ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠠᠶ᠋ᠢᠭᠤᠯᠤᠮᠵᠢ
ᠨᠡᠢ᠌ᠲᠡ ᠵᠢᠨ ᠦᠢ᠍ᠯᠡᠴᠢᠯᠡᠭᠡᠨ᠎ᠤ ᠭᠠᠵᠠᠷ
ᠨᠡᠶᠢᠲᠡᠯᠡᠭᠰᠡᠨ ᠴᠠᠭ᠄ 2023-12-16

ᠨᠡᠢ᠌ᠲᠡ ᠵᠢᠨ ᠦᠢ᠍ᠯᠡᠴᠢᠯᠡᠭᠡᠨ᠎ᠤ ᠭᠠᠵᠠᠷ
      ᠰᠣᠶᠣᠯ ᠪᠠ ᠵᠢᠭᠣᠯᠴᠢᠯᠠᠯ᠎ᠤᠨ ᠨᠡᠢ᠌ᠲᠡ ᠵᠢᠨ ᠦᠢ᠍ᠯᠡᠴᠢᠯᠡᠭᠡᠨ᠎ᠤ ᠲᠦᠷᠦ ᠵᠢᠨ ᠪᠣᠳᠣᠯᠭ᠎ᠠ ᠵᠢᠴᠢ ᠨᠡᠢ᠌ᠲᠡ ᠵᠢᠨ ᠰᠣᠶᠣᠯ᠎ᠤᠨ ᠦᠢ᠍ᠯᠡᠰ᠎ᠤᠨ ᠬᠦᠭᠵᠢᠯᠲᠡ ᠵᠢᠨ ᠲᠦᠯᠦᠪᠵᠢᠬᠦᠯᠬᠡ ᠵᠢ ᠲᠤᠭᠲᠠᠭ᠋ᠠᠵᠤ ᠵᠣᠬᠢᠶᠠᠨ ᠪᠠᠢ᠌ᠭᠤᠯᠵᠤ ᠬᠡᠷᠡᠭᠵᠢᠬᠦᠯᠦᠨ᠎ᠡ᠃ ᠪᠦᠬᠦ ᠣᠷᠣᠨ᠎ᠤ ᠨᠡᠢ᠌ᠲᠡ ᠵᠢᠨ ᠰᠣᠶᠣᠯ ᠎ᠤᠨ ᠦᠢ᠍ᠯᠡᠴᠢᠯᠡᠭᠡ ᠪᠠ ᠵᠢᠭᠣᠯᠴᠢᠯᠠᠯ᠎ᠤᠨ ᠨᠡᠢ᠌ᠲᠡ ᠵᠢᠨ ᠦᠢ᠍ᠯᠡᠴᠢᠯᠡᠭᠡ ᠵᠢᠨ ᠵᠢᠯᠤᠭᠤᠳᠬᠤ᠂ ᠵᠣᠬᠢᠴᠠᠭᠣᠯᠬᠣ ᠪᠠ ᠲᠦᠯᠬᠢᠨ ᠠᠬᠢᠭᠣᠯᠬᠣ ᠠᠵᠢᠯ᠎ᠢ ᠡᠭᠦᠷᠭᠡᠯᠡᠨ᠎ᠡ᠃ ᠦᠪᠡᠷᠳᠡᠭᠡᠨ ᠵᠠᠰᠠᠬᠣ ᠣᠷᠣᠨ᠎ᠤ ᠰᠣᠶᠣᠯ ᠪᠠ ᠵᠢᠭᠣᠯᠴᠢᠯᠠᠯ᠎ᠤᠨ ᠨᠡᠢ᠌ᠲᠡ ᠵᠢᠨ ᠦᠢ᠍ᠯᠡᠴᠢᠯᠡᠭᠡᠨ᠎ᠤ ᠪᠠᠷᠢᠮᠵᠢᠶ᠎ᠠ ᠵᠢ ᠲᠤᠭᠲᠠᠭ᠋ᠠᠵᠤ᠂   ᠬᠡᠷᠡᠭᠵᠢᠬᠦᠯᠦᠯᠲᠡ᠎ᠳᠤ ᠬᠢᠨᠠᠯᠲᠠ ᠲᠠᠯᠪᠢᠨ᠎ᠠ᠃ ᠣᠳᠣᠷᠢᠳᠣᠮᠵᠢ ᠵᠢᠨ ᠴᠢᠨᠠᠷ᠂ ᠦᠯᠢᠭᠡᠷ ᠲᠠᠭᠣᠷᠢᠶᠠᠯ᠎ᠤᠨ ᠴᠢᠨᠠᠷᠲᠠᠢ ᠰᠣᠶᠣᠯ ᠪᠠ ᠵᠢᠭᠣᠯᠴᠢᠯᠠᠯ᠎ᠤᠨ ᠨᠡᠢ᠌ᠲᠡ ᠵᠢᠨ ᠦᠢ᠍ᠯᠡᠴᠢᠯᠡᠭᠡᠨ᠎ᠤ ᠬᠦᠳᠡᠯᠭᠡᠭᠡᠨ᠎ᠢ ᠵᠣᠬᠢᠶᠠᠨ ᠪᠠᠢ᠌ᠭᠤᠯᠵᠤ ᠦᠷᠨᠢᠬᠦᠯᠦᠨ᠎ᠡ᠃ ᠣᠯᠠᠨ ᠲᠦᠮᠡᠨ᠎ᠤ ᠰᠣᠶᠣᠯ᠂ ᠴᠦᠬᠡᠨ ᠲᠣᠭ᠋ᠠᠲᠦ ᠦᠨᠳᠦᠰᠦᠲᠡᠨ᠎ᠤ ᠰᠣᠶᠣᠯ᠂ ᠨᠠᠰᠣᠨ᠎ᠳᠤ ᠦᠯᠦ ᠬᠦᠷᠦᠭᠰᠡᠳ᠎ᠤᠨ ᠰᠣᠶᠣᠯ ᠪᠠ ᠨᠠᠰᠤᠲᠠᠢ᠌ᠴᠤᠳ᠎ᠤᠨ ᠰᠣᠶᠣᠯ᠎ᠤᠨ ᠠᠵᠢᠯ᠎ᠢ ᠵᠢᠯᠤᠭᠤᠳᠴᠤ᠂ ᠨᠣᠮ᠎ᠤᠨ ᠰᠠᠩ᠂ ᠰᠣᠶᠣᠯ᠎ᠤᠨ ᠣᠷᠳᠣᠨ᠂ ᠦᠵᠡᠰᠬᠦᠯᠡᠩ᠎ᠤᠨ ᠤᠷᠳᠤᠨ᠎ᠤ ᠦᠢ᠍ᠯᠡᠰ ᠪᠠ ᠦᠨᠳᠦᠰᠦᠨ ᠱᠠᠳᠣᠨ᠎ᠤ ᠶᠡᠷᠦᠩᠬᠡᠢ᠌ᠯᠡᠭᠰᠡᠨ ᠴᠢᠨᠠᠷᠲᠠᠢ ᠰᠣᠶᠣᠯ᠎ᠤᠨ ᠦᠢ᠍ᠯᠡᠴᠢᠯᠡᠭᠡᠨ᠎ᠤ ᠲᠦᠪ᠎ᠤᠨ ᠪᠦᠳᠦᠭᠡᠨ ᠪᠠᠢ᠌ᠭᠣᠯᠣᠯᠲᠠ ᠵᠢ ᠵᠢᠯᠣᠭᠣᠳᠣᠨ᠎ᠠ᠃ ᠨᠡᠢ᠌ᠲᠡ ᠵᠢᠨ ᠲᠣᠭ᠋ᠠᠴᠢᠯᠠᠭᠰᠠᠨ ᠰᠣᠶᠣᠯ ᠪᠠ ᠡᠷᠳᠡᠨ᠎ᠤ ᠰᠣᠳᠣᠷ᠎ᠤᠨ ᠬᠠᠮᠠᠭ᠋ᠠᠯᠠᠯᠲᠠ ᠵᠢᠨ ᠠᠵᠢᠯ᠎ᠢ ᠵᠢᠯᠦᠭᠣᠳᠣᠨ᠎ᠠ᠃ ᠠᠷᠠᠳ᠎ᠤᠨ ᠣᠷᠠᠯᠢᠭ᠎ᠤᠨ ᠨᠣᠳᠣᠭ ᠪᠠ ᠰᠣᠶᠣᠯ᠎ᠤᠨ ᠰᠠᠢ᠌ᠨ ᠲᠣᠷ᠎ᠠ ᠵᠢᠨ ᠦᠢ᠍ᠯᠡᠴᠢᠯᠡᠭᠡᠨ᠎ᠤ ᠡᠩᠨᠡᠭᠡᠨ᠎ᠤ ᠪᠦᠳᠦᠭᠡᠨ ᠪᠠᠢ᠌ᠭᠣᠯᠣᠯᠲᠠ ᠵᠢ ᠵᠢᠯᠣᠭᠣᠳᠣᠨ᠎ᠠ᠃
      ᠬᠠᠷᠢᠭᠤᠴᠠᠯᠭ᠋ᠠᠲᠠᠨ᠄ ᠪᠠᠢ ᠵᠢᠶᠦ᠋ᠨ ᠮᠢᠩ
      ᠬᠠᠷᠢᠯᠴᠠᠬᠤ ᠤᠲᠠᠰᠤ᠄ 0471 -6968019

ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠰᠢᠨᠵᠢᠯᠡᠬᠦ ᠮᠡᠷᠭᠡᠵᠢᠯ ᠰᠣᠷᠭ᠋ᠠᠨ ᠬᠦᠮᠦᠵᠢᠯ᠎ᠤᠨ ᠭᠠᠵᠠᠷ
ᠪᠣᠳᠠᠰ᠎ᠤᠨ ᠪᠣᠰᠦ ᠰᠣᠶᠣᠯ᠎ᠤᠨ ᠦᠪ᠎ᠤᠨ ᠭᠠᠵᠠᠷ
ᠠᠵᠦ ᠦᠢ᠍ᠯᠡᠰ᠎ᠤᠨ ᠬᠦᠭᠵᠢᠬᠦᠯᠦᠯᠲᠡ ᠵᠢᠨ ᠭᠠᠵᠠᠷ
ᠡᠬᠢ ᠪᠠᠶᠠᠯᠢᠭ᠎ᠢ ᠨᠡᠬᠡᠬᠡᠨ ᠠᠰᠢᠭᠯᠠᠬᠣ ᠭᠠᠵᠠᠷ
ᠵᠠᠬ᠎ᠠ ᠲᠡᠯᠭᠡᠭᠦᠷ᠎ᠤᠨ ᠬᠠᠮᠢᠶᠠᠷᠣᠯᠲᠠ ᠵᠢᠨ ᠭᠠᠵᠠᠷ
 
            