ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
2020 ᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ
ᠨᠡᠶᠢᠲᠡᠯᠡᠭᠰᠡᠨ ᠴᠠᠭ᠄ 2020-06-04

     — 2020 ᠤᠨ᠎ᠤ 5 ᠰᠠᠷ᠎ᠠ ᠵᠢᠨ 22᠎ᠤᠨ ᠡᠳᠦᠷ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ ᠳᠡᠭᠡᠷ᠎ᠡ
      ᠲᠦᠷᠤ ᠵᠢᠨ ᠶᠠᠪᠤᠳᠠᠯ᠎ᠤᠨ ᠬᠤᠷᠢᠶᠠᠨ᠎ᠤ ᠶᠡᠷᠤᠩᠭᠡᠢ ᠰᠠᠶ᠋ᠢᠳ   ᠯᠢ ᠺᠧ ᠴᠢᠶᠠᠩ
ᠲᠥᠯᠥᠭᠡᠯᠡᠭᠴᠢᠳ ᠡ᠄
      ᠤᠳᠤ ᠪᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ ᠶᠡᠭᠡ ᠬᠤᠷᠠᠯ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠶ᠎ᠡ᠃ ᠬᠢᠨᠠᠨ ᠶᠠᠷᠢᠯᠴᠠᠬᠤ ᠪᠣᠯᠪᠠ ᠤᠤ᠂ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠰᠠᠨᠠᠯ ᠵᠶ᠋ᠠᠨ ᠳᠤᠷᠠᠳᠬᠤ ᠪᠣᠯᠪᠠ ᠤᠤ᠃
      ᠡᠨᠡ ᠤᠳᠠᠭ᠋ᠠᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠪᠣᠯ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠠᠴᠠ ᠨᠠᠭ᠋ᠠᠰᠢ ᠮᠠᠨ᠎ᠤ ᠤᠯᠤᠰ᠎ᠲᠤ ᠲᠣᠬᠢᠶᠠᠯᠳᠤᠭᠰᠠᠨ ᠲᠡᠯᠬᠡᠷᠡᠭᠰᠡᠨ ᠬᠤᠷᠳᠤᠴᠠ ᠬᠠᠮᠤᠭ᠎ᠤᠨ ᠲᠦᠷᠭᠡᠨ᠂ ᠬᠠᠯᠳᠠᠪᠤᠷᠢᠯᠠᠭᠰᠠᠨ ᠬᠡᠪᠴᠢᠶ᠎ᠡ ᠬᠠᠮᠤᠭ᠎ᠤᠨ ᠥᠷᠭᠡᠨ᠂ ᠰᠡᠷᠭᠡᠶ᠋ᠢᠯᠡᠨ ᠬᠢᠵᠠᠭ᠋ᠠᠷᠯᠠᠬᠤ ᠬᠦᠴᠢᠷᠳᠡᠯ ᠬᠠᠮᠤᠭ᠎ᠤᠨ ᠶᠡᠭᠡ ᠬᠦᠨᠳᠦ ᠴᠢᠬᠤᠯᠠ ᠭᠡᠨᠡᠳᠳᠡ ᠡᠭᠦᠰᠦᠭᠰᠡᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠡᠷᠡᠭ ᠪᠣᠯᠤᠨ᠎ᠠ᠃ ᠰᠢ ᠵᠢᠨ ᠫᠢᠩ ᠨᠥᠬᠦᠷ ᠵᠶ᠋ᠠᠷ ᠭᠤᠣᠯᠯᠠᠭᠤᠯᠤᠭᠰᠠᠨ ᠨᠠᠮ᠎ᠤᠨ ᠲᠥᠪ ᠬᠤᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ ᠵᠢᠨ ᠳᠣᠣᠷ᠎ᠠ᠂ ᠤᠯᠤᠰ ᠳᠠᠶᠠᠭ᠋ᠠᠷ ᠪᠠ ᠥᠷᠭᠡᠨ ᠣᠯᠠᠨ ᠠᠷᠠᠳ ᠲᠦᠮᠡᠨ᠎ᠤ ᠲᠦᠢ᠍ᠯ᠎ᠤᠨ ᠬᠠᠲᠠᠭᠤᠵᠢᠯᠲᠠᠶ ᠴᠢᠷᠮᠠᠶ᠋ᠢᠯᠭ᠎ᠠ ᠪᠠ ᠦᠷᠡᠭᠳᠡᠯ ᠰᠦᠢ᠍ᠳᠦᠯ ᠵᠶ᠋ᠠᠷ ᠲᠠᠮᠵᠢᠭ᠋ᠠᠳ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠲᠠᠯ᠎ᠠ᠎ᠪᠠᠷ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢᠨ ᠦᠷ᠎ᠡ ᠪᠦᠲᠦᠭᠡᠯ ᠣᠯᠤᠭᠰᠠᠨ ᠪᠠᠶ᠋ᠢᠨ᠎ᠠ᠃ ᠣᠳᠣᠬᠠᠨ᠎ᠳᠤ᠂ ᠬᠢᠵᠢᠭ᠎ᠤᠨ ᠪᠠᠶ᠋ᠢᠳᠠᠯ ᠬᠠᠷᠠᠬᠠᠨ ᠳᠠᠭᠤᠰᠤᠭ᠋ᠠᠳᠤᠶ ᠪᠠᠶ᠋ᠢᠵᠤ᠂ ᠬᠥᠭᠵᠢᠯᠲᠡ ᠵᠢᠨ ᠡᠭᠦᠷᠭᠡ ᠲᠦᠢ᠍ᠯ᠎ᠤᠨ ᠬᠠᠲᠠᠭᠤ ᠪᠡᠷᠬᠡᠰᠢᠶᠡᠯᠳᠡᠢ ᠪᠠᠶ᠋ᠢᠨ᠎ᠠ᠃ ᠬᠢᠵᠢᠭ᠎ᠤᠨ ᠪᠠᠶ᠋ᠢᠳᠠᠯ᠎ᠠᠴᠠ ᠪᠣᠯᠤᠭᠰᠠᠨ ᠬᠤᠬᠢᠷᠠᠯ᠎ᠢ ᠬᠠᠮᠤᠭ᠎ᠤᠨ ᠳᠣᠤᠷ᠎ᠠ ᠬᠡᠮᠵᠢᠶᠡᠨ᠎ᠳᠤ ᠬᠦᠷᠲᠡᠯ᠎ᠡ ᠪᠠᠭ᠋ᠠᠰᠬᠠᠬᠤ᠎ᠪᠠᠷ ᠴᠢᠷᠮᠠᠶ᠋ᠢᠵᠤ᠂ ᠡᠨᠡ ᠵᠢᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ ᠡᠭᠦᠷᠭᠡ ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠶ᠃
      ᠨᠢᠭᠡ᠂ 2019 ᠣᠨ ᠪᠠ ᠡᠨᠡ ᠵᠢᠯ᠎ᠠᠴᠠ ᠨᠠᠭ᠋ᠠᠰᠢᠬᠢ ᠠᠵᠢᠯ᠎ᠤᠨ ᠡᠷᠭᠢᠴᠡᠭᠦᠯᠦᠯ
      ᠨᠢᠳᠤᠨᠤᠨ᠂ ᠮᠠᠨ᠎ᠤ ᠤᠯᠤᠰ᠎ᠤᠨ ᠬᠥᠭᠵᠢᠯᠲᠡ᠎ᠳᠤ ᠮᠠᠰᠢ ᠤᠯᠠᠨ ᠬᠦᠴᠢᠷ ᠪᠡᠷᠬᠡᠰᠢᠶᠡᠯ ᠪᠠ ᠰᠢᠯᠭ᠋ᠠᠯᠳᠠ ᠲᠤᠯᠭ᠋ᠠᠷᠠᠪᠠ᠃ ᠳᠡᠯᠡᠬᠡᠶ ᠵᠢᠨ ᠠᠵᠤ ᠠᠬᠤᠶ ᠵᠢᠨ ᠨᠡᠮᠡᠭᠳᠡᠯ ᠵᠤᠬᠰᠤᠩᠬᠢᠷᠠᠵᠤ᠂ ᠤᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠦᠷᠢᠰᠦᠯᠳᠦᠭᠡᠨ ᠰᠢᠷᠦᠭᠦᠰᠴᠦ᠂ ᠤᠯᠤᠰ᠎ᠤᠨ ᠳᠣᠲᠣᠭ᠋ᠠᠳᠤ ᠵᠢᠨ ᠠᠵᠤ ᠠᠬᠤᠶ ᠵᠢᠨ ᠪᠠᠶ᠋ᠢᠳᠠᠯ᠎ᠤᠨ ᠪᠠᠭᠤᠷᠠᠬᠤ ᠳᠠᠷᠤᠯᠲᠠ ᠶᠡᠬᠡᠰᠪᠠ᠃ ᠰᠢ ᠵᠢᠨ ᠫᠢᠩ ᠨᠥᠬᠦᠷ ᠵᠶ᠋ᠠᠷ ᠭᠤᠣᠯᠯᠠᠭᠤᠯᠤᠭᠰᠠᠨ ᠨᠠᠮ᠎ᠤᠨ ᠲᠥᠪ ᠬᠤᠷᠢᠶ᠎ᠠ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠶ᠋ᠢᠴᠢᠯᠠᠵᠤ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠪᠦᠬᠦ ᠵᠢᠯ᠎ᠤᠨ ᠭᠤᠤᠯ ᠭᠤᠤᠯ ᠬᠠᠷᠠᠯᠲᠠ ᠡᠭᠦᠷᠭᠡ᠎ᠪᠠᠨ ᠪᠡᠶᠡᠯᠡᠭᠦᠯᠦᠬᠡᠳ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠳᠦᠬᠡᠬᠦ᠎ᠳᠤ ᠰᠢᠢ᠍ᠳᠪᠦᠷᠢᠯᠡᠭᠴᠢ ᠴᠢᠨᠠᠷᠲᠠᠶ ᠰᠠᠭᠤᠷᠢ ᠵᠢ ᠲᠠᠯᠪᠢᠵᠤ ᠥᠭᠪᠡ᠃
     — ᠠᠵᠤ ᠠᠬᠤᠶ ᠵᠢᠨ ᠠᠵᠢᠯᠯᠠᠭ᠋ᠠᠨ ᠶᠡᠷᠦᠩᠬᠡᠶ᠎ᠳᠡᠭᠡᠨ ᠲᠣᠭᠲᠠᠭᠤᠨ ᠪᠠᠶ᠋ᠢᠪᠠ᠃ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠪᠦᠬᠦ ᠦᠷᠳᠡᠭ 99.1 ᠲᠦᠮᠡᠨ ᠳ᠋ᠦᠩᠰᠢᠭᠤᠷ ᠲᠥᠭᠦᠷᠢᠭ᠎ᠲᠤ ᠬᠦᠷᠴᠦ᠂ 6.1%᠎ᠪᠠᠷ ᠨᠡᠮᠡᠭᠳᠡᠪᠡ᠃ ᠬᠤᠳᠠ ᠪᠠᠯᠭ᠋ᠠᠰᠤᠨ᠎ᠳᠤ ᠠᠵᠢᠯ ᠤᠯᠤᠭᠰᠠᠨ ᠬᠦᠮᠦᠨ 1352 ᠲᠦᠮᠡ ᠰᠢᠨ᠎ᠡ᠎ᠪᠠᠷ ᠨᠡᠮᠡᠭᠳᠡᠵᠤ᠂ ᠪᠠᠶ᠋ᠢᠴᠠᠭ᠋ᠠᠭᠰᠠᠨ ᠠᠵᠢᠯ ᠠᠯᠳᠠᠯᠲᠠ ᠵᠢᠨ ᠨᠣᠷᠮ᠎ᠠ 5.3%᠎ᠠᠴᠠ ᠳᠣᠷᠣᠭᠰᠢ ᠪᠣᠯᠪᠠ᠃ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ 2.9%᠎ᠪᠠᠷ ᠥᠰᠪᠡ᠃ ᠤᠯᠤᠰ᠎ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠵᠢ ᠦᠨᠳᠦᠰᠦᠨ᠎ᠳᠡᠭᠡᠨ ᠲᠡᠩᠴᠡᠭᠦᠷᠢᠲᠡᠶ ᠪᠠᠶ᠋ᠢᠯᠭ᠋ᠠᠪᠠ᠃
     — ᠠᠵᠤ ᠠᠬᠤᠶ ᠵᠢᠨ ᠪᠦᠲᠦᠴᠡ ᠪᠠ ᠣᠷᠣᠨ ᠪᠦᠰᠡ ᠵᠢᠨ ᠪᠠᠶ᠋ᠢᠷᠢᠰᠢᠯ ᠦᠷᠭᠦᠯᠵᠢᠯᠡᠨ ᠰᠢᠯᠢᠳᠡᠭᠵᠢᠪᠠ᠃ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ 40 ᠲᠦᠮᠡᠨ ᠳ᠋ᠦᠩᠰᠢᠭᠤᠷ ᠲᠥᠭᠦᠷᠢᠭ᠎ᠢ ᠳᠠᠪᠠᠵᠤ᠂ ᠬᠡᠷᠡᠭᠯᠡᠭᠡ ᠭᠤᠤᠯ ᠳᠠᠶ᠋ᠢᠴᠢᠯᠠᠬᠤ ᠦᠢ᠍ᠯᠡᠳᠦᠯ ᠵᠶ᠋ᠠᠨ ᠦᠷᠭᠦᠯᠵᠢᠯᠡᠨ ᠪᠠᠳᠠᠷᠠᠭᠤᠯᠪᠠ᠃ ᠲᠡᠷᠢᠭᠦᠨ᠎ᠤ ᠦᠢ᠍ᠯᠡᠳᠬᠦ ᠦᠢ᠍ᠯᠡᠰ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠨᠡᠯᠢᠶᠡᠳ ᠲᠦᠷᠭᠡᠨ ᠨᠡᠮᠡᠭᠳᠡᠪᠡ᠃ ᠠᠮᠤ ᠪᠤᠳᠠᠭ᠋ᠠᠨ᠎ᠤ ᠤᠨᠠᠯᠲᠠ 1.33 ᠲᠦᠮᠡᠨ ᠳ᠋ᠦᠩᠰᠢᠭᠤᠷ ᠵᠢᠩ᠎ᠳᠤ ᠬᠦᠷᠪᠡ᠃ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠬᠤᠲᠠ ᠪᠠᠯᠭ᠋ᠠᠰᠤᠵᠢᠯᠲᠠ ᠵᠢᠨ ᠨᠤᠷᠮ᠎ᠠ ᠠᠩᠬ᠎ᠠ ᠤᠳᠠᠭ᠎ᠠ 60% ᠵᠢ ᠳᠠᠪᠠᠵᠤ᠂ ᠴᠢᠬᠤᠯᠠ ᠶᠡᠭᠡ ᠣᠷᠣᠨ ᠪᠦᠰᠡ ᠵᠢᠨ ᠪᠠᠶ᠋ᠢᠯᠳᠤᠬᠤ ᠪᠤᠳᠤᠯᠭ᠎ᠠ ᠵᠢ ᠭᠦᠨᠵᠡᠭᠡᠶ ᠬᠡᠷᠡᠭᠵᠢᠭᠦᠯᠪᠡ᠃
     — ᠬᠥᠭᠵᠢᠯᠲᠡ ᠵᠢᠨ ᠰᠢᠨ᠎ᠡ ᠬᠥᠳᠡᠯᠭᠡᠭᠴᠢ ᠡᠨᠧᠷᠭᠢ ᠲᠠᠰᠤᠷᠠᠯᠲᠠ ᠦᠭᠡᠢ ᠴᠢᠩᠭ᠋ᠠᠷᠠᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠨᠢᠭᠡ ᠪᠦᠯᠦᠭ ᠴᠢᠬᠤᠯᠠ ᠶᠡᠭᠡ ᠦᠷ᠎ᠡ ᠪᠦᠲᠦᠭᠡᠯ ᠤᠯᠪᠠ᠃ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠦᠷᠭᠦᠯᠵᠢᠯᠡᠨ ᠪᠤᠵᠠᠭ᠋ᠠᠶ᠋ᠢᠷᠠᠵᠤ᠂ ᠤᠯᠠᠮᠵᠢᠯᠠᠯᠲᠤ ᠠᠵᠤ ᠦᠢ᠍ᠯᠡᠰ᠎ᠤᠨ ᠳᠡᠰ ᠳᠡᠪᠰᠢᠬᠦ ᠵᠢ ᠲᠦᠷᠭᠡᠳᠭᠡᠪᠡ᠃ ᠪᠥᠬᠦᠳᠡ ᠤᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠮᠡᠨ ᠤᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠵᠢ ᠭᠦᠨᠵᠡᠭᠡᠶ ᠥᠷᠨᠢᠭᠦᠯᠵᠦ᠂ ᠠᠵᠤ ᠠᠬᠤᠶ᠋ᠢᠯᠠᠯ᠎ᠤᠨ ᠲᠤᠭ᠎ᠠ ᠬᠡᠮᠵᠢᠶ᠎ᠡ ᠵᠢᠨ ᠡᠳᠦᠷ ᠪᠦᠷᠢ ᠵᠢᠨ ᠴᠡᠪᠡᠷ ᠨᠡᠮᠡᠭᠳᠡᠯ 1 ᠲᠦᠮᠡᠨ ᠡᠷᠦᠬᠡ᠎ᠠᠴᠠ ᠲᠡᠭᠡᠭᠰᠢ ᠪᠤᠯᠪᠠ᠃
     — ᠥᠭᠡᠷᠡᠴᠢᠯᠡᠯᠲᠡ ᠨᠡᠭᠡᠭᠡᠯᠲᠡ ᠴᠢᠬᠤᠯᠠ ᠠᠯᠬᠤᠮ᠎ᠢ ᠠᠯᠬᠤᠪᠠ᠃ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠴᠢᠬᠤᠯᠠ ᠬᠦᠷᠢᠶᠡᠨ᠎ᠳᠠᠬᠢ ᠥᠭᠡᠷᠡᠴᠢᠯᠡᠯᠲᠡ ᠰᠢᠨ᠎ᠡ ᠰᠢᠪᠲᠤᠯᠤᠯᠲᠠ᠎ᠲᠠᠢ ᠪᠣᠯᠪᠠ᠃ 2.36 ᠲᠦᠮᠡᠨ ᠳ᠋ᠦᠩᠰᠢᠭᠤᠷ ᠲᠥᠭᠦᠷᠢᠭ᠎ᠤᠨ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠤᠭᠰᠠᠨ᠎ᠨᠢ ᠤᠤᠯ᠎ᠤᠨ ᠲᠣᠭᠲᠠᠭ᠋ᠠᠭᠰᠠᠨ 2 ᠲᠦᠮᠡᠨ ᠳ᠋ᠦᠩᠰᠢᠭᠤᠷ ᠰᠢᠬᠠᠮ ᠲᠥᠭᠦᠷᠢᠭ᠎ᠤᠨ ᠬᠡᠪᠴᠢᠶ᠎ᠡ᠎ᠠᠴᠠ ᠳᠠᠪᠠᠵᠤ᠂ ᠦᠢ᠍ᠯᠡᠳᠬᠦ ᠦᠢ᠍ᠯᠡᠰ ᠪᠠ ᠵᠢᠵᠢᠭ ᠪᠢᠴᠢᠯ ᠠᠵᠤ ᠠᠬᠤᠶ᠋ᠢᠯᠠᠯ ᠬᠠᠮᠤᠭ᠎ᠤᠨ ᠢᠯᠡᠬᠦᠦ ᠠᠰᠢᠭ ᠭᠥᠷᠳᠡᠪᠡ᠃ ᠵᠠᠰᠠᠭ᠎ᠤᠨ ᠣᠷᠳᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠡᠭᠦᠷᠭᠡ ᠵᠢ ᠪᠡᠶᠡᠯᠡᠬᠦᠯᠪᠡ᠃ 《ᠪᠠᠭᠤᠯᠭ᠋ᠠᠬᠤ᠂ ᠤᠶᠠᠯᠳᠤᠭᠤᠯᠬᠤ᠂ ᠰᠢᠯᠢᠳᠡᠭᠵᠢᠭᠦᠯᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠠᠬᠢᠭᠤᠯᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠠᠮᠪᠠᠷ᠎ᠠ ᠪᠠᠶ᠋ᠢᠭᠤᠯᠪᠠ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠶ᠋ᠢᠭᠤᠯᠬᠤ ᠠᠵᠢᠯ ᠰᠢᠨ᠎ᠡ ᠦᠷ᠎ᠡ ᠪᠦᠲᠦᠮᠵᠢ ᠤᠯᠪᠠ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢᠨ ᠬᠠᠤᠯᠢ ᠵᠢ ᠬᠡᠷᠡᠭᠵᠢᠭᠦᠯᠬᠦ ᠲᠦᠷᠢᠮ᠎ᠢ ᠨᠡᠶ᠋ᠢᠲᠡᠯᠡᠵᠦ᠂ ᠱᠠᠩᠬᠠᠶ ᠵᠢᠨ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠰᠢᠨ᠎ᠡ ᠬᠡᠰᠡᠭ᠎ᠢ ᠨᠡᠮᠡᠨ ᠪᠠᠶ᠋ᠢᠭᠤᠯᠪᠠ᠃ ᠭᠠᠳᠠᠭ᠋ᠠᠳᠤ ᠠᠷᠠᠯᠵᠢᠶ᠎ᠠ ᠪᠠ ᠭᠠᠳᠠᠭ᠋ᠠᠳᠤ ᠪᠡᠯᠡ ᠲᠣᠭᠲᠠᠭᠤᠨ ᠪᠠᠶ᠋ᠢᠳᠠᠯ ᠵᠶ᠋ᠠᠨ ᠬᠠᠳᠠᠭ᠋ᠠᠯᠠᠪᠠ᠃
     — ᠭᠤᠷᠪᠠᠨ ᠶᠡᠭᠡ ᠪᠡᠷᠬᠡ ᠰᠡᠳᠦᠪ᠎ᠢ ᠰᠢᠢ᠍ᠳᠪᠦᠷᠢᠯᠡᠬᠦ ᠲᠠᠶ᠋ᠢᠨ ᠵᠠᠩᠭᠢᠯᠠᠭ᠎ᠠ ᠵᠢᠨ ᠠᠬᠢᠴᠠ᠎ᠲᠠᠢ ᠪᠣᠯᠪᠠ᠃ ᠬᠥᠳᠡᠭᠡ ᠲᠣᠰᠬᠤᠨ᠎ᠤ ᠶᠠᠳᠠᠭᠤ ᠬᠦᠴᠢᠷᠳᠡᠯᠲᠡᠶ ᠬᠥᠮᠦᠨ ᠠᠮᠠ ᠵᠢ 1109 ᠲᠦᠮᠡ ᠴᠦᠬᠡᠳᠬᠡᠵᠤ᠂ ᠶᠠᠳᠠᠭᠤᠷᠠᠯ᠎ᠤᠨ ᠨᠤᠷᠮ᠎ᠠ 0.6% ᠪᠣᠯᠲᠠᠯ᠎ᠠ ᠪᠠᠭᠤᠷᠠᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ ᠰᠢᠢ᠍ᠳᠪᠤᠷᠢᠯᠡᠭᠴᠢ ᠴᠢᠨᠠᠷᠲᠠᠶ ᠠᠮᠵᠢᠯᠲᠠ ᠪᠦᠲᠦᠬᠡᠯ ᠤᠯᠪᠠ᠃ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠭᠤᠤᠯ ᠭᠤᠤᠯ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠳᠠ ᠵᠢᠨ ᠬᠡᠮᠵᠢᠶ᠎ᠡ ᠦᠷᠭᠦᠯᠵᠢᠯᠡᠨ ᠪᠠᠭᠤᠷᠠᠵᠦ᠂ ᠠᠮᠢ ᠠᠬᠤᠢ ᠵᠢᠨ ᠤᠷᠴᠢᠨ ᠨᠦᠬᠦᠴᠡᠯ ᠶᠡᠷᠦᠩᠬᠡᠢ᠎ᠳᠡᠭᠡᠨ ᠰᠠᠶ᠋ᠢᠵᠢᠷᠠᠪᠠ᠃ ᠮᠥᠩᠭᠦᠨ ᠭᠦᠢ᠍ᠯᠭᠡᠭᠡᠨ᠎ᠤ ᠠᠵᠢᠯᠯᠠᠭ᠋ᠠᠨ ᠶᠡᠷᠦᠩᠬᠡᠶ᠎ᠳᠡᠭᠡᠨ ᠲᠣᠭᠲᠠᠭᠤᠨ ᠪᠠᠶ᠋ᠢᠪᠠ᠃
     — ᠠᠷᠠᠳ᠎ᠤᠨ ᠠᠮᠢᠳᠤᠷᠠᠯ ᠤᠯᠠᠮ ᠨᠢᠭᠡ ᠠᠯᠬᠤᠮ ᠰᠠᠶ᠋ᠢᠵᠢᠷᠠᠪᠠ᠃ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 3 ᠲᠦᠮᠡᠨ ᠲᠥᠭᠦᠷᠢᠭ᠎ᠢ ᠳᠠᠪᠠᠪᠠ᠃ ᠨᠠᠰᠤᠵᠢᠯ᠎ᠤᠨ ᠦᠨᠳᠦᠰᠦᠨ ᠠᠰᠠᠷᠠᠮᠵᠢ᠂ ᠡᠮᠨᠡᠯᠭᠡ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠡᠷᠭᠡ ᠪᠠᠲᠤᠯᠠᠭ᠎ᠠ ᠵᠢᠨ ᠲᠦᠪᠰᠢᠨ ᠳᠡᠭᠡᠭᠰᠢᠯᠡᠪᠡ᠃ ᠬᠤᠳᠠ ᠪᠠᠯᠭ᠋ᠠᠰᠤᠨ᠎ᠤ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠪᠦᠳᠦᠭᠡᠨ ᠪᠠᠶ᠋ᠢᠭᠤᠯᠤᠯᠲᠠ ᠪᠠ ᠬᠥᠳᠡᠭᠡ ᠲᠣᠰᠬᠤᠨ᠎ᠤ ᠨᠤᠷᠠᠬᠤ ᠠᠶᠤᠯᠲᠠᠶ ᠭᠡᠷ ᠪᠠᠶ᠋ᠢᠰᠢᠩ᠎ᠢ ᠥᠭᠡᠷᠡᠴᠢᠯᠡᠨ ᠰᠢᠨᠡᠳᠬᠡᠬᠦ ᠠᠵᠢᠯ᠎ᠢ ᠭᠦᠨᠵᠡᠭᠡᠶ ᠠᠬᠢᠭᠤᠯᠪᠠ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠤᠭᠴᠢᠳ᠎ᠲᠤ ᠠᠮᠢᠳᠤᠷᠠᠯ᠎ᠤᠨ ᠨᠥᠬᠦᠪᠥᠷᠢ ᠥᠭᠬᠦ ᠬᠥᠮᠦᠨ᠎ᠤ ᠲᠤᠭ᠎ᠠ 40% ᠰᠢᠬᠠᠮ ᠨᠡᠮᠡᠭᠳᠡᠵᠦ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ 100 ᠲᠦᠮᠡᠨ ᠬᠥᠮᠦᠨ᠎ᠢ ᠥᠷᠭᠡᠳᠬᠡᠨ ᠡᠯᠰᠡᠪᠡ᠃
      ᠪᠢᠳᠡ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 70 ᠵᠢᠯ᠎ᠤᠨ ᠤᠢ ᠵᠢ ᠦᠪᠡᠳᠡᠭᠰᠢ ᠶᠡᠭᠡ᠎ᠪᠠᠷ ᠪᠡᠯᠭᠡᠯᠡᠵᠦ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠡᠭᠡ ᠤᠯᠤᠰ ᠵᠶ᠋ᠠᠨ ᠬᠠᠶ᠋ᠢᠷᠠᠯᠠᠬᠤ ᠤᠷᠬᠢᠯᠦᠮ᠎ᠠ ᠬᠠᠯᠠᠭᠤᠨ ᠰᠡᠳᠬᠢᠯᠭᠡ ᠵᠢ ᠲᠦᠢ᠍ᠯ᠎ᠤᠨ ᠶᠡᠭᠡ᠎ᠪᠠᠷ ᠬᠥᠭᠵᠢᠭᠡᠵᠦ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠭᠡ ᠢᠯᠠᠯᠲᠠ ᠵᠢ ᠲᠡᠮᠡᠴᠡᠨ ᠤᠯᠬᠤ ᠰᠦᠷ ᠳᠠᠯᠠᠶ᠋ᠢᠴᠠᠲᠠᠶ ᠬᠦᠴᠦᠨ᠎ᠢ ᠨᠢᠭᠲᠠᠷᠠᠭᠤᠯᠪᠠ᠃
      ᠪᠢᠳᠡ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢ ᠴᠢᠩᠭ᠋ᠠᠳᠬᠠᠵᠤ᠂ 《ᠲᠤᠯᠭᠤᠷ ᠵᠤᠷᠢᠯᠳᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠤᠤᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠂ ᠲᠥᠪ ᠬᠤᠷᠢᠶᠠᠨ᠎ᠤ ᠨᠠᠢ᠍ᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ 《ᠳᠥᠷᠪᠡᠨ ᠰᠤᠷᠲᠠᠯ》᠎ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠦᠨᠳᠦᠰᠦᠨ ᠱᠠᠲᠤᠨ᠎ᠤ ᠬᠦᠯᠢᠶᠡᠰᠦ ᠵᠢ ᠰᠤᠯᠠᠯᠠᠨ ᠳᠠᠷᠤᠭ᠋ᠠᠰᠤ ᠵᠢ ᠬᠥᠩᠭᠡᠷᠡᠭᠦᠯᠪᠠ᠃
      ᠳᠤᠮᠳᠠᠳᠤ ᠤᠯᠤᠰ᠎ᠤᠨ ᠣᠨᠴᠠᠯᠢᠭ ᠪᠦᠬᠦᠢ ᠲᠤᠮᠤ ᠤᠯᠤᠰ᠎ᠤᠨ ᠭᠠᠳᠠᠭ᠋ᠠᠳᠤ ᠬᠠᠷᠢᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠬᠤᠶᠠᠳᠤᠭ᠋ᠠᠷ ᠬᠤᠭᠤᠴᠠᠭ᠋ᠠᠨ᠎ᠤ 《ᠨᠢᠭᠡ ᠪᠦᠰᠡ ᠨᠢᠭᠡ ᠵᠠᠮ》᠎ᠤᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠲᠦᠷᠦᠭᠦᠴᠦᠳ᠎ᠤᠨ ᠶᠠᠷᠢᠶᠠᠨ᠎ᠤ ᠲᠠᠪᠴᠠᠩ ᠵᠡᠷᠭᠡ ᠴᠢᠬᠤᠯᠠ ᠶᠡᠭᠡ ᠡᠵᠡᠨ ᠲᠠᠯᠠᠪᠤᠷ᠎ᠤᠨ ᠭᠠᠳᠠᠭ᠋ᠠᠳᠤ ᠬᠠᠷᠢᠯᠴᠠᠭ᠋ᠠᠨ᠎ᠤ ᠠᠵᠢᠯᠯᠠᠭ᠎ᠠ ᠵᠢ ᠠᠮᠵᠢᠯᠲᠠ᠎ᠲᠠᠢ ᠡᠷᠬᠢᠯᠡᠵᠦ᠂ ᠰᠢ ᠵᠢᠨ ᠫᠢᠩ ᠲᠡᠷᠢᠭᠦᠯᠡᠭᠴᠢ ᠵᠡᠷᠭᠡ ᠨᠠᠮ ᠪᠠ ᠲᠦᠷᠦ ᠵᠢᠨ ᠤᠳᠤᠷᠢᠳᠬᠤ ᠬᠥᠮᠦᠰ ᠤᠯᠠᠨ ᠤᠯᠤᠰ᠎ᠲᠤ ᠠᠶ᠋ᠢᠯᠴᠢᠯᠠᠯᠲᠠ ᠬᠢᠵᠦ᠂ ᠬᠤᠷᠢᠨ ᠤᠯᠤᠰ᠎ᠤᠨ ᠪᠦᠯᠦᠭᠯᠡᠯ᠎ᠤᠨ ᠤᠳᠤᠷᠢᠳᠬᠤ ᠬᠥᠮᠦᠰ᠎ᠤᠨ ᠲᠦᠷᠦᠭᠦᠴᠦᠳ᠎ᠤᠨ ᠬᠤᠷᠠᠯᠳᠤᠭ᠋ᠠᠨ᠂ ᠠᠯᠲᠠᠨ ᠲᠤᠭᠤᠰᠬ᠎ᠠ ᠤᠯᠤᠰ᠎ᠤᠨ ᠤᠲᠤᠷᠢᠳᠬᠤ ᠬᠦᠮᠦᠰ᠎ᠤᠨ ᠠᠭᠤᠯᠵᠠᠯᠳᠠ᠂ ᠠᠽᠢᠶ᠎ᠠ ᠲᠢᠪ᠎ᠤᠨ ᠬᠠᠮᠵᠢᠯᠴᠠᠬᠤ ᠪᠠ ᠢᠲᠡᠭᠡᠯᠴᠡᠬᠦ ᠠᠷᠭ᠎ᠠ ᠬᠡᠮᠵᠢᠶ᠎ᠡ ᠵᠢᠨ ᠬᠤᠷᠠᠯ᠎ᠤᠨ ᠲᠦᠷᠦᠭᠦᠴᠦᠳ᠎ᠤᠨ ᠬᠤᠷᠠᠯ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠲᠦᠷᠦᠭᠦᠴᠦᠳ᠎ᠤᠨ ᠬᠤᠷᠠᠯ᠂ ᠵᠡᠭᠦᠨ ᠠᠽᠢᠶ᠎ᠠ ᠵᠢᠨ ᠬᠠᠮᠲᠤᠷᠠᠯᠴᠠᠭ᠋ᠠᠨ᠎ᠤ ᠤᠳᠤᠷᠢᠳᠬᠤ ᠬᠥᠮᠦᠰ᠎ᠤᠨ ᠰᠢᠷᠢᠰ ᠬᠤᠷᠠᠯᠳᠤᠭ᠋ᠠᠨ᠂ ᠳᠤᠮᠳᠠᠳᠤ ᠧᠦ᠋ᠷᠣᠫᠠ ᠵᠢᠨ ᠤᠳᠤᠷᠢᠳᠬᠤ ᠬᠥᠮᠦᠰ᠎ᠤᠨ ᠠᠭᠤᠯᠵᠠᠯᠳᠠ᠂ ᠳᠤᠮᠳᠠᠳᠤ ᠶᠠᠫᠣᠨ ᠺᠣᠷᠢᠶᠠ ᠵᠢᠨ ᠤᠳᠤᠷᠢᠳᠬᠤ ᠬᠥᠮᠦᠰ᠎ᠤᠨ ᠠᠭᠤᠯᠵᠠᠯᠳᠠ ᠵᠡᠷᠭᠡ ᠴᠢᠬᠤᠯᠠ ᠶᠡᠭᠡ ᠠᠵᠢᠯᠯᠠᠭ᠎ᠠ᠎ᠳᠤ ᠣᠷᠣᠯᠴᠠᠪᠠ᠃ ᠪᠦᠬᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠤᠨ ᠪᠠᠶ᠋ᠢᠭᠤᠯᠤᠯᠲᠠ ᠪᠠ ᠥᠭᠡᠷᠡᠴᠢᠯᠡᠯᠲᠡ᠎ᠳᠤ ᠢᠳᠡᠪᠬᠢᠲᠡᠢ ᠣᠷᠣᠯᠴᠠᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠪᠠ᠃ ᠠᠵᠤ ᠠᠬᠤᠶ ᠵᠢᠨ ᠭᠠᠳᠠᠭ᠋ᠠᠳᠤ ᠬᠠᠷᠢᠯᠴᠠᠭ᠎ᠠ᠂ ᠬᠦᠮᠦᠨ ᠨᠡᠶ᠋ᠢᠬᠡᠮ᠎ᠤᠨ ᠰᠣᠯᠢᠯᠴᠠᠭ᠎ᠠ ᠲᠤᠪᠤᠶ᠋ᠢᠮ᠎ᠠ ᠦᠷ᠎ᠡ ᠪᠦᠲᠦᠮᠵᠢ ᠤᠯᠪᠠ᠃ ᠳᠤᠮᠳᠠᠳᠤ ᠤᠯᠤᠰ ᠳᠡᠯᠡᠬᠡᠶ ᠵᠢᠨ ᠡᠩᠬᠡ ᠲᠠᠶ᠋ᠢᠪᠤᠩ ᠪᠣᠯᠤᠨ ᠬᠥᠭᠵᠢᠯᠲᠡ ᠵᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠠ᠃
      ᠲᠥᠯᠥᠭᠡᠯᠡᠭᠴᠢᠳ ᠡ!
      ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠭᠠᠷᠤᠭᠰᠠᠨ᠎ᠤ ᠳᠠᠷᠠᠭ᠎ᠠ᠂ ᠨᠠᠮ᠎ᠤᠨ ᠲᠥᠪ ᠬᠤᠷᠢᠶ᠎ᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠲᠡᠷᠢᠭᠦᠨ ᠴᠢᠬᠤᠯᠠ ᠶᠠᠪᠤᠳᠠᠯ ᠪᠣᠯᠭ᠋ᠠᠨ ᠠᠳᠬᠤᠵᠤ᠂ ᠶᠡᠷᠦᠩᠬᠡᠶ ᠱᠦᠵᠢ ᠰᠢ ᠵᠢᠨ ᠫᠢᠩ ᠪᠡᠶᠡᠴᠢᠯᠡᠨ ᠵᠢᠯᠣᠭᠤᠳᠴᠤ᠂ ᠪᠡᠶᠡᠴᠢᠯᠡᠨ ᠪᠠᠶ᠋ᠢᠷᠢᠯᠠᠭᠤᠯᠵᠤ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢ ᠲᠡᠷᠢᠭᠦᠨ ᠪᠠᠶ᠋ᠢᠷᠢᠨ᠎ᠳᠤ ᠲᠠᠯᠪᠢᠬᠤ ᠵᠢ ᠪᠠᠷᠢᠮᠲᠠᠯᠠᠪᠠ᠃ ᠨᠠᠮ᠎ᠤᠨ ᠲᠥᠪ ᠬᠤᠷᠢᠶᠠᠨ᠎ᠤ ᠤᠳᠤᠷᠢᠳᠤᠯᠭ᠎ᠠ ᠵᠢᠨ ᠳᠣᠤᠷ᠎ᠠ᠂ ᠲᠥᠪ᠎ᠤᠨ ᠬᠢᠵᠢᠭ᠎ᠤᠨ ᠪᠠᠶ᠋ᠢᠳᠠᠯ᠎ᠢ ᠠᠷᠭ᠋ᠠᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠴᠠᠭ ᠲᠤᠬᠠᠶ᠎ᠳᠤᠨᠢ ᠰᠤᠳᠤᠯᠤᠨ ᠪᠠᠶ᠋ᠢᠷᠢᠯᠠᠭᠤᠯᠵᠤ᠂ ᠲᠥᠪ᠎ᠤᠨ ᠵᠢᠯᠣᠭᠤᠳᠬᠤ ᠳᠤᠭᠤᠶ᠋ᠢᠯᠠᠩ ᠵᠢᠯᠣᠭᠤᠳᠬᠤ ᠪᠠ ᠬᠢᠨᠠᠨ ᠵᠢᠯᠣᠭᠤᠳᠬᠤ᠎ᠪᠠᠨ ᠴᠢᠩᠭ᠋ᠠᠳᠬᠠᠵᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠠᠮᠳᠤᠷᠠᠨ ᠰᠡᠷᠭᠡᠶ᠋ᠢᠯᠡᠵᠦ ᠬᠠᠮᠳᠤᠷᠠᠨ ᠬᠢᠵᠠᠭ᠋ᠠᠷᠯᠠᠬᠤ ᠲᠣᠭᠲᠠᠴᠠ᠎ᠪᠠᠷ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠨᠡᠶ᠋ᠢᠭᠡᠮ᠎ᠤᠨ ᠡᠯ᠎ᠡ ᠲᠠᠯ᠎ᠠ ᠵᠢᠨ᠎ᠬᠢᠨ ᠪᠥᠬᠦ ᠬᠦᠴᠦᠨ ᠵᠶ᠋ᠠᠷ ᠵᠶ᠋ᠠᠨ ᠳᠡᠮᠵᠢᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠷᠠᠳ᠎ᠤᠨ ᠳᠠᠶ᠋ᠢᠨ᠂ ᠪᠦᠬᠦ ᠲᠠᠯ᠎ᠠ ᠵᠢᠨ ᠲᠠᠶ᠋ᠢᠨ᠂ ᠬᠤᠷᠢᠬᠯᠠᠨ ᠲᠠᠷᠤᠬᠤ ᠲᠠᠶ᠋ᠢᠨ᠎ᠢ ᠥᠷᠨᠢᠭᠦᠯᠪᠡ᠃ ᠥᠷᠭᠡᠨ ᠣᠯᠠᠨ ᠡᠮᠨᠡᠯᠭᠡ ᠵᠢᠨ ᠠᠵᠢᠯᠲᠠᠨ ᠡᠷᠡᠯᠬᠡᠭ ᠪᠠᠭ᠋ᠠᠲᠤᠷᠯᠢᠭ ᠵᠶ᠋ᠠᠷ ᠪᠠᠶ᠋ᠢᠯᠳᠤᠵᠤ᠂ ᠠᠷᠠᠳ᠎ᠤᠨ ᠴᠢᠯᠥᠭᠡᠯᠡᠬᠦ ᠴᠡᠷᠢᠭ᠎ᠤᠨ ᠵᠢᠯᠣᠭᠤᠳᠤᠭᠴᠢ ᠪᠠᠶ᠋ᠢᠯᠳᠤᠭᠴᠢ ᠬᠦᠨᠳᠦ ᠡᠭᠦᠷᠭᠡ ᠵᠢ ᠵᠣᠷᠢᠭᠲᠠᠶ ᠡᠭᠦᠷᠭᠡᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ ᠬᠠᠮᠵᠢᠯᠴᠠᠨ ᠪᠤᠭᠤᠮᠳᠠ ᠵᠢ ᠰᠢᠪᠲᠤᠯᠵᠤ᠂ ᠨᠡᠶ᠋ᠢᠭᠡᠮ ᠲᠣᠭᠤᠷᠢᠭ᠎ᠤᠨ ᠠᠵᠢᠯᠲᠠᠨ᠂ ᠳᠣᠲᠣᠭ᠋ᠠᠳᠤ ᠵᠢ ᠬᠠᠮᠠᠭ᠋ᠠᠯᠠᠬᠤ ᠺᠠᠳ᠋ᠷ ᠴᠠᠭᠳᠠᠭ᠎ᠠ᠂ ᠦᠨᠳᠦᠰᠦᠨ ᠱᠠᠲᠤᠨ᠎ᠤ ᠺᠠᠳ᠋ᠷ᠂ ᠰᠣᠨᠢᠨ ᠮᠡᠳᠡᠭᠡᠨ᠎ᠤ ᠠᠵᠢᠯᠲᠠᠨ᠂ ᠰᠠᠶ᠋ᠢᠨ ᠳᠤᠷ᠎ᠠ ᠵᠢᠨ ᠠᠵᠢᠯᠯᠠᠭᠴᠢ ᠠᠵᠢᠯ᠎ᠤᠨ ᠪᠠᠶ᠋ᠢᠷᠢ᠎ᠪᠠᠨ ᠪᠠᠲᠤ ᠰᠠᠬᠢᠵᠤ᠂ ᠲᠦᠷᠭᠡᠨ ᠬᠦᠷᠭᠡᠯᠳᠡ᠂ ᠣᠷᠴᠢᠨ ᠠᠬᠤᠢ ᠵᠢᠨ ᠠᠷᠢᠭᠤᠨ ᠴᠡᠪᠡᠷ᠂ ᠬᠢᠵᠢᠭ᠎ᠢ ᠡᠰᠡᠷᠭᠦᠴᠡᠬᠦ ᠡᠳ᠋ ᠪᠣᠳᠠᠰ᠎ᠢ ᠦᠢ᠍ᠯᠡᠳᠪᠦᠷᠢᠯᠡᠵᠦ ᠵᠦᠬᠡᠬᠡᠪᠦᠷᠢᠯᠡᠬᠦ ᠠᠵᠢᠯᠳᠠᠨ ᠵᠣᠪᠠᠭᠤᠷᠢ ᠵᠦᠳᠡᠭᠦᠷᠢ᠎ᠪᠠᠨ ᠬᠠᠶ᠋ᠢᠬᠤᠷᠤᠯ ᠦᠭᠡᠢ᠂ ᠲᠦᠭ ᠲᠦᠮᠡᠨ ᠡᠬᠡᠯ ᠵᠢᠷ᠎ᠤᠨ ᠬᠥᠳᠡᠯᠮᠦᠷᠢᠴᠢᠨ ᠦᠭᠡ ᠳᠠᠭᠤᠨ ᠦᠭᠡᠢ᠎ᠪᠠᠷ ᠵᠢᠳᠬᠦᠵᠤ᠂ ᠦᠬᠠᠨ᠎ᠤ ᠠᠷᠠᠳ ᠲᠦᠮᠡᠨ᠂ ᠬᠤᠪᠸᠢ ᠵᠢᠨ ᠠᠷᠠᠳ ᠲᠦᠮᠡᠨ ᠰᠢᠨᠲᠠᠷᠠᠰᠢ ᠦᠭᠡᠢ ᠲᠡᠮᠡᠴᠡᠵᠦ᠂ ᠨᠡᠶ᠋ᠢᠭᠡᠮ᠎ᠤᠨ ᠡᠯ᠎ᠡ ᠡᠲᠡᠭᠡᠳ ᠪᠣᠯᠤᠨ ᠰᠢᠶᠠᠩᠭ᠋ᠠᠩ ᠣᠣᠮᠧᠨ ᠲᠠᠶ᠋ᠢᠸᠠᠨ᠎ᠤ ᠠᠬ᠎ᠠ ᠳᠡᠭᠦᠦ ᠨᠡᠷ᠂ ᠭᠠᠳᠠᠭ᠋ᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠤ ᠨᠡᠷ ᠵᠣᠭᠤᠰ ᠮᠥᠩᠭᠦ ᠡᠳ᠋ ᠪᠣᠳᠠᠰ ᠬᠠᠨᠳᠢᠪᠯᠠᠪᠠ᠃ ᠳᠤᠮᠳᠠᠳᠤ ᠵᠢᠨ ᠬᠥᠪᠡᠭᠦᠳ ᠥᠬᠢᠳ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠴᠤ᠂ ᠬᠢᠵᠢᠭ᠎ᠤᠨ ᠪᠠᠶ᠋ᠢᠳᠠᠯ᠎ᠢ ᠡᠰᠡᠷᠭᠦᠴᠡᠬᠦ ᠰᠦᠷᠯᠢᠭ ᠦᠨᠳᠦᠷ ᠴᠠᠭ᠋ᠠᠨ ᠬᠡᠷᠡᠮ᠎ᠢ ᠪᠤᠰᠬᠠᠪᠠ᠃
      ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠳᠤᠮᠳᠠ᠂ ᠪᠢᠳᠡ ᠢᠲᠡᠭᠡᠯ ᠵᠣᠷᠢᠭ ᠵᠶ᠋ᠠᠨ ᠪᠠᠲᠤᠳᠬᠠᠬᠤ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠬᠤ᠂ ᠰᠢᠨᠵᠢᠯᠡᠬᠦ ᠤᠬᠠᠭ᠋ᠠᠨᠴᠢ᠎ᠪᠠᠷ ᠰᠡᠷᠭᠡᠶ᠋ᠢᠯᠡᠨ ᠵᠠᠰᠠᠬᠤ᠂ ᠨᠠᠷᠢᠯᠢᠬ ᠣᠨᠣᠴᠠᠲᠠᠶ᠎ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠶᠡᠷᠦᠩᠬᠡᠶ ᠱᠠᠭ᠋ᠠᠷᠳᠠᠯᠭ᠎ᠠ ᠶᠣᠰᠣᠭ᠋ᠠᠷ᠂ ᠡᠯ᠎ᠡ ᠵᠦᠢ᠍ᠯ᠎ᠤᠨ ᠠᠵᠢᠯ᠎ᠢ ᠴᠢᠩᠭ᠎ᠠ ᠠᠳᠬᠤᠵᠤ ᠪᠣᠳᠠᠲᠠᠶ ᠠᠳᠬᠤᠵᠤ ᠨᠠᠷᠢᠯᠢᠬ ᠠᠳᠬᠤᠪᠠ᠃ ᠴᠠᠭ ᠲᠤᠬᠠᠶ᠎ᠳᠤᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠷᠭ᠎ᠠ ᠬᠡᠮᠵᠢᠶ᠎ᠡ ᠠᠪᠴᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠳᠤ ᠬᠦᠬᠡ ᠲᠥᠷᠥᠯ᠎ᠤᠨ ᠬᠠᠯᠳᠠᠪᠤᠷᠢᠲᠤ ᠡᠪᠡᠳᠴᠢᠨ᠎ᠤ ᠬᠠᠮᠢᠶᠠᠷᠤᠯᠲᠠ ᠵᠢ ᠬᠡᠷᠡᠭᠵᠢᠭᠦᠯᠵᠦ᠂ ᠡᠯ᠎ᠡ ᠭᠠᠵᠠᠷ᠎ᠤᠨ᠎ᠬᠢᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠡᠭᠦᠰᠦᠭᠰᠡᠨ ᠬᠦᠨᠳᠦ ᠶᠡᠭᠡ ᠬᠡᠷᠡᠭ᠎ᠢ ᠠᠷᠭ᠋ᠠᠴᠠᠭ᠋ᠠᠬᠤ ᠨᠢᠭᠡᠳᠦᠭᠡᠷ ᠳᠡᠰ᠎ᠤᠨ ᠠᠷᠭ᠎ᠠ ᠬᠡᠮᠵᠢᠶ᠎ᠠ ᠵᠢ ᠡᠬᠢᠯᠡᠭᠦᠯᠪᠡ᠃ ᠦᠬᠠᠨ ᠪᠣᠯᠤᠨ ᠬᠤᠪᠧᠶ ᠵᠢᠨ ᠬᠠᠮᠠᠭ᠋ᠠᠯᠠᠯᠲᠠ ᠵᠢᠨ ᠳᠠᠶ᠋ᠢᠨ᠎ᠤ ᠢᠯᠠᠯᠲᠠ ᠵᠢ ᠡᠷᠡᠰ ᠲᠡᠮᠡᠴᠡᠨ ᠣᠯᠬᠤ ᠵᠢᠨ ᠬᠠᠮᠲᠤ ᠰᠢᠢ᠍ᠳᠪᠦᠷᠢᠲᠦ ᠴᠢᠨᠠᠷᠲᠠᠶ ᠦᠷ᠎ᠡ ᠪᠦᠲᠦᠮᠵᠢ ᠵᠢ ᠤᠯᠬᠤ ᠵᠢᠨ ᠲᠦᠯᠦᠬᠡ᠂ ᠴᠢᠩᠭ᠎ᠠ ᠬᠠᠮᠢᠶᠠᠷᠤᠨ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠡᠷᠡᠰ ᠰᠢᠭᠤᠷᠬᠠᠶ ᠬᠡᠷᠡᠭᠵᠢᠭᠦᠯᠬᠦ᠎ᠪᠠᠷ ᠳᠠᠮᠵᠢᠭᠤᠯᠤᠨ᠂ ᠪᠦᠬᠦ ᠤᠯᠤᠰ᠎ᠤᠨ ᠬᠦᠴᠦᠨ᠎ᠢ ᠳᠠᠶ᠋ᠢᠴᠢᠯᠠᠨ ᠲᠤᠰᠠᠯᠠᠵᠤ᠂ 4 ᠲᠦᠮᠡ ᠭᠠᠷᠤᠶ ᠡᠮᠴᠢ ᠰᠤᠪᠢᠯᠠᠭᠴᠢ ᠵᠢ ᠲᠣᠮᠢᠯᠠᠨ ᠲᠦᠷᠬᠡᠨ ᠲᠤᠰᠠᠯᠠᠭᠤᠯᠵᠤ᠂ ᠾᠦᠸᠧ ᠱᠧᠨ ᠱᠠᠨ᠂ ᠯᠸᠢ ᠱᠧᠨ ᠱᠠᠨ ᠡᠮᠨᠡᠯᠭᠡ ᠵᠢᠨ ᠬᠤᠷᠢᠶ᠎ᠠ ᠪᠤᠯᠤᠨ ᠴᠢᠩᠭᠡᠯᠢᠭ ᠡᠮᠨᠡᠯᠭᠡ ᠵᠢᠨ ᠬᠤᠷᠢᠶ᠎ᠠ ᠪᠠᠶ᠋ᠢᠭᠤᠯᠵᠤ᠂ ᠬᠦᠯᠢᠶᠡᠨ ᠠᠪᠴᠤ ᠡᠮᠨᠡᠬᠦ ᠣᠷᠣ ᠵᠢ ᠲᠦᠷᠭᠡᠬᠡᠨ ᠨᠠᠮᠠᠨ ᠲᠡᠬᠦᠯᠳᠡᠷᠵᠢᠬᠦᠯᠵᠤ᠂ ᠡᠮᠴᠢᠯᠡᠭᠡᠨ᠎ᠳᠤ ᠬᠡᠷᠡᠭᠯᠡᠬᠦ ᠡᠳ᠋ ᠪᠣᠳᠠᠰ᠎ᠢ ᠡᠩ ᠲᠡᠷᠢᠭᠦᠨ᠎ᠳᠤ ᠪᠠᠲᠤᠯᠠᠨ᠂ ᠣᠨᠣᠰᠢᠯᠠᠨ ᠡᠮᠨᠡᠬᠦ ᠲᠥᠰᠦᠯ ᠵᠶ᠋ᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠢᠲᠠᠳ ᠡᠮᠨᠡᠯᠬᠡ ᠧᠦ᠋ᠷᠣᠫᠠ ᠡᠮᠨᠡᠯᠭᠡ ᠵᠢ ᠤᠶᠠᠯᠳᠤᠭᠤᠯᠬᠤ ᠵᠢ ᠪᠠᠷᠢᠮᠲᠠᠯᠠᠨ᠂ 《ᠳᠦᠷᠪᠡ ᠵᠢ ᠲᠦᠪᠯᠡᠷᠡᠭᠦᠯᠬᠦ》 ᠵᠢ ᠪᠠᠷᠢᠮᠲᠠᠯᠠᠵᠤ᠂ ᠡᠪᠡᠳᠴᠢᠲᠡᠨ᠎ᠢ ᠪᠥᠬᠦ ᠬᠦᠴᠦᠨ ᠵᠶ᠋ᠠᠷ ᠵᠶ᠋ᠠᠨ ᠡᠮᠨᠠᠨ ᠠᠪᠤᠷᠠᠵᠤ᠂ ᠡᠳᠡᠭᠡᠷᠡᠬᠦᠯᠬᠦ ᠨᠣᠷᠮ᠎ᠠ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠳᠡᠭᠡᠭᠰᠢᠯᠡᠭᠦᠯᠵᠦ᠂ ᠡᠪᠡᠳᠴᠢᠨ ᠵᠶ᠋ᠠᠷ ᠥᠭᠦᠬᠦ ᠨᠣᠷᠮ᠎ᠠ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭᠤᠷᠠᠭᠤᠯᠪᠠ᠃ ᠪᠦᠬᠦ ᠤᠯᠤᠰ᠎ᠤᠨ ᠬᠡᠪᠴᠢᠶᠠᠨ᠎ᠳᠤ ᠴᠠᠭ᠋ᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭ᠎ᠠ ᠵᠢ ᠤᠷᠲᠤᠳᠬᠠᠵᠤ᠂ ᠰᠤᠷᠭ᠋ᠠᠭᠤᠯᠢ ᠡᠬᠢᠯᠡᠬᠦ ᠬᠤᠭᠤᠴᠠᠭ᠎ᠠ ᠵᠢ ᠬᠤᠶ᠋ᠢᠰᠢᠯᠠᠭᠤᠯᠵᠤ᠂ ᠠᠮᠢᠳᠤᠯᠢᠭ ᠵᠶ᠋ᠠᠷ ᠠᠵᠢᠯ ᠵᠶ᠋ᠠᠨ ᠰᠡᠷᠭᠦᠭᠡᠵᠦ᠂ ᠤᠷᠬᠢᠯ ᠴᠠᠭ᠎ᠢ ᠵᠦᠷᠢᠬᠦᠯᠦᠨ ᠶᠠᠪᠤᠵᠤ ᠰᠠᠭᠤᠵᠤ᠂ ᠣᠯᠠᠨ ᠵᠶ᠋ᠠᠷ ᠵᠶ᠋ᠠᠨ ᠰᠡᠷᠭᠡᠶ᠋ᠢᠯᠡᠨ ᠬᠢᠵᠠᠭ᠋ᠠᠷᠯᠠᠬᠤ ᠵᠢ ᠪᠠᠷᠢᠮᠲᠠᠯᠠᠨ᠂ 《ᠳᠥᠷᠪᠡᠨ ᠡᠷᠳᠡᠭᠡᠨ》᠎ᠢ ᠪᠠᠷᠢᠮᠲᠠᠯᠠᠵᠤ᠂ ᠬᠠᠯᠳᠠᠪᠤᠷᠢᠯᠠᠬᠤ ᠡᠬᠢ ᠰᠤᠷᠪᠤᠯᠵᠢ ᠵᠢ ᠡᠷᠡᠰ ᠬᠢᠵᠠᠭ᠋ᠠᠷᠯᠠᠵᠤ᠂ ᠬᠢᠵᠢᠭ᠎ᠤᠨ ᠪᠠᠶ᠋ᠢᠳᠠᠯ᠎ᠤᠨ ᠥᠷᠭᠡᠵᠢᠨ ᠳᠡᠯᠭᠡᠷᠡᠬᠦ ᠵᠢ ᠪᠦᠲᠦᠮᠵᠢᠲᠡᠶ ᠬᠤᠷᠢᠬᠯᠠᠪᠠ᠃ ᠡᠮ᠎ᠤᠨ ᠵᠦᠢ᠍ᠯ᠂ ᠸᠠᠺᠼᠢᠨ ᠪᠠ ᠪᠠᠶ᠋ᠢᠴᠠᠭ᠋ᠠᠨ ᠰᠢᠯᠭ᠋ᠠᠬᠤ ᠤᠷᠪᠠᠯᠵᠢ ᠵᠢ ᠰᠤᠳᠤᠯᠤᠨ ᠨᠡᠭᠡᠭᠡᠬᠦ᠎ᠪᠠᠨ ᠴᠢᠩᠭ᠋ᠠᠳᠬᠠᠪᠠ᠃ ᠡᠮᠨᠡᠯᠭᠡ᠎ᠳᠤ ᠬᠡᠷᠡᠭᠯᠡᠬᠦ ᠡᠳ᠋ ᠪᠣᠳᠠᠰ᠎ᠤᠨ ᠦᠢ᠍ᠯᠡᠳᠪᠦᠷᠢᠯᠡᠯ᠎ᠢ ᠦᠳᠲᠡᠷ ᠲᠦᠷᠭᠡᠨ ᠥᠷᠭᠡᠳᠬᠡᠵᠦ᠂ ᠤᠬᠤᠷᠬᠠᠨ ᠬᠤᠭᠤᠴᠠᠭ᠋ᠠᠨ᠎ᠳᠤ ᠶᠡᠭᠡ ᠬᠡᠮᠵᠢᠶ᠎ᠡ᠎ᠪᠠᠷ ᠨᠡᠮᠡᠭᠳᠡᠬᠦᠯᠦᠨ᠂ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠭᠤᠨ ᠪᠠᠶ᠋ᠢᠯᠭ᠋ᠠᠬᠤ ᠵᠢ ᠰᠠᠶ᠋ᠢᠲᠤᠷ ᠠᠳᠬᠤᠵᠤ᠂ ᠵᠠᠮ ᠬᠠᠷᠢᠯᠴᠠᠭ᠋ᠠᠨ᠎ᠤ ᠭᠤᠤᠯ ᠱᠤᠭᠤᠮ᠎ᠤᠨ ᠰᠠᠭ᠋ᠠᠳ ᠦᠭᠡᠢ ᠨᠡᠪᠲᠡᠷᠡᠬᠦ ᠪᠠ ᠨᠡᠭᠦᠷᠡᠰᠦ ᠴᠠᠬᠢᠯᠭ᠋ᠠᠨ ᠲᠤᠰᠤ ᠬᠡᠢ ᠵᠢᠨ ᠬᠠᠩᠭ᠋ᠠᠯᠭ᠎ᠠ ᠵᠢ ᠪᠠᠲᠤᠯᠠᠪᠠ᠃ ᠬᠢᠵᠢᠭ᠎ᠤᠨ ᠪᠠᠶ᠋ᠢᠳᠠᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠎ᠠᠴᠠ ᠪᠣᠯᠵᠤ᠂ ᠴᠠᠭ᠎ᠲᠤᠨᠢ ᠲᠣᠬᠢᠷᠠᠭᠤᠯᠤᠨ ᠪᠠᠶ᠋ᠢᠡᠭᠭᠤᠵᠢᠭᠤᠯᠤᠨ ᠰᠡᠷᠭᠡᠶ᠋ᠢᠯᠡᠨ ᠬᠢᠵᠠᠭ᠋ᠠᠷᠯᠠᠬᠤ ᠵᠢ ᠠᠬᠢᠭᠤᠯᠪᠠ᠃ ᠬᠢᠯᠢ ᠵᠢᠨ ᠭᠠᠳᠠᠨᠠᠬᠢ ᠬᠢᠵᠢᠭ᠎ᠤᠨ ᠪᠠᠶ᠋ᠢᠳᠠᠯ ᠦᠷᠬᠡᠵᠢᠨ ᠲᠡᠯᠭᠡᠷᠡᠭᠰᠡᠨ ᠪᠠᠶ᠋ᠢᠳᠠᠯ᠎ᠳᠤ ᠴᠢᠭᠯᠡᠭᠦᠯᠦᠨ᠂ ᠴᠠᠭ ᠲᠤᠬᠠᠶ᠎ᠳᠤᠨᠢ ᠭᠠᠳᠠᠭ᠋ᠠᠳᠤ᠎ᠠᠴᠠ ᠬᠠᠯᠳᠠᠪᠤᠷᠢᠯᠠᠨ ᠤᠷᠤᠵᠤ ᠢᠷᠡᠬᠦ ᠵᠢ ᠰᠡᠷᠭᠡᠶ᠋ᠢᠯᠡᠬᠦ ᠰᠢᠰᠲ᠋ᠧᠮ᠎ᠢ ᠪᠠᠶ᠋ᠢᠭᠤᠯᠵᠤ᠂ ᠬᠢᠯᠢ ᠵᠢᠨ ᠭᠠᠳᠠᠨ᠎ᠠ ᠪᠠᠶ᠋ᠢᠭ᠎ᠠ ᠮᠠᠨ᠎ᠤ ᠤᠯᠤᠰ᠎ᠤᠨ ᠠᠷᠠᠳ ᠢᠷᠭᠡᠨ ᠵᠶ᠋ᠠᠨ ᠬᠠᠯᠠᠮᠵᠢᠯᠠᠨ ᠬᠠᠶ᠋ᠢᠷᠠᠯᠠᠬᠤ ᠡᠷᠴᠢᠮ ᠵᠶ᠋ᠠᠨ ᠴᠢᠩᠭ᠋ᠠᠷᠠᠭᠤᠯᠪᠠ᠃ ᠣᠯᠠᠨ ᠤᠯᠤᠰ᠎ᠤᠨ ᠬᠠᠮᠲᠤᠷᠠᠯᠴᠠᠭ᠎ᠠ ᠵᠢ ᠢᠳᠡᠪᠬᠢᠲᠡᠢ ᠥᠷᠨᠢᠭᠦᠯᠵᠤ᠂ ᠢᠯᠡ᠂ ᠲᠣᠳᠣ᠂ ᠬᠠᠷᠢᠭᠤᠴᠠᠯᠭ᠎ᠠ᠎ᠲᠠᠢ ᠣᠪᠣᠷ ᠵᠶ᠋ᠠᠷ ᠬᠢᠵᠢᠭ᠎ᠤᠨ ᠪᠠᠶ᠋ᠢᠳᠠᠯ᠎ᠤᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠮᠡᠳᠡᠬᠦᠯᠦᠨ ᠨᠡᠶ᠋ᠢᠳᠡᠯᠡᠵᠤ᠂ ᠬᠢᠵᠢᠭ᠎ᠢ ᠰᠡᠷᠭᠡᠶ᠋ᠢᠯᠡᠬᠦ ᠮᠡᠷᠭᠡᠵᠢᠯ ᠪᠣᠯᠤᠨ ᠠᠷᠭ᠎ᠠ ᠪᠠᠷᠢᠯ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠬᠤᠪᠢᠶᠠᠯᠴᠠᠵᠤ᠂ ᠬᠠᠷᠢᠯᠴᠠᠨ ᠬᠠᠪᠰᠤᠷᠴᠤ᠂ ᠬᠠᠮᠲᠤ᠎ᠪᠠᠷ ᠬᠢᠵᠢᠭ᠎ᠢ ᠡᠰᠡᠷᠭᠦᠴᠡᠪᠠ᠃
      ᠮᠠᠨ᠎ᠤ 14 ᠳ᠋ᠦᠩᠰᠢᠭᠤᠷ ᠬᠥᠮᠦᠨ ᠠᠮᠠ ᠪᠦᠬᠦᠢ ᠡᠶ᠋ᠢᠮᠦ ᠨᠢᠬᠡᠨ ᠬᠥᠭᠵᠢᠵᠦ ᠪᠠᠶ᠋ᠢᠭ᠎ᠠ ᠤᠯᠤᠰ᠎ᠲᠤ ᠠᠪᠴᠤ ᠬᠡᠯᠡᠪᠡᠯ᠂ ᠨᠡᠯᠢᠶᠡᠳ ᠣᠬᠤᠷᠬᠠᠨ ᠬᠤᠭᠤᠴᠠᠭ᠋ᠠᠨ ᠳᠣᠲᠣᠷ᠎ᠠ ᠬᠢᠵᠢᠭ᠎ᠤᠨ ᠪᠠᠶ᠋ᠢᠳᠠᠯ᠎ᠢ ᠪᠦᠲᠦᠮᠵᠢᠲᠡᠶ ᠬᠢᠵᠠᠭ᠋ᠠᠷᠯᠠᠵᠤ᠂ ᠠᠷᠠᠳ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠰᠠᠨ᠎ᠨᠢ ᠬᠠᠳᠠᠭᠤ ᠪᠡᠷᠬᠡᠰᠢᠶᠡᠯ᠎ᠢ ᠲᠤᠭᠤᠯᠤᠨ ᠪᠠᠶ᠋ᠢᠵᠤ ᠤᠯᠤᠭᠰᠠᠨ ᠲᠤᠩ ᠬᠢᠯᠪᠠᠷ ᠪᠤᠰᠤ ᠠᠮᠵᠢᠯᠳᠠ ᠪᠤᠯᠬᠤ ᠶᠤᠮ᠃ ᠪᠢᠳᠡ ᠪᠠᠰᠠ ᠯᠤᠲᠤ ᠶᠡᠭᠡ ᠦᠨ᠎ᠡ ᠥᠷᠳᠡᠭ ᠭᠠᠷᠭ᠋ᠠᠭᠰᠠᠨ ᠶᠤᠮ᠂ ᠨᠢᠭᠡᠳᠦᠭᠡᠷ ᠤᠯᠠᠷᠢᠯ᠎ᠳᠤ ᠠᠵᠤ ᠠᠬᠤᠶ ᠵᠢᠨ ᠰᠥᠭᠡᠷᠭᠦ ᠨᠡᠮᠡᠭᠳᠡᠯ᠎ᠤᠨ ᠪᠠᠶ᠋ᠢᠳᠠᠯ ᠭᠠᠷᠴᠤ᠂ ᠦᠢ᠍ᠯᠡᠳᠪᠦᠷᠢᠯᠡᠯ ᠠᠮᠢᠳᠤᠷᠠᠯ᠎ᠤᠨ ᠡᠮᠬᠢ ᠵᠢᠷᠤᠮ ᠳᠠᠭ᠋ᠠᠷᠢᠯᠲᠠ᠎ᠳᠤ ᠤᠴᠠᠷᠠᠪᠠ᠂ ᠭᠡᠪᠡᠴᠤ ᠠᠮᠢ ᠨᠠᠰᠤ ᠶᠠᠭᠤᠨ᠎ᠠᠴᠠ ᠴᠤ᠌ ᠡᠷᠬᠢᠮ ᠨᠠᠨᠳᠢᠨ ᠪᠠᠶ᠋ᠢᠳᠠᠭ ᠲᠤᠯᠠ ᠡᠨᠡ ᠪᠤᠯ ᠵᠠᠪᠠᠯ ᠳᠠᠭ᠋ᠠᠭ᠋ᠠᠬᠤ ᠶᠤᠰᠤᠳᠠᠢ ᠪᠥᠭᠡᠳ ᠭᠠᠷᠭ᠋ᠠᠭᠤᠰᠢᠲᠠᠶ ᠦᠨ᠎ᠡ ᠲᠥᠯᠥᠪᠦᠷᠢ ᠪᠤᠯᠬᠤ ᠶᠤᠮ᠃ ᠪᠢᠳᠠ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠬᠢᠵᠠᠭ᠋ᠠᠷᠯᠠᠬᠤ ᠪᠠ ᠠᠵᠤ ᠠᠬᠤᠢ ᠨᠡᠶ᠋ᠢᠬᠡᠮ᠎ᠤᠨ ᠬᠦᠭᠵᠢᠯᠳᠠ ᠵᠢ ᠨᠢᠬᠡᠳᠦᠯᠳᠠᠢ ᠲᠦᠯᠦᠪᠯᠡᠨ ᠠᠬᠢᠭᠤᠯᠵᠤ᠂ ᠴᠠᠭ ᠲᠣᠬᠢᠶᠠᠯ᠎ᠢ ᠠᠯᠳᠠᠯ ᠦᠭᠡᠢ᠎ᠪᠠᠷ ᠠᠵᠢᠯ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠠᠬᠢᠭᠤᠯᠵᠤ᠂ 8 ᠲᠠᠯ᠎ᠠ ᠵᠢᠨ 90 ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠨ᠂ ᠠᠵᠤ ᠠᠬᠤᠶ᠋ᠢᠯᠠᠯ᠎ᠢ ᠲᠤᠰᠠᠯᠠᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ᠂ ᠬᠡᠰᠡᠭ ᠭᠠᠶ᠋ᠢᠯᠢ ᠰᠦᠢ᠍ᠳᠬᠡᠯ᠎ᠢ ᠬᠠᠰᠤᠵᠤ ᠬᠡᠯᠲᠦᠷᠢᠭᠦᠯᠬᠦ᠂ ᠪᠣᠢ ᠪᠦᠬᠦᠢ ᠰᠦᠢ᠍ᠳᠬᠡᠯ ᠬᠤᠷᠢᠶᠠᠬᠤ ᠵᠠᠰᠠᠮᠠᠯ ᠵᠠᠮ ᠵᠶ᠋ᠠᠷ ᠨᠡᠪᠳᠡᠷᠡᠬᠦ ᠰᠦᠢ᠍ᠳᠬᠡᠯ᠎ᠢ ᠦᠯᠦ ᠬᠤᠷᠢᠶᠠᠬᠤ᠂ ᠡᠨᠧᠷᠭᠢ ᠬᠡᠷᠡᠭᠯᠡᠬᠦ ᠥᠪᠡᠷ᠎ᠤᠨ ᠥᠷᠲᠡᠭ᠎ᠢ ᠪᠠᠭᠤᠷᠠᠭᠤᠯᠬᠤ᠂ ᠳᠡᠮ ᠬᠦᠤ᠎ᠲᠠᠢ ᠵᠢᠭᠡᠯᠡᠯᠭᠡ ᠲᠠᠯᠪᠢᠬᠤ ᠵᠡᠷᠭᠡ ᠲᠦᠷᠦ ᠵᠢᠨ ᠪᠤᠳᠤᠯᠭ᠎ᠠ ᠵᠢ ᠭᠡᠷᠡᠭᠵᠢᠬᠦᠯᠪᠠ᠃ ᠵᠢᠷᠤᠮ᠎ᠤᠨ ᠶᠣᠰᠣᠭ᠋ᠠᠷ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢ ᠤᠷᠢᠳᠴᠢᠯᠠᠨ ᠪᠠᠭᠤᠯᠭ᠋ᠠᠪᠠ᠃ ᠲᠠᠷᠢᠶᠠᠯᠠᠬᠤ ᠴᠠᠭ᠎ᠢ ᠰᠠᠭ᠋ᠠᠲᠠᠭ᠋ᠠᠯ ᠦᠬᠡᠢ᠎ᠪᠠᠷ ᠬᠠᠪᠤᠷ᠎ᠤᠨ ᠲᠠᠷᠢᠶᠠᠯᠠᠭ᠎ᠠ ᠵᠢ ᠠᠳᠬᠤᠪᠠ᠃ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ᠎ᠢ ᠴᠥᠬᠦᠷᠡᠰᠢ ᠦᠭᠡᠢ ᠠᠬᠢᠭᠤᠯᠪᠠ᠃ ᠬᠢᠵᠢᠭ᠎ᠢ ᠡᠰᠡᠷᠬᠦᠴᠡᠬᠦ ᠨᠢᠬᠡᠳᠦᠬᠡᠷ ᠹᠷᠣᠨᠲ᠎ᠤᠨ ᠪᠠ ᠬᠦᠴᠢᠷᠳᠡᠯᠳᠠᠢ ᠬᠦᠮᠦᠰ᠎ᠲᠤ ᠨᠦᠬᠦᠪᠦᠷᠢ ᠦᠭᠴᠤ᠂ ᠦᠨ᠎ᠡ ᠬᠠᠩᠰᠢ ᠵᠢᠨ ᠲᠦᠷ ᠴᠠᠭ᠎ᠤᠨ ᠨᠥᠬᠦᠪᠥᠷᠢ ᠵᠢᠨ ᠪᠠᠷᠢᠮᠵᠢᠶ᠎ᠠ ᠵᠢ 1 ᠳᠠᠬᠢᠨ ᠵᠶ᠋ᠠᠷ ᠳᠡᠭᠡᠭᠰᠢᠯᠡᠭᠦᠯᠬᠦ᠎ᠪᠠᠷ ᠪᠤᠯᠪᠠ᠃ ᠡᠳᠡᠭᠡᠷ ᠲᠥᠷᠥ ᠵᠢᠨ ᠪᠣᠳᠣᠯᠭ᠎ᠠ᠎ᠨᠢ ᠦᠷᠭᠡᠨ ᠤᠯᠠᠨ ᠠᠷᠠᠳ ᠲᠦᠮᠡᠨ᠎ᠳᠤ ᠠᠰᠢᠭ ᠬᠦᠷᠲᠡᠭᠡᠵᠦ᠂ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠪᠤᠷᠢᠵᠢᠭᠤᠯᠬᠤ ᠪᠠ ᠠᠵᠢᠯ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠴᠠᠭ ᠲᠤᠬᠠᠢ᠎ᠳᠤᠨᠢ ᠪᠦᠲᠦᠮᠵᠢᠲᠡᠢ ᠠᠬᠢᠭᠤᠯᠤᠭ᠋ᠠᠳ᠂ ᠮᠠᠨ᠎ᠤ ᠤᠯᠤᠰ᠎ᠤᠨ ᠠᠵᠤ ᠠᠬᠤᠢ ᠵᠢᠨ ᠡᠷᠡᠰ ᠴᠢᠩᠭ᠎ᠠ ᠤᠶᠠᠨ ᠬᠠᠳᠠᠨ ᠴᠢᠨᠠᠷ ᠪᠠ ᠯᠤᠲᠤ ᠶᠡᠭᠡ ᠳᠠᠯᠳᠠ ᠬᠦᠴᠦᠨ᠎ᠢ ᠢᠯᠡᠷᠡᠭᠦᠯᠵᠡᠢ᠃
      ᠲᠥᠯᠥᠭᠡᠯᠡᠭᠴᠢᠳ ᠡ!
      ᠨᠢᠳᠤᠨᠤᠨ᠎ᠠᠴᠠ ᠨᠠᠭ᠋ᠠᠰᠢᠬᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠣᠯᠤᠨ ᠡᠨᠡ ᠵᠢᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠲᠠᠯ᠎ᠠ᠎ᠪᠠᠷ ᠣᠯᠤᠭᠰᠠᠨ ᠠᠮᠵᠢᠯᠲᠠ ᠪᠦᠲᠦᠮᠵᠢ ᠪᠤᠯ ᠰᠢ ᠵᠢᠨ ᠫᠢᠩ ᠨᠥᠬᠦᠷ ᠵᠶ᠋ᠠᠷ ᠭᠤᠤᠯᠯᠠᠭᠤᠯᠤᠭᠰᠠᠨ ᠨᠠᠮ᠎ᠤᠨ ᠲᠥᠪ ᠬᠤᠷᠢᠶᠠᠨ᠎ᠤ ᠡᠷᠡᠰ ᠴᠢᠩᠭ᠎ᠠ ᠤᠳᠤᠷᠢᠳᠤᠬᠰᠠᠨ᠎ᠤ ᠦᠷ᠎ᠡ ᠳ᠋ᠦᠩ ᠮᠥᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ᠎ᠪᠠᠷ ᠵᠢᠯᠣᠭᠤᠳᠤᠭᠰᠠᠨ᠎ᠤ ᠦᠷ᠎ᠡ ᠳ᠋ᠦᠩ ᠮᠥᠨ᠂ ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠦᠯᠬᠦᠮᠳᠡᠨ ᠲᠡᠮᠡᠴᠡᠭᠰᠡᠨ᠎ᠤ ᠦᠷ᠎ᠡ ᠳ᠋ᠦᠩ ᠮᠥᠨ᠃ ᠪᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ᠎ᠤᠨ ᠪᠦᠯᠬᠦᠮ ᠪᠣᠯᠤᠨ ᠡᠯ᠎ᠡ ᠡᠲᠡᠭᠡᠳ᠎ᠤᠨ ᠬᠥᠮᠦᠰ᠎ᠲᠤ ᠴᠢᠩ ᠰᠡᠳᠬᠢᠯ᠎ᠤᠨ ᠲᠠᠯᠠᠷᠬᠠᠯ ᠳᠡᠪᠰᠢᠭᠦᠯᠦᠶ᠎ᠡ! ᠰᠢᠶᠠᠩᠭ᠋ᠠᠩ᠎ᠤᠨ ᠵᠠᠰᠠᠭ ᠵᠠᠬᠢᠷᠭ᠋ᠠᠨ᠎ᠤ ᠣᠨᠴᠠᠭ᠋ᠠᠶ ᠣᠷᠣᠨ᠎ᠤ ᠠᠬ᠎ᠠ ᠳᠡᠭᠦᠤ ᠨᠡᠷ᠂ ᠣᠣᠮᠧᠨ᠎ᠤ ᠵᠠᠰᠠᠭ ᠵᠠᠬᠢᠷᠭ᠋ᠠᠨ᠎ᠤ ᠣᠨᠴᠠᠭ᠋ᠠᠶ ᠣᠷᠣᠨ᠎ᠤ ᠠᠬ᠎ᠠ ᠳᠡᠭᠦᠤ ᠨᠡᠷ᠂ ᠲᠠᠶ᠋ᠢᠸᠠᠨ᠎ᠤ ᠠᠬ᠎ᠠ ᠳᠡᠭᠦᠤ ᠨᠡᠷ ᠪᠠ ᠭᠠᠳᠠᠭ᠋ᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠤ ᠨᠡᠷ᠎ᠲᠤ ᠴᠢᠩ ᠰᠡᠳᠬᠢᠯ᠎ᠤᠨ ᠲᠠᠯᠠᠷᠬᠠᠯ ᠳᠡᠪᠰᠢᠭᠦᠯᠦᠶ᠎ᠠ! ᠳᠤᠮᠳᠠᠳᠤ ᠤᠯᠤᠰ᠎ᠤᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠪᠠ ᠬᠢᠵᠢᠭ᠎ᠤᠨ ᠪᠠᠶ᠋ᠢᠳᠠᠯ᠎ᠢ ᠡᠰᠡᠷᠬᠦᠴᠡᠬᠦ ᠲᠡᠮᠡᠴᠡᠯ᠎ᠢ ᠬᠠᠯᠠᠮᠵᠢᠯᠠᠨ ᠳᠠᠮᠵᠢᠵᠤ ᠪᠠᠶ᠋ᠢᠭ᠎ᠠ ᠡᠯ᠎ᠡ ᠤᠯᠤᠰ᠎ᠤᠨ ᠵᠠᠰᠠᠭ᠎ᠤᠨ ᠣᠷᠳᠣᠨ᠂ ᠣᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ ᠪᠣᠯᠤᠨ ᠡᠯ᠎ᠡ ᠤᠯᠤᠰ᠎ᠤᠨ ᠨᠠᠶ᠋ᠢᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠳᠡᠪᠰᠢᠭᠦᠯᠦᠶ᠎ᠡ!
      ᠠᠮᠵᠢᠯᠲᠠ᠎ᠪᠠᠨ ᠨᠤᠲᠠᠯᠠᠬᠤ ᠵᠢᠨ ᠵᠡᠷᠭᠡᠴᠡᠭᠡ᠎ᠪᠠᠷ᠂ ᠲᠤᠯᠭ᠋ᠠᠷᠠᠵᠤ ᠪᠠᠶ᠋ᠢᠭ᠎ᠠ ᠬᠦᠴᠢᠷᠳᠡᠯ ᠪᠠ ᠠᠰᠠᠭᠤᠳᠠᠯ᠎ᠢ ᠴᠤ᠌ ᠪᠢᠳᠡ ᠰᠡᠷᠭᠡᠭ ᠵᠶ᠋ᠠᠷ ᠣᠯᠵᠤ ᠬᠠᠷᠠᠪᠠ᠃ ᠪᠦᠬᠦ ᠳᠡᠯᠡᠬᠡᠶ ᠵᠢᠨ ᠬᠢᠵᠢᠭ᠎ᠤᠨ ᠪᠠᠶ᠋ᠢᠳᠠᠯ᠎ᠤᠨ ᠳᠠᠭ᠋ᠠᠷᠢᠯᠳᠠ᠎ᠠᠴᠠ ᠪᠣᠯᠵᠤ᠂ ᠳᠡᠯᠡᠬᠡᠶ ᠵᠢᠨ ᠠᠵᠤ ᠠᠬᠤᠶ ᠬᠦᠨᠳᠦ ᠨᠣᠴᠢᠲᠠᠶ ᠮᠠᠭᠤᠳᠠᠵᠤ᠂ ᠠᠵᠤ ᠦᠢ᠍ᠯᠡᠰ᠎ᠤᠨ ᠬᠡᠯᠬᠢᠶ᠎ᠠ ᠬᠠᠩᠭ᠋ᠠᠯᠭ᠎ᠠ ᠵᠢᠨ ᠬᠡᠯᠬᠢᠶ᠎ᠡ ᠵᠢᠨ ᠣᠷᠴᠢᠯ᠎ᠳᠤ ᠬᠠᠷᠰᠢ ᠰᠠᠭ᠋ᠠᠳ ᠤᠴᠠᠷᠠᠵᠤ᠂ ᠤᠯᠠᠨ ᠤᠯᠤᠰ᠎ᠤᠨ ᠠᠷᠠᠯᠵᠢᠶᠠᠨ᠎ᠤ ᠪᠡᠯᠡ ᠣᠷᠣᠭᠤᠯᠤᠯᠲᠠ ᠪᠠᠭ᠋ᠠᠰᠴᠤ᠂ ᠪᠦᠬᠡᠮ ᠲᠠᠸᠠᠷ᠎ᠤᠨ ᠵᠠᠬ᠎ᠠ ᠳᠡᠯᠭᠡᠭᠦᠷ ᠲᠣᠭᠲᠠᠪᠤᠷᠢ ᠦᠭᠡᠢ ᠪᠣᠯᠵᠤ ᠪᠠᠶ᠋ᠢᠨ᠎ᠠ᠃ ᠤᠯᠤᠰ᠎ᠤᠨ ᠳᠣᠲᠣᠭ᠋ᠠᠳᠤ ᠵᠢᠨ ᠬᠡᠷᠡᠭᠯᠡᠭᠡ᠂ ᠪᠡᠯᠡ ᠣᠷᠣᠭᠤᠯᠤᠯᠲᠠ᠂ ᠭᠠᠳᠠᠭ᠋ᠠᠳᠤ ᠭᠠᠷᠭ᠋ᠠᠯᠲᠠ ᠪᠠᠭᠤᠷᠠᠵᠤ᠂ ᠠᠵᠢᠯ ᠣᠯᠭᠤᠯᠲᠠ ᠵᠢᠨ ᠳᠠᠷᠤᠯᠲᠠ ᠢᠯᠡᠳᠲᠡ ᠨᠡᠮᠡᠭᠳᠡᠵᠦ᠂ ᠠᠵᠤ ᠠᠬᠤᠶ᠋ᠢᠯᠠᠯ ᠢᠯᠠᠩᠭᠤᠶ᠎ᠠ ᠠᠷᠠᠳ᠎ᠤᠨ ᠡᠵᠡᠩᠨᠡᠯᠲᠡ ᠵᠢᠨ ᠠᠵᠤ ᠠᠬᠤᠢ᠍ᠢ᠍ᠯᠠᠯ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠬᠦᠴᠢᠷᠳᠡᠯ ᠲᠣᠪᠤᠶ᠋ᠢᠮ᠎ᠠ ᠢᠯᠡᠷᠡᠵᠦ᠂ ᠮᠥᠩᠭᠦᠨ ᠭᠦᠢ᠍ᠯᠭᠡᠭᠡ ᠵᠡᠷᠭᠡ ᠬᠦᠷᠢᠶᠡᠨ᠎ᠳᠠᠬᠢ ᠠᠶᠤᠯ ᠲᠦᠭᠰᠢᠭᠦᠷᠢ ᠡᠳᠦᠶ ᠲᠡᠳᠦᠶ ᠬᠤᠷᠠᠮᠳᠤᠵᠤ᠂ ᠦᠨᠳᠦᠰᠦᠨ ᠱᠠᠲᠤᠨ᠎ᠤ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ ᠵᠢᠨ ᠵᠥᠷᠢᠴᠡᠯ ᠰᠢᠷᠦᠭᠦᠰᠴᠤ ᠪᠠᠶ᠋ᠢᠨ᠎ᠠ᠃ ᠵᠠᠰᠠᠭ᠎ᠤᠨ ᠣᠷᠳᠣᠨ᠎ᠤ ᠠᠵᠢᠯ᠎ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠬᠡᠯᠪᠡᠷᠢ ᠵᠢᠨ ᠦᠵᠡᠯ᠂ ᠨᠣᠶᠠᠨᠴᠢ ᠰᠤᠷᠲᠠᠯ ᠮᠥᠨ ᠯᠡ ᠨᠡᠯᠢᠶᠡᠳ ᠲᠤᠪᠤᠶ᠋ᠢᠮ᠎ᠠ ᠤᠷᠤᠰᠢᠵᠤ᠂ ᠴᠥᠭᠡᠨ ᠲᠣᠭ᠋ᠠᠨ᠎ᠤ ᠺᠠᠳ᠋ᠷ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠠᠵᠢᠯ ᠬᠢᠵᠤ ᠴᠢᠳᠠᠬᠤ ᠦᠭᠡᠢ᠂ ᠳᠤᠷ᠎ᠠ᠎ᠪᠠᠷ ᠵᠶ᠋ᠠᠨ ᠬᠢᠵᠤ ᠪᠠᠶ᠋ᠢᠨ᠎ᠠ᠃ ᠵᠠᠷᠢᠮ ᠬᠦᠷᠢᠶᠡᠨ᠎ᠳᠤ ᠢᠯᠵᠠᠷᠠᠯ᠎ᠤᠨ ᠠᠰᠠᠭᠤᠳᠠᠯ ᠤᠯᠠᠨ ᠭᠠᠷᠴᠤ ᠪᠠᠶ᠋ᠢᠨ᠎ᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠳᠤᠮᠳᠠ᠂ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠲᠠᠯ᠎ᠠ᠎ᠪᠠᠷ ᠴᠥᠭᠡᠨ ᠪᠤᠰᠤ ᠪᠠᠭᠤᠷᠠᠶ ᠭᠤᠭᠴᠤᠭ᠎ᠠ ᠢᠯᠡᠷᠡᠵᠡᠶ᠂ ᠤᠯᠠᠨ ᠲᠦᠮᠡᠨ᠎ᠤ ᠲᠤᠷᠠᠳᠤᠭᠰᠠᠨ ᠵᠠᠷᠢᠮ ᠰᠠᠨᠠᠯ ᠰᠠᠨᠠᠭᠤᠯᠭ᠎ᠠ ᠵᠢ ᠴᠤ᠌ ᠴᠢᠬᠤᠯᠠᠴᠢᠯᠠᠬᠤ ᠬᠡᠷᠡᠭᠲᠡᠶ ᠪᠠᠶ᠋ᠢᠨ᠎ᠠ᠃ ᠪᠢᠳᠡ ᠵᠠᠪᠠᠯ ᠠᠵᠢᠯ ᠵᠶ᠋ᠠᠨ ᠴᠢᠷᠮᠠᠶ᠋ᠢᠨ ᠰᠠᠶ᠋ᠢᠵᠢᠷᠠᠭᠤᠯᠵᠤ᠂ ᠲᠤᠰᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠤᠶᠤᠨ ᠴᠢᠳᠠᠯ ᠵᠶ᠋ᠠᠨ ᠰᠢᠪᠬᠠᠵᠤ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠬᠥᠰᠡᠷᠳᠡᠭᠦᠯᠬᠦ ᠦᠭᠡᠢ ᠪᠠᠶ᠋ᠢᠬᠤ ᠬᠡᠷᠡᠭᠲᠡᠶ᠃
      ᠬᠤᠶᠠᠷ᠂ ᠡᠨᠡ ᠵᠢᠯ᠎ᠤᠨ ᠬᠥᠭᠵᠢᠯᠲᠡ ᠵᠢᠨ ᠭᠤᠤᠯ ᠬᠠᠷᠠᠯᠲᠠ ᠪᠠ ᠲᠠᠷᠠᠭ᠋ᠠᠴᠢ ᠵᠢᠨ ᠱᠠᠲᠤᠨ᠎ᠤ ᠠᠵᠢᠯ᠎ᠤᠨ ᠶᠡᠷᠦᠩᠬᠡᠶ ᠪᠠᠶ᠋ᠢᠷᠢᠯᠠᠭᠤᠯᠤᠯᠲᠠ
      ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠢ ᠰᠠᠶ᠋ᠢᠲᠤᠷ ᠬᠢᠭᠦ᠎ᠳᠤ᠂ ᠰᠢ ᠵᠢᠨ ᠫᠢᠩ ᠨᠥᠬᠦᠷ ᠵᠶ᠋ᠠᠷ ᠭᠤᠣᠯᠯᠠᠭᠤᠯᠤᠭᠰᠠᠨ ᠨᠠᠮ᠎ᠤᠨ ᠲᠥᠪ ᠬᠤᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠦ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠵᠢ ᠡᠷᠡᠰ ᠲᠤᠭᠤᠰᠢᠯᠠᠭᠤᠯᠵᠦ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠨ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠭᠦ ᠬᠠᠷᠠᠯᠲᠠ ᠡᠭᠦᠷᠭᠡ᠎ᠲᠠᠢ ᠨᠢᠭᠲᠠ ᠤᠶᠠᠯᠳᠤᠭᠤᠯᠤᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠪᠠᠶ᠋ᠢᠡᠭᠭᠤᠵᠢᠭᠤᠯᠤᠭᠰᠠᠨ ᠤᠷᠢᠲᠠᠯ ᠳᠣᠤᠷ᠎ᠠ᠂ ᠲᠣᠭᠲᠠᠭᠤᠨ ᠪᠠᠶ᠋ᠢᠯᠭ᠋ᠠᠬᠤ ᠵᠢᠨ ᠵᠡᠷᠭᠡ᠎ᠳᠤ ᠤᠷᠤᠭᠰᠢᠯᠠᠭᠤᠯᠬᠤ᠎ᠪᠠᠷ ᠴᠢᠷᠮᠠᠶ᠋ᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ᠎ᠪᠠᠷ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ᠎ᠪᠠᠷ ᠬᠥᠳᠡᠯᠭᠡᠭᠴᠢ ᠬᠦᠴᠦᠨ ᠪᠣᠯᠭ᠋ᠠᠵᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢ ᠪᠠᠷᠢᠮᠲᠠᠯᠠᠵᠤ᠂ ᠭᠤᠷᠪᠠᠨ ᠶᠡᠭᠡ ᠪᠡᠷᠭᠡ ᠰᠡᠳᠦᠪ᠎ᠢ ᠰᠢᠢ᠍ᠳᠪᠤᠷᠢᠯᠡᠭᠦ ᠳᠠᠶ᠋ᠢᠨ᠎ᠢ ᠡᠷᠡᠰ ᠰᠠᠶ᠋ᠢᠲᠤᠷ ᠬᠢᠵᠦ᠂ 《ᠵᠢᠷᠭᠤᠭ᠎ᠠ ᠵᠢ ᠲᠣᠭᠲᠠᠭᠤᠨ ᠪᠠᠶ᠋ᠢᠯᠭ᠋ᠠᠬᠤ》 ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ ᠰᠠᠭᠤᠭ᠋ᠠᠯᠢ ᠠᠷᠠᠳ᠎ᠤᠨ ᠠᠵᠢᠯ ᠣᠯᠭᠤᠯᠲᠠ ᠵᠢ ᠪᠠᠲᠤᠯᠠᠨ᠂ ᠠᠷᠠᠳ᠎ᠤᠨ ᠦᠨᠳᠦᠰᠦᠨ ᠠᠮᠢᠳᠤᠷᠠᠯ᠎ᠢ ᠪᠠᠲᠤᠯᠠᠵᠦ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ ᠪᠠᠲᠤᠯᠠᠨ᠂ ᠠᠮᠤ ᠪᠤᠳᠠᠭ᠎ᠠ ᠡᠨᠧᠷᠭᠢ ᠵᠢᠨ ᠰᠤᠷᠪᠤᠯᠵᠢ ᠵᠢᠨ ᠠᠶᠦᠯᠭᠦᠢ ᠪᠠᠶ᠋ᠢᠬᠤ ᠵᠢ ᠪᠠᠲᠤᠯᠠᠵᠦ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ ᠪᠠᠶ᠋ᠢᠬᠤ ᠵᠢ ᠪᠠᠲᠤᠯᠠᠨ᠂ ᠦᠨᠳᠦᠰᠦᠨ ᠱᠠᠲᠤᠨ᠎ᠤ ᠠᠵᠢᠯᠯᠠᠭ᠋ᠠᠨ᠎ᠢ ᠪᠠᠲᠤᠯᠠᠵᠦ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠᠶ᠋ᠢᠯᠳᠤᠬᠤ ᠪᠣᠳᠣᠯᠭ᠎ᠠ ᠵᠢ ᠡᠷᠡᠰ ᠬᠡᠷᠡᠭᠵᠢᠭᠦᠯᠵᠦ᠂ ᠠᠵᠤ ᠠᠬᠤᠢ ᠵᠢᠨ ᠬᠥᠭᠵᠢᠯᠲᠡ ᠪᠠ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠤᠨ ᠶᠡᠭᠡ ᠲᠠᠯ᠎ᠠ ᠵᠢ ᠬᠠᠮᠠᠭ᠋ᠠᠯᠠᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠦᠪ᠎ᠢ ᠰᠢᠢ᠍ᠳᠪᠤᠷᠢᠯᠡᠭᠦ ᠰᠢᠢ᠍ᠳᠪᠦᠷᠢᠲᠦ ᠳᠠᠶ᠋ᠢᠨ᠎ᠳᠤ ᠰᠢᠢ᠍ᠳᠪᠤᠷᠢᠳᠤ ᠢᠯᠠᠯᠲᠠ ᠣᠯᠬᠤ ᠬᠠᠷᠠᠯᠲᠠ ᠡᠭᠦᠷᠭᠡ ᠵᠢ ᠪᠡᠶᠡᠯᠡᠭᠦᠯᠬᠦ ᠵᠢ ᠦᠨᠡᠨ ᠭᠦ᠌ ᠪᠠᠲᠤᠯᠠᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠭᠦ ᠭᠡᠷᠡᠭᠲᠡᠢ᠃
      ᠣᠳᠣᠬᠠᠨ᠎ᠳᠤ ᠪᠠ ᠬᠤᠶ᠋ᠢᠰᠢᠳᠠ ᠵᠢᠨ ᠨᠢᠭᠡ ᠬᠤᠭᠤᠴᠠᠭ᠋ᠠᠨ᠎ᠳᠤ᠂ ᠮᠠᠨ᠎ᠤ ᠤᠯᠤᠰ᠎ᠤᠨ ᠬᠥᠭᠵᠢᠯᠲᠡ᠎ᠳᠤ ᠤᠷᠢᠳ ᠡᠮᠦᠨ᠎ᠡ ᠭᠠᠷᠤᠭ᠎ᠠ ᠦᠭᠡᠢ ᠠᠶᠤᠯ ᠲᠦᠭᠰᠢᠬᠦᠷᠢ ᠪᠠ ᠰᠢᠯᠭ᠋ᠠᠯᠳᠠ ᠲᠤᠯᠭ᠋ᠠᠷᠠᠵᠦ ᠪᠠᠶ᠋ᠢᠭ᠎ᠠ ᠪᠤᠯᠪᠠᠴᠤ᠂ ᠪᠢᠳᠡᠨ᠎ᠳᠤ ᠦᠪᠡᠷᠮᠢᠴᠡ ᠪᠠᠶ᠋ᠢᠳᠠᠭ ᠤᠯᠤᠰ ᠲᠦᠷᠦ ᠪᠠ ᠪᠠᠶ᠋ᠢᠭᠤᠯᠤᠯ᠎ᠤᠨ ᠳᠠᠪᠠᠭᠤᠯᠢᠭ᠎ᠲᠠᠢ᠂ ᠦᠯᠡᠮᠵᠢ ᠵᠤᠵᠠᠭ᠋ᠠᠨ ᠠᠵᠤ ᠠᠬᠤᠶ ᠵᠢᠨ ᠰᠠᠭᠤᠷᠢ᠎ᠲᠠᠢ᠂ ᠯᠤᠲᠤ ᠶᠡᠭᠡ ᠵᠠᠬ᠎ᠠ ᠳᠡᠯᠭᠡᠭᠦᠷ᠎ᠤᠨ ᠲᠠᠯᠳᠠ ᠬᠦᠴᠦᠨ᠎ᠲᠠᠢ᠂ ᠠᠵᠢᠯᠴᠢ ᠬᠦᠳᠡᠯᠮᠦᠷᠢᠴᠢ ᠤᠶᠤᠨ ᠤᠬᠠᠭ᠋ᠠᠯᠢᠭ ᠦᠢ ᠤᠯᠠᠨ ᠠᠷᠠᠳ ᠲᠦᠮᠡᠨ᠎ᠲᠠᠢ ᠶᠤᠮ᠃ ᠰᠢᠯᠭ᠋ᠠᠯᠳᠠ᠎ᠳᠤ ᠰᠢᠭᠤᠳ ᠬᠠᠨᠳᠤᠵᠤ᠂ ᠬᠥᠭᠵᠢᠯᠲᠡ ᠵᠢᠨ ᠢᠲᠡᠭᠡᠯ ᠵᠣᠷᠢᠭ ᠵᠶ᠋ᠠᠨ ᠪᠠᠲᠤᠳᠬᠠᠵᠤ᠂ ᠬᠥᠭᠵᠢᠯᠲᠡ ᠵᠢᠨ ᠬᠥᠳᠡᠯᠭᠡᠭᠴᠢ ᠬᠦᠴᠦᠨ ᠵᠶ᠋ᠠᠨ ᠴᠢᠩᠭ᠋ᠠᠳᠬᠠᠵᠤ᠂ ᠮᠠᠨ᠎ᠤ ᠤᠯᠤᠰ᠎ᠤᠨ ᠬᠦᠭᠵᠢᠯᠳᠠ ᠵᠢᠨ ᠴᠢᠬᠤᠯᠠ ᠪᠠᠶ᠋ᠢᠯᠳᠤᠬᠤ ᠪᠤᠳᠤᠯᠭ᠎ᠠ ᠵᠢᠨ ᠳᠤᠬᠢᠶᠠᠯᠳᠤ ᠬᠤᠭᠤᠴᠠᠭ᠎ᠠ᠎ᠪᠠᠨ ᠬᠠᠮᠠᠭ᠋ᠠᠯᠠᠵᠤ ᠰᠠᠶ᠋ᠢᠳᠤᠷ ᠬᠡᠷᠡᠭᠯᠡᠬᠦ ᠯᠠ ᠶᠤᠮ ᠪᠣᠯ᠂ ᠣᠳᠣᠬᠠᠨ᠎ᠤ ᠬᠦᠴᠢᠷ ᠪᠡᠷᠬᠡᠰᠢᠶᠡᠯ᠎ᠢ ᠯᠠᠪᠲᠠᠶ ᠲᠤᠭᠤᠯᠤᠨ ᠳᠠᠪᠠᠵᠦ ᠴᠢᠳᠠᠬᠤ ᠮᠦᠷᠳᠡᠭᠡᠨ ᠳᠤᠮᠳᠠᠳᠤ ᠤᠯᠤᠰ᠎ᠤᠨ ᠬᠥᠭᠵᠢᠯᠲᠡ ᠯᠠᠪᠲᠠᠶ ᠬᠦᠰᠡᠯ ᠡᠷᠡᠮᠡᠯᠵᠡᠯ ᠵᠶ᠋ᠠᠷ ᠳᠦᠭᠦᠷᠡᠩ ᠪᠠᠶ᠋ᠢᠵᠦ ᠴᠢᠳᠠᠬᠤ ᠶᠤᠮ᠃
      ᠪᠠᠶ᠋ᠢᠳᠠᠯ᠎ᠢ ᠶᠡᠷᠦᠩᠬᠡᠶ᠋ᠢᠯᠡᠨ ᠰᠤᠳᠤᠯᠤᠨ ᠮᠠᠭ᠋ᠠᠳᠯᠠᠭ᠋ᠠᠳ᠂ ᠪᠢᠳᠡ ᠬᠢᠵᠢᠭ᠎ᠤᠨ ᠪᠠᠶ᠋ᠢᠳᠠᠯ᠎ᠠᠴᠠ ᠡᠮᠦᠨ᠎ᠠ ᠪᠣᠳᠣᠯᠬᠢᠯᠠᠭᠰᠠᠨ ᠵᠢᠱ᠌ᠢᠭᠰᠡᠨ ᠬᠠᠷᠠᠯᠲᠠ᠎ᠳᠤ ᠵᠣᠬᠢᠰᠲᠠᠶ ᠲᠣᠬᠢᠷᠠᠭᠤᠯᠤᠯᠲᠠ ᠬᠢᠵᠡᠢ᠃ ᠡᠨᠡ ᠵᠢᠯ ᠠᠵᠢᠯ ᠣᠯᠭᠤᠯᠲᠠ ᠵᠢ ᠲᠣᠭᠲᠠᠪᠤᠷᠢᠵᠢᠭᠤᠯᠵᠤ ᠠᠷᠠᠳ᠎ᠤᠨ ᠠᠮᠢᠳᠤᠷᠠᠯ᠎ᠢ ᠪᠠᠲᠤᠯᠠᠬᠤ ᠵᠢ ᠲᠠᠷᠢᠭᠦᠨ᠎ᠳᠤ ᠳᠠᠯᠪᠢᠵᠦ᠂ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠦᠪ᠎ᠢ ᠰᠢᠢ᠍ᠳᠪᠤᠷᠢᠯᠡᠭᠦ ᠳᠠᠶ᠋ᠢᠨ᠎ᠳᠤ ᠵᠠᠪᠠᠯ ᠢᠯᠠᠯᠲᠠ ᠣᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠭᠦ ᠬᠠᠷᠠᠯᠲᠠ ᠡᠭᠦᠷᠭᠡ ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠢ; ᠬᠤᠳᠠ ᠪᠠᠯᠭ᠋ᠠᠰᠤᠨ᠎ᠳᠤ ᠠᠵᠢᠯ ᠤᠯᠤᠭᠰᠠᠨ ᠬᠦᠮᠦᠨ᠎ᠤ ᠲᠤᠭ᠎ᠠ ᠵᠢ 900 ᠲᠦᠮᠡ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠬᠤᠳᠠ ᠪᠠᠯᠭ᠋ᠠᠰᠤᠨ᠎ᠤ ᠪᠠᠶ᠋ᠢᠴᠠᠭ᠋ᠠᠭᠰᠠᠨ ᠠᠵᠢᠯ ᠠᠯᠳᠠᠯᠲᠠ ᠵᠢᠨ ᠨᠤᠷᠮ᠎ᠠ ᠵᠢ 6% ᠣᠷᠴᠢᠮ ᠪᠠᠶ᠋ᠢᠯᠭ᠋ᠠᠵᠤ᠂ ᠬᠤᠳᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠤᠷᠮ᠎ᠠ ᠵᠢ 5.5% ᠣᠷᠴᠢᠮ ᠪᠠᠶ᠋ᠢᠯᠭ᠋ᠠᠨ᠎ᠠ; ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠵᠢᠨ ᠥᠰᠥᠯᠲᠡ ᠵᠢᠨ ᠬᠡᠮᠵᠢᠶ᠎ᠡ ᠵᠢ 3.5% ᠣᠷᠴᠢᠮ ᠪᠠᠶ᠋ᠢᠯᠭ᠋ᠠᠨ᠎ᠠ; ᠭᠠᠳᠠᠭ᠋ᠠᠳᠤ ᠣᠷᠣᠭᠤᠯᠤᠯᠲᠠ ᠭᠠᠳᠠᠭ᠋ᠠᠳᠤ ᠭᠠᠷᠭ᠋ᠠᠯᠲᠠ ᠵᠢᠨ ᠲᠣᠭᠲᠠᠭᠤᠨ ᠪᠠᠶ᠋ᠢᠳᠠᠯ᠎ᠢ ᠠᠬᠢᠭᠤᠯᠤᠨ ᠶᠠᠰᠤ ᠴᠢᠨᠠᠷ᠎ᠢ᠎ᠨᠢ ᠳᠡᠭᠡᠭᠰᠢᠯᠡᠭᠦᠯᠵᠦ᠂ ᠤᠯᠤᠰ᠎ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠵᠢ ᠦᠨᠳᠦᠰᠦᠨ᠎ᠳᠡᠭᠡᠨ ᠲᠡᠩᠴᠡᠭᠦᠷᠢᠲᠡᠶ ᠪᠠᠶ᠋ᠢᠯᠭ᠋ᠠᠨ᠎ᠠ; ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ ᠬᠢᠭᠡᠳ ᠠᠵᠤ ᠠᠬᠤᠶ ᠵᠢᠨ ᠨᠡᠮᠡᠭᠳᠡᠯ᠎ᠢ ᠦᠨᠳᠦᠰᠦᠨ᠎ᠳᠡᠭᠡᠨ ᠵᠢᠭᠳᠡ ᠪᠠᠶ᠋ᠢᠯᠭ᠋ᠠᠨ᠎ᠠ; ᠤᠳᠤ ᠵᠢᠨ ᠬᠡᠷᠡᠭᠵᠢᠭᠦᠯᠵᠦ ᠪᠠᠶ᠋ᠢᠭ᠎ᠠ ᠪᠠᠷᠢᠮᠵᠢᠶ᠎ᠠ ᠳᠣᠣᠷᠠᠬᠢ ᠬᠥᠳᠡᠭᠡ ᠲᠣᠰᠬᠤᠨ᠎ᠤ ᠶᠠᠳᠠᠭᠤ ᠬᠦᠴᠢᠷᠳᠡᠯᠲᠡᠢ ᠬᠥᠮᠦᠨ ᠠᠮᠠ ᠵᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠰᠢᠶᠠᠨ᠎ᠢ ᠪᠦᠭᠦᠳᠡ ᠵᠢ ᠶᠠᠳᠠᠭᠤ᠎ᠠᠴᠠ ᠠᠩᠭᠢᠵᠢᠷᠠᠭᠤᠯᠤᠨ᠎ᠠ; ᠮᠥᠩᠭᠦᠨ ᠭᠦᠢ᠍ᠯᠭᠡᠭᠡᠨ᠎ᠤ ᠬᠦᠨᠳᠦ ᠶᠡᠭᠡ ᠠᠶᠤᠯ ᠲᠦᠭᠰᠢᠭᠦᠷᠢ ᠵᠢ ᠪᠦᠲᠦᠮᠵᠢᠲᠡᠢ ᠰᠡᠷᠭᠡᠶ᠋ᠢᠯᠡᠨ ᠡᠵᠡᠮᠳᠡᠨ᠎ᠡ; ᠨᠢᠭᠡᠴᠢ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠪᠦᠬᠦ ᠦᠷᠲᠡᠭ᠎ᠤᠨ ᠡᠨᠧᠷᠭᠢ ᠵᠢᠨ ᠬᠤᠷᠣᠭᠳᠠᠭᠤᠯᠤᠯ ᠪᠠ ᠭᠤᠤᠯ ᠭᠤᠤᠯ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢᠨ ᠬᠡᠮᠵᠢᠶ᠎ᠡ ᠵᠢ ᠦᠷᠭᠦᠯᠵᠢᠯᠡᠨ ᠪᠠᠭᠤᠷᠠᠭᠤᠯᠵᠦ᠂ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ ᠵᠢ ᠴᠢᠷᠮᠠᠶ᠋ᠢᠨ ᠪᠡᠶᠡᠯᠡᠭᠦᠯᠤᠨ᠎ᠠ᠃
      ᠲᠣᠳᠣᠷᠬᠠᠶ᠋ᠢᠯᠠᠭᠤᠰᠢᠳᠠᠢ᠎ᠨᠢ᠂ ᠪᠢᠳᠡ ᠪᠦᠬᠦ ᠵᠢᠯ᠎ᠤᠨ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ᠎ᠳᠤ ᠪᠣᠳᠠᠲᠠᠶ ᠬᠠᠷᠠᠯᠲᠠ ᠳᠤᠷᠠᠳᠤᠭᠰᠠᠨ ᠦᠭᠡᠢ᠂ ᠡᠭᠦᠨ᠎ᠤ ᠭᠤᠤᠯ ᠰᠢᠯᠳᠠᠭ᠋ᠠᠨ᠎ᠨᠢ ᠪᠦᠬᠦ ᠪᠥᠮᠪᠥᠷᠴᠡᠭ᠎ᠤᠨ ᠬᠢᠵᠢᠭ᠎ᠤᠨ ᠪᠠᠶ᠋ᠢᠳᠠᠯ ᠪᠠ ᠠᠵᠤ ᠠᠬᠤᠶ ᠠᠷᠠᠯᠵᠢᠶᠠᠨ᠎ᠤ ᠪᠠᠶ᠋ᠢᠳᠠᠯ᠎ᠤᠨ ᠲᠣᠭᠲᠠᠭ᠋ᠠᠯᠲᠤ ᠪᠤᠰᠤ ᠴᠢᠨᠠᠷ ᠮᠠᠰᠢ ᠶᠡᠭᠡ ᠪᠠᠶ᠋ᠢᠵᠤ᠂ ᠮᠠᠨ᠎ᠤ ᠤᠯᠤᠰ᠎ᠤᠨ ᠬᠥᠭᠵᠢᠯᠲᠡ᠎ᠳᠤ ᠲᠥᠰᠦᠭᠡᠯᠡᠬᠦᠶ᠎ᠡ ᠪᠡᠷᠬᠡ ᠨᠥᠯᠥᠭᠡᠯᠡᠬᠦ ᠬᠦᠴᠦᠨ ᠵᠦᠢ᠍ᠯ᠎ᠤᠳ ᠲᠤᠯᠭ᠋ᠠᠷᠠᠵᠤ ᠪᠠᠶ᠋ᠢᠨ᠎ᠠ᠃ ᠢᠩᠭᠢᠵᠦ ᠬᠢᠬᠦ᠎ᠨᠢ ᠡᠯ᠎ᠡ ᠲᠠᠯ᠎ᠠ ᠵᠢᠨ᠎ᠬᠢᠨ᠎ᠢ ᠬᠦᠳᠦᠯᠦᠨ ᠵᠢᠯᠤᠭᠤᠳᠴᠤ ᠤᠶᠤᠨ ᠴᠢᠳᠠᠯ ᠵᠶ᠋ᠠᠨ ᠲᠥᠪᠯᠡᠷᠡᠭᠦᠯᠦᠨ 《ᠵᠢᠷᠭᠤᠭ᠎ᠠ ᠵᠢ ᠲᠤᠭᠳᠠᠭᠤᠨ ᠪᠠᠶ᠋ᠢᠯᠭ᠋ᠠᠬᠤ》 《ᠵᠢᠷᠭᠤᠭ᠎ᠠ ᠵᠢ ᠪᠠᠲᠤᠯᠠᠬᠤ》 ᠵᠢ ᠰᠠᠶ᠋ᠢᠲᠤᠷ ᠠᠳᠬᠤᠬᠤ᠎ᠳᠤ ᠠᠰᠢᠭᠲᠠᠶ ᠶᠤᠮ᠃ 《ᠵᠢᠷᠭᠤᠭ᠎ᠠ ᠵᠢ ᠪᠠᠲᠤᠯᠠᠬᠤ》 ᠪᠣᠯ ᠡᠨᠡ ᠵᠢᠯ᠎ᠤᠨ 《ᠵᠢᠷᠭᠤᠭ᠎ᠠ ᠵᠢ ᠲᠣᠭᠲᠠᠭᠤᠨ ᠪᠠᠶ᠋ᠢᠯᠭ᠋ᠠᠬᠤ》 ᠠᠵᠢᠯ᠎ᠤᠨ ᠬᠦᠴᠦᠯᠡᠬᠦ ᠴᠡᠭ ᠪᠣᠯᠤᠨ᠎ᠠ᠃ 《ᠵᠢᠷᠭᠤᠭ᠎ᠠ ᠵᠢ ᠪᠠᠲᠤᠯᠠᠬᠤ》 ᠬᠢᠵᠠᠭ᠋ᠠᠷ ᠱᠤᠭᠤᠮ᠎ᠢ ᠪᠠᠳᠤ ᠰᠠᠬᠢᠪᠠᠯ᠂ ᠠᠵᠤ ᠠᠬᠤᠢ ᠵᠢᠨ ᠦᠨᠳᠦᠰᠦᠨ ᠪᠠᠶ᠋ᠢᠳᠠᠯ᠎ᠢ ᠲᠣᠭᠲᠠᠭᠤᠨ ᠪᠠᠶ᠋ᠢᠯᠭ᠋ᠠᠵᠦ ᠴᠢᠳᠠᠨ᠎ᠠ; ᠪᠠᠳᠤᠯᠠᠬᠤ᠎ᠪᠠᠷ ᠲᠤᠭᠳᠠᠭᠤᠨ ᠪᠠᠶ᠋ᠢᠯᠭ᠋ᠠᠬᠤ ᠵᠢ ᠠᠬᠢᠭᠤᠯᠤᠨ᠂ ᠲᠣᠭᠲᠠᠭᠤᠨ ᠪᠠᠶ᠋ᠢᠯᠭ᠋ᠠᠬᠤ ᠵᠢᠨ ᠵᠡᠷᠭᠡ᠎ᠳᠤ ᠤᠷᠤᠭᠰᠢᠯᠠᠭᠤᠯᠬᠤ᠎ᠪᠠᠷ ᠴᠢᠷᠮᠡᠶ᠋ᠢᠪᠡᠯ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ᠎ᠳᠤ ᠰᠠᠭᠤᠷᠢ ᠵᠢ ᠪᠠᠳᠤᠳᠬᠠᠨ ᠦᠭᠴᠦ ᠴᠢᠳᠠᠬᠤ ᠶᠤᠮ᠃ ᠠᠵᠢᠯ ᠣᠯᠭᠤᠯᠲᠠ ᠪᠠ ᠠᠷᠠᠳ᠎ᠤᠨ ᠠᠮᠢᠳᠤᠷᠠᠯ᠎ᠢ ᠪᠠᠲᠤᠯᠠᠨ᠂ ᠶᠠᠳᠠᠭᠤ᠎ᠠᠴᠠ ᠠᠩᠭᠢᠵᠢᠷᠠᠭᠤᠯᠬᠤ ᠬᠠᠷᠠᠯᠲᠠ ᠵᠢ ᠪᠡᠶᠡᠯᠡᠭᠦᠯᠭᠦ᠎ᠳᠤ ᠴᠦ᠍ ᠭᠡᠰᠡᠨ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠎ᠳᠤ ᠴᠤ᠌ ᠭᠡᠰᠡᠨ᠂ ᠴᠦᠮ ᠠᠵᠤ ᠠᠬᠤᠶ ᠵᠢᠨ ᠨᠡᠮᠡᠭᠳᠡᠯ ᠵᠶ᠋ᠠᠷ ᠲᠤᠯᠭ᠋ᠠᠭᠤᠷᠢᠯᠠᠭᠤᠯᠳᠠᠭ ᠪᠤᠯᠬᠤᠷ ᠠᠵᠤ ᠠᠬᠤᠶ ᠵᠢᠨ ᠠᠵᠢᠯᠯᠠᠭ᠋ᠠᠨ᠎ᠢ ᠲᠣᠭᠲᠠᠭᠤᠨ ᠪᠠᠶ᠋ᠢᠯᠭ᠋ᠠᠬᠤ᠎ᠨᠢ ᠪᠦᠬᠦ ᠲᠠᠯ᠎ᠠ᠎ᠳᠤ ᠬᠤᠯᠪᠣᠭᠳᠠᠳᠠᠭ ᠭᠡᠳᠡᠭ᠎ᠢ ᠲᠠᠨᠢᠵᠦ ᠤᠯᠬᠤ ᠭᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠵᠢᠨ ᠠᠷᠭ᠎ᠠ᠎ᠪᠠᠷ᠂ ᠠᠵᠢᠯ ᠣᠯᠭᠤᠯᠲᠠ ᠵᠢ ᠲᠣᠭᠲᠠᠭᠤᠨ ᠪᠠᠶ᠋ᠢᠯᠭ᠋ᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ᠂ ᠬᠡᠷᠡᠭᠯᠡᠭᠡ ᠵᠢ ᠠᠬᠢᠭᠤᠯᠵᠦ᠂ ᠵᠠᠬ᠎ᠠ ᠳᠡᠯᠭᠡᠭᠦᠷ᠎ᠢ ᠳᠠᠶ᠋ᠢᠴᠢᠯᠠᠨ᠂ ᠨᠡᠮᠡᠭᠳᠡᠯ᠎ᠢ ᠲᠣᠭᠲᠠᠭᠤᠨ ᠪᠠᠶ᠋ᠢᠯᠭ᠋ᠠᠵᠦ ᠪᠠᠶ᠋ᠢᠭ᠋ᠠᠳ᠂ ᠳᠠᠭ᠋ᠠᠷᠢᠯᠲᠠ ᠵᠢ ᠪᠦᠲᠦᠮᠵᠢᠲᠡᠶ ᠠᠷᠭ᠋ᠠᠴᠠᠭ᠋ᠠᠬᠤ᠂ ᠰᠠᠶ᠋ᠢᠨ ᠣᠷᠴᠢᠯ᠎ᠢ ᠪᠡᠶᠡᠯᠡᠭᠦᠯᠬᠦ ᠰᠢᠨ᠎ᠡ ᠵᠠᠮ᠎ᠢ ᠨᠡᠭᠡᠭᠡᠬᠦ ᠭᠡᠷᠡᠭᠲᠡᠢ᠃
      ᠡᠳ᠋᠎ᠤᠨ ᠵᠠᠰᠠᠭ᠎ᠤᠨ ᠢᠳᠡᠪᠬᠢᠲᠡᠶ ᠲᠦᠷᠦ ᠵᠢᠨ ᠪᠤᠳᠤᠯᠭ᠎ᠠ ᠵᠢ ᠨᠡᠩ ᠢᠳᠡᠪᠬᠢᠲᠡᠶ ᠪᠦᠲᠦᠮᠵᠢᠲᠠᠢ ᠪᠠᠶ᠋ᠢᠯᠭ᠋ᠠᠬᠤ ᠬᠡᠷᠡᠭᠲᠡᠶ᠃ ᠡᠨᠡ ᠵᠢᠯ ᠤᠯᠠᠭ᠋ᠠᠨ ᠲᠤᠭ᠎ᠠ ᠵᠢᠨ ᠨᠣᠷᠮ᠎ᠠ ᠵᠢ 3.6%᠎ᠠᠴᠠ ᠳᠡᠭᠡᠭᠰᠢ ᠲᠣᠬᠢᠷᠠᠭᠤᠯᠬᠤ᠎ᠪᠠᠷ ᠲᠦᠯᠦᠪᠯᠡᠵᠦ᠂ ᠡᠳ᠋᠎ᠤᠨ ᠵᠠᠰᠠᠭ᠎ᠤᠨ ᠤᠯᠠᠭ᠋ᠠᠨ ᠲᠤᠭ᠎ᠠ ᠵᠢ ᠨᠢᠳᠤᠨᠤᠨ᠎ᠤ᠎ᠬᠢ ᠠᠴᠠ 1 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠬᠦᠯᠭᠦ ᠵᠢᠨ ᠬᠠᠮᠳᠤ ᠬᠢᠵᠢᠭ᠎ᠢ ᠡᠰᠡᠷᠭᠦᠴᠡᠬᠦ ᠤᠯᠤᠰ᠎ᠤᠨ ᠣᠨᠴᠠᠭ᠋ᠠᠶ ᠵᠢᠭᠡᠯᠡᠯᠭᠡ ᠵᠢ 1 ᠲᠦᠮᠡᠨ ᠳ᠋ᠦᠩᠰᠢᠭᠤᠷ ᠲᠥᠭᠦᠷᠢᠭ ᠲᠠᠷᠬᠠᠭ᠋ᠠᠨ᠎ᠠ᠃ ᠡᠨᠡ ᠪᠣᠯ ᠣᠨᠴᠠᠭ᠋ᠠᠶ ᠴᠠᠭ ᠦᠶ᠎ᠡ ᠵᠢᠨ ᠣᠨᠴᠠᠭ᠋ᠠᠶ ᠠᠷᠭ᠎ᠠ ᠬᠡᠮᠵᠢᠶ᠎ᠡ ᠮᠦᠨ᠃ ᠳᠡᠭᠡᠷ᠎ᠡ ᠳᠤᠷᠠᠳᠤᠭᠰᠠᠨ 2 ᠲᠦᠮᠡᠨ ᠳ᠋ᠦᠩᠰᠢᠭᠤᠷ ᠲᠥᠭᠦᠷᠢᠭ᠎ᠢ ᠪᠦᠬᠦᠨ᠎ᠢ ᠣᠷᠣᠨ ᠨᠤᠲᠤᠭ᠎ᠲᠤ ᠰᠢᠯᠵᠢᠭᠦᠯᠦᠨ ᠥᠭᠴᠦ᠂ ᠣᠨᠴᠠᠭ᠋ᠠᠢ ᠰᠢᠯᠵᠢᠭᠦᠯᠦᠨ ᠥᠭᠬᠦ ᠲᠣᠭᠲᠠᠴᠠ ᠵᠢ ᠪᠠᠶ᠋ᠢᠭᠤᠯᠤᠭ᠋ᠠᠳ᠂ ᠪᠡᠯᠡ ᠮᠥᠩᠭᠦ ᠵᠢ ᠬᠤᠲᠠ ᠰᠢᠶᠠᠨ᠎ᠤ ᠦᠨᠳᠦᠰᠦᠨ ᠱᠠᠲᠤᠨ᠎ᠳᠤ ᠰᠢᠭᠤᠳ ᠬᠦᠷᠭᠡᠵᠦ᠂ ᠰᠢᠭᠤᠳ ᠠᠵᠤ ᠠᠬᠤᠶ᠋ᠢᠯᠠᠯ᠎ᠳᠤ ᠬᠠᠷᠠᠭ᠋ᠠᠯᠵᠠᠯ ᠦᠵᠡᠭᠦᠯᠦᠨ ᠠᠷᠠᠳ᠎ᠲᠤ ᠠᠰᠢᠭ ᠬᠦᠷᠲᠡᠭᠡᠨ᠎ᠠ᠂ ᠭᠤᠤᠯᠳᠠᠭᠤ ᠭᠠᠶ᠋ᠢᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ᠂ ᠲᠦᠷᠢᠶᠡᠰᠦ ᠬᠥᠩᠭᠡᠯᠡᠵᠦ ᠬᠦᠤ ᠮᠥᠩᠭᠦ ᠪᠠᠭᠤᠷᠠᠭᠤᠯᠬᠤ᠂ ᠬᠡᠷᠡᠭᠯᠡᠭᠡ ᠪᠠ ᠪᠡᠯᠡ ᠣᠷᠣᠭᠤᠯᠤᠯᠲᠠ ᠵᠢ ᠥᠷᠭᠡᠳᠬᠡᠬᠦ ᠵᠢ ᠳᠠᠮᠵᠢᠭᠦ ᠵᠡᠷᠭᠡ ᠵᠢ ᠪᠠᠭᠳᠠᠭ᠋ᠠᠭᠰᠠᠨ ᠠᠵᠢᠯ ᠣᠯᠭᠤᠯᠲᠠ ᠵᠢ ᠪᠠᠲᠤᠯᠠᠬᠤ᠂ ᠠᠷᠠᠳ᠎ᠤᠨ ᠦᠨᠳᠦᠰᠦᠨ ᠠᠮᠢᠳᠤᠷᠠᠯ᠎ᠢ ᠪᠠᠲᠤᠯᠠᠬᠤ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ ᠪᠠᠲᠤᠯᠠᠬᠤ᠎ᠳᠤ ᠬᠡᠷᠡᠭᠯᠡᠨ᠎ᠡ᠂ ᠣᠯᠠᠨ ᠨᠡᠶ᠋ᠢᠲᠡ ᠵᠢᠨ ᠡᠳ᠋᠎ᠤᠨ ᠵᠠᠰᠠᠭ᠎ᠤᠨ ᠰᠢᠨᠵᠢ ᠴᠢᠨᠠᠷ᠎ᠢ ᠴᠢᠩᠭ᠋ᠠᠷᠠᠭᠤᠯᠵᠤ᠂ ᠦᠯᠡᠳᠡᠭᠡᠨ ᠠᠪᠴᠤ ᠨᠡᠭᠦᠯᠭᠡᠨ ᠬᠡᠷᠡᠭᠯᠡᠬᠦ ᠵᠢ ᠤᠭᠲᠤ ᠵᠥᠪᠰᠢᠶᠡᠷᠡᠬᠦ ᠦᠭᠡᠢ᠃ ᠡᠳ᠋᠎ᠤᠨ ᠵᠠᠰᠠᠭ᠎ᠤᠨ ᠵᠠᠷᠤᠯᠭ᠎ᠠ ᠵᠢᠨ ᠪᠦᠲᠦᠴᠡ ᠵᠢ ᠶᠡᠭᠡ᠎ᠪᠠᠷ ᠰᠢᠯᠢᠳᠡᠭᠵᠢᠭᠦᠯᠵᠦ᠂ ᠠᠷᠠᠳ᠎ᠤᠨ ᠦᠨᠳᠦᠰᠦᠨ ᠠᠮᠢᠳᠤᠷᠠᠯ᠎ᠤᠨ ᠵᠠᠷᠤᠯᠭ᠎ᠠ ᠵᠢ ᠨᠡᠮᠡᠭᠳᠡᠭᠦᠯᠬᠦ᠎ᠠᠴᠠ ᠪᠢᠰᠢ ᠬᠠᠰᠤᠭᠳᠠᠭᠤᠯᠬᠤ ᠦᠭᠡᠢ ᠪᠠᠶ᠋ᠢᠵᠦ᠂ ᠭᠤᠤᠯᠳᠠᠯᠭ᠎ᠠ᠎ᠲᠠᠢ ᠬᠦᠷᠢᠶᠡᠨ᠎ᠳᠠᠬᠢ ᠵᠠᠷᠤᠯᠭ᠎ᠠ ᠵᠢ ᠦᠨᠡᠨ ᠬᠦ᠌ ᠪᠠᠲᠤᠯᠠᠵᠤ᠂ ᠡᠩ᠎ᠤᠨ ᠴᠢᠨᠠᠷᠲᠠᠶ ᠵᠠᠷᠤᠯᠭ᠎ᠠ ᠵᠢ ᠡᠷᠡᠰ ᠪᠠᠭ᠋ᠠᠰᠬᠠᠵᠤ᠂ ᠠᠰᠠᠷ ᠳᠠᠭᠳᠤ ᠳᠠᠩᠬᠢᠮ ᠪᠠᠭᠤᠳᠠᠯ᠎ᠢ ᠰᠢᠨ᠎ᠡ᠎ᠪᠠᠷ ᠪᠠᠶ᠋ᠢᠭᠤᠯᠬᠤ ᠵᠢ ᠴᠢᠩᠭ᠎ᠠ ᠬᠢᠵᠠᠭ᠋ᠠᠷᠯᠠᠵᠤ᠂ ᠯᠠᠷᠵᠢᠶ᠎ᠠ ᠳᠠᠳᠠᠵᠤ ᠪᠦᠷᠢᠯᠬᠡᠨ ᠰᠦᠢ᠍ᠳᠬᠡᠬᠦ ᠵᠢ ᠴᠢᠩᠭ᠎ᠠ ᠴᠠᠭ᠋ᠠᠵᠠᠯᠠᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠡᠷᠬᠡᠪᠰᠢ ᠦᠨᠡᠨ ᠬᠦ᠌ ᠭᠠᠮᠨᠠᠨ ᠠᠷᠪᠢᠯᠠᠵᠦ᠂ ᠲᠥᠪ ᠵᠠᠰᠠᠭ᠎ᠤᠨ ᠣᠷᠳᠣᠨ ᠲᠦᠷᠦᠭᠦᠯᠡᠨ ᠬᠢᠵᠦ᠂ ᠲᠥᠪ᠎ᠤᠨ ᠲᠤᠰ ᠱᠠᠲᠤᠨ᠎ᠤ ᠵᠠᠷᠤᠯᠭ᠎ᠠ ᠵᠢ ᠰᠥᠭᠡᠷᠭᠦ ᠨᠡᠮᠡᠭᠳᠡᠯ ᠵᠶ᠋ᠠᠷ ᠲᠣᠬᠢᠷᠠᠭᠤᠯᠵᠠᠢ᠂ ᠡᠭᠦᠨ᠎ᠳᠤ ᠪᠠᠴᠢᠮ ᠬᠡᠷᠡᠭᠴᠡᠭᠡᠨ᠎ᠤ ᠪᠤᠰᠤ ᠵᠠᠶ᠋ᠢᠯᠠᠰᠢ ᠦᠭᠡᠢ ᠪᠤᠰᠤ ᠵᠠᠷᠤᠯᠭ᠎ᠠ ᠵᠢ 50%᠎ᠠᠴᠠ ᠳᠡᠭᠡᠭᠰᠢ ᠪᠠᠭ᠋ᠠᠰᠬᠠᠨ᠎ᠠ᠃ ᠡᠯ᠎ᠡ ᠲᠥᠷᠥᠯ᠎ᠤᠨ ᠦᠯᠡᠳᠡᠪᠦᠷᠢ ᠪᠡᠯᠡ ᠮᠥᠩᠭᠦ᠂ ᠰᠤᠯᠠ ᠳᠠᠷᠤᠭᠳᠠᠵᠦ ᠪᠠᠶ᠋ᠢᠭ᠎ᠠ ᠪᠠ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠵᠢ ᠬᠤᠷᠢᠶᠠᠬᠤ ᠶᠣᠰᠣᠲᠠᠢ ᠵᠢ᠎ᠨᠢ ᠴᠦᠮ ᠬᠤᠷᠢᠶᠠᠵᠤ᠂ ᠳᠠᠬᠢᠨ ᠲᠣᠬᠢᠷᠠᠭᠤᠯᠤᠨ᠎ᠠ᠃ ᠶᠠᠰᠤ ᠴᠢᠨᠠᠷ᠎ᠢ ᠶᠡᠭᠡ᠎ᠪᠠᠷ ᠳᠡᠭᠡᠭᠰᠢᠯᠡᠭᠦᠯᠦᠨ ᠦᠷ᠎ᠡ ᠠᠰᠢᠭ᠎ᠢ ᠶᠡᠭᠡ᠎ᠪᠠᠷ ᠨᠡᠮᠡᠭᠳᠡᠭᠦᠯᠵᠦ᠂ ᠡᠯ᠎ᠡ ᠵᠦᠢ᠍ᠯ᠎ᠤᠨ ᠵᠠᠷᠤᠯᠭ᠎ᠠ ᠵᠢ ᠡᠷᠬᠡᠪᠰᠢ ᠨᠠᠷᠢᠨ ᠪᠤᠳᠤᠵᠦ ᠨᠢᠮᠪᠠᠶ ᠲᠦᠯᠦᠪᠯᠡᠨ᠂ ᠵᠣᠭᠤᠰ ᠨᠢᠭᠡᠪᠦᠷᠢ ᠵᠢ ᠵᠠᠪᠠᠯ ᠴᠢᠬᠤᠯᠠ ᠴᠢᠬᠤᠯᠠ ᠪᠠᠴᠢᠮ ᠵᠠᠩᠭᠢᠯᠠᠭ᠎ᠠ ᠵᠢᠨ ᠭᠠᠵᠠᠷ᠎ᠲᠤᠨᠢ ᠭᠡᠷᠡᠭᠯᠡᠵᠦ᠂ ᠵᠠᠬ᠎ᠠ ᠳᠡᠯᠭᠡᠭᠦᠷ᠎ᠤᠨ ᠪᠠᠶᠡᠴᠢ ᠴᠣᠭᠴᠠ ᠪᠣᠯᠤᠨ ᠠᠷᠠᠳ ᠤᠯᠠᠨ᠎ᠳᠤ ᠵᠠᠪᠠᠯ ᠦᠨᠡᠨ ᠪᠣᠳᠠᠲᠠᠢ ᠲᠦᠷᠦᠭᠳᠡᠯ ᠤᠯᠭᠤᠬᠤ ᠬᠡᠷᠡᠭᠲᠡᠢ᠃
      ᠵᠣᠭᠤᠰᠣᠨ᠎ᠤ ᠯᠠᠪᠳᠠᠭᠤᠨ ᠲᠦᠷᠦ ᠵᠢᠨ ᠪᠤᠳᠤᠯᠭ᠎ᠠ ᠵᠢ ᠨᠡᠩ ᠠᠮᠢᠳᠤᠯᠢᠭ ᠪᠦᠭᠡᠳ ᠲᠣᠬᠢᠷᠠᠮᠵᠢᠲᠠᠶ ᠪᠠᠶ᠋ᠢᠯᠭ᠋ᠠᠬᠤ ᠬᠡᠷᠡᠭᠲᠡᠶ᠃ ᠬᠠᠳᠠᠭ᠋ᠠᠯᠠᠮᠵᠢ ᠵᠢᠨ ᠪᠡᠯᠡᠳᠭᠡᠯ ᠮᠦᠡᠭᠭᠦ ᠵᠢᠨ ᠨᠤᠷᠮ᠎ᠠ ᠪᠠ ᠬᠦᠤ ᠮᠥᠩᠭᠦ ᠵᠢ ᠪᠠᠭᠤᠷᠠᠭᠤᠯᠬᠤ᠂ ᠳᠠᠬᠢᠨ ᠵᠢᠭᠡᠯᠡᠯᠭᠡ ᠦᠭᠭᠦ ᠵᠡᠷᠭᠡ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ᠂ ᠳᠡᠯᠭᠡᠷᠡᠩᠭᠦᠶ ᠤᠳᠬ᠎ᠠ ᠵᠢᠨ ᠵᠣᠭᠤᠰᠣᠨ᠎ᠤ ᠬᠠᠩᠭ᠋ᠠᠯᠭ᠎ᠠ ᠵᠢᠨ ᠬᠡᠮᠵᠢᠶ᠎ᠡ ᠪᠠ ᠨᠡᠶ᠋ᠢᠭᠡᠮ᠎ᠤᠨ ᠪᠠᠯᠠ ᠲᠣᠬᠢᠷᠠᠭᠤᠯᠭ᠎ᠠ ᠵᠢᠨ ᠬᠡᠪᠴᠢᠶᠠᠨ᠎ᠤ ᠨᠡᠮᠡᠭᠳᠡᠯ᠎ᠤᠨ ᠬᠤᠷᠳᠤᠴᠠ ᠵᠢ ᠨᠢᠳᠤᠨᠤᠨ᠎ᠤ᠎ᠬᠢ᠎ᠠᠴᠠ ᠢᠯᠡᠳᠲᠡ ᠥᠨᠳᠥᠷ ᠪᠣᠯᠭ᠋ᠠᠬᠤ ᠵᠢ ᠬᠦᠳᠦᠯᠦᠨ ᠵᠢᠯᠤᠭᠤᠳᠤᠨ᠎ᠠ᠃ ᠠᠷᠠᠳ᠎ᠤᠨ ᠵᠣᠭᠤᠰᠣᠨ᠎ᠤ ᠭᠤᠪᠢᠭᠤᠯᠭ᠎ᠠ ᠵᠢᠨ ᠨᠤᠷᠮ᠎ᠠ ᠵᠢ ᠵᠦᠶ ᠵᠣᠬᠢᠰᠲᠠᠶ ᠪᠥᠭᠡᠳ ᠲᠡᠩᠴᠡᠭᠦᠷᠢᠲᠡᠶ ᠲᠦᠪᠰᠢᠨ ᠳᠡᠭᠡᠷ᠎ᠡ ᠦᠨᠳᠦᠰᠦᠨ᠎ᠳᠡᠭᠡᠨ ᠲᠣᠭᠲᠠᠭᠤᠨ ᠪᠠᠶ᠋ᠢᠯᠭ᠋ᠠᠬᠤ ᠵᠢ ᠪᠠᠲᠤᠯᠠᠨ᠎ᠠ᠃ ᠪᠣᠳᠠᠲᠤ ᠴᠣᠭᠴᠠ ᠵᠢᠨ ᠠᠵᠤ ᠠᠬᠤᠶ᠎ᠳᠤ ᠰᠢᠭᠤᠳ ᠬᠦᠷᠬᠦ ᠵᠣᠭᠤᠰᠣᠨ᠎ᠤ ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢᠨ ᠰᠢᠨ᠎ᠡ ᠵᠢ ᠡᠭᠦᠳᠴᠦ᠂ ᠠᠵᠤ ᠠᠬᠤᠶ᠋ᠢᠯᠠᠯ᠎ᠤᠨ ᠳᠦᠭᠦᠮ ᠳᠦᠳᠡ᠎ᠪᠠᠷ ᠵᠢᠭᠡᠯᠡᠯᠭᠡ ᠤᠯᠵᠦ ᠴᠢᠳᠠᠬᠤ ᠵᠢ ᠠᠬᠢᠭᠤᠯᠵᠤ᠂ ᠬᠦᠦ ᠮᠥᠩᠭᠦ ᠵᠢᠨ ᠨᠤᠷᠮ᠎ᠠ ᠵᠢ ᠦᠷᠭᠦᠯᠵᠢᠯᠡᠨ ᠪᠠᠭᠤᠷᠠᠭᠤᠯᠬᠤ ᠵᠢ ᠠᠬᠢᠭᠤᠯᠤᠨ᠎ᠠ᠃
      ᠠᠵᠢᠯ ᠣᠯᠭᠤᠯᠲᠠ ᠵᠢ ᠲᠡᠷᠢᠭᠦᠨ᠎ᠳᠤ ᠲᠠᠯᠪᠢᠬᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠬᠡᠷᠡᠭᠲᠡᠶ᠃ ᠡᠳ᠋᠎ᠤᠨ ᠵᠠᠰᠠᠭ᠂ ᠵᠣᠭᠤᠰ ᠪᠠ ᠪᠡᠯᠡ ᠣᠷᠣᠭᠤᠯᠤᠯᠲᠠ ᠵᠡᠷᠭᠡ ᠲᠠᠯ᠎ᠠ ᠵᠢᠨ ᠲᠦᠷᠦ ᠵᠢᠨ ᠪᠤᠳᠤᠯᠭ᠎ᠠ᠎ᠪᠠᠷ ᠠᠵᠢᠯ ᠣᠯᠭᠤᠯᠲᠠ ᠵᠢ ᠲᠣᠭᠲᠠᠪᠤᠷᠢᠵᠢᠭᠤᠯᠬᠤ ᠵᠢ ᠬᠦᠴᠦ᠎ᠪᠠᠨ ᠲᠥᠪᠯᠡᠷᠡᠭᠦᠯᠦᠨ ᠳᠡᠮᠵᠢᠭᠦ ᠬᠡᠷᠡᠭᠲᠡᠶ᠃ ᠣᠳᠣ ᠪᠠᠶ᠋ᠢᠭ᠎ᠠ ᠠᠵᠢᠯ ᠣᠯᠭᠤᠯᠲᠠ ᠵᠢ ᠴᠢᠷᠮᠠᠶ᠋ᠢᠨ ᠲᠣᠭᠲᠠᠪᠤᠷᠢᠵᠢᠭᠤᠯᠵᠤ᠂ ᠰᠢᠨ᠎ᠡ᠎ᠪᠠᠷ ᠠᠵᠢᠯ ᠣᠯᠭᠤᠬᠤ ᠵᠢ ᠢᠳᠡᠪᠬᠢᠲᠡᠶ᠎ᠪᠠᠷ ᠨᠡᠮᠡᠭᠳᠡᠭᠦᠯᠵᠦ᠂ ᠠᠵᠢᠯ ᠠᠯᠳᠠᠭᠰᠠᠳ᠎ᠲᠤ ᠳᠠᠬᠢᠨ ᠠᠵᠢᠯ ᠣᠯᠭᠤᠬᠤ ᠵᠢ ᠠᠬᠢᠭᠤᠯᠤᠨ᠎ᠠ᠃ ᠡᠯ᠎ᠡ ᠭᠠᠵᠠᠷ᠎ᠤᠨ᠎ᠬᠢᠨ ᠠᠵᠢᠯ ᠣᠯᠭᠤᠬᠤ ᠲᠠᠯ᠎ᠠ᠎ᠪᠠᠷ᠎ᠬᠢ ᠵᠦᠶ ᠵᠣᠬᠢᠰ ᠦᠭᠡᠢ ᠬᠢᠵᠠᠭ᠋ᠠᠷᠯᠠᠯ᠎ᠢ ᠢᠯᠭ᠋ᠠᠷᠠᠭᠤᠯᠤᠨ ᠬᠦᠴᠦᠨ ᠦᠭᠡᠢ ᠪᠣᠯᠭ᠋ᠠᠵᠤ᠂ ᠠᠵᠢᠯ ᠣᠯᠭᠤᠯᠲᠠ ᠵᠢ ᠠᠬᠢᠭᠤᠯᠬᠤ ᠠᠷᠭ᠎ᠠ ᠬᠡᠮᠵᠢᠶ᠎ᠡ ᠵᠢ ᠨᠡᠶ᠋ᠢᠳᠡᠯᠡᠭᠦ ᠶᠤᠰᠤᠳᠠᠢ ᠵᠢ᠎ᠨᠢ ᠴᠦᠮ ᠨᠡᠶ᠋ᠢᠳᠡᠯᠡᠵᠦ᠂ ᠠᠵᠢᠯ᠎ᠤᠨ ᠪᠠᠶ᠋ᠢᠷᠢ ᠵᠢ ᠥᠷᠭᠡᠳᠬᠡᠬᠦ᠎ᠳᠤ ᠬᠡᠷᠡᠭᠯᠡᠵᠦ ᠪᠤᠯᠬᠤ ᠠᠷᠭ᠎ᠠ ᠬᠡᠮᠵᠢᠶ᠎ᠠ ᠵᠢ ᠴᠦᠮ ᠬᠡᠷᠡᠭᠯᠡᠬᠦ ᠬᠡᠷᠡᠭᠲᠡᠶ᠃
      ᠶᠠᠳᠠᠭᠤ᠎ᠠᠴᠠ ᠠᠩᠭᠢᠵᠢᠷᠠᠭᠤᠯᠬᠤ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ᠎ᠳᠤ ᠡᠷᠬᠡᠪᠰᠢ ᠪᠡᠶᠡᠯᠡᠭᠦᠯᠬᠦ ᠬᠠᠲᠠᠭᠤ ᠡᠭᠦᠷᠭᠡ ᠮᠥᠨ᠂ ᠣᠳᠣ ᠵᠢᠨ ᠬᠡᠷᠡᠭᠵᠢᠭᠦᠯᠵᠦ ᠪᠠᠶ᠋ᠢᠭ᠎ᠠ ᠶᠠᠳᠠᠭᠤ᠎ᠠᠴᠠ ᠠᠩᠭᠢᠵᠢᠷᠠᠭᠤᠯᠬᠤ ᠪᠠᠷᠢᠮᠵᠢᠶ᠎ᠠ ᠵᠢ ᠪᠠᠷᠢᠮᠲᠠᠯᠠᠵᠤ᠂ ᠶᠠᠳᠠᠭᠤ ᠵᠢ ᠲᠡᠳᠬᠦᠬᠦ ᠤᠷᠤᠭᠤᠯᠤᠯᠲᠠ᠎ᠪᠠᠨ ᠨᠡᠮᠡᠭᠳᠡᠭᠦᠯᠵᠤ᠂ ᠶᠠᠳᠠᠭᠤ ᠵᠢ ᠲᠡᠳᠬᠦᠬᠦ ᠠᠷᠭ᠎ᠠ ᠬᠡᠮᠵᠢᠶ᠎ᠡ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠵᠤ᠂ ᠦᠯᠡᠳᠡᠵᠦ ᠪᠠᠶ᠋ᠢᠭ᠎ᠠ ᠶᠠᠳᠠᠭᠤ ᠬᠦᠴᠢᠷᠳᠡᠯᠲᠡᠶ ᠬᠥᠮᠦᠨ ᠠᠮᠠ ᠵᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠬᠤ ᠵᠢ ᠦᠨᠡᠨ ᠭᠦ᠌ ᠪᠠᠲᠤᠯᠠᠵᠤ᠂ ᠳᠠᠬᠢᠨ ᠶᠠᠳᠠᠭᠤᠷᠠᠭᠰᠠᠨ ᠬᠥᠮᠦᠨ ᠠᠮᠠ ᠵᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠵᠢ ᠪᠦᠷᠢᠨᠰᠢᠭᠦᠯᠦᠨ ᠰᠠᠶ᠋ᠢᠲᠤᠷ ᠬᠡᠷᠡᠭᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠠᠬᠢᠵᠢᠭᠦᠯᠬᠦ ᠬᠡᠷᠡᠭᠲᠡᠢ᠃ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠶ᠋ᠢᠨ᠎ᠢ ᠰᠠᠶ᠋ᠢᠲᠤᠷ ᠬᠢᠵᠦ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠡᠷᠭᠡ ᠰᠡᠳᠦᠪ᠎ᠢ ᠰᠢᠢ᠍ᠳᠪᠤᠷᠢᠯᠡᠭᠦ ᠠᠵᠢᠯ᠎ᠤᠨ ᠱᠠᠳᠤ ᠦᠶᠡᠴᠢ ᠴᠢᠨᠠᠷᠲᠠᠢ ᠬᠠᠷᠠᠯᠲᠠ ᠵᠢ ᠪᠡᠶᠡᠯᠡᠭᠦᠯᠬᠦ ᠬᠡᠷᠡᠭᠲᠡᠢ᠃ ᠮᠦᠡᠭᠭᠦᠨ ᠭᠦᠢ᠍ᠯᠬᠡᠭᠡ ᠵᠡᠷᠭᠡ ᠬᠦᠷᠢᠶᠡᠨ᠎ᠤ ᠬᠦᠨᠳᠦ ᠶᠡᠭᠡ ᠠᠶᠤᠯ ᠲᠦᠭᠰᠢᠬᠦᠷᠢ ᠵᠢ ᠰᠡᠷᠬᠡᠶ᠋ᠢᠯᠡᠨ ᠡᠵᠡᠮᠳᠡᠬᠦ᠎ᠪᠠᠨ ᠴᠢᠩᠭ᠋ᠠᠳᠬᠠᠵᠤ᠂ ᠰᠢᠰᠲ᠋ᠧᠮ᠎ᠤᠨ ᠴᠢᠨᠠᠷᠲᠠᠶ ᠠᠶᠤᠯ ᠲᠦᠭᠰᠢᠭᠦᠷᠢ ᠵᠢ ᠦᠯᠦ ᠡᠭᠦᠰᠭᠡᠬᠦ ᠬᠢᠵᠠᠭ᠋ᠠᠷ ᠱᠤᠭᠤᠮ᠎ᠢ ᠡᠷᠡᠰ ᠪᠠᠲᠤ ᠰᠠᠬᠢᠬᠤ ᠭᠡᠷᠡᠭᠲᠡᠢ᠃
      ᠡᠨᠡ ᠵᠢᠯ ᠨᠢᠭᠡᠨᠲᠡ 5 ᠰᠠᠷ᠎ᠠ ᠰᠢᠬᠠᠮ᠎ᠤᠨ ᠬᠤᠭᠤᠴᠠᠭ᠎ᠠ ᠥᠩᠭᠡᠷᠡᠭᠡᠳ ᠪᠠᠶ᠋ᠢᠨ᠎ᠠ᠂ ᠳᠠᠷᠠᠭ᠋ᠠᠴᠢ ᠵᠢᠨ ᠱᠠᠲᠤᠨ᠎ᠳᠤ ᠬᠢᠵᠢᠭ᠎ᠤᠨ ᠪᠠᠶ᠋ᠢᠳᠠᠯ᠎ᠢ ᠪᠠᠶ᠋ᠢᠡᠭᠭᠤᠵᠢᠭᠤᠯᠤᠨ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠣᠭᠲᠣᠬᠠᠨ ᠴᠤ᠌ ᠰᠤᠯᠠᠷᠠᠭᠤᠯᠬᠤ ᠦᠭᠡᠶ ᠬᠢᠵᠦ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠡᠯ᠎ᠡ ᠵᠦᠢ᠍ᠯ᠎ᠤᠨ ᠠᠵᠢᠯ᠎ᠢ ᠱᠠᠯᠠᠪᠳᠠᠨ ᠰᠠᠶ᠋ᠢᠲᠤᠷ ᠬᠢᠬᠦ ᠬᠡᠷᠡᠭᠲᠡᠶ᠃ ᠨᠡᠶ᠋ᠢᠲᠡᠯᠡᠭᠰᠡᠨ ᠲᠥᠷᠥ ᠵᠢᠨ ᠪᠣᠳᠣᠯᠭ᠎ᠠ᠎ᠪᠠᠨ ᠬᠦᠴᠦᠲᠠᠢ ᠪᠠᠶ᠋ᠢᠯᠭ᠋ᠠᠬᠤ ᠮᠥᠷᠲᠡᠭᠡᠨ ᠦᠷᠭᠦᠯᠵᠢᠯᠡᠬᠦ ᠴᠢᠨᠠᠷ᠎ᠢ ᠴᠤ᠌ ᠪᠣᠳᠣᠯᠬᠢᠯᠠᠵᠦ᠂ ᠪᠠᠶ᠋ᠢᠳᠠᠯ᠎ᠤᠨ ᠬᠤᠪᠢᠷᠠᠯᠲᠠ ᠵᠢ ᠦᠨᠳᠦᠰᠦᠯᠡᠨ ᠪᠠᠰᠠ ᠲᠡᠭᠦᠯᠳᠡᠷᠵᠢᠭᠦᠯᠵᠦ ᠪᠣᠯᠬᠤ ᠲᠤᠯᠠ ᠪᠢᠳᠡᠨ᠎ᠳᠤ ᠪᠦᠬᠦ ᠵᠢᠯ᠎ᠤᠨ ᠬᠠᠷᠠᠯᠲᠠ ᠡᠭᠦᠷᠭᠡ᠎ᠪᠠᠨ ᠪᠡᠶᠡᠯᠡᠭᠦᠯᠬᠦ ᠢᠳᠠᠭᠡᠯ ᠵᠣᠷᠢᠭ ᠪᠤᠯᠤᠨ ᠬᠦᠴᠦᠨ ᠴᠢᠳᠠᠪᠤᠷᠢ ᠪᠠᠶ᠋ᠢᠨ᠎ᠠ᠃
      ᠭᠤᠷᠪᠠ᠂ ᠬᠤᠷᠸ᠎ᠠ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠵᠤ᠂ ᠠᠵᠤ ᠠᠬᠤᠶ᠋ᠢᠯᠠᠯ᠎ᠢ ᠲᠤᠭᠳᠠᠭᠤᠨ ᠪᠠᠶ᠋ᠢᠯᠭ᠋ᠠᠵᠦ ᠠᠵᠢᠯ ᠣᠯᠭᠤᠯᠲᠠ ᠵᠢ ᠪᠠᠲᠤᠯᠠᠬᠤ᠎ᠳᠤ ᠬᠦᠴᠦ ᠳᠠᠯᠪᠢᠨ᠎ᠠ
      ᠠᠵᠢᠯ ᠣᠯᠭᠤᠯᠲᠠ ᠪᠠ ᠠᠷᠠᠳ᠎ᠤᠨ ᠠᠮᠢᠳᠤᠷᠠᠯ᠎ᠢ ᠪᠠᠲᠤᠯᠠᠬᠤ᠎ᠳᠤ ᠡᠷᠬᠡᠪᠰᠢ ᠳ᠋ᠦᠩᠰᠢᠭᠤᠷ ᠭᠠᠷᠤᠶ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ ᠲᠣᠭᠳᠠᠭᠤᠨ ᠪᠠᠶ᠋ᠢᠯᠭ᠋ᠠᠵᠦ᠂ ᠠᠵᠤ ᠠᠬᠤᠶ᠋ᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠦᠴᠢᠷ᠎ᠢ ᠲᠤᠭᠤᠯᠬᠤ᠎ᠳᠤᠨᠢ ᠴᠢᠳᠠᠯ ᠵᠶ᠋ᠠᠷ ᠵᠶ᠋ᠠᠨ ᠬᠠᠪᠰᠤᠷᠬᠤ ᠬᠡᠷᠡᠭᠲᠡᠶ᠃
      ᠭᠠᠶ᠋ᠢᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠡᠷᠴᠢᠮ᠎ᠢ ᠴᠢᠩᠭ᠋ᠠᠷᠠᠭᠤᠯᠤᠨ᠎ᠠ᠃ ᠱᠠᠲᠤ ᠦᠶᠡᠴᠢ ᠴᠢᠨᠠᠷᠲᠠᠶ ᠲᠥᠷᠥ ᠵᠢᠨ ᠪᠣᠳᠣᠯᠭ᠎ᠠ ᠵᠢ ᠴᠢᠩᠭ᠋ᠠᠳᠬᠠᠵᠦ᠂ ᠲᠦᠷᠢᠮ᠎ᠤᠨ ᠴᠢᠨᠠᠷᠲᠠᠶ ᠲᠣᠬᠢᠷᠠᠭᠤᠯᠤᠯᠲᠠ᠎ᠯᠤᠭ᠎ᠠ ᠤᠶᠠᠯᠳᠤᠭᠤᠯᠤᠨ᠂ ᠡᠳ᠋᠎ᠤᠨ ᠢᠷᠡᠯᠳᠡ ᠵᠢ ᠳᠡᠳᠭᠦᠨ ᠪᠤᠶ᠋ᠢᠵᠢᠭᠤᠯᠵᠦ᠂ ᠵᠠᠬ᠎ᠠ ᠳᠡᠯᠭᠡᠭᠦᠷ᠎ᠤᠨ ᠪᠠᠶᠠᠴᠢ ᠴᠣᠭᠴᠠ ᠵᠢᠨ ᠬᠦᠴᠢᠷᠳᠡᠯ ᠵᠶ᠋ᠠᠨ ᠰᠢᠢ᠍ᠳᠪᠦᠷᠢᠯᠡᠵᠦ ᠭᠦᠭᠵᠢᠭᠦ᠎ᠳᠤ᠎ᠨᠢ ᠬᠦᠴᠦ ᠨᠡᠮᠡᠷᠢᠯᠡᠨ᠎ᠡ᠃ ᠡᠨᠡ ᠵᠢᠯ ᠦᠷᠳᠡᠭ ᠨᠡᠮᠡᠭᠳᠡᠯ᠎ᠤᠨ ᠭᠠᠶ᠋ᠢᠯᠢ ᠵᠢᠨ ᠭᠠᠶ᠋ᠢᠯᠢ ᠵᠢᠨ ᠨᠤᠷᠮ᠎ᠠ ᠵᠢ ᠪᠠᠭᠤᠷᠠᠭᠤᠯᠬᠤ ᠪᠠ ᠠᠵᠤ ᠠᠬᠤᠶ᠋ᠢᠯᠠᠯ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠬᠡᠯ᠎ᠤᠨ ᠨᠤᠷᠮ᠎ᠠ ᠵᠢ ᠪᠠᠭᠤᠷᠠᠭᠤᠯᠬᠤ ᠵᠡᠷᠭᠡ ᠲᠦᠷᠢᠮ᠎ᠢ ᠦᠷᠭᠦᠯᠵᠢᠯᠡᠨ ᠬᠡᠷᠡᠭᠵᠢᠭᠦᠯᠵᠦ᠂ ᠭᠠᠶ᠋ᠢᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠬᠡᠮᠵᠢᠶ᠎ᠠ ᠵᠢ ᠪᠠᠷᠤᠭ 5000 ᠳ᠋ᠦᠩᠰᠢᠭᠤᠷ ᠲᠥᠭᠦᠷᠢᠭ ᠰᠢᠨ᠎ᠠ᠎ᠪᠠᠷ ᠨᠡᠮᠡᠭᠳᠡᠭᠦᠯᠦᠨ᠎ᠡ᠃ ᠡᠮᠦᠨᠡᠭᠢ ᠬᠤᠭᠤᠴᠠᠭ᠋ᠠᠨ᠎ᠳᠤ ᠨᠠᠶ᠋ᠢᠳᠠᠯᠡᠭᠰᠡᠨ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠨᠠᠰᠤᠵᠢᠯ᠎ᠤᠨ ᠠᠰᠠᠷᠠᠮᠵᠢ ᠪᠠ ᠠᠵᠢᠯ ᠠᠯᠳᠠᠯᠲᠠ ᠪᠤᠯᠤᠨ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠨᠢᠭᠡᠴᠢ ᠵᠢᠨ ᠰᠦᠢ᠍ᠳᠬᠡᠯ ᠲᠤᠰᠢᠶᠠᠬᠤ ᠵᠢ ᠬᠡᠯᠲᠦᠷᠢᠭᠦᠯᠬᠦ᠂ ᠪᠠᠭ᠎ᠠ ᠬᠡᠪᠴᠢᠶᠡᠨ᠎ᠤ ᠭᠠᠶ᠋ᠢᠯᠢ ᠲᠤᠰᠢᠶᠠᠭᠴᠢ ᠵᠢᠨ ᠥᠷᠲᠡᠭ ᠨᠡᠮᠡᠭᠳᠡᠯ᠎ᠤᠨ ᠭᠠᠶ᠋ᠢᠯᠢ ᠵᠢ ᠬᠠᠰᠤᠵᠤ ᠬᠡᠯᠲᠦᠷᠢᠭᠦᠯᠬᠦ᠂ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠲᠡᠭᠡᠭᠡᠪᠦᠷᠢ᠂ ᠬᠤᠭᠤᠯᠠ ᠤᠮᠳᠠ ᠬᠤᠨᠤᠭ ᠪᠠᠭᠤᠳᠠᠯ᠂ ᠵᠢᠭᠤᠯᠴᠢᠯᠡᠯ ᠵᠤᠭ᠎ᠠ ᠴᠡᠩᠭᠡᠯ᠂ ᠰᠣᠶᠣᠯ ᠪᠡᠶ᠎ᠡ ᠵᠢᠨ ᠲᠠᠮᠢᠷ ᠵᠡᠷᠭᠡ ᠦᠢ᠍ᠯᠡᠴᠢᠯᠡᠭᠡᠨ᠎ᠤ ᠥᠷᠲᠡᠭ ᠨᠡᠮᠡᠭᠳᠡᠯ᠎ᠤᠨ ᠭᠠᠶ᠋ᠢᠯᠢ ᠵᠢ ᠬᠡᠯᠳᠦᠷᠢᠭᠦᠯᠭᠦ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠥᠭᠵᠢᠯᠲᠡ ᠵᠢᠨ ᠰᠠᠭᠤᠷᠢ ᠮᠥᠩᠭᠦ᠂ ᠭᠠᠷᠠᠮ᠎ᠤᠨ ᠪᠦᠲᠦᠭᠡᠨ ᠪᠠᠶ᠋ᠢᠭᠤᠯᠤᠯᠲᠠ ᠵᠢᠨ ᠵᠠᠷᠤᠳᠠᠯ᠎ᠢ ᠬᠠᠰᠤᠵᠤ ᠬᠡᠯᠲᠦᠷᠢᠭᠦᠯᠭᠦ ᠵᠢ ᠪᠠᠭᠳᠠᠭ᠋ᠠᠭᠰᠠᠨ 6 ᠳ᠋ᠤᠭ᠋ᠠᠷ ᠰᠠᠷ᠎ᠠ᠎ᠠᠴᠠ ᠡᠮᠦᠨ᠎ᠡ ᠬᠤᠭᠤᠴᠠᠭ᠎ᠠ᠎ᠨᠢ ᠳᠤᠯᠬᠤ ᠭᠠᠶ᠋ᠢᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢᠨ ᠭᠦᠢ᠍ᠴᠡᠳᠬᠡᠬᠦ ᠬᠤᠭᠤᠴᠠᠭ᠎ᠠ ᠵᠢ ᠪᠦᠬᠦᠨ᠎ᠢ ᠡᠨᠡ ᠵᠢᠯ᠎ᠤᠨ ᠡᠴᠦᠰ ᠪᠣᠯᠲᠠᠯ᠎ᠠ ᠤᠷᠲᠤᠳᠬᠠᠨ᠎ᠠ᠃ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠠᠰᠢᠭ ᠣᠷᠣᠯᠭ᠎ᠠ ᠵᠢᠨ ᠭᠠᠶ᠋ᠢᠯᠢ ᠲᠤᠰᠢᠶᠠᠬᠤ ᠵᠢ ᠴᠥᠮ ᠢᠷᠡᠬᠦ ᠵᠢᠯ ᠪᠣᠯᠲᠠᠯ᠎ᠠ ᠬᠤᠶ᠋ᠢᠰᠢᠯᠠᠭᠤᠯᠤᠨ᠎ᠠ᠃ ᠵᠢᠱ᠌ᠢᠯᠲᠡ᠎ᠪᠠᠷ᠂ ᠪᠦᠬᠦ ᠵᠢᠯ᠎ᠳᠤ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠬᠦᠡᠭᠭᠡᠷᠡᠭᠦᠯᠭᠦ ᠲᠤᠭ᠎ᠠ 2.5 ᠲᠦᠮᠠᠨ ᠳ᠋ᠦᠩᠰᠢᠭᠤᠷ ᠭᠠᠷᠤᠢ ᠲᠥᠭᠦᠷᠢᠭ ᠰᠢᠨ᠎ᠡ᠎ᠪᠠᠷ ᠨᠡᠮᠡᠭᠳᠡᠭᠦ ᠪᠤᠯᠤᠨ᠎ᠠ᠃ ᠭᠠᠶ᠋ᠢᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠲᠦᠷᠦ ᠵᠢᠨ ᠪᠤᠳᠤᠯᠭ᠎ᠠ ᠵᠢ ᠠᠵᠤ ᠠᠬᠤᠶ᠋ᠢᠯᠠᠯ᠎ᠳᠤ ᠡᠷᠡᠰ ᠨᠠᠶ᠋ᠢᠳᠠᠪᠤᠷᠢᠵᠢᠭᠤᠯᠵᠤ᠂ ᠭᠦᠭᠡᠮᠳᠦᠭ ᠠᠭᠤᠯᠠᠰ᠎ᠢ ᠭᠡᠪ ᠵᠶ᠋ᠠᠷ᠎ᠨᠢ ᠦᠯᠡᠳᠡᠭᠡᠵᠦ᠂ ᠭᠦᠭᠵᠢᠭᠦ ᠢᠷᠡᠭᠡᠳᠦᠢ᠎ᠪᠠᠨ ᠲᠡᠮᠡᠴᠡᠨ ᠤᠯᠬᠤ ᠭᠡᠷᠡᠭᠲᠡᠢ᠃
      ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠥᠪᠡᠷ᠎ᠤᠨ ᠥᠷᠲᠡᠭ᠎ᠢ ᠪᠠᠭᠤᠷᠠᠭᠤᠯᠬᠤ ᠵᠢ ᠠᠬᠢᠭᠤᠯᠤᠨ᠎ᠠ᠃ ᠦᠢ᠍ᠯᠡᠳᠪᠦᠷᠢ ᠬᠤᠳᠠᠯᠳᠤᠭ᠋ᠠᠨ᠎ᠤ ᠦᠢ᠍ᠯᠡᠰ᠎ᠤᠨ ᠴᠠᠬᠢᠯᠭ᠋ᠠᠨ᠎ᠤ ᠦᠨ᠎ᠡ ᠵᠢ 5%᠎ᠪᠠᠷ ᠪᠠᠭᠤᠷᠠᠭᠤᠯᠬᠤ ᠲᠦᠷᠦ ᠵᠢᠨ ᠪᠤᠳᠤᠯᠭ᠎ᠠ ᠵᠢ ᠡᠨᠡ ᠵᠢᠯ᠎ᠤᠨ ᠡᠴᠦᠰ ᠪᠣᠯᠲᠠᠯ᠎ᠠ ᠤᠷᠲᠤᠳᠬᠠᠨ᠎ᠠ᠃ ᠥᠷᠭᠡᠨ ᠪᠦᠰᠡᠳᠦ ᠰᠦᠯᠵᠢᠶ᠎ᠡ ᠪᠠ ᠲᠤᠰᠬᠠᠶ ᠱᠤᠭᠤᠮ᠎ᠤᠨ ᠳᠤᠮᠳᠠᠴᠢ ᠵᠠᠷᠤᠳᠠᠯ᠎ᠢ 15%᠎ᠪᠠᠷ ᠪᠠᠭᠤᠷᠠᠭᠤᠯᠤᠨ᠎ᠠ᠃ ᠤᠯᠤᠰ᠎ᠤᠨ ᠥᠮᠴᠢᠯᠡᠯ᠎ᠤᠨ ᠭᠡᠷ ᠬᠥᠷᠥᠩᠭᠡ ᠵᠢᠨ ᠲᠦᠷᠢᠶᠡᠰᠦᠨ ᠮᠥᠩᠭᠦ ᠵᠢ ᠬᠠᠰᠤᠵᠤ ᠬᠡᠯᠲᠦᠷᠢᠭᠦᠯᠦᠨ᠂ ᠡᠯ᠎ᠡ ᠲᠥᠷᠥᠯ᠎ᠤᠨ ᠥᠮᠴᠢᠲᠡᠨ᠎ᠤ ᠭᠡᠷ᠎ᠤᠨ ᠲᠦᠷᠢᠶᠡᠰᠦ᠎ᠪᠠᠨ ᠬᠠᠰᠤᠵᠤ ᠬᠡᠯᠲᠦᠷᠢᠭᠦᠯᠬᠦ ᠪᠤᠶᠤ ᠬᠤᠶ᠋ᠢᠰᠢᠯᠠᠭᠤᠯᠤᠨ ᠬᠤᠷᠢᠶᠠᠬᠤ ᠵᠢ ᠵᠣᠷᠢᠬ᠍ᠵᠢᠭᠤᠯᠬᠤ ᠪᠦᠭᠡᠳ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠤᠨ᠎ᠠ᠃ ᠠᠵᠤ ᠠᠬᠤᠶ᠋ᠢᠯᠠᠯ᠎ᠳᠤ ᠬᠤᠯᠪᠣᠭᠳᠠᠭᠰᠠᠨ ᠲᠣᠭᠲᠠᠭ᠋ᠠᠯ᠎ᠠᠴᠠ ᠵᠥᠷᠢᠴᠡᠭᠰᠡᠨ ᠰᠦᠢ᠍ᠳᠬᠡᠯ ᠬᠤᠷᠢᠶᠠᠯᠳᠠ ᠵᠢ ᠡᠷᠡᠰ ᠴᠡᠭᠴᠡᠯᠡᠨ ᠵᠠᠰᠠᠨ᠎ᠠ᠃
      ᠠᠵᠤ ᠠᠬᠤᠶ᠋ᠢᠯᠠᠯ᠎ᠢ ᠲᠤᠭᠳᠠᠭᠤᠨ ᠪᠠᠶ᠋ᠢᠯᠭ᠋ᠠᠬᠤ᠎ᠳᠤ ᠦᠵᠡᠭᠦᠯᠬᠦ ᠮᠥᠩᠭᠦᠨ ᠭᠦᠢ᠍ᠯᠭᠡᠭᠡᠨ᠎ᠤ ᠳᠡᠮᠵᠢᠯᠭᠡ ᠵᠢ ᠴᠢᠩᠭ᠋ᠠᠳᠬᠠᠨ᠎ᠠ᠃ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠡᠬᠡ ᠬᠦᠦ ᠵᠢ ᠬᠤᠶ᠋ᠢᠰᠢᠯᠠᠭᠤᠯᠤᠨ ᠪᠤᠴᠠᠭ᠋ᠠᠬᠤ ᠲᠥᠷᠥ ᠵᠢᠨ ᠪᠣᠳᠣᠯᠭ᠎ᠠ ᠵᠢ ᠬᠡᠷᠡᠭᠵᠢᠬᠦᠯᠬᠦ ᠬᠤᠭᠤᠴᠠᠭ᠎ᠠ ᠵᠢ ᠳᠡᠬᠢᠨ ᠢᠷᠡᠬᠦ ᠵᠢᠯ᠎ᠤᠨ 3 ᠰᠠᠷ᠎ᠠ ᠵᠢᠨ ᠰᠡᠭᠦᠯᠴᠢ ᠪᠣᠯᠲᠠᠯ᠎ᠠ ᠤᠷᠲᠤᠳᠬᠠᠵᠤ᠂ ᠵᠢᠵᠢᠭ ᠪᠢᠴᠢᠯ ᠠᠵᠤ ᠠᠬᠤᠢ᠍ᠢ᠍ᠯᠠᠯ᠎ᠳᠤ ᠤᠯᠭᠤᠬᠤ ᠲᠦᠭᠡᠮᠡᠯ ᠬᠠᠷᠠᠭ᠋ᠠᠯᠵᠠᠯᠳᠤ ᠬᠡᠯᠪᠡᠷᠢ ᠵᠢᠨ ᠵᠢᠭᠡᠯᠡᠯᠭᠡ ᠵᠢ ᠤᠷᠳᠤᠳᠬᠠᠬᠤ ᠶᠤᠰᠤᠲᠠᠢ ᠵᠢ᠎ᠨᠢ ᠴᠦᠮ ᠤᠷᠳᠤᠳᠬᠠᠭ᠋ᠠᠳ᠂ ᠪᠤᠰᠤᠳ ᠬᠦᠴᠢᠷᠳᠡᠯᠲᠠᠢ ᠠᠵᠤ ᠠᠬᠤᠶ᠋ᠢᠯᠠᠯ᠎ᠤᠨ ᠵᠢᠭᠡᠯᠡᠯᠭᠡ ᠵᠢ ᠵᠥᠪᠳᠡᠯᠴᠡᠵᠦ ᠪᠠᠶ᠋ᠢᠭ᠋ᠠᠳ ᠬᠤᠭᠤᠴᠠᠭ᠎ᠠ ᠵᠢ᠎ᠨᠢ ᠤᠷᠳᠤᠳᠬᠠᠨ᠎ᠠ᠃ ᠬᠢᠨᠠᠨ ᠰᠢᠯᠭ᠋ᠠᠵᠣ ᠣᠷᠮᠠᠰᠢᠭᠤᠯᠣᠨ ᠵᠣᠷᠢᠭᠵᠢᠭᠤᠯᠬᠤ ᠳᠣᠭᠳᠠᠴᠠ ᠵᠢ ᠲᠡᠭᠦᠯᠳᠡᠷᠵᠢᠭᠦᠯᠵᠦ᠂ ᠪᠠᠩᠬᠢ ᠵᠢ ᠵᠣᠷᠢᠭᠵᠢᠭᠤᠯᠣᠨ ᠵᠣᠷᠢᠭᠳᠠᠢ ᠵᠢᠭᠡᠯᠡᠭᠦᠯᠬᠦ᠂ ᠳᠣᠷᠠᠳᠠᠢ ᠵᠢᠭᠡᠯᠡᠭᠦᠯᠬᠦ᠂ ᠵᠢᠭᠡᠯᠡᠭᠦᠯᠵᠦ ᠳᠡᠶ᠋ᠢᠯᠬᠦ ᠪᠣᠯᠭ᠋ᠠᠵᠣ᠂ ᠵᠢᠵᠢᠭ ᠪᠢᠴᠢᠯ ᠠᠵᠤ ᠠᠬᠤᠶ᠋ᠢᠯᠠᠯ᠎ᠳᠤ ᠢᠲᠡᠭᠡᠮᠵᠢᠲᠦ ᠵᠢᠭᠡᠯᠡᠯᠭᠡ᠂ ᠠᠩᠬᠠᠨ᠎ᠤ ᠵᠢᠭᠡᠯᠡᠯᠭᠡ᠂ ᠡᠬᠡ ᠮᠥᠩᠭᠦ ᠵᠢ᠎ᠨᠢ ᠪᠤᠴᠠᠭ᠋ᠠᠯᠭ᠋ᠠᠬᠤ ᠦᠭᠡᠢ᠎ᠪᠠᠷ ᠦᠷᠭᠦᠯᠵᠢᠯᠡᠨ ᠵᠢᠭᠡᠯᠡᠯᠭᠡ ᠲᠠᠯᠪᠢᠬᠤ ᠵᠢ ᠶᠡᠭᠡ᠎ᠪᠠᠷ ᠨᠡᠮᠡᠭᠳᠡᠭᠦᠯᠵᠦ᠂ ᠮᠦᠩᠭᠦᠨ ᠭᠦᠢ᠍ᠯᠭᠡᠭᠡᠨ᠎ᠤ ᠰᠢᠨᠵᠢᠯᠡᠬᠦ ᠣᠬᠠᠭ᠋ᠠᠨ ᠮᠡᠷᠭᠡᠵᠢᠯ ᠪᠣᠯᠣᠨ ᠳᠣᠮᠣ ᠳ᠋ᠠᠶ᠋ᠢᠲ᠋ᠠ ᠵᠢ ᠠᠰᠢᠬᠯᠠᠨ ᠦᠢ᠍ᠯᠡᠴᠢᠯᠡᠭᠡᠨ᠎ᠤ ᠦᠪᠡᠷ᠎ᠤᠨ ᠦᠷᠳᠡᠭ᠎ᠢ᠎ᠨᠢ ᠪᠠᠭᠤᠷᠠᠭᠤᠯᠵᠣ᠂ ᠦᠢ᠍ᠯᠡᠴᠢᠯᠡᠭᠡᠨ᠎ᠤ ᠣᠨᠣᠴᠠᠳᠣ ᠴᠢᠨᠠᠷ᠎ᠢ ᠳᠡᠭᠡᠭᠰᠢᠯᠡᠭᠦᠯᠦᠨ᠎ᠡ᠃ ᠵᠠᠰᠠᠭ᠎ᠤᠨ ᠣᠷᠳᠣᠨ᠎ᠤ ᠴᠢᠨᠠᠷᠲᠠᠶ ᠪᠠᠯᠠ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠬᠠᠮᠤᠷᠬᠤ ᠬᠡᠪᠴᠢᠶ᠎ᠡ ᠵᠢ ᠶᠡᠭᠡ᠎ᠪᠠᠷ ᠥᠷᠭᠡᠳᠬᠡᠬᠦ ᠵᠢᠨ ᠬᠠᠮᠲᠤ ᠵᠠᠷᠤᠳᠠᠯ᠎ᠤᠨ ᠨᠣᠷᠮ᠎ᠠ ᠵᠢ ᠢᠯᠡᠳᠲᠡ ᠪᠠᠭᠤᠷᠠᠭᠤᠯᠤᠨ᠎ᠠ᠃ ᠲᠣᠮᠣ ᠬᠡᠯᠪᠡᠷᠢ ᠵᠢᠨ ᠬᠤᠳᠠᠯᠳᠤᠭ᠋ᠠᠨ᠎ᠤ ᠪᠠᠩᠬᠢ ᠵᠢᠨ ᠵᠢᠵᠢᠭ ᠪᠢᠴᠢᠯ ᠠᠵᠤ ᠠᠬᠤᠶ᠋ᠢᠯᠠᠯ᠎ᠳᠤ ᠤᠯᠭᠤᠬᠤ ᠲᠦᠭᠡᠮᠡᠯ ᠬᠠᠷᠠᠭ᠋ᠠᠯᠵᠠᠯᠳᠤ ᠬᠡᠯᠪᠡᠷᠢ ᠵᠢᠨ ᠵᠢᠭᠡᠯᠡᠯᠭᠡ ᠵᠢᠨ ᠨᠡᠮᠡᠭᠳᠡᠯ᠎ᠤᠨ ᠬᠤᠷᠳᠤᠴᠠ ᠵᠢ 40%᠎ᠠᠴᠠ ᠦᠨᠳᠦᠷ ᠪᠠᠶ᠋ᠢᠯᠭ᠋ᠠᠨ᠎ᠠ᠃ ᠠᠵᠤ ᠠᠬᠤᠢ᠍ᠢ᠍ᠯᠡᠯ᠎ᠲᠠᠢ ᠬᠤᠯᠪᠤᠭᠳᠠᠭᠰᠠᠨ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠠᠬᠢᠭᠤᠯᠤᠨ᠎ᠠ᠃ ᠠᠵᠤ ᠠᠬᠤᠶ᠋ᠢᠯᠠᠯ ᠵᠢᠭᠡᠯᠡᠯᠭᠡ ᠵᠢᠨ ᠲᠡᠮᠳᠡᠭᠲᠦ᠎ᠪᠠᠷ ᠪᠡᠯᠡ ᠲᠣᠬᠢᠷᠠᠭᠤᠯᠭ᠎ᠠ᠎ᠪᠠᠨ ᠥᠷᠭᠡᠳᠬᠡᠬᠦ ᠵᠢ ᠳᠡᠮᠵᠢᠨ᠎ᠡ᠃ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠪᠠᠯᠠ ᠮᠥᠩᠭᠦ ᠵᠢ 《ᠬᠤᠭᠤᠰᠤᠨ ᠡᠷᠬᠢᠯᠳᠦᠭᠦᠯᠦᠨ》 ᠠᠰᠢᠭ ᠬᠤᠨᠵᠢᠬᠤ᠎ᠠᠴᠠ ᠰᠡᠷᠭᠡᠶ᠋ᠢᠯᠡᠵᠤ᠂ ᠮᠠᠭᠤ ᠰᠠᠨᠠᠭ᠎ᠠ᠎ᠪᠠᠷ ᠵᠢᠭᠡᠯᠡᠯᠭᠡ᠎ᠠᠴᠠ ᠵᠠᠶ᠋ᠢᠯᠠᠵᠤ᠂ ᠵᠢᠭᠡᠯᠡᠯᠭᠡ ᠵᠢ ᠬᠦᠴᠦᠨ ᠦᠭᠡᠢ ᠪᠤᠯᠭ᠋ᠠᠬᠤ᠎ᠳᠤ ᠴᠤᠬᠢᠯᠲᠠ ᠦᠭᠭᠦᠨ᠎ᠠ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠪᠤᠯᠤᠨ ᠵᠢᠭᠡᠯᠡᠯᠭᠡ ᠠᠪᠬᠤ ᠠᠵᠤ ᠠᠬᠤᠶ᠋ᠢᠯᠠᠯ ᠪᠤᠯ ᠬᠠᠮᠲᠤ ᠣᠷᠣᠰᠢᠨ ᠬᠠᠮᠲᠤ᠎ᠪᠠᠷ ᠬᠥᠭᠵᠢᠳᠡᠭ ᠪᠤᠯᠬᠤᠷ ᠪᠠᠩᠬᠢ ᠵᠢᠨ᠎ᠬᠢᠨ᠎ᠤ ᠵᠦᠶ ᠵᠣᠬᠢᠰᠲᠠᠶ ᠠᠰᠢᠭ ᠣᠯᠭᠤᠬᠤ ᠵᠢ ᠵᠣᠷᠢᠬ᠍ᠵᠢᠭᠤᠯᠤᠨ᠎ᠠ᠃ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ ᠪᠠᠲᠤᠯᠠᠬᠤ ᠵᠢᠨ ᠲᠤᠯᠠᠳᠠ᠂ ᠵᠠᠪᠠᠯ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠵᠢᠭᠡᠯᠡᠯᠭᠡ ᠤᠯᠬᠤ ᠪᠤᠯᠤᠮᠵᠢᠳᠤ ᠴᠢᠨᠠᠷ᠎ᠢ ᠢᠯᠡᠳᠲᠡ ᠳᠡᠭᠡᠭᠰᠢᠯᠡᠭᠦᠯᠵᠦ᠂ ᠵᠠᠪᠠᠯ ᠶᠡᠷᠦᠩᠬᠡᠶ᠋ᠢᠯᠡᠭᠰᠡᠨ ᠪᠠᠯᠠ ᠲᠣᠬᠢᠷᠠᠭᠤᠯᠭ᠎ᠠ ᠵᠢᠨ ᠥᠪᠡᠷ᠎ᠤᠨ ᠥᠷᠲᠡᠭ᠎ᠢ ᠢᠯᠡᠳᠲᠡ ᠪᠠᠭᠤᠷᠠᠭᠤᠯᠬᠤ ᠬᠡᠷᠡᠭᠲᠡᠶ᠃
      ᠠᠷᠭ᠎ᠠ ᠪᠦᠬᠦᠨ᠎ᠢ ᠰᠦᠪᠡᠭᠴᠢᠯᠡᠨ ᠠᠵᠢᠯ ᠣᠯᠭᠤᠯᠲᠠ ᠵᠢ ᠲᠣᠭᠲᠠᠪᠤᠷᠢᠵᠢᠭᠤᠯᠤᠨ ᠥᠷᠭᠡᠳᠬᠡᠨ᠎ᠡ᠃ ᠭᠤᠤᠯᠳᠠᠯᠭ᠎ᠠ᠎ᠲᠠᠢ ᠠᠵᠢᠯ ᠲᠥᠷᠥᠯ᠂ ᠭᠤᠤᠯᠳᠠᠯᠭ᠎ᠠ᠎ᠲᠠᠢ ᠬᠠᠮᠲᠤᠯᠢᠭ᠎ᠤᠨ ᠠᠵᠢᠯ ᠣᠯᠭᠤᠬᠤ᠎ᠳᠤ ᠦᠵᠡᠭᠦᠯᠭᠦ ᠳᠡᠮᠵᠢᠯᠭᠡ᠎ᠪᠠᠨ ᠴᠢᠩᠭ᠋ᠠᠳᠬᠠᠨ᠎ᠠ᠃ ᠡᠨᠡ ᠵᠢᠯ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠳᠤᠭ᠎ᠠ 874 ᠲᠦᠮᠡ ᠬᠦᠷᠭᠦ ᠪᠤᠯᠬᠤᠷ᠂ ᠵᠠᠬ᠎ᠠ ᠳᠡᠯᠭᠡᠭᠦᠷᠴᠢᠯᠡᠭᠰᠡᠨ ᠨᠡᠶ᠋ᠢᠭᠡᠮᠴᠢᠯᠡᠭᠰᠡᠨ ᠠᠵᠢᠯ ᠣᠯᠭᠤᠯᠲᠠ ᠵᠢ ᠠᠬᠢᠭᠤᠯᠵᠤ᠂ ᠶᠡᠭᠡ ᠳᠡᠭᠡᠳᠦ ᠰᠤᠷᠭ᠋ᠠᠭᠤᠯᠢ ᠪᠣᠯᠤᠨ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ ᠴᠥᠮ ᠠᠵᠢᠯ ᠣᠯᠭᠤᠯᠲᠠ ᠵᠢᠨ ᠲᠠᠰᠤᠯᠳᠠᠯ ᠦᠭᠡᠢ ᠠᠵᠢᠯ ᠤᠯᠭᠤᠯᠲᠠ ᠵᠢᠨ ᠦᠢ᠍ᠯᠡᠴᠢᠯᠡᠭᠡ ᠬᠠᠩᠭ᠋ᠠᠵᠤ᠂ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠳᠦᠷᠦᠯ ᠵᠦᠢ᠍ᠯ᠎ᠳᠤ ᠡᠯᠰᠠᠨ ᠬᠡᠷᠡᠭᠯᠡᠬᠦ ᠵᠢ ᠦᠷᠭᠡᠳᠬᠡᠬᠦ ᠬᠡᠷᠡᠭᠲᠡᠶ᠃ ᠴᠡᠷᠢᠭ᠎ᠤᠨ ᠠᠯᠪᠠᠨ᠎ᠠᠴᠠ ᠪᠠᠭᠤᠭᠰᠠᠳ᠎ᠢ ᠲᠦᠪᠬᠢᠨᠡᠭᠦᠯᠬᠦ ᠪᠤᠯᠤᠨ ᠠᠵᠢᠯ ᠣᠯᠭᠤᠯᠲᠠ ᠵᠢᠨ ᠪᠠᠲᠤᠯᠠᠭ᠎ᠠ ᠵᠢ ᠰᠠᠶ᠋ᠢᠲᠤᠷ ᠬᠢᠨ᠎ᠠ᠃ ᠬᠦᠯᠦᠰᠦᠨ ᠠᠵᠢᠯᠴᠢᠳ᠎ᠤᠨ ᠠᠵᠢᠯ ᠣᠯᠤᠭᠰᠠᠨ ᠭᠠᠵᠠᠷ᠎ᠲᠠᠭᠠᠨ ᠠᠵᠢᠯ ᠣᠯᠭᠤᠯᠳᠠ ᠵᠢᠨ ᠦᠢ᠍ᠯᠡᠴᠢᠯᠡᠭᠡ ᠵᠢ ᠡᠷᠬᠡ ᠲᠡᠭᠰᠢ᠎ᠪᠠᠷ ᠬᠦᠷᠲᠡᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ ᠵᠡᠮᠳᠡᠭᠴᠤᠳ᠂ ᠠᠵᠢᠯ ᠣᠯᠤᠭᠰᠠᠳ ᠦᠭᠡᠢ ᠭᠡᠷ ᠪᠦᠯᠢ ᠵᠡᠷᠭᠡ ᠬᠦᠴᠢᠷᠳᠡᠯᠲᠠᠢ ᠬᠠᠮᠲᠤᠯᠢᠭ᠎ᠢ ᠬᠠᠪᠰᠤᠷᠤᠨ ᠲᠡᠳᠬᠦᠵᠦ ᠪᠠᠶ᠋ᠢᠭ᠋ᠠᠳ ᠠᠵᠢᠯ ᠣᠯᠭᠤᠨ᠎ᠠ᠃ ᠮᠠᠨ᠎ᠤ ᠤᠯᠤᠰ᠎ᠲᠤ ᠰᠤᠯᠠ ᠠᠵᠢᠯ ᠬᠢᠭᠰᠡᠳ᠎ᠢ ᠪᠠᠭᠲᠠᠭ᠋ᠠᠭᠰᠠᠨ ᠠᠮᠢᠳᠤᠯᠢᠭ ᠵᠶ᠋ᠠᠷ ᠠᠵᠢᠯ ᠬᠢᠵᠦ ᠪᠠᠶ᠋ᠢᠭ᠎ᠠ ᠬᠥᠮᠦᠰ᠎ᠤᠨ ᠲᠤᠭ᠎ᠠ ᠵᠢ ᠳ᠋ᠦᠩᠰᠢᠭᠤᠷ ᠵᠶ᠋ᠠᠷ ᠬᠡᠯᠡᠯᠴᠡᠳᠡᠭ᠂ ᠡᠨᠡ ᠵᠢᠯ ᠣᠷᠣᠯᠭ᠎ᠠ ᠪᠠᠭ᠋ᠠᠲᠠᠶ ᠬᠥᠮᠦᠰ᠎ᠲᠤ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠦᠪᠡᠷ᠎ᠤᠨ ᠳᠤᠷ᠎ᠠ᠎ᠠᠴᠠ ᠬᠤᠶ᠋ᠢᠰᠢᠯᠠᠭᠤᠯᠤᠨ ᠲᠤᠰᠢᠶᠠᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠠᠵᠢᠯ ᠣᠯᠭᠤᠯᠲᠠ᠎ᠳᠤ ᠬᠤᠯᠪᠣᠭᠳᠠᠬᠤ ᠵᠠᠰᠠᠭ ᠵᠠᠬᠢᠷᠭ᠎ᠠ ᠠᠵᠢᠯ ᠦᠢ᠍ᠯᠡᠰ᠎ᠤᠨ ᠴᠢᠨᠠᠷᠲᠠᠶ ᠰᠦᠢ᠍ᠳᠬᠡᠯ ᠬᠤᠷᠢᠶᠠᠯᠳᠠ ᠵᠢ ᠪᠦᠬᠦᠨ᠎ᠢ ᠬᠦᠴᠦᠨ ᠦᠭᠡᠢ ᠪᠣᠯᠭ᠋ᠠᠵᠤ᠂ ᠬᠦᠳᠡᠯᠦᠩᠭᠦᠢ ᠡᠵᠡᠩᠨᠡᠯᠲᠡ ᠵᠢᠨ ᠲᠠᠯᠠᠪᠠᠢ ᠲᠠᠯᠠᠪᠤᠷ᠎ᠢ ᠵᠤᠬᠢᠰᠲᠠᠢ ᠲᠤᠬᠢᠷᠠᠭᠤᠯᠤᠨ᠎ᠠ᠃ ᠪᠤᠯᠪᠠᠰᠤᠷᠠᠭᠤᠯᠤᠯ ᠵᠶ᠋ᠠᠷ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ᠎ᠳᠤ ᠳᠡᠳᠬᠦᠨ ᠳᠤᠰᠠᠯᠠᠵᠤ᠂ ᠵᠠᠬ᠎ᠠ ᠳᠡᠯᠭᠡᠭᠦᠷ᠎ᠲᠤ ᠬᠠᠨᠳᠤᠭᠤᠯᠤᠭᠰᠠᠨ ᠮᠡᠷᠭᠡᠵᠢᠯ ᠴᠢᠳᠠᠪᠤᠷᠢ ᠵᠢᠨ ᠪᠤᠯᠪᠠᠰᠤᠷᠠᠭᠤᠯᠤᠯ᠎ᠢ ᠴᠢᠩᠭ᠋ᠠᠳᠬᠠᠵᠤ᠂ ᠠᠵᠢᠯ ᠵᠶ᠋ᠠᠷ ᠪᠤᠯᠪᠠᠰᠤᠷᠠᠭᠤᠯᠤᠯ᠎ᠢ ᠤᠷᠤᠯᠠᠭᠤᠯᠬᠤ ᠵᠢ ᠵᠤᠷᠢᠭᠵᠢᠭᠤᠯᠵᠤ᠂ ᠦᠢ᠍ᠯᠡᠳᠪᠦᠷᠢᠯᠡᠯ᠎ᠤᠨ ᠴᠢᠨᠠᠷᠲᠠᠢ ᠪᠤᠳᠠᠳᠤ ᠪᠤᠯᠪᠠᠰᠤᠷᠠᠭᠤᠯᠤᠯ᠎ᠤᠨ ᠰᠠᠭᠤᠷᠢᠨ᠎ᠢ ᠬᠠᠮᠲᠤ᠎ᠪᠠᠷ ᠪᠠᠶ᠋ᠢᠭᠤᠯᠤᠨ ᠬᠠᠮᠲᠤ᠎ᠪᠠᠷ ᠡᠳ᠋ᠯᠠᠵᠤ᠂ ᠡᠨᠡ ᠵᠢᠯ ᠪᠤᠯᠤᠨ ᠢᠷᠡᠬᠦ ᠵᠢᠯ᠎ᠳᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠢ 3500 ᠲᠦᠮᠡᠨ ᠬᠥᠮᠦᠨ ᠤᠳᠠᠭ᠎ᠠ᠎ᠠᠴᠠ ᠳᠡᠭᠡᠭᠰᠢ ᠬᠢᠵᠦ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ 200 ᠲᠦᠮᠡᠨ ᠬᠥᠮᠦᠨ᠎ᠢ ᠥᠷᠭᠡᠳᠬᠡᠨ ᠡᠯᠰᠡᠵᠦ᠂ ᠨᠠᠩ ᠣᠯᠠᠨ ᠬᠥᠳᠡᠯᠮᠦᠷᠢᠴᠢᠳ᠎ᠢ ᠤᠷ᠎ᠠ ᠴᠢᠳᠠᠪᠤᠷᠢ᠎ᠲᠠᠢ ᠪᠤᠯᠭ᠋ᠠᠵᠦ᠂ ᠠᠵᠢᠯ ᠤᠯᠬᠤ᠎ᠳᠤ ᠳᠦᠭᠦᠮ ᠪᠤᠯᠭ᠋ᠠᠬᠤ ᠬᠡᠷᠡᠭᠳᠠᠢ᠃
      ᠳᠥᠷᠪᠡ᠂ ᠥᠭᠡᠷᠡᠴᠢᠯᠡᠯᠲᠡ᠎ᠳᠤ ᠲᠦᠰᠢᠭᠯᠡᠨ ᠵᠠᠬ᠎ᠠ ᠲᠡᠯᠭᠡᠬᠦᠷ᠎ᠤᠨ ᠪᠡᠶᠡᠴᠢ ᠴᠤᠭᠴᠠ ᠵᠢᠨ ᠠᠮᠢᠳᠤᠯᠢᠭ ᠬᠥᠴᠤᠨ᠎ᠢ ᠬᠥᠭᠵᠢᠬᠡᠵᠦ᠂ ᠬᠥᠭᠵᠢᠯᠲᠡ ᠵᠢᠨ ᠰᠢᠨ᠎ᠡ ᠬᠥᠳᠡᠯᠭᠡᠭᠴᠢ ᠡᠨᠧᠷᠭᠢ ᠵᠢ ᠨᠡᠮᠡᠭᠳᠡᠭᠦᠯᠦᠨ᠎ᠡ
      ᠬᠦᠴᠢᠷ ᠪᠡᠷᠬᠡᠰᠢᠶᠡᠯ ᠪᠠ ᠰᠢᠯᠭ᠋ᠠᠯᠲᠠ ᠬᠡᠳᠦᠢ ᠶᠡᠭᠡ ᠪᠣᠯᠬᠤ ᠳᠤᠳᠤᠮ ᠥᠭᠡᠷᠡᠴᠢᠯᠡᠯᠲᠡ ᠵᠢ ᠲᠡᠳᠦᠢ ᠭᠦᠨᠵᠡᠭᠡᠶ᠋ᠢᠷᠡᠭᠦᠯᠵᠦ᠂ ᠪᠠᠶ᠋ᠢᠭᠤᠯᠤᠯ ᠲᠣᠭᠲᠠᠴᠠ ᠵᠢᠨ ᠬᠠᠷᠰᠢ ᠰᠠᠭ᠋ᠠᠳ᠎ᠢ ᠠᠷᠢᠯᠭ᠋ᠠᠵᠤ᠂ ᠬᠥᠭᠵᠢᠯᠲᠡ ᠵᠢᠨ ᠳᠣᠲᠤᠭ᠋ᠠᠳᠤ ᠬᠥᠳᠡᠯᠭᠡᠭᠴᠢ ᠬᠦᠴᠦᠨ᠎ᠢ ᠬᠦᠭᠵᠢᠭᠡᠬᠦ ᠬᠡᠷᠡᠭᠲᠡᠢ ᠶᠤᠮ᠃
     《ᠪᠠᠭᠤᠯᠭ᠋ᠠᠬᠤ ᠤᠶᠠᠯᠳᠤᠭᠤᠯᠬᠤ ᠰᠢᠯᠢᠳᠡᠭᠵᠢᠬᠦᠯᠬᠦ》 ᠦᠭᠡᠷᠡᠴᠢᠯᠠᠯᠳᠠ ᠵᠢ ᠬᠥᠨᠵᠡᠭᠡᠶ᠋ᠢᠷᠡᠬᠦᠯᠦᠨ᠎ᠡ᠃ ᠬᠢᠵᠢᠭ᠎ᠤᠨ ᠪᠠᠶ᠋ᠢᠳᠠᠯ᠎ᠢ ᠪᠠᠶ᠋ᠢᠩᠭᠤᠵᠢᠭᠤᠯᠤᠨ ᠰᠡᠷᠭᠡᠶ᠋ᠢᠯᠡᠨ ᠬᠢᠵᠠᠭ᠋ᠠᠷᠯᠠᠬᠤ ᠪᠠᠶ᠋ᠢᠳᠠᠯ ᠳᠤᠤᠷ᠎ᠠ᠂ ᠠᠷᠭ᠎ᠠ ᠬᠡᠮᠵᠢᠶ᠎ᠡ᠎ᠪᠠᠨ ᠲᠣᠬᠢᠷᠠᠭᠤᠯᠤᠨ᠂ ᠭᠠᠷ ᠭᠦᠢ᠍ᠴᠡᠳᠭᠡᠯ᠎ᠢ ᠳᠥᠭᠦᠮᠴᠢᠯᠡᠵᠦ᠂ ᠪᠥᠬᠦ ᠲᠠᠯ᠎ᠠ᠎ᠪᠠᠷ ᠠᠵᠢᠯ ᠦᠢ᠍ᠯᠡᠳᠪᠦᠷᠢᠯᠡᠯ ᠵᠶ᠋ᠠᠨ ᠰᠡᠷᠭᠦᠭᠡᠬᠦ᠂ ᠵᠠᠬ᠎ᠠ ᠳᠡᠯᠭᠡᠭᠦᠷ ᠪᠠ ᠡᠵᠡᠩᠨᠡᠯᠲᠡ ᠵᠢ ᠰᠡᠷᠭᠦᠭᠡᠬᠦ ᠵᠢ ᠠᠬᠢᠭᠤᠯᠬᠤ ᠬᠡᠷᠡᠭᠲᠡᠢ᠃ ᠨᠠᠩ ᠣᠯᠠᠨ ᠦᠢ᠍ᠯᠡᠴᠢᠯᠡᠭᠡᠨ᠎ᠤ ᠵᠦᠢ᠍ᠯᠡᠰ᠎ᠢ ᠨᠢᠭᠡ ᠰᠦᠯᠵᠢᠶ᠎ᠠ᠎ᠪᠠᠷ ᠪᠦᠬᠦᠨ᠎ᠢ ᠰᠢᠢ᠍ᠳᠪᠤᠷᠢᠯᠡᠬᠦ ᠵᠢ ᠠᠬᠢᠭᠤᠯᠵᠤ᠂ ᠠᠵᠤ ᠠᠬᠤᠶ᠋ᠢᠯᠠᠯ ᠨᠡᠭᠡᠭᠡᠨ ᠡᠷᠭᠢᠯᠡᠬᠦ ᠪᠥᠬᠦ ᠶᠠᠪᠤᠴᠠ ᠵᠢ ᠰᠦᠯᠵᠢᠶ᠎ᠡ᠎ᠪᠠᠷ ᠰᠢᠢ᠍ᠳᠪᠦᠷᠢᠯᠡᠬᠦ ᠵᠢ ᠪᠡᠶᠡᠯᠡᠭᠦᠯᠦᠨ᠎ᠡ᠃ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠯᠲᠡ ᠵᠢᠨ ᠲᠠᠯᠠᠪᠤᠷ ᠭᠠᠵᠠᠷ ᠪᠦᠷᠢᠳᠭᠡᠭᠦᠯᠬᠦ ᠬᠢᠵᠠᠭ᠋ᠠᠷᠯᠠᠯ᠎ᠢ ᠠᠭᠤᠵᠢᠭᠤ ᠲᠠᠯᠪᠢᠵᠤ᠂ ᠡᠯ᠎ᠡ ᠲᠥᠷᠥᠯ᠎ᠤᠨ ᠠᠳᠠᠯ ᠦᠢ᠍ᠯᠡᠰ ᠴᠣᠭᠴᠠᠯᠠᠭᠴᠢ ᠵᠢᠨ ᠳᠡᠩᠰᠡᠯᠡᠭᠤᠯᠤᠨ ᠡᠵᠡᠩᠨᠡᠬᠦ᠂ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ ᠵᠢ ᠴᠠᠭ ᠲᠤᠬᠠᠶ᠎ᠳᠤᠨᠢ ᠬᠦᠷᠲᠡᠬᠦ᠎ᠳᠤ ᠲᠥᠬᠦᠮ ᠦᠵᠡᠭᠦᠯᠦᠨ᠎ᠡ᠃ ᠳᠤᠮᠤ ᠳᠤᠮᠳᠠ ᠵᠢᠵᠢᠭ ᠠᠵᠤ ᠠᠬᠤᠢ᠍ᠢ᠍ᠯᠠᠯ᠎ᠤᠨ ᠨᠠᠶ᠋ᠢᠯᠡᠨ ᠨᠡᠪᠳᠡᠷᠡᠯᠴᠡᠵᠦ ᠬᠦᠭᠵᠢᠬᠦ ᠵᠢ ᠳᠡᠮᠵᠢᠨ᠎ᠡ᠃ ᠨᠡᠶ᠋ᠢᠭᠡᠮ᠎ᠤᠨ ᠢᠲᠡᠭᠡᠮᠵᠢ ᠵᠢᠨ ᠰᠢᠰᠲᠧᠮ᠎ᠢ ᠪᠦᠷᠢᠨᠰᠢᠭᠦᠯᠦᠨ᠎ᠠ᠃ ᠲᠥᠪ ᠭᠤᠤᠯᠴᠢ ᠬᠢᠨᠠᠯᠲᠠ ᠬᠠᠮᠢᠶᠠᠷᠤᠯᠲᠠ᠎ᠪᠠᠷ ᠡᠷᠬᠡ ᠲᠡᠭᠰᠢ ᠥᠷᠢᠰᠥᠯᠳᠦᠭᠡᠨ᠎ᠢ ᠬᠠᠮᠠᠭ᠋ᠠᠯᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ᠎ᠪᠠᠷ ᠵᠠᠰᠠᠭᠰᠠᠨ᠂ ᠤᠯᠠᠨ ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠦᠷᠭᠦᠯᠵᠢᠯᠡᠨ ᠪᠤᠢ ᠪᠣᠯᠭ᠋ᠠᠨ᠎ᠠ᠃
      ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠵᠢ ᠠᠬᠢᠭᠤᠯᠤᠨ᠎ᠠ᠃ ᠳᠤᠮᠳᠠ ᠵᠢᠵᠢᠭ ᠪᠠᠩᠬᠢ ᠵᠢᠨ ᠬᠥᠷᠥᠩᠭᠡ᠎ᠪᠠᠨ ᠨᠥᠬᠦᠪᠥᠷᠢᠯᠡᠬᠦ ᠪᠠ ᠵᠠᠰᠠᠯᠲᠠ᠎ᠪᠠᠨ ᠲᠡᠭᠦᠯᠳᠡᠷᠵᠢᠭᠦᠯᠬᠦ ᠵᠢ ᠠᠬᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠳᠤ ᠨᠠᠩ ᠰᠠᠶ᠋ᠢᠨ ᠦᠢ᠍ᠯᠡᠴᠢᠯᠡᠭᠦᠯᠦᠨ᠎ᠡ᠃ ᠦᠢ᠍ᠯᠡᠰ ᠪᠤᠰᠬᠠᠬᠤ ᠰᠠᠮᠪᠠᠷ᠎ᠠ᠎ᠳᠤ ᠦᠭᠡᠷᠡᠴᠢᠯᠡᠯᠲᠡ ᠬᠢᠬᠦ ᠵᠢᠨ ᠬᠠᠮᠳᠦ ᠲᠠᠩᠰᠠᠯᠠᠭᠤᠯᠬᠤ ᠲᠦᠷᠢᠮ᠎ᠤᠨ ᠲᠣᠷᠰᠢᠯᠲᠠ ᠬᠢᠵᠤ᠂ ᠤᠯᠠᠨ ᠳᠡᠰ ᠲᠠᠪᠬᠤᠷᠭ᠎ᠠ ᠵᠢᠨ ᠬᠦᠷᠦᠩᠭᠡ ᠵᠢᠨ ᠵᠠᠬ᠎ᠠ ᠳᠡᠯᠭᠡᠭᠦᠷ᠎ᠢ ᠬᠦᠭᠵᠢᠭᠦᠯᠦᠨ᠎ᠠ᠃ ᠳᠠᠭ᠋ᠠᠳᠬᠠᠯ᠎ᠤᠨ ᠪᠠᠲᠤᠯᠠᠭ᠎ᠠ ᠵᠢᠨ ᠴᠢᠳᠠᠮᠵᠢ ᠵᠢ ᠥᠷᠭᠡᠳᠬᠡᠨ᠎ᠡ᠃ ᠮᠤᠵᠢ ᠵᠢᠨ ᠱᠠᠲᠤᠨ᠎ᠤ ᠵᠠᠰᠠᠭ᠎ᠤᠨ ᠣᠷᠳᠣᠨ᠎ᠳᠤ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠩ ᠶᠡᠭᠡ ᠡᠵᠡᠨ ᠮᠡᠳᠡᠬᠦ ᠡᠷᠬᠡ ᠵᠢ ᠣᠯᠭᠤᠨ᠎ᠠ᠃ ᠴᠢᠳᠠᠪᠤᠷᠢᠲᠠᠨ᠎ᠤ ᠰᠢᠯᠵᠢᠯᠲᠡ ᠵᠢ ᠠᠬᠢᠭᠤᠯᠵᠤ᠂ ᠮᠡᠷᠭᠡᠵᠢᠯ ᠪᠠ ᠳ᠋ᠡᠶ᠋ᠢᠲ᠋ᠠ ᠵᠢᠨ ᠵᠠᠬ᠎ᠠ ᠳᠡᠯᠭᠡᠭᠦᠷ᠎ᠢ ᠪᠤᠶ᠋ᠢᠵᠢᠭᠤᠯᠵᠤ᠂ ᠡᠯ᠎ᠡ ᠲᠦᠷᠦᠯ᠎ᠤᠨ ᠡᠯᠧᠮᠧᠨ᠋ᠲ᠎ᠤᠨ ᠳᠠᠯᠳᠠ ᠴᠢᠳᠠᠪᠤᠷᠢ ᠵᠢ ᠬᠥᠭᠵᠢᠭᠡᠨ᠎ᠡ᠃
      ᠤᠯᠤᠰ᠎ᠤᠨ ᠦᠮᠴᠢᠯᠡᠯ᠎ᠤᠨ ᠬᠦᠷᠦᠩᠭᠡ ᠪᠠ ᠤᠯᠤᠰ᠎ᠤᠨ ᠦᠮᠴᠢᠯᠡᠯ᠎ᠤᠨ ᠠᠵᠦ ᠠᠬᠤᠢ᠍ᠢ᠍ᠯᠠᠯ᠎ᠤᠨ ᠦᠭᠡᠷᠡᠴᠢᠯᠡᠯᠳᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠬᠡᠷᠡᠭᠵᠢᠭᠦᠯᠦᠨ᠎ᠡ᠃ ᠤᠳᠤ ᠦᠶ᠎ᠠ ᠵᠢᠨ ᠠᠵᠤ ᠠᠬᠤᠢ᠍ᠢ᠍ᠯᠠᠯ᠎ᠤᠨ ᠳᠦᠷᠢᠮ᠎ᠢ ᠪᠦᠷᠢᠨᠰᠢᠭᠦᠯᠵᠤ᠂ ᠤᠯᠤᠰ᠎ᠤᠨ ᠥᠮᠴᠢᠯᠡᠯ᠎ᠤᠨ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠯ᠎ᠢ ᠲᠡᠭᠦᠯᠳᠡᠷᠵᠢᠭᠦᠯᠵᠦ᠂ ᠬᠤᠯᠢᠮᠠᠭ ᠥᠮᠴᠢᠯᠡᠯ᠎ᠤᠨ ᠲᠦᠷᠢᠮᠲᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠨᠡᠶ᠋ᠢᠭᠡᠮ᠎ᠤᠨ ᠠᠵᠢᠯ ᠶᠠᠪᠤᠲᠠᠯ ᠡᠷᠬᠢᠯᠡᠬᠦ ᠡᠬᠦᠷᠭᠡ ᠴᠢᠲᠠᠪᠤᠷᠢ ᠵᠢ ᠰᠠᠯᠭ᠋ᠠᠬᠤ ᠪᠠ ᠲᠡᠦᠭᠡᠨ ᠦᠯᠡᠳᠡᠭᠳᠡᠯ ᠠᠰᠠᠭᠤᠳᠠᠯ᠎ᠢ ᠰᠢᠢ᠍ᠳᠪᠤᠷᠢᠯᠡᠬᠦ ᠵᠢ ᠦᠨᠳᠦᠰᠦᠨ᠎ᠳᠡᠭᠡᠨ ᠪᠡᠶᠡᠯᠡᠭᠦᠯᠦᠨ᠎ᠡ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ ᠭᠤᠣᠯ ᠬᠠᠷᠢᠭᠤᠴᠠᠯᠭ᠎ᠠ ᠭᠤᠣᠯ ᠠᠵᠢᠯ ᠳᠡᠭᠡᠷ᠎ᠡ᠎ᠪᠠᠨ ᠠᠩᠬᠠᠷᠤᠯ ᠲᠥᠪᠯᠡᠷᠡᠭᠦᠯᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠵᠢᠨ ᠲᠣᠭᠲᠠᠴᠠ ᠵᠢ ᠪᠦᠷᠢᠨᠰᠢᠬᠦᠯᠵᠤ᠂ ᠭᠤᠣᠯᠯᠠᠬᠤ ᠦᠷᠢᠰᠦᠯᠳᠦᠬᠦ ᠬᠦᠴᠦᠨ ᠵᠶ᠋ᠠᠨ ᠳᠡᠭᠡᠭᠰᠢᠯᠡᠭᠦᠯᠬᠦ ᠬᠡᠷᠡᠭᠲᠡᠢ᠃
      ᠠᠷᠠᠳ᠎ᠠᠴᠠ ᠡᠵᠡᠩᠨᠡᠭᠰᠡᠨ ᠠᠵᠣ ᠠᠬᠤᠢ ᠵᠢᠨ ᠬᠥᠭᠵᠢᠯᠳᠡ ᠵᠢᠨ ᠣᠷᠴᠢᠨ ᠨᠥᠬᠦᠴᠡᠯ᠎ᠢ ᠰᠢᠯᠢᠳᠡᠭᠵᠢᠬᠦᠯᠥᠨ᠎ᠠ᠃ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ᠎ᠤᠨ ᠡᠯᠧᠮᠧᠨ᠋ᠲ ᠪᠠ ᠲᠦᠷᠦ ᠵᠢᠨ ᠪᠤᠳᠤᠯᠭ᠎ᠠ ᠵᠢᠨ ᠳᠡᠮᠵᠢᠯᠭᠡ ᠵᠢ ᠠᠳᠠᠯᠢ ᠲᠡᠭᠰᠢ᠎ᠪᠠᠷ ᠤᠯᠬᠤ ᠵᠢ ᠪᠠᠲᠤᠯᠠᠵᠤ᠂ ᠠᠵᠤ ᠠᠬᠤᠶ᠋ᠢᠯᠠᠯ᠎ᠤᠨ ᠰᠢᠨᠵᠢ ᠴᠢᠨᠠᠷ᠎ᠯᠤᠭ᠎ᠠ ᠬᠤᠯᠪᠣᠭᠳᠠᠭᠤᠯᠤᠭᠰᠠᠨ ᠵᠦᠶ ᠵᠤᠬᠢᠰ ᠦᠭᠡᠢ ᠲᠣᠭᠲᠠᠭ᠋ᠠᠯ᠎ᠢ ᠢᠯᠭ᠋ᠠᠷᠠᠭᠤᠯᠤᠨ ᠬᠦᠴᠦᠨ ᠦᠭᠡᠢ ᠪᠣᠯᠭ᠋ᠠᠨ᠎ᠠ᠃ ᠵᠠᠰᠠᠭ᠎ᠤᠨ ᠣᠷᠳᠣᠨ᠎ᠤ ᠪᠠᠶ᠋ᠢᠭᠤᠯᠤᠮᠵᠢ ᠵᠢᠨ ᠠᠷᠠᠳ᠎ᠠᠴᠠ ᠡᠵᠡᠩᠨᠡᠭᠰᠡᠨ ᠪᠠ ᠳᠤᠮᠳᠠ ᠵᠢᠵᠢᠭ ᠠᠵᠤ ᠠᠬᠤᠶ᠋ᠢᠯᠠᠯ᠎ᠳᠤ ᠥᠷᠢᠲᠦᠭᠰᠡᠨ ᠵᠣᠭᠤᠰ᠎ᠢ ᠬᠤᠭᠤᠴᠠᠭ᠎ᠠ ᠲᠣᠭᠲᠠᠭ᠋ᠠᠨ ᠢᠯᠭ᠋ᠠᠷᠠᠭᠤᠯᠤᠨ ᠲᠦᠯᠦᠨ᠎ᠠ᠃ ᠵᠠᠰᠠᠭ᠎ᠤᠨ ᠤᠷᠳᠤᠨ ᠪᠤᠯᠤᠨ ᠬᠤᠳᠠᠯᠳᠤᠭ᠋ᠠᠴᠢᠨ᠎ᠤ ᠬᠤᠭᠤᠷᠤᠨᠳᠤᠬᠢ ᠳᠣᠲᠣᠨᠣ ᠴᠢᠬᠡᠴᠢ ᠬᠠᠷᠢᠴᠠᠭ᠎ᠠ ᠵᠢ ᠪᠠᠶ᠋ᠢᠭᠤᠯᠵᠤ᠂ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠶ ᠵᠢᠨ ᠡᠷᠡᠭᠦᠯ ᠬᠦᠭᠵᠢᠯᠳᠠ ᠵᠢ ᠠᠬᠢᠭᠤᠯᠤᠨ᠎ᠠ᠃
      ᠦᠢ᠍ᠯᠡᠳᠬᠦ ᠦᠢ᠍ᠯᠡᠰ᠎ᠤᠨ ᠲᠡᠰ ᠳᠡᠪᠰᠢᠯᠳᠠ ᠪᠠ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ᠃ ᠦᠢ᠍ᠯᠡᠳᠬᠦ ᠦᠢ᠍ᠯᠡᠰ᠎ᠤᠨ ᠴᠢᠨᠠᠷ ᠰᠠᠶ᠋ᠢᠲᠠᠢ ᠬᠦᠭᠵᠢᠯᠲᠠ ᠵᠢ ᠳᠡᠮᠵᠢᠨ᠎ᠠ᠂ ᠤᠷᠳᠤᠪᠲᠤᠷ ᠬᠤᠭᠤᠴᠠᠭ᠋ᠠᠨ᠎ᠤ ᠵᠢᠭᠡᠯᠡᠯᠭᠡ ᠵᠢ ᠶᠡᠭᠡ᠎ᠪᠠᠷ ᠨᠡᠮᠡᠭᠳᠡᠭᠦᠯᠦᠨ᠎ᠡ᠃ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶ᠎ᠡ ᠵᠢ ᠬᠥᠭᠵᠢᠭᠦᠯᠵᠦ᠂ ᠤᠶᠤᠨᠯᠢᠭ ᠦᠢ᠍ᠯᠡᠳᠬᠦ ᠦᠢ᠍ᠯᠡᠰ᠎ᠢ ᠠᠬᠢᠭᠤᠯᠵᠤ᠂ ᠰᠢᠨ᠎ᠠ᠎ᠪᠠᠷ ᠬᠦᠭᠵᠢᠭᠰᠡᠨ ᠠᠵᠤ ᠦᠢ᠍ᠯᠡᠰ᠎ᠤᠨ ᠰᠦᠷᠦᠭᠵᠢᠯ᠎ᠢ ᠪᠤᠶ᠋ᠢᠵᠢᠭᠤᠯᠤᠨ᠎ᠠ᠃ ᠰᠤᠳᠤᠯᠤᠨ ᠨᠡᠭᠡᠭᠡᠭᠦ᠂ ᠵᠢᠷᠤᠵᠤ ᠲᠦᠯᠦᠪᠯᠡᠬᠦ᠂ ᠤᠳᠤ ᠦᠶ᠎ᠠ ᠵᠢᠨ ᠪᠤᠳᠠᠰ᠎ᠤᠨ ᠭᠦᠢ᠍ᠯᠭᠡᠭᠡ᠂ ᠰᠢᠯᠭ᠋ᠠᠨ ᠪᠠᠶ᠋ᠢᠴᠠᠭ᠋ᠠᠬᠤ ᠰᠢᠯᠭ᠋ᠠᠨ ᠬᠡᠮᠵᠢᠬᠦ ᠭᠡᠷᠡᠴᠢᠯᠡᠨ ᠨᠤᠳᠠᠯᠠᠬᠤ ᠵᠡᠷᠭᠡ ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡᠨ᠎ᠤ ᠦᠢ᠍ᠯᠡᠰ᠎ᠢ ᠬᠦᠭᠵᠢᠭᠦᠯᠦᠨ᠎ᠠ᠃ ᠡᠯᠧᠺᠳ᠋ᠷᠣᠨ ᠬᠤᠳᠠᠯᠳᠤᠭ᠎ᠠ ᠰᠦᠯᠵᠢᠶ᠎ᠡ᠎ᠪᠠᠷ ᠬᠤᠳᠠᠯᠳᠤᠨ ᠠᠪᠬᠤ᠂ ᠰᠦᠯᠵᠢᠶᠡᠨ ᠳᠡᠭᠡᠷᠡᠬᠢ ᠦᠢ᠍ᠯᠡᠴᠢᠯᠡᠭᠡ ᠵᠡᠷᠭᠡ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠨᠢ ᠬᠢᠵᠢᠭ᠎ᠢ ᠡᠰᠡᠷᠭᠦᠴᠡᠬᠦ ᠳᠤᠮᠳᠠ ᠴᠢᠬᠤᠯᠠ ᠦᠢ᠍ᠯᠡᠳᠦᠯ ᠦᠵᠡᠭᠦᠯᠦᠭᠰᠡᠨ ᠪᠠᠶ᠋ᠢᠨ᠎ᠠ᠂ ᠲᠡᠳᠡᠭᠡᠷ᠎ᠢ ᠳᠡᠮᠵᠢᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠨᠡᠶ᠋ᠢᠲᠡᠯᠡᠵᠦ᠂ 《ᠢᠨᠲ᠋ᠧᠷ ᠰᠦᠯᠵᠢᠶ᠎ᠡ +》 ᠵᠢ ᠪᠥᠬᠦ ᠲᠠᠯ᠎ᠠ᠎ᠪᠠᠷ ᠠᠬᠢᠭᠤᠯᠵᠤ᠂ ᠳ᠋ᠢᠵᠢᠲᠠᠯ᠎ᠠ ᠠᠵᠤ ᠠᠬᠤᠶ ᠵᠢᠨ ᠰᠢᠨ᠎ᠡ ᠳᠠᠪᠠᠭᠤᠯᠢᠭ᠎ᠢ ᠪᠣᠶ ᠪᠣᠯᠭ᠋ᠠᠬᠤ ᠬᠡᠷᠡᠭᠲᠡᠶ᠃
      ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠲᠤᠯᠭ᠋ᠠᠭᠤᠷᠢᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠰᠠᠭᠤᠷᠢ ᠰᠤᠳᠤᠯᠭ᠋ᠠᠨ ᠪᠠ ᠬᠡᠷᠡᠭᠯᠡᠭᠡᠨ᠎ᠤ ᠰᠠᠭᠤᠷᠢ ᠰᠤᠳᠤᠯᠭ᠋ᠠᠨ᠎ᠢ ᠲᠣᠭᠲᠠᠭᠤᠨ ᠵᠶ᠋ᠠᠷ ᠳᠡᠮᠵᠢᠵᠦ᠂ ᠠᠵᠤ ᠠᠬᠤᠶ᠋ᠢᠯᠠᠯ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠰᠤᠳᠤᠯᠤᠨ ᠨᠡᠭᠡᠭᠡᠬᠦ ᠣᠷᠣᠭᠤᠯᠤᠯᠲᠠ ᠵᠢ᠎ᠨᠢ ᠨᠡᠮᠡᠭᠳᠡᠭᠦᠯᠵᠤ᠂ ᠦᠢ᠍ᠯᠡᠳᠪᠦᠷᠢᠯᠡᠯ᠂ ᠵᠢᠭ᠋ᠠᠨ ᠰᠤᠷᠭ᠋ᠠᠯᠲᠠ᠂ ᠰᠤᠳᠤᠯᠭ᠋ᠠᠨ ᠠᠭᠤᠰᠤᠯᠴᠠᠨ ᠰᠢᠨ᠎ᠠ ᠵᠢ ᠡᠭᠦᠳᠬᠦ ᠵᠢ ᠠᠬᠢᠭᠤᠯᠤᠨ᠎ᠠ᠃ ᠤᠯᠤᠰ᠎ᠤᠨ ᠲᠤᠷᠰᠢᠯᠲᠠ ᠵᠢᠨ ᠲᠠᠰᠤᠭ᠎ᠢ ᠲᠦᠷᠭᠡᠯᠡᠨ ᠪᠠᠶ᠋ᠢᠭᠤᠯᠵᠤ᠂ ᠤᠯᠤᠰ᠎ᠤᠨ ᠭᠤᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠰᠢᠰᠲ᠋ᠧᠮ᠎ᠢ ᠲᠠᠬᠢᠨ ᠪᠠᠶ᠋ᠢᠭᠤᠯᠵᠤ᠂ ᠨᠡᠶ᠋ᠢᠬᠡᠮ᠎ᠤᠨ ᠰᠤᠳᠤᠯᠤᠨ ᠨᠡᠭᠡᠭᠡᠬᠦ ᠪᠠᠶ᠋ᠢᠭᠤᠯᠤᠮᠵᠢ ᠵᠢ ᠬᠥᠭᠵᠢᠭᠦᠯᠵᠤ᠂ ᠵᠠᠩᠭᠢᠯᠠᠭ᠎ᠠ ᠵᠢᠨ ᠭᠤᠤᠯᠯᠠᠭᠴᠢ ᠮᠡᠷᠭᠡᠵᠢᠯ᠎ᠤᠨ ᠪᠤᠭᠤᠮᠲᠠ ᠰᠢᠪᠲᠤᠯᠬᠤ ᠵᠢ ᠴᠢᠩᠭ᠋ᠠᠳᠬᠠᠨ᠎ᠠ᠃ ᠠᠷᠠᠳ᠎ᠤᠨ ᠠᠮᠢᠳᠤᠷᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠬᠦᠭᠵᠢᠭᠦᠯᠦᠨ᠎ᠠ᠃ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠦᠨ᠎ᠡ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠠ ᠪᠦᠲᠦᠭᠡᠯ᠎ᠢ ᠬᠤᠪᠢᠷᠠᠭᠤᠯᠬᠤ ᠲᠤᠭᠲᠠᠴᠠ᠎ᠳᠤ ᠦᠭᠡᠷᠡᠴᠢᠯᠡᠯᠲᠡ ᠬᠢᠵᠤ᠂ ᠰᠢᠨ᠎ᠠ ᠵᠢ ᠡᠭᠦᠳᠬᠦ ᠬᠡᠯᠬᠢᠶ᠎ᠠ ᠵᠢ ᠰᠢᠯᠤᠭᠤᠳᠬᠠᠵᠤ᠂ ᠰᠢᠨ᠎ᠠ ᠵᠢ ᠡᠭᠦᠳᠬᠦ ᠵᠢ ᠵᠤᠷᠢᠭᠵᠢᠭᠤᠯᠵᠤ᠂ ᠢᠯᠠᠭᠳᠠᠯ᠎ᠢ ᠠᠭᠤᠴᠢᠯᠠᠬᠤ ᠰᠢᠨᠵᠢᠯᠡᠬᠦ ᠤᠬᠠᠭ᠋ᠠᠨ᠎ᠢ ᠰᠤᠳᠤᠯᠭ᠋ᠠᠨ᠎ᠤ ᠤᠷᠴᠢᠨ ᠨᠦᠬᠦᠴᠡᠯ᠎ᠢ ᠡᠭᠦᠳᠦᠨ᠎ᠠ᠃ ᠭᠤᠣᠯᠳᠠᠯᠭ᠎ᠠ᠎ᠲᠠᠢ ᠲᠦᠰᠦᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ᠎ᠳᠤ 《ᠲᠤᠩᠬᠠᠭ ᠨᠡᠶ᠋ᠢᠲᠡᠯᠡᠨ ᠮᠠᠩᠯᠠᠶ᠋ᠢᠯᠠᠭᠴᠢ ᠡᠯᠰᠡᠬᠦ》 ᠵᠢ ᠬᠡᠷᠡᠭᠵᠢᠭᠦᠯᠵᠦ᠂ ᠬᠡᠨ ᠬᠢᠵᠦ ᠳᠡᠶ᠋ᠢᠯᠪᠡᠯ ᠲᠡᠭᠦᠨ ᠵᠶ᠋ᠠᠷ ᠬᠢᠯᠭᠡᠨ᠎ᠡ᠃
      ᠪᠦᠬᠦᠳᠡ ᠤᠯᠠᠨ ᠵᠶ᠋ᠠᠷ ᠵᠶ᠋ᠠᠨ ᠠᠳᠠᠯ ᠦᠢ᠍ᠯᠡᠰ ᠴᠤᠭᠴᠠᠯᠠᠵᠤ ᠲᠦᠮᠡᠨ ᠤᠯᠠᠨ ᠵᠶ᠋ᠠᠷ ᠵᠶ᠋ᠠᠨ ᠰᠢᠨ᠎ᠡ ᠵᠢ ᠡᠬᠦᠳᠬᠦ ᠵᠢ ᠬᠦᠨᠵᠡᠭᠡᠢ ᠠᠬᠢᠭᠤᠯᠤᠨ᠎ᠠ᠃ ᠠᠳᠠᠯ ᠦᠢ᠍ᠯᠡᠰ ᠴᠣᠭᠴᠠᠯᠠᠬᠤ ᠪᠡᠯᠡ ᠣᠷᠣᠭᠤᠯᠤᠯᠲᠠ ᠪᠤᠯᠤᠨ ᠬᠤᠪᠢᠴᠠᠭ᠋ᠠᠨ᠎ᠤ ᠡᠷᠭᠡ ᠵᠢᠨ ᠪᠡᠯᠡ ᠤᠷᠤᠭᠤᠯᠤᠯᠲᠠ ᠵᠢ ᠬᠥᠭᠵᠢᠭᠦᠯᠵᠦ᠂ ᠠᠳᠠᠯ ᠦᠢ᠍ᠯᠡᠰ ᠴᠣᠭᠴᠠᠯᠠᠬᠤ ᠲᠠᠭ᠋ᠠᠭ᠋ᠠᠯᠲᠠᠲᠤ ᠵᠢᠭᠡᠯᠡᠯᠭᠡ ᠵᠢ ᠨᠡᠮᠡᠭᠳᠡᠭᠦᠯᠦᠨ᠎ᠡ᠃ ᠰᠢᠨ᠎ᠡ ᠨᠢᠭᠡ ᠡᠭᠡᠯᠵᠢ ᠵᠢᠨ ᠪᠦᠬᠦ ᠲᠠᠯ᠎ᠠ᠎ᠪᠠᠷ ᠰᠢᠨ᠎ᠡ ᠵᠢ ᠡᠭᠦᠳᠬᠦ ᠥᠭᠡᠷᠡᠴᠢᠯᠡᠯᠲᠡ ᠵᠢᠨ ᠲᠤᠷᠰᠢᠯᠲᠠ ᠵᠢ ᠭᠦᠨᠵᠡᠭᠡᠶ᠋ᠢᠷᠡᠭᠦᠯᠵᠦ᠂ ᠠᠳᠠᠯ ᠦᠢ᠍ᠯᠡᠰ ᠴᠤᠭᠴᠠᠯᠠᠬᠤ ᠪᠠ ᠰᠢᠨ᠎ᠠ ᠵᠢ ᠡᠬᠦᠳᠬᠦ ᠨᠢᠭᠡ ᠪᠦᠯᠦᠭ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠰᠢᠨ᠎ᠡ᠎ᠪᠠᠷ ᠪᠠᠶ᠋ᠢᠭᠤᠯᠵᠤ᠂ ᠪᠠᠭᠲᠠᠭ᠋ᠠᠮᠵᠢᠲᠠᠢ ᠪᠦᠭᠡᠳ ᠪᠤᠯᠭᠤᠮᠵᠢᠲᠠᠢ ᠬᠢᠨᠠᠯᠲᠠ ᠬᠠᠮᠢᠶᠠᠷᠤᠯᠲᠠ ᠵᠢ ᠪᠠᠷᠢᠮᠲᠠᠯᠠᠵᠤ᠂ ᠲᠡᠪᠴᠡᠩ᠎ᠤᠨ ᠠᠵᠤ ᠠᠬᠤᠢ᠂ ᠬᠠᠮᠳᠤ᠎ᠪᠠᠷ ᠡᠳ᠋ᠯᠡᠬᠦ ᠠᠵᠤ ᠠᠬᠤᠢ ᠵᠢ ᠬᠥᠭᠵᠢᠬᠦᠯᠤᠨ᠂ ᠨᠡᠶ᠋ᠢᠭᠡᠮ᠎ᠤᠨ ᠪᠦᠲᠦᠭᠡᠯᠴᠢ ᠬᠦᠴᠦᠨ᠎ᠢ ᠨᠡᠩ ᠶᠡᠭᠡ᠎ᠪᠠᠷ ᠬᠥᠭᠵᠢᠭᠡᠨ᠎ᠡ᠃
      ᠲᠠᠪᠤ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠵᠦ᠂ ᠠᠵᠤ ᠠᠬᠤᠶ ᠵᠢᠨ ᠬᠥᠭᠵᠢᠯᠲᠡ ᠵᠢᠨ ᠠᠷᠭ᠎ᠠ ᠮᠠᠶᠢᠭ᠎ᠢ ᠲᠦᠷᠭᠡᠯᠡᠨ ᠬᠤᠪᠢᠷᠠᠭᠤᠯᠬᠤ ᠵᠢ ᠠᠬᠢᠭᠤᠯᠤᠨ᠎ᠠ
      ᠮᠠᠨ᠎ᠤ ᠤᠯᠤᠰ᠎ᠤᠨ ᠳᠣᠲᠣᠭ᠋ᠠᠳᠤ ᠬᠡᠷᠡᠭᠴᠡᠭᠡ ᠵᠢᠨ ᠳᠠᠯᠳᠠ ᠬᠦᠴᠦᠨ ᠶᠡᠭᠡ ᠪᠣᠯᠬᠤᠷ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠷᠠᠳ᠎ᠤᠨ ᠠᠮᠢᠳᠤᠷᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠳᠣᠪᠤᠶ᠋ᠢᠯᠭ᠋ᠠᠨ᠂ ᠬᠡᠷᠡᠭᠯᠡᠭᠡ ᠵᠢ ᠨᠡᠮᠡᠭᠳᠡᠭᠦᠯᠦᠨ ᠬᠥᠭᠵᠢᠭᠡᠬᠦ ᠪᠠ ᠪᠡᠯᠡ ᠣᠷᠣᠭᠤᠯᠤᠯᠲᠠ ᠵᠢ ᠥᠷᠭᠡᠳᠬᠡᠬᠦ ᠵᠢ ᠪᠦᠲᠦᠮᠵᠢᠲᠡᠶ ᠤᠶᠠᠯᠳᠤᠭᠤᠯᠵᠤ᠂ ᠬᠠᠷᠢᠯᠴᠠᠨ ᠠᠬᠢᠭᠤᠯᠤᠨ᠎ᠠ᠃
      ᠬᠡᠷᠡᠭᠯᠡᠭᠡ ᠵᠢᠨ ᠳᠠᠬᠢᠨ ᠳᠡᠭᠡᠭᠰᠢᠯᠡᠬᠦ ᠵᠢ ᠠᠬᠢᠭᠤᠯᠤᠨ᠎ᠠ᠃ ᠠᠵᠢᠯ ᠣᠯᠭᠤᠯᠲᠠ ᠵᠢ ᠳᠤᠭᠳᠠᠪᠤᠷᠢᠵᠢᠭᠤᠯᠬᠤ᠂ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ᠂ ᠠᠷᠠᠳ᠎ᠤᠨ ᠠᠮᠢᠳᠤᠷᠠᠯ᠎ᠢ ᠪᠠᠳᠤᠯᠠᠬᠤ᠎ᠪᠠᠷ ᠳᠠᠮᠵᠢᠭᠤᠯᠤᠨ᠂ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠬᠦᠰᠡᠯ ᠪᠠ ᠴᠢᠳᠠᠪᠤᠷᠢ ᠵᠢ ᠳᠡᠭᠡᠭᠰᠢᠯᠡᠭᠦᠯᠦᠨ᠎ᠡ᠃ ᠢᠳᠡᠭᠡᠨ ᠤᠮᠳᠠᠭ᠋ᠠᠨ᠂ ᠳᠡᠯᠭᠡᠭᠦᠷ ᠬᠤᠳᠠᠯᠳᠤᠭ᠎ᠠ᠂ ᠰᠣᠶᠣᠯ᠂ ᠵᠢᠭᠤᠯᠴᠢᠯᠠᠯ᠂ ᠬᠡᠷ ᠠᠬᠤᠢ ᠵᠢᠨ ᠦᠢ᠍ᠯᠡᠴᠢᠯᠡᠭᠡ ᠵᠡᠷᠭᠡ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠰᠡᠷᠭᠦᠨ ᠬᠥᠭᠵᠢᠬᠦ ᠵᠢ ᠳᠡᠮᠵᠢᠵᠦ᠂ ᠰᠦᠯᠵᠢᠶᠡᠨ ᠲᠡᠭᠡᠷᠡᠬᠢ ᠪᠠ ᠰᠦᠯᠵᠢᠶᠡᠨ ᠭᠠᠳᠠᠨᠠᠬᠢ ᠵᠢᠨ ᠠᠭᠤᠰᠤᠯᠴᠠᠯ᠎ᠢ ᠠᠬᠢᠭᠤᠯᠤᠨ᠎ᠠ᠃ ᠮᠠᠰᠢᠨ ᠲᠡᠷᠭᠡᠨ᠎ᠤ ᠬᠡᠷᠡᠭᠯᠡᠭᠡ ᠵᠢ ᠠᠬᠢᠭᠤᠯᠵᠤ᠂ ᠲᠡᠷᠭᠡ ᠵᠤᠭᠰᠤᠭ᠋ᠠᠬᠤ᠎ᠳᠤ ᠬᠦᠴᠢᠷ ᠠᠰᠠᠭᠤᠳᠠᠯ᠎ᠢ ᠶᠡᠭᠡ ᠬᠦᠴᠦᠨ ᠵᠶ᠋ᠠᠷ ᠰᠢᠢ᠍ᠳᠪᠦᠷᠢᠯᠡᠨ᠎ᠠ᠃ ᠨᠠᠰᠤᠵᠢᠯ᠎ᠤᠨ ᠠᠰᠠᠷᠠᠮᠵᠢ᠂ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡ ᠵᠢ ᠬᠥᠭᠵᠢᠭᠦᠯᠦᠨ᠎ᠡ᠃ ᠲᠤᠮᠤ ᠡᠷᠡᠭᠦᠯ ᠮᠡᠨᠳᠤ ᠵᠢᠨ ᠠᠵᠤ ᠦᠢ᠍ᠯᠡᠰ᠎ᠢ ᠬᠦᠭᠵᠢᠬᠦᠯᠦᠨ᠎ᠠ᠃ ᠶᠠᠪᠠᠭ᠋ᠠᠨ ᠵᠡᠭᠡᠯᠢ ᠵᠢ ᠥᠭᠡᠷᠡᠴᠢᠯᠡᠨ ᠰᠠᠶ᠋ᠢᠵᠢᠷᠠᠭᠤᠯᠤᠨ᠎ᠠ᠃ ᠡᠯᠧᠺᠳ᠋ᠷᠣᠨ ᠬᠤᠳᠠᠯᠳᠤᠭ᠎ᠠ᠂ ᠲᠦᠷᠭᠡᠨ ᠬᠦᠷᠭᠡᠯᠲᠡ ᠵᠢ ᠬᠥᠳᠡᠭᠡ ᠲᠣᠰᠬᠤᠨ᠎ᠳᠤ ᠣᠷᠣᠭᠤᠯᠬᠤ ᠵᠢ ᠳᠡᠮᠵᠢᠵᠦ᠂ ᠬᠥᠳᠡᠭᠡ ᠲᠣᠰᠬᠤᠨ᠎ᠤ ᠬᠡᠷᠡᠭᠯᠡᠭᠡ ᠵᠢ ᠥᠷᠭᠡᠳᠬᠡᠨ᠎ᠡ᠃ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠬᠡᠷᠡᠭᠯᠡᠭᠡ ᠵᠢ ᠥᠷᠭᠡᠳᠬᠡᠵᠦ᠂ ᠤᠯᠠᠨ ᠲᠦᠮᠡᠨ᠎ᠤ ᠤᠯᠠᠨ ᠡᠰᠢᠴᠢᠯᠡᠭᠰᠡᠨ ᠬᠡᠷᠡᠭᠴᠡᠭᠡ᠎ᠳᠤ ᠵᠣᠬᠢᠴᠠᠭᠤᠯᠬᠤ ᠬᠡᠷᠡᠭᠲᠡᠶ᠃
      ᠪᠦᠲᠦᠮᠵᠢᠲᠡᠶ ᠪᠡᠯᠡ ᠣᠷᠣᠭᠤᠯᠤᠯᠲᠠ ᠵᠢ ᠥᠷᠭᠡᠳᠬᠡᠨ᠎ᠡ᠃ ᠡᠨᠡ ᠵᠢᠯ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢ 3.75 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠬᠤ᠎ᠪᠠᠷ ᠲᠦᠯᠦᠪᠯᠡᠵᠦ᠂ ᠨᠢᠳᠤᠨᠤᠨ᠎ᠤ᠎ᠬᠢ᠎ᠠᠴᠠ 1.6 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠦᠨ᠂ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢᠨ ᠲᠦᠰᠦᠯ᠎ᠤᠨ ᠬᠥᠷᠥᠩᠭᠡ ᠮᠥᠩᠭᠦ᠎ᠪᠠᠷ ᠭᠡᠷᠡᠭᠯᠡᠵᠦ ᠪᠤᠯᠬᠤ ᠬᠠᠷᠢᠴᠠᠯ᠎ᠢ ᠳᠡᠭᠡᠭᠰᠢᠯᠡᠭᠦᠯᠵᠦ᠂ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢ 6000 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠃ ᠬᠡᠷᠡᠭᠯᠡᠭᠡ ᠵᠢ ᠠᠬᠢᠭᠤᠯᠵᠤ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠮᠥᠷᠲᠡᠭᠡᠨ ᠪᠦᠲᠦᠴᠡ᠎ᠳᠤ ᠲᠣᠬᠢᠷᠠᠭᠤᠯᠤᠯᠲᠠ ᠬᠢᠵᠦ ᠰᠡᠯᠭᠦᠬᠦ ᠬᠦᠴᠦᠨ᠎ᠢ ᠨᠡᠮᠡᠭᠳᠡᠭᠦᠯᠬᠦ 《ᠬᠤᠶᠠᠷ ᠰᠢᠨ᠎ᠡ ᠨᠢᠭᠡ ᠴᠢᠬᠤᠯᠠ》 ᠪᠦᠲᠦᠭᠡᠨ ᠪᠠᠶ᠋ᠢᠭᠤᠯᠤᠯᠲᠠ ᠵᠢ ᠭᠤᠣᠯᠳᠠᠯᠭ᠎ᠠ᠎ᠲᠠᠢ ᠳᠠᠮᠵᠢᠨ᠎ᠠ᠂ ᠡᠭᠦᠨ᠎ᠳᠤ ᠭᠤᠤᠯᠳᠠᠭᠤ᠄ ᠰᠢᠨ᠎ᠡ ᠬᠡᠯᠪᠡᠷᠢ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠰᠦᠯᠵᠢᠶ᠎ᠡ ᠵᠢ ᠬᠥᠭᠵᠢᠭᠦᠯᠵᠦ᠂ 5G ᠵᠢᠨ ᠬᠡᠷᠡᠭᠯᠡᠯᠲᠡ ᠵᠢ ᠥᠷᠭᠡᠳᠬᠡᠨ᠎ᠠ᠃ ᠳ᠋ᠡᠶ᠋ᠢᠲ᠋ᠠ ᠵᠢᠨ ᠲᠦᠪ᠎ᠢ ᠪᠦᠲᠦᠭᠡᠨ ᠪᠠᠶ᠋ᠢᠭᠤᠯᠵᠤ᠂ ᠴᠠᠬᠢᠯᠭ᠋ᠠᠨ ᠴᠡᠨᠡᠭᠯᠡᠬᠦ ᠱᠤᠩ ᠵᠡᠷᠭᠡ ᠲᠦᠬᠦᠭᠡᠷᠦᠮᠵᠢ ᠵᠢ ᠨᠡᠮᠡᠭᠳᠡᠭᠦᠯᠵᠤ᠂ ᠰᠢᠨ᠎ᠡ ᠡᠨᠧᠷᠭᠢ ᠵᠢᠨ ᠰᠣᠷᠪᠣᠯᠵᠢ ᠭᠡᠷᠡᠭᠯᠡᠭᠦ ᠮᠠᠰᠢᠨ ᠲᠡᠷᠭᠡ ᠵᠢ ᠳᠡᠯᠭᠡᠷᠡᠭᠦᠯᠦᠨ᠂ ᠰᠢᠨ᠎ᠡ ᠬᠡᠷᠡᠭᠯᠡᠭᠡᠨ᠎ᠤ ᠬᠡᠷᠡᠭᠴᠡᠭᠡ ᠵᠢ ᠬᠥᠭᠵᠢᠭᠡᠵᠦ᠂ ᠠᠵᠤ ᠦᠢ᠍ᠯᠡᠰ᠎ᠤᠨ ᠲᠠᠰ ᠳᠡᠪᠰᠢᠬᠦ᠎ᠳᠤ ᠬᠦᠴᠦᠨ ᠨᠡᠮᠡᠷᠢᠯᠡᠨ᠎ᠡ᠃ ᠰᠢᠨ᠎ᠡ ᠬᠡᠯᠪᠡᠷᠢ ᠵᠢᠨ ᠬᠤᠳᠠ ᠪᠠᠯᠭ᠋ᠠᠰᠤᠵᠢᠯᠳᠠ ᠵᠢᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠢᠶᠠᠨ᠎ᠤ ᠬᠤᠲᠠ ᠵᠢᠨ ᠤᠯᠠᠨ ᠨᠡᠶ᠋ᠢᠲᠡ ᠵᠢᠨ ᠲᠥᠬᠦᠭᠡᠷᠦᠮᠵᠢ ᠪᠠ ᠦᠢ᠍ᠯᠡᠴᠢᠯᠡᠭᠡᠨ᠎ᠤ ᠴᠢᠳᠠᠪᠤᠷᠢ ᠵᠢ ᠶᠡᠭᠡ᠎ᠪᠠᠷ ᠳᠡᠭᠡᠭᠰᠢᠯᠡᠭᠦᠯᠵᠦ ᠪᠠᠶ᠋ᠢᠭ᠋ᠠᠳ᠂ ᠲᠠᠷᠢᠶᠠᠴᠢᠳ᠎ᠤᠨ ᠰᠢᠶᠠᠨ᠎ᠤ ᠬᠤᠲᠠ᠎ᠳᠤ ᠣᠴᠢᠵᠤ ᠠᠵᠢᠯ ᠣᠯᠵᠤ ᠠᠶ᠋ᠢᠯ ᠡᠷᠦᠬᠡ ᠪᠤᠰᠬᠠᠬᠤ ᠲᠠᠯ᠎ᠠ᠎ᠪᠠᠷ᠎ᠬᠢ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠬᠡᠷᠡᠭᠴᠡᠭᠡ᠎ᠳᠤ ᠵᠣᠬᠢᠴᠠᠭᠤᠯᠤᠨ᠎ᠠ᠃ 3.9 ᠲᠦᠮᠡᠨ ᠬᠠᠭᠤᠴᠢᠨ ᠰᠠᠭᠤᠭ᠋ᠠᠯᠢ ᠲᠣᠭᠤᠷᠢᠭ᠎ᠢ ᠦᠭᠡᠷᠡᠴᠢᠯᠡᠨ ᠵᠠᠰᠠᠬᠤ ᠠᠵᠢᠯ᠎ᠢ ᠰᠢᠨ᠎ᠡ᠎ᠪᠠᠷ ᠡᠬᠢᠯᠡᠭᠦᠯᠵᠦ᠂ ᠬᠤᠭᠤᠯᠠᠢ ᠭᠤᠤᠷᠰᠤ ᠵᠢᠨ ᠲᠤᠤᠷ᠎ᠢ ᠦᠭᠡᠷᠡᠴᠢᠯᠡᠨ ᠪᠠᠶ᠋ᠢᠭᠤᠯᠬᠤ᠂ ᠴᠠᠬᠢᠯᠭ᠋ᠠᠨ ᠱᠠᠳᠤ ᠨᠡᠮᠡᠵᠦ ᠤᠭᠰᠠᠷᠠᠬᠤ ᠵᠡᠷᠭᠡ ᠵᠢ ᠳᠡᠮᠵᠢᠵᠤ᠂ ᠭᠡᠷ᠎ᠲᠡᠭᠡᠨ ᠨᠠᠰᠤᠲᠠᠨ᠎ᠢ ᠠᠰᠠᠷᠠᠬᠤ᠂ ᠬᠤᠭᠤᠯᠠᠯᠠᠬᠤ᠂ ᠴᠠᠪᠡᠷᠯᠡᠵᠦ ᠠᠷᠢᠯᠭ᠋ᠠᠬᠤ ᠵᠡᠷᠬᠡ ᠤᠯᠠᠨ ᠶᠠᠩᠵᠤ ᠵᠢᠨ ᠨᠡᠶ᠋ᠢᠬᠡᠮ ᠳᠤᠭᠤᠷᠢᠭ᠎ᠤᠨ ᠦᠢ᠍ᠯᠡᠴᠢᠯᠡᠭᠡ ᠵᠢ ᠬᠦᠭᠵᠢᠬᠦᠯᠦᠨ᠎ᠡ᠃ ᠵᠠᠮ ᠬᠠᠷᠢᠯᠴᠠᠭ᠎ᠠ᠂ ᠤᠰᠤᠨ ᠠᠰᠢᠬᠯᠠᠯᠲᠠ ᠵᠡᠷᠭᠡ ᠴᠢᠬᠤᠯᠠ ᠶᠡᠭᠡ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠤᠯᠤᠰ᠎ᠤᠨ ᠲᠡᠮᠦᠷ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠬᠥᠷᠥᠩᠭᠡ ᠮᠥᠩᠭᠦ ᠵᠢ 1000 ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ᠃ ᠵᠠᠬ᠎ᠠ ᠳᠡᠯᠭᠡᠭᠦᠷᠴᠢᠯᠡᠭᠰᠡᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠲᠣᠭᠲᠠᠴᠠ ᠵᠢ ᠪᠦᠷᠢᠨᠰᠢᠭᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠡᠷᠬᠡ ᠲᠡᠭᠰᠢ᠎ᠪᠠᠷ ᠣᠷᠣᠯᠴᠠᠬᠤ ᠵᠢ ᠲᠡᠮᠵᠢᠨ᠎ᠠ᠃ ᠲᠦᠰᠦᠯ᠎ᠤᠨ ᠰᠢᠯᠢᠳᠡᠭ᠎ᠢ᠎ᠨᠢ ᠰᠣᠩᠭᠤᠨ᠂ ᠠᠷᠬᠠᠭ ᠭᠡᠮ ᠦᠯᠡᠳᠡᠭᠡᠬᠦ ᠥᠬᠡᠶ ᠪᠠᠶ᠋ᠢᠵᠤ᠂ ᠪᠠᠯᠠ ᠣᠷᠣᠭᠤᠯᠤᠯᠲᠠ ᠵᠢᠨ ᠦᠷ᠎ᠡ ᠠᠰᠢᠭ᠎ᠢ ᠲᠠᠰᠤᠷᠠᠯᠲᠠ ᠦᠭᠡᠢ ᠪᠠᠳᠠᠷᠠᠭᠤᠯᠤᠨ᠎ᠠ᠃
      ᠰᠢᠨ᠎ᠡ ᠬᠡᠯᠪᠡᠷᠢ ᠵᠢᠨ ᠬᠤᠲᠠ ᠪᠠᠯᠭ᠋ᠠᠰᠤᠵᠢᠯᠲᠠ ᠵᠢ ᠭᠦᠨᠵᠡᠭᠡᠢ ᠠᠬᠢᠭᠤᠯᠤᠨ᠎ᠠ᠃ ᠲᠥᠪ ᠬᠤᠲᠠ ᠪᠠ ᠬᠤᠳᠠ ᠵᠢᠨ ᠪᠥᠬᠡᠬᠡᠨᠡᠷᠡᠯ᠎ᠤᠨ ᠶᠡᠷᠦᠩᠬᠡᠶ᠋ᠢᠯᠡᠨ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠵᠤ᠂ ᠠᠵᠤ ᠦᠢ᠍ᠯᠡᠰ᠎ᠢ ᠪᠤᠶ᠋ᠢᠵᠢᠭᠤᠯᠤᠨ᠂ ᠠᠵᠢᠯ ᠣᠯᠭᠤᠯᠲᠠ ᠵᠢ ᠨᠡᠮᠡᠭᠳᠡᠭᠦᠯᠦᠨ᠎ᠡ᠃ ᠭᠡᠷ ᠪᠠᠶ᠋ᠢᠰᠢᠩ᠎ᠢ ᠪᠤᠯ ᠰᠠᠭᠤᠬᠤ ᠵᠢᠨ ᠲᠦᠯᠦᠭᠡ ᠪᠠᠷᠢᠭᠰᠠᠨ᠎ᠠᠴᠠ ᠪᠢᠰᠢ ᠰᠠᠷᠢᠭ᠋ᠠᠯᠠᠬᠤ ᠵᠢᠨ ᠲᠦᠯᠦᠭᠡ ᠪᠠᠷᠢᠭᠰᠠᠨ ᠪᠢᠰᠢ ᠭᠡᠬᠦ ᠪᠠᠶ᠋ᠢᠷᠢ ᠲᠣᠭᠲᠠᠭ᠋ᠠᠯᠲᠠ ᠵᠢ ᠪᠠᠷᠢᠮᠲᠠᠯᠠᠵᠤ᠂ ᠬᠤᠲᠠ ᠵᠢᠨ ᠪᠠᠶ᠋ᠢᠳᠠᠯ᠎ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠬᠥᠭᠵᠢᠯᠳᠡ ᠵᠢ ᠠᠬᠢᠭᠤᠯᠤᠨ᠎ᠠ᠃ ᠠᠷᠠᠳ᠎ᠲᠤ ᠳᠦᠬᠦᠮ ᠦᠵᠡᠭᠦᠯᠬᠦ᠂ ᠰᠠᠭ᠋ᠠᠳ ᠦᠭᠡᠢ ᠲᠥᠬᠦᠭᠡᠷᠦᠮᠵᠢ ᠵᠢ ᠲᠡᠭᠦᠯᠳᠡᠷᠵᠢᠭᠦᠯᠵᠦ᠂ ᠬᠤᠳᠠ ᠵᠢ ᠠᠵᠢᠯᠯᠠᠬᠤ ᠪᠠ ᠣᠷᠣᠰᠢᠨ ᠰᠠᠭᠤᠬᠤ᠎ᠳᠤ ᠨᠡᠩ ᠲᠣᠬᠢᠷᠠᠮᠵᠢᠲᠠᠢ ᠪᠣᠯᠭ᠋ᠠᠨ᠎ᠠ᠃
      ᠣᠷᠣᠨ ᠪᠦᠰᠡ ᠵᠢᠨ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢ ᠲᠦᠷᠭᠡᠯᠡᠨ ᠨᠠᠶ᠋ᠢᠳᠠᠪᠤᠷᠢᠵᠢᠭᠤᠯᠤᠨ᠎ᠠ᠃ ᠪᠠᠷᠠᠭᠤᠨ ᠬᠡᠰᠡᠭ᠎ᠤᠨ ᠭᠠᠵᠠᠷ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ᠂ ᠵᠡᠬᠦᠨ ᠬᠤᠶ᠋ᠢᠳᠥ ᠣᠷᠣᠨ᠎ᠢ ᠪᠥᠬᠦ ᠲᠠᠯ᠎ᠠ᠎ᠪᠠᠷ ᠬᠥᠭᠵᠢᠬᠦᠯᠦᠨ ᠮᠠᠨᠳᠣᠭᠤᠯᠬᠤ᠂ ᠲᠣᠮᠳᠠ ᠬᠡᠰᠡᠭ᠎ᠤᠨ ᠭᠠᠵᠠᠷ ᠣᠷᠣᠨ᠎ᠢ ᠮᠠᠨᠳᠣᠭᠤᠯᠤᠨ ᠬᠥᠭᠵᠢᠬᠦᠯᠬᠦ᠂ ᠵᠡᠬᠦᠨ ᠬᠡᠰᠡᠭ᠎ᠤᠨ ᠭᠠᠵᠠᠷ ᠣᠷᠣᠨ᠎ᠢ ᠣᠷᠢᠳ ᠵᠶ᠋ᠠᠷ ᠬᠥᠭᠵᠢᠬᠦᠯᠬᠦ ᠵᠢ ᠦᠷᠭᠦᠯᠵᠢᠯᠡᠨ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠸᠢ ᠵᠢᠨ ᠬᠠᠮᠵᠢᠯᠴᠠᠭᠰᠠᠨ ᠬᠥᠭᠵᠢᠯᠲᠡ᠂ ᠭᠤᠸᠠᠩᠳᠦ᠋ᠩ ᠰᠢᠶᠠᠩᠭ᠋ᠠᠩ ᠣᠣᠮᠧᠨ᠎ᠤ ᠳᠤᠮᠤ ᠪᠤᠯᠤᠩ᠎ᠤᠨ ᠣᠷᠣᠨ᠎ᠤ ᠪᠦᠳᠦᠭᠡᠨ ᠪᠠᠶ᠋ᠢᠭᠤᠯᠤᠯᠲᠠ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠤᠭᠴᠠᠵᠢᠭᠰᠠᠨ ᠬᠥᠭᠵᠢᠯᠲᠡ ᠵᠢ ᠭᠦᠨᠵᠡᠭᠡᠶ ᠠᠬᠢᠭᠤᠯᠤᠨ᠎ᠠ᠃ ᠬᠥᠬᠡᠮᠥ᠋ᠷᠡᠨ᠎ᠤ ᠠᠵᠤ ᠠᠬᠤᠶ ᠵᠢᠨ ᠪᠦᠰᠡ ᠵᠢᠨ ᠶᠡᠭᠡ ᠬᠠᠮᠠᠭ᠋ᠠᠯᠠᠯᠲᠠ ᠵᠢ ᠬᠠᠮᠲᠤ᠎ᠪᠠᠷ ᠠᠳᠬᠤᠬᠤ ᠵᠢ ᠠᠬᠢᠭᠤᠯᠤᠨ᠎ᠠ᠃ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠲᠥᠯᠥᠪᠵᠢᠭᠦᠯᠭᠡ ᠵᠢᠨ ᠲᠣᠪᠴᠢ ᠵᠢ ᠨᠠᠶ᠋ᠢᠷᠠᠭᠤᠯᠤᠨ ᠵᠣᠬᠢᠶᠠᠨ᠎ᠠ᠃ ᠴᠧᠩᠳᠦ᠋ ᠴᠦᠩᠴᠢᠩ ᠣᠷᠣᠨ᠎ᠤ ᠬᠤᠶᠠᠷ ᠬᠤᠲᠠ ᠵᠢᠨ ᠠᠵᠤ ᠠᠬᠤᠢ ᠵᠢᠨ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭ᠋ᠠᠷ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠢ ᠲᠦᠷᠭᠡᠯᠡᠨ ᠬᠥᠭᠵᠢᠭᠦᠯᠬᠦ ᠵᠢ ᠠᠬᠢᠭᠤᠯᠤᠨ᠎ᠠ᠃ ᠳᠠᠯᠠᠢ ᠲᠠᠩᠭᠢᠰ᠎ᠤᠨ ᠠᠵᠤ ᠠᠬᠤᠶ ᠵᠢ ᠬᠥᠭᠵᠢᠭᠦᠯᠦᠨ᠎ᠡ᠃
      ᠬᠤᠪᠧᠢ ᠵᠢᠨ ᠬᠥᠭᠵᠢᠯᠲᠡ ᠵᠢ ᠳᠡᠮᠵᠢᠬᠦ ᠬᠠᠮ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠵᠢᠭᠦᠯᠵᠦ᠂ ᠠᠵᠢᠯ ᠣᠯᠭᠤᠯᠲᠠ ᠵᠢ ᠪᠠᠲᠤᠯᠠᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠠᠵᠢᠯᠯᠠᠭ᠋ᠠᠨ᠎ᠢ ᠪᠠᠲᠤᠯᠠᠬᠤ ᠵᠢ ᠳᠡᠮᠵᠢᠵᠦ᠂ ᠠᠵᠤ ᠠᠬᠤᠶ ᠨᠡᠶ᠋ᠢᠭᠡᠮ᠎ᠤᠨ ᠡᠮᠬᠢ ᠵᠢᠷᠤᠮ᠎ᠢ ᠪᠦᠬᠦ ᠲᠠᠯ᠎ᠠ᠎ᠪᠠᠷ ᠰᠡᠷᠭᠦᠭᠡᠬᠦ ᠵᠢ ᠠᠬᠢᠭᠤᠯᠤᠨ᠎ᠠ᠃
      ᠠᠮᠢ ᠠᠬᠤᠢ ᠵᠢᠨ ᠣᠷᠴᠢᠨ ᠨᠦᠬᠦᠴᠡᠯ᠎ᠤᠨ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠬᠠᠤᠯᠢ ᠶᠣᠰᠣᠭ᠋ᠠᠷ᠂ ᠰᠢᠨᠵᠢᠯᠡᠬᠦ ᠤᠬᠠᠭ᠋ᠠᠨᠴᠢ᠂ ᠨᠠᠷᠢᠯᠢᠭ ᠣᠨᠣᠴᠠᠲᠠᠶ᠎ᠪᠠᠷ ᠪᠣᠬᠢᠷᠲᠤᠯ᠎ᠢ ᠵᠠᠰᠠᠬᠤ ᠵᠢ ᠲᠤᠪᠤᠶ᠋ᠢᠯᠭ᠋ᠠᠨ᠎ᠠ᠃ ᠭᠤᠤᠯᠳᠠᠯᠭ᠎ᠠ᠎ᠲᠠᠢ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ᠎ᠢ ᠭᠦᠨᠵᠡᠭᠡᠶ᠋ᠢᠷᠡᠭᠦᠯᠦᠨ᠎ᠡ᠃ ᠪᠣᠬᠢᠷ ᠤᠰᠤ᠂ ᠬᠤᠭ ᠨᠣᠪᠰᠢ ᠵᠢ ᠰᠢᠢ᠍ᠳᠪᠦᠷᠢᠯᠡᠬᠦ ᠲᠦᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠮᠢᠳᠤᠷᠠᠯ᠎ᠤᠨ ᠬᠤᠭ ᠨᠤᠪᠰᠢ ᠵᠢᠨ ᠲᠦᠷᠦᠯ ᠬᠤᠪᠢᠶᠠᠬᠤ ᠵᠢ ᠠᠬᠢᠭᠤᠯᠤᠨ᠎ᠠ᠃ ᠬᠦᠮᠦᠨ ᠠᠮᠠ ᠲᠦᠪᠯᠡᠷᠡᠭᠰᠡᠨ ᠤᠷᠤᠨ᠎ᠳᠠᠬᠢ ᠠᠶᠤᠯᠲᠠᠶ ᠬᠢᠮᠢ ᠵᠢᠨ ᠪᠣᠳᠠᠰ ᠦᠢ᠍ᠯᠡᠳᠪᠦᠷᠢᠯᠡᠬᠦ ᠠᠵᠤ ᠠᠬᠤᠶ᠋ᠢᠯᠠᠯ᠎ᠢ ᠨᠡᠭᠦᠯᠭᠡᠨ ᠥᠭᠡᠷᠡᠴᠢᠯᠡᠬᠦ ᠠᠵᠢᠯ᠎ᠢ ᠲᠦᠷᠭᠡᠳᠬᠡᠨ᠎ᠡ᠃ ᠡᠨᠧᠷᠭᠢ ᠠᠷᠪᠢᠯᠠᠵᠤ ᠣᠷᠴᠢᠨ ᠠᠬᠤᠶ ᠵᠢ ᠬᠠᠮᠠᠭ᠋ᠠᠯᠠᠬᠤ ᠠᠵᠤ ᠦᠢ᠍ᠯᠡᠰ᠎ᠢ ᠪᠤᠵᠠᠭ᠋ᠠᠶ᠋ᠢᠷᠠᠭᠤᠯᠤᠨ᠎ᠠ᠃ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠩᠨᠠᠵᠤ ᠬᠤᠷᠤᠭ᠋ᠠᠬᠤ ᠪᠠ ᠠᠷᠠᠯᠵᠢᠶᠠᠯᠠᠬᠤ᠂ ᠢᠳᠡᠬᠦ ᠦᠢ᠍ᠯᠡ ᠠᠵᠢᠯᠯᠠᠭ᠎ᠠ ᠵᠢ ᠴᠢᠩᠭ᠎ᠠ ᠰᠢᠢ᠍ᠳᠬᠡᠨ᠎ᠡ᠃ ᠴᠢᠬᠤᠯᠠ ᠠᠮᠢ ᠠᠬᠤᠶ ᠵᠢᠨ ᠰᠢᠰᠲ᠋ᠧᠮ᠎ᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ᠎ᠢ ᠬᠡᠷᠡᠭᠵᠢᠭᠦᠯᠵᠦ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠤᠨ᠎ᠠ᠃
      ᠡᠨᠧᠷᠭᠢ ᠵᠢᠨ ᠰᠤᠷᠪᠤᠯᠵᠢ ᠵᠢᠨ ᠠᠮᠤᠷ ᠲᠦᠪᠰᠢᠨ᠎ᠢ ᠪᠠᠲᠤᠯᠠᠨ᠎ᠠ᠃ ᠨᠡᠬᠦᠷᠡᠰᠦ ᠵᠢ ᠴᠡᠪᠡᠷ ᠪᠦᠭᠡᠳ ᠦᠨᠳᠤᠷ ᠪᠦᠳᠦᠮᠵᠢᠳᠡᠢ ᠠᠰᠢᠭᠯᠠᠬᠤ ᠵᠢ ᠠᠬᠢᠭᠤᠯᠵᠤ᠂ ᠳᠠᠬᠢᠨ ᠡᠭᠦᠰᠴᠦ ᠪᠤᠯᠬᠤ ᠡᠨᠧᠷᠭᠢ ᠵᠢᠨ ᠰᠤᠷᠪᠤᠯᠵᠢ ᠵᠢ ᠬᠥᠭᠵᠢᠭᠦᠯᠵᠦ᠂ ᠴᠢᠯᠠᠭᠤᠨ ᠲᠤᠰᠤ᠂ ᠪᠠᠶ᠋ᠢᠭ᠋ᠠᠯᠢ ᠵᠢᠨ ᠰᠢᠲᠠᠮᠠᠬᠠᠶ ᠬᠡᠢ᠂ ᠴᠠᠬᠢᠯᠭ᠋ᠠᠨ ᠬᠦᠴᠦᠨ᠎ᠤ ᠦᠢ᠍ᠯᠡᠳᠪᠦᠷᠢᠯᠡᠬᠦ ᠬᠠᠩᠭ᠋ᠠᠬᠤ ᠪᠣᠷᠣᠯᠠᠭᠤᠯᠬᠤ ᠰᠢᠰᠲ᠋ᠧᠮ᠎ᠢ ᠲᠡᠭᠦᠯᠳᠡᠷᠵᠢᠭᠦᠯᠵᠦ᠂ ᠡᠨᠧᠷᠭᠢ ᠵᠢᠨ ᠰᠤᠷᠪᠤᠯᠵᠢ ᠵᠢ ᠨᠥᠭᠡᠴᠡᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃
      ᠵᠢᠷᠭᠤᠭ᠎ᠠ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠬᠠᠷᠠᠯᠲᠠ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠵᠤ᠂ ᠲᠠᠷᠢᠶᠠᠯᠠᠩ᠎ᠤᠨ ᠡᠯᠪᠡᠭ ᠬᠤᠷᠢᠶᠠᠯᠲᠠ ᠵᠢ ᠣᠯᠵᠤ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠵᠢ ᠠᠬᠢᠭᠤᠯᠤᠨ᠎ᠠ
      ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠪᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠲᠤᠯᠠᠵᠤ᠂ ᠲᠠᠷᠢᠶᠠᠴᠢᠳ᠎ᠤᠨ ᠠᠮᠢᠳᠤᠷᠠᠯ᠎ᠤᠨ ᠲᠦᠪᠰᠢᠨ᠎ᠢ ᠳᠡᠭᠡᠭᠰᠢᠯᠡᠭᠦᠯᠦᠨ᠎ᠡ᠃
      ᠶᠠᠳᠠᠭᠤ᠎ᠠᠴᠠ ᠠᠩᠬᠢᠵᠢᠷᠠᠭᠤᠯᠬᠤ ᠪᠡᠷᠭᠡ ᠰᠡᠳᠤᠪ᠎ᠢ ᠰᠢᠢ᠍ᠳᠪᠤᠷᠢᠯᠡᠬᠦ ᠳᠠᠶ᠋ᠢᠨ᠎ᠳᠤ ᠵᠠᠪᠠᠯ ᠢᠯᠠᠯᠳᠠ ᠤᠯᠤᠨ᠎ᠠ᠃ ᠦᠯᠡᠳᠡᠵᠦ ᠪᠠᠶ᠋ᠢᠭ᠎ᠠ ᠶᠠᠳᠠᠭᠤ ᠬᠦᠴᠢᠷᠳᠡᠯᠲᠡᠶ ᠰᠢᠶᠠᠨ ᠪᠣᠯᠤᠨ ᠶᠠᠳᠠᠭᠤ ᠬᠦᠴᠢᠷᠳᠡᠯᠲᠡᠶ ᠲᠣᠰᠬᠤᠨ᠎ᠢ ᠶᠠᠳᠠᠭᠤ᠎ᠠᠴᠠ ᠠᠩᠬᠢᠵᠢᠷᠠᠭᠤᠯᠵᠤ ᠪᠡᠷᠬᠡ ᠰᠡᠳᠦᠪ᠎ᠢ ᠰᠢᠢ᠍ᠳᠪᠦᠷᠢᠯᠡᠬᠦ ᠡᠷᠴᠢᠮ᠎ᠢ ᠴᠢᠩᠭ᠋ᠠᠷᠠᠭᠤᠯᠵᠤ᠂ ᠭᠠᠳᠠᠭᠰᠢ ᠭᠠᠷᠴᠤ ᠬᠦᠴᠦ ᠶᠠᠪᠤᠬᠤ ᠬᠥᠳᠡᠯᠮᠦᠷᠢ ᠬᠦᠴᠦ ᠵᠢ ᠠᠵᠢᠯ ᠤᠯᠤᠭᠰᠠᠨ ᠭᠠᠵᠠᠷ᠎ᠲᠤᠨᠢ ᠠᠵᠢᠯ᠎ᠤᠨ ᠪᠠᠶ᠋ᠢᠷᠢ ᠵᠢ᠎ᠨᠢ ᠲᠣᠭᠲᠠᠪᠤᠷᠢᠵᠢᠭᠤᠯᠵᠤ ᠠᠵᠢᠯᠯᠠᠭᠤᠯᠬᠤ ᠬᠡᠷᠡᠭᠲᠡᠶ᠃ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠠᠵᠢᠯᠯᠠᠭ᠎ᠠ ᠵᠢ ᠥᠷᠨᠢᠭᠦᠯᠵᠦ᠂ ᠶᠠᠳᠠᠭᠤ ᠵᠢ ᠲᠡᠳᠬᠦᠬᠦ ᠠᠵᠤ ᠦᠢ᠍ᠯᠡᠰ᠎ᠢ ᠰᠡᠷᠭᠦᠭᠡᠨ ᠬᠥᠭᠵᠢᠬᠦᠯᠬᠦ ᠵᠢ ᠳᠡᠮᠵᠢᠨ᠎ᠡ᠃ ᠣᠨᠳᠣᠤ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠬᠦ ᠵᠢᠨ ᠵᠠᠯᠭ᠋ᠠᠮᠵᠢ ᠲᠡᠳᠭᠦᠨ ᠳᠡᠮᠵᠢᠭᠦ ᠠᠵᠢᠯ᠎ᠢ ᠴᠢᠩᠭ᠋ᠠᠳᠬᠠᠨ᠎ᠠ᠃ ᠵᠡᠭᠦᠨ ᠬᠡᠰᠡᠭ ᠪᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠶᠠᠳᠠᠭᠤ ᠵᠢ ᠲᠡᠳᠬᠦᠬᠦ ᠬᠠᠮᠵᠢᠯᠴᠠᠭ᠎ᠠ ᠪᠠ ᠲᠦᠪ᠎ᠤᠨ ᠨᠢᠭᠡᠴᠢ ᠵᠢᠨ ᠴᠡᠭ ᠲᠤᠭᠳᠠᠭ᠋ᠠᠨ ᠶᠠᠳᠠᠭᠤ ᠵᠢ ᠲᠡᠳᠬᠦᠬᠦ ᠠᠵᠢᠯ᠎ᠢ ᠭᠦᠨᠵᠡᠭᠡᠶ᠋ᠢᠷᠡᠭᠦᠯᠦᠨ᠎ᠡ᠃ ᠤᠨᠴᠠᠭ᠋ᠠᠢ ᠶᠡᠳᠠᠭᠤ ᠬᠦᠴᠢᠷᠳᠡᠯᠲᠡᠢ ᠬᠦᠮᠦᠨ ᠠᠮᠠ ᠵᠢᠨ ᠦᠨᠳᠦᠰᠦᠨ ᠵᠦᠢ᠍ᠯ᠎ᠢ ᠪᠠᠲᠤᠯᠠᠬᠤ ᠪᠠᠲᠤᠯᠠᠭ᠎ᠠ ᠵᠢ ᠴᠢᠩᠭ᠋ᠠᠳᠬᠠᠨ᠎ᠠ᠃ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠨᠡᠶ᠋ᠢᠳᠡᠮ ᠪᠠᠶ᠋ᠢᠴᠠᠭ᠋ᠠᠯᠲᠠ ᠵᠢ ᠰᠠᠶ᠋ᠢᠲᠤᠷ ᠬᠢᠨ᠎ᠡ᠃ ᠶᠠᠳᠠᠭᠤ᠎ᠠᠴᠠ᠎ᠪᠠᠨ ᠠᠩᠬᠢᠵᠢᠷᠠᠭᠰᠠᠨ ᠰᠢᠶᠠᠨ᠎ᠤ ᠲᠡᠳᠬᠦᠬᠦ ᠭᠤᠤᠯ ᠪᠤᠯᠬᠤ ᠲᠦᠷᠦ ᠵᠢᠨ ᠪᠤᠳᠤᠯᠭ᠎ᠠ ᠵᠢ ᠦᠷᠭᠦᠯᠵᠢᠯᠡᠨ ᠬᠡᠷᠡᠭᠵᠢᠭᠦᠯᠦᠨ᠎ᠠ᠃ ᠶᠠᠳᠠᠭᠤ᠎ᠠᠴᠠ ᠠᠩᠭᠢᠵᠢᠷᠠᠭᠤᠯᠬᠤ ᠪᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠯᠳᠤᠭᠤᠯᠬᠤ ᠵᠢ ᠦᠷᠭᠦᠯᠵᠢᠯᠡᠨ ᠠᠬᠢᠭᠤᠯᠵᠤ᠂ ᠶᠠᠳᠠᠭᠤ᠎ᠠᠴᠠ ᠠᠩᠭᠢᠵᠢᠷᠠᠭᠰᠠᠨ ᠤᠯᠠᠨ ᠲᠦᠮᠡᠨ᠎ᠢ ᠪᠦᠬᠦ ᠬᠦᠴᠦᠨ ᠵᠶ᠋ᠠᠷ ᠪᠠᠶᠠᠵᠢᠭᠤᠯᠤᠨ ᠴᠢᠨᠡᠭᠡᠯᠢᠭᠵᠢᠭᠦᠯᠦᠨ᠎ᠡ᠃
      ᠲᠠᠷᠢᠶᠠᠯᠠᠩ᠎ᠤᠨ ᠦᠢ᠍ᠯᠡᠳᠪᠦᠷᠢᠯᠡᠯ᠎ᠢ ᠬᠦᠴᠦᠯᠡᠨ ᠰᠠᠶ᠋ᠢᠲᠤᠷ ᠠᠳᠬᠤᠨ᠎ᠠ᠃ ᠠᠮᠤ ᠪᠤᠳᠠᠭ᠎ᠠ ᠵᠢᠨ ᠲᠠᠷᠢᠬᠤ ᠲᠠᠯᠠᠪᠠᠢ ᠪᠠ ᠤᠨᠠᠯᠲᠠ ᠵᠢ ᠲᠣᠭᠲᠠᠪᠤᠷᠢᠵᠢᠭᠤᠯᠵᠤ᠂ ᠳᠠᠬᠢᠨ ᠲᠠᠷᠢᠬᠤ ᠢᠯᠡᠳᠬᠡᠭᠴᠢ ᠲᠤᠭ᠎ᠠ ᠵᠢ ᠳᠡᠭᠡᠭᠰᠢᠯᠡᠭᠦᠯᠵᠦ᠂ ᠲᠤᠲᠤᠷᠭ᠎ᠠ ᠬᠤᠳᠠᠯᠳᠤᠨ ᠠᠪᠬᠤ ᠨᠠᠭ᠋ᠠᠲᠤ ᠵᠠᠬ᠎ᠠ ᠵᠢᠨ ᠦᠨ᠎ᠡ ᠵᠢ ᠳᠡᠭᠡᠭᠰᠢᠯᠡᠭᠦᠯᠵᠦ᠂ ᠠᠮᠤ ᠪᠤᠳᠠᠭ᠋ᠠᠨ᠎ᠤ ᠭᠠᠷᠤᠯᠲᠠ ᠶᠡᠬᠡᠲᠡᠶ ᠰᠢᠶᠠᠨ᠎ᠤ ᠱᠠᠩᠨᠠᠯ ᠬᠥᠬᠢᠭᠦᠯᠦᠯ᠎ᠢ ᠨᠡᠮᠡᠭᠳᠡᠭᠦᠯᠵᠦ᠂ ᠬᠦᠨᠳᠦ ᠶᠡᠭᠡ ᠡᠪᠡᠳᠴᠢᠨ ᠬᠤᠷᠣᠬᠠᠶ ᠵᠢᠨ ᠬᠥᠨᠥᠭᠡᠯ᠎ᠢ ᠶᠡᠭᠡ᠎ᠪᠠᠷ ᠰᠡᠷᠭᠡᠶ᠋ᠢᠯᠡᠨ ᠵᠠᠰᠠᠨ᠎ᠠ᠃ ᠰᠢᠷ᠎ᠠ ᠪᠤᠷᠴᠠᠭ ᠵᠡᠷᠭᠡ ᠲᠤᠰᠤᠯᠢᠬ ᠲᠠᠷᠢᠮᠠᠯ᠎ᠤᠨ ᠦᠢ᠍ᠯᠡᠳᠪᠦᠷᠢᠯᠡᠯ᠎ᠢ ᠳᠡᠮᠵᠢᠨ᠎ᠠ᠃ ᠬᠠᠤᠯᠢ ᠲᠣᠭᠲᠠᠭ᠋ᠠᠯ᠎ᠠᠴᠠ ᠵᠥᠷᠢᠴᠡᠨ ᠲᠠᠷᠢᠶᠠᠨ ᠭᠠᠵᠠᠷ᠎ᠢ ᠡᠵᠡᠯᠡᠭᠰᠡᠨ ᠦᠢ᠍ᠯᠡ ᠠᠵᠢᠯᠯᠠᠭ᠎ᠠ ᠵᠢ ᠵᠠᠯᠬᠠᠭ᠋ᠠᠨ ᠰᠢᠢ᠍ᠳᠬᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 8000 ᠲᠦᠮᠡᠨ ᠮᠦ᠍ ᠰᠢᠨ᠎ᠡ᠎ᠪᠠᠷ ᠪᠠᠶ᠋ᠢᠭᠤᠯᠤᠨ᠎ᠠ᠃ ᠰᠢᠯᠢᠳᠡᠭ ᠴᠢᠨᠠᠷ ᠰᠠᠶ᠋ᠢᠲᠠᠢ ᠡᠭᠦᠯᠳᠡᠷ᠎ᠢ ᠪᠤᠶ᠋ᠢᠵᠢᠭᠤᠯᠤᠨ ᠳᠡᠯᠭᠡᠷᠡᠭᠦᠯᠦᠨ᠎ᠠ᠃ ᠲᠡᠷᠢᠶᠠᠯᠠᠩ᠎ᠤᠨ ᠮᠠᠰᠢᠨ ᠬᠤᠳᠠᠯᠳᠤᠨ ᠠᠪᠬᠤ᠎ᠳᠤ ᠨᠦᠬᠦᠪᠦᠷᠢ ᠦᠭᠬᠦ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠦᠨ᠎ᠠ᠃ ᠬᠦᠳᠡᠭᠡ ᠳᠤᠰᠬᠤᠨ᠎ᠤ ᠦᠬᠡᠷᠡᠴᠢᠯᠡᠯᠳᠠ ᠵᠢ ᠬᠦᠨᠵᠡᠬᠡᠶ᠋ᠢᠷᠡᠬᠦᠯᠦᠨ᠎ᠡ᠃ ᠠᠹᠷᠢᠺᠡ ᠲᠢᠪ᠎ᠤᠨ ᠭᠠᠭ᠍ᠠᠢ ᠵᠢᠨ ᠬᠢᠵᠢᠭ ᠵᠡᠷᠭᠡ ᠬᠢᠵᠢᠭ ᠡᠪᠡᠳᠴᠢᠨ᠎ᠢ ᠰᠡᠷᠭᠡᠶ᠋ᠢᠯᠡᠨ ᠬᠢᠵᠠᠭ᠋ᠠᠷᠯᠠᠬᠤ ᠵᠢ ᠴᠢᠩᠭ᠋ᠠᠳᠬᠠᠵᠤ᠂ ᠭᠠᠭ᠍ᠠᠶ ᠲᠡᠵᠢᠭᠡᠬᠦ ᠦᠢ᠍ᠯᠡᠳᠪᠦᠷᠢᠯᠡᠯ᠎ᠢ ᠰᠡᠷᠭᠦᠭᠡᠵᠤ᠂ ᠮᠠᠯ ᠵᠢᠭᠦᠷᠳᠡᠨ᠂ ᠤᠰᠤᠨ ᠭᠠᠷᠤᠯᠲᠠ ᠵᠢᠨ ᠲᠡᠵᠢᠭᠡᠪᠤᠷᠢ ᠵᠢ ᠬᠦᠭᠵᠢᠬᠦᠯᠦᠨ᠎ᠠ᠃ ᠲᠡᠷᠢᠶᠠᠯᠠᠩ᠎ᠤᠨ ᠪᠦᠲᠦᠭᠡᠭᠳᠡᠭᠦᠨ᠎ᠤ ᠭᠦᠢ᠍ᠯᠭᠡᠭᠡᠨ᠎ᠤ ᠰᠢᠰᠲᠧᠮ᠎ᠢ ᠪᠦᠷᠢᠨᠰᠢᠭᠦᠯᠦᠨ᠎ᠠ᠃ 《ᠬᠦᠨᠡᠰᠦᠨ᠎ᠤ ᠤᠭᠤᠲᠠ》 ᠵᠢ ᠮᠤᠵᠢ ᠵᠢᠨ ᠳᠠᠷᠤᠭ᠎ᠠ ᠬᠠᠷᠢᠭᠤᠴᠠᠬᠤ ᠳᠦᠷᠢᠮ ᠪᠠ 《ᠨᠤᠭᠤᠭ᠋ᠠᠨ᠎ᠤ ᠰᠠᠭᠰᠤ》 ᠵᠢ ᠬᠤᠲᠠ ᠵᠢᠨ ᠳᠠᠷᠤᠭ᠎ᠠ ᠬᠠᠷᠢᠭᠤᠴᠠᠬᠤ ᠳᠦᠷᠢᠮ᠎ᠢ ᠪᠣᠳᠠᠲᠠᠶ ᠨᠠᠶ᠋ᠢᠳᠠᠪᠤᠷᠢᠵᠢᠭᠤᠯᠤᠨ᠎ᠠ᠃ ᠳᠤᠮᠳᠠᠳᠤ ᠤᠯᠤᠰ᠎ᠤᠨ 14 ᠳ᠋ᠦᠩᠰᠢᠭᠤᠷ ᠬᠥᠮᠦᠨ ᠠᠮᠠ ᠵᠢᠨ ᠬᠤᠭᠤᠯᠠ ᠬᠦᠨᠡᠰᠦᠨ᠎ᠤ ᠠᠰᠠᠭᠤᠳᠠᠯ᠎ᠢ ᠪᠢᠳᠡ ᠪᠡᠶ᠎ᠡ᠎ᠳᠡᠭᠡᠨ ᠲᠦᠰᠢᠭᠯᠡᠨ ᠰᠢᠢ᠍ᠳᠪᠦᠷᠢᠯᠡᠬᠦ ᠴᠢᠳᠠᠪᠤᠷᠢ᠎ᠲᠠᠢ ᠪᠦᠭᠡᠳ ᠵᠠᠪᠠᠯ ᠪᠡᠶ᠎ᠡ᠎ᠳᠡᠭᠡᠨ ᠲᠦᠰᠢᠭᠯᠡᠨ ᠰᠢᠢ᠍ᠳᠪᠦᠷᠢᠯᠡᠬᠦ ᠬᠡᠷᠡᠭᠲᠡᠢ᠃
      ᠲᠠᠷᠢᠶᠠᠴᠢᠳ᠎ᠤᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠨ᠎ᠡ᠃ ᠲᠠᠷᠢᠶᠠᠴᠢᠳ᠎ᠤᠨ ᠦᠢ᠍ᠷ᠎ᠡ ᠬᠠᠪᠢ᠎ᠳᠠᠭᠠᠨ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠵᠢ ᠳᠠᠮᠵᠢᠵᠤ᠂ ᠨᠢᠭᠡᠳᠤᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ ᠠᠭᠤᠰᠤᠯᠴᠠᠨ ᠬᠦᠭᠵᠢᠬᠦ ᠵᠢ ᠠᠬᠢᠭᠤᠯᠵᠤ᠂ ᠠᠵᠢᠯ ᠣᠯᠭᠤᠬᠤ᠎ᠪᠠᠷ ᠲᠡᠳᠬᠦᠮᠵᠢ ᠵᠢ ᠣᠷᠣᠯᠠᠭᠤᠯᠬᠤ ᠬᠡᠪᠴᠢᠶ᠎ᠡ ᠵᠢ ᠥᠷᠭᠡᠳᠬᠡᠨ᠂ ᠨᠤᠲᠤᠭ᠎ᠲᠠᠭᠠᠨ ᠪᠤᠴᠠᠭᠰᠠᠨ ᠬᠦᠯᠦᠰᠦᠨ ᠠᠵᠢᠯᠴᠢᠨ᠎ᠢ ᠬᠢᠬᠦ ᠠᠵᠢᠯ᠎ᠲᠠᠢ᠂ ᠤᠯᠬᠤ ᠣᠷᠣᠯᠭ᠎ᠠ᠎ᠲᠠᠢ ᠪᠣᠯᠭ᠋ᠠᠨ᠎ᠠ᠃ ᠵᠤᠬᠢᠬᠤ ᠬᠡᠪᠴᠢᠶᠡᠳᠦ ᠡᠵᠡᠩᠨᠡᠯᠲᠡ ᠵᠢᠨ ᠪᠡᠶᠡᠴᠢ ᠴᠣᠭᠴᠠ ᠵᠢ ᠲᠡᠳᠬᠦᠵᠦ᠂ ᠲᠠᠷᠢᠶᠠᠴᠢᠳ᠎ᠤᠨ ᠲᠤᠬᠠᠢ᠍ᠢ᠍ᠯᠠᠭᠰᠠᠨ ᠠᠵᠢᠯ᠎ᠤᠨ ᠮᠡᠷᠭᠡᠵᠢᠯ ᠴᠢᠳᠠᠪᠤᠷᠢ ᠵᠢᠨ ᠪᠤᠯᠪᠠᠰᠤᠷᠠᠯ᠎ᠢ ᠴᠢᠩᠭ᠋ᠠᠳᠬᠠᠨ᠎ᠠ᠃ ᠬᠦᠯᠦᠰᠦᠨ ᠠᠵᠢᠯᠴᠢᠨ᠎ᠤ ᠴᠠᠯᠢᠩ ᠬᠦᠯᠦᠰᠤ ᠵᠢ ᠦᠷᠢᠳᠦᠬᠦ ᠠᠰᠠᠭᠤᠳᠠᠯ᠎ᠢ ᠬᠠᠤᠯᠢ ᠶᠤᠰᠤᠭ᠋ᠠᠷ ᠦᠨᠳᠦᠰᠦᠨ᠎ᠠᠴᠠ᠎ᠨᠢ ᠵᠠᠰᠠᠨ᠎ᠠ᠃ ᠵᠤᠬᠢᠬᠤ ᠬᠡᠪᠴᠢᠶ᠎ᠠ᠎ᠲᠠᠢ ᠬᠡᠪᠴᠢᠶᠠᠵᠢᠭᠰᠡᠨ ᠡᠵᠡᠩᠨᠡᠯᠲᠡ ᠵᠢᠨ ᠪᠡᠶᠡᠴᠢ ᠴᠤᠭᠴᠠ ᠵᠢ ᠲᠡᠳᠭᠦᠨ ᠳᠡᠮᠵᠢᠵᠤ᠂ ᠲᠠᠷᠢᠶᠠᠴᠢᠨ ᠡᠷᠦᠬᠡ ᠵᠢᠨ ᠨᠡᠶ᠋ᠢᠭᠡᠮᠴᠢᠯᠡᠭᠰᠡᠨ ᠦᠢ᠍ᠯᠡᠴᠢᠯᠡᠭᠡ ᠵᠢ ᠴᠢᠩᠭ᠋ᠠᠳᠬᠠᠨ᠎ᠠ᠃ ᠲᠠᠷᠢᠶᠠᠯᠠᠩ᠎ᠤᠨ ᠪᠦᠲᠦᠭᠡᠭᠳᠡᠭᠦᠨ᠎ᠤ ᠭᠦᠨᠵᠡᠭᠡᠢ ᠡᠳ᠋ᠰᠢᠭᠦᠯᠦᠨ ᠪᠤᠯᠪᠠᠰᠤᠷᠠᠭᠤᠯᠬᠤ ᠵᠢ ᠳᠡᠮᠵᠢᠨ᠎ᠠ᠃ ᠬᠦᠳᠡᠭᠡ ᠨᠤᠲᠤᠭ᠎ᠤᠨ ᠠᠵᠤ ᠦᠢ᠍ᠯᠡᠰ᠎ᠢ ᠬᠦᠭᠵᠢᠬᠦᠯᠬᠦ᠎ᠳᠤ ᠬᠡᠷᠡᠭᠯᠡᠬᠦ ᠭᠠᠵᠠᠷ᠎ᠢ ᠪᠠᠲᠤᠯᠠᠬᠤ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠦᠨ᠎ᠠ᠃ ᠬᠠᠮᠲᠤ ᠵᠢᠨ ᠠᠵᠤ ᠠᠬᠤᠢ ᠵᠢᠨ ᠪᠤᠳᠠᠳᠤ ᠬᠦᠴᠦᠨ᠎ᠢ ᠴᠢᠩᠭ᠋ᠠᠳᠬᠠᠨ᠎ᠠ᠃ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢᠨ ᠣᠷᠣᠭᠤᠯᠤᠯᠲᠠ ᠵᠢ ᠨᠡᠮᠡᠭᠳᠡᠭᠦᠯᠵᠦ᠂ ᠤᠳᠤ ᠦᠶ᠎ᠡ ᠵᠢᠨ ᠲᠠᠷᠢᠶᠠᠯᠠᠩ᠎ᠤᠨ ᠲᠥᠬᠦᠭᠡᠷᠦᠮᠵᠢ᠂ ᠢᠳᠡᠬᠦ ᠤᠰᠤᠨ᠎ᠤ ᠠᠶᠤᠯᠭᠦᠶ ᠵᠢᠨ ᠢᠨᠵᠧᠨᠧᠷᠢᠩ ᠪᠠ ᠣᠷᠣᠰᠢᠨ ᠠᠮᠢᠳᠤᠷᠠᠬᠤ ᠣᠷᠴᠢᠨ ᠨᠥᠬᠦᠴᠡᠯ᠎ᠢ ᠴᠡᠭᠴᠡᠯᠡᠨ ᠵᠠᠰᠠᠬᠤ ᠵᠢ ᠳᠡᠮᠵᠢᠵᠦ᠂ ᠲᠠᠷᠢᠶᠠᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠤᠨ ᠨᠥᠬᠦᠴᠡᠯ᠎ᠢ ᠦᠷᠭᠦᠯᠵᠢᠯᠡᠨ ᠰᠠᠶ᠋ᠢᠵᠢᠷᠠᠭᠤᠯᠤᠨ᠎ᠠ᠃
      ᠲᠤᠯᠤᠭ᠎ᠠ᠂ ᠨᠡᠩ ᠥᠨᠳᠥᠷ ᠲᠦᠪᠰᠢᠨ ᠪᠦᠬᠦᠢ ᠭᠠᠳᠠᠭᠰᠢ ᠨᠡᠬᠡᠬᠡᠯᠳᠡ ᠵᠢ ᠠᠬᠢᠭᠤᠯᠵᠤ᠂ ᠭᠠᠳᠠᠭ᠋ᠠᠳᠤ ᠠᠷᠠᠯᠵᠢᠶ᠎ᠠ ᠭᠠᠳᠠᠭ᠋ᠠᠳᠤ ᠪᠡᠯᠡ ᠵᠢᠨ ᠦᠨᠳᠦᠰᠦᠨ ᠪᠠᠶ᠋ᠢᠳᠠᠯ᠎ᠢ ᠲᠣᠭᠲᠠᠪᠤᠷᠢᠵᠢᠭᠤᠯᠤᠨ᠎ᠠ
      ᠭᠠᠳᠠᠭ᠋ᠠᠳᠤ ᠣᠷᠴᠢᠨ ᠨᠥᠬᠦᠴᠡᠯ᠎ᠤᠨ ᠬᠤᠪᠢᠷᠠᠯᠲᠠ ᠵᠢᠨ ᠡᠮᠦᠨ᠎ᠡ᠂ ᠭᠠᠳᠠᠭᠰᠢ ᠨᠡᠭᠡᠭᠡᠯᠲᠡ ᠬᠢᠬᠦ᠎ᠪᠠᠨ ᠡᠷᠡᠰ ᠭᠤᠶ᠋ᠢᠪᠢᠰᠢ ᠦᠭᠡᠢ ᠥᠷᠭᠡᠳᠬᠡᠵᠦ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢ ᠲᠣᠭᠲᠠᠪᠤᠷᠢᠵᠢᠭᠤᠯᠵᠤ᠂ ᠨᠡᠭᠡᠭᠡᠯᠳᠡ᠎ᠪᠠᠷ ᠥᠭᠡᠷᠡᠴᠢᠯᠡᠯᠲᠡ ᠵᠢ ᠠᠬᠢᠭᠤᠯᠵᠤ ᠬᠥᠭᠵᠢᠯᠲᠡ ᠵᠢ ᠠᠬᠢᠭᠤᠯᠤᠨ᠎ᠠ᠃
      ᠭᠠᠳᠠᠭ᠋ᠠᠳᠤ ᠠᠷᠠᠯᠵᠢᠶᠠᠨ᠎ᠤ ᠦᠨᠳᠦᠰᠦᠨ᠎ᠳᠡᠭᠡᠨ ᠲᠣᠭᠲᠠᠭᠤᠨ ᠪᠠᠶ᠋ᠢᠬᠤ ᠵᠢ ᠠᠬᠢᠭᠤᠯᠤᠨ᠎ᠠ᠃ ᠠᠵᠤ ᠠᠬᠤᠶ᠋ᠢᠯᠠᠯ᠎ᠤᠨ ᠵᠠᠬᠢᠶᠠᠯᠠᠭ᠎ᠠ ᠵᠢ ᠨᠡᠮᠡᠭᠳᠡᠭᠦᠯᠵᠦ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠵᠤ ᠠᠵᠢᠯ ᠣᠯᠭᠤᠯᠲᠠ ᠵᠢ ᠪᠠᠲᠤᠯᠠᠬᠤ ᠵᠢ ᠳᠡᠮᠵᠢᠬᠦ᠎ᠲᠠᠢ ᠤᠶᠠᠯᠳᠤᠭᠤᠯᠤᠨ᠂ ᠢᠲᠡᠭᠡᠮᠵᠢᠲᠦ ᠵᠢᠭᠡᠯᠡᠯᠭᠡ ᠲᠠᠯᠪᠢᠬᠤ ᠵᠢ ᠨᠡᠮᠡᠭᠳᠡᠭᠦᠯᠵᠦ᠂ ᠭᠠᠳᠠᠭ᠋ᠠᠳᠤ ᠭᠠᠷᠭ᠋ᠠᠯᠲᠠ ᠵᠢᠨ ᠢᠲᠡᠭᠡᠮᠵᠢ ᠵᠢᠨ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠵᠢ ᠥᠷᠭᠡᠳᠬᠡᠵᠦ᠂ ᠭᠠᠳᠠᠭ᠋ᠠᠳᠤ ᠣᠷᠣᠭᠤᠯᠤᠯᠲᠠ ᠪᠠ ᠭᠠᠳᠠᠭ᠋ᠠᠳᠤ ᠭᠠᠷᠭ᠋ᠠᠯᠲᠠ ᠵᠢᠨ ᠲᠣᠭᠲᠠᠭ᠋ᠠᠯ᠎ᠳᠤ ᠨᠡᠶ᠋ᠢᠴᠡᠭᠰᠡᠨ ᠥᠪᠡᠷ᠎ᠤᠨ ᠦᠷᠲᠡᠭ᠎ᠢ ᠪᠠᠭᠤᠷᠠᠭᠤᠯᠵᠤ᠂ ᠭᠠᠳᠠᠭ᠋ᠠᠳᠤ ᠭᠠᠷᠭ᠋ᠠᠯᠲᠠ ᠵᠢᠨ ᠦᠢ᠍ᠯᠡᠳᠬᠦᠨ᠎ᠢ ᠳᠣᠲᠣᠭ᠋ᠠᠳᠤ᠎ᠳᠠᠭᠠᠨ ᠪᠣᠷᠣᠯᠠᠭᠤᠯᠬᠤ ᠵᠢ ᠳᠡᠮᠵᠢᠨ᠎ᠡ᠃ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠋ᠠᠨ᠎ᠤ ᠶᠠᠪᠤᠳᠠᠯ ᠵᠡᠷᠭᠡ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠤᠨ ᠬᠥᠭᠵᠢᠯᠲᠡ ᠵᠢ ᠲᠦᠷᠭᠡᠳᠬᠡᠵᠦ᠂ ᠤᠯᠤᠰ᠎ᠤᠨ ᠬᠤᠭᠤᠷᠤᠨᠳᠤᠬᠢ ᠪᠠᠷᠠᠭ᠎ᠠ ᠲᠡᠭᠡᠭᠡᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠰᠢᠨ᠎ᠡ ᠨᠢᠭᠡ ᠡᠭᠡᠯᠵᠢ ᠵᠢᠨ ᠦᠢ᠍ᠯᠡᠴᠢᠯᠡᠭᠡᠨ᠎ᠤ ᠠᠷᠠᠯᠵᠢᠶ᠎ᠠ ᠵᠢᠨ ᠰᠢᠨ᠎ᠡ ᠵᠢ ᠡᠭᠦᠳᠬᠦ ᠬᠥᠭᠵᠢᠯᠲᠡ ᠵᠢᠨ ᠲᠤᠷᠰᠢᠯᠲᠠ ᠵᠢ ᠠᠬᠢᠭᠤᠯᠤᠨ᠎ᠠ᠃ ᠭᠤᠷᠪᠠᠳᠤᠭ᠋ᠠᠷ ᠬᠤᠭᠤᠴᠠᠭ᠋ᠠᠨ᠎ᠤ ᠭᠠᠳᠠᠭ᠋ᠠᠳᠤ ᠣᠷᠣᠭᠤᠯᠤᠯᠲᠠ ᠵᠢᠨ ᠦᠵᠡᠰᠬᠦᠯᠡᠩ᠎ᠢ ᠰᠠᠶ᠋ᠢᠲᠤᠷ ᠪᠡᠯᠡᠳᠬᠡᠨ ᠡᠷᠬᠢᠯᠡᠵᠦ᠂ ᠭᠠᠳᠠᠭ᠋ᠠᠳᠤ ᠣᠷᠣᠭᠤᠯᠤᠯᠲᠠ ᠵᠢ ᠢᠳᠡᠪᠬᠢᠲᠡᠶ᠎ᠪᠠᠷ ᠥᠷᠭᠡᠳᠬᠡᠵᠦ᠂ ᠨᠡᠩ ᠥᠨᠳᠥᠷ ᠲᠦᠪᠰᠢᠨ ᠪᠦᠬᠦᠢ ᠳᠡᠯᠡᠬᠡᠶ᠎ᠳᠤ ᠬᠠᠨᠳᠤᠭᠰᠠᠨ ᠲᠤᠮᠤ ᠵᠠᠬ᠎ᠠ ᠳᠡᠯᠭᠡᠭᠦᠷ᠎ᠢ ᠬᠥᠭᠵᠢᠭᠦᠯᠦᠨ᠎ᠡ᠃
      ᠭᠠᠳᠠᠭ᠋ᠠᠳᠤ ᠪᠡᠯᠡ ᠵᠢ ᠢᠳᠡᠪᠬᠢᠲᠡᠶ ᠠᠰᠢᠬᠯᠠᠨ᠎ᠠ᠃ ᠭᠠᠳᠠᠭ᠋ᠠᠳᠤ ᠪᠡᠯᠡ ᠵᠢᠨ ᠣᠷᠣᠬᠤ ᠵᠥᠪᠰᠢᠶᠡᠷᠡᠯ᠎ᠤᠨ ᠨᠠᠵᠠᠭ᠋ᠠᠶ ᠲᠠᠯ᠎ᠠ ᠵᠢᠨ ᠲᠣᠳᠣᠷᠬᠠᠶ ᠬᠠᠭᠤᠳᠠᠰᠤ ᠵᠢ ᠶᠡᠭᠡ᠎ᠪᠠᠷ ᠴᠦᠭᠡᠳᠬᠡᠵᠦ᠂ ᠬᠢᠯᠢ ᠠᠯᠤᠰᠯᠠᠭᠰᠠᠨ ᠦᠢ᠍ᠯᠡᠴᠢᠯᠡᠭᠡᠨ᠎ᠤ ᠠᠷᠠᠯᠵᠢᠶ᠎ᠠ ᠵᠢᠨ ᠨᠠᠵᠠᠭ᠋ᠠᠶ ᠲᠠᠯ᠎ᠠ ᠵᠢᠨ ᠲᠣᠳᠣᠷᠬᠠᠶ ᠬᠠᠭᠤᠳᠠᠰᠤ ᠵᠢ ᠨᠡᠶ᠋ᠢᠲᠡᠯᠡᠨ᠎ᠡ᠃ ᠠᠵᠤ ᠠᠬᠤᠢ ᠵᠢᠨ ᠤᠨᠴᠠᠭ᠋ᠠᠢ ᠤᠷᠤᠨ᠎ᠤ ᠦᠭᠡᠷᠡᠴᠢᠯᠡᠯᠲᠡ ᠨᠡᠭᠡᠭᠡᠯᠲᠡ ᠵᠢ ᠭᠦᠨᠵᠡᠭᠡᠶ᠋ᠢᠷᠡᠭᠦᠯᠦᠨ᠎ᠠ᠃ ᠴᠢᠯᠦᠭᠡᠳᠤ ᠠᠷᠠᠯᠵᠢᠶᠠᠨ᠎ᠤ ᠲᠤᠷᠰᠢᠯᠲᠠ ᠵᠢᠨ ᠤᠷᠤᠨ᠎ᠳᠤ ᠨᠡᠩ ᠶᠡᠭᠡ ᠦᠭᠡᠷᠠᠴᠢᠯᠡᠯᠲᠠ ᠨᠡᠭᠡᠭᠡᠯᠳᠡ ᠵᠢᠨ ᠡᠵᠡᠨ ᠮᠡᠳᠡᠬᠦ ᠡᠷᠬᠡ ᠣᠯᠭᠤᠵᠤ᠂ ᠳᠤᠮᠳᠠ ᠪᠠᠷᠠᠭᠤᠨ ᠬᠡᠰᠡᠭ᠎ᠤᠨ ᠭᠠᠵᠠᠷ ᠤᠷᠤᠨ᠎ᠳᠤ ᠴᠢᠯᠦᠭᠡᠲᠤ ᠠᠷᠠᠯᠵᠢᠶᠠᠨ᠎ᠤ ᠲᠤᠷᠰᠢᠯᠲᠠ ᠵᠢᠨ ᠤᠷᠤᠨ᠂ ᠶᠡᠷᠦᠩᠭᠡᠶ᠋ᠢᠯᠡᠭᠰᠡᠨ ᠭᠠᠶ᠋ᠢᠯᠢ ᠵᠢᠨ ᠪᠠᠲᠤᠯᠠᠭ᠋ᠠᠲᠤ ᠤᠷᠤᠨ᠎ᠢ ᠨᠡᠮᠡᠨ ᠪᠠᠶ᠋ᠢᠭᠤᠯᠵᠤ᠂ ᠦᠢ᠍ᠯᠡᠴᠢᠯᠡᠭᠡᠨ᠎ᠤ ᠦᠢ᠍ᠯᠡᠰ᠎ᠤᠨ ᠨᠡᠭᠡᠭᠡᠯᠲᠡ ᠵᠢ ᠥᠷᠭᠡᠳᠬᠡᠬᠦ ᠶᠡᠷᠦᠩᠬᠡᠶ᠋ᠢᠯᠡᠭᠰᠡᠨ ᠲᠤᠷᠰᠢᠯᠲᠠ ᠵᠢ ᠨᠡᠮᠡᠭᠳᠡᠭᠦᠯᠦᠨ᠎ᠠ᠃ ᠬᠠᠶ᠋ᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠎ᠠ᠃ ᠳᠣᠲᠣᠭ᠋ᠠᠳᠤ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠳᠤ ᠠᠳᠠᠯᠢ ᠲᠡᠭᠰᠢ᠎ᠪᠠᠷ ᠬᠠᠨᠳᠤᠬᠤ᠂ ᠭᠤᠤᠯᠴᠢ᠎ᠪᠠᠷ ᠥᠷᠢᠰᠥᠯᠳᠦᠭᠦᠯᠬᠦ ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠪᠤᠢ ᠪᠣᠯᠭ᠋ᠠᠨ᠎ᠠ᠃
     《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠶ᠋ᠢᠲᠠᠶ ᠪᠥᠲᠥᠭᠡᠨ ᠪᠠᠶ᠋ᠢᠭᠤᠯᠤᠨ᠎ᠠ᠃ ᠬᠠᠮᠲᠤ᠎ᠪᠠᠷ ᠵᠥᠪᠳᠡᠯᠴᠡᠬᠦ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠡᠳ᠋ᠯᠡᠬᠦ ᠵᠢ ᠪᠠᠷᠢᠮᠲᠠᠯᠠᠵᠤ᠂ ᠵᠠᠬ᠎ᠠ ᠳᠡᠯᠭᠡᠭᠦᠷ᠎ᠤᠨ ᠵᠠᠷᠴᠢᠮ ᠪᠣᠯᠤᠨ ᠣᠯᠠᠨ ᠤᠯᠤᠰ᠎ᠤᠨ ᠨᠡᠶ᠋ᠢᠳᠡᠮ ᠬᠡᠷᠡᠭᠯᠡᠬᠦ ᠳᠦᠷᠢᠮ᠎ᠢ ᠵᠢᠷᠤᠮᠯᠠᠨ᠂ ᠠᠵᠤ ᠠᠬᠤᠶ᠋ᠢᠯᠠᠯ᠎ᠤᠨ ᠪᠡᠶᠡᠴᠢ ᠴᠣᠭᠴᠠ ᠵᠢᠨ ᠦᠢ᠍ᠯᠡᠳᠦᠯ᠎ᠢ ᠪᠠᠳᠠᠷᠠᠭᠤᠯᠵᠤ᠂ ᠬᠠᠷᠢᠯᠴᠠᠨ ᠬᠠᠷᠠᠭ᠋ᠠᠯᠵᠠᠯ ᠦᠵᠡᠭᠦᠯᠬᠦ ᠬᠠᠷᠢᠯᠴᠠᠨ ᠠᠰᠢᠭᠲᠠᠶ ᠬᠠᠮᠲᠤᠷᠠᠯᠴᠠᠭ᠎ᠠ ᠵᠢ ᠥᠷᠨᠢᠭᠦᠯᠦᠨ᠎ᠡ᠃ ᠭᠠᠳᠠᠭ᠋ᠠᠳᠤ ᠪᠡᠯᠡ ᠣᠷᠣᠭᠤᠯᠤᠯᠲᠠ ᠵᠢ ᠬᠦᠲᠦᠯᠦᠨ ᠵᠢᠯᠤᠭᠤᠳᠴᠤ ᠡᠷᠡᠭᠦᠯ ᠵᠶ᠋ᠠᠷ ᠬᠥᠭᠵᠢᠬᠦᠯᠤᠨ᠎ᠠ᠃
      ᠠᠷᠠᠯᠵᠢᠶ᠎ᠠ ᠪᠠ ᠪᠡᠯᠡ ᠣᠷᠣᠭᠤᠯᠤᠯᠲᠠ ᠵᠢ ᠴᠢᠯᠥᠭᠡᠲᠡᠢ ᠪᠤᠯᠭ᠋ᠠᠬᠤ ᠳᠦᠭᠦᠮ ᠳᠦᠳᠡ ᠪᠤᠯᠭ᠋ᠠᠬᠤ ᠵᠢ ᠠᠬᠢᠭᠤᠯᠤᠨ᠎ᠠ᠃ ᠤᠯᠠᠨ ᠲᠠᠯᠠᠲᠤ ᠠᠷᠠᠯᠵᠢᠶᠠᠨ᠎ᠤ ᠪᠠᠶ᠋ᠢᠭᠤᠯᠤᠯ᠎ᠢ ᠡᠷᠡᠰ ᠬᠠᠮᠠᠭ᠋ᠠᠯᠠᠵᠤ᠂ ᠳᠡᠯᠡᠬᠡᠶ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ ᠵᠢᠨ ᠥᠭᠡᠷᠡᠴᠢᠯᠡᠯᠲᠡ᠎ᠳᠤ ᠢᠳᠡᠪᠬᠢᠲᠡᠶ ᠣᠷᠣᠯᠴᠠᠨ᠎ᠠ᠃ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠶ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠬᠤ ᠵᠢ ᠠᠬᠢᠭᠤᠯᠵᠤ᠂ ᠳᠤᠮᠳᠠᠳᠤ ᠶᠠᠫᠣᠨ ᠺᠣᠷᠢᠶᠠ ᠵᠡᠷᠭᠡ ᠵᠢᠨ ᠴᠢᠯᠥᠭᠡᠲᠦ ᠠᠷᠠᠯᠵᠢᠶᠠᠨ᠎ᠤ ᠬᠡᠯᠡᠯᠴᠡᠭᠡ ᠵᠢ ᠠᠬᠢᠭᠤᠯᠤᠨ᠎ᠠ᠃ ᠳᠤᠮᠳᠠᠳᠤ ᠠᠮᠧᠷᠢᠺᠠ ᠵᠢᠨ ᠠᠩᠬᠠᠳᠤᠭ᠋ᠠᠷ ᠱᠠᠲᠤᠨ᠎ᠤ ᠠᠵᠤ ᠠᠬᠤᠶ ᠠᠷᠠᠯᠵᠢᠶᠠᠨ᠎ᠤ ᠬᠡᠯᠡᠯᠴᠡᠭᠡᠷ᠎ᠢ ᠬᠠᠮᠲᠤ᠎ᠪᠠᠷ ᠨᠠᠶ᠋ᠢᠳᠠᠪᠤᠷᠢᠵᠢᠭᠤᠯᠤᠨ᠎ᠠ᠃ ᠳᠤᠮᠳᠠᠳᠤ ᠤᠯᠤᠰ ᠡᠯ᠎ᠡ ᠤᠯᠤᠰ᠎ᠯᠤᠭ᠎ᠠ ᠵᠢᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ ᠵᠢ ᠪᠡᠶᠡᠯᠡᠭᠦᠯᠬᠦ᠎ᠪᠠᠷ ᠴᠢᠷᠮᠠᠶ᠋ᠢᠨ᠎ᠠ᠃
      ᠨᠠᠢ᠍ᠮᠠ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ᠎ᠲᠠᠢ ᠤᠶᠠᠯᠳᠤᠭᠤᠯᠤᠨ᠂ ᠨᠡᠶ᠋ᠢᠭᠡᠮ᠎ᠤᠨ ᠠᠵᠢᠯ ᠦᠢ᠍ᠯᠡᠰ᠎ᠤᠨ ᠥᠭᠡᠷᠡᠴᠢᠯᠡᠯᠲᠡ ᠬᠥᠭᠵᠢᠯᠲᠡ ᠵᠢ ᠠᠬᠢᠭᠤᠯᠤᠨ᠎ᠠ
      ᠬᠦᠴᠢᠷ ᠪᠡᠷᠬᠡᠰᠢᠶᠡᠯ᠎ᠤᠨ ᠡᠮᠦᠨ᠎ᠡ᠂ ᠠᠷᠠᠳ᠎ᠤᠨ ᠦᠨᠳᠦᠰᠦᠨ ᠠᠮᠢᠳᠤᠷᠠᠯ᠎ᠢ ᠪᠠᠲᠤᠯᠠᠬᠤ ᠬᠢᠵᠠᠭ᠋ᠠᠷ ᠱᠤᠭᠤᠮ᠎ᠢ ᠡᠷᠡᠰ ᠪᠠᠲᠤ ᠰᠠᠬᠢᠵᠤ᠂ ᠤᠯᠠᠨ ᠲᠦᠮᠡᠨ᠎ᠤ ᠠᠩᠬᠠᠷᠴᠤ ᠪᠠᠶ᠋ᠢᠭ᠎ᠠ ᠤᠴᠢᠷ ᠶᠠᠪᠤᠳᠠᠯ᠎ᠢ ᠴᠢᠷᠮᠠᠶ᠋ᠢᠨ ᠰᠠᠶ᠋ᠢᠲᠤᠷ ᠬᠢᠬᠦ ᠬᠡᠷᠡᠭᠲᠡᠢ᠃
      ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠠᠮᠢ ᠨᠠᠰᠤ ᠶᠠᠭᠤᠨ᠎ᠠᠴᠠ ᠴᠤ᠌ ᠡᠷᠬᠢᠮ ᠨᠠᠨᠳᠢᠨ ᠬᠡᠳᠡᠭ᠎ᠢ ᠪᠡᠷᠢᠮᠳᠠᠯᠠᠵᠤ᠂ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠪᠠᠶ᠋ᠢᠭᠤᠯᠤᠯ᠎ᠢ ᠥᠭᠡᠷᠡᠴᠢᠯᠡᠵᠦ᠂ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠵᠠᠰᠠᠬᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠠᠯᠳᠠᠪᠤᠷᠢᠲᠤ ᠡᠪᠡᠳᠴᠢᠨ᠎ᠢ ᠰᠢᠭᠤᠳ ᠮᠡᠳᠡᠭᠦᠯᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠎ᠢ ᠲᠡᠭᠦᠯᠳᠡᠷᠵᠢᠭᠦᠯᠵᠦ᠂ ᠬᠢᠵᠢᠭ᠎ᠤᠨ ᠪᠠᠶ᠋ᠢᠳᠠᠯ᠎ᠤᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠢᠯᠡ ᠲᠣᠳᠣ ᠨᠡᠶ᠋ᠢᠲᠡᠯᠡᠬᠦ ᠵᠢ ᠪᠠᠷᠢᠮᠲᠠᠯᠠᠨ᠎ᠠ᠃ ᠬᠢᠵᠢᠭ᠎ᠢ ᠡᠰᠡᠷᠭᠦᠴᠡᠬᠦ ᠤᠯᠤᠰ᠎ᠤᠨ ᠣᠨᠴᠠᠭ᠋ᠠᠢ ᠵᠢᠭᠡᠯᠡᠯᠭᠡ ᠵᠢ ᠰᠠᠶ᠋ᠢᠲᠤᠷ ᠬᠡᠷᠡᠭᠯᠡᠵᠦ᠂ ᠸᠠᠺᠼᠢᠨ᠂ ᠡᠮ᠎ᠤᠨ ᠵᠦᠢ᠍ᠯ ᠪᠣᠯᠤᠨ ᠲᠦᠷᠭᠡᠨ ᠪᠠᠶ᠋ᠢᠴᠠᠭ᠋ᠠᠨ ᠰᠢᠯᠭ᠋ᠠᠬᠤ ᠮᠡᠷᠭᠡᠵᠢᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠨᠡᠮᠡᠭᠳᠡᠭᠦᠯᠵᠦ᠂ ᠬᠢᠵᠢᠭ᠎ᠢ ᠰᠡᠷᠭᠡᠶ᠋ᠢᠯᠡᠬᠦ ᠡᠮᠨᠡᠨ ᠠᠪᠤᠷᠠᠬᠤ ᠡᠮᠨᠡᠯᠭᠡ ᠡᠷᠡᠭᠦᠯ ᠬᠠᠮᠠᠭ᠋ᠠᠯᠠᠯ᠎ᠤᠨ ᠲᠥᠬᠦᠭᠡᠷᠦᠮᠵᠢ ᠵᠢ ᠨᠡᠮᠡᠭᠳᠡᠭᠦᠯᠵᠦ᠂ ᠰᠢᠯᠵᠢᠮᠡᠯ ᠲᠤᠷᠰᠢᠯᠲᠠ ᠵᠢᠨ ᠲᠠᠰᠤᠭ᠎ᠢ ᠨᠡᠮᠡᠭᠳᠡᠬᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠤᠳᠠᠰ᠎ᠤᠨ ᠪᠠᠲᠤᠯᠠᠭ᠎ᠠ ᠵᠢ ᠴᠢᠩᠭ᠋ᠠᠷᠠᠭᠤᠯᠵᠤ᠂ ᠦᠨᠳᠦᠰᠦᠨ ᠱᠠᠳᠤᠨ᠎ᠤ ᠡᠷᠡᠬᠦᠯ ᠬᠠᠮᠠᠭ᠋ᠠᠯᠠᠯ ᠬᠢᠵᠢᠭ ᠰᠡᠷᠬᠡᠶ᠋ᠢᠯᠡᠯᠳᠠ ᠵᠢ ᠴᠢᠩᠭ᠋ᠠᠳᠬᠠᠨ᠎ᠠ᠃ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠴᠢᠳᠠᠪᠤᠷᠢᠲᠠᠨ᠎ᠤ ᠡᠩᠨᠡᠭᠡ ᠵᠢ ᠴᠢᠩᠭ᠋ᠠᠳᠬᠠᠨ᠎ᠠ᠃ ᠡᠬᠡ ᠤᠷᠤᠨᠴᠢ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠢ ᠭᠦᠨᠵᠡᠭᠡᠢ ᠥᠷᠨᠢᠭᠦᠯᠦᠨ᠎ᠡ᠃ ᠡᠷᠡᠭᠦᠯ ᠬᠠᠮᠠᠭ᠋ᠠᠯᠠᠯ ᠡᠷᠡᠬᠦᠯ ᠮᠠᠨᠳᠤ ᠵᠢᠨ ᠮᠡᠳᠡᠯᠭᠡ ᠵᠢ ᠲᠦᠭᠡᠮᠡᠯᠵᠢᠬᠦᠯᠵᠤ᠂ ᠡᠷᠡᠭᠦᠯ ᠰᠠᠷᠠᠭᠤᠯ ᠪᠤᠯᠪᠠᠰᠤᠨ ᠠᠮᠢᠳᠤᠷᠠᠯ᠎ᠤᠨ ᠠᠷᠭ᠎ᠠ ᠬᠡᠯᠪᠡᠷᠢ ᠵᠢ ᠰᠠᠨᠠᠭ᠋ᠠᠴᠢᠯᠠᠨ᠎ᠠ᠃ ᠰᠡᠷᠭᠡᠶ᠋ᠢᠯᠡᠨ ᠬᠢᠵᠠᠭ᠋ᠠᠷᠯᠠᠬᠤ ᠴᠢᠳᠠᠪᠤᠷᠢ᠎ᠪᠠᠨ ᠶᠡᠭᠡ᠎ᠪᠠᠷ ᠳᠡᠭᠡᠭᠰᠢᠯᠡᠭᠦᠯᠵᠦ᠂ ᠬᠢᠵᠢᠭ᠎ᠤᠨ ᠪᠠᠶ᠋ᠢᠳᠠᠯ ᠳᠠᠬᠢᠨ ᠳᠡᠯᠭᠡᠷᠡᠬᠦ᠎ᠠᠴᠠ ᠡᠷᠡᠰ ᠰᠡᠷᠭᠡᠶ᠋ᠢᠯᠡᠵᠦ᠂ ᠠᠷᠠᠳ ᠲᠦᠮᠡᠨ᠎ᠤ ᠡᠷᠡᠭᠦᠯ ᠮᠡᠨᠳᠦ ᠵᠢ ᠡᠷᠡᠰ ᠬᠠᠮᠠᠭ᠋ᠠᠯᠠᠨ᠎ᠠ᠃
      ᠦᠨᠳᠦᠰᠦᠨ ᠡᠮᠨᠡᠯᠭᠡ ᠵᠢᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠎ᠡ᠃ ᠰᠠᠭᠤᠭ᠋ᠠᠯᠢ ᠠᠷᠠᠳ᠎ᠤᠨ ᠡᠮᠨᠡᠯᠭᠡ ᠵᠢᠨ ᠳᠠᠭ᠋ᠠᠳᠬᠠᠯ᠎ᠤᠨ ᠬᠥᠮᠦᠨ ᠳᠤᠮᠳᠠᠴᠢ ᠵᠢᠨ ᠡᠳ᠋᠎ᠤᠨ ᠵᠠᠰᠠᠭ᠎ᠤᠨ ᠨᠥᠬᠦᠪᠥᠷᠢ ᠵᠢᠨ ᠪᠠᠷᠢᠮᠵᠢᠶ᠎ᠠ ᠵᠢ 30 ᠲᠥᠭᠦᠷᠢᠭ ᠨᠡᠮᠡᠭᠳᠡᠭᠦᠯᠵᠦ᠂ ᠡᠭᠦᠳᠡᠨ ᠡᠮᠨᠡᠯᠭᠡ ᠵᠢᠨ ᠵᠠᠷᠤᠳᠠᠯ᠎ᠢ ᠮᠤᠵᠢ ᠠᠯᠤᠰᠯᠠᠨ ᠰᠢᠭᠤᠳ ᠲᠠᠰᠤᠯᠤᠨ ᠪᠤᠳᠤᠬᠤ ᠲᠤᠷᠰᠢᠯᠲᠠ ᠵᠢ ᠥᠷᠨᠢᠭᠦᠯᠦᠨ᠎ᠡ᠃ ᠬᠢᠵᠢᠭ᠎ᠤᠨ ᠪᠠᠶ᠋ᠢᠳᠠᠯ᠎ᠳᠤ ᠨᠥᠯᠥᠭᠡᠯᠡᠭᠳᠡᠭᠰᠡᠨ ᠡᠮᠴᠢᠯᠡᠭᠡᠨ᠎ᠤ ᠪᠠᠶ᠋ᠢᠭᠤᠯᠤᠮᠵᠢ ᠵᠢ ᠳᠡᠳᠬᠦᠨ ᠳᠡᠮᠵᠢᠨ᠎ᠡ᠃ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶ᠎ᠠ ᠵᠢᠨ ᠶᠡᠷᠦᠩᠬᠡᠶ᠋ᠢᠯᠡᠭᠰᠡᠨ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠠ᠃ 《ᠢᠨᠲᠧᠷ ᠰᠦᠯᠵᠢᠶ᠎ᠠ + ᠡᠮ ᠡᠮᠨᠡᠯᠭᠡ ᠡᠷᠡᠭᠦᠯ ᠮᠡᠨᠳᠤ》 ᠵᠢ ᠭᠦᠭᠵᠢᠭᠦᠯᠦᠨ᠎ᠠ᠃ ᠤᠷᠤᠨ ᠪᠦᠰᠠ ᠵᠢᠨ ᠡᠮ ᠡᠮᠨᠡᠯᠭᠡ ᠵᠢᠨ ᠲᠦᠪ᠎ᠢ ᠪᠦᠲᠦᠭᠡᠨ ᠪᠠᠶ᠋ᠢᠭᠤᠯᠤᠨ᠎ᠠ᠃ ᠬᠤᠲᠠ ᠬᠦᠳᠡᠭᠡ ᠵᠢᠨ ᠨᠡᠶ᠋ᠢᠭᠡᠮ ᠲᠤᠭᠤᠷᠢᠭ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠠ᠃ ᠱᠠᠲᠤ ᠬᠤᠪᠢᠶᠠᠨ ᠤᠨᠤᠰᠢᠯᠠᠨ ᠵᠠᠰᠠᠬᠤ ᠵᠢ ᠠᠬᠢᠭᠤᠯᠤᠨ᠎ᠠ᠃ ᠬᠢᠲᠠᠳ ᠡᠮ ᠡᠮᠨᠡᠯᠭᠡ ᠵᠢ ᠮᠠᠨᠳᠤᠭᠤᠯᠤᠨ ᠬᠥᠭᠵᠢᠭᠦᠯᠬᠦ ᠵᠢ ᠠᠬᠢᠭᠤᠯᠵᠤ᠂ ᠬᠢᠳᠡᠳ ᠡᠮᠨᠡᠯᠭᠡ ᠡᠸᠦ᠋ᠷᠦᠫᠠ ᠡᠮᠨᠡᠯᠭᠡ ᠵᠢ ᠤᠶᠠᠯᠳᠤᠭᠤᠯᠬᠤ ᠵᠢ ᠴᠢᠩᠭ᠋ᠠᠳᠬᠠᠨ᠎ᠠ᠃ ᠡᠶ᠎ᠡ ᠵᠤᠬᠢᠴᠠᠯ᠎ᠲᠠᠢ ᠡᠮᠴᠢ ᠪᠠ ᠡᠪᠡᠳᠴᠢᠲᠠᠨ᠎ᠤ ᠬᠠᠷᠢᠴᠠᠭ᠎ᠠ ᠵᠢ ᠴᠤᠭᠴᠠᠯᠠᠨ᠎ᠠ᠃ ᠢᠳᠡᠭᠡᠨ᠎ᠤ ᠵᠦᠢ᠍ᠯ ᠪᠠ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢ ᠴᠢᠩᠳᠠᠯᠠᠵᠤ᠂ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃
      ᠰᠤᠷᠭ᠋ᠠᠨ ᠬᠥᠮᠦᠵᠢᠯ᠎ᠤᠨ ᠭᠤᠤᠯᠴᠢ ᠲᠡᠭᠰᠢ ᠬᠥᠭᠵᠢᠯᠲᠡ ᠪᠠ ᠶᠠᠰᠤ ᠴᠢᠨᠠᠷ᠎ᠤᠨ ᠳᠡᠭᠡᠭᠰᠢᠯᠡᠯᠲᠡ ᠵᠢ ᠠᠬᠢᠭᠤᠯᠤᠨ᠎ᠠ᠃ ᠶᠤᠰᠤ ᠰᠤᠷᠲᠠᠬᠤᠨ ᠵᠶ᠋ᠠᠷ ᠬᠦᠮᠦᠨ ᠬᠦᠮᠦᠵᠢᠬᠦᠯᠬᠦ ᠵᠢ ᠪᠠᠷᠢᠮᠲᠠᠯᠠᠨ᠎ᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠪᠤᠯᠤᠨ ᠳᠤᠮᠳᠠ ᠵᠡᠷᠭᠡ ᠵᠢᠨ ᠪᠠ ᠳᠡᠭᠡᠳᠦ ᠰᠤᠷᠭ᠋ᠠᠭᠤᠯᠢ ᠵᠢᠨ ᠰᠣᠷᠣᠭᠴᠢ ᠡᠯᠰᠡᠬᠦ ᠨᠢᠭᠡᠳᠦᠯᠲᠡᠶ ᠰᠢᠯᠭ᠋ᠠᠯᠲᠠ ᠵᠢᠨ ᠠᠵᠢᠯ᠎ᠢ ᠡᠮᠬᠢ ᠵᠢᠷᠤᠮ᠎ᠲᠠᠢ ᠵᠣᠬᠢᠶᠠᠨ ᠪᠠᠶ᠋ᠢᠭᠤᠯᠤᠨ᠎ᠠ᠃ ᠰᠢᠶᠠᠩ ᠪᠠᠯᠭ᠋ᠠᠰᠤᠨ᠎ᠤ ᠪᠠᠶ᠋ᠢᠷᠢ᠎ᠳᠤ ᠰᠠᠭᠤᠬᠤ ᠳᠦᠷᠢᠮᠲᠦ ᠰᠤᠷᠭ᠋ᠠᠭᠤᠯᠢ ᠪᠠ ᠰᠢᠶᠠᠨ ᠲᠤᠰᠬᠤᠨ᠎ᠤ ᠪᠠᠭ᠎ᠠ ᠬᠡᠪᠴᠢᠶᠠᠨ᠎ᠤ ᠰᠤᠷᠭ᠋ᠠᠭᠤᠯᠢ ᠪᠤᠯᠤᠨ ᠰᠢᠶᠠᠨ᠎ᠤ ᠬᠤᠲᠠ ᠵᠢᠨ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠡᠴᠢᠭᠡ ᠡᠬᠡ᠎ᠪᠠᠨ ᠳᠠᠭ᠋ᠠᠵᠤ ᠨᠡᠭᠦᠨ ᠢᠷᠡᠭᠰᠡᠨ ᠦᠷ᠎ᠠ ᠬᠡᠤᠬᠡᠳ᠎ᠤᠨ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠰᠤᠷᠭ᠋ᠠᠭᠤᠯᠢ᠎ᠳᠤ ᠤᠷᠤᠬᠤ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠦᠨ᠎ᠠ᠃ ᠣᠨᠴᠠᠭ᠋ᠠᠶ ᠰᠤᠷᠭ᠋ᠠᠨ ᠬᠥᠮᠦᠵᠢᠯ᠂ ᠦᠷᠭᠦᠯᠵᠢᠯᠡᠯ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠵᠦ᠂ ᠠᠷᠠᠳ᠎ᠠᠴᠠ ᠡᠷᠬᠢᠯᠡᠭᠰᠡᠨ ᠰᠤᠷᠭ᠋ᠠᠨ ᠬᠥᠮᠦᠵᠢᠯ᠎ᠢ ᠳᠠᠮᠵᠢᠵᠦ ᠵᠢᠷᠤᠮᠵᠢᠭᠤᠯᠤᠨ᠎ᠠ᠃ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠦᠮᠦᠵᠢᠯ᠎ᠢ ᠬᠦᠭᠵᠢᠭᠦᠯᠵᠤ᠂ ᠠᠷᠠᠳ᠎ᠠᠴᠠ ᠡᠷᠬᠢᠯᠡᠭᠰᠡᠨ ᠬᠡᠤᠬᠡᠳ᠎ᠤᠨ ᠴᠡᠴᠡᠷᠯᠢᠭ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠵᠦ ᠦᠭᠬᠦᠨ᠎ᠡ᠃ ᠳᠡᠭᠡᠳᠤ ᠵᠡᠷᠭᠡ ᠵᠢᠨ ᠰᠤᠷᠭ᠋ᠠᠨ ᠬᠦᠮᠦᠵᠢᠯ᠎ᠤᠨ ᠠᠭᠤᠯᠤᠭᠳᠠᠬᠤᠨ᠎ᠤ ᠬᠡᠯᠪᠡᠷᠢ ᠵᠢᠨ ᠬᠦᠭᠵᠢᠯᠲᠡ ᠵᠢ ᠠᠬᠢᠭᠤᠯᠵᠤ᠂ ᠲᠡᠷᠢᠭᠦᠨ ᠵᠡᠷᠬᠡ ᠵᠢᠨ ᠶᠡᠭᠡ ᠰᠤᠷᠭ᠋ᠠᠭᠤᠯᠢ ᠪᠠ ᠲᠡᠷᠢᠭᠦᠨ ᠵᠡᠷᠬᠡ ᠵᠢᠨ ᠰᠢᠨᠵᠢᠯᠡᠭᠡᠨ᠎ᠤ ᠰᠠᠯᠠᠭ᠎ᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠳᠤᠮᠳᠠ ᠪᠠᠷᠠᠭᠤᠨ ᠬᠡᠰᠡᠭ ᠤᠷᠤᠨ᠎ᠤ ᠶᠡᠭᠡ ᠳᠡᠭᠡᠳᠤ ᠰᠤᠷᠭ᠋ᠠᠭᠤᠯᠢ ᠵᠢᠨ ᠬᠦᠭᠵᠢᠯᠲᠠ ᠵᠢ ᠳᠡᠮᠵᠢᠨ᠎ᠠ᠃ ᠶᠡᠭᠡ ᠳᠡᠬᠡᠳᠦ ᠰᠤᠷᠭ᠋ᠠᠭᠤᠯᠢ ᠵᠢᠨ ᠬᠦᠳᠡᠭᠡ ᠳᠤᠰᠬᠤᠨ ᠪᠠ ᠶᠠᠳᠠᠭᠤ ᠬᠦᠴᠢᠷᠳᠡᠯᠳᠠᠢ ᠭᠠᠵᠠᠷ ᠤᠷᠤᠨ᠎ᠳᠤ ᠬᠠᠨᠳᠤᠭᠤᠯᠤᠨ ᠰᠤᠷᠤᠭᠴᠢ ᠡᠯᠰᠡᠬᠦ ᠬᠡᠪᠴᠢᠶ᠎ᠡ ᠵᠢ ᠦᠷᠬᠡᠳᠬᠡᠨ᠎ᠡ᠃ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠎ᠢ ᠬᠦᠭᠵᠢᠬᠦᠯᠦᠨ᠎ᠠ᠃ ᠪᠠᠭᠰᠢ ᠵᠢᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠰᠤᠷᠭ᠋ᠠᠨ ᠬᠦᠮᠦᠵᠢᠯ᠎ᠤᠨ ᠮᠡᠳᠡᠭᠡ ᠵᠠᠩᠭᠢᠵᠢᠯᠲᠠ ᠵᠢ ᠠᠬᠢᠭᠤᠯᠤᠨ᠎ᠠ᠃ ᠰᠤᠷᠭ᠋ᠠᠨ ᠬᠦᠮᠦᠵᠢᠯ᠎ᠳᠠᠬᠢ ᠤᠷᠤᠭᠤᠯᠤᠯᠲᠠ ᠵᠢ ᠲᠤᠭᠲᠠᠪᠤᠷᠢᠵᠢᠭᠤᠯᠵᠤ᠂ ᠣᠷᠣᠭᠤᠯᠤᠯᠲᠠ ᠵᠢᠨ ᠪᠦᠲᠦᠴᠡ ᠵᠢ ᠰᠢᠯᠢᠳᠡᠭᠵᠢᠭᠦᠯᠵᠦ᠂ ᠬᠤᠲᠠ ᠬᠦᠳᠡᠭᠡ᠂ ᠤᠷᠤᠨ ᠪᠦᠰᠠ᠂ ᠰᠤᠷᠭ᠋ᠠᠭᠤᠯᠢ ᠵᠢᠨ ᠬᠤᠭᠤᠷᠤᠨᠳᠤᠬᠢ ᠵᠦᠷᠢᠶ᠎ᠠ ᠵᠢ ᠪᠠᠭ᠋ᠠᠰᠬᠠᠵᠤ᠂ ᠰᠤᠷᠭ᠋ᠠᠨ ᠬᠦᠮᠦᠵᠢᠯ᠎ᠤᠨ ᠡᠬᠢ ᠪᠠᠶᠠᠯᠢᠭ᠎ᠢ ᠪᠤᠢ ᠪᠦᠬᠦᠢ ᠬᠡᠷ ᠪᠦᠯᠢ ᠪᠡ ᠬᠡᠤᠬᠡᠳ ᠨᠢᠬᠡᠪᠦᠷᠢ᠎ᠳᠤ ᠬᠦᠷᠳᠡᠬᠡᠵᠦ᠂ ᠳᠡᠳᠡᠨ᠎ᠢ ᠬᠡᠷᠡᠯᠳᠦ ᠢᠷᠡᠬᠡᠳᠦᠢ᠎ᠲᠠᠢ ᠪᠤᠯᠭ᠋ᠠᠨ᠎ᠠ᠃
      ᠠᠷᠠᠳ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠡᠷᠴᠢᠮ᠎ᠢ ᠴᠢᠩᠭ᠋ᠠᠷᠠᠭᠤᠯᠤᠨ᠎ᠠ᠃ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠥᠮᠦᠰ᠎ᠤᠨ ᠨᠠᠰᠤᠵᠢᠯ᠎ᠤᠨ ᠦᠨᠳᠦᠰᠦᠨ ᠠᠰᠠᠷᠠᠮᠵᠢ ᠵᠢᠨ ᠮᠥᠩᠭᠦ ᠵᠢ ᠳᠡᠭᠡᠭᠰᠢᠯᠡᠭᠦᠯᠵᠦ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠰᠠᠭᠤᠷᠢ ᠠᠰᠠᠷᠠᠮᠵᠢ ᠵᠢᠨ ᠮᠥᠩᠭᠦ ᠵᠢᠨ ᠨᠠᠭ᠋ᠠᠳᠤ ᠵᠠᠬ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ᠎ᠡ᠃ ᠠᠵᠤ ᠠᠬᠤᠢ᠍ᠢ᠍ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠠᠭᠤᠷᠢ ᠮᠦᠡᠭᠭᠦ ᠵᠢ ᠮᠤᠵᠢ ᠵᠢᠨ ᠱᠠᠲᠤᠨ᠎ᠳᠤ ᠨᠢᠭᠡᠳᠦᠯᠲᠡᠢ ᠬᠤᠷᠢᠶᠠᠵᠤ ᠨᠢᠭᠡᠳᠤᠯᠲᠠᠢ ᠵᠠᠷᠤᠬᠤ ᠵᠢ ᠪᠡᠶᠡᠯᠡᠭᠦᠯᠵᠤ᠂ ᠲᠦᠪ᠎ᠠᠴᠠ ᠲᠤᠬᠢᠷᠠᠭᠤᠯᠬᠤ ᠬᠠᠷᠢᠴᠠᠯ᠎ᠢ ᠳᠡᠭᠡᠭᠰᠢᠯᠡᠭᠦᠯᠦᠨ᠎ᠠ᠃ ᠪᠦᠬᠦ ᠤᠯᠤᠰ᠎ᠲᠤ 3 ᠳ᠋ᠦᠩᠰᠢᠭᠤᠷ ᠰᠢᠬᠠᠮ ᠬᠥᠮᠦᠨ ᠨᠠᠰᠤᠵᠢᠯ᠎ᠤᠨ ᠠᠰᠠᠷᠠᠮᠵᠢ ᠵᠢᠨ ᠮᠥᠩᠭᠦ ᠠᠪᠴᠤ ᠪᠠᠶ᠋ᠢᠭ᠎ᠠ ᠪᠣᠯᠬᠤᠷ ᠡᠷᠬᠡᠪᠰᠢ ᠴᠠᠭ ᠲᠤᠬᠠᠶ᠎ᠳᠤᠨᠢ ᠲᠤᠭ᠎ᠠ ᠶᠣᠰᠣᠭ᠋ᠠᠷ᠎ᠨᠢ ᠥᠭᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠴᠡᠷᠢᠭ᠎ᠤᠨ ᠠᠯᠪᠠᠨ᠎ᠠᠴᠠ ᠪᠠᠭᠤᠭᠰᠠᠳ᠎ᠢ ᠠᠰᠠᠷᠠᠨ ᠬᠠᠷᠠᠭ᠋ᠠᠯᠵᠠᠬᠤ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠦᠨ᠎ᠠ᠃ ᠠᠯᠪᠠᠨ᠎ᠤ ᠲᠦᠯᠦᠭᠡ ᠪᠡᠶ᠎ᠡ ᠦᠷᠡᠭᠳᠡᠭᠰᠡᠳ᠎ᠤᠨ ᠠᠰᠠᠷᠠᠮᠵᠢ ᠵᠢᠨ ᠠᠵᠢᠯ᠎ᠢ ᠰᠠᠶ᠋ᠢᠲᠤᠷ ᠬᠢᠨ᠎ᠡ᠃ ᠠᠵᠢᠯ ᠠᠯᠳᠠᠯᠲᠠ ᠵᠢᠨ ᠳᠠᠭ᠋ᠠᠳᠬᠠᠯ᠎ᠤᠨ ᠪᠠᠲᠤᠯᠠᠭ᠎ᠠ ᠵᠢᠨ ᠬᠡᠪᠴᠢᠶ᠎ᠡ ᠵᠢ ᠥᠷᠭᠡᠳᠬᠡᠵᠦ᠂ ᠳᠠᠭ᠋ᠠᠳᠬᠠᠯ᠎ᠳᠤ ᠣᠷᠣᠯᠴᠠᠭ᠋ᠠᠳ 1 ᠵᠢᠯ ᠪᠣᠯᠤᠭ᠋ᠠᠳᠤᠶ ᠬᠦᠯᠦᠰᠦᠨ ᠠᠵᠢᠯᠴᠢᠨ ᠵᠡᠷᠭᠡ ᠠᠵᠢᠯ ᠠᠯᠳᠠᠭᠰᠠᠳ᠎ᠢ ᠴᠦᠮ ᠪᠠᠶ᠋ᠢᠩᠭᠤ ᠰᠠᠭᠤᠭ᠎ᠠ ᠭᠠᠵᠠᠷ᠎ᠤᠨ ᠬᠢᠨᠢ ᠪᠠᠲᠤᠯᠠᠭ᠎ᠠ᠎ᠳᠤ ᠣᠷᠣᠭᠤᠯᠤᠨ᠎ᠠ᠃ ᠨᠡᠶ᠋ᠢᠭᠡᠮ᠎ᠤᠨ ᠠᠪᠤᠷᠠᠨ ᠲᠤᠰᠠᠯᠠᠬᠤ ᠳᠦᠷᠢᠮ᠎ᠢ ᠲᠡᠭᠦᠯᠳᠡᠷᠵᠢᠭᠦᠯᠦᠨ᠎ᠠ᠃ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠡᠪᠴᠢᠶ᠎ᠡ ᠵᠢ ᠥᠷᠭᠡᠳᠬᠡᠵᠦ᠂ ᠬᠤᠲᠠ ᠬᠥᠳᠡᠭᠡ ᠵᠢᠨ ᠬᠦᠴᠢᠷᠳᠡᠯᠲᠡᠶ ᠭᠡᠷ ᠪᠦᠯᠢ ᠵᠢᠨ ᠪᠠᠲᠤᠯᠠᠬᠤ ᠶᠤᠰᠤᠲᠠᠢ ᠵᠢ᠎ᠨᠢ ᠴᠦᠮ ᠪᠠᠲᠤᠯᠠᠵᠤ᠂ ᠨᠥᠬᠦᠴᠡᠯ᠎ᠳᠤ ᠨᠡᠶ᠋ᠢᠴᠡᠬᠦ ᠬᠤᠲᠠ ᠪᠠᠯᠭ᠋ᠠᠰᠤᠨ᠎ᠤ ᠠᠵᠢᠯ ᠠᠯᠳᠠᠭᠰᠠᠳ ᠪᠠ ᠨᠤᠲᠤᠭ᠎ᠲᠠᠭᠠᠨ ᠪᠤᠴᠠᠭᠰᠠᠳ᠎ᠢ ᠴᠠᠭ ᠲᠤᠬᠠᠶ᠎ᠳᠤᠨᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠤᠨ᠎ᠠ᠃ ᠭᠠᠮᠰᠢᠭ ᠪᠤᠶᠤ ᠡᠪᠡᠳᠴᠢᠨ᠎ᠠᠴᠠ ᠪᠣᠯᠵᠤ ᠲᠦᠷ ᠴᠠᠭ᠎ᠤᠨ ᠬᠦᠴᠢᠷᠳᠡᠯ᠎ᠳᠤ ᠤᠴᠠᠷᠠᠭᠰᠠᠨ ᠬᠥᠮᠦᠰ᠎ᠲᠤ ᠴᠥᠮ ᠠᠪᠤᠷᠠᠨ ᠲᠤᠰᠠᠯᠠᠯᠲᠠ ᠦᠵᠡᠭᠦᠯᠦᠨ᠎ᠡ᠃ ᠪᠤᠢ ᠪᠦᠬᠦᠢ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠠᠮᠢᠳᠤᠷᠠᠯ᠎ᠢ ᠦᠨᠡᠨ ᠬᠦ᠌ ᠪᠠᠲᠤᠯᠠᠬᠤ ᠬᠡᠷᠡᠭᠳᠠᠢ᠂ ᠠᠷᠠᠳ᠎ᠤᠨ ᠠᠮᠢᠳᠤᠷᠠᠯ᠎ᠢ ᠪᠠᠲᠤᠯᠠᠬᠤ᠎ᠨᠢ ᠴᠤ᠌ ᠨᠡᠩ ᠤᠯᠠᠨ ᠠᠵᠢᠯ ᠠᠯᠳᠠᠭᠰᠠᠳ᠎ᠤᠨ ᠳᠠᠬᠢᠨ ᠠᠵᠢᠯ ᠤᠯᠬᠤ ᠪᠠ ᠵᠤᠷᠢᠭᠲᠠᠢ᠎ᠪᠠᠷ ᠠᠳᠠᠯ ᠦᠢ᠍ᠯᠡᠰ ᠴᠤᠭᠴᠠᠯᠠᠬᠤ᠎ᠳᠤ ᠬᠦᠴᠦᠨ ᠨᠡᠮᠡᠷᠢᠯᠡᠬᠦ᠎ᠨᠢ ᠯᠠᠪᠳᠠᠢ ᠶᠤᠮ᠃
      ᠣᠯᠠᠨ ᠲᠦᠮᠡᠨ᠎ᠤ ᠣᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠤᠨ᠎ᠠ᠃ ᠨᠡᠶ᠋ᠢᠭᠡᠮ ᠵᠢᠷᠤᠮ᠎ᠤᠨ ᠭᠤᠤᠯᠯᠠᠬᠤ ᠦᠷᠳᠡᠭ᠎ᠤᠨ ᠦᠵᠡᠯᠲᠡ ᠵᠢ ᠪᠤᠶ᠋ᠢᠵᠢᠭᠤᠯᠤᠨ ᠦᠢ᠍ᠯᠡᠳᠦᠯᠭᠡᠵᠢᠭᠦᠯᠵᠦ᠂ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠂ ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠵᠡᠷᠭᠡ ᠦᠢ᠍ᠯᠡᠰ᠎ᠢ ᠬᠦᠭᠵᠢᠬᠦᠯᠦᠨ᠎ᠠ᠃ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠠᠰᠢᠬᠯᠠᠬᠤ ᠪᠤᠯᠤᠨ ᠪᠤᠳᠠᠰ᠎ᠤᠨ ᠪᠤᠰᠤ ᠰᠤᠶᠤᠯ᠎ᠤᠨ ᠦᠪ᠎ᠢ ᠤᠯᠠᠮᠵᠢᠯᠠᠨ ᠵᠠᠯᠭ᠋ᠠᠮᠵᠢᠯᠠᠬᠤ ᠵᠢ ᠴᠢᠩᠭ᠋ᠠᠳᠬᠠᠨ᠎ᠠ᠃ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠵᠢ ᠴᠢᠩᠭ᠋ᠠᠳᠬᠠᠵᠤ᠂ ᠪᠡᠬᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠳᠡᠮᠢᠷ᠎ᠤᠨ ᠴᠤᠭᠯᠠᠭ᠋ᠠᠨ᠂ ᠵᠡᠮᠳᠡᠭᠴᠤᠳ᠎ᠤᠨ ᠪᠡᠶ᠎ᠡ ᠵᠢᠨ ᠳᠡᠮᠢᠷ᠎ᠤᠨ ᠴᠤᠭᠯᠠᠭ᠋ᠠᠨ᠎ᠢ ᠪᠡᠯᠡᠳᠬᠡᠨ ᠡᠷᠬᠢᠯᠡᠵᠦ᠂ ᠠᠷᠠᠳ ᠨᠡᠶ᠋ᠢᠲᠡ ᠵᠢᠨ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠬᠤ ᠪᠤᠯᠤᠨ ᠠᠷᠠᠳ ᠨᠡᠶ᠋ᠢᠲᠡ ᠵᠢᠨ ᠨᠤᠮ ᠤᠡᠭᠰᠢᠬᠤ ᠵᠢ ᠰᠠᠨᠠᠭ᠋ᠠᠴᠢᠯᠠᠵᠤ᠂ ᠨᠡᠶ᠋ᠢᠭᠡᠮ ᠳᠠᠶᠠᠭ᠋ᠠᠷ ᠵᠶ᠋ᠠᠨ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ᠂ ᠥᠭᠡᠳᠡᠷᠬᠡᠭ ᠴᠠᠶ᠋ᠢᠯᠭ᠋ᠠᠨ ᠪᠠᠶ᠋ᠢᠬᠤ ᠵᠢ ᠠᠬᠢᠭᠤᠯᠤᠨ᠎ᠠ᠃
      ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠬᠤ ᠪᠠ ᠨᠡᠶ᠋ᠢᠭᠡᠮ᠎ᠤᠨ ᠵᠠᠰᠠᠯᠲᠠ ᠵᠢᠨ ᠰᠢᠨ᠎ᠡ ᠵᠢ ᠡᠭᠦᠳᠦᠨ᠎ᠡ᠃ ᠨᠡᠶ᠋ᠢᠭᠡᠮ ᠲᠣᠭᠤᠷᠢᠭ᠎ᠤᠨ ᠬᠠᠮᠢᠶᠠᠷᠤᠯᠲᠠ ᠪᠤᠯᠤᠨ ᠦᠢ᠍ᠯᠡᠴᠢᠯᠡᠭᠡᠨ᠎ᠤ ᠲᠤᠭᠲᠠᠴᠠ ᠵᠢ ᠪᠦᠷᠢᠨᠰᠢᠭᠦᠯᠦᠨ᠎ᠠ᠃ ᠬᠦᠳᠡᠭᠡ ᠨᠤᠲᠤᠭ᠎ᠤᠨ ᠵᠠᠰᠠᠯᠲᠠ ᠵᠢ ᠴᠢᠩᠭ᠋ᠠᠳᠬᠠᠨ᠎ᠠ᠃ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠲᠠ᠂ ᠰᠠᠶ᠋ᠢᠨ ᠳᠤᠷ᠎ᠠ ᠵᠢᠨ ᠦᠢ᠍ᠯᠡᠴᠢᠯᠡᠭᠡ᠂ ᠨᠢᠭᠦᠯᠡᠰᠦᠩᠭᠦᠶ ᠵᠢᠨ ᠦᠢ᠍ᠯᠡᠰ ᠵᠡᠷᠭᠡ ᠵᠢᠨ ᠡᠷᠡᠭᠦᠯ ᠵᠶ᠋ᠠᠷ ᠬᠥᠭᠵᠢᠬᠦ ᠵᠢ ᠲᠡᠮᠵᠢᠨ᠎ᠠ᠃ ᠡᠮᠡᠭᠲᠡᠶ᠋ᠢᠴᠦᠳ᠂ ᠬᠡᠤᠬᠡᠳ᠂ ᠨᠠᠰᠤᠲᠠᠶ᠋ᠢᠴᠤᠳ᠂ ᠵᠡᠮᠳᠡᠭᠴᠦᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠎ᠠ᠃ ᠵᠠᠬᠢᠳᠠᠯ ᠰᠤᠷᠪᠤᠯᠵᠢᠯᠠᠭ᠎ᠠ ᠵᠢᠨ ᠲᠦᠷᠢᠮ᠎ᠢ ᠲᠡᠭᠦᠯᠳᠡᠷᠵᠢᠭᠦᠯᠵᠦ᠂ ᠬᠠᠤᠯᠢ ᠴᠠᠭ᠋ᠠᠵᠠ ᠵᠢᠨ ᠲᠤᠰᠠᠯᠠᠮᠵᠢ ᠵᠢ ᠴᠢᠩᠭ᠋ᠠᠳᠬᠠᠵᠤ᠂ ᠤᠯᠠᠨ ᠲᠦᠮᠡᠨ᠎ᠤ ᠵᠦᠶ ᠶᠣᠰᠣᠨ᠎ᠤ ᠬᠦᠰᠡᠯ ᠱᠠᠭ᠋ᠠᠷᠳᠠᠯᠭ᠎ᠠ ᠵᠢ ᠴᠠᠭ ᠲᠤᠬᠠᠶ᠎ᠳᠤᠨᠢ ᠰᠢᠢ᠍ᠳᠪᠦᠷᠢᠯᠡᠵᠤ᠂ ᠵᠦᠷᠢᠴᠡᠯ ᠵᠠᠭᠤᠷᠠᠭ᠋ᠠᠨ᠎ᠢ ᠲᠤᠬᠢᠲᠠᠢ ᠨᠠᠮᠳᠠᠭᠤᠯᠤᠨ᠎ᠠ᠃ ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠦᠨ᠎ᠡ᠃ ᠤᠯᠤᠰ᠎ᠤᠨ ᠠᠮᠤᠷ ᠲᠦᠪᠰᠢᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠨᠡᠶ᠋ᠢᠭᠡᠮ᠎ᠤᠨ ᠠᠮᠤᠷ ᠲᠦᠪᠰᠢᠨ᠎ᠢ ᠰᠡᠷᠭᠡᠶ᠋ᠢᠯᠡᠨ ᠡᠵᠡᠮᠳᠡᠬᠦ ᠰᠢᠰᠲᠧᠮ᠎ᠢ ᠲᠡᠭᠦᠯᠳᠡᠷᠵᠢᠭᠦᠯᠵᠤ᠂ ᠡᠯ᠎ᠡ ᠲᠥᠷᠥᠯ᠎ᠤᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠴᠦ᠂ ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠤᠨ᠎ᠠ᠃
      ᠠᠶᠤᠯᠭᠦᠶ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠴᠢᠩᠭ᠋ᠠᠳᠬᠠᠨ᠎ᠠ᠃ ᠦᠶᠡᠷ ᠤᠰᠤᠳᠤᠯ᠂ ᠭᠠᠯ᠎ᠤᠨ ᠭᠠᠮᠰᠢᠭ᠂ ᠭᠠᠵᠠᠷ ᠬᠥᠳᠡᠯᠦᠯᠲᠡ ᠵᠡᠷᠭᠡ ᠭᠠᠮᠰᠢᠭ᠎ᠢ ᠰᠡᠷᠭᠡᠶ᠋ᠢᠯᠡᠬᠦ ᠵᠢ ᠴᠢᠩᠭ᠋ᠠᠳᠬᠠᠵᠤ᠂ ᠴᠠᠭ ᠠᠭᠤᠷ᠎ᠤᠨ ᠦᠢ᠍ᠯᠡᠴᠢᠯᠡᠭᠡ ᠵᠢ ᠰᠠᠶ᠋ᠢᠲᠤᠷ ᠬᠢᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠠᠪᠤᠷᠠᠨ ᠲᠤᠰᠠᠯᠠᠬᠤ ᠪᠠ ᠭᠠᠮᠰᠢᠭ᠎ᠠᠴᠠ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃ ᠠᠶᠤᠯᠭᠦᠢ ᠦᠢ᠍ᠯᠡᠳᠪᠦᠷᠢᠯᠡᠯ᠎ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢ ᠬᠡᠷᠡᠭᠵᠢᠭᠦᠯᠦᠨ᠎ᠡ᠃ ᠬᠦᠨᠳᠦ ᠶᠡᠭᠡ ᠣᠨᠴᠠ ᠶᠡᠭᠡ ᠠᠳᠡᠯ ᠭᠠᠷᠬᠤ ᠵᠢ ᠡᠷᠡᠰ ᠬᠤᠷᠢᠬᠯᠠᠨ᠎ᠠ᠃
      ᠲᠥᠯᠥᠭᠡᠯᠡᠭᠴᠢᠳ ᠡ!
      ᠬᠠᠲᠠᠭᠤ ᠪᠡᠷᠬᠡ ᠨᠦᠰᠡᠷ ᠬᠦᠨᠳᠦ ᠡᠭᠦᠷᠭᠡ ᠵᠢᠨ ᠡᠮᠦᠨ᠎ᠡ᠂ ᠡᠯ᠎ᠡ ᠱᠠᠲᠤᠨ᠎ᠤ ᠵᠠᠰᠠᠭ᠎ᠤᠨ ᠣᠷᠳᠣᠨ ᠦᠵᠡᠯ ᠰᠠᠨᠠᠭ᠎ᠠ ᠤᠯᠤᠰ ᠲᠥᠷᠥ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠤᠬᠠᠮᠰᠠᠷ᠎ᠠᠴᠠ᠎ᠪᠠᠨ ᠰᠢ ᠵᠢᠨ ᠫᠢᠩ ᠨᠥᠬᠦᠷ ᠵᠶ᠋ᠠᠷ ᠭᠤᠤᠯᠯᠠᠭᠤᠯᠤᠭᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠶ᠋ᠢᠵᠤ᠂ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠵᠦ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠨ᠂ ᠬᠠᠤᠯᠢ᠎ᠪᠠᠷ ᠵᠠᠰᠠᠭᠰᠠᠨ ᠵᠠᠰᠠᠭ᠎ᠤᠨ ᠤᠷᠳᠤᠨ᠎ᠢ ᠪᠠᠶ᠋ᠢᠭᠤᠯᠵᠤ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠪᠠᠷᠢᠮᠳᠠᠯᠠᠵᠤ᠂ ᠵᠠᠰᠠᠬᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃ ᠠᠳᠠᠯᠢ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠶ᠋ᠢᠩᠭᠤ ᠵᠢᠨ ᠬᠤᠷᠢᠶᠠᠨ᠎ᠤ ᠬᠢᠨᠠᠯᠲᠠ ᠵᠢ ᠬᠠᠤᠯᠢ ᠶᠣᠰᠣᠭ᠋ᠠᠷ ᠬᠦᠯᠢᠶᠡᠵᠦ᠂ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠵᠦ᠂ ᠨᠡᠶ᠋ᠢᠭᠡᠮ᠎ᠤᠨ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠬᠦ ᠬᠡᠷᠡᠭᠲᠡᠢ᠃ ᠬᠢᠨᠠᠨ ᠪᠤᠳᠤᠬᠤ ᠬᠢᠨᠠᠯᠲᠠ ᠵᠢ ᠴᠢᠩᠭ᠋ᠠᠳᠬᠠᠨ᠎ᠠ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ ᠵᠡᠷᠭᠡ ᠤᠯᠠᠨ ᠲᠦᠮᠡᠨ᠎ᠤ ᠡᠪᠯᠡᠯ ᠪᠦᠯᠬᠦᠮ᠎ᠤᠨ ᠵᠣᠬᠢᠶᠠᠨ ᠪᠠᠶ᠋ᠢᠭᠤᠯᠤᠯᠲᠠ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠤᠨ᠎ᠠ᠃ ᠵᠠᠰᠠᠭ᠎ᠤᠨ ᠣᠷᠳᠣᠨ᠎ᠤ ᠠᠵᠢᠯᠲᠠᠳ ᠬᠠᠤᠯᠢ ᠴᠠᠭ᠋ᠠᠵᠠ᠂ ᠬᠢᠨᠠᠨ ᠪᠠᠶ᠋ᠢᠴᠠᠭ᠋ᠠᠯᠲᠠ ᠪᠠ ᠠᠷᠠᠳ ᠲᠦᠮᠡᠨ᠎ᠤ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠶ᠃ ᠠᠷᠢᠭᠤᠨ ᠴᠢᠬᠡᠴᠢ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠢᠯᠵᠠᠷᠠᠯ᠎ᠢ ᠡᠷᠡᠰ ᠵᠠᠯᠬᠠᠭ᠋ᠠᠨ ᠰᠢᠢ᠍ᠳᠬᠡᠨ᠎ᠡ᠃
      ᠡᠯ᠎ᠡ ᠱᠠᠲᠤᠨ᠎ᠤ ᠵᠠᠰᠠᠭ᠎ᠤᠨ ᠣᠷᠳᠣᠨ ᠦᠨᠡᠨ᠎ᠠᠴᠠ ᠵᠥᠪ᠎ᠢ ᠡᠷᠢᠬᠦ ᠵᠢ ᠢᠮᠠᠭᠲᠠ ᠪᠠᠷᠢᠮᠲᠠᠯᠠᠵᠤ᠂ ᠨᠡᠶ᠋ᠢᠭᠡᠮ ᠵᠢᠷᠤᠮ᠎ᠤᠨ ᠠᠩᠬᠠᠨ᠎ᠤ ᠱᠠᠲᠤ ᠭᠡᠬᠦ ᠡᠨᠡ ᠬᠦ᠌ ᠤᠯᠤᠰ᠎ᠤᠨ ᠦᠨᠳᠦᠰᠦᠨ ᠪᠠᠶ᠋ᠢᠳᠠᠯ᠎ᠢ ᠪᠠᠲᠤ ᠡᠵᠡᠮᠰᠢᠵᠦ᠂ ᠪᠤᠰᠤᠳᠴᠢ ᠵᠢᠮ᠎ᠡ ᠶᠣᠰᠣ ᠵᠢ ᠵᠢᠷᠤᠮᠯᠠᠵᠤ᠂ ᠠᠯᠢᠪᠠ ᠪᠦᠬᠦᠨ᠎ᠳᠤ ᠪᠣᠳᠠᠲᠠᠢ᠎ᠠᠴᠠ ᠡᠭᠦᠰᠴᠦ᠂ ᠥᠪᠡᠷ᠎ᠤᠨ ᠤᠴᠢᠷ ᠶᠠᠪᠤᠳᠠᠯ ᠵᠶ᠋ᠠᠨ ᠰᠠᠶ᠋ᠢᠲᠤᠷ ᠬᠢᠬᠦ᠎ᠳᠤ ᠰᠠᠭᠤᠷᠢᠯᠠᠬᠤ ᠬᠡᠷᠡᠭᠲᠡᠶ᠃ 《ᠳᠥᠷᠪᠡᠨ ᠰᠤᠷᠲᠠᠯ》᠎ᠢ ᠶᠡᠭᠡ᠎ᠪᠠᠷ ᠵᠠᠯᠠᠷᠠᠭᠤᠯᠤᠨ ᠵᠠᠰᠠᠵᠤ᠂ ᠬᠡᠯᠪᠡᠷᠢ ᠵᠢᠨ ᠦᠵᠡᠯ᠂ ᠨᠤᠶᠠᠨᠴᠢ ᠰᠤᠷᠲᠠᠯ᠎ᠢ ᠡᠷᠡᠰ ᠲᠡᠪᠴᠢᠵᠤ᠂ ᠦᠨᠳᠦᠰᠦᠨ ᠱᠠᠲᠤᠨ᠎ᠤ ᠥᠷᠭᠡᠨ ᠣᠯᠠᠨ ᠺᠠᠳ᠋ᠷ᠎ᠤᠨ ᠠᠵᠢᠯ ᠬᠢᠵᠦ ᠦᠢ᠍ᠯᠡᠰ ᠴᠤᠭᠴᠠᠯᠠᠬᠤ ᠠᠵᠢᠯᠯᠠᠭ᠎ᠠ ᠵᠢ ᠬᠡᠯᠪᠡᠷᠢ ᠵᠢᠨ ᠦᠵᠡᠯ᠎ᠤᠨ ᠬᠦᠯᠢᠶᠡᠰᠦᠯᠡᠯ᠎ᠠᠴᠠ ᠴᠢᠯᠦᠭᠡᠯᠡᠵᠦ᠂ ᠡᠭᠦᠷᠭᠡ ᠬᠠᠷᠢᠭᠤᠴᠠᠯᠭ᠎ᠠ ᠡᠭᠦᠷᠭᠡᠯᠡᠭᠰᠡᠳ᠎ᠤᠨ ᠡᠮᠦᠨ᠎ᠡ᠎ᠠᠴᠠ ᠬᠠᠷᠢᠭᠤᠴᠠᠯᠭ᠎ᠠ ᠡᠭᠦᠷᠭᠡᠯᠡᠵᠦ᠂ ᠲᠤᠰᠢᠶᠠᠯ ᠭᠦᠢ᠍ᠴᠡᠳᠬᠡᠭᠰᠡᠳ ᠵᠶ᠋ᠠᠷ ᠬᠠᠷᠢᠭᠤᠴᠠᠯᠭ᠎ᠠ ᠵᠢ᠎ᠨᠢ ᠲᠤᠭᠤᠰᠢᠲᠠᠢ ᠭᠦᠢ᠍ᠴᠡᠳᠬᠡᠭᠦᠯᠬᠦ ᠬᠡᠷᠡᠭᠲᠡᠢ᠃ ᠠᠷᠠᠳ ᠣᠯᠠᠨ᠎ᠳᠤ ᠴᠢᠩᠭ᠎ᠠ ᠲᠦᠰᠢᠭᠯᠡᠨ᠂ ᠦᠨᠳᠦᠰᠦᠨ ᠱᠠᠲᠤᠨ᠎ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠵᠢ ᠬᠦᠨᠳᠦᠳᠬᠡᠵᠦ᠂ ᠨᠠᠩ ᠶᠡᠭᠡ ᠡᠷᠴᠢᠮ ᠵᠶ᠋ᠠᠷ ᠥᠭᠡᠷᠡᠴᠢᠯᠡᠯᠲᠡ ᠨᠡᠭᠡᠭᠡᠯᠲᠡ ᠵᠢ ᠠᠬᠢᠭᠤᠯᠵᠤ᠂ ᠨᠡᠶ᠋ᠢᠭᠡᠮ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠲᠦᠭ ᠲᠦᠮᠡᠨ ᠠᠷᠠᠳ ᠤᠯᠠᠨ᠎ᠤ ᠤᠶᠤᠨ ᠤᠬᠠᠭ᠋ᠠᠨ ᠪᠠ ᠬᠦᠴᠦᠨ ᠴᠢᠳᠠᠯ᠎ᠢ ᠨᠢᠭᠲᠠᠷᠠᠭᠤᠯᠬᠤ ᠬᠡᠷᠡᠭᠲᠡᠢ᠂ ᠡᠨᠡ ᠪᠣᠯ ᠪᠢᠳᠡᠨ᠎ᠤ ᠠᠯᠢᠪᠠ ᠬᠦᠴᠢᠷ ᠪᠡᠷᠬᠡᠰᠢᠶᠡᠯ ᠪᠠ ᠰᠢᠯᠭ᠋ᠠᠯᠲᠠ ᠵᠢ ᠢᠯᠠᠨ ᠳᠠᠪᠠᠭ᠍ᠤ ᠢᠲᠡᠭᠡᠯ ᠵᠤᠷᠢᠭ ᠮᠥᠨ᠃ ᠥᠷᠭᠡᠨ ᠤᠯᠠᠨ ᠺᠠᠳ᠋ᠷ ᠬᠦᠴᠢᠷ ᠪᠡᠷᠬᠡᠰᠢᠶᠡᠯ᠎ᠠᠴᠠ ᠵᠠᠶ᠋ᠢᠯᠠᠬᠤ ᠦᠭᠡᠢ᠂ ᠦᠨᠡᠨ ᠪᠣᠳᠠᠲᠠᠢ ᠠᠵᠢᠯᠯᠠᠬᠤ ᠵᠢ ᠴᠢᠬᠤᠯᠠᠴᠢᠯᠠᠵᠤ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠲᠥᠪᠯᠡᠷᠡᠭᠦᠯᠦᠨ ᠬᠥᠭᠵᠢᠯᠲᠡ ᠵᠢ ᠠᠳᠬᠤᠵᠤ᠂ ᠠᠷᠠᠳ᠎ᠤᠨ ᠠᠮᠢᠳᠤᠷᠠᠯ᠎ᠢ ᠪᠠᠲᠤᠯᠠᠬᠤ ᠬᠡᠷᠡᠭᠲᠡᠢ᠃ ᠪᠢᠳᠡ ᠢᠮᠠᠭᠲᠠ ᠠᠷᠠᠳ ᠤᠯᠠᠨ᠎ᠲᠠᠢ ᠵᠢᠷᠭ᠋ᠠᠯ ᠵᠣᠪᠠᠯᠠᠩ ᠵᠶ᠋ᠠᠨ ᠬᠠᠮᠲᠤᠳᠬᠠᠵᠤ᠂ ᠡᠷᠡᠯᠬᠡᠭᠯᠡᠨ ᠤᠷᠤᠭᠰᠢᠯᠠᠳᠠᠭ ᠯᠠ ᠶᠤᠮ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠢ ᠬᠥᠭᠡᠭᠡᠴᠡᠯᠳᠦᠬᠦ ᠬᠦᠰᠡᠯ ᠡᠷᠡᠮᠡᠯᠵᠡᠯ᠎ᠢ ᠯᠠᠪᠲᠠᠶ ᠪᠡᠶᠡᠯᠡᠭᠦᠯᠵᠦ ᠴᠢᠳᠠᠬᠤ ᠶᠤᠮ᠃
      ᠡᠨᠡ ᠵᠢᠯ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢ ᠰᠠᠶ᠋ᠢᠲᠤᠷ ᠨᠠᠶ᠋ᠢᠷᠠᠭᠤᠯᠤᠨ ᠵᠣᠬᠢᠶᠠᠵᠤ᠂ ᠬᠤᠶᠠᠳᠤᠭ᠋ᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠵᠢᠨ ᠰᠢᠨ᠎ᠡ ᠠᠶᠠᠯᠠᠯ᠎ᠢ ᠡᠬᠢᠯᠡᠭᠦᠯᠬᠦ᠎ᠳᠤ ᠵᠢᠷᠤᠭ ᠲᠥᠯᠥᠪᠯᠡᠭᠡ ᠵᠢ ᠵᠢᠷᠤᠭᠯᠠᠬᠤ ᠬᠡᠷᠡᠭᠲᠡᠢ᠃
      ᠲᠥᠯᠥᠭᠡᠯᠡᠭᠴᠢᠳ ᠡ!
      ᠪᠢᠳᠡ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠴᠥᠭᠡᠨ ᠲᠣᠭ᠋ᠠᠲᠤ ᠦᠨᠳᠦᠰᠦᠲᠡᠨ ᠪᠠ ᠦᠨᠳᠦᠰᠦᠲᠡᠨ᠎ᠤ ᠭᠠᠵᠠᠷ ᠣᠷᠣᠨ᠎ᠤ ᠬᠥᠭᠵᠢᠯᠲᠡ᠎ᠪᠠᠨ ᠲᠦᠷᠭᠡᠳᠬᠡᠬᠦ ᠵᠢ ᠳᠡᠮᠵᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠬᠡᠷᠡᠭᠲᠡᠢ᠃ ᠨᠠᠮ᠎ᠤᠨ ᠱᠠᠰᠢᠨ ᠰᠤᠷᠲᠠᠬᠤᠨ᠎ᠤ ᠠᠵᠢᠯ᠎ᠤᠨ ᠲᠤᠬᠠᠢ ᠦᠨᠳᠦᠰᠦᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ᠎ᠤ ᠡᠲᠡᠭᠡᠳ᠎ᠤᠨ ᠬᠥᠮᠦᠰ ᠪᠠ ᠱᠠᠰᠢᠨ ᠰᠢᠲᠦᠳᠡᠭ ᠤᠯᠠᠨ ᠲᠦᠮᠡᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ᠎ᠳᠤ ᠦᠵᠡᠭᠦᠯᠬᠦ ᠢᠳᠡᠪᠬᠢ ᠦᠢ᠍ᠯᠡᠳᠦᠯ᠎ᠢ᠎ᠨᠢ ᠪᠠᠳᠠᠷᠠᠭᠤᠯᠤᠨ᠎ᠠ᠃ ᠡᠬᠡ ᠤᠯᠤᠰ ᠮᠠᠨᠢ ᠭᠠᠳᠠᠭ᠋ᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ᠎ᠤᠨ ᠲᠦᠯᠦᠭᠡ ᠦᠷᠭᠦᠯᠵᠢ ᠰᠠᠨᠠᠭ᠋ᠠᠰᠢᠷᠠᠳᠠᠭ᠂ ᠲᠡᠳᠡ ᠪᠤᠯ ᠡᠬᠡ ᠤᠯᠤᠰ ᠪᠤᠯᠤᠨ ᠳᠡᠯᠡᠬᠡᠶ ᠳ᠋ᠠᠬᠢᠨ᠎ᠢ ᠬᠤᠯᠪᠣᠭᠰᠠᠨ ᠴᠢᠬᠤᠯᠠ ᠬᠥᠭᠦᠷᠭᠡ ᠮᠦᠨ᠂ ᠬᠠᠷᠢᠶᠠᠲᠤ ᠠᠬ᠎ᠠ ᠳᠡᠭᠦᠦ ᠨᠡᠷ ᠪᠣᠯᠤᠨ ᠬᠠᠷᠢᠶᠠᠲᠤ ᠨᠠᠷ᠎ᠤᠨ ᠭᠡᠷ ᠪᠦᠯᠢ ᠵᠢᠨ᠎ᠬᠢᠨ᠎ᠤ ᠥᠪᠡᠷᠮᠢᠴᠡ ᠳᠠᠪᠠᠭᠤᠯᠢᠭ᠎ᠢ ᠰᠠᠶ᠋ᠢᠲᠤᠷ ᠪᠠᠳᠠᠷᠠᠭᠤᠯᠵᠤ᠂ ᠳᠤᠮᠳᠠᠳᠤ ᠵᠢᠨ ᠬᠥᠪᠡᠭᠦᠳ ᠥᠬᠢᠳ᠎ᠤᠨ ᠨᠢᠭᠲᠠᠷᠠᠯ᠎ᠤᠨ ᠬᠦᠴᠦᠨ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠭᠡᠷᠡᠯ ᠰᠠᠴᠤᠷᠠᠩᠭᠤᠶ ᠦᠢ᠍ᠯᠡᠰ᠎ᠢ ᠬᠠᠮᠲᠤ᠎ᠪᠠᠷ ᠰᠡᠳᠬᠢᠯ ᠨᠢᠬᠡᠳᠦᠨ ᠡᠭᠦᠳᠬᠦ ᠬᠡᠷᠡᠭᠲᠡᠶ᠃
      ᠨᠢᠳᠤᠨᠤᠨ᠎ᠠᠴᠠ ᠨᠠᠭ᠋ᠠᠰᠢ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠣᠯᠤᠨ ᠴᠡᠷᠢᠭ ᠠᠩᠬᠢ ᠵᠢᠨ ᠪᠦᠲᠦᠭᠡᠨ ᠪᠠᠶ᠋ᠢᠭᠤᠯᠤᠯᠲᠠ ᠴᠢᠬᠤᠯᠠ ᠠᠬᠢᠯᠲᠠ᠎ᠲᠠᠢ ᠪᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠳᠤᠮᠳᠠ ᠠᠷᠠᠳ᠎ᠤᠨ ᠴᠡᠷᠢᠭ ᠠᠩᠬᠢ ᠨᠠᠮ᠎ᠤᠨ ᠵᠢᠯᠤᠭᠤᠳᠤᠯᠭ᠎ᠠ ᠵᠢ ᠲᠠᠭ᠋ᠠᠬᠤ᠂ ᠵᠠᠷᠯᠢᠭ᠎ᠢ ᠳᠠᠭ᠋ᠠᠬᠤ᠂ ᠬᠦᠨᠳᠦ ᠡᠭᠦᠷᠭᠡ ᠵᠢ ᠵᠣᠷᠢᠭᠲᠠᠢ ᠡᠭᠦᠷᠭᠡᠯᠡᠬᠦ ᠰᠢᠯᠢᠳᠡᠭ ᠰᠤᠷᠲᠠᠯ᠎ᠢ ᠢᠯᠡᠷᠡᠭᠦᠯᠪᠡ᠃ ᠰᠢ ᠵᠢᠨ ᠫᠢᠩ᠎ᠤᠨ ᠴᠡᠷᠢᠭ ᠵᠶ᠋ᠠᠨ ᠬᠦᠴᠦᠷᠬᠡᠭᠵᠢᠭᠦᠯᠬᠦ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠵᠢᠨ ᠴᠡᠷᠢᠭ᠎ᠤᠨ ᠶᠠᠪᠤᠳᠠᠯ᠎ᠤᠨ ᠪᠠᠶ᠋ᠢᠯᠳᠤᠬᠤ ᠪᠤᠳᠤᠯᠭ᠎ᠠ ᠵᠢᠨ ᠴᠢᠭᠯᠡᠯᠲᠡ ᠵᠢ ᠭᠦᠨᠵᠡᠭᠡᠢ ᠲᠤᠭᠤᠰᠢᠯᠠᠭᠤᠯᠵᠤ᠂ ᠤᠯᠤᠰ ᠲᠦᠷᠦ᠎ᠪᠠᠷ ᠴᠡᠷᠢᠭ ᠵᠶ᠋ᠠᠨ ᠪᠠᠶ᠋ᠢᠭᠤᠯᠬᠤ᠂ ᠥᠭᠡᠷᠡᠴᠢᠯᠡᠯᠲᠡ᠎ᠪᠠᠷ ᠴᠡᠷᠢᠭ ᠵᠶ᠋ᠠᠨ ᠬᠦᠴᠦᠷᠬᠡᠭᠵᠢᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠴᠡᠷᠢᠭ ᠵᠶ᠋ᠠᠨ ᠬᠦᠴᠦᠷᠬᠡᠭᠵᠢᠭᠦᠯᠬᠦ᠂ ᠴᠢᠳᠠᠪᠤᠷᠢᠲᠠᠨ ᠵᠶ᠋ᠠᠷ ᠴᠡᠷᠢᠭ ᠵᠶ᠋ᠠᠨ ᠬᠦᠴᠦᠷᠬᠡᠭᠵᠢᠭᠦᠯᠬᠦ᠂ ᠬᠠᠤᠯᠢ ᠶᠤᠰᠤᠭ᠋ᠠᠷ ᠴᠡᠷᠢᠭ ᠵᠶ᠋ᠠᠨ ᠵᠠᠰᠠᠬᠤ ᠵᠢ ᠪᠠᠷᠢᠮᠲᠠᠯᠠᠬᠤ ᠬᠡᠷᠡᠭᠲᠡᠢ᠃ ᠨᠠᠮ᠎ᠠᠴᠠ ᠠᠷᠠᠳ᠎ᠤᠨ ᠴᠡᠷᠢᠭ ᠠᠩᠭᠢ᠎ᠳᠤ ᠶᠠᠪᠤᠭᠤᠯᠬᠤ ᠬᠠᠷᠢᠴᠠᠯᠠᠰᠢ ᠦᠭᠡᠢ ᠤᠳᠤᠷᠢᠳᠤᠯᠭ᠎ᠠ ᠵᠢ ᠪᠠᠷᠢᠮᠲᠠᠯᠠᠵᠤ᠂ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠬᠠᠷᠢᠭᠤᠴᠠᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠴᠡᠷᠢᠭ ᠪᠤᠯᠪᠠᠰᠤᠷᠠᠭᠤᠯᠤᠨ ᠳᠠᠶ᠋ᠢᠨ᠎ᠳᠤ ᠪᠡᠯᠡᠳᠬᠡᠬᠦ ᠵᠢ ᠪᠦᠬᠦ ᠬᠦᠴᠦᠨ ᠵᠶ᠋ᠠᠷ ᠵᠶ᠋ᠠᠨ ᠴᠢᠩᠭ᠋ᠠᠳᠬᠠᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠡᠷᠡᠰ ᠬᠠᠮᠠᠭ᠋ᠠᠯᠠᠨ᠎ᠠ᠃ ᠴᠡᠷᠢᠭ ᠠᠩᠬᠢ ᠵᠢᠨ ᠪᠦᠳᠦᠭᠡᠨ ᠪᠠᠶ᠋ᠢᠭᠤᠯᠤᠯᠲᠠ ᠬᠥᠭᠵᠢᠯᠲᠡ ᠵᠢᠨ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢ ᠨᠠᠶ᠋ᠢᠳᠠᠪᠤᠷᠢᠵᠢᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠵᠦ᠂ ᠴᠡᠷᠢᠭ ᠠᠩᠬᠢ ᠵᠢᠨ ᠪᠦᠳᠦᠭᠡᠨ ᠪᠠᠶ᠋ᠢᠭᠤᠯᠤᠯᠲᠠ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠨ᠎ᠠ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠬᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠷᠤ ᠲᠠᠯ᠎ᠠ ᠵᠢᠨ ᠠᠵᠢᠯ ᠪᠠ ᠵᠡᠪᠰᠡᠭ ᠲᠣᠨᠣᠭᠯᠠᠯ᠎ᠤᠨ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠤᠨ᠎ᠠ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠲᠠᠶ᠋ᠢᠴᠢᠯᠠᠯᠳᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠢᠮᠠᠭᠲᠠ ᠬᠠᠳᠠ ᠴᠢᠯᠠᠭᠤ ᠮᠡᠲᠦ ᠪᠠᠲᠤ ᠪᠠᠬᠢ ᠪᠠᠶ᠋ᠢᠯᠭ᠋ᠠᠨ᠎ᠠ᠃
      ᠪᠢᠳᠡ 《ᠨᠢᠭᠡ ᠤᠯᠤᠰ᠎ᠲᠤ ᠬᠤᠶᠠᠷ ᠪᠠᠶ᠋ᠢᠭᠤᠯᠤᠯ᠎ᠢ ᠬᠡᠷᠡᠭᠵᠢᠭᠦᠯᠬᠦ》᠂ 《ᠰᠢᠶᠠᠩᠭ᠋ᠠᠩ᠎ᠤᠨ ᠬᠥᠮᠦᠨ ᠵᠶ᠋ᠠᠷ ᠰᠢᠶᠠᠩᠭ᠋ᠠᠩ᠎ᠢ ᠵᠠᠰᠠᠭᠤᠯᠬᠤ》᠂ 《ᠣᠣᠮᠧᠨ᠎ᠤ ᠬᠥᠮᠦᠨ ᠵᠶ᠋ᠠᠷ ᠣᠣᠮᠧᠨ᠎ᠢ ᠵᠠᠰᠠᠭᠤᠯᠬᠤ》᠂ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠴᠢᠭᠯᠡᠯᠲᠡ ᠵᠢ ᠪᠦᠬᠦ ᠲᠠᠯ᠎ᠠ᠎ᠪᠠᠷ ᠣᠨᠣᠪᠴᠢᠲᠠᠶ ᠲᠤᠭᠤᠰᠢᠯᠠᠭᠤᠯᠵᠤ᠂ ᠵᠠᠰᠠᠭ ᠵᠠᠬᠢᠷᠭ᠋ᠠᠨ᠎ᠤ ᠣᠨᠴᠠᠭ᠋ᠠᠶ ᠣᠷᠣᠨ᠎ᠤ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠬᠠᠤᠯᠢ ᠴᠠᠭ᠋ᠠᠵᠠ ᠵᠢᠨ ᠲᠦᠷᠢᠮ ᠪᠠ ᠭᠦᠢ᠍ᠴᠡᠳᠬᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠤᠨᠴᠠᠭ᠋ᠠᠢ ᠤᠷᠤᠨ᠎ᠤ ᠵᠠᠰᠠᠭ᠎ᠤᠨ ᠤᠷᠳᠤᠨ᠎ᠤ ᠦᠨᠳᠦᠰᠦᠨ ᠬᠠᠤᠯᠢᠳᠤ ᠬᠠᠷᠢᠭᠤᠴᠠᠯᠭ᠎ᠠ ᠵᠢ ᠨᠡᠶ᠋ᠢᠳᠡᠪᠤᠷᠢᠵᠢᠭᠤᠯᠤᠨ᠎ᠠ᠃ ᠰᠢᠶᠠᠩᠭ᠋ᠠᠩ ᠣᠣᠮᠧᠨ᠎ᠤ ᠠᠵᠤ ᠠᠬᠤᠶ᠎ᠪᠠᠨ ᠬᠥᠭᠵᠢᠭᠦᠯᠵᠦ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠵᠦ᠂ ᠤᠯᠤᠰ ᠤᠷᠤᠨ᠎ᠤ ᠬᠥᠭᠵᠢᠯᠲᠡ ᠵᠢᠨ ᠶᠡᠭᠡ ᠲᠠᠯ᠎ᠠ᠎ᠳᠤ ᠨᠡᠩ ᠰᠠᠶ᠋ᠢᠨ ᠠᠭᠤᠰᠤᠯᠳᠤᠨ ᠤᠷᠤᠬᠤ ᠵᠢ ᠳᠡᠮᠵᠢᠵᠦ᠂ ᠰᠢᠶᠠᠩᠭ᠋ᠠᠩ ᠣᠣᠮᠧᠨ᠎ᠤ ᠤᠷᠳᠤ ᠬᠤᠭᠤᠴᠠᠭ᠋ᠠᠨ᠎ᠤ ᠴᠡᠴᠡᠭᠯᠡᠯ ᠬᠥᠭᠵᠢᠯ ᠪᠠ ᠲᠣᠭᠲᠠᠭᠤᠨ ᠪᠠᠶ᠋ᠢᠳᠠᠯ᠎ᠢ ᠪᠠᠲᠤᠯᠠᠨ᠎ᠠ᠃
      ᠪᠢᠳᠡ ᠲᠠᠶ᠋ᠢᠸᠠᠨ᠎ᠤ ᠲᠤᠬᠠᠶ ᠠᠵᠢᠯ᠎ᠤᠨ ᠦᠨᠳᠦᠰᠦᠨ ᠪᠤᠳᠤᠯᠭ᠎ᠠ ᠴᠢᠭᠯᠡᠯᠲᠡ ᠵᠢ ᠪᠠᠷᠢᠮᠲᠠᠯᠠᠵᠤ᠂ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠪᠠᠷᠢᠮᠲᠠᠯᠠᠵᠤ᠂ 《ᠶᠡᠷᠡᠨ ᠬᠤᠶᠠᠷ ᠣᠨ᠎ᠤ ᠬᠠᠮᠲᠤ ᠵᠢᠨ ᠲᠠᠨᠢᠯᠲᠠ》 ᠵᠢᠨ ᠰᠠᠭᠤᠷᠢ ᠳᠡᠭᠡᠷ᠎ᠠ ᠲᠠᠶ᠋ᠢᠸᠠᠨ ᠬᠤᠭᠤᠯᠠᠶ ᠵᠢᠨ ᠬᠤᠶᠠᠷ ᠲᠠᠯ᠎ᠠ ᠵᠢᠨ ᠬᠠᠷᠢᠴᠠᠭ᠎ᠠ ᠵᠢᠨ ᠡᠩᠭᠡ ᠲᠠᠶ᠋ᠢᠪᠤᠩ ᠬᠥᠭᠵᠢᠯᠲᠡ ᠵᠢ ᠠᠬᠢᠭᠤᠯᠤᠨ᠎ᠠ᠃ 《ᠲᠠᠶ᠋ᠢᠸᠠᠨ᠎ᠢ ᠲᠤᠰᠠᠭ᠋ᠠᠷ ᠲᠣᠭᠲᠠᠨᠢᠭᠤᠯᠬᠤ》 ᠬᠠᠭ᠋ᠠᠴᠠᠭᠤᠯᠬᠤ ᠠᠵᠢᠯᠯᠠᠭ᠎ᠠ ᠵᠢ ᠡᠷᠡᠰ ᠡᠰᠡᠷᠭᠦᠴᠡᠬᠦ ᠪᠠ ᠬᠤᠷᠢᠬᠯᠠᠬᠤ ᠬᠡᠷᠡᠭᠲᠡᠶ᠃ ᠲᠠᠶ᠋ᠢᠸᠠᠨ ᠬᠤᠭᠤᠯᠠᠶ ᠵᠢᠨ ᠬᠤᠶᠠᠷ ᠲᠠᠯ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠬᠤ᠂ ᠲᠠᠶ᠋ᠢᠸᠠᠨ ᠬᠤᠭᠤᠯᠠᠶ ᠵᠢᠨ ᠬᠤᠶᠠᠷ ᠲᠠᠯ᠎ᠠ ᠵᠢᠨ ᠠᠭᠤᠰᠤᠯᠴᠠᠨ ᠬᠥᠭᠵᠢᠬᠦ ᠵᠢ ᠭᠦᠨᠵᠡᠭᠡᠶ᠋ᠢᠷᠡᠭᠦᠯᠬᠦ᠂ ᠲᠠᠶ᠋ᠢᠸᠠᠨ᠎ᠤ ᠠᠬ᠎ᠠ ᠳᠡᠭᠦᠦ ᠨᠡᠷ᠎ᠤᠨ ᠠᠵᠠ ᠵᠢᠷᠭ᠋ᠠᠯ᠎ᠢ ᠪᠠᠲᠤᠯᠠᠬᠤ ᠪᠠᠶ᠋ᠢᠭᠤᠯᠤᠯ᠎ᠤᠨ ᠲᠣᠬᠢᠷᠠᠭᠤᠯᠤᠯᠲᠠ ᠪᠠ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠪᠠᠲᠤᠯᠠᠵᠤ᠂ ᠥᠷᠭᠡᠨ ᠤᠯᠠᠨ ᠲᠠᠶ᠋ᠢᠸᠠᠨ᠎ᠤ ᠠᠬ᠎ᠠ ᠳᠡᠭᠦᠦ ᠨᠡᠷ᠎ᠲᠠᠢ ᠪᠦᠯᠬᠦᠮᠳᠡᠨ 《ᠲᠠᠶ᠋ᠢᠸᠠᠨ᠎ᠢ ᠲᠤᠰᠠᠭ᠋ᠠᠷ ᠲᠣᠭᠲᠠᠨᠢᠭᠤᠯᠬᠤ》 ᠵᠢ ᠬᠠᠮᠲᠤ᠎ᠪᠠᠷ ᠡᠰᠡᠷᠭᠦᠴᠡᠵᠦ᠂ ᠨᠢᠭᠡᠳᠦᠯ᠎ᠢ ᠠᠬᠢᠭᠤᠯᠪᠠᠯ᠂ ᠪᠢᠳᠡ ᠯᠠᠪᠲᠠᠢ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠠᠶ᠋ᠢᠨ ᠰᠠᠶ᠋ᠢᠬᠠᠨ ᠢᠷᠡᠭᠡᠳᠦᠢ ᠵᠢ ᠨᠡᠬᠡᠬᠡᠨ ᠡᠭᠦᠳᠴᠦ ᠴᠢᠳᠠᠬᠤ ᠶᠤᠮ᠃
      ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠢᠮᠤᠷᠠᠯ᠂ ᠠᠵᠤ ᠠᠬᠤᠶ ᠵᠢᠨ ᠬᠦᠨᠳᠦ ᠨᠣᠴᠢᠲᠠᠶ ᠪᠠᠭᠤᠷᠠᠯᠲᠠ ᠵᠡᠷᠭᠡ ᠪᠦᠬᠦ ᠪᠥᠮᠪᠥᠷᠴᠡᠭ᠎ᠤᠨ ᠴᠢᠨᠠᠷᠲᠠᠶ ᠰᠢᠯᠭ᠋ᠠᠯᠲᠠ ᠵᠢ ᠠᠷᠭ᠋ᠠᠴᠠᠭ᠋ᠠᠬᠤ᠎ᠳᠤ ᠡᠯ᠎ᠡ ᠤᠯᠤᠰ ᠭᠠᠷ ᠬᠤᠯᠪᠣᠯᠴᠠᠨ ᠬᠠᠮᠲᠤ᠎ᠪᠠᠷ ᠤᠷᠤᠭᠰᠢᠯᠠᠬᠤ ᠬᠡᠷᠡᠭᠲᠡᠶ᠃ ᠳᠤᠮᠳᠠᠳᠤ ᠤᠯᠤᠰ ᠡᠯ᠎ᠡ ᠤᠯᠤᠰ᠎ᠯᠤᠭ᠎ᠠ ᠬᠢᠵᠢᠭ᠎ᠢ ᠰᠡᠷᠭᠡᠶ᠋ᠢᠯᠡᠬᠦ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠳᠡᠯᠡᠬᠡᠶ ᠵᠢᠨ ᠠᠵᠤ ᠠᠬᠤᠶ ᠵᠢᠨ ᠲᠣᠭᠲᠠᠭᠤᠨ ᠪᠠᠶ᠋ᠢᠳᠠᠯ᠎ᠢ ᠠᠬᠢᠭᠤᠯᠵᠤ᠂ ᠪᠦᠬᠦ ᠪᠥᠮᠪᠥᠷᠴᠡᠭ᠎ᠤᠨ ᠵᠠᠰᠠᠯᠲᠠ ᠵᠢ ᠠᠬᠢᠭᠤᠯᠵᠤ᠂ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ᠎ᠪᠠᠷ ᠭᠤᠤᠯᠯᠠᠭᠤᠯᠤᠭᠰᠠᠨ ᠣᠯᠠᠨ ᠤᠯᠤᠰ᠎ᠤᠨ ᠰᠢᠰᠲ᠋ᠧᠮ ᠪᠣᠯᠤᠨ ᠣᠯᠠᠨ ᠤᠯᠤᠰ᠎ᠤᠨ ᠬᠠᠤᠯᠢ᠎ᠪᠠᠷ ᠰᠠᠭᠤᠷᠢ ᠪᠣᠯᠭ᠋ᠠᠭᠰᠠᠨ ᠣᠯᠠᠨ ᠤᠯᠤᠰ᠎ᠤᠨ ᠡᠮᠬᠢ ᠵᠢᠷᠤᠮ᠎ᠢ ᠬᠠᠮᠠᠭ᠋ᠠᠯᠠᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠤᠨ᠎ᠠ᠃ ᠳᠤᠮᠳᠠᠳᠤ ᠤᠯᠤᠰ ᠡᠩᠭᠡ ᠲᠠᠶ᠋ᠢᠪᠤᠩ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠨᠡᠬᠡᠬᠡᠯᠳᠠ ᠵᠢ ᠦᠷᠬᠡᠳᠬᠡᠬᠦ ᠶᠠᠪᠤᠴᠠ᠎ᠳᠤ ᠡᠯ᠎ᠡ ᠤᠯᠤᠰ᠎ᠯᠤᠭ᠎ᠠ ᠵᠢᠨ ᠨᠥᠬᠦᠷᠰᠡᠭ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠦᠨ᠎ᠡ᠂ ᠳᠤᠮᠳᠠᠳᠤ ᠤᠯᠤᠰ ᠪᠣᠯ ᠢᠮᠠᠭᠲᠠ ᠳᠡᠯᠡᠬᠡᠶ ᠵᠢᠨ ᠡᠩᠭᠡ ᠲᠠᠶ᠋ᠢᠪᠤᠩ ᠲᠣᠭᠲᠠᠭᠤᠨ ᠪᠠᠶ᠋ᠢᠳᠠᠯ ᠪᠠ ᠬᠥᠭᠵᠢᠯ ᠴᠡᠴᠡᠭᠯᠡᠯ᠎ᠢ ᠠᠬᠢᠭᠤᠯᠬᠤ ᠴᠢᠬᠤᠯᠠ ᠬᠦᠴᠦᠨ ᠪᠤᠯᠬᠤ ᠶᠤᠮ᠃
      ᠲᠥᠯᠥᠭᠡᠯᠡᠭᠴᠢᠳ ᠡ!
      ᠳᠤᠮᠳᠠᠳᠤ ᠵᠢᠨ ᠦᠨᠳᠦᠰᠦᠲᠡᠨ ᠶᠡᠷᠦ᠎ᠠᠴᠠ ᠬᠦᠴᠢᠷ ᠪᠡᠷᠬᠡᠰᠢᠶᠡᠯ ᠬᠠᠷᠰᠢ ᠰᠠᠭ᠋ᠠᠳ᠎ᠠᠴᠠ ᠠᠶᠤᠳᠠᠭ ᠦᠭᠡᠢ᠂ ᠤᠳᠤ ᠦᠶ᠎ᠡ ᠵᠢᠨ ᠳᠤᠮᠳᠠᠳᠤ ᠤᠯᠤᠰ᠎ᠤᠨ ᠠᠷᠠᠳ ᠲᠦᠮᠡᠨ ᠶᠠᠮᠠᠷᠪᠠ ᠰᠢᠯᠭ᠋ᠠᠯᠲᠠ ᠵᠢ ᠢᠯᠠᠨ ᠳᠠᠪᠠᠭ᠍ᠤ ᠡᠷᠡᠰ ᠪᠠᠲᠤ ᠵᠣᠷᠢᠭ ᠪᠠ ᠴᠢᠳᠠᠪᠤᠷᠢ᠎ᠲᠠᠢ ᠶᠤᠮ᠃ ᠪᠢᠳᠡ ᠰᠢ ᠵᠢᠨ ᠫᠢᠩ ᠨᠥᠬᠦᠷ ᠵᠶ᠋ᠠᠷ ᠭᠤᠣᠯᠯᠠᠭᠤᠯᠤᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠭᠡ ᠲᠤᠭ᠎ᠢ ᠥᠨᠳᠥᠷ ᠮᠠᠨᠳᠤᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠬᠦᠴᠢᠷ᠎ᠢ ᠰᠦᠷᠦᠨ ᠤᠷᠤᠭᠰᠢᠯᠠᠵᠤ᠂ ᠢᠷᠮᠡᠭᠦᠨ ᠵᠤᠷᠢᠭᠲᠠᠢ᠎ᠪᠠᠷ ᠤᠷᠤᠭᠰᠢᠯᠠᠨ ᠳᠠᠪᠰᠢᠵᠤ᠂ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠬᠢᠵᠠᠭ᠋ᠠᠷᠯᠠᠬᠤ ᠪᠠ ᠠᠵᠤ ᠠᠬᠤᠢ ᠨᠡᠶ᠋ᠢᠬᠡᠮ᠎ᠤᠨ ᠬᠦᠭᠵᠢᠯᠳᠠ ᠵᠢ ᠨᠢᠬᠡᠳᠦᠯᠳᠠᠢ ᠲᠦᠯᠦᠪᠯᠡᠨ ᠠᠬᠢᠭᠤᠯᠵᠤ᠂ ᠪᠦᠬᠦ ᠵᠢᠯ᠎ᠤᠨ ᠬᠠᠷᠠᠯᠲᠠ ᠡᠭᠦᠷᠭᠡ᠎ᠪᠠᠨ ᠴᠢᠷᠮᠠᠶ᠋ᠢᠨ ᠪᠡᠶᠡᠯᠡᠭᠦᠯᠵᠦ᠂ ᠮᠠᠨ᠎ᠤ ᠤᠯᠤᠰ ᠵᠶ᠋ᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠯ᠎ᠲᠠᠢ ᠦᠵᠡᠰᠬᠦᠯᠡᠩᠲᠦ ᠰᠠᠶ᠋ᠢᠬᠠᠨ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭ᠋ᠠᠨ ᠪᠦᠲᠦᠭᠡᠨ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠤᠯᠤᠰ᠎ᠤᠨ ᠬᠦᠰᠡᠯ᠎ᠢ ᠪᠡᠶᠡᠯᠡᠭᠦᠯᠬᠦ ᠵᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ!
     (ᠰᠢᠨᠬᠤᠸᠠ ᠬᠤᠷᠢᠶᠠᠨ᠎ᠤ ᠪᠡᠭᠡᠵᠢᠩ᠎ᠤᠨ 5 ᠰᠠᠷ᠎ᠠ ᠵᠢᠨ 29᠎ᠤ ᠴᠠᠬᠢᠯᠭ᠋ᠠᠨ ᠮᠡᠳᠡᠭᠡ᠂ ᠳᠣᠮᠳᠠᠳᠣ ᠣᠯᠣᠰ᠎ᠤᠨ ᠦᠨᠳᠦᠰᠦᠳᠡᠨ᠎ᠤ ᠬᠡᠯᠡᠨ᠎ᠤ ᠣᠷᠴᠢᠭᠤᠯᠭ᠎ᠠ ᠵᠢᠨ ᠳᠣᠪᠴᠢᠶ᠎ᠠ ᠣᠷᠴᠢᠭᠤᠯᠪᠠ)


ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ ᠵᠢᠨ ᠰᠦᠯᠵᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2019 ᠣᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠳᠠᠯ᠎ᠤᠨ ᠮᠡᠳᠡᠭᠦᠯᠦᠯᠲᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2021 ᠣᠨ᠎ᠤ ᠠᠵᠢᠯ᠎ᠤᠨ ᠳ᠋ᠦᠩᠨᠡᠯᠲᠡ
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2022 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠪᠠᠢ᠌ᠳᠠᠯ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2022 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠪᠠᠢ᠌ᠳᠠᠯ
 
            