ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
2020 ᠤᠨ᠎ᠤ ᠵᠠᠰᠠᠬ᠎ᠤᠨ ᠤᠷᠳᠤᠨ᠎ᠤ ᠠᠵᠢᠯ᠎ᠤᠨ ᠢᠯᠡᠳᠬᠡᠯ᠎ᠤᠨ ᠳᠤᠬᠠᠢ ᠰᠢᠢ᠍ᠳᠪᠦᠷᠢ
ᠨᠡᠶᠢᠲᠡᠯᠡᠭᠰᠡᠨ ᠴᠠᠭ᠄ 2020-05-29

     (2020 ᠤᠨ᠎ᠤ 5 ᠰᠠᠷ᠎ᠠ ᠵᠢᠨ 28᠎ᠤ ᠡᠳᠦᠷ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯ᠎ᠠᠴᠠ ᠪᠠᠳᠤᠯᠠᠪᠠ)
      ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠳᠦᠯᠦᠬᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯ᠎ᠠᠴᠠ ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠺᠧ ᠴᠢᠶᠠᠩ᠎ᠤᠨ ᠬᠢᠭᠰᠡᠨ ᠵᠠᠰᠠᠬ᠎ᠤᠨ ᠤᠷᠳᠤᠨ᠎ᠤ ᠠᠵᠢᠯ᠎ᠤᠨ ᠢᠯᠡᠳᠬᠡᠯ᠎ᠢ ᠰᠤᠨᠤᠰᠤᠬᠰᠠᠨ ᠪᠦᠬᠡᠳ ᠬᠢᠨᠠᠨ ᠵᠦᠪᠯᠡᠪᠡ᠃ ᠬᠤᠷᠠᠯ᠎ᠠᠴᠠ ᠳᠦᠷᠦ ᠵᠢᠨ ᠶᠠᠪᠤᠳᠠᠯ᠎ᠤᠨ ᠬᠤᠷᠢᠶᠠᠨ᠎ᠤ ᠦᠩᠬᠡᠷᠡᠭᠰᠡᠨ ᠵᠢᠯ ᠭᠠᠷᠤᠢ ᠵᠢᠨ ᠠᠵᠢᠯ᠎ᠢ ᠬᠦᠢ᠍ᠴᠡᠳ ᠨᠤᠳᠠᠯᠠᠵᠥ᠂ ᠢᠯᠡᠳᠬᠡᠯ᠎ᠳᠤ ᠳᠤᠷᠠᠳᠤᠬᠰᠠᠨ 2020 ᠤᠨ᠎ᠤ ᠠᠵᠥ ᠠᠬᠤᠢ ᠨᠡᠶ᠋ᠢᠬᠡᠮ᠎ᠤᠨ ᠬᠦᠭᠵᠢᠯᠳᠡ ᠵᠢᠨ ᠶᠡᠷᠦᠩᠬᠡᠢ ᠱᠠᠭ᠋ᠠᠷᠳᠠᠯᠭ᠎ᠠ᠂ ᠭᠤᠤᠯ ᠬᠠᠷᠠᠯᠳᠠ ᠪᠤᠯᠤᠨ ᠭᠤᠤᠯᠳᠠᠯᠭ᠋ᠠᠳᠤ ᠡᠬᠦᠷᠬᠡ ᠵᠢ ᠵᠦᠪᠰᠢᠶᠡᠷᠡᠵᠥ᠂ ᠡᠨᠡ ᠬᠦ᠌ ᠢᠯᠡᠳᠬᠡᠯ᠎ᠢ ᠵᠦᠪᠰᠢᠶᠡᠷᠡᠬᠦ᠎ᠪᠠᠷ ᠳᠤᠬᠳᠠᠵᠠᠢ᠃
      ᠬᠤᠷᠠᠯ᠎ᠠᠴᠠ᠂ ᠪᠦᠬᠦ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠳᠦᠮᠡᠨ ᠰᠢ ᠵᠢᠨ ᠫᠢᠩ ᠨᠦᠬᠦᠷ ᠵᠶ᠋ᠠᠷ ᠭᠤᠤᠯ ᠪᠤᠯᠭ᠋ᠠᠬᠰᠠᠨ ᠨᠠᠮ᠎ᠤᠨ ᠳᠦᠪ ᠬᠤᠷᠢᠶᠠᠨ᠎ᠤ ᠳᠤᠭᠤᠷᠢᠨ᠎ᠳᠤ ᠨᠡᠩ ᠨᠢᠬᠳᠠᠷᠠᠨ ᠪᠦᠯᠬᠦᠮᠳᠡᠵᠥ᠂ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠬᠡᠮ ᠵᠢᠷᠤᠮ᠎ᠤᠨ ᠠᠭᠤᠤ ᠶᠡᠭᠡ ᠳᠤᠬ᠎ᠢ ᠦᠨᠳᠦᠷ ᠮᠠᠨᠳᠤᠭᠤᠯᠵᠥ᠂ ᠰᠢ ᠵᠢᠨ ᠫᠢᠩ᠎ᠤᠨ ᠰᠢᠨ᠎ᠡ ᠴᠠᠬ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠨ᠂ ᠨᠠᠮ᠎ᠤᠨ ᠠᠷᠪᠠ ᠶᠢᠰᠦᠳᠦᠬᠡᠷ ᠶᠡᠭᠡ ᠬᠤᠷᠠᠯ ᠪᠤᠯᠤᠨ ᠠᠷᠪᠠ ᠶᠢᠰᠦᠳᠦᠬᠡᠷ ᠬᠤᠭᠤᠴᠠᠭ᠋ᠠᠨ᠎ᠤ ᠳᠦᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠦᠷᠪᠡᠳᠦᠬᠡᠷ ᠪᠦᠬᠦᠳᠡ ᠬᠤᠷᠠᠯ᠎ᠤᠨ ᠵᠤᠷᠢᠬ ᠰᠠᠨᠠᠭ᠎ᠠ ᠵᠢ ᠪᠦᠬᠦ ᠳᠠᠯ᠎ᠠ᠎ᠪᠠᠷ ᠳᠤᠭᠤᠰᠢᠯᠠᠭᠤᠯᠵᠥ᠂ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠵᠢ ᠡᠷᠡᠰ ᠳᠤᠭᠤᠰᠢᠯᠠᠭᠤᠯᠵᠥ᠂ 《ᠳᠦᠷᠪᠡᠨ ᠤᠬᠠᠮᠰᠠᠷ》 ᠵᠶ᠋ᠠᠨ ᠴᠢᠩᠭ᠋ᠠᠳᠬᠠᠨ 《ᠳᠦᠷᠪᠡᠨ ᠢᠳᠡᠬᠡᠯ》 ᠵᠶ᠋ᠠᠨ ᠪᠠᠳᠤᠳᠬᠠᠵᠥ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠬᠦᠯᠵᠥ᠂ ᠴᠢᠨᠡᠬᠡᠯᠢᠭ ᠨᠡᠶ᠋ᠢᠬᠡᠮ᠎ᠢ ᠪᠦᠬᠦ ᠳᠠᠯ᠎ᠠ᠎ᠪᠠᠷ ᠪᠡᠶᠡᠯᠡᠬᠦᠯᠬᠦ ᠬᠠᠷᠠᠯᠳᠠ ᠡᠬᠦᠷᠬᠡ ᠵᠢ ᠴᠢᠩᠭ᠎ᠠ ᠡᠵᠡᠮᠳᠡᠨ᠂ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠪᠠ ᠠᠵᠥ ᠠᠬᠤᠢ ᠨᠡᠶ᠋ᠢᠬᠡᠮ᠎ᠤᠨ ᠬᠦᠭᠵᠢᠯᠳᠡ ᠵᠢᠨ ᠠᠵᠢᠯ᠎ᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠥ᠂ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠬᠤ ᠤᠷᠢᠳᠠᠯ ᠳᠤᠤᠷ᠎ᠠ ᠳᠤᠬᠳᠠᠭᠤᠨ᠎ᠤ ᠳᠤᠮᠳᠠ ᠤᠷᠤᠬᠰᠢᠯᠠᠨ ᠳᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠳᠠᠯᠠᠨ᠂ ᠰᠢᠨ᠎ᠡ ᠬᠦᠭᠵᠢᠯᠳᠡ ᠵᠢᠨ ᠦᠢ᠍ᠯᠠᠭ᠋ᠠᠬᠳᠠᠬᠤᠨ᠎ᠢ ᠪᠠᠷᠢᠮᠳᠠᠯᠠᠵᠥ᠂ ᠬᠠᠩᠭ᠋ᠠᠯᠭ᠎ᠠ ᠵᠢᠨ ᠳᠠᠯ᠎ᠠ ᠵᠢᠨ ᠪᠦᠳᠦᠴᠡ ᠵᠢᠨ ᠴᠢᠨᠠᠷᠳᠠᠢ ᠦᠬᠡᠷᠡᠴᠢᠯᠡᠯᠳᠡ᠎ᠪᠠᠷ ᠭᠤᠤᠯ ᠱᠤᠭᠤᠮ ᠵᠶ᠋ᠠᠨ ᠪᠤᠯᠭ᠋ᠠᠬᠤ ᠵᠢ ᠪᠠᠷᠢᠮᠳᠠᠯᠠᠨ᠂ ᠦᠬᠡᠷᠡᠴᠢᠯᠡᠯᠳᠡ ᠨᠡᠬᠡᠬᠡᠯᠳᠡ᠎ᠪᠠᠷ ᠬᠦᠳᠡᠯᠬᠡᠬᠦ ᠬᠦᠴᠦᠨ ᠪᠤᠯᠭ᠋ᠠᠵᠤ ᠴᠢᠨᠠᠷ ᠰᠠᠶ᠋ᠢᠳᠠᠢ ᠬᠦᠭᠵᠢᠯᠳᠡ ᠵᠢ ᠠᠬᠢᠭᠤᠯᠬᠤ ᠵᠢ ᠪᠠᠷᠢᠮᠳᠠᠯᠠᠨ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶ᠋ᠢᠯᠠᠯᠳᠤᠭ᠋ᠠᠨ᠎ᠢ ᠡᠷᠡᠰ ᠰᠠᠶ᠋ᠢᠳᠤᠷ ᠬᠢᠵᠥ᠂ 《ᠵᠢᠷᠭᠤᠭ᠎ᠠ ᠵᠢ ᠳᠤᠬᠳᠠᠪᠤᠷᠢᠵᠢᠭᠤᠯᠬᠤ》 ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠤᠨ᠂ 《ᠵᠢᠷᠭᠤᠭ᠎ᠠ ᠵᠢ ᠪᠠᠳᠤᠯᠠᠬᠤ》 ᠡᠬᠦᠷᠬᠡ ᠵᠢ ᠪᠦᠬᠦ ᠳᠠᠯ᠎ᠠ᠎ᠪᠠᠷ ᠨᠠᠶ᠋ᠢᠳᠠᠪᠤᠷᠢᠵᠢᠭᠤᠯᠵᠥ᠂ ᠳᠤᠳᠤᠭ᠋ᠠᠳᠤ ᠬᠡᠷᠡᠭᠴᠡᠭᠡ ᠵᠢ ᠦᠷᠬᠡᠳᠬᠡᠬᠦ ᠪᠠᠶ᠋ᠢᠯᠳᠤᠬᠤ ᠪᠤᠳᠤᠯᠭ᠎ᠠ ᠵᠢ ᠡᠷᠡᠰ ᠬᠡᠷᠡᠭᠵᠢᠬᠦᠯᠤᠨ᠂ ᠠᠵᠥ ᠠᠬᠤᠢ ᠵᠢᠨ ᠬᠦᠭᠵᠢᠯᠳᠡ ᠪᠤᠯᠤᠨ ᠨᠡᠶ᠋ᠢᠬᠡᠮ᠎ᠤᠨ ᠳᠤᠬᠳᠠᠭᠤᠨ᠎ᠤ ᠶᠡᠭᠡ ᠳᠠᠯ᠎ᠠ ᠵᠢ ᠬᠠᠮᠠᠭ᠋ᠠᠯᠠᠵᠥ᠂ ᠰᠡᠳᠬᠢᠯ ᠨᠢᠬᠡᠳᠦᠨ ᠬᠦᠴᠦ᠎ᠪᠠᠨ ᠬᠠᠮᠳᠤᠳᠬᠠᠨ᠂ ᠬᠦᠴᠢᠷ᠎ᠢ ᠳᠤᠭᠤᠯᠤᠨ ᠪᠡᠷᠬᠡ ᠵᠢ ᠳᠠᠪᠠᠵᠥ᠂ ᠡᠷᠡᠰ ᠰᠢᠭᠤᠷᠬᠠᠢ᠎ᠪᠠᠷ ᠡᠷᠡᠮᠡᠬᠡᠶ᠋ᠢᠯᠡᠨ ᠤᠷᠤᠬᠰᠢᠯᠠᠵᠥ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢ᠍ᠳᠪᠦᠷᠢᠳᠤ ᠳᠠᠶ᠋ᠢᠯᠠᠯᠳᠤᠭ᠋ᠠᠨ ᠬᠢᠵᠥ ᠰᠢᠢ᠍ᠳᠪᠦᠷᠢᠳᠤ ᠢᠯᠠᠯᠳᠠ ᠵᠢ ᠤᠯᠬᠤ ᠬᠠᠷᠠᠯᠳᠠ ᠡᠬᠦᠷᠬᠡ ᠵᠢ ᠪᠡᠶᠡᠯᠡᠬᠦᠯᠬᠦ ᠵᠢ ᠦᠨᠡᠨ ᠬᠦ᠌ ᠪᠠᠳᠤᠯᠠᠵᠤ᠂ ᠴᠢᠨᠡᠬᠡᠯᠢᠭ ᠨᠡᠶ᠋ᠢᠬᠡᠮ᠎ᠢ ᠪᠦᠬᠦ ᠳᠠᠯ᠎ᠡ᠎ᠪᠠᠷ ᠪᠡᠶᠡᠯᠡᠬᠦᠯᠰᠦᠬᠡᠢ ᠬᠡᠵᠥ ᠤᠷᠢᠶᠠᠯᠠᠪᠠ᠃

     (ᠰᠢᠨᠬᠤᠸᠠ ᠬᠤᠷᠢᠶᠠᠨ᠎ᠤ ᠪᠡᠬᠡᠵᠢᠩ᠎ᠤᠨ 5 ᠰᠠᠷ᠎ᠠ ᠵᠢᠨ 28᠎ᠤ ᠴᠠᠬᠢᠯᠭ᠋ᠠᠨ ᠮᠡᠳᠡᠭᠡ)

ᠢᠷᠡᠯᠲᠡ᠄ ᠰᠢᠨᠬᠤᠸᠠ ᠬᠤᠷᠢᠶ᠎ᠠ
          
ᠬᠠᠮᠢᠶ᠎ᠡ ᠪᠦᠬᠦᠢ ᠰᠣᠨᠢᠨ
2020 ᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2019 ᠣᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠳᠠᠯ᠎ᠤᠨ ᠮᠡᠳᠡᠭᠦᠯᠦᠯᠲᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2021 ᠣᠨ᠎ᠤ ᠠᠵᠢᠯ᠎ᠤᠨ ᠳ᠋ᠦᠩᠨᠡᠯᠲᠡ
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2022 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠪᠠᠢ᠌ᠳᠠᠯ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2022 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠪᠠᠢ᠌ᠳᠠᠯ
 
            