ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠬᠦᠷᠢᠶᠡᠯᠡᠩ ᠪᠣᠯ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ᠎ᠳᠤ ᠬᠠᠷᠢᠶᠠᠯᠠᠭᠳᠠᠬᠤ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠤᠯᠤᠨ᠎ᠠ᠃
(ᠨᠢᠭᠡ) ᠭᠣᠣᠯ ᠡᠭᠦᠷᠭᠡ ᠬᠠᠷᠢᠭᠤᠴᠠᠯᠭ᠎ᠠ ᠵᠢᠨ ᠡᠭᠦᠷᠭᠡ
1. ᠪᠦᠬᠦ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠪᠠᠢ᠌ᠴᠠᠭ᠋ᠠᠯᠲᠠ ᠬᠢᠬᠦ᠂ ᠬᠠᠢ᠌ᠨ ᠰᠢᠨᠵᠢᠯᠡᠬᠦ᠂ ᠨᠡᠭᠡᠭᠡᠨ ᠮᠠᠯᠲᠠᠬᠤ᠂ ᠬᠠᠮᠠᠭ᠋ᠠᠯᠠᠬᠤ ᠵᠢᠴᠢ ᠰᠢᠨᠵᠢᠯᠡᠬᠦ ᠤᠬᠠᠭ᠋ᠠᠨ᠎ᠤ ᠰᠤᠳᠤᠯᠤᠯ ᠬᠢᠬᠦ ᠵᠡᠷᠭᠡ ᠠᠵᠢᠯ ᠢ ᠡᠭᠦᠷᠭᠡᠯᠡᠨ᠎ᠡ᠃
2. ᠲᠡᠦᠬᠡ ᠵᠢᠨ ᠳᠤᠷᠠᠰᠬᠠᠯᠲᠤ ᠵᠦᠢ᠍ᠯ᠎ᠤᠨ ᠡᠬᠢ ᠪᠠᠶᠠᠯᠢᠭ᠎ᠤᠨ ᠮᠡᠳᠡᠭᠡ ᠵᠠᠩᠭᠢ ᠵᠢ ᠴᠤᠭᠯᠠᠭᠤᠯᠤᠨ ᠡᠮᠬᠢᠳᠬᠡᠬᠦ᠂ ᠬᠢᠨᠠᠨ ᠬᠡᠮᠵᠢᠵᠦ ᠵᠠᠳᠠᠯᠤᠯᠲᠠ ᠬᠢᠬᠦ᠂ ᠲᠠᠩᠰᠠ ᠡᠪᠬᠡᠮᠡᠯ ᠪᠠᠶ᠋ᠢᠭᠤᠯᠬᠤ᠂ ᠤᠬᠠᠭᠤᠯᠤᠨ ᠨᠡᠢ᠌ᠲᠡᠯᠡᠬᠦ ᠵᠡᠷᠭᠡ ᠠᠵᠢᠯ᠎ᠢ ᠡᠭᠦᠷᠭᠡᠯᠡᠨ᠎ᠡ᠃
3. ᠪᠥᠬᠥ ᠣᠷᠣᠨ᠎ᠤ ᠣᠷᠳᠣ ᠴᠠᠭ᠋ᠠᠨ ᠬᠡᠷᠡᠮ᠎ᠤᠨ ᠡᠬᠢ ᠪᠠᠶᠠᠯᠢᠭ᠎ᠤᠨ ᠪᠠᠢ᠌ᠴᠠᠭ᠋ᠠᠯᠲᠠ᠂ ᠬᠠᠮᠠᠭ᠋ᠠᠯᠠᠯᠲᠠ ᠵᠢᠨ ᠰᠤᠳᠤᠯᠤᠯ ᠵᠡᠷᠭᠡ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃
4. ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯ᠎ᠢ ᠥᠷᠨᠢᠭᠦᠯᠵᠦ᠂ ᠬᠣᠯᠪᠣᠭᠳᠠᠯ ᠪᠦᠬᠦᠢ ᠡᠷᠳᠡᠮ ᠰᠢᠨᠵᠢᠯᠡᠭᠡᠨ᠎ᠤ ᠰᠣᠯᠢᠯᠴᠠᠭ᠋ᠠᠨ᠎ᠤ ᠠᠵᠢᠯᠯᠠᠭ᠎ᠠ ᠥᠷᠨᠢᠭᠦᠯᠦᠨ᠎ᠡ᠃
5. ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
(ᠬᠣᠶᠠᠷ) ᠳᠣᠲᠣᠭ᠋ᠠᠳᠤ ᠪᠠᠢ᠌ᠭᠤᠯᠤᠮᠵᠢ
ᠳᠣᠲᠣᠭ᠋ᠠᠳᠤ᠎ᠳᠤ᠎ᠪᠠᠨ ᠶᠡᠷᠦᠩᠬᠡᠢ᠌ᠯᠡᠭᠰᠡᠨ ᠠᠯᠪᠠᠨ ᠭᠡᠷ᠂ ᠨᠠᠮ᠎ᠤᠨ ᠠᠵᠢᠯ᠎ᠤᠨ ᠠᠯᠪᠠᠨ ᠭᠡᠷ (ᠠᠵᠢᠯᠲᠠᠨ᠎ᠤ ᠶᠠᠪᠤᠳᠠᠯ᠎ᠤᠨ ᠰᠠᠯᠠᠭ᠎ᠠ)᠂ ᠬᠠᠭᠤᠴᠢ ᠰᠤᠳᠤᠯᠤᠯ᠎ᠤᠨ ᠲᠠᠰᠤᠭ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠠᠰᠤᠭ᠂ ᠣᠷᠳᠣ ᠴᠠᠭ᠋ᠠᠨ ᠬᠡᠷᠡᠮ᠎ᠤᠨ ᠬᠠᠮᠠᠭ᠋ᠠᠯᠠᠯᠲᠠ ᠵᠢᠨ ᠲᠠᠰᠤᠭ᠂ ᠮᠠᠲ᠋ᠧᠷᠢᠶᠠᠯ ᠮᠡᠳᠡᠭᠡ ᠵᠠᠩᠭᠢ ᠵᠢᠨ ᠲᠠᠰᠤᠭ᠂ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠰᠠᠯᠠᠭ᠎ᠠ᠂ ᠦᠨᠳᠦᠰᠦᠨ ᠪᠦᠲᠦᠭᠡᠨ ᠪᠠᠢ᠌ᠭᠤᠯᠤᠯᠲᠠ ᠵᠢᠨ ᠬᠠᠭᠤᠴᠢ ᠰᠤᠳᠤᠯᠤᠯ᠎ᠤᠨ ᠰᠠᠯᠠᠭ᠎ᠠ ᠵᠡᠷᠭᠡ ᠵᠢᠩᠬᠢᠨᠢ ᠰᠠᠯᠠᠭ᠋ᠠᠨ᠎ᠤ ᠲᠠᠰᠤᠭ᠎ᠲᠠᠢ᠃
(ᠭᠤᠷᠪᠠ) ᠠᠵᠢᠯᠯᠠᠬᠤ ᠬᠠᠶᠢᠭ
ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠦᠵᠡᠰᠬᠦᠯᠡᠩ᠎ᠤᠨ ᠣᠷᠳᠣᠨ᠎ᠤ ᠡᠮᠦᠨ᠎ᠡ ᠭᠤᠳᠤᠮᠵᠢ ᠵᠢᠨ 1 ᠳ᠋ᠦ᠍ᠭᠡᠷ ᠨᠤᠮᠸᠷᠲᠤ
(ᠳᠥᠷᠪᠡ) ᠠᠵᠢᠯᠯᠠᠬᠤ ᠴᠠᠭ
09᠄ 00 — 12᠄ 00; 13᠄ 30 — 17᠄ 30 (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ ᠠᠮᠠᠷᠠᠯᠲᠠ ᠵᠢᠨ ᠡᠳᠦᠷ᠎ᠠᠴᠠ ᠭᠠᠳᠠᠨ᠎ᠠ)
(ᠲᠠᠪᠤ) ᠬᠠᠷᠢᠯᠴᠠᠬᠤ ᠤᠲᠠᠰᠤ
0471-4961146
(ᠵᠢᠷᠭᠤᠭ᠎ᠠ) ᠬᠠᠷᠢᠭᠤᠴᠠᠯᠭ᠋ᠠᠲᠠᠨ
ᠰᠦᠨ ᠵᠢᠨ ᠰᠦᠩ