ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ ᠪᠣᠯ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠬᠠᠷᠢᠶᠠᠯᠠᠭᠳᠠᠬᠤ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠤᠯᠤᠨ᠎ᠠ᠃
(ᠨᠢᠭᠡ) ᠭᠣᠣᠯ ᠡᠭᠦᠷᠭᠡ ᠬᠠᠷᠢᠭᠤᠴᠠᠯᠭ᠎ᠠ
1. ᠪᠠᠢ᠌ᠭᠤᠯᠭ᠎ᠠ ᠵᠢᠨ ᠠᠳᠠᠯ ᠠᠬᠤᠢ ᠵᠢᠨ ᠬᠠᠮᠢᠶᠠᠷᠤᠯᠲᠠ᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ᠂ ᠠᠮᠤᠷ ᠲᠦᠪᠰᠢᠨ᠎ᠤ ᠬᠠᠮᠠᠭ᠋ᠠᠯᠠᠯᠲᠠ ᠵᠡᠷᠭᠡ ᠠᠵᠢᠯ᠎ᠢ ᠡᠭᠦᠷᠭᠡᠯᠡᠨ᠎ᠡ᠃
2. ᠪᠠᠢ᠌ᠭᠤᠯᠭ᠎ᠠ ᠵᠢᠨ ᠪᠣᠳᠠᠲᠤ ᠡᠳ᠋ ᠬᠥᠷᠥᠩᠭᠡ ᠵᠢᠨ ᠬᠠᠮᠢᠶᠠᠷᠤᠯᠲᠠ ᠪᠠ ᠲᠤᠰ ᠱᠠᠲᠤᠨ᠎ᠤ ᠦᠨᠳᠦᠰᠦᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠡᠭᠦᠷᠭᠡᠯᠡᠨ᠎ᠡ᠃
3. ᠪᠠᠢ᠌ᠭᠤᠯᠭ᠎ᠠ ᠵᠢ ᠬᠠᠮᠵᠢᠨ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠵᠠᠭ᠋ᠠᠯᠳᠤᠵᠤ ᠢᠯᠡᠴᠢᠯᠡᠨ ᠮᠡᠳᠡᠭᠦᠯᠬᠦ ᠵᠦᠢ᠍ᠯᠡᠰ᠎ᠢ ᠭᠥᠯᠢᠶᠡᠨ ᠠᠪᠴᠤ ᠰᠢᠢ᠍ᠳᠪᠦᠷᠢᠯᠡᠵᠦ᠂ ᠰᠣᠶᠣᠯ ᠪᠠ ᠵᠢᠭᠤᠯᠴᠢᠯᠠᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠠᠰᠠᠭᠤᠨ ᠯᠠᠪᠯᠠᠬᠤ ᠦᠢ᠍ᠯᠡᠴᠢᠯᠡᠭᠡᠨ᠎ᠤ ᠠᠵᠢᠯ᠎ᠢ ᠥᠷᠨᠢᠭᠦᠯᠦᠨ᠎ᠡ᠃
4. ᠪᠠᠢ᠌ᠭᠤᠯᠭ᠎ᠠ ᠵᠢ ᠬᠠᠮᠵᠢᠨ ᠰᠣᠶᠣᠯ ᠪᠠ ᠵᠢᠭᠤᠯᠴᠢᠯᠠᠯ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡᠨ᠂ ᠤᠬᠠᠭᠤᠯᠭ᠎ᠠ ᠲᠠᠨᠢᠯᠴᠠᠭᠤᠯᠭ᠎ᠠ᠂ ᠲᠥᠯᠦᠪᠵᠢᠭᠦᠯᠭᠡ ᠵᠢᠨ ᠪᠠᠢ᠌ᠴᠠᠭ᠋ᠠᠨ ᠰᠤᠳᠤᠯᠤᠯᠲᠠ᠂ ᠲᠣᠭ᠎ᠠ ᠪᠦᠷᠢᠳᠬᠡᠯ᠎ᠤᠨ ᠰᠤᠳᠤᠯᠭ᠋ᠠᠨ᠂ ᠵᠢᠭᠤᠯᠴᠢᠯᠠᠯ᠎ᠤᠨ ᠡᠬᠢ ᠪᠠᠶᠠᠯᠢᠭ᠎ᠤᠨ ᠨᠡᠭᠡᠭᠡᠯᠲᠡ᠂ ᠠᠵᠤ ᠦᠢ᠍ᠯᠡᠰ᠎ᠢ ᠠᠬᠢᠭᠤᠯᠬᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠤᠯᠪᠠᠰᠤᠷᠠᠯ ᠵᠡᠷᠭᠡ ᠠᠵᠢᠯ᠎ᠢ ᠥᠷᠨᠢᠭᠦᠯᠦᠨ᠎ᠡ᠃
5. ᠪᠠᠢ᠌ᠭᠤᠯᠭ᠎ᠠ ᠵᠢᠨ ᠫᠤᠷᠲ᠋ᠠᠯ ᠰᠦᠯᠵᠢᠶ᠎ᠡ᠂ ᠪᠢᠴᠢᠯ ᠪᠯᠣᠭ᠎ᠤᠨ ᠲᠠᠩᠰᠠᠨ ᠨᠣᠮᠧᠷ᠂ ᠸᠢᠴᠠᠲ᠎ᠤᠨ ᠨᠡᠶ᠋ᠢᠲᠡ ᠵᠢᠨ ᠳ᠋ᠤᠭ᠋ᠠᠷ ᠵᠡᠷᠭᠡ ᠲᠠᠪᠴᠠᠩ᠎ᠤᠨ ᠠᠵᠢᠯᠯᠠᠭ᠋ᠠᠨ᠎ᠢ ᠬᠠᠮᠠᠭ᠋ᠠᠯᠠᠬᠤ ᠠᠵᠢᠯ᠎ᠢ ᠡᠭᠦᠷᠭᠡᠯᠡᠨ᠎ᠡ᠃
6. ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
(ᠬᠣᠶᠠᠷ) ᠳᠣᠲᠣᠭ᠋ᠠᠳᠤ ᠪᠠᠢ᠌ᠭᠤᠯᠤᠮᠵᠢ
ᠳᠣᠲᠣᠭ᠋ᠠᠳᠤ᠎ᠳᠤ᠎ᠪᠠᠨ ᠵᠢᠩᠬᠢᠨᠢ ᠰᠠᠯᠠᠭ᠋ᠠᠨ᠎ᠤ ᠲᠠᠰ᠎ᠤᠨ ᠪᠠᠢ᠌ᠭᠤᠯᠤᠮᠵᠢ᠄ ᠶᠡᠷᠦᠩᠬᠡᠢ᠌ᠯᠡᠭᠰᠡᠨ ᠰᠠᠯᠠᠭ᠎ᠠ᠂ ᠨᠠᠮ᠎ᠤᠨ ᠠᠵᠢᠯ᠎ᠤᠨ ᠠᠯᠪᠠᠨ ᠭᠡᠷ (ᠠᠵᠢᠯᠲᠠᠨ᠎ᠤ ᠶᠠᠪᠤᠳᠠᠯ᠎ᠤᠨ ᠰᠠᠯᠠᠭ᠎ᠠ)᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ᠂ ᠵᠠᠭ᠋ᠠᠯᠳᠤᠯᠭ᠎ᠠ ᠵᠢ ᠭᠥᠯᠢᠶᠡᠨ ᠠᠪᠴᠤ ᠰᠢᠢ᠍ᠳᠪᠦᠷᠢᠯᠡᠬᠦ ᠲᠠᠰᠤᠭ᠂ ᠮᠡᠳᠡᠭᠡ ᠵᠠᠩᠭᠢ ᠵᠢᠨ ᠤᠬᠠᠭᠤᠯᠭ᠎ᠠ ᠵᠢᠨ ᠰᠠᠯᠠᠭ᠎ᠠ᠂ ᠲᠤᠬᠠᠢ᠌ᠯᠠᠭᠰᠠᠨ ᠠᠵᠢᠯ᠎ᠤᠨ ᠪᠠᠲᠤᠯᠠᠭ᠎ᠠ ᠵᠢᠨ ᠰᠠᠯᠠᠭ᠎ᠠ ᠵᠡᠷᠭᠡ ᠪᠤᠢ᠃ (ᠭᠤᠷᠪᠠ) ᠠᠵᠢᠯᠯᠠᠬᠤ ᠭᠠᠵᠠᠷ᠎ᠤᠨ ᠬᠠᠶᠢᠭ
ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠤᠯᠠᠭ᠋ᠠᠨᠴᠠᠪ ᠪᠠᠷᠠᠭᠤᠨ ᠵᠡᠭᠡᠯᠢ ᠵᠢᠨ 32 ᠳ᠋ᠤᠭ᠋ᠠᠷ ᠨᠣᠮᠧᠷ
(ᠳᠥᠷᠪᠡ) ᠠᠵᠢᠯᠯᠠᠬᠤ ᠴᠠᠭ
09᠄ 00 — 12᠄ 00; 13᠄ 30 — 17᠄ 30 (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠠᠮᠠᠷᠠᠯᠲᠠ ᠵᠢᠨ ᠡᠳᠦᠷ᠎ᠠᠴᠠ ᠭᠠᠳᠠᠨ᠎ᠠ)
(ᠲᠠᠪᠤ) ᠬᠠᠷᠢᠯᠴᠠᠬᠤ ᠤᠲᠠᠰᠤ
0471-6913964
(ᠵᠢᠷᠭᠤᠭ᠎ᠠ) ᠬᠠᠷᠢᠭᠤᠴᠠᠯᠭ᠋ᠠᠲᠠᠨ
ᠯᠠᠢ ᠰᠤ᠌ ᠲᠠᠩ