ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2021 ᠣᠨ᠎ᠤ ᠠᠵᠢᠯ᠎ᠤᠨ ᠳ᠋ᠦᠩᠨᠡᠯᠲᠡ
ᠨᠡᠶᠢᠲᠡᠯᠡᠭᠰᠡᠨ ᠴᠠᠭ᠄ 2022-02-17

     2021 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠤᠢ᠂ ᠪᠠᠰᠠ ᠴᠤ᠌ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠡᠬᠢᠯᠡᠯᠲᠡ ᠵᠢᠨ ᠵᠢᠯ ᠮᠥᠨ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ᠂ ᠵᠢᠷᠭᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠤᠨ ᠲᠤᠬᠠᠢ᠂ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠲᠤᠬᠠᠢ ᠴᠢᠬᠤᠯᠠ ᠶᠠᠷᠢᠶᠠᠨ᠎ᠤ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠤᠨ ᠭᠣᠣᠯ ᠱᠤᠭᠤᠮ᠎ᠢ ᠪᠠᠲᠤ ᠪᠡᠬᠢ ᠪᠣᠶ ᠪᠣᠯᠭ᠋ᠠᠬᠤ᠎ᠲᠠᠢ ᠨᠢᠭᠲᠠ ᠤᠶᠠᠯᠳᠤᠭᠤᠯᠤᠨ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠨᠥᠯᠥᠭᠡ ᠵᠢ ᠢᠳᠡᠪᠬᠢᠲᠡᠢ ᠠᠷᠭ᠋ᠠᠴᠠᠵᠤ᠂ ᠪᠥᠬᠥ ᠵᠢᠯ᠎ᠤᠨ ᠡᠯ᠎ᠡ ᠵᠦᠢ᠍ᠯ᠎ᠤᠨ ᠠᠵᠢᠯ ᠵᠶ᠋ᠠᠨ ᠥᠨᠳᠥᠷ ᠪᠠᠷᠢᠮᠵᠢᠶ᠎ᠠ᠎ᠪᠠᠷ ᠪᠡᠶᠡᠯᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠠᠢ᠌ᠨ ᠰᠠᠢ᠌ᠬᠠᠨ ᠡᠬᠢᠯᠡᠯᠲᠡ ᠵᠢ ᠪᠡᠶᠡᠯᠡᠭᠦᠯᠪᠡ᠃
      ᠨᠢᠭᠡ᠂ ᠲᠥᠪ᠎ᠤᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠪᠠ
     (ᠨᠢᠭᠡ) ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠲᠡᠷᠢᠭᠦᠨ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ 53 ᠤᠳᠠᠭ᠎ᠠ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠣᠣᠯ ᠤᠳᠤᠷᠢᠳᠬᠤ ᠳᠤᠭᠤᠢ᠌ᠯᠠᠩ 17 ᠤᠳᠠᠭ᠎ᠠ ᠰᠤᠷᠤᠯᠴᠠᠪᠠ᠃ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ ᠪᠣᠯᠣᠨ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ 29 ᠤᠳᠠᠭ᠎ᠠ 52 ᠵᠦᠢ᠍ᠯ᠎ᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠵᠤ᠂ ᠨᠠᠮ᠎ᠤᠨ ᠰᠢᠨ᠎ᠡ ᠵᠢ ᠡᠭᠦᠳᠦᠭᠰᠡᠨ ᠤᠨᠤᠯ᠎ᠤᠨ ᠬᠠᠮᠤᠭ᠎ᠤᠨ ᠰᠢᠨ᠎ᠡ ᠦᠷ᠎ᠡ ᠪᠦᠲᠦᠭᠡᠯ ᠵᠶ᠋ᠡᠷ ᠲᠠᠷᠢᠬᠢ ᠲᠣᠯᠣᠭ᠋ᠠᠢ᠎ᠪᠠᠨ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠣᠭᠣᠳᠤᠭᠤᠯᠵᠤ᠂ ᠠᠵᠢᠯ ᠵᠶ᠋ᠠᠨ ᠠᠬᠢᠭᠤᠯᠵᠠᠢ᠃ ᠰᠢ ᠵᠢᠨ ᠫᠢᠩ ᠶᠡᠷᠦᠩᠬᠡᠢ ᠱᠦᠵᠢ ᠵᠢᠨ 《ᠲᠤᠯᠤᠭ᠋ᠠᠨ ᠰᠠᠷ᠎ᠠ ᠵᠢᠨ ᠨᠢᠭᠡᠨ》᠎ᠤ ᠴᠢᠬᠤᠯᠠ ᠶᠠᠷᠢᠶᠠᠨ᠎ᠤ ᠵᠣᠷᠢᠭ ᠰᠠᠨᠠᠭ᠋ᠠᠨ᠎ᠤ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠵᠢ ᠡᠷᠬᠢᠯᠡᠵᠤ᠂ ᠤᠨᠤᠯ᠎ᠤᠨ ᠰᠤᠷᠤᠯᠴᠠᠯᠭ᠎ᠠ᠂ ᠲᠥᠪᠯᠡᠷᠡᠭᠦᠯᠦᠨ ᠰᠤᠳᠤᠯᠤᠨ ᠶᠠᠷᠢᠯᠴᠠᠬᠤ᠂ ᠨᠠᠮ᠎ᠤᠨ ᠡᠳᠦᠷ᠎ᠤᠨ ᠠᠵᠢᠯᠯᠠᠭ᠎ᠠ᠂ ᠦᠵᠡᠭᠦᠯᠭᠡ ᠵᠢᠨ ᠲᠣᠭᠯᠠᠯᠲᠠ᠂ ᠰᠠᠢ᠌ᠨ ᠳᠤᠷ᠎ᠠ ᠵᠢᠨ ᠦᠢ᠍ᠯᠡᠴᠢᠯᠡᠭᠡ ᠵᠡᠷᠭᠡ ᠤᠯᠠᠨ ᠵᠦᠢ᠍ᠯ᠎ᠤᠨ ᠬᠡᠯᠪᠡᠷᠢ ᠵᠢ ᠠᠪᠴᠤ᠂ ᠨᠠᠮ᠎ᠤᠨ ᠭᠡᠰᠢᠭᠦᠨ ᠺᠠᠳ᠋ᠷᠴᠤᠳ᠎ᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ ᠰᠤᠷᠤᠯᠴᠠᠬᠤ ᠰᠡᠳᠬᠢᠬᠦ ᠦᠢ᠍ᠯᠡᠳᠦᠯᠭᠡᠵᠢᠭᠦᠯᠬᠦ ᠤᠬᠠᠮᠰᠠᠷᠠᠬᠤ᠂ ᠮᠡᠳᠡᠬᠦᠢ ᠬᠢᠬᠦᠢ ᠵᠢ ᠨᠢᠭᠡᠳᠬᠡᠬᠦ ᠳᠤᠮᠳᠠ ᠰᠢ ᠵᠢᠨ ᠫᠢᠩ ᠨᠥᠬᠥᠷ ᠵᠶ᠋ᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ᠎ᠲᠠᠢ ᠪᠠᠷᠢᠮᠵᠢᠶ᠎ᠠ᠎ᠪᠠᠨ ᠬᠠᠷᠭᠤᠭᠤᠯᠵᠤ᠂ ᠪᠦᠬᠦ ᠲᠠᠯ᠎ᠠ᠎ᠪᠠᠷ ᠨᠢᠭᠡᠳᠦᠯᠲᠡᠢ ᠪᠠᠢ᠌ᠯᠭ᠋ᠠᠵᠠᠢ᠃ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠪᠦᠬᠦᠳᠠ ᠬᠤᠷᠠᠯ᠎ᠤᠨ ᠵᠣᠷᠢᠭ ᠰᠠᠨᠠᠭ᠋ᠠᠨ᠎ᠤ ᠰᠤᠷᠤᠯᠴᠠᠯᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠨᠠᠮ᠎ᠤᠨ ᠭᠡᠷᠡᠯ ᠰᠠᠴᠤᠷᠠᠩᠭᠤᠢ ᠲᠡᠦᠬᠡ ᠵᠢ ᠰᠤᠷᠤᠯᠴᠠᠬᠤ᠂ ᠠᠭᠤᠤ ᠶᠡᠬᠡ ᠨᠠᠮ ᠪᠠᠶ᠋ᠢᠭᠤᠯᠬᠤ ᠵᠣᠷᠢᠭ ᠰᠠᠨᠠᠭ᠎ᠠ ᠵᠢ ᠪᠠᠳᠠᠷᠠᠭᠤᠯᠬᠤ ᠵᠢ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠦᠨᠳᠦᠰᠦ ᠰᠠᠭᠤᠷᠢ ᠵᠢ ᠪᠠᠲᠤᠳᠬᠠᠬᠤ᠂ ᠰᠢᠨ᠎ᠡ ᠵᠢ ᠡᠭᠦᠳᠬᠦ ᠵᠢ ᠠᠬᠢᠭᠤᠯᠬᠤ᠎ᠲᠠᠢ ᠤᠶᠠᠯᠳᠤᠭᠤᠯᠵᠤ᠂ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠤᠭᠣᠳᠴᠤ ᠬᠦᠰᠡᠯᠡᠩ ᠢᠲᠡᠭᠡᠯ ᠪᠢᠰᠢᠷᠡᠯ᠎ᠢ᠎ᠨᠢ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ᠎ᠨᠢ ᠪᠠᠲᠤ ᠰᠠᠬᠢᠭᠤᠯᠵᠠᠢ᠃
     (ᠬᠣᠶᠠᠷ) ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠠ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠡᠷᠡᠰ ᠨᠠᠢ᠌ᠳᠠᠪᠤᠷᠢᠵᠢᠭᠤᠯᠪᠠ᠃ ᠰᠢ ᠵᠢᠨ ᠫᠢᠩ ᠶᠡᠷᠦᠩᠬᠡᠢ ᠱᠦᠵᠢ ᠵᠢᠨ ᠦ᠋ ᠠᠨ ᠵᠧᠦ ᠵᠢᠨ ᠯᠢᠶᠣᠤ ᠵᠢᠨ ᠰᠤᠪᠤᠷᠭ᠎ᠠ ᠵᠢᠨ ᠲᠤᠬᠠᠢ ᠴᠢᠬᠤᠯᠠ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠪᠠᠷᠢᠯᠭ᠎ᠠ ᠵᠢ ᠰᠡᠯᠪᠢᠨ ᠵᠠᠰᠠᠬᠤ ᠠᠵᠢᠯᠯᠠᠭ᠎ᠠ ᠵᠢᠨ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ᠂   ᠦ᠋ ᠠᠨ ᠵᠧᠦ ᠵᠢᠨ ᠯᠢᠶᠣᠤ ᠵᠢᠨ ᠰᠤᠪᠤᠷᠭ᠎ᠠ ᠵᠢ ᠪᠡᠬᠢᠵᠢᠭᠦᠯᠵᠦ ᠰᠡᠯᠪᠢᠨ ᠵᠠᠰᠠᠬᠤ ᠢᠨᠵᠧᠨᠧᠷᠢᠩ᠎ᠢ ᠨᠢᠭᠡᠨᠲᠡ ᠮᠡᠳᠡᠭᠦᠯᠵᠦ᠂ ᠤᠯᠤᠰ᠎ᠤᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ ᠠᠩᠬ᠎ᠠ ᠠᠯᠬᠤᠮ᠎ᠤᠨ ᠰᠢᠯᠭ᠋ᠠᠨ ᠪᠠᠢ᠌ᠴᠠᠭ᠋ᠠᠯᠲᠠ ᠵᠢ ᠤᠷᠤᠭᠰᠢᠲᠠᠢ ᠥᠩᠭᠡᠷᠡᠭᠦᠯᠪᠡ᠃ ᠰᠢ ᠵᠢᠨ ᠫᠢᠩ ᠶᠡᠷᠦᠩᠬᠡᠢ ᠱᠦᠵᠢ ᠵᠢᠨ ᠤᠯᠠᠭ᠋ᠠᠨᠮᠥ᠋ᠴᠢᠷ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 75 ᠤᠯᠠᠭ᠋ᠠᠨᠮᠥ᠋ᠴᠢᠷ᠂ 300 ᠤᠯᠠᠭ᠋ᠠᠨᠮᠥ᠋ᠴᠢᠷ᠎ᠤᠨ ᠦᠢ᠍ᠯᠡᠴᠢᠯᠡᠭᠡᠨ᠎ᠤ ᠰᠠᠯᠪᠤᠷᠢ ᠪᠠᠭ᠎ᠠ ᠠᠩᠭᠢ᠂ 3500 ᠭᠠᠷᠤᠢ ᠭᠡᠰᠢᠭᠦᠳ᠎ᠢ ᠵᠣᠬᠢᠶᠠᠨ ᠪᠠᠢ᠌ᠭᠤᠯᠤᠨ ᠮᠠᠯᠵᠢᠬᠤ ᠲᠠᠷᠢᠶᠠᠯᠠᠬᠤ ᠣᠷᠣᠨ᠎ᠳᠤ ᠭᠦᠨᠵᠡᠭᠡᠢ᠌ᠷᠡᠭᠦᠯᠵᠦ᠂ ᠤᠯᠠᠨ ᠲᠦᠮᠡᠨ᠎ᠳᠤ ᠤᠷᠠᠨ ᠰᠠᠢ᠌ᠬᠠᠨ᠎ᠤ ᠲᠣᠭᠯᠠᠯᠲᠠ᠂ ᠰᠣᠶᠣᠯ᠎ᠤᠨ ᠬᠠᠪᠰᠤᠷᠤᠨ ᠵᠢᠯᠣᠭᠣᠳᠤᠯᠭ᠎ᠠ᠂ ᠲᠦᠷᠦ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠦᠢ᠍ᠯᠡᠴᠢᠯᠡᠭᠡ ᠥᠷᠨᠢᠭᠦᠯᠵᠦ᠂ ᠨᠠᠮ᠎ᠤᠨ ᠲᠠᠭᠤᠨ ᠪᠣᠯᠣᠨ ᠬᠠᠯᠠᠮᠵᠢᠯᠠᠯ᠎ᠢ ᠬᠦᠳᠡᠭᠡ ᠨᠤᠲᠤᠭ᠎ᠲᠤ ᠬᠦᠷᠭᠡᠪᠡ᠃ ᠤᠷᠲᠤ ᠴᠠᠭ᠋ᠠᠨ ᠬᠡᠷᠡᠮ᠂ ᠬᠠᠲᠤᠨ ᠭᠣᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂ 《ᠣᠷᠳᠣ ᠴᠠᠭ᠋ᠠᠨ ᠬᠡᠷᠡᠮ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠢ᠌ᠭᠤᠯᠤᠯᠲᠠ ᠵᠢᠨ ᠬᠡᠷᠡᠭᠵᠢᠭᠦᠯᠬᠦ ᠲᠥᠰᠥᠯ》᠂ 《ᠣᠷᠳᠣ ᠴᠠᠭ᠋ᠠᠨ ᠬᠡᠷᠡᠮ᠎ᠤᠨ ᠤᠯᠤᠰ᠎ᠤᠨ ᠰᠣᠶᠣᠯ᠎ᠤᠨ ᠴᠡᠴᠡᠷᠯᠢᠭ (ᠥᠪᠥᠷ ᠮᠣᠩᠭᠣᠯ᠎ᠤᠨ ᠬᠡᠰᠡᠭ)᠎ᠤᠨ ᠪᠦᠲᠦᠭᠡᠨ ᠪᠠᠢ᠌ᠭᠤᠯᠤᠯᠲᠠ ᠵᠢᠨ ᠬᠠᠮᠠᠭ᠋ᠠᠯᠠᠯᠲᠠ ᠵᠢᠨ ᠲᠥᠯᠦᠪᠵᠢᠭᠦᠯᠭᠡ》᠂ 《ᠬᠠᠲᠤᠨ ᠭᠣᠣᠯ᠎ᠤᠨ ᠰᠣᠶᠣᠯ᠎ᠢ ᠬᠠᠮᠠᠭ᠋ᠠᠯᠠᠵᠤ ᠤᠯᠠᠮᠵᠢᠯᠠᠨ ᠪᠠᠳᠠᠷᠠᠭᠤᠯᠬᠤ ᠲᠥᠯᠦᠪᠵᠢᠭᠦᠯᠭᠡ》 ᠵᠡᠷᠭᠡ ᠲᠤᠰᠬᠠᠢ ᠲᠥᠯᠦᠪᠵᠢᠭᠦᠯᠭᠡ ᠵᠢ ᠵᠣᠬᠢᠶᠠᠨ ᠪᠠᠢ᠌ᠭᠤᠯᠵᠤ ᠨᠠᠢ᠌ᠷᠠᠭᠤᠯᠤᠨ ᠵᠣᠬᠢᠶᠠᠪᠠ᠃ ᠬᠠᠲᠤᠨ ᠭᠣᠣᠯ᠎ᠤᠨ几 ᠥᠰᠥᠭ᠎ᠤᠨ ᠬᠡᠯᠪᠡᠷᠢᠲᠦ ᠲᠤᠬᠤᠢ ᠵᠢᠨ ᠠᠮᠢ ᠠᠬᠤᠢ ᠵᠢᠨ ᠰᠣᠶᠣᠯ᠎ᠤᠨ ᠵᠢᠭᠤᠯᠴᠢᠯᠠᠯ᠎ᠤᠨ ᠤᠯᠠᠷᠢᠯ᠎ᠤᠨ ᠭᠣᠣᠯ ᠰᠡᠳᠦᠪᠲᠦ ᠳᠡᠯᠭᠡᠷᠡᠭᠦᠯᠬᠦ ᠰᠢᠷᠢᠰ ᠠᠵᠢᠯᠯᠠᠭ᠎ᠠ ᠵᠢ ᠡᠷᠭᠢᠯᠡᠵᠦ᠂ ᠲᠦᠮᠡᠨ ᠭᠠᠵᠠᠷ᠎ᠤᠨ ᠣᠷᠳᠣ ᠴᠠᠭ᠋ᠠᠨ ᠬᠡᠷᠡᠮ᠂ ᠲᠥᠷᠥᠯᠬᠢ ᠪᠣᠷᠣ ᠲᠣᠬᠣᠢ᠂ ᠡᠯᠡᠰᠦᠨ ᠴᠥᠯ᠎ᠤᠨ ᠵᠠᠩ ᠠᠭ᠋ᠠᠯᠢ᠂ ᠲᠦᠮᠡᠨ ᠭᠠᠵᠠᠷ᠎ᠤᠨ ᠴᠠᠢ ᠵᠢᠨ ᠵᠠᠮ᠂ ᠲᠠᠯ᠎ᠠ ᠨᠤᠲᠤᠭ᠎ᠤᠨ ᠵᠠᠩ ᠠᠭ᠋ᠠᠯᠢ ᠵᠡᠷᠭᠡ 5 ᠭᠣᠣᠯ ᠰᠡᠳᠦᠪᠲᠦ ᠵᠢᠭᠤᠯᠴᠢᠯᠠᠯ᠎ᠤᠨ ᠵᠠᠮ ᠱᠤᠭᠤᠮ᠎ᠢ ᠭᠠᠷᠭ᠋ᠠᠪᠠ᠃
      (ᠭᠤᠷᠪᠠ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠤᠢ ᠪᠣᠯᠭ᠋ᠠᠬᠤ ᠠᠵᠢᠯ᠎ᠤᠨ ᠭᠣᠣᠯ ᠰᠢᠵᠢᠮ᠎ᠢ ᠪᠠᠲᠤ ᠡᠵᠡᠮᠳᠡᠪᠡ᠃ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠤᠯᠤᠰ ᠲᠦᠷᠦ ᠵᠢᠨ ᠲᠠᠯ᠎ᠠ᠎ᠠᠴᠠ ᠦᠨᠳᠦᠰᠦᠲᠡᠨ᠎ᠤ ᠬᠠᠷᠢᠴᠠᠭ᠎ᠠ ᠵᠢ ᠡᠷᠡᠰ ᠡᠵᠡᠮᠳᠡᠵᠦ᠂ ᠦᠨᠳᠦᠰᠦᠲᠡᠨ᠎ᠤ ᠠᠰᠠᠭᠤᠳᠠᠯ᠎ᠳᠤ ᠬᠠᠨᠳᠤᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ ᠶᠠᠪᠤᠳᠠᠯ᠎ᠢ ᠤᠷᠠᠯᠢᠭ᠎ᠤᠨ ᠵᠣᠬᠢᠶᠠᠨ ᠪᠦᠲᠦᠭᠡᠬᠦ ᠲᠣᠭᠯᠠᠯᠲᠠ᠂ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ᠂ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠨ ᠠᠰᠢᠭᠯᠠᠬᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠨ ᠵᠠᠯᠭ᠋ᠠᠮᠵᠢᠯᠠᠬᠤ᠂ ᠰᠣᠶᠣᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠭᠠᠳᠠᠭ᠋ᠠᠳᠤ᠎ᠯᠤᠭ᠎ᠠ ᠵᠢᠨ ᠰᠣᠶᠣᠯ᠎ᠤᠨ ᠰᠣᠯᠢᠯᠴᠠᠭ᠎ᠠ᠂ ᠵᠢᠭᠤᠯᠴᠢᠯᠠᠯ᠎ᠤᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠵᠡᠷᠭᠡ ᠪᠦᠬᠦ ᠶᠠᠪᠤᠴᠠ᠂ ᠡᠯ᠎ᠡ ᠵᠠᠩᠭᠢᠯᠠᠭ᠎ᠠ᠎ᠳᠤ ᠭᠦᠨᠵᠡᠭᠡᠢ ᠠᠭᠤᠰᠬᠠᠨ ᠤᠷᠤᠭᠤᠯᠪᠠ᠃ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠤ᠎ᠬᠢ ᠦᠨᠳᠦᠰᠦᠲᠡᠨ᠎ᠤ ᠵᠢᠷᠤᠮᠵᠢᠯ᠎ᠤᠨ ᠴᠢᠨᠠᠷᠲᠠᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠪᠥᠬᠥ ᠲᠠᠯ᠎ᠠ᠎ᠪᠠᠷ ᠡᠮᠬᠢᠯᠡᠨ ᠳᠢᠭᠯᠡᠵᠦ᠂ 40 ᠭᠠᠷᠤᠢ ᠭᠠᠵᠠᠷ᠎ᠢ ᠬᠦᠴᠦᠨ ᠦᠭᠡᠢ ᠪᠣᠯᠭ᠋ᠠᠭᠰᠠᠨ ᠪᠤᠶᠤ ᠵᠠᠰᠠᠪᠤᠷᠢ ᠣᠷᠣᠭᠤᠯᠪᠠ᠃ ᠪᠥᠬᠥ ᠣᠷᠣᠨ᠎ᠤ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠲᠣᠪᠴᠢ ᠲᠠᠨᠢᠯᠴᠠᠭᠤᠯᠭ᠎ᠠ᠂ ᠲᠠᠢ᠌ᠯᠤᠮᠵᠢ ᠵᠢᠨ ᠦᠭᠡᠰ᠎ᠲᠤ ᠬᠢᠨᠠᠨ ᠪᠠᠢ᠌ᠴᠠᠭ᠋ᠠᠯᠲᠠ ᠬᠢᠬᠦ ᠵᠢ ᠵᠣᠬᠢᠶᠠᠨ ᠪᠠᠢ᠌ᠭᠤᠯᠵᠤ᠂ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠳᠣᠲᠣᠷ᠎ᠠ ᠵᠢᠴᠢ ᠬᠡᠭᠡᠷ᠎ᠡ ᠵᠢᠨ ᠲᠣᠮᠣ ᠬᠡᠯᠪᠡᠷᠢ ᠵᠢᠨ ᠱᠤᠭᠤᠮᠠᠯ ᠬᠦᠷᠦᠭ᠎ᠲᠤ ᠵᠢᠭᠰᠠᠭ᠋ᠠᠨ ᠪᠠᠢ᠌ᠴᠠᠭ᠋ᠠᠯᠲᠠ ᠬᠢᠪᠡ᠃ ᠪᠦᠬᠦ ᠣᠷᠣᠨ᠎ᠤ ᠮᠦᠽᠧᠢ ᠵᠢᠨ ᠳᠡᠯᠭᠡᠨ ᠦᠵᠡᠭᠦᠯᠭᠡ ᠵᠢᠨ ᠬᠥᠲᠥᠯᠪᠦᠷᠢ ᠪᠣᠯᠣᠨ ᠲᠠᠢ᠌ᠯᠪᠤᠷᠢᠯᠠᠬᠤ ᠦᠭᠡᠰ᠎ᠲᠤ ᠬᠢᠨᠠᠨ ᠪᠠᠢ᠌ᠴᠠᠭ᠋ᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ᠂ ᠥᠪᠥᠷ ᠮᠣᠩᠭᠣᠯ᠎ᠤᠨ ᠮᠦᠽᠧᠢ ᠵᠢ ᠵᠢᠯᠣᠭᠣᠳᠤᠨ 《ᠠᠭᠤᠰᠤᠯᠴᠠᠯ᠎ᠤᠨ ᠷᠢᠳᠢ ᠰᠢᠳᠢ》 ᠦᠵᠡᠰᠬᠦᠯᠡᠩ᠎ᠤᠨ ᠬᠥᠲᠥᠯᠪᠦᠷᠢ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠪᠥᠬᠥ ᠣᠷᠣᠨ᠎ᠤ ᠣᠯᠠᠨ ᠨᠡᠶ᠋ᠢᠲᠡ ᠵᠢᠨ ᠨᠣᠮ᠎ᠤᠨ ᠰᠠᠩ᠂ ᠰᠣᠶᠣᠯ᠎ᠤᠨ ᠣᠷᠳᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠲᠤ ᠴᠣᠭᠴᠠᠯᠠᠬᠤ ᠵᠢ ᠨᠠᠢ᠌ᠳᠠᠪᠤᠷᠢᠵᠢᠭᠤᠯᠬᠤ ᠦᠵᠡᠯ ᠤᠬᠠᠮᠰᠠᠷ᠎ᠢ ᠨᠠᠢ᠌ᠳᠠᠪᠤᠷᠢᠵᠢᠭᠤᠯᠬᠤ ᠠᠵᠢᠯ᠎ᠢ ᠵᠣᠬᠢᠶᠠᠨ ᠪᠠᠢ᠌ᠭᠤᠯᠤᠨ ᠰᠤᠭᠤᠴᠢᠨ ᠪᠠᠢ᠌ᠴᠠᠭ᠋ᠠᠵᠤ᠂ ᠰᠤᠭᠤᠴᠢᠨ ᠪᠠᠢ᠌ᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠪᠠ᠃ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ   ᠤᠬᠠᠮᠰᠠᠷ᠎ᠢ ᠪᠠᠲᠤ ᠴᠤᠭᠴᠠᠯᠠᠬᠤ — ᠨᠠᠮ᠎ᠤᠨ ᠦᠨᠳᠦᠰᠦᠲᠡᠨ᠎ᠤ ᠣᠨᠣᠯ ᠪᠠ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠲᠠᠩᠰᠠ ᠡᠪᠬᠡᠮᠡᠯ᠎ᠤᠨ ᠲᠤᠯᠭᠤᠷ ᠪᠢᠴᠢᠭ᠎ᠤᠨ ᠦᠵᠡᠭᠦᠯᠭᠡ》᠂ 《ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠰᠡᠳᠬᠢᠯ ᠵᠢᠷᠦᠬᠡ᠎ᠪᠠᠨ ᠨᠠᠮ ᠵᠶ᠋ᠠᠨ ᠳᠠᠭ᠋ᠠᠬᠤ — ᠤᠯᠤᠰ᠎ᠤᠨ ᠰᠣᠩᠭᠣᠳᠠᠭ ᠤᠷᠠᠨ ᠵᠢᠷᠤᠭ᠎ᠤᠨ ᠪᠦᠲᠦᠭᠡᠯ᠎ᠤᠨ ᠦᠵᠡᠭᠦᠯᠭᠡ》᠂ 《ᠣᠷᠳᠣ ᠴᠠᠭ᠋ᠠᠨ ᠬᠡᠷᠡᠮ᠎ᠤᠨ ᠳᠣᠲᠣᠨ᠎ᠠ ᠭᠠᠳᠠᠨ᠎ᠠ ᠴᠥᠮ ᠡᠬᠡ ᠨᠤᠲᠤᠭ — ᠥᠪᠥᠷ ᠮᠣᠩᠭᠣᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠣᠬᠢ ᠰᠤᠳᠤ ᠵᠢᠨ ᠦᠵᠡᠭᠦᠯᠭᠡ》 ᠵᠢ ᠡᠷᠭᠢᠯᠡᠵᠦ᠂ ᠦᠨᠳᠦᠰᠦᠲᠡᠨ᠎ᠤ ᠪᠦᠯᠬᠦᠮᠳᠡᠯ᠎ᠤᠨ ᠲᠠᠯ᠎ᠠ᠎ᠪᠠᠷ᠎ᠬᠢ ᠠᠤᠭ᠎ᠠ ᠰᠦᠷᠯᠢᠭ ᠥᠩᠭᠡᠷᠡᠯᠲᠡ ᠪᠠ ᠡᠯᠪᠡᠭ ᠪᠠᠶᠠᠯᠢᠭ ᠦᠷ᠎ᠡ ᠪᠦᠲᠦᠭᠡᠯ᠎ᠢ ᠪᠥᠬᠥ ᠲᠠᠯ᠎ᠠ᠎ᠪᠠᠷ ᠳᠡᠯᠭᠡᠨ ᠦᠵᠡᠭᠦᠯᠵᠡᠢ᠃ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠯᠡᠳᠡᠭᠳᠡᠯ᠂ ᠡᠷᠲᠡᠨ᠎ᠤ ᠨᠣᠮ ᠪᠢᠴᠢᠭ᠎ᠲᠤ ᠬᠠᠳᠠᠭ᠋ᠠᠯᠠᠭᠳᠠᠵᠤ ᠪᠠᠢ᠌ᠭ᠎ᠠ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠵᠡᠯ ᠰᠠᠨᠠᠭ᠎ᠠ ᠵᠢ ᠭᠦᠨᠵᠡᠭᠡᠢ ᠠᠭᠤᠳᠠᠯᠵᠤ᠂ ᠥᠪᠥᠷ ᠮᠣᠩᠭᠣᠯ᠎ᠤᠨ ᠷᠠᠳᠢᠣ᠋ ᠨᠡᠪᠲᠡᠷᠡᠭᠦᠯᠭᠡ ᠵᠢᠨ ᠬᠣᠷᠢᠶ᠎ᠠ᠎ᠲᠠᠢ ᠬᠠᠮᠲᠤᠷᠠᠨ《ᠲᠡᠦᠬᠡ᠎ᠲᠠᠢ ᠬᠦᠦᠷᠨᠢᠬᠦᠢ》ᠫᠷᠤᠭ᠌ᠷᠡᠮ᠎ᠢ ᠨᠡᠭᠡᠭᠡᠨ᠂ 《ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠳᠣᠲᠣᠷᠠᠬᠢ ᠥᠪᠥᠷ ᠮᠣᠩᠭᠣᠯ》᠂ 《ᠤᠯᠤᠰ᠎ᠤᠨ ᠡᠷᠳᠡᠨᠢ ᠤᠷᠳᠤ ᠴᠠᠭ᠋ᠠᠨ ᠬᠡᠷᠡᠮ᠎ᠢ ᠦᠭᠦᠯᠡᠬᠦᠢ》 ᠭᠡᠬᠦ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠯᠢᠭᠡᠷ᠎ᠢ 60 ᠬᠤᠭᠤᠴᠠᠭ᠎ᠠ᠂ 《ᠲᠣᠭᠣᠰᠣᠨ ᠪᠢᠲᠡᠭᠦᠮᠵᠢ ᠵᠢ᠎ᠨᠢ ᠵᠠᠳᠠᠯᠵᠤ   ᠡᠷᠲᠡᠨ᠎ᠤ ᠨᠣᠮ ᠪᠢᠴᠢᠭ᠎ᠤᠨ ᠳᠠᠭᠤᠨ᠎ᠢ ᠰᠤᠨᠤᠷᠲᠠᠬᠤ — ᠡᠷᠲᠡᠨ᠎ᠤ ᠨᠣᠮ ᠪᠢᠴᠢᠭ᠎ᠢ ᠠᠮᠢᠵᠢᠷᠠᠭᠤᠯᠬᠤ》 ᠮᠦᠽᠧᠢ᠎ᠳᠤ ᠬᠠᠳᠠᠭ᠋ᠠᠯᠠᠵᠤ ᠪᠠᠢ᠌ᠭ᠎ᠠ ᠰᠤᠳᠤᠷ ᠪᠢᠴᠢᠭ᠎ᠤᠨ ᠦᠵᠡᠭᠦᠯᠭᠡ ᠵᠢᠨ ᠨᠡᠪᠲᠡᠷᠡᠭᠦᠯᠭᠡ》 20 ᠬᠤᠭᠤᠴᠠᠭ᠎ᠠ ᠡᠷᠬᠢᠯᠡᠵᠦ᠂ 《ᠮᠣᠩᠭᠣᠯ ᠡᠷᠲᠡᠨ᠎ᠤ ᠨᠣᠮ ᠪᠢᠴᠢᠭ᠎ᠲᠤ ᠲᠡᠮᠳᠡᠭᠯᠡᠭᠰᠡᠨ ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠮᠠᠲ᠋ᠧᠷᠢᠶᠠᠯ᠎ᠤᠨ ᠡᠮᠬᠢᠳᠬᠡᠯ》᠎ᠢ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠲᠦᠷᠦᠯ ᠵᠦᠢ᠍ᠯ᠎ᠳᠤ ᠠᠮᠵᠢᠯᠲᠠ᠎ᠲᠠᠢ ᠭᠤᠶᠤᠴᠢᠯᠠᠨ ᠮᠡᠳᠡᠭᠦᠯᠵᠡᠢ᠃
      (ᠳᠥᠷᠪᠡ) ᠣᠷᠣᠨ᠎ᠤ ᠰᠢᠭᠤᠳ ᠬᠠᠷᠢᠶ᠎ᠠ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠦᠷᠨᠢᠭᠦᠯᠪᠡ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠶᠡᠷᠦᠩᠬᠡᠢ ᠲᠥᠰᠥᠯ᠎ᠢ ᠲᠣᠭᠲᠠᠭ᠋ᠠᠵᠤ᠂ ᠤᠨᠤᠯ ᠰᠤᠷᠤᠯᠴᠠᠬᠤ ᠲᠥᠯᠥᠪᠯᠡᠭᠡ ᠵᠢ ᠱᠠᠲᠤ ᠬᠤᠪᠢᠶᠠᠨ ᠲᠣᠭᠲᠠᠭ᠋ᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠬᠢᠨᠠᠨ ᠵᠢᠯᠣᠭᠣᠳᠤᠯᠭ᠎ᠠ ᠵᠢ ᠵᠠᠯᠭ᠋ᠠᠭ᠎ᠠ᠎ᠪᠠᠷ 4 ᠤᠳᠠᠭ᠎ᠠ ᠥᠷᠨᠢᠭᠦᠯᠵᠦ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ 4 ᠤᠳᠠᠭ᠎ᠠ ᠰᠣᠨᠣᠰᠴᠤ᠂ ᠤᠯᠤᠰ ᠲᠦᠷᠦ ᠵᠢᠨ ᠤᠨᠤᠯ᠎ᠤᠨ ᠰᠢᠯᠭ᠋ᠠᠯᠲᠠ ᠵᠢ 11 ᠤᠳᠠᠭ᠎ᠠ ᠥᠷᠨᠢᠭᠦᠯᠵᠦ᠂ ᠰᠤᠷᠤᠯᠴᠠᠯᠭ᠎ᠠ ᠬᠥᠮᠦᠵᠢᠯ᠎ᠤᠨ ᠵᠣᠬᠢᠶᠠᠨ ᠪᠠᠢ᠌ᠭᠤᠯᠵᠤ ᠵᠣᠬᠢᠴᠠᠭᠤᠯᠬᠤ ᠪᠠ ᠰᠢᠪᠠᠳᠠᠨ ᠵᠢᠯᠤᠭᠣᠳᠬᠤ ᠵᠢ ᠦᠷᠭᠦᠯᠵᠢᠯᠡᠨ ᠴᠢᠩᠭ᠋ᠠᠳᠬᠠᠪᠠ᠃ ᠨᠠᠮ᠎ᠤᠨ ᠲᠡᠦᠬᠡ ᠵᠢ ᠰᠤᠷᠤᠯᠴᠠᠬᠤ ᠪᠠ ᠦᠵᠡᠯ ᠰᠠᠨᠠᠭ᠎ᠠ ᠵᠢ ᠣᠢ᠌ᠯᠠᠭ᠋ᠠᠬᠤ ᠵᠢ ᠨᠡᠪᠳᠡᠷᠡᠳᠡᠯ᠎ᠠ ᠣᠢ᠌ᠯᠠᠭ᠋ᠠᠬᠤ ᠵᠢ ᠪᠠᠷᠢᠮᠲᠠᠯᠠᠵᠤ᠂ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷ᠂ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠲᠠᠢ ᠤᠶᠠᠯᠳᠤᠭᠤᠯᠵᠤ᠂ 《ᠬᠤᠪᠢᠰᠬᠠᠯᠲᠤ ᠵᠦᠴᠦᠭᠡ ᠵᠢᠨ ᠲᠠᠯᠠᠪᠠᠢ + ᠣᠷᠣᠢ ᠵᠢᠨ ᠰᠤᠷᠭ᠋ᠠᠭᠤᠯᠢ》 ᠵᠢᠨ ᠰᠤᠷᠤᠯᠴᠠᠬᠤ ᠬᠡᠯᠪᠡᠷᠢ ᠵᠢ ᠰᠢᠨ᠎ᠡ᠎ᠪᠠᠷ ᠡᠭᠦᠳᠴᠦ᠂ ᠣᠷᠣᠢ ᠵᠢᠨ ᠰᠤᠷᠭ᠋ᠠᠭᠤᠯᠢ ᠵᠢᠨ ᠥᠪᠡᠷᠲᠡᠭᠡᠨ ᠰᠤᠷᠤᠯᠴᠠᠬᠤ᠂ ᠶᠠᠷᠢᠶ᠎ᠠ ᠢᠯᠡᠳᠬᠡᠯ᠎ᠤᠨ ᠤᠷᠤᠯᠳᠤᠭ᠋ᠠᠨ᠂ ᠬᠠᠮᠲᠤ᠎ᠪᠠᠷ ᠲᠠᠩᠭ᠋ᠠᠷᠢᠭᠯᠠᠬᠤ᠂ ᠮᠡᠳᠡᠯᠭᠡ ᠵᠢᠨ ᠤᠷᠤᠯᠳᠤᠭ᠋ᠠᠨ᠂ ᠬᠤᠪᠢᠰᠬᠠᠯᠲᠤ ᠺᠢᠨᠣ᠋ ᠦᠵᠡᠬᠦ ᠵᠡᠷᠭᠡ ᠣᠨᠴᠠᠯᠢᠭ ᠵᠶ᠋ᠠᠷ ᠢᠯᠡ ᠲᠣᠳᠣ᠂ ᠬᠡᠯᠪᠡᠷᠢ ᠮᠠᠶᠢᠭ ᠣᠯᠠᠨ ᠶᠠᠩᠵᠤ ᠵᠢᠨ ᠠᠵᠢᠯᠯᠠᠭ᠎ᠠ ᠵᠢ ᠬᠦᠴᠦᠯᠡᠨ ᠰᠢᠯᠢᠳᠡᠭᠵᠢᠭᠦᠯᠵᠦ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠬᠡᠯᠪᠡᠷᠢ ᠪᠠ ᠦᠷ᠎ᠡ ᠪᠦᠲᠦᠮᠵᠢ ᠵᠢ ᠥᠷᠭᠡᠳᠬᠡᠨ᠂ ᠰᠤᠷᠤᠯᠴᠠᠯᠭ᠎ᠠ ᠬᠥᠮᠦᠵᠢᠯ᠎ᠤᠨ ᠦᠷᠭᠦᠯᠵᠢᠯᠡᠨ ᠬᠥᠭᠵᠢᠬᠦ ᠵᠢ ᠠᠬᠢᠭᠤᠯᠪᠠ᠃ ᠪᠣᠳᠠᠲᠤ ᠶᠠᠪᠤᠳᠠᠯ ᠪᠦᠲᠦᠭᠡᠬᠦ ᠵᠢ ᠰᠢᠨ᠎ᠡ ᠪᠠᠢ᠌ᠳᠠᠯ᠎ᠢ ᠨᠡᠭᠡᠭᠡᠬᠦ᠎ᠲᠠᠢ ᠵᠡᠷᠭᠡ᠎ᠪᠠᠷ ᠬᠦᠴᠦᠯᠡᠬᠦ ᠵᠢ ᠠᠬᠢᠭᠤᠯᠵᠤ᠂《ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ — ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ》᠎ᠢ ᠵᠣᠬᠢᠶᠠᠨ ᠪᠠᠢ᠌ᠭᠤᠯᠤᠨ ᠥᠷᠨᠢᠭᠦᠯᠵᠦ᠂ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠦᠭᠭᠦᠨ᠎ᠡ》 ᠵᠢᠨ ᠨᠠᠷᠢᠨ ᠳᠠᠩᠰᠠ ᠵᠢᠨ 70 ᠵᠦᠢ᠍ᠯ᠎ᠢ ᠪᠦᠬᠦᠨ᠎ᠢ ᠰᠢᠢ᠍ᠳᠪᠦᠷᠢᠯᠡᠵᠦ ᠳᠠᠭᠤᠰᠬᠠᠪᠠ᠃ ᠪᠦᠬᠦ ᠣᠷᠣᠨ ᠪᠦᠰᠡ ᠪᠦᠬᠦ ᠤᠯᠠᠷᠢᠯ᠎ᠤᠨ᠂ ᠵᠦᠷᠢᠶᠡᠴᠢᠯᠡᠭᠰᠡᠨ ᠳᠡᠭᠡᠳᠦ ᠳᠡᠰ᠎ᠤᠨ ᠬᠥᠭᠵᠢᠯᠲᠡ ᠵᠢᠨ ᠪᠠᠢ᠌ᠷᠢ ᠲᠣᠭᠲᠠᠭ᠋ᠠᠯᠲᠠ ᠵᠢ ᠪᠠᠷᠢᠮᠲᠠᠯᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠲᠥᠯᠦᠪᠵᠢᠭᠦᠯᠭᠡ》 ᠵᠢ ᠵᠣᠬᠢᠶᠠᠨ ᠪᠠᠢ᠌ᠭᠤᠯᠤᠨ ᠨᠠᠢ᠌ᠷᠠᠭᠤᠯᠤᠨ ᠵᠣᠬᠢᠶᠠᠵᠤ᠂ ᠰᠣᠶᠣᠯ ᠪᠠ ᠵᠢᠭᠤᠯᠴᠢᠯᠠᠯ᠎ᠤᠨ ᠬᠥᠭᠵᠢᠯᠲᠡ ᠵᠢᠨ ᠪᠠᠢ᠌ᠷᠢᠰᠢᠭᠤᠯᠤᠯᠲᠠ ᠵᠢ ᠬᠦᠴᠦᠯᠡᠨ ᠰᠢᠯᠢᠳᠡᠭᠵᠢᠭᠦᠯᠵᠦ᠂ ᠰᠢᠯᠢᠳᠡᠭ ᠰᠣᠶᠣᠯ ᠵᠢᠭᠤᠯᠴᠢᠯᠠᠯ᠎ᠤᠨ ᠠᠭᠤᠰᠤᠯᠴᠠᠭᠰᠠᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠥᠷᠭᠡᠳᠬᠡᠪᠡ᠃
      ᠬᠣᠶᠠᠷ᠂ ᠰᠣᠶᠣᠯ᠎ᠤᠨ ᠦᠢ᠍ᠯᠡᠰ᠂ ᠰᠣᠶᠣᠯ᠎ᠤᠨ ᠠᠵᠤ ᠦᠢ᠍ᠯᠡᠰ ᠪᠣᠯᠣᠨ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠭᠦᠨᠵᠡᠭᠡᠢ ᠠᠬᠢᠭᠤᠯᠪᠠ
    (ᠨᠢᠭᠡ) ᠤᠯᠠᠭ᠋ᠠᠨᠮᠥ᠋ᠴᠢᠷ᠎ᠤᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠪᠠ᠃ ᠨᠢᠭᠡ᠎ᠳᠤ᠂ ᠳᠡᠭᠡᠳᠦ ᠳᠠᠪᠬᠤᠷᠭ᠎ᠠ ᠵᠢᠨ ᠵᠢᠷᠤᠭ ᠲᠥᠯᠥᠪᠯᠡᠭᠡ ᠵᠢ ᠦᠷᠭᠦᠯᠵᠢᠯᠡᠨ ᠰᠢᠯᠢᠳᠡᠭᠵᠢᠭᠦᠯᠵᠡᠢ᠃ 《ᠰᠢᠨ᠎ᠡ ᠴᠠᠭ ᠦᠶ᠎ᠡ ᠵᠢᠨ ᠤᠯᠠᠭ᠋ᠠᠨᠮᠥ᠋ᠴᠢᠷ᠎ᠤᠨ ᠤᠯᠤᠰ ᠲᠥᠷᠥ ᠵᠢᠨ ᠪᠠᠢ᠌ᠭᠤᠯᠤᠯᠲᠠ ᠵᠢᠨ ᠲᠥᠰᠥᠯ》᠂ 《ᠰᠢᠨ᠎ᠡ ᠴᠠᠭ ᠦᠶ᠎ᠡ ᠵᠢᠨ ᠤᠯᠠᠭ᠋ᠠᠨᠮᠥ᠋ᠴᠢᠷ᠎ᠤᠨ ᠡᠭᠦᠷᠭᠡ ᠴᠢᠳᠠᠪᠤᠷᠢ ᠵᠢᠨ ᠪᠠᠢ᠌ᠭᠤᠯᠤᠯᠲᠠ ᠵᠢᠨ ᠲᠥᠰᠥᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠳᠦᠷᠢᠮ᠎ᠢ ᠬᠡᠷᠡᠭᠵᠢᠭᠦᠯᠬᠦ ᠠᠷᠭ᠎ᠠ》 ᠵᠢ ᠰᠤᠳᠤᠯᠤᠨ ᠲᠤᠭᠤᠷᠪᠢᠵᠤ᠂ 18 ᠤᠯᠠᠭ᠋ᠠᠨᠮᠥ᠋ᠴᠢᠷ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠭᠣᠣᠯᠳᠠᠯᠭ᠎ᠠ᠎ᠲᠠᠢ ᠲᠡᠳᠬᠦᠪᠡ᠃ ᠬᠣᠶᠠᠷ᠎ᠲᠤ᠂ ᠵᠣᠬᠢᠶᠠᠨ ᠪᠦᠲᠦᠭᠡᠵᠦ ᠲᠣᠭᠯᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠡᠢ᠃ ᠮᠠᠯᠴᠢᠨ ᠲᠠᠷᠢᠶᠠᠴᠢᠨ᠎ᠤ ᠣᠶᠤᠨ᠎ᠤ ᠰᠣᠶᠣᠯ᠎ᠤᠨ ᠠᠮᠢᠳᠤᠷᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ᠎ᠪᠠᠷ ᠬᠠᠷᠠᠯᠲᠠ ᠪᠣᠯᠭ᠋ᠠᠵᠤ᠂ 300 ᠭᠠᠷᠤᠢ ᠪᠦᠲᠦᠭᠡᠯ᠎ᠢ ᠵᠣᠬᠢᠶᠠᠨ ᠪᠦᠲᠦᠭᠡᠪᠡ᠃ 《ᠤᠯᠠᠭ᠋ᠠᠨᠮᠥ᠋ᠴᠢᠷ᠎ᠤᠨ ᠰᠠᠷ᠎ᠠ》᠂ 《ᠪᠠᠶᠠᠷ ᠪᠠᠶᠠᠰᠤᠯ ᠪᠣᠯᠪᠠᠰᠤᠨ᠎ᠢ ᠬᠦᠷᠭᠡᠬᠦ》 ᠤᠯᠠᠭ᠋ᠠᠨᠮᠥ᠋ᠴᠢᠷ᠎ᠤᠨ ᠦᠨᠳᠦᠰᠦᠨ ᠱᠠᠲᠤᠨ᠎ᠳᠤ ᠦᠢ᠍ᠯᠡᠴᠢᠯᠡᠬᠦ ᠠᠵᠢᠯᠯᠠᠭ᠎ᠠ ᠵᠢᠴᠢ ᠪᠥᠬᠥ ᠤᠯᠤᠰ᠎ᠤᠨ ᠲᠣᠭᠣᠷᠢᠨ ᠲᠣᠭᠯᠠᠯᠲᠠ ᠵᠡᠷᠭᠡ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠦᠨᠳᠦᠰᠦᠨ ᠱᠠᠲᠤᠨ᠎ᠳᠤ ᠭᠦᠨᠵᠡᠭᠡᠢ᠌ᠷᠡᠨ 8000 ᠭᠠᠷᠤᠢ ᠲᠠᠯᠠᠪᠤᠷ ᠲᠣᠭᠯᠠᠯᠲᠠ ᠭᠠᠷᠭ᠋ᠠᠵᠤ᠂ ᠰᠦᠯᠵᠢᠶᠡᠨ ᠳᠡᠭᠡᠷ᠎ᠡ 7700 ᠭᠠᠷᠤᠢ ᠲᠠᠯᠠᠪᠤᠷ ᠲᠣᠭᠯᠠᠯᠲᠠ ᠭᠠᠷᠭ᠋ᠠᠪᠠ᠃ ᠤᠬᠠᠭᠤᠯᠬᠤ᠂ ᠬᠠᠪᠰᠤᠷᠤᠨ ᠵᠢᠯᠤᠭᠣᠳᠬᠤ ᠪᠠ ᠦᠨᠳᠦᠰᠦᠨ ᠱᠠᠲᠤᠨ᠎ᠤ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠠᠵᠢᠯᠯᠠᠭ᠎ᠠ ᠵᠢ 10500 ᠭᠠᠷᠤᠢ ᠲᠠᠯᠠᠪᠤᠷ ᠤᠳᠠᠭ᠎ᠠ ᠵᠣᠬᠢᠶᠠᠨ ᠪᠠᠢ᠌ᠭᠤᠯᠤᠨ ᠥᠷᠨᠢᠭᠦᠯᠵᠦ᠂ 50 ᠲᠦᠮᠡ ᠰᠢᠬᠠᠮ ᠬᠥᠮᠥᠨ ᠤᠳᠠᠭ᠎ᠠ᠎ᠳᠤ ᠰᠢᠭᠤᠳ ᠦᠢ᠍ᠯᠡᠴᠢᠯᠡᠪᠡ᠃ ᠭᠤᠷᠪᠠ᠎ᠳᠤ᠂ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠤᠯᠠᠭ᠋ᠠᠨᠮᠥ᠋ᠴᠢᠷ᠎ᠤᠨ ᠤᠤᠭ᠋ᠠᠯ ᠡᠭᠦᠳᠦᠯᠲᠡ ᠵᠢᠨ ᠰᠣᠩᠭᠣᠳᠠᠭ ᠪᠦᠲᠦᠭᠡᠯ᠎ᠢ ᠤᠯᠠᠮᠵᠢᠯᠠᠨ ᠵᠠᠯᠭ᠋ᠠᠮᠵᠢᠯᠠᠬᠤ ᠢᠨᠵᠧᠨᠧᠷᠢᠩ᠎ᠢ ᠭᠣᠣᠯᠳᠠᠯᠭ᠎ᠠ᠎ᠲᠠᠢ ᠬᠡᠷᠡᠭᠵᠢᠭᠦᠯᠵᠦ᠂ 《ᠤᠯᠠᠭ᠋ᠠᠨᠮᠥ᠋ᠴᠢᠷ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠨᠢᠭᠡ ᠴᠣᠭᠴᠠᠲᠤ ᠮᠠᠰᠢᠨ》᠎ᠢ ᠰᠤᠳᠤᠯᠤᠨ ᠨᠡᠭᠡᠭᠡᠵᠦ᠂ 《ᠰᠦᠯᠵᠢᠶᠡᠨ ᠳᠡᠭᠡᠷᠡᠬᠢ ᠤᠯᠠᠭ᠋ᠠᠨᠮᠥ᠋ᠴᠢᠷ》᠎ᠤᠨ ᠲᠠᠪᠴᠠᠩ᠎ᠳᠤ ᠨᠡᠶ᠋ᠢᠲᠡ 1000 ᠭᠠᠷᠤᠢ ᠰᠢᠯᠢᠳᠡᠭ ᠪᠦᠲᠦᠭᠡᠯ᠎ᠢ ᠤᠯᠠᠮᠵᠢᠯᠠᠵᠤ᠂ ᠠᠩᠬᠠᠷᠤᠭᠰᠠᠨ ᠲᠤᠭ᠎ᠠ 46 ᠲᠦᠮᠡ ᠭᠠᠷᠤᠢ ᠤᠳᠠᠭ᠎ᠠ᠎ᠳᠤ ᠭᠦᠷᠦᠭᠰᠡᠨ ᠪᠠᠢ᠌ᠨ᠎ᠠ᠃
      (ᠬᠣᠶᠠᠷ) ᠤᠷᠠᠯᠢᠭ᠎ᠤᠨ ᠦᠢ᠍ᠯᠡᠰ᠎ᠤᠨ ᠬᠥᠭᠵᠢᠯᠲᠡ ᠡᠳᠦᠷ ᠢᠷᠡᠬᠦᠶ᠎ᠡ ᠴᠡᠴᠡᠭᠯᠡᠨ ᠬᠦᠭᠵᠢᠪᠡ᠃ ᠨᠢᠭᠡ᠎ᠳᠤ᠂ ᠤᠷᠠᠯᠢᠭ᠎ᠤᠨ ᠵᠣᠬᠢᠶᠠᠨ ᠪᠦᠲᠦᠭᠡᠯᠭᠡ   ᠵᠢᠨ ᠦᠷ᠎ᠡ ᠪᠦᠲᠦᠭᠡᠯ ᠡᠯᠪᠡᠭ ᠪᠠᠶᠠᠯᠢᠭ ᠪᠤᠯᠪᠠ᠃ ᠥᠪᠥᠷ ᠮᠣᠩᠭᠣᠯ᠎ᠤᠨ ᠲᠠᠢ᠌ᠰᠠᠨ᠎ᠤ ᠤᠷᠠᠯᠢᠭ᠎ᠤᠨ ᠰᠣᠳᠣᠨ ᠪᠦᠲᠦᠭᠡᠯ᠎ᠤᠨ ᠢᠨᠵᠧᠨᠧᠷᠢᠩ᠎ᠢ ᠬᠡᠷᠡᠭᠵᠢᠭᠦᠯᠬᠦ 《ᠦᠨᠳᠦᠰᠦᠨ ᠱᠠᠲᠤᠨ᠎ᠳᠤ ᠦᠨᠳᠦᠰᠦᠯᠡᠵᠦ᠂ ᠠᠷᠠᠳ ᠲᠦᠮᠡᠨ᠎ᠲᠠᠢ ᠰᠡᠳᠬᠢᠯ ᠵᠢᠷᠦᠬᠡ᠎ᠪᠠᠨ ᠬᠣᠯᠪᠣᠬᠤ》 ᠭᠣᠣᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢ ᠢᠳᠡᠪᠬᠢᠲᠡᠢ ᠠᠬᠢᠭᠤᠯᠵᠤ᠂ ᠡᠯ᠎ᠡ ᠭᠠᠵᠠᠷ᠎ᠤᠨ᠎ᠬᠢᠨ ᠴᠠᠭ ᠦᠶ᠎ᠡ ᠵᠢᠨ ᠳᠠᠪᠰᠢᠯᠲᠠ᠂ ᠦᠨᠳᠦᠰᠦᠲᠡᠨ᠎ᠤ ᠪᠦᠯᠬᠦᠮᠳᠡᠯ᠂ ᠤᠯᠤᠰ ᠵᠶ᠋ᠠᠨ ᠬᠠᠢ᠌ᠷᠠᠯᠠᠬᠤ ᠨᠠᠮ ᠵᠶ᠋ᠠᠨ ᠬᠠᠢ᠌ᠷᠠᠯᠠᠬᠤ ᠵᠡᠷᠭᠡ ᠰᠡᠳᠦᠪ᠎ᠤᠨ ᠲᠣᠭᠣᠷᠢᠨ᠎ᠳᠤ ᠨᠢᠭᠡ ᠪᠦᠯᠦᠭ ᠤᠷᠠᠯᠢᠭ᠎ᠤᠨ ᠰᠣᠳᠣᠨ ᠪᠦᠲᠦᠭᠡᠯ ᠭᠠᠷᠭ᠋ᠠᠵᠤ᠂ 《ᠲᠠᠯ᠎ᠠ ᠨᠤᠲᠤᠭ᠎ᠤᠨ ᠪᠢᠴᠢᠬᠠᠨ ᠪᠠᠭ᠋ᠠᠲᠤᠷ ᠡᠭᠡᠴᠢ ᠥᠬᠢᠨ ᠳᠡᠭᠦᠦ》 ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠷᠠᠨ ᠰᠠᠢ᠌ᠬᠠᠨ᠎ᠤ ᠬᠠᠮᠲᠤᠷᠠᠭᠰᠠᠨ ᠲᠣᠭᠯᠠᠯᠲᠠ 《ᠬᠦᠰᠡᠯ ᠵᠡᠭᠦᠳᠦ᠎ᠪᠠᠨ ᠲᠡᠷᠭᠡᠯᠰᠢᠭᠦᠯᠬᠦ ᠱᠠᠩᠨᠠᠯ》᠎ᠤᠨ ᠬᠠᠮᠤᠭ᠎ᠤᠨ ᠰᠢᠯᠢᠳᠡᠭ ᠵᠦᠴᠦᠭᠡ ᠵᠢᠨ ᠭᠠᠷᠴᠠᠭ᠎ᠤᠨ ᠱᠠᠩᠨᠠᠯ᠂ ᠬᠠᠮᠤᠭ᠎ᠤᠨ ᠰᠢᠯᠢᠳᠡᠭ ᠤᠳᠤᠷᠢᠳᠤᠭ᠋ᠠᠴᠢ ᠵᠢᠨ ᠱᠠᠩᠨᠠᠯ᠂ 《ᠮᠣᠷᠢᠲᠤ ᠴᠡᠷᠢᠭ》᠂ 《ᠬᠦᠰᠡᠯ ᠵᠡᠭᠦᠳᠦ᠎ᠪᠠᠨ ᠲᠡᠷᠭᠡᠯᠰᠢᠭᠦᠯᠬᠦ ᠱᠠᠩᠨᠠᠯ》᠎ᠤᠨ ᠤᠷᠠᠯᠢᠭ᠎ᠤᠨ ᠲᠣᠭᠯᠠᠯᠲᠠ ᠵᠢᠨ ᠱᠠᠩᠨᠠᠯ᠎ᠢ ᠬᠦᠷᠳᠡᠪᠡ; 《ᠷᠣᠮᠠᠨᠲ᠋ᠢᠭ ᠲᠠᠯ᠎ᠠ ᠨᠤᠲᠤᠭ》᠎ᠨᠢ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠥᠵᠢᠭ᠎ᠤᠨ 《ᠪᠠᠳᠮ᠎ᠠ ᠱᠠᠩᠨᠠᠯ》᠎ᠤᠨ ᠦᠨᠳᠦᠰᠦᠲᠡᠨ᠎ᠤ ᠠᠷᠠᠳ᠎ᠤᠨ ᠪᠥᠵᠢᠭ᠎ᠤᠨ ᠱᠠᠩᠨᠠᠯ  ᠎ᠢ ᠬᠦᠷᠲᠡᠵᠦ᠂ 《ᠮᠣᠷᠢᠲᠠᠨ ᠪᠠ ᠬᠠᠳᠬᠤᠮᠠᠯᠴᠢᠨ》᠎ᠨᠢ ᠠᠷᠪᠠᠨ ᠨᠢᠭᠡᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠼᠢᠷᠺ᠎ᠤᠨ 《ᠠᠯᠲᠠᠨ ᠤᠳᠪᠠᠯᠠ ᠱᠠᠩᠨᠠᠯ》᠎ᠤᠨ ᠶᠧᠯᠸᠢ ᠵᠢᠨ ᠫᠷᠣᠭ᠌ᠷᠠᠮ᠎ᠤᠨ ᠱᠠᠩᠨᠠᠯ  ᠎ᠢ ᠭᠥᠷᠳᠡᠪᠡ᠃ ᠬᠣᠶᠠᠷ᠎ᠲᠤ᠂ ᠠᠷᠠᠳ᠎ᠲᠤ ᠵᠣᠷᠢᠭᠤᠯᠤᠭᠰᠠᠨ ᠲᠣᠭᠯᠠᠯᠲᠠ ᠥᠷᠨᠢᠩᠭᠦᠢ᠎ᠪᠠᠷ ᠬᠥᠭᠵᠢᠪᠡ᠃  《ᠵᠠᠭᠤᠨ ᠪᠦᠯᠬᠦᠮ ᠮᠢᠩᠭ᠋ᠠᠨ ᠲᠠᠯᠠᠪᠤᠷ ᠦᠨᠳᠦᠰᠦᠨ ᠱᠠᠲᠤᠨ᠎ᠳᠤ ᠪᠠᠭᠤᠬᠤ》᠂ 《ᠲᠠᠯ᠎ᠠ ᠨᠤᠲᠤᠭ᠎ᠤᠨ ᠳᠠᠭᠤᠤ ᠬᠥᠭᠵᠢᠮ᠎ᠤᠨ ᠭᠠᠷᠠᠭ᠎ᠤᠨ ᠰᠡᠭᠦᠯᠴᠢ》 ᠵᠡᠷᠭᠡ ᠰᠢᠷᠢᠰ ᠠᠵᠢᠯᠯᠠᠭ᠎ᠠ ᠵᠢ ᠥᠷᠨᠢᠭᠦᠯᠵᠦ᠂ ᠨᠠᠮ ᠪᠠᠢ᠌ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠬᠤᠪᠢᠰᠬᠠᠯᠲᠤ ᠳᠠᠭᠤᠤ ᠵᠢᠨ ᠲᠣᠭᠯᠠᠯᠲᠠ ᠵᠡᠷᠭᠡ ᠲᠤᠰᠬᠠᠢ ᠲᠠᠯᠠᠪᠤᠷ ᠳᠠᠭᠤᠤ ᠬᠥᠭᠵᠢᠮ᠎ᠤᠨ ᠦᠳᠡᠰᠢᠯᠡᠭᠡ᠂ 《ᠳᠥᠷᠪᠡᠨ ᠤᠯᠠᠷᠢᠯ᠎ᠤᠨ ᠥᠪᠥᠷ ᠮᠣᠩᠭᠣᠯ᠎ᠤᠨ ᠲᠣᠭᠯᠠᠯᠲᠠ ᠵᠢᠨ ᠤᠯᠠᠷᠢᠯ》᠎ᠤᠨ ᠡᠪᠦᠯ᠎ᠤᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠬᠠᠮᠲᠤᠷᠠᠭᠰᠠᠨ ᠲᠣᠭᠯᠠᠯᠲᠠ ᠡᠷᠭᠢᠯᠡᠵᠦ᠂ 《ᠲᠠᠯ᠎ᠠ ᠨᠤᠲᠤᠭ᠎ᠤᠨ ᠬᠥᠪᠡᠭᠦᠳ ᠥᠬᠢᠳ ᠡᠬᠡ ᠤᠯᠤᠰ ᠵᠶ᠋ᠠᠨ ᠬᠠᠢ᠌ᠷᠠᠯᠠᠬᠤ   ᠳᠤᠮᠳᠠᠳᠤ ᠵᠢᠨ ᠦᠨᠳᠦᠰᠦᠲᠡᠨ ᠬᠠᠮᠲᠤᠷᠠᠨ ᠪᠦᠯᠬᠦᠮᠳᠡᠬᠦ》 ᠭᠡᠬᠦ ᠭᠣᠣᠯ ᠰᠡᠳᠦᠪᠲᠦ ᠤᠷᠠᠨ ᠰᠠᠢ᠌ᠬᠠᠨ᠎ᠤ ᠲᠣᠭᠯᠠᠯᠲᠠ᠂ 《ᠰᠢᠯᠢᠳᠡᠭ ᠵᠦᠴᠦᠭᠡ ᠵᠢᠨ ᠦᠵᠡᠭᠦᠯᠭᠡ ᠵᠢᠨ ᠲᠣᠭᠯᠠᠯᠲᠠ ᠵᠢᠨ ᠰᠠᠷ᠎ᠠ》 ᠵᠡᠷᠭᠡ ᠲᠣᠭᠯᠠᠯᠲᠠ ᠵᠢᠨ ᠠᠵᠢᠯᠯᠠᠭ᠎ᠠ᠎ᠳᠤ ᠪᠦᠬᠦ ᠣᠷᠣᠨ᠎ᠤ ᠡᠯ᠎ᠡ ᠱᠠᠲᠤᠨ᠎ᠤ ᠤᠷᠠᠨ ᠰᠠᠢ᠌ᠬᠠᠨ᠎ᠤ ᠬᠦᠷᠢᠶᠡᠯᠡᠩ ᠪᠦᠯᠬᠦᠮ᠎ᠤᠨ᠎ᠬᠢᠨ ᠦᠨᠳᠦᠰᠦᠨ ᠱᠠᠲᠤᠨ᠎ᠳᠤ ᠭᠦᠨᠵᠡᠭᠡᠢ᠌ᠷᠡᠵᠦ 9900 ᠭᠠᠷᠤᠢ ᠤᠳᠠᠭ᠎ᠠ ᠲᠣᠭᠯᠠᠯᠲᠠ ᠭᠠᠷᠭ᠋ᠠᠵᠤ᠂ ᠰᠦᠯᠵᠢᠶᠡᠨ ᠳᠡᠭᠡᠷ᠎ᠡ 8500 ᠭᠠᠷᠤᠢ ᠤᠳᠠᠭ᠎ᠠ ᠲᠣᠭᠯᠠᠯᠲᠠ ᠳᠠᠮᠵᠢᠭᠤᠯᠪᠠ᠃ ᠭᠤᠷᠪᠠ᠎ᠳᠤ᠂ ᠤᠷᠠᠯᠢᠭ᠎ᠤᠨ ᠰᠤᠳᠤᠯᠭ᠋ᠠᠨ ᠰᠢᠪᠲᠤᠯᠤᠯᠲᠠ᠎ᠲᠠᠢ ᠪᠣᠯᠪᠠ᠃ 《ᠲᠠᠢ᠌ᠰᠠᠨ᠎ᠤ ᠤᠷᠠᠯᠢᠭ᠎ᠤᠨ ᠭᠤᠷᠪᠠᠨ ᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ》᠎ᠨᠢ ᠪᠥᠬᠥ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠰᠢᠯᠢᠳᠡᠭ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠢ᠍ᠯᠡᠳᠦᠯᠭᠡ ᠵᠢᠨ ᠬᠡᠷᠡᠭ᠎ᠤᠨ ᠵᠢᠱ᠌ᠢᠶ᠎ᠡ ᠵᠢ ᠬᠦᠷᠲᠡᠵᠦ᠂ 《ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ ᠵᠢ ᠪᠠᠳᠠᠷᠠᠭᠤᠯᠬᠤ ᠬᠡᠷᠡᠯ ᠵᠢᠷᠤᠭ᠎ᠤᠨ ᠪᠦᠲᠦᠭᠡᠯ᠎ᠤᠨ ᠦᠵᠡᠰᠬᠦᠯᠡᠩ》᠎ᠢ ᠤᠯᠤᠰ᠎ᠤᠨ ᠤᠷᠠᠯᠢᠭ᠎ᠤᠨ ᠰᠠᠭᠤᠷᠢ ᠮᠥᠩᠭᠥ ᠵᠢᠨ ᠲᠤᠰᠠᠯᠠᠮᠵᠢ ᠵᠢᠨ ᠵᠦᠢ᠍ᠯᠡᠰ᠎ᠲᠤ ᠣᠷᠣᠭᠤᠯᠪᠠ᠃ 《ᠥᠪᠥᠷ ᠮᠣᠩᠭᠣᠯ᠎ᠤᠨ ᠤᠯᠠᠭ᠋ᠠᠨᠮᠥ᠋ᠴᠢᠷ᠎ᠤᠨ ᠣᠳᠣᠬᠢ ᠪᠠᠢ᠌ᠳᠠᠯ᠎ᠤᠨ ᠪᠠᠢ᠌ᠴᠠᠭ᠋ᠠᠯᠲᠠ ᠬᠢᠭᠡᠳ ᠰᠢᠯᠢᠳᠡᠭ ᠤᠯᠠᠮᠵᠢᠯᠠᠯᠲᠤ ᠰᠣᠶᠣᠯ᠎ᠤᠨ ᠤᠯᠠᠮᠵᠢᠯᠠᠯ᠎ᠤᠨ ᠰᠤᠳᠤᠯᠤᠯ》᠂ 《ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ᠎ᠠᠴᠠ ᠨᠠᠭ᠋ᠠᠰᠢᠬᠢ ᠥᠪᠥᠷ ᠮᠣᠩᠭᠣᠯ᠎ᠤᠨ ᠦᠨᠳᠦᠰᠦᠲᠡᠨ᠎ᠤ ᠪᠥᠵᠢᠭ᠎ᠤᠨ ᠵᠣᠬᠢᠶᠠᠨ ᠪᠦᠲᠦᠭᠡᠯᠭᠡ ᠵᠢᠨ ᠰᠤᠳᠤᠯᠤᠯ》᠎ᠤᠨ ᠰᠤᠳᠤᠯᠭ᠋ᠠᠨ᠎ᠤ ᠠᠵᠢᠯ ᠡᠮᠬᠢ ᠵᠢᠷᠤᠮ᠎ᠲᠠᠢ ᠠᠬᠢᠪᠠ᠃
     (ᠭᠤᠷᠪᠠ) ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠦᠢ᠍ᠯᠡᠳᠦᠯ ᠴᠢᠳᠠᠪᠤᠷᠢ ᠦᠷᠭᠦᠯᠵᠢᠯᠡᠨ ᠳᠡᠭᠭᠰᠢᠯᠡᠪᠡ᠃ ᠨᠢᠭᠡ᠎ᠳᠤ᠂ ᠦᠨᠳᠦᠰᠦᠨ ᠱᠠᠲᠤᠨ᠎ᠤ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠬᠦᠭᠡᠷᠦᠮᠵᠢ ᠵᠢ ᠲᠡᠭᠦᠯᠳᠡᠷᠵᠢᠭᠦᠯᠵᠡᠢ᠃ ᠪᠥᠬᠥ ᠣᠷᠣᠨ᠎ᠤ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠰᠣᠶᠣᠯ᠎ᠤᠨ ᠲᠦᠬᠦᠭᠡᠷᠦᠮᠵᠢ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢᠨ ᠪᠠᠢ᠌ᠳᠠᠯ᠎ᠢ ᠲᠥᠪᠯᠡᠷᠡᠭᠦᠯᠦᠨ ᠪᠠᠢ᠌ᠴᠠᠭ᠋ᠠᠨ ᠴᠡᠭᠴᠡᠯᠡᠵᠦ᠂ 2020 ᠣᠨ᠎ᠳᠤ ᠪᠠᠢ᠌ᠭᠤᠯᠤᠭᠰᠠᠨ 927 ᠵᠢᠭᠤᠯᠴᠢᠯᠠᠯ᠎ᠤᠨ ᠵᠣᠷᠯᠣᠩ᠎ᠢ ᠰᠢᠯᠭ᠋ᠠᠨ ᠠᠪᠴᠤ ᠲᠠᠰ ᠲᠣᠭᠲᠠᠭ᠋ᠠᠨ᠂ 1007 ᠵᠢᠭᠤᠯᠴᠢᠯᠠᠯ᠎ᠤᠨ ᠵᠣᠷᠯᠣᠩ᠎ᠢ ᠰᠤᠭᠤᠴᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠪᠠ᠃ ᠪᠥᠬᠥ ᠤᠯᠤᠰ᠎ᠤᠨ ᠠᠷᠠᠳ᠎ᠤᠨ ᠤᠷᠠᠯᠢᠭ᠎ᠤᠨ ᠨᠤᠲᠤᠭ   ᠵᠶ᠋ᠠᠷ 5 ᠭᠠᠵᠠᠷ ᠦᠨᠡᠯᠡᠭᠳᠡᠨ᠂ ᠪᠥᠬᠥ ᠣᠷᠣᠨ᠎ᠤ ᠠᠷᠠᠳ᠎ᠤᠨ ᠤᠷᠠᠯᠢᠭ᠎ᠤᠨ ᠨᠤᠲᠤᠭ ᠵᠶ᠋ᠠᠷ 24 ᠭᠠᠵᠠᠷ᠎ᠢ ᠨᠡᠷᠡᠢ᠌ᠳᠴᠦ᠂ 88 ᠰᠣᠶᠣᠯ᠎ᠤᠨ ᠣᠷᠳᠣᠨ ᠤᠯᠤᠰ᠎ᠤᠨ ᠭᠤᠷᠪᠠᠳᠤᠭ᠋ᠠᠷ ᠳᠡᠰ᠎ᠠᠴᠠ ᠳᠡᠭᠡᠭᠰᠢᠬᠢ ᠰᠣᠶᠣᠯ᠎ᠤᠨ ᠣᠷᠳᠣᠨ᠎ᠤ ᠪᠠᠷᠢᠮᠵᠢᠶ᠎ᠠ᠎ᠳᠤ ᠭᠦᠷᠦᠭᠰᠡᠨ ᠶᠤᠮ᠃ ᠬᠣᠶᠠᠷ᠎ᠲᠤ᠂ ᠤᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠵᠢ ᠥᠷᠭᠡᠨ ᠳᠡᠯᠭᠡᠷᠡᠩᠭᠦᠢ᠎ᠪᠠᠷ ᠦᠷᠨᠢᠭᠦᠯᠵᠡᠢ᠃ ᠥᠪᠥᠷ ᠮᠣᠩᠭᠣᠯ᠎ᠤᠨ ᠬᠥᠳᠡᠭᠡ ᠲᠣᠰᠬᠣᠨ᠎ᠤ ᠴᠠᠭ᠋ᠠᠨ ᠰᠠᠷ᠎ᠠ ᠵᠢᠨ ᠦᠳᠡᠰᠢᠯᠡᠭᠡ᠂ 《ᠨᠠᠬᠢᠯᠵᠠᠭ᠋ᠠᠨ ᠤᠶᠠᠩᠭ᠋ᠠᠲᠤ ᠤᠮᠠᠷᠠᠲᠤ ᠬᠢᠯᠢ》 ᠪᠥᠬᠥ ᠣᠷᠣᠨ᠎ᠤ ᠳᠥᠷᠪᠡᠳᠦᠭᠡᠷ ᠬᠤᠭᠤᠴᠠᠭ᠋ᠠᠨ᠎ᠤ ᠲᠠᠯᠠᠪᠠᠶ ᠵᠢᠨ ᠪᠥᠵᠢᠭ᠎ᠤᠨ ᠤᠷᠤᠯᠳᠤᠭ᠋ᠠᠨ᠂ 《ᠪᠠᠬᠠᠷᠤᠯᠲᠤ ᠤᠷᠠᠳ》 ᠪᠠᠷᠠᠭᠤᠨ ᠣᠷᠣᠨ᠎ᠤ ᠠᠷᠠᠳ᠎ᠤᠨ ᠳᠠᠭᠤᠤ ᠵᠢᠨ ᠴᠤᠭᠯᠠᠭ᠋ᠠᠨ᠂ 《ᠰᠣᠭᠲᠤᠭᠤᠷᠠᠮ᠎ᠠ ᠰᠠᠢ᠌ᠬᠠᠨ ᠲᠠᠯ᠎ᠠ ᠨᠤᠲᠤᠭ᠂ ᠦᠵᠡᠰᠬᠦᠯᠡᠩᠲᠦ ᠭᠤᠸ᠎ᠠ ᠤᠮᠠᠷᠠᠲᠤ ᠬᠢᠯᠢ》 ᠬᠣᠶᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠬᠡᠷᠡᠯ ᠵᠢᠷᠤᠭ᠎ᠤᠨ ᠰᠢᠯᠢᠳᠡᠭ ᠪᠦᠲᠦᠭᠡᠯ᠎ᠤᠨ ᠦᠵᠡᠭᠦᠯᠭᠡ ᠵᠡᠷᠭᠡ ᠠᠵᠢᠯᠯᠠᠭ᠎ᠠ ᠵᠢ ᠡᠷᠭᠢᠯᠡᠵᠦ᠂ 《ᠨᠤᠲᠤᠭ᠎ᠤᠨ ᠳᠠᠭᠤᠤ᠎ᠪᠠᠨ ᠨᠠᠮ᠎ᠳᠤ᠎ᠪᠠᠨ ᠰᠣᠨᠤᠰᠬᠠᠶ᠎ᠠ》 ᠣᠯᠠᠨ ᠲᠦᠮᠡᠨᠴᠢ ᠴᠢᠨᠠᠷᠲᠠᠢ ᠳᠠᠭᠤᠤ ᠵᠢᠨ ᠠᠵᠢᠯᠯᠠᠭ᠎ᠠ ᠵᠢ 221 ᠤᠳᠠᠭ᠎ᠠ ᠥᠷᠨᠢᠭᠦᠯᠪᠡ᠃ ᠭᠤᠷᠪᠠ᠎ᠳᠤ᠂ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠠᠵᠢᠯᠯᠠᠭ᠎ᠠ ᠵᠢ ᠭᠦᠨᠵᠡᠭᠡᠢ ᠦᠷᠨᠢᠭᠦᠯᠵᠡᠢ᠃ 《ᠰᠢ ᠲᠠᠭᠤᠷᠢᠯᠢᠬ᠎ᠢ ᠬᠥᠳᠡᠭᠡ ᠲᠣᠰᠬᠣᠨ᠎ᠳᠤ ᠬᠦᠷᠭᠡᠬᠦ》 ᠲᠣᠭᠯᠠᠯᠲᠠ ᠵᠢ 2000 ᠭᠠᠷᠤᠢ ᠤᠳᠠᠭ᠎ᠠ ᠵᠣᠬᠢᠶᠠᠨ ᠪᠠᠢ᠌ᠭᠤᠯᠵᠤ᠂ ᠮᠠᠯᠴᠢᠨ ᠲᠠᠷᠢᠶᠠᠴᠢᠨ᠎ᠳᠤ ᠳᠠᠪᠬᠤᠷᠳᠠᠭᠰᠠᠨ ᠬᠦᠮᠦᠨ᠎ᠤ ᠲᠣᠭ᠎ᠠ᠎ᠪᠠᠷ 50 ᠭᠠᠷᠤᠢ ᠤᠳᠠᠭ᠎ᠠ ᠦᠢ᠍ᠯᠡᠴᠢᠯᠡᠪᠡ᠃ ᠮᠠᠯᠵᠢᠬᠤ ᠲᠠᠷᠢᠶᠠᠯᠠᠬᠤ ᠣᠷᠣᠨ᠎ᠤ ᠰᠣᠶᠣᠯ᠎ᠤᠨ ᠵᠢᠱ᠌ᠢᠶ᠎ᠡ ᠦᠵᠡᠭᠦᠯᠬᠦ ᠡᠷᠦᠬᠡ ᠵᠢ 120 ᠨᠡᠷᠡᠢ᠌ᠳᠴᠦ᠂ ᠡᠷᠦᠬᠡ ᠪᠦᠷᠢ᠎ᠳᠤ 2 ᠲᠦᠮᠡᠨ ᠲᠥᠭᠥᠷᠢᠭ᠎ᠤᠨ ᠲᠡᠳᠬᠦᠮᠵᠢ ᠵᠢᠨ ᠪᠡᠯᠡ ᠮᠥᠩᠭᠥ ᠣᠯᠭᠣᠨ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ 80 ᠭᠠᠴᠠᠭ᠎ᠠ᠎ᠳᠤ ᠲᠤᠰᠪᠤᠷᠢ 1 ᠰᠣᠶᠣᠯ᠎ᠤᠨ ᠬᠠᠮᠢᠶᠠᠷᠤᠭᠴᠢ ᠵᠢ ᠲᠣᠬᠢᠷᠠᠭᠤᠯᠪᠠ᠃ 108 ᠨᠣᠮ᠎ᠤᠨ ᠰᠠᠩ 《ᠨᠣᠮ᠎ᠤᠨ ᠴᠠᠭ᠋ᠠᠨ ᠪᠤᠶᠠᠨᠲᠤ ᠤᠮᠠᠷᠠᠲᠤ ᠬᠢᠯᠢ · ᠺᠣᠳ᠋ ᠵᠶ᠋ᠡᠷ ᠰᠢᠷᠪᠢᠬᠦ ᠤᠩᠰᠢᠯᠭ᠎ᠠ》 ᠭᠡᠬᠦ ᠲᠠᠪᠴᠠᠩ ᠵᠶ᠋ᠠᠷ ᠪᠦᠬᠦ ᠣᠷᠣᠨ᠎ᠤ ᠨᠣᠮ᠎ᠤᠨ ᠰᠠᠩ᠎ᠳᠤ ᠰᠢᠷᠢᠰ ᠨᠣᠮ ᠤᠩᠰᠢᠬᠤ ᠠᠵᠢᠯᠯᠠᠭ᠎ᠠ ᠥᠷᠨᠢᠭᠦᠯᠵᠦ᠂ ᠳᠠᠪᠬᠤᠷᠳᠠᠭᠰᠠᠨ ᠬᠦᠮᠦᠨ᠎ᠤ ᠲᠣᠭ᠎ᠠ᠎ᠪᠠᠷ 13.5 ᠲᠦᠮᠡᠨ ᠤᠩᠰᠢᠭᠴᠢᠳ᠎ᠲᠤ ᠦᠢ᠍ᠯᠡᠴᠢᠯᠡᠪᠡ᠃ ᠳᠥᠷᠪᠡ᠎ᠳᠤ᠂ ᠰᠣᠶᠣᠯ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡ ᠵᠢ ᠦᠷᠭᠦᠯᠵᠢᠯᠡᠨ ᠦᠷᠨᠢᠭᠦᠯᠵᠡᠢ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ᠂ 《ᠬᠠᠪᠤᠷ᠎ᠤᠨ ᠬᠤᠷ᠎ᠠ ᠵᠢᠨ ᠢᠨᠵᠧᠨᠧᠷᠢᠩ》 ᠬᠤᠨᠠᠨ ᠮᠤᠵᠢ ᠵᠢᠨ ᠰᠣᠶᠣᠯ ᠪᠠ ᠵᠢᠭᠤᠯᠴᠢᠯᠠᠯ᠎ᠤᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠥᠪᠥᠷ ᠮᠣᠩᠭᠣᠯ᠎ᠳᠤ᠎ᠬᠢ ᠠᠶᠠᠯᠠᠯ ᠵᠢᠴᠢ ᠬᠤᠨᠠᠨ ᠦᠪᠦᠷ ᠮᠣᠩᠭᠣᠯ᠎ᠤᠨ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ᠂ ᠥᠪᠥᠷ ᠮᠣᠩᠭᠣᠯ᠎ᠤᠨ ᠨᠣᠮ᠎ᠤᠨ ᠰᠠᠩ᠎ᠤᠨ ᠰᠣᠶᠣᠯ᠎ᠤᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠶᠦᠨᠨᠠᠨ ᠮᠤᠵᠢ᠎ᠳᠤ᠎ᠬᠢ ᠠᠶᠠᠯᠠᠯ ᠵᠢᠴᠢ ᠥᠪᠥᠷ ᠮᠣᠩᠭᠣᠯ ᠶᠦᠨᠨᠠᠨ᠎ᠤ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠦᠷᠨᠢᠭᠦᠯᠵᠦ᠂ ᠨᠢᠭᠡ ᠪᠦᠯᠦᠭ ᠪᠥᠬᠥ ᠣᠷᠣᠨ᠎ᠤ ᠰᠢᠯᠢᠳᠡᠭ ᠰᠣᠶᠣᠯ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠂ ᠦᠢ᠍ᠯᠡᠴᠢᠯᠡᠭᠡᠨ᠎ᠤ ᠪᠦᠯᠬᠦᠮ ᠨᠡᠶ᠋ᠢᠲᠡ ᠪᠠ ᠰᠠᠢ᠌ᠨ ᠳᠤᠷᠠᠴᠤᠳ᠎ᠢ ᠰᠢᠯᠭ᠋ᠠᠷᠠᠭᠤᠯᠤᠨ ᠨᠡᠷᠡᠢ᠌ᠳᠪᠡ᠃
     (ᠳᠥᠷᠪᠡ) ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠨᠢᠭᠡ᠎ᠳᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠢ ᠯᠠᠪᠳᠠᠭᠤᠨ ᠠᠬᠢᠭᠤᠯᠵᠠᠢ᠃ 140 ᠭᠣᠣᠯᠳᠠᠯᠭ᠋ᠠᠲᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠦᠷᠦᠯ᠎ᠤᠨ ᠪᠦᠲᠦᠭᠡᠨ ᠪᠠᠢ᠌ᠭᠤᠯᠤᠯᠲᠠ ᠵᠢ ᠭᠣᠣᠯᠳᠠᠯᠭ᠎ᠠ᠎ᠲᠠᠢ ᠲᠡᠮᠵᠢᠵᠤ᠂ ᠦ᠋ ᠠᠨ ᠵᠧᠦ ᠵᠢᠨ ᠯᠢᠶᠣᠤ ᠤᠯᠤᠰ᠎ᠤᠨ ᠰᠤᠪᠤᠷᠭ᠎ᠠ ᠵᠢ ᠬᠠᠮᠠᠭ᠋ᠠᠯᠠᠵᠤ ᠰᠡᠯᠪᠢᠨ ᠵᠠᠰᠠᠬᠤ᠂ ᠠᠷᠵᠠᠢ ᠵᠢᠨ ᠬᠠᠨ᠎ᠠ ᠵᠢᠨ ᠵᠢᠷᠤᠭ᠎ᠢ ᠰᠡᠯᠪᠢᠨ ᠵᠠᠰᠠᠬᠤ ᠵᠡᠷᠭᠡ ᠨᠢᠭᠡ ᠪᠦᠯᠦᠭ ᠢᠨᠵᠧᠨᠧᠷᠢᠩ᠎ᠢ ᠤᠷᠤᠭᠰᠢᠲᠠᠢ ᠬᠡᠷᠡᠭᠵᠢᠭᠦᠯᠪᠡ᠃ ᠬᠠᠲᠤᠨ ᠭᠣᠣᠯ ᠳᠠᠭ᠋ᠠᠤ ᠵᠢᠨ ᠲᠤᠯᠤᠭ᠋ᠠᠨ ᠠᠢ᠌ᠮᠠᠭ ᠬᠣᠲᠠ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ᠎ᠤᠨ ᠪᠠᠢ᠌ᠳᠠᠯ᠎ᠢ ᠣᠢ᠌ᠯᠠᠭ᠋ᠠᠬᠤ ᠪᠠᠢ᠌ᠴᠠᠭ᠋ᠠᠯᠲᠠ᠂ ᠪᠥᠬᠥ ᠣᠷᠣᠨ᠎ᠤ ᠴᠢᠯᠠᠭᠤᠨ ᠠᠭᠤᠢ ᠵᠢᠨ ᠰᠦᠮ᠎ᠡ ᠵᠢᠨ ᠲᠤᠰᠬᠠᠢ ᠵᠦᠢ᠍ᠯ᠎ᠤᠨ ᠪᠠᠢ᠌ᠴᠠᠭ᠋ᠠᠯᠲᠠ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢᠨ ᠪᠠᠭᠤᠷᠢ ᠵᠢᠨ ᠲᠦᠭᠰᠢᠭᠦᠷᠢᠲᠦ ᠪᠠᠢ᠌ᠳᠠᠯ᠎ᠢ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠪᠦᠯᠦᠭ᠎ᠤᠨ ᠨᠡᠶ᠋ᠢᠲᠡ 39 ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠷᠡᠰ᠎ᠤᠨ ᠵᠢᠭᠰᠠᠭ᠋ᠠᠯᠲᠠ ᠵᠢ ᠨᠡᠢ᠌ᠲᠡᠯᠡᠪᠡ᠃ ᠬᠣᠶᠠᠷ᠎ᠲᠤ᠂ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠵᠤ ᠰᠤᠳᠤᠯᠬᠤ ᠠᠵᠢᠯ ᠦᠷ᠎ᠡ ᠪᠦᠲᠦᠭᠡᠯ ᠡᠯᠪᠡᠭ ᠪᠣᠯᠵᠠᠢ᠃ ᠯᠢᠶᠣᠤ ᠤᠯᠤᠰ᠎ᠤᠨ ᠳᠡᠭᠡᠳᠦ ᠨᠡᠢ᠌ᠰᠯᠡᠯ᠂ ᠬᠣᠷᠢᠨᠭᠡᠷ᠎ᠤᠨ ᠲᠦ᠋ ᠴᠸᠩ ᠽᠢ ᠬᠣᠲᠠ᠂ ᠰᠢᠷᠠᠠᠤᠰᠤ ᠵᠢᠨ ᠪᠠᠭᠤᠷᠢ ᠵᠢᠨ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠬᠦᠴᠦ᠎ᠪᠠᠷ ᠵᠶ᠋ᠡᠨ ᠠᠬᠢᠭᠤᠯᠪᠠ᠃ ᠴᠢᠩ ᠱᠦᠢ ᠾᠧ ᠰᠢᠶᠠᠨ᠎ᠤ ᠾᠧᠦ ᠴᠧᠩ ᠽᠦᠢ ᠵᠢᠨ ᠯᠦᠩ ᠱᠠᠨ᠎ᠤ ᠦᠶ᠎ᠡ ᠵᠢᠨ ᠴᠢᠯᠠᠭᠤᠨ ᠬᠣᠲᠠ ᠵᠢᠨ ᠪᠠᠭᠤᠷᠢ᠂ ᠰᠥᠨᠢᠳ ᠪᠠᠷᠠᠭᠤᠨ ᠬᠣᠰᠢᠭᠤᠨ᠎ᠤ ᠵᠢᠪᠬᠤᠯᠠᠩᠲᠤ᠎ᠳᠤ᠎ᠬᠢ ᠾᠦᠩᠨᠦ ᠵᠢᠨ ᠣᠩᠭᠣᠨ᠂ ᠦᠴᠦᠸᠠᠨ᠎ᠤ ᠳᠠᠯᠠᠩ᠎ᠤᠨ ᠣᠷᠣᠢ ᠵᠢᠨ ᠤᠮᠠᠷᠠᠲᠤ ᠸᠧᠢ ᠤᠯᠤᠰ᠎ᠤᠨ ᠳᠠᠬᠢᠯᠭ᠎ᠠ ᠵᠢᠨ ᠪᠠᠷᠢᠯᠭ᠎ᠠ ᠵᠢᠨ ᠪᠠᠭᠤᠷᠢ ᠵᠡᠷᠭᠡ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠵᠢᠯ᠎ᠢ ᠲᠠᠰᠤᠷᠠᠯᠲᠠ ᠦᠭᠡᠢ ᠦᠷᠨᠢᠭᠦᠯᠪᠡ᠃ ᠯᠢᠶᠣᠤ ᠤᠯᠤᠰ᠎ᠤᠨ ᠳᠡᠭᠡᠳᠦ ᠨᠡᠢ᠌ᠰᠯᠡᠯ᠎ᠤᠨ ᠪᠠᠭᠤᠷᠢ ᠵᠢᠨ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠵᠢᠯ ᠵᠡᠷᠭᠡ 10 ᠵᠦᠢ᠍ᠯ᠎ᠤᠨ ᠰᠠᠨᠠᠭ᠋ᠠᠴᠢᠯᠠᠭ᠋ᠠᠲᠤ ᠴᠢᠨᠠᠷᠲᠠᠢ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ   ᠠᠵᠢᠯ᠎ᠨᠢ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ ᠵᠢᠨ ᠵᠥᠪᠰᠢᠶᠡᠷᠡᠯ᠎ᠢ ᠣᠯᠪᠠ᠃ ᠭᠤᠷᠪᠠ᠎ᠳᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠳᠡᠯᠭᠡᠨ ᠦᠵᠡᠭᠦᠯᠭᠡ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠵᠡᠢ᠃ 《ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠮᠦᠽᠧᠢ ᠵᠢᠨ ᠬᠠᠳᠠᠭ᠋ᠠᠯᠠᠯᠲᠠ ᠵᠢ ᠡᠯᠰᠡᠨ ᠴᠤᠭᠯᠠᠭᠤᠯᠬᠤ ᠳᠦᠷᠢᠮ᠎ᠢ ᠬᠡᠷᠡᠭᠵᠢᠭᠦᠯᠬᠦ ᠨᠠᠷᠢᠨ ᠳᠦᠷᠢᠮ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠪᠥᠬᠥ ᠣᠷᠣᠨ᠎ᠤ ᠤᠯᠤᠰ᠎ᠤᠨ ᠥᠮᠴᠢᠯᠡᠯᠲᠦ ᠮᠦᠽᠧᠢ ᠵᠢᠨ ᠬᠠᠳᠠᠭ᠋ᠠᠯᠠᠯᠲᠠ ᠵᠢ ᠡᠯᠰᠡᠨ ᠴᠤᠭᠯᠠᠭᠤᠯᠬᠤ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠪᠠ᠃ ᠥᠪᠥᠷ ᠮᠣᠩᠭᠣᠯ᠎ᠤᠨ ᠬᠤᠪᠢᠰᠬᠠᠯ᠎ᠤᠨ ᠲᠡᠦᠬᠡ ᠵᠢᠨ ᠮᠦᠽᠧᠢ ᠵᠢᠨ   ᠪᠦᠲᠦᠭᠡᠨ ᠪᠠᠢ᠌ᠭᠤᠯᠤᠯᠲᠠ ᠵᠢᠨ ᠠᠵᠢᠯ ᠦᠨᠳᠦᠰᠦᠨ᠎ᠳᠤ᠎ᠪᠠᠨ ᠳᠠᠭᠤᠰᠴᠤ᠂ ᠤᠯᠠᠭ᠋ᠠᠨᠬᠠᠳᠠ ᠵᠢᠨ ᠬᠢᠳᠠᠨ᠎ᠤ ᠯᠢᠶᠣᠤ ᠤᠯᠤᠰ᠎ᠤᠨ ᠮᠦᠽᠧᠢ᠂ ᠬᠥᠯᠥᠨ ᠪᠣᠶ᠋ᠢᠷ᠎ᠤᠨ ᠲᠡᠦᠬᠡ ᠵᠢᠨ ᠮᠦᠽᠧᠢ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠯᠠᠪᠳᠠᠭᠤᠨ ᠠᠬᠢᠭᠤᠯᠪᠠ᠃ 《ᠬᠠᠳᠤᠨ ᠭᠣᠣᠯ ᠲᠠᠯ᠎ᠠ ᠨᠤᠲᠤᠭ ᠵᠶ᠋ᠠᠷ ᠤᠷᠤᠰᠤᠨ ᠥᠩᠭᠡᠷᠡᠨ᠎ᠡ —ᠥᠪᠥᠷ ᠮᠣᠩᠭᠣᠯ᠎ᠤᠨ ᠬᠠᠳᠤᠨ ᠭᠣᠣᠯ᠎ᠤᠨ ᠰᠠᠪᠠ ᠭᠠᠵᠠᠷ᠎ᠤᠨ ᠡᠷᠲᠡᠨ᠎ᠤ ᠪᠣᠯᠪᠠᠰᠤᠨ᠎ᠤ ᠦᠵᠡᠰᠬᠦᠯᠡᠩ》᠎ᠢ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ 2021 ᠣᠨ᠎ᠤ 《ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠨᠡᠢ᠌ᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ ᠵᠢ ᠪᠤᠢ ᠪᠣᠯᠭ᠋ᠠᠶ᠎ᠠ》᠎ᠠᠴᠠ ᠲᠠᠨᠢᠯᠴᠠᠭᠤᠯᠬᠤ 100 ᠭᠣᠣᠯ ᠰᠡᠳᠦᠪᠲᠦ ᠦᠵᠡᠰᠬᠦᠯᠡᠩ᠎ᠳᠤ ᠵᠢᠭᠰᠠᠭ᠋ᠠᠨ ᠣᠷᠣᠭᠤᠯᠪᠠ᠃ ᠳᠥᠷᠪᠡ᠎ᠳᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠶᠤᠯ ᠦᠭᠡᠢ ᠵᠢᠨ ᠰᠢᠪᠠᠳᠠᠨ ᠪᠠᠢ᠌ᠴᠠᠭ᠋ᠠᠯᠲᠠ ᠵᠢ ᠲᠠᠰᠤᠷᠠᠯᠳᠠ ᠦᠭᠡᠢ ᠴᠢᠩᠭ᠋ᠠᠳᠬᠠᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ᠎ᠲᠠᠢ ᠬᠠᠮᠲᠤᠷᠠᠨ ᠣᠷᠳᠣ ᠴᠠᠭ᠋ᠠᠨ ᠬᠡᠷᠡᠮ᠎ᠢ ᠬᠠᠮᠠᠭ᠋ᠠᠯᠠᠬᠤ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠠᠵᠢᠯ᠎ᠢ ᠥᠷᠨᠢᠭᠦᠯᠵᠦ᠂ ᠰᠣᠶᠣᠯ᠎ᠤᠨ ᠥᠪ᠎ᠢ ᠬᠠᠮᠠᠭ᠋ᠠᠯᠠᠬᠤ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠰᠢᠨ᠎ᠡ ᠲᠣᠭᠲᠠᠴᠠ ᠵᠢ ᠢᠳᠡᠪᠬᠢᠲᠡᠢ ᠡᠷᠢᠯᠬᠢᠯᠡᠪᠡ᠃ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠶᠤᠯ ᠦᠭᠡᠢ ᠵᠢ ᠰᠢᠪᠠᠳᠠᠨ ᠪᠠᠢ᠌ᠴᠠᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ 3161 ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠢᠭᠡᠴᠢ ᠵᠢ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠵᠤ᠂ ᠪᠠᠢ᠌ᠴᠠᠭ᠋ᠠᠨ ᠢᠯᠡᠷᠡᠭᠦᠯᠦᠭᠰᠡᠨ 1727 ᠠᠮᠤᠷ ᠲᠦᠪᠰᠢᠨ᠎ᠤ ᠲᠠᠯᠳᠠ ᠭᠡᠮ᠎ᠤᠨ ᠠᠰᠠᠭᠤᠳᠠᠯ᠎ᠢ ᠪᠦᠬᠦᠨ᠎ᠢ ᠴᠡᠭᠴᠡᠯᠡᠨ ᠵᠠᠰᠠᠵᠤ ᠳᠠᠭᠤᠰᠬᠠᠭ᠋ᠠᠳ᠂ ᠭᠠᠯ ᠰᠡᠷᠭᠡᠢ᠌ᠯᠡᠨ ᠤᠨᠲᠠᠷᠠᠭ᠋ᠠᠬᠤ ᠰᠢᠯᠭ᠋ᠠᠯᠲᠠ᠎ᠳᠤ ᠡᠰᠡ ᠬᠢᠷᠢ ᠲᠡᠩᠴᠡᠭᠰᠡᠨ 7 ᠮᠦᠽᠧᠢ ᠵᠢ ᠬᠠᠭ᠋ᠠᠪᠠ᠃ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠵᠢ ᠭᠦᠨᠵᠡᠭᠡᠢ ᠲᠦᠯᠬᠢᠨ ᠠᠬᠢᠭᠤᠯᠵᠤ᠂ ᠶᠠᠯ᠎ᠠ ᠬᠢᠭᠰᠡᠨ ᠰᠡᠵᠢᠭᠯᠡᠯᠲᠡᠢ ᠡᠲᠡᠭᠡᠳ 107 ᠬᠥᠮᠥᠨ᠎ᠢ ᠪᠠᠷᠢᠪᠴᠢᠯᠠᠵᠤ᠂ 163 ᠲᠡᠦᠬᠡ ᠵᠢᠨ ᠳᠤᠷᠠᠰᠬᠠᠯᠲᠤ ᠵᠦᠢ᠍ᠯ᠎ᠢ ᠬᠣᠷᠢᠶᠠᠨ ᠲᠤᠰᠢᠶᠠᠪᠠ᠃ ᠵᠠᠷᠯᠠᠨ ᠨᠡᠢ᠌ᠲᠡᠯᠡᠬᠦ ᠫᠠᠢ᠌ᠰᠠ ᠵᠢ 820 ᠪᠣᠰᠬᠠᠨ᠂ ᠡᠯ᠎ᠡ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠮᠦᠽᠧᠢ ᠵᠢᠨ ᠨᠢᠭᠡᠴᠢ᠎ᠨᠦᠭᠦᠳ ᠴᠥᠮ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠬᠠᠷᠢᠭᠤᠴᠠᠯᠭ᠋ᠠᠲᠠᠨ᠎ᠢ ᠵᠠᠷᠯᠠᠨ ᠨᠡᠢ᠌ᠲᠡᠯᠡᠵᠦ ᠮᠡᠳᠡᠭᠳᠡᠬᠦ ᠳᠦᠷᠢᠮ᠎ᠢ ᠨᠠᠢ᠌ᠳᠠᠪᠤᠷᠢᠵᠢᠭᠤᠯᠪᠠ᠃
     (ᠲᠠᠪᠤ) ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠦᠪᠯᠡᠨ ᠤᠯᠠᠮᠵᠢᠯᠠᠬᠤ ᠠᠮᠢᠵᠢᠷᠠᠯ᠎ᠤᠨ ᠬᠦᠴᠦᠨ   ᠴᠢᠩᠭ᠋ᠠᠷᠠᠪᠠ᠃ ᠨᠢᠭᠡ᠎ᠳᠤ᠂ ᠲᠦᠷᠦ ᠵᠢᠨ ᠪᠣᠳᠣᠯᠭ᠎ᠠ ᠵᠢᠨ ᠪᠠᠲᠤᠯᠠᠭ᠎ᠠ ᠵᠢ ᠴᠢᠩᠭ᠋ᠠᠳᠬᠠᠵᠠᠢ᠃ 《ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠪᠠ ᠦᠪᠯᠡᠨ ᠤᠯᠠᠮᠵᠢᠯᠠᠬᠤ ᠲᠥᠯᠦᠪᠵᠢᠭᠦᠯᠭᠡ》 ᠵᠢ ᠨᠠᠢ᠌ᠷᠠᠭᠤᠯᠤᠨ ᠵᠣᠬᠢᠶᠠᠵᠤ᠂ 《ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠠᠷᠭ᠎ᠠ》᠂ 《ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ᠵᠢ ᠮᠠᠭ᠋ᠠᠳᠯᠠᠨ ᠲᠣᠭᠲᠠᠭ᠋ᠠᠬᠤ ᠪᠠ ᠬᠠᠮᠢᠶᠠᠷᠬᠤ ᠠᠷᠭ᠎ᠠ》᠂ 《ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ᠵᠢᠨ ᠦᠪᠯᠡᠨ ᠤᠯᠠᠮᠵᠢᠯᠠᠬᠤ ᠠᠵᠢᠯᠯᠠᠭ᠎ᠠ ᠵᠢ ᠦᠨᠡᠯᠡᠨ ᠵᠢᠱ᠌ᠢᠯᠲᠡ ᠵᠢ ᠬᠡᠷᠡᠭᠵᠢᠭᠦᠯᠬᠦ ᠨᠠᠷᠢᠨ ᠳᠦᠷᠢᠮ》᠎ᠢ ᠳᠠᠷᠤᠮᠠᠯᠯᠠᠨ ᠲᠠᠷᠬᠠᠭ᠋ᠠᠪᠠ᠃ ᠬᠣᠶᠠᠷ᠎ᠲᠤ᠂ ᠬᠠᠮᠠᠭ᠋ᠠᠯᠠᠵᠤ ᠦᠪᠯᠡᠨ ᠤᠯᠠᠮᠵᠢᠯᠠᠬᠤ ᠵᠢ ᠠᠬᠢᠭᠤᠯᠵᠠᠢ᠃ᠳᠣᠯᠣᠳᠤᠭ᠋ᠠᠷ ᠪᠦᠯᠦᠭ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ   ᠦᠪᠯᠡᠨ ᠤᠯᠠᠮᠵᠢᠯᠠᠭᠴᠢ 120 ᠬᠥᠮᠥᠨ᠂ ᠨᠢᠭᠡᠳᠦᠭᠡᠷ ᠪᠦᠯᠦᠭ ᠥᠪᠡᠷᠲᠡᠭᠡᠨ ᠵᠠᠰᠠᠬᠤ ᠣᠷᠣᠨ᠎ᠤ ᠤᠯᠠᠮᠵᠢᠯᠠᠯᠲᠤ ᠭᠠᠷ ᠤᠷᠠᠯᠠᠯ᠎ᠢ ᠬᠥᠭᠵᠢᠭᠦᠯᠦᠨ ᠮᠠᠨᠳᠤᠭᠤᠯᠬᠤ ᠭᠠᠷᠴᠠᠭ᠎ᠤᠨ ᠲᠦᠷᠦᠯ ᠵᠦᠢ᠍ᠯ 65 ᠲᠦᠷᠦᠯ 100 ᠵᠦᠢ᠍ᠯ᠎ᠢ ᠨᠡᠢ᠌ᠲᠡᠯᠡᠪᠡ᠃ 17 ᠲᠦᠷᠦᠯ ᠵᠦᠢ᠍ᠯ ᠲᠠᠪᠤᠳᠤᠭ᠋ᠠᠷ ᠪᠦᠯᠦᠭ ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠲᠦᠷᠦᠯ ᠵᠦᠢ᠍ᠯ᠎ᠳᠤ ᠰᠣᠩᠭᠣᠭᠳᠠᠪᠠ᠃ ᠭᠡᠰᠡᠷ᠎ᠤᠨ ᠰᠣᠶᠣᠯ (ᠪᠠᠭ᠋ᠠᠷᠢᠨ ᠪᠠᠷᠠᠭᠤᠨ ᠬᠣᠰᠢᠭᠤ)᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠢ ᠤᠯᠤᠰ᠎ᠤᠨ ᠲᠠᠰ᠎ᠤᠨ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠳᠤ ᠮᠡᠳᠡᠭᠦᠯᠬᠦ᠎ᠪᠠᠷ ᠲᠠᠨᠢᠯᠴᠠᠭᠤᠯᠪᠠ᠃ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ᠵᠢᠨ ᠦᠪᠯᠡᠨ ᠤᠯᠠᠮᠵᠢᠯᠠᠬᠤ ᠠᠵᠢᠯᠯᠠᠭ᠎ᠠ ᠵᠢ ᠦᠨᠡᠯᠡᠨ ᠵᠢᠱ᠌ᠢᠬᠦ ᠠᠵᠢᠯ᠂ ᠬᠠᠳᠤᠨ ᠭᠣᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠤᠰᠬᠠᠢ ᠵᠦᠢ᠍ᠯ᠎ᠤᠨ ᠪᠠᠢ᠌ᠴᠠᠭ᠋ᠠᠯᠲᠠ ᠵᠢ ᠥᠷᠨᠢᠭᠦᠯᠵᠦ᠂ 2021 ᠣᠨ᠎ᠤ ᠤᠯᠤᠰ᠎ᠤᠨ ᠲᠡᠰ᠎ᠤᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ᠵᠢ ᠲᠡᠮᠳᠡᠭᠯᠡᠬᠦ ᠢᠨᠵᠧᠨᠧᠷᠢᠩ᠎ᠢ ᠬᠡᠷᠡᠭᠵᠢᠭᠦᠯᠦᠨ᠂ ᠪᠣᠳᠠᠰ᠎ᠤᠨ ᠪᠤᠰᠤ ᠰᠣᠶᠣᠯ᠎ᠤᠨ ᠥᠪ᠎ᠢ ᠦᠪᠯᠡᠨ ᠤᠯᠠᠮᠵᠢᠯᠠᠭᠴᠢᠳ᠎ᠤᠨ ᠰᠤᠳᠤᠯᠤᠨ ᠰᠤᠷᠤᠯᠴᠠᠬᠤ ᠪᠣᠯᠪᠠᠰᠤᠷᠠᠭᠤᠯᠤᠯ᠎ᠢ 20 ᠬᠤᠭᠤᠴᠠᠭ᠎ᠠ ᠡᠷᠬᠢᠯᠡᠪᠡ᠃ ᠭᠤᠷᠪᠠ᠎ᠳᠤ᠂ ᠤᠬᠠᠭᠤᠯᠤᠨ ᠳᠡᠯᠭᠡᠨ ᠦᠵᠡᠭᠦᠯᠬᠦ ᠵᠢ ᠴᠢᠩᠭ᠋ᠠᠳᠬᠠᠵᠠᠢ᠃ 《ᠪᠣᠳᠠᠰ᠎ᠤᠨ ᠪᠤᠰᠤ ᠰᠣᠶᠣᠯ᠎ᠤᠨ ᠥᠪ ᠵᠶ᠋ᠠᠷ ᠰᠢᠨᠡᠯᠡᠵᠦ   ᠰᠣᠶᠣᠯ᠎ᠢ ᠲᠦᠮᠡᠨ ᠡᠷᠦᠬᠡ᠎ᠳᠤ ᠬᠦᠷᠭᠡᠬᠦ》 ᠪᠦᠬᠦ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠴᠠᠭ᠋ᠠᠨ ᠰᠠᠷ᠎ᠠ ᠵᠢᠨ ᠪᠠᠷᠠᠭ᠋ᠠᠨ᠎ᠤ ᠦᠵᠡᠭᠦᠯᠭᠡ ᠵᠢᠴᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠶᠠᠳᠠᠭᠤ ᠵᠢ ᠲᠡᠳᠬᠦᠬᠦ ᠪᠦᠲᠦᠭᠡᠭᠳᠡᠬᠦᠨ᠎ᠤ ᠳᠡᠯᠭᠡᠨ ᠦᠵᠡᠭᠦᠯᠭᠡ ᠳᠡᠯᠭᠡᠨ ᠪᠣᠷᠣᠯᠠᠭᠤᠯᠬᠤ ᠴᠤᠭᠯᠠᠭ᠋ᠠᠨ᠂  《ᠰᠢᠨ᠎ᠡ ᠴᠠᠭ ᠦᠶ᠎ᠡ᠎ᠪᠠᠨ ᠬᠠᠳᠬᠤᠮᠠᠯᠯᠠᠶ᠎ᠠ》 ᠥᠪᠥᠷ ᠮᠣᠩᠭᠣᠯ᠎ᠤᠨ ᠬᠠᠳᠬᠤᠮᠠᠯ ᠪᠡᠯᠡᠭ᠎ᠤᠨ ᠤᠷᠤᠯᠳᠤᠭ᠋ᠠᠨ᠂ ᠰᠣᠶᠣᠯ ᠪᠠ ᠪᠠᠢ᠌ᠭ᠋ᠠᠯᠢ ᠵᠢᠨ ᠥᠪ᠎ᠤᠨ ᠡᠳᠦᠷ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠬᠤᠷᠠᠯ᠎ᠤᠨ ᠲᠠᠯᠠᠪᠠᠢ ᠵᠢᠨ ᠠᠵᠢᠯᠯᠠᠭ᠎ᠠ ᠵᠡᠷᠭᠡ ᠵᠢ ᠵᠣᠬᠢᠶᠠᠨ ᠪᠠᠢ᠌ᠭᠤᠯᠵᠤ ᠡᠷᠬᠢᠯᠡᠨ᠂ 《ᠤᠯᠠᠮᠵᠢᠯᠠᠯᠲᠤ ᠰᠣᠶᠣᠯ ᠵᠶ᠋ᠠᠨ ᠰᠠᠷ᠎ᠠ ᠰᠠᠷ᠎ᠠ ᠤᠯᠠᠮᠵᠢᠯᠠᠶ᠎ᠠ》᠂ 《ᠤᠯᠠᠮᠵᠢᠯᠠᠯᠲᠤ ᠭᠠᠷ ᠤᠷᠠᠯᠠᠯ᠎ᠤᠨ ᠶᠡᠬᠡ ᠬᠢᠴᠢᠶᠡᠯ᠎ᠤᠨ ᠲᠠᠩᠬᠢᠮ》᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠢᠯᠡ ᠬᠢᠴᠢᠶᠡᠯ ᠵᠡᠷᠭᠡ ᠠᠵᠢᠯᠯᠠᠭ᠎ᠠ ᠵᠢ ᠥᠷᠨᠢᠭᠦᠯᠵᠦ᠂ 《ᠪᠣᠳᠠᠰ᠎ᠤᠨ ᠪᠤᠰᠤ ᠰᠣᠶᠣᠯ᠎ᠤᠨ ᠥᠪ ᠰᠤᠷᠭ᠋ᠠᠭᠤᠯᠢ ᠵᠢᠨ ᠬᠦᠷᠢᠶᠡᠨ᠎ᠳᠤ ᠣᠷᠣᠬᠤ》 ᠪᠠ 《ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ》 2 ᠲᠦᠷᠦᠯ᠎ᠤᠨ 10 ᠶᠡᠬᠡ ᠰᠢᠯᠢᠳᠡᠭ ᠬᠡᠷᠡᠭ᠎ᠤᠨ ᠵᠢᠱ᠌ᠢᠶ᠎ᠡ ᠵᠢ ᠶᠡᠬᠡ᠎ᠪᠠᠷ ᠤᠬᠠᠭᠤᠯᠤᠨ ᠲᠠᠨᠢᠯᠴᠠᠭᠤᠯᠪᠠ᠃
     (ᠵᠢᠷᠭᠤᠭ᠎ᠠ) ᠰᠣᠶᠣᠯ ᠵᠢᠭᠤᠯᠴᠢᠯᠠᠯ᠎ᠤᠨ ᠠᠵᠤ ᠦᠢ᠍ᠯᠡᠰ ᠰᠡᠷᠭᠦᠨ ᠬᠦᠭᠵᠢᠪᠡ᠃ ᠨᠢᠭᠡ᠎ᠳᠤ᠂ ᠵᠠᠰᠠᠭ ᠪᠠᠩᠬᠢ ᠠᠵᠤ ᠠᠬᠤᠢ᠌ᠯᠠᠯ᠎ᠤᠨ ᠵᠣᠯᠭ᠋ᠠᠯᠴᠠᠭ᠎ᠠ ᠬᠠᠮᠲᠤᠷᠠᠯᠴᠠᠭ᠎ᠠ ᠵᠢ ᠬᠦᠨᠵᠡᠭᠡᠢ᠌ᠷᠡᠭᠦᠯᠵᠡᠢ᠃ ᠠᠢ᠌ᠮᠠᠭ ᠬᠣᠲᠠ ᠵᠢᠨ ᠵᠠᠰᠠᠭ ᠪᠠᠩᠬᠢ ᠠᠵᠤ ᠠᠬᠤᠢ᠌ᠯᠠᠯ᠎ᠤᠨ ᠪᠡᠯᠡ ᠲᠣᠬᠢᠷᠠᠭᠤᠯᠭ᠎ᠠ ᠵᠢ ᠵᠣᠯᠭ᠋ᠠᠭᠤᠯᠬᠤ ᠵᠥᠪᠳᠡᠯᠴᠡᠭᠡᠷ᠎ᠤᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠳᠤᠮᠳᠠᠳᠤ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠩᠬᠢ ᠬᠢᠭᠡᠳ ᠬᠢᠶ᠎ᠠ ᠪᠠᠭᠰᠢ ᠪᠠᠯᠭ᠋ᠠᠰᠤᠨ᠎ᠤ ᠬᠣᠶᠠᠳᠤᠭ᠋ᠠᠷ ᠬᠤᠭᠤᠴᠠᠭ᠎ᠠ᠂ ᠣᠷᠳᠣᠰ᠎ᠤᠨ ᠬᠡᠭᠡᠷ᠎ᠡ ᠵᠢᠨ ᠠᠮᠢᠲᠠᠨ᠎ᠤ ᠬᠦᠷᠢᠶᠡᠯᠡᠩ᠂ ᠣᠷᠳᠣᠰ᠎ᠤᠨ ᠴᠠᠭ᠋ᠠᠨ ᠠᠢ᠌ᠮᠠᠭ ᠵᠡᠷᠭᠡ 3 ᠲᠣᠮᠣ ᠬᠡᠯᠪᠡᠷᠢ ᠵᠢᠨ ᠰᠣᠶᠣᠯ ᠵᠢᠭᠤᠯᠴᠢᠯᠠᠯ᠎ᠤᠨ ᠲᠥᠷᠥᠯ ᠵᠦᠢ᠍ᠯ᠎ᠤᠨ ᠪᠡᠯᠡ ᠲᠣᠬᠢᠷᠠᠭᠤᠯᠭ᠎ᠠ ᠵᠢᠨ ᠰᠠᠨᠠᠮᠵᠢ᠎ᠲᠠᠢ ᠪᠣᠯᠬᠤ ᠵᠢ ᠠᠬᠢᠭᠤᠯᠤᠨ᠂ 9 ᠰᠣᠶᠣᠯ ᠵᠢᠭᠤᠯᠴᠢᠯᠠᠯ᠎ᠤᠨ ᠵᠢᠵᠢᠭ ᠪᠢᠴᠢᠯ ᠠᠵᠤ ᠠᠬᠤᠢ᠌ᠯᠠᠯ᠎ᠯᠤᠭ᠎ᠠ ᠪᠡᠯᠡ ᠲᠣᠬᠢᠷᠠᠭᠤᠯᠭ᠎ᠠ ᠵᠢᠨ ᠰᠠᠨᠠᠮᠵᠢ᠎ᠲᠠᠢ ᠪᠣᠯᠤᠭᠰᠠᠨ ᠮᠦᠩᠭᠦᠨ᠎ᠤ ᠲᠣᠭ᠎ᠠ 485 ᠲᠦᠮᠡᠨ ᠲᠥᠭᠥᠷᠢᠭ᠎ᠲᠤ ᠬᠥᠷᠪᠡ; ᠥᠪᠥᠷ ᠮᠣᠩᠭᠣᠯ ᠪᠠᠩᠬᠢ ᠬᠢᠭᠡᠳ ᠬᠥᠬᠡᠬᠣᠲᠠ ᠵᠢᠨ ᠰᠣᠶᠣᠯ ᠵᠢᠭᠤᠯᠴᠢᠯᠠᠯ᠎ᠤᠨ ᠪᠡᠯᠡ ᠣᠷᠣᠭᠤᠯᠤᠯᠲᠠ ᠵᠢᠨ ᠪᠦᠯᠦᠭᠯᠡᠯ᠎ᠤᠨ ᠳ᠋ᠡ ᠾᠧᠢ ᠾᠧ ᠴᠡᠷᠢᠭ᠎ᠤᠨ ᠶᠠᠪᠤᠳᠠᠯ᠎ᠤᠨ ᠭᠣᠣᠯ ᠰᠡᠳᠦᠪᠲᠦ ᠴᠡᠴᠡᠷᠯᠢᠭ ᠵᠡᠷᠭᠡ ᠲᠣᠮᠣ ᠬᠡᠯᠪᠡᠷᠢ ᠵᠢᠨ ᠰᠣᠶᠣᠯ ᠵᠢᠭᠤᠯᠴᠢᠯᠠᠯ᠎ᠤᠨ ᠲᠥᠷᠥᠯ ᠵᠦᠢ᠍ᠯ᠎ᠤᠨ ᠲᠠᠯ᠎ᠠ᠎ᠪᠠᠷ 1 ᠳ᠋ᠦᠩᠰᠢᠭᠤᠷ ᠲᠥᠭᠥᠷᠢᠭ᠎ᠤᠨ ᠪᠡᠯᠡ ᠲᠣᠬᠢᠷᠠᠭᠤᠯᠭ᠎ᠠ ᠵᠢᠨ ᠰᠠᠨᠠᠮᠵᠢ ᠵᠢᠨ ᠮᠥᠩᠭᠥ ᠲᠣᠬᠢᠷᠠᠭᠰᠠᠨ᠎ᠢ ᠠᠬᠢᠭᠤᠯᠪᠠ᠃ ᠬᠣᠶᠠᠷ᠎ᠲᠤ᠂ ᠰᠣᠶᠣᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠲᠦᠯᠬᠢᠨ ᠠᠬᠢᠭᠤᠯᠵᠠᠢ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠭᠣᠣᠯᠳᠠᠯᠭ᠎ᠠ᠎ᠲᠠᠢ ᠪᠣᠢ᠌ᠵᠢᠭᠤᠯᠬᠤ ᠵᠦᠭᠯᠡᠭᠦᠷ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠭᠣᠣᠯᠳᠠᠯᠭ᠎ᠠ᠎ᠲᠠᠢ ᠪᠣᠢ᠌ᠵᠢᠭᠤᠯᠬᠤ ᠵᠢ ᠦᠨᠡᠯᠡᠨ ᠲᠣᠭᠲᠠᠭ᠋ᠠᠬᠤ ᠪᠠᠷᠢᠮᠵᠢᠶ᠎ᠠ》 ᠵᠢ ᠳᠠᠷᠤᠮᠠᠯᠯᠠᠨ ᠲᠠᠷᠬᠠᠭ᠋ᠠᠵᠤ᠂ ᠨᠢᠭᠡᠳᠦᠭᠡᠷ ᠪᠦᠯᠦᠭ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠪᠣᠢ᠌ᠵᠢᠭᠤᠯᠬᠤ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠎ᠢ ᠦᠨᠡᠯᠡᠨ ᠲᠣᠭᠲᠠᠭ᠋ᠠᠬᠤ ᠠᠵᠢᠯ᠎ᠢ ᠡᠬᠢᠯᠡᠭᠦᠯᠪᠡ᠃ ᠤᠯᠠᠮᠵᠢᠯᠠᠯᠲᠤ ᠭᠠᠷ ᠤᠷᠠᠯᠠᠯ᠎ᠢ ᠦᠪᠯᠡᠨ ᠤᠯᠠᠮᠵᠢᠯᠠᠬᠤ ᠪᠠ ᠰᠣᠶᠣᠯ ᠵᠢᠭᠤᠯᠴᠢᠯᠠᠯ᠎ᠤᠨ ᠲᠠᠸᠠᠷ᠎ᠤᠨ ᠰᠢᠨ᠎ᠡ ᠵᠢ ᠡᠭᠦᠳᠦᠨ ᠬᠥᠭᠵᠢᠬᠦ ᠵᠢ ᠢᠳᠡᠪᠬᠢᠲᠡᠢ᠎ᠪᠠᠷ ᠠᠬᠢᠭᠤᠯᠵᠤ᠂ 95 ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠲᠥᠷᠥᠯ ᠵᠦᠢ᠍ᠯ᠂ 《ᠥᠪᠥᠷ ᠮᠣᠩᠭᠣᠯ᠎ᠤᠨ ᠪᠡᠯᠡᠭ》 ᠰᠣᠶᠣᠯ ᠵᠢᠭᠤᠯᠴᠢᠯᠠᠯ᠎ᠤᠨ ᠲᠠᠸᠠᠷ᠎ᠤᠨ ᠪᠡᠯᠭᠡ ᠲᠡᠮᠳᠡᠭ᠎ᠤᠨ ᠴᠢᠨᠠᠷᠲᠠᠢ ᠨᠠᠷᠠᠲᠤ ᠲᠥᠷᠥᠯ ᠲᠡᠮᠳᠡᠭᠲᠦ ᠵᠢᠨ ᠭᠡᠷᠡᠴᠢᠯᠡᠬᠦ 192 ᠲᠠᠸᠠᠷ᠎ᠢ ᠭᠣᠣᠯᠳᠠᠯᠭ᠎ᠠ᠎ᠲᠠᠢ ᠳᠡᠮᠵᠢᠪᠡ᠃ ᠭᠤᠷᠪᠠ᠎ᠳᠤ᠂ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠳᠠᠯᠳᠠ ᠬᠦᠴᠦᠨ᠎ᠢ ᠬᠦᠭᠵᠢᠭᠡᠵᠡᠢ᠃ ᠬᠥᠬᠡᠬᠣᠲᠠ ᠵᠢᠨ ᠪᠣᠭᠤᠮᠲᠠ ᠵᠢᠨ ᠬᠠᠭᠤᠴᠢᠨ ᠵᠡᠭᠡᠯᠢ᠂ ᠣᠷᠳᠣᠰ ᠬᠣᠲᠠ ᠵᠢᠨ ᠬᠢᠶ᠎ᠠ ᠪᠠᠭᠰᠢ ᠤᠯᠠᠭ᠋ᠠᠨᠮᠦ᠋ᠷᠡᠨ ᠰᠣᠶᠣᠯ ᠪᠠ ᠵᠢᠭᠤᠯᠴᠢᠯᠠᠯ᠎ᠤᠨ ᠵᠡᠭᠡᠯᠢ ᠲᠣᠭᠣᠷᠢᠭ᠂ ᠬᠥᠯᠥᠨ ᠪᠣᠶ᠋ᠢᠷ  ᠎ᠤᠨ ᠮᠠᠨᠵᠤᠤᠷ ᠬᠣᠲᠠ ᠵᠢᠨ ᠳᠤᠮᠳᠠᠳᠤ ᠣᠷᠣᠰ᠎ᠤᠨ ᠬᠢᠯᠢ ᠵᠢᠨ ᠵᠢᠭᠤᠯᠴᠢᠯᠠᠯ᠎ᠤᠨ ᠣᠷᠣᠨ᠎ᠤ ᠬᠡᠦᠬᠡᠯᠳᠡᠢ ᠵᠢᠨ ᠦᠵᠡᠮᠵᠢ ᠵᠢᠨ ᠣᠷᠣᠨ ᠵᠡᠷᠭᠡ᠎ᠨᠢ ᠨᠢᠭᠡᠳᠦᠭᠡᠷ ᠪᠦᠯᠦᠭ᠎ᠤᠨ ᠤᠯᠤᠰ᠎ᠤᠨ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠥᠪᠯᠡᠷᠡᠭᠰᠡᠨ ᠣᠷᠣᠨ᠎ᠳᠤ ᠰᠣᠩᠭᠣᠭᠳᠠᠨ ᠣᠷᠣᠵᠤ᠂ ᠪᠤᠭᠤᠲᠤ ᠬᠣᠲᠠ ᠬᠣᠶᠠᠳᠤᠭ᠋ᠠᠷ ᠪᠦᠯᠦᠭ᠎ᠤᠨ ᠤᠯᠤᠰ᠎ᠤᠨ ᠲᠠᠰ᠎ᠤᠨ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠲᠤᠷᠰᠢᠯᠲᠠ ᠵᠢᠨ ᠬᠣᠲᠠ᠎ᠪᠠᠷ ᠰᠣᠩᠭᠣᠭᠳᠠᠨ ᠣᠷᠣᠪᠠ᠃ ᠬᠣᠲᠠ᠎ᠪᠠᠷ ᠲᠦᠪᠯᠡᠭᠰᠡᠨ᠂ ᠡᠷᠬᠢᠨ ᠲᠣᠭᠣᠷᠢᠨ᠎ᠤ ᠣᠷᠣᠨ ᠪᠦᠰᠡ ᠵᠢ ᠬᠠᠮᠤᠷᠤᠭᠰᠠᠨ ᠥᠪᠡᠰᠦᠪᠡᠨ ᠲᠡᠷᠭᠡ ᠵᠢᠯᠤᠭᠣᠳᠴᠤ ᠵᠢᠭᠤᠯᠴᠢᠯᠠᠬᠤ᠎ᠳᠤ ᠮᠠᠰᠢᠨ ᠲᠦᠷᠢᠶᠡᠰᠦᠯᠡᠬᠦ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠶ᠋ᠢᠭᠤᠯᠬᠤ ᠵᠢ ᠢᠳᠡᠪᠬᠢᠲᠡᠢ᠎ᠪᠠᠷ ᠠᠬᠢᠭᠤᠯᠵᠤ᠂ ᠴᠢᠳᠠᠮᠵᠢ᠎ᠨᠢ ᠪᠦᠷᠢᠨ ᠲᠡᠭᠦᠯᠳᠡᠷ᠂ ᠦᠢ᠍ᠯᠡᠴᠢᠯᠡᠭᠡ᠎ᠨᠢ ᠳᠥᠭᠥᠮ ᠳᠥᠲᠡ ᠵᠢᠭᠤᠯᠴᠢᠯᠠᠯ᠎ᠤᠨ ᠮᠠᠰᠢᠨ ᠲᠦᠷᠢᠶᠡᠰᠦᠯᠡᠬᠦ ᠦᠢ᠍ᠯᠡᠴᠢᠯᠡᠭᠡᠨ᠎ᠤ ᠲᠣᠣᠷ ᠰᠦᠯᠵᠢᠶ᠎ᠡ ᠵᠢ ᠪᠠᠢ᠌ᠭᠤᠯᠪᠠ᠃ ᠳᠥᠷᠪᠡ᠎ᠳᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠢ᠌ᠵᠢᠭᠤᠯᠤᠨ ᠪᠤᠵᠠᠭ᠋ᠠᠢ᠌ᠷᠠᠭᠤᠯᠵᠠᠢ᠃ ᠱᠠᠩᠬᠠᠢ ᠬᠣᠲᠠ᠎ᠲᠠᠢ ᠬᠠᠮᠲᠤᠷᠠᠨ ᠰᠣᠶᠣᠯ ᠵᠢᠭᠤᠯᠴᠢᠯᠠᠯ ᠵᠢᠴᠢ ᠪᠣᠬᠢᠷᠳᠤᠯ ᠦᠭᠡᠢ ᠮᠠᠯ ᠲᠠᠷᠢᠶᠠᠨ᠎ᠤ ᠠᠰᠢᠭ ᠰᠢᠮ᠎ᠡ ᠵᠢᠨ ᠪᠦᠲᠦᠭᠡᠭᠳᠡᠬᠦᠨ᠎ᠢ ᠬᠠᠮᠲᠤᠷᠠᠨ ᠳᠡᠯᠭᠡᠷᠡᠭᠦᠯᠬᠦ ᠠᠵᠢᠯᠯᠠᠭ᠎ᠠ ᠵᠢ ᠡᠷᠭᠢᠯᠡᠵᠦ᠂ 9 ᠲᠥᠷᠥᠯ ᠵᠦᠢ᠍ᠯ᠎ᠳᠤ ᠭᠡᠷ᠎ᠡ ᠲᠣᠭᠲᠠᠬᠤ ᠵᠢ ᠠᠬᠢᠭᠤᠯᠤᠨ᠂ 15.18 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠬᠦ᠎ᠪᠠᠷ ᠰᠠᠨᠠᠯ ᠨᠢᠭᠡᠳᠪᠡ᠃ 40 ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠢ 2021 ᠣᠨ᠎ᠤ ᠪᠦᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠲᠡᠷᠢᠭᠦᠯᠡᠭᠴᠢ ᠵᠢᠨ ᠳᠡᠭᠡᠳᠦ ᠲᠡᠰ᠎ᠤᠨ ᠲᠦᠷᠦᠭᠦᠴᠦᠳ᠎ᠤᠨ ᠬᠤᠷᠠᠯ ᠵᠢᠴᠢ ᠪᠦᠬᠦ ᠤᠯᠤᠰ᠎ᠤᠨ ᠰᠢᠯᠢᠳᠡᠭ ᠬᠦᠴᠦᠷᠬᠡᠭ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠶᠡᠬᠡ ᠬᠤᠷᠠᠯ᠎ᠳᠤ ᠣᠷᠣᠯᠴᠠᠭᠤᠯᠬᠤ᠎ᠪᠠᠷ ᠲᠠᠨᠢᠯᠴᠠᠭᠤᠯᠵᠤ᠂ ᠲᠤᠬᠠᠢ ᠵᠢᠨ ᠲᠠᠯᠠᠪᠤᠷ᠎ᠲᠤ 3 ᠲᠦᠷᠦᠯ ᠵᠦᠢ᠍ᠯ᠎ᠳᠤ ᠭᠡᠷ᠎ᠡ ᠲᠣᠭᠲᠠᠵᠠᠢ᠃ ᠤᠷᠢᠳ ᠬᠣᠵᠢᠳ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠢ ᠵᠣᠬᠢᠶᠠᠨ ᠪᠠᠢ᠌ᠭᠤᠯᠤᠨ ᠳᠣᠯᠣᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠠᠷᠠᠭᠤᠨ ᠣᠷᠣᠨ᠎ᠤ ᠵᠢᠭᠤᠯᠴᠢᠯᠠᠯ᠎ᠤᠨ ᠠᠵᠤ ᠦᠢ᠍ᠯᠡᠰ᠎ᠤᠨ ᠦᠵᠡᠰᠬᠦᠯᠡᠩ᠂ ᠶᠢᠰᠦᠳᠦᠭᠡᠷ ᠬᠤᠭᠤᠴᠠᠭ᠋ᠠᠨ᠎ᠤ ᠪᠡᠭᠡᠵᠢᠩ᠎ᠤᠨ ᠤᠯᠠᠨ ᠤᠯᠤᠰ᠎ᠤᠨ ᠵᠢᠭᠤᠯᠴᠢᠯᠠᠯ᠎ᠤᠨ ᠲᠠᠸᠠᠷ ᠵᠢᠴᠢ ᠵᠢᠭᠤᠯᠴᠢᠯᠠᠯ᠎ᠤᠨ ᠲᠣᠨᠣᠭᠯᠠᠯ᠎ᠤᠨ ᠦᠵᠡᠰᠬᠦᠯᠡᠩ᠎ᠤᠨ ᠴᠤᠭᠯᠠᠭ᠋ᠠᠨ ᠵᠡᠷᠭᠡ ᠦᠵᠡᠰᠬᠦᠯᠡᠩ᠎ᠳᠤ ᠣᠷᠣᠯᠴᠠᠭᠤᠯᠵᠤ᠂ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠣᠷᠣᠨ ᠪᠦᠰᠡ ᠠᠯᠤᠰᠯᠠᠭᠰᠠᠨ᠂ ᠤᠯᠠᠨ ᠠᠷᠭ᠎ᠠ ᠵᠠᠮ ᠵᠶ᠋ᠠᠷ ᠬᠠᠮᠲᠤᠷᠠᠯᠴᠠᠬᠤ ᠵᠢ ᠠᠬᠢᠭᠤᠯᠪᠠ᠃
     (ᠳᠣᠯᠣᠭ᠎ᠠ) ᠡᠬᠢ ᠪᠠᠶᠠᠯᠢᠭ᠎ᠤᠨ ᠨᠡᠭᠡᠭᠡᠨ ᠠᠰᠢᠭᠯᠠᠯᠲᠠ ᠲᠠᠰᠤᠷᠠᠯᠲᠠ ᠦᠭᠡᠢ ᠭᠦᠨᠵᠡᠭᠡᠢ᠌ᠷᠡᠪᠡ᠃ ᠨᠢᠭᠡ᠎ᠳᠤ᠂ ᠨᠠᠷᠠᠲᠤ ᠲᠡᠮᠳᠡᠭᠲᠦ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠢᠳᠡᠪᠬᠢᠲᠡᠢ ᠪᠣᠶ ᠪᠤᠯᠭ᠋ᠠᠵᠠᠢ᠃ ᠬᠥᠯᠥᠨ ᠪᠣᠶ᠋ᠢᠷ᠎ᠤᠨ ᠲᠠᠯ᠎ᠠ ᠨᠤᠲᠤᠭ — ᠮᠡᠷᠭᠡᠯ ᠭᠣᠣᠯ᠎ᠤᠨ ᠦᠵᠡᠮᠵᠢ ᠵᠢᠨ ᠣᠷᠣᠨ ᠪᠠ ᠣᠷᠳᠣᠰ ᠬᠣᠲᠠ ᠵᠢᠨ ᠬᠥᠪᠴᠢ ᠵᠢᠨ ᠴᠢ ᠰᠢᠩ ᠬᠤ᠌ ᠨᠠᠭᠤᠷ᠎ᠤᠨ ᠡᠯᠡᠰᠦᠨ ᠴᠥᠯ᠎ᠤᠨ ᠠᠮᠢ ᠠᠬᠤᠢ ᠵᠢᠨ ᠵᠢᠭᠤᠯᠴᠢᠯᠠᠯ᠎ᠤᠨ ᠣᠷᠣᠨ᠎ᠳᠤ ᠤᠯᠤᠰ᠎ᠤᠨ 5A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠡᠭᠦᠳᠦᠨ ᠪᠠᠶ᠋ᠢᠭᠤᠯᠬᠤ ᠵᠢ ᠦᠷᠭᠦᠯᠵᠢᠯᠡᠨ ᠠᠬᠢᠭᠤᠯᠵᠤ᠂ ᠤᠯᠤᠰ᠎ᠤᠨ 4A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ  4᠂ 3A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ 12 ᠵᠢ ᠦᠨᠡᠯᠡᠨ ᠲᠣᠭᠲᠠᠭ᠋ᠠᠵᠤ ᠨᠡᠢ᠌ᠲᠡᠯᠡᠪᠡ᠃ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠭᠤᠯᠴᠢᠯᠠᠯ᠎ᠤᠨ ᠠᠮᠠᠷᠠᠯᠲᠠ ᠵᠢᠨ ᠣᠷᠣᠨ᠎ᠢ ᠳᠠᠬᠢᠨ ᠬᠢᠨᠠᠬᠤ ᠠᠵᠢᠯ᠎ᠢ ᠥᠷᠨᠢᠭᠦᠯᠵᠦ᠂ 25 A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠪᠠ 5 ᠵᠢᠭᠤᠯᠴᠢᠯᠠᠯ᠎ᠤᠨ ᠠᠮᠠᠷᠠᠯᠲᠠ ᠵᠢᠨ ᠣᠷᠣᠨ᠎ᠢ ᠵᠠᠷᠯᠠᠨ ᠰᠢᠭᠦᠮᠵᠢᠯᠡᠬᠦ᠂ ᠬᠤᠭᠤᠴᠠᠭ᠎ᠠ   ᠲᠣᠭᠲᠠᠭ᠋ᠠᠨ ᠴᠡᠭᠴᠡᠯᠡᠨ ᠰᠠᠢ᠌ᠵᠢᠷᠠᠭᠤᠯᠬᠤ᠂ ᠵᠡᠷᠭᠡ ᠳᠡᠰ᠎ᠢ᠎ᠨᠢ ᠪᠠᠭᠤᠷᠠᠭᠤᠯᠬᠤ᠂ ᠵᠡᠷᠭᠡ ᠳᠡᠰ᠎ᠢ᠎ᠨᠢ ᠬᠦᠴᠦᠨ ᠦᠭᠡᠢ ᠪᠣᠯᠭ᠋ᠠᠬᠤ ᠵᠡᠷᠭᠡ ᠠᠷᠭ᠎ᠠ  ᠎ᠪᠠᠷ ᠰᠢᠢ᠍ᠳᠪᠦᠷᠢᠯᠡᠪᠡ᠃ ᠬᠣᠶᠠᠷ᠎ᠲᠤ᠂ ᠵᠢᠭᠤᠯᠴᠢᠯᠠᠯ ᠰᠡᠯᠡᠭᠦᠴᠡᠯ᠎ᠤᠨ ᠬᠣᠲᠠ ᠵᠢᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠵᠠᠢ᠃   《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ ᠰᠡᠯᠡᠭᠦᠴᠡᠯ᠎ᠤᠨ ᠬᠣᠲᠠ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢ (ᠲᠤᠷᠰᠢᠨ ᠬᠡᠷᠡᠭᠵᠢᠭᠦᠯᠬᠦ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ ᠰᠡᠯᠡᠭᠦᠴᠡᠯ᠎ᠤᠨ ᠵᠡᠭᠡᠯᠢ ᠲᠣᠭᠣᠷᠢᠭ᠎ᠢ ᠦᠨᠡᠯᠡᠨ ᠲᠣᠭᠲᠠᠭ᠋ᠠᠬᠤ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠎ᠢ ᠲᠣᠭᠲᠠᠭ᠋ᠠᠵᠤ᠂ ᠬᠥᠬᠡᠬᠣᠲᠠ᠂ ᠬᠥᠯᠥᠨ ᠪᠣᠶ᠋ᠢᠷ ᠬᠣᠲᠠ᠂ ᠣᠷᠳᠣᠰ ᠬᠣᠲᠠ᠂ ᠠᠯᠠᠱ᠌ᠠ ᠠᠢ᠌ᠮᠠᠭ᠎ᠤᠨ ᠵᠢᠭᠤᠯᠴᠢᠯᠠᠯ ᠰᠡᠯᠡᠭᠦᠴᠡᠯ᠎ᠤᠨ ᠬᠣᠲᠠ ᠵᠢᠨ ᠪᠦᠲᠦᠭᠡᠨ ᠪᠠᠢ᠌ᠭᠤᠯᠤᠯᠲᠠ ᠵᠢ ᠭᠣᠣᠯᠳᠠᠯᠭ᠎ᠠ᠎ᠲᠠᠢ ᠳᠡᠮᠵᠢᠨ ᠠᠬᠢᠭᠤᠯᠪᠠ᠃ 《ᠥᠪᠥᠷ ᠮᠣᠩᠭᠣᠯ᠎ᠤᠨ ᠲᠦᠮᠡᠳ ᠪᠠᠷᠠᠭᠤᠨ ᠬᠤᠰᠢᠭᠤ ᠨᠠᠰᠤᠲᠠᠢ᠌ᠴᠤᠳ᠎ᠲᠤ ᠲᠣᠬᠢᠷᠠᠮᠵᠢᠲᠠᠢ ᠪᠠᠢ᠌ᠬᠤ ᠵᠢ ᠣᠶᠤᠨᠯᠢᠭ ᠵᠶ᠋ᠠᠷ ᠬᠠᠷᠠᠭ᠋ᠠᠯᠠᠨ᠂ ᠨᠠᠰᠤᠲᠠᠢ᠌ᠴᠤᠳ᠎ᠤᠨ ᠶᠠᠪᠤᠵᠤ ᠰᠠᠭᠤᠬᠤ᠎ᠳᠤ ᠲᠥᠬᠥᠮ ᠦᠵᠡᠭᠦᠯᠦᠶ᠎ᠡ》 ᠲᠦᠷᠦᠯ ᠵᠦᠢ᠍ᠯ᠎ᠨᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠩᠬᠠᠳᠠᠭᠴᠢ ᠪᠦᠯᠦᠭ ᠣᠶᠤᠨᠯᠢᠭ ᠵᠶ᠋ᠠᠷ ᠵᠢᠭᠤᠯᠴᠢᠯᠠᠬᠤ ᠵᠢ ᠬᠥᠭᠵᠢᠭᠦᠯᠵᠦ ᠨᠠᠰᠤᠲᠠᠢ᠌ᠴᠤᠳ᠎ᠲᠤ ᠲᠣᠬᠢᠷᠠᠬᠤ ᠬᠡᠮᠵᠢᠶ᠎ᠡ ᠵᠢ ᠳᠡᠭᠡᠭᠰᠢᠯᠡᠭᠦᠯᠦᠭᠰᠡᠨ ᠵᠢᠱ᠌ᠢᠶ᠎ᠡ ᠦᠵᠡᠭᠦᠯᠬᠦ ᠬᠡᠷᠡᠭ᠎ᠲᠤ ᠰᠣᠩᠭᠣᠭᠳᠠᠵᠠᠢ᠃ ᠭᠤᠷᠪᠠ᠎ᠳᠤ᠂ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠬᠥᠭᠵᠢᠯᠲᠡ ᠵᠢ ᠦᠷᠭᠦᠯᠵᠢᠯᠡᠨ ᠠᠬᠢᠭᠤᠯᠵᠠᠢ᠃ 《ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠪᠢᠰᠬᠠᠯᠲᠤ ᠵᠢᠭᠤᠯᠴᠢᠯᠠᠯ᠎ᠤᠨ ᠬᠥᠭᠵᠢᠯᠲᠡ ᠵᠢᠨ ᠲᠥᠯᠦᠪᠵᠢᠭᠦᠯᠭᠡ》 ᠵᠢ ᠨᠠᠢ᠌ᠷᠠᠭᠤᠯᠤᠨ ᠵᠣᠬᠢᠶᠠᠪᠠ᠃ ᠣᠲᠣᠭ᠎ᠤᠨ ᠡᠮᠦᠨᠡᠲᠦ ᠬᠣᠰᠢᠭᠤᠨ᠎ᠤ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠬᠥᠭᠵᠢᠯᠲᠡ ᠵᠢᠨ ᠰᠣᠩᠭᠣᠳᠠᠭ ᠬᠡᠷᠡᠭ᠎ᠤᠨ ᠵᠢᠱ᠌ᠢᠶ᠎ᠡ ᠤᠯᠤᠰ᠎ᠤᠨ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠬᠥᠭᠵᠢᠯᠲᠡ ᠵᠢᠨ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠳᠤ ᠰᠣᠩᠭᠣᠭᠳᠠᠪᠠ᠃ 《ᠦᠵᠡᠰᠬᠦᠯᠡᠩᠲᠦ ᠰᠠᠢ᠌ᠬᠠᠨ ᠤᠮᠠᠷᠠᠲᠤ ᠬᠢᠯᠢ》 ᠭᠣᠣᠯ ᠰᠡᠳᠦᠪᠲᠦ ᠰᠣᠳᠣᠨ ᠵᠢᠭᠤᠯᠴᠢᠯᠠᠯ᠎ᠤᠨ ᠱᠤᠭᠤᠮ᠎ᠢ 10 ᠭᠠᠷᠭ᠋ᠠᠵᠤ᠂ ᠡᠭᠦᠨ᠎ᠤ 3 ᠱᠤᠭᠤᠮ᠎ᠨᠢ ᠤᠯᠤᠰ᠎ᠤᠨ 《ᠨᠠᠮ ᠪᠠᠢ᠌ᠭᠤᠯᠤᠭᠳᠠᠭᠰᠠᠨ ᠵᠠᠭᠤᠨ ᠵᠢᠯ᠎ᠤᠨ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠵᠠᠭᠤᠨ ᠰᠣᠳᠣᠨ ᠱᠤᠭᠤᠮ》᠎ᠳᠤ ᠰᠣᠩᠭᠣᠭᠳᠠᠪᠠ᠃ 《ᠥᠪᠡᠷᠲᠡᠭᠡᠨ ᠵᠠᠰᠠᠬᠤ ᠣᠷᠣᠨ᠎ᠤ ᠬᠤᠪᠢᠰᠬᠠᠯ᠎ᠤᠨ ᠲᠠᠢ᠌ᠯᠪᠤᠷᠢᠯᠠᠭᠴᠢ ᠵᠠᠭᠤᠨ ᠵᠢᠯ᠎ᠤᠨ ᠨᠠᠮ᠎ᠤᠨ ᠲᠡᠦᠬᠡ ᠵᠢ ᠶᠠᠷᠢᠬᠤ》 ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢ 113 ᠤᠳᠠᠭ᠎ᠠ ᠵᠣᠬᠢᠶᠠᠨ ᠪᠠᠢ᠌ᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠬᠤᠪᠢᠰᠬᠠᠯ᠎ᠤᠨ ᠥᠯᠢᠭᠡᠷ᠎ᠤᠨ ᠲᠠᠢ᠌ᠯᠪᠤᠷᠢᠯᠠᠭᠴᠢ ᠵᠢᠨ ᠶᠡᠬᠡ ᠤᠷᠤᠯᠳᠤᠭ᠋ᠠᠨ᠎ᠢ ᠡᠷᠭᠢᠯᠡᠨ᠂ 3 ᠲᠠᠢ᠌ᠯᠪᠤᠷᠢᠯᠠᠭᠴᠢ 《ᠪᠥᠬᠥ ᠤᠯᠤᠰ᠎ᠤᠨ ᠬᠤᠪᠢᠰᠬᠠᠯ᠎ᠤᠨ ᠲᠠᠪᠤᠨ ᠰᠠᠢ᠌ᠲᠠᠢ ᠲᠠᠢ᠌ᠯᠪᠤᠷᠢᠯᠠᠭᠴᠢ》᠎ᠪᠠᠷ ᠰᠤᠩᠭᠤᠭᠳᠠᠵᠤ᠂ 6 ᠬᠤᠪᠢᠰᠬᠠᠯ᠎ᠤᠨ ᠵᠢᠭᠤᠯᠴᠢᠯᠠᠯ᠎ᠤᠨ ᠲᠠᠢ᠌ᠯᠪᠤᠷᠢᠯᠠᠭᠴᠢ ᠪᠥᠬᠥ ᠤᠯᠤᠰ᠎ᠤᠨ 《ᠵᠠᠭᠤᠨ ᠨᠡᠷᠡᠰ ᠬᠤᠪᠢᠰᠬᠠᠯ᠎ᠤᠨ ᠲᠠᠢ᠌ᠯᠪᠤᠷᠢᠯᠠᠭᠴᠢ ᠵᠠᠭᠤᠨ ᠵᠢᠯ᠎ᠤᠨ ᠨᠠᠮ᠎ᠤᠨ ᠲᠡᠦᠬᠡ ᠵᠢ ᠲᠣᠭᠣᠷᠢᠨ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ》 ᠵᠢᠨ ᠲᠠᠢ᠌ᠯᠪᠤᠷᠢᠯᠠᠭᠴᠢ ᠵᠢᠨ ᠨᠡᠷᠡᠰ᠎ᠲᠤ ᠰᠣᠩᠭᠣᠭᠳᠠᠪᠠ᠃ ᠪᠥᠵᠢᠭᠲᠦ ᠵᠦᠴᠦᠭᠡ 《ᠲᠠᠯ᠎ᠠ ᠨᠤᠲᠤᠭ᠎ᠤᠨ ᠪᠢᠴᠢᠬᠠᠨ ᠪᠠᠭ᠋ᠠᠲᠤᠷ ᠡᠭᠡᠴᠢ ᠥᠬᠢᠨ ᠳᠡᠭᠦᠦ》 ᠵᠢᠴᠢ 12 ᠵᠦᠢ᠍ᠯ᠎ᠤᠨ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠨᠢ 《ᠪᠥᠬᠥ ᠤᠯᠤᠰ᠎ᠤᠨ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠪᠦᠲᠦᠭᠡᠯᠴᠢ ᠦᠢ᠍ᠯᠡᠳᠬᠦᠨ ᠪᠠ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠲᠣᠭᠯᠠᠯᠲᠠ ᠵᠢᠨ ᠤᠷᠠᠯᠢᠭ᠎ᠤᠨ ᠰᠢᠨ᠎ᠡ ᠡᠭᠦᠳᠦᠯᠲᠡ ᠵᠢᠨ ᠦᠷ᠎ᠡ ᠪᠦᠲᠦᠭᠡᠯ᠎ᠢ ᠡᠯᠰᠡᠵᠦ ᠳᠡᠯᠭᠡᠨ ᠦᠵᠡᠭᠦᠯᠬᠦ ᠠᠵᠢᠯᠯᠠᠭ᠎ᠠ ᠵᠢᠨ ᠪᠦᠲᠦᠭᠡᠯ᠎ᠤᠨ ᠲᠡᠭᠦᠪᠦᠷᠢ》᠎ᠳᠤ ᠰᠣᠩᠭᠣᠭᠳᠠᠪᠠ᠃ ᠬᠢᠩᠭ᠋ᠠᠨ ᠠᠢ᠌ᠮᠠᠭ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠷᠠᠰᠬᠠᠯ᠎ᠤᠨ ᠭᠠᠵᠠᠷ᠎ᠨᠢ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠬᠤᠪᠢᠰᠬᠠᠯ᠎ᠤᠨ ᠦᠯᠢᠭᠡᠷ᠎ᠤᠨ ᠲᠠᠢ᠌ᠯᠪᠤᠷᠢᠯᠠᠭᠴᠢ ᠵᠢᠨ ᠤᠷᠤᠯᠳᠤᠭ᠋ᠠᠨ᠎ᠤ 《ᠰᠢᠯᠢᠳᠡᠭ ᠠᠵᠢᠯᠯᠠᠭ᠎ᠠ ᠵᠢᠨ ᠨᠢᠭᠡᠴᠢ》 ᠵᠢᠨ ᠢᠷᠠᠭᠤ ᠠᠯᠳᠠᠷ᠎ᠢ ᠬᠦᠷᠲᠡᠪᠡ᠃ ᠳᠥᠷᠪᠡ᠎ᠳᠤ᠂ ᠬᠥᠳᠡᠭᠡ ᠲᠣᠰᠬᠣᠨ᠎ᠤ ᠵᠢᠭᠤᠯᠴᠢᠯᠠᠯ᠎ᠢ ᠶᠡᠬᠡ᠎ᠪᠠᠷ   ᠬᠦᠭᠵᠢᠭᠦᠯᠵᠡᠢ᠃ 《ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠤ ᠵᠢᠭᠤᠯᠴᠢᠯᠠᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 ᠵᠢ ᠲᠣᠭᠲᠠᠭ᠋ᠠᠵᠤ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ 《ᠵᠠᠭᠤ ᠮᠢᠩᠭ᠋ᠠᠨ ᠲᠦᠮᠡᠨ ᠢᠨᠵᠧᠨᠧᠷᠢᠩ》᠎ᠢ ᠬᠡᠷᠡᠭᠵᠢᠭᠦᠯᠦᠨ᠂ ᠪᠥᠬᠥ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠣᠯᠳᠠᠯᠭ᠎ᠠ᠎ᠲᠠᠢ 6 ᠲᠣᠰᠬᠣᠨ᠂ ᠪᠥᠬᠥ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠣᠯᠳᠠᠯᠭ᠎ᠠ᠎ᠲᠠᠢ 3 ᠪᠠᠯᠭ᠋ᠠᠰᠤ ᠵᠢ ᠠᠮᠵᠢᠯᠲᠠ᠎ᠲᠠᠢ᠎ᠪᠠᠷ ᠡᠭᠦᠳᠦᠨ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠣᠯᠳᠠᠯᠭ᠎ᠠ᠎ᠲᠠᠢ 34 ᠲᠣᠰᠬᠣᠨ᠎ᠢ ᠦᠨᠡᠯᠡᠨ ᠲᠣᠭᠲᠠᠭ᠋ᠠᠪᠠ᠃   《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ (ᠮᠠᠯᠵᠢᠬᠤ ᠣᠷᠣᠨ)᠎ᠤ ᠵᠢᠭᠤᠯᠴᠢᠯᠠᠯ᠎ᠤᠨ ᠭᠥᠯᠢᠶᠡᠨ ᠠᠪᠬᠤ ᠡᠷᠦᠬᠡ ᠵᠢᠨ ᠣᠳᠣᠨ ᠲᠠᠰ᠎ᠢ ᠦᠨᠡᠯᠡᠨ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ᠂ ᠲᠠᠪᠤᠨ ᠣᠳᠣᠨ ᠲᠠᠰ᠎ᠤᠨ ᠬᠥᠳᠡᠭᠡ ᠲᠣᠰᠬᠣᠨ ᠮᠠᠯᠵᠢᠬᠤ ᠣᠷᠣᠨ᠎ᠤ ᠵᠢᠭᠤᠯᠴᠢᠯᠠᠯ᠎ᠤᠨ ᠭᠥᠯᠢᠶᠡᠨ ᠠᠪᠬᠤ 22 ᠡᠷᠦᠬᠡ ᠵᠢ ᠦᠨᠡᠯᠡᠨ ᠲᠣᠭᠲᠠᠭ᠋ᠠᠪᠠ᠃ ᠲᠠᠪᠤ᠎ᠳᠤ᠂ ᠡᠬᠢ ᠪᠠᠶᠠᠯᠢᠭ᠎ᠤᠨ ᠠᠰᠢᠭᠯᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠡᠢ᠃ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠶ᠋ᠢᠭᠤᠯᠬᠤ ᠠᠵᠢᠯ᠎ᠢ ᠥᠷᠨᠢᠭᠦᠯᠵᠦ᠂ ᠬᠥᠬᠡᠬᠣᠲᠠ ᠵᠢᠨ ᠲᠦᠮᠡᠳ ᠵᠡᠭᠦᠨ ᠬᠣᠰᠢᠭᠤ ᠵᠡᠷᠭᠡ 11 ᠡᠭᠦᠳᠦᠨ ᠪᠠᠶ᠋ᠢᠭᠤᠯᠬᠤ ᠨᠢᠭᠡᠴᠢ ᠵᠢ ᠭᠤᠷᠪᠠᠳᠤᠭ᠋ᠠᠷ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ ᠵᠶ᠋ᠠᠷ ᠮᠠᠭ᠋ᠠᠳᠯᠠᠨ ᠲᠣᠭᠲᠠᠭ᠋ᠠᠪᠠ᠃ ᠤᠯᠠᠭ᠋ᠠᠨᠴᠠᠪ ᠬᠣᠲᠠ ᠵᠢᠨ ᠯᠢᠨ ᠬᠤ᠌ ᠭᠦ᠋ ᠰᠠᠢ ᠵᠢᠭᠤᠯᠴᠢᠯᠠᠯ ᠠᠮᠠᠷᠠᠯᠲᠠ ᠵᠢᠨ ᠣᠷᠣᠨ᠂ ᠣᠷᠳᠣᠰ ᠬᠣᠲᠠ ᠵᠢᠨ ᠣᠷᠳᠣᠰ᠎ᠤᠨ ᠲᠠᠯ᠎ᠠ ᠨᠤᠲᠤᠭ᠎ᠤᠨ ᠵᠢᠭᠤᠯᠴᠢᠯᠠᠯ ᠠᠮᠠᠷᠠᠯᠲᠠ ᠵᠢᠨ ᠣᠷᠣᠨ᠎ᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠭᠤᠯᠴᠢᠯᠠᠯ ᠠᠮᠠᠷᠠᠯᠲᠠ ᠵᠢᠨ ᠣᠷᠣᠨ ᠪᠣᠯᠭ᠋ᠠᠨ ᠠᠮᠵᠢᠯᠲᠠ᠎ᠲᠠᠢ᠎ᠪᠠᠷ ᠡᠭᠦᠳᠦᠨ ᠪᠠᠢ᠌ᠭᠤᠯᠵᠤ᠂ 7 ᠵᠡᠭᠡᠯᠢ ᠲᠣᠭᠣᠷᠢᠭ᠎ᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠭᠤᠯᠴᠢᠯᠠᠯ ᠰᠡᠯᠡᠭᠦᠴᠡᠯ᠎ᠤᠨ ᠵᠡᠭᠡᠯᠢ ᠲᠣᠭᠣᠷᠢᠭ ᠵᠶ᠋ᠠᠷ ᠮᠠᠭ᠋ᠠᠳᠯᠠᠨ ᠲᠣᠭᠲᠠᠭ᠋ᠠᠪᠠ᠃ ᠪᠦᠷᠢᠶ᠎ᠡ ᠮᠠᠩᠬᠠᠨ᠎ᠤ ᠯᠢᠩᠬ᠍ᠸ᠎ᠠ ᠵᠢᠭᠤᠯᠴᠢᠯᠠᠯ ᠠᠮᠠᠷᠠᠯᠲᠠ ᠵᠢᠨ ᠲᠣᠭᠣᠷᠢᠭ᠎ᠢ ᠤᠯᠤᠰ᠎ᠤᠨ ᠲᠠᠰ᠎ᠤᠨ ᠵᠢᠭᠤᠯᠴᠢᠯᠠᠯ ᠠᠮᠠᠷᠠᠯᠲᠠ ᠵᠢᠨ ᠲᠣᠭᠣᠷᠢᠭ ᠵᠶ᠋ᠠᠷ ᠡᠭᠦᠳᠦᠨ ᠪᠠᠶ᠋ᠢᠭᠤᠯᠬᠤ᠎ᠪᠠᠷ   ᠲᠠᠨᠢᠯᠴᠠᠭᠤᠯᠤᠨ᠂ 3 ᠵᠡᠭᠡᠯᠢ ᠲᠣᠭᠣᠷᠢᠭ᠎ᠢ ᠤᠯᠤᠰ᠎ᠤᠨ ᠲᠠᠰ᠎ᠤᠨ ᠵᠢᠭᠤᠯᠴᠢᠯᠠᠯ ᠰᠡᠯᠡᠭᠦᠴᠡᠯ᠎ᠤᠨ ᠵᠡᠭᠡᠯᠢ ᠲᠣᠭᠣᠷᠢᠭ ᠵᠶ᠋ᠠᠷ ᠭᠤᠶᠤᠴᠢᠯᠠᠨ ᠮᠡᠳᠡᠭᠦᠯᠵᠦ᠂ 2 ᠴᠠᠨᠠᠯᠠᠬᠤ ᠠᠮᠠᠷᠠᠯᠲᠠ ᠵᠢᠨ ᠣᠷᠤᠨ᠎ᠢ ᠤᠯᠤᠰ᠎ᠤᠨ ᠲᠠᠰ᠎ᠤᠨ ᠴᠠᠨᠠᠯᠠᠬᠤ ᠵᠢᠭᠤᠯᠴᠢᠯᠠᠯ ᠠᠮᠠᠷᠠᠯᠲᠠ ᠵᠢᠨ ᠣᠷᠤᠨ ᠵᠶ᠋ᠠᠷ ᠭᠤᠶᠤᠴᠢᠯᠠᠨ ᠮᠡᠳᠡᠭᠦᠯᠵᠦ᠂ 4 ᠪᠠᠭᠤᠴᠠ ᠵᠢ 5C᠂ 4C ᠲᠠᠰ᠎ᠤᠨ ᠦᠪᠡᠰᠦᠪᠡᠨ ᠵᠢᠯᠤᠭᠤᠳᠬᠤ ᠮᠠᠰᠢᠨ ᠲᠡᠷᠭᠡᠨ᠎ᠤ ᠵᠢᠭᠤᠯᠴᠢᠯᠠᠯ᠎ᠤᠨ ᠪᠠᠭᠤᠴᠠ᠎ᠪᠠᠷ ᠭᠤᠶᠤᠴᠢᠯᠠᠨ ᠮᠡᠳᠡᠭᠦᠯᠪᠡ᠃ 《ᠥᠪᠡᠷᠲᠡᠭᠡᠨ ᠵᠠᠰᠠᠬᠤ ᠣᠷᠣᠨ᠎ᠤ ᠲᠠᠯ᠎ᠠ ᠨᠤᠲᠤᠭ᠎ᠤᠨ ᠵᠢᠭᠤᠯᠴᠢᠯᠠᠯ᠎ᠤᠨ ᠬᠥᠭᠵᠢᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 ᠵᠢ ᠲᠣᠭᠲᠠᠭ᠋ᠠᠪᠠ᠃ ᠬᠥᠬᠡᠬᠣᠲᠠ ᠪᠤᠭᠤᠲᠤ ᠦᠬᠠᠢ ᠵᠢᠨ ᠰᠣᠶᠣᠯ ᠪᠠ ᠵᠢᠭᠤᠯᠴᠢᠯᠠᠯ᠎ᠤᠨ ᠡᠬᠢ ᠪᠠᠶᠠᠯᠢᠭ᠎ᠤᠨ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠢ ᠪᠡᠶᠡᠯᠡᠭᠦᠯᠪᠡ᠃ 《ᠥᠪᠥᠷ ᠮᠣᠩᠭᠣᠯ᠎ᠤᠨ ᠦᠨᠦᠷ ᠠᠮᠲᠠ》 ᠣᠨᠴᠠᠯᠢᠭᠲᠤ ᠳᠡᠯᠭᠡᠭᠦᠷ᠎ᠢ ᠵᠢᠷᠤᠮᠵᠢᠭᠤᠯᠤᠨ ᠨᠠᠢ᠌ᠷᠠᠭᠤᠯᠤᠨ ᠵᠣᠬᠢᠶᠠᠬᠤ ᠠᠵᠢᠯ᠎ᠢ ᠡᠬᠢᠯᠡᠭᠦᠯᠪᠡ᠃ ᠠᠯᠠᠱ᠌ᠠ ᠠᠢ᠌ᠮᠠᠭ᠎ᠤᠨ ᠶᠤᠸᠠᠢ ᠶᠧ e ᠽᠦ᠍ ᠠᠯᠠᠱ᠌ᠠ ᠵᠢᠨ ᠬᠦᠰᠡᠯᠡᠩᠲᠦ ᠡᠯᠡᠰᠦᠨ ᠴᠦᠯ᠎ᠤᠨ ᠮᠠᠰᠢᠨ ᠲᠡᠷᠭᠡ ᠠᠭ᠋ᠠᠷ᠎ᠤᠨ ᠠᠶᠠᠯᠠᠯ᠎ᠤᠨ ᠴᠡᠩᠭᠡᠯ᠎ᠤᠨ ᠬᠦᠷᠢᠶᠡᠯᠡᠩ ᠦᠵᠡᠮᠵᠢ ᠵᠢᠨ ᠣᠷᠣᠨ᠎ᠨᠢ ᠤᠯᠤᠰ᠎ᠤᠨ ᠪᠡᠶ᠎ᠡ ᠵᠢᠨ ᠲᠠᠮᠢᠷ ᠵᠢᠭᠤᠯᠴᠢᠯᠠᠯ᠎ᠤᠨ ᠵᠢᠱ᠌ᠢᠶ᠎ᠡ ᠰᠠᠭᠤᠷᠢᠨ ᠭᠠᠵᠠᠷ ᠵᠶ᠋ᠠᠷ ᠰᠤᠩᠭᠤᠭᠳᠠᠨ ᠦᠨᠡᠯᠡᠭᠳᠡᠪᠡ᠃
(ᠨᠠᠢ᠍ᠮᠠ) ᠰᠢᠨᠵᠢᠯᠡᠬᠦ ᠤᠬᠠᠭ᠋ᠠᠨ ᠮᠡᠷᠭᠡᠵᠢᠯ ᠰᠤᠷᠭ᠋ᠠᠨ ᠬᠥᠮᠦᠵᠢᠯ᠎ᠤᠨ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠨᠢᠭᠡ᠎ᠳᠤ᠂ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢ ᠦᠷᠨᠢᠭᠦᠯᠪᠡ᠃ 《ᠣᠷᠭᠢᠯ ᠦᠶ᠎ᠡ ᠵᠢ ᠵᠥᠷᠢᠭᠦᠯᠬᠦ᠂ ᠤᠷᠢᠳᠴᠢᠯᠠᠨ ᠪᠣᠯᠵᠣᠬᠤ᠂ ᠬᠡᠮᠵᠢᠶ᠎ᠡ ᠵᠢ ᠬᠢᠵᠠᠭ᠋ᠠᠷᠯᠠᠬᠤ》 ᠱᠠᠭ᠋ᠠᠷᠳᠠᠯᠭ᠎ᠠ ᠶᠣᠰᠣᠭ᠋ᠠᠷ᠂ ᠪᠥᠬᠥ ᠣᠷᠣᠨ᠎ᠤ 399 A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠂ 185 ᠮᠦᠽᠧᠢ᠂ 117 ᠣᠯᠠᠨ ᠨᠡᠶ᠋ᠢᠲᠡ ᠵᠢᠨ ᠨᠣᠮ᠎ᠤᠨ ᠰᠠᠩ ᠵᠢᠴᠢ 120 ᠰᠣᠶᠣᠯ᠎ᠤᠨ ᠣᠷᠳᠣᠨ᠎ᠢ ᠴᠠᠭ ᠬᠤᠪᠢᠶᠠᠨ ᠤᠷᠢᠳᠴᠢᠯᠠᠨ ᠪᠣᠯᠵᠣᠵᠤ ᠵᠣᠯᠭ᠋ᠠᠭᠤᠯᠬᠤ ᠠᠵᠢᠯ᠎ᠢ ᠪᠡᠶᠡᠯᠡᠭᠦᠯᠪᠡ᠃ ᠨᠢᠭᠡ ᠴᠣᠭᠴᠠᠵᠢᠭᠤᠯᠤᠭᠰᠠᠨ ᠲᠠᠪᠴᠠᠩ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ 〈ᠮᠦᠩᠭᠡ ᠰᠤᠪᠠᠭ · ᠨᠢᠭᠡ ᠰᠦᠯᠵᠢᠶ᠎ᠡ᠎ᠪᠠᠷ ᠠᠵᠢᠯᠯᠠᠬᠤ〉 ᠵᠢᠨ 15 PC ᠦᠵᠦᠭᠦᠷ᠎ᠤᠨ ᠣᠨᠴᠠᠯᠢᠭᠲᠤ ᠬᠡᠷᠡᠭᠯᠡᠭᠡᠨ᠎ᠤ ᠵᠠᠯᠭ᠋ᠠᠨ ᠣᠷᠣᠭᠤᠯᠬᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠪᠡᠶᠡᠯᠡᠭᠦᠯᠪᠡ᠃ ᠬᠣᠶᠠᠷ᠎ᠲᠤ᠂ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠴᠢᠩᠭ᠋ᠠᠳᠬᠠᠪᠠ᠃ ᠰᠣᠶᠣᠯ ᠪᠠ ᠵᠢᠭᠤᠯᠴᠢᠯᠠᠯ᠎ᠤᠨ ᠰᠡᠳᠦᠪ᠎ᠤᠨ ᠰᠤᠳᠤᠯᠭ᠋ᠠᠨ᠎ᠤ ᠠᠵᠢᠯ᠎ᠢ ᠥᠷᠨᠢᠭᠦᠯᠵᠦ᠂ 60 ᠰᠡᠳᠦᠪ᠎ᠲᠤ ᠰᠡᠳᠦᠪ ᠲᠣᠭᠲᠠᠭ᠋ᠠᠬᠤ ᠳᠡᠮᠵᠢᠯᠭᠡ ᠦᠵᠡᠭᠦᠯᠪᠡ᠃ ᠰᠢᠨᠵᠢᠯᠡᠬᠦ ᠤᠬᠠᠭ᠋ᠠᠨ ᠮᠡᠷᠭᠡᠵᠢᠯ ᠰᠤᠷᠭ᠋ᠠᠨ ᠬᠥᠮᠦᠵᠢᠯ᠎ᠤᠨ ᠲᠥᠷᠥᠯ᠎ᠤᠨ ᠰᠢᠯᠭ᠋ᠠᠷᠠᠭᠤᠯᠤᠯᠲᠠ ᠵᠢᠨ ᠲᠥᠷᠥᠯ ᠵᠦᠢ᠍ᠯ᠎ᠢ ᠢᠳᠡᠪᠬᠢᠲᠡᠢ᠎ᠪᠠᠷ ᠭᠤᠶᠤᠴᠢᠯᠠᠨ ᠮᠡᠳᠡᠭᠦᠯᠵᠦ᠂ 《ᠵᠦᠩ ᠺᠸ ᠸᠠᠨ ᠰᠢᠶᠠᠩ᠎ᠤᠨ ᠬᠣᠪᠣᠷ ᠰᠢᠷᠣᠢ ᠵᠢᠨ ᠰᠢᠯ ᠪᠤᠳᠤᠭᠲᠤ ᠪᠠᠺᠲ᠋ᠧᠷᠢ ᠡᠰᠡᠷᠭᠦᠴᠡᠬᠦ ᠸᠠᠭ᠋ᠠᠷ ᠱᠠᠭ᠋ᠠᠵᠠᠩ》᠎ᠤᠨ ᠲᠥᠷᠥᠯ ᠵᠦᠢ᠍ᠯ᠎ᠨᠢ 《2021 ᠣᠨ᠎ᠤ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠢᠨᠵᠧᠨᠧᠷᠢᠩ᠎ᠤᠨ ᠲᠥᠷᠥᠯ ᠵᠦᠢ᠍ᠯ》 ᠵᠶ᠋ᠡᠷ ᠦᠨᠡᠯᠡᠭᠳᠡᠪᠡ᠃ 《ᠥᠪᠥᠷ ᠮᠣᠩᠭᠣᠯ᠎ᠤᠨ ᠣᠷᠣᠨ ᠨᠤᠲᠤᠭ᠎ᠤᠨ ᠰᠢ ᠵᠦᠴᠦᠭᠡ ᠵᠢᠨ ᠰᠤᠷᠪᠤᠯᠵᠢ ᠪᠢᠴᠢᠭ᠎ᠤᠨ ᠬᠠᠮ ᠵᠠᠭᠤᠴᠢᠯᠠᠭᠤᠷ᠎ᠤᠨ ᠳᠠᠮᠵᠢᠭᠤᠯᠭ᠎ᠠ ᠵᠢᠨ ᠬᠠᠢ᠌ᠨ ᠰᠦᠪᠡᠭᠴᠢᠯᠡᠯᠲᠡ》 ᠵᠢᠨ ᠲᠦᠷᠦᠯ ᠵᠦᠢ᠍ᠯ᠎ᠨᠢ 《2021 ᠣᠨ᠎ᠤ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠵᠠᠯᠠᠭᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠴᠢᠳᠠᠪᠤᠷᠢᠲᠠᠨ᠎ᠢ ᠲᠡᠳᠬᠦᠬᠦ ᠲᠥᠯᠥᠪᠯᠡᠭᠡ ᠵᠢᠨ ᠲᠦᠷᠦᠯ ᠵᠦᠢ᠍ᠯ》᠎ᠳᠤ ᠰᠤᠩᠭᠤᠭᠳᠠᠪᠠ᠃ 《ᠰᠣᠶᠣᠯ ᠰᠤᠷᠭ᠋ᠠᠨ ᠬᠥᠮᠦᠵᠢᠯ᠎ᠢ ᠬᠥᠳᠡᠭᠡ ᠪᠠᠭᠤᠯᠭ᠋ᠠᠵᠤ᠂ ᠰᠢᠨ᠎ᠡ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 《〈ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠡᠩᠨᠡᠭᠡ ᠵᠢᠨ ᠪᠠᠢ᠌ᠭᠤᠯᠤᠯᠲᠠ — ᠪᠤᠭᠤᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠪᠠᠷ ᠵᠢᠱ᠌ᠢᠶᠡᠯᠡᠬᠦ᠎ᠨᠢ〉 ᠪᠠ 《ᠥᠪᠥᠷ ᠮᠣᠩᠭᠣᠯ᠎ᠤᠨ ᠲᠦᠮᠡᠳ ᠪᠠᠷᠠᠭᠤᠨ ᠬᠣᠰᠢᠭᠤᠨ᠎ᠤ ᠬᠤᠪᠢᠰᠬᠠᠯ᠎ᠤᠨ ᠰᠣᠶᠣᠯ᠎ᠢ ᠵᠢᠭᠤᠯᠴᠢᠯᠠᠯ᠎ᠤᠨ ᠲᠤᠰᠬᠠᠢ ᠮᠡᠷᠭᠡᠵᠢᠯ᠎ᠤᠨ ᠬᠢᠴᠢᠶᠡᠯ᠎ᠳᠤ ᠠᠭᠤᠰᠤᠯᠴᠠᠭᠤᠯᠬᠤ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠬᠡᠷᠡᠭᠯᠡᠭᠡᠨ᠎ᠤ ᠠᠷᠭ᠎ᠠ ᠵᠠᠮ᠎ᠤᠨ ᠰᠤᠳᠤᠯᠤᠯ》 ᠭᠡᠬᠦ ᠲᠥᠷᠥᠯ ᠵᠦᠢ᠍ᠯ᠎ᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ 《2021 ᠣᠨ᠎ᠤ ᠰᠣᠶᠣᠯ ᠤᠷᠠᠯᠢᠭ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠠ ᠵᠢᠭᠤᠯᠴᠢᠯᠠᠯ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠰᠢᠯᠢᠳᠡᠭ᠎ᠢ ᠪᠣᠯᠪᠠᠰᠤᠷᠠᠭᠤᠯᠬᠤ ᠠᠵᠢᠯᠯᠠᠭ᠋ᠠᠨ᠎ᠤ ᠲᠥᠯᠥᠪᠯᠡᠭᠡ》᠎ᠳᠤ ᠣᠷᠣᠭᠤᠯᠪᠠ᠃ ᠭᠤᠷᠪᠠ᠎ᠳᠤ᠂ ᠨᠡᠢ᠌ᠭᠡᠮ᠎ᠤᠨ ᠤᠷᠠᠯᠢᠭ᠎ᠤᠨ ᠬᠢᠷᠢ ᠲᠦᠪᠰᠢᠨ᠎ᠤ ᠲᠠᠰ ᠰᠢᠯᠭ᠋ᠠᠯᠲᠠ ᠵᠢᠨ ᠥᠭᠡᠷᠡᠴᠢᠯᠡᠯᠲᠡ ᠵᠢ ᠲᠦᠯᠬᠢᠨ ᠠᠬᠢᠭᠤᠯᠪᠠ᠃ ᠨᠡᠢ᠌ᠭᠡᠮ᠎ᠤᠨ ᠤᠷᠠᠯᠢᠭ᠎ᠤᠨ ᠬᠢᠷᠢ ᠲᠦᠪᠰᠢᠨ᠎ᠤ ᠲᠠᠰ ᠰᠢᠯᠭ᠋ᠠᠯᠲᠠ ᠵᠢᠨ ᠬᠠᠮᠢᠶᠠᠷᠤᠯᠲᠠ ᠵᠢᠨ 《ᠦᠨᠡᠮᠯᠡᠯ ᠪᠠ ᠭᠡᠷᠡᠴᠢ ᠵᠢ ᠰᠠᠯᠭ᠋ᠠᠬᠤ》 ᠥᠭᠡᠷᠡᠴᠢᠯᠡᠯᠲᠡ ᠵᠢᠨ ᠠᠵᠢᠯ᠎ᠢ ᠪᠡᠶᠡᠯᠡᠭᠦᠯᠵᠦ᠂ ᠪᠠᠶ᠋ᠢᠭᠤᠯᠬᠤ᠎ᠪᠠᠷ ᠭᠤᠶᠤᠴᠢᠯᠠᠬᠤ᠂ ᠳᠠᠩᠰᠠᠯᠠᠭᠤᠯᠬᠤ᠂ ᠪᠠᠢ᠌ᠴᠠᠭ᠋ᠠᠨ ᠯᠠᠪᠯᠠᠬᠤ᠂ ᠬᠤᠪᠢᠷᠠᠭᠤᠯᠬᠤ ᠵᠡᠷᠭᠡ ᠡᠯ᠎ᠡ ᠵᠦᠢ᠍ᠯ᠎ᠤᠨ ᠲᠤᠬᠠᠢ᠌ᠯᠠᠭᠰᠠᠨ ᠠᠵᠢᠯ᠎ᠢ 《ᠵᠣᠯᠭ᠋ᠠᠬᠤ ᠦᠭᠡᠢ》 ᠭᠦᠢ᠍ᠴᠡᠳᠬᠡᠬᠦ ᠵᠢ ᠪᠥᠬᠥ ᠲᠠᠯ᠎ᠠ᠎ᠪᠠᠷ ᠪᠡᠶᠡᠯᠡᠭᠦᠯᠪᠡ᠃
(ᠶᠢᠰᠦ) ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠬᠦᠴᠦᠲᠡᠢ ᠪᠥᠭᠡᠳ ᠪᠦᠲᠦᠮᠵᠢᠲᠡᠶ᠃ ᠨᠢᠭᠡ᠎ᠳᠤ᠂ ᠬᠢᠵᠢᠭ᠎ᠤᠨ ᠪᠠᠢ᠌ᠳᠠᠯ᠎ᠢ ᠪᠠᠢ᠌ᠩᠭᠤᠵᠢᠭᠤᠯᠤᠨ ᠰᠡᠷᠭᠡᠢ᠌ᠯᠡᠨ ᠡᠵᠡᠮᠳᠡᠬᠦ ᠵᠢ ᠪᠠᠷᠢᠮᠲᠠᠯᠠᠪᠠ᠃ ᠪᠥᠬᠥ ᠣᠷᠣᠨ᠎ᠤ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠰᠢᠰᠲ᠋ᠧᠮᠵᠢ ᠵᠢ ᠲᠡᠭᠦᠯᠳᠡᠷᠵᠢᠭᠦᠯᠵᠦ᠂ 《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠴᠢᠮ ᠪᠠᠢ᠌ᠳᠠᠯ᠎ᠢ ᠠᠷᠭ᠋ᠠᠴᠠᠬᠤ ᠲᠥᠰᠥᠯ (2021 ᠳ᠋ᠣᠭᠡᠷ ᠨᠢᠭᠤᠷ)》᠎ᠢ ᠳᠠᠷᠤᠮᠠᠯᠯᠠᠨ ᠲᠠᠷᠬᠠᠭ᠋ᠠᠵᠤ᠂ ᠪᠥᠬᠥ ᠠᠵᠢᠯ ᠲᠥᠷᠥᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠴᠢᠮ ᠪᠠᠢ᠌ᠳᠠᠯ᠎ᠢ ᠠᠷᠭ᠋ᠠᠴᠠᠬᠤ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃ ᠨᠠᠨᠵᠢᠩ᠎ᠤᠨ ᠯᠦᠺᠸᠦ ᠨᠢᠰᠬᠡᠯ᠎ᠤᠨ ᠪᠠᠭᠤᠳᠠᠯ᠂ ᠡᠷᠢᠶᠡᠨ ᠬᠣᠲᠠ᠂ ᠡᠵᠡᠨ᠎ᠡ ᠬᠣᠰᠢᠭᠤ᠂ ᠮᠠᠨᠵᠤᠤᠷ ᠬᠣᠲᠠ ᠵᠡᠷᠭᠡ ᠭᠡᠨᠡᠳᠲᠡ ᠵᠢᠨ ᠬᠢᠵᠢᠭ᠎ᠤᠨ ᠪᠠᠢ᠌ᠳᠠᠯ᠎ᠢ ᠢᠳᠡᠪᠬᠢᠲᠡᠢ᠎ᠪᠠᠷ ᠠᠷᠭ᠋ᠠᠴᠠᠵᠤ᠂ ᠰᠢᠨ᠎ᠡ   ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ ᠵᠢᠯᠤᠭᠣᠳᠬᠤ ᠲᠣᠭᠲᠠᠴᠠ ᠵᠢ ᠬᠠᠮᠤᠭ᠎ᠤᠨ ᠲᠡᠷᠢᠭᠦᠨ᠎ᠳᠤ ᠡᠬᠢᠯᠡᠭᠦᠯᠵᠦ᠂ ᠮᠤᠵᠢ ᠠᠯᠤᠰᠯᠠᠭᠰᠠᠨ ᠵᠢᠭᠤᠯᠴᠢᠯᠠᠯ᠎ᠤᠨ ᠠᠵᠢᠯᠯᠠᠭ᠎ᠠ ᠵᠢ ᠡᠷᠡᠰ ᠰᠢᠭᠤᠷᠬᠠᠢ᠎ᠪᠠᠷ ᠵᠤᠭᠰᠤᠭ᠋ᠠᠵᠤ᠂ ᠳᠤᠮᠳᠠ ᠲᠦᠭᠰᠢᠭᠦᠷᠢ᠎ᠲᠠᠢ ᠭᠠᠵᠠᠷ ᠣᠷᠤᠨ ᠪᠤᠯᠤᠨ ᠦᠨᠳᠦᠷ ᠲᠦᠭᠰᠢᠭᠦᠷᠢ᠎ᠲᠠᠢ ᠭᠠᠵᠠᠷ ᠣᠷᠣᠨ᠎ᠤ ᠤᠯᠠᠨ ᠨᠡᠶ᠋ᠢᠲᠡ ᠵᠢᠨ ᠰᠣᠶᠣᠯ ᠪᠠ ᠵᠢᠭᠤᠯᠴᠢᠯᠠᠯ᠎ᠤᠨ ᠦᠢ᠍ᠯᠡᠴᠢᠯᠡᠭᠡᠨ᠎ᠤ ᠲᠠᠯᠠᠪᠤᠷ ᠭᠠᠵᠠᠷ᠎ᠢ ᠬᠠᠭ᠋ᠠᠵᠤ᠂ ᠡᠯ᠎ᠡ ᠲᠦᠷᠦᠯ᠎ᠤᠨ ᠰᠣᠶᠣᠯ ᠵᠢᠭᠤᠯᠴᠢᠯᠠᠯ᠎ᠤᠨ ᠴᠤᠭᠯᠠᠷᠠᠯ᠎ᠤᠨ ᠴᠢᠨᠠᠷᠲᠠᠢ ᠠᠵᠢᠯᠯᠠᠭ᠎ᠠ ᠵᠢ ᠲᠦᠷ ᠵᠣᠭᠰᠣᠭ᠋ᠠᠵᠤ᠂ ᠰᠣᠶᠣᠯ ᠪᠠ ᠵᠢᠭᠤᠯᠴᠢᠯᠠᠯ᠎ᠤᠨ ᠠᠷᠭ᠎ᠠ ᠵᠠᠮ ᠵᠶ᠋ᠠᠷ ᠬᠢᠵᠢᠭ᠎ᠤᠨ ᠪᠠᠢ᠌ᠳᠠᠯ᠎ᠤᠨ ᠲᠠᠷᠬᠠᠬᠤ ᠵᠢ ᠴᠢᠩᠭ᠎ᠠ ᠰᠡᠷᠭᠡᠢ᠌ᠯᠡᠪᠡ᠃ ᠡᠵᠡᠨ᠎ᠡ ᠬᠣᠰᠢᠭᠤᠨ᠎ᠳᠤ ᠠᠵᠢᠯᠯᠠᠬᠤ ᠳᠤᠭᠤᠢ᠌ᠯᠠᠩ ᠲᠣᠮᠢᠯᠠᠵᠤ᠂ ᠰᠠᠭ᠋ᠠᠳᠠᠭᠰᠠᠨ ᠪᠦᠯᠬᠦᠮ᠎ᠤᠨ   ᠵᠢᠭᠤᠯᠴᠢᠯᠠᠭᠴᠢᠳ᠎ᠢ ᠪᠠᠢ᠌ᠴᠠᠭ᠋ᠠᠨ ᠭᠠᠷᠭ᠋ᠠᠬᠤ᠂ ᠦᠢ᠍ᠯᠡᠴᠢᠯᠡᠭᠡᠨ᠎ᠤ ᠪᠠᠲᠤᠯᠠᠭ᠎ᠠ ᠪᠠ ᠳᠠᠮᠵᠢᠭᠤᠯᠤᠨ ᠲᠡᠭᠡᠭᠡᠪᠦᠷᠢᠯᠡᠬᠦ ᠠᠵᠢᠯ᠎ᠢ ᠬᠠᠮᠵᠢᠨ   ᠦᠷᠨᠢᠭᠦᠯᠪᠡ᠃ ᠬᠣᠶᠠᠷ᠎ᠲᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠯᠤᠭ᠎ᠠ 《ᠶᠡᠷᠦᠩᠬᠡᠢ᠌ᠯᠡᠭᠰᠡᠨ ᠴᠣᠩᠬᠣᠨ ᠦᠢ᠍ᠯᠡᠴᠢᠯᠭᠡ ᠵᠢ ᠨᠠᠢ᠌ᠳᠠᠨ ᠡᠷᠬᠡ ᠣᠯᠭᠣᠬᠤ ᠪᠢᠴᠢᠭ》᠎ᠲᠤ ᠭᠠᠷ᠎ᠤᠨ ᠥᠰᠥᠭ ᠵᠢᠷᠤᠵᠤ᠂ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠢᠨᠠᠨ ᠵᠥᠪᠰᠢᠶᠡᠷᠡᠬᠦ ᠵᠦᠢ᠍ᠯᠡᠰ᠎ᠢ 《ᠨᠢᠭᠡ ᠴᠣᠩᠬᠣ᠎ᠪᠠᠷ ᠭᠥᠯᠢᠶᠡᠨ ᠠᠪᠴᠤ ᠰᠢᠢ᠍ᠳᠪᠦᠷᠢᠯᠡᠬᠦ》 ᠵᠢ ᠪᠡᠶᠡᠯᠡᠭᠦᠯᠵᠦ᠂ ᠪᠥᠬᠥ ᠵᠢᠯ᠎ᠳᠤ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠢᠨᠠᠨ ᠵᠥᠪᠰᠢᠶᠡᠷᠡᠬᠦ ᠵᠦᠢ᠍ᠯᠡᠰ᠎ᠢ ᠨᠡᠶ᠋ᠢᠲᠡ 124 ᠬᠤᠪᠢ ᠤᠳᠠᠭ᠎ᠠ᠂ ᠰᠣᠶᠣᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠢᠨᠠᠨ ᠵᠥᠪᠰᠢᠶᠡᠷᠡᠬᠦ ᠵᠦᠢ᠍ᠯᠡᠰ᠎ᠢ ᠨᠡᠶ᠋ᠢᠲᠡ 222 ᠬᠤᠪᠢ ᠤᠳᠠᠭ᠎ᠠ ᠭᠦᠢ᠍ᠴᠡᠳᠬᠡᠵᠦ᠂ ᠲᠣᠭᠯᠠᠭ᠋ᠠᠮ ᠲᠣᠭᠯᠠᠭ᠋ᠠᠮ᠎ᠤᠨ ᠲᠥᠬᠦᠭᠡᠷᠦᠮᠵᠢ ᠵᠢᠨ ᠡᠯᠧᠺᠲᠷᠣᠨ ᠲᠡᠮᠳᠡᠭ ᠨᠠᠭ᠋ᠠᠬᠤ ᠵᠢ ᠪᠠᠢ᠌ᠩᠭᠤᠵᠢᠭᠤᠯᠬᠤ ᠠᠵᠢᠯ᠎ᠢ ᠥᠷᠨᠢᠭᠦᠯᠪᠡ᠃ 10 ᠠᠢ᠌ᠮᠠᠭ ᠬᠣᠲᠠ᠎ᠳᠤ ᠨᠠᠢ᠌ᠳᠠᠵᠤ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ ᠪᠠ ᠬᠢᠯᠢ᠎ᠳᠤ ᠣᠷᠣᠬᠤ ᠵᠢᠭᠤᠯᠴᠢᠯᠠᠯ᠎ᠤᠨ ᠲᠤᠬᠠᠢ᠌ᠯᠠᠭᠰᠠᠨ ᠠᠵᠢᠯ᠎ᠢ ᠡᠵᠡᠩᠨᠡᠬᠦ ᠵᠢᠭᠤᠯᠴᠢᠯᠠᠯ᠎ᠤᠨ ᠭᠠᠵᠠᠷ ᠪᠠᠶ᠋ᠢᠭᠤᠯᠬᠤ ᠵᠢ ᠬᠢᠨᠠᠨ ᠵᠥᠪᠰᠢᠶᠡᠷᠡᠬᠦ ᠠᠵᠢᠯ᠎ᠢ ᠵᠣᠬᠢᠶᠠᠨ ᠪᠠᠢ᠌ᠭᠤᠯᠤᠨ ᠶᠠᠪᠤᠭᠳᠠᠭᠤᠯᠪᠠ᠃ 《ᠭᠡᠷᠡᠴᠢᠯᠡᠬᠦ ᠵᠦᠢ᠍ᠯᠡᠰ᠎ᠢ ᠬᠡᠯᠡᠵᠦ ᠠᠮᠠᠯᠠᠭᠤᠯᠬᠤ ᠳᠦᠷᠢᠮ᠎ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠰᠠᠢ᠌ᠨ ᠮᠠᠭᠤ ᠵᠢ ᠦᠨᠡᠯᠡᠬᠦ》 ᠠᠵᠢᠯ᠎ᠢ ᠥᠷᠨᠢᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠪᠡ᠃ ᠭᠤᠷᠪᠠ᠎ᠳᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ   ᠨᠠᠢ᠌ᠳᠠᠪᠦᠷᠢᠵᠢᠭᠤᠯᠪᠠ᠃ 《ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 ᠵᠢ ᠨᠠᠢ᠌ᠳᠠᠪᠤᠷᠢᠵᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠲᠥᠰᠥᠯ》᠎ᠳᠤ ᠵᠠᠰᠠᠪᠤᠷᠢ ᠣᠷᠣᠭᠤᠯᠪᠠ᠃ ᠤᠳᠤᠷᠢᠳᠬᠤ ᠺᠠᠳ᠋ᠷᠴᠤᠳ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠣᠯᠭ᠋ᠠᠨ ᠪᠦᠯᠬᠦᠮ ᠳᠠᠭ᠋ᠠᠭᠤᠯᠤᠨ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠪᠠᠢ᠌ᠴᠠᠭ᠋ᠠᠯᠲᠠ ᠵᠢ ᠥᠷᠨᠢᠭᠦᠯᠵᠦ᠂ ᠣᠷᠳᠣᠰ ᠬᠣᠲᠠ᠂ ᠬᠥᠯᠥᠨ ᠪᠣᠶ᠋ᠢᠷ ᠬᠣᠲᠠ ᠵᠢᠨ ᠵᠢᠭᠤᠯᠴᠢᠯᠠᠯ᠎ᠳᠤ ᠬᠣᠯᠪᠣᠭᠳᠠᠭᠰᠠᠨ 2 ᠭᠡᠨᠡᠳᠲᠡ ᠵᠢᠨ ᠬᠡᠷᠡᠭ᠎ᠢ ᠲᠣᠬᠢᠲᠠᠢ ᠰᠢᠢ᠍ᠳᠪᠦᠷᠢᠯᠡᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠢᠳᠡᠭᠡᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠦᠷᠨᠢᠭᠦᠯᠪᠡ᠃ ᠳᠥᠷᠪᠡ᠎ᠳᠤ᠂ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠪᠡ᠃ ᠰᠣᠶᠣᠯ ᠪᠠ ᠵᠢᠭᠤᠯᠴᠢᠯᠠᠯ᠎ᠤᠨ ᠶᠠᠮᠤᠨ᠎ᠤ 《ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠲᠤᠬᠠᠢ ᠵᠢᠯᠤᠭᠣᠳᠬᠤ ᠰᠠᠨᠠᠯ》᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠭᠤᠷᠪᠠᠳᠠᠭᠢ ᠡᠲᠡᠭᠡᠳ᠎ᠤᠨ ᠦᠨᠡᠯᠡᠨ ᠵᠢᠱ᠌ᠢᠬᠦ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠣᠷᠳᠣᠰ ᠬᠣᠲᠠ ᠵᠢᠨ ᠠᠮᠢᠲᠠᠨ᠎ᠤ ᠬᠦᠷᠢᠶᠡᠯᠡᠩ᠂ ᠢᠯᠢ ᠵᠢᠨ ᠰᠦ ᠵᠢᠨ ᠬᠤᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ᠎ᠢ ᠪᠥᠬᠥ ᠤᠯᠤᠰ᠎ᠤᠨ ᠪᠣᠯᠪᠠᠰᠤᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠨᠢᠭᠡᠴᠢ᠎ᠪᠠᠷ ᠦᠨᠡᠯᠡᠨ ᠲᠣᠭᠲᠠᠭ᠋ᠠᠪᠠ᠃ ᠰᠢᠨ᠎ᠡ᠎ᠪᠠᠷ 5A ᠳᠡᠰ᠎ᠤᠨ ᠵᠢᠭᠤᠯᠴᠢᠯᠠᠯ᠎ᠤᠨ ᠬᠤᠷᠢᠶ᠎ᠠ 11᠂ 4A ᠳᠡᠰ᠎ᠤᠨ ᠵᠢᠭᠤᠯᠴᠢᠯᠠᠯ᠎ᠤᠨ ᠬᠤᠷᠢᠶ᠎ᠠ 17 ᠵᠢ ᠦᠨᠡᠯᠡᠵᠦ᠂ 3 ᠵᠢᠭᠤᠯᠴᠢᠯᠠᠯ᠎ᠤᠨ ᠬᠥᠲᠥᠴᠢ ᠪᠦᠬᠦ ᠤᠯᠤᠰ᠎ᠤᠨ 《ᠠᠯᠲᠠᠨ ᠮᠧᠳᠠᠯ᠎ᠤᠨ ᠵᠢᠭᠤᠯᠴᠢᠯᠠᠯ᠎ᠤᠨ ᠬᠥᠲᠥᠴᠢ》᠎ᠪᠠᠷ ᠦᠨᠡᠯᠡᠭᠳᠡᠪᠡ᠃ 2021 ᠣᠨ᠎ᠤ ᠪᠥᠬᠥ ᠣᠷᠣᠨ᠎ᠤ ᠣᠳᠣᠨ ᠲᠠᠰ᠎ᠤᠨ ᠵᠣᠴᠢᠳ᠎ᠤᠨ ᠪᠠᠭᠤᠳᠠᠯ᠎ᠤᠨ ᠳᠠᠬᠢᠨ ᠬᠢᠨᠠᠬᠤ ᠠᠵᠢᠯ᠎ᠢ ᠥᠷᠨᠢᠭᠦᠯᠵᠦ᠂ ᠣᠷᠳᠣᠰ ᠬᠣᠲᠠ ᠵᠢᠨ ᠳᠥᠷᠪᠡᠨ ᠣᠳᠣᠨ ᠲᠠᠰ᠎ᠤᠨ ᠵᠣᠴᠢᠳ᠎ᠤᠨ ᠪᠠᠭᠤᠳᠠᠯ ᠪᠠ ᠠᠯᠲᠠᠨ ᠮᠣᠳᠣᠨ ᠨᠠᠪᠴᠢᠲᠤ ᠪᠣᠬᠢᠷᠳᠤᠯ ᠦᠭᠡᠢ ᠵᠣᠴᠢᠳ᠎ᠤᠨ ᠪᠠᠭᠤᠳᠠᠯ᠎ᠳᠤ ᠦᠨᠡᠯᠡᠨ ᠲᠣᠭᠲᠠᠭ᠋ᠠᠯᠲᠠ ᠬᠢᠵᠦ᠂ ᠬᠥᠬᠡᠬᠣᠲᠠ ᠵᠢᠨ ᠵᠢᠦᠢ ᠬᠤᠸᠠ ᠳ᠋ᠠ ᠬᠤᠸᠠ ᠵᠣᠴᠢᠳ᠎ᠤᠨ ᠪᠠᠭᠤᠳᠠᠯ᠎ᠤᠨ ᠠᠯᠲᠠᠨ ᠮᠣᠳᠣᠨ ᠨᠠᠪᠴᠢᠲᠤ ᠪᠣᠬᠢᠷᠳᠤᠯ ᠦᠭᠡᠢ ᠵᠣᠴᠢᠳ᠎ᠤᠨ ᠪᠠᠭᠤᠳᠠᠯ᠎ᠤᠨ ᠦᠨᠡᠯᠡᠨ ᠲᠣᠭᠲᠠᠭ᠋ᠠᠯᠲᠠ ᠵᠢ ᠪᠠᠲᠤᠯᠠᠪᠠ᠃ 《ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠠᠷᠠᠳ᠎ᠤᠨ ᠣᠷᠣᠨ ᠰᠠᠭᠤᠴᠠ ᠵᠢᠨ ᠬᠡᠷᠡᠭᠵᠢᠭᠦᠯᠬᠦ ᠵᠢᠷᠤᠮᠵᠢᠯ》᠎ᠢ ᠳᠠᠷᠤᠮᠠᠯᠯᠠᠨ ᠲᠠᠷᠬᠠᠭ᠋ᠠᠵᠤ᠂ ᠵᠡᠭᠦᠨᠭ᠋ᠠᠷ᠎ᠤᠨ ᠬᠠᠲᠤᠨ ᠭᠣᠣᠯ᠎ᠤᠨ ᠶᠡᠬᠡ ᠬᠠᠪᠴᠢᠯ᠎ᠤᠨ ᠢᠷᠠᠭᠤ ᠰᠠᠭᠤᠴᠠ ᠪᠥᠬᠥ ᠤᠯᠤᠰ᠎ᠤᠨ ᠵᠢᠭᠤᠯᠴᠢᠯᠠᠯ᠎ᠤᠨ ᠬᠥᠬᠡ ᠲᠠᠰ᠎ᠤᠨ ᠠᠷᠠᠳ᠎ᠤᠨ ᠣᠷᠣᠨ ᠰᠠᠭᠤᠴᠠ᠎ᠪᠠᠷ ᠦᠨᠡᠯᠡᠭᠳᠡᠪᠡ᠃ ᠲᠠᠪᠤ᠎ᠳᠤ᠂ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠪᠠ᠃ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ 24 ᠵᠦᠢ᠍ᠯ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ 《ᠢᠲᠡᠭᠡᠮᠵᠢᠲᠦ ᠥᠪᠥᠷ ᠮᠣᠩᠭᠣᠯ》 ᠪᠠ 《ᠠᠵᠤ ᠠᠬᠤᠢ᠌ᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠰᠢᠰᠲ᠋ᠧᠮ》᠎ᠳᠤ ᠵᠡᠷᠭᠡᠪᠡᠷ ᠣᠷᠣᠭᠤᠯᠵᠤ᠂ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤᠪᠠᠷ ᠭᠥᠷᠳᠡᠬᠦ ᠵᠢ ᠪᠡᠶᠡᠯᠡᠭᠦᠯᠪᠡ᠃ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠰᠡᠷᠡᠮᠵᠢᠯᠡᠭᠦᠯᠬᠦ ᠨᠡᠷᠡᠰ ᠪᠠ ᠭᠣᠣᠯᠳᠠᠯᠭ᠎ᠠ᠎ᠲᠠᠢ ᠠᠩᠬᠠᠷᠬᠤ ᠨᠡᠷᠡᠰ᠎ᠤᠨ ᠳᠦᠷᠢᠮ᠎ᠢ ᠬᠡᠷᠡᠭᠵᠢᠭᠦᠯᠵᠦ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠵᠢᠭᠤᠯᠴᠢᠯᠠᠯ᠎ᠤᠨ ᠬᠤᠷᠢᠶ᠎ᠠ᠂ ᠵᠢᠭᠤᠯᠴᠢᠯᠠᠯ᠎ᠤᠨ ᠬᠥᠲᠥᠴᠢ ᠵᠡᠷᠭᠡ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠤ᠎ᠬᠢ ᠢᠲᠡᠭᠡᠯ ᠠᠯᠳᠠᠭᠰᠠᠨ ᠡᠵᠡᠩᠨᠡᠯᠲᠡ ᠵᠢᠨ ᠬᠥᠮᠥᠰ᠎ᠲᠤ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠪᠡ᠃ ᠬᠥᠬᠡᠬᠣᠲᠠ᠂ ᠬᠥᠯᠥᠨ ᠪᠣᠶ᠋ᠢᠷ ᠬᠣᠲᠠ ᠵᠢᠨ ᠬᠠᠤᠯᠢ ᠵᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ 2 ᠬᠥᠮᠥᠨ᠎ᠢ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ 《ᠬᠠᠷ᠎ᠠ ᠲᠠᠩᠰᠠ》᠎ᠳᠤ ᠣᠷᠤᠭᠤᠯᠪᠠ᠃ 《12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠠᠭ᠋ᠠᠯᠳᠤᠵᠤ ᠢᠯᠡᠴᠢᠯᠡᠨ ᠮᠡᠳᠡᠭᠦᠯᠬᠦ ᠲᠠᠪᠴᠠᠩ》᠎ᠤᠨ ᠬᠤᠪᠢᠶᠠᠨ ᠬᠦᠷᠭᠡᠬᠦ ᠵᠦᠢ᠍ᠯᠡᠰ᠎ᠢ ᠬᠠᠤᠯᠢ ᠲᠣᠭᠲᠠᠭ᠋ᠠᠯ ᠶᠣᠰᠣᠭ᠋ᠠᠷ ᠰᠠᠢ᠌ᠲᠤᠷ ᠰᠢᠢ᠍ᠳᠪᠦᠷᠢᠯᠡᠵᠦ᠂ ᠲᠦᠷᠭᠡᠨ ᠳᠥᠯᠥᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠪᠡ᠃ ᠵᠢᠷᠭᠤᠭ᠎ᠠ᠎ᠳᠤ᠂ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠪᠠᠢ᠌ᠴᠠᠭ᠋ᠠᠯᠲᠠ ᠵᠢ ᠴᠢᠩᠭ᠋ᠠᠳᠬᠠᠪᠠ᠃ ᠪᠠᠢ᠌ᠴᠠᠭ᠋ᠠᠬᠤ ᠠᠵᠢᠯᠲᠠᠨ᠎ᠢ 185972 ᠬᠥᠮᠥᠨ ᠤᠳᠠᠭ᠎ᠠ ᠲᠤᠮᠢᠯᠠᠵᠤ᠂ ᠡᠵᠡᠩᠨᠡᠯᠲᠡ ᠵᠢᠨ ᠨᠢᠭᠡᠴᠢ ᠵᠢ 67843 ᠤᠳᠠᠭ᠎ᠠ ᠪᠠᠢ᠌ᠴᠠᠭ᠋ᠠᠵᠤ᠂ ᠲᠤᠬᠠᠢ ᠵᠢᠨ ᠲᠠᠯᠠᠪᠤᠷ᠎ᠲᠤ 135 ᠬᠡᠷᠡᠭ᠎ᠢ᠎ᠨᠢ ᠰᠢᠢ᠍ᠳᠭᠡᠵᠦ᠂ 311 ᠬᠡᠷᠡᠭ᠎ᠢ ᠬᠡᠷᠡᠭ ᠪᠣᠯᠭ᠋ᠠᠨ ᠲᠠᠨᠭ᠌ᠰᠠᠯᠠᠨ ᠪᠠᠢ᠌ᠴᠠᠭ᠋ᠠᠵᠤ᠂ 448 ᠬᠡᠷᠡᠭ᠎ᠢ ᠰᠢᠢ᠍ᠳᠪᠦᠷᠢᠯᠡᠨ ᠳᠠᠭᠤᠰᠬᠠᠵᠤ᠂ 277 ᠬᠡᠷᠡᠭ᠎ᠢ ᠰᠡᠷᠡᠮᠵᠢᠯᠡᠭᠦᠯᠵᠦ᠂ 140 ᠤᠳᠠᠭ᠎ᠠ ᠵᠠᠷᠯᠢᠭᠳᠠᠨ ᠵᠠᠯᠠᠷᠠᠭᠤᠯᠤᠭᠤᠯᠵᠤ᠂ 252 ᠤᠳᠠᠭ᠎ᠠ ᠵᠣᠭᠣᠰ ᠵᠶ᠋ᠠᠷ ᠲᠣᠷᠭ᠋ᠠᠵᠤ᠂ 124 ᠲᠦᠮᠡ ᠭᠠᠷᠤᠢ ᠲᠥᠭᠥᠷᠢᠭ ᠵᠶ᠋ᠡᠷ ᠲᠣᠷᠭ᠋ᠠᠵᠤ᠂ 16 ᠤᠳᠠᠭ᠎ᠠ ᠠᠵᠢᠯ᠎ᠢ᠎ᠨᠢ ᠵᠠᠷᠯᠢᠭᠳᠠᠨ ᠵᠣᠭᠰᠣᠭ᠋ᠠᠨ ᠴᠡᠭᠴᠡᠯᠡᠭᠦᠯᠵᠦ᠂ 3 ᠨᠢᠭᠡᠴᠢ ᠵᠢᠨ ᠵᠥᠪᠰᠢᠶᠡᠷᠡᠯ᠎ᠤᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ ᠦᠭᠡᠢ ᠪᠣᠯᠭ᠋ᠠᠪᠠ᠃ ᠵᠥᠪᠰᠢᠶᠡᠷᠡᠭᠦᠯᠦᠭᠰᠡᠨ ᠦᠭᠡᠢ᠎ᠪᠠᠷ ᠵᠢᠭᠤᠯᠴᠢᠯᠠᠯ᠎ᠤᠨ ᠬᠤᠷᠢᠶ᠎ᠠ ᠡᠵᠡᠩᠨᠡᠬᠦ ᠲᠤᠬᠠᠢ᠌ᠯᠠᠭᠰᠠᠨ ᠠᠵᠢᠯ᠎ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠵᠦ᠂ ᠵᠢᠭᠤᠯᠴᠢᠯᠠᠯ᠎ᠤᠨ ᠬᠤᠷᠢᠶ᠎ᠠ᠂ ᠦᠵᠡᠮᠵᠢ ᠵᠢᠨ ᠣᠷᠣᠨ᠎ᠢ 5865 ᠤᠳᠠᠭ᠎ᠠ ᠪᠠᠢ᠌ᠴᠠᠭ᠋ᠠᠵᠤ᠂ ᠲᠣᠭᠲᠠᠭ᠋ᠠᠯ᠎ᠠᠴᠠ ᠵᠥᠷᠢᠴᠡᠨ ᠡᠵᠡᠩᠨᠡᠭᠰᠡᠨ 20 ᠵᠢᠭᠤᠯᠴᠢᠯᠠᠯ᠎ᠤᠨ ᠬᠤᠷᠢᠶ᠎ᠠ ᠵᠢ ᠪᠠᠢ᠌ᠴᠠᠭ᠋ᠠᠨ ᠰᠢᠢ᠍ᠳᠪᠦᠷᠢᠯᠡᠵᠦ᠂ 63 ᠵᠢᠭᠤᠯᠴᠢᠯᠠᠯ᠎ᠤᠨ ᠬᠤᠷᠢᠶ᠎ᠠ ᠵᠢ ᠬᠡᠷᠡᠭ ᠪᠣᠯᠭ᠋ᠠᠨ ᠲᠠᠨᠭ᠌ᠰᠠᠯᠠᠵᠤ ᠪᠠᠢ᠌ᠴᠠᠭ᠋ᠠᠨ ᠰᠢᠢ᠍ᠳᠪᠦᠷᠢᠯᠡᠵᠦ᠂ 2 ᠵᠢᠭᠤᠯᠴᠢᠯᠠᠯ᠎ᠤᠨ ᠬᠤᠷᠢᠶ᠎ᠠ ᠵᠢᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ ᠦᠭᠡᠢ ᠪᠣᠯᠭ᠋ᠠᠵᠤ᠂ 26 ᠵᠢᠭᠤᠯᠴᠢᠯᠠᠯ᠎ᠤᠨ ᠬᠥᠲᠥᠴᠢ ᠵᠢ ᠪᠠᠢ᠌ᠴᠠᠭ᠋ᠠᠨ ᠰᠢᠢ᠍ᠳᠪᠦᠷᠢᠯᠡᠪᠡ᠃ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠬᠣᠰᠢᠭᠤ ᠰᠢᠶᠠᠨ ᠲᠣᠭᠣᠷᠢᠭ᠎ᠤᠨ 《1+3+N》 ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮᠵᠢ ᠵᠢᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠪᠠ᠃ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠢᠨᠠᠨ ᠬᠠᠮᠢᠶᠠᠷᠬᠤ ᠲᠣᠭᠲᠠᠴᠠ ᠵᠢ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ (ᠲᠣᠭᠣᠷᠢᠭ) ᠭᠤᠷᠪᠠᠨ ᠱᠠᠲᠤᠨ᠎ᠤ ᠰᠦᠯᠵᠢᠶᠡᠨ᠎ᠤ ᠮᠡᠷᠭᠡᠵᠢᠯ᠎ᠤᠨ ᠬᠢᠨᠠᠨ ᠡᠵᠡᠮᠳᠡᠬᠦ ᠲᠠᠪᠴᠠᠩ᠎ᠢ   ᠪᠠᠢ᠌ᠭᠤᠯᠪᠠ᠃ ᠪᠥᠬᠥ ᠣᠷᠣᠨ᠎ᠤ ᠰᠦᠯᠵᠢᠶᠡᠨ᠎ᠤ ᠰᠣᠶᠣᠯ᠎ᠤᠨ ᠵᠠᠬ᠎ᠠ ᠳᠡᠯᠭᠡᠭᠦᠷ᠎ᠢ ᠴᠡᠭᠴᠡᠯᠡᠨ ᠵᠠᠰᠠᠬᠤ᠂ ᠵᠥᠪᠰᠢᠶᠡᠷᠡᠯ ᠦᠭᠡᠢ᠎ᠪᠠᠷ ᠵᠢᠭᠤᠯᠴᠢᠯᠠᠯ᠎ᠤᠨ ᠬᠤᠷᠢᠶ᠎ᠠ ᠵᠢᠨ ᠲᠤᠬᠠᠢ᠌ᠯᠠᠭᠰᠠᠨ ᠠᠵᠢᠯ ᠡᠵᠡᠩᠨᠡᠬᠦ᠂ ᠲᠣᠭᠲᠠᠭ᠋ᠠᠯ᠎ᠠᠴᠠ ᠵᠥᠷᠢᠴᠡᠭᠰᠡᠨ ᠳᠠᠭᠤᠤ ᠬᠥᠭᠵᠢᠮ᠎ᠢ ᠴᠡᠭᠴᠡᠯᠡᠨ ᠵᠠᠰᠠᠬᠤ ᠵᠡᠷᠭᠡ 8 ᠲᠤᠰᠬᠠᠢ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠡᠭᠦᠨ᠎ᠳᠤ ᠭᠤᠷᠪᠠᠳᠠᠭᠢ ᠡᠲᠡᠭᠡᠳ᠎ᠢ ᠤᠷᠢᠵᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ 《ᠪᠡᠶ᠎ᠡ᠎ᠪᠠᠷ ᠵᠶ᠋ᠡᠨ ᠣᠢ᠌ᠯᠠᠭ᠋ᠠᠬᠤ ᠮᠠᠶᠢᠭ》᠎ᠤᠨ ᠳᠠᠯᠳᠠᠭᠤᠷ ᠰᠤᠷᠪᠤᠯᠵᠢᠯᠠᠵᠤ ᠦᠨᠡᠯᠡᠨ ᠵᠢᠱ᠌ᠢᠬᠦ ᠠᠵᠢᠯ᠎ᠢ ᠬᠣᠶᠠᠷ ᠡᠭᠡᠯᠵᠢ ᠤᠳᠠᠭ᠎ᠠ ᠥᠷᠨᠢᠭᠦᠯᠵᠦ᠂ 1808 ᠤᠳᠠᠭ᠎ᠠ ᠳᠠᠯᠳᠠᠭᠤᠷ ᠰᠤᠷᠪᠤᠯᠵᠢᠯᠠᠵᠤ᠂ 1707 ᠠᠰᠠᠭᠤᠳᠠᠯ᠎ᠢ ᠢᠯᠡᠷᠡᠭᠦᠯᠦᠭᠰᠡᠨ ᠪᠠ ᠪᠠᠢ᠌ᠴᠠᠭ᠋ᠠᠨ ᠰᠢᠢ᠍ᠳᠪᠦᠷᠢᠯᠡᠪᠡ᠃ ᠵᠠᠭ᠋ᠠᠯᠳᠤᠯᠭ᠎ᠠ ᠵᠢ ᠢᠯᠡᠴᠢᠯᠡᠨ ᠮᠡᠳᠡᠭᠦᠯᠬᠦ ᠵᠢ ᠭᠥᠯᠢᠶᠡᠨ ᠠᠪᠴᠤ ᠰᠢᠢ᠍ᠳᠪᠦᠷᠢᠯᠡᠬᠦ ᠲᠠᠰᠤᠭ ᠭᠠᠷᠭ᠋ᠠᠵᠤ᠂ ᠨᠡᠶ᠋ᠢᠲᠡ 599 ᠢᠯᠡᠴᠢᠯᠡᠨ ᠮᠡᠳᠡᠭᠦᠯᠬᠦ ᠵᠠᠭ᠋ᠠᠯᠳᠤᠯᠭ᠎ᠠ ᠵᠢ ᠭᠥᠯᠢᠶᠡᠨ ᠠᠪᠴᠤ᠂ ᠵᠢᠭᠤᠯᠴᠢᠯᠠᠭᠴᠢᠳ᠎ᠲᠤ 51.17 ᠲᠦᠮᠡᠨ ᠲᠥᠭᠥᠷᠢᠭ᠎ᠤᠨ ᠵᠣᠭᠣᠰ᠎ᠢ ᠪᠤᠴᠠᠭ᠋ᠠᠨ ᠲᠥᠯᠥᠵᠦ ᠥᠭᠴᠡᠢ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠷᠠᠳ ᠲᠦᠮᠡᠨ᠎ᠠᠴᠠ ᠠᠵᠢᠯᠲᠠᠨ᠎ᠳᠤ ᠬᠢᠨᠠᠯᠲᠠ ᠲᠠᠯᠪᠢᠬᠤ ᠠᠵᠢᠯ᠎ᠤᠨ ᠲᠣᠭᠲᠠᠴᠠ ᠵᠢ ᠲᠣᠭᠲᠠᠭ᠋ᠠᠨ ᠬᠡᠷᠡᠭᠵᠢᠭᠦᠯᠵᠦ᠂ ᠨᠡᠢ᠌ᠭᠡᠮ᠎ᠤᠨ ᠬᠢᠨᠠᠯᠲᠠ ᠲᠠᠯᠪᠢᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃
     (ᠠᠷᠪᠠ) ᠭᠠᠳᠠᠭ᠋ᠠᠳᠤ᠎ᠳᠤ ᠤᠬᠠᠭᠤᠯᠤᠨ ᠳᠡᠯᠭᠡᠷᠡᠬᠦᠯᠬᠦ ᠠᠵᠢᠯ ᠰᠢᠨ᠎ᠡ ᠵᠢ ᠡᠭᠦᠳᠦᠨ ᠬᠡᠷᠡᠯ ᠭᠢᠯᠪᠠᠭ᠎ᠠ᠎ᠪᠠᠨ ᠰᠠᠴᠤᠷᠠᠭᠤᠯᠪᠠ᠃ ᠨᠢᠭᠡ᠎ᠳᠤ  ᠂ ᠶᠡᠬᠡ ᠤᠬᠠᠭᠤᠯᠭ᠎ᠠ ᠵᠢᠨ ᠲᠣᠭᠲᠠᠴᠠ ᠵᠢ ᠪᠠᠢ᠌ᠭᠤᠯᠪᠠ᠃ 《ᠤᠯᠤᠰ᠎ᠤᠨ ᠨᠠᠷᠠᠲᠤ ᠲᠡᠮᠳᠡᠭᠲᠦ》 《ᠦᠪᠦᠷ ᠮᠣᠩᠭᠣᠯ ᠨᠠᠷᠠᠲᠤ ᠲᠡᠮᠳᠡᠭᠲᠦ》 《ᠰᠢᠨ᠎ᠡ ᠨᠠᠷᠠᠲᠤ ᠲᠡᠮᠳᠡᠭᠲᠦ》 ᠵᠡᠷᠭᠡ ᠡᠯ᠎ᠡ ᠲᠥᠷᠥᠯ᠎ᠤᠨ ᠵᠠᠭᠤᠴᠢᠯᠠᠭᠤᠷ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ᠂ ᠰᠣᠶᠣᠯ ᠪᠠ ᠵᠢᠭᠤᠯᠴᠢᠯᠠᠯ᠎ᠤᠨ ᠭᠣᠣᠯᠳᠠᠯᠭ᠎ᠠ᠎ᠲᠠᠢ ᠠᠵᠢᠯ᠂ ᠴᠢᠬᠤᠯᠠ ᠶᠡᠬᠡ ᠠᠵᠢᠯᠯᠠᠭ᠎ᠠ᠂ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠲᠣᠭᠣᠷᠢᠨ᠎ᠳᠤ ᠤᠬᠠᠭᠤᠯᠭ᠎ᠠ ᠥᠷᠨᠢᠭᠦᠯᠵᠦ᠂ ᠵᠠᠭᠤᠴᠢᠯᠠᠭᠤᠷ᠎ᠤᠨ ᠡᠬᠡ ᠪᠢᠴᠢᠭ ᠶᠠᠪᠤᠭᠤᠯᠤᠭᠰᠠᠨ ᠬᠡᠮᠵᠢᠶ᠎ᠡ ᠪᠠ ᠰᠢᠯᠵᠢᠭᠦᠯᠦᠨ ᠨᠡᠢ᠌ᠲᠡᠯᠡᠭᠰᠡᠨ ᠬᠡᠮᠵᠢᠶ᠎ᠡ 3500 ᠭᠠᠷᠤᠢ ᠬᠤᠪᠢ ᠵᠢ ᠳᠠᠪᠠᠵᠤ᠂ 4 ᠳ᠋ᠦᠩᠰᠢᠭᠤᠷ ᠭᠠᠷᠤᠢ ᠬᠥᠮᠥᠨ ᠤᠳᠠᠭ᠎ᠠ᠎ᠳᠤ ᠤᠩᠰᠢᠭᠳᠠᠵᠤ᠂ ᠮᠠᠰᠢ ᠣᠯᠠᠨ ᠰᠣᠨᠢᠨ ᠮᠡᠳᠡᠭᠡ᠎ᠨᠢ ᠲᠥᠪ᠎ᠤᠨ ᠲᠧᠯᠸᠢᠰ ᠬᠣᠷᠢᠶ᠎ᠠ᠎ᠳᠤ ᠳᠠᠮᠵᠢᠭᠤᠯᠤᠨ ᠨᠡᠪᠲᠡᠷᠡᠭᠦᠯᠦᠭᠳᠡᠪᠡ᠃ ᠠᠯᠪᠠᠨ᠎ᠤ ᠸᠢᠴᠠᠲ᠎ᠤᠨ ᠨᠡᠢ᠌ᠲᠡᠯᠡᠭᠰᠡᠨ ᠡᠬᠡ ᠪᠢᠴᠢᠭ 704 ᠬᠤᠪᠢ ᠪᠠᠢ᠌ᠵᠤ᠂ ᠤᠩᠰᠢᠭᠰᠠᠨ ᠲᠣᠭ᠎ᠠ᠎ᠨᠢ 75.4 ᠲᠦᠮᠡ᠎ᠳᠤ ᠬᠦᠷᠴᠡᠢ; ᠸᠢᠴᠠᠲ᠎ᠤᠨ ᠸᠢᠳᠢᠤ᠋ ᠵᠢᠨ ᠨᠣᠮᠧᠷ᠎ᠢ 133 ᠬᠤᠭᠤᠴᠠᠭ᠎ᠠ ᠨᠡᠢ᠌ᠲᠡᠯᠡᠪᠡ᠃ ᠬᠣᠶᠠᠷ᠎ᠲᠤ᠂ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠦᠷᠨᠢᠭᠦᠯᠪᠡ᠃ ᠲᠥᠪ᠎ᠤᠨ ᠲᠧᠯᠸᠢᠰ ᠬᠣᠷᠢᠶ᠎ᠠ ᠪᠣᠯᠣᠨ ᠥᠪᠥᠷ ᠮᠣᠩᠭᠣᠯ᠎ᠤᠨ ᠲᠧᠯᠸᠢᠰ ᠬᠣᠷᠢᠶ᠎ᠠ᠎ᠳᠤ ᠥᠪᠥᠷ ᠮᠣᠩᠭᠣᠯ᠎ᠤᠨ ᠳᠦᠷᠢ ᠲᠥᠷᠬᠦ ᠵᠢᠨ ᠤᠬᠠᠭᠤᠯᠭ᠎ᠠ ᠵᠢᠨ ᠹᠢᠯᠢᠮ᠎ᠢ ᠲᠠᠯᠪᠢᠵᠤ᠂ ᠭᠥᠯᠢᠶᠡᠨ ᠠᠪᠤᠭᠴᠢᠳ 2.5 ᠳ᠋ᠦᠩᠰᠢᠭᠤᠷ᠎ᠢ ᠳᠠᠪᠠᠵᠠᠢ᠃ ᠠᠩᠬᠠᠳᠤᠭ᠋ᠠᠷ ᠬᠤᠭᠤᠴᠠᠭ᠋ᠠᠨ᠎ᠤ ᠰᠦᠯᠵᠢᠶᠡᠨ᠎ᠤ ᠺᠠᠷᠲ ᠪᠦᠷᠢᠳᠭᠡᠭᠦᠯᠬᠦ ᠭᠠᠵᠠᠷ᠎ᠤᠨ ᠰᠢᠯᠭ᠋ᠠᠷᠠᠭᠤᠯᠤᠯᠲᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ 66 ᠰᠦᠯᠵᠢᠶᠡᠨ᠎ᠤ ᠺᠠᠷᠲ ᠪᠦᠷᠢᠳᠭᠡᠬᠦᠯᠬᠦ ᠭᠠᠵᠠᠷ᠎ᠢ ᠲᠥᠪᠯᠡᠷᠡᠭᠦᠯᠦᠨ ᠨᠡᠢ᠌ᠲᠡᠯᠡᠵᠦ᠂ ᠵᠠᠯᠭ᠋ᠠᠭ᠋ᠠᠪᠡᠷ 3 ᠰᠠᠷ᠎ᠠ ᠵᠢᠨ ᠬᠤᠭᠤᠴᠠᠭ᠋ᠠᠨ᠎ᠳᠤ ᠲᠢᠭ᠋ ᠲᠤᠭ ᠪᠠ ᠪᠤᠰᠢᠭᠤ ᠭᠠᠷ ᠲᠠᠪᠴᠠᠩ᠎ᠳᠤ ᠬᠠᠯᠠᠮᠰᠢᠯ ᠨᠡᠷᠡᠰ᠎ᠤᠨ ᠵᠢᠭᠰᠠᠭ᠋ᠠᠯᠲᠠ᠎ᠳᠤ ᠲᠤᠲᠤᠷᠠᠵᠤ᠂ ᠥᠪᠥᠷ ᠮᠣᠩᠭᠣᠯ᠎ᠤᠨ ᠣᠳᠣᠨ ᠲᠧᠯᠸᠢᠰ᠎ᠤᠨ 《ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ》 ᠪᠤᠯᠤᠩ᠎ᠳᠤ ᠰᠦᠯᠵᠢᠶᠡᠨ᠎ᠤ ᠺᠠᠷᠲ ᠪᠦᠷᠢᠳᠭᠡᠭᠦᠯᠬᠦ ᠭᠠᠵᠠᠷ᠎ᠤᠨ ᠲᠤᠰᠬᠠᠢ ᠰᠡᠳᠦᠪᠲᠦ ᠹᠢᠯᠢᠮ᠎ᠢ ᠲᠤᠰᠬᠠᠢ ᠰᠡᠳᠦᠪ ᠵᠶ᠋ᠠᠷ ᠨᠡᠪᠲᠡᠷᠡᠭᠦᠯᠪᠡ᠃ ᠲᠦᠩ ᠴᠧᠩ ᠰᠦᠯᠵᠢᠶ᠎ᠡ᠎ᠳᠤ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ》 ᠨᠢᠭᠡᠳᠦᠭᠡᠷ ᠳᠡᠰ᠎ᠤᠨ ᠰᠤᠪᠠᠭ ᠭᠠᠷᠭ᠋ᠠᠵᠤ᠂ APP ᠪᠣᠯᠣᠨ ᠵᠢᠵᠢᠭ ᠫᠷᠣᠭ᠌ᠷᠠᠮ᠎ᠤᠨ ᠤᠬᠠᠭᠤᠯᠤᠨ ᠳᠡᠯᠭᠡᠷᠡᠭᠦᠯᠬᠦ ᠠᠵᠢᠯ᠎ᠢ ᠵᠡᠷᠭᠡᠪᠡᠷ ᠥᠷᠨᠢᠭᠦᠯᠵᠦ᠂ ᠤᠩᠰᠢᠭᠰᠠᠨ ᠬᠡᠮᠵᠢᠶ᠎ᠡ ᠨᠡᠶ᠋ᠢᠲᠡ 3000 ᠲᠦᠮᠡᠨ ᠤᠳᠠᠭ᠎ᠠ ᠵᠢ ᠳᠠᠪᠠᠭᠰᠠᠨ ᠪᠠᠢ᠌ᠨ᠎ᠠ᠃ ᠪᠥᠬᠥ ᠤᠯᠤᠰ᠎ᠤᠨ 32 ᠨᠠᠮ᠎ᠤᠨ ᠵᠠᠭᠤᠴᠢᠯᠠᠭᠤᠷ᠎ᠢ ᠵᠣᠬᠢᠶᠠᠨ ᠪᠠᠢ᠌ᠭᠤᠯᠵᠤ 《ᠬᠠᠲᠤᠨ ᠭᠣᠣᠯ᠎ᠤᠨ ᠰᠦᠭ ᠰᠦᠨᠡᠰᠦ ᠵᠢ   ᠤᠢ᠌ᠯᠠᠭ᠋ᠠᠵᠤ ᠬᠠᠲᠤᠨ ᠭᠤᠤᠯ᠎ᠤᠨ 几 ᠦᠰᠦᠭ᠎ᠤᠨ ᠬᠡᠯᠪᠡᠷᠢᠲᠡᠢ ᠲᠤᠬᠤᠢ᠎ᠪᠠᠷ ᠵᠢᠭᠤᠯᠴᠢᠯᠠᠬᠤ》 ᠲᠣᠮᠣ ᠬᠡᠯᠪᠡᠷᠢ ᠵᠢᠨ ᠮᠠᠲᠸᠷᠢᠶᠠᠯ ᠴᠤᠭᠯᠠᠭᠤᠯᠬᠤ ᠠᠵᠢᠯᠯᠠᠭ᠎ᠠ ᠦᠷᠨᠢᠭᠦᠯᠵᠦ᠂ 《ᠥᠪᠥᠷ ᠮᠣᠩᠭᠣᠯ᠎ᠤᠨ ᠦᠨᠦᠷ ᠠᠮᠲᠠ》 4 ᠪᠦᠯᠦᠭᠲᠦ ᠪᠠᠷᠢᠮᠲᠠᠲᠤ ᠺᠢᠨᠣ᠋᠂ 《ᠥᠨᠳᠥᠷ ᠬᠤᠷᠳᠤᠴᠠ᠎ᠪᠠᠷ ᠳᠤᠮᠳᠠᠳᠤ ᠤᠯᠤᠰ᠎ᠢ ᠬᠠᠷᠠᠬᠤ》᠂ 《ᠴᠠᠭ᠋ᠠᠨ ᠬᠡᠷᠡᠮ᠎ᠤᠨ ᠰᠢᠭᠤᠳ   ᠨᠡᠪᠲᠡᠷᠡᠭᠦᠯᠭᠡ》 ᠲᠥᠪ ᠲᠧᠯᠸᠢᠰ᠎ᠤᠨ ᠤᠬᠠᠭᠤᠯᠭ᠎ᠠ ᠵᠢᠨ ᠠᠵᠢᠯ᠎ᠢ ᠪᠡᠶᠡᠯᠡᠭᠦᠯᠪᠡ᠃   ᠭᠤᠷᠪᠠ᠎ᠳᠤ᠂ ᠵᠣᠴᠢᠳ᠎ᠤᠨ ᠢᠷᠡᠯᠲᠡ ᠵᠢᠨ ᠭᠠᠵᠠᠷ᠎ᠤᠨ ᠡᠵᠡᠩᠨᠡᠨ ᠪᠣᠷᠣᠯᠠᠭᠤᠯᠤᠯᠲᠠ ᠵᠢ ᠢᠳᠡᠪᠬᠢᠲᠡᠢ ᠦᠷᠨᠢᠭᠦᠯᠪᠡ᠃ ᠭᠤᠸᠠᠩᠵᠧᠦ᠂ ᠰᠦᠵᠧᠦ᠂ ᠨᠠᠨᠵᠢᠩ ᠵᠡᠷᠭᠡ 5 ᠭᠠᠵᠠᠷ᠎ᠲᠤ ᠬᠦᠷᠴᠦ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠵᠦ᠂ ᠪᠡᠭᠡᠵᠢᠩ᠎ᠤᠨ ᠦᠳᠡᠰᠢ ᠵᠢᠨ ᠰᠣᠨᠢᠨ᠎ᠤ ᠲᠠᠪᠴᠠᠩ᠎ᠤᠨ ᠬᠠᠮ ᠵᠠᠭᠤᠴᠢᠯᠠᠭᠤᠷ᠎ᠤᠨ ᠤᠬᠠᠭᠤᠯᠭ᠎ᠠ ᠵᠢᠨ ᠲᠣᠪᠴᠢᠳᠠᠭᠰᠠᠨ ᠬᠡᠮᠵᠢᠶ᠎ᠡ ᠨᠡᠢ᠍ᠢ᠍ᠳᠡ 350 ᠲᠦᠮᠡ ᠵᠢ ᠳᠠᠪᠠᠵᠤ᠂ ᠢᠯᠡᠷᠡᠭᠰᠡᠨ ᠬᠡᠮᠵᠢᠶ᠎ᠡ 8000 ᠲᠦᠮᠡ ᠵᠢ ᠳᠠᠪᠠᠵᠠᠢ᠃ G7 ᠲᠦᠷᠭᠡᠨ ᠳᠠᠪᠬᠢᠬᠤ ᠵᠠᠰᠠᠮᠠᠯ ᠵᠠᠮ᠎ᠤᠨ ᠬᠤᠪᠢ ᠵᠢᠨ ᠮᠠᠰᠢᠨ᠎ᠤ ᠵᠢᠭᠤᠯᠴᠢᠯᠠᠯ᠂ ᠳᠥᠷᠪᠡᠨ ᠤᠯᠠᠷᠢᠯ᠎ᠤᠨ ᠵᠢᠭᠤᠯᠴᠢᠯᠠᠯ᠎ᠤᠨ ᠱᠤᠭᠤᠮ᠎ᠤᠨ ᠦᠢ᠍ᠯᠡᠳᠬᠦᠨ᠎ᠤ ᠲᠣᠭᠣᠷᠢᠨ᠎ᠳᠤ ᠳᠠᠭ᠋ᠠᠷᠢᠯᠲᠠ ᠵᠢᠨ ᠠᠷᠭ᠎ᠠ ᠪᠣᠳᠣᠯᠭ᠎ᠠ ᠵᠢᠨ ᠤᠬᠠᠭᠤᠯᠭ᠎ᠠ ᠥᠷᠨᠢᠭᠦᠯᠵᠦ᠂ ᠶᠠᠷᠢᠶᠠᠨ᠎ᠤ ᠰᠡᠳᠦᠪ᠎ᠤᠨ ᠬᠠᠷᠢᠯᠴᠠᠨ ᠬᠥᠳᠡᠯᠦᠯᠴᠡᠭᠰᠡᠨ ᠬᠡᠮᠵᠢᠶ᠎ᠡ 3000 ᠲᠦᠮᠡ ᠵᠢ ᠳᠠᠪᠠᠪᠠ᠃ ᠲᠦᠩ ᠴᠸᠩ ᠰᠦᠯᠵᠢᠶ᠎ᠡ᠎ᠳᠤ ᠲᠦᠰᠢᠭᠯᠡᠨ ᠬᠥᠬᠡᠮᠥ᠋ᠷᠡᠨ᠎ᠤ ᠭᠤᠷᠪᠠᠯᠵᠢᠨ ᠬᠣᠢ᠌ᠭ᠎ᠤᠨ ᠠᠶᠠᠨᠴᠢᠳ᠎ᠤᠨ ᠢᠷᠡᠯᠲᠡ ᠵᠢᠨ ᠭᠠᠵᠠᠷ᠎ᠲᠤ ᠨᠠᠮᠤᠷ ᠡᠪᠦᠯ᠎ᠤᠨ ᠤᠯᠠᠷᠢᠯ᠎ᠤᠨ ᠨᠠᠷᠢᠯᠢᠭ ᠣᠨᠣᠴᠠᠲᠠᠢ ᠡᠵᠡᠩᠨᠡᠨ ᠪᠤᠷᠤᠯᠠᠭᠤᠯᠤᠯᠲᠠ ᠵᠢ ᠥᠷᠨᠢᠭᠦᠯᠵᠦ᠂ ᠦᠢ᠍ᠯᠡᠳᠬᠦᠨ᠂ ᠵᠢᠭᠤᠯᠴᠢᠯᠠᠯ᠎ᠤᠨ ᠲᠡᠮᠳᠡᠭᠯᠡᠯ᠂ ᠵᠢᠭᠤᠯᠴᠢᠯᠠᠯ᠎ᠤᠨ ᠠᠷᠭ᠎ᠠ ᠪᠣᠳᠣᠯᠭ᠎ᠠ ᠵᠡᠷᠭᠡ ᠵᠢ 120 ᠬᠤᠪᠢ ᠨᠡᠢ᠌ᠲᠡᠯᠡᠵᠦ᠂ ᠰᠦᠯᠵᠢᠶᠡᠨ ᠳᠡᠭᠡᠷ᠎ᠡ 20 ᠤᠳᠠᠭ᠎ᠠ ᠦᠢ᠍ᠯᠡᠳᠬᠦᠨ᠎ᠢ ᠲᠠᠨᠢᠯᠴᠠᠭᠤᠯᠵᠤ᠂ ᠢᠯᠡᠷᠡᠭᠰᠡᠨ ᠬᠡᠮᠵᠢᠶ᠎ᠡ 1000 ᠲᠦᠮᠡ ᠵᠢ ᠳᠠᠪᠠᠵᠠᠢ᠃ ᠰᠢᠶᠠᠩᠭ᠋ᠠᠩ᠎ᠤᠨ ᠥᠪᠥᠷ ᠮᠣᠩᠭᠣᠯ᠎ᠤᠨ ᠵᠢᠭᠤᠯᠴᠢᠯᠠᠯ᠎ᠤᠨ ᠡᠵᠡᠩᠨᠡᠨ ᠪᠣᠷᠣᠯᠠᠭᠤᠯᠬᠤ ᠲᠥᠪ᠎ᠢ ᠪᠠᠢ᠌ᠭᠤᠯᠵᠤ᠂ ᠣᠣᠮᠧᠨ᠎ᠤ ᠣᠯᠠᠨ ᠤᠯᠤᠰ᠎ᠤᠨ ᠵᠢᠭᠤᠯᠴᠢᠯᠠᠯ᠎ᠤᠨ ᠦᠵᠡᠰᠬᠦᠯᠡᠩ᠎ᠳᠤ ᠣᠷᠤᠯᠴᠠᠬᠤ ᠵᠢ ᠵᠣᠬᠢᠶᠠᠨ ᠪᠠᠢ᠌ᠭᠤᠯᠤᠨ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠤᠨ ᠣᠷᠣᠨ᠎ᠤ ᠤᠬᠠᠭᠤᠯᠭ᠎ᠠ ᠵᠢᠨ ᠠᠵᠢᠯ᠎ᠢ ᠴᠢᠩᠭ᠋ᠠᠳᠬᠠᠪᠠ᠃ ᠳᠥᠷᠪᠡ᠎ᠳᠤ᠂ ᠭᠠᠳᠠᠭ᠋ᠠᠳᠤ ᠤᠬᠠᠭᠤᠯᠭ᠎ᠠ ᠵᠢᠨ ᠠᠵᠢᠯ᠎ᠢ ᠰᠢᠨ᠎ᠡ ᠵᠢ ᠡᠭᠦᠳᠦᠨ ᠦᠷᠨᠢᠭᠦᠯᠪᠡ᠃ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠭᠠᠳᠠᠭ᠋ᠠᠳᠤ᠎ᠯᠤᠭ᠎ᠠ ᠵᠢᠨ ᠰᠣᠯᠢᠯᠴᠠᠭ᠎ᠠ ᠪᠠ ᠬᠠᠮᠲᠤᠷᠠᠯᠴᠠᠭ᠋ᠠᠨ᠎ᠤ ᠲᠠᠪᠴᠠᠩ᠎ᠢ ᠠᠰᠢᠭᠯᠠᠨ᠂ ᠭ᠋ᠷᠧᠭ᠎ᠤᠨ ᠡᠯᠴᠢᠨ ᠰᠠᠢ᠌ᠳ᠎ᠤᠨ ᠶᠠᠮᠤᠨ᠎ᠲᠠᠢ ᠬᠠᠮᠲᠤᠷᠠᠨ ᠰᠦᠯᠵᠢᠶᠡᠨ ᠳᠡᠭᠡᠷᠡᠬᠢ ᠪᠠᠶᠠᠷᠲᠤ ᠴᠠᠭ᠋ᠠᠨ ᠰᠠᠷ᠎ᠠ ᠵᠢᠨ ᠠᠵᠢᠯᠯᠠᠭ᠎ᠠ ᠵᠢ ᠥᠷᠨᠢᠭᠦᠯᠵᠦ᠂ ᠮᠣᠰᠺᠸᠠ ᠵᠢᠨ ᠳᠤᠮᠳᠠᠳᠤ ᠤᠯᠤᠰ᠎ᠤᠨ ᠰᠣᠶᠣᠯ᠎ᠤᠨ ᠲᠥᠪ᠎ᠲᠠᠢ ᠬᠠᠮᠲᠤᠷᠠᠨ ᠰᠦᠯᠵᠢᠶᠡᠨ ᠳᠡᠭᠡᠷᠡᠬᠢ ᠥᠪᠥᠷ ᠮᠣᠩᠭᠣᠯ᠎ᠤᠨ ᠰᠣᠶᠣᠯ᠎ᠤᠨ ᠭᠠᠷᠠᠭ᠎ᠤᠨ ᠠᠵᠢᠯᠯᠠᠭ᠎ᠠ ᠵᠢ ᠦᠷᠨᠢᠭᠦᠯᠪᠡ᠃ ᠮᠣᠩᠭᠣᠯ ᠤᠯᠤᠰ᠂ ᠣᠷᠣᠰ᠂ ᠺᠣᠯᠣᠮᠪᠢᠶ᠎ᠠ ᠵᠢᠨ ᠳᠤᠮᠳᠠᠳᠤ ᠤᠯᠤᠰ᠎ᠤᠨ ᠰᠣᠶᠣᠯ᠎ᠤᠨ ᠲᠥᠪ᠎ᠲᠤ ᠼᠢᠷᠺ᠎ᠤᠨ ᠵᠦᠴᠦᠭᠡ 《ᠳᠡᠭᠦᠯᠢᠯᠲᠡ》 ᠵᠢ ᠬᠦᠷᠭᠡᠪᠡ᠃ ᠺᠣᠷᠢᠶᠠ᠂ ᠶᠠᠫᠤᠨ᠂ ᠠᠦ᠋ᠰᠲᠷᠠᠯᠢᠶ᠎ᠠ ᠵᠡᠷᠭᠡ ᠵᠢᠭᠤᠯᠴᠢᠠᠯᠯ᠎ᠤᠨ ᠬᠡᠷᠡᠭ ᠡᠷᠬᠢᠯᠡᠬᠦ ᠭᠠᠵᠠᠷ᠎ᠲᠤ ᠤᠬᠠᠭᠤᠯᠭ᠎ᠠ ᠵᠢᠨ ᠵᠢᠷᠤᠭ ᠪᠣᠯᠣᠨ ᠸᠢᠳᠢᠤ᠋ ᠬᠦᠷᠭᠡᠵᠦ᠂ ᠺᠣᠷᠢᠶᠠ ᠵᠢᠨ ᠰᠧᠦ᠋ᠯ᠎ᠳᠤ ᠰᠠᠭᠤᠭ᠎ᠠ ᠵᠢᠭᠤᠯᠴᠢᠯᠠᠯ᠎ᠤᠨ ᠬᠡᠷᠡᠭ ᠡᠷᠬᠢᠯᠡᠬᠦ ᠭᠠᠵᠠᠷ᠎ᠲᠠᠢ ᠬᠠᠮᠲᠤᠷᠠᠵᠤ᠂ ᠭᠠᠵᠠᠷ ᠳᠣᠣᠷᠠᠬᠢ ᠲᠡᠮᠦᠷ ᠵᠠᠮ᠎ᠤᠨ ᠥᠷᠲᠡᠭᠡᠨ᠎ᠳᠤ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠳ᠋ᠧᠩ᠎ᠤᠨ ᠬᠠᠢ᠌ᠷᠴᠠᠭ᠎ᠤᠨ ᠵᠠᠷ ᠮᠡᠳᠡᠭᠡ ᠬᠢᠪᠡ᠃
      ᠭᠤᠷᠪᠠ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ ᠭᠦᠨᠵᠡᠭᠡᠢ᠌ᠷᠡᠨ ᠬᠥᠭᠵᠢᠬᠦ ᠵᠢ ᠲᠠᠰᠤᠷᠠᠯᠲᠠ ᠦᠭᠡᠢ   ᠠᠬᠢᠭᠤᠯᠪᠠ
(ᠨᠢᠭᠡ) ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠪᠠ᠃ ᠨᠢᠭᠡ᠎ᠳᠤ᠂ 《ᠰᠢᠨ᠎ᠡ ᠪᠠᠢ᠌ᠳᠠᠯ᠎ᠤᠨ ᠳᠣᠣᠷᠠᠬᠢ ᠨᠠᠮ᠎ᠤᠨ ᠳᠣᠲᠣᠭ᠋ᠠᠳᠤ ᠵᠢᠨ ᠤᠯᠤᠰ ᠲᠥᠷᠥ ᠵᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》᠎ᠢ ᠡᠷᠡᠰ ᠲᠤᠭᠤᠰᠢᠯᠠᠭᠤᠯᠵᠤ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠣᠣᠯ ᠤᠳᠤᠷᠢᠳᠬᠤ ᠳᠤᠭᠤᠢ᠌ᠯᠠᠩ᠎ᠤᠨ ᠬᠠᠮᠲᠤ ᠵᠢᠨ ᠰᠤᠷᠤᠯᠴᠠᠯᠭ᠎ᠠ᠂ ᠨᠠᠮ᠎ᠤᠨ ᠡᠭᠦᠷ᠎ᠤᠨ 《ᠭᠤᠷᠪᠠᠨ ᠬᠤᠷᠠᠯ ᠨᠢᠭᠡ ᠬᠢᠴᠢᠶᠡᠯ》 ᠵᠢᠡᠷ ᠳᠠᠮᠵᠢᠭᠤᠯᠤᠨ᠂ ᠪᠦᠬᠦ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠵᠤ ᠰᠢᠨ᠎ᠡ ᠵᠢ ᠡᠭᠦᠳᠬᠦ ᠤᠨᠤᠯ᠎ᠢ ᠰᠤᠷᠤᠯᠴᠠᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠤᠨᠤᠯ᠎ᠤᠨ ᠪᠣᠯᠪᠠᠰᠤᠷᠠᠯ ᠵᠶ᠋ᠠᠨ ᠴᠢᠩᠭ᠋ᠠᠳᠬᠠᠬᠤ᠂ ᠬᠦᠰᠡᠯᠡᠩ ᠪᠢᠰᠢᠷᠡᠯ ᠵᠶ᠋ᠡᠨ ᠪᠠᠲᠤᠳᠬᠠᠬᠤ᠂ ᠤᠯᠤᠰ ᠲᠦᠷᠦ ᠵᠢᠨ ᠵᠣᠭᠰᠣᠯᠲᠠ᠎ᠪᠠᠨ ᠪᠠᠲᠤ ᠰᠠᠬᠢᠬᠤ ᠵᠢ ᠬᠥᠮᠥᠵᠢᠭᠦᠯᠦᠨ ᠵᠢᠯᠤᠭᠣᠳᠴᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠢ᠌ᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ ᠵᠢ᠎ᠨᠢ ᠦᠨᠡᠨ ᠬᠦ᠌ ᠴᠢᠩᠭ᠋ᠠᠳᠬᠠᠪᠠ᠃ ᠬᠣᠶᠠᠷ᠎ᠲᠤ᠂ 《ᠦᠢ᠍ᠯᠡᠴᠢᠯᠡᠭᠡ ᠬᠦᠷᠭᠡᠬᠦ᠂ ᠰᠡᠳᠬᠢᠯ᠎ᠤᠨ ᠵᠠᠩᠭᠢᠷᠠᠭ᠎ᠠ ᠵᠢ ᠲᠠᠢ᠌ᠯᠬᠤ᠂   ᠬᠠᠷᠢᠶᠠᠯᠠᠭᠳᠠᠬᠤ ᠰᠡᠳᠬᠢᠯᠭᠡ ᠵᠢ ᠴᠢᠩᠭ᠋ᠠᠳᠬᠠᠬᠤ᠂ ᠰᠠᠬᠢᠯᠭ᠎ᠠ ᠪᠠᠲᠤ ᠵᠢ ᠴᠢᠩᠳᠠᠯᠠᠬᠤ᠂ ᠬᠣᠶᠠᠷ ᠰᠠᠭᠤᠷᠢ ᠵᠢ ᠪᠠᠲᠤᠳᠬᠠᠬᠤ》 ᠬᠥᠮᠦᠵᠢᠯ᠎ᠤᠨ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ᠎ᠪᠠᠷ ᠡᠭᠦᠷᠭᠡᠯᠡᠬᠦ ᠵᠢ ᠬᠥᠲᠥᠯᠥᠨ ᠳᠠᠭ᠋ᠠᠭᠤᠯᠵᠤ᠂ ᠦᠢ᠍ᠯᠡᠴᠢᠯᠡᠬᠦ ᠬᠠᠯᠠᠭᠤᠨ ᠰᠡᠳᠬᠢᠯᠭᠡ ᠵᠢ᠎ᠨᠢ ᠪᠠᠳᠠᠷᠠᠭᠤᠯᠵᠤ᠂ ᠠᠵᠢᠯ᠎ᠤᠨ ᠬᠦᠴᠦᠨ᠎ᠢ ᠨᠢᠭᠲᠠᠷᠠᠭᠤᠯᠵᠤ᠂ ᠠᠵᠢᠯ᠎ᠤᠨ ᠢᠳᠡᠪᠬᠢᠵᠢᠯ᠂ ᠬᠠᠮᠲᠤ ᠵᠢᠨ ᠬᠠᠷᠢᠶᠠᠯᠠᠭᠳᠠᠬᠤ ᠰᠡᠳᠬᠢᠯᠭᠡ᠂ ᠵᠣᠬᠢᠶᠠᠨ ᠪᠠᠢ᠌ᠭᠤᠯᠤᠯᠲᠠ ᠵᠢᠨ ᠰᠠᠬᠢᠯᠭ᠎ᠠ ᠪᠠᠲᠤᠴᠢ ᠴᠢᠨᠠᠷ᠎ᠢ ᠳᠠᠰᠤᠷᠠᠯᠳᠠ ᠦᠭᠡᠢ ᠴᠢᠩᠭ᠋ᠠᠳᠬᠠᠪᠠ᠃ ᠭᠤᠷᠪᠠ᠎ᠳᠤ᠂ ᠨᠠᠮ᠎ᠤᠨ ᠡᠭᠦᠷ᠎ᠤᠨ ᠵᠢᠷᠤᠮᠵᠢᠭᠤᠯᠤᠯᠲᠠ ᠪᠠᠷᠢᠮᠵᠢᠶᠠᠵᠢᠭᠤᠯᠤᠯᠲᠠ ᠵᠢᠨ ᠪᠠᠢ᠌ᠭᠤᠯᠤᠯᠲᠠ᠎ᠪᠠᠷ ᠭᠠᠷᠳᠠᠴᠠ ᠪᠣᠯᠭ᠋ᠠᠵᠤ᠂ ᠤᠯᠤᠰ ᠲᠦᠷᠦ ᠵᠢᠨ ᠬᠥᠲᠥᠯᠥᠨ   ᠳᠠᠭ᠋ᠠᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠩᠨᠡᠭᠡᠨ᠎ᠤ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠨᠳᠦᠰᠦᠨ ᠱᠠᠲᠤᠨ᠎ᠤ ᠰᠠᠭᠤᠷᠢ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠴᠢᠶᠠᠯᠠᠪᠤᠷᠢ ᠵᠢᠨ ᠰᠢᠨ᠎ᠡ ᠵᠢ ᠡᠭᠦᠳᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠤᠮᠠᠷᠠᠲᠤ ᠬᠢᠯᠢ ᠵᠢᠨ ᠵᠢᠱ᠌ᠢᠶᠡᠴᠢ ᠪᠠᠢ᠌ᠭᠤᠯᠭ᠎ᠠ》 ᠵᠢ ᠢᠳᠡᠪᠬᠢᠲᠡᠢ ᠪᠠᠢ᠌ᠭᠤᠯᠵᠤ᠂ ᠨᠡᠢ᠍ᠢ᠍ᠳᠡ 12 ᠨᠠᠮ᠎ᠤᠨ ᠡᠭᠦᠷ 《ᠬᠠᠮᠤᠭ᠎ᠤᠨ   ᠰᠠᠢ᠌ᠨ ᠨᠠᠮ᠎ᠤᠨ ᠡᠭᠦᠷ》 ᠵᠢᠡᠷ ᠦᠨᠡᠯᠡᠭᠳᠡᠵᠦ᠂ ᠠᠯᠪᠠᠨ ᠭᠡᠷ᠎ᠤᠨ ᠨᠠᠮ᠎ᠤᠨ ᠡᠭᠦᠷ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ 《ᠲᠡᠷᠢᠭᠦᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ》᠎ᠪᠠᠷ ᠦᠨᠡᠯᠡᠭᠳᠡᠪᠡ᠃ ᠳᠥᠷᠪᠡ᠎ᠳᠤ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠪᠠᠢ᠌ᠭᠤᠯᠭ᠎ᠠ ᠵᠢᠨ ᠨᠠᠮ᠎ᠤᠨ ᠬᠣᠷᠢᠶᠠᠨ᠎ᠤ ᠭᠡᠰᠢᠭᠦᠨ ᠦᠨᠳᠦᠰᠦᠨ ᠱᠠᠲᠤᠨ᠎ᠤ ᠨᠠᠮ᠎ᠤᠨ ᠡᠭᠦᠷ᠎ᠲᠠᠢ ᠬᠠᠷᠢᠯᠴᠠᠬᠤ ᠳᠦᠷᠢᠮ᠂ ᠲᠢᠩᠬᠢᠮ᠎ᠤᠨ ᠲᠡᠰ᠎ᠤᠨ ᠤᠳᠤᠷᠢᠳᠤᠯᠭ᠎ᠠ ᠨᠠᠮ᠎ᠤᠨ ᠭᠠᠳᠠᠨᠠᠬᠢ ᠰᠡᠬᠡᠭᠡᠲᠡᠨ᠎ᠲᠠᠢ ᠬᠠᠷᠢᠯᠴᠠᠬᠤ ᠳᠦᠷᠢᠮ᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠪᠦᠬᠦ ᠵᠢᠯ᠎ᠳᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠨᠠᠮ᠎ᠤᠨ ᠪᠠᠢ᠌ᠭᠤᠯᠤᠯᠲᠠ ᠵᠢᠨ ᠬᠠᠷᠢᠯᠴᠠᠬᠤ ᠴᠡᠭ᠎ᠤᠨ ᠡᠯ᠎ᠡ ᠲᠦᠷᠦᠯ᠎ᠤᠨ ᠠᠵᠢᠯᠯᠠᠭ᠎ᠠ᠎ᠳᠤ 71 ᠬᠥᠮᠥᠨ ᠤᠳᠠᠭ᠎ᠠ ᠣᠷᠣᠯᠴᠠᠵᠤ᠂ ᠨᠠᠮ᠎ᠤᠨ ᠭᠠᠳᠠᠨᠠᠬᠢ ᠰᠡᠬᠡᠭᠡᠲᠡᠨ᠎ᠲᠠᠢ 40 ᠬᠥᠮᠥᠨ ᠤᠳᠠᠭ᠎ᠠ ᠶᠠᠷᠢᠯᠴᠠᠵᠤ᠂ ᠡᠩ᠎ᠤᠨ ᠨᠠᠮ᠎ᠤᠨ ᠭᠡᠰᠢᠭᠦᠨ᠎ᠤ ᠬᠤᠪᠢ᠎ᠪᠠᠷ ᠪᠠᠢ᠌ᠭ᠎ᠠ ᠨᠠᠮ᠎ᠤᠨ ᠡᠭᠦᠷ᠎ᠤᠨ ᠵᠶ᠋ᠠᠨ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠳᠤ ᠣᠷᠣᠯᠴᠠᠪᠠ᠃
     (ᠬᠣᠶᠠᠷ) ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢ ᠪᠦᠬᠦ ᠲᠠᠯ᠎ᠠ᠎ᠪᠠᠷ   ᠬᠦᠨᠵᠡᠭᠡᠢ᠌ᠷᠡᠬᠦᠯᠪᠡ᠃ ᠨᠢᠭᠡ᠎ᠳᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠪᠣᠯᠣᠨ ᠢᠯᠵᠠᠷᠠᠯ᠎ᠢ ᠡᠰᠡᠷᠭᠦᠴᠡᠬᠦ ᠠᠵᠢᠯ᠎ᠤᠨ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠤᠨ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠬᠣᠯᠪᠣᠭᠳᠠᠯ ᠪᠦᠬᠦᠢ ᠬᠤᠷᠠᠯ᠎ᠤᠨ ᠵᠣᠷᠢᠭ ᠰᠠᠨᠠᠭ᠎ᠠ ᠵᠢ ᠳᠠᠮᠵᠢᠭᠤᠯᠤᠨ ᠰᠤᠷᠤᠯᠴᠠᠵᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠲᠣᠭᠲᠠᠮᠠᠯ ᠬᠤᠭᠤᠴᠠᠭ᠎ᠠ᠎ᠲᠠᠢ᠎ᠪᠠᠷ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠪᠠᠢ᠌ᠭᠤᠯᠭ᠎ᠠ ᠵᠢᠨ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠪᠣᠯᠣᠨ ᠢᠯᠵᠠᠷᠠᠯ᠎ᠢ ᠡᠰᠡᠷᠭᠦᠴᠡᠬᠦ ᠠᠵᠢᠯ᠎ᠢ ᠰᠤᠳᠤᠯᠤᠨ ᠠᠬᠢᠭᠤᠯᠪᠠ᠃ ᠬᠣᠶᠠᠷ᠎ᠲᠤ  ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠥᠮᠦᠵᠢᠯ᠎ᠢ ᠭᠦᠨᠵᠡᠭᠡᠢ ᠥᠷᠨᠢᠭᠦᠯᠵᠦ᠂ ᠬᠡᠷᠡᠭ ᠵᠶ᠋ᠡᠷ ᠬᠠᠤᠯᠢ ᠴᠠᠭ᠋ᠠᠵᠠ ᠵᠢ ᠲᠠᠢ᠌ᠯᠪᠤᠷᠢᠯᠠᠬᠤ ᠰᠡᠷᠡᠮᠵᠢᠯᠡᠭᠦᠯᠬᠦ ᠬᠥᠮᠦᠵᠢᠯ᠎ᠢ ᠨᠢᠭᠡ ᠤᠳᠠᠭ᠎ᠠ ᠬᠢᠵᠦ᠂ ᠢᠯᠵᠠᠷᠠᠯ᠎ᠢ ᠡᠰᠡᠷᠭᠦᠴᠡᠨ ᠠᠷᠢᠭᠤᠨ ᠴᠢᠬᠡᠴᠢ ᠵᠢ ᠡᠷᠬᠢᠮᠯᠡᠬᠦ ᠤᠬᠠᠭᠤᠯᠭ᠎ᠠ ᠬᠥᠮᠦᠵᠢᠯ᠎ᠢ ᠨᠢᠭᠡ ᠤᠳᠠᠭ᠎ᠠ ᠬᠢᠵᠦ᠂ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠢ 2 ᠤᠳᠠᠭ᠎ᠠ ᠦᠵᠡᠵᠦ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠠᠮᠲᠤ ᠵᠢᠨ ᠶᠠᠷᠢᠯᠴᠠᠭ᠎ᠠ ᠵᠢ 2 ᠤᠳᠠᠭ᠎ᠠ ᠥᠷᠨᠢᠭᠦᠯᠵᠦ᠂ ᠳᠡᠷᠭᠡᠳᠡᠬᠢ ᠶᠠᠪᠤᠳᠠᠯ ᠵᠶ᠋ᠠᠷ ᠵᠶ᠋ᠠᠨ ᠳᠡᠷᠭᠡᠳᠡᠬᠢ ᠬᠥᠮᠥᠰ ᠵᠶ᠋ᠡᠨ ᠰᠡᠷᠡᠮᠵᠢᠯᠡᠭᠦᠯᠬᠦ ᠵᠢ ᠪᠠᠷᠢᠮᠲᠠᠯᠠᠵᠤ᠂ ᠥᠷᠭᠡᠨ ᠤᠯᠠᠨ ᠺᠠᠳ᠋ᠷᠴᠤᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢ᠌ᠭ᠋ᠠᠳ ᠰᠤᠷᠭ᠋ᠠᠮᠵᠢ ᠠᠪᠤᠭᠤᠯᠵᠤ᠂ ᠡᠭᠦᠨ ᠵᠶ᠋ᠡᠷ ᠴᠡᠭᠡᠷᠯᠡᠯ ᠪᠣᠯᠭ᠋ᠠᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠢᠯᠵᠠᠷᠠᠯ᠎ᠢ ᠡᠰᠡᠷᠭᠦᠴᠡᠨ ᠬᠤᠪᠢᠷᠠᠬᠤ ᠵᠢ ᠰᠡᠷᠭᠡᠢ᠌ᠯᠡᠬᠦ ᠦᠵᠡᠯ ᠰᠠᠨᠠᠭ᠋ᠠᠨ᠎ᠤ ᠰᠡᠷᠭᠡᠢ᠌ᠯᠡᠯᠲᠡ ᠵᠢᠨ ᠱᠤᠭᠤᠮ᠎ᠢ ᠪᠠᠲᠤ ᠪᠤᠢ ᠪᠣᠯᠭ᠋ᠠᠪᠠ᠃ ᠭᠤᠷᠪᠠ᠎ᠳᠤ᠂ ᠣᠷᠣᠨ᠎ᠤ ᠰᠢᠭᠤᠳ ᠬᠠᠷᠢᠶ᠎ᠠ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠶᠤᠯ ᠲᠦᠭᠰᠢᠭᠦᠷᠢ ᠵᠢ ᠰᠢᠯᠭ᠋ᠠᠨ ᠪᠠᠢ᠌ᠴᠠᠭ᠋ᠠᠬᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠮᠡᠳᠡᠭᠡ ᠵᠠᠩᠭᠢ ᠵᠢ ᠴᠤᠭᠯᠠᠭᠤᠯᠬᠤ ᠠᠵᠢᠯ᠎ᠢ ᠲᠥᠪᠯᠡᠷᠡᠭᠦᠯᠦᠨ ᠥᠷᠨᠢᠭᠦᠯᠵᠦ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠶᠤᠯ ᠲᠦᠭᠰᠢᠭᠦᠷᠢ ᠵᠢᠨ ᠴᠡᠭ᠎ᠢ ᠨᠡᠢ᠍ᠢ᠍ᠳᠡ 1200 ᠭᠠᠷᠤᠢ   ᠰᠢᠯᠭ᠋ᠠᠨ ᠪᠠᠢ᠌ᠴᠠᠭ᠋ᠠᠵᠤ᠂ ᠰᠡᠷᠭᠡᠢ᠌ᠯᠡᠬᠦ ᠠᠷᠭ᠎ᠠ ᠬᠡᠮᠵᠢᠶ᠎ᠡ ᠵᠢ 1500 ᠭᠠᠷᠤᠢ ᠲᠣᠭᠲᠠᠭ᠋ᠠᠵᠤ᠂ ᠴᠢᠬᠤᠯᠠ ᠰᠠᠯᠠᠭ᠎ᠠ ᠮᠥᠴᠢᠷ᠂ ᠭᠣᠣᠯᠳᠠᠯᠭ᠎ᠠ᠎ᠲᠠᠢ ᠬᠦᠷᠢᠶ᠎ᠡ ᠪᠠ ᠵᠠᠩᠭᠢᠯᠠᠭ᠎ᠠ ᠵᠢᠨ ᠠᠵᠢᠯ᠎ᠤᠨ ᠪᠠᠢ᠌ᠷᠢ ᠵᠢᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠶᠤᠯ ᠲᠦᠭᠰᠢᠭᠦᠷᠢ ᠵᠢᠨ ᠰᠡᠷᠭᠡᠢ᠌ᠯᠡᠯᠲᠡ ᠵᠢ ᠨᠡᠢ᠌ᠳᠡᠮ ᠬᠠᠮᠤᠷᠬᠤ ᠵᠢ ᠪᠡᠶᠡᠯᠡᠭᠦᠯᠪᠡ᠃ ᠳᠥᠷᠪᠡ᠎ᠳᠤ᠂ ᠰᠠᠬᠢᠯᠭ᠎ᠠ ᠪᠠᠲᠤ ᠵᠢᠨ ᠬᠡᠷᠡᠭᠵᠢᠬᠦᠯᠦᠯᠲᠡ᠎ᠠᠴᠠ ᠬᠠᠷᠢᠭᠤᠴᠠᠯᠭ᠎ᠠ ᠨᠡᠬᠡᠮᠵᠢᠯᠡᠬᠦ᠎ᠳᠤ ᠴᠢᠩᠭ᠎ᠠ ᠬᠢᠨᠠᠯᠲᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠲᠣᠭᠣᠷᠢᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠠᠴᠠ 20 ᠬᠥᠮᠥᠨ᠎ᠠᠴᠠ ᠬᠠᠷᠢᠭᠤᠴᠠᠯᠭ᠎ᠠ ᠨᠡᠬᠡᠮᠵᠢᠯᠡᠵᠦ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ᠎ᠳᠤ 《ᠬᠥᠮᠥᠷᠭᠡ ᠵᠢ ᠴᠡᠪᠡᠷᠯᠡᠨ ᠪᠦᠬᠦᠨ᠎ᠢ ᠰᠢᠢ᠍ᠳᠪᠦᠷᠢᠯᠡᠬᠦ》 ᠵᠢ ᠦᠨᠡᠨ ᠬᠦ᠌ ᠪᠡᠶᠡᠯᠡᠭᠦᠯᠪᠡ; ᠤᠳᠤᠷᠢᠳᠬᠤ ᠺᠠᠳ᠋ᠷ᠎ᠤᠨ ᠬᠤᠪᠢ ᠬᠥᠮᠥᠨ᠎ᠤ ᠬᠣᠯᠪᠣᠭᠳᠠᠯ ᠪᠦᠬᠦᠢ ᠤᠴᠢᠷ ᠶᠠᠪᠤᠳᠠᠯ᠎ᠢ ᠬᠠᠷᠭᠤᠭᠤᠯᠤᠨ ᠪᠠᠢ᠌ᠴᠠᠭ᠋ᠠᠬᠤ ᠳᠤᠮᠳᠠ ᠨᠢᠭᠤᠭᠰᠠᠨ ᠣᠷᠬᠢᠭᠳᠠᠭᠤᠯᠤᠭᠰᠠᠨ ᠦᠢᠯᠡ ᠠᠵᠢᠯᠯᠠᠭ᠎ᠠ᠎ᠲᠠᠢ 3 ᠭᠠᠵᠠᠷ᠎ᠤᠨ ᠲᠠᠰ᠎ᠤᠨ ᠺᠠᠳ᠋ᠷ᠎ᠢ ᠲᠣᠭᠲᠠᠭ᠋ᠠᠯ ᠰᠠᠬᠢᠯᠭ᠎ᠠ ᠶᠣᠰᠣᠭ᠋ᠠᠷ ᠵᠣᠬᠢᠴᠠᠩᠭᠤᠢ᠎ᠪᠠᠷ ᠰᠢᠢ᠍ᠳᠪᠦᠷᠢᠯᠡᠪᠡ; ᠰᠠᠬᠢᠯᠭ᠎ᠠ ᠪᠠᠲᠤ ᠵᠢ ᠵᠥᠷᠢᠴᠡᠵᠦ ᠬᠠᠤᠯᠢ ᠴᠠᠭ᠋ᠠᠵᠠ ᠵᠢ ᠵᠥᠷᠢᠴᠡᠭᠰᠡᠨ ᠭᠠᠵᠠᠷ᠎ᠤᠨ ᠲᠡᠰ᠎ᠤᠨ 1 ᠺᠠᠳ᠋ᠷ᠎ᠲᠤ ᠲᠤᠰᠢᠶᠠᠯ᠎ᠠᠴᠠ᠎ᠨᠢ ᠤᠭᠴᠠᠷᠠᠭᠤᠯᠵᠤ ᠵᠡᠷᠭᠡ ᠳᠡᠰ᠎ᠢ᠎ᠨᠢ ᠪᠠᠭᠤᠷᠠᠭᠤᠯᠬᠤ ᠰᠢᠢ᠍ᠳᠬᠡᠯ ᠥᠭᠪᠡ᠃
     (ᠭᠤᠷᠪᠠ) ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ   ᠨᠠᠢ᠌ᠳᠠᠪᠤᠷᠢᠵᠢᠭᠤᠯᠪᠠ᠃ ᠨᠢᠭᠡ᠎ᠳᠤ᠂ 《ᠰᠣᠶᠣᠯ ᠪᠠ ᠵᠢᠭᠤᠯᠴᠢᠯᠠᠯ᠎ᠤᠨ ᠠᠵᠢᠯ ᠲᠦᠷᠦᠯ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠬᠦᠷᠢᠶᠡᠨ᠎ᠳᠤ᠎ᠬᠢ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠢ᠌ᠯᠡᠨ ᠰᠢᠢ᠍ᠳᠪᠦᠷᠢᠯᠡᠬᠦ ᠪᠡᠯᠡᠳᠬᠡᠯ ᠲᠥᠰᠥᠯ》᠎ᠢ ᠵᠣᠬᠢᠶᠠᠨ ᠪᠠᠢ᠌ᠭᠤᠯᠵᠤ ᠲᠤᠭᠲᠠᠭ᠋ᠠᠨ᠂ (ᠰᠦᠯᠵᠢᠶ᠎ᠡ) ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠂ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠵᠥᠪᠳᠡᠯᠴᠡᠬᠦ ᠲᠣᠭᠲᠠᠴᠠ ᠵᠢᠨ ᠠᠵᠢᠯ᠎ᠤᠨ ᠬᠤᠷᠠᠯᠳᠤᠭ᠋ᠠᠨ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠠᠯᠳᠤᠭᠤᠯᠵᠤ᠂ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠤ᠎ᠬᠢ ᠦᠵᠡᠯ ᠤᠬᠠᠮᠰᠠᠷ᠎ᠤᠨ ᠬᠡᠯᠪᠡᠷᠢ ᠵᠢᠨ ᠪᠠᠢ᠌ᠳᠠᠯ᠎ᠢ ᠵᠠᠳᠠᠯᠤᠨ ᠰᠤᠳᠤᠯᠵᠤ ᠮᠠᠭ᠋ᠠᠳᠯᠠᠨ᠂ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠤ᠎ᠬᠢ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠠᠬᠢᠴᠠ ᠵᠢ ᠲᠣᠬᠢᠷᠠᠭᠤᠯᠪᠠ᠃ ᠬᠣᠶᠠᠷ᠎ᠲᠤ᠂ ᠲᠣᠭᠣᠷᠢᠨ ᠪᠠᠢ᠌ᠴᠠᠭ᠋ᠠᠵᠤ ᠬᠠᠷᠢᠭᠤ ᠲᠤᠰᠬᠠᠭᠰᠠᠨ ᠦᠵᠡᠯ ᠤᠬᠠᠮᠰᠠᠷ᠎ᠤᠨ ᠬᠡᠯᠪᠡᠷᠢ ᠵᠢᠨ ᠠᠰᠠᠭᠤᠳᠠᠯ᠎ᠢ ᠪᠦᠬᠦ ᠲᠠᠯ᠎ᠠ᠎ᠪᠠᠷ ᠴᠡᠭᠴᠡᠯᠡᠨ ᠰᠠᠢ᠌ᠵᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠲᠣᠭᠣᠷᠢᠨ ᠪᠠᠢ᠌ᠴᠠᠭ᠋ᠠᠬᠤ ᠦᠵᠡᠯ ᠤᠬᠠᠮᠰᠠᠷ᠎ᠤᠨ ᠬᠡᠯᠪᠡᠷᠢ ᠵᠢᠨ ᠲᠤᠰᠬᠠᠢ ᠪᠠᠢ᠌ᠴᠠᠭ᠋ᠠᠯᠲᠠ ᠵᠢᠨ ᠬᠠᠷᠢᠭᠤ ᠲᠤᠰᠬᠠᠭᠰᠠᠨ 11 ᠠᠰᠠᠭᠤᠳᠠᠯ᠎ᠳᠤ ᠴᠢᠭᠯᠡᠭᠦᠯᠦᠨ᠂ 32 ᠵᠤᠷᠪᠤᠰ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠲᠣᠭᠲᠠᠭ᠋ᠠᠵᠤ᠂ ᠣᠳᠣᠬᠠᠨ᠎ᠳᠤ ᠨᠢᠭᠡᠨᠲᠡ ᠪᠦᠬᠦᠨ᠎ᠢ ᠴᠡᠭᠴᠡᠯᠡᠨ ᠰᠠᠢ᠌ᠵᠢᠷᠠᠭᠤᠯᠪᠠ᠃ ᠲᠥᠪ᠎ᠤᠨ ᠲᠣᠭᠣᠷᠢᠨ ᠪᠠᠢ᠌ᠴᠠᠭ᠋ᠠᠯᠲᠠ ᠵᠢᠨ ᠬᠠᠷᠢᠭᠤ ᠲᠤᠰᠬᠠᠭᠰᠠᠨ 《ᠰᠣᠶᠣᠯ᠎ᠤᠨ ᠤᠬᠠᠭᠤᠯᠭ᠎ᠠ᠎ᠳᠤ ᠦᠨᠳᠦᠰᠦᠲᠡᠨ᠎ᠤ ᠡᠯᠧᠮᠧᠨ᠋ᠲ᠎ᠢ ᠬᠡᠲᠦᠷᠬᠡᠢ ᠴᠢᠬᠤᠯᠠᠴᠢᠯᠠᠭᠰᠠᠨ》 ᠠᠰᠠᠭᠤᠳᠠᠯ᠎ᠳᠤ ᠴᠢᠭᠯᠡᠭᠦᠯᠦᠨ᠂ 11 ᠵᠦᠢ᠍ᠯ᠎ᠤᠨ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠪᠦᠬᠦᠨ ᠵᠶ᠋ᠡᠷ ᠵᠶ᠋ᠡᠨ ᠢᠳᠡᠪᠬᠢᠲᠡᠢ ᠠᠬᠢᠴᠠ᠎ᠲᠠᠢ ᠪᠣᠯᠵᠠᠢ᠃ ᠭᠤᠷᠪᠠ᠎ᠳᠤ  ᠂ ᠰᠣᠶᠣᠯ᠎ᠤᠨ ᠣᠷᠳᠣᠨ (ᠥᠷᠲᠡᠭᠡ)᠂ ᠣᠯᠠᠨ ᠨᠡᠶ᠋ᠢᠲᠡ ᠵᠢᠨ ᠨᠣᠮ᠎ᠤᠨ ᠰᠠᠩ᠂ ᠮᠦᠽᠧᠢ᠂ ᠤᠷᠠᠯᠢᠭ᠎ᠤᠨ ᠬᠦᠷᠢᠶᠡᠯᠡᠩ ᠪᠦᠯᠬᠦᠮ ᠵᠡᠷᠭᠡ ᠰᠣᠶᠣᠯ᠎ᠤᠨ ᠲᠠᠯᠠᠪᠤᠷ ᠭᠠᠵᠠᠷ ᠪᠠ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠵᠢᠭᠤᠯᠴᠢᠯᠠᠯ᠎ᠤᠨ ᠬᠤᠷᠢᠶ᠎ᠠ᠂ ᠣᠳᠣᠨ ᠲᠠᠰ᠎ᠤᠨ ᠪᠠᠭᠤᠳᠠᠯ ᠵᠡᠷᠭᠡ ᠰᠣᠶᠣᠯ ᠪᠠ ᠵᠢᠭᠤᠯᠴᠢᠯᠠᠯ᠎ᠤᠨ ᠵᠢᠭᠰᠠᠭ᠋ᠠᠯ᠎ᠤᠨ ᠭᠠᠵᠠᠷ᠎ᠤᠨ ᠡᠳᠦᠷ ᠲᠤᠲᠤᠮ᠎ᠤᠨ ᠬᠠᠮᠢᠶᠠᠷᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠦᠵᠡᠯ ᠤᠬᠠᠮᠰᠠᠷ᠎ᠤᠨ ᠬᠡᠯᠪᠡᠷᠢ ᠵᠢ ᠡᠯ᠎ᠡ ᠲᠥᠷᠥᠯ᠎ᠤᠨ ᠣᠯᠠᠨ ᠨᠡᠶ᠋ᠢᠲᠡ ᠵᠢᠨ ᠰᠣᠶᠣᠯ᠎ᠤᠨ ᠪᠡᠯᠡᠳᠬᠡᠮᠵᠢ ᠵᠢ ᠦᠨᠡᠯᠡᠨ ᠵᠢᠱ᠌ᠢᠵᠦ ᠲᠠᠰ ᠲᠣᠭᠲᠠᠭ᠋ᠠᠬᠤ ᠲᠡᠷᠢᠭᠦᠨ ᠴᠢᠬᠤᠯᠠ ᠨᠥᠬᠥᠴᠡᠯ ᠪᠤᠯᠭ᠋ᠠᠪᠠ᠃ ᠳᠥᠷᠪᠡ᠎ᠳᠤ᠂ ᠡᠷᠬᠢᠯᠡᠭᠰᠡᠨ ᠡᠯ᠎ᠡ ᠲᠦᠷᠦᠯ᠎ᠤᠨ ᠤᠷᠠᠨ ᠰᠠᠢ᠌ᠬᠠᠨ᠎ᠤ ᠲᠣᠭᠯᠠᠯᠲᠠ᠂   ᠦᠵᠡᠰᠬᠦᠯᠡᠩ ᠦᠵᠡᠭᠦᠯᠭᠡ᠂ ᠤᠯᠠᠨ ᠲᠦᠮᠡᠨ᠎ᠤ ᠰᠣᠶᠣᠯ᠎ᠤᠨ ᠠᠵᠢᠯᠯᠠᠭ᠎ᠠ᠂ ᠶᠠᠷᠢᠶᠠᠨ᠎ᠤ ᠲᠠᠪᠴᠠᠩ᠎ᠤᠨ ᠰᠤᠳᠤᠯᠤᠨ ᠶᠠᠷᠢᠯᠴᠠᠬᠤ ᠬᠤᠷᠠᠯ᠂ ᠰᠣᠶᠣᠯ ᠵᠢᠭᠤᠯᠴᠢᠯᠠᠯ᠎ᠤᠨ ᠪᠠᠶᠠᠷ ᠳᠤᠷᠠᠰᠬᠠᠯ᠎ᠤᠨ ᠡᠳᠦᠷ ᠵᠡᠷᠭᠡ᠎ᠳᠤ ᠤᠷᠢᠳᠠᠴᠢ ᠬᠢᠨᠠᠨ ᠬᠠᠷᠭᠤᠭᠤᠯᠤᠯᠲᠠ ᠬᠢᠵᠦ᠂ ᠤᠯᠤᠰ ᠲᠦᠷᠦ ᠵᠢᠨ ᠤᠳᠤᠷᠢᠳᠤᠮᠵᠢ᠎ᠳᠤ ᠠᠰᠠᠭᠤᠳᠠᠯ᠎ᠲᠠᠢ   ᠪᠠᠢ᠌ᠬᠤ᠎ᠳᠤ᠎ᠨᠢ 《ᠨᠢᠭᠡ ᠪᠢᠯᠧᠲ ᠵᠶ᠋ᠡᠷ ᠦᠭᠡᠶ᠋ᠢᠰᠬᠡᠬᠦ》 ᠵᠢ   ᠬᠡᠷᠡᠭᠵᠢᠬᠦᠯᠪᠡ᠃ ᠲᠠᠪᠤ᠎ᠳᠤ  ᠂ 《ᠭᠠᠳᠠᠭ᠋ᠠᠳᠤ᠎ᠳᠤ ᠬᠠᠨᠳᠤᠭᠤᠯᠤᠭᠰᠠᠨ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠢ ᠲᠣᠭᠲᠠᠭ᠋ᠠᠵᠤ᠂ ᠭᠠᠳᠠᠭ᠋ᠠᠳᠤ᠎ᠳᠤ   ᠬᠠᠨᠳᠤᠭᠤᠯᠤᠭᠰᠠᠨ ᠰᠣᠶᠣᠯ᠎ᠤᠨ ᠰᠣᠯᠢᠯᠴᠠᠭ᠎ᠠ ᠪᠠ ᠵᠢᠭᠤᠯᠴᠢᠯᠠᠯ᠎ᠢ ᠳᠡᠯᠭᠡᠷᠡᠭᠦᠯᠬᠦ ᠠᠵᠢᠯᠯᠠᠭ᠎ᠠ ᠵᠢᠨ ᠦᠵᠡᠯ ᠤᠬᠠᠮᠰᠠᠷ᠎ᠤᠨ ᠬᠡᠯᠪᠡᠷᠢ ᠵᠢ ᠬᠢᠨᠠᠨ ᠬᠠᠷᠭᠤᠭᠤᠯᠬᠤ ᠪᠣᠭᠣᠮᠲᠠ ᠵᠢ ᠤᠯᠠᠮ ᠨᠢᠭᠡ ᠠᠯᠬᠤᠮ ᠴᠢᠩᠭ᠋ᠠᠳᠬᠠᠪᠠ᠃
     (ᠳᠥᠷᠪᠡ) ᠪᠠᠢ᠌ᠭᠤᠯᠭ᠎ᠠ ᠵᠢᠨ ᠰᠤᠷᠲᠠᠯ᠎ᠤᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠪᠠ᠃ ᠨᠢᠭᠡ᠎ᠳᠤ᠂ ᠲᠥᠪ᠎ᠤᠨ ᠨᠠᠢ᠍ᠮᠠᠨ ᠲᠣᠭᠲᠠᠭ᠋ᠠᠯ ᠎ᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ   ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠯᠪᠠᠨ᠎ᠤ ᠵᠣᠭᠣᠰ ᠵᠶ᠋ᠠᠷ ᠢᠳᠡᠵᠦ ᠤᠤᠭᠤᠬᠤ᠂ ᠠᠯᠪᠠᠨ᠎ᠤ ᠵᠣᠭᠣᠰ ᠵᠶ᠋ᠠᠷ   ᠵᠢᠭᠤᠯᠴᠢᠯᠠᠬᠤ  ᠂ ᠠᠯᠪᠠᠨ᠎ᠤ ᠲᠡᠷᠭᠡ ᠵᠢ ᠬᠤᠪᠢᠨ᠎ᠳᠤ᠎ᠪᠠᠨ ᠬᠡᠷᠡᠭᠯᠡᠬᠦ᠂ ᠶᠡᠬᠡ᠎ᠪᠠᠷ ᠪᠡᠯᠡᠳᠬᠡᠨ ᠶᠡᠬᠡ᠎ᠪᠠᠷ ᠦᠷᠨᠢᠬᠦᠯᠬᠦ᠂ ᠲᠣᠭᠲᠠᠭ᠋ᠠᠯ᠎ᠠᠴᠠ ᠵᠥᠷᠢᠴᠡᠨ ᠬᠤᠷᠠᠯ ᠬᠢᠬᠦ᠂ ᠲᠣᠭᠲᠠᠭ᠋ᠠᠯ᠎ᠠᠴᠠ ᠵᠥᠷᠢᠴᠡᠨ ᠪᠡᠯᠡᠭ ᠰᠡᠯᠲᠡ ᠪᠡᠯᠡᠭ᠎ᠤᠨ ᠵᠣᠭᠣᠰ ᠭᠥᠯᠢᠶᠡᠨ ᠠᠪᠬᠤ ᠵᠡᠷᠭᠡ ᠠᠰᠠᠭᠤᠳᠠᠯ᠎ᠢ ᠴᠢᠩᠭ᠎ᠠ ᠠᠩᠬᠠᠷᠴᠤ᠂ ᠵᠢᠷᠭ᠋ᠠᠨ ᠴᠡᠩᠭᠡᠬᠦ ᠱᠠᠯᠢᠨ ᠪᠦᠷᠢᠯᠭᠡᠬᠦ ᠪᠠ   ᠨᠢᠭᠤᠴᠠ ᠳᠠᠯᠳᠠ   ᠤᠨᠳᠤᠰᠢᠭᠰᠠᠨ ᠲᠥᠪ ᠪᠤᠰᠤ ᠰᠤᠷᠲᠠᠯ᠎ᠢ ᠴᠢᠩᠭ᠎ᠠ ᠠᠩᠬᠠᠷᠴᠤ᠂ ᠪᠠᠢ᠌ᠭᠤᠯᠭ᠎ᠠ ᠵᠢᠨ ᠰᠤᠷᠲᠠᠯ᠎ᠤᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠪᠡ᠃ ᠬᠣᠶᠠᠷ᠎ᠲᠤ᠂ ᠰᠢᠨ᠎ᠡ ᠵᠢᠯ᠂ ᠴᠠᠭ᠋ᠠᠨ ᠰᠠᠷ᠎ᠠ᠂ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠂ ᠨᠠᠢ᠍ᠮᠠᠨ ᠰᠠᠷ᠎ᠠ ᠵᠢᠨ ᠠᠷᠪᠠᠨ ᠲᠠᠪᠤᠨ᠎ᠤ ᠪᠠᠶᠠᠷ ᠵᠡᠷᠭᠡ ᠴᠢᠬᠤᠯᠠ ᠵᠠᠩᠭᠢᠯᠠᠭ᠎ᠠ ᠵᠢᠨ ᠴᠡᠭ᠎ᠲᠤ ᠤᠷᠢᠳᠴᠢᠯᠠᠨ ᠪᠢᠴᠢᠭ ᠮᠠᠲ᠋ᠧᠷᠢᠶᠠᠯ ᠲᠠᠷᠬᠠᠭ᠋ᠠᠵᠤ᠂ ᠰᠡᠷᠡᠮᠵᠢ ᠵᠢᠨ ᠳᠣᠬᠢᠶ᠎ᠠ ᠥᠭᠴᠦ᠂ ᠢᠯᠡᠴᠢᠯᠡᠨ ᠵᠠᠭ᠋ᠠᠯᠳᠤᠬᠤ ᠤᠲᠠᠰᠤ ᠵᠢ ᠨᠡᠢ᠌ᠲᠡᠯᠡᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠵᠠᠪᠰᠢᠶᠠᠨ ᠳᠠᠯᠢᠮᠳᠠᠭᠤᠯᠬᠤ᠂ ᠪᠠᠷ᠎ᠠ ᠬᠠᠷᠠᠬᠤ᠂ ᠮᠢᠨᠴᠦᠭᠦᠷᠡᠬᠦ ᠵᠡᠷᠭᠡ ᠦᠵᠡᠯ ᠰᠠᠨᠠᠭ᠎ᠠ ᠵᠢ ᠠᠷᠢᠯᠭ᠋ᠠᠵᠤ᠂ ᠴᠢᠬᠤᠯᠠ ᠵᠠᠩᠭᠢᠯᠠᠭ᠎ᠠ ᠵᠢᠨ ᠴᠡᠭ 《ᠰᠠᠯᠬᠢᠨ᠎ᠤ ᠠᠮᠠ》 ᠵᠢ ᠪᠠᠲᠤ ᠡᠵᠡᠮᠳᠡᠪᠡ᠃ 《ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ᠎ᠤᠨ ᠬᠤᠷᠢᠮ ᠪᠡᠯᠪᠡᠰᠦᠷᠡᠯ ᠪᠠᠶᠠᠷ ᠳᠤᠷᠠᠰᠬᠠᠯ᠎ᠤᠨ ᠤᠴᠢᠷ ᠶᠠᠪᠤᠳᠠᠯ ᠡᠷᠭᠢᠯᠡᠬᠦ ᠵᠢ ᠵᠢᠷᠤᠮᠵᠢᠭᠤᠯᠬᠤ ᠲᠤᠬᠠᠢ ᠬᠡᠷᠡᠭᠵᠢᠭᠦᠯᠬᠦ ᠠᠷᠭ᠎ᠠ》 ᠵᠢ ᠴᠢᠩᠭ᠎ᠠ ᠨᠠᠢ᠌ᠳᠠᠪᠤᠷᠢᠵᠢᠭᠤᠯᠵᠤ᠂ ᠬᠤᠷᠢᠮ ᠪᠡᠯᠪᠡᠰᠦᠷᠡᠯ ᠪᠠᠶᠠᠷ ᠳᠤᠷᠠᠰᠬᠠᠯ᠎ᠤᠨ 《ᠳᠠᠯᠳᠠ ᠬᠤᠪᠢᠷᠠᠯᠲᠠ》 ᠵᠢᠨ ᠠᠰᠠᠭᠤᠳᠠᠯ᠎ᠢ ᠴᠢᠩᠭ᠎ᠠ ᠠᠩᠬᠠᠷᠪᠠ᠃ ᠪᠥᠬᠥ ᠵᠢᠯ᠎ᠳᠤ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠠᠷᠭ᠎ᠠ᠎ᠠᠴᠠ ᠵᠥᠷᠢᠴᠡᠭᠰᠡᠨ ᠠᠰᠠᠭᠤᠳᠠᠯ ᠭᠠᠷᠤᠭᠰᠠᠨ ᠦᠭᠡᠢ᠃ ᠭᠤᠷᠪᠠ᠎ᠳᠤ᠂ ᠵᠣᠬᠢᠶᠠᠯ᠎ᠤᠨ ᠰᠤᠷᠲᠠᠯ ᠬᠤᠷᠠᠯ᠎ᠤᠨ ᠰᠤᠷᠲᠠᠯ᠎ᠢ ᠲᠤᠰᠬᠠᠢ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠥᠷᠨᠢᠭᠦᠯᠵᠦ᠂ 2021 ᠣᠨ᠎ᠤ ᠡᠮᠦᠨ᠎ᠡ 11 ᠰᠠᠷ᠎ᠠ᠎ᠳᠤ ᠦᠨᠳᠦᠰᠦᠨ ᠱᠠᠲᠤᠨ᠎ᠳᠤ ᠲᠠᠷᠬᠠᠭ᠋ᠠᠭᠰᠠᠨ ᠪᠢᠴᠢᠭ ᠮᠠᠲ᠋ᠧᠷᠢᠶᠠᠯ 2020 ᠣᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 2% ᠵᠶ᠋ᠠᠷ ᠪᠠᠭ᠋ᠠᠰᠬᠠᠵᠤ᠂ ᠬᠤᠷᠠᠯ ᠬᠤᠷᠠᠯᠳᠤᠭᠤᠯᠬᠤ ᠵᠢ 2020 ᠣᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 10%᠎ᠪᠠᠷ ᠪᠠᠭ᠋ᠠᠰᠬᠠᠵᠤ᠂ ᠬᠣᠰᠢᠭᠤ ᠰᠢᠶᠠᠨ᠎ᠤ ᠬᠤᠷᠠᠯ ᠬᠦᠷᠲᠡᠯ᠎ᠡ ᠬᠤᠷᠠᠯᠳᠤᠭᠤᠯᠬᠤ ᠵᠢ 2020 ᠣᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 50%᠎ᠪᠠᠷ ᠪᠠᠭ᠋ᠠᠰᠬᠠᠭᠰᠠᠨ᠎ᠤ ᠬᠠᠮᠲᠤ ᠪᠦᠬᠦᠨ᠎ᠢ ᠸᠢᠳᠢᠤ᠋ ᠬᠤᠷᠠᠯ᠎ᠤᠨ ᠬᠡᠯᠪᠡᠷᠢ᠎ᠪᠠᠷ   ᠬᠤᠷᠠᠯᠳᠤᠭᠤᠯᠪᠠ᠃ ᠳᠥᠷᠪᠡ᠎ᠳᠤ᠂ ᠦᠨᠳᠦᠰᠦᠨ ᠱᠠᠲᠤᠨ᠎ᠳᠤ ᠬᠦᠷᠴᠦ   ᠬᠢᠨᠠᠨ ᠪᠠᠢ᠌ᠴᠠᠭ᠋ᠠᠬᠤ ᠵᠢ ᠴᠢᠩᠭ᠎ᠠ ᠬᠢᠵᠠᠭ᠋ᠠᠷᠯᠠᠵᠤ᠂ 2021 ᠣᠨ᠎ᠳᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠡᠷᠬᠡ ᠵᠢᠨ ᠬᠡᠪᠴᠢᠶᠡᠨ᠎ᠠᠴᠠ ᠭᠠᠳᠠᠨᠠᠬᠢ ᠬᠢᠨᠠᠨ ᠪᠠᠢ᠌ᠴᠠᠭ᠋ᠠᠯᠲᠠ ᠵᠢ ᠵᠣᠬᠢᠶᠠᠨ ᠪᠠᠢ᠌ᠭᠤᠯᠤᠭᠰᠠᠨ ᠦᠭᠡᠢ᠂ ᠲᠢᠩᠬᠢᠮ᠎ᠤᠨ ᠤᠳᠤᠷᠢᠳᠤᠯᠭ᠎ᠠ ᠦᠨᠳᠦᠰᠦᠨ ᠱᠠᠲᠤᠨ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠬᠦ᠎ᠳᠤ᠎ᠪᠠᠨ ᠲᠣᠭᠲᠠᠭ᠋ᠠᠯ ᠶᠣᠰᠣᠭ᠋ᠠᠷ ᠴᠢᠩᠭ᠎ᠠ ᠬᠡᠷᠡᠭᠵᠢᠭᠦᠯᠪᠡ᠃ ᠲᠠᠪᠤ᠎ᠳᠤ᠂ ᠪᠠᠶᠠᠷ ᠳᠤᠷᠠᠰᠬᠠᠯ᠎ᠤᠨ ᠠᠵᠢᠯᠯᠠᠭ᠎ᠠ ᠵᠢᠨ ᠬᠢᠨᠠᠨ ᠵᠥᠪᠰᠢᠶᠡᠷᠡᠯ᠎ᠢ ᠴᠢᠩᠭ᠎ᠠ ᠵᠢᠷᠤᠮᠵᠢᠭᠤᠯᠵᠤ᠂ 2021 ᠣᠨ᠎ᠳᠤ ᠨᠡᠢ᠍ᠢ᠍ᠳᠡ 17 ᠵᠦᠢ᠍ᠯ᠎ᠤᠨ ᠪᠠᠶᠠᠷ ᠳᠤᠷᠠᠰᠬᠠᠯ᠎ᠤᠨ ᠶᠠᠷᠢᠶᠠᠨ᠎ᠤ ᠲᠠᠪᠴᠠᠩ᠎ᠤᠨ ᠠᠵᠢᠯᠯᠠᠭ᠎ᠠ ᠡᠷᠬᠢᠯᠡᠬᠦ ᠵᠢ ᠴᠣᠬᠣᠯᠠᠪᠤᠷᠢᠯᠠᠨ ᠵᠥᠪᠰᠢᠶᠡᠷᠡᠵᠦ᠂ 2020 ᠣᠨ᠎ᠤ᠎ᠬᠢ᠎ᠠᠴᠠ 5%᠎ᠪᠠᠷ ᠪᠠᠭ᠋ᠠᠰᠪᠠ᠃
(ᠲᠠᠪᠤ) ᠨᠠᠮ᠎ᠤᠨ ᠶᠠᠪᠤᠳᠠᠯ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠭᠦᠨᠵᠡᠭᠡᠢ   ᠠᠬᠢᠭᠤᠯᠪᠠ᠃ ᠨᠢᠭᠡ᠎ᠳᠤ  ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠠᠵᠢᠯ᠎ᠢ ᠢᠯᠡ ᠪᠣᠯᠭ᠋ᠠᠬᠤ ᠭᠠᠷᠴᠠᠭ》᠎ᠢ ᠲᠣᠭᠲᠠᠭ᠋ᠠᠵᠤ᠂ ᠲᠢᠩᠬᠢᠮ᠎ᠤᠨ ᠪᠠᠢ᠌ᠭᠤᠯᠭ᠎ᠠ ᠵᠢᠨ ᠰᠦᠯᠵᠢᠶ᠎ᠡ ᠳᠡᠭᠡᠷ᠎ᠡ 《ᠨᠠᠮ᠎ᠤᠨ ᠶᠠᠪᠤᠳᠠᠯ᠎ᠢ ᠢᠯᠡ ᠪᠣᠯᠭ᠋ᠠᠬᠤ》 ᠲᠤᠰᠬᠠᠢ ᠪᠤᠯᠤᠩ ᠭᠠᠷᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ  ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠠᠷᠭ᠋ᠠᠭᠰᠠᠨ ᠡᠯ᠎ᠡ ᠵᠦᠢ᠍ᠯ᠎ᠤᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ᠂ ᠪᠦᠬᠦ ᠲᠠᠯ᠎ᠠ᠎ᠪᠠᠷ ᠨᠠᠮ  ᠎ᠢ ᠴᠢᠩᠭ᠎ᠠ ᠵᠠᠰᠠᠬᠤ ᠪᠡᠶᠡᠴᠢ ᠴᠣᠭᠴᠠ ᠵᠢᠨ ᠬᠠᠷᠢᠭᠤᠴᠠᠯᠭ᠎ᠠ   ᠵᠢ ᠭᠦᠢ᠍ᠴᠡᠳᠬᠡᠭᠰᠡᠨ᠂ ᠺᠠᠳ᠋ᠷᠴᠤᠳ᠎ᠢ ᠬᠥᠮᠥᠵᠢᠭᠦᠯᠦᠨ ᠬᠢᠨᠠᠵᠤ ᠬᠠᠮᠢᠶᠠᠷᠬᠤ ᠪᠠ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠭᠰᠡᠨ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠪᠣᠯᠣᠨ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠲᠦᠯᠬᠢᠨ ᠠᠬᠢᠭᠤᠯᠤᠭᠰᠠᠨ᠂ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ   ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ᠂ ᠲᠤᠰ ᠪᠡᠶ᠎ᠡ   ᠵᠢᠨ ᠪᠠᠢ᠌ᠭᠤᠯᠤᠯᠲᠠ᠎ᠪᠠᠨ ᠴᠢᠩᠭ᠋ᠠᠳᠬᠠᠭᠰᠠᠨ ᠵᠡᠷᠭᠡ ᠲᠠᠯ᠎ᠠ   ᠵᠢᠨ ᠠᠵᠢᠯ᠎ᠤᠨ ᠪᠠᠢ᠌ᠳᠠᠯ᠎ᠢ ᠴᠠᠭ ᠲᠤᠬᠠᠢ᠎ᠳᠤ᠎ᠨᠢ ᠢᠯᠡ ᠪᠤᠯᠭ᠋ᠠᠵᠤ᠂ ᠣᠷᠣᠨ᠎ᠤ ᠰᠢᠭᠤᠳ ᠬᠠᠷᠢᠶ᠎ᠠ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠨᠠᠮ᠎ᠤᠨ ᠠᠵᠢᠯ᠎ᠢ ᠢᠯᠡ ᠪᠣᠯᠭ᠋ᠠᠬᠤ ᠦᠵᠡᠯ ᠤᠬᠠᠮᠰᠠᠷ ᠪᠠ ᠴᠢᠳᠠᠪᠤᠷᠢ ᠵᠢᠨ ᠬᠢᠷᠢ ᠬᠡᠮᠵᠢᠶ᠎ᠡ ᠵᠢ   ᠦᠨᠡᠨ ᠬᠦ᠌   ᠳᠡᠭᠡᠭᠰᠢᠯᠡᠬᠦᠯᠪᠡ᠃ ᠬᠣᠶᠠᠷ᠎ᠲᠤ  ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠦᠵᠡᠯ ᠤᠬᠠᠮᠰᠠᠷ᠎ᠢ ᠳᠡᠭᠡᠭᠰᠢᠯᠡᠭᠦᠯᠦᠨ᠂ ᠢᠯᠡ ᠪᠣᠯᠭ᠋ᠠᠬᠤ ᠲᠠᠪᠴᠠᠩ᠎ᠤᠨ ᠪᠠᠢ᠌ᠭᠤᠯᠤᠯᠲᠠ ᠵᠢ ᠰᠢᠯᠢᠳᠡᠭᠵᠢᠭᠦᠯᠵᠦ᠂ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢᠨ ᠲᠤᠭᠲᠠᠭ᠋ᠠᠯᠲᠠ᠂   ᠬᠡᠷᠡᠭᠵᠢᠬᠦᠯᠦᠯᠲᠡ᠂   ᠬᠠᠮᠢᠶᠠᠷᠤᠯᠲᠠ᠂   ᠦᠢ᠍ᠯᠡᠴᠢᠯᠡᠭᠡ᠂ ᠦᠷ᠎ᠡ ᠳ᠋ᠦᠩ ᠵᠡᠷᠭᠡ ᠮᠡᠳᠡᠭᠡ ᠵᠠᠩᠭᠢ ᠵᠢ ᠪᠦᠲᠦᠮᠵᠢᠲᠡᠶ ᠢᠯᠡ ᠪᠣᠯᠭ᠋ᠠᠬᠤ ᠵᠢ ᠲᠦᠯᠬᠢᠨ ᠠᠬᠢᠭᠤᠯᠵᠤ᠂ ᠡᠷᠬᠡ᠎ᠳᠤ ᠬᠢᠨᠠᠯᠲᠠ ᠲᠠᠯᠪᠢᠬᠤ ᠵᠢ   ᠴᠢᠩᠭ᠋ᠠᠳᠬᠠᠪᠠ᠃ ᠵᠢᠯ᠎ᠤᠨ ᠡᠬᠢᠨ᠎ᠠᠴᠠ   ᠨᠠᠭ᠋ᠠᠰᠢ᠂ ᠲᠢᠩᠬᠢᠮ᠎ᠤᠨ ᠪᠠᠢ᠌ᠭᠤᠯᠭ᠎ᠠ ᠵᠢᠨ ᠫᠤᠷᠲᠸᠯ ᠰᠦᠯᠵᠢᠶ᠎ᠡ᠂ ᠵᠠᠰᠠᠭ᠎ᠤᠨ ᠶᠠᠪᠤᠳᠠᠯ᠎ᠤᠨ ᠨᠡᠶ᠋ᠢᠲᠡ ᠵᠢᠨ ᠳ᠋ᠤᠭ᠋ᠠᠷ᠂ 《ᠰᠣᠶᠣᠯ ᠪᠠ ᠵᠢᠭᠤᠯᠴᠢᠯᠠᠯ᠎ᠤᠨ ᠮᠡᠳᠡᠭᠡ ᠵᠠᠩᠭᠢ》 ᠵᠡᠷᠭᠡ ᠡᠯ᠎ᠡ ᠲᠥᠷᠥᠯ᠎ᠤᠨ ᠲᠠᠪᠴᠠᠩ ᠵᠶ᠋ᠠᠷ ᠳᠠᠮᠵᠢᠭᠤᠯᠤᠨ᠂ 5021 ᠵᠦᠢ᠍ᠯ᠎ᠤᠨ ᠮᠡᠳᠡᠭᠡ ᠵᠠᠩᠭᠢ ᠵᠢ ᠨᠡᠢ᠌ᠲᠡᠯᠡᠵᠦ᠂ 15 ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠨᠡᠢ᠌ᠲᠡᠯᠡᠵᠦ᠂ ᠨᠡᠢ᠌ᠭᠡᠮ᠎ᠤᠨ ᠠᠩᠬᠠᠷᠤᠯ᠎ᠳᠤ 20 ᠵᠦᠢ᠍ᠯ᠎ᠤᠨ ᠬᠠᠷᠢᠭᠤ ᠥᠭᠴᠦ᠂ ᠭᠤᠶᠤᠴᠢᠯᠠᠯ ᠶᠣᠰᠣᠭ᠋ᠠᠷ 10 ᠵᠦᠢ᠍ᠯ᠎ᠤᠨ ᠮᠡᠳᠡᠭᠡ ᠵᠠᠩᠭᠢ ᠵᠢ ᠢᠯᠡ ᠪᠣᠯᠭ᠋ᠠᠪᠠ᠃
     (ᠵᠢᠷᠭᠤᠭ᠎ᠠ) ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠵᠢ ᠪᠥᠬᠥ ᠲᠠᠯ᠎ᠠ᠎ᠪᠠᠷ   ᠳᠡᠭᠡᠭᠰᠢᠯᠡᠬᠦᠯᠪᠡ᠃ ᠨᠢᠭᠡ᠎ᠳᠤ᠂ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠪᠡ᠃ 《ᠤᠯᠤᠰ᠎ᠤᠨ   ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠬᠡᠷᠡᠭᠵᠢᠭᠦᠯᠬᠦ ᠰᠠᠨᠠᠯ》᠎ᠢ ᠲᠣᠭᠲᠠᠭ᠋ᠠᠵᠤ᠂ ᠤᠯᠤᠰ᠎ᠤᠨ   ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢ ᠬᠡᠷᠡᠭᠵᠢᠭᠦᠯᠬᠦ ᠠᠷᠭ᠎ᠠ ᠵᠠᠮ ᠪᠠ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠪᠡ᠃ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢ ᠠᠬᠢᠭᠤᠯᠵᠤ᠂ ᠪᠥᠬᠥ ᠣᠷᠣᠨ᠎ᠤ 12 ᠠᠢ᠌ᠮᠠᠭ ᠬᠣᠲᠠ᠂ 103 ᠬᠣᠰᠢᠭᠤ ᠰᠢᠶᠠᠨ (ᠲᠣᠭᠣᠷᠢᠭ)᠎ᠤ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠪᠠᠢ᠌ᠭᠤᠯᠤᠮᠵᠢ ᠵᠢ ᠵᠣᠬᠢᠶᠠᠨ ᠪᠠᠶ᠋ᠢᠭᠤᠯᠬᠤ ᠠᠵᠢᠯ᠎ᠢ ᠪᠦᠬᠦᠨ᠎ᠢ ᠪᠡᠶᠡᠯᠡᠭᠦᠯᠪᠡ᠃ ᠠᠵᠢᠯ ᠦᠢ᠍ᠯᠡᠰ᠎ᠤᠨ ᠨᠢᠭᠡᠴᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠢ ᠬᠤᠪᠢᠶᠠᠷᠢᠯᠠᠨ ᠰᠢᠯᠵᠢᠭᠦᠯᠬᠦ᠂ ᠠᠵᠢᠯ᠎ᠤᠨ ᠪᠠᠢ᠌ᠷᠢ ᠵᠢ ᠲᠣᠬᠢᠷᠠᠭᠤᠯᠬᠤ᠂ ᠠᠵᠢᠯ᠎ᠤᠨ ᠪᠠᠢ᠌ᠷᠢ᠎ᠳᠤ ᠤᠷᠢᠵᠤ ᠬᠡᠷᠡᠭᠯᠡᠬᠦ ᠵᠡᠷᠭᠡ ᠬᠣᠯᠪᠣᠭᠳᠠᠯ ᠪᠦᠬᠦᠢ ᠠᠵᠢᠯ᠎ᠢ ᠪᠡᠶᠡᠯᠡᠬᠦᠯᠪᠡ᠃ ᠬᠣᠶᠠᠷ᠎ᠲᠤ᠂ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠠᠵᠢᠯ᠎ᠢ ᠡᠮᠬᠢ ᠵᠢᠷᠤᠮ᠎ᠲᠠᠢ ᠥᠷᠨᠢᠭᠦᠯᠪᠡ᠃ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠢᠳᠡᠪᠬᠢᠲᠡᠢ ᠥᠷᠨᠢᠭᠦᠯᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠳᠦᠷᠢᠮ》 ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠲᠤᠭᠲᠠᠭ᠋ᠠᠬᠤ ᠲᠥᠰᠥᠪ᠎ᠲᠤ ᠤᠷᠤᠪᠠ  ᠃ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠤ᠎ᠬᠢ ᠵᠠᠰᠠᠭ ᠵᠠᠬᠢᠷᠭ᠋ᠠᠨ᠎ᠤ   ᠰᠢᠢ᠍ᠳᠬᠡᠯ ᠲᠣᠷᠭ᠋ᠠᠭᠤᠯᠢ᠂ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ᠂ ᠨᠡᠭᠦᠷᠡᠰᠦᠨ ᠠᠭᠤᠷᠬᠠᠢ ᠵᠢᠨ ᠬᠢᠨᠠᠯᠲᠠ ᠬᠠᠮᠢᠶᠠᠷᠤᠯᠲᠠ᠂ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠡᠷᠭᠡ ᠠᠵᠢᠯ᠎ᠳᠤ ᠬᠣᠯᠪᠣᠭᠳᠠᠭᠰᠠᠨ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠲᠤᠰᠬᠠᠢ ᠵᠦᠢ᠍ᠯ ᠵᠶ᠋ᠡᠷ ᠢᠯᠭ᠋ᠠᠷᠠᠭᠤᠯᠬᠤ ᠠᠵᠢᠯ᠎ᠢ ᠥᠷᠨᠢᠬᠦᠯᠪᠡ᠃ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠬᠠᠤᠯᠢ ᠶᠣᠰᠣᠭ᠋ᠠᠷ ᠬᠢᠨᠠᠨ ᠪᠠᠢ᠌ᠴᠠᠭ᠋ᠠᠬᠤ ᠠᠵᠢᠯ᠎ᠢ ᠴᠢᠩᠭ᠋ᠠᠳᠬᠠᠵᠤ᠂ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠲᠡᠮᠳᠡᠭᠯᠡᠬᠦ᠂ ᠳᠠᠩᠰᠠᠯᠠᠬᠤ᠂ ᠲᠥᠷᠥ ᠵᠢᠨ ᠪᠣᠳᠣᠯᠭ᠎ᠠ ᠵᠢ ᠲᠠᠢ᠌ᠯᠪᠤᠷᠢᠯᠠᠨ ᠬᠤᠷᠢᠶᠠᠩᠭᠤᠢ᠌ᠯᠠᠵᠤ ᠳᠡᠭᠡᠭᠰᠢ ᠮᠡᠳᠡᠭᠦᠯᠬᠦ ᠴᠤᠪᠤᠷᠠᠯ᠎ᠢ ᠲᠡᠭᠦᠯᠳᠡᠷᠵᠢᠬᠦᠯᠪᠡ᠃ ᠭᠤᠷᠪᠠ᠎ᠳᠤ᠂   ᠴᠢᠳᠠᠪᠤᠷᠢᠲᠠᠨ᠎ᠤ ᠡᠩᠨᠡᠭᠡᠨ᠎ᠤ ᠪᠠᠢ᠌ᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠪᠠ᠃ ᠡᠳ᠋᠎ᠤᠨ ᠶᠠᠪᠤᠳᠠᠯ᠎ᠤᠨ ᠬᠠᠮᠢᠶᠠᠷᠤᠯᠲᠠ᠂ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ᠂ ᠣᠯᠠᠨ ᠨᠡᠶ᠋ᠢᠲᠡ ᠵᠢᠨ ᠰᠣᠶᠣᠯ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ᠂   ᠪᠤᠳᠠᠰ᠎ᠤᠨ ᠪᠤᠰᠤ ᠰᠤᠶᠤᠯ᠎ᠤᠨ ᠥᠪ᠎ᠤᠨ ᠵᠠᠯᠭ᠋ᠠᠮᠵᠢᠯᠠᠯ᠂ ᠰᠣᠶᠣᠯ᠎ᠤᠨ ᠠᠵᠤ ᠦᠢ᠍ᠯᠡᠰ᠂ ᠵᠠᠬ᠎ᠠ ᠳᠡᠯᠭᠡᠭᠦᠷ᠎ᠤᠨ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠡᠷᠭᠡ ᠭᠣᠣᠯᠯᠠᠬᠤ ᠲᠤᠬᠠᠢ᠌ᠯᠠᠭᠰᠠᠨ ᠠᠵᠢᠯ᠎ᠤᠨ ᠲᠣᠭᠣᠷᠢᠨ᠎ᠳᠤ᠂ ᠰᠦᠯᠵᠢᠶᠡᠨ   ᠳᠡᠭᠡᠷ᠎ᠡ ᠪᠠ ᠰᠦᠯᠵᠢᠶᠡᠨ᠎ᠠᠴᠠ ᠭᠠᠳᠠᠨ᠎ᠠ 2208 ᠬᠥᠮᠥᠨ ᠤᠳᠠᠭ᠎ᠠ ᠪᠤᠯᠪᠠᠰᠤᠷᠠᠭᠤᠯᠪᠠ᠃ 2021 ᠣᠨ᠎ᠤ ᠪᠥᠬᠥ ᠣᠷᠣᠨ᠎ᠤ ᠤᠷᠠᠯᠢᠭ᠂ ᠨᠣᠮ ᠪᠢᠴᠢᠭ᠂ ᠰᠣᠶᠣᠯ ᠦᠵᠡᠰᠬᠦᠯᠡᠩ᠂   ᠤᠯᠠᠨ ᠲᠥᠮᠡᠨ᠎ᠤ ᠰᠤᠶᠤᠯ᠎ᠤᠨ ᠲᠤᠰᠬᠠᠢ ᠮᠡᠷᠭᠡᠵᠢᠯ᠎ᠤᠨ ᠳᠡᠰ᠎ᠤᠨ ᠰᠢᠯᠭ᠋ᠠᠷᠠᠭᠤᠯᠤᠯᠲᠠ ᠵᠢᠨ ᠮᠠᠲ᠋ᠧᠷᠢᠶᠠᠯ᠎ᠢ ᠬᠢᠨᠠᠨ ᠬᠠᠷᠭᠤᠭᠤᠯᠬᠤ ᠵᠢᠴᠢ ᠰᠢᠯᠭ᠋ᠠᠷᠠᠭᠤᠯᠤᠯᠲᠠ ᠵᠢᠨ ᠠᠵᠢᠯ᠎ᠢ ᠵᠣᠬᠢᠶᠠᠨ   ᠪᠠᠢ᠌ᠭᠤᠯᠵᠤ ᠥᠷᠨᠢᠬᠦᠯᠪᠡ᠃ ᠰᠣᠶᠣᠯ᠎ᠤᠨ ᠠᠵᠢᠯᠲᠠᠳ᠎ᠲᠤ ᠦᠢ᠍ᠯᠡᠴᠢᠯᠡᠬᠦ ᠲᠤᠰᠬᠠᠢ ᠵᠦᠢ᠍ᠯᠡᠰ᠎ᠢ ᠭᠦᠨᠵᠡᠭᠡᠢ   ᠬᠡᠷᠡᠭᠵᠢᠬᠦᠯᠪᠡ᠃ ᠳᠥᠷᠪᠡ᠎ᠳᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ ᠠᠯᠪᠠᠨ ᠪᠢᠴᠢᠭ ᠭᠦᠢ᠍ᠴᠡᠳᠬᠡᠬᠦ᠂ ᠮᠡᠳᠡᠭᠡ ᠵᠠᠩᠭᠢ ᠵᠢᠨ ᠤᠬᠠᠭᠤᠯᠭ᠎ᠠ᠂ ᠴᠢᠬᠤᠯᠠ ᠬᠤᠷᠠᠯ ᠪᠠ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠪᠠᠲᠤᠯᠠᠬᠤ ᠵᠢᠴᠢ ᠪᠠᠶᠠᠷ ᠳᠤᠷᠠᠰᠬᠠᠯ᠎ᠤᠨ ᠦᠵᠡᠭᠦᠯᠭᠡ ᠴᠤᠭᠯᠠᠭ᠋ᠠᠨ᠂   ᠨᠢᠭᠤᠴᠠ ᠵᠢ ᠬᠠᠮᠠᠭ᠋ᠠᠯᠠᠬᠤ ᠠᠵᠢᠯ᠎ᠢ ᠲᠠᠰᠤᠷᠠᠯᠳᠠ ᠦᠭᠡᠢ ᠵᠢᠷᠤᠮᠵᠢᠭᠤᠯᠪᠠ᠃ ᠪᠠᠢ᠌ᠭᠤᠯᠭ᠎ᠠ ᠵᠢᠨ ᠠᠷᠤ ᠲᠠᠯ᠎ᠠ ᠵᠢᠨ ᠠᠵᠢᠯ ᠪᠠ ᠺᠠᠳ᠋ᠷ ᠠᠵᠢᠯᠲᠠᠨ ᠠᠵᠢᠯᠴᠢᠨ᠎ᠤ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠦᠷᠭᠦᠯᠵᠢᠯᠡᠨ ᠴᠢᠩᠭ᠋ᠠᠷᠠᠪᠠ᠃ ᠲᠢᠩᠬᠢᠮ᠎ᠤᠨ ᠪᠠᠢ᠌ᠭᠤᠯᠭ᠎ᠠ ᠵᠢᠨ ᠠᠯᠪᠠᠯᠠᠬᠤ ᠰᠢᠰᠲ᠋ᠧᠮ᠂ ᠡᠯᠧᠺᠲᠷᠣᠨ ᠵᠠᠰᠠᠭ᠎ᠤᠨ ᠶᠠᠪᠤᠳᠠᠯ᠎ᠤᠨ ᠲᠠᠪᠴᠠᠩ᠎ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠪᠦᠲᠦᠮᠵᠢᠲᠡᠶ ᠥᠷᠨᠢᠭᠦᠯᠪᠡ᠃ ᠠᠵᠢᠯ᠎ᠠᠴᠠ᠎ᠪᠠᠨ ᠰᠠᠯᠤᠭᠰᠠᠨ ᠠᠮᠠᠷᠠᠭᠰᠠᠨ ᠬᠥᠮᠥᠰ᠎ᠤᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠪᠠ  ᠃
     2021 ᠣᠨ᠎ᠠᠴᠠ ᠨᠠᠭ᠋ᠠᠰᠢᠬᠢ ᠰᠣᠶᠣᠯ ᠪᠠ ᠵᠢᠭᠤᠯᠴᠢᠯᠠᠯ᠎ᠤᠨ ᠠᠵᠢᠯ᠎ᠢ ᠡᠷᠭᠢᠴᠡᠭᠦᠯᠦᠨ ᠳ᠋ᠦᠩᠨᠡᠬᠦ᠎ᠳᠤ᠂ ᠡᠯ᠎ᠡ ᠲᠠᠯ᠎ᠠ᠎ᠪᠠᠷ ᠴᠥᠮ ᠡᠳᠦᠢ ᠲᠡᠳᠦᠢ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠠᠢ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ  ᠎ᠢ ᠰᠡᠷᠭᠡᠢ᠌ᠯᠡᠨ   ᠡᠵᠡᠮᠳᠡᠬᠦ ᠠᠵᠢᠯ  ᠎ᠢ ᠪᠠᠢ᠌ᠩᠭᠤᠵᠢᠭᠤᠯᠤᠭᠰᠠᠨ ᠪᠠᠢ᠌ᠳᠠᠯ ᠳᠣᠣᠷ᠎ᠠ᠂ ᠪᠢᠳᠡ ᠰᠣᠶᠣᠯ᠎ᠤᠨ ᠪᠠᠢ᠌ᠭᠤᠯᠤᠯᠲᠠ ᠪᠠ ᠵᠢᠭᠤᠯᠴᠢᠯᠠᠯ᠎ᠤᠨ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠤᠯᠠᠮ᠎ᠠᠴᠠ ᠤᠯᠠᠮ ᠢᠲᠡᠭᠡᠯ᠎ᠲᠠᠢ ᠪᠣᠯᠵᠤ ᠪᠠᠢ᠌ᠨ᠎ᠠ᠃ ᠭᠡᠪᠡᠴᠦ ᠮᠠᠰᠢ ᠣᠯᠠᠨ ᠰᠣᠶᠣᠯ ᠪᠠ ᠵᠢᠭᠤᠯᠴᠢᠯᠠᠯ᠎ᠤᠨ ᠠᠵᠢᠯᠯᠠᠭ᠎ᠠ ᠵᠢ ᠠᠷᠭ᠎ᠠ ᠪᠤᠰᠤ ᠬᠣᠢ᠌ᠰᠢᠯᠠᠭᠤᠯᠬᠤ ᠪᠤᠶᠤ ᠬᠦᠴᠦᠨ ᠦᠭᠡᠢ ᠪᠣᠯᠭ᠋ᠠᠵᠤ᠂ ᠮᠠᠰᠢ ᠣᠯᠠᠨ ᠠᠵᠢᠯ᠎ᠢ ᠰᠦᠯᠵᠢᠶᠡᠨ ᠭᠠᠳᠠᠨ᠎ᠠ᠎ᠠᠴᠠ ᠰᠦᠯᠵᠢᠶᠡᠨ ᠳᠡᠭᠡᠷ᠎ᠡ ᠰᠢᠯᠵᠢᠭᠦᠯᠦᠭᠰᠡᠨ᠎ᠠᠴᠠ ᠬᠥᠮᠥᠰ᠎ᠤᠨ ᠬᠡᠪ᠎ᠤᠨ ᠦᠢ᠍ᠯᠡᠳᠪᠦᠷᠢᠯᠡᠯ ᠠᠮᠢᠳᠤᠷᠠᠯ᠎ᠳᠤ ᠮᠠᠰᠢ ᠣᠯᠠᠨ ᠳᠥᠭᠥᠮ ᠦᠭᠡᠢ ᠪᠠᠢ᠌ᠳᠠᠯ᠎ᠢ ᠪᠣᠶ ᠪᠣᠯᠭ᠋ᠠᠭᠰᠠᠨ ᠪᠠᠢ᠌ᠨ᠎ᠠ᠃ ᠪᠥᠬᠥ ᠵᠢᠯ᠎ᠳᠤ ᠭᠥᠯᠢᠶᠡᠨ ᠠᠪᠬᠤ ᠵᠢᠭᠤᠯᠴᠢᠯᠠᠭᠴᠢᠳ 12734 ᠲᠦᠮᠡᠨ ᠬᠥᠮᠥᠨ ᠤᠳᠠᠭ᠎ᠠ᠎ᠳᠤ ᠬᠦᠷᠴᠦ᠂ 2019 ᠣᠨ᠎ᠤ 66% ᠪᠣᠯᠲᠠᠯ᠎ᠠ ᠰᠡᠷᠭᠦᠬᠦ᠎ᠪᠠᠷ ᠵᠢᠱ᠌ᠢᠵᠦ ᠪᠣᠶ; ᠵᠢᠱ᠌ᠢᠯᠲᠡ᠎ᠪᠠᠷ ᠵᠢᠭᠤᠯᠴᠢᠯᠠᠯ᠎ᠤᠨ ᠶᠡᠷᠦᠩᠬᠡᠢ ᠣᠷᠣᠯᠭ᠎ᠠ 1295 ᠳ᠋ᠦᠩᠰᠢᠭᠤᠷ ᠲᠥᠭᠥᠷᠢᠭ ᠬᠦᠷᠴᠦ᠂ 2019 ᠣᠨ᠎ᠤ 28% ᠪᠣᠯᠲᠠᠯ᠎ᠠ ᠰᠡᠷᠭᠦᠵᠦ᠂ ᠪᠥᠬᠥ ᠣᠷᠣᠨ᠎ᠤ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ᠎ᠳᠤ ᠨᠡᠯᠢᠶᠡᠳ ᠬᠦᠨᠳᠦ ᠨᠣᠴᠢᠲᠠᠢ   ᠴᠤᠬᠢᠯᠲᠠ ᠵᠢ ᠪᠣᠶ ᠪᠣᠯᠭ᠋ᠠᠪᠠ᠃ ᠡᠳᠡᠭᠡᠷ ᠠᠰᠠᠭᠤᠳᠠᠯ᠎ᠢ 2022 ᠣᠨ᠎ᠤ ᠠᠵᠢᠯ᠎ᠤᠨ ᠳᠤᠮᠳᠠ ᠭᠣᠣᠯᠳᠠᠯᠭ᠎ᠠ᠎ᠲᠠᠢ ᠠᠩᠬᠠᠷᠴᠤ ᠰᠢᠢ᠍ᠳᠪᠦᠷᠢᠯᠡᠬᠦ ᠴᠢᠬᠤᠯᠠᠲᠠᠢ ᠪᠠᠢ᠌ᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2022 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠪᠠᠢ᠌ᠳᠠᠯ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2022 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠪᠠᠢ᠌ᠳᠠᠯ
 
            