ᠥᠪᠥᠷ ᠮᠣᠩᠭᠣᠯ᠎ᠤᠨ ᠮᠦᠽᠧᠢ ᠪᠣᠯ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠬᠠᠷᠢᠶᠠᠯᠠᠭᠳᠠᠬᠤ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠤᠯᠤᠨ᠎ᠠ᠂ ᠪᠠᠢ᠌ᠭᠤᠯᠤᠮᠵᠢ ᠵᠢᠨ ᠬᠡᠪ ᠪᠠᠷᠢᠮᠵᠢᠶ᠎ᠠ᠎ᠨᠢ ᠳᠡᠳ᠋ ᠲᠢᠩᠬᠢᠮ᠎ᠤᠨ ᠲᠠᠰ᠎ᠲᠠᠢ ᠲᠡᠩᠴᠡᠨ᠎ᠡ᠃
(ᠨᠢᠭᠡ) ᠭᠣᠣᠯ ᠡᠭᠦᠷᠭᠡ ᠬᠠᠷᠢᠭᠤᠴᠠᠯᠭ᠎ᠠ
1. ᠮᠦᠽᠧᠢ ᠵᠢᠨ ᠳᠡᠯᠭᠡᠨ ᠦᠵᠡᠭᠦᠯᠭᠡ᠂ ᠦᠵᠡᠰᠭᠦᠯᠡᠩ ᠵᠢᠴᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠳᠠᠭ᠋ᠠᠯᠠᠮᠵᠢ ᠵᠢ ᠬᠠᠮᠠᠭ᠋ᠠᠯᠠᠵᠤ ᠴᠤᠭᠯᠠᠭᠤᠯᠬᠤ᠂ ᠬᠠᠮᠢᠶᠠᠷᠴᠤ ᠬᠠᠳᠠᠭ᠋ᠠᠯᠠᠬᠤ᠂ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠵᠡᠷᠭᠡ ᠠᠵᠢᠯ᠎ᠢ ᠡᠭᠦᠷᠭᠡᠯᠡᠨ᠎ᠡ᠃
2. ᠮᠦᠽᠧᠢ ᠵᠢ ᠰᠦᠢ᠍ᠳᠬᠡᠯ ᠬᠤᠷᠢᠶᠠᠬᠤ ᠦᠭᠡᠢ᠎ᠪᠠᠷ ᠨᠡᠭᠡᠭᠡᠬᠦ᠂ ᠲᠣᠭᠣᠷᠢᠨ ᠦᠵᠡᠭᠴᠢᠳ᠎ᠢ ᠭᠥᠯᠢᠶᠡᠨ ᠠᠪᠬᠤ᠂ ᠨᠡᠢ᠌ᠭᠡᠮ᠎ᠤᠨ ᠰᠤᠷᠭ᠋ᠠᠨ ᠬᠥᠮᠦᠵᠢᠯ᠎ᠤᠨ ᠠᠵᠢᠯ᠎ᠢ ᠡᠭᠦᠷᠭᠡᠯᠡᠨ᠎ᠡ᠃
3. ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠢ ᠪᠠᠢ᠌ᠴᠠᠭ᠋ᠠᠨ ᠴᠤᠭᠯᠠᠭᠤᠯᠬᠤ᠂ ᠬᠣᠷᠢᠶᠠᠨ ᠬᠠᠳᠠᠭ᠋ᠠᠯᠠᠵᠤ ᠬᠠᠮᠠᠭ᠋ᠠᠯᠠᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ᠂ ᠳᠡᠯᠭᠡᠨ ᠦᠵᠡᠭᠦᠯᠬᠦ ᠵᠡᠷᠭᠡ ᠠᠵᠢᠯ᠎ᠢ ᠥᠷᠨᠢᠭᠦᠯᠦᠨ᠎ᠡ᠃
4. ᠥᠪᠥᠷ ᠮᠣᠩᠭᠣᠯ᠎ᠤᠨ ᠲᠡᠦᠬᠡ ᠰᠣᠶᠣᠯ᠂ ᠮᠦᠽᠸᠢ᠎ᠳᠤ ᠬᠠᠳᠠᠭ᠋ᠠᠯᠠᠵᠤ ᠪᠠᠢ᠌ᠭ᠎ᠠ ᠲᠡᠦᠬᠡ ᠵᠢᠨ ᠳᠤᠷᠠᠰᠬᠠᠯᠲᠤ ᠵᠦᠢ᠍ᠯ᠎ᠤᠨ ᠰᠤᠳᠤᠯᠭ᠋ᠠᠨ ᠪᠣᠯᠣᠨ ᠬᠠᠮᠢᠶ᠎ᠠ ᠪᠦᠬᠦᠢ ᠡᠷᠳᠡᠮ ᠰᠢᠨᠵᠢᠯᠡᠭᠡᠨ᠎ᠤ ᠰᠣᠯᠢᠯᠴᠠᠭ᠎ᠠ ᠬᠠᠮᠵᠢᠯᠴᠠᠭ᠎ᠠ ᠵᠢᠨ ᠠᠵᠢᠯᠯᠠᠭ᠎ᠠ ᠵᠢ ᠥᠷᠨᠢᠭᠦᠯᠦᠨ᠎ᠡ᠃
5. ᠰᠣᠶᠣᠯ᠎ᠤᠨ ᠪᠦᠲᠦᠭᠡᠯᠴᠢ ᠦᠢ᠍ᠯᠡᠳᠬᠦᠨ᠎ᠢ ᠨᠡᠭᠡᠭᠡᠨ ᠬᠥᠭᠵᠢᠭᠦᠯᠬᠦ ᠵᠢ ᠥᠷᠨᠢᠭᠦᠯᠵᠦ᠂ ᠰᠣᠶᠣᠯ᠎ᠤᠨ ᠠᠵᠤ ᠦᠢ᠍ᠯᠡᠰ᠎ᠯᠦᠭᠡ ᠭᠦᠨᠵᠡᠭᠡᠢ ᠠᠭᠤᠰᠤᠯᠴᠠᠬᠤ ᠵᠢ ᠠᠬᠢᠭᠤᠯᠤᠨ᠎ᠠ᠃
6. ᠤᠷᠢᠳᠴᠢᠯᠠᠨ ᠰᠡᠷᠭᠡᠢ᠌ᠯᠡᠬᠦ ᠴᠢᠨᠠᠷᠲᠠᠢ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠠᠪᠴᠤ᠂ ᠲᠡᠦᠬᠡ ᠵᠢᠨ ᠳᠤᠷᠠᠰᠬᠠᠯᠲᠤ ᠵᠦᠢ᠍ᠯ᠂ ᠦᠯᠢᠭᠡᠷ ᠵᠠᠭᠪᠤᠷ᠂ ᠬᠠᠳᠠᠭ᠋ᠠᠯᠠᠮᠵᠢ ᠵᠢᠨ ᠵᠦᠢ᠍ᠯ᠎ᠤᠨ ᠠᠶᠤᠯ ᠦᠭᠡᠢ ᠪᠠᠢ᠌ᠬᠤ ᠵᠢ ᠦᠨᠡᠨ ᠬᠦ᠌ ᠪᠠᠲᠤᠯᠠᠨ᠎ᠠ᠃
7. ᠣᠶᠤᠨᠲᠤ ᠮᠦᠽᠧᠢ ᠵᠢ ᠨᠡᠭᠡᠭᠡᠨ ᠬᠥᠭᠵᠢᠭᠦᠯᠵᠦ ᠪᠦᠲᠦᠭᠡᠨ ᠪᠠᠢ᠌ᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠲᠤᠭ᠋ᠠᠵᠢᠭᠤᠯᠬᠤ ᠵᠡᠷᠭᠡ ᠠᠵᠢᠯ᠎ᠢ ᠠᠬᠢᠭᠤᠯᠤᠨ᠎ᠠ᠃
8. ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠲᠡᠦᠬᠡ ᠵᠢᠨ ᠳᠤᠷᠠᠰᠬᠠᠯᠲᠤ ᠵᠦᠢ᠍ᠯ᠎ᠢ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠦᠨ᠎ᠡ᠃
9. ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
(ᠬᠣᠶᠠᠷ) ᠳᠣᠲᠣᠭ᠋ᠠᠳᠤ ᠪᠠᠢ᠌ᠭᠤᠯᠤᠮᠵᠢ
ᠳᠣᠲᠣᠭ᠋ᠠᠳᠤ᠎ᠳᠤ᠎ᠪᠠᠨ ᠭᠠᠵᠠᠷ᠎ᠤᠨ ᠲᠠᠰ᠎ᠤᠨ ᠪᠠᠢ᠌ᠭᠤᠯᠤᠮᠵᠢ᠄ ᠠᠯᠪᠠᠨ ᠭᠡᠷ᠂ ᠨᠠᠮ᠎ᠤᠨ ᠬᠣᠷᠢᠶ᠎ᠠ ᠵᠢᠨ ᠠᠯᠪᠠᠨ ᠭᠡᠷ᠂ ᠠᠵᠢᠯᠲᠠᠨ᠎ᠤ ᠶᠠᠪᠤᠳᠠᠯ᠎ᠤᠨ ᠭᠠᠵᠠᠷ᠂ ᠡᠳ᠋᠎ᠤᠨ ᠶᠠᠪᠤᠳᠠᠯ᠎ᠤᠨ ᠭᠠᠵᠠᠷ᠂ ᠬᠤᠷᠢᠶᠠᠨ ᠬᠠᠳᠠᠭ᠋ᠠᠯᠠᠬᠤ ᠬᠡᠯᠲᠡᠰ᠂ ᠦᠵᠡᠰᠭᠦᠯᠡᠩ ᠦᠵᠡᠭᠦᠯᠭᠡ ᠵᠢᠨ ᠬᠡᠯᠲᠡᠰ᠂ ᠨᠡᠢ᠌ᠭᠡᠮ᠎ᠤᠨ ᠰᠤᠷᠭ᠋ᠠᠨ ᠬᠥᠮᠦᠵᠢᠯ᠎ᠤᠨ ᠬᠡᠯᠲᠡᠰ᠂ ᠲᠥᠯᠦᠪᠵᠢᠭᠦᠯᠭᠡ ᠬᠥᠭᠵᠢᠭᠦᠯᠦᠯᠲᠡ ᠵᠢᠨ ᠬᠡᠯᠲᠡᠰ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠢᠨᠠᠨ ᠲᠣᠭᠲᠠᠭ᠋ᠠᠯᠲᠠ ᠬᠢᠭᠡᠳ ᠮᠠᠲ᠋ᠧᠷᠢᠶᠠᠯ᠎ᠤᠨ ᠬᠡᠯᠲᠡᠰ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠡᠯᠲᠡᠰ᠂ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠬᠡᠯᠲᠡᠰ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠢᠶᠠᠷᠤᠯᠲᠠ ᠵᠢᠨ ᠬᠡᠯᠲᠡᠰ (ᠥᠪᠥᠷ ᠮᠣᠩᠭᠣᠯ᠎ᠤᠨ ᠬᠤᠪᠢᠰᠬᠠᠯ᠎ᠤᠨ ᠲᠡᠦᠬᠡ ᠵᠢᠨ ᠮᠦᠽᠧᠢ ᠵᠢᠨ ᠫᠠᠢ᠌ᠰᠠ ᠵᠢ ᠡᠯᠭᠦᠨ᠎ᠡ) ᠵᠡᠷᠭᠡ ᠪᠠᠢ᠌ᠭᠤᠯᠤᠮᠵᠢ ᠪᠤᠢ᠃
(ᠭᠤᠷᠪᠠ) ᠠᠵᠢᠯᠯᠠᠬᠤ ᠭᠠᠵᠠᠷ᠎ᠤᠨ ᠬᠠᠶᠢᠭ
ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠵᠡᠭᠦᠨ ᠵᠡᠭᠡᠯᠢ ᠵᠢᠨ 27 ᠨᠣᠮᠧᠷ
(ᠳᠥᠷᠪᠡ) ᠠᠵᠢᠯᠯᠠᠬᠤ ᠴᠠᠭ
09᠄ 00 — 17᠄ 30
(ᠲᠠᠪᠤ) ᠬᠠᠷᠢᠯᠴᠠᠬᠤ ᠤᠲᠠᠰᠤ᠄
0471- 4608427
(ᠵᠢᠷᠭᠤᠭ᠎ᠠ) ᠬᠠᠷᠢᠭᠤᠴᠠᠯᠭ᠋ᠠᠲᠠᠨ ᠄ ᠸᠠᠩ ᠱ᠌ᠢ ᠶᠢᠩ