ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠰᠢᠨ᠎ᠡ ᠰᠣᠶᠣᠯ᠎ᠤᠨ ᠡᠭᠦᠷᠭᠡ ᠵᠢ ᠨᠠᠩ ᠰᠠᠢ᠌ᠲᠤᠷ ᠡᠭᠦᠷᠭᠡᠯᠡᠨ᠎ᠡ (ᠬᠣᠶᠠᠷ)
ᠨᠡᠶᠢᠲᠡᠯᠡᠭᠰᠡᠨ ᠴᠠᠭ᠄ 2024-01-24

      ᠭᠤᠷᠪᠠ᠎ᠳᠤ᠂ ᠰᠣᠶᠣᠯ᠎ᠤᠨ ᠦᠨᠳᠦᠰᠦ ᠰᠤᠷᠪᠤᠯᠵᠢ ᠵᠢ ᠭᠦᠨ ᠦᠨᠳᠦᠰᠦᠯᠡᠭᠦᠯᠵᠦ᠂ ᠲᠥᠪ ᠶᠣᠰᠣ ᠵᠢ ᠰᠠᠬᠢᠵᠤ ᠰᠢᠨ᠎ᠡ ᠵᠢ ᠡᠭᠦᠳᠬᠦ ᠵᠢ ᠴᠢᠩᠭ᠋ᠠᠳᠬᠠᠨ᠎ᠠ᠃ ᠥᠯᠥ ᠮᠡᠳᠡᠬᠦ ᠪᠠᠢ᠌ᠳᠠᠯ᠎ᠢ ᠬᠠᠢ᠌ᠨ ᠰᠦᠪᠡᠭᠴᠢᠯᠡᠬᠦ᠎ᠳᠤ ᠰᠠᠭᠤᠷᠢᠯᠠᠨ᠂ ᠤᠭ ᠦᠨᠳᠦᠰᠦ ᠵᠢ᠎ᠨᠢ ᠢᠯᠡᠷᠡᠭᠦᠯᠵᠦ᠂ ᠳᠤᠮᠳᠠᠳᠤ ᠵᠢᠨ ᠪᠣᠯᠪᠠᠰᠤᠨ᠎ᠤ ᠡᠬᠢ ᠰᠤᠷᠪᠤᠯᠵᠢ ᠵᠢ ᠬᠠᠢ᠌ᠬᠤ ᠢᠨᠵᠧᠨᠧᠷᠢᠩ᠂ 《ᠬᠠᠭᠤᠴᠢ ᠰᠤᠳᠤᠯᠤᠯ᠎ᠤᠨ ᠳᠤᠮᠳᠠᠳᠤ ᠤᠯᠤᠰ》 ᠴᠢᠬᠤᠯᠠ ᠶᠡᠬᠡ ᠲᠥᠷᠥᠯ ᠵᠦᠢ᠍ᠯ᠎ᠢ ᠭᠦᠨᠵᠡᠭᠡᠢ᠌ᠷᠡᠭᠦᠯᠵᠦ᠂ 《ᠪᠣᠷᠣᠳᠣᠬᠣᠢ ᠣᠷᠣᠨ᠎ᠤ ᠰᠠᠭᠤᠷᠢᠰᠢᠯ ᠬᠢᠭᠡᠳ ᠨᠡᠢ᠌ᠭᠡᠮ᠎ᠤᠨ ᠰᠤᠳᠤᠯᠤᠯ》 《ᠪᠠᠷᠠᠭᠤᠨ ᠯᠢᠶᠤᠤ ᠡᠾᠸ ᠭᠣᠣᠯ᠎ᠤᠨ ᠪᠣᠯᠪᠠᠰᠤᠨ᠎ᠤ ᠰᠤᠳᠤᠯᠤᠯ》 ᠵᠡᠷᠭᠡ ᠭᠣᠣᠯᠳᠠᠯᠭ᠎ᠠ᠎ᠲᠠᠢ ᠲᠥᠷᠥᠯ ᠵᠦᠢ᠍ᠯ᠎ᠢ ᠢᠳᠡᠪᠬᠢᠲᠡᠢ᠎ᠪᠠᠷ ᠠᠬᠢᠭᠤᠯᠤᠨ᠂ ᠲᠡᠦᠬᠡ ᠵᠢᠨ ᠳᠤᠷᠠᠰᠬᠠᠯᠲᠤ ᠵᠦᠢ᠍ᠯ᠂ ᠰᠤᠳᠤᠷ ᠪᠢᠴᠢᠭ᠂ ᠪᠣᠳᠠᠰ᠎ᠤᠨ ᠪᠤᠰᠤ ᠰᠣᠶᠣᠯ᠎ᠤᠨ ᠥᠪ ᠵᠡᠷᠭᠡ ᠰᠤᠳᠤᠯᠭ᠋ᠠᠨ᠎ᠢ ᠴᠢᠩᠭ᠋ᠠᠳᠬᠠᠵᠤ᠂ ᠳᠤᠮᠳᠠᠳᠤ ᠵᠢᠨ ᠪᠣᠯᠪᠠᠰᠤᠨ᠎ᠤ ᠡᠭᠦᠰᠦᠯ ᠬᠢᠭᠡᠳ ᠣᠯᠠᠨ ᠡᠰᠢᠲᠦ ᠨᠢᠭᠡ ᠴᠣᠭᠴᠠᠵᠢᠭᠰᠠᠨ ᠪᠠᠢ᠌ᠷᠢᠰᠢᠯ᠎ᠤᠨ ᠪᠦᠷᠢᠯᠳᠦᠬᠦ ᠶᠠᠪᠤᠴᠠ᠎ᠳᠤ᠎ᠬᠢ ᠥᠪᠥᠷ ᠮᠣᠩᠭᠣᠯ᠎ᠤᠨ ᠴᠢᠬᠤᠯᠠ ᠦᠢ᠍ᠯᠡᠳᠦᠯ᠎ᠢ ᠭᠡᠷᠡᠴᠢᠯᠡᠨ᠎ᠡ᠃ ᠬᠤᠪᠢᠰᠬᠠᠯ᠎ᠤᠨ ᠡᠬᠢ ᠪᠠᠶᠠᠯᠢᠭ᠎ᠢ ᠪᠦᠬᠦ ᠬᠦᠴᠦ᠎ᠪᠠᠷ ᠰᠠᠢ᠌ᠲᠤᠷ ᠬᠠᠮᠠᠭ᠋ᠠᠯᠠᠵᠤ᠂ ᠰᠠᠢ᠌ᠲᠤᠷ ᠬᠠᠮᠢᠶᠠᠷᠴᠤ᠂ ᠰᠠᠢ᠌ᠲᠤᠷ ᠬᠡᠷᠡᠭᠯᠡᠵᠦ᠂ ᠬᠤᠪᠢᠰᠬᠠᠯ᠎ᠤᠨ ᠰᠣᠶᠣᠯ᠎ᠤᠨ ᠠᠭᠤᠯᠭ᠎ᠠ ᠵᠢᠨ ᠤᠬᠠᠭᠤᠯᠭ᠎ᠠ ᠵᠢᠨ ᠲᠣᠭᠲᠠᠴᠠ ᠵᠢ ᠪᠠᠢ᠌ᠭᠤᠯᠵᠤ᠂ ᠭᠣᠣᠯ ᠰᠡᠳᠦᠪ ᠲᠣᠪᠣᠢ᠌ᠮ᠎ᠠ᠂ ᠤᠳᠤᠷᠢᠳᠤᠮᠵᠢ ᠢᠯᠡ ᠲᠣᠳᠣ᠂ ᠠᠭᠤᠯᠤᠭᠳᠠᠬᠤᠨ ᠵᠶ᠋ᠠᠷ ᠡᠯᠪᠡᠭ ᠪᠠᠶᠠᠯᠢᠭ ᠳᠡᠯᠭᠡᠨ ᠦᠵᠡᠭᠦᠯᠬᠦ ᠰᠣᠳᠣᠨ ᠪᠦᠲᠦᠭᠡᠯ᠎ᠢ ᠬᠦᠴᠦᠯᠡᠨ ᠤᠬᠠᠭ᠋ᠠᠯᠠᠨ ᠡᠭᠦᠳᠴᠦ᠂ ᠬᠥᠮᠥᠨ ᠪᠣᠳᠠᠰ᠎ᠢ ᠦᠵᠡᠮᠡᠭᠴᠡ ᠵᠣᠷᠢᠭ ᠰᠠᠨᠠᠭ᠎ᠠ ᠵᠢ ᠤᠢ᠌ᠯᠠᠭ᠋ᠠᠬᠤ ᠲᠥᠪᠰᠢᠨ᠎ᠳᠤ ᠬᠦᠷᠴᠦ᠂ ᠪᠦᠬᠦ ᠠᠷᠠᠳ ᠵᠶ᠋ᠠᠷ ᠵᠶ᠋ᠠᠨ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠲᠤ᠎ᠪᠠᠷ ᠬᠠᠮᠠᠭ᠋ᠠᠯᠠᠬᠤ᠂ ᠬᠤᠪᠢᠰᠬᠠᠯ᠎ᠤᠨ ᠭ᠋ᠸᠨ᠎ᠢ ᠤᠯᠠᠮᠵᠢᠯᠠᠬᠤ᠂ ᠬᠤᠪᠢᠰᠬᠠᠯ᠎ᠤᠨ ᠴᠢᠰᠤᠨ ᠰᠤᠳᠠᠰᠤ ᠵᠢ ᠦᠷᠭᠦᠯᠵᠢᠯᠡᠭᠦᠯᠬᠦ ᠰᠠᠢ᠌ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠶ ᠪᠤᠯᠭ᠋ᠠᠬᠤ ᠵᠢ ᠡᠯ᠎ᠡ ᠲᠥᠷᠥᠯ᠎ᠤᠨ ᠣᠯᠠᠨ ᠲᠦᠮᠡᠨ᠎ᠤ ᠰᠣᠶᠣᠯ᠎ᠤᠨ ᠠᠵᠢᠯᠯᠠᠭ᠋ᠠᠨ ᠎ᠳᠤ ᠠᠭᠤᠰᠬᠠᠨ 《  ᠤᠷᠠᠨ ᠪᠦᠵᠢᠭᠲᠦ ᠤᠮᠠᠷᠠᠲᠤ ᠬᠢᠯᠢ》 《ᠤᠮᠠᠷᠠᠲᠤ ᠬᠢᠯᠢ ᠵᠢᠨ ᠮᠠᠭᠲᠠᠭ᠋ᠠᠯ》 《  ᠤᠷᠠᠨ ᠤᠩᠰᠢᠯᠭ᠋ᠠᠲᠤ ᠬᠢᠯᠢ ᠨᠤᠲᠤᠭ》 ᠵᠡᠷᠭᠡ ᠣᠯᠠᠨ ᠨᠡᠶ᠋ᠢᠲᠡ   ᠵᠢᠨ ᠰᠣᠶᠣᠯ᠎ᠤᠨ ᠨᠡᠷᠡᠲᠦ ᠲᠡᠮᠳᠡᠭ  ᠎ᠢ ᠴᠤᠯᠭᠤᠷᠠᠭᠤᠯᠵᠤ᠂ 《ᠠᠷᠠᠳ᠎ᠤᠨ ᠲᠢᠶᠠᠲᠷ》 《ᠰᠢᠯᠢᠳᠡᠭ ᠵᠦᠴᠦᠭᠡ ᠵᠢᠨ ᠦᠵᠡᠭᠦᠯᠭᠡ ᠵᠢᠨ ᠲᠣᠭᠯᠠᠯᠲᠠ ᠵᠢᠨ ᠰᠠᠷ᠎ᠠ》 《ᠤᠯᠠᠭ᠋ᠠᠨᠮᠥ᠋ᠴᠢᠷ᠎ᠤᠨ ᠲᠣᠭᠯᠠᠯᠲᠠ ᠲᠦᠮᠡᠨ ᠲᠣᠰᠬᠣᠨ᠎ᠳᠤ ᠬᠦᠷᠬᠦ》 ᠵᠡᠷᠭᠡ ᠣᠯᠠᠨ ᠲᠦᠮᠡᠨᠴᠢ ᠴᠢᠨᠠᠷᠲᠠᠢ ᠰᠣᠶᠣᠯ᠎ᠤᠨ ᠠᠵᠢᠯᠯᠠᠭ᠎ᠠ ᠵᠢ ᠥᠷᠨᠢᠭᠦᠯᠵᠦ᠂ ᠳᠤᠮᠳᠠᠳᠤ ᠤᠯᠤᠰ᠎ᠤᠨ ᠵᠢᠷᠤᠭ᠎ᠤᠨ ᠬᠦᠷᠢᠶᠡᠯᠡᠩ᠎ᠲᠠᠢ ᠬᠠᠮᠲᠤᠷᠠᠨ 《ᠬᠢᠲᠠᠳ ᠵᠢᠷᠤᠭ · ᠳᠤᠮᠳᠠᠳᠤ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ ᠎ᠢ ᠵᠢᠷᠤᠶ᠎ᠠ》 ᠠᠵᠢᠯᠯᠠᠭ᠎ᠠ ᠵᠢ ᠰᠠᠢ᠌ᠲᠤᠷ ᠡᠷᠭᠢᠯᠡᠵᠦ᠂ 《ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠬᠠᠭᠤᠴᠢ ᠰᠤᠳᠤᠯᠤᠯ᠎ᠤᠨ ᠠᠮᠵᠢᠯᠲᠠ ᠪᠦᠲᠦᠮᠵᠢ ᠵᠢᠨ ᠦᠵᠡᠭᠦᠯᠭᠡ》 ᠵᠡᠷᠭᠡ ᠣᠨᠴᠠᠯᠢᠭᠲᠤ ᠦᠵᠡᠭᠦᠯᠭᠡ ᠵᠢ ᠤᠬᠠᠭ᠋ᠠᠯᠠᠨ ᠡᠷᠭᠢᠯᠡᠵᠦ᠂ ᠣᠯᠠᠨ ᠲᠦᠮᠡᠨ᠎ᠤ ᠰᠣᠶᠣᠯ᠎ᠳᠤ ᠣᠷᠣᠯᠴᠠᠬᠤ ᠰᠡᠳᠬᠢᠯᠭᠡ᠂ ᠬᠦᠷᠲᠡᠮᠵᠢ ᠵᠢᠨ ᠰᠡᠳᠬᠢᠯᠭᠡ ᠪᠠ ᠮᠡᠳᠡᠷᠡᠬᠦ ᠰᠡᠳᠬᠢᠯᠭᠡ ᠵᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
      ᠳᠥᠷᠪᠡ᠎ᠳᠤ᠂ ᠡᠵᠡᠩᠨᠡᠯᠲᠡ ᠵᠢᠨ ᠬᠡᠯᠪᠡᠷᠢ ᠪᠠᠢ᠌ᠳᠠᠯ᠎ᠤᠨ ᠠᠭᠤᠰᠤᠯᠴᠠᠯ᠎ᠢ ᠴᠢᠩᠭ᠎ᠠ ᠠᠩᠬᠠᠷᠴᠤ᠂ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ᠃ ᠰᠣᠶᠣᠯ᠎ᠤᠨ ᠠᠵᠤ ᠦᠢ᠍ᠯᠡᠰ ᠪᠠ ᠵᠢᠭᠤᠯᠴᠢᠯᠠᠯ᠎ᠤᠨ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠵᠢᠱ᠌ᠢᠶ᠎ᠡ ᠦᠵᠡᠭᠦᠯᠬᠦ ᠣᠷᠣᠨ᠂ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠲᠥᠪᠯᠡᠷᠡᠭᠰᠡᠨ ᠣᠷᠣᠨ᠂ ᠵᠢᠭᠤᠯᠴᠢᠯᠠᠯ ᠰᠡᠯᠡᠭᠦᠴᠡᠯ᠎ᠤᠨ ᠵᠡᠭᠡᠯᠢ ᠲᠣᠭᠣᠷᠢᠭ᠎ᠢ ᠡᠭᠦᠳᠦᠨ ᠪᠠᠶ᠋ᠢᠭᠤᠯᠬᠤ᠎ᠪᠠᠷ ᠭᠠᠷᠳᠠᠴᠠ ᠪᠣᠯᠭ᠋ᠠᠵᠤ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠣᠲᠣ ᠦᠶ᠎ᠡ ᠵᠢᠨ ᠲᠠᠷᠢᠶᠠᠯᠠᠩ᠂ ᠠᠵᠤ ᠦᠢ᠍ᠯᠡᠳᠪᠦᠷᠢ᠂ ᠦᠢ᠍ᠯᠡᠴᠢᠯᠡᠭᠡᠨ᠎ᠤ ᠦᠢ᠍ᠯᠡᠰ᠎ᠯᠦᠭᠡ ᠭᠦᠨᠵᠡᠭᠡᠢ ᠠᠭᠤᠰᠤᠯᠴᠠᠭᠤᠯᠤᠨ᠂ ᠬᠢᠯᠢ ᠠᠯᠤᠰᠯᠠᠨ ᠬᠥᠭᠵᠢᠭᠦᠯᠬᠦ ᠵᠢ ᠠᠬᠢᠭᠤᠯᠵᠤ᠂ 《ᠬᠤᠪᠢ ᠵᠢᠨ ᠮᠠᠰᠢᠨ ᠵᠶ᠋ᠠᠷ ᠵᠢᠭᠤᠯᠴᠢᠯᠠᠬᠤ ᠲᠡᠷᠢᠭᠦᠨ  ᠎ᠤ ᠰᠤᠩᠭᠤᠯᠲᠠ ᠵᠢᠨ ᠭᠠᠵᠠᠷ᠂ ᠬᠡᠭᠡᠷ᠎ᠡ ᠪᠠᠭᠤᠳᠠᠯᠯᠠᠵᠤ ᠵᠢᠭᠤᠯᠴᠢᠯᠠᠬᠤ ᠰᠢᠯᠢᠳᠡᠭ ᠰᠤᠩᠭᠤᠯᠲᠠ ᠵᠢᠨ ᠭᠠᠵᠠᠷ᠂   ᠠᠮᠠᠷᠠᠵᠤ ᠵᠢᠭᠤᠯᠴᠢᠯᠠᠬᠤ ᠵᠠᠪᠠᠯ ᠰᠣᠩᠭᠣᠬᠤ ᠭᠠᠵᠠᠷ᠂ ᠡᠷᠡᠭᠦᠯᠵᠢᠯ ᠰᠤᠪᠢᠯᠠᠯᠲᠠ ᠵᠢᠨ ᠵᠢᠭᠤᠯᠴᠢᠯᠠᠯ᠎ᠤᠨ ᠰᠢᠯᠢᠳᠡᠭ ᠰᠤᠩᠭᠤᠯᠲᠠ ᠵᠢᠨ ᠭᠠᠵᠠᠷ》᠎ᠤᠨ ᠪᠠᠢ᠌ᠷᠢᠰᠢᠭᠤᠯᠤᠯᠲᠠ ᠪᠠ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠰᠣᠶᠣᠯ ᠵᠶ᠋ᠠᠷ ᠵᠢᠭᠤᠯᠴᠢᠯᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠂ ᠵᠢᠭᠤᠯᠴᠢᠯᠠᠯ ᠵᠶ᠋ᠠᠷ ᠰᠣᠶᠣᠯ᠎ᠤᠨ ᠤᠯᠠᠮᠵᠢᠯᠠᠭᠳᠠᠬᠤ ᠵᠢ ᠠᠬᠢᠭᠤᠯᠤᠨ᠎ᠠ᠃ ᠡᠯ᠎ᠡ ᠭᠠᠵᠠᠷ᠎ᠤᠨ᠎ᠬᠢᠨ᠎ᠤ ᠰᠠᠭᠤᠷᠢ ᠴᠢᠨᠠᠷᠲᠠᠢ ᠦᠢ᠍ᠯᠡᠳᠬᠦᠨ᠎ᠤ ᠬᠠᠩᠭ᠋ᠠᠯᠭ᠎ᠠ᠎ᠪᠠᠨ ᠪᠡᠬᠢᠵᠢᠭᠦᠯᠦᠨ ᠰᠢᠯᠢᠳᠡᠭᠵᠢᠭᠦᠯᠬᠦ ᠵᠢ ᠬᠥᠲᠥᠯᠥᠨ ᠵᠢᠯᠤᠭᠣᠳᠴᠤ ᠵᠢᠨ ᠬᠠᠮᠲᠤ᠂ ᠵᠠᠬ᠎ᠠ ᠳᠡᠯᠭᠡᠭᠦᠷ᠎ᠤᠨ ᠰᠢᠨ᠎ᠡ ᠬᠡᠷᠡᠭᠴᠡᠭᠡ ᠱᠠᠭ᠋ᠠᠷᠳᠠᠯᠭ᠎ᠠ᠎ᠳᠤ ᠨᠡᠢ᠌ᠴᠡᠬᠦ ᠬᠣᠶᠠᠳᠤᠭ᠋ᠠᠷ ᠤᠳᠠᠭ᠋ᠠᠨ᠎ᠤ ᠬᠡᠷᠡᠭᠯᠡᠭᠡᠨ᠎ᠤ ᠬᠡᠯᠬᠢᠶ᠎ᠡ ᠪᠠ ᠥᠪᠡᠷᠮᠢᠴᠡ IP ᠬᠤᠳᠠᠯᠳᠤᠭ᠋ᠠᠨ᠎ᠤ ᠴᠡᠭ᠎ᠢ ᠰᠦᠪᠡᠭᠴᠢᠯᠡᠨ ᠪᠠᠢ᠌ᠭᠤᠯᠵᠤ᠂ 《ᠥᠪᠥᠷ ᠮᠣᠩᠭᠣᠯ᠎ᠤᠨ ᠦᠨᠦᠷ ᠠᠮᠲᠠ》 ᠵᠡᠷᠭᠡ   ᠰᠣᠶᠣᠯ ᠪᠠ ᠵᠢᠭᠤᠯᠴᠢᠯᠠᠯ᠎ᠤᠨ ᠰᠢᠷᠢᠰ ᠲᠠᠸᠠᠷ᠎ᠢ ᠰᠢᠨ᠎ᠡ᠎ᠪᠠᠷ ᠡᠭᠦᠳᠦᠨ ᠨᠡᠭᠡᠭᠡᠵᠦ᠂ 《ᠪᠢ ᠲᠠᠯ᠎ᠠ ᠨᠤᠲᠤᠭ᠎ᠲᠠᠢ ᠪᠣᠯᠵᠣᠭ᠎ᠠ᠎ᠲᠠᠢ》᠎ᠪᠠᠷ ᠶᠡᠷᠦᠩᠬᠡᠢ᠌ᠯᠡᠨ ᠵᠢᠯᠣᠭᠣᠳᠤᠭᠤᠯᠤᠭᠰᠠᠨ 《1+N》 ᠰᠣᠶᠣᠯ ᠵᠢᠭᠤᠯᠴᠢᠯᠠᠯ᠎ᠤᠨ ᠣᠨᠴᠠᠯᠢᠭᠲᠤ ᠨᠠᠷᠠᠲᠤ ᠲᠡᠮᠳᠡᠭᠲᠦ ᠵᠢᠨ ᠰᠢᠰᠲᠸᠮ᠎ᠢ ᠪᠠᠢ᠌ᠭᠤᠯᠵᠤ᠂ 《ᠲᠠᠯ᠎ᠠ ᠨᠤᠲᠤᠭ᠎ᠲᠠᠢ ᠪᠤᠯᠵᠤᠶ᠎ᠠ》 ᠭᠣᠣᠯ ᠰᠡᠳᠦᠪᠲᠦ ᠨᠠᠭ᠋ᠠᠳᠤᠮ ᠵᠡᠷᠭᠡ ᠭᠠᠵᠠᠷ ᠣᠷᠣᠨ᠎ᠤ ᠣᠨᠴᠠᠯᠢᠭ ᠵᠶ᠋ᠠᠷ ᠲᠣᠪᠣᠢ᠌ᠮ᠎ᠠ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢ ᠬᠥᠷ ᠬᠥᠭᠵᠢᠶᠡᠨ᠎ᠲᠠᠢ ᠰᠠᠢ᠌ᠲᠤᠷ ᠵᠣᠬᠢᠶᠠᠨ ᠪᠠᠢ᠌ᠭᠤᠯᠵᠤ᠂ ᠥᠪᠥᠷ ᠮᠣᠩᠭᠣᠯ᠎ᠤᠨ ᠭᠠᠵᠠᠷ ᠣᠷᠣᠨ᠎ᠤ ᠲᠠᠲᠠᠬᠤ ᠬᠦᠴᠦᠨ᠎ᠢ ᠳᠡᠭᠡᠭᠰᠢᠯᠡᠭᠦᠯᠦᠨ᠂ ᠵᠢᠭᠤᠯᠴᠢᠯᠠᠭᠴᠢᠳ᠎ᠢ ᠨᠠᠩ ᠣᠯᠠᠨ᠂ ᠨᠠᠩ ᠣᠷᠳᠣ ᠬᠤᠭᠤᠴᠠᠭ᠎ᠠ᠎ᠪᠠᠷ ᠦᠯᠡᠳᠡᠭᠡᠨ᠎ᠡ᠃
      ᠲᠠᠪᠤ᠎ᠳᠤ᠂ ᠨᠡᠭᠡᠭᠡᠯᠲᠡᠲᠡᠢ ᠪᠠᠭᠲᠠᠭ᠋ᠠᠮᠵᠢᠲᠠᠢ ᠪᠠᠢ᠌ᠬᠤ ᠵᠢ ᠪᠠᠷᠢᠮᠲᠠᠯᠠᠵᠤ᠂ ᠰᠣᠯᠢᠯᠴᠠᠭ᠎ᠠ ᠬᠢᠵᠦ ᠬᠠᠷᠢᠯᠴᠠᠨ ᠲᠤᠯᠢᠯᠠᠬᠤ ᠵᠢ ᠠᠬᠢᠭᠤᠯᠤᠨ᠎ᠠ᠃ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠬᠦᠷᠭᠡ ᠪᠡᠬᠢᠯᠡᠯᠲᠡ ᠵᠢᠨ ᠪᠦᠲᠦᠭᠡᠨ ᠪᠠᠢ᠌ᠭᠤᠯᠤᠯᠲᠠ᠎ᠳᠤ ᠢᠳᠡᠪᠬᠢᠲᠡᠢ ᠦᠢ᠍ᠯᠡᠴᠢᠯᠡᠵᠦ᠂ ᠮᠠᠨᠵᠤᠤᠷ᠎ᠤᠨ ᠬᠢᠯᠢ ᠵᠢᠨ ᠵᠢᠭᠤᠯᠴᠢᠯᠠᠯ᠎ᠤᠨ ᠲᠤᠷᠰᠢᠯᠲᠠ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠵᠡᠭᠦᠨ ᠬᠠᠲᠠᠪᠴᠢ᠂ ᠷᠠᠰᠢᠶᠠᠨ᠎ᠤ ᠬᠢᠯᠢ ᠵᠢᠨ ᠵᠢᠭᠤᠯᠴᠢᠯᠠᠯ᠎ᠤᠨ ᠲᠤᠷᠰᠢᠯᠲᠠ ᠵᠢᠨ ᠣᠷᠣᠨ᠂ ᠳᠤᠮᠳᠠᠳᠤ ᠮᠣᠩᠭᠣᠯ᠎ᠤᠨ ᠡᠷᠢᠶᠡᠨ ᠬᠣᠲᠠ — ᠵᠠᠮ᠎ᠤᠨ ᠡᠭᠦᠳᠡ ᠵᠢᠨ ᠬᠢᠯᠢ ᠠᠯᠤᠰᠯᠠᠭᠰᠠᠨ ᠵᠢᠭᠤᠯᠴᠢᠯᠠᠯ᠎ᠤᠨ ᠬᠠᠮᠲᠤᠷᠠᠯᠴᠠᠭ᠋ᠠᠨ᠎ᠤ ᠣᠷᠣᠨ᠎ᠢ ᠡᠭᠦᠳᠦᠨ ᠪᠠᠶ᠋ᠢᠭᠤᠯᠬᠤ ᠵᠢ ᠠᠬᠢᠭᠤᠯᠵᠤ᠂ ᠡᠷᠭᠦᠨ᠎ᠡ ᠭᠣᠣᠯ᠎ᠤᠨ ᠵᠢᠭᠤᠯᠴᠢᠯᠠᠯ᠎ᠢ ᠦᠷᠭᠦᠯᠵᠢᠯᠡᠨ ᠰᠢᠯᠢᠳᠡᠭᠵᠢᠭᠦᠯᠵᠦ᠂ ᠬᠢᠯᠢ ᠵᠢᠨ ᠵᠢᠭᠤᠯᠴᠢᠯᠠᠯ᠂ ᠢᠳᠡᠭᠡᠨ ᠤᠮᠳᠠᠭ᠋ᠠᠨ ᠠᠮᠲᠠᠯᠠᠬᠤ᠂ ᠪᠦᠲᠦᠭᠡᠭᠳᠡᠬᠦᠨ᠎ᠢ ᠳᠡᠯᠭᠡᠨ ᠪᠣᠷᠣᠯᠠᠭᠤᠯᠬᠤ ᠵᠡᠷᠭᠡ ᠣᠨᠴᠠᠯᠢᠭᠲᠤ ᠵᠢᠭᠤᠯᠴᠢᠯᠠᠯ᠎ᠤᠨ ᠦᠢ᠍ᠯᠡᠰ᠎ᠤᠨ ᠬᠡᠯᠪᠡᠷᠢ ᠪᠠᠢ᠌ᠳᠠᠯ᠎ᠢ ᠪᠣᠢ᠌ᠵᠢᠭᠤᠯᠤᠨ᠂ ᠬᠢᠯᠢ ᠵᠢᠨ ᠵᠢᠭᠤᠯᠴᠢᠯᠠᠯ᠎ᠤᠨ ᠪᠦᠲᠦᠭᠡᠭᠳᠡᠬᠦᠨ᠎ᠤ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠪᠠᠶᠠᠯᠢᠭᠵᠢᠭᠤᠯᠤᠨ᠎ᠠ᠃ 《ᠲᠦᠮᠡᠨ ᠭᠠᠵᠠᠷ᠎ᠤᠨ ᠴᠠᠢ ᠵᠢᠨ ᠵᠠᠮ》 ᠣᠯᠠᠨ ᠤᠯᠤᠰ᠎ᠤᠨ ᠵᠢᠭᠤᠯᠴᠢᠯᠠᠯ᠎ᠤᠨ ᠬᠣᠯᠪᠣᠭ᠋ᠠᠨ᠎ᠤ ᠲᠠᠪᠴᠠᠩ᠎ᠳᠤ ᠲᠦᠰᠢᠭᠯᠡᠨ᠂ 《ᠲᠦᠮᠡᠨ ᠭᠠᠵᠠᠷ᠎ᠤᠨ ᠴᠠᠢ ᠵᠢᠨ ᠵᠠᠮ》 ᠰᠣᠶᠣᠯ ᠪᠠ ᠵᠢᠭᠤᠯᠴᠢᠯᠠᠯ᠎ᠤᠨ ᠬᠥᠭᠵᠢᠯᠲᠡ ᠵᠢ ᠴᠢᠨᠠᠷ ᠰᠠᠢ᠌ᠲᠠᠢ ᠠᠬᠢᠭᠤᠯᠵᠤ᠂ ᠵᠠᠮ ᠱᠤᠭᠤᠮ᠎ᠢ ᠨᠡᠭᠡᠭᠡᠨ ᠬᠥᠭᠵᠢᠭᠦᠯᠵᠦ᠂ ᠳᠤᠮᠳᠠᠳᠤ ᠣᠷᠣᠰ ᠮᠣᠩᠭᠣᠯ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠨ ᠬᠠᠷᠢᠯᠴᠠᠨ ᠰᠤᠷᠪᠤᠯᠵᠢᠯᠠᠬᠤ ᠠᠵᠢᠯᠯᠠᠭ᠎ᠠ᠂ 《ᠲᠦᠮᠡᠨ ᠭᠠᠵᠠᠷ᠎ᠤᠨ ᠴᠠᠢ ᠵᠢᠨ ᠵᠠᠮ》   ᠣᠯᠠᠨ ᠤᠯᠤᠰ᠎ᠤᠨ ᠵᠢᠭᠤᠯᠴᠢᠯᠠᠯ᠎ᠤᠨ ᠬᠢᠯᠢ ᠠᠯᠤᠰᠯᠠᠨ ᠥᠪᠡᠷ ᠵᠶ᠋ᠡᠨ ᠲᠡᠷᠭᠡ ᠵᠢᠯᠤᠭᠤᠳᠴᠤ ᠵᠢᠭᠤᠯᠴᠢᠯᠠᠬᠤ   ᠠᠵᠢᠯᠯᠠᠭ᠎ᠠ ᠵᠢ ᠥᠷᠨᠢᠭᠦᠯᠵᠦ᠂ ᠮᠠᠨᠵᠤᠤᠷ᠂ ᠡᠷᠢᠶᠡᠨ ᠬᠣᠲᠠ ᠵᠢᠨ ᠪᠣᠭᠣᠮᠲᠠ᠎ᠳᠤ ᠲᠦᠰᠢᠭᠯᠡᠨ ᠳᠤᠮᠳᠠᠳᠤ ᠮᠣᠩᠭᠣᠯ᠂ ᠳᠤᠮᠳᠠᠳᠤ ᠣᠷᠣᠰ᠎ᠤᠨ ᠬᠢᠯᠢ ᠠᠯᠤᠰᠯᠠᠭᠰᠠᠨ ᠵᠢᠭᠤᠯᠴᠢᠯᠠᠯ᠎ᠤᠨ ᠲᠤᠰᠬᠠᠢ ᠭᠠᠯᠲᠤ ᠲᠡᠷᠭᠡ   ᠵᠢ ᠨᠡᠪᠲᠡᠷᠡᠭᠦᠯᠬᠦ ᠵᠢ ᠳᠡᠮᠵᠢᠵᠦ᠂ ᠬᠢᠯᠢ ᠠᠯᠤᠰᠯᠠᠭᠰᠠᠨ ᠵᠢᠭᠤᠯᠴᠢᠯᠠᠯ᠎ᠤᠨ ᠦᠷᠭᠦᠯᠵᠢᠯᠡᠨ ᠬᠥᠭᠵᠢᠬᠦ ᠵᠢ ᠠᠬᠢᠭᠤᠯᠤᠨ᠎ᠠ᠃


ᠢᠷᠡᠯᠲᠡ᠄ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ᠎ᠤᠨ 2018 ᠤᠨ᠎ᠤ ᠠᠵᠢᠯ᠎ᠤᠨ ᠳ᠋ᠦᠩᠨᠡᠯᠲᠡ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2019 ᠣᠨ᠎ᠤ ᠭᠣᠤᠯᠳᠠᠯᠭ᠎ᠠ᠎ᠲᠠᠢ ᠠᠵᠢᠯ᠎ᠤᠨ ᠲᠣᠬᠢᠷᠠᠭᠤᠯᠤᠯᠲᠠ
ᠦᠪᠣᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2020 ᠣᠨ᠎ᠤ ᠠᠵᠢᠯ᠎ᠤᠨ ᠭᠣᠤᠯᠳᠠᠯᠭ᠎ᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ2019 ᠣᠨ᠎ᠤ ᠠᠵᠢᠯ᠎ᠤᠨ ᠳ᠋ᠦᠩᠨᠡᠯᠲᠡ
2020 ᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠭᠤᠤᠯᠳᠠᠯᠭ᠎ᠠ
 
            