᠠᠷᠲᠠᠶ ᠪᠣᠯᠪᠠᠰᠤᠷᠠᠭᠤᠯᠤᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠺᠠᠳ᠋ᠷ ᠠᠵᠢᠯᠲᠠᠨ᠎ᠤ ᠡᠨᠭᠨᠡᠭᠡ ᠵᠢᠨ ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ ᠪᠠ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠂ ᠦᠨᠳᠦᠰᠦᠨ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠦᠢ᠍ᠯᠡᠴᠢᠯᠡᠭᠡᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠲᠣᠭᠲᠠᠴᠠ ᠵᠢ ᠭᠦᠢ᠍ᠴᠡᠳ ᠠᠰᠢᠭᠯᠠᠨ᠂ ᠲᠡᠭᠡᠳᠦ ᠳᠡᠰ᠎ᠤᠨ ᠪᠠ ᠪᠠᠴᠢᠮ ᠬᠡᠷᠡᠭᠰᠡᠬᠦ ᠬᠤᠪᠤᠷ ᠬᠤᠮᠰᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠢ ᠴᠢᠩᠭ᠋ᠠᠳᠬᠠᠨ᠎ᠠ᠃ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠣᠶᠤᠨᠲᠤ ᠬᠦᠮᠦᠷᠭᠡ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠰᠢᠨᠵᠢᠯᠡᠬᠦ ᠤᠬᠠᠭ᠋ᠠᠨᠴᠢ ᠰᠢᠢ᠍ᠳᠪᠦᠷᠢᠲᠦ ᠪᠤᠳᠤᠯᠭ᠎ᠠ᠎ᠳᠤ ᠶᠠᠰᠤ ᠴᠢᠨᠠᠷ᠎ᠲᠠᠢ ᠣᠶᠤᠨ᠎ᠤ ᠳᠡᠮᠵᠢᠯᠭᠡ ᠬᠠᠩᠭ᠋ᠠᠨ᠎ᠠ᠃ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠳᠦᠷᠢᠮ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠵᠤ᠂ ᠤᠷᠮᠠᠰᠢᠭᠤᠯᠬᠤ ᠲᠣᠭᠲᠠᠴᠠ ᠪᠠ ᠬᠢᠵᠠᠭ᠋ᠠᠷᠯᠠᠬᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃
     (ᠲᠦᠷᠪᠡ) ᠪᠡᠯᠡ ᠮᠥᠩᠭᠥ ᠵᠢᠨ ᠪᠠᠲᠤᠯᠠᠭ᠎ᠠ ᠵᠢ ᠴᠢᠩᠭ᠋ᠠᠳᠬᠠᠨ᠎ᠠ
      ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠡᠳ᠋᠎ᠤᠨ ᠵᠠᠰᠠᠭ᠎ᠤᠨ ᠪᠡᠯᠡ ᠮᠥᠩᠭᠥ ᠵᠢ ᠢᠳᠡᠪᠬᠢᠲᠡᠶ᠎ᠪᠠᠷ ᠴᠢᠷᠮᠠᠶ᠋ᠢᠨ ᠤᠯᠤᠭ᠋ᠠᠳ ᠰᠣᠶᠣᠯ᠎ᠤᠨ ᠪᠠᠶ᠋ᠢᠭᠤᠯᠤᠯᠲᠠ ᠪᠣᠯᠤᠨ ᠵᠢᠭᠤᠯᠴᠢᠯᠠᠯ᠎ᠤᠨ ᠬᠥᠭᠵᠢᠯᠲᠡ ᠵᠢ ᠲᠡᠮᠵᠢᠨ᠎ᠡ᠃ ᠲᠥᠰᠦᠪ᠎ᠤᠨ ᠪᠡᠯᠡ ᠮᠥᠩᠭᠥ ᠵᠢ ᠬᠡᠷᠡᠭᠵᠢᠭᠦᠯᠵᠦ ᠪᠠᠢ᠌ᠭ᠎ᠠ ᠪᠠᠶ᠋ᠢᠳᠠᠯ᠎ᠢ ᠬᠢᠨᠠᠨ ᠪᠠᠢ᠌ᠴᠠᠭ᠋ᠠᠬᠤ ᠵᠢ ᠴᠢᠩᠭ᠋ᠠᠳᠬᠠᠵᠤ᠂ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠦᠨᠡᠨ ᠬᠦ᠌ ᠴᠢᠩᠭ᠋ᠠᠳᠬᠠᠵᠤ᠂ ᠪᠡᠯᠡ ᠮᠥᠩᠭᠥ ᠵᠢᠨ ᠬᠡᠷᠡᠭᠯᠡᠯᠲᠡ ᠵᠢᠨ ᠠᠰᠢᠭᠯᠠᠮᠵᠢ ᠪᠣᠯᠤᠨ ᠦᠢ᠍ᠯᠡᠳᠦᠯ᠎ᠢ ᠳᠡᠭᠡᠭᠰᠢᠯᠡᠭᠦᠯᠬᠦ ᠬᠡᠷᠡᠭᠲᠡᠶ᠃ ᠵᠠᠰᠠᠭ᠎ᠤᠨ ᠣᠷᠳᠣᠨ ᠪᠠ ᠨᠡᠶ᠋ᠢᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ (PPP) ᠵᠢᠨ ᠵᠠᠭᠪᠤᠷ᠎ᠢ ᠢᠳᠡᠪᠬᠢᠲᠡᠢ ᠳᠡᠯᠭᠡᠷᠡᠭᠦᠯᠵᠦ᠂ ᠨᠡᠶ᠋ᠢᠭᠡᠮ᠎ᠤᠨ ᠬᠥᠷᠥᠩᠭᠡ ᠰᠣᠶᠣᠯ᠎ᠤᠨ ᠬᠦᠷᠢᠶᠡᠨ᠎ᠳᠤ ᠣᠷᠣᠬᠤ ᠵᠢ ᠵᠣᠷᠢᠭᠵᠢᠭᠤᠯᠬᠤ ᠪᠠ ᠬᠥᠲᠥᠯᠥᠨ ᠵᠢᠯᠣᠭᠣᠳᠴᠤ᠂ ᠰᠣᠶᠣᠯ᠎ᠤᠨ ᠬᠠᠩᠭ᠋ᠠᠯᠭ᠎ᠠ ᠵᠢᠨ ᠲᠣᠭᠲᠠᠴᠠ᠎ᠳᠤ ᠰᠢᠨ᠎ᠡ ᠵᠢ ᠡᠭᠦᠳᠴᠦ᠂ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ ᠬᠦᠷᠲᠡᠬᠦ ᠵᠢ ᠪᠡᠶᠡᠯᠡᠭᠦᠯᠦᠨ᠎ᠡ᠃ ᠭᠣᠤᠯᠳᠠᠯᠭ᠎ᠠ᠎ᠲᠠᠢ ᠲᠥᠷᠥᠯ ᠵᠦᠢ᠍ᠯ᠎ᠤᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠴᠢᠳᠠᠪᠤᠷᠢ ᠵᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃
     (ᠲᠠᠪᠤ) ᠲᠥᠷᠥᠯ ᠵᠦᠢ᠍ᠯ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ  
      ᠲᠦᠷᠦᠯ ᠵᠦᠢ᠍ᠯ᠎ᠤᠨ ᠬᠥᠮᠥᠷᠭᠡ ᠵᠢᠨ ᠪᠦᠲᠦᠭᠡᠨ ᠪᠠᠶ᠋ᠢᠭᠤᠯᠤᠯᠲᠠ ᠵᠢ ᠶᠡᠬᠡᠪᠡᠷ ᠲᠦᠯᠬᠢᠨ ᠠᠬᠢᠭᠤᠯᠵᠤ᠂ ᠰᠣᠶᠣᠯ ᠪᠠ ᠵᠢᠭᠤᠯᠴᠢᠯᠠᠯ᠎ᠤᠨ ᠶᠡᠷᠦᠩᠬᠡᠶ ᠲᠦᠯᠦᠪᠵᠢᠭᠦᠯᠭᠡ ᠪᠠ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠨᠠᠷᠢᠯᠢᠭᠵᠢᠭᠤᠯᠤᠨ ᠬᠡᠮᠵᠢᠶᠡᠯᠡᠵᠦ᠂ ᠲᠥᠯᠥᠪᠵᠢᠭᠦᠯᠭᠡ ᠵᠢ ᠠᠵᠢᠯ᠎ᠳᠤ ᠨᠠᠶ᠋ᠢᠳᠠᠪᠤᠷᠢᠵᠢᠭᠤᠯᠤᠨ᠂ ᠠᠵᠢᠯ᠎ᠢ ᠪᠣᠳᠠᠲᠠᠶ ᠲᠦᠷᠦᠯ ᠵᠦᠢ᠍ᠯ ᠪᠣᠯᠭ᠋ᠠᠨ ᠨᠠᠷᠢᠯᠢᠬ᠍ᠵᠢᠭᠤᠯᠵᠤ᠂ ᠨᠢᠭᠡ ᠪᠦᠯᠦᠭ ᠭᠣᠤᠯᠳᠠᠯᠭ᠎ᠠ᠎ᠲᠠᠢ ᠲᠦᠷᠦᠯ ᠵᠦᠢ᠍ᠯ᠎ᠢ ᠨᠥᠭᠡᠴᠡᠯᠡᠨ᠎ᠡ᠃ ᠲᠦᠷᠦᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠰᠠᠶ᠋ᠢᠲᠤᠷ ᠬᠢᠵᠦ᠂ ᠲᠦᠷᠦᠯ ᠵᠦᠢ᠍ᠯ᠎ᠢ ᠲᠤᠬᠠᠶ ᠵᠢᠨ ᠭᠠᠵᠠᠷ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠣᠳᠠᠲᠤ ᠬᠡᠷᠡᠭᠴᠡᠭᠡ ᠱᠠᠭ᠋ᠠᠷᠳᠠᠯᠭ᠎ᠠ᠎ᠳᠤ ᠨᠡᠶ᠋ᠢᠴᠡᠭᠦᠯᠵᠦ᠂ ᠣᠷᠣᠨ ᠨᠤᠲᠤᠭ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠲᠦᠯᠦᠪᠵᠢᠭᠦᠯᠭᠡ᠂ ᠭᠠᠵᠠᠷ ᠰᠢᠷᠣᠶ ᠠᠰᠢᠭᠯᠠᠬᠤ ᠶᠡᠷᠦᠩᠬᠡᠶ ᠲᠦᠯᠦᠪᠵᠢᠭᠦᠯᠭᠡ᠂ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠦᠯᠦᠪᠵᠢᠭᠦᠯᠭᠡ᠂ ᠭᠣᠤᠯ ᠴᠣᠭᠴᠠ ᠵᠢᠨ ᠴᠢᠳᠠᠮᠵᠢᠲᠤ ᠣᠷᠣᠨ᠎ᠤ ᠲᠦᠯᠦᠪᠵᠢᠭᠦᠯᠭᠡ ᠵᠡᠷᠭᠡ᠎ᠯᠦᠭᠡ ᠪᠦᠲᠦᠮᠵᠢᠲᠡᠶ ᠵᠣᠯᠭ᠋ᠠᠭᠤᠯᠬᠤ ᠵᠢ ᠦᠨᠡᠨ ᠬᠦ᠌ ᠪᠠᠲᠤᠯᠠᠨ᠎ᠠ᠃ ᠴᠢᠬᠤᠯᠠ ᠶᠡᠬᠡ ᠲᠦᠷᠦᠯ ᠵᠦᠢ᠍ᠯ᠎ᠤᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠨ᠂ ᠲᠦᠷᠦᠯ ᠵᠦᠢ᠍ᠯ᠎ᠤᠨ ᠬᠠᠮᠢᠶᠠᠷᠤᠯᠲᠠ ᠵᠢᠨ ᠴᠤᠪᠤᠷᠠᠯ᠎ᠢ ᠲᠡᠭᠦᠯᠳᠡᠷᠵᠢᠭᠦᠯᠵᠦ᠂ ᠲᠦᠷᠦᠯ ᠵᠦᠢ᠍ᠯ᠎ᠤᠨ ᠲᠥᠯᠥᠪᠯᠡᠭᠡ᠂ ᠵᠣᠬᠢᠶᠠᠨ ᠪᠠᠢ᠌ᠭᠣᠯᠣᠯᠲᠠ᠂ ᠵᠢᠯᠣᠭᠣᠳᠣᠯᠭ᠎ᠠ᠂ ᠵᠤᠬᠢᠴᠠᠭᠤᠯᠤᠯ᠂ ᠡᠵᠡᠮᠳᠡᠯ ᠪᠠ ᠦᠨᠡᠯᠡᠯᠲᠡ ᠵᠡᠷᠭᠡ᠎ᠳᠤ ᠪᠦᠬᠦ ᠶᠠᠪᠤᠴᠠ ᠵᠢᠨ ᠬᠠᠮᠢᠶᠠᠷᠤᠯᠲᠠ ᠬᠢᠨ᠎ᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠦᠪᠣᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2020 ᠣᠨ᠎ᠤ ᠠᠵᠢᠯ᠎ᠤᠨ ᠭᠣᠤᠯᠳᠠᠯᠭ᠎ᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ2019 ᠣᠨ᠎ᠤ ᠠᠵᠢᠯ᠎ᠤᠨ ᠳ᠋ᠦᠩᠨᠡᠯᠲᠡ
2020 ᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠭᠤᠤᠯᠳᠠᠯᠭ᠎ᠠ
2020 ᠤᠨ᠎ᠤ ᠵᠠᠰᠠᠬ᠎ᠤᠨ ᠤᠷᠳᠤᠨ᠎ᠤ ᠠᠵᠢᠯ᠎ᠤᠨ ᠢᠯᠡᠳᠬᠡᠯ᠎ᠤᠨ ᠳᠤᠬᠠᠢ ᠰᠢᠢ᠍ᠳᠪᠦᠷᠢ
2020 ᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ
 
            