ᠲᠡᠤᠬᠡ ᠵᠢᠨ ᠳᠣᠷᠠᠰᠬᠠᠯᠲᠦ ᠵᠦᠢ᠍ᠯᠡᠰ᠎ᠤᠨ ᠲᠤᠪᠴᠢᠶᠠᠨ᠎ᠤ ᠮᠦᠽᠸᠢ᠎ᠤᠨ ᠭᠠᠵᠠᠷ
ᠪᠦᠬᠦ ᠣᠷᠣᠨ᠎ᠤ ᠮᠦᠽᠸᠢ ᠵᠢᠨ ᠳᠡᠭᠡᠭᠰᠢ ᠮᠡᠳᠡᠭᠦᠯᠬᠦ᠂ ᠡᠵᠡᠩᠨᠡᠯᠳᠡ ᠵᠢ᠎ᠨᠢ ᠦᠨᠡᠯᠡᠨ ᠵᠢᠱ᠌ᠢᠬᠦ ᠵᠡᠷᠭᠡ ᠠᠵᠢᠯ᠎ᠢ ᠬᠢᠨᠠᠨ ᠬᠠᠮᠢᠶᠠᠷᠴᠤ ᠬᠠᠷᠢᠭᠣᠴᠠᠨ᠎ᠠ; ᠪᠦᠬᠦ ᠣᠷᠣᠨ᠎ᠤ ᠮᠦᠽᠸᠢ ᠵᠢᠨ ᠬᠠᠳᠠᠭ᠋ᠠᠯᠠᠮᠵᠢ ᠪᠦᠳᠦᠭᠡᠭᠳᠡᠭᠦᠨ᠎ᠤ ᠬᠠᠮᠢᠶᠠᠷᠣᠯᠲᠠ᠂ ᠲᠣᠨᠣᠭ ᠲᠦᠬᠦᠭᠡᠷᠣᠮᠵᠢ ᠵᠢᠨ ᠪᠠᠢ᠌ᠭᠣᠯᠣᠯᠲᠠ᠂ ᠳᠡᠯᠭᠡᠨ ᠦᠵᠡᠭᠦᠯᠭᠡ᠂ ᠮᠦᠽᠸᠢᠨᠤᠭᠤᠳᠤᠨ ᠬᠣᠭᠣᠷᠣᠨᠳᠦ ᠵᠢᠨ ᠬᠠᠷᠢᠯᠴᠠᠭ᠎ᠠ ᠬᠠᠮᠵᠢᠯᠴᠠᠭ᠎ᠠ ᠪᠠ ᠲᠦᠯᠦᠪᠣᠷᠢ ᠦᠭᠡᠢ ᠨᠡᠭᠡᠭᠡᠬᠦ ᠵᠡᠷᠭᠡ ᠠᠵᠢᠯ᠎ᠢ ᠵᠢᠭ᠋ᠠᠨ ᠵᠢᠯᠣᠭᠣᠳᠣᠨ᠎ᠠ; ᠲᠡᠤᠬᠡ ᠵᠢᠨ ᠬᠦᠳᠡᠯᠦᠩᠭᠦᠢ ᠳᠣᠷᠠᠰᠬᠠᠯᠲᠦ ᠵᠦᠢ᠍ᠯᠡᠰ᠎ᠢ ᠬᠠᠮᠠᠭ᠋ᠠᠯᠠᠬᠣ ᠮᠡᠷᠭᠡᠵᠢᠯ᠎ᠤᠨ ᠴᠢᠨᠠᠷ ᠴᠢᠨᠰᠠᠭ᠎ᠠ ᠵᠢ ᠬᠢᠨᠠᠨ ᠵᠦᠪᠰᠢᠶᠡᠷᠡᠬᠦ ᠵᠢ ᠬᠠᠷᠢᠭᠣᠴᠠᠨ᠎ᠠ; ᠮᠦᠽᠸᠢ᠎ᠳᠤ ᠬᠠᠳᠠᠭ᠋ᠠᠯᠠᠭᠳᠠᠵᠣ ᠪᠠᠢ᠌ᠭ᠎ᠠ ᠲᠡᠤᠬᠡ ᠵᠢᠨ ᠳᠣᠷᠠᠰᠬᠠᠯ᠎ᠳᠦ ᠵᠦᠢ᠍ᠯᠡᠰ᠎ᠢ ᠰᠡᠷᠭᠡᠢ᠌ᠯᠡᠨ ᠬᠠᠮᠠᠭ᠋ᠠᠯᠠᠬᠣ ᠪᠠ ᠰᠡᠯᠪᠢᠨ ᠵᠠᠰᠠᠬᠣ ᠠᠵᠢᠯ᠎ᠢ ᠵᠢᠭ᠋ᠠᠨ ᠵᠢᠯᠣᠭᠣᠳᠣᠨ᠎ᠠ; ᠮᠦᠽᠸᠢ᠎ᠳᠤ ᠬᠠᠳᠠᠭ᠋ᠠᠯᠠᠭᠳᠠᠵᠤ ᠪᠠᠢ᠌ᠭ᠎ᠠ ᠲᠡᠤᠬᠡ ᠵᠢᠨ ᠳᠣᠷᠠᠰᠬᠠᠯᠲᠦ ᠵᠦᠢ᠍ᠯᠡᠰ᠎ᠢ ᠲᠡᠰ ᠲᠣᠭᠲᠠᠭ᠋ᠠᠬᠣ ᠠᠵᠢᠯ᠎ᠢ ᠬᠠᠷᠢᠭᠣᠴᠠᠨ ᠵᠣᠬᠢᠶᠠᠨ ᠪᠠᠢ᠌ᠭᠣᠯᠣᠨ᠎ᠠ; ᠨᠡᠢ᠌ᠬᠡᠮ ᠳᠡᠭᠡᠷᠡᠬᠢ ᠦᠨ᠎ᠡ ᠦᠷᠳᠡᠭ ᠪᠦᠬᠦᠢ ᠲᠡᠤᠬᠡ ᠵᠢᠨ ᠳᠣᠷᠠᠰᠬᠠᠯᠲᠦ ᠵᠦᠢ᠍ᠯᠡᠰ᠎ᠢ ᠠᠪᠣᠷᠠᠨ ᠬᠠᠮᠠᠭ᠋ᠠᠯᠠᠬᠣ ᠠᠵᠢᠯ᠎ᠢ ᠵᠢᠭ᠋ᠠᠨ ᠵᠢᠯᠣᠭᠣᠳᠣᠨ᠎ᠠ; ᠲᠡᠤᠬᠡ ᠵᠢᠨ ᠳᠣᠷᠠᠰᠬᠠᠯᠲᠦ ᠵᠦᠢ᠍ᠯᠡᠰ᠎ᠢ ᠦᠨ᠎ᠡ ᠬᠠᠶᠠᠯᠴᠠᠨ ᠬᠣᠳᠠᠯᠳᠣᠬᠣ; ᠲᠡᠤᠬᠡ ᠵᠢᠨ ᠳᠣᠷᠠᠰᠬᠠᠯᠲᠦ ᠵᠦᠢ᠍ᠯᠡᠰ᠎ᠤᠨ ᠳᠡᠯᠭᠡᠭᠦᠷ ᠬᠣᠳᠠᠯᠳᠣᠭ᠎ᠠ ᠵᠢᠨ ᠴᠣᠭᠴᠠᠯᠠᠯᠲᠠ ᠵᠢ ᠬᠠᠷᠢᠭᠣᠴᠠᠨ᠎ᠠ ᠃
ᠬᠠᠷᠢᠭᠤᠴᠠᠯᠭ᠋ᠠᠲᠠᠨ ᠄ ᠯᠢᠦ ᠶᠠᠨ ᠴᠦᠨ
ᠬᠠᠷᠢᠯᠴᠠᠬᠤ ᠤᠲᠠᠰᠤ ᠄ 0471-6355752