ᠥᠪᠥᠷ ᠮᠣᠩᠭᠣᠯ᠎ᠤᠨ ᠤᠷᠠᠯᠢᠭ ᠵᠦᠴᠦᠭᠡ ᠵᠢᠨ ᠬᠦᠷᠢᠶᠡᠯᠡᠩ ᠪᠣᠯ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠬᠠᠷᠢᠶᠠᠯᠠᠭᠳᠠᠬᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠬᠣᠶᠠᠳᠤᠭ᠋ᠠᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠠᠢ᠌ᠵᠤ᠂ ᠪᠠᠢ᠌ᠭᠤᠯᠤᠮᠵᠢ ᠵᠢᠨ ᠬᠡᠪ ᠪᠠᠷᠢᠮᠵᠢᠶ᠎ᠠ᠎ᠨᠢ ᠵᠢᠩᠬᠢᠨᠢ ᠲᠢᠩᠬᠢᠮ᠎ᠤᠨ ᠲᠠᠰ᠎ᠲᠠᠢ ᠲᠡᠩᠴᠡᠨ᠎ᠡ᠃
(ᠨᠢᠭᠡ) ᠭᠣᠣᠯ ᠡᠭᠦᠷᠭᠡ ᠬᠠᠷᠢᠭᠤᠴᠠᠯᠭ᠎ᠠ ᠵᠢᠨ ᠡᠭᠦᠷᠭᠡ
1. ᠨᠠᠮ᠎ᠤᠨ ᠱᠤᠭᠤᠮ᠂ ᠴᠢᠭᠯᠡᠯᠲᠡ᠂ ᠲᠦᠷᠦ ᠵᠢᠨ ᠪᠣᠳᠣᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠨ ᠳᠡᠯᠭᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠨ᠎ᠠ᠃
2. ᠥᠪᠥᠷ ᠮᠣᠩᠭᠣᠯ᠎ᠤᠨ ᠰᠣᠶᠣᠯ᠎ᠤᠨ ᠣᠨᠴᠠᠯᠢᠭ᠎ᠲᠠᠢ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠵᠦ᠂ ᠲᠣᠭᠯᠠᠵᠤ᠂ ᠳᠡᠯᠭᠡᠷᠡᠭᠦᠯᠵᠦ᠂ ᠪᠥᠵᠢᠭᠲᠦ ᠵᠦᠴᠦᠭᠡ᠂ ᠳᠠᠭᠤᠯᠠᠯᠳᠤ ᠵᠦᠴᠦᠭᠡ᠂ ᠳᠠᠭᠤᠤ ᠪᠥᠵᠢᠭᠲᠦ ᠵᠦᠴᠦᠭᠡ᠂ ᠮᠣᠩᠭᠣᠯ ᠵᠦᠴᠦᠭᠡ᠂ ᠳᠠᠭᠤᠤ ᠬᠥᠭᠵᠢᠮᠲᠦ ᠵᠦᠴᠦᠭᠡ᠂ ᠬᠥᠭᠵᠢᠮ᠎ᠤᠨ ᠬᠠᠪᠰᠤᠷᠤᠯᠭ᠎ᠠ ᠦᠭᠡᠢ ᠨᠠᠢ᠌ᠷᠠᠯ ᠳᠠᠭᠤᠤ᠂ ᠨᠠᠢ᠌ᠷᠠᠯ ᠬᠥᠭᠵᠢᠮ᠂ ᠦᠨᠳᠦᠰᠦᠲᠡᠨ᠎ᠤ ᠬᠥᠭᠵᠢᠮ᠎ᠤᠨ ᠠᠶ᠎ᠠ᠂ ᠦᠨᠳᠦᠰᠦᠲᠡᠨ᠎ᠤ ᠳᠠᠭᠤᠷᠢᠯᠢᠭ᠂ ᠡᠯ ᠿᠸᠨ᠎ᠲᠠᠢ᠂ ᠪᠡᠭᠡᠵᠢᠩ ᠰᠢ᠂ ᠼᠢᠷᠺ᠂ ᠶᠠᠷᠢᠶᠠᠲᠤ ᠵᠦᠴᠦᠭᠡ ᠵᠡᠷᠭᠡ ᠤᠷᠠᠯᠢᠭ᠎ᠤᠨ ᠬᠡᠯᠪᠡᠷᠢ ᠮᠠᠶᠢᠭ᠎ᠢ ᠴᠡᠴᠡᠭᠯᠡᠭᠦᠯᠦᠨ ᠬᠥᠭᠵᠢᠭᠦᠯᠦᠨ᠎ᠡ᠃
3. ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠤᠳᠬ᠎ᠠ ᠤᠷᠠᠯᠢᠭ᠎ᠤᠨ ᠠᠵᠢᠯᠯᠠᠭ᠎ᠠ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠲᠣᠭᠯᠠᠯᠲᠠ ᠪᠠ ᠭᠠᠳᠠᠭ᠋ᠠᠳᠤ᠎ᠯᠤᠭ᠎ᠠ ᠵᠢᠨ ᠰᠣᠶᠣᠯ᠎ᠤᠨ ᠰᠣᠯᠢᠯᠴᠠᠭ᠎ᠠ ᠵᠢᠨ ᠡᠭᠦᠷᠭᠡ ᠵᠢ ᠡᠭᠦᠷᠭᠡᠯᠡᠨ᠎ᠡ᠃
4. ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠰᠤᠳᠤᠯᠭ᠋ᠠᠨ᠂ ᠲᠣᠭᠯᠠᠯᠲᠠ ᠵᠢᠨ ᠡᠵᠡᠩᠨᠡᠯᠲᠡ᠂ ᠲᠢᠶᠠᠲᠷ᠎ᠤᠨ ᠡᠵᠡᠩᠨᠡᠯᠲᠡ ᠬᠠᠮᠢᠶᠠᠷᠤᠯᠲᠠ᠂ ᠴᠢᠳᠠᠪᠤᠷᠢᠲᠠᠨ᠎ᠤ ᠪᠣᠯᠪᠠᠰᠤᠷᠠᠭᠤᠯᠤᠯ᠂ ᠪᠥᠵᠢᠭ᠎ᠤᠨ ᠭᠤᠸ᠎ᠠ ᠰᠠᠢ᠌ᠬᠠᠨ᠎ᠤ ᠦᠢ᠍ᠯᠡᠴᠢᠯᠡᠭᠡ ᠵᠡᠷᠭᠡ ᠬᠠᠮᠢᠶ᠎ᠠ ᠪᠦᠬᠦᠢ ᠠᠵᠢᠯ᠎ᠢ ᠥᠷᠨᠢᠭᠦᠯᠦᠨ᠎ᠡ᠃
5. ᠦᠨᠳᠦᠰᠦᠨ ᠱᠠᠲᠤᠨ᠎ᠤ ᠤᠷᠠᠨ ᠰᠠᠢ᠌ᠬᠠᠨ᠎ᠤ ᠲᠣᠭᠯᠠᠯᠲᠠ ᠪᠠ ᠵᠣᠬᠢᠶᠠᠨ ᠪᠦᠲᠦᠭᠡᠬᠦ ᠠᠵᠢᠯᠯᠠᠭ᠎ᠠ ᠵᠢ ᠬᠠᠪᠰᠤᠷᠤᠨ ᠵᠢᠯᠤᠭᠣᠳᠴᠤ᠂ ᠦᠨᠳᠦᠰᠦᠨ ᠱᠠᠲᠤᠨ᠎ᠤ ᠤᠳᠬ᠎ᠠ ᠤᠷᠠᠯᠢᠭ᠎ᠤᠨ ᠭᠣᠣᠯᠯᠠᠭᠴᠢ ᠬᠦᠴᠦᠨ᠎ᠢ ᠬᠥᠮᠥᠵᠢᠭᠦᠯᠦᠨ᠂ ᠦᠨᠳᠦᠰᠦᠨ ᠱᠠᠲᠤᠨ᠎ᠳᠤ ᠭᠦᠨᠵᠡᠭᠡᠢ᠌ᠷᠡᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠦᠨ᠎ᠡ᠃
6. ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
(ᠬᠣᠶᠠᠷ) ᠳᠣᠲᠣᠭ᠋ᠠᠳᠤ ᠪᠠᠢ᠌ᠭᠤᠯᠤᠮᠵᠢ
ᠳᠣᠲᠣᠭ᠋ᠠᠳᠤ ᠭᠠᠵᠠᠷ᠎ᠤᠨ ᠳᠡᠰ᠎ᠤᠨ ᠪᠠᠢ᠌ᠭᠤᠯᠤᠮᠵᠢ᠄ ᠠᠯᠪᠠᠨ ᠭᠡᠷ᠂ ᠨᠠᠮ᠎ᠤᠨ ᠬᠣᠷᠢᠶ᠎ᠠ ᠵᠢᠨ ᠠᠯᠪᠠᠨ ᠭᠡᠷ᠂ ᠰᠠᠬᠢᠯᠭ᠎ᠠ ᠪᠠᠲᠤ ᠪᠠᠢ᠌ᠴᠠᠭ᠋ᠠᠬᠤ ᠲᠠᠰᠤᠭ᠂ ᠠᠵᠢᠯᠲᠠᠨ᠎ᠤ ᠶᠠᠪᠤᠳᠠᠯ᠎ᠤᠨ ᠭᠠᠵᠠᠷ᠂ ᠲᠥᠯᠥᠪᠯᠡᠭᠡ ᠡᠳ᠋᠎ᠤᠨ ᠶᠠᠪᠤᠳᠠᠯ᠎ᠤᠨ ᠭᠠᠵᠠᠷ᠂ ᠰᠤᠳᠤᠯᠭ᠋ᠠᠨ᠎ᠤ ᠲᠠᠰᠤᠭ᠂ ᠵᠣᠬᠢᠶᠠᠨ ᠪᠦᠲᠦᠭᠡᠬᠦ ᠰᠤᠳᠤᠯᠭ᠋ᠠᠨ᠎ᠤ ᠲᠥᠪ᠂ ᠲᠣᠭᠯᠠᠯᠲᠠ ᠵᠢᠨ ᠬᠠᠮᠢᠶᠠᠷᠤᠯᠲᠠ ᠵᠢᠨ ᠲᠥᠪ᠂ ᠤᠬᠠᠭᠤᠯᠤᠨ ᠰᠣᠯᠢᠯᠴᠠᠬᠤ ᠭᠠᠵᠠᠷ᠂ ᠠᠵᠤ ᠦᠢ᠍ᠯᠡᠰ᠎ᠤᠨ ᠬᠠᠮᠢᠶᠠᠷᠤᠯᠲᠠ ᠵᠢᠨ ᠭᠠᠵᠠᠷ᠂ ᠳᠠᠭᠤᠤ ᠪᠥᠵᠢᠭ᠎ᠤᠨ ᠪᠦᠯᠬᠦᠮ᠂ ᠮᠣᠩᠭᠣᠯ ᠵᠦᠴᠦᠭᠡ ᠵᠢᠨ ᠤᠷᠠᠯᠢᠭ᠎ᠤᠨ ᠪᠦᠯᠬᠦᠮ᠂ ᠦᠨᠳᠦᠰᠦᠲᠡᠨ᠎ᠤ ᠳᠠᠭᠤᠷᠢᠯᠢᠭ ᠤᠷᠠᠯᠢᠭ᠎ᠤᠨ ᠪᠦᠯᠬᠦᠮ᠂ ᠡᠯ ᠿᠸᠨ᠎ᠲᠠᠢ ᠤᠷᠠᠯᠢᠭ᠎ᠤᠨ ᠪᠦᠯᠬᠦᠮ᠂ ᠼᠢᠷᠺ᠎ᠤᠨ ᠪᠦᠯᠬᠦᠮ᠂ ᠪᠡᠭᠡᠵᠢᠩ ᠰᠢ ᠵᠢᠨ ᠪᠦᠯᠬᠦᠮ᠂ ᠦᠨᠳᠦᠰᠦᠲᠡᠨ᠎ᠤ ᠬᠥᠭᠵᠢᠮ᠎ᠤᠨ ᠪᠦᠯᠬᠦᠮ᠂ ᠨᠠᠢ᠌ᠷᠠᠯ ᠳᠠᠭᠤᠤ ᠵᠢᠨ ᠪᠦᠯᠬᠦᠮ᠂ ᠨᠠᠢ᠌ᠷᠠᠯ ᠬᠥᠭᠵᠢᠮ᠎ᠤᠨ ᠪᠦᠯᠬᠦᠮ᠂ ᠶᠠᠷᠢᠶᠠᠲᠤ ᠵᠦᠴᠦᠭᠡ ᠵᠢᠨ ᠪᠦᠯᠬᠦᠮ᠂ ᠠᠵᠢᠯ ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠠᠵᠢᠯ᠎ᠤᠨ ᠭᠠᠵᠠᠷ᠃
(ᠭᠤᠷᠪᠠ) ᠠᠵᠢᠯᠯᠠᠬᠤ ᠬᠠᠶᠢᠭ
ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠪᠧᠢ ᠶᠤᠸᠠᠨ ᠵᠡᠭᠦᠨ ᠵᠡᠭᠡᠯᠢ ᠵᠢᠨ ᠬᠥᠬᠡ 16 ᠳ᠋ᠤᠭ᠋ᠠᠷ ᠨᠣᠮᠧᠷ
(ᠳᠥᠷᠪᠡ) ᠠᠵᠢᠯᠯᠠᠬᠤ ᠴᠠᠭ
09᠄ 00 — 12᠄ 00; 13᠄ 30 — 17᠄ 30 (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ ᠠᠮᠠᠷᠠᠯᠲᠠ ᠵᠢᠨ ᠡᠳᠦᠷ᠎ᠠᠴᠠ ᠭᠠᠳᠠᠨ᠎ᠠ)
(ᠲᠠᠪᠤ) ᠬᠠᠷᠢᠯᠴᠠᠬᠤ ᠠᠷᠭ᠎ᠠ ᠮᠠᠶᠢᠭ
0471-3946848
(ᠵᠢᠷᠭᠤᠭ᠎ᠠ) ᠬᠠᠷᠢᠭᠤᠴᠠᠯᠭ᠋ᠠᠲᠠᠨ
ᠯᠢ ᠯᠢ