ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠲᠡᠨ᠎ᠤ ᠨᠣᠮ ᠪᠢᠴᠢᠭ᠎ᠤᠨ ᠬᠠᠮᠠᠭ᠋ᠠᠯᠠᠯᠲᠠ ᠵᠢᠨ ᠲᠥᠪ᠎ᠤᠨ ᠫᠠᠢ᠌ᠰᠠ ᠵᠢ ᠡᠯᠭᠦᠪᠡ) ᠪᠣᠯ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠬᠠᠷᠢᠶᠠᠯᠠᠭᠳᠠᠬᠤ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠦᠷᠦᠯ᠎ᠤᠨ ᠠᠵᠢᠯ ᠦᠢ᠍ᠯᠡᠰ᠎ᠤᠨ ᠨᠢᠭᠡᠴᠢ᠃
(ᠨᠢᠭᠡ) ᠭᠣᠣᠯ ᠡᠭᠦᠷᠭᠡ ᠬᠠᠷᠢᠭᠤᠴᠠᠯᠭ᠎ᠠ ᠵᠢᠨ ᠡᠭᠦᠷᠭᠡ
1. ᠨᠣᠮ ᠪᠢᠴᠢᠭ ᠵᠡᠷᠭᠡ ᠰᠤᠷᠪᠤᠯᠵᠢ ᠪᠢᠴᠢᠭ ᠮᠠᠲ᠋ᠧᠷᠢᠶᠠᠯ᠎ᠢ ᠴᠤᠭᠯᠠᠭᠤᠯᠬᠤ᠂ ᠡᠮᠬᠢᠳᠬᠡᠬᠦ᠂ ᠬᠤᠪᠢᠶᠠᠷᠢᠯᠠᠬᠤ᠂ ᠬᠠᠳᠠᠭ᠋ᠠᠯᠠᠬᠤ᠂ ᠲᠤᠰᠢᠶᠠᠬᠤ᠂ ᠰᠤᠳᠤᠯᠬᠤ᠂ ᠠᠰᠢᠭᠯᠠᠬᠤ ᠵᠡᠷᠭᠡ ᠠᠵᠢᠯ᠎ᠢ ᠡᠭᠦᠷᠭᠡᠯᠡᠨ᠎ᠡ᠃
2. ᠨᠡᠢ᠌ᠭᠡᠮ ᠨᠡᠶ᠋ᠢᠲᠡ᠎ᠳᠤ ᠬᠠᠨᠳᠤᠭᠤᠯᠤᠨ ᠲᠦᠯᠦᠪᠦᠷᠢ ᠦᠭᠡᠢ᠎ᠪᠠᠷ ᠨᠡᠭᠡᠭᠡᠵᠦ᠂ ᠨᠣᠮ ᠵᠢᠭᠡᠯᠡᠨ ᠤᠩᠰᠢᠬᠤ᠂ ᠯᠠᠪᠯᠠᠯᠲᠠ ᠬᠢᠭᠦ᠂ ᠮᠡᠳᠡᠭᠡ ᠵᠠᠩᠭᠢ ᠵᠡᠷᠭᠡ ᠦᠢ᠍ᠯᠡᠴᠢᠯᠡᠭᠡ ᠵᠢ ᠬᠠᠩᠭ᠋ᠠᠨ᠎ᠠ᠃
3. ᠨᠣᠮ᠎ᠤᠨ ᠰᠠᠩ᠎ᠤᠨ ᠤᠶᠤᠨᠵᠢᠭᠤᠯᠬᠤ ᠪᠠᠢ᠌ᠭᠤᠯᠤᠯᠲᠠ᠂ ᠲᠤᠭ᠋ᠠᠵᠢᠭᠤᠯᠤᠭᠰᠠᠨ ᠰᠣᠶᠣᠯ᠎ᠤᠨ ᠡᠬᠢ ᠪᠠᠶᠠᠯᠢᠭ᠎ᠤᠨ ᠪᠠᠢ᠌ᠭᠤᠯᠤᠯᠲᠠ ᠪᠠ ᠦᠢ᠍ᠯᠡᠴᠢᠯᠡᠭᠡᠨ ᠵᠡᠷᠭᠡ ᠠᠵᠢᠯ᠎ᠢ ᠠᠬᠢᠭᠤᠯᠵᠤ᠂ ᠰᠢᠨ᠎ᠡ ᠵᠢ ᠡᠭᠦᠳᠬᠦ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠳᠡᠯᠭᠡᠷᠡᠭᠦᠯᠦᠨ᠎ᠡ᠃
4. ᠬᠥᠮᠦᠵᠢᠯ ᠪᠣᠯᠪᠠᠰᠤᠷᠠᠭᠤᠯᠤᠯ᠂ ᠲᠤᠬᠠᠢ᠌ᠯᠠᠭᠰᠠᠨ ᠠᠵᠢᠯ᠎ᠤᠨ ᠬᠠᠪᠰᠤᠷᠤᠨ ᠵᠢᠯᠣᠭᠣᠳᠤᠯᠭ᠎ᠠ᠂ ᠡᠷᠳᠡᠮ ᠰᠢᠨᠵᠢᠯᠡᠭᠡᠨ᠎ᠤ ᠰᠣᠯᠢᠯᠴᠠᠭ᠎ᠠ᠂ ᠣᠨᠣᠯ᠎ᠤᠨ ᠰᠤᠳᠤᠯᠭ᠋ᠠᠨ᠂ ᠲᠠᠢ᠌ᠯᠤᠮᠵᠢ ᠦᠵᠡᠭᠦᠯᠭᠡ᠂ ᠭᠠᠳᠠᠭ᠋ᠠᠳᠤ᠎ᠲᠠᠢ ᠰᠣᠯᠢᠯᠴᠠᠭ᠎ᠠ ᠬᠢᠬᠦ ᠵᠡᠷᠭᠡ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯᠯᠠᠭ᠎ᠠ ᠵᠢ ᠥᠷᠨᠢᠭᠦᠯᠦᠨ᠎ᠡ; ᠪᠦᠬᠦ ᠠᠷᠠᠳ᠎ᠤᠨ ᠨᠣᠮ ᠤᠩᠰᠢᠬᠤ ᠵᠢ ᠠᠬᠢᠭᠤᠯᠵᠤ᠂ ᠬᠥᠲᠥᠯᠥᠨ ᠵᠢᠯᠤᠭᠣᠳᠴᠤ᠂ ᠲᠡᠭᠦᠨ᠎ᠳᠤ ᠦᠢ᠍ᠯᠡᠴᠢᠯᠡᠨ᠎ᠡ; ᠦᠨᠳᠦᠰᠦᠨ ᠱᠠᠲᠤᠨ᠎ᠤ ᠨᠣᠮ᠎ᠤᠨ ᠰᠠᠩ᠎ᠳᠤ ᠮᠡᠷᠭᠡᠵᠢᠯ᠎ᠤᠨ ᠵᠢᠯᠣᠭᠣᠳᠤᠯᠭ᠎ᠠ ᠪᠠ ᠦᠢ᠍ᠯᠡᠴᠢᠯᠡᠭᠡ ᠬᠠᠩᠭ᠋ᠠᠨ᠎ᠠ᠃
5. ᠣᠷᠣᠨ ᠨᠤᠲᠤᠭ᠎ᠤᠨ ᠲᠤᠯᠭᠤᠷ ᠪᠢᠴᠢᠭ᠂ ᠦᠨᠳᠦᠰᠦᠲᠡᠨ᠎ᠤ ᠲᠤᠯᠭᠤᠷ ᠪᠢᠴᠢᠭ ᠪᠠ ᠡᠷᠲᠡᠨ᠎ᠤ ᠲᠤᠯᠭᠤᠷ ᠪᠢᠴᠢᠭ ᠵᠡᠷᠭᠡ ᠮᠠᠲ᠋ᠧᠷᠢᠶᠠᠯ᠎ᠢ ᠨᠡᠢ᠌ᠳᠡᠮ ᠪᠠᠢ᠌ᠴᠠᠭ᠋ᠠᠬᠤ᠂ ᠴᠤᠭᠯᠠᠭᠤᠯᠬᠤ᠂ ᠡᠮᠬᠢᠳᠬᠡᠬᠦ᠂ ᠰᠤᠳᠤᠯᠬᠤ᠂ ᠬᠠᠮᠠᠭ᠋ᠠᠯᠠᠬᠤ᠂ ᠠᠰᠢᠭᠯᠠᠬᠤ ᠵᠡᠷᠭᠡ ᠠᠵᠢᠯ᠎ᠢ ᠥᠷᠨᠢᠭᠦᠯᠦᠨ᠎ᠡ᠃
(ᠬᠣᠶᠠᠷ) ᠳᠣᠲᠣᠭ᠋ᠠᠳᠤ ᠪᠠᠢ᠌ᠭᠤᠯᠤᠮᠵᠢ
ᠳᠣᠲᠣᠭ᠋ᠠᠳᠤ᠎ᠳᠠᠭᠠᠨ ᠵᠢᠩᠬᠢᠨᠢ ᠰᠠᠯᠠᠭ᠋ᠠᠨ᠎ᠤ ᠲᠠᠰ᠎ᠤᠨ ᠪᠠᠢ᠌ᠭᠤᠯᠤᠮᠵᠢ᠄ ᠶᠡᠷᠦᠩᠬᠡᠢ᠌ᠯᠡᠭᠰᠡᠨ ᠠᠯᠪᠠᠨ ᠭᠡᠷ᠂ ᠨᠠᠮ᠎ᠤᠨ ᠠᠵᠢᠯ᠎ᠤᠨ ᠠᠯᠪᠠᠨ ᠭᠡᠷ (ᠠᠵᠢᠯᠲᠠᠨ᠎ᠤ ᠶᠠᠪᠤᠳᠠᠯ᠎ᠤᠨ ᠰᠠᠯᠠᠭ᠎ᠠ)᠂ ᠡᠳ᠋᠎ᠤᠨ ᠶᠠᠪᠤᠳᠠᠯ᠎ᠤᠨ ᠰᠠᠯᠠᠭ᠎ᠠ᠂ ᠰᠤᠷᠪᠤᠯᠵᠢᠯᠠᠨ ᠨᠠᠢ᠌ᠷᠠᠭᠤᠯᠬᠤ ᠬᠡᠯᠲᠡᠰ᠂ ᠤᠩᠰᠢᠭᠴᠢᠳ᠎ᠲᠤ ᠦᠢ᠍ᠯᠡᠴᠢᠯᠡᠬᠦ ᠬᠡᠯᠲᠡᠰ᠂ ᠲᠤᠭ᠋ᠠᠵᠢᠭᠤᠯᠤᠭᠰᠠᠨ ᠮᠡᠳᠡᠭᠡ ᠵᠠᠩᠭᠢ ᠵᠢᠨ ᠮᠡᠷᠭᠡᠵᠢᠯ᠎ᠤᠨ ᠬᠡᠯᠲᠡᠰ᠂ ᠣᠨᠣᠯ᠎ᠤᠨ ᠰᠤᠳᠤᠯᠭ᠋ᠠᠨ᠎ᠤ ᠬᠡᠯᠲᠡᠰ᠂ ᠭᠠᠳᠠᠭ᠋ᠠᠳᠤ ᠬᠡᠯᠡᠨ᠎ᠤ ᠬᠡᠯᠲᠡᠰ᠂ ᠨᠡᠢ᠌ᠭᠡᠮ᠎ᠤᠨ ᠰᠤᠷᠭ᠋ᠠᠨ ᠬᠥᠮᠦᠵᠢᠯ᠎ᠤᠨ ᠬᠡᠯᠳᠡᠰ᠂ ᠮᠣᠩᠭᠣᠯ ᠬᠡᠯᠡᠨ᠎ᠤ ᠬᠡᠯᠲᠡᠰ᠂ ᠵᠡᠮᠳᠡᠭᠴᠦᠳ᠎ᠲᠤ ᠦᠢ᠍ᠯᠡᠴᠢᠯᠡᠬᠦ ᠬᠡᠯᠲᠡᠰ᠂ ᠪᠠᠭ᠋ᠠᠴᠤᠳ ᠬᠡᠦᠬᠡᠳ᠎ᠲᠤ ᠦᠢ᠍ᠯᠡᠴᠢᠯᠡᠬᠦ ᠬᠡᠯᠲᠡᠰ᠂ ᠲᠡᠦᠬᠡ ᠵᠢᠨ ᠲᠤᠯᠭᠤᠷ ᠪᠢᠴᠢᠭ᠎ᠤᠨ ᠬᠡᠯᠲᠡᠰ᠂ ᠤᠩᠰᠢᠨ ᠳᠡᠯᠭᠡᠷᠡᠭᠦᠯᠬᠦ ᠬᠡᠯᠲᠡᠰ᠂ ᠣᠯᠠᠨ ᠵᠠᠭᠤᠴᠢᠲᠤ ᠦᠢ᠍ᠯᠡᠴᠢᠯᠡᠭᠡᠨ᠎ᠤ ᠬᠡᠯᠲᠡᠰ᠃
(ᠭᠤᠷᠪᠠ) ᠠᠵᠢᠯᠯᠠᠬᠤ ᠬᠠᠶᠢᠭ
ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠤᠯᠠᠭ᠋ᠠᠨᠴᠠᠪ ᠪᠠᠷᠠᠭᠤᠨ ᠵᠡᠭᠡᠯᠢ ᠵᠢᠨ 34 ᠳ᠋ᠦ᠍ᠭᠡᠷ ᠨᠣᠮᠧᠷ
(ᠳᠥᠷᠪᠡ) ᠠᠵᠢᠯᠯᠠᠬᠤ ᠴᠠᠭ
09᠄ 00 — 12᠄ 00; 13᠄ 30 — 17᠄ 30 (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ ᠂ ᠠᠮᠠᠷᠠᠯᠲᠠ ᠵᠢᠨ ᠡᠳᠦᠷ᠎ᠠᠴᠠ ᠭᠠᠳᠠᠨ᠎ᠠ)
(ᠲᠠᠪᠤ) ᠬᠠᠷᠢᠯᠴᠠᠬᠤ ᠤᠲᠠᠰᠤ
0471-6293152
(ᠵᠢᠷᠭᠤᠭ᠎ᠠ) ᠬᠠᠷᠢᠭᠤᠴᠠᠯᠭ᠋ᠠᠲᠠᠨ
ᠾᠧ ᠶᠠ ᠷᠦᠢ