ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠠᠶ᠋ᠢᠭᠤᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠠᠭ᠋ᠠᠨᠮᠥ᠋ᠴᠢᠷ
ᠨᠡᠶᠢᠲᠡᠯᠡᠭᠰᠡᠨ ᠴᠠᠭ᠄ 2023-12-20

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠠᠭ᠋ᠠᠨᠮᠥ᠋ᠴᠢᠷ ᠪᠣᠯ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ   ᠵᠢᠭᠤᠯᠴᠢᠯᠠᠯ᠎ᠤᠨ ᠲᠢᠩᠬᠢᠮ᠎ᠳᠤ ᠬᠠᠷᠢᠶᠠᠯᠠᠭᠳᠠᠬᠤ ᠵᠢᠩᠬᠢᠨᠢ ᠭᠠᠵᠠᠷ᠎ᠤᠨ ᠲᠡᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠦᠷᠦᠯ᠎ᠤᠨ ᠠᠵᠢᠯ ᠦᠢ᠍ᠯᠡᠰ᠎ᠤᠨ ᠨᠢᠭᠡᠴᠢ ᠪᠣᠯᠣᠨ᠎ᠠ᠃
      (ᠨᠢᠭᠡ) ᠭᠣᠣᠯ ᠡᠭᠦᠷᠭᠡ ᠬᠠᠷᠢᠭᠤᠴᠠᠯᠭ᠎ᠠ
    1. ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ ᠵᠢ ᠤᠯᠠᠮᠵᠢᠯᠠᠨ ᠪᠠᠳᠠᠷᠠᠭᠤᠯᠵᠤ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠲᠣᠭᠯᠠᠯᠲᠠ ᠭᠠᠷᠭ᠋ᠠᠨ᠂ ᠦᠨᠳᠦᠰᠦᠨ ᠱᠠᠲᠤᠨ᠎ᠳᠤ ᠭᠦᠨᠵᠡᠭᠡᠢ᠌ᠷᠡᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠵᠦ᠂ ᠠᠷᠠᠳ ᠣᠯᠠᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠲᠤᠳᠬᠠᠨ᠎ᠠ᠃
   2. ᠰᠢᠯᠢᠳᠡᠭ ᠤᠳᠬ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠵᠦ᠂ ᠤᠯᠠᠭ᠋ᠠᠨᠮᠥ᠋ᠴᠢᠷ᠎ᠤᠨ ᠵᠣᠬᠢᠶᠠᠨ ᠪᠦᠲᠦᠭᠡᠬᠦ ᠠᠷᠭ᠎ᠠ ᠮᠠᠶᠢᠭ᠂ ᠲᠣᠭᠯᠠᠯᠲᠠ ᠵᠢᠨ ᠬᠡᠯᠪᠡᠷᠢ ᠪᠠ ᠤᠯᠠᠮᠵᠢᠯᠠᠬᠤ ᠠᠷᠭ᠎ᠠ ᠵᠠᠮ᠎ᠤᠨ ᠰᠢᠨ᠎ᠡ ᠵᠢ ᠡᠭᠦᠳᠴᠦ᠂ ᠤᠷᠠᠯᠢᠭ᠎ᠤᠨ ᠬᠡᠯᠪᠡᠷᠢ᠎ᠪᠠᠷ ᠳᠠᠮᠵᠢᠭᠤᠯᠤᠨ᠂ ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠪᠠ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ᠎ᠠ᠃
   3. ᠤᠯᠠᠨ ᠲᠦᠮᠡᠨ᠎ᠤ ᠠᠵᠢᠯ᠎ᠤᠨ ᠴᠢᠯᠦᠭᠡᠨ᠎ᠤ ᠤᠷᠠᠨ ᠰᠠᠢ᠌ᠬᠠᠨ᠎ᠤ ᠲᠣᠭᠯᠠᠯᠲᠠ ᠪᠠ ᠵᠣᠬᠢᠶᠠᠨ ᠪᠦᠲᠦᠭᠡᠬᠦ ᠠᠵᠢᠯᠯᠠᠭ᠎ᠠ ᠵᠢ ᠬᠠᠪᠰᠤᠷᠤᠨ ᠵᠢᠯᠤᠭᠣᠳᠴᠤ᠂ ᠦᠨᠳᠦᠰᠦᠨ ᠱᠠᠲᠤᠨ᠎ᠤ ᠤᠳᠬ᠎ᠠ ᠤᠷᠠᠯᠢᠭ᠎ᠤᠨ ᠭᠣᠣᠯᠯᠠᠭᠴᠢ ᠬᠦᠴᠦᠨ᠎ᠢ ᠬᠥᠮᠥᠵᠢᠭᠦᠯᠦᠨ᠎ᠡ᠃ ᠦᠨᠳᠦᠰᠦᠲᠡᠨ᠎ᠤ ᠠᠷᠠᠳ᠎ᠤᠨ ᠳᠤᠮᠳᠠᠬᠢ ᠰᠢᠯᠢᠳᠡᠭ ᠤᠯᠠᠮᠵᠢᠯᠠᠯᠲᠤ ᠰᠣᠶᠣᠯ᠎ᠢ ᠬᠠᠮᠠᠭ᠋ᠠᠯᠠᠨ ᠵᠠᠯᠭ᠋ᠠᠮᠵᠢᠯᠠᠨ᠎ᠠ᠃
     4. ᠭᠠᠳᠠᠭ᠋ᠠᠳᠤ᠎ᠲᠠᠢ ᠰᠣᠶᠣᠯ᠎ᠤᠨ ᠰᠣᠯᠢᠯᠴᠠᠭ᠎ᠠ ᠬᠢᠬᠦ ᠠᠵᠢᠯᠯᠠᠭ᠎ᠠ ᠵᠢ ᠥᠷᠨᠢᠭᠦᠯᠦᠨ᠎ᠡ᠃
  5. ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
     (ᠬᠣᠶᠠᠷ) ᠳᠣᠲᠣᠭ᠋ᠠᠳᠤ ᠪᠠᠢ᠌ᠭᠤᠯᠤᠮᠵᠢ
    ᠳᠣᠲᠣᠭ᠋ᠠᠳᠤ᠎ᠳᠤ᠎ᠪᠠᠨ ᠵᠢᠩᠬᠢᠨᠢ ᠰᠠᠯᠠᠭ᠋ᠠᠨ᠎ᠤ ᠲᠠᠰ᠎ᠤᠨ ᠪᠠᠢ᠌ᠭᠤᠯᠤᠮᠵᠢ᠄ ᠶᠡᠷᠦᠩᠬᠡᠢ᠌ᠯᠡᠭᠰᠡᠨ ᠰᠠᠯᠠᠭ᠎ᠠ᠂ ᠨᠠᠮ᠎ᠤᠨ ᠠᠵᠢᠯ᠎ᠤᠨ ᠠᠯᠪᠠᠨ ᠭᠡᠷ (ᠠᠵᠢᠯᠲᠠᠨ᠎ᠤ ᠶᠠᠪᠤᠳᠠᠯ᠎ᠤᠨ ᠰᠠᠯᠠᠭ᠎ᠠ)᠂ ᠤᠯᠠᠮᠵᠢᠯᠠᠨ ᠵᠠᠯᠭ᠋ᠠᠮᠵᠢᠯᠠᠬᠤ ᠵᠣᠬᠢᠶᠠᠨ ᠪᠦᠲᠦᠭᠡᠬᠦ ᠬᠡᠯᠲᠡᠰ᠂ ᠪᠤᠯᠪᠠᠰᠤᠷᠠᠭᠤᠯᠤᠨ ᠬᠠᠪᠰᠤᠷᠤᠨ ᠵᠢᠯᠤᠭᠣᠳᠬᠤ ᠬᠡᠯᠲᠡᠰ᠂ ᠲᠣᠭᠯᠠᠯᠲᠠ ᠵᠢᠨ ᠬᠠᠮᠢᠶᠠᠷᠤᠯᠲᠠ ᠵᠢᠨ ᠬᠡᠯᠲᠡᠰ᠂ ᠳᠠᠭᠤᠯᠠᠬᠤᠢ ᠵᠢᠨ ᠬᠡᠯᠲᠡᠰ᠂ ᠪᠥᠵᠢᠭ᠎ᠤᠨ ᠬᠡᠯᠲᠡᠰ᠂ ᠬᠥᠭᠵᠢᠮ᠎ᠤᠨ ᠬᠡᠯᠲᠡᠰ ᠵᠡᠷᠭᠡ ᠪᠣᠶ᠃
     (ᠭᠤᠷᠪᠠ) ᠠᠵᠢᠯᠯᠠᠬᠤ ᠭᠠᠵᠠᠷ᠎ᠤᠨ ᠬᠠᠶᠢᠭ
      ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠪᠧᠢ ᠶᠤᠸᠠᠨ ᠵᠡᠭᠦᠨ ᠵᠡᠭᠡᠯᠢ ᠵᠢᠨ ᠬᠥᠬᠡ 16 ᠳ᠋ᠤᠭ᠋ᠠᠷ ᠨᠣᠮᠧᠷ
     (ᠳᠥᠷᠪᠡ) ᠠᠵᠢᠯᠯᠠᠬᠤ ᠴᠠᠭ
   09᠄ 00 — 12᠄ 00; 13᠄ 30 — 17᠄ 30 (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠠᠮᠠᠷᠠᠯᠲᠠ ᠵᠢᠨ ᠡᠳᠦᠷ᠎ᠠᠴᠠ ᠭᠠᠳᠠᠨ᠎ᠠ)
     (ᠲᠠᠪᠤ) ᠬᠠᠷᠢᠯᠴᠠᠬᠤ ᠤᠲᠠᠰᠤ
      0471-3946328
     (ᠵᠢᠷᠭᠤᠭ᠎ᠠ) ᠬᠠᠷᠢᠭᠤᠴᠠᠯᠭ᠋ᠠᠲᠠᠨ ᠰᠢᠩ ᠯᠢ ᠯᠢ  

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠦᠪ
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠤᠨ ᠣᠷᠳᠣᠨ
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠬᠦᠷᠢᠶᠡᠯᠡᠩ
 
            