2018 ᠤᠨ ᠪᠤᠯ ᠨᠠᠮᠤᠨ ᠠᠷᠪᠠ ᠶᠢᠰᠦᠳᠦᠭᠡᠷ ᠶᠡᠬᠡ ᠬᠤᠷᠠᠯᠤᠨ ᠵᠤᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠡᠬᠢᠯᠡᠯᠲᠡ ᠵᠢᠨ ᠵᠢᠯ᠂ ᠪᠠᠰᠠ ᠦᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ 40 ᠵᠢᠯᠤᠨ ᠤᠢ᠂ ᠮᠦᠨ ᠴᠦ᠍ ᠪᠠᠰᠠ ᠰᠤᠶᠤᠯᠤᠨ ᠪᠦᠲᠦᠭᠡᠨ ᠪᠠᠢ᠌ᠭᠤᠯᠤᠯᠲᠠ ᠪᠤᠯᠤᠨ ᠵᠢᠭᠤᠯᠴᠢᠯᠠᠯᠤᠨ ᠬᠦᠭᠵᠢᠯᠲᠡ ᠵᠢᠨ ᠠᠬᠢᠴᠠ ᠵᠢᠨ ᠳᠤᠮᠳᠠᠬᠢ ᠲᠤᠢ᠌ᠯᠤᠨ ᠶᠡᠷᠦ ᠪᠤᠰᠤ ᠵᠢᠨ ᠨᠢᠭᠡ ᠵᠢᠯ ᠶᠤᠮ᠃ ᠨᠢᠭᠡ ᠵᠢᠯᠤᠨ ᠲᠤᠷᠰᠢ ᠦᠪᠡᠷᠲᠡᠭᠡᠨ ᠵᠠᠰᠠᠬᠤ ᠤᠷᠤᠨᠤ ᠨᠠᠮᠤᠨ ᠬᠤᠷᠢᠶ᠎ᠠ᠂ ᠵᠠᠰᠠᠭᠤᠨ ᠤᠷᠳᠤᠨᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ ᠰᠤᠶᠤᠯ ᠪᠠ ᠵᠢᠭᠤᠯᠴᠢᠯᠠᠯᠤᠨ ᠰᠢᠰᠲᠸᠮᠤᠨᠬᠢᠨ ᠰᠢ ᠵᠢᠨ ᠫᠢᠩᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰᠤᠨ ᠤᠨᠴᠠᠯᠢᠭᠲᠠᠢ ᠨᠡᠢ᠌ᠭᠡᠮ ᠵᠢᠷᠤᠮᠤᠨ ᠦᠵᠡᠯ ᠰᠠᠨᠠᠭᠠᠪᠠᠷ ᠵᠢᠯᠤᠭᠤᠳᠤᠯᠭ᠎ᠠ ᠪᠤᠯᠭ᠋ᠠᠬᠤ ᠵᠢ ᠡᠷᠡᠰ ᠪᠠᠷᠢᠮᠲᠠᠯᠠᠵᠤ᠂《ᠳᠦᠷᠪᠡ ᠵᠢ ᠤᠬᠠᠮᠰᠠᠷᠠᠬᠤ》 ᠵᠢ ᠪᠠᠲᠤ ᠰᠤᠷᠤᠯᠴᠠᠵᠤ᠂《ᠳᠦᠷᠪᠡ ᠵᠢ ᠢᠲᠡᠭᠡᠬᠦ》 ᠵᠢ ᠭᠤᠢ᠌ᠪᠢᠰᠢ ᠦᠭᠡᠢ ᠪᠠᠷᠢᠮᠲᠠᠯᠠᠵᠤ᠂《ᠬᠤᠶᠠᠷ ᠢ ᠰᠠᠬᠢᠨ ᠬᠠᠮᠠᠭ᠋ᠠᠯᠠᠬᠤ》ᠵᠢ ᠡᠷᠡᠰ ᠰᠢᠭᠤᠷᠬᠠᠢ ᠪᠡᠶᠡᠯᠡᠭᠦᠯᠵᠦ᠂ ᠨᠠᠮᠤᠨ ᠠᠷᠪᠠ ᠶᠢᠰᠦᠳᠦᠭᠡᠷ ᠶᠡᠬᠡ ᠬᠤᠷᠠᠯ ᠬᠢᠭᠡᠳ ᠠᠷᠪᠠ ᠶᠢᠰᠦᠳᠦᠭᠡᠷ ᠬᠤᠭᠤᠴᠠᠭ᠋ᠠᠨᠤ ᠬᠤᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠵᠢ ᠪᠦᠬᠦ ᠲᠠᠯᠠᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠦᠪᠦᠷ ᠮᠤᠩᠭᠤᠯᠳᠤ ᠶᠠᠷᠢᠭᠰᠠᠨ ᠴᠢᠬᠤᠯᠠ ᠶᠠᠷᠢᠶᠠᠨᠤ ᠵᠤᠷᠢᠭ ᠰᠠᠨᠠᠭ᠎ᠠ ᠬᠢᠭᠡᠳ ᠤᠯᠠᠭ᠋ᠠᠨᠮᠦ᠋ᠴᠢᠷᠤᠨ ᠦᠢ᠍ᠯᠡᠰᠤᠨ ᠬᠦᠭᠵᠢᠯᠲᠡ ᠵᠢᠨ ᠴᠢᠬᠤᠯᠠ ᠵᠢᠭ᠋ᠠᠪᠤᠷᠢ ᠵᠢᠨ ᠵᠤᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠲᠦᠪ ᠪᠤᠯᠤᠨ ᠦᠪᠡᠷᠲᠡᠭᠡᠨ ᠵᠠᠰᠠᠬᠤ ᠤᠷᠤᠨᠤ ᠨᠠᠮᠤᠨ ᠬᠤᠷᠢᠶ᠎ᠠ ᠵᠠᠰᠠᠭᠤᠨ ᠤᠷᠳᠤᠨᠤ ᠰᠤᠶᠤᠯ ᠪᠠ ᠵᠢᠭᠤᠯᠴᠢᠯᠠᠯᠤᠨ ᠠᠵᠢᠯᠤᠨ ᠲᠤᠬᠠᠢ ᠴᠢᠬᠤᠯᠠ ᠶᠡᠬᠡ ᠰᠢᠢ᠍ᠳᠪᠤᠷᠢᠲᠤ ᠪᠤᠳᠤᠯᠭ᠎ᠠ ᠲᠤᠭᠲᠠᠭ᠋ᠠᠬᠤ ᠵᠢ ᠪᠦᠬᠦ ᠲᠠᠯᠠᠪᠠᠷ ᠨᠠᠢ᠌ᠳᠠᠪᠤᠷᠢᠵᠢᠭᠤᠯᠵᠤ᠂ ᠰᠤᠶᠤᠯ ᠪᠠ ᠵᠢᠭᠤᠯᠴᠢᠯᠠᠯ ᠤᠨ ᠦᠭᠡᠷᠡᠴᠢᠯᠡᠯᠲᠡ ᠬᠦᠭᠵᠢᠯᠲᠡ ᠵᠢᠨ ᠢᠳᠡᠪᠬᠢᠲᠡᠢ ᠦᠷ᠎ᠡ ᠪᠦᠲᠦᠭᠡᠯ ᠤᠯᠬᠤ ᠵᠢ ᠲᠤᠭᠲᠠᠭᠤᠨ ᠵᠶ᠋ᠠᠷ ᠲᠦᠯᠬᠢᠨ ᠠᠬᠢᠭᠤᠯᠤᠭᠰᠠᠨ ᠪᠠᠢ᠌ᠨ᠎ᠠ᠃
ᠨᠢᠭᠡ᠂ ᠨᠠᠮᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯᠠᠪᠠᠷ ᠴᠢᠩᠭ᠋ᠠᠳᠬᠠᠪᠠ
ᠨᠢᠭᠡ ᠵᠢᠯᠤᠨ ᠲᠤᠷᠰᠢ᠂ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰᠤᠨ ᠤᠨᠴᠠᠯᠢᠭᠲᠠᠢ ᠨᠡᠢ᠌ᠭᠡᠮ ᠵᠢᠷᠤᠮᠤᠨ ᠦᠵᠡᠯ ᠰᠠᠨᠠᠭ᠎ᠠ ᠪᠤᠯᠤᠨ ᠨᠠᠮᠤᠨ ᠠᠷᠪᠠ ᠶᠢᠰᠦᠳᠦᠭᠡᠷ ᠶᠡᠬᠡ ᠬᠤᠷᠠᠯᠤᠨ ᠵᠤᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠰᠤᠷᠤᠯᠴᠠᠵᠤ᠂ ᠮᠠᠷᠺᠰᠤᠨ ᠦᠵᠡᠯᠤᠨ ᠳᠤᠮᠳᠠᠳᠤᠴᠢᠯᠠᠭᠰᠠᠨ ᠬᠠᠮᠤᠭ ᠰᠢᠨ᠎ᠡ ᠦᠷ᠎ᠡ ᠪᠦᠲᠦᠮᠵᠢᠪᠠᠷ ᠲᠠᠷᠢᠬᠢ ᠲᠤᠯᠤᠭ᠋ᠠᠢᠪᠠᠨ ᠵᠡᠪᠰᠡᠭᠯᠡᠬᠦ ᠵᠢ ᠪᠠᠷᠢᠮᠲᠠᠯᠠᠵᠤ᠂ ᠨᠠᠮᠤᠨ ᠰᠤᠶᠤᠯ ᠪᠠ ᠵᠢᠭᠤᠯᠴᠢᠯᠠᠯᠤᠨ ᠠᠵᠢᠯᠢ ᠪᠦᠬᠦ ᠲᠠᠯᠠᠪᠠᠷ ᠤᠳᠤᠷᠢᠳᠬᠤ ᠵᠢ ᠴᠢᠩᠭ᠋ᠠᠳᠬᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠨᠠᠮᠤᠨ ᠲᠦᠪ ᠬᠤᠷᠢᠶᠠᠨᠤ ᠭᠤᠤᠯᠯᠠᠭᠴᠢ᠂ ᠪᠦᠬᠦ ᠨᠠᠮᠤᠨ ᠭᠤᠤᠯᠯᠠᠭᠴᠢ ᠪᠠᠢ᠌ᠷᠢ ᠰᠠᠭᠤᠷᠢ ᠵᠢ ᠪᠤᠲᠠᠲᠠᠢ ᠠᠵᠢᠯᠯᠠᠭ᠎ᠠᠪᠠᠷ ᠵᠶ᠋ᠠᠨ ᠡᠷᠡᠰ ᠰᠢᠭᠤᠷᠬᠠᠢ ᠬᠠᠮᠠᠭ᠋ᠠᠯᠠᠵᠤ᠂ ᠨᠠᠮᠤᠨ ᠲᠦᠪ ᠬᠤᠷᠢᠶᠠᠨᠤ ᠡᠷᠬᠡ ᠬᠦᠨᠳᠦ ᠪᠤᠯᠤᠨ ᠲᠦᠪᠯᠡᠷᠡᠭᠦᠯᠦᠨ ᠨᠢᠭᠡᠳᠭᠡᠵᠦ ᠤᠳᠤᠷᠢᠳᠬᠤ ᠵᠢ ᠰᠠᠬᠢᠨ ᠬᠠᠮᠠᠭ᠋ᠠᠯᠠᠪᠠ᠃
ᠨᠢᠭᠡᠳᠤ᠂ ᠤᠨᠤᠯ ᠵᠶ᠋ᠠᠷ ᠵᠡᠪᠰᠡᠭᠯᠡᠬᠦ ᠵᠢ ᠲᠠᠰᠤᠷᠠᠯᠲᠠ ᠦᠭᠡᠢ ᠴᠢᠩᠭ᠋ᠠᠳᠬᠠᠪᠠ᠃ ᠰᠤᠷᠤᠯᠴᠠᠬᠤ ᠬᠡᠯᠪᠡᠷᠢᠪᠠᠷ ᠨᠠᠮᠤᠨ ᠵᠤᠬᠢᠶᠠᠨ ᠪᠠᠢ᠌ᠭᠤᠯᠤᠯᠲᠠ ᠵᠢᠨ ᠡᠭᠦᠳᠦᠨ ᠪᠠᠢ᠌ᠭᠤᠯᠤᠯᠲᠠ ᠵᠢ ᠠᠳᠬᠤᠬᠤ ᠵᠢ ᠪᠠᠷᠢᠮᠲᠠᠯᠠᠵᠤ᠂ ᠭᠤᠤᠯ ᠳᠤᠭᠤᠢ᠌ᠯᠠᠩᠤᠨ ᠰᠤᠷᠤᠯᠴᠠᠯᠭ᠎ᠠ᠂ ᠲᠤᠰᠬᠠᠢ ᠮᠡᠷᠭᠡᠵᠢᠯᠲᠡᠨ ᠤ ᠬᠢᠴᠢᠶᠠᠯᠯᠡᠭᠡ᠂ ᠲᠤᠰᠬᠠᠢ ᠰᠡᠳᠦᠪ ᠵᠶ᠋ᠠᠷ ᠰᠤᠳᠤᠯᠤᠨ ᠶᠠᠷᠢᠯᠴᠠᠬᠤ᠂ ᠡᠭᠡᠯᠵᠢᠯᠡᠨ ᠪᠤᠯᠪᠠᠰᠤᠷᠠᠭᠤᠯᠬᠤ ᠰᠤᠷᠭ᠋ᠠᠯᠲᠠ᠂ ᠰᠤᠷᠤᠯᠴᠠᠬᠤ ᠲᠠᠩᠬᠢᠮ ᠨᠡᠭᠡᠭᠡᠬᠦ ᠵᠡᠷᠭᠡ ᠤᠯᠠᠨ ᠵᠦᠢ᠍ᠯᠤᠨ ᠠᠷᠭ᠎ᠠ ᠮᠠᠶᠢᠭ ᠵᠶ᠋ᠠᠷ᠂ ᠰᠢ ᠵᠢᠨ ᠫᠢᠩᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰᠤᠨ ᠤᠨᠴᠠᠯᠢᠭᠲᠠᠢ ᠨᠡᠢ᠌ᠭᠡᠮ ᠵᠢᠷᠤᠮ ᠤᠨ ᠦᠵᠡᠯ ᠰᠠᠨᠠᠭ᠎ᠠ ᠬᠢᠭᠡᠳ ᠨᠠᠮᠤᠨ ᠠᠷᠪᠠ ᠶᠢᠰᠦᠳᠦᠭᠡᠷ ᠶᠡᠬᠡ ᠬᠤᠷᠠᠯᠤᠨ ᠵᠤᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠰᠤᠶᠤᠯ ᠪᠠ ᠵᠢᠭᠤᠯᠴᠢᠯᠠᠯᠤᠨ ᠠᠵᠢᠯ ᠤᠨ ᠲᠤᠬᠠᠢ ᠴᠢᠬᠤᠯᠠ ᠦᠭᠦᠯᠡᠮᠵᠢ ᠪᠤᠯᠤᠨ ᠦᠪᠦᠷ ᠮᠤᠩᠭᠤᠯᠳᠤ ᠶᠠᠷᠢᠭᠰᠠᠨ ᠶᠠᠷᠢᠶᠠᠨᠤ ᠴᠢᠬᠤᠯᠠ ᠵᠢᠭ᠋ᠠᠪᠤᠷᠢ ᠵᠢᠨ ᠵᠤᠷᠢᠭ ᠰᠠᠨᠠᠭ᠎ᠠ ᠵᠢ ᠭᠦᠨᠵᠡᠭᠡᠢ ᠰᠤᠷᠤᠯᠴᠠᠪᠠ᠃ ᠰᠤᠷᠤᠯᠴᠠᠬᠤᠪᠠᠷ ᠳᠠᠮᠵᠢᠭ᠋ᠠᠳ᠂ ᠰᠤᠶᠤᠯ ᠪᠠ ᠵᠢᠭᠤᠯᠴᠢᠯᠠᠯᠤᠨ ᠰᠢᠰᠲᠸᠮᠤᠨ ᠺᠠᠳ᠋ᠷ ᠠᠵᠢᠯᠲᠠᠳ ᠰᠢ ᠵᠢᠨ ᠫᠢᠩᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰᠤᠨ ᠤᠨᠴᠠᠯᠢᠭᠲᠠᠢ ᠨᠡᠢ᠌ᠭᠡᠮ ᠵᠢᠷᠤᠮᠤᠨ ᠦᠵᠡᠯ ᠰᠠᠨᠠᠭ᠎ᠠ ᠵᠢ ᠤᠯᠠᠮ ᠨᠢᠭᠡ ᠠᠯᠬᠤᠮ ᠭᠦᠨᠵᠡᠭᠡᠢ ᠤᠢ᠌ᠯᠠᠭ᠋ᠠᠵᠤ᠂ ᠤᠯᠠᠮ ᠢᠯᠡᠭᠦᠦ ᠪᠦᠬᠦ ᠲᠠᠯᠠᠪᠠᠷ ᠠᠳᠬᠤᠵᠤ᠂ ᠪᠤᠲᠠᠲᠠᠢ ᠱᠤᠭᠤᠮ ᠵᠶ᠋ᠠᠷ ᠵᠢᠯᠤᠭᠤᠳᠤᠯᠭ᠎ᠠ ᠪᠤᠯᠭ᠋ᠠᠵᠤ᠂ ᠠᠵᠢᠯᠤᠨ ᠴᠢᠳᠠᠪᠤᠷᠢ ᠵᠢ ᠲᠦᠯᠬᠢᠨ ᠠᠬᠢᠭᠤᠯᠤᠭᠰᠠᠨᠨᠢ ᠢᠯᠡᠳᠲᠡ ᠨᠡᠮᠡᠭᠳᠡᠭᠰᠡᠨ ᠪᠠᠢ᠌ᠨ᠎ᠠ᠃
ᠬᠤᠶᠠᠷᠲᠤ᠂ ᠲᠤᠭᠤᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠦᠷᠭᠦᠯᠵᠢᠯᠡᠨ ᠭᠦᠨᠵᠡᠭᠡᠢ᠌ᠷᠡᠭᠦᠯᠪᠡ᠃ ᠲᠤᠭᠤᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠨᠢᠭᠡ ᠵᠦᠢ᠍ᠯᠤᠨ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠪᠤᠯᠭ᠋ᠠᠵᠤ᠂ ᠲᠤᠭᠤᠷᠢᠨ ᠪᠠᠢ᠌ᠴᠠᠭ᠋ᠠᠯᠲᠠᠪᠠᠷ ᠢᠯᠡᠷᠡᠭᠦᠯᠦᠭᠰᠡᠨ ᠨᠠᠮᠳᠤ ᠪᠠᠢ᠌ᠭ᠎ᠠ ᠨᠠᠮ ᠤᠨ ᠤᠳᠤᠷᠢᠳᠤᠯᠭ᠎ᠠ᠂ ᠨᠠᠮ ᠤᠨ ᠪᠦᠲᠦᠭᠡᠨ ᠪᠠᠢ᠌ᠭᠤᠯᠤᠯᠲᠠ᠂ ᠪᠦᠬᠦ ᠲᠠᠯᠠᠪᠠᠷ ᠨᠠᠮᠢ ᠴᠢᠩᠭ᠎ᠠ ᠵᠠᠰᠠᠬᠤ ᠲᠠᠯᠠᠳᠤ ᠤᠷᠤᠰᠢᠵᠤ ᠪᠠᠢ᠌ᠭ᠎ᠠ ᠠᠰᠠᠭᠤᠳᠠᠯᠤᠨ ᠲᠤᠭᠤᠷᠢᠨᠳᠤ ᠴᠢᠩᠭ᠎ᠠ ᠲᠦᠪᠯᠡᠷᠡᠵᠦ᠂ ᠬᠠᠭ᠋ᠠᠰ ᠵᠢᠯᠤᠨ ᠬᠤᠭᠤᠴᠠᠭᠠᠲᠠᠢ ᠭᠦᠨᠵᠡᠭᠡᠢ᠌ᠷᠡᠨ ᠲᠤᠭᠤᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ ᠢ ᠦᠷᠨᠢᠭᠦᠯᠪᠡ᠃ ᠲᠤᠭᠤᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤᠳᠤ ᠤᠳᠤᠷᠢᠳᠤᠯᠭᠠᠪᠠᠷ ᠲᠤᠯᠤᠭ᠋ᠠᠢ᠌ᠯᠠᠭᠤᠯᠵᠤ᠂ ᠳᠡᠭᠡᠳᠦ ᠳᠤᠤᠷᠠᠳᠤ ᠱᠠᠲᠤ ᠬᠤᠯᠪᠤᠭ᠋ᠠᠯᠠᠨ ᠬᠦᠳᠦᠯᠦᠯᠴᠡᠬᠦ ᠵᠢ ᠪᠠᠷᠢᠮᠲᠠᠯᠠᠵᠤ᠂ ᠤᠯᠤᠰ ᠲᠦᠷᠦ ᠵᠢᠨ ᠪᠠᠢ᠌ᠷᠢᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠯᠤᠰ ᠲᠦᠷᠦ ᠵᠢᠨ ᠬᠡᠯᠪᠡᠷᠢᠯᠢ ᠭᠦᠨᠵᠡᠭᠡᠢ ᠡᠷᠢᠵᠦ᠂ ᠤᠯᠤᠰ ᠲᠦᠷᠦ ᠵᠢᠨ ᠡᠭᠦᠷᠭᠡ ᠬᠠᠷᠢᠭᠤᠴᠠᠯᠭ᠎ᠠ ᠵᠢ ᠪᠠᠲᠠᠲᠠᠢ ᠨᠠᠢ᠌ᠳᠠᠪᠤᠷᠢᠵᠢᠭᠤᠯᠵᠤ᠂ ᠲᠤᠭᠤᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠤᠯᠲᠠᠳᠤ ᠱᠠᠲᠤᠴᠢ ᠴᠢᠨᠠᠷᠲᠠᠢ ᠦᠷ᠎ᠡ ᠪᠦᠳᠦᠮᠵᠢ ᠤᠯᠬᠤ ᠵᠢ ᠲᠦᠯᠬᠢᠨ ᠠᠬᠢᠭᠤᠯᠪᠠ᠃ ᠰᠤᠶᠤᠯ ᠪᠠ ᠵᠢᠭᠤᠯᠴᠢᠯᠠᠯ ᠤᠨ ᠰᠢᠰᠲᠸᠮ ᠲᠦᠪ ᠤᠨ ᠶᠠᠳᠠᠭᠤᠠᠴᠠ ᠠᠩᠭᠢᠵᠢᠷᠠᠵᠤ ᠪᠡᠬᠢᠯᠡᠯᠲᠡ ᠵᠢ ᠰᠢᠪᠲᠤᠯᠬᠤ ᠲᠤᠰᠬᠠᠢ ᠵᠦᠢ᠍ᠯᠤᠨ ᠲᠤᠭᠤᠷᠢᠨ ᠪᠠᠢ᠌ᠴᠠᠭ᠋ᠠᠬᠤ ᠪᠦᠯᠬᠦᠮᠤᠨᠬᠢᠨᠲᠠᠢ ᠨᠠᠷᠢᠨ ᠬᠢᠨᠠᠮᠠᠭ᠋ᠠᠢ ᠬᠠᠮᠵᠢᠯᠴᠠᠵᠤ᠂ ᠲᠦᠪᠤᠨ ᠠᠮᠢ ᠠᠬᠤᠢ ᠵᠢ ᠬᠠᠮᠠᠭ᠋ᠠᠯᠠᠬᠤ ᠬᠢᠨᠠᠨ ᠪᠠᠢ᠌ᠴᠠᠭ᠋ᠠᠯᠲᠠ《ᠡᠷᠭᠢᠨ ᠬᠠᠷᠠᠵᠤ》᠂ ᠰᠠᠨᠠᠭ᠋ᠠᠴᠢᠯᠠᠭᠠᠲᠠᠢᠪᠠᠷ ᠡᠭᠦᠷᠭᠡ ᠬᠠᠷᠢᠭᠤᠴᠠᠯᠭ᠎ᠠᠪᠠᠨ ᠲᠠᠨᠢᠨ ᠠᠪᠴᠤ᠂ ᠢᠳᠡᠪᠬᠢᠲᠡᠢ ᠪᠠᠷ ᠴᠡᠭᠴᠡᠯᠡᠨ ᠰᠠᠢ᠌ᠵᠢᠷᠠᠭᠤᠯᠬᠤ ᠵᠢ ᠨᠠᠢ᠌ᠳᠠᠪᠤᠷᠢᠵᠢᠭᠤᠯᠪᠠ᠃
ᠭᠤᠷᠪᠠᠳᠤ᠂ ᠦᠵᠡᠯ ᠤᠬᠠᠮᠰᠠᠷᠤᠨ ᠬᠡᠯᠪᠡᠷᠢ ᠲᠤᠭᠲᠠᠪᠤᠷᠢᠵᠢᠨ ᠰᠠᠢ᠌ᠵᠢᠷᠠᠪᠠ᠃ ᠦᠵᠡᠯ ᠤᠬᠠᠮᠰᠠᠷᠤᠨ ᠬᠡᠯᠪᠡᠷᠢ ᠵᠢᠨ ᠠᠵᠢᠯᠤᠨ ᠬᠠᠷᠢᠭᠤᠴᠠᠯᠭ᠎ᠠ ᠵᠢᠨ ᠳᠦᠷᠢᠮᠢ ᠪᠦᠬᠦ ᠲᠠᠯ᠎ᠠ ᠪᠠᠷ ᠨᠠᠢ᠌ᠳᠠᠪᠤᠷᠢᠵᠢᠭᠤᠯᠵᠤ᠂ ᠦᠨᠳᠦᠰᠦᠨ ᠱᠠᠲᠤᠨ ᠤ ᠶᠡᠷᠦᠩᠬᠡᠢ᠌ᠯᠡᠭᠰᠡᠨ ᠴᠢᠨᠠᠷᠲᠠᠢ ᠰᠤᠶᠤᠯ ᠤᠨ ᠦᠢ᠍ᠯᠡᠴᠢᠯᠡᠭᠡᠨ ᠤ ᠲᠦᠪ ᠢ ᠰᠠᠢ᠌ᠲᠤᠷ ᠪᠠᠢ᠌ᠭᠤᠯᠵᠤ᠂ ᠰᠠᠢ᠌ᠲᠤᠷ ᠬᠠᠮᠢᠶᠠᠷᠴᠤ᠂ ᠰᠠᠢ᠌ᠲᠤᠷ ᠬᠡᠷᠡᠭᠯᠡᠬᠦ ᠪᠠᠷ ᠭᠠᠷᠳᠠᠬᠤ ᠴᠡᠭ ᠪᠤᠯᠭ᠋ᠠᠵᠤ᠂ ᠰᠤᠶᠤᠯ ᠤᠨ ᠤᠷᠳᠤᠨ᠂ ᠮᠦᠽᠸᠢ᠂ ᠨᠤᠮ ᠤᠨ ᠰᠠᠩ᠂ ᠺᠢᠨᠤ᠋ ᠵᠦᠴᠦᠭᠡ ᠵᠢᠨ ᠤᠷᠳᠤᠨ᠂ ᠵᠢᠭᠤᠯᠴᠢᠯᠠᠯ ᠤᠨ ᠦᠵᠡᠮᠵᠢ ᠵᠢᠨ ᠤᠷᠤᠨ ᠦᠵᠡᠮᠵᠢ ᠵᠢᠨ ᠴᠡᠭ ᠵᠡᠷᠭᠡ ᠡᠯ᠎ᠡ ᠲᠦᠷᠦᠯ ᠤᠨ ᠰᠤᠶᠤᠯ ᠪᠠ ᠵᠢᠭᠤᠯᠴᠢᠯᠠᠯ ᠤᠨ ᠲᠠᠯᠠᠪᠤᠷᠤᠨ ᠦᠵᠡᠯ ᠤᠬᠠᠮᠰᠠᠷ ᠤᠨ ᠬᠡᠯᠪᠡᠷᠢ ᠵᠢᠨ ᠬᠢᠨᠠᠨ ᠵᠠᠬᠢᠷᠬᠤ ᠠᠵᠢᠯ ᠢ ᠦᠷᠭᠦᠯᠵᠢᠯᠡᠨ ᠴᠢᠩᠭ᠋ᠠᠳᠬᠠᠪᠠ᠃ ᠲᠤᠤᠷ ᠰᠦᠯᠵᠢᠶᠡᠨ ᠤ ᠮᠡᠳᠡᠭᠡ ᠵᠠᠩᠭᠢ ᠵᠢ ᠬᠠᠮᠲᠤ ᠪᠠᠷ ᠡᠳ᠋ᠯᠡᠵᠤ᠂ ᠤᠷᠢᠳᠴᠢᠯᠠᠨ ᠰᠡᠷᠡᠮᠵᠢᠯᠡᠭᠦᠯᠬᠦ ᠵᠢ ᠮᠡᠳᠡᠷᠡᠵᠤ᠂ ᠪᠠᠴᠢᠮ ᠪᠠᠢ᠌ᠳᠠᠯ ᠢ ᠠᠷᠭ᠋ᠠᠴᠠᠭ᠋ᠠᠨ ᠰᠢᠢ᠍ᠳᠪᠦᠷᠢᠯᠡᠬᠦ ᠲᠤᠭᠲᠠᠯᠴᠠᠭ᠎ᠠ ᠵᠢ ᠪᠦᠬᠦ ᠲᠠᠯ᠎ᠠ ᠪᠠᠷ ᠨᠠᠢ᠌ᠳᠠᠪᠤᠷᠢᠵᠢᠭᠤᠯᠵᠤ᠂ ᠡᠯ᠎ᠡ ᠲᠦᠷᠦᠯᠤᠨ ᠬᠤᠯᠪᠤᠭᠳᠠᠬᠤ ᠦᠵᠡᠯ ᠤᠬᠠᠮᠰᠠᠷ ᠤᠨ ᠬᠡᠯᠪᠡᠷᠢ ᠵᠢ ᠵᠠᠳᠠᠯᠤᠨ ᠰᠢᠨᠵᠢᠯᠡᠵᠦ ᠰᠤᠳᠤᠯᠤᠨ ᠮᠠᠭ᠋ᠠᠳᠯᠠᠬᠤ ᠠᠵᠢᠯᠢ ᠲᠤᠭᠲᠠᠮᠠᠯ ᠬᠤᠭᠤᠴᠠᠭᠠᠲᠠᠢ ᠵᠤᠬᠢᠶᠠᠨ ᠪᠠᠢ᠌ᠭᠤᠯᠤᠨ ᠦᠷᠨᠢᠭᠦᠯᠪᠡ᠃ ᠤᠯᠠᠭ᠋ᠠᠨᠮᠦ᠋ᠴᠢᠷ ᠤᠨ《ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠤᠷᠢᠲᠤ ᠴᠡᠷᠢᠭ》ᠤᠨ ᠬᠡᠷᠡᠭᠴᠡᠭᠡ ᠵᠢ ᠭᠦᠢ᠍ᠴᠡᠳ ᠪᠠᠳᠠᠷᠠᠭᠤᠯᠵᠤ᠂ ᠭᠤᠤᠯ ᠴᠤᠭᠴᠠ ᠵᠢᠨ ᠦᠵᠡᠯ ᠤᠬᠠᠮᠰᠠᠷᠤᠨ ᠬᠡᠯᠪᠡᠷᠢ ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠠᠰᠢᠭ ᠢᠯᠡ ᠲᠤᠳᠤᠷᠬᠠᠢ ᠪᠤᠯᠪᠠ᠃
ᠳᠦᠷᠪᠡ ᠳᠤ᠂ ᠠᠯᠪᠠᠨ ᠪᠠᠢ᠌ᠭᠤᠯᠭ᠎ᠠ ᠵᠢᠨ ᠨᠠᠮᠤᠨ ᠪᠠᠢ᠌ᠭᠤᠯᠤᠯᠲᠠ ᠳᠦᠷᠢᠮᠵᠢᠨ ᠬᠦᠭᠵᠢᠪᠡ 《ᠤᠮᠠᠷᠠᠲᠤ ᠬᠢᠯᠢ ᠵᠢᠨ ᠬᠤᠰᠢᠭᠤᠴᠢ》ᠢᠨᠵᠸᠨ᠋ᠷᠢᠩ ᠢ ᠴᠢᠩᠭ᠎ᠠ ᠬᠦᠷᠢᠶᠡᠯᠡᠵᠦ᠂ ᠠᠯᠪᠠᠨ ᠪᠠᠢ᠌ᠭᠤᠯᠭ᠎ᠠ ᠪᠠ ᠰᠢᠭᠤᠳ ᠬᠠᠷᠢᠶ᠎ᠠ ᠪᠠᠢ᠌ᠭᠤᠯᠭ᠎ᠠ ᠳᠤ《ᠬᠤᠶᠠᠷᠢ ᠪᠠᠢ᠌ᠭᠤᠯᠬᠤ ᠬᠤᠶᠠᠷ ᠢ ᠡᠭᠦᠳᠬᠦ》 ᠠᠵᠢᠯᠯᠠᠭ᠎ᠠ ᠵᠢ ᠦᠷᠭᠦᠯᠵᠢᠯᠡᠨ ᠦᠷᠨᠢᠭᠦᠯᠪᠡ᠃ ᠨᠠᠮ ᠤᠨ ᠡᠭᠦᠷ ᠤᠨ ᠪᠠᠷᠢᠮᠵᠢᠶᠠᠵᠢᠭᠤᠯᠤᠭᠰᠠᠨ ᠪᠦᠲᠦᠭᠡᠨ ᠪᠠᠢ᠌ᠭᠤᠯᠤᠯᠲᠠ ᠵᠢ ᠯᠠᠪᠳᠠᠭᠣᠨ ᠵᠶ᠋ᠠᠷ ᠲᠦᠯᠬᠢᠨ ᠠᠬᠢᠭᠤᠯᠵᠤ᠂《ᠭᠤᠷᠪᠠᠨ ᠬᠤᠷᠠᠯ ᠨᠢᠭᠡ ᠬᠢᠴᠢᠶᠡᠯ》 ᠤᠨ ᠳᠦᠷᠢᠮ ᠢ ᠪᠠᠲᠤ ᠨᠠᠢ᠌ᠳᠠᠪᠤᠷᠢᠵᠢᠭᠤᠯᠵᠤ᠂ ᠨᠠᠮ ᠤᠨ ᠳᠤᠲᠤᠷᠠᠬᠢ ᠤᠯᠤᠰ ᠲᠦᠷᠦ ᠵᠢᠨ ᠠᠮᠢᠳᠤᠷᠠᠯ ᠢ ᠲᠠᠰᠤᠷᠠᠯᠲᠠ ᠦᠭᠡᠢ ᠳᠦᠷᠢᠮᠵᠢᠭᠦᠯᠪᠡ᠃ ᠨᠠᠮ ᠤᠨ ᠡᠭᠦᠷ ᠤᠨ ᠲᠤᠭᠳᠠᠮᠠᠯ ᠬᠤᠷᠠᠯᠳᠤᠬᠤ ᠳᠦᠷᠢᠮ ᠢ ᠲᠤᠭᠲᠠᠭ᠋ᠠᠪᠠ᠃ ᠲᠤᠰᠢᠶᠠᠯ ᠤᠨ ᠬᠤᠭᠤᠴᠠᠭ᠎ᠠ ᠳᠠᠭᠤᠰᠤᠭᠰᠠᠨ ᠦᠨᠳᠦᠰᠦᠨ ᠱᠠᠲᠤᠨ ᠤ ᠨᠠᠮ ᠤᠨ ᠡᠭᠦᠷ ᠢ ᠵᠤᠬᠢᠶᠠᠨ ᠪᠠᠢ᠌ᠭᠤᠯᠵᠤ ᠬᠤᠭᠤᠴᠠᠭ᠎ᠠ ᠰᠤᠯᠢᠬᠤ ᠰᠤᠩᠭᠤᠭᠤᠯᠢ ᠬᠢᠯᠭᠡᠪᠡ᠃ ᠨᠠᠮ ᠤᠨ ᠠᠵᠢᠯ ᠤᠨ ᠺᠠᠳ᠋ᠷ ᠢ ᠪᠤᠯᠪᠠᠰᠤᠷᠠᠭᠤᠯᠬᠤ ᠡᠷᠴᠢᠮ ᠢ ᠦᠷᠭᠦᠯᠵᠢᠯᠡᠨ ᠶᠡᠬᠡᠳᠭᠡᠵᠦ᠂ ᠨᠠᠮ ᠤᠨ ᠡᠭᠦᠷ ᠤᠨ ᠱᠦᠵᠢ ᠵᠢ ᠵᠤᠬᠢᠶᠠᠨ ᠪᠠᠢ᠌ᠭᠤᠯᠵᠤ᠂ ᠰᠠᠬᠢᠯᠭ᠎ᠠ ᠪᠠᠲᠤ ᠪᠠᠢ᠌ᠴᠠᠭ᠋ᠠᠬᠤ ᠺᠠᠳ᠋ᠷᠴᠤᠳ ᠵᠢᠨ ᠭᠠᠩ ᠱᠠᠨ ᠳᠤ ᠬᠦᠷᠴᠦ ᠲᠤᠰᠬᠠᠢ ᠰᠡᠳᠦᠪ ᠤᠨ ᠪᠤᠯᠪᠠᠰᠤᠷᠠᠯ ᠬᠦᠷᠲᠡᠪᠡ᠃ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠢ᠌ᠭᠤᠯᠤᠯᠲᠠ ᠳᠤ ᠵᠢᠯ ᠤᠨ ᠠᠵᠢᠯ ᠤᠨ ᠬᠠᠷᠢᠭᠤ ᠮᠡᠳᠡᠭᠦᠯᠦᠯᠲᠡ ᠵᠢᠨ ᠵᠦᠪᠯᠡᠨ ᠲᠤᠭᠲᠠᠭ᠋ᠠᠬᠤ ᠬᠢᠨᠠᠨ ᠰᠢᠯᠭ᠋ᠠᠯᠲᠠ ᠬᠢᠪᠡ᠃ ᠦᠪᠦᠷ ᠮᠤᠩᠭᠤᠯ ᠤᠨ ᠨᠤᠮ ᠤᠨ ᠰᠠᠩ ᠤᠨ ᠳᠦᠷᠪᠡᠳᠦᠭᠡᠷ ᠨᠠᠮ ᠤᠨ ᠡᠭᠦᠷ ᠰᠢᠭᠤᠳ ᠬᠠᠷᠢᠶ᠎ᠠ ᠠᠯᠪᠠᠨ ᠪᠠᠢ᠌ᠭᠤᠯᠭ᠎ᠠ ᠵᠢᠨ ᠨᠠᠮ ᠤᠨ ᠪᠠᠢ᠌ᠭᠤᠯᠤᠯᠲᠠ ᠵᠢᠨ ᠠᠵᠢᠯ ᠤᠨ ᠦᠭᠦᠯᠡᠯ ᠤᠨ ᠲᠠᠪᠴᠠᠩ ᠳᠡᠭᠡᠷ᠎ᠡ ᠨᠡᠢ᠌ᠳᠡᠯᠢᠭ ᠰᠠᠢ᠌ᠬᠠᠨ ᠰᠤᠯᠢᠯᠴᠠᠭ᠋ᠠᠨ ᠤ ᠢᠯᠡᠳᠭᠡᠯ ᠬᠢᠪᠡ᠃
ᠲᠠᠪᠤᠳᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠦᠲᠦᠭᠡᠨ ᠪᠠᠢ᠌ᠭᠤᠯᠤᠯᠲᠠ ᠭᠦᠨᠵᠡᠭᠡᠢ᠌ᠷᠡᠨ ᠠᠬᠢᠪᠠ᠃ ᠨᠠᠮ ᠤᠨ ᠰᠤᠷᠲᠠᠯ ᠴᠢᠭᠡᠴᠢ ᠵᠠᠰᠠᠭ ᠤᠨ ᠪᠦᠲᠦᠭᠡᠨ ᠪᠠᠢ᠌ᠭᠤᠯᠤᠯᠲᠠ ᠵᠢᠨ《 ᠬᠤᠤᠰ ᠡᠭᠦᠷᠭᠡ ᠬᠠᠷᠢᠭᠤᠴᠠᠯᠭ᠎ᠠ》 ᠵᠢ ᠪᠦᠬᠦ ᠲᠠᠯ᠎ᠠ ᠪᠠᠷ ᠨᠠᠢ᠌ᠳᠠᠪᠤᠷᠢᠵᠢᠭᠤᠯᠵᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠦᠲᠦᠭᠡᠨ ᠪᠠᠢ᠌ᠭᠤᠯᠤᠯᠲᠠ ᠬᠢᠭᠡᠳ ᠢᠯᠵᠢᠷᠡᠯ ᠢ ᠡᠰᠡᠷᠭᠦᠴᠡᠬᠦ ᠠᠵᠢᠯ ᠤᠨ ᠬᠤᠷᠠᠯ ᠢ ᠵᠤᠬᠢᠶᠠᠨ ᠪᠠᠢ᠌ᠭᠤᠯᠤᠨ ᠬᠤᠷᠠᠯᠳᠤᠪᠠ᠃ ᠡᠯ᠎ᠡ ᠠᠵᠢᠯ ᠤᠨ ᠪᠠᠢ᠌ᠷᠢ ᠵᠢᠨ ᠴᠢᠭᠡᠴᠢ ᠵᠠᠰᠠᠭ ᠤᠨ ᠲᠦᠭᠰᠢᠭᠦᠷᠢ ᠳᠤ ᠰᠢᠨ᠎ᠡ ᠪᠠᠷ ᠦᠨᠡᠯᠡᠨ ᠵᠢᠱ᠌ᠢᠯᠲᠡ ᠬᠢᠵᠦ᠂ ᠴᠢᠭᠡᠴᠢ ᠵᠠᠰᠠᠭ ᠤᠨ ᠲᠦᠭᠰᠢᠭᠦᠷᠢ ᠳᠤ ᠰᠡᠷᠭᠡᠢ᠌ᠯᠡᠬᠦ ᠠᠷᠭ᠎ᠠ ᠬᠡᠮᠵᠢᠶ᠎ᠡ ᠲᠤᠭᠲᠠᠭ᠋ᠠᠵᠤ᠂ ᠴᠢᠭᠡᠴᠢ ᠵᠠᠰᠠᠭ ᠤᠨ ᠪᠦᠲᠦᠭᠡᠨ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢᠨ ᠪᠢᠴᠢᠭ ᠪᠠᠢ᠌ᠭᠤᠯᠪᠠ᠃《ᠬᠤᠤᠰ ᠡᠭᠦᠷᠭᠡ ᠬᠠᠷᠢᠭᠤᠴᠠᠯᠭ᠎ᠠ》 ᠵᠢ ᠦᠷᠭᠦᠯᠵᠢᠯᠡᠨ ᠭᠦᠨᠵᠡᠭᠡᠢ᠌ᠷᠡᠭᠦᠯᠦᠨ ᠰᠠᠨᠠᠯ ᠵᠶ᠋ᠠᠨ ᠳᠡᠪᠰᠢᠭᠦᠯᠵᠦ ᠴᠡᠭᠴᠡᠯᠡᠨ ᠰᠠᠢ᠌ᠵᠢᠷᠠᠭᠤᠯᠬᠤ ᠠᠵᠢᠯ ᠢ ᠬᠢᠨᠠᠨ ᠪᠠᠢ᠌ᠴᠠᠭ᠋ᠠᠪᠠ᠃ ᠰᠡᠷᠡᠮᠵᠢᠯᠡᠭᠦᠯᠬᠦ ᠬᠦᠮᠦᠵᠢᠯ ᠤᠨ ᠬᠤᠷᠠᠯ ᠬᠢᠭᠡᠳ ᠴᠢᠭᠡᠴᠢ ᠵᠠᠰᠠᠭ ᠤᠨ ᠲᠤᠰᠬᠠᠢ ᠰᠡᠳᠦᠪ ᠤᠨ ᠬᠠᠷᠢᠭᠤ ᠮᠡᠳᠡᠭᠦᠯᠦᠯᠲᠡ ᠵᠢᠨ ᠬᠤᠷᠠᠯ ᠢ ᠡᠷᠬᠢᠯᠡᠨ ᠬᠢᠵᠦ᠂ ᠨᠠᠮ ᠤᠨ ᠭᠡᠰᠢᠭᠦᠨ ᠺᠠᠳ᠋ᠷ ᠢ ᠵᠤᠬᠢᠶᠠᠨ ᠪᠠᠢ᠌ᠭᠤᠯᠤᠨ ᠦᠪᠡᠷᠲᠡᠭᠡᠨ ᠵᠠᠰᠠᠬᠤ ᠤᠷᠤᠨ ᠤ ᠴᠢᠭᠡᠴᠢ ᠵᠠᠰᠠᠭ ᠤᠨ ᠬᠦᠮᠦᠵᠢᠯ ᠤᠨ ᠦᠵᠡᠰᠭᠦᠯᠡᠩ ᠢ ᠲᠤᠭᠤᠷᠢᠨ ᠦᠵᠡᠪᠡ᠃ ᠤᠪᠤᠷ ᠰᠤᠷᠲᠠᠯ ᠤᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠬᠡᠯᠪᠡᠷᠢ ᠵᠢ ᠪᠠᠷᠢᠮᠲᠠᠯᠠᠬᠤ ᠦᠵᠡᠯ ᠢ ᠴᠢᠩᠭ᠎ᠠ ᠬᠢᠵᠠᠭ᠋ᠠᠷᠯᠠᠨ ᠨᠤᠶᠠᠨᠴᠢ ᠦᠵᠡᠯ ᠢ ᠭᠡᠳᠡᠷᠭᠦ ᠳᠠᠭ᠋ᠠᠷᠢᠨ ᠪᠤᠴᠠᠭ᠋ᠠᠪᠠ᠃ ᠲᠦᠪ ᠤᠨ ᠨᠠᠢ᠍ᠮᠠᠨ ᠵᠤᠷᠪᠤᠰ ᠲᠤᠭᠲᠠᠭ᠋ᠠᠯ ᠤᠨ ᠵᠤᠷᠢᠭ ᠰᠠᠨᠠᠭ᠎ᠠ ᠵᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠠᠶᠠᠷ ᠳᠤᠷᠠᠰᠬᠠᠯ ᠤᠨ ᠠᠮᠠᠷᠠᠯᠲᠠ ᠵᠢᠨ ᠬᠤᠭᠤᠴᠠᠭ᠋ᠠᠨ ᠳᠤ ᠲᠦᠪ ᠤᠨ ᠨᠠᠢ᠍ᠮᠠᠨ ᠵᠤᠷᠪᠤᠰ ᠲᠤᠭᠲᠠᠭ᠋ᠠᠯ ᠤᠨ ᠵᠤᠷᠢᠭ ᠰᠠᠨᠠᠭ᠎ᠠ ᠵᠢ ᠵᠦᠷᠢᠴᠡᠵᠦ ᠪᠠᠢ᠌ᠭ᠎ᠠ ᠪᠠᠢ᠌ᠳᠠᠯ ᠳᠤ ᠢᠯᠡ ᠪᠠᠷ ᠪᠠᠢ᠌ᠴᠠᠭ᠋ᠠᠵᠤ ᠨᠢᠭᠤᠴᠠ ᠪᠠᠷ ᠰᠤᠷᠪᠤᠯᠵᠢᠯᠠᠬᠤ ᠠᠷᠭ᠎ᠠ ᠬᠡᠮᠵᠢᠶ᠎ᠡ ᠵᠢ ᠵᠤᠬᠢᠶᠠᠨ ᠪᠠᠢ᠌ᠭᠤᠯᠵᠤ ᠶᠠᠪᠤᠭᠳᠠᠭᠤᠯᠪᠠ᠃ ᠰᠠᠬᠢᠯᠭ᠎ᠠ ᠪᠠᠲᠤ ᠵᠢ ᠬᠢᠨᠠᠨ ᠬᠡᠷᠡᠭᠵᠢᠭᠦᠯᠬᠦ《ᠳᠦᠷᠪᠡᠨ ᠲᠦᠷᠦᠯ ᠤᠨ ᠬᠡᠯᠪᠡᠷᠢ》 ᠵᠢ ᠬᠡᠷᠡᠭᠵᠢᠭᠦᠯᠦᠨ᠂ ᠨᠠᠮ ᠤᠨ ᠳᠦᠷᠢᠮ ᠵᠠᠰᠠᠭ ᠤᠨ ᠰᠠᠬᠢᠯᠭ᠎ᠠ ᠵᠢ ᠵᠦᠷᠢᠴᠡᠭᠰᠡᠨ 54 ᠨᠡᠷ᠎ᠡ ᠨᠠᠮ ᠤᠨ ᠭᠡᠰᠢᠭᠦᠨ ᠺᠠᠳ᠋ᠷ ᠲᠤ ᠬᠠᠷᠢᠭᠤᠴᠠᠯᠭ᠎ᠠ ᠨᠡᠬᠡᠨ ᠵᠠᠯᠬᠠᠭ᠋ᠠᠯ ᠦᠵᠡᠭᠦᠯᠪᠡ᠃
ᠵᠢᠷᠭᠤᠭ᠎ᠠ ᠳᠤ᠂ ᠤᠶᠤᠨ ᠤ ᠪᠤᠯᠪᠠᠰᠤᠨ ᠤ ᠪᠠᠢ᠌ᠭᠤᠯᠤᠯᠲᠠ ᠵᠢ ᠦᠷᠭᠦᠯᠵᠢᠯᠡᠨ ᠭᠦᠨᠵᠡᠭᠡᠢ᠌ᠷᠡᠭᠦᠯᠪᠡ᠃ ᠪᠤᠯᠪᠠᠰᠤᠨ ᠨᠢᠭᠡᠴᠢ ᠵᠢ ᠡᠭᠦᠳᠦᠨ ᠪᠠᠢ᠌ᠭᠤᠯᠬᠤ ᠠᠵᠢᠯᠯᠠᠭ᠎ᠠ ᠵᠢ ᠦᠷᠨᠢᠭᠦᠯᠵᠦ᠂ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠠᠯᠪᠠᠨ ᠪᠠᠢ᠌ᠭᠤᠯᠭ᠎ᠠ ᠵᠢᠨ ᠪᠤᠯᠪᠠᠰᠤᠨ ᠨᠢᠭᠡᠴᠢ ᠵᠢ ᠪᠦᠷᠬᠦᠭᠦᠯᠬᠦ ᠠᠵᠢᠯ ᠢ ᠪᠡᠶᠡᠯᠡᠭᠦᠯᠵᠦ᠂ ᠦᠪᠦᠷ ᠮᠤᠩᠭᠤᠯ ᠤᠨ ᠰᠤᠶᠤᠯ ᠤᠨ ᠤᠷᠳᠤᠨ《ᠪᠤᠯᠪᠠᠰᠤᠨ ᠨᠢᠭᠡᠴᠢ ᠵᠢᠨ ᠳᠠᠭᠤᠷᠢᠶᠠᠯ》 ᠵᠶ᠋ᠠᠷ ᠦᠨᠡᠯᠡᠭᠳᠡᠨ ᠬᠦᠬᠢᠭᠦᠯᠦᠭᠳᠡᠪᠡ᠃ ᠡᠩᠬᠡᠪᠡᠢ ᠳᠤ ᠤᠴᠢᠵᠤ ᠠᠯᠪᠠᠨ ᠵᠢᠷᠤᠮ ᠵᠶ᠋ᠠᠷ ᠮᠤᠳᠤ ᠵᠠᠢ᠌ᠯᠠᠬᠤ᠂ ᠵᠡᠮᠳᠡᠭᠴᠦᠳ ᠢ ᠪᠤᠯᠭᠤᠭ᠋ᠠᠨ ᠲᠤᠬᠤᠨᠢᠭᠤᠯᠬᠤ᠂ ᠲᠦᠯᠦᠪᠦᠷᠢ ᠦᠭᠡᠢ ᠴᠢᠰᠤ ᠬᠠᠨᠳᠢᠪᠯᠠᠬᠤ᠂《ᠲᠦᠭᠡᠮᠡᠯ ᠬᠠᠢ᠌ᠷ᠎ᠠ ᠵᠢᠨ ᠨᠢᠭᠡᠨ ᠡᠳᠦᠷ ᠤᠨ ᠲᠤᠰᠠᠯᠠᠮᠵᠢ》 ᠵᠡᠷᠭᠡ 10 ᠭᠠᠷᠤᠢ ᠤᠳᠠᠭ᠋ᠠᠨ ᠤ ᠰᠠᠢ᠌ᠨ ᠳᠤᠷ᠎ᠠ ᠵᠢᠨ ᠦᠢ᠍ᠯᠡᠴᠢᠯᠡᠭᠡᠨ ᠤ ᠠᠵᠢᠯᠯᠠᠭ᠎ᠠ ᠵᠢ ᠦᠷᠨᠢᠭᠦᠯᠪᠡ᠃《ᠪᠤᠯᠪᠠᠰᠤᠨ ᠵᠢᠭᠤᠯᠴᠢᠯᠠᠵᠤ᠂ ᠳᠤᠮᠳᠠᠳᠤ ᠳᠤ ᠪᠠᠨ ᠬᠤᠪᠢ ᠨᠡᠮᠡᠷᠢᠯᠡᠶ᠎ᠡ》 ᠵᠡᠷᠭᠡ ᠭᠤᠤᠯ ᠰᠡᠳᠦᠪᠲᠦ ᠠᠵᠢᠯᠯᠠᠭ᠎ᠠ ᠵᠢ ᠭᠦᠨᠵᠡᠭᠡᠢ ᠦᠷᠨᠢᠭᠦᠯᠵᠦ᠂ ᠪᠤᠯᠪᠠᠰᠤᠨ ᠵᠢᠭᠤᠯᠴᠢᠯᠠᠯ ᠤᠨ ᠤᠷᠴᠢᠨ ᠲᠤᠭᠤᠷᠢᠨ ᠢ ᠢᠳᠡᠪᠬᠢᠲᠡᠢ ᠪᠠᠢ᠌ᠭᠤᠯᠪᠠ᠃ ᠰᠢᠭᠤᠳ ᠬᠠᠷᠢᠶ᠎ᠠ ᠠᠯᠪᠠᠨ ᠪᠠᠢ᠌ᠭᠤᠯᠭ᠎ᠠ ᠵᠢᠨ《ᠠᠷᠠᠯ ᠤᠨ ᠱᠠᠷ》 ᠬᠤᠨᠳᠠᠭ᠋ᠠᠲᠤ ᠪᠡᠶ᠎ᠡ ᠴᠠᠬᠢᠷᠠᠭᠵᠢᠭᠤᠯᠬᠤ ᠬᠤᠯᠪᠤᠭ᠋ᠠᠲᠤ ᠤᠷᠤᠯᠳᠤᠭ᠋ᠠᠨ ᠢ ᠵᠤᠬᠢᠶᠠᠨ ᠪᠠᠢ᠌ᠭᠤᠯᠤᠨ ᠤᠷᠤᠯᠴᠠᠪᠠ᠃ ᠦᠪᠦᠷ ᠮᠤᠩᠭᠤᠯ ᠤᠨ ᠮᠦᠽᠸᠢ ᠵᠢᠨ ᠰᠠᠢ᠌ᠨ ᠳᠤᠷᠠᠴᠤᠳ ᠤᠨ ᠪᠦᠯᠬᠦᠮ ᠤᠷᠢᠳ ᠬᠤᠵᠢᠳ ᠰᠤᠶᠤᠯ ᠪᠠ ᠵᠢᠭᠤᠯᠴᠢᠯᠠᠯ ᠤᠨ ᠶᠠᠮᠤᠨ ᠤ《ᠦᠨᠳᠦᠰᠦᠨ ᠱᠠᠲᠤᠨ ᠤ ᠰᠤᠶᠤᠯ ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ ᠤ ᠨᠡᠢ᠌ᠳᠡᠯᠢᠭ ᠪᠦᠯᠬᠦᠮ》 ᠪᠤᠯᠤᠨ ᠳᠤᠮᠳᠠᠳᠤ ᠤᠯᠤᠰ ᠤᠨ ᠮᠦᠽᠸᠢ ᠵᠢᠨ ᠨᠡᠢ᠌ᠭᠡᠮᠯᠢᠭ ᠤᠨ《ᠳᠤᠮᠳᠠᠳᠤ ᠤᠯᠤᠰ ᠤᠨ ᠮᠦᠽᠸᠢ ᠵᠢᠨ ᠰᠢᠯᠢᠳᠡᠭ ᠦᠢ᠍ᠯᠡᠴᠢᠯᠡᠭᠡᠨ ᠤ ᠪᠦᠯᠬᠦᠮ》 ᠢᠷᠠᠭᠤ ᠠᠯᠳᠠᠷ ᠵᠶ᠋ᠠᠷ ᠴᠤᠯᠠᠯᠠᠭᠳᠠᠵᠤ᠂ ᠦᠪᠦᠷ ᠮᠤᠩᠭᠤᠯ ᠤᠨ ᠦᠵᠡᠰᠭᠦᠯᠡᠩ ᠤᠨ ᠤᠷᠳᠤᠨ《ᠤᠷᠤᠨ ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠯᠸᠢ ᠹᠸᠩ ᠠᠴᠠ ᠰᠤᠷᠤᠯᠴᠠᠬᠤ ᠠᠵᠢᠯᠯᠠᠭ᠋ᠠᠨᠤ ᠵᠢᠱ᠌ᠢᠶᠡᠴᠢ ᠴᠡᠭ》 ᠵᠶ᠋ᠠᠷ ᠴᠤᠯᠠᠯᠠᠭᠳᠠᠪᠠ᠃
ᠬᠤᠶᠠᠷ᠂ ᠰᠤᠶᠤᠯ ᠤᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ ᠳᠤᠪᠤᠢ᠌ᠮᠠ ᠠᠮᠵᠢᠯᠲᠠᠲᠠᠢ᠃
ᠨᠢᠭᠡ ᠵᠢᠯ ᠤᠨ ᠲᠤᠷᠰᠢ ᠪᠢᠳᠡ ᠰᠢᠨ᠎ᠡ ᠬᠦᠭᠵᠢᠯᠲᠡ ᠵᠢᠨ ᠤᠢ᠌ᠯᠠᠭ᠋ᠠᠭᠳᠠᠬᠤᠨ ᠵᠶ᠋ᠠᠷ ᠰᠤᠶᠤᠯ ᠤᠨ ᠪᠦᠲᠦᠭᠡᠨ ᠪᠠᠢ᠌ᠭᠤᠯᠤᠯᠲᠠ ᠵᠢ ᠤᠳᠤᠷᠢᠳᠬᠤ ᠵᠢ ᠢᠮᠠᠭᠲᠠ ᠪᠠᠷᠢᠮᠲᠠᠯᠠᠵᠤ᠂ ᠤᠯᠠᠭ᠋ᠠᠨᠮᠦ᠋ᠴᠢᠷ ᠤᠨ ᠦᠢ᠍ᠯᠡᠰ᠂ ᠤᠷᠠᠨ ᠪᠦᠲᠦᠭᠡᠯ ᠤᠨ ᠦᠢ᠍ᠯᠡᠳᠪᠦᠷᠢᠯᠡᠯ᠂ ᠤᠯᠠᠨ ᠨᠡᠢ᠌ᠲᠡ ᠵᠢᠨ ᠰᠤᠶᠤᠯ ᠤᠨ ᠦᠢ᠍ᠯᠡᠴᠢᠯᠡᠭᠡ᠂ ᠲᠡᠦᠬᠡᠨ ᠳᠤᠷᠠᠰᠬᠠᠯᠲᠤ ᠵᠦᠢ᠍ᠯᠡᠰ ᠢ ᠬᠠᠮᠠᠭ᠋ᠠᠯᠠᠵᠤ ᠠᠰᠢᠭᠯᠠᠬᠤ᠂ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ ᠬᠠᠮᠠᠭ᠋ᠠᠯᠠᠬᠤ᠂ ᠰᠤᠶᠤᠯ ᠤᠨ ᠦᠪ ᠬᠦᠷᠦᠩᠭᠡ ᠵᠢᠨ ᠬᠦᠭᠵᠢᠯᠲᠡ᠂ ᠰᠤᠶᠤᠯ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠭᠠᠳᠠᠭ᠋ᠠᠳᠤ ᠪᠤᠯᠤᠨ ᠰᠢᠶᠩᠭ᠋ᠠᠩ ᠤᠤᠮᠸᠨ ᠲᠠᠢ᠌ᠸᠠᠨᠲᠠᠢ ᠰᠤᠶᠤᠯ ᠤᠨ ᠰᠤᠯᠢᠯᠴᠠᠭ᠎ᠠ ᠬᠢᠬᠦ ᠵᠡᠷᠭᠡ ᠡᠯ᠎ᠡ ᠲᠦᠷᠦᠯ ᠤᠨ ᠠᠵᠢᠯ ᠤᠨ ᠭᠢᠯᠠᠯᠵᠠᠭᠰᠠᠨ ᠴᠡᠭ ᠲᠤᠰ ᠲᠤᠰ ᠳᠤ ᠪᠠᠨ ᠢᠯᠭ᠋ᠠᠷᠠᠵᠤ᠂ ᠰᠤᠶᠤᠯ ᠤᠨ ᠬᠦᠭᠵᠢᠯᠲᠡ ᠵᠢᠨ ᠴᠢᠨᠠᠷ ᠴᠢᠨᠰᠠᠭ᠎ᠠ ᠪᠤᠯᠤᠨ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠪᠡ᠃
ᠨᠢᠭᠡ ᠳᠤ᠂ ᠤᠯᠠᠭ᠋ᠠᠨᠮᠦ᠋ᠴᠢᠷ ᠤᠨ ᠦᠢ᠍ᠯᠡᠰ ᠪᠠᠳᠠᠷᠠᠨ ᠬᠦᠭᠵᠢᠪᠡ᠃ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠤᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠯᠠᠭ᠋ᠠᠨᠮᠦ᠋ᠴᠢᠷ ᠤᠨ ᠦᠢ᠍ᠯᠡᠰ ᠤᠨ ᠬᠦᠭᠵᠢᠯᠲᠡ ᠵᠢ ᠢᠳᠡᠪᠬᠢᠲᠡᠢ ᠲᠦᠯᠬᠢᠨ ᠠᠬᠢᠭᠤᠯᠪᠠ᠃ ᠤᠯᠠᠭ᠋ᠠᠨᠮᠦ᠋ᠴᠢᠷ ᠢ ᠵᠤᠬᠢᠶᠠᠨ ᠪᠠᠢ᠌ᠭᠤᠯᠤᠨ ᠦᠨᠳᠦᠰᠦᠨ ᠱᠠᠲᠤᠨ ᠳᠤ ᠭᠦᠨᠵᠡᠭᠡᠢ᠌ᠷᠡᠨ 7000 ᠭᠠᠷᠤᠢ ᠲᠠᠯᠠᠪᠠᠢ ᠤᠳᠠᠭ᠎ᠠ ᠲᠤᠭᠯᠠᠯᠲᠠ ᠭᠠᠷᠭ᠋ᠠᠪᠠ᠃ ᠤᠯᠠᠭ᠋ᠠᠨᠮᠦ᠋ᠴᠢᠷ ᠢ ᠵᠤᠬᠢᠶᠠᠨ ᠪᠠᠢ᠌ᠭᠤᠯᠤᠨ ᠪᠡᠭᠡᠵᠢᠩ ᠤᠨ ᠰᠠᠨᠰᠠᠷ ᠠᠶᠠᠯᠠᠯ ᠤᠨ ᠬᠤᠲᠠ᠂ ᠵᠢᠷᠦᠬᠡ ᠰᠠᠭᠤᠷᠢᠨ ᠭᠠᠵᠠᠷ ᠵᠢᠴᠢ ᠬᠢᠯᠢ ᠵᠢᠨ ᠴᠡᠷᠢᠭ ᠠᠩᠭᠢ᠂ ᠬᠠᠷᠠᠭᠤᠯ ᠤᠨ ᠭᠠᠵᠠᠷ ᠲᠤ ᠲᠤᠬᠤᠨᠢᠭᠤᠯᠬᠤ ᠲᠤᠭᠯᠠᠯᠲᠠ ᠬᠢᠪᠡ᠃ ᠳᠠᠭᠤᠤ ᠪᠦᠵᠢᠭᠲᠦ ᠵᠦᠴᠦᠭᠡ《ᠮᠢᠨᠤ ᠤᠯᠠᠭ᠋ᠠᠨᠮᠦ᠋ᠴᠢᠷ》᠂ ᠳᠠᠭᠤᠤ ᠪᠦᠵᠢᠭ《ᠲᠠᠯ᠎ᠠ ᠨᠤᠲᠤᠭ ᠤᠨ ᠤᠯᠠᠭ᠋ᠠᠨᠮᠦ᠋ᠴᠢᠷ》 ᠢ ᠵᠤᠬᠢᠶᠠᠨ ᠪᠠᠢ᠌ᠭᠤᠯᠵᠤ ᠪᠡᠭᠡᠵᠢᠩ ᠳᠤ ᠬᠦᠷᠴᠦ ᠬᠠᠷᠢᠭᠤ ᠮᠡᠳᠡᠭᠦᠯᠦᠯᠲᠡ ᠵᠢᠨ ᠲᠤᠭᠯᠠᠯᠲᠠ ᠬᠢᠪᠡ᠃ ᠪᠦᠬᠦ ᠤᠷᠤᠨ ᠤ ᠮᠤᠩᠭᠤᠯ ᠬᠢᠲᠠᠳ ᠬᠡᠯᠡᠨ ᠤ ᠬᠤᠱ᠌ᠤᠩ ᠱᠤᠭ ᠵᠦᠴᠦᠭᠡ ᠵᠢᠨ ᠤᠷᠤᠯᠳᠤᠭ᠋ᠠᠨ᠂ ᠤᠯᠠᠭ᠋ᠠᠨᠮᠦ᠋ᠴᠢᠷ ᠤᠨ ᠰᠢᠨ᠎ᠡ ᠬᠦᠮᠦᠨ ᠤ ᠰᠢᠨ᠎ᠡ ᠪᠦᠲᠦᠭᠡᠯ ᠤᠨ ᠤᠷᠤᠯᠳᠤᠭ᠋ᠠᠨ ᠢ ᠡᠷᠬᠢᠯᠡᠵᠦ᠂ ᠰᠢᠯᠢᠳᠡᠭ ᠤᠯᠠᠭ᠋ᠠᠨᠮᠦ᠋ᠴᠢᠷ ᠢ ᠰᠢᠯᠭ᠋ᠠᠷᠠᠭᠤᠯᠤᠨ ᠲᠦᠪᠯᠡᠷᠡᠭᠰᠡᠨ ᠦᠵᠡᠭᠦᠯᠦᠯᠭᠡ ᠵᠢᠨ ᠲᠤᠭᠯᠠᠯᠲᠠ ᠬᠢᠪᠡ᠃ ᠤᠯᠠᠭ᠋ᠠᠨᠮᠦ᠋ᠴᠢᠷ ᠤᠨ ᠰᠠᠭᠤᠳᠠᠯ ᠤᠨ ᠬᠤᠷᠠᠯ᠂ ᠤᠯᠠᠭ᠋ᠠᠨᠮᠦ᠋ᠴᠢᠷ ᠤᠨ ᠦᠭᠦᠯᠡᠯ ᠤᠨ ᠲᠠᠪᠴᠠᠩ ᠢ ᠡᠷᠬᠢᠯᠡᠵᠦ᠂ ᠤᠯᠠᠭ᠋ᠠᠨᠮᠦ᠋ᠴᠢᠷ ᠤᠨ ᠰᠤᠳᠤᠯᠭ᠋ᠠᠨ ᠢ ᠲᠠᠰᠤᠷᠠᠯᠲᠠ ᠦᠭᠡᠢ ᠭᠦᠨᠵᠡᠭᠡᠢ᠌ᠷᠡᠭᠦᠯᠪᠡ᠃ ᠤᠷᠤᠨ ᠤ ᠳᠤᠲᠤᠨ᠎ᠠ ᠭᠠᠳᠠᠨ᠎ᠠ ᠵᠢᠨ ᠤᠷᠠᠯᠢᠭ ᠤᠨ ᠳᠡᠭᠡᠳᠦ ᠰᠤᠷᠭ᠋ᠠᠭᠤᠯᠢᠲᠠᠢ ᠬᠠᠮᠲᠤᠷᠠᠨ ᠤᠯᠠᠭ᠋ᠠᠨᠮᠦ᠋ᠴᠢᠷ ᠤᠨ ᠲᠤᠭᠯᠠᠭᠴᠢᠳ ᠤᠨ ᠪᠤᠳᠠᠲᠠᠢ ᠪᠤᠯᠪᠠᠰᠤᠷᠠᠯ ᠤᠨ ᠰᠠᠭᠤᠷᠢᠨ ᠭᠠᠵᠠᠷ ᠢ ᠡᠭᠦᠳᠦᠨ ᠪᠠᠢ᠌ᠭᠤᠯᠵᠤ᠂ ᠤᠯᠠᠭ᠋ᠠᠨᠮᠦ᠋ᠴᠢᠷ ᠤᠨ ᠳᠠᠷᠤᠭ᠎ᠠ ᠪᠤᠯᠤᠨ ᠭᠤᠤᠯᠯᠠᠭᠴᠢ ᠬᠦᠴᠦᠨ ᠳᠤ ᠡᠭᠡᠯᠵᠢᠯᠡᠨ ᠪᠤᠯᠪᠠᠰᠤᠷᠠᠯ ᠬᠦᠷᠲᠡᠭᠡᠪᠡ᠃《ᠤᠯᠠᠭ᠋ᠠᠨᠮᠦ᠋ᠴᠢᠷ ᠢ ᠰᠢᠯᠭ᠋ᠠᠨ ᠬᠢᠨᠠᠵᠤ ᠦᠨᠡᠯᠡᠨ ᠵᠢᠱ᠌ᠢᠬᠦ ᠠᠷᠭ᠎ᠠ ᠬᠡᠮᠵᠢᠶ᠎ᠡ》 ᠳᠤ ᠵᠠᠰᠠᠪᠤᠷᠢ ᠤᠷᠤᠭᠤᠯᠤᠨ ᠲᠤᠭᠲᠠᠭ᠋ᠠᠵᠤ᠂ ᠪᠦᠬᠦ ᠤᠷᠤᠨ ᠤ ᠤᠯᠠᠭ᠋ᠠᠨᠮᠦ᠋ᠴᠢᠷ ᠲᠤ ᠰᠢᠯᠭ᠋ᠠᠨ ᠬᠢᠨᠠᠵᠤ ᠦᠨᠡᠯᠡᠨ ᠵᠢᠱ᠌ᠢᠯᠲᠡ ᠬᠢᠪᠡ᠃ ᠰᠢ ᠵᠢᠨ ᠫᠢᠩ ᠶᠡᠷᠦᠩᠬᠡᠢ ᠱᠦᠵᠢ ᠵᠢᠨ ᠤᠯᠠᠭ᠋ᠠᠨᠮᠦ᠋ᠴᠢᠷ ᠲᠤ ᠬᠠᠷᠢᠭᠤ ᠵᠠᠬᠢᠳᠠᠯ ᠪᠢᠴᠢᠭᠰᠡᠨ ᠨᠢᠭᠡ ᠵᠢᠯ ᠤᠨ ᠤᠢ ᠬᠦᠷᠴᠦ ᠢᠷᠡᠬᠦ ᠲᠠᠰᠢᠷᠠᠮᠳᠤ᠂ ᠡᠯ᠎ᠡ ᠭᠠᠵᠠᠷ ᠤᠨ ᠤᠯᠠᠭ᠋ᠠᠨᠮᠦ᠋ᠴᠢᠷ ᠦᠨᠳᠦᠰᠦᠨ ᠱᠠᠲᠤᠨ ᠳᠤ ᠭᠦᠨᠵᠡᠭᠡᠢ᠌ᠷᠡᠨ ᠤᠯᠠᠨ ᠬᠡᠯᠪᠡᠷᠢ ᠵᠢᠨ ᠪᠠᠶᠠᠯᠢᠭ ᠠᠭᠤᠯᠭᠠᠲᠠᠢ ᠳᠤᠷᠠᠰᠬᠠᠨ ᠲᠡᠮᠲᠡᠭᠯᠡᠬᠦ ᠠᠵᠢᠯᠯᠠᠭ᠎ᠠ ᠦᠷᠨᠢᠭᠦᠯᠪᠡ᠃
ᠬᠤᠶᠠᠷ ᠲᠤ᠂ ᠤᠷᠠᠨ ᠪᠦᠲᠦᠭᠡᠯ᠂ ᠲᠤᠭᠯᠠᠯᠲᠠ ᠡᠳᠦᠷ ᠢᠷᠡᠬᠦᠶ᠎ᠡ ᠪᠠᠳᠠᠷᠠᠨ ᠬᠦᠭᠵᠢᠪᠡ᠃ ᠪᠦᠬᠦ ᠤᠷᠤᠨ ᠤ ᠤᠷᠠᠨ ᠪᠦᠲᠦᠭᠡᠯ ᠤᠨ ᠬᠤᠷᠠᠯ ᠢ ᠬᠤᠷᠠᠯᠳᠤᠭᠤᠯᠵᠤ᠂ ᠶᠠᠷᠢᠶᠠᠲᠤ ᠵᠦᠴᠦᠭᠡ《ᠢᠲᠡᠭᠡᠯ ᠤᠨ ᠬᠦᠴᠦᠨ》᠂《ᠤᠯᠠᠭ᠋ᠠᠨᠮᠦ᠋ᠴᠢᠷ ᠤᠨ ᠡᠨᠡᠭᠰᠢᠯ ᠤᠶᠠᠩᠭ᠎ᠠ》᠂ ᠪᠡᠭᠡᠵᠢᠩ ᠰᠢ《ᠳ᠋ᠠ ᠱᠸᠩ ᠺᠦᠢ》᠂ ᠪᠦᠵᠢᠭᠲᠦ ᠵᠦᠴᠦᠭᠡ《ᠲᠡᠮᠡᠭᠡᠨ ᠵᠢᠩ》 ᠵᠡᠷᠭᠡ ᠨᠢᠭᠡ ᠪᠦᠯᠦᠭ ᠰᠢᠨ᠎ᠡ ᠵᠦᠴᠦᠭᠡ ᠵᠢ ᠵᠤᠬᠢᠶᠠᠨ ᠲᠤᠭᠯᠠᠪᠠ᠃ ᠦᠨᠳᠦᠰᠦᠲᠡᠨ ᠤ ᠪᠦᠵᠢᠭᠲᠦ ᠲᠠᠭᠤᠷᠢ《ᠮᠢᠨᠤ ᠤᠯᠠᠭ᠋ᠠᠨᠮᠦ᠋ᠴᠢᠷ》 ᠤᠯᠤᠰ ᠤᠨ ᠲᠠᠢ᠌ᠰᠠᠨ ᠤ ᠤᠷᠠᠯᠢᠭ ᠤᠨ ᠰᠤᠳᠤᠨ ᠪᠦᠲᠦᠭᠡᠯ ᠤᠨ ᠢᠨᠵᠸᠨ᠋ᠸᠷᠢᠩ ᠤᠨ ᠠᠷᠪᠠᠨ ᠴᠢᠬᠤᠯᠠ ᠳᠡᠮᠵᠢᠨ ᠲᠡᠳᠭᠦᠬᠦ ᠵᠦᠴᠦᠭᠡ ᠵᠢᠨ ᠰᠡᠳᠦᠪ ᠲᠤ ᠰᠤᠩᠭᠤᠭᠳᠠᠪᠠ᠃ ᠪᠦᠵᠢᠭᠲᠦ ᠵᠦᠴᠦᠭᠡ《ᠲᠠᠯ᠎ᠠ ᠨᠤᠲᠤᠭ ᠤᠨ ᠪᠢᠴᠢᠬᠠᠨ ᠪᠠᠭ᠋ᠠᠲᠤᠷ ᠡᠭᠡᠴᠢ ᠦᠬᠢᠨ ᠳᠡᠭᠦᠦ》 ᠳᠤᠮᠳᠠᠳᠤ ᠤᠯᠤᠰ ᠤᠨ ᠪᠦᠵᠢᠭ ᠤᠨ ᠬᠠᠮᠤᠭ ᠳᠡᠭᠡᠳᠦ ᠱᠠᠩᠨᠠᠯ《ᠯᠢᠩᠬᠤᠸ᠎ᠠ ᠴᠡᠴᠡᠭ ᠱᠠᠩᠨᠠᠯ》 ᠢ ᠬᠦᠷᠲᠡᠪᠡ᠃ ᠡᠯ᠎ᠡ ᠱᠠᠲᠤᠨ ᠤ ᠤᠳᠬ᠎ᠠ ᠤᠷᠠᠯᠢᠭ ᠤᠨ ᠪᠦᠯᠬᠦᠮ ᠢᠳᠡᠪᠬᠢᠲᠡᠢ ᠪᠠᠷ ᠦᠨᠳᠦᠰᠦᠨ ᠱᠠᠲᠤᠨ ᠤ ᠤᠯᠠᠨ ᠲᠦᠮᠡᠨ ᠤ ᠰᠤᠶᠤᠯ ᠤᠨ ᠱᠠᠭ᠋ᠠᠷᠳᠠᠯᠭ᠎ᠠ ᠵᠢ ᠬᠦᠯᠢᠶᠡᠨ ᠠᠪᠴᠤ᠂ ᠠᠷᠠᠳ ᠲᠤ ᠦᠢ᠍ᠯᠡᠴᠢᠯᠡᠬᠦ ᠲᠤᠭᠯᠠᠯᠲᠠ ᠵᠢ 1 ᠲᠦᠮᠡ ᠭᠠᠷᠤᠢ ᠲᠠᠯᠠᠪᠠᠢ ᠤᠳᠠᠭ᠎ᠠ ᠲᠤᠭᠯᠠᠵᠤ᠂《ᠲᠠᠯ᠎ᠠ ᠨᠤᠲᠤᠭ ᠤᠨ ᠳᠠᠭᠤᠤ ᠬᠦᠭᠵᠢᠮ ᠤᠨ ᠭᠠᠷᠠᠭ ᠤᠨ ᠰᠡᠭᠦᠯᠴᠢ》᠂《ᠲᠠᠯ᠎ᠠ ᠨᠤᠲᠤᠭ ᠤᠨ ᠰᠢ ᠵᠦᠴᠦᠭᠡ ᠵᠢᠨ ᠦᠵᠡᠭᠦᠯᠦᠯᠭᠡ ᠵᠢᠨ ᠲᠤᠭᠯᠠᠯᠲᠠ ᠵᠢᠨ ᠰᠠᠷ᠎ᠠ》 ᠵᠢ ᠡᠷᠬᠢᠯᠡᠵᠦ᠂ 100 ᠭᠠᠷᠤᠢ ᠲᠠᠯᠠᠪᠠᠢ ᠤᠳᠠᠭ᠎ᠠ ᠲᠤᠰᠬᠠᠢ ᠲᠤᠭᠯᠠᠯᠲᠠ ᠭᠠᠷᠭ᠋ᠠᠭᠰᠠᠨ ᠪᠠᠢ᠌ᠨ᠎ᠠ᠃ ᠳᠤᠮᠳᠠᠳᠤ ᠤᠯᠤᠰ ᠤᠨ ᠦᠪᠦᠷ ᠮᠤᠩᠭᠤᠯ ᠤᠨ ᠤᠯᠠᠨ ᠤᠯᠤᠰ ᠤᠨ ᠨᠠᠢ᠌ᠷᠠᠯ ᠳᠠᠭᠤᠤ ᠵᠢᠨ ᠭᠠᠷᠠᠭ᠂ ᠱᠠᠩᠬᠠᠢ ᠵᠢᠨ ᠤᠯᠠᠨ ᠤᠯᠤᠰ ᠤᠨ ᠤᠷᠠᠯᠢᠭ ᠤᠨ ᠪᠠᠶᠠᠷ ᠤᠨ ᠦᠪᠦᠷ ᠮᠤᠩᠭᠤᠯ ᠤᠨ ᠬᠤᠪᠢᠶᠠᠷᠢ ᠲᠠᠯᠠᠪᠠᠢ ᠵᠢ ᠡᠷᠬᠢᠯᠡᠵᠦ᠂ ᠦᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠭᠰᠠᠨ 40 ᠵᠢᠯ ᠤᠨ ᠤᠢ ᠵᠢ ᠪᠡᠯᠭᠡᠯᠡᠬᠦ ᠲᠠᠯ᠎ᠠ ᠨᠤᠲᠤᠭ ᠤᠨ ᠳᠠᠭᠤᠤ ᠬᠦᠭᠵᠢᠮ ᠤᠨ ᠦᠵᠡᠭᠦᠯᠦᠯᠭᠡ ᠵᠢᠨ ᠲᠤᠭᠯᠠᠯᠲᠠ ᠬᠢᠵᠦ᠂ ᠪᠦᠬᠦ ᠤᠯᠤᠰ ᠤᠨ ᠠᠬᠤᠢ᠌ᠴᠢ ᠰᠡᠳᠦᠪᠲᠦ ᠲᠠᠢ᠌ᠰᠠᠨ ᠤ ᠤᠷᠠᠯᠢᠭ ᠤᠨ ᠪᠦᠲᠦᠭᠡᠯ ᠤᠨ ᠦᠵᠡᠭᠦᠯᠦᠯᠭᠡ ᠵᠢᠨ ᠲᠤᠭᠯᠠᠯᠲᠠ᠂ ᠬᠠᠷᠠᠮᠦ᠋ᠷᠡᠨ᠂ ᠭᠢᠷᠢᠨ᠂ ᠯᠢᠶᠤᠤᠨᠢᠩ᠂ ᠦᠪᠦᠷ ᠮᠤᠩᠭᠤᠯ ᠳᠦᠷᠪᠡᠨ ᠮᠤᠵᠢ ᠤᠷᠤᠨ ᠤ ᠤᠷᠤᠨ ᠨᠤᠲᠤᠭ ᠤᠨ ᠰᠢ ᠵᠦᠴᠦᠭᠡ ᠵᠢᠨ ᠦᠵᠡᠭᠦᠯᠦᠯᠭᠡ ᠵᠢᠨ ᠲᠤᠭᠯᠠᠯᠲᠠ ᠵᠢᠨ ᠠᠵᠢᠯᠯᠠᠭ᠎ᠠ ᠵᠢ ᠳᠠᠭ᠋ᠠᠭ᠋ᠠᠴᠢᠯᠠᠨ ᠡᠷᠬᠢᠯᠡᠪᠡ᠃ ᠤᠯᠤᠰ ᠤᠨ ᠤᠷᠠᠯᠢᠭ ᠤᠨ ᠪᠠᠶᠠᠷ ᠤᠨ ᠤᠷᠤᠯᠳᠤᠭ᠋ᠠᠨ ᠳᠤ ᠰᠢᠯᠢᠳᠡᠭ ᠵᠦᠴᠦᠭᠡ ᠵᠢᠨ ᠰᠡᠳᠦᠪ ᠢ ᠢᠳᠡᠪᠬᠢᠲᠡᠢ ᠪᠠᠷ ᠰᠤᠩᠭᠤᠨ ᠳᠡᠪᠰᠢᠭᠦᠯᠵᠦ᠂ ᠤᠨᠴᠠ ᠰᠠᠢ᠌ᠨ ᠬᠢᠷᠢ ᠪᠦᠲᠦᠮᠵᠢ ᠤᠯᠪᠠ᠃ ᠦᠪᠦᠷ ᠮᠤᠩᠭᠤᠯ ᠤᠨ ᠤᠯᠠᠨ ᠤᠯᠤᠰ ᠤᠨ ᠡᠨ᠋ᠸᠷᠬᠢ ᠵᠢᠨ ᠰᠤᠷᠪᠤᠯᠵᠢ ᠵᠢᠨ ᠶᠡᠬᠡ ᠬᠤᠷᠠᠯ᠂ ᠷᠠᠰᠢᠶᠠᠨ ᠤ ᠦᠭᠦᠯᠡᠯ ᠤᠨ ᠲᠠᠪᠴᠠᠩ ᠵᠡᠷᠭᠡ ᠦᠪᠡᠷᠲᠡᠭᠡᠨ ᠵᠠᠰᠠᠬᠤ ᠤᠷᠤᠨ ᠤ ᠴᠢᠬᠤᠯᠠ ᠶᠡᠬᠡ ᠠᠵᠢᠯᠯᠠᠭ᠋ᠠᠨ ᠳᠤ ᠢᠳᠡᠪᠬᠢᠲᠡᠢ ᠦᠢ᠍ᠯᠡᠴᠢᠯᠡᠵᠦ᠂ ᠤᠷᠠᠨ ᠰᠠᠢ᠌ᠬᠠᠨ ᠤ ᠲᠤᠭᠯᠠᠯᠲᠠ ᠵᠢᠨ ᠠᠵᠢᠯᠯᠠᠭ᠎ᠠ ᠵᠢ ᠵᠤᠬᠢᠶᠠᠨ ᠪᠠᠢ᠌ᠭᠤᠯᠤᠨ ᠦᠷᠨᠢᠭᠦᠯᠪᠡ᠃
ᠭᠤᠷᠪᠠ ᠳᠤ᠂ ᠤᠯᠠᠨ ᠨᠡᠢ᠌ᠲᠡ ᠵᠢᠨ ᠰᠤᠶᠤᠯ ᠤᠨ ᠦᠢ᠍ᠯᠡᠴᠢᠯᠡᠭᠡ ᠲᠠᠰᠤᠷᠠᠯᠲᠠ ᠦᠭᠡᠢ ᠲᠡᠭᠦᠯᠳᠡᠷᠵᠢᠪᠡ᠃ ᠰᠤᠶᠤᠯ ᠢ ᠬᠠᠤᠯᠢ ᠪᠠᠷ ᠵᠠᠰᠠᠬᠤ ᠵᠢ ᠤᠬᠠᠭᠤᠯᠤᠨ ᠲᠤᠭᠤᠰᠢᠯᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯᠲᠠᠢ ᠬᠠᠮᠲᠤᠷᠠᠨ《ᠤᠯᠠᠨ ᠨᠡᠢ᠌ᠲᠡ ᠵᠢᠨ ᠰᠤᠶᠤᠯᠤᠨ ᠦᠢ᠍ᠯᠡᠴᠢᠯᠡᠭᠡᠨᠤ ᠪᠠᠲᠤᠯᠠᠭ᠋ᠠᠨᠤ ᠬᠠᠤᠯᠢ》 ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ ᠢ ᠬᠠᠤᠯᠢ ᠬᠡᠷᠡᠭᠵᠢᠭᠦᠯᠦᠨ ᠪᠠᠢ᠌ᠴᠠᠭ᠋ᠠᠪᠠ᠃ ᠤᠯᠤᠰ ᠲᠤ ᠬᠠᠪᠰᠤᠷᠤᠨ ᠬᠦᠬᠡᠬᠤᠲᠠ ᠵᠢᠨ ᠤᠯᠠᠨ ᠤᠯᠤᠰ ᠤᠨ ᠤᠯᠠᠨ ᠨᠡᠢ᠌ᠲᠡ ᠵᠢᠨ ᠰᠤᠶᠤᠯ ᠤᠨ ᠦᠢ᠍ᠯᠡᠴᠢᠯᠡᠭᠡᠨ ᠤ ᠲᠤᠭᠲᠠᠯᠴᠠᠭ᠋ᠠᠨ ᠤ ᠵᠢᠱ᠌ᠢᠶᠡᠴᠢ ᠲᠤᠭᠤᠷᠢᠭ ᠢ ᠡᠭᠦᠳᠦᠨ ᠪᠠᠢ᠌ᠭᠤᠯᠬᠤ ᠠᠵᠢᠯ ᠤᠨ ᠲᠡᠭᠦᠰᠦᠭᠰᠡᠨ ᠬᠤᠭᠤᠴᠠᠭ᠋ᠠᠨ ᠤ ᠰᠢᠯᠭ᠋ᠠᠨ ᠠᠪᠬᠤ ᠠᠵᠢᠯ ᠢ ᠪᠡᠶᠡᠯᠡᠭᠦᠯᠪᠡ᠃ ᠮᠠᠯᠴᠢᠨ ᠲᠠᠷᠢᠶᠠᠴᠢᠨ ᠤ ᠤᠷᠠᠨ ᠰᠠᠢ᠌ᠬᠠᠨ ᠤ ᠬᠠᠮ ᠲᠤᠭᠯᠠᠯᠲᠠ᠂ ᠰᠢᠨ᠎ᠡ ᠪᠠᠷ ᠪᠦᠲᠦᠭᠡᠭᠳᠡᠭᠰᠡᠨ ᠠᠭᠤᠳᠠᠮ ᠲᠠᠯᠠᠪᠠᠢ ᠵᠢᠨ ᠪᠦᠵᠢᠭ ᠤᠨ ᠤᠷᠤᠯᠳᠤᠭ᠋ᠠᠨ᠂ ᠰᠢᠯᠢᠳᠡᠭ ᠭᠡᠷᠡᠯ ᠵᠢᠷᠤᠭ ᠤᠨ ᠪᠦᠲᠦᠭᠡᠯ ᠤᠨ ᠦᠵᠡᠰᠭᠦᠯᠡᠩ᠂ ᠠᠭᠤᠳᠠᠮ ᠲᠠᠯᠠᠪᠠᠢ ᠵᠢᠨ ᠬᠠᠮ ᠲᠤᠭᠯᠠᠯᠲᠠ ᠵᠡᠷᠭᠡ ᠨᠢᠭᠡ ᠰᠢᠷᠢᠰ ᠤᠳᠤᠷᠢᠳᠤᠮᠵᠢ ᠵᠢᠨ ᠰᠢᠨᠵᠢ᠂ ᠵᠢᠱ᠌ᠢᠶᠡᠴᠢ ᠰᠢᠨᠵᠢᠲᠠᠢ ᠤᠯᠠᠨ ᠲᠦᠮᠡᠨ ᠤ ᠰᠤᠶᠤᠯ ᠤᠨ ᠠᠵᠢᠯᠯᠠᠭ᠎ᠠ ᠵᠢ ᠡᠷᠬᠢᠯᠡᠨ ᠬᠢᠪᠡ᠃ ᠰᠢ ᠳᠠᠭᠤᠷᠢᠯᠢᠭ ᠢ ᠬᠦᠳᠡᠭᠡ ᠲᠤᠰᠬᠤᠨ ᠳᠤ ᠬᠦᠷᠭᠡᠵᠦ ᠠᠷᠠᠳ ᠢ ᠲᠤᠬᠤᠨᠢᠭᠤᠯᠬᠤ ᠲᠤᠭᠯᠠᠯᠲᠠ ᠭᠠᠷᠭ᠋ᠠᠬᠤ ᠠᠵᠢᠯᠯᠠᠭ᠎ᠠ ᠵᠢ ᠦᠷᠨᠢᠭᠦᠯᠪᠡ᠃《ᠭᠤᠷᠪᠠᠨ ᠤᠷᠳᠤᠨ ᠨᠢᠭᠡ ᠦᠷᠲᠡᠭᠡ》 ᠵᠡᠷᠭᠡ ᠰᠤᠶᠤᠯ ᠤᠨ ᠲᠠᠯᠠᠪᠤᠷ ᠤᠷᠳᠤᠨ ᠢ ᠲᠦᠯᠦᠪᠦᠷᠢ ᠦᠭᠡᠢ ᠨᠡᠭᠡᠭᠡᠬᠦ ᠠᠵᠢᠯ ᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠪᠦᠬᠦ ᠤᠷᠤᠨ ᠤ ᠰᠤᠮᠤ ᠰᠢᠶᠠᠩ ᠪᠠᠯᠭ᠋ᠠᠰᠤᠨ ᠤ ᠶᠡᠷᠦᠩᠬᠡᠢ᠌ᠯᠡᠭᠰᠡᠨ ᠰᠤᠶᠤᠯ ᠤᠨ ᠦᠷᠲᠡᠭᠡᠨ ᠳᠤ ᠦᠨᠡᠯᠡᠨ ᠵᠢᠱ᠌ᠢᠯᠲᠡ ᠬᠢᠵᠦ ᠳᠡᠰ ᠲᠤᠭᠲᠠᠭ᠋ᠠᠪᠠ᠃ 32 ᠬᠤᠰᠢᠭᠤ ᠰᠢᠶᠠᠨ ( ᠬᠤᠲᠠ᠂ ᠲᠤᠭᠤᠷᠢᠭ)᠂ ᠰᠤᠮᠤ ᠰᠢᠶᠠᠩ ᠪᠠᠯᠭ᠋ᠠᠰᠤ ( ᠵᠡᠭᠡᠯᠢ ᠭᠤᠳᠤᠮᠵᠢ) ᠵᠢ 2018—2020 ᠤᠨ ᠤ ᠪᠦᠬᠦ ᠤᠷᠤᠨᠤ ᠠᠷᠠᠳ ᠤᠨ ᠤᠷᠠᠯᠢᠭ ᠤᠨ ᠨᠤᠲᠤᠭ ᠵᠶ᠋ᠠᠷ ᠨᠡᠷᠡᠢ᠌ᠳᠪᠡ᠃ ᠤᠯᠠᠨ ᠨᠡᠢ᠌ᠲᠡ ᠵᠢᠨ ᠰᠤᠶᠤᠯ ᠤᠨ ᠪᠠᠢ᠌ᠭᠤᠯᠤᠮᠵᠢ ᠵᠢᠨ ᠬᠠᠤᠯᠢ ᠵᠢᠨ ᠡᠷᠬᠡᠲᠡᠨ ᠤ ᠬᠠᠮᠢᠶᠠᠷᠤᠯᠲᠠ ᠵᠢᠨ ᠪᠦᠲᠦᠴᠡ ᠵᠢᠨ ᠦᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ ᠬᠢᠭᠡᠳ ᠰᠤᠶᠤᠯ ᠤᠨ ᠤᠷᠳᠤᠨ ᠨᠤᠮ ᠤᠨ ᠰᠠᠩ ᠤᠨ ᠶᠡᠷᠦᠩᠬᠡᠢ ᠬᠤᠪᠢᠶᠠᠷᠢ ᠤᠷᠳᠤᠨ ᠤ ᠳᠦᠷᠢᠮ ᠤᠨ ᠦᠭᠡᠷᠡᠴᠢᠯᠡᠯᠲᠡ ᠵᠢ ᠢᠳᠡᠪᠬᠢᠲᠡᠢ ᠠᠬᠢᠭᠤᠯᠪᠠ᠃ ᠬᠠᠢ᠌ᠨᠠᠨ ᠮᠤᠵᠢ᠂ ᠭᠤᠸᠠᠩᠰᠢ ᠵᠢᠨ ᠵᠤᠸᠠᠩ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ᠂ ᠹᠦᠵᠢᠶᠠᠨ ᠮᠤᠵᠢᠲᠠᠢ ᠬᠠᠮᠲᠤᠷᠠᠨ《ᠨᠠᠷᠠᠨ ᠭᠡᠷᠡᠯ ᠢᠨᠵᠸᠨ᠋ᠸᠷᠢᠩ》᠂《ᠬᠦᠰᠡᠯ ᠲᠡᠷᠭᠡᠯᠰᠢᠬᠦ ᠢᠨᠵᠸᠨ᠋ᠸᠷᠢᠩ》 ᠰᠤᠶᠤᠯ ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ ᠤ ᠠᠵᠢᠯᠯᠠᠭ᠎ᠠ ᠵᠢ ᠦᠷᠨᠢᠭᠦᠯᠪᠡ᠃ ᠦᠪᠦᠷ ᠮᠤᠩᠭᠤᠯ ᠤᠨ ᠨᠤᠮ ᠤᠨ ᠰᠠᠩ ᠮᠤᠵᠢ ᠵᠢᠨ ᠳᠡᠰ ᠤᠨ ᠨᠢᠭᠡᠳᠦᠭᠡᠷ ᠳᠡᠰᠤᠨ ᠨᠤᠮᠤᠨ ᠰᠠᠩ ᠵᠶ᠋ᠠᠷ ᠬᠦᠬᠢᠭᠦᠯᠦᠭᠳᠡᠵᠦ᠂《 ᠲᠤᠭ᠋ᠠᠴᠠᠭ᠋ᠠᠯᠠᠭᠰᠠᠨ ᠰᠤᠶᠤᠯ ᠮᠤᠩᠭᠤᠯ ᠭᠡᠷ ᠲᠤ ᠤᠷᠤᠬᠤ》 ᠢᠨᠵᠸᠨ᠋ᠸᠷᠢᠩ ᠠᠮᠸᠷᠢᠺᠠ ᠵᠢᠨ ᠨᠤᠮ ᠤᠨ ᠰᠠᠩᠤᠨ ᠨᠡᠢ᠌ᠭᠡᠮᠯᠢᠭ ᠠᠴᠠ ᠤᠯᠭᠤᠳᠠᠭ ᠤᠯᠠᠨ ᠤᠯᠤᠰ ᠤᠨ ᠨᠤᠮ ᠤᠨ ᠰᠠᠩ ᠤᠨ ᠰᠢᠨ᠎ᠡ ᠵᠢ ᠡᠭᠦᠳᠦᠭᠰᠡᠨ ᠲᠦᠷᠦᠯ ᠵᠦᠢ᠍ᠯ ᠤᠨ ᠲᠡᠷᠢᠭᠦᠨ ᠲᠤᠮᠤ ᠱᠠᠩᠨᠠᠯ ᠢ ᠬᠦᠷᠲᠡᠪᠡ᠃
ᠳᠦᠷᠪᠡ ᠳᠤ᠂ ᠲᠡᠦᠬᠡᠨ ᠳᠤᠷᠠᠰᠬᠠᠯᠲᠤ ᠵᠦᠢ᠍ᠯᠡᠰᠢ ᠬᠠᠮᠠᠭ᠋ᠠᠯᠠᠨ ᠠᠰᠢᠭᠯᠠᠬᠤ ᠵᠢ ᠲᠠᠰᠤᠷᠠᠯᠲᠠ ᠦᠭᠡᠢ ᠴᠢᠩᠭ᠋ᠠᠳᠬᠠᠪᠠ᠃《ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠠᠩ ᠴᠸᠩ ᠬᠠᠮᠠᠭ᠋ᠠᠯᠠᠯᠲᠠ ᠵᠢᠨ ᠶᠡᠷᠦᠩᠬᠡᠢ ᠴᠤᠭᠴᠠ ᠵᠢᠨ ᠲᠦᠯᠦᠪᠵᠢᠭᠦᠯᠭᠡ》 ᠵᠡᠷᠭᠡ 20 ᠭᠠᠷᠤᠢ ᠲᠦᠷᠦᠯ ᠤᠨ ᠭᠤᠤᠯᠳᠠᠯᠭ᠋ᠠᠲᠤ ᠲᠡᠦᠬᠡᠨ ᠳᠤᠷᠠᠰᠬᠠᠯᠲᠤ ᠵᠦᠢ᠍ᠯᠡᠰ ᠢ ᠬᠠᠮᠠᠭ᠋ᠠᠯᠠᠬᠤ ᠲᠦᠯᠦᠪᠵᠢᠭᠦᠯᠭᠡ ᠵᠢ ᠵᠤᠬᠢᠶᠠᠨ ᠨᠠᠢ᠌ᠷᠠᠭᠤᠯᠪᠠ᠃ ᠯᠢᠶᠤᠤ ᠱᠠᠩᠳᠤ ᠪᠡᠭᠡᠵᠢᠩ ᠪᠠ ᠡᠷᠲᠡᠨ ᠤ ᠫᠤᠩᠬᠤᠨ ᠬᠠᠭᠤᠴᠢᠳ᠂ ᠤᠯᠠᠭ᠋ᠠᠨᠬᠠᠳᠠ ᠰᠤᠶᠤᠯ ᠤᠨ ᠬᠠᠭᠤᠴᠢᠳ᠂ ᠶᠢᠨ ᠱᠠᠨ ᠴᠢᠯᠠᠭᠤᠨ ᠰᠡᠢ᠌ᠯᠦᠮᠡᠯ ᠬᠢᠭᠡᠳ ᠲᠦᠮᠡᠨ ᠭᠠᠵᠠᠷ ᠤᠨ ᠴᠠᠢ ᠵᠢᠨ ᠵᠠᠮ ᠵᠡᠷᠭᠡ ᠭᠤᠤᠯᠳᠠᠯᠭ᠋ᠠᠲᠤ ᠰᠤᠶᠤᠯ ᠤᠨ ᠦᠪ ᠬᠦᠷᠦᠩᠭᠡ ᠵᠢ ᠰᠤᠶᠤᠯ ᠤᠨ ᠦᠪ ᠵᠶ᠋ᠠᠷ ᠪᠦᠷᠢᠳᠭᠡᠭᠦᠯᠬᠦ ᠠᠵᠢᠯ ᠢ ᠢᠳᠡᠪᠬᠢᠲᠡᠢ ᠠᠬᠢᠭᠤᠯᠵᠤ᠂ ᠦᠯᠡᠳᠡᠭᠳᠡᠯ ᠦᠪ ᠲᠤ ᠪᠦᠷᠢᠳᠭᠡᠭᠦᠯᠬᠦ ᠲᠤᠪᠬᠢᠮᠠᠯ᠂ ᠬᠠᠭᠤᠴᠢ ᠰᠤᠳᠤᠯᠤᠯ ᠤᠨ ᠢᠯᠡᠷᠡᠭᠦᠯᠦᠯᠲᠡ᠂ ᠬᠠᠭᠤᠴᠢᠳ ᠤᠨ ᠬᠠᠮᠠᠭ᠋ᠠᠯᠠᠯᠲᠠ ᠪᠤᠯᠤᠨ ᠦᠵᠡᠭᠦᠯᠦᠯᠭᠡ ᠵᠢᠨ ᠢᠨᠵᠸᠨ᠋ᠸᠷᠢᠩ ᠡᠮᠬᠢ ᠴᠡᠭᠴᠡᠲᠡᠢ ᠠᠬᠢᠪᠠ᠃ ᠪᠠᠳᠭ᠋ᠠᠷ ᠵᠤᠤ᠂ ᠰᠢᠨ᠎ᠡ ᠬᠦᠷᠢᠶ᠎ᠡ ᠬᠠᠭᠤᠴᠢᠨ ᠬᠤᠲᠠ᠂ ᠵᠢᠨ ᠵᠢᠶᠸ ᠬᠤᠤ ᠵᠢᠨ ᠬᠠᠭᠤᠴᠢᠳ ᠵᠡᠷᠭᠡ ᠭᠤᠤᠯᠳᠠᠯᠭ᠋ᠠᠲᠤ ᠲᠡᠦᠬᠡᠨ ᠳᠤᠷᠠᠰᠬᠠᠯᠲᠤ ᠭᠠᠵᠠᠷ ᠢ ᠬᠠᠮᠠᠭ᠋ᠠᠯᠠᠨ ᠰᠡᠯᠪᠢᠪᠡ᠃ ᠪᠦᠬᠦ ᠤᠷᠤᠨ ᠤ ᠲᠡᠦᠬᠡᠨ ᠳᠤᠷᠠᠰᠬᠠᠯᠲᠤ ᠵᠦᠢ᠍ᠯᠡᠰ ᠤᠨ ᠠᠮᠤᠷ ᠢ ᠬᠠᠮᠠᠭ᠋ᠠᠯᠠᠬᠤ ᠬᠤᠷᠠᠯ ᠢ ᠵᠤᠬᠢᠶᠠᠨ ᠪᠠᠢ᠌ᠭᠤᠯᠤᠨ ᠬᠤᠷᠠᠯᠳᠤᠭᠤᠯᠵᠤ᠂ ᠲᠡᠦᠬᠡᠨ ᠳᠤᠷᠠᠰᠬᠠᠯᠲᠤ ᠵᠦᠢ᠍ᠯᠡᠰ ᠤᠨ ᠬᠠᠤᠯᠢ ᠵᠢᠨ ᠡᠷᠬᠡᠲᠡᠨ ᠤ ᠬᠠᠤᠯᠢ ᠠᠴᠠ ᠵᠦᠷᠢᠴᠡᠭᠰᠡᠳ ᠢ ᠲᠤᠰᠬᠠᠢ ᠰᠢᠢ᠍ᠳᠭᠡᠬᠦ ᠪᠠ ᠲᠡᠦᠬᠡᠨ ᠳᠤᠷᠠᠰᠬᠠᠯᠲᠤ ᠵᠦᠢ᠍ᠯᠡᠰ ᠤᠨ ᠬᠡᠷᠡᠭᠲᠡᠨ ᠲᠤ ᠲᠤᠰᠬᠠᠢ ᠴᠤᠬᠢᠯᠲᠠ ᠦᠭᠬᠦ ᠠᠵᠢᠯᠯᠠᠭ᠎ᠠ ᠵᠢ ᠦᠷᠨᠢᠭᠦᠯᠵᠦ᠂ ᠡᠯ᠎ᠡ ᠭᠠᠵᠠᠷ ᠤᠨ ᠲᠡᠦᠬᠡᠨ ᠳᠤᠷᠠᠰᠬᠠᠯᠲᠤ ᠵᠦᠢ᠍ᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ ᠳᠤ ᠬᠢᠨᠠᠨ ᠪᠠᠢ᠌ᠴᠠᠭ᠋ᠠᠯᠲᠠ ᠬᠢᠪᠡ᠃ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠢ᠌ᠴᠠᠭ᠋ᠠᠬᠤ ᠬᠤᠷᠢᠶ᠎ᠠ᠂ ᠬᠢᠨᠠᠨ ᠪᠠᠢ᠌ᠴᠠᠭ᠋ᠠᠬᠤ ᠬᠤᠷᠢᠶᠠᠲᠠᠢ ᠰᠤᠶᠤᠯ ᠤᠨ ᠦᠪ ᠲᠤ ᠡᠪᠳᠡᠯᠡᠭᠡ ᠬᠢᠭᠰᠡᠨ ᠠᠰᠠᠭᠤᠳᠠᠯ ᠤᠨ ᠰᠦᠪᠡᠭᠴᠢ ᠵᠢ ᠰᠢᠯᠵᠢᠭᠦᠯᠦᠨ ᠬᠦᠷᠭᠡᠬᠦ ᠠᠵᠢᠯ ᠤᠨ ᠳᠦᠷᠢᠮ ᠢ ᠪᠠᠢ᠌ᠭᠤᠯᠪᠠ᠃ ᠵᠢᠢ ᠯᠤ᠌ ᠰᠠᠢ ᠡᠷᠲᠡᠨ ᠤ ᠬᠤᠲᠠ ᠵᠢᠨ ᠬᠠᠭᠤᠴᠢᠳ᠂ ᠰᠢᠨ᠎ᠡ ᠬᠦᠷᠢᠶ᠎ᠡ ᠡᠷᠲᠡᠨ ᠤ ᠬᠤᠲᠠ ᠵᠢᠨ ᠬᠠᠭᠤᠴᠢᠳ ᠵᠡᠷᠭᠡ ᠭᠠᠵᠠᠷ ᠲᠤ ᠬᠠᠭᠤᠴᠢ ᠰᠤᠳᠤᠯᠤᠯ ᠤᠨ ᠪᠠᠢ᠌ᠴᠠᠭ᠋ᠠᠯᠲᠠ ᠬᠢᠵᠤ᠂ ᠬᠠᠢ᠌ᠨ ᠰᠢᠨᠵᠢᠵᠦ ᠨᠡᠭᠡᠭᠡᠨ ᠠᠭᠤᠳᠠᠯᠬᠤ ᠠᠵᠢᠯ ᠢ ᠵᠤᠬᠢᠶᠠᠨ ᠪᠠᠢ᠌ᠭᠤᠯᠤᠨ ᠦᠷᠨᠢᠭᠦᠯᠪᠡ᠃ ᠦᠪᠡᠷᠮᠢᠴᠡ ᠤᠨᠴᠠᠯᠢᠭᠲᠠᠢ ᠮᠦᠽᠸᠢ ᠵᠢᠨ ᠲᠤᠭᠲᠠᠯᠴᠠᠭ᠋ᠠᠨ ᠤ ᠪᠠᠢ᠌ᠭᠤᠯᠤᠯᠲᠠ ᠵᠢᠨ ᠵᠢᠭ᠋ᠠᠨ ᠵᠢᠯᠤᠭᠤᠳᠬᠤ ᠰᠠᠨᠠᠯ ᠢ ᠬᠡᠪᠯᠡᠨ ᠲᠠᠷᠬᠠᠭ᠋ᠠᠪᠠ᠃ ᠤᠶᠤᠨᠲᠤ ᠮᠦᠽᠸᠢ ᠵᠢᠨ ᠪᠠᠢ᠌ᠭᠤᠯᠤᠯᠲᠠ ᠬᠢᠨᠠᠨ ᠰᠢᠯᠭ᠋ᠠᠯᠲᠠ ᠪᠠᠷ ᠳᠠᠮᠵᠢᠨ ᠪᠠᠲᠤᠯᠠᠭᠳᠠᠪᠠ᠃ ᠮᠦᠽᠸᠢ᠂ ᠳᠤᠷᠠᠰᠬᠠᠯ ᠤᠨ ᠤᠷᠳᠤᠨ ᠢ ᠲᠦᠯᠦᠪᠦᠷᠢ ᠦᠭᠡᠢ ᠨᠡᠬᠡᠬᠡᠭᠰᠡᠨ ᠪᠠᠢ᠌ᠳᠠᠯ ᠤᠨ ᠦᠷ᠎ᠡ ᠪᠦᠲᠦᠮᠵᠢ ᠵᠢ ᠰᠢᠯᠭ᠋ᠠᠨ ᠲᠤᠭᠲᠠᠭ᠋ᠠᠵᠤ᠂ ᠭᠤᠤᠯᠳᠠᠯᠭ᠋ᠠᠲᠤ ᠮᠦᠽᠸᠢ ᠵᠢᠨ ᠠᠵᠢᠯᠯᠠᠭ᠋ᠠᠨ ᠤ ᠪᠠᠢ᠌ᠳᠠᠯ ᠳᠤ ᠦᠨᠡᠯᠡᠨ ᠵᠢᠱ᠌ᠢᠯᠲᠡ ᠬᠢᠪᠡ᠃ ᠨᠡᠢ᠌ᠰᠯᠡᠯ ᠤᠨ ᠮᠦᠽᠸᠢ ᠳᠤ《ᠶᠡᠬᠡ ᠯᠢᠶᠤᠤ ᠵᠢᠨ ᠲᠠᠪᠤᠨ ᠨᠡᠢ᠌ᠰᠯᠡᠯᠤᠨ ᠦᠵᠡᠰᠭᠦᠯᠡᠩ》 ᠢ ᠡᠷᠬᠢᠯᠡᠵᠡᠢ᠃ ᠦᠪᠦᠷ ᠮᠤᠩᠭᠤᠯ ᠤᠨ ᠦᠵᠡᠰᠭᠦᠯᠡᠩ ᠤᠨ ᠤᠷᠳᠤᠨ ᠳᠤ《ᠦᠪᠦᠷ ᠮᠤᠩᠭᠤᠯ ᠤᠨ ᠴᠠᠩ ᠴᠸᠩ ᠲᠡᠦᠬᠡ ᠰᠤᠶᠤᠯ ᠤᠨ ᠦᠵᠡᠰᠭᠦᠯᠡᠩ》 ᠢ ᠡᠷᠬᠢᠯᠡᠵᠡᠢ᠃ ᠦᠪᠦᠷ ᠮᠤᠩᠭᠤᠯ ᠤᠨ ᠮᠦᠽᠸᠢ ᠵᠢᠨ《ᠶᠡᠬᠡ ᠯᠢᠶᠤᠤ ᠵᠢᠨ ᠭᠢᠳᠠᠨ》 ᠦᠵᠡᠰᠭᠦᠯᠡᠩ ᠪᠦᠬᠦ ᠤᠯᠤᠰ ᠤᠨ ᠠᠷᠪᠠᠨ ᠲᠤᠮᠤ ᠳᠡᠯᠭᠡᠨ ᠦᠵᠡᠭᠦᠯᠦᠯᠭᠡ ᠵᠢᠨ ᠰᠤᠳᠤᠨ ᠪᠦᠲᠦᠭᠡᠯ ᠤᠨ ᠱᠠᠩᠨᠠᠯ ᠢ ᠬᠦᠷᠲᠡᠪᠡ᠃
ᠲᠠᠪᠤ ᠳᠤ᠂ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠨ ᠬᠠᠮᠠᠭ᠋ᠠᠯᠠᠯᠲᠠ ᠯᠠᠪᠳᠠᠭᠤᠨ ᠵᠶ᠋ᠠᠷ ᠠᠬᠢᠪᠠ᠃ ᠲᠠᠪᠤᠳᠤᠭ᠋ᠠᠷ ᠪᠦᠯᠦᠭ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠴᠢᠨᠠᠷᠲᠠᠢ ᠤᠯᠠᠮᠵᠢᠯᠠᠭᠴᠢ ᠵᠢᠨ ᠨᠡᠷᠡᠰ ᠤᠨ ᠴᠠᠲᠢᠭ᠂ ᠵᠢᠷᠭᠤᠳᠤᠭ᠋ᠠᠷ ᠪᠦᠯᠦᠭ ᠦᠪᠡᠷᠲᠡᠭᠡᠨ ᠵᠠᠰᠠᠬᠤ ᠤᠷᠤᠨ ᠤ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠨᠡᠷᠡᠰ ᠤᠨ ᠴᠠᠲᠢᠭ ᠪᠤᠯᠤᠨ ᠦᠷᠭᠡᠳᠭᠡᠭᠰᠡᠨ ᠨᠡᠷᠡᠰ ᠤᠨ ᠴᠠᠲᠢᠭ ᠢ ᠨᠡᠢ᠌ᠲᠡᠯᠡᠵᠦ᠂ ᠵᠢᠷᠭᠤᠳᠤᠭ᠋ᠠᠷ ᠪᠦᠯᠦᠭ ᠦᠪᠡᠷᠲᠡᠭᠡᠨ ᠵᠠᠰᠠᠬᠤ ᠤᠷᠤᠨ ᠤ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠴᠢᠨᠠᠷᠲᠠᠢ ᠤᠯᠠᠮᠵᠢᠯᠠᠭᠴᠢ ᠵᠢ ᠵᠤᠬᠢᠶᠠᠨ ᠪᠠᠢ᠌ᠭᠤᠯᠤᠨ ᠰᠤᠩᠭᠤᠨ ᠰᠢᠯᠭ᠋ᠠᠷᠠᠭᠤᠯᠪᠠ᠃ 3 ᠨᠡᠷ᠎ᠡ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠢ ᠦᠪᠯᠡᠨ ᠤᠯᠠᠮᠵᠢᠯᠠᠭᠴᠢ ᠵᠢᠨ ᠤᠷ᠎ᠠ ᠮᠡᠷᠭᠡᠵᠢᠯ ᠳᠤ ᠠᠪᠤᠷᠠᠯᠲᠠ ᠵᠢᠨ ᠴᠢᠨᠠᠷᠲᠠᠢ ᠲᠡᠮᠲᠡᠭᠯᠡᠯ ᠬᠢᠵᠦ᠂《ᠪᠠᠳᠮ᠎ᠠ — ᠮᠤᠩᠭᠤᠯ ᠠᠷᠠᠳ ᠤᠨ ᠤᠷᠲᠤ ᠵᠢᠨ ᠳᠠᠭᠤᠤ》ᠨᠢ ᠤᠯᠤᠰ ᠤᠨ ᠳᠡᠰ ᠤᠨ ᠲᠦᠯᠦᠭᠡᠯᠡᠭᠦ ᠴᠢᠨᠠᠷᠲᠠᠢ ᠦᠪᠯᠡᠨ ᠤᠯᠠᠮᠵᠢᠯᠠᠭᠴᠢ ᠵᠢᠨ ᠠᠪᠤᠷᠠᠯᠲᠠ ᠵᠢᠨ ᠴᠢᠨᠠᠷᠲᠠᠢ ᠲᠡᠮᠲᠡᠭᠯᠡᠯ ᠤᠨ ᠦᠷ᠎ᠡ ᠪᠦᠲᠦᠮᠵᠢ ᠵᠢᠨ ᠰᠢᠯᠢᠳᠡᠭ ᠲᠦᠷᠦᠯ ᠵᠦᠢ᠍ᠯ ᠵᠶ᠋ᠠᠷ ᠬᠦᠬᠢᠭᠦᠯᠦᠭᠳᠡᠪᠡ᠃ ᠳᠤᠮᠳᠠᠳᠤ ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠭᠴᠢ ᠤᠯᠠᠨ ᠢ ᠰᠤᠳᠤᠯᠤᠨ ᠪᠤᠯᠪᠠᠰᠤᠷᠠᠭᠤᠯᠬᠤ ᠲᠦᠯᠦᠪᠯᠡᠭᠡ ᠵᠢ ᠨᠠᠢ᠌ᠳᠠᠪᠤᠷᠢᠵᠢᠭᠤᠯᠵᠤ᠂ ᠪᠤᠳᠠᠰ ᠤᠨ ᠪᠤᠰᠤ ᠰᠤᠶᠤᠯ ᠤᠨ ᠦᠪ ᠤᠨ ᠲᠦᠭᠡᠮᠡᠯᠵᠢᠭᠦᠯᠬᠦ ᠪᠤᠯᠪᠠᠰᠤᠷᠠᠯ ᠤᠨ ᠠᠩᠬᠢ ᠵᠢ 24 ᠬᠤᠭᠤᠴᠠᠭ᠎ᠠ ᠡᠷᠬᠢᠯᠡᠵᠦ᠂ 1000 ᠭᠠᠷᠤᠢ ᠬᠦᠮᠦᠨ ᠳᠤ ᠪᠤᠯᠪᠠᠰᠤᠷᠠᠯ ᠬᠦᠷᠲᠡᠭᠡᠪᠡ᠃ ᠦᠪᠡᠷᠲᠡᠭᠡᠨ ᠵᠠᠰᠠᠬᠤ ᠤᠷᠤᠨ ᠳᠤ ᠤᠯᠠᠮᠵᠢᠯᠠᠯᠲᠤ ᠭᠠᠷ ᠤᠷᠠᠯᠠᠯ ᠤᠨ ᠠᠵᠢᠯ ᠤᠨ ᠦᠷᠲᠡᠭᠡ ᠵᠢ ᠪᠠᠢ᠌ᠭᠤᠯᠵᠤ᠂ 13 ᠲᠦᠷᠦᠯ ᠵᠦᠢ᠍ᠯᠨᠢ ᠤᠯᠤᠰ ᠤᠨ ᠤᠯᠠᠮᠵᠢᠯᠠᠯᠲᠤ ᠭᠠᠷ ᠤᠷᠠᠯᠠᠯ ᠤᠨ ᠬᠦᠭᠵᠢᠭᠦᠯᠬᠦ ᠨᠡᠷᠡᠰ ᠲᠤ ᠰᠤᠩᠭᠤᠭᠳᠠᠪᠠ᠃ 56 ᠦᠨᠳᠦᠰᠦᠲᠡᠨ ᠤ ᠪᠤᠳᠠᠰ ᠤᠨ ᠪᠤᠰᠤ ᠰᠤᠶᠤᠯ ᠤᠨ ᠦᠪ ᠤᠨ《ᠬᠠᠷᠢᠯᠴᠠᠨ ᠬᠠᠪᠰᠤᠷᠠᠯᠴᠠᠨ ᠰᠠᠬᠢᠵᠤ ᠪᠠᠷᠠᠯᠠᠬᠤ》 ᠤᠷᠢᠯᠭ᠎ᠠ ᠵᠢᠨ ᠦᠵᠡᠰᠭᠦᠯᠡᠩ ᠢ ᠡᠷᠬᠢᠯᠡᠪᠡ᠃《ᠪᠠᠶᠠᠨ ᠲᠠᠩᠰᠤᠭ ᠤᠶᠤᠨ ᠤ ᠦᠪ᠂ ᠪᠠᠬᠠᠷᠤᠮ᠎ᠠ ᠰᠠᠢ᠌ᠬᠠᠨ ᠠᠵᠤ ᠠᠮᠢᠳᠤᠷᠠᠯ》᠂《ᠤᠯᠠᠮᠵᠢᠯᠠᠯᠲᠤ ᠰᠤᠶᠤᠯ ᠰᠠᠷ᠎ᠠ ᠰᠠᠷ᠎ᠠ ᠳᠡᠯᠭᠡᠷ》 ᠵᠡᠷᠭᠡ ᠪᠤᠳᠠᠰ ᠤᠨ ᠪᠤᠰᠤ ᠰᠤᠶᠤᠯ ᠤᠨ ᠦᠪ ᠤᠨ ᠦᠵᠡᠭᠦᠯᠦᠯᠭᠡ ᠵᠢᠨ ᠠᠵᠢᠯᠯᠠᠭ᠎ᠠ ᠵᠢ ᠦᠷᠨᠢᠭᠦᠯᠪᠡ᠃ ᠦᠪᠦᠷ ᠮᠤᠩᠭᠤᠯ ᠤᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭ᠋ᠠᠯᠠᠬᠤ ᠲᠦᠪ ᠪᠦᠬᠦ ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭ᠋ᠠᠯᠠᠬᠤ ᠠᠵᠢᠯ ᠤᠨ ᠲᠡᠷᠢᠭᠦᠨ ᠤ ᠬᠠᠮᠲᠤᠯᠢᠭ ᠵᠶ᠋ᠠᠷ ᠦᠨᠡᠯᠡᠭᠳᠡᠪᠡ᠃
ᠵᠢᠷᠭᠤᠭ᠎ᠠ ᠳᠤ᠂ ᠰᠤᠶᠤᠯ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠪᠠᠨ ᠲᠠᠰᠤᠷᠠᠯᠲᠠ ᠦᠭᠡᠢ ᠴᠢᠩᠭ᠋ᠠᠳᠬᠠᠪᠠ᠃《ᠰᠤᠶᠤᠯ ᠤᠨ ᠵᠠᠬ᠎ᠠ ᠳᠡᠯᠭᠡᠭᠦᠷ ᠤᠨ ᠤᠮᠠᠷᠠᠲᠤ ᠬᠢᠯᠢ ᠵᠢᠨ ᠲᠤᠭᠲᠠᠭᠤᠨ ᠢᠨᠵᠸᠨ᠋ᠸᠷᠢᠩ》 ᠢ ᠯᠠᠪᠳᠠᠭᠤᠨ ᠵᠶ᠋ᠠᠷ ᠠᠬᠢᠭᠤᠯᠵᠤ᠂ ᠪᠦᠬᠦ ᠵᠢᠯ ᠳᠤ ᠬᠠᠤᠯᠢ ᠬᠡᠷᠡᠭᠵᠢᠭᠦᠯᠦᠨ ᠪᠠᠢ᠌ᠴᠠᠭ᠋ᠠᠯᠲᠠ ᠬᠢᠭᠰᠡᠨ 38.5 ᠲᠦᠮᠡᠨ ᠬᠦᠮᠦᠨ ᠤᠳᠠᠭ᠎ᠠ ᠳᠤ ᠬᠦᠷᠴᠦ᠂ ᠡᠵᠡᠩᠨᠡᠭᠰᠡᠨ ᠪᠠᠢ᠌ᠭᠤᠯᠭ᠎ᠠ ᠵᠢ ᠪᠠᠢ᠌ᠴᠠᠭ᠋ᠠᠭᠰᠠᠨ 13.2 ᠲᠦᠮᠡᠨ ᠨᠢᠭᠡᠴᠢ ᠤᠳᠠᠭ᠎ᠠ ᠳᠤ ᠬᠦᠷᠴᠦ᠂ ᠵᠠᠷᠯᠢᠭᠳᠠᠨ ᠵᠠᠯᠠᠷᠠᠭᠤᠯᠤᠭᠰᠠᠨ 576 ᠨᠢᠭᠡᠴᠢ ᠤᠳᠠᠭ᠎ᠠ᠂ ᠠᠷᠠᠯᠵᠢᠶ᠎ᠠ ᠵᠢᠨᠢ ᠵᠤᠭᠰᠤᠭ᠋ᠠᠨ ᠴᠡᠭᠴᠡᠯᠡᠭᠰᠡᠨ 50 ᠨᠢᠭᠡᠴᠢ᠂ ᠡᠵᠡᠩᠨᠡᠯᠲᠡ ᠵᠢᠨ ᠦᠨᠡᠮᠯᠡᠯ ᠢᠨᠢ ᠬᠤᠷᠢᠶᠠᠨ ᠠᠪᠴᠤ ᠬᠦᠴᠦᠨ ᠦᠭᠡᠢ ᠪᠤᠯᠭ᠋ᠠᠭᠰᠠᠨ 16 ᠨᠢᠭᠡᠴᠢ᠂ ᠰᠢᠢ᠍ᠳᠪᠦᠷᠢᠯᠡᠨ ᠲᠠᠰᠤᠯᠠᠭᠰᠠᠨ ᠬᠡᠷᠡᠭ 3023 ᠬᠦᠷᠴᠦ᠂ ᠲᠡᠭᠦᠨ ᠤ ᠳᠤᠲᠤᠷ᠎ᠠ 1 ᠲᠦᠷᠦᠯ ᠤᠨ ᠬᠡᠷᠡᠭᠨᠢ ᠪᠦᠬᠦ ᠤᠯᠤᠰ ᠤᠨ ᠰᠤᠶᠤᠯ ᠤᠨ ᠵᠠᠬ᠎ᠠ ᠳᠡᠯᠭᠡᠭᠦᠷ ᠤᠨ ᠠᠷᠪᠠᠨ ᠲᠤᠮᠤ ᠬᠡᠷᠡᠭ ᠲᠤ ᠬᠠᠮᠤᠷᠤᠭᠳᠠᠵᠤ᠂ 2 ᠲᠦᠷᠦᠯᠤᠨ ᠬᠡᠷᠡᠭᠨᠢ ᠪᠦᠬᠦ ᠤᠯᠤᠰ ᠤᠨ ᠰᠤᠶᠤᠯ ᠤᠨ ᠵᠠᠬ᠎ᠠ ᠳᠡᠯᠭᠡᠭᠦᠷ ᠤᠨ ᠭᠤᠤᠯᠳᠠᠯᠭ᠋ᠠᠲᠤ ᠬᠡᠷᠡᠭ ᠲᠤ ᠬᠠᠮᠤᠷᠤᠭᠳᠠᠵᠠᠢ᠃ ᠰᠤᠶᠤᠯ ᠤᠨ ᠵᠠᠬ᠎ᠠ ᠳᠡᠯᠭᠡᠭᠦᠷ ᠤᠨ ᠬᠡᠯᠪᠡᠷᠢ ᠪᠠᠨ ᠦᠭᠡᠷᠡᠴᠢᠯᠡᠨ ᠳᠡᠰ ᠳᠡᠪᠰᠢᠬᠦ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠰᠦᠯᠵᠢᠶᠡᠨ ᠳᠤ ᠤᠷᠤᠬᠤ ᠦᠢ᠍ᠯᠡᠴᠢᠯᠡᠭᠡ ᠲᠠᠯᠠᠪᠤᠷ ᠤᠨ ᠤᠷᠴᠢᠨ ᠲᠤᠭᠤᠷᠢᠨ ᠤ ᠦᠢ᠍ᠯᠡᠴᠢᠯᠡᠭᠡᠨ ᠤ ᠵᠡᠷᠭᠡ ᠳᠡᠰ ᠢ ᠰᠢᠯᠭ᠋ᠠᠨ ᠲᠤᠭᠲᠠᠭ᠋ᠠᠬᠤ ᠠᠵᠢᠯ ᠢ ᠵᠤᠬᠢᠶᠠᠨ ᠪᠠᠢ᠌ᠭᠤᠯᠤᠨ ᠦᠷᠨᠢᠭᠦᠯᠪᠡ᠃《ᠴᠢᠯᠦᠭᠡᠲᠡᠢ ᠬᠠᠮᠢᠶᠠᠷᠤᠯᠲᠠ ᠵᠢᠨ ᠦᠢ᠍ᠯᠡᠴᠢᠯᠡᠭᠡ》 ᠵᠢᠨ ᠦᠭᠡᠷᠡᠴᠢᠯᠡᠯᠲᠡ ᠵᠢ ᠢᠳᠡᠪᠬᠢᠲᠡᠢ ᠠᠬᠢᠭᠤᠯᠵᠤ᠂ ᠰᠤᠶᠤᠯ ᠤᠨ ᠵᠠᠬ᠎ᠠ ᠳᠡᠯᠭᠡᠭᠦᠷ ᠤᠨ ᠵᠠᠰᠠᠭ ᠵᠠᠬᠢᠷᠭ᠋ᠠᠨ ᠤ ᠬᠢᠨᠠᠨ ᠵᠦᠪᠰᠢᠶᠡᠷᠡᠬᠦ ᠠᠵᠢᠯ ᠢ ᠵᠤᠬᠢᠴᠠᠭᠤᠯᠪᠠ᠃ ᠰᠤᠶᠤᠯ ᠤᠨ ᠵᠠᠬ᠎ᠠ ᠳᠡᠯᠭᠡᠭᠦᠷ ᠤᠨ ᠢᠲᠡᠭᠡᠮᠵᠢ ᠵᠢᠨ ᠲᠤᠭᠲᠠᠯᠴᠠᠭ᠋ᠠᠨ ᠤ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠪᠠ᠃ ᠪᠦᠬᠦ ᠤᠷᠤᠨ ᠤ ᠰᠤᠶᠤᠯ ᠤᠨ ᠵᠠᠬ᠎ᠠ ᠳᠡᠯᠭᠡᠭᠦᠷ ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠭᠰᠡᠨ ᠦᠭᠡᠷᠡᠴᠢᠯᠡᠯᠲᠡ ᠵᠢᠨ ᠠᠬᠤᠢ ᠲᠠᠯᠠᠪᠠᠢ ᠵᠢᠨ ᠦᠵᠡᠭᠦᠯᠦᠯᠭᠡ ᠵᠢᠨ ᠬᠤᠷᠠᠯ ᠢ ᠬᠤᠷᠠᠯᠳᠤᠭᠤᠯᠪᠠ᠃ ᠪᠦᠬᠦ ᠤᠯᠤᠰ ᠤᠨ ᠲᠤᠤᠷ ᠰᠦᠯᠵᠢᠶᠡᠨ ᠤ ᠰᠤᠶᠤᠯ ᠤᠨ ᠬᠠᠤᠯᠢ ᠬᠡᠷᠡᠭᠵᠢᠭᠦᠯᠦᠭᠰᠡᠨ ᠬᠡᠷᠡᠭ ᠵᠶ᠋ᠠᠷ ᠪᠤᠯᠪᠠᠰᠤᠷᠠᠯ ᠬᠦᠷᠲᠡᠭᠡᠬᠦ ᠪᠤᠯᠪᠠᠰᠤᠷᠠᠯ ᠤᠨ ᠠᠩᠬᠢ ᠵᠢᠴᠢ ᠪᠦᠬᠦ ᠤᠷᠤᠨ ᠤ ᠰᠤᠶᠤᠯ ᠤᠨ ᠵᠠᠬ᠎ᠠ ᠳᠡᠯᠭᠡᠭᠦᠷ ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠭᠰᠡᠨ ᠭᠤᠤᠯᠯᠠᠭᠴᠢ ᠬᠦᠴᠦᠨ ᠤ ᠪᠤᠯᠪᠠᠰᠤᠷᠠᠯ ᠤᠨ ᠠᠩᠬᠢ ᠵᠢ ᠵᠤᠬᠢᠶᠠᠨ ᠪᠠᠢ᠌ᠭᠤᠯᠤᠨ ᠡᠷᠬᠢᠯᠡᠵᠦ᠂ ᠪᠦᠬᠦ ᠤᠷᠤᠨ ᠤ ᠰᠤᠶᠤᠯ ᠤᠨ ᠵᠠᠬ᠎ᠠ ᠳᠡᠯᠭᠡᠭᠦᠷᠤᠨ ᠶᠡᠷᠦᠩᠬᠡᠢ ᠬᠠᠤᠯᠢ ᠬᠡᠷᠡᠭᠵᠢᠭᠦᠯᠦᠭᠰᠡᠨ ᠮᠡᠷᠭᠡᠵᠢᠯ ᠴᠢᠳᠠᠪᠤᠷᠢ ᠵᠢᠨ ᠲᠡᠮᠡᠴᠡᠭᠡᠨ ᠤ ᠠᠵᠢᠯᠯᠠᠭ᠎ᠠ ᠵᠢ ᠦᠷᠨᠢᠭᠦᠯᠪᠡ᠃ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠭᠴᠢᠳ ᠢ ᠪᠦᠯᠦᠭ ᠳᠡᠰ ᠬᠤᠪᠢᠶᠠᠨ ᠵᠤᠬᠢᠶᠠᠨ ᠪᠠᠢ᠌ᠭᠤᠯᠵᠤ᠂ ᠱᠠᠩᠬᠠᠢ ᠬᠤᠲᠠ ᠵᠢᠨ ᠰᠤᠶᠤᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠶᠡᠷᠦᠩᠬᠡᠢ ᠠᠩᠬᠢ ᠳᠤ ᠶᠠᠪᠤᠭᠤᠯᠵᠤ ᠰᠤᠷᠤᠯᠴᠠᠭᠤᠯᠪᠠ᠃
ᠳᠤᠯᠤᠭ᠎ᠠ ᠳᠤ᠂ ᠰᠤᠶᠤᠯ ᠤᠨ ᠠᠵᠤ ᠦᠢ᠍ᠯᠡᠰ ᠦᠷᠭᠦᠯᠵᠢᠯᠡᠨ ᠡᠷᠡᠭᠦᠯ ᠵᠶ᠋ᠠᠷ ᠬᠦᠭᠵᠢᠪᠡ᠃ ᠲᠦᠪ ᠪᠤᠯᠤᠨ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠠᠵᠤ ᠦᠢ᠍ᠯᠡᠰ ᠤᠨ ᠲᠦᠷᠦᠯ ᠵᠦᠢ᠍ᠯ ᠤᠨ ᠪᠡᠯᠡ ᠮᠦᠩᠭᠦᠨ ᠳᠤ ᠢᠳᠡᠪᠬᠢᠲᠡᠢ ᠮᠡᠳᠡᠭᠦᠯᠪᠡ᠃ ᠤᠯᠤᠰ ᠤᠨ ᠲᠡᠳᠭᠦᠨ ᠳᠡᠮᠵᠢᠬᠦ ᠲᠦᠷᠦᠯ ᠵᠦᠢ᠍ᠯ ᠳᠤ ᠦᠷ᠎ᠡ ᠪᠦᠲᠦᠮᠵᠢ ᠵᠢᠨ ᠦᠨᠡᠯᠡᠯᠲᠡ ᠦᠷᠨᠢᠭᠦᠯᠵᠦ᠂ ᠦᠪᠡᠷᠲᠡᠭᠡᠨ ᠵᠠᠰᠠᠬᠤ ᠤᠷᠤᠨ ᠤ ᠲᠡᠳᠭᠦᠨ ᠳᠡᠮᠵᠢᠬᠦ ᠲᠦᠷᠦᠯ ᠵᠦᠢ᠍ᠯ ᠤᠨ ᠦᠷ᠎ᠡ ᠪᠦᠲᠦᠮᠵᠢᠳᠤ ᠦᠪᠡᠷ ᠤᠨ ᠦᠨᠡᠯᠡᠯᠲᠡ ᠬᠢᠪᠡ᠃ 128 ᠰᠤᠶᠤᠯ ᠤᠨ ᠠᠵᠤ ᠠᠬᠤᠢ᠌ᠯᠠᠯ ᠢ ᠵᠤᠬᠢᠶᠠᠨ ᠪᠠᠢ᠌ᠭᠤᠯᠵᠤ ᠱᠸᠨᠵᠸᠨ᠂ ᠰᠢ ᠠᠨ᠂ ᠪᠡᠭᠡᠵᠢᠩ᠂ ᠳ᠋ᠦᠨᠬᠤᠸᠠᠩ ᠤᠨ ᠰᠤᠶᠤᠯ ᠤᠨ ᠦᠵᠡᠰᠭᠦᠯᠡᠩ ᠵᠢᠴᠢ ᠳᠤᠮᠳᠠᠳᠤ ᠤᠯᠤᠰ ᠤᠨ ᠤᠯᠠᠨ ᠤᠯᠤᠰᠤᠨ ᠭᠠᠳᠠᠭ᠋ᠠᠳᠤ ᠤᠷᠤᠭᠤᠯᠤᠯᠲᠠ ᠵᠢᠨ ᠦᠵᠡᠰᠭᠦᠯᠡᠩ ᠳᠤ ᠤᠷᠤᠯᠴᠠᠵᠤ᠂ ᠦᠪᠦᠷ ᠮᠤᠩᠭᠤᠯ ᠤᠨ ᠰᠤᠶᠤᠯ ᠤᠨ ᠪᠦᠲᠦᠭᠡᠭᠳᠡᠭᠦᠨ ᠪᠤᠯᠤᠨ ᠰᠤᠶᠤᠯ ᠤᠨ ᠨᠡᠷ᠎ᠡ ᠲᠡᠮᠳᠡᠭ ᠵᠶ᠋ᠠᠨ ᠢᠳᠡᠪᠬᠢᠲᠡᠢ ᠤᠬᠠᠭᠤᠯᠤᠨ ᠲᠠᠨᠢᠯᠴᠠᠭᠤᠯᠵᠤ᠂ ᠬᠠᠮᠲᠤᠷᠠᠬᠤ ᠲᠦᠷᠦᠯ ᠵᠦᠢ᠍ᠯ 17 ᠵᠢ ᠲᠤᠭᠲᠠᠵᠤ᠂ ᠪᠦᠲᠦᠭᠡᠭᠳᠡᠭᠦᠨ ᠤ ᠵᠠᠬᠢᠶᠠᠯᠯᠠᠭ᠎ᠠ 105᠂ ᠲᠤᠬᠠᠢ ᠵᠢᠨ ᠲᠠᠯᠠᠪᠠᠢ ᠵᠢᠨ ᠪᠤᠷᠤᠯᠠᠭᠤᠯᠭ᠎ᠠ 1200 ᠲᠦᠮᠡᠨ ᠲᠦᠭᠦᠷᠢᠭ ᠲᠤ ᠬᠦᠷᠴᠦ᠂ ᠬᠤᠷᠴᠢᠨ ᠤ ᠪᠠᠢ᠌ᠭ᠋ᠠᠯᠢ ᠵᠢᠨ ᠲᠠᠪᠤᠨ ᠲᠠᠷᠢᠶᠠᠨ ᠤ ᠵᠢᠷᠤᠭ ᠵᠡᠷᠭᠡ ᠤᠯᠠᠨ ᠲᠦᠷᠦᠯ ᠤᠨ ᠰᠤᠶᠤᠯ ᠤᠨ ᠪᠦᠲᠦᠭᠡᠯᠴᠢ ᠰᠡᠳᠭᠢᠬᠦᠢ ᠵᠢᠨ ᠲᠦᠷᠦᠯ ᠵᠦᠢ᠍ᠯᠨᠢ《ᠳᠤᠮᠳᠠᠳᠤ ᠤᠯᠤᠰ ᠤᠨ ᠭᠠᠷ ᠤᠷᠠᠯᠠᠯ ᠤᠨ ᠰᠤᠶᠤᠯ ᠤᠨ ᠪᠦᠲᠦᠭᠡᠯᠴᠢ ᠰᠡᠳᠭᠢᠬᠦᠢ ᠵᠢᠨ ᠠᠯᠲᠠᠨ ᠱᠠᠩᠨᠠᠯ》 ᠢ ᠬᠦᠷᠲᠡᠪᠡ᠃ ᠰᠤᠶᠤᠯ ᠵᠢᠭᠤᠯᠴᠢᠯᠠᠯ ᠤᠨ ᠰᠢᠰᠲᠸᠮ ᠤᠨ ᠠᠷᠠᠳ ᠠᠴᠠ ᠡᠵᠡᠩᠨᠡᠭᠰᠡᠨ ᠠᠵᠤ ᠠᠬᠤᠢ᠌ᠯᠠᠯ ᠤᠨ ᠰᠠᠭᠤᠳᠠᠯ ᠤᠨ ᠬᠤᠷᠠᠯ ᠢ ᠬᠤᠷᠠᠯᠳᠤᠭᠤᠯᠪᠠ᠃ ᠰᠤᠶᠤᠯ ᠮᠦᠩᠭᠦᠨ ᠭᠦᠢ᠍ᠯᠭᠡᠭᠡᠨ ᠤ ᠬᠤᠷᠰᠢᠭᠰᠠᠨ ᠲᠠᠪᠴᠠᠩ ᠢ ᠢᠳᠡᠪᠬᠢᠲᠡᠢ ᠪᠠᠢ᠌ᠭᠤᠯᠵᠤ᠂ ᠭᠤᠤᠯᠳᠠᠯᠭ᠋ᠠᠲᠤ ᠰᠤᠶᠤᠯ ᠤᠨ ᠪᠦᠲᠦᠭᠡᠭᠳᠡᠭᠦᠨ ᠤ ᠲᠦᠷᠦᠯ ᠵᠦᠢ᠍ᠯ ᠤᠨ ᠪᠦᠲᠦᠭᠡᠨ ᠪᠠᠢ᠌ᠭᠤᠯᠤᠯᠲᠠ ᠵᠢ ᠳᠡᠮᠵᠢᠪᠡ᠃ ᠰᠤᠶᠤᠯ ᠤᠨ ᠪᠦᠲᠦᠭᠡᠯᠴᠢ ᠰᠡᠳᠭᠢᠴᠡᠲᠠᠢ ᠪᠦᠲᠦᠭᠡᠭᠳᠡᠭᠦᠨ ᠤ ᠨᠡᠭᠡᠭᠡᠯᠲᠡ ᠵᠢ ᠠᠬᠢᠭᠤᠯᠵᠤ᠂ 2018 ᠤᠨ ᠤ ᠦᠪᠦᠷ ᠮᠤᠩᠭᠤᠯ ᠤᠨ ᠪᠦᠲᠦᠭᠡᠯᠴᠢ ᠰᠠᠨᠠᠭᠠᠲᠠᠢ ᠲᠦᠯᠦᠪᠯᠡᠭᠡᠨ ᠤ ᠦᠵᠡᠰᠭᠦᠯᠡᠩ ᠢ ᠡᠷᠬᠢᠯᠡᠪᠡ᠃ ᠹᠢᠵᠢ ᠳᠤ ᠬᠦᠷᠴᠦ ᠳᠤᠮᠳᠠᠳᠤ ᠤᠯᠤᠰ ᠤᠨ ᠦᠪᠦᠷ ᠮᠤᠩᠭᠤᠯ ᠤᠨ ᠹᠢᠵᠢ ᠰᠤᠶᠤᠯ ᠤᠨ ᠪᠦᠲᠦᠭᠡᠯᠴᠢ ᠰᠠᠨᠠᠭᠠᠲᠠᠢ ᠪᠦᠲᠦᠭᠡᠭᠳᠡᠭᠦᠨ ᠤ ᠭᠠᠷᠠᠭ ᠤᠨ ᠠᠵᠢᠯᠯᠠᠭ᠎ᠠ ᠵᠢ ᠦᠷᠨᠢᠭᠦᠯᠵᠦ᠂ ᠮᠤᠩᠭᠤᠯ ᠤᠯᠤᠰ ᠲᠤ ᠬᠦᠷᠴᠦ ᠦᠪᠦᠷ ᠮᠤᠩᠭᠤᠯ ᠤᠨ ᠰᠤᠶᠤᠯ ᠤᠨ ᠪᠦᠲᠦᠭᠡᠯᠴᠢ ᠰᠠᠨᠠᠭᠠᠲᠠᠢ ᠪᠦᠲᠦᠭᠡᠭᠳᠡᠭᠦᠨ ᠤ ᠦᠵᠡᠰᠭᠦᠯᠡᠩ ᠢ ᠡᠷᠬᠢᠯᠡᠪᠡ᠃
ᠨᠠᠢ᠍ᠮᠠ ᠳᠤ᠂ ᠭᠠᠳᠠᠭ᠋ᠠᠳᠤᠲᠠᠢ ᠬᠢᠭᠰᠡᠨ ᠰᠤᠶᠤᠯ ᠤᠨ ᠰᠤᠯᠢᠯᠴᠠᠭ᠋ᠠᠨ ᠤ ᠭᠡᠷᠡᠯᠲᠦ ᠴᠡᠭ ᠵᠠᠯᠭ᠋ᠠᠭᠠ ᠪᠠᠷ ᠢᠯᠡᠷᠡᠪᠡ᠃ ᠤᠷᠠᠯᠢᠭ ᠤᠨ ᠪᠦᠯᠬᠦᠮ ᠢ ᠰᠤᠩᠭᠤᠨ ᠲᠤᠮᠢᠯᠠᠵᠤ ᠸᠢᠶᠸᠲᠨᠠᠮ᠂ ᠰᠯᠤᠸᠠᠺᠢᠶᠠ᠂ ᠭ᠋ᠸᠷᠮᠠᠨ ᠵᠡᠷᠭᠡ 11 ᠤᠯᠤᠰ ᠪᠤᠶᠤ ᠤᠷᠤᠨ ᠳᠤ ᠤᠴᠢᠭᠤᠯᠵᠤ《ᠪᠠᠶᠠᠰᠬᠤᠯᠠᠩᠲᠤ ᠴᠠᠭ᠋ᠠᠨ ᠰᠠᠷ᠎ᠠ》 ᠠᠵᠢᠯᠯᠠᠭ᠎ᠠ ᠵᠢ ᠦᠷᠨᠢᠭᠦᠯᠵᠦ᠂ ᠤᠷᠢᠳ ᠬᠤᠵᠢᠳ 52 ᠲᠠᠯᠠᠪᠠᠢ ᠤᠳᠠᠭ᠎ᠠ ᠲᠤᠭᠯᠠᠵᠤ᠂ ᠦᠵᠡᠭᠴᠢ ᠵᠢᠨ ᠲᠤᠭ᠎ᠠ 100 ᠭᠠᠷᠤᠢ ᠲᠦᠮᠡᠨ ᠬᠦᠮᠦᠨ ᠤᠳᠠᠭᠠᠳᠤ ᠬᠦᠷᠪᠡ᠃ ᠤᠷᠤᠰ ᠮᠤᠩᠭᠤᠯᠲᠠᠢ ᠰᠤᠶᠤᠯ ᠤᠨ ᠰᠤᠯᠢᠯᠴᠠᠭ᠎ᠠ ᠪᠤᠯᠤᠨ ᠬᠠᠮᠲᠤᠷᠠᠯᠴᠠᠭ᠎ᠠ ᠦᠷᠨᠢᠭᠦᠯᠵᠦ᠂ ᠪᠦᠯᠬᠦᠮ ᠪᠠᠢ᠌ᠭᠤᠯᠵᠤ《ᠳᠤᠮᠳᠠᠳᠤ ᠵᠢ ᠮᠡᠳᠡᠷᠡᠬᠦ》 ᠳᠤᠮᠳᠠᠳᠤ ᠤᠯᠤᠰ ᠤᠨ ᠦᠪᠦᠷ ᠮᠤᠩᠭᠤᠯ ᠤᠨ ᠰᠤᠶᠤᠯ ᠤᠨ ᠭᠠᠷᠠᠭᠤᠨ ᠠᠵᠢᠯᠯᠠᠭ᠎ᠠ᠂《ᠪᠠᠢ᠌ᠭ᠋ᠠᠯ ᠤᠨ ᠡᠭᠡᠰᠢᠭ》 ᠤᠯᠠᠨ ᠤᠯᠤᠰ ᠤᠨ ᠲᠠᠢ᠌ᠰᠠᠨ ᠤ ᠬᠡᠷᠬᠡᠮᠲᠡᠨ ᠳᠠᠭᠤᠴᠢᠨ ᠤ ᠶᠡᠬᠡ ᠤᠷᠤᠯᠳᠤᠭ᠋ᠠᠨ᠂《ᠮᠤᠩᠭᠤᠯ ᠳᠡᠭᠦᠦᠳᠡᠢ》 ᠪᠠᠭ᠋ᠠᠴᠤᠳ ᠤᠨ ᠤᠷᠠᠨ ᠵᠢᠷᠤᠭ ᠤᠨ ᠪᠦᠲᠦᠭᠡᠯ ᠤᠨ ᠦᠵᠡᠰᠭᠦᠯᠡᠩ ᠳᠤ ᠤᠷᠤᠯᠴᠠᠵᠤ᠂ ᠳᠤᠮᠳᠠᠳᠤ ᠮᠤᠩᠭᠤᠯ ᠬᠠᠮᠲᠤᠷᠠᠭᠰᠠᠨ ᠬᠠᠭᠤᠴᠢ ᠰᠤᠳᠤᠯᠤᠯ ᠤᠨ ᠲᠦᠷᠦᠯ ᠵᠦᠢ᠍ᠯ ᠵᠶ᠋ᠠᠨ ᠦᠷᠭᠦᠯᠵᠢᠯᠡᠨ ᠠᠬᠢᠭᠤᠯᠪᠠ᠃ ᠹᠢᠵᠢ ᠵᠢᠨ ᠳᠤᠮᠳᠠᠳᠤ ᠵᠢᠨ ᠰᠤᠶᠤᠯ ᠤᠨ ᠲᠦᠪᠲᠠᠢ ᠬᠠᠮᠲᠤᠷᠠᠨ《ᠮᠢᠨᠤ ᠦᠵᠡᠰᠭᠦᠯᠡᠩᠲᠦ ᠲᠠᠯ᠎ᠠ ᠨᠤᠲᠤᠭ》 ᠦᠪᠦᠷ ᠮᠤᠩᠭᠤᠯ ᠤᠨ ᠰᠤᠶᠤᠯ ᠤᠨ ᠵᠢᠯ ᠤᠨ ᠠᠵᠢᠯᠯᠠᠭ᠎ᠠ ᠵᠢ ᠦᠷᠨᠢᠭᠦᠯᠵᠦ᠂ ᠵᠠᠩ ᠦᠢ᠍ᠯᠡ ᠵᠢᠨ ᠭᠡᠷᠡᠯ ᠵᠢᠷᠤᠭ ᠤᠨ ᠦᠵᠡᠰᠭᠦᠯᠡᠩ᠂ ᠪᠠᠭ᠋ᠠᠴᠤᠳ ᠤᠨ ᠤᠷᠠᠨ ᠪᠢᠴᠢᠯᠭᠡ ᠤᠷᠠᠨ ᠵᠢᠷᠤᠭ ᠤᠨ ᠦᠵᠡᠰᠭᠦᠯᠡᠩ᠂ ᠪᠤᠳᠠᠰ ᠤᠨ ᠪᠤᠰᠤ ᠰᠤᠶᠤᠯ ᠤᠨ ᠦᠪ ᠤᠨ ᠦᠵᠡᠭᠦᠯᠦᠯᠭᠡ ᠵᠢᠨ ᠠᠵᠢᠯᠯᠠᠭ᠎ᠠ ᠪᠤᠯᠤᠨ ᠤᠷᠠᠨ ᠰᠠᠢ᠌ᠬᠠᠨ ᠤ ᠲᠤᠭᠯᠠᠯᠲᠠ ᠵᠢᠨ ᠠᠵᠢᠯᠯᠠᠭ᠎ᠠ ᠵᠢ ᠡᠷᠬᠢᠯᠡᠪᠡ᠃ ᠤᠤᠮᠸᠨ ᠳᠤ ᠬᠦᠷᠴᠦ《ᠵᠠᠰᠠᠯ ᠴᠢᠮᠡᠭ ᠵᠠᠩᠰᠢᠯ ᠰᠤᠶᠤᠯ》 ᠦᠨᠳᠦᠰᠦᠲᠡᠨ ᠤ ᠬᠤᠪᠴᠠᠰᠤ ᠬᠤᠨᠠᠷ ᠵᠠᠰᠠᠯ ᠴᠢᠮᠡᠭ ᠤᠨ ᠰᠢᠷᠢᠰ ᠠᠵᠢᠯᠯᠠᠭ᠎ᠠ ᠵᠢ ᠦᠷᠨᠢᠭᠦᠯᠵᠦ᠂ ᠦᠨᠳᠦᠰᠦᠲᠡᠨ ᠤ ᠬᠤᠪᠴᠠᠰᠤ ᠬᠤᠨᠠᠷ ᠵᠠᠰᠠᠯ ᠴᠢᠮᠡᠭ ᠤᠨ ᠦᠵᠡᠭᠦᠯᠦᠯᠭᠡ᠂ ᠪᠤᠳᠠᠰ ᠤᠨ ᠪᠤᠰᠤ ᠰᠤᠶᠤᠯ ᠤᠨ ᠦᠪ ᠤᠨ ᠭᠡᠷᠡᠯ ᠵᠢᠷᠤᠭ ᠤᠨ ᠦᠵᠡᠰᠭᠦᠯᠡᠩ᠂ ᠤᠯᠠᠮᠵᠢᠯᠠᠯᠲᠤ ᠭᠠᠷ ᠤᠷᠠᠯᠠᠯ ᠤᠨ ᠦᠵᠡᠭᠦᠯᠦᠯᠭᠡ᠂ ᠦᠨᠳᠦᠰᠦᠲᠡᠨ ᠤ ᠳᠠᠭᠤᠤ ᠪᠦᠵᠢᠭ ᠤᠨ ᠲᠤᠭᠯᠠᠯᠲᠠ ᠵᠢ ᠡᠷᠬᠢᠯᠡᠪᠡ᠃ ᠶᠠᠫᠤᠨ᠂ ᠡᠨᠡᠳᠬᠡᠭ᠂ ᠺᠤᠷᠢᠶᠠ᠂ ᠠᠮᠸᠷᠢᠺᠠ᠂ ᠢᠲ᠋ᠠᠯᠢ᠂ ᠺᠠᠽᠠᠭᠰᠲ᠋ᠠᠨ ᠵᠡᠷᠭᠡ ᠤᠯᠤᠰ ᠪᠤᠯᠤᠨ ᠤᠷᠤᠨᠲᠠᠢ ᠡᠯᠪᠡᠭ ᠪᠠᠶᠠᠯᠢᠭ ᠠᠭᠤᠯᠭᠠᠲᠠᠢ ᠰᠤᠶᠤᠯ ᠤᠨ ᠰᠤᠯᠢᠯᠴᠠᠭ᠋ᠠᠨ ᠤ ᠠᠵᠢᠯᠯᠠᠭ᠎ᠠ ᠵᠢ ᠦᠷᠨᠢᠭᠦᠯᠪᠡ᠃ ᠤᠷᠢᠳ ᠬᠤᠵᠢᠳ 40 ᠭᠠᠷᠤᠢ ᠤᠯᠤᠰ ᠪᠤᠯᠤᠨ ᠤᠷᠤᠨ ᠠᠴᠠ ᠢᠷᠡᠭᠰᠡᠨ ᠤᠷᠠᠨ ᠰᠠᠢ᠌ᠬᠠᠨ ᠤ ᠲᠤᠭᠯᠠᠯᠲᠠ᠂ ᠰᠤᠶᠤᠯ ᠤᠨ ᠰᠤᠯᠢᠯᠴᠠᠭ᠎ᠠ᠂ ᠰᠠᠭᠤᠳᠠᠯ ᠤᠨ ᠬᠤᠷᠠᠯ ᠳᠤ ᠤᠷᠤᠯᠴᠠᠭᠰᠠᠨ ᠬᠦᠮᠦᠰ ᠢ ᠬᠦᠯᠢᠶᠡᠨ ᠠᠪᠤᠪᠠ᠃
ᠶᠢᠰᠦ ᠳᠤ᠂ ᠰᠤᠶᠤᠯ ᠵᠶ᠋ᠠᠷ ᠶᠠᠳᠠᠭᠤ ᠵᠢ ᠲᠡᠳᠭᠦᠬᠦ ᠠᠵᠢᠯ ᠯᠠᠪᠳᠠᠭᠤᠨ ᠵᠶ᠋ᠠᠷ ᠠᠬᠢᠪᠠ᠃《ᠶᠠᠳᠠᠭᠤ ᠠᠴᠠ ᠠᠩᠭᠢᠵᠢᠷᠠᠵᠤ ᠢᠯᠠᠯᠲᠠ ᠤᠯᠬᠤ ᠵᠢᠨ ᠪᠡᠬᠢᠯᠡᠯᠲᠡ ᠰᠢᠪᠲᠤᠯᠬᠤ ᠪᠠᠢ᠌ᠯᠳᠤᠭ᠋ᠠᠨ ᠤ ᠭᠤᠷᠪᠠᠨ ᠵᠢᠯ ᠤᠨ ᠠᠵᠢᠯᠯᠠᠭ᠎ᠠ ᠵᠢᠨ ᠬᠡᠷᠡᠭᠵᠢᠭᠦᠯᠬᠦ ᠲᠤᠬᠠᠢ ᠲᠦᠰᠦᠯ》 ᠢ ᠵᠤᠬᠢᠶᠠᠨ ᠪᠠᠢ᠌ᠭᠤᠯᠤᠨ ᠲᠤᠭᠲᠠᠭ᠋ᠠᠪᠠ᠃ ᠲᠦᠪ ᠪᠤᠯᠤᠨ ᠦᠪᠡᠷᠲᠡᠭᠡᠨ ᠵᠠᠰᠠᠬᠤ ᠤᠷᠤᠨ ᠤ ᠡᠳ᠋ ᠵᠢᠨ ᠵᠠᠰᠠᠭ ᠤᠨ ᠪᠡᠯᠡ ᠮᠦᠩᠭᠦ 3.23 ᠳ᠋ᠦᠩᠰᠢᠭᠤᠷ ᠲᠦᠭᠦᠷᠢᠭ ᠢ ᠢᠳᠡᠪᠬᠢᠲᠡᠢ ᠪᠠᠷ ᠲᠡᠮᠡᠴᠡᠨ ᠤᠯᠵᠤ᠂ ᠶᠠᠳᠠᠭᠤ ᠬᠦᠴᠢᠷᠳᠡᠯᠲᠡᠢ ᠭᠠᠵᠠᠷ ᠤᠷᠤᠨ ᠤ ᠰᠤᠶᠤᠯ ᠤᠨ ᠦᠢ᠍ᠯᠡᠰ ᠤᠨ ᠬᠦᠭᠵᠢᠯᠲᠡ ᠵᠢ ᠲᠡᠳᠭᠦᠨ ᠳᠡᠮᠵᠢᠪᠡ᠃ ᠰᠤᠶᠤᠯ ᠤᠨ ᠪᠦᠲᠦᠭᠡᠭᠳᠡᠭᠦᠨ ᠵᠶ᠋ᠠᠷ ᠨᠠᠷᠢᠨ ᠤᠨᠤᠪᠴᠢᠲᠠᠢ ᠲᠡᠳᠭᠦᠨ ᠳᠡᠮᠵᠢᠭᠰᠡᠨ ᠪᠤᠯᠪᠠᠰᠤᠷᠠᠯ ᠤᠨ ᠠᠩᠬᠢ ᠡᠷᠬᠢᠯᠡᠵᠦ᠂ ᠴᠠᠰᠤᠨ ᠴᠡᠷᠢᠭ ᠤᠨ ᠳ᠋ᠸᠩᠯᠦ᠂ ᠬᠠᠳᠬᠤᠮᠠᠯ ᠮᠤᠬᠤᠯᠠᠭ ᠭᠡᠯᠢᠬᠦ᠂ ᠸᠠᠩ ᠤᠨ ᠤᠷᠳᠤᠨ ᠤ ᠬᠠᠳᠬᠤᠮᠠᠯ ᠵᠡᠷᠭᠡ ᠶᠠᠳᠠᠭᠤ ᠬᠦᠴᠢᠷᠳᠡᠯᠲᠡᠢ ᠭᠠᠵᠠᠷ ᠤᠷᠤᠨ ᠤ ᠰᠤᠶᠤᠯ ᠤᠨ ᠪᠦᠲᠦᠭᠡᠭᠳᠡᠭᠦᠨ ᠤ ᠲᠦᠷᠦᠯ ᠵᠦᠢ᠍ᠯ ᠢ ᠲᠡᠳᠭᠦᠨ ᠳᠡᠮᠵᠢᠵᠦ᠂ ᠲᠤᠬᠠᠢ ᠵᠢᠨ ᠤᠷᠤᠨ ᠤ ᠶᠠᠳᠠᠭᠤ ᠬᠦᠴᠢᠷᠳᠡᠯᠲᠡᠢ ᠤᠯᠠᠨ ᠲᠦᠮᠡᠨ ᠢ ᠶᠠᠳᠠᠭᠤ ᠠᠴᠠ ᠠᠩᠭᠢᠵᠢᠷᠠᠵᠤ ᠪᠠᠶᠠᠵᠢᠨ ᠴᠢᠨᠡᠭᠡᠯᠢᠭᠵᠢᠬᠦ ᠵᠠᠮ ᠵᠶ᠋ᠠᠷ ᠳᠠᠢ᠌ᠴᠢᠯᠠᠪᠠ᠃《ᠤᠯᠠᠮᠵᠢᠯᠠᠯᠲᠤ ᠭᠠᠷ ᠤᠷᠠᠯᠠᠯ · ᠰᠤᠶᠤᠯ ᠤᠨ ᠲᠡᠳᠭᠦᠮᠵᠢ》 ᠰᠢᠷᠢᠰ ᠠᠵᠢᠯᠯᠠᠭ᠎ᠠ ᠵᠢ ᠦᠷᠨᠢᠭᠦᠯᠪᠡ᠃《ᠪᠡᠭᠡᠵᠢᠩ ᠦᠪᠦᠷ ᠮᠤᠩᠭᠤᠯ ᠤᠨ ᠶᠠᠳᠠᠭᠤ ᠵᠢ ᠲᠡᠳᠭᠦᠬᠦ ᠭᠤᠷᠪᠠᠨ ᠵᠢᠯ ᠤᠨ ᠠᠵᠢᠯᠯᠠᠭ᠋ᠠᠨ ᠤ ᠪᠤᠷᠤ ᠲᠦᠯᠦᠪ ᠤᠨ ᠬᠡᠯᠡᠯᠴᠡᠭᠡᠷ》 ᠢ ᠨᠠᠢ᠌ᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠢ ᠤᠷᠤᠨᠤ ᠪᠤᠳᠠᠰ ᠤᠨ ᠪᠤᠰᠤ ᠰᠤᠶᠤᠯ ᠤᠨ ᠦᠪ ᠢ ᠬᠠᠮᠠᠭ᠋ᠠᠯᠠᠬᠤ ᠭᠠᠵᠠᠷ ᠤᠨ ᠠᠵᠢᠯᠲᠠᠨ ᠢ ᠰᠤᠩᠭᠤᠨ ᠲᠤᠮᠢᠯᠠᠵᠤ ᠪᠡᠭᠡᠵᠢᠩ ᠬᠤᠲᠠ ᠠᠴᠠ ᠡᠷᠬᠢᠯᠡᠭᠰᠡᠨ ᠬᠤᠯᠪᠤᠭᠳᠠᠯ ᠪᠦᠬᠦᠢ ᠠᠵᠢᠯ ᠤᠨ ᠪᠤᠯᠪᠠᠰᠤᠷᠠᠯ ᠳᠤ ᠤᠷᠤᠯᠴᠠᠭᠤᠯᠵᠤ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠤᠯᠤᠨ ᠪᠡᠭᠡᠵᠢᠩ ᠤᠨ ᠰᠤᠶᠤᠯ ᠤᠨ ᠦᠵᠡᠰᠭᠦᠯᠡᠩᠲᠠᠢ ᠪᠤᠳᠠᠲᠠᠢ ᠬᠠᠮᠵᠢᠯᠴᠠᠬᠤ ᠠᠵᠢᠯ ᠢ ᠵᠤᠬᠢᠶᠠᠨ ᠪᠠᠢ᠌ᠭᠤᠯᠪᠠ᠃ ᠲᠤᠭᠲᠠᠭᠰᠠᠨ ᠴᠡᠭ ᠲᠤ ᠶᠠᠳᠠᠭᠤ ᠵᠢ ᠲᠡᠳᠭᠦᠬᠦ ᠠᠵᠢᠯ ᠢ ᠢᠳᠡᠪᠬᠢᠲᠡᠢ ᠦᠷᠨᠢᠭᠦᠯᠪᠡ᠃
ᠠᠷᠪᠠ ᠳᠤ᠂ ᠰᠤᠶᠤᠯ ᠤᠨ ᠪᠠᠲᠤᠯᠠᠭ᠋ᠠᠨ ᠤ ᠦᠢ᠍ᠯᠡᠴᠢᠯᠡᠭᠡ ᠤᠯᠠᠮ ᠢᠯᠡᠭᠦᠦ ᠲᠡᠭᠦᠯᠳᠡᠷᠵᠢᠪᠡ᠃ ᠰᠤᠶᠤᠯ ᠤᠨ ᠬᠠᠤᠯᠢᠴᠢᠯᠠᠯ ᠤᠯᠠᠮ ᠡᠷᠴᠢᠮᠵᠢᠵᠦ᠂ ᠤᠯᠠᠭ᠋ᠠᠨᠮᠦ᠋ᠴᠢᠷ ᠤᠨ ᠬᠠᠤᠯᠢ ᠲᠤᠭᠲᠠᠭ᠋ᠠᠬᠤ ᠠᠵᠢᠯ ᠲᠤᠭᠲᠠᠭᠤᠨ ᠵᠶ᠋ᠠᠷ ᠠᠬᠢᠪᠠ᠃ ᠰᠤᠶᠤᠯ ᠲᠡᠦᠬᠡᠨ ᠳᠤᠷᠠᠰᠬᠠᠯᠲᠤ ᠵᠦᠢ᠍ᠯ ᠤᠨ ᠰᠢᠰᠲᠸᠮ ᠤᠨ《ᠭᠤᠷᠪᠠᠨ ᠳᠡᠰ ᠲᠠᠪᠤᠨ ᠠᠳᠠᠯᠢ》 ᠡᠷᠬᠡ ᠬᠠᠷᠢᠭᠤᠴᠠᠯᠭ᠎ᠠ ᠵᠢᠨ ᠵᠦᠢ᠍ᠯ ᠤᠨ ᠨᠠᠷᠢᠨ ᠳᠠᠩᠰᠠ ᠵᠢ ᠵᠤᠬᠢᠴᠠᠭᠤᠯᠤᠨ ᠰᠢᠯᠤᠭᠤᠳᠬᠠᠪᠠ᠃ ᠲᠦᠷᠦᠯ ᠵᠦᠢ᠍ᠯ ᠤᠨ ᠪᠡᠯᠡ ᠮᠦᠩᠭᠦ ᠵᠢ ᠲᠡᠮᠡᠴᠡᠨ ᠤᠯᠬᠤ ᠪᠠᠷ ᠢᠳᠡᠪᠬᠢᠯᠡᠵᠦ᠂ ᠤᠷᠤᠵᠤ ᠢᠷᠡᠭᠰᠡᠨ ᠪᠡᠯᠡ ᠮᠦᠩᠭᠦ 12.62 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭ᠋ᠠᠨ ᠤᠬᠢ ᠠᠴᠠ 23% ᠪᠠᠷ ᠨᠡᠮᠡᠭᠳᠡᠪᠡ᠃ ᠰᠠᠯᠠᠭ᠎ᠠ ᠮᠦᠴᠢᠷ ᠤᠨ ᠡᠳ᠋ ᠤᠨ ᠵᠠᠰᠠᠭ ᠤᠨ ᠬᠠᠮᠢᠶᠠᠷᠤᠯᠲᠠ ᠵᠢᠨ ᠲᠦᠪᠰᠢᠨ ᠦᠷᠭᠦᠯᠵᠢᠯᠡᠨ ᠳᠡᠭᠡᠭᠰᠢᠯᠡᠵᠦ᠂ ᠠᠮᠵᠢᠯᠲᠠᠲᠠᠢ ᠬᠠᠮᠢᠶᠠᠷᠤᠯᠲᠠ ᠬᠢᠭᠡᠳ ᠳᠤᠲᠤᠭ᠋ᠠᠳᠤ ᠡᠵᠡᠮᠰᠢᠯ ᠤᠨ ᠪᠠᠢ᠌ᠭᠤᠯᠤᠯᠲᠠ ᠤᠯᠠᠮ ᠡᠷᠴᠢᠮᠵᠢᠪᠡ᠃ ᠤᠷᠠᠨ ᠪᠦᠲᠦᠭᠡᠯ᠂ ᠤᠯᠠᠨ ᠨᠡᠢ᠌ᠲᠡ ᠵᠢᠨ ᠰᠤᠶᠤᠯ᠂ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠬᠤ᠂ ᠲᠡᠦᠬᠡᠨ ᠳᠤᠷᠠᠰᠬᠠᠯᠲᠤ ᠵᠦᠢ᠍ᠯ ᠢ ᠬᠠᠮᠠᠭ᠋ᠠᠯᠠᠬᠤ᠂ ᠰᠤᠶᠤᠯ ᠤᠨ ᠵᠠᠬ᠎ᠠ ᠳᠡᠯᠭᠡᠭᠦᠷ᠂ ᠰᠤᠶᠤᠯ ᠤᠨ ᠪᠦᠲᠦᠭᠡᠭᠳᠡᠭᠦᠨ ᠵᠡᠷᠭᠡ ᠡᠯ᠎ᠡ ᠲᠦᠷᠦᠯ ᠤᠨ ᠪᠤᠯᠪᠠᠰᠤᠷᠠᠯ 23 ᠠᠩᠬᠢ ᠤᠳᠠᠭ᠎ᠠ 3000 ᠭᠠᠷᠤᠢ ᠬᠦᠮᠦᠨ ᠤᠳᠠᠭ᠎ᠠ ᠵᠢ ᠵᠤᠬᠢᠶᠠᠨ ᠪᠠᠢ᠌ᠭᠤᠯᠪᠠ᠃ ᠦᠪᠦᠷ ᠮᠤᠩᠭᠤᠯ ᠤᠨ ᠰᠤᠶᠤᠯ ᠤᠨ ᠤᠷᠳᠤᠨ ᠤ ᠰᠢᠨ᠎ᠡ ᠤᠷᠳᠤᠨ᠂ ᠦᠪᠦᠷ ᠮᠤᠩᠭᠤᠯ ᠤᠨ ᠬᠤᠪᠢᠰᠬᠠᠯᠲᠤ ᠲᠡᠦᠬᠡ ᠵᠢᠨ ᠮᠦᠽᠸᠢ᠂ ᠭᠢᠳᠠᠨ ᠯᠢᠶᠤᠤ ᠵᠢᠨ ᠮᠦᠽᠸᠢ ᠵᠢᠨ ᠪᠦᠲᠦᠭᠡᠨ ᠪᠠᠢ᠌ᠭᠤᠯᠤᠯᠲᠠ ᠯᠠᠪᠳᠠᠭᠤᠨ ᠵᠶ᠋ᠠᠷ ᠠᠬᠢᠵᠤ ᠪᠠᠢ᠌ᠨ᠎ᠠ᠃ ᠵᠠᠰᠠᠭ ᠤᠨ ᠶᠠᠪᠤᠳᠠᠯ ᠤᠨ ᠦᠢ᠍ᠯᠡᠴᠢᠯᠡᠭᠡ ᠦᠷᠭᠦᠯᠵᠢᠯᠡᠨ ᠳᠡᠭᠡᠭᠰᠢᠯᠡᠵᠦ᠂ ᠵᠠᠰᠠᠭ ᠤᠨ ᠶᠠᠪᠤᠳᠠᠯ ᠢ ᠢᠯᠡ ᠪᠤᠯᠭ᠋ᠠᠬᠤ ᠰᠤᠷᠠᠭ ᠵᠠᠩᠭᠢ ᠵᠢ ᠪᠠᠢ᠌ᠴᠠᠭ᠋ᠠᠨ ᠰᠤᠳᠤᠯᠬᠤ᠂ ᠳᠠᠩᠰᠠ ᠡᠪᠬᠡᠮᠡᠯ ᠤᠨ ᠨᠢᠭᠤᠴᠠ ᠵᠢ ᠬᠠᠮᠠᠭ᠋ᠠᠯᠠᠬᠤ᠂ ᠰᠦᠯᠵᠢᠶᠡᠨ ᠤ ᠦᠷᠲᠡᠭᠡ ᠵᠢᠨ ᠪᠦᠲᠦᠭᠡᠨ ᠪᠠᠢ᠌ᠭᠤᠯᠤᠯᠲᠠ᠂ ᠲᠤᠭ᠎ᠠ ᠪᠠᠷᠢᠮᠲᠠ ᠵᠢᠨ ᠪᠦᠷᠢᠳᠭᠡᠯ ᠲᠠᠰᠤᠷᠠᠯᠲᠠ ᠦᠭᠡᠢ ᠡᠷᠴᠢᠮᠵᠢᠪᠡ᠃《13 ·5 ᠲᠦᠯᠦᠪᠯᠡᠭᠡ》 ᠰᠤᠶᠤᠯ ᠤᠨ ᠦᠭᠡᠷᠡᠴᠢᠯᠡᠯᠲᠡ ᠬᠦᠭᠵᠢᠯᠲᠡ ᠵᠢᠨ ᠲᠦᠯᠦᠪᠵᠢᠭᠦᠯᠭᠡ ᠵᠢᠨ ᠬᠡᠷᠡᠭᠵᠢᠭᠦᠯᠦᠭᠰᠡᠨ ᠪᠠᠢ᠌ᠳᠠᠯ ᠳᠤ ᠳᠤᠮᠳᠠ ᠱᠠᠲᠤᠨ ᠤ ᠦᠨᠡᠯᠡᠯᠲᠡ ᠦᠷᠨᠢᠭᠦᠯᠪᠡ᠃ ᠠᠶᠤᠯ ᠦᠭᠡᠢ ᠦᠢ᠍ᠯᠡᠳᠪᠦᠷᠢᠯᠡᠯ᠂ ᠶᠡᠷᠦᠩᠬᠡᠢ ᠬᠠᠮᠢᠶᠠᠷᠤᠯᠲᠠ ᠵᠢᠨ ᠲᠤᠭᠲᠠᠭᠤᠨ ᠪᠠᠷᠢᠮᠲᠠᠯᠠᠯ᠂ ᠠᠷᠤ ᠲᠠᠯ᠎ᠠ ᠵᠢᠨ ᠠᠵᠢᠯ ᠤᠨ ᠪᠠᠲᠤᠯᠠᠭ᠋ᠠᠨ ᠤ ᠦᠢ᠍ᠯᠡᠴᠢᠯᠡᠭᠡ ᠤᠯᠠᠮ ᠡᠷᠴᠢᠮᠵᠢᠪᠡ᠃ ᠪᠦᠬᠦ ᠵᠢᠯ ᠳᠤ ᠠᠶᠤᠯ ᠦᠭᠡᠢ ᠦᠢ᠍ᠯᠡᠳᠪᠦᠷᠢᠯᠡᠯ ᠳᠤ ᠲᠤᠮᠤ ᠶᠡᠬᠡ ᠭᠡᠨᠡᠳᠡᠯ ᠭᠠᠷᠤᠭᠰᠠᠨ ᠦᠭᠡᠢ᠃
ᠭᠤᠷᠪᠠ᠂ ᠵᠢᠭᠤᠯᠴᠢᠯᠠᠯ ᠤᠨ ᠬᠦᠭᠵᠢᠯᠲᠡ ᠦᠷᠭᠦᠯᠵᠢᠯᠡᠨ ᠰᠠᠢ᠌ᠵᠢᠷᠠᠪᠠ
ᠨᠢᠭᠡ ᠵᠢᠯ ᠤᠨ ᠲᠤᠷᠰᠢ ᠮᠠᠨ ᠤ ᠤᠷᠤᠨ ᠤ ᠵᠢᠭᠤᠯᠴᠢᠯᠠᠯ ᠤᠨ ᠦᠢ᠍ᠯᠡᠰ ᠤᠨ ᠬᠦᠭᠵᠢᠯᠲᠡ ᠵᠢᠨ ᠪᠠᠢ᠌ᠳᠠᠯ ᠠᠰᠤᠷᠤ ᠰᠠᠢ᠌ᠨ᠂ ᠤᠯᠤᠰ ᠠᠷᠠᠳ ᠤᠨ ᠠᠵᠤ ᠠᠬᠤᠢ ᠳᠤ ᠤᠷᠤᠭᠤᠯᠬᠤ ᠬᠤᠪᠢ ᠨᠡᠮᠡᠷᠢᠨᠢ ᠶᠡᠬᠡᠰᠦᠪᠡ᠃ ᠪᠦᠬᠦ ᠵᠢᠯ ᠤᠨ ᠵᠢᠭᠤᠯᠴᠢᠯᠠᠯ ᠤᠨ ᠦᠢ᠍ᠯᠡᠰ ᠤᠨ ᠶᠡᠷᠦᠩᠬᠡᠢ ᠤᠷᠤᠯᠭ᠎ᠠ 4011.37 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭ᠋ᠠᠨ ᠤᠬᠢ ᠠᠴᠠ 16.61% ᠪᠠᠷ ᠨᠡᠮᠡᠭᠳᠡᠵᠦ; ᠪᠦᠬᠦ ᠤᠷᠤᠨ ᠤ ᠬᠦᠯᠢᠶᠡᠨ ᠠᠪᠤᠭᠰᠠᠨ ᠵᠢᠭᠤᠯᠴᠢᠯᠠᠭᠴᠢᠳ ᠤᠨ ᠲᠤᠭ᠎ᠠ 13.044 ᠲᠦᠮᠡᠨ ᠬᠦᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭ᠋ᠠᠨ ᠤᠬᠢ ᠠᠴᠠ 12.01 ᠪᠠᠷ ᠨᠡᠮᠡᠭᠳᠡᠪᠡ᠃ ᠲᠡᠭᠦᠨ ᠤ ᠳᠤᠲᠤᠷ᠎ᠠ᠂ ᠬᠢᠯᠢ ᠠᠯᠤᠰᠯᠠᠭᠰᠠᠨ ᠵᠢᠭᠤᠯᠴᠢᠯᠠᠭᠴᠢᠳ 188.08 ᠲᠦᠮᠡᠨ ᠬᠦᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭ᠋ᠠᠨ ᠤᠬᠢ ᠠᠴᠠ 1.72% ᠪᠠᠷ ᠨᠡᠮᠡᠭᠳᠡᠵᠦ; ᠪᠤᠳᠠᠲᠠᠢ ᠭᠠᠳᠠᠭ᠋ᠠᠳᠤ ᠭᠤᠪᠢᠭᠤᠯᠭ᠎ᠠ 12.72 ᠳ᠋ᠦᠩᠰᠢᠭᠤᠷ ᠳ᠋ᠤᠯᠯᠠᠷ ᠲᠤ ᠬᠦᠷᠴᠦ᠂ ᠠᠳᠠᠯᠢ ᠬᠤᠭᠤᠴᠠᠭ᠋ᠠᠨ ᠤᠬᠢ ᠠᠴᠠ 2.13% ᠪᠠᠷ ᠨᠡᠮᠡᠭᠳᠡᠪᠡ᠃
ᠨᠢᠭᠡ ᠳᠤ᠂ ᠪᠦᠬᠦ ᠴᠠᠷᠠᠭ᠎ᠠ ᠵᠢᠨ ᠵᠢᠭᠤᠯᠴᠢᠯᠠᠯ ᠪᠦᠬᠦ ᠲᠠᠯ᠎ᠠ ᠪᠠᠷ ᠠᠬᠢᠯᠲᠠᠲᠠᠢ᠃ ᠪᠦᠬᠦ ᠴᠠᠷᠠᠭ᠎ᠠ ᠵᠢᠨ ᠵᠢᠭᠤᠯᠴᠢᠯᠠᠯ ᠤᠨ ᠵᠢᠱ᠌ᠢᠶᠡᠴᠢ ᠲᠤᠭᠤᠷᠢᠭ ᠢ ᠡᠭᠦᠳᠦᠨ ᠪᠠᠢ᠌ᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠡᠯ᠎ᠡ ᠭᠠᠵᠠᠷᠤᠨ ᠡᠭᠦᠳᠦᠨ ᠪᠠᠢ᠌ᠭᠤᠯᠵᠤ ᠪᠠᠢ᠌ᠭ᠎ᠠ ᠪᠠᠢ᠌ᠳᠠᠯ ᠳᠤ ᠪᠠᠢ᠌ᠴᠠᠭ᠋ᠠᠨ ᠰᠤᠳᠤᠯᠤᠯᠲᠠ ᠪᠠ ᠵᠢᠭ᠋ᠠᠨ ᠵᠢᠯᠤᠭᠤᠳᠤᠮᠵᠢ ᠵᠢ ᠵᠤᠬᠢᠶᠠᠨ ᠪᠠᠢ᠌ᠭᠤᠯᠤᠨ ᠶᠠᠪᠤᠭᠳᠠᠭᠤᠯᠵᠠᠢ᠃ ᠤᠷᠤᠨ ᠨᠤᠲᠤᠭ ᠤᠨ ᠵᠢᠭᠤᠯᠴᠢᠯᠠᠯ ᠤᠨ ᠬᠠᠮᠲᠤᠷᠠᠨ ᠬᠦᠭᠵᠢᠬᠦ ᠵᠢ ᠢᠳᠡᠪᠬᠢᠲᠡᠢ ᠠᠬᠢᠭᠤᠯᠵᠤ᠂ ᠬᠦᠬᠡᠬᠤᠲᠠ ᠪᠤᠭᠤᠲᠤ ᠤᠷᠳᠤᠰ᠂ ᠦᠬᠠᠢ ᠠᠯᠠᠱ᠌ᠠ ᠬᠠᠢ᠌ᠯᠠᠷ ᠮᠠᠨᠵᠤᠤᠷ ᠤᠨ ᠵᠢᠭᠤᠯᠴᠢᠯᠠᠯ ᠤᠨ ᠴᠤᠭᠴᠠᠵᠢᠭᠰᠠᠨ ᠬᠦᠭᠵᠢᠯᠲᠡ ᠵᠢᠨ ᠲᠡᠷᠢᠭᠦᠴᠦᠳ ᠤᠨ ᠦᠭᠦᠯᠡᠯ ᠤᠨ ᠲᠠᠪᠴᠠᠩ᠂ ᠦᠬᠠᠢ ᠠᠯᠠᠱ᠌ᠠ ᠬᠠᠢ᠌ᠯᠠᠷ ᠮᠠᠨᠵᠤᠤᠷ ᠤᠨ ᠵᠢᠭᠤᠯᠴᠢᠯᠠᠯ ᠢ ᠴᠤᠭᠴᠠᠵᠢᠭᠤᠯᠤᠨ ᠠᠬᠢᠭᠤᠯᠬᠤ ᠠᠵᠢᠯ ᠤᠨ ᠬᠤᠷᠠᠯ ᠢ ᠵᠤᠬᠢᠶᠠᠨ ᠪᠠᠢ᠌ᠭᠤᠯᠤᠨ ᠡᠷᠬᠢᠯᠡᠪᠡ᠃《ᠵᠢᠭᠤᠯᠴᠢᠯᠠᠯ+ ᠪᠠᠢ᠌ᠯᠳᠤᠬᠤ ᠪᠤᠳᠤᠯᠭ᠎ᠠ》 ᠬᠢᠭᠡᠳ ᠵᠠᠮ ᠬᠠᠷᠢᠯᠴᠠᠭ᠎ᠠ᠂ ᠪᠡᠶ᠎ᠡ ᠲᠠᠮᠢᠷ᠂ ᠮᠠᠯ ᠲᠠᠷᠢᠶᠠᠯᠠᠩ᠂ ᠡᠷᠡᠭᠦᠯ ᠬᠠᠮᠠᠭ᠋ᠠᠯᠠᠯ᠂ ᠤᠷᠤᠨ ᠰᠠᠭᠤᠴᠠ ᠵᠢᠨ ᠪᠠᠢ᠌ᠭᠤᠯᠤᠯᠲᠠ᠂ ᠮᠦᠩᠭᠦᠨ ᠭᠦᠢ᠍ᠯᠭᠡᠭᠡ ᠵᠡᠷᠭᠡ ᠰᠠᠯᠠᠭ᠎ᠠ ᠮᠦᠴᠢᠷᠲᠠᠢ ᠬᠠᠮᠲᠤᠷᠠᠨ ᠠᠵᠢᠯᠯᠠᠬᠠᠤ ᠲᠤᠭᠲᠠᠯᠴᠠᠭ᠎ᠠ ᠪᠠᠢ᠌ᠭᠤᠯᠬᠤ ᠵᠢ ᠡᠷᠴᠢᠮᠲᠡᠢ ᠬᠡᠷᠡᠭᠵᠢᠭᠦᠯᠪᠡ᠃ ᠵᠢᠭᠤᠯᠴᠢᠯᠠᠯ ᠤᠨ ᠰᠢᠨ᠎ᠡ ᠠᠵᠢᠯ ᠤᠨ ᠪᠠᠢ᠌ᠳᠠᠯ ᠲᠠᠰᠤᠷᠠᠯᠲᠠ ᠦᠭᠡᠢ ᠢᠯᠡᠷᠡᠨ ᠭᠠᠷᠴᠤ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠪᠡᠶ᠎ᠡ ᠲᠠᠮᠢᠷ ᠤᠨ ᠵᠢᠭᠤᠯᠴᠢᠯᠠᠯ᠂ ᠬᠤᠪᠢᠰᠬᠠᠯᠲᠤ ᠵᠢᠭᠤᠯᠴᠢᠯᠠᠯ᠂ ᠡᠷᠡᠭᠦᠯ ᠰᠤᠪᠢᠯᠠᠯᠲᠠ ᠵᠢᠨ ᠵᠢᠭᠤᠯᠴᠢᠯᠠᠯ ᠨᠢᠭᠡᠨᠲᠡ ᠵᠢᠭᠤᠯᠴᠢᠯᠠᠯ ᠤᠨ ᠰᠢᠨ᠎ᠡ ᠭᠡᠷᠡᠯᠲᠦ ᠴᠡᠭ ᠪᠤᠯᠵᠠᠢ᠃ ᠠᠩᠬᠠᠳᠤᠭ᠋ᠠᠷ ᠬᠤᠭᠤᠴᠠᠭ᠋ᠠᠨ ᠤ ᠦᠪᠦᠷ ᠮᠤᠩᠭᠤᠯ ᠤᠨ ᠵᠢᠭᠤᠯᠴᠢᠯᠠᠯ ᠤᠨ ᠪᠦᠲᠦᠭᠡᠭᠳᠡᠭᠦᠨ ᠤ ᠦᠵᠡᠰᠭᠦᠯᠡᠩ ᠢ ᠠᠮᠵᠢᠯᠲᠠᠲᠠᠢ ᠡᠷᠬᠢᠯᠡᠵᠦ᠂ ᠪᠦᠬᠦ ᠤᠷᠤᠨ ᠤ ᠵᠢᠭᠤᠯᠴᠢᠯᠠᠯ ᠤᠨ ᠬᠦᠭᠵᠢᠯᠲᠡ ᠵᠢᠨ ᠦᠷ᠎ᠡ ᠪᠦᠲᠦᠮᠵᠢ ᠵᠢ ᠲᠦᠪᠯᠡᠷᠡᠭᠦᠯᠦᠨ ᠦᠵᠡᠭᠦᠯᠵᠦ᠂ ᠡᠯ᠎ᠡ ᠭᠠᠵᠠᠷ ᠤᠨ ᠦᠪᠡᠷᠮᠢᠴᠡ ᠤᠨᠴᠠᠯᠢᠭᠲᠠᠢ ᠵᠢᠭᠤᠯᠴᠢᠯᠠᠯ ᠤᠨ ᠡᠬᠡ ᠰᠤᠷᠪᠤᠯᠵᠢ ᠪᠤᠯᠤᠨ ᠵᠢᠭᠤᠯᠴᠢᠯᠠᠯ ᠤᠨ ᠪᠦᠲᠦᠭᠡᠭᠳᠡᠭᠦᠨ ᠢ ᠲᠠᠨᠢᠯᠴᠠᠭᠤᠯᠪᠠ᠃ ᠵᠢᠭᠤᠯᠴᠢᠯᠠᠯ ᠤᠨ ᠵᠤᠷᠯᠤᠩ ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠰᠢᠨ᠎ᠡ ᠭᠤᠷᠪᠠᠨ ᠵᠢᠯ ᠤᠨ ᠠᠵᠢᠯᠯᠠᠭ᠋ᠠᠨ ᠤ ᠲᠦᠯᠦᠪᠯᠡᠭᠡ ᠵᠢ ᠲᠤᠭᠲᠠᠭ᠋ᠠᠨ ᠬᠡᠷᠡᠭᠵᠢᠭᠦᠯᠵᠦ᠂《ᠵᠤᠷᠯᠤᠩ ᠤᠨ ᠬᠤᠪᠢᠰᠬᠠᠯ》 ᠢ ᠵᠢᠭᠤᠯᠴᠢᠯᠠᠯ ᠤᠨ ᠦᠵᠡᠮᠵᠢ ᠵᠢᠨ ᠤᠷᠤᠨᠠᠴᠠ ᠪᠦᠬᠦ ᠤᠷᠤᠨ ᠨᠤᠲᠤᠭ ᠵᠦᠭ ᠦᠷᠭᠡᠳᠭᠡᠵᠦ᠂ 2018 ᠤᠨ ᠳᠤ ᠰᠢᠨ᠎ᠡ ᠪᠠᠢ᠌ᠭᠤᠯᠤᠭᠰᠠᠨ ᠪᠤᠯᠤᠨ ᠦᠭᠡᠷᠡᠴᠢᠯᠡᠨ ᠦᠷᠭᠡᠳᠭᠡᠨ ᠪᠠᠢ᠌ᠭᠤᠯᠤᠭᠰᠠᠨ ᠵᠤᠷᠯᠤᠩ 995 ᠰᠠᠭᠤᠷᠢ ᠳᠤ ᠬᠦᠷᠪᠡ᠃
ᠬᠤᠶᠠᠷ ᠲᠤ᠂ ᠨᠡᠷ᠎ᠡ ᠲᠡᠮᠲᠡᠭᠲᠦ ᠦᠵᠡᠮᠵᠢ ᠵᠢᠨ ᠤᠷᠤᠨ ᠢ ᠡᠭᠦᠳᠦᠨ ᠪᠠᠢ᠌ᠭᠤᠯᠬᠤ ᠬᠦᠴᠦᠨ ᠵᠶ᠋ᠠᠨ ᠴᠢᠩᠭ᠋ᠠᠳᠬᠠᠪᠠ᠃ ᠬᠡᠰᠢᠭᠲᠡᠨ ᠤ ᠴᠢᠯᠠᠭᠤᠨ ᠵᠢᠭᠰᠠᠭ᠋ᠠᠯ ᠤᠨ ᠦᠵᠡᠮᠵᠢ ᠵᠢᠨ ᠤᠷᠤᠨ ᠠᠮᠵᠢᠯᠲᠠᠲᠠᠢ ᠪᠠᠷ ᠤᠯᠤᠰ ᠤᠨ 5Α ᠳᠡᠰ ᠤᠨ ᠵᠢᠭᠤᠯᠴᠢᠯᠠᠯ ᠤᠨ ᠦᠵᠡᠮᠵᠢ ᠵᠢᠨ ᠤᠷᠤᠨ ᠪᠤᠯᠤᠨ ᠳᠡᠪᠰᠢᠵᠦ᠂ ᠪᠦᠬᠦ ᠤᠷᠤᠨ ᠤ 5Α ᠳᠡᠰ ᠤᠨ ᠵᠢᠭᠤᠯᠴᠢᠯᠠᠯ ᠤᠨ ᠦᠵᠡᠮᠵᠢ ᠵᠢᠨ ᠤᠷᠤᠨ 5 ᠪᠤᠯᠪᠠ᠃ ᠡᠵᠡᠨ᠎ᠡ ᠵᠢᠨ ᠲᠤᠤᠷᠠᠢ ᠵᠢᠨ ᠤᠢ ᠵᠢᠨ ᠦᠵᠡᠮᠵᠢ ᠵᠢᠨ ᠤᠷᠤᠨ᠂ ᠡᠷᠭᠦᠨ᠎ᠡ ᠵᠢᠨ ᠨᠠᠮᠤᠭ ᠭᠠᠵᠠᠷ ᠤᠨ ᠦᠵᠡᠮᠵᠢ ᠵᠢᠨ ᠤᠷᠤᠨ᠂ ᠬᠦᠯᠦᠨ ᠪᠤᠢ᠌ᠷ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠤᠷᠤᠨ᠂ ᠶᠤᠸᠠᠨ ᠤ ᠳᠡᠭᠡᠳᠦ ᠨᠡᠢ᠌ᠰᠯᠡᠯ ᠤᠨ ᠪᠠᠭᠤᠷᠢ ᠵᠢᠨ ᠵᠢᠭᠤᠯᠴᠢᠯᠠᠯ ᠤᠨ ᠤᠷᠤᠨ᠂ ᠵᠤᠤ ᠵᠢᠶᠦ᠋ᠨ ᠮᠦᠽᠸᠢ᠂ ᠬᠠᠲᠤᠨ ᠭᠤᠤᠯ ᠤᠨ ᠶᠡᠬᠡ ᠬᠠᠪᠴᠢᠯ ᠤᠨ ᠯᠤᠤ ᠨᠢᠦ ᠸᠠᠨ ᠵᠢᠭᠤᠯᠴᠢᠯᠠᠯ ᠤᠨ ᠤᠷᠤᠨ᠂ ᠤᠷᠳᠤᠰ ᠤᠨ ᠴᠢ ᠰᠢᠩ ᠬᠡᠦ ᠵᠢᠭᠤᠯᠴᠢᠯᠠᠯ ᠤᠨ ᠤᠷᠤᠨ ᠢ 5Α ᠳᠡᠰ ᠤᠨ ᠵᠢᠭᠤᠯᠴᠢᠯᠠᠯ ᠤᠨ ᠦᠵᠡᠮᠵᠢ ᠵᠢᠨ ᠤᠷᠤᠨ ᠪᠤᠯᠭ᠋ᠠᠨ ᠡᠭᠦᠳᠦᠨ ᠪᠠᠢ᠌ᠭᠤᠯᠬᠤ ᠠᠵᠢᠯ ᠢ ᠡᠷᠴᠢᠮᠲᠡᠢ ᠠᠬᠢᠭᠤᠯᠪᠠ᠃ Α ᠳᠡᠰ ᠤᠨ ᠵᠢᠭᠤᠯᠴᠢᠯᠠᠯ ᠤᠨ ᠦᠵᠡᠮᠵᠢ ᠵᠢᠨ ᠤᠷᠤᠨ ᠪᠤᠯᠤᠨ ᠦᠪᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠠᠮᠠᠷᠠᠯᠲᠠ ᠵᠢᠨ ᠤᠷᠤᠨ ᠢ ᠬᠢᠨᠠᠨ ᠲ᠋ᠤᠭᠲᠠᠭ᠋ᠠᠬᠤ ᠠᠵᠢᠯ ᠢ ᠵᠤᠬᠢᠶᠠᠨ ᠪᠠᠢ᠌ᠭᠤᠯᠤᠨ ᠦᠷᠨᠢᠭᠦᠯᠵᠦ᠂ ᠤᠯᠠᠭ᠋ᠠᠨᠬᠦᠦ ᠵᠢᠨ ᠳᠤᠷᠠᠰᠬᠠᠯ ᠤᠨ ᠤᠷᠳᠤᠨ ᠵᠡᠷᠭᠡ 13 ᠵᠢᠭᠤᠯᠴᠢᠯᠠᠯ ᠤᠨ ᠦᠵᠡᠮᠵᠢ ᠵᠢᠨ ᠤᠷᠤᠨ ᠤᠯᠤᠰ ᠤᠨ 4Α ᠳᠡᠰ ᠤᠨ ᠵᠢᠭᠤᠯᠴᠢᠯᠠᠯ ᠤᠨ ᠦᠵᠡᠮᠵᠢ ᠵᠢᠨ ᠤᠷᠤᠨ ᠵᠶ᠋ᠠᠷ ᠦᠨᠡᠯᠡᠭᠳᠡᠨ ᠳᠡᠪᠰᠢᠵᠦ᠂ ᠬᠠᠲᠤᠨ ᠭᠤᠤᠯ ᠤᠨ ᠳᠠᠭᠤᠯᠠᠯ ᠰᠤᠶᠤᠯ ᠵᠢᠭᠤᠯᠴᠢᠯᠠᠯ ᠤᠨ ᠤᠷᠤᠨ ᠵᠡᠷᠭᠡ 12 ᠵᠢᠭᠤᠯᠴᠢᠯᠠᠯ ᠤᠨ ᠦᠵᠡᠮᠵᠢ ᠵᠢᠨ ᠤᠷᠤᠨ ᠤᠯᠤᠰ ᠤᠨ 3Α ᠳᠡᠰ ᠤᠨ ᠵᠢᠭᠤᠯᠴᠢᠯᠠᠯ ᠤᠨ ᠦᠵᠡᠮᠵᠢ ᠵᠢᠨ ᠤᠷᠤᠨ ᠵᠶ᠋ᠠᠷ ᠦᠨᠡᠯᠡᠭᠳᠡᠵᠦ᠂ ᠦᠬᠠᠢ ᠨᠠᠭᠤᠷ ᠵᠢᠭᠤᠯᠴᠢᠯᠠᠯ ᠤᠨ ᠤᠷᠤᠨ ᠦᠪᠡᠷᠲᠡᠭᠡᠨ ᠵᠠᠰᠠᠬᠤ ᠤᠷᠤᠨ ᠤ ᠳᠡᠰ ᠤᠨ ᠠᠮᠠᠷᠠᠯᠲᠠ ᠵᠢᠨ ᠤᠷᠤᠨ ᠵᠶ᠋ᠠᠷ ᠵᠦᠪᠰᠢᠶᠡᠷᠡᠭᠳᠡᠪᠡ᠃ ᠨᠡᠷᠡᠲᠦ ᠲᠡᠮᠲᠡᠭᠲᠦ ᠦᠵᠡᠮᠵᠢ ᠵᠢᠨ ᠤᠷᠤᠨ ᠤ ᠬᠠᠮᠢᠶᠠᠷᠤᠯᠲᠠ ᠵᠢᠨ ᠠᠵᠢᠯ ᠢ ᠦᠨᠡᠨ ᠬᠦ᠌ ᠴᠢᠩᠭ᠋ᠠᠳᠬᠠᠵᠤ᠂ ᠬᠦᠨᠳᠦ ᠠᠰᠠᠭᠤᠳᠠᠯ ᠤᠷᠤᠰᠢᠵᠤ ᠪᠠᠢ᠌ᠭᠰᠠᠨ 15 ᠳᠡᠭᠡᠳᠦ Α ᠳᠡᠰ ᠤᠨ ᠵᠢᠭᠤᠯᠴᠢᠯᠠᠯ ᠤᠨ ᠦᠵᠡᠮᠵᠢ ᠵᠢᠨ ᠤᠷᠤᠨ ᠢ ᠵᠡᠷᠭᠡ ᠳᠡᠰ ᠢᠨᠢ ᠬᠦᠴᠦᠨ ᠦᠭᠡᠢ ᠪᠤᠯᠭ᠋ᠠᠵᠤ᠂ ᠬᠤᠯᠪᠤᠭᠳᠠᠯ ᠪᠦᠬᠦᠢ ᠠᠢ᠌ᠮᠠᠭ ᠬᠤᠲᠠ ᠪᠠᠰᠠ ᠨᠢᠭᠡ ᠪᠦᠯᠦᠭ 2Α ᠳᠡᠰ ᠤᠨ ᠵᠢᠭᠤᠯᠴᠢᠯᠠᠯ ᠤᠨ ᠦᠵᠡᠮᠵᠢ ᠵᠢᠨ ᠤᠷᠤᠨ ᠢ ᠬᠦᠴᠦᠨ ᠦᠭᠡᠢ ᠪᠤᠯᠭ᠋ᠠᠪᠠ᠃
ᠭᠤᠷᠪᠠ ᠳᠤ᠂ ᠳᠦᠷᠪᠡᠨ ᠤᠯᠠᠷᠢᠯ ᠤᠨ ᠵᠢᠭᠤᠯᠴᠢᠯᠠᠯ ᠰᠢᠨ᠎ᠡ ᠵᠢ ᠡᠭᠦᠳᠦᠨ ᠬᠦᠭᠵᠢᠪᠡ᠃ ᠲᠠᠯ᠎ᠠ ᠨᠤᠲᠤᠭ ᠤᠨ ᠵᠢᠭᠤᠯᠴᠢᠯᠠᠯ ᠵᠶ᠋ᠠᠷ ᠭᠤᠤᠯ ᠪᠤᠯᠭ᠋ᠠᠭᠰᠠᠨ ᠵᠤᠨ ᠤ ᠤᠯᠠᠷᠢᠯ ᠤᠨ ᠵᠢᠭᠤᠯᠴᠢᠯᠠᠯ ᠵᠶ᠋ᠠᠨ ᠳᠡᠰ ᠵᠡᠷᠭᠡ ᠵᠢᠨᠢ ᠳᠡᠭᠡᠭᠰᠢᠯᠡᠭᠦᠯᠦᠨ ᠠᠬᠢᠭᠤᠯᠵᠤ᠂ ᠭᠡᠭᠡᠨᠲᠠᠯ᠎ᠠ ᠵᠢᠨ ᠲᠠᠯ᠎ᠠ ᠨᠤᠲᠤᠭ ᠤᠨ ᠵᠢᠭᠤᠯᠴᠢᠯᠠᠯ ᠤᠨ ᠲᠦᠪ᠂ ᠬᠦᠯᠦᠨ ᠪᠤᠢ᠌ᠷ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠤᠷᠤᠨ᠂ ᠤᠯᠠᠭ᠋ᠠᠢ ᠵᠢᠨ ᠲᠠᠯ᠎ᠠ ᠨᠤᠲᠤᠭ ᠤᠨ ᠵᠢᠭᠤᠯᠴᠢᠯᠠᠯ ᠤᠨ ᠤᠷᠤᠨ ᠢ ᠭᠤᠤᠯᠳᠠᠯᠭ᠋ᠠᠲᠠᠢ ᠳᠡᠮᠵᠢᠪᠡ᠃ ᠡᠪᠦᠯ ᠤᠨ ᠵᠢᠭᠤᠯᠴᠢᠯᠠᠯ ᠤᠨ ᠪᠦᠲᠦᠭᠡᠭᠳᠡᠭᠦᠨ ᠢ ᠢᠳᠡᠪᠬᠢᠲᠡᠢ ᠨᠡᠬᠡᠬᠡᠨ ᠠᠰᠢᠭᠯᠠᠵᠤ᠂ ᠮᠦᠰᠦ ᠴᠠᠰᠤᠨ ᠤ ᠵᠢᠭᠤᠯᠴᠢᠯᠠᠯ ᠤᠨ ᠨᠡᠷᠡᠲᠦ ᠲᠡᠮᠲᠡᠭ ᠢ ᠪᠤᠵᠠᠭ᠋ᠠᠢ᠌ᠷᠠᠭᠤᠯᠵᠤ᠂ ᠦᠪᠦᠷ ᠮᠤᠩᠭᠤᠯ ᠤᠨ ᠮᠦᠰᠦ ᠴᠠᠰᠤᠨ ᠤ ᠨᠠᠭ᠋ᠠᠳᠤᠮ᠂ ᠷᠠᠰᠢᠶᠠᠨ ᠤ ᠮᠦᠰᠦ ᠴᠠᠰᠤᠨ ᠤ ᠵᠢᠭᠤᠯᠴᠢᠯᠠᠯ ᠤᠨ ᠨᠠᠢ᠌ᠷ᠂ ᠮᠠᠨᠵᠤᠤᠷ ᠤᠨ ᠳᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠮᠦᠰᠦ ᠴᠠᠰᠤᠨ ᠤ ᠵᠢᠭᠤᠯᠴᠢᠯᠠᠯ ᠤᠨ ᠨᠠᠢ᠌ᠷ ᠵᠡᠷᠭᠡ ᠨᠢᠭᠡ ᠪᠦᠯᠦᠭ ᠦᠪᠡᠷᠮᠢᠴᠡ ᠤᠨᠴᠠᠯᠢᠭᠲᠠᠢ ᠮᠦᠰᠦ ᠴᠠᠰᠤᠨ ᠤ ᠵᠢᠭᠤᠯᠴᠢᠯᠠᠯ ᠤᠨ ᠠᠵᠢᠯᠯᠠᠭ᠎ᠠ ᠵᠢ ᠠᠮᠵᠢᠯᠲᠠᠲᠠᠢ ᠡᠷᠬᠢᠯᠡᠵᠦ᠂ ᠦᠪᠦᠷ ᠮᠤᠩᠭᠤᠯ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠦᠯᠦᠭᠡ ᠵᠢ ᠦᠷᠭᠡᠳᠭᠡᠪᠡ᠃ ᠦᠪᠦᠷ ᠮᠤᠩᠭᠤᠯ ᠤᠨ ᠲᠦᠷᠪᠡᠨ ᠤᠯᠠᠷᠢᠯ ᠤᠨ ᠤᠨᠴᠠᠯᠢᠭᠲᠠᠢ᠂ ᠤᠯᠠᠨ ᠦᠵᠡᠮᠵᠢ ᠵᠢᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠴᠡᠴᠡᠭᠲᠦ ᠤᠯᠠᠷᠢᠯ ᠤᠨ ᠵᠢᠭᠤᠯᠴᠢᠯᠠᠯ ᠤᠨ ᠰᠢᠷᠢᠰ ᠠᠵᠢᠯᠯᠠᠭ᠎ᠠ ᠵᠢ ᠡᠭᠦᠳᠦᠨ ᠳᠡᠪᠰᠢᠭᠦᠯᠵᠦ᠂ ᠦᠨᠳᠦᠰᠦᠲᠡᠨ ᠤ ᠰᠤᠶᠤᠯ ᠤᠷᠠᠯᠢᠭ ᠤᠨ ᠡᠯᠸᠮᠸᠨ᠋ᠲ ᠲᠤ ᠭᠦᠨᠵᠡᠭᠡᠢ ᠰᠢᠬᠢᠳᠴᠦ᠂ ᠠᠷᠪᠠᠨ ᠲᠠᠪᠤᠳᠤᠭ᠋ᠠᠷ ᠬᠤᠭᠤᠴᠠᠭ᠋ᠠᠨ ᠤ ᠮᠤᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠤᠷᠠᠯᠢᠭ ᠤᠨ ᠨᠠᠢ᠌ᠷ ᠢ《ᠬᠠᠭ᠋ᠠᠭᠳᠠᠰᠢ ᠦᠭᠡᠢ ᠤᠷᠠᠯᠢᠭ ᠤᠨ ᠪᠠᠶᠠᠷ》 ᠪᠤᠯᠭ᠋ᠠᠵᠤ;《ᠴᠡᠴᠡᠭ ᠰᠤᠨᠢᠷᠬᠠᠨ ᠰᠢᠮᠡᠳᠦᠨ ᠪᠠᠬᠠᠷᠬᠠᠬᠤ》 ᠪᠠᠷ ᠭᠤᠤᠯ ᠰᠡᠳᠦᠪ ᠪᠤᠯᠭ᠋ᠠᠵᠤ᠂《ᠦᠪᠦᠷ ᠮᠤᠩᠭᠤᠯ ᠰᠤᠨᠢᠷᠬᠠᠯ》 ᠠᠮᠲᠠᠲᠤ ᠢᠳᠡᠭᠡᠨ ᠤ ᠵᠢᠶᠠ ᠨᠢᠶᠠᠨ ᠬᠤᠸᠠ ᠰᠢᠷᠢᠰ ᠠᠵᠢᠯᠯᠠᠭ᠎ᠠ ᠵᠢ ᠡᠷᠬᠢᠯᠡᠭᠡᠳ᠂ 2018 ᠤᠨ ᠤ ᠦᠪᠦᠷ ᠮᠤᠩᠭᠤᠯ ᠤᠨ ᠵᠢᠭᠤᠯᠴᠢᠯᠠᠯ ᠤᠨ ᠰᠢᠨ᠎ᠡ ᠭᠡᠷᠡᠯᠲᠦ ᠴᠡᠭ ᠪᠤᠯᠤᠭᠰᠠᠨ ᠪᠠᠢ᠌ᠨ᠎ᠠ᠃
ᠳᠦᠷᠪᠡ ᠳᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠪᠠᠨ ᠲᠠᠰᠤᠷᠠᠯᠲᠠ ᠦᠭᠡᠢ ᠴᠢᠩᠭ᠋ᠠᠳᠬᠠᠪᠠ᠃ ᠪᠦᠬᠦ ᠤᠯᠤᠰ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ《ᠬᠠᠷᠴᠠᠭ᠋ᠠᠢ ᠵᠢᠨ ᠨᠢᠳᠦ ᠲᠦᠯᠦᠪᠯᠡᠭᠡ》 ᠬᠢᠭᠡᠳ《ᠬᠤᠷᠴᠠ ᠰᠡᠯᠡᠮ᠎ᠡ ᠠᠵᠢᠯᠯᠠᠭ᠎ᠠ》ᠲᠠᠢ ᠢᠳᠡᠪᠬᠢᠲᠡᠢ ᠬᠦᠴᠦ ᠵᠠᠯᠭ᠋ᠠᠵᠤ᠂《ᠲᠤᠤᠷ ᠲᠠᠲᠠᠬᠤ ᠠᠵᠢᠯᠯᠠᠭ᠎ᠠ》《ᠲᠠᠯ᠎ᠠ ᠨᠤᠲᠤᠭ ᠤᠨ ᠠᠩᠴᠢ ᠬᠠᠷᠴᠠᠭ᠋ᠠᠢ》《ᠮᠦᠰᠦ ᠴᠠᠰᠤᠨ ᠳᠤᠭᠰᠢᠨ ᠰᠢᠭᠤᠷᠭ᠎ᠠ》 ᠭᠤᠷᠪᠠᠨ ᠲᠤᠮᠤ ᠲᠤᠰᠬᠠᠢ ᠲᠦᠷᠦᠯ ᠤᠨ ᠠᠵᠢᠯᠯᠠᠭ᠎ᠠ ᠵᠢ ᠵᠤᠬᠢᠶᠠᠨ ᠪᠠᠢ᠌ᠭᠤᠯᠤᠨ ᠦᠷᠨᠢᠭᠦᠯᠵᠦ᠂ ᠪᠦᠬᠦ ᠤᠷᠤᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠲᠤᠰᠬᠠᠢ ᠵᠦᠢ᠍ᠯ ᠤᠨ ᠬᠢᠨᠠᠨ ᠪᠠᠢ᠌ᠴᠠᠭ᠋ᠠᠯᠲᠠ 150 ᠭᠠᠷᠤᠢ ᠤᠳᠠᠭ᠎ᠠ ᠶᠠᠪᠤᠭᠳᠠᠭᠤᠯᠵᠤ᠂127 ᠬᠠᠤᠯᠢ ᠳᠦᠷᠢᠮ ᠠᠴᠠ ᠵᠦᠷᠢᠴᠡᠭᠰᠡᠨ ᠠᠵᠢᠯᠯᠠᠭ᠎ᠠ ᠵᠢ ᠪᠠᠢ᠌ᠴᠠᠭ᠋ᠠᠨ ᠲᠤᠳᠤᠯᠠᠵᠤ᠂ ᠱᠠᠭ᠋ᠠᠷᠳᠠᠨ ᠬᠢᠯᠭᠡᠬᠦ ᠠᠯᠪᠠᠨ ᠪᠢᠴᠢᠭ 10 ᠵᠢ ᠪᠠᠭᠤᠯᠭ᠋ᠠᠵᠠᠢ᠃ ᠪᠦᠬᠦ ᠤᠯᠤᠰ ᠤᠨ ᠵᠢᠭᠤᠯᠴᠢᠯᠠᠯ ᠤᠨ ᠬᠢᠨᠠᠨ ᠬᠠᠮᠢᠶᠠᠷᠬᠤ ᠦᠢ᠍ᠯᠡᠴᠢᠯᠡᠭᠡᠨ ᠤ ᠲᠠᠪᠴᠠᠩ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠵᠢᠭᠤᠯᠴᠢᠯᠠᠯ ᠤᠨ ᠬᠤᠷᠢᠶ᠎ᠠ ᠪᠤᠯᠤᠨ ᠵᠠᠮᠴᠢᠯᠠᠭᠴᠢᠲᠠᠢ ᠬᠤᠯᠪᠤᠭᠳᠠᠬᠤ ᠵᠠᠰᠠᠭ ᠤᠨ ᠶᠠᠪᠤᠳᠠᠯ ᠤᠨ ᠦᠢ᠍ᠯᠡᠴᠢᠯᠡᠭᠡᠨ ᠤ《ᠨᠢᠭᠡ ᠯᠡ ᠳᠡᠭᠡᠷ᠎ᠡ ᠪᠦᠬᠦᠨ ᠢ ᠰᠢᠢ᠍ᠳᠪᠦᠷᠢᠯᠡᠬᠦ》 ᠬᠢᠭᠡᠳ《ᠳᠦᠷᠪᠡ ᠵᠢ ᠪᠦᠷᠬᠦᠭᠦᠯᠬᠦ》 ᠵᠢ ᠪᠡᠶᠡᠯᠡᠭᠦᠯᠪᠡ᠃ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠮᠵᠢᠲᠦ ᠲᠤᠭᠲᠠᠯᠴᠠᠭ᠋ᠠᠨ ᠤ ᠪᠠᠢ᠌ᠭᠤᠯᠤᠯᠲᠠ ᠵᠢ ᠡᠷᠴᠢᠮᠵᠢᠭᠦᠯᠵᠦ᠂ ᠪᠤᠯᠪᠠᠰᠤᠨ ᠵᠢᠭᠤᠯᠴᠢᠯᠠᠯ ᠢ ᠠᠬᠢᠭᠤᠯᠵᠤ᠂《ᠰᠢᠯᠢᠳᠡᠭ ᠦᠢ᠍ᠯᠡᠴᠢᠯᠡᠭᠡ᠂ ᠢᠲᠡᠭᠡᠮᠵᠢᠲᠦ ᠡᠵᠡᠩᠨᠡᠯᠲᠡ》《 ᠪᠤᠯᠪᠠᠰᠤᠨ ᠵᠶ᠋ᠠᠷ ᠵᠢᠭᠤᠯᠴᠢᠯᠠᠵᠤ · ᠳᠤᠮᠳᠠᠳᠤ ᠳᠤ ᠪᠠᠨ ᠬᠤᠪᠢ ᠨᠡᠮᠡᠷᠢᠯᠡᠶ᠎ᠡ》 ᠭᠤᠤᠯ ᠰᠡᠳᠦᠪᠲᠦ ᠠᠵᠢᠯᠯᠠᠭ᠎ᠠ ᠵᠢ ᠵᠠᠯᠭ᠋ᠠᠯᠳᠤᠭᠠ ᠪᠠᠷ ᠦᠷᠨᠢᠭᠦᠯᠪᠡ᠃ ᠵᠢᠭᠤᠯᠴᠢᠯᠠᠯ ᠤᠨ ᠪᠠᠷᠢᠮᠵᠢᠶᠠᠵᠢᠭᠰᠠᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠪᠠ᠃ ᠵᠢᠭᠤᠯᠴᠢᠯᠠᠯ ᠤᠨ ᠠᠮᠤᠷ ᠲᠦᠪᠰᠢᠨ ᠤ ᠭᠤᠤᠯ ᠴᠤᠭᠴᠠ ᠵᠢᠨ ᠬᠠᠷᠢᠭᠤᠴᠠᠯᠭ᠎ᠠ ᠵᠢ ᠪᠦᠬᠦ ᠲᠠᠯ᠎ᠠ ᠪᠠᠷ ᠨᠠᠢ᠌ᠳᠠᠪᠦᠷᠢᠵᠢᠭᠤᠯᠵᠤ᠂ ᠵᠢᠭᠤᠯᠴᠢᠯᠠᠯ ᠤᠨ ᠠᠶᠤᠯ ᠦᠭᠡᠢ ᠦᠢ᠍ᠯᠡᠳᠪᠦᠷᠢᠯᠡᠯ ᠤᠨ ᠰᠠᠷ᠎ᠠ ᠵᠢᠨ ᠠᠵᠢᠯᠯᠠᠭ᠎ᠠ ᠵᠢ ᠵᠤᠬᠢᠶᠠᠨ ᠪᠠᠢ᠌ᠭᠤᠯᠤᠨ ᠦᠷᠨᠢᠭᠦᠯᠵᠦ᠂ ᠳᠤᠲᠤᠭ᠋ᠠᠳᠤ ᠵᠢ ᠬᠠᠮᠠᠭ᠋ᠠᠯᠠᠬᠤ᠂ ᠵᠠᠮ ᠬᠠᠷᠢᠯᠴᠠᠭ᠎ᠠ᠂ ᠴᠢᠨᠠᠷ ᠤᠨ ᠪᠠᠢ᠌ᠴᠠᠭ᠋ᠠᠯᠲᠠ᠂ ᠢᠳᠡᠭᠡᠨ ᠡᠮ ᠤᠨ ᠪᠠᠢ᠌ᠴᠠᠭ᠋ᠠᠯᠲᠠ᠂ ᠠᠮᠤᠷ ᠲᠦᠪᠰᠢᠨ ᠤ ᠪᠠᠢ᠌ᠴᠠᠭ᠋ᠠᠯᠲᠠ᠂ ᠭᠠᠯ ᠰᠡᠷᠭᠡᠢ᠌ᠯᠡᠬᠦ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷᠲᠠᠢ ᠬᠠᠮᠲᠤᠷᠠᠨ ᠵᠢᠭᠤᠯᠴᠢᠯᠠᠯ ᠤᠨ ᠠᠵᠢᠯ ᠤᠨ ᠠᠮᠤᠷ ᠲᠦᠪᠰᠢᠨ ᠤ ᠶᠡᠬᠡ ᠪᠠᠢ᠌ᠴᠠᠭ᠋ᠠᠯᠲᠠ 60 ᠭᠠᠷᠤᠢ ᠤᠳᠠᠭ᠎ᠠ ᠦᠷᠨᠢᠭᠦᠯᠵᠦ᠂ 900 ᠭᠠᠷᠤᠢ ᠵᠢᠭᠤᠯᠴᠢᠯᠠᠯ ᠤᠨ ᠠᠵᠤ ᠠᠬᠤᠢ᠌ᠯᠠᠯ ᠢ ᠪᠠᠢ᠌ᠴᠠᠭ᠋ᠠᠵᠤ᠂ ᠠᠮᠤᠷ ᠲᠦᠪᠰᠢᠨ ᠤ ᠨᠢᠭᠤᠭᠳᠠᠮᠠᠯ ᠭᠡᠮ 372 ᠵᠢ ᠠᠷᠢᠯᠭ᠋ᠠᠵᠤ᠂ ᠠᠶᠤᠯ ᠦᠭᠡᠢ ᠦᠢ᠍ᠯᠡᠳᠪᠦᠷᠢᠯᠡᠯ ᠤᠨ ᠪᠠᠢ᠌ᠳᠠᠯ ᠦᠷᠭᠦᠯᠵᠢᠯᠡᠨ ᠰᠠᠢ᠌ᠵᠢᠷᠠᠵᠤ᠂ ᠪᠦᠬᠦ ᠵᠢᠯ ᠳᠤ ᠬᠦᠨᠳᠦ ᠶᠡᠬᠡ ᠵᠢᠭᠤᠯᠴᠢᠯᠠᠯ ᠤᠨ ᠠᠮᠤᠷ ᠲᠦᠪᠰᠢᠨ ᠤ ᠭᠡᠨᠡᠳᠡᠯ ᠭᠠᠷᠤᠭᠰᠠᠨ ᠦᠭᠡᠢ᠃
ᠲᠠᠪᠤ ᠳᠤ᠂ ᠬᠦᠳᠡᠭᠡ ᠲᠤᠰᠬᠤᠨ ᠤ ᠵᠢᠭᠤᠯᠴᠢᠯᠠᠯ ᠲᠤᠭᠲᠠᠭᠤᠨ ᠵᠶ᠋ᠠᠷ ᠬᠦᠭᠵᠢᠪᠡ᠃《ᠦᠪᠦᠷ ᠮᠤᠩᠭᠤᠯ ᠤᠨ ᠬᠦᠳᠡᠭᠡ ᠲᠤᠰᠬᠤᠨ(ᠮᠠᠯᠵᠢᠬᠤ ᠤᠷᠤᠨ) ᠤ ᠵᠢᠭᠤᠯᠴᠢᠯᠠᠯ ᠤᠨ ᠤᠳᠤᠨ ᠳᠡᠰ ᠤᠨ ᠬᠦᠯᠢᠶᠡᠨ ᠠᠪᠬᠤ ᠡᠷᠦᠬᠡ ᠵᠢ ᠰᠢᠯᠭ᠋ᠠᠨ ᠲᠤᠭᠲᠠᠭ᠋ᠠᠬᠤ ᠪᠠᠷᠢᠮᠵᠢᠶ᠎ᠠ》 ᠵᠢ ᠲᠤᠭᠲᠠᠭ᠋ᠠᠨ ᠬᠡᠷᠡᠭᠵᠢᠭᠦᠯᠵᠦ᠂ ᠤᠯᠠᠭ᠋ᠠᠨᠬᠠᠳᠠ ᠬᠤᠲᠠ ᠵᠢᠨ ᠠᠷᠤ ᠬᠤᠷᠴᠢᠨ ᠬᠤᠰᠢᠭᠤᠨ ᠤ ᠮᠢᠩ ᠰᠢᠨ ᠡᠳ᠋ᠯᠡᠩ ᠵᠡᠷᠭᠡ 63 ᠡᠷᠦᠬᠡ ᠲᠠᠪᠤᠨ ᠤᠳᠤᠨ ᠳᠡᠰ ᠤᠨ ᠬᠦᠳᠡᠭᠡ ᠲᠤᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠡᠷᠦᠬᠡ ᠵᠢ ᠰᠤᠩᠭᠤᠨ ᠲᠤᠭᠲᠠᠭ᠋ᠠᠪᠠ᠃ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮᠲᠠᠢ ᠬᠠᠮᠲᠤᠷᠠᠨ ᠪᠦᠬᠦ ᠤᠷᠤᠨ ᠤ ᠴᠢᠯᠦᠭᠡᠲᠦ ᠮᠠᠯᠵᠢᠯ ᠬᠢᠭᠡᠳ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱ᠌ᠢᠶᠡᠴᠢ ᠰᠢᠶᠠᠨ ᠢ ᠡᠭᠦᠳᠦᠨ ᠪᠠᠢ᠌ᠭᠤᠯᠬᠤ ᠠᠵᠢᠯ ᠢ ᠰᠢᠯᠭ᠋ᠠᠨ ᠠᠪᠤᠪᠠ᠃ ᠵᠢᠭᠤᠯᠴᠢᠯᠠᠯ ᠤᠨ ᠶᠠᠳᠠᠭᠤ ᠵᠢ ᠲᠡᠳᠭᠦᠬᠦ ᠵᠢᠱ᠌ᠢᠶᠡᠴᠢ ᠲᠦᠷᠦᠯ ᠵᠦᠢ᠍ᠯ ᠢ ᠡᠭᠦᠳᠦᠨ ᠪᠠᠢ᠌ᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠬᠦᠬᠡᠬᠤᠲᠠ ᠵᠢᠨ ᠦᠴᠦᠸᠠᠨ ᠰᠢᠶᠠᠨ ᠤ ᠵᠢᠢ ᠾᠸᠩᠲᠠᠢ ᠲᠠᠷᠢᠶᠠᠴᠢᠨ ᠤ ᠬᠦᠷᠢᠶᠡᠯᠡᠩ ᠵᠡᠷᠭᠡ 70 ᠵᠢᠭᠤᠯᠴᠢᠯᠠᠯ ᠤᠨ ᠶᠠᠳᠠᠭᠤ ᠵᠢ ᠲᠡᠳᠭᠦᠬᠦ ᠵᠢᠱ᠌ᠢᠶᠡᠴᠢ ᠲᠦᠷᠦᠯ ᠵᠦᠢ᠍ᠯ ᠢ ᠰᠤᠩᠭᠤᠨ ᠲᠤᠭᠲᠠᠭ᠋ᠠᠪᠠ᠃ ᠪᠦᠬᠦ ᠤᠷᠤᠨ ᠤ ᠵᠢᠭᠤᠯᠴᠢᠯᠠᠯ ᠤᠨ ᠶᠠᠳᠠᠭᠤ ᠵᠢ ᠲᠡᠳᠭᠦᠬᠦ ᠵᠢ ᠠᠬᠢᠭᠤᠯᠬᠤ ᠬᠤᠷᠠᠯ ᠢ ᠬᠤᠷᠠᠯᠳᠤᠭᠤᠯᠵᠤ᠂《ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠶᠠᠳᠠᠭᠤ ᠵᠢ ᠲᠡᠳᠭᠦᠬᠦ ᠭᠤᠷᠪᠠᠨ ᠵᠢᠯ ᠤᠨ ᠠᠵᠢᠯᠯᠠᠭ᠋ᠠᠨ ᠤ ᠲᠦᠯᠦᠪᠯᠡᠭᠡ(2018—2020)》 ᠵᠢ ᠬᠡᠪᠯᠡᠨ ᠲᠠᠷᠬᠠᠭ᠋ᠠᠵᠤ᠂ ᠵᠢᠭᠤᠯᠴᠢᠯᠠᠯ ᠤᠨ ᠠᠵᠤ ᠦᠢ᠍ᠯᠡᠰ ᠤᠨ ᠶᠠᠳᠠᠭᠤ ᠵᠢ ᠲᠡᠳᠭᠦᠬᠦ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ ᠵᠢ ᠲᠤᠳᠤᠷᠬᠠᠢ᠌ᠯᠠᠵᠠᠢ᠃ ᠪᠦᠬᠦ ᠤᠷᠤᠨ ᠤ ᠵᠢᠭᠤᠯᠴᠢᠯᠠᠯ ᠤᠨ ᠠᠵᠤ ᠦᠢ᠍ᠯᠡᠰ ᠤᠨ ᠶᠠᠳᠠᠭᠤ ᠵᠢ ᠲᠡᠳᠭᠦᠭᠰᠡᠨ ᠪᠠᠢ᠌ᠳᠠᠯ ᠳᠤ ᠪᠠᠢ᠌ᠴᠠᠭ᠋ᠠᠯᠲᠠ ᠶᠠᠪᠤᠭᠤᠯᠵᠤ᠂ ᠪᠦᠬᠦ ᠤᠷᠤᠨ ᠤ ᠬᠦᠳᠡᠭᠡ ᠲᠤᠰᠬᠤᠨ ᠤ ᠵᠢᠭᠤᠯᠴᠢᠯᠠᠯ ᠤᠨ ᠪᠤᠯᠪᠠᠰᠤᠷᠠᠯ ᠤᠨ ᠠᠩᠬᠢ ᠵᠢ ᠡᠷᠬᠢᠯᠡᠵᠦ᠂ ᠲᠤᠰᠬᠠᠢ ᠮᠡᠷᠭᠡᠵᠢᠯᠲᠡᠨ ᠢ ᠵᠤᠬᠢᠶᠠᠨ ᠪᠠᠢ᠌ᠭᠤᠯᠤᠨ ᠦᠨᠳᠦᠰᠦᠨ ᠱᠠᠲᠤᠨ ᠳᠤ ᠪᠠᠭᠤᠵᠤ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠳᠤ ᠯᠠᠪᠯᠠᠯᠲᠠ ᠪᠠ ᠵᠢᠭ᠋ᠠᠨ ᠵᠢᠯᠤᠭᠤᠳᠤᠮᠵᠢ ᠬᠢᠯᠭᠡᠵᠡᠢ᠃ ᠪᠦᠷᠢᠳᠭᠡᠯ ᠢ ᠦᠨᠳᠦᠰᠦᠯᠡᠪᠡᠯ᠂ ᠬᠦᠳᠡᠭᠡ ᠲᠤᠰᠬᠤᠨ ᠤ ᠵᠢᠭᠤᠯᠴᠢᠯᠠᠯ ᠢ ᠬᠦᠭᠵᠢᠭᠦᠯᠦᠭᠰᠡᠨ ᠵᠶ᠋ᠠᠷ 34.513 ᠶᠠᠳᠠᠭᠤ ᠡᠷᠦᠬᠡ ᠪᠤᠯᠤᠨ 86.035 ᠬᠦᠮᠦᠨ ᠢ ᠳᠠᠢ᠌ᠴᠢᠯᠠᠨ ᠶᠠᠳᠠᠭᠤ ᠠᠴᠠ ᠠᠩᠭᠢᠵᠢᠷᠠᠭᠤᠯᠵᠤ ᠴᠢᠳᠠᠵᠠᠢ᠃
ᠵᠢᠷᠭᠤᠭ᠎ᠠ ᠳᠤ᠂ ᠵᠢᠭᠤᠯᠴᠢᠯᠠᠯ ᠤᠨ ᠪᠤᠷᠤᠯᠠᠭᠤᠯᠭ᠎ᠠ ᠵᠢᠨ ᠠᠬᠢᠯᠲᠠ ᠨᠡᠩ ᠢᠯᠡᠭᠦᠦ ᠨᠠᠷᠢᠨ ᠪᠠᠷᠢᠮᠵᠢᠶᠠᠵᠢᠪᠠ᠃ ᠲᠸᠯᠸᠢᠰ ᠵᠠᠷ ᠰᠤᠷᠲᠠᠯᠴᠢᠯᠭᠠ ᠵᠢ ᠦᠷᠭᠡᠳᠭᠡᠵᠦ᠂ ᠲᠦᠪ ᠲᠸᠯᠸᠢᠰ ᠤᠨ 1 ᠳ᠋ᠤᠭᠡᠷ ᠰᠤᠪᠠᠭ ᠪᠤᠯᠤᠨ ᠰᠤᠨᠢᠨ ᠮᠡᠳᠡᠭᠡᠨ ᠤ ᠰᠤᠪᠠᠭ ᠤᠨ《ᠲᠦᠷᠦ ᠵᠢᠨ ᠰᠤᠨᠢᠨ ᠲᠦᠮᠡᠨ ᠤ ᠰᠤᠨᠤᠷ ᠲᠤ》 ᠫᠷᠦᠭᠷᠡᠮ ᠵᠶ᠋ᠠᠷ ᠨᠢᠭᠡ ᠡᠳᠦᠷ ᠵᠡᠷᠭᠡᠴᠡᠭᠦᠯᠦᠨ《ᠰᠦᠷᠯᠢᠭ ᠰᠠᠢ᠌ᠬᠠᠨ ᠦᠪᠦᠷ ᠮᠤᠩᠭᠤᠯ · ᠭᠤᠶᠤᠮᠰᠤᠭ ᠰᠠᠢ᠌ᠬᠠᠨ ᠦᠵᠡᠮᠵᠢ ᠵᠢᠨ ᠤᠷᠤᠨ》 ᠬᠡᠮᠡᠬᠦ ᠳᠦᠷᠰᠦᠯᠢᠭ ᠵᠠᠷ ᠢ ᠨᠡᠪᠲᠡᠷᠡᠭᠦᠯᠵᠦ᠂ ᠦᠪᠦᠷ ᠮᠤᠩᠭᠤᠯ ᠤᠨ ᠲᠸᠯᠸᠢᠰ ᠬᠤᠷᠢᠶᠠᠨ ᠤ ᠤᠳᠤᠨ ᠰᠤᠪᠠᠭ ᠵᠶ᠋ᠠᠷ ᠵᠢᠭᠤᠯᠴᠢᠯᠠᠯ ᠤᠨ ᠤᠠᠬᠠᠭᠤᠯᠭ᠎ᠠ ᠵᠢᠨ ᠵᠠᠷᠲᠤ ᠹᠢᠯᠢᠮ ᠢ ᠨᠡᠪᠲᠡᠷᠡᠭᠦᠯᠪᠡ᠃ ᠬᠦᠬᠡᠮᠦ᠋ᠷᠡᠨ ᠤ ᠭᠤᠷᠪᠠᠯᠵᠢᠨ ᠬᠤᠢ᠌ᠭ᠂ ᠵᠦᠬᠠᠢ ᠵᠢᠨ ᠭᠤᠷᠪᠠᠯᠵᠢᠨ ᠬᠤᠢ᠌ᠭ ᠬᠢᠭᠡᠳ ᠦᠪᠦᠷ ᠮᠤᠩᠭᠤᠯ ᠤᠨ ᠤᠢ᠌ᠷ᠎ᠠ ᠲᠤᠭᠤᠷᠢᠨ ᠵᠡᠷᠭᠡ ᠴᠢᠬᠤᠯᠠ ᠵᠢᠭᠤᠯᠴᠢᠯᠠᠯ ᠤᠨ ᠵᠤᠴᠢᠳ ᠤᠨ ᠢᠷᠡᠯᠲᠡᠲᠠᠢ ᠭᠠᠵᠠᠷ ᠤᠷᠤᠨ ᠤ ᠬᠤᠲᠠ ᠵᠢᠨ ᠠᠭᠤᠳᠠᠮ ᠲᠠᠯᠠᠪᠠᠢ᠂ ᠨᠢᠰᠭᠡᠯ ᠤᠨ ᠲᠠᠯᠠᠪᠠᠢ ᠬᠢᠭᠡᠳ ᠬᠤᠷᠳᠤᠨ ᠤ ᠲᠡᠮᠦᠷ ᠵᠠᠮ ᠤᠨ ᠦᠷᠲᠡᠭᠡᠨ ᠤ ᠲᠤᠮᠤ LED ᠪᠤᠯᠤᠨ ᠳ᠋ᠸᠩᠲᠦ ᠬᠠᠢ᠌ᠷᠴᠠᠭ᠂ ᠨᠡᠢ᠌ᠲᠡ ᠵᠢᠨ ᠮᠠᠰᠢᠨ ᠲᠡᠷᠭᠡᠨ ᠤ ᠰᠢᠯᠵᠢᠮᠡᠯ ᠵᠠᠭᠤᠴᠢᠯᠠᠭᠤᠷ᠂ ᠪᠡᠭᠡᠵᠢᠩ ᠤᠨ ᠭᠠᠵᠠᠷ ᠳᠤᠤᠷᠠᠬᠢ ᠲᠡᠮᠦᠷ ᠵᠠᠮ ᠤᠨ ᠦᠷᠲᠡᠭᠡᠨ ᠤ ᠳ᠋ᠸᠩᠲᠦ ᠬᠠᠢ᠌ᠷᠴᠠᠭ ᠵᠢᠴᠢ ᠤᠯᠠᠨ ᠤᠯᠤᠰ ᠤᠨ ᠬᠤᠭᠤᠷᠤᠨᠳᠤᠬᠢ ᠨᠢᠰᠭᠡᠯ᠂ ᠬᠠᠢ ᠬᠠᠩ ᠪᠦᠯᠦᠭᠯᠡᠯ ᠤᠨ ᠨᠢᠰᠭᠡᠯ ᠤᠨ ᠵᠠᠭᠤᠴᠢᠯᠠᠭᠤᠷ ᠵᠶ᠋ᠠᠷ《ᠭᠤᠶᠤᠮᠰᠤᠭ ᠰᠠᠢ᠌ᠬᠠᠨ ᠦᠪᠦᠷ ᠮᠤᠩᠭᠤᠯ》 ᠵᠢᠭᠤᠯᠴᠢᠯᠠᠯ ᠤᠨ ᠤᠬᠠᠭᠤᠯᠭ᠎ᠠ ᠵᠢᠨ ᠵᠠᠷ ᠢ ᠨᠡᠪᠲᠡᠷᠡᠭᠦᠯᠵᠦ᠂ ᠪᠠᠰᠠ ᠬᠠᠮᠲᠤ ᠳᠤᠨᠢ ᠪᠤᠭᠤᠮᠲᠠ ᠵᠢᠨ ᠰᠦᠯᠵᠢᠶᠡᠨ ᠤ ᠴᠡᠭ᠂ ᠵᠢᠭᠤᠯᠴᠢᠯᠠᠯ ᠤᠨ ᠰᠦᠯᠵᠢᠶᠡᠨ ᠤ ᠴᠡᠭ ᠬᠢᠭᠡᠳ ᠨᠡᠢ᠌ᠭᠡᠮ ᠤᠨ ᠬᠠᠷᠢᠯᠴᠠᠭ᠋ᠠᠨ ᠤ ᠰᠢᠨ᠎ᠡ ᠵᠠᠭᠤᠴᠢᠯᠠᠭᠤᠷ ᠲᠤ ᠦᠪᠦᠷ ᠮᠤᠩᠭᠤᠯ ᠤᠨ ᠵᠢᠭᠤᠯᠴᠢᠯᠠᠯ ᠤᠨ ᠰᠤᠷᠠᠭ ᠵᠠᠩᠭᠢ ᠵᠢ ᠲᠠᠨᠢᠯᠴᠠᠭᠤᠯᠤᠨ ᠬᠦᠷᠭᠡᠪᠡ᠃ ᠪᠡᠭᠡᠵᠢᠩ ᠤᠨ ᠤᠯᠠᠨ ᠤᠯᠤᠰ ᠤᠨ ᠵᠢᠭᠤᠯᠴᠢᠯᠠᠯ ᠤᠨ ᠦᠵᠡᠰᠭᠦᠯᠡᠩ᠂ ᠭᠤᠸᠠᠩᠳᠦᠩ ᠤᠨ ᠤᠯᠠᠨ ᠤᠯᠤᠰ ᠤᠨ ᠵᠢᠭᠤᠯᠴᠢᠯᠠᠯ ᠤᠨ ᠠᠵᠤ ᠦᠢ᠍ᠯᠡᠰ ᠤᠨ ᠦᠵᠡᠰᠭᠦᠯᠡᠩ᠂ ᠲᠢᠶᠠᠨᠵᠢᠨ ᠤ ᠳᠤᠮᠳᠠᠳᠤ ᠤᠯᠤᠰ ᠤᠨ ᠵᠢᠭᠤᠯᠴᠢᠯᠠᠯ ᠤᠨ ᠠᠵᠤ ᠦᠢ᠍ᠯᠡᠰ ᠤᠨ ᠦᠵᠡᠰᠭᠦᠯᠡᠩ ᠬᠢᠭᠡᠳ ᠤᠮᠠᠷᠠᠲᠤ ᠤᠷᠤᠨ ᠤ ᠵᠢᠭᠤᠯᠴᠢᠯᠠᠯ ᠤᠨ ᠠᠷᠠᠯᠵᠢᠶᠠᠨ ᠤ ᠴᠤᠭᠯᠠᠭ᠋ᠠᠨ᠂ ᠱᠠᠩᠬᠠᠢ ᠵᠢᠨ ᠳᠤᠮᠳᠠᠳᠤ ᠤᠯᠤᠰ ᠤᠨ ᠤᠯᠠᠨ ᠤᠯᠤᠰ ᠤᠨ ᠵᠢᠭᠤᠯᠴᠢᠯᠠᠯ ᠤᠨ ᠠᠷᠠᠯᠵᠢᠶᠠᠨ ᠤ ᠴᠤᠭᠯᠠᠭ᠋ᠠᠨ᠂ ᠳᠤᠮᠳᠠᠳᠤ ᠤᠯᠤᠰ ᠤᠨ ᠪᠠᠷᠠᠭᠤᠨ ᠬᠤᠢ᠌ᠲᠤ ᠵᠢᠨ ᠵᠢᠭᠤᠯᠴᠢᠯᠠᠯ ᠤᠨ ᠡᠵᠡᠩᠨᠡᠨ ᠪᠤᠷᠤᠯᠠᠭᠤᠯᠬᠤ ᠴᠤᠭᠯᠠᠭ᠋ᠠᠨ ᠳᠤ ᠪᠦᠯᠬᠦᠮ ᠪᠠᠢ᠌ᠭᠤᠯᠤᠨ ᠤᠷᠤᠯᠴᠠᠵᠤ᠂ ᠦᠪᠦᠷ ᠮᠤᠩᠭᠤᠯ ᠤᠨ ᠵᠢᠭᠤᠯᠴᠢᠯᠠᠯ ᠤᠨ ᠡᠬᠡ ᠰᠤᠷᠪᠤᠯᠵᠢ ᠬᠢᠭᠡᠳ ᠪᠦᠲᠦᠭᠡᠭᠳᠡᠭᠦᠨ ᠵᠶ᠋ᠠᠨ ᠪᠦᠬᠦ ᠲᠠᠯ᠎ᠠ ᠪᠠᠷ ᠢᠯᠡᠷᠡᠭᠦᠯᠪᠡ᠃
ᠳᠤᠯᠤᠭ᠎ᠠ ᠳᠤ᠂ ᠭᠠᠳᠠᠭ᠋ᠠᠳᠤᠲᠠᠢ ᠴᠢᠯᠦᠭᠡᠲᠡᠢ ᠶᠠᠪᠤᠯᠴᠠᠬᠤ ᠪᠠᠨ ᠲᠠᠰᠤᠷᠠᠯᠲᠠ ᠦᠭᠡᠢ ᠦᠷᠭᠡᠵᠢᠭᠦᠯᠪᠡ᠃《ᠲᠦᠮᠡᠨ ᠭᠠᠵᠠᠷ ᠤᠨ ᠴᠠᠢ ᠵᠢᠨ ᠵᠠᠮ》 ᠤᠯᠠᠨ ᠤᠯᠤᠰ ᠤᠨ ᠵᠢᠭᠤᠯᠴᠢᠯᠠᠯ ᠤᠨ ᠬᠤᠯᠪᠤᠭ᠋ᠠᠨ ᠤ ᠨᠠᠷᠢᠨ ᠪᠢᠴᠢᠭ ᠤᠨ ᠭᠠᠵᠠᠷ ᠤᠨ ᠬᠡᠷᠡᠭᠴᠡᠭᠡ ᠪᠠᠨ ᠭᠦᠢ᠍ᠴᠡᠳ ᠪᠠᠳᠠᠷᠠᠭᠤᠯᠵᠤ᠂ ᠳᠤᠮᠳᠠᠳᠤ ᠤᠷᠤᠰ ᠮᠤᠩᠭᠤᠯ ᠤᠨ ᠵᠢᠭᠤᠯᠴᠢᠯᠠᠯ ᠤᠨ ᠬᠠᠮᠲᠤᠷᠠᠯᠴᠠᠭ᠎ᠠ ᠪᠠᠨ ᠢᠳᠡᠪᠬᠢᠲᠡᠢ ᠦᠷᠨᠢᠭᠦᠯᠪᠡ᠃ ᠭᠤᠷᠪᠠᠳᠤᠭ᠋ᠠᠷ ᠬᠤᠭᠤᠴᠠᠭ᠋ᠠᠨ ᠤ ᠳᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠵᠢᠭᠤᠯᠴᠢᠯᠠᠯ ᠤᠨ ᠰᠠᠢ᠌ᠳ ᠨᠠᠷ ᠤᠨ ᠵᠦᠪᠯᠡᠯ ᠤᠨ ᠬᠤᠷᠠᠯ ᠳᠤ ᠤᠷᠤᠯᠴᠠᠪᠠ᠃ ᠳᠤᠮᠳᠠᠳᠤ ᠤᠷᠤᠰ ᠮᠤᠩᠭᠤᠯ ᠭᠤᠷᠪᠠᠨ ᠤᠯᠤᠰ ᠲᠠᠪᠤᠨ ᠭᠠᠵᠠᠷ ᠤᠨ ᠵᠢᠭᠤᠯᠴᠢᠯᠠᠯ ᠤᠨ ᠬᠤᠯᠪᠤᠭ᠋ᠠᠲᠤ ᠬᠤᠷᠠᠯᠳᠤᠭ᠋ᠠᠨ ᠳᠤ ᠪᠦᠯᠬᠦᠮ ᠪᠠᠢ᠌ᠭᠤᠯᠤᠨ ᠤᠷᠤᠯᠴᠠᠵᠤ᠂ ᠳᠤᠮᠳᠠᠳᠤ ᠤᠷᠤᠰ ᠤᠷᠤᠨ ᠤ ᠰᠤᠯᠢᠯᠴᠠᠭ᠎ᠠ ᠬᠠᠮᠲᠤᠷᠠᠯᠴᠠᠭ᠋ᠠᠨ ᠤ ᠵᠢᠯ ᠤᠨ ᠠᠵᠢᠯᠯᠠᠭ᠎ᠠ ᠵᠢ ᠢᠳᠡᠪᠬᠢᠲᠡᠢ ᠦᠷᠨᠢᠭᠦᠯᠵᠦ᠂ ᠪᠦᠯᠬᠦᠮ ᠪᠠᠢ᠌ᠭᠤᠯᠤᠨ ᠤᠷᠤᠰ ᠤᠷᠤᠨ ᠳᠤ ᠤᠴᠢᠵᠤ ᠵᠢᠭᠤᠯᠴᠢᠯᠠᠯ ᠤᠨ ᠲᠤᠰᠬᠠᠢ ᠰᠡᠳᠦᠪ ᠵᠶ᠋ᠠᠷ ᠲᠠᠨᠢᠯᠴᠠᠭᠤᠯᠭ᠎ᠠ ᠬᠢᠵᠦ᠂ ᠮᠤᠰᠺᠸᠠ ᠵᠢᠨ ᠤᠯᠠᠨ ᠤᠯᠤᠰ ᠤᠨ ᠵᠢᠭᠤᠯᠴᠢᠯᠠᠯ ᠤᠨ ᠦᠵᠡᠰᠭᠦᠯᠡᠩ᠂ ᠪᠠᠢ᠌ᠭ᠋ᠠᠯ ᠤᠨ ᠵᠤᠭ᠋ᠠᠴᠠᠯ ᠤᠯᠠᠨ ᠤᠯᠤᠰ ᠤᠨ ᠵᠢᠭᠤᠯᠴᠢᠯᠠᠯ ᠤᠨ ᠦᠵᠡᠰᠭᠦᠯᠡᠩ᠂ ᠤᠯᠠᠭ᠋ᠠᠨᠪᠠᠭ᠋ᠠᠲᠤᠷ ᠤᠨ ᠵᠢᠭᠤᠯᠴᠢᠯᠠᠯ ᠤᠨ ᠦᠵᠡᠰᠭᠦᠯᠡᠩ ᠵᠡᠷᠭᠡ ᠵᠢᠭᠤᠯᠴᠢᠯᠠᠯ ᠤᠨ ᠦᠵᠡᠰᠭᠦᠯᠡᠩ ᠠᠷᠠᠯᠵᠢᠶᠠᠨ ᠤ ᠠᠵᠢᠯᠯᠠᠭ᠎ᠠ᠂ ᠤᠯᠠᠭ᠋ᠠᠨᠪᠠᠭ᠋ᠠᠲᠤᠷ ᠤᠨ《ᠳᠤᠮᠳᠠᠳᠤ ᠵᠢ ᠮᠡᠳᠡᠷᠡᠬᠦ · ᠦᠪᠦᠷ ᠮᠤᠩᠭᠤᠯ ᠤᠨ ᠰᠤᠶᠤᠯ ᠵᠢᠭᠤᠯᠴᠢᠯᠠᠯ ᠤᠨ ᠭᠠᠷᠠᠭ》 ᠤᠨ ᠠᠵᠢᠯᠯᠠᠭ᠎ᠠ ᠳᠤ ᠤᠷᠤᠯᠴᠠᠵᠤ᠂ ᠦᠪᠦᠷ ᠮᠤᠩᠭᠤᠯ ᠤᠨ ᠵᠢᠭᠤᠯᠴᠢᠯᠠᠯ ᠵᠶ᠋ᠠᠨ ᠢᠳᠡᠪᠬᠢᠲᠡᠢ ᠲᠠᠨᠢᠯᠴᠭᠤᠯᠪᠠ᠃ ᠳᠤᠮᠳᠠᠳᠤ ᠤᠷᠤᠰ ᠮᠤᠩᠭᠤᠯ ᠺᠠᠽᠠᠭᠰᠲ᠋ᠠᠨ ᠤ ᠵᠠᠯᠠᠭᠤᠴᠤᠳ ᠪᠠᠭ᠋ᠠᠴᠤᠳ ᠤᠨ ᠵᠢᠭᠤᠯᠴᠢᠯᠠᠯ ᠤᠨ ᠵᠤᠰᠠᠯᠠᠩ᠂ ᠦᠪᠡᠷᠲᠡᠭᠡᠨ ᠮᠠᠰᠢᠨ ᠵᠢᠯᠤᠭᠤᠳᠬᠤ ᠵᠢᠭᠤᠯᠴᠢᠯᠠᠯ᠂ ᠤᠨᠤᠭ᠎ᠠ ᠪᠠᠷ ᠠᠶᠠᠯᠠᠬᠤ ᠵᠢᠭᠤᠯᠴᠢᠯᠠᠯ ᠵᠡᠷᠭᠡ ᠬᠢᠯᠢ ᠠᠯᠤᠰᠯᠠᠬᠤ ᠵᠢᠭᠤᠯᠴᠢᠯᠠᠯ ᠤᠨ ᠠᠵᠢᠯᠯᠠᠭ᠎ᠠ ᠵᠢ ᠦᠷᠨᠢᠭᠦᠯᠪᠡ᠃ ᠮᠠᠨᠵᠤᠤᠷ ᠬᠤᠲᠠ ᠪᠦᠬᠦ ᠤᠯᠤᠰ ᠤᠨ ᠠᠩᠬᠠᠳᠤᠭ᠋ᠠᠷ ᠬᠢᠯᠢ ᠬᠢᠵᠠᠭ᠋ᠠᠷ ᠤᠷᠤᠨ ᠤ ᠵᠢᠭᠤᠯᠴᠢᠯᠠᠯ ᠤᠨ ᠲᠤᠷᠰᠢᠯᠲᠠ ᠵᠢᠨ ᠤᠷᠤᠨ ᠵᠶ᠋ᠠᠷ ᠦᠨᠡᠯᠡᠭᠳᠡᠪᠡ᠃ ᠬᠤᠶᠠᠳᠤᠭ᠋ᠠᠷ ᠪᠦᠯᠦᠭ ᠤᠷᠤᠰ ᠲᠤ ᠭᠠᠷᠬᠤ ᠳᠤ ᠸᠢᠰᠡ ᠠᠴᠠ ᠬᠡᠯᠲᠦᠷᠢᠭᠦᠯᠬᠦ ᠵᠢᠭᠤᠯᠴᠢᠯᠠᠯ ᠤᠨ ᠬᠤᠷᠢᠶ᠎ᠠ ᠵᠦᠪᠰᠢᠶᠡᠷᠡᠭᠳᠡᠵᠦ᠂ ᠸᠢᠰᠡ ᠠᠴᠠ ᠬᠡᠯᠲᠦᠷᠢᠭᠦᠯᠬᠦ ᠵᠢᠭᠤᠯᠴᠢᠯᠠᠯ ᠤᠨ ᠬᠤᠷᠢᠶ᠎ᠠ ᠤᠤᠯ ᠤᠨ 22 ᠪᠠᠢ᠌ᠭᠰᠠᠨ ᠠᠴᠠ ᠪᠠᠨ 66 ᠪᠤᠯᠤᠨ ᠨᠡᠮᠡᠭᠳᠡᠪᠡ᠃ ᠬᠢᠯᠢ ᠠᠯᠤᠰᠯᠠᠬᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠳᠡᠯᠭᠡᠷᠡᠬᠦ ᠵᠢ ᠢᠳᠡᠪᠬᠢᠲᠡᠢ ᠦᠷᠭᠡᠳᠭᠡᠵᠦ᠂ ᠪᠦᠯᠬᠦᠮ ᠪᠠᠢ᠌ᠭᠤᠯᠤᠨ ᠠᠩᠭᠡᠯᠢ ᠵᠢᠨ ᠯᠤᠨᠳᠦᠨ᠂ ᠺᠠᠨᠠᠳᠠ᠂ ᠠᠮᠸᠷᠢᠺᠠ᠂ ᠪᠷᠡᠽᠢᠯ᠂ ᠺᠤᠷᠢᠶᠠ᠂ ᠶᠠᠫᠤᠨ ᠪᠤᠯᠤᠨ ᠰᠢᠶᠠᠩᠭ᠋ᠠᠩ ᠤᠤᠮᠸᠨ ᠤᠷᠤᠨ ᠤ ᠵᠢᠭᠤᠯᠴᠢᠯᠠᠯ ᠤᠨ ᠠᠷᠠᠯᠵᠢᠶᠠᠨ ᠤ ᠦᠵᠡᠰᠭᠦᠯᠡᠩ ᠳᠤ ᠤᠷᠤᠯᠴᠠᠪᠠ᠃ ᠵᠡᠷᠭᠡᠯᠡᠳᠡᠭᠡ ᠮᠤᠵᠢ ᠤᠷᠤᠨᠲᠠᠢ ᠵᠢᠭᠤᠯᠴᠢᠯᠠᠯ ᠤᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠢ᠌ᠷᠡᠭᠦᠯᠵᠦ᠂ ᠪᠡᠭᠡᠵᠢᠩ ᠲᠢᠶᠠᠨᠵᠢᠨ ᠾᠸᠪᠸᠢ᠂ ᠯᠢᠶᠤᠤᠨᠢᠩ ᠭᠢᠷᠢᠨ ᠬᠠᠷᠠᠮᠦ᠋ᠷᠡᠨ᠂ ᠱᠠᠨ ᠰᠢ ᠱᠠᠨᠰᠢ ᠭᠠᠨᠰᠤ ᠨᠢᠩᠰᠢᠶᠠᠲᠠᠢ ᠵᠢᠭᠤᠯᠴᠢᠯᠠᠯ ᠤᠨ ᠬᠠᠮᠲᠤᠷᠠᠯᠴᠠᠭ᠋ᠠᠨ ᠤ ᠦᠷ᠎ᠡ ᠪᠦᠲᠦᠮᠵᠢ ᠪᠠᠨ ᠪᠠᠲᠤᠳᠬᠠᠵᠤ᠂ ᠬᠦᠬᠡᠮᠦ᠋ᠷᠡᠨ ᠤ ᠠᠵᠤ ᠠᠬᠤᠢ ᠵᠢᠨ ᠪᠦᠰᠡ᠂ ᠵᠦᠬᠠᠢ ᠵᠢᠨ ᠭᠤᠷᠪᠠᠯᠵᠢᠨ ᠬᠤᠢ᠌ᠭ ᠤᠨ ᠠᠵᠤ ᠠᠬᠤᠢ ᠵᠢᠨ ᠪᠦᠰᠡᠲᠠᠢ ᠤᠷᠤᠨ ᠨᠤᠲᠤᠭ ᠤᠨ ᠴᠢᠨᠠᠷᠲᠠᠢ ᠬᠠᠮᠲᠤᠷᠠᠯᠴᠠᠭ᠎ᠠ ᠵᠢ ᠢᠳᠡᠪᠬᠢᠲᠡᠢ ᠦᠷᠨᠢᠭᠦᠯᠪᠡ᠃
ᠶᠡᠷᠦᠩᠬᠡᠢ ᠳᠤᠨᠢ ᠠᠪᠴᠤ ᠬᠡᠯᠡᠪᠡᠯ᠂ 2018 ᠤᠨ ᠤ ᠠᠵᠢᠯ ᠤᠨ ᠠᠬᠢᠴᠠ ᠶᠡᠬᠡᠲᠡᠢ᠂ ᠤᠷᠢᠳᠴᠢᠯᠭᠰᠠᠨ ᠬᠤᠭᠤᠴᠠᠭ᠋ᠠᠨ ᠳᠤ ᠬᠠᠷᠠᠯᠲᠠ ᠪᠠᠨ ᠪᠡᠶᠡᠯᠡᠭᠦᠯᠪᠡ᠃ ᠭᠡᠪᠡᠴᠦ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠠᠴᠠ ᠳᠤᠷᠠᠳᠤᠭᠰᠠᠨ ᠰᠢᠨ᠎ᠡ ᠬᠠᠷᠠᠯᠲᠠ ᠰᠢᠨ᠎ᠡ ᠲᠤᠬᠢᠷᠠᠭᠤᠯᠤᠯᠲᠠᠲᠠᠢ ᠠᠳᠠᠯᠢᠳᠬᠠᠪᠠᠯ᠂ ᠰᠢᠨ᠎ᠡ ᠴᠠᠭ ᠦᠶ᠎ᠡ ᠵᠢᠨ ᠰᠤᠶᠤᠯ ᠪᠠ ᠵᠢᠭᠤᠯᠴᠢᠯᠠᠯ ᠤᠨ ᠠᠵᠢᠯ ᠤᠨ ᠰᠢᠨ᠎ᠡ ᠡᠭᠦᠷᠭᠡ ᠰᠢᠨ᠎ᠡ ᠱᠠᠭ᠋ᠠᠷᠳᠠᠯᠭᠠᠲᠠᠢ ᠬᠠᠷᠢᠴᠠᠭᠤᠯᠪᠠᠯ᠂ ᠪᠠᠰᠠ ᠯᠠ ᠡᠳᠦᠢ ᠲᠡᠳᠦᠢ ᠳᠤᠲᠠᠭᠲᠠᠯ ᠪᠤᠯᠤᠨ ᠠᠰᠠᠭᠤᠳᠠᠯ ᠤᠷᠤᠰᠢᠵᠤ ᠪᠠᠢ᠌ᠨ᠎ᠠ᠃ ᠵᠢᠱ᠌ᠢᠶᠡᠯᠡᠪᠡᠯ᠂ ᠲᠦᠪ ᠤᠨ ᠲᠤᠮᠤ ᠴᠢᠬᠤᠯᠠ ᠰᠢᠢ᠍ᠳᠪᠦᠷᠢᠲᠦ ᠪᠤᠳᠤᠯᠭ᠎ᠠ ᠵᠢ ᠬᠦᠷᠦᠭᠰᠡᠨ ᠭᠠᠵᠠᠷ ᠳᠤᠨᠢ ᠬᠦᠴᠦᠨᠲᠠᠢ ᠪᠤᠯᠭ᠋ᠠᠬᠤ ᠲᠠᠯ᠎ᠠ ᠪᠠᠷ᠂ᠲᠠᠭᠠᠨ ᠤᠷᠤᠭᠰᠢᠯᠠᠵᠤ ᠲᠤᠯᠭ᠋ᠠᠨ ᠱᠠᠭ᠋ᠠᠷᠳᠠᠭᠰᠠᠨᠨᠢ ᠬᠦᠷᠦᠯᠴᠡᠭᠰᠡᠨ ᠦᠭᠡᠢ᠂ ᠨᠠᠢ᠌ᠳᠠᠪᠤᠷᠢᠵᠢᠭᠤᠯᠤᠭᠰᠠᠨ ᠪᠠᠢ᠌ᠳᠠᠯ ᠵᠢᠭᠳᠡ ᠪᠤᠰᠤ ᠵᠢᠨ ᠠᠰᠠᠭᠤᠳᠠᠯ ᠤᠷᠤᠰᠢᠵᠤ ᠪᠠᠢ᠌ᠨ᠎ᠠ᠃ ᠤᠷᠠᠨ ᠪᠦᠲᠦᠭᠡᠯ ᠤᠨ ᠦᠢ᠍ᠯᠡᠳᠪᠦᠷᠢᠯᠡᠯ ᠤᠨ ᠲᠠᠯ᠎ᠠ ᠪᠠᠷ᠂ ᠦᠪᠦᠷ ᠮᠤᠩᠭᠤᠯ ᠤᠨ ᠬᠢᠷᠢ ᠲᠦᠪᠰᠢᠨ ᠵᠢᠴᠢ ᠦᠨᠳᠦᠰᠦᠲᠡᠨ ᠤ ᠤᠨᠴᠠᠯᠢᠭ ᠢ ᠲᠦᠯᠦᠭᠡᠯᠡᠵᠦ ᠲᠡᠢ᠌ᠯᠬᠦ ᠤᠷᠠᠨ ᠪᠦᠲᠦᠭᠡᠯ ᠬᠠᠷᠢᠴᠠᠩᠭᠤᠢ ᠪᠠᠷ ᠴᠦᠬᠡᠨ ᠪᠠᠢ᠌ᠭᠰᠠᠭ᠋ᠠᠷ᠃ ᠤᠯᠠᠨ ᠨᠡᠢ᠌ᠲᠡ ᠵᠢᠨ ᠰᠤᠶᠤᠯ ᠤᠨ ᠦᠢ᠍ᠯᠡᠴᠢᠯᠡᠭᠡᠨ ᠤ ᠲᠠᠯ᠎ᠠ ᠪᠠᠷ᠂ ᠨᠢᠭᠡ ᠬᠡᠰᠡᠭ ᠭᠠᠵᠠᠷ ᠤᠷᠤᠨ ᠤᠨᠴᠠᠭ᠋ᠠᠢ᠌ᠯᠠᠨ ᠶᠠᠳᠠᠭᠤ ᠬᠦᠴᠢᠷᠳᠡᠯᠲᠡᠢ ᠭᠠᠵᠠᠷ ᠤᠷᠤᠨ ᠤ ᠰᠤᠶᠤᠯ ᠤᠨ ᠰᠠᠭᠤᠷᠢ ᠲᠦᠬᠦᠭᠡᠷᠦᠮᠵᠢ ᠵᠢᠨ ᠪᠠᠢ᠌ᠭᠤᠯᠤᠯᠲᠠ ᠵᠢᠨ ᠠᠬᠢᠯᠲᠠ ᠤᠳᠠᠭ᠋ᠠᠨ᠂ ᠨᠢᠭᠡ ᠪᠦᠯᠦᠭ ᠨᠢᠭᠡᠨᠲᠡ ᠪᠠᠢ᠌ᠭᠤᠯᠤᠭᠳᠠᠭᠰᠠᠨ ᠦᠨᠳᠦᠰᠦᠨ ᠱᠠᠲᠤᠨ ᠤ ᠰᠤᠶᠤᠯ ᠤᠨ ᠲᠦᠬᠦᠭᠡᠷᠦᠮᠵᠢ ᠪᠠᠰᠠ ᠯᠠ ᠲᠦᠬᠦᠭᠡᠷᠦᠮᠵᠢ ᠵᠢᠨ ᠠᠰᠢᠭᠯᠠᠯᠲᠠ ᠬᠢᠭᠡᠳ ᠦᠢ᠍ᠯᠡᠴᠢᠯᠡᠭᠡᠨ ᠤ ᠴᠢᠳᠠᠮᠵᠢ ᠲᠡᠢ᠌ᠮᠦ ᠰᠠᠢ᠌ᠨ ᠪᠢᠰᠢ ᠠᠰᠠᠭᠤᠳᠠᠯ ᠤᠷᠤᠰᠢᠵᠤ ᠪᠠᠢ᠌ᠨ᠎ᠠ᠃ ᠲᠡᠦᠬᠡᠨ ᠳᠤᠷᠠᠰᠬᠠᠯᠲᠤ ᠵᠦᠢ᠍ᠯ ᠢ ᠬᠠᠮᠠᠭ᠋ᠠᠯᠠᠨ ᠠᠰᠢᠭᠯᠠᠬᠤ ᠵᠢ ᠪᠠᠰᠠ ᠨᠢᠭᠡ ᠠᠯᠬᠤᠮ ᠴᠢᠩᠭ᠋ᠠᠳᠬᠠᠬᠤ ᠬᠡᠷᠡᠭᠲᠡᠢ᠂ ᠲᠡᠦᠬᠡᠨ ᠳᠤᠷᠠᠰᠬᠠᠯᠲᠤ ᠵᠦᠢ᠍ᠯ ᠢ《ᠠᠮᠢᠳᠤᠯᠢᠭ》 ᠪᠠᠢ᠌ᠯᠭ᠋ᠠᠬᠤ ᠠᠷᠭ᠎ᠠ ᠬᠡᠮᠵᠢᠶ᠎ᠡ ᠪᠠᠰᠠ ᠯᠠ ᠳᠤᠲᠠᠮᠠᠭ ᠪᠠᠢ᠌ᠭᠰᠠᠭ᠋ᠠᠷ᠃ ᠲᠡᠦᠬᠡᠨ ᠳᠤᠷᠠᠰᠬᠠᠯᠲᠤ ᠵᠦᠢ᠍ᠯ ᠢ ᠬᠠᠮᠠᠭ᠋ᠠᠯᠠᠨ ᠰᠡᠷᠭᠡᠢ᠌ᠯᠡᠬᠦ ᠪᠡᠯᠡᠳᠭᠡᠯ ᠲᠦᠬᠦᠭᠡᠷᠦᠮᠵᠢ ᠪᠦᠷᠢᠨ ᠲᠡᠭᠦᠯᠳᠡᠷ ᠪᠤᠰᠤ᠂ ᠪᠦᠬᠦ ᠤᠷᠤᠨ ᠤ ᠲᠡᠦᠬᠡᠨ ᠳᠤᠷᠠᠰᠬᠠᠯᠲᠤ ᠵᠦᠢ᠍ᠯ ᠤᠨ ᠠᠮᠤᠷ ᠲᠦᠪᠰᠢᠨ ᠤ ᠪᠠᠢ᠌ᠳᠠᠯ ᠪᠠᠰᠠ ᠯᠠ ᠨᠡᠯᠢᠶᠡᠳ ᠬᠦᠨᠳᠦ ᠬᠡᠴᠡᠭᠦᠦ ᠪᠠᠢ᠌ᠭᠰᠠᠭ᠋ᠠᠷ᠃ ᠲᠤᠰᠬᠠᠢ ᠮᠡᠷᠭᠡᠵᠢᠯ ᠤᠨ ᠴᠢᠳᠠᠪᠤᠷᠢᠲᠠᠨ ᠳᠤᠲᠠᠭᠤ᠂ ᠰᠤᠶᠤᠯ ᠤᠨ ᠨᠡᠷ᠎ᠡ ᠠᠯᠳᠠᠷᠲᠠᠨ ᠪᠤᠯᠤᠨ ᠦᠨᠳᠦᠷ ᠳᠡᠰ ᠳᠠᠪᠬᠤᠷᠭ᠎ᠠ ᠵᠢᠨ ᠴᠢᠳᠠᠪᠤᠷᠢᠲᠠᠨ ᠤ ᠲᠤᠭ᠎ᠠ ᠴᠦᠬᠡᠨ᠃ ᠦᠨᠳᠦᠰᠦᠨ ᠱᠠᠲᠤᠨ ᠤ ᠰᠤᠶᠤᠯ ᠤᠨ ᠡᠩᠨᠡᠭᠡ ᠵᠢᠨ ᠪᠠᠢ᠌ᠭᠤᠯᠤᠯᠲᠠ ᠵᠢ ᠲᠦᠷᠭᠡᠨ ᠴᠢᠩᠭ᠋ᠠᠳᠬᠠᠬᠤ ᠬᠡᠷᠡᠭᠲᠡᠢ ᠵᠡᠷᠭᠡ᠃ ᠪᠠᠰᠠ ᠵᠢᠱ᠌ᠢᠶᠡᠯᠡᠪᠡᠯ᠂ ᠵᠢᠭᠤᠯᠴᠢᠯᠠᠯ ᠤᠨ ᠠᠵᠤ ᠦᠢ᠍ᠯᠡᠰ ᠤᠨ ᠲᠤᠭᠲᠠᠯᠴᠠᠭ᠎ᠠ ᠲᠡᠭᠦᠯᠳᠡᠷ ᠪᠤᠰᠤ᠂ ᠠᠵᠤ ᠦᠢ᠍ᠯᠡᠰ ᠤᠨ ᠬᠦᠷᠢᠶ᠎ᠡ ᠬᠡᠪᠴᠢᠶ᠎ᠡ ᠪᠠᠭ᠎ᠠ᠂ ᠠᠵᠤ ᠦᠢ᠍ᠯᠡᠰ ᠤᠨ ᠳᠡᠰ ᠳᠠᠪᠬᠤᠷᠭ᠎ᠠ ᠳᠤᠤᠷ᠎ᠠ᠂ ᠳᠠᠢ᠌ᠴᠢᠯᠠᠬᠤ ᠴᠢᠳᠠᠪᠤᠷᠢ ᠳᠤᠷᠤᠢ᠂ ᠵᠢᠭᠤᠯᠴᠢᠯᠠᠯ ᠤᠨ ᠰᠢᠨ᠎ᠡ ᠠᠵᠢᠯ ᠤᠨ ᠬᠦᠭᠵᠢᠯᠲᠡ ᠤᠳᠠᠭ᠋ᠠᠨ᠂ ᠬᠢᠯᠢ ᠠᠯᠤᠰᠯᠠᠬᠤ ᠨᠠᠢ᠌ᠷᠰᠠᠭ ᠶᠠᠪᠤᠯᠴᠠᠭ᠎ᠠ ᠪᠠᠨ ᠬᠤᠢ᠌ᠰᠢᠲᠠ ᠭᠦᠨᠵᠡᠭᠡᠢ᠌ᠷᠡᠭᠦᠯᠬᠦ ᠬᠡᠷᠡᠭᠲᠡᠢ᠃ ᠵᠢᠭᠤᠯᠴᠢᠯᠠᠯ ᠤᠨ ᠪᠦᠲᠦᠭᠡᠭᠳᠡᠭᠦᠨ ᠤ ᠪᠦᠲᠦᠮᠵᠢᠲᠠᠢ ᠬᠠᠩᠭ᠋ᠠᠯᠭ᠎ᠠ ᠭᠦᠢ᠍ᠴᠡᠳ ᠪᠤᠰᠤ᠂ ᠪᠦᠲᠦᠭᠡᠭᠳᠡᠭᠦᠨ ᠤ ᠪᠦᠲᠦᠴᠡ ᠵᠠᠷᠢᠮᠳᠠᠭ᠂ ᠪᠦᠲᠦᠭᠡᠭᠳᠡᠭᠦᠨ ᠤ ᠴᠢᠨᠠᠷ ᠲᠡᠢ᠌ᠮᠦ ᠰᠠᠢ᠌ᠨ ᠪᠢᠰᠢ᠂ ᠰᠢᠨ᠎ᠡ ᠪᠦᠲᠦᠭᠡᠭᠳᠡᠭᠦᠨ ᠤ ᠨᠡᠬᠡᠬᠡᠯᠲᠡ ᠭᠦᠢ᠍ᠴᠡᠳ ᠪᠤᠰᠤ᠂ ᠶᠡᠷᠦᠩᠬᠡᠢ ᠬᠡᠷᠡᠭᠯᠡᠭᠡᠨ ᠤ ᠬᠡᠮᠵᠢᠶ᠎ᠡ ᠦᠨᠳᠦᠷ ᠪᠤᠰᠤ᠃ ᠵᠢᠭᠤᠯᠴᠢᠯᠠᠯ ᠤᠨ ᠦᠨᠳᠦᠰᠦᠨ ᠲᠦᠬᠦᠭᠡᠷᠦᠮᠵᠢ ᠪᠤᠯᠤᠨ ᠤᠯᠠᠨ ᠨᠡᠢ᠌ᠲᠡ ᠵᠢᠨ ᠦᠢ᠍ᠯᠡᠴᠢᠯᠡᠭᠡᠨ ᠤ ᠲᠤᠭᠲᠠᠯᠴᠠᠭ᠎ᠠ ᠲᠡᠭᠦᠯᠳᠡᠷ ᠪᠤᠰᠤ᠂ ᠴᠢᠯᠦᠭᠡᠲᠦ ᠠᠶᠠᠯᠠᠯ᠂ ᠰᠤᠷᠠᠭ ᠵᠠᠩᠭᠢᠴᠢᠯᠠᠬᠤ ᠵᠡᠷᠭᠡ ᠤᠯᠠᠨ ᠨᠡᠢ᠌ᠲᠡ ᠵᠢᠨ ᠦᠢ᠍ᠯᠡᠴᠢᠯᠡᠭᠡᠨ ᠤ ᠲᠤᠭᠲᠠᠯᠴᠠᠭ᠋ᠠᠨ ᠤ ᠪᠠᠢ᠌ᠭᠤᠯᠤᠯᠲᠠ ᠤᠳᠠᠭ᠋ᠠᠰᠢᠷᠠᠩᠭᠤᠢ᠃ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠦᠷᠭᠦᠯᠵᠢᠯᠡᠨ ᠳᠦᠷᠢᠮᠵᠢᠭᠦᠯᠬᠦ ᠬᠡᠷᠡᠭᠲᠡᠢ᠂ ᠦᠪᠦᠷ ᠮᠤᠩᠭᠤᠯ ᠤᠨ ᠵᠢᠭᠤᠯᠴᠢᠯᠠᠯ ᠤᠨ ᠪᠦᠬᠦᠯᠢ ᠴᠤᠭᠴᠠ ᠵᠢᠨ ᠳᠦᠷᠰᠦ ᠵᠢ ᠨᠦᠯᠦᠭᠡᠯᠡᠬᠦ ᠠᠮᠤᠷ ᠲᠦᠪᠰᠢᠨ ᠤ ᠠᠰᠠᠭᠤᠳᠠᠯ ᠬᠢᠭᠡᠳ ᠵᠠᠬ᠎ᠠ ᠳᠡᠯᠭᠡᠭᠦᠷ ᠤᠨ ᠵᠠᠮᠪᠠᠷᠠᠭ᠎ᠠ ᠦᠭᠡᠢ ᠪᠠᠢ᠌ᠳᠠᠯ ᠵᠡᠷᠭᠡ ᠨᠢᠭᠤᠭᠳᠠᠮᠠᠯ ᠭᠡᠮ ᠮᠦᠨ ᠯᠡ ᠤᠷᠤᠰᠢᠭᠰᠠᠭ᠋ᠠᠷ ᠪᠠᠢ᠌ᠨ᠎ᠠ᠃ ᠵᠢᠭᠤᠯᠴᠢᠯᠠᠯ ᠤᠨ ᠬᠠᠤᠯᠢ ᠬᠡᠷᠡᠭᠵᠢᠭᠦᠯᠬᠦ ᠪᠠᠢ᠌ᠭᠤᠯᠤᠮᠵᠢ ᠵᠢᠨ ᠡᠩᠨᠡᠭᠡ᠂ ᠬᠡᠪᠰᠢᠭᠦᠯᠦᠨ ᠬᠢᠨᠠᠨ ᠵᠠᠬᠢᠷᠬᠤ ᠵᠢᠮ᠎ᠡ ᠬᠠᠤᠯᠢ᠂ ᠤᠳᠤᠬᠢᠴᠢᠯᠠᠭᠰᠠᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠲᠤᠭᠲᠠᠯᠴᠠᠭ᠋ᠠᠨ ᠤ ᠪᠠᠢ᠌ᠭᠤᠯᠤᠯᠲᠠ ᠵᠢ ᠬᠤᠢ᠌ᠰᠢᠲᠠ ᠴᠢᠩᠭ᠋ᠠᠳᠭ᠋ᠠᠨᠠ᠃ ᠤᠬᠠᠭᠤᠯᠤᠨ ᠰᠤᠷᠲᠠᠯᠴᠢᠯᠠᠬᠤ ᠰᠢᠨ᠎ᠡ ᠡᠭᠦᠳᠦᠯᠲᠡ ᠭᠦᠢ᠍ᠴᠡᠳ ᠪᠤᠰᠤ᠂ ᠡᠵᠡᠩᠨᠡᠨ ᠪᠤᠷᠤᠯᠠᠭᠤᠯᠬᠤ ᠪᠤᠳᠤᠯᠭ᠎ᠠ ᠪᠦᠷᠢᠨ ᠲᠦᠬᠦᠷ ᠪᠤᠰᠤ᠂ ᠰᠢᠨ᠎ᠡ ᠵᠠᠭᠤᠴᠢᠯᠠᠭᠤᠷ ᠤᠨ ᠡᠵᠡᠩᠨᠡᠨ ᠪᠤᠷᠤᠯᠠᠭᠤᠯᠲᠠ ᠪᠠᠨ ᠬᠤᠢ᠌ᠰᠢᠲᠠ ᠴᠢᠩᠭ᠋ᠠᠳᠬᠠᠵᠤ᠂ ᠨᠠᠷᠢᠨ ᠪᠠᠷᠢᠮᠵᠢᠶᠠᠵᠢᠭᠰᠠᠨ ᠡᠵᠡᠩᠨᠡᠯᠲᠡ ᠵᠢᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ ᠴᠢᠬᠤᠯᠠᠲᠠᠢ ᠵᠡᠷᠭᠡ᠃
2019 ᠤᠨ ᠳᠤ᠂ ᠰᠤᠶᠤᠯ ᠪᠠ ᠵᠢᠭᠤᠯᠴᠢᠯᠠᠯ ᠤᠨ ᠲᠢᠩᠬᠢᠮ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ ᠤᠨ ᠤᠨᠴᠠᠯᠢᠭᠲᠠᠢ ᠨᠡᠢ᠌ᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠬᠢᠭᠡᠳ ᠠᠷᠪᠠ ᠶᠢᠰᠦᠳᠦᠭᠡᠷ ᠬᠤᠭᠤᠴᠠᠭ᠋ᠠᠨ ᠤ ᠬᠤᠶᠠᠳᠤᠭ᠋ᠠᠷ ᠪᠦᠭᠦᠳᠡ ᠬᠤᠷᠠᠯ᠂ ᠭᠤᠷᠪᠠᠳᠤᠭ᠋ᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠵᠢ ᠪᠦᠬᠦ ᠲᠠᠯ᠎ᠠ ᠪᠠᠷ ᠲᠤᠭᠤᠰᠦᠯᠠᠭᠤᠯᠤᠨ ᠨᠠᠢ᠌ᠳᠠᠪᠤᠷᠢᠵᠢᠭᠤᠯᠵᠤ᠂ ᠠᠷᠠᠳ ᠲᠦᠮᠡᠨ ᠵᠶ᠋ᠠᠷ ᠲᠦᠪ ᠪᠤᠯᠭ᠋ᠠᠭᠰᠠᠨ ᠠᠵᠢᠯ ᠤᠨ ᠴᠢᠭᠯᠡᠯ ᠢ ᠪᠠᠷᠢᠮᠲᠠᠯᠠᠵᠤ᠂ ᠴᠢᠨᠠᠷᠯᠢᠭ ᠰᠠᠢ᠌ᠨ ᠬᠦᠭᠵᠢᠯᠲᠡ ᠪᠠᠷ ᠬᠠᠷᠠᠯᠲᠠ ᠪᠠᠨ ᠪᠤᠯᠭ᠋ᠠᠵᠤ᠂ ᠨᠡᠢ᠌ᠯᠡᠮᠡᠯ ᠬᠦᠭᠵᠢᠯᠲᠡ ᠪᠠᠷ ᠭᠤᠤᠯ ᠱᠤᠭᠤᠮ ᠪᠤᠯᠭ᠋ᠠᠵᠤ᠂ ᠦᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠪᠠᠷ ᠬᠦᠳᠡᠯᠭᠡᠭᠴᠢ ᠬᠦᠴᠦᠨ ᠪᠤᠯᠭ᠋ᠠᠵᠤ᠂ ᠰᠤᠶᠤᠯ ᠤᠨ ᠪᠦᠲᠦᠭᠡᠨ ᠪᠠᠢ᠌ᠭᠤᠯᠤᠯᠲᠠ ᠬᠢᠭᠡᠳ ᠵᠢᠭᠤᠯᠴᠢᠯᠠᠯ ᠤᠨ ᠬᠦᠭᠵᠢᠯᠲᠡ ᠵᠢᠨ ᠡᠯ᠎ᠡ ᠲᠦᠷᠦᠯ ᠤᠨ ᠠᠵᠢᠯ ᠵᠶ᠋ᠠᠨ ᠯᠠᠪᠳᠠᠭᠤᠨ ᠰᠠᠢ᠌ᠨ ᠬᠢᠵᠦ᠂ ᠤᠨᠴᠠ ᠰᠠᠢ᠌ᠨ ᠦᠷ᠎ᠡ ᠪᠦᠲᠦᠮᠵᠢ ᠪᠠᠷ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ ᠤᠨ ᠤᠢ ᠵᠢ ᠪᠠᠶᠠᠷᠯᠠᠨ ᠪᠡᠯᠭᠡᠯᠡᠶ᠎ᠡ᠃