ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2022 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠪᠠᠢ᠌ᠳᠠᠯ
ᠨᠡᠶᠢᠲᠡᠯᠡᠭᠰᠡᠨ ᠴᠠᠭ᠄ 2023-03-10

     2022 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ   ᠵᠢᠭᠤᠯᠴᠢᠯᠠᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ   ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠪᠠᠷ ᠵᠢᠯᠣᠭᠣᠳᠤᠮᠵᠢ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠦᠨᠳᠦᠰᠦᠨ ᠬᠠᠤᠯᠢ᠂ ᠬᠠᠤᠯᠢ ᠴᠠᠭ᠋ᠠᠵᠠ ᠳᠦᠷᠢᠮ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠵᠢᠷᠤᠮᠯᠠᠨ ᠰᠠᠬᠢᠵᠤ᠂ ᠲᠥᠪ᠎ᠤᠨ 《ᠨᠢᠭᠡ ᠲᠥᠯᠦᠪᠵᠢᠭᠦᠯᠭᠡ᠂ ᠬᠣᠶᠠᠷ ᠬᠥᠲᠥᠯᠪᠦᠷᠢ》 ᠵᠢᠴᠢ ᠥᠪᠡᠷᠲᠡᠭᠡᠨ ᠵᠠᠰᠠᠬᠤ ᠣᠷᠣᠨ᠎ᠤ ᠲᠥᠰᠥᠯ ᠠᠷᠭ᠎ᠠ ᠪᠠᠷᠢᠯ ᠵᠡᠷᠭᠡ ᠬᠠᠤᠯᠢ   ᠶᠤᠰᠤ᠎ᠪᠠᠷ ᠤᠯᠤᠰ ᠵᠶ᠋ᠠᠨ ᠵᠠᠰᠠᠬᠤ ᠴᠢᠬᠤᠯᠠ ᠪᠠᠢ᠌ᠯᠳᠤᠬᠤ ᠪᠣᠳᠣᠯᠭ᠎ᠠ᠂ ᠬᠠᠤᠯᠢ ᠶᠤᠰᠤ᠎ᠪᠠᠷ ᠣᠷᠣᠨ ᠵᠶ᠋ᠠᠨ ᠵᠠᠰᠠᠬᠤ ᠴᠢᠬᠤᠯᠠ ᠠᠵᠢᠯ᠎ᠤᠨ ᠪᠠᠢ᠌ᠷᠢᠯᠠᠭᠤᠯᠤᠯᠲᠠ ᠵᠢ ᠪᠦᠬᠦ ᠲᠠᠯ᠎ᠠ ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢ ᠵᠢᠨ ᠫᠢᠩ ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠰᠤᠷᠤᠯᠴᠠᠨ ᠤᠬᠠᠭᠤᠯᠬᠤ᠂ ᠨᠠᠮ᠎ᠤᠨ ᠬᠠᠤᠯᠢᠵᠢᠯ᠎ᠤᠨ ᠪᠠᠢ᠌ᠭᠤᠯᠤᠯᠲᠠ᠎ᠳᠤ᠎ᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ᠂ ᠬᠠᠤᠯᠢᠵᠢᠯ᠎ᠤᠨ ᠪᠠᠢ᠌ᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ ᠵᠢ ᠡᠷᠡᠰ ᠭᠦᠢ᠍ᠴᠡᠳᠬᠡᠬᠦ᠂ ᠰᠣᠶᠣᠯ ᠪᠠ ᠵᠢᠭᠤᠯᠴᠢᠯᠠᠯ᠎ᠤᠨ ᠬᠠᠤᠯᠢ ᠲᠣᠭᠲᠠᠭ᠋ᠠᠬᠤ ᠠᠵᠢᠯ᠎ᠢ ᠠᠬᠢᠭᠤᠯᠬᠤ᠂   ᠬᠠᠤᠯᠢᠵᠢᠯ᠎ᠤᠨ ᠤᠬᠠᠭᠤᠯᠭ᠎ᠠ ᠬᠥᠮᠦᠵᠢᠯ ᠪᠣᠯᠪᠠᠰᠤᠷᠠᠯ᠎ᠢ ᠴᠢᠩᠭ᠋ᠠᠳᠬᠠᠬᠤ᠂ ᠬᠠᠤᠯᠢᠵᠢᠯ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠢ ᠦᠷᠭᠦᠯᠵᠢᠯᠡᠨ ᠠᠬᠢᠭᠤᠯᠬᠤ ᠵᠡᠷᠭᠡ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠬᠠᠤᠯᠢᠵᠢᠯ᠎ᠤᠨ ᠠᠵᠢᠯ᠎ᠳᠤ ᠮᠡᠳᠡᠭᠳᠡᠮ᠎ᠡ ᠦᠷ᠎ᠡ ᠪᠦᠲᠦᠮᠵᠢ ᠣᠯᠪᠠ᠃ ᠬᠠᠤᠯᠢ ᠶᠤᠰᠤ᠎ᠪᠠᠷ ᠵᠠᠰᠠᠭ ᠶᠠᠪᠤᠭᠤᠯᠬᠤ ᠴᠢᠳᠠᠪᠤᠷᠢ ᠪᠠ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠥᠭᠡᠷᠡᠴᠢᠯᠡᠯᠲᠡ ᠬᠥᠭᠵᠢᠯᠲᠡ᠎ᠳᠤ ᠪᠠᠲᠤ ᠴᠢᠩᠭ᠎ᠠ ᠬᠠᠤᠯᠢ᠎ᠪᠠᠷ ᠵᠠᠰᠠᠬᠤ ᠪᠠᠲᠤᠯᠠᠭ᠎ᠠ   ᠬᠠᠩᠭ᠋ᠠᠪᠠ᠃ᠡᠳᠦᠭᠡ ᠬᠠᠮᠢᠶ᠎ᠠ ᠪᠦᠬᠦᠢ ᠠᠵᠢᠯ᠎ᠤᠨ ᠪᠠᠢ᠌ᠳᠠᠯ ᠵᠶ᠋ᠠᠨ ᠳᠣᠣᠷᠠᠬᠢ ᠮᠡᠲᠦ ᠮᠡᠳᠡᠭᠦᠯᠦᠶ᠎ᠡ᠃
      ᠨᠢᠭᠡ᠂ 2022 ᠣᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠠᠵᠢᠯ᠎ᠢ ᠥᠷᠨᠢᠭᠦᠯᠦᠭᠰᠡᠨ ᠪᠠᠢ᠌ᠳᠠᠯ
     (ᠨᠢᠭᠡ) ᠵᠥᠪ ᠴᠢᠭᠯᠡᠯ᠎ᠢ ᠪᠠᠷᠢᠮᠲᠠᠯᠠᠨ᠂ ᠦᠵᠡᠯ ᠰᠠᠨᠠᠭ᠋ᠠᠨ᠎ᠤ ᠵᠢᠯᠣᠭᠣᠳᠤᠯᠭ᠎ᠠ ᠵᠢ ᠴᠢᠩᠭ᠋ᠠᠳᠬᠠᠵᠤ᠂ ᠰᠢ ᠵᠢᠨ ᠫᠢᠩ ᠎ᠤᠨ   ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢ ᠢᠮᠠᠭᠲᠠ ᠨᠢᠭᠡᠨ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠪᠤᠯᠭ᠋ᠠᠪᠠ᠃
      ᠨᠢᠭᠡ᠎ᠳᠤ᠂ ᠰᠢ ᠵᠢᠨ ᠫᠢᠩ ᠎ᠤᠨ ᠬᠠᠤᠯᠢᠵᠢᠯ᠎ᠤᠨ ᠦᠵᠡᠯ ᠰᠠᠨᠠᠭ᠎ᠠ᠎ᠪᠠᠷ ᠰᠣᠶᠣᠯ ᠪᠠ ᠵᠢᠭᠤᠯᠴᠢᠯᠠᠯ᠎ᠤᠨ ᠰᠢᠰᠲᠸᠮ ᠎ᠤᠨ ᠬᠠᠤᠯᠢ ᠲᠣᠭᠲᠠᠭ᠋ᠠᠬᠤ᠂ ᠬᠠᠤᠯᠢ ᠬᠡᠷᠡᠭᠵᠢᠭᠦᠯᠬᠦ᠂ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠵᠡᠷᠭᠡ ᠬᠠᠤᠯᠢᠵᠢᠯ᠎ᠤᠨ ᠪᠠᠢ᠌ᠭᠤᠯᠤᠯᠲᠠ ᠵᠢᠨ ᠪᠦᠬᠦ ᠬᠦᠷᠢᠶ᠎ᠡ ᠪᠦᠬᠦ ᠶᠠᠪᠤᠴᠠ ᠵᠢ ᠶᠡᠷᠦᠩᠬᠡᠢ᠌ᠯᠡᠨ ᠵᠢᠯᠣᠭᠣᠳᠤᠨ᠎ᠠ᠃ ᠰᠣᠶᠣᠯ ᠪᠠ ᠵᠢᠭᠤᠯᠴᠢᠯᠠᠯ᠎ᠤᠨ ᠰᠢᠰᠲᠸᠮ ᠎ᠤᠨ ᠡᠯ᠎ᠡ ᠰᠠᠯᠠᠭ᠎ᠠ ᠮᠥᠴᠢᠷ᠎ᠢ ᠬᠥᠲᠥᠯᠥᠨ ᠱᠠᠯᠠᠪᠳᠠᠭᠤᠯᠤᠨ ᠵᠢᠯᠤᠭᠣᠳᠴᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠬᠠᠤᠯᠢᠵᠢᠯ᠎ᠤᠨ ᠳᠤᠮᠳᠠᠳᠤ ᠤᠯᠤᠰ᠂ ᠬᠠᠤᠯᠢᠵᠢᠯ᠎ᠤᠨ ᠨᠡᠢ᠌ᠭᠡᠮ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠲᠤᠬᠠᠢ ᠨᠠᠮ᠎ᠤᠨ ᠲᠥᠪ ᠬᠣᠷᠢᠶᠠᠨ᠎ᠤ ᠱᠠᠭ᠋ᠠᠷᠳᠠᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠬᠤ᠎ᠲᠠᠢ ᠨᠢᠭᠡᠳᠬᠡᠵᠦ᠂ ᠰᠣᠶᠣᠯ᠎ᠤᠨ ᠬᠦᠴᠦᠷᠬᠡᠭ ᠤᠯᠤᠰ᠎ᠤᠨ ᠠᠯᠤᠰ᠎ᠤᠨ ᠬᠠᠷᠠᠯᠲᠠ ᠵᠢ ᠰᠠᠢ᠌ᠲᠤᠷ ᠨᠠᠢ᠌ᠳᠠᠪᠤᠷᠢᠵᠢᠭᠤᠯᠬᠤ᠎ᠲᠠᠢ ᠨᠢᠭᠡᠳᠬᠡᠵᠦ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠦᠪᠵᠢᠭᠦᠯᠭᠡ᠎ᠳᠤ᠎ᠬᠢ ᠬᠣᠯᠪᠣᠭᠳᠠᠯ ᠪᠦᠬᠦᠢ ᠬᠠᠤᠯᠢᠵᠢᠯ᠎ᠤᠨ ᠪᠠᠢ᠌ᠭᠤᠯᠤᠯᠲᠠ ᠪᠣᠯᠣᠨ ᠰᠣᠶᠣᠯ᠎ᠤᠨ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠪᠠᠢ᠌ᠷᠢᠯᠠᠭᠤᠯᠤᠯᠲᠠ ᠵᠢ ᠰᠠᠢ᠌ᠲᠤᠷ ᠨᠠᠢ᠌ᠳᠠᠪᠤᠷᠢᠵᠢᠭᠤᠯᠬᠤ᠎ᠲᠠᠢ ᠤᠶᠠᠯᠳᠣᠭᠣᠯᠪᠠ  ᠃
      ᠬᠣᠶᠠᠷ᠎ᠲᠤ᠂   《ᠰᠢᠨ᠎ᠡ ᠴᠠᠭ ᠦᠶ᠎ᠡ ᠵᠢᠨ ᠰᠣᠶᠣᠯ ᠵᠢᠭᠤᠯᠴᠢᠯᠠᠯ᠎ᠤᠨ ᠬᠠᠤᠯᠢ ᠬᠡᠷᠡᠭᠵᠢᠭᠦᠯᠬᠦ ᠠᠵᠢᠯ᠎ᠤᠨ ᠰᠢᠨ᠎ᠡ ᠪᠠᠢ᠌ᠳᠠᠯ᠎ᠢ ᠴᠢᠷᠮᠠᠢ᠌ᠨ ᠡᠭᠦᠳᠦᠶ᠎ᠡ》 ᠭᠡᠬᠦ ᠬᠠᠤᠯᠢᠵᠢᠯ᠎ᠤᠨ ᠲᠤᠰᠬᠠᠢ ᠰᠡᠳᠦᠪᠲᠦ ᠲᠠᠢ᠌ᠯᠤᠮᠵᠢ ᠵᠢ ᠦᠷᠨᠢᠭᠦᠯᠪᠡ᠃ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠢ ᠰᠠᠢ᠌ᠲᠤᠷ ᠠᠳᠬᠤᠵᠤ᠂ ᠤᠳᠤᠷᠢᠳᠬᠤ ᠺᠠᠳ᠋ᠷᠴᠤᠳ᠎ᠤᠨ ᠲᠦᠷᠦᠭᠦᠯᠡᠨ ᠬᠠᠤᠯᠢ ᠵᠢ ᠰᠤᠷᠴᠤ ᠬᠠᠤᠯᠢ ᠵᠢ ᠬᠡᠷᠡᠭᠯᠡᠬᠦ ᠵᠢ ᠬᠥᠲᠥᠯᠥᠨ ᠵᠢᠯᠤᠭᠤᠳᠴᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ᠂ ᠲᠢᠩᠬᠢᠮ᠎ᠤᠨ ᠬᠠᠤᠯᠢ᠎ᠪᠠᠷ ᠣᠷᠣᠨ ᠵᠶ᠋ᠠᠨ ᠵᠠᠰᠠᠬᠤ ᠪᠠ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠴᠢᠬᠤᠯᠠ ᠰᠤᠷᠤᠯᠴᠠᠬᠤ ᠠᠭᠤᠯᠭ᠎ᠠ   ᠪᠤᠯᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠬᠠᠤᠯᠢ ᠵᠢᠨ ᠤᠬᠠᠭ᠋ᠠᠨ᠎ᠤ ᠵᠢᠭ᠋ᠠᠨ ᠰᠤᠳᠤᠯᠬᠤ ᠬᠡᠯᠲᠡᠰ᠎ᠤᠨ ᠮᠠᠤ ᠶᠤᠸᠠᠨ ᠫᠷᠤᠹᠧᠰᠰᠤᠷ᠎ᠢ ᠤᠷᠢᠵᠤ 《ᠥᠪᠡᠷᠲᠡᠭᠡᠨ ᠵᠠᠰᠠᠬᠤ ᠣᠷᠣᠨ᠎ᠤ   ᠬᠠᠤᠯᠢᠵᠢᠯ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ  》 ᠲᠤᠰᠬᠠᠢ ᠰᠡᠲᠦᠪᠲᠤ ᠲᠠᠢ᠌ᠯᠤᠮᠵᠢ ᠬᠢᠪᠡ  ᠃
      ᠭᠤᠷᠪᠠ᠎ᠳᠤ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢ᠌ᠷᠡᠭᠦᠯᠵᠦ᠂   ᠺᠠᠳ᠋ᠷᠴᠤᠳ᠎ᠤᠨ ᠬᠠᠤᠯᠢᠵᠢᠯ᠎ᠤᠨ ᠬᠡᠪ ᠪᠣᠯᠪᠠᠰᠤᠷᠠᠯ ᠬᠠᠤᠯᠢᠵᠢᠯ᠎ᠤᠨ ᠴᠢᠳᠠᠪᠤᠷᠢ ᠵᠢ ᠲᠡᠭᠡᠭᠰᠢᠯᠡᠭᠦᠯᠪᠡ᠃ ᠰᠢ ᠵᠢᠨ ᠫᠢᠩ  ᠎ᠤᠨ   ᠬᠠᠤᠯᠢᠵᠢᠯ᠎ᠤᠨ ᠦᠵᠡᠯ ᠰᠠᠨᠠᠭ᠎ᠠ ᠵᠢ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ  ᠎ᠤᠨ ᠰᠢᠰᠲᠸᠮ᠎ᠤᠨ ᠬᠥᠮᠦᠵᠢᠯ ᠪᠣᠯᠪᠠᠰᠤᠷᠠᠭᠤᠯᠤᠯ  ᠎ᠤᠨ ᠴᠢᠬᠤᠯᠠ ᠠᠭᠤᠯᠭ᠎ᠠ ᠪᠣᠯᠭ᠋ᠠᠵᠤ᠂ ᠲᠢᠩᠬᠢᠮ᠎ᠤᠨ ᠪᠠᠢ᠌ᠭᠤᠯᠭ᠎ᠠ ᠭᠠᠵᠠᠷ ᠭᠡᠷ᠂ ᠰᠢᠭᠤᠳ ᠬᠠᠷᠢᠶ᠎ᠠ   ᠨᠢᠭᠡᠴᠢ᠎ᠳᠤ 《ᠬᠠᠤᠯᠢᠵᠢᠯ᠎ᠤᠨ ᠦᠵᠡᠯ ᠰᠠᠨᠠᠭ᠎ᠠ ᠵᠢ ᠰᠤᠷᠤᠯᠴᠠᠬᠤ ᠬᠥᠲᠥᠯᠪᠦᠷᠢ》 ᠵᠢ ᠨᠢᠭᠡᠳᠦᠯᠲᠡᠢ ᠲᠣᠬᠢᠷᠠᠭᠤᠯᠤᠨ ᠥᠭᠴᠦ᠂ ᠨᠠᠮ᠎ᠤᠨ ᠡᠭᠦᠷ᠎ᠤᠨ ᠲᠥᠪᠯᠡᠷᠡᠭᠦᠯᠦᠨ ᠰᠤᠷᠤᠯᠴᠠᠬᠤ᠎ᠳᠤ ᠤᠷᠤᠭᠤᠯᠪᠠ᠃ᠳᠡᠳ᠋ ᠭᠠᠵᠠᠷ᠎ᠤᠨ ᠲᠠᠰ  ᠎ᠠᠴᠠ ᠳᠡᠭᠡᠭᠰᠢᠬᠢ ᠤᠳᠤᠷᠢᠳᠬᠤ ᠺᠠᠳ᠋ᠷᠴᠤᠳ᠎ᠤᠨ ᠪᠥᠬᠥ ᠠᠵᠢᠯᠲᠠᠨ᠎ᠢ ᠵᠣᠬᠢᠶᠠᠨ ᠪᠠᠢ᠌ᠭᠤᠯᠤᠨ ᠥᠪᠥᠷ ᠮᠣᠩᠭᠣᠯ᠎ᠤᠨ ᠺᠠᠳ᠋ᠷᠴᠤᠳ᠎ᠤᠨ ᠪᠣᠯᠪᠠᠰᠤᠷᠠᠭᠤᠯᠤᠯ᠎ᠤᠨ ᠰᠦᠯᠵᠢᠶᠡᠨ᠎ᠤ ᠳᠡᠭᠡᠳᠦ ᠰᠤᠷᠭ᠋ᠠᠭᠤᠯᠢ ᠵᠢᠨ 《ᠬᠠᠤᠯᠢ᠎ᠪᠠᠷ ᠵᠠᠰᠠᠬᠤ ᠥᠪᠥᠷ ᠮᠣᠩᠭᠣᠯ》᠎ᠤᠨ ᠪᠠᠢ᠌ᠭᠤᠯᠤᠯᠲᠠ ᠵᠢᠨ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ᠎ᠳᠤ ᠣᠷᠣᠯᠴᠠᠭᠤᠯᠵᠤ᠂ ᠰᠢᠨ᠎ᠡ᠎ᠪᠠᠷ ᠳᠡᠪᠰᠢᠭᠦᠯᠦᠭᠰᠡᠨ ᠺᠠᠳ᠋ᠷ ᠪᠠ ᠰᠢᠨ᠎ᠡ᠎ᠪᠠᠷ ᠠᠵᠢᠯ᠎ᠳᠤ ᠣᠷᠣᠭᠰᠠᠨ ᠠᠯᠪᠠᠲᠠᠨ᠎ᠳᠤ ᠬᠠᠤᠯᠢ᠎ᠪᠠᠷ ᠵᠠᠰᠠᠬᠤ ᠰᠤᠷᠤᠯᠴᠠᠯᠭ᠎ᠠ ᠪᠣᠯᠪᠠᠰᠤᠷᠠᠭᠤᠯᠤᠯ ᠪᠠ ᠰᠢᠯᠭ᠋ᠠᠯᠲᠠ ᠬᠢᠪᠡ᠃ ᠬᠠᠤᠯᠢᠵᠢᠯ᠎ᠤᠨ ᠰᠡᠷᠡᠮᠵᠢᠯᠡᠭᠦᠯᠬᠦ ᠬᠥᠮᠦᠵᠢᠯ᠎ᠤᠨ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠪᠠᠢ᠌ᠭᠤᠯᠭ᠎ᠠ ᠪᠣᠯᠣᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠵᠡᠷᠭᠡ   ᠠᠵᠢᠯᠲᠠᠨ᠎ᠢ ᠵᠣᠬᠢᠶᠠᠨ ᠪᠠᠢ᠌ᠭᠤᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠵᠢᠨ ᠵᠠᠰᠠᠭ ᠵᠠᠬᠢᠷᠭ᠋ᠠᠨ᠎ᠤ ᠵᠠᠷᠭᠤ ᠵᠢᠨ ᠬᠡᠷᠡᠭ᠎ᠤᠨ ᠲᠢᠩᠬᠢᠮ᠎ᠤᠨ ᠰᠢᠭᠦᠯᠲᠡ ᠵᠢᠨ ᠰᠤᠯᠠ ᠰᠣᠨᠣᠰᠬᠤ ᠠᠵᠢᠯᠯᠠᠭ᠎ᠠ᠎ᠳᠤ ᠣᠷᠣᠯᠴᠠᠭᠤᠯᠪᠠ᠃
     (ᠬᠣᠶᠠᠷ) ᠬᠠᠤᠯᠢ᠎ᠪᠠᠷ ᠵᠠᠰᠠᠬᠤ ᠪᠠᠢ᠌ᠭᠤᠯᠤᠯᠲᠠ᠎ᠳᠤ᠎ᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ ᠵᠢ ᠦᠨᠡᠨ ᠬᠦ᠌ ᠬᠦᠢ᠍ᠴᠡᠳᠭᠡᠪᠡ
      ᠨᠢᠭᠡ᠎ᠳᠤ᠂ ᠭᠣᠣᠯ ᠬᠠᠷᠢᠭᠤᠴᠠᠯᠭ᠋ᠠᠲᠠᠨ ᠲᠦᠷᠦᠭᠦᠯᠡᠨ ᠤᠯᠠᠮᠵᠢᠯᠠᠨ ᠰᠤᠷᠤᠯᠴᠠᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠠᠵᠢᠯ᠎ᠤᠨ ᠬᠠᠮᠲᠤᠷᠠᠭᠰᠠᠨ ᠬᠤᠷᠠᠯ᠎ᠤᠨ ᠵᠢᠷᠭᠤᠳᠤᠭ᠋ᠠᠷ ᠤᠳᠠᠭ᠎ᠠ ᠵᠢᠨ ᠬᠤᠷᠠᠯ᠎ᠤᠨ ᠵᠣᠷᠢᠭ ᠰᠠᠨᠠᠭ᠎ᠠ ᠵᠢᠴᠢ 《ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠤᠨ ᠳᠦᠷᠢᠮ》 ᠵᠡᠷᠭᠡ ᠬᠠᠤᠯᠢ ᠴᠠᠭ᠋ᠠᠵᠠ   ᠲᠦᠷᠢᠮ ᠲᠣᠭᠲᠠᠭ᠋ᠠᠯ᠎ᠢ ᠤᠯᠠᠮᠵᠢᠯᠠᠨ ᠰᠤᠷᠤᠯᠴᠠᠵᠤ᠂   ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠰᠠᠨᠠᠯ᠎ᠢ ᠰᠤᠳᠤᠯᠪᠠ᠃ ᠲᠢᠩᠬᠢᠮ᠎ᠤᠨ ᠬᠠᠤᠯᠢ᠎ᠪᠠᠷ ᠣᠷᠣᠨ ᠵᠶ᠋ᠠᠨ ᠵᠠᠰᠠᠬᠤ ᠪᠠ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠬᠤᠷᠠᠯᠳᠤᠭᠤᠯᠵᠤ᠂ ᠰᠢ ᠵᠢᠨ ᠫᠢᠩ ᠎ᠤᠨ ᠬᠠᠤᠯᠢᠵᠢᠯ᠎ᠤᠨ ᠦᠵᠡᠯ ᠰᠠᠨᠠᠭ᠎ᠠ ᠵᠢᠴᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠤᠯᠢ᠎ᠪᠠᠷ ᠵᠠᠰᠠᠬᠤ ᠴᠢᠬᠤᠯᠠ ᠪᠢᠴᠢᠭ ᠮᠠᠲ᠋ᠧᠷᠢᠶᠠᠯ᠎ᠢ ᠤᠯᠠᠮᠵᠢᠯᠠᠨ ᠰᠤᠷᠤᠯᠴᠠᠪᠠ᠃
      ᠬᠣᠶᠠᠷ᠎ᠲᠤ ᠭᠣᠣᠯ ᠬᠠᠷᠢᠭᠤᠴᠠᠯᠭ᠋ᠠᠲᠠᠨ ᠲᠦᠷᠦᠭᠦᠯᠡᠨ ᠰᠤᠳᠤᠯᠤᠨ ᠪᠠᠢ᠌ᠷᠢᠯᠠᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠳᠦᠷᠢᠮ (ᠬᠦᠷᠭᠡᠨ ᠬᠢᠨᠠᠭᠤᠯᠬᠤ ᠨᠣᠣᠷᠠᠭ)》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠨᠣᠮ᠎ᠤᠨ ᠰᠠᠩ᠎ᠤᠨ ᠬᠠᠮᠢᠶᠠᠷᠤᠯᠲᠠ ᠵᠢᠨ ᠳᠦᠷᠢᠮ (ᠵᠠᠰᠠᠪᠤᠷᠢ ᠣᠷᠣᠭᠤᠯᠬᠤ ᠲᠥᠰᠥᠯ) (ᠬᠦᠷᠭᠡᠨ ᠬᠢᠨᠠᠭᠤᠯᠬᠤ ᠨᠣᠣᠷᠠᠭ)》 《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠵᠠᠷᠭᠤ᠎ᠳᠤ ᠬᠣᠯᠪᠣᠭᠳᠠᠬᠤ ᠲᠥᠷᠥᠯ᠎ᠤᠨ ᠠᠵᠢᠯ᠎ᠤᠨ ᠲᠣᠭᠲᠠᠭ᠋ᠠᠯ》 《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠥᠯ》᠎ᠢ ᠰᠤᠳᠤᠯᠤᠨ ᠬᠢᠨᠠᠨ ᠵᠥᠪᠯᠡᠪᠡ᠃ ᠲᠢᠩᠬᠢᠮ᠎ᠤᠨ ᠳᠠᠷᠤᠭ᠎ᠠ ᠵᠢᠨ ᠠᠯᠪᠠᠨ ᠠᠵᠢᠯ᠎ᠤᠨ ᠬᠤᠷᠠᠯ ᠵᠢᠴᠢ ᠬᠠᠤᠯᠢ᠎ᠪᠠᠷ ᠣᠷᠣᠨ ᠵᠶ᠋ᠠᠨ ᠵᠠᠰᠠᠬᠤ ᠪᠠ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠬᠤᠷᠠᠯᠳᠤᠭᠤᠯᠵᠤ᠂ 2021 ᠣᠨ᠎ᠤ ᠬᠠᠤᠯᠢ᠎ᠪᠠᠷ ᠵᠠᠰᠠᠬᠤ ᠠᠵᠢᠯ᠎ᠤᠨ ᠪᠠᠢ᠌ᠳᠠᠯ᠎ᠢ ᠰᠣᠨᠣᠰᠴᠤ᠂ 2022 ᠣᠨ᠎ᠤ ᠬᠠᠤᠯᠢ᠎ᠪᠠᠷ ᠵᠠᠰᠠᠬᠤ ᠠᠵᠢᠯ᠎ᠤᠨ ᠭᠣᠣᠯᠳᠠᠯᠭ᠎ᠠ ᠪᠠ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠲᠥᠰᠥᠯ᠎ᠢ ᠬᠢᠨᠠᠨ ᠶᠠᠷᠢᠯᠴᠠᠵᠤ᠂ ᠬᠠᠤᠯᠢ᠎ᠪᠠᠷ ᠵᠠᠰᠠᠬᠤ ᠠᠵᠢᠯ ᠪᠠ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠢ ᠰᠤᠳᠤᠯᠤᠨ ᠪᠠᠢ᠌ᠷᠢᠯᠠᠭᠤᠯᠪᠠ᠃
      ᠭᠤᠷᠪᠠ᠎ᠳᠤ᠂ ᠭᠣᠣᠯ ᠬᠠᠷᠢᠭᠤᠴᠠᠯᠭ᠋ᠠᠲᠠᠨ ᠲᠦᠷᠦᠭᠦᠯᠡᠨ ᠱᠠᠯᠠᠪᠳᠠᠭᠤᠯᠤᠨ ᠭᠦᠢ᠍ᠴᠡᠳᠬᠡᠯᠭᠡᠵᠦ ᠨᠠᠢ᠌ᠳᠠᠪᠤᠷᠢᠵᠢᠭᠤᠯᠪᠠ᠃ ᠲᠢᠩᠬᠢᠮ᠎ᠤᠨ ᠳᠠᠷᠤᠭ᠎ᠠ ᠵᠢᠨ ᠠᠯᠪᠠᠨ ᠠᠵᠢᠯ᠎ᠤᠨ ᠬᠤᠷᠠᠯ ᠵᠢᠴᠢ ᠬᠠᠤᠯᠢ ᠶᠤᠰᠤ᠎ᠪᠠᠷ ᠣᠷᠣᠨ ᠵᠶ᠋ᠠᠨ ᠵᠠᠰᠠᠬᠤ ᠪᠠ ᠬᠠᠤᠯᠢ ᠲᠦᠭᠡᠮᠡᠯᠵᠢᠭᠦᠯᠬᠦ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠬᠤᠷᠠᠯᠳᠤᠭᠤᠯᠵᠤ᠂ ᠲᠣᠰ ᠵᠢᠯ᠎ᠤᠨ ᠬᠠᠤᠯᠢ ᠲᠣᠭᠲᠠᠭ᠋ᠠᠬᠤ ᠠᠵᠢᠯ᠎ᠤᠨ ᠠᠬᠢᠴᠠ ᠵᠢᠨ ᠪᠠᠢ᠌ᠳᠠᠯ᠎ᠢ ᠲᠤᠰᠬᠠᠢ᠌ᠯᠠᠨ ᠰᠣᠨᠣᠰᠴᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠨᠣᠮ᠎ᠤᠨ ᠰᠠᠩ᠎ᠤᠨ ᠬᠠᠮᠢᠶᠠᠷᠤᠯᠲᠠ ᠵᠢᠨ ᠳᠦᠷᠢᠮ (ᠵᠠᠰᠠᠪᠤᠷᠢ ᠣᠷᠣᠭᠤᠯᠤᠭᠰᠠᠨ)》᠎ᠤᠨ ᠬᠠᠤᠯᠢ ᠲᠣᠭᠲᠠᠭ᠋ᠠᠬᠤ ᠵᠢ ᠠᠬᠢᠭᠤᠯᠬᠤ ᠠᠵᠢᠯ᠎ᠢ ᠰᠤᠳᠤᠯᠤᠨ ᠰᠢᠮᠳᠠᠭᠤᠯᠤᠨ ᠭᠦᠢ᠍ᠴᠡᠳᠭᠡᠪᠡ  ᠃
(ᠭᠤᠷᠪᠠ) ᠪᠥᠬᠥ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ᠂ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠵᠢ ᠪᠠᠷᠢᠮᠲᠠᠯᠠᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠪᠠᠲᠤᠳᠬᠠᠪᠠ᠃
      ᠨᠢᠭᠡ᠎ᠳᠤ᠂ ᠲᠥᠪ᠎ᠤᠨ 《ᠨᠢᠭᠡ ᠲᠥᠯᠦᠪᠵᠢᠭᠦᠯᠭᠡ᠂ ᠬᠣᠶᠠᠷ ᠬᠥᠲᠥᠯᠪᠦᠷᠢ》 ᠪᠣᠯᠣᠨ ᠥᠪᠡᠷᠲᠡᠭᠡᠨ ᠵᠠᠰᠠᠬᠤ ᠣᠷᠣᠨ᠎ᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠥᠰᠥᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ 2022 ᠣᠨ᠎ᠤ ᠬᠠᠤᠯᠢᠵᠢᠯ᠎ᠤᠨ ᠠᠵᠢᠯ᠎ᠤᠨ ᠭᠣᠣᠯᠳᠠᠯᠭ᠎ᠠ᠎ᠲᠠᠢ ᠡᠭᠦᠷᠭᠡ ᠵᠢ ᠪᠦᠬᠦ ᠲᠠᠯ᠎ᠠ᠎ᠪᠠᠷ ᠨᠠᠢ᠌ᠳᠠᠪᠦᠷᠢᠵᠢᠭᠤᠯᠵᠤ᠂ ᠲᠢᠩᠬᠢᠮ᠎ᠤᠨ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠪᠠ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠬᠤᠷᠠᠯᠳᠤᠭᠤᠯᠵᠤ᠂ ᠪᠥᠬᠥ ᠵᠢᠯ᠎ᠤᠨ ᠬᠠᠤᠯᠢ᠎ᠪᠠᠷ ᠵᠠᠰᠠᠬᠤ ᠠᠵᠢᠯ᠎ᠢ ᠨᠢᠭᠡᠳᠦᠯᠲᠡᠢ ᠲᠥᠯᠥᠪᠯᠡᠨ ᠰᠦᠪᠡᠭᠴᠢᠯᠡᠨ ᠪᠠᠢ᠌ᠷᠢᠯᠠᠭᠤᠯᠵᠤ᠂ 《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠤ᠎ᠬᠢ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠥᠯ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2022 ᠣᠨ᠎ᠤ ᠬᠠᠤᠯᠢ᠎ᠪᠠᠷ ᠵᠠᠰᠠᠬᠤ ᠠᠵᠢᠯ᠎ᠤᠨ ᠭᠣᠣᠯᠳᠠᠯᠭ᠎ᠠ》 ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠡᠭᠦᠷᠭᠡ ᠵᠢᠨ ᠬᠤᠪᠢᠶᠠᠷᠢᠯᠠᠯ ᠬᠢᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠨ᠂ ᠡᠯ᠎ᠡ ᠵᠦᠢ᠍ᠯ᠎ᠤᠨ ᠡᠭᠦᠷᠭᠡ ᠵᠢ ᠪᠦᠲᠦᠮᠵᠢᠲᠡᠢ ᠠᠬᠢᠭᠤᠯᠪᠠ᠃
      ᠬᠣᠶᠠᠷ᠎ᠲᠤ᠂ ᠬᠠᠤᠯᠢ ᠲᠣᠭᠲᠠᠭ᠋ᠠᠬᠤ ᠠᠵᠢᠯ ᠴᠢᠬᠤᠯᠠ ᠦᠷ᠎ᠡ ᠪᠦᠲᠦᠭᠡᠯ ᠣᠯᠪᠠ᠃ 2022 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠠ ᠬᠠᠤᠯᠢ ᠴᠠᠭ᠋ᠠᠵᠠ ᠵᠢᠨ ᠲᠢᠩᠬᠢᠮ᠎ᠤᠨ ᠬᠦᠴᠦᠲᠡᠢ ᠳᠡᠮᠵᠢᠯᠭᠡ ᠳᠣᠣᠷ᠎ᠠ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠨᠣᠮ᠎ᠤᠨ ᠰᠠᠩ᠎ᠤᠨ ᠬᠠᠮᠢᠶᠠᠷᠤᠯᠲᠠ ᠵᠢᠨ ᠳᠦᠷᠢᠮ》᠎ᠢ 2022 ᠣᠨ᠎ᠤ 7 ᠳ᠋ᠤᠭ᠋ᠠᠷ ᠰᠠᠷ᠎ᠠ ᠵᠢᠨ 28᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠭᠤᠴᠢᠨ ᠵᠢᠷᠭᠤᠳᠤᠭ᠋ᠠᠷ ᠬᠤᠷᠠᠯᠳᠤᠭ᠋ᠠᠨ᠎ᠠᠴᠠ ᠪᠠᠲᠤᠯᠠᠵᠤ᠂ 2022 ᠣᠨ᠎ᠤ 9 ᠳ᠋ᠣᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠪᠡ; 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠨ ᠠᠰᠢᠭᠯᠠᠬᠤ ᠳᠦᠷᠢᠮ》᠎ᠢ 2022 ᠣᠨ᠎ᠤ 11 ᠳ᠋ᠣᠭᠡᠷ ᠰᠠᠷ᠎ᠠ ᠵᠢᠨ 23᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠭᠤᠴᠢᠨ ᠨᠠᠢ᠍ᠮᠠᠳᠤᠭ᠋ᠠᠷ ᠬᠤᠷᠠᠯᠳᠤᠭ᠋ᠠᠨ᠎ᠠᠴᠠ ᠪᠠᠲᠤᠯᠠᠵᠤ᠂ 2023 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠬᠦ᠎ᠪᠠᠷ ᠪᠤᠯᠵᠤ᠂ ᠰᠣᠶᠣᠯ ᠵᠢᠭᠤᠯᠴᠢᠯᠠᠯ᠎ᠤᠨ ᠬᠦᠷᠢᠶᠡᠨ᠎ᠳᠤ᠎ᠬᠢ ᠬᠠᠤᠯᠢ ᠲᠣᠭᠲᠠᠭ᠋ᠠᠬᠤ ᠠᠵᠢᠯ᠎ᠳᠤ ᠰᠢᠨ᠎ᠡ ᠰᠢᠪᠲᠤᠯᠤᠯᠲᠠ᠎ᠲᠠᠢ ᠪᠣᠯᠪᠠ᠃
      ᠭᠤᠷᠪᠠ᠎ᠳᠤ᠂ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠳᠦᠷᠢᠮ᠎ᠤᠨ ᠪᠠᠢ᠌ᠭᠤᠯᠤᠯᠲᠠ ᠵᠢ ᠲᠠᠰᠤᠷᠠᠯᠳᠠ ᠦᠭᠡᠢ ᠪᠡᠬᠢᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠴᠢ ᠨᠠᠮ᠎ᠤᠨ ᠠᠵᠢᠯ ᠰᠠᠬᠢᠯᠭ᠎ᠠ ᠪᠠᠲᠤ ᠪᠠᠢ᠌ᠴᠠᠭ᠋ᠠᠬᠤ ᠺᠠᠳ᠋ᠷ᠎ᠤᠨ ᠪᠣᠯᠪᠠᠰᠤᠷᠠᠯ᠎ᠤᠨ ᠠᠩᠭᠢ ᠵᠢ ᠡᠷᠬᠢᠯᠡᠵᠦ᠂ ᠲᠥᠪ᠎ᠤᠨ ᠨᠠᠮ᠎ᠤᠨ ᠰᠤᠷᠭ᠋ᠠᠭᠤᠯᠢ ᠪᠣᠯᠣᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠢ ᠤᠷᠢᠵᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠨᠠᠮ᠎ᠤᠨ ᠳᠦᠷᠢᠮ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠭᠦᠷ᠎ᠤᠨ ᠠᠵᠢᠯ᠎ᠤᠨ ᠳᠦᠷᠢᠮ》 ᠵᠡᠷᠭᠡ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠳᠤ ᠲᠠᠢ᠌ᠯᠤᠮᠵᠢ ᠬᠢᠯᠭᠡᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠲᠤᠬᠠᠢ ᠲᠠᠨᠢᠯᠲᠠ ᠪᠣᠯᠣᠨ ᠲᠤᠭᠤᠰᠢᠯᠠᠭᠤᠯᠬᠤ ᠴᠢᠳᠠᠪᠤᠷᠢ ᠵᠢ ᠳᠡᠭᠡᠭᠰᠢᠯᠡᠭᠦᠯᠪᠡ᠃ ᠨᠠᠮ᠎ᠤᠨ ᠤᠯᠤᠰ ᠲᠦᠷᠦ ᠵᠢᠨ ᠪᠠᠢ᠌ᠭᠤᠯᠤᠯᠲᠠ ᠵᠢ ᠲᠡᠷᠢᠭᠦᠨ ᠪᠠᠢ᠌ᠷᠢᠨ᠎ᠳᠤ ᠲᠠᠯᠪᠢᠬᠤ ᠵᠢ ᠪᠠᠷᠢᠮᠲᠠᠯᠠᠵᠤ᠂ 《ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠲᠣᠭᠲᠠᠭ᠋ᠠᠯ》᠎ᠢ ᠴᠢᠩᠭ᠎ᠠ ᠬᠡᠷᠡᠭᠵᠢᠭᠦᠯᠵᠦ᠂ 《ᠰᠢᠨ᠎ᠡ ᠪᠠᠢ᠌ᠳᠠᠯ᠎ᠤᠨ ᠳᠣᠣᠷᠠᠬᠢ ᠨᠠᠮ᠎ᠤᠨ ᠳᠣᠲᠣᠭ᠋ᠠᠳᠤ ᠵᠢᠨ ᠤᠯᠤᠰ ᠲᠦᠷᠦ ᠵᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》᠎ᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠨᠢᠭᠡᠳᠦᠭᠡᠷ ᠭᠠᠷ》 ᠪᠠ ᠤᠳᠤᠷᠢᠳᠬᠤ ᠪᠠᠭ᠎ᠲᠤ ᠬᠢᠨᠠᠯᠲᠠ ᠲᠠᠯᠪᠢᠬᠤ ᠵᠢ ᠴᠢᠩᠭ᠋ᠠᠳᠬᠠᠬᠤ 27 ᠵᠦᠢ᠍ᠯ᠎ᠤᠨ ᠬᠠᠷᠢᠭᠤᠴᠠᠯᠭ᠎ᠠ ᠵᠢᠨ ᠵᠤᠷᠪᠤᠰ᠎ᠢ ᠲᠣᠭᠲᠠᠭ᠋ᠠᠪᠠ᠃
      ᠳᠥᠷᠪᠡ᠎ᠳᠤ᠂ ᠬᠠᠤᠯᠢ ᠴᠠᠭ᠋ᠠᠵᠠ ᠵᠢᠨ ᠵᠥᠪᠯᠡᠭᠴᠢ ᠵᠢᠨ ᠳᠦᠷᠢᠮ᠎ᠢ ᠬᠢᠨᠠᠮᠠᠭ᠋ᠠᠢ ᠨᠠᠢ᠌ᠳᠠᠪᠦᠷᠢᠵᠢᠭᠤᠯᠪᠠ᠃ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠤᠨ ᠲᠤᠰᠬᠠᠢ ᠬᠠᠤᠯᠢᠴᠢ ᠵᠢ ᠤᠷᠢᠵᠤ ᠬᠠᠤᠯᠢ ᠴᠠᠭ᠋ᠠᠵᠠ ᠵᠢᠨ ᠵᠥᠪᠯᠡᠭᠴᠢ ᠵᠢᠨ ᠲᠤᠰᠢᠶᠠᠯ᠎ᠢ ᠡᠭᠦᠷᠭᠡᠯᠡᠭᠦᠯᠵᠦ᠂ 2022 ᠣᠨ᠎ᠳᠤ ᠬᠠᠤᠯᠢ ᠴᠠᠭ᠋ᠠᠵᠠ ᠵᠢᠨ ᠵᠥᠪᠯᠡᠭᠴᠢ᠎ᠠᠴᠠ ᠨᠡᠢ᠍ᠢ᠍ᠳᠡ 254 ᠬᠤᠪᠢ ᠭᠡᠷ᠎ᠡ ᠵᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠰᠠᠨᠠᠯ ᠭᠠᠷᠭ᠋ᠠᠪᠠ; ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠂ ᠳᠦᠷᠢᠮ᠎ᠤᠨ ᠲᠥᠷᠥᠯ᠎ᠤᠨ ᠪᠢᠴᠢᠭ ᠮᠠᠲ᠋ᠧᠷᠢᠶᠠᠯ ᠵᠢᠴᠢ ᠰᠢᠢ᠍ᠳᠪᠦᠷᠢᠲᠦ ᠪᠣᠳᠣᠯᠭ᠎ᠠ ᠵᠢᠨ ᠲᠥᠷᠥᠯ᠎ᠤᠨ ᠪᠢᠴᠢᠭ ᠮᠠᠲ᠋ᠧᠷᠢᠶᠠᠯ᠎ᠤᠨ 20 ᠰᠢᠬᠠᠮ ᠬᠤᠪᠢ ᠪᠢᠴᠢᠭ ᠮᠠᠲ᠋ᠧᠷᠢᠶᠠᠯ᠎ᠳᠤ ᠬᠠᠤᠯᠢ ᠶᠣᠰᠣᠴᠢ ᠴᠢᠨᠠᠷ᠎ᠤᠨ ᠬᠢᠨᠠᠨ ᠪᠠᠢ᠌ᠴᠠᠭ᠋ᠠᠯᠲᠠ ᠵᠢᠨ ᠰᠠᠨᠠᠯ ᠭᠠᠷᠭ᠋ᠠᠪᠠ; ᠡᠭᠦᠨ᠎ᠤ ᠵᠡᠷᠭᠡᠴᠡᠭᠡ᠎ᠪᠠᠷ ᠬᠠᠤᠯᠢ ᠴᠠᠭ᠋ᠠᠵᠠ ᠵᠢᠨ ᠵᠥᠪᠯᠡᠭᠴᠢ ᠵᠢᠨ ᠲᠤᠰᠬᠠᠢ ᠮᠡᠷᠭᠡᠵᠢᠯ᠎ᠤᠨ ᠴᠢᠳᠠᠪᠤᠷᠢ ᠵᠢ ᠭᠦᠢ᠍ᠴᠡᠳ ᠪᠠᠳᠠᠷᠠᠭᠤᠯᠵᠤ᠂ ᠬᠠᠤᠯᠢ ᠴᠠᠭ᠋ᠠᠵᠠ ᠵᠢᠨ ᠵᠢᠭᠤᠷᠠᠯᠳᠤᠭ᠋ᠠᠨ ᠪᠠ ᠵᠠᠷᠭᠤ ᠵᠢᠨ ᠬᠡᠷᠡᠭ᠎ᠢ ᠰᠢᠢ᠍ᠳᠪᠦᠷᠢᠯᠡᠬᠦ᠎ᠳᠤ ᠢᠳᠡᠪᠬᠢᠲᠡᠢ ᠣᠷᠣᠯᠴᠠᠪᠠ᠃
      ᠲᠠᠪᠤ᠎ᠳᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠤᠯᠠᠮ ᠨᠢᠭᠡ ᠠᠯᠬᠤᠮ ᠵᠢᠷᠤᠮᠵᠢᠭᠤᠯᠪᠠ᠃ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠪᠥᠬᠥ ᠣᠷᠣᠨ᠎ᠤ 12 ᠠᠢ᠌ᠮᠠᠭ ᠬᠣᠲᠠ (ᠮᠠᠨᠵᠤᠤᠷ᠂ ᠡᠷᠢᠶᠡᠨ ᠬᠣᠲᠠ ᠪᠠᠭᠲᠠᠨ᠎ᠠ)᠎ᠳᠤ ᠴᠥᠮ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠵᠢ ᠪᠠᠢ᠌ᠭᠤᠯᠵᠤ᠂ ᠰᠣᠶᠣᠯ᠂ ᠵᠢᠭᠤᠯᠴᠢᠯᠠᠯ᠂ ᠲᠡᠦᠬᠡ ᠵᠢᠨ ᠳᠤᠷᠠᠰᠬᠠᠯᠲᠤ ᠵᠦᠢ᠍ᠯ᠂ ᠪᠡᠶ᠎ᠡ ᠵᠢᠨ ᠲᠠᠮᠢᠷ᠂ ᠷᠠᠳᠢᠣ᠋ ᠺᠢᠨᠣ᠋ ᠲᠧᠯᠸᠢᠰ᠂ ᠰᠣᠨᠢᠨ ᠮᠡᠳᠡᠭᠡ ᠬᠡᠪᠯᠡᠯ ᠵᠡᠷᠭᠡ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠨᠢᠭᠡᠳᠦᠯᠲᠡᠢ ᠬᠡᠷᠡᠭᠵᠢᠭᠦᠯᠦᠨ᠂ ᠠᠵᠢᠯᠲᠠᠨ᠎ᠤ ᠣᠷᠣᠨ ᠲᠣᠭ᠎ᠠ ᠵᠢ ᠨᠠᠢ᠌ᠳᠠᠪᠤᠷᠢᠵᠢᠭᠤᠯᠵᠤ᠂ 《ᠨᠢᠭᠡ ᠬᠣᠲᠠ᠎ᠳᠤ ᠨᠢᠭᠡ ᠡᠩᠨᠡᠭᠡ᠎ᠲᠠᠢ ᠪᠠᠢ᠌ᠬᠤ》 ᠬᠠᠷᠠᠯᠲᠠ ᠵᠢ ᠪᠡᠶᠡᠯᠡᠭᠦᠯᠪᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠵᠢᠯᠤᠭᠣᠳᠬᠤ ᠭᠠᠷᠴᠠᠭ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠮᠠᠨ᠎ᠤ ᠣᠷᠣᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠢ 225 ᠲᠣᠭᠲᠠᠭ᠋ᠠᠪᠠ᠃ 《ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢᠨ ᠰᠢᠯᠭ᠋ᠠᠨ ᠦᠨᠡᠯᠡᠬᠦ ᠨᠠᠷᠢᠨ ᠳᠦᠷᠢᠮ》᠎ᠢ ᠲᠡᠭᠦᠯᠳᠡᠷᠵᠢᠭᠦᠯᠵᠦ᠂ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢ ᠭᠣᠣᠯᠳᠠᠯᠭ᠎ᠠ᠎ᠲᠠᠢ ᠰᠢᠯᠭ᠋ᠠᠨ ᠬᠢᠨᠠᠬᠤ ᠡᠭᠦᠷᠭᠡ᠎ᠳᠤ ᠣᠷᠣᠭᠤᠯᠪᠠ᠃ 《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠵᠢ ᠵᠢᠷᠤᠮᠵᠢᠭᠤᠯᠵᠤ ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠲᠤᠰᠬᠠᠢ ᠠᠵᠢᠯᠯᠠᠭ᠎ᠠ ᠵᠢᠨ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠤᠨ᠂ ᠲᠣᠭᠲᠠᠭᠤᠨ ᠲᠥᠪ ᠭᠣᠣᠯᠴᠢ ᠢᠯᠡ ᠲᠣᠳᠣ᠂ ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠲᠣᠭᠣᠷᠢᠨ᠎ᠢ ᠪᠣᠶ ᠪᠤᠯᠭ᠋ᠠᠪᠠ᠃ ᠪᠥᠬᠥ ᠵᠢᠯ᠎ᠳᠤ ᠪᠥᠬᠥ ᠣᠷᠣᠨ᠎ᠳᠤ ᠬᠠᠤᠯᠢ ᠬᠡᠷᠡᠭᠵᠢᠭᠦᠯᠬᠦ ᠠᠵᠢᠯᠲᠠᠨ᠎ᠢ ᠨᠡᠶ᠋ᠢᠲᠡ 42.77 ᠲᠦᠮᠡᠨ ᠬᠥᠮᠥᠨ ᠤᠳᠠᠭ᠎ᠠ ᠬᠥᠳᠡᠯᠭᠡᠵᠦ᠂ ᠡᠵᠡᠩᠨᠡᠯᠲᠡ ᠵᠢᠨ ᠨᠢᠭᠡᠴᠢ ᠵᠢ 15.06 ᠲᠦᠮᠡᠨ ᠡᠷᠦᠬᠡ ᠤᠳᠠᠭ᠎ᠠ ᠪᠠᠢ᠌ᠴᠠᠭ᠋ᠠᠵᠤ᠂ 1526 ᠬᠡᠷᠡᠭ᠎ᠢ ᠲᠤᠬᠠᠢ ᠵᠢᠨ ᠲᠠᠯᠠᠪᠤᠷ᠎ᠲᠤ᠎ᠨᠢ ᠰᠢᠢ᠍ᠳᠭᠡᠨ ᠲᠣᠷᠭ᠋ᠠᠵᠤ᠂ 509 ᠬᠡᠷᠡᠭ᠎ᠢ ᠬᠡᠷᠡᠭ ᠪᠣᠯᠭ᠋ᠠᠨ ᠳᠡᠩᠰᠡᠯᠡᠵᠦ ᠪᠠᠢ᠌ᠴᠠᠭ᠋ᠠᠨ ᠰᠢᠢ᠍ᠳᠪᠦᠷᠢᠯᠡᠪᠡ᠃ ᠢᠯᠡᠴᠢᠯᠡᠨ ᠮᠡᠳᠡᠭᠦᠯᠦᠭᠰᠡᠨ 89 ᠬᠡᠷᠡᠭ᠎ᠢ ᠰᠢᠢ᠍ᠳᠪᠦᠷᠢᠯᠡᠨ ᠳᠠᠭᠤᠰᠬᠠᠵᠤ᠂ 2 ᠬᠡᠷᠡᠭ᠎ᠢ ᠶᠠᠭ ᠰᠢᠢ᠍ᠳᠪᠦᠷᠢᠯᠡᠵᠦ ᠪᠠᠢ᠌ᠨ᠎ᠠ᠂ 1751 ᠤᠳᠠᠭ᠎ᠠ ᠳᠣᠩᠭᠣᠳᠴᠤ᠂ 506 ᠤᠳᠠᠭ᠎ᠠ ᠵᠢ ᠵᠠᠷᠯᠢᠭᠳᠠᠨ ᠵᠠᠯᠠᠷᠠᠭᠤᠯᠵᠤ᠂ 37 ᠤᠳᠠᠭ᠎ᠠ ᠵᠢ ᠵᠠᠷᠯᠢᠭᠳᠠᠨ ᠵᠣᠭᠰᠣᠭ᠋ᠠᠨ ᠴᠡᠭᠴᠡᠯᠡᠵᠦ᠂ 11 ᠵᠥᠪᠰᠢᠶᠡᠷᠡᠯ᠎ᠤᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ ᠦᠭᠡᠢ ᠪᠣᠯᠭ᠋ᠠᠵᠤ᠂ 12 ᠨᠢᠭᠡᠴᠢ ᠵᠢ ᠬᠦᠴᠦᠨ ᠦᠭᠡᠢ ᠪᠣᠯᠭ᠋ᠠᠵᠤ᠂ 377 ᠬᠡᠷᠡᠭ᠎ᠢ ᠵᠣᠭᠣᠰ ᠵᠶ᠋ᠠᠷ ᠲᠣᠷᠭ᠋ᠠᠵᠤ᠂ ᠲᠤᠷᠭ᠋ᠠᠭᠰᠠᠨ ᠵᠤᠭᠤᠰ᠎ᠤᠨ ᠲᠤᠭ᠎ᠠ 294.98 ᠲᠦᠮᠡᠨ ᠲᠥᠭᠥᠷᠢᠭ᠎ᠲᠤ ᠬᠦᠷᠴᠦ᠂ ᠬᠡᠷᠡᠭ᠎ᠢ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ 99.75%᠎ᠳᠤ ᠬᠥᠷᠪᠡ᠃
      ᠵᠢᠷᠭᠤᠭ᠎ᠠ᠎ᠳᠤ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠢ ᠶᠡᠬᠡ᠎ᠪᠠᠷ ᠲᠦᠯᠬᠢᠨ ᠠᠬᠢᠭᠤᠯᠪᠠ᠃ 《ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠠᠢ᠌ᠭᠤᠯᠭ᠎ᠠ ᠵᠢᠨ 〈ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ〉 ᠳᠥᠷᠪᠡᠨ ᠳᠦᠷᠢᠮ ᠨᠢᠭᠡ ᠵᠢ ᠦᠨᠡᠯᠡᠬᠦ ᠲᠣᠭᠲᠠᠴᠠ ᠵᠢ ᠨᠠᠢ᠌ᠳᠠᠪᠤᠷᠢᠵᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯ᠎ᠢ ᠴᠢᠩᠭ᠋ᠠᠳᠬᠠᠪᠠ᠃ 《ᠬᠠᠤᠯᠢ᠎ᠪᠠᠷ ᠵᠠᠰᠠᠬᠤ ᠤᠯᠠᠭ᠋ᠠᠨᠮᠥ᠋ᠴᠢᠷ》᠎ᠤᠨ ᠬᠠᠤᠯᠢ ᠲᠦᠭᠡᠮᠡᠯᠵᠢᠭᠦᠯᠬᠦ ᠨᠠᠷᠠᠲᠤ ᠲᠥᠷᠥᠯ ᠲᠡᠮᠳᠡᠭᠲᠦ ᠵᠢ ᠢᠳᠡᠪᠬᠢᠲᠡᠢ᠎ᠪᠠᠷ ᠪᠣᠶ ᠪᠣᠯᠭ᠋ᠠᠵᠤ᠂ ᠪᠥᠬᠥ ᠣᠷᠣᠨ᠎ᠤ ᠦᠨᠳᠦᠰᠦᠨ ᠱᠠᠲᠤᠨ᠎ᠤ ᠤᠯᠠᠭ᠋ᠠᠨᠮᠥ᠋ᠴᠢᠷ᠎ᠢ ᠵᠣᠬᠢᠶᠠᠨ ᠪᠠᠢ᠌ᠭᠤᠯᠤᠨ ᠨᠡᠶ᠋ᠢᠲᠡ 50 ᠭᠠᠷᠤᠢ ᠬᠠᠤᠯᠢ᠎ᠪᠠᠷ ᠵᠠᠰᠠᠬᠤ ᠤᠷᠠᠨ ᠰᠠᠢ᠌ᠬᠠᠨ᠎ᠤ ᠪᠦᠲᠦᠭᠡᠯ᠎ᠢ ᠵᠣᠬᠢᠶᠠᠨ ᠪᠦᠲᠦᠭᠡᠵᠦ᠂ ᠡᠯ᠎ᠡ ᠭᠠᠵᠠᠷ᠎ᠤᠨ ᠤᠯᠠᠭ᠋ᠠᠨᠮᠥ᠋ᠴᠢᠷ᠎ᠤᠳ ᠦᠨᠳᠦᠰᠦᠨ ᠱᠠᠲᠤᠨ᠎ᠳᠤ ᠭᠦᠨᠵᠡᠭᠡᠢ᠌ᠷᠡᠵᠦ᠂ ᠣᠯᠠᠨ ᠲᠦᠮᠡᠨ᠎ᠤ ᠳᠤᠮᠳᠠ ᠭᠦᠨᠵᠡᠭᠡᠢ᠌ᠷᠡᠨ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠤᠷᠠᠨ ᠰᠠᠢ᠌ᠬᠠᠨ᠎ᠤ ᠲᠣᠭᠯᠠᠯᠲᠠ ᠵᠢ 100 ᠭᠠᠷᠤᠢ ᠤᠳᠠᠭ᠎ᠠ ᠥᠷᠨᠢᠭᠦᠯᠪᠡ᠃ 2022 ᠣᠨ᠎ᠤ 《12 · 4》᠎ᠤ ᠤᠯᠤᠰ᠎ᠤᠨ ᠦᠨᠳᠦᠰᠦᠨ ᠬᠠᠤᠯᠢ ᠵᠢᠨ ᠡᠳᠦᠷ᠎ᠤᠨ ᠣᠷᠣᠨ᠎ᠤ ᠰᠢᠭᠤᠳ ᠬᠠᠷᠢᠶ᠎ᠠ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠦᠨᠳᠦᠰᠦᠨ ᠬᠠᠤᠯᠢ ᠵᠢᠴᠢ ᠡᠯ᠎ᠡ ᠬᠦᠷᠢᠶᠡᠨ᠎ᠤ ᠴᠢᠬᠤᠯᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠢᠯᠠᠩᠭᠤᠶ᠎ᠠ ᠰᠣᠶᠣᠯ ᠵᠢᠭᠤᠯᠴᠢᠯᠠᠯ᠎ᠤᠨ ᠬᠦᠷᠢᠶᠡᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ ᠰᠤᠷᠤᠯᠴᠠᠪᠠ᠃ ᠮᠦᠽᠧᠢ᠂ ᠤᠯᠠᠨ ᠨᠡᠶ᠋ᠢᠲᠡ ᠵᠢᠨ ᠨᠣᠮ᠎ᠤᠨ ᠰᠠᠩ ᠵᠡᠷᠭᠡ ᠰᠣᠶᠣᠯ ᠪᠠ ᠵᠢᠭᠤᠯᠴᠢᠯᠠᠯ᠎ᠤᠨ ᠲᠠᠯᠠᠪᠤᠷ ᠭᠠᠵᠠᠷ᠎ᠤᠨ ᠴᠢᠳᠠᠮᠵᠢ ᠵᠢ ᠪᠠᠳᠠᠷᠠᠭᠤᠯᠵᠤ᠂ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠰᠤᠷᠤᠯᠴᠠᠯᠭ᠎ᠠ ᠤᠬᠠᠭᠤᠯᠭ᠎ᠠ ᠵᠢ ᠤᠯᠠᠨ ᠲᠦᠮᠡᠨ᠎ᠤ ᠰᠣᠶᠣᠯ ᠪᠠ ᠵᠢᠭᠤᠯᠴᠢᠯᠠᠯ᠎ᠤᠨ ᠠᠵᠢᠯᠯᠠᠭ᠎ᠠ᠎ᠳᠤ ᠠᠭᠤᠰᠬᠠᠨ ᠣᠷᠤᠭᠤᠯᠪᠠ᠃
      ᠲᠤᠯᠤᠭ᠎ᠠ᠎ᠳᠤ᠂ ᠬᠠᠤᠯᠢᠵᠢᠯ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠤ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ 《ᠬᠣᠶᠠᠷ ᠰᠢᠯᠢᠳᠡᠭ》᠎ᠤᠨ ᠲᠤᠰᠬᠠᠢ ᠠᠵᠢᠯᠯᠠᠭ᠎ᠠ ᠵᠢ ᠬᠢᠨᠠᠮᠠᠭ᠋ᠠᠢ ᠵᠣᠬᠢᠶᠠᠨ ᠪᠠᠢ᠌ᠭᠤᠯᠤᠨ ᠥᠷᠨᠢᠭᠦᠯᠵᠦ᠂ ᠬᠠᠤᠯᠢ ᠴᠠᠭ᠋ᠠᠵᠠ ᠵᠢᠨ ᠪᠣᠷᠣ ᠲᠥᠯᠥᠪ᠎ᠤᠨ ᠳᠣᠣᠷ᠎ᠠ ᠡᠷᠬᠡ ᠵᠢ ᠡᠮᠬᠢᠯᠡᠨ ᠳᠢᠭᠯᠡᠬᠦ ᠪᠠ 《ᠨᠢᠭᠡ ᠵᠢ ᠴᠢᠯᠦᠭᠡᠲᠡᠢ ᠲᠠᠯᠪᠢᠵᠤ ᠭᠤᠷᠪᠠ ᠵᠢ ᠪᠠᠭ᠋ᠠᠰᠬᠠᠬᠤ》 ᠠᠵᠢᠯᠯᠠᠭ᠎ᠠ ᠵᠢ ᠥᠷᠨᠢᠭᠦᠯᠵᠦ᠂ ᠭᠠᠳᠠᠨᠠᠬᠢ ᠵᠦᠢ᠍ᠯᠡᠰ᠎ᠢ ᠰᠢᠯᠢᠳᠡᠭᠵᠢᠭᠦᠯᠦᠨ ᠴᠡᠭᠴᠡᠯᠡᠨ ᠰᠠᠢ᠌ᠵᠢᠷᠠᠭᠤᠯᠤᠭᠰᠠᠨ ᠨᠣᠷᠮ᠎ᠠ ᠵᠢ 100%᠎ᠳᠤ ᠬᠦᠷᠦᠭᠦᠯᠪᠡ᠃ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠵᠢᠨ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠭᠣᠮᠣᠳᠠᠯ ᠱᠠᠭ᠋ᠠᠷᠳᠠᠯᠭ᠎ᠠ ᠵᠢᠨ ᠠᠰᠠᠭᠤᠳᠠᠯ᠎ᠳᠤ ᠴᠢᠭᠯᠡᠭᠦᠯᠦᠨ᠂ ᠨᠢᠭᠡ᠎ᠠᠴᠠ ᠵᠦᠢ᠍ᠴᠢᠯᠡᠵᠦ ᠭᠤᠷᠪᠠ ᠵᠢ ᠥᠪᠡᠷ ᠵᠶ᠋ᠡᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡ ᠵᠢ ᠨᠠᠢ᠌ᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠦᠭᠡᠢ ᠵᠦᠢ᠍ᠯᠡᠰ᠎ᠲᠤ ᠴᠢᠭᠯᠡᠭᠦᠯᠦᠨ᠂ ᠳᠠᠭ᠋ᠠᠬᠤ ᠨᠣᠷᠮ᠎ᠠ᠂ ᠰᠢᠢ᠍ᠳᠪᠦᠷᠢᠯᠡᠬᠦ ᠨᠣᠷᠮ᠎ᠠ ᠪᠠ ᠬᠠᠨᠤᠮᠵᠢ ᠵᠢᠨ ᠨᠣᠷᠮ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃
      ᠨᠠᠢ᠍ᠮᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠤᠯᠢᠵᠢᠯ᠎ᠤᠨ ᠪᠠᠢ᠌ᠭᠤᠯᠤᠯᠲᠠ ᠵᠢᠨ ᠴᠡᠭᠴᠡᠯᠡᠨ ᠰᠠᠢ᠌ᠵᠢᠷᠠᠭᠤᠯᠬᠤ ᠵᠢ ᠨᠠᠢ᠌ᠳᠠᠪᠤᠷᠢᠵᠢᠭᠤᠯᠬᠤ ᠲᠤᠰᠬᠠᠢ ᠲᠦᠷᠦᠯ᠎ᠤᠨ ᠱᠠᠯᠠᠪᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠰᠠᠨᠠᠯ᠎ᠢ ᠢᠳᠡᠪᠬᠢᠲᠡᠢ ᠨᠠᠢ᠌ᠳᠠᠪᠦᠷᠢᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠠᠯᠪᠠᠨ ᠭᠡᠷ᠎ᠤᠨ 《ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ ᠵᠢ ᠭᠦᠢ᠍ᠴᠡᠳᠬᠡᠬᠦ ᠵᠢᠴᠢ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠴᠡᠭᠴᠡᠯᠡᠨ ᠰᠠᠢ᠌ᠵᠢᠷᠠᠭᠤᠯᠬᠤ ᠵᠢ ᠨᠠᠢ᠌ᠳᠠᠪᠤᠷᠢᠵᠢᠭᠤᠯᠬᠤ ᠲᠤᠰᠬᠠᠢ ᠵᠦᠢ᠍ᠯ᠎ᠤᠨ ᠰᠢᠪᠠᠳᠠᠨ ᠪᠠᠢ᠌ᠴᠠᠭ᠋ᠠᠯᠲᠠ ᠵᠢᠨ ᠲᠤᠬᠠᠢ ᠬᠠᠷᠢᠭᠤ ᠲᠤᠰᠬᠠᠭᠰᠠᠨ ᠰᠠᠨᠠᠯ》᠎ᠤᠨ ᠱᠠᠭ᠋ᠠᠷᠳᠠᠯᠭ᠎ᠠ ᠶᠣᠰᠣᠭ᠋ᠠᠷ᠂ 3 ᠵᠦᠢ᠍ᠯ᠎ᠤᠨ ᠴᠡᠭᠴᠡᠯᠡᠨ ᠰᠠᠢ᠌ᠵᠢᠷᠠᠭᠤᠯᠬᠤ ᠡᠭᠦᠷᠭᠡ᠎ᠳᠤ ᠴᠢᠭᠯᠡᠭᠦᠯᠦᠨ᠂ ᠮᠠᠨ᠎ᠤ ᠲᠢᠩᠬᠢᠮ ᠴᠡᠭᠴᠡᠯᠡᠨ ᠰᠠᠢ᠌ᠵᠢᠷᠠᠭᠤᠯᠬᠤ ᠲᠥᠰᠥᠯ ᠲᠣᠭᠲᠠᠭ᠋ᠠᠵᠤ᠂ 9 ᠲᠠᠯ᠎ᠠ ᠵᠢᠨ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢ ᠰᠤᠳᠤᠯᠤᠨ ᠳᠤᠷᠠᠳᠴᠤ᠂ ᠡᠭᠦᠷᠭᠡ ᠵᠢᠨ ᠬᠤᠪᠢᠶᠠᠷᠢᠯᠠᠯ ᠪᠠ ᠠᠬᠢᠴᠠ ᠵᠢᠨ ᠲᠣᠬᠢᠷᠠᠭᠤᠯᠤᠯᠲᠠ ᠵᠢ ᠬᠢᠵᠦ᠂ ᠬᠠᠷᠢᠭᠤᠴᠠᠯᠭ᠎ᠠ ᠵᠢᠨ ᠭᠠᠵᠠᠷ ᠲᠠᠰᠤᠭ᠎ᠢ ᠲᠣᠳᠣᠷᠬᠠᠢ᠌ᠯᠠᠨ᠂ ᠰᠠᠷ᠎ᠠ᠎ᠪᠠᠷ ᠲᠣᠬᠢᠷᠠᠭᠤᠯᠵᠤ᠂ ᠪᠥᠬᠥ ᠲᠠᠯ᠎ᠠ᠎ᠪᠠᠷ ᠠᠬᠢᠭᠤᠯᠤᠨ ᠨᠠᠢ᠌ᠳᠠᠪᠤᠷᠢᠵᠢᠭᠤᠯᠪᠠ᠃ ᠣᠳᠣᠬᠠᠨ᠎ᠳᠤ ᠨᠢᠭᠡᠨᠲᠡ ᠴᠡᠭᠴᠡᠯᠡᠨ ᠥᠭᠡᠷᠡᠴᠢᠯᠡᠵᠦ ᠳᠠᠭᠤᠰᠬᠠᠪᠠ᠃
      ᠬᠣᠶᠠᠷ᠂ ᠣᠷᠣᠰᠢᠵᠤ ᠪᠠᠢ᠌ᠭ᠎ᠠ ᠠᠰᠠᠭᠤᠳᠠᠯ
     2022 ᠣᠨ᠎ᠳᠤ᠂ ᠮᠠᠨ᠎ᠤ ᠲᠢᠩᠬᠢᠮ᠎ᠤᠨ ᠬᠠᠤᠯᠢᠵᠢᠯ᠎ᠤᠨ ᠪᠠᠢ᠌ᠭᠤᠯᠤᠯᠲᠠ ᠵᠢᠨ ᠠᠵᠢᠯ ᠬᠡᠳᠦᠢ᠌ᠪᠡᠷ ᠵᠣᠬᠢᠬᠤ ᠦᠷ᠎ᠡ ᠪᠦᠲᠦᠮᠵᠢ ᠣᠯᠣᠭᠰᠠᠨ ᠪᠣᠯᠪᠠᠴᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠱᠠᠭ᠋ᠠᠷᠳᠠᠯᠭ᠎ᠠ᠂ ᠠᠷᠠᠳ ᠤᠯᠠᠨ᠎ᠤ ᠬᠦᠰᠡᠯ ᠡᠷᠡᠮᠡᠯᠵᠡᠯ᠎ᠲᠠᠢ ᠪᠠᠰᠠ ᠮᠠᠰᠢ ᠶᠡᠬᠡ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠪᠠᠢ᠌ᠵᠤ᠂ ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠴᠥᠬᠥᠷᠡᠰᠢ ᠦᠭᠡᠢ ᠪᠠᠢ᠌ᠩᠭᠤ ᠠᠳᠬᠤᠵᠤ᠂ ᠲᠠᠰᠤᠷᠠᠯᠳᠡ ᠦᠭᠡᠢ ᠰᠠᠢ᠌ᠵᠢᠷᠠᠭᠤᠯᠤᠨ ᠲᠡᠭᠦᠯᠳᠡᠷᠵᠢᠭᠦᠯᠬᠦ   ᠴᠢᠬᠤᠯᠠ᠎ᠲᠠᠢ ᠪᠠᠢ᠌ᠨ᠎ᠠ᠃
      ᠨᠢᠭᠡ᠎ᠳᠤ᠂ ᠬᠠᠤᠯᠢ ᠴᠠᠭ᠋ᠠᠵᠠ ᠵᠢᠨ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠬᠤ ᠴᠢᠬᠤᠯᠠ᠎ᠲᠠᠢ᠂ ᠬᠠᠤᠯᠢ᠎ᠪᠠᠷ ᠵᠠᠰᠠᠬᠤ ᠠᠵᠢᠯ ᠪᠣᠯᠣᠨ ᠲᠤᠬᠠᠢ᠌ᠯᠠᠭᠰᠠᠨ ᠠᠵᠢᠯ᠎ᠤᠨ ᠵᠣᠬᠢᠴᠠᠯᠳᠤᠨ ᠬᠥᠭᠵᠢᠬᠦ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ   ᠴᠢᠬᠤᠯᠠ᠎ᠲᠠᠢ᠃ ᠣᠳᠣᠬᠠᠨ᠎ᠳᠤ᠂ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ ᠎ᠤᠨ ᠰᠢᠰᠲ᠋ᠧᠮ᠎ᠤᠨ ᠤᠳᠤᠷᠢᠳᠬᠤ ᠪᠠᠭ᠂ ᠡᠯ᠎ᠡ ᠭᠠᠵᠠᠷ ᠭᠡᠷ ᠵᠢᠴᠢ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠬᠠᠤᠯᠢ ᠶᠣᠰᠣᠭ᠋ᠠᠷ ᠵᠠᠰᠠᠬᠤ ᠣᠢ᠌ᠯᠠᠭ᠋ᠠᠭᠳᠠᠬᠤᠨ ᠲᠠᠰᠤᠷᠠᠯᠲᠠ ᠦᠭᠡᠢ ᠳᠡᠭᠡᠭᠰᠢᠯᠡᠵᠦ ᠪᠠᠢ᠌ᠨ᠎ᠠ᠂ ᠭᠡᠪᠡᠴᠦ ᠡᠳᠦᠷ ᠲᠤᠲᠤᠮ᠎ᠤᠨ ᠠᠵᠢᠯ᠎ᠤᠨ ᠳᠤᠮᠳᠠ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠠᠵᠢᠯ ᠪᠠ ᠪᠣᠳᠠᠲᠠᠢ ᠲᠤᠬᠠᠢ᠌ᠯᠠᠭᠰᠠᠨ ᠠᠵᠢᠯ᠎ᠢ ᠬᠡᠷᠬᠢᠨ ᠬᠠᠮᠵᠢᠯᠴᠠᠨ ᠠᠬᠢᠭᠤᠯᠵᠤ᠂ ᠦᠨᠡᠨ ᠬᠦ᠌ ᠬᠠᠤᠯᠢ ᠵᠢ ᠣᠢ᠌ᠯᠠᠭ᠋ᠠᠵᠤ ᠬᠠᠤᠯᠢ ᠵᠢ ᠬᠦᠨᠳᠦᠳᠬᠡᠨ ᠬᠠᠤᠯᠢ ᠵᠢ ᠬᠡᠷᠡᠭᠯᠡᠬᠦ ᠵᠢ ᠪᠡᠶᠡᠯᠡᠭᠦᠯᠬᠦ᠎ᠳᠤ ᠪᠠᠰᠠ ᠵᠣᠬᠢᠬᠤ ᠬᠡᠮᠵᠢᠶᠡᠨ᠎ᠤ ᠳᠡᠭᠡᠭᠰᠢᠯᠡᠭᠦᠯᠬᠦ ᠣᠷᠣᠨ ᠵᠠᠢ᠎ᠲᠠᠢ ᠪᠠᠢ᠌ᠨ᠎ᠠ᠃ ᠵᠢᠱ᠌ᠢᠶᠡᠯᠡᠪᠡᠯ᠄ ᠵᠠᠷᠢᠮ ᠰᠢᠭᠤᠳ ᠬᠠᠷᠢᠶ᠎ᠠ ᠨᠢᠭᠡᠴᠢ ᠵᠢᠨ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠠᠵᠢᠯ᠎ᠢ ᠭᠣᠣᠯᠳᠠᠭᠤ ᠬᠠᠤᠯᠢ ᠴᠠᠭ᠋ᠠᠵᠠ ᠵᠢᠨ ᠤᠬᠠᠭᠤᠯᠭ᠎ᠠ᠂ ᠬᠠᠤᠯᠢ ᠴᠠᠭ᠋ᠠᠵᠠ ᠵᠢᠨ ᠪᠢᠴᠢᠭ ᠮᠠᠲ᠋ᠧᠷᠢᠶᠠᠯ᠎ᠤᠨ ᠰᠤᠷᠤᠯᠴᠠᠯᠭ᠎ᠠ ᠵᠢᠨ ᠬᠡᠯᠪᠡᠷᠢ᠎ᠪᠠᠷ ᠢᠯᠡᠷᠡᠭᠦᠯᠵᠦ᠂ ᠬᠠᠤᠯᠢ᠎ᠪᠠᠷ ᠵᠠᠰᠠᠬᠤ ᠠᠵᠢᠯ᠎ᠤᠨ ᠲᠥᠯᠦᠪᠵᠢᠭᠦᠯᠭᠡ ᠵᠢᠨ ᠪᠠᠢ᠌ᠷᠢᠯᠠᠭᠤᠯᠤᠯᠲᠠ ᠵᠢ ᠰᠢᠪᠠᠳᠠᠨ ᠰᠢᠢ᠍ᠳᠪᠦᠷᠢᠯᠡᠭᠦᠯᠵᠦ ᠨᠠᠢ᠌ᠳᠠᠪᠤᠷᠢᠵᠢᠭᠤᠯᠬᠤ ᠵᠡᠷᠭᠡ ᠲᠠᠯ᠎ᠠ᠎ᠪᠠᠷ ᠤᠯᠠᠮ ᠨᠢᠭᠡ ᠠᠯᠬᠤᠮ ᠲᠡᠭᠦᠯᠳᠡᠷᠵᠢᠭᠦᠯᠬᠦ   ᠴᠢᠬᠤᠯᠠ᠎ᠲᠠᠢ   ᠪᠠᠢ᠌ᠨ᠎ᠠ᠃
      ᠬᠣᠶᠠᠷ᠎ᠲᠤ᠂ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠ᠎ᠲᠠᠢ  ᠂ ᠬᠠᠤᠯᠢ ᠬᠡᠷᠡᠭᠵᠢᠭᠦᠯᠬᠦ ᠬᠡᠯᠪᠡᠷᠢ ᠪᠠ ᠠᠷᠭ᠎ᠠ ᠪᠠᠷᠢᠯ᠎ᠤᠨ ᠲᠠᠯ᠎ᠠ᠎ᠪᠠᠷ ᠤᠯᠠᠮ ᠨᠢᠭᠡ ᠠᠯᠬᠤᠮ ᠰᠢᠨ᠎ᠡ ᠵᠢ ᠡᠭᠦᠳᠬᠦ ᠴᠢᠬᠤᠯᠠ᠎ᠲᠠᠢ  ᠃ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ᠎ᠨᠢ ᠰᠣᠶᠣᠯ᠂ ᠵᠢᠭᠤᠯᠴᠢᠯᠠᠯ᠂ ᠰᠣᠨᠢᠨ ᠮᠡᠳᠡᠭᠡ ᠬᠡᠪᠯᠡᠯ ᠵᠡᠷᠭᠡ ᠤᠯᠠᠨ ᠬᠦᠷᠢᠶᠡᠨ᠎ᠳᠤ ᠬᠣᠯᠪᠣᠭᠳᠠᠵᠤ᠂ ᠬᠣᠯᠪᠣᠭᠳᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠣᠨ ᠳᠦᠷᠢᠮᠵᠢᠯ᠎ᠤᠨ ᠴᠢᠨᠠᠷᠲᠠᠢ ᠪᠢᠴᠢᠭ   ᠮᠠᠲᠸᠷᠢᠶᠠᠯ ᠨᠡᠯᠢᠶᠡᠳ ᠤᠯᠠᠨ᠂   ᠴᠡᠭ ᠤᠯᠠᠨ ᠲᠠᠯ᠎ᠠ ᠥᠷᠭᠡᠨ ᠪᠣᠯᠬᠣᠷ ᠠᠵᠢᠯᠲᠠᠳ᠎ᠤᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠪᠣᠯᠣᠨ ᠬᠠᠤᠯᠢ ᠬᠡᠷᠡᠭᠵᠢᠭᠦᠯᠬᠦ ᠲᠦᠪᠰᠢᠨ᠎ᠳᠤ ᠰᠢᠨ᠎ᠡ ᠱᠠᠭ᠋ᠠᠷᠳᠠᠯᠭ᠎ᠠ ᠳᠤᠷᠠᠳᠴᠤ᠂ ᠲᠤᠬᠠᠢ᠌ᠯᠠᠭᠰᠠᠨ ᠠᠵᠢᠯ᠎ᠤᠨ ᠴᠢᠳᠠᠪᠤᠷᠢ ᠪᠣᠯᠣᠨ ᠳᠦᠷᠦ ᠵᠢᠨ ᠪᠣᠳᠣᠯᠭ᠎ᠠ ᠵᠢᠨ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠬᠦ   ᠴᠢᠬᠤᠯᠠ᠎ᠲᠠᠢ ᠪᠠᠢ᠌ᠨ᠎ᠠ᠃ ᠤᠯᠠᠮᠵᠢᠯᠠᠯᠲᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ᠎ᠨᠢ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠨᠡᠩ ᠴᠢᠬᠤᠯᠠᠴᠢᠯᠠᠵᠤ᠂ ᠬᠠᠤᠯᠢ ᠬᠡᠷᠡᠭᠵᠢᠭᠦᠯᠬᠦ ᠬᠡᠯᠪᠡᠷᠢ᠎ᠨᠢ ᠰᠡᠷᠡᠮᠵᠢᠯᠡᠬᠦᠯᠬᠦ᠂ ᠵᠣᠭᠣᠰ ᠵᠶ᠋ᠠᠷ ᠲᠣᠷᠭ᠋ᠠᠬᠤ ᠵᠡᠷᠭᠡ ᠬᠠᠲᠠᠭᠤ ᠠᠷᠭ᠎ᠠ ᠪᠠᠷᠢᠯ᠎ᠢ ᠨᠡᠩ ᠴᠢᠬᠤᠯᠠᠴᠢᠯᠠᠵᠤ᠂ ᠬᠠᠤᠯᠢ ᠬᠡᠷᠡᠭᠵᠢᠭᠦᠯᠬᠦ ᠠᠷᠭ᠎ᠠ ᠪᠠᠷᠢᠯ᠎ᠨᠢ ᠨᠡᠯᠢᠶᠡᠳ ᠳᠠᠩ ᠴᠤᠯᠭᠤᠢ᠂ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ᠎ᠨᠢ ᠨᠡᠯᠢᠶᠡᠳ ᠪᠦᠳᠦᠭᠦᠯᠢᠭ ᠪᠠᠢ᠌ᠵᠤ᠂ ᠬᠠᠤᠯᠢ ᠬᠡᠷᠡᠭᠵᠢᠭᠦᠯᠬᠦ ᠳ᠋ᠦᠢ᠍ᠰᠢᠶᠠᠩ᠎ᠢ ᠠᠮᠠᠷᠬᠠᠨ ᠡ᠊ᠨᠳᠡᠭᠦᠷᠡᠭᠦᠯᠬᠦ ᠪᠠ ᠳᠤᠷ᠎ᠠ ᠦᠭᠡᠢ᠌ᠴᠡᠭᠦᠯᠬᠦ ᠪᠣᠯᠭ᠋ᠠᠵᠤ᠂ ᠬᠠᠤᠯᠢ ᠬᠡᠷᠡᠭᠵᠢᠭᠦᠯᠬᠦ ᠵᠣᠷᠢᠯᠭ᠎ᠠ ᠵᠢ ᠦᠨᠡᠨ ᠬᠦ᠌ ᠪᠡᠶᠡᠯᠡᠭᠦᠯᠬᠦ᠎ᠳᠤ ᠠᠰᠢᠭ ᠦᠭᠡᠢ ᠪᠠᠢ᠌ᠳᠠᠭ᠃
      ᠭᠤᠷᠪᠠ᠎ᠳᠤ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠥᠷᠭᠡᠴᠡ ᠪᠠ ᠭᠦᠨᠴᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ   ᠴᠢᠬᠤᠯᠠ᠎ᠲᠠᠢ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠬᠡᠯᠪᠡᠷᠢ ᠵᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠴᠢᠬᠤᠯᠠ᠎ᠲᠠᠢ ᠪᠠᠢ᠌ᠨ᠎ᠠ᠃ ᠮᠠᠨ᠎ᠤ ᠣᠳᠣᠬᠠᠨ᠎ᠤ ᠬᠠᠤᠯᠢᠵᠢᠯ᠎ᠤᠨ ᠤᠬᠠᠭᠤᠯᠭ᠎ᠠ᠎ᠳᠤ ᠭᠣᠣᠯᠳᠠᠭᠤ ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠡᠳᠦᠷ ᠪᠣᠯᠣᠨ ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ ᠵᠡᠷᠭᠡ ᠴᠢᠬᠤᠯᠠ ᠵᠠᠩᠭᠢᠯᠠᠭ᠎ᠠ ᠵᠢᠨ ᠴᠡᠭ᠎ᠲᠤ ᠲᠦᠰᠢᠭᠯᠡᠵᠦ᠂ ᠡᠳᠦᠷ ᠳᠤᠳᠤᠮ᠎ᠤᠨ ᠤᠬᠠᠭᠤᠯᠭ᠎ᠠ᠎ᠪᠠᠷ ᠲᠡᠶ᠋ᠢᠮᠦ ᠪᠠᠶᠠᠯᠢᠭ ᠪᠢᠰᠢ ᠪᠠᠢ᠌ᠨ᠎ᠠ᠃ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠣᠯᠠᠩᠬᠢ᠎ᠨᠢ ᠲᠤᠰᠬᠠᠢ ᠲᠠᠯᠠᠪᠤᠷ᠎ᠤᠨ ᠦᠵᠡᠭᠦᠯᠭᠡ ᠵᠢᠨ ᠲᠠᠢ᠌ᠰᠠ᠂ ᠠᠯᠪᠠᠨ᠎ᠤ ᠰᠦᠯᠵᠢᠶ᠎ᠡ᠂ ᠬᠠᠤᠯᠢ ᠴᠠᠭ᠋ᠠᠵᠠ ᠵᠢᠨ ᠭᠠᠷ ᠠᠪᠤᠯᠭ᠎ᠠ ᠵᠢ ᠲᠠᠷᠬᠠᠭ᠋ᠠᠬᠤ ᠵᠡᠷᠭᠡ ᠠᠷᠭ᠎ᠠ ᠪᠠᠷᠢᠯ᠎ᠳᠤ ᠲᠦᠰᠢᠭᠯᠡᠵᠦ᠂ ᠤᠯᠠᠨ ᠲᠦᠮᠡᠨ᠎ᠤ ᠲᠠᠰᠤᠷᠠᠯᠲᠠ ᠦᠭᠡᠢ ᠬᠤᠪᠢᠷᠠᠵᠤ ᠪᠠᠢ᠌ᠭ᠎ᠠ ᠬᠡᠷᠡᠭᠴᠡᠭᠡ ᠵᠢ ᠬᠠᠩᠭ᠋ᠠᠬᠤ ᠵᠢᠨ ᠠᠷᠭ᠎ᠠ ᠦᠭᠡᠢ᠃
      ᠭᠤᠷᠪᠠ᠂ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠰᠡᠳᠬᠢᠴᠡ
      ᠲᠠᠷᠠᠭ᠋ᠠᠴᠢ ᠵᠢᠨ ᠠᠯᠬᠤᠮ᠎ᠳᠤ᠂ ᠪᠢᠳᠡ ᠨᠠᠩ ᠥᠨᠳᠥᠷ ᠤᠯᠤᠰ ᠲᠥᠷᠥ ᠵᠢᠨ ᠤᠬᠠᠮᠰᠠᠷ᠂ ᠨᠠᠩ ᠡᠷᠡᠰ ᠪᠠᠲᠤ ᠢᠲᠡᠭᠡᠯ ᠵᠣᠷᠢᠭ᠂ ᠨᠠᠩ ᠬᠦᠴᠦᠲᠡᠢ ᠠᠷᠭ᠎ᠠ ᠬᠡᠮᠵᠢᠶ᠎ᠡ᠎ᠪᠠᠷ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠠᠵᠢᠯ᠎ᠤᠨ ᠰᠢᠨ᠎ᠡ ᠳᠡᠭᠲᠡᠷ᠎ᠲᠤ ᠳᠠᠬᠢᠨ ᠭᠠᠷᠬᠤ ᠵᠢ ᠪᠥᠬᠥ ᠲᠠᠯ᠎ᠠ᠎ᠪᠠᠷ ᠲᠦᠯᠬᠢᠨ ᠠᠬᠢᠭᠤᠯᠤᠨ᠎ᠠ᠃
      ᠨᠢᠭᠡ᠎ᠳᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠤᠯᠠᠮ ᠨᠢᠭᠡ ᠠᠯᠬᠤᠮ ᠭᠦᠨᠵᠡᠭᠡᠢ ᠰᠤᠷᠤᠯᠴᠠᠨ   ᠲᠤᠭᠤᠰᠢᠯᠠᠭᠤᠯᠤᠨ᠎ᠠ᠃ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠋ᠠᠨ᠎ᠤ ᠭᠣᠣᠯ ᠠᠭᠤᠯᠭ᠎ᠠ ᠪᠠ ᠵᠣᠷᠢᠭ ᠰᠠᠨᠠᠭ᠋ᠠᠨ᠎ᠤ ᠮᠥᠨ ᠴᠢᠨᠠᠷ᠎ᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠨᠡᠪᠲᠡᠷᠡᠲᠡᠯ᠎ᠡ ᠣᠢ᠌ᠯᠠᠭ᠋ᠠᠵᠤ ᠪᠣᠳᠠᠲᠠᠢ᠌ᠵᠢᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠨ᠎ᠠ᠃ ᠪᠥᠬᠥ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠲᠤᠬᠠᠢ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠪᠥᠬᠥ ᠲᠠᠯ᠎ᠠ᠎ᠪᠠᠷ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ   ᠲᠤᠭᠤᠰᠢᠯᠠᠭᠤᠯᠤᠨ ᠨᠠᠢ᠌ᠳᠠᠪᠤᠷᠢᠵᠢᠭᠤᠯᠤᠨ᠎ᠠ᠃ ᠬᠠᠤᠯᠢ᠎ᠪᠠᠷ ᠵᠠᠰᠠᠬᠤ ᠠᠵᠢᠯ᠎ᠳᠤ᠎ᠬᠢ ᠨᠠᠮ᠎ᠤᠨ ᠤᠳᠤᠷᠢᠳᠤᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠵᠢ ᠠᠬᠢᠭᠤᠯᠬᠤ᠎ᠳᠤ ᠬᠦᠴᠦᠲᠡᠢ ᠪᠠᠲᠤᠯᠠᠭ᠎ᠠ ᠬᠠᠩᠭ᠋ᠠᠨ᠎ᠠ᠃
      ᠬᠣᠶᠠᠷ᠎ᠲᠤ᠂ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠠᠵᠢᠯ᠎ᠤᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠢ᠌ᠵᠢᠭᠤᠯᠵᠤ᠂ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢᠷᠤᠮ᠎ᠢ ᠴᠢᠩᠭ᠎ᠠ ᠬᠡᠷᠡᠭᠵᠢᠭᠦᠯᠦᠨ᠎ᠡ᠃ 《ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ ᠵᠢ ᠭᠦᠢ᠍ᠴᠡᠳᠬᠡᠬᠦ ᠲᠤᠬᠠᠢ ᠲᠣᠭᠲᠠᠭ᠋ᠠᠯ》᠎ᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠠᠯᠠᠭ᠎ᠠ ᠮᠥᠴᠢᠷ᠎ᠤᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ ᠵᠢ ᠲᠠᠰᠤᠷᠠᠯᠳᠡ ᠦᠭᠡᠢ ᠴᠢᠩᠭ᠎ᠠ ᠠᠳᠬᠤᠨ ᠪᠣᠳᠠᠲᠠᠢ᠌ᠵᠢᠭᠤᠯᠵᠤ᠂ ᠨᠢᠭᠡᠳᠦᠯᠲᠡᠢ ᠲᠥᠯᠥᠪᠯᠡᠨ ᠰᠦᠪᠡᠭᠴᠢᠯᠡᠬᠦ᠎ᠪᠠᠨ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢᠨ ᠨᠠᠢ᠌ᠳᠠᠪᠤᠷᠢᠵᠢᠭᠤᠯᠤᠯᠲᠠ ᠵᠢ ᠨᠠᠷᠢᠯᠢᠭ ᠨᠠᠢ᠌ᠳᠠᠪᠤᠷᠢᠵᠢᠭᠤᠯᠬᠤ ᠵᠢ ᠢᠳᠡᠪᠬᠢᠲᠡᠢ ᠲᠦᠯᠬᠢᠨ ᠠᠬᠢᠭᠤᠯᠤᠨ᠎ᠠ᠃ ᠣᠯᠠᠨ ᠨᠡᠶ᠋ᠢᠲᠡ᠎ᠪᠠᠷ ᠵᠶ᠋ᠡᠨ ᠣᠷᠤᠯᠴᠠᠬᠤ᠂ ᠲᠤᠰᠬᠠᠢ ᠮᠡᠷᠭᠡᠵᠢᠯᠲᠡᠨ ᠵᠶ᠋ᠡᠷ ᠨᠤᠲᠠᠯᠠᠭᠤᠯᠬᠤ᠂ ᠲᠦᠭᠰᠢᠭᠦᠷᠢ ᠵᠢ ᠦᠨᠡᠯᠡᠨ ᠵᠢᠱ᠌ᠢᠬᠦ᠂ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ᠂ ᠬᠠᠮᠲᠤ᠎ᠪᠠᠷ ᠶᠠᠷᠢᠯᠴᠠᠨ ᠲᠣᠭᠲᠠᠭ᠋ᠠᠬᠤ ᠵᠡᠷᠭᠡ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠢ ᠴᠢᠩᠭ᠎ᠠ ᠭᠦᠢ᠍ᠴᠡᠳᠬᠡᠨ᠎ᠡ᠃ ᠬᠠᠤᠯᠢ ᠴᠠᠭ᠋ᠠᠵᠠ ᠵᠢᠨ ᠵᠥᠪᠯᠡᠭᠴᠢ ᠵᠢᠨ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠣᠷᠤᠯᠴᠠᠬᠤ ᠲᠣᠭᠲᠠᠴᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂   ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠤᠮᠳᠠᠬᠢ ᠬᠠᠤᠯᠢ ᠴᠠᠭ᠋ᠠᠵᠠ ᠵᠢᠨ ᠵᠥᠪᠯᠡᠭᠴᠢ ᠵᠢᠨ ᠦᠢ᠍ᠯᠡᠳᠦᠯ ᠎ᠢ ᠪᠠᠳᠠᠷᠠᠭᠤᠯᠤᠨ᠎ᠠ᠃
      ᠭᠤᠷᠪᠠ᠎ᠳᠤ᠂ ᠬᠠᠤᠯᠢ ᠲᠣᠭᠲᠠᠭ᠋ᠠᠬᠤ ᠠᠵᠢᠯ᠎ᠢ ᠦᠷᠭᠦᠯᠵᠢᠯᠡᠨ ᠲᠦᠯᠬᠢᠨ ᠠᠬᠢᠭᠤᠯᠵᠤ᠂ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠠ ᠬᠠᠤᠯᠢ ᠴᠠᠭ᠋ᠠᠵᠠ ᠵᠢᠨ ᠲᠢᠩᠬᠢᠮ᠎ᠢ ᠢᠳᠡᠪᠬᠢᠲᠡᠢ ᠵᠣᠬᠢᠴᠠᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠳᠦᠷᠢᠮ》᠎ᠤᠨ ᠬᠠᠤᠯᠢ ᠲᠣᠭᠲᠠᠭ᠋ᠠᠬᠤ ᠠᠬᠢᠴᠠ ᠵᠢ ᠲᠦᠷᠭᠡᠳᠬᠡᠨ ᠠᠬᠢᠭᠤᠯᠵᠤ᠂ ᠡᠮᠦᠨᠡᠬᠢ ᠬᠤᠭᠤᠴᠠᠭ᠋ᠠᠨ᠎ᠤ ᠬᠠᠤᠯᠢ ᠲᠣᠭᠲᠠᠭ᠋ᠠᠬᠤ ᠪᠠᠢ᠌ᠴᠠᠭ᠋ᠠᠨ ᠰᠤᠳᠤᠯᠤᠯᠲᠠ ᠪᠠ ᠲᠥᠰᠥᠯ᠎ᠢ ᠲᠤᠭᠤᠷᠪᠢᠨ ᠲᠣᠭᠲᠠᠭ᠋ᠠᠬᠤ ᠠᠵᠢᠯ᠎ᠢ ᠥᠷᠨᠢᠭᠦᠯᠦᠨ᠎ᠡ᠃ ᠵᠢᠷᠤᠮᠵᠢᠯ ᠎ᠤᠨ ᠴᠢᠨᠠᠷᠲᠠᠢ ᠪᠢᠴᠢᠭ   ᠮᠠᠲᠸᠷᠢᠶᠠᠯ ᠎ᠢ ᠬᠠᠤᠯᠢ ᠲᠣᠭᠲᠠᠭ᠋ᠠᠯ ᠶᠣᠰᠣᠭ᠋ᠠᠷ ᠲᠣᠭᠲᠠᠭ᠋ᠠᠵᠤ᠂ ᠵᠢᠷᠤᠮᠵᠢᠯ ᠎ᠤᠨ ᠴᠢᠨᠠᠷᠲᠠᠢ ᠪᠢᠴᠢᠭ   ᠮᠠᠲᠸᠷᠢᠶᠠᠯ ᠎ᠢ   ᠲᠣᠭᠲᠠᠮᠠᠯ ᠬᠤᠭᠤᠴᠠᠭ᠎ᠠ᠎ᠲᠠᠢ ᠪᠠ ᠲᠤᠰᠬᠠᠢ ᠵᠦᠢ᠍ᠯ ᠵᠶ᠋ᠠᠷ   ᠡᠮᠬᠢᠯᠡᠵᠦ ᠲᠢᠭᠯᠡᠬᠦ ᠠᠵᠢᠯ᠎ᠢ ᠥᠷᠨᠢᠬᠦᠯᠦᠨ᠎ᠡ᠃
      ᠳᠥᠷᠪᠡ᠎ᠳᠤ᠂ ᠬᠠᠤᠯᠢ ᠬᠡᠷᠡᠭᠵᠢᠭᠦᠯᠬᠦ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠬᠡᠯᠪᠡᠷᠢ ᠵᠢ ᠵᠢᠷᠤᠮᠵᠢᠭᠤᠯᠤᠨ ᠰᠢᠨ᠎ᠡ ᠵᠢ ᠡᠭᠦᠳᠦᠨ᠎ᠡ᠃ 《ᠬᠡᠨ ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ》᠂ 《ᠬᠡᠨ ᠭᠣᠣᠯᠴᠢᠯᠠᠨ ᠬᠠᠮᠢᠶᠠᠷᠪᠠᠯ ᠬᠡᠨ ᠬᠢᠨᠠᠨ ᠬᠠᠮᠢᠶᠠᠷᠬᠤ》 ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠦᠨᠡᠨ ᠬᠦ᠌ ᠨᠠᠢ᠌ᠳᠠᠪᠤᠷᠢᠵᠢᠭᠤᠯᠵᠤ᠂ ᠵᠣᠷᠢᠭᠤᠳᠠ ᠭᠠᠷ ᠲᠦᠷᠦᠭᠦ ᠵᠢ ᠪᠠᠭ᠋ᠠᠰᠬᠠᠨ᠂ ᠴᠢᠯᠦᠭᠡᠲᠡᠢ ᠲᠠᠰᠤᠯᠤᠯᠲᠠ ᠵᠢᠨ ᠣᠷᠣᠨ ᠵᠠᠢ ᠵᠢ ᠪᠠᠭ᠋ᠠᠰᠬᠠᠵᠤ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠴᠢᠩᠭ᠋ᠠᠷᠠᠭᠤᠯᠤᠨ᠎ᠠ᠃ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢᠨ ᠠᠷᠭ᠎ᠠ ᠮᠠᠶᠢᠭ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠠᠷᠭ᠎ᠠ ᠪᠠᠷᠢᠯ ᠪᠠ ᠬᠡᠯᠪᠡᠷᠢ ᠵᠢᠨ ᠲᠠᠯ᠎ᠠ᠎ᠪᠠᠷ ᠰᠢᠨ᠎ᠡ ᠵᠢ ᠡᠭᠦᠳᠴᠦ᠂ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠰᠦᠯᠵᠢᠶᠡᠨ᠎ᠤ ᠪᠠᠢ᠌ᠩᠭᠤ ᠵᠢᠨ ᠬᠢᠨᠠᠨ ᠬᠡᠮᠵᠢᠯᠲᠡ ᠵᠢ ᠲᠦᠯᠬᠢᠨ ᠠᠬᠢᠭᠤᠯᠵᠤ᠂ ᠰᠦᠯᠵᠢᠶᠡᠨ᠎ᠤ ᠰᠣᠶᠣᠯ᠂ ᠰᠦᠯᠵᠢᠶᠡᠨ᠎ᠤ ᠵᠢᠭᠤᠯᠴᠢᠯᠠᠯ ᠵᠡᠷᠭᠡ ᠵᠠᠬ᠎ᠠ ᠳᠡᠯᠭᠡᠭᠦᠷ᠎ᠤᠨ ᠰᠢᠨ᠎ᠡ ᠪᠠᠢ᠌ᠳᠠᠯ ᠰᠢᠨ᠎ᠡ ᠠᠰᠠᠭᠤᠳᠠᠯ᠎ᠢ ᠢᠳᠡᠪᠬᠢᠲᠡᠢ᠎ᠪᠠᠷ ᠠᠷᠭ᠋ᠠᠴᠠᠨ᠎ᠠ᠃
      ᠲᠠᠪᠤ᠎ᠳᠤ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠬᠠᠤᠯᠢ᠎ᠪᠠᠷ ᠵᠠᠰᠠᠬᠤ ᠰᠣᠶᠣᠯ᠎ᠤᠨ ᠪᠠᠢ᠌ᠭᠤᠯᠤᠯᠲᠠ ᠵᠢ ᠴᠢᠩᠭ᠋ᠠᠳᠬᠠᠨ᠎ᠠ᠃ 《12· 4》 ᠎ᠤ ᠤᠯᠤᠰ᠎ᠤᠨ ᠦᠨᠳᠦᠰᠦᠨ ᠬᠠᠤᠯᠢ ᠵᠢᠨ ᠡᠳᠦᠷ᠂ 《5 · 19》 ᠎ᠤ ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ᠂ ᠰᠣᠶᠣᠯ᠎ᠤᠨ ᠪᠠ ᠪᠠᠢ᠌ᠭ᠋ᠠᠯᠢ ᠵᠢᠨ ᠥᠪ᠎ᠤᠨ ᠡᠳᠦᠷ ᠵᠡᠷᠭᠡ ᠴᠢᠬᠤᠯᠠ ᠵᠠᠩᠭᠢᠯᠠᠭ᠎ᠠ ᠵᠢᠨ ᠴᠡᠭ᠎ᠤᠨ ᠬᠠᠤᠯᠢᠵᠢᠯ᠎ᠤᠨ ᠤᠬᠠᠭᠤᠯᠭ᠎ᠠ ᠵᠢᠨ ᠠᠵᠢᠯᠯᠠᠭ᠎ᠠ ᠵᠢ ᠰᠠᠢ᠌ᠲᠤᠷ ᠵᠣᠬᠢᠶᠠᠨ ᠪᠠᠢ᠌ᠭᠤᠯᠤᠨ᠎ᠠ᠃ ᠬᠠᠤᠯᠢ᠎ᠪᠠᠷ ᠵᠠᠰᠠᠬᠤ ᠪᠣᠯᠪᠠᠰᠤᠷᠠᠭᠤᠯᠤᠯ ᠬᠥᠮᠦᠵᠢᠯ᠎ᠤᠨ ᠠᠵᠢᠯ᠎ᠢ ᠦᠷᠭᠦᠯᠵᠢᠯᠡᠨ ᠰᠠᠢ᠌ᠲᠤᠷ ᠠᠳᠬᠤᠵᠤ᠂ ᠰᠢᠭᠦᠬᠦ ᠬᠣᠷᠢᠶᠠᠨ᠎ᠤ ᠲᠢᠩᠬᠢᠮ᠎ᠤᠨ ᠰᠢᠭᠦᠯᠲᠡ ᠵᠢ ᠰᠤᠯᠠ ᠰᠣᠨᠣᠰᠬᠤ ᠠᠵᠢᠯᠯᠠᠭ᠎ᠠ ᠵᠢ ᠦᠷᠭᠦᠯᠵᠢᠯᠡᠨ ᠰᠠᠢ᠌ᠲᠤᠷ ᠥᠷᠨᠢᠭᠦᠯᠦᠨ᠎ᠡ᠃ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠂ ᠣᠯᠠᠨ ᠨᠡᠶ᠋ᠢᠲᠡ ᠵᠢᠨ ᠰᠣᠶᠣᠯ᠎ᠤᠨ ᠪᠠᠢ᠌ᠭᠤᠯᠤᠮᠵᠢ ᠵᠢᠴᠢ ᠬᠤᠪᠢᠰᠬᠠᠯ᠎ᠤᠨ ᠲᠠᠢ᠌ᠯᠪᠤᠷᠢᠯᠠᠭᠴᠢ ᠵᠡᠷᠭᠡ ᠬᠠᠤᠯᠢ᠎ᠪᠠᠷ ᠵᠠᠰᠠᠬᠤ ᠰᠣᠶᠣᠯ᠎ᠤᠨ ᠵᠢᠭᠰᠠᠭ᠋ᠠᠯ᠎ᠤᠨ ᠭᠠᠵᠠᠷ ᠪᠠ ᠡᠩᠨᠡᠭᠡ᠎ᠳᠤ ᠭᠦᠢ᠍ᠴᠡᠳ ᠲᠦᠰᠢᠭᠯᠡᠵᠦ᠂ ᠬᠠᠤᠯᠢ᠎ᠪᠠᠷ ᠵᠠᠰᠠᠬᠤ ᠰᠣᠶᠣᠯ᠎ᠤᠨ ᠠᠵᠢᠯᠯᠠᠭ᠎ᠠ ᠪᠠ ᠬᠠᠤᠯᠢ᠎ᠪᠠᠷ ᠵᠠᠰᠠᠬᠤ ᠤᠬᠠᠭᠤᠯᠭ᠎ᠠ ᠵᠢ ᠥᠷᠨᠢᠭᠦᠯᠦᠨ᠎ᠡ᠃
      ᠵᠢᠷᠭᠤᠭ᠎ᠠ᠎ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠡᠷᠬᠡ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠬᠥᠳᠡᠯᠦᠩᠭᠦᠢ ᠲᠣᠬᠢᠷᠠᠭᠤᠯᠤᠯᠲᠠ ᠵᠢ ᠰᠠᠢ᠌ᠲᠤᠷ ᠬᠢᠵᠦ᠂ 《ᠬᠣᠶᠠᠷ ᠰᠢᠯᠢᠳᠡᠭ》᠎ᠤᠨ ᠲᠤᠰᠬᠠᠢ ᠵᠦᠢ᠍ᠯ᠎ᠤᠨ ᠠᠵᠢᠯ᠎ᠢ ᠰᠠᠢ᠌ᠲᠤᠷ ᠨᠠᠢ᠌ᠳᠠᠪᠤᠷᠢᠵᠢᠭᠤᠯᠤᠨ᠎ᠠ᠃ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢ ᠤᠯᠠᠮ ᠨᠢᠭᠡ ᠠᠯᠬᠤᠮ ᠥᠷᠭᠡᠳᠬᠡᠵᠦ᠂ ᠵᠠᠰᠠᠭ᠎ᠤᠨ ᠶᠠᠪᠤᠳᠠᠯ᠎ᠤᠨ ᠳ᠋ᠠᠢ᠌ᠲ᠋ᠠ ᠵᠢᠨ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ ᠬᠠᠮᠲᠤ᠎ᠪᠠᠷ ᠡᠳ᠋ᠯᠡᠬᠦ ᠵᠢ ᠲᠦᠯᠬᠢᠨ ᠠᠬᠢᠭᠤᠯᠤᠨ᠎ᠠ᠃ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠵᠠᠬ᠎ᠠ ᠳᠡᠯᠭᠡᠭᠦᠷ᠎ᠤᠨ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠤᠨ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠢᠳᠡᠪᠬᠢᠲᠡᠢ ᠠᠬᠢᠭᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2022 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠪᠠᠢ᠌ᠳᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2021 ᠣᠨ᠎ᠤ ᠠᠵᠢᠯ᠎ᠤᠨ ᠳ᠋ᠦᠩᠨᠡᠯᠲᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2019 ᠣᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠳᠠᠯ᠎ᠤᠨ ᠮᠡᠳᠡᠭᠦᠯᠦᠯᠲᠡ
2020 ᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ
2020 ᠤᠨ᠎ᠤ ᠵᠠᠰᠠᠬ᠎ᠤᠨ ᠤᠷᠳᠤᠨ᠎ᠤ ᠠᠵᠢᠯ᠎ᠤᠨ ᠢᠯᠡᠳᠬᠡᠯ᠎ᠤᠨ ᠳᠤᠬᠠᠢ ᠰᠢᠢ᠍ᠳᠪᠦᠷᠢ
 
            