ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠄
2019 ᠤᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠨᠢ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠂ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠦᠨᠳᠦᠰᠦᠨ ᠬᠠᠤᠯᠢ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠳᠦᠷᠢᠮ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠵᠢᠷᠦᠮᠯᠡᠨ᠂ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠴᠢᠬᠤᠯᠠ ᠪᠠᠶ᠋ᠢᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠵᠡᠷᠭᠡ ᠳᠡᠭᠡᠳᠦ ᠱᠠᠲᠤᠨ᠎ᠤ ᠰᠠᠯᠠᠭ᠎ᠠ ᠮᠦᠴᠢᠷ᠎ᠤᠨ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠤᠳᠤᠷᠢᠳᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ 《ᠨᠡᠭᠡᠭᠡᠬᠦ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠠᠵᠢᠯ᠎ᠢ ᠠᠬᠢᠭᠤᠯᠬᠤ᠂ ᠰᠣᠶᠣᠯ ᠪᠠ ᠵᠢᠭᠤᠯᠴᠢᠯᠠᠯ᠎ᠤᠨ ᠬᠠᠤᠯᠢ ᠲᠣᠭᠲᠠᠭ᠋ᠠᠬᠤ ᠠᠵᠢᠯ᠎ᠢ ᠠᠬᠢᠭᠤᠯᠬᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ᠎ᠤᠨ ᠬᠢᠨᠠᠨ ᠪᠠᠶ᠋ᠢᠴᠠᠭ᠋ᠠᠯᠲᠠ ᠵᠢ ᠴᠢᠩᠭ᠋ᠠᠳᠬᠠᠬᠤ᠂ ᠬᠠᠮᠢᠶ᠎ᠠ ᠪᠥᠬᠥᠶ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢᠨ ᠬᠠᠤᠯᠢ ᠶᠣᠰᠣᠴᠢ ᠴᠢᠨᠠᠷ᠎ᠢ ᠦᠨᠡᠨ ᠬᠦ᠌ ᠪᠠᠲᠤᠯᠠᠬᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠬᠤ᠂ ᠬᠠᠤᠯᠢ᠎ᠪᠠᠷ ᠵᠠᠰᠠᠬᠤ ᠬᠥᠮᠦᠵᠢᠯ ᠪᠣᠯᠪᠠᠰᠤᠷᠠᠭᠤᠯᠤᠯ᠎ᠢ ᠴᠢᠩᠭ᠋ᠠᠳᠬᠠᠬᠤ ᠵᠡᠷᠭᠡ ᠡᠯ᠎ᠡ ᠵᠦᠢ᠍ᠯ᠎ᠤᠨ ᠬᠠᠤᠯᠢ᠎ᠪᠠᠷ ᠵᠠᠰᠠᠬᠤ ᠠᠵᠢᠯ᠎ᠳᠤ ᠢᠯᠡᠳᠲᠡ ᠦᠷ᠎ᠡ ᠪᠦᠲᠦᠮᠵᠢ ᠤᠯᠪᠠ᠃ ᠬᠠᠤᠯᠢ ᠶᠣᠰᠣᠭ᠋ᠠᠷ ᠵᠠᠰᠠᠭ ᠶᠠᠪᠤᠭᠤᠯᠬᠤ ᠴᠢᠳᠠᠪᠤᠷᠢ ᠪᠠ ᠬᠢᠷᠢ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠵᠦ᠂ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠥᠭᠡᠷᠡᠴᠢᠯᠡᠯᠲᠡ ᠬᠥᠭᠵᠢᠯᠲᠡ᠎ᠳᠤ ᠪᠠᠲᠤ ᠴᠢᠩᠭ᠎ᠠ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠪᠠ᠃
ᠨᠢᠭᠡ᠂ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠨᠠᠮ ᠵᠠᠰᠠᠭ᠎ᠤᠨ ᠭᠣᠤᠯ ᠬᠠᠷᠢᠭᠤᠴᠠᠯᠭ᠋ᠠᠲᠠᠨ᠎ᠤ ᠨᠢᠭᠡᠳᠦᠭᠡᠷ ᠬᠠᠷᠢᠭᠤᠴᠠᠯᠭ᠋ᠠᠲᠠᠨ᠎ᠤ ᠲᠦᠷᠢᠮ᠎ᠢ ᠪᠠᠶ᠋ᠢᠭᠤᠯᠬᠤ ᠵᠢ ᠦᠨᠡᠨ ᠬᠦ᠌ ᠠᠬᠢᠭᠤᠯᠪᠠ
ᠮᠠᠨ᠎ᠤ ᠲᠢᠩᠬᠢᠮ᠎ᠤᠨ ᠭᠣᠤᠯ ᠤᠳᠤᠷᠢᠳᠤᠯᠭ᠎ᠠ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠬᠠᠤᠯᠢ᠎ᠪᠠᠷ ᠣᠷᠣᠨ ᠵᠶ᠋ᠠᠨ ᠵᠠᠰᠠᠬᠤ ᠪᠠ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠳᠤᠷᠢᠳᠬᠤ ᠳᠤᠭᠤᠶ᠋ᠢᠯᠠᠩ᠎ᠤᠨ 2019 ᠣᠨ᠎ᠤ 1 ᠳ᠋ᠤᠭᠡᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠲᠥᠪ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠥᠪᠯᠡᠯ᠎ᠤᠨ ᠨᠢᠭᠡᠳᠦᠭᠡᠷ ᠤᠳᠠᠭ᠎ᠠ᠂ ᠬᠣᠶᠠᠳᠤᠭ᠋ᠠᠷ ᠤᠳᠠᠭ᠋ᠠᠨ᠎ᠤ ᠬᠤᠷᠠᠯ᠎ᠢ ᠡᠷᠬᠢᠯᠡᠬᠦ ᠦᠶ᠎ᠡ ᠵᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2019 ᠣᠨ᠎ᠤ ᠬᠠᠤᠯᠢ᠎ᠪᠠᠷ ᠵᠠᠰᠠᠬᠤ ᠠᠵᠢᠯ᠎ᠤᠨ ᠭᠣᠤᠯᠳᠠᠯᠭ᠎ᠠ ᠵᠢ ᠬᠢᠨᠠᠨ ᠵᠦᠪᠯᠡᠪᠡ᠃ ᠡᠯ᠎ᠡ ᠭᠠᠵᠠᠷ ᠬᠡᠷ᠂ ᠰᠢᠭᠤᠳ ᠬᠠᠷᠢᠶ᠎ᠠ ᠨᠢᠭᠡᠴᠢ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ᠎ᠤᠨ 2019 ᠣᠨ᠎ᠤ ᠬᠠᠤᠯᠢ᠎ᠪᠠᠷ ᠵᠠᠰᠠᠬᠤ ᠠᠵᠢᠯ᠎ᠤᠨ ᠭᠣᠤᠯᠳᠠᠯᠭ᠎ᠠ》 ᠵᠢ ᠳᠠᠷᠤᠮᠠᠯᠯᠠᠨ ᠲᠠᠷᠬᠠᠭ᠋ᠠᠪᠠ᠃ ᠲᠢᠩᠬᠢᠮ᠎ᠤᠨ ᠤᠳᠤᠷᠢᠳᠤᠯᠭ᠎ᠠ ᠰᠠᠨᠠᠭ᠋ᠠᠴᠢᠯᠠᠭ᠎ᠠ᠎ᠠᠴᠠ᠎ᠪᠠᠨ ᠰᠤᠷᠤᠯᠴᠠᠵᠤ᠂ ᠲᠦᠷᠦᠭᠦᠯᠡᠨ ᠰᠤᠷᠤᠯᠴᠠᠵᠤ᠂ 《ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢᠷᠤᠮ᠎ᠤᠨ ᠲᠦᠷ ᠬᠡᠷᠡᠭᠵᠢᠭᠦᠯᠬᠦ ᠲᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠳᠣᠲᠣᠭ᠋ᠠᠳᠤ ᠵᠢᠨ ᠬᠠᠤᠯᠢ ᠲᠤᠭᠲᠠᠭ᠋ᠠᠬᠤ ᠲᠦᠷᠢᠮ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠬᠠᠭᠤᠯᠭ᠎ᠠ ᠵᠢᠨ ᠠᠵᠢᠯ᠎ᠤᠨ ᠲᠦᠷᠢᠮ》 ᠵᠡᠷᠭᠡ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠢ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠣᠤᠯ ᠳᠤᠭᠤᠶ᠋ᠢᠯᠠᠩ᠎ᠤᠨ ᠬᠠᠮᠲᠤ ᠵᠢᠨ ᠰᠤᠷᠤᠯᠴᠠᠯᠭ᠎ᠠ᠎ᠳᠤ ᠣᠷᠣᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠭᠡᠷ᠎ᠡ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠬᠡᠳᠦᠨ ᠪᠠᠶ᠋ᠢᠭᠤᠯᠭ᠎ᠠ ᠵᠢᠨ ᠬᠠᠤᠯᠢ᠎ᠪᠠᠷ ᠵᠠᠰᠠᠬᠤ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠵᠤ᠂ ᠪᠠᠶ᠋ᠢᠭᠤᠯᠭ᠎ᠠ ᠵᠢᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠴᠢᠩᠭ᠋ᠠᠳᠬᠠᠪᠠ᠃
ᠬᠣᠶᠠᠷ᠂ 《ᠨᠡᠭᠡᠭᠡᠬᠦ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠠᠵᠢᠯ᠎ᠢ ᠤᠯᠠᠮ ᠨᠢᠭᠡ ᠠᠯᠬᠤᠮ ᠠᠬᠢᠭᠤᠯᠪᠠ
2019 ᠣᠨ᠎ᠳᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠪᠦᠬᠦ ᠲᠠᠯ᠎ᠠ᠎ᠪᠠᠷ ᠰᠢᠯᠢᠳᠡᠭᠵᠢᠭᠦᠯᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ᠂ 《ᠨᠡᠭᠡᠭᠡᠬᠦ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠠᠵᠢᠯ᠎ᠤᠨ ᠲᠠᠯ᠎ᠠ᠎ᠪᠠᠷ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠬᠤ ᠵᠢ ᠭᠦᠨᠵᠡᠭᠡᠶ ᠲᠦᠯᠬᠢᠨ ᠠᠬᠢᠭᠤᠯᠵᠤ᠂ ᠢᠯᠡᠳᠲᠡ ᠦᠷ᠎ᠡ ᠪᠦᠲᠦᠮᠵᠢ ᠤᠯᠪᠠ᠃ ᠪᠣᠳᠠᠲᠠᠶ ᠢᠯᠡᠷᠡᠯ᠎ᠨᠢ᠄
(ᠨᠢᠭᠡ) ᠤᠳᠤᠷᠢᠳᠤᠯᠭ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠨᠡᠭᠡᠭᠡᠬᠦ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠠᠵᠢᠯ᠎ᠤᠨ ᠡᠯ᠎ᠡ ᠵᠦᠢ᠍ᠯ᠎ᠤᠨ ᠠᠵᠢᠯ᠎ᠢ ᠨᠢᠭᠡᠲᠦᠯᠲᠡᠢ ᠲᠥᠯᠥᠪᠯᠡᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠬᠦᠴᠦᠯᠡᠨ ᠰᠢᠯᠢᠳᠡᠭᠵᠢᠭᠦᠯᠪᠡ᠃
ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠱᠠᠭ᠋ᠠᠷᠳᠠᠯᠭ᠎ᠠ ᠶᠣᠰᠣᠭ᠋ᠠᠷ᠂ ᠲᠢᠩᠬᠢᠮ᠎ᠤᠨ ᠨᠢᠭᠡᠳᠦᠭᠡᠷ ᠭᠠᠷ ᠵᠶ᠋ᠠᠷ ᠭᠣᠤᠯ ᠤᠳᠤᠷᠢᠳᠤᠯᠭ᠎ᠠ ᠪᠣᠯᠭ᠋ᠠᠨ ᠪᠡᠶ᠎ᠡ᠎ᠪᠠᠷ ᠵᠶ᠋ᠠᠨ ᠠᠳᠬᠤᠵᠤ᠂ ᠬᠤᠪᠢᠳᠠᠨ ᠬᠠᠮᠢᠶᠠᠷᠴᠤ ᠪᠠᠶ᠋ᠢᠭ᠎ᠠ ᠳᠡᠳ᠋ ᠲᠢᠩᠬᠢᠮ᠎ᠤᠨ ᠳᠠᠷᠤᠭ᠎ᠠ ᠠᠵᠢᠯ᠎ᠤᠨ ᠬᠤᠪᠢᠶᠠᠷᠢᠯᠠᠯ᠎ᠢ ᠠᠳᠬᠤᠵᠤ᠂ ᠬᠠᠮᠢᠶ᠎ᠠ ᠪᠦᠬᠦᠢ ᠭᠠᠵᠠᠷ ᠲᠠᠰᠤᠭ᠎ᠤᠨ ᠪᠣᠳᠠᠲᠠᠶ ᠨᠠᠶ᠋ᠢᠳᠠᠪᠤᠷᠢᠵᠢᠭᠤᠯᠤᠭᠰᠠᠨ 《ᠨᠡᠭᠡᠭᠡᠬᠦ ᠬᠠᠮᠢᠶᠠᠷᠬᠤ ᠦᠢ᠍ᠯᠡᠴᠢᠯᠡᠬᠦ》 ᠦᠭᠡᠷᠡᠴᠢᠯᠡᠯᠲᠡ ᠵᠢᠨ ᠲᠤᠰᠬᠠᠶ ᠠᠵᠢᠯ᠎ᠤᠨ ᠳᠤᠭᠤᠶ᠋ᠢᠯᠠᠩ᠎ᠢ ᠴᠠᠭ ᠲᠤᠬᠠᠶ᠎ᠳᠤᠨᠢ ᠪᠠᠶ᠋ᠢᠭᠤᠯᠵᠤ᠂ ᠮᠠᠨ᠎ᠤ ᠲᠢᠩᠬᠢᠮ᠎ᠤᠨ 《ᠨᠡᠭᠡᠭᠡᠬᠦ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠲᠤᠰᠬᠠᠶ ᠠᠵᠢᠯ᠎ᠤᠨ ᠬᠤᠪᠢᠶᠠᠷᠢᠯᠠᠯ᠎ᠢ ᠬᠢᠪᠠ᠃ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ 《ᠨᠡᠭᠡᠭᠡᠬᠦ ᠬᠠᠮᠢᠶᠠᠷᠬᠤ ᠦᠢ᠍ᠯᠡᠴᠢᠯᠡᠬᠦ》 ᠠᠵᠢᠯ᠎ᠤᠨ ᠪᠠᠢ᠌ᠳᠠᠯ᠎ᠤᠨ ᠪᠠᠶ᠋ᠢᠴᠠᠭ᠋ᠠᠨ ᠰᠤᠳᠤᠯᠤᠯᠲᠠ ᠵᠢ ᠥᠷᠨᠢᠭᠦᠯᠵᠦ᠂ ᠪᠠᠶ᠋ᠢᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ ᠵᠢ ᠪᠦᠷᠢᠯᠳᠦᠭᠦᠯᠪᠡ᠃ 《ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠣᠯ ᠰᠡᠳᠦᠪᠲᠦ ᠬᠥᠮᠦᠵᠢᠯ᠎ᠤᠨ ᠠᠵᠢᠯᠯᠠᠭ᠎ᠠ᠎ᠲᠠᠢ ᠤᠶᠠᠯᠳᠤᠭᠤᠯᠤᠨ᠂ 《ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 〈ᠨᠡᠭᠡᠭᠡᠬᠦ ᠬᠠᠮᠢᠶᠠᠷᠬᠤ ᠦᠢ᠍ᠯᠡᠴᠢᠯᠡᠬᠦ〉 ᠥᠭᠡᠷᠡᠴᠢᠯᠡᠯᠲᠡ ᠵᠢᠨ ᠪᠣᠳᠠᠲᠠᠶ ᠬᠡᠷᠡᠭᠵᠢᠭᠦᠯᠬᠦ ᠲᠥᠰᠦᠯ》᠎ᠢ ᠲᠣᠭᠲᠠᠭ᠋ᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠬᠥᠭᠵᠢᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ 《 ᠨᠡᠭᠡᠭᠡᠬᠦ ᠬᠠᠮᠢᠶᠠᠷᠬᠤ ᠦᠢ᠍ᠯᠡᠴᠢᠯᠡᠬᠦ》 ᠦᠭᠡᠷᠡᠴᠢᠯᠡᠯᠲᠡ ᠵᠢᠨ ᠡᠯ᠎ᠡ ᠵᠦᠢ᠍ᠯ᠎ᠤᠨ ᠠᠵᠢᠯ᠎ᠢ ᠲᠠᠰᠤᠷᠠᠯᠲᠠ ᠥᠬᠡᠶ ᠭᠦᠨᠵᠡᠭᠡᠶ ᠠᠬᠢᠭᠤᠯᠪᠠ᠃
(ᠬᠣᠶᠠᠷ) 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠪᠠ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢ ᠯᠠᠪᠳᠠᠭᠤᠨ ᠪᠠᠲᠤᠲᠠᠶ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠢᠳᠡᠪᠬᠢᠲᠡᠢ ᠵᠤᠯᠭ᠋ᠠᠭᠤᠯᠵᠤ᠂ ᠣᠳᠣᠬᠠᠨ᠎ᠳᠤ ᠮᠠᠨ᠎ᠤ ᠲᠢᠩᠬᠢᠮ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ ᠨᠡᠶ᠋ᠢᠲᠡ 33 ᠵᠦᠢ᠍ᠯ (᠄ ᠵᠠᠰᠠᠭ ᠵᠠᠬᠢᠷᠭ᠋ᠠᠨ᠎ᠤ ᠵᠥᠪᠰᠢᠶᠡᠷᠡᠯ ᠪᠦᠬᠦᠢ 19 ᠵᠦᠢ᠍ᠯ᠂ ᠵᠠᠰᠠᠭ ᠵᠠᠬᠢᠷᠭ᠋ᠠᠨ᠎ᠤ ᠨᠤᠲᠠᠯᠠᠨ ᠵᠦᠪᠰᠢᠶᠡᠷᠡᠭᠰᠡᠨ 9 ᠵᠦᠢ᠍ᠯ᠂ ᠵᠠᠰᠠᠭ ᠵᠠᠬᠢᠷᠭ᠋ᠠᠨ᠎ᠤ ᠱᠠᠩᠨᠠᠯᠲᠤ 5 ᠵᠦᠢ᠍ᠯ ᠪᠠᠭᠲᠠᠨ᠎ᠠ)᠎ᠢ ᠬᠦᠯᠢᠶᠡᠨ ᠠᠪᠴᠠᠶ᠂ ᠡᠭᠦᠨ᠎ᠳᠤ ᠵᠣᠩᠬᠢᠯᠠᠬᠤ ᠣᠯᠠᠨ ᠵᠦᠢ᠍ᠯ᠎ᠨᠢ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠪᠥᠲᠥᠭᠡᠨ ᠪᠠᠶ᠋ᠢᠭᠤᠯᠤᠭᠰᠠᠨ ᠪᠥᠬᠥ ᠤᠯᠤᠰ᠎ᠤᠨ ᠰᠣᠶᠣᠯ᠎ᠤᠨ ᠵᠠᠬ᠎ᠠ ᠳᠡᠯᠭᠡᠭᠦᠷ᠎ᠤᠨ ᠮᠡᠷᠭᠡᠵᠢᠯ᠎ᠤᠨ ᠬᠢᠨᠠᠯᠲᠠ ᠲᠠᠯᠪᠢᠬᠤ ᠬᠢᠭᠡᠳ ᠦᠢ᠍ᠯᠡᠴᠢᠯᠡᠬᠦ ᠲᠠᠪᠴᠠᠩ ᠪᠠ ᠪᠥᠬᠥ ᠤᠯᠤᠰ᠎ᠤᠨ ᠵᠢᠭᠤᠯᠴᠢᠯᠠᠯ᠎ᠤᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ ᠳᠡᠭᠡᠷ᠎ᠡ ᠰᠦᠯᠵᠢᠶᠡᠨ ᠳᠡᠭᠡᠷ᠎ᠡ ᠭᠦᠢ᠍ᠴᠡᠳᠭᠡᠬᠦ ᠵᠢ ᠪᠡᠶᠡᠯᠡᠭᠦᠯᠪᠡ᠃ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠶᠠᠮᠤᠨ᠎ᠲᠠᠢ ᠨᠡᠪᠲᠡᠷᠡᠯᠴᠡᠵᠦ᠂ ᠳᠡᠭᠡᠷ᠎ᠡ ᠳᠤᠷᠠᠳᠤᠭᠰᠠᠨ ᠬᠣᠶᠠᠷ ᠰᠣᠶᠣᠯ ᠪᠠ ᠵᠢᠭᠤᠯᠴᠢᠯᠠᠯ᠎ᠤᠨ ᠲᠠᠪᠴᠠᠩ᠎ᠢ ᠣᠲᠣ ᠶᠠᠭ ᠡᠮᠬᠢᠯᠡᠨ ᠨᠡᠶ᠋ᠢᠯᠡᠭᠦᠯᠵᠦ ᠪᠠᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠲᠠᠪᠴᠠᠩ᠎ᠲᠠᠢ ᠵᠣᠯᠭ᠋ᠠᠭᠤᠯᠬᠤ ᠵᠢᠨ ᠠᠷᠭ᠎ᠠ ᠥᠬᠡᠶ ᠪᠠᠢ᠌ᠨ᠎ᠠ᠃ ᠲᠠᠪᠴᠠᠩ᠎ᠤᠨ ᠬᠠᠮᠢᠶ᠎ᠠ ᠪᠦᠬᠦᠢ ᠲᠣᠭ᠎ᠠ ᠪᠠᠷᠢᠮᠲᠠ ᠵᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠳᠤ ᠨᠢᠭᠡᠳᠦᠯᠲᠡᠶ ᠬᠦᠷᠭᠡᠵᠦ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ ᠬᠡᠷᠪᠡ ᠬᠡᠷᠡᠭᠴᠡᠭᠡ᠎ᠲᠠᠢ ᠪᠣᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠳᠤ ᠨᠢᠭᠡᠳᠦᠯᠲᠡᠶ ᠭᠤᠶᠤᠴᠢᠯᠠᠯ ᠭᠠᠷᠭ᠋ᠠᠬᠤ ᠬᠡᠷᠡᠭᠲᠡᠶ᠃ ᠪᠤᠰᠤᠳ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠯᠤᠭ᠎ᠠ ᠵᠣᠯᠭ᠋ᠠᠭᠤᠯᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ ᠳᠡᠭᠡᠷ᠎ᠡ ᠭᠦᠢ᠍ᠴᠡᠳᠭᠡᠬᠦ ᠵᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠱᠠᠭ᠋ᠠᠷᠳᠠᠯᠭ᠎ᠠ ᠶᠤᠰᠤᠭ᠋ᠠᠷ᠂ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ ᠵᠢᠨ ᠵᠦᠢ᠍ᠯᠡᠰ》᠎ᠤᠨ ᠲᠠᠪᠴᠠᠩ ᠳᠡᠭᠡᠷ᠎ᠡ ᠨᠡᠶ᠋ᠢᠲᠡ 40 ᠵᠠᠰᠠᠭ ᠵᠠᠬᠢᠷᠭ᠋ᠠᠨ᠎ᠤ ᠬᠢᠨᠠᠯᠲᠠ ᠬᠠᠮᠢᠶᠠᠷᠤᠯᠲᠠ ᠵᠢᠨ ᠵᠦᠢ᠍ᠯᠡᠰ᠎ᠤᠨ ᠬᠤᠪᠢᠶᠠᠷᠢ ᠵᠦᠢ᠍ᠯᠡᠰ᠎ᠢ ᠮᠡᠳᠡᠷᠡᠭᠰᠡᠨ ᠪᠦᠭᠡᠳ ᠬᠡᠷᠡᠭᠵᠢᠭᠦᠯᠬᠦ ᠨᠠᠷᠢᠨ ᠬᠠᠭᠤᠳᠠᠰᠤ ᠵᠢ ᠲᠠᠭᠯᠠᠪᠠ᠃
(ᠭᠤᠷᠪᠠ) ᠲᠣᠰ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠵᠢ ᠪᠠᠭ᠋ᠠᠰᠬᠠᠨ᠂ ᠬᠢᠨᠠᠨ ᠵᠥᠪᠰᠢᠶᠡᠷᠡᠬᠦ ᠶᠠᠪᠤᠴᠠ ᠵᠢ ᠰᠢᠯᠢᠳᠡᠭᠵᠢᠭᠦᠯᠦᠨ ᠴᠤᠮᠬᠤᠳᠬᠠᠪᠠ
ᠨᠢᠭᠡ᠎ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠡᠷᠬᠡ ᠬᠠᠷᠢᠭᠤᠴᠠᠯᠭ᠎ᠠ ᠵᠢᠨ ᠨᠠᠷᠢᠨ ᠳᠠᠩᠰᠠ ᠵᠢ ᠰᠢᠨᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠳᠤ 《ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠢ ᠪᠠᠭ᠋ᠠᠰᠬᠠᠬᠤ ᠰᠠᠨᠠᠯ᠎ᠢ ᠬᠢᠨᠠᠨ ᠬᠠᠷᠭᠤᠭᠤᠯᠵᠤ ᠨᠤᠲᠠᠯᠠᠭᠰᠠᠨ ᠪᠦᠷᠢᠳᠬᠡᠯ᠎ᠤᠨ ᠬᠦᠰᠦᠨᠦᠭᠲᠦ》᠂ 《ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠢ ᠪᠠᠭ᠋ᠠᠰᠬᠠᠬᠤ ᠰᠠᠨᠠᠯ᠎ᠢ ᠬᠢᠨᠠᠨ ᠬᠠᠷᠭᠤᠭᠤᠯᠵᠤ ᠨᠤᠲᠠᠯᠠᠭᠰᠠᠨ ᠭᠠᠷᠴᠠᠭ》᠎ᠢ ᠮᠡᠳᠡᠭᠦᠯᠦᠨ ᠬᠦᠷᠭᠡᠵᠦ᠂ ᠡᠴᠦᠰ ᠲᠤ ᠪᠠᠨ ᠮᠠᠨ᠎ᠤ ᠲᠢᠩᠬᠢᠮ᠎ᠤᠨ ᠤᠤᠯ᠎ᠤᠨ ᠡᠷᠬᠡ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢᠨ 76 ᠵᠦᠢ᠍ᠯ᠎ᠤᠨ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠢ 28 ᠵᠦᠢ᠍ᠯ ᠪᠣᠯᠭ᠋ᠠᠨ ᠪᠠᠭ᠋ᠠᠰᠬᠠᠪᠠ᠃ ᠡᠳᠦᠭᠡ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠨᠢᠭᠡᠨᠲᠡ ᠪᠠᠲᠤᠯᠠᠭᠰᠠᠨ ᠪᠥᠭᠡᠳ ᠨᠡᠶ᠋ᠢᠲᠡᠯᠡᠪᠡ᠃ ᠬᠣᠶᠠᠷ᠎ᠲᠤ᠂ ᠬᠢᠨᠠᠨ ᠵᠥᠪᠰᠢᠶᠡᠷᠡᠬᠦ ᠵᠦᠢ᠍ᠯᠡᠰ᠎ᠢ ᠵᠢᠷᠤᠮᠵᠢᠭᠤᠯᠬᠤ ᠪᠠ ᠬᠢᠨᠠᠨ ᠵᠥᠪᠰᠢᠶᠡᠷᠡᠬᠦ ᠶᠠᠪᠤᠴᠠ ᠵᠢ ᠰᠢᠯᠢᠳᠡᠭᠵᠢᠭᠦᠯᠪᠡ᠃ ᠣᠳᠣᠬᠠᠨ᠎ᠳᠤ᠂ ᠪᠣᠶ ᠪᠥᠬᠥᠶ ᠬᠢᠨᠠᠨ ᠵᠥᠪᠰᠢᠶᠡᠷᠡᠬᠦ ᠵᠦᠢ᠍ᠯᠡᠰ᠎ᠢ ᠴᠥᠮ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ ᠪᠠ ᠥᠪᠡᠷᠲᠡᠭᠡᠨ ᠵᠠᠰᠠᠬᠤ ᠣᠷᠣᠨ᠎ᠤ ᠡᠷᠬᠡ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢᠨ ᠱᠠᠭ᠋ᠠᠷᠳᠠᠯᠭ᠎ᠠ ᠶᠣᠰᠣᠭ᠋ᠠᠷ ᠡᠮᠬᠢᠯᠡᠨ ᠵᠢᠷᠤᠮᠵᠢᠭᠤᠯᠵᠤ᠂ ᠲᠠᠪᠴᠠᠩ ᠪᠠ ᠨᠠᠷᠢᠨ ᠬᠠᠭᠤᠳᠠᠰᠤ᠎ᠠᠴᠠ ᠭᠠᠳᠠᠨᠠᠬᠢ ᠬᠢᠨᠠᠨ ᠵᠥᠪᠰᠢᠶᠡᠷᠡᠬᠦ ᠵᠦᠢ᠍ᠯᠡᠰ ᠢᠯᠡᠷᠡᠬᠦ᠎ᠠᠴᠠ ᠡᠷᠡᠰ ᠵᠠᠶ᠋ᠢᠯᠠᠰᠬᠢᠪᠠ᠃ ᠪᠥᠬᠥ ᠣᠷᠣᠨ᠎ᠤ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠳᠣᠲᠣᠷ᠎ᠠ᠂ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠪᠥᠲᠥᠭᠡᠨ ᠪᠠᠶ᠋ᠢᠭᠤᠯᠤᠯᠲᠠ ᠵᠢᠨ 《ᠪᠥᠬᠥ ᠤᠯᠤᠰ᠎ᠤᠨ ᠵᠢᠭᠤᠯᠴᠢᠯᠠᠯ᠎ᠤᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ》 ᠪᠠ 《ᠪᠥᠬᠥ ᠤᠯᠤᠰ᠎ᠤᠨ ᠰᠣᠶᠣᠯ᠎ᠤᠨ ᠵᠠᠬ᠎ᠠ ᠳᠡᠯᠭᠡᠭᠦᠷ᠎ᠤᠨ ᠮᠡᠷᠭᠡᠵᠢᠯ᠎ᠤᠨ ᠬᠢᠨᠠᠯᠲᠠ ᠬᠠᠮᠢᠶᠠᠷᠤᠯᠲᠠ ᠬᠢᠭᠡᠳ ᠦᠢ᠍ᠯᠡᠴᠢᠯᠡᠭᠡᠨ᠎ᠤ ᠲᠠᠪᠴᠠᠩ》᠎ᠢ ᠵᠢᠷᠤᠮᠵᠢᠭᠤᠯᠤᠨ ᠬᠡᠷᠡᠭᠯᠡᠵᠦ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠠᠵᠢᠯ᠎ᠢ ᠦᠷᠨᠢᠭᠦᠯᠪᠡ᠃ ᠡᠭᠦᠨ᠎ᠤ ᠬᠠᠮᠲᠤ᠂ ᠨᠢᠭᠡ ᠴᠣᠩᠬᠤᠪᠴᠢ᠎ᠪᠠᠷ ᠭᠦᠢ᠍ᠴᠡᠳᠭᠡᠬᠦ᠂ ᠨᠢᠭᠡ ᠰᠦᠯᠵᠢᠶ᠎ᠡ᠎ᠪᠠᠷ ᠭᠦᠢ᠍ᠴᠡᠳᠭᠡᠬᠦ᠂ ᠳᠥᠭᠥᠮᠴᠢᠯᠡᠨ ᠭᠦᠢ᠍ᠴᠡᠳᠭᠡᠬᠦ᠂ ᠳᠠᠷᠤᠢ᠌ᠬᠠᠨ ᠭᠦᠢ᠍ᠴᠡᠳᠭᠡᠬᠦ《ᠳᠥᠷᠪᠡᠨ ᠭᠦᠢ᠍ᠴᠡᠳᠭᠡᠬᠦ》ᠵᠢᠨ ᠱᠠᠭ᠋ᠠᠷᠳᠠᠯᠭ᠎ᠠ ᠶᠣᠰᠣᠭ᠋ᠠᠷ᠂ ᠵᠢᠭᠤᠯᠴᠢᠯᠠᠯ᠎ᠤᠨ ᠬᠣᠷᠢᠶ᠎ᠠ ᠪᠠᠢ᠌ᠭᠤᠯᠬᠤ ᠵᠥᠪᠰᠢᠶᠡᠷᠡᠯ ᠵᠡᠷᠭᠡ 6 ᠵᠦᠢ᠍ᠯ᠎ᠤᠨ ᠬᠢᠨᠠᠨ ᠵᠥᠪᠰᠢᠶᠡᠷᠡᠬᠦ ᠤᠴᠢᠷ ᠶᠠᠪᠤᠳᠠᠯ᠎ᠢ ᠡᠮᠬᠢᠯᠡᠵᠦ᠂ ᠳᠡᠭᠡᠷᠡᠬᠢ ᠵᠦᠢ᠍ᠯᠡᠰ᠎ᠢ ᠴᠣᠮᠬᠠᠳᠬᠠᠵᠤ᠂ 《ᠨᠢᠭᠡ ᠯᠡ ᠤᠳᠠᠭ᠎ᠠ ᠶᠠᠪᠤᠬᠤ》᠂ 《ᠨᠢᠭᠡ ᠰᠦᠯᠵᠢᠶ᠎ᠡ᠎ᠪᠠᠷ ᠪᠦᠬᠦᠨ᠎ᠢ ᠭᠦᠢ᠍ᠴᠡᠳᠭᠡᠬᠦ》 ᠵᠢ ᠪᠡᠶᠡᠯᠡᠭᠦᠯᠪᠡ᠃
(ᠳᠥᠷᠪᠡ) ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ ᠴᠣᠩᠬᠣᠪᠴᠢ ᠵᠢᠨ ᠠᠵᠢᠯᠲᠠᠨ᠎ᠢ ᠲᠣᠮᠢᠯᠠᠨ ᠰᠠᠭᠤᠯᠭ᠋ᠠᠬᠤ ᠠᠵᠢᠯ᠎ᠢ ᠪᠡᠶᠡᠯᠡᠭᠦᠯᠪᠡ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠱᠠᠭ᠋ᠠᠷᠳᠠᠯᠭ᠎ᠠ ᠶᠤᠰᠤᠭ᠋ᠠᠷ᠂ ᠨᠠᠷᠢᠨ ᠬᠢᠨᠠᠮᠠᠭ᠋ᠠᠶ ᠪᠠᠶ᠋ᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠣᠷᠣᠵᠤ ᠰᠠᠭᠤᠬᠤ ᠬᠥᠮᠦᠰ᠎ᠤᠨ ᠪᠠᠷᠢᠮᠵᠢᠶ᠎ᠠ ᠵᠢ ᠴᠢᠩᠭ᠎ᠠ ᠵᠢᠷᠤᠮᠯᠠᠵᠤ᠂ ᠲᠤᠬᠠᠶ᠋ᠢᠯᠠᠭᠰᠠᠨ ᠠᠵᠢᠯ ᠳᠤ ᠪᠠᠨ ᠴᠠᠭ᠋ᠠᠷᠠᠭᠰᠠᠨ ᠭᠣᠤᠯᠯᠠᠭᠴᠢ ᠬᠥᠮᠦᠰ᠎ᠢ ᠶᠡᠬᠡ ᠲᠢᠩᠬᠢᠮ᠎ᠳᠤ ᠤᠷᠤᠭᠤᠯᠵᠤ ᠰᠠᠭᠤᠯᠭ᠋ᠠᠬᠤ ᠪᠤᠯᠭ᠋ᠠᠵᠤ᠂ ᠡᠭᠦᠨ᠎ᠤ ᠬᠠᠮᠲᠤ ᠬᠡᠪ ᠵᠠᠭᠪᠤᠷ᠎ᠤᠨ ᠱᠠᠭ᠋ᠠᠷᠳᠠᠯᠭ᠎ᠠ ᠶᠣᠰᠣᠭ᠋ᠠᠷ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠠᠵᠢᠯ᠎ᠤᠨ ᠲᠦᠷᠦᠭᠦᠤ ᠲᠥᠯᠥᠭᠡᠯᠡᠭᠴᠢ ᠪᠠ ᠶᠡᠷᠦᠩᠬᠡᠶ᠋ᠢᠯᠡᠭᠰᠡᠨ ᠴᠤᠩᠬᠤᠪᠴᠢ ᠵᠢᠨ ᠠᠵᠢᠯᠲᠠᠨ᠎ᠤ ᠡᠷᠬᠡ ᠣᠯᠭᠣᠭᠰᠠᠨ ᠨᠠᠶ᠋ᠢᠳᠠᠯᠭ᠎ᠠ ᠵᠢᠨ ᠪᠢᠴᠢᠭ᠎ᠲᠤ ᠭᠠᠷᠤᠨ ᠥᠰᠥᠭ ᠵᠢᠷᠤᠪᠠ᠃ ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠨᠢᠭᠡᠲᠦᠯᠲᠡᠢ ᠪᠠᠶ᠋ᠢᠷᠢᠯᠠᠭᠤᠯᠤᠯᠲᠠ ᠶᠣᠰᠣᠭ᠋ᠠᠷ᠂ ᠲᠣᠮᠢᠯᠠᠨ ᠰᠠᠭᠤᠯᠭ᠋ᠠᠭᠰᠠᠨ ᠬᠥᠮᠦᠰ ᠵᠠᠰᠠᠭ᠎ᠤᠨ ᠶᠠᠪᠤᠳᠠᠯ᠎ᠤᠨ ᠲᠢᠩᠬᠢᠮ᠎ᠳᠤ ᠣᠷᠣᠵᠤ ᠠᠵᠢᠯ ᠵᠶ᠋ᠠᠨ ᠵᠢᠩᠬᠢᠨᠢ᠎ᠪᠠᠷ ᠦᠷᠨᠢᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠲᠥᠪᠯᠡᠷᠡᠭᠦᠯᠦᠨ ᠠᠵᠢᠯᠯᠠᠬᠤ ᠵᠢ ᠪᠡᠶᠡᠯᠡᠭᠦᠯᠵᠦ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠪᠠ ᠤᠯᠠᠨ ᠲᠦᠮᠡᠨ᠎ᠤ ᠠᠵᠢᠯ ᠶᠠᠪᠤᠳᠠᠯ ᠰᠢᠢ᠍ᠳᠪᠦᠷᠢᠯᠡᠬᠦ᠎ᠳᠤ ᠲᠦᠬᠦᠮ ᠦᠵᠡᠭᠦᠯᠪᠡ᠃
ᠭᠤᠷᠪᠠ᠂ ᠰᠣᠶᠣᠯ ᠪᠠ ᠵᠢᠭᠤᠯᠴᠢᠯᠠᠯ᠎ᠤᠨ ᠬᠠᠤᠯᠢ ᠲᠣᠭᠲᠠᠭ᠋ᠠᠬᠤ ᠠᠵᠢᠯ᠎ᠢ ᠤᠯᠠᠮ ᠨᠢᠭᠡ ᠠᠯᠬᠤᠮ ᠠᠬᠢᠭᠣᠯᠪᠠ
ᠨᠢᠭᠡ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠲᠦᠷᠢᠮ》᠎ᠢ ᠨᠡᠶ᠋ᠢᠲᠡᠯᠡᠬᠦ ᠵᠢ ᠢᠳᠡᠪᠬᠢᠲᠡᠶ ᠠᠬᠢᠭᠣᠯᠪᠠ᠃ 《ᠳᠦᠷᠢᠮ》 ᠪᠣᠯ ᠥᠪᠡᠷᠲᠡᠭᠡᠨ ᠵᠠᠰᠠᠬᠤ ᠣᠷᠣᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠶᠠᠪᠤᠴᠠ᠎ᠳᠤ᠎ᠬᠢ ᠤᠳᠬ᠎ᠠ ᠤᠷᠠᠯᠢᠭ᠎ᠤᠨ ᠪᠦᠯᠬᠦᠮ᠎ᠤᠨ ᠪᠠᠶ᠋ᠢᠭᠤᠯᠤᠯᠲᠠ᠂ ᠬᠠᠮᠠᠭ᠋ᠠᠯᠠᠯᠲᠠ᠂ ᠬᠥᠭᠵᠢᠯᠲᠡ ᠵᠢᠨ ᠠᠰᠠᠭᠤᠳᠠᠯ᠎ᠢ ᠰᠢᠢ᠍ᠳᠪᠦᠷᠢᠯᠡᠬᠦ ᠠᠩᠬᠠᠳᠠᠭᠴᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠪᠣᠯᠤᠨ᠎ᠠ᠃ ᠳᠦᠷᠢᠮ᠎ᠢ ᠨᠡᠶ᠋ᠢᠲᠡᠯᠡᠨ ᠬᠡᠷᠡᠭᠵᠢᠭᠦᠯᠦᠭᠰᠡᠨ᠎ᠨᠢ᠂ ᠤᠯᠠᠭ᠋ᠠᠨᠮᠥ᠋ᠴᠢᠷ ᠬᠠᠤᠯᠢ᠎ᠪᠠᠷ ᠵᠠᠰᠠᠬᠣ ᠪᠠᠢ᠌ᠭᠣᠯᠣᠯᠲᠠ ᠬᠥᠭᠵᠢᠭᠰᠡᠨ ᠰᠢᠨ᠎ᠡ ᠴᠠᠭ ᠦᠶ᠎ᠡ᠎ᠳᠤ ᠠᠯᠬᠤᠨ ᠣᠷᠣᠭᠰᠠᠨ᠎ᠢ ᠬᠠᠷᠠᠭᠤᠯᠵᠤ ᠪᠠᠢ᠌ᠨ᠎ᠠ᠂ ᠡᠨᠡ᠎ᠨᠢ ᠳᠠᠷᠣᠢ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠣᠭᠣᠰᠢᠯᠠᠭᠣᠯᠣᠨ ᠨᠠᠢ᠌ᠳᠠᠪᠦᠷᠢᠵᠢᠭᠣᠯᠵᠤ ᠪᠠᠢ᠌ᠭ᠎ᠠ ᠦᠪᠦᠷ ᠮᠣᠩᠭᠣᠯ᠎ᠤᠨ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠃ ᠬᠣᠶᠠᠷ᠎ᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ᠂ ᠰᠣᠶᠣᠯ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠰᠠᠯᠠᠭ᠎ᠠ ᠮᠥᠴᠢᠷ᠎ᠤᠨ᠎ᠬᠢᠨ᠎ᠤ ᠠᠵᠢᠯ᠎ᠤᠨ ᠬᠠᠮᠲᠤᠷᠠᠭᠰᠠᠨ ᠬᠤᠷᠠᠯ᠎ᠤᠨ ᠵᠣᠷᠢᠭ ᠰᠠᠨᠠᠭ᠋ᠠᠨ᠎ᠤ ᠱᠠᠭ᠋ᠠᠷᠳᠠᠯᠭ᠎ᠠ ᠵᠢ ᠦᠨᠳᠦᠰᠦᠯᠡᠨ᠂ 2019 ᠣᠨ᠎ᠤ ᠳᠥᠷᠪᠡᠨ ᠵᠦᠢ᠍ᠯ᠎ᠤᠨ ᠴᠢᠬᠤᠯᠠ ᠬᠠᠤᠯᠢ ᠲᠣᠭᠲᠠᠭ᠋ᠠᠯᠲᠠ ᠵᠢᠴᠢ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ ᠠᠵᠢᠯ᠎ᠤᠨ ᠡᠭᠦᠷᠭᠡ ᠵᠢ ᠡᠯ᠎ᠡ ᠬᠣᠯᠪᠣᠭᠳᠠᠯ ᠪᠥᠬᠥᠶ ᠭᠠᠵᠠᠷ ᠲᠠᠰᠤᠭ᠎ᠲᠤ ᠰᠠᠯᠭ᠋ᠠᠨ ᠳᠣᠭᠢᠷᠠᠭᠤᠯᠵᠤ᠂ ᠬᠠᠮᠢᠶ᠎ᠠ ᠪᠥᠬᠥᠶ ᠬᠠᠤᠯᠢ ᠲᠣᠭᠲᠠᠭ᠋ᠠᠬᠤ ᠵᠦᠢ᠍ᠯᠡᠰ᠎ᠤᠨ ᠠᠬᠢᠴᠠ ᠵᠢ ᠢᠳᠡᠪᠬᠢᠲᠡᠶ ᠳᠥᠯᠭᠢᠨ ᠠᠬᠢᠭᠣᠯᠪᠠ᠃ ᠭᠤᠷᠪᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠢᠩᠬᠢᠮ᠎ᠳᠤ ᠬᠣᠯᠪᠣᠭᠳᠠᠭᠰᠠᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯᠲᠠ ᠪᠠ ᠵᠠᠰᠠᠭ᠎ᠤᠨ ᠣᠷᠳᠣᠨ᠎ᠤ ᠲᠦᠷᠢᠮ ᠲᠣᠭᠲᠠᠭ᠋ᠠᠯ᠎ᠢ ᠡᠮᠬᠢᠯᠡᠨ ᠴᠡᠪᠡᠷᠯᠡᠪᠡ᠃
ᠲᠦᠷᠪᠡ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ ᠢ ᠬᠢᠨᠠᠨ ᠪᠠᠶ᠋ᠢᠴᠠᠭ᠋ᠠᠬᠤ ᠪᠠ ᠢᠯᠭ᠋ᠠᠷᠠᠭᠤᠯᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠪᠠ
ᠨᠢᠭᠡ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭ᠋ᠠᠬᠤ ᠪᠠ ᠳᠠᠩᠰᠠᠯᠠᠭᠤᠯᠬᠤ᠎ᠳᠤ ᠬᠢᠨᠠᠯᠲᠠ ᠲᠠᠯᠪᠢᠬᠤ ᠠᠷᠭ᠎ᠠ》 ᠵᠡᠷᠭᠡ ᠵᠠᠰᠠᠭ᠎ᠤᠨ ᠣᠷᠳᠣᠨ᠎ᠤ ᠳᠦᠷᠢᠮ ᠳᠣᠭᠲᠠᠭ᠋ᠠᠯ ᠪᠠ ᠪᠢᠴᠢᠭ ᠮᠠᠲ᠋ᠧᠷᠢᠶᠠᠯ᠎ᠤᠨ ᠲᠣᠭᠲᠠᠭ᠋ᠠᠯ ᠢ ᠦᠨᠳᠦᠰᠦᠯᠡᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠦᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠣᠭᠲᠠᠭ᠋ᠠᠨ ᠨᠡᠶ᠋ᠢᠲᠡᠯᠡᠵᠦ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠪᠣᠯᠤᠨ ᠬᠢᠨᠠᠯᠲᠠ ᠲᠠᠯᠪᠢᠯᠲᠠ᠎ᠪᠠᠨ ᠴᠢᠩᠭ᠋ᠠᠳᠬᠠᠪᠠ᠃ ᠬᠣᠶᠠᠷ᠎ᠲᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠭᠠᠵᠠᠷ᠎ᠲᠠᠢ ᠬᠠᠮᠵᠢᠯᠴᠠᠭᠰᠠᠨ ᠦᠨᠳᠦᠰᠦᠨ ᠪᠥᠲᠥᠭᠡᠨ ᠪᠠᠶ᠋ᠢᠭᠤᠯᠤᠯᠲᠠ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠭᠰᠠᠨ ᠣᠷᠣᠯᠭ᠎ᠠ ᠵᠢᠨ ᠲᠤᠰᠬᠠᠶ ᠲᠦᠷᠦᠯ᠎ᠤᠨ ᠪᠠᠯᠠ ᠮᠥᠩᠭᠥ ᠵᠢᠨ ᠲᠦᠷ ᠬᠡᠷᠡᠭᠵᠢᠭᠦᠯᠬᠦ ᠬᠠᠮᠢᠶᠠᠷᠤᠯᠲᠠ ᠵᠢᠨ ᠠᠷᠭ᠎ᠠ》 ᠵᠡᠷᠭᠡ ᠬᠡᠳᠦᠨ ᠵᠢᠷᠤᠮᠵᠢᠯ᠎ᠤᠨ ᠴᠢᠨᠠᠷᠲᠠᠶ ᠪᠢᠴᠢᠭ ᠮᠠᠲᠸᠷᠢᠶᠠᠯ᠎ᠳᠤ ᠬᠠᠤᠯᠢ ᠶᠣᠰᠣᠴᠢ ᠴᠢᠨᠠᠷ᠎ᠤᠨ ᠬᠢᠨᠠᠨ ᠪᠠᠶ᠋ᠢᠴᠠᠭ᠋ᠠᠯᠲᠠ ᠬᠢᠬᠦ ᠵᠢᠨ ᠬᠠᠮᠲᠤ ᠬᠠᠤᠯᠢ ᠶᠣᠰᠣᠴᠢ ᠴᠢᠨᠠᠷ᠎ᠤᠨ ᠬᠢᠨᠠᠨ ᠪᠠᠶ᠋ᠢᠴᠠᠭ᠋ᠠᠯᠲᠠ ᠵᠢᠨ ᠰᠠᠨᠠᠯ ᠭᠠᠷᠭ᠋ᠠᠪᠠ᠃ ᠭᠤᠷᠪᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠪᠠ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠱᠠᠭ᠋ᠠᠷᠳᠠᠯᠭ᠎ᠠ ᠵᠢ ᠦᠨᠳᠦᠰᠦᠯᠡᠨ᠂ 2019 ᠣᠨ᠎ᠤ 8 ᠳ᠋ᠣᠭ᠋ᠠᠷ ᠰᠠᠷ᠎ᠠ ᠪᠣᠯᠲᠠᠯᠠᠬᠢ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠪᠥᠬᠥ ᠲᠠᠯ᠎ᠠ᠎ᠪᠠᠷ ᠡᠮᠬᠢᠯᠡᠨ ᠢᠯᠭ᠋ᠠᠷᠠᠭᠤᠯᠪᠠ᠃ ᠲᠢᠩᠬᠢᠮ᠎ᠤᠨ ᠲᠠᠷᠬᠠᠭ᠋ᠠᠭᠰᠠᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠦᠷᠭᠦᠯᠵᠢᠯᠡᠨ ᠬᠦᠴᠦᠨ᠎ᠲᠠᠢ ᠪᠠᠶ᠋ᠢᠬᠤ 5 ᠬᠤᠪᠢ᠂ ᠬᠦᠴᠦᠨ ᠥᠬᠡᠶ ᠪᠣᠯᠭ᠋ᠠᠬᠤ 3 ᠬᠤᠪᠢ; ᠮᠠᠨ᠎ᠤ ᠲᠢᠩᠬᠢᠮ᠎ᠤᠨ ᠲᠤᠭᠤᠷᠪᠢᠭᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠡᠷ᠎ᠡ᠎ᠪᠠᠷ ᠲᠠᠷᠬᠠᠭ᠋ᠠᠭᠰᠠᠨ ᠣᠳᠣ ᠵᠢᠨ ᠬᠡᠷᠡᠭᠵᠢᠭᠦᠯᠵᠦ ᠪᠠᠶ᠋ᠢᠭ᠎ᠠ ᠬᠦᠴᠦᠨ ᠪᠦᠬᠦᠢ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠨᠡᠶ᠋ᠢᠲᠡ 22 ᠬᠤᠪᠢ ᠪᠠᠶ᠋ᠢᠵᠤ᠂ ᠡᠭᠦᠨ᠎ᠳᠤ ᠦᠷᠭᠦᠯᠵᠢᠯᠡᠨ ᠬᠦᠴᠦᠨ᠎ᠲᠠᠢ ᠪᠠᠶ᠋ᠢᠯᠭ᠋ᠠᠬᠤ ᠵᠢ ᠰᠠᠨᠠᠭᠤᠯᠤᠭᠰᠠᠨ᠎ᠨᠢ 21 ᠵᠦᠢ᠍ᠯ (ᠡᠭᠦᠨ᠎ᠳᠤ ᠨᠡᠭᠡᠭᠡᠬᠦ ᠬᠠᠮᠢᠶᠠᠷᠬᠤ ᠦᠢ᠍ᠯᠡᠴᠢᠯᠡᠬᠦ᠎ᠳᠤ ᠬᠣᠯᠪᠣᠭᠳᠠᠭᠰᠠᠨ᠎ᠨᠢ 1 ᠵᠦᠢ᠍ᠯ)᠂ ᠬᠦᠴᠤᠨ ᠦᠭᠡᠢ ᠪᠣᠯᠭ᠋ᠠᠬᠣ ᠵᠢ ᠰᠠᠨᠠᠭᠣᠯᠣᠭᠰᠠᠨᠨᠢ 1 ᠵᠦᠢ᠍ᠯ ᠪᠣᠢ᠃
ᠲᠠᠪᠤ᠂ ᠵᠠᠰᠠᠭ ᠵᠠᠬᠢᠷᠭ᠋ᠠᠨ᠎ᠤ ᠰᠢᠢ᠍ᠳᠪᠦᠷᠢᠳᠦ ᠪᠣᠳᠣᠯᠭ᠎ᠠ ᠲᠣᠭᠲᠠᠭ᠋ᠠᠬᠤ ᠶᠠᠪᠣᠴᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠪᠡ
ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠱᠠᠭ᠋ᠠᠷᠳᠠᠯᠭ᠎ᠠ ᠵᠢ ᠦᠨᠳᠦᠰᠦᠯᠡᠨ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠣᠯᠴᠢᠯᠡᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ 〈ᠭᠤᠷᠪᠠᠨ ᠴᠢᠬᠤᠯᠠ ᠨᠢᠭᠡ ᠶᠡᠬᠡ〉 ᠬᠡᠷᠡᠭ ᠶᠠᠪᠣᠳᠠᠯ ᠳᠤ ᠬᠠᠮᠲᠤ᠎ᠪᠠᠷ ᠰᠢᠢ᠍ᠳᠪᠦᠷᠢᠳᠦ ᠪᠣᠳᠣᠯᠭ᠎ᠠ ᠲᠣᠭᠲᠠᠭ᠋ᠠᠬᠤ ᠲᠦᠷᠢᠮ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠳᠦ ᠪᠣᠳᠣᠯᠭ᠎ᠠ ᠵᠢ ᠲᠣᠭᠲᠠᠭ᠋ᠠᠬᠤ ᠠᠵᠢᠯ᠎ᠤᠨ ᠵᠢᠷᠤᠮ (ᠲᠤᠷᠰᠢᠨ ᠬᠡᠷᠡᠭᠵᠢᠭᠦᠯᠬᠦ)》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠴᠢᠬᠤᠯᠠ ᠶᠡᠬᠡ ᠰᠢᠢ᠍ᠳᠪᠦᠷᠢᠳᠦ ᠪᠣᠳᠣᠯᠭ᠎ᠠ ᠲᠣᠭᠲᠠᠭ᠋ᠠᠬᠤ ᠭᠣᠤᠯ ᠴᠣᠭᠴᠠ᠂ ᠬᠡᠷᠡᠭ ᠶᠠᠪᠣᠳᠠᠯ᠎ᠤᠨ ᠬᠦᠷᠢᠶ᠎ᠡ ᠬᠡᠪᠴᠢᠶ᠎ᠡ᠂ ᠬᠠᠤᠯᠢ᠎ᠪᠠᠷ ᠲᠣᠭᠲᠠᠭ᠋ᠠᠭᠰᠠᠨ ᠡᠮᠬᠢ ᠵᠢᠷᠤᠮ᠂ ᠬᠠᠮᠢᠶ᠎ᠠ ᠪᠥᠬᠥᠶ ᠬᠠᠷᠢᠭᠤᠴᠠᠯᠭ᠎ᠠ ᠵᠡᠷᠭᠡ ᠵᠢ ᠲᠣᠳᠣᠷᠬᠠᠶ᠋ᠢᠯᠠᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠳᠦ ᠪᠣᠳᠣᠯᠭ᠎ᠠ ᠲᠣᠭᠲᠠᠭ᠋ᠠᠬᠤ ᠠᠵᠢᠯ᠎ᠤᠨ ᠳᠡᠰ ᠳᠠᠷᠠᠭ᠋ᠠᠯᠠᠯ (ᠲᠤᠷᠰᠢᠨ ᠬᠡᠷᠡᠭᠵᠢᠭᠦᠯᠬᠦ)》 ᠬᠢᠭᠡᠳ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ 〈ᠭᠤᠷᠪᠠᠨ ᠴᠢᠬᠤᠯᠠ ᠨᠢᠭᠡ ᠶᠡᠬᠡ〉 ᠬᠡᠷᠡᠭ ᠶᠠᠪᠣᠳᠠᠯ᠎ᠤᠨ ᠬᠠᠮᠲᠤ ᠵᠢᠨ ᠰᠢᠢ᠍ᠳᠪᠦᠷᠢᠳᠦ ᠪᠣᠳᠣᠯᠭ᠎ᠠ ᠲᠣᠭᠲᠠᠭ᠋ᠠᠬᠤ ᠳᠦᠷᠢᠮ》᠎ᠯᠦᠭᠡ ᠪᠦᠲᠦᠮᠵᠢᠲᠡᠶ ᠵᠣᠯᠭ᠋ᠠᠭᠣᠯᠬᠣ ᠠᠵᠢᠯ᠎ᠢ ᠬᠦᠴᠦᠯᠡᠨ ᠰᠠᠶ᠋ᠢᠲᠤᠷ ᠬᠢᠪᠡ᠃ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠳᠦ ᠪᠣᠳᠣᠯᠭ᠎ᠠ ᠵᠢ ᠳᠠᠭ᠋ᠠᠭ᠋ᠠᠨ ᠭᠦᠢ᠍ᠴᠡᠳᠭᠡᠬᠦ ᠰᠠᠯᠠᠭ᠎ᠠ ᠮᠥᠴᠢᠷ᠂ ᠭᠠᠵᠠᠷ ᠲᠠᠰᠤᠭ ᠬᠠᠮᠢᠶ᠎ᠠ ᠪᠦᠬᠦᠢ ᠠᠵᠢᠯ᠎ᠤᠨ ᠶᠠᠪᠣᠴᠠ ᠵᠢ ᠴᠢᠩᠭ᠎ᠠ ᠵᠢᠷᠤᠮᠯᠠᠨ᠂ ᠵᠠᠰᠠᠭ ᠵᠠᠬᠢᠷᠭ᠋ᠠᠨ᠎ᠤ ᠴᠢᠬᠣᠯᠠ ᠶᠡᠬᠡ ᠰᠢᠢ᠍ᠳᠪᠦᠷᠢᠳᠦ ᠪᠣᠳᠣᠯᠭ᠎ᠠ ᠵᠢᠨ ᠡᠯ᠎ᠡ ᠳᠡᠰ ᠳᠠᠷᠠᠭ᠋ᠠᠯᠠᠯ᠎ᠢ ᠰᠠᠢ᠌ᠳᠣᠷ ᠪᠡᠶᠡᠯᠡᠭᠦᠯᠬᠦ ᠵᠢ ᠱᠠᠭ᠋ᠠᠷᠳᠠᠪᠠ ᠃
ᠵᠢᠷᠭᠤᠭ᠎ᠠ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠪᠠ
(ᠨᠢᠭᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠤᠷᠪᠠᠨ ᠵᠦᠢ᠍ᠯ᠎ᠤᠨ ᠲᠦᠷᠢᠮ᠎ᠢ ᠢᠳᠡᠪᠬᠢᠲᠡᠶ ᠨᠠᠢ᠌ᠳᠠᠪᠦᠷᠢᠵᠢᠭᠦᠯᠪᠡ
《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠢᠯᠡ ᠨᠡᠶ᠋ᠢᠲᠡᠯᠡᠬᠦ ᠲᠦᠷᠢᠮ᠎ᠤᠨ ᠬᠠᠤᠯᠢ ᠬᠡᠷᠡᠭᠵᠢᠭᠦᠯᠬᠦ ᠪᠥᠬᠥ ᠶᠠᠪᠤᠴᠠ ᠵᠢ ᠲᠡᠮᠳᠡᠭᠯᠡᠬᠦ ᠲᠦᠷᠢᠮ᠎ᠢ ᠬᠡᠷᠡᠭᠵᠢᠭᠦᠯᠬᠦ ᠴᠢᠬᠤᠯᠠ ᠶᠡᠬᠡ ᠬᠠᠤᠯᠢ ᠬᠡᠷᠡᠭᠵᠢᠭᠦᠯᠬᠦ ᠲᠣᠭᠳᠠᠭ᠋ᠠᠯ᠎ᠤᠨ ᠬᠠᠤᠯᠢ ᠲᠦᠷᠢᠮ᠎ᠢ ᠬᠢᠨᠠᠨ ᠬᠠᠷᠭᠤᠭᠤᠯᠬᠤ ᠲᠦᠷᠢᠮ᠎ᠢ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠲᠠᠷᠬᠠᠭ᠋ᠠᠬᠣ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2019] 13 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ 《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠢᠯᠡ ᠨᠡᠶ᠋ᠢᠲᠡᠯᠡᠬᠦ ᠳᠦᠷᠢᠮ᠎ᠤᠨ ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢ ᠲᠡᠮᠳᠡᠭᠯᠡᠬᠦ ᠳᠦᠷᠢᠮ᠎ᠤᠨ ᠴᠢᠬᠤᠯᠠ ᠶᠡᠬᠡ ᠬᠠᠤᠯᠢ ᠬᠡᠷᠡᠭᠵᠢᠭᠦᠯᠬᠦ ᠲᠣᠭᠲᠠᠭ᠋ᠠᠯ᠎ᠤᠨ ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠳᠦᠷᠢᠮ᠎ᠤᠨ ᠠᠵᠢᠯ᠎ᠤᠨ ᠲᠥᠰᠦᠯ》᠎ᠢ ᠲᠣᠭᠲᠠᠭ᠋ᠠᠵᠤ᠂ ᠡᠭᠦᠨ᠎ᠤ ᠬᠠᠮᠲᠤ ᠠᠵᠢᠯ᠎ᠤᠨ ᠡᠭᠦᠷᠭᠡ᠎ᠪᠠᠨ ᠬᠠᠮᠢᠶ᠎ᠠ ᠪᠦᠬᠦᠢ ᠡᠯ᠎ᠡ ᠭᠠᠵᠠᠷ ᠲᠠᠰᠣᠭ᠎ᠲᠤ ᠬᠦᠷᠲᠡᠯ᠎ᠡ ᠲᠠᠷᠬᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡᠯᠡᠭᠰᠡᠨ ᠡᠷᠬᠡ ᠬᠠᠷᠢᠭᠤᠴᠠᠯᠭ᠎ᠠ ᠵᠢᠨ ᠨᠠᠷᠢᠨ ᠳᠠᠩᠰᠠ ᠵᠢ ᠦᠨᠳᠦᠰᠦᠯᠡᠨ᠂ ᠠᠯᠪᠠᠨ ᠰᠦᠯᠵᠢᠶᠡᠨ ᠳᠡᠭᠡᠷ᠎ᠡ᠎ᠪᠠᠨ ᠮᠠᠨ᠎ᠤ ᠲᠢᠩᠬᠢᠮ᠎ᠤᠨ ᠡᠷᠬᠡ ᠬᠠᠷᠢᠭᠤᠴᠠᠯᠭ᠎ᠠ ᠵᠢᠨ ᠨᠠᠷᠢᠨ ᠳᠠᠩᠰᠠ ᠵᠢᠨ ᠵᠦᠢ᠍ᠯᠡᠰ᠎ᠢ ᠨᠡᠶ᠋ᠢᠲᠡᠯᠡᠭᠰᠡᠨ᠎ᠤ ᠬᠠᠮᠲᠤ ᠰᠣᠶᠣᠯ᠎ᠤᠨ ᠵᠠᠬ᠎ᠠ ᠳᠡᠯᠭᠡᠭᠦᠷ᠎ᠤᠨ ᠳᠠᠭ᠋ᠠᠤ᠎ᠳᠤ᠎ᠬᠢ ᠰᠤᠭᠤᠴᠢᠨ ᠪᠠᠢ᠌ᠴᠠᠭ᠋ᠠᠬᠣ ᠨᠠᠷᠢᠨ ᠳᠠᠩᠰᠠ᠎ᠳᠤ ᠵᠠᠰᠠᠪᠤᠷᠢ ᠣᠷᠣᠭᠣᠯᠪᠠ᠃ ᠵᠠᠰᠠᠭ ᠵᠠᠬᠢᠷᠭ᠋ᠠᠨ᠎ᠤ ᠰᠢᠢ᠍ᠳᠭᠡᠯ ᠪᠠ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠶᠠᠪᠣᠴᠠ ᠵᠢᠨ ᠵᠢᠷᠤᠭ ᠵᠢᠴᠢ ᠶᠡᠷᠣᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢᠨ ᠪᠦᠷᠢᠳᠬᠡᠯ᠎ᠤᠨ ᠪᠠᠶ᠋ᠢᠳᠠᠯ᠎ᠢ ᠨᠡᠶ᠋ᠢᠲᠡᠯᠡᠪᠡ᠃
(ᠬᠣᠶᠠᠷ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠤᠯ ᠴᠣᠭᠴᠠ ᠪᠠ ᠬᠠᠤᠯᠢ ᠬᠡᠷᠡᠭᠵᠢᠭᠦᠯᠬᠦ ᠠᠵᠢᠯᠲᠠᠨ᠎ᠤ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠪᠠ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠱᠠᠭ᠋ᠠᠷᠳᠠᠯᠭ᠎ᠠ ᠶᠣᠰᠣᠭ᠋ᠠᠷ᠂ ᠨᠢᠭᠡ᠎ᠳᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠤᠯ ᠴᠣᠭᠴᠠ ᠵᠢ ᠬᠢᠨᠠᠮᠠᠭ᠋ᠠᠶ ᠡᠮᠬᠢᠯᠡᠵᠦ᠂ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠤᠯ ᠴᠣᠭᠴᠠ ᠵᠢᠨ ᠬᠢᠷᠢ ᠬᠡᠮ᠎ᠢ ᠬᠢᠨᠠᠨ ᠬᠠᠷᠭᠤᠭᠤᠯᠵᠤ ᠳᠠᠩᠰᠠᠯᠠᠬᠣ ᠬᠦᠰᠦᠨᠦᠭᠲᠦ》᠂ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠤᠯ ᠴᠣᠭᠴᠠ ᠵᠢ ᠢᠯᠭ᠋ᠠᠷᠠᠭᠤᠯᠤᠭᠰᠠᠨ ᠪᠠᠶ᠋ᠢᠳᠠᠯ᠎ᠤᠨ ᠮᠡᠳᠡᠭᠦᠯᠦᠯᠲᠡ》᠂ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠳᠦᠰᠦ ᠪᠠᠷᠢᠮᠲᠠ ᠵᠢ ᠡᠮᠬᠢᠯᠡᠨ ᠳᠢᠭᠯᠡᠭᠰᠡᠨ ᠬᠦᠰᠦᠨᠦᠭᠲᠦ》 ᠵᠢ ᠲᠡᠳᠡᠨ᠎ᠳᠤ ᠮᠡᠳᠡᠭᠦᠯᠦᠨ ᠬᠦᠷᠭᠡᠵᠡᠶ᠃ ᠬᠣᠶᠠᠷ᠎ᠲᠤ᠂ ᠪᠠᠶ᠋ᠢᠭᠤᠯᠤᠮᠵᠢ ᠵᠢᠨ ᠥᠭᠡᠷᠡᠴᠢᠯᠡᠯᠲᠡ᠂ ᠠᠵᠢᠯ᠎ᠤᠨ ᠪᠠᠶ᠋ᠢᠷᠢ ᠵᠢᠨ ᠲᠣᠬᠢᠷᠠᠭᠤᠯᠤᠯᠲᠠ ᠵᠡᠷᠭᠡ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠮᠠᠨ᠎ᠤ ᠲᠢᠩᠬᠢᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠲᠠᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠪᠠᠶ᠋ᠢᠳᠠᠯ᠎ᠢ ᠬᠢᠨᠠᠮᠠᠭ᠋ᠠᠶ ᠡᠮᠬᠢᠯᠡᠵᠦ᠂ 《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠢ ᠬᠣᠪᠢᠷᠠᠭᠣᠯᠣᠭᠰᠠᠨ ᠪᠠᠶ᠋ᠢᠳᠠᠯ᠎ᠤᠨ ᠬᠦᠰᠦᠨᠦᠭᠲᠦ》᠂ 《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠭᠢᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠢ ᠢᠯᠭ᠋ᠠᠷᠠᠭᠤᠯᠤᠨ ᠳᠠᠩᠰᠠᠯᠠᠬᠤ ᠬᠦᠰᠦᠨᠦᠭᠳᠦ》᠂ 《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠨ ᠠᠪᠬᠤ ᠴᠢᠬᠤᠯᠠᠲᠠᠶ ᠬᠥᠮᠦᠰ᠎ᠤᠨ ᠳᠠᠩᠰᠠᠯᠠᠯ᠎ᠤᠨ ᠬᠦᠰᠦᠨᠦᠭᠲᠦ》 ᠵᠢ ᠮᠡᠳᠡᠭᠦᠯᠦᠨ ᠬᠦᠷᠭᠡᠵᠣ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠤᠯ ᠴᠣᠭᠴᠠ ᠵᠢᠨ ᠬᠠᠷᠢᠭᠣᠴᠠᠯᠭ᠎ᠠ ᠵᠢ ᠨᠠᠢ᠌ᠳᠠᠪᠦᠵᠢᠭᠤᠯᠪᠠ᠃
ᠳᠣᠯᠣᠭ᠎ᠠ᠂ ᠬᠠᠤᠯᠢ᠎ᠪᠠᠷ ᠵᠠᠰᠠᠬᠤ ᠪᠣᠯᠪᠠᠰᠤᠷᠠᠭᠤᠯᠤᠯ ᠪᠠ ᠤᠬᠠᠭᠤᠯᠭ᠎ᠠ ᠵᠢ ᠴᠢᠩᠭ᠋ᠠᠳᠬᠠᠵᠤ᠂ ᠬᠠᠤᠯᠢ᠎ᠪᠠᠷ ᠵᠠᠰᠠᠬᠣ ᠰᠡᠳᠬᠢᠬᠦᠶ᠎ᠪᠠᠨ ᠳᠡᠭᠡᠭᠰᠢᠯᠡᠭᠦᠯᠪᠡ
ᠨᠢᠭᠡ᠎ᠳᠤ᠂ ᠳᠡᠭᠡᠷ᠎ᠡ ᠬᠠᠭ᠋ᠠᠰ ᠵᠢᠯ ᠪᠠ ᠳᠣᠣᠷ᠎ᠠ ᠬᠠᠭ᠋ᠠᠰ ᠵᠢᠯ᠎ᠳᠤ ᠲᠤᠰ ᠲᠤᠰ ᠨᠢᠭᠡ ᠤᠳᠠᠭ᠎ᠠ ᠬᠠᠤᠯᠢ᠎ᠪᠠᠷ ᠵᠠᠰᠠᠬᠤ ᠪᠣᠯᠪᠠᠰᠣᠷᠠᠭᠣᠯᠣᠯ᠎ᠤᠨ ᠠᠩᠭᠢ ᠡᠷᠬᠢᠯᠡᠵᠦ᠂ ᠬᠠᠮᠢᠶ᠎ᠠ ᠪᠥᠬᠥᠶ ᠬᠠᠤᠯᠢ ᠴᠠᠭ᠋ᠠᠵᠠ ᠵᠢᠨ ᠲᠤᠰᠬᠠᠶ ᠮᠡᠷᠭᠡᠵᠢᠯᠲᠡᠨ᠎ᠢ ᠤᠷᠢᠵᠤ᠂ ᠭᠡᠷ᠎ᠡ ᠵᠢᠨ ᠣᠨᠣᠯ ᠪᠣᠯᠤᠨ ᠪᠣᠳᠠᠲᠤ ᠶᠠᠪᠤᠳᠠᠯ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠣᠨᠣᠯ ᠪᠣᠯᠤᠨ ᠪᠣᠳᠠᠲᠤ ᠶᠠᠪᠤᠳᠠᠯ ᠵᠢᠴᠢ ᠤᠯᠠᠭ᠋ᠠᠨᠮᠦ᠋ᠴᠢᠷ᠎ᠤᠨ ᠲᠦᠷᠢᠮ᠎ᠤᠨ ᠲᠣᠬᠠᠢ ᠲᠤᠰᠬᠠᠶ ᠲᠦᠷᠦᠯ᠎ᠤᠨ ᠬᠢᠴᠢᠶᠡᠯ ᠪᠠ ᠲᠠᠶ᠋ᠢᠯᠤᠮᠵᠢ ᠬᠢᠪᠠ᠃ 2019 ᠣᠨ᠎ᠤ 《12.4》 ᠤᠯᠤᠰ᠎ᠤᠨ ᠦᠨᠳᠦᠰᠦᠨ ᠬᠠᠤᠯᠢ ᠵᠢᠨ ᠡᠳᠦᠷ (ᠪᠥᠬᠥ ᠤᠯᠤᠰ᠎ᠤᠨ ᠬᠠᠤᠯᠢ ᠲᠦᠷᠢᠮ᠎ᠤᠨ ᠣᠬᠠᠭᠣᠯᠭ᠎ᠠ ᠵᠢᠨ ᠡᠳᠦᠷ)᠎ᠤᠨ ᠰᠣᠶᠣᠯ ᠪᠠ ᠵᠢᠭᠤᠯᠴᠢᠯᠠᠯ᠎ᠤᠨ ᠬᠠᠤᠯᠢ ᠲᠦᠷᠢᠮ᠎ᠤᠨ ᠤᠬᠠᠭᠤᠯᠭ᠎ᠠ ᠵᠢᠨ ᠠᠵᠢᠯᠯᠠᠭ᠎ᠠ ᠵᠢ ᠦᠷᠨᠢᠭᠦᠯᠵᠤ᠂ ᠠᠵᠢᠯᠯᠠᠭ᠎ᠠ ᠵᠢᠨ ᠠᠭᠤᠯᠭ᠎ᠠ᠎ᠳᠤ ᠬᠠᠤᠯᠢ᠎ᠪᠠᠷ ᠵᠠᠰᠠᠬᠤ ᠲᠠᠶ᠋ᠢᠯᠤᠮᠵᠢ᠂ ᠠᠯᠪᠠᠨ ᠵᠢᠷᠤᠮ᠎ᠤᠨ ᠬᠠᠤᠯᠢ ᠴᠠᠭ᠋ᠠᠵᠠ ᠵᠢᠨ ᠵᠥᠪᠯᠡᠯᠭᠡ ᠥᠭᠬᠦ᠂ ᠨᠠᠮ ᠪᠣᠯᠤᠨ ᠤᠯᠤᠰ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠦᠷᠨᠢᠭᠦᠯᠬᠦ ᠵᠡᠷᠭᠡ ᠠᠭᠤᠯᠭ᠎ᠠ ᠵᠢ ᠪᠠᠭᠲᠠᠭ᠋ᠠᠪᠠ᠃ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ᠂ ᠨᠡᠶ᠋ᠢᠭᠡᠮ ᠵᠢᠷᠤᠮ᠎ᠤᠨ ᠭᠣᠤᠯᠯᠠᠬᠤ ᠥᠷᠲᠡᠭ᠎ᠤᠨ ᠦᠵᠡᠯᠲᠡ᠂ ᠦᠨᠳᠦᠰᠦᠨ ᠬᠠᠤᠯᠢ᠂ ᠰᠣᠶᠣᠯ ᠵᠢᠭᠤᠯᠴᠢᠯᠠᠯ᠎ᠤᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠡᠷᠭᠡ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠤᠨ ᠳᠡᠯᠭᠡᠨ ᠦᠵᠡᠭᠦᠯᠬᠦ ᠰᠠᠮᠪᠠᠷ᠎ᠠ᠂ ᠤᠬᠠᠭᠤᠯᠭ᠎ᠠ ᠵᠢᠨ ᠵᠠᠷᠯᠠᠯ᠂ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠭᠠᠷ ᠳᠡᠪᠲᠡᠷ᠂ ᠤᠬᠠᠭᠤᠯᠭ᠎ᠠ ᠵᠢᠨ ᠵᠠᠳᠠᠭ᠋ᠠᠶ ᠨᠢᠭᠤᠷ᠂ ᠡᠯᠧᠺᠲᠷᠣᠨ ᠳᠡᠯᠭᠡᠴᠡ ᠵᠡᠷᠭᠡ ᠬᠡᠯᠪᠡᠷᠢ᠎ᠪᠠᠷ ᠤᠬᠠᠭᠤᠯᠭ᠎ᠠ ᠬᠢᠪᠡ᠃ ᠳᠡᠭᠡᠷ᠎ᠡ ᠳᠤᠷᠠᠳᠤᠭᠰᠠᠨ ᠦᠢ᠍ᠯᠡ ᠠᠵᠢᠯᠯᠠᠭ᠎ᠠ᠎ᠳᠤ ᠨᠡᠶ᠋ᠢᠲᠡ 300 ᠭᠠᠷᠤᠶ ᠬᠥᠮᠦᠨ ᠤᠳᠠᠭ᠎ᠠ ᠪᠣᠯᠪᠠᠰᠣᠷᠠᠭᠣᠯᠣᠯ᠎ᠳᠤ ᠣᠷᠣᠯᠴᠠᠪᠠ᠃
ᠬᠣᠶᠠᠷ᠎ᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠤᠨ ᠲᠤᠰᠬᠠᠶ ᠳᠤᠭᠤᠶ᠋ᠢᠯᠠᠩ᠎ᠤᠨ ᠠᠯᠪᠠᠨ ᠬᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 《2019 ᠣᠨ᠎ᠤ ᠪᠥᠬᠥ ᠣᠷᠣᠨ᠎ᠤ ᠰᠦᠯᠵᠢᠶ᠎ᠡ᠎ᠪᠠᠷ ᠬᠠᠤᠯᠢ ᠰᠤᠷᠬᠤ ᠪᠠ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠰᠢᠯᠭ᠋ᠠᠯᠲᠠ ᠵᠢᠨ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠭᠠᠵᠠᠷ ᠬᠡᠷ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠡᠯ᠎ᠡ ᠰᠢᠭᠤᠳ ᠬᠠᠷᠢᠶ᠎ᠠ ᠨᠢᠭᠡᠴᠢ᠎ᠳᠤ ᠮᠡᠳᠡᠭᠳᠡᠯ ᠪᠠᠭᠤᠯᠭ᠋ᠠᠵᠤ᠂ ᠪᠥᠬᠥ ᠺᠠᠳ᠋ᠷᠴᠤᠳ ᠡᠷᠬᠡᠪᠰᠢ ᠬᠠᠤᠯᠢ ᠲᠦᠭᠡᠮᠡᠯᠵᠢᠭᠦᠯᠬᠦ ᠠᠭᠤᠯᠭ᠎ᠠ ᠵᠢ ᠰᠤᠷᠤᠯᠴᠠᠵᠤ᠂ ᠬᠠᠤᠯᠢ ᠲᠦᠭᠡᠮᠡᠯᠵᠢᠭᠦᠯᠬᠦ ᠰᠢᠯᠭ᠋ᠠᠯᠲᠠ᠎ᠳᠤ ᠣᠷᠣᠯᠴᠠᠬᠤ ᠵᠢ ᠱᠠᠭ᠋ᠠᠷᠳᠠᠪᠠ᠃
ᠭᠤᠷᠪᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠲᠦᠭᠡᠮᠡᠯᠵᠢᠭᠦᠯᠬᠦ ᠠᠵᠢᠯ᠎ᠤᠨ ᠲᠤᠰᠬᠠᠶ ᠳᠤᠭᠤᠶ᠋ᠢᠯᠠᠩ᠎ᠤᠨ ᠠᠯᠪᠠᠨ ᠬᠡᠷ᠎ᠤᠨ 《ᠦᠨᠳᠦᠰᠦᠨ ᠬᠠᠤᠯᠢ ᠵᠢᠨ ᠤᠬᠠᠭᠤᠯᠭ᠎ᠠ ᠵᠢᠴᠢ ᠪᠥᠬᠥ ᠠᠷᠠᠳ᠎ᠤᠨ ᠬᠠᠤᠯᠢ ᠲᠦᠭᠡᠮᠡᠯᠵᠢᠭᠦᠯᠬᠦ ᠰᠦᠯᠵᠢᠶᠡᠨ ᠳᠡᠭᠡᠷ᠎ᠡ ᠱᠠᠩᠨᠠᠯ᠎ᠲᠠᠢ ᠰᠡᠳᠦᠪ ᠬᠠᠷᠢᠭᠤᠯᠬᠤ ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠭᠠᠵᠠᠷ ᠭᠡᠷ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠎ᠳᠤ ᠮᠡᠳᠡᠭᠳᠡᠯ ᠥᠭᠴᠦ᠂ ᠡᠯ᠎ᠡ ᠺᠠᠳ᠋ᠷ ᠦᠨᠳᠦᠰᠦᠨ ᠬᠠᠤᠯᠢ ᠵᠢᠨ ᠤᠬᠠᠭᠤᠯᠭ᠎ᠠ ᠵᠢᠴᠢ ᠪᠥᠬᠥ ᠠᠷᠠᠳ᠎ᠤᠨ ᠬᠠᠤᠯᠢ ᠲᠦᠭᠡᠮᠡᠯᠵᠢᠭᠦᠯᠬᠦ ᠰᠦᠯᠵᠢᠶᠡᠨ ᠳᠡᠭᠡᠷ᠎ᠡ ᠱᠠᠩᠨᠠᠯ᠎ᠲᠠᠢ ᠰᠡᠳᠦᠪ ᠬᠠᠷᠢᠭᠤᠯᠬᠤ ᠠᠵᠢᠯᠯᠠᠭ᠎ᠠ᠎ᠳᠤ ᠢᠳᠡᠪᠬᠢᠲᠡᠶ ᠣᠷᠣᠯᠴᠠᠬᠤ ᠵᠢ ᠱᠠᠭ᠋ᠠᠷᠳᠠᠪᠠ᠃
ᠳᠥᠷᠪᠡ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠱᠠᠭ᠋ᠠᠷᠳᠠᠯᠭ᠎ᠠ ᠵᠢ ᠦᠨᠳᠦᠰᠦᠯᠡᠨ᠂ 《ᠤᠯᠤᠰ᠎ᠤᠨ ᠠᠮᠤᠷ ᠲᠦᠪᠰᠢᠨ᠎ᠤ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠬᠦ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠬᠦ ᠬᠠᠤᠯᠢ ᠬᠡᠷᠡᠭᠵᠢᠭᠦᠯᠬᠦ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠢ ᠤᠬᠠᠭᠤᠯᠤᠨ ᠰᠣᠷᠣᠯᠴᠠᠭᠣᠯᠪᠠ᠃ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠣᠯ ᠳᠤᠭᠤᠶ᠋ᠢᠯᠠᠩ᠎ᠤᠨ ᠰᠤᠷᠤᠯᠴᠠᠯᠭ᠎ᠠ ᠵᠢᠨ ᠬᠤᠷᠠᠯ᠂ ᠶᠡᠷᠦᠩᠬᠡᠶ ᠱᠦᠵᠢ ᠰᠢ ᠵᠢᠨ ᠫᠢᠩ᠎ᠤᠨ ᠶᠡᠷᠦᠩᠬᠡᠶ ᠴᠣᠭᠴᠠ ᠵᠢᠨ ᠤᠯᠤᠰ᠎ᠤᠨ ᠠᠮᠤᠷ ᠲᠦᠪᠰᠢᠨ᠎ᠤ ᠦᠵᠡᠯᠲᠡ ᠵᠢᠨ ᠲᠣᠭᠣᠷᠢᠨ᠎ᠳᠤ ᠬᠠᠮᠲᠤ ᠵᠢᠨ ᠰᠤᠷᠤᠯᠴᠠᠯᠭ᠎ᠠ ᠬᠢᠵᠦ᠂ ᠪᠦᠬᠦ ᠨᠠᠮ᠎ᠤᠨ ᠭᠡᠰᠢᠭᠦᠨ ᠺᠠᠳ᠋ᠷᠴᠤᠳ ᠰᠤᠷᠤᠯᠴᠠᠯᠭ᠎ᠠ᠎ᠪᠠᠨ ᠴᠢᠩᠭ᠋ᠠᠳᠬᠠᠵᠤ᠂ ᠡᠯ᠎ᠡ ᠬᠦᠷᠢᠶ᠎ᠡ ᠬᠡᠪᠴᠢᠶᠡᠨ᠎ᠤ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠣ ᠵᠢ ᠱᠠᠭ᠋ᠠᠷᠳᠠᠪᠠ᠃ ᠡᠯ᠎ᠡ ᠨᠢᠭᠡᠴᠢ ᠤᠯᠤᠰ᠎ᠤᠨ ᠠᠮᠤᠷ ᠲᠦᠪᠰᠢᠨ᠎ᠤ ᠠᠵᠢᠯ ᠪᠣᠯᠤᠨ ᠤᠯᠤᠰ᠎ᠤᠨ ᠶᠡᠷᠦᠩᠬᠡᠶ ᠠᠮᠤᠷ ᠲᠦᠪᠰᠢᠨ᠎ᠤ ᠦᠵᠡᠯᠲᠡ ᠵᠢᠨ ᠲᠤᠬᠠᠶ ᠶᠡᠷᠦᠩᠬᠡᠶ ᠱᠦᠵᠢ ᠰᠢ ᠵᠢᠨ ᠫᠢᠩ᠎ᠤᠨ ᠠᠯᠢ ᠣᠯᠠᠨ ᠴᠢᠬᠤᠯᠠ ᠥᠭᠦᠯᠡᠯᠲᠡ᠂ ᠴᠢᠬᠣᠯᠠ ᠵᠢᠭ᠋ᠠᠪᠤᠷᠢ ᠵᠢ ᠭᠦᠨᠵᠡᠭᠡᠶ ᠰᠤᠷᠤᠯᠴᠠᠬᠤ ᠵᠢ ᠮᠡᠳᠡᠭᠳᠡᠯ ᠪᠠᠭᠤᠯᠭ᠋ᠠᠵᠤ ᠱᠠᠭ᠋ᠠᠷᠳᠠᠪᠠ᠃ ᠲᠢᠩᠬᠢᠮ᠎ᠤᠨ ᠪᠠᠢ᠌ᠭᠣᠯᠭ᠎ᠠ ᠵᠢᠨ LED ᠲᠣᠮᠣ ᠳᠡᠯᠭᠡᠴᠡ᠎ᠳᠤ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ》᠂ 《ᠤᠯᠤᠰ᠎ᠤᠨ ᠠᠮᠤᠷ ᠲᠦᠪᠰᠢᠨ᠎ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠠᠴᠠ 〈ᠤᠯᠤᠰ ᠤᠨ ᠠᠮᠤᠷ ᠲᠦᠪᠰᠢᠨ᠎ᠤ ᠬᠠᠤᠯᠢ〉》 ᠬᠦᠷᠲᠡᠯᠡᠬᠢ ᠤᠬᠠᠭᠤᠯᠭ᠎ᠠ ᠵᠢᠨ ᠸᠢᠳᠢᠣ᠋ ᠵᠢ ᠦᠷᠭᠦᠯᠵᠢᠯᠡᠨ ᠰᠣᠯᠢᠪᠴᠢᠭᠣᠯᠣᠨ ᠨᠡᠪᠲᠡᠷᠡᠭᠦᠯᠪᠡ᠃ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠸᠢᠴᠠᠲ᠎ᠤᠨ ᠨᠡᠶ᠋ᠢᠲᠡ ᠵᠢᠨ ᠳ᠋ᠤᠭ᠋ᠠᠷ᠎ᠲᠤ ᠤᠯᠤᠰ᠎ᠤᠨ ᠠᠮᠤᠷ ᠲᠦᠪᠰᠢᠨ᠎ᠤ ᠬᠠᠮᠢᠶ᠎ᠠ ᠪᠥᠬᠥᠶ ᠮᠡᠳᠡᠯᠭᠡ ᠵᠢ ᠬᠦᠷᠭᠡᠨ᠂ ᠤᠬᠠᠭᠤᠯᠭ᠎ᠠ ᠵᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ᠎ᠢ ᠦᠷᠭᠡᠳᠭᠡᠪᠡ ᠃