ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠠᠶ᠋ᠢᠭᠤᠯᠤᠮᠵᠢ
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠤᠨ ᠣᠷᠳᠣᠨ
ᠨᠡᠶᠢᠲᠡᠯᠡᠭᠰᠡᠨ ᠴᠠᠭ᠄ 2023-12-22


    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠤᠨ ᠣᠷᠳᠣᠨ ᠪᠣᠯ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠬᠠᠷᠢᠶᠠᠯᠠᠭᠳᠠᠬᠤ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠬᠣᠶᠠᠳᠤᠭ᠋ᠠᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠣᠯᠣᠨ᠎ᠠ᠃
(ᠨᠢᠭᠡ) ᠭᠣᠣᠯ ᠡᠭᠦᠷᠭᠡ ᠬᠠᠷᠢᠭᠤᠴᠠᠯᠭ᠎ᠠ ᠵᠢᠨ ᠡᠭᠦᠷᠭᠡ
     1. ᠲᠣᠮᠣ ᠬᠡᠯᠪᠡᠷᠢ ᠵᠢᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠦᠵᠡᠰᠬᠦᠯᠡᠩ᠎ᠤᠨ ᠲᠥᠷᠥᠯ ᠵᠦᠢ᠍ᠯ᠎ᠢ ᠵᠣᠬᠢᠶᠠᠨ ᠪᠠᠶ᠋ᠢᠭᠤᠯᠬᠤ᠂ ᠤᠬᠠᠭ᠋ᠠᠯᠠᠨ ᠰᠡᠳᠦᠬᠦ᠂ ᠵᠢᠷᠤᠭᠯᠠᠨ ᠲᠥᠯᠥᠪᠯᠡᠬᠦ᠂ ᠳᠡᠯᠭᠡᠨ ᠦᠵᠡᠭᠦᠯᠬᠦ᠂ ᠲᠠᠢ᠌ᠯᠪᠤᠷᠢᠯᠠᠨ ᠭᠥᠯᠢᠶᠡᠨ ᠠᠪᠬᠤ ᠵᠡᠷᠭᠡ ᠠᠵᠢᠯ᠎ᠢ ᠡᠭᠦᠷᠭᠡᠯᠡᠨ᠎ᠡ᠃
     2. ᠡᠯ᠎ᠡ ᠲᠦᠷᠦᠯ᠎ᠤᠨ ᠲᠤᠰᠬᠠᠢ ᠰᠡᠳᠦᠪᠲᠦ ᠦᠵᠡᠭᠦᠯᠭᠡ ᠵᠢᠨ ᠵᠦᠢ᠍ᠯᠡᠰ᠎ᠢ ᠳᠠᠭ᠋ᠠᠭ᠋ᠠᠨ ᠡᠷᠬᠢᠯᠡᠵᠦ᠂ ᠨᠡᠢ᠌ᠭᠡᠮ ᠨᠡᠶ᠋ᠢᠲᠡ᠎ᠳᠤ ᠦᠵᠡᠭᠦᠯᠭᠡ ᠵᠢᠨ ᠦᠢ᠍ᠯᠡᠴᠢᠯᠡᠭᠡ ᠬᠠᠩᠭ᠋ᠠᠨ᠎ᠠ᠃
     3. ᠤᠯᠠᠮᠵᠢᠯᠠᠯᠲᠤ ᠭᠠᠷ ᠤᠷᠠᠯᠠᠯ᠂ ᠰᠣᠶᠣᠯ᠎ᠤᠨ ᠡᠭᠦᠳᠦᠯᠲᠡ ᠵᠢᠨ ᠦᠢ᠍ᠯᠡᠳᠬᠦᠨ᠂ ᠵᠢᠭᠤᠯᠴᠢᠯᠠᠯ᠎ᠤᠨ ᠦᠢ᠍ᠯᠡᠳᠬᠦᠨ᠎ᠢ ᠳᠡᠯᠭᠡᠨ ᠦᠵᠡᠭᠦᠯᠵᠦ ᠲᠠᠨᠢᠯᠴᠠᠭᠤᠯᠬᠤ ᠵᠡᠷᠭᠡ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃
    4. ᠤᠯᠤᠰ ᠵᠶ᠋ᠠᠨ ᠬᠠᠢ᠌ᠷᠠᠯᠠᠬᠤ ᠦᠵᠡᠯ᠂ ᠦᠨᠳᠦᠰᠦᠲᠡᠨ᠎ᠤ ᠪᠦᠯᠬᠦᠮᠳᠡᠯ ᠵᠡᠷᠭᠡ ᠵᠢᠨ ᠤᠬᠠᠭᠤᠯᠭ᠎ᠠ ᠬᠥᠮᠦᠵᠢᠯ᠂ ᠨᠣᠮ᠎ᠤᠨ ᠰᠠᠩ᠎ᠤᠨ ᠬᠣᠭᠣᠷᠣᠨᠳᠣᠬᠢ ᠦᠵᠡᠭᠦᠯᠭᠡ ᠰᠣᠯᠢᠯᠴᠠᠭ᠎ᠠ ᠬᠠᠮᠲᠤᠷᠠᠯᠴᠠᠭ᠎ᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃
     5. ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
(ᠬᠣᠶᠠᠷ) ᠳᠣᠲᠣᠭ᠋ᠠᠳᠤ ᠪᠠᠢ᠌ᠭᠤᠯᠤᠮᠵᠢ
      ᠳᠣᠲᠣᠭ᠋ᠠᠳᠤ᠎ᠳᠤ᠎ᠪᠠᠨ ᠶᠡᠷᠦᠩᠬᠡᠢ᠌ᠯᠡᠭᠰᠡᠨ ᠠᠯᠪᠠᠨ ᠭᠡᠷ᠂ ᠨᠠᠮ᠎ᠤᠨ ᠠᠵᠢᠯ᠎ᠤᠨ ᠠᠯᠪᠠᠨ ᠭᠡᠷ (ᠠᠵᠢᠯᠲᠠᠨ᠎ᠤ ᠶᠠᠪᠤᠳᠠᠯ᠎ᠤᠨ ᠰᠠᠯᠠᠭ᠎ᠠ)᠂ ᠡᠳ᠋᠎ᠤᠨ ᠶᠠᠪᠤᠳᠠᠯ᠎ᠤᠨ ᠰᠠᠯᠠᠭ᠎ᠠ᠂ ᠦᠵᠡᠰᠬᠦᠯᠡᠩ᠎ᠢ ᠰᠤᠳᠤᠯᠬᠤ ᠬᠡᠯᠲᠡᠰ᠂ ᠦᠵᠡᠰᠬᠦᠯᠡᠩ᠎ᠢ ᠵᠢᠷᠤᠵᠤ ᠲᠥᠯᠥᠪᠯᠡᠬᠦ ᠬᠡᠯᠲᠡᠰ᠂ ᠲᠤᠭ᠋ᠠᠵᠢᠭᠤᠯᠤᠭᠰᠠᠨ ᠮᠡᠳᠡᠭᠡ ᠵᠠᠩᠭᠢ ᠵᠢᠨ ᠬᠡᠯᠲᠡᠰ᠂ ᠳᠡᠯᠭᠡᠨ ᠪᠣᠷᠣᠯᠠᠭᠤᠯᠬᠤ ᠢᠨᠵᠧᠨᠧᠷᠢᠩ᠎ᠤᠨ ᠬᠡᠯᠲᠡᠰ᠂ ᠤᠬᠠᠭᠤᠯᠭ᠎ᠠ ᠰᠤᠷᠭ᠋ᠠᠨ ᠬᠥᠮᠦᠵᠢᠯ᠎ᠤᠨ ᠶᠠᠮᠤᠨ ᠵᠡᠷᠭᠡ ᠵᠢᠩᠬᠢᠨᠢ ᠰᠠᠯᠠᠭ᠋ᠠᠨ᠎ᠤ ᠲᠡᠰ᠎ᠤᠨ ᠪᠠᠢ᠌ᠭᠤᠯᠤᠮᠵᠢ ᠵᠢ ᠪᠠᠢ᠌ᠭᠤᠯᠤᠨ᠎ᠠ᠃
(ᠭᠤᠷᠪᠠ) ᠠᠵᠢᠯᠯᠠᠬᠤ ᠬᠠᠶᠢᠭ
      ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠦᠵᠡᠰᠬᠦᠯᠡᠩ ᠎ᠤᠨ ᠤᠷᠲᠤᠨ᠎ᠤ ᠵᠡᠭᠦᠨ ᠵᠠᠮ᠎ᠤᠨ 31 ᠳ᠋ᠦ᠍ᠭᠡᠷ ᠨᠣᠮᠧᠷᠲᠤ
(ᠳᠥᠷᠪᠡ) ᠠᠵᠢᠯᠯᠠᠬᠤ ᠴᠠᠭ
     09᠄ 00 — 12᠄ 00; 13᠄ 30 — 17᠄ 30 (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ ᠠᠮᠠᠷᠠᠯᠲᠠ ᠵᠢᠨ ᠡᠳᠦᠷ᠎ᠠᠴᠠ ᠭᠠᠳᠠᠨ᠎ᠠ)
(ᠲᠠᠪᠤ)   ᠬᠠᠷᠢᠯᠴᠠᠬᠤ ᠤᠲᠠᠰᠤ
     0471-4951415
(ᠵᠢᠷᠭᠤᠭ᠎ᠠ)   ᠬᠠᠷᠢᠭᠤᠴᠠᠯᠭ᠋ᠠᠲᠠᠨ
      ᠰᠢᠶᠠ ᠰᠢᠦᠸᠠᠢ   ᠹᠸᠩ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠬᠦᠷᠢᠶᠡᠯᠡᠩ
ᠥᠪᠥᠷ ᠮᠣᠩᠭᠣᠯ᠎ᠤᠨ ᠤᠷᠠᠯᠢᠭ ᠵᠦᠴᠦᠭᠡ ᠵᠢᠨ ᠬᠦᠷᠢᠶᠡᠯᠡᠩ
 
            