ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠠᠶ᠋ᠢᠭᠤᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠥᠭᠵᠢᠯᠲᠡ ᠵᠢᠨ ᠰᠤᠳᠤᠯᠭ᠋ᠠᠨ᠎ᠤ ᠬᠦᠷᠢᠶᠡᠯᠡᠩ
ᠨᠡᠶᠢᠲᠡᠯᠡᠭᠰᠡᠨ ᠴᠠᠭ᠄ 2025-03-31


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠥᠭᠵᠢᠯᠲᠡ ᠵᠢᠨ ᠰᠤᠳᠤᠯᠭ᠋ᠠᠨ᠎ᠤ ᠬᠦᠷᠢᠶᠡᠯᠡᠩ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠲᠥᠪ᠎ᠤᠨ ᠫᠠᠢ᠌ᠰᠠ ᠵᠢ ᠡᠯᠭᠦᠪᠡ) ᠪᠣᠯ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠬᠠᠷᠢᠶᠠᠯᠠᠭᠳᠠᠬᠤ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠤᠯᠤᠨ᠎ᠠ᠃
            ᠭᠣᠣᠯ ᠡᠭᠦᠷᠭᠡ ᠬᠠᠷᠢᠭᠤᠴᠠᠯᠭ᠎ᠠ᠄
     1. ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠲᠤ ᠪᠡᠬᠢ ᠪᠣᠶ ᠪᠣᠯᠭ᠋ᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠨ᠎ᠠ᠃ 
     2. ᠤᠷᠠᠯᠢᠭ᠎ᠤᠨ ᠬᠠᠮᠢᠶ᠎ᠠ ᠪᠦᠬᠦᠢ ᠤᠨᠤᠯ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠤᠨᠤᠯ᠎ᠤᠨ ᠰᠤᠳᠤᠯᠤᠯ ᠪᠣᠯᠣᠨ ᠤᠷᠠᠯᠢᠭ᠎ᠤᠨ ᠰᠢᠭᠦᠮᠵᠢ ᠵᠢᠨ ᠠᠵᠢᠯ᠎ᠢ ᠥᠷᠨᠢᠭᠦᠯᠵᠦ᠂ ᠬᠠᠮᠢᠶ᠎ᠠ ᠪᠦᠬᠦᠢ ᠡᠷᠳᠡᠮ ᠰᠢᠨᠵᠢᠯᠡᠭᠡᠨ᠎ᠤ ᠰᠣᠯᠢᠯᠴᠠᠭ᠎ᠠ ᠪᠣᠯᠪᠠᠰᠤᠷᠠᠭᠤᠯᠤᠯ᠎ᠤᠨ ᠰᠤᠳᠤᠯᠤᠨ ᠶᠠᠷᠢᠯᠴᠠᠬᠤ ᠠᠵᠢᠯᠯᠠᠭ᠎ᠠ ᠵᠢ ᠡᠷᠬᠢᠯᠡᠨ᠎ᠡ᠃ 
   3. ᠤᠷᠠᠯᠢᠭ᠎ᠤᠨ ᠳᠠᠨᠭ᠌ᠰᠠ ᠡᠪᠬᠡᠮᠡᠯ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠳᠠᠨᠭ᠌ᠰᠠ ᠡᠪᠬᠡᠮᠡᠯ᠎ᠤᠨ ᠮᠠᠲ᠋ᠧᠷᠢᠶᠠᠯ᠎ᠢ ᠴᠤᠭᠯᠠᠭᠤᠯᠬᠤ᠂ ᠡᠮᠬᠢᠳᠬᠡᠬᠦ᠂ ᠬᠠᠳᠠᠭ᠋ᠠᠯᠠᠨ ᠬᠠᠮᠢᠶᠠᠷᠬᠤ ᠪᠠ ᠨᠡᠭᠡᠭᠡᠨ ᠠᠰᠢᠭᠯᠠᠬᠤ ᠠᠵᠢᠯ᠎ᠢ ᠡᠭᠦᠷᠭᠡᠯᠡᠨ᠎ᠡ᠃ 
    4. ᠤᠷᠠᠯᠢᠭ᠎ᠤᠨ ᠪᠦᠲᠦᠭᠡᠯ᠎ᠤᠨ ᠵᠣᠬᠢᠶᠠᠨ ᠪᠦᠲᠦᠭᠡᠯᠭᠡ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠤᠷᠠᠯᠢᠭ᠎ᠤᠨ ᠰᠤᠳᠤᠯᠭ᠋ᠠᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠬᠠᠮᠢᠶ᠎ᠠ ᠪᠦᠬᠦᠢ ᠰᠡᠳᠬᠦᠯ᠎ᠢ ᠨᠠᠢ᠌ᠷᠠᠭᠤᠯᠤᠨ ᠬᠡᠪᠯᠡᠭᠦᠯᠦᠨ᠎ᠡ᠃ 
    5. ᠪᠥᠬᠥ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠡᠢ᠌ᠳᠡᠮ ᠪᠠᠢ᠌ᠴᠠᠭ᠋ᠠᠯᠲᠠ ᠵᠢᠴᠢ ᠬᠠᠮᠢᠶ᠎ᠠ ᠪᠦᠬᠦᠢ ᠳ᠋ᠠᠢ᠌ᠲ᠋ᠠ ᠬᠥᠮᠥᠷᠭᠡ ᠵᠢᠨ ᠪᠠᠢ᠌ᠭᠤᠯᠤᠯᠲᠠ ᠵᠢ ᠥᠷᠨᠢᠭᠦᠯᠵᠦ᠂ ᠪᠥᠬᠥ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠳᠥᠷᠪᠡᠨ ᠱᠠᠲᠤᠨ᠎ᠤ ᠨᠡᠷᠡᠰ᠎ᠤᠨ ᠵᠢᠭᠰᠠᠭ᠋ᠠᠯᠲᠠ ᠵᠢᠨ ᠰᠢᠰᠲ᠋ᠧᠮᠵᠢ᠂ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠤ ᠪᠠᠢ᠌ᠭᠤᠯᠤᠯᠲᠠ ᠵᠢᠴᠢ ᠤᠯᠠᠮᠵᠢᠯᠠᠯᠲᠤ ᠭᠠᠷ ᠤᠷᠠᠯᠠᠯ᠎ᠢ ᠬᠥᠭᠵᠢᠭᠦᠯᠦᠨ   ᠪᠠᠳᠠᠷᠠᠭᠤᠯᠬᠤ ᠵᠡᠷᠭᠡ ᠬᠠᠮᠢᠶ᠎ᠠ ᠪᠦᠬᠦᠢ ᠠᠵᠢᠯ᠎ᠢ ᠠᠬᠢᠭᠤᠯᠤᠨ᠎ᠠ᠃ 
    6. ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠮᠡᠷᠭᠡᠵᠢᠯ᠎ᠤᠨ ᠪᠠᠷᠢᠮᠵᠢᠶ᠎ᠠ ᠵᠢ ᠲᠤᠭᠤᠷᠪᠢᠨ ᠲᠣᠭᠲᠠᠭ᠋ᠠᠬᠤ᠎ᠳᠤ ᠣᠷᠣᠯᠴᠠᠵᠤ᠂ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠲᠥᠷᠥᠯ ᠵᠦᠢ᠍ᠯ ᠵᠢᠴᠢ ᠦᠪᠯᠡᠨ ᠤᠯᠠᠮᠵᠢᠯᠠᠭᠴᠢ ᠵᠢ ᠪᠠᠢ᠌ᠴᠠᠭ᠋ᠠᠨ ᠰᠤᠳᠤᠯᠵᠤ ᠨᠤᠲᠠᠯᠠᠬᠤ ᠵᠡᠷᠭᠡ ᠠᠵᠢᠯ᠎ᠢ ᠡᠭᠦᠷᠭᠡᠯᠡᠨ᠎ᠡ᠃ 
    7. ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃ 
      ᠳᠣᠲᠣᠭ᠋ᠠᠳᠤ᠎ᠳᠤ᠎ᠪᠠᠨ᠄ ᠶᠡᠷᠦᠩᠬᠡᠢ᠌ᠯᠡᠭᠰᠡᠨ ᠰᠠᠯᠠᠭ᠎ᠠ᠂ ᠨᠠᠮ᠎ᠤᠨ ᠠᠵᠢᠯ᠎ᠤᠨ ᠠᠯᠪᠠᠨ ᠭᠡᠷ (ᠠᠵᠢᠯᠲᠠᠨ᠎ᠤ ᠶᠠᠪᠤᠳᠠᠯ᠎ᠤᠨ ᠰᠠᠯᠠᠭ᠎ᠠ)᠂   ᠰᠤᠳᠤᠯᠭ᠋ᠠᠨ᠎ᠤ ᠲᠠᠰᠤᠭ᠂ ᠬᠠᠮᠠᠭ᠋ᠠᠯᠠᠯᠲᠠ ᠵᠢᠨ ᠰᠠᠯᠠᠭ᠎ᠠ᠂ ᠵᠣᠬᠢᠶᠠᠨ ᠪᠦᠲᠦᠭᠡᠬᠦ ᠲᠠᠰᠤᠭ᠂ 《ᠥᠪᠥᠷ ᠮᠣᠩᠭᠣᠯ᠎ᠤᠨ ᠤᠷᠠᠯᠢᠭ》᠎ᠤᠨ ᠨᠠᠢ᠌ᠷᠠᠭᠤᠯᠬᠤ ᠬᠡᠯᠲᠡᠰ᠂ ᠲᠠᠩᠰᠠ ᠡᠪᠬᠡᠮᠡᠯ᠎ᠤᠨ ᠲᠠᠰᠤᠭ᠂ ᠪᠣᠯᠪᠠᠰᠤᠷᠠᠭᠤᠯᠤᠯ᠎ᠤᠨ ᠰᠠᠯᠠᠭ᠎ᠠ ᠵᠡᠷᠭᠡ ᠵᠢᠩᠬᠢᠨᠢ ᠰᠠᠯᠠᠭ᠎ᠠ ᠵᠢᠨ ᠳᠡᠰ᠎ᠤᠨ ᠲᠠᠰᠤᠭ᠎ᠲᠠᠢ᠃
      ᠠᠵᠢᠯᠯᠠᠬᠤ ᠭᠠᠵᠠᠷ᠎ᠤᠨ ᠬᠠᠶᠢᠭ᠄ ᠬᠥᠬᠡᠬᠣᠲᠠ ᠵᠢᠨ ᠶᠡᠬᠡ ᠰᠤᠷᠭ᠋ᠠᠭᠤᠯᠢ ᠵᠢᠨ ᠪᠠᠷᠠᠭᠤᠨ ᠵᠠᠮ᠎ᠤᠨ ᠤᠯᠠᠭ᠋ᠠᠨᠴᠠᠪ ᠪᠠᠷᠠᠭᠤᠨ ᠵᠡᠭᠡᠯᠢ ᠵᠢᠨ 32 ᠳ᠋ᠤᠭ᠋ᠠᠷ ᠨᠤᠮᠸᠷ ᠰᠣᠶᠣᠯ᠎ᠤᠨ ᠲᠣᠮᠣ ᠠᠰᠠᠷ᠎ᠤᠨ ᠳᠡᠳ᠋ ᠠᠰᠠᠷ᠎ᠤᠨ 5 ᠳ᠋ᠤᠭ᠋ᠠᠷ ᠠᠰᠠᠷ
      ᠠᠵᠢᠯᠯᠠᠬᠤ ᠴᠠᠭ᠄ ᠠᠵᠢᠯᠯᠠᠬᠤ ᠡᠳᠦᠷ ᠦᠷᠯᠦᠭᠡ 9᠄ 00 — 12᠄ 00᠂ ᠦᠳᠡ 13᠄ 30 — 17᠄ 30
      ᠬᠠᠷᠢᠯᠴᠠᠬᠤ ᠤᠲᠠᠰᠤ᠄ 0471- 4923207
      ᠬᠠᠷᠢᠭᠤᠴᠠᠬᠤ ᠬᠥᠮᠥᠨ᠄ ᠯᠢᠦ ᠰᠢᠶᠣᠣ ᠹᠧᠩ  

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠠᠯᠪᠠᠨ ᠭᠡᠷ
ᠲᠦᠷᠦ ᠵᠢᠨ ᠪᠣᠳᠣᠯᠭ᠎ᠠ ᠬᠠᠥᠯᠢ ᠲᠦᠷᠢᠮ᠎ᠤᠨ ᠭᠠᠵᠠᠷ
ᠠᠵᠢᠯᠲᠠᠨ᠎ᠤ ᠶᠠᠪᠣᠳᠠᠯ᠎ᠤᠨ ᠭᠠᠵᠠᠷ
ᠡᠳ᠋᠎ᠤᠨ ᠶᠠᠪᠣᠳᠠᠯ᠎ᠤᠨ ᠭᠠᠵᠠᠷ
ᠣᠷᠠᠯᠢᠭ᠎ᠤᠨ ᠭᠠᠵᠠᠷ (ᠤᠯᠠᠭ᠋ᠠᠨᠮᠦ᠋ᠴᠢᠷ᠎ᠤᠨ ᠦᠢ᠍ᠯᠡᠰ᠎ᠤᠨ ᠭᠠᠵᠠᠷ)
 
            