ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠡᠯ᠎ᠡ ᠠᠶ᠋ᠢᠮᠠᠭ ᠬᠣᠲᠠ ᠪᠣᠯᠣᠨ ᠮᠠᠨᠵᠤᠤᠷ ᠬᠣᠲᠠ᠂ ᠡᠷᠢᠶᠡᠨ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠲᠢᠩᠬᠢᠮ᠎ᠤᠨ ᠪᠠᠢ᠌ᠭᠣᠯᠭ᠎ᠠ ᠵᠢᠨ ᠡᠯ᠎ᠡ ᠭᠠᠵᠠᠷ᠂ ᠠᠯᠪᠠᠨ ᠭᠡᠷ᠂ ᠡᠯ᠎ᠡ ᠰᠢᠭᠤᠳ ᠬᠠᠷᠢᠶ᠎ᠠ ᠨᠢᠭᠡᠴᠢ᠎ᠳᠤ᠄
《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2020 ᠣᠨ᠎ᠤ ᠠᠵᠢᠯ᠎ᠤᠨ ᠭᠣᠤᠯᠳᠠᠯᠭ᠎ᠠ》 ᠵᠢ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ 3 ᠳ᠋ᠤᠭ᠋ᠠᠷ ᠣᠳᠠᠭ᠋ᠠᠨ᠎ᠤ ᠨᠠᠮ᠎ᠤᠨ ᠤᠳᠤᠷᠢᠳᠬᠤ ᠳᠣᠭᠣᠢ᠌ᠯᠠᠩ᠎ᠤᠨ ᠬᠤᠷᠠᠯ ᠵᠶ᠋ᠠᠷ ᠨᠢᠭᠡᠨᠲᠡ ᠰᠤᠳᠤᠯᠤᠨ ᠪᠠᠲᠤᠯᠠᠭ᠋ᠠᠳ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠲᠣᠭᠣᠰᠢᠯᠠᠭᠣᠯᠣᠨ ᠨᠠᠶ᠋ᠢᠳᠠᠪᠤᠷᠢᠵᠢᠭᠤᠯᠬᠤ ᠵᠢ ᠬᠢᠨᠠᠮᠠᠭ᠋ᠠᠶ ᠰᠠᠶ᠋ᠢᠲᠤᠷ ᠠᠳᠬᠤᠬᠤ ᠬᠡᠷᠡᠭᠲᠡᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠰᠣᠶᠣᠯ ᠪᠠ ᠵᠢᠭᠤᠯᠴᠢᠯᠠᠯ᠎ᠤᠨ ᠲᠢᠩᠬᠢᠮ
2020 ᠣᠨ᠎ᠤ 2 ᠳ᠋ᠣᠭ᠋ᠠᠷ ᠰᠠᠷ᠎ᠠ ᠵᠢᠨ 20᠎ᠤ ᠡᠳᠦᠷ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2020 ᠤᠨ᠎ᠤ ᠠᠵᠢᠯ᠎ᠤᠨ ᠭᠣᠤᠯᠳᠠᠯᠭ᠎ᠠ
2020 ᠤᠨ ᠪᠣᠯ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯᠴᠢ ᠵᠢᠨ ᠰᠢᠪᠳᠣᠷᠭ᠋ᠠᠨᠤ ᠵᠢᠯ ᠪᠣᠯᠣᠨ᠎ᠠ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠵᠢᠨ ᠰᠡᠭᠦᠯ᠎ᠤᠨ ᠵᠢᠯ ᠮᠥᠨ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠶᠣᠰᠣ᠎ᠪᠠᠷ᠂ ᠰᠣᠶᠣᠯ ᠪᠠ ᠵᠢᠭᠤᠯᠴᠢᠯᠠᠯ᠎ᠤᠨ ᠲᠢᠩᠬᠢᠮ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠣᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠣᠭᠣᠰᠢᠯᠠᠭᠣᠯᠣᠨ ᠨᠠᠶ᠋ᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠲᠤᠬᠠᠶ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ᠎ᠪᠠᠷ ᠭᠣᠤᠯ ᠰᠢᠵᠢᠮ ᠪᠣᠯᠭ᠋ᠠᠵᠤ᠂ 《ᠠᠭᠣᠰᠣᠯᠴᠠᠭᠣᠯᠬᠣᠳᠤ ᠲᠣᠬᠢᠷᠠᠮᠵᠢᠲᠠᠶ ᠪᠣᠯ ᠠᠭᠤᠰᠬᠠᠵᠤ᠂ ᠠᠭᠤᠰᠤᠯᠴᠠᠭᠤᠯᠬᠤ᠎ᠳᠤ᠎ᠪᠠᠨ ᠭᠦᠢ᠍ᠴᠡᠳ ᠠᠭᠤᠰᠬᠠᠵᠤ᠂ ᠰᠣᠶᠣᠯ ᠵᠶ᠋ᠠᠷ ᠵᠢᠭᠤᠯᠴᠢᠯᠠᠯ᠎ᠢ ᠠᠬᠢᠭᠤᠯᠵᠤ᠂ ᠵᠢᠭᠤᠯᠴᠢᠯᠠᠯ ᠵᠶ᠋ᠠᠷ ᠰᠠᠶ᠋ᠢᠰᠢᠶᠠᠨ ᠬᠥᠬᠢᠭᠦᠯᠬᠦ》 ᠬᠥᠭᠵᠢᠯᠲᠡ ᠵᠢᠨ ᠤᠢ᠌ᠯᠠᠭ᠋ᠠᠭᠳᠠᠭᠣᠨᠢ ᠪᠠᠷᠢᠮᠲᠠᠯᠠᠨ᠂ ᠦᠢ᠍ᠯᠡᠳᠭᠦᠨ᠎ᠤ ᠬᠠᠩᠭ᠋ᠠᠯᠭ᠎ᠠ ᠵᠢ ᠰᠢᠯᠢᠳᠡᠭᠵᠢᠭᠦᠯᠵᠦ᠂ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠰᠣᠶᠣᠯ ᠪᠠ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠠᠷᠠᠳ ᠣᠯᠠᠨ᠎ᠤ ᠰᠣᠶᠣᠯ ᠪᠠ ᠵᠢᠭᠤᠯᠴᠢᠯᠠᠯ᠎ᠤᠨ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠲᠠ ᠥᠬᠡᠶ ᠬᠠᠩᠭ᠋ᠠᠨ᠎ᠠ᠃
ᠨᠢᠭᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭ᠋ᠠᠶ᠎ᠪᠠᠨ ᠵᠡᠪᠰᠡᠭᠯᠡᠬᠦ ᠵᠢ ᠪᠠᠷᠢᠮᠲᠠᠯᠠᠨ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ 《ᠬᠣᠶᠠᠷ᠎ᠢ ᠰᠤᠷᠤᠯᠴᠠᠵᠤ ᠨᠢᠭᠡ᠎ᠳᠤ ᠲᠡᠩᠴᠡᠭᠦᠯᠬᠦ》 ᠰᠤᠷᠤᠯᠴᠠᠯᠭ᠎ᠠ ᠬᠥᠮᠦᠵᠢᠯ᠎ᠢ ᠪᠠᠢ᠌ᠩᠭᠣᠵᠢᠭᠣᠯᠬᠣ᠂ ᠳᠦᠷᠢᠮᠵᠢᠭᠦᠯᠬᠦ ᠪᠠᠷ ᠭᠣᠤᠯ ᠠᠭᠤᠯᠭ᠎ᠠ᠎ᠪᠠᠨ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠶ᠋ᠢᠭᠤᠯᠵᠤ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠢᠰᠲ᠋ᠧᠮ᠎ᠲᠠᠢ ᠰᠤᠷᠤᠯᠴᠠᠭᠤᠯᠬᠤ᠂ ᠢᠯᠠᠩᠭᠤᠶ᠎ᠠ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠠᠵᠢᠯ᠂ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢ ᠰᠣᠷᠣᠯᠴᠠᠭᠣᠯᠣᠨᠠ᠃ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠣᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠣᠴᠠᠯᠭ᠎ᠠ ᠪᠠᠨ ᠪᠠᠲᠤ ᠴᠡᠭᠡᠵᠢᠯᠡᠬᠦ》 ᠵᠢ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠥᠨᠢᠳᠡ ᠵᠢᠨ ᠰᠡᠳᠦᠪ ᠪᠠ ᠨᠠᠮ᠎ᠤᠨ ᠭᠡᠰᠢᠭᠦᠨ ᠺᠠᠳ᠋ᠷᠴᠤᠳ᠎ᠤᠨ ᠨᠠᠰᠤᠨ ᠲᠤᠷᠰᠢᠳᠠ ᠵᠢᠨ ᠰᠡᠳᠦᠪ ᠪᠣᠯᠭ᠋ᠠᠵᠤ᠂ ᠬᠦᠰᠡᠯᠡᠩ ᠢᠲᠡᠭᠡᠯ ᠪᠢᠰᠢᠷᠡᠯ᠎ᠤᠨ ᠬᠥᠮᠦᠵᠢᠯ᠎ᠢ ᠪᠠᠶ᠋ᠢᠩᠭᠤᠵᠢᠭᠤᠯᠬᠤ᠂ ᠳᠦᠷᠢᠮᠵᠢᠭᠦᠯᠬᠦ ᠵᠢ ᠠᠬᠢᠭᠤᠯᠤᠨ᠎ᠠ᠃ ᠦᠵᠡᠯ ᠤᠬᠠᠮᠰᠠᠷ᠎ᠤᠨ ᠬᠡᠯᠪᠡᠷᠢ ᠵᠢᠨ ᠬᠦᠷᠢᠶᠡᠨ᠎ᠳᠠᠬᠢ ᠮᠠᠷᠺᠰ᠎ᠤᠨ ᠦᠵᠡᠯ᠎ᠤᠨ ᠵᠢᠯᠣᠭᠣᠳᠬᠤ ᠪᠠᠶ᠋ᠢᠷᠢ ᠰᠠᠭᠤᠷᠢ ᠵᠢ ᠪᠠᠷᠢᠮᠲᠡᠯᠡᠵᠤ᠂ ᠨᠡᠶ᠋ᠢᠭᠡᠮ ᠵᠢᠷᠤᠮ᠎ᠤᠨ ᠭᠣᠤᠯᠯᠠᠬᠤ ᠦᠷᠳᠡᠭ᠎ᠤᠨ ᠦᠵᠡᠯᠲᠡ᠎ᠪᠠᠷ ᠰᠣᠶᠣᠯ᠎ᠤᠨ ᠪᠠᠶ᠋ᠢᠭᠤᠯᠤᠯᠲᠠ ᠵᠢ ᠬᠦᠳᠣᠯᠣᠨ ᠳᠠᠭ᠋ᠠᠭᠤᠯᠬᠤ ᠵᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠤ᠎ᠬᠢ ᠵᠠᠰᠠᠨ ᠰᠠᠢ᠌ᠵᠢᠷᠠᠭᠣᠯᠬᠣ ᠴᠢᠳᠠᠪᠤᠷᠢ ᠵᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠨᠠᠮ᠎ᠤᠨ ᠤᠯᠤᠰ ᠲᠥᠷᠥ ᠵᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠣᠭᠣᠳᠣᠭᠤᠯᠬᠤ ᠵᠢ ᠪᠠᠷᠢᠮᠲᠠᠯᠠᠵᠤ᠂ 《ᠬᠣᠶᠡᠷᠢ ᠬᠠᠮᠠᠭ᠋ᠠᠯᠠᠬᠤ》 ᠵᠢ ᠪᠡᠶᠡᠯᠡᠭᠦᠯᠬᠦ᠂ 《ᠭᠤᠷᠪᠠᠨ ᠥᠯᠢᠭᠡᠷ ᠳᠠᠭᠤᠷᠢᠶᠠᠯ》᠎ᠢ ᠰᠠᠶ᠋ᠢᠲᠤᠷ ᠬᠢᠬᠦ ᠵᠢ ᠭᠣᠤᠯ ᠡᠭᠦᠷᠭᠡ ᠪᠣᠯᠭ᠋ᠠᠵᠤ᠂ ᠳᠡᠭᠡᠳᠦ ᠱᠠᠲᠤ᠎ᠨᠢ ᠳᠣᠤᠷᠠᠳᠤ ᠱᠠᠲᠤ᠎ᠪᠠᠨ ᠳᠠᠭ᠋ᠠᠭᠤᠯᠬᠤ᠂ ᠪᠠᠶ᠋ᠢᠭᠤᠯᠭ᠎ᠠ᠎ᠪᠠᠷ ᠵᠶ᠋ᠠᠨ ᠰᠢᠰᠲᠸᠮ᠎ᠢ ᠳᠠᠶ᠋ᠢᠴᠢᠯᠠᠬᠤ ᠵᠢ ᠪᠠᠷᠢᠮᠲᠠᠯᠠᠵᠤ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠳᠠᠢ᠌ᠵᠢᠭᠣᠯᠣᠨ ᠴᠢᠩᠭ᠋ᠠᠳᠬᠠᠨ᠎ᠠ᠃ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠥᠷᠨᠢᠭᠦᠯᠵᠦ᠂ ᠰᠤᠷᠲᠠᠯ ᠴᠢᠬᠡᠴᠢ ᠣᠪᠣᠷ ᠲᠥᠪ ᠪᠠᠶ᠋ᠢᠭᠤᠯᠭ᠎ᠠ ᠵᠢᠨ ᠤᠯᠤᠰ ᠲᠦᠷᠦ ᠵᠢᠨ ᠠᠮᠢ ᠠᠬᠤᠢ ᠵᠢ ᠢᠳᠡᠪᠬᠢᠲᠡᠢ ᠪᠤᠢ ᠪᠣᠯᠭ᠋ᠠᠨ᠎ᠠ᠃
ᠬᠣᠶᠠᠷ᠂ ᠤᠷᠠᠯᠢᠭ᠎ᠤᠨ ᠵᠣᠬᠢᠶᠠᠨ ᠪᠦᠳᠦᠭᠡᠯᠭᠡ ᠪᠡ ᠲᠣᠭᠯᠠᠯᠲᠠ ᠵᠢ ᠴᠡᠴᠡᠭᠯᠡᠭᠦᠯᠦᠨ ᠬᠦᠭᠵᠢᠭᠦᠯᠦᠨ᠎ᠡ
ᠠᠷᠠᠳ ᠲᠦᠮᠡᠨ ᠵᠶ᠋ᠠᠷ ᠭᠣᠣᠯ ᠪᠣᠯᠭ᠋ᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠵᠢ ᠪᠠᠷᠢᠮᠲᠠᠯᠠᠵᠤ᠂ ᠤᠳᠤ ᠦᠶ᠎ᠡ ᠵᠢᠨ ᠳᠤᠮᠳᠠᠳᠤ ᠤᠯᠤᠰ᠎ᠤᠨ ᠦᠷᠳᠡᠭ᠎ᠢ ᠤᠯᠠᠮᠵᠢᠯᠠᠬᠤ᠂ ᠳᠤᠮᠳᠠᠳᠤ ᠵᠢᠨ ᠰᠣᠶᠣᠯ᠎ᠤᠨ ᠵᠣᠷᠢᠭ ᠰᠠᠨᠠᠭ᠎ᠠ ᠵᠢ ᠢᠯᠡᠷᠡᠭᠦᠯᠬᠦ᠂ ᠲᠤᠮᠳᠠᠳᠤᠴᠤᠳ᠎ᠤᠨ ᠭᠤᠸ᠎ᠠ ᠲᠠᠭ᠋ᠠᠰᠢᠶᠠᠯ᠎ᠤᠨ ᠬᠥᠭᠡᠭᠡᠴᠡᠯᠳᠦᠯ᠎ᠢ ᠲᠤᠰᠬᠠᠬᠤ᠂ ᠦᠵᠡᠯ ᠰᠠᠨᠠᠭ᠎ᠠ᠎ᠨᠢ ᠭᠦᠨ᠂ ᠤᠷᠠᠯᠢᠭ᠎ᠨᠢ ᠨᠠᠷᠢᠯᠢᠭ᠂ ᠵᠣᠬᠢᠶᠠᠨ ᠪᠦᠳᠦᠭᠡᠯᠭᠡ᠎ᠨᠢ ᠣᠬᠢ ᠰᠢᠯᠢᠳᠡᠭ ᠣᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠨᠡᠩ ᠤᠯᠠᠨ ᠵᠣᠬᠢᠶᠠᠨ ᠪᠦᠲᠦᠭᠡᠵᠦ ᠭᠠᠷᠭ᠋ᠠᠬᠣ᠎ᠪᠠᠷ ᠴᠢᠷᠮᠠᠶ᠋ᠢᠬᠤ ᠬᠡᠷᠡᠭᠲᠡᠢ᠃ 《ᠤᠯᠠᠭ᠋ᠠᠨᠮᠥ᠋ᠴᠢᠷ᠎ᠤᠨ ᠳᠦᠷᠢᠮ》᠎ᠢ ᠪᠦᠬᠦ ᠲᠠᠯ᠎ᠠ᠎ᠪᠠᠷ ᠨᠠᠢ᠌ᠳᠠᠪᠦᠷᠢᠵᠢᠭᠤᠯᠵᠤ᠂ ᠤᠯᠠᠭ᠋ᠠᠨᠮᠥ᠋ᠴᠢᠷ᠎ᠤᠨ ᠦᠢ᠍ᠯᠡᠰ᠎ᠤᠨ ᠬᠦᠭᠵᠢᠯᠳᠡ ᠵᠢ ᠠᠬᠢᠭᠤᠯᠤᠨ᠎ᠠ᠃ ᠤᠯᠠᠭ᠋ᠠᠨᠮᠥ᠋ᠴᠢᠷ᠎ᠤᠨ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠵᠤ᠂ ᠤᠯᠠᠭ᠋ᠠᠨᠮᠥ᠋ᠴᠢᠷ᠎ᠤᠨ ᠰᠢᠨ᠎ᠡ ᠬᠥᠮᠦᠨ ᠂ ᠰᠢᠨ᠎ᠡ ᠪᠦᠲᠦᠭᠡᠯ᠎ᠤᠨ ᠤᠷᠤᠯᠳᠤᠭ᠋ᠠᠨ ᠪᠠ ᠤᠯᠠᠭ᠋ᠠᠨᠮᠥ᠋ᠴᠢᠷ᠎ᠤᠨ ᠰᠣᠯᠢᠯᠴᠠᠭ᠎ᠠ ᠲᠣᠭᠯᠠᠯᠲᠠ ᠵᠢᠨ ᠰᠠᠷ᠎ᠠ ᠵᠢᠨ ᠠᠵᠢᠯᠯᠠᠭ᠎ᠠ ᠵᠢ ᠡᠷᠭᠢᠯᠡᠨ᠎ᠡ᠃ ᠤᠯᠠᠭ᠋ᠠᠨᠮᠥ᠋ᠴᠢᠷ᠎ᠤᠨ ᠪᠡᠯᠡᠳᠬᠡᠮᠵᠢ ᠪᠥᠲᠥᠭᠡᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠰᠦᠯᠵᠢᠶᠡᠨ ᠳᠡᠭᠡᠷᠡᠬᠢ ᠤᠯᠠᠭ᠋ᠠᠨᠮᠥ᠋ᠴᠢᠷ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠤᠯᠠᠭ᠋ᠠᠨᠮᠥ᠋ᠴᠢᠷ᠎ᠤᠨ ᠰᠣᠩᠭᠣᠳᠠᠭ ᠵᠦᠴᠦᠭᠡ (ᠬᠡᠰᠡᠭ) ᠵᠢᠨ ᠭᠠᠷᠴᠠᠭ᠎ᠢ ᠨᠠᠶ᠋ᠢᠷᠠᠭᠤᠯᠤᠨ ᠬᠡᠪᠯᠡᠭᠦᠯᠦᠨ᠎ᠡ᠃ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢᠨ ᠭᠣᠤᠯ ᠰᠡᠳᠦᠪᠲᠦ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢ ᠰᠠᠶ᠋ᠢᠲᠤᠷ ᠠᠳᠬᠤᠵᠤ᠂ ᠬᠠᠲᠤᠨ ᠭᠣᠤᠯ᠎ᠤᠨ ᠰᠡᠳᠦᠪ ᠪᠠ ᠶᠠᠳᠠᠭᠤ ᠵᠢ ᠲᠡᠳᠬᠦᠬᠦ ᠰᠡᠳᠦᠪᠲᠦ ᠤᠷᠠᠯᠢᠭ᠎ᠤᠨ ᠪᠦᠲᠦᠭᠡᠯ᠎ᠢ ᠵᠣᠬᠢᠶᠠᠨ ᠪᠦᠳᠦᠭᠡᠵᠤ ᠭᠠᠷᠭ᠋ᠠᠬᠣ ᠵᠢ ᠴᠢᠩᠭ᠋ᠠᠳᠬᠠᠵᠤ᠂ ᠪᠥᠵᠢᠭᠲᠦ ᠵᠦᠴᠦᠭᠡ 《ᠮᠣᠷᠢᠲᠤ ᠴᠡᠷᠢᠭ》᠂ ᠶᠠᠷᠢᠶᠠᠲᠤ ᠵᠦᠴᠦᠭᠡ 《ᠬᠤᠷᠤᠭᠤᠨ᠎ᠤ ᠤᠯᠠᠭ᠋ᠠᠨ ᠣᠷᠣᠮ》᠎ᠳᠤ ᠵᠠᠰᠠᠪᠤᠷᠢ ᠣᠷᠣᠭᠤᠯᠤᠨ ᠴᠢᠨᠠᠷᠵᠢᠭᠣᠯᠵᠣ᠂ ᠨᠠᠶ᠋ᠢᠷᠠᠯ ᠬᠦᠭᠵᠢᠮ 《ᠲᠣᠭ》᠂ ᠦᠨᠳᠦᠰᠦᠲᠡᠨ᠎ᠤ ᠳᠠᠭᠤᠯᠠᠯᠳᠤ ᠵᠦᠴᠦᠭᠡ 《 ᠵᠢᠩᠭ᠋ᠠᠷ》᠂ 《ᠭᠤᠷᠪᠠᠨ ᠮᠢᠩᠭ᠋ᠠᠨ ᠦᠨᠦᠴᠢᠨ ᠬᠡᠤᠬᠡᠳ》 ᠵᠡᠷᠭᠡ ᠪᠦᠳᠦᠭᠡᠯ ᠤᠨ ᠲᠣᠭᠯᠠᠬᠣ ᠲᠥᠯᠥᠪᠯᠡᠭᠡ ᠵᠢ ᠡᠬᠢᠯᠡᠭᠦᠯᠵᠦ᠂ ᠦᠨᠳᠦᠰᠦᠲᠡᠨ᠎ᠤ ᠪᠥᠵᠢᠭᠲᠦ ᠵᠦᠴᠦᠭᠡ 《ᠲᠠᠯ᠎ᠠ ᠨᠤᠲᠤᠭ᠎ᠤᠨ ᠪᠢᠴᠢᠬᠠᠨ ᠪᠠᠭ᠋ᠠᠲᠤᠷ ᠡᠭᠡᠴᠢ ᠥᠬᠢᠨ ᠳᠡᠭᠦᠤ》 ᠵᠢᠨ ᠦᠵᠡᠭᠦᠯᠭᠡ ᠵᠢ ᠵᠣᠬᠢᠶᠠᠨ ᠪᠠᠶ᠋ᠢᠭᠤᠯᠤᠨ᠎ᠠ᠃ ᠰᠣᠶᠣᠯ᠎ᠤᠨ ᠪᠦᠲᠦᠭᠡᠭᠳᠡᠬᠦᠨ᠎ᠢ ᠵᠣᠬᠢᠶᠠᠨ ᠪᠦᠲᠦᠭᠡᠵᠦ ᠭᠠᠷᠭ᠋ᠠᠬᠣ ᠵᠢ ᠤᠯᠠᠮᠵᠢᠯᠠᠨ ᠳᠡᠯᠭᠡᠷᠡᠭᠦᠯᠵᠦ᠂ ᠬᠦᠳᠦᠯᠦᠨ ᠵᠢᠯᠣᠭᠣᠳᠬᠤ ᠂ ᠤᠷᠮᠠᠰᠢᠭᠤᠯᠬᠤ ᠲᠣᠭᠲᠠᠴᠠ ᠵᠢ ᠲᠠᠰᠤᠷᠠᠯᠲᠠ ᠦᠭᠡᠢ ᠳᠡᠭᠦᠯᠳᠡᠷᠵᠢᠭᠦᠯᠦᠨ᠎ᠡ᠃ ᠴᠢᠬᠤᠯᠠ ᠶᠡᠬᠡ ᠤᠳᠬ᠎ᠠ ᠤᠷᠠᠯᠢᠭ᠎ᠤᠨ ᠲᠣᠭᠯᠠᠯᠲᠠ ᠵᠢᠨ ᠠᠵᠢᠯᠯᠠᠭ᠎ᠠ ᠵᠢ ᠴᠢᠨᠠᠷ ᠰᠠᠶ᠋ᠢᠲᠠᠶ ᠪᠡᠶᠡᠯᠡᠭᠦᠯᠦᠨ᠎ᠡ᠃ ᠤᠯᠠᠭ᠋ᠠᠨᠮᠥ᠋ᠴᠢᠷ᠎ᠤᠨ ᠰᠢᠯᠢᠳᠡᠭ ᠤᠯᠠᠮᠵᠢᠯᠠᠯ᠎ᠢ ᠶᠡᠬᠡ᠎ᠪᠠᠷ ᠪᠠᠳᠠᠷᠠᠭᠤᠯᠵᠤ᠂ 《ᠵᠠᠭᠤᠨ ᠪᠦᠯᠬᠦᠮ ᠮᠢᠩᠭ᠋ᠠᠨ ᠲᠠᠯᠠᠪᠠᠢ ᠵᠢᠨ ᠲᠣᠭᠯᠠᠯᠲᠠ ᠦᠨᠳᠦᠰᠦᠨ ᠱᠠᠲᠤᠨ᠎ᠳᠤ ᠪᠠᠭᠤᠬᠤ》᠂ 《ᠲᠠᠯ᠎ᠠ ᠨᠤᠲᠤᠭ᠎ᠤᠨ ᠳᠠᠭᠤᠤ ᠬᠥᠭᠵᠢᠮ᠎ᠤᠨ ᠭᠠᠷᠠᠭ᠎ᠤᠨ ᠰᠡᠭᠦᠯᠴᠢ》 ᠵᠡᠷᠭᠡ ᠠᠷᠠᠳ ᠲᠦᠮᠡᠨ᠎ᠳᠤ ᠠᠰᠢᠭ ᠬᠦᠷᠲᠡᠭᠡᠬᠦ ᠲᠣᠭᠯᠠᠯᠲᠠ ᠵᠢ ᠦᠷᠭᠦᠯᠵᠢᠯᠡᠨ ᠥᠷᠨᠢᠭᠦᠯᠵᠦ᠂ ᠥᠷᠭᠡᠨ ᠣᠯᠠᠨ ᠤᠳᠬ᠎ᠠ ᠣᠷᠠᠯᠢᠭ᠎ᠤᠨ ᠠᠵᠢᠯᠲᠠᠨ᠎ᠤ ᠦᠨᠳᠦᠰᠦᠨ ᠱᠠᠲᠤᠨ᠎ᠳᠤ ᠭᠦᠨᠵᠡᠭᠡᠶ᠋ᠢᠷᠡᠨ ᠣᠳᠬ᠎ᠠ ᠰᠡᠳᠣᠪ ᠴᠤᠭᠯᠠᠭᠤᠯᠤᠨ ᠵᠣᠬᠢᠶᠠᠨ ᠪᠦᠲᠦᠭᠡᠬᠦ᠂ ᠬᠠᠷᠢᠴᠠᠭ᠎ᠠ ᠪᠠᠶ᠋ᠢᠭᠤᠯᠤᠨ ᠬᠠᠪᠰᠤᠷᠤᠨ ᠲᠡᠳᠬᠦᠬᠦ᠂ ᠲᠣᠬᠣᠨᠢᠭᠤᠯᠬᠤ ᠲᠣᠭᠯᠠᠯᠲᠠ ᠵᠢᠨ ᠠᠵᠢᠯᠯᠠᠭ᠎ᠠ ᠥᠷᠨᠢᠭᠦᠯᠬᠦ ᠵᠡᠷᠭᠡ ᠵᠢ ᠬᠦᠳᠦᠯᠦᠨ ᠵᠢᠯᠣᠭᠣᠳᠬᠤ ᠪᠠ ᠵᠣᠷᠢᠭᠵᠢᠭᠤᠯᠤᠨ᠎ᠠ᠃ 《ᠥᠪᠥᠷ ᠮᠣᠩᠭᠣᠯ᠎ᠤᠨ ᠳᠠᠭᠤᠤ ᠬᠥᠭᠵᠢᠮ》᠂ 《ᠥᠪᠥᠷ ᠮᠣᠩᠭᠣᠯ᠎ᠤᠨ ᠪᠥᠵᠢᠭ》᠎ᠤᠨ ᠨᠠᠷᠠᠲᠤ ᠲᠥᠷᠥᠯ ᠲᠡᠮᠳᠡᠭᠲᠦ ᠵᠢ ᠢᠳᠡᠪᠬᠢᠲᠡᠶ ᠪᠣᠶ ᠪᠣᠯᠭ᠋ᠠᠵᠤ᠂ ᠦᠨᠳᠦᠰᠦᠲᠡᠨ᠎ᠤ ᠳᠠᠭᠤᠤ ᠬᠥᠭᠵᠢᠮ᠂ ᠪᠥᠵᠢᠭ ᠪᠠ ᠬᠤᠪᠴᠠᠰᠤ ᠵᠠᠰᠠᠯ᠎ᠤᠨ ᠤᠷᠠᠯᠢᠭ ᠢ ᠤᠯᠠᠮᠵᠢᠯᠠᠨ ᠪᠠᠳᠠᠷᠠᠭᠤᠯᠵᠤ᠂ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠨᠠᠶ᠋ᠢᠷ᠂ ᠪᠥᠬᠥ ᠣᠷᠣᠨ᠎ᠤ ᠪᠥᠵᠢᠭ᠎ᠤᠨ ᠤᠷᠤᠯᠳᠤᠭ᠋ᠠᠨ ᠪᠠ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠴᠣᠭᠴᠠᠯᠠᠨ ᠪᠠᠢ᠌ᠭᠣᠯᠬᠣ ᠠᠭᠣᠯᠭ᠎ᠠ ᠪᠦᠬᠦᠢ ᠰᠣᠳᠣᠨ ᠵᠦᠴᠦᠭᠡ ᠵᠢᠨ ᠦᠵᠡᠭᠦᠯᠦᠯᠭᠡ ᠵᠢᠨ ᠠᠵᠢᠯᠯᠠᠭ᠎ᠠ ᠵᠢ ᠡᠷᠭᠢᠯᠡᠨ᠎ᠡ᠃ ᠤᠷᠠᠯᠢᠭ᠎ᠤᠨ ᠳᠠᠩᠰᠠ ᠡᠪᠬᠡᠮᠡᠯ᠎ᠤᠨ ᠣᠷᠳᠣᠨ᠎ᠢ ᠰᠡᠯᠪᠢᠨ ᠵᠠᠰᠠᠵᠤ ᠥᠭᠡᠷᠡᠴᠢᠯᠡᠬᠦ ᠵᠢᠴᠢ ᠳᠡᠰ ᠳᠡᠪᠰᠢᠭᠦᠯᠬᠦ ᠠᠵᠢᠯ᠎ᠢ ᠬᠡᠷᠡᠭᠵᠢᠭᠦᠯᠦᠨ᠎ᠡ᠃ 《ᠥᠪᠥᠷ ᠮᠣᠩᠭᠣᠯ᠎ᠤᠨ ᠠᠷᠠᠳ᠎ᠤᠨ ᠳᠠᠭᠤᠤ ᠵᠢᠨ ᠲᠣᠮᠣ ᠲᠣᠯᠢ》 ᠵᠢ ᠨᠠᠶ᠋ᠢᠷᠠᠭᠤᠯᠤᠨ ᠪᠢᠴᠢᠬᠦ ᠠᠵᠢᠯ᠎ᠢ ᠲᠦᠯᠬᠢᠨ ᠠᠬᠢᠭᠣᠯᠣᠨ᠎ᠠ᠃
ᠭᠤᠷᠪᠠ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ
ᠠᠷᠠᠳ ᠤᠯᠠᠨ᠎ᠤ ᠰᠣᠶᠣᠯ᠎ᠤᠨ ᠦᠨᠳᠦᠰᠦᠨ ᠬᠡᠷᠡᠭᠴᠡᠭᠡ᠎ᠳᠤ ᠰᠠᠭᠤᠷᠢᠯᠠᠨ᠂ ᠤᠯᠠᠨ ᠨᠡᠶ᠋ᠢᠲᠡ ᠵᠢᠨ ᠰᠣᠶᠣᠯ᠎ᠤᠨ ᠦᠨᠳᠦᠰᠦᠨ ᠦᠢ᠍ᠯᠡᠴᠢᠯᠡᠭᠡᠨ᠎ᠢ ᠪᠠᠷᠢᠮᠵᠢᠶᠠᠵᠢᠭᠤᠯᠤᠨ ᠠᠳᠠᠯᠢ ᠲᠡᠭᠰᠢ ᠪᠣᠯᠭ᠋ᠠᠬᠤ ᠵᠢ ᠪᠦᠬᠦ ᠲᠠᠯ᠎ᠠ᠎ᠪᠠᠷ ᠠᠬᠢᠭᠤᠯᠵᠤ᠂ ᠴᠠᠭ ᠦᠶ ᠡ ᠵᠢᠨ ᠬᠥᠭᠵᠢᠯᠲᠡ ᠵᠢᠨ ᠬᠠᠨᠳᠤᠰᠢ ᠵᠢ ᠢᠯᠡᠷᠡᠭᠦᠯᠦᠭᠰᠡᠨ᠂ ᠰᠣᠶᠣᠯ᠎ᠤᠨ ᠬᠥᠭᠵᠢᠯᠲᠡ ᠵᠢᠨ ᠵᠢᠮ᠎ᠡ ᠶᠣᠰᠣᠨ᠎ᠳᠤ ᠨᠡᠢ᠌ᠴᠡᠭᠰᠡᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠤᠳᠤ ᠦᠶ᠎ᠡ ᠵᠢᠨ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠢᠳᠡᠪᠬᠢᠲᠡᠶ ᠪᠠᠶ᠋ᠢᠭᠤᠯᠤᠨ᠎ᠠ᠃ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠣᠷᠣᠨ ᠨᠤᠲᠤᠭ᠎ᠤᠨ ᠬᠠᠤᠯᠢ ᠲᠣᠭᠲᠠᠭ᠋ᠠᠯᠲᠠ ᠵᠢ ᠪᠠᠲᠤᠯᠠᠬᠤ ᠵᠢ ᠢᠳᠡᠪᠬᠢᠳᠡᠢ᠎ᠪᠠᠷ ᠲᠦᠯᠬᠢᠨ ᠠᠬᠢᠭᠤᠯᠤᠨ᠎ᠠ᠃ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠦᠳᠦᠭᠡᠨ ᠪᠠᠢ᠌ᠭᠣᠯᠬᠤ ᠱᠠᠭ᠋ᠠᠷᠳᠠᠯᠭ᠎ᠠ᠎ᠲᠠᠢ ᠬᠠᠷᠢᠴᠠᠭᠤᠯᠵᠤ᠂ ᠬᠣᠰᠢᠭᠣ ᠰᠢᠶᠠᠨ᠎ᠤ ᠨᠣᠮ᠎ᠤᠨ ᠰᠠᠩ᠂ ᠰᠣᠶᠣᠯ᠎ᠤᠨ ᠣᠷᠳᠣᠨ᠎ᠤ ᠪᠥᠲᠥᠭᠡᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠵᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠳᠤᠲᠠᠭᠤᠳᠠᠯ᠎ᠢ ᠨᠥᠬᠥᠪᠥᠷᠢᠯᠡᠨ᠎ᠡ᠃ ᠥᠪᠥᠷ ᠮᠣᠩᠭᠣᠯ᠎ᠤᠨ ᠣᠯᠠᠨ ᠲᠦᠮᠡᠨ᠎ᠤ ᠤᠷᠠᠯᠢᠭ᠎ᠤᠨ ᠣᠷᠳᠣᠨ᠎ᠤ ᠰᠢᠨ᠎ᠡ ᠣᠷᠳᠣᠨ᠎ᠤ ᠪᠠᠶ᠋ᠢᠭᠤᠯᠤᠯᠲᠠ ᠵᠢ ᠠᠬᠢᠭᠤᠯᠵᠤ᠂ ᠵᠢᠭᠤᠯᠴᠢᠯᠠᠯ᠎ᠤᠨ ᠵᠣᠷᠯᠣᠩ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠵᠢᠭᠤᠯᠴᠢᠯᠠᠭᠴᠢᠳ᠎ᠤᠨ ᠦᠢ᠍ᠯᠡᠴᠢᠯᠡᠭᠡᠨ᠎ᠤ ᠲᠥᠪ᠎ᠤᠨ ᠪᠠᠶ᠋ᠢᠭᠤᠯᠤᠯᠲᠠ ᠵᠢ ᠠᠬᠢᠭᠤᠯᠵᠤ᠂ ᠲᠣᠭ᠋ᠠᠴᠢᠯᠠᠭᠰᠠᠨ ᠨᠣᠮ᠎ᠤᠨ ᠰᠠᠩ᠂ ᠲᠣᠭ᠋ᠠᠴᠢᠯᠠᠭᠰᠠᠨ ᠰᠣᠶᠣᠯ᠎ᠤᠨ ᠣᠷᠳᠣᠨ᠂ ᠲᠣᠭ᠋ᠠᠴᠢᠯᠠᠭᠰᠠᠨ ᠦᠵᠡᠰᠬᠦᠯᠡᠩ᠎ᠤᠨ ᠣᠷᠳᠣᠨ ᠪᠠ ᠮᠣᠩᠭᠣᠯ ᠡᠷᠲᠡᠨ᠎ᠤ ᠪᠢᠴᠢᠭ ᠮᠠᠲ᠋ᠧᠷᠢᠶᠠᠯ᠎ᠤᠨ ᠲᠥᠪ᠂ ᠥᠪᠥᠷ ᠮᠣᠩᠭᠣᠯ᠎ᠤᠨ ᠭᠡᠷᠡᠯ ᠵᠢᠷᠤᠭ᠎ᠤᠨ ᠰᠦᠯᠵᠢᠶᠡᠨ᠎ᠤ ᠥᠷᠲᠡᠭᠡ ᠵᠢᠨ ᠪᠠᠶ᠋ᠢᠭᠤᠯᠤᠯᠲᠠ ᠵᠢ ᠡᠮᠬᠢ ᠵᠢᠷᠤᠮ᠎ᠲᠠᠢ ᠠᠬᠢᠭᠤᠯᠤᠨ᠎ᠠ᠃ ᠤᠯᠠᠨ ᠨᠡᠶ᠋ᠢᠲᠡ ᠵᠢᠨ ᠰᠣᠶᠣᠯ᠎ᠤᠨ ᠬᠦᠷᠢᠶᠡᠨ ᠳᠤ᠎ᠬᠢ ᠡᠯ᠎ᠡ ᠵᠦᠢ᠍ᠯ᠎ᠤᠨ ᠭᠣᠤᠯᠳᠠᠯᠭ᠎ᠠ᠎ᠲᠠᠢ ᠥᠭᠡᠷᠡᠴᠢᠯᠡᠯᠲᠡ ᠵᠢᠨ ᠡᠬᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠲᠦᠯᠬᠢᠨ ᠠᠬᠢᠭᠤᠯᠵᠤ᠂ ᠶᠡᠷᠦᠩᠬᠡᠶ ᠪᠡ ᠬᠤᠪᠢᠶᠠᠷᠢ ᠣᠷᠳᠣᠨ᠎ᠤ ᠲᠦᠷᠢᠮ᠎ᠤᠨ ᠪᠠᠶ᠋ᠢᠭᠤᠯᠤᠯᠲᠠ᠂ ᠤᠯᠠᠨ ᠨᠡᠶ᠋ᠢᠲᠡ ᠵᠢᠨ ᠰᠣᠶᠣᠯ᠎ᠤᠨ ᠪᠠᠶ᠋ᠢᠭᠤᠯᠤᠮᠵᠢ ᠵᠢᠨ ᠬᠠᠤᠯᠢ ᠵᠢᠨ ᠬᠠᠷᠢᠭᠣᠴᠠᠯᠭ᠋ᠠᠳᠦ ᠬᠥᠮᠦᠨ᠎ᠢ ᠵᠠᠰᠠᠨ ᠰᠠᠢ᠌ᠵᠢᠷᠠᠭᠣᠯᠬᠤ ᠪᠦᠲᠦᠴᠡ ᠵᠢᠨ ᠥᠭᠡᠷᠡᠴᠢᠯᠡᠯᠲᠡ ᠵᠢ ᠰᠠᠶ᠋ᠢᠲᠤᠷ ᠠᠳᠬᠤᠵᠤ᠂ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠦᠢ᠍ᠯᠡᠳᠦᠯ ᠴᠢᠳᠠᠪᠤᠷᠢ ᠵᠢ ᠯᠠᠪᠳᠠᠭᠤᠨ ᠵᠶ᠋ᠠᠷ ᠳᠡᠭᠡᠭᠰᠢᠯᠡᠭᠦᠯᠦᠨ᠎ᠡ᠃ ᠮᠠᠯᠵᠢᠬᠤ ᠣᠷᠣᠨ᠎ᠤ ᠰᠣᠶᠣᠯ᠎ᠤᠨ ᠡᠷᠦᠬᠡ ᠵᠢ ᠲᠡᠳᠬᠦᠬᠦ ᠲᠥᠯᠥᠪᠯᠡᠭᠡ ᠵᠢ ᠬᠡᠷᠡᠭᠵᠢᠭᠦᠯᠦᠨ᠎ᠡ᠃ ᠪᠦᠬᠦ ᠣᠷᠣᠨ᠎ᠤ ᠠᠭᠤᠳᠠᠮ ᠲᠠᠯᠠᠪᠠᠶ ᠵᠢᠨ ᠪᠥᠵᠢᠭ᠎ᠤᠨ ᠤᠷᠤᠯᠳᠤᠭ᠋ᠠᠨ᠂ ᠲᠠᠷᠢᠶᠠᠴᠢᠳ ᠮᠠᠯᠴᠢᠳ᠎ᠤᠨ ᠤᠷᠠᠨ ᠰᠠᠢ᠌ᠬᠠᠨ᠎ᠤ ᠲᠣᠭᠯᠠᠯᠲᠠ᠂ ᠪᠠᠷᠠᠭᠤᠨ ᠣᠷᠣᠨ᠎ᠤ ᠠᠷᠠᠳ᠎ᠤᠨ ᠳᠠᠭᠤᠤ ᠵᠢᠨ ᠴᠤᠭᠯᠠᠭ᠋ᠠᠨ ᠵᠡᠷᠭᠡ ᠣᠷᠣᠯᠴᠠᠬᠤ ᠤᠷᠮ᠎ᠠ᠎ᠪᠠᠷ ᠥᠨᠳᠥᠷ᠂ ᠨᠥᠯᠥᠭᠡᠯᠡᠬᠦ ᠬᠡᠪᠴᠢᠶ᠎ᠡ᠎ᠪᠠᠷ ᠥᠷᠭᠡᠨ ᠣᠯᠠᠨ ᠲᠦᠮᠡᠨᠴᠢ ᠴᠢᠨᠠᠷᠲᠠᠶ ᠨᠡᠷᠡᠲᠦ ᠲᠥᠷᠥᠯ ᠲᠡᠮᠳᠡᠭᠲᠦ ᠰᠣᠶᠣᠯ᠎ᠤᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠦᠨ᠎ᠡ᠃ ᠰᠣᠶᠣᠯ ᠪᠠ ᠵᠢᠭᠤᠯᠴᠢᠯᠠᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠣᠶ᠋ᠢᠵᠢᠭᠤᠯᠤᠨ᠎ᠠ᠃ ᠦᠨᠳᠦᠰᠦᠨ ᠱᠠᠲᠤᠨ᠎ᠤ ᠰᠣᠶᠣᠯ᠎ᠤᠨ ᠡᠩᠨᠡᠭᠡᠨ᠎ᠤ ᠪᠣᠯᠪᠠᠰᠤᠷᠠᠭᠤᠯᠤᠯ᠎ᠤᠨ ᠠᠵᠢᠯ᠎ᠢ ᠴᠢᠩᠭ᠋ᠠᠳᠬᠠᠨ᠎ᠠ᠃ ᠥᠪᠥᠷ ᠮᠣᠩᠭᠣᠯ᠎ᠤᠨ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠦᠵᠡᠰᠬᠦᠯᠡᠩ᠎ᠤᠨ ᠠᠵᠢᠯᠯᠠᠭ᠎ᠠ ᠵᠢ ᠤᠬᠠᠭ᠋ᠠᠯᠠᠨ ᠡᠷᠬᠢᠯᠡᠨ᠎ᠡ᠃ ᠰᠣᠶᠣᠯ ᠪᠠ ᠵᠢᠭᠤᠯᠴᠢᠯᠠᠯ᠎ᠤᠨ ᠲᠣᠮᠣ ᠳ᠋ᠠᠶ᠋ᠢᠲ᠋ᠠ ᠵᠢᠨ ᠲᠠᠪᠴᠠᠩ ᠪᠠ ᠰᠣᠶᠣᠯ᠎ᠤᠨ ᠡᠬᠢ ᠪᠠᠶᠠᠯᠢᠭ᠎ᠤᠨ ᠮᠡᠳᠡᠭᠡ ᠵᠠᠩᠭᠢ ᠵᠢᠨ ᠬᠥᠮᠥᠷᠭᠡ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠣᠷᠣᠨ ᠨᠤᠲᠤᠭ᠎ᠤᠨ ᠪᠠᠷᠢᠮᠵᠢᠶ᠎ᠠ ᠵᠢ ᠲᠦᠯᠬᠢᠨ ᠠᠬᠢᠭᠤᠯᠤᠨ᠎ᠠ᠃
ᠲᠦᠷᠪᠡ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠵᠢ ᠴᠢᠩᠭ᠋ᠠᠳᠬᠠᠨ᠎ᠠ
ᠬᠠᠮᠠᠭ᠋ᠠᠯᠠᠯᠳᠠ᠎ᠪᠠᠨ ᠪᠠᠳᠣᠯᠠᠭ᠋ᠠᠵᠢᠭᠣᠯᠵᠤ᠂ ᠬᠠᠮᠠᠭ᠋ᠠᠯᠠᠬᠣ ᠪᠠ ᠬᠡᠷᠡᠭᠯᠡᠬᠦ ᠵᠢ ᠣᠶᠠᠯᠳᠣᠭᠣᠯᠣᠨ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠲᠤ ᠠᠭᠤᠯᠤᠭᠳᠠᠵᠤ ᠪᠠᠶ᠋ᠢᠭ᠎ᠠ ᠰᠣᠶᠣᠯ᠎ᠤᠨ ᠠᠭᠤᠯᠤᠭᠳᠠᠬᠤᠨ ᠪᠠ ᠴᠠᠭ ᠦᠶ᠎ᠡ ᠵᠢᠨ ᠦᠨ᠎ᠡ ᠦᠷᠳᠡᠭ᠎ᠢ ᠭᠦᠨᠵᠡᠭᠡᠶ ᠠᠭᠣᠳᠠᠯᠬᠣ ᠪᠠ ᠰᠢᠰᠲ᠋ᠧᠮ᠎ᠲᠠᠢ᠎ᠪᠠᠷ ᠲᠠᠶ᠋ᠢᠯᠪᠤᠷᠢᠯᠠᠵᠤ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠵᠦᠶ ᠵᠣᠬᠢᠰᠲᠠᠶ ᠠᠰᠢᠭᠯᠠᠬᠤ ᠵᠢ ᠲᠦᠯᠬᠢᠨ ᠠᠬᠢᠭᠤᠯᠵᠤ᠂ ᠲᠡᠤᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠭᠰᠠᠨ ᠦᠷ᠎ᠡ ᠪᠦᠲᠦᠭᠡᠯ᠎ᠢ ᠠᠷᠠᠳ ᠤᠯᠠᠨ᠎ᠳᠤ ᠨᠡᠩ ᠢᠯᠡᠭᠦᠤ ᠬᠦᠷᠲᠡᠭᠡᠬᠦ ᠬᠡᠷᠡᠭᠲᠡᠶ᠃ ᠬᠠᠳᠤᠨ ᠭᠣᠣᠯ᠎ᠤᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠨ ᠪᠠᠳᠠᠷᠠᠭᠤᠯᠬᠤ ᠠᠵᠢᠯ᠎ᠢ ᠴᠢᠩᠭ᠋ᠠᠳᠬᠠᠵᠤ᠂ ᠥᠪᠥᠷ ᠮᠣᠩᠭᠣᠯ᠎ᠤᠨ ᠬᠠᠳᠤᠨ ᠭᠣᠣᠯ᠎ᠤᠨ ᠰᠣᠶᠣᠯ᠎ᠢ ᠬᠠᠮᠠᠭ᠋ᠠᠯᠠᠵᠤ ᠰᠤᠳᠤᠯᠬᠤ ᠲᠥᠪ᠎ᠢ ᠪᠠᠶ᠋ᠢᠭᠤᠯᠵᠤ᠂ ᠬᠠᠳᠤᠨ ᠭᠣᠣᠯ᠎ᠤᠨ ᠰᠣᠶᠣᠯ᠎ᠤᠨ ᠰᠢᠰᠲ᠋ᠧᠮ᠎ᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠵᠦ᠂ ᠰᠢᠷᠠᠠᠣᠰᠣᠨ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ᠂ ᠬᠣᠷᠢᠨᠭᠡᠷ᠎ᠤᠨ ᠰᠢᠷᠣᠢ ᠵᠢᠨ ᠬᠣᠲᠠ ᠵᠢᠨ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ᠎ᠤᠨ ᠪᠦᠲᠦᠭᠡᠨ ᠪᠠᠢ᠌ᠭᠣᠯᠣᠯᠲᠠ ᠵᠢ ᠢᠳᠡᠪᠬᠢᠲᠡᠢ ᠲᠦᠯᠬᠢᠨ ᠠᠬᠢᠭᠤᠯᠵᠤ᠂ ᠰᠢᠷᠠᠠᠣᠰᠣᠨ ᠬᠠᠭᠣᠴᠢ ᠰᠣᠳᠣᠯᠣᠯ᠎ᠤᠨ ᠣᠯᠠᠨ ᠤᠯᠤᠰ᠎ᠤᠨ ᠰᠤᠳᠤᠯᠤᠨ ᠶᠠᠷᠢᠯᠴᠠᠬᠤ ᠬᠤᠷᠠᠯ᠎ᠢ ᠬᠣᠷᠠᠯᠳᠣᠭᠣᠯᠣᠨᠠ᠃ 《ᠥᠪᠥᠷ ᠮᠣᠩᠭᠣᠯ᠎ᠤᠨ ᠣᠷᠳᠣ ᠴᠠᠭ᠋ᠠᠨ ᠬᠡᠷᠡᠮ᠎ᠤᠨ ᠬᠠᠮᠠᠭ᠋ᠠᠯᠠᠯᠲᠠ ᠵᠢᠨ ᠶᠡᠷᠦᠩᠬᠡᠶ ᠲᠥᠯᠥᠪᠵᠢᠭᠦᠯᠭᠡ》 ᠵᠢ ᠨᠡᠢ᠌ᠳᠡᠯᠡᠨ ᠬᠡᠷᠡᠭᠵᠢᠭᠦᠯᠵᠦ᠂ ᠭᠣᠤᠯᠳᠠᠯᠭ᠎ᠠ᠎ᠲᠠᠢ ᠬᠡᠰᠡᠭ᠎ᠲᠤ ᠠᠶᠤᠯ᠎ᠠᠴᠠ ᠠᠪᠤᠷᠠᠵᠤ ᠬᠠᠮᠠᠭ᠋ᠠᠯᠠᠬᠤ ᠠᠵᠢᠯ᠎ᠢ ᠦᠷᠨᠢᠭᠦᠯᠵᠣ᠂ ᠥᠪᠥᠷ ᠮᠣᠩᠭᠣᠯ᠎ᠤᠨ ᠣᠷᠳᠣ ᠴᠠᠭ᠋ᠠᠨ ᠬᠡᠷᠡᠮ᠎ᠤᠨ ᠰᠣᠶᠣᠯ᠎ᠤᠨ ᠴᠡᠴᠡᠷᠯᠢᠭ᠎ᠤᠨ ᠪᠥᠲᠥᠭᠡᠨ ᠪᠠᠶ᠋ᠢᠭᠤᠯᠤᠯᠲᠠ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠢ ᠡᠬᠢᠯᠡᠭᠦᠯᠦᠨ᠎ᠡ᠃ ᠯᠢᠶᠣᠤ ᠤᠯᠤᠰ᠎ᠤᠨ ᠳᠡᠭᠡᠳᠦ ᠨᠡᠶ᠋ᠢᠰᠯᠡᠯ ᠪᠣᠯᠤᠨ ᠳᠡᠭᠡᠳᠦᠰ᠎ᠤᠨ ᠣᠩᠭᠣᠨ᠎ᠤ ᠪᠠᠭᠤᠷᠢ᠂ ᠣᠯᠠᠭ᠋ᠠᠨᠬᠠᠳᠠ ᠵᠢᠨ ᠪᠠᠭᠤᠷᠢ ᠵᠢᠨ ᠪᠦᠯᠦᠭᠯᠡᠯ᠂ ᠮᠤᠨᠢ ᠠᠭᠤᠯᠠ ᠵᠢᠨ ᠬᠠᠳᠠᠨ ᠰᠡᠶ᠋ᠢᠯᠦᠮᠡᠯ᠂ ᠲᠦᠮᠡᠨ ᠭᠠᠵᠠᠷ᠎ᠤᠨ ᠴᠠᠢ ᠵᠢᠨ ᠵᠠᠮ ᠵᠡᠷᠭᠡ ᠵᠢ ᠭᠣᠣᠯᠳᠠᠯᠭ᠎ᠠ᠎ᠲᠠᠢ ᠰᠣᠶᠣᠯ ᠤᠨ ᠥᠪ ᠵᠶ᠋ᠠᠷ ᠮᠡᠳᠡᠭᠦᠯᠬᠦ ᠠᠵᠢᠯ᠎ᠢ ᠦᠷᠭᠦᠯᠵᠢᠯᠡᠨ ᠲᠦᠯᠬᠢᠨ ᠠᠬᠢᠭᠤᠯᠵᠤ᠂ ᠡᠷᠲᠡᠨ᠎ᠤ ᠪᠠᠭᠤᠷᠢ᠂ ᠡᠷᠲᠡᠨ᠎ᠤ ᠪᠤᠯᠠᠰᠢ᠂ ᠡᠷᠲᠡᠨ᠎ᠤ ᠪᠠᠷᠢᠯᠭ᠎ᠠ ᠵᠡᠷᠭᠡ ᠭᠣᠣᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠰᠡᠯᠪᠢᠨ ᠵᠠᠰᠠᠵᠤ ᠬᠠᠮᠠᠭ᠋ᠠᠯᠠᠬᠣ ᠵᠢ ᠵᠣᠬᠢᠶᠠᠨ ᠪᠠᠶ᠋ᠢᠭᠤᠯᠤᠨ᠎ᠠ᠃ 《ᠥᠪᠥᠷ ᠮᠣᠩᠭᠣᠯ᠎ᠤᠨ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠲᠦᠷᠢᠮ》᠎ᠤᠨ ᠬᠠᠤᠯᠢ ᠲᠣᠭᠲᠠᠭ᠋ᠠᠬᠣ ᠪᠠᠶ᠋ᠢᠴᠠᠭ᠋ᠠᠨ ᠰᠤᠳᠤᠯᠤᠯᠲᠠ ᠵᠢ ᠥᠷᠨᠢᠭᠦᠯᠵᠦ᠂ ᠬᠢᠩᠭ᠋ᠠᠨ ᠠᠶ᠋ᠢᠮᠠᠭ᠎ᠤᠨ 《ᠨᠢᠭᠡ ᠣᠷᠳᠣᠨ ᠠᠷᠪᠠᠨ ᠭᠠᠵᠠᠷ》᠂ ᠣᠷᠳᠣᠰ᠎ᠤᠨ ᠪᠣᠷᠣᠪᠠᠯᠭ᠋ᠠᠰᠣ᠂ ᠲᠣᠭᠣᠷᠢᠮ ᠵᠡᠷᠭᠡ ᠭᠠᠵᠠᠷ ᠣᠷᠣᠨ᠂ ᠳᠠᠯᠠᠨ ᠬᠠᠷ᠎ᠠ ᠠᠭᠤᠯᠠ ᠵᠢᠨ ᠶᠠᠫᠣᠨ᠎ᠢ ᠡᠰᠡᠷᠭᠦᠴᠡᠬᠦ ᠰᠠᠭᠤᠷᠢᠨ ᠭᠠᠵᠠᠷ ᠵᠡᠷᠭᠡ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠲᠥᠪᠯᠡᠷᠡᠭᠦᠯᠦᠨ ᠵᠠᠯᠭ᠋ᠠᠯᠳᠣᠭᠣᠯᠣᠨ ᠬᠠᠮᠠᠭ᠋ᠠᠯᠠᠵᠤ ᠠᠰᠢᠭᠯᠠᠬᠤ ᠵᠢ ᠠᠬᠢᠭᠤᠯᠤᠨ᠎ᠠ᠃ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠪᠠᠲᠤᠯᠠᠭ᠎ᠠ ᠵᠢᠨ ᠲᠣᠭᠲᠠᠴᠠ ᠵᠢ ᠦᠷᠭᠦᠯᠵᠢᠯᠡᠨ ᠳᠡᠭᠦᠯᠳᠡᠷᠵᠢᠭᠦᠯᠵᠤ᠂ ᠤᠷᠲᠤ ᠴᠠᠭ᠋ᠠᠨ ᠬᠡᠷᠡᠮ᠎ᠤᠨ ᠳᠠᠷᠤᠭ᠎ᠠ ᠵᠢᠨ ᠳᠦᠷᠢᠮ᠎ᠤᠨ ᠬᠡᠷᠡᠭᠵᠢᠭᠦᠯᠦᠯᠲᠡ ᠵᠢ ᠲᠦᠯᠬᠢᠨ ᠠᠬᠢᠭᠤᠯᠵᠤ᠂ ᠬᠠᠤᠯᠢ ᠵᠢᠨ ᠡᠷᠬᠡᠲᠡᠨ᠎ᠤ ᠬᠠᠤᠯᠢ᠎ᠠᠴᠠ ᠵᠥᠷᠢᠴᠡᠭᠰᠡᠨ᠂ ᠬᠤᠯᠠᠭ᠋ᠠᠶ᠋ᠢᠯᠠᠨ ᠮᠠᠯᠲᠠᠭᠰᠠᠨ᠂ ᠭᠠᠯ᠎ᠤᠨ ᠠᠶᠤᠯ᠎ᠤᠨ ᠡᠨᠳᠡᠯ ᠵᠡᠷᠭᠡ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠲᠦᠭᠰᠢᠭᠦᠷᠢ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠢ ᠰᠢᠮᠳᠠᠭᠤᠯᠤᠨ ᠪᠠᠶ᠋ᠢᠴᠠᠭ᠋ᠠᠬᠤ ᠠᠵᠢᠯ᠎ᠢ ᠴᠢᠩᠭ᠋ᠠᠳᠬᠠᠨ᠎ᠠ᠃ ᠮᠦᠽᠧᠶ᠎ᠳᠤ ᠬᠠᠳᠠᠭ᠋ᠠᠯᠠᠵᠤ ᠪᠠᠶ᠋ᠢᠭ᠎ᠠ ᠬᠣᠪᠣᠷ ᠨᠠᠨᠳᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠣᠷᠴᠢᠨ ᠠᠬᠤᠶ ᠵᠢ ᠬᠠᠮᠠᠭ᠋ᠠᠯᠠᠵᠣ ᠪᠠᠷᠢᠮᠵᠢᠶ᠎ᠠ᠎ᠳᠤ ᠬᠦᠷᠭᠡᠬᠦ ᠢᠨᠵᠧᠨᠧᠷᠢᠩ᠎ᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠥᠷᠥᠯ ᠵᠦᠢ᠍ᠯ᠂ ᠭᠣᠤᠯᠳᠠᠯᠭ᠎ᠠ᠎ᠲᠠᠢ ᠢᠨᠵᠧᠨᠧᠷᠢᠩ᠎ᠲᠠᠢ ᠬᠠᠮᠵᠢᠯᠴᠠᠨ ᠬᠠᠭᠤᠴᠢ ᠰᠤᠳᠤᠯᠤᠯ᠎ᠤᠨ ᠪᠠᠶ᠋ᠢᠴᠠᠭ᠋ᠠᠯᠲᠠ ᠵᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠣᠷᠠᠰᠬᠠᠯᠳᠣ ᠵᠦᠢ᠍ᠯᠡᠰ᠎ᠤᠨ ᠬᠠᠭᠤᠴᠢ ᠰᠤᠳᠤᠯᠤᠯ᠎ᠤᠨ ᠰᠠᠭᠤᠷᠢᠨ ᠭᠠᠵᠠᠷ᠎ᠢ ᠲᠥᠯᠥᠪᠯᠡᠨ ᠪᠦᠲᠦᠭᠡᠨ ᠪᠠᠶ᠋ᠢᠭᠤᠯᠤᠨ᠎ᠠ᠃ ᠥᠪᠥᠷ ᠮᠣᠩᠭᠣᠯ᠎ᠤᠨ ᠬᠤᠪᠢᠰᠬᠠᠯ᠎ᠤᠨ ᠲᠡᠤᠬᠡ ᠵᠢᠨ ᠮᠦᠽᠧᠶ ᠵᠢᠨ ᠳᠡᠯᠭᠡᠨ ᠦᠵᠡᠭᠦᠯᠦᠯᠭᠡ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠴᠤᠭᠯᠠᠭᠤᠯᠬᠤ ᠠᠵᠢᠯ᠎ᠢ ᠰᠠᠶ᠋ᠢᠲᠤᠷ ᠬᠢᠨ᠎ᠡ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠲᠠᠢ ᠬᠠᠮᠵᠢᠯᠴᠠᠨ ᠬᠢᠳᠠᠨ ᠯᠢᠶᠣᠤ ᠤᠯᠤᠰ᠎ᠤᠨ ᠮᠦᠽᠧᠶ᠂ ᠥᠪᠥᠷ ᠮᠣᠩᠭᠣᠯ᠎ᠤᠨ ᠠᠵᠤ ᠦᠢ᠍ᠯᠡᠳᠪᠣᠷᠢ ᠵᠢᠨ ᠮᠦᠽᠧᠶ᠂ ᠬᠥᠯᠥᠨ ᠪᠣᠢ᠌ᠷ᠎ᠤᠨ ᠲᠡᠤᠬᠡ ᠵᠢᠨ ᠮᠦᠽᠧᠶ ᠵᠢᠨ ᠪᠦᠲᠦᠭᠡᠨ ᠪᠠᠶ᠋ᠢᠭᠤᠯᠤᠯᠲᠠ ᠵᠢ ᠳᠦᠯᠬᠢᠨ ᠠᠬᠢᠭᠤᠯᠤᠨ᠎ᠠ᠃
ᠲᠠᠪᠤ᠂ ᠪᠣᠳᠠᠰ᠎ᠤᠨ ᠪᠤᠰᠤ ᠰᠣᠶᠣᠯ᠎ᠤᠨ ᠦᠪ ᠢ ᠦᠪᠯᠡᠨ ᠣᠯᠠᠮᠵᠢᠯᠠᠬᠣ ᠪᠡ ᠬᠠᠮᠠᠭ᠋ᠠᠯᠠᠯᠲᠠ ᠵᠢ ᠴᠢᠩᠭ᠋ᠠᠳᠬᠠᠨ᠎ᠠ
《ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠬᠤ ᠂ ᠴᠢᠳᠠᠪᠤᠷᠢ᠎ᠪᠠᠨ ᠳᠡᠭᠡᠭᠰᠢᠯᠡᠭᠦᠯᠬᠦ᠂ ᠦᠨ᠎ᠡ ᠥᠷᠲᠡᠭ ᠵᠶ᠋ᠠᠨ ᠪᠠᠳᠠᠷᠠᠭᠣᠯᠬᠤ᠂ ᠬᠥᠭᠵᠢᠭᠦᠯᠦᠨ ᠮᠠᠨᠳᠤᠭᠤᠯᠬᠤ》᠎ᠪᠠᠷ ᠭᠣᠤᠯ ᠡᠭᠦᠷᠭᠡ ᠪᠣᠯᠭ᠋ᠠᠬᠤ ᠵᠢ ᠪᠠᠷᠢᠮᠲᠠᠯᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠳᠦᠷᠢᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠬᠥᠮᠦᠨ᠎ᠢ ᠬᠥᠮᠦᠵᠢᠭᠦᠯᠬᠦ᠎ᠪᠠᠷ ᠭᠣᠤᠯ ᠪᠣᠯᠭ᠋ᠠᠨ᠂ ᠣᠳᠣ ᠦᠶ᠎ᠡ ᠵᠢᠨ ᠠᠮᠢᠳᠤᠷᠠᠯ᠎ᠳᠤ ᠠᠭᠤᠰᠬᠠᠬᠤ᠎ᠪᠠᠷ ᠤᠳᠤᠷᠢᠳᠤᠮᠵᠢ ᠪᠣᠯᠭ᠋ᠠᠨ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠬᠤ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠤᠨ ᠬᠠᠮᠠᠭ᠋ᠠᠯᠠᠯᠲᠠ ᠵᠢ ᠦᠷᠭᠦᠯᠵᠢᠯᠡᠨ ᠴᠢᠩᠭ᠋ᠠᠳᠬᠠᠵᠤ᠂ 《ᠵᠢᠩᠭ᠋ᠠᠷ》᠎ᠢ ᠳᠤᠮᠳᠠᠳᠤ ᠮᠣᠩᠭᠣᠯ ᠬᠠᠮᠲᠤᠷᠠᠨ ᠪᠣᠳᠠᠰ᠎ᠤᠨ ᠪᠤᠰᠤ ᠰᠣᠶᠣᠯ᠎ᠤᠨ ᠥᠪ ᠵᠶ᠋ᠠᠷ ᠮᠡᠳᠡᠭᠦᠯᠬᠦ ᠠᠵᠢᠯ᠎ᠢ ᠡᠬᠢᠯᠡᠭᠦᠯᠵᠦ᠂ 《ᠵᠢᠩᠭ᠋ᠠᠷ》᠎ᠤᠨ ᠣᠯᠠᠨ ᠤᠯᠤᠰ ᠤᠨ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠤᠨ᠎ᠠ᠃ ᠳᠣᠯᠣᠳᠤᠭ᠋ᠠᠷ ᠪᠦᠯᠦᠭ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠵᠢ ᠭᠤᠶᠤᠴᠢᠯᠠᠨ ᠮᠡᠳᠡᠭᠦᠯᠬᠦ ᠠᠵᠢᠯ᠎ᠢ ᠥᠷᠨᠢᠭᠦᠯᠦᠨ᠎ᠡ᠃ ᠤᠯᠠᠮᠵᠢᠯᠠᠯᠲᠤ ᠭᠠᠷ ᠤᠷᠠᠯᠠᠯ᠎ᠤᠨ ᠠᠵᠢᠯ᠎ᠤᠨ ᠥᠷᠲᠡᠭᠡ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠵᠢᠯ ᠣᠯᠭᠣᠯᠲᠠ ᠵᠢ ᠳᠠᠶ᠋ᠢᠴᠢᠯᠠᠬᠤ᠎ᠳᠤ ᠲᠣᠬᠢᠷᠠᠬᠤ᠂ ᠵᠠᠬ᠎ᠠ ᠳᠡᠯᠭᠡᠭᠦᠷ᠎ᠤᠨ ᠳᠠᠯᠳᠠ ᠬᠦᠴᠦᠨ᠎ᠲᠠᠢ ᠤᠯᠠᠮᠵᠢᠯᠠᠯᠲᠤ ᠭᠠᠷ ᠤᠷᠠᠯᠠᠯ᠎ᠤᠨ ᠲᠥᠷᠥᠯ ᠵᠦᠢ᠍ᠯ ᠵᠢᠴᠢ ᠬᠠᠮᠠᠭ᠋ᠠᠯᠠᠯᠲᠠ ᠵᠢᠨ ᠨᠢᠭᠡᠴᠢ ᠵᠢ ᠰᠣᠩᠭᠣᠵᠤ᠂ ᠪᠣᠳᠠᠰ᠎ᠤᠨ ᠪᠤᠰᠤ ᠰᠣᠶᠣᠯ᠎ᠤᠨ ᠥᠪ ᠬᠥᠷᠥᠩᠭᠡ ᠵᠢᠨ ᠠᠵᠢᠯ ᠣᠯᠭᠣᠬᠤ ᠦᠢ᠍ᠯᠡᠳᠪᠣᠷᠢᠯᠡᠯᠤᠨ ᠭᠠᠵᠠᠷ᠎ᠢ ᠪᠠᠶ᠋ᠢᠭᠤᠯᠤᠨ᠎ᠠ᠃ ᠬᠠᠳᠬᠤᠮᠠᠯ᠎ᠤᠨ ᠲᠥᠷᠥᠯ᠎ᠤᠨ ᠤᠯᠠᠮᠵᠢᠯᠠᠯᠲᠤ ᠭᠠᠷ ᠤᠷᠠᠯᠠᠯ᠎ᠢ ᠬᠥᠭᠵᠢᠭᠦᠯᠦᠨ ᠮᠠᠨᠳᠤᠭᠤᠯᠬᠤ ᠵᠢ ᠢᠳᠡᠪᠬᠢᠲᠡᠢ ᠠᠬᠢᠭᠣᠯᠵᠣ᠂ ᠳᠤᠮᠳᠠᠳᠤ ᠤᠯᠤᠰ᠎ᠤᠨ ᠭᠠᠷ ᠤᠷᠠᠯᠠᠯ᠎ᠤᠨ ᠬᠠᠳᠬᠤᠮᠠᠯ᠎ᠤᠨ ᠤᠷᠤᠯᠳᠤᠭ᠋ᠠᠨ᠎ᠢ ᠡᠷᠬᠢᠯᠡᠨ᠎ᠡ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠦᠬᠦᠯᠢ ᠴᠣᠭᠴᠠ ᠵᠢᠨ ᠴᠢᠨᠠᠷᠲᠠᠶ ᠬᠠᠮᠠᠭ᠋ᠠᠯᠠᠯᠲᠠ ᠵᠢ ᠢᠳᠡᠪᠬᠢᠲᠡᠢ ᠰᠦᠪᠡᠭᠴᠢᠯᠡᠵᠣ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠢ ᠡᠭᠦᠳᠦᠨ ᠪᠠᠶ᠋ᠢᠭᠤᠯᠬᠤ ᠠᠵᠢᠯ᠎ᠢ ᠥᠷᠨᠢᠭᠦᠯᠦᠨ᠂ ᠪᠠᠭ᠋ᠠᠷᠢᠨ ᠪᠠᠷᠠᠭᠤᠨ ᠬᠣᠰᠢᠭᠤᠨ᠎ᠤ 《ᠭᠡᠰᠡᠷ》 ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠢ ᠤᠯᠤᠰ᠎ᠤᠨ ᠲᠡᠰ᠎ᠤᠨ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠳᠣᠷᠰᠢᠯᠲᠠ ᠵᠢᠨ ᠣᠷᠣᠨ ᠵᠶ᠋ᠠᠷ ᠭᠤᠶᠤᠴᠢᠯᠠᠨ ᠮᠡᠳᠡᠭᠦᠯᠦᠨ᠎ᠡ ᠃ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭ᠋ᠠᠮᠵᠢᠯᠠᠬᠤ ᠬᠥᠮᠦᠰ᠎ᠤᠨ ᠰᠤᠳᠤᠯᠤᠨ ᠰᠤᠷᠤᠯᠴᠠᠬᠤ ᠪᠣᠯᠪᠠᠰᠣᠷᠠᠭᠣᠯᠣᠯ᠎ᠤᠨ ᠲᠥᠯᠥᠪᠯᠡᠭᠡ ᠵᠢ ᠬᠡᠷᠡᠭᠵᠢᠭᠦᠯᠵᠦ᠂ ᠪᠣᠳᠠᠰ᠎ᠤᠨ ᠪᠤᠰᠤ ᠰᠣᠶᠣᠯ᠎ᠤᠨ ᠦᠪ᠎ᠢ ᠣᠯᠠᠮᠵᠢᠯᠠᠨ ᠵᠠᠯᠭ᠋ᠠᠮᠵᠢᠯᠠᠬᠣ ᠬᠥᠮᠦᠰ᠎ᠤᠨ ᠰᠤᠳᠤᠯᠤᠨ ᠬᠦᠮᠦᠵᠢᠭᠦᠯᠦᠭᠰᠡᠨ ᠦᠷ᠎ᠡ ᠪᠦᠳᠦᠭᠡᠯ᠎ᠤᠨ ᠦᠵᠡᠰᠬᠦᠯᠡᠩ᠎ᠢ ᠡᠷᠬᠢᠯᠡᠨ᠎ᠡ᠃ ᠪᠣᠳᠠᠰ᠎ᠤᠨ ᠪᠤᠰᠤ ᠰᠣᠶᠣᠯ᠎ᠤᠨ ᠥᠪ᠎ᠢ ᠤᠬᠠᠭᠤᠯᠤᠨ ᠳᠡᠯᠭᠡᠨ ᠦᠵᠡᠭᠦᠯᠬᠦ ᠪᠠ ᠰᠣᠯᠢᠯᠴᠠᠬᠤ ᠠᠵᠢᠯ᠎ᠢ ᠴᠢᠩᠭ᠋ᠠᠳᠬᠠᠵᠤ᠂ ᠨᠢᠭᠡ ᠪᠦᠯᠦᠭ ᠪᠣᠳᠠᠰ᠎ᠤᠨ ᠪᠤᠰᠤ ᠰᠣᠶᠣᠯ᠎ᠤᠨ ᠥᠪ᠎ᠢ ᠳᠡᠯᠭᠡᠨ ᠦᠵᠡᠭᠦᠯᠵᠦ᠂ ᠳᠡᠯᠭᠡᠨ ᠪᠣᠷᠣᠯᠠᠭᠤᠯᠬᠤ ᠰᠠᠭᠤᠷᠢᠨ ᠭᠠᠵᠠᠷ ᠪᠠ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠵᠢᠱ᠌ᠢᠶ᠎ᠡ ᠦᠵᠡᠭᠦᠯᠬᠦ ᠰᠠᠭᠣᠷᠢᠨ ᠭᠠᠵᠠᠷ᠎ᠢ ᠪᠠᠶ᠋ᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠵᠢᠭ ᠪᠠᠯᠭ᠋ᠠᠰᠤ ᠵᠢᠨ ᠪᠥᠲᠥᠭᠡᠨ ᠪᠠᠢ᠌ᠭᠣᠯᠣᠯᠲᠠ ᠵᠢ ᠠᠬᠢᠭᠤᠯᠤᠨ᠎ᠠ᠃ ᠨᠢᠭᠡ ᠪᠦᠯᠦᠭ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠭᠣᠯᠴᠢᠯᠡᠯ᠎ᠤᠨ ᠰᠣᠳᠣᠨ ᠵᠠᠮ ᠱᠤᠭᠤᠮ᠎ᠢ ᠭᠠᠷᠭ᠋ᠠᠵᠤ᠂ ᠪᠣᠳᠠᠰ᠎ᠤᠨ ᠪᠤᠰᠤ ᠰᠣᠶᠣᠯ᠎ᠤᠨ ᠦᠪ᠎ᠤᠨ ᠪᠦᠳᠦᠭᠡᠭᠳᠡᠭᠦᠨ᠎ᠢ ᠦᠵᠡᠮᠵᠢ ᠵᠢᠨ ᠣᠷᠣᠨ᠂ ᠬᠤᠳᠠᠯᠳᠤᠭ᠋ᠠᠨ᠎ᠤ ᠲᠠᠯᠠᠪᠠᠢ᠎ᠳᠤ ᠣᠷᠣᠭᠣᠯᠬᠣ ᠵᠢ ᠠᠬᠢᠭᠤᠯᠤᠨ᠎ᠠ᠃
ᠵᠢᠷᠭᠤᠭ᠎ᠠ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠬᠥᠭᠵᠢᠭᠦᠯᠦᠨ᠎ᠡ
《ᠠᠭᠤᠰᠤᠯᠴᠠᠭᠤᠯᠬᠤ᠎ᠳᠤ ᠲᠣᠬᠢᠷᠠᠮᠵᠢᠲᠠᠢ ᠪᠣᠯ ᠠᠭᠤᠰᠤᠯᠴᠠᠭᠤᠯᠬᠤ᠂ ᠠᠭᠤᠰᠤᠯᠴᠠᠭᠤᠯᠬᠤ᠎ᠳᠤ᠎ᠪᠠᠨ ᠭᠦᠢ᠍ᠴᠡᠳ ᠠᠭᠣᠰᠣᠯᠴᠠᠭᠣᠯᠬᠤ᠂ ᠰᠣᠶᠣᠯ ᠵᠶ᠋ᠠᠷ ᠵᠢᠭᠣᠯᠴᠢᠯᠡᠯ᠎ᠢ ᠠᠬᠢᠭᠤᠯᠬᠤ᠂ ᠵᠢᠭᠤᠯᠴᠢᠯᠠᠯ ᠵᠶ᠋ᠠᠷ ᠰᠣᠶᠣᠯ᠎ᠢ ᠰᠣᠷᠲᠠᠯᠴᠢᠯᠠᠬᠣ》 ᠬᠥᠭᠵᠢᠯᠲᠡ ᠵᠢᠨ ᠣᠢ᠌ᠯᠠᠭ᠋ᠠᠭᠳᠠᠬᠣᠨᠢ ᠪᠠᠷᠢᠮᠲᠠᠯᠠᠵᠤ᠂ ᠰᠣᠶᠣᠯ ᠪᠠ ᠵᠢᠭᠣᠯᠴᠢᠯᠡᠯ᠎ᠤᠨ ᠬᠦᠷᠢᠶᠡᠨ᠎ᠤ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠤᠳᠤ ᠦᠶ᠎ᠡ ᠵᠢᠨ ᠰᠣᠶᠣᠯ᠎ᠤᠨ ᠠᠵᠤ ᠦᠢ᠍ᠯᠡᠰ ᠪᠠ ᠵᠢᠭᠣᠯᠴᠢᠯᠡᠯ᠎ᠤᠨ ᠠᠵᠤ ᠦᠢ᠍ᠯᠡᠰ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠲᠠᠰᠤᠷᠠᠯᠲᠠ ᠦᠭᠡᠢ ᠴᠢᠨᠠᠷᠲᠠᠢ ᠠᠬᠢᠭᠤᠯᠤᠨ᠎ᠠ᠃ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠯᠦᠭᠯᠡᠯ᠎ᠢ ᠪᠡᠯᠡᠳᠬᠡᠨ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠮᠥᠩᠭᠥ ᠪᠠᠶ᠋ᠢᠭᠤᠯᠬᠤ ᠵᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ ᠬᠢᠭᠡᠳ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠬᠣᠷᠰᠢᠯᠴᠠᠭ᠎ᠠ ᠵᠢ ᠭᠦᠨᠵᠡᠭᠡᠢ᠌ᠷᠡᠭᠦᠯᠦᠨ᠂ ᠰᠣᠶᠣᠯ ᠵᠢᠭᠤᠯᠴᠢᠯᠠᠯ᠎ᠤᠨ ᠴᠢᠬᠤᠯᠠ ᠶᠡᠬᠡ ᠲᠥᠷᠥᠯ ᠵᠦᠢ᠍ᠯ᠎ᠤᠨ ᠪᠡᠯᠡ ᠣᠷᠣᠭᠤᠯᠵᠤ ᠪᠡᠯᠡ ᠳᠣᠬᠢᠷᠠᠭᠣᠯᠬᠤ ᠰᠢᠰᠲ᠋ᠧᠮᠵᠢ ᠵᠢ ᠲᠡᠭᠦᠯᠳᠡᠷᠵᠢᠭᠦᠯᠦᠨ᠎ᠡ᠃ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠵᠢᠭᠡᠯᠡᠯᠭᠡ ᠵᠢᠨ ᠲᠥᠷᠥᠯ ᠵᠦᠢ᠍ᠯ᠎ᠤᠨ ᠨᠦᠬᠦᠪᠦᠷᠢᠲᠡᠢ ᠬᠦᠤ ᠵᠢᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠵᠤ᠂ ᠭᠣᠤᠯᠳᠠᠯᠭ᠎ᠠ᠎ᠲᠠᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠠᠩᠬᠢ ᠵᠢᠨ ᠵᠢᠭᠡᠯᠡᠯᠭᠡ᠎ᠳᠤ ᠨᠦᠬᠦᠪᠦᠷᠢᠲᠡᠢ ᠬᠦᠤ ᠣᠯᠭᠣᠨ᠎ᠠ᠃ 《ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠳᠠᠯᠳᠠ ᠬᠦᠴᠦᠨ᠎ᠢ ᠤᠯᠠᠮ ᠨᠢᠭᠡ ᠠᠯᠬᠤᠮ ᠬᠦᠭᠵᠢᠭᠦᠯᠬᠦ ᠲᠤᠬᠠᠶ ᠰᠠᠨᠠᠯ》᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠬᠡᠯᠪᠡᠷᠢ ᠪᠠ ᠬᠡᠷᠡᠭᠯᠡᠭᠡᠨ᠎ᠤ ᠵᠠᠭᠪᠤᠷ᠎ᠢ ᠪᠣᠶ᠋ᠢᠵᠢᠭᠤᠯᠤᠨ᠂ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠰᠥᠨᠢ ᠵᠢᠨ ᠠᠵᠤ ᠦᠢ᠍ᠯᠡᠰ᠎ᠢ ᠬᠥᠭᠵᠢᠭᠦᠯᠬᠦ ᠵᠢ ᠳᠡᠮᠵᠢᠵᠦ᠂ ᠤᠯᠤᠰ᠎ᠤᠨ ᠲᠠᠰ᠎ᠤᠨ ᠬᠡᠷᠡᠭᠯᠡᠭᠡᠨ᠎ᠤ ᠲᠤᠷᠰᠢᠯᠲᠠ ᠵᠢᠨ ᠴᠢᠭ ᠪᠣᠯᠬᠤ ᠬᠣᠲᠠ ᠪᠠ ᠰᠥᠨᠢ ᠵᠢᠨ ᠬᠡᠷᠡᠭᠯᠡᠭᠡ ᠲᠥᠪᠯᠡᠷᠡᠭᠰᠡᠨ ᠣᠷᠣᠨ᠎ᠢ ᠭᠤᠶᠤᠴᠢᠯᠠᠨ ᠮᠡᠳᠡᠭᠦᠯᠬᠦ ᠠᠵᠢᠯ᠎ᠢ ᠥᠷᠨᠢᠭᠦᠯᠦᠨ᠎ᠡ᠃ ᠤᠯᠠᠮᠵᠢᠯᠠᠯᠲᠤ ᠮᠣᠩᠭᠣᠯ ᠭᠡᠷ ᠦᠢ᠍ᠯᠡᠳᠬᠦ ᠠᠵᠤ ᠠᠬᠤᠶ᠋ᠢᠯᠠᠯ᠎ᠤᠨ ᠬᠥᠭᠵᠢᠯᠲᠡ ᠵᠢ ᠳᠠᠮᠵᠢᠵᠤ᠂ ᠲᠤᠷᠰᠢᠯᠲᠠ ᠵᠢᠨ ᠴᠢᠭ᠎ᠤᠨ ᠠᠶ᠋ᠢᠮᠠᠭ ᠬᠣᠲᠠ ᠵᠢᠨ ᠤᠯᠠᠮᠵᠢᠯᠠᠯᠲᠤ ᠮᠣᠩᠭᠣᠯ ᠭᠡᠷ ᠦᠢ᠍ᠯᠡᠳᠬᠦ ᠲᠤᠷᠰᠢᠯᠲᠠ ᠵᠢᠨ ᠣᠷᠣᠨ᠎ᠤ ᠠᠵᠢᠯ᠎ᠢ ᠥᠷᠨᠢᠭᠦᠯᠬᠦ ᠵᠢ ᠳᠠᠮᠵᠢᠵᠤ᠂ ᠤᠯᠠᠮᠵᠢᠯᠠᠯᠲᠤ ᠮᠣᠩᠭᠣᠯ ᠭᠡᠷ ᠬᠡᠷᠡᠭᠯᠡᠬᠦ ᠦᠵᠡᠮᠵᠢ ᠵᠢᠨ ᠣᠷᠣᠨ᠎ᠢ ᠱᠠᠩᠨᠠᠨ ᠬᠥᠬᠢᠭᠦᠯᠦᠨ᠎ᠡ᠃ ᠰᠣᠶᠣᠯ ᠪᠣᠯᠤᠨ ᠵᠢᠭᠤᠯᠴᠢᠯᠠᠯ᠎ᠤᠨ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠲᠦᠯᠬᠢᠨ ᠠᠬᠢᠭᠤᠯᠵᠤ᠂ ᠤᠯᠤᠰ᠎ᠤᠨ ᠲᠡᠰ᠎ᠤᠨ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢᠱ᠌ᠢᠶ᠎ᠡ ᠦᠵᠡᠭᠦᠯᠬᠦ ᠲᠣᠭᠣᠷᠢᠭ᠎ᠢ ᠵᠣᠬᠢᠶᠠᠨ ᠪᠠᠶ᠋ᠢᠭᠤᠯᠤᠨ ᠮᠡᠳᠡᠭᠦᠯᠵᠤ᠂ ᠰᠣᠶᠣᠯ ᠪᠣᠯᠤᠨ ᠵᠢᠭᠤᠯᠴᠢᠯᠠᠯ᠎ᠤᠨ ᠲᠠᠸᠠᠷ᠎ᠢ ᠦᠵᠡᠮᠵᠢ ᠵᠢᠨ ᠣᠷᠣᠨ᠎ᠳᠤ ᠣᠷᠣᠭᠤᠯᠬᠤ ᠲᠥᠯᠥᠪᠯᠡᠭᠡ ᠵᠢ ᠬᠡᠷᠡᠭᠵᠢᠭᠦᠯᠵᠤ᠂ 《ᠮᠢᠩᠭ᠋ᠠᠨ ᠭᠠᠯᠪᠠ ᠵᠢᠨ ᠮᠣᠷᠢᠨ᠎ᠤ ᠮᠠᠭᠲᠠᠭ᠋ᠠᠯ》 ᠵᠡᠷᠭᠡ ᠳᠠᠯᠠᠪᠣᠷ ᠡᠵᠡᠯᠡᠬᠦ ᠲᠣᠭᠯᠠᠯᠲᠠ ᠵᠢᠨ ᠲᠥᠷᠥᠯ ᠵᠦᠢ᠍ᠯ᠎ᠢ ᠭᠣᠤᠯᠳᠠᠯᠭ᠎ᠠ᠎ᠲᠠᠢ ᠳᠠᠮᠵᠢᠵᠤ᠂ 4A᠎ᠠᠴᠠ ᠳᠡᠭᠡᠭᠰᠢᠬᠢ ᠦᠵᠡᠮᠵᠢ ᠵᠢᠨ ᠣᠷᠣᠨ᠎ᠳᠤ ᠰᠣᠶᠣᠯ ᠵᠢᠭᠤᠯᠴᠢᠯᠠᠯ᠎ᠤᠨ ᠲᠠᠸᠠᠷ᠎ᠤᠨ ᠪᠣᠳᠠᠲᠤ ᠴᠣᠭᠴᠠ ᠵᠢᠨ ᠳᠡᠯᠭᠡᠭᠦᠷ ᠨᠡᠭᠡᠭᠡᠬᠦ ᠵᠢ ᠳᠠᠮᠵᠢᠵᠤ᠂ ᠠᠵᠤ ᠠᠬᠤᠶ᠋ᠢᠯᠠᠯ᠎ᠤᠨ ᠠᠷᠠᠳ᠎ᠤᠨ ᠠᠭ᠋ᠠᠷ᠎ᠤᠨ ᠲᠡᠭᠡᠭᠡᠪᠦᠷᠢ᠂ ᠲᠡᠮᠦᠷ ᠵᠠᠮ᠂ ᠵᠠᠰᠠᠮᠠᠯ ᠵᠠᠮ᠂ ᠭᠣᠤᠯ ᠬᠤᠳᠠᠯᠳᠤᠭ᠋ᠠᠨ᠎ᠤ ᠲᠣᠭᠣᠷᠢᠭ᠂ ᠰᠣᠶᠣᠯ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠨᠢᠭᠡᠴᠢ᠎ᠳᠤ ᠰᠣᠶᠣᠯ ᠵᠢᠭᠤᠯᠴᠢᠯᠠᠯ᠎ᠤᠨ ᠲᠠᠸᠠᠷ᠎ᠤᠨ ᠪᠣᠳᠠᠲᠤ ᠴᠣᠭᠴᠠ ᠵᠢᠨ ᠳᠡᠯᠭᠡᠭᠦᠷ ᠨᠡᠭᠡᠭᠡᠬᠦ ᠵᠢ ᠳᠠᠮᠵᠢᠨ᠎ᠠ᠃ ᠦᠨᠳᠦᠰᠦᠲᠡᠨ᠎ᠤ ᠤᠯᠠᠮᠵᠢᠯᠠᠯᠲᠤ ᠭᠠᠷ ᠤᠷᠠᠯᠠᠯ᠎ᠢ ᠤᠯᠠᠮᠵᠢᠯᠠᠨ ᠵᠠᠯᠭ᠋ᠠᠮᠵᠢᠯᠠᠬᠤ ᠪᠠ ᠰᠣᠶᠣᠯ ᠵᠢᠭᠤᠯᠴᠢᠯᠠᠯ᠎ᠤᠨ ᠲᠠᠸᠠᠷ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠭᠠᠷ ᠤᠷᠠᠯᠠᠯ᠎ᠤᠨ ᠶᠡᠬᠡ ᠪᠠᠭᠰᠢ᠂ ᠳᠡᠭᠡᠳᠦ ᠰᠤᠷᠭ᠋ᠠᠭᠤᠯᠢ᠂ ᠨᠡᠢ᠌ᠬᠡᠮ᠎ᠤᠨ ᠠᠵᠤ ᠠᠬᠤᠶ᠋ᠢᠯᠠᠯ᠂ ᠰᠣᠶᠣᠯ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠨᠢᠭᠡᠴᠢ ᠵᠢᠨ ᠰᠣᠶᠣᠯ ᠵᠢᠭᠤᠯᠴᠢᠯᠠᠯ᠎ᠤᠨ ᠪᠦᠲᠦᠭᠡᠯᠴᠢ ᠦᠢ᠍ᠯᠡᠳᠭᠦᠨ ᠪᠠ ᠬᠣᠪᠢᠰᠬᠠᠯ᠎ᠳᠦ ᠰᠣᠶᠣᠯ᠎ᠤᠨ ᠡᠭᠦᠳᠦᠯᠲᠡ ᠵᠢᠨ ᠦᠢ᠍ᠯᠡᠳᠭᠦᠨ᠎ᠢ ᠬᠥᠭᠵᠢᠭᠦᠯᠬᠦ ᠵᠢ ᠲᠡᠮᠵᠢᠨ᠎ᠡ᠃ 《ᠥᠪᠥᠷ ᠮᠣᠩᠭᠣᠯ᠎ᠤᠨ ᠪᠡᠯᠡᠭ》᠎ᠤᠨ ᠨᠠᠷᠠᠲᠤ ᠲᠥᠷᠥᠯ ᠲᠡᠮᠳᠡᠭᠲᠦ ᠵᠢ ᠢᠳᠡᠪᠬᠢᠲᠡᠶ᠎ᠪᠠᠷ ᠪᠣᠶ᠋ᠢᠵᠢᠭᠤᠯᠤᠨ᠎ᠠ᠃ ᠪᠦᠯᠬᠦᠮ ᠵᠣᠬᠢᠶᠠᠨ ᠪᠠᠶ᠋ᠢᠭᠤᠯᠤᠨ ᠱᠧᠨᠵᠧᠨ᠂ ᠪᠡᠭᠡᠵᠢᠩ᠂ ᠲᠢᠶᠠᠨᠵᠢᠨ᠂ ᠰᠧᠴᠤᠸᠠᠨ ᠵᠡᠷᠭᠡ ᠭᠠᠵᠠᠷ ᠣᠷᠣᠨ᠎ᠤ ᠰᠣᠶᠣᠯ᠎ᠤᠨ ᠦᠵᠡᠰᠬᠦᠯᠡᠩ᠎ᠤᠨ ᠴᠤᠭᠯᠠᠭ᠋ᠠᠨ᠂ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠣᠷᠣᠯᠴᠠᠵᠤ᠂ 2020 ᠥᠪᠥᠷ ᠮᠣᠩᠭᠣᠯ᠎ᠤᠨ ᠰᠣᠶᠣᠯ᠎ᠤᠨ ᠪᠦᠲᠦᠭᠡᠯᠴᠢ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ᠎ᠢ ᠡᠷᠭᠢᠯᠡᠵᠦ᠂ ᠥᠪᠥᠷ ᠮᠣᠩᠭᠣᠯ ᠡᠾᠸᠪᠸᠢ ᠯᠢᠶᠣᠤᠨᠢᠩ᠎ᠤᠨ ᠰᠣᠶᠣᠯ᠎ᠤᠨ ᠠᠵᠤ ᠦᠢ᠍ᠯᠡᠰ᠎ᠤᠨ ᠦᠵᠡᠰᠬᠦᠯᠡᠩ᠎ᠤᠨ ᠴᠤᠭᠯᠠᠭ᠋ᠠᠨ᠂ ᠠᠯᠠᠱ᠌ᠠ ᠵᠢᠨ ᠪᠠᠭ᠋ᠠᠳᠣᠷᠴᠣᠳᠤᠨ ᠴᠤᠭᠯᠠᠭ᠋ᠠᠨ᠂ ᠭᠣᠪᠢ ᠵᠢᠨ ᠳ᠋ᠧᠪᠠᠵᠠᠨ ᠵᠡᠷᠭᠡ ᠭᠣᠤᠯᠳᠠᠯᠭ᠎ᠠ᠎ᠲᠠᠢ ᠠᠵᠢᠯᠯᠠᠭ᠎ᠠ ᠵᠢ ᠳᠡᠮᠵᠢᠨ᠎ᠡ᠃
ᠳᠣᠯᠣᠭ᠎ᠠ᠂ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠴᠢᠩᠭ᠋ᠠᠳᠬᠠᠨ᠎ᠠ
ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠬᠦᠭᠵᠢᠯᠲᠡ ᠵᠢ ᠠᠬᠢᠭᠤᠯᠬᠤ ᠲᠤᠬᠠᠶ ᠵᠢᠯᠣᠭᠣᠳᠬᠤ ᠰᠠᠨᠠᠯ》᠎ᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭ᠋ᠠᠮᠵᠢ ᠵᠢ ᠥᠷᠭᠡᠳᠬᠡᠬᠦ᠎ᠪᠠᠷ ᠭᠣᠤᠯ ᠪᠣᠯᠭ᠋ᠠᠵᠤ᠂ ᠪᠥᠬᠥ ᠣᠷᠣᠨ ᠪᠦᠰᠡ ᠵᠢᠨ ᠵᠢᠭᠣᠯᠴᠢᠯᠡᠯ᠎ᠤᠨ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠶ᠋ᠢᠭᠤᠯᠬᠤ ᠵᠢ ᠭᠦᠨᠵᠡᠭᠡᠶ᠋ᠢᠷᠡᠭᠦᠯᠦᠨ᠂ ᠪᠥᠬᠥ ᠣᠷᠣᠨ ᠪᠦᠰᠡ ᠵᠢᠨ ᠵᠢᠭᠤᠯᠴᠢᠯᠠᠯ᠎ᠢ ᠬᠠᠮᠲᠤ᠎ᠪᠠᠷ ᠪᠠᠶ᠋ᠢᠭᠤᠯᠵᠤ᠂ ᠬᠠᠮᠲᠤ᠎ᠪᠠᠷ ᠡᠳ᠋ᠯᠡᠬᠦ ᠰᠢᠨ᠎ᠡ ᠪᠠᠶ᠋ᠢᠷᠢᠰᠢᠯ᠎ᠢ ᠢᠳᠡᠪᠬᠢᠲᠡᠶ ᠪᠠᠢ᠌ᠭᠣᠯᠣᠨ᠎ᠠ᠃ ᠪᠦᠬᠦ ᠣᠷᠣᠨ᠎ᠤ ᠵᠢᠭᠤᠯᠴᠢᠯᠠᠯ᠎ᠤᠨ ᠬᠥᠭᠵᠢᠯᠲᠡ ᠵᠢᠨ ᠶᠡᠬᠡ ᠬᠤᠷᠠᠯ᠎ᠢ ᠬᠣᠷᠠᠯᠳᠣᠭᠣᠯᠣᠨᠠ᠃ ᠦᠬᠠᠢ ᠠᠯᠠᠱ᠌ᠠ᠂ ᠬᠠᠢ᠌ᠯᠠᠷ ᠮᠠᠨᠵᠣᠤᠷ᠂ ᠬᠠᠳᠤᠨ ᠭᠣᠤᠯ ᠤᠨ 《几》 ᠦᠰᠦᠭ᠎ᠤᠨ ᠪᠤᠯᠤᠩ᠂ ᠪᠡᠭᠡᠵᠢᠩ ᠲᠢᠶᠠᠨᠵᠢᠨ ᠾᠧᠪᠧᠶ ᠵᠢ ᠲᠣᠭᠣᠷᠢᠭᠰᠠᠨ ᠪᠠ G7 ᠲᠦᠷᠭᠡᠨ᠎ᠤ ᠵᠠᠰᠠᠮᠠᠯ ᠵᠠᠮ᠎ᠤᠨ ᠰᠣᠶᠣᠯ ᠵᠢᠭᠤᠯᠴᠢᠯᠠᠯ᠎ᠤᠨ ᠦᠵᠡᠭᠦᠯᠦᠯᠭᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠤᠯᠠᠭ᠋ᠠᠨᠬᠠᠳᠠ ᠬᠣᠲᠠ᠂ ᠣᠷᠳᠣᠰ ᠬᠣᠲᠠ᠎ᠪᠠᠷ ᠲᠤᠷᠰᠢᠯᠲᠠ ᠵᠢᠨ ᠴᠢᠭ ᠪᠣᠯᠭ᠋ᠠᠨ᠂ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠥᠷᠨᠢᠭᠦᠯᠦᠨ᠎ᠡ᠃ ᠬᠥᠯᠥᠨ ᠪᠤᠢ᠌ᠷ᠎ᠤᠨ ᠤᠢ ᠵᠢᠨ ᠳᠤᠮᠳᠠᠬᠢ ᠲᠠᠯ᠎ᠠ ᠨᠤᠲᠤᠭ᠂ ᠬᠢᠩᠭ᠋ᠠᠨ ᠠᠶ᠋ᠢᠮᠠᠭ᠎ᠤᠨ ᠤᠯᠠᠭ᠋ᠠᠨᠮᠣᠳᠣ ᠵᠢᠨ ᠲᠠᠯ᠎ᠠ ᠨᠤᠲᠤᠭ᠂ ᠵᠠᠷᠣᠳ ᠬᠣᠰᠢᠭᠤᠨ᠎ᠤ ᠬᠠᠩᠭ᠋ᠠᠢ ᠵᠢᠨ ᠲᠠᠯ᠎ᠠ ᠨᠤᠲᠤᠭ᠂ ᠠᠷᠤ ᠬᠣᠷᠴᠢᠨ ᠬᠣᠰᠢᠭᠤᠨ᠎ᠤ ᠨᠡᠭᠦᠳᠡᠯ ᠮᠠᠯᠵᠢᠯ᠎ᠤᠨ ᠲᠠᠯ᠎ᠠ ᠨᠤᠲᠤᠭ᠂ ᠰᠢᠯᠢ ᠵᠢᠨ ᠭᠣᠣᠯ ᠠᠶ᠋ᠢᠮᠠᠭ᠎ᠤᠨ ᠯᠢᠦ ᠯᠠᠨ ᠲᠠᠯ᠎ᠠ ᠨᠤᠲᠤᠭ ᠵᠡᠷᠭᠡ ᠲᠠᠯ᠎ᠠ ᠨᠤᠲᠤᠭ᠎ᠤᠨ ᠦᠵᠡᠮᠵᠢ ᠵᠢᠨ ᠣᠷᠣᠨ᠎ᠤ ᠪᠦᠳᠦᠭᠡᠨ ᠪᠠᠶ᠋ᠢᠭᠤᠯᠤᠯᠲᠠ ᠵᠢ ᠰᠠᠶ᠋ᠢᠲᠤᠷ ᠠᠳᠬᠤᠵᠤ᠂ ᠬᠥᠯᠥᠨ ᠪᠣᠢ᠌ᠷ᠎ᠤᠨ ᠮᠡᠷᠭᠡᠨ ᠭᠣᠣᠯ ᠵᠡᠷᠭᠡ 5A ᠲᠡᠰ᠎ᠤᠨ ᠵᠢᠭᠣᠯᠴᠢᠯᠠᠯ᠎ᠤᠨ ᠦᠵᠡᠮᠵᠢ ᠵᠢᠨ ᠣᠷᠣᠨ᠎ᠢ ᠪᠠᠶ᠋ᠢᠭᠤᠯᠵᠤ᠂ ᠵᠢᠭᠣᠯᠴᠢᠯᠡᠯ᠎ᠤᠨ ᠭᠣᠣᠯᠯᠠᠭᠴᠢ ᠲᠠᠲᠠᠬᠤ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠣᠷᠳᠣ ᠴᠠᠭ᠋ᠠᠨ ᠬᠡᠷᠡᠮ᠎ᠤᠨ ᠵᠢᠭᠤᠯᠴᠢᠯᠠᠯ᠂ ᠵᠡᠭᠦᠨᠭ᠋ᠠᠷ᠎ᠤᠨ ᠶᠡᠬᠡ ᠬᠠᠪᠴᠢᠯ᠎ᠤᠨ ᠵᠢᠭᠤᠯᠴᠢᠯᠠᠯ᠂ ᠬᠠᠲᠤᠨ ᠭᠣᠤᠯ᠎ᠤᠨ 《几》 ᠦᠰᠦᠭᠲᠦ ᠪᠤᠯᠤᠩ᠎ᠤᠨ ᠵᠢᠭᠤᠯᠴᠢᠯᠠᠯ᠎ᠢ ᠬᠥᠭᠵᠢᠭᠦᠯᠦᠨ᠎ᠡ᠃ ᠡᠪᠦᠯ᠎ᠤᠨ ᠤᠯᠠᠷᠢᠯ᠎ᠤᠨ ᠵᠢᠭᠤᠯᠴᠢᠯᠠᠯ᠎ᠢ ᠬᠥᠭᠵᠢᠭᠦᠯᠵᠦ᠂ ᠮᠥᠰᠥ ᠴᠠᠰᠤᠨ᠎ᠤ ᠵᠢᠭᠤᠯᠴᠢᠯᠠᠯ᠎ᠤᠨ ᠨᠢᠭᠡ ᠪᠦᠯᠦᠭ ᠪᠦᠳᠦᠭᠡᠭᠳᠡᠭᠦᠨ᠎ᠢ ᠲᠥᠪᠯᠡᠷᠡᠭᠦᠯᠦᠨ ᠭᠠᠷᠭ᠋ᠠᠵᠤ᠂ ᠥᠪᠥᠷ ᠮᠣᠩᠭᠣᠯ᠎ᠤᠨ ᠮᠥᠰᠥ ᠴᠠᠰᠤᠨ᠎ᠤ ᠠᠵᠤ ᠠᠬᠤᠢ ᠵᠢᠨ ᠬᠥᠭᠵᠢᠯᠲᠡ ᠵᠢ ᠠᠬᠢᠭᠣᠯᠣᠨ᠎ᠠ᠃ ᠬᠥᠳᠡᠭᠡ ᠲᠣᠰᠬᠣᠨ᠎ᠤ ᠵᠢᠭᠤᠯᠴᠢᠯᠠᠯ᠎ᠢ ᠬᠥᠭᠵᠢᠭᠦᠯᠵᠦ᠂ ᠵᠢᠭᠤᠯᠴᠢᠯᠠᠯ᠎ᠤᠨ ᠠᠵᠤ ᠦᠢ᠍ᠯᠡᠰ ᠵᠶ᠋ᠠᠷ ᠶᠠᠳᠠᠭᠤ ᠵᠢ ᠳᠡᠳᠭᠦᠬᠦ ᠠᠵᠢᠯ᠎ᠢ ᠰᠠᠶ᠋ᠢᠲᠤᠷ ᠬᠢᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ᠃ ᠬᠤᠪᠢᠰᠬᠠᠯ᠎ᠤᠨ ᠳᠤᠷᠠᠰᠬᠠᠯᠲᠤ ᠵᠢᠭᠣᠯᠴᠢᠯᠡᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠰᠣᠶᠣᠯ᠎ᠤᠨ ᠵᠢᠭᠣᠯᠴᠢᠯᠡᠯ᠎ᠤᠨ ᠰᠢᠨ᠎ᠡ ᠨᠡᠷ᠎ᠡ ᠵᠢᠨ ᠬᠠᠭᠤᠳᠠᠰᠤ ᠵᠢ ᠡᠭᠦᠳᠦᠨ᠎ᠡ᠃ 《ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ》᠎ᠤᠨ ᠭᠣᠤᠯᠯᠠᠭᠴᠢ ᠵᠢᠭᠤᠯᠴᠢᠯᠠᠯ᠎ᠤᠨ ᠨᠠᠷᠠᠲᠤ ᠲᠥᠷᠥᠯ ᠲᠡᠮᠳᠡᠭ᠎ᠲᠠᠢ ᠤᠶᠠᠯᠳᠤᠭᠤᠯᠤᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠤᠬᠠᠭᠤᠯᠤᠨ ᠪᠣᠷᠣᠯᠠᠭᠤᠯᠬᠤ ᠵᠢ ᠪᠥᠬᠥ ᠲᠠᠯ᠎ᠠ᠎ᠪᠠᠷ ᠥᠷᠨᠢᠭᠦᠯᠵᠦ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠢ ᠡᠮᠬᠢᠯᠡᠨ ᠨᠡᠶ᠋ᠢᠯᠡᠭᠦᠯᠵᠦ ᠤᠯᠠᠮᠵᠢᠯᠠᠨ ᠲᠠᠷᠬᠠᠭ᠋ᠠᠬᠤ ᠰᠢᠨ᠎ᠡ ᠪᠠᠶ᠋ᠢᠷᠢᠰᠢᠯ᠎ᠢ ᠪᠣᠶ ᠪᠣᠯᠭ᠋ᠠᠨ᠎ᠠ᠃ 《ᠥᠪᠥᠷ ᠮᠣᠩᠭᠣᠯ᠎ᠤᠨ ᠦᠨᠦᠷ ᠠᠮᠲᠠ》 ᠨᠠᠷᠠᠲᠤ ᠲᠥᠷᠥᠯ ᠲᠡᠮᠳᠡᠭᠲᠦ ᠵᠢᠨ ᠨᠥᠯᠥᠭᠡᠯᠡᠬᠦ ᠬᠦᠴᠦᠨ᠎ᠢ ᠥᠷᠭᠡᠳᠬᠡᠵᠦ᠂ 《ᠥᠪᠥᠷ ᠮᠣᠩᠭᠣᠯ᠎ᠤᠨ ᠦᠨᠦᠷ ᠠᠮᠲᠠ》᠂ 《ᠥᠪᠥᠷ ᠮᠣᠩᠭᠣᠯ᠎ᠤᠨ ᠳᠠᠭᠤᠤ ᠬᠥᠭᠵᠢᠮ》 ᠂ 《ᠥᠪᠥᠷ ᠮᠣᠩᠭᠣᠯ᠎ᠤᠨ ᠺᠢᠨᠣ᠋ ᠲᠧᠯᠸᠢᠰ》 ᠬᠢᠭᠡᠳ 《ᠥᠪᠥᠷ ᠮᠣᠩᠭᠣᠯ᠎ᠤᠨ ᠵᠢᠭᠤᠯᠴᠢᠯᠠᠯ》᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃ ᠰᠣᠶᠣᠯ ᠵᠢᠭᠤᠯᠴᠢᠯᠠᠯ᠎ᠤᠨ ᠪᠠᠶᠠᠷ ᠳᠤᠷᠠᠰᠬᠠᠯ᠎ᠤᠨ ᠪᠦᠲᠦᠭᠡᠭᠳᠡᠬᠦᠨ᠎ᠢ ᠡᠭᠦᠳᠦᠨ ᠪᠠᠶ᠋ᠢᠭᠤᠯᠵᠤ᠂ ᠲᠠᠯ᠎ᠠ ᠨᠤᠲᠤᠭ᠎ᠤᠨ ᠨᠠᠭ᠋ᠠᠳᠤᠮ᠂ ᠮᠥᠰᠥ ᠴᠠᠰᠤᠨ᠎ᠤ ᠨᠠᠭ᠋ᠠᠳᠤᠮ᠂ ᠮᠣᠩᠭᠣᠯ ᠦᠨᠳᠦᠰᠦᠲᠡᠨ᠎ᠤ ᠬᠤᠪᠴᠠᠰᠤ ᠵᠠᠰᠠᠯ᠎ᠤᠨ ᠤᠷᠠᠯᠢᠭ᠎ᠤᠨ ᠨᠠᠶ᠋ᠢᠷ ᠵᠡᠷᠭᠡ ᠪᠠᠶᠠᠷ ᠳᠤᠷᠠᠰᠬᠠᠯ᠎ᠤᠨ ᠠᠵᠢᠯᠯᠠᠭ᠎ᠠ ᠵᠢ ᠡᠷᠬᠢᠯᠡᠨ᠎ᠡ᠃
ᠨᠠᠢ᠍ᠮᠠ᠂ ᠵᠠᠬ᠎ᠠ ᠳᠡᠯᠭᠡᠭᠦᠷ᠎ᠢ ᠪᠣᠶ᠋ᠢᠵᠢᠭᠤᠯᠬᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ
ᠨᠢᠭᠡᠳᠦᠯᠲᠡᠶ ᠨᠡᠭᠡᠭᠡᠯᠲᠡᠲᠡᠶ᠂ ᠥᠷᠢᠰᠥᠯᠳᠦᠭᠡᠨ᠎ᠨᠢ ᠡᠮᠬᠢ ᠵᠢᠷᠤᠮ᠎ᠲᠠᠢ᠂ ᠦᠨᠡᠨᠴᠢ ᠢᠲᠡᠭᠡᠮᠵᠢᠲᠡᠶ ᠪᠥᠭᠡᠳ ᠬᠠᠤᠯᠢ ᠵᠢ ᠪᠠᠷᠢᠮᠲᠠᠯᠠᠭᠰᠠᠨ᠂ ᠬᠢᠨᠠᠯᠲᠠ ᠬᠠᠮᠢᠶᠠᠷᠤᠯᠲᠠ᠎ᠨᠢ ᠬᠦᠴᠦᠲᠡᠶ ᠣᠲᠣ ᠦᠶ᠎ᠡ ᠵᠢᠨ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠰᠢᠰᠲ᠋ᠧᠮᠵᠢ ᠵᠢ ᠪᠠᠶ᠋ᠢᠭᠤᠯᠵᠤ᠂ ᠠᠭᠤᠯᠭ᠎ᠠ ᠵᠢᠨ ᠬᠢᠨᠠᠯᠲᠠ ᠬᠠᠮᠢᠶᠠᠷᠤᠯᠲᠠᠢ ᠴᠢᠬᠣᠯᠠᠴᠢᠯᠠᠭᠰᠠᠨ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ᠎ᠪᠠᠷ ᠭᠣᠤᠯ ᠪᠣᠯᠭ᠋ᠠᠭᠰᠠᠨ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠣᠯᠲᠠ ᠵᠢᠨ ᠰᠢᠰᠲ᠋ᠧᠮᠵᠢ ᠵᠢ ᠪᠦᠷᠢᠨᠰᠢᠬᠦᠯᠵᠦ᠂ ᠰᠣᠶᠣᠯ ᠪᠠ ᠵᠢᠭᠤᠯᠴᠢᠯᠠᠯ᠎ᠤᠨ ᠬᠥᠭᠵᠢᠯᠲᠡ ᠵᠢᠨ ᠰᠠᠶ᠋ᠢᠨ ᠰᠠᠢ᠌ᠬᠠᠨ ᠣᠷᠴᠢᠨ ᠲᠣᠭᠣᠷᠢᠨ᠎ᠢ ᠢᠳᠡᠪᠬᠢᠲᠡᠶ ᠪᠣᠶ ᠪᠣᠯᠭ᠋ᠠᠨ᠎ᠠ᠃ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠠᠬᠢ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢᠨ ᠬᠤᠪᠢᠷᠠᠭᠤᠯᠤᠯᠲᠠ ᠵᠢ ᠠᠬᠢᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠨᠠᠩ ᠶᠡᠬᠡ ᠬᠥᠭᠵᠢᠭᠡᠵᠦ᠂ ᠳᠣᠲᠣᠭ᠋ᠠᠳᠤ ᠵᠢᠨ ᠬᠥᠳᠡᠯᠭᠡᠬᠦ ᠬᠦᠴᠦᠨ᠎ᠢ ᠴᠢᠩᠭ᠋ᠠᠷᠠᠭᠤᠯᠤᠨ᠂ ᠳᠣᠲᠣᠭ᠋ᠠᠳᠤ ᠬᠡᠷᠡᠭᠴᠡᠭᠡᠨ᠎ᠤ ᠳᠠᠯᠳᠠ ᠬᠦᠴᠦᠨ᠎ᠢ ᠪᠠᠳᠠᠷᠠᠭᠤᠯᠤᠨ᠎ᠠ᠃ ᠰᠣᠶᠣᠯ ᠪᠠ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠲᠥᠯᠥᠪᠯᠡᠭᠡ ᠵᠢ ᠬᠡᠷᠡᠭᠵᠢᠭᠦᠯᠵᠤ᠂ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠵᠢᠭᠤᠯᠴᠢᠯᠠᠯ᠎ᠤᠨ ᠣᠷᠣᠨ ᠰᠠᠭᠤᠴᠠ ᠪᠠ ᠵᠢᠭᠤᠯᠴᠢᠯᠠᠯ᠎ᠤᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠰᠦᠯᠵᠢᠶᠡᠨ ᠳᠡᠭᠡᠷᠡᠬᠢ ᠵᠢᠭᠤᠯᠴᠢᠯᠠᠯ᠎ᠤᠨ ᠡᠵᠡᠩᠨᠡᠯᠲᠡ ᠵᠢᠨ ᠦᠢ᠍ᠯᠡᠴᠢᠯᠡᠭᠡ ᠵᠢ ᠵᠢᠷᠤᠮᠵᠢᠭᠤᠯᠵᠤ᠂ ᠵᠢᠭᠤᠯᠴᠢᠯᠠᠯ᠎ᠤᠨ ᠢᠲᠡᠭᠡᠮᠵᠢ ᠵᠢᠨ ᠰᠢᠰᠲ᠋ᠧᠮᠵᠢ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠵᠢᠭᠤᠯᠴᠢᠯᠠᠯ᠎ᠤᠨ ᠠᠮᠤᠷ ᠲᠦᠪᠰᠢᠨ᠎ᠤ ᠠᠵᠢᠯ᠎ᠢ ᠰᠠᠶ᠋ᠢᠲᠤᠷ ᠬᠢᠨ᠎ᠡ᠃ ᠪᠣᠯᠪᠠᠰᠤᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ᠂ ᠪᠣᠯᠪᠠᠰᠤᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠨᠢᠭᠡᠴᠢ ᠵᠢ ᠡᠭᠦᠳᠦᠨ ᠪᠠᠶ᠋ᠢᠭᠤᠯᠬᠤ ᠵᠢ ᠥᠷᠨᠢᠭᠦᠯᠦᠨ᠎ᠡ᠃ ᠰᠦᠯᠵᠢᠶᠡᠨ᠎ᠳᠤ ᠭᠠᠷᠬᠤ ᠦᠢ᠍ᠯᠡᠴᠢᠯᠡᠭᠡ ᠪᠠ ᠰᠣᠶᠣᠯ ᠴᠡᠩᠭᠡᠯ᠎ᠤᠨ ᠠᠵᠢᠯ ᠲᠦᠷᠦᠯ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠦᠷᠭᠦᠯᠵᠢᠯᠡᠨ ᠠᠬᠢᠭᠤᠯᠤᠨ᠎ᠠ᠃ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠤ ᠂ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠤ᠎ᠬᠢ ᠬᠠᠷ᠎ᠠ ᠪᠦᠯᠦᠭᠲᠡᠨ ᠬᠠᠷᠭᠢᠰ ᠬᠦᠴᠦᠨ ᠂ ᠱᠠᠯᠢᠭ ᠵᠠᠪᠬᠠᠶ ᠵᠦᠢ᠍ᠯᠡᠰ᠎ᠢ ᠠᠷᠢᠯᠭ᠋ᠠᠨ᠂ ᠬᠠᠤᠯᠢ ᠪᠤᠰᠤ ᠬᠡᠪᠯᠡᠭᠳᠡᠬᠦᠨ᠎ᠳᠤ ᠴᠣᠬᠢᠯᠲᠠ ᠥᠭᠬᠦ ᠪᠠ ᠱᠠᠰᠢᠨ ᠰᠣᠷᠲᠠᠬᠣᠨ ᠳᠤ ᠬᠢᠨᠠᠯᠲᠠ ᠲᠠᠯᠪᠢᠬᠣ ᠠᠵᠢᠯ᠎ᠢ ᠦᠷᠭᠦᠯᠵᠢᠯᠡᠨ ᠥᠷᠨᠢᠭᠦᠯᠵᠦ᠂ ᠭᠤᠷᠪᠠᠳᠠᠬᠢ ᠡᠲᠡᠭᠡᠳ᠎ᠤᠨ ᠳᠠᠯᠳᠠᠭᠤᠷ ᠰᠣᠷᠪᠣᠯᠵᠢᠯᠠᠨ ᠪᠠᠶ᠋ᠢᠴᠠᠭ᠋ᠠᠬᠤ᠂ ᠣᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠬᠦ᠂ ᠭᠠᠵᠠᠷ ᠣᠷᠣᠨ᠎ᠤ ᠬᠣᠭᠣᠷᠣᠨᠳᠣᠬᠢ ᠰᠣᠯᠪᠢᠴᠠᠨ ᠬᠠᠤᠯᠢ ᠬᠡᠷᠡᠭᠵᠢᠭᠦᠯᠬᠦ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠵᠢᠭᠤᠯᠴᠢᠯᠠᠯ᠎ᠤᠨ ᠠᠵᠢᠯ ᠡᠷᠬᠢᠯᠡᠭᠰᠡᠳ᠎ᠤᠨ ᠦᠨᠡᠨᠴᠢ ᠢᠲᠡᠭᠡᠮᠵᠢᠲᠡᠶ᠎ᠪᠠᠷ ᠡᠵᠡᠩᠨᠡᠬᠦ᠂ ᠵᠢᠭᠤᠯᠴᠢᠯᠠᠭᠰᠠᠳ᠎ᠤᠨ ᠪᠣᠯᠪᠠᠰᠤᠨ ᠵᠢᠭᠤᠯᠴᠢᠯᠠᠯ᠎ᠤᠨ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃ ᠪᠦᠬᠦ ᠤᠯᠤᠰ᠎ᠤᠨ ᠵᠢᠭᠤᠯᠴᠢᠯᠠᠯ᠎ᠤᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠂ ᠪᠦᠬᠦ ᠤᠯᠤᠰ᠎ᠤᠨ ᠰᠣᠶᠣᠯ᠎ᠤᠨ ᠵᠠᠬ᠎ᠠ ᠳᠡᠯᠭᠡᠭᠦᠷ᠎ᠤᠨ ᠮᠡᠷᠭᠡᠵᠢᠯ᠎ᠤᠨ ᠬᠢᠨᠠᠯᠲᠠ ᠬᠠᠮᠢᠶᠠᠷᠤᠯᠲᠠ ᠬᠢᠭᠡᠳ ᠦᠢ᠍ᠯᠡᠴᠢᠯᠡᠭᠡᠨ᠎ᠤ ᠲᠠᠪᠴᠠᠩ᠎ᠤᠨ ᠬᠡᠷᠡᠭᠯᠡᠯᠲᠡ ᠳᠡᠯᠭᠡᠷᠡᠭᠦᠯᠦᠯᠲᠡ ᠵᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠵᠢᠭᠤᠯᠴᠢᠯᠠᠯ᠎ᠤᠨ ᠵᠠᠭ᠋ᠠᠯᠳᠤᠯᠭ᠎ᠠ ᠵᠢ ᠭᠥᠯᠢᠶᠡᠨ ᠠᠪᠴᠤ ᠰᠢᠢ᠍ᠳᠪᠦᠷᠢᠯᠡᠬᠦ ᠲᠥᠪ᠎ᠢ ᠪᠠᠶ᠋ᠢᠭᠤᠯᠵᠤ᠂ ᠰᠣᠶᠣᠯ᠎ᠤᠨ ᠪᠠ ᠵᠢᠭᠣᠯᠴᠢᠯᠡᠯ᠎ᠤᠨ ᠵᠠᠬ᠎ᠠ ᠳᠡᠯᠭᠡᠭᠦᠷ᠎ᠤᠨ ᠵᠠᠭ᠋ᠠᠯᠳᠤᠵᠤ ᠢᠯᠡᠴᠢᠯᠡᠨ ᠮᠡᠳᠡᠭᠦᠯᠦᠭᠰᠡᠨ ᠬᠡᠷᠡᠭ᠎ᠢ ᠴᠠᠭ ᠲᠤᠬᠠᠶ᠎ᠳᠤᠨᠢ ᠭᠥᠯᠢᠶᠡᠨ ᠠᠪᠴᠤ ᠰᠢᠢ᠍ᠳᠪᠣᠷᠢᠯᠡᠬᠦ᠂ ᠰᠢᠯᠵᠢᠭᠦᠯᠦᠨ ᠭᠦᠢ᠍ᠴᠡᠳᠭᠡᠵᠤ ᠰᠢᠮᠳᠠᠭᠤᠯᠤᠨ ᠰᠢᠢ᠍ᠳᠪᠣᠷᠢᠯᠡᠬᠦ ᠵᠢ ᠪᠡᠶᠡᠯᠡᠭᠦᠯᠦᠨ᠎ᠡ ᠃ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠰᠢᠯᠭ᠋ᠠᠨ ᠦᠨᠡᠯᠡᠬᠦ ᠲᠣᠭᠲᠠᠴᠠ ᠵᠢ ᠳᠡᠭᠦᠯᠳᠡᠷᠵᠢᠭᠦᠯᠣᠨ᠎ᠡ᠃
ᠶᠢᠰᠦ᠂ ᠭᠠᠳᠠᠭ᠋ᠠᠳᠤ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠤᠨ᠎ᠠ
ᠵᠠᠰᠠᠭ᠎ᠤᠨ ᠣᠷᠳᠣᠨ ᠨᠢᠭᠡᠳᠦᠯᠲᠡᠶ ᠲᠥᠯᠥᠪᠯᠡᠬᠦ᠂ ᠨᠡᠶ᠋ᠢᠭᠡᠮ ᠨᠡᠶ᠋ᠢᠲᠡ᠎ᠪᠠᠷ ᠵᠶ᠋ᠠᠨ ᠣᠷᠣᠯᠴᠠᠬᠤ᠂ ᠵᠠᠬ᠎ᠠ ᠳᠡᠯᠭᠡᠭᠦᠷ ᠤᠨ ᠠᠵᠢᠯᠯᠠᠭ᠋ᠠᠨ᠎ᠤ ᠠᠷᠭ᠎ᠠ ᠮᠠᠶᠢᠭ᠎ᠢ ᠪᠠᠷᠢᠮᠲᠠᠯᠠᠵᠤ᠂ ᠭᠠᠳᠠᠭ᠋ᠠᠳᠤ᠎ᠲᠠᠢ ᠰᠣᠯᠢᠯᠴᠠᠭ᠎ᠠ ᠬᠢᠬᠦ ᠪᠠ ᠬᠠᠮᠳᠣᠷᠠᠯᠴᠠᠭ᠎ᠠ ᠵᠢ ᠨᠢᠭᠡᠳᠦᠯᠲᠡᠶ ᠲᠥᠯᠥᠪᠯᠡᠨ᠂ ᠤᠳᠤ ᠦᠶ᠎ᠡ ᠵᠢᠨ ᠳᠤᠮᠳᠠᠳᠤ ᠤᠯᠤᠰ᠎ᠤᠨ ᠦᠷᠳᠡᠭ᠎ᠤᠨ ᠦᠵᠡᠯᠲᠡ ᠵᠢ ᠪᠦᠳᠦᠮᠵᠢᠲᠡᠢ᠎ᠪᠠᠷ ᠤᠯᠠᠮᠵᠢᠯᠠᠨ ᠲᠠᠷᠬᠠᠭ᠋ᠠᠵᠤ᠂ ᠳᠤᠮᠳᠠᠳᠤ ᠤᠯᠤᠰ᠎ᠤᠨ ᠦᠯᠢᠭᠡᠷ᠂ ᠥᠪᠥᠷ ᠮᠣᠩᠭᠣᠯ᠎ᠤᠨ ᠦᠯᠢᠭᠡᠷ᠎ᠢ ᠰᠠᠶ᠋ᠢᠲᠤᠷ ᠶᠠᠷᠢᠵᠤ᠂ ᠳᠤᠮᠳᠠᠳᠤ ᠵᠢᠨ ᠰᠣᠶᠣᠯ᠎ᠤᠨ ᠥᠪᠡᠷᠮᠢᠴᠡ ᠲᠠᠲᠠᠬᠤ ᠬᠦᠴᠦᠨ᠎ᠢ ᠰᠠᠶ᠋ᠢᠲᠤᠷ ᠢᠯᠡᠷᠡᠭᠦᠯᠦᠨ᠎ᠡ᠃ ᠣᠷᠣᠰ᠂ ᠮᠣᠩᠭᠣᠯ ᠤᠯᠤᠰ᠎ᠤᠨ ᠬᠥᠷᠰᠢ ᠵᠡᠷᠭᠡᠯᠡᠳᠡᠭᠡ ᠭᠠᠵᠠᠷ ᠣᠷᠣᠨ᠎ᠯᠤᠭ᠎ᠠ ᠵᠢᠨ ᠰᠣᠶᠣᠯ᠎ᠤᠨ ᠰᠣᠯᠢᠯᠴᠠᠭ᠎ᠠ ᠪᠠ ᠬᠠᠮᠳᠣᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠶ᠋ᠢᠷᠡᠭᠦᠯᠵᠦ᠂ 《ᠨᠥᠬᠥᠷᠯᠡᠯ · ᠡᠩᠬᠡ ᠲᠠᠶ᠋ᠢᠪᠤᠩ · ᠵᠠᠯᠠᠭᠤ ᠡᠯᠴᠢᠳ》᠎ᠤᠨ ᠵᠠᠯᠠᠭᠤᠴᠤᠳ ᠪᠠᠭ᠋ᠠᠴᠤᠳ᠎ᠤᠨ ᠵᠢᠭᠤᠯᠴᠢᠯᠠᠯ᠎ᠤᠨ ᠵᠤᠰᠠᠯᠠᠩ᠎ᠤᠨ ᠬᠠᠷᠢᠯᠴᠠᠨ ᠠᠶ᠋ᠢᠯᠴᠢᠯᠠᠬᠤ᠂ ᠬᠢᠯᠢ ᠠᠯᠣᠰᠯᠠᠭᠰᠠᠨ ᠵᠢᠭᠤᠯᠴᠢᠯᠠᠯ᠎ᠤᠨ ᠲᠤᠰᠬᠠᠶ ᠭᠠᠯᠲᠤ ᠲᠡᠷᠭᠡ᠂ ᠮᠠᠰᠢᠨ ᠲᠡᠷᠭᠡᠨ᠎ᠤ ᠪᠡᠷᠬᠡᠰᠢᠶᠡᠯᠳᠦ ᠤᠷᠤᠯᠳᠤᠭ᠋ᠠᠨ᠂ ᠮᠤᠨᠢ ᠠᠭᠤᠯᠠ ᠵᠢᠨ ᠬᠠᠲᠠᠨ ᠰᠡᠶ᠋ᠢᠯᠦᠮᠡᠯ᠎ᠤᠨ ᠤᠷᠠᠯᠢᠭ᠎ᠤᠨ ᠬᠣᠤᠰ ᠵᠢᠯ᠎ᠤᠨ ᠦᠵᠡᠭᠦᠯᠦᠯᠭᠡ᠂ ᠣᠯᠠᠨ ᠤᠯᠤᠰ᠎ᠤᠨ ᠨᠡᠷᠡᠨ ᠬᠤᠸᠠᠷ᠎ᠤᠨ ᠤᠷᠠᠯᠢᠭ᠎ᠤᠨ ᠤᠷᠢᠯᠭ᠎ᠠ ᠵᠢᠨ ᠦᠵᠡᠭᠦᠯᠦᠯᠭᠡ ᠵᠡᠷᠭᠡ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠡᠷᠭᠢᠯᠡᠨ᠎ᠡ᠃ ᠰᠢᠩᠭ᠋ᠠᠫᠣᠷ᠂ ᠠᠶ᠋ᠢᠰᠯᠠᠨᠳ᠋᠂ ᠰᠸᠢᠰ᠂ ᠪᠸᠯᠬᠢ ᠵᠡᠷᠭᠡ ᠭᠠᠵᠠᠷ᠎ᠲᠤ ᠬᠦᠷᠴᠦ 《ᠪᠠᠶᠠᠷ ᠪᠠᠶᠠᠰᠬᠤᠯᠠᠩᠲᠤ ᠴᠠᠭ᠋ᠠᠨ ᠰᠠᠷ᠎ᠠ》 ᠵᠢᠨ ᠠᠵᠢᠯᠯᠠᠭ᠎ᠠ ᠦᠷᠨᠢᠭᠦᠯᠦᠨ᠎ᠡ᠃ ᠮᠧᠺᠰᠢᠺᠣ ᠵᠢᠨ ᠳᠤᠮᠳᠠᠳᠤ ᠤᠯᠤᠰ᠎ᠤᠨ ᠰᠣᠶᠣᠯ᠎ᠤᠨ ᠲᠥᠪ᠎ᠲᠠᠢ ᠬᠠᠮᠲᠤᠷᠠᠨ ᠳᠤᠮᠳᠠᠳᠤ ᠤᠯᠤᠰ ᠤᠨ ᠥᠪᠥᠷ ᠮᠣᠩᠭᠣᠯ᠎ᠤᠨ ᠰᠣᠶᠣᠯ᠎ᠤᠨ ᠠᠵᠢᠯᠯᠠᠭ᠎ᠠ ᠵᠢ ᠥᠷᠨᠢᠭᠦᠯᠦᠨ᠎ᠡ᠃ ᠮᠠᠨᠵᠤᠤᠷ ᠬᠣᠲᠠ ᠵᠢᠨ ᠬᠢᠯᠢ ᠵᠢᠨ ᠵᠢᠭᠤᠯᠴᠢᠯᠠᠯ᠎ᠤᠨ ᠲᠤᠷᠰᠢᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠡᠷᠢᠶᠡᠨ ᠬᠣᠲᠠ ᠵᠢᠨ ᠬᠢᠯᠢ ᠠᠯᠤᠰᠯᠠᠭᠰᠠᠨ ᠵᠢᠭᠤᠯᠴᠢᠯᠠᠯ᠎ᠤᠨ ᠬᠠᠮᠲᠤᠷᠠᠯᠴᠠᠭ᠋ᠠᠨ᠎ᠤ ᠣᠷᠣᠨ᠎ᠢ ᠡᠭᠦᠳᠦᠨ ᠪᠠᠶ᠋ᠢᠭᠤᠯᠬᠤ ᠵᠢ ᠳᠠᠮᠵᠢᠨ᠎ᠠ᠃ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠨᠡᠷᠡᠲᠦ ᠲᠡᠮᠳᠡᠭ᠎ᠢ ᠦᠷᠭᠦᠯᠵᠢᠯᠡᠨ ᠡᠭᠦᠳᠴᠦ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠨ᠎ᠠ᠃ ᠤᠯᠤᠰ᠎ᠤᠨ ᠭᠠᠳᠠᠭ᠋ᠠᠳᠤ ᠤᠬᠠᠭᠤᠯᠭ᠎ᠠ ᠵᠢᠨ ᠪᠣᠷᠣᠯᠠᠭᠤᠯᠭ᠎ᠠ ᠵᠢ ᠠᠬᠢᠭᠤᠯᠬᠤ ᠲᠠᠪᠴᠠᠩ᠎ᠢ ᠠᠰᠢᠭᠯᠠᠨ᠂ ᠭᠠᠳᠠᠭ᠋ᠠᠳᠤ᠎ᠳᠤ ᠵᠢᠭᠤᠯᠴᠢᠯᠠᠬᠤ ᠬᠤᠳᠠᠯᠳᠤᠭ᠋ᠠᠴᠢᠨ᠂ ᠵᠢᠭᠤᠯᠴᠢᠯᠠᠯ᠎ᠤᠨ ᠠᠵᠤ ᠠᠬᠤᠶ᠋ᠢᠯᠠᠯ ᠪᠣᠯᠤᠨ ᠠᠭ᠋ᠠᠷ᠎ᠤᠨ ᠲᠡᠭᠡᠭᠡᠪᠦᠷᠢ ᠵᠢᠨ ᠺᠣᠮᠫᠠᠨᠢ᠎ᠯᠤᠭ᠎ᠠ ᠵᠢᠨ ᠬᠣᠷᠰᠢᠯᠴᠠᠭ᠎ᠠ᠎ᠪᠠᠨ ᠴᠢᠩᠭ᠋ᠠᠳᠬᠠᠵᠤ᠂ ᠥᠪᠥᠷ ᠮᠣᠩᠭᠣᠯ᠎ᠤᠨ ᠵᠢᠭᠤᠯᠴᠢᠯᠠᠯ᠎ᠤᠨ ᠭᠠᠳᠠᠭ᠋ᠠᠳᠤ᠎ᠳᠤ ᠤᠬᠠᠭᠤᠯᠤᠨ ᠳᠡᠯᠭᠡᠷᠡᠭᠦᠯᠬᠦ ᠠᠵᠢᠯ᠎ᠢ ᠰᠠᠶ᠋ᠢᠲᠤᠷ ᠬᠢᠬᠦ ᠪᠤᠯᠤᠨ᠎ᠠ᠃ ᠪᠡᠭᠡᠵᠢᠩ ᠲᠢᠶᠠᠨᠵᠢᠨ ᠾᠧᠪᠧᠶ ᠨᠢᠩᠰᠢᠶᠠ ᠱᠠᠨᠰᠢ ᠭᠠᠨᠰᠦ ᠵᠡᠷᠭᠡ ᠡᠷᠭᠢᠨ ᠲᠣᠭᠣᠷᠢᠨ᠎ᠤ ᠮᠣᠵᠢ ᠣᠷᠣᠨ ᠬᠣᠲᠠ ᠪᠤᠯᠤᠨ ᠳᠡᠭᠡᠳᠦ ᠬᠤᠷᠳᠤᠴᠠᠲᠤ ᠲᠡᠮᠦᠷ ᠵᠠᠮ ᠂ ᠬᠠᠳᠤᠨ ᠭᠣᠤᠯ ᠳᠠᠭ᠋ᠠᠤ ᠵᠢᠴᠢ ᠵᠢᠭᠤᠯᠴᠢᠯᠠᠭᠴᠢᠳ᠎ᠤᠨ ᠪᠤᠰᠤᠳ ᠭᠠᠵᠠᠷ ᠣᠷᠣᠨ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠨ᠎ᠠ᠃
ᠠᠷᠪᠠ᠂ ᠵᠠᠰᠠᠨ ᠰᠠᠢ᠌ᠵᠢᠷᠠᠭᠣᠯᠬᠤ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠤᠨ᠎ᠠ
ᠲᠥᠪ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠰᠣᠶᠣᠯ ᠪᠠ ᠵᠢᠭᠤᠯᠴᠢᠯᠠᠯ᠎ᠤᠨ ᠬᠦᠷᠢᠶ᠎ᠡ ᠴᠠᠷᠠᠭ᠎ᠠ᠎ᠳᠤ ᠬᠣᠯᠪᠣᠭᠳᠠᠭᠰᠠᠨ ᠭᠣᠤᠯᠳᠠᠯᠭ᠎ᠠ᠎ᠲᠠᠢ ᠥᠭᠡᠷᠡᠴᠢᠯᠡᠯᠲᠡ ᠵᠢᠨ ᠡᠭᠦᠷᠭᠡ ᠵᠢ ᠲᠣᠭᠣᠰᠢᠯᠠᠭᠣᠯᠣᠨ ᠨᠠᠶ᠋ᠢᠳᠠᠪᠤᠷᠢᠵᠢᠭᠤᠯᠬᠤ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠤᠯᠤᠰ᠎ᠤᠨ ᠥᠮᠴᠢᠯᠡᠯ᠎ᠤᠨ ᠰᠢᠭᠤᠳ ᠬᠠᠷᠢᠶ᠎ᠠ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢᠨ ᠲᠥᠰᠦᠯ᠎ᠢ ᠨᠡᠶ᠋ᠢᠲᠡᠯᠡᠨ᠎ᠡ᠃ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ᠎ᠢ ᠨᠡᠢ᠌ᠲᠡᠯᠡᠨ᠎ᠡ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠰᠣᠶᠣᠯ ᠪᠠ ᠵᠢᠭᠤᠯᠴᠢᠯᠠᠯ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠨᠠᠢ᠌ᠷᠠᠭᠣᠯᠣᠨ ᠵᠣᠬᠢᠶᠠᠬᠤ ᠠᠵᠢᠯ᠎ᠢ ᠰᠠᠶ᠋ᠢᠲᠤᠷ ᠬᠢᠨ᠎ᠡ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠵᠢᠭᠤᠯᠴᠢᠯᠠᠯ᠎ᠤᠨ ᠦᠢ᠍ᠯᠡᠰ᠂ ᠤᠷᠠᠯᠢᠭ᠎ᠤᠨ ᠵᠣᠬᠢᠶᠠᠨ ᠪᠦᠲᠦᠭᠡᠯᠭᠡ᠂ ᠤᠯᠠᠨ ᠨᠡᠶ᠋ᠢᠲᠡ ᠵᠢᠨ ᠦᠢ᠍ᠯᠡᠴᠢᠯᠡᠭᠡ᠂ ᠠᠵᠤ ᠦᠢ᠍ᠯᠡᠰ᠎ᠤᠨ ᠬᠥᠭᠵᠢᠯᠲᠡ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠦᠢ᠍ᠯᠡᠰ᠂ ᠪᠣᠳᠠᠰ᠎ᠤᠨ ᠪᠤᠰᠤ ᠰᠣᠶᠣᠯ᠎ᠤᠨ ᠦᠪ᠎ᠢ ᠣᠯᠠᠮᠵᠢᠯᠠᠨ ᠵᠠᠯᠭ᠋ᠠᠮᠵᠢᠯᠠᠬᠣ ᠵᠢᠴᠢ ᠭᠠᠳᠠᠭ᠋ᠠᠳᠤ᠎ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠵᠡᠷᠭᠡ ᠲᠤᠰᠬᠠᠶ ᠲᠥᠯᠥᠪᠵᠢᠭᠦᠯᠭᠡ ᠵᠢ ᠵᠡᠷᠭᠡ᠎ᠪᠠᠷ ᠨᠠᠶ᠋ᠢᠷᠠᠭᠤᠯᠤᠨ ᠵᠣᠬᠢᠶᠠᠵᠤ᠂ ᠨᠢᠭᠡ ᠪᠦᠯᠦᠭ ᠴᠢᠬᠤᠯᠠ ᠶᠡᠬᠡ ᠢᠨᠵᠧᠨᠧᠷᠢᠩ᠎ᠤᠨ ᠵᠦᠢ᠍ᠯ᠂ ᠴᠢᠬᠤᠯᠠ ᠶᠡᠬᠡ ᠲᠦᠷᠦ ᠵᠢᠨ ᠪᠤᠳᠤᠯᠭ᠎ᠠ ᠪᠠ ᠴᠢᠬᠤᠯᠠ ᠶᠡᠬᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠨᠠᠷᠢᠨ ᠨᠢᠮᠪᠠᠶ ᠲᠥᠯᠥᠪᠵᠢᠭᠦᠯᠦᠨ᠎ᠡ᠃ 《ᠪᠠᠭᠤᠯᠭ᠋ᠠᠬᠤ ᠤᠶᠠᠯᠳᠤᠭᠤᠯᠬᠤ ᠰᠢᠯᠢᠳᠡᠭᠵᠢᠭᠦᠯᠬᠦ》 ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠤ᠎ᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ᠃ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠡᠬᠢ ᠪᠠᠶᠠᠯᠢᠭ᠎ᠤᠨ ᠳᠠᠪᠠᠭᠤᠯᠢᠭ᠎ᠲᠤ᠎ᠪᠠᠨ ᠰᠠᠭᠤᠷᠢᠯᠠᠨ᠂ ᠷᠠᠰᠢᠶᠠᠨ ᠬᠣᠲᠠ ᠵᠢᠨ ᠪᠥᠬᠥ ᠤᠯᠤᠰ᠎ᠤᠨ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠣᠯᠠᠨ ᠨᠡᠢ᠍ᠢ᠍ᠲᠡ ᠵᠢᠨ ᠰᠣᠶᠣᠯ᠎ᠤᠨ ᠦᠢ᠍ᠯᠡᠴᠢᠯᠡᠭᠡ ᠪᠠ ᠵᠢᠭᠤᠯᠴᠢᠯᠠᠯ᠎ᠤᠨ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠬᠣᠲᠠ ᠵᠢ ᠡᠭᠦᠳᠦᠨ ᠪᠠᠶ᠋ᠢᠭᠤᠯᠬᠤ ᠵᠢ ᠵᠢᠯᠣᠭᠣᠳᠤᠨ᠎ᠠ᠃ ᠺᠠᠳ᠋ᠷ᠎ᠢ ᠬᠥᠮᠦᠵᠢᠭᠦᠯᠵᠦ ᠪᠣᠯᠪᠠᠰᠤᠷᠠᠭᠤᠯᠬᠤ ᠪᠠ ᠺᠠᠳ᠋ᠷ᠎ᠲᠤ ᠬᠢᠨᠠᠯᠲᠠ ᠲᠠᠯᠪᠢᠬᠤ ᠡᠷᠴᠢᠮ᠎ᠢ ᠴᠢᠩᠭ᠋ᠠᠷᠠᠭᠤᠯᠤᠨ᠎ᠠ᠃ ᠡᠯ᠎ᠡ ᠰᠠᠯᠠᠭ᠎ᠠ ᠮᠥᠴᠢᠷ᠎ᠤᠨ ᠲᠥᠷᠥᠯ ᠵᠦᠢ᠍ᠯ᠎ᠤᠨ ᠲᠥᠰᠦᠪ᠎ᠤᠨ ᠪᠦᠬᠦ ᠲᠠᠯ᠎ᠠ ᠵᠢᠨ ᠠᠮᠵᠢᠯᠲᠠ ᠪᠦᠲᠦᠮᠵᠢ ᠵᠢᠨ ᠬᠠᠮᠢᠶᠠᠷᠣᠯᠲᠡ ᠵᠢ ᠪᠦᠷᠢᠨᠰᠢᠭᠦᠯᠵᠦ᠂ ᠳᠣᠷᠣᠭᠰᠢ ᠰᠢᠯᠵᠢᠭᠦᠯᠦᠨ ᠥᠭᠬᠦ ᠪᠡᠯᠡ ᠮᠥᠩᠭᠥ ᠵᠢᠨ ᠬᠠᠮᠢᠶᠠᠷᠤᠯᠲᠠ᠎ᠳᠤ ᠬᠢᠨᠠᠯᠲᠠ ᠲᠠᠯᠪᠢᠬᠣ ᠵᠢ ᠴᠢᠩᠭ᠋ᠠᠳᠬᠠᠵᠤ᠂ ᠬᠠᠷᠢᠶ᠎ᠠ ᠨᠢᠭᠡᠴᠢ ᠵᠢᠨ ᠵᠶ᠋ᠠᠨ ᠪᠦᠬᠦᠨ᠎ᠢ ᠬᠠᠮᠤᠷᠤᠭᠰᠠᠨ ᠬᠢᠨᠠᠨ ᠪᠣᠳᠣᠬᠤ ᠪᠠ ᠲᠣᠰᠬᠠᠢ ᠵᠦᠢ᠍ᠯ ᠵᠶ᠋ᠠᠷ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠦᠷᠨᠢᠭᠦᠯᠦᠨ᠎ᠡ᠃ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠲᠢᠩᠬᠢᠮ ᠵᠡᠷᠭᠡ ᠴᠢᠬᠤᠯᠠ ᠶᠡᠬᠡ ᠲᠥᠷᠥᠯ ᠵᠦᠢ᠍ᠯ᠎ᠤᠨ ᠪᠥᠲᠥᠭᠡᠨ ᠪᠠᠢ᠌ᠭᠣᠯᠣᠯᠲᠠ ᠵᠢ ᠠᠬᠢᠭᠤᠯᠤᠨ᠎ᠠ᠃ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢᠵᠢᠯᠲᠠ ᠪᠠ ᠡᠯᠧᠺᠲᠷᠣᠨ ᠵᠠᠰᠠᠭ᠎ᠤᠨ ᠶᠠᠪᠤᠳᠠᠯ᠎ᠤᠨ ᠳᠣᠲᠣᠭ᠋ᠠᠳᠤ ᠰᠦᠯᠵᠢᠶᠡᠨ᠎ᠤ ᠪᠠᠶ᠋ᠢᠭᠤᠯᠤᠯᠲᠠ ᠵᠢ ᠲᠦᠷᠭᠡᠪᠴᠢᠯᠡᠨ ᠠᠬᠢᠭᠤᠯᠤᠨ᠎ᠠ᠃ ᠵᠠᠰᠠᠭ᠎ᠤᠨ ᠶᠠᠪᠤᠳᠠᠯ᠎ᠤᠨ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠰᠢᠨ᠎ᠡ ᠵᠢ ᠡᠭᠦᠳᠬᠦ ᠴᠢᠨᠠᠷᠲᠠᠶ ᠲᠣᠭᠲᠠᠴᠠ ᠪᠠ ᠨᠡᠶ᠋ᠢᠭᠡᠮ᠎ᠤᠨ ᠲᠣᠭ᠎ᠠ ᠪᠠᠷᠢᠮᠲᠠ ᠵᠢᠨ ᠬᠡᠷᠡᠭᠯᠡᠯᠲᠡ ᠵᠢ ᠪᠠᠶ᠋ᠢᠩᠭᠤᠵᠢᠭᠤᠯᠬᠤ ᠵᠠᠭᠪᠤᠷ᠎ᠢ ᠰᠦᠪᠡᠭᠴᠢᠯᠡᠵᠦ᠂ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠴᠢᠳᠠᠮᠵᠢ ᠵᠢ ᠲᠡᠭᠦᠯᠳᠡᠷᠵᠢᠭᠦᠯᠦᠨ᠎ᠡ᠃ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠺᠠᠳ᠋ᠷᠴᠤᠳ᠎ᠤᠨ ᠠᠵᠢᠯ᠎ᠤᠨ ᠮᠡᠳᠡᠭᠡ ᠵᠠᠩᠭᠢᠵᠢᠯᠲᠠ᠂ ᠣᠨᠣᠪᠴᠢᠵᠢᠯᠲᠠ᠂ ᠵᠢᠷᠤᠮᠵᠢᠭᠤᠯᠤᠯᠲᠠ ᠵᠢ ᠲᠦᠯᠬᠢᠨ ᠠᠬᠢᠭᠤᠯᠵᠤ᠂ ᠠᠵᠢᠯ᠎ᠤᠨ ᠶᠠᠰᠤ ᠴᠢᠨᠠᠷ᠎ᠢ ᠲᠠᠰᠣᠷᠠᠯᠲᠠ ᠦᠭᠡᠢ ᠳᠡᠭᠡᠭᠰᠢᠯᠡᠭᠦᠯᠦᠨ᠎ᠡ᠃